ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [2025] 9 ᠳ᠋ᠦ᠍ᠭᠡᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠤ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ》᠎ᠢ ᠲᠠ ᠨᠠᠷ᠎ᠲᠤ ᠳᠠᠷᠤᠮᠠᠯᠯᠠ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2025 ᠣᠨ᠎ᠤ 2 ᠳ᠋ᠤᠭ᠋ᠠᠷ ᠰᠠᠷ᠎ᠠ ᠵᠢᠨ15᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ
ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠢ ᠵᠢ ᠲᠡᠩᠴᠡᠭᠦᠷᠢ᠎ᠲᠠᠢ ᠪᠠᠢ᠌ᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠮᠵᠢ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠬᠦᠳᠠ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭᠲᠠᠷᠠᠨ᠂ ᠤᠰᠤ ᠠᠷᠪᠢᠯᠠᠬᠤ ᠠᠵᠢᠯᠯᠠᠭ᠋ᠠᠨ᠎ᠢ ᠶᠡᠬᠡ᠎ᠪᠠᠷ ᠬᠡᠷᠡᠭᠵᠢᠭᠦᠯᠬᠦ ᠵᠢᠨ ᠲᠤᠰᠠᠳᠠ᠂ ᠲᠤᠰ ᠲᠥᠰᠥᠯ᠎ᠢ ᠲᠣᠭᠲᠠᠭ᠋ᠠᠪᠠ᠃
ᠨᠢᠭᠡ᠂ ᠭᠣᠣᠯ ᠬᠠᠷᠠᠯᠲᠠ
2025 ᠣᠨ᠎ᠳᠤ᠂ ᠪᠦᠬᠦ ᠣᠷᠣᠨ᠎ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ 196.3 ᠳ᠋ᠦᠩᠰᠢᠭᠤᠷ ᠺᠦᠪ ᠮᠧᠲᠷ᠎ᠤᠨ ᠳᠣᠲᠣᠷ᠎ᠠ ᠬᠢᠵᠠᠭ᠋ᠠᠷᠯᠠᠵᠤ᠂ ᠲᠦᠮᠡᠨ ᠲᠥᠭᠥᠷᠢᠭ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ ᠪᠦᠷᠢ᠎ᠳᠤ ᠬᠡᠷᠡᠭᠯᠡᠬᠦ ᠣᠰᠤᠨ᠎ᠤ ᠬᠡᠮᠵᠢᠶ᠎ᠡ ᠵᠢ 2020 ᠣᠨ᠎ᠤ᠎ᠬᠢ᠎ᠠᠴᠠ 12%᠎ᠠᠴᠠ ᠳᠡᠭᠡᠭᠰᠢ ᠪᠠᠭᠤᠷᠠᠭᠤᠯᠤᠨ᠎ᠠ᠃ ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ ᠵᠢ 2.7 ᠳ᠋ᠦᠩᠰᠢᠭᠤᠷ ᠺᠦᠪ ᠮᠧᠲᠷ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠲᠠᠷᠢᠶᠠᠨ ᠭᠠᠵᠠᠷ᠎ᠢ ᠤᠰᠤᠯᠠᠬᠤ᠎ᠳᠤ ᠤᠰᠤ ᠵᠢ ᠪᠦᠲᠦᠮᠵᠢᠲᠡᠶ ᠠᠰᠢᠭᠯᠠᠭᠰᠠᠨ ᠢᠯᠡᠳᠬᠡᠮᠵᠢ ᠵᠢ 0.59᠎ᠠᠴᠠ ᠳᠡᠭᠡᠭᠰᠢ᠎ᠳᠤ ᠬᠦᠷᠦᠭᠦᠯᠦᠨ᠎ᠡ; ᠲᠦᠮᠡᠨ ᠲᠥᠭᠥᠷᠢᠭ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠪᠦᠷᠢ᠎ᠳᠤ ᠬᠡᠷᠡᠭᠯᠡᠬᠦ ᠤᠰᠤᠨ᠎ᠤ ᠬᠡᠮᠵᠢᠶ᠎ᠡ ᠵᠢ 2020 ᠣᠨ᠎ᠤ᠎ᠬᠢ᠎ᠠᠴᠠ 13%᠎ᠠᠴᠠ ᠳᠡᠭᠡᠭᠰᠢ ᠪᠠᠭᠤᠷᠠᠭᠤᠯᠤᠨ᠎ᠠ; ᠬᠤᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠢ ᠭᠤᠤᠷᠰᠤ ᠵᠢᠨ ᠲᠣᠣᠷ᠎ᠤᠨ ᠯᠡᠪᠡᠷᠡᠵᠦ ᠡᠪᠳᠡᠷᠡᠬᠦ ᠨᠣᠷᠮ᠎ᠠ ᠵᠢ 9% ᠵᠢᠨ ᠳᠣᠲᠣᠷ᠎ᠠ ᠬᠢᠵᠠᠭ᠋ᠠᠷᠯᠠᠵᠤ᠂ ᠳᠠᠬᠢᠯᠲᠠ ᠤᠰᠤᠨ᠎ᠤ ᠠᠰᠢᠭᠯᠠᠮᠵᠢ ᠵᠢ 48%᠎ᠠᠴᠠ ᠳᠡᠭᠡᠭᠰᠢ᠎ᠳᠤ ᠬᠦᠷᠦᠭᠦᠯᠦᠨ᠎ᠡ; ᠪᠠᠢ᠌ᠩᠭᠤ ᠵᠢᠨ ᠪᠤᠰᠤ ᠤᠰᠤ ᠵᠢ ᠠᠰᠢᠭᠯᠠᠬᠤ ᠬᠡᠮᠵᠢᠶ᠎ᠡ ᠵᠢ 7.68 ᠳ᠋ᠦᠩᠰᠢᠭᠤᠷ ᠺᠦᠪ ᠮᠧᠲᠷ᠎ᠠᠴᠠ ᠳᠡᠭᠡᠭᠰᠢ᠎ᠳᠤ ᠬᠦᠷᠦᠭᠦᠯᠦᠨ᠎ᠡ᠃ ᠪᠦᠬᠦ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠯᠠᠨ ᠠᠰᠢᠭᠯᠠᠬᠤ ᠠᠵᠢᠯ ᠢᠯᠡᠷᠬᠡᠢ ᠦᠷ᠎ᠡ ᠪᠦᠲᠦᠭᠡᠮᠵᠢ᠎ᠲᠠᠢ ᠪᠣᠯᠵᠤ᠂ ᠤᠰᠤᠨ᠎ᠤ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠪᠠ ᠦᠷ᠎ᠡ ᠠᠰᠢᠭ ᠢᠯᠡᠳᠲᠡ ᠳᠡᠭᠡᠭᠰᠢᠯᠡᠵᠦ᠂ ᠨᠡᠢ᠌ᠭᠡᠮ ᠳᠠᠶᠠᠭ᠋ᠠᠷ᠎ᠤᠨ ᠤᠰᠤ ᠠᠷᠪᠢᠯᠠᠬᠤ ᠦᠵᠡᠯ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ᠃
ᠬᠣᠶᠠᠷ᠂ ᠣᠰᠤᠨ᠎ᠤ ᠡᠬᠢ ᠰᠤᠷᠪᠤᠯᠵᠢ ᠵᠢᠨ ᠬᠠᠲᠠᠭᠤ ᠬᠢᠵᠠᠭ᠋ᠠᠷᠯᠠᠯ᠎ᠢ ᠴᠢᠩᠭ᠋ᠠᠷᠠᠭᠤᠯᠤᠨ᠎ᠠ
(ᠨᠢᠭᠡ) ᠤᠰᠤ ᠠᠷᠪᠢᠯᠠᠬᠤ ᠬᠢᠵᠠᠭ᠋ᠠᠷᠯᠠᠯ᠎ᠤᠨ ᠴᠢᠨᠠᠷᠲᠠᠢ ᠭᠦᠢ᠍ᠴᠡᠳᠬᠡᠯ ᠲᠣᠭ᠋ᠠᠨ᠎ᠤ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠠᠵᠢᠯ ᠲᠥᠷᠥᠯ ᠬᠤᠪᠢᠶᠠᠨ ᠤᠰᠤ ᠠᠷᠪᠢᠯᠠᠬᠤ ᠭᠦᠢ᠍ᠴᠡᠳᠬᠡᠯ ᠲᠣᠭ᠎ᠠ ᠵᠢ ᠲᠣᠭᠲᠠᠭ᠋ᠠᠵᠤ᠂ ᠠᠢ᠌ᠮᠠᠭ ᠬᠤᠲᠠ ᠬᠤᠪᠢᠶᠠᠨ ᠤᠰᠤ ᠠᠷᠪᠢᠯᠠᠬᠤ ᠬᠠᠷᠠᠯᠲᠠ (ᠳᠠᠭ᠋ᠠᠯᠳᠤᠭᠤᠯᠤᠯ᠎ᠳᠤ ᠨᠠᠷᠢᠨ ᠦᠵᠡᠭᠡᠷᠡᠢ) ᠵᠢ ᠲᠣᠭᠲᠠᠭ᠋ᠠᠵᠤ᠂ ᠡᠯ᠎ᠡ ᠠᠢ᠌ᠮᠠᠭ ᠬᠤᠲᠠ᠎ᠨᠢ ᠤᠰᠤ ᠠᠷᠪᠢᠯᠠᠬᠤ ᠬᠠᠷᠠᠯᠲᠠᠲᠤ ᠡᠭᠦᠷᠭᠡ᠎ᠪᠠᠨ ᠬᠣᠰᠢᠭᠤ ᠰᠢᠶᠠᠨ (ᠬᠤᠲᠠ᠂ ᠲᠣᠭᠣᠷᠢᠭ) ᠤᠷᠤᠭᠤ ᠢᠯᠭ᠋ᠠᠨ ᠬᠤᠪᠢᠶᠠᠷᠢᠯᠠᠵᠤ᠂ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠵᠤ ᠪᠠᠢ᠌ᠭ᠋ᠠᠳ ᠵᠦᠷᠢᠶᠡᠴᠢᠯᠡᠭᠰᠡᠨ ᠬᠠᠮᠢᠶᠠᠷᠴᠤ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠂ ᠪᠣᠳᠠᠲᠠᠢ ᠠᠵᠢᠯ ᠲᠥᠷᠥᠯ ᠪᠠ ᠤᠰᠤ ᠬᠡᠷᠡᠭᠯᠡᠬᠦ ᠨᠢᠭᠡᠴᠢ᠎ᠳᠤ ᠬᠦᠷᠲᠡᠯ᠎ᠡ ᠨᠠᠢ᠌ᠳᠠᠪᠤᠷᠢᠵᠢᠭᠤᠯᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ᠎ᠪᠠᠨ ᠴᠢᠩᠭ᠋ᠠᠳᠬᠠᠨ᠂ ᠬᠠᠷᠠᠯᠲᠠ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ᠎ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ; ᠳᠣᠷᠣᠭᠰᠢ ᠡᠯ᠎ᠡ ᠵᠦᠢ᠍ᠯ᠎ᠤᠨ ᠠᠵᠢᠯ᠎ᠢ ᠴᠥᠮ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠨᠠᠢ᠌ᠳᠠᠪᠤᠷᠢᠵᠢᠭᠤᠯᠬᠤ ᠴᠢᠬᠤᠯᠠᠲᠠᠢ ᠪᠣᠯᠬᠣᠷ ᠳᠠᠬᠢᠵᠦ ᠠᠰᠲᠠᠭ᠋ᠠᠨ ᠵᠢᠭᠰᠠᠭ᠋ᠠᠬᠤ ᠦᠭᠡᠢ)
(ᠬᠣᠶᠠᠷ) ᠤᠰᠤ ᠬᠡᠷᠡᠭᠯᠡᠬᠦ ᠬᠡᠮᠵᠢᠯᠲᠡ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ 《ᠤᠭᠰᠠᠷᠠᠪᠠᠰᠤ ᠵᠣᠬᠢᠬᠤ ᠪᠦᠭᠦᠨ᠎ᠳᠤᠨᠢ ᠪᠦᠷ ᠤᠭᠰᠠᠷᠠᠬᠤ᠂ ᠬᠡᠮᠵᠢᠪᠡᠰᠦ ᠵᠣᠬᠢᠬᠤ ᠪᠦᠭᠦᠨ᠎ᠢ᠎ᠨᠢ ᠪᠦᠷ ᠬᠡᠮᠵᠢᠬᠦ》 ᠱᠠᠭ᠋ᠠᠷᠳᠠᠯᠭ᠎ᠠ ᠶᠣᠰᠣᠭ᠋ᠠᠷ᠂ ᠭᠠᠵᠠᠷ ᠳᠡᠭᠡᠷᠡᠬᠢ ᠤᠰᠤ᠎ᠪᠠᠷ ᠤᠰᠤᠯᠠᠬᠤ ᠣᠷᠣᠨ᠎ᠤ ᠲᠦᠮᠡᠨ ᠮᠦ᠍᠎ᠠᠴᠠ ᠳᠡᠭᠡᠭᠰᠢᠬᠢ ᠪᠦᠭᠦᠨ᠎ᠳᠤ ᠰᠤᠪᠠᠭ᠎ᠤᠨ ᠡᠬᠢᠨ᠎ᠤ ᠤᠰᠤ ᠲᠠᠲᠠᠬᠤ ᠬᠡᠮᠵᠢᠯᠲᠡ ᠵᠢ ᠪᠦᠷᠬᠦᠭᠦᠯᠵᠦ᠂ 5 ᠲᠦᠮᠡᠨ ᠮᠦ᠍᠎ᠠᠴᠠ ᠳᠡᠭᠡᠭᠰᠢᠬᠢ ᠪᠦᠭᠦᠨ᠎ᠳᠤ ᠰᠤᠪᠠᠭ᠎ᠤᠨ ᠡᠬᠢᠨ᠎ᠤ ᠤᠰᠤ ᠲᠠᠲᠠᠬᠤ ᠬᠡᠮᠵᠢᠶ᠎ᠡ ᠵᠢ ᠰᠦᠯᠵᠢᠶ᠎ᠡ᠎ᠪᠠᠷ ᠬᠡᠮᠵᠢᠬᠦ ᠵᠢ ᠪᠡᠶᠡᠯᠡᠭᠦᠯᠦᠨ᠂ ᠬᠤᠳᠳᠤᠭ᠎ᠤᠨ ᠤᠰᠤ᠎ᠪᠠᠷ ᠤᠰᠤᠯᠠᠬᠤ ᠣᠷᠣᠨ᠎ᠳᠤ 《ᠴᠠᠬᠢᠯᠭ᠋ᠠᠨ ᠵᠶ᠋ᠠᠷ ᠤᠰᠤ ᠵᠢ ᠨᠤᠭᠤᠯᠤᠨ ᠪᠣᠳᠣᠬᠤ》 ᠬᠡᠮᠵᠢᠯᠲᠡ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ; ᠲᠠᠷᠢᠶᠠᠯᠠᠩ᠎ᠤᠨ ᠪᠤᠰᠤ ᠬᠡᠷᠡᠭᠯᠡᠭᠴᠢ ᠵᠢᠨ ᠣᠨ᠎ᠤ ᠵᠥᠪᠰᠢᠶᠡᠷᠡᠬᠦ ᠤᠰᠤᠨ᠎ᠤ ᠬᠡᠮᠵᠢᠶ᠎ᠡ᠎ᠨᠢ 50 ᠲᠦᠮᠡᠨ ᠺᠦᠪ ᠮᠧᠲᠷ᠎ᠠᠴᠠ ᠳᠡᠭᠡᠭᠰᠢᠬᠢ ᠭᠠᠵᠠᠷ ᠳᠡᠭᠡᠷᠡᠬᠢ ᠤᠰᠤ ᠲᠠᠲᠠᠬᠤ᠂ 5 ᠲᠦᠮᠡᠨ ᠺᠦᠪ ᠮᠧᠲᠷ᠎ᠠᠴᠠ ᠳᠡᠭᠡᠭᠰᠢᠬᠢ ᠭᠠᠵᠠᠷ ᠳᠣᠣᠷᠠᠬᠢ ᠤᠰᠤ ᠲᠠᠲᠠᠬᠤ ᠪᠦᠬᠦᠨ᠎ᠳᠤ ᠰᠦᠯᠵᠢᠶ᠎ᠡ᠎ᠪᠠᠷ ᠬᠡᠮᠵᠢᠬᠦ ᠵᠢ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ)
(ᠭᠤᠷᠪᠠ) ᠬᠢᠨᠠᠬᠤ ᠪᠠ ᠵᠥᠪᠰᠢᠶᠡᠷᠡᠬᠦ ᠵᠢ ᠬᠢᠵᠠᠭ᠋ᠠᠷᠯᠠᠬᠤ ᠵᠢ ᠴᠢᠩᠭ᠎ᠠ ᠨᠠᠢ᠌ᠳᠠᠪᠤᠷᠢᠵᠢᠭᠤᠯᠤᠨ᠎ᠠ᠃ ᠤᠰᠤ ᠲᠠᠲᠠᠵᠤ ᠬᠡᠷᠡᠭᠯᠡᠭᠰᠡᠨ ᠶᠡᠷᠦᠩᠬᠡᠢ ᠬᠡᠮᠵᠢᠶ᠎ᠡ᠎ᠨᠢ ᠨᠢᠭᠡᠨᠲᠡ ᠤᠰᠤ ᠬᠡᠷᠡᠭᠯᠡᠬᠦ ᠶᠡᠷᠦᠩᠬᠡᠢ ᠬᠡᠮᠵᠢᠶᠡᠨ᠎ᠤ ᠬᠠᠮᠢᠶᠠᠷᠤᠨ ᠡᠵᠡᠮᠳᠡᠬᠦ ᠭᠦᠢ᠍ᠴᠡᠳᠬᠡᠯ ᠲᠣᠭ᠎ᠠ᠎ᠳᠤ ᠬᠦᠷᠦᠭᠰᠡᠨ ᠪᠤᠶᠤ ᠬᠡᠲᠦᠷᠡᠭᠰᠡᠨ᠂ ᠭᠠᠵᠠᠷ ᠳᠣᠣᠷᠠᠬᠢ ᠤᠰᠤᠨ᠎ᠤ ᠬᠠᠮᠢᠶᠠᠷᠤᠯᠲᠠ ᠵᠢᠨ ᠨᠢᠭᠡᠴᠢ ᠵᠢᠨ ᠭᠦᠢ᠍ᠴᠡᠳᠬᠡᠯ ᠲᠣᠭ᠎ᠠ᠎ᠨᠢ ᠬᠢᠷᠢ ᠲᠡᠩᠴᠡᠬᠦ ᠦᠭᠡᠢ ᠭᠠᠵᠠᠷ ᠣᠷᠣᠨ᠎ᠳᠤ ᠪᠣᠯ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤ ᠪᠤᠶᠤ ᠢᠯᠴᠢ ᠬᠠᠩᠭ᠋ᠠᠬᠤ ᠬᠣᠭᠣᠯᠠᠢ ᠭᠤᠤᠷᠰᠤ ᠵᠢᠨ ᠲᠣᠣᠷ᠎ᠲᠤ ᠤᠰᠤ ᠨᠥᠬᠥᠪᠦᠷᠢᠯᠡᠬᠦ ᠵᠡᠷᠭᠡ ᠣᠨᠴᠠᠭ᠋ᠠᠢ ᠪᠠᠢ᠌ᠳᠠᠯ᠎ᠠᠴᠠ ᠭᠠᠳᠠᠨ᠎ᠠ᠂ ᠲᠤᠰ ᠭᠠᠵᠠᠷ ᠣᠷᠣᠨ᠎ᠤ ᠰᠢᠨ᠎ᠡ᠎ᠪᠠᠷ ᠨᠡᠮᠡᠭᠳᠡᠬᠦ ᠤᠰᠤ ᠲᠠᠲᠠᠵᠤ ᠬᠡᠷᠡᠭᠯᠡᠬᠦ ᠵᠢᠨ ᠬᠢᠨᠠᠨ ᠵᠥᠪᠰᠢᠶᠡᠷᠡᠯ᠎ᠢ ᠲᠦᠷ ᠵᠣᠭᠰᠣᠭ᠋ᠠᠨ᠎ᠠ᠃ ᠡᠯ᠎ᠡ ᠠᠢ᠌ᠮᠠᠭ ᠬᠤᠲᠠ᠎ᠨᠢ ᠢᠳᠡᠪᠬᠢᠲᠡᠢ᠎ᠪᠠᠷ ᠤᠰᠤ ᠠᠷᠪᠢᠯᠠᠵᠤ ᠤᠰᠤ ᠬᠡᠷᠡᠭᠯᠡᠬᠦ ᠵᠢ ᠬᠢᠵᠠᠭ᠋ᠠᠷᠯᠠᠬᠤ᠂ ᠤᠰᠤᠨ᠎ᠤ ᠡᠬᠢ ᠰᠤᠷᠪᠤᠯᠵᠢ ᠵᠢ ᠰᠣᠯᠢᠵᠤ ᠬᠡᠷᠡᠭᠯᠡᠬᠦ ᠵᠡᠷᠭᠡ ᠠᠷᠭ᠎ᠠ ᠬᠡᠮᠵᠢᠶ᠎ᠡ ᠠᠪᠴᠤ ᠪᠠᠢ᠌ᠭ᠋ᠠᠳ ᠤᠰᠤ ᠬᠡᠷᠡᠭᠯᠡᠬᠦ ᠬᠡᠮᠵᠢᠶ᠎ᠡ᠎ᠪᠠᠨ ᠪᠠᠭ᠋ᠠᠰᠬᠠᠭ᠋ᠠᠳ ᠬᠠᠮᠢᠶᠠᠷᠤᠨ ᠡᠵᠡᠮᠳᠡᠬᠦ ᠭᠦᠢ᠍ᠴᠡᠳᠬᠡᠯ ᠲᠣᠭ᠋ᠠᠨ᠎ᠤ ᠬᠡᠪᠴᠢᠶᠡᠨ᠎ᠳᠤ ᠬᠦᠷᠭᠡᠬᠦ ᠬᠡᠷᠡᠭᠲᠡᠢ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ)
ᠭᠤᠷᠪᠠ᠂ ᠲᠠᠷᠢᠶᠠᠯᠠᠩ᠎ᠤᠨ ᠤᠰᠤ ᠠᠷᠪᠢᠯᠠᠬᠤ ᠠᠵᠢᠯ᠎ᠢ ᠲᠣᠪᠤᠢ᠌ᠯᠭ᠋ᠠᠨ ᠰᠠᠢ᠌ᠲᠤᠷ ᠠᠳᠬᠤᠨ᠎ᠠ
(ᠨᠢᠭᠡ) ᠲᠠᠷᠢᠶᠠᠯᠠᠩ᠎ᠤᠨ ᠤᠰᠤ ᠠᠷᠪᠢᠯᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠲᠦᠰᠢᠭᠯᠡᠨ᠂ ᠤᠰᠤᠨ ᠰᠤᠪᠠᠭ᠎ᠢ ᠳᠣᠲᠣᠷᠯᠠᠵᠤ ᠬᠠᠮᠠᠭ᠋ᠠᠯᠠᠭᠰᠠᠨ ᠤᠰᠤᠯᠠᠯᠲᠠ ᠵᠢᠨ ᠢᠨᠵᠧᠨᠧᠷᠢᠩ᠎ᠢ 37 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠵᠦ᠂ ᠥᠨᠳᠥᠷ ᠪᠦᠲᠦᠮᠵᠢᠲᠦ ᠤᠰᠤ ᠠᠷᠪᠢᠯᠠᠬᠤ ᠤᠰᠤᠯᠠᠯᠲᠠ ᠵᠢᠨ ᠲᠠᠯᠠᠪᠠᠶ ᠵᠢ 350 ᠲᠦᠮᠡᠨ ᠮᠦ᠍᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠂ ᠡᠭᠦᠨ᠎ᠳᠤ᠂ ᠥᠨᠳᠥᠷ ᠪᠦᠲᠦᠮᠵᠢᠲᠦ ᠤᠰᠤ ᠠᠷᠪᠢᠯᠠᠬᠤ ᠤᠰᠤᠯᠠᠯᠲᠠ ᠵᠢᠨ ᠢᠨᠵᠧᠨᠧᠷᠢᠩ᠎ᠢ 200 ᠲᠦᠮᠡᠨ ᠮᠦ᠍᠎ᠠᠴᠠ ᠳᠡᠭᠡᠭᠰᠢ ᠰᠢᠨ᠎ᠡ᠎ᠪᠠᠷ ᠪᠠᠢ᠌ᠭᠤᠯᠵᠤ᠂ ᠳᠠᠮᠵᠢᠭᠤᠯᠬᠤ ᠬᠣᠭᠣᠯᠠᠢ᠎ᠪᠠᠷ ᠤᠰᠤᠯᠠᠬᠤ ᠵᠢ ᠳᠤᠰᠤᠯᠭ᠋ᠠᠨ ᠤᠰᠤᠯᠠᠬᠤ ᠪᠣᠯᠭ᠋ᠠᠨ ᠬᠤᠪᠢᠷᠠᠭᠤᠯᠬᠤ ᠵᠡᠷᠭᠡ ᠥᠭᠡᠷᠡᠴᠢᠯᠡᠵᠦ ᠰᠠᠢ᠌ᠵᠢᠷᠠᠭᠤᠯᠬᠤ ᠢᠨᠵᠧᠨᠧᠷᠢᠩ᠎ᠢ 150 ᠲᠦᠮᠡᠨ ᠮᠦ᠍ ᠬᠡᠷᠡᠭᠵᠢᠭᠦᠯᠦᠨ᠎ᠡ; ᠪᠣᠷᠣᠳᠣᠬᠣᠢ᠂ ᠳ᠋ᠧᠩᠺᠧᠦ ᠵᠡᠷᠭᠡ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠦᠷᠭᠦᠯᠵᠢᠯᠡᠨ ᠪᠠᠢ᠌ᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠪᠣᠯᠭ᠋ᠠᠨ ᠥᠭᠡᠷᠡᠴᠢᠯᠡᠨ ᠰᠢᠨᠡᠳᠬᠡᠬᠦ ᠵᠢ ᠲᠦᠷᠭᠡᠳᠬᠡᠨ ᠠᠬᠢᠭᠤᠯᠵᠤ᠂ 35 ᠲᠦᠮᠡᠨ ᠮᠦ᠍᠎ᠠᠴᠠ ᠳᠡᠭᠡᠭᠰᠢᠬᠢ ᠤᠰᠤᠯᠠᠯᠲᠠ ᠵᠢᠨ ᠲᠠᠯᠠᠪᠠᠶ ᠵᠢ ᠥᠭᠡᠷᠡᠴᠢᠯᠡᠨ ᠰᠠᠢ᠌ᠵᠢᠷᠠᠭᠤᠯᠤᠨ᠎ᠠ᠃ ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ ᠵᠢ 2.5 ᠳ᠋ᠦᠩᠰᠢᠭᠤᠷ ᠺᠦᠪ ᠮᠧᠲᠷ ᠰᠢᠨ᠎ᠡ᠎ᠪᠠᠷ ᠨᠡᠮᠡᠭᠳᠡᠭᠦᠯᠦᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ)
(ᠬᠣᠶᠠᠷ) ᠲᠠᠷᠢᠶᠠᠯᠠᠩ᠎ᠤᠨ ᠮᠡᠷᠭᠡᠰᠢᠯ᠎ᠤᠨ ᠤᠰᠤ ᠠᠷᠪᠢᠯᠠᠬᠤ ᠮᠡᠷᠭᠡᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠲᠠᠷᠢᠮᠠᠯ᠎ᠤᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠵᠦ᠂ ᠤᠰᠤ ᠶᠡᠬᠡ ᠬᠣᠷᠣᠭᠳᠠᠭᠤᠯᠬᠤ ᠲᠠᠷᠢᠮᠠᠯ᠎ᠢ 37.6 ᠲᠦᠮᠡᠨ ᠮᠦ᠍ ᠪᠠᠭ᠋ᠠᠰᠬᠠᠵᠤ᠂ ᠭᠠᠩ᠎ᠢ ᠳᠠᠭ᠋ᠠᠭ᠋ᠠᠬᠤ ᠦᠷ᠎ᠡ ᠡᠭᠦᠯᠳᠡᠷ᠂ ᠪᠦᠷᠬᠦᠭᠦᠯᠵᠦ ᠴᠢᠭᠢᠭ ᠬᠠᠮᠠᠭ᠋ᠠᠯᠠᠬᠤ᠂ ᠭᠠᠩ᠎ᠢ ᠳᠠᠭ᠋ᠠᠭ᠋ᠠᠵᠤ ᠤᠰᠤ ᠪᠠᠲᠤᠯᠠᠬᠤ ᠰᠢᠨ᠎ᠡ ᠮᠠᠲ᠋ᠧᠷᠢᠶᠠᠯ ᠵᠡᠷᠭᠡ ᠢᠵᠢ ᠪᠦᠷᠢᠳᠦᠭᠦᠯᠦᠭᠰᠡᠨ ᠭᠠᠩ᠎ᠲᠠᠢ ᠲᠡᠮᠡᠴᠡᠬᠦ ᠮᠡᠷᠭᠡᠵᠢᠯ᠎ᠢ 93.5 ᠲᠦᠮᠡᠨ ᠮᠦ᠍ ᠳᠡᠯᠭᠡᠷᠡᠭᠦᠯᠵᠦ᠂ ᠤᠰᠤ ᠠᠷᠪᠢᠯᠠᠵᠤ ᠠᠮᠤ ᠪᠤᠳᠠᠭ᠋ᠠᠨ᠎ᠤ ᠤᠨᠠᠯᠲᠠ᠎ᠪᠠᠨ ᠨᠡᠮᠡᠭᠳᠡᠭᠦᠯᠬᠦ ᠵᠢ ᠠᠬᠢᠭᠤᠯᠬᠤ ᠬᠣᠰᠢᠭᠤ ᠰᠢᠶᠠᠨ (ᠬᠤᠲᠠ᠂ ᠲᠣᠭᠣᠷᠢᠭ)᠎ᠢ 20 ᠡᠭᠦᠳᠦᠨ ᠪᠠᠢ᠌ᠭᠤᠯᠵᠤ᠂ ᠤᠰᠤ ᠠᠷᠪᠢᠯᠠᠬᠤ ᠴᠢᠳᠠᠪᠤᠷᠢ ᠵᠢ 0.2 ᠳ᠋ᠦᠩᠰᠢᠭᠤᠷ ᠺᠦᠪ ᠮᠧᠲᠷ ᠰᠢᠨ᠎ᠡ᠎ᠪᠠᠷ ᠨᠡᠮᠡᠭᠳᠡᠭᠦᠯᠦᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)
(ᠭᠤᠷᠪᠠ) 《ᠶᠡᠬᠡ ᠤᠰᠤ᠎ᠪᠠᠷ ᠨᠡᠯᠦᠢ᠌ᠲᠡᠯ᠎ᠡ ᠤᠰᠤᠯᠠᠬᠤ》 ᠠᠰᠠᠭᠤᠳᠠᠯ᠎ᠢ ᠭᠦᠨᠵᠡᠭᠡᠢ ᠰᠢᠢ᠍ᠳᠪᠦᠷᠢᠯᠡᠨ᠎ᠡ᠃ ᠨᠠᠮᠤᠷ᠎ᠤᠨ ᠤᠰᠤᠯᠠᠯᠲᠠ ᠪᠠ ᠬᠠᠪᠤᠷ᠎ᠤᠨ ᠤᠰᠤᠵᠢᠭᠤᠯᠤᠯᠲᠠ ᠵᠢᠨ ᠭᠦᠪᠦᠷᠡᠯ᠎ᠤᠨ ᠪᠤᠰᠤ ᠬᠤᠭᠤᠴᠠᠭ᠋ᠠᠨ᠎ᠤ ᠤᠰᠤᠯᠠᠯᠲᠠ᠎ᠳᠤ ᠬᠡᠷᠡᠭᠯᠡᠬᠦ ᠤᠰᠤᠨ᠎ᠤ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠨ ᠵᠢᠱ᠌ᠢᠵᠦ᠂ ᠨᠢᠭᠡᠳᠦᠯᠲᠡᠢ ᠲᠥᠯᠥᠪᠯᠡᠵᠦ ᠲᠣᠬᠢᠷᠠᠭᠤᠯᠤᠨ᠂ ᠪᠣᠷᠣᠳᠣᠬᠣᠢ ᠵᠢᠨ ᠤᠰᠤᠯᠠᠯᠲᠠ ᠵᠢᠨ ᠣᠷᠣᠨ᠎ᠤ ᠨᠠᠮᠤᠷ᠎ᠤᠨ ᠤᠰᠤᠯᠠᠯᠲᠠ ᠵᠢᠨ ᠤᠰᠤᠨ᠎ᠤ ᠬᠣᠷᠣᠭᠳᠠᠯ᠎ᠤᠨ ᠬᠡᠮᠵᠢᠶ᠎ᠡ ᠵᠢ 10 ᠳ᠋ᠦᠩᠰᠢᠭᠤᠷ ᠺᠦᠪ ᠮᠧᠲᠷ ᠣᠷᠴᠢᠮ᠎ᠳᠤ ᠬᠢᠵᠠᠭ᠋ᠠᠷᠯᠠᠵᠤ᠂ ᠬᠠᠲᠤᠨ ᠭᠣᠣᠯ᠎ᠤᠨ ᠤᠰᠤ ᠵᠢ ᠲᠠᠲᠠᠵᠤ ᠤᠰᠤᠯᠠᠬᠤ ᠪᠤᠰᠤᠳ ᠤᠰᠤᠯᠠᠯᠲᠠ ᠵᠢᠨ ᠣᠷᠣᠨ᠎ᠤ ᠭᠦᠪᠦᠷᠡᠯ᠎ᠤᠨ ᠪᠤᠰᠤ ᠬᠤᠭᠤᠴᠠᠭ᠋ᠠᠨ᠎ᠤ ᠤᠰᠤᠯᠠᠯᠲᠠ᠎ᠳᠤ ᠬᠡᠷᠡᠭᠯᠡᠬᠦ ᠤᠰᠤᠨ᠎ᠤ ᠬᠡᠮᠵᠢᠶ᠎ᠡ ᠵᠢ 20%᠎ᠠᠴᠠ ᠳᠡᠭᠡᠭᠰᠢ ᠪᠠᠭ᠋ᠠᠰᠬᠠᠨ᠎ᠠ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ)
(ᠳᠥᠷᠪᠡ) ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ᠃ ᠨᠢᠭᠡᠨᠲᠡ ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠡᠭᠦᠷᠭᠡ ᠵᠢ ᠪᠡᠶᠡᠯᠡᠭᠦᠯᠦᠭᠰᠡᠨ 4969 ᠲᠦᠮᠡᠨ ᠮᠦ᠍᠎ᠳᠤ 《ᠪᠤᠴᠠᠵᠤ ᠪᠠᠢ᠌ᠴᠠᠭ᠋ᠠᠨ ᠦᠵᠡᠬᠦ》 ᠠᠵᠢᠯ᠎ᠢ ᠥᠷᠨᠢᠭᠦᠯᠵᠦ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠲᠠᠯᠠᠪᠠᠢ ᠵᠢ ᠳᠠᠬᠢᠭ᠋ᠠᠳ 1000 ᠲᠦᠮᠡᠨ ᠮᠦ᠍᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠺᠦᠪ ᠮᠧᠲᠷ ᠵᠶ᠋ᠡᠷ ᠰᠦᠢ᠍ᠳᠬᠡᠯ ᠬᠤᠷᠢᠶᠠᠬᠤ᠂ ᠬᠡᠲᠦᠷᠡᠲᠡᠯ᠎ᠡ ᠬᠡᠷᠡᠭᠯᠡᠭᠰᠡᠨ ᠪᠣᠯ ᠦᠨ᠎ᠡ ᠥᠰᠬᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ᠃ ᠦᠨ᠎ᠡ ᠥᠰᠬᠡᠵᠦ ᠬᠤᠷᠢᠶᠠᠭᠰᠠᠨ ᠰᠦᠢ᠍ᠳᠬᠡᠯ᠎ᠢ ᠭᠣᠣᠯᠳᠠᠭᠤ ᠲᠠᠷᠢᠶᠠᠯᠠᠩ᠎ᠤᠨ ᠤᠰᠤ ᠠᠷᠪᠢᠯᠠᠬᠤ ᠪᠠᠷᠢᠯᠭ᠎ᠠ ᠵᠢ ᠥᠭᠡᠷᠡᠴᠢᠯᠡᠨ ᠰᠢᠨᠡᠳᠬᠡᠬᠦ ᠪᠠ ᠤᠰᠤ ᠠᠷᠪᠢᠯᠠᠭᠰᠠᠨᠢ ᠱᠠᠩᠨᠠᠵᠤ ᠨᠥᠬᠥᠪᠦᠷᠢᠯᠡᠬᠦ᠎ᠳᠤ ᠬᠡᠷᠡᠭᠯᠡᠨ᠎ᠡ᠃ ᠤᠰᠤᠯᠠᠯᠲᠠ ᠵᠢᠨ ᠣᠷᠣᠨ᠎ᠳᠠᠬᠢ ᠲᠠᠷᠢᠶᠠᠯᠠᠬᠤ ᠡᠷᠦᠬᠡ ᠵᠢᠨ ᠬᠣᠭᠣᠷᠣᠨᠳᠤ ᠤᠰᠤᠨ᠎ᠤ ᠡᠷᠬᠡ ᠵᠢ ᠠᠷᠠᠯᠵᠢᠶᠠᠯᠠᠬᠤ ᠲᠣᠭᠲᠠᠴᠠ ᠵᠢ ᠠᠯᠬᠤᠮ ᠠᠯᠬᠤᠮ ᠵᠶ᠋ᠠᠷ ᠪᠠᠢ᠌ᠭᠤᠯᠤᠨ᠎ᠠ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)
ᠳᠥᠷᠪᠡ᠂ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠠᠵᠢᠯ᠎ᠢ ᠲᠦᠷᠭᠡᠳᠬᠡᠨ ᠠᠬᠢᠭᠤᠯᠤᠨ᠎ᠠ
(ᠨᠢᠭᠡ) ᠡᠨᠧᠷᠭᠢ ᠵᠢᠨ ᠬᠦᠷᠢᠶ᠎ᠡ ᠴᠠᠷᠠᠭ᠋ᠠᠨ᠎ᠳᠠᠬᠢ ᠤᠰᠤ ᠠᠷᠪᠢᠯᠠᠬᠤ ᠪᠣᠯᠭ᠋ᠠᠨ ᠥᠭᠡᠷᠡᠴᠢᠯᠡᠨ ᠰᠢᠨᠡᠳᠬᠡᠬᠦ ᠠᠵᠢᠯ᠎ᠢ ᠠᠬᠢᠭᠤᠯᠤᠨ᠎ᠠ᠃ ᠢᠯᠴᠢ ᠵᠢᠨ ᠴᠠᠬᠢᠯᠭ᠋ᠠᠨ᠎ᠤ ᠮᠠᠰᠢᠨ ᠪᠦᠯᠦᠭ᠎ᠢ ᠡᠬᠢ ᠢᠷᠡᠯᠲᠡ᠎ᠠᠴᠠ᠎ᠨᠢ ᠬᠠᠮᠢᠶᠠᠷᠬᠤ᠎ᠪᠠᠨ ᠴᠢᠩᠭ᠋ᠠᠳᠬᠠᠵᠤ᠂ ᠰᠢᠨ᠎ᠡ᠎ᠪᠠᠷ ᠪᠠᠢ᠌ᠭᠤᠯᠤᠭᠰᠠᠨ ᠨᠡᠭᠦᠷᠡᠰᠦ ᠴᠠᠬᠢᠯᠭ᠋ᠠᠨ᠎ᠤ ᠲᠥᠷᠥᠯ ᠵᠦᠢ᠍ᠯ᠎ᠤᠨ ᠤᠰᠤ ᠠᠷᠪᠢᠯᠠᠬᠤ ᠲᠠᠯ᠎ᠠ᠎ᠳᠤ ᠲᠥᠯᠥᠪᠵᠢᠭᠦᠯᠦᠨ ᠬᠢᠵᠠᠭ᠋ᠠᠷᠯᠠᠬᠤ᠎ᠪᠠᠨ ᠴᠢᠩᠭ᠋ᠠᠷᠠᠭᠤᠯᠤᠨ᠎ᠠ᠃ ᠨᠢᠭᠡᠨᠲᠡ ᠪᠠᠢ᠌ᠭ᠎ᠠ ᠢᠯᠴᠢ ᠵᠢᠨ ᠴᠠᠬᠢᠯᠭ᠋ᠠᠨ᠎ᠤ ᠠᠵᠤ ᠠᠬᠤᠢ᠌ᠯᠠᠯ᠎ᠢ ᠤᠰᠤ ᠠᠷᠪᠢᠯᠠᠬᠤ ᠪᠣᠯᠭ᠋ᠠᠨ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ ᠵᠢ ᠠᠬᠢᠭᠤᠯᠵᠤ᠂ ᠬᠥᠯᠥᠨ ᠪᠤᠶ᠋ᠢᠷ ᠬᠤᠲᠠ᠂ ᠤᠯᠠᠭ᠋ᠠᠨᠬᠠᠳᠠ ᠬᠤᠲᠠ᠂ ᠣᠷᠳᠣᠰ ᠬᠤᠲᠠ ᠵᠡᠷᠭᠡ ᠵᠢᠨ ᠬᠡᠷᠡᠭᠯᠡᠭᠡᠨ᠎ᠳᠤ ᠪᠠᠢ᠌ᠭ᠎ᠠ ᠢᠯᠴᠢ ᠵᠢᠨ ᠴᠠᠬᠢᠯᠭ᠋ᠠᠨ᠎ᠤ ᠮᠠᠰᠢᠨ ᠪᠦᠯᠦᠭ᠎ᠤᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠨᠡᠯᠢᠶᠡᠳ ᠶᠡᠬᠡ᠂ ᠬᠠᠭᠤᠴᠢᠨ ᠮᠠᠰᠢᠨ ᠪᠦᠯᠦᠭ ᠨᠡᠯᠢᠶᠡᠳ ᠣᠯᠠᠨ ᠣᠷᠣᠨ ᠪᠦᠰᠡ᠎ᠳᠤ ᠨᠢᠭᠡ ᠪᠦᠯᠦᠭ ᠤᠰᠤ ᠠᠷᠪᠢᠯᠠᠬᠤ ᠪᠣᠯᠭ᠋ᠠᠨ ᠥᠭᠡᠷᠡᠴᠢᠯᠡᠨ ᠰᠢᠨᠡᠳᠬᠡᠬᠦ ᠲᠥᠷᠥᠯ ᠵᠦᠢ᠍ᠯ᠎ᠢ ᠭᠣᠣᠯᠳᠠᠯᠭ᠎ᠠ᠎ᠲᠠᠢ ᠬᠡᠷᠡᠭᠵᠢᠭᠦᠯᠦᠨ᠎ᠡ; ᠨᠡᠭᠦᠷᠡᠰᠦ᠎ᠪᠠᠷ ᠴᠢᠯᠠᠭᠤᠨ ᠲᠣᠰᠣ ᠰᠢᠲᠠᠮᠠᠬᠠᠢ ᠬᠡᠢ ᠦᠢ᠍ᠯᠡᠳᠬᠦ᠂ ᠴᠢᠯᠠᠭᠤᠨ ᠲᠣᠰᠣ ᠨᠡᠭᠡᠭᠡᠨ ᠮᠠᠯᠲᠠᠬᠤ ᠪᠠ ᠪᠣᠯᠪᠠᠰᠤᠷᠠᠭᠤᠯᠤᠨ ᠦᠢ᠍ᠯᠡᠳᠬᠦ ᠠᠵᠢᠯ ᠲᠦᠷᠦᠯ᠎ᠳᠤ ᠳᠠᠬᠢᠯᠲᠠ ᠤᠰᠤ᠎ᠪᠠᠷ ᠰᠣᠯᠢᠵᠤ ᠬᠡᠷᠡᠭᠯᠡᠬᠦ ᠪᠠ ᠬᠠᠶᠠᠭᠳᠠᠮᠠᠯ ᠤᠰᠤ ᠵᠢ ᠤᠷᠴᠢᠯᠳᠤᠭᠤᠯᠤᠨ ᠠᠰᠢᠭᠯᠠᠬᠤ ᠪᠣᠯᠭ᠋ᠠᠨ ᠥᠭᠡᠷᠡᠴᠢᠯᠡᠬᠦ ᠠᠵᠢᠯ᠎ᠢ ᠠᠬᠢᠭᠤᠯᠤᠨ ᠬᠡᠷᠡᠭᠵᠢᠭᠦᠯᠵᠦ᠂ ᠠᠵᠢᠯ ᠲᠦᠷᠦᠯ᠎ᠤᠨ᠎ᠬᠢᠨ᠎ᠤ ᠤᠰᠤ ᠠᠷᠪᠢᠯᠠᠬᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠴᠢᠳᠠᠪᠤᠷᠢ ᠵᠢ᠎ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠤᠰᠤ ᠠᠷᠪᠢᠯᠠᠬᠤ ᠴᠢᠳᠠᠪᠤᠷᠢ ᠵᠢ 200 ᠲᠦᠮᠡᠨ ᠺᠦᠪ ᠮᠧᠲᠷ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ)
(ᠬᠣᠶᠠᠷ) ᠪᠤᠰᠤᠳ ᠭᠣᠣᠯᠳᠠᠯᠭ᠎ᠠ᠎ᠲᠠᠢ ᠠᠵᠢᠯ ᠲᠥᠷᠥᠯ᠎ᠤᠨ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠨ ᠰᠢᠨᠡᠴᠢᠯᠡᠯᠲᠡ ᠵᠢ ᠠᠬᠢᠭᠤᠯᠤᠨ᠎ᠠ᠃ ᠲᠡᠷᠢᠭᠦᠨ᠎ᠤ ᠪᠣᠯᠪᠠᠰᠤᠷᠠᠩᠭᠤᠢ ᠬᠡᠷᠡᠭᠯᠡᠬᠦ᠎ᠳᠤ ᠲᠣᠬᠢᠷᠠᠮᠵᠢᠲᠠᠢ ᠤᠰᠤ ᠠᠷᠪᠢᠯᠠᠬᠤ ᠮᠡᠷᠭᠡᠵᠢᠯ᠂ ᠲᠣᠨᠤᠭ ᠲᠥᠬᠦᠭᠡᠷᠦᠮᠵᠢ ᠪᠠ ᠦᠢ᠍ᠯᠡᠳᠬᠦᠨ᠎ᠢ ᠴᠤᠭᠯᠠᠭᠤᠯᠤᠨ ᠳᠡᠯᠭᠡᠷᠡᠭᠦᠯᠵᠦ᠂ ᠠᠵᠤ ᠦᠢ᠍ᠯᠡᠳᠪᠦᠷᠢ ᠵᠢᠨ ᠬᠦᠷᠢᠶ᠎ᠡ ᠴᠠᠷᠠᠭ᠋ᠠᠨ᠎ᠳᠠᠬᠢ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠷᠢᠭᠦᠨ᠎ᠤ ᠮᠡᠷᠭᠡᠵᠢᠯ᠎ᠤᠨ ᠳᠡᠯᠭᠡᠷᠡᠭᠦᠯᠬᠦ ᠭᠠᠷᠴᠠᠭ᠎ᠢ ᠨᠡᠢ᠌ᠲᠡᠯᠡᠨ᠎ᠡ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ ᠵᠢᠨ ᠠᠵᠤ ᠦᠢ᠍ᠯᠡᠳᠪᠦᠷᠢ ᠵᠡᠷᠭᠡ ᠬᠦᠷᠢᠶ᠎ᠡ ᠴᠠᠷᠠᠭ᠋ᠠᠨ᠎ᠳᠤ ᠬᠣᠭᠣᠯᠠᠢ ᠭᠤᠤᠷᠰᠤ ᠵᠢᠨ ᠲᠣᠣᠷ᠎ᠢ ᠥᠭᠡᠷᠡᠴᠢᠯᠡᠨ ᠰᠢᠨᠡᠳᠬᠡᠬᠦ᠂ ᠭᠠᠷ ᠤᠷᠠᠯᠠᠯ᠎ᠢ ᠳᠡᠰ ᠳᠡᠪᠰᠢᠭᠦᠯᠬᠦ᠂ ᠲᠥᠬᠦᠭᠡᠷᠦᠮᠵᠢ ᠵᠢ ᠰᠢᠨᠡᠳᠬᠡᠬᠦ ᠵᠡᠷᠭᠡ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠨ ᠰᠢᠨᠡᠳᠬᠡᠬᠦ ᠲᠥᠷᠥᠯ ᠵᠦᠢ᠍ᠯ᠎ᠢ 22 ᠠᠬᠢᠭᠤᠯᠤᠨ ᠪᠡᠶᠡᠯᠡᠭᠦᠯᠵᠦ᠂ ᠤᠰᠤ ᠠᠷᠪᠢᠯᠠᠭᠰᠠᠨ ᠬᠡᠮᠵᠢᠶ᠎ᠡ ᠵᠢ 213 ᠲᠦᠮᠡᠨ ᠺᠦᠪ ᠮᠧᠲᠷ ᠰᠢᠨ᠎ᠡ᠎ᠪᠠᠷ ᠨᠡᠮᠡᠭᠳᠡᠭᠦᠯᠦᠨ᠎ᠡ᠃ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠤᠷᠴᠢᠯᠳᠤᠭᠤᠯᠤᠨ ᠠᠰᠢᠭᠯᠠᠬᠤ᠎ᠪᠠᠨ ᠴᠢᠩᠭ᠋ᠠᠳᠬᠠᠵᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤ ᠵᠢ ᠬᠣᠷᠢᠶᠠᠨ ᠴᠤᠭᠯᠠᠭᠤᠯᠵᠤ᠂ ᠰᠠᠯᠭ᠋ᠠᠨ ᠶᠠᠪᠤᠭᠤᠯᠬᠤ ᠬᠣᠭᠣᠯᠠᠢ ᠭᠤᠤᠷᠰᠤ ᠵᠢᠨ ᠲᠣᠣᠷ᠂ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ᠂ ᠳᠠᠬᠢᠯᠲᠠ ᠤᠰᠤ ᠵᠢ ᠡᠭᠡᠭᠦᠯᠦᠨ ᠬᠡᠷᠡᠭᠯᠡᠬᠦ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠳᠠᠮᠵᠢᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠬᠡᠷᠡᠭᠯᠡᠬᠦ ᠤᠰᠤᠨ᠎ᠤ ᠳᠠᠬᠢᠨ ᠠᠰᠢᠭᠯᠠᠬᠤ ᠨᠣᠷᠮ᠎ᠠ ᠵᠢ 95%᠎ᠠᠴᠠ ᠳᠡᠭᠡᠭᠰᠢ᠎ᠳᠤ ᠬᠦᠷᠦᠭᠦᠯᠦᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ)
(ᠭᠤᠷᠪᠠ) ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠲᠤᠷᠰᠢᠯᠲᠠ ᠵᠢᠨ ᠴᠡᠭ ᠵᠶ᠋ᠡᠷ ᠵᠢᠱ᠌ᠢᠶ᠎ᠡ ᠦᠵᠡᠬᠦᠯᠬᠦ᠎ᠪᠠᠨ ᠠᠬᠢᠭᠤᠯᠤᠨ᠎ᠠ᠃ ᠦᠬᠠᠢ ᠬᠣᠲᠠ ᠵᠢᠨ ᠤᠯᠤᠰ᠎ᠤᠨ ᠲᠠᠰ᠎ᠤᠨ ᠤᠰᠤᠨ᠎ᠤ ᠲᠥᠰᠥᠪ᠎ᠤᠨ ᠬᠠᠮᠢᠶᠠᠷᠤᠯᠲᠠ ᠵᠢᠨ ᠲᠤᠷᠰᠢᠯᠲᠠ ᠵᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠦᠢ᠍ᠯᠡᠳᠪᠦᠷᠢ ᠵᠢᠨ ᠤᠰᠤᠨ᠎ᠤ ᠲᠥᠰᠥᠪ᠎ᠤᠨ ᠬᠠᠮᠢᠶᠠᠷᠤᠯᠲᠠ ᠵᠢᠨ ᠲᠤᠷᠰᠢᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠢᠨ ᠮᠠᠲ᠋ᠧᠷᠢᠶᠠᠯ᠂ ᠢᠳᠡᠭᠡᠨ᠎ᠤ ᠵᠦᠢ᠍ᠯ ᠪᠠ ᠢᠰᠬᠡᠯᠲᠡ ᠵᠡᠷᠭᠡ ᠭᠣᠣᠯᠳᠠᠯᠭ᠎ᠠ᠎ᠲᠠᠢ ᠤᠰᠤ ᠬᠡᠷᠡᠭᠯᠡᠬᠦ ᠬᠦᠷᠢᠶ᠎ᠡ ᠴᠠᠷᠠᠭ᠋ᠠᠨ᠎ᠳᠤ ᠠᠩᠬᠠᠷᠤᠯ ᠵᠶ᠋ᠠᠨ ᠬᠠᠨᠳᠤᠭᠤᠯᠵᠤ᠂ ᠤᠰᠤ ᠠᠷᠪᠢᠯᠠᠬᠤ ᠬᠡᠯᠪᠡᠷᠢ ᠵᠢᠨ ᠠᠵᠤ ᠠᠬᠤᠢ᠌ᠯᠠᠯ᠎ᠢ 80᠂ ᠤᠰᠤ ᠠᠷᠪᠢᠯᠠᠬᠤ ᠬᠡᠪ ᠳᠠᠭᠤᠷᠢᠶᠠᠯᠲᠤ ᠠᠵᠤ ᠠᠬᠤᠢ᠌ᠯᠠᠯ᠎ᠢ 7᠂ ᠤᠰᠤ ᠠᠷᠪᠢᠯᠠᠬᠤ ᠬᠡᠯᠪᠡᠷᠢ ᠵᠢᠨ ᠬᠦᠷᠢᠶᠡᠯᠡᠩ ᠲᠣᠭᠣᠷᠢᠭ᠎ᠢ 3 ᠡᠭᠦᠳᠦᠨ ᠪᠠᠢ᠌ᠭᠤᠯᠤᠨ᠎ᠠ᠃ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠪᠠᠷᠢᠮᠵᠢᠶᠠᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠤᠰᠤ ᠠᠷᠪᠢᠯᠠᠬᠤ ᠬᠡᠯᠪᠡᠷᠢ ᠵᠢᠨ ᠠᠵᠤ ᠠᠬᠤᠢ᠌ᠯᠠᠯ᠎ᠢ ᠦᠨᠡᠯᠡᠬᠦ 5 ᠵᠦᠢ᠍ᠯ᠎ᠤᠨ ᠬᠠᠮᠢᠶ᠎ᠠ ᠪᠦᠬᠦᠢ ᠪᠠᠷᠢᠮᠵᠢᠶ᠎ᠠ ᠵᠢ ᠨᠡᠢ᠌ᠲᠡᠯᠡᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ)
ᠲᠠᠪᠤ᠂ ᠬᠣᠲᠠ ᠬᠥᠳᠡᠭᠡ ᠵᠢᠨ ᠤᠰᠤ ᠠᠷᠪᠢᠯᠠᠨ ᠭᠠᠮᠨᠠᠬᠤ ᠵᠢ ᠠᠬᠢᠭᠤᠯᠤᠨ᠎ᠠ
(ᠨᠢᠭᠡ) ᠬᠣᠲᠠ ᠵᠢᠨ ᠤᠰᠤ ᠬᠠᠩᠭ᠋ᠠᠬᠤ ᠬᠣᠭᠣᠯᠠᠢ ᠭᠤᠤᠷᠰᠤ ᠵᠢᠨ ᠲᠣᠣᠷ᠎ᠤᠨ ᠯᠡᠪᠡᠷᠡᠵᠦ ᠡᠪᠳᠡᠷᠡᠬᠦ ᠵᠢ ᠪᠠᠭ᠋ᠠᠰᠬᠠᠨ᠎ᠠ᠃ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠢ ᠭᠤᠤᠷᠰᠤ ᠵᠢᠨ ᠲᠣᠣᠷ᠎ᠤᠨ ᠯᠡᠪᠡᠷᠡᠵᠦ ᠡᠪᠳᠡᠷᠡᠬᠦ ᠵᠢ ᠵᠠᠰᠠᠬᠤ ᠢᠨᠵᠧᠨᠧᠷᠢᠩ᠎ᠢ ᠬᠡᠷᠡᠭᠵᠢᠭᠦᠯᠵᠦ᠂ ᠯᠡᠪᠡᠷᠡᠵᠦ ᠡᠪᠳᠡᠷᠡᠭᠰᠡᠨ ᠪᠠᠢ᠌ᠳᠠᠯ ᠶᠡᠬᠡᠲᠡᠢ ᠭᠠᠵᠠᠷ ᠣᠷᠣᠨ᠎ᠳᠤ ᠠᠩᠬᠠᠷᠤᠯ ᠵᠶ᠋ᠠᠨ ᠬᠠᠨᠳᠤᠭᠤᠯᠵᠤ ᠬᠠᠭᠤᠴᠢᠷᠠᠵᠤ ᠡᠪᠳᠡᠷᠡᠭᠰᠡᠨ ᠤᠰᠤ ᠬᠠᠩᠭ᠋ᠠᠬᠤ ᠬᠣᠭᠣᠯᠠᠢ ᠭᠤᠤᠷᠰᠤ ᠵᠢᠨ ᠲᠣᠣᠷ᠎ᠢ 400 ᠺᠢᠯᠣᠮᠧᠲᠷ᠎ᠠᠴᠠ ᠳᠡᠭᠡᠭᠰᠢ ᠥᠭᠡᠷᠡᠴᠢᠯᠡᠨ ᠰᠢᠨᠡᠳᠬᠡᠨ᠎ᠡ; ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠤᠰᠤ ᠬᠠᠩᠭ᠋ᠠᠬᠤ ᠬᠡᠮᠵᠢᠯᠲᠡ ᠵᠢᠨ ᠪᠡᠯᠡᠳᠬᠡᠮᠵᠢ ᠵᠢ ᠰᠢᠨᠡᠳᠬᠡᠨ ᠲᠡᠭᠦᠯᠳᠡᠷᠵᠢᠭᠦᠯᠵᠦ᠂ ᠤᠰᠤ ᠬᠠᠩᠭ᠋ᠠᠬᠤ ᠬᠣᠭᠣᠯᠠᠢ ᠭᠤᠤᠷᠰᠤ ᠵᠢᠨ ᠲᠣᠣᠷ᠎ᠤᠨ ᠲᠣᠭᠣᠷᠢᠭ ᠬᠤᠪᠢᠶᠠᠨ ᠬᠡᠮᠵᠢᠬᠦ ᠬᠠᠮᠢᠶᠠᠷᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠲᠠᠪᠴᠠᠩ ᠪᠠ ᠯᠡᠪᠡᠷᠡᠵᠦ ᠡᠪᠳᠡᠷᠡᠬᠦ ᠵᠢ ᠬᠠᠮᠢᠶᠠᠷᠤᠨ ᠡᠵᠡᠮᠳᠡᠬᠦ ᠲᠣᠭᠲᠠᠯᠴᠠᠭ᠎ᠠ ᠵᠢ ᠪᠠᠢ᠌ᠭᠤᠯᠤᠨ᠎ᠠ᠃ ᠬᠤᠲᠠ ᠵᠢᠨ ᠰᠢᠨᠡᠴᠢᠯᠡᠯᠲᠡ ᠪᠠ ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠢᠨᠡᠳᠬᠡᠬᠦ ᠠᠵᠢᠯ᠎ᠲᠠᠢ ᠤᠶᠠᠯᠳᠤᠭᠤᠯᠤᠨ᠂ ᠬᠦᠷᠢᠶ᠎ᠡ ᠬᠠᠰᠢᠶᠠᠨ᠎ᠤ ᠬᠣᠭᠣᠯᠠᠢ ᠭᠤᠤᠷᠰᠤ ᠪᠠ ᠬᠣᠶᠠᠳᠠᠭᠢ ᠤᠳᠠᠭ᠋ᠠᠨ᠎ᠤ ᠤᠰᠤ ᠬᠠᠩᠭ᠋ᠠᠬᠤ ᠪᠡᠯᠡᠳᠬᠡᠮᠵᠢ ᠵᠢ ᠰᠢᠨᠡᠳᠬᠡᠨ᠎ᠡ᠃ ᠪᠤᠭᠤᠲᠤ ᠬᠣᠲᠠ᠂ ᠤᠯᠠᠭ᠋ᠠᠨᠬᠠᠳᠠ ᠬᠣᠲᠠ ᠵᠢ ᠤᠯᠤᠰ᠎ᠤᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠢ ᠭᠤᠤᠷᠰᠤ ᠵᠢᠨ ᠲᠣᠣᠷ᠎ᠤᠨ ᠯᠡᠪᠡᠷᠡᠵᠦ ᠡᠪᠳᠡᠷᠡᠬᠦ ᠵᠢ ᠵᠠᠰᠠᠬᠤ ᠭᠣᠣᠯᠳᠠᠯᠭ᠎ᠠ᠎ᠲᠠᠢ ᠬᠣᠲᠠ ᠪᠣᠯᠭ᠋ᠠᠨ ᠪᠦᠲᠦᠭᠡᠨ ᠪᠠᠢ᠌ᠭᠤᠯᠬᠤ᠎ᠪᠠᠨ ᠠᠬᠢᠭᠤᠯᠤᠨ᠎ᠠ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ)
(ᠬᠣᠶᠠᠷ) ᠤᠰᠤ ᠠᠷᠪᠢᠯᠠᠬᠤ ᠬᠡᠯᠪᠡᠷᠢ ᠵᠢᠨ ᠬᠣᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃ ᠤᠰᠤ ᠠᠷᠪᠢᠯᠠᠬᠤ ᠬᠡᠯᠪᠡᠷᠢ ᠵᠢᠨ ᠬᠤᠲᠠ ᠵᠢᠨ ᠦᠨᠡᠯᠡᠯᠲᠡ ᠵᠢᠨ ᠠᠵᠢᠯ᠎ᠢ ᠥᠷᠨᠢᠭᠦᠯᠵᠦ᠂ ᠪᠤᠭᠤᠲᠤ ᠬᠤᠲᠠ ᠵᠢᠨ ᠤᠯᠤᠰ᠎ᠤᠨ ᠤᠰᠤ ᠠᠷᠪᠢᠯᠠᠬᠤ ᠬᠡᠯᠪᠡᠷᠢ ᠵᠢᠨ ᠬᠤᠲᠠ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠪᠡᠬᠢᠵᠢᠭᠦᠯᠦᠨ ᠳᠡᠭᠡᠭᠰᠢᠯᠡᠭᠦᠯᠵᠦ᠂ ᠬᠥᠬᠡᠬᠤᠲᠠ᠂ ᠤᠯᠠᠭ᠋ᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠪᠠ ᠦᠬᠠᠢ ᠬᠤᠲᠠ ᠵᠡᠷᠭᠡ 5 ᠬᠣᠲᠠ ᠵᠢ ᠴᠥᠮ ᠤᠯᠤᠰ᠎ᠤᠨ ᠤᠰᠤ ᠠᠷᠪᠢᠯᠠᠬᠤ ᠬᠡᠯᠪᠡᠷᠢ ᠵᠢᠨ ᠬᠤᠲᠠ ᠵᠢᠨ ᠦᠨᠡᠯᠡᠯᠲᠡ ᠵᠢᠨ ᠪᠠᠷᠢᠮᠵᠢᠶ᠎ᠠ᠎ᠳᠤ ᠬᠦᠷᠭᠡᠬᠦ᠎ᠪᠠᠷ ᠠᠬᠢᠭᠤᠯᠤᠨ᠎ᠠ᠃ ᠬᠠᠶ᠋ᠢᠮᠢᠶᠠᠨ ᠬᠤᠲᠠ ᠵᠢᠨ ᠪᠦᠲᠦᠭᠡᠨ ᠪᠠᠢ᠌ᠭᠤᠯᠤᠯᠲᠠ ᠵᠢ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠠᠬᠢᠭᠤᠯᠵᠤ᠂ ᠤᠰᠤ ᠲᠣᠭᠲᠠᠭ᠋ᠠᠬᠤ ᠤᠰᠤ ᠨᠡᠪᠴᠢᠭᠦᠯᠬᠦ ᠪᠡᠯᠡᠳᠬᠡᠮᠵᠢ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ᠂ ᠬᠤᠷ᠎ᠠ ᠤᠰᠤᠨ᠎ᠤ ᠡᠬᠢ ᠪᠠᠶᠠᠯᠢᠭ᠎ᠢ ᠲᠤᠬᠠᠢ ᠵᠢᠨ ᠭᠠᠵᠠᠷ᠎ᠲᠤᠨᠢ ᠰᠢᠩᠭᠡᠬᠡᠨ ᠠᠪᠴᠤ ᠠᠰᠢᠭᠯᠠᠬᠤ ᠬᠢᠷᠢ ᠲᠦᠪᠰᠢᠨ ᠵᠶ᠋ᠡᠨ ᠳᠡᠭᠡᠭᠰᠢᠯᠡᠭᠦᠯᠦᠨ᠎ᠡ᠃ ᠬᠥᠬᠡᠬᠣᠲᠠ᠎ᠨᠢ ᠤᠯᠤᠰ᠎ᠤᠨ ᠬᠠᠢ᠌ᠮᠢᠶᠠᠨ ᠬᠣᠲᠠ ᠵᠢᠨ ᠵᠢᠱ᠌ᠢᠶ᠎ᠡ ᠦᠵᠡᠬᠦᠯᠬᠦ ᠬᠣᠲᠠ ᠵᠢᠨ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠤᠰᠤᠨ ᠠᠰᠢᠭᠯᠠᠯᠲᠠ ᠵᠢᠨ ᠲᠢᠩᠬᠢᠮ)
(ᠭᠤᠷᠪᠠ) ᠤᠰᠤᠨ᠎ᠤ ᠬᠣᠷᠣᠭᠳᠠᠯ ᠶᠡᠬᠡ ᠦᠢ᠍ᠯᠡᠴᠢᠯᠡᠭᠡᠨ᠎ᠤ ᠦᠢ᠍ᠯᠡᠰ ᠪᠠ ᠣᠨᠴᠠ ᠲᠥᠷᠥᠯ᠎ᠤᠨ ᠠᠵᠢᠯ ᠲᠥᠷᠥᠯ᠎ᠤᠨ ᠬᠡᠷᠡᠭᠯᠡᠬᠦ ᠤᠰᠤ ᠵᠢ ᠴᠢᠩᠭ᠎ᠠ ᠬᠢᠵᠠᠭ᠋ᠠᠷᠯᠠᠨ᠎ᠠ᠃ ᠪᠡᠶ᠎ᠡ ᠤᠬᠢᠶᠠᠬᠤ᠂ ᠲᠡᠷᠭᠡ ᠤᠬᠢᠶᠠᠬᠤ᠂ ᠬᠢᠮᠡᠯ ᠴᠠᠰᠤᠨ ᠴᠡᠨᠡᠯᠡᠯᠲᠡ ᠵᠢᠨ ᠲᠠᠯᠠᠪᠠᠢ ᠵᠡᠷᠭᠡ ᠠᠵᠢᠯ ᠲᠦᠷᠦᠯ᠎ᠤᠨ ᠲᠥᠯᠥᠪᠯᠡᠭᠡ᠎ᠲᠠᠢ᠎ᠪᠠᠷ ᠤᠰᠤ ᠬᠡᠷᠡᠭᠯᠡᠵᠦ ᠬᠠᠮᠢᠶᠠᠷᠤᠯᠲᠠ ᠬᠢᠬᠦ ᠵᠢ ᠴᠢᠩᠭ᠎ᠠ ᠡᠵᠡᠮᠳᠡᠵᠦ᠂ ᠲᠣᠭᠲᠠᠭᠰᠠᠨ ᠬᠡᠮᠵᠢᠶ᠎ᠡ (ᠲᠥᠯᠥᠪᠯᠡᠭᠡ᠎ᠠᠴᠠ ᠬᠡᠲᠦᠷᠡᠭᠰᠡᠨ)᠎ᠠᠴᠠ ᠬᠡᠲᠦᠷᠡᠪᠡᠯ ᠠᠬᠢᠭᠤᠯᠤᠨ ᠪᠣᠳᠣᠵᠤ ᠦᠨ᠎ᠡ ᠥᠰᠬᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠤᠰᠤᠨ᠎ᠤ ᠬᠣᠷᠣᠭᠳᠠᠯ ᠶᠡᠬᠡ ᠦᠢ᠍ᠯᠡᠴᠢᠯᠡᠭᠡᠨ᠎ᠤ ᠦᠢ᠍ᠯᠡᠰ᠎ᠤᠨ ᠳᠠᠬᠢᠯᠲᠠ ᠤᠰᠤ ᠵᠢ ᠠᠰᠢᠭᠯᠠᠬᠤ ᠬᠠᠷᠢᠴᠠᠯ᠎ᠢ᠎ᠨᠢ ᠨᠡᠮᠡᠭᠳᠡᠭᠦᠯᠦᠨ᠎ᠡ᠃ ᠬᠤᠲᠠ ᠵᠢᠨ ᠣᠷᠴᠢᠨ ᠲᠣᠭᠣᠷᠢᠨ᠎ᠤ ᠠᠷᠢᠭᠤᠨ ᠴᠡᠪᠡᠷ᠎ᠤᠨ ᠬᠠᠮᠠᠭ᠋ᠠᠯᠠᠯᠲᠠ᠂ ᠪᠠᠷᠢᠯᠭ᠎ᠠ ᠵᠢᠨ ᠠᠵᠢᠯ ᠵᠡᠷᠭᠡ ᠠᠵᠢᠯ ᠲᠥᠷᠥᠯ᠎ᠤᠨ ᠤᠰᠤ ᠬᠡᠷᠡᠭᠯᠡᠬᠦ ᠵᠢ ᠴᠢᠩᠭ᠎ᠠ ᠬᠠᠮᠢᠶᠠᠷᠤᠨ ᠡᠵᠡᠮᠳᠡᠵᠦ᠂ ᠵᠠᠮ ᠭᠤᠳᠤᠰ ᠪᠠ ᠪᠠᠷᠢᠯᠭ᠎ᠠ ᠵᠢᠨ ᠭᠠᠵᠠᠷ ᠲᠦᠭᠡᠭᠡᠯ ᠤᠰᠤ ᠵᠢ ᠰᠠᠴᠤᠵᠤ ᠲᠣᠭᠣᠰᠣ ᠳᠠᠷᠤᠬᠤ ᠵᠢ ᠴᠠᠭ᠋ᠠᠵᠠᠯᠠᠨ᠎ᠠ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ)
(ᠳᠥᠷᠪᠡ) ᠲᠠᠷᠢᠶᠠᠯᠠᠬᠤ ᠮᠠᠯᠵᠢᠬᠤ ᠣᠷᠣᠨ᠎ᠤ ᠤᠰᠤ ᠬᠡᠷᠡᠭᠯᠡᠬᠦ ᠵᠢ ᠬᠠᠮᠢᠶᠠᠷᠤᠨ ᠡᠵᠡᠮᠳᠡᠬᠦ᠎ᠪᠠᠨ ᠴᠢᠩᠭ᠋ᠠᠳᠬᠠᠨ᠎ᠠ᠃ ᠲᠠᠷᠢᠶᠠᠯᠠᠬᠤ ᠮᠠᠯᠵᠢᠬᠤ ᠣᠷᠣᠨ᠎ᠳᠤ ᠲᠥᠪᠯᠡᠷᠡᠭᠦᠯᠦᠨ ᠤᠰᠤ ᠬᠠᠩᠭ᠋ᠠᠬᠤ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠲᠦᠭᠡᠭᠡᠯ ᠤᠰᠤᠨ᠎ᠤ ᠲᠦᠭᠡᠮᠡᠯᠵᠢᠭᠦᠯᠦᠭᠰᠡᠨ ᠨᠣᠷᠮ᠎ᠠ ᠵᠢ 85% ᠬᠦᠷᠲᠡᠯ᠎ᠡ ᠳᠡᠭᠡᠭᠰᠢᠯᠡᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ᠎ᠳᠤ ᠲᠥᠪᠯᠡᠷᠡᠭᠦᠯᠦᠨ ᠤᠰᠤ ᠬᠠᠩᠭ᠋ᠠᠬᠤ᠎ᠳᠤ ᠺᠦᠪ ᠮᠧᠲᠷ ᠵᠶ᠋ᠡᠷ ᠬᠡᠮᠵᠢᠨ ᠪᠣᠳᠣᠵᠤ ᠰᠦᠢ᠍ᠳᠬᠡᠯ ᠬᠤᠷᠢᠶᠠᠬᠤ ᠵᠢ ᠪᠦᠬᠦ ᠲᠠᠯ᠎ᠠ᠎ᠪᠠᠷ ᠠᠬᠢᠭᠤᠯᠵᠤ᠂ ᠬᠡᠮᠵᠢᠯᠲᠡ ᠵᠢᠨ ᠪᠡᠯᠡᠳᠬᠡᠮᠵᠢ ᠵᠢ ᠤᠭᠰᠠᠷᠠᠬᠤ᠎ᠪᠠᠨ ᠲᠦᠷᠭᠡᠳᠬᠡᠨ᠂ 《ᠮᠢᠩᠭ᠋ᠠᠨ ᠬᠥᠮᠥᠨ᠎ᠠᠴᠠ ᠳᠡᠭᠡᠭᠰᠢᠬᠢ》 ᠵᠢᠴᠢ ᠤᠰᠤ ᠬᠠᠩᠭ᠋ᠠᠬᠤ ᠲᠠᠯ᠎ᠠ᠎ᠪᠠᠷ ᠬᠦᠷᠦᠯᠴᠡᠬᠦ ᠦᠭᠡᠢ ᠠᠰᠠᠭᠤᠳᠠᠯ᠎ᠢ ᠨᠠᠮᠳᠠᠭ᠋ᠠᠨ ᠰᠢᠢ᠍ᠳᠪᠦᠷᠢᠯᠡᠬᠦ ᠢᠨᠵᠧᠨᠧᠷᠢᠩ᠎ᠳᠤ ᠪᠣᠯ ᠲᠣᠰᠬᠣᠨ᠎ᠤ ᠵᠠᠬ᠎ᠠ ᠪᠠ ᠡᠷᠦᠬᠡ᠎ᠳᠤ ᠬᠡᠮᠵᠢᠬᠦ ᠵᠢ ᠪᠦᠷᠢᠨ ᠪᠦᠷᠬᠦᠭᠦᠯᠵᠦ᠂ ᠪᠦᠬᠦ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠡᠷᠦᠬᠡ᠎ᠳᠤ ᠬᠡᠮᠵᠢᠬᠦ ᠨᠣᠷᠮ᠎ᠠ ᠵᠢ 65%᠎ᠠᠴᠠ ᠳᠡᠭᠡᠭᠰᠢ᠎ᠳᠤ ᠬᠦᠷᠦᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠬᠦᠷᠢᠶ᠎ᠡ ᠬᠠᠰᠢᠶᠠᠨ᠎ᠤ ᠤᠰᠤᠯᠠᠯᠲᠠ ᠪᠠ ᠲᠡᠵᠢᠭᠡᠨ ᠦᠷᠡᠵᠢᠭᠦᠯᠬᠦ᠎ᠳᠤ ᠤᠰᠤ ᠬᠡᠷᠡᠭᠯᠡᠭᠰᠡᠨ᠎ᠠᠴᠠ ᠪᠣᠯᠵᠤ ᠲᠠᠷᠢᠶᠠᠴᠢᠨ ᠮᠠᠯᠴᠢᠳ ᠤᠰᠤ ᠤᠤᠭᠤᠬᠤ᠎ᠳᠤ ᠬᠦᠴᠢᠷᠲᠡᠢ ᠪᠣᠯᠤᠭᠰᠠᠨ ᠪᠠᠢ᠌ᠪᠠᠯ᠂ ᠬᠠᠮᠢᠶ᠎ᠠ ᠪᠦᠬᠦᠢ ᠭᠠᠵᠠᠷ ᠣᠷᠣᠨ᠎ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠬᠠᠷᠢᠭᠤᠴᠠᠵᠤ᠂ ᠤᠷᠢᠳ ᠵᠶ᠋ᠠᠷ ᠲᠠᠷᠢᠶᠠᠴᠢᠨ ᠮᠠᠯᠴᠢᠳ᠎ᠤᠨ ᠤᠤᠭᠤᠬᠤ ᠤᠰᠤᠨ᠎ᠤ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)
(ᠲᠠᠪᠤ) ᠬᠤᠲᠠ ᠬᠥᠳᠡᠭᠡ ᠵᠢᠨ ᠤᠰᠤ ᠬᠠᠩᠭ᠋ᠠᠬᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠤᠰᠤᠨ᠎ᠤ ᠰᠤᠷᠪᠤᠯᠵᠢ ᠵᠢᠨ ᠭᠠᠵᠠᠷ᠎ᠤᠨ ᠬᠠᠮᠠᠭ᠋ᠠᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠰᠤᠨ᠎ᠤ ᠬᠡᠮᠵᠢᠶ᠎ᠡ ᠪᠠ ᠤᠰᠤᠨ᠎ᠤ ᠴᠢᠨᠠᠷ᠎ᠢ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠤᠰᠤᠨ᠎ᠤ ᠰᠤᠷᠪᠤᠯᠵᠢ ᠵᠢᠨ ᠭᠠᠵᠠᠷ᠎ᠤᠨ ᠤᠰᠤᠨ᠎ᠤ ᠬᠡᠮᠵᠢᠶ᠎ᠡ ᠭᠦᠢ᠍ᠴᠡᠳ᠂ ᠤᠰᠤᠨ᠎ᠤ ᠴᠢᠨᠠᠷ ᠪᠠᠷᠢᠮᠵᠢᠶ᠎ᠠ᠎ᠳᠤ ᠬᠦᠷᠬᠦ ᠵᠢ ᠦᠨᠡᠨ ᠬᠦ᠌ ᠪᠠᠲᠤᠯᠠᠨ᠎ᠠ᠃ ᠬᠤᠲᠠ ᠬᠥᠳᠡᠭᠡ ᠵᠢᠨ ᠤᠰᠤ ᠬᠠᠩᠭ᠋ᠠᠬᠤ ᠪᠡᠯᠡᠳᠬᠡᠮᠵᠢ ᠵᠢ ᠲᠠᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ ᠠᠵᠢᠯ᠎ᠢ ᠬᠡᠷᠡᠭᠵᠢᠭᠦᠯᠦᠨ᠂ ᠰᠢᠢ᠍ᠳᠪᠦᠷᠢᠯᠡᠬᠦ ᠤᠷ᠎ᠠ ᠮᠡᠷᠭᠡᠰᠢᠯ ᠲᠡᠭᠦᠯᠳᠡᠷ ᠪᠤᠰᠤ᠂ ᠠᠷᠢᠭᠤᠳᠬᠠᠬᠤ ᠪᠡᠯᠡᠳᠬᠡᠮᠵᠢ ᠪᠦᠷᠢᠨ ᠪᠤᠰᠤ᠂ ᠦᠢ᠍ᠯᠡᠳᠪᠦᠷᠢ᠎ᠠᠴᠠ ᠭᠠᠷᠬᠤ ᠤᠰᠤᠨ᠎ᠤ ᠴᠢᠨᠠᠷ ᠪᠠᠷᠢᠮᠵᠢᠶ᠎ᠠ᠎ᠳᠤ ᠬᠦᠷᠬᠦ ᠦᠭᠡᠢ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠤᠰᠤ ᠬᠠᠩᠭ᠋ᠠᠬᠤ ᠤᠰᠤᠨ᠎ᠤ ᠴᠢᠨᠠᠷ᠎ᠢ ᠪᠠᠢ᠌ᠴᠠᠭ᠋ᠠᠨ ᠰᠢᠨᠵᠢᠬᠦ᠎ᠪᠠᠨ ᠴᠢᠩᠭ᠋ᠠᠳᠬᠠᠨ᠂ ᠦᠵᠦᠭᠦᠷ᠎ᠤᠨ ᠬᠡᠷᠡᠭᠯᠡᠭᠴᠢᠳ᠎ᠤᠨ ᠬᠣᠶᠠᠳᠠᠭᠢ ᠤᠳᠠᠭ᠎ᠠ ᠤᠰᠤ ᠴᠡᠪᠡᠷᠰᠢᠭᠦᠯᠬᠦ ᠦᠵᠡᠭᠳᠡᠯ᠎ᠢ ᠪᠠᠭ᠋ᠠᠰᠬᠠᠨ᠎ᠠ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ)
(ᠵᠢᠷᠭᠤᠭ᠎ᠠ) ᠬᠣᠲᠠ ᠬᠥᠳᠡᠭᠡ ᠵᠢᠨ ᠤᠰᠤ ᠬᠡᠷᠡᠭᠯᠡᠬᠦ ᠦᠨ᠎ᠡ ᠬᠠᠩᠰᠢ ᠵᠢᠨ ᠲᠣᠭᠲᠠᠴᠠ ᠵᠢ ᠪᠦᠷᠢᠨᠰᠢᠭᠦᠯᠦᠨ᠎ᠡ᠃ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠤᠰᠤᠨ᠎ᠤ ᠱᠠᠲᠤᠯᠢᠭ ᠦᠨ᠎ᠡ ᠬᠠᠩᠰᠢ ᠵᠢᠨ ᠳᠦᠷᠢᠮ᠎ᠢ ᠲᠡᠭᠦᠯᠳᠡᠷᠵᠢᠭᠦᠯᠵᠦ᠂ ᠱᠠᠲᠤᠯᠢᠭ ᠤᠰᠤᠨ᠎ᠤ ᠬᠡᠮᠵᠢᠶ᠎ᠡ ᠵᠢ ᠵᠦᠢ ᠵᠣᠬᠢᠰᠲᠠᠢ ᠲᠣᠭᠲᠠᠭ᠋ᠠᠨ᠂ ᠤᠰᠤ ᠳᠤᠲᠠᠭᠳᠠᠵᠤ ᠪᠠᠢ᠌ᠭ᠎ᠠ ᠭᠠᠵᠠᠷ ᠣᠷᠣᠨ᠎ᠤ ᠤᠰᠤᠨ᠎ᠤ ᠦᠨ᠎ᠡ ᠬᠠᠩᠰᠢ ᠵᠢᠨ ᠵᠥᠷᠢᠶ᠎ᠡ ᠵᠢ ᠵᠣᠬᠢᠰᠲᠠᠢ ᠨᠡᠮᠡᠭᠳᠡᠭᠦᠯᠵᠦ᠂ ᠰᠠᠭᠤᠭ᠋ᠠᠯᠢ ᠠᠷᠠᠳ᠎ᠤᠨ ᠤᠰᠤ ᠬᠡᠷᠡᠭᠯᠡᠭᠰᠡᠨ ᠱᠠᠲᠤᠯᠢᠭ ᠦᠨ᠎ᠡ ᠬᠠᠩᠰᠢ ᠵᠢᠨ ᠠᠵᠢᠯᠯᠠᠭ᠋ᠠᠨ᠎ᠤ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ ᠵᠢᠨ ᠬᠠᠮᠲᠤ ᠲᠡᠭᠦᠨ᠎ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠪᠤᠰᠤ ᠤᠰᠤ ᠬᠡᠷᠡᠭᠯᠡᠭᠰᠡᠨ᠎ᠨᠢ ᠲᠣᠭᠲᠠᠭᠰᠠᠨ ᠬᠡᠮᠵᠢᠶ᠎ᠡ (ᠲᠥᠯᠥᠪᠯᠡᠭᠡ᠎ᠠᠴᠠ ᠬᠡᠲᠦᠷᠡᠭᠰᠡᠨ)᠎ᠠᠴᠠ ᠬᠡᠲᠦᠷᠡᠪᠡᠯ ᠠᠬᠢᠭᠤᠯᠤᠨ ᠪᠣᠳᠣᠵᠤ ᠦᠨ᠎ᠡ ᠥᠰᠬᠡᠬᠦ ᠳᠦᠷᠢᠮ᠎ᠢ ᠪᠦᠷᠢᠨᠰᠢᠭᠦᠯᠵᠦ᠂ ᠤᠰᠤ ᠬᠡᠷᠡᠭᠯᠡᠬᠦ ᠬᠡᠮ ᠬᠡᠮᠵᠢᠶ᠎ᠡ ᠵᠢ ᠱᠠᠲᠤ ᠳᠡᠰ ᠬᠤᠪᠢᠶᠠᠬᠤ᠎ᠪᠠᠨ ᠤᠯᠠᠮ ᠨᠢᠭᠡ ᠠᠯᠬᠤᠮ ᠲᠣᠬᠢᠷᠠᠭᠤᠯᠵᠤ ᠪᠠᠢ᠌ᠭ᠋ᠠᠳ ᠦᠨ᠎ᠡ ᠥᠰᠬᠡᠬᠦ ᠪᠠᠷᠢᠮᠵᠢᠶ᠎ᠠ᠎ᠪᠠᠨ ᠲᠣᠭᠲᠠᠭ᠋ᠠᠨ᠎ᠠ᠃ ᠲᠠᠷᠢᠶᠠᠯᠠᠬᠤ ᠮᠠᠯᠵᠢᠬᠤ ᠣᠷᠣᠨ᠎ᠳᠤ ᠲᠣᠰᠬᠣᠨ᠎ᠤ ᠵᠠᠬ᠎ᠠ᠎ᠳᠤ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ᠂ ᠡᠷᠦᠬᠡ᠎ᠪᠠᠷ ᠬᠡᠮᠵᠢᠶ᠎ᠡ ᠲᠣᠭᠲᠠᠭ᠋ᠠᠨ ᠬᠠᠮᠢᠶᠠᠷᠬᠤ᠂ ᠬᠡᠮᠵᠢᠶ᠎ᠡ᠎ᠠᠴᠠ ᠬᠡᠲᠦᠷᠡᠪᠡᠯ ᠠᠬᠢᠭᠤᠯᠤᠨ ᠪᠣᠳᠣᠵᠤ ᠦᠨ᠎ᠡ ᠥᠰᠬᠡᠬᠦ ᠳᠦᠷᠢᠮ᠎ᠢ ᠰᠦᠪᠡᠭᠴᠢᠯᠡᠨ ᠬᠡᠷᠡᠭᠵᠢᠭᠦᠯᠵᠦ᠂ ᠲᠠᠷᠢᠶᠠᠴᠢᠨ ᠮᠠᠯᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠦᠪᠡᠰᠦᠪᠡᠨ ᠤᠰᠤ ᠠᠷᠪᠢᠯᠠᠬᠤ ᠪᠣᠯᠭ᠋ᠠᠨ᠎ᠠ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ)
ᠵᠢᠷᠭᠤᠭ᠎ᠠ᠂ ᠠᠮᠢ ᠠᠬᠤᠢ ᠵᠢᠨ ᠤᠰᠤ ᠠᠷᠪᠢᠯᠠᠬᠤ ᠠᠵᠢᠯ᠎ᠢ ᠢᠳᠡᠪᠬᠢᠲᠡᠢ᠎ᠪᠠᠷ ᠠᠬᠢᠭᠤᠯᠤᠨ᠎ᠠ
(ᠨᠢᠭᠡ) ᠤᠰᠤᠨ᠎ᠤ ᠬᠡᠮᠵᠢᠶ᠎ᠡ᠎ᠪᠠᠷ ᠨᠣᠭᠣᠭ᠋ᠠᠷᠠᠭᠤᠯᠤᠯᠲᠠ ᠵᠢ ᠲᠣᠭᠲᠠᠭ᠋ᠠᠬᠤ ᠵᠢ ᠪᠠᠷᠢᠮᠲᠠᠯᠠᠨ᠎ᠠ᠃ ᠤᠰᠤᠨ ᠰᠤᠷᠪᠤᠯᠵᠢ ᠵᠢ ᠬᠠᠮᠠᠭ᠋ᠠᠯᠠᠬᠤ᠂ ᠤᠯᠤᠰ᠎ᠤᠨ ᠨᠤᠲᠤᠭ ᠳᠡᠪᠢᠰᠬᠡᠷ᠎ᠢ ᠨᠣᠭᠣᠭ᠋ᠠᠷᠠᠭᠤᠯᠬᠤ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ᠂ ᠨᠤᠭᠤ ᠭᠠᠵᠠᠷ᠎ᠢ ᠵᠠᠰᠠᠨ ᠰᠡᠷᠭᠦᠭᠡᠬᠦ ᠵᠡᠷᠭᠡ ᠨᠣᠭᠣᠭ᠋ᠠᠷᠠᠭᠤᠯᠤᠯᠲᠠ ᠵᠢᠨ ᠠᠷᠭ᠎ᠠ ᠬᠡᠮᠵᠢᠶ᠎ᠡ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠢ᠌ᠵᠢᠭᠤᠯᠬᠤ᠎ᠳᠤ ᠲᠣᠬᠢᠷᠠᠪᠠᠯ ᠣᠢ᠌ᠵᠢᠭᠤᠯᠤᠨ᠂ ᠡᠪᠡᠰᠦ ᠲᠠᠷᠢᠬᠤ᠎ᠳᠤ ᠲᠣᠬᠢᠷᠠᠪᠠᠯ ᠡᠪᠡᠰᠦ ᠲᠠᠷᠢᠵᠤ᠂ ᠣᠶ ᠰᠢᠭᠤᠢ ᠨᠤᠲᠤᠭ ᠪᠡᠯᠴᠢᠭᠡᠷ᠎ᠤᠨ ᠤᠷᠭᠤᠮᠠᠯ ᠬᠤᠴᠢᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠰᠡᠷᠭᠦᠭᠡᠨ᠎ᠡ᠃ ᠵᠢᠯ᠎ᠤᠨ ᠬᠤᠷ᠎ᠠ ᠲᠤᠨᠳᠠᠰᠤᠨ᠎ᠤ ᠬᠡᠮᠵᠢᠶ᠎ᠡ 400 ᠮᠢᠯᠢᠮᠧᠲᠷ᠎ᠠᠴᠠ ᠳᠣᠷᠣᠭᠰᠢᠬᠢ ᠭᠠᠵᠠᠷ ᠣᠷᠣᠨ᠎ᠨᠤᠭᠤᠳ ᠠᠶᠠᠨᠳᠠᠭ᠋ᠠᠨ ᠰᠡᠷᠭᠦᠭᠡᠬᠦ ᠪᠠ ᠬᠥᠮᠥᠨ᠎ᠤ ᠬᠦᠴᠦ᠎ᠪᠠᠷ ᠰᠡᠷᠭᠦᠭᠡᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ᠂ ᠬᠤᠷ᠎ᠠ ᠤᠰᠤ᠎ᠪᠠᠷ ᠤᠮᠳᠠᠯᠠᠬᠤ᠂ ᠤᠰᠤ ᠠᠷᠪᠢᠯᠠᠬᠤ᠎ᠪᠠᠷ ᠤᠳᠤᠷᠢᠳᠤᠮᠵᠢ ᠪᠣᠯᠭ᠋ᠠᠵᠤ᠂ ᠤᠰᠤ ᠠᠷᠪᠢᠯᠠᠬᠤ ᠣᠶ ᠰᠢᠭᠤᠢ ᠨᠤᠲᠤᠭ ᠪᠡᠯᠴᠢᠭᠡᠷ᠎ᠤᠨ ᠤᠷᠭᠤᠮᠠᠯ ᠬᠤᠴᠢᠯᠭ᠎ᠠ ᠵᠢᠨ ᠲᠠᠷᠢᠮᠠᠯ᠎ᠢ ᠶᠡᠬᠡ᠎ᠪᠠᠷ ᠬᠥᠭᠵᠢᠭᠦᠯᠦᠨ᠎ᠡ᠃ ᠤᠰᠤ ᠬᠠᠩᠭ᠋ᠠᠬᠤ ᠪᠠᠲᠤᠯᠠᠭ᠎ᠠ ᠵᠢᠨ ᠨᠥᠬᠥᠴᠡᠯ᠎ᠢ ᠪᠦᠷᠢᠳᠦᠭᠦᠯᠦᠭᠰᠡᠨ ᠭᠠᠵᠠᠷ ᠣᠷᠣᠨ᠎ᠨᠤᠭᠤᠳ ᠤᠰᠤᠨ᠎ᠤ ᠡᠬᠢ ᠰᠤᠷᠪᠤᠯᠵᠢ ᠵᠢᠨ ᠨᠤᠲᠠᠯᠠᠯᠢ ᠥᠷᠨᠢᠭᠦᠯᠦᠭᠰᠡᠨ ᠤᠷᠢᠲᠠᠯ ᠳᠣᠣᠷ᠎ᠠ ᠨᠤᠲᠤᠭ ᠣᠷᠣᠨ᠎ᠤ ᠮᠣᠳᠣᠨ᠎ᠤ ᠲᠥᠷᠥᠯ ᠵᠶ᠋ᠡᠷ ᠭᠣᠣᠯ ᠪᠣᠯᠭ᠋ᠠᠭᠰᠠᠨ ᠲᠤᠷᠤᠭ ᠮᠣᠳᠣ ᠵᠢ ᠵᠣᠬᠢᠰᠲᠠᠢ ᠲᠠᠷᠢᠵᠤ ᠪᠣᠯᠣᠨ᠎ᠠ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ)
(ᠬᠣᠶᠠᠷ) ᠤᠯᠤᠰ᠎ᠤᠨ ᠨᠤᠲᠤᠭ ᠳᠡᠪᠢᠰᠬᠡᠷ᠎ᠤᠨ ᠨᠣᠭᠣᠭ᠋ᠠᠷᠠᠭᠤᠯᠤᠯᠲᠠ᠎ᠳᠤ ᠤᠰᠤ ᠠᠷᠪᠢᠯᠠᠬᠤ ᠵᠢ ᠠᠬᠢᠭᠤᠯᠤᠨ᠎ᠠ᠃ ᠤᠰᠤ ᠠᠷᠪᠢᠯᠠᠬᠤ ᠭᠠᠩ᠎ᠳᠤ ᠲᠡᠰᠪᠦᠷᠢᠲᠡᠢ ᠮᠣᠳᠣᠨ᠎ᠤ ᠲᠥᠷᠥᠯ ᠡᠪᠡᠰᠦᠨ᠎ᠤ ᠲᠥᠷᠥᠯ᠎ᠢ ᠤᠷᠢᠳ ᠵᠶ᠋ᠠᠷ ᠰᠣᠩᠭᠣᠨ ᠬᠡᠷᠡᠭᠯᠡᠵᠦ᠂ ᠣᠢ ᠰᠢᠭᠤᠢ ᠨᠤᠲᠤᠭ ᠪᠡᠯᠴᠢᠭᠡᠷ᠎ᠤᠨ ᠤᠷᠭᠤᠮᠠᠯ ᠬᠤᠴᠢᠯᠭ᠎ᠠ ᠵᠢᠨ ᠬᠡᠯᠪᠡᠷᠢ ᠪᠠ ᠨᠢᠭᠲᠠᠴᠠ ᠵᠢ ᠵᠦᠢ ᠵᠣᠬᠢᠰᠲᠠᠢ ᠲᠣᠬᠢᠷᠠᠭᠤᠯᠤᠨ᠎ᠠ᠃ ᠣᠶ ᠰᠢᠭᠤᠢ ᠨᠤᠲᠤᠭ ᠪᠡᠯᠴᠢᠭᠡᠷ᠎ᠤᠨ ᠤᠰᠤ ᠠᠷᠪᠢᠯᠠᠬᠤ ᠤᠰᠤᠯᠠᠯᠲᠠ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠪᠠ ᠣᠶ ᠰᠢᠭᠤᠢ ᠨᠤᠲᠤᠭ ᠪᠡᠯᠴᠢᠭᠡᠷ᠎ᠤᠨ ᠤᠰᠤ ᠠᠷᠪᠢᠯᠠᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠲᠦᠭᠡᠭᠳᠡᠬᠦᠨ᠎ᠢ ᠳᠡᠯᠭᠡᠷᠡᠭᠦᠯᠦᠨ ᠬᠡᠷᠡᠭᠯᠡᠬᠦ᠎ᠪᠠᠨ ᠴᠢᠩᠭ᠋ᠠᠳᠬᠠᠵᠤ᠂ ᠪᠠᠢ᠌ᠭ᠋ᠠᠯᠢ ᠵᠢᠨ ᠬᠤᠷ᠎ᠠ ᠲᠤᠨᠳᠠᠰᠤ ᠪᠠ ᠳᠠᠬᠢᠯᠲᠠ ᠤᠰᠤ ᠵᠢ ᠵᠦᠢ ᠵᠣᠬᠢᠰᠲᠠᠢ ᠠᠰᠢᠭᠯᠠᠨ᠎ᠠ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ)
(ᠭᠤᠷᠪᠠ) ᠬᠣᠲᠠ ᠵᠢᠨ ᠨᠣᠭᠣᠭ᠋ᠠᠷᠠᠭᠤᠯᠤᠯᠲᠠ ᠵᠢᠨ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠣᠲᠠ ᠵᠢᠨ ᠴᠡᠴᠡᠷᠯᠢᠭ᠎ᠤᠨ ᠨᠣᠭᠣᠭ᠋ᠠᠷᠠᠭᠤᠯᠤᠯᠲᠠ᠎ᠳᠤ ᠡᠩ ᠲᠡᠷᠢᠭᠦᠨ᠎ᠳᠤ ᠳᠠᠬᠢᠯᠲᠠ ᠤᠰᠤ ᠵᠢ ᠬᠡᠷᠡᠭᠯᠡᠵᠦ᠂ ᠥᠨᠳᠥᠷ ᠦᠷ᠎ᠡ ᠪᠦᠲᠦᠮᠵᠢᠲᠡᠶ᠎ᠪᠠᠷ ᠤᠰᠤ ᠠᠷᠪᠢᠯᠠᠬᠤ ᠤᠰᠤᠯᠠᠯᠲᠠ ᠵᠢᠨ ᠠᠷᠭ᠎ᠠ ᠮᠠᠶᠢᠭ᠎ᠢ ᠳᠡᠯᠭᠡᠷᠡᠭᠦᠯᠦᠨ᠂ ᠲᠤᠰ ᠭᠠᠵᠠᠷ ᠣᠷᠣᠨ᠎ᠳᠤᠨᠢ ᠲᠣᠬᠢᠷᠠᠭᠰᠠᠨ ᠤᠰᠤ ᠠᠷᠪᠢᠯᠠᠬᠤ ᠭᠠᠩ ᠳᠤ ᠲᠡᠰᠪᠦᠷᠢᠲᠡᠢ ᠤᠷᠭᠤᠮᠠᠯ ᠬᠤᠴᠢᠯᠭ᠎ᠠ ᠵᠢ ᠰᠣᠩᠭᠣᠨ ᠬᠡᠷᠡᠭᠯᠡᠵᠦ᠂ ᠤᠰᠤᠯᠠᠯᠲᠠ ᠵᠢᠨ ᠳᠠᠪᠲᠠᠮᠵᠢ ᠤᠳᠠᠭ᠎ᠠ᠎ᠪᠠᠨ ᠵᠦᠢ ᠵᠣᠬᠢᠰᠲᠠᠢ ᠲᠣᠬᠢᠷᠠᠭᠤᠯᠤᠨ᠂ ᠤᠰᠤᠨ ᠭᠠᠳᠠᠷᠭᠤ ᠵᠢᠨ ᠦᠵᠡᠮᠵᠢᠳᠤ ᠬᠡᠷᠡᠭᠯᠡᠬᠦ ᠤᠰᠤ ᠵᠢ ᠴᠢᠩᠭ᠎ᠠ ᠡᠵᠡᠮᠳᠡᠵᠦ᠂ ᠭᠠᠵᠠᠷ ᠳᠣᠣᠷᠠᠬᠢ ᠤᠰᠤ ᠵᠢ ᠲᠠᠲᠠᠵᠤ ᠬᠣᠲᠠ ᠵᠢᠨ ᠤᠰᠤᠨ ᠦᠵᠡᠮᠵᠢ᠂ ᠤᠰᠤᠨ ᠳᠡᠭᠡᠷᠡᠬᠢ ᠵᠤᠭ᠎ᠠ ᠲᠣᠭᠯᠠᠭ᠋ᠠᠮ᠎ᠤᠨ ᠲᠥᠷᠥᠯ ᠵᠦᠢ᠍ᠯ᠎ᠳᠤ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠎ᠠ᠃ ᠳᠠᠬᠢᠯᠲᠠ ᠤᠰᠤᠨ᠎ᠤ ᠬᠣᠭᠣᠯᠠᠢ ᠭᠤᠤᠷᠰᠤ ᠵᠢᠨ ᠲᠣᠣᠷ᠎ᠤᠨ ᠪᠦᠷᠬᠦᠴᠡ ᠵᠢᠨ ᠬᠡᠪᠴᠢᠶᠡᠨ᠎ᠳᠠᠬᠢ ᠨᠣᠭᠣᠭ᠋ᠠᠷᠠᠭᠤᠯᠤᠯᠲᠠ ᠵᠢᠨ ᠤᠰᠤᠨ ᠰᠤᠷᠪᠤᠯᠵᠢ ᠵᠢᠨ ᠬᠤᠳᠳᠤᠭ᠎ᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ)
ᠳᠣᠯᠤᠭ᠎ᠠ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠳᠤ ᠵᠠᠰᠠᠯᠲᠠ ᠬᠢᠬᠦ᠎ᠪᠠᠨ ᠴᠢᠩᠭ᠋ᠠᠳᠬᠠᠨ᠎ᠠ
(ᠨᠢᠭᠡ) ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠪᠡᠬᠢᠵᠢᠭᠦᠯᠦᠨ ᠵᠠᠰᠠᠬᠤ ᠠᠵᠢᠯ ᠵᠶ᠋ᠡᠨ ᠦᠷᠭᠦᠯᠵᠢᠯᠡᠨ ᠰᠠᠢ᠌ᠲᠤᠷ ᠬᠢᠨ᠎ᠡ᠃ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠂ ᠤᠰᠤᠨ ᠰᠤᠷᠪᠤᠯᠵᠢ ᠵᠢ ᠰᠣᠯᠢᠵᠤ ᠬᠡᠷᠡᠭᠯᠡᠬᠦ᠂ ᠲᠠᠷᠢᠮᠠᠯ᠎ᠤᠨ ᠪᠦᠲᠦᠴᠡ ᠵᠢ ᠲᠣᠬᠢᠷᠠᠭᠤᠯᠬᠤ᠂ ᠭᠠᠩᠰᠠᠭ ᠤᠷᠭᠤᠮᠠᠯ ᠬᠠᠭᠤᠷᠠᠢ ᠲᠠᠷᠢᠮᠠᠯ᠎ᠢ ᠬᠤᠷ᠎ᠠ᠎ᠪᠠᠷ ᠤᠮᠳᠠᠯᠠᠬᠤ ᠵᠡᠷᠭᠡ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠬᠣᠶᠠᠳᠤᠭ᠋ᠠᠷ ᠡᠭᠡᠯᠵᠢ ᠵᠢᠨ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ᠎ᠳᠤ ᠬᠠᠷᠢᠭᠤ ᠲᠤᠰᠬᠠᠭᠰᠠᠨ ᠬᠡᠲᠦᠷᠡᠲᠡᠯ᠎ᠡ ᠲᠠᠲᠠᠭᠰᠠᠨ 11 ᠣᠷᠣᠨ (ᠣᠲᠤᠭ ᠬᠣᠰᠢᠭᠤᠨ᠎ᠤ ᠦᠵᠦᠭᠦᠷ ᠪᠠᠯᠭ᠋ᠠᠰᠤ᠂ ᠣᠲᠤᠭ᠎ᠤᠨ ᠡᠮᠦᠨᠡᠲᠦ ᠬᠣᠰᠢᠭᠤᠨ᠎ᠤ ᠣᠯᠵᠠᠴᠢ ᠪᠠᠯᠭ᠋ᠠᠰᠤ ᠪᠠ ᠳᠠᠬᠢᠯᠲᠤ ᠰᠢᠶᠠᠩ᠂ ᠦᠦᠰᠢᠨ ᠬᠣᠰᠢᠭᠤ᠂ ᠤᠷᠠᠳ᠎ᠤᠨ ᠡᠮᠦᠨᠡᠲᠦ ᠬᠣᠰᠢᠭᠤ᠂ ᠤᠷᠠᠳ᠎ᠤᠨ ᠳᠤᠮᠳᠠᠳᠤ ᠬᠣᠰᠢᠭᠤ᠂ ᠶᠤᠸᠠᠨ ᠪᠦᠦ ᠱᠠᠨ ᠲᠣᠭᠣᠷᠢᠭ᠂ ᠬᠤᠸᠠᠳᠧ ᠰᠢᠶᠠᠨ᠂ ᠠᠯᠠᠱ᠌ᠠ ᠪᠠᠷᠠᠭᠤᠨ ᠬᠣᠰᠢᠭᠤᠨ᠎ᠤ ᠴᠧᠨ ᠵᠢᠶᠠ ᠵᠢᠩ᠂ ᠬᠠᠢ᠌ᠷᠤᠪ᠎ᠤᠨ ᠲᠣᠬᠣᠢ ᠲᠣᠭᠣᠷᠢᠭ᠂ ᠲᠦᠮᠡᠳ ᠪᠠᠷᠠᠭᠤᠨ ᠬᠣᠰᠢᠭᠤ)᠎ᠢ ᠪᠡᠬᠢᠵᠢᠭᠦᠯᠦᠨ ᠵᠠᠰᠠᠬᠤ᠎ᠪᠠᠨ ᠲᠦᠷᠭᠡᠳᠬᠡᠨ ᠠᠬᠢᠭᠤᠯᠵᠤ᠂ ᠬᠦᠬᠡᠬᠤᠲᠠ ᠪᠠ ᠤᠷᠠᠳ᠎ᠤᠨ ᠡᠮᠦᠨᠡᠲᠦ ᠬᠣᠰᠢᠭᠤ᠂ ᠬᠣᠷᠴᠢᠨ ᠲᠣᠭᠣᠷᠢᠭ ᠵᠡᠷᠭᠡ ᠲᠣᠮᠣ ᠬᠡᠯᠪᠡᠷᠢ ᠵᠢᠨ ᠬᠡᠲᠦᠷᠡᠲᠡᠯ᠎ᠡ ᠲᠠᠲᠠᠭᠰᠠᠨ 3 ᠭᠠᠵᠠᠷ ᠣᠷᠣᠨ᠎ᠤ ᠤᠰᠤ ᠲᠠᠲᠠᠬᠤ ᠪᠠ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠵᠤ᠂ ᠤᠰᠤᠨ ᠲᠦᠪᠰᠢᠨ᠎ᠢ ᠡᠵᠡᠮᠳᠡᠬᠦ ᠲᠦᠪᠰᠢᠨ᠎ᠠᠴᠠ ᠳᠡᠭᠡᠭᠰᠢ ᠪᠣᠯᠭ᠋ᠠᠬᠤ ᠵᠢᠨ ᠬᠠᠮᠲᠤ ᠲᠣᠭᠲᠠᠭᠤᠨ ᠪᠠᠢ᠌ᠯᠭ᠋ᠠᠬᠤ ᠵᠢ ᠦᠨᠡᠨ ᠬᠦ᠌ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠭᠣᠷᠢᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠬᠠᠭᠤᠳᠠᠰᠤᠨ᠎ᠠᠴᠠ ᠭᠠᠷᠭ᠋ᠠᠬᠤ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ( ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ)
(ᠬᠣᠶᠠᠷ) ᠭᠣᠣᠯᠳᠠᠯᠭ᠎ᠠ ᠪᠣᠯᠬᠤ ᠣᠷᠣᠨ ᠪᠦᠰᠡ ᠵᠢᠨ ᠳᠠᠭ᠋ᠠᠭ᠋ᠠᠴᠠ᠎ᠠᠴᠠ ᠬᠡᠲᠦᠷᠡᠲᠡᠯ᠎ᠡ ᠲᠠᠲᠠᠭᠰᠠᠨ᠎ᠢ ᠵᠠᠰᠠᠬᠤ ᠠᠵᠢᠯ᠎ᠢ ᠲᠦᠷᠭᠡᠳᠬᠡᠨ ᠠᠬᠢᠭᠤᠯᠤᠨ᠎ᠠ᠃ ᠪᠠᠷᠠᠭᠤᠨ ᠯᠢᠶᠣᠤ ᠾᠧ ᠭᠣᠣᠯ᠎ᠤᠨ ᠰᠠᠪᠠ ᠭᠠᠵᠠᠷ ᠪᠠ ᠣᠷᠳᠣᠰ᠎ᠤᠨ ᠲᠠᠯᠪᠢᠭᠤᠷ ᠭᠠᠵᠠᠷ ᠵᠡᠷᠭᠡ ᠭᠣᠣᠯᠳᠠᠯᠭ᠎ᠠ ᠪᠣᠯᠬᠤ ᠣᠷᠣᠨ ᠪᠦᠰᠡ ᠵᠢᠨ ᠳᠠᠭ᠋ᠠᠭ᠋ᠠᠴᠠ᠎ᠠᠴᠠ ᠬᠡᠲᠦᠷᠡᠲᠡᠯ᠎ᠡ ᠲᠠᠲᠠᠭᠰᠠᠨ᠎ᠢ ᠶᠡᠷᠦᠩᠬᠡᠢ᠌ᠯᠡᠨ ᠵᠠᠰᠠᠬᠤ ᠠᠵᠢᠯ ᠵᠶ᠋ᠠᠨ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ᠎ᠠᠴᠠ ᠵᠥᠷᠢᠴᠡᠨ ᠤᠰᠤ ᠲᠠᠲᠠᠨ ᠠᠪᠬᠤ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠵᠥᠪᠰᠢᠶᠡᠷᠡᠯ ᠣᠯᠣᠭᠰᠠᠨ ᠦᠭᠡᠢ᠎ᠪᠠᠷ ᠳᠤᠷ᠎ᠠ᠎ᠪᠠᠷ ᠵᠶ᠋ᠠᠨ᠂ ᠬᠡᠮᠵᠢᠶ᠎ᠡ᠎ᠠᠴᠠ ᠬᠡᠲᠦᠷᠡᠭᠦᠯᠬᠦ ᠪᠠ ᠬᠡᠮᠵᠢᠶ᠎ᠡ ᠬᠤᠲᠤᠭ ᠦᠭᠡᠢ᠎ᠪᠠᠷ ᠤᠰᠤ ᠲᠠᠲᠠᠨ ᠠᠪᠬᠤ ᠵᠡᠷᠭᠡ ᠤᠰᠤ ᠲᠠᠲᠠᠨ ᠠᠪᠬᠤ ᠵᠥᠪᠰᠢᠶᠡᠷᠡᠯ᠎ᠤᠨ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠦᠢ᠍ᠯᠡ ᠠᠵᠢᠯᠯᠠᠭ᠎ᠠ ᠵᠢ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ᠎ᠪᠠᠷ ᠵᠠᠷᠯᠢᠭᠳᠠᠵᠤ᠂ ᠬᠤᠭᠤᠴᠠᠭ᠎ᠠ ᠥᠩᠭᠡᠷᠡᠭᠡᠳ ᠵᠠᠯᠠᠷᠠᠭᠤᠯᠤᠭᠰᠠᠨ ᠦᠭᠡᠢ ᠪᠣᠯ ᠬᠠᠤᠯᠢ ᠶᠣᠰᠣᠭ᠋ᠠᠷ ᠤᠰᠤ ᠲᠠᠲᠠᠨ ᠠᠪᠬᠤ ᠪᠡᠯᠡᠳᠬᠡᠮᠵᠢ ᠵᠢ ᠵᠠᠳᠠᠯᠵᠤ ᠰᠠᠯᠭ᠋ᠠᠬᠤ ᠪᠤᠶᠤ ᠪᠢᠲᠡᠭᠦᠮᠵᠢᠯᠡᠬᠦ ᠵᠡᠷᠭᠡ ᠰᠢᠢ᠍ᠳᠬᠡᠨ ᠲᠣᠷᠭ᠋ᠠᠬᠤ ᠠᠷᠭ᠎ᠠ ᠬᠡᠮᠵᠢᠶ᠎ᠡ ᠠᠪᠴᠤ᠂ 2025 ᠣᠨ᠎ᠤ ᠰᠡᠭᠦᠯᠴᠢ ᠪᠤᠯᠲᠠᠯ᠎ᠠ ᠬᠡᠲᠦᠷᠡᠲᠡᠯ᠎ᠡ ᠲᠠᠲᠠᠬᠤ ᠤᠰᠤᠨ᠎ᠤ ᠬᠡᠮᠵᠢᠶ᠎ᠡ ᠵᠢ ᠨᠡᠶ᠋ᠢᠲᠡ 3.3 ᠳ᠋ᠦᠩᠰᠢᠭᠤᠷ ᠺᠦᠪ ᠮᠧᠲᠷ᠎ᠠᠴᠠ ᠳᠡᠭᠡᠭᠰᠢ ᠪᠠᠭ᠋ᠠᠰᠬᠠᠨ᠎ᠠ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ)
ᠨᠠᠢ᠍ᠮᠠ᠂ ᠪᠠᠢ᠌ᠩᠭᠤ ᠵᠢᠨ ᠪᠤᠰᠤ ᠤᠰᠤ ᠵᠢ ᠬᠦᠴᠦᠯᠡᠨ ᠰᠠᠢ᠌ᠲᠤᠷ ᠬᠡᠷᠡᠭᠯᠡᠨ᠎ᠡ
(ᠨᠢᠭᠡ) ᠳᠠᠬᠢᠯᠲᠠ ᠤᠰᠤ ᠵᠢ ᠶᠡᠷᠦᠩᠬᠡᠢ᠌ᠯᠡᠨ ᠠᠰᠢᠭᠯᠠᠬᠤ᠎ᠪᠠᠨ ᠠᠬᠢᠭᠤᠯᠤᠨ᠎ᠠ᠃ ᠳᠠᠬᠢᠯᠲᠠ ᠤᠰᠤ ᠵᠢ ᠶᠡᠷᠦᠩᠬᠡᠢ᠌ᠯᠡᠨ ᠠᠰᠢᠭᠯᠠᠬᠤ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠨ ᠨᠡᠢ᠌ᠲᠡᠯᠡᠵᠦ᠂ ᠬᠤᠲᠠ ᠪᠠᠯᠭ᠋ᠠᠰᠤ ᠪᠠ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠤᠰᠤᠨ᠎ᠤ ᠴᠢᠨᠠᠷ᠎ᠢ ᠪᠠᠷᠢᠮᠵᠢᠶ᠎ᠠ᠎ᠳᠤ ᠬᠦᠷᠦᠭᠦᠯᠬᠦ᠎ᠪᠠᠷ ᠥᠭᠡᠷᠡᠴᠢᠯᠡᠨ ᠰᠢᠨᠡᠳᠬᠡᠬᠦ ᠠᠵᠢᠯ᠎ᠢ ᠲᠦᠷᠭᠡᠳᠬᠡᠨ ᠠᠬᠢᠭᠤᠯᠵᠤ᠂ ᠳᠠᠬᠢᠯᠲᠠ ᠤᠰᠤᠨ᠎ᠤ ᠬᠡᠷᠡᠭᠯᠡᠭᠴᠢᠳ᠎ᠤᠨ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠎ᠪᠠᠷ ᠬᠦᠴᠦᠯᠡᠨ ᠴᠢᠷᠮᠠᠢ᠌ᠵᠤ᠂ ᠬᠤᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠳᠤ ᠲᠦᠰᠢᠭᠯᠡᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠰᠢᠢ᠍ᠳᠪᠦᠷᠢᠯᠡᠵᠦ ᠪᠠᠢ᠌ᠭ᠎ᠠ ᠪᠠᠢ᠌ᠳᠠᠯ᠎ᠳᠤ᠂ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠰᠢᠢ᠍ᠳᠪᠦᠷᠢᠯᠡᠬᠦ ᠲᠤᠰᠠᠭ᠋ᠠᠷ ᠦᠢ᠍ᠯᠡᠳᠪᠦᠷᠢ ᠪᠤᠶᠤ ᠰᠡᠭᠦᠯ᠎ᠤᠨ ᠤᠰᠤ ᠵᠢ ᠭᠦᠨᠵᠡᠭᠡᠢ ᠴᠡᠪᠡᠷᠰᠢᠭᠦᠯᠬᠦ ᠲᠤᠰᠠᠭ᠋ᠠᠷ ᠢᠨᠵᠧᠨᠧᠷᠢᠩ ᠪᠠᠶ᠋ᠢᠭᠤᠯᠬᠤ ᠵᠢ ᠢᠳᠡᠪᠬᠢᠲᠡᠢ ᠠᠬᠢᠭᠤᠯᠤᠨ᠎ᠠ; ᠳᠠᠬᠢᠯᠲᠠ ᠤᠰᠤ ᠵᠢ ᠲᠣᠬᠢᠷᠠᠭᠤᠯᠬᠤ ᠬᠣᠭᠣᠯᠠᠢ ᠭᠤᠤᠷᠰᠤ ᠵᠢᠨ ᠲᠣᠣᠷ᠎ᠤᠨ ᠪᠦᠲᠦᠭᠡᠨ ᠪᠠᠢ᠌ᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠳᠠᠬᠢᠯᠲᠠ ᠤᠰᠤᠨ᠎ᠤ ᠦᠢ᠍ᠯᠡᠳᠪᠦᠷᠢ ᠬᠢᠭᠡᠳ ᠤᠰᠤ ᠬᠡᠷᠡᠭᠯᠡᠬᠦ ᠡᠷᠦᠬᠡ ᠵᠢᠨ ᠬᠤᠭᠤᠷᠣᠨᠳᠣᠬᠢ ᠤᠰᠤ ᠳᠠᠮᠵᠢᠭᠤᠯᠬᠤ ᠨᠡᠪᠳᠡᠷᠡᠯ ᠵᠠᠮ᠎ᠢ ᠰᠢᠯᠤᠭᠤᠳᠬᠠᠨ᠎ᠠ; ᠳᠠᠬᠢᠯᠲᠠ ᠤᠰᠤ ᠵᠢ ᠣᠢ᠌ᠷ᠎ᠠ ᠬᠠᠪᠢ᠎ᠳᠤᠨᠢ ᠠᠰᠢᠭᠯᠠᠬᠤ ᠵᠢ ᠢᠳᠡᠪᠬᠢᠲᠡᠢ ᠠᠬᠢᠭᠤᠯᠵᠤ᠂ ᠠᠵᠤ ᠦᠢ᠍ᠯᠡᠳᠪᠦᠷᠢ᠂ ᠦᠵᠡᠮᠵᠢ ᠵᠢᠨ ᠣᠷᠴᠢᠨ᠂ ᠬᠣᠲᠠ ᠵᠢᠨ ᠡᠯᠳᠡᠪ ᠬᠡᠷᠡᠭᠯᠡᠯᠲᠡ᠂ ᠬᠣᠲᠠ ᠵᠢᠨ ᠨᠣᠭᠣᠭ᠋ᠠᠷᠠᠭᠤᠯᠤᠯᠲᠠ ᠵᠡᠷᠭᠡ ᠬᠦᠷᠢᠶ᠎ᠡ ᠴᠠᠷᠠᠭ᠋ᠠᠨ᠎ᠳᠤ ᠤᠷᠢᠳ ᠵᠶ᠋ᠠᠷ ᠳᠠᠬᠢᠯᠲᠠ ᠤᠰᠤ ᠵᠢ ᠲᠣᠬᠢᠷᠠᠭᠤᠯᠤᠨ ᠬᠡᠷᠡᠭᠯᠡᠨ᠎ᠡ; ᠬᠠᠲᠤᠨ ᠭᠣᠣᠯ᠎ᠤᠨ ᠰᠠᠪᠠ ᠭᠠᠵᠠᠷ᠎ᠤᠨ ᠳᠠᠬᠢᠯᠲᠠ ᠤᠰᠤᠨ᠎ᠤ ᠠᠰᠢᠭᠯᠠᠯᠲᠠ ᠵᠢᠨ ᠨᠤᠷᠮ᠎ᠠ ᠵᠢ 60%᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠢ᠌ᠨ᠎ᠠ᠃ ᠬᠥᠬᠡᠬᠣᠲᠠ᠂ ᠪᠤᠭᠤᠲᠤ ᠬᠣᠲᠠ᠂ ᠤᠯᠠᠭ᠋ᠠᠨᠬᠠᠳᠠ ᠬᠣᠲᠠ᠂ ᠲᠦᠩᠯᠢᠶᠣᠣ ᠬᠣᠲᠠ᠂ ᠣᠷᠳᠣᠰ ᠬᠤᠳᠠ᠂ ᠪᠠᠶᠠᠨᠨᠠᠭᠤᠷ ᠬᠣᠲᠠ ᠵᠡᠷᠭᠡ ᠳᠠᠬᠢᠯᠲᠠ ᠤᠰᠤ ᠵᠢ ᠠᠰᠢᠭᠯᠠᠬᠤ 6 ᠭᠣᠣᠯᠳᠠᠯᠭ᠎ᠠ᠎ᠲᠠᠢ ᠬᠣᠲᠠ ᠵᠢ ᠲᠦᠷᠭᠡᠳᠬᠡᠨ ᠪᠦᠲᠦᠭᠡᠨ ᠪᠠᠢ᠌ᠭᠤᠯᠤᠨ᠎ᠠ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ)
(ᠬᠣᠶᠠᠷ) ᠠᠭᠤᠷᠬᠠᠢ ᠵᠢᠨ ᠬᠤᠳᠳᠤᠭ᠎ᠤᠨ ᠤᠰᠤ ᠵᠢ ᠶᠡᠷᠦᠩᠬᠡᠢ᠌ᠯᠡᠨ ᠠᠰᠢᠭᠯᠠᠬᠤ ᠬᠢᠷᠢ ᠲᠦᠪᠰᠢᠨ ᠵᠶ᠋ᠡᠨ ᠳᠡᠭᠡᠭᠰᠢᠯᠡᠭᠦᠯᠦᠨ᠎ᠡ᠃ ᠬᠠᠲᠤᠨ ᠭᠣᠣᠯ᠎ᠤᠨ ᠰᠠᠪᠠ ᠭᠠᠵᠠᠷ ᠵᠢᠴᠢ ᠬᠥᠯᠥᠨ ᠪᠤᠶ᠋ᠢᠷ ᠬᠤᠲᠠ᠂ ᠰᠢᠯᠢ ᠵᠢᠨ ᠭᠣᠣᠯ ᠠᠢ᠌ᠮᠠᠭ ᠵᠡᠷᠭᠡ ᠠᠭᠤᠷᠬᠠᠢ ᠵᠢᠨ ᠬᠤᠳᠳᠤᠭ᠎ᠠᠴᠠ ᠣᠷᠬᠢᠯᠠᠬᠤ ᠤᠰᠤᠨ᠎ᠤ ᠬᠡᠮᠵᠢᠶ᠎ᠡ ᠨᠡᠯᠢᠶᠡᠳ ᠶᠡᠬᠡ ᠭᠠᠵᠠᠷ ᠣᠷᠣᠨ᠎ᠳᠤ᠂ ᠤᠰᠤ ᠬᠠᠮᠠᠭ᠋ᠠᠯᠠᠨ ᠨᠡᠭᠦᠷᠡᠰᠦ ᠮᠠᠯᠲᠠᠬᠤ ᠤᠷ᠎ᠠ ᠮᠡᠷᠭᠡᠰᠢᠯ᠎ᠢ ᠳᠡᠯᠭᠡᠷᠡᠭᠦᠯᠦᠨ ᠬᠡᠷᠡᠭᠯᠡᠵᠦ᠂ ᠨᠡᠭᠦᠷᠡᠰᠦ ᠪᠠ ᠠᠭᠤᠷᠬᠠᠢ ᠵᠢᠨ ᠬᠤᠳᠳᠤᠭ᠎ᠤᠨ ᠤᠰᠤᠨ᠎ᠤ ᠬᠣᠣᠰ ᠡᠬᠢ ᠪᠠᠶᠠᠯᠢᠭ᠎ᠤᠨ ᠬᠡᠯᠪᠡᠷᠢ ᠪᠦᠬᠦᠢ ᠠᠭᠤᠷᠬᠠᠢ ᠵᠢᠨ ᠬᠤᠳᠳᠤᠭ᠎ᠢ ᠪᠦᠲᠦᠭᠡᠨ ᠪᠠᠢ᠌ᠭᠤᠯᠤᠨ᠎ᠠ; ᠨᠡᠭᠦᠷᠡᠰᠦᠨ ᠠᠭᠤᠷᠬᠠᠢ ᠵᠢᠨ ᠪᠠᠢ᠌ᠭ᠎ᠠ ᠠᠢ᠌ᠮᠠᠭ ᠬᠤᠲᠠ᠎ᠨᠢ ᠠᠭᠤᠷᠬᠠᠢ ᠵᠢᠨ ᠬᠤᠳᠳᠤᠭ᠎ᠤᠨ ᠤᠰᠤ ᠵᠢ ᠰᠢᠢ᠍ᠳᠪᠦᠷᠢᠯᠡᠬᠦ ᠵᠢᠴᠢ ᠶᠡᠷᠦᠩᠬᠡᠢ᠌ᠯᠡᠨ ᠠᠰᠢᠭᠯᠠᠬᠤ ᠲᠥᠰᠥᠯ᠎ᠢ ᠲᠣᠭᠲᠠᠭ᠋ᠠᠵᠤ᠂ ᠠᠭᠤᠷᠬᠠᠢ ᠵᠢᠨ ᠬᠤᠳᠳᠤᠭ᠎ᠤᠨ ᠤᠰᠤ ᠵᠢ ᠲᠣᠬᠢᠷᠠᠭᠤᠯᠤᠨ ᠠᠰᠢᠭᠯᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ; ᠰᠢᠨ᠎ᠡ᠎ᠪᠠᠷ ᠨᠡᠮᠡᠭᠳᠡᠬᠦ ᠤᠰᠤᠨ᠎ᠤ ᠬᠡᠷᠡᠭᠡᠯᠡᠭᠡᠳᠤ ᠠᠭᠤᠷᠬᠠᠢ ᠵᠢᠨ ᠬᠤᠳᠳᠤᠭ᠎ᠤᠨ ᠤᠰᠤ ᠵᠢ ᠤᠷᠢᠳ ᠵᠶ᠋ᠠᠷ ᠲᠣᠬᠢᠷᠠᠭᠤᠯᠤᠨ᠂ ᠨᠥᠬᠥᠴᠡᠯ ᠪᠦᠷᠢᠳᠦᠭᠰᠡᠨ ᠭᠠᠵᠠᠷ ᠣᠷᠣᠨ᠎ᠨᠢ ᠠᠭᠤᠷᠬᠠᠢ ᠵᠢᠨ ᠬᠤᠳᠳᠤᠭ᠎ᠤᠨ ᠤᠰᠤ᠎ᠪᠠᠷ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ ᠵᠢ ᠰᠣᠯᠢᠵᠤ ᠬᠡᠷᠡᠭᠯᠡᠬᠦ ᠠᠵᠢᠯ ᠵᠶ᠋ᠠᠨ ᠲᠦᠷᠭᠡᠳᠬᠡᠨ ᠠᠬᠢᠭᠤᠯᠤᠨ᠎ᠠ᠃ 2025 ᠣᠨ᠎ᠤ ᠰᠡᠭᠦᠯᠴᠢ ᠪᠤᠯᠲᠠᠯ᠎ᠠ ᠪᠥᠬᠦ ᠣᠷᠣᠨ᠎ᠤ ᠠᠭᠤᠷᠬᠠᠢ ᠵᠢᠨ ᠬᠤᠳᠳᠤᠭ᠎ᠤᠨ ᠤᠰᠤᠨ᠎ᠤ ᠶᠡᠷᠦᠩᠬᠡᠢ᠌ᠯᠡᠨ ᠠᠰᠢᠭᠯᠠᠬᠤ ᠨᠣᠷᠮ᠎ᠠ ᠵᠢ 60%᠎ᠠᠴᠠ ᠳᠡᠭᠡᠭᠰᠢ᠎ᠳᠤ ᠬᠦᠷᠦᠭᠦᠯᠬᠦ᠎ᠪᠠᠷ ᠬᠦᠴᠦᠯᠡᠨ ᠴᠢᠷᠮᠠᠢ᠌ᠨ᠎ᠠ᠂ ᠡᠭᠦᠨ᠎ᠳᠤ ᠬᠠᠲᠤᠨ ᠭᠣᠣᠯ᠎ᠤᠨ ᠰᠠᠪᠠ ᠭᠠᠵᠠᠷ᠎ᠤᠨ᠎ᠬᠢ 70%᠎ᠠᠴᠠ ᠳᠡᠭᠡᠭᠰᠢ᠎ᠳᠤ ᠬᠦᠷᠦᠭᠦᠯᠦᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠤᠰᠤᠨ ᠠᠰᠢᠭᠯᠠᠯᠲᠠ ᠵᠢᠨ ᠲᠢᠩᠬᠢᠮ)
ᠶᠢᠰᠦ᠂ ᠤᠰᠤ ᠠᠷᠪᠢᠯᠠᠬᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠪᠠᠳᠠᠷᠠᠭ᠋ᠠᠨ᠎ᠠ
(ᠨᠢᠭᠡ) ᠤᠰᠤ ᠬᠡᠷᠡᠭᠯᠡᠬᠦ ᠡᠷᠬᠡ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠢ ᠠᠬᠢᠭᠤᠯᠤᠨ᠎ᠠ᠃ ᠥᠪᠥᠷ ᠮᠣᠩᠭᠣᠯ᠎ᠤᠨ ᠬᠠᠲᠤᠨ ᠭᠣᠣᠯ᠎ᠤᠨ ᠭᠣᠣᠯ ᠤᠷᠤᠰᠬᠠᠯ᠎ᠤᠨ ᠤᠰᠤᠨ᠎ᠤ ᠡᠷᠬᠡ ᠵᠢ ᠠᠢ᠌ᠮᠠᠭ ᠬᠣᠲᠠ ᠵᠢᠨ ᠬᠣᠭᠣᠷᠣᠨᠳᠤ ᠰᠢᠯᠵᠢᠭᠦᠯᠦᠨ ᠥᠭᠬᠦ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠤᠰᠤ ᠠᠷᠪᠢᠯᠠᠬᠤ ᠢᠨᠵᠧᠨᠧᠷᠢᠩ᠎ᠢ ᠦᠨᠳᠦᠰᠦᠨ᠎ᠳᠤ᠎ᠪᠠᠨ ᠪᠡᠶᠡᠯᠡᠭᠦᠯᠵᠦ᠂ 1.2 ᠳ᠋ᠦᠩᠰᠢᠭᠤᠷ ᠺᠦᠪ ᠮᠧᠲᠷ᠎ᠤᠨ ᠤᠰᠤᠨ᠎ᠤ ᠬᠡᠮᠵᠢᠶ᠎ᠡ ᠵᠢ ᠰᠢᠯᠵᠢᠭᠦᠯᠦᠨ ᠥᠭᠬᠦ ᠴᠢᠳᠠᠪᠤᠷᠢ ᠵᠢ ᠪᠦᠷᠢᠳᠦᠭᠦᠯᠦᠨ᠎ᠡ᠃ ᠬᠠᠤᠯᠢ ᠶᠣᠰᠣᠨ᠎ᠤ ᠤᠰᠤ ᠬᠡᠷᠡᠭᠯᠡᠬᠦ ᠡᠷᠦᠬᠡ ᠵᠢᠨ ᠥᠪᠡᠷ ᠥᠪᠡᠰᠦᠳᠤᠨ ᠤᠰᠤ ᠠᠷᠪᠢᠯᠠᠭᠰᠠᠨ ᠬᠡᠮᠵᠢᠶ᠎ᠡ᠎ᠪᠠᠷ ᠵᠶ᠋ᠡᠨ ᠤᠰᠤᠨ᠎ᠤ ᠡᠷᠬᠡ ᠵᠢᠨ ᠠᠷᠠᠯᠵᠢᠶ᠎ᠠ ᠬᠢᠬᠦ ᠵᠢ᠎ᠨᠢ ᠳᠡᠮᠵᠢᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ)
(ᠬᠣᠶᠠᠷ) ᠤᠰᠤᠨ᠎ᠤ ᠡᠬᠢ ᠰᠤᠷᠪᠤᠯᠵᠢ ᠵᠢᠨ ᠭᠠᠢ᠌ᠯᠢ ᠵᠢᠨ ᠬᠥᠰᠢᠭᠦᠷᠭᠡ ᠵᠢᠨ ᠲᠣᠬᠢᠷᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃ ᠤᠰᠤᠨ᠎ᠤ ᠡᠬᠢ ᠰᠤᠷᠪᠤᠯᠵᠢ ᠵᠢᠨ ᠭᠠᠢ᠌ᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ᠂ ᠠᠳᠠᠯᠢ ᠨᠢᠭᠡᠨ ᠬᠡᠷᠡᠭᠴᠡᠭᠡ᠎ᠠᠴᠠ ᠤᠰᠤ ᠲᠠᠲᠠᠵᠤ ᠬᠡᠷᠡᠭᠯᠡᠬᠦ᠎ᠳᠤ ᠭᠠᠵᠠᠷ ᠳᠣᠣᠷᠠᠬᠢ ᠤᠰᠤᠨ᠎ᠤ ᠭᠠᠢ᠌ᠯᠢ ᠵᠢᠨ ᠲᠣᠭ᠎ᠠ ᠵᠢ ᠭᠠᠵᠠᠷ ᠳᠡᠭᠡᠷᠡᠬᠢ ᠤᠰᠤᠨᠤᠬᠢᠠᠴᠠ ᠥᠨᠳᠥᠷ ᠪᠠᠢ᠌ᠯᠭ᠋ᠠᠨ᠎ᠠ; ᠳᠠᠬᠢᠯᠲᠠ ᠤᠰᠤ ᠵᠢ ᠲᠠᠲᠠᠵᠤ ᠬᠡᠷᠡᠭᠯᠡᠬᠦ᠎ᠳᠤ ᠤᠰᠤᠨ᠎ᠤ ᠡᠬᠢ ᠰᠤᠷᠪᠤᠯᠵᠢ ᠵᠢᠨ ᠭᠠᠢ᠌ᠯᠢ ᠲᠠᠲᠠᠪᠤᠷᠢᠯᠠᠬᠤ ᠦᠭᠡᠢ; ᠴᠡᠪᠡᠷᠯᠡᠨ ᠬᠠᠲᠠᠭ᠋ᠠᠵᠦ ᠵᠠᠯᠠᠭᠰᠠᠨ ᠤᠰᠤᠨ᠎ᠤ ᠡᠭᠡᠭᠦᠯᠦᠨ ᠬᠤᠷᠢᠶᠠᠵᠤ ᠠᠰᠢᠭᠯᠠᠬᠤ ᠬᠡᠰᠡᠭ᠎ᠲᠤ ᠳᠣᠣᠷ᠎ᠠ ᠵᠠᠬ᠎ᠠ᠎ᠪᠠᠷ ᠭᠠᠢ᠌ᠯᠢ ᠵᠢᠨ ᠲᠣᠭ᠎ᠠ ᠲᠣᠭᠲᠠᠭ᠋ᠠᠵᠤ᠂ ᠭᠠᠳᠠᠭᠰᠢ ᠵᠠᠯᠠᠬᠤ ᠬᠡᠰᠡᠭ᠎ᠲᠤ ᠳᠡᠭᠡᠷ᠎ᠡ ᠵᠠᠬ᠎ᠠ᠎ᠪᠠᠷ ᠭᠠᠢ᠌ᠯᠢ ᠵᠢᠨ ᠲᠣᠭ᠎ᠠ ᠲᠣᠭᠲᠠᠭ᠋ᠠᠨ᠎ᠠ; ᠤᠰᠤᠨ᠎ᠤ ᠡᠬᠢ ᠰᠤᠷᠪᠤᠯᠵᠢ ᠬᠦᠨᠳᠦ ᠨᠣᠴᠢᠲᠠᠢ ᠳᠤᠲᠠᠭᠳᠠᠵᠤ ᠪᠠᠢ᠌ᠭ᠎ᠠ ᠪᠠ ᠳᠠᠭ᠋ᠠᠭ᠋ᠠᠴᠠ᠎ᠠᠴᠠ ᠬᠡᠲᠦᠷᠡᠲᠡᠯ᠎ᠡ ᠲᠠᠲᠠᠭᠰᠠᠨ ᠣᠷᠣᠨ᠎ᠠᠴᠠ ᠤᠰᠤ ᠲᠠᠲᠠᠵᠤ ᠬᠡᠷᠡᠭᠯᠡᠭᠰᠡᠨ ᠪᠠᠢ᠌ᠪᠠᠯ᠂ ᠭᠠᠢ᠌ᠯᠢ ᠵᠢᠨ ᠲᠣᠭ᠋ᠠᠨ᠎ᠤ ᠪᠠᠷᠢᠮᠵᠢᠶ᠎ᠠ ᠵᠢ ᠠᠳᠠᠯᠢ ᠲᠥᠷᠥᠯ᠎ᠤᠨ ᠤᠰᠤ ᠲᠠᠲᠠᠵᠤ ᠬᠡᠷᠡᠭᠯᠡᠬᠦ ᠪᠠᠷᠢᠮᠵᠢᠶᠠᠨ᠎ᠤ 2 ᠳᠠᠬᠢᠨ ᠵᠶ᠋ᠠᠷ ᠲᠠᠲᠠᠪᠤᠷᠢᠯᠠᠨ᠎ᠠ; ᠲᠥᠯᠥᠪᠯᠡᠭᠡ᠎ᠠᠴᠠ᠎ᠪᠠᠨ ᠬᠡᠲᠦᠷᠡᠲᠡᠯ᠎ᠡ ᠤᠰᠤ ᠲᠠᠲᠠᠵᠤ ᠬᠡᠷᠡᠭᠯᠡᠭᠰᠡᠨ ᠪᠠᠢ᠌ᠪᠠᠯ᠂ ᠲᠥᠯᠥᠪᠯᠡᠭᠡ᠎ᠠᠴᠠ ᠬᠡᠲᠦᠷᠡᠭᠰᠡᠨ ᠬᠡᠰᠡᠭ᠎ᠤᠨ ᠬᠠᠷᠢᠴᠠᠯ ᠵᠶ᠋ᠠᠷ ᠠᠬᠢᠭᠤᠯᠤᠨ ᠪᠤᠳᠤᠵᠤ ᠤᠰᠤᠨ᠎ᠤ ᠡᠬᠢ ᠰᠤᠷᠪᠤᠯᠵᠢ ᠵᠢᠨ ᠭᠠᠢ᠌ᠯᠢ ᠲᠠᠲᠠᠪᠤᠷᠢᠯᠠᠨ᠎ᠠ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ)
(ᠭᠤᠷᠪᠠ) ᠤᠰᠤ ᠠᠷᠪᠢᠯᠠᠬᠤ ᠠᠵᠤ ᠦᠢ᠍ᠯᠡᠰ᠎ᠤᠨ ᠵᠣᠬᠢᠴᠠᠩᠭᠤᠢ ᠬᠥᠭᠵᠢᠯᠲᠡ ᠵᠢ ᠠᠬᠢᠭᠤᠯᠤᠨ᠎ᠠ᠃ 《ᠤᠰᠤ ᠠᠷᠪᠢᠯᠠᠬᠤ ᠠᠵᠤ ᠦᠢ᠍ᠯᠡᠰ᠎ᠢ ᠲᠦᠷᠭᠡᠳᠬᠡᠨ ᠬᠥᠭᠵᠢᠭᠦᠯᠬᠦ ᠪᠣᠳᠠᠲᠠᠢ ᠠᠷᠭ᠎ᠠ ᠬᠡᠮᠵᠢᠶ᠎ᠡ》 ᠵᠢ ᠨᠡᠢ᠌ᠲᠡᠯᠡᠵᠦ᠂ ᠲᠠᠷᠢᠶᠠᠯᠠᠩ ᠮᠠᠯ ᠠᠵᠤ ᠠᠬᠤᠢ᠂ ᠠᠵᠤ ᠦᠢ᠍ᠯᠡᠳᠪᠦᠷᠢ᠂ ᠬᠣᠲᠠ ᠪᠠᠯᠭ᠋ᠠᠰᠤᠨ᠎ᠤ ᠠᠮᠢᠳᠤᠷᠠᠯ᠎ᠤᠨ ᠤᠰᠤ ᠠᠷᠪᠢᠯᠠᠬᠤ ᠵᠢᠴᠢ ᠤᠰᠤ ᠠᠷᠪᠢᠯᠠᠬᠤ ᠦᠢ᠍ᠯᠡᠴᠢᠯᠡᠭᠡ ᠵᠡᠷᠭᠡ ᠬᠦᠷᠢᠶ᠎ᠡ ᠴᠠᠷᠠᠭ᠋ᠠᠨ᠎ᠳᠤ ᠠᠩᠬᠠᠷᠤᠯ ᠵᠶ᠋ᠠᠨ ᠬᠠᠨᠳᠤᠭᠤᠯᠤᠨ᠂ ᠲᠥᠬᠦᠭᠡᠷᠦᠮᠵᠢ ᠵᠢᠨ ᠦᠢ᠍ᠯᠡᠳᠪᠦᠷᠢᠯᠡᠯ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠲᠠᠯ᠎ᠠ᠎ᠪᠠᠷ ᠨᠢᠭᠡ ᠪᠦᠯᠦᠭ ᠮᠡᠷᠭᠡᠵᠢᠯ᠎ᠤᠨ ᠬᠢᠷᠢ ᠬᠡᠮᠵᠢᠶ᠎ᠡ ᠥᠨᠳᠥᠷ᠂ ᠳᠠᠢ᠌ᠴᠢᠯᠠᠬᠤ ᠴᠢᠳᠠᠪᠤᠷᠢ ᠴᠢᠩᠭ᠎ᠠ ᠬᠥᠲᠥᠴᠢ ᠠᠵᠤ ᠠᠬᠤᠢ᠌ᠯᠠᠯ᠎ᠢ ᠪᠣᠢ᠌ᠵᠢᠭᠤᠯᠤᠨ᠎ᠠ᠃ ᠶᠡᠬᠡ ᠬᠡᠪᠴᠢᠶ᠎ᠡ᠎ᠪᠠᠷ ᠤᠰᠤ ᠠᠷᠪᠢᠯᠠᠬᠤ ᠲᠥᠬᠦᠭᠡᠷᠦᠮᠵᠢ᠎ᠪᠠᠨ ᠰᠢᠨᠡᠳᠬᠡᠬᠦ ᠵᠢ ᠠᠬᠢᠭᠤᠯᠤᠨ᠂ ᠤᠰᠤ ᠬᠡᠷᠡᠭᠯᠡᠬᠦ ᠬᠣᠴᠤᠷᠤᠩᠭᠤᠢ ᠲᠥᠬᠦᠭᠡᠷᠦᠮᠵᠢ ᠵᠢ ᠲᠦᠷᠭᠡᠳᠬᠡᠨ ᠰᠢᠭᠰᠢᠭᠳᠡᠭᠦᠯᠵᠦ᠂ ᠤᠰᠤ ᠠᠷᠪᠢᠯᠠᠬᠤ ᠲᠣᠨᠤᠭ ᠲᠥᠬᠦᠭᠡᠷᠦᠮᠵᠢ ᠵᠢ ᠰᠢᠨᠡᠳᠬᠡᠵᠦ ᠬᠠᠯᠠᠬᠤ᠎ᠪᠠᠨ ᠠᠬᠢᠭᠤᠯᠤᠨ᠂ ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠣᠷᠢᠭ᠎ᠤᠨ ᠤᠰᠤ ᠬᠡᠷᠡᠭᠯᠡᠬᠦ ᠪᠠᠭ᠋ᠠᠵᠢ ᠬᠡᠷᠡᠭᠰᠡᠯ ᠵᠶ᠋ᠠᠨ ᠥᠭᠡᠷᠡᠴᠢᠯᠡᠨ ᠰᠢᠨᠡᠳᠬᠡᠬᠦ ᠠᠵᠢᠯ ᠥᠷᠨᠢᠭᠦᠯᠬᠦ ᠵᠢ᠎ᠨᠢ ᠵᠣᠷᠢᠭᠵᠢᠭᠤᠯᠵᠤ᠂ ᠠᠮᠢᠳᠤᠷᠠᠯ᠎ᠤᠨ ᠴᠢᠨᠠᠷ ᠴᠢᠨᠰᠠᠭ᠎ᠠ ᠪᠠ ᠤᠰᠤ ᠠᠷᠪᠢᠯᠠᠬᠤ ᠦᠷ᠎ᠡ ᠪᠦᠲᠦᠮᠵᠢ ᠵᠢᠨ ᠬᠣᠣᠰ ᠳᠡᠭᠡᠭᠰᠢᠯᠡᠯᠲᠡ ᠵᠢ ᠪᠡᠶᠡᠯᠡᠭᠦᠯᠦᠨ᠎ᠡ᠃ ᠭᠡᠷ᠎ᠡ ᠲᠣᠭᠲᠠᠵᠤ ᠤᠰᠤ ᠠᠷᠪᠢᠯᠠᠬᠤ ᠬᠠᠮᠢᠶᠠᠷᠤᠯᠲᠠ ᠵᠢᠨ ᠵᠠᠭᠪᠤᠷ᠎ᠢ ᠢᠳᠡᠪᠬᠢᠲᠡᠢ ᠳᠡᠯᠭᠡᠷᠡᠭᠦᠯᠵᠦ᠂ ᠭᠡᠷ᠎ᠡ ᠲᠣᠭᠲᠠᠵᠤ ᠤᠰᠤ ᠠᠷᠪᠢᠯᠠᠬᠤ ᠲᠥᠷᠥᠯ ᠵᠦᠢ᠍ᠯ᠎ᠢ 20᠎ᠠᠴᠠ ᠳᠡᠭᠡᠭᠰᠢ ᠬᠡᠷᠡᠭᠵᠢᠭᠦᠯᠦᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠤᠰᠤᠨ ᠠᠰᠢᠭᠯᠠᠯᠲᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ)
(ᠳᠥᠷᠪᠡ) ᠤᠰᠤ ᠠᠷᠪᠢᠯᠠᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠰᠤᠳᠤᠯᠤᠨ ᠨᠡᠭᠡᠭᠡᠯᠲᠡ ᠬᠢᠵᠦ ᠰᠢᠨ᠎ᠡ ᠡᠭᠦᠳᠦᠯᠲᠡ ᠭᠠᠷᠭ᠋ᠠᠬᠤ᠎ᠪᠠᠨ ᠴᠢᠩᠭ᠋ᠠᠳᠬᠠᠨ᠎ᠠ᠃ ᠠᠵᠢᠯ ᠲᠥᠷᠥᠯ᠎ᠤᠨ ᠤᠰᠤ ᠠᠷᠪᠢᠯᠠᠬᠤ ᠮᠡᠷᠭᠡᠵᠢᠯ᠎ᠤᠨ ᠬᠦᠴᠢᠷ ᠠᠰᠠᠭᠤᠳᠠᠯ᠎ᠤᠨ ᠲᠣᠭᠣᠷᠢᠨ᠎ᠳᠤ᠂ ᠵᠠᠩᠭᠢᠯᠠᠭ᠎ᠠ ᠵᠢᠨ ᠮᠡᠷᠭᠡᠵᠢᠯ ᠪᠠ ᠴᠢᠬᠤᠯᠠ ᠶᠡᠬᠡ ᠲᠣᠨᠤᠭ ᠲᠥᠬᠦᠭᠡᠷᠦᠮᠵᠢ᠎ᠳᠤ ᠰᠢᠨ᠎ᠡ ᠵᠢ ᠡᠭᠦᠳᠴᠦ ᠰᠢᠪᠲᠤᠯᠤᠯᠲᠠ ᠭᠠᠷᠭ᠋ᠠᠬᠤ᠎ᠪᠠᠨ ᠲᠦᠷᠭᠡᠳᠬᠡᠵᠦ᠂ ᠤᠰᠤ ᠠᠷᠪᠢᠯᠠᠬᠤ᠂ ᠬᠥᠮᠥᠨ᠎ᠤ ᠬᠦᠴᠦ᠎ᠪᠠᠷ ᠪᠣᠷᠣᠭ᠋ᠠᠨ ᠨᠡᠮᠡᠭᠳᠡᠭᠦᠯᠬᠦ ᠵᠡᠷᠭᠡ ᠲᠠᠯ᠎ᠠ ᠵᠢᠨ ᠰᠢᠨ᠎ᠡ ᠮᠡᠷᠭᠡᠵᠢᠯ᠂ ᠰᠢᠨ᠎ᠡ ᠦᠢ᠍ᠯᠡᠳᠬᠦᠨ᠂ ᠰᠢᠨ᠎ᠡ ᠤᠷ᠎ᠠ ᠮᠡᠷᠭᠡᠰᠢᠯ᠎ᠢ ᠰᠤᠳᠤᠯᠤᠨ ᠨᠡᠭᠡᠭᠡᠵᠦ ᠬᠡᠷᠡᠭᠯᠡᠬᠦ ᠵᠢ ᠢᠳᠡᠪᠬᠢᠲᠡᠢ ᠠᠬᠢᠭᠤᠯᠵᠤ᠂ ᠤᠰᠤ ᠠᠷᠪᠢᠯᠠᠬᠤ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ ᠵᠢᠴᠢ ᠰᠠᠭᠤᠷᠢ ᠪᠣᠯᠬᠤ ᠨᠡᠢ᠌ᠲᠡᠯᠢᠭ ᠴᠢᠨᠠᠷᠲᠠᠢ ᠮᠡᠷᠭᠡᠵᠢᠯ᠎ᠤᠨ ᠲᠠᠯ᠎ᠠ᠎ᠳᠤ ᠮᠡᠳᠡᠯᠭᠡ ᠥᠮᠴᠢᠯᠡᠬᠦ ᠡᠷᠬᠡ ᠵᠢᠨ ᠪᠠᠢ᠌ᠯᠳᠤᠬᠤ ᠪᠣᠳᠣᠯᠭ᠎ᠠ ᠵᠢᠨ ᠨᠦᠬᠡᠴᠡᠯᠡᠯᠲᠡ ᠵᠢ ᠰᠠᠢ᠌ᠲᠤᠷ ᠬᠢᠨ᠎ᠡ᠃ ᠣᠭᠲᠠᠷᠭᠤᠢ᠎ᠳᠠᠬᠢ ᠡᠭᠦᠯᠡᠨ ᠤᠰᠤᠨ᠎ᠤ ᠡᠬᠢ ᠰᠤᠷᠪᠤᠯᠵᠢ ᠵᠢ ᠨᠡᠭᠡᠭᠡᠨ ᠠᠰᠢᠭᠯᠠᠬᠤ ᠪᠠ ᠴᠠᠭ ᠠᠭᠤᠷ᠎ᠢ ᠰᠢᠨᠵᠢᠵᠦ ᠤᠰᠤ ᠠᠷᠪᠢᠯᠠᠵᠤ ᠤᠰᠤᠯᠠᠬᠤ ᠣᠶᠤᠨᠴᠢ ᠮᠡᠷᠭᠡᠵᠢᠯ᠎ᠢ ᠳᠡᠯᠭᠡᠷᠡᠭᠦᠯᠬᠦ᠎ᠪᠠᠨ ᠴᠢᠩᠭ᠋ᠠᠳᠬᠠᠵᠤ᠂ ᠣᠷᠣᠨ ᠪᠦᠰᠡ ᠠᠯᠤᠰᠯᠠᠭᠰᠠᠨ᠂ ᠠᠭ᠋ᠠᠷ ᠪᠠ ᠭᠠᠵᠠᠷ᠎ᠢ ᠬᠠᠮᠲᠤᠷᠠᠭᠤᠯᠵᠤ ᠪᠣᠷᠣᠭ᠋ᠠᠨ ᠨᠡᠮᠡᠭᠳᠡᠭᠦᠯᠬᠦ ᠠᠵᠢᠯ᠎ᠢ ᠢᠳᠡᠪᠬᠢᠲᠡᠢ ᠥᠷᠨᠢᠭᠦᠯᠦᠨ᠎ᠡ᠃ ᠪᠣᠷᠣᠭ᠋ᠠᠨ᠎ᠤ ᠦᠶᠡᠷ᠎ᠤᠨ ᠡᠬᠢ ᠰᠤᠷᠪᠤᠯᠵᠢ ᠵᠢ ᠠᠰᠢᠭᠯᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠢᠨᠵᠧᠨᠧᠷᠢᠩ᠎ᠤᠨ ᠴᠢᠨᠠᠷᠲᠠᠢ᠎ᠪᠠᠷ ᠤᠰᠤ ᠨᠥᠭᠡᠴᠡᠯᠡᠬᠦ ᠪᠠ ᠪᠣᠷᠣᠭ᠋ᠠᠨ᠎ᠤ ᠦᠶᠡᠷ᠎ᠤᠨ ᠡᠬᠢ ᠰᠤᠷᠪᠤᠯᠵᠢ ᠵᠢ ᠠᠰᠢᠭᠯᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠵᠢᠨ ᠭᠠᠩ᠎ᠲᠠᠢ ᠲᠡᠮᠡᠴᠡᠬᠦ ᠪᠠ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ)
ᠠᠷᠪᠠ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ᠎ᠪᠠᠨ ᠴᠢᠩᠭ᠋ᠠᠳᠬᠠᠨ᠎ᠠ
(ᠨᠢᠭᠡ) ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠳᠠᠶ᠋ᠢᠴᠢᠨ ᠨᠥᠬᠥᠷ ᠪᠥᠬᠦ ᠣᠷᠣᠨ᠎ᠤ ᠤᠰᠤ ᠠᠷᠪᠢᠯᠠᠬᠤ ᠠᠵᠢᠯᠯᠠᠭ᠋ᠠᠨ᠎ᠢ ᠨᠢᠭᠡᠳᠦᠯᠲᠡᠢ ᠲᠥᠯᠥᠪᠯᠡᠵᠦ ᠵᠣᠬᠢᠴᠠᠭᠤᠯᠤᠨ ᠠᠬᠢᠭᠤᠯᠬᠤ ᠵᠢ ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ 《ᠦᠢ᠍ᠯᠡᠳᠪᠦᠷᠢᠯᠡᠯ᠎ᠢ ᠬᠠᠮᠢᠶᠠᠷᠬᠤ᠎ᠳᠤ ᠡᠷᠬᠡᠪᠰᠢ ᠤᠰᠤ ᠠᠷᠪᠢᠯᠠᠬᠤ ᠵᠢ ᠬᠠᠮᠢᠶᠠᠷᠬᠤ᠂ ᠠᠵᠢᠯ ᠲᠦᠷᠦᠯ᠎ᠢ ᠬᠠᠮᠢᠶᠠᠷᠬᠤ᠎ᠳᠤ ᠡᠷᠬᠡᠪᠰᠢ ᠤᠰᠤ ᠠᠷᠪᠢᠯᠠᠬᠤ ᠵᠢ ᠬᠠᠮᠢᠶᠠᠷᠬᠤ᠂ ᠬᠤᠳᠠ ᠬᠥᠳᠡᠭᠡ ᠵᠢ ᠬᠠᠮᠢᠶᠠᠷᠬᠤ᠎ᠳᠤ ᠡᠷᠬᠡᠪᠰᠢ ᠤᠰᠤ ᠠᠷᠪᠢᠯᠠᠬᠤ ᠵᠢ ᠬᠠᠮᠢᠶᠠᠷᠬᠤ》 ᠱᠠᠭ᠋ᠠᠷᠳᠠᠯᠭ᠎ᠠ ᠵᠢ ᠪᠠᠷᠢᠮᠲᠠᠯᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢ᠌ᠵᠢᠭᠤᠯᠤᠨ᠂ ᠵᠣᠬᠢᠴᠠᠯᠳᠤᠭᠤᠯᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠤᠰᠤ ᠠᠷᠪᠢᠯᠠᠬᠤ ᠠᠵᠢᠯᠯᠠᠭ᠋ᠠᠨ᠎ᠤ ᠡᠯ᠎ᠡ ᠵᠦᠢ᠍ᠯ᠎ᠤᠨ ᠡᠭᠦᠷᠭᠡ ᠵᠢ ᠠᠵᠢᠯᠯᠠᠭ᠎ᠠ ᠳᠡᠭᠡᠷ᠎ᠡ᠎ᠪᠠᠨ ᠢᠯᠡᠷᠡᠭᠦᠯᠵᠦ ᠦᠷ᠎ᠡ ᠪᠦᠲᠦᠮᠵᠢ ᠭᠠᠷᠭ᠋ᠠᠬᠤ᠎ᠪᠠᠷ ᠬᠦᠴᠦ᠎ᠪᠠᠨ ᠬᠠᠮᠲᠤᠳᠬᠠᠨ ᠠᠬᠢᠭᠤᠯᠤᠨ᠎ᠠ᠃ ᠮᠦᠷᠳᠡᠨ ᠳᠠᠭ᠋ᠠᠬᠤ᠂ ᠲᠣᠬᠢᠷᠠᠭᠤᠯᠤᠯᠲᠠ ᠬᠢᠬᠦ᠂ ᠨᠡᠪᠲᠡᠷᠡᠭᠦᠯᠦᠨ ᠮᠡᠳᠡᠭᠡᠯᠡᠬᠦ᠂ ᠪᠣᠯᠵᠣᠨ ᠶᠠᠷᠢᠯᠴᠠᠬᠤ ᠲᠣᠭᠲᠠᠴᠠ ᠵᠢ ᠪᠠᠢ᠌ᠭᠤᠯᠵᠤ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠠᠵᠢᠯ᠎ᠤᠨ ᠠᠬᠢᠴᠠ᠎ᠪᠠᠷ ᠤᠳᠠᠭ᠋ᠠᠪᠲᠤᠷ ᠪᠠᠢ᠌ᠪᠠᠯ ᠨᠡᠪᠲᠡᠷᠡᠭᠦᠯᠦᠨ ᠮᠡᠳᠡᠭᠡᠯᠡᠵᠦ᠂ ᠠᠰᠠᠭᠤᠳᠠᠯ᠎ᠨᠢ ᠬᠦᠨᠳᠦ ᠨᠣᠴᠢᠲᠠᠢ ᠪᠠᠢ᠌ᠪᠠᠯ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠨ᠎ᠠ᠃
(ᠬᠣᠶᠠᠷ) ᠡᠳ᠋᠎ᠤᠨ ᠵᠠᠰᠠᠭ ᠮᠥᠩᠭᠥᠨ ᠭᠦᠢ᠍ᠯᠭᠡᠭᠡᠨ᠎ᠤ ᠳᠡᠮᠵᠢᠯᠭᠡ᠎ᠪᠠᠨ ᠴᠢᠩᠭ᠋ᠠᠳᠬᠠᠨ᠎ᠠ᠃ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠤᠰᠬᠠᠢ ᠪᠡᠯᠡ ᠮᠥᠩᠭᠥ᠂ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠬᠦ᠎ᠪᠠᠷ ᠳᠠᠮᠵᠢᠨ ᠤᠰᠤᠨ᠎ᠤ ᠡᠬᠢ ᠰᠤᠷᠪᠤᠯᠵᠢ ᠵᠢ ᠠᠷᠪᠢᠲᠠᠢ ᠡᠷᠴᠢᠮᠲᠡᠢ ᠠᠰᠢᠭᠯᠠᠬᠤ ᠲᠥᠷᠥᠯ ᠵᠦᠢ᠍ᠯ᠎ᠢ ᠳᠡᠮᠵᠢᠵᠦ᠂ ᠤᠰᠤᠨ᠎ᠤ ᠡᠬᠢ ᠰᠤᠷᠪᠤᠯᠵᠢ ᠵᠢ ᠠᠷᠪᠢᠲᠠᠢ ᠥᠨᠳᠥᠷ ᠪᠦᠲᠦᠮᠵᠢᠲᠡᠶ ᠠᠰᠢᠭᠯᠠᠬᠤ ᠲᠠᠯ᠎ᠠ᠎ᠳᠤ ᠪᠡᠯᠡ ᠣᠷᠣᠭᠤᠯᠤᠯᠲᠠ ᠬᠢᠬᠦ ᠡᠷᠴᠢᠮ ᠵᠶ᠋ᠠᠨ ᠴᠢᠩᠭ᠋ᠠᠷᠠᠭᠤᠯᠤᠨ᠂ ᠲᠠᠷᠢᠶᠠᠯᠠᠩ᠎ᠤᠨ ᠤᠰᠤ ᠠᠷᠪᠢᠯᠠᠬᠤ᠎ᠪᠠᠷ ᠥᠭᠡᠷᠡᠴᠢᠯᠡᠨ ᠰᠢᠨᠡᠳᠬᠡᠬᠦ᠂ ᠳᠠᠬᠢᠯᠲᠠ ᠤᠰᠤ ᠵᠢ ᠠᠰᠢᠭᠯᠠᠬᠤ᠎ᠪᠠᠷ ᠲᠣᠬᠢᠷᠠᠭᠤᠯᠤᠨ ᠳᠦᠬᠦᠷᠵᠢᠭᠦᠯᠬᠦ᠂ ᠤᠰᠤ ᠠᠷᠪᠢᠯᠠᠬᠤ ᠠᠴᠢᠶᠠᠯᠠᠪᠤᠷᠢ ᠵᠢᠨ ᠪᠦᠲᠦᠭᠡᠨ ᠪᠠᠢ᠌ᠭᠤᠯᠬᠤ ᠵᠡᠷᠭᠡ ᠲᠠᠯ᠎ᠠ᠎ᠪᠠᠷ᠎ᠬᠢ ᠣᠷᠣᠭᠤᠯᠤᠯᠲᠠ᠎ᠪᠠᠨ ᠭᠣᠣᠯᠳᠠᠯᠭ᠎ᠠ᠎ᠲᠠᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ 《ᠤᠰᠤ ᠠᠷᠪᠢᠯᠠᠬᠤ ᠵᠢᠭᠡᠯᠡᠯᠭᠡ》 ᠵᠢᠨ ᠪᠡᠯᠡ ᠲᠣᠬᠢᠷᠠᠭᠤᠯᠬᠤ ᠦᠢ᠍ᠯᠡᠴᠢᠯᠡᠭᠡᠨ᠎ᠤ ᠲᠠᠪᠴᠠᠩ᠎ᠢ ᠰᠠᠢ᠌ᠲᠤᠷ ᠬᠡᠷᠡᠭᠯᠡᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠥᠷᠢ ᠥᠭᠴᠡᠭᠡ ᠵᠢ ᠰᠢᠨ᠎ᠡ᠎ᠪᠠᠷ ᠨᠡᠮᠡᠭᠳᠡᠭᠦᠯᠬᠦ ᠦᠭᠡᠢ ᠤᠷᠢᠲᠠᠯ ᠳᠣᠣᠷ᠎ᠠ᠂ ᠤᠰᠤ ᠠᠷᠪᠢᠯᠠᠬᠤ ᠲᠠᠯ᠎ᠠ ᠵᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠭᠪᠤᠷ᠎ᠢ ᠥᠷᠭᠡᠵᠢᠭᠦᠯᠦᠨ᠂ ᠨᠡᠢ᠌ᠭᠡᠮ᠎ᠤᠨ ᠬᠥᠷᠥᠩᠭᠡ ᠵᠢ ᠵᠣᠷᠢᠭᠵᠢᠭᠤᠯᠬᠤ ᠪᠠ ᠬᠥᠲᠥᠯᠥᠨ ᠵᠢᠯᠤᠭᠣᠳᠴᠤ ᠪᠠᠢ᠌ᠭ᠋ᠠᠳ ᠤᠰᠤ ᠠᠷᠪᠢᠯᠠᠬᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠡᠵᠡᠩᠨᠡᠯᠲᠡ᠎ᠳᠤ ᠢᠳᠡᠪᠬᠢᠲᠡᠢ ᠣᠷᠣᠯᠴᠠᠭᠤᠯᠵᠤ᠂ ᠤᠰᠤ ᠠᠷᠪᠢᠯᠠᠵᠤ ᠬᠥᠭᠵᠢᠭᠦᠯᠬᠦ ᠵᠢᠨ ᠰᠢᠨ᠎ᠡ ᠬᠥᠳᠡᠯᠭᠡᠭᠴᠢ ᠴᠢᠳᠠᠪᠤᠷᠢ ᠵᠢ ᠨᠡᠮᠡᠭᠳᠡᠭᠦᠯᠦᠨ᠎ᠡ᠃
(ᠭᠤᠷᠪᠠ) ᠤᠰᠤ ᠠᠷᠪᠢᠯᠠᠬᠤ ᠤᠬᠠᠭᠤᠯᠭ᠎ᠠ ᠬᠥᠮᠦᠵᠢᠯ ᠵᠶ᠋ᠠᠨ ᠴᠢᠩᠭ᠋ᠠᠳᠬᠠᠨ᠎ᠠ᠃ ᠡᠯ᠎ᠡ ᠭᠠᠵᠠᠷ ᠣᠷᠣᠨ᠎ᠨᠢ ᠳᠡᠯᠡᠬᠡᠢ ᠵᠢᠨ ᠤᠰᠤᠨ᠎ᠤ ᠡᠳᠦᠷ᠂ ᠳᠤᠮᠳᠠᠳᠤ ᠤᠯᠤᠰ᠎ᠤᠨ ᠤᠰᠤᠨ᠎ᠤ ᠭᠠᠷᠠᠭ᠂ ᠬᠣᠲᠠ ᠵᠢᠨ ᠤᠰᠤ ᠠᠷᠪᠢᠯᠠᠬᠤ ᠤᠬᠠᠭᠤᠯᠭ᠎ᠠ ᠵᠢᠨ ᠭᠠᠷᠠᠭ ᠵᠡᠷᠭᠡ ᠴᠢᠬᠤᠯᠠ ᠵᠠᠩᠭᠢᠯᠠᠭ᠎ᠠ ᠵᠢᠨ ᠴᠡᠭ᠎ᠢ ᠠᠰᠢᠭᠯᠠᠨ᠂ ᠣᠯᠠᠨ ᠶᠠᠩᠵᠤ ᠬᠡᠯᠪᠡᠷᠢ ᠵᠢᠨ᠂ ᠣᠷᠣᠨ ᠨᠤᠲᠤᠭ᠎ᠤᠨ ᠪᠠ ᠠᠵᠢᠯ ᠲᠥᠷᠥᠯ᠎ᠤᠨ ᠣᠨᠴᠠᠯᠢᠭ ᠪᠦᠬᠦᠢ ᠤᠰᠤ ᠠᠷᠪᠢᠯᠠᠬᠤ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠲᠡᠢ ᠲᠥᠰᠥᠪᠯᠡᠨ ᠥᠷᠨᠢᠭᠦᠯᠦᠨ᠎ᠡ᠃ ᠤᠰᠤ ᠠᠷᠪᠢᠯᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠵᠡᠰᠬᠦᠯᠡᠩ᠎ᠤᠨ ᠣᠷᠳᠣᠨ᠎ᠢ ᠴᠣᠭᠴᠠᠯᠠᠵᠤ᠂ ᠤᠰᠤ ᠠᠷᠪᠢᠯᠠᠬᠤ ᠬᠥᠮᠦᠵᠢᠯ᠎ᠤᠨ ᠰᠠᠭᠤᠷᠢᠨ ᠭᠠᠵᠠᠷ᠎ᠢ ᠪᠠᠢ᠌ᠭᠤᠯᠤᠨ᠂ ᠡᠯ᠎ᠡ ᠲᠥᠷᠥᠯ᠎ᠤᠨ ᠤᠬᠠᠭᠤᠯᠭ᠎ᠠ ᠬᠥᠮᠦᠵᠢᠯ᠎ᠤᠨ ᠠᠴᠢᠶᠠᠯᠠᠪᠤᠷᠢ ᠪᠠ ᠳᠠᠮᠵᠢᠭᠤᠯᠵᠤ᠂ ᠤᠰᠤ ᠠᠷᠪᠢᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠦᠭᠡᠮᠡᠯᠵᠢᠭᠦᠯᠦᠨ᠂ ᠤᠰᠤ ᠠᠷᠪᠢᠯᠠᠬᠤ ᠣᠨᠣᠯᠵᠢᠬᠤᠨ ᠮᠡᠳᠡᠯᠭᠡ ᠵᠢ ᠤᠯᠠᠮᠵᠢᠯᠠᠵᠤ᠂ ᠣᠯᠠᠨ ᠨᠡᠶ᠋ᠢᠲᠡ ᠵᠢ ᠬᠥᠲᠥᠯᠥᠨ ᠵᠢᠯᠤᠭᠣᠳᠴᠤ ᠪᠠᠢ᠌ᠭ᠋ᠠᠳ 《ᠠᠷᠠᠳ ᠢᠷᠭᠡᠳ᠎ᠤᠨ ᠤᠰᠤ ᠠᠷᠪᠢᠯᠠᠨ ᠭᠠᠮᠨᠠᠬᠤ ᠠᠵᠢᠯᠯᠠᠭ᠋ᠠᠨ᠎ᠤ ᠵᠢᠷᠤᠮᠵᠢᠯ》᠎ᠢ ᠬᠠᠮᠲᠤ᠎ᠪᠠᠷ ᠦᠢ᠍ᠯᠡᠳᠦᠯᠭᠡᠵᠢᠭᠦᠯᠦᠨ᠎ᠡ᠃ ᠤᠰᠤ ᠠᠷᠪᠢᠯᠠᠬᠤ ᠤᠬᠠᠭᠤᠯᠭ᠎ᠠ ᠵᠢ ᠰᠤᠷᠭ᠋ᠠᠭᠤᠯᠢ ᠵᠢᠨ ᠬᠦᠷᠢᠶ᠎ᠡ᠂ ᠪᠠᠢ᠌ᠭᠤᠯᠭ᠎ᠠ᠂ ᠠᠵᠤ ᠠᠬᠤᠢ᠌ᠯᠠᠯ᠂ ᠨᠡᠢ᠌ᠭᠡᠮ ᠲᠣᠭᠣᠷᠢᠭ᠂ ᠬᠥᠳᠡᠭᠡ ᠲᠣᠰᠬᠤᠨ᠎ᠳᠤ ᠣᠷᠣᠭᠤᠯᠬᠤ 《ᠲᠠᠪᠤ᠎ᠳᠤ ᠣᠷᠣᠭᠤᠯᠬᠤ》 ᠠᠵᠢᠯᠯᠠᠭ᠎ᠠ ᠵᠢ ᠥᠷᠨᠢᠭᠦᠯᠵᠦ᠂ ᠬᠡᠦᠬᠡᠳ᠎ᠠᠴᠠ ᠡᠬᠢᠯᠡᠨ ᠠᠳᠬᠤᠵᠤ᠂ ᠨᠠᠷᠢᠨ ᠵᠦᠢ᠍ᠯᠡᠰ᠎ᠠᠴᠠ ᠭᠠᠷᠳᠠᠵᠤ᠂ ᠨᠡᠢ᠌ᠭᠡᠮ ᠳᠠᠶᠠᠭ᠋ᠠᠷ᠎ᠤᠨ ᠤᠰᠤ ᠠᠷᠪᠢᠯᠠᠨ ᠭᠠᠮᠨᠠᠬᠤ ᠳᠠᠳᠬᠠᠯ ᠪᠣᠶ ᠪᠣᠯᠭ᠋ᠠᠬᠤ ᠵᠢ ᠠᠬᠢᠭᠤᠯᠤᠨ᠎ᠠ᠃
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠤᠰᠤ ᠠᠷᠪᠢᠯᠠᠬᠤ ᠠᠵᠢᠯᠯᠠᠭ᠋ᠠᠨ᠎ᠤ ᠬᠠᠷᠠᠯᠲᠠ ᠵᠢᠨ ᠵᠠᠳᠠᠯᠤᠯᠲᠠ ᠵᠢᠨ ᠬᠦᠰᠦᠨᠦᠭᠲᠦ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ 2 ᠳ᠋ᠤᠭ᠋ᠠᠷ ᠰᠠᠷ᠎ᠠ ᠵᠢᠨ 17᠎ᠤ ᠡᠳᠦᠷ ᠳᠠᠷᠤᠮᠠᠯᠯᠠᠨ ᠲᠠᠷᠬᠠᠭ᠋ᠠᠪᠠ