ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
《ᠲᠦᠩᠯᠢᠶᠣᠣ ᠬᠣᠲᠠ ᠵᠢᠨ ᠬᠣᠷᠴᠢᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2025 ᠣᠨ)》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠨᠡᠶ᠋ᠢᠲᠡᠯᠡᠭᠰᠡᠨ ᠴᠠᠭ᠄ 2025-04-09

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ

ᠥᠪᠥᠷ ᠵᠠᠰᠠᠭ ᠦᠰᠦᠭ [2025] 32 ᠳ᠋ᠤᠭ᠋ᠠᠷ ᠲᠣᠭ᠋ᠠᠲᠤ

 

《ᠲᠦᠩᠯᠢᠶᠣᠣ ᠬᠣᠲᠠ ᠵᠢᠨ ᠬᠣᠷᠴᠢᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ ( 2025 ᠣᠨ ) 》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ

 

ᠲᠦᠩᠯᠢᠶᠣᠣ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄

       ᠲᠠᠨ᠎ᠤ ᠬᠤᠲᠠ ᠵᠢᠨ 《 〈ᠲᠦᠩᠯᠢᠶᠣᠣ ᠬᠣᠲᠠ ᠵᠢᠨ ᠬᠣᠷᠴᠢᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ ( 2025 ᠣᠨ )〉᠎ᠢ  ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠢ ᠡᠰᠢᠯᠡᠯᠲᠡ 》 (ᠲᠦᠩᠯᠢᠶᠣᠣ ᠵᠠᠰᠠᠭ ᠮᠡᠳᠡᠭᠦᠯᠦᠯᠲᠡ [2025] 21 ᠳ᠋ᠦ᠍ᠭᠡᠷ ᠲᠣᠭ᠋ᠠᠲᠤ ) ᠵᠢ ᠭᠥᠯᠢᠶᠡᠨ ᠠᠪᠴᠤ ᠣᠢ᠌ᠯᠠᠭ᠋ᠠᠯ᠎ᠠ ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ ᠄

       ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠨᠤᠲᠠᠯᠠᠭᠤᠯᠬᠤ ᠪᠠ ᠬᠢᠨᠠᠨ ᠪᠠᠢ᠌ᠴᠠᠭ᠋ᠠᠯᠭ᠋ᠠᠭ᠋ᠠᠳ ᠂ 《ᠲᠦᠩᠯᠢᠶᠣᠣ ᠬᠣᠲᠠ ᠵᠢᠨ ᠬᠣᠷᠴᠢᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ ( 2025 ᠣᠨ ) 》᠎ᠨᠢ 《ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ 》 ᠪᠠ 《 〈ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠪᠠᠷᠢᠮᠵᠢᠶ᠎ᠠ 〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ 》 (ᠪᠠᠢ᠌ᠭ᠋ᠠᠯᠢ ᠪᠠᠶᠠᠯᠢᠭ ᠲᠣᠭᠲᠠᠭ᠋ᠠᠯ [2023] 7 ᠳ᠋ᠤᠭ᠋ᠠᠷ ᠲᠣᠭ᠋ᠠᠲᠤ ) ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠵᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ ) 》᠎ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭ᠎ᠠ᠎ᠳᠤ  ᠨᠡᠢ᠌ᠴᠡᠵᠦ ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠠᠮᠢᠶᠠᠷᠤᠨ ᠡᠵᠡᠮᠳᠡᠬᠦ ᠳᠦᠷᠢᠮ᠎ᠳᠤ  ᠨᠡᠢ᠌ᠴᠡᠵᠦ ᠪᠠᠢ᠌ᠨ᠎ᠠ ᠃ ᠡᠢ᠌ᠨ ᠬᠦ᠌ 《ᠲᠦᠩᠯᠢᠶᠣᠣ ᠬᠣᠲᠠ ᠵᠢᠨ ᠬᠣᠷᠴᠢᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ ( 2025 ᠣᠨ ) 》᠎ᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ ᠂ ᠡᠯ᠎ᠡ ᠵᠦᠢ᠍ᠯ᠎ᠤᠨ ᠠᠵᠢᠯ ᠵᠶ᠋ᠠᠨ ᠬᠠᠤᠯᠢ ᠲᠣᠭᠲᠠᠭ᠋ᠠᠯ ᠶᠣᠰᠣᠭ᠋ᠠᠷ ᠰᠠᠢ᠌ᠲᠤᠷ ᠬᠢᠲᠦᠭᠡᠢ ᠃

 

               2025   ᠣᠨ᠎ᠤ 3 ᠳ᠋ᠤᠭ᠋ᠠᠷ ᠰᠠᠷ᠎ᠠ ᠵᠢᠨ 5᠎ᠤ  ᠡᠳᠦᠷ

      (ᠲᠤᠰ ᠪᠢᠴᠢᠭ  ᠮᠠᠲ᠋ᠧᠷᠢᠶᠠᠯ᠎ᠢ ᠢᠯᠡ ᠨᠡᠢ᠌ᠲᠡᠯᠡᠨ᠎ᠡ )

     

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ