ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
《ᠭᠦᠬᠡᠬᠤᠲᠡ ᠵᠢᠨ ᠰᠠᠢ᠌ᠬᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2025 ᠣᠨ)》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠨᠡᠶ᠋ᠢᠲᠡᠯᠡᠭᠰᠡᠨ ᠴᠠᠭ᠄ 2025-05-30

ᠥᠪᠥᠷ  ᠮᠣᠩᠭᠣᠯ᠎ᠤᠨ  ᠥᠪᠡᠷᠲᠡᠭᠡᠨ  ᠵᠠᠰᠠᠬᠤ  ᠣᠷᠣᠨ᠎ᠤ  ᠠᠷᠠᠳ᠎ᠤᠨ  ᠵᠠᠰᠠᠭ᠎ᠤᠨ  ᠣᠷᠳᠣᠨ

              ᠥᠪᠥᠷ  ᠵᠠᠰᠠᠭ  ᠦᠰᠦᠭ  〔2025〕 55  ᠳ᠋ᠤᠭ᠋ᠠᠷ  ᠲᠣᠭ᠋ᠠᠲᠤ

 

《ᠭᠦᠬᠡᠬᠤᠲᠡ ᠵᠢᠨ ᠰᠠᠢ᠌ᠬᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2025 ᠣᠨ)》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ

 

ᠭᠦᠬᠡᠬᠤᠲᠡ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄

   ᠲᠠᠨ᠎ᠤ ᠬᠤᠲᠠ ᠵᠢᠨ 《〈ᠭᠦᠬᠡᠬᠤᠲᠡ ᠵᠢᠨ ᠰᠠᠢ᠌ᠬᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2025 ᠣᠨ)〉᠎ᠢ ᠵᠥᠪᠰᠢᠶᠡᠷᠡᠭᠦᠯᠬᠦ ᠲᠤᠬᠠᠢ ᠡᠰᠢᠯᠡᠯᠲᠡ》 (ᠭᠦᠬᠡᠬᠤᠲᠡ ᠵᠠᠰᠠᠭ ᠲᠠᠷᠬᠠᠭ᠋ᠠᠭᠰᠠᠨ 〔2025〕 35 ᠳ᠋ᠤᠭ᠋ᠠᠷ ᠲᠣᠭ᠋ᠠᠲᠤ) ᠵᠢ ᠭᠥᠯᠢᠶᠡᠨ ᠠᠪᠴᠤ ᠣᠢ᠌ᠯᠠᠭ᠋ᠠᠯ᠎ᠠ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ᠄

   ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠨᠤᠲᠠᠯᠠᠭᠤᠯᠬᠤ ᠪᠠ ᠬᠢᠨᠠᠨ ᠪᠠᠢ᠌ᠴᠠᠭ᠋ᠠᠯᠭ᠋ᠠᠭ᠋ᠠᠳ᠂ 《ᠭᠦᠬᠡᠬᠤᠲᠡ ᠵᠢᠨ ᠰᠠᠢ᠌ᠬᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2025 ᠣᠨ)》᠎ᠨᠢ 《ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》᠂ 《〈ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠪᠠᠷᠢᠮᠵᠢᠶ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠪᠠᠢ᠌ᠭ᠋ᠠᠯᠢ ᠡᠬᠢ ᠲᠣᠭᠲᠠᠭ᠋ᠠᠯ   〔2023〕 7 ᠳ᠋ᠤᠭ᠋ᠠᠷ ᠲᠣᠭ᠋ᠠᠲᠤ) ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠵᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠂ 《ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ᠎ᠤᠨ ᠬᠣᠯᠪᠣᠭᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠮᠡᠳᠡᠭᠳᠡᠯ》 (ᠥᠪᠥᠷ ᠪᠠᠢ᠌ᠭ᠋ᠠᠯᠢ ᠡᠬᠢ ᠦᠰᠦᠭ 〔2024〕 15 ᠳ᠋ᠤᠭ᠋ᠠᠷ ᠲᠣᠭ᠋ᠠᠲᠤ) ᠵᠢᠨ ᠱᠠᠭ᠋ᠠᠷᠳᠠᠯᠭ᠎ᠠ᠎ᠳᠤ ᠨᠡᠢ᠌ᠴᠡᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠠᠮᠢᠶᠠᠷᠤᠨ ᠡᠵᠡᠮᠳᠡᠬᠦ ᠳᠦᠷᠢᠮ᠎ᠳᠤ  ᠨᠡᠢ᠌ᠴᠡᠵᠦ ᠪᠠᠢ᠌ᠨ᠎ᠠ᠃ ᠡᠢ᠌ᠨ ᠬᠦ᠌ 《ᠭᠦᠬᠡᠬᠤᠲᠡ ᠵᠢᠨ ᠰᠠᠢ᠌ᠬᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2025 ᠣᠨ)》᠎ᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠂ ᠡᠯ᠎ᠡ ᠵᠦᠢ᠍ᠯ᠎ᠤᠨ ᠠᠵᠢᠯ ᠵᠶ᠋ᠠᠨ ᠬᠠᠤᠯᠢ ᠲᠣᠭᠲᠠᠭ᠋ᠠᠯ ᠶᠣᠰᠣᠭ᠋ᠠᠷ ᠰᠠᠢ᠌ᠲᠤᠷ ᠬᠢᠲᠦᠭᠡᠢ᠃

 

               2025 ᠣᠨ᠎ᠤ 4 ᠳ᠋ᠦ᠍ᠭᠡᠷ ᠰᠠᠷ᠎ᠠ ᠵᠢᠨ 15᠎ᠤ ᠡᠳᠦᠷ

  (ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ