ᠥᠪᠥᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠠᠷᠠᠣᠨ᠎ᠤᠨ ᠵᠠᠰᠠᠭ᠎ᠤᠨ ᠣᠷᠳᠣᠨ
ᠥᠪᠥᠷ ᠵᠠᠰᠠᠭ ᠦᠰᠣᠭ᠌ 〔2025〕 63 ᠳ᠋ᠤᠭ᠋ᠠᠷ ᠲᠣᠭ᠋ᠠᠳᠣ
ᠦᠪᠣᠷ ᠮᠣᠩᠭᠣᠯ᠎ᠤᠨ ᠴᠠᠭᠳᠠᠭ᠎ᠠ᠎ᠶ᠋ᠢᠨ ᠳᠡᠭᠡᠳᠦ ᠰᠤᠷᠭ᠋ᠠᠭᠤᠯᠢ᠎ᠶ᠋ᠢ ᠪᠠᠶ᠋ᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠣᠨ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
2025 ᠣᠨ᠎ᠤ 2 ᠳ᠋ᠤᠭ᠋ᠠᠷ ᠰᠠᠷ᠎ᠠ᠎ᠳᠤ᠂ ᠰᠤᠷᠭ᠋ᠠᠨ ᠬᠥᠮᠦᠵᠢᠯ᠎ᠤᠨ ᠶᠠᠮᠤᠨ 《ᠥᠪᠥᠷ ᠮᠣᠩᠭᠣᠯ᠎ᠤᠨ ᠴᠠᠭᠳᠠᠭ᠎ᠠ᠎ᠶ᠋ᠢᠨ ᠳᠡᠭᠡᠳᠦ ᠰᠤᠷᠭ᠋ᠠᠭᠤᠯᠢ ᠪᠠᠶ᠋ᠢᠭᠤᠯᠬᠤ᠎ᠶ᠋ᠢ ᠵᠥᠪᠰᠢᠶᠡᠷᠡᠬᠦ ᠲᠤᠬᠠᠶ ᠵᠠᠬᠢᠳᠠᠯ》 (ᠰᠤᠷᠭ᠋ᠠᠨ ᠲᠠᠷᠬᠠᠭ᠋ᠠᠭᠰᠠᠨ ᠵᠠᠬᠢᠳᠠᠯ 〔2025〕25 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠥᠪᠥᠷ ᠮᠣᠩᠭᠣᠯ᠎ᠤᠨ ᠴᠠᠭᠳᠠᠭ᠎ᠠ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠶ᠋ᠢᠨ ᠰᠠᠭᠤᠷᠢᠨ ᠳᠡᠭᠡᠷ᠎ᠡ ᠥᠪᠥᠷ ᠮᠣᠩᠭᠣᠯ᠎ᠤᠨ ᠴᠠᠭᠳᠠᠭ᠎ᠠ᠎ᠶ᠋ᠢᠨ ᠳᠡᠭᠡᠳᠦ ᠰᠤᠷᠭ᠋ᠠᠭᠤᠯᠢ ᠪᠠᠶ᠋ᠢᠭᠤᠯᠬᠤ᠎ᠶ᠋ᠢ ᠵᠦᠪᠰᠢᠶᠡᠷᠡᠭᠰᠡᠨ᠎ᠤ ᠬᠠᠮᠲᠤ᠂ ᠥᠪᠥᠷ ᠮᠣᠩᠭᠣᠯ᠎ᠤᠨ ᠴᠠᠭᠳᠠᠭ᠎ᠠ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠶ᠋ᠢᠨ ᠪᠠᠶ᠋ᠢᠭᠤᠯᠤᠮᠵᠢ᠎ᠶ᠋ᠢᠨ ᠲᠦᠷᠢᠮ᠎ᠢ ᠬᠦᠴᠦᠨ ᠥᠬᠡᠶ ᠪᠣᠯᠭ᠋ᠠᠪᠠ᠃ ᠥᠪᠥᠷ ᠮᠣᠩᠭᠣᠯ᠎ᠤᠨ ᠴᠠᠭᠳᠠᠭ᠎ᠠ᠎ᠶ᠋ᠢᠨ ᠳᠡᠭᠡᠳᠦ ᠰᠤᠷᠭ᠋ᠠᠭᠤᠯᠢ ᠪᠠᠶ᠋ᠢᠭᠤᠯᠬᠤ ᠪᠠ ᠴᠢᠨᠠᠷ ᠰᠠᠶ᠋ᠢᠲᠠᠶ ᠬᠥᠭᠵᠢᠭᠦᠯᠬᠦ᠎ᠶ᠋ᠢ ᠲᠦᠷᠭᠡᠳᠬᠡᠨ ᠠᠬᠢᠭᠤᠯᠬᠤ᠎ᠶ᠋ᠢᠨ ᠲᠤᠰᠠᠳᠠ᠂ ᠡᠳᠦᠭᠡ ᠬᠣᠯᠪᠣᠭᠳᠠᠯ ᠪᠥᠬᠥᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠪᠡ᠃
ᠨᠢᠭᠡ᠂ ᠥᠪᠥᠷ ᠮᠣᠩᠭᠣᠯ᠎ᠤᠨ ᠴᠠᠭᠳᠠᠭ᠎ᠠ᠎ᠶ᠋ᠢᠨ ᠳᠡᠭᠡᠳᠦ ᠰᠤᠷᠭ᠋ᠠᠭᠤᠯᠢ᠎ᠨᠢ ᠠᠯᠪᠠᠨ᠎ᠡᠴᠡ ᠡᠷᠭᠢᠯᠡᠭᠰᠡᠨ ᠡᠩ᠎ᠤᠨ ᠵᠢᠩᠬᠢᠨᠢ ᠠᠩᠭᠢ᠎ᠶ᠋ᠢᠨ ᠰᠤᠷᠭ᠋ᠠᠭᠤᠯᠢ ᠪᠠᠶ᠋ᠢᠵᠤ᠂ ᠵᠢᠩᠬᠢᠨᠢ ᠠᠩᠭᠢ᠂ ᠲᠤᠰᠬᠠᠶ ᠮᠡᠷᠭᠡᠵᠢᠯ᠎ᠤᠨ ᠠᠩᠭᠢ ᠪᠠ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠢ ᠬᠡᠷᠡᠭᠵᠢᠭᠦᠯᠦᠨ᠎ᠡ᠃
ᠬᠣᠶᠠᠷ᠂ ᠰᠤᠷᠭ᠋ᠠᠭᠤᠯᠢ᠎ᠶ᠋ᠢᠨ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ᠎ᠶ᠋ᠢᠨ ᠬᠡᠪᠴᠢᠶ᠎ᠡ᠎ᠶ᠋ᠢ ᠲᠦᠷ 5000 ᠬᠥᠮᠦᠨ᠎ᠢᠶᠠᠷ ᠲᠣᠭᠲᠠᠭ᠋ᠠᠨ᠎ᠠ᠃
ᠭᠤᠷᠪᠠ᠂ ᠥᠪᠥᠷ ᠮᠣᠩᠭᠣᠯ᠎ᠤᠨ ᠴᠠᠭᠳᠠᠭ᠎ᠠ᠎ᠶ᠋ᠢᠨ ᠳᠡᠭᠡᠳᠦ ᠰᠤᠷᠭ᠋ᠠᠭᠤᠯᠢ᠎ᠶ᠋ᠢ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ᠎ᠶ᠋ᠢ ᠬᠠᠮᠠᠭ᠋ᠠᠯᠠᠬᠤ ᠲᠢᠩᠬᠢᠮ ᠭᠣᠣᠯᠴᠢᠯᠠᠨ ᠬᠠᠮᠢᠶᠠᠷᠴᠤ᠂ ᠲᠤᠬᠠᠶ᠋ᠢᠯᠠᠭᠰᠠᠨ ᠠᠵᠢᠯ᠎ᠢ ᠨᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠱᠢᠰᠲ᠋ᠧᠮᠵᠢᠭᠦᠯᠦᠨ ᠬᠠᠮᠢᠶᠠᠷᠴᠤ᠂ ᠵᠠᠷᠤᠳᠠᠯ᠎ᠤᠨ ᠣᠷᠣᠭᠤᠯᠤᠯᠲᠠ᠎ᠶ᠋ᠢ ᠨᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ ᠥᠪᠡᠷᠲᠡᠭᠡᠨ ᠵᠠᠰᠠᠬᠤ ᠣᠷᠣᠨ᠎ᠤ ᠵᠢᠩᠬᠢᠨᠢ ᠠᠩᠭᠢ᠎ᠶ᠋ᠢᠨ ᠳᠡᠭᠡᠳᠦ ᠰᠤᠷᠭ᠋ᠠᠭᠤᠯᠢ᠎ᠶ᠋ᠢᠨ ᠬᠣᠯᠪᠣᠭᠳᠠᠯ ᠪᠥᠬᠥᠶ ᠲᠥᠷᠥ᠎ᠶ᠋ᠢᠨ ᠪᠣᠳᠣᠯᠭ᠎ᠠ ᠲᠣᠭᠳᠠᠭ᠋ᠠᠯ᠎ᠢᠶᠠᠷ ᠪᠠᠳᠣᠯᠠᠨ᠎ᠡ᠃
ᠳᠥᠷᠪᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ᠎ᠶ᠋ᠢ ᠬᠠᠮᠠᠭ᠋ᠠᠯᠠᠬᠤ ᠲᠢᠩᠬᠢᠮ᠎ᠨᠢ ᠥᠪᠥᠷ ᠮᠣᠩᠭᠣᠯ᠎ᠤᠨ ᠴᠠᠭᠳᠠᠭ᠎ᠠ᠎ᠶ᠋ᠢᠨ ᠳᠡᠭᠡᠳᠦ ᠰᠤᠷᠭ᠋ᠠᠭᠤᠯᠢ᠎ᠳᠠᠬᠢ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠣᠤᠷᠠᠬᠢ ᠰᠤᠷᠭ᠋ᠠᠭᠤᠯᠢ᠎ᠶ᠋ᠢᠨ ᠵᠠᠬᠢᠷᠤᠯ ᠬᠠᠷᠢᠭᠤᠴᠠᠬᠤ ᠲᠦᠷᠢᠮ᠎ᠢ ᠨᠠᠶ᠋ᠢᠳᠠᠪᠤᠷᠢᠵᠢᠭᠤᠯᠤᠨ᠂ ᠰᠤᠷᠭ᠋ᠠᠭᠤᠯᠢ᠎ᠶ᠋ᠢᠨ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠺᠠᠳ᠋ᠷ᠎ᠤᠨ ᠡᠩᠨᠡᠭᠡ᠎ᠶ᠋ᠢᠨ ᠪᠠᠶ᠋ᠢᠭᠤᠯᠤᠯᠲᠠ᠎ᠶ᠋ᠢ ᠴᠢᠩᠭ᠋ᠠᠳᠬᠠᠵᠤ᠂ ᠰᠢᠯᠢᠳᠡᠭᠵᠢᠭᠦᠯᠦᠨ ᠵᠤᠬᠢᠴᠠᠯᠳᠤᠭᠤᠯᠵᠦ ᠥᠨᠳᠥᠷ ᠪᠦᠲᠦᠮᠵᠢᠲᠡᠶ᠎ᠪᠠᠷ ᠪᠠᠶ᠋ᠢᠭᠤᠯᠤᠮᠵᠢ᠎ᠶ᠋ᠢᠨ ᠣᠷᠣᠨ ᠲᠣᠭ᠎ᠠ᠎ᠶ᠋ᠢ ᠲᠣᠬᠢᠷᠠᠭᠤᠯᠤᠨ᠂ ᠰᠤᠷᠭ᠋ᠠᠭᠤᠯᠢ ᠡᠷᠭᠢᠯᠡᠬᠦ ᠨᠥᠬᠥᠴᠡᠯ᠎ᠢ ᠦᠷᠭᠦᠯᠵᠢᠯᠡᠨ ᠰᠠᠶ᠋ᠢᠵᠢᠷᠠᠭᠤᠯᠵᠤ᠂ ᠵᠠᠷᠤᠳᠠᠯ᠎ᠤᠨ ᠣᠷᠣᠭᠤᠯᠤᠯᠲᠠ᠎ᠶ᠋ᠢᠨ ᠡᠷᠴᠢᠮ᠎ᠢᠶᠠᠨ ᠴᠢᠩᠭ᠋ᠠᠷᠠᠭᠤᠯᠤᠨ᠂ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ᠎ᠶ᠋ᠢ ᠲᠡᠭᠦᠯᠳᠡᠷᠵᠢᠬᠦᠯᠦᠨ᠎ᠡ᠃
ᠲᠠᠪᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠨᠢ ᠥᠪᠥᠷ ᠮᠣᠩᠭᠣᠯ᠎ᠤᠨ ᠴᠠᠭᠳᠠᠭ᠎ᠠ᠎ᠶ᠋ᠢᠨ ᠳᠡᠭᠡᠳᠦ ᠰᠤᠷᠭ᠋ᠠᠭᠤᠯᠢ᠎ᠳᠠᠬᠢ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠰᠤᠷᠭ᠋ᠠᠭᠤᠯᠢ᠎ᠶ᠋ᠢᠨ ᠰᠢᠨᠵᠢᠯᠡᠬᠦ ᠤᠬᠠᠭ᠋ᠠᠨᠴᠢ ᠪᠠᠶ᠋ᠢᠷᠢ ᠲᠣᠭᠲᠠᠭ᠋ᠠᠯᠲᠠ᠂ ᠠᠭᠤᠯᠤᠭᠳᠠᠬᠤᠨ ᠮᠠᠶᠢᠭ᠎ᠤᠨ ᠬᠥᠭᠵᠢᠯᠲᠡ᠎ᠳᠤᠨᠢ ᠵᠢᠯᠤᠭᠤᠳᠤᠯᠭ᠎ᠠ ᠦᠵᠡᠬᠦᠯᠵᠦ᠂ ᠵᠢᠩᠬᠢᠨᠢ ᠠᠩᠭᠢ᠂ ᠲᠤᠰᠬᠠᠶ ᠮᠡᠷᠭᠡᠵᠢᠯ᠎ᠤᠨ ᠠᠩᠭᠢ᠎ᠶ᠋ᠢᠨ ᠰᠤᠷᠭ᠋ᠠᠨ ᠬᠥᠮᠦᠵᠢᠯ᠎ᠤᠨ ᠲᠠᠰ ᠳᠠᠪᠬᠤᠷᠭ᠎ᠠ ᠪᠠ ᠰᠢᠨᠵᠢᠯᠡᠭᠡᠨ᠎ᠤ ᠰᠠᠯᠠᠭ᠎ᠠ᠎ᠶ᠋ᠢᠨ ᠲᠤᠰᠬᠠᠶ ᠮᠡᠷᠭᠡᠵᠢᠯ᠎ᠤᠨ ᠪᠦᠲᠦᠴᠡ᠎ᠶ᠋ᠢ ᠨᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠤᠷᠭ᠋ᠠᠭᠤᠯᠢ᠎ᠶ᠋ᠢᠨ ᠰᠢᠨᠵᠢᠯᠡᠭᠡᠨ᠎ᠤ ᠰᠠᠯᠠᠭ᠎ᠠ᠎ᠶ᠋ᠢᠨ ᠲᠤᠰᠬᠠᠶ ᠮᠡᠷᠭᠡᠵᠢᠯ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠴᠢᠳᠠᠪᠤᠷᠢ᠎ᠪᠠᠨ ᠳᠡᠭᠡᠭᠰᠢᠯᠡᠭᠦᠯᠬᠦ ᠵᠡᠷᠭᠡ ᠠᠭᠤᠯᠤᠭᠳᠠᠬᠤᠨ᠎ᠤ ᠪᠠᠶ᠋ᠢᠭᠤᠯᠤᠯᠲᠠ᠎ᠶ᠋ᠢ᠎ᠨᠢ ᠲᠡᠮᠵᠢᠨ᠎ᠡ᠃
ᠵᠢᠷᠭᠤᠭ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠎ᠨᠢ ᠵᠠᠷᠤᠳᠠᠯ᠎ᠤᠨ ᠲᠠᠯ᠎ᠠ᠎ᠳᠤ ᠣᠷᠣᠭᠤᠯᠤᠯᠲᠠ ᠬᠢᠬᠦ᠂ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠳᠠᠪᠠᠭᠤᠯᠢᠭ ᠰᠢᠨᠵᠢᠯᠡᠭᠡᠨ᠎ᠤ ᠰᠠᠯᠠᠭ᠎ᠠ ᠵᠢ ᠪᠣᠶ᠋ᠢᠵᠢᠭᠤᠯᠬᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ᠂ ᠰᠠᠭᠤᠷᠢ ᠪᠡᠯᠡᠳᠬᠡᠮᠵᠢ᠎ᠶ᠋ᠢ ᠪᠥᠲᠥᠭᠡᠨ ᠪᠠᠢᠭᠤᠯᠬᠤ ᠵᠡᠷᠭᠡ ᠲᠠᠯ᠎ᠠ᠎ᠪᠠᠷ ᠪᠠᠲᠤᠯᠠᠭ᠎ᠠ ᠬᠠᠩᠭ᠋ᠠᠨ᠎ᠠ᠃
ᠳᠣᠯᠣᠭ᠎ᠠ᠂ ᠥᠪᠥᠷ ᠮᠣᠩᠭᠣᠯ᠎ᠤᠨ ᠴᠠᠭᠳᠠᠭ᠎ᠠ᠎ᠶ᠋ᠢᠨ ᠳᠡᠭᠡᠳᠦ ᠰᠤᠷᠭ᠋ᠠᠭᠤᠯᠢ᠎ᠨᠢ ᠰᠤᠷᠭ᠋ᠠᠨ ᠬᠥᠮᠦᠵᠢᠯ᠎ᠤᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠨᠠᠮ᠎ᠤᠨ ᠪᠠᠶ᠋ᠢᠭᠤᠯᠤᠯᠲᠠ᠎ᠪᠠᠨ ᠦᠨᠡᠨ ᠬᠦ᠌ ᠴᠢᠩᠭ᠋ᠠᠣᠡᠬᠠᠨ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ᠎ᠶ᠋ᠢ ᠪᠦᠬᠦ ᠲᠠᠯ᠎ᠠ᠎ᠪᠡᠷ ᠲᠣᠭᠣᠰᠢᠯᠠᠭᠣᠯᠵᠣ᠂ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠭᠢᠯᠡᠬᠦ ᠴᠢᠭᠯᠡᠯ᠎ᠢ ᠪᠠᠷᠢᠮᠲᠠᠯᠠᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ᠎ᠢ ᠪᠠᠳᠣᠣᠡᠬᠠᠬᠣ ᠠᠵᠢᠯ᠎ᠤᠨ ᠭᠣᠤᠯ ᠰᠢᠵᠢᠮ᠎ᠤᠨ ᠲᠤᠭᠤᠷᠢᠨ᠎ᠳᠤ ᠴᠢᠩᠭ᠎ᠠ ᠨᠢᠨᠨᠲᠠᠷᠠᠵᠦ᠂ ᠶᠣᠰᠣ ᠰᠤᠷᠲᠠᠬᠤᠨ᠎ᠢᠶᠡᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ᠎ᠶ᠋ᠢ ᠪᠠᠷᠢᠮᠲᠠᠯᠠᠨ᠂ ᠳᠡᠭᠡᠳᠦ ᠵᠡᠷᠭᠡ᠎ᠶ᠋ᠢᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠭᠢᠯᠡᠬᠦ ᠪᠠᠶ᠋ᠢᠷᠢ ᠲᠣᠭᠲᠠᠭ᠋ᠠᠯᠲᠠ᠎ᠶ᠋ᠢ ᠪᠠᠷᠢᠮᠲᠠᠯᠠᠵᠦ᠂ ᠵᠢᠩᠬᠢᠨᠢ ᠠᠩᠭᠢ᠎ᠶ᠋ᠢᠨ ᠰᠤᠷᠭ᠋ᠠᠨ ᠬᠥᠮᠦᠵᠢᠯ᠎ᠳᠠᠬᠢ ᠰᠤᠳᠤᠯᠭ᠋ᠠᠨ ᠪᠠ ᠵᠠᠭᠪᠤᠷ᠎ᠤᠨ ᠰᠦᠪᠡᠭᠴᠢᠯᠡᠯᠲᠡ᠎ᠪᠠᠨ ᠴᠢᠩᠭ᠋ᠠᠳᠬᠠᠨ᠂ ᠰᠢᠨᠵᠢᠯᠡᠭᠡᠨ᠎ᠤ ᠰᠠᠯᠠᠭ᠎ᠠ ᠲᠤᠰᠬᠠᠶ ᠮᠡᠷᠭᠡᠵᠢᠯ᠎ᠤᠨ ᠪᠠᠶ᠋ᠢᠷᠢᠰᠢᠭᠤᠯᠤᠯᠲᠠ᠎ᠶ᠋ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠪᠠᠭᠰᠢ᠎ᠶ᠋ᠢᠨ ᠡᠩᠨᠡᠭᠡ᠎ᠶ᠋ᠢᠨ ᠪᠠᠶ᠋ᠢᠭᠤᠯᠤᠯᠲᠠ᠎ᠶ᠋ᠢ ᠲᠦᠷᠭᠡᠳᠬᠡᠨ᠂ ᠣᠨᠴᠠᠯᠢᠭ᠎ᠢᠶᠠᠷ ᠢᠯᠡ ᠲᠣᠳᠣ᠂ ᠣᠷᠣᠨ ᠪᠦᠰᠡ᠎ᠶ᠋ᠢᠨ ᠲᠡᠷᠢᠭᠦᠨ ᠲᠠᠰ ᠪᠣᠯᠬᠤᠢ᠍ᠢᠴᠠ ᠪᠣᠳᠠᠲᠤ ᠦᠢ᠍ᠯᠡᠳᠦᠯᠬᠡ᠎ᠶ᠋ᠢᠨ ᠬᠡᠷᠡᠭᠯᠡᠭᠡᠨ᠎ᠤ ᠬᠡᠯᠪᠡᠷᠢ ᠪᠦᠬᠦᠢ ᠳᠣᠲᠣᠭ᠋ᠠᠳᠤ᠎ᠶ᠋ᠢ ᠬᠠᠮᠠᠭ᠋ᠠᠯᠠᠬᠤ ᠡᠩ᠎ᠤᠨ ᠵᠢᠩᠬᠢᠨᠢ ᠠᠩᠭᠢ᠎ᠶ᠋ᠢᠨ ᠰᠤᠷᠭ᠋ᠠᠭᠤᠯᠢ᠎ᠶ᠋ᠢ ᠪᠠᠢᠭᠤᠯᠬᠤ ᠬᠡᠷᠩᠲᠠᠢ᠃ ᠳᠣᠲᠣᠭ᠋ᠠᠳᠤ᠎ᠶ᠋ᠢ ᠬᠠᠮᠠᠭ᠋ᠠᠯᠠᠬᠤ ᠣᠶᠤᠨ᠎ᠤ ᠬᠥᠮᠥᠷᠭᠡ᠎ᠶ᠋ᠢᠨ ᠦᠢ᠍ᠯᠡᠳᠦᠯ᠎ᠢ ᠪᠠᠳᠠᠷᠠᠭᠤᠯᠵᠤ᠂ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ᠎ᠳᠤ ᠠᠩᠬᠠᠷᠤᠯ᠎ᠢᠶᠠᠨ ᠲᠥᠪᠯᠡᠷᠡᠭᠦᠯᠦᠨ᠂ 《ᠰᠢᠨ᠎ᠡ ᠵᠠᠮ ᠨᠡᠬᠡᠭᠡᠵᠣ᠂ ᠲᠣᠮᠳᠡ ᠲᠦᠪᠰᠢᠨ᠎ᠳᠤ ᠲᠠᠪᠰᠢᠬᠤ》 ᠬᠠᠷᠠᠯᠲᠠ᠎ᠶ᠋ᠢ ᠪᠠᠲᠤ ᠡᠵᠡᠮᠳᠡᠵᠦ᠂ ᠤᠯᠤᠰ᠎ᠤᠨ ᠪᠠᠶ᠋ᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ᠎ᠳᠤ ᠳᠣᠲᠣᠭ᠋ᠠᠳᠤ᠎ᠶ᠋ᠢ ᠬᠠᠮᠠᠭ᠋ᠠᠯᠠᠬᠤ ᠨᠠᠩ ᠣᠯᠠᠨ ᠪᠣᠳᠠᠲᠤ ᠦᠢ᠍ᠯᠡᠳᠦᠯᠬᠡ᠎ᠶ᠋ᠢᠨ ᠰᠢᠯᠢᠳᠡᠭ ᠴᠢᠳᠠᠪᠤᠷᠢᠲᠠᠨ᠎ᠢ ᠬᠦᠮᠣᠵᠢᠭᠦᠯᠵᠣ ᠦᠭᠭᠦ ᠬᠡᠷᠩᠲᠠᠢ᠃
2025 ᠣᠨ᠎ᠤ 4 ᠳ᠋ᠤᠭᠡᠷ ᠰᠠᠷ᠎ᠠ᠎ᠶ᠋ᠢᠨ 25᠎ᠤ ᠡᠳᠣᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)