ᠦᠪᠥᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠦᠨ
ᠦᠪᠥᠷ ᠵᠠᠰᠠᠭ ᠦᠰᠦᠭ 〔2025〕 206 ᠳ᠋ᠤᠭᠠᠷ ᠲᠣᠭᠠᠳᠦ
ᠭᠡᠷ ᠬᠥᠷᠥᠩᠭᠡ᠎ᠶᠢᠨ ᠤᠤᠯ ᠥᠷᠳᠡᠭ᠎ᠦᠨ ᠬᠠᠰᠦᠵᠦ ᠭᠠᠷᠭᠠᠬᠤ ᠬᠠᠷᠢᠴᠡᠯ᠎ᠢ ᠲᠣᠳᠤᠷᠬᠠᠢᠯᠠᠬᠤ ᠲᠣᠬᠠᠢ ᠦᠪᠥᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠦᠨᠤ ᠮᠡᠳᠡᠭᠳᠡᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠦᠨ᠂ ᠦᠪᠡᠷᠲᠡᠭᠡᠨ ᠵᠠᠰᠠᠬᠤ ᠣᠷᠣᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠦ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
ᠨᠠᠮ᠎ᠤᠨ ᠲᠦᠪ ᠬᠣᠷᠢᠶ᠎ᠠ᠂ ᠲᠦᠷᠦ᠎ᠶᠢᠨ ᠶᠠᠪᠥᠳᠠᠯ᠎ᠤᠨ ᠬᠣᠷᠢᠶᠠᠨ᠎ᠤ ᠠᠷᠠᠳ᠎ᠠᠴᠠ ᠡᠵᠡᠩᠨᠡᠭᠰᠡᠨ ᠠᠵᠦ ᠠᠬᠤᠢ᠎ᠶᠢᠨ ᠬᠦᠭᠵᠢᠯᠲᠡ᠎ᠶᠢ ᠳᠡᠮᠵᠢᠬᠥ ᠲᠣᠬᠠᠢ ᠰᠢᠢᠳᠪᠥᠷᠢ᠎ᠳᠦ ᠪᠣᠳᠣᠯᠭ᠎ᠠ ᠪᠠᠢᠷᠢᠯᠠᠭᠤᠯᠤᠯᠲᠠ ᠪᠠ ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠦ ᠠᠵᠢᠯ᠎ᠤᠨ ᠱᠠᠭᠠᠷᠳᠠᠯᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠡᠢᠳᠡᠪᠥᠷᠢᠵᠢᠭᠤᠯᠵᠦ᠂ ᠳᠤᠮᠳᠠᠳᠦ᠎ᠶᠢᠨ ᠦᠨᠳᠤᠰᠤᠳᠡᠨ᠎ᠤ ᠬᠠᠮᠲᠦ᠎ᠶᠢᠨ ᠴᠣᠭᠴᠠ᠎ᠶᠢᠨ ᠤᠬᠠᠮᠰᠡᠷ᠎ᠢ ᠪᠠᠲᠦ ᠴᠣᠭᠴᠠᠯᠠᠬᠤ ᠠᠵᠢᠯ᠎ᠤᠨ ᠭᠣᠣᠯ ᠰᠢᠵᠢᠮ᠎ᠦᠨ ᠲᠣᠭᠤᠷᠢᠨ᠎ᠳᠤ ᠴᠢᠩᠭ᠎ᠠ ᠨᠢᠭ᠍ᠲᠠᠷᠠᠨ᠂ ᠠᠵᠦ ᠠᠬᠤᠢᠯᠠᠯ᠎ᠤᠨ ᠬᠦᠭᠵᠢᠯᠲᠡ᠎ᠶᠢ ᠤᠯᠠᠮ ᠨᠢᠭᠡ ᠠᠯᠬᠤᠮ ᠳᠡᠮᠵᠢᠬᠥᠶᠢᠨ ᠲᠤᠰᠠᠳᠡ᠂ 《ᠪᠦᠭᠥᠳᠡ ᠨᠠᠢᠷᠠᠮᠳᠠᠬᠤ ᠳᠤᠮᠳᠠᠳᠦ ᠠᠷᠠᠳ ᠤᠯᠤᠰ᠎ᠤᠨ ᠭᠡᠷ ᠬᠥᠷᠥᠩᠭᠡ᠎ᠶᠢᠨ ᠭᠠᠢᠯᠢ᠎ᠶᠢᠨ ᠲᠦᠷ ᠬᠡᠷᠡᠭᠵᠢᠭᠥᠯᠬᠥ ᠳᠦᠷᠢᠮ》 ᠵᠡᠷᠭᠡ ᠲᠣᠭᠲᠠᠭᠠᠯ᠎ᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 2026 ᠤᠨ᠎ᠤ 1 ᠳ᠋ᠦ᠍ᠭᠡᠷ ᠰᠠᠷ᠎ᠠ᠎ᠶᠢᠨ1 ᠦ ᠡᠳᠦᠷ᠎ᠡᠴᠡ 2030 ᠣᠨ᠎ᠤ 12 ᠳ᠋ᠤᠭᠠᠷ ᠰᠠᠷ᠎ᠠ᠎ᠶᠢᠨ 31 ᠦ ᠡᠳᠦᠷ ᠪᠣᠯᠲᠠᠯ᠎ᠠ᠂ ᠦᠨ᠎ᠡ᠎ᠪᠠᠷ ᠪᠣᠳᠦᠵᠦ ᠲᠠᠳᠠᠪᠥᠷᠢᠯᠠᠬᠤ ᠭᠡᠷ ᠬᠥᠷᠥᠩᠭᠡ᠎ᠶᠢᠨ ᠭᠠᠢᠯᠢ᠎ᠶᠢ ᠭᠡᠷ ᠬᠥᠷᠥᠩᠭᠡ᠎ᠶᠢᠨ ᠤᠤᠯ ᠥᠷᠳᠡᠭ᠎ᠦᠨ ᠳᠣᠲᠤᠷ᠎ᠠ᠎ᠠᠴᠠ ᠨᠢᠭᠡ ᠯᠠ ᠤᠳᠠᠭ᠎ᠠ᠎ᠳᠤ 30%᠎ᠶᠢ ᠬᠠᠰᠤᠭᠰᠠᠨ᠎ᠤ ᠳᠠᠷᠠᠭᠠᠬᠢ ᠦᠯᠡᠳᠡᠪᠥᠷᠢ ᠥᠷᠳᠡᠭ᠎ᠢᠶᠡᠷ ᠪᠣᠳᠦᠵᠦ ᠲᠤᠰᠢᠶᠠᠬᠤ᠎ᠪᠠᠷ ᠲᠣᠭᠲᠠᠪᠠ᠃
2025 ᠤᠨ᠎ᠤ11 ᠳ᠋ᠦ᠍ᠭᠡᠷ ᠰᠠᠷ᠎ᠠ᠎ᠶᠢᠨ28 ᠦ ᠡᠳᠦᠷ
(ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)