ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
ᠬᠣᠶᠠᠳᠤᠭᠠᠷ ᠬᠤᠭᠤᠴᠠᠭᠠᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠰᠢᠯ᠎ᠦᠨ ᠶᠡᠬᠡ ᠱᠠᠩᠨᠠᠯ》 ᠬᠦᠷᠲᠡᠭᠰᠡᠳ᠎ᠢ ᠬᠥᠬᠢᠭᠦᠯᠦᠨ ᠱᠠᠩᠨᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠡᠯᠡᠯ
ᠨᠡᠶ᠋ᠢᠲᠡᠯᠡᠭᠰᠡᠨ ᠴᠠᠭ᠄ 2026-01-21

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ

ᠥᠪᠥᠷ ᠵᠠᠰᠠᠭ ᠦᠰᠦᠭ 〔2025〕 211 ᠳ᠋ᠦ᠍ᠭᠡᠷ ᠲᠣᠭᠠᠲᠤ

 

ᠬᠣᠶᠠᠳᠤᠭᠠᠷ ᠬᠤᠭᠤᠴᠠᠭᠠᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠰᠢᠯ᠎ᠦᠨ ᠶᠡᠬᠡ ᠱᠠᠩᠨᠠᠯ》 ᠬᠦᠷᠲᠡᠭᠰᠡᠳ᠎ᠢ ᠬᠥᠬᠢᠭᠦᠯᠦᠨ ᠱᠠᠩᠨᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠡᠯᠡᠯ

 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄ 

ᠤᠷ᠎ᠠ ᠮᠡᠷᠭᠡᠰᠢᠯᠲᠦ ᠴᠢᠳᠠᠪᠤᠷᠢᠲᠠᠨ᠎ᠤ ᠠᠵᠢᠯ᠎ᠤᠨ ᠲᠤᠬᠠᠢ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠢᠭᠡ ᠪᠦᠯᠦᠭ ᠥᠨᠳᠥᠷ ᠤᠷ᠎ᠠ ᠮᠡᠷᠭᠡᠰᠢᠯᠲᠦ ᠴᠢᠳᠠᠪᠤᠷᠢᠲᠠᠨ᠎ᠤ ᠨᠡᠢᠲᠡᠯᠢᠭ ᠵᠢᠱ᠌ᠢᠶ᠎ᠡ᠎ᠶᠢ ᠪᠣᠶ ᠪᠣᠯᠭᠠᠨ᠂ ᠬᠥᠳᠡᠯᠮᠦᠷᠢ ᠥᠩᠭᠡ ᠭᠡᠷᠡᠯᠲᠡᠢ᠂ ᠤᠷ᠎ᠠ ᠮᠡᠷᠭᠡᠰᠢᠯ ᠡᠷᠬᠢᠮ ᠨᠠᠨᠳᠢᠨ᠂ ᠡᠭᠦᠳᠦᠨ ᠪᠦᠲᠦᠭᠡᠯᠲᠡ ᠠᠭᠤᠤ ᠶᠡᠬᠡ ᠬᠡᠮᠡᠭᠰᠡᠨ ᠴᠠᠭ ᠦᠶ᠎ᠡ᠎ᠶᠢᠨ ᠬᠡᠪ ᠰᠤᠷᠲᠠᠯ᠎ᠢ ᠪᠣᠶ ᠪᠣᠯᠭᠠᠵᠤ᠂ ᠪᠥᠬᠥ ᠣᠷᠣᠨ᠎ᠤ ᠤᠷ᠎ᠠ ᠮᠡᠷᠭᠡᠰᠢᠯᠲᠦ ᠴᠢᠳᠠᠪᠤᠷᠢᠲᠠᠳ᠎ᠤᠨ ᠡᠷᠡᠮᠡᠬᠡᠢᠯᠡᠨ ᠤᠷᠤᠭᠰᠢᠯᠠᠵᠤ᠂ ᠭᠠᠪᠢᠶ᠎ᠠ ᠪᠠᠢᠭᠤᠯᠤᠨ ᠦᠢᠯᠡᠰ ᠴᠣᠭᠴᠠᠯᠠᠬᠤ᠎ᠶᠢ ᠨᠢ ᠬᠥᠲᠥᠯᠥᠨ ᠵᠢᠯᠤᠭᠣᠳᠬᠤ᠎ᠶᠢᠨ ᠲᠤᠰᠠᠳᠠ᠂ ᠦᠨᠡᠯᠡᠨ ᠬᠢᠨᠠᠵᠤ ᠨᠡᠢᠲᠡ᠎ᠳᠦ ᠵᠠᠷᠯᠠᠬᠤ ᠵᠡᠷᠭᠡ ᠭᠣᠭᠴᠣᠭ᠎ᠠ᠎ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠺᠣᠣ ᠷᠠᠨ ᠵᠡᠷᠭᠡ ᠥᠨᠳᠥᠷ ᠤᠷ᠎ᠠ ᠮᠡᠷᠭᠡᠰᠢᠯᠲᠦ 9 ᠴᠢᠳᠠᠪᠤᠷᠢᠲᠠᠨ᠎ᠢ ᠬᠥᠬᠢᠭᠦᠯᠦᠨ ᠱᠠᠩᠨᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠰᠢᠯ᠎ᠦᠨ ᠶᠡᠬᠡ ᠱᠠᠩᠨᠠᠯ》᠎ᠦᠨ ᠴᠣᠯᠠ ᠣᠯᠭᠣᠬᠤ᠎ᠪᠠᠷ ᠲᠣᠭᠲᠠᠪᠠ᠃ 

ᠰᠠᠢᠰᠢᠶᠠᠭᠳᠠᠨ ᠬᠥᠬᠢᠭᠦᠯᠦᠭᠳᠡᠭᠰᠡᠳ ᠢᠷᠠᠭᠤ ᠠᠯᠳᠠᠷ᠎ᠢᠶᠠᠨ ᠨᠠᠨᠳᠢᠩᠨᠠᠵᠤ᠂ ᠴᠤᠴᠠᠯᠲᠠ ᠦᠭᠡᠢ ᠴᠢᠷᠮᠠᠢᠨ᠂ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠤᠷ᠎ᠠ ᠮᠡᠷᠭᠡᠰᠢᠯ᠎ᠢ ᠤᠯᠠᠮᠵᠢᠯᠠᠨ ᠵᠠᠯᠭᠠᠮᠵᠢᠯᠠᠬᠤ᠂ ᠮᠡᠷᠭᠡᠵᠢᠯ᠎ᠦᠨ ᠰᠢᠨ᠎ᠡ᠎ᠶᠢ ᠡᠭᠦᠳᠬᠦ᠂ ᠴᠢᠳᠠᠪᠤᠷᠢᠲᠠᠨ ᠬᠥᠮᠥᠵᠢᠭᠦᠯᠬᠦ ᠵᠡᠷᠭᠡ ᠲᠠᠯ᠎ᠠ᠎ᠪᠠᠷ ᠳᠠᠬᠢᠨᠲᠠ ᠰᠢᠯᠢᠳᠡᠭ ᠪᠦᠲᠦᠮᠵᠢ ᠭᠠᠷᠭᠠᠵᠤ᠂ ᠪᠦᠬᠦ ᠣᠷᠣᠨ᠎ᠤ ᠨᠡᠩ ᠤᠯᠠᠨ ᠬᠥᠳᠡᠯᠮᠦᠷᠢᠴᠢᠳ᠎ᠢ ᠳᠠᠢᠴᠢᠯᠠᠨ ᠪᠠᠢᠵᠤ ᠤᠷ᠎ᠠ ᠮᠡᠷᠭᠡᠰᠢᠯ᠎ᠦᠨ ᠬᠢᠷᠢ ᠲᠦᠪᠰᠢᠨ᠎ᠢ ᠨᠢ ᠳᠡᠭᠡᠭᠰᠢᠯᠡᠭᠦᠯᠬᠦ᠎ᠶᠢ ᠬᠦᠰᠡᠵᠦ ᠪᠠᠢᠨ᠎ᠠ᠃ ᠡᠭᠦᠨ᠎ᠦ ᠬᠠᠮᠲᠤ᠂ ᠪᠥᠬᠥ ᠣᠷᠣᠨ᠎ᠤ ᠥᠷᠭᠡᠨ ᠣᠯᠠᠨ ᠬᠥᠳᠡᠯᠮᠦᠷᠢᠴᠢᠳ᠎ᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠰᠢᠯ᠎ᠦᠨ ᠶᠡᠬᠡ ᠱᠠᠩᠨᠠᠯ》 ᠬᠦᠷᠲᠡᠭᠰᠡᠳ᠎ᠢᠶᠡᠷ ᠳᠠᠭᠤᠷᠢᠶᠠᠯ ᠪᠣᠯᠭᠠᠵᠤ᠂ ᠠᠵᠢᠯ᠎ᠤᠨ ᠪᠠᠢᠷᠢ᠎ᠪᠠᠨ ᠬᠠᠢᠷᠠᠯᠠᠨ ᠠᠵᠢᠯ ᠦᠢᠯᠡᠰ᠎ᠢᠶᠡᠨ ᠳᠡᠭᠡᠳᠦᠯᠡᠵᠦ᠂ ᠡᠷᠳᠡᠮ ᠴᠢᠳᠠᠪᠤᠷᠢ᠎ᠪᠠᠨ ᠰᠢᠷᠭᠠᠭᠤ ᠪᠣᠯᠪᠠᠰᠤᠷᠠᠭᠤᠯᠵᠤ᠂ ᠨᠠᠷᠢᠨ ᠨᠢᠮᠪᠠᠢ ᠰᠤᠳᠤᠯᠤᠨ ᠴᠢᠷᠮᠠᠢᠵᠤ᠂ ᠤᠷ᠎ᠠ ᠮᠡᠷᠭᠡᠰᠢᠯ᠎ᠢᠶᠡᠷ᠎ᠢᠶᠡᠨ ᠴᠢᠳᠠᠪᠤᠷᠢᠲᠠᠨ ᠪᠣᠯᠬᠤ᠂ ᠤᠷ᠎ᠠ ᠮᠡᠷᠭᠡᠰᠢᠯ᠎ᠢᠶᠡᠷ᠎ᠢᠶᠡᠨ ᠤᠯᠤᠰ᠎ᠲᠤ᠎ᠪᠠᠨ ᠵᠢᠳᠬᠦᠯ ᠭᠠᠷᠭᠠᠬᠤ ᠵᠠᠮ᠎ᠢᠶᠠᠷ ᠵᠠᠮᠨᠠᠭᠠᠷᠠᠢ ᠬᠡᠮᠡᠨ ᠤᠷᠢᠶᠠᠯᠠᠵᠤ ᠪᠠᠢᠨ᠎ᠠ᠃ 

ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠢ ᠨᠢ ᠤᠷ᠎ᠠ ᠮᠡᠷᠭᠡᠰᠢᠯᠳᠦ ᠴᠢᠳᠠᠪᠤᠷᠢᠲᠠᠨ᠎ᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ᠂ ᠤᠷ᠎ᠠ ᠮᠡᠷᠭᠡᠰᠢᠯᠳᠦ ᠴᠢᠳᠠᠪᠤᠷᠢᠲᠠᠳ᠎ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠣᠭᠲᠠᠴᠠ᠎ᠪᠠᠨ ᠤᠯᠠᠮ ᠨᠢᠭᠡ ᠠᠯᠬᠤᠮ ᠪᠦᠷᠢᠨᠰᠢᠭᠦᠯᠵᠦ᠂ ᠨᠠᠩ ᠣᠯᠠᠨ ᠥᠨᠳᠥᠷ ᠬᠡᠪ ᠪᠣᠯᠪᠠᠰᠤᠷᠠᠯ᠎ᠲᠠᠢ ᠤᠷ᠎ᠠ ᠮᠡᠷᠭᠡᠵᠢᠯᠲᠦ ᠤᠷ᠎ᠠ ᠮᠡᠷᠭᠡᠰᠢᠯᠳᠦ ᠴᠢᠳᠠᠪᠤᠷᠢᠲᠠᠳ᠂ ᠬᠠᠰᠢᠷ ᠭᠠᠷ ᠤᠷᠠᠨ ᠳᠠᠷᠬᠠᠳ ᠪᠠ ᠲᠣᠮᠣ᠌ ᠤᠯᠤᠰ᠎ᠤᠨ ᠤᠷᠠᠨ ᠳᠠᠷᠬᠠᠳ ᠎ᠢ ᠬᠥᠮᠥᠵᠢᠭᠦᠯᠦᠨ ᠪᠣᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠤᠷ᠎ᠠ ᠮᠡᠷᠭᠡᠰᠢᠯᠳᠦ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠬᠤ ᠬᠡᠷᠡᠭᠲᠡᠢ! 

 

ᠳᠠᠭᠠᠯᠳᠤᠭᠤᠯᠤᠯ᠄ ᠬᠣᠶᠠᠳᠤᠭᠠᠷ ᠬᠤᠭᠤᠴᠠᠭᠠᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠰᠢᠯ᠎ᠦᠨ ᠶᠡᠬᠡ ᠱᠠᠩᠨᠠᠯ》 ᠬᠦᠷᠲᠡᠭᠰᠡᠳ᠎ᠦᠨ ᠨᠡᠷᠡᠰ

 

2025 ᠣᠨ᠎ᠤ 12 ᠳ᠋ᠤᠭᠠᠷ ᠰᠠᠷ᠎ᠠ᠎ᠶᠢᠨ 30᠎ᠤ ᠡᠳᠦᠷ    

(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ) 

 

ᠳᠠᠭᠠᠯᠳᠤᠭᠤᠯᠤᠯ 

ᠬᠣᠶᠠᠳᠤᠭᠠᠷ ᠬᠤᠭᠤᠴᠠᠭᠠᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 

ᠤᠷ᠎ᠠ ᠮᠡᠷᠭᠡᠰᠢᠯ᠎ᠦᠨ ᠶᠡᠬᠡ ᠱᠠᠩᠨᠠᠯ》 ᠬᠦᠷᠲᠡᠭᠰᠡᠳ᠎ᠦᠨ ᠨᠡᠷᠡᠰ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ