ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
ᠳᠣᠯᠣᠳᠤᠭᠠᠷ ᠪᠦᠯᠦᠭ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶᠢᠨ ᠳᠤᠷᠠᠰᠬᠠᠯᠲᠤ ᠵᠦᠢᠯ᠎ᠦᠨ ᠬᠠᠮᠠᠭᠠᠯᠠᠯᠲᠠ᠎ᠶᠢᠨ ᠨᠢᠭᠡᠴᠢ᠎ᠶᠢ ᠨᠡᠢᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2026-01-06

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ

ᠥᠪᠥᠷ ᠵᠠᠰᠠᠭ ᠲᠠᠷᠬᠠᠭᠠᠭᠰᠠᠨ 〔2025〕 18 ᠳ᠋ᠤᠭᠠᠷ ᠲᠣᠭᠠᠲᠤ

 

ᠳᠣᠯᠣᠳᠤᠭᠠᠷ ᠪᠦᠯᠦᠭ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶᠢᠨ ᠳᠤᠷᠠᠰᠬᠠᠯᠲᠤ ᠵᠦᠢᠯ᠎ᠦᠨ ᠬᠠᠮᠠᠭᠠᠯᠠᠯᠲᠠ᠎ᠶᠢᠨ ᠨᠢᠭᠡᠴᠢ᠎ᠶᠢ ᠨᠡᠢᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄

ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠤᠷᠠᠳᠤᠭᠰᠠᠨ ᠳᠣᠯᠣᠳᠤᠭᠠᠷ ᠪᠦᠯᠦᠭ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶᠢᠨ ᠳᠤᠷᠠᠰᠬᠠᠯᠲᠤ ᠵᠦᠢᠯ᠎ᠦᠨ ᠬᠠᠮᠠᠭᠠᠯᠠᠯᠲᠠ᠎ᠶᠢᠨ ᠨᠢᠭᠡᠴᠢ ᠪᠣᠯᠬᠣ᠌ ᠨᠡᠶ᠋ᠢᠲᠡ 9 ᠭᠠᠵᠠᠷ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠎ᠡᠴᠡ ᠵᠥᠪᠰᠢᠶᠡᠷᠡᠵᠦ᠂ ᠡᠳᠦᠭᠡ ᠨᠡᠢᠲᠡᠯᠡᠪᠡ᠃

ᠣᠷᠳᠣ᠌ ᠴᠠᠭᠠᠨ ᠬᠡᠷᠡᠮ ᠪᠣᠯ ᠳᠤᠮᠳᠠᠳᠤ᠎ᠶᠢᠨ ᠦᠨᠳᠦᠰᠦᠲᠡᠨ᠎ᠦ ᠲᠥᠯᠥᠭᠡᠯᠡᠬᠦ ᠴᠢᠨᠠᠷᠲᠠᠢ ᠲᠡᠮᠳᠡᠭ ᠪᠠ ᠳᠤᠮᠳᠠᠳᠤ᠎ᠶᠢᠨ ᠪᠣᠯᠪᠠᠰᠤᠨ᠎ᠤ ᠴᠢᠬᠤᠯᠠ ᠪᠡᠯᠭᠡ ᠲᠡᠮᠳᠡᠭ ᠮᠥᠨ᠂ ᠲᠡᠭᠦᠨ᠎ᠳᠦ ᠳᠤᠮᠳᠠᠳᠤ᠎ᠶᠢᠨ ᠦᠨᠳᠦᠰᠦᠲᠡᠨ᠎ᠦ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠬᠤ ᠲᠡᠮᠡᠴᠡᠯ᠎ᠦᠨ ᠵᠣᠷᠢᠭ᠋ ᠰᠠᠨᠠᠭ᠎ᠠ ᠪᠠ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠬᠤ᠂ ᠨᠤᠭᠤᠷᠠᠰᠢ ᠦᠭᠡᠢ ᠤᠯᠤᠰ᠎ᠢᠶᠠᠨ ᠬᠠᠢᠷᠠᠯᠠᠬᠤ ᠰᠡᠳᠬᠢᠯᠭᠡ ᠨᠢᠭ᠍ᠲᠠᠷᠠᠵᠤ ᠪᠠᠢᠳᠠᠭ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠎ᠦᠳ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯ᠎ᠦᠨ ᠬᠠᠮᠠᠭᠠᠯᠠᠯᠲᠠ᠎ᠶᠢᠨ ᠬᠠᠤᠯᠢ》᠂ 《ᠤᠷᠲᠤ ᠴᠠᠭᠠᠨ ᠬᠡᠷᠡᠮ᠎ᠦᠨ ᠬᠠᠮᠠᠭᠠᠯᠠᠯᠲᠠ᠎ᠶᠢᠨ ᠳᠦᠷᠢᠮ》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠢ ᠦᠨᠳᠦᠰᠦᠯᠡᠵᠦ᠂ ᠬᠠᠮᠠᠭᠠᠯᠠᠬᠤ᠎ᠶᠢ ᠲᠡᠷᠢᠭᠦᠨ᠎ᠳᠦ ᠲᠠᠯᠪᠢᠬᠤ᠂ ᠬᠠᠮᠢᠶᠠᠷᠤᠯᠲᠠ᠎ᠶᠢ ᠴᠢᠩᠭᠠᠳᠬᠠᠬᠤ᠂ ᠦᠨ᠎ᠡ ᠥᠷᠲᠡᠭ᠎ᠢ ᠠᠭᠤᠳᠠᠯᠬᠤ᠂ ᠪᠦᠲᠦᠮᠵᠢᠲᠡᠶ ᠠᠰᠢᠭ᠍ᠯᠠᠬᠤ᠂ ᠲᠡᠦᠬᠡ᠎ᠶᠢᠨ ᠳᠤᠷᠠᠰᠬᠠᠯᠲᠤ ᠵᠦᠢᠯ᠎ᠢ  ᠠᠮᠢᠯᠠᠭᠤᠯᠬᠤ ᠠᠵᠢᠯ᠎ᠤᠨ ᠱᠠᠭᠠᠷᠳᠠᠯᠭ᠎ᠠ᠎ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠡᠦᠬᠡ᠎ᠶᠢᠨ ᠳᠤᠷᠠᠰᠬᠠᠯᠲᠤ ᠵᠦᠢᠯ᠎ᠦᠨ ᠬᠠᠮᠠᠭᠠᠯᠠᠯᠲᠠ᠎ᠶᠢᠨ ᠨᠢᠭᠡᠴᠢ᠎ᠶᠢᠨ ᠬᠠᠮᠠᠭᠠᠯᠠᠬᠤ ᠬᠡᠪᠴᠢᠶ᠎ᠡ ᠪᠠ ᠪᠦᠲᠦᠭᠡᠨ ᠪᠠᠢᠭᠤᠯᠤᠯᠲᠠ᠎ᠶᠢᠨ ᠡᠵᠡᠮᠳᠡᠬᠦ ᠣᠷᠣᠨ ᠪᠦᠰᠡ᠎ᠶᠢ ᠬᠤᠭᠤᠴᠠᠭ᠎ᠠ ᠶᠣᠰᠣᠭᠠᠷ ᠬᠤᠪᠢᠶᠠᠷᠢᠯᠠᠨ ᠲᠣᠭᠲᠠᠭᠠᠵᠤ᠂ ᠦᠨᠡᠨ ᠬᠦ᠌ ᠶᠠᠪᠤᠭᠳᠠᠭᠤᠰᠢᠲᠠᠢ ᠠᠷᠭ᠎ᠠ ᠬᠡᠮᠵᠢᠶ᠎ᠡ ᠠᠪᠴᠤ ᠪᠠᠢᠭᠠᠳ ᠣᠷᠳᠣ᠌ ᠴᠠᠭᠠᠨ ᠬᠡᠷᠡᠮ᠎ᠤᠨ ᠬᠠᠮᠠᠭᠠᠯᠠᠯᠲᠠ᠂ ᠬᠠᠮᠢᠶᠠᠷᠤᠯᠲᠠ ᠪᠠ ᠳᠡᠯᠭᠡᠨ ᠦᠵᠡᠭᠦᠯᠭᠡ ᠠᠰᠢᠭ᠍ᠯᠠᠯᠲᠠ᠎ᠶᠢᠨ ᠠᠵᠢᠯ᠎ᠢ ᠪᠥᠬᠥ ᠲᠠᠯ᠎ᠠ᠎ᠪᠠᠷ ᠴᠢᠩᠭᠠᠳᠬᠠᠬᠤ ᠬᠡᠷᠡᠭᠲᠡᠢ᠃

10 ᠳ᠋ᠤᠭᠠᠷ ᠰᠠᠷ᠎ᠠ᠎ᠶᠢᠨ 29᠎ᠦ ᠡᠳᠦᠷ    

(ᠲᠣᠰ ᠪᠢᠴᠢᠭ᠌ ᠮᠠᠲᠧᠷᠢᠶᠠᠯ᠎ᠢ ᠢᠯᠡ ᠨᠡᠢᠲᠡᠯᠡᠨ᠎ᠡ)

 

ᠳᠠᠭᠠᠯᠳᠤᠭᠤᠯᠤᠯ᠄ ᠳᠣᠯᠣᠳᠤᠭᠠᠷ ᠪᠦᠯᠦᠭ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶᠢᠨ ᠳᠤᠷᠠᠰᠬᠠᠯᠲᠤ ᠵᠦᠢᠯ᠎ᠦᠨ ᠬᠠᠮᠠᠭᠠᠯᠠᠯᠲᠠ᠎ᠶᠢᠨ ᠨᠢᠭᠡᠴᠢ᠎ᠶᠢᠨ ᠨᠡᠷᠡᠰ᠎ᠦᠳ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ