ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
《ᠤᠯᠠᠭᠠᠨᠬᠣᠲᠠ᠎ᠶᠢᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ (2022 - 2024 ᠣᠨ)》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠨᠡᠶ᠋ᠢᠲᠡᠯᠡᠭᠰᠡᠨ ᠴᠠᠭ᠄ 2026-01-07

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ

ᠥᠪᠥᠷ ᠵᠠᠰᠠᠭ ᠦᠰᠦᠭ 〔2025〕 160 ᠳ᠋ᠤᠭᠠᠷ ᠲᠣᠭᠠᠲᠤ

《ᠤᠯᠠᠭᠠᠨᠬᠣᠲᠠ᠎ᠶᠢᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ (2022 - 2024 ᠣᠨ)》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ

ᠬᠢᠩᠭᠠᠨ ᠠᠢᠮᠠᠭ᠎ᠤᠨ ᠵᠠᠬᠢᠷᠭ᠎ᠠ᠎ᠳᠤ᠄

ᠲᠠᠨ᠎ᠤ ᠠᠢᠮᠠᠭ᠎ᠤᠨ 《〈ᠤᠯᠠᠭᠠᠨᠬᠣᠲᠠ᠎ᠶᠢᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ (2022 - 2024 ᠣᠨ)〉᠎ᠤᠨ ᠲᠤᠬᠠᠢ ᠡᠰᠢᠯᠡᠯᠲᠡ》 (ᠬᠢᠩᠭᠠᠨ ᠵᠠᠬᠢᠷᠭ᠎ᠠ ᠲᠠᠷᠬᠠᠭᠠᠭᠰᠠᠨ 〔2025〕 60 ᠳ᠋ᠤᠭᠠᠷ ᠲᠣᠭᠠᠲᠤ)᠎ᠶᠢ ᠬᠦᠯᠢᠶᠡᠨ ᠠᠪᠴᠤ ᠣᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ᠄

ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠠᠴᠠ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠢᠭᠤᠯᠵᠤ ᠨᠤᠲᠠᠯᠠᠯᠲᠠ ᠬᠢᠬᠦ ᠪᠠ ᠬᠢᠨᠠᠨ ᠪᠠᠢᠴᠠᠭᠠᠬᠤ᠎ᠪᠠᠷ ᠳᠠᠮᠵᠢᠭᠠᠳ᠂ 《ᠤᠯᠠᠭᠠᠨᠬᠣᠲᠠ᠎ᠶᠢᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ (2022 - 2024 ᠣᠨ)》 ᠨᠢ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠬᠠᠤᠯᠢ》᠂ 《〈ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ〉᠎ᠶᠢ ᠳᠠᠷᠤᠮᠠᠯᠯᠠᠨ ᠶᠠᠪᠤᠭᠤᠯᠬᠤ ᠲᠤᠬᠠᠢ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠮᠡᠳᠡᠭᠳᠡᠯ》 (ᠪᠠᠢᠭᠠᠯᠢ ᠡᠬᠢ ᠲᠣᠭᠲᠠᠭᠠᠯ 〔2023〕 7 ᠳ᠋ᠤᠭᠠᠷ ᠲᠣᠭᠠᠲᠤ) ᠪᠠ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ᠎ᠶᠢ ᠬᠡᠷᠡᠭᠵᠢᠭᠦᠯᠬᠦ ᠨᠠᠷᠢᠨ ᠳᠦᠷᠢᠮ〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠤᠨ ᠮᠡᠳᠡᠭᠳᠡᠯ》 (ᠥᠪᠥᠷ ᠪᠠᠢᠭᠠᠯᠢ ᠡᠬᠢ ᠥᠰᠥᠭ 〔2025〕 230 ᠳ᠋ᠤᠭᠠᠷ ᠲᠣᠭᠠᠲᠤ)᠎ᠤᠨ ᠱᠠᠭᠠᠷᠳᠠᠯᠭ᠎ᠠ᠎ᠳᠤ ᠨᠡᠢᠴᠡᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ᠎ᠶᠢᠨ ᠶᠡᠷᠦᠩᠬᠡᠢ ᠲᠥᠯᠦᠪᠵᠢᠭᠦᠯᠭᠡ᠎ᠶᠢᠨ ᠬᠠᠮᠢᠶᠠᠷᠤᠨ ᠡᠵᠡᠮᠳᠡᠬᠦ ᠳᠦᠷᠢᠮ᠎ᠳᠤ ᠨᠡᠢᠴᠡᠵᠦ ᠪᠠᠢᠨ᠎ᠠ᠂ ᠡᠢᠨ ᠬᠦ᠌ 《ᠤᠯᠠᠭᠠᠨᠬᠣᠲᠠ᠎ᠶᠢᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ (2022 - 2024 ᠣᠨ)》᠎ᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠂ ᠡᠯ᠎ᠡ ᠵᠦᠢᠯ᠎ᠤᠨ ᠠᠵᠢᠯ᠎ᠢᠶᠡᠨ ᠬᠠᠤᠯᠢ ᠲᠣᠭᠲᠠᠭᠠᠯ ᠶᠣᠰᠣᠭᠠᠷ ᠰᠠᠢᠲᠤᠷ ᠬᠢᠲᠦᠭᠡᠢ᠃ 

10 ᠳ᠋ᠤᠭᠠᠷ ᠰᠠᠷ᠎ᠠ᠎ᠶᠢᠨ 6᠎ᠦ ᠡᠳᠦᠷ    

(ᠲᠣᠰ ᠪᠢᠴᠢᠭ᠌ ᠮᠠᠲᠧᠷᠢᠶᠠᠯ᠎ᠢ ᠢᠯᠡ ᠨᠡᠢᠲᠡᠯᠡᠨ᠎ᠡ)

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ