ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
《ᠤᠯᠠᠭᠠᠨᠬᠠᠳᠠ ᠬᠤᠲᠠ᠎ᠶᠢᠨ ᠶᠤᠸᠠᠨ ᠪᠣᠣ ᠱᠠᠨ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠥᠰᠥᠯ (2025–2026 ᠣᠨ)》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠨᠡᠶ᠋ᠢᠲᠡᠯᠡᠭᠰᠡᠨ ᠴᠠᠭ᠄ 2026-01-08

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ

ᠥᠪᠥᠷ ᠵᠠᠰᠠᠭ ᠦᠰᠦᠭ 〔2025〕 166 ᠳ᠋ᠤᠭᠠᠷ ᠲᠣᠭᠠᠲᠤ

 

《ᠤᠯᠠᠭᠠᠨᠬᠠᠳᠠ ᠬᠤᠲᠠ᠎ᠶᠢᠨ ᠶᠤᠸᠠᠨ ᠪᠣᠣ ᠱᠠᠨ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠥᠰᠥᠯ (2025–2026 ᠣᠨ)》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ

 

ᠤᠯᠠᠭᠠᠨᠬᠠᠳᠠ ᠬᠤᠲᠠ᠎ᠶᠢᠨ ᠠᠷᠠᠳ᠎ᠤ ᠵᠠᠰᠠᠭ᠎ᠤᠨ ᠣᠷᠳᠣᠨ᠎ᠳᠤ᠄

ᠲᠠᠨ᠎ᠤ ᠬᠤᠲᠠ᠎ᠶᠢᠨ 《ᠤᠯᠠᠭᠠᠨᠬᠠᠳᠠ ᠬᠤᠲᠠ᠎ᠶᠢᠨ ᠶᠤᠸᠠᠨ ᠪᠣᠣ ᠱᠠᠨ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠥᠰᠥᠯ (2025–2026 ᠣᠨ)᠎ᠤᠨ ᠲᠤᠬᠠᠢ ᠡᠰᠢᠯᠡᠯᠲᠡ》 (ᠤᠯᠠᠭᠠᠨᠬᠠᠳᠠ ᠵᠠᠰᠠᠭ ᠮᠡᠳᠡᠭᠦᠯᠦᠯᠲᠡ 〔2025〕 120 ᠳ᠋ᠤᠭᠠᠷ ᠲᠣᠭᠠᠲᠤ)᠎ᠶᠢ ᠭᠥᠯᠢᠶᠡᠨ ᠠᠪᠴᠤ ᠣᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ᠄

ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠬᠢᠨᠠᠨ ᠪᠠᠢᠴᠠᠭᠠᠯᠭᠠᠬᠤ ᠪᠠ ᠨᠤᠲᠠᠯᠠᠭᠤᠯᠤᠭᠠᠳ᠂ 《ᠤᠯᠠᠭᠠᠨᠬᠠᠳᠠ ᠬᠤᠲᠠ᠎ᠶᠢᠨ ᠶᠤᠸᠠᠨ ᠪᠣᠣ ᠱᠠᠨ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠥᠰᠥᠯ (2025–2026 ᠣᠨ)》 ᠨᠢ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠬᠠᠤᠯᠢ》᠂ 《〈ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠪᠠᠷᠢᠮᠵᠢᠶ᠎ᠠ〉᠎ᠶᠢ ᠳᠠᠷᠤᠮᠠᠯᠯᠠᠨ ᠶᠠᠪᠤᠭᠤᠯᠬᠤ ᠲᠤᠬᠠᠢ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠮᠡᠳᠡᠭᠳᠡᠯ》 (ᠪᠠᠢᠭᠠᠯᠢ ᠡᠬᠢ ᠲᠣᠭᠲᠠᠭᠠᠯ 〔2023〕 7 ᠳ᠋ᠤᠭᠠᠷ ᠲᠣᠭᠠᠲᠤ)᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ᠎ᠶᠢ ᠬᠡᠷᠡᠭᠵᠢᠭᠦᠯᠬᠦ ᠨᠠᠷᠢᠨ ᠳᠦᠷᠢᠮ〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠤᠨ ᠮᠡᠳᠡᠭᠳᠡᠯ》 (ᠥᠪᠥᠷ ᠪᠠᠢᠭᠠᠯᠢ ᠡᠬᠢ ᠥᠰᠥᠭ 〔2025〕 230 ᠳ᠋ᠤᠭᠠᠷ ᠲᠣᠭᠠᠲᠤ)᠎ᠤᠨ ᠱᠠᠭᠠᠷᠳᠠᠯᠭ᠎ᠠ᠎ᠳᠤ ᠨᠡᠢᠴᠡᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ᠎ᠶᠢᠨ ᠶᠡᠷᠦᠩᠬᠡᠢ ᠲᠥᠯᠦᠪᠵᠢᠭᠦᠯᠭᠡ᠎ᠶᠢᠨ ᠬᠠᠮᠢᠶᠠᠷᠤᠨ ᠡᠵᠡᠮᠳᠡᠬᠦ ᠳᠦᠷᠢᠮ᠎ᠳᠤ ᠨᠡᠢᠴᠡᠵᠦ ᠪᠠᠢᠨ᠎ᠠ᠂ ᠡᠢ᠍ᠢᠨ ᠬᠦ᠌ 《ᠤᠯᠠᠭᠠᠨᠬᠠᠳᠠ ᠬᠤᠲᠠ᠎ᠶᠢᠨ ᠶᠤᠸᠠᠨ ᠪᠣᠣ ᠱᠠᠨ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠥᠰᠥᠯ (2025–2026 ᠣᠨ)》᠎ᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠂ ᠡᠯ᠎ᠡ ᠵᠦᠢᠯ᠎ᠤᠨ ᠠᠵᠢᠯ᠎ᠢᠶᠠᠨ ᠬᠠᠤᠯᠢ ᠲᠣᠭᠲᠠᠭᠠᠯ ᠶᠣᠰᠣᠭᠠᠷ ᠰᠠᠢᠲᠤᠷ ᠬᠢᠲᠦᠭᠡᠢ᠃

10 ᠳ᠋ᠤᠭᠠᠷ ᠰᠠᠷ᠎ᠠ᠎ᠶᠢᠨ 20 ᠎ᠦ ᠡᠳᠦᠷ    

(ᠲᠣᠰ ᠪᠢᠴᠢᠭ᠌ ᠮᠠᠲᠧᠷᠢᠶᠠᠯ᠎ᠢ ᠢᠯᠡ ᠨᠡᠢᠲᠡᠯᠡᠨ᠎ᠡ)

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ