ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
ᠪᠤᠭᠤᠲᠤ ᠬᠤᠲᠠ᠎ᠶᠢ ᠥᠪᠡᠷᠲᠡᠭᠡᠨ ᠵᠠᠰᠠᠬᠤ ᠣᠷᠣᠨ᠎ᠤ ᠲᠡᠤᠬᠡ ᠰᠣᠶᠣᠯ᠎ᠤᠨ ᠨᠠᠷᠠᠲᠤ ᠬᠤᠲᠠᠨ᠎ᠳᠤ ᠵᠢᠭᠰᠠᠭ᠋ᠠᠬᠤ᠎ᠶᠢ ᠵᠦᠪᠰᠢᠶᠡᠷᠡᠭᠦ ᠲᠤᠬᠠᠢ         ᠴᠣᠬᠤᠯᠠᠪᠤᠷᠢ
ᠨᠡᠶ᠋ᠢᠲᠡᠯᠡᠭᠰᠡᠨ ᠴᠠᠭ᠄ 2026-01-09

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ

   2025 174 ᠳ᠋ᠦ᠍ᠭᠡᠷ 

 

ᠪᠤᠭᠤᠲᠤ ᠬᠤᠲᠠ᠎ᠶᠢ ᠥᠪᠡᠷᠲᠡᠭᠡᠨ ᠵᠠᠰᠠᠬᠤ ᠣᠷᠣᠨ᠎ᠤ ᠲᠡᠤᠬᠡ ᠰᠣᠶᠣᠯ᠎ᠤᠨ ᠨᠠᠷᠠᠲᠤ ᠬᠤᠲᠠᠨ᠎ᠳᠤ ᠵᠢᠭᠰᠠᠭ᠋ᠠᠬᠤ᠎ᠶᠢ ᠵᠦᠪᠰᠢᠶᠡᠷᠡᠭᠦ ᠲᠤᠬᠠᠢ         ᠴᠣᠬᠤᠯᠠᠪᠤᠷᠢ

 

ᠪᠤᠭᠤᠲᠤ ᠬᠤᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠤ᠄

ᠲᠠᠨ᠎ᠤ ᠬᠤᠲᠠ᠎ᠶᠢᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠢᠩᠬᠢᠮ᠂ ᠲᠡᠤᠬᠡ᠎ᠶᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ᠎ᠪᠠᠷ ᠬᠢᠨᠠᠨ ᠪᠠᠶ᠋ᠢᠴᠠᠭ᠋ᠠᠭ᠋ᠠᠳ ᠳᠡᠪᠰᠢᠭᠦᠯᠦᠭᠰᠡᠨ 《ᠪᠤᠭᠤᠲᠤ ᠬᠤᠲᠠ᠎ᠶᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠤᠬᠡ ᠰᠣᠶᠣᠯ᠎ᠤᠨ ᠨᠠᠷᠠᠲᠤ ᠬᠤᠲᠠᠨ᠎ᠳᠤ ᠵᠢᠭᠰᠠᠭ᠋ᠠᠬᠤ ᠲᠤᠬᠠᠶ ᠡᠰᠢᠯᠡᠯᠳᠡ》᠎ᠶᠢ ᠬᠦᠯᠢᠶᠡᠨ ᠠᠪᠴᠤ ᠦᠢ᠍ᠯᠠᠭ᠋ᠠᠯ᠎ᠠ᠂ ᠡᠳᠦᠭᠡ ᠳᠣᠤᠷᠠᠬᠢ ᠮᠡᠲᠦ ᠴᠣᠬᠤᠯᠠᠪᠣᠷᠢᠯᠠᠪᠠ᠄

ᠨᠢᠭᠡ᠂ ᠪᠤᠭᠤᠲᠤ ᠬᠤᠲᠠ ᠪᠣᠯ ᠥᠨᠢ ᠤᠳᠠᠭ᠋ᠠᠨ ᠲᠡᠤᠬᠡ᠎ᠲᠠᠢ᠂ ᠰᠣᠶᠣᠯ᠎ᠤᠨ ᠠᠬᠤᠭᠤᠯᠤᠮᠵᠢ ᠭᠦᠨ ᠵᠤᠵᠠᠭ᠋ᠠᠨ᠂ ᠲᠡᠤᠬᠡ᠎ᠶᠢᠨ ᠳᠦᠷᠰᠦ ᠪᠠᠢᠳᠠᠯ ᠣᠯᠠᠨ ᠶᠠᠩᠵᠤ᠎ᠶᠢᠨ ᠪᠠᠶ᠋ᠢᠵᠤ᠂ ᠳᠤᠮᠳᠠᠳᠤ᠎ᠶᠢᠨ ᠪᠣᠯᠪᠠᠰᠤᠨ᠎ᠤ ᠴᠢᠬᠤᠯᠠ ᠠᠴᠢᠶᠠᠯᠠᠪᠤᠷᠢ᠎ᠶᠢᠨ ᠭᠠᠵᠠᠷ᠂ ᠰᠢᠨ᠎ᠡ ᠳᠤᠮᠳᠠᠳᠤ ᠤᠯᠤᠰ᠎ᠤᠨ ᠠᠵᠤ ᠦᠢ᠍ᠯᠡᠳᠪᠦᠷᠢ᠎ᠶᠢᠨ ᠰᠣᠶᠣᠯ᠎ᠤᠨ ᠲᠥᠯᠥᠭᠡᠯᠡᠬᠦ ᠭᠠᠵᠠᠷ ᠪᠠᠶ᠋ᠢᠵᠤ᠂ ᠲᠡᠤᠬᠡ ᠰᠣᠶᠣᠯ᠎ᠤᠨ ᠴᠢᠬᠤᠯᠠ ᠦᠨ᠎ᠡ ᠥᠷᠲᠡᠭ᠎ᠲᠠᠢ ᠶᠤᠮ᠃ ᠪᠤᠭᠤᠲᠤ ᠬᠤᠲᠠ᠎ᠶᠢ ᠥᠪᠡᠷᠲᠡᠭᠡᠨ ᠵᠠᠰᠠᠬᠤ ᠣᠷᠣᠨ᠎ᠤ ᠲᠡᠤᠬᠡ ᠰᠣᠶᠣᠯ᠎ᠤᠨ ᠨᠠᠷᠠᠲᠤ ᠬᠤᠲᠠᠨ᠎ᠳᠤ ᠵᠢᠭᠰᠠᠭ᠋ᠠᠬᠤ ᠵᠢ ᠵᠦᠪᠰᠢᠶᠡᠷᠡᠨ᠎ᠡ᠃

ᠬᠤᠶᠠᠷ᠂ ᠲᠠᠨ᠎ᠤ ᠬᠤᠲᠠ᠎ᠶᠢᠨ᠎ᠬᠢᠨ ᠰᠢ᠎ᠵᠢᠨ᠎ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶᠢ ᠭᠦᠨᠵᠡᠭᠡᠶ ᠰᠤᠷᠤᠯᠴᠠᠨ ᠲᠣᠭᠤᠰᠢᠯᠠᠭᠤᠯᠵᠣ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠣ ᠴᠣᠭᠴᠠᠯᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ ᠴᠢᠩᠭ᠎ᠠ ᠨᠢᠭᠲᠠᠷᠠᠨ᠂ ᠲᠡᠦᠬᠡ ᠰᠣᠶᠣᠯ᠎ᠢ ᠬᠠᠮᠠᠭ᠋ᠠᠯᠠᠨ ᠤᠯᠠᠮᠵᠢᠯᠠᠨ ᠵᠠᠯᠭ᠋ᠠᠮᠵᠢᠯᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ᠎ᠶᠢᠨ ᠪᠠᠶ᠋ᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠳᠠ᠎ᠶᠢᠨ ᠬᠠᠤᠯᠢ》᠂ 《ᠲᠡᠦᠬᠡ ᠰᠣᠶᠣᠯ᠎ᠤᠨ ᠨᠡᠷᠡᠲᠦ ᠬᠤᠲᠠ ᠨᠡᠷᠡᠲᠦ ᠪᠠᠯᠭ᠋ᠠᠰᠤ ᠨᠡᠷᠡᠲᠦ ᠲᠣᠰᠬᠤᠨ᠎ᠤ ᠬᠠᠮᠠᠭ᠋ᠠᠯᠠᠯᠳᠠ᠎ᠶᠢᠨ ᠳᠦᠷᠢᠮ》 ᠪᠣᠯᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠨᠡᠷᠡᠲᠦ ᠬᠤᠲᠠ ᠨᠡᠷᠡᠲᠦ ᠪᠠᠯᠭ᠋ᠠᠰᠤ ᠨᠡᠷᠡᠲᠦ ᠲᠣᠰᠬᠤᠨ᠎ᠤ ᠲᠡᠣᠭᠡᠨ ᠪᠠᠷᠢᠯᠭ᠎ᠠ᠎ᠶᠢᠨ ᠬᠠᠮᠠᠭ᠋ᠠᠯᠠᠯᠳᠠ᠎ᠶᠢᠨ ᠠᠷᠭ᠎ᠠ》᠎ᠶᠢᠨ ᠱᠠᠭ᠋ᠠᠷᠳᠠᠯᠭ᠎ᠠ᠎ᠶᠢ ᠴᠢᠩᠭ᠎ᠠ ᠵᠢᠷᠤᠮᠯᠠᠨ᠂ ᠪᠤᠭᠤᠲᠤ ᠬᠤᠳᠠ᠎ᠶᠢᠨ ᠲᠡᠦᠬᠡ ᠰᠣᠶᠣᠯ᠎ᠤᠨ ᠤᠯᠠᠨ ᠡᠰᠢᠲᠦ ᠦᠷᠳᠡᠭ ᠪᠣᠯᠤᠨ ᠦᠪᠡᠷᠮᠢᠴᠡ ᠣᠨᠴᠠᠯᠢᠭ᠎ᠢ ᠦᠷᠭᠦᠯᠵᠢᠯᠡᠨ ᠠᠭᠤᠳᠠᠯᠵᠤ᠂ ᠲᠡᠦᠬᠡ ᠰᠣᠶᠣᠯ᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠬᠯᠠᠬᠤ᠎ᠪᠠᠨ ᠴᠢᠩᠭ᠋ᠠᠳᠬᠠᠵᠤ᠂ ᠠᠵᠤ ᠦᠢ᠍ᠯᠡᠳᠪᠦᠷᠢ᠎ᠶᠢᠨ ᠰᠣᠶᠣᠯ ᠵᠡᠷᠭᠡ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠬᠤᠳᠠ᠎ᠶᠢᠨ ᠰᠣᠶᠣᠯ᠎ᠤᠨ ᠰᠤᠳᠠᠰᠤ᠎ᠶᠢ ᠦᠷᠭᠦᠯᠵᠢᠯᠡᠭᠦᠯᠬᠦ ᠬᠢᠭᠡᠣᠨ ᠤᠯᠠᠮᠵᠢᠯᠠᠬᠤ᠎ᠶᠢ ᠬᠦᠴᠦᠯᠡᠨ ᠠᠬᠢᠭᠤᠯᠬᠤ ᠬᠡᠷᠩᠲᠠᠢ; ᠥᠪᠡᠷᠲᠡᠭᠡᠨ ᠵᠠᠰᠠᠬᠤ ᠣᠷᠣᠨ᠎ᠤ ᠲᠡᠤᠬᠡ ᠰᠣᠶᠣᠯ᠎ᠤᠨ ᠨᠠᠷᠠᠲᠤ ᠬᠤᠲᠠ᠎ᠶᠢ ᠵᠥᠪᠰᠢᠶᠡᠷᠡᠵᠦ ᠨᠡᠶ᠋ᠢᠲᠡᠯᠡᠭᠰᠡᠨ ᠡᠳᠦᠷ᠎ᠠᠴᠠ ᠡᠬᠢᠯᠡᠨ 1 ᠵᠢᠯ᠎ᠤᠨ ᠳᠣᠲᠣᠷ᠎ᠠ᠂ ᠲᠠᠨ᠎ᠤ ᠬᠤᠲᠠ᠎ᠨᠢ ᠪᠤᠭᠤᠲᠤ ᠬᠤᠲᠠ᠎ᠶᠢᠨ ᠲᠡᠤᠬᠡ ᠰᠣᠶᠣᠯ᠎ᠤᠨ ᠨᠠᠷᠠᠲᠤ ᠬᠤᠲᠠ᠎ᠶᠢᠨ ᠬᠠᠮᠠᠭ᠋ᠠᠯᠠᠯᠳᠡ᠎ᠶᠢᠨ ᠲᠥᠯᠥᠪᠵᠢᠭᠦᠯᠭᠡ᠎ᠶᠢ ᠬᠠᠤᠯᠢ ᠶᠣᠰᠣᠭ᠋ᠠᠷ ᠨᠠᠶ᠋ᠢᠷᠠᠭᠤᠯᠤᠨ ᠵᠣᠬᠢᠶᠠᠵᠤ᠂ ᠲᠡᠤᠬᠡ ᠰᠣᠶᠣᠯ᠎ᠢ ᠬᠠᠮᠠᠭ᠋ᠠᠯᠠᠨ ᠤᠯᠠᠮᠵᠢᠯᠠᠬᠤ ᠲᠣᠭᠲᠠᠯᠴᠠᠭ᠎ᠠ᠎ᠪᠠᠨ ᠲᠡᠭᠦᠯᠳᠡᠷᠵᠢᠭᠦᠯᠦᠨ᠂ ᠡᠯ᠎ᠡ ᠲᠥᠷᠥᠯ᠎ᠤᠨ ᠬᠠᠮᠠᠭ᠋ᠠᠯᠠᠬᠤ ᠡᠲᠡᠭᠡᠳ᠎ᠲᠤ ᠲᠣᠳᠣᠷᠬᠠᠢ ᠬᠠᠭᠤᠳᠠᠰᠤ᠎ᠶᠢᠨ ᠨᠡᠷᠡᠰ᠎ᠤᠨ ᠵᠢᠭᠰᠠᠭ᠋ᠠᠯᠲᠠ ᠪᠠᠶ᠋ᠢᠭᠤᠯᠵᠤ᠂ ᠬᠠᠮᠠᠭ᠋ᠠᠯᠠᠬᠤ ᠱᠠᠭ᠋ᠠᠷᠳᠠᠯᠭ᠎ᠠ ᠪᠠ ᠠᠵᠢᠯ᠎ᠤᠨ ᠬᠠᠷᠢᠭᠤᠴᠠᠯᠭ᠎ᠠ᠎ᠶᠢ ᠲᠣᠳᠣᠷᠬᠠᠶ᠋ᠢᠯᠠᠨ᠂ ᠬᠠᠮᠠᠭ᠋ᠠᠯᠠᠵᠤ ᠬᠠᠮᠢᠶᠠᠷᠬᠤ ᠲᠣᠭᠲᠠᠭ᠋ᠠᠯ᠎ᠢ ᠲᠣᠭᠲᠠᠭ᠋ᠠᠬᠤ᠎ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠶ; ᠬᠤᠳᠠ᠎ᠶᠢᠨ ᠳᠦᠷᠰᠦ ᠪᠠᠢᠳᠠᠯ᠎ᠤᠨ ᠬᠠᠮᠢᠶᠠᠷᠤᠯᠲᠠ᠎ᠶᠢᠨ ᠲᠦᠷᠢᠮ᠎ᠢ ᠪᠦᠷᠢᠨᠰᠢᠭᠦᠯᠵᠣ᠂ ᠲᠡᠦᠬᠡ ᠰᠣᠶᠣᠯ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠬᠢᠭᠡᠳ ᠬᠤᠳᠠ᠎ᠶᠢᠨ ᠨᠡᠭᠡᠭᠡᠨ ᠬᠥᠭᠵᠢᠭᠦᠯᠦᠯᠲᠡ ᠪᠦᠳᠦᠭᠡᠨ ᠪᠠᠶ᠋ᠢᠭᠤᠯᠤᠯᠲᠠ᠎ᠶᠢᠨ ᠬᠠᠷᠢᠴᠠᠭ᠎ᠠ᠎ᠶᠢ ᠰᠠᠶ᠋ᠢᠲᠤᠷ ᠰᠢᠢ᠍ᠳᠪᠦᠷᠢᠯᠡᠵᠦ᠂ ᠬᠤᠳᠠ᠎ᠶᠢᠨ ᠤᠯᠠᠮᠵᠢᠯᠠᠯᠲᠤ ᠳᠦᠷᠰᠦ ᠪᠠᠶ᠋ᠢᠳᠠᠯ᠎ᠤᠨ ᠪᠠᠶ᠋ᠢᠷᠢᠰᠢᠯ᠎ᠢ ᠬᠠᠮᠠᠭ᠋ᠠᠯᠠᠬᠤ᠎ᠶᠢ ᠴᠢᠬᠤᠯᠠᠴᠢᠯᠠᠵᠤ᠂ ᠪᠦᠬᠦᠯᠢ ᠴᠣᠭᠴᠠ᠎ᠶᠢᠨ ᠴᠢᠨᠠᠷᠲᠠᠶ ᠬᠠᠮᠠᠭ᠋ᠠᠯᠠᠯᠲᠠ ᠪᠠ ᠎ᠤᠨ ᠴᠢᠨᠠᠷᠲᠠᠶ ᠬᠠᠮᠠᠭ᠋ᠠᠯᠠᠯᠲᠠ᠎ᠪᠠᠨ ᠴᠢᠩᠭ᠋ᠠᠣᠡᠬᠠᠬᠤ ᠬᠡᠷᠩᠲᠠᠢ᠃ ᠲᠡᠦᠬᠡ᠎ᠶᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ᠎ᠶᠢᠨ ᠨᠢᠭᠡᠴᠢ ᠪᠠ ᠲᠡᠦᠬᠡ᠎ᠶᠢᠨ ᠪᠠᠷᠢᠯᠭ᠎ᠠ᠎ᠶᠢ ᠬᠠᠮᠠᠭ᠋ᠠᠯᠠᠵᠤ ᠰᠡᠯᠪᠢᠨ ᠵᠠᠰᠠᠬᠤ ᠪᠠ ᠠᠮᠢᠳᠤᠯᠢᠭ᠎ᠢᠶᠠᠷ ᠠᠰᠢᠬᠯᠠᠬᠤ᠎ᠪᠠᠨ ᠴᠢᠩᠭ᠋ᠠᠳᠬᠠᠵᠤ᠂ ᠲᠡᠦᠬᠡ ᠰᠣᠶᠣᠯ᠎ᠤᠨ ᠵᠡᠭᠡᠯᠢ ᠲᠣᠭᠤᠷᠢᠭ᠎ᠤᠨ ᠢᠵᠢ ᠪᠦᠷᠢᠳᠦᠭᠰᠡᠨ ᠰᠠᠭᠤᠷᠢ ᠪᠡᠯᠡᠣᠡᠭᠡᠮᠵᠢ ᠪᠠ ᠤᠯᠠᠨ ᠨᠡᠶ᠋ᠢᠲᠡ᠎ᠶᠢᠨ ᠦᠢ᠍ᠯᠡᠴᠢᠯᠡᠭᠡᠨ᠎ᠤ ᠪᠡᠯᠡᠣᠡᠭᠡᠮᠵᠢ᠎ᠶᠢᠨ ᠳᠤᠲᠠᠭᠤᠳᠠᠯ᠎ᠢ ᠭᠦᠢ᠍ᠴᠡᠳ ᠨᠥᠬᠦᠪᠥᠷᠢᠯᠡᠵᠦ᠂ ᠬᠥᠮᠦᠨ᠎ᠢᠶᠠᠷ ᠦᠨᠳᠦᠰᠦ ᠪᠣᠯᠭ᠋ᠠᠬᠤ᠎ᠳᠤ ᠰᠠᠭᠤᠷᠢᠯᠠᠨ ᠬᠠᠭᠤᠴᠢᠨ ᠵᠡᠭᠡᠯᠢ ᠲᠣᠭᠤᠷᠢᠭ᠎ᠤᠨ ᠬᠥᠮᠦᠰ᠎ᠤᠨ ᠣᠷᠣᠰᠢᠨ ᠰᠠᠭᠤᠬᠤ ᠣᠷᠴᠢᠨ ᠨᠦᠬᠦᠴᠡᠯ᠎ᠤᠨ ᠴᠢᠨᠠᠷ ᠴᠢᠨᠰᠠᠭ᠎ᠠ᠎ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ; ᠪᠦᠳᠦᠭᠡᠨ ᠪᠠᠶ᠋ᠢᠭᠤᠯᠤᠯᠲᠠ᠎ᠶᠢᠨ ᠲᠦᠷᠣᠯ ᠵᠦᠢ᠍ᠯ᠎ᠤᠨ ᠬᠢᠨᠠᠨ ᠵᠥᠪᠰᠢᠶᠡᠷᠡᠬᠦ ᠬᠠᠮᠢᠶᠠᠷᠤᠯᠲᠠ᠎ᠶᠢ ᠴᠢᠩᠳᠠᠯᠠᠵᠤ᠂ ᠨᠡᠷᠡᠳᠦ ᠬᠤᠳᠠ᠎ᠶᠢᠨ ᠣᠷᠴᠢᠨ ᠲᠣᠭᠤᠷᠢᠨ ᠪᠠ ᠳᠦᠷᠰᠦ ᠪᠠᠶ᠋ᠢᠳᠠᠯ᠎ᠲᠠᠢ ᠦᠯᠦ ᠵᠣᠬᠢᠴᠠᠯᠳᠤᠬᠤ ᠶᠠᠮᠠᠷᠪᠠ ᠪᠦᠳᠦᠭᠡᠨ ᠪᠠᠶ᠋ᠢᠭᠤᠯᠤᠯᠲᠠ᠎ᠶᠢᠨ ᠠᠵᠢᠯᠯᠠᠭ᠋ᠠᠨ᠎ᠢ ᠬᠢᠵᠦ ᠪᠣᠯᠬᠤ ᠦᠭᠡᠢ᠂ ᠲᠡᠦᠬᠡ ᠰᠣᠶᠣᠯ᠎ᠤᠨ ᠥᠪ᠎ᠤᠨ ᠦᠨᠡᠨ ᠪᠣᠳᠠᠲᠤ ᠴᠢᠨᠠᠷ ᠪᠠ ᠪᠦᠷᠢᠨ ᠪᠦᠲᠦᠨ ᠴᠢᠨᠠᠷ᠎ᠢ ᠬᠤᠬᠢᠷᠠᠭᠤᠯᠵᠤ ᠪᠣᠯᠬᠤ ᠦᠭᠡᠢ᠂ ᠰᠢᠯᠵᠢᠭᠦᠯᠵᠦ ᠪᠣᠯᠤᠰᠢ ᠦᠭᠡᠢ ᠲᠡᠦᠬᠡ᠎ᠶᠢᠨ ᠳᠤᠷᠠᠰᠬᠠᠯᠲᠤ ᠵᠦᠢ᠍ᠯ ᠪᠠ ᠲᠡᠦᠬᠡ᠎ᠶᠢᠨ ᠪᠠᠷᠢᠯᠭ᠎ᠠ᠎ᠶᠢ ᠡᠪᠳᠡᠨ ᠰᠦᠢ᠍ᠳᠬᠡᠬᠦ ᠪᠤᠶᠤ ᠳᠤᠷ᠎ᠠ᠎ᠪᠠᠷ ᠵᠢᠡᠨ ᠨᠡᠭᠦᠯᠭᠡᠵᠦ᠂ ᠨᠤᠷᠠᠭ᠋ᠠᠵᠤ ᠪᠣᠯᠬᠤ ᠦᠭᠡᠢ᠃ ᠬᠠᠷᠢᠭᠤᠴᠠᠯᠭ᠎ᠠ᠎ᠪᠠᠨ ᠤᠯᠠᠮ ᠨᠢᠭᠡ ᠠᠯᠬᠤᠮ ᠪᠣᠳᠠᠲᠠᠶ᠋ᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠥᠬᠡᠶ᠂ ᠰᠠᠶ᠋ᠢᠲᠤᠷ ᠬᠠᠮᠠᠭ᠋ᠠᠯᠠᠭᠰᠠᠨ ᠥᠬᠡᠶ᠎ᠠᠴᠠ ᠪᠣᠯᠣᠭᠰᠠᠨ ᠨᠠᠷᠠᠲᠤ ᠬᠤᠲᠠ᠎ᠶᠢᠨ ᠲᠡᠤᠬᠡ ᠰᠣᠶᠣᠯ᠎ᠤᠨ ᠦᠨ᠎ᠡ ᠥᠷᠲᠡᠭ᠎ᠢ ᠬᠦᠨᠳᠦ ᠨᠣᠴᠢᠲᠠᠶ ᠨᠥᠯᠥᠭᠡᠯᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠲᠣᠭᠲᠠᠭ᠋ᠠᠯ ᠶᠣᠰᠣᠭ᠋ᠠᠷ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ᠎ᠢᠶᠠᠨ ᠴᠢᠩᠭ᠋ᠠᠷᠠᠭᠤᠯᠬᠤ ᠬᠡᠷᠩᠲᠠᠢ᠃

ᠭᠤᠷᠪᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠢᠩᠬᠢᠮ᠂ ᠲᠡᠤᠬᠡ᠎ᠶᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ᠎ᠨᠢ ᠪᠤᠭᠤᠲᠤ ᠬᠤᠲᠠ᠎ᠶᠢᠨ ᠥᠪᠡᠷᠲᠡᠭᠡᠨ ᠵᠠᠰᠠᠬᠤ ᠣᠷᠣᠨ᠎ᠤ ᠲᠡᠤᠬᠡ ᠰᠣᠶᠣᠯ᠎ᠤᠨ ᠨᠠᠷᠠᠲᠤ ᠬᠤᠲᠠ᠎ᠶᠢᠨ ᠬᠠᠮᠠᠭ᠋ᠠᠯᠠᠯᠳᠡ᠎ᠶᠢᠨ ᠠᠵᠢᠯ᠎ᠢ ᠵᠢᠭ᠋ᠠᠨ ᠵᠢᠯᠣᠭᠤᠳᠬᠤ᠂ ᠬᠢᠨᠠᠯᠲᠠ ᠲᠠᠯᠪᠢᠬᠤ ᠪᠠ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠶ᠃

10 ᠳ᠋ᠤᠭᠠᠷ ᠰᠠᠷ᠎ᠠ᠎ᠶᠢᠨ 28 ᠎ᠤ ᠡᠳᠦᠷ    

(ᠲᠣᠰ ᠪᠢᠴᠢᠭ᠌ ᠮᠠᠲᠧᠷᠢᠶᠠᠯ᠎ᠢ ᠢᠯᠡ ᠨᠡᠢᠲᠡᠯᠡᠨ᠎ᠡ)

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ