ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-12-27

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ


ᠥᠪᠥᠷ ᠵᠠᠰᠠᠭ ᠠᠯᠪᠠᠨ ᠲᠠᠷᠬᠠᠭ᠋ᠠᠭᠰᠠᠨ [2024 ] 47 ᠳ᠋ᠤᠭ᠋ᠠᠷ ᠲᠣᠭ᠋ᠠᠲᠤ


ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ


ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ ᠄

       ᠡᠳᠦᠭᠡ 《ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠬᠡᠷᠡᠭᠵᠢᠭᠦᠯᠬᠦ ᠲᠥᠰᠥᠯ 》᠎ᠢ  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠲᠠ ᠨᠠᠷ᠎ᠲᠤ  ᠳᠠᠷᠤᠮᠠᠯᠯᠠᠨ ᠶᠠᠪᠤᠭᠤᠯᠤᠯ᠎ᠠ ᠂  ᠪᠣᠳᠠᠲᠠᠢ᠎ᠲᠠᠢ᠎ᠪᠠᠨ ᠤᠶᠠᠯᠳᠤᠭᠤᠯᠤᠨ ᠂  ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ ᠃

2024 ᠣᠨ᠎ᠤ 11 ᠳ᠋ᠦ᠍ᠭᠡᠷ ᠰᠠᠷ᠎ᠠ ᠵᠢᠨ 10᠎ᠤ ᠡᠳᠦᠷ

     (ᠳᠤᠰ ᠪᠢᠴᠢᠭ ᠮᠠᠲᠸᠷᠢᠶᠠᠯ᠎ᠢ ᠢᠯᠡ   ᠨᠡᠢ᠌ᠲᠡᠯᠡᠨ᠎ᠡ )


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠬᠡᠷᠡᠭᠵᠢᠭᠦᠯᠬᠦ ᠲᠥᠰᠥᠯ


       ᠳᠣᠣᠷ᠎ᠠ ᠠᠭ᠋ᠠᠷ᠎ᠤᠨ ᠣᠷᠣᠨ ᠪᠣᠯ ᠳᠣᠣᠷ᠎ᠠ ᠠᠭ᠋ᠠᠷ᠎ᠤᠨ ᠠᠵᠤ ᠠᠬᠤᠢ ᠪᠠ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠢ ᠬᠥᠭᠵᠢᠭᠦᠯᠬᠦ ᠵᠢᠨ ᠰᠠᠭᠤᠷᠢ ᠪᠣᠯᠣᠨ᠎ᠠ ᠃  ᠪᠥᠬᠥ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ ᠂  ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢ ᠵᠢᠷᠤᠮᠵᠢᠭᠤᠯᠤᠨ ᠂  ᠳᠣᠣᠷ᠎ᠠ ᠠᠭ᠋ᠠᠷ᠎ᠤᠨ ᠨᠢᠰᠦᠯᠲᠡ ᠵᠢᠨ ᠠᠮᠤᠷ ᠲᠦᠪᠰᠢᠨ ᠰᠢᠭᠤᠳ ᠰᠢᠯᠤᠭᠤᠨ ᠪᠠ ᠥᠨᠳᠥᠷ ᠪᠦᠲᠦᠮᠵᠢᠲᠡᠶ ᠪᠠᠢ᠌ᠬᠤ ᠵᠢ ᠦᠨᠡᠨ ᠬᠦ᠌ ᠪᠠᠲᠤᠯᠠᠵᠤ ᠂  ᠠᠭ᠋ᠠᠷ᠎ᠤᠨ ᠣᠷᠣᠨ᠎ᠤ ᠡᠬᠢ ᠪᠠᠶᠠᠯᠢᠭ᠎ᠤᠨ ᠠᠰᠢᠭᠯᠠᠮᠵᠢ ᠵᠢ ᠳᠡᠭᠡᠭᠰᠢᠯᠡᠭᠦᠯᠦᠨ ᠂  ᠳᠣᠣᠷ᠎ᠠ ᠠᠭ᠋ᠠᠷ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠵᠢᠨ ᠲᠤᠰᠠᠳᠠ ᠂  ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ ᠂  ᠲᠣᠰ ᠲᠥᠰᠥᠯ᠎ᠢ ᠲᠣᠭᠲᠠᠭ᠋ᠠᠪᠠ ᠃ 

       ᠨᠢᠭᠡ ᠂  ᠶᠡᠷᠦᠩᠬᠡᠢ ᠬᠠᠷᠠᠯᠲᠠ

       ᠰᠢ  ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ ᠂  ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠂  ᠭᠤᠷᠪᠠᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ ᠂ 《ᠴᠡᠷᠢᠭ ᠠᠩᠭᠢ ᠣᠷᠣᠨ ᠨᠤᠲᠤᠭ ᠠᠷᠠᠳ᠎ᠤᠨ ᠠᠭ᠋ᠠᠷ᠎ᠤᠨ ᠲᠡᠭᠡᠭᠡᠪᠦᠷᠢ 》 ᠭᠤᠷᠪᠠᠨ ᠲᠠᠯ᠎ᠠ ᠵᠢᠨ ᠬᠠᠮᠵᠢᠯᠴᠠᠨ ᠬᠠᠮᠢᠶᠠᠷᠬᠤ ᠲᠣᠭᠲᠠᠴᠠ ᠵᠢ ᠪᠠᠶ᠋ᠢᠭᠤᠯᠬᠤ᠎ᠪᠠᠷ ᠭᠣᠣᠯᠳᠠᠯᠭ᠎ᠠ ᠪᠣᠯᠭ᠋ᠠᠵᠤ ᠂  ᠳᠣᠣᠷ᠎ᠠ ᠠᠭ᠋ᠠᠷ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠬᠤ᠎ᠪᠠᠷ ᠲᠦᠰᠢᠭ ᠪᠣᠯᠭ᠋ᠠᠵᠤ ᠂  ᠴᠡᠷᠢᠭ᠎ᠤᠨ ᠲᠠᠯ᠎ᠠ ᠂  ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ ᠪᠠ ᠬᠡᠷᠡᠭᠯᠡᠭᠴᠢᠳ᠎ᠤᠨ ᠳᠣᠣᠷ᠎ᠠ ᠠᠭ᠋ᠠᠷ᠎ᠤᠨ ᠨᠢᠰᠦᠯᠲᠡ ᠵᠢᠨ ᠬᠡᠷᠡᠭᠴᠡᠭᠡ ᠵᠢ ᠬᠠᠩᠭ᠋ᠠᠬᠤ᠎ᠪᠠᠷ ᠤᠳᠤᠷᠢᠳᠤᠮᠵᠢ ᠪᠣᠯᠭ᠋ᠠᠵᠤ ᠂  ᠳᠣᠣᠷ᠎ᠠ ᠠᠭ᠋ᠠᠷ᠎ᠤᠨ ᠣᠷᠣᠨ᠎ᠢ ᠬᠥᠳᠡᠯᠦᠩᠭᠦᠢ᠎ᠪᠠᠷ ᠬᠠᠮᠢᠶᠠᠷᠬᠤ ᠂  ᠠᠮᠢᠳᠤᠯᠢᠭ ᠵᠶ᠋ᠠᠷ ᠬᠡᠷᠡᠭᠯᠡᠬᠦ᠎ᠪᠠᠷ ᠵᠣᠷᠢᠯᠭ᠎ᠠ ᠪᠣᠯᠭ᠋ᠠᠵᠤ ᠂  ᠵᠠᠰᠠᠭ᠎ᠤᠨ ᠣᠷᠳᠣᠨ ᠵᠶ᠋ᠠᠷ ᠭᠣᠣᠯᠯᠠᠭᠤᠯᠬᠤ ᠂  ᠣᠯᠠᠨ ᠲᠠᠯ᠎ᠠ᠎ᠪᠠᠷ ᠬᠠᠮᠵᠢᠯᠴᠠᠬᠤ ᠂ ᠲᠥᠯᠦᠪᠵᠢᠭᠦᠯᠭᠡ᠎ᠪᠠᠷ ᠬᠥᠲᠥᠯᠥᠨ ᠵᠢᠯᠤᠭᠣᠳᠬᠤ ᠂  ᠬᠡᠷᠡᠭᠴᠡᠭᠡ ᠱᠠᠭ᠋ᠠᠷᠳᠠᠯᠭ᠎ᠠ᠎ᠪᠠᠷ ᠬᠥᠲᠥᠯᠥᠨ ᠳᠠᠭ᠋ᠠᠭᠤᠯᠬᠤ ᠂  ᠵᠠᠬ᠎ᠠ ᠳᠡᠯᠭᠡᠭᠦᠷᠴᠢᠯᠡᠨ ᠡᠵᠡᠩᠨᠡᠬᠦ ᠵᠠᠷᠴᠢᠮ ᠶᠣᠰᠣᠭ᠋ᠠᠷ ᠂  ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠪᠠ ᠰᠠᠭᠤᠷᠢ ᠪᠡᠯᠡᠳᠬᠡᠮᠵᠢ ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠪᠠᠢ᠌ᠷᠢᠰᠢᠭᠤᠯᠵᠤ ᠂  ᠳ᠋ᠠᠢ᠌ᠲ᠋ᠠ ᠵᠢᠨ ᠮᠡᠳᠡᠭᠡ ᠵᠠᠩᠭᠢ ᠵᠢᠨ ᠲᠠᠪᠴᠠᠩ᠎ᠢ ᠤᠷᠢᠳ ᠵᠶ᠋ᠠᠷ ᠪᠦᠲᠦᠭᠡᠨ ᠪᠠᠢ᠌ᠭᠤᠯᠵᠤ ᠂  ᠠᠵᠢᠯᠯᠠᠭ᠋ᠠᠨ᠎ᠤ ᠳᠦᠷᠢᠮ᠎ᠢ ᠵᠡᠷᠭᠡ᠎ᠳᠤ᠎ᠨᠢ ᠲᠡᠭᠦᠯᠳᠡᠷᠵᠢᠭᠦᠯᠦᠨ ᠂  ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠲᠦᠷᠭᠡᠳᠬᠡᠨ ᠪᠣᠢ᠌ᠵᠢᠭᠤᠯᠤᠨ᠎ᠠ ᠃ 2027 ᠣᠨ ᠪᠣᠯᠬᠤ᠎ᠳᠤ ᠂  ᠪᠥᠬᠥ ᠣᠷᠣᠨ᠎ᠤ ᠳᠣᠣᠷ᠎ᠠ ᠠᠭ᠋ᠠᠷ᠎ᠤᠨ ᠣᠷᠣᠨ᠎ᠢ  ᠭᠦᠢ᠍ᠴᠡᠳ ᠴᠢᠯᠦᠭᠡᠲᠡᠢ ᠪᠣᠯᠭ᠋ᠠᠵᠤ ᠂  ᠥᠨᠳᠥᠷ ᠪᠦᠲᠦᠮᠵᠢᠲᠡᠶ᠎ᠪᠠᠷ ᠠᠰᠢᠭᠯᠠᠨ ᠂  ᠳᠣᠣᠷ᠎ᠠ ᠠᠭ᠋ᠠᠷ᠎ᠤᠨ ᠨᠢᠰᠦᠯᠲᠡ ᠵᠢᠨ ᠰᠠᠭᠤᠷᠢ ᠪᠡᠯᠡᠳᠬᠡᠮᠵᠢ ᠵᠢ ᠪᠦᠲᠦᠮᠵᠢᠲᠡᠶ ᠬᠠᠮᠤᠷᠴᠤ ᠂  ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠥᠨᠳᠥᠷ ᠪᠦᠲᠦᠮᠵᠢᠲᠡᠶ ᠠᠵᠢᠯᠯᠠᠭᠤᠯᠤᠨ ᠂  ᠲᠣᠭᠲᠠᠭ᠋ᠠᠯ ᠳᠦᠷᠢᠮ᠎ᠢ ᠪᠦᠷᠢᠨᠰᠢᠭᠦᠯᠦᠨ ᠵᠢᠷᠤᠮᠵᠢᠭᠤᠯᠵᠤ ᠂ 《ᠴᠡᠷᠢᠭ ᠠᠩᠭᠢ ᠣᠷᠣᠨ ᠨᠤᠲᠤᠭ ᠠᠷᠠᠳ᠎ᠤᠨ ᠠᠭ᠋ᠠᠷ᠎ᠤᠨ ᠲᠡᠭᠡᠭᠡᠪᠦᠷᠢ 》 ᠭᠤᠷᠪᠠᠨ ᠲᠠᠯ᠎ᠠ ᠵᠢᠨ ᠳᠣᠣᠷ᠎ᠠ ᠠᠭ᠋ᠠᠷ᠎ᠤᠨ ᠣᠷᠣᠨ᠎ᠤ  ᠬᠠᠮᠵᠢᠯᠴᠠᠨ ᠬᠠᠮᠢᠶᠠᠷᠬᠤ ᠲᠣᠭᠲᠠᠯᠴᠠᠭ᠎ᠠ ᠵᠢ ᠦᠨᠳᠦᠰᠦᠨ᠎ᠳᠤ᠎ᠪᠠᠨ ᠲᠡᠭᠦᠯᠳᠡᠷᠵᠢᠭᠦᠯᠦᠨ᠎ᠡ ᠃ 

       ᠬᠣᠶᠠᠷ ᠂  ᠠᠵᠢᠯ᠎ᠤᠨ ᠡᠭᠦᠷᠭᠡ

     (ᠨᠢᠭᠡ ) 《ᠴᠡᠷᠢᠭ ᠠᠩᠭᠢ ᠣᠷᠣᠨ ᠨᠤᠲᠤᠭ ᠠᠷᠠᠳ᠎ᠤᠨ ᠠᠭ᠋ᠠᠷ᠎ᠤᠨ ᠲᠡᠭᠡᠭᠡᠪᠦᠷᠢ 》 ᠵᠢᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ᠎ᠠ ᠃  ᠴᠡᠷᠢᠭ᠎ᠤᠨ ᠲᠠᠯ᠎ᠠ ᠂  ᠣᠷᠣᠨ ᠨᠤᠲᠤᠭ᠎ᠤᠨ ᠵᠠᠰᠠᠭ᠎ᠤᠨ ᠣᠷᠳᠣᠨ ᠂  ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠰᠠᠯᠠᠭ᠎ᠠ ᠮᠥᠴᠢᠷ᠎ᠤᠨ ᠠᠭ᠋ᠠᠷ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠠᠷᠭ᠎ᠠ ᠪᠠᠷᠢᠯ᠎ᠤᠨ ᠪᠠᠢ᠌ᠭᠤᠯᠤᠯᠲᠠ ᠪᠠ ᠮᠡᠳᠡᠭᠡ ᠵᠠᠩᠭᠢ ᠵᠢᠨ ᠰᠣᠯᠢᠯᠴᠠᠭ᠎ᠠ ᠵᠢ ᠴᠢᠩᠭ᠋ᠠᠳᠬᠠᠵᠤ ᠂  ᠠᠭ᠋ᠠᠷ᠎ᠤᠨ ᠣᠷᠣᠨ᠎ᠢ ᠬᠠᠮᠢᠶᠠᠷᠴᠤ ᠵᠣᠬᠢᠴᠠᠭᠤᠯᠬᠤ ᠲᠣᠭᠲᠠᠴᠠ (ᠳᠣᠷᠣᠭᠰᠢ ᠵᠣᠬᠢᠴᠠᠭᠤᠯᠬᠤ ᠲᠣᠭᠲᠠᠴᠠ ᠭᠡᠵᠦ ᠲᠣᠪᠴᠢᠯᠠᠨ᠎ᠠ ) ᠵᠢ ᠪᠠᠢ᠌ᠭᠤᠯᠤᠨ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠎ᠠᠴᠠ ᠶᠡᠷᠦᠩᠬᠡᠢ ᠬᠤᠷᠠᠯᠳᠤᠭᠤᠯᠤᠭᠴᠢ ᠵᠢᠨ ᠲᠤᠰᠢᠶᠠᠯ᠎ᠢ ᠡᠭᠦᠷᠭᠡᠯᠡᠵᠦ ᠂  ᠳᠡᠳ᠋ ᠬᠤᠷᠠᠯᠳᠤᠭᠤᠯᠤᠭᠴᠢ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠦᠬᠦᠢ ᠳᠡᠳ᠋ ᠨᠠᠷᠢᠨ ᠪᠢᠴᠢᠭ᠎ᠤᠨ ᠳᠠᠷᠤᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠨᠠᠮ᠎ᠤᠨ ᠬᠣᠷᠢᠶᠠᠨ᠎ᠤ ᠴᠡᠷᠢᠭ ᠠᠷᠠᠳ᠎ᠤᠨ ᠬᠠᠮ ᠬᠥᠭᠵᠢᠭᠦᠯᠦᠯᠲᠡ ᠵᠢᠨ ᠬᠣᠷᠢᠶᠠᠨ᠎ᠤ ᠠᠯᠪᠠᠨ ᠭᠡᠷ ᠪᠠ ᠬᠣᠢ᠌ᠲᠤ ᠬᠡᠰᠡᠭ ᠂  ᠳᠤᠮᠳᠠ ᠬᠡᠰᠡᠭ ᠂  ᠪᠠᠷᠠᠭᠤᠨ ᠬᠡᠰᠡᠭ᠎ᠤᠨ ᠪᠠᠢ᠌ᠯᠳᠤᠭ᠋ᠠᠨ᠎ᠤ ᠲᠣᠭᠣᠷᠢᠭ᠎ᠤᠨ ᠠᠭ᠋ᠠᠷ᠎ᠤᠨ ᠴᠡᠷᠢᠭ᠎ᠤᠨ ᠱᠲ᠋ᠠᠪ᠎ᠤᠨ ᠭᠠᠵᠠᠷ ᠂  ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠤᠮᠠᠷᠠᠲᠤ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠲᠤᠰ ᠪᠦᠷᠢ 1  ᠤᠳᠤᠷᠢᠳᠤᠯᠭ᠎ᠠ᠎ᠠᠴᠠ ᠡᠭᠦᠷᠭᠡᠯᠡᠵᠦ ᠂  ᠳᠣᠣᠷ᠎ᠠ ᠠᠭ᠋ᠠᠷ᠎ᠤᠨ ᠣᠷᠣᠨ᠎ᠢ ᠬᠠᠮᠵᠢᠯᠴᠠᠨ ᠬᠠᠮᠢᠶᠠᠷᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ ᠂  ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠵᠢ ᠬᠠᠷᠢᠭᠤᠴᠠᠨ᠎ᠠ ᠃  ᠵᠣᠬᠢᠴᠠᠭᠤᠯᠬᠤ ᠲᠣᠭᠲᠠᠴᠠ ᠵᠢᠨ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠳᠤ ᠪᠠᠢ᠌ᠷᠢᠯᠠᠭᠤᠯᠵᠤ ᠂  ᠡᠳᠦᠷ ᠲᠤᠲᠤᠮ᠎ᠤᠨ ᠠᠵᠢᠯ ᠶᠠᠪᠤᠳᠠᠯ᠎ᠢ ᠬᠠᠷᠢᠭᠤᠴᠠᠨ᠎ᠠ ᠃  ᠡᠯ᠎ᠡ ᠠᠢ᠌ᠮᠠᠭ ᠬᠣᠲᠠ᠎ᠨᠢ 《ᠴᠡᠷᠢᠭ ᠠᠩᠭᠢ ᠣᠷᠣᠨ ᠨᠤᠲᠤᠭ ᠠᠷᠠᠳ᠎ᠤᠨ ᠠᠭ᠋ᠠᠷ᠎ᠤᠨ ᠲᠡᠭᠡᠭᠡᠪᠦᠷᠢ 》 ᠭᠤᠷᠪᠠᠨ ᠲᠠᠯ᠎ᠠ ᠵᠢᠨ ᠵᠣᠯᠭ᠋ᠠᠭᠤᠯᠬᠤ ᠲᠣᠭᠲᠠᠴᠠ ᠵᠢ ᠪᠠᠢ᠌ᠭᠤᠯᠵᠤ ᠪᠣᠯᠣᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠨᠠᠮ᠎ᠤᠨ ᠬᠣᠷᠢᠶᠠᠨ᠎ᠤ ᠴᠡᠷᠢᠭ ᠠᠷᠠᠳ᠎ᠤᠨ  ᠬᠠᠮ ᠬᠥᠭᠵᠢᠭᠦᠯᠦᠯᠲᠡ ᠵᠢᠨ ᠬᠣᠷᠢᠶᠠᠨ᠎ᠤ ᠠᠯᠪᠠᠨ ᠭᠡᠷ ᠃  ᠪᠡᠶᠡᠯᠡᠭᠦᠯᠬᠦ ᠴᠠᠭ ᠬᠤᠭᠤᠴᠠᠭ᠎ᠠ ᠄ 2024 ᠣᠨ᠎ᠤ 12 ᠳ᠋ᠤᠭ᠋ᠠᠷ ᠰᠠᠷ᠎ᠠ )

     (ᠬᠣᠶᠠᠷ ) ᠳᠣᠣᠷ᠎ᠠ ᠠᠭ᠋ᠠᠷ᠎ᠤᠨ ᠣᠷᠣᠨ᠎ᠢ ᠵᠦᠢ ᠵᠣᠬᠢᠰᠲᠠᠢ ᠬᠤᠪᠢᠶᠠᠷᠢᠯᠠᠨ ᠲᠣᠬᠢᠷᠠᠭᠤᠯᠤᠨ᠎ᠠ ᠃  ᠲᠥᠪ᠎ᠤᠨ ᠠᠭ᠋ᠠᠷ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠬᠣᠷᠢᠶᠠᠨ᠎ᠤ ᠠᠭ᠋ᠠᠷ᠎ᠤᠨ ᠣᠷᠣᠨ᠎ᠢ ᠲᠥᠷᠥᠯ ᠠᠩᠭᠢᠯᠠᠨ ᠬᠤᠪᠢᠶᠠᠷᠢᠯᠠᠨ ᠲᠣᠬᠢᠷᠠᠭᠤᠯᠬᠤ ᠵᠠᠷᠴᠢᠮ ᠶᠣᠰᠣᠭ᠋ᠠᠷ ᠂ 《ᠴᠡᠷᠢᠭ ᠠᠩᠭᠢ ᠣᠷᠣᠨ ᠨᠤᠲᠤᠭ ᠠᠷᠠᠳ 》᠎ᠤᠨ  ᠠᠭ᠋ᠠᠷ᠎ᠤᠨ ᠲᠡᠭᠡᠭᠡᠪᠦᠷᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠢᠭᠡᠳᠦᠯᠲᠡᠢ ᠲᠥᠯᠥᠪᠯᠡᠨ ᠂  ᠳᠣᠣᠷ᠎ᠠ ᠠᠭ᠋ᠠᠷ᠎ᠤᠨ ᠣᠷᠣᠨ᠎ᠤ ᠡᠬᠢ ᠪᠠᠶᠠᠯᠢᠭ᠎ᠢ ᠪᠠᠢ᠌ᠴᠠᠭ᠋ᠠᠨ ᠦᠨᠡᠯᠡᠨ ᠵᠢᠱ᠌ᠢᠬᠦ ᠵᠢ ᠥᠷᠨᠢᠭᠦᠯᠵᠦ ᠂  ᠬᠠᠮᠢᠶᠠᠷᠴᠤ ᠬᠡᠷᠡᠭᠯᠡᠵᠦ ᠪᠠᠢ᠌ᠭ᠎ᠠ ᠣᠳᠣᠬᠢ ᠪᠠᠢ᠌ᠳᠠᠯ ᠂  ᠬᠡᠷᠡᠭᠴᠡᠭᠡ ᠱᠠᠭ᠋ᠠᠷᠳᠠᠯᠭ᠎ᠠ ᠪᠠ ᠪᠠᠢ᠌ᠳᠠᠯ᠎ᠢ ᠲᠣᠳᠣᠷᠬᠠᠢ ᠣᠢ᠌ᠯᠠᠭ᠋ᠠᠨ ᠂  ᠳᠣᠣᠷ᠎ᠠ ᠠᠭ᠋ᠠᠷ᠎ᠤᠨ ᠣᠷᠣᠨ᠎ᠤ  ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ ᠂  ᠠᠳᠠᠯᠢ ᠪᠤᠰᠤ ᠠᠭ᠋ᠠᠷ᠎ᠤᠨ ᠣᠷᠣᠨ᠎ᠤ  ᠬᠠᠷᠢᠶᠠᠲᠤ ᠴᠢᠨᠠᠷ᠎ᠤᠨ ᠲᠥᠷᠥᠯ ᠢᠯᠭ᠋ᠠᠯ ᠂  ᠴᠢᠳᠠᠮᠵᠢ ᠵᠢᠨ ᠪᠠᠢ᠌ᠷᠢ ᠲᠣᠭᠲᠠᠭ᠋ᠠᠯᠲᠠ ᠵᠢ ᠲᠣᠳᠣᠷᠬᠠᠢ᠌ᠯᠠᠨ ᠂ 3000  ᠮᠧᠲᠷ᠎ᠠᠴᠠ ᠳᠣᠷᠣᠭᠰᠢᠬᠢ ᠥᠪᠡᠷᠲᠡᠭᠡᠨ ᠵᠠᠰᠠᠬᠤ ᠣᠷᠣᠨ᠎ᠤ ᠪᠥᠬᠥ ᠴᠠᠷᠠᠭ᠎ᠠ ᠵᠢᠨ ᠵᠠᠬᠢᠷᠤᠨ ᠬᠠᠮᠢᠶᠠᠷᠬᠤ ᠂  ᠬᠢᠨᠠᠨ ᠠᠵᠢᠭᠯᠠᠬᠤ ᠂  ᠮᠡᠳᠡᠭᠦᠯᠬᠦ ᠠᠭ᠋ᠠᠷ᠎ᠤᠨ ᠣᠷᠣᠨ᠎ᠢ ᠲᠥᠷᠥᠯ ᠠᠩᠭᠢᠯᠠᠨ ᠬᠤᠪᠢᠶᠠᠷᠢᠯᠠᠨ ᠲᠣᠬᠢᠷᠠᠭᠤᠯᠬᠤ ᠵᠢ ᠪᠡᠶᠡᠯᠡᠭᠦᠯᠵᠦ ᠂  ᠳᠣᠣᠷ᠎ᠠ ᠠᠭ᠋ᠠᠷ᠎ᠤᠨ ᠣᠷᠣᠨ᠎ᠤ ᠠᠶᠠᠯᠠᠯ᠎ᠤᠨ ᠱᠤᠭᠤᠮ᠎ᠢ ᠨᠠᠷᠢᠯᠢᠭ ᠬᠤᠪᠢᠶᠠᠷᠢᠯᠠᠨ   ᠲᠣᠬᠢᠷᠠᠭᠤᠯᠤᠨ᠎ᠠ ;  ᠠᠭ᠋ᠠᠷ᠎ᠤᠨ ᠣᠷᠣᠨ᠎ᠤ ᠡᠬᠢ ᠪᠠᠶᠠᠯᠢᠭ᠎ᠤᠨ ᠳᠠᠩᠰᠠ ᠡᠪᠬᠡᠮᠡᠯ᠎ᠢ ᠪᠠᠢ᠌ᠭᠤᠯᠵᠤ ᠂  ᠣᠷᠣᠨ ᠪᠦᠰᠡ ᠵᠢᠨ ᠳᠣᠲᠣᠷᠠᠬᠢ ᠳᠣᠣᠷ᠎ᠠ ᠠᠭ᠋ᠠᠷ᠎ᠤᠨ ᠨᠢᠰᠦᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠨᠠᠮ᠎ᠤᠨ ᠬᠣᠷᠢᠶᠠᠨ᠎ᠤ ᠴᠡᠷᠢᠭ ᠠᠷᠠᠳ᠎ᠤᠨ ᠬᠠᠮ ᠬᠥᠭᠵᠢᠭᠦᠯᠦᠯᠲᠡ ᠵᠢᠨ ᠬᠣᠷᠢᠶᠠᠨ᠎ᠤ ᠠᠯᠪᠠᠨ ᠭᠡᠷ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠃  ᠪᠡᠶᠡᠯᠡᠭᠦᠯᠬᠦ ᠴᠠᠭ ᠬᠤᠭᠤᠴᠠᠭ᠎ᠠ᠄ 2025 ᠣᠨ᠎ᠤ 12 ᠳ᠋ᠤᠭ᠋ᠠᠷ ᠰᠠᠷ᠎ᠠ )

      (ᠭᠤᠷᠪᠠ ) ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ ᠪᠠᠢ᠌ᠭᠤᠯᠤᠨ᠎ᠠ ᠃  ᠪᠥᠬᠥ ᠣᠷᠣᠨ᠎ᠤ ᠳᠣᠣᠷ᠎ᠠ ᠠᠭ᠋ᠠᠷ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ ᠵᠢᠴᠢ ᠠᠵᠢᠯᠯᠠᠭ᠋ᠠᠨ᠎ᠤ ᠬᠠᠮᠢᠶᠠᠷᠤᠯᠲᠠ ᠂  ᠨᠢᠰᠦᠯᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠂  ᠴᠢᠮᠡᠭᠡ ᠬᠣᠯᠪᠣᠭ᠎ᠠ ᠵᠢᠨ ᠬᠢᠨᠠᠯᠲᠠ ᠵᠡᠷᠭᠡ 3 ᠳᠡᠮᠵᠢᠬᠦ ᠰᠢᠰᠲ᠋ᠧᠮ᠎ᠢ ᠪᠠᠢ᠌ᠭᠤᠯᠵᠤ ᠂  ᠴᠡᠷᠢᠭ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠦᠯᠲᠡ ᠵᠢᠨ ᠬᠠᠮᠢᠶᠠᠷᠤᠯᠲᠠ ᠂  ᠴᠢᠮᠡᠭᠡ ᠮᠡᠳᠡᠭᠡ ᠂  ᠠᠭ᠋ᠠᠷ᠎ᠤᠨ ᠠᠶᠠᠯᠠᠯ᠎ᠤᠨ ᠴᠠᠭ ᠠᠭᠤᠷ ᠵᠡᠷᠭᠡ ᠰᠢᠰᠲ᠋ᠧᠮ᠎ᠢ ᠬᠣᠯᠪᠤᠭ᠋ᠠᠯᠠᠨ ᠨᠠᠪᠲᠠᠷᠡᠭᠦᠯᠵᠦ ᠂  ᠳᠣᠣᠷ᠎ᠠ ᠠᠭ᠋ᠠᠷ᠎ᠤᠨ ᠨᠢᠰᠦᠯᠲᠡ ᠵᠢᠨ ᠡᠯ᠎ᠡ ᠰᠠᠯᠠᠭ᠎ᠠ ᠮᠥᠴᠢᠷ   ᠨᠢᠭᠡᠴᠢ ᠂  ᠡᠯ᠎ᠡ ᠭᠣᠭᠴᠣᠭ᠎ᠠ ᠵᠢ ᠨᠠᠪᠲᠠᠷᠡᠭᠦᠯᠵᠦ ᠂  ᠳᠣᠣᠷ᠎ᠠ ᠠᠭ᠋ᠠᠷ᠎ᠤᠨ ᠨᠢᠰᠦᠯᠲᠡ ᠵᠢᠨ 《ᠨᠢᠭᠡ ᠴᠣᠩᠬᠣ᠎ᠪᠠᠷ ᠭᠥᠯᠢᠶᠡᠨ ᠠᠪᠴᠤ ᠰᠢᠢ᠍ᠳᠪᠦᠷᠢᠯᠡᠨ ᠂  ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ 》 ᠵᠢ  ᠪᠡᠶᠡᠯᠡᠭᠦᠯᠵᠦ ᠂  ᠴᠡᠷᠢᠭ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠨᠢᠭᠡᠴᠢ ᠪᠠ ᠳᠣᠣᠷ᠎ᠠ ᠠᠭ᠋ᠠᠷ᠎ᠤᠨ ᠬᠡᠷᠡᠭᠯᠡᠭᠴᠢᠳ᠎ᠲᠤ ᠬᠢᠨᠠᠨ ᠵᠥᠪᠰᠢᠶᠡᠷᠡᠭᠦᠯᠵᠦ ᠮᠡᠳᠡᠭᠦᠯᠦᠨ ᠳᠠᠩᠰᠠᠯᠠᠭᠤᠯᠬᠤ ᠵᠢ ᠲᠥᠪᠯᠡᠷᠡᠭᠦᠯᠦᠨ ᠭᠦᠢ᠍ᠴᠡᠳᠬᠡᠵᠦ ᠂  ᠴᠢᠮᠡᠭᠡ ᠬᠣᠯᠪᠣᠭ᠎ᠠ ᠵᠢ ᠬᠢᠨᠠᠨ ᠠᠵᠢᠭᠯᠠᠬᠤ ᠂  ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠂  ᠵᠢᠯᠣᠭᠣᠴᠢ ᠦᠭᠡᠢ ᠨᠢᠰᠬᠡᠯ ᠵᠶ᠋ᠠᠷ ᠬᠢᠨᠠᠨ ᠬᠠᠮᠢᠶᠠᠷᠬᠤ ᠵᠡᠷᠭᠡ ᠨᠢᠭᠡ ᠴᠣᠭᠴᠠᠵᠢᠭᠤᠯᠤᠭᠰᠠᠨ ᠨᠢᠰᠦᠯᠲᠡ ᠵᠢᠨ ᠦᠢ᠍ᠯᠡᠴᠢᠯᠡᠭᠡ ᠵᠢ ᠬᠠᠩᠭ᠋ᠠᠵᠤ ᠂  ᠳᠣᠣᠷ᠎ᠠ ᠠᠭ᠋ᠠᠷ᠎ᠤᠨ ᠣᠷᠣᠨ᠎ᠤ ᠬᠡᠷᠡᠭᠯᠡᠯᠲᠡ ᠵᠢᠨ ᠪᠠᠢ᠌ᠳᠠᠯ᠎ᠢ ᠴᠠᠭ ᠲᠤᠬᠠᠢ᠎ᠳᠤ᠎ᠨᠢ ᠬᠠᠮᠲᠤ᠎ᠪᠠᠷ  ᠬᠦᠷᠲᠡᠵᠦ ᠂  ᠠᠭ᠋ᠠᠷ᠎ᠤᠨ ᠣᠷᠣᠨ ᠂  ᠠᠭ᠋ᠠᠷ᠎ᠤᠨ ᠠᠶᠠᠯᠠᠯ᠎ᠤᠨ ᠱᠤᠭᠤᠮ᠎ᠢ ᠨᠢᠭᠡᠳᠦᠯᠲᠡᠢ ᠬᠤᠪᠢᠶᠠᠷᠢᠯᠠᠵᠤ ᠂  ᠳᠣᠣᠷ᠎ᠠ ᠠᠭ᠋ᠠᠷ᠎ᠤᠨ ᠣᠷᠣᠨ᠎ᠢ ᠠᠳᠠᠯᠢ ᠪᠤᠰᠤ ᠴᠠᠭ ᠂  ᠠᠳᠠᠯᠢ ᠪᠤᠰᠤ ᠥᠨᠳᠥᠷᠴᠡ᠎ᠳᠤ  ᠠᠮᠢᠳᠤᠯᠢᠭ ᠵᠶ᠋ᠠᠷ  ᠰᠣᠯᠢᠬᠤ ᠵᠢ ᠪᠡᠶᠡᠯᠡᠭᠦᠯᠦᠨ᠎ᠡ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠨᠠᠮ᠎ᠤᠨ ᠬᠣᠷᠢᠶᠠᠨ᠎ᠤ ᠴᠡᠷᠢᠭ ᠠᠷᠠᠳ᠎ᠤᠨ ᠬᠠᠮ ᠬᠥᠭᠵᠢᠭᠦᠯᠦᠯᠲᠡ ᠵᠢᠨ ᠬᠣᠷᠢᠶᠠᠨ᠎ᠤ ᠠᠯᠪᠠᠨ ᠭᠡᠷ ᠃  ᠪᠡᠶᠡᠯᠡᠭᠦᠯᠬᠦ ᠴᠠᠭ ᠬᠤᠭᠤᠴᠠᠭ᠎ᠠ᠄ 2025 ᠣᠨ᠎ᠤ 12 ᠳ᠋ᠤᠭ᠋ᠠᠷ ᠰᠠᠷ᠎ᠠ )

      (ᠳᠥᠷᠪᠡ ) ᠰᠠᠭᠤᠷᠢ ᠪᠡᠯᠡᠳᠬᠡᠮᠵᠢ ᠵᠢ ᠯᠠᠪᠳᠠᠭᠤᠨ ᠪᠠᠲᠤᠲᠠᠢ ᠪᠥᠭᠡᠳ ᠡᠮᠬᠢ ᠵᠢᠷᠤᠮ᠎ᠲᠠᠢ ᠪᠠᠢ᠌ᠷᠢᠰᠢᠭᠤᠯᠤᠨ᠎ᠠ ᠃  ᠳᠣᠣᠷ᠎ᠠ ᠠᠭ᠋ᠠᠷ᠎ᠤᠨ ᠰᠠᠭᠤᠷᠢ ᠪᠡᠯᠡᠳᠬᠡᠮᠵᠢ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ ᠂  ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ ᠂  ᠨᠢᠰᠦᠯᠲᠡ ᠵᠢᠨ ᠦᠢ᠍ᠯᠡᠴᠢᠯᠡᠭᠡᠨ᠎ᠤ ᠥᠷᠲᠡᠭᠡ ᠂  ᠵᠢᠯᠣᠭᠣᠴᠢ ᠦᠭᠡᠢ ᠨᠢᠰᠬᠡᠯ᠎ᠤᠨ ᠨᠢᠰᠴᠦ ᠭᠠᠵᠠᠷᠳᠠᠬᠤ ᠲᠠᠯᠠᠪᠤᠷ ᠵᠡᠷᠭᠡ ᠪᠡᠯᠡᠳᠬᠡᠮᠵᠢ ᠵᠢ ᠡᠮᠬᠢ ᠵᠢᠷᠤᠮ᠎ᠲᠠᠢ ᠪᠦᠲᠦᠭᠡᠨ ᠪᠠᠢ᠌ᠭᠤᠯᠵᠤ ᠂  ᠳᠣᠣᠷ᠎ᠠ ᠠᠭ᠋ᠠᠷ᠎ᠤᠨ ᠨᠢᠰᠦᠭᠦᠷ᠎ᠤᠨ ᠨᠢᠰᠴᠦ ᠭᠠᠵᠠᠷᠳᠠᠬᠤ ᠬᠡᠷᠡᠭᠴᠡᠭᠡ ᠵᠢ ᠬᠠᠩᠭ᠋ᠠᠨ᠎ᠠ ᠃  ᠪᠠᠯᠠᠢ ᠣᠷᠣᠨ᠎ᠳᠤ  ᠳᠣᠬᠢᠶ᠎ᠠ ᠨᠥᠬᠥᠪᠦᠷᠢᠯᠡᠬᠦ ᠪᠡᠯᠡᠳᠬᠡᠮᠵᠢ ᠵᠢᠨ ᠲᠣᠭ᠎ᠠ ᠬᠡᠮᠵᠢᠶ᠎ᠡ ᠪᠠ ᠣᠷᠣᠨ ᠪᠠᠢ᠌ᠷᠢ ᠵᠢ ᠲᠣᠳᠣᠷᠬᠠᠢ ᠣᠢ᠌ᠯᠠᠭ᠋ᠠᠵᠤ ᠂  ᠳᠣᠬᠢᠭᠤᠷ ᠲᠤᠯᠤᠭ᠋ᠠᠨ ᠣᠲᠣ ᠵᠢᠨ ᠳ᠋ᠠᠢ᠌ᠲ᠋ᠠ ᠵᠢᠨ ᠬᠡᠯᠬᠢᠶ᠎ᠡ ᠂ 5G ᠂ 5G–A  ᠵᠡᠷᠭᠡ ᠴᠢᠮᠡᠭᠡ ᠬᠣᠯᠪᠣᠭ᠋ᠠᠨ᠎ᠤ ᠮᠡᠷᠭᠡᠵᠢᠯ᠎ᠢ ᠠᠰᠢᠭᠯᠠᠨ ᠂  ᠴᠢᠮᠡᠭᠡ ᠬᠣᠯᠪᠣᠭ᠎ᠠ ᠂  ᠠᠶᠠᠯᠠᠯ ᠵᠠᠯᠠᠬᠤ ᠂  ᠬᠢᠨᠠᠨ ᠠᠵᠢᠭᠯᠠᠬᠤ ᠂  ᠳᠣᠣᠷ᠎ᠠ ᠠᠭ᠋ᠠᠷ᠎ᠤᠨ ᠴᠠᠭ ᠠᠭᠤᠷ ᠵᠡᠷᠭᠡ ᠮᠡᠳᠡᠭᠡ ᠵᠠᠩᠭᠢ ᠵᠢᠨ ᠰᠠᠭᠤᠷᠢ ᠪᠡᠯᠡᠳᠬᠡᠮᠵᠢ ᠵᠢ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠰᠢᠭᠤᠯᠤᠨ ᠪᠦᠲᠦᠭᠡᠨ ᠪᠠᠢ᠌ᠭᠤᠯᠵᠤ ᠂  ᠬᠡᠷᠡᠭᠴᠡᠭᠡ ᠶᠣᠰᠣᠭ᠋ᠠᠷ ᠳᠣᠣᠷ᠎ᠠ ᠠᠭ᠋ᠠᠷ᠎ᠲᠠᠬᠢ ᠴᠢᠮᠡᠭᠡ ᠬᠣᠯᠪᠣᠭ᠎ᠠ ᠂  ᠠᠶᠠᠯᠠᠯ ᠵᠠᠯᠠᠬᠤ ᠂  ᠬᠢᠨᠠᠨ ᠠᠵᠢᠭᠯᠠᠬᠤ ᠵᠢ ᠪᠦᠲᠦᠮᠵᠢᠲᠡᠶ ᠪᠦᠷᠬᠦᠭᠦᠯᠬᠦ ᠵᠢ ᠪᠡᠶᠡᠯᠡᠭᠦᠯᠦᠨ᠎ᠡ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠂  ᠨᠠᠮ᠎ᠤᠨ ᠬᠣᠷᠢᠶᠠᠨ᠎ᠤ ᠴᠡᠷᠢᠭ ᠠᠷᠠᠳ᠎ᠤᠨ ᠬᠠᠮ ᠬᠥᠭᠵᠢᠭᠦᠯᠦᠯᠲᠡ ᠵᠢᠨ ᠬᠣᠷᠢᠶᠠᠨ᠎ᠤ ᠠᠯᠪᠠᠨ ᠭᠡᠷ ᠂  ᠥᠪᠥᠷ ᠮᠣᠩᠭᠣᠯ᠎ᠤᠨ ᠴᠢᠮᠡᠭᠡ ᠬᠣᠯᠪᠣᠭ᠎ᠠ ᠵᠢᠨ ᠬᠠᠮᠢᠶᠠᠷᠤᠯᠲᠠ ᠵᠢᠨ ᠲᠣᠪᠴᠢᠶ᠎ᠠ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠃  ᠪᠡᠶᠡᠯᠡᠭᠦᠯᠬᠦ ᠴᠠᠭ ᠬᠤᠭᠤᠴᠠᠭ᠎ᠠ᠄ 2026  ᠣᠨ᠎ᠤ 12 ᠳ᠋ᠤᠭ᠋ᠠᠷ ᠰᠠᠷ᠎ᠠ )

      (ᠲᠠᠪᠤ ) ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠠᠵᠢᠯᠯᠠᠨ ᠡᠵᠡᠩᠨᠡᠬᠦ ᠬᠡᠪ ᠵᠠᠭᠪᠤᠷ᠎ᠢ ᠪᠠᠢ᠌ᠭᠤᠯᠤᠨ᠎ᠠ ᠃  ᠲᠤᠰᠬᠠᠢ ᠡᠵᠡᠩᠨᠡᠯᠲᠡ ᠬᠠᠮᠢᠶᠠᠷᠤᠯᠲᠠ ᠵᠢᠨ ᠪᠠᠢ᠌ᠭᠤᠯᠤᠮᠵᠢ ᠵᠢ ᠵᠣᠬᠢᠶᠠᠨ ᠪᠠᠢ᠌ᠭᠤᠯᠵᠤ ᠂  ᠳᠣᠣᠷ᠎ᠠ ᠠᠭ᠋ᠠᠷ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠠᠵᠢᠯᠯᠠᠭᠤᠯᠤᠨ ᠬᠠᠮᠠᠭ᠋ᠠᠯᠠᠬᠤ ᠵᠢ ᠬᠠᠷᠢᠭᠤᠴᠠᠨ᠎ᠠ ᠃  ᠵᠠᠬ᠎ᠠ ᠳᠡᠯᠭᠡᠭᠦᠷᠴᠢᠯᠡᠭᠰᠡᠨ ᠲᠣᠭᠲᠠᠴᠠ ᠵᠢ ᠭᠦᠢ᠍ᠴᠡᠳ ᠠᠰᠢᠭᠯᠠᠵᠤ ᠂  ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠪᠡᠯᠡ ᠣᠷᠣᠭᠤᠯᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ  ᠣᠷᠣᠯᠴᠠᠬᠤ ᠵᠢ ᠵᠣᠷᠢᠭᠵᠢᠭᠤᠯᠤᠨ᠎ᠠ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠃  ᠪᠡᠶᠡᠯᠡᠭᠦᠯᠬᠦ ᠴᠠᠭ ᠬᠤᠭᠤᠴᠠᠭ᠎ᠠ᠄ 2025  ᠣᠨ᠎ᠤ 6 ᠳ᠋ᠤᠭ᠋ᠠᠷ ᠰᠠᠷ᠎ᠠ )

      (ᠵᠢᠷᠭᠤᠭ᠎ᠠ ) ᠣᠷᠣᠨ ᠨᠤᠲᠤᠭ᠎ᠤᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠎ᠠ ᠃  ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ  ᠬᠠᠮᠵᠢᠯᠴᠠᠨ ᠠᠵᠢᠯᠯᠠᠬᠤ ᠳᠦᠷᠢᠮ ᠂  ᠵᠢᠯᠣᠭᠣᠴᠢ ᠦᠭᠡᠢ ᠨᠢᠰᠬᠡᠯ᠎ᠤᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠵᠡᠷᠭᠡ ᠬᠠᠤᠯᠢ ᠲᠣᠭᠲᠠᠭ᠋ᠠᠯ ᠳᠦᠷᠢᠮ᠎ᠢ ᠨᠡᠢ᠌ᠲᠡᠯᠡᠬᠦ ᠵᠢ ᠠᠬᠢᠭᠤᠯᠵᠤ ᠂  ᠳᠣᠣᠷ᠎ᠠ ᠠᠭ᠋ᠠᠷ᠎ᠤᠨ ᠣᠷᠣᠨ᠎ᠤ  ᠬᠠᠮᠢᠶᠠᠷᠤᠯᠲᠠ ᠦᠢ᠍ᠯᠡᠴᠢᠯᠡᠭᠡ᠎ᠳᠤ ᠳᠦᠷᠢᠮ᠎ᠤᠨ ᠪᠠᠲᠤᠯᠠᠭ᠎ᠠ ᠬᠠᠩᠭ᠋ᠠᠨ᠎ᠠ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠃  ᠪᠡᠶᠡᠯᠡᠭᠦᠯᠬᠦ ᠴᠠᠭ ᠬᠤᠭᠤᠴᠠᠭ᠎ᠠ᠄ 2025  ᠣᠨ 12 ᠳ᠋ᠤᠭ᠋ᠠᠷ ᠰᠠᠷ᠎ᠠ )

       ᠭᠤᠷᠪᠠ ᠂  ᠪᠠᠲᠤᠯᠠᠭ᠎ᠠ ᠵᠢᠨ ᠠᠷᠭ᠎ᠠ ᠬᠡᠮᠵᠢᠶ᠎ᠡ

        ᠵᠣᠬᠢᠶᠠᠨ ᠪᠠᠢ᠌ᠭᠤᠯᠤᠨ ᠤᠳᠤᠷᠢᠳᠬᠤ ᠵᠢ ᠴᠢᠩᠭ᠋ᠠᠳᠬᠠᠵᠤ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠎ᠪᠠᠷ ᠲᠦᠷᠦᠭᠦᠯᠡᠭᠦᠯᠦᠨ ᠂  ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠨᠠᠮ᠎ᠤᠨ ᠬᠣᠷᠢᠶᠠᠨ᠎ᠤ ᠴᠡᠷᠢᠭ ᠠᠷᠠᠳ᠎ᠤᠨ ᠬᠠᠮ ᠬᠥᠭᠵᠢᠭᠦᠯᠦᠯᠲᠡ ᠵᠢᠨ ᠬᠣᠷᠢᠶᠠᠨ᠎ᠤ ᠠᠯᠪᠠᠨ ᠭᠡᠷ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠬᠠᠮᠲᠤ᠎ᠪᠠᠷ  ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠠᠵᠢᠯ᠎ᠤᠨ ᠲᠤᠰᠬᠠᠢ ᠠᠩᠭᠢ ᠵᠢ ᠪᠠᠢ᠌ᠭᠤᠯᠵᠤ ᠂  ᠴᠡᠷᠢᠭ ᠠᠩᠭᠢ ᠂  ᠠᠷᠠᠳ᠎ᠤᠨ ᠠᠭ᠋ᠠᠷ᠎ᠤᠨ ᠲᠡᠭᠡᠭᠡᠪᠦᠷᠢ᠎ᠯᠦᠭᠡ ᠨᠡᠪᠲᠡᠷᠡᠯᠴᠡᠨ ᠵᠣᠯᠭ᠋ᠠᠭᠤᠯᠬᠤ ᠵᠢ ᠬᠠᠷᠢᠭᠤᠴᠠᠨ ᠂ 《ᠴᠡᠷᠢᠭ ᠠᠩᠭᠢ ᠣᠷᠣᠨ ᠨᠤᠲᠤᠭ ᠠᠷᠠᠳ᠎ᠤᠨ ᠠᠭ᠋ᠠᠷ᠎ᠤᠨ ᠲᠡᠭᠡᠭᠡᠪᠦᠷᠢ 》 ᠵᠢᠨ ᠵᠣᠬᠢᠴᠠᠭᠤᠯᠬᠤ ᠲᠣᠭᠲᠠᠴᠠ ᠪᠠᠶ᠋ᠢᠭᠤᠯᠬᠤ ᠵᠢ ᠠᠬᠢᠭᠤᠯᠤᠨ᠎ᠠ ;  ᠳᠣᠣᠷ᠎ᠠ ᠠᠭ᠋ᠠᠷ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢ ᠵᠢᠯᠣᠭᠣᠳᠤᠨ ᠪᠠᠶ᠋ᠢᠭᠤᠯᠤᠨ᠎ᠠ ;  ᠳᠣᠣᠷ᠎ᠠ ᠠᠭ᠋ᠠᠷ᠎ᠤᠨ ᠣᠷᠣᠨ ᠪᠠ ᠰᠠᠭᠤᠷᠢ ᠪᠡᠯᠡᠳᠬᠡᠮᠵᠢ ᠵᠢᠨ ᠲᠥᠯᠦᠪᠵᠢᠭᠦᠯᠭᠡ ᠵᠢ ᠵᠢᠯᠣᠭᠣᠳᠤᠨ ᠨᠠᠢ᠌ᠷᠠᠭᠤᠯᠤᠨ ᠵᠣᠬᠢᠶᠠᠵᠤ ᠂  ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠡᠮᠬᠢ ᠵᠢᠷᠤᠮ᠎ᠲᠠᠢ᠎ᠪᠠᠷ ᠠᠬᠢᠭᠤᠯᠤᠨ᠎ᠠ ᠃  ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠷᠠᠭᠤᠯᠵᠤ ᠂  ᠣᠨ᠎ᠤ ᠡᠭᠦᠷᠭᠡ ᠵᠢᠨ ᠲᠣᠳᠣᠷᠬᠠᠢ ᠬᠠᠭᠤᠳᠠᠰᠤ ᠵᠢ ᠲᠣᠭᠲᠠᠭ᠋ᠠᠨ ᠂  ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ ᠂  ᠠᠬᠢᠴᠠ ᠵᠢᠨ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠨ ᠂  ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠤᠨ᠎ᠠ ᠃  ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠵᠤ ᠂  ᠰᠢᠭᠤᠳ ᠨᠥᠬᠥᠪᠦᠷᠢ ᠥᠭᠬᠦ ᠂  ᠵᠢᠭᠡᠯᠡᠯᠭᠡ᠎ᠳᠤ ᠳᠠᠮ ᠬᠦᠦ ᠥᠭᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠂  ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ ᠂  ᠨᠢᠰᠦᠯᠲᠡ ᠵᠢᠨ ᠦᠢ᠍ᠯᠡᠴᠢᠯᠡᠭᠡᠨ᠎ᠤ ᠥᠷᠲᠡᠭᠡ ᠂  ᠵᠢᠯᠣᠭᠣᠴᠢ ᠦᠭᠡᠢ ᠨᠢᠰᠬᠡᠯ᠎ᠤᠨ ᠨᠢᠰᠴᠦ   ᠭᠠᠵᠠᠷᠳᠠᠬᠤ ᠲᠠᠯᠠᠪᠤᠷ ᠵᠡᠷᠭᠡ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠴᠢ ᠲᠠᠰ ᠳᠡᠪᠰᠢᠭᠦᠯᠦᠨ ᠥᠭᠡᠷᠡᠴᠢᠯᠡᠬᠦ ᠠᠵᠢᠯ᠎ᠢ ᠳᠡᠮᠵᠢᠨ᠎ᠡ ᠃  ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠵᠶ᠋ᠡᠷ ᠬᠥᠲᠥᠯᠥᠨ ᠳᠠᠭ᠋ᠠᠭᠤᠯᠬᠤ ᠵᠢ ᠴᠢᠩᠭ᠋ᠠᠷᠠᠭᠤᠯᠵᠤ ᠂  ᠲᠣᠮᠣ ᠳ᠋ᠠᠢ᠌ᠲ᠋ᠠ ᠂  ᠵᠣᠬᠢᠶᠠᠮᠠᠯ ᠣᠶᠤᠨ ᠵᠡᠷᠭᠡ ᠮᠡᠷᠭᠡᠵᠢᠯ᠎ᠤᠨ ᠬᠡᠷᠡᠭᠯᠡᠭᠡᠨ᠎ᠢ ᠴᠢᠩᠭ᠋ᠠᠳᠬᠠᠨ ᠂  ᠳᠣᠣᠷ᠎ᠠ ᠠᠭ᠋ᠠᠷ᠎ᠤᠨ ᠬᠦᠷᠢᠶᠡᠨ᠎ᠳᠠᠬᠢ ᠮᠡᠷᠭᠡᠵᠢᠯ᠎ᠤᠨ ᠲᠠᠰ ᠳᠡᠪᠰᠢᠬᠦ ᠂  ᠦᠷ᠎ᠡ ᠪᠦᠲᠦᠭᠡᠯ᠎ᠢ ᠤᠯᠠᠷᠢᠭᠤᠯᠬᠤ ᠵᠢ ᠲᠦᠷᠭᠡᠳᠬᠡᠨ᠎ᠡ ᠃  ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠶᠡᠬᠡ ᠳᠡᠭᠡᠳᠦ ᠰᠤᠷᠭ᠋ᠠᠭᠤᠯᠢ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ ᠵᠢ ᠵᠣᠷᠢᠭᠵᠢᠭᠤᠯᠵᠤ ᠪᠠᠢ᠌ᠭ᠋ᠠᠳ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠬᠢᠴᠢᠶᠡᠯ ᠨᠡᠭᠡᠭᠡᠵᠦ ᠂  ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠵᠢ ᠠᠭᠤᠰᠤᠯᠴᠠᠭᠤᠯᠤᠨ ᠂  ᠠᠵᠤ ᠠᠬᠤᠢ᠌ᠯᠠᠯ᠎ᠢ ᠳᠡᠮᠵᠢᠵᠦ ᠪᠠᠢ᠌ᠭ᠋ᠠᠳ ᠳᠣᠣᠷ᠎ᠠ ᠠᠭ᠋ᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠢ ᠡᠭᠦᠷᠭᠡᠯᠡᠭᠦᠯᠵᠦ ᠂  ᠠᠵᠢᠯᠲᠠᠨ᠎ᠤ ᠪᠣᠯᠪᠠᠰᠤᠷᠠᠯ᠎ᠢ ᠥᠷᠨᠢᠭᠦᠯᠦᠨ ᠂  ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠪᠣᠶ ᠪᠣᠯᠭ᠋ᠠᠨ᠎ᠠ ᠃

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

      2024 ᠣᠨ᠎ᠤ 11 ᠳ᠋ᠦ᠍ᠭᠡᠷ ᠰᠠᠷ᠎ᠠ ᠵᠢᠨ 12᠎ᠤ ᠡᠳᠦᠷ ᠳᠠᠷᠤᠮᠠᠯᠯᠠᠨ ᠲᠠᠷᠬᠠᠭ᠋ᠠᠪᠠ

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ