ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
ᠥᠪᠥᠷ ᠵᠠᠰᠠᠭ ᠠᠯᠪᠠᠨ ᠦᠰᠦᠭ [2024] 66 ᠳ᠋ᠤᠭ᠋ᠠᠷ ᠲᠣᠭ᠋ᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠣᠷᠠᠳᠤ ᠱᠠᠲᠤ ᠤᠷᠤᠭᠤ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠠᠷᠭ᠎ᠠ》 ᠵᠢᠨ ᠬᠣᠯᠪᠣᠭᠳᠠᠯ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠡᠳ᠋᠎ᠤᠨ ᠵᠠᠰᠠᠭ᠎ᠤᠨ ᠬᠦᠷᠢᠶ᠎ᠡ ᠴᠠᠷᠠᠭ᠋ᠠᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠦᠨ᠂ 《ᠬᠡᠨ ᠭᠣᠣᠯᠴᠢᠯᠠᠨ ᠬᠠᠮᠢᠶᠠᠷᠪᠠᠯ᠂ ᠲᠡᠷᠡ ᠬᠤᠪᠢᠶᠠᠷᠢᠯᠠᠬᠤ ᠪᠠ ᠬᠠᠷᠢᠭᠤᠴᠠᠬᠤ》 ᠵᠠᠷᠴᠢᠮ ᠵᠶ᠋ᠠᠷ᠂ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠲᠠᠯ᠎ᠠ᠎ᠳᠠᠬᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠠ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠡᠷᠬᠡ ᠬᠠᠷᠢᠭᠤᠴᠠᠯᠭ᠎ᠠ ᠵᠢᠨ ᠬᠠᠷᠢᠴᠠᠭ᠎ᠠ ᠵᠢ ᠲᠣᠳᠣᠷᠬᠠᠢ ᠪᠣᠯᠭ᠋ᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠣᠷᠠᠳᠤ ᠱᠠᠲᠤ ᠤᠷᠤᠭᠤ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ [2016] 134 ᠳ᠋ᠦ᠍ᠭᠡᠷ ᠲᠣᠭ᠋ᠠᠲᠤ᠂ ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢᠨ ᠬᠣᠯᠪᠣᠭᠳᠠᠯ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ᠎ᠪᠠᠷ ᠲᠣᠭᠲᠠᠵᠤ᠂ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠃
ᠨᠢᠭᠡ᠂ ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠲᠣᠰ ᠰᠠᠯᠠᠭ᠎ᠠ ᠮᠥᠴᠢᠷ᠎ᠤᠨ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠭᠣᠣᠯ ᠴᠣᠭᠴᠠ ᠪᠠᠢ᠌ᠵᠤ᠂ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠭᠦᠭᠰᠡᠨ ᠪᠡᠯᠡ ᠮᠥᠩᠭᠥ ᠵᠢᠨ ᠭᠦᠢ᠍ᠴᠡᠳᠭᠡᠯᠲᠡ ᠪᠠ ᠲᠥᠷᠥᠯ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠪᠡᠯᠡ ᠮᠥᠩᠭᠥ ᠵᠢ ᠳᠣᠷᠣᠭᠰᠢ ᠪᠠᠭᠤᠯᠭ᠋ᠠᠬᠤ ᠪᠠ ᠰᠠᠯᠭ᠋ᠠᠨ ᠥᠭᠬᠦ ᠠᠵᠢᠯ᠎ᠢ ᠬᠠᠷᠢᠭᠤᠴᠠᠨ᠎ᠠ ᠭᠡᠵᠦ ᠲᠣᠳᠣᠷᠬᠠᠢ ᠲᠣᠭᠲᠠᠭ᠋ᠠᠪᠠ᠃ 《ᠠᠷᠭ᠎ᠠ》 ᠵᠢᠨ ᠳᠥᠷᠪᠡᠳᠦᠭᠡᠷ ᠵᠦᠢ᠍ᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ᠄
(ᠨᠢᠭᠡ) ᠬᠣᠶᠠᠳᠤᠭ᠋ᠠᠷ ᠵᠤᠷᠪᠤᠰ᠎ᠤᠨ 《ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠶᠡᠷᠦᠩᠬᠡᠢ ᠬᠠᠮᠢᠶᠠᠷᠤᠯᠲᠠ ᠵᠢᠨ ᠳᠦᠷᠢᠮ᠎ᠢ ᠲᠤᠭᠤᠷᠪᠢᠨ ᠲᠣᠭᠲᠠᠭ᠋ᠠᠬᠤ ᠵᠢ ᠬᠠᠷᠢᠭᠤᠴᠠᠵᠤ᠂ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠬᠤ ᠪᠤᠶᠤ ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠬᠠᠮᠲᠤᠷᠠᠵᠤ ᠲᠣᠭᠲᠠᠭ᠋ᠠᠨ᠎ᠠ; ᠲᠤᠰᠬᠠᠶ ᠵᠦᠢ᠍ᠯ ᠵᠶ᠋ᠠᠷ ᠰᠢᠯᠵᠢᠭᠦᠯᠦᠨ ᠥᠭᠬᠦ ᠵᠢ ᠲᠣᠭᠲᠠᠭ᠋ᠠᠬᠤ᠂ ᠲᠣᠬᠢᠷᠠᠭᠤᠯᠬᠤ ᠵᠦᠢ᠍ᠯᠡᠰ᠎ᠢ ᠬᠢᠨᠠᠨ ᠬᠠᠷᠭᠤᠭᠤᠯᠤᠨ᠎ᠠ; ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠲᠥᠰᠥᠪ᠎ᠢ ᠨᠠᠢ᠌ᠷᠠᠭᠤᠯᠤᠨ ᠵᠣᠬᠢᠶᠠᠬᠤ ᠪᠠ ᠭᠦᠢ᠍ᠴᠡᠳᠬᠡᠬᠦ ᠵᠢ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ; ᠲᠤᠰᠬᠠᠶ ᠵᠦᠢ᠍ᠯ ᠵᠶ᠋ᠡᠷ ᠰᠢᠯᠵᠢᠭᠦᠯᠦᠨ ᠥᠭᠭᠦᠭᠰᠡᠨ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠪᠠ ᠬᠢᠨᠠᠯᠲᠠ ᠪᠠᠢ᠌ᠴᠠᠭ᠋ᠠᠯᠲᠠ ᠵᠡᠷᠭᠡ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃》 ᠭᠡᠳᠡᠭ᠎ᠲᠤ 《ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠶᠡᠷᠦᠩᠬᠡᠢ ᠬᠠᠮᠢᠶᠠᠷᠤᠯᠲᠠ ᠵᠢᠨ ᠳᠦᠷᠢᠮ᠎ᠢ ᠲᠤᠭᠤᠷᠪᠢᠨ ᠲᠣᠭᠲᠠᠭ᠋ᠠᠬᠤ ᠵᠢ ᠬᠠᠷᠢᠭᠤᠴᠠᠵᠤ᠂ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠬᠤ ᠪᠤᠶᠤ ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠬᠠᠮᠲᠤᠷᠠᠵᠤ ᠲᠣᠭᠲᠠᠭ᠋ᠠᠨ᠎ᠠ; ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠵᠢ ᠲᠣᠭᠲᠠᠭ᠋ᠠᠬᠤ᠂ ᠲᠣᠬᠢᠷᠠᠭᠤᠯᠬᠤ ᠵᠦᠢ᠍ᠯᠡᠰ᠎ᠢ ᠬᠢᠨᠠᠨ ᠬᠠᠷᠭᠤᠭᠤᠯᠤᠨ᠎ᠠ; ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠲᠥᠰᠥᠪ᠎ᠢ ᠬᠤᠷᠢᠶᠠᠩᠭᠤᠢ᠌ᠯᠠᠵᠤ ᠨᠠᠢ᠌ᠷᠠᠭᠤᠯᠤᠨ ᠵᠣᠬᠢᠶᠠᠬᠤ᠂ ᠪᠡᠯᠡ ᠮᠥᠩᠭᠥ ᠵᠢ ᠳᠣᠷᠣᠭᠰᠢ ᠪᠠᠭᠤᠯᠭ᠋ᠠᠬᠤ ᠪᠠ ᠰᠠᠯᠭ᠋ᠠᠨ ᠥᠭᠬᠦ ᠠᠵᠢᠯ᠎ᠢ ᠭᠦᠢ᠍ᠴᠡᠳᠬᠡᠬᠦ᠂ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠭᠦᠭᠰᠡᠨ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠪᠠ ᠬᠢᠨᠠᠯᠲᠠ ᠪᠠᠢ᠌ᠴᠠᠭ᠋ᠠᠯᠲᠠ ᠵᠡᠷᠭᠡ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃》 ᠭᠡᠵᠦ ᠵᠠᠰᠠᠪᠤᠷᠢ ᠣᠷᠣᠭᠤᠯᠪᠠ᠃
(ᠬᠣᠶᠠᠷ) ᠭᠤᠷᠪᠠᠳᠤᠭ᠋ᠠᠷ ᠵᠤᠷᠪᠤᠰ᠎ᠤᠨ 《ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠵᠢᠯᠴᠠᠨ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠎ᠠ; ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠵᠢᠯᠴᠠᠨ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠵᠢ ᠪᠣᠳᠠᠲᠠᠢ ᠬᠠᠮᠢᠶᠠᠷᠤᠨ᠎ᠠ᠃》 ᠭᠡᠳᠡᠭ᠎ᠲᠤ 《ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠭᠣᠣᠯ ᠴᠣᠭᠴᠠ ᠪᠠᠢ᠌ᠵᠤ᠂ ᠲᠣᠰ ᠰᠠᠯᠠᠭ᠎ᠠ ᠮᠥᠴᠢᠷ᠎ᠤᠨ ᠵᠶ᠋ᠡᠨ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠲᠥᠰᠥᠪ᠎ᠢ ᠨᠠᠢ᠌ᠷᠠᠭᠤᠯᠤᠨ ᠵᠣᠬᠢᠶᠠᠬᠤ ᠪᠠ ᠭᠦᠢ᠍ᠴᠡᠳᠬᠡᠬᠦ ᠵᠢ ᠪᠥᠬᠥ ᠲᠠᠯ᠎ᠠ᠎ᠪᠠᠷ ᠬᠠᠷᠢᠭᠤᠴᠠᠨ᠎ᠠ; ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠪᠡᠯᠡ ᠮᠥᠩᠭᠥ ᠵᠢᠨ ᠬᠡᠷᠡᠭᠯᠡᠯᠲᠡ ᠵᠢᠴᠢ ᠲᠥᠷᠥᠯ ᠵᠦᠢ᠍ᠯ᠎ᠤᠨ ᠬᠡᠷᠡᠭᠵᠢᠭᠦᠯᠦᠯᠲᠡ᠎ᠳᠤ ᠵᠢᠭ᠋ᠠᠨ ᠵᠢᠯᠤᠭᠣᠳᠬᠤ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠣᠯᠪᠤᠭ᠋ᠠᠯᠠᠨ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠎ᠠ; ᠪᠡᠯᠡ ᠮᠥᠩᠭᠥᠨ᠎ᠤ ᠲᠥᠰᠥᠪ᠎ᠢ ᠭᠤᠶᠤᠴᠢᠯᠠᠨ ᠮᠡᠳᠡᠭᠦᠯᠬᠦ᠂ ᠲᠥᠷᠥᠯ ᠵᠦᠢ᠍ᠯ ᠭᠤᠶᠤᠴᠢᠯᠠᠨ ᠮᠡᠳᠡᠭᠦᠯᠬᠦ ᠵᠦᠭᠯᠡᠭᠦᠷ᠎ᠢ ᠨᠡᠢ᠌ᠲᠡᠯᠡᠬᠦ᠂ ᠲᠥᠷᠥᠯ ᠵᠦᠢ᠍ᠯ᠎ᠢ ᠬᠢᠨᠠᠨ ᠬᠠᠷᠭᠤᠭᠤᠯᠬᠤ᠂ ᠪᠡᠯᠡ ᠮᠥᠩᠭᠥ ᠬᠤᠪᠢᠶᠠᠷᠢᠯᠠᠬᠤ ᠲᠥᠰᠥᠯ᠎ᠢ ᠲᠣᠭᠲᠠᠭ᠋ᠠᠬᠤ ᠵᠡᠷᠭᠡ ᠠᠵᠢᠯ᠎ᠢ ᠬᠠᠷᠢᠭᠤᠴᠠᠨ᠎ᠠ》 ᠭᠡᠵᠦ ᠵᠠᠰᠠᠪᠤᠷᠢ ᠣᠷᠣᠭᠤᠯᠪᠠ᠃
ᠬᠣᠶᠠᠷ᠂ ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠪᠡᠯᠡ ᠮᠥᠩᠭᠥ ᠵᠢᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠬᠤᠪᠢᠶᠠᠷᠢᠯᠠᠬᠤ ᠠᠵᠢᠯ᠎ᠢ ᠬᠠᠷᠢᠭᠤᠴᠠᠨ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠣᠷᠣᠯᠴᠠᠬᠤ᠎ᠪᠠᠨ ᠪᠣᠯᠢᠨ᠎ᠠ ᠭᠡᠵᠦ ᠲᠣᠳᠣᠷᠬᠠᠢ ᠲᠣᠭᠲᠠᠭ᠋ᠠᠪᠠ᠃ 《ᠠᠷᠭ᠎ᠠ》 ᠵᠢᠨ ᠬᠣᠷᠢᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠤᠨ 《ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠪᠡᠯᠡ ᠮᠥᠩᠭᠥ ᠵᠢᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠬᠤᠪᠢᠶᠠᠷᠢᠯᠠᠬᠤ ᠠᠵᠢᠯ᠎ᠢ ᠲᠣᠭᠲᠠᠭ᠋ᠠᠯ ᠶᠣᠰᠣᠭ᠋ᠠᠷ ᠵᠣᠬᠢᠶᠠᠨ ᠪᠠᠢ᠌ᠭᠤᠯᠤᠨ᠎ᠠ᠃》 ᠭᠡᠳᠡᠭ᠎ᠲᠤ 《ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠪᠡᠯᠡ ᠮᠥᠩᠭᠥ ᠵᠢᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠬᠤᠪᠢᠶᠠᠷᠢᠯᠠᠬᠤ ᠠᠵᠢᠯ᠎ᠢ ᠲᠣᠭᠲᠠᠭ᠋ᠠᠯ ᠶᠣᠰᠣᠭ᠋ᠠᠷ ᠵᠣᠬᠢᠶᠠᠨ ᠪᠠᠢ᠌ᠭᠤᠯᠤᠨ᠎ᠠ》 ᠭᠡᠵᠦ ᠵᠠᠰᠠᠪᠤᠷᠢ ᠣᠷᠣᠭᠤᠯᠪᠠ᠃
ᠭᠤᠷᠪᠠ᠂ ᠠᠢ᠌ᠮᠠᠭ ᠬᠣᠲᠠ ᠵᠢᠨ᠎ᠬᠢᠨ᠎ᠤ ᠳᠡᠭᠡᠭᠰᠢ ᠮᠡᠳᠡᠭᠦᠯᠦᠭᠰᠡᠨ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠪᠡᠯᠡ ᠮᠥᠩᠭᠥ ᠵᠢᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠵᠥᠪᠬᠡᠨ ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠳᠠᠭᠢᠵᠤ ᠮᠡᠳᠡᠭᠦᠯᠵᠦ ᠬᠦᠷᠭᠡᠬᠦ ᠦᠭᠡᠢ ᠭᠡᠵᠦ ᠲᠣᠳᠣᠷᠬᠠᠢ ᠲᠣᠭᠲᠠᠭ᠋ᠠᠪᠠ᠃ 《ᠠᠷᠭ᠎ᠠ》 ᠵᠢᠨ ᠬᠣᠷᠢᠨ ᠨᠢᠭᠡᠳᠦᠭᠡᠷ ᠵᠦᠢ᠍ᠯ᠎ᠤᠨ 《ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠪᠡᠯᠡ ᠮᠥᠩᠭᠥ ᠵᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠵᠶ᠋ᠡᠷ ᠬᠢᠨᠠᠨ ᠬᠠᠷᠭᠤᠭᠤᠯᠤᠭ᠋ᠠᠳ ᠳᠡᠭᠡᠭᠰᠢ ᠮᠡᠳᠡᠭᠦᠯᠬᠦ ᠬᠡᠷᠡᠭᠲᠡᠢ ᠪᠠᠢ᠌ᠪᠠᠯ᠂ ᠱᠠᠲᠤ ᠳᠠᠷᠠᠭ᠋ᠠᠯᠠᠨ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠵᠢᠨ ᠬᠠᠮᠲᠤ᠂ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠠᠰᠠᠭ᠎ᠤᠨ ᠣᠷᠳᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠣᠯᠪᠤᠭ᠋ᠠᠯᠠᠨ ᠲᠣᠭᠲᠠᠭᠰᠠᠨ ᠴᠠᠭ ᠬᠢᠵᠠᠭ᠋ᠠᠷᠲᠤ ᠬᠣᠯᠪᠣᠭᠳᠠᠯ ᠪᠦᠬᠦᠢ ᠮᠠᠲ᠋ᠧᠷᠢᠶᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠬᠦ ᠬᠡᠷᠡᠭᠲᠡᠢ᠃》 ᠭᠡᠳᠡᠭ᠎ᠲᠤ 《ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠪᠡᠯᠡ ᠮᠥᠩᠭᠥ ᠵᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠵᠶ᠋ᠡᠷ ᠬᠢᠨᠠᠨ ᠬᠠᠷᠭᠤᠭᠤᠯᠤᠭ᠋ᠠᠳ ᠳᠡᠭᠡᠭᠰᠢ ᠮᠡᠳᠡᠭᠦᠯᠬᠦ ᠬᠡᠷᠡᠭᠲᠡᠢ ᠪᠠᠢ᠌ᠪᠠᠯ᠂ ᠱᠠᠲᠤ ᠳᠠᠷᠠᠭ᠋ᠠᠯᠠᠨ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠵᠢᠨ ᠬᠠᠮᠲᠤ᠂ ᠵᠠᠰᠠᠭ᠎ᠤᠨ ᠣᠷᠳᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠣᠯᠪᠤᠭ᠋ᠠᠯᠠᠨ ᠲᠣᠭᠲᠠᠭᠰᠠᠨ ᠴᠠᠭ ᠬᠢᠵᠠᠭ᠋ᠠᠷᠲᠤ ᠬᠣᠯᠪᠣᠭᠳᠠᠯ ᠪᠦᠬᠦᠢ ᠮᠠᠲ᠋ᠧᠷᠢᠶᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠬᠦ ᠬᠡᠷᠡᠭᠲᠡᠢ》 ᠭᠡᠵᠦ ᠵᠠᠰᠠᠪᠤᠷᠢ ᠣᠷᠣᠭᠤᠯᠪᠠ᠃
ᠳᠥᠷᠪᠡ᠂ ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠢ᠌ᠮᠠᠭ ᠬᠣᠲᠠ ᠵᠢᠨ᠎ᠬᠢᠨ᠎ᠤ ᠳᠡᠭᠡᠭᠰᠢ ᠮᠡᠳᠡᠭᠦᠯᠦᠭᠰᠡᠨ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠪᠡᠯᠡ ᠮᠥᠩᠭᠥ ᠵᠢᠨ ᠲᠥᠷᠥᠯ ᠵᠦᠢ᠍ᠯ᠎ᠢ ᠬᠢᠨᠠᠨ ᠬᠠᠷᠭᠤᠭᠤᠯᠬᠤ ᠪᠠ ᠪᠡᠯᠡ ᠮᠥᠩᠭᠥ ᠬᠤᠪᠢᠶᠠᠷᠢᠯᠠᠬᠤ ᠵᠢ ᠬᠠᠷᠢᠭᠤᠴᠠᠵᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠳᠠᠬᠢᠵᠤ ᠣᠷᠣᠯᠴᠠᠬᠤ ᠦᠭᠡᠢ ᠭᠡᠵᠦ ᠲᠣᠳᠣᠷᠬᠠᠢ ᠲᠣᠭᠲᠠᠭ᠋ᠠᠪᠠ᠃ 《ᠠᠷᠭ᠎ᠠ》 ᠵᠢᠨ ᠬᠣᠷᠢᠨ ᠲᠠᠪᠤᠳᠤᠭ᠋ᠠᠷ ᠵᠦᠢ᠍ᠯ᠎ᠤᠨ 《ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠥᠷᠥᠯ ᠵᠦᠢ᠍ᠯ᠎ᠤᠨ ᠬᠢᠨᠠᠨ ᠬᠠᠷᠭᠤᠭᠤᠯᠬᠤ ᠠᠵᠢᠯ᠎ᠢ ᠴᠠᠭ ᠲᠤᠬᠠᠢᠳᠤᠨᠢ ᠥᠷᠨᠢᠭᠦᠯᠵᠦ᠂ ᠪᠡᠯᠡ ᠮᠥᠩᠭᠥ ᠬᠤᠪᠢᠶᠠᠷᠢᠯᠠᠬᠤ ᠲᠥᠰᠥᠯ᠎ᠢ ᠲᠡᠰ ᠳᠠᠷᠠᠭ᠋ᠠᠯᠠᠯ ᠶᠣᠰᠣᠭ᠋ᠠᠷ ᠳᠤᠷᠠᠳᠬᠤ ᠬᠡᠷᠡᠭᠲᠡᠢ᠃》 ᠭᠡᠳᠡᠭ᠎ᠲᠤ 《ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠥᠷᠥᠯ ᠵᠦᠢ᠍ᠯ᠎ᠢ ᠬᠢᠨᠠᠨ ᠬᠠᠷᠭᠤᠭᠤᠯᠬᠤ ᠠᠵᠢᠯ᠎ᠢ ᠴᠠᠭ ᠲᠤᠬᠠᠢᠳᠤᠨᠢ ᠥᠷᠨᠢᠭᠦᠯᠵᠦ᠂ ᠪᠡᠯᠡ ᠮᠥᠩᠭᠥ ᠬᠤᠪᠢᠶᠠᠷᠢᠯᠠᠬᠤ ᠲᠥᠰᠥᠯ᠎ᠢ ᠲᠠᠰ ᠳᠠᠷᠠᠭ᠋ᠠᠯᠠᠯ ᠶᠣᠰᠣᠭ᠋ᠠᠷ ᠳᠤᠷᠠᠳᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠪᠡᠯᠡ ᠮᠥᠩᠭᠥ ᠬᠡᠷᠡᠭᠯᠡᠬᠦ ᠬᠡᠪᠴᠢᠶ᠎ᠡ᠂ ᠳᠡᠮᠵᠢᠬᠦ ᠴᠢᠭᠯᠡᠯ᠎ᠳᠤ ᠲᠣᠭᠲᠠᠭ᠋ᠠᠯ᠎ᠳᠤ ᠨᠡᠢ᠌ᠴᠡᠬᠦ ᠴᠢᠨᠠᠷ᠎ᠤᠨ ᠬᠢᠨᠠᠨ ᠪᠠᠢ᠌ᠴᠠᠭ᠋ᠠᠯᠲᠠ ᠬᠢᠨ᠎ᠡ》 ᠭᠡᠵᠦ ᠵᠠᠰᠠᠪᠤᠷᠢ ᠣᠷᠣᠭᠤᠯᠪᠠ᠃
ᠲᠠᠪᠤ᠂ ᠲᠤᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠬᠡᠷᠡᠭᠵᠢᠭᠦᠯᠬᠦ ᠶᠠᠪᠤᠴᠠ᠎ᠳᠤ ᠲᠣᠬᠢᠶᠠᠯᠳᠤᠭᠰᠠᠨ ᠠᠰᠠᠭᠤᠳᠠᠯ᠎ᠢ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ᠃
2024 ᠣᠨ᠎ᠤ 12 ᠳ᠋ᠤᠭ᠋ᠠᠷ ᠰᠠᠷ᠎ᠠ ᠵᠢᠨ 3᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)