ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ᠎ᠶᠢᠨ ᠠᠷᠭ᠎ᠠ》᠎ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ
ᠨᠡᠶ᠋ᠢᠲᠡᠯᠡᠭᠰᠡᠨ ᠴᠠᠭ᠄ 2025-11-13

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ 

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠢᠴᠢᠭ ᠮᠠᠲᠸᠷᠢᠶᠠᠯ

ᠥᠪᠥᠷ ᠵᠠᠰᠠᠭ ᠠᠯᠪᠠᠨ ᠲᠠᠷᠬᠠᠭᠠᠭᠰᠠᠨ 〔 2025 〕 28 ᠳ᠋ᠤᠭᠠᠷ ᠲᠣᠭᠠᠲᠤ

 

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ᠎ᠶᠢᠨ ᠠᠷᠭ᠎ᠠ》᠎ᠶᠢ

ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ

 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ ᠄ 

ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ᠎ᠶᠢᠨ ᠠᠷᠭ᠎ᠠ》᠎ᠶᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠲᠤᠭᠠᠢ᠃ 

 

2025 ᠣᠨ᠎ᠤ 7 ᠳ᠋ᠤᠭᠠᠷ ᠰᠠᠷ᠎ᠠ᠎ᠶᠢᠨ 3᠎ᠤ ᠡᠳᠦᠷ 

(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ᠎ᠶᠢᠨ ᠠᠷᠭ᠎ᠠ

 

ᠨᠢᠭᠡᠳᠦᠭᠡᠷ ᠪᠦᠯᠦᠭ  ᠶᠡᠷᠦᠩᠬᠡᠢ ᠳᠦᠷᠢᠮ 

ᠨᠢᠭᠡᠳᠦᠭᠡᠷ ᠵᠦᠢᠯ  ᠶᠠᠰᠤ ᠴᠢᠨᠠᠷ᠎ᠢᠶᠠᠷ ᠣᠷᠣᠨ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠪᠦᠭᠦ ᠣᠷᠣᠨ᠎ᠤ ᠡᠯ᠎ᠡ ᠠᠵᠢᠯ ᠲᠥᠷᠥᠯ᠎ᠦᠨ ᠭᠢᠨ᠎ᠦ ᠶᠠᠰᠤ ᠴᠢᠨᠠᠷ᠎ᠤᠨ ᠬᠠᠮᠢᠶᠠᠷᠤᠯᠲᠠ᠎ᠪᠠᠨ ᠴᠢᠩᠭᠠᠳᠬᠠᠬᠤ᠎ᠶᠢ ᠬᠥᠲᠥᠯᠥᠨ ᠵᠢᠯᠤᠭᠣᠳᠬᠤ ᠪᠠ ᠤᠷᠮᠠᠰᠢᠭᠤᠯᠵᠤ᠂ ᠭᠠᠷᠮᠠᠭᠠᠢ ᠠᠮᠵᠢᠯᠲᠠ ᠪᠦᠲᠦᠮᠵᠢ᠎ᠶᠢ ᠬᠥᠭᠡᠭᠡᠴᠡᠯᠳᠦᠭᠦᠯᠦᠨ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠦ ᠶᠠᠰᠤ ᠴᠢᠨᠠᠷ᠎ᠤᠨ ᠬᠠᠤᠯᠢ》᠂ 《ᠤᠯᠤᠰ᠎ᠤᠨ ᠭᠠᠪᠢᠶ᠎ᠠ ᠵᠢᠳᠬᠦᠯ ᠢᠷᠠᠭᠤ ᠠᠯᠳᠠᠷ᠎ᠢ ᠰᠠᠢᠰᠢᠶᠠᠨ ᠬᠥᠬᠢᠭᠦᠯᠬᠦ ᠳᠦᠷᠢᠮ》 ᠵᠡᠷᠭᠡ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠦᠨ ᠲᠣᠭᠣᠷᠢᠨ᠎ᠳᠤ ᠴᠢᠩᠭ᠎ᠠ ᠨᠢᠭ᠍ᠲᠠᠷᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠠᠷᠭ᠎ᠠ᠎ᠶᠢ ᠲᠣᠭᠲᠠᠭᠠᠪᠠ᠃ 

ᠬᠣᠶᠠᠳᠤᠭᠠᠷ ᠵᠦᠢᠯ  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ (ᠳᠣᠷᠣᠭ᠍ᠰᠢ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ ᠭᠡᠵᠦ ᠲᠣᠪᠴᠢᠯᠠᠨ᠎ᠠ) ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠡᠴᠡ ᠲᠣᠬᠢᠷᠠᠭᠤᠯᠤᠭᠰᠠᠨ ᠶᠠᠰᠤ ᠴᠢᠨᠠᠷ᠎ᠤᠨ ᠬᠠᠮᠢᠶᠠᠷᠤᠯᠲᠠ᠎ᠶᠢᠨ ᠬᠦᠷᠢᠶ᠎ᠡ ᠴᠠᠷᠠᠭᠠᠨ᠎ᠳᠠᠬᠢ ᠬᠠᠮᠤᠭ᠎ᠤᠨ ᠳᠡᠭᠡᠳᠦ ᠢᠷᠠᠭᠤ ᠠᠯᠳᠠᠷ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠲᠡᠷᠢᠭᠦᠨ᠎ᠦ ᠶᠠᠰᠤ ᠴᠢᠨᠠᠷ᠎ᠤᠨ ᠬᠠᠮᠢᠶᠠᠷᠤᠯᠲᠠ᠎ᠶᠢᠨ ᠠᠷᠭ᠎ᠠ᠎ᠶᠢ ᠬᠡᠷᠡᠭᠵᠢᠭᠦᠯᠦᠭᠰᠡᠨ᠂ ᠶᠠᠰᠤ ᠴᠢᠨᠠᠷ᠎ᠢᠶᠠᠨ ᠳᠡᠭᠡᠭᠰᠢᠯᠡᠭᠦᠯᠦᠭᠰᠡᠨ ᠠᠮᠵᠢᠯᠲᠠ ᠪᠦᠲᠦᠮᠵᠢ᠎ᠪᠠᠷ ᠢᠯᠡᠳᠲᠡ᠂ ᠠᠵᠤ ᠠᠬᠤᠢ᠎ᠶᠢᠨ ᠦᠷ᠎ᠡ ᠠᠰᠢᠭ᠋ ᠪᠠ ᠨᠡᠢᠭᠡᠮ᠎ᠦᠨ ᠦᠷ᠎ᠡ ᠠᠰᠢᠭ᠋᠎ᠢᠶᠠᠷ ᠲᠣᠪᠣᠢᠮ᠎ᠠ᠂ ᠢᠯᠡᠷᠬᠡᠢ ᠵᠢᠱ᠌ᠢᠶ᠎ᠡ ᠦᠵᠡᠭᠦᠯᠵᠦ ᠳᠠᠢᠴᠢᠯᠠᠬᠤ ᠦᠢᠯᠡᠳᠦᠯ᠎ᠲᠠᠢ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠳᠦ ᠣᠯᠭᠣᠨ᠎ᠠ᠃ 

ᠭᠤᠷᠪᠠᠳᠤᠭᠠᠷ ᠵᠦᠢᠯ  ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ ᠨᠢ ᠮᠤᠵᠢ᠎ᠶᠢᠨ ᠱᠠᠲᠤᠨ᠎ᠤ ᠰᠢᠯᠭᠠᠷᠠᠭᠤᠯᠤᠨ ᠬᠥᠬᠢᠭᠦᠯᠬᠦ ᠲᠥᠷᠥᠯ ᠵᠦᠢᠯ ᠪᠠᠢᠵᠤ᠂ ᠬᠣᠶᠠᠷ ᠵᠢᠯ᠎ᠳᠤ ᠨᠢᠭᠡ ᠤᠳᠠᠭ᠎ᠠ ᠰᠢᠯᠭᠠᠷᠠᠭᠤᠯᠤᠨ ᠰᠣᠩᠭᠣᠵᠤ᠂ ᠬᠤᠭᠤᠴᠠᠭ᠎ᠠ ᠪᠦᠷᠢ᠎ᠳᠤ ᠣᠯᠭᠣᠬᠤ ᠱᠠᠩᠨᠠᠯ᠎ᠤᠨ ᠶᠡᠷᠦᠩᠬᠡᠢ ᠲᠣᠭ᠎ᠠ᠎ᠶᠢ 5᠎ᠠᠴᠠ ᠳᠠᠪᠠᠭᠤᠯᠬᠤ ᠦᠭᠡᠢ᠃ ᠱᠠᠩᠨᠠᠯ ᠣᠯᠣᠭᠰᠠᠨ ᠨᠢᠭᠡᠴᠢ ᠨᠢ ᠭᠤᠷᠪᠠᠨ ᠬᠤᠭᠤᠴᠠᠭ᠎ᠠ ᠥᠩᠭᠡᠷᠡᠭᠰᠡᠨ᠎ᠦ ᠲᠡᠷᠡᠭ᠎ᠠ ᠰᠠᠶᠢ ᠳᠠᠬᠢᠨᠲᠠ ᠭᠤᠶᠤᠴᠢᠯᠠᠨ ᠮᠡᠳᠡᠭᠦᠯᠵᠦ ᠪᠣᠯᠣᠨ᠎ᠠ᠃

ᠳᠥᠷᠪᠡᠳᠦᠭᠡᠷ ᠵᠦᠢᠯ  ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠢ ᠭᠤᠶᠤᠴᠢᠯᠠᠨ ᠮᠡᠳᠡᠭᠦᠯᠬᠦ᠂ ᠬᠢᠨᠠᠨ ᠲᠣᠭᠲᠠᠭᠠᠬᠤ᠎ᠳᠤ 《ᠰᠢᠨᠵᠢᠯᠡᠬᠦ ᠤᠬᠠᠭᠠᠨᠴᠢ᠂ ᠢᠯᠡ ᠲᠣᠳᠣ᠌᠂ ᠡᠷᠬᠡ ᠲᠡᠭᠰᠢ᠂ ᠲᠥᠪ ᠭᠣᠣᠯᠴᠢ》 ᠪᠠ 《ᠳᠣᠣᠷ᠎ᠠ᠎ᠠᠴᠠ ᠳᠡᠭᠡᠭᠰᠢ᠂ ᠪᠠᠷᠢᠮᠵᠢᠶ᠎ᠠ᠎ᠶᠢ ᠴᠢᠩᠳᠠᠯᠠᠬᠤ᠂ ᠰᠠᠢᠨ᠎ᠠᠴᠠ ᠨᠢ ᠰᠢᠯᠢᠳᠡᠭ᠎ᠢ ᠨᠢ ᠰᠣᠩᠭᠣᠬᠤ》 ᠵᠠᠷᠴᠢᠮ᠎ᠢ ᠪᠠᠷᠢᠮᠲᠠᠯᠠᠬᠤ ᠬᠡᠷᠡᠭᠲᠡᠢ᠃ 

ᠲᠠᠪᠤᠳᠤᠭᠠᠷ ᠵᠦᠢᠯ  ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠬᠢᠨᠠᠨ ᠲᠣᠭᠲᠠᠭᠠᠬᠤ ᠪᠠᠷᠢᠮᠵᠢᠶ᠎ᠠ᠎ᠶᠢ GB/T19580 - 2012 《ᠭᠠᠷᠮᠠᠭᠠᠢ ᠠᠮᠵᠢᠯᠲᠠ ᠪᠦᠲᠦᠮᠵᠢ᠎ᠶᠢ ᠦᠨᠡᠯᠡᠬᠦ ᠳᠦᠷᠢᠮ》 ᠪᠠ GB/Z19579 - 2012 《ᠭᠠᠷᠮᠠᠭᠠᠢ ᠠᠮᠵᠢᠯᠲᠠ ᠪᠦᠲᠦᠮᠵᠢ᠎ᠶᠢ ᠦᠨᠡᠯᠡᠬᠦ ᠳᠦᠷᠢᠮ᠎ᠢ ᠬᠡᠷᠡᠭᠵᠢᠭᠦᠯᠬᠦ ᠵᠦᠭᠯᠡᠭᠦᠷ》᠎ᠢ ᠦᠨᠳᠦᠰᠦᠯᠡᠨ ᠲᠣᠭᠲᠠᠭᠠᠨ᠎ᠠ᠃ ᠬᠢᠨᠠᠨ ᠲᠣᠭᠲᠠᠭᠠᠬᠤ ᠪᠠᠷᠢᠮᠵᠢᠶ᠎ᠠ᠎ᠳᠤ ᠶᠠᠰᠤ ᠴᠢᠨᠠᠷ᠎ᠤᠨ ᠬᠠᠮᠢᠶᠠᠷᠤᠯᠲᠠ᠎ᠶᠢᠨ ᠣᠨᠣᠯ ᠪᠠ ᠦᠢᠯᠡᠳᠦᠯᠭᠡ᠎ᠶᠢᠨ ᠬᠥᠭᠵᠢᠯᠲᠡ᠎ᠶᠢ ᠦᠨᠳᠦᠰᠦᠯᠡᠨ᠂ ᠴᠠᠭ᠎ᠲᠤ ᠨᠢ ᠲᠣᠬᠢᠷᠠᠭᠤᠯᠤᠨ ᠵᠠᠰᠠᠪᠤᠷᠢ ᠣᠷᠣᠭᠤᠯᠵᠤ ᠪᠣᠯᠣᠨ᠎ᠠ᠃ 

ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠬᠥᠭᠵᠢᠭᠰᠡᠨ ᠠᠵᠤ ᠦᠢᠯᠡᠰ᠂ ᠣᠲᠣ᠌ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ ᠪᠠ ᠦᠢᠯᠡᠴᠢᠯᠡᠭᠡᠨ᠎ᠦ ᠦᠢᠯᠡᠰ᠂ ᠲᠡᠷᠢᠭᠦᠨ᠎ᠦ ᠦᠢᠯᠡᠳᠬᠦ ᠦᠢᠯᠡᠰ ᠵᠡᠷᠭᠡ ᠬᠦᠷᠢᠶ᠎ᠡ ᠴᠠᠷᠠᠭᠠᠨ᠎ᠳᠠᠬᠢ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ᠂ ᠠᠩᠬᠠᠨ᠎ᠤ ᠡᠭᠦᠳᠦᠯᠲᠡ᠎ᠶᠢᠨ ᠴᠢᠨᠠᠷᠲᠠᠢ ᠰᠠᠭᠤᠷᠢ ᠰᠠᠢᠲᠠᠢ ᠠᠵᠤ ᠠᠬᠤᠢᠯᠠᠯ᠂ ᠪᠠᠳᠠᠷᠠᠩᠭᠤᠢ ᠠᠵᠤ ᠠᠬᠤᠢᠯᠠᠯ᠂ 《ᠲᠤᠰᠬᠠᠢ ᠨᠠᠷᠢᠯᠢᠭ᠋ ᠥᠪᠡᠷᠮᠢᠴᠡ ᠰᠢᠨ᠎ᠡ》 ᠳᠤᠮᠳᠠ ᠵᠢᠵᠢᠭ ᠠᠵᠤ ᠠᠬᠤᠢᠯᠠᠯ ᠪᠠ ᠠᠷᠠᠳ᠎ᠡᠴᠡ ᠡᠵᠡᠩᠨᠡᠭᠰᠡᠨ ᠰᠢᠯᠢᠳᠡᠭ ᠠᠵᠤ ᠠᠬᠤᠢᠯᠠᠯ᠎ᠤᠨ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠢ ᠭᠤᠶᠤᠴᠢᠯᠠᠨ ᠮᠡᠳᠡᠭᠦᠯᠬᠦ᠎ᠶᠢ ᠵᠣᠷᠢᠭ᠍ᠵᠢᠭᠤᠯᠤᠨ᠎ᠠ᠃ 

ᠬᠣᠶᠠᠳᠤᠭᠠᠷ ᠪᠦᠯᠦᠭ  ᠵᠣᠬᠢᠶᠠᠨ ᠪᠠᠢᠭᠤᠯᠵᠤ ᠬᠠᠮᠢᠶᠠᠷᠬᠤ

ᠳᠣᠯᠣᠳᠤᠭᠠᠷ ᠵᠦᠢᠯ  ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠭᠤᠯᠬᠤ ᠪᠠ ᠶᠠᠰᠤ ᠴᠢᠨᠠᠷ᠎ᠢᠶᠠᠷ ᠣᠷᠣᠨ᠎ᠢᠶᠠᠨ ᠬᠦᠴᠦᠷᠬᠡᠭᠵᠢᠭᠦᠯᠬᠦ ᠠᠵᠢᠯ᠎ᠤᠨ ᠤᠳᠤᠷᠢᠳᠬᠤ ᠳᠤᠭᠤᠢᠯᠠᠩ (ᠳᠣᠷᠣᠭ᠍ᠰᠢ ᠤᠳᠤᠷᠢᠳᠬᠤ ᠳᠤᠭᠤᠢᠯᠠᠩ ᠭᠡᠵᠦ ᠲᠣᠪᠴᠢᠯᠠᠨ᠎ᠠ) ᠨᠢ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠦᠨ ᠬᠢᠨᠠᠨ ᠲᠣᠭᠲᠠᠭᠠᠬᠤ ᠠᠵᠢᠯ᠎ᠢ ᠥᠷᠨᠢᠭᠦᠯᠬᠦ᠎ᠶᠢ ᠵᠢᠯᠤᠭᠣᠳᠬᠤ ᠪᠠ ᠠᠬᠢᠭᠤᠯᠬᠤ᠎ᠶᠢ ᠬᠠᠷᠢᠭᠤᠴᠠᠵᠤ᠂ ᠬᠢᠨᠠᠨ ᠲᠣᠭᠲᠠᠭᠠᠬᠤ ᠪᠠᠷᠢᠮᠵᠢᠶ᠎ᠠ᠎ᠶᠢ ᠬᠢᠨᠠᠨ ᠵᠥᠪᠯᠡᠵᠦ᠂ ᠵᠢᠱ᠌ᠢᠭᠳᠡᠭᠰᠡᠳ᠎ᠦᠨ ᠨᠡᠷᠡᠰ᠎ᠢ ᠬᠢᠨᠠᠨ ᠵᠥᠪᠯᠡᠵᠦ᠂ ᠬᠣᠯᠪᠣᠭᠳᠠᠯ ᠪᠦᠬᠦᠢ ᠴᠢᠬᠤᠯᠠ ᠶᠡᠬᠡ ᠠᠵᠢᠯ ᠶᠠᠪᠤᠳᠠᠯ᠎ᠢ ᠰᠤᠳᠤᠯᠤᠨ ᠲᠣᠭᠲᠠᠭᠠᠨ᠎ᠠ᠃ 

ᠨᠠᠢ᠍ᠮᠠᠳᠤᠭᠠᠷ ᠵᠦᠢᠯ  ᠤᠳᠤᠷᠢᠳᠬᠤ ᠳᠤᠭᠤᠢᠯᠠᠩ᠎ᠤᠨ ᠠᠯᠪᠠᠨ ᠭᠡᠷ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠳᠤ ᠲᠣᠬᠢᠷᠠᠭᠤᠯᠤᠨ᠎ᠠ) ᠨᠢ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠡᠳᠦᠷ ᠲᠤᠲᠤᠮ᠎ᠤᠨ ᠬᠠᠮᠢᠶᠠᠷᠤᠯᠲᠠ᠎ᠶᠢᠨ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠬᠦ᠎ᠶᠢ ᠬᠠᠷᠢᠭᠤᠴᠠᠵᠤ᠂ ᠡᠭᠦᠨ᠎ᠳᠦ ᠬᠢᠨᠠᠨ ᠲᠣᠭᠲᠠᠭᠠᠬᠤ ᠪᠠᠷᠢᠮᠵᠢᠶ᠎ᠠ ᠵᠢᠴᠢ ᠬᠠᠮᠢᠶ᠎ᠠ ᠪᠦᠬᠦᠢ ᠲᠥᠬᠥᠷ ᠪᠢᠴᠢᠭ ᠮᠠᠲᠧᠷᠢᠶᠠᠯ᠎ᠤᠳ᠎ᠢ ᠲᠣᠭᠲᠠᠭᠠᠬᠤ ᠪᠠ ᠵᠠᠰᠠᠪᠤᠷᠢ ᠣᠷᠣᠭᠤᠯᠬᠤ᠎ᠶᠢ ᠵᠣᠬᠢᠶᠠᠨ ᠪᠠᠢᠭᠤᠯᠬᠤ; ᠭᠤᠶᠤᠴᠢᠯᠠᠨ ᠮᠡᠳᠡᠭᠦᠯᠬᠦ ᠪᠠ ᠬᠢᠨᠠᠨ ᠲᠣᠭᠲᠠᠭᠠᠬᠤ ᠠᠵᠢᠯ᠎ᠢ ᠵᠣᠬᠢᠶᠠᠨ ᠪᠠᠢᠭᠤᠯᠬᠤ; ᠤᠳᠤᠷᠢᠳᠬᠤ ᠳᠤᠭᠤᠢᠯᠠᠩ᠎ᠳᠤ ᠬᠢᠨᠠᠨ ᠲᠣᠭᠲᠠᠭᠠᠭᠰᠠᠨ ᠦᠷ᠎ᠡ ᠳ᠋ᠦᠩ᠎ᠢᠶᠡᠨ ᠮᠡᠳᠡᠭᠦᠯᠵᠦ᠂ ᠵᠢᠱ᠌ᠢᠭᠳᠡᠭᠰᠡᠳ᠎ᠦᠨ ᠨᠡᠷᠡᠰ᠎ᠢ ᠳᠤᠷᠠᠳᠬᠤ; ᠲᠡᠷᠢᠭᠦᠨ᠎ᠦ ᠶᠠᠰᠤ ᠴᠢᠨᠠᠷ᠎ᠤᠨ ᠬᠠᠮᠢᠶᠠᠷᠤᠯᠲᠠ᠎ᠶᠢᠨ ᠵᠠᠭᠪᠤᠷ᠂ ᠠᠷᠭ᠎ᠠ ᠮᠠᠶᠢᠭ᠋᠎ᠢ ᠤᠬᠠᠭᠤᠯᠤᠨ ᠳᠡᠯᠭᠡᠷᠡᠭᠦᠯᠬᠦ᠎ᠶᠢ ᠵᠣᠬᠢᠶᠠᠨ ᠪᠠᠢᠭᠤᠯᠬᠤ; ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠪᠣᠯᠪᠠᠰᠤᠷᠠᠯ᠂ ᠬᠥᠮᠥᠵᠢᠭᠦᠯᠦᠨ ᠪᠤᠯᠪᠠᠰᠤᠷᠠᠭᠤᠯᠬᠤ ᠠᠵᠢᠯ᠎ᠢ ᠥᠷᠨᠢᠭᠦᠯᠬᠦ; ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠢᠷᠠᠭᠤ ᠠᠯᠳᠠᠷ ᠪᠠ ᠲᠡᠮᠳᠡᠭ᠎ᠦᠨ ᠬᠡᠷᠡᠭᠯᠡᠯᠲᠡ᠎ᠶᠢ ᠵᠢᠷᠤᠮᠵᠢᠭᠤᠯᠵᠤ᠂ ᠲᠡᠭᠦᠨ᠎ᠳᠦ ᠬᠢᠨᠠᠯᠲᠠ ᠲᠠᠯᠪᠢᠬᠤ ᠪᠠᠭᠲᠠᠨ᠎ᠠ᠃ 

ᠶᠢᠰᠦᠳᠦᠭᠡᠷ ᠵᠦᠢᠯ  ᠤᠳᠤᠷᠢᠳᠬᠤ ᠳᠤᠭᠤᠢᠯᠠᠩ᠎ᠤᠨ ᠠᠯᠪᠠᠨ ᠭᠡᠷ ᠨᠢ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠢ ᠬᠢᠨᠠᠨ ᠲᠣᠭᠲᠠᠭᠠᠬᠤ ᠠᠵᠢᠯ᠎ᠢᠶᠠᠨ ᠥᠷᠨᠢᠭᠦᠯᠬᠦ᠎ᠳᠤ᠎ᠪᠠᠨ ᠮᠡᠷᠭᠡᠵᠢᠯ᠎ᠤᠨ ᠪᠠᠢᠭᠤᠯᠤᠮᠵᠢ ᠵᠢᠴᠢ ᠨᠡᠢᠭᠡᠮ᠎ᠤᠨ ᠵᠠᠭᠤᠴᠢ ᠪᠠᠢᠭᠤᠯᠤᠮᠵᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ᠃ ᠬᠢᠨᠠᠨ ᠲᠣᠭᠲᠠᠭᠠᠬᠤ ᠶᠠᠪᠤᠴᠠ᠎ᠳᠤ᠂ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠠᠵᠢᠯ ᠲᠥᠷᠥᠯ᠎ᠦᠨ ᠨᠡᠢᠭᠡᠮᠯᠢᠭ ᠵᠡᠷᠭᠡ ᠬᠣᠯᠪᠣᠭᠳᠠᠯ ᠪᠦᠬᠦᠢ ᠲᠠᠯ᠎ᠠ᠎ᠶᠢᠨ ᠬᠥᠮᠥᠰ᠎ᠢ ᠤᠷᠢᠵᠤ ᠬᠢᠨᠠᠨ ᠲᠣᠭᠲᠠᠭᠠᠬᠤ ᠳᠤᠭᠤᠢᠯᠠᠩ᠎ᠢ ᠪᠦᠷᠢᠯᠳᠦᠭᠦᠯᠦᠨ᠎ᠡ᠃ ᠲᠤᠬᠠᠢ᠎ᠶᠢᠨ ᠬᠤᠭᠤᠴᠠᠭᠠᠨ᠎ᠤ ᠬᠢᠨᠠᠨ ᠲᠣᠭᠲᠠᠭᠠᠬᠤ ᠠᠵᠢᠯ ᠳᠠᠭᠤᠰᠤᠭᠰᠠᠨ᠎ᠤ ᠳᠠᠷᠠᠭ᠎ᠠ᠂ ᠬᠢᠨᠠᠨ ᠲᠣᠭᠲᠠᠭᠠᠬᠤ ᠳᠤᠭᠤᠢᠯᠠᠩ᠎ᠢ ᠠᠶᠠᠨᠳᠠᠭᠠᠨ ᠬᠦᠴᠦᠨ ᠦᠭᠡᠢ ᠪᠣᠯᠭᠠᠨ᠎ᠠ᠃ 

ᠭᠤᠷᠪᠠᠳᠤᠭᠠᠷ ᠪᠦᠯᠦᠭ  ᠪᠣᠢᠵᠢᠭᠤᠯᠤᠨ ᠨᠡᠪᠴᠢᠭᠦᠯᠬᠦ 

ᠠᠷᠪᠠᠳᠤᠭᠠᠷ ᠵᠦᠢᠯ  ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠪᠣᠢᠵᠢᠭᠤᠯᠤᠨ ᠨᠡᠪᠴᠢᠭᠦᠯᠬᠦ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠪᠦᠭᠦ ᠣᠷᠣᠨ᠎ᠤ ᠡᠯ᠎ᠡ ᠠᠵᠢᠯ ᠲᠥᠷᠥᠯ᠎ᠦᠨ ᠳᠤᠮᠳᠠ ᠶᠠᠰᠤ ᠴᠢᠨᠠᠷ᠎ᠤᠨ ᠲᠡᠷᠢᠭᠦᠨ᠎ᠦ ᠣᠨᠣᠯᠵᠢᠬᠤᠨ᠎ᠢ ᠤᠯᠠᠮᠵᠢᠯᠠᠨ ᠳᠡᠯᠭᠡᠷᠡᠭᠦᠯᠵᠦ᠂ ᠶᠠᠰᠤ ᠴᠢᠨᠠᠷ᠎ᠤᠨ ᠬᠠᠮᠢᠶᠠᠷᠤᠯᠲᠠ᠎ᠶᠢᠨ ᠰᠢᠯᠢᠳᠡᠭ ᠴᠢᠳᠠᠪᠤᠷᠢᠲᠠᠳ᠎ᠢ ᠬᠥᠮᠥᠵᠢᠭᠦᠯᠦᠨ᠂ ᠲᠡᠷᠢᠭᠦᠨ᠎ᠦ ᠶᠠᠰᠤ ᠴᠢᠨᠠᠷ᠎ᠤᠨ ᠬᠠᠮᠢᠶᠠᠷᠤᠯᠲᠠ᠎ᠶᠢᠨ ᠠᠷᠭ᠎ᠠ᠎ᠶᠢ ᠳᠡᠯᠭᠡᠷᠡᠭᠦᠯᠬᠦ ᠬᠡᠷᠡᠭᠲᠡᠢ᠃ 

ᠠᠷᠪᠠᠨ ᠨᠢᠭᠡᠳᠦᠭᠡᠷ ᠵᠦᠢᠯ  ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠠᠵᠢᠯ ᠲᠥᠷᠥᠯ᠎ᠦᠨ ᠨᠡᠢᠭᠡᠮᠯᠢᠭ ᠵᠡᠷᠭᠡ ᠨᠢ ᠲᠣᠰ ᠬᠠᠷᠢᠶ᠎ᠠ ᠣᠷᠣᠨ᠂ ᠲᠣᠰ ᠠᠵᠢᠯ ᠲᠥᠷᠥᠯ᠂ ᠲᠣᠰ ᠰᠢᠰᠲᠧᠮ᠎ᠦᠨ᠎ᠢᠶᠡᠨ ᠳᠣᠲᠣᠷᠠᠬᠢ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠪᠣᠢᠵᠢᠭᠤᠯᠤᠨ ᠨᠡᠪᠴᠢᠭᠦᠯᠬᠦ ᠪᠠ ᠵᠢᠯᠤᠭᠣᠳᠬᠤ ᠠᠵᠢᠯ᠎ᠢ ᠲᠣᠰ ᠲᠣᠰ ᠬᠠᠷᠢᠭᠤᠴᠠᠬᠤ ᠬᠡᠷᠡᠭᠲᠡᠢ᠃ 

ᠠᠷᠪᠠᠨ ᠬᠣᠶᠠᠳᠤᠭᠠᠷ ᠵᠦᠢᠯ  ᠤᠳᠤᠷᠢᠳᠬᠤ ᠳᠤᠭᠤᠢᠯᠠᠩ᠎ᠤᠨ ᠠᠯᠪᠠᠨ ᠭᠡᠷ ᠨᠢ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ ᠭᠤᠶᠤᠴᠢᠯᠠᠨ ᠮᠡᠳᠡᠭᠦᠯᠬᠦ ᠬᠦᠰᠡᠯ ᠡᠷᠡᠮᠡᠯᠵᠡᠯ᠎ᠲᠠᠢ ᠨᠢᠭᠡᠴᠢ᠎ᠶᠢ 《ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠬᠥᠮᠥᠵᠢᠭᠦᠯᠦᠨ ᠪᠣᠢᠵᠢᠭᠤᠯᠬᠤ ᠬᠥᠮᠥᠷᠭᠡ》 (ᠳᠣᠷᠣᠭ᠍ᠰᠢ ᠬᠥᠮᠥᠵᠢᠭᠦᠯᠦᠨ ᠪᠣᠢᠵᠢᠭᠤᠯᠬᠤ ᠬᠥᠮᠥᠷᠭᠡ ᠭᠡᠵᠦ ᠲᠣᠪᠴᠢᠯᠠᠨ᠎ᠠ)᠎ᠳᠤ ᠣᠷᠣᠭᠤᠯᠬᠤ᠎ᠶᠢᠨ ᠬᠠᠮᠲᠤ ᠠᠵᠢᠯ᠎ᠤᠨ ᠳᠤᠮᠳᠠ᠎ᠪᠠᠨ ᠲᠡᠭᠦᠨ᠎ᠢ ᠵᠢᠯᠤᠭᠣᠳᠴᠤ ᠬᠠᠪᠰᠤᠷᠤᠨ ᠲᠡᠳᠬᠦᠵᠦ ᠪᠣᠯᠣᠨ᠎ᠠ᠃ 

ᠠᠷᠪᠠᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠢ ᠭᠤᠶᠤᠴᠢᠯᠠᠨ ᠮᠡᠳᠡᠭᠦᠯᠬᠦ ᠬᠦᠰᠡᠯ ᠡᠷᠡᠮᠡᠯᠵᠡᠯ᠎ᠲᠠᠢ ᠡᠯ᠎ᠡ ᠲᠥᠷᠥᠯ᠎ᠤᠨ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ ᠨᠢ ᠥᠪᠡᠰᠦᠪᠡᠨ ᠭᠤᠶᠤᠴᠢᠯᠠᠨ ᠮᠡᠳᠡᠭᠦᠯᠬᠦ᠂ ᠠᠢᠮᠠᠭ ᠬᠤᠳᠠ᠎ᠠᠴᠠ ᠲᠠᠨᠢᠯᠴᠠᠭᠤᠯᠬᠤ᠂ ᠰᠠᠯᠠᠭ᠎ᠠ ᠮᠥᠴᠢᠷ᠎ᠠᠴᠠ ᠲᠠᠨᠢᠯᠴᠠᠭᠤᠯᠬᠤ ᠵᠡᠷᠭᠡ ᠤᠯᠠᠨ ᠵᠦᠢᠯ᠎ᠤᠨ ᠠᠷᠭ᠎ᠠ᠎ᠪᠡᠷ ᠳᠠᠮᠵᠢᠭᠤᠯᠤᠨ᠂ ᠬᠥᠮᠥᠵᠢᠭᠦᠯᠦᠨ ᠪᠣᠢᠵᠢᠭᠤᠯᠬᠤ ᠬᠥᠮᠥᠷᠭᠡ᠎ᠳᠤ ᠣᠷᠣᠵᠤ᠂ ᠭᠠᠷᠮᠠᠭᠠᠢ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ ᠵᠡᠷᠭᠡ ᠪᠣᠯᠪᠠᠰᠤᠷᠠᠯ᠎ᠢ ᠦᠨ᠎ᠡ ᠲᠥᠯᠥᠪᠦᠷᠢ ᠦᠭᠡᠢ᠎ᠪᠡᠷ ᠬᠦᠷᠲᠡᠵᠦ ᠪᠣᠯᠣᠨ᠎ᠠ᠃ 

ᠳᠥᠷᠪᠡᠳᠦᠭᠡᠷ ᠪᠦᠯᠦᠭ  ᠭᠤᠶᠤᠴᠢᠯᠠᠨ ᠮᠡᠳᠡᠭᠦᠯᠬᠦ ᠨᠥᠬᠥᠴᠡᠯ 

ᠠᠷᠪᠠᠨ ᠳᠥᠷᠪᠡᠳᠦᠭᠡᠷ ᠵᠦᠢᠯ  ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠢ ᠭᠤᠶᠤᠴᠢᠯᠠᠨ ᠮᠡᠳᠡᠭᠦᠯᠬᠦ ᠨᠢᠭᠡᠴᠢ ᠳᠣᠣᠷᠠᠬᠢ ᠨᠥᠬᠥᠴᠡᠯ᠎ᠦᠳ᠎ᠢ ᠪᠦᠷᠢᠳᠦᠭᠦᠯᠦᠭᠰᠡᠨ ᠪᠠᠢᠬᠤ ᠬᠡᠷᠡᠭᠲᠡᠢ᠄ 

(ᠨᠢᠭᠡ) ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠬᠠᠤᠯᠢ ᠶᠣᠰᠣᠭᠠᠷ ᠳᠠᠩᠰᠠᠯᠠᠨ ᠲᠡᠮᠳᠡᠭᠯᠡᠭᠦᠯᠦᠭᠰᠡᠨ᠂ ᠪᠡᠶ᠎ᠡ᠎ᠪᠡᠨ ᠳᠠᠭᠠᠭᠠᠭᠰᠠᠨ ᠬᠠᠤᠯᠢ᠎ᠶᠢᠨ ᠡᠷᠬᠡᠲᠡᠨ᠎ᠦ ᠬᠢᠷᠢ ᠭᠡᠮ᠎ᠲᠠᠢ᠂ 5 ᠵᠢᠯ᠎ᠡᠴᠡ ᠳᠡᠭᠡᠭᠰᠢ ᠬᠤᠭᠤᠴᠠᠭ᠎ᠠ ᠲᠠᠢ ᠦᠷᠭᠦᠯᠵᠢᠯᠡᠨ ᠬᠡᠪ᠎ᠦᠨ ᠶᠣᠰᠣᠭᠠᠷ ᠦᠢᠯᠡᠳᠪᠦᠷᠢᠯᠡᠨ ᠡᠵᠡᠩᠨᠡᠭᠰᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠂ ᠶᠠᠰᠤ ᠴᠢᠨᠠᠷ᠂ ᠣᠷᠴᠢᠨ ᠲᠣᠭᠣᠷᠢᠨ᠎ᠤ ᠬᠠᠮᠠᠭᠠᠯᠠᠯᠲᠠ᠂ ᠡᠨᠧᠷᠭᠢ ᠠᠷᠪᠢᠯᠠᠬᠤ᠂ ᠠᠮᠤᠷ ᠲᠦᠪᠰᠢᠨ ᠵᠡᠷᠭᠡ ᠲᠥᠷᠥ᠎ᠶᠢᠨ ᠪᠣᠳᠣᠯᠭ᠎ᠠ᠎ᠶᠢᠨ ᠱᠠᠭᠠᠷᠳᠠᠯᠭ᠎ᠠ᠎ᠳᠤ ᠨᠡᠢᠴᠡᠵᠦ᠂ ᠬᠣᠯᠪᠣᠭᠳᠠᠯ ᠪᠦᠬᠦᠢ ᠬᠢᠷᠢ ᠴᠢᠳᠠᠮᠵᠢ ᠪᠤᠶᠤ ᠭᠡᠷᠡᠴᠢ ᠦᠨᠡᠮᠯᠡᠯ᠎ᠢ ᠪᠦᠷᠢᠳᠦᠭᠦᠯᠦᠭᠰᠡᠨ ᠪᠠᠢᠬᠤ᠃ 

(ᠬᠣᠶᠠᠷ) ᠶᠠᠰᠤ ᠴᠢᠨᠠᠷ᠎ᠤᠨ ᠬᠠᠮᠢᠶᠠᠷᠤᠯᠲᠠ᠎ᠶᠢᠨ ᠲᠣᠭᠲᠠᠯᠴᠠᠭ᠎ᠠ ᠨᠢ ᠪᠦᠷᠢᠨᠰᠢᠭᠰᠡᠨ᠂ ᠶᠠᠰᠤ ᠴᠢᠨᠠᠷ᠎ᠤᠨ ᠬᠠᠮᠢᠶᠠᠷᠤᠯᠲᠠ᠎ᠶᠢᠨ ᠵᠠᠭᠪᠤᠷ ᠨᠢ ᠲᠡᠷᠢᠭᠦᠨ᠎ᠦ ᠪᠠᠢᠵᠤ᠂ ᠪᠠᠷᠢᠮᠵᠢᠶ᠎ᠠ᠎ᠶᠢᠨ ᠲᠣᠭᠲᠠᠯᠴᠠᠭ᠎ᠠ᠎ᠶᠢ ᠪᠠᠢᠭᠤᠯᠤᠨ᠂ ᠶᠠᠰᠤ ᠴᠢᠨᠠᠷ᠎ᠤᠨ ᠬᠠᠮᠢᠶᠠᠷᠤᠯᠲᠠ᠎ᠶᠢᠨ ᠳᠦᠷᠢᠮ᠂ ᠵᠠᠭᠪᠤᠷ᠂ ᠠᠷᠭ᠎ᠠ ᠮᠠᠶᠢᠭ᠋᠎ᠲᠤ ᠰᠢᠨ᠎ᠡ᠎ᠶᠢ ᠡᠭᠦᠳᠦᠭᠰᠡᠨ᠎ᠦ ᠬᠠᠮᠲᠤ᠂ 2 ᠵᠢᠯ᠎ᠡᠴᠡ ᠳᠡᠭᠡᠭᠰᠢ ᠬᠤᠭᠤᠴᠠᠭ᠎ᠠ ᠲᠠᠢ ᠪᠦᠲᠦᠮᠵᠢᠲᠡᠶ ᠠᠵᠢᠯᠯᠠᠭᠤᠯᠤᠭᠰᠠᠨ ᠮᠥᠷᠲᠡᠭᠡᠨ ᠳᠡᠯᠭᠡᠷᠡᠭᠦᠯᠬᠦ ᠦᠨ᠎ᠡ ᠥᠷᠲᠡᠭ᠎ᠲᠠᠢ ᠪᠠᠢᠬᠤ᠃ 

(ᠭᠤᠷᠪᠠ) 《ᠶᠠᠰᠤ ᠴᠢᠨᠠᠷ᠎ᠢ ᠲᠡᠷᠢᠭᠦᠨ᠎ᠳᠦ ᠲᠠᠯᠪᠢᠵᠤ᠂ ᠦᠷ᠎ᠡ ᠠᠰᠢᠭ᠋᠎ᠢ ᠤᠷᠢᠳ᠎ᠢᠶᠠᠷ ᠪᠣᠳᠣᠯᠬᠢᠯᠠᠬᠤ》 ᠬᠥᠭᠵᠢᠯᠲᠡ᠎ᠶᠢᠨ ᠣᠨᠣᠯᠵᠢᠬᠤᠨ᠎ᠢ ᠪᠠᠷᠢᠮᠲᠠᠯᠠᠨ᠂ ᠶᠠᠰᠤ ᠴᠢᠨᠠᠷ᠎ᠤᠨ ᠠᠵᠢᠯ᠎ᠤᠨ ᠰᠢᠯᠢᠳᠡᠭ ᠰᠣᠶᠣᠯ᠎ᠢ ᠡᠷᠬᠢᠮᠯᠡᠵᠦ᠂ ᠶᠠᠰᠤ ᠴᠢᠨᠠᠷ᠎ᠤᠨ ᠬᠤᠪᠢᠰᠤᠯᠲᠠ᠎ᠶᠢ ᠶᠡᠬᠡ᠎ᠪᠡᠷ ᠠᠬᠢᠭᠤᠯᠤᠭᠰᠠᠨ᠃ ᠦᠢᠯᠡᠳᠪᠦᠷᠢᠯᠡᠯ ᠡᠵᠡᠩᠨᠡᠯᠲᠡ᠎ᠶᠢᠨ ᠠᠵᠢᠯᠯᠠᠭ᠎ᠠ ᠬᠢᠵᠦ ᠪᠠᠢᠭ᠎ᠠ ᠨᠢᠭᠡᠴᠢ᠎ᠶᠢᠨ ᠭᠣᠣᠯ ᠪᠤᠯᠬᠤ ᠠᠵᠤ ᠠᠬᠤᠢ᠂ ᠮᠡᠷᠭᠡᠵᠢᠯ᠎ᠦᠨ ᠭᠦᠢᠴᠡᠳᠬᠡᠯ ᠲᠣᠭ᠎ᠠ ᠪᠠ ᠶᠠᠰᠤ ᠴᠢᠨᠠᠷ᠎ᠤᠨ ᠬᠢᠷᠢ ᠲᠦᠪᠰᠢᠨ ᠨᠢ ᠪᠦᠭᠦ ᠣᠷᠣᠨ᠎ᠤ ᠠᠳᠠᠯᠢ ᠠᠵᠢᠯ ᠲᠥᠷᠥᠯ᠎ᠦᠨ ᠡᠮᠦᠨ᠎ᠡ ᠡᠩᠨᠡᠭᠡᠨ᠎ᠳᠦ ᠪᠠᠢᠬᠤ; ᠠᠰᠢᠭ᠋ ᠬᠣᠨᠵᠢᠪᠤᠷᠢ᠎ᠶᠢᠨ ᠪᠤᠰᠤ ᠲᠤᠬᠠᠢᠯᠠᠭᠰᠠᠨ ᠠᠵᠢᠯ᠎ᠢ ᠡᠷᠭᠢᠯᠡᠵᠦ ᠪᠠᠢᠭ᠎ᠠ ᠨᠢᠭᠡᠴᠢ᠎ᠶᠢᠨ ᠨᠡᠢᠭᠡᠮ᠎ᠳᠦ ᠦᠵᠡᠭᠦᠯᠦᠭᠰᠡᠨ ᠬᠤᠪᠢ ᠨᠡᠮᠡᠷᠢ ᠨᠢ ᠪᠦᠭᠦ ᠣᠷᠣᠨ᠎ᠤ ᠠᠳᠠᠯᠢ ᠠᠵᠢᠯ ᠲᠥᠷᠥᠯ᠎ᠦᠨ ᠡᠮᠦᠨ᠎ᠡ ᠡᠩᠨᠡᠭᠡᠨ᠎ᠳᠦ  ᠪᠠᠢᠬᠤ᠃ 

(ᠳᠥᠷᠪᠡ) ᠶᠠᠰᠤ ᠴᠢᠨᠠᠷ᠎ᠤᠨ ᠬᠥᠭᠵᠢᠯᠲᠡ᠂ ᠨᠠᠷᠠᠲᠤ ᠲᠡᠮᠳᠡᠭ᠎ᠦᠨ ᠪᠠᠢᠭᠤᠯᠤᠯᠲᠠ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠳᠠᠪᠰᠢᠯᠲᠠ᠂ ᠪᠠᠷᠢᠮᠵᠢᠶ᠎ᠠ᠎ᠳᠤ ᠰᠢᠨ᠎ᠡ᠎ᠶᠢ ᠡᠭᠦᠳᠬᠦ᠂ ᠠᠵᠤ ᠠᠬᠤᠢ ᠨᠡᠢᠭᠡᠮ᠎ᠦᠨ ᠦᠷ᠎ᠡ ᠠᠰᠢᠭ᠋᠂ ᠡᠨᠧᠷᠭᠢ ᠠᠷᠪᠢᠯᠠᠨ ᠬᠣᠷᠣᠭᠳᠠᠯ᠎ᠢ ᠪᠠᠭᠤᠷᠠᠭᠤᠯᠵᠤ ᠪᠣᠬᠢᠷᠳᠤᠯ ᠭᠠᠳᠠᠭᠰᠢᠯᠠᠭᠤᠯᠬᠤ᠎ᠶᠢ ᠪᠠᠭᠠᠰᠬᠠᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠪᠠ ᠨᠡᠢᠭᠡᠮ᠎ᠦᠨ ᠬᠠᠷᠢᠭᠤᠴᠠᠯᠭ᠎ᠠ᠎ᠶᠢ ᠭᠦᠢᠴᠡᠳᠬᠡᠬᠦ ᠵᠡᠷᠭᠡ ᠲᠠᠯ᠎ᠠ᠎ᠪᠠᠷ ᠲᠣᠪᠣᠢᠮ᠎ᠠ ᠦᠷ᠎ᠡ ᠪᠦᠲᠦᠮᠵᠢ ᠣᠯᠣᠭᠰᠠᠨ ᠪᠠᠢᠬᠤ᠃ 

(ᠲᠠᠪᠤ) ᠣᠢᠷ᠎ᠠ᠎ᠶᠢᠨ 3 ᠵᠢᠯ᠎ᠤᠨ ᠬᠤᠭᠤᠴᠠᠭᠠᠨ᠎ᠳᠤ ᠶᠠᠰᠤ ᠴᠢᠨᠠᠷ ᠠᠮᠤᠷ ᠲᠦᠪᠰᠢᠨ ᠣᠷᠴᠢᠨ ᠲᠣᠭᠣᠷᠢᠨ᠎ᠤ ᠪᠣᠬᠢᠷᠳᠤᠯ᠂ ᠣᠯᠠᠨ ᠨᠡᠢᠲᠡ᠎ᠶᠢᠨ ᠡᠷᠡᠭᠦᠯ ᠬᠠᠮᠠᠭᠠᠯᠠᠯ ᠵᠡᠷᠭᠡ ᠲᠠᠯ᠎ᠠ᠎ᠪᠠᠷ ᠡᠨᠳᠡᠯ ᠦᠭᠡᠢ᠂ ᠬᠠᠮᠢᠶ᠎ᠠ ᠪᠦᠬᠦᠢ ᠬᠠᠤᠯᠢ ᠲᠣᠭᠲᠠᠭᠠᠯ ᠰᠠᠬᠢᠯᠭ᠎ᠠ ᠪᠠᠲᠤ᠎ᠶᠢ ᠵᠥᠷᠢᠴᠡᠭᠰᠡᠨ ᠪᠠ ᠢᠲᠡᠭᠡᠮᠵᠢ ᠠᠯᠳᠠᠭᠰᠠᠨ ᠲᠡᠮᠳᠡᠭᠯᠡᠯ ᠪᠠᠢᠬᠤ ᠦᠭᠡᠢ᠃ 

ᠠᠷᠪᠠᠨ ᠲᠠᠪᠤᠳᠤᠭᠠᠷ ᠵᠦᠢᠯ  ᠳᠣᠣᠷᠠᠬᠢ ᠨᠥᠬᠥᠴᠡᠯ᠎ᠤᠳ᠎ᠢ ᠪᠦᠷᠢᠳᠦᠭᠦᠯᠦᠭᠰᠡᠨ ᠳᠤᠮᠳᠠ ᠵᠢᠵᠢᠭ ᠠᠵᠤ ᠠᠬᠤᠢᠯᠠᠯ᠎ᠤᠨ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ ᠭᠤᠶᠤᠴᠢᠯᠠᠨ ᠮᠡᠳᠡᠭᠦᠯᠬᠦ᠎ᠶᠢ ᠵᠣᠷᠢᠭ᠍ᠵᠢᠭᠤᠯᠤᠨ᠎ᠠ ᠄ 

(ᠨᠢᠭᠡ) ᠵᠣᠬᠢᠶᠠᠨ ᠪᠠᠢᠭᠤᠯᠤᠯᠲᠠ᠎ᠶᠢᠨ ᠬᠡᠪᠴᠢᠶ᠎ᠡ ᠨᠢ ᠡᠷᠬᠡᠪᠰᠢ 《〈 ᠲᠣᠭ᠎ᠠ ᠪᠦᠷᠢᠳᠬᠡᠯ᠎ᠦᠨ ᠲᠠᠯ᠎ᠠ᠎ᠪᠠᠷ ᠲᠣᠮᠣ᠌ ᠳᠤᠮᠳᠠ ᠵᠢᠵᠢᠭ ᠪᠢᠴᠢᠯ ᠭᠡᠯᠪᠡᠷᠢ᠎ᠶᠢᠨ ᠠᠵᠤ ᠠᠬᠤᠢᠯᠠᠯ᠎ᠢ ᠬᠤᠪᠢᠶᠠᠷᠢᠯᠠᠬᠤ ᠠᠷᠭ᠎ᠠ (2017)〉᠎ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶᠠᠨ᠎ᠤ ᠮᠡᠳᠡᠭᠳᠡᠯ 》᠎ᠳᠠᠬᠢ ᠳᠤᠮᠳᠠ ᠵᠢᠵᠢᠭ ᠠᠵᠤ ᠠᠬᠤᠢᠯᠠᠯ᠎ᠢ ᠬᠤᠪᠢᠶᠠᠷᠢᠯᠠᠬᠤ ᠪᠠᠷᠢᠮᠵᠢᠶ᠎ᠠ᠎ᠳᠤ ᠨᠡᠢᠴᠡᠭᠰᠡᠨ ᠪᠠᠢᠬᠤ᠃ 

(ᠬᠣᠶᠠᠷ) ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢᠯᠠᠯ᠎ᠤᠨ ᠬᠢᠷᠢ ᠭᠡᠮ᠎ᠤᠨ ᠦᠨᠡᠮᠯᠡᠯ ᠨᠢ ᠬᠦᠴᠦᠨ ᠪᠦᠬᠦᠢ ᠬᠤᠭᠤᠴᠠᠭᠠᠨ᠎ᠳᠤ᠎ᠪᠠᠨ ᠪᠠᠢᠬᠤ ᠪᠤᠶᠤ ᠤᠯᠤᠰ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠬᠡᠯᠪᠡᠷᠢ᠎ᠶᠢᠨ ᠳᠤᠮᠳᠠ ᠵᠢᠵᠢᠭ ᠠᠵᠤ ᠠᠬᠤᠢᠯᠠᠯ᠎ᠤᠨ ᠮᠡᠳᠡᠭᠡ ᠵᠠᠩᠭᠢ᠎ᠶᠢᠨ ᠬᠥᠮᠥᠷᠭᠡ᠎ᠳᠤ ᠣᠷᠣᠭᠰᠠᠨ ᠪᠠᠢᠬᠤ᠃ 

(ᠭᠤᠷᠪᠠ) ᠠᠵᠤ ᠦᠢᠯᠡᠰ᠎ᠦᠨ ᠬᠥᠭᠵᠢᠯᠲᠡ᠎ᠶᠢᠨ ᠴᠢᠭᠯᠡᠯ᠎ᠳᠦ ᠨᠡᠢᠴᠡᠵᠦ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠠᠭᠤᠯᠤᠭᠳᠠᠴᠠ ᠥᠨᠳᠥᠷ᠂ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠨᠠᠷ᠎ᠢᠶᠡᠷ ᠴᠢᠩᠭ᠎ᠠ᠂ ᠶᠠᠰᠤ ᠴᠢᠨᠠᠷ᠎ᠤᠨ ᠬᠠᠮᠢᠶᠠᠷᠤᠯᠲᠠ᠎ᠶᠢᠨ ᠬᠢᠷᠢ ᠲᠦᠪᠰᠢᠨ ᠥᠨᠳᠥᠷ᠂ ᠵᠠᠬ᠎ᠠ ᠳᠡᠯᠭᠡᠭᠦᠷ᠎ᠦᠨ ᠥᠷᠢᠰᠦᠯᠳᠦᠬᠦ ᠬᠦᠴᠦᠨ ᠪᠠ ᠪᠣᠢᠵᠢᠵᠤ ᠬᠥᠭᠵᠢᠬᠦ ᠴᠢᠨᠠᠷ᠎ᠢᠶᠡᠷ ᠴᠢᠩᠭ᠎ᠠ ᠪᠠᠢᠵᠤ᠂ ᠠᠳᠠᠯᠢ ᠠᠵᠢᠯ ᠲᠥᠷᠥᠯ᠎ᠦᠨ ᠡᠮᠦᠨ᠎ᠡ ᠡᠩᠨᠡᠭᠡᠨ᠎ᠳᠦ ᠪᠠᠢᠬᠤ᠃ 

(ᠳᠥᠷᠪᠡ) ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠲᠠᠯ᠎ᠠ᠎ᠪᠠᠷ ᠤᠯᠤᠰ᠎ᠤᠨ ᠲᠠᠰ᠂ ᠮᠤᠵᠢ ᠶᠠᠮᠤᠨ᠎ᠤ ᠲᠠᠰ᠎ᠤᠨ ᠱᠠᠩᠨᠠᠯ ᠬᠥᠬᠢᠭᠦᠯᠦᠯ᠎ᠢ ᠭᠥᠷᠳᠡᠭᠰᠡᠨ ᠪᠤᠶᠤ ᠦᠨᠡᠮᠰᠢᠨ ᠲᠣᠭᠲᠠᠭᠠᠭᠳᠠᠭᠰᠠᠨ ᠮᠤᠵᠢ ᠶᠠᠮᠤᠨ᠎ᠤ ᠲᠠᠰ ᠵᠢᠴᠢ ᠲᠡᠭᠦᠨ᠎ᠡᠴᠡ ᠳᠡᠭᠡᠭᠰᠢᠬᠢ ᠰᠤᠳᠤᠯᠤᠨ ᠨᠡᠭᠡᠭᠡᠬᠦ ᠪᠠᠢᠭᠤᠯᠤᠮᠵᠢ᠎ᠲᠠᠢ ᠪᠠᠢᠬᠤ᠃ 

ᠲᠠᠪᠤᠳᠤᠭᠠᠷ ᠪᠦᠯᠦᠭ  ᠬᠢᠨᠠᠨ ᠲᠣᠭᠲᠠᠭᠠᠵᠤ ᠰᠠᠢᠰᠢᠶᠠᠨ ᠬᠥᠬᠢᠭᠦᠯᠬᠦ 

ᠠᠷᠪᠠᠨ ᠵᠢᠷᠭᠤᠳᠤᠭᠠᠷ ᠵᠦᠢᠯ  ᠬᠢᠨᠠᠨ ᠲᠣᠭᠲᠠᠭᠠᠬᠤ ᠠᠵᠢᠯ᠎ᠢ ᠡᠬᠢᠯᠡᠭᠦᠯᠬᠦ᠃ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠢ ᠰᠢᠯᠭᠠᠷᠠᠭᠤᠯᠬᠤ ᠠᠵᠢᠯ ᠡᠬᠢᠯᠡᠬᠦ᠎ᠡᠴᠡ ᠡᠮᠦᠨ᠎ᠡ᠂ ᠤᠳᠤᠷᠢᠳᠬᠤ ᠳᠤᠭᠤᠢᠯᠠᠩ᠎ᠤᠨ ᠠᠯᠪᠠᠨ ᠭᠡᠷ ᠨᠢ ᠲᠥᠷᠥᠯ ᠵᠦᠢᠯ᠎ᠤᠨ ᠬᠡᠷᠡᠭᠵᠢᠭᠦᠯᠬᠦ ᠲᠥᠰᠥᠯ᠎ᠢᠶᠡᠨ ᠥᠪᠡᠷᠲᠡᠭᠡᠨ ᠵᠠᠰᠠᠬᠤ ᠣᠷᠣᠨ᠎ᠤ ᠭᠠᠪᠢᠶ᠎ᠠ ᠵᠢᠳᠬᠦᠯ ᠢᠷᠠᠭᠤ ᠠᠯᠳᠠᠷ᠎ᠢ ᠰᠠᠢᠰᠢᠶᠠᠨ ᠬᠥᠬᠢᠭᠦᠯᠬᠦ ᠠᠵᠢᠯ᠎ᠤᠨ ᠺᠣᠮᠢᠰ᠎ᠲᠤ ᠮᠡᠳᠡᠭᠦᠯᠵᠦ᠂ ᠵᠥᠪᠰᠢᠶᠡᠷᠡᠭᠦᠯᠦᠭᠰᠡᠨ᠎ᠦ ᠳᠠᠷᠠᠭ᠎ᠠ ᠰᠢᠨ᠎ᠡ ᠨᠢᠭᠡ ᠬᠤᠭᠤᠴᠠᠭᠠᠨ᠎ᠤ ᠬᠢᠨᠠᠨ ᠲᠣᠭᠲᠠᠭᠠᠵᠤ ᠰᠠᠢᠰᠢᠶᠠᠨ ᠬᠥᠬᠢᠭᠦᠯᠬᠦ ᠠᠵᠢᠯ᠎ᠢ ᠡᠬᠢᠯᠡᠭᠦᠯᠬᠦ ᠬᠡᠷᠡᠭᠲᠡᠢ᠃ 

ᠠᠷᠪᠠᠨ ᠳᠣᠯᠣᠳᠤᠭᠠᠷ ᠵᠦᠢᠯ  ᠮᠡᠳᠡᠭᠳᠡᠯ ᠨᠡᠢᠲᠡᠯᠡᠬᠦ᠃ ᠬᠢᠨᠠᠨ ᠲᠣᠭᠲᠠᠭᠠᠬᠤ ᠠᠵᠢᠯ᠎ᠤᠨ ᠮᠡᠳᠡᠭᠳᠡᠯ᠎ᠢ ᠤᠳᠤᠷᠢᠳᠬᠤ ᠳᠤᠭᠤᠢᠯᠠᠩ᠎ᠤᠨ ᠠᠯᠪᠠᠨ ᠭᠡᠷ ᠳᠠᠷᠤᠮᠠᠯᠯᠠᠨ ᠶᠠᠪᠤᠭᠤᠯᠬᠤ᠎ᠶᠢᠨ ᠬᠠᠮᠲᠤ ᠬᠣᠯᠪᠣᠭᠳᠠᠯ ᠪᠦᠬᠦᠢ ᠵᠠᠭᠤᠴᠢᠯᠠᠭᠤᠷ᠂ ᠰᠦᠯᠵᠢᠶ᠎ᠡ ᠵᠡᠷᠭᠡ ᠣᠯᠠᠨ ᠨᠡᠢᠲᠡ᠎ᠶᠢᠨ ᠵᠠᠭᠤᠴᠢᠯᠠᠭᠤᠷ᠎ᠲᠤ ᠨᠡᠢᠲᠡᠯᠡᠵᠦ᠂ ᠪᠦᠭᠦ ᠨᠡᠢᠭᠡᠮ᠎ᠳᠦ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ᠎ᠶᠢᠨ ᠠᠷᠭ᠎ᠠ ᠵᠢᠴᠢ ᠬᠢᠨᠠᠨ ᠲᠣᠭᠲᠠᠭᠠᠬᠤ ᠪᠠᠷᠢᠮᠵᠢᠶ᠎ᠠ᠎ᠶᠢ ᠢᠯᠡ ᠪᠤᠯᠭᠠᠬᠤ ᠬᠡᠷᠡᠭᠲᠡᠢ᠃ 

ᠠᠷᠪᠠᠨ ᠨᠠᠢ᠍ᠮᠠᠳᠤᠭᠠᠷ ᠵᠦᠢᠯ  ᠰᠠᠢᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠬᠦ᠃ ᠭᠤᠶᠤᠴᠢᠯᠠᠨ ᠮᠡᠳᠡᠭᠦᠯᠬᠦ ᠨᠢᠭᠡᠴᠢ ᠨᠢ ᠰᠠᠢᠨ ᠳᠤᠷ᠎ᠠ᠎ᠶᠢᠨ ᠪᠠᠢᠬᠤ ᠰᠠᠭᠤᠷᠢᠨ ᠳᠡᠭᠡᠷ᠎ᠡ ᠭᠤᠶᠤᠴᠢᠯᠠᠨ ᠮᠡᠳᠡᠭᠦᠯᠬᠦ ᠮᠠᠲᠧᠷᠢᠶᠠᠯ᠎ᠢᠶᠠᠨ ᠦᠨᠡᠨ ᠪᠣᠳᠠᠲᠠᠢ ᠲᠠᠭᠯᠠᠬᠤ᠎ᠶᠢᠨ ᠬᠠᠮᠲᠤ᠂ ᠨᠢᠭᠡᠴᠢ᠎ᠶᠢᠨ ᠳᠣᠲᠣᠭᠠᠳᠤ᠎ᠳᠦ᠎ᠪᠠᠨ ᠵᠠᠷᠯᠠᠨ᠎ᠠ᠂ ᠵᠠᠷᠯᠠᠬᠤ ᠬᠤᠭᠤᠴᠠᠭ᠎ᠠ᠎ᠶᠢ 5 ᠠᠵᠢᠯᠯᠠᠬᠤ ᠡᠳᠦᠷ᠎ᠡᠴᠡ ᠳᠤᠲᠠᠭᠤ ᠪᠠᠢᠯᠭᠠᠵᠤ ᠪᠤᠯᠬᠤ ᠦᠭᠡᠢ᠃ 

ᠠᠷᠪᠠ ᠶᠢᠰᠦᠳᠦᠭᠡᠷ ᠵᠦᠢᠯ  ᠠᠢᠮᠠᠭ ᠬᠤᠳᠠ ᠠᠩᠬ᠎ᠠ ᠬᠢᠨᠠᠬᠤ᠃ ᠭᠤᠶᠤᠴᠢᠯᠠᠨ ᠮᠡᠳᠡᠭᠦᠯᠬᠦ ᠨᠢᠭᠡᠴᠢ ᠨᠢ ᠲᠣᠭᠲᠠᠭᠰᠠᠨ ᠬᠤᠭᠤᠴᠠᠭ᠎ᠠ ᠬᠢᠵᠠᠭᠠᠷ᠎ᠲᠤ ᠭᠤᠶᠤᠴᠢᠯᠠᠨ ᠮᠡᠳᠡᠭᠦᠯᠬᠦ ᠮᠠᠲᠧᠷᠢᠶᠠᠯ ᠪᠠ ᠬᠠᠮᠢᠶ᠎ᠠ ᠪᠦᠬᠦᠢ ᠭᠡᠷᠡᠴᠢᠯᠡᠬᠦ ᠴᠢᠨᠠᠷᠲᠠᠢ ᠮᠠᠲᠧᠷᠢᠶᠠᠯ᠎ᠢᠶᠠᠨ ᠪᠠᠢᠭ᠎ᠠ ᠭᠠᠵᠠᠷ᠎ᠤᠨ᠎ᠢᠶᠠᠨ ᠠᠢᠮᠠᠭ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠦ ᠮᠡᠳᠡᠭᠦᠯᠦᠨ ᠬᠦᠷᠭᠡᠬᠦ ᠬᠡᠷᠡᠭᠲᠡᠢ᠃ ᠠᠢᠮᠠᠭ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠭᠤᠶᠤᠴᠢᠯᠠᠨ ᠮᠡᠳᠡᠭᠦᠯᠦᠭᠰᠡᠨ ᠨᠢᠭᠡᠴᠢ᠎ᠶᠢᠨ ᠬᠢᠷᠢ ᠭᠡᠮ ᠪᠠ ᠭᠤᠶᠤᠴᠢᠯᠠᠨ ᠮᠡᠳᠡᠭᠦᠯᠦᠭᠰᠡᠨ ᠮᠠᠲᠧᠷᠢᠶᠠᠯ᠎ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠬᠠᠤᠯᠢ ᠶᠣᠰᠣᠴᠢ ᠴᠢᠨᠠᠷ᠎ᠲᠤ ᠭᠡᠯᠪᠡᠷᠢ᠎ᠶᠢᠨ ᠲᠠᠯ᠎ᠠ᠎ᠶᠢᠨ ᠬᠢᠨᠠᠨ ᠪᠠᠢᠴᠠᠭᠠᠯᠲᠠ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠰᠠᠨᠠᠯ᠎ᠢ ᠬᠤᠷᠢᠶᠠᠭᠰᠠᠨ᠎ᠤ ᠳᠠᠷᠠᠭ᠎ᠠ ᠨᠡᠢᠭᠡᠮ᠎ᠳᠦ ᠵᠠᠷᠯᠠᠨ ᠨᠡᠢᠲᠡᠯᠡᠬᠦ ᠬᠡᠷᠡᠭᠲᠡᠢ᠂ ᠵᠠᠷᠯᠠᠨ ᠨᠡᠢᠲᠡᠯᠡᠬᠦ ᠬᠤᠭᠤᠴᠠᠭ᠎ᠠ᠎ᠶᠢ 5 ᠠᠵᠢᠯᠯᠠᠬᠤ ᠡᠳᠦᠷ᠎ᠡᠴᠡ ᠳᠤᠲᠠᠭᠤ ᠪᠠᠢᠯᠭᠠᠵᠤ ᠪᠤᠯᠬᠤ ᠦᠭᠡᠢ᠃ 

ᠬᠣᠷᠢᠳᠤᠭᠠᠷ ᠵᠦᠢᠯ  ᠬᠢᠷᠢ ᠭᠡᠮ᠎ᠢ ᠬᠢᠨᠠᠨ ᠪᠠᠢᠴᠠᠭᠠᠬᠤ᠃ ᠤᠳᠤᠷᠢᠳᠬᠤ ᠳᠤᠭᠤᠢᠯᠠᠩ᠎ᠤᠨ ᠠᠯᠪᠠᠨ ᠭᠡᠷ ᠨᠢ ᠭᠤᠶᠤᠴᠢᠯᠠᠨ ᠮᠡᠳᠡᠭᠦᠯᠦᠭᠰᠡᠨ ᠨᠢᠭᠡᠴᠢ᠎ᠶᠢᠨ ᠬᠢᠷᠢ ᠭᠡᠮ ᠪᠠ ᠭᠤᠶᠤᠴᠢᠯᠠᠨ ᠮᠡᠳᠡᠭᠦᠯᠦᠭᠰᠡᠨ ᠮᠠᠲᠧᠷᠢᠶᠠᠯ᠎ᠤᠨ ᠪᠦᠷᠢᠨ ᠪᠦᠲᠦᠨ ᠴᠢᠨᠠᠷ᠎ᠢ ᠳᠠᠬᠢᠨᠲᠠ ᠬᠠᠷᠭᠤᠭᠤᠯᠬᠤ᠎ᠶᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠠᠵᠢᠯ ᠲᠥᠷᠥᠯ᠎ᠦᠨ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠰᠠᠨᠠᠯ᠎ᠢ ᠬᠤᠷᠢᠶᠠᠵᠤ᠂ ᠬᠢᠷᠢ ᠭᠡᠮ᠎ᠦᠨ ᠬᠢᠨᠠᠨ ᠪᠠᠢᠴᠠᠭᠠᠯᠲᠠ᠎ᠪᠠᠷ ᠪᠠᠲᠤᠯᠠᠭᠰᠠᠨ ᠨᠢᠭᠡᠴᠢ᠎ᠨᠦᠭᠦᠳ᠎ᠦᠨ ᠨᠡᠷᠡᠰ᠎ᠢ ᠲᠣᠭᠲᠠᠭᠠᠬᠤ᠎ᠶᠢᠨ ᠬᠠᠮᠲᠤ ᠨᠡᠢᠭᠡᠮ᠎ᠳᠦ ᠵᠠᠷᠯᠠᠨ ᠨᠡᠢᠲᠡᠯᠡᠬᠦ ᠬᠡᠷᠡᠭᠲᠡᠢ᠂ ᠵᠠᠷᠯᠠᠨ ᠨᠡᠢᠲᠡᠯᠡᠬᠦ ᠬᠤᠭᠤᠴᠠᠭ᠎ᠠ᠎ᠶᠢ 5 ᠠᠵᠢᠯᠯᠠᠬᠤ ᠡᠳᠦᠷ᠎ᠡᠴᠡ ᠳᠤᠲᠠᠭᠤ ᠪᠠᠢᠯᠭᠠᠵᠤ ᠪᠤᠯᠬᠤ ᠦᠭᠡᠢ᠃ 

ᠬᠣᠷᠢᠨ ᠨᠢᠭᠡᠳᠦᠭᠡᠷ ᠵᠦᠢᠯ  ᠬᠢᠨᠠᠨ ᠲᠣᠭᠲᠠᠭᠠᠬᠤ ᠠᠵᠢᠯ᠎ᠢ ᠵᠣᠬᠢᠶᠠᠨ ᠪᠠᠢᠭᠤᠯᠬᠤ᠃ ᠤᠳᠤᠷᠢᠳᠬᠤ ᠳᠤᠭᠤᠢᠯᠠᠩ᠎ᠤᠨ ᠠᠯᠪᠠᠨ ᠭᠡᠷ ᠨᠢ ᠬᠢᠨᠠᠨ ᠲᠣᠭᠲᠠᠭᠠᠬᠤ ᠠᠵᠢᠯ᠎ᠢ ᠵᠣᠬᠢᠶᠠᠨ ᠪᠠᠢᠭᠤᠯᠵᠤ ᠥᠷᠨᠢᠭᠦᠯᠦᠨ᠎ᠡ᠂ ᠡᠭᠦᠨ᠎ᠳᠦ ᠮᠠᠲᠧᠷᠢᠶᠠᠯ᠎ᠢ ᠬᠢᠨᠠᠨ ᠲᠣᠭᠲᠠᠭᠠᠬᠤ᠂ ᠲᠤᠬᠠᠢ᠎ᠶᠢᠨ ᠲᠠᠯᠠᠪᠤᠷ᠎ᠲᠤ ᠬᠢᠨᠠᠨ ᠲᠣᠭᠲᠠᠭᠠᠬᠤ᠂ ᠲᠣᠭᠠᠴᠢᠯᠲᠠ ᠬᠢᠵᠦ ᠬᠠᠷᠢᠭᠤ ᠮᠠᠷᠭᠤᠬᠤ ᠵᠡᠷᠭᠡ ᠪᠠᠭᠲᠠᠨ᠎ᠠ᠃ 

(ᠨᠢᠭᠡ) ᠮᠠᠲᠧᠷᠢᠶᠠᠯ᠎ᠢ ᠬᠢᠨᠠᠨ ᠲᠣᠭᠲᠠᠭᠠᠬᠤ᠃ ᠬᠢᠨᠠᠨ ᠲᠣᠭᠲᠠᠭᠠᠬᠤ ᠳᠤᠭᠤᠢᠯᠠᠩ ᠨᠢ ᠬᠢᠨᠠᠨ ᠲᠣᠭᠲᠠᠭᠠᠬᠤ ᠪᠠᠷᠢᠮᠵᠢᠶ᠎ᠠ᠎ᠶᠢ ᠦᠨᠳᠦᠰᠦᠯᠡᠨ᠂ ᠬᠢᠷᠢ ᠭᠡᠮ᠎ᠦᠨ ᠬᠢᠨᠠᠨ ᠪᠠᠢᠴᠠᠭᠠᠯᠲᠠ᠎ᠪᠠᠷ ᠪᠠᠲᠤᠯᠠᠭᠰᠠᠨ ᠭᠤᠶᠤᠴᠢᠯᠠᠨ ᠮᠡᠳᠡᠭᠦᠯᠦᠭᠰᠡᠨ ᠮᠠᠲᠧᠷᠢᠶᠠᠯ᠎ᠢ ᠬᠢᠨᠠᠨ ᠲᠣᠭᠲᠠᠭᠠᠵᠤ᠂ ᠮᠠᠲᠧᠷᠢᠶᠠᠯ᠎ᠢ ᠬᠢᠨᠠᠨ ᠲᠣᠭᠲᠠᠭᠠᠭᠰᠠᠨ ᠮᠡᠳᠡᠭᠦᠯᠦᠯᠲᠡ᠎ᠶᠢ ᠪᠦᠷᠢᠯᠳᠦᠭᠦᠯᠵᠦ᠂ ᠶᠠᠰᠤ ᠴᠢᠨᠠᠷ᠎ᠢ ᠰᠠᠢᠵᠢᠷᠠᠭᠤᠯᠬᠤ ᠰᠠᠨᠠᠭᠤᠯᠭ᠎ᠠ ᠳᠤᠷᠠᠳᠬᠤ ᠬᠡᠷᠡᠭᠲᠡᠢ᠃ ᠤᠳᠤᠷᠢᠳᠬᠤ ᠳᠤᠭᠤᠢᠯᠠᠩ᠎ᠤᠨ ᠠᠯᠪᠠᠨ ᠭᠡᠷ ᠨᠢ ᠮᠠᠲᠧᠷᠢᠶᠠᠯ᠎ᠢ ᠬᠢᠨᠠᠨ ᠲᠣᠭᠲᠠᠭᠠᠭᠰᠠᠨ ᠮᠡᠳᠡᠭᠦᠯᠦᠯᠲᠡ᠎ᠶᠢ ᠦᠨᠳᠦᠰᠦᠯᠡᠨ᠂ 《ᠰᠠᠢᠨ᠎ᠡᠴᠡ ᠨᠢ ᠰᠢᠯᠢᠳᠡᠭ᠎ᠢ ᠨᠢ ᠰᠣᠩᠭᠣᠬᠤ》 ᠵᠠᠷᠴᠢᠮ ᠶᠣᠰᠣᠭᠠᠷ᠂ ᠲᠤᠬᠠᠢ᠎ᠶᠢᠨ ᠲᠠᠯᠠᠪᠤᠷ᠎ᠲᠤ ᠬᠢᠨᠠᠨ ᠲᠣᠭᠲᠠᠭᠠᠬᠤ ᠨᠡᠷᠡᠰ᠎ᠢ ᠲᠣᠭᠲᠠᠭᠠᠨ᠎ᠠ᠃ ᠲᠤᠬᠠᠢ᠎ᠶᠢᠨ ᠲᠠᠯᠠᠪᠤᠷ᠎ᠤᠨ ᠬᠢᠨᠠᠨ ᠲᠣᠭᠲᠠᠭᠠᠯᠲᠠ᠎ᠳᠤ ᠣᠷᠣᠭᠰᠠᠨ ᠦᠭᠡᠢ ᠨᠢᠭᠡᠴᠢ᠎ᠨᠦᠭᠦᠳ᠎ᠲᠦ ᠮᠠᠲᠧᠷᠢᠶᠠᠯ᠎ᠢ ᠬᠢᠨᠠᠨ ᠲᠣᠭᠲᠠᠭᠠᠭᠰᠠᠨ ᠮᠡᠳᠡᠭᠦᠯᠦᠯᠲᠡ᠎ᠶᠢ ᠬᠠᠷᠢᠭᠤ ᠲᠤᠰᠬᠠᠬᠤ ᠬᠡᠷᠡᠭᠲᠡᠢ᠃ 

(ᠬᠣᠶᠠᠷ) ᠲᠤᠬᠠᠢ᠎ᠶᠢᠨ ᠲᠠᠯᠠᠪᠤᠷ᠎ᠲᠦ ᠬᠢᠨᠠᠨ ᠲᠣᠭᠲᠠᠭᠠᠬᠤ᠃ ᠬᠢᠨᠠᠨ ᠲᠣᠭᠲᠠᠭᠠᠬᠤ ᠳᠤᠭᠤᠢᠯᠠᠩ ᠨᠢ ᠲᠤᠬᠠᠢ᠎ᠶᠢᠨ ᠲᠠᠯᠠᠪᠤᠷ᠎ᠲᠤ ᠬᠢᠨᠠᠨ ᠲᠣᠭᠲᠠᠭᠠᠬᠤ ᠭᠣᠭᠴᠣᠭᠠᠨ᠎ᠳᠤ ᠣᠷᠣᠭᠰᠠᠨ ᠭᠤᠶᠤᠴᠢᠯᠠᠨ ᠮᠡᠳᠡᠭᠦᠯᠦᠭᠰᠡᠨ ᠨᠢᠭᠡᠴᠢ᠎ᠶᠢᠨ ᠶᠠᠰᠤ ᠴᠢᠨᠠᠷ᠎ᠤᠨ ᠬᠠᠮᠢᠶᠠᠷᠤᠯᠲᠠ᠎ᠶᠢᠨ ᠦᠢᠯᠡᠳᠦᠯᠭᠡ᠂ ᠭᠠᠷᠮᠠᠭᠠᠢ ᠠᠮᠵᠢᠯᠲᠠ ᠪᠦᠲᠦᠮᠵᠢ᠎ᠶᠢ ᠬᠡᠷᠡᠭᠵᠢᠭᠦᠯᠦᠭᠰᠡᠨ ᠶᠠᠪᠤᠴᠠ᠎ᠶᠢᠨ ᠦᠷ᠎ᠡ ᠳ᠋ᠦᠩ ᠵᠡᠷᠭᠡ᠎ᠶᠢ ᠲᠤᠬᠠᠢ᠎ᠶᠢᠨ ᠭᠠᠵᠠᠷ᠎ᠲᠦ ᠨᠢ ᠦᠨᠡᠯᠡᠵᠦ᠂ ᠲᠤᠬᠠᠢ᠎ᠶᠢᠨ ᠲᠠᠯᠠᠪᠤᠷ᠎ᠲᠤ ᠬᠢᠨᠠᠨ ᠲᠣᠭᠲᠠᠭᠠᠭᠰᠠᠨ ᠮᠡᠳᠡᠭᠦᠯᠦᠯᠲᠡ᠎ᠶᠢ ᠪᠦᠷᠢᠯᠳᠦᠭᠦᠯᠬᠦ ᠬᠡᠷᠡᠭᠲᠡᠢ᠃ 

(ᠭᠤᠷᠪᠠ) ᠲᠣᠭᠠᠴᠢᠯᠲᠠ ᠬᠢᠵᠦ ᠬᠠᠷᠢᠭᠤ ᠮᠠᠷᠭᠤᠬᠤ᠃ ᠲᠣᠭᠠᠴᠢᠯᠲᠠ ᠬᠢᠵᠦ ᠬᠠᠷᠢᠭᠤ ᠮᠠᠷᠭᠤᠬᠤ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ᠎ᠦ ᠳᠤᠭᠤᠢᠯᠠᠩ᠎ᠢ ᠵᠣᠬᠢᠶᠠᠨ ᠪᠠᠢᠭᠤᠯᠵᠤ᠂ ᠲᠤᠬᠠᠢ᠎ᠶᠢᠨ ᠲᠠᠯᠠᠪᠤᠷ᠎ᠤᠨ ᠬᠢᠨᠠᠨ ᠲᠣᠭᠲᠠᠭᠠᠯᠲᠠ᠎ᠪᠠᠷ ᠪᠠᠲᠤᠯᠠᠭᠰᠠᠨ ᠨᠢᠭᠡᠴᠢ᠎ᠨᠦᠭᠦᠳ᠎ᠦᠨ ᠳᠡᠭᠡᠳᠦ ᠳᠠᠪᠬᠤᠷᠭ᠎ᠠ᠎ᠶᠢᠨ ᠬᠠᠮᠢᠶᠠᠷᠤᠭ᠍ᠴᠢ ᠨᠠᠷ (ᠬᠠᠮᠢᠶᠠᠷᠤᠯᠲᠠ᠎ᠶᠢᠨ ᠳᠠᠪᠬᠤᠷᠭ᠎ᠠ᠎ᠶᠢᠨ ᠲᠥᠯᠥᠭᠡᠯᠡᠭᠴᠢ)᠎ᠢ ᠵᠣᠬᠢᠶᠠᠨ ᠪᠠᠢᠭᠤᠯᠤᠭᠠᠳ ᠳᠡᠭᠡᠳᠦ ᠳᠠᠪᠬᠤᠷᠭ᠎ᠠ᠎ᠶᠢᠨ ᠬᠠᠷᠢᠭᠤ ᠮᠠᠷᠭᠤᠯᠲᠠ ᠭᠢᠯᠭᠡᠵᠦ᠂ ᠲᠤᠰᠬᠠᠢ ᠮᠡᠷᠭᠡᠵᠢᠯᠲᠡᠨ᠎ᠦ ᠳᠤᠭᠤᠢᠯᠠᠩ᠎ᠠᠴᠠ ᠬᠠᠷᠢᠭᠤ ᠮᠠᠷᠭᠤᠭᠰᠠᠨ ᠬᠤᠪᠢ ᠭᠠᠷᠭᠠᠨ᠎ᠠ᠃ 

ᠬᠣᠷᠢᠨ ᠬᠣᠶᠠᠳᠤᠭᠠᠷ ᠵᠦᠢᠯ  ᠶᠡᠷᠦᠩᠬᠡᠢᠯᠡᠨ ᠦᠨᠡᠯᠡᠵᠦ ᠵᠥᠪᠳᠡᠯᠴᠡᠬᠦ᠃ ᠤᠳᠤᠷᠢᠳᠬᠤ ᠳᠤᠭᠤᠢᠯᠠᠩ᠎ᠤᠨ ᠠᠯᠪᠠᠨ ᠭᠡᠷ ᠨᠢ ᠲᠤᠬᠠᠢ᠎ᠶᠢᠨ ᠲᠠᠯᠠᠪᠤᠷ᠎ᠲᠤ ᠬᠢᠨᠠᠨ ᠲᠣᠭᠲᠠᠭᠠᠭᠰᠠᠨ ᠪᠠ ᠲᠣᠭᠠᠴᠢᠯᠲᠠ ᠬᠢᠵᠦ ᠬᠠᠷᠢᠭᠤ ᠮᠠᠷᠭᠤᠭᠰᠠᠨ ᠦᠷ᠎ᠡ ᠳ᠋ᠦᠩ᠎ᠢ ᠦᠨᠳᠦᠰᠦᠯᠡᠨ᠂ ᠭᠤᠶᠤᠴᠢᠯᠠᠨ ᠮᠡᠳᠡᠭᠦᠯᠦᠭᠰᠡᠨ ᠨᠢᠭᠡᠴᠢ᠎ᠳᠦ ᠶᠡᠷᠦᠩᠬᠡᠢᠯᠡᠭᠰᠡᠨ ᠬᠤᠪᠢ ᠲᠣᠭᠲᠠᠭᠠᠵᠤ᠂ ᠱᠠᠩᠨᠠᠯ ᠣᠯᠭᠣᠬᠤ᠎ᠪᠠᠷ ᠵᠢᠱ᠌ᠢᠭᠳᠡᠭᠰᠡᠳ᠎ᠦᠨ ᠨᠡᠷᠡᠰ᠎ᠢ ᠰᠤᠳᠤᠯᠤᠨ ᠳᠤᠷᠠᠳᠴᠤ᠂ ᠬᠠᠮᠢᠶ᠎ᠠ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠨᠡᠢᠭᠡᠮ᠎ᠡᠴᠡ ᠢᠯᠡ᠎ᠪᠡᠷ ᠰᠠᠨᠠᠯ ᠰᠠᠨᠠᠭᠤᠯᠭ᠎ᠠ ᠬᠤᠷᠢᠶᠠᠬᠤ ᠬᠡᠷᠡᠭᠲᠡᠢ᠃ 

ᠬᠣᠷᠢᠨ ᠭᠤᠷᠪᠠᠳᠤᠭᠠᠷ ᠵᠦᠢᠯ  ᠤᠳᠤᠷᠢᠳᠬᠤ ᠳᠤᠭᠤᠢᠯᠠᠩ ᠬᠢᠨᠠᠨ ᠵᠥᠪᠯᠡᠬᠦ᠃ ᠤᠳᠤᠷᠢᠳᠬᠤ ᠳᠤᠭᠤᠢᠯᠠᠩ᠎ᠤᠨ ᠠᠯᠪᠠᠨ ᠭᠡᠷ ᠨᠢ ᠬᠢᠨᠠᠨ ᠲᠣᠭᠲᠠᠭᠠᠭᠰᠠᠨ ᠮᠡᠳᠡᠭᠦᠯᠦᠯᠲᠡ ᠵᠢᠴᠢ ᠰᠠᠨᠠᠯ ᠬᠤᠷᠢᠶᠠᠭᠰᠠᠨ ᠪᠠᠢᠳᠠᠯ᠎ᠢ ᠬᠤᠷᠢᠶᠠᠩᠭᠤᠢᠯᠠᠵᠤ᠂ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠱᠠᠩᠨᠠᠯ ᠣᠯᠭᠣᠬᠤ᠎ᠪᠠᠷ ᠪᠠᠢᠭ᠎ᠠ ᠨᠡᠷᠡᠰ᠎ᠢ ᠳᠤᠷᠠᠳᠴᠤ᠂ ᠤᠳᠤᠷᠢᠳᠬᠤ ᠳᠤᠭᠤᠢᠯᠠᠩ᠎ᠳᠤ ᠳᠡᠪᠰᠢᠭᠦᠯᠦᠨ ᠬᠢᠨᠠᠨ ᠵᠥᠪᠯᠡᠭᠦᠯᠦᠨ᠎ᠡ᠃ ᠤᠳᠤᠷᠢᠳᠬᠤ ᠳᠤᠭᠤᠢᠯᠠᠩ ᠬᠢᠨᠠᠨ ᠵᠥᠪᠯᠡᠵᠦ ᠪᠠᠲᠤᠯᠠᠭᠰᠠᠨ᠎ᠤ ᠳᠠᠷᠠᠭ᠎ᠠ᠂ ᠤᠳᠤᠷᠢᠳᠬᠤ ᠳᠤᠭᠤᠢᠯᠠᠩ᠎ᠤᠨ ᠠᠯᠪᠠᠨ ᠭᠡᠷ ᠨᠢ ᠨᠡᠢᠭᠡᠮ᠎ᠳᠦ ᠵᠠᠷᠯᠠᠨ ᠨᠡᠢᠲᠡᠯᠡᠬᠦ ᠬᠡᠷᠡᠭᠲᠡᠢ᠂ ᠵᠠᠷᠯᠠᠨ ᠨᠡᠢᠲᠡᠯᠡᠬᠦ ᠬᠤᠭᠤᠴᠠᠭ᠎ᠠ᠎ᠶᠢ 5 ᠠᠵᠢᠯᠯᠠᠬᠤ ᠡᠳᠦᠷ᠎ᠡᠴᠡ ᠳᠤᠲᠠᠭᠤ ᠪᠠᠢᠯᠭᠠᠵᠤ ᠪᠤᠯᠬᠤ ᠦᠭᠡᠢ᠃ 

ᠬᠣᠷᠢᠨ ᠳᠥᠷᠪᠡᠳᠦᠭᠡᠷ ᠵᠦᠢᠯ  ᠬᠥᠬᠢᠭᠦᠯᠦᠨ ᠱᠠᠩᠨᠠᠬᠤ᠃ ᠵᠠᠷᠯᠠᠨ ᠨᠡᠢᠲᠡᠯᠡᠭᠡᠳ ᠣᠨᠳᠣᠣ ᠰᠠᠨᠠᠯ ᠪᠠᠢᠬᠤ ᠦᠭᠡᠢ ᠪᠣᠯ᠂ ᠤᠳᠤᠷᠢᠳᠬᠤ ᠳᠤᠭᠤᠢᠯᠠᠩ᠎ᠤᠨ ᠠᠯᠪᠠᠨ ᠭᠡᠷ ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠰᠠᠢᠰᠢᠶᠠᠨ ᠬᠥᠬᠢᠭᠦᠯᠬᠦ᠎ᠪᠡᠷ ᠨᠡᠪᠲᠡᠷᠡᠭᠦᠯᠦᠨ ᠮᠡᠳᠡᠭᠡᠯᠡᠵᠦ᠂ ᠱᠠᠩᠨᠠᠯ᠎ᠤᠨ ᠮᠸᠲᠠᠯ ᠪᠠ ᠦᠨᠡᠮᠯᠡᠯ ᠣᠯᠭᠣᠨ᠎ᠠ᠃ 

ᠵᠢᠷᠭᠤᠳᠤᠭᠠᠷ ᠪᠦᠯᠦᠭ   ᠬᠢᠨᠠᠨ ᠬᠠᠮᠢᠶᠠᠷᠬᠤ 

ᠬᠣᠷᠢᠨ ᠲᠠᠪᠤᠳᠤᠭᠠᠷ ᠵᠦᠢᠯ  ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠢ ᠬᠢᠨᠠᠨ ᠲᠣᠭᠲᠠᠭᠠᠬᠤ᠎ᠳᠤ ᠣᠷᠣᠯᠴᠠᠬ᠍ᠰᠠᠨ ᠪᠠᠢᠭᠤᠯᠤᠮᠵᠢ ᠵᠢᠴᠢ ᠬᠢᠨᠠᠨ ᠲᠣᠭᠲᠠᠭᠠᠬᠤ ᠠᠵᠢᠯᠲᠠᠳ ᠪᠠ ᠪᠤᠰᠤᠳ ᠠᠵᠢᠯᠲᠠᠳ ᠬᠢᠨᠠᠨ ᠲᠣᠭᠲᠠᠭᠠᠬᠤ ᠶᠠᠪᠤᠴᠠ᠎ᠳᠤ ᠬᠡᠷᠪᠡ ᠡᠷᠬᠡ ᠲᠤᠰᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭᠯᠡᠭᠰᠡᠨ᠂ ᠬᠤᠳᠠᠯ ᠬᠢᠵᠦ ᠬᠠᠭᠤᠷᠮᠠᠭᠯᠠᠨ ᠵᠣᠬᠢᠶᠠᠭᠰᠠᠨ᠂ ᠬᠤᠪᠢ᠎ᠶᠢᠨ ᠨᠠᠢᠷ ᠲᠠᠯ᠎ᠠ ᠬᠠᠷᠠᠵᠤ ᠬᠠᠤᠯᠢ ᠶᠣᠰᠣ᠌᠎ᠶᠢ ᠵᠥᠷᠢᠴᠡᠭᠰᠡᠨ ᠵᠡᠷᠭᠡ ᠥᠢᠯᠡ ᠠᠵᠢᠯᠯᠠᠭ᠎ᠠ᠎ᠲᠠᠢ ᠪᠠᠢᠬᠤ ᠮᠥᠷᠲᠡᠭᠡᠨ ᠮᠠᠭᠤ ᠦᠷ᠎ᠡ ᠨᠥᠯᠥᠭᠡ ᠭᠠᠷᠭᠠᠭᠰᠠᠨ ᠪᠠᠢᠪᠠᠯ᠂ ᠤᠳᠤᠷᠢᠳᠬᠤ ᠳᠤᠭᠤᠢᠯᠠᠩ᠎ᠤᠨ ᠠᠯᠪᠠᠨ ᠭᠡᠷ ᠲᠡᠭᠦᠨ᠎ᠤ ᠬᠢᠨᠠᠨ ᠲᠣᠭᠲᠠᠭᠠᠬᠤ ᠬᠢᠷᠢ ᠭᠡᠮ᠎ᠢ ᠨᠢ ᠬᠦᠴᠦᠨ ᠦᠭᠡᠢ ᠪᠤᠯᠭᠠᠬᠤ ᠬᠡᠷᠡᠭᠲᠡᠢ᠃ 

ᠬᠣᠷᠢᠨ ᠵᠢᠷᠭᠤᠳᠤᠭᠠᠷ ᠵᠦᠢᠯ  ᠬᠢᠨᠠᠨ ᠲᠣᠭᠲᠠᠭᠠᠬᠤ ᠠᠵᠢᠯᠲᠠᠳ ᠪᠠ ᠪᠤᠰᠤᠳ ᠠᠵᠢᠯᠲᠠᠳ ᠭᠤᠶᠤᠴᠢᠯᠠᠨ ᠮᠡᠳᠡᠭᠦᠯᠦᠭᠰᠡᠨ ᠨᠢᠭᠡᠴᠢ᠎ᠲᠠᠢ ᠠᠰᠢᠭ᠋ ᠬᠣᠣᠷ᠎ᠤᠨ ᠬᠠᠷᠢᠴᠠᠭ᠎ᠠ᠎ᠲᠠᠢ ᠪᠠᠢᠪᠠᠯ ᠵᠠᠢᠯᠠᠰᠬᠢᠬᠤ ᠬᠡᠷᠡᠭᠲᠡᠢ᠃ 

ᠬᠣᠷᠢᠨ ᠳᠣᠯᠣᠳᠤᠭᠠᠷ ᠵᠦᠢᠯ  ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠢ ᠬᠢᠨᠠᠨ ᠲᠣᠭᠲᠠᠭᠠᠬᠤ᠎ᠳᠤ ᠣᠷᠤᠯᠴᠠᠬᠤ ᠪᠤᠢ ᠪᠦᠬᠦᠢ ᠠᠵᠢᠯᠲᠠᠳ ᠡᠷᠬᠡᠪᠰᠢ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ ᠭᠤᠶᠤᠴᠢᠯᠠᠨ ᠮᠡᠳᠡᠭᠦᠯᠦᠭᠰᠡᠨ ᠨᠢᠭᠡᠴᠢ᠎ᠶᠢᠨ ᠬᠤᠳᠠᠯᠳᠤᠭᠠᠨ᠎ᠤ ᠨᠢᠭᠤᠴᠠ᠂ ᠮᠡᠷᠭᠡᠵᠢᠯ᠎ᠤᠨ ᠨᠢᠭᠤᠴᠠ᠎ᠶᠢ ᠬᠠᠮᠠᠭᠠᠯᠠᠬᠤ ᠬᠡᠷᠡᠭᠲᠡᠢ᠃ ᠭᠤᠶᠤᠴᠢᠯᠠᠨ ᠮᠡᠳᠡᠭᠦᠯᠬᠦ ᠨᠢᠭᠡᠴᠢ ᠨᠢ ᠭᠤᠶᠤᠴᠢᠯᠠᠨ ᠮᠡᠳᠡᠭᠦᠯᠦᠭᠰᠡᠨ ᠮᠠᠲᠧᠷᠢᠶᠠᠯ᠎ᠳᠤ ᠬᠣᠯᠪᠣᠭᠳᠠᠬᠤ ᠬᠤᠳᠠᠯᠳᠤᠭᠠᠨ᠎ᠤ ᠨᠢᠭᠤᠴᠠ ᠪᠤᠶᠤ ᠮᠡᠷᠭᠡᠵᠢᠯ᠎ᠦᠨ ᠨᠢᠭᠤᠴᠠ᠎ᠪᠠᠨ ᠰᠠᠨᠠᠭᠠᠴᠢᠯᠠᠭ᠎ᠠ᠎ᠠᠴᠠ᠎ᠪᠠᠨ ᠲᠣᠳᠣᠷᠬᠠᠢᠯᠠᠬᠤ ᠬᠡᠷᠡᠭᠲᠡᠢ᠃ 

ᠬᠣᠷᠢᠨ ᠨᠠᠢ᠍ᠮᠠᠳᠤᠭᠠᠷ ᠵᠦᠢᠯ  ᠭᠤᠶᠤᠴᠢᠯᠠᠨ ᠮᠡᠳᠡᠭᠦᠯᠦᠭᠰᠡᠨ ᠨᠢᠭᠡᠴᠢ ᠨᠢ ᠭᠤᠶᠤᠴᠢᠯᠠᠨ ᠮᠡᠳᠡᠭᠦᠯᠦᠭᠰᠡᠨ ᠮᠠᠲᠧᠷᠢᠶᠠᠯ᠎ᠤᠨ᠎ᠢᠶᠠᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠢ᠃ ᠬᠤᠳᠠᠯ ᠬᠢᠵᠦ ᠬᠠᠭᠤᠷᠮᠠᠭᠯᠠᠨ ᠵᠣᠬᠢᠶᠠᠭᠰᠠᠨ᠂ ᠲᠥᠪ ᠪᠤᠰᠤ ᠠᠷᠭ᠎ᠠ ᠪᠠᠷᠢᠯ᠎ᠢ ᠬᠡᠷᠡᠭᠯᠡᠨ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠢᠷᠠᠭᠤ ᠠᠯᠳᠠᠷ᠎ᠢ ᠮᠡᠬᠡᠯᠡᠨ ᠣᠯᠣᠭᠰᠠᠨ ᠨᠢᠭᠡᠴᠢ᠎ᠶᠢ ᠪᠣᠯ᠂ ᠤᠳᠤᠷᠢᠳᠬᠤ ᠳᠤᠭᠤᠢᠯᠠᠩ᠎ᠤᠨ ᠠᠯᠪᠠᠨ ᠭᠡᠷ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠴᠣᠯᠠ᠎ᠶᠢ ᠨᠢ ᠬᠦᠴᠦᠨ ᠦᠭᠡᠢ ᠪᠤᠯᠭᠠᠬᠤ᠎ᠪᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠭᠤᠶᠤᠴᠢᠯᠠᠯ ᠳᠡᠪᠰᠢᠭᠦᠯᠵᠦ ᠱᠠᠩᠨᠠᠯ᠎ᠤᠨ ᠮᠸᠲᠠᠯ ᠪᠠ ᠦᠨᠡᠮᠯᠡᠯ᠎ᠢ ᠨᠢ ᠬᠣᠷᠢᠶᠠᠨ ᠠᠪᠴᠤ᠂ ᠨᠡᠢᠭᠡᠮ᠎ᠳᠤ ᠠᠯᠪᠠᠨ ᠵᠠᠷᠯᠠᠯ ᠨᠡᠢᠲᠡᠯᠡᠵᠦ᠂ 5 ᠵᠢᠯ᠎ᠤᠨ ᠳᠣᠲᠣᠷ᠎ᠠ ᠲᠡᠭᠦᠨ᠎ᠦ ᠭᠤᠶᠤᠴᠢᠯᠠᠨ ᠮᠡᠳᠡᠭᠦᠯᠬᠦ᠎ᠶᠢ ᠭᠥᠯᠢᠶᠡᠨ ᠠᠪᠴᠤ ᠰᠢᠢᠳᠪᠦᠷᠢᠯᠡᠬᠦ ᠦᠭᠡᠢ᠃ 

ᠬᠣᠷᠢ ᠶᠢᠰᠦᠳᠦᠭᠡᠷ ᠵᠦᠢᠯ  ᠱᠠᠩᠨᠠᠯ ᠣᠯᠣᠭᠰᠠᠨ ᠨᠢᠭᠡᠴᠢ ᠨᠢ ᠬᠥᠬᠢᠭᠦᠯᠦᠯ ᠱᠠᠩᠨᠠᠯ ᠣᠯᠣᠭᠰᠠᠨ᠎ᠤ ᠳᠠᠷᠠᠭ᠎ᠠ ᠶᠠᠰᠤ ᠴᠢᠨᠠᠷ᠎ᠤᠨ ᠪᠠ ᠠᠮᠤᠷ ᠲᠦᠪᠰᠢᠨ᠎ᠦ ᠲᠠᠯ᠎ᠠ᠎ᠳᠤ ᠨᠡᠯᠢᠶᠡᠳ ᠶᠡᠬᠡ ᠡᠨᠳᠡᠯ ᠭᠠᠷᠭᠠᠭᠰᠠᠨ᠂ ᠡᠰᠡᠬᠦᠯ᠎ᠡ ᠬᠠᠤᠯᠢ ᠲᠣᠭᠲᠠᠭᠠᠯ᠎ᠠᠴᠠ ᠬᠦᠨᠳᠦ ᠨᠣᠴᠢᠲᠠᠢ ᠵᠥᠷᠢᠴᠡᠨ ᠦᠢᠯᠡᠳᠪᠦᠷᠢᠯᠡᠵᠦ ᠡᠵᠡᠩᠨᠡᠭᠰᠡᠨ ᠵᠡᠷᠭᠡ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠵᠣᠷᠢᠯᠲᠠ ᠬᠢᠭᠡᠳ ᠵᠠᠷᠴᠢᠮ᠎ᠢ ᠵᠥᠷᠢᠴᠡᠭᠰᠡᠨ ᠵᠦᠢᠯᠡᠰ ᠪᠠᠢᠪᠠᠯ᠂ ᠤᠳᠤᠷᠢᠳᠬᠤ ᠳᠤᠭᠤᠢᠯᠠᠩ᠎ᠤᠨ ᠠᠯᠪᠠᠨ ᠭᠡᠷ ᠬᠥᠬᠢᠭᠦᠯᠦᠯ ᠱᠠᠩᠨᠠᠯ᠎ᠢ ᠨᠢ ᠬᠦᠴᠦᠨ ᠦᠭᠡᠢ ᠪᠤᠯᠭᠠᠬᠤ᠎ᠪᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠭᠤᠶᠤᠴᠢᠯᠠᠯ ᠳᠡᠪᠰᠢᠭᠦᠯᠬᠦ᠎ᠶᠢᠨ ᠬᠠᠮᠲᠤ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ 

ᠭᠤᠴᠢᠳᠤᠭᠠᠷ ᠵᠦᠢᠯ  ᠱᠠᠩᠨᠠᠯ ᠣᠯᠣᠭᠰᠠᠨ ᠨᠢᠭᠡᠴᠢ ᠨᠢ ᠨᠢᠭᠡᠴᠢ᠎ᠶᠢᠨ ᠳᠦᠷᠢ ᠲᠥᠷᠬᠦ᠎ᠶᠢᠨ ᠤᠬᠠᠭᠤᠯᠭ᠎ᠠ᠎ᠳᠤ ᠱᠠᠩᠨᠠᠯ ᠣᠯᠣᠭᠰᠠᠨ ᠴᠣᠯᠠ᠎ᠪᠡᠨ ᠬᠡᠷᠡᠭᠯᠡᠬᠦ᠎ᠶᠢᠨ ᠬᠠᠮᠲᠤ ᠱᠠᠩᠨᠠᠯ ᠣᠯᠣᠭᠰᠠᠨ ᠣᠨ ᠵᠢᠯ᠎ᠢᠶᠡᠨ ᠲᠣᠳᠣᠷᠬᠠᠢᠯᠠᠵᠤ ᠪᠣᠯᠣᠨ᠎ᠠ᠂ ᠭᠡᠪᠡᠴᠦ ᠦᠢᠯᠡᠳᠬᠦᠨ᠎ᠤ ᠤᠬᠠᠭᠤᠯᠭ᠎ᠠ᠎ᠳᠤ ᠬᠡᠷᠡᠭᠯᠡᠵᠦ ᠪᠤᠯᠬᠤ ᠦᠭᠡᠢ᠂ ᠦᠢᠯᠡᠳᠬᠦᠨ ᠪᠤᠶᠤ ᠪᠣᠭᠣᠳᠠᠯ ᠪᠠᠭᠯᠠᠭ᠎ᠠ ᠳᠡᠭᠡᠷ᠎ᠡ᠎ᠪᠠᠨ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠲᠡᠮᠳᠡᠭ ᠪᠠ ᠱᠠᠩᠨᠠᠯ ᠣᠯᠣᠭᠰᠠᠨ ᠴᠣᠯᠠ᠎ᠶᠢ ᠬᠠᠳᠠᠵᠤ ᠪᠤᠯᠬᠤ ᠦᠭᠡᠢ᠃ 

ᠭᠤᠴᠢᠨ ᠨᠢᠭᠡᠳᠦᠭᠡᠷ ᠵᠦᠢᠯ  ᠱᠠᠩᠨᠠᠯ ᠣᠯᠣᠭᠰᠠᠨ ᠨᠢᠭᠡᠴᠢ᠎ᠨᠦᠭᠦᠳ ᠶᠠᠰᠤ ᠴᠢᠨᠠᠷ᠎ᠤᠨ ᠬᠠᠮᠢᠶᠠᠷᠤᠯᠲᠠ᠎ᠶᠢᠨ ᠰᠢᠨ᠎ᠡ ᠣᠨᠣᠯ᠂ ᠰᠢᠨ᠎ᠡ ᠠᠷᠭ᠎ᠠ᠎ᠶᠢ ᠢᠳᠡᠪᠬᠢᠲᠡᠢ᠎ᠪᠡᠷ ᠬᠡᠷᠡᠭᠯᠡᠬᠦ᠎ᠶᠢᠨ ᠬᠠᠮᠲᠤ ᠲᠠᠰᠤᠷᠠᠯᠲᠠ ᠦᠭᠡᠢ ᠰᠢᠨ᠎ᠡ᠎ᠶᠢ ᠡᠭᠦᠳᠴᠦ᠂ ᠶᠠᠰᠤ ᠴᠢᠨᠠᠷ᠎ᠤᠨ ᠬᠢᠷᠢ ᠲᠦᠪᠰᠢᠨ᠎ᠢᠶᠡᠨ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ; ᠲᠡᠭᠦᠨ᠎ᠦ ᠲᠡᠷᠢᠭᠦᠨ᠎ᠦ ᠶᠠᠰᠤ ᠴᠢᠨᠠᠷ᠎ᠤᠨ ᠬᠠᠮᠢᠶᠠᠷᠤᠯᠲᠠ᠎ᠶᠢᠨ ᠳᠦᠷᠢᠮ᠂ ᠵᠠᠭᠪᠤᠷ ᠪᠠ ᠠᠷᠭ᠎ᠠ᠎ᠪᠡᠨ ᠨᠡᠢᠭᠡᠮ᠎ᠳᠦ ᠳᠡᠯᠭᠡᠷᠡᠭᠦᠯᠬᠦ ᠡᠭᠦᠷᠭᠡ (ᠬᠤᠳᠠᠯᠳᠤᠭᠠᠨ᠎ᠤ ᠨᠢᠭᠤᠴᠠ᠎ᠳᠤ ᠬᠣᠯᠪᠣᠭᠳᠠᠬᠤ ᠨᠢ ᠡᠭᠦᠨ᠎ᠳᠦ ᠪᠠᠭᠲᠠᠬᠤ ᠦᠭᠡᠢ)᠎ᠶᠢ ᠭᠦᠢᠴᠡᠳᠬᠡᠵᠦ᠂ ᠪᠤᠰᠤᠳ ᠨᠢᠭᠡᠴᠢ᠎ᠶᠢᠨ ᠰᠤᠷᠤᠯᠴᠠᠵᠤ ᠲᠣᠭᠣᠷᠢᠨ ᠦᠵᠡᠬᠦ᠎ᠳᠦ ᠳᠦᠭᠦᠮ ᠦᠵᠡᠭᠦᠯᠵᠦ᠂ ᠬᠡᠪ ᠳᠠᠭᠤᠷᠢᠶᠠᠯ ᠪᠣᠯᠵᠤ ᠬᠥᠲᠥᠯᠥᠨ ᠳᠠᠭᠠᠭᠤᠯᠬᠤ ᠦᠢᠯᠡᠳᠦᠯ᠎ᠢᠶᠡᠨ ᠪᠠᠳᠠᠷᠠᠭᠤᠯᠤᠨ᠂ ᠪᠦᠭᠦ ᠣᠷᠣᠨ᠎ᠤ ᠶᠠᠰᠤ ᠴᠢᠨᠠᠷ᠎ᠤᠨ ᠬᠠᠮᠢᠶᠠᠷᠤᠯᠲᠠ᠎ᠶᠢᠨ ᠪᠦᠬᠦᠯᠢ ᠴᠣᠭᠴᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠭᠦ᠎ᠶᠢ ᠳᠠᠢᠴᠢᠯᠠᠬᠤ ᠬᠡᠷᠡᠭᠲᠡᠢ᠃ 

ᠭᠤᠴᠢᠨ ᠬᠣᠶᠠᠳᠤᠭᠠᠷ ᠵᠦᠢᠯ  ᠱᠠᠩᠨᠠᠯ ᠣᠯᠣᠭᠰᠠᠨ ᠨᠢᠭᠡᠴᠢ ᠱᠠᠩᠨᠠᠯ ᠣᠯᠣᠭᠰᠠᠨ᠎ᠤ᠎ᠪᠠᠨ ᠳᠠᠷᠠᠭ᠎ᠠ 3 ᠵᠢᠯ᠎ᠤᠨ ᠳᠣᠲᠣᠷ᠎ᠠ᠂ ᠵᠢᠯ ᠪᠦᠷᠢ 《ᠥᠪᠡᠷᠲᠡᠭᠡᠨ ᠵᠠᠰᠠᠭ ᠣᠷᠣᠨ᠎ᠤ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠠᠮᠵᠢᠯᠲᠠ ᠪᠦᠲᠦᠮᠵᠢ᠎ᠶᠢᠨ ᠮᠡᠳᠡᠭᠦᠯᠦᠯᠲᠡ》᠎ᠶᠢ ᠦᠨᠡᠨ ᠮᠥᠨ᠎ᠢᠶᠡᠷ ᠲᠠᠭᠯᠠᠵᠤ᠂ ᠤᠳᠤᠷᠢᠳᠬᠤ ᠳᠤᠭᠤᠢᠯᠠᠩ᠎ᠤᠨ ᠠᠯᠪᠠᠨ ᠭᠡᠷ ᠵᠢᠴᠢ ᠪᠠᠢᠭ᠎ᠠ ᠠᠢᠮᠠᠭ ᠬᠤᠲᠠ᠎ᠶᠢᠨ᠎ᠢᠶᠡᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠦ ᠮᠡᠳᠡᠭᠦᠯᠦᠨ ᠬᠦᠷᠭᠡᠬᠦ ᠬᠡᠷᠡᠭᠲᠡᠢ᠃ 

ᠭᠤᠴᠢᠨ ᠭᠤᠷᠪᠠᠳᠤᠭᠠᠷ ᠵᠦᠢᠯ  ᠠᠢᠮᠠᠭ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠳ ᠬᠠᠷᠢᠶ᠎ᠠ ᠣᠷᠣᠨ᠎ᠤ᠎ᠪᠠᠨ 5 ᠵᠢᠯ᠎ᠦᠨ ᠳᠣᠲᠣᠷᠠᠬᠢ ᠱᠠᠩᠨᠠᠯ ᠣᠯᠣᠭᠰᠠᠨ ᠨᠢᠭᠡᠴᠢ᠎ᠨᠦᠭᠦᠳ᠎ᠢ ᠮᠥᠷᠳᠡᠨ ᠬᠠᠮᠢᠶᠠᠷᠴᠤ᠂ ᠲᠡᠳᠡᠨᠦᠰ᠎ᠤᠨ ᠱᠠᠩᠨᠠᠯ ᠣᠯᠣᠭᠰᠠᠨ᠎ᠤ ᠳᠠᠷᠠᠭᠠᠬᠢ ᠶᠠᠰᠤ ᠴᠢᠨᠠᠷ᠎ᠤᠨ ᠬᠠᠮᠢᠶᠠᠷᠤᠯᠲᠠ᠎ᠪᠠᠨ ᠦᠷᠭᠦᠯᠵᠢᠯᠡᠨ ᠰᠠᠢᠵᠢᠷᠠᠭᠤᠯᠬᠤ᠎ᠶᠢ ᠨᠢ ᠳᠡᠮᠵᠢᠬᠦ ᠬᠡᠷᠡᠭᠲᠡᠢ; ᠲᠡᠳᠡᠨᠦᠰ᠎ᠦᠨ ᠶᠠᠰᠤ ᠴᠢᠨᠠᠷ᠎ᠤᠨ ᠬᠠᠮᠢᠶᠠᠷᠤᠯᠲᠠ᠎ᠶᠢᠨ ᠦᠷ᠎ᠡ ᠪᠦᠲᠦᠮᠵᠢ ᠨᠢ ᠬᠦᠨᠳᠦ ᠨᠣᠴᠢᠲᠠᠢ ᠪᠠᠭᠤᠷᠠᠭᠰᠠᠨ᠎ᠢ ᠣᠯᠵᠤ ᠮᠡᠳᠡᠪᠡᠯ᠂ ᠲᠡᠳᠡᠨᠦᠰ᠎ᠢ ᠰᠢᠮᠳᠠᠭᠤᠯᠵᠤ ᠪᠠᠢᠭᠠᠳ ᠴᠡᠭᠴᠡᠯᠡᠨ ᠰᠠᠢᠵᠢᠷᠠᠭᠤᠯᠬᠤ ᠬᠡᠷᠡᠭᠲᠡᠢ; ᠬᠥᠬᠢᠭᠦᠯᠦᠯ ᠱᠠᠩᠨᠠᠯ᠎ᠢ ᠬᠦᠴᠦᠨ ᠦᠭᠡᠢ ᠪᠤᠯᠭᠠᠬᠤ ᠶᠣᠰᠣᠲᠠᠢ ᠪᠠᠢᠳᠠᠯ ᠣᠷᠣᠰᠢᠵᠤ ᠪᠠᠢᠬᠤ᠎ᠶᠢ ᠣᠯᠵᠤ ᠮᠡᠳᠡᠪᠡᠯ᠂ ᠴᠠᠭ ᠲᠤᠬᠠᠢ᠎ᠳᠦ ᠨᠢ ᠤᠳᠤᠷᠢᠳᠬᠤ ᠳᠤᠭᠤᠢᠯᠠᠩ᠎ᠤᠨ ᠠᠯᠪᠠᠨ ᠭᠡᠷ᠎ᠲᠦ ᠮᠡᠳᠡᠭᠦᠯᠬᠦ ᠬᠡᠷᠡᠭᠲᠡᠢ᠃ 

ᠭᠤᠴᠢᠨ ᠳᠥᠷᠪᠡᠳᠦᠭᠡᠷ ᠵᠦᠢᠯ  ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠮᠸᠲᠠᠯ ᠦᠨᠡᠮᠯᠡᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠣᠯᠭᠣᠨ᠎ᠠ᠂ ᠶᠠᠮᠠᠷᠪᠠ ᠨᠢᠭᠡᠴᠢ ᠭᠡᠳ ᠬᠠᠭᠤᠷᠮᠠᠭᠯᠠᠨ ᠵᠣᠬᠢᠶᠠᠵᠤ᠂ ᠬᠠᠭᠤᠷᠮᠠᠭᠯᠠᠨ ᠬᠡᠷᠡᠭᠯᠡᠵᠦ ᠪᠤᠯᠬᠤ ᠦᠭᠡᠢ᠃ ᠵᠥᠷᠢᠴᠡᠭᠰᠡᠳ᠎ᠡᠴᠡ ᠬᠠᠤᠯᠢ ᠶᠣᠰᠣᠭᠠᠷ ᠬᠠᠤᠯᠢ ᠴᠠᠭᠠᠵᠠ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃ 

ᠳᠣᠯᠣᠳᠤᠭᠠᠷ ᠪᠦᠯᠦᠭ  ᠳᠠᠭᠠᠯᠳᠤᠭᠤᠯᠤᠯ ᠳᠦᠷᠢᠮ 

ᠭᠤᠴᠢᠨ ᠲᠠᠪᠤᠳᠤᠭᠠᠷ ᠵᠦᠢᠯ  ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠢᠶᠠᠷ ᠬᠢᠨᠠᠨ ᠲᠣᠭᠲᠠᠭᠠᠯᠭᠠᠬᠤ ᠡᠲᠡᠭᠡᠳ᠎ᠡᠴᠡ ᠰᠦᠢᠳᠬᠡᠯ ᠬᠤᠷᠢᠶᠠᠬᠤ ᠦᠭᠡᠢ᠃ ᠬᠢᠨᠠᠨ ᠲᠣᠭᠲᠠᠭᠠᠬᠤ ᠠᠵᠢᠯ᠎ᠤᠨ ᠵᠠᠷᠤᠳᠠᠯ᠎ᠢ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠤᠨ ᠣᠲᠣ᠌᠎ᠶᠢᠨ ᠪᠠᠢᠭ᠎ᠠ ᠵᠠᠷᠤᠳᠠᠯ᠎ᠡᠴᠡ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ 

ᠭᠤᠴᠢᠨ ᠵᠢᠷᠭᠤᠳᠤᠭᠠᠷ ᠵᠦᠢᠯ  ᠲᠤᠰ ᠠᠷᠭ᠎ᠠ᠎ᠶᠢ ᠳᠠᠷᠤᠮᠠᠯᠯᠠᠨ ᠲᠠᠷᠬᠠᠭᠠᠭᠰᠠᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ ᠤᠤᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ᠎ᠶᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ᠎ᠶᠢᠨ ᠠᠷᠭ᠎ᠠ 》 (ᠥᠪᠥᠷ ᠵᠠᠰᠠᠭ ᠠᠯᠪᠠᠨ ᠲᠠᠷᠬᠠᠭᠠᠭᠰᠠᠨ 〔2022 〕 86 ᠳ᠋ᠤᠭᠠᠷ ᠲᠣᠭᠠᠲᠤ)᠎ᠶᠢ ᠬᠠᠮᠲᠤ᠎ᠳᠦ ᠨᠢ ᠬᠦᠴᠦᠨ ᠦᠭᠡᠢ ᠪᠣᠯᠭᠠᠨ᠎ᠠ᠃ 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

2025ᠣᠨ᠎ᠤ 7 ᠳ᠋ᠤᠭᠠᠷ ᠰᠠᠷ᠎ᠠ᠎ᠶᠢᠨ 3᠎ᠦ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ