ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠦᠨ ᠭᠡᠷᠡᠴᠢᠯᠡᠯᠲᠡ᠎ᠶᠢᠨ ᠠᠵᠢᠯ᠎ᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2025-11-14

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ 

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠢᠴᠢᠭ ᠮᠠᠲᠧᠷᠢᠶᠠᠯ

ᠥᠪᠥᠷ ᠵᠠᠰᠠᠭ ᠠᠯᠪᠠᠨ ᠲᠠᠷᠬᠠᠭᠠᠭᠰᠠᠨ 〔 2025 〕 29 ᠳ᠋ᠦ᠍ᠭᠡᠷ ᠲᠣᠭᠠᠲᠤ

 

ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠦᠨ ᠭᠡᠷᠡᠴᠢᠯᠡᠯᠲᠡ᠎ᠶᠢᠨ ᠠᠵᠢᠯ᠎ᠢ ᠠᠬᠢᠭᠤᠯᠬᠤ

ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠬᠡᠷᠡᠭᠵᠢᠭᠦᠯᠬᠦ ᠰᠠᠨᠠᠯ

 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄

ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠨᠡᠭᠦᠷᠡᠰᠦᠳᠦ᠋ᠷᠦᠭᠴᠢ᠎ᠶᠢᠨ ᠭᠠᠳᠠᠭᠰᠢᠯᠠᠭᠤᠯᠤᠯᠲᠠ᠎ᠶᠢ ᠣᠷᠭᠢᠯ ᠬᠡᠮᠵᠢᠭᠳᠡᠯ᠎ᠳᠤ ᠬᠦᠷᠭᠡᠬᠦ ᠪᠠ ᠨᠡᠭᠦᠷᠡᠰᠦᠳᠦ᠋ᠷᠦᠭᠴᠢ᠎ᠶᠢ ᠰᠠᠭᠠᠷᠮᠠᠭᠵᠢᠭᠤᠯᠬᠤ ᠴᠢᠬᠤᠯᠠ ᠶᠡᠬᠡ ᠪᠠᠢᠯᠳᠤᠬᠤ ᠪᠣᠳᠣᠯᠭ᠎ᠠ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠬᠢᠨᠠᠮᠠᠭᠠᠢ ᠲᠤᠭᠤᠰᠢᠯᠠᠭᠤᠯᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠦᠨ ᠲᠣᠭᠣᠷᠢᠨ᠎ᠳᠤ ᠴᠢᠩᠭ᠎ᠠ ᠨᠢᠭ᠍ᠲᠠᠷᠠᠵᠤ᠂ ᠮᠠᠨ᠎ᠤ ᠣᠷᠣᠨ᠎ᠤ ᠪᠣᠳᠠᠲᠤ ᠪᠠᠢᠳᠠᠯ ᠪᠠ ᠬᠥᠭᠵᠢᠯᠲᠡ᠎ᠶᠢᠨ ᠣᠳᠣᠬᠢ ᠪᠠᠢᠳᠠᠯ᠎ᠳᠤ ᠰᠠᠭᠤᠷᠢᠯᠠᠨ᠂ ᠥᠪᠥᠷ ᠮᠣᠩᠭᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠣᠨᠴᠠᠯᠢᠭ᠋᠎ᠲᠤ ᠨᠡᠢᠴᠡᠭᠰᠡᠨ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠢ ᠭᠡᠷᠡᠴᠢᠯᠡᠬᠦ ᠳᠦᠷᠢᠮ᠎ᠦᠨ ᠪᠠᠢᠭᠤᠯᠤᠯᠲᠠ᠎ᠶᠢ ᠠᠬᠢᠭᠤᠯᠵᠤ᠂ ᠭᠣᠣᠯᠳᠠᠯᠭ᠎ᠠ ᠪᠤᠯᠬᠤ ᠪᠦᠲᠦᠭᠡᠭᠳᠡᠬᠦᠨ᠎ᠢ ᠲᠤᠯᠭᠠᠭᠤᠷᠢᠯᠠᠬᠤ ᠪᠣᠬᠢᠷᠳᠤᠯ ᠦᠭᠡᠢ ᠴᠠᠭᠢᠯᠭᠠᠨ ᠬᠦᠴᠦᠨ᠎ᠦ ᠬᠡᠷᠡᠭᠯᠡᠭᠡ᠎ᠶᠢᠨ ᠭᠡᠷᠡᠴᠢᠯᠡᠯᠲᠡ᠎ᠶᠢᠨ ᠲᠣᠭᠲᠠᠴᠠ᠎ᠶᠢ ᠪᠦᠷᠢᠨᠰᠢᠭᠦᠯᠦᠨ᠂ ᠬᠡᠷᠡᠭᠯᠡᠯᠲᠡ᠎ᠶᠢᠨ ᠠᠬᠤᠢ ᠪᠠᠢᠳᠠᠯ᠎ᠢ ᠥᠷᠭᠡᠳᠬᠡᠨ ᠪᠠᠶᠠᠯᠢᠭ᠍ᠵᠢᠭᠤᠯᠵᠤ᠂ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠤᠨ ᠭᠡᠷᠡᠴᠢᠯᠡᠯᠲᠡ᠎ᠶᠢ ᠠᠬᠢᠭᠤᠯᠬᠤ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃

ᠨᠢᠭᠡ᠂ ᠭᠣᠣᠯᠳᠠᠯᠭ᠎ᠠ ᠪᠤᠯᠬᠤ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠤᠨ ᠭᠡᠷᠡᠴᠢᠯᠡᠯᠲᠡ᠎ᠶᠢ ᠢᠳᠡᠪᠬᠢᠲᠡᠢ ᠥᠷᠨᠢᠭᠦᠯᠦᠨ᠎ᠡ

ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ ᠲᠤᠯᠭᠠᠮ᠎ᠠ᠂ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠎ᠳᠤ ᠬᠤᠪᠢ ᠨᠡᠮᠡᠷᠢ ᠲᠣᠪᠣᠢᠮ᠎ᠠ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠳᠠᠢᠴᠢᠯᠠᠬᠤ ᠦᠢᠯᠡᠳᠦᠯ᠎ᠢᠶᠡᠷ ᠢᠯᠡᠳᠲᠡ ᠪᠦᠲᠦᠭᠡᠭᠳᠡᠬᠦᠨ᠎ᠢᠶᠡᠷ ᠭᠣᠣᠯᠳᠠᠯᠭ᠎ᠠ ᠪᠤᠯᠭᠠᠵᠤ᠂ ᠴᠠᠭᠢᠯᠭᠠᠨ ᠵᠠᠳᠠᠯᠤᠯ᠎ᠤᠨ ᠬᠥᠩᠭᠡᠨ ᠴᠠᠭᠠᠨ᠂ ᠨᠡᠬᠡᠮᠡᠯ᠎ᠦᠨ ᠵᠦᠢᠯ (ᠢᠮᠠᠭᠠᠨ ᠨᠣᠣᠯᠣᠭᠤᠷ᠎ᠤᠨ ᠪᠦᠲᠦᠭᠡᠭᠳᠡᠬᠦᠨ)᠎ᠤᠨ ᠬᠦᠷᠢᠶ᠎ᠡ ᠴᠠᠷᠠᠭᠠᠨ᠎ᠳᠤ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠤᠨ ᠭᠡᠷᠡᠴᠢᠯᠡᠯᠲᠡ᠎ᠶᠢ ᠤᠷᠢᠳ᠎ᠢᠶᠠᠷ ᠥᠷᠨᠢᠭᠦᠯᠵᠦ᠂ ᠤᠯᠤᠰ᠎ᠤᠨ ᠲᠤᠷᠰᠢᠯᠲᠠ᠎ᠶᠢᠨ ᠴᠡᠭ᠎ᠦᠨ ᠡᠭᠦᠷᠭᠡ᠎ᠶᠢ ᠴᠢᠨᠠᠷ ᠰᠠᠢᠲᠠᠢ ᠪᠡᠶᠡᠯᠡᠭᠦᠯᠦᠨ᠎ᠡ᠃ ᠨᠢᠭᠡ ᠪᠦᠯᠦᠭ ᠨᠢ ᠪᠣᠯᠪᠠᠰᠤᠷᠠᠩᠭᠤᠢ ᠪᠣᠯᠪᠠᠯ ᠨᠢᠭᠡ ᠪᠦᠯᠦᠭ᠎ᠢ ᠠᠬᠢᠭᠤᠯᠵᠤ᠂ ᠦᠷᠭᠦᠯᠵᠢᠯᠡᠨ ᠲᠡᠭᠦᠯᠳᠡᠷᠵᠢᠭᠦᠯᠬᠦ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠠᠴᠠ ᠪᠦᠲᠦᠭᠡᠭᠳᠡᠬᠦᠨ᠎ᠦ ᠭᠠᠷᠴᠠᠭ᠎ᠢ ᠨᠢᠭᠡᠳᠦᠯᠲᠡᠢ ᠨᠡᠢᠲᠡᠯᠡᠵᠦ᠂ ᠰᠢᠨ᠎ᠡ ᠡᠨᠧᠷᠭᠢ᠂ ᠬᠣᠪᠣᠷ ᠰᠢᠷᠣᠢ᠂ ᠲᠡᠮᠦᠷᠯᠢᠭ ᠬᠠᠢᠯᠤᠭᠤᠯᠬᠤ᠂ ᠬᠢᠮᠢ᠎ᠶᠢᠨ ᠠᠵᠤ ᠦᠢᠯᠡᠳᠪᠦᠷᠢ᠂ ᠲᠣᠮᠣ᠌ ᠳ᠋ᠠᠢᠲ᠋ᠠ᠂ ᠲᠠᠷᠢᠶᠠᠯᠠᠩ ᠮᠠᠯ ᠠᠵᠤ ᠠᠬᠤᠢ ᠵᠡᠷᠭᠡ ᠬᠦᠷᠢᠶ᠎ᠡ ᠴᠠᠷᠠᠭᠠᠨ᠎ᠤ ᠭᠣᠣᠯᠳᠠᠯᠭ᠎ᠠ ᠲᠠᠢ ᠪᠦᠲᠦᠭᠡᠭᠳᠡᠬᠦᠨ ᠲᠡᠢᠰᠢ ᠱᠠᠲᠤ ᠬᠤᠪᠢᠶᠠᠨ ᠥᠷᠭᠡᠳᠬᠡᠵᠦ᠂ ᠭᠣᠣᠯᠳᠠᠯᠭ᠎ᠠ᠎ᠲᠠᠢ ᠪᠦᠲᠦᠭᠡᠭᠳᠡᠬᠦᠨ᠎ᠦ ᠪᠣᠬᠢᠷᠳᠤᠯ ᠦᠭᠡᠢ ᠴᠠᠭᠢᠯᠭᠠᠨ ᠬᠦᠴᠦᠨ᠎ᠦ ᠬᠡᠷᠡᠭᠯᠡᠭᠡ᠎ᠶᠢᠨ ᠭᠡᠷᠡᠴᠢᠯᠡᠯᠲᠡ᠎ᠶᠢ ᠲᠣᠪᠤᠢᠯᠭᠠᠨ᠂ ᠪᠣᠬᠢᠷᠳᠤᠯ ᠦᠭᠡᠢ ᠴᠠᠭᠢᠯᠭᠠᠨ᠎ᠢᠶᠠᠷ ᠤᠯᠠᠮᠵᠢᠯᠠᠯᠲᠤ ᠡᠨᠧᠷᠭᠢ᠎ᠶᠢ ᠣᠷᠣᠯᠠᠭᠤᠯᠬᠤ᠎ᠶᠢ ᠵᠣᠷᠢᠭ᠍ᠵᠢᠭᠤᠯᠵᠤ᠂ ᠪᠣᠬᠢᠷᠳᠤᠯ ᠦᠭᠡᠢ ᠴᠠᠭᠢᠯᠭᠠᠨ᠎ᠢᠶᠠᠷ ᠤᠰᠤᠲᠥ᠋ᠷᠥᠭᠴᠢ ᠰᠢᠪᠲᠦᠷ ᠠᠯᠺᠤᠣᠯ ᠦᠢᠯᠡᠳᠬᠦ᠂ ᠪᠣᠬᠢᠷᠳᠤᠯ ᠦᠭᠡᠢ ᠪᠤᠳᠤᠬᠤ ᠴᠢᠳᠠᠪᠤᠷᠢ᠂ ᠰᠤᠷᠪᠤᠯᠵᠢ ᠲᠣᠣᠷ ᠳᠠᠭᠠᠭᠠᠴᠠ ᠨᠥᠭᠡᠴᠡ ᠵᠡᠷᠭᠡ ᠪᠣᠬᠢᠷᠳᠤᠯ ᠦᠭᠡᠢ ᠴᠠᠭᠢᠯᠭᠠᠨ᠎ᠢ ᠰᠢᠩᠭᠡᠭᠡᠬᠦ ᠠᠬᠤᠢ ᠪᠠᠢᠳᠠᠯ᠎ᠤᠨ ᠬᠡᠷᠡᠭᠯᠡᠯᠲᠡ᠎ᠶᠢ ᠲᠡᠭᠦᠯᠳᠡᠷᠵᠢᠭᠦᠯᠦᠨ᠎ᠡ᠃ 

ᠬᠣᠶᠠᠷ᠂ ᠪᠦᠲᠦᠭᠡᠭᠳᠡᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠢ ᠭᠡᠷᠡᠴᠢᠯᠡᠬᠦ ᠪᠠᠷᠢᠮᠵᠢᠶᠠᠨ᠎ᠤ ᠬᠡᠷᠡᠭᠵᠢᠭᠦᠯᠦᠯᠲᠡ᠎ᠶᠢ ᠠᠬᠢᠭᠤᠯᠤᠨ᠎ᠠ 

ᠤᠯᠤᠰ᠎ᠤᠨ ᠨᠢᠭᠡᠳᠦᠯᠲᠡᠢ ᠪᠠᠷᠢᠮᠵᠢᠶᠠᠨ᠎ᠤ ᠳᠦᠷᠢᠮ᠎ᠦᠨ ᠪᠣᠷᠣ᠌ ᠲᠥᠯᠥᠪ᠎ᠦᠨ ᠳᠣᠣᠷ᠎ᠠ᠂ ᠪᠦᠲᠦᠭᠡᠭᠳᠡᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠲᠣᠭᠠᠴᠠᠭ᠎ᠠ ᠬᠢᠬᠦ᠂ ᠪᠦᠲᠦᠭᠡᠭᠳᠡᠬᠦᠨ᠎ᠦ ᠪᠣᠬᠢᠷᠳᠤᠯ ᠦᠭᠡᠢ ᠴᠠᠭᠢᠯᠭᠠᠨ ᠬᠦᠴᠦᠨ᠎ᠦ ᠬᠡᠷᠡᠭᠯᠡᠭᠡ᠎ᠶᠢ ᠭᠡᠷᠡᠴᠢᠯᠡᠬᠦ ᠬᠠᠮᠢᠶ᠎ᠠ ᠪᠦᠬᠦᠢ ᠮᠡᠷᠭᠡᠵᠢᠯ᠎ᠦᠨ ᠪᠠᠷᠢᠮᠵᠢᠶᠠᠨ᠎ᠤ ᠳᠦᠷᠢᠮ᠎ᠢ ᠨᠠᠷᠢᠯᠢᠭ᠍ᠵᠢᠭᠤᠯᠵᠤ᠂ ᠬᠠᠮᠢᠶ᠎ᠠ ᠪᠦᠬᠦᠢ ᠠᠵᠢᠯ ᠲᠥᠷᠥᠯ᠎ᠦᠨ ᠨᠡᠢᠭᠡᠮᠯᠢᠭ᠂ ᠠᠵᠤ ᠠᠬᠤᠢᠯᠠᠯ᠂ ᠰᠢᠨᠵᠢᠯᠡᠬᠦ ᠤᠬᠠᠭᠠᠨ᠎ᠤ ᠰᠤᠳᠤᠯᠤᠯ᠎ᠤᠨ ᠨᠢᠭᠡᠴᠢ ᠵᠡᠷᠭᠡ᠎ᠶᠢ ᠵᠣᠬᠢᠶᠠᠨ ᠪᠠᠢᠭᠤᠯᠵᠤ ᠪᠠᠢᠭᠠᠳ ᠪᠦᠯᠭᠦᠮ᠎ᠦᠨ ᠪᠠᠷᠢᠮᠵᠢᠶ᠎ᠠ᠎ᠶᠢ ᠲᠣᠭᠲᠠᠭᠠᠨ᠂ ᠪᠣᠳᠠᠲᠠᠢ ᠪᠦᠲᠦᠭᠡᠭᠳᠡᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠲᠣᠭᠠᠴᠠᠭ᠎ᠠ ᠬᠢᠬᠦ ᠵᠠᠭᠠᠭ ᠬᠢᠵᠠᠭᠠᠷ᠂ ᠲᠣᠭᠠᠴᠠᠭ᠎ᠠ ᠬᠢᠬᠦ ᠠᠷᠭ᠎ᠠ᠂ ᠳ᠋ᠠᠢᠲ᠋ᠠ᠎ᠶᠢᠨ ᠶᠠᠰᠤ ᠴᠢᠨᠠᠷ᠎ᠤᠨ ᠱᠠᠭᠠᠷᠳᠠᠯᠭ᠎ᠠ᠎ᠶᠢ ᠲᠡᠭᠦᠯᠳᠡᠷᠵᠢᠭᠦᠯᠵᠦ᠂ ᠠᠵᠢᠯ ᠲᠥᠷᠥᠯ᠎ᠦᠨ ᠪᠠᠷᠢᠮᠵᠢᠶ᠎ᠠ ᠪᠤᠶᠤ ᠤᠯᠤᠰ᠎ᠤᠨ ᠪᠠᠷᠢᠮᠵᠢᠶ᠎ᠠ ᠪᠣᠯᠭᠠᠨ ᠬᠤᠪᠢᠷᠠᠭᠤᠯᠬᠤ᠎ᠪᠠᠷ ᠴᠢᠷᠮᠠᠢᠨ᠎ᠠ ᠃ ᠭᠣᠣᠯᠳᠠᠯᠭ᠎ᠠ ᠪᠤᠯᠬᠤ ᠪᠦᠲᠦᠭᠡᠭᠳᠡᠬᠦᠨ᠎ᠦ ᠪᠣᠬᠢᠷᠳᠤᠯ ᠦᠭᠡᠢ ᠴᠠᠭᠢᠯᠭᠠᠨ ᠬᠦᠴᠦᠨ᠎ᠦ ᠬᠡᠷᠡᠭᠯᠡᠯᠲᠡ᠎ᠶᠢ ᠦᠨᠡᠯᠡᠬᠦ ᠠᠷᠭ᠎ᠠ᠎ᠶᠢ ᠰᠤᠳᠤᠯᠤᠨ ᠲᠣᠭᠲᠠᠭᠠᠵᠤ᠂ ᠬᠦᠷᠢᠶᠡᠯᠡᠩ ᠲᠣᠭᠣᠷᠢᠭ᠋᠂ ᠠᠵᠤ ᠠᠬᠤᠢᠯᠠᠯ᠎ᠢ ᠵᠢᠯᠤᠭᠣᠳᠴᠤ ᠪᠠᠢᠭᠠᠳ ᠪᠣᠬᠢᠷᠳᠤᠯ ᠦᠭᠡᠢ ᠴᠠᠭᠢᠯᠭᠠᠨ ᠬᠦᠴᠦᠨ᠎ᠦ ᠬᠡᠷᠡᠭᠯᠡᠭᠡ᠎ᠶᠢᠨ ᠰᠠᠭᠤᠷᠢ ᠳ᠋ᠠᠢᠲ᠋ᠠ᠎ᠶᠢᠨ ᠪᠦᠷᠢᠳᠬᠡᠯ᠎ᠢ ᠰᠠᠢᠲᠤᠷ ᠬᠢᠨ᠎ᠡ ᠃ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠪᠠᠷᠢᠮᠵᠢᠶᠠᠲᠤ ᠦᠨᠡᠮᠰᠢᠬᠦ ᠲᠣᠳᠣᠷᠬᠠᠢ ᠬᠠᠭᠤᠳᠠᠰᠤ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢᠲᠡᠯᠡᠵᠦ᠂ ᠠᠵᠤ ᠠᠬᠤᠢᠯᠠᠯ᠂ ᠪᠠᠢᠭᠤᠯᠤᠮᠵᠢ᠎ᠳᠤ ᠨᠢᠭᠡᠳᠦᠯᠲᠡᠢ ᠵᠢᠷᠤᠮᠵᠢᠬ᠍ᠰᠠᠨ ᠳᠦᠷᠢᠮ᠎ᠦᠨ ᠪᠠᠷᠢᠮᠵᠢᠶ᠎ᠠ᠎ᠶᠢ ᠬᠠᠩᠭᠠᠵᠤ᠂ ᠮᠠᠨ᠎ᠤ ᠣᠷᠣᠨ᠎ᠤ ᠠᠵᠤ ᠦᠢᠯᠡᠰ᠎ᠦᠨ ᠣᠨᠴᠠᠯᠢᠭ᠋᠎ᠲᠤ ᠨᠡᠢᠴᠡᠭᠰᠡᠨ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ᠎ᠶᠢᠨ ᠲᠣᠭᠲᠠᠯᠴᠠᠭ᠎ᠠ᠎ᠶᠢ ᠪᠠᠢᠭᠤᠯᠤᠨ᠎ᠠ ᠃ 

ᠭᠤᠷᠪᠠ᠂ ᠨᠡᠭᠦᠷᠡᠰᠦᠲᠥ᠋ᠷᠥᠭᠴᠢ᠎ᠶᠢᠨ ᠤᠯᠠ ᠮᠥᠷ᠎ᠤᠨ ᠭᠡᠷᠡᠴᠢᠯᠡᠯᠲᠡ᠎ᠶᠢᠨ ᠳ᠋ᠠᠢᠲ᠋ᠠ᠎ᠶᠢᠨ ᠦᠢᠯᠡᠴᠢᠯᠡᠭᠡᠨ᠎ᠦ ᠲᠠᠪᠴᠠᠩ᠎ᠢ ᠪᠠᠢᠭᠤᠯᠤᠨ᠎ᠠ

ᠤᠯᠤᠰ᠎ᠤᠨ ᠨᠡᠭᠦᠷᠡᠰᠦᠲᠥ᠋ᠷᠥᠭᠴᠢ᠎ᠶᠢᠨ ᠬᠡᠮᠵᠢᠯᠲᠡ᠎ᠶᠢᠨ ᠲᠥᠪ (ᠥᠪᠥᠷ ᠮᠣᠩᠭᠣᠯ)᠎ᠤᠨ ᠨᠡᠭᠦᠷᠡᠰᠦᠳᠦ᠋ᠷᠦᠭᠴᠢ᠎ᠶᠢᠨ ᠭᠠᠳᠠᠭᠰᠢᠯᠠᠭᠤᠯᠤᠯᠲᠠ᠎ᠶᠢ ᠣᠷᠭᠢᠯ ᠬᠡᠮᠵᠢᠭᠳᠡᠯ᠎ᠳᠤ ᠬᠦᠷᠭᠡᠬᠦ ᠪᠠ ᠨᠡᠭᠦᠷᠡᠰᠦᠳᠦ᠋ᠷᠦᠭᠴᠢ᠎ᠶᠢ ᠰᠠᠭᠠᠷᠮᠠᠭᠵᠢᠭᠤᠯᠬᠤ ᠰᠦᠯᠵᠢᠶ᠎ᠡ᠎ᠪᠡᠷ ᠬᠢᠨᠠᠨ ᠰᠢᠨᠵᠢᠬᠦ ᠰᠢᠰᠲᠧᠮ᠎ᠳᠦ ᠲᠦᠰᠢᠭᠯᠡᠨ᠂ ᠪᠦᠲᠦᠭᠡᠭᠳᠡᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠢ ᠬᠡᠮᠵᠢᠬᠦ ᠳ᠋ᠠᠢᠲ᠋ᠠ᠎ᠶᠢᠨ ᠬᠠᠮᠢᠶᠠᠷᠤᠯᠲᠠ᠎ᠶᠢᠨ ᠰᠢᠰᠲᠧᠮ᠂ ᠴᠠᠭᠢᠯᠭᠠᠨ ᠨᠡᠭᠦᠷᠡᠰᠦᠲᠥ᠋ᠷᠥᠭᠴᠢ᠎ᠶᠢᠨ ᠬᠡᠮᠵᠢᠯᠲᠡ᠎ᠶᠢᠨ ᠲᠣᠭᠠᠴᠠᠭ᠎ᠠ ᠬᠢᠬᠦ ᠲᠠᠪᠴᠠᠩ ᠪᠠ ᠭᠡᠷᠡᠴᠢᠯᠡᠯᠲᠡ᠎ᠶᠢᠨ ᠦᠢᠯᠡᠴᠢᠯᠡᠭᠡᠨ᠎ᠦ ᠲᠠᠪᠴᠠᠩ᠎ᠢ ᠲᠡᠭᠦᠯᠳᠡᠷᠵᠢᠭᠦᠯᠦᠨ᠎ᠡ᠃ ᠪᠦᠲᠦᠭᠡᠭᠳᠡᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠳ᠋ᠠᠢᠲ᠋ᠠ ᠬᠥᠮᠥᠷᠭᠡ᠎ᠶᠢ ᠠᠯᠬᠤᠮ ᠠᠯᠬᠤᠮ᠎ᠢᠶᠠᠷ ᠪᠠᠢᠭᠤᠯᠤᠨ ᠲᠡᠭᠦᠯᠳᠡᠷᠵᠢᠭᠦᠯᠵᠦ᠂ ᠪᠦᠲᠦᠭᠡᠭᠳᠡᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠹᠠᠺᠲ᠋ᠤᠷ᠎ᠤᠨ ᠳ᠋ᠠᠢᠲ᠋ᠠ᠎ᠶᠢ ᠰᠤᠳᠤᠯᠵᠤ᠂ ᠤᠯᠤᠰ᠎ᠤᠨ ᠳ᠋ᠠᠢᠲ᠋ᠠ ᠬᠥᠮᠥᠷᠭᠡ ᠯᠦ᠍ᠭᠡ ᠵᠣᠯᠭᠠᠭᠤᠯᠬᠤ ᠪᠠ ᠨᠥᠬᠥᠪᠦᠷᠢᠯᠡᠨ᠎ᠡ᠃ ᠪᠦᠲᠦᠭᠡᠭᠳᠡᠬᠦᠨ᠎ᠦ ᠪᠦᠭᠦ ᠠᠮᠢ ᠨᠠᠰᠤᠨ᠎ᠤ ᠦᠶᠡᠯᠡᠯ᠎ᠳᠠᠬᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠳ᠋ᠠᠢᠲ᠋ᠠ᠎ᠶᠢ ᠬᠠᠤᠯᠢ ᠶᠣᠰᠣᠭᠠᠷ ᠲᠣᠭᠲᠠᠭᠠᠯ᠎ᠳᠤ ᠨᠡᠢᠴᠡᠭᠦᠯᠦᠨ ᠴᠤᠭᠯᠠᠭᠤᠯᠤᠨ ᠬᠠᠮᠢᠶᠠᠷᠴᠤ᠂ ᠳ᠋ᠠᠢᠲ᠋ᠠ᠎ᠶᠢᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠭᠡᠷᠡᠴᠢᠯᠡᠯᠲᠡ᠎ᠶᠢᠨ ᠦᠢᠯᠡᠴᠢᠯᠡᠭᠡᠨ᠎ᠦ ᠲᠠᠪᠴᠠᠩ᠎ᠤᠨ ᠬᠡᠷᠡᠭᠯᠡᠯᠲᠡ᠎ᠶᠢ ᠠᠬᠢᠭᠤᠯᠵᠤ᠂ ᠨᠡᠭᠦᠷᠡᠰᠦᠲᠥ᠋ᠷᠥᠭᠴᠢ᠎ᠶᠢᠨ ᠲᠥᠷᠥᠯ᠎ᠳᠦ ᠬᠣᠯᠪᠣᠭᠳᠠᠬᠤ ᠭᠡᠷᠡᠴᠢᠯᠡᠯᠲᠡ᠎ᠶᠢᠨ ᠬᠠᠩᠭᠠᠯᠭ᠎ᠠ ᠬᠡᠷᠡᠭᠴᠡᠭᠡ᠎ᠶᠢᠨ ᠠᠷᠭ᠎ᠠ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠭᠡᠷᠡᠴᠢᠯᠡᠯᠲᠡ᠎ᠶᠢᠨ ᠪᠠᠢᠭᠤᠯᠤᠮᠵᠢ᠎ᠶᠢᠨ ᠲᠠᠪᠴᠠᠩ᠎ᠳᠤ ᠣᠷᠣᠬᠤ᠎ᠶᠢ ᠵᠣᠷᠢᠭ᠍ᠵᠢᠭᠤᠯᠤᠨ᠂ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠤᠨ ᠭᠡᠷᠡᠴᠢᠯᠡᠯᠲᠡ᠎ᠶᠢᠨ ᠭᠤᠶᠤᠴᠢᠯᠠᠬᠤ᠂ ᠬᠡᠷᠡᠭᠵᠢᠭᠦᠯᠬᠦ᠂ ᠦᠨᠡᠮᠯᠡᠯ ᠣᠯᠭᠣᠬᠤ᠂ ᠬᠢᠨᠠᠯᠲᠠ ᠲᠠᠯᠪᠢᠬᠤ ᠵᠡᠷᠭᠡ ᠪᠦᠭᠦ ᠴᠤᠪᠤᠷᠠᠯ᠎ᠢ ᠰᠦᠯᠵᠢᠶ᠎ᠡ᠎ᠪᠡᠷ ᠬᠠᠮᠢᠶᠠᠷᠬᠤ᠎ᠶᠢ ᠪᠡᠶᠡᠯᠡᠭᠦᠯᠦᠨ᠎ᠡ᠃ 

ᠳᠥᠷᠪᠡ᠂ ᠪᠦᠲᠦᠭᠡᠭᠳᠡᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠬᠡᠮᠵᠢᠯᠲᠡ᠎ᠶᠢ ᠪᠠᠲᠤᠯᠠᠬᠤ ᠴᠢᠳᠠᠪᠤᠷᠢ᠎ᠶᠢ ᠳᠡᠭᠡᠭᠰᠢᠯᠡᠭᠦᠯᠦᠨ᠎ᠡ 

ᠨᠡᠭᠦᠷᠡᠰᠦᠲᠥ᠋ᠷᠥᠭᠴᠢ᠎ᠶᠢ ᠬᠡᠮᠵᠢᠬᠦ ᠵᠠᠩᠭᠢᠯᠠᠭ᠎ᠠ᠎ᠶᠢᠨ ᠮᠡᠷᠭᠡᠵᠢᠯ᠎ᠦᠨ ᠰᠤᠳᠤᠯᠭᠠᠨ᠎ᠢ ᠴᠢᠩᠭᠠᠳᠬᠠᠵᠤ᠂ ᠨᠡᠭᠦᠷᠡᠰᠦᠲᠥ᠋ᠷᠥᠭᠴᠢ᠎ᠶᠢᠨ ᠬᠡᠮᠵᠢᠯᠲᠡ᠎ᠶᠢᠨ ᠬᠡᠮᠵᠢᠶ᠎ᠡ᠎ᠶᠢ ᠳᠠᠮᠵᠢᠭᠤᠯᠵᠤ ᠡᠬᠢ ᠰᠤᠷᠪᠤᠯᠵᠢ᠎ᠶᠢ ᠡᠷᠢᠬᠦ ᠲᠣᠭᠲᠠᠯᠴᠠᠭ᠎ᠠ᠎ᠶᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠣᠶᠤᠨᠴᠢ ᠬᠡᠮᠵᠢᠯᠲᠡ᠎ᠶᠢᠨ ᠪᠠᠭᠠᠵᠢ ᠬᠡᠷᠡᠭᠰᠡᠯ᠎ᠢ ᠳᠡᠯᠭᠡᠷᠡᠭᠦᠯᠦᠨ ᠬᠡᠷᠡᠭᠯᠡᠵᠦ᠂ ᠠᠵᠤ ᠠᠬᠤᠢᠯᠠᠯ᠎ᠢ ᠵᠢᠯᠤᠭᠣᠳᠴᠤ ᠪᠠᠢᠭᠠᠳ ᠪᠦᠲᠦᠭᠡᠭᠳᠡᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠲᠣᠭᠠᠴᠠᠭ᠎ᠠ ᠬᠢᠬᠦ᠂ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠲᠡᠮᠳᠡᠭ᠎ᠢ ᠭᠡᠷᠡᠴᠢᠯᠡᠬᠦ᠎ᠳᠤ᠎ᠪᠠᠨ ᠬᠡᠮᠵᠢᠯᠲᠡ᠎ᠶᠢᠨ ᠡᠬᠢ ᠰᠤᠷᠪᠤᠯᠵᠢ᠎ᠶᠢ ᠡᠷᠢᠬᠦ ᠴᠢᠨᠠᠷᠲᠠᠢ ᠪᠣᠳᠠᠲᠠᠢ ᠬᠡᠮᠵᠢᠯᠲᠡ᠎ᠶᠢᠨ ᠳ᠋ᠠᠢᠲ᠋ᠠ᠎ᠶᠢ ᠤᠷᠢᠳ᠎ᠢᠶᠠᠷ ᠰᠣᠩᠭᠣᠨ ᠬᠡᠷᠡᠭᠯᠡᠬᠦ᠎ᠶᠢᠨ ᠬᠠᠮᠲᠤ᠂ ᠲᠣᠭᠠᠴᠠᠭ᠎ᠠ ᠬᠢᠭᠰᠡᠨ ᠦᠷ᠎ᠡ ᠳ᠋ᠦᠩ ᠪᠠ ᠳ᠋ᠠᠢᠲ᠋ᠠ᠎ᠳᠤ ᠲᠣᠭᠲᠠᠮᠠᠯ ᠪᠤᠰᠤ ᠬᠡᠮᠵᠢᠶᠡᠨ᠎ᠦ ᠵᠠᠳᠠᠯᠤᠯᠲᠠ ᠬᠢᠵᠦ᠂ ᠬᠢᠨᠠᠨ ᠰᠢᠨᠵᠢᠬᠦ᠂ ᠴᠤᠭᠯᠠᠭᠤᠯᠬᠤ᠂ ᠬᠠᠳᠠᠭᠠᠯᠠᠬᠤ᠂ ᠲᠣᠭᠠᠴᠠᠭ᠎ᠠ ᠬᠢᠬᠦ᠂ ᠬᠠᠷᠭᠤᠭᠤᠯᠤᠨ ᠰᠢᠯᠭᠠᠬᠤ ᠳ᠋ᠠᠢᠲ᠋ᠠ᠎ᠶᠢᠨ ᠨᠠᠢᠳᠠᠪᠤᠷᠢᠲᠤ ᠴᠢᠨᠠᠷ ᠬᠢᠭᠡᠳ ᠳᠠᠷᠤᠢ ᠲᠦᠷᠭᠡᠨ ᠴᠢᠨᠠᠷ᠎ᠢ ᠳᠡᠭᠡᠭᠰᠢᠯᠡᠭᠦᠯᠦᠨ᠎ᠡ᠃ ᠪᠦᠲᠦᠭᠡᠭᠳᠡᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠢ ᠬᠡᠮᠵᠢᠬᠦ ᠮᠡᠷᠭᠡᠵᠢᠯ ᠪᠠ ᠳ᠋ᠠᠢᠲ᠋ᠠ᠎ᠶᠢᠨ ᠶᠠᠰᠤ ᠴᠢᠨᠠᠷ᠎ᠤᠨ ᠬᠠᠮᠢᠶᠠᠷᠤᠯᠲᠠ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠢᠳᠡᠪᠬᠢᠲᠡᠢ ᠠᠬᠢᠭᠤᠯᠤᠭᠰᠠᠨ ᠰᠠᠭᠤᠷᠢᠨ ᠳᠡᠭᠡᠷ᠎ᠡ᠂ ᠨᠡᠭᠦᠷᠡᠰᠦᠲᠥ᠋ᠷᠥᠭᠴᠢ᠎ᠶᠢᠨ ᠤᠯᠠ ᠮᠥᠷ᠎ᠢ ᠬᠡᠮᠵᠢᠬᠦ ᠮᠡᠷᠭᠡᠵᠢᠯ ᠪᠠ ᠳ᠋ᠠᠢᠲ᠋ᠠ᠎ᠶᠢᠨ ᠵᠠᠳᠠᠯᠤᠯᠲᠠ᠎ᠶᠢᠨ ᠭᠣᠣᠯᠳᠠᠯᠭ᠎ᠠ ᠪᠤᠯᠬᠤ ᠲᠤᠷᠰᠢᠯᠲᠠ᠎ᠶᠢᠨ ᠲᠠᠰᠤᠭ᠂ ᠮᠡᠷᠭᠡᠵᠢᠯ᠎ᠦᠨ ᠲᠥᠪ ᠪᠠᠢᠭᠤᠯᠬᠤ᠎ᠶᠢ ᠠᠬᠢᠭᠤᠯᠤᠨ᠎ᠠ᠃ 

ᠲᠠᠪᠤ᠂ ᠪᠦᠲᠦᠭᠡᠭᠳᠡᠬᠦᠨ᠎ᠤ ᠨᠡᠭᠦᠷᠡᠰᠦᠲᠥ᠋ᠷᠥᠭᠴᠢ᠎ᠶᠢᠨ ᠤᠯᠠ ᠮᠥᠷ᠎ᠤᠨ ᠲᠡᠮᠳᠡᠭ᠎ᠢ ᠭᠡᠷᠡᠴᠢᠯᠡᠬᠦ ᠠᠵᠢᠯ᠎ᠤᠨ ᠲᠣᠭᠲᠠᠴᠠ᠎ᠶᠢ ᠪᠦᠷᠢᠨᠰᠢᠭᠦᠯᠦᠨ᠎ᠡ 

ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠮᠢ ᠠᠬᠤᠢ ᠣᠷᠴᠢᠨ ᠲᠣᠭᠣᠷᠢᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ᠎ᠦᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠨ᠂ ᠪᠦᠭᠦ ᠣᠷᠣᠨ᠎ᠤ ᠨᠢᠭᠡᠳᠦᠯᠲᠡᠢ ᠪᠥᠭᠡᠳ ᠵᠣᠬᠢᠴᠠᠩᠭᠤᠢ᠂ ᠠᠵᠢᠯ᠎ᠤᠨ ᠬᠤᠪᠢᠶᠠᠷᠢᠯᠠᠯ ᠨᠢ ᠡᠮᠬᠢ ᠵᠢᠷᠤᠮ᠎ᠲᠠᠢ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠢ ᠭᠡᠷᠡᠴᠢᠯᠡᠬᠦ ᠠᠵᠢᠯ᠎ᠤᠨ ᠲᠣᠭᠲᠠᠯᠴᠠᠭ᠎ᠠ᠎ᠶᠢ ᠪᠠᠢᠭᠤᠯᠵᠤ᠂ ᠵᠠᠬ᠎ᠠ ᠳᠡᠯᠭᠡᠭᠦᠷ᠎ᠦᠨ ᠠᠷᠭ᠎ᠠ ᠪᠠᠷᠢᠯ᠎ᠢᠶᠠᠷ ᠳᠠᠮᠵᠢᠭᠤᠯᠤᠨ ᠳ᠋ᠠᠢᠲ᠋ᠠ᠎ᠶᠢᠨ ᠡᠬᠢ ᠪᠠᠶᠠᠯᠢᠭ᠋᠎ᠢ ᠣᠯᠬᠤ ᠪᠠ ᠠᠰᠢᠭ᠍ᠯᠠᠬᠤ᠎ᠶᠢ ᠰᠦᠪᠡᠭᠴᠢᠯᠡᠵᠦ᠂ ᠠᠵᠤ ᠠᠬᠤᠢᠯᠠᠯ᠎ᠤᠨ ᠳ᠋ᠠᠢᠲ᠋ᠠ᠎ᠶᠢᠨ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠬᠦ ᠪᠠ ᠠᠰᠢᠭ᠍ᠯᠠᠬᠤ᠎ᠶᠢ ᠠᠬᠢᠭᠤᠯᠬᠤ ᠬᠡᠷᠡᠭᠲᠡᠢ᠃ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠢ ᠭᠡᠷᠡᠴᠢᠯᠡᠬᠦ ᠮᠡᠷᠭᠡᠵᠢᠯ᠎ᠦᠨ ᠦᠢᠯᠡᠴᠢᠯᠡᠭᠡᠨ᠎ᠦ ᠬᠣᠯᠪᠤᠭ᠎ᠠ ᠵᠡᠷᠭᠡ ᠵᠣᠬᠢᠶᠠᠨ ᠪᠠᠢᠭᠤᠯᠤᠯᠲᠠ ᠨᠢ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠢ ᠭᠡᠷᠡᠴᠢᠯᠡᠬᠦ ᠮᠡᠷᠭᠡᠵᠢᠯ᠎ᠦᠨ ᠰᠢᠨ᠎ᠡ᠎ᠶᠢ ᠡᠭᠦᠳᠴᠦ ᠰᠤᠳᠤᠯᠤᠨ ᠨᠡᠭᠡᠭᠡᠬᠦ᠎ᠶᠢ ᠳᠡᠮᠵᠢᠨ᠎ᠡ᠃ ᠵᠠᠰᠠᠭ᠎ᠤᠨ ᠣᠷᠳᠣᠨ᠎ᠤ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠦᠨ ᠭᠡᠷᠡᠴᠢᠯᠡᠯᠲᠡ᠎ᠶᠢᠨ ᠦᠢᠯᠡᠴᠢᠯᠡᠭᠡ ᠬᠤᠳᠠᠯᠳᠤᠨ ᠠᠪᠬᠤ᠎ᠶᠢ ᠠᠬᠢᠭᠤᠯᠤᠨ᠎ᠠ᠃ ᠭᠡᠷᠡᠴᠢᠯᠡᠯᠲᠡ᠎ᠶᠢᠨ ᠦᠷ᠎ᠡ ᠳ᠋ᠦᠩ᠎ᠢ ᠲᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠣᠷᠢᠭ᠋᠂ ᠲᠡᠭ ᠨᠡᠭᠦᠷᠡᠰᠦᠲᠥ᠋ᠷᠥᠭᠴᠢᠲᠦ ᠠᠵᠤ ᠦᠢᠯᠡᠳᠪᠦᠷᠢ᠎ᠶᠢ ᠦᠨᠡᠯᠡᠨ ᠵᠢᠱ᠌ᠢᠬᠦ᠂ ᠪᠣᠬᠢᠷᠳᠤᠯ ᠦᠭᠡᠢ ᠠᠵᠤ ᠦᠢᠯᠡᠳᠪᠦᠷᠢ᠎ᠶᠢ ᠦᠨᠡᠯᠡᠬᠦ᠂ ᠨᠡᠭᠦᠷᠡᠰᠦᠲᠥ᠋ᠷᠥᠭᠴᠢ᠎ᠶᠢᠨ ᠤᠯᠠ ᠮᠥᠷ᠎ᠢ ᠲᠣᠭᠠᠴᠠᠭ᠎ᠠ ᠬᠢᠬᠦ ᠳᠤᠮᠳᠠ ᠦᠨᠡᠮᠰᠢᠬᠦ ᠪᠠ ᠬᠡᠷᠡᠭᠯᠡᠬᠦ᠎ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ᠎ᠢᠶᠠᠨ ᠰᠠᠢᠲᠤᠷ ᠬᠢᠬᠦ᠎ᠶᠢ ᠬᠠᠷᠢᠭᠤᠴᠠᠵᠤ᠂ ᠮᠡᠷᠭᠡᠵᠢᠯ᠎ᠦᠨ ᠦᠢᠯᠡᠴᠢᠯᠡᠭᠡᠨ᠎ᠦ ᠬᠣᠯᠪᠤᠭ᠎ᠠ᠎ᠶᠢ ᠵᠣᠬᠢᠶᠠᠨ ᠪᠠᠢᠭᠤᠯᠵᠤ᠂ ᠪᠦᠲᠦᠭᠡᠭᠳᠡᠬᠦᠨ᠎ᠦ ᠭᠡᠷᠡᠴᠢᠯᠡᠯᠲᠡ᠂ ᠮᠡᠷᠭᠡᠵᠢᠯ᠎ᠦᠨ ᠪᠣᠯᠪᠠᠰᠤᠷᠠᠯ᠂ ᠰᠣᠯᠢᠯᠴᠠᠭᠠᠨ᠎ᠤ ᠠᠵᠢᠯᠯᠠᠭ᠎ᠠ᠂ ᠬᠢᠨᠠᠯᠲᠠ ᠬᠠᠮᠢᠶᠠᠷᠤᠯᠲᠠ ᠪᠠ ᠨᠤᠲᠤᠭ ᠣᠷᠣᠨ᠎ᠤ ᠨᠡᠭᠦᠷᠡᠰᠦᠲᠥ᠋ᠷᠥᠭᠴᠢ᠎ᠳᠦ ᠬᠣᠯᠪᠣᠭᠳᠠᠬᠤ ᠲᠥᠷᠥᠯ᠎ᠦᠨ ᠭᠡᠷᠡᠴᠢᠯᠡᠯᠲᠡ᠎ᠶᠢᠨ ᠪᠠᠢᠭᠤᠯᠤᠮᠵᠢ᠎ᠶᠢ ᠪᠣᠢᠵᠢᠭᠤᠯᠬᠤ ᠵᠡᠷᠭᠡ ᠠᠵᠢᠯ᠎ᠢ ᠰᠠᠢᠲᠤᠷ ᠬᠢᠨ᠎ᠡ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠰᠠᠯᠠᠭ᠎ᠠ ᠮᠥᠴᠢᠷ ᠨᠢ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠣᠷᠭᠢᠯ ᠬᠡᠮᠵᠢᠭᠳᠡᠯ᠎ᠳᠤ ᠬᠦᠷᠭᠡᠬᠦ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ ᠠᠵᠢᠯ ᠯᠤᠭ᠎ᠠ ᠤᠶᠠᠯᠳᠤᠭᠤᠯᠤᠨ᠂ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠢ ᠭᠡᠷᠡᠴᠢᠯᠡᠨ ᠬᠡᠷᠡᠭᠵᠢᠭᠦᠯᠬᠦ᠎ᠳᠡᠬᠢ ᠲᠥᠷᠥ᠎ᠶᠢᠨ ᠪᠣᠳᠣᠯᠭ᠎ᠠ᠎ᠶᠢᠨ ᠵᠢᠯᠣᠭᠣᠳᠤᠯᠭ᠎ᠠ᠎ᠶᠢ ᠴᠢᠩᠭᠠᠳᠬᠠᠬᠤ ᠬᠡᠷᠡᠭᠲᠡᠢ; ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠰᠠᠯᠠᠭ᠎ᠠ ᠮᠥᠴᠢᠷ᠎ᠦᠳ ᠠᠵᠤ ᠠᠬᠤᠢᠯᠠᠯ᠂ ᠬᠦᠷᠢᠶᠡᠯᠡᠩ ᠲᠣᠭᠣᠷᠢᠭ᠋᠎ᠤᠨ ᠪᠦᠲᠦᠭᠡᠭᠳᠡᠬᠦᠨ᠎ᠦ ᠭᠡᠷᠡᠴᠢᠯᠡᠯᠲᠡ᠎ᠶᠢᠨ ᠲᠥᠯᠥᠪᠯᠡᠭᠡ ᠲᠣᠭᠲᠠᠭᠠᠬᠤ᠎ᠶᠢ ᠬᠠᠷᠢᠭᠤᠴᠠᠨ ᠵᠢᠯᠤᠭᠣᠳᠴᠤ᠂ ᠠᠵᠤ ᠠᠬᠤᠢᠯᠠᠯ᠎ᠤᠨ ᠡᠮᠬᠢ ᠵᠢᠷᠤᠮ᠎ᠲᠠᠢ ᠵᠣᠬᠢᠶᠠᠨ ᠪᠠᠢᠭᠤᠯᠤᠨ ᠬᠡᠷᠡᠭᠵᠢᠭᠦᠯᠬᠦ᠎ᠶᠢ ᠠᠬᠢᠭᠤᠯᠤᠨ᠎ᠠ ; ᠡᠳ᠋᠎ᠦᠨ ᠵᠠᠰᠠᠭ ᠭᠠᠢᠯᠢ᠎ᠶᠢᠨ ᠶᠠᠪᠤᠳᠠᠯ᠎ᠤᠨ ᠰᠠᠯᠠᠭ᠎ᠠ ᠮᠥᠴᠢᠷ ᠨᠢ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠪᠡᠯᠡ ᠮᠥᠩᠭᠥ᠎ᠶᠢᠨ ᠪᠠᠲᠤᠯᠠᠭ᠎ᠠ᠎ᠶᠢᠨ ᠠᠵᠢᠯ᠎ᠢ ᠰᠠᠢᠲᠤᠷ ᠬᠢᠬᠦ᠎ᠶᠢ ᠬᠠᠷᠢᠭᠤᠴᠠᠵᠤ᠂ ᠨᠢᠭᠡᠨᠲᠡ ᠨᠡᠢᠲᠡᠯᠡᠭᠰᠡᠨ ᠡᠯ᠎ᠡ ᠵᠦᠢᠯ᠎ᠦᠨ ᠭᠠᠢᠯᠢ ᠲᠠᠲᠠᠪᠤᠷᠢ᠎ᠶᠢᠨ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠮᠥᠩᠭᠥᠨ ᠭᠦᠢᠯᠭᠡᠭᠡᠨ᠎ᠦ ᠪᠠᠢᠭᠤᠯᠤᠮᠵᠢ ᠨᠢ ᠵᠦᠢ ᠶᠣᠰᠣᠨ᠎ᠤ ᠮᠥᠩᠭᠥᠨ ᠭᠦᠢᠯᠭᠡᠭᠡᠨ᠎ᠦ ᠨᠡᠷᠡᠳᠭᠦᠨ ᠪᠠ ᠦᠢᠯᠡᠴᠢᠯᠡᠭᠡᠨ᠎ᠦ ᠵᠠᠭᠪᠤᠷ᠎ᠲᠤ ᠰᠢᠨ᠎ᠡ᠎ᠶᠢ ᠡᠭᠦᠳᠬᠦ᠎ᠶᠢ ᠬᠠᠷᠢᠭᠤᠴᠠᠵᠤ᠂ ᠭᠡᠷᠡᠴᠢᠯᠡᠬᠦ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢᠨ ᠳᠡᠮᠵᠢᠯᠭᠡ᠎ᠶᠢ ᠰᠠᠢᠲᠤᠷ ᠬᠢᠨ᠎ᠡ; ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠬᠤᠳᠠᠯᠳᠤᠭᠠᠨ᠎ᠤ ᠶᠠᠪᠤᠳᠠᠯ᠂ ᠡᠨᠧᠷᠭᠢ ᠵᠡᠷᠭᠡ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ᠎ᠶᠢᠨ᠎ᠢᠶᠡᠨ ᠶᠣᠰᠣᠭᠠᠷ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠢ ᠭᠡᠷᠡᠴᠢᠯᠡᠬᠦ ᠬᠠᠮᠢᠶ᠎ᠠ ᠪᠦᠬᠦᠢ ᠠᠵᠢᠯ᠎ᠢ ᠠᠬᠢᠭᠤᠯᠤᠨ᠎ᠠ ; ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠤᠨ ᠭᠡᠷᠡᠴᠢᠯᠡᠯᠲᠡ᠎ᠶᠢ ᠳᠡᠯᠭᠡᠷᠡᠭᠦᠯᠦᠨ ᠬᠡᠷᠡᠭᠵᠢᠭᠦᠯᠬᠦ᠎ᠶᠢ ᠰᠠᠢᠲᠤᠷ ᠬᠢᠵᠦ᠂ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠭᠡᠷᠡᠴᠢᠯᠡᠬᠦ ᠠᠵᠢᠯ ᠥᠷᠨᠢᠭᠦᠯᠦᠨ᠎ᠡ᠃ 

ᠵᠢᠷᠭᠤᠭ᠎ᠠ᠂ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠤᠨ ᠭᠡᠷᠡᠴᠢᠯᠡᠯᠲᠡ᠎ᠶᠢᠨ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠎ᠶᠢ ᠠᠬᠢᠭᠤᠯᠤᠨ᠎ᠠ

ᠠᠵᠤ ᠠᠬᠤᠢᠯᠠᠯ᠎ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠎ᠪᠠᠷ ᠬᠡᠯᠪᠡᠷᠢ᠎ᠪᠡᠨ ᠬᠤᠪᠢᠷᠠᠭᠤᠯᠬᠤ᠎ᠳᠤ ᠦᠵᠡᠭᠦᠯᠭᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠬᠠᠮᠢᠶᠠᠷᠤᠯᠲᠠ᠎ᠶᠢᠨ ᠠᠬᠢᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠤᠨ ᠭᠡᠷᠡᠴᠢᠯᠡᠯᠲᠡ᠎ᠶᠢ ᠴᠢᠬᠤᠯᠠ ᠠᠷᠭ᠎ᠠ ᠮᠠᠶᠢᠭ᠋ ᠪᠤᠯᠭᠠᠵᠤ᠂ ᠠᠵᠤ ᠠᠬᠤᠢᠯᠠᠯ᠎ᠢ ᠵᠣᠷᠢᠭ᠍ᠵᠢᠭᠤᠯᠵᠤ ᠪᠠᠢᠭᠠᠳ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠤᠨ ᠭᠡᠷᠡᠴᠢᠯᠡᠯᠲᠡ ᠥᠷᠨᠢᠭᠦᠯᠦᠨ᠂ ᠳᠡᠭᠡᠳᠦ ᠳᠣᠣᠷᠠᠳᠤ ᠬᠡᠯᠬᠢᠶᠡᠨ᠎ᠦ ᠠᠵᠤ ᠠᠬᠤᠢᠯᠠᠯ᠎ᠢ ᠳᠠᠢᠴᠢᠯᠠᠵᠤ ᠪᠠᠢᠭᠠᠳ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠬᠠᠮᠢᠶᠠᠷᠤᠯᠲᠠ᠎ᠶᠢ ᠴᠢᠩᠭᠠᠳᠬᠠᠵᠤ᠂ ᠪᠦᠲᠦᠭᠡᠭᠳᠡᠬᠦᠨ᠎ᠦ ᠠᠮᠢ ᠨᠠᠰᠤᠨ᠎ᠤ ᠦᠶᠡᠯᠡᠯ᠎ᠳᠠᠬᠢ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠬᠠᠮᠢᠶᠠᠷᠤᠯᠲᠠ᠎ᠶᠢ ᠰᠢᠯᠢᠳᠡᠭᠵᠢᠭᠦᠯᠦᠨ᠂ ᠪᠦᠲᠦᠭᠡᠭᠳᠡᠬᠦᠨ᠎ᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠯ᠎ᠠ᠎ᠳᠡᠬᠢ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ ᠲᠣᠮᠣ᠌ ᠭᠡᠯᠪᠡᠷᠢ᠎ᠶᠢᠨ ᠬᠤᠳᠠᠯᠳᠤᠭᠠᠨ᠎ᠤ ᠲᠠᠯᠠᠪᠤᠷ ᠭᠡᠲᠦ ᠳᠡᠯᠭᠡᠭᠦᠷ᠂ ᠡᠯᠧᠺᠲᠷᠣᠨ ᠬᠤᠳᠠᠯᠳᠤᠭᠠᠨ᠎ᠤ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠤᠨ ᠭᠡᠷᠡᠴᠢᠯᠡᠯᠲᠡ᠎ᠶᠢᠨ ᠪᠦᠲᠦᠭᠡᠭᠳᠡᠬᠦᠨ᠎ᠢ ᠬᠤᠳᠠᠯᠳᠤᠨ ᠠᠪᠴᠤ ᠪᠣᠷᠣᠯᠠᠭᠤᠯᠬᠤ᠎ᠶᠢ ᠨᠢ ᠵᠣᠷᠢᠭ᠍ᠵᠢᠭᠤᠯᠵᠤ᠂ ᠭᠡᠷᠡᠴᠢᠯᠡᠯᠲᠡ᠎ᠶᠢᠨ ᠪᠦᠲᠦᠭᠡᠭᠳᠡᠬᠦᠨ᠎ᠦ ᠪᠣᠷᠣᠯᠠᠭᠤᠯᠤᠯᠲᠠ᠎ᠶᠢᠨ ᠵᠠᠮ ᠮᠥᠷ᠎ᠢ ᠰᠠᠭᠠᠳ ᠦᠭᠡᠢ ᠨᠠᠪᠲᠠᠷᠡᠭᠦᠯᠵᠦ᠂ ᠬᠡᠷᠡᠭᠯᠡᠭᠴᠢᠳ᠎ᠢ ᠬᠥᠲᠥᠯᠥᠨ ᠵᠢᠯᠤᠭᠣᠳᠴᠤ ᠪᠠᠢᠭᠠᠳ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠤᠨ ᠭᠡᠷᠡᠴᠢᠯᠡᠯᠲᠡ᠎ᠶᠢᠨ ᠪᠦᠲᠦᠭᠡᠭᠳᠡᠬᠦᠨ᠎ᠢ ᠬᠤᠳᠠᠯᠳᠤᠨ ᠠᠪᠤᠭᠤᠯᠵᠤ ᠬᠡᠷᠡᠭᠯᠡᠭᠦᠯᠦᠨ᠎ᠡ᠃ ᠭᠡᠷᠡᠴᠢᠯᠡᠯᠲᠡ᠎ᠪᠠᠷ ᠪᠠᠲᠤᠯᠠᠭᠰᠠᠨ ᠠᠵᠤ ᠠᠬᠤᠢᠯᠠᠯ᠎ᠢ ᠵᠣᠷᠢᠭ᠍ᠵᠢᠭᠤᠯᠵᠤ ᠪᠠᠢᠭᠠᠳ ᠲᠡᠭᠦᠨ᠎ᠦ ᠦᠨᠡᠮᠯᠡᠯ ᠣᠯᠣᠭᠰᠠᠨ ᠪᠦᠲᠦᠭᠡᠭᠳᠡᠬᠦᠨ᠎ᠦ ᠬᠠᠮᠢᠶ᠎ᠠ ᠪᠦᠬᠦᠢ ᠪᠣᠭᠣᠳᠠᠯ ᠪᠠᠭᠯᠠᠭ᠎ᠠ᠂ ᠲᠣᠳᠣᠷᠬᠠᠢᠯᠠᠯᠲᠠ᠎ᠶᠢᠨ ᠪᠢᠴᠢᠭ᠂ ᠵᠠᠷ ᠮᠡᠳᠡᠭᠡᠨ᠎ᠦ ᠤᠬᠠᠭᠤᠯᠭ᠎ᠠ ᠵᠢᠴᠢ ᠬᠣᠯᠪᠣᠭᠳᠠᠯ ᠪᠦᠬᠦᠢ ᠮᠠᠲᠧᠷᠢᠶᠠᠯ᠎ᠳᠤ᠎ᠪᠠᠨ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠤᠨ ᠭᠡᠷᠡᠴᠢᠯᠡᠯᠲᠡ᠎ᠶᠢᠨ ᠮᠡᠳᠡᠭᠡ ᠵᠠᠩᠭᠢ᠎ᠶᠢ ᠬᠡᠷᠡᠭᠯᠡᠬᠦ ᠪᠠ ᠢᠯᠡ ᠨᠡᠢᠲᠡᠯᠡᠵᠦ᠂ ᠠᠵᠤ ᠠᠬᠤᠢᠯᠠᠯ᠎ᠤᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭᠤᠷᠠᠭᠤᠯᠬᠤ᠎ᠶᠢ ᠠᠬᠢᠭᠤᠯᠤᠨ᠎ᠠ᠃ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠬᠠᠭᠤᠯᠭ᠎ᠠ ᠬᠥᠮᠦᠵᠢᠯ᠎ᠢ ᠰᠠᠢᠲᠤᠷ ᠬᠢᠵᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠨᠣᠯᠵᠢᠬᠤᠨ᠎ᠢ ᠤᠯᠠᠮᠵᠢᠯᠠᠨ ᠳᠡᠯᠭᠡᠷᠡᠭᠦᠯᠵᠦ᠂ ᠪᠦᠲᠦᠭᠡᠭᠳᠡᠬᠦᠨ᠎ᠦ ᠨᠡᠭᠦᠷᠡᠰᠦᠳᠦ᠋ᠷᠦᠭᠴᠢ᠎ᠶᠢᠨ ᠤᠯᠠ ᠮᠥᠷ᠎ᠤᠨ ᠲᠡᠮᠳᠡᠭ᠎ᠢ ᠭᠡᠷᠡᠴᠢᠯᠡᠬᠦ ᠠᠵᠢᠯ᠎ᠤᠨ ᠨᠡᠢᠭᠡᠮ ᠳᠠᠶᠠᠭᠠᠷ᠎ᠦᠨ ᠣᠢᠯᠠᠭᠠᠬᠤ ᠬᠡᠮᠵᠢᠶ᠎ᠡ ᠪᠠ ᠣᠷᠤᠯᠴᠠᠬᠤ ᠬᠡᠮᠵᠢᠶ᠎ᠡ᠎ᠶᠢ ᠨᠢ ᠥᠷᠭᠡᠳᠬᠡᠨ᠎ᠡ᠃ 

ᠲᠤᠯᠤᠭ᠎ᠠ᠂ ᠨᠡᠭᠦᠷᠡᠰᠦᠲᠥ᠋ᠷᠥᠭᠴᠢ᠎ᠶᠢᠨ ᠤᠯᠠ ᠮᠥᠷ᠎ᠢ ᠤᠯᠠᠨ ᠤᠯᠤᠰ ᠯᠤᠭ᠎ᠠ ᠵᠣᠯᠭᠠᠭᠤᠯᠬᠤ ᠪᠠ ᠣᠯᠠᠨ ᠤᠯᠤᠰ᠎ᠤᠨ ᠬᠠᠷᠢᠯᠴᠠᠨ ᠮᠡᠳᠡᠷᠡᠬᠦ᠎ᠶᠢ ᠠᠬᠢᠭᠤᠯᠤᠨ᠎ᠠ 

ᠤᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠠ ᠭᠣᠣᠯ ᠪᠤᠯᠬᠤ ᠠᠵᠤ ᠠᠬᠤᠢ᠎ᠶᠢᠨ ᠴᠣᠭᠴᠠ᠎ᠶᠢᠨ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠬᠠᠮᠢᠶ᠎ᠠ ᠪᠦᠬᠦᠢ ᠬᠠᠮᠢᠶᠠᠷᠤᠯᠲᠠ᠎ᠶᠢᠨ ᠳᠦᠷᠢᠮ᠂ ᠭᠡᠷᠡᠴᠢᠯᠡᠯᠲᠡ᠎ᠶᠢᠨ ᠳᠦᠷᠢᠮ᠎ᠢ ᠮᠥᠷᠳᠡᠵᠦ᠂ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠠᠷᠭ᠎ᠠ᠎ᠶᠢᠨ ᠤᠬᠠᠭᠠᠨ᠎ᠤ ᠰᠤᠳᠤᠯᠭᠠᠨ᠎ᠢ ᠴᠢᠩᠭᠠᠳᠬᠠᠨ᠎ᠠ᠃ ᠤᠯᠤᠰ᠎ᠤᠨ ᠳᠣᠲᠣᠭᠠᠳᠤ ᠭᠠᠳᠠᠭᠠᠳᠤ᠎ᠶᠢᠨ ᠥᠨᠳᠥᠷ ᠪᠠᠷᠢᠮᠵᠢᠶᠠᠲᠤ ᠳᠦᠷᠢᠮ᠎ᠦᠨ ᠲᠣᠭᠲᠠᠯᠴᠠᠭ᠎ᠠ ᠯᠤᠭ᠎ᠠ ᠬᠠᠷᠢᠴᠠᠭᠤᠯᠤᠨ᠂ ᠣᠯᠠᠨ ᠤᠯᠤᠰ᠎ᠤᠨ ᠭᠡᠷᠡᠴᠢᠯᠡᠯᠲᠡ᠎ᠶᠢᠨ ᠪᠠᠢᠭᠤᠯᠤᠮᠵᠢ ᠯᠤᠭ᠎ᠠ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠶᠢ ᠴᠢᠩᠭᠠᠳᠬᠠᠵᠤ᠂ ᠮᠠᠨ᠎ᠤ ᠣᠷᠣᠨ᠎ᠤ ᠠᠷᠠᠯᠵᠢᠶᠠᠨ᠎ᠤ ᠬᠠᠨᠢᠲᠠᠨ ᠯᠤᠭ᠎ᠠ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠲᠣᠭᠠᠴᠠᠭ᠎ᠠ ᠬᠢᠬᠦ ᠳᠦᠷᠢᠮ ᠪᠠ ᠭᠡᠷᠡᠴᠢᠯᠡᠯᠲᠡ᠎ᠶᠢᠨ ᠦᠷ᠎ᠡ ᠳ᠋ᠦᠩ᠎ᠦᠨ ᠲᠠᠯ᠎ᠠ᠎ᠪᠠᠷ ᠵᠣᠯᠭᠠᠭᠤᠯᠤᠨ ᠬᠠᠷᠢᠯᠴᠠᠨ ᠮᠡᠳᠡᠷᠡᠬᠦ᠎ᠶᠢ ᠠᠬᠢᠭᠤᠯᠵᠤ᠂ ᠠᠵᠤ ᠠᠬᠤᠢᠯᠠᠯ᠎ᠤᠨ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠥᠷᠭᠡᠳᠬᠡᠬᠦ᠎ᠳᠦ ᠬᠦᠴᠦᠨ ᠨᠡᠮᠡᠷᠢᠯᠡᠨ᠎ᠡ᠃ ᠤᠯᠤᠰ᠎ᠤᠨ ᠳᠣᠲᠣᠭᠠᠳᠤ᠎ᠶᠢᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢᠨ ᠱᠠᠭᠠᠷᠳᠠᠯᠭ᠎ᠠ ᠶᠣᠰᠣᠭᠠᠷ᠂ ᠣᠷᠣᠨ ᠪᠦᠰᠡ᠎ᠶᠢᠨ ᠬᠠᠮᠲᠤᠷᠠᠯᠴᠠᠭᠠᠨ᠎ᠤ ᠲᠣᠭᠲᠠᠴᠠ᠎ᠶᠢᠨ ᠦᠢᠯᠡᠳᠦᠯ᠎ᠢ ᠪᠠᠳᠠᠷᠠᠭᠤᠯᠵᠤ᠂ ᠣᠯᠠᠨ ᠤᠯᠤᠰ᠎ᠤᠨ ᠪᠠ ᠤᠯᠤᠰ᠎ᠤᠨ ᠳᠣᠲᠣᠭᠠᠳᠤ᠎ᠶᠢᠨ ᠥᠨᠳᠥᠷ ᠬᠢᠷᠢ ᠲᠦᠪᠰᠢᠨ ᠪᠦᠬᠦᠢ ᠭᠡᠷᠡᠴᠢᠯᠡᠯᠲᠡ᠎ᠶᠢᠨ ᠪᠠᠢᠭᠤᠯᠤᠮᠵᠢ ᠯᠤᠭ᠎ᠠ ᠢᠳᠡᠪᠬᠢᠲᠡᠢ ᠬᠣᠯᠪᠣᠭᠠᠯᠠᠵᠤ᠂ ᠤᠯᠤᠰ᠎ᠤᠨ ᠳᠣᠲᠣᠭᠠᠳᠤ᠎ᠶᠢᠨ ᠬᠠᠩᠭᠠᠯᠭ᠎ᠠ᠎ᠶᠢᠨ ᠬᠡᠯᠬᠢᠶ᠎ᠡ ᠯᠦ᠍ᠭᠡ ᠬᠠᠮᠲᠤ᠎ᠪᠠᠷ ᠪᠦᠲᠦᠭᠡᠭᠳᠡᠬᠦᠨ᠎ᠦ ᠠᠮᠢ ᠨᠠᠰᠤᠨ᠎ᠤ ᠦᠶᠡᠯᠡᠯ᠎ᠳᠠᠬᠢ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠬᠠᠮᠢᠶᠠᠷᠤᠯᠲᠠ᠎ᠶᠢ ᠰᠢᠯᠢᠳᠡᠭᠵᠢᠭᠦᠯᠵᠦ᠂ ᠳ᠋ᠠᠢᠲ᠋ᠠ᠎ᠶᠢ ᠬᠠᠮᠲᠤ ᠪᠠᠷ ᠬᠦᠷᠲᠡᠵᠦ ᠬᠠᠷᠢᠯᠴᠠᠨ ᠮᠡᠳᠡᠷᠡᠬᠦ ᠲᠣᠭᠲᠠᠴᠠ᠎ᠶᠢ ᠲᠡᠭᠦᠯᠳᠡᠷᠵᠢᠭᠦᠯᠦᠨ᠂ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠳ᠋ᠠᠢᠲ᠋ᠠ᠎ᠶᠢ ᠦᠨᠡᠮᠰᠢᠭᠦᠯᠦᠨ ᠬᠡᠷᠡᠭᠯᠡᠬᠦ᠎ᠶᠢ ᠠᠬᠢᠭᠤᠯᠵᠤ᠂ ᠮᠠᠨ᠎ᠤ ᠣᠷᠣᠨ᠎ᠤ ᠪᠦᠲᠦᠭᠡᠭᠳᠡᠬᠦᠨ᠎ᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠥᠷᠢᠰᠦᠯᠳᠦᠬᠦ ᠬᠦᠴᠦᠨ᠎ᠢ ᠨᠡᠮᠡᠭᠳᠡᠭᠦᠯᠦᠨ᠎ᠡ᠃

2025 ᠣᠨ᠎ᠤ 7 ᠳ᠋ᠤᠭᠠᠷ ᠰᠠᠷ᠎ᠠ᠎ᠶᠢᠨ 3᠎ᠤ ᠡᠳᠦᠷ

(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)

 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

         2025 ᠣᠨ᠎ᠤ 7 ᠳ᠋ᠤᠭᠠᠷ ᠰᠠᠷ᠎ᠠ᠎ᠶᠢᠨ 3᠎ᠦ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ