ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ 〔2025〕 34 ᠳ᠋ᠦ᠍ᠭᠡᠷ ᠲᠣᠭᠠᠲᠤ
ᠥᠪᠡᠷᠲᠡᠭᠡᠨ ᠵᠠᠰᠠᠬᠤ ᠣᠷᠣᠨ᠎ᠤ ᠰᠤᠷᠬᠤ ᠨᠠᠰᠤᠨ᠎ᠡᠴᠡ ᠡᠮᠦᠨᠡᠬᠢ ᠲᠥᠯᠥᠪᠦᠷᠢ ᠦᠭᠡᠢ ᠰᠤᠷᠭᠠᠨ ᠬᠥᠮᠦᠵᠢᠯ᠎ᠤᠨ
ᠠᠵᠢᠯ᠎ᠢ ᠠᠯᠬᠤᠮ ᠠᠯᠬᠤᠮ᠎ᠢᠶᠠᠷ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠬᠤ ᠨᠠᠰᠤᠨ᠎ᠡᠴᠡ ᠡᠮᠦᠨᠡᠬᠢ ᠲᠥᠯᠥᠪᠦᠷᠢ ᠦᠭᠡᠢ ᠰᠤᠷᠭᠠᠨ ᠬᠥᠮᠦᠵᠢᠯ᠎ᠦᠨ ᠠᠵᠢᠯ᠎ᠢ ᠠᠯᠬᠤᠮ ᠠᠯᠬᠤᠮ᠎ᠢᠶᠠᠷ ᠬᠡᠷᠡᠭᠵᠢᠭᠦᠯᠬᠦ ᠲᠥᠰᠥᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠲᠤᠭᠠᠢ᠃
2025 ᠣᠨ᠎ᠤ 9 ᠳ᠋ᠦ᠍ᠭᠡᠷ ᠰᠠᠷ᠎ᠠ᠎ᠶᠢᠨ 5᠎ᠦ ᠡᠳᠦᠷ
(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠬᠤ ᠨᠠᠰᠤᠨ᠎ᠡᠴᠡ ᠡᠮᠦᠨᠡᠬᠢ
ᠲᠥᠯᠥᠪᠦᠷᠢ ᠦᠭᠡᠢ ᠰᠤᠷᠭᠠᠨ ᠬᠥᠮᠦᠵᠢᠯ᠎ᠦᠨ ᠠᠵᠢᠯ᠎ᠢ ᠠᠯᠬᠤᠮ ᠠᠯᠬᠤᠮ᠎ᠢᠶᠠᠷ ᠬᠡᠷᠡᠭᠵᠢᠭᠦᠯᠬᠦ ᠲᠥᠰᠥᠯ
《ᠰᠤᠷᠬᠤ ᠨᠠᠰᠤᠨ᠎ᠡᠴᠡ ᠡᠮᠦᠨᠡᠬᠢ ᠲᠥᠯᠥᠪᠦᠷᠢ ᠦᠭᠡᠢ ᠰᠤᠷᠭᠠᠨ ᠬᠥᠮᠦᠵᠢᠯ᠎ᠦᠨ ᠠᠵᠢᠯ᠎ᠢ ᠠᠯᠬᠤᠮ ᠠᠯᠬᠤᠮ᠎ᠢᠶᠠᠷ ᠬᠡᠷᠡᠭᠵᠢᠭᠦᠯᠬᠦ ᠲᠤᠬᠠᠢ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠰᠠᠨᠠᠯ》 (ᠲᠥᠷᠥ ᠠᠯᠪᠠᠨ ᠲᠠᠷᠬᠠᠭᠠᠭᠰᠠᠨ 〔2025〕 27 ᠳ᠋ᠤᠭᠠᠷ ᠲᠣᠭᠠᠲᠤ)᠎ᠤᠨ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠤᠷᠬᠤ ᠨᠠᠰᠤᠨ᠎ᠡᠴᠡ ᠡᠮᠦᠨᠡᠬᠢ ᠲᠥᠯᠥᠪᠦᠷᠢ ᠦᠭᠡᠢ ᠰᠤᠷᠭᠠᠨ ᠬᠥᠮᠦᠵᠢᠯ᠎ᠢ ᠠᠯᠬᠤᠮ ᠠᠯᠬᠤᠮ᠎ᠢᠶᠠᠷ ᠬᠡᠷᠡᠭᠵᠢᠭᠦᠯᠦᠨ᠂ ᠮᠠᠨ᠎ᠤ ᠣᠷᠣᠨ᠎ᠤ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠲᠦᠭᠡᠮᠡᠯᠵᠢᠭᠦᠯᠦᠭᠰᠡᠨ ᠲᠦᠭᠡᠮᠡᠯ ᠬᠠᠷᠠᠭᠠᠯᠵᠠᠯᠲᠤ ᠠᠮᠤᠷ ᠲᠦᠪᠰᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭ᠍ᠲᠠᠷᠠᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠲᠥᠰᠥᠯ᠎ᠢ ᠲᠣᠭᠲᠠᠭᠠᠪᠠ᠃
ᠨᠢᠭᠡ᠂ ᠠᠵᠢᠯ᠎ᠤᠨ ᠬᠠᠷᠠᠯᠲᠠ
ᠰᠢ ᠶᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠡᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠵᠢᠴᠢ 《ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠥᠯᠦᠪᠵᠢᠭᠦᠯᠭᠡ᠎ᠶᠢᠨ ᠬᠥᠲᠥᠯᠪᠦᠷᠢ (2024-2035 ᠣᠨ)》᠎ᠶᠢ ᠭᠦᠨᠵᠡᠭᠡᠢ ᠲᠤᠭᠤᠰᠢᠯᠠᠭᠤᠯᠵᠤ᠂ ᠲᠦᠭᠡᠮᠡᠯᠵᠢᠭᠦᠯᠬᠦ ᠪᠠ ᠲᠦᠭᠡᠮᠡᠯ ᠬᠠᠷᠠᠭᠠᠯᠵᠠᠬᠤ᠎ᠶᠢ ᠴᠢᠩᠭᠠᠳᠬᠠᠬᠤ᠂ ᠯᠠᠪᠳᠠᠭᠤᠨ ᠪᠥᠭᠡᠳ ᠡᠮᠬᠢ ᠵᠢᠷᠤᠮ᠎ᠲᠠᠢ ᠠᠬᠢᠭᠤᠯᠬᠤ᠂ ᠵᠠᠰᠠᠭ᠎ᠤᠨ ᠣᠷᠳᠣᠨ᠎ᠤ ᠣᠷᠣᠭᠤᠯᠤᠯᠲᠠ᠎ᠶᠢ ᠨᠡᠮᠡᠭᠳᠡᠭᠦᠯᠬᠦ᠂ ᠵᠠᠷᠤᠳᠠᠯ᠎ᠢ ᠵᠣᠬᠢᠰᠲᠠᠢ ᠬᠤᠪᠢᠶᠠᠨ ᠡᠭᠦᠷᠭᠡᠯᠡᠬᠦ ᠵᠠᠷᠴᠢᠮ ᠶᠣᠰᠣᠭᠠᠷ᠂ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠠᠯᠬᠤᠮ ᠠᠯᠬᠤᠮ᠎ᠢᠶᠠᠷ ᠬᠡᠯᠲᠦᠷᠢᠭᠦᠯᠵᠦ᠂ ᠰᠤᠷᠭᠠᠨ ᠬᠥᠮᠦᠵᠢᠯ᠎ᠦᠨ ᠥᠪᠡᠷ᠎ᠦᠨ ᠦᠷᠳᠡᠭ᠎ᠢ ᠪᠦᠲᠦᠮᠵᠢᠲᠡᠶ᠎ᠪᠡᠷ ᠪᠠᠭᠤᠷᠠᠭᠤᠯᠤᠨ᠂ ᠭᠡᠷ ᠪᠦᠯᠢ᠎ᠶᠢᠨ ᠠᠮᠢᠳᠤᠷᠠᠯ ᠨᠢ ᠬᠦᠴᠢᠷᠳᠡᠯᠲᠡᠢ ᠬᠡᠦᠬᠡᠳ ᠵᠡᠷᠭᠡ ᠬᠥᠮᠥᠰ᠎ᠢ ᠵᠣᠭᠣᠰ᠎ᠢᠶᠠᠷ ᠲᠤᠰᠠᠯᠠᠬᠤ ᠲᠦᠷᠦ᠎ᠶᠢᠨ ᠪᠣᠳᠣᠯᠭ᠎ᠠ᠎ᠶᠢ ᠤᠯᠠᠮ ᠨᠢᠭᠡ ᠠᠯᠬᠤᠮ ᠪᠡᠬᠢᠵᠢᠭᠦᠯᠦᠨ ᠲᠡᠭᠦᠯᠳᠡᠷᠵᠢᠭᠦᠯᠵᠦ᠂ ᠰᠠᠭᠤᠷᠢ᠎ᠠᠴᠠ ᠨᠢ ᠪᠠᠲᠤᠯᠠᠬᠤ ᠠᠵᠢᠯ᠎ᠢ ᠰᠠᠢᠲᠤᠷ ᠬᠢᠵᠦ᠂ ᠤᠯᠠᠨ ᠨᠡᠶ᠋ᠢᠲᠡ᠎ᠶᠢᠨ ᠦᠨᠳᠦᠰᠦᠨ ᠰᠤᠷᠭᠠᠨ ᠬᠥᠮᠦᠵᠢᠯ᠎ᠦᠨ ᠦᠢᠯᠡᠴᠢᠯᠡᠭᠡᠨ᠎ᠦ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠲᠦᠮᠡᠨ᠎ᠦ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ᠎ᠢ ᠰᠠᠢᠲᠤᠷ ᠡᠷᠬᠢᠯᠡᠨ᠎ᠡ᠃
ᠬᠣᠶᠠᠷ᠂ ᠭᠣᠣᠯ ᠡᠭᠦᠷᠭᠡ
(ᠨᠢᠭᠡ) ᠰᠤᠷᠬᠤ ᠨᠠᠰᠤᠨ᠎ᠡᠴᠡ ᠡᠮᠦᠨᠡᠬᠢ ᠰᠤᠷᠭᠠᠨ ᠬᠥᠮᠦᠵᠢᠯ᠎ᠤᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠠᠯᠬᠤᠮ ᠠᠯᠬᠤᠮ᠎ᠢᠶᠠᠷ ᠬᠡᠯᠲᠦᠷᠢᠭᠦᠯᠦᠨ᠎ᠡ
1.ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠠᠴᠠ ᠬᠡᠯᠲᠦᠷᠢᠭᠦᠯᠬᠦ ᠡᠲᠡᠭᠡᠳ᠃ 2025 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ᠎ᠠᠴᠠ ᠡᠬᠢᠯᠡᠨ᠂ ᠪᠦᠭᠦ ᠣᠷᠣᠨ᠎ᠤ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠰᠤᠷᠬᠤ ᠨᠠᠰᠤᠨ᠎ᠡᠴᠡ ᠡᠮᠦᠨᠡᠬᠢ ᠨᠢᠭᠡ ᠵᠢᠯ᠎ᠦᠨ ᠴᠡᠴᠡᠷᠯᠢᠭ᠎ᠲᠦ ᠪᠠᠢᠭ᠎ᠠ ᠬᠡᠦᠬᠡᠳ᠎ᠦᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠬᠡᠯᠲᠦᠷᠢᠭᠦᠯᠦᠨ᠎ᠡ᠃ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠨ ᠵᠥᠪᠰᠢᠶᠡᠷᠡᠨ ᠪᠠᠢᠭᠤᠯᠤᠭᠰᠠᠨ ᠠᠷᠠᠳ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠲᠦ ᠰᠠᠭᠤᠭ᠎ᠠ ᠵᠣᠬᠢᠬᠤ ᠨᠠᠰᠤᠨ᠎ᠤ ᠬᠡᠦᠬᠡᠳ᠎ᠲᠦ ᠲᠤᠬᠠᠢ᠎ᠶᠢᠨ ᠭᠠᠵᠠᠷ᠎ᠤᠨ ᠠᠳᠠᠯᠢ ᠲᠥᠷᠥᠯ᠎ᠦᠨ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠬᠢᠷᠢ ᠲᠦᠪᠰᠢᠨ᠎ᠢᠶᠡᠷ ᠯᠠᠪᠯᠠᠯᠲᠠ ᠪᠣᠯᠭᠠᠵᠤ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠵᠣᠬᠢᠬᠤ ᠬᠡᠮᠵᠢᠶ᠎ᠡ᠎ᠪᠠᠷ ᠬᠠᠰᠤᠵᠤ ᠬᠡᠯᠲᠦᠷᠢᠭᠦᠯᠦᠨ᠎ᠡ᠃
2. ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠠᠴᠠ ᠬᠡᠯᠲᠦᠷᠢᠭᠦᠯᠬᠦ ᠪᠠᠷᠢᠮᠵᠢᠶ᠎ᠠ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠰᠤᠷᠭᠠᠨ ᠬᠥᠮᠦᠵᠢᠯ᠂ ᠦᠨ᠎ᠡ ᠬᠠᠩᠰᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠵᠥᠪᠰᠢᠶᠡᠷᠡᠭᠰᠡᠨ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ ᠬᠤᠷᠢᠶᠠᠬᠤ ᠪᠠᠷᠢᠮᠵᠢᠶ᠎ᠠ (ᠬᠣᠭᠣᠯᠠᠨ ᠰᠦᠢᠳᠬᠡᠯ᠂ ᠬᠣᠨᠣᠭ᠎ᠤᠨ ᠰᠦᠢᠳᠬᠡᠯ᠂ ᠰᠤᠯᠠ ᠰᠦᠢᠳᠬᠡᠯ ᠪᠠᠭᠲᠠᠬᠤ ᠦᠭᠡᠢ)ᠶᠣᠰᠣᠭᠠᠷ ᠬᠡᠷᠡᠭᠵᠢᠭᠦᠯᠦᠨ᠎ᠡ᠃ ᠠᠷᠠᠳ᠎ᠡᠴᠡ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ ᠳ᠋ᠡᠬᠢ ᠬᠡᠯᠲᠦᠷᠢᠭᠦᠯᠬᠦ ᠬᠢᠷᠢ ᠲᠦᠪᠰᠢᠨ᠎ᠡᠴᠡ ᠬᠡᠲᠦᠷᠡᠭᠰᠡᠨ ᠬᠡᠰᠡᠭ᠎ᠢ ᠪᠣᠯ ᠬᠡᠦᠬᠡᠳ᠎ᠦᠨ ᠴᠡᠴᠡᠷᠯᠢᠭ ᠨᠢ ᠴᠡᠴᠡᠷᠯᠢᠭ᠎ᠲᠦ ᠪᠠᠢᠭ᠎ᠠ ᠬᠡᠦᠬᠡᠳ᠎ᠦᠨ ᠭᠡᠷ ᠪᠦᠯᠢ᠎ᠡᠴᠡ ᠲᠣᠭᠲᠠᠭᠠᠯ ᠶᠣᠰᠣᠭᠠᠷ ᠦᠷᠭᠦᠯᠵᠢᠯᠡᠨ ᠬᠤᠷᠢᠶᠠᠵᠤ ᠪᠣᠯᠣᠨ᠎ᠠ᠃
3. ᠡᠳ᠋᠎ᠦᠨ ᠵᠠᠰᠠᠭ᠎ᠠᠴᠠ ᠨᠥᠬᠥᠪᠦᠷᠢ ᠣᠯᠭᠣᠬᠤ ᠠᠷᠭ᠎ᠠ ᠭᠡᠯᠪᠡᠷᠢ᠃ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠵᠠᠷᠤᠳᠠᠯ᠎ᠢ ᠬᠡᠯᠲᠦᠷᠢᠭᠦᠯᠦᠭᠰᠡᠨ᠎ᠡᠴᠡ ᠪᠣᠯᠵᠤ ᠬᠡᠦᠬᠡᠳ᠎ᠦᠨ ᠴᠡᠴᠡᠷᠯᠢᠭ᠎ᠦᠨ ᠣᠷᠣᠯᠭ᠎ᠠ ᠬᠠᠰᠤᠭᠳᠠᠭᠰᠠᠨ ᠬᠡᠰᠡᠭ᠎ᠲᠦ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠡᠴᠡ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠠᠴᠠ ᠬᠡᠯᠲᠦᠷᠢᠭᠦᠯᠬᠦ ᠴᠡᠴᠡᠷᠯᠢᠭ᠎ᠲᠦ ᠪᠠᠢᠭ᠎ᠠ ᠬᠡᠦᠬᠡᠳ᠎ᠦᠨ ᠬᠥᠮᠥᠨ᠎ᠦ ᠲᠣᠭ᠎ᠠ᠂ ᠪᠠᠢᠭ᠎ᠠ ᠭᠠᠵᠠᠷ᠎ᠤᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠬᠡᠦᠬᠡᠳ᠎ᠡᠴᠡ ᠳᠤᠮᠳᠠᠴᠢ᠎ᠪᠡᠷ ᠬᠤᠷᠢᠶᠠᠭᠰᠠᠨ ᠪᠣᠳᠠᠲᠠᠢ ᠰᠦᠢᠳᠬᠡᠯ᠎ᠦᠨ ᠬᠢᠷᠢ ᠲᠦᠪᠰᠢᠨ ᠵᠡᠷᠭᠡ ᠪᠠᠢᠳᠠᠯ᠎ᠢ ᠶᠡᠷᠦᠩᠬᠡᠢᠯᠡᠨ ᠪᠣᠳᠣᠯᠬᠢᠯᠠᠵᠤ ᠨᠥᠬᠥᠪᠦᠷᠢ ᠣᠯᠭᠣᠨ᠎ᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ ᠡᠯ᠎ᠡ ᠠᠢᠮᠠᠭ ᠬᠣᠲᠠ᠎ᠶᠢᠨ 2024/2025 ᠰᠤᠷᠤᠯᠭ᠎ᠠ᠎ᠶᠢᠨ ᠣᠨ᠎ᠤ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠬᠡᠦᠬᠡᠳ᠎ᠡᠴᠡ ᠳᠤᠮᠳᠠᠴᠢ᠎ᠪᠡᠷ ᠬᠤᠷᠢᠶᠠᠭᠰᠠᠨ ᠪᠣᠳᠠᠲᠠᠢ ᠰᠦᠢᠳᠬᠡᠯ᠎ᠦᠨ ᠬᠢᠷᠢ ᠲᠦᠪᠰᠢᠨ᠎ᠢ ᠦᠨᠳᠦᠰᠦᠯᠡᠨ᠂ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ ᠡᠴᠡ ᠬᠡᠯᠲᠦᠷᠢᠭᠦᠯᠬᠦ ᠬᠡᠦᠬᠡᠳ ᠳᠤᠮᠳᠠᠴᠢ᠎ᠪᠠᠷ ᠨᠣᠭᠳᠠᠬᠤ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ᠎ᠶᠢ ᠠᠢᠮᠠᠭ ᠬᠣᠲᠠ ᠬᠤᠪᠢᠶᠠᠨ ᠬᠠᠷᠭᠤᠭᠤᠯᠤᠨ ᠲᠣᠭᠲᠠᠭᠠᠵᠤ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃
4. ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠡᠯᠡ ᠮᠥᠩᠭᠥ᠎ᠶᠢ ᠬᠤᠪᠢᠶᠠᠨ ᠡᠭᠦᠷᠭᠡᠯᠡᠬᠦ ᠠᠷᠭ᠎ᠠ ᠭᠡᠯᠪᠡᠷᠢ᠃ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠡᠴᠡ ᠬᠡᠯᠲᠦᠷᠢᠭᠦᠯᠬᠦ ᠬᠡᠦᠬᠡᠳ ᠳᠤᠮᠳᠠᠴᠢ᠎ᠪᠠᠷ ᠨᠣᠭᠳᠠᠬᠤ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ᠎ᠳᠤ ᠬᠡᠷᠡᠭᠰᠡᠬᠦ ᠪᠡᠯᠡ ᠮᠥᠩᠭᠥ᠎ᠶᠢ ᠲᠥᠪ᠎ᠦᠨ ᠡᠳ᠋᠎ᠦᠨ ᠵᠠᠰᠠᠭ ᠲᠣᠭᠲᠠᠭᠠᠯ ᠶᠣᠰᠣᠭᠠᠷ ᠨᠥᠬᠥᠪᠦᠷᠢ᠎ᠶᠢᠨ ᠪᠡᠯᠡ ᠮᠥᠩᠭᠥ᠎ᠶᠢ ᠪᠠᠭᠤᠯᠭᠠᠭᠰᠠᠨᠤ ᠳᠠᠷᠠᠭ᠎ᠠ᠂ ᠪᠤᠰᠤᠳ ᠪᠡᠯᠡ ᠮᠥᠩᠭᠥ᠎ᠶᠢ ᠥᠪᠡᠷᠲᠡᠭᠡᠨ ᠵᠠᠰᠠᠬᠤ ᠣᠷᠣᠨ᠎ᠤ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠬᠢᠭᠡᠳ ᠠᠢᠮᠠᠭ ᠬᠣᠲᠠ᠎ᠶᠢᠨ ᠡᠳ᠋᠎ᠦᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ᠎ᠶᠢᠨ ᠬᠠᠷᠢᠭᠤᠴᠠᠯᠭ᠎ᠠ᠎ᠶᠢᠨ ᠬᠤᠪᠢᠶᠠᠷᠢᠯᠠᠯ᠎ᠤᠨ ᠬᠠᠷᠢᠴᠠᠯ ᠶᠣᠰᠣᠭᠠᠷ ᠬᠤᠪᠢᠶᠠᠨ ᠡᠭᠦᠷᠭᠡᠯᠡᠨ᠎ᠡ᠃ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠠᠴᠠ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢᠨ ᠬᠡᠪᠴᠢᠶ᠎ᠡ ᠨᠢ ᠤᠯᠤᠰ᠎ᠤᠨ ᠲᠥᠷᠥ᠎ᠶᠢᠨ ᠪᠣᠳᠣᠯᠭ᠎ᠠ᠎ᠡᠴᠡ ᠳᠠᠪᠠᠭᠰᠠᠨ ᠪᠠᠢᠪᠠᠯ᠂ ᠦᠷᠭᠦᠯᠵᠢᠯᠡᠨ ᠬᠡᠷᠡᠭᠵᠢᠭᠦᠯᠵᠦ ᠪᠣᠯᠣᠨ᠎ᠠ᠂ ᠬᠡᠲᠦᠷᠡᠭᠰᠡᠨ ᠬᠡᠰᠡᠭ᠎ᠲᠦ ᠬᠡᠷᠡᠭᠰᠡᠬᠦ ᠪᠡᠯᠡ ᠮᠥᠩᠭᠥ᠎ᠶᠢ ᠣᠷᠣᠨ ᠨᠤᠲᠤᠭ᠎ᠤᠨ ᠭᠢᠨ ᠡᠭᠦᠷᠭᠡᠯᠡᠨ᠎ᠡ᠃
(ᠬᠣᠶᠠᠷ) ᠥᠪᠡᠷᠲᠡᠭᠡᠨ ᠵᠠᠰᠠᠬᠤ ᠣᠷᠣᠨ᠎ᠤ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠵᠣᠭᠣᠰ᠎ᠢᠶᠠᠷ ᠲᠤᠰᠠᠯᠠᠬᠤ ᠲᠥᠷᠥ᠎ᠶᠢᠨ ᠪᠣᠳᠣᠯᠭ᠎ᠠ᠎ᠶᠢ ᠲᠣᠬᠢᠷᠠᠭᠤᠯᠤᠨ ᠲᠡᠭᠦᠯᠳᠡᠷᠵᠢᠭᠦᠯᠦᠨ᠎ᠡ
1. ᠲᠤᠰᠠᠯᠠᠬᠤ ᠡᠲᠡᠭᠡᠳ᠃ 2025 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ᠎ᠠᠴᠠ ᠡᠬᠢᠯᠡᠵᠦ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠢᠶᠠᠷ ᠬᠢᠨᠠᠨ ᠵᠥᠪᠰᠢᠶᠡᠷᠡᠭᠦᠯᠦᠭᠡᠳ ᠪᠠᠢᠭᠤᠯᠤᠭᠰᠠᠨ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ ᠪᠠ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠠᠷᠠᠳ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ (ᠬᠡᠦᠬᠡᠳ ᠰᠠᠭᠠᠲᠠᠭᠤᠯᠬᠤ ᠭᠠᠵᠠᠷ᠂ ᠡᠴᠢᠭᠡ ᠡᠬᠡ ᠦᠷ᠎ᠡ ᠬᠡᠦᠬᠡᠳ᠎ᠦᠨ ᠴᠡᠴᠡᠷᠯᠢᠭ ᠵᠡᠷᠭᠡ ᠠᠩᠬᠠᠨ᠎ᠤ ᠬᠥᠮᠦᠵᠢᠯ᠎ᠦᠨ ᠪᠠᠢᠭᠤᠯᠤᠮᠵᠢ ᠪᠠᠭᠲᠠᠬᠤ ᠦᠭᠡᠢ)᠎ᠲᠤ᠌ ᠰᠠᠭᠤᠭ᠎ᠠ ᠭᠡᠷ ᠪᠦᠯᠢ᠎ᠶᠢᠨ ᠠᠮᠢᠳᠤᠷᠠᠯ ᠨᠢ ᠬᠦᠴᠢᠷᠳᠡᠯᠲᠡᠢ ᠬᠡᠦᠬᠡᠳ᠎ᠲᠦ ᠠᠮᠢᠳᠤᠷᠠᠯ᠎ᠤᠨ ᠨᠥᠬᠥᠪᠦᠷᠢ ᠣᠯᠭᠣᠨ᠎ᠠ᠃
2. ᠲᠤᠰᠠᠯᠠᠬᠤ ᠪᠠᠷᠢᠮᠵᠢᠶ᠎ᠠ᠃ A ᠲᠥᠷᠥᠯ᠎ᠦᠨ ᠭᠡᠷ ᠪᠦᠯᠢ᠎ᠶᠢᠨ ᠠᠮᠢᠳᠤᠷᠠᠯ ᠨᠢ ᠬᠦᠴᠢᠷᠳᠡᠯᠲᠡᠢ ᠬᠡᠦᠬᠡᠳ ᠪᠣᠯᠭᠠᠨ᠎ᠳᠤ ᠵᠢᠯ᠎ᠳᠦ 2000 ᠲᠥᠭᠥᠷᠢᠭ᠃ B᠂ C ᠲᠥᠷᠥᠯ᠎ᠦᠨ ᠭᠡᠷ ᠪᠦᠯᠢ᠎ᠶᠢᠨ ᠠᠮᠢᠳᠤᠷᠠᠯ ᠨᠢ ᠬᠦᠴᠢᠷᠳᠡᠯᠲᠡᠢ ᠬᠡᠦᠬᠡᠳ ᠪᠣᠯᠭᠠᠨ᠎ᠳᠤ ᠵᠢᠯ᠎ᠳᠤ 1000 ᠲᠥᠭᠥᠷᠢᠭ᠃
3. ᠡᠳ᠋᠎ᠦᠨ ᠵᠠᠰᠠᠭ᠎ᠠᠴᠠ ᠨᠥᠬᠥᠪᠦᠷᠢ ᠣᠯᠭᠣᠬᠤ ᠠᠷᠭ᠎ᠠ ᠬᠡᠯᠪᠡᠷᠢ᠃ ᠠᠮᠢᠳᠤᠷᠠᠯ᠎ᠤᠨ ᠨᠥᠬᠥᠪᠦᠷᠢ᠎ᠳᠦ ᠬᠡᠷᠡᠭᠰᠡᠬᠦ ᠪᠡᠯᠡ ᠮᠥᠩᠭᠥ᠎ᠶᠢ ᠡᠯ᠎ᠡ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋) ᠨᠢ ᠲᠤᠰᠠᠯᠠᠬᠤ ᠬᠥᠮᠥᠨ᠎ᠦ ᠲᠣᠭ᠎ᠠ ᠪᠠ ᠪᠠᠷᠢᠮᠵᠢᠶ᠎ᠠ᠎ᠶᠢ ᠦᠨᠳᠦᠰᠦᠯᠡᠨ ᠣᠨ᠎ᠤ ᠡᠳ᠋᠎ᠦᠨ ᠵᠠᠰᠠᠭ᠎ᠤᠨ ᠲᠥᠰᠥᠪ᠎ᠲᠦ ᠭᠦᠢᠴᠡᠳ ᠲᠣᠭ᠎ᠠ᠎ᠪᠠᠷ ᠵᠢᠭ᠍ᠰᠠᠭᠠᠨ ᠣᠷᠣᠭᠤᠯᠬᠤ᠎ᠶᠢᠨ ᠬᠠᠮᠲᠤ ᠴᠠᠭ ᠲᠤᠬᠠᠢ᠎ᠳᠦ ᠨᠢ ᠰᠠᠯᠭᠠᠨ ᠥᠭᠴᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠱᠠᠩᠨᠠᠵᠤ ᠨᠥᠬᠥᠪᠦᠷᠢᠯᠡᠬᠦ ᠳᠡᠮᠵᠢᠯᠭᠡ ᠦᠵᠡᠭᠦᠯᠭᠦ ᠬᠡᠷᠡᠭᠲᠡᠢ᠃ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ ᠬᠦᠷᠲᠡᠬᠦ ᠭᠡᠷ ᠪᠦᠯᠢ᠎ᠶᠢᠨ ᠠᠮᠢᠳᠤᠷᠠᠯ ᠨᠢ ᠬᠦᠴᠢᠷᠳᠡᠯᠲᠡᠢ ᠬᠡᠦᠬᠡᠳ ᠵᠡᠷᠭᠡ ᠬᠥᠮᠥᠰ᠎ᠲᠦ ᠵᠣᠭᠣᠰ᠎ᠢᠶᠠᠷ ᠲᠤᠰᠠᠯᠠᠬᠤ ᠪᠤᠰᠤᠳ ᠲᠥᠷᠥ᠎ᠶᠢᠨ ᠪᠣᠳᠣᠯᠭ᠎ᠠ᠎ᠶᠢ ᠡᠯ᠎ᠡ ᠭᠠᠵᠠᠷ ᠣᠷᠣᠨ ᠨᠢ ᠪᠣᠳᠠᠲᠤ ᠪᠠᠢᠳᠠᠯ᠎ᠢᠶᠠᠨ ᠦᠨᠳᠦᠰᠦᠯᠡᠨ ᠥᠪᠡᠷᠲᠡᠭᠡᠨ ᠲᠣᠭᠲᠠᠭᠠᠵᠤ ᠪᠣᠯᠣᠨ᠎ᠠ᠂ ᠬᠡᠷᠡᠭᠰᠡᠬᠦ ᠪᠡᠯᠡ ᠮᠥᠩᠭᠥ᠎ᠶᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠭᠦᠷᠭᠡᠯᠡᠬᠦ᠎ᠶᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠳᠦ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃ ᠡᠯ᠎ᠡ ᠭᠠᠵᠠᠷ ᠣᠷᠣᠨ ᠨᠢ ᠠᠵᠤ ᠠᠬᠤᠢᠯᠠᠯ᠂ ᠨᠡᠢᠭᠡᠮ᠎ᠦᠨ ᠪᠦᠯᠭᠦᠮ ᠵᠢᠴᠢ ᠬᠤᠪᠢ ᠬᠥᠮᠥᠨ ᠵᠡᠷᠭᠡ᠎ᠶᠢ ᠢᠳᠡᠪᠬᠢᠲᠡᠢ ᠬᠥᠲᠥᠯᠥᠨ ᠵᠢᠯᠤᠭᠣᠳᠴᠤ ᠵᠣᠷᠢᠭ᠍ᠵᠢᠭᠤᠯᠵᠤ ᠪᠠᠢᠭᠠᠳ ᠡᠳ᠋ ᠮᠥᠩᠭᠥ᠎ᠪᠠᠷ ᠰᠤᠷᠤᠯᠭ᠎ᠠ᠎ᠶᠢ ᠨᠢ ᠲᠡᠳᠬᠦᠬᠦ ᠬᠡᠷᠡᠭᠲᠡᠢ; ᠬᠡᠦᠬᠡᠳ᠎ᠦᠨ ᠴᠡᠴᠡᠷᠯᠢᠭ᠎ᠢ ᠵᠣᠷᠢᠭ᠍ᠵᠢᠭᠤᠯᠵᠤ ᠪᠠᠢᠭᠠᠳ ᠠᠵᠢᠯ ᠦᠢᠯᠡᠰ ᠡᠷᠭᠢᠯᠡᠭᠰᠡᠨ ᠣᠷᠣᠯᠭ᠎ᠠ᠎ᠠᠴᠠ᠎ᠪᠠᠨ ᠵᠣᠬᠢᠬᠤ ᠵᠠᠷᠤᠳᠠᠯ ᠲᠣᠬᠢᠷᠠᠭᠤᠯᠵᠤ᠂ ᠭᠡᠷ ᠪᠦᠯᠢ᠎ᠶᠢᠨ ᠠᠮᠢᠳᠤᠷᠠᠯ ᠨᠢ ᠬᠦᠴᠢᠷᠳᠡᠯᠲᠡᠢ ᠬᠡᠦᠬᠡᠳ ᠵᠡᠷᠭᠡ ᠬᠥᠮᠥᠰ᠎ᠢ ᠬᠠᠪᠰᠤᠷᠤᠨ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠢ᠃
(ᠭᠤᠷᠪᠠ) ᠥᠪᠡᠷᠲᠡᠭᠡᠨ ᠵᠠᠰᠠᠬᠤ ᠣᠷᠣᠨ᠎ᠤ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠣᠷᠣᠭᠤᠯᠤᠯᠲᠠ᠎ᠶᠢᠨ ᠲᠣᠭᠲᠠᠴᠠ᠎ᠶᠢ ᠪᠦᠷᠢᠨᠰᠢᠭᠦᠯᠦᠨ᠎ᠡ
1. ᠬᠡᠦᠬᠡᠳ᠎ᠦᠨ ᠴᠡᠴᠡᠷᠯᠢᠭ᠎ᠦᠨ ᠪᠠᠭ᠍ᠰᠢ᠎ᠶᠢᠨ ᠴᠠᠯᠢᠩ᠎ᠢ ᠴᠠᠭ ᠲᠤᠬᠠᠢ᠎ᠳᠦ ᠨᠢ ᠭᠦᠢᠴᠡᠳ ᠲᠣᠭ᠎ᠠ᠎ᠪᠠᠷ ᠣᠯᠭᠣᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠦᠨᠳᠦᠰᠦᠨ ᠵᠦᠢᠯ᠎ᠢ ᠪᠠᠲᠤᠯᠠᠬᠤ᠂ ᠲᠦᠭᠡᠮᠡᠯ ᠬᠠᠷᠠᠭᠠᠯᠵᠠᠬᠤ ᠵᠠᠷᠴᠢᠮ᠎ᠢ ᠪᠠᠷᠢᠮᠲᠠᠯᠠᠨ᠂ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠪᠠᠭ᠍ᠰᠢ᠎ᠶᠢᠨ ᠴᠠᠯᠢᠩ᠎ᠢ ᠡᠳ᠋᠎ᠦᠨ ᠵᠠᠰᠠᠭ᠎ᠤᠨ ᠪᠠᠲᠤᠯᠠᠭ᠎ᠠ᠎ᠶᠢᠨ ᠬᠡᠪᠴᠢᠶᠡᠨ᠎ᠳᠦ ᠣᠷᠣᠭᠤᠯᠵᠤ᠂ ᠪᠠᠭ᠍ᠰᠢ ᠨᠠᠷ᠎ᠤᠨ ᠴᠠᠯᠢᠩ᠎ᠢ ᠴᠠᠭ ᠲᠤᠬᠠᠢ᠎ᠳᠤ ᠨᠢ ᠭᠦᠢᠴᠡᠳ ᠲᠣᠭ᠎ᠠ᠎ᠪᠠᠷ ᠣᠯᠭᠣᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃
2. ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠰᠤᠷᠤᠭ᠍ᠴᠢ ᠳᠤᠮᠳᠠᠴᠢ᠎ᠶᠢᠨ ᠠᠯᠪᠠᠨ ᠬᠡᠷᠡᠭᠯᠡᠭᠡᠨ᠎ᠦ ᠵᠠᠷᠤᠳᠠᠯ᠎ᠤᠨ ᠰᠠᠭᠤᠷᠢ ᠪᠠᠷᠢᠮᠵᠢᠶᠠᠨ᠎ᠤ ᠲᠣᠭᠲᠠᠭᠰᠠᠨ ᠲᠣᠭ᠎ᠠ ᠪᠠ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠠᠷᠠᠳ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠨᠥᠬᠥᠪᠦᠷᠢ᠎ᠶᠢᠨ ᠪᠠᠷᠢᠮᠵᠢᠶ᠎ᠠ᠎ᠶᠢᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ 600/ ᠬᠡᠦᠬᠡᠳ/ ᠣᠨ ᠶᠣᠰᠣᠭᠠᠷ ᠠᠯᠪᠠᠨ᠎ᠡᠴᠡ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠰᠤᠷᠤᠭ᠍ᠴᠢ ᠳᠤᠮᠳᠠᠴᠢ᠎ᠶᠢᠨ ᠠᠯᠪᠠᠨ ᠬᠡᠷᠡᠭᠯᠡᠭᠡᠨ᠎ᠦ ᠵᠠᠷᠤᠳᠠᠯ᠎ᠤᠨ ᠰᠠᠭᠤᠷᠢ ᠪᠠᠷᠢᠮᠵᠢᠶᠠᠨ᠎ᠤ ᠲᠣᠭᠲᠠᠭᠰᠠᠨ ᠲᠣᠭ᠎ᠠ ᠪᠠ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠠᠷᠠᠳ᠎ᠡᠴᠡ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠨᠥᠬᠥᠪᠦᠷᠢ᠎ᠶᠢᠨ ᠪᠠᠷᠢᠮᠵᠢᠶᠠᠨ᠎ᠤ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠬᠦ᠎ᠶᠢᠨ ᠬᠠᠮᠲᠤ ᠬᠥᠳᠡᠯᠦᠩᠭᠦᠢ ᠲᠣᠬᠢᠷᠠᠭᠤᠯᠬᠤ ᠲᠣᠭᠲᠠᠴᠠ᠎ᠶᠢ ᠪᠠᠢᠭᠤᠯᠤᠨ᠎ᠠ᠃ ᠬᠡᠷᠡᠭᠰᠡᠬᠦ ᠪᠡᠯᠡ ᠮᠥᠩᠭᠥ᠎ᠶᠢ ᠥᠪᠡᠷᠲᠡᠭᠡᠨ ᠵᠠᠰᠠᠬᠤ ᠣᠷᠣᠨ᠎ᠤ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠬᠢᠭᠡᠳ ᠠᠢᠮᠠᠭ ᠬᠣᠲᠠ᠎ᠶᠢᠨ ᠡᠳ᠋᠎ᠦᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ᠎ᠶᠢᠨ ᠬᠠᠷᠢᠭᠤᠴᠠᠯᠭ᠎ᠠ᠎ᠶᠢᠨ ᠬᠤᠪᠢᠶᠠᠷᠢᠯᠠᠯ᠎ᠤᠨ ᠬᠠᠷᠢᠴᠠᠯ ᠶᠣᠰᠣᠭᠠᠷ ᠬᠤᠪᠢᠶᠠᠨ ᠡᠭᠦᠷᠭᠡᠯᠡᠨ᠎ᠡ᠃
ᠭᠤᠷᠪᠠ᠂ ᠠᠵᠢᠯ᠎ᠤᠨ ᠱᠠᠭᠠᠷᠳᠠᠯᠭ᠎ᠠ
(ᠨᠢᠭᠡ) ᠵᠣᠬᠢᠶᠠᠨ ᠪᠠᠢᠭᠤᠯᠵᠤ ᠤᠳᠤᠷᠢᠳᠬᠤ᠎ᠪᠠᠨ ᠴᠢᠩᠭᠠᠳᠬᠠᠵᠤ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠦᠨ᠎ᠡ᠃ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠢᠭᠤᠯᠵᠤ ᠤᠳᠤᠷᠢᠳᠬᠤ᠎ᠪᠠᠨ ᠴᠢᠩᠭᠠᠳᠬᠠᠨ᠂ ᠬᠠᠷᠢᠭᠤᠴᠠᠯᠭ᠎ᠠ ᠪᠠ ᠠᠵᠢᠯ᠎ᠤᠨ ᠬᠤᠪᠢᠶᠠᠷᠢᠯᠠᠯ᠎ᠢᠶᠠᠨ ᠲᠣᠳᠣᠷᠬᠠᠢᠯᠠᠵᠤ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠤᠰ ᠣᠷᠣᠨ ᠪᠦᠰᠡ᠎ᠶᠢᠨ᠎ᠢᠶᠡᠨ ᠳᠣᠲᠣᠷᠠᠬᠢ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ ᠪᠠ ᠠᠳᠠᠯᠢ ᠲᠥᠷᠥᠯ᠎ᠦᠨ ᠠᠷᠠᠳ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠲᠦ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠡᠴᠡ ᠬᠡᠯᠲᠦᠷᠢᠭᠦᠯᠬᠦ ᠰᠤᠷᠤᠭ᠍ᠴᠢ ᠳᠤᠮᠳᠠᠴᠢ᠎ᠳᠦ ᠨᠣᠭᠳᠠᠬᠤ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ᠎ᠶᠢ ᠲᠥᠷᠥᠯ ᠬᠤᠪᠢᠶᠠᠨ ᠬᠠᠷᠭᠤᠭᠤᠯᠤᠨ ᠲᠣᠭᠲᠠᠭᠠᠵᠤ᠂ ᠴᠠᠭ ᠲᠤᠬᠠᠢ᠎ᠳᠦ ᠨᠢ ᠦᠨᠡᠯᠡᠨ ᠵᠢᠱ᠌ᠢᠯᠲᠡ ᠪᠠ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ ᠪᠠ ᠭᠡᠷ ᠪᠦᠯᠢ᠎ᠶᠢᠨ ᠠᠮᠢᠳᠤᠷᠠᠯ ᠨᠢ ᠬᠦᠴᠢᠷᠳᠡᠯᠲᠡᠢ ᠬᠡᠦᠬᠡᠳ ᠵᠡᠷᠭᠡ ᠬᠥᠮᠥᠰ᠎ᠢ ᠵᠣᠭᠣᠰ᠎ᠢᠶᠠᠷ ᠲᠤᠰᠠᠯᠠᠬᠤ ᠣᠷᠣᠨ ᠨᠤᠲᠤᠭ᠎ᠤᠨ ᠲᠥᠷᠥ᠎ᠶᠢᠨ ᠪᠣᠳᠣᠯᠭ᠎ᠠ᠎ᠶᠢ ᠨᠡᠢᠲᠡᠯᠡᠭᠰᠡᠨ ᠭᠠᠵᠠᠷ ᠣᠷᠣᠨ᠎ᠨᠤᠭᠤᠳ ᠬᠢᠨᠠᠮᠠᠭᠠᠢ ᠰᠤᠳᠤᠯᠵᠤ᠂ ᠲᠥᠷᠥ᠎ᠶᠢᠨ ᠪᠣᠳᠣᠯᠭ᠎ᠠ᠎ᠶᠢᠨ ᠵᠣᠯᠭᠠᠭᠤᠯᠤᠯᠲᠠ᠎ᠶᠢ ᠦᠨᠡᠨ ᠬᠦ᠌ ᠰᠠᠢᠲᠤᠷ ᠬᠢᠵᠦ᠂ ᠠᠷᠠᠳ᠎ᠲᠤ ᠠᠰᠢᠭ᠋ ᠬᠦᠷᠲᠡᠭᠡᠬᠦ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ᠎ᠶᠢᠨ ᠤᠷᠤᠭᠰᠢᠲᠠᠢ ᠬᠡᠷᠡᠭᠵᠢᠭᠦᠯᠦᠭᠳᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃
(ᠬᠣᠶᠠᠷ) ᠵᠠᠷᠤᠳᠠᠯ᠎ᠤᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠪᠡᠯᠡ ᠮᠥᠩᠭᠥᠨ᠎ᠦ ᠬᠠᠮᠢᠶᠠᠷᠤᠯᠲᠠ᠎ᠶᠢ ᠴᠢᠩᠭᠠᠷᠠᠭᠤᠯᠤᠨ᠎ᠠ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠨᠢ ᠲᠥᠪ᠂ ᠥᠪᠡᠷᠲᠡᠭᠡᠨ ᠵᠠᠰᠠᠬᠤ ᠣᠷᠣᠨ᠎ᠤ ᠲᠤᠰᠠᠯᠠᠮᠵᠢ᠎ᠶᠢᠨ ᠪᠡᠯᠡ ᠮᠥᠩᠭᠥ ᠪᠠ ᠣᠷᠣᠨ ᠨᠤᠲᠤᠭ᠎ᠤᠨ ᠡᠭᠦᠷᠭᠡᠯᠡᠪᠡᠰᠦ ᠵᠣᠬᠢᠬᠤ ᠪᠡᠯᠡ ᠮᠥᠩᠭᠥ᠎ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠥᠰᠥᠪ᠎ᠦᠨ ᠬᠠᠮᠢᠶᠠᠷᠤᠯᠲᠠ᠎ᠪᠠᠨ ᠴᠢᠩᠭᠠᠳᠬᠠᠨ᠂ ᠪᠡᠯᠡ ᠮᠥᠩᠭᠥ᠎ᠶᠢ ᠴᠠᠭ ᠲᠤᠬᠠᠢ᠎ᠳᠤ ᠨᠢ ᠭᠦᠢᠴᠡᠳ ᠲᠣᠭ᠎ᠠ᠎ᠪᠠᠷ ᠰᠠᠯᠭᠠᠨ ᠥᠭᠴᠦ ᠪᠣᠳᠠᠲᠠᠢᠵᠢᠭᠤᠯᠬᠤ᠎ᠶᠢ ᠦᠨᠡᠨ ᠬᠦ᠌ ᠪᠠᠲᠤᠯᠠᠵᠤ᠂ ᠬᠡᠦᠬᠡᠳ᠎ᠦᠨ ᠴᠡᠴᠡᠷᠯᠢᠭ᠎ᠦᠨ ᠬᠡᠪ᠎ᠦᠨ ᠠᠵᠢᠯᠯᠠᠭ᠎ᠠ᠎ᠨᠢ ᠪᠠᠲᠤᠯᠠᠵᠤ᠂ ᠪᠠᠭ᠍ᠰᠢ᠎ᠶᠢᠨ ᠴᠠᠯᠢᠩ᠎ᠢ ᠥᠷᠢᠲᠦᠬᠦ᠎ᠶᠢ ᠴᠢᠩᠭ᠎ᠠ ᠴᠠᠭᠠᠵᠠᠯᠠᠬᠤ ᠬᠡᠷᠡᠭᠲᠡᠢ᠃ ᠲᠤᠰᠠᠯᠠᠮᠵᠢ᠎ᠶᠢᠨ ᠪᠡᠯᠡ ᠮᠥᠩᠭᠥ᠎ᠶᠢ ᠬᠤᠳᠠᠯ ᠬᠡᠯᠡᠵᠦ ᠮᠡᠬᠡᠯᠡᠨ ᠠᠪᠤᠭᠰᠠᠨ᠂ ᠰᠢᠬᠠᠨ ᠡᠵᠡᠯᠡᠵᠦ ᠨᠡᠭᠦᠯᠭᠡᠨ ᠬᠡᠷᠡᠭᠯᠡᠭᠰᠡᠨ᠂ ᠰᠠᠭᠠᠲᠠᠭᠠᠨ ᠥᠭᠬᠦ ᠪᠠ ᠠᠯᠭᠤᠷᠯᠠᠨ ᠥᠭᠬᠦ ᠵᠡᠷᠭᠡ ᠦᠢᠯᠡ ᠠᠵᠢᠯᠯᠠᠭ᠎ᠠ ᠣᠷᠣᠰᠢᠵᠤ ᠪᠠᠢᠪᠠᠯ᠂ ᠥᠪᠡᠷᠲᠡᠭᠡᠨ ᠵᠠᠰᠠᠬᠤ ᠣᠷᠣᠨ ᠬᠣᠯᠪᠣᠭᠳᠠᠯ ᠪᠦᠬᠦᠢ ᠠᠢᠮᠠᠭ ᠬᠣᠲᠠ᠎ᠶᠢᠨ ᠳᠠᠷᠠᠭ᠎ᠠ ᠵᠢᠯ᠎ᠦᠨ ᠵᠠᠷᠤᠳᠠᠯ᠎ᠤᠨ ᠲᠥᠰᠥᠪ᠎ᠢ ᠬᠠᠷᠭᠤᠭᠤᠯᠤᠨ ᠬᠠᠰᠤᠬᠤ᠎ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠵᠣᠬᠢᠬᠤ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ ᠱᠠᠲᠤᠨ᠎ᠤ ᠬᠢᠨᠠᠨ ᠪᠤᠳᠣᠬᠤ ᠰᠠᠯᠠᠭ᠎ᠠ ᠮᠥᠴᠢᠷ ᠨᠢ ᠲᠤᠰᠬᠠᠢ ᠵᠦᠢᠯ᠎ᠦᠨ ᠪᠡᠯᠡ ᠮᠥᠩᠭᠥ᠎ᠶᠢ ᠬᠡᠷᠡᠭᠯᠡᠭᠰᠡᠨ ᠪᠠᠢᠳᠠᠯ᠎ᠳᠤ ᠬᠢᠨᠠᠨ ᠪᠣᠳᠣᠯᠲᠠ ᠬᠢᠵᠦ᠂ ᠪᠡᠯᠡ ᠮᠥᠩᠭᠥᠨ᠎ᠦ ᠦᠷ᠎ᠡ ᠠᠰᠢᠭ᠋᠎ᠢ ᠭᠦᠢᠴᠡᠳ ᠪᠠᠳᠠᠷᠠᠭᠤᠯᠬᠤ᠎ᠶᠢ ᠰᠢᠮᠳᠠᠭᠤᠯᠬᠤ ᠬᠡᠷᠡᠭᠲᠡᠢ᠃
(ᠭᠤᠷᠪᠠ) ᠰᠦᠢᠳᠬᠡᠯ ᠬᠤᠷᠢᠶᠠᠬᠤ ᠦᠢᠯᠡ ᠠᠵᠢᠯᠯᠠᠭ᠎ᠠ᠎ᠶᠢ ᠵᠢᠷᠤᠮᠵᠢᠭᠤᠯᠵᠤ᠂ ᠰᠠᠭᠤᠷᠢ ᠬᠠᠮᠢᠶᠠᠷᠤᠯᠲᠠ᠎ᠶᠢ ᠴᠢᠩᠭᠠᠷᠠᠭᠤᠯᠤᠨ᠎ᠠ᠃ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠨᠢ ᠬᠡᠦᠬᠡᠳ᠎ᠦᠨ ᠴᠡᠴᠡᠷᠯᠢᠭ᠎ᠦᠨ ᠡᠯ᠎ᠡ ᠵᠦᠢᠯ᠎ᠦᠨ ᠰᠦᠢᠳᠬᠡᠯ ᠬᠤᠷᠢᠶᠠᠬᠤ ᠬᠠᠮᠢᠶᠠᠷᠤᠯᠲᠠ᠎ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠭᠰᠠᠨ ᠪᠠᠢᠳᠠᠯ᠎ᠢᠶᠠᠨ ᠲᠣᠭᠲᠠᠭᠠᠯ ᠶᠣᠰᠣᠭᠠᠷ ᠢᠯᠡ ᠨᠡᠢᠲᠡᠯᠡᠬᠦ᠎ᠶᠢᠨ ᠬᠠᠮᠲᠤ ᠨᠡᠢᠭᠡᠮ᠎ᠤᠨ ᠬᠢᠨᠠᠯᠲᠠ ᠲᠠᠯᠪᠢᠯᠲᠠ᠎ᠶᠢ ᠬᠦᠯᠢᠶᠡᠬᠦ ᠬᠡᠷᠡᠭᠲᠡᠢ᠃ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠳ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠰᠤᠷᠭᠠᠭᠤᠯᠢ᠎ᠶᠢᠨ ᠬᠠᠷᠢᠶᠠᠨ᠎ᠤ ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠴᠡᠴᠡᠷᠯᠢᠭ᠎ᠲᠦ ᠪᠠᠢᠭ᠎ᠠ ᠬᠡᠦᠬᠡᠳ᠎ᠦᠨ ᠬᠥᠮᠥᠨ᠎ᠦ ᠲᠣᠭ᠎ᠠ ᠵᠡᠷᠭᠡ ᠰᠠᠭᠤᠷᠢ ᠳ᠋ᠠᠢᠲ᠋ᠠ᠎ᠶᠢ ᠬᠢᠨᠠᠮᠠᠭᠠᠢ ᠬᠢᠨᠠᠨ ᠬᠠᠷᠭᠤᠭᠤᠯᠵᠤ᠂ ᠦᠨᠡᠨ ᠪᠣᠳᠠᠲᠠᠢ ᠵᠥᠪ ᠣᠨᠣᠪᠴᠢᠲᠠᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ; ᠠᠷᠠᠳ᠎ᠤᠨ ᠶᠠᠪᠤᠳᠠᠯ᠂ ᠵᠡᠮᠳᠡᠭᠴᠦᠳ᠎ᠦᠨ ᠬᠣᠯᠪᠣᠭᠠᠲᠤ ᠬᠤᠷᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦ᠍ᠭᠡ᠎ᠶᠢᠨ ᠳ᠋ᠠᠢᠲ᠋ᠠ᠎ᠶᠢ ᠬᠠᠮᠲᠤ᠎ᠪᠠᠷ ᠬᠦᠷᠲᠡᠬᠦ ᠪᠠ ᠠᠳᠠᠯᠢᠳᠬᠠᠨ ᠬᠠᠷᠭᠤᠭᠤᠯᠬᠤ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠴᠤ ᠠᠵᠢᠯ᠎ᠤᠨ ᠨᠡᠢᠯᠡᠯ ᠬᠦᠴᠦᠨ᠎ᠢ ᠪᠦᠷᠢᠯᠳᠦᠭᠦᠯᠵᠦ᠂ ᠠᠷᠠᠳ᠎ᠤᠨ ᠠᠮᠢᠳᠤᠷᠠᠯ᠎ᠤᠨ ᠰᠠᠭᠤᠷᠢ ᠱᠤᠭᠤᠮ᠎ᠢ ᠪᠠᠲᠤ ᠰᠠᠬᠢᠬᠤ ᠬᠡᠷᠡᠭᠲᠡᠢ; ᠪᠣᠯᠪᠠᠰᠤᠷᠠᠯ ᠵᠢᠯᠣᠭᠣᠳᠤᠯᠭ᠎ᠠ᠎ᠪᠠᠨ ᠴᠢᠩᠭᠠᠷᠠᠭᠤᠯᠤᠨ᠂ ᠬᠡᠦᠬᠡᠳ᠎ᠦᠨ ᠴᠡᠴᠡᠷᠯᠢᠭ᠎ᠦᠨ ᠳᠠᠷᠤᠭ᠎ᠠ ᠪᠠ ᠠᠵᠢᠯᠲᠠᠨ᠎ᠤ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢ ᠳᠡᠭᠡᠭᠰᠢᠯᠡᠭᠦᠯᠵᠦ᠂ ᠵᠣᠭᠣᠰ᠎ᠢᠶᠠᠷ ᠲᠤᠰᠠᠯᠠᠬᠤ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ; ᠬᠢᠨᠠᠨ ᠬᠠᠮᠢᠶᠠᠷᠬᠤ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠴᠡᠴᠡᠷᠯᠢᠭ ᠡᠷᠭᠢᠯᠡᠭᠦ ᠦᠢᠯᠡ ᠠᠵᠢᠯᠯᠠᠭ᠎ᠠ᠎ᠶᠢ ᠵᠢᠷᠤᠮᠵᠢᠭᠤᠯᠵᠤ᠂ ᠴᠡᠴᠡᠷᠯᠢᠭ᠎ᠲᠦ ᠪᠠᠢᠭ᠎ᠠ ᠬᠡᠦᠬᠡᠳ᠎ᠦᠨ ᠪᠡᠶ᠎ᠡ ᠰᠡᠳᠬᠢᠴᠡ᠎ᠶᠢᠨ ᠡᠷᠡᠭᠦᠯ ᠮᠡᠨᠳᠦ᠎ᠶᠢ ᠦᠨᠡᠨ ᠬᠦ᠌ ᠬᠠᠮᠠᠭᠠᠯᠠᠬᠤ ᠬᠡᠷᠡᠭᠲᠡᠢ᠃
(ᠳᠥᠷᠪᠡ) ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠪᠠᠨ ᠴᠢᠩᠭᠠᠳᠬᠠᠵᠤ᠂ ᠰᠠᠢᠨ ᠰᠠᠢᠬᠠᠨ ᠣᠷᠴᠢᠨ ᠪᠠᠢᠳᠠᠯ᠎ᠢ ᠪᠤᠢ ᠪᠣᠯᠭᠠᠨ᠎ᠠ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠰᠤᠷᠬᠤ ᠨᠠᠰᠤᠨ᠎ᠠᠴᠠ ᠡᠮᠦᠨᠡᠬᠢ ᠲᠥᠯᠥᠪᠦᠷᠢ ᠦᠭᠡᠢ ᠰᠤᠷᠭᠠᠨ ᠬᠥᠮᠦᠵᠢᠯ᠎ᠦᠨ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠠᠷᠠᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠬᠥᠮᠥᠨ ᠪᠣᠯᠭᠠᠨ᠎ᠳᠦ ᠮᠡᠳᠡᠭᠦᠯᠵᠦ᠂ ᠬᠥᠮᠥᠰ᠎ᠦᠨ ᠰᠡᠳᠬᠢᠯ᠎ᠳᠦ ᠭᠦᠨᠵᠡᠭᠡᠢᠷᠡᠭᠦᠯᠦᠨ᠂ ᠰᠤᠷᠬᠤ ᠨᠠᠰᠤᠨ᠎ᠠᠴᠠ ᠡᠮᠦᠨᠡᠬᠢ ᠲᠥᠯᠥᠪᠦᠷᠢ ᠦᠭᠡᠢ ᠰᠤᠷᠭᠠᠨ ᠬᠥᠮᠦᠵᠢᠯ᠎ᠢ ᠠᠯᠬᠤᠮ ᠠᠯᠬᠤᠮ᠎ᠢᠶᠠᠷ ᠬᠡᠷᠡᠭᠵᠢᠭᠦᠯᠬᠦ ᠡᠨᠡ ᠬᠦ᠌ ᠲᠦᠭ ᠲᠦᠮᠡᠨ ᠠᠢᠯ ᠡᠷᠦᠭᠡ᠎ᠳᠦ ᠬᠣᠯᠪᠣᠭᠳᠠᠬᠤ᠂ ᠠᠯᠤᠰ ᠭᠡᠳᠦᠶᠢᠨ ᠬᠥᠭᠵᠢᠯᠲᠡ᠎ᠳᠦ ᠬᠣᠯᠪᠣᠭᠳᠠᠬᠤ ᠴᠢᠬᠤᠯᠠ ᠲᠥᠷᠥ᠎ᠶᠢᠨ ᠪᠣᠳᠣᠯᠭ᠎ᠠ᠎ᠶᠢᠨ ᠲᠣᠭᠲᠠᠭᠤᠨ᠎ᠢᠶᠠᠷ ᠬᠡᠷᠡᠭᠵᠢᠭᠦᠯᠦᠭᠳᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ 9 ᠳ᠋ᠦ᠍ᠭᠡᠷ ᠰᠠᠷ᠎ᠠ᠎ᠶᠢᠨ 5᠎ᠤ ᠡᠳᠦᠷ ᠳᠠᠷᠤᠮᠠᠯᠯᠠᠨ ᠲᠠᠷᠬᠠᠭᠠᠪᠠ