ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠠᠵᠤ ᠠᠬᠤᠢ᠎ᠶᠢᠨ ᠲᠥᠷᠥ᠎ᠶᠢᠨ ᠪᠣᠳᠣᠯᠭ᠎ᠠ᠎ᠨᠤᠭᠤᠳ〉᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2025-12-04

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ 

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠢᠴᠢᠭ ᠮᠠᠲᠧᠷᠢᠶᠠᠯ

ᠥᠪᠥᠷ ᠵᠠᠰᠠᠭ ᠠᠯᠪᠠᠨ ᠲᠠᠷᠬᠠᠭᠠᠭᠰᠠᠨ 〔2025〕 33 ᠳ᠋ᠤᠭᠠᠷ ᠲᠣᠭᠠᠲᠤ

 

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠠᠵᠤ ᠠᠬᠤᠢ᠎ᠶᠢᠨ

ᠲᠥᠷᠥ᠎ᠶᠢᠨ ᠪᠣᠳᠣᠯᠭ᠎ᠠ᠎ᠨᠤᠭᠤᠳ〉᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠶᠠᠪᠤᠭᠤᠯᠬᠤ

ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠤᠨ ᠨᠢᠭᠡᠴᠢ᠎ᠳᠤ ᠄

ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠦ 〈ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠠᠵᠤ ᠠᠬᠤᠢ᠎ᠶᠢᠨ ᠲᠥᠷᠥ᠎ᠶᠢᠨ ᠪᠣᠳᠣᠯᠭ᠎ᠠ᠎ᠨᠤᠭᠤᠳ〉᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠬᠡᠷᠡᠭᠵᠢᠭᠦᠯᠬᠦ ᠲᠥᠰᠥᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠲᠤᠭᠠᠢ᠃ 

2025᠎ᠣᠨ᠎ᠤ 7 ᠳ᠋ᠤᠭᠠᠷ ᠰᠠᠷ᠎ᠠ᠎ᠶᠢᠨ 27᠎ᠤ ᠡᠳᠦᠷ

(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ) 

 

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ

ᠠᠵᠤ ᠠᠬᠤᠢ᠎ᠶᠢᠨ ᠲᠥᠷᠥ᠎ᠶᠢᠨ ᠪᠣᠳᠣᠯᠭ᠎ᠠ᠎ᠨᠤᠭᠤᠳ》᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠬᠡᠷᠡᠭᠵᠢᠭᠦᠯᠬᠦ ᠲᠥᠰᠥᠯ

 

《〈ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠠᠵᠤ ᠠᠬᠤᠢ᠎ᠶᠢᠨ ᠲᠥᠷᠥ᠎ᠶᠢᠨ ᠪᠣᠳᠣᠯᠭ᠎ᠠ᠎ᠨᠤᠭᠤᠳ〉᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭᠠᠭᠰᠠᠨ 〔2025〕 4 ᠳ᠋ᠦ᠍ᠭᠡᠷ ᠲᠣᠭᠠᠲᠤ)᠎ᠤᠨ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭ᠍ᠲᠠᠷᠠᠨ᠂ ᠠᠷᠠᠳ ᠣᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠣᠶᠤᠨ᠎ᠤ ᠰᠣᠶᠣᠯ᠎ᠤᠨ ᠬᠡᠷᠡᠭᠴᠡᠭᠡ᠎ᠶᠢ ᠤᠯᠠᠮ ᠨᠢᠭᠡ ᠠᠯᠬᠤᠮ ᠬᠠᠩᠭᠠᠵᠤ᠂ ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠲᠥᠰᠥᠯ᠎ᠢ ᠲᠣᠭᠲᠠᠭᠠᠪᠠ᠃ 

ᠨᠢᠭᠡ᠂ ᠭᠣᠣᠯ ᠡᠭᠦᠷᠭᠡ 

(ᠨᠢᠭᠡ) ᠡᠳ᠋᠎ᠤᠨ ᠵᠠᠰᠠᠭ᠎ᠤᠨ ᠳᠡᠮᠵᠢᠯᠭᠡ᠎ᠶᠢᠨ ᠲᠤᠬᠠᠢ 

1.ᠰᠣᠶᠣᠯ᠎ᠤᠨ ᠬᠦᠴᠦᠷᠬᠡᠭ ᠣᠷᠣᠨ᠎ᠤ ᠪᠠᠢᠭᠤᠯᠤᠯᠲᠠ᠎ᠯᠤᠭ᠎ᠠ ᠵᠣᠬᠢᠴᠠᠯᠳᠤᠭᠰᠠᠨ ᠡᠳ᠋᠎ᠤᠨ ᠵᠠᠰᠠᠭ᠎ᠤᠨ ᠣᠷᠣᠭᠤᠯᠤᠯᠲᠠ᠎ᠶᠢᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠣᠯᠠᠨ ᠡᠰᠢᠵᠢᠭᠰᠡᠨ ᠣᠷᠣᠭᠤᠯᠤᠯᠲᠠ᠎ᠶᠢᠨ ᠵᠠᠭᠪᠤᠷ᠎ᠢ ᠲᠡᠭᠦᠯᠳᠡᠷᠵᠢᠭᠦᠯᠦᠨ᠂ ᠰᠣᠶᠣᠯ᠎ᠤᠨ ᠬᠦᠷᠢᠶ᠎ᠡ ᠴᠠᠷᠠᠭᠠᠨ᠎ᠳᠠᠬᠢ ᠭᠣᠣᠯᠳᠠᠯᠭ᠎ᠠ ᠪᠣᠯᠬᠤ ᠡᠭᠦᠷᠭᠡ᠎ᠶᠢᠨ ᠬᠡᠷᠡᠭᠵᠢᠭᠦᠯᠦᠯᠲᠡ᠎ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢᠯᠡᠰ᠎ᠤᠨ ᠬᠥᠭᠵᠢᠯᠲᠡ᠎ᠶᠢᠨ ᠲᠤᠰᠬᠠᠢ ᠵᠦᠢᠯ᠎ᠤᠨ ᠪᠡᠯᠡ ᠮᠥᠩᠭᠥ᠎ᠶᠢ ᠲᠣᠬᠢᠷᠠᠭᠤᠯᠤᠨ᠎ᠠ᠃ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠤ ᠲᠤᠰᠬᠠᠢ ᠵᠦᠢᠯ᠎ᠤᠨ ᠪᠡᠯᠡ ᠮᠥᠩᠭᠥ᠎ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠ ᠬᠡᠷᠡᠭᠯᠡᠵᠦ᠂ ᠣᠯᠠᠨ ᠨᠡᠶ᠋ᠢᠲᠡ᠎ᠶᠢᠨ ᠰᠣᠶᠣᠯ᠎ᠤᠨ ᠦᠨᠳᠦᠰᠦᠨ ᠦᠢᠯᠡᠴᠢᠯᠡᠭᠡᠨ᠎ᠤ ᠬᠡᠷᠡᠭᠴᠡᠭᠡ᠎ᠶᠢ ᠪᠠᠲᠤᠯᠠᠨ᠎ᠠ᠃ ᠡᠩ᠎ᠤᠨ ᠣᠯᠠᠨ ᠨᠡᠶ᠋ᠢᠲᠡ᠎ᠶᠢᠨ ᠲᠥᠰᠥᠪ᠂ ᠵᠢᠭᠡᠯᠡᠯᠭᠡ᠎ᠶᠢᠨ ᠲᠡᠮᠳᠡᠭᠲᠦ᠎ᠶᠢᠨ ᠪᠡᠯᠡ ᠮᠥᠩᠭᠥ᠎ᠶᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠤᠯᠤᠰ᠎ᠤᠨ ᠪᠡᠯᠡ ᠮᠥᠩᠭᠥ᠎ᠶᠢ ᠢᠳᠡᠪᠬᠢᠲᠡᠢ ᠲᠡᠮᠡᠴᠡᠨ ᠣᠯᠵᠤ ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠶᠢ ᠳᠡᠭᠡᠭᠰᠢᠯᠡᠭᠦᠯᠬᠦ ᠠᠵᠢᠯᠯᠠᠭᠠᠨ᠂ ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠭᠣᠣᠯᠳᠠᠯᠭ᠎ᠠ ᠪᠣᠯᠬᠤ ᠲᠥᠷᠥᠯ ᠵᠦᠢᠯ᠂ ᠰᠣᠶᠣᠯ᠎ᠤᠨ ᠬᠦᠷᠢᠶ᠎ᠡ ᠴᠠᠷᠠᠭᠠᠨ᠎ᠳᠠᠬᠢ ᠴᠢᠬᠤᠯᠠ ᠶᠡᠬᠡ ᠥᠭᠡᠷᠡᠴᠢᠯᠡᠯᠲᠡ᠎ᠶᠢᠨ ᠠᠵᠢᠯ᠎ᠢ ᠳᠡᠮᠵᠢᠵᠤ᠂ ᠰᠣᠶᠣᠯ᠎ᠤᠨ ᠬᠦᠴᠦᠷᠬᠡᠭ ᠣᠷᠣᠨ᠎ᠤ ᠪᠠᠢᠭᠤᠯᠤᠯᠲᠠ᠎ᠶᠢ ᠬᠠᠮᠵᠢᠯᠴᠠᠨ ᠠᠬᠢᠭᠤᠯᠤᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠷᠠᠳᠢᠣ᠋ ᠲᠧᠯᠸᠢᠰ᠎ᠤᠨ ᠲᠣᠪᠴᠢᠶ᠎ᠠ) 

2.ᠨᠠᠮ᠎ᠤᠨ ᠰᠢᠨ᠎ᠡ᠎ᠶᠢ ᠡᠭᠦᠳᠬᠦ ᠣᠨᠣᠯ᠎ᠤᠨ ᠰᠤᠳᠤᠯᠭᠠᠨ᠎ᠤ ᠤᠯᠠᠮᠵᠢᠯᠠᠯ᠎ᠢ ᠳᠡᠮᠵᠢᠵᠦ᠂ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠥᠪᠥᠷ ᠮᠣᠩᠭᠣᠯ᠎ᠳᠠᠬᠢ ᠠᠮᠢᠳᠤᠯᠢᠭ᠋ ᠦᠢᠯᠡᠳᠦᠯᠭᠡ᠎ᠶᠢᠨ ᠬᠡᠷᠡᠭ᠎ᠤᠨ ᠵᠢᠱ᠌ᠢᠶᠡᠨ᠎ᠦ ᠰᠤᠳᠤᠯᠭᠠᠨ ᠪᠠ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠤᠰᠬᠠᠢ ᠰᠡᠳᠦᠪᠲᠦ ᠰᠤᠳᠤᠯᠭᠠᠨ᠎ᠢ ᠵᠣᠬᠢᠶᠠᠨ ᠪᠠᠢᠭᠤᠯᠤᠨ ᠥᠷᠨᠢᠭᠦᠯᠵᠦ᠂ ᠰᠢᠯᠢᠳᠡᠭ ᠰᠡᠳᠦᠪ᠎ᠢ ᠲᠡᠳᠬᠦᠨ ᠱᠠᠩᠨᠠᠬᠤ ᠡᠷᠴᠢᠮ᠎ᠢᠶᠠᠨ ᠴᠢᠩᠭᠠᠷᠠᠭᠤᠯᠤᠨ᠎ᠠ᠃ ᠭᠣᠣᠯᠳᠠᠯᠭ᠎ᠠ ᠪᠣᠯᠬᠤ ᠤᠳᠬ᠎ᠠ ᠤᠷᠠᠯᠢᠭ᠋᠎ᠤᠨ ᠲᠥᠷᠥᠯ ᠵᠦᠢᠯ᠎ᠢ ᠲᠡᠳᠭᠦᠬᠦ ᠪᠠ ᠰᠣᠳᠣᠨ ᠪᠦᠲᠦᠭᠡᠯ᠎ᠢ ᠱᠠᠩᠨᠠᠬᠤ ᠠᠵᠢᠯ᠎ᠢᠶᠠᠨ ᠰᠠᠢᠲᠤᠷ ᠬᠢᠵᠦ᠂ ᠪᠦᠬᠦ ᠤᠯᠤᠰ᠎ᠤᠨ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ 《ᠲᠠᠪᠤᠨ ᠨᠢᠭᠡ᠎ᠶᠢᠨ ᠢᠨᠵᠧᠨᠧᠷᠢᠩ》᠎ᠤᠨ ᠱᠠᠩᠨᠠᠯ᠎ᠢ ᠪᠡᠶ᠎ᠡ᠎ᠪᠠᠨ ᠳᠠᠭᠠᠭᠠᠵᠤ ᠭᠤᠶᠤᠴᠢᠯᠠᠨ ᠮᠡᠳᠡᠭᠦᠯᠦᠭᠰᠡᠨ ᠺᠢᠨᠣ᠋᠂ ᠲᠧᠯᠸᠢᠰ ᠵᠦᠴᠦᠭᠡ᠂ ᠲᠧᠯᠸᠢᠰ ᠪᠠᠷᠢᠮᠲᠠᠲᠤ ᠺᠢᠨᠣ᠋᠂ ᠲᠧᠯᠸᠢᠰ ᠺᠠᠷᠲ᠋ᠣᠨ ᠺᠢᠨᠣ᠋᠎ᠳᠤ 500 ᠲᠦᠮᠡᠨ ᠲᠥᠭᠥᠷᠢᠭ᠎ᠤᠨ ᠪᠡᠯᠡ ᠮᠥᠩᠭᠥᠨ᠎ᠤ ᠱᠠᠩᠨᠠᠯ ᠣᠯᠭᠣᠵᠤ᠂ ᠠᠩᠬ᠎ᠠ ᠤᠳᠠᠭ᠎ᠠ ᠢᠯᠡ᠎ᠪᠠᠷ ᠦᠵᠡᠭᠦᠯᠦᠭᠡᠳ ᠣᠯᠣᠭᠰᠠᠨ ᠪᠢᠯᠧᠲ᠎ᠤᠨ ᠣᠷᠣᠯᠭ᠎ᠠ᠎ᠨᠢ ᠨᠡᠶ᠋ᠢᠲᠡ 1 ᠳ᠋ᠦᠩᠰᠢᠭᠤᠷ ᠲᠥᠭᠥᠷᠢᠭ᠎ᠠᠴᠠ 5 ᠳ᠋ᠦᠩᠰᠢᠭᠤᠷ ᠲᠥᠭᠥᠷᠢᠭ᠂ 5 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠺᠢᠨᠣ᠋᠎ᠳᠤ ᠲᠣᠰ ᠲᠣᠰ 300 ᠲᠦᠮᠡᠨ ᠲᠥᠭᠥᠷᠢᠭ᠂ 400 ᠲᠦᠮᠡᠨ ᠲᠥᠭᠥᠷᠢᠭ᠎ᠤᠨ ᠪᠡᠯᠡ ᠮᠥᠩᠭᠥᠨ᠎ᠤ ᠱᠠᠩᠨᠠᠯ ᠣᠯᠭᠣᠵᠤ᠂ ᠸᠸᠨ ᠬᠤᠸᠠ ᠱᠠᠩᠨᠠᠯ ᠭᠥᠷᠳᠡᠭᠰᠡᠨ ᠲᠠᠢᠰᠠᠨ᠎ᠤ ᠵᠦᠴᠦᠭᠡ᠎ᠳᠤ 400 ᠲᠦᠮᠡᠨ ᠲᠥᠭᠥᠷᠢᠭ᠎ᠤᠨ ᠪᠡᠯᠡ ᠮᠥᠩᠭᠥᠨ᠎ᠤ ᠱᠠᠩᠨᠠᠯ ᠣᠯᠭᠣᠵᠤ᠂ ᠮᠣᠣ ᠳ᠋ᠦᠨ ᠤᠳᠬ᠎ᠠ ᠵᠣᠬᠢᠶᠠᠯ᠎ᠤᠨ ᠱᠠᠩᠨᠠᠯ ᠭᠥᠷᠳᠡᠭᠰᠡᠨ ᠤᠷᠠᠨ ᠵᠣᠬᠢᠶᠠᠯ᠎ᠤᠨ ᠪᠦᠲᠦᠭᠡᠯ᠎ᠳᠤ 150 ᠲᠦᠮᠡᠨ ᠲᠥᠭᠥᠷᠢᠭ᠎ᠤᠨ ᠪᠡᠯᠡ ᠮᠥᠩᠭᠥᠨ᠎ᠤ ᠱᠠᠩᠨᠠᠯ ᠣᠯᠭᠣᠨ᠎ᠠ᠃ ᠤᠯᠠᠨ ᠨᠡᠶ᠋ᠢᠲᠡ᠎ᠶᠢᠨ ᠰᠣᠶᠣᠯ᠎ᠤᠨ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠬᠢᠷᠢ ᠲᠦᠪᠰᠢᠨ᠎ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠲᠤᠬᠠᠢ᠎ᠶᠢᠨ ᠭᠠᠵᠠᠷ ᠣᠷᠣᠨ᠎ᠤ ᠪᠠᠢᠳᠠᠯ᠎ᠳᠤ᠎ᠨᠢ ᠲᠣᠬᠢᠷᠠᠭᠤᠯᠤᠨ ᠰᠣᠶᠣᠯ᠎ᠤᠨ ᠪᠡᠯᠡᠳᠬᠡᠮᠵᠢ᠎ᠶᠢ ᠪᠠᠢᠷᠢᠰᠢᠭᠤᠯᠵᠤ᠂ ᠪᠣᠳᠠᠲᠤ ᠴᠣᠭᠴᠠᠲᠤ ᠨᠣᠮ᠎ᠤᠨ ᠳᠡᠯᠭᠡᠭᠦᠷ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ᠎ᠶᠢ ᠨᠢ ᠲᠡᠮᠵᠢᠨ᠎ᠡ᠃ ᠪᠥᠬᠥ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ᠎ᠶᠢᠨ ᠲᠣᠭᠲᠠᠯᠴᠠᠭ᠎ᠠ ᠵᠡᠷᠭᠡ ᠠᠷᠠᠳ᠎ᠲᠤ ᠠᠰᠢᠭ᠋ ᠬᠦᠷᠲᠡᠭᠡᠬᠦ ᠭᠣᠣᠯᠳᠠᠯᠭ᠎ᠠ ᠪᠣᠯᠬᠤ ᠢᠨᠵᠧᠨᠧᠷᠢᠩ᠎ᠢ ᠬᠡᠷᠡᠭᠵᠢᠭᠦᠯᠵᠦ᠂ ᠷᠠᠳᠢᠣ᠋ ᠲᠧᠯᠸᠢᠰ᠎ᠤᠨ ᠰᠠᠭᠤᠷᠢ ᠪᠡᠯᠡᠳᠬᠡᠮᠵᠢ᠎ᠶᠢᠨ ᠲᠣᠣᠷ᠂ ᠠᠭᠤᠯᠭ᠎ᠠ᠎ᠶᠢᠨ ᠦᠢᠯᠡᠴᠢᠯᠡᠭᠡᠨ᠎ᠤ ᠲᠣᠣᠷ᠂ ᠬᠢᠨᠠᠨ ᠰᠢᠨᠵᠢᠵᠦ ᠬᠢᠨᠠᠨ ᠬᠠᠮᠢᠶᠠᠷᠬᠤ ᠲᠣᠣᠷ᠎ᠤᠨ ᠪᠦᠲᠦᠭᠡᠨ ᠪᠠᠢᠭᠤᠯᠤᠯᠲᠠ ᠪᠠ ᠲᠠᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ᠎ᠶᠢ ᠨᠢ ᠠᠬᠢᠭᠤᠯᠵᠤ᠂ ᠬᠠᠭᠤᠴᠢᠨ ᠷᠠᠳᠢᠣ᠋ ᠲᠧᠯᠸᠢᠰ᠎ᠤᠨ ᠪᠡᠯᠡᠳᠬᠡᠮᠵᠢ᠎ᠶᠢᠨ ᠰᠢᠨᠡᠴᠢᠯᠡᠯᠲᠡ᠎ᠶᠢ ᠲᠦᠷᠭᠡᠳᠬᠡᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠡᠳ᠋᠎ᠤᠨ ᠵᠠᠰᠠᠭ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠷᠠᠳᠢᠣ᠋ ᠲᠧᠯᠸᠢᠰ᠎ᠤᠨ ᠲᠣᠪᠴᠢᠶ᠎ᠠ) 

3.《ᠠᠵᠢᠯ ᠦᠢᠯᠡᠰ + ᠠᠵᠤ ᠠᠬᠤᠢᠯᠠᠯ》᠎ᠤᠨ ᠵᠠᠭᠪᠤᠷ᠎ᠢ ᠬᠠᠢᠨ ᠰᠦᠪᠡᠭᠴᠢᠯᠡᠵᠦ᠂ ᠲᠥᠷᠥᠯ ᠬᠤᠪᠢᠶᠠᠨ ᠬᠡᠷᠡᠭᠵᠢᠭᠦᠯᠬᠦ᠂ ᠠᠯᠬᠤᠮ ᠬᠤᠪᠢᠶᠠᠨ ᠠᠬᠢᠭᠤᠯᠬᠤ ᠵᠠᠷᠴᠢᠮ ᠶᠣᠰᠣᠭᠠᠷ᠂ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠋᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ᠎ᠶᠢ ᠠᠬᠢᠭᠤᠯᠤᠨ᠎ᠠ᠃ 《ᠨᠡᠶ᠋ᠢᠲᠡ᠎ᠶᠢᠨ ᠠᠰᠠᠷᠠᠮᠵᠢ + ᠵᠠᠬ᠎ᠠ ᠳᠡᠯᠭᠡᠭᠦᠷ》᠎ᠤᠨ ᠵᠠᠭᠪᠤᠷ᠎ᠢ ᠬᠠᠢᠨ ᠰᠦᠪᠡᠭᠴᠢᠯᠡᠵᠦ᠂ ᠰᠣᠶᠣᠯ ᠲᠡᠦᠬᠡ᠎ᠶᠢᠨ ᠳᠤᠷᠠᠰᠬᠠᠯᠲᠤ ᠵᠦᠢᠯ᠎ᠤᠨ ᠨᠢᠭᠡᠴᠢ᠎ᠶᠢᠨ ᠬᠢᠨ᠎ᠦ ᠨᠣᠮ᠎ᠤᠨ ᠰᠠᠩ ᠪᠠ ᠮᠦᠽᠧᠢ᠎ᠳᠤ ᠬᠠᠳᠠᠭᠠᠯᠠᠭᠳᠠᠵᠤ ᠪᠠᠢᠭ᠎ᠠ ᠰᠣᠶᠣᠯ᠎ᠤᠨ ᠡᠬᠢ ᠪᠠᠶᠠᠯᠢᠭ᠋᠎ᠲᠤ ᠲᠦᠰᠢᠭᠯᠡᠨ ᠰᠣᠶᠣᠯ᠎ᠤᠨ ᠪᠦᠲᠦᠭᠡᠯᠴᠢ ᠪᠦᠲᠦᠭᠡᠭᠳᠡᠭᠦᠨ ᠨᠡᠭᠡᠭᠡᠨ ᠬᠥᠭᠵᠢᠭᠦᠯᠬᠦ᠎ᠶᠢ᠎ᠨᠢ ᠠᠬᠢᠭᠤᠯᠤᠨ᠎ᠠ᠃ ᠨᠡᠶ᠋ᠢᠲᠡ᠎ᠶᠢᠨ ᠥᠮᠴᠢᠯᠡᠯᠲᠦ ᠪᠤᠰᠤ ᠬᠥᠷᠥᠩᠭᠡ᠎ᠶᠢ ᠰᠣᠶᠣᠯ᠎ᠤᠨ ᠬᠦᠷᠢᠶ᠎ᠡ ᠴᠠᠷᠠᠭᠠᠨ᠎ᠳᠤ ᠣᠷᠣᠭᠤᠯᠬᠤ ᠲᠦᠷᠦ᠎ᠶᠢᠨ ᠪᠣᠳᠣᠯᠭ᠎ᠠ᠎ᠶᠢᠨ ᠲᠣᠭᠲᠠᠭᠠᠯ᠎ᠢ ᠨᠠᠢᠳᠠᠪᠤᠷᠢᠵᠢᠭᠤᠯᠵᠤ᠂ ᠵᠠᠰᠠᠭ᠎ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ᠋᠎ᠢᠶᠠᠷ ᠨᠡᠢᠭᠡᠮ᠎ᠤᠨ ᠬᠦᠴᠦᠨ᠎ᠤ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡ ᠪᠠ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠎ᠳᠤ ᠣᠷᠣᠯᠴᠠᠬᠤ᠎ᠶᠢ᠎ᠨᠢ ᠵᠣᠷᠢᠭ᠍ᠵᠢᠭᠤᠯᠤᠨ᠎ᠠ᠃ ᠨᠥᠬᠥᠴᠡᠯ᠎ᠳᠤ ᠨᠡᠢᠴᠡᠬᠦ ᠠᠢᠮᠠᠭ ᠬᠣᠲᠠ᠎ᠨᠤᠭᠤᠳ ᠣᠯᠠᠨ ᠨᠡᠶ᠋ᠢᠲᠡ᠎ᠶᠢᠨ ᠲᠥᠯᠥᠪᠦᠷᠢ ᠦᠭᠡᠢ᠎ᠪᠠᠷ ᠨᠡᠭᠡᠭᠡᠬᠦ ᠰᠣᠶᠣᠯ᠎ᠤᠨ ᠪᠡᠯᠡᠳᠬᠡᠮᠵᠢ᠎ᠳᠤ ᠴᠠᠭ ᠤᠷᠲᠤᠳᠬᠠᠬᠤ ᠪᠠ ᠴᠠᠭ ᠵᠥᠷᠢᠭᠦᠯᠬᠦ ᠦᠢᠯᠡᠴᠢᠯᠡᠭᠡ ᠬᠠᠩᠭᠠᠬᠤ᠎ᠶᠢ ᠤᠷᠮᠠᠰᠢᠭᠤᠯᠬᠤ ᠲᠥᠷᠥ᠎ᠶᠢᠨ ᠪᠣᠳᠣᠯᠭ᠎ᠠ ᠨᠡᠢᠲᠡᠯᠡᠬᠦ᠎ᠶᠢ ᠠᠬᠢᠭᠤᠯᠤᠨ᠎ᠠ᠃ ᠤᠯᠠᠨ ᠨᠡᠶ᠋ᠢᠲᠡ᠎ᠶᠢᠨ ᠰᠣᠶᠣᠯ᠎ᠤᠨ ᠪᠡᠯᠡᠳᠬᠡᠮᠵᠢ᠎ᠶᠢᠨ ᠦᠢᠯᠡᠴᠢᠯᠡᠭᠡᠨ᠎ᠤ ᠰᠠᠭᠠᠳ ᠦᠭᠡᠢ ᠪᠠ ᠦᠲᠡᠭᠦᠰ᠎ᠲᠤ ᠲᠣᠬᠢᠷᠠᠬᠤ ᠬᠡᠮᠵᠢᠶ᠎ᠡ᠎ᠶᠢ ᠳᠡᠭᠡᠭᠰᠢᠯᠡᠭᠦᠯᠦᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ)

4.ᠤᠮᠠᠷᠠᠲᠤ ᠬᠢᠵᠠᠭᠠᠷ᠎ᠤᠨ ᠰᠣᠶᠣᠯ᠎ᠤᠨ ᠣᠨᠣᠯ᠎ᠢ ᠰᠤᠳᠤᠯᠤᠨ ᠲᠠᠢᠯᠪᠤᠷᠢᠯᠠᠬᠤ᠂ ᠠᠭᠤᠯᠭ᠎ᠠ ᠵᠣᠬᠢᠶᠠᠨ ᠪᠦᠲᠦᠭᠡᠬᠦ᠂ ᠤᠬᠠᠭᠤᠯᠤᠨ ᠳᠡᠯᠭᠡᠷᠡᠭᠦᠯᠬᠦ ᠵᠡᠷᠭᠡ ᠰᠣᠶᠣᠯ᠎ᠤᠨ ᠦᠢᠯᠡᠰ ᠪᠠ ᠰᠣᠶᠣᠯ᠎ᠤᠨ ᠠᠵᠤ ᠦᠢᠯᠡᠰ᠎ᠤᠨ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶᠢ ᠳᠡᠮᠵᠢᠨ᠎ᠡ᠃ ᠳᠡᠭᠡᠷ᠎ᠡ ᠣᠨ᠎ᠤ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠵᠢᠯ᠎ᠡᠴᠡ ᠳᠡᠭᠡᠭᠰᠢᠬᠢ ᠠᠵᠤ ᠠᠬᠤᠢᠯᠠᠯ᠎ᠳᠤ ᠰᠢᠨ᠎ᠡ᠎ᠪᠠᠷ ᠪᠦᠷᠢᠳᠬᠡᠭᠳᠡᠭᠰᠡᠨ ᠰᠣᠶᠣᠯ᠎ᠤᠨ ᠠᠵᠤ ᠠᠬᠤᠢᠯᠠᠯ᠂ ᠵᠢᠯ᠎ᠤᠨ ᠡᠵᠡᠩᠨᠡᠯᠲᠡ᠎ᠶᠢᠨ ᠣᠷᠣᠯᠭ᠎ᠠ᠎ᠨᠢ 3 ᠵᠢᠯ ᠵᠠᠯᠭᠠᠭ᠎ᠠ᠎ᠪᠠᠷ ᠨᠡᠮᠡᠭᠳᠡᠯ᠎ᠤᠨ ᠬᠡᠮᠵᠢᠶ᠎ᠡ᠎ᠨᠢ 15%᠎ᠠᠴᠠ ᠳᠡᠭᠡᠭᠰᠢ ᠪᠣᠯᠤᠭᠰᠠᠨ ᠬᠡᠪᠴᠢᠶᠡᠵᠢᠯ᠎ᠠᠴᠠ ᠳᠡᠭᠡᠭᠰᠢᠬᠢ ᠰᠣᠶᠣᠯ᠎ᠤᠨ ᠠᠵᠤ ᠠᠬᠤᠢᠯᠠᠯ᠂ ᠪᠤᠰᠤᠳ ᠠᠵᠤ ᠠᠬᠤᠢᠯᠠᠯ᠎ᠠᠴᠠ ᠪᠦᠲᠦᠭᠡᠯᠴᠢ ᠵᠢᠷᠤᠭ ᠲᠥᠯᠥᠪᠯᠡᠭᠡ᠂ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠡᠰᠡᠭ᠎ᠤᠨ ᠲᠤᠬᠠᠢᠯᠠᠭᠰᠠᠨ ᠠᠵᠢᠯ᠎ᠢ ᠰᠠᠯᠭᠠᠵᠤ ᠪᠠᠢᠭᠠᠳ ᠪᠡᠶ᠎ᠡ᠎ᠪᠠᠨ ᠳᠠᠭᠠᠭᠠᠭᠰᠠᠨ ᠬᠠᠤᠯᠢ᠎ᠶᠢᠨ ᠡᠷᠬᠡᠲᠡᠨ᠎ᠤ ᠪᠣᠳᠠᠲᠤ ᠴᠣᠭᠴᠠ᠎ᠪᠠᠷ ᠳᠠᠩᠰᠠᠯᠠᠭᠤᠯᠤᠨ ᠪᠠᠢᠭᠤᠯᠤᠭᠰᠠᠨ᠎ᠤ ᠬᠠᠮᠲᠤ ᠬᠡᠪᠴᠢᠶᠡᠵᠢᠯ᠎ᠡᠴᠡ ᠳᠡᠭᠡᠭᠰᠢᠬᠢ ᠠᠵᠤ ᠠᠬᠤᠢᠯᠠᠯ᠎ᠳᠤ ᠰᠢᠨ᠎ᠡ᠎ᠪᠡᠷ ᠪᠦᠷᠢᠳᠬᠡᠭᠳᠡᠭᠰᠡᠨ ᠰᠣᠶᠣᠯ᠎ᠤᠨ ᠠᠵᠤ ᠠᠬᠤᠢᠯᠠᠯ᠂ ᠪᠦᠬᠦ ᠤᠯᠤᠰ᠎ᠤᠨ 30 ᠬᠦᠴᠦᠷᠬᠡᠭ ᠪᠠ ᠪᠣᠢᠵᠢᠯᠲᠠ᠎ᠶᠢᠨ ᠴᠢᠨᠠᠷᠲᠠᠢ 30 ᠬᠦᠴᠦᠷᠬᠡᠭ᠎ᠲᠤ ᠣᠷᠣᠭᠰᠠᠨ ᠰᠣᠶᠣᠯ᠎ᠤᠨ ᠠᠵᠤ ᠠᠬᠤᠢᠯᠠᠯ᠂ ᠠᠩᠬ᠎ᠠ ᠤᠳᠠᠭ᠎ᠠ ᠤᠯᠤᠰ᠎ᠤᠨ ᠰᠣᠶᠣᠯ᠎ᠤᠨ ᠭᠠᠳᠠᠭᠠᠳᠤ ᠭᠠᠷᠭᠠᠯᠲᠠ᠎ᠶᠢᠨ ᠭᠣᠣᠯᠳᠠᠯᠭ᠎ᠠ᠎ᠪᠠᠷ ᠦᠨᠡᠯᠡᠭᠳᠡᠭᠰᠡᠨ ᠠᠵᠤ ᠠᠬᠤᠢᠯᠠᠯ᠎ᠳᠤ ᠨᠢᠭᠡ ᠯᠡ ᠤᠳᠠᠭ᠎ᠠ᠎ᠶᠢᠨ ᠴᠢᠨᠠᠷᠲᠠᠢ ᠱᠠᠩᠨᠠᠯ ᠣᠯᠭᠣᠵᠤ᠂ ᠱᠠᠩᠨᠠᠯ᠎ᠤᠨ ᠮᠥᠩᠭᠥᠨ᠎ᠤ ᠲᠣᠭ᠎ᠠ᠎ᠶᠢ ᠭᠠᠭᠴᠠ ᠲᠥᠷᠥᠯ᠎ᠳᠤ 100 ᠲᠦᠮᠡᠨ ᠲᠥᠭᠥᠷᠢᠭ᠎ᠠᠴᠠ ᠬᠡᠲᠦᠷᠡᠭᠦᠯᠬᠦ ᠦᠭᠡᠢ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠡᠳ᠋᠎ᠤᠨ ᠵᠠᠰᠠᠭ᠎ᠤᠨ ᠲᠢᠩᠬᠢᠮ) 

5.《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠨᠠᠷᠠᠲᠤ ᠲᠡᠮᠳᠡᠭ᠎ᠤᠨ ᠪᠦᠲᠦᠭᠡᠨ ᠪᠠᠢᠭᠤᠯᠤᠯᠲᠠ᠎ᠳᠤ ᠰᠠᠭᠤᠷᠢᠯᠠᠨ᠂ 《ᠪᠢ ᠲᠠᠯ᠎ᠠ ᠨᠤᠲᠤᠭ᠎ᠲᠠᠢ ᠪᠣᠯᠵᠣᠭ᠎ᠠ᠎ᠲᠠᠢ》 ᠰᠣᠶᠣᠯ ᠵᠢᠭᠤᠯᠴᠢᠯᠠᠯ᠎ᠤᠨ ᠲᠠᠸᠠᠷ᠎ᠤᠨ ᠨᠠᠷᠠᠲᠤ ᠲᠡᠮᠳᠡᠭ ᠡᠭᠦᠳᠬᠦ᠎ᠶᠢ ᠳᠡᠮᠵᠢᠵᠦ᠂ ᠰᠣᠶᠣᠯ ᠵᠢᠭᠤᠯᠴᠢᠯᠠᠯ᠎ᠤᠨ ᠪᠦᠲᠦᠭᠡᠭᠳᠡᠭᠦᠨ᠎ᠢ ᠤᠯᠠᠮᠵᠢᠯᠠᠨ ᠵᠠᠯᠭᠠᠮᠵᠢᠯᠠᠵᠤ ᠰᠢᠨ᠎ᠡ᠎ᠶᠢ ᠡᠭᠦᠳᠦᠨ ᠬᠥᠭᠵᠢᠭᠦᠯᠬᠦ᠎ᠶᠢ ᠲᠦᠷᠭᠡᠳᠬᠡᠵᠦ᠂ ᠨᠠᠷᠠᠲᠤ ᠲᠡᠮᠳᠡᠭ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》᠂ 《ᠪᠢ ᠲᠠᠯ᠎ᠠ ᠨᠤᠲᠤᠭ᠎ᠲᠠᠢ ᠪᠣᠯᠵᠣᠭ᠎ᠠ᠎ᠲᠠᠢ》 ᠭᠡᠳᠡᠭ᠎ᠢᠶᠠᠷ ᠭᠣᠣᠯ ᠰᠡᠳᠦᠪ ᠪᠣᠯᠭᠠᠭᠰᠠᠨ ᠰᠢᠷᠢᠰ ᠰᠣᠶᠣᠯ ᠵᠢᠭᠤᠯᠴᠢᠯᠠᠯ᠎ᠤᠨ ᠲᠠᠸᠠᠷ᠎ᠤᠨ ᠰᠤᠳᠤᠯᠤᠨ ᠨᠡᠭᠡᠭᠡᠯᠲᠡ᠂ ᠪᠣᠳᠠᠲᠤ ᠴᠣᠭᠴᠠ᠎ᠶᠢᠨ ᠳᠡᠯᠭᠡᠭᠦᠷ᠎ᠤᠨ ᠪᠦᠲᠦᠭᠡᠨ ᠪᠠᠢᠭᠤᠯᠤᠯᠲᠠ᠂ ᠥᠪᠡᠷᠲᠡᠭᠡᠨ ᠵᠠᠰᠠᠬᠤ ᠣᠷᠣᠨ᠎ᠠᠴᠠ ᠭᠣᠣᠯᠳᠠᠯᠭ᠎ᠠ ᠲᠠᠢ ᠪᠣᠢᠵᠢᠭᠤᠯᠤᠭᠰᠠᠨ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠋᠂ ᠲᠠᠯᠠᠪᠤᠷ᠎ᠲᠤ ᠰᠠᠭᠤᠭ᠎ᠠ ᠵᠢᠭᠤᠯᠴᠢᠯᠠᠯ ᠲᠣᠭᠯᠠᠯᠲᠠ᠂ ᠪᠥᠬᠥ ᠤᠯᠤᠰ᠎ᠤᠨ ᠴᠢᠨᠠᠷᠲᠠᠢ ᠰᠣᠶᠣᠯ ᠵᠢᠭᠤᠯᠴᠢᠯᠠᠯ᠎ᠤᠨ ᠦᠵᠡᠰᠬᠦᠯᠡᠩ᠎ᠦᠨ ᠴᠤᠭᠯᠠᠭᠠᠨ᠂ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠲᠠᠸᠠᠷ᠎ᠤᠨ ᠤᠷᠤᠯᠳᠤᠭᠠᠨ ᠵᠡᠷᠭᠡ᠎ᠳᠤ ᠳᠡᠮᠵᠢᠯᠭᠡ ᠦᠵᠡᠭᠦᠯᠦᠨ᠎ᠡ᠃ ᠪᠢᠴᠢᠯ ᠣᠬᠣᠷ ᠵᠦᠴᠦᠭᠡ ᠵᠡᠷᠭᠡ ᠺᠢᠨᠣ᠋ ᠲᠧᠯᠸᠢᠰ᠎ᠤᠨ ᠪᠦᠲᠦᠭᠡᠯ᠎ᠤᠨ ᠰᠣᠶᠣᠯ᠎ᠤᠨ ᠬᠥᠭᠵᠢᠯᠲᠡ᠎ᠶᠢᠨ ᠴᠢᠳᠠᠮᠵᠢ᠎ᠶᠢ ᠨᠢ ᠡᠷᠴᠢᠮᠯᠡᠬᠦ᠎ᠶᠢ ᠳᠡᠮᠵᠢᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ)

6.ᠲᠡᠦᠬᠡ᠎ᠶᠢᠨ ᠳᠤᠷᠠᠰᠬᠠᠯᠲᠤ ᠵᠦᠢᠯ᠎ᠦᠨ ᠡᠬᠢ ᠪᠠᠶᠠᠯᠢᠭ᠋ ᠨᠢᠭ᠍ᠲᠠᠷᠠᠭᠰᠠᠨ ᠣᠷᠣᠨ᠂ ᠲᠡᠦᠬᠡ᠎ᠶᠢᠨ ᠳᠤᠷᠠᠰᠬᠠᠯᠲᠤ ᠵᠦᠢᠯ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠰᠢᠰᠲᠧᠮ᠎ᠲᠠᠢ᠎ᠪᠠᠷ ᠬᠠᠮᠠᠭᠠᠯᠠᠬᠤ ᠪᠠ ᠵᠣᠬᠢᠰᠲᠠᠢ᠎ᠪᠠᠷ ᠠᠰᠢᠭ᠍ᠯᠠᠬᠤ᠎ᠶᠢ ᠳᠡᠮᠵᠢᠵᠦ᠂ ᠲᠡᠦᠬᠡ ᠰᠣᠶᠣᠯ᠎ᠤᠨ ᠨᠡᠷᠡᠳᠦ ᠬᠤᠳᠠ ᠪᠠ ᠲᠡᠦᠬᠡ ᠰᠣᠶᠣᠯ᠎ᠤᠨ ᠵᠡᠭᠡᠯᠢ ᠲᠣᠭᠣᠷᠢᠭ᠋᠂ ᠤᠯᠠᠮᠵᠢᠯᠠᠯᠲᠤ ᠠᠢᠯ ᠲᠣᠰᠬᠣᠨ᠎ᠤ ᠳᠣᠲᠣᠷᠠᠬᠢ ᠪᠠᠷᠢᠯᠭ᠎ᠠ᠎ᠳᠤ ᠨᠡᠢᠳᠡᠮ ᠪᠠᠢᠴᠠᠭᠠᠯᠲᠠ ᠬᠢᠵᠦ᠂ ᠲᠡᠦᠬᠡ᠎ᠶᠢᠨ ᠳᠤᠷᠠᠰᠬᠠᠯᠲᠤ ᠵᠦᠢᠯ᠎ᠦᠨ ᠬᠠᠮᠠᠭᠠᠯᠠᠯᠲᠠ᠎ᠳᠤ ᠬᠣᠯᠪᠣᠭᠳᠠᠬᠤ ᠨᠢᠭᠡᠴᠢ᠎ᠶᠢᠨ ᠲᠥᠯᠦᠪᠵᠢᠭᠦᠯᠭᠡ᠎ᠶᠢᠨ 《ᠤᠯᠠᠨ ᠲᠥᠯᠦᠪᠵᠢᠭᠦᠯᠭᠡ᠎ᠶᠢ ᠨᠢᠭᠡᠳᠬᠡᠬᠦ》᠎ᠶᠢ ᠠᠬᠢᠭᠤᠯᠤᠨ᠎ᠠ᠃ ᠦᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠰᠣᠶᠣᠯ᠎ᠤᠨ ᠠᠵᠤ ᠠᠬᠤᠢᠯᠠᠯ᠎ᠤᠨ ᠭᠠᠳᠠᠭᠠᠳᠤ᠎ᠳᠤ ᠬᠠᠨᠳᠤᠭᠤᠯᠤᠭᠰᠠᠨ ᠰᠣᠶᠣᠯ᠎ᠤᠨ ᠠᠷᠠᠯᠵᠢᠶᠠᠨ᠎ᠤ 《ᠮᠢᠩᠭᠠᠨ ᠳᠠᠷᠪᠠᠭᠤᠯ᠎ᠢ ᠠᠶᠠᠯᠠᠭᠤᠯᠬᠤ》 ᠠᠵᠢᠯᠯᠠᠭᠠᠨ᠎ᠳᠤ ᠢᠳᠡᠪᠬᠢᠲᠡᠢ ᠣᠷᠣᠯᠴᠠᠬᠤ᠎ᠶᠢ ᠵᠣᠷᠢᠭ᠍ᠵᠢᠭᠤᠯᠵᠤ᠂ ᠣᠯᠠᠨ ᠤᠯᠤᠰ᠎ᠤᠨ ᠥᠷᠢᠰᠦᠯᠳᠦᠬᠦ ᠬᠦᠴᠦᠨ᠎ᠲᠠᠢ ᠰᠣᠶᠣᠯ᠎ᠤᠨ ᠭᠠᠳᠠᠭᠠᠳᠤ ᠭᠠᠷᠭᠠᠯᠲᠠ᠎ᠶᠢᠨ ᠭᠣᠣᠯᠳᠠᠯᠭ᠎ᠠ ᠪᠣᠯᠬᠤ ᠠᠵᠤ ᠠᠬᠤᠢᠯᠠᠯ᠎ᠢ ᠲᠦᠷᠭᠡᠳᠬᠡᠨ ᠪᠣᠢᠵᠢᠭᠤᠯᠤᠨ᠎ᠠ᠃ ᠷᠠᠳᠢᠣ᠋ ᠲᠧᠯᠸᠢᠰ᠎ᠤᠨ ᠤᠯᠠᠨ ᠤᠯᠤᠰ᠎ᠲᠠᠬᠢ ᠳᠠᠮᠵᠢᠭᠤᠯᠭ᠎ᠠ᠎ᠶᠢᠨ ᠪᠦᠲᠦᠭᠡᠭᠳᠡᠬᠦᠨ᠎ᠤ ᠵᠣᠬᠢᠶᠠᠨ ᠪᠦᠲᠦᠭᠡᠯᠭᠡ᠂ ᠠᠷᠭ᠎ᠠ ᠵᠠᠮ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠶᠢ ᠲᠡᠮᠵᠢᠵᠤ᠂ ᠭᠠᠳᠠᠭᠠᠳᠤ᠎ᠳᠠᠬᠢ ᠬᠠᠮᠤᠷᠬᠤ ᠬᠡᠪᠴᠢᠶ᠎ᠡ᠎ᠪᠠᠨ ᠦᠷᠭᠡᠳᠭᠡᠬᠦ᠎ᠶᠢ ᠪᠣᠲᠠᠲᠠᠢᠵᠢᠭᠤᠯᠵᠤ᠂ ᠷᠠᠳᠢᠣ᠋ ᠲᠧᠯᠸᠢᠰ ᠵᠡᠷᠭᠡ ᠭᠣᠣᠯ ᠵᠠᠭᠤᠴᠢᠯᠠᠭᠤᠷ᠎ᠤᠨ ᠬᠢᠨ᠎ᠦ ᠭᠠᠳᠠᠭᠠᠳᠤ᠎ᠯᠤᠭ᠎ᠠ᠎ᠶᠢᠨ ᠬᠠᠮᠲᠤᠷᠠᠯᠴᠠᠭ᠎ᠠ ᠰᠣᠯᠢᠯᠴᠠᠭ᠎ᠠ᠎ᠶᠢ ᠴᠢᠩᠭᠠᠳᠬᠠᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠷᠠᠳᠢᠣ᠋ ᠲᠧᠯᠸᠢᠰ᠎ᠤᠨ ᠲᠣᠪᠴᠢᠶ᠎ᠠ) 

7.ᠭᠣᠣᠯ ᠵᠠᠭᠤᠴᠢᠯᠠᠭᠤᠷ ᠵᠢᠴᠢ ᠲᠡᠭᠦᠨ᠎ᠦ ᠡᠷᠭᠢᠯᠡᠭᠰᠡᠨ ᠰᠢᠨ᠎ᠡ ᠵᠠᠭᠤᠴᠢᠯᠠᠭᠤᠷ᠎ᠤᠨ ᠲᠠᠪᠴᠠᠩ᠂ ᠲᠠᠩᠰᠠᠨ ᠨᠣᠮᠧᠷ᠎ᠤᠨ ᠦᠨᠡᠯᠡᠯᠲᠡ᠎ᠶᠢᠨ ᠲᠣᠭᠲᠠᠯᠴᠠᠭ᠎ᠠ᠎ᠶᠢ ᠪᠠᠢᠭᠤᠯᠵᠤ᠂ ᠡᠷᠴᠢᠮᠵᠢᠭᠦᠯᠦᠭᠰᠡᠨ ᠪᠦᠭᠡᠳ ᠥᠨᠳᠥᠷ ᠪᠦᠲᠦᠮᠵᠢᠲᠡᠶ ᠰᠢᠯᠢᠳᠡᠭ ᠰᠣᠶᠣᠯ᠎ᠤᠨ ᠠᠭᠤᠯᠭ᠎ᠠ ᠪᠦᠬᠦᠢ ᠬᠠᠮ ᠵᠠᠭᠤᠴᠢᠯᠠᠭᠤᠷ᠎ᠤᠨ ᠦᠢᠯᠡᠳᠦᠨ ᠳᠠᠮᠵᠢᠭᠤᠯᠬᠤ ᠪᠠᠢᠷᠢᠰᠢᠯ᠎ᠢ ᠪᠣᠶ ᠪᠣᠯᠭᠠᠨ᠎ᠠ᠃ ᠭᠣᠣᠯ ᠵᠠᠭᠤᠴᠢᠯᠠᠭᠤᠷ᠎ᠤᠨ ᠰᠣᠶᠣᠯ᠂ ᠠᠮᠢᠳᠤᠷᠠᠯ᠂ ᠵᠠᠰᠠᠭ᠎ᠤᠨ ᠶᠠᠪᠤᠳᠠᠯ ᠵᠡᠷᠭᠡ ᠣᠷᠣᠨ ᠨᠤᠲᠤᠭᠴᠢᠯᠠᠭᠰᠠᠨ ᠦᠢᠯᠡᠴᠢᠯᠡᠭᠡ᠎ᠪᠠᠨ ᠴᠢᠩᠭᠠᠷᠠᠭᠤᠯᠬᠤ᠎ᠶᠢ ᠠᠬᠢᠭᠤᠯᠵᠤ᠂ ᠷᠠᠳᠢᠣ᠋ ᠲᠧᠯᠸᠢᠰ ᠫᠷᠣᠭ᠌ᠷᠠᠮ᠎ᠤᠨ ᠦᠢᠯᠡᠳᠴᠦ ᠨᠡᠪᠲᠡᠷᠡᠭᠦᠯᠬᠦ ᠴᠢᠳᠠᠪᠤᠷᠢ᠎ᠪᠠᠨ ᠳᠡᠭᠡᠭᠰᠢᠯᠡᠭᠦᠯᠬᠦ᠂ ᠰᠤᠪᠠᠭ ᠳᠠᠪᠲᠠᠮᠵᠢ᠎ᠶᠢ ᠴᠣᠮᠬᠠᠳᠬᠠᠨ ᠨᠠᠷᠢᠯᠢᠭ᠋ ᠡᠷᠬᠢᠯᠡᠬᠦ ᠪᠠ ᠪᠠᠢᠷᠢᠰᠢᠭᠤᠯᠤᠯᠲᠠ ᠪᠦᠲᠦᠴᠡ᠎ᠪᠠᠨ ᠰᠢᠯᠢᠳᠡᠭᠵᠢᠭᠦᠯᠬᠦ᠎ᠶᠢ ᠳᠡᠮᠵᠢᠵᠦ᠂ ᠲᠤᠰ ᠭᠠᠵᠠᠷ ᠣᠷᠣᠨ᠎ᠳᠦ᠎ᠪᠡᠨ ᠭᠦᠨᠵᠡᠭᠡᠢᠷᠡᠭᠰᠡᠨ᠂ ᠡᠷᠬᠢᠨ ᠲᠣᠭᠣᠷᠢᠨ᠎ᠢᠶᠠᠨ ᠨᠥᠯᠥᠭᠡᠯᠡᠨ ᠳᠠᠢᠴᠢᠯᠠᠭᠰᠠᠨ᠂ ᠪᠦᠬᠦ ᠤᠯᠤᠰ ᠪᠦᠬᠦ ᠰᠦᠯᠵᠢᠶ᠎ᠡ᠎ᠳᠤ ᠬᠠᠨᠳᠤᠭᠤᠯᠤᠭᠰᠠᠨ ᠰᠢᠨ᠎ᠡ ᠵᠠᠭᠤᠴᠢᠯᠠᠭᠤᠷ᠎ᠤᠨ ᠲᠠᠪᠴᠠᠩ ᠪᠠ ᠨᠡᠷᠡᠲᠦ ᠲᠡᠮᠳᠡᠭᠲᠦ ᠫᠷᠣᠭ᠌ᠷᠠᠮ ᠪᠤᠯᠤᠩ᠎ᠢ ᠪᠤᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ᠎ᠤ ᠱᠠᠲᠤ᠂ ᠠᠢᠮᠠᠭ ᠬᠣᠲᠠ᠎ᠶᠢᠨ ᠱᠠᠲᠤᠨ᠎ᠤ ᠬᠠᠮ ᠵᠠᠭᠤᠴᠢᠯᠠᠭᠤᠷ᠎ᠤᠨ ᠲᠥᠪ᠎ᠤᠨ ᠵᠠᠬ᠎ᠠ ᠳᠡᠯᠭᠡᠭᠦᠷᠴᠢᠯᠡᠭᠰᠡᠨ ᠡᠵᠡᠩᠨᠡᠨ ᠠᠵᠢᠯᠯᠠᠭᠤᠯᠬᠤ ᠲᠤᠬᠠᠢᠯᠠᠭᠰᠠᠨ ᠠᠵᠢᠯ᠎ᠢᠶᠠᠨ ᠥᠷᠭᠡᠳᠬᠡᠬᠦ᠎ᠶᠢ ᠨᠢ ᠵᠣᠷᠢᠭ᠍ᠵᠢᠭᠤᠯᠵᠤ᠂ ᠪᠡᠶ᠎ᠡ᠎ᠪᠡᠨ ᠳᠠᠭᠠᠭᠠᠵᠤ ᠦᠷ᠎ᠡ ᠠᠰᠢᠭ᠎ᠢᠶᠠᠨ ᠨᠡᠮᠡᠭᠳᠡᠭᠦᠯᠬᠦ ᠴᠢᠳᠠᠪᠤᠷᠢ᠎ᠶᠢ ᠨᠢ ᠳᠡᠭᠡᠭᠰᠢᠯᠡᠭᠦᠯᠦᠨ᠎ᠡ᠃ ᠬᠡᠲᠦ ᠲᠣᠳᠣ᠌ ᠫᠷᠣᠭ᠌ᠷᠠᠮ᠎ᠢ ᠵᠣᠬᠢᠶᠠᠵᠤ ᠦᠢᠯᠡᠳᠬᠦ᠎ᠶᠢ ᠳᠡᠮᠵᠢᠬᠦ ᠡᠷᠴᠢᠮ᠎ᠢᠶᠠᠨ ᠴᠢᠩᠭᠠᠷᠠᠭᠤᠯᠵᠤ᠂ ᠬᠡᠲᠦ ᠲᠣᠳᠣ᠌᠎ᠶᠢᠨ ᠦᠵᠦᠭᠦᠷ᠎ᠠᠴᠠ ᠦᠵᠦᠭᠦᠷ ᠬᠦᠷᠲᠡᠯᠡᠬᠢ ᠪᠥᠬᠥ ᠠᠵᠤ ᠦᠢᠯᠡᠰ᠎ᠤᠨ ᠬᠡᠯᠬᠢᠶ᠎ᠡ᠎ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠎ᠶᠢ ᠠᠬᠢᠭᠤᠯᠵᠤ᠂ ᠰᠢᠨ᠎ᠡ ᠮᠠᠶᠢᠭ᠋᠎ᠤᠨ ᠷᠠᠳᠢᠣ᠋ ᠲᠧᠯᠸᠢᠰ᠎ᠤᠨ ᠲᠣᠣᠷ ᠰᠦᠯᠵᠢᠶ᠎ᠡ᠎ᠶᠢ ᠪᠠᠢᠭᠤᠯᠤᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠷᠠᠳᠢᠣ᠋ ᠲᠧᠯᠸᠢᠰ᠎ᠤᠨ ᠲᠣᠪᠴᠢᠶ᠎ᠠ) 

8.ᠴᠢᠬᠤᠯᠠ ᠶᠡᠬᠡ ᠰᠣᠶᠣᠯ᠎ᠤᠨ ᠠᠵᠤ ᠦᠢᠯᠡᠰ᠎ᠤᠨ ᠲᠥᠷᠥᠯ ᠵᠦᠢᠯ᠎ᠢ ᠳᠡᠮᠵᠢᠬᠦ ᠡᠷᠴᠢᠮ᠎ᠢᠶᠠᠨ ᠴᠢᠩᠭᠠᠷᠠᠭᠤᠯᠵᠤ᠂ ᠲᠥᠷᠥᠯ ᠵᠦᠢᠯ᠎ᠢ ᠤᠬᠠᠭᠤᠯᠤᠨ ᠲᠥᠯᠥᠪᠯᠡᠵᠦ ᠨᠥᠭᠡᠴᠡᠯᠡᠬᠦ᠎ᠶᠢ ᠰᠠᠢᠲᠤᠷ ᠬᠢᠵᠦ᠂ ᠨᠢᠭᠡ ᠪᠦᠯᠦᠭ ᠡᠵᠡᠩᠨᠡᠯᠲᠡ᠎ᠶᠢᠨ ᠬᠡᠯᠪᠡᠷᠢ ᠪᠠᠢᠳᠠᠯ᠎ᠢᠶᠠᠷ ᠰᠢᠨ᠎ᠡ᠂ ᠢᠷᠡᠭᠡᠳᠦᠢ᠎ᠶᠢᠨ ᠲᠥᠯᠥᠪ᠎ᠢᠶᠠᠷ ᠰᠠᠢᠨ᠂ ᠲᠠᠲᠠᠨ ᠳᠠᠭᠠᠭᠤᠯᠬᠤ ᠴᠢᠨᠠᠷ᠎ᠢᠶᠠᠷ ᠴᠢᠩᠭ᠎ᠠ ᠭᠣᠣᠯᠳᠠᠯᠭ᠎ᠠ ᠪᠣᠯᠬᠤ ᠰᠣᠶᠣᠯ᠎ᠤᠨ ᠠᠵᠤ ᠦᠢᠯᠡᠰ᠎ᠤᠨ ᠲᠥᠷᠥᠯ ᠵᠦᠢᠯ᠎ᠢ ᠣᠷᠣᠭᠤᠯᠤᠨ ᠠᠪᠴᠢᠷᠠᠵᠤ ᠪᠣᠳᠠᠲᠠᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ 2027 ᠣᠨ᠎ᠤ ᠵᠢᠯ᠎ᠤᠨ ᠰᠡᠭᠦᠯᠴᠢ᠎ᠡᠴᠡ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠤᠰ᠎ᠤᠨ ᠥᠮᠴᠢᠯᠡᠯᠲᠦ ᠰᠣᠶᠣᠯ᠎ᠤᠨ ᠠᠵᠤ ᠠᠬᠤᠢᠯᠠᠯ᠎ᠤᠨ ᠤᠯᠤᠰ᠎ᠤᠨ ᠥᠮᠴᠢᠯᠡᠯᠲᠦ ᠬᠥᠷᠥᠩᠭᠡ᠎ᠶᠢᠨ ᠠᠰᠢᠭ᠋ ᠣᠷᠣᠯᠭ᠎ᠠ᠎ᠶᠢ ᠲᠤᠰᠢᠶᠠᠬᠤ᠎ᠠᠴᠠ ᠬᠡᠯᠲᠦᠷᠢᠭᠦᠯᠵᠦ ᠪᠣᠯᠣᠨ᠎ᠠ᠃ ᠤᠯᠤᠰ᠎ᠤᠨ ᠦᠮᠴᠢᠯᠡᠯᠲᠦ ᠬᠥᠷᠥᠩᠭᠡ᠎ᠶᠢᠨ ᠡᠵᠡᠩᠨᠡᠯᠲᠡ᠎ᠶᠢᠨ ᠲᠥᠰᠥᠪ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠤᠯᠤᠰ᠎ᠤᠨ ᠦᠮᠴᠢᠯᠡᠯᠲᠦ ᠰᠣᠶᠣᠯ᠎ᠤᠨ ᠠᠵᠤ ᠠᠬᠤᠢᠯᠠᠯ᠎ᠤᠨ ᠤᠯᠤᠰ᠎ᠤᠨ ᠰᠣᠶᠣᠯ᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠶᠢ ᠨᠢ ᠳᠡᠮᠵᠢᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠡᠳ᠋᠎ᠤᠨ ᠵᠠᠰᠠᠭ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ) 

(ᠬᠣᠶᠠᠷ) ᠭᠠᠢᠯᠢ ᠲᠠᠲᠠᠪᠤᠷᠢ᠎ᠶᠢᠨ ᠬᠠᠷᠠᠭᠠᠯᠵᠠᠯ᠎ᠤᠨ ᠲᠤᠬᠠᠢ 

9.《ᠤᠬᠠᠭᠤᠯᠭ᠎ᠠ ᠰᠣᠶᠣᠯ᠎ᠤᠨ ᠦᠷᠳᠡᠭ ᠨᠡᠮᠡᠭᠳᠡᠯ᠎ᠤᠨ ᠭᠠᠢᠯᠢ᠎ᠶᠢᠨ ᠬᠠᠷᠠᠭᠠᠯᠵᠠᠯ᠎ᠤᠨ ᠲᠦᠷᠦ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠬᠦ ᠲᠤᠬᠠᠢ ᠠᠯᠪᠠᠨ ᠵᠠᠷ》 (ᠡᠳ᠋᠎ᠤᠨ ᠵᠠᠰᠠᠭ᠎ᠤᠨ ᠶᠠᠮᠤᠨ᠂ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶᠠᠨ᠎ᠤ ᠠᠯᠪᠠᠨ ᠵᠠᠷ 2023 ᠣᠨ᠎ᠤ 60 ᠳ᠋ᠤᠭᠠᠷ ᠲᠣᠭᠠᠲᠤ)᠂ 《ᠰᠣᠶᠣᠯ᠎ᠤᠨ ᠠᠵᠤ ᠠᠬᠤᠢᠯᠠᠯ᠎ᠤᠨ ᠬᠥᠭᠵᠢᠯᠲᠡ᠎ᠶᠢ ᠳᠡᠮᠵᠢᠬᠦ ᠥᠷᠲᠡᠭ ᠨᠡᠮᠡᠭᠳᠡᠯ᠎ᠤᠨ ᠭᠠᠢᠯᠢ᠎ᠶᠢᠨ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠬᠦ ᠲᠤᠬᠠᠢ ᠠᠯᠪᠠᠨ ᠵᠠᠷ》 (ᠡᠳ᠋᠎ᠤᠨ ᠵᠠᠰᠠᠭ᠎ᠤᠨ ᠶᠠᠮᠤᠨ᠂ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶᠠᠨ᠎ᠤ ᠠᠯᠪᠠᠨ ᠵᠠᠷ 2023 ᠣᠨ᠎ᠤ 61 ᠳ᠋ᠦ᠍ᠭᠡᠷ ᠲᠣᠭᠠᠲᠤ)᠂ 《ᠰᠣᠶᠣᠯ᠎ᠤᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠳᠤᠮᠳᠠᠬᠢ ᠡᠵᠡᠩᠨᠡᠯᠲᠡ᠎ᠶᠢᠨ ᠴᠢᠨᠠᠷᠲᠠᠢ ᠰᠣᠶᠣᠯ᠎ᠤᠨ ᠠᠵᠢᠯ ᠦᠢᠯᠡᠰ᠎ᠤᠨ ᠨᠢᠭᠡᠴᠢ᠎ᠶᠢ ᠠᠵᠤ ᠠᠬᠤᠢᠯᠠᠯ ᠪᠣᠯᠭᠠᠨ ᠪᠠᠢᠭᠤᠯᠤᠯ ᠬᠤᠪᠢᠷᠠᠭᠤᠯᠬᠤ ᠬᠣᠯᠪᠣᠭᠳᠠᠯ ᠪᠦᠬᠦᠢ ᠭᠠᠢᠯᠢ ᠲᠠᠲᠠᠪᠤᠷᠢ᠎ᠶᠢᠨ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠬᠦ ᠲᠤᠬᠠᠢ ᠠᠯᠪᠠᠨ ᠵᠠᠷ》 (ᠡᠳ᠋᠎ᠤᠨ ᠵᠠᠰᠠᠭ᠎ᠤᠨ ᠶᠠᠮᠤᠨ᠂ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠂ ᠲᠥᠪ᠎ᠤᠨ ᠤᠬᠠᠭᠤᠯᠬᠤ ᠬᠡᠯᠲᠡᠰ᠎ᠤᠨ ᠠᠯᠪᠠᠨ ᠵᠠᠷ 2023 ᠣᠨ᠎ᠤ 71 ᠳ᠋ᠦ᠍ᠭᠡᠷ ᠲᠣᠭᠠᠲᠤ) ᠵᠡᠷᠭᠡ ᠪᠢᠴᠢᠭ ᠮᠠᠲᠧᠷᠢᠶᠠᠯ᠎ᠳᠤ ᠲᠣᠭᠲᠠᠭᠠᠭᠰᠠᠨ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠎ᠠ᠃ (ᠬᠠᠷᠢᠭᠤᠴᠠᠯᠭᠠᠲᠤ ᠨᠢᠭᠡᠴᠢ ᠄ ᠥᠪᠥᠷ ᠮᠣᠩᠭᠣᠯ᠎ᠤᠨ ᠭᠠᠢᠯᠢ᠎ᠶᠢᠨ ᠶᠠᠪᠤᠳᠠᠯ᠎ᠤᠨ ᠲᠣᠪᠴᠢᠶ᠎ᠠ) 

(ᠭᠤᠷᠪᠠ) ᠮᠥᠩᠭᠥᠨ ᠭᠦᠢᠯᠭᠡᠭᠡᠨ᠎ᠤ ᠦᠢᠯᠡᠴᠢᠯᠡᠭᠡ᠎ᠶᠢᠨ ᠲᠤᠬᠠᠢ 

10.ᠪᠠᠩᠬᠢ᠎ᠶᠢᠨ ᠦᠢᠯᠡᠰ᠎ᠤᠨ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶᠢᠨ ᠰᠣᠶᠣᠯ᠎ᠤᠨ ᠠᠵᠤ ᠠᠬᠤᠢᠯᠠᠯ᠎ᠳᠤ ᠦᠵᠡᠭᠦᠯᠬᠦ ᠮᠥᠩᠭᠥᠨ ᠭᠦᠢᠯᠭᠡᠭᠡᠨ᠎ᠤ ᠳᠡᠮᠵᠢᠯᠭᠡ᠎ᠶᠢᠨ ᠡᠷᠴᠢᠮ ᠪᠠ ᠦᠢᠯᠡᠴᠢᠯᠡᠭᠡᠨ᠎ᠤ ᠬᠢᠷᠢ ᠲᠦᠪᠰᠢᠨ᠎ᠢᠶᠡᠨ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠶᠢ ᠵᠣᠷᠢᠭ᠍ᠵᠢᠭᠤᠯᠤᠨ᠎ᠠ᠃ ᠳᠠᠬᠢᠨ ᠵᠢᠭᠡᠯᠡᠯᠭᠡ ᠥᠭᠬᠦ᠂ ᠳᠠᠬᠢᠨ ᠰᠠᠭᠤᠳᠬᠠᠯ ᠲᠠᠢ ᠪᠡᠯᠡᠨ ᠵᠣᠭᠣᠰ ᠰᠣᠯᠢᠬᠤ ᠵᠡᠷᠭᠡ ᠵᠣᠭᠣᠰᠤᠨ᠎ᠤ ᠲᠦᠷᠦ᠎ᠶᠢᠨ ᠪᠣᠳᠣᠯᠭ᠎ᠠ᠎ᠶᠢᠨ ᠪᠠᠭᠠᠵᠢ᠎ᠶᠢ ᠬᠡᠷᠡᠭᠯᠡᠨ᠂ ᠪᠠᠩᠬᠢ᠎ᠶᠢᠨ ᠦᠢᠯᠡᠰ᠎ᠤᠨ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶᠢ ᠬᠥᠲᠥᠯᠥᠨ ᠵᠢᠯᠤᠭᠣᠳᠴᠤ ᠪᠠᠢᠭᠠᠳ ᠰᠣᠶᠣᠯ᠎ᠤᠨ ᠠᠵᠤ ᠠᠬᠤᠢᠯᠠᠯ᠎ᠳᠤ ᠢᠲᠡᠭᠡᠮᠵᠢᠲᠦ ᠵᠢᠭᠡᠯᠡᠯᠭᠡ᠎ᠶᠢᠨ ᠳᠡᠮᠵᠢᠯᠭᠡ ᠦᠵᠡᠭᠦᠯᠬᠦ ᠡᠷᠴᠢᠮ᠎ᠢ ᠴᠢᠩᠭᠠᠷᠠᠭᠤᠯᠤᠨ᠎ᠠ᠃ ᠪᠠᠩᠬᠢ᠎ᠶᠢᠨ ᠦᠢᠯᠡᠰ᠎ᠤᠨ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶᠢᠨ ᠰᠣᠶᠣᠯ᠎ᠤᠨ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶᠢᠨ ᠣᠨᠴᠠᠯᠢᠭ᠋᠎ᠢ ᠨᠢ ᠦᠨᠳᠦᠰᠦᠯᠡᠨ᠂ ᠢᠲᠡᠭᠡᠮᠵᠢᠲᠦ ᠵᠢᠭᠡᠯᠡᠯᠭᠡ᠎ᠶᠢᠨ ᠨᠡᠷᠡᠳᠬᠦᠨ ᠪᠠ ᠲᠤᠬᠠᠢᠯᠠᠭᠰᠠᠨ ᠠᠵᠢᠯ᠎ᠤᠨ ᠵᠠᠭᠪᠤᠷ᠎ᠲᠤ ᠰᠢᠨ᠎ᠡ᠎ᠶᠢ ᠡᠭᠦᠳᠬᠦ᠎ᠶᠢ ᠳᠡᠮᠵᠢᠵᠦ᠂ ᠰᠣᠶᠣᠯ᠎ᠤᠨ ᠠᠵᠤ ᠠᠬᠤᠢᠯᠠᠯ᠎ᠳᠦ ᠦᠵᠡᠭᠦᠯᠬᠦ ᠢᠲᠡᠭᠡᠮᠵᠢᠲᠦ ᠵᠢᠭᠡᠯᠡᠯᠭᠡ᠎ᠶᠢᠨ ᠦᠢᠯᠡᠴᠢᠯᠡᠭᠡᠨ᠎ᠤ ᠴᠢᠨᠠᠷ ᠴᠢᠨᠰᠠᠭ᠎ᠠ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ ᠬᠢᠯᠢ ᠠᠯᠤᠰᠯᠠᠭᠰᠠᠨ ᠠᠷᠠᠯᠵᠢᠶᠠᠨ᠎ᠤ ᠳᠥᠭᠥᠮᠴᠢᠯᠡᠯᠲᠡ᠎ᠶᠢᠨ ᠲᠥᠷᠥ᠎ᠶᠢᠨ ᠪᠣᠳᠣᠯᠭ᠎ᠠ᠎ᠶᠢᠨ ᠳᠠᠮᠵᠢᠭᠤᠯᠤᠨ ᠪᠣᠳᠠᠲᠠᠢᠵᠢᠭᠤᠯᠬᠤ ᠴᠢᠨᠠᠷ ᠴᠢᠨᠰᠠᠭ᠎ᠠ ᠥᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠪᠠᠩᠬᠢ᠎ᠶᠢᠨ ᠦᠢᠯᠡᠰ᠎ᠤᠨ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶᠢᠨ ᠴᠢᠨᠠᠷ ᠰᠠᠢᠲᠠᠢ ᠰᠣᠶᠣᠯ᠎ᠤᠨ ᠠᠵᠤ ᠠᠬᠤᠢᠯᠠᠯ᠎ᠢ ᠲᠤᠷᠰᠢᠯᠲᠠ᠎ᠶᠢᠨ ᠴᠡᠭ᠎ᠦᠨ ᠬᠡᠪᠴᠢᠶᠡᠨ᠎ᠳᠤ ᠣᠷᠣᠭᠤᠯᠬᠤ᠎ᠶᠢ ᠵᠣᠷᠢᠭ᠍ᠵᠢᠭᠤᠯᠵᠤ᠂ ᠴᠢᠨᠠᠷ ᠰᠠᠢᠲᠠᠢ ᠠᠵᠤ ᠠᠬᠤᠢᠯᠠᠯ᠎ᠤᠨ 《ᠳᠥᠭᠥᠮᠴᠢᠯᠡᠯᠲᠡ +》 ᠬᠠᠮ ᠦᠢᠯᠡᠴᠢᠯᠡᠭᠡ᠎ᠶᠢ ᠤᠯᠠᠮ ᠨᠢᠭᠡ ᠠᠯᠬᠤᠮ ᠠᠬᠢᠭᠤᠯᠤᠨ᠎ᠠ᠃ ᠳᠠᠭᠠᠳᠬᠠᠯ᠎ᠤᠨ ᠪᠠᠢᠭᠤᠯᠤᠮᠵᠢ᠎ᠶᠢᠨ ᠰᠣᠶᠣᠯ᠎ᠤᠨ ᠨᠢᠭᠡᠴᠢ᠎ᠳᠤ ᠬᠠᠨᠳᠤᠭᠤᠯᠤᠭᠰᠠᠨ ᠳᠠᠭᠠᠳᠬᠠᠯ᠎ᠤᠨ ᠲᠤᠬᠠᠢᠯᠠᠭᠰᠠᠨ ᠠᠵᠢᠯ ᠥᠷᠨᠢᠭᠦᠯᠬᠦ᠎ᠶᠢ ᠵᠣᠷᠢᠭ᠍ᠵᠢᠭᠤᠯᠵᠤ᠂ ᠮᠡᠳᠡᠯᠭᠡ᠎ᠶᠢᠨ ᠥᠮᠴᠢᠯᠡᠯ᠎ᠤᠨ ᠡᠷᠬᠡ᠂ ᠺᠢᠨᠣ᠋ ᠲᠧᠯᠸᠢᠰ᠎ᠤᠨ ᠪᠦᠲᠦᠭᠡᠯ᠂ ᠲᠠᠢᠰᠠᠨ᠎ᠤ ᠤᠷᠠᠯᠢᠭ᠋᠂ ᠰᠣᠶᠣᠯ᠎ᠤᠨ ᠥᠪ ᠵᠡᠷᠭᠡ ᠬᠦᠷᠢᠶ᠎ᠡ ᠴᠠᠷᠠᠭᠠᠨ᠎ᠳᠠᠬᠢ ᠳᠠᠭᠠᠳᠬᠠᠯ᠎ᠤᠨ ᠨᠡᠷᠡᠳᠬᠦᠨ ᠪᠠ ᠦᠢᠯᠡᠴᠢᠯᠡᠭᠡ ᠬᠠᠩᠭᠠᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠮᠥᠩᠭᠥᠨ ᠭᠦᠢᠯᠭᠡᠭᠡᠨ᠎ᠤ ᠠᠯᠪᠠᠨ ᠭᠡᠷ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ) 

11.ᠨᠥᠬᠥᠴᠡᠯ᠎ᠳᠤ ᠨᠡᠢᠴᠡᠬᠦ ᠰᠣᠶᠣᠯ᠎ᠤᠨ ᠠᠵᠤ ᠠᠬᠤᠢᠯᠠᠯ᠎ᠤᠨ ᠦᠨᠡᠲᠦ ᠲᠡᠮᠳᠡᠭᠲᠦ᠎ᠶᠢᠨ ᠠᠷᠠᠯᠵᠢᠶᠠᠨ᠎ᠤ ᠭᠠᠵᠠᠷ᠎ᠲᠤ ᠰᠲ᠋ᠣᠺ᠎ᠤᠨ ᠵᠠᠬ᠎ᠠ᠎ᠳᠤ ᠭᠠᠷᠬᠤ ᠪᠠ ᠳᠠᠬᠢᠨ ᠪᠡᠯᠡ ᠲᠣᠬᠢᠷᠠᠭᠤᠯᠬᠤ᠎ᠶᠢ ᠳᠡᠮᠵᠢᠵᠦ᠂ ᠬᠥᠷᠥᠩᠭᠡ᠎ᠶᠢᠨ ᠵᠠᠬ᠎ᠠ ᠳᠡᠯᠭᠡᠭᠦᠷ᠎ᠢ ᠢᠳᠡᠪᠬᠢᠲᠡᠢ ᠠᠰᠢᠭ᠍ᠯᠠᠵᠤ ᠪᠠᠢᠭᠠᠳ ᠨᠡᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶ᠋ᠢᠭᠤᠯᠬᠤ᠎ᠶᠢ ᠥᠷᠨᠢᠭᠦᠯᠦᠨ᠎ᠡ᠃ ᠨᠥᠬᠥᠴᠡᠯ᠎ᠳᠤ ᠨᠡᠢᠴᠡᠬᠦ ᠰᠣᠶᠣᠯ᠎ᠤᠨ ᠠᠵᠤ ᠠᠬᠤᠢᠯᠠᠯ᠎ᠤᠨ ᠵᠢᠭᠡᠯᠡᠯᠭᠡ᠎ᠶᠢᠨ ᠲᠡᠮᠳᠡᠭᠲᠦ ᠲᠠᠷᠬᠠᠭᠠᠵᠤ ᠪᠡᠯᠡ ᠲᠣᠬᠢᠷᠠᠭᠤᠯᠬᠤ᠎ᠶᠢ ᠳᠡᠮᠵᠢᠨ᠎ᠡ᠃ ᠨᠥᠬᠥᠴᠡᠯ᠎ᠳᠤ ᠨᠡᠢᠴᠡᠬᠦ ᠵᠢᠭᠤᠯᠴᠢᠯᠠᠯ᠎ᠤᠨ ᠰᠠᠭᠤᠷᠢ ᠪᠡᠯᠡᠳᠬᠡᠮᠵᠢ᠎ᠶᠢᠨ ᠲᠥᠷᠥᠯ ᠵᠦᠢᠯ᠎ᠤᠨ ᠰᠠᠭᠤᠷᠢ ᠪᠡᠯᠡᠳᠬᠡᠮᠵᠢ᠎ᠶᠢᠨ ᠬᠦᠷᠢᠶ᠎ᠡ ᠴᠠᠷᠠᠭᠠᠨ᠎ᠳᠠᠬᠢ ᠥᠯᠥ ᠬᠥᠳᠡᠯᠬᠦ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ ᠢᠲᠡᠭᠡᠮᠵᠢᠲᠦ ᠨᠠᠶ᠋ᠢᠳᠠᠯᠭ᠎ᠠ᠎ᠶᠢᠨ ᠰᠠᠭᠤᠷᠢ ᠮᠥᠩᠭᠥ ᠲᠠᠷᠬᠠᠭᠠᠬᠤ᠎ᠶᠢ ᠳᠡᠮᠵᠢᠨ᠎ᠡ᠃ ᠨᠡᠢᠭᠡᠮ᠎ᠤᠨ ᠬᠥᠷᠥᠩᠭᠡ ᠪᠤᠶᠤ ᠬᠠᠮᠢᠶ᠎ᠠ ᠪᠦᠬᠦᠢ ᠠᠵᠤ ᠠᠬᠤᠢᠯᠠᠯ᠎ᠤᠨ ᠲᠤᠰᠬᠠᠢ ᠵᠦᠢᠯ᠎ᠤᠨ ᠰᠠᠭᠤᠷᠢ ᠮᠥᠩᠭᠥ ᠪᠠᠢᠭᠤᠯᠵᠤ᠂ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠥᠷᠥᠯ ᠵᠦᠢᠯ᠎ᠳᠤ ᠪᠡᠯᠡ ᠣᠷᠣᠭᠤᠯᠬᠤ᠎ᠶᠢ ᠵᠣᠷᠢᠭ᠍ᠵᠢᠭᠤᠯᠤᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠮᠥᠩᠭᠥᠨ ᠭᠦᠢᠯᠭᠡᠭᠡᠨ᠎ᠤ ᠠᠵᠢᠯ᠎ᠤᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠥᠪᠥᠷ ᠮᠣᠩᠭᠣᠯ᠎ᠤᠨ ᠲᠡᠮᠳᠡᠭᠲᠦ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ) 

12.ᠰᠣᠶᠣᠯ᠎ᠤᠨ ᠠᠵᠤ ᠠᠬᠤᠢᠯᠠᠯ᠎ᠤᠨ ᠳᠠᠯᠳᠠ ᠡᠳ᠋ ᠬᠥᠷᠥᠩᠭᠡ᠎ᠶᠢᠨ ᠡᠷᠬᠡ᠎ᠶᠢ ᠨᠤᠲᠠᠯᠠᠨ ᠲᠣᠭᠲᠠᠭᠠᠬᠤ᠂ ᠳᠡᠩᠰᠡᠯᠡᠨ ᠲᠡᠮᠳᠡᠭᠯᠡᠬᠦ᠂ ᠨᠠᠢᠳᠠᠨ ᠬᠠᠮᠢᠶᠠᠷᠤᠭᠤᠯᠬᠤ᠂ ᠪᠡᠯᠡ ᠣᠷᠣᠭᠤᠯᠬᠤ᠂ ᠭᠦᠢᠯᠭᠡᠭᠡᠬᠦ ᠪᠠ ᠰᠢᠢᠳᠪᠦᠷᠢᠯᠡᠬᠦ ᠲᠣᠭᠲᠠᠯᠴᠠᠭ᠎ᠠ᠎ᠶᠢ ᠲᠡᠭᠦᠯᠳᠡᠷᠵᠢᠭᠦᠯᠵᠦ᠂ ᠪᠠᠩᠬᠢ᠎ᠶᠢᠨ ᠦᠢᠯᠡᠰ᠎ᠤᠨ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶᠢᠨ ᠳᠠᠯᠳᠠ ᠡᠳ᠋ ᠬᠥᠷᠥᠩᠭᠡ᠎ᠶᠢ ᠪᠠᠷᠢᠴᠠᠭᠠᠯᠠᠬᠤ᠂ ᠳᠠᠨᠵᠢᠯᠠᠵᠤ ᠵᠢᠭᠡᠯᠡᠯᠭᠡ ᠵᠢᠭᠡᠯᠡᠬᠦ ᠵᠠᠭᠪᠤᠷ᠎ᠢᠶᠡᠨ ᠪᠦᠷᠢᠨᠰᠢᠭᠦᠯᠵᠦ᠂ ᠮᠥᠩᠭᠥᠨ ᠭᠦᠢᠯᠭᠡᠭᠡᠨ᠎ᠤ ᠨᠡᠷᠡᠳᠬᠦᠨ ᠪᠠ ᠦᠢᠯᠡᠴᠢᠯᠡᠭᠡᠨ᠎ᠳᠤ ᠰᠢᠨ᠎ᠡ᠎ᠶᠢ ᠡᠭᠦᠳᠬᠦ᠎ᠶᠢ ᠳᠡᠮᠵᠢᠨ᠎ᠡ᠃ ᠬᠡᠪᠯᠡᠯ᠎ᠤᠨ ᠡᠷᠬᠡ᠎ᠶᠢ ᠳᠠᠩᠰᠠᠯᠠᠨ ᠲᠡᠮᠳᠡᠭᠯᠡᠬᠦ ᠴᠣᠪᠣᠷᠠᠯ᠎ᠢ ᠲᠡᠭᠦᠯᠳᠡᠷᠵᠢᠭᠦᠯᠵᠦ᠂ ᠬᠡᠪᠯᠡᠯ᠎ᠤᠨ ᠡᠷᠬᠡ᠎ᠶᠢᠨ ᠪᠡᠯᠡ ᠲᠣᠬᠢᠷᠠᠭᠤᠯᠭ᠎ᠠ᠎ᠶᠢᠨ ᠦᠢᠯᠡᠴᠢᠯᠡᠭᠡᠨ᠎ᠤ ᠳᠦᠭᠦᠮᠴᠢᠯᠡᠯᠲᠡ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠮᠥᠩᠭᠥᠨ ᠭᠦᠢᠯᠭᠡᠭᠡᠨ᠎ᠤ ᠠᠵᠢᠯ᠎ᠤᠨ ᠠᠯᠪᠠᠨ ᠭᠡᠷ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ) 

(ᠳᠥᠷᠪᠡ) ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠳᠤ ᠰᠢᠨ᠎ᠡ᠎ᠶᠢ ᠡᠭᠦᠳᠬᠦ ᠲᠤᠬᠠᠢ 

13.ᠰᠣᠶᠣᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠠᠭᠤᠰᠤᠯᠴᠠᠭᠤᠯᠤᠭᠰᠠᠨ ᠬᠠᠮᠵᠢᠯᠴᠠᠨ ᠬᠠᠮᠲᠤᠷᠠᠯᠴᠠᠬᠤ ᠲᠣᠭᠲᠠᠴᠠ᠎ᠶᠢ ᠰᠦᠪᠡᠭᠴᠢᠯᠡᠨ ᠪᠠᠢᠭᠤᠯᠵᠤ᠂ ᠰᠣᠯᠢᠯᠴᠠᠭᠠᠨ᠎ᠤ ᠲᠠᠪᠴᠠᠩ᠎ᠢ ᠪᠠᠢᠭᠤᠯᠤᠨ᠂ ᠰᠣᠶᠣᠯ᠎ᠤᠨ ᠪᠠᠢᠭᠤᠯᠤᠮᠵᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠠᠵᠤ ᠠᠬᠤᠢᠯᠠᠯ᠂ ᠪᠦᠲᠦᠭᠡᠯᠴᠢ ᠠᠵᠤ ᠦᠢᠯᠡᠰ ᠵᠡᠷᠭᠡ ᠣᠯᠠᠨ ᠲᠠᠯ᠎ᠠ᠎ᠶᠢᠨ ᠬᠠᠮᠲᠤᠷᠠᠯᠴᠠᠭ᠎ᠠ᠎ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠥᠭᠵᠢᠯᠲᠡ᠎ᠶᠢᠨ ᠬᠠᠮᠢᠶ᠎ᠠ ᠪᠦᠬᠦᠢ ᠲᠥᠯᠦᠪᠵᠢᠭᠦᠯᠭᠡ᠎ᠳᠤ ᠰᠣᠶᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ᠎ᠶᠢ ᠳᠡᠮᠵᠢᠬᠦ ᠡᠷᠴᠢᠮ᠎ᠢᠶᠠᠨ ᠴᠢᠩᠭᠠᠷᠠᠭᠤᠯᠵᠤ᠂ ᠰᠣᠶᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠲᠠᠪᠴᠠᠩ᠎ᠢ ᠲᠦᠷᠭᠡᠳᠬᠡᠨ ᠪᠠᠢᠷᠢᠰᠢᠭᠤᠯᠵᠤ᠂ ᠰᠣᠨᠢᠨ ᠮᠡᠳᠡᠭᠡ ᠬᠡᠪᠯᠡᠯ᠂ ᠷᠠᠳᠢᠣ᠋ ᠲᠧᠯᠸᠢᠰ᠂ ᠰᠣᠶᠣᠯ᠎ᠤᠨ ᠥᠪ ᠵᠡᠷᠭᠡ ᠬᠦᠷᠢᠶ᠎ᠡ ᠴᠠᠷᠠᠭᠠᠨ᠎ᠳᠤ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠣᠯᠬᠤ ᠲᠤᠷᠰᠢᠯᠲᠠ᠎ᠶᠢᠨ ᠲᠠᠰᠤᠭ᠎ᠢ ᠪᠣᠢᠵᠢᠭᠤᠯᠤᠨ ᠪᠦᠲᠦᠭᠡᠨ ᠪᠠᠶ᠋ᠢᠭᠤᠯᠬᠤ᠎ᠶᠢ ᠳᠡᠮᠵᠢᠵᠦ᠂ ᠰᠣᠶᠣᠯ᠎ᠤᠨ ᠬᠦᠷᠢᠶ᠎ᠡ ᠴᠠᠷᠠᠭᠠᠨ᠎ᠳᠤ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ᠎ᠶᠢ ᠡᠭᠦᠳᠬᠦ ᠲᠥᠪ᠎ᠢ ᠪᠣᠢᠵᠢᠭᠤᠯᠤᠨ ᠪᠦᠲᠦᠭᠡᠨ ᠪᠠᠶ᠋ᠢᠭᠤᠯᠬᠤ᠎ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ᠎ᠳᠤ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠠᠮᠢᠶ᠎ᠠ ᠪᠦᠬᠦᠢ ᠭᠣᠣᠯᠳᠠᠯᠭ᠎ᠠ ᠪᠣᠯᠬᠤ ᠴᠢᠭᠯᠡᠯ᠎ᠢ ᠪᠠᠢᠷᠢᠰᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ ᠨᠡᠢᠲᠡᠴᠢ ᠴᠢᠨᠠᠷᠲᠠᠢ ᠵᠠᠩᠭᠢᠯᠠᠭ᠎ᠠ᠎ᠶᠢᠨ ᠮᠡᠷᠭᠡᠵᠢᠯ᠎ᠤᠨ ᠰᠤᠳᠤᠯᠤᠨ ᠨᠡᠭᠡᠭᠡᠯᠲᠡ ᠪᠠ ᠰᠢᠰᠲᠧᠮᠲᠦ ᠬᠤᠷᠠᠮᠠᠯ᠎ᠢ ᠴᠢᠩᠭᠠᠳᠬᠠᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠷᠠᠳᠢᠣ᠋ ᠲᠧᠯᠸᠢᠰ᠎ᠤᠨ ᠲᠣᠪᠴᠢᠶ᠎ᠠ)

14. ᠰᠣᠶᠣᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠠᠭᠤᠰᠤᠯᠴᠠᠭᠤᠯᠤᠭᠰᠠᠨ ᠠᠵᠤ ᠠᠬᠤᠢᠯᠠᠯ᠂ ᠬᠦᠷᠢᠶᠡᠯᠡᠩ ᠲᠣᠭᠣᠷᠢᠭ᠋᠎ᠤᠨ ᠬᠥᠭᠵᠢᠯᠲᠡ᠎ᠶᠢ ᠳᠡᠮᠵᠢᠨ᠎ᠡ᠃ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠳᠤ ᠰᠢᠨ᠎ᠡ᠎ᠶᠢ ᠡᠭᠦᠳᠬᠦ ᠦᠢᠯᠡᠴᠢᠯᠡᠭᠡᠨ᠎ᠤ ᠲᠣᠭᠲᠠᠯᠴᠠᠭ᠎ᠠ᠎ᠶᠢ ᠪᠦᠷᠢᠨᠰᠢᠭᠦᠯᠵᠦ᠂ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯᠯᠠᠭᠠᠨ᠎ᠢ ᠦᠷᠭᠦᠯᠵᠢᠯᠡᠨ ᠥᠷᠨᠢᠭᠦᠯᠵᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ᠎ᠢ ᠬᠥᠲᠥᠯᠥᠨ ᠵᠢᠯᠤᠭᠣᠳᠴᠤ ᠪᠠᠢᠭᠠᠳ ᠰᠣᠶᠣᠯ᠎ᠤᠨ ᠬᠦᠷᠢᠶ᠎ᠡ ᠴᠠᠷᠠᠭᠠᠨ᠎ᠳᠡᠬᠢ ᠠᠵᠤ ᠠᠬᠤᠢᠯᠠᠯ᠎ᠳᠤ ᠡᠯ᠎ᠡ ᠲᠦᠷᠦᠯ᠎ᠤᠨ ᠨᠠᠷᠢᠯᠢᠭ᠋ ᠣᠨᠣᠴᠠᠲᠠᠢ ᠰᠢᠨ᠎ᠡ᠎ᠶᠢ ᠡᠭᠦᠳᠬᠦ ᠦᠢᠯᠡᠴᠢᠯᠡᠭᠡ ᠬᠠᠩᠭᠠᠯᠭᠠᠵᠤ᠂ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠦᠨ ᠤᠯᠠᠷᠢᠭᠤᠯᠤᠯᠲᠠ᠎ᠶᠢ ᠲᠦᠷᠭᠡᠳᠬᠡᠨ᠎ᠡ᠃ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ᠎ᠤᠨ ᠠᠵᠤ ᠠᠬᠤᠢᠯᠠᠯ᠎ᠤᠨ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢᠯᠠᠯ᠂ ᠠᠵᠤ ᠦᠢᠯᠡᠳᠪᠦᠷᠢ᠎ᠶᠢᠨ ᠵᠢᠷᠤᠭ ᠲᠥᠯᠥᠪᠯᠡᠭᠡ᠎ᠶᠢᠨ ᠲᠥᠪ᠎ᠢᠶᠡᠷ ᠭᠤᠶᠤᠴᠢᠯᠠᠨ ᠮᠡᠳᠡᠭᠦᠯᠬᠦ᠎ᠶᠢ ᠵᠣᠷᠢᠭ᠍ᠵᠢᠭᠤᠯᠵᠤ᠂ ᠰᠢᠨ᠎ᠡ᠎ᠪᠠᠷ ᠮᠠᠭᠠᠳᠯᠠᠨ ᠲᠣᠭᠲᠠᠭᠠᠭᠳᠠᠭᠰᠠᠨ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢᠯᠠᠯ᠎ᠳᠤ 15 ᠲᠦᠮᠡᠨ ᠲᠥᠭᠥᠷᠢᠭ᠎ᠤᠨ ᠨᠢᠭᠡ ᠯᠠ ᠤᠳᠠᠭ᠎ᠠ᠎ᠶᠢᠨ ᠴᠢᠨᠠᠷᠲᠠᠢ ᠰᠤᠳᠤᠯᠤᠨ ᠨᠡᠭᠡᠭᠡᠬᠦ ᠵᠠᠷᠤᠳᠠᠯ᠎ᠤᠨ ᠨᠥᠬᠥᠪᠦᠷᠢ ᠣᠯᠭᠣᠨ᠎ᠠ᠃ ᠰᠣᠶᠣᠯ᠎ᠤᠨ ᠠᠵᠤ ᠠᠬᠤᠢᠯᠠᠯ᠎ᠤᠨ ᠰᠣᠶᠣᠯ᠎ᠤᠨ ᠬᠦᠷᠢᠶ᠎ᠡ ᠴᠠᠷᠠᠭᠠᠨ᠎ᠳᠠᠬᠢ ᠤᠯᠤᠰ᠎ᠤᠨ ᠴᠢᠬᠤᠯᠠ ᠶᠡᠬᠡ ᠮᠡᠷᠭᠡᠵᠢᠯ᠎ᠤᠨ ᠰᠢᠪᠲᠤᠯᠤᠯᠲᠠ᠎ᠶᠢᠨ ᠡᠭᠦᠷᠭᠡ᠎ᠶᠢ ᠲᠦᠷᠦᠭᠦᠯᠡᠨ ᠡᠭᠦᠷᠭᠡᠯᠡᠬᠦ᠎ᠶᠢ ᠳᠡᠮᠵᠢᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠷᠠᠳᠢᠣ᠋ ᠲᠧᠯᠸᠢᠰ᠎ᠤᠨ ᠲᠣᠪᠴᠢᠶ᠎ᠠ) 

15. ᠤᠯᠤᠰ᠎ᠤᠨ ᠰᠣᠶᠣᠯ᠎ᠤᠨ ᠳ᠋ᠢᠭᠢᠲᠴᠢᠯᠡᠭᠰᠡᠨ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠰᠣᠶᠣᠯ ᠠᠯᠤᠰᠯᠠᠭ᠎ᠠ ᠰᠠᠯᠠᠭ᠎ᠠ ᠮᠥᠴᠢᠷ᠎ᠤᠨ ᠶᠡᠷᠦᠩᠬᠡᠢᠯᠡᠭᠰᠡᠨ ᠳ᠋ᠠᠢᠲ᠋ᠠ᠎ᠶᠢᠨ ᠦᠢᠯᠡᠴᠢᠯᠡᠭᠡᠨ᠎ᠤ ᠲᠥᠷᠥᠯ ᠬᠡᠯᠪᠡᠷᠢ᠎ᠶᠢᠨ ᠲᠠᠪᠴᠠᠩ᠎ᠢ ᠪᠠᠢᠭᠤᠯᠤᠨ᠂ ᠰᠣᠶᠣᠯ᠎ᠤᠨ ᠬᠦᠷᠢᠶ᠎ᠡ ᠴᠠᠷᠠᠭᠠᠨ᠎ᠳᠠᠬᠢ ᠲᠣᠮᠣ᠌ ᠬᠡᠪ ᠵᠠᠭᠪᠤᠷ᠎ᠤᠨ ᠪᠦᠲᠦᠭᠡᠨ ᠪᠠᠢᠭᠤᠯᠤᠯᠲᠠ᠎ᠶᠢ ᠳᠡᠮᠵᠢᠨ᠎ᠡ᠃ ᠵᠣᠬᠢᠶᠠᠮᠠᠯ ᠤᠶᠤᠨ᠎ᠤ ᠴᠢᠨᠠᠷ ᠰᠠᠢᠲᠠᠢ ᠳ᠋ᠠᠢᠲ᠋ᠠ᠎ᠶᠢᠨ ᠴᠤᠭᠯᠠᠷᠠᠯ ᠪᠠ ᠢᠲᠡᠭᠡᠮᠵᠢᠲᠦ ᠳ᠋ᠠᠢᠲ᠋ᠠ᠎ᠶᠢᠨ ᠣᠷᠣᠨ ᠵᠠᠢ ᠪᠠᠶ᠋ᠢᠭᠤᠯᠬᠤ᠎ᠶᠢ ᠵᠣᠷᠢᠭ᠍ᠵᠢᠭᠤᠯᠵᠤ᠂ ᠰᠣᠶᠣᠯ᠎ᠤᠨ ᠳ᠋ᠠᠢᠲ᠋ᠠ᠎ᠶᠢᠨ 《ᠡᠭᠦᠰᠬᠡᠬᠦ ᠴᠤᠭᠯᠠᠭᠤᠯᠬᠤ ᠬᠠᠳᠠᠭᠠᠯᠠᠬᠤ ᠪᠣᠳᠣᠬᠤ ᠬᠡᠷᠡᠭᠯᠡᠬᠦ ᠠᠷᠠᠯᠵᠢᠶᠠᠯᠠᠬᠤ ᠵᠠᠰᠠᠬᠤ ᠠᠮᠦᠷ ᠲᠦᠪᠰᠢᠨ ᠪᠠᠢᠬᠣ》᠎ᠶᠢ ᠠᠬᠢᠭᠤᠯᠤᠨ᠎ᠠ᠃ ᠪᠣᠬᠢᠷᠲᠤᠯ ᠦᠭᠡᠢ ᠪᠤᠳᠤᠬᠤ ᠴᠢᠳᠠᠪᠤᠷᠢ᠎ᠶᠢᠨ ᠬᠡᠷᠡᠭᠯᠡᠯᠲᠡ᠎ᠶᠢᠨ ᠠᠬᠤᠢ ᠪᠠᠢᠳᠠᠯ᠎ᠢ ᠶᠡᠬᠡ᠎ᠪᠡᠷ ᠥᠷᠭᠡᠳᠬᠡᠵᠦ᠂ ᠰᠣᠶᠣᠯ᠎ᠤᠨ ᠠᠵᠤ ᠦᠢᠯᠡᠰ ᠪᠠ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠤ ᠳ᠋ᠢᠭᠢᠲᠴᠢᠯᠡᠭᠰᠡᠨ ᠬᠡᠯᠪᠡᠷᠢ᠎ᠪᠠᠨ ᠬᠤᠪᠢᠷᠠᠭᠤᠯᠬᠤ᠎ᠳᠤ ᠬᠦᠴᠦᠨ ᠴᠢᠳᠠᠮᠵᠢ᠎ᠶᠢ ᠨᠢ ᠡᠷᠴᠢᠮᠯᠡᠨ᠂ ᠤᠯᠤᠰ᠎ᠤᠨ ᠳ᠋ᠠᠢᠲ᠋ᠠ᠎ᠶᠢᠨ ᠲᠣᠪᠴᠢᠶᠠᠨ᠎ᠤ 《ᠳ᠋ᠠᠢᠲ᠋ᠠ᠎ᠶᠢᠨ ᠬᠦᠴᠦᠨ ᠵᠦᠢᠯ ×》 ᠨᠡᠢᠲᠡᠯᠢᠭ ᠬᠡᠷᠡᠭ᠎ᠤᠨ ᠵᠢᠱ᠌ᠢᠶ᠎ᠡ᠎ᠳᠦ ᠣᠷᠣᠭᠰᠠᠨ ᠲᠥᠷᠥᠯ ᠵᠦᠢᠯ᠎ᠳᠤ ᠬᠠᠮᠤᠭ᠎ᠤᠨ ᠥᠨᠳᠥᠷ᠎ᠲᠤ᠎ᠪᠠᠨ 200 ᠲᠦᠮᠡᠨ ᠲᠥᠭᠥᠷᠢᠭ᠎ᠠᠴᠠ ᠥᠯᠥ ᠬᠡᠲᠦᠷᠡᠬᠦ ᠨᠢᠭᠡ ᠯᠡ ᠤᠳᠠᠭ᠎ᠠ᠎ᠶᠢᠨ ᠴᠢᠨᠠᠷᠲᠠᠢ ᠱᠠᠩᠨᠠᠯ ᠣᠯᠭᠣᠨ᠎ᠠ᠃ ᠰᠣᠶᠣᠯ᠎ᠤᠨ ᠠᠷᠠᠯᠵᠢᠶᠠᠨ᠎ᠤ ᠳ᠋ᠢᠭᠢᠲᠴᠢᠯᠡᠭᠰᠡᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠳ᠋ᠢᠭᠢᠲ ᠰᠣᠶᠣᠯ᠎ᠤᠨ ᠠᠭᠤᠯᠭ᠎ᠠ᠎ᠶᠢᠨ ᠪᠠᠢᠭᠤᠯᠤᠯᠲᠠ ᠪᠠ ᠳᠡᠯᠡᠬᠡᠢᠴᠢᠯᠡᠭᠰᠡᠨ ᠬᠥᠭᠵᠢᠯᠲᠡ᠎ᠶᠢ ᠬᠥᠲᠥᠯᠥᠨ ᠵᠢᠯᠣᠭᠣᠳᠤᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠨᠠᠮ᠎ᠤᠨ ᠬᠣᠷᠢᠶᠠᠨ᠎ᠤ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠬᠣᠷᠢᠶᠠᠨ᠎ᠤ ᠠᠯᠪᠠᠨ ᠭᠡᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠷᠠᠳᠢᠣ᠋ ᠲᠧᠯᠸᠢᠰ᠎ᠤᠨ ᠲᠣᠪᠴᠢᠶ᠎ᠠ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ) 

(ᠲᠠᠪᠤ) ᠭᠠᠵᠠᠷ ᠬᠡᠷᠡᠭᠯᠡᠬᠦ ᠪᠠᠲᠤᠯᠠᠭ᠎ᠠ᠎ᠶᠢᠨ ᠲᠤᠬᠠᠢ 

16. ᠡᠵᠡᠩᠨᠡᠯᠲᠡ᠎ᠶᠢᠨ ᠴᠢᠨᠠᠷᠲᠠᠢ ᠰᠣᠶᠣᠯ᠎ᠤᠨ ᠠᠵᠢᠯ ᠦᠢᠯᠡᠰ᠎ᠤᠨ ᠨᠢᠭᠡᠴᠢ᠎ᠨᠢ ᠪᠠᠢᠭᠤᠯᠤᠯ᠎ᠢᠶᠠᠨ ᠬᠤᠪᠢᠷᠠᠭᠤᠯᠤᠭᠠᠳ ᠡᠩ᠎ᠤᠨ ᠥᠷᠢᠰᠦᠯᠳᠦᠭᠡᠨ᠎ᠤ ᠴᠢᠨᠠᠷᠲᠠᠢ ᠠᠵᠤ ᠠᠬᠤᠢᠯᠠᠯ ᠪᠣᠯᠣᠭᠰᠠᠨ ᠪᠠᠢᠪᠠᠯ᠂ ᠲᠡᠭᠦᠨ᠎ᠤ ᠬᠡᠷᠡᠭᠯᠡᠵᠦ ᠪᠠᠢᠭᠰᠠᠨ ᠤᠤᠯ᠎ᠤᠨ ᠦᠢᠯᠡᠳᠪᠦᠷᠢᠯᠡᠯ ᠡᠵᠡᠩᠨᠡᠯᠲᠡ᠎ᠶᠢᠨ ᠴᠢᠨᠠᠷᠲᠠᠢ ᠬᠤᠪᠢᠶᠠᠷᠢᠯᠠᠨ ᠰᠠᠯᠭᠠᠭᠰᠠᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠢ ᠪᠠᠢᠭᠤᠯᠤᠯ᠎ᠢᠶᠠᠨ ᠬᠤᠪᠢᠷᠠᠭᠤᠯᠤᠭᠰᠠᠨ᠎ᠤ ᠳᠠᠷᠠᠭ᠎ᠠ ᠬᠤᠪᠢᠶᠠᠷᠢᠯᠠᠨ ᠰᠠᠯᠭᠠᠵᠤ ᠬᠡᠷᠡᠭᠯᠡᠬᠦ ᠭᠠᠵᠠᠷ᠎ᠤᠨ ᠬᠠᠤᠯᠢ᠎ᠪᠠᠷ ᠲᠣᠭᠲᠠᠭᠠᠭᠰᠠᠨ ᠬᠦᠷᠢᠶ᠎ᠡ ᠬᠡᠪᠴᠢᠶᠡᠨ᠎ᠳᠤ ᠨᠡᠢᠴᠡᠭᠰᠡᠨ᠎ᠢ ᠨᠢ ᠦᠷᠭᠦᠯᠵᠢᠯᠡᠨ ᠬᠤᠪᠢᠶᠠᠷᠢᠯᠠᠨ ᠰᠠᠯᠭᠠᠵᠤ ᠥᠭᠬᠦ ᠠᠷᠭ᠎ᠠ ᠮᠠᠶᠢᠭ᠋᠎ᠢᠶᠠᠷ ᠬᠡᠷᠡᠭᠯᠡᠵᠦ ᠪᠣᠯᠣᠨ᠎ᠠ﹔ ᠪᠠᠢᠭᠤᠯᠤᠯ᠎ᠢᠶᠠᠨ ᠬᠤᠪᠢᠷᠠᠭᠤᠯᠤᠭᠰᠠᠨ᠎ᠤ ᠳᠠᠷᠠᠭ᠎ᠠ ᠬᠤᠪᠢᠶᠠᠷᠢᠯᠠᠨ ᠰᠠᠯᠭᠠᠵᠤ ᠬᠡᠷᠡᠭᠯᠡᠬᠦ ᠭᠠᠵᠠᠷ᠎ᠤᠨ ᠬᠠᠤᠯᠢ᠎ᠪᠠᠷ ᠲᠣᠭᠲᠠᠭᠠᠭᠰᠠᠨ ᠬᠦᠷᠢᠶ᠎ᠡ ᠬᠡᠪᠴᠢᠶᠡᠨ᠎ᠳᠤ ᠨᠡᠢᠴᠡᠬᠦ ᠦᠭᠡᠢ᠎ᠶᠢ ᠨᠢ᠂ ᠬᠤᠪᠢᠶᠠᠷᠢᠯᠠᠨ ᠰᠠᠯᠭᠠᠵᠤ ᠥᠭᠬᠦ ᠲᠣᠭᠲᠠᠭᠠᠯ᠎ᠤᠨ ᠪᠢᠴᠢᠭ᠎ᠲᠤ ᠤᠯᠤᠰ᠎ᠤᠨ ᠦᠮᠴᠢᠯᠡᠯᠲᠦ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ᠎ᠶᠢ ᠬᠣᠷᠢᠶᠠᠨ ᠠᠪᠴᠤ ᠳᠠᠬᠢᠨ ᠢᠯᠡ᠎ᠪᠠᠷ ᠲᠦᠯᠦᠪᠦᠷᠢᠲᠡᠢ ᠰᠢᠯᠵᠢᠭᠦᠯᠬᠦ᠎ᠪᠠᠷ ᠲᠣᠳᠣᠷᠬᠠᠢ ᠲᠣᠭᠲᠠᠭᠠᠭᠰᠠᠨ᠎ᠢ ᠭᠠᠷᠭᠠᠪᠠᠯ᠂ ᠬᠠᠤᠯᠢ ᠶᠣᠰᠣᠭᠠᠷ ᠵᠥᠪᠰᠢᠶᠡᠷᠡᠭᠦᠯᠦᠭᠡᠳ᠂ ᠵᠥᠪᠯᠡᠯᠴᠡᠭᠡᠷ᠎ᠢᠶᠡᠷ ᠲᠦᠯᠦᠪᠦᠷᠢᠲᠡᠢ ᠰᠢᠯᠵᠢᠭᠦᠯᠬᠦ ᠠᠷᠭ᠎ᠠ ᠮᠠᠶᠢᠭ᠋᠎ᠢᠶᠠᠷ ᠲᠥᠯᠥᠪᠦᠷᠢ᠎ᠲᠠᠢ᠎ᠪᠠᠷ ᠭᠠᠵᠠᠷ ᠬᠡᠷᠡᠭᠯᠡᠬᠦ ᠭᠠᠷᠳᠠᠮ᠎ᠢ ᠭᠦᠢᠴᠡᠳᠬᠡᠵᠦ ᠪᠣᠯᠣᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ) 

17. ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠬᠦ᠎ᠶᠢᠨ ᠬᠠᠮᠲᠤ ᠲᠠᠰ ᠳᠠᠷᠠᠭᠠᠯᠠᠯ᠎ᠢᠶᠠᠨ ᠭᠦᠢᠴᠡᠳᠬᠡᠭᠰᠡᠨ᠎ᠤ ᠳᠠᠷᠠᠭ᠎ᠠ᠂ ᠡᠵᠡᠩᠨᠡᠯᠲᠡ᠎ᠶᠢᠨ ᠴᠢᠨᠠᠷᠲᠠᠢ ᠰᠣᠶᠣᠯ᠎ᠤᠨ ᠠᠵᠢᠯ ᠦᠢᠯᠡᠰ᠎ᠤᠨ ᠨᠢᠭᠡᠴᠢ᠎ᠨᠢ ᠪᠠᠢᠭᠤᠯᠤᠯ᠎ᠢᠶᠠᠨ ᠬᠤᠪᠢᠷᠠᠭᠤᠯᠤᠭᠠᠳ ᠤᠯᠤᠰ᠎ᠤᠨ ᠥᠮᠴᠢᠯᠡᠯᠲᠦ ᠲᠤᠰᠠᠭᠠᠷ ᠪᠡᠯᠡᠲᠦ ᠪᠤᠶᠤ ᠤᠯᠤᠰ᠎ᠤᠨ ᠥᠮᠴᠢᠯᠡᠯᠲᠦ ᠬᠣᠪᠢ ᠡᠵᠡᠮᠳᠡᠬᠦ ᠠᠵᠤ ᠠᠬᠤᠢᠯᠠᠯ ᠪᠣᠯᠤᠭᠰᠠᠨ ᠪᠠᠢᠪᠠᠯ᠂ ᠲᠡᠭᠦᠨ᠎ᠤ ᠤᠤᠯ᠎ᠤᠨ ᠦᠢᠯᠡᠳᠪᠦᠷᠢᠯᠡᠯ ᠡᠵᠡᠩᠨᠡᠯᠲᠡ᠎ᠶᠢᠨ ᠴᠢᠨᠠᠷᠲᠠᠢ ᠬᠤᠪᠢᠶᠠᠷᠢᠯᠠᠨ ᠰᠠᠯᠭᠠᠵᠤ ᠬᠡᠷᠡᠭᠯᠡᠬᠦ ᠭᠠᠵᠠᠷ᠎ᠢ ᠵᠦᠪᠰᠢᠶᠡᠷᠡᠭᠦᠯᠦᠭᠰᠡᠨ᠎ᠦ ᠳᠠᠷᠠᠭ᠎ᠠ ᠬᠠᠩᠰᠢᠯᠠᠵᠤ ᠪᠡᠯᠡ ᠭᠠᠷᠭᠠᠬᠤ (ᠬᠤᠪᠢ ᠣᠷᠣᠭᠤᠯᠬᠤ) ᠠᠷᠭ᠎ᠠ ᠮᠠᠶᠢᠭ᠋᠎ᠢᠶᠠᠷ ᠲᠣᠬᠢᠷᠠᠭᠤᠯᠵᠤ ᠪᠣᠯᠣᠨ᠎ᠠ᠃ ᠤᠯᠤᠰ᠎ᠤᠨ ᠲᠠᠰ ᠳᠠᠪᠬᠤᠷᠭ᠎ᠠ᠎ᠠᠴᠠ ᠨᠡᠢᠲᠡᠯᠡᠭᠰᠡᠨ ᠡᠷᠲᠡᠨ᠎ᠤ ᠪᠠᠭᠤᠷᠢ᠂ ᠡᠷᠲᠡᠨ᠎ᠤ ᠣᠩᠭᠣᠨ᠂ ᠲᠡᠦᠬᠡ᠎ᠶᠢᠨ ᠳᠤᠷᠠᠰᠬᠠᠯᠲᠤ ᠪᠠᠷᠢᠯᠭ᠎ᠠ᠂ ᠲᠡᠦᠬᠡ ᠰᠣᠶᠣᠯ᠎ᠤᠨ ᠵᠡᠭᠡᠯᠢ ᠲᠣᠭᠣᠷᠢᠭ᠋ ᠪᠠ ᠲᠣᠰᠬᠣᠨ ᠪᠠᠯᠭᠠᠰᠤ᠂ ᠤᠯᠠᠮᠵᠢᠯᠠᠯᠲᠤ ᠠᠢᠯ ᠲᠣᠰᠬᠣᠨ ᠵᠡᠷᠭᠡ᠎ᠶᠢᠨ ᠬᠠᠮᠠᠭᠠᠯᠠᠯᠲᠠ᠎ᠶᠢᠨ ᠱᠠᠭᠠᠷᠳᠠᠯᠭ᠎ᠠ᠎ᠳᠤ ᠵᠣᠬᠢᠴᠠᠭᠰᠠᠨ ᠭᠠᠵᠠᠷ ᠬᠡᠷᠡᠭᠯᠡᠬᠦ ᠬᠠᠮᠢᠶᠠᠷᠤᠯᠲᠠ᠎ᠶᠢᠨ ᠲᠥᠷᠥ᠎ᠶᠢᠨ ᠪᠣᠳᠣᠯᠭ᠎ᠠ᠎ᠶᠢ ᠴᠢᠩᠭ᠎ᠠ ᠬᠡᠷᠡᠭᠵᠢᠭᠦᠯᠵᠦ᠂ ᠬᠡᠷᠡᠭᠯᠡᠬᠦ ᠭᠠᠵᠠᠷ᠎ᠤᠨ ᠬᠡᠷᠡᠭᠴᠡᠭᠡ ᠱᠠᠭᠠᠷᠳᠠᠯᠭ᠎ᠠ᠎ᠶᠢ ᠬᠠᠤᠯᠢ ᠲᠣᠭᠲᠠᠭᠠᠯ ᠶᠣᠰᠣᠭᠠᠷ ᠵᠦᠢ ᠵᠣᠬᠢᠰᠲᠠᠢ ᠪᠠᠲᠤᠯᠠᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ) 

18.ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠣᠯᠬᠤ ᠰᠣᠶᠣᠯ᠎ᠤᠨ ᠠᠵᠤ ᠦᠢᠯᠡᠰ᠎ᠤᠨ ᠲᠥᠷᠥᠯ ᠵᠦᠢᠯ᠎ᠢᠶᠠᠷ ᠮᠠᠭᠠᠳᠯᠠᠨ ᠲᠣᠭᠲᠠᠭᠠᠭᠳᠠᠭᠰᠠᠨ ᠪᠠᠢᠪᠠᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ 〈ᠰᠣᠶᠣᠯ᠎ᠤᠨ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠪᠣᠢᠵᠢᠭᠤᠯᠤᠨ ᠰᠣᠶᠣᠯ᠎ᠤᠨ ᠠᠵᠤ ᠦᠢᠯᠡᠰ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠰᠠᠨᠠᠯ〉᠎ᠢ ᠳᠠᠷᠤᠮᠠᠯᠯᠠᠨ ᠶᠠᠪᠤᠭᠤᠯᠬᠤ ᠮᠡᠳᠡᠭᠳᠡᠯ》᠎ᠤᠨ ᠵᠣᠷᠢᠭ᠋ ᠰᠠᠨᠠᠭ᠎ᠠ᠎ᠶᠢᠨ ᠶᠣᠰᠣᠭᠠᠷ᠂ ᠭᠠᠵᠠᠷ ᠰᠢᠷᠣᠢ᠎ᠶᠢ ᠲᠦᠯᠦᠪᠦᠷᠢᠲᠡᠢ ᠰᠢᠯᠵᠢᠭᠦᠯᠬᠦ ᠰᠠᠭᠤᠷᠢ ᠬᠠᠩᠰᠢ᠎ᠶᠢ ᠲᠣᠭᠲᠠᠭᠠᠬᠤ ᠦᠶ᠎ᠡ᠎ᠳᠤ᠂ ᠪᠠᠢᠭ᠎ᠠ ᠭᠠᠵᠠᠷ ᠰᠢᠷᠣᠢ᠎ᠶᠢᠨ ᠳᠡᠰ ᠢᠯᠭᠠᠯ ᠯᠤᠭ᠎ᠠ ᠵᠣᠬᠢᠴᠠᠯᠳᠤᠭᠰᠠᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ᠎ᠳᠤ ᠬᠡᠷᠡᠭᠯᠡᠬᠦ ᠭᠠᠵᠠᠷ᠎ᠢ ᠲᠦᠯᠦᠪᠦᠷᠢᠲᠡᠢ ᠰᠢᠯᠵᠢᠭᠦᠯᠬᠦ ᠬᠠᠮᠤᠭ᠎ᠤᠨ ᠳᠣᠣᠷ᠎ᠠ ᠪᠠᠷᠢᠮᠵᠢᠶ᠎ᠠ᠎ᠲᠠᠢ ᠬᠠᠷᠢᠴᠠᠭᠤᠯᠤᠨ ᠬᠡᠷᠡᠭᠵᠢᠭᠦᠯᠬᠦ᠎ᠶᠢ ᠬᠥᠷᠲᠡᠵᠦ ᠪᠣᠯᠣᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ) 

(ᠵᠢᠷᠭᠤᠭ᠎ᠠ) ᠴᠢᠳᠠᠪᠤᠷᠢᠲᠠᠨ᠎ᠢ ᠣᠷᠣᠭᠤᠯᠵᠤ ᠠᠪᠴᠢᠷᠠᠬᠤ ᠪᠠ ᠣᠷᠣᠯᠭ᠎ᠠ᠎ᠶᠢ ᠬᠤᠪᠢᠶᠠᠷᠢᠯᠠᠬᠤ ᠲᠤᠬᠠᠢ 

19.ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠥᠵᠢᠭᠦᠯᠬᠦ ᠡᠷᠴᠢᠮ᠎ᠢᠶᠠᠨ ᠴᠢᠩᠭᠠᠷᠠᠭᠤᠯᠵᠤ᠂ ᠭᠦᠨ ᠤᠬᠠᠭᠠᠨ ᠨᠡᠢᠭᠡᠮ᠎ᠤᠨ ᠰᠢᠨᠵᠢᠯᠡᠬᠦ ᠤᠬᠠᠭᠠᠨ᠂ ᠰᠣᠶᠣᠯ ᠤᠳᠬ᠎ᠠ ᠤᠷᠠᠯᠢᠭ᠋᠂ ᠰᠣᠨᠢᠨ ᠮᠡᠳᠡᠭᠡᠨ᠎ᠤ ᠶᠠᠷᠢᠶ᠎ᠠ ᠬᠡᠯᠡᠯᠴᠡᠭᠡ᠂ ᠣᠯᠠᠨ ᠤᠯᠤᠰ᠎ᠤᠨ ᠳᠠᠮᠵᠢᠭᠤᠯᠭ᠎ᠠ᠂ ᠢᠨᠲᠧᠷ ᠰᠦᠯᠵᠢᠶᠡᠨ᠎ᠤ ᠤᠬᠠᠭᠤᠯᠭ᠎ᠠ᠂ ᠰᠣᠶᠣᠯ᠎ᠤᠨ ᠡᠵᠡᠩᠨᠡᠯᠲᠡ ᠬᠠᠮᠢᠶᠠᠷᠤᠯᠲᠠ ᠪᠠ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠴᠢᠳᠠᠪᠤᠷᠢᠲᠠᠨ᠎ᠢ ᠬᠥᠮᠥᠵᠢᠭᠦᠯᠬᠦ ᠲᠥᠷᠥᠯ ᠵᠦᠢᠯ᠎ᠢ ᠪᠠᠢᠭᠤᠯᠤᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠡᠳ᠋᠎ᠤᠨ ᠵᠠᠰᠠᠭ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠷᠠᠳᠢᠣ᠋ ᠲᠧᠯᠸᠢᠰ᠎ᠤᠨ ᠲᠣᠪᠴᠢᠶ᠎ᠠ) 

20.ᠰᠣᠶᠣᠯ᠎ᠤᠨ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠎ᠶᠢᠨ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠂ ᠡᠯᠰᠡᠨ ᠬᠡᠷᠡᠭᠯᠡᠭᠰᠡᠨ ᠪᠠᠴᠢᠮ ᠬᠡᠷᠡᠭᠴᠡᠭᠡ ᠲᠠᠢ ᠪᠠ ᠳᠤᠲᠠᠭᠳᠠᠵᠤ ᠪᠠᠢᠭ᠎ᠠ᠂ ᠠᠵᠢᠯ᠎ᠤᠨ ᠪᠦᠲᠦᠮᠵᠢ᠎ᠪᠠᠷ ᠲᠣᠪᠣᠢᠮ᠎ᠠ ᠳᠡᠭᠡᠳᠦ ᠲᠠᠰ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠠ ᠳᠡᠭᠡᠳᠦ ᠲᠠᠰ᠎ᠤᠨ ᠤᠷ᠎ᠠ ᠮᠡᠷᠭᠡᠰᠢᠯ ᠲᠡᠢ ᠴᠢᠳᠠᠪᠤᠷᠢᠲᠠᠨ᠎ᠳᠤ ᠴᠢᠳᠠᠪᠤᠷᠢᠲᠠᠨ᠎ᠤ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠪᠠᠷ ᠯᠠᠪᠯᠠᠯᠲᠠ ᠪᠣᠯᠭᠠᠨ ᠴᠠᠯᠢᠩ ᠬᠥᠯᠥᠰᠦ᠎ᠶᠢᠨ ᠬᠢᠷᠢ ᠲᠦᠪᠰᠢᠨ᠎ᠢ ᠨᠢ ᠵᠦᠢ ᠵᠣᠬᠢᠰᠲᠠᠢ᠎ᠪᠡᠷ ᠲᠣᠭᠲᠠᠭᠠᠵᠤ ᠪᠣᠯᠣᠨ᠎ᠠ᠂ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠎ᠳᠤ ᠣᠨ᠎ᠤ ᠴᠠᠯᠢᠩ᠎ᠤᠨ ᠳᠦᠷᠢᠮ᠂ ᠵᠦᠪᠯᠡᠯᠴᠡᠭᠡᠷ᠎ᠦᠨ ᠴᠠᠯᠢᠩ᠎ᠤᠨ ᠳᠦᠷᠢᠮ᠂ ᠲᠥᠷᠥᠯ ᠵᠦᠢᠯ᠎ᠤᠨ ᠴᠠᠯᠢᠩ ᠵᠡᠷᠭᠡ ᠠᠮᠢᠳᠤᠯᠢᠭ᠋ ᠪᠥᠭᠡᠳ ᠣᠯᠠᠨ ᠶᠠᠩᠵᠤ᠎ᠶᠢᠨ ᠴᠠᠯᠢᠩ ᠬᠥᠯᠥᠰᠦ᠎ᠶᠢᠨ ᠬᠤᠪᠢᠶᠠᠷᠢᠯᠠᠯᠲᠠ᠎ᠶᠢᠨ ᠬᠡᠯᠪᠡᠷᠢ᠎ᠶᠢ ᠬᠡᠷᠡᠭᠵᠢᠭᠦᠯᠵᠦ ᠪᠣᠯᠣᠨ᠎ᠠ᠃ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠨ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢᠶᠠᠨ ᠤᠯᠠᠷᠢᠭᠤᠯᠤᠭᠰᠠᠨ᠎ᠤ ᠳᠠᠷᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠡᠶᠡᠯᠡᠭᠦᠯᠦᠭᠰᠡᠨ ᠨᠢᠭᠡᠴᠢ᠎ᠨᠢ ᠲᠣᠭᠲᠠᠭᠠᠯ ᠶᠣᠰᠣᠭᠠᠷ ᠴᠢᠬᠤᠯᠠ ᠬᠤᠪᠢ ᠨᠡᠮᠡᠷᠢ ᠦᠵᠡᠭᠦᠯᠦᠭᠰᠡᠨ ᠬᠥᠮᠥᠰ᠎ᠲᠤ ᠪᠡᠯᠡᠨ ᠵᠣᠭᠣᠰ᠎ᠤᠨ ᠱᠠᠩᠨᠠᠯ ᠣᠯᠭᠣᠵᠤ ᠪᠣᠯᠣᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠡᠳ᠋᠎ᠤᠨ ᠵᠠᠰᠠᠭ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ) 

21.ᠳᠣᠲᠣᠭᠠᠳᠤ᠎ᠶᠢᠨ ᠬᠤᠪᠢᠶᠠᠷᠢᠯᠠᠯᠲᠠ᠎ᠶᠢᠨ ᠳᠦᠷᠢᠮ᠎ᠢ ᠲᠡᠭᠦᠯᠳᠡᠷᠵᠢᠭᠦᠯᠵᠦ᠂ ᠳᠣᠲᠣᠭᠠᠳᠤ᠎ᠶᠢᠨ ᠬᠤᠪᠢᠶᠠᠷᠢᠯᠠᠯᠲᠠ᠎ᠶᠢᠨ ᠡᠵᠡ ᠮᠡᠳᠡᠬᠦ ᠡᠷᠬᠡ᠎ᠶᠢ ᠨᠠᠢᠳᠠᠪᠤᠷᠢᠵᠢᠭᠤᠯᠤᠨ᠂ ᠠᠵᠢᠯ᠎ᠤᠨ ᠠᠮᠵᠢᠯᠲᠠ ᠪᠦᠲᠦᠮᠵᠢ᠎ᠶᠢᠨ ᠴᠠᠯᠢᠩ᠎ᠤᠨ ᠥᠭᠡᠷᠡᠴᠢᠯᠡᠯᠲᠡ᠎ᠶᠢ ᠠᠬᠢᠭᠤᠯᠵᠤ᠂ ᠰᠣᠶᠣᠯ᠎ᠤᠨ ᠠᠵᠢᠯ ᠦᠢᠯᠡᠰ᠎ᠤᠨ ᠨᠢᠭᠡᠴᠢ᠎ᠨᠢ ᠬᠠᠷᠭᠤᠭᠤᠯᠤᠨ ᠲᠣᠭᠲᠠᠭᠠᠭᠰᠠᠨ ᠠᠵᠢᠯ᠎ᠤᠨ ᠠᠮᠵᠢᠯᠲᠠ ᠪᠦᠲᠦᠮᠵᠢ᠎ᠶᠢᠨ ᠴᠠᠯᠢᠩ᠎ᠤᠨ ᠶᠡᠷᠦᠩᠬᠡᠢ ᠬᠡᠮᠵᠢᠶ᠎ᠡ᠎ᠶᠢᠨ ᠳᠣᠲᠣᠷ᠎ᠠ ᠠᠵᠢᠯ᠎ᠤᠨ ᠠᠮᠵᠢᠯᠲᠠ ᠪᠦᠲᠦᠮᠵᠢ᠎ᠶᠢᠨ ᠴᠠᠯᠢᠩ᠎ᠤᠨ ᠬᠤᠪᠢᠶᠠᠷᠢᠯᠠᠯᠲᠠ᠎ᠶᠢᠨ ᠠᠷᠭ᠎ᠠ᠎ᠶᠢ ᠥᠪᠡᠷᠲᠡᠭᠡᠨ ᠲᠣᠭᠲᠠᠭᠠᠵᠤ᠂ ᠠᠮᠢᠳᠤᠯᠢᠭ᠋ ᠪᠥᠭᠡᠳ ᠣᠯᠠᠨ ᠶᠠᠩᠵᠤ᠎ᠶᠢᠨ ᠴᠠᠯᠢᠩ᠎ᠤᠨ ᠬᠤᠪᠢᠶᠠᠷᠢᠯᠠᠯᠲᠠ᠎ᠶᠢᠨ ᠬᠡᠯᠪᠡᠷᠢ ᠪᠠ ᠬᠥᠳᠡᠯᠦᠩᠭᠦᠢ ᠨᠡᠮᠡᠭᠦᠷᠢ᠎ᠶᠢᠨ ᠲᠣᠭᠲᠠᠴᠠ᠎ᠶᠢ ᠰᠦᠪᠡᠭᠴᠢᠯᠡᠨ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ᠂ ᠰᠢᠯᠢᠳᠡᠭ ᠪᠦᠲᠦᠮᠵᠢ ᠲᠠᠢ᠎ᠳᠤ ᠨᠢ ᠰᠠᠢᠨ ᠬᠠᠷᠠᠮᠵᠢ ᠣᠯᠭᠣᠬᠤ᠎ᠶᠢ ᠪᠠᠷᠢᠮᠲᠠᠯᠠᠵᠤ᠂ ᠵᠠᠩᠭᠢᠯᠠᠭ᠎ᠠ᠎ᠶᠢᠨ ᠠᠵᠢᠯ᠎ᠤᠨ ᠪᠠᠢᠷᠢ᠂ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠂ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠬᠦᠴᠦᠨ ᠪᠠ ᠲᠣᠪᠣᠢᠮ᠎ᠠ ᠠᠮᠵᠢᠯᠲᠠ ᠪᠦᠲᠦᠮᠵᠢ ᠭᠠᠷᠭᠠᠭᠰᠠᠨ ᠠᠵᠢᠯᠲᠠᠨ ᠲᠡᠢᠰᠢ ᠭᠣᠣᠯᠳᠠᠯᠭ᠎ᠠ᠎ᠲᠠᠢ ᠬᠡᠯᠪᠡᠢᠯᠭᠡᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠡᠳ᠋᠎ᠤᠨ ᠵᠠᠰᠠᠭ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠲᠢᠩᠬᠢᠮ)

22.ᠤᠯᠤᠰ᠎ᠤᠨ ᠥᠮᠴᠢᠯᠡᠯᠲᠦ ᠰᠣᠶᠣᠯ᠎ᠤᠨ ᠠᠵᠤ ᠠᠬᠤᠢᠯᠠᠯ᠎ᠤᠨ ᠴᠠᠯᠢᠩ ᠬᠥᠯᠥᠰᠦ᠎ᠶᠢᠨ ᠬᠠᠮᠢᠶᠠᠷᠤᠯᠲᠠ᠎ᠶᠢ ᠴᠢᠩᠭᠠᠳᠬᠠᠨ ᠰᠠᠢᠵᠢᠷᠠᠭᠤᠯᠤᠨ᠎ᠠ᠃ ᠠᠵᠢᠯ ᠲᠥᠷᠥᠯ᠎ᠤᠨ ᠦᠶᠡᠯᠡᠯ᠎ᠤᠨ ᠴᠢᠨᠠᠷᠲᠠᠢ ᠣᠨᠴᠠᠯᠢᠭ᠋᠎ᠢᠶᠠᠷ ᠢᠯᠡᠳᠲᠡ᠂ ᠠᠵᠤ ᠠᠬᠤᠢ᠎ᠶᠢᠨ ᠦᠷ᠎ᠡ ᠠᠰᠢᠭ᠋᠎ᠤᠨ ᠣᠨ᠎ᠤ ᠬᠣᠭᠣᠷᠣᠨᠳᠣᠬᠢ ᠬᠡᠯᠪᠡᠯᠵᠡᠯ᠎ᠢᠶᠠᠷ ᠨᠡᠯᠢᠶᠡᠳ ᠶᠡᠬᠡ ᠵᠢᠴᠢ ᠣᠷᠣᠭᠤᠯᠤᠯᠲᠠ ᠭᠠᠷᠭᠠᠯᠲᠠ᠎ᠶᠢᠨ ᠬᠤᠭᠤᠴᠠᠭ᠎ᠠ᠎ᠨᠢ ᠱᠠᠲᠤᠴᠢ ᠴᠢᠨᠠᠷ᠎ᠢᠶᠠᠷ ᠢᠯᠡᠳᠲᠡ ᠪᠤᠶᠤ ᠪᠤᠰᠤᠳ ᠣᠨᠴᠠᠭᠠᠢ ᠪᠠᠢᠳᠠᠯ᠎ᠲᠠᠢ ᠤᠯᠤᠰ᠎ᠤᠨ ᠥᠮᠴᠢᠯᠡᠯᠲᠦ ᠲᠤᠰᠠᠭᠠᠷ ᠪᠡᠯᠡᠲᠦ᠂ ᠬᠤᠪᠢ ᠡᠵᠡᠮᠳᠡᠬᠦ ᠰᠣᠶᠣᠯ᠎ᠤᠨ ᠠᠵᠤ ᠠᠬᠤᠢᠯᠠᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢᠶᠠᠷ ᠵᠥᠪᠰᠢᠶᠡᠷᠡᠭᠦᠯᠦᠭᠡᠳ᠂ ᠴᠠᠯᠢᠩ᠎ᠤᠨ ᠶᠡᠷᠦᠩᠬᠡᠢ ᠲᠣᠭᠠᠨ᠎ᠤ ᠲᠥᠰᠥᠪ᠎ᠢ ᠦᠶᠡᠯᠡᠯ᠎ᠤᠨ ᠬᠤᠭᠤᠴᠠᠭ᠎ᠠ᠎ᠪᠠᠷ ᠨᠢ ᠬᠠᠮᠢᠶᠠᠷᠴᠤ ᠪᠣᠯᠣᠨ᠎ᠠ᠂ ᠦᠶᠡᠯᠡᠯ᠎ᠤᠨ ᠬᠤᠭᠤᠴᠠᠭ᠎ᠠ᠎ᠶᠢ ᠬᠠᠮᠤᠭ᠎ᠤᠨ ᠣᠷᠳᠣ᠌᠎ᠳᠦ᠎ᠪᠡᠨ 3 ᠵᠢᠯ᠎ᠠᠴᠠ ᠬᠡᠲᠦᠷᠡᠭᠦᠯᠵᠦ ᠪᠣᠯᠬᠤ ᠦᠭᠡᠢ᠃ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠰᠣᠶᠣᠯ᠎ᠤᠨ ᠠᠵᠢᠯᠯᠠᠭ᠎ᠠ (ᠢᠨᠵᠧᠨᠧᠷᠢᠩ)᠎ᠶᠢ ᠡᠭᠦᠷᠭᠡᠯᠡᠭᠰᠡᠨ ᠠᠵᠤ ᠠᠬᠤᠢᠯᠠᠯ ᠨᠢ ᠮᠠᠭᠠᠳᠯᠠᠨ ᠲᠣᠭᠲᠠᠭᠠᠯᠭᠠᠭᠠᠳ ᠲᠤᠰᠠᠭᠠᠷ ᠲᠥᠷᠥᠯ ᠬᠤᠪᠢᠶᠠᠨ ᠲᠣᠭᠠᠴᠠᠭ᠎ᠠ ᠬᠢᠵᠦ᠂ ᠲᠥᠷᠥᠯ ᠬᠤᠪᠢᠶᠠᠨ ᠰᠢᠯᠭᠠᠨ ᠬᠢᠨᠠᠵᠤ ᠪᠣᠯᠣᠨ᠎ᠠ᠃ ᠤᠯᠤᠰ᠎ᠤᠨ ᠥᠮᠴᠢᠯᠡᠯᠲᠦ ᠰᠣᠶᠣᠯ᠎ᠤᠨ ᠠᠵᠤ ᠠᠬᠤᠢᠯᠠᠯ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠲ᠋ᠣᠺ᠎ᠤᠨ ᠡᠷᠬᠡ᠎ᠪᠠᠷ ᠤᠷᠮᠠᠰᠢᠭᠤᠯᠬᠤ᠂ ᠠᠵᠢᠯᠲᠠᠨ ᠠᠵᠢᠯᠴᠢᠨ ᠬᠤᠪᠢ ᠡᠵᠡᠮᠰᠢᠬᠦ᠂ ᠲᠥᠷᠥᠯ ᠵᠦᠢᠯ᠎ᠢ ᠳᠠᠭᠠᠵᠤ ᠪᠡᠯᠡ ᠣᠷᠣᠭᠤᠯᠬᠤ ᠵᠡᠷᠭᠡ ᠤᠷᠲᠤᠪᠲᠤᠷ ᠪᠠ ᠣᠷᠳᠣ᠌ ᠬᠤᠭᠤᠴᠠᠭᠠᠨ᠎ᠤ ᠤᠷᠮᠠᠰᠢᠭᠤᠯᠤᠯ᠎ᠤᠨ ᠲᠥᠷᠥ᠎ᠶᠢᠨ ᠪᠣᠳᠣᠯᠭ᠎ᠠ᠎ᠶᠢ ᠨᠢᠭᠡᠳᠦᠯᠲᠡᠢ ᠲᠥᠯᠥᠪᠯᠡᠨ ᠬᠡᠷᠡᠭᠯᠡᠬᠦ᠎ᠶᠢ ᠳᠡᠮᠵᠢᠵᠦ᠂ ᠥᠷᠲᠡᠭ᠎ᠤᠨ ᠡᠭᠦᠳᠦᠯᠲᠡ᠎ᠪᠠᠷ ᠤᠳᠤᠷᠢᠳᠤᠮᠵᠢ ᠪᠣᠯᠭᠠᠨ᠂ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠲᠢᠩᠬᠢᠮ) 

(ᠲᠤᠯᠤᠭ᠎ᠠ) ᠪᠠᠢᠭᠤᠯᠤᠯ᠎ᠢᠶᠠᠨ ᠬᠤᠪᠢᠷᠠᠭᠤᠯᠤᠭᠰᠠᠨ ᠠᠵᠤ ᠠᠬᠤᠢᠯᠠᠯ᠎ᠢ ᠳᠡᠮᠵᠢᠬᠦ ᠲᠤᠬᠠᠢ 

23.ᠪᠠᠢᠭᠤᠯᠤᠯ᠎ᠢᠶᠠᠨ ᠬᠤᠪᠢᠷᠠᠭᠤᠯᠤᠭᠰᠠᠨ ᠰᠣᠶᠣᠯ᠎ᠤᠨ ᠠᠵᠤ ᠠᠬᠤᠢᠯᠠᠯ᠎ᠨᠢ ᠠᠵᠤ ᠠᠬᠤᠢᠯᠠᠯ᠎ᠤᠨ ᠠᠷᠭ᠎ᠠ᠎ᠪᠠᠷ ᠨᠡᠢᠭᠡᠮ᠎ᠤᠨ ᠳᠠᠭᠠᠳᠬᠠᠯ᠎ᠳᠤ ᠣᠷᠣᠯᠴᠠᠵᠤ᠂ ᠪᠠᠢᠭᠤᠯᠤᠯ᠎ᠢᠶᠠᠨ ᠬᠤᠪᠢᠷᠠᠭᠤᠯᠬᠤ ᠦᠶ᠎ᠡ᠎ᠳᠡᠬᠢ ᠠᠵᠢᠯ᠎ᠳᠤ ᠪᠠᠢᠭ᠎ᠠ ᠬᠥᠮᠥᠰ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠰᠦᠢᠳᠬᠡᠯ ᠲᠤᠰᠢᠶᠠᠭᠰᠠᠨ ᠣᠨ ᠵᠢᠯ᠎ᠢᠶᠠᠷ ᠪᠣᠳᠣᠭᠰᠠᠨ ᠬᠤᠭᠤᠴᠠᠭᠠᠨ᠎ᠳᠤ ᠦᠨᠳᠦᠰᠦᠨ ᠨᠠᠰᠤᠵᠢᠯ᠎ᠤᠨ ᠳᠠᠭᠠᠳᠬᠠᠯ᠎ᠤᠨ ᠰᠦᠢᠳᠬᠡᠯ᠎ᠢ ᠳᠠᠭᠢᠵᠤ ᠨᠥᠬᠥᠵᠦ ᠲᠤᠰᠢᠶᠠᠬᠤ ᠦᠭᠡᠢ᠃ ᠪᠠᠢᠭᠤᠯᠤᠯ᠎ᠢᠶᠠᠨ ᠬᠤᠪᠢᠷᠠᠭᠤᠯᠤᠭᠰᠠᠨ ᠰᠣᠶᠣᠯ᠎ᠤᠨ ᠠᠵᠤ ᠠᠬᠤᠢᠯᠠᠯ᠎ᠤᠨ ᠲᠣᠭᠲᠠᠭᠠᠯ ᠶᠣᠰᠣᠭᠠᠷ ᠠᠵᠤ ᠠᠬᠤᠢᠯᠠᠯ᠎ᠤᠨ ᠣᠨ᠎ᠤ ᠮᠥᠩᠭᠥ ᠪᠠᠶ᠋ᠢᠭᠤᠯᠬᠤ᠎ᠶᠢ ᠳᠡᠮᠵᠢᠵᠦ᠂ ᠠᠵᠢᠯᠲᠠᠨ ᠠᠵᠢᠯᠴᠢᠨ᠎ᠤ ᠠᠵᠢᠯ᠎ᠡᠴᠡ᠎ᠪᠠᠨ ᠠᠮᠠᠷᠠᠭᠰᠠᠨ᠎ᠤ ᠳᠠᠷᠠᠭᠠᠬᠢ ᠣᠷᠣᠯᠭ᠎ᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠲᠢᠩᠬᠢᠮ) 

24.ᠤᠤᠯ᠎ᠤᠨ ᠠᠵᠢᠯ ᠦᠢᠯᠡᠰ᠎ᠤᠨ ᠣᠷᠣᠨ ᠲᠣᠭᠠᠨ᠎ᠤ ᠳᠣᠲᠣᠷᠠᠬᠢ ᠠᠵᠢᠯᠲᠠᠨ ᠠᠵᠢᠯᠴᠢᠨ᠎ᠤ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠂ ᠣᠷᠣᠨ ᠰᠠᠭᠤᠴᠠ᠎ᠶᠢᠨ ᠨᠡᠮᠡᠭᠦᠷᠢ᠎ᠶᠢᠨ ᠳᠣᠲᠣᠷᠠᠬᠢ ᠡᠳ᠋᠎ᠤᠨ ᠵᠠᠰᠠᠭ᠎ᠠᠴᠠ ᠡᠭᠦᠷᠭᠡᠯᠡᠭᠰᠡᠨ ᠬᠡᠰᠡᠭ᠎ᠢ ᠨᠢ ᠪᠠᠢᠭᠤᠯᠤᠯ᠎ᠢᠶᠠᠨ ᠬᠤᠪᠢᠷᠠᠭᠤᠯᠤᠭᠰᠠᠨ᠎ᠤ ᠲᠠᠷᠠᠭ᠎ᠠ ᠦᠷᠭᠦᠯᠵᠢᠯᠡᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠲᠥᠰᠥᠪ᠎ᠤᠨ ᠳᠣᠲᠣᠷ᠎ᠠ ᠰᠠᠯᠭᠠᠨ ᠥᠭᠭᠦᠨ᠎ᠡ; ᠪᠠᠢᠭᠤᠯᠤᠯ᠎ᠢᠶᠠᠨ ᠬᠤᠪᠢᠷᠠᠭᠤᠯᠬᠤ᠎ᠠᠴᠠ ᠡᠮᠦᠨ᠎ᠡ ᠠᠵᠢᠯᠲᠠᠨ᠎ᠤ ᠵᠠᠷᠤᠳᠠᠯ᠎ᠢ ᠡᠳ᠋᠎ᠤᠨ ᠵᠠᠰᠠᠭ᠎ᠠᠴᠠ ᠡᠭᠦᠷᠭᠡᠯᠡᠵᠦ ᠪᠠᠢᠭᠰᠠᠨ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠣᠷᠣᠨ ᠰᠠᠭᠤᠴᠠ᠎ᠶᠢᠨ ᠨᠡᠮᠡᠭᠦᠷᠢ᠎ᠶᠢ ᠬᠠᠷᠠᠬᠠᠨ ᠰᠢᠢᠳᠪᠦᠷᠢᠯᠡᠭᠡᠳᠦᠢ᠎ᠶᠢ ᠨᠢ᠂ ᠪᠠᠢᠭᠤᠯᠤᠯ᠎ᠢᠶᠠᠨ ᠬᠤᠪᠢᠷᠠᠭᠤᠯᠬᠤ ᠦᠶ᠎ᠡ᠎ᠳᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠨᠢᠭᠡ ᠯᠡ ᠤᠳᠠᠭ᠎ᠠ᠎ᠳᠤ ᠰᠠᠯᠭᠠᠨ ᠥᠭᠴᠦ ᠰᠢᠢᠳᠪᠦᠷᠢᠯᠡᠨ᠎ᠡ ; ᠪᠠᠢᠭᠤᠯᠤᠯ᠎ᠢᠶᠠᠨ ᠬᠤᠪᠢᠷᠠᠭᠤᠯᠤᠭᠰᠠᠨ᠎ᠤ ᠲᠠᠷᠠᠭ᠎ᠠ ᠤᠤᠯ᠎ᠤᠨ ᠪᠠᠢᠭᠰᠠᠨ ᠬᠡᠪ᠎ᠤᠨ ᠠᠵᠢᠯ ᠦᠢᠯᠡᠰ᠎ᠤᠨ ᠵᠠᠷᠤᠳᠠᠯ᠎ᠢ ᠦᠷᠭᠦᠯᠵᠢᠯᠡᠨ ᠰᠠᠯᠭᠠᠵᠤ ᠥᠭᠭᠦᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ) 

ᠬᠣᠶᠠᠷ᠂ ᠵᠣᠬᠢᠶᠠᠨ ᠪᠠᠢᠭᠤᠯᠤᠨ ᠬᠡᠷᠡᠭᠵᠢᠭᠦᠯᠬᠦ 

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠬᠣᠷᠢᠶᠠᠨ᠎ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠲᠢᠩᠬᠢᠮ᠂ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠷᠠᠳᠢᠣ᠋ ᠲᠧᠯᠸᠢᠰ᠎ᠤᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠥᠷ ᠮᠣᠩᠭᠣᠯ᠎ᠤᠨ ᠭᠠᠢᠯᠢ᠎ᠶᠢᠨ ᠶᠠᠪᠤᠳᠠᠯ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠠ ᠨᠢᠭᠡᠴᠢ ᠯᠦ᠍ᠭᠡ ᠬᠠᠮᠲᠤᠷᠠᠨ᠂ ᠬᠠᠮᠵᠢᠯᠴᠠᠬᠤ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠨᠡᠢᠯᠡᠮᠡᠯ ᠬᠦᠴᠦᠨ᠎ᠢ ᠪᠣᠶ ᠪᠣᠯᠭᠠᠨ᠎ᠠ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠠᠷᠢᠭᠤᠴᠠᠯᠭ᠎ᠠ᠎ᠪᠠᠨ ᠤᠯᠠᠮ ᠨᠢᠭᠡ ᠠᠯᠬᠤᠮ ᠪᠣᠳᠠᠲᠠᠢᠵᠢᠭᠤᠯᠵᠤ᠂ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠦᠨ᠂ ᠡᠯ᠎ᠡ ᠵᠦᠢᠯ᠎ᠤᠨ ᠠᠷᠭ᠎ᠠ ᠬᠡᠮᠵᠢᠶ᠎ᠡ᠎ᠶᠢ ᠪᠤᠲᠠᠲᠠᠢᠵᠢᠭᠤᠯᠤᠨ ᠦᠷ᠎ᠡ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

2025 ᠣᠨ᠎ᠤ 7 ᠳ᠋ᠤᠭᠠᠷ ᠰᠠᠷ᠎ᠠ᠎ᠶᠢᠨ 30᠎ᠦ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ