ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠬᠠᠤᠯᠢ ᠲᠣᠭᠲᠠᠭ᠋ᠠᠬᠤ ᠲᠥᠯᠥᠪᠯᠡᠭᠡ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2025-02-17

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ  ᠮᠠᠲ᠋ᠧᠷᠢᠶᠠᠯ

 

ᠥᠪᠥᠷ ᠵᠠᠰᠠᠭ ᠠᠯᠪᠠᠨ ᠲᠠᠷᠬᠠᠭ᠋ᠠᠭᠰᠠᠨ [ 2025 ] 3 ᠳ᠋ᠤᠭ᠋ᠠᠷ ᠲᠣᠭ᠋ᠠᠲᠤ

 

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ  ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠬᠠᠤᠯᠢ ᠲᠣᠭᠲᠠᠭ᠋ᠠᠬᠤ ᠲᠥᠯᠥᠪᠯᠡᠭᠡ 》 ᠵᠢ  ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ  ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ᠎ᠳᠤ᠄

       ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠬᠠᠤᠯᠢ ᠲᠣᠭᠲᠠᠭ᠋ᠠᠬᠤ ᠲᠥᠯᠥᠪᠯᠡᠭᠡ 》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠲᠠ ᠨᠠᠷ᠎ᠲᠤ ᠳᠠᠷᠤᠮᠠᠯᠯᠠᠨ ᠶᠠᠪᠤᠭᠤᠯᠬᠤ ᠵᠢᠨ ᠬᠠᠮᠲᠤ ᠂  ᠳᠣᠣᠷᠠᠬᠢ ᠮᠡᠲᠦ ᠱᠠᠭ᠋ᠠᠷᠳᠠᠯᠭ᠎ᠠ ᠵᠢ ᠳᠤᠷᠠᠳᠪᠠ ᠂  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠵᠡᠷᠭᠡ᠎ᠳᠤ ᠎ᠨᠢ ᠰᠠᠢ᠌ᠲᠤᠷ ᠠᠳᠬᠤᠲᠤᠭ᠋ᠠᠢ ᠃ 

       ᠨᠢᠭᠡ ᠂  ᠬᠠᠤᠯᠢ ᠲᠣᠭᠲᠠᠭ᠋ᠠᠬᠤ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠲᠡᠢ

       ᠰᠢ ᠵᠢᠨ ᠫᠢᠩ᠎ᠤᠨ  ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ  ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ ᠂  ᠨᠠᠮ᠎ᠤᠨ ᠬᠣᠷᠢᠳᠤᠭ᠋ᠠᠷ ᠶᠡᠬᠡ ᠬᠤᠷᠠᠯ  ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠂  ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ  ᠪᠦᠬᠦ ᠲᠠᠯ᠎ᠠ᠎ᠪᠠᠷ  ᠲᠤᠭᠤᠰᠢᠯᠠᠭᠤᠯᠤᠨ ᠂  ᠰᠢ ᠵᠢᠨ ᠫᠢᠩ᠎ᠤᠨ  ᠬᠠᠤᠯᠢ᠎ᠪᠠᠷ  ᠵᠠᠰᠠᠬᠤ ᠦᠵᠡᠯ ᠰᠠᠨᠠᠭ᠎ᠠ ᠵᠢ  ᠭᠦᠨᠵᠡᠭᠡᠢ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ  ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭᠲᠠᠷᠠᠵᠤ ᠂  ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠨᠠᠢ᠌ᠳᠠᠪᠤᠷᠢᠵᠢᠭᠤᠯᠬᠤ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》᠎ᠢ ᠪᠦᠬᠦ ᠲᠠᠯ᠎ᠠ᠎ᠪᠠᠷ  ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ  ᠲᠥᠪᠯᠡᠷᠡᠭᠦᠯᠦᠨ ᠂  ᠥᠭᠡᠷᠡᠴᠢᠯᠡᠯᠲᠡ ᠬᠥᠭᠵᠢᠯᠲᠡ ᠵᠢᠨ ᠬᠡᠷᠡᠭᠴᠡᠭᠡ ᠪᠠ ᠠᠷᠠᠳ ᠤᠯᠠᠨ᠎ᠤ ᠬᠦᠰᠡᠯ  ᠡᠷᠡᠮᠡᠯᠵᠡᠯ᠎ᠢ ᠴᠢᠩᠭ᠎ᠠ ᠡᠵᠡᠮᠳᠡᠵᠦ ᠂  ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ ᠂  ᠠᠷᠠᠳᠴᠢᠯᠠᠯ ᠵᠶ᠋ᠠᠷ ᠬᠠᠤᠯᠢ ᠲᠣᠭᠲᠠᠭ᠋ᠠᠬᠤ ᠂  ᠬᠠᠤᠯᠢ ᠶᠣᠰᠣᠭ᠋ᠠᠷ ᠬᠠᠤᠯᠢ ᠲᠣᠭᠲᠠᠭ᠋ᠠᠬᠤ ᠵᠢ  ᠠᠬᠢᠭᠤᠯᠤᠨ ᠂  ᠰᠠᠢ᠌ᠨ ᠬᠠᠤᠯᠢ᠎ᠪᠠᠷ ᠬᠥᠭᠵᠢᠯᠲᠡ ᠵᠢ  ᠠᠬᠢᠭᠤᠯᠬᠤ ᠪᠠ ᠴᠢᠳᠠᠮᠠᠭ᠋ᠠᠢ᠎ᠪᠠᠷ ᠵᠠᠰᠠᠬᠤ ᠵᠢ ᠪᠠᠲᠤᠯᠠᠵᠤ ᠂  ᠳᠤᠮᠳᠠᠳᠤ ᠤᠯᠤᠰ᠎ᠤᠨ ᠮᠠᠶᠢᠭ᠎ᠤᠨ  ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠪᠠᠲᠤ ᠴᠢᠩᠭ᠎ᠠ   ᠬᠠᠤᠯᠢᠵᠢᠯ᠎ᠤᠨ ᠪᠠᠲᠤᠯᠠᠭ᠎ᠠ ᠬᠠᠩᠭ᠋ᠠᠨ᠎ᠠ ᠃  ᠴᠢᠬᠤᠯᠠ ᠶᠡᠬᠡ ᠬᠠᠤᠯᠢ ᠲᠣᠭᠲᠠᠭ᠋ᠠᠬᠤ ᠵᠦᠢ᠍ᠯᠡᠰ᠎ᠤᠨ ᠵᠢᠭ᠋ᠠᠪᠤᠷᠢ ᠠᠪᠬᠤ ᠪᠠ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠵᠦ ᠂  ᠬᠠᠤᠯᠢ ᠲᠣᠭᠲᠠᠭ᠋ᠠᠬᠤ ᠠᠵᠢᠯ᠎ᠤᠨ ᠶᠠᠪᠤᠴᠠ᠎ᠳᠠᠬᠢ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠂  ᠴᠢᠬᠤᠯᠠ ᠶᠡᠬᠡ ᠵᠦᠢ᠍ᠯᠡᠰ ᠂  ᠴᠢᠬᠤᠯᠠ ᠪᠠᠢ᠌ᠳᠠᠯ᠎ᠢ ᠴᠠᠭ ᠲᠤᠬᠠᠢ᠎ᠳᠤ ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠳᠤ ᠮᠡᠳᠡᠭᠦᠯᠦᠨ ᠵᠢᠭ᠋ᠠᠪᠤᠷᠢ ᠠᠪᠬᠤ ᠬᠡᠷᠡᠭᠲᠡᠢ ᠃ 

       ᠬᠣᠶᠠᠷ ᠂  ᠬᠠᠤᠯᠢ ᠲᠣᠭᠲᠠᠭ᠋ᠠᠬᠤ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠭᠦᠨᠵᠡᠭᠡᠢ  ᠦᠢ᠍ᠯᠡᠳᠦᠯᠭᠡᠵᠢᠭᠦᠯᠬᠦ ᠬᠡᠷᠡᠭᠲᠡᠢ

       ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠬᠦ ᠱᠠᠭ᠋ᠠᠷᠳᠠᠯᠭ᠎ᠠ ᠵᠢ ᠬᠠᠤᠯᠢ ᠲᠣᠭᠲᠠᠭ᠋ᠠᠬᠤ ᠪᠦᠬᠦ ᠶᠠᠪᠤᠴᠠ ᠡᠯ᠎ᠡ ᠭᠣᠭᠴᠣᠭ᠎ᠠ᠎ᠳᠤ ᠲᠤᠭᠤᠰᠢᠯᠠᠭᠤᠯᠵᠤ ᠂  ᠬᠠᠤᠯᠢ ᠲᠣᠭᠲᠠᠭ᠋ᠠᠬᠤ ᠵᠦᠢ᠍ᠯᠡᠰ᠎ᠢ ᠲᠤᠭᠤᠷᠪᠢᠬᠤ ᠂  ᠬᠢᠨᠠᠨ ᠪᠠᠢ᠌ᠴᠠᠭ᠋ᠠᠬᠤ ᠂  ᠵᠣᠬᠢᠴᠠᠭᠤᠯᠬᠤ ᠂  ᠵᠠᠰᠠᠪᠤᠷᠢ ᠣᠷᠣᠭᠤᠯᠬᠤ ᠶᠠᠪᠤᠴᠠ᠎ᠳᠤ ᠂  ᠨᠡᠢ᠌ᠭᠡᠮ᠎ᠤᠨ ᠡᠯ᠎ᠡ ᠲᠠᠯ᠎ᠠ ᠵᠢᠨ᠎ᠬᠢᠨ᠎ᠤ ᠬᠠᠤᠯᠢ ᠲᠣᠭᠲᠠᠭ᠋ᠠᠬᠤ᠎ᠳᠤ ᠡᠮᠬᠢ ᠵᠢᠷᠤᠮ᠎ᠲᠠᠢ᠎ᠪᠠᠷ ᠣᠷᠣᠯᠴᠠᠬᠤ ᠠᠷᠭ᠎ᠠ ᠵᠠᠮ ᠪᠠ ᠠᠷᠭ᠎ᠠ ᠮᠠᠶᠢᠭ᠎ᠢ ᠪᠦᠲᠦᠮᠵᠢᠲᠡᠶ᠎ᠪᠠᠷ ᠥᠷᠭᠡᠳᠬᠡᠨ ᠂  ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠠᠤᠯᠢ ᠲᠣᠭᠲᠠᠭ᠋ᠠᠬᠤ ᠦᠢ᠍ᠯᠡᠳᠦᠯᠭᠡ ᠵᠢᠨ ᠶᠠᠪᠤᠴᠠ᠎ᠳᠤ  ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ ᠃  ᠬᠠᠤᠯᠢ ᠲᠣᠭᠲᠠᠭ᠋ᠠᠯᠲᠠ᠎ᠳᠤ ᠣᠷᠣᠯᠴᠠᠬᠤ  ᠨᠡᠢ᠌ᠭᠡᠮ ᠨᠡᠶ᠋ᠢᠲᠡ ᠵᠢᠨ ᠬᠠᠮᠤᠷᠬᠤ ᠬᠡᠪᠴᠢᠶ᠎ᠡ ᠪᠠ ᠲᠥᠯᠥᠭᠡᠯᠡᠬᠦ ᠴᠢᠨᠠᠷ᠎ᠢ ᠤᠯᠠᠮ ᠨᠢᠭᠡ ᠠᠯᠬᠤᠮ ᠥᠷᠭᠡᠳᠬᠡᠵᠦ ᠂  ᠦᠨᠳᠦᠰᠦᠨ ᠱᠠᠲᠤᠨ᠎ᠤ ᠬᠠᠤᠯᠢ ᠲᠣᠭᠲᠠᠭ᠋ᠠᠬᠤ ᠬᠠᠷᠢᠯᠴᠠᠬᠤ ᠴᠡᠭ᠎ᠤᠨ ᠠᠷᠠᠳ᠎ᠤᠨ ᠠᠮᠢᠳᠤᠷᠠᠯ᠎ᠳᠤ  ᠣᠢ᠌ᠷᠠᠲᠤᠬᠤ ᠂  ᠠᠷᠠᠳ᠎ᠤᠨ ᠪᠠᠢ᠌ᠳᠠᠯ᠎ᠢ ᠣᠢ᠌ᠯᠠᠭ᠋ᠠᠬᠤ ᠂  ᠠᠷᠠᠳ᠎ᠤᠨ ᠰᠠᠨᠠᠭ᠎ᠠ ᠪᠣᠳᠣᠯ᠎ᠢ ᠰᠣᠨᠣᠰᠬᠤ ᠂  ᠠᠷᠠᠳ᠎ᠤᠨ ᠤᠬᠠᠭ᠋ᠠᠨ ᠰᠠᠮᠪᠠᠭ᠎ᠠ ᠵᠢ ᠲᠥᠪᠯᠡᠷᠡᠭᠦᠯᠬᠦ ᠦᠢ᠍ᠯᠡᠳᠦᠯ᠎ᠢ ᠎ᠨᠢ ᠭᠦᠢ᠍ᠴᠡᠳ ᠪᠠᠳᠠᠷᠠᠭᠤᠯᠤᠨ᠎ᠠ ᠃  ᠢᠯᠡ᠎ᠪᠠᠷ ᠰᠠᠨᠠᠯ ᠬᠤᠷᠢᠶᠠᠬᠤ ᠂  ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠥᠷᠨᠢᠭᠦᠯᠬᠦ ᠂  ᠬᠠᠤᠯᠢ ᠲᠣᠭᠲᠠᠭ᠋ᠠᠬᠤ ᠵᠥᠪᠳᠡᠯᠴᠡᠭᠡ ᠵᠣᠬᠢᠶᠠᠨ ᠪᠠᠶ᠋ᠢᠭᠤᠯᠬᠤ ᠂  ᠬᠠᠤᠯᠢ ᠲᠣᠭᠲᠠᠭ᠋ᠠᠬᠤ ᠨᠤᠲᠠᠯᠠᠯᠲᠠ ᠵᠢᠨ ᠬᠤᠷᠠᠯ ᠪᠠ ᠰᠠᠭᠤᠳᠠᠯ᠎ᠤᠨ ᠬᠤᠷᠠᠯ ᠬᠤᠷᠠᠯᠳᠤᠭᠤᠯᠬᠤ ᠵᠡᠷᠭᠡ ᠤᠯᠠᠨ ᠵᠦᠢ᠍ᠯ᠎ᠤᠨ ᠬᠡᠯᠪᠡᠷᠢ ᠵᠢ ᠠᠮᠢᠳᠤᠯᠢᠭ ᠵᠶ᠋ᠠᠷ ᠬᠡᠷᠡᠭᠯᠡᠵᠦ ᠂  ᠦᠨᠳᠦᠰᠦᠨ ᠱᠠᠲᠤᠨ᠎ᠤ ᠤᠯᠠᠨ ᠲᠦᠮᠡᠨ ᠂  ᠵᠠᠬ᠎ᠠ ᠳᠡᠯᠭᠡᠭᠦᠷ᠎ᠤᠨ ᠭᠣᠣᠯ ᠴᠣᠭᠴᠠ ᠂  ᠠᠵᠢᠯ ᠲᠦᠷᠦᠯ᠎ᠤᠨ ᠨᠡᠢ᠌ᠭᠡᠮᠯᠢᠭ ᠪᠠ ᠬᠤᠳᠠᠯᠳᠤᠭ᠋ᠠᠴᠢᠳ᠎ᠤᠨ ᠡᠪᠯᠡᠯ᠎ᠤᠨ ᠰᠠᠨᠠᠯ᠎ᠢ ᠥᠷᠭᠡᠨ ᠵᠶ᠋ᠡᠷ ᠰᠣᠨᠣᠰᠴᠤ ᠂  ᠬᠠᠤᠯᠢ ᠲᠣᠭᠲᠠᠭ᠋ᠠᠬᠤ ᠠᠵᠢᠯ᠎ᠤᠨ ᠰᠢᠰᠲ᠋ᠧᠮᠲᠦ ᠴᠢᠨᠠᠷ ᠂  ᠬᠠᠮᠵᠢᠯᠴᠠᠬᠤ ᠴᠢᠨᠠᠷ ᠂  ᠬᠤᠭᠤᠴᠠᠭ᠋ᠠᠲᠤ ᠴᠢᠨᠠᠷ᠎ᠢ᠎ᠨᠢ ᠲᠠᠰᠤᠷᠠᠯᠳᠠ ᠦᠭᠡᠢ ᠴᠢᠩᠭ᠋ᠠᠳᠬᠠᠨ᠎ᠠ ᠃ 

       ᠭᠤᠷᠪᠠ ᠂  ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠬᠠᠤᠯᠢ ᠲᠣᠭᠲᠠᠭ᠋ᠠᠬᠤ ᠠᠵᠢᠯ᠎ᠤᠨ ᠲᠥᠯᠥᠪᠯᠡᠭᠡ ᠵᠢ ᠴᠢᠨᠠᠷ ᠰᠠᠢ᠌ᠲᠠᠢ ᠥᠨᠳᠥᠷ ᠪᠦᠲᠦᠮᠵᠢᠲᠡᠶ ᠨᠠᠢ᠌ᠳᠠᠪᠤᠷᠢᠵᠢᠭᠤᠯᠬᠤ ᠬᠡᠷᠡᠭᠲᠡᠢ

       ᠡᠯ᠎ᠡ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠲᠣᠭᠲᠠᠭ᠋ᠠᠯ  ᠳᠦᠷᠢᠮ᠎ᠤᠨ ᠬᠠᠤᠯᠢ ᠲᠣᠭᠲᠠᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂  ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ ᠂  ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ ᠂  ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ᠎ᠪᠠᠨ  ᠴᠢᠩᠭ᠋ᠠᠷᠠᠭᠤᠯᠤᠨ ᠂  ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠯᠤᠭ᠎ᠠ ᠵᠣᠯᠭ᠋ᠠᠭᠤᠯᠬᠤ ᠠᠵᠢᠯ᠎ᠢ ᠰᠠᠢ᠌ᠲᠤᠷ ᠬᠢᠨ᠎ᠡ ᠃ 

       ᠲᠤᠭᠤᠷᠪᠢᠬᠤ ᠡᠯ᠎ᠡ ᠰᠠᠯᠠᠭ᠎ᠠ ᠮᠥᠴᠢᠷ᠎ᠨᠢ ᠲᠤᠭᠤᠷᠪᠢᠬᠤ ᠠᠵᠢᠯ᠎ᠤᠨ  ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ ᠂  ᠤᠷᠢᠳᠴᠢᠯᠠᠨ ᠤᠬᠠᠭ᠋ᠠᠯᠠᠵᠤ ᠲᠥᠯᠥᠪᠯᠡᠨ ᠂  ᠵᠦᠢ ᠵᠣᠬᠢᠰᠲᠠᠢ ᠲᠣᠬᠢᠷᠠᠭᠤᠯᠵᠤ ᠂  ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠬᠢᠬᠦ ᠂  ᠰᠠᠨᠠᠯ ᠬᠤᠷᠢᠶᠠᠬᠤ ᠂  ᠦᠨᠡᠯᠡᠨ ᠵᠢᠱ᠌ᠢᠵᠦ ᠨᠤᠲᠠᠯᠠᠬᠤ ᠵᠡᠷᠭᠡ ᠠᠵᠢᠯ᠎ᠢ  ᠯᠠᠪᠳᠠᠭᠤᠨ ᠪᠠᠲᠤᠲᠠᠢ ᠰᠠᠢ᠌ᠲᠤᠷ ᠬᠢᠨ᠎ᠡ ᠃  ᠬᠣᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭ᠎ᠠ ᠶᠣᠰᠣᠭ᠋ᠠᠷ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠂  ᠭᠣᠥᠯᠴᠢ ᠥᠷᠢᠰᠦᠯᠳᠦᠭᠡᠨ᠎ᠤ ᠬᠢᠨᠠᠨ ᠪᠠᠢ᠌ᠴᠠᠭ᠋ᠠᠯᠲᠠ ᠂  ᠲᠦᠭᠰᠢᠭᠦᠷᠢ ᠵᠢᠨ ᠦᠨᠡᠯᠡᠨ ᠵᠢᠱ᠌ᠢᠯᠲᠡ ᠵᠡᠷᠭᠡ ᠬᠠᠮᠢᠶ᠎ᠠ ᠪᠦᠬᠦᠢ ᠤᠷᠢᠳᠠᠴᠢ ᠬᠢᠨᠠᠨ ᠬᠠᠷᠭᠤᠭᠤᠯᠤᠯᠲᠠ ᠵᠢᠨ ᠠᠵᠢᠯ᠎ᠢ ᠰᠠᠢ᠌ᠲᠤᠷ ᠬᠢᠨ᠎ᠡ ᠃ ᠲᠣᠭᠲᠠᠭᠰᠠᠨ ᠴᠠᠭ ᠬᠤᠭᠤᠴᠠᠭ᠎ᠠ ᠶᠣᠰᠣᠭ᠋ᠠᠷ ᠬᠢᠨᠠᠨ ᠵᠥᠪᠯᠡᠬᠦ ᠲᠦᠷᠦᠯ ᠵᠦᠢ᠍ᠯ᠎ᠤᠨ  ᠲᠤᠭᠤᠷᠪᠢᠬᠤ ᠠᠵᠢᠯ᠎ᠢ ᠪᠡᠶᠡᠯᠡᠭᠦᠯᠵᠦ ᠂  ᠬᠠᠤᠯᠢ ᠲᠣᠭᠲᠠᠭ᠋ᠠᠯᠲᠠ ᠵᠢ ᠬᠢᠨᠠᠨ ᠪᠠᠢ᠌ᠴᠠᠭ᠋ᠠᠬᠤ ᠂  ᠬᠢᠨᠠᠨ ᠵᠥᠪᠯᠡᠬᠦ ᠵᠡᠷᠭᠡ ᠠᠵᠢᠯ᠎ᠳᠤ ᠵᠣᠬᠢᠰᠲᠠᠢ ᠴᠠᠭ ᠦᠯᠡᠳᠡᠭᠡᠵᠦ ᠥᠭᠭᠦᠨ᠎ᠡ ᠃  ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠲᠥᠯᠥᠪᠯᠡᠭᠡ᠎ᠳᠠᠬᠢ ᠪᠠᠢ᠌ᠴᠠᠭ᠋ᠠᠨ ᠰᠤᠳᠤᠯᠤᠯᠲᠠ ᠵᠢᠨ ᠲᠦᠷᠦᠯ ᠵᠦᠢ᠍ᠯ᠎ᠳᠤ  ᠭᠦᠨᠵᠡᠭᠡᠢ ᠪᠠᠢ᠌ᠴᠠᠭ᠋ᠠᠨ ᠰᠤᠳᠤᠯᠤᠯᠲᠠ ᠪᠠ ᠨᠤᠲᠠᠯᠠᠯᠲᠠ ᠬᠢᠵᠦ ᠂  ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠪᠠ ᠬᠢᠨᠠᠨ  ᠵᠥᠪᠯᠡᠭᠦᠯᠬᠦ᠎ᠪᠠᠷ ᠳᠡᠪᠰᠢᠭᠦᠯᠬᠦ ᠡᠰᠡᠬᠦ ᠲᠤᠬᠠᠢ ᠰᠠᠨᠠᠯ᠎ᠢ ᠪᠦᠷᠢᠯᠳᠦᠭᠦᠯᠦᠨ᠎ᠡ ᠃ 

       ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠂  ᠰᠢᠮᠳᠠᠭᠤᠯᠤᠨ ᠵᠢᠯᠤᠭᠣᠳᠬᠤ᠎ᠪᠠᠨ ᠴᠢᠩᠭ᠋ᠠᠳᠬᠠᠵᠤ ᠂  ᠬᠠᠮᠢᠶ᠎ᠠ ᠪᠦᠬᠦᠢ ᠪᠠᠢ᠌ᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠣᠢ᠌ᠯᠠᠭ᠋ᠠᠨ ᠂  ᠬᠠᠤᠯᠢ ᠲᠣᠭᠲᠠᠭ᠋ᠠᠯᠲᠠ ᠵᠢᠨ ᠬᠢᠨᠠᠨ ᠪᠠᠢ᠌ᠴᠠᠭ᠋ᠠᠬᠤ ᠵᠠᠩᠭᠢᠯᠠᠭ᠎ᠠ ᠵᠢ ᠰᠠᠢ᠌ᠲᠤᠷ  ᠡᠵᠡᠮᠳᠡᠨ᠎ᠡ ᠃  ᠴᠠᠭ᠎ᠨᠢ ᠪᠠᠴᠢᠮ ᠂  ᠬᠦᠴᠢᠷᠳᠡᠯ ᠶᠡᠬᠡᠲᠡᠢ ᠴᠢᠬᠤᠯᠠ ᠶᠡᠬᠡ ᠬᠠᠤᠯᠢ ᠲᠣᠭᠲᠠᠭ᠋ᠠᠬᠤ ᠵᠦᠢ᠍ᠯᠡᠰ᠎ᠲᠤ ᠪᠣᠯ ᠴᠢᠬᠤᠯᠠᠲᠠᠢ ᠦᠶ᠎ᠡ᠎ᠳᠤ ᠤᠷᠢᠳᠴᠢᠯᠠᠨ ᠣᠷᠣᠯᠴᠠᠨ᠎ᠠ ᠃  ᠮᠠᠷᠭᠤᠯᠳᠤᠭ᠋ᠠᠨ ᠵᠶ᠋ᠠᠷ ᠨᠡᠯᠢᠶᠡᠳ ᠶᠡᠬᠡ ᠴᠢᠬᠤᠯᠠ ᠬᠠᠤᠯᠢ ᠲᠣᠭᠲᠠᠭ᠋ᠠᠬᠤ ᠵᠦᠢ᠍ᠯᠡᠰ᠎ᠲᠤ ᠵᠣᠬᠢᠴᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ ᠂ ᠬᠣᠢ᠌ᠷᠭᠤᠰᠢᠨ ᠤᠳᠠᠭ᠋ᠠᠰᠢᠷᠠᠭᠤᠯᠤᠭ᠋ᠠᠳ ᠰᠢᠢ᠍ᠳᠪᠦᠷᠢᠯᠡᠬᠦ ᠦᠭᠡᠢ ᠦᠵᠡᠭᠳᠡᠯ ᠭᠠᠷᠬᠤ᠎ᠠᠴᠠ ᠰᠡᠷᠭᠡᠢ᠌ᠯᠡᠬᠦ ᠬᠡᠷᠡᠭᠲᠡᠢ ᠃ 

      2025 ᠣᠨ᠎ᠤ 1 ᠳ᠋ᠦ᠍ᠭᠡᠷ ᠰᠠᠷ᠎ᠠ ᠵᠢᠨ 12᠎ᠤᠨ ᠡᠳᠦᠷ

      (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

2025 ᠣᠨ᠎ᠤ 1 ᠳ᠋ᠦ᠍ᠭᠡᠷ ᠰᠠᠷ᠎ᠠ ᠵᠢᠨ 13᠎ᠤ ᠡᠳᠦᠷ ᠳᠠᠷᠤᠮᠠᠯᠯᠠᠨ ᠲᠠᠷᠬᠠᠭ᠋ᠠᠪᠠ


0217内蒙古自治区人民政府办公厅关于印发《内蒙古自治区2025年政府规章立法计划》的通知1.png

 

0217内蒙古自治区人民政府办公厅关于印发《内蒙古自治区2025年政府规章立法计划》的通知2.png


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ