ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ ᠦᠨᠳᠦᠰᠦᠨ ᠱᠠᠲᠤᠨ᠎ᠤ ᠰᠠᠭᠤᠷᠢ ᠵᠢ ᠪᠡᠬᠢᠵᠢᠭᠦᠯᠦᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
ᠨᠡᠶ᠋ᠢᠲᠡᠯᠡᠭᠰᠡᠨ ᠴᠠᠭ᠄ 2025-02-14

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

 

ᠥᠪᠥᠷ ᠵᠠᠰᠠᠭ ᠠᠯᠪᠠᠨ ᠲᠠᠷᠬᠠᠭ᠋ᠠᠭᠰᠠᠨ [2024] 56 ᠳ᠋ᠤᠭ᠋ᠠᠷ ᠲᠣᠭ᠋ᠠᠲᠤ

 

ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ ᠦᠨᠳᠦᠰᠦᠨ ᠱᠠᠲᠤᠨ᠎ᠤ ᠰᠠᠭᠤᠷᠢ ᠵᠢ ᠪᠡᠬᠢᠵᠢᠭᠦᠯᠦᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ

 

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

       ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠥᠳᠡ ᠬᠤᠷᠠᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠳᠡᠨ᠂ ᠣᠳᠣᠬᠢᠴᠢᠯᠠᠭᠰᠠᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠬᠤ ᠵᠢᠨ ᠲᠤᠯᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠦᠨᠳᠦᠰᠦᠨ ᠱᠠᠲᠤᠨ᠎ᠤ ᠰᠠᠭᠤᠷᠢ ᠵᠢ ᠤᠯᠠᠮ ᠨᠢᠭᠡ ᠠᠯᠬᠤᠮ ᠪᠡᠬᠢᠵᠢᠭᠦᠯᠵᠦ᠂ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠳᠣᠣᠷᠠᠬᠢ ᠮᠡᠲᠦ ᠰᠠᠨᠠᠯ᠎ᠢ ᠳᠤᠷᠠᠳᠪᠠ᠃

       ᠨᠢᠭᠡ᠂ ᠡᠵᠡᠩᠨᠡᠯᠲᠡ ᠵᠢᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠨ᠎ᠡ

      (ᠨᠢᠭᠡ) ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠤᠭᠤᠯᠬᠤ ᠵᠢ ᠳᠥᠭᠥᠮᠴᠢᠯᠡᠬᠦ ᠥᠭᠡᠷᠡᠴᠢᠯᠡᠯᠲᠡ ᠵᠢ ᠠᠬᠢᠭᠤᠯᠤᠨ᠎ᠠ᠃ ᠡᠵᠡᠩᠨᠡᠯᠲᠡ ᠵᠢᠨ ᠭᠣᠣᠯ ᠴᠣᠭᠴᠠ ᠵᠢᠨ ᠳᠠᠩᠰᠠᠯᠠᠯᠲᠠ ᠵᠢ ᠦᠷᠭᠦᠯᠵᠢᠯᠡᠨ ᠰᠢᠯᠢᠳᠡᠭᠵᠢᠭᠦᠯᠵᠦ᠂ 《ᠨᠢᠭᠡ ᠰᠦᠯᠵᠢᠶ᠎ᠡ᠎ᠪᠠᠷ ᠭᠤᠶᠤᠴᠢᠯᠠᠬᠤ᠂ ᠨᠢᠭᠡ ᠤᠳᠠᠭ᠎ᠠ᠎ᠳᠤ ᠲᠠᠭᠯᠠᠨ ᠮᠡᠳᠡᠭᠦᠯᠬᠦ᠂ ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ》 ᠵᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶ᠎ᠡ ᠴᠠᠷᠠᠭ᠋ᠠᠨ᠎ᠳᠠᠬᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠥᠪᠰᠢᠶᠡᠷᠡᠯ᠎ᠤᠨ ᠵᠦᠢ᠍ᠯᠡᠰ᠎ᠤᠨ ᠭᠡᠷᠡᠴᠢ ᠦᠨᠡᠮᠯᠡᠯ᠎ᠢ ᠬᠣᠯᠪᠤᠭ᠋ᠠᠯᠠᠨ ᠭᠦᠢ᠍ᠴᠡᠳᠬᠡᠬᠦ᠂ ᠬᠠᠮᠲᠤᠳᠬᠠᠨ ᠬᠢᠨᠠᠵᠤ ᠵᠥᠪᠰᠢᠶᠡᠷᠡᠬᠦ ᠵᠢ ᠠᠬᠢᠭᠤᠯᠵᠤ᠂ ᠨᠢᠭᠡ ᠢᠵᠢ ᠮᠠᠲ᠋ᠧᠷᠢᠶᠠᠯ ᠲᠤᠰᠢᠶᠠᠵᠤ᠂ ᠠᠷᠤ ᠲᠠᠪᠴᠠᠩ᠎ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡ ᠤᠳᠠᠭ᠋ᠠᠨ᠎ᠤ ᠭᠤᠶᠤᠴᠢᠯᠠᠯ ᠵᠶ᠋ᠠᠷ ᠣᠯᠠᠨ ᠤᠴᠢᠷ ᠶᠠᠪᠤᠳᠠᠯ᠎ᠢ ᠭᠦᠢ᠍ᠴᠡᠳᠬᠡᠬᠦ ᠵᠢ ᠪᠡᠶᠡᠯᠡᠭᠦᠯᠦᠨ᠎ᠡ᠃ ᠲᠠᠪᠴᠠᠩ᠎ᠳᠤ ᠠᠵᠤ ᠠᠬᠤᠢ ᠵᠢᠨ ᠪᠥᠭᠡᠮᠨᠡᠷᠡᠯ᠎ᠢ ᠳᠠᠩᠰᠠᠯᠠᠵᠣ ᠲᠡᠮᠳᠡᠭᠯᠡᠬᠦ ᠵᠢ ᠠᠬᠢᠭᠤᠯᠤᠨ᠎ᠠ᠃ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠤᠭᠤᠯᠬᠤ᠂ ᠭᠠᠢ᠌ᠯᠢ ᠲᠤᠰᠢᠶᠠᠬᠤ᠂ ᠨᠡᠢ᠌ᠭᠡᠮ᠎ᠤᠨ ᠳᠠᠭ᠋ᠠᠳᠬᠠᠯ᠂ ᠮᠥᠩᠭᠥᠨ ᠭᠦᠢ᠍ᠯᠭᠡᠭᠡ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠵᠡᠷᠭᠡ ᠠᠵᠤ ᠠᠬᠤᠢ᠌ᠯᠠᠯ᠎ᠳᠤ ᠬᠣᠯᠪᠣᠭᠳᠠᠬᠤ ᠥᠨᠳᠥᠷ ᠳᠠᠪᠲᠠᠮᠵᠢᠲᠤ ᠦᠢ᠍ᠯᠡᠴᠢᠯᠡᠭᠡᠨ᠎ᠤ ᠬᠦᠷᠢᠶ᠎ᠡ ᠴᠠᠷᠠᠭ᠋ᠠᠨ᠎ᠳᠠᠬᠢ ᠡᠯᠧᠺᠲᠷᠣᠨ ᠡᠵᠡᠩᠨᠡᠯᠲᠡ ᠵᠢᠨ ᠦᠨᠡᠮᠯᠡᠯ᠎ᠤᠨ ᠬᠡᠷᠡᠭᠯᠡᠯᠲᠡ ᠵᠢ ᠦᠷᠭᠦᠯᠵᠢᠯᠡᠨ ᠠᠬᠢᠭᠤᠯᠤᠨ᠎ᠠ᠃ ᠮᠡᠳᠡᠭᠡ ᠵᠠᠩᠭᠢ ᠵᠢ ᠬᠠᠮᠲᠤ᠎ᠪᠠᠷ ᠬᠦᠷᠲᠡᠵᠦ ᠬᠠᠷᠢᠯᠴᠠᠨ ᠮᠡᠳᠡᠷᠡᠬᠦ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠠᠬᠤᠢ᠌ᠯᠠᠯ᠎ᠤᠨ ᠰᠠᠭᠤᠭ᠎ᠠ ᠭᠠᠵᠠᠷ (ᠡᠵᠡᠩᠨᠡᠯᠲᠡ ᠵᠢᠨ ᠲᠠᠯᠠᠪᠤᠷ ᠭᠠᠵᠠᠷ)᠎ᠤᠨ ᠪᠠᠷᠢᠮᠵᠢᠶᠠᠵᠢᠭᠤᠯᠤᠭᠰᠠᠨ ᠳᠠᠩᠰᠠᠯᠠᠯᠲᠠ ᠵᠢ ᠠᠬᠢᠭᠤᠯᠵᠤ᠂ ᠦᠯᠦ ᠬᠥᠳᠡᠯᠬᠦ ᠬᠥᠷᠥᠩᠭᠡ ᠵᠢᠨ ᠳᠠᠩᠰᠠᠯᠠᠯᠲᠠ ᠵᠢᠨ ᠬᠠᠮᠢᠶ᠎ᠠ ᠪᠦᠬᠦᠢ ᠮᠡᠳᠡᠭᠡ ᠵᠠᠩᠭᠢ᠎ᠯᠤᠭ᠎ᠠ ᠰᠦᠯᠵᠢᠶᠡᠨ ᠎ᠳᠤ ᠬᠠᠷᠢᠴᠠᠭᠤᠯᠵᠤ ᠬᠠᠷᠭᠤᠭᠤᠯᠤᠨ ᠪᠠᠢ᠌ᠴᠠᠭ᠋ᠠᠬᠤ ᠵᠢ ᠪᠡᠶᠡᠯᠡᠭᠦᠯᠦᠨ᠂ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠤᠭᠤᠯᠬᠤ ᠵᠢᠨ ᠳᠦᠷᠢᠮ᠎ᠤᠨ ᠴᠢᠨᠠᠷᠲᠠᠢ ᠥᠪᠡᠷ᠎ᠤᠨ ᠦᠷᠳᠡᠭ᠎ᠢ ᠪᠠᠭᠤᠷᠠᠭᠤᠯᠤᠨ᠎ᠠ᠃ ᠪᠥᠬᠥ ᠣᠷᠣᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠦᠷ᠎ᠡ ᠳ᠋ᠦᠩ 《ᠬᠣᠶᠠᠷ᠎ᠢ ᠵᠠᠷᠯᠠᠨ ᠨᠡᠢ᠌ᠲᠡᠯᠡᠬᠦ》 ᠠᠵᠢᠯ᠎ᠢ ᠪᠦᠷᠢᠨ ᠪᠦᠷᠬᠦᠭᠦᠯᠬᠦ ᠵᠢ ᠠᠬᠢᠭᠤᠯᠤᠨ᠎ᠠ᠃

      (ᠬᠣᠶᠠᠷ) ᠠᠵᠤ ᠠᠬᠤᠢ᠌ᠯᠠᠯ᠎ᠳᠤ ᠬᠣᠯᠪᠣᠭᠳᠠᠬᠤ ᠵᠥᠪᠰᠢᠶᠡᠷᠡᠯ᠎ᠤᠨ ᠬᠢᠨᠠᠨ ᠵᠥᠪᠰᠢᠶᠡᠷᠡᠬᠦ ᠳᠡᠰ ᠳᠠᠷᠠᠭ᠋ᠠᠯᠠᠯ᠎ᠢ ᠰᠢᠯᠢᠳᠡᠭᠵᠢᠭᠦᠯᠦᠨ᠎ᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶ᠎ᠡ ᠴᠠᠷᠠᠭ᠋ᠠᠨ᠎ᠳᠠᠬᠢ ᠬᠦᠴᠦᠨ ᠦᠭᠡᠢ ᠪᠣᠯᠭ᠋ᠠᠬᠤ᠂ ᠳᠣᠷᠣᠭᠰᠢ ᠪᠠᠭᠤᠯᠭ᠋ᠠᠬᠤ ᠵᠥᠪᠰᠢᠶᠡᠷᠡᠯ᠎ᠤᠨ ᠵᠦᠢ᠍ᠯᠡᠰ᠎ᠢ ᠦᠨᠡᠯᠡᠨ ᠵᠢᠱ᠌ᠢᠵᠦ ᠥᠭᠡᠷᠡᠴᠢᠯᠡᠨ ᠰᠠᠢ᠌ᠵᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠬᠢᠨᠠᠨ ᠲᠣᠭᠲᠠᠭ᠋ᠠᠬᠤ᠂ ᠳᠠᠩᠰᠠᠯᠠᠬᠤ ᠠᠵᠢᠯ᠎ᠤᠨ ᠳᠦᠷᠢᠮ᠎ᠢ ᠰᠢᠯᠢᠳᠡᠭᠵᠢᠭᠦᠯᠦᠨ᠎ᠡ᠃ ᠬᠣᠯᠪᠣᠭ᠋ᠠᠲᠤ ᠢᠳᠡᠭᠡᠨ ᠡᠵᠡᠩᠨᠡᠯᠲᠡ ᠵᠢᠨ ᠵᠥᠪᠰᠢᠶᠡᠷᠡᠯ᠎ᠤᠨ ᠮᠡᠳᠡᠭᠳᠡᠬᠦ ᠠᠮᠠᠯᠠᠬᠤ ᠳᠦᠷᠢᠮ᠎ᠢ ᠬᠡᠷᠡᠭᠵᠢᠭᠦᠯᠵᠦ᠂ ᠰᠤᠯᠠ ᠢᠳᠡᠭᠡᠨ ᠵᠢᠵᠢᠭ ᠳᠡᠯᠭᠡᠭᠦᠷ᠎ᠤᠨ ᠳᠠᠩᠰᠠᠯᠠᠯᠲᠠ ᠵᠢᠨ 《ᠨᠢᠭᠡ ᠠᠵᠤ ᠠᠬᠤᠢ᠌ᠯᠠᠯ᠎ᠳᠤ ᠨᠢᠭᠡ ᠦᠨᠡᠮᠯᠡᠯ ᠣᠯᠭᠣᠬᠤ》 ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠵᠤ᠂ ᠡᠷᠡᠭᠦᠯᠵᠢᠯ᠎ᠤᠨ ᠢᠳᠡᠭᠡᠨ᠎ᠤ 《ᠳᠠᠩᠰᠠᠯᠠᠭᠤᠯᠬᠤ᠎ᠪᠠᠷ ᠪᠠᠢ᠌ᠭ᠎ᠠ ᠵᠦᠢ᠍ᠯ》᠎ᠤᠨ ᠢᠳᠡᠭᠡᠨ᠎ᠤ ᠦᠢ᠍ᠯᠡᠳᠪᠦᠷᠢᠯᠡᠯ᠎ᠤᠨ ᠵᠥᠪᠰᠢᠶᠡᠷᠡᠯ᠎ᠢ ᠭᠤᠶᠤᠴᠢᠯᠠᠬᠤ ᠵᠢ ᠰᠦᠪᠡᠭᠴᠢᠯᠡᠨ᠎ᠡ᠃ ᠠᠵᠤ ᠠᠬᠤᠢ᠌ᠯᠠᠯ᠎ᠤᠨ ᠬᠠᠮᠤᠭ᠎ᠤᠨ ᠳᠡᠭᠡᠳᠦ ᠬᠡᠮᠵᠢᠯᠲᠡ ᠵᠢᠨ ᠪᠠᠷᠢᠮᠵᠢᠶᠠᠨ᠎ᠤ ᠥᠪᠡᠷ᠎ᠤᠨ ᠠᠮᠠᠯᠠᠯᠲᠠ ᠵᠢᠨ ᠳᠦᠷᠢᠮ᠎ᠢ ᠬᠡᠷᠡᠭᠵᠢᠭᠦᠯᠵᠦ᠂ ᠠᠵᠤ ᠠᠬᠤᠢ᠌ᠯᠠᠯ᠎ᠤᠨ ᠳᠠᠩᠰᠠᠯᠠᠭᠤᠯᠤᠭᠰᠠᠨ ᠬᠡᠮᠵᠢᠭᠴᠢ ᠵᠢᠨ ᠳᠠᠩᠰᠠᠯᠠᠬᠤ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠦᠨ᠎ᠡ᠃

      (ᠭᠤᠷᠪᠠ) ᠡᠵᠡᠩᠨᠡᠯᠲᠡ ᠵᠢᠨ ᠭᠣᠣᠯ ᠴᠣᠭᠴᠠ ᠵᠢᠨ ᠪᠤᠴᠠᠵᠤ ᠭᠠᠷᠬᠤ ᠴᠤᠪᠤᠷᠠᠯ᠎ᠢ ᠳᠥᠭᠥᠮᠴᠢᠯᠡᠨ᠎ᠡ᠃ ᠳᠠᠩᠰᠠᠯᠠᠭᠤᠯᠤᠭᠰᠠᠨ ᠬᠥᠷᠥᠩᠭᠡ ᠵᠢᠨ ᠳᠠᠭ᠋ᠠᠭ᠋ᠠᠨ ᠲᠤᠰᠢᠶᠠᠬᠤ ᠳᠠᠩᠰᠠᠯᠠᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠦᠯᠡᠳᠡᠭᠡᠯ ᠺᠣᠮᠫᠠᠨᠢ ᠵᠢᠨ ᠳᠠᠩᠰᠠᠯᠠᠭᠤᠯᠤᠭᠰᠠᠨ ᠬᠥᠷᠥᠩᠭᠡ ᠵᠢ ᠲᠣᠬᠢᠷᠠᠭᠤᠯᠤᠨ ᠳᠠᠩᠰᠠᠯᠠᠵᠤ ᠲᠡᠮᠳᠡᠭᠯᠡᠬᠦ ᠠᠵᠢᠯ᠎ᠢ ᠵᠢᠯᠤᠭᠣᠳᠴᠤ᠂ ᠰᠢᠨ᠎ᠡ᠎ᠪᠠᠷ ᠪᠠᠢ᠌ᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠬᠣᠪᠢᠴᠠᠭ᠋ᠠᠲᠠᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠺᠣᠮᠫᠠᠨᠢ ᠪᠠᠢ᠌ᠭᠤᠯᠤᠭᠳᠠᠭᠰᠠᠨ ᠡᠳᠦᠷ᠎ᠠᠴᠠ ᠡᠬᠢᠯᠡᠨ ᠲᠠᠪᠤᠨ ᠵᠢᠯ᠎ᠤᠨ ᠳᠣᠲᠣᠷ᠎ᠠ ᠳᠠᠭ᠋ᠠᠭ᠋ᠠᠨ ᠲᠤᠰᠢᠶᠠᠬᠤ ᠪᠡᠯᠡ ᠭᠠᠷᠭ᠋ᠠᠯᠲᠠ ᠵᠢ᠎ᠨᠢ ᠭᠦᠢ᠍ᠴᠡᠳ ᠲᠤᠰᠢᠶᠠᠯᠭ᠋ᠠᠨ᠎ᠠ᠃ 《ᠦᠬᠦᠰᠢᠷᠡᠮᠡᠯ ᠠᠵᠤ ᠠᠬᠤᠢ᠌ᠯᠠᠯ》᠎ᠢ ᠠᠯᠪᠠᠳᠠᠯᠭ᠎ᠠ᠎ᠪᠠᠷ ᠪᠤᠴᠠᠭ᠋ᠠᠨ ᠭᠠᠷᠭ᠋ᠠᠬᠤ ᠳᠦᠷᠢᠮ᠎ᠢ ᠪᠠᠢ᠌ᠭᠤᠯᠤᠨ᠎ᠠ᠃ ᠠᠵᠤ ᠠᠬᠤᠢ᠌ᠯᠠᠯ᠎ᠤᠨ ᠴᠢᠯᠦᠭᠡᠲᠦ ᠨᠡᠭᠦᠯᠲᠡ ᠵᠢ ᠬᠢᠵᠠᠭ᠋ᠠᠷᠯᠠᠬᠤ ᠲᠣᠭᠲᠠᠭ᠋ᠠᠯ ᠪᠠ ᠠᠷᠭ᠎ᠠ ᠬᠢᠳᠡᠯ᠎ᠳᠤ ᠵᠠᠰᠠᠪᠤᠷᠢ ᠣᠷᠣᠭᠤᠯᠬᠤ ᠪᠤᠶᠤ ᠲᠡᠭᠦᠨ᠎ᠢ ᠬᠦᠴᠦᠨ ᠦᠭᠡᠢ ᠪᠣᠯᠭ᠋ᠠᠵᠤ᠂ ᠠᠵᠤ ᠠᠬᠤᠢ᠌ᠯᠠᠯ᠎ᠤᠨ ᠡᠵᠡᠩᠨᠡᠯᠲᠡ ᠵᠢᠨ ᠡᠵᠡ ᠮᠡᠳᠡᠬᠦ ᠵᠢ ᠪᠠᠲᠤᠯᠠᠨ᠎ᠠ᠃

      (ᠳᠥᠷᠪᠡ) ᠡᠵᠡᠩᠨᠡᠯᠲᠡ ᠵᠢᠨ ᠭᠣᠣᠯ ᠴᠣᠭᠴᠠ ᠵᠢᠨ ᠬᠥᠭᠵᠢᠯᠲᠡ᠎ᠳᠤ ᠦᠢ᠍ᠯᠡᠴᠢᠯᠡᠬᠦ ᠲᠠᠪᠴᠠᠩ᠎ᠢ ᠪᠠᠢ᠌ᠭᠤᠯᠤᠨ᠎ᠠ᠃ 《ᠤᠷᠢᠵᠤ ᠠᠪᠴᠢᠷᠠᠭ᠋ᠠᠳ ᠢᠳᠬᠠᠯ ᠰᠠᠨᠠᠭᠤᠯᠭ᠎ᠠ ᠵᠢ ᠰᠤᠨᠤᠰᠬᠤ᠂ ᠦᠨᠳᠦᠰᠦᠨ ᠱᠠᠲᠤᠨ᠎ᠳᠤ ᠭᠦᠨᠵᠡᠭᠡᠢ᠌ᠷᠡᠭᠡᠳ ᠬᠦᠴᠢᠷ ᠠᠰᠠᠭᠤᠳᠠᠯ᠎ᠢ ᠰᠢᠢ᠍ᠳᠪᠦᠷᠢᠯᠡᠬᠦ》 ᠦᠢ᠍ᠯᠡᠴᠢᠯᠡᠭᠡᠨ᠎ᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠳᠤᠮᠳᠠ ᠵᠢᠵᠢᠭ ᠠᠵᠤ ᠠᠬᠤᠢ᠌ᠯᠠᠯ᠎ᠳᠤ ᠬᠠᠤᠯᠢ ᠴᠠᠭ᠋ᠠᠵᠠ᠂ ᠲᠦᠷᠦ ᠵᠢᠨ ᠪᠣᠳᠣᠯᠭ᠎ᠠ ᠪᠠ ᠦᠢ᠍ᠯᠡᠴᠢᠯᠡᠭᠡ ᠬᠦᠷᠭᠡᠨ᠎ᠡ᠃ ᠬᠤᠪᠢ ᠵᠢᠨ ᠡᠷᠣᠭᠡ ᠪᠠ ᠬᠤᠪᠢ ᠵᠢᠨ ᠠᠵᠤ ᠠᠬᠤᠢ᠌ᠯᠠᠯ᠎ᠤᠨ ᠨᠡᠢ᠌ᠭᠡᠮᠯᠢᠭ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠤᠪᠢ ᠵᠢᠨ ᠡᠷᠣᠭᠡ ᠪᠠ ᠬᠤᠪᠢ ᠵᠢᠨ ᠠᠵᠤ ᠠᠬᠤᠢ ᠵᠢᠨ ᠬᠥᠭᠵᠢᠯᠲᠡ᠎ᠳᠤ ᠦᠢ᠍ᠯᠡᠴᠢᠯᠡᠬᠦ ᠲᠠᠪᠴᠠᠩ᠎ᠢ ᠪᠠᠢ᠌ᠭᠤᠯᠤᠨ᠎ᠠ᠃ 《ᠨᠠᠷᠠᠲᠤ ᠥᠪᠡᠷᠮᠢᠴᠡ ᠰᠢᠯᠢᠳᠡᠭ ᠰᠢᠨ᠎ᠡ》 ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠪᠠᠷ ᠭᠤᠶᠤᠴᠢᠯᠠᠨ ᠮᠡᠳᠡᠭᠦᠯᠵᠦ ᠮᠠᠭ᠋ᠠᠳᠯᠠᠨ ᠲᠣᠭᠲᠠᠭ᠋ᠠᠬᠤ ᠠᠵᠢᠯ᠎ᠢ ᠥᠷᠨᠢᠭᠦᠯᠵᠦ᠂ ᠪᠥᠬᠥ ᠣᠷᠣᠨ᠎ᠤ ᠨᠢᠭᠡᠳᠦᠯᠲᠡᠢ ᠬᠡᠯᠪᠡᠷᠢ ᠲᠥᠷᠥᠯ ᠬᠤᠪᠢᠶᠠᠨ ᠪᠣᠢ᠌ᠵᠢᠭᠤᠯᠬᠤ ᠨᠡᠷᠡᠰ᠎ᠤᠨ ᠬᠥᠮᠥᠷᠭᠡ ᠵᠢ ᠪᠠᠢ᠌ᠭᠤᠯᠤᠨ᠂ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠣᠨᠣᠴᠠᠲᠠᠢ᠎ᠪᠠᠷ ᠬᠠᠪᠰᠤᠷᠤᠨ ᠲᠡᠳᠬᠦᠬᠦ ᠵᠢ ᠡᠮᠬᠢ ᠵᠢᠷᠤᠮ᠎ᠲᠠᠢ ᠠᠬᠢᠭᠤᠯᠵᠤ᠂ 《ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠢ᠌ᠯᠠᠯ ᠪᠣᠯᠭ᠋ᠠᠨ ᠬᠤᠪᠢᠷᠠᠭᠤᠯᠬᠤ》 ᠳᠠᠩᠰᠠᠯᠠᠯᠲᠠ ᠦᠢ᠍ᠯᠡᠴᠢᠯᠡᠭᠡ ᠵᠢ ᠰᠢᠯᠢᠳᠡᠭᠵᠢᠭᠦᠯᠦᠨ᠎ᠡ᠃

      (ᠲᠠᠪᠤ) ᠪᠠᠭᠲᠠᠭ᠋ᠠᠮᠵᠢᠲᠠᠢ ᠪᠥᠭᠡᠳ ᠬᠢᠨᠠᠭᠤᠷ ᠪᠣᠯᠭᠣᠮᠵᠢᠲᠠᠢ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠎ᠡ᠃ 《ᠪᠡᠶ᠎ᠡ ᠵᠢᠨ ᠪᠠᠢ᠌ᠴᠠᠭ᠋ᠠᠯᠲᠠ ᠮᠠᠶᠢᠭ᠎ᠤᠨ ᠬᠢᠨᠠᠯᠲᠠ ᠬᠠᠮᠢᠶᠠᠷᠤᠯᠲᠠ ᠦᠢ᠍ᠯᠡᠴᠢᠯᠡᠭᠡᠨ᠎ᠤ ᠮᠠᠶᠢᠭ᠎ᠤᠨ ᠬᠠᠤᠯᠢ ᠬᠡᠷᠡᠭᠵᠢᠭᠦᠯᠦᠯᠲᠡ》 ᠵᠢᠨ ᠬᠡᠪ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠬᠢᠨᠠᠨ ᠬᠠᠮᠢᠶᠠᠷᠬᠤ ᠴᠢᠩᠳᠠᠯᠠᠯ᠎ᠢ ᠤᠷᠤᠭᠰᠢ ᠰᠢᠯᠵᠢᠭᠦᠯᠬᠦ ᠵᠢ ᠠᠬᠢᠭᠤᠯᠤᠨ᠂ ᠠᠵᠢᠯ ᠶᠠᠪᠤᠳᠠᠯ᠎ᠤᠨ ᠡᠮᠦᠨᠡᠬᠢ ᠲᠣᠭᠲᠠᠭ᠋ᠠᠯ᠎ᠳᠤ ᠨᠡᠢ᠌ᠴᠡᠭᠦᠯᠬᠦ ᠵᠢᠯᠣᠭᠣᠳᠤᠯᠭ᠎ᠠ᠎ᠪᠠᠨ ᠴᠢᠩᠭ᠋ᠠᠷᠠᠭᠤᠯᠵᠤ᠂ ᠠᠵᠢᠯ ᠶᠠᠪᠤᠳᠠᠯ᠎ᠤᠨ ᠳᠠᠷᠠᠭ᠋ᠠᠬᠢ ᠬᠠᠤᠯᠢ ᠬᠡᠷᠡᠭᠵᠢᠭᠦᠯᠦᠯᠲᠡ ᠵᠢᠨ ᠪᠤᠴᠠᠨ ᠰᠤᠷᠪᠤᠯᠵᠢᠯᠠᠬᠤ ᠳᠦᠷᠢᠮ᠎ᠢ ᠪᠠᠢ᠌ᠭᠤᠯᠤᠨ᠎ᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶ᠎ᠡ ᠴᠠᠷᠠᠭ᠋ᠠᠨ᠎ᠳᠠᠬᠢ ᠡᠯ᠎ᠡ ᠲᠥᠷᠥᠯ᠎ᠤᠨ ᠪᠠᠢ᠌ᠴᠠᠭ᠋ᠠᠬᠤ ᠲᠥᠷᠥᠯ ᠵᠦᠢ᠍ᠯ᠎ᠢ ᠡᠮᠬᠢᠯᠡᠨ ᠨᠡᠢ᠌ᠯᠡᠭᠦᠯᠵᠦ᠂ 《ᠬᠣᠶᠠᠷ᠎ᠢ ᠲᠠᠰᠢᠷᠠᠮ ᠵᠶ᠋ᠠᠷ ᠰᠤᠭᠤᠴᠢᠵᠤ᠂ ᠨᠢᠭᠡ ᠵᠢ ᠢᠯᠡ ᠪᠣᠯᠭ᠋ᠠᠬᠤ》 ᠪᠠᠢ᠌ᠴᠠᠭ᠋ᠠᠯᠲᠠ ᠵᠢᠨ ᠤᠳᠠᠭ᠎ᠠ ᠳᠠᠷᠠᠭ᠎ᠠ ᠵᠢ ᠵᠦᠢ ᠵᠣᠬᠢᠰᠲᠠᠢ ᠲᠣᠭᠲᠠᠭ᠋ᠠᠨ᠂ 《ᠤᠴᠢᠷ ᠰᠢᠯᠲᠠᠭ᠋ᠠᠨ ᠦᠭᠡᠢ᠎ᠪᠠᠷ ᠦᠢ᠍ᠮᠡᠭᠦᠯᠬᠦ ᠦᠭᠡᠢ》 ᠠᠵᠤ ᠠᠬᠤᠢ᠌ᠯᠠᠯ᠎ᠤᠨ ᠲᠣᠳᠣᠷᠬᠠᠢ ᠬᠠᠭᠤᠳᠠᠰᠤ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠵᠦ᠂ 《ᠨᠢᠭᠡ ᠺᠣᠳ᠋ ᠵᠶ᠋ᠠᠷ ᠪᠠᠢ᠌ᠴᠠᠭ᠋ᠠᠬᠤ》 ᠵᠢ ᠬᠡᠷᠡᠭᠵᠢᠭᠦᠯᠦᠨ᠂ ᠠᠵᠤ ᠠᠬᠤᠢ᠌ᠯᠠᠯ᠎ᠳᠤ ᠬᠣᠯᠪᠣᠭᠳᠠᠬᠤ ᠬᠢᠨᠠᠯᠲᠠ ᠪᠠᠢ᠌ᠴᠠᠭ᠋ᠠᠯᠲᠠ ᠵᠢᠨ ᠠᠭᠤᠯᠭ᠎ᠠ᠂ ᠠᠷᠭ᠎ᠠ ᠮᠠᠶᠢᠭ ᠪᠠ ᠴᠤᠪᠤᠷᠠᠯ᠎ᠢ ᠵᠢᠷᠤᠮᠵᠢᠭᠤᠯᠤᠨ᠎ᠠ᠃

      (ᠵᠢᠷᠭᠤᠭ᠎ᠠ) ᠢᠲᠡᠭᠡᠮᠵᠢ ᠵᠢᠨ ᠲᠦᠭᠰᠢᠭᠦᠷᠢ ᠵᠢ ᠲᠥᠷᠥᠯ ᠬᠤᠪᠢᠶᠠᠨ ᠬᠢᠨᠠᠨ ᠬᠠᠮᠢᠶᠠᠷᠬᠤ ᠵᠢ ᠭᠦᠨᠵᠡᠭᠡᠢ ᠬᠡᠷᠡᠭᠵᠢᠭᠦᠯᠦᠨ᠎ᠡ᠃ ᠢᠲᠡᠭᠡᠮᠵᠢ ᠵᠢ ᠵᠠᠰᠠᠨ ᠰᠡᠷᠭᠦᠭᠡᠬᠦ ᠬᠠᠮᠢᠶᠠᠷᠤᠯᠲᠠ ᠵᠢᠨ ᠲᠣᠭᠲᠠᠴᠠ ᠵᠢ ᠰᠢᠯᠢᠳᠡᠭᠵᠢᠭᠦᠯᠵᠦ᠂ 《ᠠᠮᠠᠯᠠᠯᠲᠠ ᠵᠢᠨ ᠳᠦᠷᠢᠮ》 ᠵᠶ᠋ᠠᠷ ᠵᠠᠰᠠᠨ ᠰᠡᠷᠭᠦᠭᠡᠬᠦ᠂ 《ᠬᠤᠷᠳᠤ ᠨᠡᠮᠡᠨ》 ᠭᠦᠢ᠍ᠴᠡᠳᠬᠡᠨ ᠳᠠᠭᠤᠰᠬᠠᠬᠤ ᠵᠡᠷᠭᠡ ᠢᠲᠡᠭᠡᠮᠵᠢ ᠵᠢ ᠵᠠᠰᠠᠨ ᠰᠡᠷᠭᠦᠭᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠂ 《ᠭᠤᠷᠪᠠᠨ ᠪᠢᠴᠢᠭ᠎ᠢ ᠵᠡᠷᠭᠡ᠎ᠳᠤ᠎ᠨᠢ ᠬᠦᠷᠭᠡᠬᠦ》 ᠵᠢ ᠲᠤᠷᠰᠢᠨ ᠬᠡᠷᠡᠭᠵᠢᠭᠦᠯᠦᠨ᠎ᠡ᠃ ᠠᠵᠤ ᠠᠬᠤᠢ᠌ᠯᠠᠯ᠎ᠤᠨ ᠢᠲᠡᠭᠡᠮᠵᠢ ᠵᠢᠨ ᠲᠦᠭᠰᠢᠭᠦᠷᠢ᠎ᠳᠤ ᠲᠥᠷᠥᠯ ᠬᠤᠪᠢᠶᠠᠬᠤ ᠵᠢ ᠭᠦᠨᠵᠡᠭᠡᠢ ᠠᠬᠢᠭᠤᠯᠵᠤ᠂ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠢᠲᠡᠭᠡᠮᠵᠢ ᠵᠢᠨ ᠲᠦᠭᠰᠢᠭᠦᠷᠢ ᠵᠢ ᠲᠥᠷᠥᠯ ᠬᠤᠪᠢᠶᠠᠬᠤ ᠭᠦᠢ᠍ᠴᠡᠳᠬᠡᠯ ᠲᠣᠭ᠋ᠠᠨ᠎ᠤ ᠬᠡᠪ ᠵᠠᠭᠪᠤᠷ᠎ᠢ ᠪᠠᠢ᠌ᠭᠤᠯᠤᠨ᠂ ᠵᠦᠷᠢᠶᠡᠴᠢᠯᠡᠭᠰᠡᠨ ᠣᠨᠣᠴᠠᠲᠠᠢ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠎ᠡ᠃ 《ᠢᠲᠡᠭᠡᠮᠵᠢ + ᠬᠠᠤᠯᠢ ᠬᠡᠷᠡᠭᠵᠢᠭᠦᠯᠦᠯᠲᠡ + ᠦᠢ᠍ᠯᠡᠴᠢᠯᠡᠭᠡ》 ᠵᠢᠨ ᠬᠢᠨᠠᠯᠲᠠ ᠬᠠᠮᠢᠶᠠᠷᠤᠯᠲᠠ ᠵᠢᠨ ᠬᠡᠪ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ᠃ ᠠᠷᠠᠳ᠎ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠢ᠌ᠯᠠᠯ᠎ᠤᠨ ᠢᠲᠡᠭᠡᠮᠵᠢ᠎ᠪᠠᠨ ᠨᠡᠮᠡᠭᠳᠡᠭᠦᠯᠬᠦ ᠳᠦᠷᠢᠮ᠎ᠢ ᠪᠦᠷᠢᠨᠰᠢᠭᠦᠯᠵᠦ᠂ 《ᠥᠪᠥᠷ ᠮᠣᠩᠭᠣᠯ᠎ᠤᠨ ᠢᠲᠡᠭᠡᠮᠵᠢᠲᠦ ᠵᠢᠭᠡᠯᠡᠯᠭᠡ》 ᠵᠡᠷᠭᠡ ᠮᠥᠩᠭᠥᠨ ᠭᠦᠢ᠍ᠯᠭᠡᠭᠡᠨ᠎ᠤ ᠨᠡᠷᠡᠳᠬᠦᠨ᠎ᠤ ᠬᠠᠮᠤᠷᠬᠤ ᠬᠡᠪᠴᠢᠶ᠎ᠡ᠎ᠪᠠᠨ ᠥᠷᠭᠡᠳᠬᠡᠬᠦ᠂ ᠢᠲᠡᠭᠡᠮᠵᠢ ᠨᠡᠮᠡᠭᠳᠡᠭᠦᠯᠬᠦ ᠡᠷᠴᠢᠮ ᠵᠶ᠋ᠠᠨ ᠴᠢᠩᠭ᠋ᠠᠷᠠᠭᠤᠯᠬᠤ ᠵᠢ᠎ᠨᠢ ᠠᠬᠢᠭᠤᠯᠤᠨ᠎ᠠ᠃

       ᠬᠣᠶᠠᠷ᠂ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠨ᠎ᠡ

      (ᠳᠣᠯᠣᠭ᠎ᠠ) ᠶᠠᠰᠤ ᠴᠢᠨᠠᠷ ᠵᠶ᠋ᠠᠷ ᠠᠵᠤ ᠦᠢ᠍ᠯᠡᠰ᠎ᠤᠨ ᠬᠥᠭᠵᠢᠯᠲᠡ ᠵᠢ ᠲᠤᠯᠭ᠋ᠠᠭᠤᠷᠢᠯᠠᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠦᠨ᠎ᠡ᠃ ᠶᠠᠰᠤ ᠴᠢᠨᠠᠷ ᠵᠶ᠋ᠠᠷ ᠠᠵᠤ ᠠᠬᠤᠢ᠌ᠯᠠᠯ᠎ᠢ ᠬᠦᠴᠦᠷᠬᠡᠭᠵᠢᠭᠦᠯᠬᠦ᠂ ᠬᠡᠯᠬᠢᠶ᠎ᠡ᠎ᠪᠠᠨ ᠴᠢᠩᠭ᠋ᠠᠷᠠᠭᠤᠯᠬᠤ᠂ ᠰᠢᠶᠠᠨ᠎ᠢ ᠪᠤᠵᠠᠭ᠋ᠠᠢ᠌ᠷᠠᠭᠤᠯᠬᠤ ᠵᠢ ᠶᠡᠬᠡ᠎ᠪᠠᠷ ᠠᠬᠢᠭᠤᠯᠵᠤ᠂ ᠶᠠᠰᠤ ᠴᠢᠨᠠᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠤᠨ᠂ ᠰᠦ ᠰᠠᠭ᠋ᠠᠯᠢ ᠵᠢᠨ ᠦᠢ᠍ᠯᠡᠰ᠂ ᠰᠠᠯᠬᠢᠨ ᠬᠦᠴᠦᠨ᠎ᠤ ᠴᠠᠬᠢᠯᠭ᠋ᠠᠨ᠎ᠤ ᠲᠣᠨᠣᠭ ᠲᠥᠬᠦᠭᠡᠷᠦᠮᠵᠢ ᠦᠢ᠍ᠯᠡᠳᠬᠦ᠂ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠡᠷᠭᠡ ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶᠡᠨ᠎ᠤ ᠶᠠᠰᠤ ᠴᠢᠨᠠᠷ᠎ᠢ ᠬᠣᠯᠪᠣᠯᠳᠤᠭᠤᠯᠤᠨ ᠳᠡᠭᠡᠭᠰᠢᠯᠡᠭᠦᠯᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠶᠠᠰᠤ ᠴᠢᠨᠠᠷ᠎ᠤᠨ ᠠᠵᠢᠯ᠎ᠤᠨ ᠦᠷ᠎ᠡ ᠪᠦᠲᠦᠮᠵᠢ᠎ᠪᠠᠷ ᠲᠣᠪᠣᠢ᠌ᠮ᠎ᠠ ᠨᠢᠭᠡ ᠪᠦᠯᠦᠭ ᠬᠣᠰᠢᠭᠤ ᠰᠢᠶᠠᠨ (ᠬᠣᠲᠠ᠂ ᠲᠣᠭᠣᠷᠢᠭ)᠎ᠢ ᠪᠣᠢ᠌ᠵᠢᠭᠤᠯᠤᠨ᠎ᠠ᠃ ᠰᠢᠨᠵᠢᠯᠡᠭᠡᠨ᠎ᠤ ᠰᠠᠯᠠᠭ᠎ᠠ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠶᠠᠰᠤ ᠴᠢᠨᠠᠷ᠎ᠤᠨ ᠰᠠᠭᠤᠷᠢ ᠪᠡᠯᠡᠳᠬᠡᠮᠵᠢ ᠵᠢᠨ ᠣᠯᠠᠨ ᠨᠡᠢ᠍ᠢ᠍ᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠤᠨ᠎ᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠠᠵᠤ ᠠᠬᠤᠢ᠌ᠯᠠᠯ᠎ᠳᠤ ᠣᠷᠣᠭᠤᠯᠬᠤ ᠬᠦᠷᠢᠶᠡᠯᠡᠩ ᠲᠣᠭᠣᠷᠢᠭ᠎ᠲᠤ ᠣᠷᠣᠭᠤᠯᠬᠤ ᠠᠵᠢᠯᠯᠠᠭ᠋ᠠᠨ᠎ᠢ ᠦᠷᠭᠦᠯᠵᠢᠯᠡᠨ ᠠᠬᠢᠭᠤᠯᠵᠤ᠂ ᠠᠵᠤ ᠠᠬᠤᠢ᠌ᠯᠠᠯ᠎ᠤᠨ ᠬᠥᠭᠵᠢᠯᠲᠡ᠎ᠳᠤ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ᠂ ᠭᠡᠷᠡᠴᠢᠯᠡᠬᠦ᠂ ᠬᠡᠮᠵᠢᠨ ᠰᠢᠯᠭ᠋ᠠᠬᠤ᠂ ᠪᠠᠷᠢᠮᠵᠢᠶ᠎ᠠ ᠵᠢ ᠲᠣᠭᠲᠠᠭ᠋ᠠᠬᠤ (ᠵᠠᠰᠠᠪᠤᠷᠢ ᠣᠷᠣᠭᠤᠯᠬᠤ)᠂ ᠮᠡᠳᠡᠯᠭᠡ ᠵᠢᠨ ᠦᠮᠴᠢᠯᠡᠯ᠎ᠤᠨ ᠡᠷᠬᠡ ᠵᠡᠷᠭᠡ ᠪᠥᠬᠥ ᠬᠡᠯᠬᠢᠶᠡᠨ᠎ᠤ᠂ ᠪᠥᠬᠥ ᠲᠠᠯ᠎ᠠ ᠵᠢᠨ᠂ ᠪᠥᠬᠥ ᠶᠠᠪᠤᠴᠠ ᠵᠢᠨ ᠦᠢ᠍ᠯᠡᠴᠢᠯᠡᠭᠡ ᠬᠠᠩᠭ᠋ᠠᠨ᠎ᠠ᠃ ᠶᠠᠰᠤ ᠴᠢᠨᠠᠷ᠎ᠤᠨ ᠲᠠᠯ᠎ᠠ᠎ᠪᠠᠷ᠎ᠬᠢ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢᠨ ᠰᠢᠨ᠎ᠡ ᠵᠢ ᠡᠭᠦᠳᠴᠦ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠶᠠᠰᠤ ᠴᠢᠨᠠᠷ᠎ᠤᠨ ᠦᠵᠡᠯ ᠤᠬᠠᠮᠰᠠᠷ᠎ᠢ᠎ᠨᠢ ᠨᠡᠮᠡᠭᠳᠡᠭᠦᠯᠦᠨ᠎ᠡ᠃ ᠶᠠᠰᠤ ᠴᠢᠨᠠᠷ᠎ᠤᠨ ᠪᠡᠯᠡ ᠲᠣᠬᠢᠷᠠᠭᠤᠯᠭ᠎ᠠ ᠵᠢᠨ ᠢᠲᠡᠭᠡᠮᠵᠢ ᠨᠡᠮᠡᠭᠳᠡᠭᠦᠯᠬᠦ ᠳᠦᠷᠢᠮ᠎ᠢ ᠪᠠᠢ᠌ᠭᠤᠯᠵᠤ᠂ ᠳᠤᠮᠳᠠ ᠵᠢᠵᠢᠭ ᠠᠵᠤ ᠠᠬᠤᠢ᠌ᠯᠠᠯ᠎ᠤᠨ ᠪᠡᠯᠡ ᠲᠣᠬᠢᠷᠠᠭᠤᠯᠬᠤ ᠠᠷᠭ᠎ᠠ ᠵᠠᠮ ᠵᠶ᠋ᠠᠨ ᠥᠷᠭᠡᠳᠬᠡᠬᠦ᠎ᠳᠤ᠎ᠨᠢ ᠬᠦᠴᠦᠨ ᠨᠡᠮᠡᠷᠢᠯᠡᠨ᠎ᠡ᠃

       (ᠨᠠᠢ᠍ᠮᠠ) ᠬᠡᠮᠵᠢᠯᠲᠡ ᠪᠠ ᠪᠠᠢ᠌ᠴᠠᠭ᠋ᠠᠨ ᠰᠢᠯᠭ᠋ᠠᠬᠤ ᠪᠠᠢ᠌ᠴᠠᠭ᠋ᠠᠨ ᠬᠡᠮᠵᠢᠬᠦ᠎ᠪᠠᠷ ᠠᠵᠤ ᠦᠢ᠍ᠯᠡᠰ᠎ᠤᠨ ᠬᠥᠭᠵᠢᠯᠲᠡ ᠵᠢ ᠲᠤᠯᠭ᠋ᠠᠭᠤᠷᠢᠯᠠᠬᠤ ᠴᠢᠳᠠᠪᠤᠷᠢ ᠵᠢᠨ ᠬᠢᠷᠢ ᠲᠦᠪᠰᠢᠨ᠎ᠢ ᠴᠢᠩᠭ᠋ᠠᠷᠠᠭᠤᠯᠤᠨ᠎ᠠ᠃ ᠬᠡᠮᠵᠢᠯᠲᠡ ᠵᠢᠨ ᠪᠠᠷᠢᠮᠵᠢᠶ᠎ᠠ ᠪᠠᠢ᠌ᠭᠣᠯᠬᠣ ᠡᠷᠬᠡ ᠣᠯᠭᠣᠬᠤ ᠲᠠᠰ ᠳᠠᠷᠠᠭ᠋ᠠᠯᠠᠯ᠎ᠢ ᠳᠥᠭᠥᠮᠴᠢᠯᠡᠵᠦ᠂ ᠬᠡᠮᠵᠢᠯᠲᠡ ᠬᠢᠭᠡᠳ ᠠᠵᠤ ᠦᠢ᠍ᠯᠡᠰ᠎ᠤᠨ ᠬᠥᠭᠵᠢᠯᠲᠡ ᠵᠢᠨ ᠬᠠᠮᠵᠢᠯᠴᠠᠭ᠋ᠠᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠬᠡᠮᠵᠢᠯᠲᠡ ᠵᠢᠨ ᠰᠠᠭᠤᠷᠢ ᠪᠡᠯᠡᠳᠬᠡᠮᠵᠢ ᠵᠢᠨ ᠬᠣᠯᠪᠣᠯᠳᠤᠨ ᠨᠡᠪᠲᠡᠷᠡᠯᠴᠡᠬᠦ ᠵᠢ ᠠᠬᠢᠭᠤᠯᠵᠤ᠂ ᠪᠠᠭ᠋ᠠᠵᠢ ᠬᠡᠷᠡᠭᠰᠡᠯ᠎ᠢ ᠪᠠᠢ᠌ᠴᠠᠭ᠋ᠠᠨ ᠬᠡᠮᠵᠢᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠡᠬᠢ ᠪᠠᠶᠠᠯᠢᠭ᠎ᠢ ᠲᠣᠬᠢᠷᠠᠭᠤᠯᠬᠤ ᠵᠡᠷᠭᠡ ᠲᠠᠯ᠎ᠠ᠎ᠪᠠᠷ ᠨᠡᠢ᠌ᠭᠡᠮ᠎ᠤᠨ ᠬᠥᠷᠥᠩᠭᠡ ᠵᠢᠨ ᠣᠷᠣᠯᠴᠠᠬᠤ ᠵᠢ ᠬᠥᠲᠥᠯᠥᠨ ᠵᠢᠯᠤᠭᠣᠳᠴᠤ᠂ ᠠᠵᠤ ᠦᠢ᠍ᠯᠡᠰ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠬᠡᠮᠵᠢᠯᠲᠡ ᠵᠢᠨ ᠰᠠᠭᠤᠷᠢᠯᠠᠬᠤ ᠴᠢᠨᠠᠷᠲᠠᠢ᠂ ᠬᠣᠰᠢᠭᠤᠴᠢ ᠴᠢᠨᠠᠷᠲᠠᠢ ᠰᠤᠳᠤᠯᠤᠯ ᠪᠠ ᠬᠡᠮᠵᠢᠯᠲᠡ ᠵᠢᠨ ᠬᠡᠷᠡᠭᠯᠡᠯᠲᠡ ᠵᠢᠨ ᠰᠤᠳᠤᠯᠤᠯ᠎ᠢ ᠥᠷᠨᠢᠭᠦᠯᠦᠨ᠎ᠡ᠃ ᠦᠢ᠍ᠯᠡᠳᠬᠦᠨ᠎ᠤ ᠨᠡᠭᠦᠷᠡᠰᠦᠲᠥ᠋ᠷᠥᠭᠴᠢ ᠵᠢᠨ ᠤᠯᠠ ᠮᠥᠷ᠎ᠤᠨ ᠢᠯᠡᠳᠬᠡᠬᠦ ᠲᠡᠮᠳᠡᠭ᠎ᠤᠨ ᠭᠡᠷᠡᠴᠢᠯᠡᠭᠡ ᠵᠢ ᠰᠦᠪᠡᠭᠴᠢᠯᠡᠨ ᠥᠷᠨᠢᠭᠦᠯᠵᠦ᠂ ᠠᠵᠤ ᠠᠬᠤᠢ᠌ᠯᠠᠯ᠎ᠢ ᠵᠣᠷᠢᠭᠵᠢᠭᠤᠯᠤᠨ ᠬᠥᠲᠥᠯᠥᠨ ᠵᠢᠯᠤᠭᠣᠳᠴᠤ ᠪᠠᠢ᠌ᠭ᠋ᠠᠳ ᠬᠠᠮᠢᠶ᠎ᠠ ᠪᠦᠬᠦᠢ ᠭᠡᠷᠡᠴᠢᠯᠡᠭᠡ ᠵᠢ ᠥᠷᠨᠢᠭᠦᠯᠦᠨ᠎ᠡ᠃ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ᠎ᠪᠠᠷ ᠭᠣᠣᠯᠳᠠᠯᠭ᠎ᠠ ᠪᠣᠯᠬᠤ ᠠᠵᠤ ᠦᠢ᠍ᠯᠡᠰ᠎ᠢ ᠰᠢᠯᠢᠳᠡᠭᠵᠢᠭᠦᠯᠦᠨ ᠲᠠᠰ ᠳᠡᠪᠰᠢᠭᠦᠯᠬᠦ ᠵᠢ᠎ᠨᠢ ᠠᠬᠢᠭᠤᠯᠬᠤ ᠠᠵᠢᠯᠯᠠᠭ᠋ᠠᠨ᠎ᠢ ᠬᠡᠷᠡᠭᠵᠢᠭᠦᠯᠵᠦ᠂ ᠬᠣᠭᠣᠰᠤᠨ ᠬᠦᠷᠢᠶ᠎ᠡ ᠴᠠᠷᠠᠭ᠋ᠠᠨ᠎ᠳᠤ ᠨᠢᠭᠡ ᠪᠦᠯᠦᠭ ᠭᠣᠣᠯᠳᠠᠯᠭ᠎ᠠ ᠪᠣᠯᠬᠤ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢ ᠪᠣᠢ᠌ᠵᠢᠭᠤᠯᠤᠨ ᠪᠠᠢ᠌ᠭᠤᠯᠵᠤ᠂ ᠲᠡᠷᠢᠭᠦᠨ᠎ᠤ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠭᠡᠷᠡᠴᠢᠯᠡᠭᠡ ᠵᠢᠨ ᠪᠠᠢ᠌ᠭᠤᠯᠤᠮᠵᠢ ᠵᠢ ᠲᠡᠳᠡᠨ ᠠᠪᠴᠢᠷᠠᠨ᠎ᠠ᠃

       (ᠶᠢᠰᠦ) ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠪᠠᠷᠢᠮᠵᠢᠶᠠᠨ᠎ᠤ ᠲᠣᠭᠲᠠᠯᠴᠠᠭ᠎ᠠ ᠵᠢ ᠪᠦᠷᠢᠨᠰᠢᠭᠦᠯᠦᠨ᠎ᠡ᠃ ᠣᠷᠣᠨ ᠨᠤᠲᠤᠭ᠎ᠤᠨ ᠪᠠᠷᠢᠮᠵᠢᠶᠠᠨ᠎ᠤ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠠᠬᠢᠭᠤᠯᠵᠤ᠂ ᠣᠷᠣᠨ ᠨᠤᠲᠤᠭ᠎ᠤᠨ ᠪᠠᠷᠢᠮᠵᠢᠶᠠᠨ᠎ᠤ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠳᠠᠬᠢ ᠬᠠᠮᠢᠶᠠᠷᠤᠯᠲᠠ ᠵᠢ ᠴᠢᠩᠭ᠋ᠠᠳᠬᠠᠨ᠂ ᠪᠠᠷᠢᠮᠵᠢᠶᠠᠨ᠎ᠤ ᠳᠠᠪᠲᠠᠨ ᠣᠷᠣᠯᠠᠭᠤᠯᠵᠤ ᠲᠠᠰ ᠳᠡᠪᠰᠢᠬᠦ ᠵᠢ᠎ᠨᠢ ᠠᠬᠢᠭᠤᠯᠤᠨ᠎ᠠ᠃ ᠪᠠᠷᠢᠮᠵᠢᠶ᠎ᠠ᠎ᠪᠠᠷ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ᠂ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠵᠡᠷᠭᠡ ᠭᠣᠣᠯᠳᠠᠯᠭ᠎ᠠ ᠪᠣᠯᠬᠤ ᠬᠦᠷᠢᠶ᠎ᠡ ᠴᠠᠷᠠᠭ᠋ᠠᠨ᠎ᠤ ᠴᠢᠨᠠᠷ ᠰᠠᠢ᠌ᠲᠠᠢ ᠬᠥᠭᠵᠢᠯᠲᠡ ᠵᠢᠨ ᠪᠠᠷᠢᠮᠵᠢᠶᠠᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠤᠨ᠎ᠠ᠃ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ᠎ᠬᠢᠨ ᠰᠠᠯᠬᠢᠨ ᠬᠦᠴᠦᠨ᠎ᠤ ᠴᠠᠬᠢᠯᠭ᠋ᠠᠨ᠂ ᠭᠡᠷᠡᠯᠴᠢ ᠴᠡᠨᠡᠭ᠂ ᠴᠠᠬᠢᠯᠭ᠋ᠠᠨ ᠳᠠᠮᠵᠢᠭᠤᠯᠵᠤ ᠲᠦᠭᠡᠭᠡᠬᠦ᠂ ᠨᠥᠭᠡᠴᠡ ᠡᠨᠧᠷᠭᠢ᠂ ᠤᠰᠤᠲᠥ᠋ᠷᠥᠭᠴᠢ ᠡᠨᠧᠷᠭᠢ᠂ ᠨᠡᠭᠦᠷᠡᠰᠦ᠂ ᠪᠣᠬᠢᠷᠲᠤᠯ ᠦᠭᠡᠢ ᠪᠤᠳᠤᠬᠤ ᠴᠢᠳᠠᠪᠤᠷᠢ ᠵᠡᠷᠭᠡ ᠬᠦᠷᠢᠶ᠎ᠡ ᠴᠠᠷᠠᠭ᠋ᠠᠨ᠎ᠳᠠᠬᠢ ᠪᠠᠷᠢᠮᠵᠢᠶ᠎ᠠ ᠲᠣᠭᠲᠠᠭ᠋ᠠᠬᠤ ᠵᠠᠰᠠᠪᠤᠷᠢ ᠣᠷᠣᠭᠤᠯᠬᠤ᠎ᠳᠤ ᠭᠣᠣᠯᠯᠠᠬᠤ ᠪᠤᠶᠤ ᠣᠷᠣᠯᠴᠠᠬᠤ ᠵᠢ᠎ᠨᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠨ᠎ᠤ ᠰᠢᠨ᠎ᠡ ᠡᠭᠦᠳᠦᠯᠲᠡ ᠵᠢᠨ ᠱᠠᠩᠨᠠᠨ ᠨᠥᠬᠥᠪᠦᠷᠢᠯᠡᠬᠦ ᠠᠵᠢᠯ᠎ᠢ ᠰᠠᠢ᠌ᠲᠤᠷ ᠬᠢᠵᠦ᠂ ᠲᠥᠷᠥ ᠵᠢᠨ ᠪᠣᠳᠣᠯᠭ᠎ᠠ᠂ ᠪᠡᠯᠡ ᠮᠥᠩᠭᠥ᠂ ᠮᠡᠷᠭᠡᠵᠢᠯ ᠵᠡᠷᠭᠡ᠎ᠪᠠᠷ ᠶᠡᠷᠦᠩᠬᠡᠢ᠌ᠯᠡᠨ ᠲᠡᠳᠬᠦᠬᠦ᠎ᠪᠠᠷ ᠳᠠᠮᠵᠢᠭᠤᠯᠤᠨ᠂ ᠪᠠᠷᠢᠮᠵᠢᠶᠠᠨ᠎ᠤ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠢ᠌ᠯᠠᠯ᠎ᠢ ᠱᠠᠲᠤᠯᠠᠨ ᠪᠣᠢ᠌ᠵᠢᠭᠤᠯᠵᠤ᠂ ᠠᠵᠤ ᠠᠬᠤᠢ᠌ᠯᠠᠯ᠎ᠤᠨ᠎ᠬᠢᠨ ᠪᠠᠷᠢᠮᠵᠢᠶ᠎ᠠ ᠵᠢ ᠰᠢᠯᠭ᠋ᠠᠨ ᠪᠠᠲᠤᠯᠠᠬᠤ ᠴᠡᠭ᠂ ᠪᠠᠷᠢᠮᠵᠢᠶᠠᠵᠢᠭᠤᠯᠤᠭᠰᠠᠨ ᠮᠡᠷᠭᠡᠵᠢᠯ᠎ᠤᠨ ᠵᠣᠬᠢᠶᠠᠨ ᠪᠠᠢ᠌ᠭᠤᠯᠤᠯᠲᠠ ᠵᠡᠷᠭᠡ ᠪᠠᠷᠢᠮᠵᠢᠶ᠎ᠠ ᠰᠤᠳᠤᠯᠤᠨ ᠨᠡᠭᠡᠭᠡᠬᠦ ᠲᠠᠪᠴᠠᠩ᠎ᠢ ᠪᠠᠢ᠍ᠢ᠍ᠭᠤᠯᠬᠤ ᠪᠤᠶᠤ ᠲᠡᠭᠦᠨ᠎ᠳᠤ ᠣᠷᠣᠯᠴᠠᠬᠤ ᠵᠢ᠎ᠨᠢ ᠳᠡᠮᠵᠢᠨ᠎ᠡ᠃

      (ᠠᠷᠪᠠ) ᠣᠯᠠᠨ ᠤᠯᠤᠰ᠎ᠤᠨ ᠥᠨᠳᠥᠷ ᠪᠠᠷᠢᠮᠵᠢᠶᠠᠲᠤ ᠳᠦᠷᠢᠮ ᠳᠦᠷᠢᠮᠯᠡᠯ᠎ᠤᠨ ᠬᠣᠯᠪᠣᠯᠳᠤᠨ ᠨᠡᠪᠲᠡᠷᠡᠯᠴᠡᠬᠦ ᠵᠢ ᠠᠬᠢᠭᠤᠯᠤᠨ᠎ᠠ᠃ ᠳᠤᠮᠳᠠᠳᠤ ᠣᠷᠣᠰ ᠮᠣᠩᠭᠣᠯ᠎ᠤᠨ ᠪᠠᠷᠢᠮᠵᠢᠶ᠎ᠠ᠂ ᠭᠡᠷᠡᠴᠢᠯᠡᠯᠲᠡ ᠵᠢᠨ ᠬᠦᠷᠢᠶ᠎ᠡ ᠴᠠᠷᠠᠭ᠋ᠠᠨ᠎ᠳᠠᠬᠢ ᠬᠠᠷᠢᠯᠴᠠᠨ ᠨᠡᠪᠲᠡᠷᠡᠯᠴᠡᠬᠦ ᠬᠠᠮᠲᠤᠷᠠᠯᠴᠠᠭ᠎ᠠ ᠵᠢ ᠥᠷᠭᠡᠳᠬᠡᠨ᠂ ᠳᠦᠷᠢᠮᠯᠡᠯ ᠪᠠ ᠬᠠᠮᠢᠶᠠᠷᠤᠯᠲᠠ ᠵᠢᠨ ᠪᠠᠷᠢᠮᠵᠢᠶ᠎ᠠ ᠵᠡᠷᠭᠡ ᠳᠦᠷᠢᠮ᠎ᠤᠨ ᠬᠡᠯᠪᠡᠷᠢᠲᠦ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠨ᠎ᠡ᠃ ᠭᠠᠳᠠᠭ᠋ᠠᠳᠤ᠎ᠯᠤᠭ᠎ᠠ ᠵᠢᠨ ᠪᠠᠷᠢᠮᠵᠢᠶᠠᠵᠢᠭᠤᠯᠤᠯᠲᠠ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠢ᠌ᠭᠤᠯᠵᠤ᠂ ᠶᠡᠬᠡ ᠳᠡᠭᠡᠳᠦ ᠰᠤᠷᠭ᠋ᠠᠭᠤᠯᠢ᠂ ᠭᠠᠳᠠᠭ᠋ᠠᠳᠤ ᠨᠡᠭᠡᠭᠡᠯᠲᠡ ᠬᠢᠬᠦ ᠬᠠᠮᠲᠤᠷᠠᠯᠴᠠᠭ᠋ᠠᠨ᠎ᠤ ᠪᠠᠢ᠌ᠭᠤᠯᠤᠮᠵᠢ ᠵᠢᠴᠢ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ᠎ᠤᠳ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠬᠣᠶᠠᠷ ᠲᠠᠯ᠎ᠠ ᠵᠢᠨ ᠪᠠᠷᠢᠮᠵᠢᠶᠠᠵᠢᠭᠤᠯᠤᠯᠲᠠ ᠵᠢᠨ ᠬᠠᠮᠲᠤᠷᠠᠯᠴᠠᠭ᠋ᠠᠨ᠎ᠤ ᠠᠵᠢᠯ᠎ᠤᠨ ᠳᠤᠭᠤᠢ᠌ᠯᠠᠩ᠎ᠢ ᠪᠠᠢ᠌ᠭᠤᠯᠵᠤ᠂ ᠡᠷᠬᠢᠨ ᠲᠣᠭᠣᠷᠢᠨ᠎ᠤ ᠤᠯᠤᠰ᠎ᠯᠤᠭ᠎ᠠ ᠪᠠᠷᠢᠮᠵᠢᠶ᠎ᠠ᠎ᠪᠠᠨ ᠬᠠᠷᠢᠯᠴᠠᠨ ᠮᠡᠳᠡᠷᠡᠬᠦ ᠵᠢ ᠠᠬᠢᠭᠤᠯᠤᠨ᠎ᠠ᠃ ᠳᠤᠮᠳᠠᠳᠤ ᠮᠣᠩᠭᠣᠯ᠎ᠤᠨ ᠪᠠᠷᠢᠮᠵᠢᠶᠠᠵᠢᠭᠤᠯᠤᠯᠲᠠ ᠵᠢᠨ ᠰᠤᠳᠤᠯᠤᠯ᠎ᠤᠨ ᠬᠦᠷᠢᠶᠡᠯᠡᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠡᠭᠦᠨ ᠡᠮᠦᠨᠡᠲᠦ ᠠᠽᠢᠶ᠎ᠠ ᠵᠢᠨ ᠬᠣᠯᠪᠣᠭ᠎ᠠ᠂ ᠵᠡᠭᠦᠨ ᠬᠣᠢ᠌ᠲᠤ ᠠᠽᠢᠶ᠎ᠠ ᠵᠡᠷᠭᠡ ᠪᠠᠷᠢᠮᠵᠢᠶᠠᠵᠢᠭᠤᠯᠤᠯᠲᠠ ᠵᠢᠨ ᠬᠠᠮᠲᠤᠷᠠᠯᠴᠠᠭ᠋ᠠᠨ᠎ᠤ ᠲᠣᠭᠲᠠᠴᠠ᠎ᠳᠤ ᠲᠦᠰᠢᠭᠯᠡᠨ᠂ ᠪᠠᠷᠢᠮᠵᠢᠶ᠎ᠠ ᠵᠢ ᠭᠠᠳᠠᠭᠰᠢ ᠭᠠᠷᠭ᠋ᠠᠬᠤ ᠵᠢ ᠢᠳᠡᠪᠬᠢᠲᠡᠢ ᠠᠬᠢᠭᠤᠯᠤᠨ᠎ᠠ᠃

      (ᠠᠷᠪᠠᠨ ᠨᠢᠭᠡ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠤᠯᠠᠷᠢᠭᠤᠯᠤᠯᠲᠠ ᠪᠠ ᠦᠢ᠍ᠯᠡᠴᠢᠯᠡᠭᠡ ᠵᠢ ᠭᠦᠨᠵᠡᠭᠡᠢ᠌ᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶᠡᠨ᠎ᠤ ᠠᠵᠤ ᠠᠬᠤᠢ᠌ᠯᠠᠯ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠡᠮᠬᠢᠯᠡᠨ ᠳᠢᠭᠯᠡᠵᠦ᠂ ᠨᠢᠭᠡ ᠪᠦᠯᠦᠭ ᠬᠣᠭᠣᠰᠤᠨ ᠣᠷᠣᠨ ᠵᠠᠢ ᠵᠢ ᠨᠥᠬᠥᠪᠦᠷᠢᠯᠡᠬᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠬᠦ ᠲᠤᠰᠬᠠᠢ ᠠᠰᠢᠭ᠎ᠤᠨ ᠮᠡᠷᠭᠡᠵᠢᠯ᠎ᠢ ᠣᠷᠣᠭᠤᠯᠤᠨ ᠠᠪᠴᠢᠷᠠᠵᠤ ᠮᠠᠨ᠎ᠤ ᠣᠷᠣᠨ᠎ᠳᠤ ᠪᠣᠳᠠᠲᠠᠢ᠌ᠵᠢᠭᠤᠯᠤᠨ ᠤᠯᠠᠷᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠡᠨᠧᠷᠭᠢ᠂ ᠲᠣᠨᠣᠭ ᠲᠥᠬᠦᠭᠡᠷᠦᠮᠵᠢ ᠦᠢ᠍ᠯᠡᠳᠬᠦ᠂ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ ᠵᠡᠷᠭᠡ ᠲᠠᠯ᠎ᠠ ᠵᠢᠨ ᠴᠢᠨᠠᠷᠯᠢᠭ ᠲᠤᠰᠬᠠᠢ ᠠᠰᠢᠭ᠎ᠢ ᠬᠤᠷᠠᠭᠤᠯᠤᠨ᠂ ᠮᠤᠵᠢ ᠣᠷᠣᠨ ᠠᠯᠤᠰᠯᠠᠨ ᠬᠠᠮᠲᠤᠷᠠᠯᠴᠠᠬᠤ ᠲᠣᠭᠲᠠᠴᠠ ᠵᠢ ᠪᠠᠢ᠌ᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶᠡᠨ᠎ᠤ ᠲᠣᠭᠣᠷᠢᠨ᠎ᠳᠤ ᠨᠢᠭᠡ ᠪᠦᠯᠦᠭ ᠠᠵᠤ ᠦᠢ᠍ᠯᠡᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠣᠯᠪᠣᠭ᠎ᠠ᠂ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠰᠢᠨ᠎ᠡ᠎ᠪᠠᠷ ᠪᠠᠢ᠌ᠭᠤᠯᠵᠤ᠂ ᠨᠢᠭᠡ ᠪᠦᠯᠦᠭ ᠥᠨᠳᠥᠷ ᠥᠷᠲᠡᠭᠲᠦ ᠲᠤᠰᠬᠠᠢ ᠠᠰᠢᠭ᠎ᠤᠨ ᠲᠦᠷᠦᠯ ᠵᠦᠢ᠍ᠯ᠎ᠢ ᠪᠣᠢ᠌ᠵᠢᠭᠤᠯᠤᠨ᠎ᠠ᠃ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠣᠪᠴᠢᠶᠠᠨ᠎ᠤ ᠳ᠋ᠠᠢ᠌ᠲ᠋ᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠤᠷᠰᠢᠯᠲᠠ ᠵᠢᠨ ᠴᠡᠭ᠎ᠢ ᠪᠦᠲᠦᠭᠡᠨ ᠪᠠᠢ᠌ᠭᠤᠯᠬᠤ᠎ᠪᠠᠷ ᠴᠢᠷᠮᠠᠢ᠌ᠵᠤ᠂ ᠳ᠋ᠠᠢ᠌ᠲ᠋ᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠳᠠᠩᠰᠠᠯᠠᠯᠲᠠ ᠵᠢ ᠠᠬᠢᠭᠤᠯᠤᠨ᠎ᠠ᠃ ᠶᠡᠬᠡ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ ᠵᠢᠨ ᠦᠯᠡᠳᠡᠭᠡᠯ ᠲᠤᠰᠬᠠᠢ ᠠᠰᠢᠭ᠎ᠢ ᠠᠮᠢᠯᠠᠭᠤᠯᠬᠤ᠎ᠪᠠᠨ ᠲᠦᠷᠭᠡᠳᠬᠡᠵᠦ᠂ ᠬᠣᠪᠣᠷ ᠰᠢᠷᠣᠢ ᠵᠡᠷᠭᠡ ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠡᠵᠡᠩᠨᠡᠨ ᠠᠵᠢᠯᠯᠠᠭᠤᠯᠬᠤ ᠲᠠᠪᠴᠠᠩ᠎ᠢ ᠪᠠᠢ᠌ᠭᠤᠯᠵᠤ᠂ ᠨᠢᠭᠡ ᠪᠦᠯᠦᠭ ᠥᠨᠳᠥᠷ ᠥᠷᠲᠡᠭᠲᠦ ᠲᠤᠰᠬᠠᠢ ᠠᠰᠢᠭ᠎ᠤᠨ ᠠᠵᠤ ᠦᠢ᠍ᠯᠡᠰᠵᠢᠯᠲᠡ ᠵᠢ ᠠᠬᠢᠭᠤᠯᠤᠨ᠎ᠠ᠃

      (ᠠᠷᠪᠠᠨ ᠬᠣᠶᠠᠷ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠮᠡᠷᠭᠡᠵᠢᠯ᠎ᠤᠨ ᠪᠠᠢ᠌ᠴᠠᠭ᠋ᠠᠯᠲᠠ ᠵᠢᠨ ᠬᠠᠮᠵᠢᠯᠴᠠᠭ᠋ᠠᠨ᠎ᠤ ᠲᠣᠭᠲᠠᠴᠠ ᠵᠢ ᠪᠠᠢ᠌ᠭᠤᠯᠵᠤ᠂ ᠲᠤᠰᠬᠠᠢ ᠠᠰᠢᠭ᠎ᠤᠨ ᠤᠷᠢᠳᠴᠢᠯᠠᠭᠰᠠᠨ ᠬᠢᠨᠠᠭᠴᠢ ᠵᠢᠨ ᠮᠡᠷᠭᠡᠵᠢᠯ᠎ᠤᠨ ᠪᠠᠢ᠌ᠴᠠᠭ᠋ᠠᠯᠲᠠ ᠵᠢᠨ ᠲᠤᠰᠢᠶᠠᠯᠲᠠᠨ᠎ᠤ ᠬᠤᠪᠢ᠎ᠪᠠᠷ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠂ ᠬᠠᠤᠯᠢ ᠴᠠᠭ᠋ᠠᠵᠠ᠂ ᠠᠷᠠᠳ᠎ᠤᠨ ᠡᠶᠡᠳᠡᠭᠦᠯᠭᠡ᠂ ᠬᠥᠨᠳᠡᠯᠡᠨ᠎ᠠᠴᠠ ᠲᠠᠰᠤᠯᠬᠤ ᠵᠡᠷᠭᠡ ᠬᠡᠷᠡᠭ ᠶᠠᠪᠤᠳᠠᠯ᠎ᠢ ᠭᠦᠢ᠍ᠴᠡᠳᠬᠡᠬᠦ᠎ᠳᠤ ᠣᠷᠣᠯᠴᠠᠬᠤ ᠵᠢ᠎ᠨᠢ ᠳᠡᠮᠵᠢᠨ᠎ᠡ᠃ ᠤᠯᠤᠰ᠎ᠤᠨ ᠭᠠᠳᠠᠭ᠋ᠠᠳᠤ᠎ᠳᠠᠬᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠠᠭᠤᠷᠠᠯᠳᠤᠭ᠋ᠠᠨ᠎ᠢ ᠠᠷᠭ᠋ᠠᠴᠠᠭ᠋ᠠᠨ ᠵᠢᠯᠤᠭᠣᠳᠬᠤ ᠲᠥᠪ᠎ᠤᠨ ᠣᠷᠣᠨ ᠨᠤᠲᠤᠭ᠎ᠤᠨ ᠬᠤᠪᠢᠶᠠᠷᠢ ᠲᠥᠪ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠠᠸᠠᠷ᠎ᠤᠨ ᠲᠡᠮᠳᠡᠭ᠎ᠤᠨ ᠭᠠᠳᠠᠭ᠋ᠠᠳᠤ᠎ᠳᠤ ᠵᠠᠪᠳᠤᠨ ᠳᠠᠩᠰᠠᠯᠠᠭᠤᠯᠬᠤ ᠵᠢ ᠤᠷᠢᠳᠴᠢᠯᠠᠨ ᠰᠡᠷᠡᠮᠵᠢᠯᠡᠭᠦᠯᠬᠦ᠂ ᠭᠠᠳᠠᠭ᠋ᠠᠳᠤ᠎ᠳᠠᠬᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠠᠭᠤᠷᠠᠯᠳᠤᠭ᠋ᠠᠨ᠎ᠢ ᠬᠢᠨᠠᠨ ᠡᠵᠡᠮᠳᠡᠬᠦ᠂ ᠠᠵᠤ ᠠᠬᠤᠢ᠌ᠯᠠᠯ᠎ᠤᠨ ᠭᠠᠳᠠᠭ᠋ᠠᠳᠤ᠎ᠳᠠᠬᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠠᠭᠤᠷᠠᠯᠳᠤᠭ᠋ᠠᠨ᠎ᠤ ᠡᠷᠬᠡ᠎ᠪᠠᠨ ᠬᠠᠮᠠᠭ᠋ᠠᠯᠠᠬᠤ᠎ᠳᠤ ᠦᠢ᠍ᠯᠡᠴᠢᠯᠡᠬᠦ ᠵᠡᠷᠭᠡ ᠠᠵᠢᠯ᠎ᠢ ᠥᠷᠨᠢᠭᠦᠯᠦᠨ᠎ᠡ᠃

       ᠭᠤᠷᠪᠠ᠂ ᠭᠣᠣᠯᠴᠢ᠎ᠪᠠᠷ ᠥᠷᠢᠰᠦᠯᠳᠦᠬᠦ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠠᠮᠠᠭ᠋ᠠᠯᠠᠨ᠎ᠠ

      (ᠠᠷᠪᠠᠨ ᠭᠤᠷᠪᠠ) ᠣᠷᠣᠨ ᠨᠤᠲᠤᠭ᠎ᠤᠨ ᠬᠠᠮᠠᠭ᠋ᠠᠯᠠᠯᠲᠠ ᠪᠠ ᠵᠠᠬ᠎ᠠ ᠳᠡᠯᠭᠡᠭᠦᠷ᠎ᠤᠨ ᠬᠡᠰᠡᠭᠯᠡᠯᠲᠡ ᠵᠢ ᠠᠷᠢᠯᠭ᠋ᠠᠨ᠎ᠠ᠃ ᠪᠦᠬᠦ ᠤᠯᠤᠰ᠎ᠤᠨ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠤᠭᠤᠯᠬᠤ ᠠᠯᠳᠠᠭᠳᠠᠯ᠎ᠲᠠᠢ ᠲᠠᠯ᠎ᠠ ᠵᠢᠨ ᠲᠣᠳᠣᠷᠬᠠᠢ ᠬᠠᠭᠤᠳᠠᠰᠤᠨ᠎ᠤ ᠬᠠᠮᠢᠶᠠᠷᠤᠯᠲᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠨᠢᠭᠡᠳᠦᠯᠲᠡᠢ ᠵᠠᠬ᠎ᠠ ᠳᠡᠯᠭᠡᠭᠦᠷ ᠪᠠ ᠭᠣᠣᠯᠴᠢ ᠥᠷᠢᠰᠦᠯᠳᠦᠭᠡᠨ᠎ᠢ ᠬᠠᠷᠰᠢᠯᠠᠬᠤ ᠡᠯ᠎ᠡ ᠵᠦᠢ᠍ᠯ᠎ᠤᠨ ᠲᠣᠭᠲᠠᠭ᠋ᠠᠯ ᠪᠠ ᠠᠷᠭ᠎ᠠ ᠬᠢᠳᠡᠯ᠎ᠢ ᠢᠯᠭ᠋ᠠᠷᠠᠭᠤᠯᠤᠨ ᠬᠦᠴᠦᠨ ᠦᠭᠡᠢ ᠪᠣᠯᠭ᠋ᠠᠨ᠎ᠠ᠃ ᠭᠣᠣᠯᠴᠢ ᠥᠷᠢᠰᠦᠯᠳᠦᠭᠡᠨ᠎ᠢ ᠬᠢᠨᠠᠨ ᠪᠠᠢ᠌ᠴᠠᠭ᠋ᠠᠬᠤ ᠬᠠᠲᠠᠭᠤ ᠴᠢᠩᠭ᠎ᠠ ᠬᠢᠵᠠᠭ᠋ᠠᠷᠯᠠᠯ᠎ᠢ ᠴᠢᠩᠭ᠋ᠠᠳᠬᠠᠵᠤ᠂ ᠭᠣᠣᠯᠴᠢ ᠥᠷᠢᠰᠦᠯᠳᠦᠭᠡᠨ᠎ᠢ ᠬᠠᠮᠲᠤ᠎ᠪᠠᠷ ᠬᠢᠨᠠᠨ ᠪᠠᠢ᠌ᠴᠠᠭ᠋ᠠᠬᠤ ᠵᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠣᠷᠣᠨ ᠨᠤᠲᠤᠭ᠎ᠤᠨ ᠬᠠᠮᠠᠭ᠋ᠠᠯᠠᠯᠲᠠ᠂ ᠵᠠᠬ᠎ᠠ ᠳᠡᠯᠭᠡᠭᠦᠷ᠎ᠤᠨ ᠬᠡᠰᠡᠭᠯᠡᠯᠲᠡ ᠵᠢᠨ ᠲᠣᠪᠣᠢ᠌ᠮ᠎ᠠ ᠠᠰᠠᠭᠤᠳᠠᠯ᠎ᠢ ᠴᠡᠭᠴᠡᠯᠡᠨ ᠵᠠᠰᠠᠵᠤ ᠭᠣᠣᠯᠴᠢ᠎ᠪᠠᠷ ᠥᠷᠢᠰᠦᠯᠳᠦᠬᠦ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠠᠮᠠᠭ᠋ᠠᠯᠠᠬᠤ ᠲᠤᠰᠬᠠᠢ ᠠᠵᠢᠯᠯᠠᠭ᠋ᠠᠨ᠎ᠢ ᠥᠷᠨᠢᠭᠦᠯᠵᠦ᠂ ᠮᠣᠨᠣᠫᠣᠯᠢᠴᠢᠯᠠᠯ᠎ᠢ ᠡᠰᠡᠷᠭᠦᠴᠡᠬᠦ ᠵᠦᠢ ᠪᠤᠰᠤ ᠥᠷᠢᠰᠦᠯᠳᠦᠭᠡᠨ᠎ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠨ᠎ᠠ᠃ ᠬᠤᠳᠠᠯᠳᠤᠭ᠋ᠠᠨ᠎ᠤ ᠨᠢᠭᠤᠴᠠ ᠵᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠂ ᠵᠢᠭ᠋ᠠᠨ ᠵᠢᠯᠤᠭᠣᠳᠬᠤ ᠥᠷᠲᠡᠭᠡ (ᠴᠡᠭ) ᠵᠢ ᠡᠭᠦᠳᠦᠨ ᠪᠠᠢ᠍ᠢ᠍ᠭᠤᠯᠬᠤ ᠠᠵᠢᠯ᠎ᠢ ᠥᠷᠨᠢᠭᠦᠯᠦᠨ᠎ᠡ᠃

      (ᠠᠷᠪᠠᠨ ᠳᠥᠷᠪᠡ) ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠵᠠᠰᠠᠯᠲᠠ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠳᠤ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠂ ᠬᠡᠷᠡᠭ᠎ᠢ ᠰᠢᠢ᠍ᠳᠬᠡᠨ ᠲᠣᠷᠭ᠋ᠠᠬᠤ᠂ ᠦᠢ᠍ᠯᠡᠴᠢᠯᠡᠭᠡ᠎ᠪᠠᠷ ᠬᠥᠲᠥᠯᠥᠨ ᠵᠢᠯᠤᠭᠣᠳᠬᠤ 《ᠳᠥᠷᠪᠡ ᠵᠢ ᠨᠢᠭᠡ ᠴᠣᠭᠴᠠᠵᠢᠭᠤᠯᠬᠤ》 ᠲᠣᠭᠲᠠᠴᠠ ᠵᠢ ᠪᠦᠷᠢᠨᠰᠢᠭᠦᠯᠦᠨ᠎ᠡ᠃ ᠡᠯ᠎ᠡ ᠲᠥᠷᠥᠯ᠎ᠤᠨ ᠢᠳᠡᠭᠡᠨ᠎ᠤ ᠡᠵᠡᠩᠨᠡᠯᠲᠡ ᠵᠢᠨ ᠭᠣᠣᠯ ᠴᠣᠭᠴᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠣᠯᠴᠠᠭᠤᠯᠤᠨ᠎ᠠ᠃ ᠢᠳᠡᠭᠡᠨ᠎ᠤ ᠵᠦᠢ᠍ᠯ᠎ᠤᠨ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠤᠨ ᠪᠦᠲᠦᠭᠡᠭᠳᠡᠬᠦᠨ᠎ᠤ ᠵᠠᠩᠭᠢᠯᠠᠭ᠎ᠠ ᠵᠢᠨ ᠭᠦᠢ᠍ᠴᠡᠳᠬᠡᠯ ᠲᠣᠭ᠎ᠠ ᠪᠠ ᠲᠦᠭᠰᠢᠭᠦᠷᠢᠲᠦ ᠪᠣᠳᠠᠰ᠎ᠤᠨ ᠬᠠᠨᠳᠤᠯᠭ᠋ᠠᠲᠤ ᠰᠤᠭᠤᠴᠢᠨ ᠪᠠᠢ᠌ᠴᠠᠭ᠋ᠠᠯᠲᠠ ᠵᠢ ᠴᠢᠩᠭ᠋ᠠᠷᠠᠭᠤᠯᠤᠨ᠎ᠠ᠃ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠮᠥᠷᠳᠡᠯᠲᠡ ᠵᠢᠨ ᠲᠣᠭᠲᠠᠯᠴᠠᠭ᠎ᠠ ᠵᠢ ᠪᠠᠢ᠌ᠭᠤᠯᠤᠨ ᠲᠡᠭᠦᠯᠳᠡᠷᠵᠢᠭᠦᠯᠦᠨ᠎ᠡ᠃ ᠰᠤᠷᠭ᠋ᠠᠭᠤᠯᠢ ᠵᠢᠨ ᠬᠣᠭᠣᠯᠠᠨ ᠭᠡᠷ᠎ᠤᠨ ᠲᠦᠭᠰᠢᠭᠦᠷᠢ ᠵᠢ ᠦᠨᠡᠯᠡᠨ ᠵᠢᠱ᠌ᠢᠬᠦ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠦᠨ᠎ᠡ᠃ ᠸᠠᠺᠼᠢᠨ᠂ ᠴᠢᠰᠤᠨ᠎ᠤ ᠪᠦᠲᠦᠭᠡᠭᠳᠡᠬᠦᠨ᠂ ᠰᠢᠭᠢᠳᠬᠡᠨ ᠣᠷᠣᠭᠤᠯᠬᠤ ᠲᠥᠷᠥᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ ᠵᠡᠷᠭᠡ ᠲᠦᠭᠰᠢᠭᠦᠷᠢ ᠶᠡᠬᠡᠲᠡᠢ ᠪᠦᠲᠦᠭᠡᠭᠳᠡᠬᠦᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃

      (ᠠᠷᠪᠠᠨ ᠲᠠᠪᠤ) ᠦᠢ᠍ᠯᠡᠳᠬᠦᠨ᠎ᠤ ᠶᠠᠰᠤ ᠴᠢᠨᠠᠷ ᠪᠠ ᠣᠨᠴᠠ ᠲᠥᠷᠥᠯ᠎ᠤᠨ ᠲᠥᠬᠦᠭᠡᠷᠦᠮᠵᠢ ᠵᠢᠨ ᠠᠮᠤᠷ ᠲᠦᠪᠰᠢᠨ᠎ᠤ ᠵᠠᠰᠠᠯᠲᠠ ᠵᠢᠨ ᠲᠣᠭᠲᠠᠴᠠ ᠵᠢ ᠪᠦᠷᠢᠨᠰᠢᠭᠦᠯᠦᠨ᠎ᠡ᠃ ᠭᠣᠣᠯᠳᠠᠯᠭ᠎ᠠ ᠪᠣᠯᠬᠤ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠮᠥᠷᠳᠡᠯᠲᠡ ᠵᠢ ᠠᠬᠢᠭᠤᠯᠵᠤ᠂ ᠦᠢ᠍ᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ ᠲᠣᠭᠲᠠᠴᠠ ᠵᠢ ᠰᠢᠯᠢᠳᠡᠭᠵᠢᠭᠦᠯᠦᠨ᠎ᠡ᠃ ᠦᠢ᠍ᠯᠡᠳᠬᠦᠨ᠎ᠤ ᠶᠠᠰᠤ ᠴᠢᠨᠠᠷ᠎ᠤᠨ ᠣᠶᠤᠨᠴᠢᠯᠠᠭᠰᠠᠨ ᠥᠨᠳᠥᠷ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢ ᠠᠬᠢᠭᠤᠯᠤᠨ᠎ᠠ᠃ ᠲᠦᠭᠰᠢᠭᠦᠷᠢ ᠵᠢ ᠬᠢᠨᠠᠨ ᠬᠡᠮᠵᠢᠵᠦ ᠦᠨᠡᠯᠡᠨ ᠵᠢᠱ᠌ᠢᠬᠦ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠵᠤ᠂ ᠲᠦᠭᠰᠢᠭᠦᠷᠢ ᠵᠢᠨ ᠳᠠᠯᠳᠠ ᠬᠡᠮ᠎ᠢ ᠵᠠᠳᠠᠯᠤᠨ ᠰᠤᠳᠤᠯᠵᠤ ᠮᠠᠭ᠋ᠠᠳᠯᠠᠬᠤ᠂ ᠰᠡᠷᠡᠮᠵᠢᠯᠡᠭᠦᠯᠬᠦ ᠪᠠ ᠰᠢᠢ᠍ᠳᠪᠦᠷᠢᠯᠡᠬᠦ ᠵᠢ ᠴᠢᠩᠭ᠋ᠠᠷᠠᠭᠤᠯᠤᠨ᠂ ᠦᠨᠳᠦᠰᠦᠨ ᠱᠠᠲᠤᠨ᠎ᠤ ᠦᠢ᠍ᠯᠡᠳᠬᠦᠨ᠎ᠤ ᠶᠠᠰᠤ ᠴᠢᠨᠠᠷ᠎ᠤᠨ ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠣᠨᠴᠠ ᠲᠦᠷᠦᠯ᠎ᠤᠨ ᠲᠥᠬᠦᠭᠡᠷᠦᠮᠵᠢ ᠵᠢᠨ ᠲᠦᠭᠰᠢᠭᠦᠷᠢ ᠵᠢᠨ ᠲᠠᠯᠳᠠ ᠭᠡᠮ᠎ᠢ ᠢᠯᠭ᠋ᠠᠨ ᠲᠠᠨᠢᠵᠤ ᠢᠯᠡᠷᠡᠭᠦᠯᠬᠦ᠂ ᠪᠠᠢ᠌ᠩᠭᠤᠰᠢᠭᠤᠯᠤᠨ ᠰᠡᠷᠭᠡᠢ᠌ᠯᠡᠨ ᠠᠷᠢᠯᠭ᠋ᠠᠬᠤ᠂ ᠡᠯ᠎ᠡ ᠲᠠᠯ᠎ᠠ ᠵᠢᠨ᠎ᠬᠢᠨ ᠬᠠᠮᠵᠢᠯᠴᠠᠨ ᠠᠵᠢᠯᠯᠠᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃

      (ᠠᠷᠪᠠᠨ ᠵᠢᠷᠭᠤᠭ᠎ᠠ) ᠰᠠᠨᠠᠭ᠎ᠠ ᠠᠮᠤᠷ ᠬᠡᠷᠡᠭᠯᠡᠭᠡ ᠬᠢᠬᠦ ᠣᠷᠴᠢᠨ ᠨᠥᠬᠥᠴᠡᠯ᠎ᠢ ᠪᠣᠶ ᠪᠣᠯᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠵᠣᠬᠢᠶᠠᠨ ᠪᠠᠢ᠌ᠭᠤᠯᠤᠯᠲᠠ ᠵᠢᠨ ᠲᠣᠭᠲᠠᠯᠴᠠᠭ᠎ᠠ ᠵᠢ ᠪᠦᠷᠢᠨᠰᠢᠭᠦᠯᠵᠦ᠂ ᠬᠡᠷᠡᠭᠯᠡᠭᠴᠢᠳ᠎ᠤᠨ ᠨᠡᠢ᠌ᠭᠡᠮᠯᠢᠭ᠎ᠤᠨ ᠨᠡᠢ᠍ᠢ᠍ᠲᠡ ᠵᠢᠨ ᠠᠰᠠᠷᠠᠮᠵᠢ ᠵᠢᠨ ᠴᠢᠨᠠᠷᠲᠠᠢ ᠵᠠᠷᠭᠤᠯᠳᠤᠭ᠋ᠠᠨ᠎ᠤ ᠡᠭᠦᠷᠭᠡ ᠴᠢᠳᠠᠪᠤᠷᠢ᠎ᠪᠠᠨ ᠬᠡᠷᠡᠭᠵᠢᠭᠦᠯᠬᠦ ᠵᠢ᠎ᠨᠢ ᠳᠡᠮᠵᠢᠵᠦ᠂ ᠥᠷᠭᠡᠨ ᠣᠯᠠᠨ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠨ᠎ᠠ᠃ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠋ᠠᠨ᠎ᠳᠠᠬᠢ 《ᠬᠠᠲᠠᠭᠤ ᠨᠢᠳᠤᠷᠭ᠎ᠠ》 ᠵᠢᠨ ᠠᠵᠢᠯᠯᠠᠭ᠋ᠠᠨ᠎ᠢ ᠭᠦᠨᠵᠡᠭᠡᠢ ᠥᠷᠨᠢᠭᠦᠯᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶ᠎ᠡ ᠴᠠᠷᠠᠭ᠋ᠠᠨ᠎ᠳᠠᠬᠢ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠳ᠎ᠢ ᠱᠠᠩᠨᠠᠨ ᠬᠥᠬᠢᠭᠦᠯᠬᠦ ᠪᠠ 《ᠱᠦᠭᠯᠦ ᠦᠯᠢᠶᠡᠭᠴᠢ》 ᠵᠢᠨ ᠳᠦᠷᠢᠮ᠎ᠢ ᠪᠦᠷᠢᠨᠰᠢᠭᠦᠯᠦᠨ᠎ᠡ᠃ ᠠᠵᠤ ᠠᠬᠤᠢ᠌ᠯᠠᠯ᠎ᠳᠤ ᠬᠣᠯᠪᠣᠭᠳᠠᠬᠤ ᠰᠦᠢ᠍ᠳᠬᠡᠯ ᠬᠤᠷᠢᠶᠠᠬᠤ ᠰᠠᠯᠠᠭ᠎ᠠ ᠮᠥᠴᠢᠷ᠎ᠤᠨ ᠬᠠᠮᠲᠤᠷᠠᠨ ᠬᠢᠨᠠᠨ ᠬᠠᠮᠢᠶᠠᠷᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠦᠨ᠎ᠡ ᠬᠠᠩᠰᠢ ᠵᠢᠨ ᠰᠦᠢ᠍ᠳᠬᠡᠯ ᠬᠤᠷᠢᠶᠠᠬᠤ ᠡᠵᠡᠩᠨᠡᠯᠲᠡ ᠵᠢᠨ ᠭᠣᠣᠯ ᠴᠣᠭᠴᠠ᠂ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ᠎ᠤ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠬᠤ ᠲᠣᠭᠲᠠᠴᠠ ᠵᠢ ᠰᠦᠪᠡᠭᠴᠢᠯᠡᠨ ᠪᠠᠢ᠌ᠭᠤᠯᠤᠨ᠎ᠠ᠃

       ᠳᠥᠷᠪᠡ᠂ ᠦᠨᠳᠦᠰᠦᠨ ᠱᠠᠲᠤᠨ᠎ᠤ ᠰᠠᠭᠤᠷᠢ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ

      (ᠠᠷᠪᠠᠨ ᠳᠣᠯᠣᠭ᠎ᠠ) ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠰᠠᠭᠤᠷᠢ ᠵᠢ ᠪᠡᠬᠢᠵᠢᠭᠦᠯᠦᠨ᠎ᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠰᠢᠰᠲ᠋ᠧᠮ᠎ᠢ ᠪᠦᠬᠦ ᠲᠠᠯ᠎ᠠ᠎ᠪᠠᠷ ᠬᠡᠷᠡᠭᠯᠡᠵᠦ᠂ ᠪᠦᠬᠦ ᠴᠤᠪᠤᠷᠠᠯ᠎ᠤᠨ ᠰᠦᠯᠵᠢᠶ᠎ᠡ᠎ᠪᠠᠷ ᠬᠡᠷᠡᠭ ᠰᠢᠢ᠍ᠳᠪᠦᠷᠢᠯᠡᠬᠦ ᠵᠢ ᠪᠡᠶᠡᠯᠡᠭᠦᠯᠵᠦ᠂ ᠪᠦᠬᠦ ᠶᠠᠪᠤᠴᠠ᠎ᠳᠤ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠵᠢ ᠴᠢᠩᠭ᠋ᠠᠷᠠᠭᠤᠯᠤᠨ᠎ᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶ᠎ᠡ ᠴᠠᠷᠠᠭ᠋ᠠᠨ᠎ᠳᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠡᠯᠧᠺᠲᠷᠣᠨ ᠳ᠋ᠠᠢ᠌ᠲ᠋ᠠ ᠵᠢᠨ ᠭᠡᠷᠡᠴᠢ ᠠᠪᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ 《ᠲᠤᠰᠬᠠᠢ ᠠᠵᠢᠯ᠎ᠤᠨ ᠲᠥᠯᠥᠪᠦᠷᠢ ᠨᠡᠬᠡᠬᠦ ᠲᠤᠰᠬᠠᠢ ᠠᠵᠢᠯ᠎ᠤᠨ ᠢᠯᠡᠴᠢᠯᠡᠨ ᠮᠡᠳᠡᠭᠦᠯᠬᠦ ᠠᠵᠢᠯᠯᠠᠭ᠎ᠠ ᠵᠢ ᠪᠦᠲᠦᠮᠵᠢᠲᠡᠶ ᠠᠷᠭ᠋ᠠᠴᠠᠭ᠋ᠠᠵᠤ ᠰᠠᠢ᠌ᠨ ᠰᠠᠢ᠌ᠬᠠᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠪᠤᠢ ᠪᠣᠯᠭ᠋ᠠᠬᠤ ᠠᠵᠢᠯ᠎ᠤᠨ ᠵᠦᠭᠯᠡᠭᠦᠷ》᠎ᠢ ᠨᠡᠢ᠌ᠲᠡᠯᠡᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶ᠎ᠡ ᠴᠠᠷᠠᠭ᠋ᠠᠨ᠎ᠳᠠᠬᠢ ᠵᠠᠭ᠋ᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠵᠢ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠲᠤᠰᠬᠠᠢ ᠠᠵᠢᠯ᠎ᠤᠨ ᠲᠥᠯᠥᠪᠦᠷᠢ ᠨᠡᠬᠡᠬᠦ ᠠᠵᠢᠯᠯᠠᠭ᠋ᠠᠨ᠎ᠢ ᠬᠠᠤᠯᠢ ᠶᠣᠰᠣᠭ᠋ᠠᠷ ᠳᠦᠷᠢᠮᠵᠢᠭᠦᠯᠦᠨ᠎ᠡ᠃

      (ᠠᠷᠪᠠᠨ ᠨᠠᠢ᠍ᠮᠠ) ᠳ᠋ᠢᠭᠢᠲ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠳ᠋ᠠᠢ᠌ᠲ᠋ᠠ ᠵᠢᠨ ᠲᠠᠪᠴᠠᠩ᠎ᠢ ᠲᠡᠭᠦᠯᠳᠡᠷᠵᠢᠭᠦᠯᠵᠦ᠂ ᠳ᠋ᠠᠢ᠌ᠲ᠋ᠠ ᠵᠢᠨ ᠬᠡᠷᠡᠭᠯᠡᠯᠲᠡ ᠵᠢᠨ ᠲᠤᠬᠠᠢ᠌ᠯᠠᠭᠰᠠᠨ ᠠᠵᠢᠯ᠎ᠤᠨ ᠠᠬᠤᠢ ᠲᠠᠯᠠᠪᠤᠷ᠎ᠢ ᠥᠷᠭᠡᠳᠬᠡᠨ᠂ ᠰᠠᠯᠠᠭ᠎ᠠ ᠮᠥᠴᠢᠷ᠎ᠤᠨ ᠳᠣᠲᠣᠭ᠋ᠠᠳᠤᠬᠢ ᠳ᠋ᠠᠢ᠌ᠲ᠋ᠠ ᠵᠢᠨ ᠬᠣᠷᠢᠭ᠎ᠠ ᠴᠠᠷᠠᠭ᠎ᠠ ᠵᠢ ᠨᠠᠪᠲᠠᠷᠡᠭᠦᠯᠵᠦ᠂ ᠰᠠᠯᠠᠭ᠎ᠠ ᠮᠥᠴᠢᠷ᠎ᠤᠨ ᠬᠣᠭᠣᠷᠣᠨᠳᠤ ᠳ᠋ᠠᠢ᠌ᠲ᠋ᠠ᠎ᠪᠠᠨ ᠬᠠᠮᠲᠤ᠎ᠪᠠᠷ ᠭᠥᠷᠳᠡᠬᠦ᠂ ᠬᠠᠮᠵᠢᠯᠴᠠᠨ ᠬᠢᠨᠠᠨ ᠬᠠᠮᠢᠶᠠᠷᠬᠤ ᠵᠢ ᠠᠬᠢᠭᠤᠯᠤᠨ᠎ᠠ᠃ ᠲᠣᠮᠣ ᠳ᠋ᠠᠢ᠌ᠲ᠋ᠠ᠂ ᠪᠣᠳᠠᠰᠯᠢᠭ ᠬᠣᠯᠪᠣᠭ᠋ᠠᠲᠤ ᠰᠦᠯᠵᠢᠶ᠎ᠡ᠂ ᠵᠣᠬᠢᠶᠠᠮᠠᠯ ᠤᠶᠤᠨ ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠶᠡᠷᠦᠩᠬᠡᠢ᠌ᠯᠡᠨ ᠬᠡᠷᠡᠭᠯᠡᠵᠦ ᠪᠠᠢ᠌ᠭ᠋ᠠᠳ ᠲᠤᠬᠠᠢ ᠵᠢᠨ ᠲᠠᠯᠠᠪᠤᠷ᠎ᠤᠨ ᠪᠤᠰᠤ 《ᠥᠯᠥ ᠰᠡᠷᠡᠭᠳᠡᠬᠦ ᠬᠡᠯᠪᠡᠷᠢ》 ᠵᠢᠨ ᠬᠢᠨᠠᠯᠲᠠ ᠬᠠᠮᠢᠶᠠᠷᠤᠯᠲᠠ ᠵᠢ ᠰᠦᠪᠡᠭᠴᠢᠯᠡᠨ ᠥᠷᠨᠢᠭᠦᠯᠦᠨ᠎ᠡ᠃

      (ᠠᠷᠪᠠ ᠶᠢᠰᠦ) ᠦᠨᠳᠦᠰᠦᠨ ᠱᠠᠲᠤᠨ᠎ᠤ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠷᠠᠭᠤᠯᠤᠨ᠎ᠠ᠃ ᠦᠨᠳᠦᠰᠦᠨ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠭᠠᠵᠠᠷ᠎ᠤᠨ ᠪᠠᠷᠢᠮᠵᠢᠶᠠᠵᠢᠭᠤᠯᠬᠤ ᠵᠢᠷᠤᠮᠵᠢᠭᠤᠯᠬᠤ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠰᠠᠭᠤᠷᠢ ᠪᠡᠯᠡᠳᠬᠡᠮᠵᠢ᠂ ᠬᠠᠤᠯᠢ ᠬᠡᠷᠡᠭᠵᠢᠭᠦᠯᠬᠦ ᠲᠣᠨᠣᠭ ᠲᠥᠬᠦᠭᠡᠷᠦᠮᠵᠢ᠂ ᠬᠠᠤᠯᠢ ᠬᠡᠷᠡᠭᠵᠢᠭᠦᠯᠬᠦ ᠵᠢᠷᠤᠮᠵᠢᠯ᠂ ᠠᠵᠢᠯᠲᠠᠨ᠎ᠤ ᠲᠣᠬᠢᠷᠠᠭᠤᠯᠤᠯᠲᠠ ᠵᠡᠷᠭᠡ ᠲᠠᠯ᠎ᠠ᠎ᠪᠠᠷ ᠪᠠᠷᠢᠮᠵᠢᠶᠠᠵᠢᠭᠤᠯᠬᠤ ᠵᠢᠷᠤᠮᠵᠢᠭᠤᠯᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃ ᠬᠢᠨᠠᠯᠲᠠ ᠬᠠᠮᠢᠶᠠᠷᠤᠯᠲᠠ ᠵᠢᠨ ᠡᠩᠨᠡᠭᠡᠨ᠎ᠤ ᠬᠡᠪ ᠴᠢᠨᠠᠷ᠎ᠢ ᠳᠡᠭᠡᠭᠰᠢᠯᠡᠭᠦᠯᠬᠦ ᠠᠵᠢᠯᠯᠠᠭ᠋ᠠᠨ ᠪᠠ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠳᠠᠪᠬᠤᠷᠭ᠎ᠠ ᠱᠠᠲᠤ ᠬᠤᠪᠢᠶᠠᠭᠰᠠᠨ᠂ ᠬᠠᠮᠵᠢᠯᠴᠠᠨ ᠬᠥᠳᠡᠯᠦᠯᠴᠡᠭᠰᠡᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠨᠢᠭᠡᠳᠦᠭᠡᠷ ᠹᠷᠣᠨᠲ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠠᠵᠢᠯᠲᠠᠨ᠎ᠤ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠦᠨ᠎ᠡ᠃

      (ᠬᠣᠷᠢ) ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶ᠎ᠡ ᠴᠠᠷᠠᠭ᠋ᠠᠨ᠎ᠳᠠᠬᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠨᠡᠪᠴᠢᠭᠦᠯᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ 《ᠵᠠᠷᠯᠠᠨ ᠨᠡᠢ᠌ᠲᠡᠯᠡᠵᠦ ᠬᠣᠰᠢᠭᠤᠷᠠᠨ ᠠᠵᠢᠯᠯᠠᠬᠤ》᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠳ᠋ᠣᠺᠲ᠋ᠣᠷᠠᠨᠲ᠎ᠤᠨ ᠪᠦᠯᠬᠦᠮ ᠨᠡᠢ᠍ᠢ᠍ᠲᠡ ᠵᠢ ᠵᠣᠬᠢᠶᠠᠨ ᠪᠠᠢ᠌ᠭᠣᠯᠬᠣ᠎ᠪᠠᠷ ᠳᠠᠮᠵᠢᠭᠤᠯᠤᠨ᠂ ᠨᠡᠭᠦᠷᠡᠰᠦᠲᠥ᠋ᠷᠥᠭᠴᠢ ᠵᠢᠨ ᠬᠡᠮᠵᠢᠯᠲᠡ᠂ ᠨᠡᠭᠦᠷᠡᠰᠦᠲᠥ᠋ᠷᠥᠭᠴᠢ ᠵᠢᠨ ᠤᠯᠠ ᠮᠥᠷ᠂ ᠦᠬᠡᠷ ᠬᠣᠨᠢ ᠰᠦ ᠰᠠᠭ᠋ᠠᠯᠢ ᠮᠢᠬᠠᠨ᠎ᠤ ᠪᠦᠲᠦᠭᠡᠭᠳᠡᠬᠦᠨ᠎ᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ᠂ ᠴᠢᠨᠠᠷᠯᠢᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢᠨ ᠣᠷᠣᠨ᠎ᠢ᠎ᠨᠢ ᠬᠠᠢ᠌ᠬᠤ᠂ ᠣᠶᠤᠨᠴᠢᠯᠠᠭᠰᠠᠨ ᠪᠠᠢ᠌ᠴᠠᠭ᠋ᠠᠨ ᠬᠡᠮᠵᠢᠯᠲᠡ ᠵᠡᠷᠭᠡ ᠵᠢᠨ ᠲᠣᠭᠣᠷᠢᠨ᠎ᠳᠤ ᠮᠡᠷᠭᠡᠵᠢᠯ᠎ᠤᠨ ᠰᠢᠪᠲᠤᠯᠤᠯᠲᠠ ᠬᠢᠨ᠎ᠡ᠃

      (ᠬᠣᠷᠢᠨ ᠨᠢᠭᠡ) ᠠᠵᠢᠯ ᠦᠢ᠍ᠯᠡᠰ᠎ᠤᠨ ᠨᠢᠭᠡᠴᠢ ᠵᠢᠨ ᠨᠡᠩ ᠠᠮᠢᠳᠤᠯᠢᠭ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠦᠨ᠎ᠡ᠃ ᠢᠳᠡᠭᠡᠨ᠎ᠢ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠡᠭᠦᠷᠭᠡ ᠴᠢᠳᠠᠪᠤᠷᠢ ᠵᠢ ᠲᠣᠬᠢᠷᠠᠭᠤᠯᠤᠨ ᠰᠢᠯᠢᠳᠡᠭᠵᠢᠭᠦᠯᠵᠦ᠂ ᠨᠡᠢ᠍ᠢ᠍ᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠵᠢᠨ ᠨᠡᠢ᠍ᠢ᠍ᠲᠡ ᠵᠢᠨ ᠠᠰᠠᠷᠠᠮᠵᠢ ᠵᠢᠨ ᠰᠢᠨᠵᠢ ᠴᠢᠨᠠᠷ᠎ᠢ᠎ᠨᠢ ᠴᠢᠩᠭ᠋ᠠᠷᠠᠭᠤᠯᠤᠨ᠂ ᠨᠡᠢ᠍ᠢ᠍ᠲᠡ ᠵᠢᠨ ᠠᠰᠠᠷᠠᠮᠵᠢ ᠵᠢᠨ ᠬᠣᠶᠠᠳᠤᠭ᠋ᠠᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠳᠤ ᠨᠠᠩ ᠠᠮᠢᠳᠤᠯᠢᠭ ᠠᠵᠤ ᠠᠬᠤᠢ᠌ᠯᠠᠯᠴᠢᠯᠠᠭᠰᠠᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠵᠢ ᠰᠦᠪᠡᠭᠴᠢᠯᠡᠵᠦ᠂ ᠴᠢᠳᠠᠪᠤᠷᠢᠲᠠᠨ᠎ᠢ ᠲᠠᠲᠠᠨ ᠠᠪᠴᠢᠷᠠᠬᠤ᠂ ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠂ ᠡᠵᠡᠩᠨᠡᠯᠲᠡ ᠵᠢᠨ ᠴᠢᠨᠠᠷᠲᠠᠢ ᠪᠡᠯᠡ ᠮᠥᠩᠭᠥ ᠵᠢ ᠬᠡᠷᠡᠭᠯᠡᠬᠦ ᠵᠡᠷᠭᠡ ᠲᠠᠯ᠎ᠠ᠎ᠪᠠᠷ ᠨᠠᠩ ᠣᠯᠠᠨ ᠡᠵᠡ ᠮᠡᠳᠡᠬᠦ ᠡᠷᠬᠡ ᠣᠯᠭᠣᠨ᠎ᠠ᠃

      (ᠬᠣᠷᠢᠨ ᠬᠣᠶᠠᠷ) ᠠᠵᠢᠯ ᠦᠢ᠍ᠯᠡᠰ᠎ᠤᠨ ᠨᠢᠭᠡᠴᠢ ᠵᠢᠨ ᠴᠢᠳᠠᠪᠤᠷᠢᠲᠠᠨ᠎ᠤ ᠬᠥᠭᠵᠢᠯᠲᠡ ᠵᠢᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠬᠠᠢ᠌ᠨ ᠰᠦᠪᠡᠭᠴᠢᠯᠡᠨ᠎ᠡ᠃ 《ᠲᠠᠲᠠᠬᠤ ᠬᠥᠮᠥᠵᠢᠭᠦᠯᠬᠦ ᠬᠡᠷᠡᠭᠯᠡᠬᠦ ᠦᠯᠡᠳᠡᠭᠡᠬᠦ》 ᠪᠥᠬᠥ ᠬᠡᠯᠬᠢᠶᠡᠨ᠎ᠤ ᠴᠢᠳᠠᠪᠤᠷᠢᠲᠠᠨ᠎ᠤ ᠬᠥᠭᠵᠢᠯᠲᠡ ᠵᠢᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠳᠠᠪᠤᠷᠢᠲᠠᠨ᠎ᠤ ᠪᠦᠲᠦᠴᠡ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠂ ᠰᠢᠨ᠎ᠡ ᠵᠢ ᠡᠭᠦᠳᠬᠦ ᠴᠢᠳᠠᠪᠤᠷᠢ᠂ ᠶᠠᠰᠤ ᠴᠢᠨᠠᠷ᠂ ᠠᠵᠢᠯ᠎ᠤᠨ ᠠᠮᠵᠢᠯᠲᠠ ᠪᠦᠲᠦᠮᠵᠢ᠂ ᠬᠤᠪᠢ ᠨᠡᠮᠡᠷᠢ᠎ᠪᠠᠷ ᠤᠳᠤᠷᠢᠳᠤᠮᠵᠢ ᠪᠣᠯᠭ᠋ᠠᠭᠰᠠᠨ ᠴᠢᠳᠠᠪᠤᠷᠢᠲᠠᠨ᠎ᠤ ᠦᠨᠡᠯᠡᠯᠲᠡ ᠵᠢᠨ ᠲᠣᠭᠲᠠᠯᠴᠠᠭ᠎ᠠ ᠵᠢ ᠪᠠᠢ᠌ᠭᠤᠯᠵᠤ᠂ ᠮᠡᠷᠭᠡᠵᠢᠯ᠎ᠤᠨ ᠠᠵᠢᠯᠲᠠᠨ᠎ᠤ ᠠᠵᠢᠯ᠎ᠤᠨ ᠠᠮᠵᠢᠯᠲᠠ ᠪᠦᠲᠦᠮᠵᠢ ᠵᠢᠨ ᠱᠠᠩᠨᠠᠨ ᠬᠥᠬᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃

      2024 ᠣᠨ᠎ᠤ 12 ᠳ᠋ᠤᠭ᠋ᠠᠷ ᠰᠠᠷ᠎ᠠ ᠵᠢᠨ 23᠎ᠤ ᠡᠳᠦᠷ

      (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

                                       2024 ᠣᠨ᠎ᠤ 12 ᠳ᠋ᠤᠭ᠋ᠠᠷ ᠰᠠᠷ᠎ᠠ ᠵᠢᠨ 23᠎ᠤ ᠡᠳᠦᠷ ᠳᠠᠷᠤᠮᠠᠯᠯᠠᠨ ᠲᠠᠷᠬᠠᠭ᠋ᠠᠪᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ