ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2025] 9 ᠳ᠋ᠦ᠍ᠭᠡᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠥᠯ (2025-2027 ᠣᠨ )᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠢ᠌ᠯᠠᠯ ᠂ ᠠᠵᠢᠯ ᠦᠢ᠍ᠯᠡᠰ᠎ᠤᠨ ᠨᠢᠭᠡᠴᠢ᠎ᠳᠤ ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠥᠯ (2025-2027 ᠣᠨ )》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ ᠃
2025 ᠣᠨ᠎ᠤ 2 ᠳ᠋ᠤᠭ᠋ᠠᠷ ᠰᠠᠷ᠎ᠠ ᠵᠢᠨ 12᠎ᠤᠨ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠥᠯ ( 2025-2027 ᠣᠨ)
ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ ᠂ ᠶᠢᠰᠦᠳᠦᠭᠡᠷ ᠤᠳᠠᠭ᠋ᠠᠨ᠎ᠤ ᠪᠦᠭᠦᠳᠡ ᠬᠤᠷᠠᠯ ᠬᠢᠭᠡᠳ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ ᠂ ᠳᠤᠮᠳᠠᠲᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭᠲᠠᠷᠠᠨ ᠂ ᠲᠠᠷᠢᠶᠠᠯᠠᠩ ᠮᠠᠯ ᠠᠵᠤ ᠠᠬᠤᠢ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ ᠂ ᠬᠠᠷ᠎ᠠ ᠪᠤᠳᠠᠭ᠎ᠠ ᠠᠮᠢᠳᠤ ᠮᠠᠯ᠎ᠤᠨ ᠭᠠᠳᠠᠭᠰᠢ ᠠᠷᠠᠯᠵᠢᠶᠠᠯᠠᠬᠤ ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ᠎ᠪᠠᠷ ᠬᠦᠷᠦᠯᠴᠡᠬᠦ ᠦᠭᠡᠢ ᠪᠠᠢ᠌ᠬᠤ ᠵᠡᠷᠭᠡ ᠲᠣᠪᠣᠢ᠌ᠮ᠎ᠠ ᠠᠰᠠᠭᠤᠳᠠᠯ᠎ᠳᠤ ᠴᠢᠭᠯᠡᠭᠦᠯᠦᠨ ᠂ 《ᠠᠮᠤ ᠪᠤᠳᠠᠭ᠎ᠠ ᠵᠢᠨ ᠦᠢ᠍ᠯᠡᠳᠪᠦᠷᠢᠯᠡᠯ ᠵᠶ᠋ᠡᠷ ᠲᠦᠷᠦᠭᠦᠯᠡᠭᠦᠯᠵᠦ ᠲᠠᠷᠢᠶᠠᠯᠠᠩ᠎ᠤᠨ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠵᠢ ᠬᠠᠪᠰᠤᠷᠠᠭ᠋ᠠᠬᠤ 》᠂ 《ᠮᠠᠯ ᠠᠵᠤ ᠠᠬᠤᠢ ᠵᠢᠨ ᠦᠢ᠍ᠯᠡᠳᠪᠦᠷᠢᠯᠡᠯ ᠵᠶ᠋ᠡᠷ ᠲᠦᠷᠦᠭᠦᠯᠡᠭᠦᠯᠵᠦ ᠤᠯᠠᠭ᠋ᠠᠨ ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ ᠵᠢ ᠬᠠᠪᠰᠤᠷᠠᠭ᠋ᠠᠬᠤ 》᠂ 《ᠲᠠᠷᠢᠶᠠᠯᠠᠩ ᠵᠶ᠋ᠠᠷ ᠲᠦᠷᠦᠭᠦᠯᠡᠭᠦᠯᠵᠦ ᠠᠵᠤ ᠦᠢ᠍ᠯᠡᠳᠪᠦᠷᠢ ᠵᠢ ᠬᠠᠪᠰᠤᠷᠠᠭ᠋ᠠᠬᠤ 》 ᠳᠡᠭᠡᠷ᠎ᠡ ᠬᠦᠴᠦ ᠲᠠᠯᠪᠢᠵᠤ ᠂ ᠮᠠᠨ᠎ᠤ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠢ ᠲᠦᠷᠭᠡᠨ ᠪᠣᠢ᠌ᠵᠢᠭᠤᠯᠤᠨ ᠪᠤᠵᠠᠭ᠋ᠠᠢ᠌ᠷᠠᠭᠤᠯᠵᠤ ᠂ ᠲᠠᠷᠢᠶᠠᠯᠠᠩ ᠮᠠᠯ ᠠᠵᠤ ᠠᠬᠤᠢ ᠵᠢᠨ ᠬᠡᠪᠴᠢᠶᠡᠵᠢᠯᠲᠡ ᠂ ᠠᠵᠤ ᠦᠢ᠍ᠯᠡᠰᠵᠢᠯᠲᠡ ᠂ ᠨᠡᠷᠡᠲᠦ ᠲᠡᠮᠲᠡᠭᠵᠢᠯᠲᠡ ᠪᠠ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠤᠰᠠᠳᠠ ᠂ ᠲᠤᠰ ᠠᠵᠢᠯᠯᠠᠭ᠋ᠠᠨ᠎ᠤ ᠲᠥᠰᠥᠯ᠎ᠢ ᠲᠣᠭᠲᠠᠭ᠋ᠠᠪᠠ ᠃
ᠨᠢᠭᠡ᠂ ᠭᠣᠣᠯ ᠬᠠᠷᠠᠯᠲᠠ
2027 ᠣᠨ ᠪᠣᠯᠬᠤ᠎ᠳᠤ ᠂ ᠪᠦᠬᠦ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠤᠨ ᠬᠡᠪᠴᠢᠶᠡᠵᠢᠯ᠎ᠢ ᠤᠯᠠᠮ ᠨᠢᠭᠡ ᠠᠯᠬᠤᠮ ᠪᠤᠵᠠᠭ᠋ᠠᠢ᠌ᠷᠠᠭᠤᠯᠵᠤ ᠂ ᠠᠵᠤ ᠦᠢ᠍ᠯᠡᠰ᠎ᠤᠨ ᠪᠠᠢ᠌ᠷᠢᠰᠢᠭᠤᠯᠤᠯᠲᠠ ᠪᠠ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠵᠦ ᠂ ᠵᠢᠯ᠎ᠤᠨ ᠪᠣᠷᠤᠯᠠᠭᠤᠯᠭ᠎ᠠ ᠵᠢᠨ ᠣᠷᠤᠯᠭ᠎ᠠ᠎ᠨᠢ10 ᠳ᠋ᠦᠩᠰᠢᠭᠤᠷ ᠲᠥᠭᠥᠷᠢᠭ᠎ᠢ ᠳᠠᠪᠠᠭᠰᠠᠨ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠢ 5᠎ᠠᠴᠠ ᠳᠡᠭᠡᠭᠰᠢ ᠂ ᠳ᠋ᠦᠩᠰᠢᠭᠤᠷ ᠲᠥᠭᠥᠷᠢᠭ᠎ᠢ ᠳᠠᠪᠠᠭᠰᠠᠨ ᠠᠵᠤ ᠠᠬᠤᠢ᠌ᠯᠠᠯ᠎ᠢ 20᠎ᠠᠴᠠ ᠳᠡᠭᠡᠭᠰᠢ ᠰᠢᠨ᠎ᠡ᠎ᠪᠠᠷ ᠪᠣᠢ᠌ᠵᠢᠭᠤᠯᠵᠤ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠤᠨ ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ᠎ᠢ ᠮᠡᠳᠡᠭᠳᠡᠬᠦᠢ᠌ᠴᠡ ᠴᠢᠩᠭ᠋ᠠᠷᠠᠭᠤᠯᠵᠤ ᠂ ᠵᠠᠬ᠎ᠠ ᠳᠡᠯᠭᠡᠭᠦᠷ᠎ᠤᠨ ᠡᠵᠡᠯᠡᠬᠦ ᠨᠣᠷᠮ᠎ᠠ ᠵᠢ ᠶᠡᠬᠡ᠎ᠪᠠᠷ ᠳᠡᠭᠡᠭᠰᠢᠯᠡᠭᠦᠯᠵᠦ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠪᠣᠷᠤᠯᠠᠭᠤᠯᠭ᠎ᠠ ᠵᠢᠨ ᠣᠷᠤᠯᠭ᠎ᠠ ᠵᠢ 700 ᠳ᠋ᠦᠩᠰᠢᠭᠤᠷ ᠲᠥᠭᠥᠷᠢᠭ ᠰᠢᠨ᠎ᠡ᠎ᠪᠠᠷ ᠨᠡᠮᠡᠭᠳᠡᠭᠦᠯᠵᠦ ᠂ ᠵᠢᠯ᠎ᠤᠨ ᠪᠣᠷᠤᠯᠠᠭᠤᠯᠭ᠎ᠠ ᠵᠢᠨ ᠣᠷᠤᠯᠭ᠎ᠠ ᠵᠢ 4800 ᠳ᠋ᠦᠩᠰᠢᠭᠤᠷ ᠲᠥᠭᠥᠷᠢᠭ᠎ᠠᠴᠠ ᠳᠡᠭᠡᠭᠰᠢ᠎ᠳᠤ ᠬᠦᠷᠦᠭᠦᠯᠬᠦ᠎ᠪᠠᠷ ᠬᠦᠴᠦᠯᠡᠨ ᠴᠢᠷᠮᠠᠢ᠌ᠨ᠎ᠠ ᠃
ᠬᠣᠶᠠᠷ᠂ ᠣᠷᠣᠨ ᠪᠦᠰᠡ ᠵᠢᠨ ᠪᠠᠢ᠌ᠷᠢᠰᠢᠭᠤᠯᠤᠯᠲᠠ ᠵᠢᠴᠢ ᠰᠢᠪᠲᠤᠯᠤᠯᠲᠠ ᠵᠢᠨ ᠭᠣᠣᠯ ᠲᠦᠷᠦᠯ ᠢᠯᠭ᠋ᠠᠯ
ᠳᠠᠪᠠᠭᠤᠯᠢᠭ ᠵᠶ᠋ᠠᠨ ᠪᠠᠳᠠᠷᠠᠭᠤᠯᠬᠤ ᠪᠠ ᠳᠤᠲᠠᠭᠤᠳᠠᠯ ᠵᠶ᠋ᠠᠨ ᠨᠥᠬᠥᠪᠦᠷᠢᠯᠡᠬᠦ ᠵᠢ ᠨᠢᠭᠡᠳᠦᠯᠲᠡᠢ ᠲᠥᠯᠥᠪᠯᠡᠵᠦ ᠂ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠪᠠ ᠵᠠᠬ᠎ᠠ ᠳᠡᠯᠭᠡᠭᠦᠷ᠎ᠤᠨ ᠬᠡᠷᠡᠭᠯᠡᠭᠡ ᠵᠢᠨ ᠬᠠᠨᠳᠤᠰᠢ᠎ᠳᠤ ᠲᠦᠰᠢᠭᠯᠡᠨ ᠂ ᠡᠬᠢ ᠪᠠᠶᠠᠯᠢᠭ᠎ᠤᠨ ᠬᠦᠴᠦᠨ ᠵᠶ᠋ᠡᠨ ᠲᠥᠪᠯᠡᠷᠡᠭᠦᠯᠦᠨ ᠭᠣᠣᠯᠳᠠᠯᠭ᠎ᠠ᠎ᠲᠠᠢ ᠬᠦᠷᠢᠶᠡᠯᠡᠩ ᠲᠣᠭᠣᠷᠢᠭ ᠪᠠ ᠠᠵᠤ ᠠᠬᠤᠢ᠌ᠯᠠᠯ᠎ᠢ ᠳᠠᠮᠵᠢᠵᠤ ᠂ ᠣᠷᠣᠨ ᠪᠦᠰᠡ ᠵᠢᠨ ᠪᠠᠢ᠌ᠷᠢᠰᠢᠭᠤᠯᠤᠯᠲᠠ᠎ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠭᠣᠣᠯᠳᠠᠭᠤ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ ᠂ ᠦᠬᠡᠷ ᠬᠣᠨᠢ ᠢᠮᠠᠭ᠋ᠠᠨ ᠮᠢᠬᠠᠨ᠎ᠤ ᠪᠦᠲᠦᠭᠡᠭᠳᠡᠬᠦᠨ ᠂ ᠡᠷᠳᠡᠨᠢ ᠰᠢᠰᠢ ᠵᠢᠨ ᠪᠦᠲᠦᠭᠡᠭᠳᠡᠬᠦᠨ ᠂ ᠲᠥᠮᠥᠰᠥᠨ᠎ᠤ ᠪᠦᠲᠦᠭᠡᠭᠳᠡᠬᠦᠨ ᠂ ᠰᠢᠷ᠎ᠠ ᠪᠤᠷᠴᠠᠭ᠎ᠤᠨ ᠪᠦᠲᠦᠭᠡᠭᠳᠡᠬᠦᠨ ᠂ ᠠᠮᠤ ᠭᠤᠯᠢᠷ ᠲᠣᠰᠣ ᠰᠢᠬᠢᠷ ᠵᠢᠴᠢ ᠡᠯᠳᠡᠪ ᠠᠮᠤ ᠵᠢᠨ ᠪᠦᠲᠦᠭᠡᠭᠳᠡᠬᠦᠨ ᠂ ᠨᠠᠷᠠᠨ ᠬᠤᠸᠠᠷ᠎ᠤᠨ ᠦᠷ᠎ᠡ ᠵᠡᠷᠭᠡ ᠰᠡᠯᠡᠭᠦᠴᠡᠯ᠎ᠤᠨ ᠳᠦᠭᠦᠮ ᠢᠳᠡᠭᠡᠨ᠎ᠤ ᠵᠦᠢ᠍ᠯ ᠂ ᠠᠮᠲᠠ ᠣᠷᠤᠭᠤᠯᠬᠤ ᠪᠦᠲᠦᠭᠡᠭᠳᠡᠬᠦᠨ ᠂ ᠣᠨᠴᠠᠯᠢᠭᠲᠤ ᠡᠷᠡᠭᠦᠯᠵᠢᠯ᠎ᠤᠨ ᠪᠦᠲᠦᠭᠡᠭᠳᠡᠬᠦᠨ ᠂ ᠠᠷᠢᠬᠢᠨ᠎ᠤ ᠵᠦᠢ᠍ᠯ᠎ᠤᠨ ᠪᠦᠲᠦᠭᠡᠭᠳᠡᠬᠦᠨ ᠵᠡᠷᠭᠡ10 ᠲᠦᠷᠦᠯ ᠢᠯᠭ᠋ᠠᠯ᠎ᠤᠨ ᠲᠠᠯ᠎ᠠ᠎ᠳᠤ ᠰᠢᠪᠲᠤᠯᠤᠯᠲᠠ ᠭᠠᠷᠭ᠋ᠠᠵᠤ ᠬᠥᠭᠵᠢᠭᠦᠯᠦᠨ᠎ᠡ ᠃
(ᠨᠢᠭᠡ ) ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ ᠃ ᠬᠠᠲᠤᠨ ᠭᠣᠣᠯ ᠂ ᠨᠤᠨ ᠮᠥᠷᠡᠨ ᠂ ᠪᠠᠷᠠᠭᠤᠨ ᠯᠢᠶᠣᠣ ᠾᠧ ᠭᠣᠣᠯ᠎ᠤᠨ ᠰᠠᠪᠠ ᠭᠠᠵᠠᠷ ᠪᠠ ᠬᠥᠯᠥᠨ ᠪᠣᠢ᠌ᠷ ᠂ ᠰᠢᠯᠢ ᠵᠢᠨ ᠭᠣᠣᠯ᠎ᠤᠨ ᠲᠠᠯ᠎ᠠ ᠨᠤᠲᠤᠭ ᠵᠡᠷᠭᠡ 5 ᠲᠣᠮᠣ ᠰᠦ ᠵᠢᠨ ᠭᠠᠷᠤᠯᠲᠠ ᠵᠢᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠬᠤ᠎ᠪᠠᠨ ᠴᠢᠩᠭ᠋ᠠᠳᠬᠠᠵᠤ ᠂ ᠰᠦ ᠵᠢᠨ ᠭᠠᠷᠤᠯᠲᠠ ᠵᠢᠨ ᠳᠠᠪᠠᠭᠤᠯᠢᠭ᠎ᠲᠤ ᠲᠦᠰᠢᠭᠯᠡᠨ ᠂ ᠰᠢᠩᠭᠡᠨ ᠲᠥᠯᠥᠪᠲᠦ ᠰᠦ ᠵᠢᠨ ᠠᠵᠤ ᠦᠢ᠍ᠯᠡᠰ᠎ᠢ ᠦᠷᠭᠦᠯᠵᠢᠯᠡᠨ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠦᠨ᠎ᠡ ᠃ ᠪᠦᠲᠦᠭᠡᠭᠳᠡᠬᠦᠨ᠎ᠤ ᠪᠦᠲᠦᠴᠡ᠎ᠨᠢ ᠰᠢᠯᠢᠳᠡᠭ ᠪᠤᠰᠤ ᠂ ᠵᠠᠬ᠎ᠠ ᠳᠡᠯᠭᠡᠭᠦᠷ᠎ᠢ ᠥᠷᠭᠡᠵᠢᠭᠦᠯᠬᠦ ᠲᠠᠯ᠎ᠠ᠎ᠪᠠᠷ ᠨᠡᠯᠢᠶᠡᠳ ᠤᠳᠠᠭ᠋ᠠᠯᠢᠭ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ᠎ᠬᠢᠨ᠎ᠤ ᠪᠦᠲᠦᠭᠡᠭᠳᠡᠬᠦᠨ᠎ᠤ ᠪᠦᠲᠦᠴᠡ᠎ᠳᠤ᠎ᠪᠠᠨ ᠲᠣᠬᠢᠷᠠᠭᠤᠯᠤᠯᠲᠠ ᠬᠢᠬᠦ ᠪᠠ ᠠᠵᠤ ᠦᠢ᠍ᠯᠡᠰ᠎ᠤᠨ ᠳᠡᠰ ᠳᠡᠪᠰᠢᠬᠦ᠎ᠳᠤ ᠨᠢ ᠳᠡᠮᠵᠢᠯᠭᠡ ᠦᠵᠡᠭᠦᠯᠵᠦ ᠂ ᠪᠢᠰᠢᠯᠠᠭ ᠂ ᠰᠢᠷᠠᠰᠤ ᠂ ᠰᠦᠨ ᠲᠡᠮᠦᠷ᠎ᠳᠦ ᠤᠭᠤᠷᠠᠭ ᠂ ᠠᠨᠠᠭ᠋ᠠᠬᠤ ᠤᠬᠠᠭ᠋ᠠᠨ᠎ᠤ ᠣᠨᠴᠠ ᠬᠡᠷᠡᠭᠴᠡᠭᠡᠨ᠎ᠳᠤ ᠬᠡᠷᠡᠭᠯᠡᠬᠦ ᠨᠠᠢ᠌ᠷᠠᠯᠭ᠎ᠠ᠎ᠲᠠᠢ ᠢᠳᠡᠭᠡᠨ᠎ᠤ ᠵᠦᠢ᠍ᠯ ᠵᠡᠷᠭᠡ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠳᠤᠮᠳᠠ ᠵᠢᠵᠢᠭ ᠠᠵᠤ ᠠᠬᠤᠢ᠌ᠯᠠᠯ᠎ᠤᠨ 《ᠲᠤᠰᠬᠠᠢ ᠨᠠᠷᠢᠯᠢᠭ ᠥᠪᠡᠷᠮᠢᠴᠡ ᠰᠢᠨ᠎ᠡ 》 ᠵᠠᠮ ᠵᠶ᠋ᠠᠷ ᠵᠠᠮᠨᠠᠬᠤ ᠵᠢ ᠳᠠᠮᠵᠢᠵᠤ ᠂ ᠣᠷᠣᠨ ᠨᠤᠲᠤᠭ᠎ᠤᠨ ᠣᠨᠴᠠᠯᠢᠭᠲᠤ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ᠎ᠤ ᠠᠵᠤ ᠠᠬᠤᠢ᠌ᠯᠠᠯ ᠂ ᠵᠢᠵᠢᠭ ᠬᠡᠯᠪᠡᠷᠢ ᠵᠢᠨ ᠦᠢ᠍ᠯᠡᠳᠪᠦᠷᠢᠯᠡᠯ᠎ᠤᠨ ᠦᠢ᠍ᠯᠡᠳᠬᠡᠯ᠎ᠤᠨ ᠭᠠᠵᠠᠷ᠎ᠤᠨ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠬᠦᠷᠢᠶᠡᠯᠡᠩ ᠲᠣᠭᠣᠷᠢᠭ᠎ᠲᠤ ᠰᠠᠭᠤᠷᠢᠰᠢᠬᠤ ᠵᠢ ᠠᠬᠢᠭᠤᠯᠵᠤ ᠂ ᠨᠥᠬᠥᠴᠡᠯ᠎ᠲᠠᠢ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠵᠢᠨ ᠲᠤᠬᠠᠢ ᠵᠢᠨ ᠭᠠᠵᠠᠷ᠎ᠲᠤ᠎ᠪᠠᠨ ᠡᠳ᠋ᠰᠢᠭᠦᠯᠦᠨ ᠪᠣᠯᠪᠠᠰᠤᠷᠠᠭᠤᠯᠬᠤ ᠂ ᠣᠢ᠌ᠷ᠎ᠠ ᠬᠠᠪᠢ᠎ᠳᠤ᠎ᠪᠠᠨ ᠲᠣᠬᠢᠷᠠᠭᠤᠯᠤᠨ ᠬᠦᠷᠭᠡᠬᠦ ᠵᠢ ᠵᠣᠷᠢᠭᠵᠢᠭᠤᠯᠵᠤ ᠂ ᠲᠡᠵᠢᠭᠡᠨ ᠦᠷᠡᠵᠢᠭᠦᠯᠵᠦ ᠡᠳ᠋ᠰᠢᠭᠦᠯᠦᠨ ᠪᠣᠯᠪᠠᠰᠤᠷᠠᠭᠤᠯᠬᠤ ᠵᠢᠨ ᠨᠢᠭᠡ ᠴᠣᠭᠴᠠᠵᠢᠨ ᠬᠥᠭᠵᠢᠬᠦ ᠵᠢ᠎ᠨᠢ ᠠᠬᠢᠭᠤᠯᠤᠨ᠎ᠠ ᠃ ᠭᠡᠭᠦᠦ ᠵᠢᠨ ᠰᠦ ᠂ ᠬᠣᠨᠢ ᠢᠮᠠᠭ᠋ᠠᠨ ᠰᠦ ᠂ ᠢᠩᠭᠡᠨ ᠰᠦ ᠵᠡᠷᠭᠡ ᠰᠦᠨ᠎ᠤ ᠪᠦᠲᠦᠭᠡᠭᠳᠡᠬᠦᠨ᠎ᠢ ᠢᠳᠡᠪᠬᠢᠲᠡᠢ ᠬᠥᠭᠵᠢᠭᠦᠯᠦᠨ᠎ᠡ ᠃
(ᠬᠣᠶᠠᠷ ) ᠦᠬᠡᠷ ᠬᠣᠨᠢ ᠢᠮᠠᠭ᠋ᠠᠨ ᠮᠢᠬᠠᠨ᠎ᠤ ᠪᠦᠲᠦᠭᠡᠭᠳᠡᠬᠦᠨ ᠃ ᠬᠥᠯᠥᠨ ᠪᠣᠢ᠌ᠷ ᠬᠣᠲᠠ ᠂ ᠬᠢᠩᠭ᠋ᠠᠨ ᠠᠢ᠌ᠮᠠᠭ ᠂ ᠲᠦᠩᠯᠢᠶᠣᠣ ᠬᠣᠲᠠ ᠂ ᠤᠯᠠᠭ᠋ᠠᠨᠬᠠᠳᠠ ᠬᠣᠲᠠ ᠂ ᠰᠢᠯᠢ ᠵᠢᠨ ᠭᠣᠣᠯ ᠠᠢ᠌ᠮᠠᠭ ᠂ ᠪᠠᠶᠠᠨᠨᠠᠭᠤᠷ ᠬᠣᠲᠠ ᠵᠡᠷᠭᠡ ᠠᠢ᠌ᠮᠠᠭ ᠬᠣᠲᠠ᠎ᠪᠠᠷ ᠭᠣᠣᠯᠳᠠᠯᠭ᠎ᠠ ᠪᠣᠯᠭ᠋ᠠᠨ ᠂ ᠲᠦᠭᠦᠬᠡᠢ ᠮᠠᠲ᠋ᠧᠷᠢᠶᠠᠯ᠎ᠤᠨ ᠳᠠᠪᠠᠭᠤᠯᠢᠭ᠎ᠲᠤ ᠲᠦᠰᠢᠭᠯᠡᠵᠦ ᠂ ᠠᠮᠢᠳᠤ ᠮᠠᠯ᠎ᠢ ᠭᠠᠳᠠᠭᠰᠢ ᠭᠠᠷᠭ᠋ᠠᠬᠤ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ ᠳᠣᠣᠷᠠᠳᠤ ᠳᠡᠰ᠎ᠤᠨ ᠢᠵᠢᠯᠢ ᠴᠢᠨᠠᠷ᠎ᠤᠨ ᠥᠷᠢᠰᠦᠯᠳᠦᠭᠡᠨ ᠬᠢᠬᠦ ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠎ᠪᠠᠷ ᠬᠦᠷᠦᠯᠴᠡᠬᠦ ᠦᠭᠡᠢ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠵᠶ᠋ᠠᠷ ᠠᠨᠠᠢ᠌ᠬᠠᠨ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠪᠡᠯᠡ ᠭᠠᠷᠭ᠋ᠠᠵᠤ ᠬᠤᠳᠠᠯᠳᠤᠨ ᠠᠪᠬᠤ ᠂ ᠬᠣᠪᠢᠴᠠᠭ᠎ᠠ ᠡᠵᠡᠮᠳᠡᠬᠦ ᠂ ᠨᠡᠢ᠌ᠯᠡᠭᠦᠯᠦᠨ ᠡᠵᠡᠩᠨᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠡᠮᠬᠢᠯᠡᠨ ᠨᠡᠢ᠌ᠯᠡᠭᠦᠯᠵᠦ ᠳᠠᠬᠢᠨ ᠵᠣᠬᠢᠶᠠᠨ ᠪᠠᠢ᠌ᠭᠤᠯᠬᠤ ᠵᠢ᠎ᠨᠢ ᠳᠠᠮᠵᠢᠵᠤ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠪᠦᠲᠦᠭᠡᠭᠳᠡᠬᠦᠨ᠎ᠳᠤ ᠰᠢᠨ᠎ᠡ ᠵᠢ ᠡᠭᠦᠳᠬᠦ ᠠᠵᠢᠯ᠎ᠢ ᠢᠳᠡᠪᠬᠢᠲᠡᠢ ᠥᠷᠨᠢᠭᠦᠯᠦᠨ ᠂ ᠬᠡᠯᠬᠢᠶ᠎ᠡ ᠵᠢ ᠤᠷᠲᠤᠳᠬᠠᠬᠤ ᠨᠥᠬᠥᠪᠦᠷᠢᠯᠡᠬᠦ ᠴᠢᠩᠳᠠᠯᠠᠬᠤ᠎ᠪᠠᠨ ᠲᠦᠷᠭᠡᠳᠬᠡᠵᠦ ᠂ ᠦᠬᠡᠷ ᠂ ᠬᠣᠨᠢ ᠢᠮᠠᠭ᠎ᠠ ᠵᠢ ᠨᠠᠷᠢᠯᠢᠭ ᠮᠥᠴᠢᠯᠡᠵᠦ ᠰᠠᠯᠭ᠋ᠠᠭᠰᠠᠨ ᠮᠢᠬᠠᠨ᠎ᠤ ᠪᠦᠲᠦᠭᠡᠭᠳᠡᠬᠦᠨ ᠪᠠ ᠵᠢᠶᠠᠩᠯᠠᠭᠰᠠᠨ ᠰᠢᠭᠦᠰᠦᠯᠡᠭᠰᠡᠨ ᠤᠲᠤᠭᠰᠠᠨ ᠰᠢᠷᠠᠭᠰᠠᠨ ᠮᠢᠬ᠎ᠠ ᠵᠡᠷᠭᠡ ᠪᠣᠯᠭᠤᠭᠰᠠᠨ ᠢᠳᠡᠭᠡᠨ᠎ᠤ ᠪᠦᠲᠦᠭᠡᠭᠳᠡᠬᠦᠨ ᠂ ᠤᠷᠢᠳᠴᠢᠯᠠᠨ ᠬᠢᠭᠰᠡᠨ ᠵᠠᠭᠤᠰᠢ ᠵᠢ ᠭᠣᠣᠯᠳᠠᠯᠭ᠎ᠠ᠎ᠲᠠᠢ ᠬᠥᠭᠵᠢᠭᠦᠯᠵᠦ ᠂ ᠬᠣᠨᠢᠨ ᠠᠷᠠᠰᠤᠨ ᠰᠢᠷᠪᠦᠰᠦ ᠂ ᠬᠣᠨᠢᠨ ᠠᠷᠠᠰᠤᠨ ᠴᠠᠪᠠᠤᠯᠢᠭ ᠤᠭᠤᠷᠠᠭ ᠂ ᠶᠠᠰᠤᠨ ᠡᠳ᠋᠎ᠤᠨ ᠲᠤᠩᠭ᠋ᠠᠯᠠᠭ ᠴᠠᠪᠠᠤ ᠂ ᠴᠢᠰᠤᠨ᠎ᠤ ᠤᠯᠠᠭ᠋ᠠᠨ ᠡᠳ᠋ ᠂ ᠠᠮᠢᠳᠤ ᠪᠣᠳᠠᠰ᠎ᠤᠨ ᠢᠳᠡᠪᠬᠢᠲᠦ ᠫᠧᠫᠲ᠋ᠢᠳ᠋ ᠵᠡᠷᠭᠡ ᠠᠷᠠᠰᠤ ᠂ ᠶᠠᠰᠤ ᠂ ᠴᠢᠰᠤ ᠂ ᠳᠣᠲᠣᠷ᠎ᠠ ᠡᠷᠬᠡᠲᠡᠨ ᠵᠡᠷᠭᠡ ᠳᠠᠭ᠋ᠠᠯᠲᠠ ᠪᠦᠲᠦᠭᠡᠭᠳᠡᠬᠦᠨ᠎ᠢ ᠥᠨᠳᠥᠷ ᠦᠷᠳᠡᠭᠵᠢᠬᠦᠯᠦᠭᠰᠡᠨ ᠰᠢᠷᠢᠰ ᠢᠳᠡᠭᠡᠨ᠎ᠤ ᠵᠦᠢ᠍ᠯ᠎ᠢ ᠨᠡᠭᠡᠭᠡᠨ ᠬᠥᠭᠵᠢᠭᠦᠯᠦᠨ᠎ᠡ ᠃
(ᠭᠤᠷᠪᠠ ) ᠡᠷᠳᠡᠨᠢ ᠰᠢᠰᠢ ᠵᠢᠨ ᠪᠦᠲᠦᠭᠡᠭᠳᠡᠬᠦᠨ ᠃ ᠬᠥᠯᠥᠨ ᠪᠣᠢ᠌ᠷ ᠬᠣᠲᠠ ᠂ ᠲᠦᠩᠯᠢᠶᠣᠣ ᠬᠣᠲᠠ ᠂ ᠤᠯᠠᠭ᠋ᠠᠨᠬᠠᠳᠠ ᠬᠣᠲᠠ ᠂ ᠬᠦᠬᠡᠬᠣᠲᠠ ᠂ ᠪᠠᠶᠠᠨᠨᠠᠭᠤᠷ ᠬᠣᠲᠠ ᠵᠡᠷᠭᠡ ᠠᠢ᠌ᠮᠠᠭ ᠬᠣᠲᠠ᠎ᠪᠠᠷ ᠭᠣᠣᠯᠳᠠᠯᠭ᠎ᠠ ᠪᠣᠯᠭ᠋ᠠᠨ ᠂ ᠲᠦᠭᠦᠬᠡᠢ ᠮᠠᠲ᠋ᠧᠷᠢᠶᠠᠯ᠎ᠤᠨ ᠳᠠᠪᠠᠭᠤᠯᠢᠭ᠎ᠲᠤ ᠲᠦᠰᠢᠭᠯᠡᠨ ᠂ ᠠᠮᠲᠠᠨᠤ ᠣᠬᠢ ᠂ ᠴᠠᠷᠳᠠᠭᠤᠯ ᠂ ᠡᠷᠳᠡᠨᠢ ᠰᠢᠰᠢ ᠵᠢᠨ ᠬᠦᠪᠦᠷᠡᠯ᠎ᠤᠨ ᠰᠣᠶᠣᠭ᠋ᠠᠨ ᠲᠣᠰᠣ ᠂ ᠰᠣᠷᠭᠣᠭ ᠡᠷᠳᠡᠨᠢ ᠰᠢᠰᠢ ᠂ ᠲᠡᠵᠢᠭᠡᠯ ᠪᠣᠷᠳᠣᠭ᠎ᠠ ᠵᠡᠷᠭᠡ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠤᠨ ᠬᠤᠪᠢᠳᠠᠴᠠ ᠵᠢ ᠦᠷᠭᠦᠯᠵᠢᠯᠡᠨ ᠶᠡᠬᠡᠰᠬᠡᠨ᠎ᠡ ᠃ ᠳᠡᠭᠡᠳᠦ ᠳᠡᠰ᠎ᠤᠨ ᠪᠦᠲᠦᠭᠡᠭᠳᠡᠬᠦᠨ ᠴᠥᠭᠡᠨ ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠴᠢᠳᠠᠮᠵᠢ ᠬᠦᠷᠦᠯᠴᠡᠬᠦ ᠦᠭᠡᠢ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠪᠦᠲᠦᠭᠡᠭᠳᠡᠬᠦᠨ᠎ᠳᠤ᠎ᠪᠠᠨ ᠰᠢᠨ᠎ᠡ ᠡᠭᠦᠳᠦᠯᠲᠡ ᠭᠠᠷᠭ᠋ᠠᠬᠤ᠎ᠪᠠᠨ ᠲᠦᠷᠭᠡᠳᠬᠡᠬᠦ ᠵᠢ᠎ᠨᠢ ᠳᠠᠮᠵᠢᠵᠦ ᠂ ᠰᠢᠷ᠎ᠠ ᠤᠭ ᠴᠠᠪᠠᠤᠯᠢᠭ ᠰᠢᠬᠢᠷ ᠂ ᠬᠣᠪᠣᠷ ᠲᠣᠬᠢᠶᠠᠯᠳᠤᠬᠤ ᠠᠮᠢᠨᠤ᠋ ᠬᠦᠴᠢᠯ ᠂ ᠲᠦᠭᠦᠬᠡᠢ ᠮᠠᠲ᠋ᠧᠷᠢᠶᠠᠯ᠎ᠤᠨ ᠡᠮ ᠂ ᠠᠮᠢᠳᠤ ᠪᠣᠳᠠᠰ ᠬᠢᠮᠢ ᠵᠢᠨ ᠠᠵᠤ ᠦᠢ᠍ᠯᠡᠳᠪᠦᠷᠢ ᠵᠡᠷᠭᠡ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠭᠤᠯᠤᠭᠳᠠᠴᠠ᠎ᠲᠠᠢ ᠪᠦᠲᠦᠭᠡᠭᠳᠡᠬᠦᠨ᠎ᠢ ᠭᠣᠣᠯᠳᠠᠯᠭ᠎ᠠ᠎ᠲᠠᠢ᠎ᠪᠠᠷ ᠬᠥᠭᠵᠢᠭᠦᠯᠦᠨ᠎ᠡ ᠃
(ᠳᠥᠷᠪᠡ ) ᠲᠥᠮᠥᠰᠥ ᠵᠢᠨ ᠪᠦᠲᠦᠭᠡᠭᠳᠡᠬᠦᠨ ᠃ ᠤᠯᠠᠭ᠋ᠠᠨᠴᠠᠪ ᠬᠣᠲᠠ ᠂ ᠰᠢᠯᠢ ᠵᠢᠨ ᠭᠣᠣᠯ ᠠᠢ᠌ᠮᠠᠭ ᠂ ᠬᠥᠯᠥᠨ ᠪᠣᠢ᠌ᠷ ᠬᠣᠲᠠ ᠵᠡᠷᠭᠡ ᠠᠢ᠌ᠮᠠᠭ ᠬᠣᠲᠠ᠎ᠪᠠᠷ ᠭᠣᠣᠯᠳᠠᠯᠭ᠎ᠠ ᠪᠣᠯᠭ᠋ᠠᠨ ᠂ ᠥᠨᠳᠥᠷ ᠨᠡᠮᠡᠯᠲᠡ ᠦᠷᠳᠡᠭ ᠪᠦᠬᠦᠢ ᠪᠦᠲᠦᠭᠡᠭᠳᠡᠬᠦᠨ᠎ᠤ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠬᠦᠷᠦᠯᠴᠡᠬᠦ ᠦᠭᠡᠢ ᠂ ᠠᠵᠤ ᠦᠢ᠍ᠯᠡᠰ᠎ᠤᠨ ᠦᠷᠲᠡᠭ ᠨᠡᠮᠡᠭᠳᠡᠯ᠎ᠤᠨ ᠦᠷ᠎ᠡ ᠠᠰᠢᠭ᠎ᠢ ᠭᠦᠢ᠍ᠴᠡᠳ ᠪᠠᠳᠠᠷᠠᠭᠤᠯᠤᠭᠰᠠᠨ ᠦᠭᠡᠢ ᠠᠰᠠᠭᠤᠳᠠᠯ᠎ᠳᠤ ᠴᠢᠭᠯᠡᠭᠦᠯᠦᠨ ᠂ ᠭᠣᠣᠯ ᠭᠠᠷᠤᠯᠲᠠ ᠵᠢᠨ ᠣᠷᠣᠨ᠎ᠤ ᠨᠠᠷᠢᠯᠢᠭ ᠴᠠᠷᠳᠠᠭᠤᠯ ᠂ ᠪᠦᠷᠢᠨ ᠨᠤᠨᠳᠠᠭ ᠵᠡᠷᠭᠡ ᠵᠢᠨ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠳᠠᠪᠠᠭᠤᠯᠢᠭ᠎ᠢ᠎ᠨᠢ ᠪᠡᠬᠢᠵᠢᠭᠦᠯᠦᠨ ᠳᠡᠭᠡᠭᠰᠢᠯᠡᠭᠦᠯᠵᠦ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠬᠤᠪᠢᠷᠠᠮᠠᠯ ᠴᠠᠷᠳᠠᠭᠤᠯ ᠵᠡᠷᠭᠡ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠦᠢ᠍ᠯᠡᠳᠪᠦᠷᠢᠯᠡᠯ᠎ᠤᠨ ᠱᠤᠭᠤᠮ᠎ᠢ ᠰᠢᠨ᠎ᠡ᠎ᠪᠠᠷ ᠪᠠᠢ᠌ᠭᠤᠯᠬᠤ ᠪᠠ ᠥᠭᠡᠷᠡᠴᠢᠯᠡᠵᠦ ᠥᠷᠭᠡᠳᠬᠡᠨ ᠪᠠᠢ᠌ᠭᠤᠯᠬᠤ ᠵᠢ ᠨᠢ ᠵᠣᠷᠢᠭᠵᠢᠭᠤᠯᠤᠨ ᠂ ᠲᠥᠮᠥᠰᠥᠨ ᠬᠡᠷᠴᠢᠮ ᠂ ᠲᠥᠮᠥᠰᠥᠨ ᠵᠦᠰᠦᠮ ᠂ ᠲᠥᠮᠥᠰᠥᠨ ᠪᠣᠣᠪᠣ ᠂ ᠳᠦᠭᠦᠮ ᠨᠠᠷᠢᠨ ᠹᠧᠨᠲ᠋ᠢᠶᠣᠤᠷ ᠂ ᠤᠷᠢᠳᠴᠢᠯᠠᠨ ᠬᠢᠭᠰᠡᠨ ᠵᠠᠭᠤᠰᠢ ᠂ ᠨᠤᠲᠤᠭ ᠪᠦᠰᠡ ᠵᠢᠨ ᠣᠨᠴᠠᠯᠢᠭᠲᠤ ᠭᠣᠣᠯ ᠢᠳᠡᠭᠡᠨ᠎ᠤ ᠪᠦᠲᠦᠭᠡᠭᠳᠡᠬᠦᠨ ᠂ ᠬᠠᠭᠰᠠᠭ᠋ᠠᠮᠠᠯ ᠪᠣᠣᠪᠣ ᠪᠣᠭᠣᠷᠰᠤᠭ ᠵᠡᠷᠭᠡ ᠪᠦᠲᠦᠭᠡᠭᠳᠡᠬᠦᠨ᠎ᠢ ᠭᠣᠣᠯᠳᠠᠯᠭ᠎ᠠ᠎ᠲᠠᠢ ᠬᠥᠭᠵᠢᠭᠦᠯᠵᠦ ᠂ ᠢᠳᠡᠭᠡᠨ᠎ᠤ ᠰᠢᠷᠬᠡᠭᠯᠢᠭ ᠡᠳ᠋ ᠂ ᠵᠢᠮᠢᠰ᠎ᠤᠨ ᠴᠠᠪᠠᠤᠯᠢᠭ ᠂ ᠲᠥᠮᠥᠰᠥ ᠵᠢᠨ ᠤᠭᠤᠷᠠᠭ ᠵᠡᠷᠭᠡ ᠥᠨᠳᠥᠷ ᠨᠡᠮᠡᠯᠲᠡ ᠦᠷᠲᠡᠭ ᠪᠦᠬᠦᠢ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠦᠨ᠎ᠡ ᠃
(ᠲᠠᠪᠤ ) ᠰᠢᠷ᠎ᠠ ᠪᠤᠷᠴᠠᠭ᠎ᠤᠨ ᠪᠦᠲᠦᠭᠡᠭᠳᠡᠬᠦᠨ ᠃ ᠬᠥᠯᠥᠨ ᠪᠣᠢ᠌ᠷ ᠬᠣᠲᠠ ᠂ ᠬᠢᠩᠭ᠋ᠠᠨ ᠠᠢ᠌ᠮᠠᠭ ᠂ ᠤᠯᠠᠭ᠋ᠠᠨᠬᠠᠳᠠ ᠬᠣᠲᠠ ᠵᠡᠷᠭᠡ ᠠᠢ᠌ᠮᠠᠭ ᠬᠣᠲᠠ᠎ᠪᠠᠷ ᠭᠣᠣᠯᠳᠠᠯᠭ᠎ᠠ ᠪᠣᠯᠭ᠋ᠠᠨ ᠂ ᠲᠦᠭᠦᠬᠡᠢ ᠮᠠᠲ᠋ᠧᠷᠢᠶᠠᠯ᠎ᠤᠨ ᠳᠠᠪᠠᠭᠤᠯᠢᠭ ᠪᠠ ᠲᠦᠷᠦᠯ ᠵᠦᠢ᠍ᠯ᠎ᠤᠨ ᠣᠨᠴᠠᠯᠢᠭᠲᠤ ᠲᠦᠰᠢᠭᠯᠡᠵᠦ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠬᠡᠪᠴᠢᠶ᠎ᠡ᠎ᠪᠠᠷ ᠵᠢᠵᠢᠭ ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ᠎ᠪᠠᠷ ᠬᠦᠷᠦᠯᠴᠡᠬᠦ ᠦᠭᠡᠢ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ ᠂ ᠣᠳᠣ ᠵᠢᠨ ᠪᠠᠢ᠌ᠭ᠎ᠠ ᠰᠢᠷ᠎ᠠ ᠪᠤᠷᠴᠠᠭ᠎ᠤᠨ ᠲᠣᠰᠣ ᠡᠳ᠋ᠰᠢᠭᠦᠯᠦᠨ ᠪᠤᠯᠪᠠᠰᠤᠷᠠᠭᠤᠯᠬᠤ ᠴᠢᠳᠠᠮᠵᠢ ᠵᠢ ᠭᠦᠢ᠍ᠴᠡᠳ ᠬᠥᠭᠵᠢᠭᠡᠵᠦ ᠂ ᠬᠠᠷᠠᠰᠣ ᠮᠢᠬ᠎ᠠ ᠂ ᠤᠭᠤᠷᠠᠭ᠎ᠤᠨ ᠲᠦᠷᠦᠯ᠎ᠤᠨ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠵᠢ᠎ᠨᠢ ᠭᠣᠣᠯᠳᠠᠯᠭ᠎ᠠ᠎ᠲᠠᠢ ᠳᠠᠮᠵᠢᠵᠦ ᠂ ᠰᠢᠷ᠎ᠠ ᠪᠤᠷᠴᠠᠭ᠎ᠤᠨ ᠫᠧᠫᠲ᠋ᠢᠳ᠋ ᠨᠤᠨᠳᠠᠭ ᠂ ᠰᠢᠷ᠎ᠠ ᠪᠤᠷᠴᠠᠭ᠎ᠤᠨ ᠣᠯᠠᠨ ᠰᠢᠬᠢᠷ ᠂ ᠰᠡᠯᠡᠭᠦᠴᠡᠯ᠎ᠤᠨ ᠬᠠᠲᠠᠭ᠋ᠠᠮᠠᠯ ᠨᠢᠲᠠᠷᠬᠠᠢ ᠂ ᠭᠠᠰᠢᠯᠭ᠋ᠠᠭᠰᠠᠨ ᠨᠢᠲᠠᠷᠬᠠᠢ ᠂ ᠪᠤᠷᠴᠠᠭ᠎ᠤᠨ ᠥᠷᠥᠮ᠎ᠡ ᠂ ᠪᠤᠷᠴᠠᠭ᠎ᠤᠨ ᠨᠤᠨᠳᠠᠭ ᠵᠡᠷᠭᠡ ᠪᠦᠲᠦᠭᠡᠭᠳᠡᠬᠦᠨ᠎ᠢ ᠬᠥᠭᠵᠢᠭᠦᠯᠵᠦ ᠂ ᠬᠥᠯᠥᠨ ᠪᠤᠢ᠌ᠷ᠎ᠤᠨ ᠰᠢᠷ᠎ᠠ ᠪᠤᠷᠴᠠᠭ ᠵᠡᠷᠭᠡ ᠣᠷᠣᠨ ᠪᠦᠰᠡ ᠵᠢᠨ ᠨᠡᠢ᠌ᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭ᠎ᠢ ᠪᠣᠢ᠌ᠵᠢᠭᠤᠯᠤᠨ᠎ᠠ ᠃
(ᠵᠢᠷᠭᠤᠭ᠎ᠠ ) ᠠᠮᠤ ᠭᠤᠯᠢᠷ ᠲᠣᠰᠣ ᠰᠢᠬᠢᠷ ᠵᠢᠴᠢ ᠡᠯᠳᠡᠪ ᠠᠮᠤ ᠵᠢᠨ ᠪᠦᠲᠦᠭᠡᠭᠳᠡᠬᠦᠨ ᠃ ᠤᠯᠠᠭ᠋ᠠᠨᠬᠠᠳᠠ ᠬᠣᠲᠠ ᠂ ᠪᠠᠶᠠᠨᠨᠠᠭᠤᠷ ᠬᠣᠲᠠ ᠂ ᠬᠢᠩᠭ᠋ᠠᠨ ᠠᠢ᠌ᠮᠠᠭ ᠂ ᠲᠦᠩᠯᠢᠶᠣᠣ ᠬᠣᠲᠠ ᠂ ᠬᠦᠬᠡᠬᠣᠲᠠ ᠂ ᠤᠯᠠᠭ᠋ᠠᠨᠴᠠᠪ ᠬᠣᠲᠠ ᠂ ᠬᠥᠯᠥᠨ ᠪᠣᠢ᠌ᠷ ᠬᠣᠲᠠ ᠂ ᠪᠤᠭᠤᠲᠤ ᠬᠣᠲᠠ ᠵᠡᠷᠭᠡ ᠠᠢ᠌ᠮᠠᠭ ᠬᠣᠲᠠ᠎ᠪᠠᠷ ᠭᠣᠣᠯᠳᠠᠯᠭ᠎ᠠ ᠪᠣᠯᠭ᠋ᠠᠨ ᠂ ᠭᠠᠷᠤᠯᠲᠠ ᠵᠢᠨ ᠣᠷᠣᠨ᠎ᠤ ᠳᠠᠪᠠᠭᠤᠯᠢᠭ᠎ᠲᠤ ᠲᠦᠰᠢᠭᠯᠡᠵᠦ ᠂ ᠡᠳ᠋ᠰᠢᠭᠦᠯᠦᠨ ᠪᠤᠯᠪᠠᠰᠤᠷᠠᠭᠤᠯᠬᠤ ᠠᠷᠭ᠎ᠠ ᠮᠠᠶᠢᠭ ᠵᠶ᠋ᠠᠷ ᠬᠣᠴᠤᠷᠤᠩᠭᠤᠢ ᠂ ᠪᠦᠲᠦᠭᠡᠭᠳᠡᠬᠦᠨ᠎ᠨᠢ ᠳᠠᠩ ᠴᠤᠯᠭᠤᠢ ᠂ ᠮᠡᠷᠭᠡᠵᠢᠯ ᠲᠥᠬᠦᠭᠡᠷᠦᠮᠵᠢ ᠵᠢᠨ ᠬᠢᠷᠢ ᠲᠦᠪᠰᠢᠨ᠎ᠨᠢ ᠳᠣᠣᠷ᠎ᠠ ᠪᠠᠢ᠌ᠬᠤ ᠠᠰᠠᠭᠤᠳᠠᠯ᠎ᠳᠤ ᠴᠢᠭᠯᠡᠭᠦᠯᠦᠨ ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠮᠡᠷᠭᠡᠵᠢᠯ᠎ᠤᠨ ᠲᠠᠯ᠎ᠠ᠎ᠳᠤ ᠰᠢᠨ᠎ᠡ ᠵᠢ ᠡᠭᠦᠳᠬᠦ ᠪᠠ ᠲᠥᠬᠦᠭᠡᠷᠦᠮᠵᠢ᠎ᠪᠠᠨ ᠰᠢᠨᠡᠳᠬᠡᠨ ᠥᠭᠡᠷᠡᠴᠢᠯᠡᠬᠦ ᠵᠢ᠎ᠨᠢ ᠳᠠᠮᠵᠢᠵᠤ ᠂ ᠲᠤᠲᠤᠷᠭ᠎ᠠ ᠂ ᠨᠠᠷᠢᠮᠤ ᠂ ᠭᠤᠯᠢᠷ ᠂ ᠨᠠᠷᠠᠨ ᠬᠤᠸᠠᠷ᠎ᠤᠨ ᠲᠣᠰᠣ ᠂ ᠶᠠᠮᠠ ᠵᠢᠨ ᠦᠷ᠎ᠡ ᠵᠢᠨ ᠲᠣᠰᠣ ᠂ ᠳᠥᠷᠪᠡᠯᠵᠢᠨ ᠰᠢᠬᠢᠷ ᠂ ᠴᠠᠰᠤᠨ ᠰᠢᠬᠢᠷ ᠂ ᠴᠠᠭ᠋ᠠᠨ ᠬᠠᠢ᠌ᠷᠮᠠᠭ ᠰᠢᠬᠢᠷ ᠪᠠ ᠨᠣᠬᠠᠢ ᠵᠢᠨ ᠬᠣᠰᠢᠭᠤ ᠵᠢᠨ ᠠᠮᠤ ᠂ ᠨᠣᠬᠠᠢ ᠵᠢᠨ ᠬᠣᠰᠢᠭᠤ ᠵᠢᠨ ᠬᠡᠯᠲᠡᠷᠬᠡᠢ ᠂ ᠰᠠᠭ᠋ᠠᠭ ᠂ ᠨᠣᠢ᠌ᠯ ᠪᠤᠭᠤᠳᠠᠢ ᠵᠡᠷᠭᠡ ᠡᠯᠳᠡᠪ ᠠᠮᠤ ᠵᠢᠨ ᠪᠦᠲᠦᠭᠡᠭᠳᠡᠬᠦᠨ᠎ᠢ ᠭᠣᠣᠯᠳᠠᠯᠭ᠎ᠠ᠎ᠲᠠᠢ ᠬᠥᠭᠵᠢᠭᠦᠯᠵᠦ ᠂ ᠬᠢᠩᠭ᠋ᠠᠨ ᠠᠢ᠌ᠮᠠᠭ᠎ᠤᠨ ᠲᠤᠲᠤᠷᠭ᠎ᠠ ᠂ ᠪᠠᠶᠠᠨᠨᠠᠭᠤᠷ᠎ᠤᠨ ᠪᠤᠭᠤᠳᠠᠢ ᠂ ᠪᠣᠷᠣᠳᠣᠬᠣᠢ ᠵᠢᠨ ᠨᠠᠷᠠᠨ ᠬᠤᠸᠠᠷ ᠂ ᠠᠤᠬᠠᠨ᠎ᠤ ᠨᠠᠷᠢᠮᠤ ᠂ ᠤᠯᠠᠭ᠋ᠠᠨᠴᠠᠪ᠎ᠤᠨ ᠨᠣᠬᠠᠢ ᠵᠢᠨ ᠬᠣᠰᠢᠭᠤ ᠂ ᠬᠦᠷᠢᠶ᠎ᠡ ᠵᠢᠨ ᠰᠠᠭ᠋ᠠᠭ ᠵᠡᠷᠭᠡ ᠣᠷᠣᠨ ᠪᠦᠰᠡ ᠵᠢᠨ ᠨᠡᠢ᠌ᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭ᠎ᠢ ᠲᠣᠪᠤᠢ᠌ᠯᠭ᠋ᠠᠨ ᠪᠣᠢ᠌ᠵᠢᠭᠤᠯᠤᠨ᠎ᠠ ᠃
(ᠳᠣᠯᠣᠭ᠎ᠠ ) ᠨᠠᠷᠠᠨ ᠬᠤᠸᠠᠷ᠎ᠤᠨ ᠦᠷ᠎ᠡ ᠵᠡᠷᠭᠡ ᠰᠡᠯᠡᠭᠦᠴᠡᠯ᠎ᠤᠨ ᠳᠦᠭᠦᠮ ᠢᠳᠡᠭᠡᠨ᠎ᠤ ᠵᠦᠢ᠍ᠯ ᠃ ᠪᠠᠶᠠᠨᠨᠠᠭᠤᠷ ᠬᠣᠲᠠ ᠂ ᠲᠦᠩᠯᠢᠶᠣᠣ ᠬᠣᠲᠠ ᠂ ᠤᠯᠠᠭ᠋ᠠᠨᠴᠠᠪ ᠬᠣᠲᠠ ᠂ ᠪᠤᠭᠤᠲᠤ ᠬᠣᠲᠠ ᠂ ᠰᠢᠯᠢ ᠵᠢᠨ ᠭᠣᠣᠯ ᠠᠢ᠌ᠮᠠᠭ ᠂ ᠬᠥᠯᠥᠨ ᠪᠣᠢ᠌ᠷ ᠬᠣᠲᠠ ᠂ ᠤᠯᠠᠭ᠋ᠠᠨᠬᠠᠳᠠ ᠬᠣᠲᠠ ᠵᠡᠷᠭᠡ ᠠᠢ᠌ᠮᠠᠭ ᠬᠣᠲᠠ᠎ᠪᠠᠷ ᠭᠣᠣᠯᠳᠠᠯᠭ᠎ᠠ ᠪᠣᠯᠭ᠋ᠠᠨ ᠂ ᠨᠠᠷᠠᠨ ᠬᠤᠸᠠᠷ ᠂ ᠦᠬᠡᠷ᠎ᠤᠨ ᠮᠢᠬ᠎ᠠ ᠂ ᠵᠢᠮᠢᠰ ᠪᠠ ᠢᠳᠡᠰᠢᠨ ᠨᠣᠭᠣᠭ᠎ᠠ ᠵᠡᠷᠭᠡ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ ᠂ ᠮᠡᠷᠭᠡᠵᠢᠯ ᠲᠣᠨᠣᠭᠯᠠᠯ᠎ᠤᠨ ᠬᠢᠷᠢ ᠲᠦᠪᠰᠢᠨ ᠵᠶ᠋ᠡᠷ ᠳᠣᠣᠷ᠎ᠠ ᠂ ᠪᠦᠲᠦᠭᠡᠭᠳᠡᠬᠦᠨ᠎ᠤ ᠲᠦᠷᠦᠯ ᠢᠯᠭ᠋ᠠᠯ ᠵᠶ᠋ᠠᠷ ᠴᠥᠭᠡᠨ ᠪᠠᠢ᠌ᠬᠤ ᠠᠰᠠᠭᠤᠳᠠᠯ᠎ᠳᠤ ᠴᠢᠭᠯᠡᠭᠦᠯᠦᠨ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠪᠦᠲᠦᠭᠡᠭᠳᠡᠬᠦᠨ ᠰᠤᠳᠤᠯᠤᠨ ᠨᠡᠭᠡᠭᠡᠬᠦ ᠂ ᠮᠡᠷᠭᠡᠵᠢᠯ᠎ᠤᠨ ᠰᠢᠨ᠎ᠡ ᠵᠢ ᠡᠭᠦᠳᠬᠦ ᠂ ᠲᠥᠬᠦᠭᠡᠷᠦᠮᠵᠢ᠎ᠪᠠᠨ ᠰᠢᠨᠡᠳᠬᠡᠬᠦ ᠵᠢ᠎ᠨᠢ ᠳᠠᠮᠵᠢᠵᠤ ᠂ ᠭᠤᠸ᠎ᠠ ᠵᠢᠨ ᠦᠷ᠎ᠡ (ᠨᠠᠷᠠᠨ ᠬᠤᠸᠠᠷ᠎ᠤᠨ ᠦᠷ᠎ᠡ ᠂ ᠯᠠᠩᠭᠤᠸᠠ ᠵᠢᠨ ᠦᠷ᠎ᠡ ᠂ ᠬᠤᠯᠤ ᠵᠢᠨ ᠦᠷ᠎ᠡ ᠵᠡᠷᠭᠡ )᠂ ᠦᠬᠡᠷ᠎ᠤᠨ ᠪᠣᠷᠴᠠ ᠂ ᠵᠢᠮᠢᠰ ᠪᠠ ᠢᠳᠡᠰᠢᠨ ᠨᠣᠭᠣᠭ᠋ᠠᠨ᠎ᠤ ᠬᠡᠦᠷᠡᠭ ᠢᠯᠲᠠᠰᠤ ᠂ ᠵᠢᠮᠢᠰ᠎ᠤᠨ ᠬᠠᠲᠠᠭ᠋ᠠᠮᠠᠯ ᠂ ᠲᠦᠷᠭᠡᠨ ᠬᠥᠯᠳᠡᠭᠡᠭᠰᠡᠨ ᠱᠣᠣᠮᠠᠢ ᠵᠡᠷᠭᠡ ᠪᠦᠲᠦᠭᠡᠭᠳᠡᠬᠦᠨ᠎ᠢ ᠭᠣᠣᠯᠳᠠᠯᠭ᠎ᠠ᠎ᠲᠠᠢ ᠬᠥᠭᠵᠢᠭᠦᠯᠵᠦ ᠂ ᠨᠢᠭᠡ ᠪᠦᠯᠦᠭ ᠰᠡᠯᠡᠭᠦᠴᠡᠯ᠎ᠤᠨ ᠳᠥᠭᠦᠮ ᠢᠳᠡᠭᠡᠨ᠎ᠤ ᠵᠦᠢ᠍ᠯ ᠪᠠ ᠨᠡᠷᠡᠲᠦ ᠲᠡᠮᠳᠡᠭ᠎ᠢ ᠰᠢᠨ᠎ᠡ᠎ᠪᠠᠷ ᠪᠣᠢ᠌ᠵᠢᠭᠤᠯᠤᠨ᠎ᠠ ᠃
(ᠨᠠᠢ᠍ᠮᠠ ) ᠠᠮᠲᠠ ᠣᠷᠤᠭᠤᠯᠬᠤ ᠪᠦᠲᠦᠭᠡᠭᠳᠡᠬᠦᠨ ᠃ ᠬᠦᠬᠡᠬᠣᠲᠠ ᠂ ᠪᠠᠶᠠᠨᠨᠠᠭᠤᠷ ᠬᠣᠲᠠ ᠂ ᠪᠤᠭᠤᠲᠤ ᠬᠣᠲᠠ ᠂ ᠬᠢᠩᠭ᠋ᠠᠨ ᠠᠢ᠌ᠮᠠᠭ ᠵᠡᠷᠭᠡ ᠠᠢ᠌ᠮᠠᠭ ᠬᠣᠲᠠ᠎ᠪᠠᠷ ᠭᠣᠣᠯᠳᠠᠯᠭ᠎ᠠ ᠪᠣᠯᠭ᠋ᠠᠨ ᠂ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ᠎ᠳᠤ ᠲᠦᠰᠢᠭᠯᠡᠵᠦ ᠂ ᠮᠡᠷᠭᠡᠵᠢᠯ᠎ᠤᠨ ᠰᠢᠨ᠎ᠡ ᠡᠭᠦᠳᠦᠯᠲᠡ ᠬᠦᠷᠦᠯᠴᠡᠬᠦ ᠦᠭᠡᠢ ᠂ ᠨᠡᠷᠡᠲᠦ ᠲᠡᠮᠳᠡᠭ᠎ᠤᠨ ᠲᠠᠨᠢᠨ ᠮᠡᠳᠡᠬᠦ ᠬᠡᠮᠵᠢᠶ᠎ᠡ ᠳᠣᠣᠷ᠎ᠠ ᠪᠠᠢ᠌ᠬᠤ ᠠᠰᠠᠭᠤᠳᠠᠯ᠎ᠳᠤ ᠴᠢᠭᠯᠡᠭᠦᠯᠦᠨ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠵᠶ᠋ᠡᠨ ᠤᠯᠠᠷᠢᠭᠤᠯᠬᠤ ᠵᠢ᠎ᠨᠢ ᠳᠠᠮᠵᠢᠵᠤ ᠂ ᠭᠠᠷᠭ᠋ᠠᠨ ᠠᠪᠬᠤ ᠂ ᠢᠰᠬᠡᠭᠦᠷ᠎ᠤᠨ ᠵᠠᠳᠠᠷᠠᠯ ᠂ ᠢᠰᠬᠡᠬᠦ ᠵᠡᠷᠭᠡ ᠮᠡᠷᠭᠡᠵᠢᠯ ᠵᠶ᠋ᠡᠷ ᠳᠠᠮᠵᠢᠭᠤᠯᠤᠨ ᠂ ᠲᠡᠵᠢᠭᠡᠯᠲᠦ ᠴᠢᠨᠠᠷᠲᠠᠢ ᠱᠥᠯᠥᠨ ᠨᠠᠢ᠌ᠷᠠᠯᠭ᠎ᠠ ᠵᠡᠷᠭᠡ ᠰᠢᠨ᠎ᠡ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ ᠂ ᠬᠠᠯᠠᠭᠤᠨ ᠲᠣᠭᠣᠭ᠋ᠠᠨ᠎ᠤ ᠨᠠᠢ᠌ᠷᠠᠯᠭ᠎ᠠ ᠵᠢᠨ ᠮᠠᠲ᠋ᠧᠷᠢᠶᠠᠯ ᠪᠠ ᠪᠠᠭᠰᠤᠷᠭ᠎ᠠ ᠂ ᠮᠠᠭ᠋ᠠᠵᠢ ᠵᠢᠨ ᠡᠭᠡᠳᠡᠩ ᠂ ᠲᠥᠪᠡᠳ ᠬᠠᠰᠢ ᠵᠢᠨ ᠡᠭᠡᠳᠡᠩ ᠂ ᠯᠠᠵᠤᠤ ᠵᠢᠶᠠᠩ ᠂ ᠵᠢᠶᠠᠩᠶᠢᠦ ᠂ ᠢᠳᠡᠭᠡᠨ᠎ᠤ ᠼᠤᠤ ᠂ ᠮᠠᠭ᠋ᠠᠯᠢᠩᠭᠤ ᠵᠢᠨ ᠲᠣᠰᠣ ᠵᠡᠷᠭᠡ ᠪᠦᠲᠦᠭᠡᠭᠳᠡᠬᠦᠨ᠎ᠢ ᠭᠣᠣᠯᠳᠠᠯᠭ᠎ᠠ᠎ᠲᠠᠢ ᠬᠥᠭᠵᠢᠭᠦᠯᠵᠦ ᠂ ᠰᠢᠨ᠎ᠡ ᠵᠠᠭᠤᠴᠢᠯᠠᠭᠤᠷ᠎ᠢ ᠠᠰᠢᠭᠯᠠᠨ ᠠᠵᠤ ᠠᠬᠤᠢ᠌ᠯᠠᠯ᠎ᠤᠨ ᠨᠡᠷᠡᠲᠦ ᠲᠡᠮᠳᠡᠭ᠎ᠤᠨ IP᠎ᠢ ᠪᠣᠢ ᠪᠣᠯᠭ᠋ᠠᠨ᠎ᠠ ᠃
(ᠶᠢᠰᠦ ) ᠣᠨᠴᠠᠯᠢᠭᠲᠤ ᠡᠷᠡᠭᠦᠯᠵᠢᠯ᠎ᠤᠨ ᠪᠦᠲᠦᠭᠡᠭᠳᠡᠬᠦᠨ ᠃ ᠣᠷᠳᠣᠰ ᠬᠣᠲᠠ ᠂ ᠤᠯᠠᠭ᠋ᠠᠨᠬᠠᠳᠠ ᠬᠣᠲᠠ ᠂ ᠬᠦᠬᠡᠬᠣᠲᠠ ᠂ ᠠᠯᠠᠱ᠌ᠠ ᠠᠢ᠌ᠮᠠᠭ ᠂ ᠪᠠᠶᠠᠨᠨᠠᠭᠤᠷ ᠬᠣᠲᠠ ᠂ ᠪᠤᠭᠤᠲᠤ ᠬᠣᠲᠠ ᠵᠡᠷᠭᠡ ᠠᠢ᠌ᠮᠠᠭ ᠬᠣᠲᠠ᠎ᠪᠠᠷ ᠭᠣᠣᠯᠳᠠᠯᠭ᠎ᠠ ᠪᠣᠯᠭ᠋ᠠᠨ ᠂ ᠠᠵᠤ ᠦᠢ᠍ᠯᠡᠰ᠎ᠤᠨ ᠡᠭᠦᠰᠦᠯᠲᠡ ᠬᠣᠵᠢᠭᠤ ᠂ ᠰᠠᠭᠤᠷᠢ ᠨᠢᠮᠭᠡᠨ ᠂ ᠰᠤᠳᠤᠯᠤᠨ ᠨᠡᠭᠡᠭᠡᠬᠦ ᠴᠢᠳᠠᠪᠤᠷᠢ ᠬᠦᠷᠦᠯᠴᠡᠬᠦ ᠦᠭᠡᠢ ᠪᠠᠢ᠌ᠬᠤ ᠠᠰᠠᠭᠤᠳᠠᠯ᠎ᠳᠤ ᠴᠢᠭᠯᠡᠭᠦᠯᠵᠦ ᠂ ᠬᠤᠳᠠᠯᠳᠤᠭ᠋ᠠᠴᠢᠨ ᠤᠷᠢᠵᠤ ᠪᠡᠯᠡ ᠣᠷᠤᠭᠤᠯᠬᠤ ᠭᠣᠣᠯᠳᠠᠯᠭ᠎ᠠ᠎ᠲᠠᠢ ᠲᠦᠷᠦᠯ ᠵᠦᠢ᠍ᠯ᠎ᠢ ᠨᠠᠢ᠌ᠳᠠᠪᠤᠷᠢᠵᠢᠭᠤᠯᠬᠤ ᠵᠢ᠎ᠨᠢ ᠳᠡᠮᠵᠢᠵᠦ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠤᠨ ᠤᠯᠠᠷᠢᠭᠤᠯᠬᠤ ᠠᠵᠢᠯ᠎ᠢ ᠥᠷᠨᠢᠭᠦᠯᠦᠨ ᠂ ᠡᠷᠭᠢᠭᠦᠯᠭᠡᠲᠦ ᠵᠠᠮᠠᠭ ᠂ ᠴᠠᠭ᠋ᠠᠨ ᠭᠣᠶᠣᠣ ᠂ ᠬᠤᠨᠴᠢᠷ ᠂ ᠴᠢᠨᠦ᠎ᠠ ᠵᠢᠨ ᠬᠠᠷᠮᠠᠭ ᠂ ᠬᠤᠷᠳᠤᠨ ᠴᠠᠭ᠋ᠠᠨ᠎ᠤ ᠡᠷᠡᠭᠦᠯᠵᠢᠯ᠎ᠤᠨ ᠪᠠᠷᠠᠭ᠎ᠠ ᠪᠠ ᠤᠭᠤᠷᠠᠭ᠎ᠤᠨ ᠫᠧᠫᠲ᠋ᠢᠳ᠋ ᠂ ᠴᠠᠪᠠᠤᠯᠢᠭ ᠤᠭᠤᠷᠠᠭ ᠂ ᠴᠢᠴᠠᠷᠭ᠋ᠠᠨ᠎ᠠ ᠵᠢᠨ ᠲᠣᠰᠣ ᠵᠡᠷᠭᠡ ᠪᠦᠲᠦᠭᠡᠭᠳᠡᠬᠦᠨ᠎ᠢ ᠭᠣᠣᠯᠳᠠᠯᠭ᠎ᠠ᠎ᠲᠠᠢ ᠬᠥᠭᠵᠢᠭᠦᠯᠵᠦ ᠂ ᠣᠲᠤᠭ᠎ᠤᠨ ᠡᠷᠭᠢᠭᠦᠯᠭᠡᠲᠦ ᠵᠠᠮᠠᠭ ᠂ ᠠᠯᠠᠱ᠌ᠠ ᠵᠢᠨ ᠴᠠᠭ᠋ᠠᠨ ᠭᠣᠶᠣᠣ ᠵᠡᠷᠭᠡ ᠣᠷᠣᠨ ᠪᠦᠰᠡ ᠵᠢᠨ ᠨᠡᠢ᠌ᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭ᠎ᠢ ᠪᠣᠢ᠌ᠵᠢᠭᠤᠯᠤᠨ᠎ᠠ ᠃
(ᠠᠷᠪᠠ ) ᠠᠷᠢᠬᠢᠨ᠎ᠤ ᠵᠦᠢ᠍ᠯ᠎ᠤᠨ ᠪᠦᠲᠦᠭᠡᠭᠳᠡᠬᠦᠨ ᠃ ᠪᠠᠶᠠᠨᠨᠠᠭᠤᠷ ᠬᠤᠳᠠ ᠂ ᠲᠦᠩᠯᠢᠶᠣᠣ ᠬᠤᠳᠠ ᠂ ᠰᠢᠯᠢ ᠵᠢᠨ ᠭᠣᠣᠯ ᠠᠢ᠌ᠮᠠᠭ ᠂ ᠤᠯᠠᠭ᠋ᠠᠨᠬᠠᠳᠠ ᠬᠤᠳᠠ ᠂ ᠦᠬᠠᠢ ᠬᠤᠳᠠ ᠵᠡᠷᠭᠡ ᠠᠢ᠌ᠮᠠᠭ ᠬᠤᠳᠠ᠎ᠪᠠᠷ ᠭᠣᠣᠯᠳᠠᠯᠭ᠎ᠠ ᠪᠣᠯᠭ᠋ᠠᠨ ᠂ ᠨᠡᠷᠡᠲᠦ ᠠᠷᠢᠬᠢᠨ᠎ᠤ ᠠᠵᠤ ᠠᠬᠤᠢ᠌ᠯᠠᠯ ᠪᠠ ᠨᠡᠷᠡᠲᠦ ᠲᠡᠮᠳᠡᠭ ᠴᠥᠭᠡᠨ ᠂ ᠵᠠᠬ᠎ᠠ ᠳᠡᠯᠭᠡᠭᠦᠷ ᠵᠶ᠋ᠠᠨ ᠥᠷᠭᠡᠵᠢᠭᠦᠯᠬᠦ ᠲᠠᠯ᠎ᠠ᠎ᠪᠠᠷ ᠬᠦᠷᠦᠯᠴᠡᠬᠦ ᠦᠭᠡᠢ ᠪᠠᠢ᠌ᠭ᠎ᠠ ᠠᠰᠠᠭᠤᠳᠠᠯ᠎ᠳᠤ ᠴᠢᠭᠯᠡᠭᠦᠯᠵᠦ ᠂ ᠬᠠᠷ᠎ᠠ ᠠᠷᠢᠬᠢ ᠂ ᠫᠢᠸᠤ᠋ ᠂ ᠦᠵᠦᠮ᠎ᠤᠨ ᠠᠷᠢᠬᠢ ᠂ ᠴᠡᠭᠡ ᠂ ᠰᠠᠭ᠋ᠠᠯᠢ ᠵᠢᠨ ᠠᠷᠢᠬᠢ ᠵᠡᠷᠭᠡ ᠪᠦᠲᠦᠭᠡᠭᠳᠡᠬᠦᠨ᠎ᠤ ᠲᠣᠭᠣᠷᠢᠨ᠎ᠳᠤ ᠂ ᠠᠵᠤ ᠠᠬᠤᠢ᠌ᠯᠠᠯ᠎ᠤᠨ ᠪᠦᠲᠦᠭᠡᠭᠳᠡᠬᠦᠨ᠎ᠤ ᠶᠠᠰᠤ ᠴᠢᠨᠠᠷ ᠵᠶ᠋ᠠᠨ ᠳᠡᠭᠡᠭᠰᠢᠯᠡᠭᠦᠯᠬᠦ ᠵᠢ᠎ᠨᠢ ᠳᠡᠮᠵᠢᠵᠦ ᠂ ᠨᠡᠷᠡᠲᠦ ᠲᠡᠮᠳᠡᠭ᠎ᠤᠨ ᠤᠬᠠᠭᠤᠯᠭ᠎ᠠ ᠪᠠ ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ ᠂ ᠳᠠᠭᠤᠷᠢᠰᠬᠠᠯ᠎ᠲᠠᠢ ᠂ ᠠᠷᠠᠯᠵᠢᠶ᠎ᠠ ᠮᠠᠢ᠌ᠮᠠᠢ ᠰᠠᠢ᠌ᠨ ᠬᠡᠳᠦᠨ ᠨᠡᠷᠡᠲᠦ ᠠᠵᠤ ᠠᠬᠤᠢ᠌ᠯᠠᠯ᠎ᠢ ᠪᠣᠢ᠌ᠵᠢᠭᠤᠯᠤᠨ᠎ᠠ ᠃
ᠭᠤᠷᠪᠠ᠂ ᠭᠣᠣᠯᠳᠠᠯᠭ᠎ᠠ᠎ᠲᠠᠢ ᠡᠭᠦᠷᠭᠡ
(ᠨᠢᠭᠡ ) ᠡᠵᠡᠩᠨᠡᠯᠲᠡ ᠵᠢᠨ ᠭᠣᠣᠯ ᠴᠣᠭᠴᠠ ᠵᠢ ᠳᠠᠲᠠᠨ ᠣᠷᠣᠭᠤᠯᠵᠤ ᠪᠣᠢ᠌ᠵᠢᠭᠤᠯᠬᠤ ᠪᠠ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠎ᠠ
1. ᠬᠤᠳᠠᠯᠳᠤᠭ᠋ᠠᠴᠢᠨ ᠤᠷᠢᠵᠤ ᠪᠡᠯᠡ ᠣᠷᠤᠭᠤᠯᠬᠤ ᠵᠢ ᠴᠢᠩᠭ᠋ᠠᠷᠠᠭᠤᠯᠤᠨ᠎ᠠ ᠃ ᠭᠠᠳᠠᠭᠰᠢ ᠠᠷᠠᠯᠵᠢᠶᠠᠯᠠᠭᠰᠠᠨ ᠬᠠᠷ᠎ᠠ ᠪᠤᠳᠠᠭ᠎ᠠ ᠠᠮᠢᠳᠤ ᠮᠠᠯ᠎ᠤᠨ ᠭᠣᠣᠯ ᠲᠦᠷᠦᠯ ᠵᠦᠢ᠍ᠯ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠢ ᠡᠳ᠋ᠰᠢᠭᠦᠯᠦᠨ ᠪᠤᠯᠪᠠᠰᠤᠷᠠᠭᠤᠯᠬᠤ ᠭᠣᠣᠯᠳᠠᠭ᠎ᠠ᠎ᠲᠠᠢ ᠬᠦᠷᠢᠶ᠎ᠡ ᠴᠠᠷᠠᠭ᠎ᠠ ᠪᠠ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶᠡᠨ᠎ᠤ ᠳᠡᠭᠡᠳᠦ ᠳᠣᠣᠷᠠᠳᠤ ᠬᠡᠯᠬᠢᠶ᠎ᠡ ᠵᠢᠨ ᠳᠤᠲᠠᠭᠤᠳᠠᠯ᠎ᠤᠨ ᠲᠣᠭᠣᠷᠢᠨ᠎ᠳᠤ ᠂ ᠭᠠᠵᠠᠷ ᠣᠷᠣᠨ᠎ᠤ ᠬᠠᠮᠵᠢᠯᠴᠠᠭ᠎ᠠ᠎ᠪᠠᠨ ᠴᠢᠩᠭ᠋ᠠᠷᠠᠭᠤᠯᠵᠤ ᠂ ᠬᠤᠳᠠᠯᠳᠤᠭ᠋ᠠᠴᠢᠨ ᠤᠷᠢᠬᠤ ᠬᠠᠷᠠᠯᠲᠠ᠎ᠪᠠᠨ ᠵᠣᠬᠢᠰᠲᠠᠢ ᠲᠣᠭᠲᠠᠭ᠋ᠠᠨ ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠳᠠᠪᠠᠭᠤᠯᠢᠭ ᠠᠵᠤ ᠠᠬᠤᠢ᠌ᠯᠠᠯ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ ᠂ ᠨᠢᠭᠡ ᠪᠦᠯᠦᠭ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠂ ᠪᠣᠭᠣᠳᠠᠯ ᠪᠠᠭᠯᠠᠭ᠎ᠠ ᠵᠢᠷᠤᠭᠯᠠᠨ ᠲᠥᠯᠥᠪᠯᠡᠬᠦ ᠂ ᠨᠡᠷᠡᠲᠦ ᠲᠡᠮᠳᠡᠭ᠎ᠤᠨ ᠪᠦᠲᠦᠭᠡᠨ ᠪᠠᠢ᠌ᠭᠤᠯᠤᠯᠲᠠ ᠂ ᠡᠵᠡᠩᠨᠡᠨ ᠪᠣᠷᠣᠯᠠᠭᠤᠯᠬᠤ ᠠᠷᠠᠯᠵᠢᠶ᠎ᠠ ᠵᠡᠷᠭᠡ ᠰᠠᠢ᠌ᠨ ᠲᠦᠷᠦᠯ ᠵᠦᠢ᠍ᠯ᠎ᠢ ᠰᠠᠭᠤᠷᠢᠰᠢᠭᠤᠯᠬᠤ᠎ᠪᠠᠷ ᠬᠦᠴᠦᠯᠡᠨ ᠴᠢᠷᠮᠠᠢ᠌ᠵᠤ ᠂ ᠢᠵᠢᠯᠢ ᠴᠢᠨᠠᠷ᠎ᠤᠨ ᠥᠷᠢᠰᠦᠯᠳᠦᠭᠡᠨ ᠬᠢᠬᠦ᠎ᠠᠴᠠ ᠵᠠᠢ᠌ᠯᠠᠰᠬᠢᠬᠦ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ )
2. ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠢ ᠪᠣᠢ᠌ᠵᠢᠭᠤᠯᠤᠨ ᠪᠤᠵᠠᠭ᠋ᠠᠢ᠌ᠷᠠᠭᠤᠯᠤᠨ᠎ᠠ ᠃ 《ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ 》 (ᠥᠪᠥᠷ ᠵᠠᠰᠠᠭ ᠠᠯᠪᠠᠨ ᠲᠠᠷᠬᠠᠭ᠋ᠠᠭᠰᠠᠨ [2024 ] 61 ᠳ᠋ᠦ᠍ᠭᠡᠷ ᠲᠣᠭ᠋ᠠᠲᠤ )᠎ᠢ ᠰᠠᠢ᠌ᠲᠤᠷ ᠨᠠᠢ᠌ᠳᠠᠪᠤᠷᠢᠵᠢᠭᠤᠯᠵᠤ ᠂ ᠵᠢᠭᠡᠯᠡᠯᠭᠡ ᠵᠢᠨ ᠳᠠᠮ ᠬᠦᠦ ᠥᠭᠬᠦ ᠂ ᠱᠠᠩᠨᠠᠨ ᠬᠥᠬᠢᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠬᠥᠭᠵᠢᠨ ᠪᠤᠵᠠᠭ᠋ᠠᠢ᠌ᠷᠠᠬᠤ ᠵᠢ ᠳᠠᠮᠵᠢᠨ᠎ᠠ ᠃ ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠰᠠᠭᠤᠷᠢ ᠮᠥᠩᠭᠥᠨ᠎ᠤ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠨᠡᠢ᠌ᠯᠡᠭᠦᠯᠬᠦ ᠂ ᠳᠠᠬᠢᠨ ᠵᠣᠬᠢᠶᠠᠨ ᠪᠠᠢ᠌ᠭᠤᠯᠬᠤ ᠂ ᠬᠤᠳᠠᠯᠳᠤᠨ ᠠᠪᠬᠤ ᠂ ᠬᠣᠪᠢᠴᠠᠭ᠎ᠠ ᠡᠵᠡᠮᠳᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠂ ᠡᠵᠡᠩᠨᠡᠯᠲᠡ ᠵᠢᠨ ᠬᠡᠪᠴᠢᠶᠡᠵᠢᠯ ᠵᠶ᠋ᠡᠨ ᠥᠷᠭᠡᠳᠬᠡᠵᠦ ᠂ ᠲᠥᠪ ᠲᠣᠭᠣᠭ᠋ᠠᠨ ᠭᠡᠷ ᠂ ᠰᠢᠭᠤᠳ ᠬᠠᠩᠭ᠋ᠠᠵᠤ ᠰᠢᠭᠤᠳ ᠪᠣᠷᠣᠯᠠᠭᠤᠯᠬᠤ ᠵᠡᠷᠭᠡ ᠡᠵᠡᠩᠨᠡᠯᠲᠡ ᠵᠢᠨ ᠪᠠᠢ᠌ᠳᠠᠯ᠎ᠢ ᠬᠥᠭᠵᠢᠭᠦᠯᠦᠨ᠎ᠡ ᠃ ᠬᠥᠲᠥᠴᠢ ᠠᠵᠤ ᠠᠬᠤᠢ᠌ᠯᠠᠯ᠎ᠤᠨ ᠡᠩᠨᠡᠭᠡ ᠵᠢ ᠪᠣᠢ᠌ᠵᠢᠭᠤᠯᠤᠨ ᠪᠤᠵᠠᠭ᠋ᠠᠢ᠌ᠷᠠᠭᠤᠯᠵᠤ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ᠎ᠪᠠᠷ ᠭᠣᠣᠯ ᠪᠣᠯᠭ᠋ᠠᠭᠰᠠᠨ ᠲᠠᠷᠢᠶᠠᠯᠠᠩ᠎ᠤᠨ ᠠᠵᠤ ᠦᠢ᠍ᠯᠡᠰᠵᠢᠭᠰᠡᠨ ᠤᠯᠤᠰ᠎ᠤᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ᠎ᠢ 10᠎ᠠᠴᠠ ᠳᠡᠭᠡᠭᠰᠢ ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ᠎ᠢ 20᠎ᠠᠴᠠ ᠳᠡᠭᠡᠭᠰᠢ ᠰᠢᠨ᠎ᠡ᠎ᠪᠠᠷ ᠮᠠᠭ᠋ᠠᠳᠯᠠᠨ ᠲᠣᠭᠲᠠᠭ᠋ᠠᠬᠤ᠎ᠪᠠᠷ ᠬᠦᠴᠦᠯᠡᠨ ᠴᠢᠷᠮᠠᠢ᠌ᠵᠤ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠤᠨ ᠬᠦᠷᠢᠶ᠎ᠡ ᠴᠠᠷᠠᠭ᠋ᠠᠨ᠎ᠳᠠᠬᠢ 《ᠲᠤᠰᠬᠠᠢ ᠨᠠᠷᠢᠯᠢᠭ ᠥᠪᠡᠷᠮᠢᠴᠡ ᠰᠢᠨ᠎ᠡ 》 ᠳᠤᠮᠳᠠ ᠵᠢᠵᠢᠭ ᠠᠵᠤ ᠠᠬᠤᠢ᠌ᠯᠠᠯ᠎ᠢ 20᠎ᠠᠴᠠ ᠳᠡᠭᠡᠭᠰᠢ ᠰᠢᠨ᠎ᠡ᠎ᠪᠠᠷ ᠪᠣᠢ᠌ᠵᠢᠭᠤᠯᠤᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ᠎ᠤ ᠲᠢᠩᠬᠢᠮ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ )
3. ᠬᠡᠯᠬᠢᠶ᠎ᠡ ᠵᠢᠨ ᠭᠣᠣᠯ ᠪᠣᠯᠬᠤ ᠠᠵᠤ ᠠᠬᠤᠢ᠌ᠯᠠᠯ᠎ᠤᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠤᠨ᠎ᠠ ᠃ ᠲᠦᠷᠦᠯ ᠢᠯᠭ᠋ᠠᠯ ᠪᠦᠷᠢ᠎ᠳᠤ ᠬᠡᠯᠬᠢᠶ᠎ᠡ ᠵᠢᠨ ᠭᠣᠣᠯ ᠪᠣᠯᠬᠤ ᠠᠵᠤ ᠠᠬᠤᠢ᠌ᠯᠠᠯ᠎ᠢ 5 ᠣᠷᠴᠢᠮ ᠰᠢᠯᠢᠨ ᠰᠣᠩᠭᠣᠵᠤ ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ᠎ᠤ ᠲᠢᠩᠬᠢᠮ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠵᠡᠷᠭᠡ ᠰᠠᠯᠠᠭ᠎ᠠ ᠮᠥᠴᠢᠷ ᠨᠢ ᠠᠢ᠌ᠮᠠᠭ ᠬᠤᠲᠠ᠎ᠲᠠᠢ ᠬᠣᠯᠪᠣᠭ᠋ᠠᠯᠠᠵᠤ ᠪᠠᠢ᠌ᠭ᠋ᠠᠳ ᠳᠠᠭ᠋ᠠᠭ᠋ᠠᠴᠢᠯᠠᠨ ᠬᠠᠷᠢᠯᠴᠠᠬᠤ ᠲᠣᠭᠲᠠᠴᠠ ᠵᠢ ᠪᠠᠢ᠌ᠭᠤᠯᠵᠤ ᠂ ᠲᠢᠩᠬᠢᠮ᠎ᠤᠨ ᠳᠡᠰ᠎ᠤᠨ ᠺᠠᠳ᠋ᠷ᠎ᠤᠨ 《ᠨᠢᠭᠡ ᠵᠢ ᠨᠢᠭᠡ᠎ᠳᠤ ᠴᠢᠭᠯᠡᠭᠦᠯᠦᠭᠰᠡᠨ 》 ᠬᠠᠷᠢᠯᠴᠠᠬᠤ ᠦᠢ᠍ᠯᠡᠴᠢᠯᠡᠭᠡ ᠵᠢ ᠬᠡᠷᠡᠭᠵᠢᠭᠦᠯᠦᠨ ᠂ ᠬᠡᠯᠬᠢᠶ᠎ᠡ ᠵᠢᠨ ᠭᠣᠣᠯ ᠪᠣᠯᠬᠤ ᠠᠵᠤ ᠠᠬᠤᠢ᠌ᠯᠠᠯ᠎ᠢ ᠢᠳᠡᠪᠬᠢᠲᠡᠢ ᠬᠠᠪᠰᠤᠷᠤᠨ ᠬᠦᠴᠢᠷ ᠠᠰᠠᠭᠤᠳᠠᠯ᠎ᠢ᠎ᠨᠢ ᠰᠢᠢ᠍ᠳᠪᠦᠷᠢᠯᠡᠵᠦ ᠂ ᠵᠠᠬ᠎ᠠ ᠳᠡᠯᠭᠡᠭᠦᠷ᠎ᠢ᠎ᠨᠢ ᠥᠷᠭᠡᠵᠢᠭᠦᠯᠦᠨ ᠂ ᠵᠠᠬᠢᠶᠠᠯᠠᠭ᠎ᠠ ᠵᠢᠨ ᠬᠠᠭᠤᠳᠠᠰᠤ ᠣᠯᠵᠤ ᠥᠭᠭᠦᠨ᠎ᠡ ᠃ ᠬᠡᠯᠬᠢᠶ᠎ᠡ ᠵᠢᠨ ᠭᠣᠣᠯ ᠪᠣᠯᠬᠤ ᠠᠵᠤ ᠠᠬᠤᠢ᠌ᠯᠠᠯ ᠬᠢᠭᠡᠳ ᠲᠠᠷᠢᠶᠠᠯᠠᠩ ᠮᠠᠯ ᠠᠵᠤ ᠠᠬᠤᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ ᠵᠣᠬᠢᠴᠠᠯᠳᠤᠨ ᠬᠥᠭᠵᠢᠬᠦ ᠵᠢ ᠴᠢᠩᠭ᠋ᠠᠷᠠᠭᠤᠯᠵᠤ ᠂ ᠳ᠋ᠢᠭᠢᠲᠴᠢᠯᠡᠭᠰᠡᠨ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠪᠠ ᠨᠡᠷᠡᠲᠦ ᠲᠡᠮᠳᠡᠭ ᠱᠤᠭᠤᠬᠤ ᠠᠵᠢᠯᠯᠠᠭ᠎ᠠ ᠵᠢ ᠳᠠᠮᠵᠢᠵᠤ ᠂ ᠳᠠᠭ᠋ᠠᠭᠤᠯᠤᠭᠴᠢ ᠠᠵᠤ ᠠᠬᠤᠢ᠌ᠯᠠᠯ᠎ᠢ ᠲᠦᠷᠭᠡᠳᠬᠡᠨ ᠪᠣᠢ᠌ᠵᠢᠭᠤᠯᠵᠤ ᠂ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ᠎ᠪᠠᠷ ᠳᠠᠢ᠌ᠴᠢᠯᠠᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ᠎ᠤ ᠲᠢᠩᠬᠢᠮ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ )
(ᠬᠣᠶᠠᠷ ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠪᠠ ᠬᠦᠷᠢᠶᠡᠯᠡᠩ ᠲᠣᠭᠣᠷᠢᠭ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ
1. ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ᠎ᠳᠤ ᠰᠤᠳᠤᠯᠤᠨ ᠨᠡᠭᠡᠭᠡᠵᠦ ᠰᠢᠨ᠌ᠡ ᠡᠭᠦᠳᠦᠯᠲᠡ ᠭᠠᠷᠭ᠋ᠠᠬᠤ᠎ᠪᠠᠨ ᠲᠦ᠍ᠷᠭᠡᠳᠬᠡᠨ᠌ᠡ ᠃ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠮᠡᠷᠭᠡᠵᠢᠯ᠎ᠤᠨ ᠰᠤᠳᠤᠯᠤᠨ ᠨᠡᠭᠡᠭᠡᠬᠦ ᠲᠣᠭᠲᠠᠯᠴᠠᠭ᠎ᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠳᠤ ᠣᠷᠣᠭᠤᠯᠤᠯᠲᠠ ᠬᠢᠬᠦ ᠡᠷᠴᠢᠮ ᠵᠶ᠋ᠡᠨ ᠨᠡᠮᠡᠭᠳᠡᠭᠦᠯᠦᠨ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ ᠵᠶ᠋ᠡᠷ ᠳᠠᠮᠵᠢᠭᠤᠯᠤᠨ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠭᠠᠷ ᠤᠷᠠᠯᠠᠯ ᠂ ᠪᠦᠲᠦᠭᠡᠭᠳᠡᠬᠦᠨ᠎ᠢ ᠰᠤᠳᠤᠯᠤᠨ ᠨᠡᠭᠡᠭᠡᠬᠦ ᠂ ᠪᠣᠭᠣᠳᠠᠯ ᠪᠠᠭᠯᠠᠭ᠎ᠠ ᠵᠢᠷᠤᠭᠯᠠᠨ ᠲᠥᠯᠥᠪᠯᠡᠬᠦ ᠵᠡᠷᠭᠡ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠤᠯ᠎ᠢ ᠪᠠᠢ᠌ᠷᠢᠰᠢᠭᠤᠯᠤᠨ ᠥᠷᠨᠢᠭᠦᠯᠵᠦ ᠂ ᠮᠡᠷᠭᠡᠵᠢᠯ᠎ᠤᠨ ᠰᠢᠨ᠎ᠡ ᠡᠭᠦᠳᠦᠯᠲᠡ ᠪᠠ ᠪᠦᠲᠦᠭᠡᠭᠳᠡᠬᠦᠨ᠎ᠤ ᠰᠢᠨ᠎ᠡ ᠡᠭᠦᠳᠦᠯᠲᠡ ᠵᠢ ᠠᠬᠢᠭᠤᠯᠤᠨ ᠂ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠠᠵᠤ ᠦᠢ᠍ᠯᠡᠰᠵᠢᠭᠦᠯᠦᠨ ᠬᠡᠷᠡᠭᠯᠡᠬᠦ ᠵᠢ ᠳᠡᠮᠵᠢᠨ᠎ᠡ ᠃ ᠳ᠋ᠢᠭᠢᠲ ᠪᠠ ᠣᠶᠤᠨᠴᠢ ᠮᠡᠷᠭᠡᠵᠢᠯ ᠂ ᠪᠣᠬᠢᠷᠲᠤᠯ ᠦᠭᠡᠢ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ᠎ᠪᠠᠨ ᠴᠢᠩᠭ᠋ᠠᠳᠬᠠᠵᠤ ᠂ ᠲᠥᠬᠦᠭᠡᠷᠦᠮᠵᠢ ᠵᠢ ᠰᠢᠨᠡᠳᠬᠡᠬᠦ ᠂ ᠭᠠᠷ ᠤᠷᠠᠯᠠᠯ᠎ᠢ ᠲᠠᠰ ᠳᠡᠪᠰᠢᠭᠦᠯᠬᠦ ᠂ ᠳ᠋ᠢᠭᠢᠲ᠎ᠪᠠᠷ ᠬᠦᠴᠦᠨ ᠴᠢᠳᠠᠮᠵᠢ ᠵᠢ᠎ᠨᠢ ᠡᠷᠴᠢᠮᠯᠡᠬᠦ ᠂ ᠬᠠᠮᠢᠶᠠᠷᠤᠯᠲᠠ ᠵᠢᠨ ᠲᠠᠯ᠎ᠠ᠎ᠳᠤ ᠰᠢᠨ᠎ᠡ ᠡᠭᠦᠳᠦᠯᠲᠡ ᠭᠠᠷᠭ᠋ᠠᠬᠤ ᠵᠢ ᠠᠬᠢᠭᠤᠯᠤᠨ᠎ᠠ ᠃ ᠴᠢᠳᠠᠪᠤᠷᠢᠲᠠᠨ᠎ᠤ ᠡᠬᠢ ᠪᠠᠶᠠᠯᠢᠭ᠎ᠤᠨ ᠬᠥᠮᠥᠷᠭᠡ ᠂ ᠠᠵᠤ ᠠᠬᠤᠢ᠌ᠯᠠᠯ᠎ᠤᠨ ᠮᠡᠷᠭᠡᠵᠢᠯ᠎ᠤᠨ ᠬᠦᠴᠢᠷ ᠠᠰᠠᠭᠤᠳᠠᠯ᠎ᠤᠨ ᠬᠥᠮᠥᠷᠭᠡ ᠪᠠ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠣᠳᠣᠷᠬᠠᠢ ᠬᠠᠭᠤᠳᠠᠰᠤ ᠵᠢ ᠪᠠᠢ᠌ᠭᠤᠯᠵᠤ ᠂ ᠰᠤᠳᠤᠯᠤᠨ ᠨᠡᠭᠡᠭᠡᠬᠦ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ ᠵᠶ᠋ᠠᠨ ᠬᠠᠨᠳᠤᠯᠭ᠋ᠠᠲᠤ ᠴᠢᠨᠠᠷᠲᠠᠢ᠎ᠪᠠᠷ ᠵᠣᠬᠢᠶᠠᠨ ᠪᠠᠢ᠌ᠭᠤᠯᠤᠨ ᠥᠷᠨᠢᠭᠦᠯᠦᠨ᠎ᠡ ᠃ ᠮᠠᠨ᠎ᠤ ᠣᠷᠣᠨ᠎ᠤ ᠭᠣᠣᠯᠳᠠᠯᠭ᠎ᠠ᠎ᠲᠠᠢ ᠲᠥᠷᠥᠯ ᠢᠯᠭ᠋ᠠᠯ ᠂ ᠭᠣᠣᠯ ᠦᠢ᠍ᠯᠡᠳᠬᠦᠨ᠎ᠤ ᠲᠣᠭᠣᠷᠢᠨ᠎ᠳᠤ ᠂ 《ᠮᠧᠩ ᠺᠧ ᠵᠢᠦᠢ 》 ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠨᠨᠰᠠᠨ ᠲᠠᠪᠴᠠᠩ ᠵᠶ᠋ᠠᠷ ᠳᠠᠮᠵᠢᠭᠤᠯᠤᠨ ᠂ ᠪᠥᠬᠦ ᠤᠯᠤᠰ᠎ᠤᠨ ᠬᠡᠪᠴᠢᠶᠡᠨ᠎ᠳᠤ ᠮᠡᠷᠭᠡᠵᠢᠯ᠎ᠤᠨ ᠦᠷ᠎ᠡ ᠪᠦᠲᠦᠭᠡᠯ ᠪᠠ ᠦᠢ᠍ᠯᠡᠳᠬᠦᠨ᠎ᠤ ᠵᠢᠷᠤᠭ ᠲᠥᠯᠥᠪᠯᠡᠭᠡ ᠵᠢ ᠡᠯᠰᠡᠨ ᠴᠤᠭᠯᠠᠭᠤᠯᠬᠤ ᠵᠢᠨ ᠬᠠᠮᠲᠤ ᠨᠡᠢ᠌ᠲᠡᠯᠡᠵᠦ ᠲᠠᠨᠢᠯᠴᠠᠭᠤᠯᠬᠤ ᠠᠵᠢᠯ᠎ᠢ ᠵᠣᠬᠢᠶᠠᠨ ᠪᠠᠢ᠌ᠭᠤᠯᠤᠨ ᠂ ᠨᠠᠩ ᠣᠯᠠᠨ ᠰᠢᠨ᠎ᠡ ᠦᠢ᠍ᠯᠡᠳᠬᠦᠨ ᠂ ᠰᠢᠨ᠎ᠡ ᠮᠡᠷᠭᠡᠵᠢᠯ᠎ᠢ ᠮᠠᠨ᠎ᠤ ᠣᠷᠣᠨ᠎ᠳᠤ᠎ᠪᠠᠨ ᠤᠯᠠᠷᠢᠭᠤᠯᠤᠨ ᠬᠡᠷᠡᠭᠯᠡᠨ᠎ᠡ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ )
2. ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠨ᠎ᠡ ᠃ ᠲᠠᠷᠢᠶᠠᠯᠠᠩ᠎ᠤᠨ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠥᠷᠥᠯ ᠵᠦᠢ᠍ᠯ᠎ᠳᠤ ᠲᠦᠰᠢᠭᠯᠡᠨ ᠂ ᠠᠮᠤ ᠪᠤᠳᠠᠭ᠋ᠠᠨ᠎ᠤ ᠭᠠᠷᠤᠯᠲᠠ ᠵᠢᠨ ᠲᠣᠮᠣ ᠰᠢᠶᠠᠨ ᠂ ᠮᠠᠯ ᠠᠵᠤ ᠠᠬᠤᠢ ᠵᠢᠨ ᠲᠣᠮᠣ ᠰᠢᠶᠠᠨ᠎ᠤ ᠳᠠᠪᠠᠭᠤᠯᠢᠭ᠎ᠢ ᠪᠠᠳᠠᠷᠠᠭᠤᠯᠵᠤ ᠂ ᠬᠣᠰᠢᠭᠤ ᠰᠢᠶᠠᠨ (ᠬᠤᠲᠠ ᠂ ᠲᠣᠭᠣᠷᠢᠭ )᠎ᠤ ᠲᠦᠭᠦᠬᠡᠢ ᠮᠠᠲ᠋ᠧᠷᠢᠶᠠᠯ ᠂ ᠡᠳ᠋ᠰᠢᠭᠦᠯᠦᠨ ᠪᠣᠯᠪᠠᠰᠤᠷᠠᠭᠤᠯᠬᠤ ᠂ ᠪᠠᠷᠠᠭ᠋ᠠᠨ᠎ᠤ ᠭᠦᠢ᠍ᠯᠭᠡᠭᠡ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠂ ᠨᠡᠷᠡᠲᠦ ᠲᠡᠮᠳᠡᠭ᠎ᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠢ ᠡᠳ᠋ᠰᠢᠭᠦᠯᠦᠨ ᠪᠤᠯᠪᠠᠰᠤᠷᠠᠭᠤᠯᠬᠤ ᠬᠦᠷᠢᠶᠡᠯᠡᠩ ᠲᠣᠭᠣᠷᠢᠭ ᠪᠦᠲᠦᠭᠡᠨ ᠪᠠᠢ᠌ᠭᠤᠯᠬᠤ ᠵᠢ᠎ᠨᠢ ᠳᠡᠮᠵᠢᠵᠦ ᠂ ᠭᠣᠣᠯ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠂ ᠲᠥᠪ ᠲᠣᠭᠣᠭ᠋ᠠᠨ ᠭᠡᠷ ᠂ ᠴᠡᠪᠡᠷ ᠨᠣᠭᠣᠭ᠎ᠠ ᠲᠣᠬᠢᠷᠠᠭᠤᠯᠤᠨ ᠬᠦᠷᠭᠡᠬᠦ ᠂ ᠦᠵᠡᠭᠦᠯᠭᠡ ᠵᠢᠨ ᠦᠢ᠍ᠯᠡᠳᠪᠦᠷᠢ ᠵᠡᠷᠭᠡ ᠡᠵᠡᠩᠨᠡᠯᠲᠡ ᠵᠢᠨ ᠪᠠᠢ᠌ᠳᠠᠯ᠎ᠢ ᠬᠥᠭᠵᠢᠭᠦᠯᠵᠦ ᠂ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ᠎ᠳᠤ ᠬᠣᠬᠢᠷᠠᠯ᠎ᠢ ᠪᠠᠭ᠋ᠠᠰᠬᠠᠵᠤ ᠦᠷ᠎ᠡ ᠠᠰᠢᠭ᠎ᠢ ᠨᠡᠮᠡᠭᠳᠡᠭᠦᠯᠬᠦ ᠮᠡᠷᠭᠡᠵᠢᠯ᠎ᠤᠨ ᠲᠣᠨᠤᠭ ᠲᠥᠬᠦᠭᠡᠷᠦᠮᠵᠢ ᠵᠢ ᠬᠤᠷᠠᠭᠤᠯᠤᠨ ᠳᠡᠯᠭᠡᠷᠡᠭᠦᠯᠦᠨ᠎ᠡ ᠃ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠤᠰᠬᠠᠢ ᠪᠡᠯᠡ ᠮᠥᠩᠭᠥ ᠵᠢ ᠠᠰᠢᠭᠯᠠᠨ ᠂ ᠨᠥᠬᠥᠴᠡᠯ᠎ᠳᠤ ᠨᠡᠢ᠌ᠴᠡᠬᠦ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠳᠡᠮᠵᠢᠵᠦ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠂ ᠪᠠᠢ᠌ᠴᠠᠭ᠋ᠠᠨ ᠰᠢᠨᠵᠢᠬᠦ ᠪᠠᠢ᠌ᠭᠤᠯᠤᠮᠵᠢ ᠪᠠ ᠲᠥᠬᠥᠷ ᠡᠬᠢ ᠪᠠᠶᠠᠯᠢᠭ᠎ᠢ ᠬᠦᠷᠢᠶᠡᠯᠡᠩ ᠲᠣᠭᠣᠷᠢᠭ ᠲᠡᠢ᠌ᠰᠢ ᠪᠥᠭᠡᠮᠨᠡᠷᠡᠭᠦᠯᠬᠦ᠎ᠪᠠᠷ ᠬᠥᠲᠥᠯᠥᠨ ᠵᠢᠯᠣᠭᠣᠳᠤᠨ᠎ᠠ ᠃ ᠪᠣᠭᠣᠳᠠᠯ ᠪᠠᠭᠯᠠᠭ᠎ᠠ ᠵᠢᠨ ᠵᠢᠷᠤᠭ ᠲᠥᠯᠥᠪᠯᠡᠭᠡ ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ ᠂ ᠮᠡᠳᠡᠭᠡ ᠵᠠᠩᠭᠢ ᠵᠢᠨ ᠰᠢᠰᠲ᠋ᠧᠮ ᠂ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠰᠢᠨᠵᠢᠬᠦ ᠂ ᠪᠠᠺᠲ᠋ᠧᠷᠢ ᠠᠯᠠᠵᠤ ᠰᠣᠷᠭᠣᠭ ᠪᠠᠢ᠌ᠯᠭ᠋ᠠᠬᠤ ᠵᠡᠷᠭᠡ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠤᠨ ᠲᠥᠬᠥᠷ ᠵᠦᠢ᠍ᠯ᠎ᠢ ᠲᠦᠷᠭᠡᠳᠬᠡᠨ ᠲᠡᠭᠦᠯᠳᠡᠷᠵᠢᠭᠦᠯᠵᠦ ᠂ ᠦᠢ᠍ᠯᠡᠳᠬᠦᠨ᠎ᠤ ᠥᠷᠲᠡᠭ᠎ᠨᠢ 10 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠬᠦᠷᠢᠶᠡᠯᠡᠩ ᠲᠣᠭᠣᠷᠢᠭ᠎ᠢ ᠭᠣᠣᠯᠳᠠᠯᠭ᠎ᠠ᠎ᠲᠠᠢ ᠴᠣᠭᠴᠠᠯᠠᠵᠤ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ᠎ᠨᠢ ᠠᠬᠢᠭᠤᠯᠤᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ )
3. ᠲᠦᠭᠦᠬᠡᠢ ᠡᠳ᠋᠎ᠤᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠌ᠡ ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠪᠠᠭᠤᠯᠢᠭ ᠭᠠᠷᠤᠯᠲᠠ ᠵᠢᠨ ᠣᠷᠣᠨ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠬᠡᠪᠴᠢᠶᠡᠵᠢᠭᠦᠯᠦᠨ ᠳᠠᠷᠢᠵᠤ ᠲᠡᠵᠢᠭᠡᠬᠦ ᠦᠢ᠍ᠯᠡᠰ᠎ᠢ ᠬᠥᠭᠵᠢᠭᠦᠯᠦᠨ ᠂ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠵᠢᠨ ᠦᠢ᠍ᠯᠡᠳᠪᠦᠷᠢᠯᠡᠬᠦ ᠴᠢᠳᠠᠮᠵᠢ ᠵᠢ ᠵᠦᠢ ᠵᠣᠬᠢᠰᠲᠠᠢ ᠪᠠᠢ᠌ᠷᠢᠰᠢᠭᠤᠯᠵᠤ ᠂ ᠱᠠᠲᠤ ᠲᠡᠰ ᠬᠤᠪᠢᠶᠠᠨ ᠪᠣᠭᠣᠳᠠᠯᠯᠠᠵᠤ ᠪᠠᠭᠯᠠᠬᠤ ᠂ ᠬᠠᠳᠠᠭ᠋ᠠᠯᠠᠵᠤ ᠰᠣᠷᠭᠣᠭ ᠪᠠᠢ᠌ᠯᠭ᠋ᠠᠬᠤ ᠂ ᠤᠷᠢᠳᠴᠢᠯᠠᠨ ᠬᠥᠷᠥᠭᠡᠵᠦ ᠬᠥᠯᠳᠡᠭᠡᠵᠦ ᠬᠠᠭᠰᠠᠭ᠋ᠠᠨ ᠬᠠᠲᠠᠭ᠋ᠠᠬᠤ ᠵᠡᠷᠭᠡ ᠬᠢᠷᠢ ᠲᠦᠪᠰᠢᠨ ᠵᠶ᠋ᠡᠨ ᠳᠡᠭᠡᠭᠰᠢᠯᠡᠭᠦᠯᠦᠨ ᠂ ᠲᠦᠭᠦᠬᠡᠢ ᠡᠳ᠋᠎ᠢ ᠲᠤᠬᠠᠢ ᠵᠢᠨ ᠭᠠᠵᠠᠷ᠎ᠲᠤᠨᠢ ᠡᠳ᠋ᠰᠢᠭᠦᠯᠦᠨ ᠪᠤᠯᠪᠠᠰᠤᠷᠠᠭᠤᠯᠵᠦ ᠤᠯᠠᠷᠢᠭᠤᠯᠤᠨ ᠬᠤᠪᠢᠷᠠᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ ᠃ ᠡᠳ᠋ᠰᠢᠭᠦᠯᠦᠨ ᠪᠣᠯᠪᠠᠰᠤᠷᠠᠭᠤᠯᠬᠤ ᠬᠡᠯᠪᠡᠷᠢ ᠵᠢᠨ ᠲᠤᠰᠬᠠᠢ ᠬᠡᠷᠡᠭᠯᠡᠭᠡᠨ᠎ᠤ ᠲᠠᠷᠢᠮᠠᠯ᠎ᠤᠨ ᠲᠥᠷᠥᠯ ᠵᠦᠢ᠍ᠯ ᠪᠠ ᠲᠤᠰᠬᠠᠢ ᠬᠡᠷᠡᠭᠯᠡᠭᠡᠨ᠎ᠤ ᠮᠠᠯ᠎ᠤᠨ ᠡᠭᠦᠯᠳᠡᠷ᠎ᠢ ᠳᠡᠯᠭᠡᠷᠡᠭᠦᠯᠦᠨ ᠬᠡᠷᠡᠭᠯᠡᠬᠦ᠎ᠳᠤ ᠨᠢ ᠳᠡᠮᠵᠢᠯᠭᠡ ᠦᠵᠡᠭᠦᠯᠵᠦ ᠂ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ ᠪᠠ ᠡᠳ᠋ᠰᠢᠭᠦᠯᠦᠨ ᠪᠤᠯᠪᠠᠰᠤᠷᠠᠭᠤᠯᠬᠤ ᠬᠢᠷᠢ ᠲᠦᠪᠰᠢᠨ ᠵᠶ᠋ᠡᠨ ᠳᠡᠭᠡᠭᠰᠢᠯᠡᠭᠦᠯᠦᠨ᠎ᠡ ᠃ ᠲᠦᠭᠦᠬᠡᠢ ᠡᠳ᠋᠎ᠤᠨ ᠭᠠᠷᠤᠯᠲᠠ ᠵᠢᠨ ᠣᠷᠣᠨ ᠂ ᠠᠵᠤ ᠠᠬᠤᠢ᠌ᠯᠠᠯ᠎ᠤᠨ ᠭᠣᠣᠯ ᠴᠣᠭᠴᠠ ᠪᠠ ᠬᠡᠷᠡᠭᠯᠡᠭᠡ ᠵᠢᠨ ᠵᠠᠬ᠎ᠠ ᠳᠡᠯᠭᠡᠭᠦᠷ᠎ᠢ ᠤᠯᠠᠮ ᠨᠢᠭᠡ ᠠᠯᠬᠤᠮ ᠵᠣᠯᠭ᠋ᠠᠯᠳᠤᠭᠤᠯᠬᠤ ᠵᠢ᠎ᠨᠢ ᠠᠬᠢᠭᠤᠯᠵᠤ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠳ᠎ᠤᠨ ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠦᠪᠡᠰᠦᠪᠡᠨ ᠪᠠᠢ᠌ᠭᠤᠯᠬᠤ ᠵᠢ᠎ᠨᠢ ᠵᠣᠷᠢᠭᠵᠢᠭᠤᠯᠤᠨ ᠂ ᠵᠠᠬᠢᠶᠠᠯᠠᠭ᠎ᠠ ᠵᠢᠨ ᠬᠠᠭᠤᠳᠠᠰᠤ᠎ᠪᠠᠷ ᠦᠢ᠍ᠯᠡᠳᠪᠦᠷᠢᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠂ ᠬᠣᠷᠰᠢᠶ᠎ᠠ ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ ᠂ ᠲᠠᠷᠢᠶᠠᠴᠢᠨ ᠮᠠᠯᠴᠢᠨ ᠵᠡᠷᠭᠡ᠎ᠯᠦᠭᠡ ᠲᠣᠭᠲᠠᠪᠤᠷᠢᠲᠠᠢ ᠬᠠᠮᠵᠢᠯᠴᠠᠬᠤ ᠬᠠᠷᠢᠴᠠᠭ᠎ᠠ ᠪᠣᠶ ᠪᠣᠯᠭ᠋ᠠᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ )
(ᠭᠤᠷᠪᠠ ) ᠨᠡᠷᠡᠲᠦ ᠲᠡᠮᠳᠡᠭ᠎ᠢ ᠪᠣᠢ᠌ᠵᠢᠭᠤᠯᠬᠤ ᠪᠠ ᠡᠵᠡᠩᠨᠡᠨ ᠳᠡᠯᠭᠡᠷᠡᠭᠦᠯᠬᠦ᠎ᠪᠠᠨ ᠴᠢᠩᠭ᠋ᠠᠷᠠᠭᠤᠯᠤᠨ᠎ᠠ
1. ᠪᠦᠲᠦᠭᠡᠭᠳᠡᠬᠦᠨ᠎ᠢ ᠡᠵᠡᠩᠨᠡᠨ ᠪᠣᠷᠣᠯᠠᠭᠤᠯᠬᠤ᠎ᠪᠠᠨ ᠴᠢᠩᠭ᠋ᠠᠷᠠᠭᠤᠯᠤᠨ᠎ᠠ ᠃ ᠮᠠᠨ᠎ᠤ ᠣᠷᠣᠨ᠎ᠤ ᠴᠢᠨᠠᠷ ᠰᠠᠢ᠌ᠲᠠᠢ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠤᠨ ᠲᠣᠮᠣ ᠬᠡᠯᠪᠡᠷᠢ ᠵᠢᠨ ᠬᠡᠯᠬᠢᠶᠡᠵᠢᠭᠰᠡᠨ ᠨᠡᠷᠡᠲᠦ ᠲᠡᠮᠳᠡᠭ ᠪᠦᠬᠦᠢ ᠬᠡᠲᠦ ᠳᠡᠯᠭᠡᠭᠦᠷ᠎ᠲᠤ ᠣᠷᠣᠭᠣᠯᠬᠤ ᠵᠢ ᠠᠬᠢᠭᠤᠯᠵᠤ ᠂ ᠰᠦᠯᠵᠢᠶ᠎ᠡ᠎ᠪᠠᠷ ᠪᠠ ᠰᠦᠯᠵᠢᠶᠡᠨ᠎ᠠᠴᠠ ᠭᠠᠳᠠᠭᠤᠷᠬᠢ ᠡᠵᠡᠩᠨᠡᠨ ᠪᠣᠷᠣᠯᠠᠭᠤᠯᠬᠤ ᠲᠣᠣᠷ ᠴᠡᠭ ᠪᠠ ᠡᠯᠧᠺᠲᠷᠣᠨ ᠬᠤᠳᠠᠯᠳᠤᠭ᠋ᠠᠨ᠎ᠤ ᠰᠢᠭᠤᠳ ᠨᠡᠪᠲᠡᠷᠡᠭᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠳᠠᠮᠵᠢᠵᠤ ᠂ ᠪᠦᠬᠦ ᠤᠯᠤᠰ᠎ᠤᠨ ᠭᠣᠣᠯᠳᠠᠯᠭ᠎ᠠ᠎ᠲᠠᠢ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠢ ᠪᠥᠭᠡᠮ ᠵᠶ᠋ᠡᠷ ᠪᠣᠷᠣᠯᠠᠭᠤᠯᠬᠤ ᠵᠠᠬ᠎ᠠ ᠳᠡᠯᠭᠡᠭᠦᠷ ᠪᠠ ᠭᠣᠣᠯ ᠪᠣᠯᠬᠤ ᠵᠠᠮ ᠬᠠᠷᠢᠯᠴᠠᠭ᠋ᠠᠨ᠎ᠤ ᠬᠦᠢ᠍ᠰᠦ ᠵᠠᠩᠭᠢᠯᠠᠭ᠎ᠠ᠎ᠳᠤ ᠨᠡᠷᠡᠲᠦ ᠲᠡᠮᠳᠡᠭ᠎ᠤᠨ ᠬᠣᠰᠢᠭᠤᠴᠢ ᠳᠡᠯᠭᠡᠭᠦᠷ ᠪᠦᠲᠦᠭᠡᠨ ᠪᠠᠢ᠌ᠭᠤᠯᠤᠨ᠎ᠠ ᠃ ᠪᠠᠷᠠᠭ᠎ᠠ ᠶᠠᠪᠤᠭᠤᠯᠬᠤ ᠲᠥᠪᠯᠡᠷᠡᠩᠭᠦᠢ ᠰᠠᠩ ᠬᠥᠮᠥᠷᠭᠡ ᠂ ᠤᠷᠢᠳᠠᠴᠢ ᠶᠡᠷᠦᠩᠬᠡᠢ᠌ᠯᠡᠭᠰᠡᠨ ᠰᠠᠩ ᠬᠥᠮᠥᠷᠭᠡ ᠪᠠᠢ᠌ᠭᠤᠯᠬᠤ ᠵᠢ ᠳᠠᠮᠵᠢᠵᠤ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠤᠳ᠎ᠢ ᠬᠥᠬᠡᠮᠥ᠋ᠷᠡᠨ᠎ᠤ ᠭᠤᠷᠪᠠᠯᠵᠢᠨ ᠬᠣᠢ᠌ᠭ ᠂ ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ ᠵᠡᠷᠭᠡ ᠭᠣᠣᠯ ᠪᠣᠯᠬᠤ ᠬᠡᠷᠡᠭᠯᠡᠭᠡ ᠵᠢᠨ ᠭᠠᠵᠠᠷ ᠣᠷᠣᠨ᠎ᠳᠤ ᠵᠠᠬ᠎ᠠ ᠳᠡᠯᠭᠡᠭᠦᠷ᠎ᠲᠤ ᠭᠠᠷᠭ᠋ᠠᠵᠤ ᠪᠣᠷᠣᠯᠠᠭᠤᠯᠬᠤ ᠵᠢ ᠠᠬᠢᠭᠤᠯᠤᠨ᠎ᠠ ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠠᠪᠴᠠᠩ᠎ᠢ ᠰᠠᠢ᠌ᠲᠤᠷ ᠬᠡᠷᠡᠭᠯᠡᠵᠦ ᠂ ᠲᠤᠰᠬᠠᠢ ᠮᠡᠷᠭᠡᠵᠢᠯ᠎ᠤᠨ ᠴᠢᠨᠠᠷᠲᠠᠢ ᠦᠵᠡᠰᠭᠦᠯᠡᠩ ᠂ ᠦᠵᠡᠰᠭᠦᠯᠡᠩ᠎ᠤᠨ ᠴᠤᠭᠯᠠᠭ᠋ᠠᠨ ᠂ ᠠᠷᠠᠯᠵᠢᠶ᠎ᠠ ᠴᠤᠭᠯᠠᠭ᠋ᠠᠨ ᠂ ᠰᠢᠯᠭ᠋ᠠᠨ ᠲᠣᠭᠲᠠᠭ᠋ᠠᠬᠤ ᠴᠤᠭᠯᠠᠭ᠋ᠠᠨ ᠂ ᠪᠣᠭᠣᠳᠠᠯ ᠪᠠᠭᠯᠠᠭ᠎ᠠ ᠵᠢᠷᠤᠵᠤ ᠲᠥᠯᠥᠪᠯᠡᠬᠦ ᠤᠷᠤᠯᠳᠤᠭ᠋ᠠᠨ ᠵᠡᠷᠭᠡ᠎ᠪᠠᠷ ᠳᠠᠮᠵᠢᠭᠤᠯᠤᠨ ᠂ ᠮᠠᠨ᠎ᠤ ᠣᠷᠣᠨ᠎ᠤ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠢ ᠳᠡᠯᠭᠡᠷᠡᠭᠦᠯᠵᠦ ᠂ ᠵᠠᠬ᠎ᠠ ᠳᠡᠯᠭᠡᠭᠦᠷ᠎ᠤᠨ ᠡᠵᠡᠯᠡᠬᠦ ᠨᠣᠷᠮ᠎ᠠ ᠵᠢ ᠳᠡᠭᠡᠭᠰᠢᠯᠡᠭᠦᠯᠦᠨ᠎ᠡ ᠃ ᠬᠡᠷᠡᠭᠯᠡᠭᠴᠢᠳ᠎ᠤᠨ ᠦᠢ᠍ᠯᠡ ᠠᠵᠢᠯᠯᠠᠭ᠎ᠠ ᠪᠠ ᠵᠠᠬ᠎ᠠ ᠳᠡᠯᠭᠡᠭᠦᠷ᠎ᠤᠨ ᠬᠤᠪᠢᠷᠠᠯᠲᠠ ᠵᠢᠨ ᠬᠠᠨᠳᠤᠰᠢ ᠵᠢ ᠭᠦᠨᠵᠡᠭᠡᠢ ᠰᠤᠳᠤᠯᠵᠤ ᠂ ᠪᠦᠲᠦᠭᠡᠭᠳᠡᠬᠦᠨ᠎ᠢ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠎ᠪᠠᠨ ᠴᠢᠩᠭ᠋ᠠᠳᠬᠠᠨ ᠂ ᠥᠷᠢᠰᠦᠯᠳᠦᠨ ᠮᠥᠷᠥᠢ᠌ᠴᠡᠬᠦ ᠵᠠᠮ ᠴᠢᠭᠯᠡᠯ ᠵᠶ᠋ᠡᠨ ᠨᠠᠷᠢᠨ ᠬᠤᠪᠢᠶᠠᠵᠤ ᠂ ᠵᠢᠵᠢᠭ ᠭᠠᠷᠳᠠᠴᠠ ᠵᠢ ᠣᠨᠣᠴᠠᠲᠠᠢ ᠣᠯᠵᠤ ᠂ ᠨᠢᠭᠡ ᠪᠦᠯᠦᠭ 《ᠥᠷᠨᠢᠯ ᠬᠦᠷᠢᠶᠡᠯᠡᠯ᠎ᠲᠠᠢ ᠲᠠᠸᠠᠷ 》᠂ 《ᠬᠠᠯᠠᠮᠰᠢᠯ ᠶᠡᠬᠡᠲᠡᠢ ᠪᠦᠲᠦᠭᠡᠭᠳᠡᠬᠦᠨ 》᠂ 《ᠠᠩᠬᠠᠷᠤᠯ᠎ᠢ ᠲᠠᠲᠠᠭᠰᠠᠨ ᠴᠡᠭ 》᠎ᠢ ᠪᠣᠢ ᠪᠣᠯᠭ᠋ᠠᠨ᠎ᠠ ᠃ ᠠᠵᠤ ᠠᠬᠤᠢ᠌ᠯᠠᠯ᠎ᠤᠨ ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ᠎ᠲᠤ ᠠᠯᠠᠰᠢᠨ ᠦᠬᠡᠷ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠳᠪᠦᠷᠢᠯᠡᠯ᠎ᠤᠨ ᠱᠤᠭᠤᠮ ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠢ ᠲᠦᠷᠢᠶᠡᠰᠦᠯᠡᠬᠦ ᠪᠤᠶᠤ ᠪᠠᠢ᠌ᠭᠤᠯᠬᠤ᠎ᠪᠠᠷ ᠳᠠᠮᠵᠢᠭᠤᠯᠤᠨ ᠂ ᠰᠣᠷᠭᠣᠭ ᠮᠢᠬᠠᠨ᠎ᠤ ᠵᠠᠬ᠎ᠠ ᠳᠡᠯᠭᠡᠭᠦᠷ᠎ᠤᠨ ᠡᠵᠡᠯᠡᠬᠦ ᠨᠣᠷᠮ᠎ᠠ᠎ᠪᠠᠨ ᠳᠡᠭᠡᠭᠰᠢᠯᠡᠭᠦᠯᠬᠦ ᠵᠢ᠎ᠨᠢ ᠵᠣᠷᠢᠭᠵᠢᠭᠤᠯᠤᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ᠎ᠤ ᠲᠢᠩᠬᠢᠮ ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ )
2. ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ᠎ᠢ ᠶᠡᠬᠡᠰᠬᠡᠨ᠎ᠡ ᠃ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠡᠮᠳᠡᠭ᠎ᠤᠨ ᠰᠣᠳᠣᠨ ᠪᠦᠲᠦᠭᠡᠭᠳᠡᠬᠦᠨ᠎ᠢ ᠪᠣᠢ᠌ᠵᠢᠭᠤᠯᠬᠤ ᠲᠥᠯᠥᠪᠯᠡᠭᠡ ᠵᠢ ᠦᠷᠭᠦᠯᠵᠢᠯᠡᠨ ᠠᠬᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠡᠮᠳᠡᠭ᠎ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠰᠠᠢ᠌ᠲᠤᠷ ᠨᠠᠢ᠌ᠳᠠᠪᠤᠷᠢᠵᠢᠭᠤᠯᠤᠨ ᠂ 《ᠠᠮᠢ ᠠᠬᠤᠢ ᠵᠢᠨ ᠥᠪᠥᠷ ᠮᠣᠩᠭᠣᠯ ᠪᠣᠬᠢᠷᠲᠤᠯ ᠦᠭᠡᠢ ᠰᠠᠢ᠌ᠬᠠᠨ ᠦᠨᠦᠷ ᠠᠮᠲᠠ 》᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠡᠷᠬᠡ ᠰᠦᠷᠲᠦ ᠵᠠᠭᠤᠴᠢᠯᠠᠭᠤᠷ ᠪᠠ ᠲᠠᠷᠢᠶᠠᠯᠠᠩ᠎ᠤᠨ ᠪᠦᠲᠦᠭᠡᠭᠳᠡᠬᠦᠨ᠎ᠤ ᠳᠡᠯᠭᠡᠷᠡᠭᠦᠯᠦᠨ ᠲᠠᠨᠢᠯᠴᠠᠭᠤᠯᠤᠭᠴᠢ ᠵᠢᠨ ᠡᠩᠨᠡᠭᠡ᠎ᠳᠤ ᠲᠦᠰᠢᠭᠯᠡᠨ ᠂ ᠨᠠᠷᠠᠲᠤ ᠲᠡᠮᠳᠡᠭ᠎ᠤᠨ ᠤᠬᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠤᠨ᠎ᠠ ᠃ ᠠᠵᠤ ᠠᠬᠤᠢ᠌ᠯᠠᠯ᠎ᠤᠨ 《ᠥᠪᠥᠷ ᠮᠣᠩᠭᠣᠯ 》 ᠨᠡᠷᠡᠮᠵᠢᠲᠦ ᠲᠡᠮᠳᠡᠭ᠎ᠤᠨ ᠭᠡᠷᠡᠴᠢᠯᠡᠯ᠎ᠢ ᠢᠳᠡᠪᠬᠢᠲᠡᠢ ᠥᠷᠨᠢᠭᠦᠯᠬᠦ ᠵᠢ᠎ᠨᠢ ᠳᠡᠮᠵᠢᠵᠦ ᠂ ᠠᠵᠤ ᠠᠬᠤᠢ᠌ᠯᠠᠯ᠎ᠤᠨ ᠪᠣᠬᠢᠷᠲᠤᠯ ᠦᠭᠡᠢ ᠂ ᠣᠷᠭ᠋ᠠᠨᠢᠭ ᠭᠡᠷᠡᠴᠢᠯᠡᠯ ᠭᠤᠶᠤᠴᠢᠯᠠᠬᠤ ᠵᠢ᠎ᠨᠢ ᠳᠡᠮᠵᠢᠨ᠎ᠡ ᠃ ᠪᠢᠰᠢᠯᠠᠭ ᠂ ᠱᠣᠣᠮᠠᠢ ᠂ ᠦᠬᠡᠷ᠎ᠤᠨ ᠪᠣᠷᠴᠠ ᠂ ᠦᠬᠡᠷ ᠬᠤᠨᠢᠨ᠎ᠤ ᠬᠣᠯᠢᠴᠠ ᠂ ᠲᠥᠮᠥᠰᠥᠨ ᠬᠡᠷᠴᠢᠮ ᠲᠥᠮᠥᠰᠥᠨ ᠵᠦᠰᠦᠮ ᠂ ᠲᠥᠪᠡᠳ ᠬᠠᠰᠢ ᠵᠢᠨ ᠰᠢᠭᠦᠰᠦ ᠵᠡᠷᠭᠡ 《ᠥᠪᠥᠷ ᠮᠣᠩᠭᠣᠯ 》 ᠨᠡᠷᠡᠮᠵᠢᠲᠦ ᠲᠡᠮᠳᠡᠭ᠎ᠤᠨ ᠲᠠᠯ᠎ᠠ᠎ᠪᠠᠷ ᠥᠷᠨᠢᠯ ᠬᠦᠷᠢᠶᠡᠯᠡᠯ᠎ᠲᠠᠢ ᠲᠠᠸᠠᠷ᠎ᠢ ᠪᠣᠢ ᠪᠣᠯᠭ᠋ᠠᠵᠤ ᠂ ᠰᠣᠩᠭᠣᠳᠠᠭ 《ᠭᠠᠷ ᠪᠡᠯᠡᠭ 》᠎ᠤᠨ ᠪᠦᠲᠦᠭᠡᠭᠳᠡᠬᠦᠨ ᠡᠭᠦᠳᠦᠨ ᠵᠣᠬᠢᠶᠠᠨ᠎ᠠ ᠃ 《ᠥᠪᠥᠷ ᠮᠣᠩᠭᠣᠯ 》 ᠨᠡᠷᠡᠮᠵᠢᠲᠦ ᠲᠡᠮᠳᠡᠭ᠎ᠲᠠᠢ ᠢᠳᠡᠭᠡᠨ᠎ᠤ ᠵᠦᠢ᠍ᠯ᠎ᠢ ᠬᠤᠳᠠᠯᠳᠤᠭ᠋ᠠᠨ᠎ᠤ ᠲᠠᠯᠠᠪᠠᠢ ᠬᠡᠲᠦ ᠳᠡᠯᠭᠡᠭᠦᠷ ᠂ ᠲᠦᠷᠭᠡᠨ᠎ᠤ ᠲᠡᠮᠦᠷ ᠵᠠᠮ ᠂ ᠨᠢᠰᠬᠡᠯ᠎ᠤᠨ ᠪᠠᠭᠤᠳᠠᠯ᠎ᠳᠤ ᠣᠷᠣᠭᠤᠯᠬᠤ ᠵᠢ ᠠᠬᠢᠭᠤᠯᠤᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ )
3. ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠢ ᠭᠠᠳᠠᠭ᠋ᠠᠳᠤ᠎ᠳᠤ ᠭᠠᠷᠭ᠋ᠠᠬᠤ ᠵᠢ ᠳᠡᠮᠵᠢᠨ᠎ᠡ ᠃ ᠰᠠᠯᠠᠭ᠎ᠠ ᠮᠥᠴᠢᠷ᠎ᠤᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠷᠠᠭᠤᠯᠵᠤ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠬᠦᠰᠡᠯ ᠱᠠᠭ᠋ᠠᠷᠳᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠣᠢ᠌ᠯᠠᠭ᠋ᠠᠨ ᠵᠣᠯᠭ᠋ᠠᠭᠤᠯᠵᠤ ᠂ ᠬᠦᠴᠦᠨ ᠴᠢᠳᠠᠯ ᠵᠶ᠋ᠠᠨ ᠡᠮᠬᠢᠯᠡᠨ ᠨᠡᠢ᠌ᠯᠡᠭᠦᠯᠵᠦ ᠪᠠᠢ᠌ᠭ᠋ᠠᠳ ᠰᠠᠢ᠌ᠲᠤᠷ ᠦᠢ᠍ᠯᠡᠴᠢᠯᠡᠬᠦ ᠬᠡᠷᠡᠭᠲᠡᠢ ᠃ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠢ ᠭᠠᠳᠠᠭ᠋ᠠᠳᠤ᠎ᠳᠤ ᠭᠠᠷᠭ᠋ᠠᠬᠤ ᠭᠠᠷᠳᠠᠮ᠎ᠢ ᠲᠦᠷᠭᠡᠳᠬᠡᠨ ᠭᠦᠢ᠍ᠴᠡᠳᠬᠡᠵᠦ ᠂ ᠭᠡᠷᠡᠴᠢ ᠦᠨᠡᠮᠯᠡᠯ ᠭᠦᠢ᠍ᠴᠡᠳᠬᠡᠬᠦ ᠴᠠᠭ ᠬᠤᠭᠤᠴᠠᠭ᠎ᠠ ᠵᠢ᠎ᠨᠢ ᠪᠣᠭᠣᠨᠢᠰᠬᠠᠵᠤ ᠂ ᠵᠠᠬᠢᠶᠠᠯᠠᠭ᠎ᠠ ᠵᠢᠨ ᠬᠠᠭᠤᠳᠠᠰᠤ ᠵᠢ ᠲᠦᠷᠭᠡᠬᠡᠨ ᠪᠦᠷᠢᠯᠳᠦᠭᠦᠯᠬᠦ ᠵᠢᠨ ᠬᠠᠮᠲᠤ ᠭᠠᠳᠠᠭ᠋ᠠᠳᠤ᠎ᠳᠤ ᠭᠠᠷᠭ᠋ᠠᠬᠤ ᠬᠡᠪᠴᠢᠶᠡᠵᠢᠯ᠎ᠢ᠎ᠨᠢ ᠥᠷᠭᠡᠳᠬᠡᠨ᠎ᠡ ᠃ ᠣᠯᠠᠨ ᠤᠯᠤᠰ᠎ᠤᠨ ᠴᠢᠨᠠᠷᠲᠠᠢ ᠳᠡᠯᠭᠡᠨ ᠪᠣᠷᠣᠯᠠᠭᠤᠯᠬᠤ ᠴᠤᠭᠯᠠᠭ᠋ᠠᠨ ᠂ ᠦᠵᠡᠰᠬᠦᠯᠡᠩ ᠵᠡᠷᠭᠡ ᠵᠢ ᠠᠰᠢᠭᠯᠠᠨ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠤᠨ ᠭᠠᠳᠠᠭ᠋ᠠᠳᠤ ᠭᠠᠷᠭ᠋ᠠᠯᠲᠠ ᠵᠢᠨ ᠠᠵᠤ ᠠᠬᠤᠢ᠌ᠯᠠᠯ᠎ᠢ ᠬᠠᠪᠰᠤᠷᠤᠨ ᠲᠡᠳᠬᠦᠵᠦ ᠪᠠᠢ᠌ᠭ᠋ᠠᠳ ᠠᠷᠠᠯᠵᠢᠶᠠᠨ᠎ᠤ ᠡᠬᠢ ᠪᠠᠶᠠᠯᠢᠭ᠎ᠲᠠᠢ ᠵᠣᠯᠭ᠋ᠠᠭᠤᠯᠵᠤ ᠂ ᠠᠵᠤ ᠠᠬᠤᠢ᠌ᠯᠠᠯ᠎ᠤᠳ᠎ᠤᠨ ᠬᠠᠷᠢᠴᠠᠭ᠋ᠠᠨ᠎ᠤ ᠡᠷᠦᠭᠡ᠎ᠲᠠᠢ ᠶᠠᠷᠢᠯᠴᠠᠵᠤ ᠨᠡᠪᠲᠡᠷᠡᠯᠴᠡᠬᠦ ᠂ ᠵᠠᠬᠢᠶᠠᠯᠠᠭ᠎ᠠ ᠵᠢᠨ ᠬᠠᠭᠤᠳᠠᠰᠤ ᠵᠢ ᠰᠢᠢ᠍ᠳᠪᠦᠷᠢᠯᠡᠵᠦ ᠠᠳᠬᠤᠬᠤ ᠂ ᠵᠠᠬ᠎ᠠ ᠳᠡᠯᠭᠡᠭᠦᠷ ᠵᠶ᠋ᠠᠨ ᠥᠷᠭᠡᠵᠢᠭᠦᠯᠬᠦ ᠵᠢ ᠳᠡᠮᠵᠢᠨ᠎ᠡ ᠃ ( ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠂ ᠭᠠᠳᠠᠭ᠋ᠠᠳᠤ ᠶᠠᠪᠤᠳᠠᠯ᠎ᠤᠨ ᠠᠯᠪᠠᠨ ᠭᠡᠷ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂ ᠠᠷᠠᠯᠵᠢᠶ᠎ᠠ ᠠᠬᠢᠭᠤᠯᠬᠤ ᠵᠥᠪᠯᠡᠯ ᠂ ᠬᠥᠬᠡᠬᠣᠲᠠ ᠪᠣᠭᠣᠮᠲᠠ ᠂ ᠮᠠᠨᠵᠤᠤᠷ ᠪᠣᠭᠣᠮᠲᠠ )
(ᠳᠥᠷᠪᠡ ) ᠢᠳᠡᠭᠡᠨ᠎ᠤ ᠠᠮᠤᠷ ᠲᠦᠪᠰᠢᠨ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠳᠠᠯᠠᠨ᠎ᠠ
1. ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ᠎ᠳᠤ ᠪᠠᠷᠢᠮᠵᠢᠶᠠᠵᠢᠭᠤᠯᠬᠤ ᠬᠢᠷᠢ ᠲᠦᠪᠰᠢᠨ ᠵᠶ᠋ᠡᠨ ᠳᠡᠭᠡᠭᠰᠢᠯᠡᠭᠦᠯᠦᠨ᠎ᠡ ᠃ ᠬᠡᠷᠡᠭᠯᠡᠭᠡᠨ᠎ᠤ ᠤᠳᠤᠷᠢᠳᠤᠮᠵᠢ ᠵᠢ ᠳᠣᠪᠤᠶ᠋ᠢᠯᠭ᠋ᠠᠵᠤ ᠂ ᠡᠳ᠋ᠰᠢᠭᠦᠯᠦᠨ ᠪᠣᠯᠪᠠᠰᠤᠷᠠᠭᠤᠯᠬᠤ ᠲᠦᠭᠦᠬᠡᠢ ᠡᠳ᠋ ᠂ ᠮᠡᠷᠭᠡᠵᠢᠯ᠎ᠤᠨ ᠲᠣᠨᠤᠭ ᠲᠥᠬᠦᠭᠡᠷᠦᠮᠵᠢ ᠂ ᠠᠵᠢᠯᠯᠠᠬᠤ ᠳᠦᠷᠢᠮᠯᠡᠯ ᠂ ᠪᠦᠲᠦᠭᠡᠭᠳᠡᠬᠦᠨ᠎ᠤ ᠭᠦᠢ᠍ᠯᠭᠡᠭᠡ ᠵᠡᠷᠭᠡ ᠪᠥᠬᠦ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠣᠷᠢᠨ᠎ᠳᠤ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠳ᠎ᠤᠨ ᠤᠯᠤᠰ ᠂ ᠠᠵᠢᠯ ᠲᠥᠷᠥᠯ ᠂ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠵᠤ ᠵᠠᠰᠠᠪᠤᠷᠢ ᠣᠷᠣᠭᠤᠯᠬᠤ᠎ᠳᠤ ᠢᠳᠡᠪᠬᠢᠲᠡᠢ ᠣᠷᠣᠯᠴᠠᠬᠤ ᠵᠢ᠎ᠨᠢ ᠵᠣᠷᠢᠭᠵᠢᠭᠤᠯᠤᠨ᠎ᠠ ᠃ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠪᠠᠷᠢᠮᠵᠢᠶ᠎ᠠ ᠶᠣᠰᠣᠭ᠋ᠠᠷ ᠦᠢ᠍ᠯᠡᠳᠪᠦᠷᠢᠯᠡᠭᠦᠯᠵᠦ ᠂ ᠡᠳ᠋ᠰᠢᠭᠦᠯᠦᠨ ᠪᠤᠯᠪᠠᠰᠤᠷᠠᠭᠤᠯᠬᠤ ᠮᠡᠷᠭᠡᠵᠢᠯ᠎ᠤᠨ ᠪᠠᠷᠢᠮᠵᠢᠶᠠᠵᠢᠯᠲᠠ ᠂ ᠲᠣᠨᠤᠭ ᠲᠥᠬᠦᠭᠡᠷᠦᠮᠵᠢ ᠵᠢᠨ ᠣᠶᠤᠨᠴᠢᠯᠠᠯᠲᠠ ᠂ ᠶᠠᠪᠤᠴᠠ ᠵᠢᠨ ᠪᠣᠬᠢᠷᠲᠤᠯ ᠦᠬᠡᠢ᠌ᠵᠢᠯᠲᠡ ᠂ ᠪᠦᠲᠦᠭᠡᠭᠳᠡᠬᠦᠨ᠎ᠤ ᠰᠢᠮ᠎ᠡ ᠲᠡᠵᠢᠭᠡᠯᠵᠢᠯᠲᠡ ᠵᠢ ᠠᠬᠢᠭᠤᠯᠤᠨ᠎ᠠ ᠃ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠤᠨ ᠠᠵᠤ ᠠᠬᠤᠢ᠌ᠯᠠᠯ᠎ᠤᠨ ᠪᠠᠷᠢᠮᠵᠢᠶ᠎ᠠ ᠵᠢᠨ ᠲᠤᠬᠠᠢ ᠥᠪᠡᠷ᠎ᠤᠨ ᠢᠯᠡᠷᠬᠡᠢ᠌ᠯᠡᠯᠲᠡ᠎ᠪᠠᠨ ᠢᠯᠡ ᠪᠤᠯᠭ᠋ᠠᠬᠤ ᠳᠦᠷᠢᠮ᠎ᠢ ᠬᠡᠷᠡᠭᠵᠢᠭᠦᠯᠵᠦ ᠂ ᠠᠵᠤ ᠠᠬᠤᠢ᠌ᠯᠠᠯ᠎ᠤᠨ ᠰᠢᠭᠤᠳ 《ᠠᠵᠤ ᠠᠬᠤᠢ᠌ᠯᠠᠯ᠎ᠤᠨ ᠪᠠᠷᠢᠮᠵᠢᠶᠠᠨ᠎ᠤ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ 》᠎ᠳᠤ ᠭᠠᠷᠴᠤ ᠥᠪᠡᠷ᠎ᠤᠨ ᠢᠯᠡᠷᠬᠡᠢ᠌ᠯᠡᠯᠲᠡ᠎ᠪᠠᠨ ᠢᠯᠡ᠎ᠪᠠᠷ ᠠᠮᠠᠯᠠᠯᠲᠠ ᠬᠢᠬᠦ ᠵᠢ ᠵᠣᠷᠢᠭᠵᠢᠭᠤᠯᠵᠤ ᠂ ᠢᠳᠡᠭᠡᠨ᠎ᠤ ᠵᠦᠢ᠍ᠯ᠎ᠤᠨ ᠪᠠᠷᠢᠮᠵᠢᠶᠠᠨ᠎ᠤ ᠠᠵᠢᠯ ᠶᠠᠪᠤᠳᠠᠯ᠎ᠤᠨ ᠳᠠᠷᠠᠭ᠋ᠠᠬᠢ ᠬᠠᠮᠢᠶᠠᠷᠤᠯᠲᠠ᠎ᠪᠠᠨ ᠴᠢᠩᠭ᠋ᠠᠷᠠᠭᠤᠯᠤᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ )
2. ᠪᠥᠬᠦ ᠬᠡᠯᠬᠢᠶᠡᠨ᠎ᠤ ᠠᠮᠤᠷ ᠲᠦᠪᠰᠢᠨ᠎ᠤ ᠲᠠᠯ᠎ᠠ᠎ᠳᠤ ᠬᠠᠮᠢᠶᠠᠷᠤᠨ ᠡᠵᠡᠮᠳᠡᠬᠦ᠎ᠪᠠᠨ ᠴᠢᠩᠭ᠋ᠠᠳᠬᠠᠨ᠎ᠠ ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠠᠷᠢᠮᠵᠢᠶ᠎ᠠ᠎ᠳᠤ ᠭᠦᠷᠦᠭᠰᠡᠨ ᠠᠮᠠᠯᠠᠯᠲᠠ ᠵᠢᠨ ᠬᠢᠷᠢ ᠲᠡᠩᠴᠡᠭᠰᠡᠨ ᠦᠨᠡᠮᠯᠡᠯ᠎ᠤᠨ ᠳᠦᠷᠢᠮ ᠪᠠ ᠮᠥᠷᠳᠡᠨ ᠤᠬᠤᠴᠢᠯᠠᠬᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠵᠤ ᠂ ᠦᠢ᠍ᠯᠡᠳᠪᠦᠷᠢᠯᠡᠯ᠎ᠤᠨ ᠲᠡᠮᠳᠡᠭᠯᠡᠯ᠎ᠢ ᠪᠠᠢ᠌ᠴᠠᠭ᠋ᠠᠨ ᠯᠠᠪᠯᠠᠵᠤ ᠪᠣᠯᠬᠤ ᠂ ᠪᠦᠲᠦᠭᠡᠭᠳᠡᠬᠦᠨ᠎ᠤ ᠭᠦᠢ᠍ᠯᠭᠡᠭᠡᠨ᠎ᠤ ᠬᠠᠨᠳᠤᠰᠢ ᠵᠢ ᠮᠥᠷᠳᠡᠵᠦ ᠪᠣᠯᠬᠤ ᠂ ᠬᠠᠷᠢᠭᠤᠴᠠᠯᠭ᠎ᠠ ᠵᠢ ᠲᠣᠳᠣᠷᠬᠠᠢ ᠪᠣᠯᠭ᠋ᠠᠬᠤ ᠵᠢ ᠪᠡᠶᠡᠯᠡᠭᠦᠯᠦᠨ᠎ᠡ ᠃ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠢ ᠰᠢᠮᠳᠠᠭᠤᠯᠵᠤ ᠪᠠᠢ᠌ᠭ᠋ᠠᠳ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ ᠂ ᠦᠢ᠍ᠯᠡᠳᠪᠦᠷᠢ᠎ᠠᠴᠠ ᠭᠠᠷᠬᠤ ᠪᠦᠲᠦᠭᠡᠭᠳᠡᠬᠦᠨ᠎ᠤ ᠬᠢᠷᠢ ᠲᠡᠩᠴᠡᠬᠦ ᠵᠢ ᠦᠨᠡᠨ ᠬᠦ᠌ ᠪᠠᠲᠤᠯᠠᠨ᠎ᠠ ᠃ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠂ ᠶᠠᠰᠤ ᠴᠢᠨᠠᠷ᠎ᠤᠨ ᠬᠠᠮᠢᠶᠠᠷᠤᠯᠲᠠ ᠂ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠬᠠᠮᠢᠶᠠᠷᠤᠯᠲᠠ ᠂ ᠬᠣᠣᠷ ᠬᠥᠨᠥᠭᠡᠯ᠎ᠤᠨ ᠵᠠᠳᠠᠯᠤᠯᠲᠠ ᠬᠢᠭᠡᠳ ᠵᠠᠩᠭᠢᠯᠠᠭ᠎ᠠ ᠵᠢᠨ ᠡᠵᠡᠮᠳᠡᠯ᠎ᠤᠨ ᠴᠡᠭ (HACCP ) ᠵᠡᠷᠭᠡ ᠲᠣᠭᠲᠠᠯᠴᠠᠭ᠎ᠠ ᠵᠢᠨ ᠭᠡᠷᠡᠴᠢᠯᠡᠯ᠎ᠢ ᠥᠷᠨᠢᠭᠦᠯᠦᠨ᠎ᠡ ᠃ ᠢᠳᠡᠭᠡᠨ᠎ᠤ ᠵᠦᠢ᠍ᠯ᠎ᠢ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠤᠨ ᠲᠠᠯ᠎ᠠ᠎ᠪᠠᠷ ᠬᠢ ᠠᠮᠤᠷ ᠲᠦᠪᠰᠢᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠦᠨ ᠂ ᠪᠦᠲᠦᠭᠡᠭᠳᠡᠬᠦᠨ᠎ᠤ ᠶᠠᠰᠤ ᠴᠢᠨᠠᠷ ᠪᠠ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠮᠡᠳᠡᠭᠡ ᠵᠠᠩᠭᠢ ᠨᠡᠢ᠌ᠲᠡᠯᠡᠬᠦ ᠳᠦᠷᠢᠮ᠎ᠢ ᠪᠠᠢ᠌ᠭᠤᠯᠤᠨ ᠪᠦᠷᠢᠨᠰᠢᠭᠦᠯᠦᠨ᠎ᠡ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ )
(ᠲᠠᠪᠤ ) ᠮᠥᠩᠭᠥᠨ ᠭᠦᠢ᠍ᠯᠭᠡᠭᠡ ᠡᠳ᠋᠎ᠤᠨ ᠵᠠᠰᠠᠭ ᠭᠠᠢ᠌ᠯᠢ ᠲᠠᠲᠠᠪᠤᠷᠢ ᠵᠢᠨ ᠦᠢ᠍ᠯᠡᠴᠢᠯᠡᠭᠡ᠎ᠪᠠᠨ ᠰᠢᠯᠢᠳᠡᠭᠵᠢᠭᠦᠯᠦᠨ᠎ᠡ
1. ᠵᠢᠭᠡᠯᠡᠯᠭᠡ ᠵᠢᠨ ᠪᠡᠯᠡ ᠲᠣᠬᠢᠷᠠᠭᠤᠯᠭ᠎ᠠ ᠳᠠᠬᠢ ᠳᠡᠮᠵᠢᠯᠭᠡ᠎ᠪᠠᠨ ᠴᠢᠩᠭ᠋ᠠᠷᠠᠭᠤᠯᠤᠨ᠎ᠠ ᠃ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠲᠦᠭᠰᠢᠭᠦᠷᠢ ᠵᠢ ᠡᠵᠡᠮᠳᠡᠵᠦ ᠪᠣᠯᠬᠤ ᠨᠥᠬᠥᠴᠡᠯ ᠳᠣᠣᠷ᠎ᠠ ᠂ ᠮᠥᠩᠭᠥᠨ ᠭᠦᠢ᠍ᠯᠭᠡᠭᠡᠨ᠎ᠤ ᠨᠡᠷᠡᠳᠬᠦᠨᠳᠤᠪᠠᠨ ᠰᠢᠨ᠎ᠡ ᠵᠢ ᠡᠭᠦᠳᠴᠦ ᠂ ᠵᠢᠭᠡᠯᠡᠯᠭᠡ ᠵᠢᠨ ᠬᠤᠭᠤᠴᠠᠭ᠎ᠠ ᠬᠢᠵᠠᠭ᠋ᠠᠷ ᠵᠶ᠋ᠡᠨ ᠤᠷᠲᠤᠳᠬᠠᠨ ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠣᠨᠣᠪᠴᠢ ᠵᠢᠨ ᠬᠡᠮᠵᠢᠶ᠎ᠡ᠎ᠪᠠᠨ ᠳᠡᠭᠡᠭᠰᠢᠯᠡᠭᠦᠯᠵᠦ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠤᠯᠠᠷᠢᠯ᠎ᠤᠨ ᠴᠢᠨᠠᠷᠲᠠᠢ ᠂ ᠲᠥᠪᠯᠡᠷᠡᠩᠭᠦᠢ ᠴᠢᠨᠠᠷᠲᠠᠢ᠎ᠪᠠᠷ ᠲᠦᠭᠦᠬᠡᠢ ᠡᠳ᠋ ᠬᠤᠳᠠᠯᠳᠤᠨ ᠠᠪᠬᠤ ᠵᠢ ᠳᠡᠮᠵᠢᠨ᠎ᠠ ᠃ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠵᠠᠬᠢᠶᠠᠯᠠᠭ᠎ᠠ ᠵᠢᠨ ᠬᠠᠭᠤᠳᠠᠰᠤ ᠂ ᠰᠠᠩ ᠬᠥᠮᠥᠷᠭᠡ ᠵᠢᠨ ᠬᠠᠭᠤᠳᠠᠰᠤ ᠂ ᠠᠪᠴᠠᠭ᠋ᠠᠨ᠎ᠤ ᠵᠣᠭᠣᠰ ᠂ ᠮᠡᠳᠡᠯᠭᠡ ᠵᠢᠨ ᠥᠮᠴᠢᠯᠡᠯ᠎ᠤᠨ ᠡᠷᠬᠡ ᠵᠡᠷᠭᠡ ᠳᠠᠨᠵᠢᠯᠠᠭ᠎ᠠ᠎ᠲᠠᠢ ᠵᠢᠭᠡᠯᠡᠯᠭᠡ ᠵᠢᠨ ᠲᠤᠬᠠᠢ᠌ᠯᠠᠭᠰᠠᠨ ᠠᠵᠢᠯ ᠦᠷᠨᠢᠭᠦᠯᠦᠬᠦᠯᠦᠨᠡ ᠃ ᠲᠥᠷᠥ ᠵᠢᠨ ᠪᠣᠳᠣᠯᠭ᠎ᠠ ᠵᠢᠨ ᠴᠢᠨᠠᠷᠲᠠᠢ ᠲᠠᠷᠢᠶᠠᠯᠠᠩ ᠮᠠᠯ ᠠᠵᠤ ᠠᠬᠤᠢ ᠵᠢᠨ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ ᠴᠢᠳᠠᠮᠵᠢ ᠵᠢ ᠴᠢᠩᠭ᠋ᠠᠷᠠᠭᠤᠯᠵᠤ ᠂ ᠣᠨ᠎ᠤ ᠳᠠᠭ᠋ᠠᠭ᠋ᠠᠯᠲᠠ ᠬᠢᠭᠰᠡᠨ ᠵᠠᠷᠤᠳᠠᠯ᠎ᠤᠨ ᠨᠣᠷᠮ᠎ᠠ ᠵᠢ 0.6%᠎ᠠᠴᠠ ᠥᠨᠳᠥᠷ ᠪᠠᠢ᠌ᠯᠭ᠋ᠠᠬᠤ ᠦᠭᠡᠢ ᠪᠠ ᠳᠠᠭ᠋ᠠᠭ᠋ᠠᠯᠲᠠ ᠬᠢᠬᠦ ᠬᠡᠪᠴᠢᠶ᠎ᠡ ᠵᠢ ᠶᠡᠬᠡᠰᠬᠡᠭᠰᠡᠨ ᠳᠠᠬᠢᠨ ᠲᠣᠭ᠋ᠠᠨ᠎ᠤ ᠬᠣᠣᠰ ᠰᠢᠯᠭ᠋ᠠᠨ ᠬᠢᠨᠠᠬᠤ ᠭᠦᠢ᠍ᠴᠡᠳᠬᠡᠯ ᠲᠣᠭ᠋ᠠᠨ᠎ᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠠᠵᠢᠯ ᠡᠷᠬᠢᠯᠡᠵᠦ ᠪᠠᠢ᠌ᠭ᠎ᠠ ᠵᠣᠬᠢᠮᠵᠢᠲᠠᠢ ᠬᠡᠪᠴᠢᠶᠡᠲᠦ ᠡᠵᠡᠩᠨᠡᠯᠲᠡ ᠵᠢᠨ ᠭᠣᠣᠯ ᠴᠣᠭᠴᠠ᠎ᠳᠤ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠳᠡᠮᠵᠢᠯᠭᠡ ᠬᠠᠩᠭ᠋ᠠᠨ᠎ᠠ ᠃ ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ 《ᠲᠢᠶᠠᠨ ᠵᠢᠶᠦ᠋ᠨ ᠲᠥᠯᠥᠪᠯᠡᠭᠡ 》 ᠵᠢ ᠬᠡᠷᠡᠭᠵᠢᠭᠦᠯᠵᠦ ᠂ ᠨᠥᠬᠥᠴᠡᠯ᠎ᠳᠤ ᠨᠡᠢ᠌ᠴᠡᠬᠦ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠪᠠᠢ᠌ᠭᠤᠯᠤᠯ ᠵᠶ᠋ᠡᠨ ᠥᠭᠡᠷᠡᠴᠢᠯᠡᠵᠦ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠬᠤ ᠵᠢ᠎ᠨᠢ ᠪᠣᠢ᠌ᠵᠢᠭᠤᠯᠤᠨ ᠠᠬᠢᠭᠤᠯᠵᠤ ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠥᠭᠵᠢᠯᠲᠡ ᠵᠢ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠠᠰᠢᠭᠯᠠᠨ᠎ᠠ ᠃ (ᠬᠠᠷᠢᠭᠤᠴᠠᠯᠭ᠋ᠠᠲᠤ ᠨᠢᠭᠡᠴᠢ ᠄ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ᠂ ᠥᠪᠥᠷ ᠮᠣᠩᠭᠣᠯ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠬᠢᠵᠠᠭ᠋ᠠᠷᠲᠤ ᠺᠣᠮᠫᠠᠨᠢ )
2. ᠳᠠᠭ᠋ᠠᠳᠬᠠᠯ᠎ᠤᠨ ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ ᠃ ᠲᠤᠬᠠᠢ ᠵᠢᠨ ᠭᠠᠵᠠᠷ᠎ᠤᠨ ᠪᠠᠢ᠌ᠳᠠᠯ᠎ᠳᠤ ᠨᠢ ᠲᠣᠬᠢᠷᠠᠭᠤᠯᠤᠨ ᠳᠠᠪᠠᠭᠤᠯᠢᠭ ᠣᠨᠴᠠᠯᠢᠭᠲᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠭ᠋ᠠᠳᠬᠠᠯ᠎ᠢ ᠥᠷᠨᠢᠭᠦᠯᠦᠨ᠎ᠡ ᠃ ᠣᠷᠣᠨ ᠨᠤᠲᠤᠭ᠎ᠤᠨ ᠳᠠᠪᠠᠭᠤᠯᠢᠭ ᠣᠨᠴᠠᠯᠢᠭᠲᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠭ᠋ᠠᠳᠬᠠᠯ᠎ᠤᠨ ᠵᠠᠷᠤᠳᠠᠯ᠎ᠳᠤ ᠨᠡᠮᠡᠭᠦᠷᠢ ᠥᠭᠬᠦ ᠪᠡᠯᠡ ᠮᠥᠩᠭᠥᠨ᠎ᠤ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠠᠢ᠌ᠮᠠᠭ ᠬᠣᠲᠠ ᠂ ᠬᠣᠰᠢᠭᠤ ᠰᠢᠶᠠᠨ (ᠬᠣᠲᠠ ᠂ ᠲᠣᠭᠣᠷᠢᠭ ) ᠪᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠢᠭᠡᠴᠢ ᠵᠢᠨ᠎ᠬᠢᠨ᠎ᠤ ᠣᠷᠣᠨ ᠨᠤᠲᠤᠭ᠎ᠤᠨ ᠳᠠᠪᠠᠭᠤᠯᠢᠭ ᠣᠨᠴᠠᠯᠢᠭᠲᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠭ᠋ᠠᠳᠬᠠᠯ ᠥᠷᠨᠢᠭᠦᠯᠬᠦ ᠵᠢ ᠵᠣᠷᠢᠭᠵᠢᠭᠤᠯᠵᠤ ᠂ ᠡᠳ᠋᠎ᠤᠨ ᠵᠠᠰᠠᠭ᠎ᠤᠨ ᠳᠠᠭ᠋ᠠᠭ᠋ᠠᠵᠤ ᠳᠡᠢ᠌ᠯᠬᠦ ᠴᠢᠳᠠᠪᠤᠷᠢ ᠂ ᠠᠮᠵᠢᠯᠲᠠ ᠪᠦᠲᠦᠮᠵᠢ ᠵᠢ ᠦᠨᠡᠯᠡᠭᠰᠡᠨ ᠦᠷ᠎ᠡ ᠳ᠋ᠦᠩ ᠂ ᠲᠤᠷᠰᠢᠯᠲᠠ ᠬᠢᠵᠦ ᠥᠷᠨᠢᠭᠦᠯᠦᠭᠰᠡᠨ ᠦᠷ᠎ᠡ ᠪᠦᠲᠦᠮᠵᠢ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ ᠂ ᠠᠵᠤ ᠦᠢ᠍ᠯᠡᠰ᠎ᠤᠨ ᠲᠤᠯᠭ᠋ᠠᠭᠤᠷᠢᠯᠠᠯ᠎ᠤᠨ ᠦᠷ᠎ᠡ ᠪᠦᠲᠦᠮᠵᠢ᠎ᠪᠠᠷ ᠨᠡᠯᠢᠶᠡᠳ ᠰᠠᠢ᠌ᠨ ᠪᠣᠯᠬᠤ ᠳᠠᠭ᠋ᠠᠳᠬᠠᠯ᠎ᠤᠨ ᠵᠦᠢ᠍ᠯ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠨᠡᠮᠡᠭᠦᠷᠢ ᠵᠢᠨ ᠬᠡᠪᠴᠢᠶᠡᠨ᠎ᠳᠤ ᠴᠠᠭᠲᠤᠨᠢ ᠲᠣᠬᠢᠷᠠᠭᠤᠯᠤᠨ ᠣᠷᠣᠭᠤᠯᠤᠨ᠎ᠠ ᠃ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠵᠣᠷᠢᠭᠵᠢᠭᠤᠯᠵᠤ ᠪᠠᠢ᠌ᠭ᠋ᠠᠳ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠭᠤᠯᠬᠤ ᠦᠢ᠍ᠯᠡᠰ᠎ᠲᠤ ᠨᠡᠢ᠌ᠴᠡᠭᠰᠡᠨ ᠬᠤᠳᠠᠯᠳᠤᠭ᠋ᠠᠨ᠎ᠤ ᠳᠠᠭ᠋ᠠᠳᠬᠠᠯ᠎ᠤᠨ ᠲᠦᠷᠦᠯ ᠵᠦᠢ᠍ᠯ᠎ᠢ ᠰᠦᠪᠡᠭᠴᠢᠯᠡᠨ ᠭᠠᠷᠭ᠋ᠠᠭᠤᠯᠵᠤ ᠂ ᠥᠪᠡᠷ᠎ᠤᠨ ᠦᠷᠲᠡᠭ᠎ᠤᠨ ᠳᠠᠭ᠋ᠠᠳᠬᠠᠯ ᠂ ᠶᠠᠰᠤ ᠴᠢᠨᠠᠷ᠎ᠤᠨ ᠳᠠᠭ᠋ᠠᠳᠬᠠᠯ ᠂ ᠪᠠᠷᠠᠭ᠎ᠠ ᠲᠡᠭᠡᠭᠡᠪᠦᠷᠢ ᠵᠢᠨ ᠳᠠᠭ᠋ᠠᠳᠬᠠᠯ ᠂ ᠳᠠᠭ᠋ᠠᠳᠬᠠᠯ + ᠬᠤᠭᠤᠴᠠᠭ᠋ᠠᠲᠤ ᠪᠠᠷᠠᠭ᠎ᠠ ᠵᠡᠷᠭᠡ ᠰᠢᠷᠢᠰ ᠦᠢ᠍ᠯᠡᠴᠢᠯᠡᠭᠡ ᠪᠠ ᠨᠡᠢ᠌ᠯᠡᠯ ᠨᠡᠷᠡᠳᠬᠦᠨ᠎ᠳᠤ ᠰᠢᠨ᠎ᠡ ᠡᠭᠦᠳᠦᠯᠲᠡ ᠭᠠᠷᠭ᠋ᠠᠨ ᠳᠡᠯᠭᠡᠷᠡᠭᠦᠯᠵᠦ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠳᠤ ᠲᠦᠭᠰᠢᠭᠦᠷᠢ ᠵᠢᠨ ᠪᠠᠲᠤᠯᠠᠭ᠎ᠠ ᠬᠠᠩᠭ᠋ᠠᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ᠎ᠤ ᠲᠢᠩᠬᠢᠮ ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠂ ᠥᠪᠥᠷ ᠮᠣᠩᠭᠣᠯ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ )
3. ᠡᠳ᠋᠎ᠤᠨ ᠵᠠᠰᠠᠭ ᠭᠠᠢ᠌ᠯᠢ ᠲᠠᠲᠠᠪᠤᠷᠢ ᠵᠢᠨ ᠳᠡᠮᠵᠢᠯᠭᠡ ᠵᠢᠨ ᠠᠷᠭ᠎ᠠ ᠬᠡᠮᠵᠢᠶ᠎ᠡ᠎ᠪᠠᠨ ᠰᠢᠯᠢᠳᠡᠭᠵᠢᠭᠦᠯᠦᠨ᠎ᠡ ᠃ ᠬᠥᠳᠡᠭᠡ ᠳᠣᠰᠬᠤ᠎ᠨᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠥᠩᠭᠥ ᠵᠡᠷᠭᠡ ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠰᠠᠭᠤᠷᠢ ᠮᠥᠩᠭᠥ ᠵᠢ ᠨᠢᠭᠡᠳᠦᠯᠲᠡᠢ ᠲᠥᠯᠥᠪᠯᠡᠨ ᠬᠡᠷᠡᠭᠯᠡᠵᠦ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠦᠢ᠍ᠯᠡᠰ᠎ᠤᠨ ᠬᠥᠭᠵᠢᠨ ᠪᠤᠵᠠᠭ᠋ᠠᠢ᠌ᠷᠠᠬᠤ ᠵᠢ ᠲᠡᠮᠵᠢᠨ᠎ᠡ ᠃ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠤᠨ ᠬᠠᠮᠢᠶ᠎ᠠ ᠪᠦᠬᠦᠢ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠳ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠬᠤᠳᠠᠯᠳᠤᠨ ᠣᠷᠤᠭᠤᠯᠬᠤ᠎ᠳᠤ ᠲᠣᠭᠲᠠᠭ᠋ᠠᠯ ᠶᠣᠰᠣᠭ᠋ᠠᠷ ᠦᠷᠲᠡᠭ ᠨᠡᠮᠡᠭᠳᠡᠯ᠎ᠤᠨ ᠭᠠᠢ᠌ᠯᠢ ᠵᠢᠨ ᠣᠷᠤᠭᠤᠯᠤᠯᠲᠠ ᠵᠢᠨ ᠭᠠᠢ᠌ᠯᠢ ᠵᠢ ᠲᠤᠯᠭ᠋ᠠᠨ ᠰᠠᠭᠤᠯᠭ᠋ᠠᠵᠤ ᠪᠣᠯᠣᠨ᠎ᠠ ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢ ᠪᠣᠯ ᠭᠠᠢ᠌ᠯᠢ ᠲᠤᠰᠢᠶᠠᠬᠤ ᠶᠣᠰᠣᠲᠠᠢ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠪᠠᠷ ᠲᠣᠭ᠋ᠠᠴᠠᠭ᠎ᠠ ᠬᠢᠨ᠎ᠡ ᠃ ᠦᠨᠡᠨ ᠬᠦ᠌ ᠬᠦᠴᠢᠷᠳᠡᠯᠲᠡᠢ ᠲᠠᠷᠢᠶᠠᠯᠠᠩ ᠲᠤᠰᠠᠯᠠᠬᠤ ᠠᠬᠤᠢ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠢ ᠬᠣᠲᠠ ᠪᠠᠯᠭ᠋ᠠᠰᠤᠨ᠎ᠤ ᠭᠠᠵᠠᠷ ᠰᠢᠷᠣᠢ ᠬᠡᠷᠡᠭᠯᠡᠬᠦ ᠭᠠᠢ᠌ᠯᠢ᠎ᠠᠴᠠ ᠬᠠᠤᠯᠢ ᠶᠣᠰᠣᠭ᠋ᠠᠷ ᠬᠠᠰᠤᠵᠤ ᠬᠡᠯᠲᠦᠷᠢᠭᠦᠯᠦᠨ᠎ᠡ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ᠎ᠤ ᠲᠢᠩᠬᠢᠮ ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ )
ᠳᠥᠷᠪᠡ᠂ ᠠᠵᠢᠯ᠎ᠤᠨ ᠠᠬᠢᠭᠤᠯᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ
ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭ᠋ᠠᠲᠠᠨ ᠲᠤᠰᠬᠠᠢ ᠰᠡᠳᠦᠪ ᠵᠶ᠋ᠡᠷ ᠰᠤᠳᠤᠯᠤᠨ ᠪᠠᠢ᠌ᠷᠢᠯᠠᠭᠤᠯᠵᠤ ᠂ ᠬᠠᠮᠢᠶ᠎ᠠ ᠪᠦᠬᠦᠢ ᠬᠣᠰᠢᠭᠤ ᠰᠢᠶᠠᠨ (ᠬᠣᠲᠠ ᠂ ᠲᠣᠭᠣᠷᠢᠭ ) ᠨᠢ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠭᠣᠣᠯᠳᠠᠯᠭ᠎ᠠ᠎ᠲᠠᠢ ᠬᠥᠭᠵᠢᠭᠦᠯᠬᠦ ᠲᠦᠷᠦᠯ ᠢᠯᠭ᠋ᠠᠯ ᠪᠠ ᠪᠦᠲᠦᠭᠡᠭᠳᠡᠬᠦᠨ ᠵᠶ᠋ᠠᠨ ᠲᠣᠳᠣᠷᠬᠠᠢ ᠪᠤᠯᠭ᠋ᠠᠬᠤ ᠵᠢᠨ ᠬᠠᠮᠲᠤ ᠂ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠨ᠎ᠠ ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠵᠶ᠋ᠠᠨ ᠦᠷᠭᠦᠯᠵᠢᠯᠡᠨ ᠰᠢᠯᠢᠳᠡᠭᠵᠢᠭᠦᠯᠵᠦ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠳᠤ ᠬᠢᠨᠠᠨ ᠵᠥᠪᠰᠢᠶᠡᠷᠡᠬᠦ ᠪᠠ ᠦᠨᠡᠮᠯᠡᠯ ᠭᠦᠢ᠍ᠴᠡᠳᠬᠡᠬᠦ ᠦᠢ᠍ᠯᠡᠴᠢᠯᠡᠭᠡ᠎ᠪᠠᠨ ᠴᠢᠩᠭ᠋ᠠᠷᠠᠭᠤᠯᠵᠤ ᠂ ᠭᠦᠢ᠍ᠴᠡᠳᠬᠡᠬᠦ ᠴᠠᠭ ᠬᠤᠭᠤᠴᠠᠭ᠎ᠠ ᠵᠢ᠎ᠨᠢ ᠪᠣᠭᠣᠨᠢᠰᠬᠠᠨ᠎ᠠ ᠃ ᠲᠦᠷᠦ ᠵᠢᠨ ᠪᠣᠳᠣᠯᠭ᠎ᠠ ᠵᠢ ᠪᠣᠳᠠᠲᠠᠢ᠌ᠵᠢᠭᠤᠯᠬᠤ ᠢᠨᠵᠧᠨᠧᠷᠢᠩ᠎ᠢ ᠰᠠᠢ᠌ᠲᠤᠷ ᠬᠡᠷᠡᠭᠵᠢᠭᠦᠯᠵᠦ ᠂ ᠣᠳᠣᠬᠢ ᠲᠦᠷᠦ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠠᠵᠢᠯ ᠵᠶ᠋ᠠᠨ ᠰᠠᠢ᠌ᠲᠤᠷ ᠬᠢᠵᠦ ᠂ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠣᠯᠬᠤ᠎ᠪᠠᠨ ᠦᠨᠡᠨ ᠬᠦ᠌ ᠪᠠᠲᠤᠯᠠᠨ᠎ᠠ ᠃ ᠠᠵᠤ ᠠᠬᠤᠢ᠌ᠯᠠᠯ᠎ᠢ ᠬᠠᠪᠰᠤᠷᠤᠨ ᠲᠡᠳᠬᠦᠬᠦ ᠡᠷᠴᠢᠮ ᠵᠶ᠋ᠡᠨ ᠴᠢᠩᠭ᠋ᠠᠷᠠᠭᠤᠯᠵᠤ ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠳᠥᠭᠦᠮ ᠦᠵᠡᠭᠦᠯᠬᠦ ᠬᠠᠯᠠᠮᠰᠢᠯ ᠤᠲᠠᠰᠤ 12345 ᠵᠢ ᠰᠠᠢ᠌ᠲᠤᠷ ᠬᠡᠷᠡᠭᠯᠡᠵᠦ ᠂ ᠠᠵᠤ ᠠᠬᠤᠢ᠌ᠯᠠᠯ᠎ᠤᠨ ᠵᠦᠢ ᠵᠣᠬᠢᠰᠲᠠᠢ ᠬᠦᠰᠡᠯ ᠱᠠᠭ᠋ᠠᠷᠳᠠᠯᠭ᠎ᠠ ᠵᠢ ᠰᠢᠢ᠍ᠳᠪᠦᠷᠢᠯᠡᠨ ᠂ ᠬᠥᠭᠵᠢᠯᠲᠡ ᠵᠢᠨ ᠢᠲᠡᠭᠡᠯ ᠵᠣᠷᠢᠭ ᠪᠠ ᠥᠷᠢᠰᠦᠯᠳᠦᠬᠦ ᠬᠦᠴᠦᠨ᠎ᠢ᠎ᠨᠢ ᠴᠢᠩᠭ᠋ᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ ᠨᠠᠷᠢᠯᠢᠭ ᠣᠨᠣᠴᠠᠲᠠᠢ᠎ᠪᠠᠷ ᠵᠢᠯᠤᠭᠣᠳᠬᠤ ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠂ ᠮᠥᠷᠳᠡᠵᠦ ᠦᠷ᠎ᠡ ᠪᠦᠲᠦᠮᠵᠢ ᠵᠢ᠎ᠨᠢ ᠲᠤᠯᠭ᠋ᠠᠨ ᠠᠰᠠᠭᠤᠬᠤ᠎ᠪᠠᠨ ᠴᠢᠩᠭ᠋ᠠᠳᠬᠠᠵᠤ ᠂ ᠳᠡᠭᠡᠳᠦ ᠳᠣᠣᠷᠠᠳᠤ ᠱᠠᠲᠤ᠎ᠪᠠᠷ ᠵᠶ᠋ᠡᠨ ᠬᠠᠮᠵᠢᠯᠴᠠᠨ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ ᠃ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠤᠭᠰᠠᠨ ᠪᠠᠢ᠌ᠳᠠᠯ᠎ᠳᠤ ᠣᠨ᠎ᠤ ᠦᠨᠡᠯᠡᠯᠲᠡ ᠬᠢᠵᠦ ᠂ ᠦᠨᠳᠦᠰᠦᠨ ᠱᠠᠲᠤᠨ᠎ᠤ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢᠨ ᠦᠵᠡᠯ ᠤᠬᠠᠮᠰᠠᠷ᠎ᠢ ᠪᠣᠢ ᠪᠣᠯᠭ᠋ᠠᠭᠰᠠᠨ ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠦᠴᠦᠲᠡᠢ ᠠᠷᠭ᠎ᠠ ᠬᠡᠮᠵᠢᠶ᠎ᠡ ᠠᠪᠤᠭᠰᠠᠨ ᠂ ᠡᠳ᠋ᠰᠢᠭᠦᠯᠦᠨ ᠪᠤᠯᠪᠠᠰᠤᠷᠠᠭᠤᠯᠵᠦ ᠡᠵᠡᠩᠨᠡᠨ ᠪᠣᠷᠣᠯᠠᠭᠤᠯᠬᠤ ᠵᠢ ᠠᠬᠢᠭᠤᠯᠵᠤ ᠦᠷ᠎ᠡ ᠪᠦᠲᠦᠮᠵᠢ ᠭᠠᠷᠭ᠋ᠠᠭᠰᠠᠨ ᠵᠡᠷᠭᠡ ᠪᠠᠢ᠌ᠳᠠᠯ᠎ᠢ ᠭᠣᠣᠯᠳᠠᠯᠭ᠎ᠠ᠎ᠲᠠᠢ ᠦᠨᠡᠯᠡᠬᠦ ᠵᠢᠨ ᠬᠠᠮᠲᠤ ᠂ ᠦᠨᠡᠯᠡᠭᠰᠡᠨ ᠦᠷ᠎ᠡ ᠳ᠋ᠦᠩ᠎ᠤᠨ ᠬᠡᠷᠡᠭᠯᠡᠯᠲᠡ᠎ᠪᠠᠨ ᠴᠢᠩᠭ᠋ᠠᠷᠠᠭᠤᠯᠵᠤ ᠂ ᠲᠠᠷᠢᠶᠠᠯᠠᠩ ᠮᠠᠯ ᠠᠵᠤ ᠠᠬᠤᠢ ᠵᠢᠨ ᠬᠦᠷᠢᠶ᠎ᠡ ᠴᠠᠷᠠᠭ᠋ᠠᠨ᠎ᠤ ᠲᠦᠷᠦᠯ ᠵᠦᠢ᠍ᠯ᠎ᠤᠨ ᠪᠡᠯᠡ ᠮᠥᠩᠭᠥ ᠵᠢ ᠲᠣᠬᠢᠷᠠᠭᠤᠯᠬᠤ᠎ᠳᠤ᠎ᠪᠠᠨ ᠦᠨᠡᠯᠡᠯᠲᠡ ᠬᠢᠭᠡᠳ ᠤᠷᠢᠳᠠᠭᠤᠷ ᠪᠠᠢ᠌ᠷᠢᠯᠠᠵᠤ ᠪᠠᠢ᠌ᠭ᠎ᠠ ᠭᠠᠵᠠᠷ ᠣᠷᠣᠨ ᠲᠡᠢ᠌ᠰᠢ ᠬᠡᠯᠪᠡᠢ᠌ᠯᠭᠡᠨ᠎ᠡ ᠃
ᠳᠠᠭ᠋ᠠᠯᠳᠤᠭᠤᠯᠤᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠨᠲᠡ ᠬᠡᠷᠡᠭᠵᠢᠭᠦᠯᠦᠭᠰᠡᠨ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠤᠯᠪᠠᠰᠤᠷᠠᠭᠤᠯᠬᠤ ᠵᠢ ᠳᠡᠮᠵᠢᠬᠦ ᠲᠦᠷᠦ ᠵᠢᠨ ᠪᠣᠳᠣᠯᠭ᠎ᠠ ᠵᠢᠨ ᠲᠣᠳᠣᠷᠬᠠᠢ ᠬᠠᠭᠤᠳᠠᠰᠤ
ᠨᠢᠭᠡ᠂ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠳᠡᠮᠵᠢᠬᠦ ᠲᠦᠷᠦ ᠵᠢᠨ ᠪᠣᠳᠣᠯᠭ᠎ᠠ
1. ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠳᠡᠮᠵᠢᠨ᠎ᠡ ᠃ ᠤᠯᠤᠰ᠎ᠤᠨ ᠲᠠᠷᠢᠶᠠᠯᠠᠩ᠎ᠤᠨ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠲᠥᠷᠥᠯ ᠵᠦᠢ᠍ᠯ᠎ᠳᠤ ᠲᠦᠰᠢᠭᠯᠡᠨ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠳ᠎ᠤᠨ ᠰᠢᠶᠠᠨ᠎ᠤ ᠬᠡᠪᠴᠢᠶᠡᠨ᠎ᠳᠤ ᠭᠦᠨᠵᠡᠭᠡᠢ᠌ᠷᠡᠬᠦ ᠵᠢ ᠳᠡᠮᠵᠢᠵᠦ ᠂ ᠭᠣᠣᠯ ᠭᠠᠷᠤᠯᠲᠠ ᠵᠢᠨ ᠣᠷᠣᠨ᠎ᠳᠤ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠵᠢᠨ ᠦᠢ᠍ᠯᠡᠳᠪᠦᠷᠢᠯᠡᠬᠦ ᠴᠢᠳᠠᠮᠵᠢ ᠵᠢ ᠪᠠᠢ᠌ᠷᠢᠰᠢᠭᠤᠯᠵᠤ ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠲᠤᠬᠠᠢ ᠵᠢᠨ ᠭᠠᠵᠠᠷ᠎ᠲᠤᠨᠢ ᠡᠳ᠋ᠰᠢᠭᠦᠯᠦᠨ ᠪᠤᠯᠪᠠᠰᠤᠷᠠᠭᠤᠯᠵᠦ ᠤᠯᠠᠷᠢᠭᠤᠯᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ ᠃ (ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠂ ᠡᠳ᠋᠎ᠤᠨ ᠵᠠᠰᠠᠭ᠎ᠤᠨ ᠶᠠᠮᠤᠨ᠎ᠠᠴᠠ ᠳᠡᠮᠵᠢᠬᠦ ᠲᠥᠷᠥ ᠵᠢᠨ ᠪᠣᠳᠣᠯᠭ᠎ᠠ ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠡᠳ᠋᠎ᠤᠨ ᠵᠠᠰᠠᠭ᠎ᠤᠨ ᠲᠢᠩᠬᠢᠮ ᠬᠠᠷᠢᠭᠤᠴᠠᠨ᠎ᠠ )
ᠬᠣᠶᠠᠷ ᠂ ᠬᠦᠷᠢᠶᠡᠯᠡᠩ ᠲᠣᠭᠣᠷᠢᠭ᠎ᠤᠨ ᠬᠥᠭᠵᠢᠯᠲᠡ ᠵᠢ ᠳᠡᠮᠵᠢᠬᠦ ᠲᠦᠷᠦ ᠵᠢᠨ ᠪᠣᠳᠣᠯᠭ᠎ᠠ
2. ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠬᠦᠷᠢᠶ᠎ᠡ ᠴᠠᠷᠠᠭ᠋ᠠᠨ᠎ᠳᠤ ᠪᠣᠬᠢᠷᠳᠤᠯ ᠦᠭᠡᠢ ᠬᠦᠷᠢᠶᠡᠯᠡᠩ ᠲᠣᠭᠣᠷᠢᠭ ᠡᠭᠦᠳᠦᠨ ᠪᠠᠢ᠌ᠭᠤᠯᠬᠤ ᠵᠢ ᠳᠠᠮᠵᠢᠨ᠎ᠠ ᠃ ᠰᠢᠨ᠎ᠡ᠎ᠪᠠᠷ ᠤᠯᠤᠰ᠎ᠤᠨ ᠳᠡᠰ᠎ᠤᠨ ᠪᠣᠬᠢᠷᠳᠤᠯ ᠦᠭᠡᠢ ᠬᠦᠷᠢᠶᠡᠯᠡᠩ ᠲᠣᠭᠣᠷᠢᠭ ᠂ ᠪᠣᠬᠢᠷᠳᠤᠯ ᠦᠭᠡᠢ ᠦᠢ᠍ᠯᠡᠳᠪᠦᠷᠢ ᠂ ᠪᠣᠬᠢᠷᠳᠤᠯ ᠦᠭᠡᠢ ᠬᠠᠩᠭ᠋ᠠᠯᠭ᠎ᠠ ᠵᠢᠨ ᠬᠡᠯᠬᠢᠶ᠎ᠡ᠎ᠪᠠᠷ ᠮᠠᠭ᠋ᠠᠳᠯᠠᠨ ᠲᠣᠭᠲᠠᠭ᠋ᠠᠭᠳᠠᠭᠰᠠᠨ ᠪᠠᠢ᠌ᠪᠠᠯ ᠨᠢᠭᠡ ᠯᠡ ᠤᠳᠠᠭ᠎ᠠ᠎ᠳᠤ 100 ᠲᠦᠮᠡᠨ ᠲᠥᠭᠥᠷᠢᠭ ᠵᠶ᠋ᠠᠷ ᠱᠠᠩᠨᠠᠨ ᠬᠥᠬᠢᠭᠦᠯᠵᠦ ᠂ ᠰᠢᠨ᠎ᠡ᠎ᠪᠠᠷ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠣᠬᠢᠷᠳᠤᠯ ᠦᠭᠡᠢ ᠬᠦᠷᠢᠶᠡᠯᠡᠩ ᠲᠣᠭᠣᠷᠢᠭ ᠂ ᠪᠣᠬᠢᠷᠳᠤᠯ ᠦᠭᠡᠢ ᠦᠢ᠍ᠯᠡᠳᠪᠦᠷᠢ ᠂ ᠪᠣᠬᠢᠷᠳᠤᠯ ᠦᠭᠡᠢ ᠬᠠᠩᠭ᠋ᠠᠯᠭ᠎ᠠ ᠵᠢᠨ ᠬᠡᠯᠬᠢᠶ᠎ᠡ᠎ᠪᠠᠷ ᠮᠠᠭ᠋ᠠᠳᠯᠠᠨ ᠲᠣᠭᠲᠠᠭ᠋ᠠᠭᠳᠠᠭᠰᠠᠨ ᠪᠠᠢ᠌ᠪᠠᠯ ᠨᠢᠭᠡ ᠯᠡ ᠤᠳᠠᠭ᠎ᠠ᠎ᠳᠤ 50 ᠲᠦᠮᠡᠨ ᠲᠥᠭᠥᠷᠢᠭ ᠵᠶ᠋ᠠᠷ ᠱᠠᠩᠨᠠᠨ ᠬᠥᠬᠢᠭᠦᠯᠦᠨ᠎ᠡ ᠃ (ᠥᠪᠥᠷ ᠵᠠᠰᠠᠭ ᠲᠠᠷᠬᠠᠭ᠋ᠠᠭᠰᠠᠨ [2024 ] 6 ᠳ᠋ᠤᠭ᠋ᠠᠷ ᠲᠣᠭ᠋ᠠᠲᠤ ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠬᠠᠷᠢᠭᠤᠴᠠᠨ᠎ᠠ )
ᠭᠤᠷᠪᠠ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠬᠥᠭᠵᠢᠯᠲᠡ ᠵᠢ ᠳᠡᠮᠵᠢᠬᠦ ᠲᠦᠷᠦ ᠵᠢᠨ ᠪᠣᠳᠣᠯᠭ᠎ᠠ
3. ᠣᠳᠣ ᠵᠢᠨ ᠪᠠᠢ᠌ᠭ᠎ᠠ ᠠᠵᠤ ᠠᠬᠤᠢ᠌ᠯᠠᠯ᠎ᠤᠨ ᠪᠤᠵᠠᠭ᠋ᠠᠢ᠌ᠷᠠᠨ ᠬᠦᠴᠦᠷᠬᠡᠭᠵᠢᠬᠦ ᠵᠢ ᠲᠡᠳᠬᠦᠨ᠎ᠡ ᠃ 2024 ᠣᠨ (ᠪᠠᠭᠲᠠᠨ᠎ᠠ )᠎ᠠᠴᠠ ᠰᠡᠭᠦᠯᠡᠷ ᠨᠡᠢ᠌ᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ ᠂ ᠬᠡᠪᠴᠢᠶᠡᠵᠢᠯ ᠵᠶ᠋ᠡᠨ ᠥᠷᠭᠡᠳᠬᠡᠨ ᠦᠢ᠍ᠯᠡᠳᠪᠦᠷᠢᠯᠡᠯ᠎ᠤᠨ ᠴᠢᠳᠠᠪᠤᠷᠢ᠎ᠪᠠᠨ ᠳᠡᠭᠡᠭᠰᠢᠯᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠵᠢᠯ᠎ᠤᠨ ᠭᠣᠣᠯ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠤᠨ ᠣᠷᠣᠯᠭ᠎ᠠ ᠨᠢ 2 ᠳ᠋ᠦᠩᠰᠢᠭᠤᠷ ᠲᠥᠭᠥᠷᠢᠭ᠎ᠠᠴᠠ ᠳᠡᠭᠡᠭᠰᠢ᠎ᠳᠤ ᠬᠦᠷᠦᠭᠰᠡᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠳᠤ ᠪᠣᠯ ᠂ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠨ ᠪᠠᠢ᠌ᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠠᠴᠠ ᠡᠷᠭᠢᠯᠲᠡᠲᠦ ᠪᠡᠯᠡ ᠮᠥᠩᠭᠥ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠥ ᠵᠢᠭᠡᠯᠡᠵᠦ ᠣᠷᠣᠭᠤᠯᠤᠨ᠎ᠠ ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠵᠢᠨ ᠨᠣᠷᠮ᠎ᠠ (LPR ) ᠵᠢᠨ 70%᠎ᠪᠠᠷ ᠮᠥᠷᠲᠡᠭᠡᠨ 2%᠎ᠠᠴᠠ ᠦᠯᠦ ᠳᠠᠪᠠᠭᠤᠯᠬᠤ ᠬᠦᠦ ᠵᠢᠨ ᠨᠤᠷᠮ᠎ᠠ ᠶᠣᠰᠣᠭ᠋ᠠᠷ ᠂ ᠵᠢᠯ ᠪᠦᠷᠢ 200 ᠲᠦᠮᠡᠨ ᠲᠥᠭᠥᠷᠢᠭ᠎ᠠᠴᠠ ᠦᠯᠦ ᠳᠠᠪᠠᠭᠰᠠᠨ ᠲᠠᠮ ᠬᠦᠦ ᠵᠢᠨ ᠳᠡᠮᠵᠢᠯᠭᠡ ᠦᠵᠡᠭᠦᠯᠵᠦ ᠂ ᠲᠡᠳᠡᠨᠡᠷ᠎ᠤᠨ ᠲᠠᠷᠢᠶᠠᠯᠠᠩ᠎ᠤᠨ ᠠᠵᠤ ᠦᠶ᠋ᠢᠯᠡᠰᠵᠢᠭᠰᠡᠨ ᠤᠯᠤᠰ᠎ᠤᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ ᠪᠠ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠶ᠋ᠢᠯᠡᠰᠵᠢᠭᠰᠡᠨ ᠵᠢᠱ᠌ᠢᠶ᠎ᠡ ᠦᠵᠡᠭᠦᠯᠬᠦ ᠬᠣᠯᠪᠣᠭ᠋ᠠᠲᠤ ᠴᠣᠭᠴᠠ᠎ᠪᠠᠷ ᠮᠠᠭ᠋ᠠᠳᠯᠠᠨ ᠲᠣᠭᠲᠠᠭ᠋ᠠᠭᠳᠠᠬᠤ ᠵᠢ ᠵᠣᠷᠢᠭᠵᠢᠭᠤᠯᠤᠨ᠎ᠠ ᠃ ᠰᠢᠨ᠎ᠡ᠎ᠪᠠᠷ ᠮᠠᠭ᠋ᠠᠳᠯᠠᠨ ᠲᠣᠭᠲᠠᠭ᠋ᠠᠭᠳᠠᠭᠰᠠᠨ ᠲᠠᠷᠢᠶᠠᠯᠠᠩ᠎ᠤᠨ ᠠᠵᠤ ᠦᠢ᠍ᠯᠡᠰᠵᠢᠭᠰᠡᠨ ᠤᠯᠤᠰ᠎ᠤᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ᠎ᠳᠤ ᠨᠢᠭᠡ ᠯᠡ ᠤᠳᠠᠭ᠎ᠠ᠎ᠳᠤ 50 ᠲᠦᠮᠡᠨ ᠲᠥᠭᠥᠷᠢᠭ ᠵᠶ᠋ᠠᠷ ᠱᠠᠩᠨᠠᠨ ᠬᠥᠬᠢᠭᠦᠯᠦᠨ᠎ᠡ ᠃ (ᠥᠪᠥᠷ ᠵᠠᠰᠠᠭ ᠠᠯᠪᠠᠨ ᠲᠠᠷᠬᠠᠭ᠋ᠠᠭᠰᠠᠨ [2024 ] 61 ᠳ᠋ᠦ᠍ᠭᠡᠷ ᠲᠣᠭ᠋ᠠᠲᠤ ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠬᠠᠷᠢᠭᠤᠴᠠᠨ᠎ᠠ )
4. ᠨᠠᠷᠢᠯᠢᠭ ᠭᠦᠨ ᠡᠳ᠋ᠰᠢᠭᠦᠯᠦᠨ ᠪᠤᠯᠪᠠᠰᠤᠷᠭ᠋ᠠᠤᠯᠬᠤ ᠠᠵᠤ ᠠᠬᠤᠢ᠌ᠯᠠᠯ᠎ᠢ ᠶᠡᠬᠡ᠎ᠪᠠᠷ ᠪᠣᠢ᠌ᠵᠢᠭᠤᠯᠤᠨ᠎ᠠ ᠃ ᠣᠷᠣᠨ ᠨᠤᠲᠤᠭ᠎ᠤᠨ᠎ᠬᠢᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠬᠦ ᠵᠢ ᠵᠣᠷᠢᠭᠵᠢᠭᠤᠯᠵᠤ ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠭ᠋ᠠᠤᠯᠬᠤ ᠵᠢ ᠳᠡᠮᠵᠢᠬᠦ ᠵᠢᠨ ᠬᠠᠮᠲᠤ ᠂ ᠲᠠᠷᠢᠶᠠᠴᠢᠳ᠎ᠲᠠᠢ ᠬᠠᠷᠢᠯᠴᠠᠬᠤ ᠲᠠᠷᠢᠶᠠᠴᠢᠳ᠎ᠢ ᠳᠠᠢ᠌ᠴᠢᠯᠠᠬᠤ ᠲᠣᠭᠲᠠᠴᠠ᠎ᠪᠠᠨ ᠲᠡᠭᠦᠯᠳᠡᠷᠵᠢᠭᠦᠯᠦᠨ᠎ᠡ ᠃ ᠰᠢᠨ᠎ᠡ᠎ᠪᠠᠷ ᠳᠠᠩᠰᠠᠯᠠᠭᠤᠯᠤᠭᠰᠠᠨ ᠪᠥᠭᠡᠳ ᠣᠨ᠎ᠤ ᠭᠣᠣᠯ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠤᠨ ᠣᠷᠣᠯᠭ᠎ᠠ᠎ᠨᠢ 2 ᠳ᠋ᠦᠩᠰᠢᠭᠤᠷ ᠲᠥᠭᠥᠷᠢᠭ᠎ᠠᠴᠠ ᠳᠡᠭᠡᠭᠰᠢ᠎ᠳᠤ ᠬᠦᠷᠦᠭᠰᠡᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠳᠤ ᠪᠣᠯ ᠂ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠨ ᠪᠠᠢ᠌ᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠠᠴᠠ ᠡᠷᠭᠢᠯᠲᠡᠲᠦ ᠪᠡᠯᠡ ᠮᠥᠩᠭᠥ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠥ ᠵᠢᠭᠡᠯᠡᠵᠦ ᠣᠷᠣᠭᠤᠯᠤᠨ᠎ᠠ ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠵᠢᠨ ᠨᠣᠷᠮ᠎ᠠ (LPR ) ᠵᠢᠨ 70%᠎ᠪᠠᠷ ᠮᠥᠷᠲᠡᠭᠡᠨ 2%᠎ᠠᠴᠠ ᠦᠯᠦ ᠳᠠᠪᠠᠭᠤᠯᠬᠤ ᠬᠦᠦ ᠵᠢᠨ ᠨᠤᠷᠮ᠎ᠠ ᠶᠣᠰᠣᠭ᠋ᠠᠷ ᠂ ᠵᠢᠯ ᠪᠦᠷᠢ 200 ᠲᠦᠮᠡᠨ ᠲᠥᠭᠥᠷᠢᠭ᠎ᠠᠴᠠ ᠦᠯᠦ ᠳᠠᠪᠠᠭᠰᠠᠨ ᠲᠠᠮ ᠬᠦᠦ ᠵᠢᠨ ᠳᠡᠮᠵᠢᠯᠭᠡ ᠦᠵᠡᠭᠦᠯᠦᠨ᠎ᠡ ᠃ (ᠥᠪᠥᠷ ᠵᠠᠰᠠᠭ ᠠᠯᠪᠠᠨ ᠲᠠᠷᠬᠠᠭ᠋ᠠᠭᠰᠠᠨ [2024 ] 61 ᠳ᠋ᠦ᠍ᠭᠡᠷ ᠲᠣᠭ᠋ᠠᠲᠤ ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠬᠠᠷᠢᠭᠤᠴᠠᠨ᠎ᠠ )
5. ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ᠎ᠪᠠᠷ ᠰᠢᠯᠢᠳᠡᠭᠵᠢᠨ ᠳᠡᠰ ᠳᠡᠪᠰᠢᠬᠦ ᠵᠢ ᠠᠬᠢᠭᠤᠯᠤᠨ᠎ᠠ ᠃ 2024 ᠣᠨ᠎ᠠᠴᠠ ᠰᠡᠭᠦᠯᠡᠷ ᠵᠢᠯ᠎ᠤᠨ ᠭᠣᠣᠯ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠤᠨ ᠣᠷᠣᠯᠭ᠎ᠠ᠎ᠨᠢ 1. 6 ᠳ᠋ᠦᠩᠰᠢᠭᠤᠷ ᠲᠥᠭᠥᠷᠢᠭ᠎ᠲᠤ ᠬᠦᠷᠴᠦ ᠂ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠨ ᠪᠠᠢ᠌ᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠠᠴᠠ ᠰᠢᠨ᠎ᠡ᠎ᠪᠠᠷ ᠪᠠᠢ᠌ᠭᠤᠯᠤᠭᠰᠠᠨ ᠪᠠ ᠲᠠᠰ ᠳᠡᠪᠰᠢᠭᠦᠯᠦᠨ ᠥᠭᠡᠷᠡᠴᠢᠯᠡᠭᠰᠡᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠲᠥᠷᠥᠯ ᠵᠦᠢ᠍ᠯ᠎ᠤᠨ ᠵᠢᠭᠡᠯᠡᠯᠭᠡ ᠵᠢᠭᠡᠯᠡᠭᠰᠡᠨ ᠠᠵᠤ ᠠᠬᠤᠢ᠌ᠯᠠᠯ᠎ᠳᠤ ᠪᠣᠯ ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠵᠢᠨ ᠨᠣᠷᠮ᠎ᠠ (LPR ) ᠵᠢᠨ 70%᠎ᠪᠠᠷ ᠮᠥᠷᠲᠡᠭᠡᠨ 2%᠎ᠠᠴᠠ ᠦᠯᠦ ᠳᠠᠪᠠᠭᠤᠯᠬᠤ ᠬᠦᠦ ᠵᠢᠨ ᠨᠤᠷᠮ᠎ᠠ ᠶᠣᠰᠣᠭ᠋ᠠᠷ ᠂ ᠵᠢᠯ ᠪᠦᠷᠢ 300 ᠲᠦᠮᠡᠨ ᠲᠥᠭᠥᠷᠢᠭ᠎ᠠᠴᠠ ᠦᠯᠦ ᠳᠠᠪᠠᠭᠰᠠᠨ ᠲᠠᠮ ᠬᠦᠦ ᠵᠢᠨ ᠳᠡᠮᠵᠢᠯᠭᠡ ᠦᠵᠡᠭᠦᠯᠦᠨ᠎ᠡ ᠃ (ᠥᠪᠥᠷ ᠵᠠᠰᠠᠭ ᠠᠯᠪᠠᠨ ᠲᠠᠷᠬᠠᠭ᠋ᠠᠭᠰᠠᠨ [2024 ] 61 ᠳ᠋ᠦ᠍ᠭᠡᠷ ᠲᠣᠭ᠋ᠠᠲᠤ ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠬᠠᠷᠢᠭᠤᠴᠠᠨ᠎ᠠ )
6. ᠤᠷᠢᠳᠴᠢᠯᠠᠨ ᠬᠢᠭᠰᠡᠨ ᠵᠠᠭᠤᠰᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ ᠃ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠤᠷᠢᠳᠴᠢᠯᠠᠨ ᠬᠢᠭᠰᠡᠨ ᠵᠠᠭᠤᠰᠢ ᠵᠢᠨ ᠵᠠᠮᠴᠢ ᠠᠵᠤ ᠠᠬᠤᠢ᠌ᠯᠠᠯ ᠂ ᠰᠦᠯᠵᠢᠶᠡᠨ᠎ᠤ ᠪᠣᠷᠤᠯᠠᠭᠤᠯᠭ᠎ᠠ ᠂ ᠣᠨᠴᠠᠯᠢᠭᠲᠤ ᠨᠠᠷᠠᠲᠤ ᠲᠡᠮᠳᠡᠭ᠎ᠤᠨ ᠲᠠᠯ᠎ᠠ᠎ᠳᠤ ᠲᠣᠰ ᠪᠦᠷᠢ ᠠᠷᠪᠠᠨ ᠬᠦᠴᠦᠷᠬᠡᠭ ᠵᠶ᠋ᠠᠷ ᠰᠢᠯᠭ᠋ᠠᠷᠠᠭᠤᠯᠤᠭᠰᠠᠨ ᠠᠵᠤ ᠠᠬᠤᠢ᠌ᠯᠠᠯ᠎ᠳᠤ ᠂ ᠪᠣᠷᠤᠯᠠᠭᠤᠯᠭ᠎ᠠ ᠵᠢᠨ ᠬᠡᠮᠵᠢᠶ᠎ᠡ᠎ᠨᠢ ᠳᠡᠭᠡᠷ᠎ᠡ ᠨᠢᠭᠡ ᠵᠢᠯ᠎ᠲᠠᠢ᠎ᠪᠠᠨ ᠬᠠᠷᠢᠴᠠᠭᠤᠯᠪᠠᠯ 100 ᠲᠦᠮᠡᠨ ᠲᠥᠭᠥᠷᠢᠭ ᠨᠡᠮᠡᠭᠳᠡᠬᠦ ᠪᠦᠷᠢ 2 ᠲᠦᠮᠡᠨ ᠲᠥᠭᠥᠷᠢᠭ ᠵᠶ᠋ᠠᠷ ᠱᠠᠩᠨᠠᠨ ᠬᠥᠬᠢᠭᠦᠯᠵᠦ ᠂ ᠬᠠᠮᠤᠭ᠎ᠤᠨ ᠥᠨᠳᠥᠷ᠎ᠲᠤ᠎ᠪᠠᠨ 30 ᠲᠦᠮᠡᠨ ᠲᠥᠭᠥᠷᠢᠭ᠎ᠠᠴᠠ ᠳᠠᠪᠠᠭᠤᠯᠬᠤ ᠦᠭᠡᠢ ᠂ ᠠᠳᠠᠯᠢ ᠨᠢᠭᠡ ᠠᠵᠤ ᠠᠬᠤᠢ᠌ᠯᠠᠯ᠎ᠢ ᠠᠳᠠᠯᠢ ᠨᠢᠭᠡ ᠣᠨ ᠵᠢᠯ᠎ᠳᠤ ᠳᠠᠪᠬᠤᠷᠳᠠᠭᠤᠯᠤᠨ ᠱᠠᠩᠨᠠᠬᠤ ᠦᠭᠡᠢ ᠃ (ᠥᠪᠥᠷ ᠵᠠᠰᠠᠭ ᠠᠯᠪᠠᠨ ᠲᠠᠷᠬᠠᠭ᠋ᠠᠭᠰᠠᠨ [2024 ] 61 ᠳ᠋ᠦ᠍ᠭᠡᠷ ᠲᠣᠭ᠋ᠠᠲᠤ ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )
7. ᠵᠠᠬ᠎ᠠ ᠳᠡᠯᠭᠡᠭᠦᠷ᠎ᠤᠨ ᠪᠣᠷᠤᠯᠠᠭᠤᠯᠭ᠎ᠠ ᠵᠢᠨ ᠬᠡᠪ ᠵᠠᠭᠪᠤᠷ᠎ᠲᠤ᠎ᠪᠠᠨ ᠰᠢᠨ᠎ᠡ ᠵᠢ ᠡᠭᠦᠳᠦᠨ᠎ᠡ ᠃ 《ᠥᠪᠥᠷ ᠮᠣᠩᠭᠣᠯ 》 ᠨᠡᠷᠡᠮᠵᠢᠲᠦ ᠲᠡᠮᠳᠡᠭ᠎ᠤᠨ ᠭᠡᠷᠡᠴᠢᠯᠡᠯ᠎ᠲᠠᠢ ᠠᠵᠤ ᠠᠬᠤᠢ᠌ᠯᠠᠯ᠎ᠳᠤ ᠭᠡᠷᠡᠴᠢᠯᠡᠯ ᠬᠢᠭᠰᠡᠨ ᠪᠠ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠰᠢᠨᠵᠢᠭᠰᠡᠨ ᠵᠠᠷᠤᠳᠠᠯ᠎ᠤᠨ ᠱᠠᠩᠨᠠᠯ ᠨᠥᠬᠥᠪᠦᠷᠢ ᠣᠯᠭᠣᠨ᠎ᠠ ᠃ 2024 ᠣᠨ᠎ᠳᠤ ᠪᠣᠬᠢᠷᠲᠤᠯ ᠦᠭᠡᠢ ᠢᠳᠡᠭᠡᠨ ᠂ ᠣᠷᠭ᠋ᠠᠨᠢᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠡᠷᠡᠴᠢᠯᠡᠯ᠎ᠤᠨ ᠭᠠᠷᠤᠯᠲᠠ᠎ᠨᠢ 1000 ᠲᠣᠨ᠎ᠠᠴᠠ ᠳᠡᠭᠡᠭᠰᠢ᠎ᠳᠤ ᠬᠦᠷᠦᠭᠰᠡᠨ ᠠᠵᠤ ᠠᠬᠤᠢ᠌ᠯᠠᠯ᠎ᠤᠨ ᠭᠡᠷᠡᠴᠢᠯᠡᠯ᠎ᠤᠨ ᠵᠠᠷᠤᠳᠠᠯ᠎ᠢ ᠪᠦᠭᠦ ᠲᠣᠭ᠎ᠠ᠎ᠪᠠᠷ ᠱᠠᠩᠨᠠᠵᠤ ᠨᠥᠬᠥᠪᠦᠷᠢᠯᠡᠨ ᠂ ᠪᠣᠳᠠᠲᠠᠢ ᠪᠠᠷᠢᠮᠵᠢᠶ᠎ᠠ ᠵᠢ ᠳᠡᠭᠡᠷ᠎ᠡ ᠨᠢᠭᠡ ᠵᠢᠯ᠎ᠤᠨ ᠭᠡᠷᠡᠴᠢᠯᠡᠯ᠎ᠤᠨ ᠭᠠᠷᠤᠯᠲᠠ ᠵᠢᠨ ᠬᠡᠮᠵᠢᠶ᠎ᠡ ᠵᠢ ᠦᠨᠳᠦᠰᠦᠯᠡᠨ ᠲᠣᠭᠲᠠᠭ᠋ᠠᠨ᠎ᠠ ᠃ (ᠥᠪᠥᠷ ᠵᠠᠰᠠᠭ ᠠᠯᠪᠠᠨ ᠲᠠᠷᠬᠠᠭ᠋ᠠᠭᠰᠠᠨ [2024 ] 61 ᠳ᠋ᠦ᠍ᠭᠡᠷ ᠲᠣᠭ᠋ᠠᠲᠤ ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )
8. ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠮᠡᠷᠭᠡᠵᠢᠯ ᠵᠶ᠋ᠡᠨ ᠥᠭᠡᠷᠡᠴᠢᠯᠡᠨ ᠰᠢᠨᠡᠳᠬᠡᠬᠦ ᠵᠢ ᠳᠡᠮᠵᠢᠨ᠎ᠡ ᠃ 1000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢ ᠪᠡᠯᠡ ᠣᠷᠣᠭᠤᠯᠤᠭᠰᠠᠨ ᠮᠥᠷᠲᠡᠭᠡᠨ ᠨᠢᠭᠡᠨᠲᠡ ᠠᠵᠢᠯ ᠳᠠᠭᠤᠰᠬᠠᠭᠰᠠᠨ ᠦᠢ᠍ᠯᠡᠳᠬᠦ ᠦᠢ᠍ᠯᠡᠰ᠎ᠤᠨ ᠮᠡᠷᠭᠡᠵᠢᠯ ᠵᠶ᠋ᠠᠨ ᠥᠭᠡᠷᠡᠴᠢᠯᠡᠨ ᠰᠢᠨᠡᠳᠬᠡᠭᠰᠡᠨ ᠪᠠ ᠲᠥᠬᠦᠭᠡᠷᠦᠮᠵᠢ᠎ᠪᠠᠨ ᠰᠢᠨᠡᠳᠬᠡᠭᠰᠡᠨ ᠳᠦᠷᠦᠯ ᠵᠦᠢ᠍ᠯ᠎ᠳᠤ ᠪᠣᠯ ᠂ ᠰᠢᠨᠡᠳᠬᠡᠨ ᠥᠭᠡᠷᠡᠴᠢᠯᠡᠭᠰᠡᠨ ᠲᠥᠬᠦᠭᠡᠷᠦᠮᠵᠢ ᠪᠠ ᠵᠥᠭᠡᠯᠡᠨ ᠬᠡᠷᠡᠭᠰᠡᠯ᠎ᠤᠨ ᠪᠡᠯᠡ ᠣᠷᠣᠭᠤᠯᠥᠯᠳᠡ ᠵᠢᠨ 20% ᠶᠣᠰᠣᠭ᠋ᠠᠷ ᠂ ᠳᠠᠩ ᠭᠠᠭᠴᠠ ᠳᠦᠷᠦᠯ ᠵᠦᠢ᠍ᠯ᠎ᠳᠤ 500 ᠲᠦᠮᠡᠨ ᠲᠥᠭᠥᠷᠢᠭ᠎ᠠᠴᠠ ᠦᠯᠦ ᠳᠠᠪᠠᠭᠤᠯᠬᠤ ᠪᠠᠷᠢᠮᠵᠢᠶ᠎ᠠ᠎ᠪᠠᠷ ᠨᠥᠬᠥᠪᠦᠷᠢ ᠣᠯᠭᠣᠨ᠎ᠠ ᠃ ( ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠬᠠᠷᠢᠭᠤᠴᠠᠨ᠎ᠠ )
9. ᠳᠤᠮᠳᠠ ᠵᠢᠵᠢᠭ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠬᠥᠭᠵᠢᠯᠲᠡ ᠵᠢ ᠳᠡᠮᠵᠢᠨ᠎ᠡ ᠃ ᠥᠪᠡᠷᠲᠡᠭᠡᠨ ᠵᠠᠰᠠᠬᠤ ᠣᠷᠣᠨ᠎ᠤ ᠠᠩᠬ᠎ᠠ ᠤᠳᠠᠭ᠎ᠠ ᠮᠠᠭ᠋ᠠᠳᠯᠠᠨ ᠲᠣᠭᠲᠠᠭ᠋ᠠᠭᠰᠠᠨ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢ᠌ᠯᠠᠯ᠎ᠢ ᠨᠢᠭᠡ ᠯᠡ ᠤᠳᠠᠭ᠎ᠠ᠎ᠳᠤ 100 ᠲᠦᠮᠡᠨ ᠲᠥᠭᠥᠷᠢᠭ ᠵᠶ᠋ᠠᠷ ᠱᠠᠩᠨᠠᠵᠤ ᠨᠥᠬᠥᠪᠦᠷᠢᠯᠡᠨ᠎ᠡ ᠃ ( ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠬᠠᠷᠢᠭᠤᠴᠠᠨ᠎ᠠ )
10. ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠵᠢ ᠳᠡᠮᠵᠢᠵᠦ ᠂ ᠰᠢᠨ᠎ᠡ᠎ᠪᠠᠷ ᠪᠠᠢ᠌ᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠢ᠌ᠭᠤᠯᠤᠭᠰᠠᠨ ᠪᠠᠢ᠌ᠭ᠋ᠠᠯᠢᠯᠢᠭ ᠪᠢᠰᠢᠯᠠᠭ ᠂ ᠰᠢᠷᠠᠰᠤ ᠂ ᠰᠦᠨ ᠲᠡᠮᠦᠷᠲᠥ ᠤᠭᠤᠷᠠᠭ ᠵᠡᠷᠭᠡ ᠵᠢᠨ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠳᠤ ᠪᠣᠯ ᠂ ᠲᠥᠬᠦᠭᠡᠷᠦᠮᠵᠢ ᠵᠢᠨ ᠪᠡᠯᠡ ᠣᠷᠣᠭᠤᠯᠤᠭᠰᠠᠨ ᠶᠡᠷᠦᠩᠬᠡᠢ ᠲᠣᠭ᠋ᠠᠨ᠎ᠤ 10%᠎ᠪᠠᠷ ᠬᠠᠮᠤᠭ᠎ᠤᠨ ᠥᠨᠳᠥᠷ᠎ᠲᠤ᠎ᠪᠠᠨ 5000 ᠲᠦᠮᠡᠨ ᠲᠥᠭᠥᠷᠢᠭ᠎ᠤᠨ ᠨᠥᠬᠥᠪᠦᠷᠢ ᠣᠯᠭᠣᠨ᠎ᠠ ᠃ (ᠥᠪᠥᠷ ᠵᠠᠰᠠᠭ ᠠᠯᠪᠠᠨ ᠲᠠᠷᠬᠠᠭ᠋ᠠᠭᠰᠠᠨ [2023 ] 58 ᠳ᠋ᠤᠭ᠋ᠠᠷ ᠲᠣᠭ᠋ᠠᠲᠤ ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠬᠠᠷᠢᠭᠤᠴᠠᠨ᠎ᠠ )
11. ᠣᠷᠣᠨ ᠨᠤᠲᠤᠭ᠎ᠤᠨ ᠣᠨᠴᠠᠯᠢᠭᠲᠤ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ᠎ᠤ ᠠᠵᠤ ᠦᠢ᠍ᠯᠡᠰ᠎ᠤᠨ ᠳᠡᠰ ᠳᠡᠪᠰᠢᠬᠦ ᠵᠢ ᠵᠣᠷᠢᠭᠵᠢᠭᠤᠯᠵᠤ ᠂ ᠵᠢᠵᠢᠭ ᠬᠡᠯᠪᠡᠷᠢ ᠵᠢᠨ ᠦᠢ᠍ᠯᠡᠳᠪᠦᠷᠢᠯᠡᠯ᠎ᠤᠨ ᠦᠢ᠍ᠯᠡᠳᠬᠡᠯ᠎ᠤᠨ ᠭᠠᠵᠠᠷ ᠪᠠᠢ᠌ᠭᠰᠠᠨ᠎ᠠᠴᠠ᠎ᠪᠠᠨ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ ᠪᠣᠯᠵᠤ ᠳᠡᠰ ᠳᠡᠪᠰᠢᠭᠰᠡᠨ ᠪᠠᠢ᠌ᠪᠠᠯ ᠂ ᠨᠢᠭᠡ ᠯᠡ ᠤᠳᠠᠭ᠎ᠠ᠎ᠳᠤ 50 ᠲᠦᠮᠡᠨ ᠲᠥᠭᠥᠷᠢᠭ ᠵᠶ᠋ᠠᠷ ᠱᠠᠩᠨᠠᠨ ᠬᠥᠬᠢᠭᠦᠯᠦᠨ᠎ᠡ ᠃ ᠣᠷᠣᠨ ᠨᠤᠲᠤᠭ᠎ᠤᠨ ᠣᠨᠴᠠᠯᠢᠭᠲᠤ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ᠎ᠤ ᠵᠢᠵᠢᠭ ᠬᠡᠯᠪᠡᠷᠢ ᠵᠢᠨ ᠦᠢ᠍ᠯᠡᠳᠪᠦᠷᠢᠯᠡᠯ᠎ᠤᠨ ᠦᠢ᠍ᠯᠡᠳᠬᠡᠯ᠎ᠤᠨ ᠭᠠᠵᠠᠷ ᠪᠠ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠢ ᠳᠡᠮᠵᠢᠵᠦ ᠪᠠᠢ᠌ᠭ᠋ᠠᠳ ᠢᠳᠡᠭᠡᠨ᠎ᠤ ᠵᠦᠢ᠍ᠯ᠎ᠤᠨ ᠬᠦᠷᠢᠶᠡᠯᠡᠩ ᠲᠣᠭᠣᠷᠢᠭ ᠲᠡᠢ᠌ᠰᠢ ᠲᠥᠪᠯᠡᠷᠡᠭᠦᠯᠦᠨ ᠂ ᠬᠡᠪᠴᠢᠶᠡᠵᠢᠭᠦᠯᠦᠨ ᠡᠵᠡᠩᠨᠡᠬᠦ ᠂ ᠨᠢᠭᠡᠳᠦᠯᠲᠡᠢ ᠬᠠᠮᠢᠶᠠᠷᠬᠤ ᠵᠢ ᠪᠡᠶᠡᠯᠡᠭᠦᠯᠦᠨ᠎ᠡ ᠃ ᠣᠷᠣᠨ ᠨᠤᠲᠤᠭ᠎ᠤᠨ ᠣᠨᠴᠠᠯᠢᠭᠲᠤ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ᠎ᠤ ᠵᠢᠵᠢᠭ ᠬᠡᠯᠪᠡᠷᠢ ᠵᠢᠨ ᠦᠢ᠍ᠯᠡᠳᠪᠦᠷᠢᠯᠡᠯ᠎ᠤᠨ ᠦᠢ᠍ᠯᠡᠳᠬᠡᠯ᠎ᠤᠨ ᠭᠠᠵᠠᠷ᠎ᠤᠨ᠎ᠬᠢᠨ᠎ᠤ ᠬᠦᠷᠢᠶᠡᠯᠡᠩ ᠲᠣᠭᠣᠷᠢᠭ᠎ᠲᠤ ᠰᠠᠭᠤᠷᠢᠰᠢᠬᠤ᠎ᠳᠤ ᠨᠢᠭᠡ ᠯᠡ ᠤᠳᠠᠭ᠎ᠠ᠎ᠳᠤ 10 ᠲᠦᠮᠡᠨ ᠲᠥᠭᠥᠷᠢᠭ ᠵᠶ᠋ᠠᠷ ᠱᠠᠩᠨᠠᠨ ᠬᠥᠬᠢᠭᠦᠯᠵᠦ ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠬᠦᠷᠢᠶᠡᠯᠡᠩ ᠲᠣᠭᠣᠷᠢᠭ᠎ᠲᠤ ᠰᠠᠭᠤᠷᠢᠰᠢᠬᠤ᠎ᠳᠤ ᠨᠢᠭᠡ ᠯᠡ ᠤᠳᠠᠭ᠎ᠠ᠎ᠳᠤ 50 ᠲᠦᠮᠡᠨ ᠲᠥᠭᠥᠷᠢᠭ ᠵᠶ᠋ᠠᠷ ᠱᠠᠩᠨᠠᠨ ᠬᠥᠬᠢᠭᠦᠯᠦᠨ᠎ᠡ ᠃ (ᠥᠪᠥᠷ ᠵᠠᠰᠠᠭ ᠠᠯᠪᠠᠨ ᠲᠠᠷᠬᠠᠭ᠋ᠠᠭᠰᠠᠨ [2023 ] 58 ᠳ᠋ᠤᠭ᠋ᠠᠷ ᠲᠣᠭ᠋ᠠᠲᠤ ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )
12. ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠪᠢᠰᠢᠯᠠᠭ ᠦᠢ᠍ᠯᠡᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠳᠡᠮᠵᠢᠵᠦ ᠂ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠲᠦᠭᠦᠬᠡᠢ ᠰᠦ ᠬᠡᠷᠡᠭᠯᠡᠵᠦ ᠪᠠᠢ᠌ᠭ᠋ᠠᠳ ᠪᠠᠢ᠌ᠭ᠋ᠠᠯᠢᠯᠢᠭ ᠪᠢᠰᠢᠯᠠᠭ ᠡᠳ᠋ᠰᠢᠭᠦᠯᠦᠨ ᠪᠣᠯᠪᠠᠰᠤᠷᠠᠭᠤᠯᠤᠭᠰᠠᠨ ᠪᠠᠢ᠌ᠪᠠᠯ ᠂ ᠳᠡᠭᠡᠷ᠎ᠡ ᠨᠢᠭᠡ ᠵᠢᠯ᠎ᠤᠨ ᠲᠦᠭᠦᠬᠡᠢ ᠰᠦ ᠬᠡᠷᠡᠭᠯᠡᠵᠦ ᠪᠠᠢ᠌ᠭ᠋ᠠᠯᠢᠯᠢᠭ ᠪᠢᠰᠢᠯᠠᠭ ᠡᠳ᠋ᠰᠢᠭᠦᠯᠦᠨ ᠪᠣᠯᠪᠠᠰᠤᠷᠠᠭᠤᠯᠤᠭᠰᠠᠨ ᠬᠡᠮᠵᠢᠶ᠎ᠡ᠎ᠪᠠᠷ ᠰᠠᠭᠤᠷᠢ ᠲᠣᠭ᠎ᠠ ᠪᠣᠯᠭ᠋ᠠᠵᠤ ᠂ 1 ᠲᠣᠨ ᠨᠡᠮᠡᠭᠳᠡᠬᠦ ᠪᠦᠷᠢ 2000 ᠲᠥᠭᠥᠷᠢᠭ᠎ᠤᠨ ᠨᠡᠮᠡᠭᠦᠷᠢ ᠣᠯᠭᠣᠨ᠎ᠠ ᠃ (ᠥᠪᠥᠷ ᠵᠠᠰᠠᠭ ᠠᠯᠪᠠᠨ ᠲᠠᠷᠬᠠᠭ᠋ᠠᠭᠰᠠᠨ [2023 ] 58 ᠳ᠋ᠤᠭ᠋ᠠᠷ ᠲᠣᠭ᠋ᠠᠲᠤ ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠬᠠᠷᠢᠭᠤᠴᠠᠨ᠎ᠠ )
13. ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠡᠳ᠋ᠰᠢᠭᠦᠯᠦᠨ ᠪᠤᠯᠪᠠᠰᠤᠷᠠᠭᠤᠯᠬᠤ ᠬᠡᠮᠵᠢᠶ᠎ᠡ᠎ᠪᠠᠨ ᠨᠡᠮᠡᠭᠳᠡᠭᠦᠯᠬᠦ ᠵᠢ ᠳᠡᠮᠵᠢᠵᠦ ᠂ ᠳᠡᠭᠡᠷ᠎ᠡ ᠨᠢᠭᠡ ᠵᠢᠯ᠎ᠤᠨ ᠲᠦᠭᠦᠬᠡᠢ ᠰᠦ ᠬᠡᠷᠡᠭᠯᠡᠵᠦ ᠡᠳ᠋ᠰᠢᠭᠦᠯᠦᠨ ᠪᠣᠯᠪᠠᠰᠤᠷᠠᠭᠤᠯᠤᠭᠰᠠᠨ ᠬᠡᠮᠵᠢᠶ᠎ᠡ᠎ᠪᠠᠷ ᠰᠠᠭᠤᠷᠢ ᠲᠣᠭ᠎ᠠ ᠪᠣᠯᠭ᠋ᠠᠵᠤ ᠂ 1 ᠲᠣᠨ ᠨᠡᠮᠡᠭᠳᠡᠬᠦ ᠪᠦᠷᠢ 200 ᠲᠥᠭᠥᠷᠢᠭ᠎ᠤᠨ ᠨᠡᠮᠡᠭᠦᠷᠢ ᠣᠯᠭᠣᠵᠤ ᠂ ᠥᠪᠡᠷᠲᠡᠭᠡᠨ ᠵᠠᠰᠠᠬᠤ ᠣᠷᠣᠨ ᠂ ᠠᠢ᠌ᠮᠠᠭ ᠬᠤᠲᠠ ᠲᠤᠰ ᠪᠦᠷᠢ 50%᠎ᠪᠠᠷ ᠳᠠᠭ᠋ᠠᠭ᠋ᠠᠨ ᠡᠭᠦᠷᠭᠡᠯᠡᠨ᠎ᠡ ᠃ (ᠥᠪᠥᠷ ᠵᠠᠰᠠᠭ ᠠᠯᠪᠠᠨ ᠲᠠᠷᠬᠠᠭ᠋ᠠᠭᠰᠠᠨ [2023 ] 58 ᠳ᠋ᠤᠭ᠋ᠠᠷ ᠲᠣᠭ᠋ᠠᠲᠤ ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠬᠠᠷᠢᠭᠤᠴᠠᠨ᠎ᠠ )
14. ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠵᠠᠬᠢᠶᠠᠯᠠᠭ᠎ᠠ ᠵᠢᠨ ᠬᠠᠭᠤᠳᠠᠰᠤᠨ᠎ᠳᠤ ᠨᠡᠮᠡᠭᠦᠷᠢ ᠣᠯᠭᠣᠬᠤ ᠵᠢ ᠳᠡᠮᠵᠢᠨ᠎ᠡ ᠃ ᠥᠪᠡᠷᠲᠡᠭᠡᠨ ᠵᠠᠰᠠᠬᠤ ᠣᠷᠣᠨ᠎ᠤ ᠲᠥᠮᠥᠰᠥᠨ᠎ᠤ ᠠᠵᠤ ᠠᠬᠤᠢ᠌ᠯᠠᠯ ᠬᠢᠭᠡᠳ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠲᠠᠷᠢᠮᠠᠯ᠎ᠤᠨ ᠡᠷᠦᠬᠡ᠎ᠲᠠᠢ ᠲᠣᠭᠲᠠᠪᠤᠷᠢᠲᠠᠢ ᠠᠰᠢᠭ ᠲᠤᠰᠠ ᠬᠣᠯᠪᠣᠭᠳᠠᠭᠤᠯᠬᠤ ᠲᠣᠭᠲᠠᠴᠠ ᠪᠠᠢ᠌ᠭᠤᠯᠵᠤ ᠂ ᠪᠠᠷᠢᠮᠵᠢᠶᠠᠵᠢᠭᠤᠯᠤᠨ ᠳᠠᠷᠢᠭᠰᠠᠨ ᠮᠥᠷᠲᠡᠭᠡᠨ ᠬᠦᠴᠦᠨ ᠪᠦᠬᠦᠢ ᠵᠠᠬᠢᠶᠠᠯᠠᠭ᠎ᠠ ᠵᠢᠨ ᠬᠠᠭᠤᠳᠠᠰᠤ ᠵᠢ ᠪᠦᠷᠢᠯᠳᠦᠭᠦᠯᠦᠭᠰᠡᠨ ᠪᠠᠢ᠌ᠪᠠᠯ ᠂ ᠬᠤᠳᠠᠯᠳᠤᠨ ᠠᠪᠬᠤ ᠭᠣᠣᠯ ᠴᠣᠭᠴᠠ᠎ᠳᠤ 20 ᠲᠥᠭᠥᠷᠢᠭ / ᠲᠤᠨ᠎ᠤ ᠨᠡᠮᠡᠭᠦᠷᠢ ᠣᠯᠭᠣᠨ᠎ᠠ ᠃ (ᠥᠪᠥᠷ ᠵᠠᠰᠠᠭ ᠠᠯᠪᠠᠨ ᠲᠠᠷᠬᠠᠭ᠋ᠠᠭᠰᠠᠨ [2023 ] 55 ᠳ᠋ᠤᠭ᠋ᠠᠷ ᠲᠣᠭ᠋ᠠᠲᠤ ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠬᠠᠷᠢᠭᠤᠴᠠᠨ᠎ᠠ )
ᠳᠥᠷᠪᠡ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠵᠢ ᠳᠡᠮᠵᠢᠬᠦ ᠲᠦᠷᠦ ᠵᠢᠨ ᠪᠣᠳᠣᠯᠭ᠎ᠠ
15. ᠲᠠᠷᠢᠶᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ ᠬᠥᠭᠵᠢᠭᠦᠯᠬᠦ ᠵᠢ ᠳᠡᠮᠵᠢᠨ᠎ᠡ ᠃ ᠰᠢᠨ᠎ᠡ᠎ᠪᠠᠷ ᠤᠯᠤᠰ᠎ᠤᠨ ᠲᠠᠰ ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ ᠵᠢᠨ ᠲᠥᠪ ᠵᠶ᠋ᠠᠷ ᠮᠠᠭ᠋ᠠᠳᠯᠠᠨ ᠲᠣᠭᠲᠠᠭ᠋ᠠᠭᠳᠠᠭᠰᠠᠨ ᠪᠠᠢ᠌ᠪᠠᠯ ᠂ ᠨᠢᠭᠡ ᠯᠡ ᠤᠳᠠᠭ᠎ᠠ᠎ᠳᠤ ᠲᠣᠰ ᠪᠦᠷᠢ 100 ᠲᠦᠮᠡᠨ ᠲᠥᠭᠥᠷᠢᠭ ᠂ 50 ᠲᠦᠮᠡᠨ ᠲᠥᠭᠥᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠨᠥᠬᠥᠪᠦᠷᠢ ᠣᠯᠭᠣᠨ᠎ᠠ ᠃ (ᠥᠪᠥᠷ ᠵᠠᠰᠠᠭ ᠲᠠᠷᠬᠠᠭ᠋ᠠᠭᠰᠠᠨ [2024 ] 6 ᠳ᠋ᠤᠭ᠋ᠠᠷ ᠲᠣᠭ᠋ᠠᠲᠤ ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠬᠠᠷᠢᠭᠤᠴᠠᠨ᠎ᠠ )
16. ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠢ᠌ᠯᠠᠯ ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠢ ᠪᠣᠢ᠌ᠵᠢᠭᠤᠯᠬᠤ ᠲᠣᠭᠲᠠᠴᠠ᠎ᠪᠠᠨ ᠪᠦᠷᠢᠨᠰᠢᠭᠦᠯᠵᠦ ᠂ ᠰᠢᠨ᠎ᠡ᠎ᠪᠠᠷ ᠮᠠᠭ᠋ᠠᠳᠯᠠᠨ ᠲᠣᠭᠲᠠᠭ᠋ᠠᠭᠳᠠᠭᠰᠠᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠳᠤ 15 ᠲᠦᠮᠡᠨ ᠲᠥᠭᠥᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠨ ᠨᠥᠬᠥᠪᠦᠷᠢᠯᠡᠬᠦ ᠳᠡᠮᠵᠢᠯᠭᠡ ᠦᠵᠡᠭᠦᠯᠦᠨ᠎ᠡ ᠃ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯᠯᠠᠭ᠋ᠠᠨ᠎ᠢ ᠬᠡᠷᠡᠭᠵᠢᠭᠦᠯᠵᠦ ᠂ ᠦᠢ᠍ᠯᠡᠴᠢᠯᠡᠭᠡᠨ᠎ᠤ ᠠᠵᠢᠯ᠎ᠤᠨ ᠠᠮᠵᠢᠯᠲᠠ ᠪᠦᠲᠦᠮᠵᠢ᠎ᠪᠠᠷ ᠲᠣᠪᠣᠢ᠌ᠮ᠎ᠠ ᠣᠨᠴᠠ ᠲᠣᠮᠢᠯᠠᠭᠳᠠᠭᠰᠠᠳ᠎ᠢ ᠱᠠᠩᠨᠠᠨ ᠬᠥᠬᠢᠭᠦᠯᠦᠨ᠎ᠡ ᠃ (ᠥᠪᠥᠷ ᠰᠢᠨᠵᠢᠯᠡᠬᠦ ᠲᠠᠷᠬᠠᠭ᠋ᠠᠭᠰᠠᠨ [2024 ] 80 ᠳ᠋ᠤᠭ᠋ᠠᠷ ᠲᠣᠭ᠋ᠠᠲᠤ ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠬᠠᠷᠢᠭᠤᠴᠠᠨ᠎ᠠ )
ᠲᠠᠪᠤ ᠂ ᠠᠵᠤ ᠠᠬᠤᠢ᠌ᠯᠠᠯ᠎ᠢ ᠳᠡᠮᠵᠢᠬᠦ ᠭᠠᠢ᠌ᠯᠢ ᠲᠠᠲᠠᠪᠤᠷᠢ ᠵᠢᠨ ᠲᠦᠷᠦ ᠵᠢᠨ ᠪᠣᠳᠣᠯᠭ᠎ᠠ
17. ᠨᠥᠬᠥᠴᠡᠯ᠎ᠳᠤ ᠨᠡᠢ᠌ᠴᠡᠬᠦ ᠵᠢᠵᠢᠭ ᠬᠡᠯᠪᠡᠷᠢ ᠪᠦᠬᠦᠢ ᠪᠠᠭ᠎ᠠ ᠠᠰᠢᠭ ᠣᠯᠵᠠᠪᠤᠷᠢ᠎ᠲᠠᠢ ᠠᠵᠤ ᠠᠬᠤᠢ᠌ᠯᠠᠯ᠎ᠠᠴᠠ ᠠᠰᠢᠭ ᠣᠷᠤᠯᠭ᠎ᠠ ᠵᠢᠨ ᠭᠠᠢ᠌ᠯᠢ ᠵᠢᠨ ᠣᠷᠣᠨ ᠨᠤᠲᠤᠭ᠎ᠤᠨ ᠬᠤᠪᠢᠳᠠᠨ ᠭᠦᠷᠲᠡᠬᠦ ᠬᠡᠰᠡᠭ᠎ᠢ᠎ᠨᠢ ᠬᠠᠰᠤᠵᠤ ᠬᠡᠯᠲᠦᠷᠢᠭᠦᠯᠬᠦ ᠵᠢ ᠳᠡᠮᠵᠢᠨ᠎ᠡ ᠃ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠂ ᠣᠨ᠎ᠤ ᠭᠠᠢ᠌ᠯᠢ ᠲᠤᠰᠢᠶᠠᠬᠤ ᠶᠣᠰᠣᠲᠠᠢ ᠠᠰᠢᠭ ᠣᠷᠤᠯᠭ᠎ᠠ ᠵᠢᠨ ᠲᠣᠭ᠎ᠠ᠎ᠨᠢ 100 ᠲᠦᠮᠡᠨ ᠲᠥᠭᠥᠷᠢᠭ᠎ᠠᠴᠠ ᠳᠣᠣᠷ᠎ᠠ (100 ᠲᠦᠮᠡᠨ ᠲᠥᠭᠥᠷᠢᠭ᠎ᠢ ᠪᠠᠭᠲᠠᠭ᠋ᠠᠨ᠎ᠠ ) ᠵᠢᠵᠢᠭ ᠬᠡᠯᠪᠡᠷᠢ ᠪᠦᠬᠦᠢ ᠪᠠᠭ᠎ᠠ ᠠᠰᠢᠭ ᠣᠯᠵᠠᠪᠤᠷᠢ᠎ᠲᠠᠢ ᠠᠵᠤ ᠠᠬᠤᠢ᠌ᠯᠠᠯ᠎ᠠᠴᠠ ᠠᠵᠤ ᠠᠬᠤᠢ᠌ᠯᠠᠯ᠎ᠤᠨ ᠠᠰᠢᠭ ᠣᠷᠤᠯᠭ᠎ᠠ ᠵᠢᠨ ᠭᠠᠢ᠌ᠯᠢ ᠵᠢᠨ ᠣᠷᠣᠨ ᠨᠤᠲᠤᠭ᠎ᠤᠨ ᠬᠤᠪᠢᠳᠠᠨ ᠭᠦᠷᠲᠡᠬᠦ ᠬᠡᠰᠡᠭ᠎ᠢ᠎ᠨᠢ ᠬᠠᠰᠤᠵᠤ ᠬᠡᠯᠲᠦᠷᠢᠭᠦᠯᠦᠨ᠎ᠡ ᠃ (ᠥᠪᠥᠷ ᠨᠠᠮ ᠲᠠᠷᠬᠠᠭ᠋ᠠᠭᠰᠠᠨ [2022 ] 24 ᠳ᠋ᠦ᠍ᠭᠡᠷ ᠲᠣᠭ᠋ᠠᠲᠤ ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠬᠠᠷᠢᠭᠤᠴᠠᠨ᠎ᠠ )
18. ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠭᠠᠢ᠌ᠯᠢ᠎ᠠᠴᠠ ᠡᠮᠦᠨᠡᠬᠢ ᠨᠡᠮᠡᠯᠲᠡ ᠪᠣᠳᠣᠯᠲᠠ ᠵᠢ ᠰᠠᠭᠤᠯᠭ᠋ᠠᠨ ᠠᠪᠬᠤ ᠵᠢ ᠳᠡᠮᠵᠢᠨ᠎ᠡ ᠃ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠶᠠᠪᠤᠴᠠ᠎ᠳᠤ ᠪᠣᠳᠠᠲᠠᠢ ᠡᠭᠦᠰᠦᠭᠰᠡᠨ ᠰᠤᠳᠤᠯᠤᠨ ᠨᠡᠭᠡᠭᠡᠬᠦ ᠵᠠᠷᠤᠳᠠᠯ᠎ᠢ ᠪᠣᠯ ᠪᠣᠳᠠᠰᠯᠢᠭ ᠪᠤᠰᠤ ᠬᠥᠷᠥᠩᠭᠡ ᠪᠣᠯᠵᠤ ᠪᠦᠷᠢᠯᠳᠦᠭᠰᠡᠨ ᠦᠭᠡᠢ᠎ᠪᠠᠷ ᠲᠣᠰ ᠬᠤᠭᠤᠴᠠᠭ᠋ᠠᠨ᠎ᠤ ᠬᠣᠷᠣᠭᠳᠠᠯ ᠪᠠ ᠣᠯᠵᠠᠪᠤᠷᠢ᠎ᠳᠤ ᠪᠤᠳᠤᠵᠤ ᠣᠷᠣᠭᠤᠯᠤᠭᠰᠠᠨ ᠪᠠᠢ᠌ᠪᠠᠯ ᠂ ᠲᠣᠭᠲᠠᠭ᠋ᠠᠯ ᠶᠣᠰᠣᠭ᠋ᠠᠷ ᠦᠨᠡᠨ ᠵᠶ᠋ᠡᠷ᠎ᠨᠢ ᠰᠠᠭᠤᠯᠭ᠋ᠠᠨ ᠠᠪᠤᠭᠰᠠᠨ ᠰᠠᠭᠤᠷᠢᠨ ᠳᠡᠭᠡᠷ᠎ᠡ ᠂ 2023 ᠣᠨ᠎ᠤ 1 ᠳ᠋ᠦ᠍ᠭᠡᠷ ᠰᠠᠷ᠎ᠠ ᠵᠢᠨ1᠎ᠤ ᠡᠳᠦᠷ᠎ᠠᠴᠠ ᠡᠬᠢᠯᠡᠨ ᠂ ᠳᠠᠬᠢᠵᠦ ᠪᠣᠳᠠᠲᠠᠢ ᠡᠭᠦᠰᠦᠭᠰᠡᠨ ᠲᠣᠭ᠋ᠠᠨ᠎ᠤ 100%᠎ᠪᠠᠷ ᠭᠠᠢ᠌ᠯᠢ᠎ᠠᠴᠠ ᠡᠮᠦᠨᠡᠬᠢ ᠨᠡᠮᠡᠯᠲᠡ ᠪᠣᠳᠣᠯᠲᠠ ᠵᠢ ᠰᠠᠭᠤᠯᠭ᠋ᠠᠨ ᠠᠪᠤᠨ᠎ᠠ; ᠪᠣᠳᠠᠰᠯᠢᠭ ᠪᠤᠰᠤ ᠬᠥᠷᠥᠩᠭᠡ ᠪᠣᠯᠵᠤ ᠪᠦᠷᠢᠯᠳᠦᠭᠰᠡᠨ ᠪᠠᠢ᠌ᠪᠠᠯ ᠂ 2023 ᠣᠨ᠎ᠤ 1 ᠳ᠋ᠦ᠍ᠭᠡᠷ ᠰᠠᠷ᠎ᠠ ᠵᠢᠨ1᠎ᠤ ᠡᠳᠦᠷ᠎ᠠᠴᠠ ᠡᠬᠢᠯᠡᠨ ᠂ ᠪᠣᠳᠠᠰᠯᠢᠭ ᠪᠤᠰᠤ ᠬᠥᠷᠥᠩᠭᠡ ᠵᠢᠨ ᠥᠪᠡᠷ᠎ᠤᠨ ᠥᠷᠲᠡᠭ᠎ᠤᠨ 200%᠎ᠪᠠᠷ ᠭᠠᠢ᠌ᠯᠢ ᠲᠤᠰᠢᠶᠠᠬᠤ᠎ᠠᠴᠠ ᠡᠮᠦᠨ᠎ᠡ ᠲᠡᠰᠬᠡᠨ ᠪᠣᠷᠣᠯᠠᠭᠤᠯᠤᠨ᠎ᠠ ᠃ [《ᠰᠤᠳᠤᠯᠤᠨ ᠨᠡᠭᠡᠭᠡᠬᠦ ᠵᠠᠷᠤᠳᠠᠯ᠎ᠤᠨ ᠭᠠᠢ᠌ᠯᠢ᠎ᠠᠴᠠ ᠡᠮᠦᠨᠡᠬᠢ ᠨᠡᠮᠡᠯᠲᠡ ᠪᠣᠳᠣᠯᠲᠠ ᠵᠢ ᠰᠠᠭᠤᠯᠭ᠋ᠠᠨ ᠠᠪᠬᠤ ᠲᠦᠷᠦ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠡᠳ᠋᠎ᠤᠨ ᠵᠠᠰᠠᠭ᠎ᠤᠨ ᠶᠠᠮᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶᠠᠨ᠎ᠤ ᠠᠯᠪᠠᠨ ᠵᠠᠷ 》 (ᠡᠳ᠋᠎ᠤᠨ ᠵᠠᠰᠠᠭ᠎ᠤᠨ ᠶᠠᠮᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶᠠᠨ᠎ᠤ ᠠᠯᠪᠠᠨ ᠵᠠᠷ 2023 ᠣᠨ᠎ᠤ 7 ᠳ᠋ᠤᠭ᠋ᠠᠷ ᠲᠣᠭ᠋ᠠᠲᠤ )᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠬᠠᠷᠢᠭᠤᠴᠠᠨ᠎ᠠ ]
19. ᠤᠯᠤᠰ᠎ᠠᠴᠠ ᠭᠣᠣᠯᠳᠠᠯᠭ᠎ᠠ᠎ᠲᠠᠢ ᠲᠡᠳᠬᠦᠬᠦ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠠᠴᠠ 15% ᠵᠢᠨ ᠭᠠᠢ᠌ᠯᠢ ᠵᠢᠨ ᠨᠣᠷᠮ᠎ᠠ᠎ᠪᠠᠷ ᠠᠵᠤ ᠠᠬᠤᠢ᠌ᠯᠠᠯ᠎ᠤᠨ ᠠᠰᠢᠭ ᠣᠷᠣᠯᠭ᠎ᠠ ᠵᠢᠨ ᠭᠠᠢ᠌ᠯᠢ ᠵᠢ ᠬᠥᠩᠭᠡᠯᠡᠨ ᠲᠠᠲᠠᠪᠤᠷᠢᠯᠠᠨ᠎ᠠ ᠃ (《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠵᠤ ᠠᠬᠤᠢ᠌ᠯᠠᠯ᠎ᠤᠨ ᠠᠰᠢᠭ ᠣᠷᠤᠯᠭ᠎ᠠ ᠵᠢᠨ ᠭᠠᠢ᠌ᠯᠢ ᠵᠢᠨ ᠬᠠᠤᠯᠢ 》 ᠵᠢᠨ ᠬᠣᠷᠢᠨ ᠨᠠᠢ᠍ᠮᠠᠳᠤᠭ᠋ᠠᠷ ᠵᠦᠢ᠍ᠯ᠎ᠤᠨ ᠬᠣᠶᠠᠳᠤᠭ᠋ᠠᠷ ᠵᠤᠷᠪᠤᠰ ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠬᠠᠷᠢᠭᠤᠴᠠᠨ᠎ᠠ )
20. ᠡᠯ᠎ᠡ ᠭᠠᠵᠠᠷ᠎ᠤᠨ᠎ᠬᠢᠨ ᠬᠠᠤᠯᠢ ᠶᠣᠰᠣᠭ᠋ᠠᠷ ᠦᠨᠡᠨ ᠬᠦ᠌ ᠬᠦᠴᠢᠷᠳᠡᠯᠲᠡᠢ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠠᠴᠠ ᠬᠣᠲᠠ ᠪᠠᠯᠭ᠋ᠠᠰᠤᠨ᠎ᠤ ᠭᠠᠵᠠᠷ ᠰᠢᠷᠣᠢ ᠬᠡᠷᠡᠭᠯᠡᠬᠦ ᠭᠠᠢ᠌ᠯᠢ ᠵᠢ ᠬᠠᠰᠤᠵᠤ ᠬᠡᠯᠲᠦᠷᠢᠭᠦᠯᠦᠨ᠎ᠡ ᠃ ᠬᠣᠲᠠ ᠪᠠᠯᠭ᠋ᠠᠰᠤᠨ᠎ᠤ ᠭᠠᠵᠠᠷ ᠰᠢᠷᠣᠢ ᠬᠡᠷᠡᠭᠯᠡᠬᠦ ᠭᠠᠢ᠌ᠯᠢ ᠵᠢ ᠬᠠᠰᠤᠵᠤ ᠬᠡᠯᠲᠦᠷᠢᠭᠦᠯᠬᠦ᠎ᠪᠠᠷ ᠭᠤᠶᠤᠴᠢᠯᠠᠬᠤ᠎ᠳᠤ ᠂ ᠡᠷᠬᠡᠪᠰᠢ ᠳᠣᠣᠷᠠᠬᠢ ᠪᠠᠢ᠌ᠳᠠᠯ᠎ᠤᠨ ᠨᠢᠭᠡ᠎ᠳᠤ ᠨᠢ ᠨᠡᠢ᠌ᠴᠡᠬᠦ ᠬᠡᠷᠡᠭᠲᠡᠢ ᠄ ᠪᠠᠢ᠌ᠭ᠋ᠠᠯᠢ ᠵᠢᠨ ᠭᠠᠮᠰᠢᠭ ᠪᠤᠶᠤ ᠰᠠᠨᠠᠭ᠋ᠠᠨ᠎ᠳᠤ ᠦᠭᠡᠢ ᠭᠡᠨᠡᠳᠡᠯ ᠵᠡᠷᠭᠡ ᠰᠢᠯᠲᠠᠭ᠋ᠠᠨ᠎ᠠᠴᠠ ᠪᠣᠯᠵᠤ ᠬᠦᠨᠳᠦ ᠶᠡᠬᠡ ᠠᠵᠤ ᠠᠬᠤᠢ ᠵᠢᠨ ᠬᠣᠬᠢᠷᠠᠯ᠎ᠳᠤ ᠤᠴᠠᠷᠠᠵᠤ ᠂ ᠬᠣᠲᠠ ᠪᠠᠯᠭ᠋ᠠᠰᠤᠨ᠎ᠤ ᠭᠠᠵᠠᠷ ᠰᠢᠷᠣᠢ ᠬᠡᠷᠡᠭᠯᠡᠬᠦ ᠭᠠᠢ᠌ᠯᠢ ᠵᠢ ᠲᠤᠰᠢᠶᠠᠬᠤ᠎ᠳᠤ ᠦᠨᠡᠨ ᠬᠦ᠌ ᠬᠦᠴᠢᠷᠳᠡᠯᠲᠡᠢ᠎ᠲᠠᠢ ᠪᠠᠢ᠌ᠬᠤ; ᠭᠣᠣᠯ ᠡᠵᠡᠩᠨᠡᠯᠲᠡ ᠵᠢᠨ ᠲᠥᠷᠥᠯ ᠵᠦᠢ᠍ᠯ᠎ᠨᠢ 《ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠵᠢᠯᠤᠭᠣᠳᠬᠤ ᠭᠠᠷᠴᠠᠭ 》᠎ᠲᠤ ᠵᠢᠭᠰᠠᠭ᠋ᠠᠵᠤ ᠲᠣᠳᠣᠷᠬᠠᠢ᠌ᠯᠠᠭᠰᠠᠨ ᠵᠣᠷᠢᠭᠵᠢᠭᠤᠯᠬᠤ ᠲᠥᠷᠥᠯ᠎ᠤᠨ ᠠᠵᠢᠯ ᠲᠥᠷᠥᠯ᠎ᠳᠤ ᠬᠠᠷᠢᠶᠠᠯᠠᠭᠳᠠᠵᠤ ᠂ ᠲᠡᠷᠡ ᠮᠥᠷᠲᠡᠭᠡᠨ ᠭᠠᠢ᠌ᠯᠢ ᠲᠤᠰᠢᠶᠠᠭᠴᠢ᠎ᠨᠢ ᠳᠠᠷᠠᠭ᠋ᠠᠯᠠᠨ ᠭᠤᠷᠪᠠᠨ ᠵᠢᠯ ( ᠪᠠᠭᠲᠠᠨ᠎ᠠ )᠎ᠠᠴᠠ ᠳᠡᠭᠡᠭᠰᠢ ᠠᠯᠳᠠᠭᠳᠠᠯ᠎ᠲᠠᠢ ᠪᠠᠢ᠌ᠬᠤ; ᠨᠡᠢ᠌ᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠠᠵᠢᠯ ᠦᠢ᠍ᠯᠡᠰ ᠡᠷᠭᠢᠯᠡᠬᠦ ᠪᠤᠶᠤ ᠵᠠᠰᠠᠭ᠎ᠤᠨ ᠣᠷᠳᠣᠨ᠎ᠤ ᠡᠭᠦᠷᠭᠡ ᠵᠢ ᠳᠠᠭ᠋ᠠᠭ᠋ᠠᠨ ᠡᠭᠦᠷᠭᠡᠯᠡᠭᠰᠡᠨ᠎ᠠᠴᠠ ᠪᠣᠯᠵᠤ ᠂ ᠭᠠᠢ᠌ᠯᠢ ᠲᠤᠰᠢᠶᠠᠭᠴᠢ᠎ᠨᠢ ᠳᠠᠷᠠᠭ᠋ᠠᠯᠠᠨ ᠭᠤᠷᠪᠠᠨ ᠵᠢᠯ (ᠪᠠᠭᠲᠠᠨ᠎ᠠ )᠎ᠠᠴᠠ ᠳᠡᠭᠡᠭᠰᠢ ᠠᠯᠳᠠᠭᠳᠠᠯ᠎ᠲᠠᠢ ᠪᠠᠢ᠌ᠬᠤ; ᠵᠠᠰᠠᠭ᠎ᠤᠨ ᠣᠷᠳᠣᠨ᠎ᠤ ᠡᠭᠦᠷᠭᠡ ᠵᠢ ᠳᠠᠭ᠋ᠠᠭ᠋ᠠᠨ ᠡᠭᠦᠬᠡᠯᠡᠬᠦ ᠭᠡᠳᠡᠭ᠎ᠨᠢ ᠭᠠᠢ᠌ᠯᠢ ᠲᠤᠰᠢᠶᠠᠭᠴᠢ ᠵᠠᠰᠠᠭ᠎ᠤᠨ ᠣᠷᠳᠣᠨ᠎ᠤ ᠵᠢᠭ᠋ᠠᠪᠤᠷᠢ ᠵᠢᠨ ᠴᠢᠨᠠᠷᠲᠠᠢ ᠱᠠᠭ᠋ᠠᠷᠳᠠᠯᠭ᠎ᠠ ᠵᠢ ᠦᠨᠳᠦᠰᠦᠯᠡᠨ ᠂ ᠵᠠᠰᠠᠭ᠎ᠤᠨ ᠣᠷᠳᠣᠨ ᠪᠤᠶᠤ ᠨᠡᠢ᠌ᠭᠡᠮ ᠨᠡᠢ᠌ᠲᠡ᠎ᠳᠤ ᠦᠢ᠍ᠯᠡᠴᠢᠯᠡᠭᠡ ᠬᠠᠩᠭ᠋ᠠᠬᠤ ᠵᠢ ᠵᠢᠭ᠋ᠠᠵᠤ ᠪᠣᠢ ᠂ ᠭᠡᠪᠡᠴᠦ ᠣᠯᠣᠭᠰᠠᠨ ᠡᠳ᠋᠎ᠤᠨ ᠵᠠᠰᠠᠭ᠎ᠤᠨ ᠰᠠᠯᠭ᠋ᠠᠵᠤ ᠥᠭᠭᠦᠭᠰᠡᠨ ᠵᠣᠭᠣᠰ ᠂ ᠵᠠᠰᠠᠭ᠎ᠤᠨ ᠣᠷᠳᠣᠨ᠎ᠤ ᠨᠥᠬᠥᠪᠦᠷᠢ ᠵᠡᠷᠭᠡ ᠡᠯ᠎ᠡ ᠵᠦᠢ᠍ᠯ᠎ᠤᠨ ᠣᠷᠣᠯᠭ᠎ᠠ᠎ᠨᠢ ᠲᠡᠭᠦᠨ᠎ᠤ ᠭᠠᠷᠭ᠋ᠠᠭᠰᠠᠨ ᠥᠪᠡᠷ᠎ᠤᠨ ᠥᠷᠲᠡᠭ᠎ᠠᠴᠠ᠎ᠨᠢ ᠳᠣᠣᠷ᠎ᠠ ᠪᠠᠢ᠌ᠬᠤ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠳᠣᠷᠬᠠᠢ ᠲᠣᠭᠲᠠᠭ᠋ᠠᠭ᠋ᠠᠳ ᠲᠡᠳᠬᠦᠵᠦ ᠪᠠᠢ᠌ᠭ᠎ᠠ ᠬᠦᠴᠢᠷᠳᠡᠯᠲᠡᠢ ᠠᠵᠢᠯ ᠲᠥᠷᠥᠯ᠎ᠳᠤ ᠬᠠᠷᠢᠶᠠᠯᠠᠭᠳᠠᠬᠤ ᠮᠥᠷᠲᠡᠭᠡᠨ ᠭᠠᠢ᠌ᠯᠢ ᠲᠤᠰᠢᠶᠠᠭᠴᠢ᠎ᠨᠢ ᠳᠠᠷᠠᠭ᠋ᠠᠯᠠᠨ ᠭᠤᠷᠪᠠᠨ ᠵᠢᠯ ( ᠪᠠᠭᠲᠠᠨ᠎ᠠ )᠎ᠠᠴᠠ ᠳᠡᠭᠡᠭᠰᠢᠬᠢ ᠠᠯᠳᠠᠭᠳᠠᠯ᠎ᠲᠠᠢ ᠠᠵᠤ ᠠᠬᠤᠢ᠌ᠯᠠᠯ ᠃ [《2021 ᠣᠨ᠎ᠤ ᠬᠤᠪᠢ ᠬᠥᠮᠥᠨ᠎ᠤ ᠠᠰᠢᠭ ᠣᠷᠣᠯᠭ᠎ᠠ ᠵᠢᠨ ᠭᠠᠢ᠌ᠯᠢ ᠵᠢᠨ ᠶᠡᠷᠦᠩᠬᠡᠢ᠌ᠯᠡᠭᠰᠡᠨ ᠠᠰᠢᠭ ᠣᠷᠣᠯᠭ᠎ᠠ ᠵᠢ ᠬᠤᠷᠢᠶᠠᠩᠭᠤᠢ᠌ᠯᠠᠨ ᠪᠤᠳᠤᠵᠤ ᠢᠯᠭ᠋ᠠᠷᠠᠭᠤᠯᠤᠨ ᠲᠤᠰᠢᠶᠠᠬᠤ ᠵᠦᠢ᠍ᠯᠡᠰ᠎ᠢ ᠭᠦᠢ᠍ᠴᠡᠳᠬᠡᠬᠦ ᠲᠤᠬᠠᠢ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶᠠᠨ᠎ᠤ ᠠᠯᠪᠠᠨ ᠵᠠᠷ 》 (ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶᠠᠨ᠎ᠤ ᠠᠯᠪᠠᠨ ᠵᠠᠷ 2022 ᠣᠨ᠎ᠤ 1 ᠳ᠋ᠦ᠍ᠭᠡᠷ ᠲᠣᠭ᠋ᠠᠲᠤ )᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠬᠠᠷᠢᠭᠤᠴᠠᠨ᠎ᠠ ]
ᠳᠡᠭᠡᠷᠡᠬᠢ ᠲᠥᠷᠥ ᠵᠢᠨ ᠪᠣᠳᠣᠯᠭ᠎ᠠ ᠵᠢᠨ ᠲᠣᠳᠣᠷᠬᠠᠢ ᠬᠠᠭᠤᠳᠠᠰᠤ ᠵᠢ ᠴᠥᠮ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠶ᠋ᠠᠷ ᠳᠡᠮᠵᠢᠨ ᠲᠣᠳᠣᠷᠬᠠᠢ ᠲᠣᠭᠲᠠᠭ᠋ᠠᠵᠤ ᠂ ᠬᠡᠷᠪᠡ ᠬᠠᠷᠠᠭ᠋ᠠᠯᠵᠠᠭᠰᠠᠨ ᠪᠢᠴᠢᠭ ᠮᠠᠲ᠋ᠧᠷᠢᠶᠠᠯ᠎ᠳᠤ ᠲᠣᠬᠢᠷᠠᠭᠤᠯᠤᠯᠲᠠ ᠬᠢᠭᠰᠡᠨ ᠪᠠᠢ᠌ᠪᠠᠯ ᠂ ᠬᠠᠮᠤᠭ᠎ᠤᠨ ᠰᠢᠨ᠎ᠡ ᠲᠣᠬᠢᠷᠠᠭᠤᠯᠤᠯᠲᠠ ᠬᠢᠭᠰᠡᠨ ᠪᠠᠢ᠌ᠳᠠᠯ ᠵᠶ᠋ᠠᠷ ᠪᠠᠷᠢᠮᠵᠢᠶ᠎ᠠ ᠪᠣᠯᠭ᠋ᠠᠨ᠎ᠠ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ 2 ᠳ᠋ᠤᠭ᠋ᠠᠷ ᠰᠠᠷ᠎ᠠ ᠵᠢᠨ 14᠎ᠤ ᠡᠳᠦᠷ ᠳᠠᠷᠤᠮᠠᠯᠯᠠᠨ ᠲᠠᠷᠬᠠᠭ᠋ᠠᠪᠠ