ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2025] 10 ᠳ᠋ᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠠᠢ᠌ᠽ ᠡᠪᠡᠳᠴᠢᠨ᠎ᠢ ᠬᠤᠷᠢᠨᠨᠯᠠᠨ ᠵᠤᠨᠨᠰᠤᠭ᠋ᠠᠬᠤ ᠬᠢᠬᠡᠳ ᠰᠡᠷᠭᠡᠢ᠌ᠯᠡᠨ ᠵᠠᠰᠠᠬᠤ
ᠲᠥᠯᠥᠪᠵᠢᠭᠦᠯᠭᠡ (2025 — 2030 ᠣᠨ) ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠢ᠌ᠽ ᠡᠪᠡᠳᠴᠢᠨ᠎ᠢ ᠬᠤᠷᠢᠨᠨᠯᠠᠨ ᠵᠤᠨᠨᠰᠤᠭ᠋ᠠᠬᠤ ᠬᠢᠬᠡᠳ ᠰᠡᠷᠭᠡᠢ᠌ᠯᠡᠨ ᠵᠠᠰᠠᠬᠤ ᠲᠥᠯᠥᠪᠵᠢᠭᠦᠯᠭᠡ (2025 — 2030 ᠣᠨ)》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠶ᠃
2025 ᠣᠨ᠎ᠤ 2 ᠳ᠋ᠤᠭ᠋ᠠᠷ ᠰᠠᠷ᠎ᠠ ᠵᠢᠨ 20᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠢ᠌ᠽ ᠡᠪᠡᠳᠴᠢᠨ᠎ᠢ ᠬᠤᠷᠢᠨᠨᠯᠠᠨ ᠵᠤᠨᠨᠰᠤᠭ᠋ᠠᠬᠤ
ᠬᠢᠬᠡᠳ ᠰᠡᠷᠭᠡᠢ᠌ᠯᠡᠨ ᠵᠠᠰᠠᠬᠤ ᠲᠥᠯᠥᠪᠵᠢᠭᠦᠯᠭᠡ (2025 — 2030 ᠣᠨ)
ᠠᠢ᠌ᠽ ᠡᠪᠡᠳᠴᠢᠨ ᠪᠣᠯ ᠠᠷᠠᠳ ᠤᠯᠠᠨ᠎ᠤ ᠪᠡᠶ᠎ᠡ ᠮᠠᠬᠠᠪᠤᠳ᠎ᠤᠨ ᠡᠷᠡᠭᠦᠯ ᠴᠢᠬᠢᠷᠠᠭ᠎ᠲᠤ ᠬᠦᠨᠳᠦ ᠨᠣᠴᠢᠲᠠᠶ ᠬᠣᠣᠷ ᠬᠥᠨᠥᠭᠡᠯ ᠤᠴᠠᠷᠠᠭᠤᠯᠬᠤ ᠬᠦᠨᠳᠦ ᠶᠡᠬᠡ ᠬᠠᠯᠳᠠᠪᠤᠷᠢᠲᠤ ᠡᠪᠡᠳᠴᠢᠨ ᠮᠥᠨ᠃ 《〈ᠳᠤᠮᠳᠠᠳᠤ ᠤᠯᠤᠰ᠎ᠤᠨ ᠠᠢ᠌ᠽ ᠡᠪᠡᠳᠴᠢᠨ᠎ᠢ ᠬᠤᠷᠢᠨᠨᠯᠠᠨ ᠵᠤᠨᠨᠰᠤᠭ᠋ᠠᠬᠤ ᠪᠠ ᠰᠡᠷᠭᠡᠢ᠌ᠯᠡᠨ ᠵᠠᠰᠠᠬᠤ ᠲᠥᠯᠥᠪᠵᠢᠭᠦᠯᠭᠡ (2024 — 2030 ᠣᠨ)〉 ᠵᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2024] 51 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠤᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠠᠢ᠌ᠽ ᠡᠪᠡᠳᠴᠢᠨ᠎ᠢ ᠰᠡᠷᠭᠡᠢ᠌ᠯᠡᠨ ᠵᠠᠰᠠᠬᠤ ᠠᠵᠢᠯ᠎ᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠴᠢᠬᠢᠷᠠᠭ᠎ᠢ ᠬᠠᠮᠠᠭ᠋ᠠᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠣᠰ ᠲᠥᠯᠥᠪᠵᠢᠭᠦᠯᠭᠡ ᠵᠢ ᠲᠣᠭᠲᠠᠭ᠋ᠠᠪᠠ᠃
ᠨᠢᠭᠡ᠂ ᠰᠡᠷᠭᠡᠶ᠋ᠢᠯᠡᠨ ᠵᠠᠰᠠᠬᠤ ᠬᠠᠷᠠᠯᠲᠠ
ᠴᠢᠰᠤ ᠶᠡᠭᠦᠯᠡᠵᠦ ᠬᠠᠯᠳᠠᠪᠤᠷᠢᠯᠠᠬᠤ ᠵᠢ ᠵᠣᠭᠰᠤᠭ᠋ᠠᠭᠰᠠᠨ ᠪᠠ ᠬᠤᠤᠷᠲᠤ ᠡᠳ᠋ ᠲᠠᠷᠢᠵᠦ ᠬᠠᠯᠳᠠᠪᠤᠷᠢᠯᠠᠬᠤ ᠵᠢ ᠬᠣᠷᠢᠭᠯᠠᠭᠰᠠᠨ ᠦᠷ᠎ᠡ ᠪᠦᠲᠦᠭᠡᠯ ᠵᠶ᠋ᠠᠨ ᠪᠡᠬᠢᠵᠢᠭᠦᠯᠵᠦ᠂ ᠡᠬᠡ ᠨᠢᠯᠬ᠎ᠠ ᠵᠢᠨ ᠬᠠᠯᠳᠠᠪᠤᠷᠢᠯᠠᠭ᠎ᠠ ᠵᠢ ᠠᠷᠢᠯᠭ᠋ᠠᠨ᠂ ᠪᠡᠯᠭᠡ ᠵᠢᠨ ᠬᠠᠯᠳᠠᠪᠤᠷᠢᠯᠠᠭ᠎ᠠ ᠵᠢᠨ ᠨᠡᠮᠡᠭᠳᠡᠬᠦ ᠬᠠᠨᠳᠤᠰᠢ ᠵᠢ ᠤᠯᠠᠮ ᠨᠢᠭᠡ ᠠᠯᠬᠤᠮ ᠬᠤᠷᠢᠨᠨᠯᠠᠨ ᠵᠤᠨᠨᠰᠤᠭ᠋ᠠᠵᠦ᠂ ᠠᠢ᠌ᠽ ᠡᠪᠡᠳᠴᠢᠨ᠎ᠤ ᠰᠢᠨ᠎ᠡ᠎ᠪᠠᠷ ᠡᠭᠦᠰᠴᠤ ᠲᠡᠯᠬᠡᠷᠡᠬᠦ ᠬᠠᠯᠳᠠᠪᠤᠷᠢᠯᠠᠭ᠎ᠠ ᠵᠢ ᠲᠣᠷᠣᠨᠨᠰᠢᠯᠠᠭᠤᠯᠤᠨ᠂ ᠬᠠᠮᠢᠶᠠᠳᠠᠬᠤ ᠦᠬᠦᠵᠦ ᠡᠨᠳᠡᠬᠦ ᠪᠠᠶ᠋ᠢᠳᠠᠯ᠎ᠢ ᠪᠠᠭ᠋ᠠᠰᠬᠠᠵᠤ᠂ ᠪᠦᠬᠦᠢ᠌ᠯᠡ ᠬᠢᠵᠢᠭ᠎ᠤᠨ ᠪᠠᠢ᠌ᠳᠠᠯ᠎ᠢ ᠦᠷᠭᠦᠯᠵᠢᠯᠡᠨ ᠳᠣᠣᠷ᠎ᠠ ᠵᠠᠬ᠎ᠠ ᠵᠢᠨ ᠦᠷᠪᠢᠰᠦᠨ ᠳᠡᠯᠭᠡᠷᠡᠬᠦ ᠬᠡᠮᠵᠢᠶᠡᠨ᠎ᠳᠤ ᠬᠢᠵᠠᠭ᠋ᠠᠷᠯᠠᠨ᠎ᠠ᠃ ᠪᠣᠳᠠᠲᠠᠶ ᠠᠵᠢᠯ᠎ᠤᠨ ᠭᠦᠢ᠍ᠴᠡᠳᠬᠡᠯ ᠲᠣᠭ᠎ᠠ᠎ᠨᠢ ᠳᠣᠤᠷᠠᠬᠢ ᠮᠡᠲᠦ᠄
(ᠨᠢᠭᠡ) ᠨᠡᠢ᠌ᠭᠡᠮ ᠳᠠᠶᠠᠭ᠋ᠠᠷ᠎ᠤᠨ ᠰᠡᠷᠭᠡᠶ᠋ᠢᠯᠡᠨ ᠬᠠᠮᠠᠭ᠋ᠠᠯᠠᠬᠤ ᠤᠬᠠᠮᠰᠠᠷ᠎ᠢ ᠳᠡᠭᠡᠭᠰᠢᠯᠡᠭᠦᠯᠦᠨ᠎ᠡ᠃ 2025 ᠣᠨ᠎ᠳᠤ᠂ ᠰᠠᠭᠤᠭ᠋ᠠᠯᠢ ᠠᠷᠠᠳ᠎ᠤᠨ ᠠᠢ᠌ᠽ ᠡᠪᠡᠳᠴᠢᠨ᠎ᠢ ᠰᠡᠷᠭᠡᠢ᠌ᠯᠡᠨ ᠵᠠᠰᠠᠬᠤ ᠮᠡᠳᠡᠯᠭᠡ ᠵᠢᠨ ᠤᠶ᠋ᠢᠯᠠᠭ᠋ᠠᠨ ᠮᠡᠳᠡᠬᠦ ᠨᠤᠷᠮ᠎ᠠ ᠵᠢ 90%᠎ᠠᠴᠠ ᠳᠡᠭᠡᠭᠰᠢ᠎ᠳᠤ ᠬᠦᠷᠦᠭᠦᠯᠵᠦ᠂ ᠭᠣᠣᠯᠳᠠᠯᠭ᠎ᠠ᠎ᠲᠠᠢ ᠬᠥᠮᠦᠰ ᠵᠢᠴᠢ ᠠᠢ᠌ᠽ ᠡᠪᠡᠳᠴᠢᠨ᠎ᠳᠤ ᠠᠮᠠᠷᠬᠠᠨ ᠬᠠᠯᠳᠠᠪᠤᠷᠢᠯᠠᠭᠳᠠᠬᠤ ᠠᠶᠤᠯᠲᠠᠢ ᠦᠢ᠍ᠯᠡ ᠠᠵᠢᠯᠯᠠᠭ᠎ᠠ᠎ᠲᠠᠢ ᠬᠥᠮᠦᠰ᠎ᠤᠨ ᠰᠡᠷᠭᠡᠢ᠌ᠯᠡᠨ ᠵᠠᠰᠠᠬᠤ ᠮᠡᠳᠡᠯᠭᠡ ᠵᠢᠨ ᠤᠶ᠋ᠢᠯᠠᠭ᠋ᠠᠨ ᠮᠡᠳᠡᠬᠦ ᠨᠤᠷᠮ᠎ᠠ ᠵᠢ 95%᠎ᠠᠴᠠ ᠳᠡᠭᠡᠭᠰᠢ᠎ᠳᠤ ᠭᠦᠷᠦᠬᠦᠯᠦᠨ᠂ ᠬᠠᠯᠳᠠᠪᠤᠷᠢᠯᠠᠭᠰᠠᠳ᠎ᠤᠨ ᠡᠷᠬᠡ ᠡᠭᠦᠷᠭᠡ ᠵᠢᠨ ᠤᠶ᠋ᠢᠯᠠᠭ᠋ᠠᠨ ᠮᠡᠳᠡᠬᠦ ᠨᠤᠷᠮ᠎ᠠ ᠵᠢ 95%᠎ᠠᠴᠠ ᠳᠡᠭᠡᠭᠰᠢ᠎ᠳᠤ ᠬᠦᠷᠦᠭᠦᠯᠵᠦ᠂ 2030 ᠣᠨ ᠪᠤᠯᠲᠠᠯ᠎ᠠ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠦᠨ᠎ᠡ᠃
(ᠬᠣᠶᠠᠷ) ᠠᠶᠤᠯᠲᠠᠶ ᠦᠢ᠍ᠯᠡ ᠠᠵᠢᠯᠯᠠᠭ᠎ᠠ ᠵᠢ ᠬᠤᠪᠢᠷᠠᠭᠤᠯᠬᠤ ᠵᠢ ᠠᠬᠢᠭᠤᠯᠤᠨ᠎ᠠ᠃ 2025 ᠣᠨ ᠪᠠ 2030 ᠣᠨ᠎ᠳᠤ᠂ ᠡᠷ᠎ᠡ ᠭᠦᠢ᠍ᠰᠦᠳᠡᠨᠤ ᠬᠤᠭᠤᠷᠤᠨᠳᠤᠬᠢ ᠬᠤᠷᠢᠴᠠᠯ᠎ᠤᠨ ᠠᠵᠢᠯᠯᠠᠭ᠎ᠠ᠎ᠲᠠᠢ ᠭᠦᠮᠦᠰ᠎ᠤᠨ ᠠᠢ᠌ᠽ ᠡᠪᠡᠳᠴᠢᠨ᠎ᠲᠠᠢ ᠬᠠᠮᠢᠶᠠᠳᠠᠬᠤ ᠠᠶᠤᠯᠲᠠᠶ ᠦᠢ᠍ᠯᠡ ᠠᠵᠢᠯᠯᠠᠭ᠎ᠠ ᠵᠢ ᠴᠥᠮ ᠡᠮᠦᠨᠡᠬᠢ 5 ᠵᠢᠯ᠎ᠤᠨ᠎ᠬᠢ᠎ᠠᠴᠠ 10%᠎ᠠᠴᠠ ᠳᠡᠭᠡᠭᠰᠢ ᠪᠠᠭ᠋ᠠᠰᠬᠠᠨ᠎ᠠ; 2025 ᠣᠨ᠎ᠳᠤ᠂ ᠠᠢ᠌ᠽ ᠡᠪᠡᠳᠴᠢᠨ᠎ᠳᠤ ᠠᠮᠠᠷᠬᠠᠨ ᠬᠠᠯᠳᠠᠪᠤᠷᠢᠯᠠᠭᠳᠠᠬᠤ ᠠᠶᠤᠯᠲᠠᠶ ᠦᠢ᠍ᠯᠡ ᠠᠵᠢᠯᠯᠠᠭ᠎ᠠ᠎ᠲᠠᠢ ᠬᠥᠮᠦᠰ᠎ᠲᠤ ᠠᠪᠤᠨᠨᠰᠠᠨ ᠶᠡᠷᠦᠩᠬᠡᠢ᠌ᠯᠡᠨ ᠬᠠᠮᠢᠶᠠᠷᠴᠤ ᠵᠠᠬᠢᠷᠬᠤ ᠠᠷᠭ᠎ᠠ ᠬᠡᠮᠵᠢᠶ᠎ᠡ ᠵᠢᠨ ᠬᠠᠮᠤᠷᠬᠤ ᠬᠠᠷᠢᠴᠠᠯ᠎ᠢ 95%᠎ᠠᠴᠠ ᠳᠡᠭᠡᠭᠰᠢ᠎ᠳᠤ ᠬᠦᠷᠦᠭᠦᠯᠵᠦ᠂ ᠬᠣᠤᠷ ᠡᠳ᠋ᠯᠡᠬᠦ ᠵᠢ ᠵᠣᠭᠰᠣᠭ᠋ᠠᠬᠤ ᠡᠮ ᠵᠶ᠋ᠠᠷ ᠦᠷᠭᠦᠯᠵᠢᠯᠡᠨ ᠡᠮᠨᠡᠬᠦ ᠵᠠᠰᠠᠯᠲᠠ᠎ᠳᠤ ᠣᠷᠣᠯᠴᠠᠭᠰᠠᠳ᠎ᠤᠨ ᠵᠢᠯ᠎ᠤᠨ ᠰᠢᠨ᠎ᠡ᠎ᠪᠠᠷ ᠡᠭᠦᠰᠴᠤ ᠲᠡᠯᠬᠡᠷᠡᠬᠦ ᠬᠠᠯᠳᠠᠪᠤᠷᠢᠯᠠᠭ᠎ᠠ ᠵᠢᠨ ᠨᠣᠷᠮ᠎ᠠ ᠵᠢ 0.1%᠎ᠠᠴᠠ ᠳᠣᠷᠣᠭᠰᠢ ᠪᠠᠢ᠌ᠯᠭ᠋ᠠᠵᠤ᠂ 2030 ᠣᠨ ᠪᠤᠯᠲᠠᠯ᠎ᠠ ᠦᠷᠭᠦᠯᠵᠢᠯᠡᠨ ᠪᠠᠲᠤᠯᠠᠨ᠎ᠠ᠃
(ᠭᠤᠷᠪᠠ) ᠬᠡᠷ ᠪᠦᠯᠢ ᠵᠢᠨ ᠳᠣᠲᠣᠭ᠋ᠠᠳᠤ᠎ᠳᠤ ᠬᠠᠯᠳᠠᠪᠤᠷᠢᠯᠠᠬᠤ ᠵᠢ ᠤᠷᠢᠳᠴᠢᠯᠠᠨ ᠰᠡᠷᠭᠡᠢ᠌ᠯᠡᠨ᠎ᠡ᠃ 2025 ᠣᠨ᠎ᠳᠤ᠂ ᠠᠢ᠌ᠽ ᠡᠪᠡᠳᠴᠢᠨ᠎ᠤ ᠡᠬᠡ ᠨᠢᠯᠬ᠎ᠠ ᠵᠢᠨ ᠬᠠᠯᠳᠠᠪᠤᠷᠢᠯᠠᠭ᠎ᠠ ᠵᠢᠨ ᠨᠣᠷᠮ᠎ᠠ ᠵᠢ 2%᠎ᠠᠴᠠ ᠳᠣᠷᠣᠭᠰᠢ ᠪᠠᠶ᠋ᠢᠯᠭ᠋ᠠᠵᠤ᠂ ᠡᠷ᠎ᠡ ᠡᠮ᠎ᠡ ᠬᠣᠶᠠᠭᠤᠯᠠ ᠵᠢᠨ ᠨᠢᠭᠡ᠎ᠨᠢ ᠠᠢ᠌ᠽ ᠡᠪᠡᠳᠴᠢᠨ᠎ᠳᠤ ᠬᠠᠯᠳᠠᠪᠤᠷᠢᠯᠠᠭᠳᠠᠭᠰᠠᠨ ᠬᠡᠷ ᠪᠦᠯᠢ ᠵᠢᠨ᠎ᠬᠢᠨ᠎ᠤ ᠬᠠᠨᠢ ᠨᠦᠭᠦᠷᠲᠤᠪᠠᠨ ᠬᠠᠯᠳᠠᠪᠤᠷᠢᠯᠠᠬᠤ ᠨᠣᠷᠮ᠎ᠠ ᠵᠢ 0.3%᠎ᠠᠴᠠ ᠳᠣᠷᠣᠭᠰᠢ ᠪᠠᠶ᠋ᠢᠯᠭ᠋ᠠᠵᠤ᠂ 2030 ᠣᠨ ᠪᠤᠯᠲᠠᠯ᠎ᠠ ᠦᠷᠭᠦᠯᠵᠢᠯᠡᠨ ᠪᠠᠲᠤᠯᠠᠨ᠎ᠠ᠃
(ᠳᠥᠷᠪᠡ) ᠣᠨᠤᠰᠢᠯᠠᠵᠦ ᠡᠮᠨᠡᠨ ᠵᠠᠰᠠᠬᠤ ᠦᠷ᠎ᠡ ᠪᠦᠳᠦᠮᠵᠢ ᠵᠢ ᠳᠡᠭᠡᠭᠰᠢᠯᠡᠭᠦᠯᠦᠨ᠎ᠡ᠃ ᠣᠨᠣᠰᠢᠯᠠᠯᠲᠠ᠎ᠪᠠᠷ ᠳᠡᠮᠵᠢᠨ ᠲᠣᠰ ᠪᠡᠶ᠎ᠡ ᠵᠢᠨ ᠵᠶ᠋ᠠᠨ ᠬᠠᠯᠳᠠᠪᠤᠷᠢᠯᠠᠨᠨᠰᠠᠨ ᠪᠠᠢ᠌ᠳᠠᠯ ᠵᠶ᠋ᠠᠨ ᠣᠯᠵᠤ ᠮᠡᠳᠡᠭᠰᠡᠨ᠎ᠤ ᠬᠠᠮᠲᠤ ᠣᠶ᠋ᠢᠯᠠᠭ᠋ᠠᠭᠰᠠᠨ ᠬᠠᠯᠳᠠᠪᠤᠷᠢᠯᠠᠭᠰᠠᠳ᠎ᠤᠨ ᠬᠠᠷᠢᠴᠠᠯ᠎ᠢ 2025 ᠣᠨ᠎ᠳᠤ 90%᠎ᠠᠴᠠ ᠳᠡᠭᠡᠭᠰᠢ᠎ᠳᠤ ᠬᠦᠷᠦᠭᠦᠯᠵᠦ᠂ 2030 ᠣᠨ᠎ᠳᠤ 95%᠎ᠠᠴᠠ ᠳᠡᠭᠡᠭᠰᠢ᠎ᠳᠤ ᠬᠦᠷᠦᠭᠦᠯᠦᠨ᠎ᠡ᠃ 2025 ᠣᠨ᠎ᠳᠤ᠂ ᠣᠨᠣᠰᠢᠯᠠᠯᠲᠠ᠎ᠪᠠᠷ ᠳᠠᠮᠵᠢᠵᠤ ᠢᠯᠡᠷᠡᠬᠦᠯᠦᠭᠰᠡᠨ ᠬᠠᠯᠳᠠᠪᠤᠷᠢᠯᠠᠭᠰᠠᠳ᠎ᠤᠨ ᠸᠢᠷᠦ᠋ᠰ᠎ᠢ ᠡᠰᠡᠷᠭᠦᠴᠡᠬᠦ ᠡᠮᠨᠡᠯᠬᠡ ᠵᠠᠰᠠᠯᠭ᠎ᠠ ᠬᠦᠷᠲᠡᠬᠦ ᠬᠠᠷᠢᠴᠠᠯ᠂ ᠸᠢᠷᠦ᠋ᠰ᠎ᠢ ᠡᠰᠡᠷᠭᠦᠴᠡᠬᠦ ᠡᠮᠨᠡᠯᠬᠡ ᠵᠠᠰᠠᠯᠭ᠎ᠠ ᠬᠦᠷᠲᠡᠭᠰᠡᠨ ᠬᠠᠯᠳᠠᠪᠤᠷᠢᠯᠠᠭᠰᠠᠳ᠎ᠤᠨ ᠸᠢᠷᠦ᠋ᠰ᠎ᠢ ᠡᠰᠡᠷᠭᠦᠴᠡᠬᠦ ᠬᠠᠷᠢᠴᠠᠯ᠎ᠢ ᠳᠤᠮᠳᠠᠴᠢ᠎ᠪᠠᠷ 95%᠎ᠠᠴᠠ ᠳᠡᠭᠡᠭᠰᠢ᠎ᠳᠤ ᠬᠦᠷᠦᠭᠦᠯᠵᠦ᠂ 2030 ᠣᠨ ᠪᠤᠯᠲᠠᠯ᠎ᠠ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠦᠨ᠎ᠡ᠃
(ᠲᠠᠪᠤ) ᠬᠥᠮᠦᠰ᠎ᠤᠨ ᠬᠣᠭᠣᠷᠣᠨᠳᠣᠬᠢ ᠬᠠᠯᠳᠠᠪᠤᠷᠢᠯᠠᠬᠤ ᠬᠢᠷᠢ ᠬᠡᠮᠵᠢᠶ᠎ᠡ ᠵᠢ ᠡᠵᠡᠮᠰᠢᠨ᠎ᠡ᠃ 2030 ᠣᠨ ᠪᠣᠯᠬᠤ᠎ᠳᠤ᠂ ᠪᠥᠬᠥ ᠬᠥᠮᠦᠰ᠎ᠤᠨ ᠬᠣᠭᠣᠷᠣᠨᠳᠣᠬᠢ ᠬᠠᠯᠳᠠᠪᠤᠷᠢᠯᠠᠬᠤ ᠨᠣᠷᠮ᠎ᠠ ᠵᠢ 0.15%᠎ᠠᠴᠠ ᠳᠣᠷᠣᠭᠰᠢ᠎ᠳᠤ ᠡᠵᠡᠮᠰᠢᠨ᠎ᠡ᠃
ᠬᠣᠶᠠᠷ᠂ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ
(ᠨᠢᠭᠡ) ᠤᠬᠠᠭᠤᠯᠭ᠎ᠠ ᠬᠥᠮᠦᠵᠢᠯ ᠵᠶ᠋ᠠᠷ ᠵᠢᠯᠣᠭᠣᠳᠣᠨ ᠨᠥᠯᠥᠭᠡᠯᠡᠬᠦ ᠪᠠ ᠨᠡᠢ᠌ᠭᠡᠮ ᠳᠠᠶᠠᠭ᠋ᠠᠷ᠎ᠢ ᠳᠠᠶ᠋ᠢᠴᠢᠯᠠᠬᠤ᠎ᠪᠠᠨ ᠴᠢᠩᠭ᠋ᠠᠷᠠᠭᠤᠯᠵᠤ᠂ ᠣᠯᠠᠨ ᠨᠡᠢ᠌ᠲᠡ ᠵᠢᠨ ᠰᠡᠷᠭᠡᠢ᠌ᠯᠡᠨ ᠵᠠᠰᠠᠬᠤ ᠤᠬᠠᠮᠰᠠᠷ᠎ᠢ ᠳᠡᠭᠡᠭᠰᠢᠯᠡᠭᠦᠯᠦᠨ᠎ᠡ
1. ᠡᠷᠡᠭᠦᠯ ᠮᠡᠨᠳᠦ ᠵᠢᠨ ᠮᠡᠳᠡᠯᠭᠡ ᠵᠢ ᠲᠦᠭᠡᠮᠡᠯᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠠᠢ᠌ᠽ ᠡᠪᠡᠳᠴᠢᠨ᠎ᠢ ᠰᠡᠷᠭᠡᠢ᠌ᠯᠡᠨ ᠵᠠᠰᠠᠬᠤ ᠮᠡᠳᠡᠯᠭᠡ ᠵᠢ 《ᠠᠷᠠᠳ ᠢᠷᠭᠡᠳ᠎ᠤᠨ ᠡᠷᠡᠭᠦᠯ ᠮᠡᠨᠳᠤ ᠵᠢᠨ ᠬᠡᠪ ᠪᠣᠯᠪᠠᠰᠤᠷᠠᠯ》᠎ᠤᠨ ᠠᠭᠤᠯᠭ᠎ᠠ᠎ᠳᠤ ᠣᠷᠣᠭᠤᠯᠵᠤ᠂ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠠᠵᠢᠯᠯᠠᠭ᠎ᠠ ᠵᠢᠨ ᠳᠠᠪᠠᠭᠤᠯᠢᠭ᠎ᠢ ᠪᠠᠳᠠᠷᠠᠭᠤᠯᠤᠨ᠂ ᠰᠡᠷᠭᠡᠢ᠌ᠯᠡᠨ ᠵᠠᠰᠠᠬᠤ ᠮᠡᠳᠡᠯᠭᠡ ᠵᠢ ᠨᠡᠢ᠌ᠭᠡᠮ ᠲᠣᠭᠣᠷᠢᠭ᠂ ᠠᠵᠤ ᠠᠬᠤᠢ᠌ᠯᠠᠯ᠂ ᠡᠮᠨᠡᠯᠭᠡ ᠵᠢᠨ ᠬᠣᠷᠢᠶ᠎ᠠ᠂ ᠰᠤᠷᠭ᠋ᠠᠭᠤᠯᠢ ᠵᠢᠨ ᠬᠦᠷᠢᠶ᠎ᠡ᠂ ᠭᠡᠷ ᠪᠦᠯᠢ᠎ᠳᠤ ᠣᠷᠣᠭᠤᠯᠬᠤ ᠵᠢ ᠠᠬᠢᠭᠤᠯᠬᠤ ᠬᠡᠷᠡᠭᠲᠡᠶ᠃ ᠳᠡᠯᠡᠬᠡᠶ ᠵᠢᠨ ᠠᠢ᠌ᠽ ᠡᠪᠡᠳᠴᠢᠨ᠎ᠤ ᠡᠳᠦᠷ᠂ ᠣᠯᠠᠨ ᠤᠯᠤᠰ᠎ᠤᠨ ᠬᠣᠣᠷᠲᠤ ᠡᠳ᠋᠎ᠢ ᠴᠠᠭ᠋ᠠᠵᠠᠯᠠᠬᠤ ᠡᠳᠦᠷ ᠵᠢᠴᠢ ᠰᠣᠶᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠡᠷᠡᠭᠦᠯ ᠬᠠᠮᠠᠭ᠋ᠠᠯᠠᠯ 《ᠭᠤᠷᠪᠠ ᠵᠢ ᠬᠥᠳᠡᠭᠡ ᠪᠠᠭᠤᠯᠭ᠋ᠠᠬᠤ》᠎ᠲᠠᠢ ᠤᠶᠠᠯᠳᠤᠭᠤᠯᠤᠨ᠂ ᠭᠣᠤᠯ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ᠎ᠤᠨ ᠲᠠᠪᠴᠠᠩ᠎ᠢ ᠭᠦᠢ᠍ᠴᠡᠳ ᠬᠡᠷᠡᠭᠯᠡᠵᠦ᠂ ᠲᠥᠪᠯᠡᠷᠡᠩᠭᠦᠶ ᠴᠢᠨᠠᠷᠲᠠᠶ᠂ ᠪᠠᠢ᠌ᠩᠭᠤ ᠵᠢᠨ ᠴᠢᠨᠠᠷᠲᠠᠶ ᠤᠬᠠᠭᠤᠯᠭ᠎ᠠ ᠬᠥᠮᠦᠵᠢᠯ ᠥᠷᠨᠢᠭᠦᠯᠵᠦ᠂ 《ᠬᠥᠮᠦᠨ ᠪᠦᠭᠦᠨ ᠥᠪᠡᠷ᠎ᠤᠨ ᠵᠶ᠋ᠠᠨ ᠡᠷᠡᠭᠦᠯ ᠮᠡᠨᠳᠦ ᠵᠢᠨ ᠨᠢᠭᠡᠳᠦᠭᠡᠷ ᠬᠠᠷᠢᠭᠤᠴᠠᠯᠭ᠋ᠠᠲᠠᠨ ᠮᠥᠨ》 ᠭᠡᠬᠦ ᠣᠨᠣᠯᠵᠢᠬᠤᠨ᠎ᠢ ᠬᠥᠲᠥᠯᠦᠨ ᠵᠢᠯᠣᠭᠣᠳᠴᠤ ᠪᠣᠶ ᠪᠣᠯᠭ᠋ᠠᠨ᠎ᠠ᠃
2. ᠭᠣᠤᠯᠳᠠᠯᠭ᠎ᠠ᠎ᠲᠠᠢ ᠲᠠᠯᠠᠪᠤᠷ ᠭᠠᠵᠠᠷ ᠪᠠ ᠭᠣᠤᠯᠳᠠᠯᠭ᠎ᠠ᠎ᠲᠠᠢ ᠬᠥᠮᠦᠰ᠎ᠲᠤ ᠤᠬᠠᠭᠤᠯᠭ᠎ᠠ ᠬᠥᠮᠦᠵᠢᠯ ᠬᠢᠭᠦ᠎ᠪᠠᠨ ᠴᠢᠩᠭ᠋ᠠᠳᠬᠠᠨ᠎ᠠ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠂ ᠲᠡᠷᠭᠡᠨ ᠥᠷᠲᠡᠭᠡ᠂ ᠨᠢᠰᠬᠡᠯ᠎ᠤᠨ ᠪᠠᠭᠤᠳᠠᠯ᠂ ᠬᠢᠯᠢ ᠵᠢᠨ ᠪᠣᠭᠣᠮᠲᠠ᠂ ᠵᠤᠭ᠎ᠠ ᠲᠣᠭᠯᠠᠭ᠋ᠠᠮ ᠪᠠ ᠤᠬᠢᠶᠠᠯᠭ᠎ᠠ ᠵᠢᠨ ᠵᠡᠷᠭᠡ ᠲᠠᠯᠠᠪᠤᠷ ᠭᠠᠵᠠᠷ᠎ᠲᠤ ᠤᠬᠠᠭᠤᠯᠭ᠎ᠠ ᠵᠢᠨ ᠪᠤᠯᠤᠩ ᠭᠠᠷᠭ᠋ᠠᠨ ᠲᠣᠬᠢᠷᠠᠭᠤᠯᠬᠤ᠂ ᠤᠬᠠᠭᠤᠯᠭ᠎ᠠ ᠵᠢᠨ ᠡᠳ᠋ ᠪᠤᠳᠠᠰ ᠲᠡᠯᠬᠡᠵᠦ ᠲᠠᠯᠪᠢᠬᠤ᠂ ᠤᠬᠠᠭᠤᠯᠭ᠎ᠠ ᠬᠥᠮᠦᠵᠢᠯ᠎ᠤᠨ ᠹᠢᠯᠢᠮ ᠨᠡᠪᠲᠡᠷᠡᠭᠦᠯᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠥᠷᠭᠡᠨ ᠵᠶ᠋ᠠᠷ ᠤᠬᠠᠭᠤᠯᠭ᠎ᠠ ᠥᠷᠨᠢᠭᠦᠯᠬᠦ ᠬᠡᠷᠡᠭᠲᠡᠶ᠃ ᠨᠡᠭᠦᠳᠡᠯ ᠬᠥᠮᠦᠨ ᠠᠮᠠ ᠲᠥᠪᠯᠡᠷᠡᠭᠰᠡᠨ ᠠᠵᠢᠯᠴᠢᠨ ᠬᠡᠷᠡᠭᠯᠡᠬᠦ ᠨᠢᠭᠡᠴᠢ ᠵᠢᠴᠢ ᠬᠥᠳᠡᠯᠮᠦᠷᠢ ᠬᠦᠴᠦᠨ᠎ᠢ ᠰᠢᠯᠵᠢᠬᠦᠯᠦᠨ ᠲᠣᠬᠢᠷᠠᠭᠤᠯᠬᠤ ᠪᠣᠯᠪᠠᠰᠤᠷᠠᠯ ᠬᠦᠷᠲᠡᠭᠡᠬᠦ ᠪᠠᠢ᠌ᠭᠤᠯᠤᠮᠵᠢ ᠵᠢᠨ ᠰᠡᠷᠡᠮᠵᠢᠯᠡᠭᠦᠯᠬᠦ ᠴᠢᠨᠠᠷᠲᠠᠶ ᠰᠤᠷᠭ᠋ᠠᠨ ᠬᠥᠮᠦᠵᠢᠯ ᠪᠠ ᠳᠠᠢ᠌ᠴᠢᠯᠠᠯᠲᠠ ᠬᠢᠵᠦ ᠪᠠᠢ᠌ᠴᠠᠭ᠋ᠠᠨ ᠰᠢᠨᠵᠢᠬᠦ ᠵᠡᠷᠭᠡ ᠠᠵᠢᠯ ᠦᠷᠨᠢᠬᠦᠯᠦᠬᠦᠯᠬᠦᠪᠠᠷ ᠰᠢᠮᠳᠠᠭᠤᠯᠤᠨ ᠵᠢᠯᠣᠭᠣᠳᠤᠨ᠎ᠠ᠃ 12320 ᠪᠠ 12356 ᠵᠡᠷᠭᠡ ᠦᠢ᠍ᠯᠡᠴᠢᠯᠡᠭᠡᠨ᠎ᠤ ᠬᠠᠯᠠᠮᠰᠢᠯ ᠤᠲᠠᠰᠤ᠎ᠪᠠᠷ ᠳᠠᠮᠵᠢᠭᠤᠯᠤᠨ ᠪᠣᠳᠠᠭ᠋ᠠᠯᠢ ᠴᠣᠭᠴᠠ ᠵᠢᠨ ᠡᠷᠡᠭᠦᠯ ᠴᠢᠬᠢᠷᠠᠭ᠎ᠤᠨ ᠬᠥᠮᠦᠵᠢᠯ ᠪᠠ ᠰᠡᠳᠬᠢᠴᠡ ᠵᠢᠨ ᠵᠦᠪᠯᠡᠯᠭᠡ ᠥᠷᠨᠢᠭᠦᠯᠦᠨ᠎ᠡ᠃
3. ᠪᠦᠲᠦᠮᠵᠢᠲᠡᠶ ᠵᠢᠯᠣᠭᠣᠳᠤᠨ ᠨᠥᠯᠥᠭᠡᠯᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ᠎ᠪᠠᠨ ᠴᠢᠩᠭ᠋ᠠᠷᠠᠭᠤᠯᠤᠨ᠎ᠠ᠃ ᠪᠡᠯᠬᠡᠪᠴᠢ ᠵᠢ ᠳᠡᠯᠭᠡᠷᠡᠭᠦᠯᠬᠦ ᠪᠠ ᠵᠥᠪ ᠵᠶ᠋ᠠᠷ ᠬᠡᠷᠡᠭᠯᠡᠬᠦ ᠵᠢ ᠠᠬᠢᠭᠤᠯᠵᠤ᠂ ᠵᠣᠴᠢᠳ᠎ᠤᠨ ᠪᠠᠭᠤᠳᠠᠯ ᠵᠡᠷᠭᠡ ᠣᠯᠠᠨ ᠨᠡᠢ᠌ᠲᠡ ᠵᠢᠨ ᠲᠠᠯᠠᠪᠤᠷ ᠭᠠᠵᠠᠷ᠎ᠲᠤ ᠪᠡᠯᠬᠡᠪᠴᠢ ᠲᠠᠯᠪᠢᠬᠤ ᠬᠣᠯᠪᠣᠭᠳᠠᠯ ᠪᠥᠬᠥᠶ ᠲᠣᠭᠲᠠᠭ᠋ᠠᠯ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠬᠤ ᠵᠢᠨ ᠬᠠᠮᠲᠤ ᠪᠠᠢ᠌ᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠭᠠᠴᠠᠭ᠎ᠠ ᠲᠣᠰᠬᠣᠨ (ᠰᠠᠭᠤᠭ᠋ᠠᠯᠢ)᠎ᠤ ᠠᠷᠠᠳ᠎ᠤᠨ ᠵᠥᠪᠯᠡᠯ᠎ᠤᠨ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠵᠥᠪᠯᠡᠯ᠎ᠤᠨ ᠦᠢ᠍ᠯᠡᠳᠦᠯ᠎ᠢ ᠪᠠᠳᠠᠷᠠᠭᠤᠯᠤᠨ᠎ᠠ᠃ ᠡᠷ᠎ᠡ ᠡᠮ᠎ᠡ ᠬᠣᠶᠠᠭᠤᠯᠠ ᠵᠢᠨ ᠨᠢᠭᠡ᠎ᠨᠢ ᠠᠢ᠌ᠽ ᠡᠪᠡᠳᠴᠢᠨ᠎ᠳᠤ ᠬᠠᠯᠳᠠᠪᠤᠷᠢᠯᠠᠭᠳᠠᠭᠰᠠᠨ ᠬᠡᠷ ᠪᠦᠯᠢ ᠵᠢᠨ ᠡᠷᠡᠭᠦᠯ ᠴᠢᠬᠢᠷᠠᠭ᠎ᠤᠨ ᠬᠥᠮᠦᠵᠢᠯ᠂ ᠪᠠᠢ᠌ᠴᠠᠭ᠋ᠠᠨ ᠰᠢᠨᠵᠢᠵᠦ ᠡᠮᠨᠡᠨ ᠵᠠᠰᠠᠬᠤ ᠪᠠ ᠦᠷᠡᠵᠢᠯ᠎ᠤᠨ ᠵᠢᠯᠣᠭᠣᠳᠣᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ᠃ ᠡᠮ ᠲᠠᠩ ᠵᠶ᠋ᠠᠷ ᠤᠷᠢᠳᠴᠢᠯᠠᠨ ᠰᠡᠷᠭᠡᠢ᠌ᠯᠡᠬᠦ ᠠᠷᠭ᠎ᠠ ᠪᠣᠳᠣᠯᠭ᠎ᠠ ᠵᠢ ᠲᠡᠭᠦᠯᠳᠡᠷᠵᠢᠭᠦᠯᠵᠦ᠂ ᠢᠯᠡᠷᠡᠬᠦᠯᠵᠦ ᠤᠷᠢᠳᠴᠢᠯᠠᠨ ᠰᠡᠷᠭᠡᠢ᠌ᠯᠡᠬᠦ ᠡᠭᠦᠳᠡᠨ ᠡᠮᠨᠡᠯᠭᠡ ᠵᠢᠨ ᠵᠢᠷᠤᠮᠵᠢᠭᠰᠠᠨ ᠪᠠᠢ᠌ᠭᠤᠯᠤᠯᠲᠠ ᠵᠢ ᠢᠳᠡᠪᠬᠢᠲᠡᠶ ᠠᠬᠢᠭᠤᠯᠵᠤ᠂ 2025 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠠᠢ᠌ᠮᠠᠭ ᠬᠣᠲᠠ ᠵᠢᠨ ᠱᠠᠲᠤ ᠪᠦᠬᠦᠨ᠎ᠳᠤ ᠢᠯᠡᠷᠡᠬᠦᠯᠵᠦ ᠤᠷᠢᠳᠴᠢᠯᠠᠨ ᠰᠡᠷᠭᠡᠢ᠌ᠯᠡᠬᠦ ᠡᠭᠦᠳᠡᠨ ᠡᠮᠨᠡᠯᠭᠡ᠎ᠲᠠᠢ ᠪᠣᠯᠭ᠋ᠠᠨ ᠪᠦᠳᠦᠬᠡᠨ ᠪᠠᠶ᠋ᠢᠭᠤᠯᠬᠤ ᠵᠢ ᠪᠡᠶᠡᠯᠡᠭᠦᠯᠦᠨ᠎ᠡ᠃ ᠡᠮᠴᠢᠯᠡᠭᠡᠨ᠎ᠳᠤ ᠬᠡᠷᠡᠭᠯᠡᠬᠦ ᠴᠢᠰᠦᠨ᠎ᠳᠠᠬᠢ ᠠᠢ᠌ᠽ ᠡᠪᠡᠳᠴᠢᠨ᠎ᠤ ᠸᠢᠷᠦ᠋ᠰ᠎ᠤᠨ ᠪᠥᠭᠡᠮ ᠬᠦᠴᠢᠯ᠎ᠢ ᠪᠠᠢ᠌ᠴᠠᠭ᠋ᠠᠨ ᠰᠢᠨᠵᠢᠬᠦ ᠠᠵᠢᠯ᠎ᠢ ᠦᠷᠭᠦᠯᠵᠢᠯᠡᠨ ᠰᠠᠢ᠌ᠲᠤᠷ ᠬᠢᠨ᠎ᠡ᠃ 《ᠢᠨᠲᠸᠷ ᠰᠦᠯᠵᠢᠶ᠎ᠡ +》 ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠦᠯᠵᠢᠶ᠎ᠡ᠎ᠪᠠᠷ ᠪᠠ ᠰᠦᠯᠵᠢᠶᠡᠨ᠎ᠠᠴᠠ ᠭᠠᠳᠠᠭᠤᠷᠬᠢ ᠵᠢ ᠤᠶᠠᠯᠳᠤᠭᠤᠯᠤᠭᠰᠠᠨ ᠪᠦᠬᠦ ᠬᠡᠯᠬᠢᠶ᠎ᠡ᠎ᠪᠠᠷ ᠵᠢᠯᠤᠭᠤᠳᠤᠨ ᠨᠦᠯᠦᠬᠡᠯᠡᠬᠦ ᠠᠷᠭ᠎ᠠ ᠵᠢ ᠬᠡᠷᠡᠭᠵᠢᠭᠦᠯᠦᠨ᠎ᠡ᠃
4. ᠨᠡᠢ᠌ᠭᠡᠮ᠎ᠤᠨ ᠬᠦᠴᠦᠨ᠎ᠢ ᠳᠠᠢ᠌ᠴᠢᠯᠠᠨ ᠥᠷᠭᠡᠨ ᠵᠶ᠋ᠠᠷ ᠣᠷᠣᠯᠴᠠᠭᠤᠯᠤᠨ᠎ᠠ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠂ ᠤᠯᠠᠭ᠋ᠠᠨ ᠵᠠᠭ᠋ᠠᠯᠮᠠᠢ᠌ᠲᠠᠨ᠎ᠤ ᠨᠡᠢ᠌ᠭᠡᠮᠯᠢᠭ᠂ ᠠᠵᠤ ᠦᠢ᠍ᠯᠡᠳᠪᠦᠷᠢ ᠬᠤᠳᠠᠯᠳᠤᠭ᠎ᠠ ᠵᠢᠨ ᠬᠣᠯᠪᠤᠭ᠋ᠠᠲᠤ ᠬᠤᠷᠠᠯ᠂ ᠲᠥᠯᠥᠪᠯᠡᠭᠡᠲᠦ ᠦᠷᠡᠵᠢᠯ᠎ᠤᠨ ᠨᠡᠢ᠌ᠭᠡᠮᠯᠢᠭ ᠵᠡᠷᠭᠡ ᠨᠢᠭᠡᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠠᠵᠢᠯᠲᠠᠨ ᠠᠵᠢᠯᠴᠢᠨ᠎ᠤ ᠤᠯᠠᠭ᠋ᠠᠨ ᠲᠣᠷᠭ᠋ᠠᠨ ᠪᠦᠴᠡ ᠵᠢᠨ ᠡᠷᠡᠭᠦᠯ ᠮᠡᠨᠳᠦ ᠵᠢᠨ ᠠᠵᠢᠯᠯᠠᠭ᠋ᠠᠨ》᠂ 《ᠵᠠᠯᠠᠭᠤᠴᠤᠳ᠎ᠤᠨ ᠤᠯᠠᠭ᠋ᠠᠨ ᠲᠣᠷᠭ᠋ᠠᠨ ᠪᠦᠴᠡ》᠂ 《ᠡᠮᠡᠭᠲᠡᠢ᠌ᠴᠦᠳ᠎ᠤᠨ 〈ᠨᠢᠭᠤᠷᠳᠠᠯᠭᠠ〉 ᠵᠢᠨ ᠤᠬᠠᠭᠤᠯᠭ᠎ᠠ ᠬᠥᠮᠦᠵᠢᠯ》 ᠪᠠ 《ᠵᠠᠯᠠᠭᠤ ᠨᠠᠰᠤ ᠪᠠ ᠡᠷᠡᠭᠦᠯ ᠮᠡᠨᠳᠦ》 ᠵᠡᠷᠭᠡ ᠲᠤᠰᠬᠠᠶ ᠠᠵᠢᠯᠯᠠᠭ᠋ᠠᠨ᠎ᠢ ᠦᠷᠭᠦᠯᠵᠢᠯᠡᠨ ᠭᠦᠨᠵᠡᠭᠡᠶ ᠥᠷᠨᠢᠭᠦᠯᠦᠨ᠎ᠡ᠃ ᠨᠡᠢ᠌ᠭᠡᠮ᠎ᠤᠨ ᠬᠦᠴᠦᠨ᠎ᠤ ᠰᠡᠷᠭᠡᠢ᠌ᠯᠡᠨ ᠵᠠᠰᠠᠯᠲᠠ᠎ᠳᠤ ᠣᠷᠣᠯᠴᠠᠬᠤ ᠵᠢ ᠠᠵᠢᠯ᠎ᠤᠨ ᠲᠥᠯᠥᠪᠯᠡᠭᠡ᠎ᠳᠤ᠎ᠪᠠᠨ ᠣᠷᠣᠭᠤᠯᠵᠤ᠂ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠡᠷᠭᠡᠢ᠌ᠯᠡᠨ ᠵᠠᠰᠠᠬᠤ ᠠᠵᠢᠯ ᠥᠷᠨᠢᠭᠦᠯᠬᠦ ᠵᠢ ᠬᠥᠲᠥᠯᠦᠨ ᠵᠢᠯᠣᠭᠣᠳᠬᠤ ᠪᠠ ᠳᠡᠮᠵᠢᠨ᠎ᠡ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠬᠠᠢ᠌ᠷ᠎ᠠ ᠬᠠᠯᠠᠮᠵᠢ ᠵᠢᠨ ᠠᠵᠤ ᠠᠬᠤᠢ᠌ᠯᠠᠯ᠂ ᠰᠠᠢ᠌ᠨ ᠲᠤᠷᠠᠴᠤᠣᠯ ᠪᠠ ᠨᠡᠷ᠎ᠡ ᠴᠣᠣᠲᠤ ᠬᠥᠮᠦᠰ᠎ᠢ ᠳᠠᠢ᠌ᠴᠢᠯᠠᠨ ᠳᠡᠮᠵᠢᠵᠦ ᠪᠠᠢ᠌ᠭ᠋ᠠᠳ ᠰᠡᠷᠭᠡᠢ᠌ᠯᠡᠨ ᠵᠠᠰᠠᠬᠤ ᠨᠡᠢ᠌ᠲᠡ ᠵᠢᠨ ᠠᠰᠠᠷᠠᠮᠵᠢ ᠵᠢᠨ ᠠᠵᠢᠯᠯᠠᠭ᠎ᠠ᠎ᠳᠤ ᠣᠷᠣᠯᠴᠠᠭᠤᠯᠵᠤ᠂ ᠨᠡᠢ᠌ᠭᠡᠮ᠎ᠤᠨ ᠬᠠᠷᠢᠭᠤᠴᠠᠯᠭ᠎ᠠ ᠵᠢ᠎ᠨᠢ ᠭᠦᠢ᠍ᠴᠡᠳᠭᠡᠯᠭᠡᠨᠡ᠃
(ᠬᠣᠶᠠᠷ) ᠪᠠᠢ᠌ᠴᠠᠭ᠋ᠠᠨ ᠰᠢᠨᠵᠢᠬᠦ ᠪᠠ ᠬᠢᠨᠠᠨ ᠰᠢᠨᠵᠢᠬᠦ᠎ᠪᠠᠨ ᠴᠢᠩᠭ᠋ᠠᠳᠬᠠᠵᠤ᠂ ᠡᠪᠡᠳᠴᠢᠨ᠎ᠤ ᠵᠢᠱ᠌ᠢᠶ᠎ᠡ ᠵᠢ ᠡᠷᠲᠡ ᠣᠨᠣᠰᠢᠯᠠᠬᠤ᠂ ᠡᠷᠲᠡ ᠢᠯᠡᠷᠡᠭᠦᠯᠬᠦ ᠵᠢ ᠠᠬᠢᠭᠤᠯᠤᠨ᠎ᠠ
1. ᠪᠠᠢ᠌ᠴᠠᠭ᠋ᠠᠨ ᠰᠢᠨᠵᠢᠬᠦ ᠲᠣᠤᠷ ᠰᠦᠯᠵᠢᠶ᠎ᠡ ᠵᠢ ᠲᠡᠭᠦᠯᠳᠡᠷᠵᠢᠭᠦᠯᠵᠦ᠂ ᠪᠠᠢ᠌ᠴᠠᠭ᠋ᠠᠨ ᠰᠢᠨᠵᠢᠬᠦ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠠᠢ᠌ᠽ ᠡᠪᠡᠳᠴᠢᠨ᠎ᠤ ᠲᠤᠷᠰᠢᠯᠲᠠ ᠵᠢᠨ ᠲᠠᠰᠤᠭ᠎ᠤᠨ ᠪᠠᠢ᠌ᠴᠠᠭ᠋ᠠᠨ ᠰᠢᠨᠵᠢᠬᠦ ᠲᠣᠣᠷ ᠰᠦᠯᠵᠢᠶ᠎ᠡ ᠵᠢ ᠲᠡᠭᠦᠯᠳᠡᠷᠵᠢᠭᠦᠯᠦᠨ᠂ ᠡᠯ᠎ᠡ ᠠᠢ᠌ᠮᠠᠭ ᠬᠤᠳᠠ ᠪᠠ ᠭᠣᠣᠯᠳᠠᠯᠭ᠎ᠠ᠎ᠲᠠᠢ ᠬᠣᠰᠢᠭᠤ ᠰᠢᠶᠠᠨ (ᠬᠤᠳᠠ᠂ ᠲᠣᠭᠣᠷᠢᠭ)᠎ᠤ ᠡᠪᠡᠳᠴᠢᠨ ᠡᠮᠭᠡᠭ᠎ᠢ ᠰᠡᠷᠭᠡᠢ᠌ᠯᠡᠨ ᠬᠣᠷᠢᠭᠯᠠᠬᠤ ᠲᠥᠪ ᠪᠠ ᠬᠠᠯᠳᠠᠪᠤᠷᠢᠲᠤ ᠡᠪᠡᠳᠴᠢᠨ᠎ᠤ ᠡᠮᠨᠡᠯᠭᠡ ᠵᠢᠨ ᠬᠣᠷᠢᠶ᠎ᠠ ᠠᠨᠲ᠋ᠢᠪᠣᠳᠢ ᠭᠡᠷᠡᠴᠢᠯᠡᠨ ᠲᠣᠳᠤᠯᠠᠵᠤ ᠪᠠᠶ᠋ᠢᠴᠠᠭ᠋ᠠᠨ ᠰᠢᠨᠵᠢᠬᠦ ᠪᠠ ᠪᠥᠭᠡᠮ ᠬᠦᠴᠢᠯ᠎ᠢ ᠣᠨᠣᠰᠢᠯᠠᠬᠤ ᠴᠢᠳᠠᠪᠤᠷᠢ ᠵᠢ ᠪᠦᠷᠢᠯᠳᠦᠬᠦᠯᠵᠦ᠂ ᠰᠤᠮᠤ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ ᠪᠠ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ᠎ᠤ ᠠᠢ᠌ᠽ ᠡᠪᠡᠳᠴᠢᠨ᠎ᠢ ᠪᠠᠢ᠌ᠴᠠᠭ᠋ᠠᠨ ᠰᠢᠨᠵᠢᠬᠦ ᠴᠡᠭ ᠪᠠᠢ᠌ᠭᠤᠯᠬᠤ ᠵᠢ ᠵᠣᠷᠢᠭᠵᠢᠭᠤᠯᠤᠨ ᠳᠡᠮᠵᠢᠬᠦ ᠬᠡᠷᠡᠭᠲᠡᠶ᠃ ᠬᠠᠨᠳᠤᠯᠭ᠋ᠠᠲᠤ ᠴᠢᠨᠠᠷᠲᠠᠶ᠎ᠪᠠᠷ ᠰᠢᠭᠰᠢᠨ ᠪᠠᠢ᠌ᠴᠠᠭ᠋ᠠᠬᠤ ᠲᠥᠯᠥᠪᠯᠡᠭᠡ ᠲᠣᠭᠲᠠᠭ᠋ᠠᠵᠤ᠂ ᠭᠣᠤᠯᠳᠠᠯᠭ᠎ᠠ᠎ᠲᠠᠢ ᠬᠥᠮᠦᠰ᠎ᠢ ᠳᠠᠢ᠌ᠴᠢᠯᠠᠨ ᠥᠪᠡᠷ᠎ᠢ᠎ᠪᠠᠨ ᠪᠠᠢ᠌ᠴᠠᠭ᠋ᠠᠨ ᠰᠢᠨᠵᠢᠬᠦ ᠪᠠ ᠬᠤᠷᠢᠴᠠᠯ᠎ᠤᠨ ᠬᠠᠨᠢ᠎ᠪᠠᠨ ᠪᠠᠢ᠌ᠴᠠᠭ᠋ᠠᠨ ᠰᠢᠨᠵᠢᠬᠦ ᠵᠢ ᠴᠢᠩᠭ᠋ᠠᠳᠬᠠᠵᠤ᠂ ᠭᠣᠤᠯᠳᠠᠯᠭ᠎ᠠ᠎ᠲᠠᠢ ᠬᠥᠮᠦᠰ ᠪᠠ ᠡᠮᠴᠢᠯᠡᠭᠡᠨ᠎ᠤ ᠪᠠᠢ᠌ᠭᠤᠯᠤᠮᠵᠢ ᠵᠢᠨ ᠭᠣᠤᠯᠳᠠᠯᠭ᠎ᠠ᠎ᠲᠠᠢ ᠰᠠᠯᠠᠭ᠎ᠠ ᠲᠠᠰᠤᠭ᠎ᠲᠤ ᠡᠮᠨᠡᠭᠦᠯᠦᠭᠰᠡᠳ᠎ᠤᠨ ᠠᠢ᠌ᠽ ᠡᠪᠡᠳᠴᠢᠨ᠂ ᠸᠢᠷᠦ᠋ᠰ᠎ᠤᠨ ᠴᠢᠨᠠᠷᠲᠠᠶ ᠡᠯᠢᠭᠡᠨ ᠦᠷᠪᠢᠰᠦᠯ ᠪᠠ ᠲᠡᠮᠪᠦᠤ ᠵᠡᠷᠭᠡ ᠣᠯᠠᠨ ᠡᠪᠡᠳᠴᠢᠨ᠎ᠢ ᠬᠠᠮᠳᠤᠷᠠᠭᠤᠯᠤᠨ ᠪᠠᠢ᠌ᠴᠠᠭ᠋ᠠᠬᠤ ᠵᠢ ᠴᠢᠩᠭ᠋ᠠᠷᠠᠭᠤᠯᠵᠤ᠂ ᠥᠩᠭᠡᠨ᠎ᠤ ᠡᠪᠡᠳᠴᠢᠨ ᠡᠮᠨᠡᠭᠦᠯᠦᠭᠰᠡᠳ᠎ᠲᠤ ᠵᠢᠷᠤᠮᠵᠢᠭᠰᠠᠨ ᠣᠨᠣᠰᠢᠯᠠᠨ ᠡᠮᠨᠡᠬᠦ ᠪᠠ ᠠᠢ᠌ᠽ ᠡᠪᠡᠳᠴᠢᠨ᠎ᠢ ᠪᠠᠢ᠌ᠴᠠᠭ᠋ᠠᠨ ᠰᠢᠨᠵᠢᠵᠦ ᠵᠦᠪᠯᠡᠯᠭᠡ ᠥᠭᠬᠦ ᠦᠢ᠍ᠯᠡᠴᠢᠯᠡᠭᠡ ᠬᠠᠩᠭ᠋ᠠᠨ᠎ᠠ᠃ ᠭᠣᠤᠯᠳᠠᠯᠭ᠎ᠠ᠎ᠲᠠᠢ ᠭᠠᠵᠠᠷ ᠣᠷᠣᠨ᠎ᠨᠢ ᠠᠢ᠌ᠽ ᠡᠪᠡᠳᠴᠢᠨ᠂ C ᠬᠡᠯᠪᠡᠷᠢᠲᠦ ᠡᠯᠢᠭᠡᠨ᠎ᠤ ᠸᠢᠷᠦ᠋ᠰ᠎ᠲᠦ ᠦᠷᠪᠢᠰᠦᠯ ᠪᠠ ᠥᠩᠭᠡᠨ᠎ᠤ ᠡᠪᠡᠳᠴᠢᠨ᠎ᠢ ᠪᠠᠢ᠌ᠴᠠᠭ᠋ᠠᠨ ᠰᠢᠨᠵᠢᠬᠦ ᠵᠦᠪᠯᠡᠯᠭᠡ ᠥᠭᠬᠦ ᠠᠵᠢᠯ᠎ᠢ ᠤᠷᠤᠭᠯᠠᠬᠤ᠎ᠠᠴᠠ ᠡᠮᠦᠨᠡᠬᠢ ᠰᠠᠢ᠌ᠨ ᠳᠤᠷ᠎ᠠ ᠵᠢᠨ ᠠᠨᠠᠭ᠋ᠠᠬᠤ ᠤᠬᠠᠭ᠋ᠠᠨ᠎ᠤ ᠪᠠᠢ᠌ᠴᠠᠭ᠋ᠠᠯᠲᠠ ᠪᠠ ᠭᠣᠤᠯᠳᠠᠯᠭ᠎ᠠ᠎ᠲᠠᠢ ᠣᠯᠠᠨ ᠨᠡᠢ᠌ᠲᠡ ᠵᠢᠨ ᠲᠠᠯᠠᠪᠤᠷ ᠭᠠᠵᠠᠷ᠎ᠲᠤ ᠠᠵᠢᠯᠯᠠᠨᠨᠰᠠᠳᠤᠨ ᠪᠡᠶ᠎ᠡ ᠵᠢᠨ ᠡᠷᠡᠭᠦᠯ ᠮᠡᠨᠳᠦ ᠵᠢᠨ ᠪᠠᠢ᠌ᠴᠠᠭ᠋ᠠᠯᠲᠠ᠎ᠳᠤ ᠣᠷᠣᠭᠤᠯᠵᠤ᠂ ᠬᠠᠷᠢᠶ᠎ᠠ ᠣᠷᠣᠨ᠎ᠤ᠎ᠪᠠᠨ ᠠᠢ᠌ᠽ ᠡᠪᠡᠳᠴᠢᠨ᠎ᠢ ᠪᠠᠢ᠌ᠴᠠᠭ᠋ᠠᠨ ᠰᠢᠨᠵᠢᠬᠦ ᠪᠠᠢ᠌ᠭᠤᠯᠤᠮᠵᠢ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠢ᠌ᠭᠡᠮ ᠨᠡᠢ᠌ᠲᠡ᠎ᠳᠤ ᠨᠡᠢ᠌ᠲᠡᠯᠡᠵᠦ᠂ ᠪᠠᠢ᠌ᠴᠠᠭ᠋ᠠᠨ ᠰᠢᠨᠵᠢᠬᠦ ᠦᠢ᠍ᠯᠡᠴᠢᠯᠡᠭᠡᠨ᠎ᠤ ᠲᠥᠬᠥᠮ ᠳᠦᠲᠡ ᠮᠦᠷᠲᠡᠭᠡᠨ ᠬᠦᠷᠲᠡᠵᠦ ᠳᠡᠶ᠋ᠢᠯᠬᠦ ᠪᠣᠯᠬᠤ ᠵᠢ᠎ᠨᠢ ᠠᠬᠢᠭᠤᠯᠤᠨ᠎ᠠ᠃
2. ᠣᠯᠠᠨ ᠠᠷᠭ᠎ᠠ ᠵᠠᠮ ᠵᠶ᠋ᠠᠷ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠥᠷᠨᠢᠭᠦᠯᠵᠦ᠂ ᠳ᠋ᠠᠶ᠋ᠢᠲ᠋ᠠ ᠵᠢ ᠵᠠᠳᠠᠯᠤᠨ ᠠᠰᠢᠭᠯᠠᠬᠤ᠎ᠪᠠᠨ ᠴᠢᠩᠭ᠋ᠠᠳᠬᠠᠨ᠎ᠠ᠃ ᠪᠥᠬᠥ ᠣᠷᠣᠨ᠎ᠤ ᠬᠠᠯᠳᠠᠪᠤᠷᠢᠲᠤ ᠡᠪᠡᠳᠴᠢᠨ᠎ᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠨ ᠵᠢᠯᠣᠭᠣᠳᠬᠤ ᠮᠡᠳᠡᠭᠡ ᠵᠠᠩᠭᠢ ᠵᠢᠨ ᠲᠠᠪᠴᠠᠩ᠎ᠢ ᠠᠰᠢᠭᠯᠠᠨ᠂ ᠠᠢ᠌ᠽ ᠡᠪᠡᠳᠴᠢᠨ᠎ᠢ ᠰᠡᠷᠭᠡᠢ᠌ᠯᠡᠨ ᠬᠣᠷᠢᠭᠯᠠᠬᠤ ᠤᠶᠤᠨᠲᠤ ᠣᠯᠠᠨ ᠡᠰᠢᠵᠢᠭᠰᠡᠨ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠎ᠢ ᠪᠠᠢ᠌ᠭᠤᠯᠤᠨ᠎ᠠ᠃ ᠭᠣᠤᠯᠳᠠᠯᠭ᠎ᠠ᠎ᠲᠠᠢ ᠬᠥᠮᠦᠰ᠎ᠲᠤ ᠬᠠᠷᠠᠭᠤᠯ᠎ᠤᠨ ᠴᠡᠭ ᠮᠠᠶᠢᠭ᠎ᠤᠨ ᠬᠢᠨᠠᠨ ᠰᠢᠨᠵᠢᠯᠲᠡ ᠪᠠ ᠡᠮ᠎ᠳᠤ ᠳᠠᠭ᠋ᠠᠭ᠋ᠠᠮᠠᠭ᠋ᠠᠢ ᠴᠢᠨᠠᠷ᠎ᠤᠨ ᠬᠢᠨᠠᠨ ᠰᠢᠨᠵᠢᠯᠲᠡ ᠬᠢᠬᠦ᠎ᠪᠠᠨ ᠴᠢᠩᠭ᠋ᠠᠳᠬᠠᠵᠤ᠂ ᠪᠠᠢ᠌ᠭᠤᠯᠤᠮᠵᠢ ᠵᠢᠨ ᠬᠣᠭᠣᠷᠣᠨᠳᠣᠬᠢ ᠮᠡᠳᠡᠭᠡ ᠵᠠᠩᠭᠢ ᠵᠢᠨ ᠰᠣᠯᠢᠯᠴᠠᠭ᠎ᠠ ᠵᠢ ᠠᠬᠢᠭᠤᠯᠤᠨ᠂ ᠬᠢᠵᠢᠭ᠎ᠤᠨ ᠪᠠᠢ᠌ᠳᠠᠯ᠎ᠢ ᠰᠤᠳᠤᠯᠤᠨ ᠮᠠᠭ᠋ᠠᠳᠯᠠᠬᠤ ᠵᠢᠴᠢ ᠪᠠᠶ᠋ᠢᠳᠠᠯ ᠬᠠᠨᠳᠤᠰᠢ ᠵᠢᠨ ᠵᠠᠳᠠᠯᠤᠯᠲᠠ ᠬᠢᠬᠦ ᠵᠢ ᠴᠢᠩᠭ᠋ᠠᠷᠠᠭᠤᠯᠤᠨ᠎ᠠ᠃ ᠸᠢᠷᠦ᠋ᠰ᠎ᠤᠨ ᠭᠧᠨ᠎ᠤ ᠳᠠᠷᠠᠭ᠋ᠠᠯᠠᠯ᠎ᠢ ᠬᠡᠮᠵᠢᠬᠦ᠂ ᠮᠣᠯᠧᠺᠦ᠋ᠯ᠎ᠤᠨ ᠲᠠᠷᠬᠠᠭ᠋ᠠᠯᠲᠠ ᠵᠢᠨ ᠲᠣᠤᠷ ᠰᠦᠯᠵᠢᠶ᠎ᠡ ᠪᠠ ᠰᠢᠨᠡᠬᠡᠨ ᠣᠶ᠋ᠢᠷ᠎ᠠ ᠵᠢᠨ ᠬᠠᠯᠳᠠᠪᠤᠷᠢᠯᠠᠭ᠎ᠠ ᠵᠢ ᠵᠠᠳᠠᠯᠬᠤ ᠵᠡᠷᠭᠡ ᠵᠢ ᠠᠰᠢᠭᠯᠠᠨ᠂ ᠰᠢᠨ᠎ᠡ᠎ᠪᠠᠷ ᠮᠡᠳᠡᠭᠦᠯᠦᠭᠰᠡᠨ ᠬᠠᠯᠳᠠᠪᠤᠷᠢᠯᠠᠭᠳᠠᠭᠰᠠᠳ᠎ᠤᠨ ᠲᠠᠬᠤᠯ ᠡᠪᠡᠳᠴᠢᠨ᠎ᠤ ᠰᠤᠳᠤᠯᠤᠯ᠎ᠤᠨ ᠪᠠᠢ᠌ᠴᠠᠭ᠋ᠠᠯᠲᠠ ᠪᠠ ᠲᠠᠷᠬᠠᠭ᠋ᠠᠯᠲᠠ ᠵᠢᠨ ᠲᠦᠭᠰᠢᠭᠦᠷᠢ ᠵᠢᠨ ᠮᠠᠭ᠋ᠠᠳᠯᠠᠯᠲᠠ ᠵᠢ ᠭᠦᠨᠵᠡᠭᠡᠶ ᠥᠷᠨᠢᠭᠦᠯᠵᠦ᠂ ᠲᠥᠷᠥᠯ ᠬᠤᠪᠢᠶᠠᠨ ᠵᠢᠯᠤᠭᠤᠳᠤᠨ ᠨᠦᠯᠦᠬᠡᠯᠡᠬᠦ ᠵᠢ ᠠᠬᠢᠭᠤᠯᠤᠨ᠎ᠠ᠃ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠢ ᠢᠳᠡᠪᠬᠢᠲᠡᠶ ᠵᠣᠬᠢᠴᠠᠭᠤᠯᠵᠤ᠂ᠲᠠᠭᠠᠨ ᠤᠶ᠋ᠢᠯᠠᠭ᠋ᠠᠵᠦ ᠴᠢᠳᠠᠨᠨᠰᠠᠨ ᠦᠬᠡᠢ ᠡᠪᠡᠳᠴᠢᠨ᠎ᠤ ᠵᠢᠱ᠌ᠢᠶᠡᠨ᠎ᠤ ᠮᠡᠳᠡᠭᠡ ᠵᠠᠩᠭᠢ ᠵᠢ ᠴᠠᠭ ᠲᠤᠬᠠᠶ᠎ᠳᠤᠨᠢ ᠣᠢ᠌ᠯᠠᠭ᠋ᠠᠨ ᠡᠵᠡᠮᠰᠢᠵᠦ᠂ ᠡᠪᠡᠳᠴᠢᠨ᠎ᠤ ᠵᠢᠱ᠌ᠢᠶᠡᠨ᠎ᠤ ᠬᠠᠮᠢᠶᠠᠷᠤᠯᠲᠠ ᠵᠢᠨ ᠨᠣᠷᠮ᠎ᠠ ᠵᠢ ᠳᠡᠭᠡᠭᠰᠢᠯᠡᠭᠦᠯᠬᠦ ᠬᠡᠷᠡᠭᠲᠡᠶ᠃
(ᠭᠤᠷᠪᠠ) ᠡᠮᠨᠡᠨ ᠵᠠᠰᠠᠬᠤ ᠪᠠ ᠠᠪᠤᠷᠠᠨ ᠲᠤᠰᠠᠯᠠᠬᠤ ᠵᠢ ᠠᠬᠢᠭᠤᠯᠵᠤ᠂ ᠸᠢᠷᠦ᠋ᠰ᠎ᠢ ᠡᠰᠡᠷᠭᠦᠴᠡᠬᠦ ᠲᠠᠯ᠎ᠠ᠎ᠪᠠᠷ᠎ᠬᠢ ᠡᠮᠨᠡᠨ ᠵᠠᠰᠠᠬᠤ ᠦᠷ᠎ᠡ ᠪᠦᠳᠦᠮᠵᠢ ᠵᠢ ᠳᠡᠭᠡᠭᠰᠢᠯᠡᠭᠦᠯᠦᠨ᠎ᠡ
1. ᠸᠢᠷᠦ᠋ᠰ᠎ᠢ ᠡᠰᠡᠷᠭᠦᠴᠡᠬᠦ ᠡᠮᠨᠡᠯᠬᠡ ᠵᠠᠰᠠᠯᠭ᠎ᠠ ᠵᠢ ᠴᠢᠨᠠᠷ ᠰᠠᠢ᠌ᠲᠠᠶ ᠥᠷᠨᠢᠭᠦᠯᠦᠨ᠎ᠡ᠃ ᠪᠠᠢ᠌ᠴᠠᠭ᠋ᠠᠨ ᠰᠢᠨᠵᠢᠬᠦ᠂ ᠣᠨᠣᠰᠢᠯᠠᠬᠤ᠂ ᠡᠮᠨᠡᠨ ᠵᠠᠰᠠᠬᠤ ᠲᠠᠯ᠎ᠠ᠎ᠳᠤ 《ᠨᠢᠭᠡ ᠥᠷᠲᠡᠭᠡᠴᠢᠯᠡᠭᠰᠡᠨ ᠮᠠᠶᠢᠭ》᠎ᠤᠨ ᠦᠢ᠍ᠯᠡᠴᠢᠯᠡᠭᠡ ᠵᠢ ᠪᠥᠬᠥ ᠲᠠᠯ᠎ᠠ᠎ᠪᠠᠷ ᠳᠡᠯᠭᠡᠷᠡᠭᠦᠯᠵᠦ᠂ ᠡᠮᠴᠢᠯᠡᠬᠡ ᠪᠠ ᠰᠡᠷᠭᠡᠶ᠋ᠢᠯᠡᠯᠲᠡ ᠵᠢ ᠬᠠᠮᠵᠢᠯᠴᠠᠭᠤᠯᠬᠤ᠂ ᠡᠮᠴᠢᠯᠡᠬᠡ ᠪᠠ ᠰᠡᠷᠭᠡᠶ᠋ᠢᠯᠡᠯᠲᠡ ᠵᠢ ᠠᠭᠤᠰᠤᠯᠴᠠᠭᠤᠯᠬᠤ ᠲᠤᠷᠰᠢᠯᠲᠠ ᠵᠢ ᠢᠳᠡᠪᠬᠢᠲᠡᠶ ᠠᠬᠢᠭᠤᠯᠤᠨ᠎ᠠ᠃ ᠰᠢᠯᠵᠢᠬᠦᠯᠦᠨ ᠡᠮᠨᠡᠬᠦ ᠪᠠ ᠬᠠᠮᠲᠤᠷᠠᠨ ᠣᠨᠣᠰᠢᠯᠠᠬᠤ ᠲᠣᠭᠲᠠᠴᠠ ᠵᠢ ᠪᠦᠷᠢᠨᠰᠢᠬᠦᠯᠵᠦ᠂ ᠰᠢᠨ᠎ᠡ᠎ᠪᠠᠷ ᠮᠡᠳᠡᠭᠦᠯᠦᠭᠰᠡᠨ ᠬᠠᠯᠳᠠᠪᠤᠷᠢᠯᠠᠭᠰᠠᠳ᠎ᠢ ᠡᠷᠲᠡᠬᠡᠨ ᠡᠮᠨᠡᠨ ᠵᠠᠰᠠᠵᠤ᠂ ᠡᠮᠨᠡᠨ ᠵᠠᠰᠠᠭ᠋ᠠᠳᠤᠢ ᠬᠠᠯᠳᠠᠪᠤᠷᠢᠯᠠᠭᠰᠠᠳ᠎ᠢ ᠳᠠᠢ᠌ᠴᠢᠯᠠᠨ ᠡᠮᠨᠡᠨ ᠵᠠᠰᠠᠭᠤᠯᠬᠤ ᠬᠡᠷᠡᠭᠲᠡᠶ᠃ ᠣᠨᠳᠣᠤ ᠭᠠᠵᠠᠷ᠎ᠲᠤ ᠬᠢᠭᠰᠡᠨ ᠸᠢᠷᠦ᠋ᠰ᠎ᠢ ᠡᠰᠡᠷᠭᠦᠴᠡᠬᠦ ᠡᠮᠨᠡᠯᠬᠡ ᠵᠠᠰᠠᠯᠭ᠎ᠠ᠎ᠲᠠᠢ ᠵᠤᠯᠭ᠋ᠠᠯᠳᠤᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠬᠠᠯᠳᠠᠪᠤᠷᠢᠯᠠᠭᠰᠠᠳ᠎ᠢ ᠡᠮᠨᠡᠨ ᠵᠠᠰᠠᠬᠤ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠨ᠎ᠠ᠃ ᠬᠣᠯᠪᠣᠭᠳᠠᠯ ᠪᠥᠬᠥᠶ ᠣᠨᠣᠰᠢᠯᠠᠨ ᠡᠮᠨᠡᠬᠦ ᠵᠦᠭᠯᠡᠭᠦᠷ᠎ᠢ ᠴᠢᠩᠭ᠎ᠠ ᠬᠡᠷᠡᠭᠵᠢᠭᠦᠯᠵᠦ᠂ ᠡᠮᠨᠡᠨ ᠵᠠᠰᠠᠬᠤ ᠵᠢ ᠦᠨᠡᠯᠡᠨ ᠵᠢᠱ᠌ᠢᠬᠦ ᠂ ᠡᠪᠡᠳᠴᠢᠨ᠎ᠤ ᠪᠠᠢ᠌ᠳᠠᠯ ᠪᠠ ᠡᠮ᠎ᠳᠤ ᠳᠠᠭ᠋ᠠᠭ᠋ᠠᠮᠠᠭ᠋ᠠᠢ ᠴᠢᠨᠠᠷ᠎ᠢ ᠬᠢᠨᠠᠨ ᠰᠢᠨᠵᠢᠬᠦ᠎ᠪᠠᠨ ᠴᠢᠩᠭ᠋ᠠᠳᠬᠠᠨ᠂ ᠨᠠᠰᠤᠨ᠎ᠳᠤ ᠭᠦᠷᠦᠭᠰᠡᠳ ᠵᠢᠴᠢ ᠬᠡᠤᠬᠡᠳ᠎ᠤᠨ ᠡᠮᠨᠡᠨ ᠵᠠᠰᠠᠬᠤ ᠲᠥᠰᠦᠯ᠎ᠢ ᠴᠠᠭᠲᠤᠨᠢ ᠳᠣᠭᠢᠷᠠᠭᠤᠯᠤᠨ ᠰᠢᠯᠢᠳᠡᠭᠵᠢᠭᠦᠯᠦᠨ᠎ᠡ᠃ ᠲᠣᠬᠢᠶᠠᠯ᠎ᠤᠨ ᠴᠢᠨᠠᠷᠲᠠᠶ ᠬᠠᠯᠳᠠᠪᠤᠷᠢᠯᠠᠭ᠎ᠠ ᠵᠢᠨ ᠬᠣᠯᠪᠣᠭᠳᠠᠯ ᠪᠥᠬᠥᠶ ᠠᠪᠤᠷᠠᠨ ᠵᠠᠰᠠᠬᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠰᠦᠷᠢᠶ᠎ᠡ ᠡᠪᠡᠳᠴᠢᠨ ᠵᠡᠷᠭᠡ ᠲᠣᠬᠢᠶᠠᠯ᠎ᠤᠨ ᠴᠢᠨᠠᠷᠲᠠᠶ ᠬᠠᠯᠳᠠᠪᠤᠷᠢᠯᠠᠬᠤ ᠡᠪᠡᠳᠴᠢᠨ ᠡᠮᠭᠡᠭ᠎ᠢ ᠰᠢᠭᠰᠢᠨ ᠪᠠᠢ᠌ᠴᠠᠭ᠋ᠠᠬᠤ᠂ ᠣᠨᠣᠰᠢᠯᠠᠬᠤ ᠪᠠ ᠡᠮᠨᠡᠨ ᠵᠠᠰᠠᠬᠤ ᠠᠵᠢᠯ᠎ᠢ ᠰᠠᠢ᠌ᠲᠤᠷ ᠬᠢᠨ᠎ᠠ᠃ ᠬᠠᠯᠳᠠᠪᠤᠷᠢᠯᠠᠭᠰᠠᠳ᠎ᠢ ᠲᠥᠷᠥᠯ ᠬᠤᠪᠢᠶᠠᠨ ᠬᠠᠮᠢᠶᠠᠷᠬᠤ᠎ᠪᠠᠨ ᠴᠢᠩᠭ᠋ᠠᠳᠬᠠᠵᠤ᠂ ᠬᠠᠨᠳᠤᠯᠭ᠋ᠠᠲᠤ ᠴᠢᠨᠠᠷᠲᠠᠶ᠎ᠪᠠᠷ᠎ᠲᠠᠭᠠᠨ ᠤᠶ᠋ᠢᠯᠠᠭ᠋ᠠᠵᠦ ᠵᠢᠯᠤᠭᠤᠳᠤᠨ ᠨᠦᠯᠦᠬᠡᠯᠡᠬᠦ ᠦᠢ᠍ᠯᠡᠴᠢᠯᠡᠭᠡ ᠬᠠᠩᠭ᠋ᠠᠵᠤ᠂ ᠲᠡᠳᠡᠨ᠎ᠢ ᠰᠢᠮᠳᠠᠭᠤᠯᠵᠤ ᠪᠠᠢ᠌ᠭ᠋ᠠᠳ ᠵᠢᠷᠤᠮᠵᠢᠭᠰᠠᠨ ᠡᠮᠨᠡᠯᠬᠡ ᠵᠠᠰᠠᠯᠭ᠎ᠠ ᠬᠢᠯᠭᠡᠬᠦ ᠵᠢᠨ ᠬᠠᠮᠲᠤ ᠬᠤᠷᠢᠴᠠᠯ᠎ᠤᠨ ᠬᠠᠨᠢᠳᠤᠪᠠᠨ ᠮᠡᠳᠡᠭᠳᠡᠬᠦ ᠵᠢᠴᠢ ᠪᠤᠰᠤᠳ᠎ᠲᠤ ᠬᠠᠯᠳᠠᠪᠤᠷᠢᠯᠠᠬᠤ ᠵᠢ ᠰᠡᠷᠭᠡᠢ᠌ᠯᠡᠬᠦ ᠵᠡᠷᠭᠡ ᠡᠭᠦᠷᠭᠡ ᠵᠢ ᠬᠠᠤᠯᠢ ᠶᠣᠰᠣᠭ᠋ᠠᠷ ᠭᠦᠢ᠍ᠴᠡᠳᠬᠡᠯᠬᠡᠨᠡ᠃
2. ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ)᠎ᠪᠠᠷ ᠡᠮᠨᠡᠨ ᠵᠠᠰᠠᠬᠤ ᠵᠢ ᠢᠳᠡᠪᠬᠢᠲᠡᠶ ᠠᠬᠢᠭᠤᠯᠤᠨ᠎ᠠ᠃ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠠᠢ᠌ᠽ ᠡᠪᠡᠳᠴᠢᠨ᠎ᠢ ᠣᠨᠣᠰᠢᠯᠠᠨ ᠡᠮᠨᠡᠬᠦ ᠠᠵᠢᠯ᠎ᠳᠤ ᠣᠷᠣᠯᠴᠠᠬᠤ ᠲᠣᠭᠲᠠᠴᠠ ᠵᠢ ᠪᠦᠷᠢᠨᠰᠢᠬᠦᠯᠵᠦ᠂ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠢ ᠦᠷᠭᠦᠯᠵᠢᠯᠡᠨ ᠠᠬᠢᠭᠤᠯᠵᠤ᠂ ᠡᠮᠨᠡᠨ ᠵᠠᠰᠠᠭᠰᠠᠨ ᠡᠮᠴᠢᠯᠡᠭᠡᠨ᠎ᠤ ᠲᠤᠷᠰᠢᠯᠭ᠎ᠠ᠎ᠪᠠᠨ ᠳ᠋ᠦᠩᠨᠡᠨ᠂ ᠬᠢᠲᠠᠳ (ᠮᠣᠩᠭᠣᠯ) ᠡᠮᠨᠡᠯᠭᠡ᠂ ᠬᠢᠲᠠᠳ (ᠮᠣᠩᠭᠣᠯ) ᠧᠦ᠋ᠷᠣᠫᠠ ᠡᠮᠨᠡᠯᠭᠡ ᠵᠢ ᠤᠶᠠᠯᠳᠤᠭᠤᠯᠤᠭᠰᠠᠨ ᠣᠨᠣᠰᠢᠯᠠᠨ ᠡᠮᠨᠡᠬᠦ ᠲᠥᠰᠦᠯ᠎ᠢ ᠲᠡᠭᠦᠯᠳᠡᠷᠵᠢᠭᠦᠯᠵᠦ᠂ ᠡᠮᠨᠡᠨ ᠵᠠᠰᠠᠬᠤ ᠬᠡᠪᠴᠢᠶᠡᠵᠢᠯ᠎ᠢ ᠤᠯᠠᠮ ᠨᠢᠭᠡ ᠠᠯᠬᠤᠮ ᠥᠷᠭᠡᠳᠬᠡᠨ᠎ᠡ᠃
3. ᠬᠠᠯᠳᠠᠪᠤᠷᠢᠯᠠᠭᠰᠠᠳ᠎ᠢ ᠬᠠᠷᠠᠭ᠋ᠠᠯᠵᠠᠵᠤ ᠲᠡᠩᠬᠡᠷᠡᠭᠦᠯᠦᠨ ᠲᠤᠰᠠᠯᠠᠬᠤ᠎ᠪᠠᠨ ᠴᠢᠩᠭ᠋ᠠᠳᠬᠠᠨ᠎ᠠ᠃ ᠬᠠᠯᠳᠠᠪᠤᠷᠢᠯᠠᠭᠰᠠᠳ᠎ᠲᠤ ᠬᠠᠢ᠌ᠷ᠎ᠠ ᠬᠠᠯᠠᠮᠵᠢ᠎ᠪᠠᠷ ᠬᠠᠪᠰᠤᠷᠤᠨ ᠲᠤᠰᠠᠯᠠᠬᠤ᠂ ᠬᠠᠢ᠌ᠷ᠎ᠠ ᠰᠡᠳᠬᠢᠯᠭᠡ᠎ᠪᠠᠷ ᠳᠡᠮᠵᠢᠬᠦ᠂ ᠠᠵᠢᠯ ᠣᠯᠭᠣᠯᠲᠠ ᠵᠢ ᠵᠢᠯᠣᠭᠣᠳᠬᠤ ᠵᠡᠷᠭᠡ ᠬᠠᠯᠠᠮᠵᠢᠯᠠᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ᠂ ᠬᠠᠯᠳᠠᠪᠤᠷᠢᠯᠠᠭᠰᠠᠳ ᠵᠢᠴᠢ ᠲᠡᠳᠡᠨ᠎ᠤ ᠭᠡᠷ ᠪᠦᠯᠢ ᠵᠢᠨ᠎ᠬᠢᠨ᠎ᠤ ᠡᠪᠡᠳᠴᠢᠨ ᠦᠵᠡᠭᠦᠯᠬᠦ᠂ ᠠᠵᠢᠯ ᠤᠯᠬᠤ᠂ ᠰᠤᠷᠭ᠋ᠠᠭᠤᠯᠢ᠎ᠳᠤ ᠰᠠᠭᠤᠬᠤ ᠵᠡᠷᠭᠡ ᠬᠠᠤᠯᠢ ᠶᠣᠰᠣᠨ᠎ᠤ ᠡᠷᠬᠡ ᠠᠰᠢᠭ᠎ᠢ᠎ᠨᠢ ᠬᠠᠤᠯᠢ ᠶᠣᠰᠣᠭ᠋ᠠᠷ ᠪᠠᠲᠤᠯᠠᠵᠤ᠂ ᠨᠡᠢ᠌ᠭᠡᠮ᠎ᠤᠨ ᠭᠠᠳᠠᠭᠤᠷᠴᠢᠯᠠᠯ᠎ᠢ ᠪᠠᠭ᠋ᠠᠰᠬᠠᠨ᠎ᠠ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠠᠩᠬ᠎ᠠ ᠤᠨᠤᠰᠢᠯᠠᠨᠨᠴᠢ ᠵᠢᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠋ᠠᠷᠠᠭᠤᠯᠵᠤ᠂ ᠣᠨᠣᠰᠢᠯᠠᠨ ᠡᠮᠨᠡᠬᠦ ᠦᠢ᠍ᠯᠡᠴᠢᠯᠡᠭᠡᠨ᠎ᠤ ᠳᠤᠮᠳᠠ ᠢᠯᠡᠷᠡᠭᠦᠯᠦᠭᠰᠡᠨ ᠬᠠᠯᠳᠠᠪᠤᠷᠢᠯᠠᠭᠰᠠᠳ᠎ᠲᠤ ᠣᠨᠣᠰᠢᠯᠠᠨ ᠡᠮᠨᠡᠬᠦ ᠬᠠᠮᠢᠶ᠎ᠠ ᠪᠥᠬᠥᠶ ᠠᠷᠭ᠋ᠠᠴᠠᠭ᠋ᠠᠨ ᠰᠶ᠋ᠢᠳᠪᠦᠷᠢᠯᠡᠬᠦ ᠠᠵᠢᠯ᠎ᠢ ᠰᠠᠢ᠌ᠲᠤᠷ ᠬᠢᠵᠦ᠂ ᠶᠠᠮᠠᠷᠪᠠ ᠨᠢᠭᠡᠨ ᠤᠴᠢᠷ ᠰᠢᠯᠲᠠᠭ᠋ᠠᠨ ᠵᠶ᠋ᠠᠷ ᠰᠢᠯᠲᠠᠭᠯᠠᠬᠤ ᠪᠤᠶᠤ ᠣᠨᠣᠰᠢᠯᠠᠨ ᠡᠮᠨᠡᠬᠦ ᠵᠢ ᠲᠡᠪᠴᠢᠵᠦ ᠪᠣᠯᠬᠤ ᠥᠬᠡᠶ᠃ ᠨᠡᠢ᠌ᠭᠡᠮ᠎ᠤᠨ ᠪᠠᠲᠤᠯᠠᠭ᠎ᠠ ᠵᠢᠨ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ᠎ᠲᠠᠢ ᠵᠤᠯᠭ᠋ᠠᠯᠳᠤᠭᠤᠯᠬᠤ᠎ᠪᠠᠨ ᠴᠢᠩᠭ᠋ᠠᠳᠬᠠᠵᠤ᠂ ᠬᠠᠯᠳᠠᠪᠤᠷᠢᠯᠠᠭᠰᠠᠳ᠎ᠤᠨ ᠦᠨᠳᠦᠰᠦᠨ ᠡᠮᠴᠢᠯᠡᠭᠡ᠂ ᠨᠠᠰᠤᠵᠢᠯ᠎ᠤᠨ ᠦᠨᠳᠦᠰᠦᠨ ᠠᠰᠠᠷᠠᠮᠵᠢ᠂ ᠦᠨᠳᠦᠰᠦᠨ ᠠᠮᠢᠳᠤᠷᠠᠯ ᠵᠡᠷᠭᠡ ᠡᠷᠬᠡ ᠠᠰᠢᠭ᠎ᠢ᠎ᠨᠢ ᠪᠦᠲᠦᠮᠵᠢᠲᠡᠶ ᠪᠠᠲᠤᠯᠠᠨ᠎ᠠ᠃ ᠠᠢ᠌ᠽ ᠡᠪᠡᠳᠴᠢᠨ᠎ᠠᠴᠠ ᠪᠣᠯᠤᠭᠰᠠᠨ ᠥᠨᠥᠴᠢᠨ ᠬᠡᠦᠬᠡᠳ ᠪᠠ ᠠᠢ᠌ᠽ ᠡᠪᠡᠳᠴᠢᠨ᠎ᠤ ᠸᠢᠷᠦ᠋ᠰ᠎ᠲᠤ ᠬᠠᠯᠳᠠᠪᠤᠷᠢᠯᠠᠭᠳᠠᠭᠰᠠᠨ ᠬᠡᠦᠬᠡᠳ᠎ᠲᠤ ᠦᠨᠳᠦᠰᠦᠨ ᠠᠮᠢᠳᠤᠷᠠᠯ᠎ᠤᠨ ᠵᠠᠷᠤᠳᠠᠯ᠎ᠢ ᠴᠠᠭ ᠲᠤᠬᠠᠶ᠎ᠳᠤᠨᠢ ᠭᠦᠢ᠍ᠴᠡᠳ ᠲᠣᠭ᠎ᠠ᠎ᠪᠠᠷ ᠤᠯᠭᠤᠵᠦ᠂ ᠠᠢ᠌ᠽ ᠡᠪᠡᠳᠴᠢᠨ᠎ᠳᠤ ᠨᠥᠯᠥᠭᠡᠯᠡᠭᠳᠡᠭᠰᠡᠨ ᠬᠡᠦᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ᠎ᠨᠢ ᠭᠦᠢ᠍ᠴᠡᠳ ᠪᠠᠲᠤᠯᠠᠨ᠎ᠠ᠃
(ᠳᠥᠷᠪᠡ) ᠲᠥᠷᠥᠯ ᠬᠤᠪᠢᠶᠠᠨ ᠵᠢᠯᠣᠭᠣᠳᠬᠤ ᠵᠢ ᠬᠡᠷᠡᠭᠵᠢᠭᠦᠯᠵᠦ᠂ ᠠᠳᠠᠯᠢ ᠪᠤᠰᠤ ᠬᠥᠮᠦᠰ᠎ᠲᠤ ᠬᠠᠨᠳᠤᠯᠭ᠋ᠠᠲᠤ ᠴᠢᠨᠠᠷᠲᠠᠶ᠎ᠪᠠᠷ ᠰᠡᠷᠭᠡᠢ᠌ᠯᠡᠨ ᠬᠣᠷᠢᠭᠯᠠᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ
1. ᠡᠬᠡ ᠨᠢᠯᠬ᠎ᠠ ᠵᠢᠨ ᠬᠠᠯᠳᠠᠪᠤᠷᠢᠯᠠᠭ᠎ᠠ ᠵᠢ ᠠᠷᠢᠯᠭ᠋ᠠᠬᠤ᠎ᠪᠠᠨ ᠲᠦᠷᠭᠡᠳᠬᠡᠨ ᠠᠬᠢᠭᠤᠯᠤᠨ᠎ᠠ᠃ ᠡᠬᠡ ᠨᠢᠯᠬ᠎ᠠ ᠵᠢᠨ ᠬᠠᠯᠳᠠᠪᠤᠷᠢᠯᠠᠭ᠎ᠠ ᠵᠢ ᠤᠷᠢᠳᠴᠢᠯᠠᠨ ᠰᠡᠷᠭᠡᠢ᠌ᠯᠡᠬᠦ ᠲᠠᠪᠤᠨ ᠱᠠᠲᠤᠨ᠎ᠤ ᠬᠣᠯᠪᠣᠭ᠋ᠠᠯᠠᠨ ᠬᠥᠳᠡᠯᠦᠯᠴᠡᠬᠦ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠬᠦᠯᠵᠤ᠂ ᠡᠬᠡ ᠨᠢᠯᠬᠠᠰ᠎ᠤᠨ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠰᠢᠯᠢᠳᠡᠭᠵᠢᠭᠦᠯᠵᠦ᠂ ᠬᠠᠯᠳᠠᠪᠤᠷᠢᠲᠤ ᠡᠪᠡᠳᠴᠢᠨ᠎ᠤ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠵᠢ ᠴᠢᠩᠭ᠋ᠠᠳᠬᠠᠵᠤ᠂ ᠲᠤᠨᠨᠳᠠᠮᠠᠯ ᠪᠤᠰᠤ ᠣᠨᠴᠠᠭ᠋ᠠᠶ ᠬᠡᠷᠡᠭ᠎ᠢ ᠮᠦᠷᠳᠡᠵᠦ᠎ᠲᠠᠭᠠᠨ ᠤᠶ᠋ᠢᠯᠠᠭ᠋ᠠᠬᠤ ᠪᠠ ᠮᠡᠳᠡᠭᠡ ᠵᠠᠩᠭᠢ ᠵᠢ ᠵᠣᠯᠭ᠋ᠠᠭᠤᠯᠬᠤ ᠲᠣᠭᠲᠠᠴᠠ᠎ᠪᠠᠨ ᠪᠦᠷᠢᠨᠰᠢᠬᠦᠯᠦᠨ᠎ᠠ᠃ 《ᠨᠢᠭᠡ ᠥᠷᠲᠡᠭᠡᠴᠢᠯᠡᠭᠰᠡᠨ ᠮᠠᠶᠢᠭ》᠎ᠤᠨ ᠦᠢ᠍ᠯᠡᠴᠢᠯᠡᠭᠡᠨ᠎ᠤ ᠬᠡᠪ ᠵᠠᠭᠪᠤᠷ᠎ᠢ ᠲᠡᠭᠦᠯᠳᠡᠷᠵᠢᠭᠦᠯᠵᠦ᠂ ᠠᠢ᠌ᠽ ᠡᠪᠡᠳᠴᠢᠨ᠎ᠳᠤ ᠬᠠᠯᠳᠠᠪᠤᠷᠢᠯᠠᠭᠳᠠᠭᠰᠠᠨ ᠵᠢᠷᠮᠤᠰᠤᠯᠠᠵᠦ ᠭᠦᠩᠬᠡᠵᠢᠬᠦ ᠡᠮᠡᠭᠲᠡᠶ ᠵᠢᠴᠢ ᠭᠦᠩᠬᠡᠵᠢᠭᠰᠡᠨ ᠬᠡᠤᠬᠡᠳ᠎ᠲᠤ᠎ᠨᠢ ᠵᠢᠯᠤᠭᠤᠳᠤᠨ ᠨᠦᠯᠦᠬᠡᠯᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ᠃ ᠲᠤᠰᠬᠠᠶ ᠬᠡᠷᠡᠭ᠎ᠤᠨ ᠬᠠᠮᠢᠶᠠᠷᠤᠯᠲᠠ ᠪᠠ ᠵᠢᠷᠮᠦᠰᠦᠯᠡᠭᠰᠡᠨ ᠪᠠᠢ᠌ᠳᠠᠯ᠎ᠢ ᠬᠢᠨᠠᠨ ᠰᠢᠨᠵᠢᠬᠦ᠎ᠪᠠᠨ ᠴᠢᠩᠭ᠋ᠠᠳᠬᠠᠵᠤ᠂ ᠡᠷᠲᠡ᠎ᠠᠴᠠ ᠰᠢᠭᠰᠢᠨ ᠪᠠᠢ᠌ᠴᠠᠭ᠋ᠠᠬᠤ᠂ ᠡᠷᠲᠡ᠎ᠠᠴᠠ ᠣᠨᠣᠰᠢᠯᠠᠬᠤ ᠦᠢ᠍ᠯᠡᠴᠢᠯᠡᠭᠡᠨ᠎ᠤ ᠴᠤᠪᠤᠷᠠᠯ᠎ᠢ ᠲᠡᠭᠦᠯᠳᠡᠷᠵᠢᠭᠦᠯᠦᠨ᠂ ᠵᠢᠷᠮᠦᠰᠦᠨ ᠪᠠ ᠬᠦᠩᠭᠡᠵᠢᠭᠰᠡᠨ ᠡᠮᠡᠭᠲᠡᠶ ᠵᠢ ᠪᠠᠢ᠌ᠴᠠᠭ᠋ᠠᠨ ᠰᠢᠨᠵᠢᠵᠦ ᠣᠨᠣᠰᠢᠯᠠᠬᠤ ᠴᠠᠭ᠎ᠢ ᠪᠣᠭᠣᠨᠢᠰᠬᠠᠨ᠎ᠠ᠃
2. ᠵᠠᠯᠠᠭᠤᠴᠤᠳ ᠪᠠᠭ᠋ᠠᠴᠤᠳ᠎ᠤᠨ ᠠᠢ᠌ᠽ ᠡᠪᠡᠳᠴᠢᠨ᠎ᠢ ᠰᠡᠷᠭᠡᠢ᠌ᠯᠡᠬᠦ ᠠᠵᠢᠯ᠎ᠢ ᠶᠡᠬᠡ᠎ᠪᠠᠷ ᠠᠬᠢᠭᠤᠯᠤᠨ᠎ᠠ᠃ ᠰᠤᠷᠭ᠋ᠠᠭᠤᠯᠢ ᠵᠢᠨ ᠠᠢ᠌ᠽ ᠡᠪᠡᠳᠴᠢᠨ᠎ᠤ ᠬᠢᠵᠢᠭ᠎ᠤᠨ ᠪᠠᠢ᠌ᠳᠠᠯ᠎ᠤᠨ ᠰᠠᠯᠠᠭ᠎ᠠ ᠮᠥᠴᠢᠷ᠎ᠤᠨ ᠬᠤᠭᠤᠷᠤ ᠬᠣᠭᠣᠷᠣᠨᠳᠣ᠎ᠪᠠᠨ ᠨᠡᠪᠲᠡᠷᠡᠭᠦᠯᠦᠨ ᠮᠡᠳᠡᠭᠡᠯᠡᠬᠦ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠵᠥᠪᠳᠡᠯᠴᠡᠬᠦ ᠲᠣᠭᠲᠠᠴᠠ ᠵᠢ ᠨᠠᠢ᠌ᠳᠠᠪᠤᠷᠢᠵᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠳᠠᠬᠢ ᠠᠢ᠌ᠽ ᠡᠪᠡᠳᠴᠢᠨ᠎ᠲᠠᠢ ᠲᠡᠮᠡᠴᠡᠬᠦ ᠪᠠ ᠠᠢ᠌ᠽ ᠡᠪᠡᠳᠴᠢᠨ᠎ᠢ ᠰᠡᠷᠭᠡᠢ᠌ᠯᠡᠬᠦ ᠠᠵᠢᠯᠯᠠᠭ᠋ᠠᠨ᠎ᠢ ᠠᠬᠢᠭᠤᠯᠤᠨ᠎ᠠ᠃ ᠡᠯ᠎ᠡ ᠲᠥᠷᠥᠯ᠎ᠤᠨ ᠰᠤᠷᠭ᠋ᠠᠭᠤᠯᠢ ᠵᠢ ᠰᠢᠮᠳᠠᠭᠤᠯᠤᠨ ᠵᠢᠯᠣᠭᠣᠳᠴᠤ ᠪᠠᠢ᠌ᠭ᠋ᠠᠳ ᠠᠢ᠌ᠽ ᠡᠪᠡᠳᠴᠢᠨ᠎ᠤ ᠰᠡᠷᠭᠡᠶ᠋ᠢᠯᠡᠯᠲᠡ ᠵᠢ ᠰᠤᠷᠭ᠋ᠠᠨ ᠬᠥᠮᠦᠵᠢᠯ᠎ᠤᠨ ᠲᠥᠯᠥᠪᠯᠡᠭᠡ᠎ᠳᠤ᠎ᠪᠠᠨ ᠣᠷᠣᠭᠤᠯᠵᠤ᠂ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠤᠭᠤᠳ ᠰᠤᠷᠭ᠋ᠠᠭᠤᠯᠢ ᠵᠢᠨ ᠤᠳᠤᠷᠢᠳᠤᠯᠭ᠎ᠠ᠎ᠪᠠᠷ ᠲᠦᠷᠦᠭᠦᠯᠡᠭᠦᠯᠦᠭᠰᠡᠨ ᠠᠢ᠌ᠽ ᠡᠪᠡᠳᠴᠢᠨ᠎ᠢ ᠰᠡᠷᠭᠡᠢ᠌ᠯᠡᠨ ᠬᠣᠷᠢᠭᠯᠠᠬᠤ ᠠᠵᠢᠯ᠎ᠤᠨ ᠤᠳᠤᠷᠢᠳᠬᠤ ᠳᠤᠭᠤᠢ᠌ᠯᠠᠩ ᠪᠠᠢ᠌ᠭᠤᠯᠵᠤ᠂ ᠡᠩ᠎ᠤᠨ ᠳᠤᠮᠳᠠᠳᠤ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠨᠤᠭᠤᠳ ᠠᠢ᠌ᠽ ᠡᠪᠡᠳᠴᠢᠨ᠎ᠢ ᠰᠡᠷᠭᠡᠢ᠌ᠯᠡᠨ ᠵᠠᠰᠠᠬᠤ ᠮᠡᠳᠡᠯᠭᠡ ᠵᠢ ᠡᠷᠡᠭᠦᠯ ᠴᠢᠬᠢᠷᠠᠭ᠎ᠤᠨ ᠬᠥᠮᠦᠵᠢᠯ᠎ᠤᠨ ᠠᠭᠤᠯᠭ᠎ᠠ᠎ᠳᠤ᠎ᠪᠠᠨ ᠣᠷᠣᠭᠤᠯᠬᠤ ᠬᠡᠷᠡᠭᠲᠡᠶ᠃ ᠰᠤᠷᠭ᠋ᠠᠭᠤᠯᠢ ᠵᠢᠨ ᠡᠪᠯᠡᠯ᠎ᠤᠨ ᠬᠣᠷᠢᠶ᠎ᠠ᠂ ᠨᠡᠶ᠋ᠢᠬᠡᠮ᠎ᠤᠨ ᠪᠦᠯᠬᠦᠮ ᠪᠠ ᠰᠠᠢ᠌ᠨ ᠲᠤᠷᠠᠴᠤᠤᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠤᠷᠤᠭᠴᠢᠳᠤᠨᠬᠢᠨᠤ ᠠᠢ᠌ᠽ ᠡᠪᠡᠳᠴᠢᠨ᠎ᠢ ᠰᠡᠷᠭᠡᠢ᠌ᠯᠡᠨ ᠵᠠᠰᠠᠬᠤ ᠰᠠᠢ᠌ᠨ ᠳᠤᠷ᠎ᠠ ᠵᠢᠨ ᠠᠵᠢᠯᠯᠠᠭ᠎ᠠ ᠵᠢᠨ ᠤᠬᠠᠭᠤᠯᠭ᠎ᠠ᠎ᠳᠤ ᠣᠷᠣᠯᠴᠠᠬᠤ ᠵᠢ᠎ᠨᠢ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠠᠭᠤᠯᠭ᠎ᠠ᠎ᠳᠤ ᠣᠷᠣᠭᠤᠯᠵᠤ᠂ ᠡᠯ᠎ᠡ ᠱᠠᠲᠤᠨ᠎ᠤ ᠡᠪᠡᠳᠴᠢᠨ ᠡᠮᠭᠡᠭ᠎ᠢ ᠰᠡᠷᠭᠡᠢ᠌ᠯᠡᠨ ᠬᠣᠷᠢᠭᠯᠠᠬᠤ ᠪᠠᠶ᠋ᠢᠭᠤᠯᠤᠮᠵᠢ ᠮᠡᠷᠭᠡᠵᠢᠯ᠎ᠤᠨ ᠳᠡᠮᠵᠢᠯᠭᠡ ᠬᠠᠩᠭ᠋ᠠᠨ᠎ᠠ᠃ ᠵᠠᠯᠠᠭᠤᠴᠤᠳ ᠪᠠᠭ᠋ᠠᠴᠤᠳ᠎ᠤᠨ ᠪᠡᠯᠭᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠴᠢᠩᠭ᠋ᠠᠳᠬᠠᠵᠤ᠂ ᠰᠤᠷᠭ᠋ᠠᠭᠤᠯᠢ ᠵᠢᠨ ᠭᠦᠷᠢᠶᠡᠨᠤ ᠪᠠ ᠭᠠᠳᠠᠨᠠᠬᠢ ᠵᠠᠯᠠᠭᠤᠴᠤᠳ ᠪᠠᠭ᠋ᠠᠴᠤᠳ᠎ᠤᠨ ᠡᠷᠡᠭᠦᠯ ᠮᠡᠨᠳᠦ ᠪᠣᠯᠪᠠᠰᠤᠨ ᠦᠢ᠍ᠯᠡ ᠠᠵᠢᠯᠯᠠᠭ᠋ᠠᠨ᠎ᠤ ᠳᠠᠳᠬᠠᠯ᠎ᠲᠠᠢ ᠪᠣᠯᠬᠤ ᠵᠢ᠎ᠨᠢ ᠠᠬᠢᠭᠤᠯᠵᠤ᠂ ᠲᠦᠭᠰᠢᠭᠦᠷᠢ ᠵᠢᠨ ᠤᠬᠠᠮᠰᠠᠷ ᠪᠠ ᠥᠪᠡᠷ᠎ᠢ᠎ᠪᠠᠨ ᠬᠠᠮᠠᠭ᠋ᠠᠯᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃
3. ᠢᠳᠡᠷ ᠦᠳᠡᠭᠦᠰ᠎ᠤᠨ ᠥᠩᠭᠡᠨ᠎ᠤ ᠡᠪᠡᠳᠴᠢᠨ ᠠᠢ᠌ᠽ ᠡᠪᠡᠳᠴᠢᠨ᠎ᠢ ᠰᠡᠷᠭᠡᠶ᠋ᠢᠯᠡᠬᠦ ᠠᠵᠢᠯ᠎ᠢ ᠢᠳᠡᠪᠬᠢᠲᠡᠶ ᠠᠬᠢᠭᠤᠯᠤᠨ᠎ᠠ᠃ ᠦᠳᠡᠭᠦᠰ᠎ᠤᠨ ᠥᠩᠭᠡᠨ᠎ᠤ ᠡᠪᠡᠳᠴᠢᠨ ᠠᠢ᠌ᠽ ᠡᠪᠡᠳᠴᠢᠨ᠎ᠤ ᠰᠡᠷᠭᠡᠶ᠋ᠢᠯᠡᠯᠲᠡ ᠵᠢ ᠦᠳᠡᠭᠦᠰ᠎ᠤᠨ ᠡᠷᠡᠭᠦᠯ ᠮᠡᠨᠳᠦ ᠵᠢᠨ ᠬᠡᠪ ᠪᠣᠯᠪᠠᠰᠤᠷᠠᠯ ᠵᠶ᠋ᠠᠨ ᠳᠡᠭᠡᠭᠰᠢᠯᠡᠭᠦᠯᠬᠦ᠂ ᠦᠳᠡᠭᠦᠰ᠎ᠤᠨ ᠡᠷᠡᠭᠦᠯ ᠮᠡᠨᠳᠦ ᠵᠢᠨ ᠤᠬᠠᠭᠤᠯᠭ᠎ᠠ ᠵᠢᠨ ᠭᠠᠷᠠᠭ᠂ ᠦᠳᠡᠭᠦᠰ᠎ᠤᠨ ᠰᠡᠳᠬᠢᠴᠡ ᠵᠢᠨ ᠬᠠᠢ᠌ᠷ᠎ᠠ ᠬᠠᠯᠠᠮᠵᠢ ᠵᠡᠷᠭᠡ ᠠᠵᠢᠯ᠎ᠤᠨ ᠠᠭᠤᠯᠭ᠎ᠠ᠎ᠳᠤ ᠣᠷᠣᠭᠤᠯᠵᠤ᠂ ᠦᠳᠡᠭᠦᠰᠢ ᠬᠦᠨᠳᠦᠯᠡᠵᠦ ᠦᠳᠡᠭᠦᠰᠢ ᠬᠠᠢ᠌ᠷᠠᠯᠠᠬᠤ ᠠᠵᠢᠯᠯᠠᠭ᠎ᠠ᠎ᠲᠠᠢ ᠤᠶᠠᠯᠳᠤᠭᠤᠯᠤᠨ ᠡᠷᠡᠭᠦᠯ ᠴᠢᠬᠢᠷᠠᠭ᠎ᠤᠨ ᠬᠦᠮᠦᠵᠢᠯ᠎ᠢ ᠥᠷᠨᠢᠭᠦᠯᠦᠨ᠎ᠡ᠃ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠳᠤ ᠲᠦᠰᠢᠭᠯᠡᠨ᠂ ᠦᠳᠡᠭᠦᠰ᠎ᠤᠨ ᠠᠢ᠌ᠽ ᠡᠪᠡᠳᠴᠢᠨ᠎ᠤ ᠪᠠᠶ᠋ᠢᠴᠠᠭ᠋ᠠᠨ ᠰᠢᠨᠵᠢᠯᠲᠡ ᠵᠢ ᠪᠡᠶ᠎ᠡ ᠵᠢᠨ ᠡᠷᠡᠭᠦᠯ ᠮᠡᠨᠳᠦ ᠵᠢᠨ ᠪᠠᠢ᠌ᠴᠠᠭ᠋ᠠᠯᠲᠠ᠎ᠳᠤ ᠣᠷᠣᠭᠤᠯᠵᠤ᠂ ᠣᠯᠠᠨ ᠡᠪᠡᠳᠴᠢᠨ᠎ᠢ ᠬᠠᠮᠳᠤᠷᠠᠭᠤᠯᠤᠨ ᠪᠠᠢ᠌ᠴᠠᠭ᠋ᠠᠬᠤ ᠵᠢ ᠬᠡᠷᠡᠭᠵᠢᠭᠦᠯᠦᠨ᠎ᠡ᠃ ᠦᠲᠡᠯᠦᠭᠰᠡᠨ ᠬᠠᠯᠳᠠᠪᠤᠷᠢᠯᠠᠭᠳᠠᠭᠰᠠᠳ᠎ᠲᠤ ᠨᠡᠢ᠌ᠭᠡᠮ᠎ᠤᠨ ᠬᠠᠶ᠋ᠢᠷ᠎ᠠ ᠬᠠᠯᠠᠮᠵᠢ ᠭᠦᠷᠲᠡᠬᠡᠬᠦᠪᠠᠨ ᠴᠢᠩᠭ᠋ᠠᠳᠬᠠᠵᠤ᠂ ᠨᠡᠢ᠌ᠭᠡᠮ᠎ᠤᠨ ᠬᠦᠴᠦᠨ ᠪᠠ ᠰᠠᠶ᠋ᠢᠨ ᠲᠤᠷᠠᠴᠤᠤᠯ᠎ᠤᠨ ᠤᠷᠢᠳᠴᠢᠯᠠᠨ ᠰᠡᠷᠭᠡᠢ᠌ᠯᠡᠵᠦ ᠵᠢᠯᠤᠭᠤᠳᠤᠨ ᠨᠦᠯᠦᠬᠡᠯᠡᠬᠦ ᠠᠵᠢᠯ᠎ᠳᠤ ᠣᠷᠣᠯᠴᠠᠬᠤ ᠵᠢ᠎ᠨᠢ ᠵᠣᠷᠢᠭᠵᠢᠭᠤᠯᠵᠤ᠂ ᠢᠳᠡᠷ ᠦᠳᠡᠭᠦᠰ᠎ᠤᠨ ᠠᠮᠤᠷ ᠲᠦᠪᠰᠢᠨ ᠪᠤᠰᠤ ᠬᠤᠷᠢᠴᠠᠯ᠎ᠤᠨ ᠠᠵᠢᠯᠯᠠᠭ᠎ᠠ ᠵᠢ ᠪᠠᠭ᠋ᠠᠰᠬᠠᠨ᠎ᠠ᠃
(ᠲᠠᠪᠤ) ᠵᠢᠱ᠌ᠢᠶ᠎ᠡ ᠦᠵᠡᠭᠦᠯᠦᠨ ᠬᠥᠲᠥᠯᠥᠨ ᠵᠢᠯᠣᠭᠣᠳᠬᠤ᠎ᠪᠠᠨ ᠴᠢᠩᠭ᠋ᠠᠷᠠᠭᠤᠯᠵᠤ᠂ ᠭᠣᠣᠯᠳᠠᠯᠭ᠎ᠠ᠎ᠲᠠᠢ ᠭᠠᠵᠠᠷ ᠣᠷᠣᠨ᠎ᠤ ᠰᠡᠷᠭᠡᠢ᠌ᠯᠡᠨ ᠵᠠᠰᠠᠬᠤ ᠠᠵᠢᠯ᠎ᠢ ᠠᠬᠢᠭᠤᠯᠤᠨ᠎ᠠ
1. ᠵᠢᠱ᠌ᠢᠶ᠎ᠡ ᠦᠵᠡᠭᠦᠯᠬᠦ ᠣᠷᠣᠨ᠎ᠤ ᠰᠢᠨ᠎ᠡ ᠵᠢ ᠡᠭᠦᠳᠴᠦ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃ ᠡᠯ᠎ᠡ ᠵᠢᠱ᠌ᠢᠶ᠎ᠡ ᠦᠵᠡᠭᠦᠯᠬᠦ ᠣᠷᠣᠨ᠎ᠨᠢ ᠠᠢ᠌ᠽ ᠡᠪᠡᠳᠴᠢᠨ᠎ᠤ ᠪᠡᠯᠭᠡ᠎ᠪᠠᠷ ᠳᠠᠮᠵᠢᠨ ᠬᠠᠯᠳᠠᠪᠤᠷᠢᠯᠠᠬᠤ ᠵᠢ ᠬᠣᠷᠢᠭᠯᠠᠬᠤ᠎ᠪᠠᠷ ᠭᠣᠤᠯ ᠰᠢᠪᠲᠤᠯᠤᠯᠲᠠ ᠵᠢᠨ ᠴᠢᠭᠯᠡᠯ ᠪᠣᠯᠭ᠋ᠠᠵᠤ᠂ ᠡᠷᠡᠭᠲᠡᠶ ᠵᠢᠨ ᠢᠵᠢᠯ ᠭᠦᠢ᠍ᠰᠦᠳᠡᠨᠤ ᠬᠤᠭᠤᠷᠤᠨᠳᠤᠬᠢ ᠬᠤᠷᠢᠴᠠᠯ᠎ᠤᠨ ᠠᠵᠢᠯᠯᠠᠭ᠎ᠠ᠎ᠲᠠᠢ ᠭᠦᠮᠦᠰ ᠵᠡᠷᠭᠡ ᠭᠣᠤᠯᠳᠠᠯᠭ᠎ᠠ᠎ᠲᠠᠢ ᠬᠥᠮᠦᠰ᠎ᠢ ᠰᠡᠷᠭᠡᠢ᠌ᠯᠡᠨ ᠵᠠᠰᠠᠬᠤ᠂ ᠣᠨᠣᠰᠢᠯᠠᠵᠤ ᠢᠯᠡᠷᠡᠭᠦᠯᠬᠦ ᠵᠢ ᠬᠦᠯᠢᠶᠡᠰᠦᠯᠡᠵᠦ ᠪᠠᠶ᠋ᠢᠭ᠎ᠠ ᠵᠡᠷᠭᠡ ᠭᠣᠤᠯᠳᠠᠯᠭ᠎ᠠ ᠵᠢᠨ ᠭᠣᠭᠴᠣᠭ᠋ᠠᠨ᠎ᠤ ᠬᠦᠴᠢᠷ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ ᠣᠯᠠᠨ ᠡᠪᠡᠳᠴᠢᠨ᠎ᠢ ᠬᠠᠮᠲᠤᠳᠤᠨᠢ ᠰᠡᠷᠭᠡᠢ᠌ᠯᠡᠬᠦ ᠵᠢ ᠠᠬᠢᠭᠤᠯᠵᠤ᠂ ᠠᠳᠠᠯᠢ ᠪᠤᠰᠤ ᠦᠷᠪᠢᠰᠦᠨ ᠳᠡᠯᠭᠡᠷᠡᠬᠦ ᠬᠢᠷᠢ ᠬᠡᠮᠵᠢᠶ᠎ᠡ᠂ ᠠᠳᠠᠯᠢ ᠪᠤᠰᠤ ᠲᠠᠷᠬᠠᠭ᠋ᠠᠯᠲᠠ ᠵᠢᠨ ᠣᠨᠴᠠᠯᠢᠭᠲᠤ ᠬᠠᠨᠳᠤᠭᠤᠯᠤᠭᠰᠠᠨ ᠠᠵᠢᠯ᠎ᠤᠨ ᠠᠷᠭ᠎ᠠ ᠵᠠᠮ᠎ᠢ ᠰᠦᠪᠡᠭᠴᠢᠯᠡᠵᠦ᠂ ᠥᠪᠡᠷᠮᠢᠴᠡ ᠣᠨᠴᠠᠯᠢᠭ᠎ᠲᠠᠢ᠂ ᠳᠠᠭᠤᠷᠢᠶᠠᠵᠤ ᠪᠣᠯᠬᠤ ᠪᠠ ᠳᠡᠯᠭᠡᠷᠡᠭᠦᠯᠵᠦ ᠪᠣᠯᠬᠤᠶ᠋ᠢᠴᠠ ᠰᠡᠷᠭᠡᠢ᠌ᠯᠡᠨ ᠬᠣᠷᠢᠭᠯᠠᠬᠤ ᠬᠡᠪ ᠵᠠᠭᠪᠤᠷ᠎ᠢ ᠪᠣᠶ ᠪᠣᠯᠭ᠋ᠠᠨ᠎ᠠ᠃
2. ᠭᠣᠣᠯᠳᠠᠯᠭ᠎ᠠ᠎ᠲᠠᠢ ᠭᠠᠵᠠᠷ ᠣᠷᠣᠨ᠎ᠢ ᠰᠡᠷᠭᠡᠢ᠌ᠯᠡᠨ ᠵᠠᠰᠠᠬᠤ ᠠᠵᠢᠯ ᠵᠶ᠋ᠠᠨ ᠴᠢᠩᠭ᠋ᠠᠳᠬᠠᠨ᠎ᠠ᠃ ᠭᠣᠤᠯᠳᠠᠯᠭ᠎ᠠ᠎ᠲᠠᠢ ᠭᠠᠵᠠᠷ ᠣᠷᠣᠨ᠎ᠢ ᠮᠠᠭ᠋ᠠᠳᠯᠠᠨ ᠲᠤᠨᠨᠲᠠᠭ᠋ᠠᠬᠤ ᠪᠠᠷᠢᠮᠵᠢᠶ᠎ᠠ᠎ᠪᠠᠨ ᠰᠤᠳᠤᠯᠤᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠶᠡᠷᠦᠩᠬᠡᠢ᠌ᠯᠡᠨ ᠵᠠᠳᠠᠯᠵᠤ ᠰᠤᠳᠤᠯᠤᠨ ᠮᠠᠭ᠋ᠠᠳᠯᠠᠵᠤ᠂ ᠠᠢ᠌ᠽ ᠡᠪᠡᠳᠴᠢᠨ᠎ᠢ ᠰᠡᠷᠭᠡᠢ᠌ᠯᠡᠨ ᠵᠠᠰᠠᠬᠤ ᠭᠣᠤᠯᠳᠠᠯᠭ᠎ᠠ᠎ᠲᠠᠢ ᠭᠠᠵᠠᠷ ᠣᠷᠣᠨ᠎ᠳᠤ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠨ᠎ᠡ᠃ ᠭᠣᠤᠯᠳᠠᠯᠭ᠎ᠠ᠎ᠲᠠᠢ ᠭᠠᠵᠠᠷ ᠣᠷᠣᠨ ᠵᠶ᠋ᠠᠷ ᠲᠣᠭᠲᠠᠭ᠋ᠠᠭᠰᠠᠨ ᠠᠢ᠌ᠮᠠᠭ ᠬᠣᠲᠠ ᠪᠠ ᠬᠣᠰᠢᠭᠤ ᠰᠢᠶᠠᠨ (ᠬᠣᠲᠠ᠂ ᠲᠣᠭᠣᠷᠢᠭ)᠎ᠨᠢ ᠡᠬᠢ ᠪᠠᠶᠠᠯᠢᠭ᠎ᠤᠨ ᠣᠷᠣᠭᠤᠯᠤᠯᠲᠠ᠎ᠪᠠᠨ ᠨᠡᠮᠡᠭᠳᠡᠭᠦᠯᠵᠦ᠂ 《ᠨᠢᠭᠡ ᠭᠠᠵᠠᠷ ᠣᠷᠣᠨ᠎ᠳᠤ ᠨᠢᠭᠡ ᠲᠦᠰᠦᠯ》 ᠠᠪᠴᠤ ᠰᠡᠷᠭᠡᠢ᠌ᠯᠡᠨ ᠵᠠᠰᠠᠬᠤ ᠠᠵᠢᠯ᠎ᠢ ᠰᠠᠢ᠌ᠲᠤᠷ ᠬᠢᠬᠦ ᠬᠡᠷᠡᠭᠲᠡᠶ᠃ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢ ᠪᠦᠷᠢᠨᠰᠢᠬᠦᠯᠵᠦ᠂ ᠮᠡᠳᠡᠭᠡ ᠵᠠᠩᠭᠢ᠎ᠪᠠᠨ ᠬᠠᠷᠢᠯᠴᠠᠨ ᠨᠡᠪᠲᠡᠷᠡᠯᠴᠡᠬᠦ ᠪᠠ ᠣᠷᠣᠨ ᠪᠦᠰᠡ ᠵᠢᠨ ᠬᠠᠮᠵᠢᠯᠴᠠᠭ᠎ᠠ᠎ᠪᠠᠨ ᠴᠢᠩᠭ᠋ᠠᠷᠠᠭᠤᠯᠵᠤ᠂ ᠶᠡᠷᠦᠩᠬᠡᠢ᠌ᠯᠡᠨ ᠵᠢᠯᠣᠭᠣᠳᠴᠤ ᠨᠥᠯᠥᠭᠡᠯᠡᠬᠦ᠂ ᠪᠠᠢ᠌ᠴᠠᠭ᠋ᠠᠨ ᠰᠢᠨᠵᠢᠵᠦ ᠡᠮᠨᠡᠨ ᠵᠠᠰᠠᠬᠤ᠂ ᠨᠡᠢ᠌ᠭᠡᠮ ᠨᠡᠢ᠌ᠲᠡ᠎ᠪᠠᠷ ᠵᠶ᠋ᠠᠨ ᠬᠠᠮᠲᠤ᠎ᠪᠠᠷ ᠵᠠᠰᠠᠬᠤ ᠵᠡᠷᠭᠡ ᠠᠵᠢᠯ᠎ᠢ ᠬᠠᠮᠲᠤᠷᠠᠨ ᠥᠷᠨᠢᠭᠦᠯᠦᠨ᠎ᠡ᠃ ᠬᠢᠯᠢ ᠵᠢᠨ ᠪᠣᠭᠣᠮᠲᠠ ᠵᠢᠨ ᠭᠠᠵᠠᠷ ᠣᠷᠣᠨ᠎ᠨᠤᠭᠤᠳ ᠬᠥᠷᠰᠢ ᠵᠡᠷᠭᠡᠯᠡᠳᠡᠭᠡ ᠤᠯᠤᠰ ᠪᠠ ᠭᠠᠵᠠᠷ ᠣᠷᠣᠨ᠎ᠤ᠎ᠪᠠᠨ ᠠᠢ᠌ᠽ ᠡᠪᠡᠳᠴᠢᠨ᠎ᠤ ᠬᠢᠵᠢᠭ᠎ᠤᠨ ᠪᠠᠢ᠌ᠳᠠᠯ᠎ᠤᠨ ᠠᠬᠢᠴᠠ ᠵᠢ ᠴᠠᠭ ᠲᠤᠬᠠᠶ᠎ᠳᠤᠨᠢ ᠣᠢ᠌ᠯᠠᠭ᠋ᠠᠵᠤ᠂ ᠬᠠᠨᠳᠤᠯᠭ᠋ᠠᠲᠤ ᠴᠢᠨᠠᠷᠲᠠᠶ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭ᠋ᠠᠬᠤ ᠬᠡᠷᠡᠭᠲᠡᠶ᠃
(ᠵᠢᠷᠭᠤᠭ᠎ᠠ) ᠶᠡᠷᠦᠩᠬᠡᠢ᠌ᠯᠡᠨ ᠵᠠᠰᠠᠬᠤ ᠵᠢ ᠭᠦᠨᠵᠡᠭᠡᠢ᠌ᠷᠡᠭᠦᠯᠵᠦ᠂ ᠰᠡᠷᠭᠡᠢ᠌ᠯᠡᠨ ᠵᠠᠰᠠᠬᠤ ᠦᠷ᠎ᠡ ᠪᠦᠲᠦᠭᠡᠮᠵᠢ ᠵᠢ ᠪᠡᠬᠢᠵᠢᠭᠦᠯᠦᠨ ᠳᠡᠭᠡᠭᠰᠢᠯᠡᠭᠦᠯᠦᠨ᠎ᠡ
1. ᠨᠡᠢ᠌ᠭᠡᠮ᠎ᠤᠨ ᠶᠡᠷᠦᠩᠬᠡᠢ᠌ᠯᠡᠭᠰᠡᠨ ᠵᠠᠰᠠᠯᠲᠠ ᠵᠢ ᠬᠠᠤᠯᠢ ᠶᠣᠰᠣᠭ᠋ᠠᠷ ᠥᠷᠨᠢᠭᠦᠯᠦᠨ᠎ᠡ᠃ ᠱᠠᠯᠢᠭ ᠵᠠᠪᠬᠠᠢ ᠵᠦᠢ᠍ᠯ᠎ᠳᠤ ᠬᠤᠯᠪᠤᠨᠨᠳᠠᠬᠤ ᠵᠡᠷᠭᠡ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠢ᠌ᠽ ᠡᠪᠡᠳᠴᠢᠨ᠎ᠤ ᠲᠠᠷᠬᠠᠭ᠋ᠠᠯᠲᠠ᠎ᠳᠤ ᠬᠤᠯᠪᠤᠨᠨᠳᠠᠨᠨᠰᠠᠨ ᠠᠶᠤᠯᠲᠠᠶ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ ᠰᠢᠢ᠍ᠳᠪᠦᠷᠢᠯᠡᠨ᠂ ᠠᠢ᠌ᠽ ᠡᠪᠡᠳᠴᠢᠨ᠎ᠢ ᠵᠣᠷᠢᠭᠤᠳᠠ ᠲᠠᠷᠬᠠᠭ᠋ᠠᠭᠰᠠᠨ ᠰᠡᠵᠢᠭᠯᠡᠯᠲᠡᠶ ᠬᠡᠷᠡᠭ᠎ᠢ ᠴᠠᠭ ᠲᠤᠬᠠᠶ᠎ᠳᠤᠨᠢ ᠬᠠᠤᠯᠢ ᠶᠣᠰᠣᠭ᠋ᠠᠷ ᠬᠡᠷᠡᠭ ᠪᠣᠯᠭ᠋ᠠᠨ ᠲᠠᠨᠭ᠌ᠰᠠᠯᠠᠵᠤ ᠲᠤᠷᠰᠢᠨ ᠪᠠᠶ᠋ᠢᠴᠠᠭ᠋ᠠᠨ᠎ᠠ᠃ ᠪᠠᠷᠢᠪᠴᠢᠯᠠᠭᠰᠠᠨ ᠶᠠᠩᠬᠠᠯᠠᠬᠤ ᠪᠠ ᠶᠠᠩᠬᠠᠨ᠎ᠳᠤ ᠣᠷᠣᠬᠤ᠂ ᠣᠯᠠᠭᠤᠯᠠ ᠨᠡᠢ᠌ᠯᠡᠵᠦ ᠰᠠᠳᠤᠷᠯᠠᠵᠤ ᠵᠠᠪᠬᠠᠶ᠋ᠢᠷᠠᠬᠤ᠂ ᠬᠣᠤᠷ ᠲᠠᠲᠠᠬᠤ ᠪᠠ ᠬᠣᠣᠷᠲᠤ ᠡᠳ᠋ ᠫᠠᠨᠽᠠᠯᠠᠬᠤ ᠬᠥᠮᠦᠰ᠎ᠲᠤ ᠴᠥᠮ ᠠᠢ᠌ᠽ ᠡᠪᠡᠳᠴᠢᠨ᠎ᠤ ᠪᠠᠶ᠋ᠢᠴᠠᠭ᠋ᠠᠨ ᠰᠢᠨᠵᠢᠯᠲᠡ ᠬᠢᠵᠦ᠂ ᠬᠠᠯᠳᠠᠪᠤᠷᠢᠯᠠᠭᠰᠠᠳ᠎ᠢ ᠭᠣᠤᠯᠳᠠᠯᠭ᠎ᠠ᠎ᠲᠠᠢ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠬᠤ ᠵᠢᠨ ᠬᠠᠮᠲᠤ ᠸᠢᠷᠦ᠋ᠰ᠎ᠢ ᠡᠰᠡᠷᠭᠦᠴᠡᠬᠦ ᠡᠮᠨᠡᠯᠬᠡ ᠵᠠᠰᠠᠯᠭ᠎ᠠ ᠬᠢᠬᠦ ᠬᠡᠷᠡᠭᠲᠡᠶ᠃ ᠨᠡᠢ᠌ᠭᠡᠮ᠎ᠤᠨ ᠬᠠᠷᠢᠯᠴᠠᠭ᠋ᠠᠨ᠎ᠤ ᠵᠠᠭᠤᠴᠢᠯᠠᠭᠤᠷ᠂ ᠰᠦᠯᠵᠢᠶᠡᠨ᠎ᠤ ᠲᠠᠪᠴᠠᠩ ᠪᠠ ᠨᠡᠢ᠌ᠭᠡᠮ᠎ᠤᠨ ᠬᠠᠷᠢᠯᠴᠠᠭ᠋ᠠᠨ᠎ᠤ ᠵᠥᠭᠡᠯᠡᠨ ᠬᠡᠷᠡᠭᠰᠡᠯᠲᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠠᠮᠢᠶ᠎ᠠ ᠪᠥᠬᠥᠶ ᠠᠵᠤ ᠠᠬᠤᠢ᠌ᠯᠠᠯ᠎ᠢ ᠰᠢᠮᠳᠠᠭᠤᠯᠵᠤ ᠪᠠᠢ᠌ᠭ᠋ᠠᠳ ᠡᠪᠡᠳᠴᠢᠨ ᠡᠮᠭᠡᠭ᠎ᠢ ᠰᠡᠷᠭᠡᠢ᠌ᠯᠡᠨ ᠬᠣᠷᠢᠭᠯᠠᠬᠤ ᠰᠠᠯᠠᠭ᠎ᠠ ᠮᠥᠴᠢᠷ᠎ᠲᠠᠢ ᠬᠠᠮᠵᠢᠯᠴᠠᠨ ᠲᠦᠭᠰᠢᠭᠦᠷᠢ ᠵᠢᠨ ᠰᠠᠨᠠᠭᠤᠯᠤᠮᠵᠢ ᠵᠢᠨ ᠮᠡᠳᠡᠭᠡ ᠵᠠᠩᠭᠢ ᠵᠢ ᠨᠡᠶ᠋ᠢᠲᠡᠯᠡᠨ᠎ᠡ᠃ ᠬᠠᠤᠯᠢ ᠪᠤᠰᠤ᠎ᠪᠠᠷ ᠴᠢᠰᠤ ᠠᠪᠴᠤ ᠴᠢᠰᠤ ᠬᠠᠩᠭ᠋ᠠᠬᠤ ᠪᠠ ᠪᠤᠰᠤᠳ᠎ᠢ ᠵᠣᠬᠢᠶᠠᠨ ᠪᠠᠶ᠋ᠢᠭᠤᠯᠵᠤ ᠴᠢᠰᠤ ᠬᠤᠳᠠᠯᠳᠤᠭ᠋ᠠᠯᠠᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠠᠤᠯᠢ ᠪᠤᠰᠤ᠎ᠪᠠᠷ ᠡᠮᠴᠢᠯᠡᠬᠦ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃
2. ᠬᠢᠨᠠᠨ ᠬᠠᠮᠢᠶᠠᠷᠴᠤ ᠪᠠᠶ᠋ᠢᠭ᠎ᠠ ᠲᠠᠯᠠᠪᠤᠷ ᠭᠠᠵᠠᠷ᠎ᠲᠠᠬᠢ ᠠᠢ᠌ᠽ ᠡᠪᠡᠳᠴᠢᠨ᠎ᠤ ᠰᠡᠷᠭᠡᠢ᠌ᠯᠡᠨ ᠵᠠᠰᠠᠯᠲᠠ ᠵᠢ ᠴᠢᠩᠭ᠋ᠠᠷᠠᠭᠤᠯᠤᠨ᠎ᠠ᠃ ᠬᠢᠨᠠᠨ ᠬᠠᠮᠢᠶᠠᠷᠤᠭᠳᠠᠵᠤ ᠪᠠᠢ᠌ᠭ᠎ᠠ ᠬᠥᠮᠦᠰ᠎ᠤᠨ ᠠᠢ᠌ᠽ ᠡᠪᠡᠳᠴᠢᠨ᠎ᠢ ᠰᠡᠷᠭᠡᠢ᠌ᠯᠡᠨ ᠵᠠᠰᠠᠬᠤ ᠤᠬᠠᠭᠤᠯᠭ᠎ᠠ ᠬᠥᠮᠦᠵᠢᠯ᠎ᠢ ᠨᠠᠢ᠌ᠳᠠᠪᠤᠷᠢᠵᠢᠭᠤᠯᠵᠤ᠂ ᠬᠢᠨᠠᠨ ᠬᠠᠮᠢᠶᠠᠷᠴᠤ ᠪᠠᠶ᠋ᠢᠭ᠎ᠠ ᠲᠠᠯᠠᠪᠤᠷ ᠭᠠᠵᠠᠷ᠎ᠤᠨ᠎ᠬᠢᠨ ᠬᠢᠨᠠᠨ ᠬᠠᠮᠢᠶᠠᠷᠬᠤ ᠬᠤᠭᠤᠴᠠᠭ᠎ᠠ᠎ᠨᠢ ᠭᠤᠷᠪᠠᠨ ᠰᠠᠷ᠎ᠠ᠎ᠠᠴᠠ ᠳᠡᠭᠡᠭᠰᠢ ᠪᠤᠶᠤ ᠬᠢᠨᠠᠨ ᠬᠠᠮᠢᠶᠠᠷᠤᠭᠳᠠᠬᠤᠠᠴᠠᠪᠠᠨ ᠡᠮᠦᠨ᠎ᠡ ᠶᠠᠩᠬᠠᠯᠠᠨᠨᠰᠠᠨ ᠪᠠ ᠶᠠᠩᠬᠠᠨ᠎ᠳᠤ ᠤᠷᠤᠨᠨᠰᠠᠨ᠂ ᠬᠣᠤᠷ ᠳᠠᠳᠠᠨᠨᠰᠠᠨ ᠵᠡᠷᠭᠡ ᠦᠢ᠍ᠯᠡ ᠠᠵᠢᠯᠯᠠᠭ᠎ᠠ᠎ᠲᠠᠢ ᠬᠢᠨᠠᠨ ᠬᠠᠮᠢᠶᠠᠷᠤᠭᠳᠠᠵᠤ ᠪᠠᠢ᠌ᠭ᠎ᠠ ᠬᠥᠮᠦᠰ᠎ᠲᠤ ᠴᠥᠮ ᠠᠢ᠌ᠽ ᠡᠪᠡᠳᠴᠢᠨ᠎ᠤ ᠸᠢᠷᠦ᠋ᠰ᠎ᠤᠨ ᠠᠨᠲ᠋ᠢᠪᠣᠳᠤᠨ ᠪᠠᠶ᠋ᠢᠴᠠᠭ᠋ᠠᠨ ᠰᠢᠨᠵᠢᠯᠲᠡ ᠬᠢᠵᠦ᠂ ᠬᠠᠯᠳᠠᠪᠤᠷᠢᠯᠠᠭᠰᠠᠳ᠎ᠢ ᠭᠣᠤᠯᠳᠠᠯᠭ᠎ᠠ᠎ᠲᠠᠢ ᠬᠠᠮᠢᠶᠠᠷᠬᠤ ᠬᠡᠪᠴᠢᠶᠡᠨ᠎ᠳᠤ ᠣᠷᠣᠭᠤᠯᠬᠤ ᠵᠢᠨ ᠬᠠᠮᠲᠤ ᠸᠢᠷᠦ᠋ᠰ᠎ᠢ ᠡᠰᠡᠷᠭᠦᠴᠡᠬᠦ ᠡᠮᠨᠡᠯᠬᠡ ᠵᠠᠰᠠᠯᠭ᠎ᠠ ᠥᠷᠨᠢᠭᠦᠯᠬᠦ ᠬᠡᠷᠡᠭᠲᠡᠶ᠃ ᠬᠢᠨᠠᠨ ᠬᠠᠮᠢᠶᠠᠷᠴᠤ ᠪᠠᠶ᠋ᠢᠭ᠎ᠠ ᠲᠠᠯᠠᠪᠤᠷ ᠭᠠᠵᠠᠷ᠎ᠨᠢ ᠣᠷᠣᠨ ᠨᠤᠲᠤᠭ᠎ᠤᠨ ᠡᠪᠡᠳᠴᠢᠨ ᠡᠮᠭᠡᠭ ᠰᠡᠷᠭᠡᠢ᠌ᠯᠡᠨ ᠬᠣᠷᠢᠭᠯᠠᠬᠤ ᠪᠠᠢ᠌ᠭᠤᠯᠤᠮᠵᠢ᠎ᠯᠤᠭ᠎ᠠ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠪᠠᠢ᠌ᠴᠠᠭ᠋ᠠᠬᠤ ᠶᠣᠰᠣᠲᠠᠶ ᠪᠦᠬᠦᠨ᠎ᠢ ᠪᠠᠢ᠌ᠴᠠᠭ᠋ᠠᠬᠤ ᠵᠢ ᠪᠡᠶᠡᠯᠡᠭᠦᠯᠬᠦ ᠬᠡᠷᠡᠭᠲᠡᠶ᠃ ᠬᠢᠨᠠᠨ ᠬᠠᠮᠢᠶᠠᠷᠤᠯᠲᠠ᠎ᠠᠴᠠ ᠲᠠᠶ᠋ᠢᠯᠤᠭᠳᠠᠵᠤ ᠲᠠᠯᠠᠪᠤᠷ ᠭᠠᠵᠠᠷ᠎ᠠᠴᠠ ᠭᠠᠷᠤᠭᠰᠠᠨ ᠬᠥᠮᠦᠰ᠎ᠲᠤ ᠴᠠᠭ ᠲᠤᠬᠠᠶ᠎ᠳᠤᠨᠢ ᠭᠠᠵᠠᠷ ᠰᠢᠯᠵᠢᠬᠦᠯᠵᠦ ᠡᠮᠨᠡᠨ ᠵᠠᠰᠠᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
3. ᠬᠣᠣᠷᠲᠤ ᠡᠳ᠋᠎ᠢ ᠴᠠᠭ᠋ᠠᠵᠠᠯᠠᠵᠤ ᠠᠢ᠌ᠽ ᠡᠪᠡᠳᠴᠢᠨ᠎ᠢ ᠰᠡᠷᠭᠡᠢ᠌ᠯᠡᠬᠦ ᠠᠵᠢᠯ ᠵᠶ᠋ᠠᠨ ᠦᠷᠭᠦᠯᠵᠢᠯᠡᠨ ᠴᠢᠩᠭ᠋ᠠᠳᠬᠠᠨ᠎ᠠ᠃ ᠬᠣᠤᠷᠲᠤ ᠡᠳ᠋ ᠴᠠᠭ᠋ᠠᠵᠠᠯᠠᠬᠤ ᠠᠵᠢᠯ᠎ᠢ ᠠᠢ᠌ᠽ ᠡᠪᠡᠳᠴᠢᠨ ᠰᠡᠷᠭᠡᠢ᠌ᠯᠡᠨ ᠵᠠᠰᠠᠬᠤᠯᠤᠭᠠ ᠨᠢᠭᠲᠠ ᠤᠶᠠᠯᠳᠤᠭᠤᠯᠵᠤ᠂ ᠬᠣᠤᠷᠲᠤ ᠡᠳ᠋ ᠠᠷᠠᠯᠵᠢᠶᠠᠯᠠᠬᠤ ᠨᠡᠢ᠌ᠭᠡᠮ᠎ᠤᠨ ᠬᠠᠷᠢᠯᠴᠠᠭ᠋ᠠᠨ᠎ᠤ ᠵᠠᠭᠤᠴᠢᠯᠠᠭᠤᠷ᠂ ᠰᠦᠯᠵᠢᠶᠡᠨ᠎ᠤ ᠲᠠᠪᠴᠠᠩ ᠪᠠ ᠬᠤᠪᠢ ᠬᠥᠮᠦᠨ᠎ᠢ ᠴᠠᠭ ᠲᠤᠬᠠᠶ᠎ᠳᠤᠨᠢ ᠢᠯᠭ᠋ᠠᠷᠠᠭᠤᠯᠵᠤ ᠴᠣᠬᠢᠯᠲᠠ ᠥᠭᠭᠦᠨ᠎ᠡ᠃ ᠡᠮ ᠲᠠᠩ᠎ᠢ ᠳᠤᠷ᠎ᠠ᠎ᠪᠠᠷ ᠬᠡᠷᠡᠭᠯᠡᠬᠦ ᠵᠢ ᠬᠢᠨᠠᠨ ᠰᠢᠨᠵᠢᠬᠦ᠂ ᠣᠨᠴᠠᠭ᠋ᠠᠶ᠋ᠢᠯᠠᠨ ᠤᠯᠠᠨ ᠤᠯᠤᠰ᠎ᠤᠨ ᠮᠢᠨᠴᠦᠭᠦᠷᠡᠬᠦᠯᠬᠦ ᠡᠮ᠎ᠤᠨ ᠵᠦᠢ᠍ᠯ᠎ᠤᠨ ᠵᠠᠬᠢᠷᠤᠨ ᠬᠠᠮᠢᠶᠠᠷᠬᠤ ᠨᠡᠶ᠋ᠢᠳᠡ ᠵᠢᠨ ᠭᠡᠷ᠎ᠡ᠎ᠳᠤ ᠵᠢᠨᠨᠰᠠᠭ᠋ᠠᠨ ᠤᠷᠤᠭᠤᠯᠤᠨᠨᠰᠠᠨ ᠦᠬᠡᠢ ᠣᠷᠣᠯᠠᠬᠤ ᠪᠣᠳᠠᠰᠲᠠᠬᠢ ᠬᠢᠨᠠᠨ ᠰᠢᠨᠵᠢᠯᠲᠡ᠎ᠪᠠᠨ ᠦᠷᠭᠦᠯᠵᠢᠯᠡᠨ ᠰᠠᠢ᠌ᠲᠤᠷ ᠬᠢᠵᠦ᠂ ᠮᠢᠨᠴᠦᠭᠦᠷᠡᠭᠦᠯᠬᠦ ᠡᠮ᠎ᠤᠨ ᠵᠦᠢ᠍ᠯ ᠪᠠ ᠮᠡᠳᠡᠷᠡᠯ᠎ᠤᠨ ᠡᠮ᠎ᠤᠨ ᠵᠦᠢ᠍ᠯ᠎ᠢ ᠬᠢᠨᠠᠨ ᠡᠵᠡᠮᠳᠡᠬᠦ ᠬᠡᠪᠴᠢᠶ᠎ᠡ᠎ᠳᠤ ᠴᠠᠭ ᠲᠤᠬᠠᠶ᠎ᠳᠤᠨᠢ ᠲᠤᠬᠢᠷᠠᠭᠤᠯᠤᠯᠳᠠ ᠬᠢᠵᠦ᠂ ᠳᠤᠷ᠎ᠠ᠎ᠪᠠᠷ ᠭᠡᠷᠡᠭᠯᠡᠭᠳᠡᠵᠦ ᠪᠠᠶ᠋ᠢᠭ᠎ᠠ ᠪᠣᠳᠠᠰ ᠪᠠ ᠬᠠᠤᠯᠢ ᠪᠤᠰᠤ᠎ᠪᠠᠷ ᠲᠠᠴᠢᠶᠠᠯ ᠬᠦᠳᠡᠯᠭᠡᠬᠦ ᠡᠮ ᠦᠢ᠍ᠯᠡᠳᠪᠦᠷᠢᠯᠡᠬᠦ ᠪᠠ ᠭᠦᠢ᠍ᠯᠬᠡᠬᠡᠬᠦᠳᠤ ᠬᠠᠤᠯᠢ ᠶᠣᠰᠣᠭ᠋ᠠᠷ ᠴᠣᠬᠢᠯᠲᠠ ᠥᠭᠬᠦ ᠬᠡᠷᠡᠭᠲᠡᠶ᠃ ᠬᠣᠤᠷ ᠡᠳ᠋ᠯᠡᠬᠦ ᠵᠢ ᠵᠣᠭᠰᠣᠭ᠋ᠠᠬᠤ ᠡᠮ ᠵᠠᠷᠤᠵᠦ ᠦᠷᠭᠦᠯᠵᠢᠯᠡᠨ ᠡᠮᠨᠡᠬᠦ ᠵᠠᠰᠠᠯᠲᠠ ᠵᠢ ᠬᠣᠤᠷ ᠳᠠᠳᠠᠨᠨᠴᠢ ᠵᠢ ᠡᠮᠨᠡᠨ ᠵᠠᠰᠠᠵᠤ ᠵᠣᠭᠰᠣᠭ᠋ᠠᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠬᠣᠤᠷ ᠡᠳ᠋ᠯᠡᠬᠦ ᠵᠢ ᠵᠣᠭᠰᠣᠭ᠋ᠠᠬᠤ ᠡᠮ ᠵᠠᠷᠤᠵᠦ ᠦᠷᠭᠦᠯᠵᠢᠯᠡᠨ ᠡᠮᠨᠡᠨ ᠵᠠᠰᠠᠬᠤ ᠡᠮᠴᠢᠯᠡᠭᠡᠨ᠎ᠤ ᠡᠭᠦᠳᠡᠨ ᠡᠮᠨᠡᠯᠭᠡ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠂ ᠨᠡᠢ᠌ᠭᠡᠮ ᠲᠣᠭᠣᠷᠢᠭ᠎ᠠᠴᠠ ᠬᠣᠤᠷ ᠡᠳ᠋ᠯᠡᠬᠦ ᠵᠢ ᠵᠣᠭᠰᠣᠭ᠋ᠠᠬᠤ᠂ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠤᠷ ᠡᠳ᠋ᠯᠡᠬᠦ ᠵᠢ ᠵᠣᠭᠰᠣᠭ᠋ᠠᠬᠤ᠂ ᠨᠡᠢ᠌ᠭᠡᠮ ᠲᠣᠭᠣᠷᠢᠭ᠎ᠠᠴᠠ ᠡᠷᠡᠭᠦᠯᠵᠢᠭᠦᠯᠬᠦ ᠵᠢ ᠬᠣᠤᠷ ᠡᠳ᠋ᠯᠡᠬᠦ ᠵᠢ ᠵᠣᠭᠰᠣᠭ᠋ᠠᠬᠤ ᠡᠮ ᠵᠶ᠋ᠠᠷ ᠦᠷᠭᠦᠯᠵᠢᠯᠡᠨ ᠡᠮᠨᠡᠬᠦ ᠵᠠᠰᠠᠯᠲᠠ᠎ᠲᠠᠢ ᠵᠤᠯᠭ᠋ᠠᠯᠳᠤᠭᠤᠯᠬᠤ ᠪᠠ ᠮᠡᠳᠡᠭᠡ ᠵᠠᠩᠭᠢ ᠵᠢ ᠬᠠᠮᠲᠤ᠎ᠳᠤ᠎ᠪᠠᠨ ᠭᠥᠷᠳᠡᠬᠦ ᠲᠣᠭᠲᠠᠴᠠ᠎ᠪᠠᠨ ᠪᠦᠷᠢᠨᠰᠢᠭᠦᠯᠦᠨ᠎ᠡ᠃
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠰᠠᠯᠠᠭ᠎ᠠ ᠮᠥᠴᠢᠷ᠎ᠤᠳ ᠬᠠᠮᠵᠢᠯᠴᠠᠭᠰᠠᠨ᠂ ᠨᠡᠢ᠌ᠭᠡᠮ ᠨᠡᠶ᠋ᠢᠳᠡ ᠵᠢ ᠳᠠᠢ᠌ᠴᠢᠯᠠᠭᠰᠠᠨ᠂ ᠪᠥᠬᠥ ᠠᠷᠠᠳ ᠵᠶ᠋ᠠᠷ ᠵᠶ᠋ᠠᠨ ᠣᠷᠣᠯᠴᠠᠭᠰᠠᠨ ᠠᠵᠢᠯ᠎ᠤᠨ ᠲᠣᠭᠲᠠᠴᠠ ᠵᠢ ᠪᠦᠷᠢᠨᠰᠢᠬᠦᠯᠦᠨ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠡᠷᠭᠡᠢ᠌ᠯᠡᠨ ᠵᠠᠰᠠᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠠᠢ᠌ᠽ ᠡᠪᠡᠳᠴᠢᠨ᠎ᠢ ᠰᠡᠷᠭᠡᠢ᠌ᠯᠡᠨ ᠵᠠᠰᠠᠬᠤ ᠠᠵᠢᠯ᠎ᠤᠨ ᠵᠣᠬᠢᠴᠠᠭᠤᠯᠬᠤ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠤᠨ᠂ 《ᠡᠮᠴᠢᠯᠡᠭᠡ᠂ ᠡᠮᠴᠢᠯᠡᠭᠡᠨ᠎ᠤ ᠪᠠᠲᠤᠯᠠᠭ᠎ᠠ᠂ ᠡᠮ ᠡᠮᠨᠡᠯᠭᠡ》 ᠵᠢᠨ ᠵᠣᠬᠢᠴᠠᠯᠳᠤᠨ ᠬᠥᠭᠵᠢᠬᠦ ᠵᠢ ᠴᠢᠩᠭ᠋ᠠᠷᠠᠭᠤᠯᠵᠤ᠂ ᠰᠡᠷᠭᠡᠢ᠌ᠯᠡᠨ ᠵᠠᠰᠠᠬᠤ ᠠᠵᠢᠯ᠎ᠤᠨ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ᠃ ᠠᠢ᠌ᠽ ᠡᠪᠡᠳᠴᠢᠨ᠎ᠢ ᠰᠡᠷᠭᠡᠢ᠌ᠯᠡᠨ ᠵᠠᠰᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠰᠡᠷᠭᠡᠢ᠌ᠯᠡᠨ ᠵᠠᠰᠠᠬᠤ ᠲᠤᠰᠬᠠᠶ ᠮᠡᠷᠭᠡᠵᠢᠯ᠎ᠤᠨ ᠠᠵᠢᠯᠳᠠᠨ᠎ᠢ ᠭᠦᠢ᠍ᠴᠡᠳ ᠲᠣᠬᠢᠷᠠᠭᠤᠯᠬᠤ ᠪᠦᠬᠡᠳ ᠰᠢᠯᠢᠳᠡᠭ᠎ᠢ᠎ᠨᠢ ᠲᠣᠬᠢᠷᠠᠭᠤᠯᠵᠤ᠂ ᠰᠡᠷᠭᠡᠢ᠌ᠯᠡᠨ ᠵᠠᠰᠠᠬᠤ ᠠᠵᠢᠯᠳᠠᠨ᠎ᠢ ᠢᠯᠡᠭᠦᠬᠡᠨ ᠬᠠᠯᠠᠮᠵᠢᠯᠠᠨ ᠬᠠᠶ᠋ᠢᠷᠠᠯᠠᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠢ ᠲᠣᠭᠲᠠᠭ᠋ᠠᠯ ᠶᠣᠰᠣᠭ᠋ᠠᠷ ᠰᠡᠷᠭᠡᠢ᠌ᠯᠡᠨ ᠵᠠᠰᠠᠬᠤ᠎ᠲᠠᠢ ᠬᠠᠮᠢᠶᠠᠳᠠᠭᠰᠠᠨ ᠣᠷᠣᠭᠤᠯᠤᠯᠲᠠ ᠵᠢᠨ ᠲᠥᠷᠥ ᠵᠢᠨ ᠪᠤᠳᠤᠯᠭ᠎ᠠ ᠵᠢᠴᠢ ᠡᠷᠡᠭᠦᠯ ᠬᠠᠮᠠᠭ᠋ᠠᠯᠠᠯ ᠬᠢᠵᠢᠭ᠎ᠤᠨ ᠰᠡᠷᠭᠡᠢ᠌ᠯᠡᠯᠲᠡ ᠵᠢᠨ ᠨᠡᠮᠡᠯᠭᠡ ᠨᠡᠮᠡᠭᠦᠷᠢ ᠵᠡᠷᠭᠡ ᠲᠥᠷᠥ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠬᠤᠯᠠ ᠶᠡᠬᠡ ᠲᠤᠰᠬᠠᠶ ᠵᠦᠢ᠍ᠯ ᠪᠠ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠦᠩᠭᠦᠨ᠎ᠤ ᠲᠥᠷᠥᠯ ᠵᠦᠢ᠍ᠯ ᠵᠡᠷᠭᠡ᠎ᠲᠠᠢ ᠤᠶᠠᠯᠳᠤᠭᠤᠯᠤᠨ᠂ ᠠᠢ᠌ᠽ ᠡᠪᠡᠳᠴᠢᠨ᠎ᠢ ᠰᠡᠷᠭᠡᠢ᠌ᠯᠡᠨ ᠵᠠᠰᠠᠬᠤ ᠭᠣᠤᠯᠯᠠᠬᠤ ᠮᠡᠷᠭᠡᠵᠢᠯ ᠪᠠ ᠵᠠᠩᠭᠢᠯᠠᠭ᠎ᠠ ᠵᠢᠨ ᠠᠷᠭ᠎ᠠ ᠪᠣᠳᠣᠯᠭ᠎ᠠ ᠵᠢᠨ ᠰᠤᠳᠤᠯᠭ᠋ᠠᠨ ᠥᠷᠨᠢᠭᠦᠯᠬᠦ ᠵᠢ ᠳᠡᠮᠵᠢᠵᠦ᠂ ᠦᠷ᠎ᠡ ᠪᠦᠲᠦᠭᠡᠯ᠎ᠢ ᠤᠯᠠᠷᠢᠭᠤᠯᠬᠤ ᠪᠠ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠨ᠎ᠡ᠃
ᠳᠥᠷᠪᠡ᠂ ᠵᠢᠭ᠋ᠠᠨ ᠵᠢᠯᠣᠭᠣᠳᠤᠯᠭ᠎ᠠ ᠪᠠ ᠦᠨᠡᠯᠡᠨ ᠵᠢᠱ᠌ᠢᠯᠲᠡ
ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠪᠡᠳᠴᠢᠨ ᠡᠮᠭᠡᠭ᠎ᠢ ᠰᠡᠷᠭᠡᠢ᠌ᠯᠡᠨ ᠬᠣᠷᠢᠭᠯᠠᠬᠤ ᠲᠣᠪᠴᠢᠶ᠎ᠠ᠎ᠨᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠢ᠌ᠽ ᠡᠪᠡᠳᠴᠢᠨ᠎ᠢ ᠰᠡᠷᠭᠡᠢ᠌ᠯᠡᠨ ᠵᠠᠰᠠᠬᠤ ᠠᠵᠢᠯ᠎ᠤᠨ ᠺᠣᠮᠢᠰ᠎ᠤᠨ ᠠᠯᠪᠠᠨ ᠬᠡᠷ᠎ᠤᠨ ᠱᠠᠭ᠋ᠠᠷᠳᠠᠯᠭ᠎ᠠ ᠶᠣᠰᠣᠭ᠋ᠠᠷ ᠲᠥᠯᠥᠪᠵᠢᠭᠦᠯᠭᠡ ᠵᠢ ᠬᠡᠷᠡᠭᠵᠢᠭᠦᠯᠦᠭᠰᠡᠨ ᠪᠠᠢ᠌ᠴᠠᠭ᠋ᠠᠨ ᠰᠤᠳᠤᠯᠤᠯᠲᠠ ᠪᠠ ᠵᠢᠯᠣᠭᠣᠳᠣᠯᠭ᠎ᠠ ᠥᠷᠨᠢᠭᠦᠯᠵᠦ᠂ ᠱᠠᠳᠤᠴᠢ ᠴᠢᠨᠠᠷᠲᠠᠶ ᠦᠨᠡᠯᠡᠨ ᠵᠢᠱ᠌ᠢᠯᠲᠡ ᠪᠠ ᠰᠡᠭᠦᠯᠴᠢ ᠵᠢᠨ ᠬᠤᠭᠤᠴᠠᠭ᠋ᠠᠨ᠎ᠤ ᠦᠨᠡᠯᠡᠨ ᠵᠢᠱ᠌ᠢᠯᠲᠡ ᠵᠢ ᠵᠣᠬᠢᠶᠠᠨ ᠪᠠᠶ᠋ᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠢ ᠰᠠᠯᠠᠭ᠎ᠠ ᠮᠥᠴᠢᠷ ᠲᠥᠯᠥᠪᠵᠢᠭᠦᠯᠭᠡ ᠵᠢ ᠬᠡᠷᠡᠭᠵᠢᠭᠦᠯᠦᠭᠰᠡᠨ ᠠᠬᠢᠴᠠ ᠪᠠ ᠦᠷ᠎ᠡ ᠪᠦᠲᠦᠭᠡᠮᠵᠢ ᠵᠢ ᠵᠢᠯᠣᠭᠣᠳᠴᠤ ᠦᠨᠡᠯᠡᠨ ᠵᠢᠰᠢᠵᠦ᠂ ᠲᠤᠰ ᠲᠥᠯᠥᠪᠵᠢᠭᠦᠯᠭᠡ ᠵᠢᠨ ᠡᠯ᠎ᠡ ᠵᠦᠢ᠍ᠯ᠎ᠤᠨ ᠡᠭᠦᠷᠭᠡ ᠵᠢᠨ ᠲᠤᠭᠤᠰᠢᠯᠠᠭᠳᠠᠨ ᠨᠠᠶ᠋ᠢᠳᠠᠪᠤᠷᠢᠵᠢᠭᠳᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ 2 ᠳ᠋ᠤᠭ᠋ᠠᠷ ᠰᠠᠷ᠎ᠠ ᠵᠢᠨ 20᠎ᠤ ᠡᠳᠦᠷ ᠳᠠᠷᠤᠮᠠᠯᠯᠠᠨ ᠲᠠᠷᠬᠠᠭ᠋ᠠᠪᠠ