ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ 〔2025〕 20 ᠳ᠋ᠤᠭᠠᠷ ᠲᠣᠭᠠᠲᠤ
ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠴᠢᠩᠭ᠎ᠠ ᠵᠢᠷᠤᠮᠵᠢᠭᠤᠯᠬᠤ ᠲᠤᠬᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ
ᠠᠯᠪᠠᠨ ᠲᠢᠩᠬᠢᠮ᠎ᠦᠨ ᠬᠡᠷᠡᠭᠵᠢᠭᠦᠯᠬᠦ ᠰᠠᠨᠠᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
《ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠴᠢᠩᠭ᠎ᠠ ᠵᠢᠷᠤᠮᠵᠢᠭᠤᠯᠬᠤ ᠲᠤᠬᠠᠢ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠦᠷᠦ ᠠᠯᠪᠠᠨ ᠲᠠᠷᠬᠠᠭᠠᠭᠰᠠᠨ 〔2024〕 54 ᠳ᠋ᠦ᠍ᠭᠡᠷ ᠲᠣᠭᠠᠲᠤ)᠎ᠤᠨ ᠵᠣᠷᠢᠭ᠋ ᠰᠠᠨᠠᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠳᠤᠮᠳᠠᠲᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭ᠍ᠲᠠᠷᠠᠨ᠂ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠠᠵᠢᠯᠯᠠᠭ᠎ᠠ᠎ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠡᠷᠬᠡ ᠲᠤᠰᠢᠶᠠᠯ᠎ᠢ ᠲᠣᠳᠣᠷᠬᠠᠢᠯᠠᠨ᠎ᠠ
(ᠨᠢᠭᠡ) ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠭᠣᠣᠯ ᠴᠣᠭᠴᠠ᠎ᠶᠢ ᠲᠣᠳᠣᠷᠬᠠᠢᠯᠠᠨ᠎ᠠ᠃ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠭᠣᠣᠯ ᠴᠣᠭᠴᠠ᠎ᠳᠤ ᠵᠠᠰᠠᠭ ᠵᠠᠬᠢᠷᠭᠠᠨ᠎ᠤ ᠪᠣᠳᠠᠲᠠᠢ ᠬᠠᠤᠯᠢ ᠬᠡᠷᠡᠭᠵᠢᠭᠦᠯᠬᠦ ᠡᠷᠬᠡ ᠪᠦᠬᠦᠢ ᠵᠠᠰᠠᠭ ᠵᠠᠬᠢᠷᠭᠠᠨ᠎ᠤ ᠪᠠᠢᠭᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠎ᠠᠴᠠ ᠡᠷᠬᠡ ᠣᠯᠭᠣᠭᠰᠠᠨ ᠤᠯᠠᠨ ᠨᠡᠢᠲᠡ᠎ᠶᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠢᠭᠤᠯᠭ᠎ᠠ ᠪᠠᠭᠲᠠᠨ᠎ᠠ᠃ ᠬᠠᠤᠯᠢ ᠶᠣᠰᠣᠭᠠᠷ ᠨᠠᠢᠳᠠᠯᠭ᠎ᠠ ᠬᠦᠯᠢᠶᠡᠵᠦ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠬᠡᠷᠡᠭᠵᠢᠭᠦᠯᠬᠦ ᠵᠣᠬᠢᠶᠠᠨ ᠪᠠᠢᠭᠤᠯᠤᠯᠲᠠ ᠨᠢ ᠨᠠᠢᠳᠠᠭᠰᠠᠨ ᠭᠣᠣᠯ ᠴᠣᠭᠴᠠ᠎ᠶᠢᠨ ᠨᠡᠷ᠎ᠡ᠎ᠪᠡᠷ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠬᠡᠷᠡᠭᠵᠢᠭᠦᠯᠬᠦ ᠬᠡᠷᠡᠭᠲᠡᠢ᠃ ᠵᠠᠰᠠᠭ᠎ᠤᠨ ᠣᠷᠳᠣᠨ᠎ᠤ ᠬᠡᠷᠡᠭ ᠵᠥᠪᠯᠡᠵᠦ ᠵᠣᠬᠢᠴᠠᠭᠤᠯᠬᠤ ᠪᠠᠢᠭᠤᠯᠤᠮᠵᠢ ᠨᠢ ᠡᠯ᠎ᠡ ᠵᠦᠢᠯ᠎ᠦᠨ ᠨᠡᠷ᠎ᠡ ᠪᠡᠷ ᠵᠠᠰᠠᠭ ᠵᠠᠬᠢᠷᠭᠠᠨ᠎ᠤ ᠪᠠᠢᠴᠠᠭᠠᠯᠲᠠ ᠬᠡᠷᠡᠭᠵᠢᠭᠦᠯᠬᠦ᠎ᠶᠢ ᠴᠢᠩᠭ᠎ᠠ ᠴᠠᠭᠠᠵᠠᠯᠠᠵᠤ᠂ ᠪᠠᠢᠴᠠᠭᠠᠨ ᠰᠢᠯᠭᠠᠵᠤ ᠪᠠᠢᠴᠠᠭᠠᠨ ᠰᠢᠨᠵᠢᠬᠦ ᠪᠠᠢᠭᠤᠯᠤᠮᠵᠢ᠂ ᠰᠢᠨᠵᠢᠯᠡᠬᠦ ᠤᠬᠠᠭᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠵᠡᠷᠭᠡ ᠭᠤᠷᠪᠠᠳᠠᠭᠢ ᠲᠠᠯ᠎ᠠ᠎ᠶᠢᠨ ᠵᠠᠰᠠᠭ ᠵᠠᠬᠢᠷᠭᠠᠨ᠎ᠤ ᠪᠠᠢᠴᠠᠭᠠᠯᠲᠠ ᠬᠡᠷᠡᠭᠵᠢᠭᠦᠯᠬᠦ᠎ᠶᠢ ᠴᠢᠩᠭ᠎ᠠ ᠴᠠᠭᠠᠵᠠᠯᠠᠵᠤ᠂ ᠵᠠᠭᠤᠴᠢ ᠪᠠᠢᠭᠤᠯᠤᠮᠵᠢ᠎ᠳᠤ ᠭᠠᠳᠠᠭ᠍ᠰᠢ ᠳᠠᠭᠠᠭᠠᠴᠢᠯᠠᠭᠤᠯᠤᠨ ᠵᠠᠰᠠᠭ ᠵᠠᠬᠢᠷᠭᠠᠨ᠎ᠤ ᠪᠠᠢᠴᠠᠭᠠᠯᠲᠠ ᠬᠡᠷᠡᠭᠵᠢᠭᠦᠯᠬᠦ᠎ᠶᠢ ᠴᠢᠩᠭ᠎ᠠ ᠴᠠᠭᠠᠵᠠᠯᠠᠨ᠎ᠠ᠃
(ᠬᠣᠶᠠᠷ) ᠵᠠᠰᠠᠭ ᠵᠠᠬᠢᠷᠭᠠᠨ᠎ᠤ ᠪᠠᠢᠴᠠᠭᠠᠬᠤ ᠵᠦᠢᠯᠡᠰ᠎ᠢ ᠲᠣᠳᠣᠷᠬᠠᠢᠯᠠᠨ᠎ᠠ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ᠎ᠤᠨ ᠲᠣᠭᠲᠠᠭᠠᠯ᠎ᠢ ᠦᠨᠳᠦᠰᠦᠯᠡᠨ᠂ ᠡᠷᠬᠡ ᠬᠠᠷᠢᠭᠤᠴᠠᠯᠭ᠎ᠠ᠎ᠶᠢᠨ ᠲᠣᠳᠣᠷᠬᠠᠢ ᠬᠠᠭᠤᠳᠠᠰᠤ ᠲᠠᠢ ᠤᠶᠠᠯᠳᠤᠭᠤᠯᠵᠤ᠂ ᠲᠤᠰ ᠰᠠᠯᠠᠭ᠎ᠠ ᠮᠥᠴᠢᠷ᠎ᠤᠨ᠎ᠢᠶᠠᠨ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠬᠤ ᠵᠦᠢᠯᠡᠰ᠎ᠦᠨ ᠲᠣᠲᠤᠷᠬᠠᠢ ᠬᠠᠭᠤᠳᠠᠰᠤ᠎ᠶᠢ ᠲᠣᠭᠲᠠᠭᠠᠨ ᠨᠡᠢᠲᠡᠯᠡᠬᠦ᠎ᠶᠢᠨ ᠬᠠᠮᠲᠤ ᠂ ᠥᠪᠡᠷᠲᠡᠭᠡᠨ ᠵᠠᠰᠠᠬᠤ ᠣᠷᠣᠨ᠎ᠤ 《ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠨᠡᠢᠲᠡ᠎ᠳᠦ ᠵᠠᠷᠯᠠᠬᠤ ᠲᠤᠰᠬᠠᠢ ᠪᠣᠯᠣᠩ 》᠎ᠳᠤ ᠵᠡᠷᠭᠡ᠎ᠳᠦ ᠨᠢ ᠴᠥᠷᠬᠡᠯᠡᠨᠡ (ᠰᠢᠰᠲᠧᠮ᠎ᠦᠨ ᠬᠠᠮᠢᠶᠠᠷᠤᠯᠲᠠ᠎ᠶᠢ ᠬᠡᠷᠡᠭᠵᠢᠭᠦᠯᠵᠦ ᠪᠠᠢᠭ᠎ᠠ ᠰᠠᠯᠠᠭ᠎ᠠ ᠮᠥᠴᠢᠷ᠎ᠤᠳ ᠯᠡᠪᠯᠡᠯᠲᠡ ᠪᠣᠯᠭᠠᠨ ᠬᠡᠷᠡᠭᠵᠢᠭᠦᠯᠦᠨ᠎ᠡ)᠃ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠣᠳᠣᠷᠬᠠᠢ ᠬᠠᠭᠤᠳᠠᠰᠤᠨ᠎ᠳᠤ ᠤᠷᠤᠭᠤᠯᠬᠤ ᠴᠢᠬᠤᠯᠠᠲᠠᠢ ᠵᠦᠢᠯᠡᠰ ᠪᠦᠬᠦᠨ᠎ᠢ ᠣᠷᠤᠭᠤᠯᠬᠤ᠎ᠪᠠᠨ ᠴᠢᠩᠳᠠᠯᠠᠨ᠂ ᠬᠠᠤᠯᠢ ᠬᠡᠷᠡᠭᠵᠢᠭᠦᠯᠬᠦ ᠦᠭᠡᠢ᠂ ᠪᠠᠢᠴᠠᠭᠠᠯᠲᠠ ᠬᠢᠬᠦ ᠦᠭᠡᠢ ᠵᠡᠷᠭᠡ ᠬᠠᠤᠯᠢ ᠬᠡᠷᠡᠭᠵᠢᠭᠦᠯᠬᠦ᠎ᠳᠡᠬᠢ ᠦᠯᠦ ᠬᠠᠷᠢᠭᠤᠴᠠᠨ ᠠᠵᠢᠯᠯᠠᠬᠤ ᠪᠠᠢᠳᠠᠯ ᠡᠭᠦᠰᠬᠦ᠎ᠡᠴᠡ ᠰᠡᠷᠭᠡᠢᠯᠡᠨ᠎ᠡ᠃ ᠡᠭᠦᠨ᠎ᠦ ᠬᠠᠮᠲᠤ᠂ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠬᠤ ᠵᠦᠢᠯᠡᠰ᠎ᠢ ᠡᠷᠬᠡ ᠬᠠᠷᠢᠭᠤᠴᠠᠯᠭ᠎ᠠ᠎ᠶᠢᠨ ᠲᠣᠳᠣᠷᠬᠠᠢ ᠬᠠᠭᠤᠳᠠᠰᠤᠨ᠎ᠤ ᠬᠦᠷᠢᠶ᠎ᠡ ᠬᠡᠪᠴᠢᠶᠡᠨ᠎ᠡᠴᠡ ᠬᠡᠲᠦᠷᠡᠭᠦᠯᠵᠦ ᠪᠣᠯᠬᠤ ᠦᠭᠡᠢ᠃ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠬᠤ ᠵᠦᠢᠯᠡᠰ᠎ᠦᠨ ᠲᠣᠲᠤᠷᠬᠠᠢ ᠬᠠᠭᠤᠳᠠᠰᠤᠨ᠎ᠳᠤ ᠬᠥᠳᠡᠯᠦᠩᠭᠦᠢ ᠬᠠᠮᠢᠶᠠᠷᠤᠯᠲᠠ᠎ᠶᠢ ᠬᠡᠷᠡᠭᠵᠢᠭᠦᠯᠵᠦ᠂ ᠬᠠᠤᠯᠢ᠎ᠳᠤ ᠲᠣᠭᠲᠠᠭᠠᠭᠰᠠᠨ ᠦᠨᠳᠦᠰᠦᠯᠡᠯ ᠦᠭᠡᠢ᠎ᠶᠢ ᠨᠢ ᠡᠷᠡᠰ ᠢᠯᠭᠠᠷᠠᠭᠤᠯᠵᠤ᠂ ᠬᠠᠤᠯᠢ᠎ᠳᠤ ᠲᠣᠭᠲᠠᠭᠠᠭᠰᠠᠨ ᠦᠨᠳᠦᠰᠦᠯᠡᠯ᠎ᠳᠦ ᠨᠢ ᠬᠤᠪᠢᠷᠠᠯᠲᠠ ᠭᠠᠷᠤᠭᠰᠠᠨ ᠪᠠᠢᠪᠠᠯ ᠴᠠᠭ ᠲᠤᠬᠠᠢ ᠳ᠋ᠤ᠌ ᠨᠢ ᠲᠣᠬᠢᠷᠠᠭᠤᠯᠤᠯᠲᠠ ᠬᠢᠵᠦ᠂ ᠪᠣᠳᠠᠲᠠᠢ ᠦᠷ᠎ᠡ ᠪᠦᠲᠦᠭᠡᠮᠵᠢ ᠦᠭᠡᠢ᠎ᠶᠢ ᠨᠢ ᠬᠦᠴᠦᠨ ᠦᠭᠡᠢ ᠪᠣᠯᠭᠠᠬᠤ ᠬᠡᠷᠡᠭᠲᠡᠢ᠃
(ᠭᠤᠷᠪᠠ) ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠠᠰᠤᠯᠤᠯᠲᠠ᠎ᠶᠢᠨ ᠡᠷᠬᠡ᠎ᠶᠢ ᠵᠢᠷᠤᠮᠵᠢᠭᠤᠯᠤᠨ ᠬᠡᠷᠡᠭᠵᠢᠭᠦᠯᠦᠨ᠎ᠡ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠠᠰᠤᠯᠤᠯᠲᠠ᠎ᠶᠢᠨ ᠡᠷᠬᠡ᠎ᠶᠢ ᠬᠡᠷᠡᠭᠵᠢᠭᠦᠯᠬᠦ᠎ᠳᠦ᠎ᠪᠡᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠣᠭᠲᠠᠭᠠᠯ᠎ᠢ ᠵᠢᠷᠤᠮᠯᠠᠬᠤ ᠬᠡᠷᠡᠭᠲᠡᠢ᠃ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ᠎ᠳᠦ ᠪᠠᠢᠴᠠᠭᠠᠯᠲᠠ᠎ᠶᠢᠨ ᠡᠲᠡᠭᠡᠳ᠂ ᠠᠭᠤᠯᠭ᠎ᠠ ᠪᠠ ᠳᠠᠪᠲᠠᠮᠵᠢ ᠵᠡᠷᠭᠡ᠎ᠳᠦ ᠵᠦᠪᠬᠡᠨ ᠵᠠᠷᠴᠢᠮ᠎ᠤᠨ ᠴᠢᠨᠠᠷᠲᠠᠢ ᠲᠣᠭᠲᠠᠭᠠᠯ ᠭᠠᠷᠭᠠᠭᠰᠠᠨ ᠪᠠᠢᠪᠠᠯ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠯ᠎ᠡ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ ᠶᠣᠰᠣᠭᠠᠷ ᠨᠠᠷᠢᠯᠢᠭ᠍ᠵᠢᠭᠤᠯᠤᠨ ᠬᠡᠮᠵᠢᠶᠡᠯᠡᠵᠦ᠂ ᠲᠠᠰᠤᠯᠤᠯᠲᠠ᠎ᠶᠢᠨ ᠡᠷᠬᠡ᠎ᠶᠢᠨ ᠰᠠᠭᠤᠷᠢ ᠪᠠᠷᠢᠮᠵᠢᠶ᠎ᠠ᠎ᠶᠢ ᠪᠦᠷᠢᠯᠳᠦᠭᠦᠯᠬᠦ ᠬᠡᠷᠡᠭᠲᠡᠢ ᠃
(ᠳᠥᠷᠪᠡ) ᠵᠠᠰᠠᠭ ᠵᠠᠬᠢᠷᠭᠠᠨ᠎ᠤ ᠪᠠᠢᠴᠠᠭᠠᠬᠤ ᠲᠥᠯᠥᠪᠯᠡᠭᠡ᠎ᠪᠡᠨ ᠵᠢᠷᠤᠮᠵᠢᠭᠤᠨ ᠲᠣᠭᠲᠠᠭᠠᠨ᠎ᠠ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠣᠨ᠎ᠤ ᠡᠳᠦᠷ ᠲᠤᠲᠤᠮ᠎ᠤᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠥᠯᠥᠪᠯᠡᠭᠡ᠎ᠪᠡᠨ ᠰᠢᠨᠵᠢᠯᠡᠬᠦ ᠤᠬᠠᠭᠠᠨᠴᠢ᠎ᠪᠠᠷ ᠵᠦᠢ ᠵᠣᠬᠢᠰᠲᠠᠢ ᠲᠣᠭᠲᠠᠭᠠᠬᠤ᠎ᠶᠢᠨ ᠬᠠᠮᠲᠤ᠂ ᠵᠢᠯ ᠪᠦᠷᠢ᠎ᠶᠢᠨ 3 ᠳ᠋ᠤᠭᠠᠷ ᠰᠠᠷ᠎ᠠ᠎ᠶᠢᠨ ᠰᠡᠭᠦᠯᠴᠢ᠎ᠡᠴᠡ ᠡᠮᠦᠨ᠎ᠡ ᠨᠡᠢᠭᠡᠮ᠎ᠳᠦ ᠨᠡᠢᠲᠡᠯᠡᠬᠦ ᠬᠡᠷᠡᠭᠲᠡᠢ᠃ ᠲᠦᠷ ᠴᠠᠭ᠎ᠤᠨ ᠪᠠᠢᠴᠠᠭᠠᠯᠲᠠ ᠬᠢᠬᠦ᠎ᠳᠦ᠂ ᠲᠦᠷ ᠴᠠᠭ᠎ᠤᠨ ᠪᠠᠢᠴᠠᠭᠠᠯᠲᠠ᠎ᠶᠢᠨ ᠲᠥᠯᠥᠪᠯᠡᠭᠡ ᠲᠣᠭᠲᠠᠭᠠᠵᠤ᠂ ᠪᠠᠢᠴᠠᠭᠠᠯᠲᠠ ᠬᠢᠬᠦ᠎ᠠᠴᠠ ᠡᠮᠦᠨ᠎ᠡ ᠲᠤᠰ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨᠳᠦᠪᠡᠨ ᠮᠡᠳᠡᠭᠦᠯᠦᠨ ᠵᠥᠪᠰᠢᠶᠡᠷᠡᠭᠦᠯᠵᠦ᠂ ᠪᠠᠢᠳᠠᠯ ᠪᠠᠴᠢᠮ᠂ ᠲᠤᠬᠠᠢ᠎ᠶᠢᠨ ᠲᠠᠯᠠᠪᠤᠷ᠎ᠲᠤ ᠨᠢ ᠬᠡᠷᠡᠭᠵᠢᠭᠦᠯᠬᠦ ᠴᠢᠬᠤᠯᠠᠲᠠᠢ᠎ᠶᠢ ᠨᠢ ᠴᠠᠭ ᠲᠤᠬᠠᠢ᠎ᠳᠤ ᠨᠢ ᠮᠡᠳᠡᠭᠦᠯᠬᠦ᠎ᠶᠢᠨ ᠬᠠᠮᠲᠤ ᠭᠠᠷ ᠭᠦᠢᠴᠡᠳᠬᠡᠯ᠎ᠢᠶᠡᠨ ᠨᠥᠬᠥᠪᠦᠷᠢᠯᠡᠨ ᠭᠦᠢᠴᠡᠳᠬᠡᠬᠦ ᠬᠡᠷᠡᠭᠲᠡᠢ᠃ ᠳᠡᠭᠡᠳᠦ ᠱᠠᠲᠤᠨ᠎ᠤ ᠪᠠᠢᠷᠢᠯᠠᠭᠤᠯᠤᠭᠰᠠᠨ ᠲᠤᠰᠬᠠᠢ ᠪᠠᠢᠴᠠᠭᠠᠯᠲᠠ᠎ᠶᠢ ᠭᠦᠢᠴᠡᠳᠬᠡᠬᠦ᠎ᠡᠴᠡ ᠭᠠᠳᠠᠨ᠎ᠠ᠂ ᠲᠤᠰᠬᠠᠢ ᠪᠠᠢᠴᠠᠭᠠᠯᠲᠠ᠎ᠶᠢᠨ ᠲᠥᠯᠥᠪᠯᠡᠭᠡ᠎ᠶᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠰᠢᠰᠲᠧᠮ᠎ᠦᠨ ᠬᠠᠮᠢᠶᠠᠷᠤᠯᠲᠠ ᠬᠡᠷᠡᠭᠵᠢᠭᠦᠯᠵᠦ ᠪᠠᠢᠭ᠎ᠠ ᠳᠡᠭᠡᠳᠦ ᠨᠢᠭᠡ ᠱᠠᠲᠤᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠢᠶᠡᠷ ᠵᠥᠪᠰᠢᠶᠡᠷᠡᠭᠦᠯᠬᠦ ᠬᠡᠷᠡᠭᠲᠡᠢ᠃ ᠲᠦᠷ ᠴᠠᠭ᠎ᠤᠨ ᠪᠠᠢᠴᠠᠭᠠᠯᠲᠠ᠎ᠶᠢᠨ ᠲᠥᠯᠥᠪᠯᠡᠭᠡ ᠪᠠ ᠲᠤᠰᠬᠠᠢ ᠪᠠᠢᠴᠠᠭᠠᠯᠲᠠ᠎ᠶᠢᠨ ᠲᠥᠯᠥᠪᠯᠡᠭᠡ᠎ᠶᠢ ᠨᠡᠢᠭᠡᠮ᠎ᠳᠤ ᠨᠡᠢᠲᠡᠯᠡᠬᠦ ᠬᠡᠷᠡᠭᠲᠡᠢ᠂ ᠨᠢᠭᠡᠨᠲᠡ ᠨᠡᠢᠲᠡᠯᠡᠭᠰᠡᠨ ᠪᠠᠢᠴᠠᠭᠠᠯᠲᠠ᠎ᠶᠢᠨ ᠲᠥᠯᠥᠪᠯᠡᠭᠡ᠎ᠶᠢ ᠥᠪᠡᠷᠲᠡᠭᠡᠨ ᠵᠠᠰᠠᠬᠤ ᠣᠷᠣᠨ᠎ᠦ 《ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠨᠡᠢᠲᠡ᠎ᠳᠦ ᠵᠠᠷᠯᠠᠬᠤ ᠲᠤᠰᠬᠠᠢ ᠪᠤᠯᠤᠩ》᠎ᠳᠤ ᠴᠥᠷᠬᠡᠯᠡᠬᠦ ᠬᠡᠷᠡᠭᠲᠡᠢ᠃
(ᠲᠠᠪᠤ) 《ᠨᠢᠭᠡ ᠤᠳᠠᠭ᠎ᠠ᠎ᠳᠤ ᠶᠡᠷᠦᠩᠬᠡᠢᠯᠡᠨ ᠪᠠᠢᠴᠠᠭᠠᠬᠤ》᠎ᠶᠢ ᠭᠦᠨᠵᠡᠭᠡᠢᠷᠡᠭᠦᠯᠦᠨ᠎ᠡ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ 《ᠨᠢᠭᠡ ᠤᠳᠠᠭ᠎ᠠ᠎ᠳᠤ ᠶᠡᠷᠦᠩᠬᠡᠢᠯᠡᠨ ᠪᠠᠢᠴᠠᠭᠠᠬᠤ》᠎ᠶᠢ ᠭᠦᠨᠵᠡᠭᠡᠢᠷᠡᠭᠦᠯᠦᠨ᠂ ᠲᠠᠬᠢᠨ ᠳᠠᠪᠲᠠᠨ ᠪᠠᠢᠴᠠᠭᠠᠬᠤ᠂ ᠤᠯᠠᠨ ᠲᠠᠯ᠎ᠠ᠎ᠡᠴᠡ ᠪᠠᠢᠴᠠᠭᠠᠬᠤ ᠠᠰᠠᠭᠤᠳᠠᠯ᠎ᠢ ᠰᠢᠢᠳᠪᠦᠷᠢᠯᠡᠬᠦ ᠬᠡᠷᠡᠭᠲᠡᠢ᠃ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠳᠡᠰ ᠱᠠᠲᠤ ᠪᠤᠶᠤ ᠠᠳᠠᠯᠢ ᠪᠤᠰᠤ ᠣᠷᠣᠨ ᠬᠡᠪᠴᠢᠶᠡᠨ᠎ᠦ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠢᠵᠢᠯᠢ ᠴᠠᠭ ᠬᠤᠭᠤᠴᠠᠭᠠᠨ ᠳᠣᠲᠣᠷ᠎ᠠ ᠠᠳᠠᠯᠢᠬᠠᠨ ᠨᠢᠭᠡ ᠪᠠᠢᠴᠠᠭᠠᠬᠤ ᠡᠲᠡᠭᠡᠳ᠎ᠲᠦ ᠤᠯᠠᠨ ᠵᠦᠢᠯ᠎ᠦᠨ ᠪᠠᠢᠴᠠᠭᠠᠯᠲᠠ ᠬᠢᠬᠦ᠎ᠳᠦ ᠬᠦᠷᠪᠡᠯ᠂ ᠵᠠᠷᠴᠢᠮ ᠳᠡᠭᠡᠷ᠎ᠡ᠎ᠪᠡᠨ ᠬᠣᠯᠪᠤᠭᠠᠯᠠᠨ ᠥᠷᠨᠢᠭᠦᠯᠵᠦ᠂ 《ᠡᠭᠦᠳᠡ᠎ᠪᠡᠷ ᠨᠢᠭᠡ ᠯᠡ ᠤᠳᠠᠭ᠎ᠠ ᠣᠷᠣᠵᠤ᠂ ᠤᠯᠠᠨ ᠵᠦᠢᠯ᠎ᠦᠨ ᠠᠵᠢᠯ ᠶᠠᠪᠤᠳᠠᠯ᠎ᠢ ᠪᠠᠢᠴᠠᠭᠠᠬᠤ》᠎ᠶᠢ ᠪᠡᠶᠡᠯᠡᠭᠦᠯᠬᠦ ᠬᠡᠷᠡᠭᠲᠡᠢ᠃ ᠳᠣᠲᠣᠭᠠᠳᠤ᠎ᠶᠢᠨ ᠡᠯ᠎ᠡ ᠲᠦᠷᠦᠯ᠎ᠦᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠥᠯᠥᠪᠯᠡᠭᠡ᠎ᠶᠢᠨ ᠨᠢᠭᠡᠳᠦᠯᠲᠡᠢ ᠲᠥᠯᠥᠪᠯᠡᠬᠦ᠎ᠶᠢ ᠴᠢᠩᠭᠠᠳᠬᠠᠵᠤ᠂ ᠨᠡᠢᠯᠡᠭᠦᠯᠵᠦ ᠪᠣᠯᠬᠤ᠎ᠶᠢ ᠨᠢ ᠴᠥᠮ ᠨᠡᠢᠯᠡᠭᠦᠯᠬᠦ ᠬᠡᠷᠡᠭᠲᠡᠢ᠃ ᠲᠦᠷ ᠴᠠᠭ᠎ᠤᠨ ᠪᠤᠶᠤ ᠳᠡᠭᠡᠳᠦ ᠱᠠᠲᠤᠨ᠎ᠤ ᠱᠠᠭᠠᠷᠳᠠᠯᠭ᠎ᠠ ᠶᠣᠰᠣᠭᠠᠷ ᠪᠠᠢᠴᠠᠭᠠᠯᠲᠠ ᠥᠷᠨᠢᠭᠦᠯᠬᠦ᠎ᠳᠦ᠂ ᠳᠠᠷᠠᠭᠠᠴᠢ᠎ᠶᠢᠨ ᠢᠵᠢᠯᠢ ᠲᠦᠷᠦᠯ᠎ᠦᠨ ᠪᠠᠢᠴᠠᠭᠠᠯᠲᠠ᠎ᠶᠢᠨ ᠲᠥᠯᠥᠪᠯᠡᠭᠡ᠎ᠳᠦ᠎ᠪᠡᠨ ᠢᠵᠢᠯᠢ ᠠᠯᠬᠤᠮ᠎ᠢᠶᠠᠷ ᠬᠠᠷᠭᠤᠭᠤᠯᠤᠨ ᠬᠠᠰᠤᠵᠤ ᠨᠡᠢᠯᠡᠭᠦᠯᠬᠦ ᠬᠡᠷᠡᠭᠲᠡᠢ᠃ ᠪᠠᠢᠴᠠᠭᠠᠯᠲᠠ᠎ᠶᠢᠨ ᠬᠦᠷᠢᠶ᠎ᠡ ᠬᠡᠪᠴᠢᠶ᠎ᠡ᠂ ᠠᠭᠤᠯᠭ᠎ᠠ᠂ ᠴᠠᠭ ᠬᠤᠭᠤᠴᠠᠭ᠎ᠠ ᠪᠠ ᠬᠥᠮᠥᠨ᠎ᠦ ᠲᠣᠭ᠎ᠠ᠎ᠶᠢ ᠴᠢᠩᠭ᠎ᠠ ᠬᠢᠵᠠᠭᠠᠷᠯᠠᠵᠤ᠂ ᠤᠯᠠᠨ ᠰᠠᠯᠠᠭ᠎ᠠ ᠮᠥᠴᠢᠷ᠎ᠤᠨ ᠤᠯᠠᠨ ᠵᠦᠢᠯ᠎ᠦᠨ ᠪᠠᠢᠴᠠᠭᠠᠯᠲᠠ᠎ᠳᠤ ᠬᠣᠯᠪᠣᠭᠳᠠᠭᠰᠠᠨ ᠪᠣᠯ 《ᠨᠢᠭᠡ ᠯᠡ ᠬᠦᠰᠦᠨᠦᠭᠲᠦ᠎ᠪᠡᠷ ᠨᠡᠢᠳᠡᠮ ᠪᠠᠢᠴᠠᠭᠠᠬᠤ》᠎ᠶᠢ ᠬᠡᠷᠡᠭᠵᠢᠭᠦᠯᠦᠨ᠎ᠡ᠃
(ᠵᠢᠷᠭᠤᠭ᠎ᠠ) ᠪᠠᠢᠴᠠᠭᠠᠬᠤ ᠪᠠᠷᠢᠮᠵᠢᠶ᠎ᠠ ᠪᠠ ᠪᠠᠢᠴᠠᠭᠠᠭᠰᠠᠨ ᠦᠷ᠎ᠡ ᠳ᠋ᠦᠩ᠎ᠢ ᠬᠠᠷᠢᠯᠴᠠᠨ ᠮᠡᠳᠡᠷᠡᠵᠦ ᠬᠠᠮᠲᠤ᠎ᠪᠠᠷ ᠬᠦᠷᠲᠡᠬᠦ᠎ᠶᠢ ᠠᠬᠢᠭᠤᠯᠤᠨ᠎ᠠ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠲᠤᠰ ᠰᠢᠰᠲᠧᠮ᠎ᠦᠨ᠎ᠢᠶᠡᠨ ᠪᠠᠢᠴᠠᠭᠠᠬᠤ ᠪᠠᠷᠢᠮᠵᠢᠶ᠎ᠠ᠎ᠶᠢ ᠴᠢᠩᠭ᠎ᠠ ᠨᠠᠢᠳᠠᠪᠤᠷᠢᠵᠢᠭᠤᠯᠤᠭᠰᠠᠨ᠎ᠤ ᠰᠠᠭᠤᠷᠢᠨ ᠳᠡᠭᠡᠷ᠎ᠡ᠂ ᠣᠢᠯᠠᠭᠠᠵᠤ ᠨᠡᠪᠲᠡᠷᠡᠯᠴᠡᠵᠦ ᠬᠠᠮᠵᠢᠯᠴᠠᠨ ᠠᠵᠢᠯᠯᠠᠬᠤ᠎ᠪᠠᠨ ᠴᠢᠩᠭᠠᠳᠬᠠᠵᠤ᠂ ᠠᠳᠠᠯᠢ ᠪᠤᠰᠤ ᠰᠠᠯᠠᠭ᠎ᠠ ᠮᠥᠴᠢᠷ᠂ ᠰᠢᠰᠲᠧᠮᠤᠳᠦᠨ ᠬᠣᠭᠤᠷᠤᠨᠲᠤᠬᠢ ᠬᠣᠯᠪᠣᠭᠳᠠᠬᠤ ᠵᠦᠢᠯᠡᠰ᠎ᠦᠨ ᠪᠠᠢᠴᠠᠭᠠᠬᠤ ᠪᠠᠷᠢᠮᠵᠢᠶᠠᠨ᠎ᠤ ᠬᠠᠷᠢᠯᠴᠠᠨ ᠨᠡᠪᠲᠡᠷᠡᠯᠴᠡᠬᠦ᠂ ᠦᠷ᠎ᠡ ᠳ᠋ᠦᠩ᠎ᠢᠶᠡᠨ ᠬᠠᠷᠢᠯᠴᠠᠨ ᠮᠡᠳᠡᠷᠡᠬᠦ᠎ᠶᠢ ᠠᠬᠢᠭᠤᠯᠤᠨ᠎ᠠ᠃ ᠠᠳᠠᠯᠢ ᠪᠤᠰᠤ ᠰᠠᠯᠠᠭ᠎ᠠ ᠮᠥᠴᠢᠷ ᠤᠳᠤᠨ ᠲᠣᠭᠲᠠᠭᠠᠭᠰᠠᠨ ᠪᠠᠢᠴᠠᠭᠠᠬᠤ ᠪᠠᠷᠢᠮᠵᠢᠶ᠎ᠠ ᠨᠢ ᠬᠠᠷᠢᠯᠴᠠᠨ ᠮᠦᠷᠭᠦᠯᠳᠦᠭᠡᠨ ᠲᠠᠢ ᠪᠠᠢᠪᠠᠯ᠂ ᠴᠠᠭ ᠲᠤᠬᠠᠢ ᠳ᠋ᠤ᠌ ᠨᠢ ᠦᠨᠡᠯᠡᠨ ᠵᠢᠱ᠌ᠢᠵᠦ ᠨᠤᠲᠠᠯᠠᠯᠲᠠ ᠬᠢᠬᠦ᠎ᠶᠢ ᠥᠷᠨᠢᠭᠦᠯᠵᠦ᠂ ᠤᠷᠢᠳ᠎ᠢᠶᠠᠷ ᠵᠥᠪᠯᠡᠯᠴᠡᠨ ᠰᠢᠢᠳᠪᠦᠷᠢᠯᠡᠬᠦ ᠠᠷᠭ᠎ᠠ᠎ᠶᠢ ᠠᠪᠴᠤ᠂ ᠰᠠᠨᠠᠯ᠎ᠢᠶᠠᠨ ᠨᠢᠭᠡᠳᠬᠡᠵᠦ ᠳᠡᠢᠯᠬᠦ ᠦᠭᠡᠢ᠎ᠶᠢ ᠨᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠳᠡᠭᠡᠳᠦ ᠨᠢᠭᠡ ᠱᠠᠲᠤᠨ᠎ᠤ ᠵᠠᠰᠠᠭ ᠵᠠᠬᠢᠷᠭᠠᠨ᠎ᠤ ᠪᠠᠢᠭᠤᠯᠭ᠎ᠠ᠎ᠳᠤ ᠳᠡᠪᠰᠢᠭᠦᠯᠵᠦ ᠵᠣᠬᠢᠴᠠᠭᠤᠯᠬᠤ ᠬᠡᠷᠡᠭᠲᠡᠢ᠃
ᠬᠣᠶᠠᠷ᠂ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠵᠢᠷᠤᠮᠵᠢᠭᠤᠨ ᠬᠡᠷᠡᠭᠵᠢᠭᠦᠯᠦᠨ᠎ᠡ
(ᠳᠣᠯᠤᠭ᠎ᠠ) ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠦᠢᠯᠡ ᠠᠵᠢᠯᠯᠠᠭ᠎ᠠ᠎ᠶᠢ ᠵᠢᠷᠤᠮᠵᠢᠭᠤᠯᠤᠨ᠎ᠠ᠃ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠳᠤ 《ᠲᠠᠪᠤ᠎ᠶᠢ ᠴᠢᠩᠭ᠎ᠠ ᠴᠠᠭᠠᠵᠠᠯᠠᠬᠤ》᠂ 《ᠨᠠᠢ᠍ᠮᠠᠨ ᠪᠣᠯᠬᠤ ᠦᠭᠡᠢ》 ᠪᠠᠢᠬᠤ᠎ᠶᠢ ᠪᠡᠶᠡᠯᠡᠭᠦᠯᠬᠦ ᠬᠡᠷᠡᠭᠲᠡᠢ᠃ ᠠᠰᠢᠭ᠋ ᠬᠥᠭᠡᠭᠡᠴᠡᠯᠳᠦᠨ ᠪᠠᠢᠴᠠᠭᠠᠬᠤ᠎ᠶᠢ ᠴᠢᠩᠭ᠎ᠠ ᠴᠠᠭᠠᠵᠠᠯᠠᠵᠤ᠂ ᠪᠠᠢᠴᠠᠭᠠᠭᠳᠠᠭᠰᠠᠨ ᠠᠵᠤ ᠠᠬᠤᠢᠯᠠᠯ᠎ᠤᠨ ᠠᠯᠢᠪᠠ ᠪᠡᠯᠭᠡ ᠰᠡᠯᠲᠡ᠂ ᠬᠥᠯᠥᠰᠦ ᠣᠯᠭᠣᠮᠵᠢ᠂ ᠠᠰᠠᠷᠠᠮᠵᠢ ᠬᠦᠷᠲᠡᠭᠡᠮᠵᠢ᠎ᠶᠢ ᠬᠦᠯᠢᠶᠡᠨ ᠠᠪᠴᠤ ᠪᠣᠯᠬᠤ ᠦᠭᠡᠢ᠂ ᠪᠠᠢᠴᠠᠭᠠᠭᠳᠠᠭᠰᠠᠨ ᠠᠵᠤ ᠠᠬᠤᠢᠯᠠᠯ᠎ᠤᠨ ᠬᠠᠩᠭᠠᠭᠰᠠᠨ ᠳᠠᠢᠯᠠᠯᠭ᠎ᠠ᠂ ᠵᠤᠭ᠎ᠠ ᠴᠡᠩᠭᠡᠯ᠂ ᠵᠢᠭᠤᠯᠴᠢᠯᠠᠯ ᠵᠡᠷᠭᠡ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ᠂ ᠪᠠᠢᠴᠠᠭᠠᠭᠳᠠᠭᠰᠠᠨ ᠠᠵᠤ ᠠᠬᠤᠢᠯᠠᠯ᠎ᠢᠶᠠᠷ ᠬᠡᠷᠡᠭᠯᠡᠭᠡ᠎ᠶᠢᠨ ᠵᠠᠷᠤᠯᠭ᠎ᠠ᠎ᠪᠠᠨ ᠲᠣᠭᠠᠴᠠᠭ᠎ᠠ ᠬᠢᠯᠭᠡᠬᠦ ᠪᠤᠶᠤ ᠪᠠᠢᠴᠠᠭᠠᠯᠲᠠ᠎ᠶᠢᠨ ᠵᠠᠷᠤᠳᠠᠯ᠎ᠢᠶᠡᠨ ᠠᠵᠤ ᠠᠬᠤᠢᠯᠠᠯ᠎ᠳᠤ ᠰᠢᠯᠵᠢᠭᠦᠯᠦᠨ ᠲᠣᠬᠣᠵᠤ ᠪᠣᠯᠬᠤ ᠦᠭᠡᠢ᠂ ᠠᠵᠤ ᠠᠬᠤᠢᠯᠠᠯ᠎ᠢ ᠠᠯᠪᠠᠳᠠᠵᠤ ᠪᠠᠢᠭᠠᠳ ᠲᠣᠭᠲᠠᠭᠰᠠᠨ ᠵᠠᠭᠤᠴᠢ ᠪᠠᠢᠭᠤᠯᠤᠮᠵᠢ᠎ᠪᠡᠷ ᠦᠢᠯᠡᠴᠢᠯᠡᠭᠡ ᠬᠠᠩᠭᠠᠵᠤ ᠥᠭᠬᠦ᠎ᠪᠡᠷ ᠠᠯᠪᠠᠳᠠᠵᠤ ᠪᠣᠯᠬᠤ ᠦᠭᠡᠢ; ᠠᠵᠤ ᠠᠬᠤᠢᠯᠠᠯ᠎ᠤᠨ ᠬᠡᠪ᠎ᠦᠨ ᠦᠢᠯᠡᠳᠪᠦᠷᠢᠯᠡᠯ ᠡᠵᠡᠩᠨᠡᠯᠲᠡ᠎ᠶᠢ ᠬᠠᠷᠰᠢᠯᠠᠬᠤ᠎ᠶᠢ ᠴᠢᠩᠭ᠎ᠠ ᠴᠠᠭᠠᠵᠠᠯᠠᠨ᠎ᠠ᠂ ᠬᠠᠤᠯᠢ᠎ᠪᠠᠷ ᠲᠣᠭᠲᠠᠭᠠᠭᠰᠠᠨ ᠲᠥᠯᠥᠭᠡᠯᠡᠭᠴᠢ᠎ᠶᠢ ᠲᠤᠬᠠᠢ᠎ᠶᠢᠨ ᠭᠠᠵᠠᠷ᠎ᠲᠤ ᠨᠢ ᠢᠷᠡᠭᠦᠯᠬᠦ ᠪᠠᠷ ᠵᠣᠷᠢᠭᠤᠳᠠ ᠱᠠᠭᠠᠷᠳᠠᠵᠤ ᠪᠣᠯᠬᠤ ᠦᠭᠡᠢ; ᠳᠤᠷ᠎ᠠ ᠵᠣᠷᠢᠭ᠋᠎ᠢᠶᠠᠷ᠎ᠢᠶᠠᠨ ᠠᠵᠤ ᠠᠬᠤᠢᠯᠠᠯ᠎ᠢ ᠰᠢᠢᠳᠬᠡᠨ ᠲᠣᠷᠭᠠᠬᠤ᠎ᠶᠢ ᠴᠢᠩᠭ᠎ᠠ ᠴᠠᠭᠠᠵᠠᠯᠠᠵᠤ᠂ ᠳᠤᠷ᠎ᠠ᠎ᠪᠠᠷ᠎ᠢᠶᠠᠨ ᠪᠠᠢᠴᠠᠭᠠᠨ ᠪᠢᠲᠡᠭᠦᠮᠵᠢᠯᠡᠬᠦ᠂ ᠳᠤᠷ᠎ᠠ᠎ᠪᠠᠷ᠎ᠢᠶᠠᠨ ᠳᠠᠷᠤᠵᠤ ᠠᠪᠬᠤ᠂ ᠳᠤᠷ᠎ᠠ᠎ᠪᠠᠷ᠎ᠢᠶᠠᠨ ᠴᠡᠪᠳᠡᠭᠯᠡᠬᠦ᠂ ᠬᠠᠯᠲᠤᠰᠬᠢᠪᠡᠯ ᠦᠢᠯᠡᠳᠪᠦᠷᠢᠯᠡᠯ ᠡᠵᠡᠩᠨᠡᠯᠲᠡ᠎ᠶᠢ ᠵᠠᠷᠯᠢᠭ᠍ᠳᠠᠨ ᠵᠣᠭᠰᠣᠭᠠᠵᠤ ᠪᠣᠯᠬᠤ ᠦᠭᠡᠢ; ᠪᠠᠢᠴᠠᠭᠠᠯᠲᠠ᠎ᠶᠢᠨ ᠭᠦᠢᠴᠡᠳᠬᠡᠯ ᠲᠣᠭ᠎ᠠ᠎ᠶᠢ ᠳᠣᠷᠣᠭ᠍ᠰᠢ ᠪᠠᠭᠤᠯᠭᠠᠬᠤ᠎ᠶᠢ ᠴᠢᠩᠭ᠎ᠠ ᠴᠠᠭᠠᠵᠠᠯᠠᠵᠤ᠂ ᠰᠢᠯᠭᠠᠨ ᠬᠢᠨᠠᠵᠤ ᠰᠢᠯᠭᠠᠨ ᠦᠨᠡᠯᠡᠬᠦ᠂ ᠲᠥᠰᠥᠪ᠎ᠦᠨ ᠲᠦᠷᠦᠯ ᠵᠦᠢᠯ᠎ᠦᠨ ᠠᠮᠵᠢᠯᠲᠠ ᠪᠦᠲᠦᠮᠵᠢ᠎ᠶᠢ ᠪᠠᠢᠴᠠᠭᠠᠬᠤ ᠳᠠᠪᠲᠠᠮᠵᠢ᠂ ᠲᠣᠷᠭᠠᠭᠤᠯᠢ᠎ᠶᠢᠨ ᠵᠣᠭᠣᠰ᠎ᠤᠨ ᠲᠣᠭ᠎ᠠ ᠯᠤᠭ᠎ᠠ ᠬᠣᠯᠪᠣᠭᠳᠠᠭᠤᠯᠵᠤ ᠪᠣᠯᠬᠤ ᠦᠭᠡᠢ; ᠬᠡᠯᠪᠡᠷᠢ᠎ᠶᠢ ᠨᠢ ᠥᠭᠡᠷᠡᠲᠦᠭᠦᠯᠦᠨ ᠪᠠᠢᠴᠠᠭᠠᠬᠤ᠎ᠶᠢ ᠴᠢᠩᠭ᠎ᠠ ᠴᠠᠭᠠᠵᠠᠯᠠᠵᠤ᠂ᠲᠣᠭᠣᠷᠢᠨ ᠦᠵᠡᠬᠦ᠂ ᠰᠢᠮᠳᠠᠭᠤᠯᠤᠨ ᠵᠢᠯᠤᠭᠣᠳᠬᠤ᠂ ᠰᠢᠨᠵᠢᠯᠡᠨ ᠪᠠᠢᠴᠠᠭᠠᠬᠤ ᠵᠡᠷᠭᠡ ᠨᠡᠷ᠎ᠡ᠎ᠪᠡᠷ ᠪᠠᠢᠴᠠᠭᠠᠯᠲᠠ᠎ᠶᠢᠨ ᠠᠵᠢᠯᠯᠠᠭ᠎ᠠ ᠬᠢᠵᠦ ᠪᠣᠯᠬᠤ ᠦᠭᠡᠢ᠃
(ᠨᠠᠢ᠍ᠮᠠ) ᠲᠤᠬᠠᠢ᠎ᠶᠢᠨ ᠲᠠᠯᠠᠪᠤᠷ᠎ᠤᠨ ᠪᠤᠰᠤ ᠪᠠᠢᠴᠠᠭᠠᠯᠲᠠ᠎ᠶᠢ ᠢᠳᠡᠪᠬᠢᠲᠡᠢ ᠰᠦᠪᠡᠭᠴᠢᠯᠡᠨ᠎ᠡ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠠᠵᠢᠯ ᠲᠦᠷᠦᠯ᠎ᠦᠨ ᠬᠢᠨᠠᠯᠲᠠ ᠬᠠᠮᠢᠶᠠᠷᠤᠯᠲᠠ᠎ᠶᠢᠨ ᠣᠨᠴᠠᠯᠢᠭ᠋ ᠲᠠᠢ᠎ᠪᠠᠨ ᠤᠶᠠᠯᠳᠤᠭᠤᠯᠤᠨ᠂ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ᠎ᠶᠢᠨ ᠠᠷᠭ᠎ᠠ ᠪᠠᠷᠢᠯ᠎ᠢ ᠭᠦᠢᠴᠡᠳ ᠠᠰᠢᠭ᠍ᠯᠠᠵᠤ᠂ ᠳ᠋ᠠᠢᠲ᠋ᠠ᠎ᠶᠢᠨ ᠵᠠᠳᠠᠯᠤᠯᠲᠠ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠵᠤ᠂ ᠰᠦᠯᠵᠢᠶᠡᠨ᠎ᠳᠡᠬᠢ ᠬᠢᠨᠠᠯᠲᠠ ᠬᠠᠮᠢᠶᠠᠷᠤᠯᠲᠠ᠂ ᠠᠯᠤᠰ ᠡᠵᠡᠮᠰᠢᠯᠲᠦ ᠬᠢᠨᠠᠯᠲᠠ ᠬᠠᠮᠢᠶᠠᠷᠤᠯᠲᠠ᠂ ᠰᠢᠯᠵᠢᠮᠡᠯ ᠬᠢᠨᠠᠯᠲᠠ ᠬᠠᠮᠢᠶᠠᠷᠤᠯᠲᠠ ᠵᠡᠷᠭᠡ ᠲᠤᠬᠠᠢ᠎ᠶᠢᠨ ᠲᠠᠯᠠᠪᠤᠷ᠎ᠤᠨ ᠪᠤᠰᠤ ᠪᠠᠢᠴᠠᠭᠠᠯᠲᠠ᠎ᠶᠢ ᠠᠯᠬᠤᠮ ᠠᠯᠬᠤᠮ᠎ᠢᠶᠠᠷ ᠠᠬᠢᠭᠤᠯᠤᠨ᠂ ᠲᠤᠬᠠᠢ᠎ᠶᠢᠨ ᠲᠠᠯᠠᠪᠤᠷ᠎ᠤᠨ ᠪᠤᠰᠤ ᠪᠠᠢᠴᠠᠭᠠᠯᠲᠠ᠎ᠶᠢᠨ ᠠᠷᠭ᠎ᠠ ᠮᠠᠶᠢᠭ᠋᠎ᠢ ᠶᠡᠷᠦᠩᠬᠡᠢᠯᠡᠨ ᠠᠰᠢᠭ᠍ᠯᠠᠵᠤ᠂ ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ᠎ᠶᠢᠨ ᠬᠠᠷᠢᠴᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠤᠷᠠᠭᠤᠯᠤᠨ᠎ᠠ᠃
(ᠶᠢᠰᠦ) 《ᠴᠣᠬᠣᠷ ᠰᠢᠷᠪᠢᠨ ᠠᠵᠤ ᠠᠬᠤᠢᠯᠠᠯ᠎ᠳᠤ ᠣᠷᠣᠬᠤ》᠎ᠶᠢ ᠬᠡᠷᠡᠭᠵᠢᠭᠦᠯᠦᠨ᠎ᠡ᠃ ᠠᠵᠤ ᠠᠬᠤᠢᠯᠠᠯ᠎ᠳᠤ ᠬᠣᠯᠪᠣᠭᠳᠠᠭᠰᠠᠨ ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ᠎ᠶᠢᠨ ᠶᠠᠪᠤᠴᠠ ᠳᠤᠮᠳᠠ᠂ 《ᠪᠠᠢᠴᠠᠭᠠᠯᠲᠠ᠎ᠶᠢᠨ ᠴᠣᠬᠣᠷ》᠎ᠢ ᠲᠦᠭᠡᠮᠡᠯᠵᠢᠭᠦᠯᠦᠨ ᠬᠡᠷᠡᠭᠯᠡᠵᠦ᠂ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠠᠵᠢᠯᠲᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ᠎ᠶᠢᠨ ᠲᠠᠪᠴᠠᠩ᠎ᠳᠤ ᠭᠠᠷᠴᠤ 《ᠪᠠᠢᠴᠠᠭᠠᠯᠲᠠ᠎ᠶᠢᠨ ᠴᠣᠬᠣᠷ》᠎ᠢ ᠪᠤᠢ ᠪᠤᠯᠭᠠᠭᠰᠠᠨᠤ ᠳᠠᠷᠠᠭ᠎ᠠ᠂ ᠰᠠᠶᠢ ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ᠎ᠶᠢ ᠥᠷᠨᠢᠭᠦᠯᠵᠦ ᠪᠣᠯᠣᠨ᠎ᠠ᠃ ᠪᠠᠢᠴᠠᠭᠠᠵᠤ ᠳᠠᠭᠤᠰᠤᠭᠰᠠᠨ᠎ᠤ ᠳᠠᠷᠠᠭ᠎ᠠ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠶᠠᠪᠤᠴᠠ᠂ ᠦᠷ᠎ᠡ ᠳ᠋ᠦᠩ ᠵᠡᠷᠭᠡ ᠮᠡᠳᠡᠭᠡ ᠵᠠᠩᠭᠢ᠎ᠪᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ᠎ᠶᠢᠨ ᠲᠠᠪᠴᠠᠩ᠎ᠳᠤ ᠲᠤᠬᠠᠢ᠎ᠶᠢᠨ ᠴᠠᠭ᠎ᠲᠤ ᠨᠢ ᠳᠠᠮᠵᠢᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠪᠠᠢᠴᠠᠭᠠᠯᠲᠠ ᠥᠷᠨᠢᠭᠦᠯᠬᠦ᠎ᠶᠢ ᠬᠠᠤᠯᠢ ᠶᠣᠰᠣᠭᠠᠷ ᠤᠷᠢᠳᠴᠢᠯᠠᠨ ᠮᠡᠳᠡᠭᠳᠡᠬᠦ ᠴᠢᠬᠤᠯᠠ ᠦᠭᠡᠢ ᠪᠠᠢᠪᠠᠯ᠂ ᠵᠠᠰᠠᠭ ᠵᠠᠬᠢᠷᠭᠠᠨ᠎ᠦ ᠬᠠᠤᠯᠢ ᠬᠡᠷᠡᠭᠵᠢᠭᠦᠯᠬᠦ ᠠᠵᠢᠯᠲᠠᠨ ᠨᠢ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠬᠡᠷᠡᠭᠵᠢᠭᠦᠯᠦᠭᠰᠡᠨ᠎ᠦ ᠳᠠᠷᠠᠭ᠎ᠠ ᠲᠡᠷᠡ ᠳᠠᠷᠤᠢ᠎ᠳᠦ ᠨᠢ ᠪᠠᠢᠴᠠᠭᠠᠯᠲᠠ᠎ᠶᠢᠨ ᠳᠠᠩᠰᠠᠯᠠᠯ ᠪᠠ ᠲᠡᠮᠳᠡᠭᠯᠡᠯ᠎ᠢ ᠬᠢᠬᠦ ᠬᠡᠷᠡᠭᠲᠡᠢ᠃
(ᠠᠷᠪᠠ) ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ᠎ᠶᠢᠨ ᠳᠡᠰ ᠳᠠᠷᠠᠭᠠᠯᠠᠯ᠎ᠢ ᠵᠢᠷᠤᠮᠵᠢᠭᠤᠯᠤᠨ᠎ᠠ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ ᠥᠷᠨᠢᠭᠦᠯᠬᠦ᠎ᠳᠦ᠎ᠪᠡᠨ ᠬᠠᠤᠯᠢ᠎ᠪᠠᠷ ᠲᠣᠭᠲᠠᠭᠠᠭᠰᠠᠨ ᠳᠡᠰ ᠳᠠᠷᠠᠭᠠᠯᠠᠯ᠎ᠢ ᠵᠢᠷᠤᠮᠯᠠᠨ᠂ ᠬᠠᠤᠯᠢ ᠴᠠᠭᠠᠵᠠ᠎ᠳᠤ ᠠᠰᠲᠠᠭᠠᠨ ᠲᠣᠭᠲᠠᠭᠠᠯ ᠲᠠᠢ᠎ᠠᠴᠠ ᠭᠠᠳᠠᠨ᠎ᠠ᠂ ᠠᠳᠠᠭ᠎ᠲᠤ᠎ᠪᠠᠨ 2 ᠨᠡᠷᠡᠰ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠡᠴᠡ ᠬᠡᠷᠡᠭᠵᠢᠭᠦᠯᠵᠦ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠢᠶᠠᠨ ᠦᠵᠡᠭᠦᠯᠵᠦ᠂ ᠰᠠᠨᠠᠭᠠᠴᠢᠯᠠᠭ᠎ᠠ᠎ᠠᠴᠠ᠎ᠪᠠᠨ (ᠠᠷᠠᠳ᠎ᠤᠨ ᠴᠠᠭᠳᠠᠭ᠎ᠠ ᠠᠷᠠᠳ᠎ᠤᠨ ᠴᠠᠭᠳᠠᠭᠠᠨ᠎ᠤ ᠦᠨᠡᠮᠯᠡᠯ᠎ᠢᠶᠠᠨ ᠭᠠᠷᠭᠠᠵᠤ ᠦᠵᠡᠭᠦᠯᠬᠦ ᠬᠡᠷᠡᠭᠲᠡᠢ)᠂ ᠪᠠᠢᠴᠠᠭᠠᠭᠳᠠᠬᠤ ᠡᠲᠡᠭᠡᠳ᠎ᠲᠦ ᠬᠠᠤᠯᠢ ᠶᠣᠰᠣᠭᠠᠷ ᠡᠳ᠋ᠯᠡᠬᠦ ᠡᠷᠬᠡ ᠪᠠ ᠡᠭᠦᠷᠭᠡᠯᠡᠬᠦ ᠡᠭᠦᠷᠭᠡ᠎ᠶᠢ ᠨᠢ ᠮᠡᠳᠡᠭᠳᠡᠬᠦ ᠬᠡᠷᠡᠭᠲᠡᠢ᠃ ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ᠎ᠶᠢᠨ ᠶᠠᠪᠤᠴᠠ ᠳᠤᠮᠳᠠ᠂ ᠤᠷᠢᠳ᠎ᠢᠶᠠᠷ ᠳᠠᠩᠰᠠᠯᠠᠨ ᠬᠠᠳᠠᠭᠠᠯᠠᠵᠤ᠂ ᠪᠠᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ᠂ ᠴᠡᠪᠳᠡᠭᠯᠡᠬᠦ ᠵᠡᠷᠭᠡ ᠠᠷᠭ᠎ᠠ ᠬᠡᠮᠵᠢᠶ᠎ᠡ ᠠᠪᠬᠤ ᠴᠢᠬᠤᠯᠠᠲᠠᠢ ᠪᠠᠢᠪᠠᠯ᠂ ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠢ; ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠣᠯᠵᠤ ᠮᠡᠳᠡᠭᠡᠳ ᠲᠡᠷᠡ ᠳᠠᠷᠤᠢ᠎ᠳᠦ ᠨᠢ ᠬᠣᠷᠢᠭ᠍ᠯᠠᠬᠤ ᠴᠢᠬᠤᠯᠠᠲᠠᠢ ᠪᠠᠢᠪᠠᠯ᠂ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠬᠠᠤᠯᠢ ᠶᠣᠰᠣᠭᠠᠷ ᠵᠠᠷᠯᠢᠭ᠍ᠳᠠᠨ ᠵᠣᠭᠰᠤᠭᠠᠬᠤ ᠬᠡᠷᠡᠭᠲᠡᠢ᠃
(ᠠᠷᠪᠠᠨ ᠨᠢᠭᠡ) ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠡᠮᠳᠡᠭᠯᠡᠯ᠎ᠢᠶᠡᠨ ᠰᠠᠢᠲᠤᠷ ᠬᠢᠨ᠎ᠡ᠃ ᠬᠠᠤᠯᠢ ᠬᠡᠷᠡᠭᠵᠢᠭᠦᠯᠬᠦ ᠠᠵᠢᠯᠲᠠᠨ ᠠᠵᠤ ᠠᠬᠤᠢᠯᠠᠯ᠎ᠳᠤ ᠬᠣᠯᠪᠣᠭᠳᠠᠭᠰᠠᠨ ᠪᠠᠢᠴᠠᠭᠠᠯᠲᠠ ᠥᠷᠨᠢᠭᠦᠯᠬᠦ ᠳᠦ᠂ ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ᠎ᠶᠢᠨ ᠪᠢᠴᠢᠭ᠎ᠦᠨ ᠲᠡᠮᠳᠡᠭᠯᠡᠯ᠎ᠢᠶᠡᠨ ᠵᠢᠷᠤᠮᠵᠢᠭᠤᠯᠤᠨ ᠵᠣᠬᠢᠶᠠᠵᠤ᠂ ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ᠎ᠶᠢᠨ ᠪᠠᠢᠳᠠᠯ᠎ᠢ ᠪᠤᠰᠤᠳᠴᠢ ᠪᠥᠭᠡᠳ ᠪᠦᠬᠦ ᠲᠠᠯ᠎ᠠ᠎ᠪᠠᠷ ᠲᠡᠮᠳᠡᠭᠯᠡᠨ᠂ ᠠᠵᠤ ᠠᠬᠤᠢᠯᠠᠯ᠎ᠤᠨ ᠰᠠᠨᠠᠯ᠎ᠢ ᠦᠨᠡᠨ ᠪᠣᠳᠠᠲᠠᠢ ᠪᠡᠷ ᠲᠡᠮᠳᠡᠭᠯᠡᠬᠦ ᠬᠡᠷᠡᠭᠲᠡᠢ᠃ ᠮᠠᠷᠭᠤᠯᠳᠤᠭᠠᠨ ᠠᠮᠠᠷᠬᠠᠨ ᠡᠭᠦᠰᠬᠡᠬᠦ ᠪᠤᠶᠤ ᠬᠥᠮᠥᠨ᠎ᠦ ᠪᠡᠶ᠎ᠡ᠎ᠶᠢᠨ ᠡᠷᠬᠡ ᠴᠢᠯᠦᠭᠡ᠂ ᠠᠮᠢ ᠪᠡᠶ᠎ᠡ᠎ᠶᠢᠨ ᠡᠷᠡᠭᠦᠯ ᠮᠡᠨᠳᠦ᠂ ᠴᠢᠬᠤᠯᠠ ᠶᠡᠬᠡ ᠡᠳ᠋ ᠬᠥᠷᠥᠩᠭᠡ᠎ᠶᠢᠨ ᠡᠷᠬᠡ ᠠᠰᠢᠭ᠋ ᠲᠠᠢ ᠬᠠᠮᠢᠶᠠᠳᠠᠭᠰᠠᠨ ᠠᠵᠤ ᠠᠬᠤᠢᠯᠠᠯ ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠳᠦ᠂ ᠵᠠᠷᠴᠢᠮ ᠳᠡᠭᠡᠷ᠎ᠡ᠎ᠪᠡᠨ ᠪᠦᠬᠦ ᠶᠠᠪᠤᠴᠠ᠎ᠳᠦ ᠳᠠᠭᠤ ᠳᠦᠷᠰᠦ᠎ᠶᠢᠨ ᠰᠢᠩᠭᠡᠭᠡᠯᠲᠡ᠎ᠶᠢᠨ ᠲᠡᠮᠳᠡᠭᠯᠡᠯ ᠬᠢᠬᠦ ᠬᠡᠷᠡᠭᠲᠡᠢ᠃ ᠰᠡᠭᠦᠳᠡᠷᠯᠡᠬᠦ᠂ ᠳᠠᠭᠤ ᠸᠢᠳᠢᠤ᠋ ᠰᠢᠩᠭᠡᠬᠡᠨ ᠦᠢᠯᠡᠳᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠭᠡᠷᠡᠴᠢ ᠠᠪᠤᠭᠰᠠᠨ ᠪᠠᠢᠪᠠᠯ᠂ ᠰᠡᠭᠦᠳᠡᠷᠯᠡᠭᠰᠡᠨ ᠴᠠᠭ᠂ ᠭᠠᠵᠠᠷ ᠣᠷᠣᠨ᠂ ᠰᠡᠭᠦᠳᠡᠷᠯᠡᠭᠴᠢ ᠵᠢᠴᠢ ᠭᠡᠷᠡᠴᠢᠯᠡᠬᠦ ᠠᠭᠤᠯᠭ᠎ᠠ ᠵᠡᠷᠭᠡ ᠬᠦᠴᠦᠨ ᠵᠦᠢᠯ᠎ᠢ ᠪᠦᠷᠢᠨ ᠪᠦᠲᠦᠨ ᠲᠡᠮᠳᠡᠭᠯᠡᠬᠦ ᠬᠡᠷᠡᠭᠲᠡᠢ᠃
(ᠠᠷᠪᠠᠨ ᠬᠣᠶᠠᠷ) ᠳᠡᠰ ᠲᠦᠷᠦᠯ ᠬᠤᠪᠢᠶᠠᠭᠰᠠᠨ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠵᠠᠭᠪᠤᠷ᠎ᠢ ᠬᠡᠷᠡᠭᠵᠢᠭᠦᠯᠦᠨ᠎ᠡ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭᠠᠨ᠎ᠳᠠᠬᠢ 《ᠲᠦᠭᠰᠢᠭᠦᠷᠢ + ᠢᠲᠡᠭᠡᠮᠵᠢ 》᠎ᠶᠢᠨ ᠳᠡᠰ ᠲᠦᠷᠦᠯ ᠬᠤᠪᠢᠶᠠᠭᠰᠠᠨ ᠠᠵᠤ ᠠᠬᠤᠢᠯᠠᠯ᠎ᠳᠦ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠵᠠᠭᠪᠤᠷ᠎ᠢ ᠪᠠᠢᠭᠤᠯᠵᠤ᠂ ᠪᠠᠢᠴᠠᠭᠠᠭᠳᠠᠬᠤ ᠡᠲᠡᠭᠡᠳ᠎ᠲᠦ ᠶᠡᠷᠦᠩᠬᠡᠢᠯᠡᠭᠰᠡᠨ ᠦᠨᠡᠯᠡᠯᠲᠡ ᠬᠢᠨ᠎ᠡ᠃ ᠶᠡᠷᠦᠩᠬᠡᠢᠯᠡᠭᠰᠡᠨ ᠦᠨᠡᠯᠡᠯᠲᠡ᠎ᠶᠢᠨ ᠳᠡᠰ ᠢᠶᠡᠷ ᠥᠨᠳᠥᠷ ᠪᠠᠢᠭ᠎ᠠ ᠪᠠᠢᠴᠠᠭᠠᠭᠳᠠᠬᠤ ᠡᠲᠡᠭᠡᠳ᠎ᠢ ᠪᠠᠢᠴᠠᠭᠠᠬᠤ ᠳᠠᠪᠲᠠᠮᠵᠢ᠎ᠪᠠᠨ ᠵᠣᠬᠢᠰᠲᠠᠢ᠎ᠪᠠᠷ ᠪᠠᠭᠤᠷᠠᠭᠤᠯᠤᠨ᠎ᠠ; ᠶᠡᠷᠦᠩᠬᠡᠢᠯᠡᠭᠰᠡᠨ ᠦᠨᠡᠯᠡᠯᠲᠡ᠎ᠶᠢᠨ ᠳᠡᠰ᠎ᠢᠶᠡᠷ ᠳᠣᠣᠷ᠎ᠠ ᠪᠠᠢᠭ᠎ᠠ ᠪᠠᠢᠴᠠᠭᠠᠭᠳᠠᠬᠤ ᠡᠲᠡᠭᠡᠳ᠎ᠢ ᠪᠠᠢᠴᠠᠭᠠᠬᠤ ᠳᠠᠪᠲᠠᠮᠵᠢ᠎ᠪᠠᠨ ᠵᠣᠬᠢᠰᠲᠠᠢ᠎ᠪᠠᠷ ᠳᠡᠭᠡᠭᠰᠢᠯᠡᠭᠦᠯᠦᠨ᠎ᠡ᠃
ᠭᠤᠷᠪᠠ᠂ ᠬᠡᠷᠡᠭᠵᠢᠭᠦᠯᠬᠦ ᠪᠠᠲᠤᠯᠠᠭ᠎ᠠ᠎ᠶᠢ ᠴᠢᠩᠭᠠᠷᠠᠭᠤᠯᠤᠨ᠎ᠠ
(ᠠᠷᠪᠠᠨ ᠭᠤᠷᠪᠠ) ᠠᠵᠢᠯ᠎ᠢᠶᠠᠨ ᠨᠢᠭᠡᠳᠦᠯᠲᠡᠢ ᠲᠥᠯᠥᠪᠯᠡᠨ ᠵᠢᠯᠤᠭᠣᠳᠬᠤ ᠪᠠᠨ ᠴᠢᠩᠭᠠᠳᠬᠠᠨ᠎ᠠ᠃ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠠ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢ ᠵᠢᠷᠤᠮᠵᠢᠭᠤᠯᠬᠤ᠂ ᠠᠷᠠᠳ ᠣᠯᠠᠨ᠎ᠤ ᠳᠡᠷᠭᠡᠳᠡᠬᠢ ᠪᠣᠳᠠᠲᠠᠢ ᠪᠣᠳᠠᠲᠤ ᠶᠠᠪᠤᠳᠠᠯ᠎ᠢ ᠠᠬᠢᠭᠤᠯᠤᠨ ᠰᠠᠢᠲᠤᠷ ᠬᠢᠬᠦ ᠲᠤᠰᠬᠠᠢ ᠠᠵᠢᠯᠯᠠᠭᠠᠨ ᠲᠠᠢ ᠤᠶᠠᠯᠳᠤᠭᠤᠯᠵᠤ᠂ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠴᠢᠩᠳᠠᠯᠠᠨ ᠵᠢᠷᠤᠮᠵᠢᠭᠤᠯᠬᠤ ᠠᠵᠢᠯ᠎ᠢ ᠨᠢᠭᠡᠳᠦᠯᠲᠡᠢ ᠲᠥᠯᠥᠪᠯᠡᠨ ᠰᠠᠢᠲᠤᠷ ᠠᠳᠬᠤᠬᠤ ᠬᠡᠷᠡᠭᠲᠡᠢ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭᠠᠨ᠎ᠤ ᠣᠷᠣᠨ᠎ᠤ᠎ᠪᠠᠨ ᠳᠣᠲᠣᠷᠠᠬᠢ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠶᠡᠷᠦᠩᠬᠡᠢᠯᠡᠨ ᠨᠢᠭᠡᠳᠦᠯᠲᠡᠢ ᠲᠥᠯᠥᠪᠯᠡᠬᠦ᠎ᠪᠡᠨ ᠴᠢᠩᠭᠠᠳᠬᠠᠵᠤ᠂ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠥᠯᠥᠪᠯᠡᠭᠡ᠎ᠶᠢᠨ ᠨᠡᠢᠲᠡ᠎ᠳᠦ ᠵᠠᠷᠯᠠᠬᠤ ᠳᠦᠷᠢᠮ᠎ᠢ ᠭᠦᠢᠴᠡᠳᠬᠡᠬᠦ᠎ᠪᠡᠨ ᠴᠢᠩᠭᠠᠷᠠᠭᠤᠯᠤᠨ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠪᠠᠢᠴᠠᠭᠠᠬᠤ᠎ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ᠎ᠪᠠᠨ ᠤᠶᠠᠯᠳᠤᠭᠤᠯᠤᠨ ᠲᠤᠰ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭᠠᠨ᠎ᠤ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠬᠠᠮᠢᠶ᠎ᠠ ᠪᠦᠬᠦᠢ ᠲᠣᠭᠲᠠᠭᠠᠯ᠎ᠢᠶᠠᠨ ᠨᠠᠷᠢᠯᠢᠭ᠍ᠵᠢᠭᠤᠯᠤᠨ ᠲᠡᠭᠦᠯᠳᠡᠷᠵᠢᠭᠦᠯᠵᠦ᠂ ᠵᠢᠭᠠᠨ ᠵᠢᠯᠤᠭᠣᠳᠬᠤ ᠪᠠ ᠬᠢᠨᠠᠯᠲᠠ ᠲᠠᠯᠪᠢᠬᠤ᠎ᠪᠠᠨ ᠴᠢᠩᠭᠠᠳᠬᠠᠬᠤ ᠬᠡᠷᠡᠭᠲᠡᠢ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ᠂ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠵᠤ᠂ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭᠠᠨ᠎ᠳᠤ ᠬᠣᠯᠪᠣᠭᠳᠠᠭᠰᠠᠨ ᠪᠠᠢᠴᠠᠭᠠᠯᠲᠠ᠎ᠶᠢᠨ ᠵᠦᠢᠯᠡᠰ᠎ᠲᠦ᠂ ᠬᠠᠮᠢᠶ᠎ᠠ ᠪᠦᠬᠦᠢ ᠪᠠᠢᠴᠠᠭᠠᠯᠲᠠ᠎ᠶᠢᠨ ᠱᠠᠭᠠᠷᠳᠠᠯᠭ᠎ᠠ᠎ᠪᠠᠨ ᠡᠷᠡᠰ ᠨᠠᠢᠳᠠᠪᠤᠷᠢᠵᠢᠭᠤᠯᠵᠤ᠂ ᠨᠢᠭᠡ᠎ᠶᠢ ᠨᠢ ᠵᠠᠯᠠᠷᠠᠭᠤᠯᠪᠠᠯ᠂ ᠨᠢᠭᠡ ᠲᠦᠷᠦᠯ᠎ᠢ ᠨᠢ ᠰᠢᠢᠳᠪᠦᠷᠢᠯᠡᠵᠦ᠂ ᠨᠢᠭᠡ ᠬᠡᠰᠡᠭ᠎ᠢ ᠨᠢ ᠨᠥᠯᠥᠭᠡᠯᠡᠬᠦ᠎ᠶᠢ ᠪᠡᠶᠡᠯᠡᠭᠦᠯᠬᠦ ᠬᠡᠷᠡᠭᠲᠡᠢ᠃
(ᠠᠷᠪᠠᠨ ᠳᠥᠷᠪᠡ) ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠬᠡᠷᠡᠭᠵᠢᠭᠦᠯᠬᠦ ᠬᠢᠨᠠᠯᠲᠠ᠎ᠶᠢᠨ ᠲᠠᠪᠴᠠᠩ᠎ᠤᠨ ᠬᠡᠷᠡᠭᠯᠡᠯᠲᠡ᠎ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ᠎ᠶᠢᠨ ᠲᠠᠪᠴᠠᠩ᠎ᠤᠨ ᠴᠢᠳᠠᠮᠵᠢ᠎ᠶᠢ ᠲᠡᠭᠦᠯᠳᠡᠷᠵᠢᠭᠦᠯᠬᠦ᠎ᠪᠠᠨ ᠲᠦᠷᠭᠡᠳᠬᠡᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ᠎ᠶᠢᠨ ᠲᠠᠪᠴᠠᠩ᠎ᠤᠨ ᠬᠡᠷᠡᠭᠯᠡᠯᠲᠡ᠎ᠶᠢᠨ ᠠᠵᠢᠯ᠎ᠢ ᠲᠦᠷᠭᠡᠳᠬᠡᠨ ᠠᠬᠢᠭᠤᠯᠵᠤ᠂ ᠠᠵᠤ ᠠᠬᠤᠢᠯᠠᠯ᠎ᠳᠦ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠣᠶᠤᠨᠴᠢᠯᠠᠭᠰᠠᠨ ᠬᠢᠷᠢ ᠲᠦᠪᠰᠢᠨ᠎ᠢ ᠠᠯᠬᠤᠮ ᠠᠯᠬᠤᠮ᠎ᠢᠶᠠᠷ ᠳᠡᠭᠡᠭᠰᠢᠯᠡᠭᠦᠯᠬᠦ ᠬᠡᠷᠡᠭᠲᠡᠢ᠃ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠰᠢᠰᠲᠧᠮ᠎ᠢᠶᠠᠨ ᠬᠠᠷᠠᠬᠠᠨ ᠪᠠᠢᠭᠤᠯᠤᠭ᠎ᠠ ᠦᠭᠡᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠬᠢᠨᠠᠯᠲᠠ᠎ᠶᠢᠨ ᠲᠠᠪᠴᠠᠩ᠎ᠢ ᠠᠰᠢᠭ᠍ᠯᠠᠨ ᠵᠠᠰᠠᠭ ᠵᠠᠬᠢᠷᠭᠠᠨ᠎ᠤ ᠪᠠᠢᠴᠠᠭᠠᠯᠲᠠ ᠥᠷᠨᠢᠭᠦᠯᠬᠦ ᠬᠡᠷᠡᠭᠲᠡᠢ; ᠨᠢᠭᠡᠨᠲᠡ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠰᠢᠰᠲᠧᠮ᠎ᠢ ᠪᠠᠢᠭᠤᠯᠤᠭᠰᠠᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠬᠢᠨᠠᠯᠲᠠ᠎ᠶᠢᠨ ᠲᠠᠪᠴᠠᠩ ᠲᠠᠢ ᠵᠠᠯᠭᠠᠯᠳᠤᠭᠤᠯᠤᠨ᠂ ᠠᠵᠤ ᠠᠬᠤᠢᠯᠠᠯ᠎ᠳᠦ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠠᠴᠠ ᠡᠭᠦᠰᠦᠭᠰᠡᠨ ᠳ᠋ᠠᠢᠲ᠋ᠠ᠎ᠶᠢ ᠪᠦᠬᠦ ᠲᠠᠯ᠎ᠠ᠎ᠪᠠᠷ᠂ ᠤᠨᠤᠪᠴᠢᠲᠠᠢ᠂ ᠴᠠᠭ ᠲᠤᠬᠠᠢ ᠳ᠋ᠤ᠌ ᠨᠢ ᠬᠤᠷᠢᠶᠠᠩᠭᠤᠢᠯᠠᠵᠤ᠂ ᠬᠤᠷᠢᠶᠠᠩᠭᠤᠢᠯᠠᠪᠠᠰᠤ ᠵᠣᠬᠢᠬᠤ ᠪᠦᠬᠦᠨ᠎ᠢ ᠬᠤᠷᠢᠶᠠᠩᠭᠤᠢᠯᠠᠬᠤ᠎ᠶᠢ ᠪᠡᠶᠡᠯᠡᠭᠦᠯᠬᠦ ᠬᠡᠷᠡᠭᠲᠡᠢ᠃
(ᠠᠷᠪᠠᠨ ᠲᠠᠪᠤ) ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠤᠷᠢᠳᠴᠢᠯᠠᠨ ᠰᠡᠷᠡᠮᠵᠢᠯᠡᠭᠦᠯᠬᠦ ᠵᠠᠳᠠᠯᠤᠯᠲᠠ᠎ᠶᠢ ᠴᠢᠩᠭᠠᠳᠬᠠᠨ᠎ᠠ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠬᠢᠮᠡᠯ ᠤᠶᠤᠨ᠂ ᠲᠣᠮᠣ᠌ ᠳ᠋ᠠᠢᠲ᠋ᠠ᠎ᠶᠢᠨ ᠪᠦᠷᠢᠳᠬᠡᠬᠦ ᠴᠢᠳᠠᠮᠵᠢ᠎ᠶᠢ ᠰᠠᠢᠲᠤᠷ ᠠᠰᠢᠭ᠍ᠯᠠᠨ᠂ ᠤᠯᠠᠨ ᠲᠠᠯ᠎ᠠ᠎ᠶᠢᠨ᠂ ᠳᠠᠪᠬᠤᠴᠠᠭᠰᠠᠨ᠂ ᠥᠨᠳᠥᠷ ᠳᠠᠪᠲᠠᠮᠵᠢᠲᠤ ᠪᠠᠢᠴᠠᠭᠠᠯᠲᠠ ᠵᠡᠷᠭᠡ ᠦᠢᠯᠡ ᠠᠵᠢᠯᠯᠠᠭ᠎ᠠ᠎ᠶᠢ ᠲᠦᠷᠭᠡᠨ ᠤᠷᠢᠳᠴᠢᠯᠠᠨ ᠰᠡᠷᠡᠮᠵᠢᠯᠡᠭᠦᠯᠵᠦ᠂ ᠲᠦᠭᠡᠮᠡᠯ᠂ ᠤᠯᠠᠨ ᠡᠭᠦᠰᠳᠡᠭ ᠠᠰᠠᠭᠤᠳᠠᠯ᠎ᠳᠤ ᠴᠠᠭ ᠲᠤᠬᠠᠢ᠎ᠳᠤ ᠨᠢ ᠬᠢᠨᠠᠯᠲᠠ ᠲᠠᠯᠪᠢᠬᠤ ᠬᠡᠷᠡᠭᠲᠡᠢ᠃ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠪᠠᠢᠳᠠᠯ᠎ᠢ ᠵᠠᠳᠠᠯᠤᠨ ᠰᠤᠳᠤᠯᠵᠤ ᠮᠠᠭᠠᠳᠯᠠᠬᠤ᠎ᠪᠠᠨ ᠴᠢᠩᠭᠠᠳᠬᠠᠬᠤ᠎ᠶᠢᠨ ᠬᠠᠮᠲᠤ᠂ ᠵᠢᠯ ᠪᠦᠷᠢ᠎ᠶᠢᠨ 12 ᠳ᠋ᠤᠭᠠᠷ ᠰᠠᠷ᠎ᠠ᠎ᠶᠢᠨ ᠰᠡᠭᠦᠯᠴᠢ᠎ᠡᠴᠡ ᠡᠮᠦᠨ᠎ᠡ ᠪᠦᠷᠢᠳᠬᠡᠨ ᠵᠠᠳᠠᠯᠤᠭᠰᠠᠨ ᠪᠠᠢᠳᠠᠯ᠎ᠢᠶᠠᠨ ᠢᠵᠢᠯᠢ ᠱᠠᠲᠤᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠤ ᠮᠡᠳᠡᠭᠦᠯᠦᠨ᠂ ᠰᠢᠨᠵᠢᠯᠡᠬᠦ ᠤᠬᠠᠭᠠᠨᠴᠢ᠎ᠪᠡᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ᠎ᠶᠢ ᠬᠠᠨᠳᠤᠯᠭ᠎ᠠ ᠲᠠᠢ᠎ᠪᠠᠷ ᠥᠷᠨᠢᠭᠦᠯᠬᠦ᠎ᠳᠦ ᠦᠨᠳᠦᠰᠦᠯᠡᠯ ᠬᠠᠩᠭᠠᠬᠤ ᠬᠡᠷᠡᠭᠲᠡᠢ᠃
(ᠠᠷᠪᠠᠨ ᠵᠢᠷᠭᠤᠭ᠎ᠠ) ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠪᠠᠨ ᠢᠯᠡᠳᠬᠡᠬᠦ ᠠᠷᠭ᠎ᠠ ᠵᠠᠮ᠎ᠢ ᠰᠢᠯᠤᠭᠤᠳᠬᠠᠨ᠎ᠠ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠳ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ᠎ᠶᠢ ᠨᠡᠢᠲᠡᠯᠡᠬᠦ᠎ᠶᠢᠨ ᠬᠠᠮᠲᠤ᠂ 《ᠮᠧᠩ ᠴᠢ ᠲᠥᠩ》᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶᠢᠨ ᠬᠠᠯᠠᠮᠰᠢᠯ ᠤᠲᠠᠰᠤ 12345᠂ ᠠᠷᠠᠳ᠎ᠠᠴᠠ ᠡᠵᠡᠩᠨᠡᠭᠰᠡᠨ ᠠᠵᠤ ᠠᠬᠤᠢᠯᠠᠯ᠎ᠤᠨ ᠦᠢᠯᠡᠴᠢᠯᠡᠭᠡ᠎ᠶᠢᠨ ᠬᠠᠯᠠᠮᠰᠢᠯ ᠤᠲᠠᠰᠤ 96888 ᠳᠤ ᠲᠦᠰᠢᠭᠯᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠬᠠᠮᠢᠶ᠎ᠠ ᠪᠦᠬᠦᠢ ᠠᠰᠠᠭᠤᠳᠠᠯ᠎ᠤᠨ ᠰᠦᠪᠡᠭᠴᠢ᠎ᠶᠢ ᠬᠣᠷᠢᠶᠠᠨ ᠴᠤᠭᠯᠠᠭᠤᠯᠬᠤ ᠬᠡᠷᠡᠭᠲᠡᠢ᠃ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ᠎ᠶᠢᠨ ᠠᠵᠤ ᠠᠬᠤᠢᠯᠠᠯ᠎ᠤᠨ ᠬᠠᠷᠢᠯᠴᠠᠭᠠᠨ᠎ᠤ ᠴᠡᠭ ᠪᠠᠢᠭᠤᠯᠬᠤ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ ᠲᠠᠯᠪᠢᠭ᠍ᠴᠢ ᠤᠷᠢᠨ ᠲᠣᠮᠢᠯᠠᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠵᠤ᠂ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠳᠡᠬᠢ ᠲᠣᠪᠣᠢᠮ᠎ᠠ ᠠᠰᠠᠭᠤᠳᠠᠯ ᠪᠠ ᠰᠠᠨᠠᠯ ᠰᠠᠨᠠᠭᠤᠯᠭ᠎ᠠ᠎ᠶᠢ ᠥᠷᠭᠡᠨ᠎ᠢᠶᠡᠷ ᠬᠣᠷᠢᠶᠠᠨ ᠴᠤᠭᠯᠠᠭᠤᠯᠵᠤ᠂ ᠵᠠᠰᠠᠭ ᠵᠠᠬᠢᠷᠭᠠᠨ᠎ᠦ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ᠎ᠶᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠢ᠃
(ᠠᠷᠪᠠᠨ ᠳᠣᠯᠤᠭ᠎ᠠ) ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠬᠠᠷᠢᠭᠤᠴᠠᠯᠭ᠎ᠠ ᠨᠡᠬᠡᠮᠵᠢᠯᠡᠬᠦ᠎ᠶᠢ ᠴᠢᠩᠭ᠎ᠠ ᠬᠡᠷᠡᠭᠵᠢᠭᠦᠯᠦᠨ᠎ᠡ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠰᠠᠯᠠᠭ᠎ᠠ ᠮᠥᠴᠢᠷ᠎ᠤᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ᠎ᠶᠢᠨ ᠦᠢᠯᠡᠳᠦᠯ᠎ᠢᠶᠠᠨ ᠪᠠᠳᠠᠷᠠᠭᠤᠯᠵᠤ᠂ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠬᠠᠮᠢᠶ᠎ᠠ ᠪᠦᠬᠦᠢ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠬᠠᠤᠯᠢ ᠶᠣᠰᠣᠴᠢ ᠴᠢᠨᠠᠷ᠂ ᠵᠢᠷᠤᠮᠵᠢᠭᠤᠨ ᠴᠢᠨᠠᠷ ᠪᠠ ᠲᠥᠪ ᠭᠣᠣᠯᠴᠢ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠢ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠳ ᠠᠵᠤ ᠠᠬᠤᠢᠯᠠᠯ᠎ᠳᠦ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠦᠢᠯᠡ ᠠᠵᠢᠯᠯᠠᠭ᠎ᠠ᠎ᠳᠠᠬᠢ ᠬᠢᠨᠠᠯᠲᠠ᠎ᠪᠠᠨ ᠴᠢᠩᠭᠠᠳᠬᠠᠵᠤ᠂ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠬᠠᠤᠯᠢ᠎ᠠᠴᠠ ᠵᠥᠷᠢᠴᠡᠭᠰᠡᠨ ᠪᠤᠶᠤ ᠵᠣᠬᠢᠰ ᠦᠭᠡᠢ ᠪᠠᠢᠳᠠᠯ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ ᠲᠠᠯᠪᠢᠬᠤ ᠳᠦᠷᠢᠮ》᠎ᠦᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠣᠯᠵᠣᠨ ᠶᠠᠷᠢᠯᠴᠠᠬᠤ᠂ ᠨᠡᠪᠲᠡᠷᠡᠭᠦᠯᠦᠨ ᠮᠡᠳᠡᠭᠡᠯᠡᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠬᠢᠨᠠᠯᠲᠠ ᠲᠠᠯᠪᠢᠬᠤ ᠬᠡᠷᠡᠭᠲᠡᠢ; ᠰᠠᠬᠢᠯᠭ᠎ᠠ ᠪᠠᠲᠤ᠎ᠠᠴᠠ ᠵᠥᠷᠢᠴᠡᠭᠰᠡᠨ ᠪᠤᠶᠤ ᠡᠷᠬᠡ ᠲᠤᠰᠢᠶᠠᠯ᠎ᠢᠶᠠᠨ ᠠᠰᠢᠭ᠍ᠯᠠᠨ ᠶᠠᠯ᠎ᠠ ᠬᠢᠭᠰᠡᠨ᠎ᠢᠶᠡᠷ ᠰᠡᠵᠢᠭᠯᠡᠭᠳᠡᠭᠰᠡᠨ ᠪᠠᠢᠪᠠᠯ᠂ ᠬᠠᠤᠯᠢ ᠶᠣᠰᠣᠭᠠᠷ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠳᠤ ᠰᠢᠯᠵᠢᠭᠦᠯᠦᠨ ᠬᠦᠷᠭᠡᠨ᠎ᠡ᠃
2025 ᠣᠨ᠎ᠤ 5 ᠳ᠋ᠤᠭᠠᠷ ᠰᠠᠷ᠎ᠠ᠎ᠶᠢᠨ 27᠎ᠦ ᠡᠳᠦᠷ
(ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ 5 ᠳ᠋ᠤᠭᠠᠷ ᠰᠠᠷ᠎ᠠ᠎ᠶᠢᠨ 29᠎ᠦ ᠡᠳᠦᠷ ᠳᠠᠷᠤᠮᠠᠯᠯᠠᠨ ᠲᠠᠷᠬᠠᠭᠠᠪᠠ