ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠢᠴᠢᠭ ᠮᠠᠲᠧᠷᠢᠶᠠᠯ
ᠰᠢᠨ᠎ᠡ᠎ᠪᠡᠷ ᠨᠡᠮᠡᠭᠳᠡᠭᠰᠡᠨ ᠠᠵᠤ ᠦᠢᠯᠡᠳᠪᠦᠷᠢ᠎ᠶᠢᠨ ᠬᠡᠷᠡᠭᠯᠡᠬᠦ ᠭᠠᠵᠠᠷ᠎ᠲᠠᠬᠢ 《 ᠪᠠᠷᠢᠮᠵᠢᠶᠠᠲᠤ ᠭᠠᠵᠠᠷ》᠎ᠤᠨ ᠬᠠᠩᠭᠠᠯᠭ᠎ᠠ ᠪᠠ ᠬᠢᠨᠠᠯᠲᠠ ᠬᠠᠮᠢᠶᠠᠷᠤᠯᠲᠠ᠎ᠶᠢᠨ
ᠠᠵᠢᠯ᠎ᠢ ᠰᠠᠢᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ
ᠥᠪᠥᠷ ᠵᠠᠰᠠᠭ ᠠᠯᠪᠠᠨ ᠲᠠᠷᠬᠠᠭᠠᠭᠰᠠᠨ 〔 2025 〕 23 ᠳ᠋ᠤᠭᠠᠷ ᠲᠣᠭᠠᠲᠤ
ᠡᠯ᠎ᠡ ᠠᠢᠮᠠᠭ᠎ᠤᠨ ᠵᠠᠬᠢᠷᠭ᠎ᠠ᠂ ᠬᠤᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
ᠬᠦᠴᠦᠨ ᠵᠦᠢᠯ᠎ᠤᠨ ᠵᠠᠬ᠎ᠠ ᠳᠡᠯᠭᠡᠭᠦᠷ᠎ᠦᠨ ᠳᠦᠷᠢᠮ᠎ᠢ ᠲᠡᠭᠦᠯᠳᠡᠷᠵᠢᠭᠦᠯᠦᠨ᠂ ᠡᠬᠢ ᠪᠠᠶᠠᠯᠢᠭ᠋᠎ᠢ ᠥᠨᠳᠥᠷ ᠦᠷ᠎ᠡ ᠠᠰᠢᠭ᠍ᠲᠠᠢ ᠪᠠᠷ ᠲᠣᠬᠢᠷᠠᠭᠤᠯᠬᠤ᠎ᠶᠢ ᠠᠬᠢᠭᠤᠯᠬᠤ ᠲᠤᠬᠠᠢ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ᠎ᠤᠨ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠲᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭᠠᠬᠤ᠎ᠶᠢ ᠪᠠᠷᠢᠮᠲᠠᠯᠠᠨ᠂ 《 ᠪᠠᠷᠢᠮᠵᠢᠶᠠᠲᠤ ᠭᠠᠵᠠᠷ 》᠎ᠤᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ 《 ᠮᠦ᠍ ᠪᠦᠷᠢ᠎ᠶᠢᠨ ᠳᠤᠮᠳᠠᠴᠢ ᠦᠷ᠎ᠡ ᠠᠰᠢᠭ᠋ 》᠎ᠢᠶᠠᠷ ᠤᠳᠤᠷᠢᠳᠤᠮᠵᠢ ᠪᠤᠯᠭᠠᠭᠰᠠᠨ ᠰᠢᠨ᠎ᠡ᠎ᠪᠡᠷ ᠨᠡᠮᠡᠭᠳᠡᠭᠰᠡᠨ ᠠᠵᠤ ᠦᠢᠯᠡᠳᠪᠦᠷᠢ᠎ᠶᠢᠨ ᠬᠡᠷᠡᠭᠯᠡᠬᠦ ᠭᠠᠵᠠᠷ᠎ᠤᠨ ᠬᠠᠩᠭᠠᠯᠭ᠎ᠠ᠎ᠶᠢᠨ ᠲᠣᠭᠲᠠᠴᠠ᠎ᠶᠢ ᠪᠠᠢᠭᠤᠯᠤᠨ᠂ ᠭᠠᠵᠠᠷ ᠰᠢᠷᠣᠢ᠎ᠶᠢᠨ ᠬᠦᠴᠦᠨ ᠵᠦᠢᠯ᠎ᠦᠨ ᠲᠣᠬᠢᠷᠠᠭᠤᠯᠤᠯᠲᠠ᠎ᠶᠢᠨ ᠣᠨᠣᠪᠴᠢᠲᠤ ᠴᠢᠨᠠᠷ᠎ᠢ ᠳᠡᠭᠡᠭᠰᠢᠯᠡᠭᠦᠯᠵᠦ᠂ ᠭᠠᠵᠠᠷ ᠬᠡᠷᠡᠭᠯᠡᠬᠦ᠎ᠶᠢᠨ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ᠎ᠶᠢ ᠴᠢᠩᠭᠠᠷᠠᠭᠤᠯᠬᠤ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠡᠳᠦᠭᠡ ᠰᠢᠨ᠎ᠡ᠎ᠪᠡᠷ ᠨᠡᠮᠡᠭᠳᠡᠭᠰᠡᠨ ᠠᠵᠤ ᠦᠢᠯᠡᠳᠪᠦᠷᠢ᠎ᠶᠢᠨ ᠬᠡᠷᠡᠭᠯᠡᠬᠦ ᠭᠠᠵᠠᠷ᠎ᠲᠠᠬᠢ 《 ᠪᠠᠷᠢᠮᠵᠢᠶᠠᠲᠤ ᠭᠠᠵᠠᠷ》᠎ᠤᠨ ᠬᠠᠩᠭᠠᠯᠭ᠎ᠠ ᠬᠢᠭᠡᠳ ᠬᠢᠨᠠᠯᠲᠠ ᠬᠠᠮᠢᠶᠠᠷᠤᠯᠲᠠ᠎ᠶᠢᠨ ᠠᠵᠢᠯ᠎ᠢ ᠰᠠᠢᠲᠤᠷ ᠬᠢᠬᠦ ᠲᠤᠬᠠᠢ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ ᠄
ᠨᠢᠭᠡ᠂ 《 ᠪᠠᠷᠢᠮᠵᠢᠶᠠᠲᠤ ᠭᠠᠵᠠᠷ 》᠎ᠦᠨ ᠦᠨᠳᠦᠰᠦᠨ ᠤᠬᠠᠭᠳᠠᠬᠤᠨ ᠬᠢᠭᠡᠳ ᠬᠡᠷᠡᠭᠵᠢᠭᠦᠯᠬᠦ ᠬᠦᠷᠢᠶ᠎ᠡ ᠬᠡᠪᠴᠢᠶ᠎ᠡ᠎ᠶᠢ ᠲᠣᠳᠣᠷᠬᠠᠢᠯᠠᠬᠤ ᠬᠡᠷᠡᠭᠲᠡᠢ
( ᠨᠢᠭᠡ ) ᠰᠢᠨ᠎ᠡ᠎ᠪᠡᠷ ᠨᠡᠮᠡᠭᠳᠡᠭᠰᠡᠨ ᠠᠵᠤ ᠦᠢᠯᠡᠳᠪᠦᠷᠢ᠎ᠶᠢᠨ ᠬᠡᠷᠡᠭᠯᠡᠬᠦ ᠭᠠᠵᠠᠷ᠎ᠲᠠᠬᠢ 《 ᠪᠠᠷᠢᠮᠵᠢᠶᠠᠲᠤ ᠭᠠᠵᠠᠷ》 ᠭᠡᠳᠡᠭ ᠨᠢ ᠭᠠᠵᠠᠷ ᠬᠠᠩᠭᠠᠬᠤ ᠨᠥᠬᠥᠴᠡᠯ᠎ᠢ ᠪᠦᠷᠢᠯᠳᠦᠭᠦᠯᠦᠭᠰᠡᠨ ᠣᠷᠣᠨ ᠪᠦᠰᠡ᠎ᠳᠦ᠂ ᠰᠢᠨ᠎ᠡ᠎ᠪᠡᠷ ᠪᠠᠢᠭᠤᠯᠤᠭᠰᠠᠨ ᠠᠵᠤ ᠦᠢᠯᠡᠳᠪᠦᠷᠢ᠎ᠶᠢᠨ ᠲᠦᠷᠦᠯ ᠵᠦᠢᠯ᠎ᠳᠦ ᠬᠠᠨᠳᠤᠭᠤᠯᠤᠨ᠂ ᠬᠣᠯᠪᠣᠭᠳᠠᠯ ᠪᠦᠬᠦᠢ ᠣᠷᠣᠨ ᠪᠦᠰᠡ᠎ᠶᠢᠨ ᠦᠨᠡᠯᠡᠨ ᠵᠢᠱ᠌ᠢᠯᠲᠡ ( ᠦᠨᠡᠯᠡᠯᠲᠡ) ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠠᠵᠤ ᠦᠢᠯᠡᠰ᠎ᠦᠨ ᠲᠦᠷᠦᠯ ᠬᠡᠯᠪᠡᠷᠢ᠎ᠶᠢ ᠦᠨᠳᠦᠰᠦᠯᠡᠨ ᠲᠣᠭᠲᠠᠮᠠᠯ ᠬᠥᠷᠥᠩᠭᠡ᠎ᠶᠢᠨ ᠪᠡᠯᠡ ᠣᠷᠤᠭᠤᠯᠤᠯᠲᠠ᠎ᠶᠢᠨ ᠬᠦᠴᠦᠯᠡᠴᠡ᠂ ᠪᠠᠭᠲᠠᠭᠠᠮᠵᠢ᠎ᠶᠢᠨ ᠨᠣᠷᠮ᠎ᠠ᠂ ᠮᠦ᠍ ᠪᠦᠷᠢ᠎ᠶᠢᠨ ᠳᠤᠮᠳᠠᠴᠢ ᠭᠠᠢᠯᠢ ᠲᠠᠲᠠᠪᠤᠷᠢ ᠵᠡᠷᠭᠡ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠣᠭ᠎ᠠ ᠵᠢᠴᠢ ᠬᠠᠮᠢᠶ᠎ᠠ ᠪᠦᠬᠦᠢ ᠵᠢᠯᠣᠭᠣᠳᠤᠮᠵᠢ᠎ᠶᠢᠨ ᠴᠢᠨᠠᠷᠲᠠᠢ ᠭᠦᠢᠴᠡᠳᠬᠡᠯ ᠲᠣᠭ᠎ᠠ᠎ᠶᠢ ᠲᠣᠳᠣᠷᠬᠠᠢᠯᠠᠬᠤ᠎ᠶᠢᠨ ᠬᠠᠮᠲᠤ᠂ ᠪᠠᠷᠢᠯᠭ᠎ᠠ᠎ᠶᠢᠨ ᠠᠵᠢᠯ ᠡᠬᠢᠯᠡᠭᠦᠯᠵᠦ ᠨᠡᠭᠡᠭᠡᠨ ᠬᠥᠭᠵᠢᠭᠦᠯᠬᠦ ᠦᠨᠳᠦᠰᠦᠨ ᠨᠥᠬᠥᠴᠡᠯ᠎ᠢ ᠪᠦᠷᠢᠯᠳᠦᠭᠦᠯᠦᠭᠰᠡᠨ ᠬᠠᠩᠭᠠᠵᠤ ᠪᠣᠯᠬᠤᠢᠴᠠ ᠤᠯᠤᠰ᠎ᠤᠨ ᠥᠮᠴᠢᠯᠡᠯᠲᠦ ᠪᠦᠲᠦᠭᠡᠨ ᠪᠠᠢᠭᠤᠯᠤᠯᠲᠠ᠎ᠳᠦ ᠬᠡᠷᠡᠭᠯᠡᠬᠦ ᠭᠠᠵᠠᠷ᠎ᠢ ᠵᠢᠭᠠᠵᠤ ᠪᠤᠢ᠃
( ᠬᠣᠶᠠᠷ ) 《 ᠪᠠᠷᠢᠮᠵᠢᠶᠠᠲᠤ ᠭᠠᠵᠠᠷ》᠎ᠦᠨ ᠬᠠᠩᠭᠠᠯᠭ᠎ᠠ᠎ᠳᠤ ᠵᠠᠬ᠎ᠠ ᠳᠡᠯᠭᠡᠭᠦᠷ᠎ᠢᠶᠠᠷ ᠲᠣᠬᠢᠷᠠᠭᠤᠯᠬᠤ᠂ ᠠᠷᠪᠢᠲᠠᠢ ᠡᠷᠴᠢᠮᠯᠢᠭ ᠠᠰᠢᠭ᠍ᠯᠠᠬᠤ᠂ ᠬᠠᠤᠯᠢ ᠳᠦᠷᠢᠮ᠎ᠢ ᠵᠢᠷᠤᠮᠯᠠᠬᠤ᠂ ᠡᠷᠬᠡ ᠲᠡᠭᠰᠢ ᠲᠥᠪ ᠭᠣᠣᠯᠴᠢ ᠪᠠᠢᠬᠤ᠂ ᠪᠦᠬᠦ ᠶᠠᠪᠤᠴᠠ᠎ᠶᠢ ᠬᠢᠨᠠᠨ ᠬᠠᠮᠢᠶᠠᠷᠬᠤ ᠵᠠᠷᠴᠢᠮ᠎ᠢ ᠪᠠᠷᠢᠮᠲᠠᠯᠠᠬᠤ ᠬᠡᠷᠡᠭᠲᠡᠢ ᠃ ᠬᠠᠩᠭᠠᠬᠤ᠎ᠪᠠᠷ ᠪᠠᠢᠭ᠎ᠠ ᠭᠠᠵᠠᠷ ᠰᠢᠷᠣᠢ᠎ᠳᠤ ᠡᠯ᠎ᠡ ᠲᠦᠷᠦᠯ᠎ᠦᠨ ᠠᠵᠤ ᠦᠢᠯᠡᠰ᠎ᠤᠨ ᠵᠥᠪᠰᠢᠶᠡᠷᠡᠨ ᠤᠷᠤᠭᠤᠯᠬᠤ ᠭᠦᠢᠴᠡᠳᠬᠡᠯ ᠲᠣᠭ᠎ᠠ᠎ᠶᠢᠨ ᠲᠣᠳᠣᠷᠬᠠᠢ ᠪᠠᠢᠬᠤ ᠶᠢ ᠪᠠᠲᠤᠯᠠᠵᠤ ᠂ 《ᠴᠡᠪᠡᠷᠵᠢᠭᠦᠯᠦᠭᠰᠡᠨ ᠭᠠᠵᠠᠷ》᠎ᠦᠨ ᠱᠠᠭᠠᠷᠳᠠᠯᠭ᠎ᠠ᠎ᠳᠤ ᠨᠡᠢᠴᠡᠭᠦᠯᠦᠨ᠂ ᠬᠠᠩᠭᠠᠬᠤ ᠨᠥᠬᠥᠴᠡᠯ᠎ᠦᠨ ᠲᠣᠬᠢᠷᠠᠭᠤᠯᠤᠯᠲᠠ᠎ᠶᠢ ᠪᠦᠷᠢᠨ ᠭᠦᠢᠴᠡᠳ᠂ ᠬᠠᠩᠭᠠᠬᠤ ᠶᠠᠪᠤᠴᠠ᠎ᠶᠢ ᠢᠯᠠ ᠲᠣᠳᠣ᠌ ᠡᠷᠬᠡ ᠲᠡᠭᠰᠢ ᠲᠥᠪ ᠭᠣᠣᠯᠴᠢ ᠪᠠᠢᠯᠭᠠᠵᠤ᠂ ᠬᠠᠩᠭᠠᠭᠰᠠᠨᠤ ᠳᠠᠷᠠᠭᠠᠬᠢ ᠬᠢᠨᠠᠨ ᠬᠠᠮᠢᠶᠠᠷᠬᠤ ᠬᠠᠷᠢᠭᠤᠴᠠᠯᠭ᠎ᠠ᠎ᠶᠢᠨ ᠭᠣᠣᠯ ᠴᠣᠭᠴᠠ᠂ ᠭᠡᠷ᠎ᠡ ᠭᠦᠢᠴᠡᠳᠬᠡᠬᠦ ᠪᠠᠷᠢᠮᠵᠢᠶ᠎ᠠ᠂ ᠭᠡᠷ᠎ᠡ᠎ᠡᠴᠡ ᠵᠥᠷᠢᠴᠡᠭᠰᠡᠨ ᠬᠠᠷᠢᠭᠤᠴᠠᠯᠭ᠎ᠠ᠎ᠶᠢ ᠲᠣᠳᠣᠷᠬᠠᠢ ᠲᠣᠭᠲᠠᠭᠠᠬᠤ ᠬᠡᠷᠡᠭᠲᠡᠢ᠃
( ᠭᠤᠷᠪᠠ ) ᠥᠪᠡᠷᠲᠡᠭᠡᠨ ᠵᠠᠰᠠᠬᠤ ᠣᠷᠣᠨ᠎ᠤ ᠬᠦᠷᠢᠶ᠎ᠡ ᠬᠡᠪᠴᠢᠶᠡᠨ᠎ᠤ ᠳᠣᠲᠣᠷᠠᠬᠢ ᠡᠯ᠎ᠡ ᠲᠦᠷᠦᠯ᠎ᠦᠨ ᠨᠡᠭᠡᠭᠡᠯᠲᠡ᠎ᠶᠢᠨ ᠲᠣᠭᠣᠷᠢᠭ᠋᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠰᠢᠨ᠎ᠡ᠎ᠪᠡᠷ ᠨᠡᠮᠡᠭᠳᠡᠭᠰᠡᠨ ᠠᠵᠤ ᠦᠢᠯᠡᠳᠪᠦᠷᠢ᠎ᠶᠢᠨ ᠬᠡᠷᠡᠭᠯᠡᠬᠦ ᠭᠠᠵᠠᠷ᠎ᠲᠤ 《 ᠪᠠᠷᠢᠮᠵᠢᠶᠠᠲᠤ ᠭᠠᠵᠠᠷ 》᠎ᠦᠨ ᠬᠠᠩᠭᠠᠯᠭ᠎ᠠ᠎ᠶᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠨᠡᠭᠡᠭᠡᠯᠲᠡ᠎ᠶᠢᠨ ᠲᠣᠭᠣᠷᠢᠭ᠋ (ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋) ᠤᠨ ᠬᠠᠮᠢᠶᠠᠷᠤᠯᠲᠠ᠎ᠶᠢᠨ ᠵᠥᠪᠯᠡᠯ ᠨᠢ ᠬᠠᠷᠢᠶ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠱᠠᠭᠠᠷᠳᠠᠯᠭ᠎ᠠ ᠶᠣᠰᠣᠭᠠᠷ ᠭᠠᠵᠠᠷ ᠰᠢᠷᠣᠢ᠎ᠶᠢᠨ ᠡᠬᠢᠨ᠎ᠦ ᠬᠤᠭᠤᠴᠠᠭᠠᠨ᠎ᠤ ᠡᠮᠬᠢᠯᠡᠨ ᠲᠢᠭᠯᠡᠬᠦ᠂ ᠣᠷᠣᠨ ᠪᠦᠰᠡ᠎ᠶᠢ ᠦᠨᠡᠯᠡᠨ ᠵᠢᠱ᠌ᠢᠬᠦ (ᠦᠨᠡᠯᠡᠬᠦ) ᠂ ᠭᠦᠢᠴᠡᠳᠬᠡᠯ ᠲᠣᠭᠠᠨ᠎ᠤ ᠲᠣᠭᠲᠠᠯᠴᠠᠭ᠎ᠠ᠎ᠶᠢ ᠲᠣᠭᠲᠠᠭᠠᠬᠤ᠂ ᠭᠡᠷ᠎ᠡ ᠭᠦᠢᠴᠡᠳᠬᠡᠬᠦ᠎ᠶᠢ ᠬᠢᠨᠠᠨ ᠬᠠᠮᠢᠶᠠᠷᠬᠤ ᠵᠡᠷᠭᠡ ᠠᠵᠢᠯ᠎ᠢ ᠰᠠᠢᠲᠤᠷ ᠬᠢᠵᠦ᠂ ᠬᠠᠮᠢᠶᠠᠷᠤᠯᠲᠠ᠎ᠶᠢᠨ ᠵᠥᠪᠯᠡᠯ ᠲᠣᠬᠢᠷᠠᠭᠤᠯᠤᠭᠰᠠᠨ ᠦᠭᠡᠢ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋ ᠪᠣᠯ ᠬᠠᠷᠢᠶ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ᠎ᠡᠴᠡ ᠬᠠᠮᠢᠶ᠎ᠠ ᠪᠦᠬᠦᠢ ᠠᠵᠢᠯ᠎ᠢ ᠥᠷᠨᠢᠭᠦᠯᠦᠨ᠎ᠡ ; ᠨᠥᠬᠥᠴᠡᠯ ᠲᠠᠢ ᠭᠠᠵᠠᠷ ᠣᠷᠣᠨ ᠨᠢ 《 ᠪᠠᠷᠢᠮᠵᠢᠶᠠᠲᠤ ᠭᠠᠵᠠᠷ 》᠎ᠦᠨ ᠵᠠᠭᠪᠤᠷ᠎ᠢᠶᠠᠷ ᠳᠠᠮᠵᠢᠭᠤᠯᠤᠨ ᠨᠡᠭᠡᠭᠡᠯᠲᠡ᠎ᠶᠢᠨ ᠲᠣᠭᠣᠷᠢᠭ᠋᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠦᠷᠢᠶ᠎ᠡ ᠬᠡᠪᠴᠢᠶᠡᠨ᠎ᠡᠴᠡ ᠭᠠᠳᠠᠨᠠᠬᠢ ᠠᠵᠤ ᠦᠢᠯᠡᠳᠪᠦᠷᠢ᠎ᠶᠢᠨ ᠬᠡᠷᠡᠭᠯᠡᠬᠦ ᠭᠠᠵᠠᠷ ᠵᠢᠴᠢ ᠤᠭ᠎ᠤᠨ ᠪᠠᠢᠭᠰᠠᠨ ᠠᠵᠤ ᠦᠢᠯᠡᠳᠪᠦᠷᠢ᠎ᠶᠢᠨ ᠬᠡᠷᠡᠭᠯᠡᠬᠦ ᠭᠠᠵᠠᠷ᠎ᠢ ᠬᠠᠩᠭᠠᠬᠤ᠎ᠶᠢ ᠨᠢ ᠵᠣᠷᠢᠭ᠍ᠵᠢᠭᠤᠯᠵᠤ᠂ ᠬᠠᠮᠢᠶ᠎ᠠ ᠪᠦᠬᠦᠢ ᠭᠠᠵᠠᠷ ᠰᠢᠷᠣᠢ᠎ᠶᠢᠨ ᠡᠬᠢᠨ᠎ᠦ ᠬᠤᠭᠤᠴᠠᠭᠠᠨ᠎ᠤ ᠡᠮᠬᠢᠯᠡᠨ ᠲᠢᠭᠯᠡᠬᠦ᠂ ᠭᠦᠢᠴᠡᠳᠬᠡᠯ ᠲᠣᠭᠠᠨ᠎ᠤ ᠲᠣᠭᠲᠠᠯᠴᠠᠭ᠎ᠠ᠎ᠶᠢ ᠲᠣᠭᠲᠠᠭᠠᠬᠤ᠂ ᠭᠡᠷ᠎ᠡ ᠭᠦᠢᠴᠡᠳᠬᠡᠬᠦ᠎ᠶᠢ ᠬᠢᠨᠠᠨ ᠬᠠᠮᠢᠶᠠᠷᠬᠤ ᠵᠡᠷᠭᠡ ᠠᠵᠢᠯ᠎ᠢ ᠬᠠᠷᠢᠶ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ᠎ᠡᠴᠡ ᠬᠠᠷᠢᠭᠤᠴᠠᠨ᠎ᠠ ; 《 ᠪᠠᠷᠢᠮᠵᠢᠶᠠᠲᠤ ᠭᠠᠵᠠᠷ + ᠬᠠᠷᠢᠮᠠᠬᠠᠢ ᠴᠢᠨᠠᠷᠲᠠᠢ᠎ᠪᠠᠷ ᠲᠥᠯᠥᠪᠦᠷᠢᠲᠡᠢ ᠰᠢᠯᠵᠢᠭᠦᠯᠬᠦ》᠂ 《 ᠪᠠᠷᠢᠮᠵᠢᠶᠠᠲᠤ ᠭᠠᠵᠠᠷ +ᠤᠷᠢᠳ᠎ᠢᠶᠡᠷ ᠲᠦᠷᠢᠶᠡᠰᠦᠯᠡᠭᠦᠯᠵᠦ ᠳᠠᠷᠠᠭ᠎ᠠ ᠨᠢ ᠲᠥᠯᠥᠪᠦᠷᠢᠲᠡᠢ ᠰᠢᠯᠵᠢᠭᠦᠯᠬᠦ》 ᠂ 《 ᠪᠠᠷᠢᠮᠵᠢᠶᠠᠲᠤ ᠭᠠᠵᠠᠷ + ᠲᠥᠰᠥᠯ ᠳᠠᠭᠠᠭᠤᠯᠤᠨ ᠲᠥᠯᠥᠪᠦᠷᠢᠲᠡᠢ ᠰᠢᠯᠵᠢᠭᠦᠯᠬᠦ》 ᠵᠡᠷᠭᠡ ᠵᠠᠭᠪᠤᠷ᠎ᠢ ᠬᠡᠷᠡᠭᠯᠡᠬᠦ᠎ᠶᠢ ᠵᠣᠷᠢᠭ᠍ᠵᠢᠭᠤᠯᠵᠤ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠦᠷ᠎ᠡ ᠪᠦᠲᠦᠮᠵᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
ᠬᠣᠶᠠᠷ᠂ 《 ᠪᠠᠷᠢᠮᠵᠢᠶᠠᠲᠤ ᠭᠠᠵᠠᠷ 》᠎ᠦᠨ ᠬᠠᠩᠭᠠᠯᠭ᠎ᠠ᠎ᠶᠢ ᠬᠡᠷᠡᠭᠵᠢᠭᠦᠯᠬᠦ ᠪᠠ ᠭᠡᠷ᠎ᠡ ᠭᠦᠢᠴᠡᠳᠬᠡᠬᠦ ᠬᠢᠨᠠᠯᠲᠠ ᠬᠠᠮᠢᠶᠠᠷᠤᠯᠲᠠ᠎ᠶᠢ ᠵᠢᠷᠤᠮᠵᠢᠭᠤᠯᠬᠤ ᠬᠡᠷᠡᠭᠲᠡᠢ
( ᠨᠢᠭᠡ ) ᠣᠷᠣᠨ ᠪᠦᠰᠡ᠎ᠶᠢ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠦᠨ ᠬᠡᠷᠡᠭᠯᠡᠯᠲᠡ᠎ᠶᠢ ᠴᠢᠩᠭᠠᠷᠠᠭᠤᠯᠤᠨ᠎ᠠ᠃ ᠡᠯ᠎ᠡ ᠨᠡᠭᠡᠭᠡᠯᠲᠡ᠎ᠶᠢᠨ ᠲᠣᠭᠣᠷᠢᠭ᠋ (ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋)᠎ᠤᠨ ᠬᠠᠮᠢᠶᠠᠷᠤᠯᠲᠠ᠎ᠶᠢᠨ ᠵᠥᠪᠯᠡᠯ ᠨᠢ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨ᠎ᠦ ᠣᠷᠣᠨ ᠪᠦᠰᠡ᠎ᠶᠢᠨ ᠦᠨᠡᠯᠡᠨ ᠵᠢᠱ᠌ᠢᠯᠲᠡ᠎ᠶᠢᠨ ᠲᠤᠬᠠᠢ ᠬᠠᠮᠢᠶᠠᠷᠤᠯᠲᠠ᠎ᠶᠢᠨ ᠲᠣᠭᠲᠠᠭᠠᠯ ᠪᠠ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠤᠨ᠂ ᠡᠯ᠎ᠡ ᠲᠦᠷᠦᠯ᠎ᠦᠨ ᠣᠷᠣᠨ ᠪᠦᠰᠡ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠪᠠᠷᠢᠮᠵᠢᠶ᠎ᠠ ᠪᠠ ᠵᠢᠷᠤᠮᠵᠢᠯ ᠶᠣᠰᠣᠭᠠᠷ᠂ 《 ᠪᠠᠷᠢᠮᠵᠢᠶᠠᠲᠤ ᠭᠠᠵᠠᠷ 》 ᠬᠠᠩᠭᠠᠬᠤ᠎ᠠᠴᠠ ᠡᠮᠦᠨ᠎ᠡ ᠭᠠᠵᠠᠷ ᠬᠥᠷᠥᠰᠥᠨ᠎ᠦ ᠭᠠᠢ ᠭᠠᠮᠰᠢᠭ᠋᠎ᠤᠨ ᠠᠶᠤᠯᠲᠤ ᠴᠢᠨᠠᠷ᠎ᠤᠨ ᠦᠨᠡᠯᠡᠨ ᠵᠢᠱ᠌ᠢᠯᠲᠡ᠂ ᠠᠭᠤᠷ ᠠᠮᠢᠰᠬᠤᠯ᠎ᠤᠨ ᠪᠣᠯᠣᠮᠵᠢᠲᠤ ᠴᠢᠨᠠᠷ᠎ᠤᠨ ᠨᠤᠲᠠᠯᠠᠯᠲᠠ᠂ ᠭᠠᠵᠠᠷ ᠬᠥᠳᠡᠯᠦᠯᠲᠡ᠎ᠶᠢᠨ ᠠᠶᠤᠯ ᠦᠭᠡᠢ ᠴᠢᠨᠠᠷ᠎ᠤᠨ ᠦᠨᠡᠯᠡᠯᠲᠡ᠂ ᠲᠡᠦᠬᠡ᠎ᠶᠢᠨ ᠳᠤᠷᠠᠰᠬᠠᠯᠲᠤ ᠵᠦᠢᠯ᠎ᠦᠨ ᠬᠠᠮᠠᠭᠠᠯᠠᠯᠲᠠ᠎ᠶᠢᠨ ᠦᠨᠡᠯᠡᠨ ᠵᠢᠱ᠌ᠢᠯᠲᠡ᠂ ᠳᠠᠷᠤᠭᠳᠠᠮᠠᠯ ᠴᠢᠬᠤᠯᠠ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠤᠨ ᠦᠨᠡᠯᠡᠨ ᠵᠢᠱ᠌ᠢᠯᠲᠡ᠂ ᠣᠷᠴᠢᠨ ᠲᠣᠭᠣᠷᠢᠨ᠎ᠤ ᠨᠥᠯᠥᠭᠡᠯᠡᠯ᠎ᠦᠨ ᠦᠨᠡᠯᠡᠯᠲᠡ᠂ ᠤᠰᠤᠨ᠎ᠤ ᠡᠬᠢ ᠪᠠᠶᠠᠯᠢᠭ᠋᠎ᠤᠨ ᠨᠤᠲᠠᠯᠠᠯᠲᠠ᠂ ᠬᠥᠷᠥᠰᠥ ᠰᠢᠷᠣᠢ᠎ᠶᠢ ᠬᠠᠮᠠᠭᠠᠯᠠᠬᠤ ᠲᠥᠰᠥᠯ᠎ᠦᠨ ᠨᠤᠲᠠᠯᠠᠯᠲᠠ᠂ ᠦᠶᠡᠷ ᠤᠰᠤᠲᠤᠯ᠎ᠤᠨ ᠨᠥᠯᠥᠭᠡᠯᠡᠯ᠎ᠦᠨ ᠦᠨᠡᠯᠡᠯᠲᠡ ᠵᠡᠷᠭᠡ ᠦᠨᠡᠯᠡᠨ ᠵᠢᠱ᠌ᠢᠬᠦ (ᠦᠨᠡᠯᠡᠬᠦ) ᠵᠦᠢᠯᠡᠰ᠎ᠢ ᠵᠣᠬᠢᠶᠠᠨ ᠪᠠᠢᠭᠤᠯᠵᠤ ᠪᠡᠶᠡᠯᠡᠭᠦᠯᠬᠦ᠎ᠶᠢᠨ ᠬᠠᠮᠲᠤ ᠠᠵᠤ ᠦᠢᠯᠡᠳᠪᠦᠷᠢ᠎ᠶᠢᠨ ᠲᠦᠷᠦᠯ ᠵᠦᠢᠯ᠎ᠦᠨ ᠵᠥᠪᠰᠢᠶᠡᠷᠡᠨ ᠣᠷᠤᠭᠤᠯᠬᠤ ᠱᠠᠭᠠᠷᠳᠠᠯᠭ᠎ᠠ᠎ᠶᠢ ᠲᠣᠬᠢᠷᠠᠭᠰᠠᠨ ᠴᠠᠭ᠎ᠲᠤ ᠨᠢ ᠲᠣᠬᠢᠷᠠᠭᠤᠯᠤᠨ ᠲᠡᠭᠦᠯᠳᠡᠷᠵᠢᠭᠦᠯᠵᠦ᠂ ᠦᠨᠡᠯᠡᠨ ᠵᠢᠱ᠌ᠢᠭᠰᠡᠨ ᠦᠷ᠎ᠡ ᠳ᠋ᠦᠩ᠎ᠳᠦ ᠮᠡᠳᠡᠭᠡ ᠵᠠᠩᠭᠢ᠎ᠪᠡᠨ ᠬᠠᠷᠢᠯᠴᠠᠨ ᠨᠡᠪᠲᠡᠷᠡᠯᠴᠡᠵᠦ ᠬᠠᠮᠲᠤ᠎ᠳᠦ᠎ᠪᠡᠨ ᠬᠦᠷᠲᠡᠬᠦ᠂ ᠦᠷ᠎ᠡ ᠪᠦᠲᠦᠭᠡᠯ᠎ᠢᠶᠡᠨ ᠬᠠᠷᠢᠯᠴᠠᠨ ᠮᠡᠳᠡᠷᠡᠵᠦ ᠬᠠᠮᠲᠤ᠎ᠪᠠᠷ ᠬᠡᠷᠡᠭᠯᠡᠬᠦ᠎ᠶᠢ ᠪᠡᠶᠡᠯᠡᠭᠦᠯᠬᠦ ᠬᠡᠷᠡᠭᠲᠡᠢ᠃
( ᠬᠣᠶᠠᠷ ) 《 ᠪᠠᠷᠢᠮᠵᠢᠶᠠᠲᠤ ᠭᠠᠵᠠᠷ 》᠎ᠦᠨ ᠭᠦᠢᠴᠡᠳᠬᠡᠯ ᠲᠣᠭᠠᠨ᠎ᠤ ᠲᠣᠭᠲᠠᠯᠴᠠᠭ᠎ᠠ᠎ᠶᠢ ᠲᠡᠭᠦᠯᠳᠡᠷᠵᠢᠭᠦᠯᠦᠨ᠎ᠡ᠃ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠴᠢᠳᠠᠮᠵᠢ᠎ᠶᠢᠨ ᠣᠷᠣᠨ ᠬᠤᠪᠢᠶᠠᠷᠢᠯᠠᠯ᠂ ᠣᠷᠣᠨ ᠪᠦᠰᠡ᠎ᠶᠢᠨ ᠦᠨᠡᠯᠡᠨ ᠵᠢᠱ᠌ᠢᠯᠲᠡ᠎ᠶᠢᠨ ᠱᠠᠭᠠᠷᠳᠠᠯᠭ᠎ᠠ᠂ ᠠᠵᠤ ᠦᠢᠯᠡᠰ᠎ᠤᠨ ᠵᠥᠪᠰᠢᠶᠡᠷᠡᠨ ᠤᠷᠤᠭᠤᠯᠬᠤ ᠨᠥᠬᠥᠴᠡᠯ᠎ᠢ ᠦᠨᠳᠦᠰᠦᠯᠡᠨ᠂ ᠬᠡᠷᠡᠭᠵᠢᠭᠦᠯᠦᠭᠦᠰᠢᠲᠡᠢ ᠪᠥᠭᠡᠳ ᠬᠢᠨᠠᠨ ᠬᠠᠮᠢᠶᠠᠷᠬᠤ᠎ᠳᠤ ᠳᠦᠭᠦᠮ ᠪᠠᠢᠯᠭᠠᠬᠤ ᠵᠠᠷᠴᠢᠮ ᠶᠣᠰᠣᠭᠠᠷ᠂ ᠤᠳᠣ᠌ᠶᠢᠨ ᠬᠡᠷᠡᠭᠵᠢᠭᠦᠯᠵᠦ ᠪᠠᠢᠭ᠎ᠠ ᠤᠯᠤᠰ ᠪᠠ ᠣᠷᠣᠨ ᠨᠤᠲᠤᠭ᠎ᠤᠨ ᠠᠵᠢᠯ ᠲᠦᠷᠦᠯ᠎ᠦᠨ ᠪᠠᠷᠢᠮᠵᠢᠶ᠎ᠠ᠂ ᠠᠵᠤ ᠦᠢᠯᠡᠰ᠎ᠤᠨ ᠲᠦᠷᠦ᠎ᠶᠢᠨ ᠪᠣᠳᠣᠯᠭ᠎ᠠ ᠵᠢᠴᠢ ᠲᠤᠰ ᠭᠠᠵᠠᠷ ᠣᠷᠣᠨ᠎ᠤ ᠪᠣᠳᠠᠲᠠᠢ ᠰᠢᠨ᠎ᠡ᠎ᠪᠡᠷ ᠨᠡᠮᠡᠭᠳᠡᠭᠰᠡᠨ ᠠᠵᠤ ᠦᠢᠯᠡᠳᠪᠦᠷᠢ᠎ᠶᠢᠨ ᠲᠦᠷᠦᠯ ᠵᠦᠢᠯ᠎ᠦᠨ 《3+X》 ᠭᠦᠢᠴᠡᠳᠬᠡᠯ ᠲᠣᠭᠠᠨ᠎ᠤ ᠲᠣᠭᠲᠠᠯᠴᠠᠭ᠎ᠠ᠎ᠶᠢ ᠲᠣᠭᠲᠠᠭᠠᠬᠤ᠎ᠶᠢᠨ ᠬᠠᠮᠲᠤ ᠲᠡᠭᠦᠯᠳᠡᠷᠵᠢᠭᠦᠯᠵᠦ᠂ ᠡᠭᠦᠨ᠎ᠦ ᠳᠠᠭᠠᠤ ᠬᠥᠳᠡᠯᠦᠩᠭᠦᠢ ᠲᠣᠬᠢᠷᠠᠭᠤᠯᠤᠯᠲᠠ᠎ᠶᠢᠨ ᠲᠣᠭᠲᠠᠴᠠ᠎ᠶᠢ ᠪᠠᠢᠭᠤᠯᠤᠨ᠎ᠠ᠃ ᠲᠣᠭᠲᠠᠮᠠᠯ ᠬᠥᠷᠥᠩᠭᠡ᠎ᠶᠢᠨ ᠪᠡᠯᠡ ᠣᠷᠤᠭᠤᠯᠤᠯᠲᠠ᠎ᠶᠢᠨ ᠬᠦᠴᠦᠯᠡᠴᠡ᠂ ᠪᠠᠭᠲᠠᠭᠠᠮᠵᠢ᠎ᠶᠢᠨ ᠨᠣᠷᠮ᠎ᠠ᠂ ᠮᠦ᠍ ᠪᠦᠷᠢ᠎ᠶᠢᠨ ᠳᠤᠮᠳᠠᠴᠢ ᠭᠠᠢᠯᠢ ᠲᠠᠲᠠᠪᠤᠷᠢ ᠵᠡᠷᠭᠡ 3 ᠵᠦᠢᠯ᠎ᠤᠨ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠣᠭ᠎ᠠ᠎ᠶᠢ ᠪᠦᠬᠦᠨ᠎ᠢᠶᠡᠷ ᠨᠢ ᠰᠢᠨ᠎ᠡ᠎ᠪᠡᠷ ᠨᠡᠮᠡᠭᠳᠡᠭᠰᠡᠨ ᠠᠵᠤ ᠦᠢᠯᠡᠳᠪᠦᠷᠢ᠎ᠶᠢᠨ ᠬᠡᠷᠡᠭᠯᠡᠬᠦ ᠭᠠᠵᠠᠷ᠎ᠲᠠᠬᠢ 《 ᠪᠠᠷᠢᠮᠵᠢᠶᠠᠲᠤ ᠭᠠᠵᠠᠷ》᠎ᠤᠨ ᠬᠠᠮᠢᠶᠠᠷᠤᠯᠲᠠ᠎ᠳᠤ ᠤᠷᠤᠭᠤᠯᠬᠤ ᠬᠡᠷᠡᠭᠲᠡᠢ ; ᠮᠦ᠍ ᠪᠦᠷᠢ᠎ᠶᠢᠨ ᠳᠤᠮᠳᠠᠴᠢ ᠦᠢᠯᠡᠳᠬᠦᠨ᠎ᠦ ᠦᠷᠲᠡᠭ᠂ ᠠᠶᠤᠯ ᠦᠭᠡᠢ ᠦᠢᠯᠡᠳᠪᠦᠷᠢᠯᠡᠯ᠎ᠢ ᠬᠠᠮᠢᠶᠠᠷᠤᠨ ᠡᠵᠡᠮᠳᠡᠬᠦ᠂ ᠰᠤᠳᠤᠯᠤᠨ ᠨᠡᠭᠡᠭᠡᠬᠦ ᠣᠷᠣᠭᠤᠯᠤᠯᠲᠠ᠂ ᠠᠵᠢᠯ ᠣᠯᠭᠣᠯᠲᠠ᠂ ᠮᠡᠷᠭᠡᠵᠢᠯ᠂ ᠴᠢᠳᠠᠪᠤᠷᠢᠲᠠᠨ᠂ ᠨᠡᠷᠡᠲᠦ ᠲᠡᠮᠳᠡᠭ ᠵᠡᠷᠭᠡ 《X》 ᠵᠦᠢᠯ᠎ᠦᠨ ᠵᠢᠯᠣᠭᠣᠳᠤᠮᠵᠢ᠎ᠶᠢᠨ ᠴᠢᠨᠠᠷᠲᠠᠢ ᠭᠦᠢᠴᠡᠳᠬᠡᠯ ᠲᠣᠭ᠎ᠠ᠎ᠶᠢ ᠡᠯ᠎ᠡ ᠠᠵᠢᠯ ᠲᠦᠷᠦᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠱᠠᠭᠠᠷᠳᠠᠯᠭ᠎ᠠ ᠶᠣᠰᠣᠭᠠᠷ ᠪᠠᠢᠷᠢᠯᠠᠭᠤᠯᠵᠤ᠂ 3 ᠵᠦᠢᠯ᠎ᠦᠨ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠣᠭ᠎ᠠ ᠲᠠᠢ ᠬᠠᠮᠲᠤ ᠭᠠᠵᠠᠷ ᠰᠢᠷᠣᠢ ᠬᠠᠩᠭᠠᠬᠤ ᠪᠢᠴᠢᠭ ᠮᠠᠲᠧᠷᠢᠶᠠᠯ ᠪᠠ 《〈 ᠪᠠᠷᠢᠮᠵᠢᠶᠠᠲᠤ ᠭᠠᠵᠠᠷ 〉᠎ᠦᠨ ᠪᠡᠯᠡ ᠣᠷᠣᠭᠤᠯᠵᠤ ᠪᠦᠲᠦᠭᠡᠨ ᠪᠠᠢᠭᠤᠯᠬᠤ ᠭᠡᠷ᠎ᠡ》᠎ᠳᠦ ᠣᠷᠣᠭᠤᠯᠵᠤ ᠪᠣᠯᠣᠨ᠎ᠠ᠃ ᠡᠯ᠎ᠡ ᠭᠠᠵᠠᠷ ᠣᠷᠣᠨ ᠨᠢ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠣᠭᠠᠨ᠎ᠤ ᠬᠡᠮᠵᠢᠭᠳᠡᠯ᠎ᠢ ᠲᠣᠭᠲᠠᠭᠠᠬᠤ᠎ᠳᠤ᠎ᠪᠠᠨ 《ᠠᠵᠤ ᠦᠢᠯᠡᠳᠪᠦᠷᠢ᠎ᠶᠢᠨ ᠲᠦᠷᠦᠯ ᠵᠦᠢᠯ᠎ᠤᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠣᠭ᠎ᠠ 》 (ᠪᠠᠢᠭᠠᠯᠢ ᠡᠬᠢ ᠲᠠᠷᠬᠠᠭᠠᠭᠰᠠᠨ 〔 2023 〕 72 ᠳ᠋ᠤᠭᠠᠷ ᠲᠣᠭᠠᠲᠤ) ᠪᠠ ᠵᠣᠬᠢᠬᠤ ᠠᠵᠢᠯ ᠲᠦᠷᠦᠯ᠎ᠦᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠣᠭᠠᠨ᠎ᠤ ᠬᠣᠯᠪᠣᠭᠳᠠᠯ ᠪᠦᠬᠦᠢ ᠲᠣᠭᠲᠠᠭᠠᠯ᠎ᠠᠴᠠ ᠳᠠᠪᠠᠭᠤᠯᠵᠤ ᠪᠣᠯᠬᠤ ᠦᠭᠡᠢ ; 《ᠤᠯᠤᠰ ᠠᠷᠠᠳ᠎ᠤᠨ ᠠᠵᠤ ᠠᠬᠤᠢ᠎ᠶᠢᠨ ᠠᠵᠢᠯ ᠲᠦᠷᠦᠯ᠎ᠦᠨ ᠠᠩᠭᠢᠯᠠᠯ》 (GB/T 4754) ᠳᠤ ᠬᠠᠮᠤᠷᠤᠭᠳᠠᠭᠰᠠᠨ ᠦᠭᠡᠢ ᠵᠡᠷᠭᠡ ᠰᠢᠯᠲᠠᠭᠠᠨ᠎ᠡᠴᠡ ᠪᠣᠯᠵᠤ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠣᠭ᠎ᠠ᠎ᠪᠡᠨ ᠲᠣᠭᠲᠠᠭᠠᠬᠤ᠎ᠶᠢᠨ ᠠᠷᠭ᠎ᠠ ᠦᠭᠡᠢ ᠤᠨᠴᠠᠭᠠᠢ ᠠᠵᠤ ᠦᠢᠯᠡᠰ᠎ᠲᠤ᠂ ᠨᠡᠭᠡᠭᠡᠯᠲᠡ᠎ᠶᠢᠨ ᠲᠣᠭᠣᠷᠢᠭ᠋ (ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋) ᠤᠨ ᠬᠠᠮᠢᠶᠠᠷᠤᠯᠲᠠ᠎ᠶᠢᠨ ᠵᠥᠪᠯᠡᠯ ᠨᠢ ᠬᠠᠮᠢᠶ᠎ᠠ ᠪᠦᠬᠦᠢ ᠠᠵᠢᠯ ᠲᠦᠷᠦᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ 《 ᠨᠢᠭᠡ ᠨᠢᠭᠡ ᠤᠴᠢᠷ᠎ᠢᠶᠠᠷ ᠵᠥᠪᠯᠡᠬᠦ 》 ᠠᠷᠭ᠎ᠠ ᠮᠠᠶᠢᠭ᠋᠎ᠢ ᠬᠡᠷᠡᠭᠯᠡᠨ᠂ ᠬᠠᠮᠲᠤ᠎ᠪᠠᠷ ᠰᠤᠳᠤᠯᠤᠨ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭ᠎ᠠ ᠠᠰ᠎ᠲᠤ ᠨᠢ ᠭᠦᠢᠴᠡᠳᠬᠡᠯ ᠲᠣᠭᠠᠨ᠎ᠤ ᠬᠡᠮᠵᠢᠭᠳᠡᠯ᠎ᠢ ᠲᠣᠭᠲᠠᠭᠠᠵᠤ ᠪᠣᠯᠣᠨ᠎ᠠ᠃
( ᠭᠤᠷᠪᠠ ) 《 ᠪᠠᠷᠢᠮᠵᠢᠶᠠᠲᠤ ᠭᠠᠵᠠᠷ 》 ᠬᠠᠩᠭᠠᠬᠤ ᠳᠡᠰ ᠳᠠᠷᠠᠭᠠᠯᠠᠯ᠎ᠢ ᠴᠢᠩᠳᠠᠯᠠᠨ᠎ᠠ᠃ ᠡᠯ᠎ᠡ ᠭᠠᠵᠠᠷ ᠣᠷᠣᠨ ᠨᠢ 《 ᠪᠠᠷᠢᠮᠵᠢᠶᠠᠲᠤ ᠭᠠᠵᠠᠷ 》᠎ᠢ ᠬᠠᠩᠭᠠᠬᠤ᠎ᠠᠴᠠ ᠡᠮᠦᠨ᠎ᠡ᠂ ᠤᠷᠢᠳ᠎ᠢᠶᠠᠷ ᠭᠠᠵᠠᠷ ᠰᠢᠷᠣᠢ᠎ᠶᠢᠨ ᠦᠮᠴᠢᠯᠡᠯ᠎ᠦᠨ ᠡᠷᠬᠡ᠂ ᠨᠥᠬᠥᠪᠦᠷᠢ ᠥᠭᠴᠦ ᠲᠥᠪᠬᠢᠨᠡᠭᠦᠯᠬᠦ ᠵᠡᠷᠭᠡ ᠠᠵᠤ ᠠᠬᠤᠢ ᠬᠠᠤᠯᠢ ᠴᠠᠭᠠᠵᠠ᠎ᠶᠢᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠵᠦ᠂ ᠭᠠᠵᠠᠷ ᠰᠢᠷᠣᠢ᠎ᠶᠢᠨ ᠡᠷᠬᠡ᠎ᠶᠢᠨ ᠬᠠᠷᠢᠶ᠎ᠠ ᠨᠢ ᠲᠣᠳᠣᠷᠬᠠᠢ᠂ ᠲᠥᠪᠬᠢᠨᠡᠭᠦᠯᠬᠦ ᠨᠥᠬᠥᠪᠦᠷᠢ᠎ᠶᠢ ᠪᠣᠳᠠᠲᠠᠢᠵᠢᠭᠤᠯᠤᠨ ᠨᠠᠢᠳᠠᠪᠤᠷᠢᠵᠢᠭᠤᠯᠤᠭᠰᠠᠨ᠂ ᠬᠠᠤᠯᠢ ᠴᠠᠭᠠᠵᠠ ᠠᠵᠤ ᠠᠬᠤᠢ᠎ᠶᠢᠨ ᠮᠠᠷᠭᠤᠯᠳᠤᠭᠠᠨ ᠦᠭᠡᠢ ᠪᠠᠢᠬᠤ᠎ᠶᠢ ᠦᠨᠡᠨ ᠬᠦ᠌ ᠪᠠᠲᠤᠯᠠᠬᠤ᠎ᠶᠢᠨ ᠬᠠᠮᠲᠤ ᠂ 《 ᠭᠠᠵᠠᠷ ᠰᠢᠷᠣᠢ ᠨᠥᠭᠡᠴᠡᠯᠡᠬᠦ ᠬᠠᠮᠢᠶᠠᠷᠤᠯᠲᠠ᠎ᠶᠢᠨ ᠠᠷᠭ᠎ᠠ》 ( ᠪᠠᠢᠭᠠᠯᠢ ᠡᠬᠢ ᠲᠣᠭᠲᠠᠭᠠᠯ 〔 2025 〕 2 ᠳ᠋ᠤᠭᠠᠷ ᠲᠣᠭᠠᠲᠤ )᠎ᠶᠢᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠂ ᠭᠠᠵᠠᠷ ᠰᠢᠷᠣᠢ᠎ᠶᠢᠨ ᠡᠬᠢᠨ᠎ᠦ ᠬᠤᠭᠤᠴᠠᠭᠠᠨ᠎ᠦ ᠨᠡᠭᠡᠭᠡᠯᠲᠡ᠎ᠶᠢ ᠪᠡᠶᠡᠯᠡᠭᠦᠯᠵᠦ᠂ ᠭᠠᠵᠠᠷ ᠰᠢᠷᠣᠢ᠎ᠶᠢᠨ ᠬᠠᠩᠭᠠᠯᠭ᠎ᠠ᠎ᠳᠤ ᠪᠠᠲᠤᠯᠠᠭ᠎ᠠ ᠬᠠᠩᠭᠠᠨ᠎ᠠ᠃ ᠭᠠᠵᠠᠷ ᠰᠢᠷᠣᠢ ᠬᠠᠩᠭᠠᠬᠤ᠎ᠶᠢᠨ ᠲᠥᠯᠥᠪᠵᠢᠭᠦᠯᠬᠦ ᠱᠠᠲᠤᠨ᠎ᠳᠤ᠂ ᠨᠡᠭᠡᠭᠡᠯᠲᠡ᠎ᠶᠢᠨ ᠲᠣᠭᠣᠷᠢᠭ᠋ (ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋)᠎ᠤᠨ ᠬᠠᠮᠢᠶᠠᠷᠤᠯᠲᠠ᠎ᠶᠢᠨ ᠵᠥᠪᠯᠡᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠪᠠᠢᠭᠠᠳ ᠬᠠᠩᠭᠠᠬᠤ ᠭᠡᠵᠦ ᠪᠠᠢᠭ᠎ᠠ ᠭᠠᠵᠠᠷ᠎ᠤᠨ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠣᠭ᠎ᠠ ᠪᠠ ᠵᠢᠯᠣᠭᠣᠳᠤᠮᠵᠢ᠎ᠶᠢᠨ ᠴᠢᠨᠠᠷᠲᠠᠢ ᠭᠦᠢᠴᠡᠳᠬᠡᠯ ᠲᠣᠭ᠎ᠠ᠎ᠶᠢ ᠨᠢ ᠲᠣᠳᠣᠷᠬᠠᠢᠯᠠᠬᠤ ᠬᠡᠷᠡᠭᠲᠡᠢ ; ᠪᠠᠢᠭᠠᠯᠢ᠎ᠶᠢᠨ ᠡᠬᠢ ᠪᠠᠶᠠᠯᠢᠭ᠋᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠭᠠᠵᠠᠷ ᠰᠢᠷᠣᠢ ᠨᠥᠭᠡᠴᠡᠯᠡᠬᠦ ᠪᠠᠢᠭᠤᠯᠤᠮᠵᠢ ᠨᠢ 《3+X》 ᠤᠨ ᠭᠦᠢᠴᠡᠳᠬᠡᠯ ᠲᠣᠭ᠎ᠠ ᠪᠦᠬᠦᠨ᠎ᠢ ᠤᠯᠤᠰ᠎ᠤᠨ ᠪᠦᠲᠦᠭᠡᠨ ᠪᠠᠢᠭᠤᠯᠤᠯᠲᠠ᠎ᠳᠦ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠶᠢ ᠲᠥᠯᠥᠪᠦᠷᠢᠲᠡᠢ ᠰᠢᠯᠵᠢᠭᠦᠯᠬᠦ (ᠲᠦᠷᠢᠶᠡᠰᠦᠯᠡᠭᠦᠯᠬᠦ) ᠲᠥᠰᠥᠯ᠎ᠳᠦ ᠣᠷᠣᠭᠤᠯᠤᠨ᠂ ᠲᠣᠭᠲᠠᠭᠰᠠᠨ ᠳᠡᠰ ᠳᠠᠷᠠᠭᠠᠯᠠᠯ ᠶᠣᠰᠣᠭᠠᠷ ᠡᠷᠬᠡ ᠮᠡᠳᠡᠯ ᠪᠦᠬᠦᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ ᠂ 《 ᠪᠠᠷᠢᠮᠵᠢᠶᠠᠲᠤ ᠭᠠᠵᠠᠷ 》᠎ᠢ ᠲᠥᠯᠥᠪᠦᠷᠢᠲᠡᠢ ᠰᠢᠯᠵᠢᠭᠦᠯᠬᠦ ( ᠲᠦᠷᠢᠶᠡᠰᠦᠯᠡᠭᠦᠯᠬᠦ) ᠠᠯᠪᠠᠨ ᠵᠠᠷ ᠨᠡᠢᠲᠡᠯᠡᠨ᠂ ᠭᠠᠵᠠᠷ ᠰᠢᠷᠣᠢ ᠲᠥᠯᠥᠪᠦᠷᠢᠲᠡᠢ ᠰᠢᠯᠵᠢᠭᠦᠯᠬᠦ ᠠᠵᠢᠯ᠎ᠢᠶᠠᠨ ᠵᠣᠬᠢᠶᠠᠨ ᠪᠠᠢᠭᠤᠯᠬᠤ ᠬᠡᠷᠡᠭᠲᠡᠢ ; ᠨᠥᠬᠥᠴᠡᠯ ᠲᠠᠢ ᠭᠠᠵᠠᠷ ᠣᠷᠣᠨ ᠨᠢ ᠲᠥᠯᠥᠪᠦᠷᠢᠲᠡᠢ ᠰᠢᠯᠵᠢᠭᠦᠯᠬᠦ (ᠲᠦᠷᠢᠶᠡᠰᠦᠯᠡᠭᠦᠯᠬᠦ) ᠬᠡᠰᠡᠭᠯᠡᠭᠰᠡᠨ ᠭᠠᠵᠠᠷ ᠯᠤᠭ᠎ᠠ ᠬᠣᠯᠪᠣᠭᠳᠠᠭᠰᠠᠨ ᠣᠷᠣᠨ ᠪᠦᠰᠡ᠎ᠶᠢᠨ ᠦᠨᠡᠯᠡᠨ ᠵᠢᠱ᠌ᠢᠭᠰᠡᠨ ᠪᠠᠢᠳᠠᠯ᠎ᠢᠶᠡᠨ ᠲᠣᠳᠣᠷᠬᠠᠢ ᠬᠠᠭᠤᠳᠠᠰᠤ᠎ᠶᠢᠨ ᠬᠡᠯᠪᠡᠷᠢ᠎ᠪᠡᠷ ᠭᠠᠵᠠᠷ ᠰᠢᠷᠣᠢ ᠲᠥᠯᠥᠪᠦᠷᠢᠲᠡᠢ ᠰᠢᠯᠵᠢᠭᠦᠯᠬᠦ (ᠲᠦᠷᠢᠶᠡᠰᠦᠯᠡᠭᠦᠯᠬᠦ) ᠠᠯᠪᠠᠨ ᠵᠠᠷ ᠲᠠᠢ ᠬᠠᠮᠲᠤ ᠨᠡᠢᠲᠡᠯᠡᠬᠦ ᠬᠡᠷᠡᠭᠲᠡᠢ᠃ ᠨᠡᠭᠡᠭᠡᠯᠲᠡ᠎ᠶᠢᠨ ᠲᠣᠭᠣᠷᠢᠭ᠋ (ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋) ᠤᠨ ᠬᠠᠮᠢᠶᠠᠷᠤᠯᠲᠠ᠎ᠶᠢᠨ ᠵᠥᠪᠯᠡᠯ ᠨᠢ ᠭᠠᠵᠠᠷ ᠰᠢᠷᠣᠢ ᠠᠷᠠᠯᠵᠢᠶᠠᠯᠠᠭᠰᠠᠨᠤ ᠳᠠᠷᠠᠭᠠᠬᠢ 5 ᠠᠵᠢᠯᠯᠠᠬᠤ ᠡᠳᠦᠷ᠎ᠦᠨ ᠳᠣᠲᠣᠷ᠎ᠠ᠂ ᠥᠷᠢᠰᠦᠯᠳᠦᠭᠡᠨ᠎ᠢᠶᠡᠷ ᠭᠠᠵᠠᠷ ᠰᠢᠷᠣᠢ ᠣᠯᠣᠭᠰᠠᠨ ᠬᠥᠮᠥᠨ ᠯᠦ᠍ᠭᠡ ᠬᠡᠷᠡᠭᠯᠡᠬᠦ ᠭᠠᠵᠠᠷ᠎ᠤᠨ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠣᠭ᠎ᠠ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠬᠢᠭᠡᠳ ᠦᠢᠯᠡᠳᠪᠦᠷᠢᠯᠡᠯ᠎ᠦᠨ ᠬᠡᠮᠵᠢᠶ᠎ᠡ᠎ᠳᠦ ᠬᠦᠷᠦᠭᠰᠡᠨ ᠡᠰᠡᠬᠦ᠎ᠶᠢ ᠳᠠᠬᠢᠨ ᠬᠢᠨᠠᠬᠤ ᠪᠠᠷᠢᠮᠵᠢᠶ᠎ᠠ᠂ ᠱᠠᠩᠨᠠᠨ ᠬᠥᠬᠢᠭᠦᠯᠬᠦ ᠠᠷᠭ᠎ᠠ ᠬᠡᠮᠵᠢᠶ᠎ᠡ᠂ ᠭᠡᠷ᠎ᠡ᠎ᠶᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠵᠦᠢᠯᠡᠰ᠎ᠢ ᠭᠦᠢᠴᠡᠳ ᠵᠥᠪᠳᠡᠯᠴᠡᠨ᠂ 《〈 ᠪᠠᠷᠢᠮᠵᠢᠶᠠᠲᠤ ᠭᠠᠵᠠᠷ 〉᠎ᠦᠨ ᠪᠡᠯᠡ ᠣᠷᠣᠭᠤᠯᠵᠤ ᠪᠦᠲᠦᠭᠡᠨ ᠪᠠᠢᠭᠤᠯᠬᠤ ᠭᠡᠷ᠎ᠡ 》 ᠶᠢ ᠲᠣᠭᠲᠠᠨ᠎ᠠ᠃ ᠥᠷᠢᠰᠦᠯᠳᠦᠨ ᠣᠯᠣᠭ᠍ᠴᠢ ᠠᠵᠤ ᠠᠬᠤᠢᠯᠠᠯ ᠨᠢ ᠭᠠᠵᠠᠷ ᠰᠢᠷᠣᠢ᠎ᠶᠢᠨ ᠠᠷᠠᠯᠵᠢᠶ᠎ᠠ ᠪᠦᠲᠦᠭᠰᠡᠨ ᠨᠤᠲᠠᠯᠠᠯᠲᠠ᠎ᠶᠢᠨ ᠪᠢᠴᠢᠭ ᠮᠠᠲᠧᠷᠢᠶᠠᠯ ᠵᠢᠴᠢ 《〈 ᠪᠠᠷᠢᠮᠵᠢᠶᠠᠲᠤ ᠭᠠᠵᠠᠷ 〉᠎ᠦᠨ ᠪᠡᠯᠡ ᠣᠷᠣᠭᠤᠯᠵᠤ ᠪᠦᠲᠦᠭᠡᠨ ᠪᠠᠢᠭᠤᠯᠬᠤ ᠭᠡᠷ᠎ᠡ》᠎ᠪᠠᠨ ᠭᠠᠷᠳᠠᠵᠤ ᠪᠠᠢᠭᠠᠯᠢ᠎ᠶᠢᠨ ᠡᠬᠢ ᠪᠠᠶᠠᠯᠢᠭ᠋᠎ᠤᠨ ᠰᠠᠯᠠᠭ᠎ᠠ ᠮᠥᠴᠢᠷ ᠯᠦ᠍ᠭᠡ 《 ᠤᠯᠤᠰ᠎ᠤᠨ ᠥᠮᠴᠢᠯᠡᠯᠲᠦ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ᠎ᠶᠢ ᠲᠥᠯᠥᠪᠦᠷᠢᠲᠡᠢ ᠰᠢᠯᠵᠢᠭᠦᠯᠬᠦ ᠭᠡᠷ᠎ᠡ》 ᠲᠣᠭᠲᠠᠨ᠎ᠠ᠃
( ᠳᠥᠷᠪᠡ ) 《 ᠪᠠᠷᠢᠮᠵᠢᠶᠠᠲᠤ ᠭᠠᠵᠠᠷ 》᠎ᠦᠨ ᠭᠡᠷ᠎ᠡ ᠭᠦᠢᠴᠡᠳᠬᠡᠬᠦ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠎ᠠ᠃ ᠨᠡᠭᠡᠭᠡᠯᠲᠡ᠎ᠶᠢᠨ ᠲᠣᠭᠣᠷᠢᠭ᠋ (ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋) ᠤᠨ ᠬᠠᠮᠢᠶᠠᠷᠤᠯᠲᠠ᠎ᠶᠢᠨ ᠵᠥᠪᠯᠡᠯ ᠨᠢ 《 ᠪᠠᠷᠢᠮᠵᠢᠶᠠᠲᠤ ᠭᠠᠵᠠᠷ》᠎ᠦᠨ ᠲᠦᠷᠦᠯ ᠵᠦᠢᠯ᠎ᠦᠨ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠪᠠ ᠦᠢᠯᠡᠳᠪᠦᠷᠢᠯᠡᠯ᠎ᠤᠨ ᠬᠡᠮᠵᠢᠶ᠎ᠡ᠎ᠳᠦ ᠬᠦᠷᠦᠭᠰᠡᠨ ᠡᠰᠡᠬᠦ᠎ᠶᠢ ᠳᠠᠬᠢᠨ ᠬᠢᠨᠠᠬᠤ ᠵᠡᠷᠭᠡ ᠪᠣᠳᠠᠲᠠᠢ ᠠᠷᠭ᠎ᠠ ᠠᠪᠴᠠᠯ᠎ᠢ ᠨᠢᠭᠡᠳᠦᠯᠲᠡᠢ ᠲᠥᠯᠥᠪᠯᠡᠨ ᠲᠣᠭᠲᠠᠭᠠᠵᠤ ᠲᠡᠭᠦᠯᠳᠡᠷᠵᠢᠭᠦᠯᠦᠨ᠂ 《 ᠪᠠᠷᠢᠮᠵᠢᠶᠠᠲᠤ ᠭᠠᠵᠠᠷ》᠎ᠦᠨ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶᠢᠨ ᠲᠣᠭᠲᠠᠯᠴᠠᠭ᠎ᠠ᠎ᠶᠢ ᠪᠠᠢᠭᠤᠯᠵᠤ᠂ ᠡᠯ᠎ᠡ ᠠᠵᠢᠯ ᠲᠦᠷᠦᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ᠂ ᠦᠢᠯᠡᠳᠪᠦᠷᠢᠯᠡᠯ᠎ᠤᠨ ᠬᠡᠮᠵᠢᠶ᠎ᠡ᠎ᠳᠦ ᠬᠦᠷᠦᠭᠰᠡᠨ ᠡᠰᠡᠬᠦ᠎ᠶᠢ ᠳᠠᠬᠢᠨ ᠬᠢᠨᠠᠬᠤ ᠪᠦᠬᠦ ᠦᠶᠡᠯᠡᠯ ᠳᠡᠬᠢ ᠬᠠᠮᠵᠢᠯᠴᠠᠭᠰᠠᠨ ᠬᠢᠨᠠᠯᠲᠠ ᠬᠠᠮᠢᠶᠠᠷᠤᠯᠲᠠ᠎ᠶᠢ ᠥᠷᠨᠢᠭᠦᠯᠦᠨ᠎ᠡ ; ᠤᠯᠠᠨ ᠰᠠᠯᠠᠭ᠎ᠠ ᠮᠥᠴᠢᠷ ᠬᠠᠮᠵᠢᠯᠴᠠᠭᠰᠠᠨ 《 ᠪᠠᠷᠢᠮᠵᠢᠶᠠᠲᠤ ᠭᠠᠵᠠᠷ》᠎ᠦᠨ ᠪᠡᠯᠡ ᠣᠷᠣᠭᠤᠯᠵᠤ ᠭᠡᠷ᠎ᠡ ᠭᠦᠢᠴᠡᠳᠬᠡᠬᠦ ᠢᠲᠡᠭᠡᠮᠵᠢ᠎ᠶᠢᠨ ᠦᠨᠡᠯᠡᠯᠲᠡ᠎ᠶᠢᠨ ᠲᠣᠭᠲᠠᠯᠴᠠᠭ᠎ᠠ ᠪᠠ 《ᠵᠥᠪ ᠲᠠᠯ᠎ᠠ᠎ᠠᠴᠠ ᠤᠷᠮᠠᠰᠢᠭᠤᠯᠤᠨ᠂ ᠨᠠᠵᠠᠭᠠᠢ ᠲᠠᠯ᠎ᠠ᠎ᠠᠴᠠ ᠬᠢᠵᠠᠭᠠᠷᠯᠠᠬᠤ》 ᠲᠣᠭᠲᠠᠴᠠ᠎ᠶᠢ ᠰᠦᠪᠡᠭᠴᠢᠯᠡᠨ ᠪᠠᠢᠭᠤᠯᠵᠤ᠂ ᠣᠨ᠎ᠤ ᠦᠨᠡᠯᠡᠯᠲᠡ᠎ᠶᠢᠨ ᠦᠶᠡᠯᠡᠯ᠎ᠢ ᠵᠣᠬᠢᠰᠲᠠᠢ ᠪᠠᠢᠷᠢᠯᠠᠭᠤᠯᠤᠨ ᠲᠣᠭᠲᠠᠭᠠᠵᠤ᠂ ᠠᠵᠤ ᠠᠬᠤᠢᠯᠠᠯ᠎ᠳᠤ ᠲᠣᠭᠲᠠᠮᠠᠯ ᠬᠤᠭᠤᠴᠠᠭ᠎ᠠ ᠲᠠᠢ᠎ᠪᠠᠷ ᠪᠦᠬᠦ ᠲᠠᠯ᠎ᠠ᠎ᠶᠢᠨ ᠦᠨᠡᠯᠡᠯᠲᠡ ᠬᠢᠵᠦ᠂ ᠢᠲᠡᠭᠡᠮᠵᠢ᠎ᠶᠢᠨ ᠦᠨᠡᠯᠡᠯᠲᠡ᠎ᠶᠢᠨ ᠪᠠᠢᠳᠠᠯ᠎ᠢ ᠦᠨᠳᠦᠰᠦᠯᠡᠨ ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢᠲᠡ᠎ᠶᠢᠨ ᠢᠲᠡᠭᠡᠮᠵᠢ᠎ᠶᠢᠨ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠳᠦᠷᠢᠮ》᠎ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠵᠣᠬᠢᠴᠠᠭᠰᠠᠨ ᠤᠷᠮᠠᠰᠢᠭᠤᠯᠬᠤ ᠪᠤᠶᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠴᠤ ᠪᠣᠯᠣᠨ᠎ᠠ᠃
ᠭᠤᠷᠪᠠ᠂ 《 ᠪᠠᠷᠢᠮᠵᠢᠶᠠᠲᠤ ᠭᠠᠵᠠᠷ 》᠎ᠦᠨ ᠳᠦᠷᠢᠮ᠎ᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠬᠤ᠎ᠶᠢ ᠪᠠᠲᠤᠯᠠᠬᠤ ᠬᠡᠷᠡᠭᠲᠡᠢ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ ( ᠬᠣᠲᠠ᠂ ᠲᠣᠭᠣᠷᠢᠭ᠋)᠎ᠤ ᠠᠷᠠᠳ᠎ᠤᠨ ᠵᠠᠰᠠᠭ᠎ᠤᠨ ᠣᠷᠳᠣᠨ ᠨᠢ 《 ᠪᠠᠷᠢᠮᠵᠢᠶᠠᠲᠤ ᠭᠠᠵᠠᠷ 》᠎ᠤᠨ ᠬᠠᠩᠭᠠᠯᠭ᠎ᠠ ᠬᠢᠭᠡᠳ ᠬᠢᠨᠠᠯᠲᠠ ᠬᠠᠮᠢᠶᠠᠷᠤᠯᠲᠠ᠎ᠶᠢᠨ ᠠᠵᠢᠯ᠎ᠢ ᠵᠣᠬᠢᠶᠠᠨ ᠪᠠᠢᠭᠤᠯᠵᠤ ᠤᠳᠤᠷᠢᠳᠬᠤ᠎ᠪᠠᠨ ᠦᠨᠡᠨ ᠬᠦ᠌ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠡᠭᠦᠷᠭᠡ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠨ᠂ ᠰᠠᠯᠠᠭ᠎ᠠ ᠮᠥᠴᠢᠷ᠎ᠤᠳ᠎ᠤᠨ ᠬᠣᠯᠪᠤᠭᠠᠯᠠᠨ ᠬᠥᠳᠡᠯᠦᠯᠴᠡᠬᠦ ᠳᠦᠷᠢᠮ᠎ᠢ ᠪᠠᠢᠭᠤᠯᠵᠤ ᠪᠦᠷᠢᠨᠰᠢᠭᠦᠯᠬᠦ ᠬᠡᠷᠡᠭᠲᠡᠢ; ᠨᠡᠭᠡᠭᠡᠯᠲᠡ᠎ᠶᠢᠨ ᠲᠣᠭᠣᠷᠢᠭ᠋ (ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋) ᠤᠨ ᠬᠠᠮᠢᠶᠠᠷᠤᠯᠲᠠ᠎ᠶᠢᠨ ᠵᠥᠪᠯᠡᠯ ᠨᠢ ᠠᠵᠢᠯ᠎ᠤᠨ ᠭᠣᠣᠯ ᠴᠣᠭᠴᠠ᠎ᠶᠢᠨ ᠬᠠᠷᠢᠭᠤᠴᠠᠯᠭ᠎ᠠ᠎ᠪᠡᠨ ᠴᠢᠩᠭ᠎ᠠ ᠨᠠᠢᠳᠠᠪᠤᠷᠢᠵᠢᠭᠤᠯᠤᠨ᠂ ᠲᠤᠰ ᠣᠷᠣᠨ ᠪᠦᠰᠡ᠎ᠶᠢᠨ 《 ᠪᠠᠷᠢᠮᠵᠢᠶᠠᠲᠤ ᠭᠠᠵᠠᠷ 》᠎ᠦᠨ ᠳᠦᠷᠢᠮ᠎ᠦᠨ ᠪᠦᠬᠦ ᠲᠠᠯ᠎ᠠ᠎ᠪᠠᠷ ᠬᠡᠷᠡᠭᠵᠢᠭᠦᠯᠦᠭᠳᠡᠬᠦ ᠶᠢ ᠨᠢᠭᠡᠳᠦᠯᠲᠡᠢ ᠲᠥᠯᠥᠪᠯᠡᠵᠦ᠂ ᠡᠯ᠎ᠡ ᠵᠦᠢᠯ᠎ᠦᠨ ᠠᠵᠢᠯ᠎ᠢᠶᠡᠨ ᠪᠣᠳᠠᠲᠠᠢᠵᠢᠭᠤᠯᠵᠤ᠂ ᠪᠣᠳᠠᠲᠠᠢ ᠪᠥᠭᠡᠳ ᠨᠠᠷᠢᠯᠢᠭ᠋ ᠬᠢᠬᠦ᠎ᠶᠢ ᠠᠬᠢᠭᠤᠯᠤᠨ᠎ᠠ; ᠡᠯ᠎ᠡ ᠠᠵᠢᠯ ᠲᠦᠷᠦᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠲᠤᠰ᠎ᠤᠨ᠎ᠢᠶᠠᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ᠎ᠢᠶᠠᠨ ᠶᠣᠰᠣᠭᠠᠷ ᠲᠤᠬᠠᠢᠯᠠᠭᠰᠠᠨ ᠠᠵᠢᠯ᠎ᠢ ᠵᠢᠭᠠᠨ ᠵᠢᠯᠤᠭᠣᠳᠬᠤ᠂ ᠵᠤᠬᠢᠴᠠᠯᠳᠤᠨ ᠬᠠᠮᠵᠢᠯᠴᠠᠬᠤ ᠵᠢᠴᠢ ᠬᠣᠯᠪᠤᠭᠠᠯᠠᠨ ᠬᠢᠨᠠᠨ ᠬᠠᠮᠢᠶᠠᠷᠬᠤ ᠠᠵᠢᠯ᠎ᠢ ᠰᠠᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ 《 ᠪᠠᠷᠢᠮᠵᠢᠶᠠᠲᠤ ᠭᠠᠵᠠᠷ 》᠎ᠦᠨ ᠲᠦᠷᠦ᠎ᠶᠢᠨ ᠪᠣᠳᠣᠯᠭ᠎ᠠ᠎ᠳᠡᠬᠢ ᠲᠠᠢᠯᠤᠮᠵᠢ᠎ᠪᠠᠨ ᠴᠢᠩᠭᠠᠳᠬᠠᠵᠤ᠂ ᠲᠡᠷᠢᠭᠦᠨ᠎ᠦ ᠲᠤᠷᠰᠢᠯᠭ᠎ᠠ ᠪᠠ ᠨᠡᠢᠲᠡᠯᠢᠭ ᠠᠷᠭ᠎ᠠ ᠬᠢᠳᠡᠯ᠎ᠢᠶᠡᠨ ᠴᠠᠭ ᠲᠤᠬᠠᠢ᠎ᠳᠤ ᠨᠢ ᠬᠤᠷᠢᠶᠠᠩᠭᠤᠢᠯᠠᠨ᠂ ᠡᠯ᠎ᠡ ᠲᠦᠷᠦᠯ᠎ᠦᠨ ᠵᠠᠭᠤᠴᠢᠯᠠᠭᠤᠷ᠎ᠢ ᠭᠦᠢᠴᠡᠳ ᠠᠰᠢᠭ᠍ᠯᠠᠵᠤ᠂ ᠤᠯᠠᠨ ᠵᠦᠢᠯ᠎ᠦᠨ ᠬᠡᠯᠪᠡᠷᠢ᠎ᠪᠡᠷ ᠤᠬᠠᠭᠤᠯᠬᠤ ᠪᠠ ᠳᠡᠯᠭᠡᠷᠡᠭᠦᠯᠬᠦ᠎ᠪᠡᠷ ᠳᠠᠮᠵᠢᠭᠤᠯᠤᠨ᠂ ᠨᠡᠢᠭᠡᠮ᠎ᠦᠨ ᠶᠠᠷᠢᠶ᠎ᠠ ᠬᠡᠯᠡᠯᠴᠡᠭᠡ ᠪᠠ ᠵᠢᠱ᠌ᠢᠯᠲᠡ᠎ᠶᠢ ᠵᠥᠪ᠎ᠢᠶᠠᠷ ᠬᠥᠲᠥᠯᠥᠨ ᠵᠢᠯᠤᠭᠣᠳᠬᠤ᠎ᠶᠢᠨ ᠬᠠᠮᠲᠤ ᠂ 《 ᠪᠠᠷᠢᠮᠵᠢᠶᠠᠲᠤ ᠭᠠᠵᠠᠷ 》᠎ᠦᠨ ᠬᠠᠩᠭᠠᠯᠭ᠎ᠠ ᠵᠢᠴᠢ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠳᠤ ᠬᠢᠨᠠᠯᠲᠠ ᠲᠠᠯᠪᠢᠨ ᠪᠠᠢᠴᠠᠭᠠᠭᠰᠠᠨ ᠦᠷ᠎ᠡ ᠳ᠋ᠦᠩ᠎ᠢᠶᠡᠨ ᠲᠣᠭᠲᠠᠮᠠᠯ ᠬᠤᠭᠤᠴᠠᠭ᠎ᠠ ᠲᠠᠢ᠎ᠪᠠᠷ ᠨᠡᠢᠭᠡᠮ᠎ᠳᠦ ᠢᠯᠡ ᠪᠤᠯᠭᠠᠵᠤ᠂ ᠨᠡᠢᠭᠡᠮ᠎ᠦᠨ ᠬᠢᠨᠠᠯᠲᠠ ᠲᠠᠯᠪᠢᠯᠲᠠ᠎ᠶᠢ ᠬᠦᠯᠢᠶᠡᠨ᠂ ᠭᠠᠵᠠᠷ ᠬᠡᠷᠡᠭᠯᠡᠬᠦ ᠠᠵᠤ ᠠᠬᠤᠢᠯᠠᠯ᠎ᠢ ᠰᠢᠮᠳᠠᠭᠤᠯᠵᠤ ᠪᠠᠢᠭᠠᠳ ᠭᠡᠷ᠎ᠡ᠎ᠶᠢᠨ ᠡᠭᠦᠷᠭᠡ᠎ᠪᠡᠨ ᠰᠠᠨᠠᠭᠠᠴᠢᠯᠠᠭ᠎ᠠ᠎ᠠᠴᠠ᠎ᠪᠠᠨ ᠭᠦᠢᠴᠡᠳᠬᠡᠭᠦᠯᠵᠦ᠂ ᠭᠠᠵᠠᠷ ᠰᠢᠷᠣᠢ᠎ᠶᠢᠨ ᠡᠬᠢ ᠪᠠᠶᠠᠯᠢᠭ᠋᠎ᠤᠨ ᠬᠦᠴᠦᠨ ᠵᠦᠢᠯ ᠨᠢ ᠰᠢᠯᠢᠳᠡᠭ ᠠᠵᠤ ᠦᠢᠯᠡᠳᠪᠦᠷᠢ᠎ᠶᠢᠨ ᠲᠦᠷᠦᠯ ᠵᠦᠢᠯ᠎ᠳᠦ ᠥᠨᠳᠥᠷ ᠪᠦᠲᠦᠮᠵᠢ᠎ᠲᠠᠢ ᠪᠠᠲᠤᠯᠠᠭ᠎ᠠ ᠪᠣᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃
ᠲᠤᠰ ᠮᠡᠳᠡᠭᠳᠡᠯ᠎ᠢ ᠳᠠᠷᠤᠮᠠᠯᠯᠠᠨ ᠲᠠᠷᠬᠠᠭᠠᠭᠰᠠᠨ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃ ᠡᠭᠦᠨ᠎ᠡᠴᠡ ᠡᠮᠦᠨ᠎ᠡ ᠨᠡᠢᠲᠡᠯᠡᠭᠰᠡᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠣᠭᠲᠠᠭᠠᠯ ᠨᠢ ᠲᠤᠰ ᠮᠡᠳᠡᠭᠳᠡᠯ ᠲᠠᠢ ᠨᠢᠭᠡᠳᠦᠯ ᠦᠭᠡᠢ ᠪᠠᠢᠪᠠᠯ᠂ ᠲᠤᠰ ᠮᠡᠳᠡᠭᠳᠡᠯ᠎ᠦᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
2025 ᠣᠨ᠎ᠤ 6 ᠳ᠋ᠤᠭᠠᠷ ᠰᠠᠷ᠎ᠠ᠎ᠶᠢᠨ 9᠎ᠤ ᠡᠳᠦᠷ
( ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
2025 ᠣᠨ᠎ᠤ 6 ᠳ᠋ᠤᠭᠠᠷ ᠰᠠᠷ᠎ᠠ᠎ᠶᠢᠨ 9᠎ᠦ ᠡᠳᠦᠷ ᠳᠠᠷᠤᠮᠠᠯᠯᠠᠨ ᠲᠠᠷᠬᠠᠭᠠᠪᠠ