ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠮᠥᠩᠭᠥᠨ ᠭᠦᠢᠯᠭᠡᠭᠡᠨ᠎ᠦ 《ᠲᠠᠪᠤᠨ ᠲᠠᠯ᠎ᠠ᠎ᠶᠢᠨ ᠲᠣᠮᠣ᠌ ᠠᠵᠢᠯ》᠎ᠢ ᠰᠠᠢᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2025-09-12

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠢᠴᠢᠭ ᠮᠠᠲᠧᠷᠢᠶᠠᠯ

 

ᠥᠪᠥᠷ ᠵᠠᠰᠠᠭ ᠠᠯᠪᠠᠨ ᠲᠠᠷᠬᠠᠭᠠᠭᠰᠠᠨ 〔2025〕 22 ᠳ᠋ᠤᠭᠠᠷ ᠲᠣᠭᠠᠲᠤ

 

ᠮᠥᠩᠭᠥᠨ ᠭᠦᠢᠯᠭᠡᠭᠡᠨ᠎ᠦ 《ᠲᠠᠪᠤᠨ ᠲᠠᠯ᠎ᠠ᠎ᠶᠢᠨ ᠲᠣᠮᠣ᠌ ᠠᠵᠢᠯ》᠎ᠢ ᠰᠠᠢᠲᠤᠷ ᠬᠢᠬᠦ ᠲᠤᠬᠠᠢ ᠥᠪᠥᠷ ᠮᠣᠩᠭᠣᠯ᠎ᠤᠨ

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠬᠡᠷᠡᠭᠵᠢᠭᠦᠯᠬᠦ ᠰᠠᠨᠠᠯ

 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄

《ᠮᠥᠩᠭᠥᠨ ᠭᠦᠢᠯᠭᠡᠭᠡᠨ᠎ᠤ 〈ᠲᠠᠪᠤᠨ ᠲᠠᠯ᠎ᠠ᠎ᠶᠢᠨ ᠲᠣᠮᠣ᠌ ᠠᠵᠢᠯ〉᠎ᠢ ᠰᠠᠢᠲᠤᠷ ᠬᠢᠬᠦ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠵᠢᠯᠤᠭᠣᠳᠬᠤ ᠰᠠᠨᠠᠯ》 ( ᠲᠥᠷᠥ ᠠᠯᠪᠠᠨ ᠲᠠᠷᠬᠠᠭᠠᠭᠰᠠᠨ 〔2025〕 8 ᠳ᠋ᠤᠭᠠᠷ ᠲᠣᠭᠠᠲᠤ )᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠮᠥᠩᠭᠥᠨ ᠭᠦᠢᠯᠭᠡᠭᠡ᠂ ᠪᠣᠬᠢᠷᠳᠤᠯ ᠦᠭᠡᠢ ᠮᠥᠩᠭᠥᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠥᠨ ᠭᠦᠢᠯᠭᠡᠭᠡ᠂ ᠨᠠᠰᠤᠵᠢᠯ᠎ᠤᠨ ᠠᠰᠠᠷᠠᠮᠵᠢ᠎ᠶᠢᠨ ᠮᠥᠩᠭᠥᠨ ᠭᠦᠢᠯᠭᠡᠭᠡ᠂ ᠳ᠋ᠢᠭᠢᠲ ᠮᠥᠩᠭᠥᠨ ᠭᠦᠢᠯᠭᠡᠭᠡᠨ᠎ᠤ ᠶᠡᠬᠡ ᠠᠵᠢᠯ ( ᠳᠣᠷᠣᠭ᠍ᠰᠢ ᠮᠥᠩᠭᠥᠨ ᠭᠦᠢᠯᠭᠡᠭᠡᠨ᠎ᠤ 《ᠲᠠᠪᠤᠨ ᠲᠠᠯ᠎ᠠ᠎ᠶᠢᠨ ᠲᠣᠮᠣ᠌ ᠠᠵᠢᠯ》 ᠭᠡᠵᠦ ᠲᠣᠪᠴᠢᠯᠠᠨ᠎ᠠ )᠎ᠢ ᠰᠠᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ 《 ᠲᠠᠪᠤᠨ ᠶᠡᠬᠡ ᠡᠭᠦᠷᠭᠡ 》᠎ᠶᠢ ᠰᠠᠢᠲᠤᠷ ᠪᠡᠶᠡᠯᠡᠭᠦᠯᠬᠦ᠎ᠳᠤ ᠳᠡᠮᠵᠢᠵᠦ᠂ 《 ᠵᠢᠷᠭᠤᠭᠠᠨ ᠢᠨᠵᠧᠨᠧᠷᠢᠩ 》᠎ᠢ ᠦᠷᠭᠦᠯᠵᠢᠯᠡᠨ ᠰᠠᠢᠲᠤᠷ ᠬᠡᠷᠡᠭᠵᠢᠭᠦᠯᠵᠦ᠂ 《 ᠵᠢᠷᠭᠤᠭᠠᠨ ᠠᠵᠢᠯᠯᠠᠭᠠᠨ 》᠎ᠢ ᠰᠠᠢᠲᠤᠷ ᠵᠣᠬᠢᠶᠠᠨ ᠪᠠᠢᠭᠤᠯᠵᠤ ᠥᠷᠨᠢᠭᠦᠯᠬᠦ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃

ᠨᠢᠭᠡ᠂ ᠶᠡᠷᠦᠩᠬᠡᠢ ᠬᠠᠷᠠᠯᠲᠠ

ᠮᠥᠩᠭᠥᠨ ᠭᠦᠢᠯᠭᠡᠭᠡᠨ᠎ᠤ ᠠᠵᠢᠯ᠎ᠳᠠᠬᠢ ᠨᠠᠮ᠎ᠤᠨ ᠪᠥᠬᠦ ᠲᠠᠯ᠎ᠠ᠎ᠶᠢᠨ ᠤᠳᠤᠷᠢᠳᠤᠯᠭ᠎ᠠ᠎ᠶᠢ ᠴᠢᠩᠭᠠᠳᠬᠠᠬᠤ᠎ᠪᠠᠷ ᠶᠡᠷᠦᠩᠬᠡᠢ ᠬᠥᠲᠥᠯᠥᠮᠵᠢ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭ᠍ᠲᠠᠷᠠᠨ᠂ ᠮᠥᠩᠭᠥᠨ ᠭᠦᠢᠯᠭᠡᠭᠡᠨ᠎ᠤ 《ᠲᠠᠪᠤᠨ ᠲᠠᠯ᠎ᠠ᠎ᠶᠢᠨ ᠲᠣᠮᠣ᠌ ᠠᠵᠢᠯ》᠎ᠦᠨ ᠡᠯ᠎ᠡ ᠬᠦᠷᠢᠶ᠎ᠡ ᠴᠠᠷᠠᠭᠠᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ᠃ 2027 ᠣᠨ ᠪᠣᠯᠬᠤ᠎ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ᠂ ᠲᠦᠭᠡᠮᠡᠯ ᠬᠠᠷᠠᠭᠠᠯᠵᠠᠯᠲᠤ᠂ ᠨᠠᠰᠤᠵᠢᠯ᠎ᠤᠨ ᠠᠰᠠᠷᠠᠮᠵᠢ᠎ᠶᠢᠨ ᠠᠵᠤ ᠦᠢᠯᠡᠰ᠂ ᠳ᠋ᠢᠭᠢᠲ ᠠᠵᠤ ᠠᠬᠤᠢ᠎ᠶᠢᠨ ᠠᠵᠤ ᠦᠢᠯᠡᠰ᠎ᠤᠨ ᠵᠢᠭᠡᠯᠡᠯᠭᠡ᠎ᠶᠢᠨ ᠦᠯᠡᠳᠡᠪᠦᠷᠢ ᠲᠣᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠦᠨ᠎ᠡ᠃ ᠵᠢᠭᠡᠯᠡᠯᠭᠡ ᠣᠯᠣᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠡᠯᠪᠡᠷᠢ᠎ᠶᠢᠨ ᠠᠵᠤ ᠠᠬᠤᠢᠯᠠᠯ᠎ᠤᠨ ᠬᠡᠮᠵᠢᠶ᠎ᠡ᠎ᠶᠢ ᠨᠢ ᠨᠡᠮᠡᠭᠳᠡᠭᠦᠯᠵᠦ ᠬᠡᠪᠴᠢᠶ᠎ᠡ᠎ᠶᠢ ᠨᠢ ᠥᠷᠭᠡᠳᠬᠡᠨ᠎ᠡ ; ᠪᠣᠬᠢᠷᠲᠤᠯ ᠦᠭᠡᠢ ᠰᠢᠭᠤᠳ ᠪᠡᠯᠡ ᠲᠣᠬᠢᠷᠠᠭᠤᠯᠭ᠎ᠠ᠎ᠳᠦ ᠰᠢᠪᠲᠤᠯᠤᠯᠲᠠ ᠭᠠᠷᠭᠠᠵᠤ᠂ ᠪᠣᠬᠢᠷᠲᠤᠯ ᠦᠭᠡᠢ ᠳᠠᠭᠠᠳᠬᠠᠯ᠎ᠤᠨ ᠪᠦᠷᠬᠦᠴᠡ᠎ᠶᠢ ᠨᠠᠩ ᠪᠦᠷᠢᠨᠰᠢᠭᠦᠯᠦᠨ᠎ᠡ ; ᠲᠦᠭᠡᠮᠡᠯ ᠬᠠᠷᠠᠭᠠᠯᠵᠠᠯᠲᠤ ᠮᠥᠩᠭᠥᠨ ᠭᠦᠢᠯᠭᠡᠭᠡᠨ᠎ᠤ ᠦᠢᠯᠡᠴᠢᠯᠡᠭᠡ᠎ᠶᠢᠨ ᠣᠯᠵᠤ ᠪᠣᠯᠬᠤᠢᠴᠠ ᠴᠢᠨᠠᠷ᠂ ᠳᠥᠭᠦᠮ ᠳᠥᠲᠡ ᠴᠢᠨᠠᠷ᠎ᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ; ᠨᠠᠰᠤᠵᠢᠯ᠎ᠤᠨ ᠠᠰᠠᠷᠠᠮᠵᠢ᠎ᠶᠢᠨ ᠮᠥᠩᠭᠥᠨ ᠭᠦᠢᠯᠭᠡᠭᠡᠨ᠎ᠤ ᠲᠣᠭᠲᠠᠯᠴᠠᠭ᠎ᠠ᠎ᠶᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠵᠦ᠂ ᠲᠤᠰᠬᠠᠢ ᠵᠦᠢᠯ᠎ᠦᠨ ᠨᠡᠷᠡᠳᠬᠦᠨ ᠬᠢᠭᠡᠳ ᠥᠲᠡᠭᠦᠰ᠎ᠲᠦ ᠲᠣᠬᠢᠷᠠᠭᠤᠯᠬᠤ᠎ᠪᠠᠷ ᠥᠭᠡᠷᠡᠴᠢᠯᠡᠨ ᠰᠢᠨᠡᠳᠬᠡᠬᠦ ᠦᠢᠯᠡᠴᠢᠯᠡᠭᠡ᠎ᠶᠢ ᠨᠠᠩ ᠪᠠᠶᠠᠯᠢᠭ᠍ᠵᠢᠭᠤᠯᠤᠨ᠎ᠠ ; ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶᠢᠨ ᠳ᠋ᠢᠭᠢᠲᠴᠢᠯᠡᠨ ᠬᠡᠯᠪᠡᠷᠢ᠎ᠪᠠᠨ ᠬᠤᠪᠢᠷᠠᠭᠤᠯᠬᠤ ᠨᠢ ᠢᠳᠡᠪᠬᠢᠲᠡᠢ ᠠᠬᠢᠴᠠ ᠲᠠᠢ ᠪᠣᠯᠵᠤ᠂ ᠳ᠋ᠢᠭᠢᠲ ᠠᠵᠤ ᠠᠬᠤᠢ᠎ᠶᠢᠨ ᠦᠢᠯᠡᠴᠢᠯᠡᠭᠡᠨ᠎ᠤ ᠴᠢᠳᠠᠪᠤᠷᠢ᠎ᠶᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃

ᠬᠣᠶᠠᠷ᠂ ᠮᠥᠩᠭᠥᠨ ᠭᠦᠢᠯᠭᠡᠭᠡᠨ᠎ᠤ 《ᠲᠠᠪᠤᠨ ᠲᠠᠯ᠎ᠠ᠎ᠶᠢᠨ ᠲᠣᠮᠣ᠌ ᠠᠵᠢᠯ》᠎ᠦᠨ ᠭᠣᠣᠯᠳᠠᠯᠭ᠎ᠠ᠎ᠲᠠᠢ ᠬᠦᠷᠢᠶ᠎ᠡ ᠴᠠᠷᠠᠭᠠᠨ᠎ᠳᠠᠬᠢ ᠠᠵᠢᠯ᠎ᠢ ᠰᠠᠢᠲᠤᠷ ᠬᠢᠨ᠎ᠡ

( ᠨᠢᠭᠡ ) ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠎ᠢ ᠯᠠᠪᠳᠠᠭᠤᠨ ᠪᠠᠲᠤᠲᠠᠢ ᠰᠠᠢᠲᠤᠷ ᠬᠢᠨ᠎ᠡ᠃ 《ᠰᠲ᠋ᠣᠺ᠂ ᠵᠢᠭᠡᠯᠡᠯᠭᠡ᠂ ᠥᠷᠢ ᠥᠭᠴᠡᠭᠡ᠂ ᠳᠠᠭᠠᠳᠬᠠᠯ᠂ ᠳᠠᠭᠠᠭᠠᠯᠲᠠ ᠬᠢᠬᠦ》 ᠵᠡᠷᠭᠡ ᠠᠷᠭ᠎ᠠ ᠪᠠᠷᠢᠯ᠎ᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠡᠯᠪᠡᠷᠢ᠎ᠶᠢᠨ ᠠᠵᠤ ᠠᠬᠤᠢᠯᠠᠯ᠎ᠤᠨ ᠠᠳᠠᠯᠢ ᠪᠤᠰᠤ ᠪᠤᠶ᠋ᠢᠵᠢᠯᠲᠠ ᠬᠥᠭᠵᠢᠯᠲᠡ᠎ᠶᠢᠨ ᠱᠠᠲᠤ ᠦᠶ᠎ᠡ᠎ᠶᠢ ᠦᠨᠳᠦᠰᠦᠯᠡᠨ ᠣᠯᠠᠨ ᠡᠰᠢᠵᠢᠭᠰᠡᠨ᠂ ᠪᠤᠤᠬᠢᠶ᠎ᠠ ᠮᠠᠶᠢᠭ᠋᠎ᠤᠨ ᠮᠥᠩᠭᠥᠨ ᠭᠦᠢᠯᠭᠡᠭᠡᠨ᠎ᠤ ᠦᠢᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ ᠪᠠ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭᠠᠨ᠎ᠤ ᠦᠢᠯᠡᠳᠦᠯ᠎ᠢ ᠴᠢᠩᠭᠠᠷᠠᠭᠤᠯᠤᠨ᠎ᠠ᠃ ᠦᠷ᠎ᠡ᠎ᠶᠢᠨ ᠬᠤᠭᠤᠴᠠᠭᠠᠨ᠎ᠳᠠᠬᠢ ᠠᠵᠤ ᠠᠬᠤᠢᠯᠠᠯ᠎ᠢ ᠪᠣᠢᠵᠢᠭᠤᠯᠬᠤ ᠮᠥᠩᠭᠥᠨ ᠭᠦᠢᠯᠭᠡᠭᠡᠨ᠎ᠤ ᠳᠡᠮᠵᠢᠯᠭᠡ᠎ᠪᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠠᠵᠤ ᠠᠬᠤᠢᠯᠠᠯ᠎ᠢ ᠨᠡᠪᠴᠢᠭᠦᠯᠬᠦ ᠠᠴᠢᠶᠠᠯᠠᠪᠤᠷᠢ᠎ᠶᠢ ᠠᠰᠢᠭ᠍ᠯᠠᠨ ᠨᠡᠪᠴᠢᠭᠦᠯᠬᠦ ᠦᠢᠯᠡᠴᠢᠯᠡᠭᠡ᠂ ᠠᠳᠠᠯ ᠦᠢᠯᠡᠰ ᠴᠣᠭᠴᠠᠯᠠᠬᠤ ᠵᠢᠯᠣᠭᠣᠳᠤᠯᠭ᠎ᠠ ᠬᠠᠩᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠎ᠶᠢ ᠨᠢ ᠠᠬᠢᠭᠤᠯᠤᠨ᠎ᠠ᠃ ᠠᠩᠬ᠎ᠠ ᠡᠭᠦᠳᠦᠨ ᠪᠠᠢᠭᠤᠯᠬᠤ ᠬᠤᠭᠤᠴᠠᠭᠠᠨ᠎ᠳᠠᠬᠢ ᠠᠵᠤ ᠠᠬᠤᠢᠯᠠᠯ᠎ᠢ ᠬᠥᠭᠵᠢᠯᠲᠡ᠎ᠶᠢ ᠬᠠᠮᠠᠭᠠᠯᠠᠬᠤ ᠠᠵᠢᠯ᠎ᠢ ᠰᠠᠢᠲᠤᠷ ᠬᠢᠵᠦ᠂ ᠪᠠᠩᠬᠢ ᠪᠠ ᠳᠠᠭᠠᠭᠠᠯᠲᠠ᠎ᠶᠢᠨ ᠺᠣᠮᠫᠠᠨᠢ᠎ᠶᠢᠨ ᠬᠣᠯᠪᠤᠭᠠᠯᠠᠨ ᠬᠥᠳᠡᠯᠦᠯᠴᠡᠬᠦ ᠲᠠᠪᠴᠠᠩ᠎ᠢ ᠪᠠᠢᠭᠤᠯᠵᠤ᠂ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶᠢ ᠵᠣᠷᠢᠭ᠍ᠵᠢᠭᠤᠯᠵᠤ ᠪᠠᠢᠭᠠᠳ ᠮᠡᠳᠡᠯᠭᠡ᠎ᠶᠢᠨ ᠥᠮᠴᠢᠯᠡᠯ᠎ᠤᠨ ᠡᠷᠬᠡ᠎ᠪᠠᠷ ᠳᠠᠨᠵᠢᠯᠠᠬᠤ ᠪᠡᠯᠡ ᠲᠣᠬᠢᠷᠠᠭᠤᠯᠭ᠎ᠠ᠎ᠶᠢᠨ ᠲᠤᠬᠠᠢᠯᠠᠭᠰᠠᠨ ᠠᠵᠢᠯ᠎ᠢ ᠥᠷᠨᠢᠭᠦᠯᠬᠦ᠎ᠶᠢ ᠨᠢ ᠵᠣᠷᠢᠭ᠍ᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠎ᠳᠤ ᠨᠢ ᠮᠥᠩᠭᠥᠨ ᠭᠦᠢᠯᠭᠡᠭᠡᠨ᠎ᠤ ᠳᠡᠮᠵᠢᠯᠭᠡ ᠬᠠᠩᠭᠠᠨ᠎ᠠ ; ᠲᠦᠭᠰᠢᠭᠦᠷᠢ᠎ᠶᠢᠨ ᠪᠡᠯᠡ ᠣᠷᠣᠭᠤᠯᠤᠯᠲᠠ᠎ᠶᠢ ᠵᠢᠷᠤᠮᠵᠢᠭᠤᠨ ᠬᠥᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠠᠭᠠᠳᠬᠠᠯ᠎ᠤᠨ ᠵᠠᠬ᠎ᠠ ᠳᠡᠯᠭᠡᠭᠦᠷ᠎ᠢ ᠬᠥᠭᠵᠢᠭᠡᠨ᠂ ᠪᠡᠯᠡ ᠲᠣᠬᠢᠷᠠᠭᠤᠯᠭ᠎ᠠ ᠣᠯᠬᠤ ᠨᠣᠷᠮ᠎ᠠ᠎ᠶᠢ ᠳᠡᠭᠡᠭᠰᠢᠯᠡᠭᠦᠯᠦᠨ᠎ᠡ᠃ ᠪᠣᠢᠵᠢᠯᠲᠠ ᠬᠥᠭᠵᠢᠯᠲᠡ᠎ᠶᠢᠨ ᠬᠤᠭᠤᠴᠠᠭᠠᠨ᠎ᠤ ᠠᠵᠤ ᠠᠬᠤᠢᠯᠠᠯ᠎ᠤᠨ ᠬᠦᠴᠦᠨ ᠴᠢᠳᠠᠮᠵᠢ᠎ᠶᠢ ᠡᠷᠴᠢᠮᠯᠡᠨ᠂ 《ᠲᠢᠶᠠᠨ ᠵᠢᠶᠦ᠋ᠨ ᠲᠥᠯᠥᠪᠯᠡᠭᠡ》᠎ᠶᠢ ᠠᠬᠢᠭᠤᠯᠵᠤ᠂ ᠰᠲ᠋ᠣᠺ᠎ᠤᠨ ᠵᠠᠬ᠎ᠠ᠎ᠳᠤ ᠭᠠᠷᠭᠠᠬᠤ ᠪᠡᠯᠡᠳᠬᠡᠯ ᠠᠵᠤ ᠠᠬᠤᠢᠯᠠᠯ᠎ᠤᠨ ᠰᠲ᠋ᠣᠺ᠎ᠤᠨ ᠡᠷᠬᠡ᠎ᠪᠠᠷ ᠪᠡᠯᠡ ᠲᠣᠬᠢᠷᠠᠭᠤᠯᠬᠤ᠂ ᠰᠢᠯᠵᠢᠭᠦᠯᠦᠨ ᠥᠭᠬᠦ ᠵᠡᠷᠭᠡ ᠦᠢᠯᠡᠴᠢᠯᠡᠭᠡ᠎ᠶᠢ ᠴᠢᠩᠭᠠᠷᠠᠭᠤᠯᠵᠤ᠂ ᠨᠥᠬᠥᠴᠡᠯ᠎ᠳᠤ ᠨᠡᠢᠴᠡᠭᠰᠡᠨ ᠠᠵᠤ ᠠᠬᠤᠢᠯᠠᠯ᠎ᠤᠨ ᠰᠲ᠋ᠣᠺ᠎ᠤᠨ ᠵᠠᠬ᠎ᠠ᠎ᠳᠤ ᠭᠠᠷᠴᠤ ᠪᠡᠯᠡ ᠲᠣᠬᠢᠷᠠᠭᠤᠯᠭ᠎ᠠ ᠬᠢᠬᠦ᠎ᠶᠢ ᠠᠬᠢᠭᠤᠯᠤᠨ᠂ ᠰᠢᠨ᠎ᠡ ᠭᠤᠷᠪᠠᠳᠤᠭᠠᠷ ᠰᠠᠮᠪᠠᠷ᠎ᠠ᠎ᠳᠤ ᠫᠠᠢᠰᠠ ᠡᠯᠭᠦᠭᠰᠡᠨ ᠠᠵᠤ ᠠᠬᠤᠢᠯᠠᠯ᠎ᠤᠨ ᠥᠨᠳᠥᠷ ᠲᠦᠪᠰᠢᠨᠲᠥ ᠵᠠᠬ᠎ᠠ ᠳᠡᠯᠭᠡᠭᠦᠷ ᠲᠡᠢᠰᠢ ᠳᠡᠰ᠎ᠢᠶᠡᠨ ᠬᠤᠪᠢᠷᠠᠭᠤᠯᠬᠤ᠎ᠶᠢ ᠨᠢ ᠳᠡᠮᠵᠢᠨ᠎ᠠ ; ᠢᠲᠡᠭᠡᠮᠵᠢᠲᠦ ᠵᠢᠭᠡᠯᠡᠯᠭᠡ᠎ᠶᠢᠨ ᠪᠡᠯᠡ ᠮᠥᠩᠭᠥ ᠪᠠ ᠨᠡᠢᠭᠡᠮ᠎ᠦᠨ ᠬᠥᠷᠥᠩᠭᠡ᠎ᠶᠢᠨ ᠬᠠᠮᠲᠤᠷᠠᠯᠴᠠᠭ᠎ᠠ᠎ᠶᠢ ᠴᠢᠩᠭᠠᠳᠬᠠᠵᠤ᠂ ᠨᠡᠩ ᠣᠯᠠᠨ ᠤᠷᠲᠤ ᠬᠤᠭᠤᠴᠠᠭᠠᠨ᠎ᠤ ᠬᠦᠯᠢᠴᠡᠩᠭᠦᠢ ᠬᠥᠷᠥᠩᠭᠡ᠎ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠠᠵᠤ ᠦᠢᠯᠡᠰ᠎ᠦᠨ ᠰᠢᠨ᠎ᠡ ᠡᠭᠦᠳᠦᠯᠲᠡ᠎ᠶᠢ ᠳᠡᠮᠵᠢᠬᠦ᠎ᠶᠢ ᠳᠠᠶ᠋ᠢᠴᠢᠯᠠᠵᠤ᠂ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠡᠭᠦᠷᠭᠡ᠎ᠶᠢ ᠡᠭᠦᠷᠭᠡᠯᠡᠵᠦ ᠪᠦᠬᠦᠢ ᠠᠵᠤ ᠠᠬᠤᠢᠯᠠᠯ᠎ᠤᠨ ᠵᠠᠩᠭᠢᠯᠠᠭ᠎ᠠ᠎ᠶᠢᠨ ᠮᠡᠷᠭᠡᠵᠢᠯ᠎ᠳᠠᠬᠢ ᠪᠣᠭᠣᠮᠲᠠ ᠰᠢᠪᠲᠤᠯᠤᠯᠲᠠ᠎ᠶᠢ ᠪᠠᠲᠤᠯᠠᠨ᠎ᠠ᠃ ᠪᠣᠯᠪᠠᠰᠤᠷᠠᠭᠰᠠᠨ ᠬᠤᠭᠤᠴᠠᠭᠠᠨ᠎ᠳᠠᠬᠢ ᠠᠵᠤ ᠠᠬᠤᠢᠯᠠᠯ᠎ᠤᠨ ᠳᠠᠪᠰᠢᠨ ᠳᠡᠭᠡᠭᠰᠢᠯᠡᠬᠦ᠎ᠳᠤ ᠬᠦᠴᠦᠨ ᠨᠡᠮᠡᠷᠢᠯᠡᠵᠦ᠂ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶᠢᠨ ᠲᠦᠭᠰᠢᠭᠦᠷᠢ᠎ᠶᠢᠨ ᠬᠠᠮᠢᠶᠠᠷᠤᠯᠲᠠ᠂ ᠪᠡᠯᠡ ᠮᠥᠩᠭᠥ ᠴᠤᠭᠯᠠᠭᠤᠯᠬᠤ᠂ ᠵᠢᠭᠡᠯᠡᠯᠭᠡ᠎ᠶᠢᠨ ᠲᠡᠮᠳᠡᠭᠲᠦ᠎ᠶᠢ ᠳᠠᠭᠠᠭᠠᠨ ᠪᠣᠷᠣᠯᠠᠭᠤᠯᠬᠤ ᠵᠡᠷᠭᠡ ᠮᠥᠩᠭᠥᠨ ᠭᠦᠢᠯᠭᠡᠭᠡᠨ᠎ᠤ ᠶᠡᠷᠦᠩᠬᠡᠢᠯᠡᠭᠰᠡᠨ ᠦᠢᠯᠡᠴᠢᠯᠡᠭᠡ᠎ᠪᠠᠨ ᠴᠢᠩᠭᠠᠷᠠᠭᠤᠯᠬᠤ᠎ᠶᠢ ᠨᠢ ᠳᠡᠮᠵᠢᠵᠦ᠂ ᠶᠡᠷᠦᠩᠬᠡᠢᠯᠡᠭᠰᠡᠨ ᠴᠢᠨᠠᠷᠲᠠᠢ ᠳᠠᠭᠠᠳᠬᠠᠯ᠎ᠤᠨ ᠰᠢᠢᠳᠪᠦᠷᠢᠯᠡᠬᠦ ᠲᠥᠰᠥᠯ᠎ᠢ ᠬᠠᠩᠭᠠᠨ᠎ᠠ ; ᠵᠢᠭᠡᠯᠡᠯᠭᠡ᠎ᠶᠢᠨ ᠲᠡᠮᠳᠡᠭᠲᠦ᠎ᠶᠢᠨ ᠵᠠᠬ᠎ᠠ ᠳᠡᠯᠭᠡᠭᠦᠷ᠎ᠤᠨ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠠᠮᠪᠠᠷ᠎ᠠ 》᠎ᠪᠠᠨ ᠨᠠᠢᠳᠠᠪᠤᠷᠢᠵᠢᠭᠤᠯᠬᠤ᠎ᠳᠤ ᠨᠢ ᠢᠳᠡᠪᠬᠢᠲᠡᠢ ᠬᠠᠮᠵᠢᠯᠴᠠᠵᠤ᠂ ᠮᠥᠩᠭᠥᠨ ᠭᠦᠢᠯᠭᠡᠭᠡᠨ᠎ᠤ ᠪᠠᠢᠭᠤᠯᠤᠮᠵᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠡᠯᠪᠡᠷᠢ᠎ᠶᠢᠨ ᠠᠵᠤ ᠠᠬᠤᠢᠯᠠᠯ᠂ ᠰᠲ᠋ᠣᠺ᠎ᠤᠨ ᠡᠷᠬᠡ᠎ᠶᠢᠨ ᠪᠡᠯᠡ ᠣᠷᠣᠭᠤᠯᠤᠯᠲᠠ᠎ᠶᠢᠨ ᠪᠠᠢᠭᠤᠯᠤᠮᠵᠢ ᠵᠡᠷᠭᠡ ᠭᠤᠷᠪᠠᠨ ᠲᠦᠷᠦᠯ᠎ᠤᠨ ᠭᠣᠣᠯ ᠴᠣᠭᠴᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠵᠢᠭᠡᠯᠡᠯᠭᠡ᠎ᠶᠢᠨ ᠲᠡᠮᠳᠡᠭᠲᠦ ᠲᠠᠷᠬᠠᠭᠠᠬᠤ᠎ᠶᠢ ᠨᠢ ᠳᠡᠮᠵᠢᠨ᠎ᠡ᠃ ᠴᠢᠨᠠᠷ ᠰᠠᠢᠲᠠᠢ ᠳᠤᠮᠳᠠ ᠵᠢᠵᠢᠭ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢ ᠨᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠳᠤᠮᠳᠠ ᠵᠢᠵᠢᠭ ᠠᠵᠤ ᠠᠬᠤᠢᠯᠠᠯ᠎ᠤᠨ ᠲᠤᠰᠬᠠᠢ ᠨᠠᠷᠢᠯᠢᠭ᠋ ᠥᠪᠡᠷᠮᠢᠴᠡ ᠰᠢᠨ᠎ᠡ ᠬᠥᠭᠵᠢᠯᠲᠡ᠎ᠶᠢ ᠳᠡᠮᠵᠢᠨ᠎ᠡ᠃ ( ᠬᠠᠷᠢᠭᠤᠴᠠᠯᠭᠠᠲᠤ ᠰᠠᠯᠠᠭ᠎ᠠ ᠮᠥᠴᠢᠷ᠄ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠮᠥᠩᠭᠥᠨ ᠭᠦᠢᠯᠭᠡᠭᠡᠨ᠎ᠤ ᠠᠵᠢᠯ᠎ᠤᠨ ᠠᠯᠪᠠᠨ ᠭᠡᠷ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠡᠯ᠎ᠡ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠨᠤᠭᠤᠳ )

( ᠬᠣᠶᠠᠷ )ᠪᠣᠬᠢᠷᠲᠤᠯ ᠦᠭᠡᠢ ᠮᠥᠩᠭᠥᠨ ᠭᠦᠢᠯᠭᠡᠭᠡ᠎ᠶᠢ ᠴᠢᠨᠠᠷ ᠰᠠᠢᠲᠠᠢ ᠬᠥᠭᠵᠢᠭᠦᠯᠦᠨ᠎ᠡ᠃ ᠮᠥᠩᠭᠥᠨ ᠭᠦᠢᠯᠭᠡᠭᠡᠨ᠎ᠢᠶᠠᠷ ᠠᠵᠤ ᠦᠢᠯᠡᠰ᠎ᠤᠨ ᠪᠦᠲᠦᠴᠡ᠎ᠪᠡᠨ ᠰᠢᠯᠢᠳᠡᠭᠵᠢᠭᠦᠯᠦᠨ ᠲᠠᠰ ᠳᠡᠪᠰᠢᠬᠦ᠂ ᠪᠣᠬᠢᠷᠲᠤᠯ᠎ᠢ ᠰᠡᠷᠭᠡᠢᠯᠡᠨ ᠵᠠᠰᠠᠬᠤ ᠪᠠ ᠠᠮᠢ ᠠᠬᠤᠢ᠎ᠶᠢ ᠬᠠᠮᠠᠭᠠᠯᠠᠬᠤ᠂ ᠪᠣᠬᠢᠷᠲᠤᠯ ᠦᠭᠡᠢ ᠰᠢᠨ᠎ᠡ ᠡᠭᠦᠳᠦᠯᠲᠡ᠎ᠶᠢᠨ ᠲᠤᠷᠰᠢᠯᠲᠠ᠎ᠶᠢᠨ ᠴᠡᠭ᠎ᠤᠨ ᠠᠵᠢᠯ᠎ᠢ ᠳᠡᠮᠵᠢᠬᠦ᠎ᠶᠢ ᠰᠠᠢᠲᠤᠷ ᠬᠢᠵᠦ᠂ ᠨᠡᠭᠦᠷᠡᠰᠦᠲᠥ᠋ᠷᠥᠭᠴᠢ᠎ᠶᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠥᠰᠦᠯᠲᠡ᠎ᠶᠢ ᠨᠡᠮᠡᠭᠳᠡᠭᠦᠯᠬᠦ᠎ᠶᠢ ᠵᠣᠬᠢᠴᠠᠯᠳᠤᠭᠤᠯᠤᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠤ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ᠃ ᠠᠵᠤ ᠦᠢᠯᠡᠰ᠎ᠤᠨ ᠪᠦᠲᠦᠴᠡ᠎ᠪᠠᠨ ᠰᠢᠯᠢᠳᠡᠭᠵᠢᠭᠦᠯᠦᠨ ᠲᠡᠰ ᠳᠡᠪᠰᠢᠬᠦ᠎ᠶᠢ ᠨᠢ ᠳᠡᠮᠵᠢᠵᠦ᠂ ᠪᠦᠬᠦ ᠤᠯᠤᠰ᠎ᠤᠨ ᠨᠡᠭᠦᠷᠡᠰᠦᠲᠥ᠋ᠷᠥᠭᠴᠢ᠎ᠶᠢᠨ ᠵᠠᠬ᠎ᠠ ᠳᠡᠯᠭᠡᠭᠦᠷ᠎ᠤᠨ ᠲᠣᠭᠲᠠᠯᠴᠠᠭ᠎ᠠ᠎ᠳᠤ ᠢᠳᠡᠪᠬᠢᠲᠡᠢ᠎ᠪᠠᠷ ᠠᠭᠤᠰᠤᠯᠴᠠᠵᠤ᠂ ᠨᠡᠭᠦᠷᠡᠰᠦ ᠴᠠᠬᠢᠯᠭᠠᠨ᠎ᠤ ᠠᠵᠢᠯ ᠲᠦᠷᠦᠯ᠎ᠤᠨ ᠬᠡᠯᠪᠡᠷᠢ᠎ᠪᠠᠨ ᠬᠤᠪᠢᠷᠠᠭᠤᠯᠬᠤ ᠮᠥᠩᠭᠥᠨ ᠭᠦᠢᠯᠭᠡᠭᠡᠨ᠎ᠤ ᠪᠠᠷᠢᠮᠵᠢᠶ᠎ᠠ᠎ᠶᠢᠨ ᠲᠤᠷᠰᠢᠨ ᠬᠡᠷᠡᠭᠯᠡᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠮᠵᠢᠯᠠᠯᠲᠤ ᠠᠵᠢᠯ ᠲᠦᠷᠦᠯ᠎ᠤᠨ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠢᠲᠡᠭᠡᠮᠵᠢᠲᠦ ᠵᠢᠭᠡᠯᠡᠯᠭᠡ᠎ᠶᠢᠨ ᠳᠡᠮᠵᠢᠯᠭᠡ ᠪᠠ ᠳᠠᠭᠠᠳᠬᠠᠯ᠎ᠤᠨ ᠪᠠᠲᠤᠯᠠᠭ᠎ᠠ ᠬᠠᠩᠭᠠᠨ᠎ᠠ ; 《ᠬᠣᠶᠠᠷ᠎ᠢ ᠤᠷᠢᠳ᠎ᠢᠶᠠᠷ ᠬᠥᠭᠵᠢᠭᠦᠯᠬᠦ᠂ ᠬᠣᠶᠠᠷ᠎ᠢ ᠳᠠᠪᠠᠭᠤᠯᠬᠤ》 ᠬᠠᠷᠠᠯᠲᠠ᠎ᠶᠢᠨ ᠲᠣᠭᠣᠷᠢᠨ᠎ᠳᠤ᠂ 《ᠰᠠᠯᠬᠢ᠂ ᠬᠡᠷᠡᠯ᠂ ᠤᠰᠤᠲᠥ᠋ᠷᠥᠭᠴᠢ᠂ ᠨᠥᠭᠡᠴᠡ ᠡᠨᠧᠷᠭᠢ》 ᠵᠡᠷᠭᠡ ᠰᠢᠨ᠎ᠡ ᠡᠨᠧᠷᠭᠢ᠎ᠶᠢᠨ ᠭᠣᠣᠯᠳᠠᠯᠭ᠎ᠠ᠎ᠲᠠᠢ ᠠᠵᠤ ᠦᠢᠯᠡᠰ᠎ᠤᠨ ᠢᠲᠡᠭᠡᠮᠵᠢᠲᠦ ᠵᠢᠭᠡᠯᠡᠯᠭᠡ᠎ᠶᠢᠨ ᠣᠷᠣᠭᠤᠯᠤᠯᠲᠠ᠎ᠪᠠᠨ ᠨᠡᠮᠡᠭᠳᠡᠭᠦᠯᠵᠦ᠂ ᠨᠢᠭᠡ ᠪᠦᠯᠦᠭ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠠᠷ ᠪᠣᠢ ᠪᠣᠯᠤᠭᠰᠠᠨ ᠠᠵᠤ ᠦᠢᠯᠡᠰ᠎ᠤᠨ ᠪᠦᠯᠦᠭᠵᠢᠯ᠎ᠢ ᠪᠣᠢᠵᠢᠭᠤᠯᠤᠨ ᠪᠤᠵᠠᠭᠠᠢᠷᠠᠭᠤᠯᠤᠨ᠎ᠠ᠃ ᠪᠣᠬᠢᠷᠲᠤᠯ᠎ᠢ ᠰᠡᠷᠭᠡᠢᠯᠡᠨ ᠵᠠᠰᠠᠬᠤ ᠪᠠ ᠠᠮᠢ ᠠᠬᠤᠢ᠎ᠶᠢ ᠬᠠᠮᠠᠭᠠᠯᠠᠬᠤ᠎ᠶᠢ ᠳᠡᠮᠵᠢᠵᠦ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠦ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠤᠨ ᠨᠢᠭᠡ ᠴᠣᠭᠴᠠᠵᠢᠭᠤᠯᠬᠤ ᠢᠨᠵᠧᠨᠧᠷᠢᠩ᠂ 《ᠭᠤᠷᠪᠠᠨ ᠤᠮᠠᠷᠠᠲᠤ》 ᠎ᠶᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢᠯᠠᠯᠳᠤᠭᠠᠨ ᠪᠠ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢᠯᠠᠯᠳᠤᠭᠠᠨ᠎ᠤ ᠮᠥᠩᠭᠥᠨ ᠭᠦᠢᠯᠭᠡᠭᠡᠨ᠎ᠤ ᠦᠢᠯᠡᠴᠢᠯᠡᠭᠡᠨ᠎ᠤ ᠠᠵᠢᠯ᠎ᠢ ᠰᠠᠢᠲᠤᠷ ᠬᠢᠨ᠎ᠡ᠃ 《ᠤᠰᠤ ᠠᠷᠪᠢᠯᠠᠬᠤ ᠵᠢᠭᠡᠯᠡᠯᠭᠡ》᠎ᠶᠢᠨ ᠲᠤᠬᠠᠢᠯᠠᠭᠰᠠᠨ ᠠᠵᠢᠯ᠎ᠢ ᠠᠬᠢᠭᠤᠯᠵᠤ᠂ 《ᠤᠰᠤ ᠠᠷᠪᠢᠯᠠᠬᠤ ᠠᠵᠢᠯᠯᠠᠭᠠᠨ》᠎ᠢ ᠠᠬᠢᠭᠤᠯᠵᠤ ᠦᠷ᠎ᠡ ᠪᠦᠲᠦᠮᠵᠢ ᠣᠯᠬᠤ᠎ᠳᠤ ᠬᠦᠴᠦᠨ ᠨᠡᠮᠡᠷᠢᠯᠡᠨ᠎ᠡ᠃ ᠤᠯᠤᠰ᠎ᠤᠨ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠤᠷᠬᠢᠯ ᠬᠡᠮᠵᠢᠭᠳᠡᠯ᠎ᠳᠤ ᠬᠦᠷᠭᠡᠬᠦ ᠲᠤᠷᠰᠢᠯᠲᠠ᠎ᠶᠢᠨ ᠴᠡᠭ᠂ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶᠢᠨ ᠲᠤᠷᠰᠢᠯᠲᠠ᠎ᠶᠢᠨ ᠴᠡᠭ᠂ ᠪᠣᠬᠢᠷᠲᠤᠯ᠎ᠢ ᠪᠠᠭᠠᠰᠬᠠᠵᠤ ᠨᠡᠭᠦᠷᠡᠰᠦᠲᠥ᠋ᠷᠥᠭᠴᠢ᠎ᠶᠢ ᠪᠠᠭᠤᠷᠠᠭᠤᠯᠬᠤ᠎ᠶᠢ ᠵᠣᠬᠢᠴᠠᠯᠳᠤᠭᠤᠯᠤᠨ ᠰᠢᠨ᠎ᠡ᠎ᠶᠢ ᠡᠭᠦᠳᠬᠦ ᠲᠤᠷᠰᠢᠯᠲᠠ᠎ᠶᠢᠨ ᠬᠤᠳᠠ᠎ᠶᠢᠨ ᠪᠦᠲᠦᠭᠡᠨ ᠪᠠᠢᠭᠤᠯᠤᠯᠲᠠ᠎ᠶᠢ ᠢᠳᠡᠪᠬᠢᠲᠡᠢ ᠳᠡᠮᠵᠢᠵᠦ᠂ ᠲᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠣᠷᠢᠭ᠋᠂ ᠲᠡᠭ ᠨᠡᠭᠦᠷᠡᠰᠦᠲᠥ᠋ᠷᠥᠭᠴᠢᠲᠦ ᠦᠢᠯᠡᠳᠪᠦᠷᠢ᠎ᠳᠤ ᠪᠡᠯᠡ ᠲᠣᠬᠢᠷᠠᠭᠤᠯᠭ᠎ᠠ᠎ᠶᠢᠨ ᠦᠢᠯᠡᠴᠢᠯᠡᠭᠡ ᠬᠠᠩᠭᠠᠨ᠎ᠠ᠃ ( ᠬᠠᠷᠢᠭᠤᠴᠠᠯᠭᠠᠲᠤ ᠰᠠᠯᠠᠭ᠎ᠠ ᠮᠥᠴᠢᠷ᠄ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠮᠥᠩᠭᠥᠨ ᠭᠦᠢᠯᠭᠡᠭᠡᠨ᠎ᠤ ᠠᠵᠢᠯ᠎ᠤᠨ ᠠᠯᠪᠠᠨ ᠭᠡᠷ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠤᠰᠤᠨ ᠠᠰᠢᠭ᠍ᠯᠠᠯᠲᠠ᠎ᠶᠢᠨ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠡᠯ᠎ᠡ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠨᠤᠭᠤᠳ)

( ᠭᠤᠷᠪᠠ )ᠲᠦᠭᠡᠮᠡᠯ ᠬᠠᠷᠠᠭᠠᠯᠵᠠᠯᠲᠤ ᠮᠥᠩᠭᠥᠨ ᠭᠦᠢᠯᠭᠡᠭᠡ᠎ᠶᠢ ᠭᠦᠨᠵᠡᠭᠡᠢ ᠬᠥᠭᠵᠢᠭᠦᠯᠦᠨ᠎ᠡ᠃ ᠮᠥᠩᠭᠥᠨ ᠭᠦᠢᠯᠭᠡᠭᠡ᠎ᠪᠡᠷ ᠠᠷᠠᠳ᠎ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠢᠯᠠᠯ᠂ ᠠᠳᠠᠯ ᠦᠢᠯᠡᠰ ᠴᠣᠭᠴᠠᠯᠠᠬᠤ ᠠᠵᠢᠯ ᠣᠯᠭᠣᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ᠎ᠢ ᠰᠠᠢᠲᠤᠷ ᠬᠢᠵᠦ᠂ ᠮᠥᠩᠭᠥᠨ ᠭᠦᠢᠯᠭᠡᠭᠡᠨ᠎ᠤ ᠠᠷᠠᠳ᠎ᠤᠨ ᠠᠮᠢᠳᠤᠷᠠᠯ᠎ᠳᠤ ᠦᠢᠯᠡᠴᠢᠯᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠠᠷᠠᠳ᠎ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠡᠴᠡ ᠡᠵᠡᠩᠨᠡᠭᠰᠡᠨ ᠠᠵᠤ ᠠᠬᠤᠢ᠎ᠶᠢ ᠠᠬᠢᠭᠤᠯᠬᠤ ᠬᠠᠤᠯᠢ》᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠡᠯ᠎ᠡ ᠲᠥᠷᠥᠯ᠎ᠤᠨ ᠥᠮᠴᠢᠯᠡᠯᠲᠦ ᠠᠵᠤ ᠠᠬᠤᠢᠯᠠᠯ᠎ᠳᠤ 《ᠨᠢᠭᠡ ᠯᠡ ᠠᠳᠠᠯᠢ᠎ᠪᠠᠷ ᠬᠠᠨᠳᠤᠬᠤ》 ᠳᠡᠮᠵᠢᠯᠭᠡ᠎ᠶᠢᠨ ᠣᠨᠣᠯᠵᠢᠬᠤᠨ᠎ᠢ ᠪᠠᠷᠢᠮᠲᠠᠯᠠᠨ᠂ ᠠᠷᠠᠳ᠎ᠠᠴᠠ ᠡᠵᠡᠩᠨᠡᠭᠰᠡᠨ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠢᠲᠡᠭᠡᠮᠵᠢᠲᠦ ᠪᠡᠯᠡ ᠲᠣᠬᠢᠷᠠᠭᠤᠯᠭ᠎ᠠ᠎ᠶᠢᠨ ᠲᠦᠭᠰᠢᠭᠦᠷᠢ᠎ᠶᠢ ᠬᠤᠪᠢᠶᠠᠨ ᠡᠭᠦᠷᠭᠡᠯᠡᠬᠦ ᠪᠡᠯᠡ ᠮᠥᠩᠭᠥ᠂ ᠡᠬᠡ ᠮᠥᠩᠭᠥ᠎ᠶᠢ ᠨᠢ ᠪᠤᠴᠠᠭᠠᠬᠤ ᠦᠭᠡᠢ᠎ᠪᠡᠷ ᠵᠢᠭᠡᠯᠡᠯᠭᠡ᠎ᠪᠠᠨ ᠦᠷᠭᠦᠯᠵᠢᠯᠡᠭᠦᠯᠬᠦ ᠲᠥᠷᠥ᠎ᠶᠢᠨ ᠪᠣᠳᠣᠯᠭ᠎ᠠ᠎ᠶᠢ ᠰᠠᠢᠲᠤᠷ ᠠᠰᠢᠭ᠍ᠯᠠᠵᠤ᠂ ᠵᠢᠵᠢᠭ ᠪᠢᠴᠢᠯ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢ ᠵᠣᠬᠢᠴᠠᠭᠤᠯᠬᠤ ᠠᠵᠢᠯ᠎ᠤᠨ ᠲᠣᠭᠲᠠᠴᠠ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠶᠢ ᠠᠬᠢᠭᠤᠯᠵᠤ᠂ 《ᠨᠢᠭᠡ ᠬᠡᠯᠬᠢᠶ᠎ᠡ ᠨᠢᠭᠡ ᠠᠷᠭ᠎ᠠ ᠪᠣᠳᠣᠯᠭ᠎ᠠ ᠨᠢᠭᠡ ᠪᠦᠯᠦᠭ》᠎ᠢᠶᠠᠷ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢ ᠠᠬᠢᠭᠤᠯᠬᠤ ᠠᠵᠢᠯᠯᠠᠭᠠᠨ᠎ᠢ ᠭᠦᠨᠵᠡᠭᠡᠢ ᠠᠬᠢᠭᠤᠯᠵᠤ᠂ ᠠᠵᠤ ᠠᠬᠤᠢᠯᠠᠯ᠎ᠢ ᠲᠤᠰᠠᠯᠠᠬᠤ ᠠᠵᠢᠯᠯᠠᠭᠠᠨ ᠯᠤᠭ᠎ᠠ ᠢᠵᠢᠯᠢ ᠴᠢᠭᠯᠡᠯ᠎ᠢᠶᠡᠷ ᠬᠦᠴᠦᠯᠡᠨ᠎ᠡ᠃ ᠠᠳᠠᠯ ᠦᠢᠯᠡᠰ ᠴᠣᠭᠴᠠᠯᠠᠵᠤ ᠠᠵᠢᠯ ᠣᠯᠭᠣᠬᠤ ᠰᠢᠨ᠎ᠡ ᠪᠠᠢᠳᠠᠯ᠎ᠳᠤ ᠰᠠᠭᠤᠷᠢᠯᠠᠨ᠂ ᠠᠳᠠᠯ ᠦᠢᠯᠡᠰ ᠴᠣᠭᠴᠠᠯᠠᠬᠤ ᠳᠠᠭᠠᠭᠠᠯᠲᠠ᠂ ᠰᠤᠷᠤᠯᠭ᠎ᠠ᠎ᠶᠢᠨ ᠲᠡᠳᠬᠦᠮᠵᠢ᠎ᠶᠢᠨ ᠵᠢᠭᠡᠯᠡᠯᠭᠡ᠎ᠶᠢᠨ ᠠᠵᠢᠯ᠎ᠤᠨ ᠡᠷᠴᠢᠮ᠎ᠢᠶᠠᠨ ᠴᠢᠩᠭᠠᠷᠠᠭᠤᠯᠵᠤ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠬᠦ ᠲᠤᠰᠬᠠᠢ ᠵᠦᠢᠯ᠎ᠤᠨ ᠵᠢᠭᠡᠯᠡᠯᠭᠡ ᠬᠢᠭᠡᠳ ᠠᠳᠠᠯ ᠦᠢᠯᠡᠰ ᠴᠣᠭᠴᠠᠯᠠᠬᠤ ᠳᠠᠭᠠᠭᠠᠯᠲᠠ᠎ᠲᠠᠢ ᠵᠢᠭᠡᠯᠡᠯᠭᠡ᠎ᠶᠢᠨ ᠬᠠᠮᠲᠤᠷᠠᠨ ᠬᠥᠳᠡᠯᠦᠯᠴᠡᠬᠦ ᠲᠣᠭᠲᠠᠴᠠ᠎ᠶᠢ ᠰᠦᠪᠡᠭᠴᠢᠯᠡᠨ ᠪᠠᠢᠭᠤᠯᠵᠤ᠂ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠪᠠ ᠰᠤᠷᠭᠠᠭᠤᠯᠢ᠎ᠳᠤ ᠣᠷᠣᠬᠤ᠎ᠶᠢ ᠨᠢ ᠳᠡᠮᠵᠢᠨ᠂ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭᠠᠨ᠎ᠤ ᠭᠦᠨᠵᠡᠭᠡᠢᠷᠡᠨ ᠪᠣᠳᠠᠲᠠᠢᠵᠢᠬᠤ᠎ᠶᠢ ᠠᠬᠢᠭᠤᠯᠤᠨ᠎ᠠ᠃ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠬᠥᠲᠥᠯᠥᠨ ᠵᠢᠯᠤᠭᠣᠳᠴᠤ ᠪᠠᠢᠭᠠᠳ ᠬᠡᠷᠡᠭᠯᠡᠭᠡ᠎ᠶᠢ ᠢᠳᠡᠪᠬᠢᠲᠡᠢ ᠳᠡᠮᠵᠢᠵᠦ ᠬᠥᠭᠵᠢᠭᠡᠨ᠎ᠡ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠣᠭᠣᠷᠢᠨ᠎ᠳᠤ᠂ ᠮᠥᠩᠭᠥᠨ ᠭᠦᠢᠯᠭᠡᠭᠡ᠎ᠪᠡᠷ ᠦᠷ᠎ᠡ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ᠂ ᠬᠠᠪᠤᠷ᠎ᠤᠨ ᠲᠠᠷᠢᠶᠠᠯᠠᠭ᠎ᠠ ᠪᠡᠯᠡᠳᠬᠡᠯ ᠲᠠᠷᠢᠶᠠᠯᠠᠭ᠎ᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠪᠡᠯᠡᠳᠬᠡᠮᠵᠢᠲᠦ ᠲᠠᠷᠢᠶᠠᠯᠠᠩ᠎ᠤᠨ ᠪᠦᠲᠦᠭᠡᠨ ᠪᠠᠢᠭᠤᠯᠤᠯᠲᠠ ᠵᠡᠷᠭᠡ ᠭᠣᠣᠯᠳᠠᠯᠭ᠎ᠠ᠎ᠲᠠᠢ ᠠᠵᠢᠯ᠎ᠢ ᠳᠡᠮᠵᠢᠬᠦ᠎ᠶᠢ ᠦᠷᠭᠦᠯᠵᠢᠯᠡᠨ ᠰᠠᠢᠲᠤᠷ ᠬᠢᠵᠦ᠂ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ᠋ ᠰᠢᠮ᠎ᠡ᠎ᠶᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠳᠡᠮᠵᠢᠨ᠎ᠡ᠃ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠎ᠶᠢᠨ ᠪᠠᠭ᠎ᠠ ᠲᠣᠭᠠᠨ᠎ᠤ ᠢᠲᠡᠭᠡᠮᠵᠢᠲᠦ ᠵᠢᠭᠡᠯᠡᠯᠭᠡ᠎ᠶᠢᠨ ᠣᠨᠣᠴᠠᠲᠠᠢ ᠬᠠᠪᠰᠤᠷᠤᠨ ᠲᠡᠳᠬᠦᠬᠦ ᠦᠢᠯᠡᠳᠦᠯ᠎ᠢ ᠪᠠᠳᠠᠷᠠᠭᠤᠯᠵᠤ᠂ ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ ᠵᠡᠷᠭᠡ ᠭᠣᠣᠯᠳᠠᠯᠭ᠎ᠠ᠎ᠲᠠᠢ ᠭᠠᠵᠠᠷ ᠣᠷᠣᠨ᠎ᠤ ᠡᠷᠡᠭᠦᠯ᠎ᠢᠶᠠᠷ ᠬᠥᠭᠵᠢᠬᠦ᠎ᠶᠢ ᠳᠡᠮᠵᠢᠨ᠎ᠡ᠃( ᠬᠠᠷᠢᠭᠤᠴᠠᠯᠭᠠᠲᠤ ᠰᠠᠯᠠᠭ᠎ᠠ ᠮᠥᠴᠢᠷ᠄ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠮᠥᠩᠭᠥᠨ ᠭᠦᠢᠯᠭᠡᠭᠡᠨ᠎ᠤ ᠠᠯᠪᠠᠨ ᠭᠡᠷ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠡᠯ᠎ᠡ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠨᠤᠭᠤᠳ)

( ᠳᠥᠷᠪᠡ)ᠨᠠᠰᠤᠵᠢᠯ᠎ᠤᠨ ᠮᠥᠩᠭᠥᠨ ᠭᠦᠢᠯᠭᠡᠭᠡ᠎ᠶᠢ ᠶᠡᠬᠡ ᠪᠡᠷ ᠬᠥᠭᠵᠢᠭᠦᠯᠦᠨ᠎ᠡ᠃ ᠨᠠᠰᠤᠵᠢᠯ᠎ᠤᠨ ᠠᠰᠠᠷᠠᠮᠵᠢ᠎ᠶᠢᠨ ᠠᠵᠤ ᠦᠢᠯᠡᠰ᠎ᠤᠨ ᠮᠥᠩᠭᠥᠨ ᠭᠦᠢᠯᠭᠡᠭᠡᠨ᠎ᠤ ᠬᠠᠩᠭᠠᠯᠭ᠎ᠠ᠎ᠶᠢ ᠴᠢᠩᠭᠠᠷᠠᠭᠤᠯᠵᠤ᠂ ᠤᠯᠠᠨ ᠲᠠᠯ᠎ᠠ᠎ᠪᠠᠷ ᠲᠤᠯᠭᠠᠭᠤᠷᠢᠯᠠᠭᠰᠠᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠲᠣᠭᠲᠠᠯᠴᠠᠭ᠎ᠠ᠎ᠶᠢ ᠲᠡᠭᠦᠯᠳᠡᠷᠵᠢᠭᠦᠯᠵᠦ᠂ ᠨᠠᠰᠤᠲᠠᠢᠴᠤᠳ᠎ᠤᠨ ᠡᠩᠨᠡᠭᠡᠨ᠎ᠦ ᠮᠥᠩᠭᠥᠨ ᠭᠦᠢᠯᠭᠡᠭᠡᠨ᠎ᠤ ᠡᠷᠬᠡ ᠠᠰᠢᠭ᠋᠎ᠢ ᠪᠠᠲᠤᠯᠠᠵᠤ᠂ ᠪᠤᠭᠤᠷᠤᠯᠴᠤᠳ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠤ ᠦᠢᠯᠡᠴᠢᠯᠡᠨ᠎ᠡ᠃ ᠨᠠᠰᠤᠵᠢᠯ᠎ᠤᠨ ᠠᠰᠠᠷᠠᠮᠵᠢ᠎ᠶᠢᠨ ᠠᠵᠤ ᠦᠢᠯᠡᠰ᠎ᠤᠨ ᠪᠡᠯᠡ ᠲᠣᠬᠢᠷᠠᠭᠤᠯᠭ᠎ᠠ᠎ᠶᠢᠨ ᠳᠡᠮᠵᠢᠯᠭᠡ᠎ᠶᠢᠨ ᠡᠷᠴᠢᠮ᠎ᠢᠶᠠᠨ ᠴᠢᠩᠭᠠᠷᠠᠭᠤᠯᠵᠤ᠂ ᠭᠡᠷ᠎ᠲᠤ᠎ᠪᠠᠨ ᠰᠠᠭᠤᠬᠤ ᠪᠠ ᠨᠡᠢᠭᠡᠮ ᠲᠣᠭᠣᠷᠢᠭ᠋᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ᠎ᠶᠢ ᠳᠡᠭᠡᠭᠰᠢᠯᠡᠭᠦᠯᠬᠦ ᠠᠵᠢᠯᠯᠠᠭᠠᠨ᠂ ᠬᠣᠰᠢᠭᠤ ᠰᠢᠶᠠᠨ᠎ᠤ ᠬᠡᠪᠴᠢᠶᠡᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠤ ᠲᠣᠭᠲᠠᠯᠴᠠᠭ᠎ᠠ᠎ᠶᠢᠨ ᠰᠢᠨ᠎ᠡ᠎ᠶᠢ ᠡᠭᠦᠳᠬᠦ ᠲᠤᠷᠰᠢᠯᠲᠠ᠎ᠶᠢᠨ ᠴᠡᠭ᠂ ᠮᠠᠯᠵᠢᠬᠤ ᠣᠷᠣᠨ ᠪᠠ ᠵᠢᠭᠤᠯᠴᠢᠯᠠᠨ ᠰᠠᠭᠤᠷᠢᠰᠢᠬᠤ ᠨᠠᠰᠤᠵᠢᠯ᠎ᠤᠨ ᠠᠰᠠᠷᠠᠮᠵᠢ᠎ᠶᠢᠨ ᠰᠢᠨ᠎ᠡ ᠬᠡᠪ ᠵᠠᠭᠪᠤᠷ᠎ᠲᠦ ᠢᠳᠡᠪᠬᠢᠲᠡᠢ ᠵᠣᠬᠢᠴᠠᠵᠤ᠂ ᠨᠠᠰᠤᠵᠢᠯ᠎ᠤᠨ ᠠᠰᠠᠷᠠᠮᠵᠢ᠎ᠶᠢᠨ ᠠᠵᠤ ᠦᠢᠯᠡᠰ ᠬᠢᠭᠡᠳ ᠨᠠᠰᠤᠵᠢᠯ᠎ᠤᠨ ᠠᠰᠠᠷᠠᠮᠵᠢ᠎ᠶᠢᠨ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢ ᠳᠡᠮᠵᠢᠨ᠎ᠡ᠃ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠬᠣᠶᠠᠳᠤᠭᠠᠷ᠂ ᠭᠤᠷᠪᠠᠳᠤᠭᠠᠷ ᠲᠤᠯᠭᠠᠭᠤᠷᠢᠯᠠᠯ᠎ᠢ ᠬᠥᠭᠵᠢᠭᠦᠯᠵᠦ᠂ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠳᠠᠭᠠᠳᠬᠠᠯ᠎ᠤᠨ ᠰᠠᠭᠤᠷᠢ ᠮᠥᠩᠭᠥ᠎ᠶᠢ ᠪᠤᠰᠤᠳ ᠪᠠᠢᠭᠤᠯᠤᠮᠵᠢ᠎ᠳᠤ ᠨᠠᠢᠳᠠᠵᠤ ᠪᠡᠯᠡ ᠣᠷᠣᠭᠤᠯᠤᠯᠲᠠ ᠬᠢᠬᠦ ᠠᠵᠢᠯ᠎ᠢ ᠰᠠᠢᠲᠤᠷ ᠬᠢᠵᠦ᠂ ᠠᠵᠤ ᠠᠬᠤᠢᠯᠠᠯ᠎ᠤᠨ ᠣᠨ᠎ᠤ ᠮᠥᠩᠭᠥ᠎ᠶᠢᠨ ᠳ᠋ᠢᠭᠢᠲᠴᠢᠯᠡᠭᠰᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠬᠤᠪᠢ ᠬᠥᠮᠥᠨ᠎ᠦ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠂ ᠬᠤᠳᠠᠯᠳᠤᠭᠠᠨ᠎ᠤ ᠳᠠᠭᠠᠳᠬᠠᠯ᠎ᠤᠨ ᠣᠨ᠎ᠤ ᠮᠥᠩᠭᠥ᠎ᠶᠢ ᠶᠡᠬᠡ ᠪᠡᠷ ᠬᠥᠭᠵᠢᠭᠦᠯᠵᠦ᠂ ᠨᠠᠰᠤᠵᠢᠯ᠎ᠤᠨ ᠠᠰᠠᠷᠠᠮᠵᠢ᠎ᠶᠢᠨ ᠡᠳ᠋ ᠬᠥᠷᠥᠩᠭᠡ᠎ᠶᠢᠨ ᠨᠥᠭᠡᠴᠡ ᠪᠠ ᠥᠷᠲᠡᠭ᠎ᠢ ᠪᠠᠲᠤᠯᠠᠨ ᠥᠷᠲᠡᠭ ᠨᠡᠮᠡᠭᠳᠡᠭᠦᠯᠬᠦ᠎ᠶᠢ ᠠᠬᠢᠭᠤᠯᠤᠨ᠎ᠠ᠃ ᠨᠠᠰᠤᠲᠠᠢᠴᠤᠳ᠎ᠤᠨ ᠡᠩᠨᠡᠭᠡᠨ᠎ᠦ ᠡᠷᠬᠡ ᠠᠰᠢᠭ᠋᠎ᠤᠨ ᠪᠠᠲᠤᠯᠠᠭ᠎ᠠ᠎ᠶᠢ ᠴᠢᠩᠭᠠᠳᠬᠠᠵᠤ᠂ ᠲᠣᠭᠠᠴᠠᠭ᠎ᠠ ᠬᠢᠬᠦ᠎ᠶᠢᠨ ᠥᠲᠡᠭᠦᠰ᠎ᠲᠦ ᠲᠣᠬᠢᠷᠠᠭᠤᠯᠤᠭᠰᠠᠨ ᠦᠢᠯᠡᠴᠢᠯᠡᠭᠡᠨ᠎ᠦ ᠪᠠᠷᠢᠮᠵᠢᠶ᠎ᠠ ᠵᠢᠴᠢ ᠲᠥᠬᠥᠷ ᠳᠦᠷᠢᠮ᠎ᠢ ᠪᠦᠷᠢᠨᠰᠢᠭᠦᠯᠵᠦ᠂ ᠪᠠᠩᠬᠢ᠎ᠶᠢᠨ ᠲᠣᠣᠷ ᠴᠡᠭ᠂ ᠯᠠᠩᠭᠦᠢ᠎ᠶᠢᠨ ᠪᠤᠰᠤ ᠲᠤᠬᠠᠢᠯᠠᠭᠰᠠᠨ ᠠᠵᠢᠯ᠎ᠤᠨ ᠥᠲᠡᠭᠦᠰ᠎ᠲᠤ ᠲᠣᠬᠢᠷᠠᠭᠤᠯᠬᠤ᠎ᠪᠠᠷ ᠥᠭᠡᠷᠡᠴᠢᠯᠡᠨ ᠰᠢᠨᠡᠳᠬᠡᠬᠦ᠎ᠶᠢ ᠠᠬᠢᠭᠤᠯᠵᠤ᠂ ᠥᠲᠡᠭᠦᠰ᠎ᠲᠦ ᠲᠣᠬᠢᠷᠠᠭᠤᠯᠤᠭᠰᠠᠨ ᠨᠢᠭᠡ ᠪᠦᠯᠦᠭ ᠪᠠᠷᠢᠮᠵᠢᠶᠠᠵᠢᠭᠤᠯᠤᠭᠰᠠᠨ ᠵᠢᠷᠤᠮᠵᠢᠭᠤᠯᠤᠭᠰᠠᠨ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠲᠣᠣᠷ ᠴᠡᠭ᠎ᠢ ᠪᠦᠲᠦᠭᠡᠨ ᠪᠠᠢᠭᠤᠯᠤᠨ᠎ᠠ᠃ ᠨᠠᠰᠤᠲᠠᠢᠴᠤᠳ᠎ᠤᠨ ᠡᠩᠨᠡᠭᠡ᠎ᠳᠦ ᠬᠠᠨᠳᠤᠭᠤᠯᠤᠭᠰᠠᠨ ᠮᠥᠩᠭᠥᠨ ᠭᠦᠢᠯᠭᠡᠭᠡᠨ᠎ᠤ ᠮᠡᠳᠡᠯᠭᠡ᠎ᠶᠢᠨ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠨᠠᠰᠤᠲᠠᠢᠴᠤᠳ ᠲᠠᠢ ᠬᠣᠯᠪᠣᠭᠳᠠᠭᠰᠠᠨ ᠬᠠᠤᠯᠢ ᠪᠤᠰᠤ ᠮᠥᠩᠭᠥᠨ ᠭᠦᠢᠯᠭᠡᠭᠡᠨ᠎ᠤ ᠦᠢᠯᠡ ᠠᠵᠢᠯᠯᠠᠭ᠎ᠠ᠎ᠶᠢ ᠰᠡᠷᠭᠡᠢᠯᠡᠬᠦ ᠪᠠ ᠲᠡᠭᠦᠨ᠎ᠳᠦ ᠴᠣᠬᠢᠯᠲᠠ ᠥᠭᠬᠦ ᠡᠷᠴᠢᠮ᠎ᠢᠶᠠᠨ ᠴᠢᠩᠭᠠᠷᠠᠭᠤᠯᠤᠨ᠎ᠠ᠃( ᠬᠠᠷᠢᠭᠤᠴᠠᠯᠭᠠᠲᠤ ᠰᠠᠯᠠᠭ᠎ᠠ ᠮᠥᠴᠢᠷ᠄ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠶᠠᠪᠤᠳᠠᠯ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠲᠢᠩᠬᠢᠮ᠂ ᠡᠯ᠎ᠡ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠨᠤᠭᠤᠳ)

( ᠲᠠᠪᠤ) ᠳ᠋ᠢᠭᠢᠲᠴᠢᠯᠡᠭᠰᠡᠨ ᠮᠥᠩᠭᠥᠨ ᠭᠦᠢᠯᠭᠡᠭᠡ᠎ᠶᠢ ᠢᠳᠡᠪᠬᠢᠲᠡᠢ ᠬᠥᠭᠵᠢᠭᠦᠯᠦᠨ᠎ᠡ᠃ ᠳ᠋ᠢᠭᠢᠲᠴᠢᠯᠡᠨ ᠬᠡᠯᠪᠡᠷᠢ᠎ᠪᠠᠨ ᠬᠤᠪᠢᠷᠠᠭᠤᠯᠬᠤ᠎ᠶᠢ ᠰᠢᠰᠲᠧᠮ᠎ᠲᠠᠢ ᠠᠬᠢᠭᠤᠯᠵᠤ᠂ ᠳ᠋ᠢᠭᠢᠲ ᠠᠵᠤ ᠦᠢᠯᠡᠰ᠎ᠤᠨ ᠬᠥᠭᠵᠢᠯᠲᠡ᠎ᠶᠢ ᠳᠡᠮᠵᠢᠵᠦ᠂ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶᠢ ᠴᠢᠩᠭᠠᠷᠠᠭᠤᠯᠵᠤ᠂ ᠳ᠋ᠢᠭᠢᠲ ᠪᠠ ᠪᠣᠳᠠᠲᠤ ᠠᠵᠤ ᠠᠬᠤᠢ᠎ᠶᠢᠨ ᠠᠭᠤᠰᠤᠯᠴᠠᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶᠢᠨ ᠳ᠋ᠢᠭᠢᠲᠴᠢᠯᠡᠨ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ᠂ ᠳ᠋ᠠᠢᠲ᠋ᠠ᠎ᠶᠢᠨ ᠲᠤᠬᠠᠢᠯᠠᠭᠰᠠᠨ ᠠᠵᠢᠯ᠎ᠤᠨ ᠡᠵᠡᠩᠨᠡᠯᠲᠡ ᠪᠠ ᠲᠦᠭᠰᠢᠭᠦᠷᠢ᠎ᠶᠢᠨ ᠬᠠᠮᠢᠶᠠᠷᠤᠯᠲᠠ᠎ᠳᠠᠬᠢ ᠬᠡᠷᠡᠭᠯᠡᠯᠲᠡ᠎ᠶᠢ ᠭᠦᠨᠵᠡᠭᠡᠢᠷᠡᠭᠦᠯᠵᠦ᠂ ᠳ᠋ᠢᠭᠢᠲᠴᠢᠯᠡᠭᠰᠡᠨ ᠡᠵᠡᠩᠨᠡᠯᠲᠡ᠎ᠶᠢᠨ ᠦᠢᠯᠡᠴᠢᠯᠡᠭᠡᠨ᠎ᠤ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠳ᠋ᠢᠭᠢᠲ ᠠᠵᠤ ᠠᠬᠤᠢ ᠵᠢᠴᠢ ᠲᠡᠭᠦᠨ᠎ᠤ ᠭᠣᠣᠯᠯᠠᠬᠤ ᠠᠵᠤ ᠦᠢᠯᠡᠰ᠎ᠲᠤ ᠪᠡᠯᠡ ᠮᠥᠩᠭᠥᠨ᠎ᠦ ᠳᠡᠮᠵᠢᠯᠭᠡ ᠦᠵᠡᠭᠦᠯᠬᠦ ᠡᠷᠴᠢᠮ᠎ᠢᠶᠠᠨ ᠴᠢᠩᠭᠠᠷᠠᠭᠤᠯᠵᠤ᠂ ᠬᠥᠬᠡᠬᠤᠲᠠ᠎ᠶᠢᠨ ᠣᠷᠣᠨ ᠪᠦᠰᠡ᠎ᠶᠢᠨ ᠮᠥᠩᠭᠥᠨ ᠭᠦᠢᠯᠭᠡᠭᠡᠨ᠎ᠤ ᠲᠥᠪ᠎ᠢ ᠲᠦᠷᠭᠡᠳᠬᠡᠨ ᠪᠠᠢᠭᠤᠯᠵᠤ᠂ ᠬᠣᠷᠢᠨᠭᠡᠷ ᠮᠥᠩᠭᠥᠨ ᠭᠦᠢᠯᠭᠡᠭᠡᠨ᠎ᠤ ᠳ᠋ᠠᠢᠲ᠋ᠠ᠎ᠶᠢᠨ ᠠᠵᠤ ᠦᠢᠯᠡᠰ᠎ᠤᠨ ᠬᠦᠷᠢᠶᠡᠯᠡᠩ᠎ᠢ ᠭᠦᠨᠵᠡᠭᠡᠢ ᠴᠣᠭᠴᠠᠯᠠᠵᠤ᠂ ᠮᠥᠩᠭᠥᠨ ᠭᠦᠢᠯᠭᠡᠭᠡᠨ᠎ᠤ ᠬᠦᠷᠢᠶ᠎ᠡ ᠴᠠᠷᠠᠭᠠᠨ᠎ᠳᠠᠬᠢ 《ᠳ᠋ᠠᠢᠲ᠋ᠠ᠎ᠶᠢᠨ ᠬᠦᠴᠦᠨ ᠵᠦᠢᠯ×》 ᠠᠵᠢᠯ᠎ᠢ ᠠᠬᠢᠭᠤᠯᠵᠤ᠂ ᠤᠯᠠᠨ ᠨᠡᠶ᠋ᠢᠲᠡ᠎ᠶᠢᠨ ᠳ᠋ᠠᠢᠲ᠋ᠠ᠎ᠶᠢᠨ ᠮᠥᠩᠭᠥᠨ ᠭᠦᠢᠯᠭᠡᠭᠡᠨ᠎ᠤ ᠪᠠᠢᠭᠤᠯᠤᠮᠵᠢ ᠲᠡᠢᠰᠢ ᠬᠦᠴᠦᠨ ᠴᠢᠳᠠᠮᠵᠢ᠎ᠶᠢ ᠨᠢ ᠡᠷᠴᠢᠮᠯᠡᠵᠦ ᠬᠡᠷᠡᠭᠯᠡᠯᠲᠡ᠎ᠳᠦ ᠣᠷᠣᠭᠤᠯᠬᠤ᠎ᠶᠢ ᠬᠠᠤᠯᠢ ᠶᠣᠰᠣᠭᠠᠷ ᠲᠣᠭᠲᠠᠭᠠᠯ᠎ᠳᠤ ᠨᠡᠢᠴᠡᠭᠦᠯᠦᠨ ᠠᠬᠢᠭᠤᠯᠤᠨ᠎ᠠ᠃ ᠳ᠋ᠢᠭᠢᠲ ᠠᠷᠠᠳ᠎ᠤᠨ ᠵᠣᠭᠣᠰ᠎ᠤᠨ ᠲᠤᠷᠰᠢᠯᠲᠠ᠎ᠶᠢᠨ ᠴᠡᠭ᠎ᠢ ᠣᠯᠬᠤ᠎ᠪᠠᠷ ᠢᠳᠡᠪᠬᠢᠯᠡᠨ ᠴᠢᠷᠮᠠᠢᠨ᠎ᠠ᠃ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠳ᠋ᠢᠭᠢᠲᠴᠢᠯᠡᠭᠰᠡᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠤᠯᠤᠰ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠲᠠᠢ ᠬᠠᠮᠵᠢᠯᠴᠠᠨ ᠬᠢᠨᠠᠯᠲᠠ ᠬᠠᠮᠢᠶᠠᠷᠤᠯᠲᠠ᠎ᠶᠢᠨ ᠴᠤᠪᠤᠷᠠᠯ᠎ᠢᠶᠠᠷ ᠳ᠋ᠢᠭᠢᠲᠴᠢᠯᠠᠨ ᠰᠢᠨ᠎ᠡ᠎ᠶᠢ ᠡᠭᠦᠳᠬᠦ ᠠᠵᠢᠯ᠎ᠢ ᠥᠷᠨᠢᠭᠦᠯᠵᠦ᠂ ᠵᠠᠩᠭᠢᠯᠠᠭ᠎ᠠ᠎ᠶᠢᠨ ᠬᠢᠨᠠᠯᠲᠠ ᠬᠠᠮᠢᠶᠠᠷᠤᠯᠲᠠ᠎ᠶᠢᠨ ᠠᠵᠢᠯᠯᠠᠭᠠᠨ᠎ᠤ ᠵᠢᠷᠤᠮᠵᠢᠭᠤᠨ ᠴᠢᠨᠠᠷ ᠪᠠ ᠲᠣᠳᠤᠷᠠᠭᠤᠨ ᠬᠡᠮᠵᠢᠶ᠎ᠡ᠎ᠶᠢ ᠨᠡᠮᠡᠭᠳᠡᠭᠦᠯᠦᠨ᠂ ᠣᠶᠤᠨᠴᠢ ᠵᠠᠳᠠᠯᠤᠯᠲᠠ᠎ᠶᠢᠨ ᠪᠠᠭᠠᠵᠢ᠎ᠶᠢ ᠰᠤᠳᠤᠯᠤᠨ ᠨᠡᠭᠡᠭᠡᠬᠦ᠎ᠪᠡᠨ ᠴᠢᠩᠭᠠᠳᠬᠠᠵᠤ᠂ ᠳ᠋ᠢᠭᠢᠲ ᠮᠥᠩᠭᠥᠨ ᠭᠦᠢᠯᠭᠡᠭᠡᠨ᠎ᠤ ᠰᠢᠨ᠎ᠡ ᠦᠢᠯᠡᠳᠬᠦᠨ᠂ ᠰᠢᠨ᠎ᠡ ᠲᠤᠬᠠᠢᠯᠠᠭᠰᠠᠨ ᠠᠵᠢᠯ᠂ ᠰᠢᠨ᠎ᠡ ᠬᠡᠪ ᠵᠠᠭᠪᠤᠷ᠎ᠢ ᠬᠠᠤᠯᠢ ᠲᠣᠭᠲᠠᠭᠠᠯ ᠶᠣᠰᠣᠭᠠᠷ ᠪᠦᠬᠦᠨ᠎ᠢ ᠬᠢᠨᠠᠯᠲᠠ ᠬᠠᠮᠢᠶᠠᠷᠤᠯᠲᠠ᠎ᠳᠤ ᠣᠷᠣᠭᠤᠯᠤᠨ᠎ᠠ᠃ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶᠢ ᠰᠢᠮᠳᠠᠭᠤᠯᠵᠤ ᠪᠠᠢᠭᠠᠳ ᠳ᠋ᠢᠭᠢᠲ ᠮᠥᠩᠭᠥᠨ ᠭᠦᠢᠯᠭᠡᠭᠡᠨ᠎ᠤ ᠲᠤᠬᠠᠢᠯᠠᠭᠰᠠᠨ ᠠᠵᠢᠯ᠎ᠤᠨ ᠬᠡᠪ ᠵᠠᠭᠪᠤᠷ ᠪᠠ ᠣᠨᠴᠠᠯᠢᠭ᠋᠎ᠲᠠᠢ ᠤᠶᠠᠯᠳᠤᠭᠤᠯᠤᠨ᠂ ᠮᠥᠩᠭᠥᠨ ᠭᠦᠢᠯᠭᠡᠭᠡᠨ᠎ᠤ ᠬᠡᠷᠡᠭᠯᠡᠭᠴᠢᠳ᠎ᠤᠨ ᠡᠷᠬᠡ ᠠᠰᠢᠭ᠋᠎ᠢ ᠬᠠᠮᠠᠭᠠᠯᠠᠬᠤ ᠲᠣᠭᠲᠠᠴᠠ᠎ᠶᠢ ᠪᠦᠷᠢᠨᠰᠢᠭᠦᠯᠦᠨ᠎ᠡ᠃( ᠬᠠᠷᠢᠭᠤᠴᠠᠯᠭᠠᠲᠤ ᠰᠠᠯᠠᠭ᠎ᠠ ᠮᠥᠴᠢᠷ᠄ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠡᠯ᠎ᠡ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠨᠤᠭᠤᠳ)

ᠭᠤᠷᠪᠠ᠂ ᠮᠥᠩᠭᠥᠨ ᠭᠦᠢᠯᠭᠡᠭᠡᠨ᠎ᠤ ᠳᠡᠮᠵᠢᠯᠭᠡ᠎ᠶᠢᠨ ᠲᠣᠭᠲᠠᠯᠴᠠᠭ᠎ᠠ᠎ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ

( ᠨᠢᠭᠡ)ᠲᠥᠷᠥᠯ ᠬᠤᠪᠢᠶᠠᠨ ᠬᠠᠮᠵᠢᠯᠴᠠᠬᠤ ᠮᠥᠩᠭᠥᠨ ᠭᠦᠢᠯᠭᠡᠭᠡᠨ᠎ᠦ ᠳᠡᠮᠵᠢᠯᠭᠡ᠎ᠶᠢᠨ ᠪᠣᠷᠣ᠌ ᠲᠥᠰᠥᠪ᠎ᠢ ᠪᠠᠢᠭᠤᠯᠤᠨ᠎ᠠ᠃ ᠪᠦᠬᠦ ᠤᠯᠤᠰ᠎ᠤᠨ ᠴᠢᠨᠠᠷᠲᠠᠢ ᠪᠠᠩᠬᠢ᠎ᠶᠢᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠰᠠᠯᠪᠤᠷᠢ ᠪᠠᠢᠭᠤᠯᠤᠮᠵᠢ᠎ᠨᠤᠭᠤᠳ ᠮᠥᠩᠭᠥᠨ ᠭᠦᠢᠯᠭᠡᠭᠡᠨ᠎ᠦ 《ᠲᠠᠪᠤᠨ ᠲᠠᠯ᠎ᠠ᠎ᠶᠢᠨ ᠲᠣᠮᠣ᠌ ᠠᠵᠢᠯ》᠎ᠦᠨ ᠡᠯ᠎ᠡ ᠬᠦᠷᠢᠶ᠎ᠡ ᠴᠠᠷᠠᠭᠠᠨ᠎ᠦ ᠠᠵᠢᠯ᠎ᠤᠨ ᠡᠷᠴᠢᠮ᠎ᠢᠶᠡᠨ ᠪᠦᠬᠦ ᠲᠠᠯ᠎ᠠ᠎ᠪᠠᠷ ᠴᠢᠩᠭᠠᠷᠠᠭᠤᠯᠬᠤ ᠬᠡᠷᠡᠭᠲᠡᠢ᠃ ᠣᠷᠣᠨ ᠨᠤᠲᠤᠭ᠎ᠤᠨ ᠬᠠᠤᠯᠢ᠎ᠶᠢᠨ ᠡᠷᠬᠡᠲᠡᠨ᠎ᠤ ᠪᠠᠩᠬᠢ ᠨᠢ ᠲᠣᠰ ᠪᠡᠶ᠎ᠡ᠎ᠶᠢᠨ ᠪᠠᠢᠷᠢ ᠲᠣᠭᠲᠠᠭᠠᠯᠲᠠ ᠪᠠ ᠴᠢᠳᠠᠪᠤᠷᠢ ᠯᠤᠭ᠎ᠠ ᠵᠣᠬᠢᠴᠠᠭᠰᠠᠨ ᠬᠦᠷᠢᠶ᠎ᠡ ᠴᠠᠷᠠᠭᠠᠨ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠤᠰᠬᠠᠢᠵᠢᠭ᠍ᠰᠠᠨ᠂ ᠨᠠᠷᠢᠯᠢᠭ᠍ᠵᠢᠭᠤᠯᠤᠭᠰᠠᠨ ᠦᠢᠯᠡᠴᠢᠯᠡᠭᠡ ᠬᠠᠩᠭᠠᠬᠤ ᠬᠡᠷᠡᠭᠲᠡᠢ᠃ ᠳᠠᠭᠠᠳᠬᠠᠯ᠎ᠤᠨ ᠪᠠᠢᠭᠤᠯᠤᠮᠵᠢ᠎ᠨᠤᠭᠤᠳ ᠭᠣᠣᠯᠳᠠᠯᠭ᠎ᠠ᠎ᠲᠠᠢ ᠬᠦᠷᠢᠶ᠎ᠡ ᠴᠠᠷᠠᠭᠠᠨ᠎ᠳᠡᠬᠢ ᠳᠠᠭᠠᠳᠬᠠᠯ᠎ᠤᠨ ᠪᠠᠲᠤᠯᠠᠭ᠎ᠠ ᠪᠠ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠳᠤ ᠳᠡᠮᠵᠢᠯᠭᠡ ᠦᠵᠡᠭᠦᠯᠬᠦ᠎ᠪᠡᠨ ᠴᠢᠩᠭᠠᠳᠬᠠᠬᠤ ᠬᠡᠷᠡᠭᠲᠡᠢ᠃ ᠦᠨᠡᠲᠦ ᠲᠡᠮᠳᠡᠭᠲᠦ᠂ ᠬᠤᠭᠤᠴᠠᠭᠠᠲᠤ ᠪᠠᠷᠠᠭ᠎ᠠ᠂ ᠰᠠᠭᠤᠷᠢ ᠮᠥᠩᠭᠥ᠂ ᠬᠤᠪᠢ᠎ᠪᠠᠷ᠎ᠢᠶᠠᠨ ᠴᠤᠭᠯᠠᠭᠤᠯᠤᠭᠰᠠᠨ ᠰᠲ᠋ᠣᠺ᠎ᠤᠨ ᠡᠷᠬᠡ᠎ᠶᠢᠨ ᠪᠡᠯᠡ ᠣᠷᠣᠭᠤᠯᠤᠯᠲᠠ᠂ ᠮᠥᠩᠭᠥᠨ ᠭᠦᠢᠯᠭᠡᠭᠡᠨ᠎ᠦ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠺᠣᠮᠫᠠᠨᠢ ᠵᠡᠷᠭᠡ ᠪᠠᠢᠭᠤᠯᠤᠮᠵᠢ᠎ᠨᠤᠭᠤᠳ ᠪᠡᠯᠡ ᠣᠷᠣᠭᠤᠯᠤᠯᠲᠠ᠎ᠶᠢᠨ ᠴᠢᠳᠠᠪᠤᠷᠢ᠎ᠪᠠᠨ ᠳᠡᠭᠡᠭᠰᠢᠯᠡᠭᠦᠯᠵᠦ᠂ ᠰᠢᠭᠤᠳ ᠪᠡᠯᠡ ᠲᠣᠬᠢᠷᠠᠭᠤᠯᠭ᠎ᠠ ᠬᠢᠬᠦ ᠠᠷᠭ᠎ᠠ ᠵᠠᠮ᠎ᠢᠶᠠᠨ ᠥᠷᠭᠡᠳᠬᠡᠬᠦ ᠬᠡᠷᠡᠭᠲᠡᠢ᠃ ᠡᠯ᠎ᠡ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠨᠤᠭᠤᠳ ᠵᠢᠭᠡᠯᠡᠯᠭᠡ ᠲᠠᠯᠪᠢᠬᠤ᠂ ᠳ᠋ᠦᠩᠨᠡᠨ ᠪᠤᠳᠤᠬᠤ᠂ ᠬᠠᠤᠯᠢ᠎ᠶᠢᠨ ᠡᠷᠬᠡᠲᠡᠨ 《ᠭᠤᠷᠪᠠ᠎ᠶᠢ ᠪᠣᠳᠠᠲᠠᠢᠵᠢᠭᠤᠯᠬᠤ》 ᠠᠵᠢᠯ᠎ᠢ ᠢᠳᠡᠪᠬᠢᠲᠡᠢ ᠳᠡᠮᠵᠢᠵᠦ ᠰᠠᠢᠲᠤᠷ ᠬᠢᠬᠦ ᠬᠡᠷᠡᠭᠲᠡᠢ᠃( ᠬᠠᠷᠢᠭᠤᠴᠠᠯᠭᠠᠲᠤ ᠰᠠᠯᠠᠭ᠎ᠠ ᠮᠥᠴᠢᠷ᠄ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠮᠥᠩᠭᠥᠨ ᠭᠦᠢᠯᠭᠡᠭᠡᠨ᠎ᠤ ᠠᠵᠢᠯ᠎ᠤᠨ ᠠᠯᠪᠠᠨ ᠭᠡᠷ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠡᠯ᠎ᠡ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠨᠤᠭᠤᠳ)

( ᠬᠣᠶᠠᠷ)ᠮᠥᠩᠭᠥᠨ ᠭᠦᠢᠯᠭᠡᠭᠡᠨ᠎ᠦ ᠨᠡᠷᠡᠳᠬᠦᠨ ᠪᠠ ᠦᠢᠯᠡᠴᠢᠯᠡᠭᠡ᠎ᠶᠢ ᠪᠠᠶᠠᠯᠢᠭ᠍ᠵᠢᠭᠤᠯᠤᠨ᠎ᠠ᠃ 《ᠰᠢᠨ᠎ᠡ ᠡᠭᠦᠳᠦᠯᠲᠡ᠎ᠶᠢᠨ ᠬᠤᠪᠢ ᠬᠤᠷᠠᠮᠳᠤᠭᠤᠯᠬᠤ ᠵᠢᠭᠡᠯᠡᠯᠭᠡ》᠂ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠵᠢᠭᠡᠯᠡᠯᠭᠡ》 ᠵᠡᠷᠭᠡ ᠨᠡᠷᠡᠳᠬᠦᠨ᠎ᠢ ᠳᠡᠯᠭᠡᠷᠡᠭᠦᠯᠦᠨ ᠬᠡᠷᠡᠭᠯᠡᠵᠦ᠂ 《ᠵᠢᠭᠡᠯᠡᠯᠭᠡ+ ᠭᠠᠳᠠᠨ᠎ᠠ᠎ᠠᠴᠠ ᠰᠢᠭᠤᠳ ᠪᠡᠯᠡ ᠣᠷᠣᠭᠤᠯᠤᠯᠲᠠ ᠬᠢᠬᠦ》 ᠵᠡᠷᠭᠡ ᠲᠤᠬᠠᠢᠯᠠᠭᠰᠠᠨ ᠠᠵᠢᠯ᠎ᠤᠨ ᠬᠡᠪ ᠵᠠᠭᠪᠤᠷ᠎ᠢ ᠵᠢᠷᠤᠮᠵᠢᠭᠤᠯᠤᠨ ᠬᠥᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠡᠯᠪᠡᠷᠢ᠎ᠶᠢᠨ ᠠᠵᠤ ᠠᠬᠤᠢᠯᠠᠯ᠎ᠤᠨ ᠠᠳᠠᠯ ᠦᠢᠯᠡᠰ ᠴᠣᠭᠴᠠᠯᠠᠬᠤ ᠬᠠᠷᠢᠭᠤᠴᠠᠯᠭ᠎ᠠ᠎ᠶᠢᠨ ᠳᠠᠭᠠᠳᠬᠠᠯ ᠵᠡᠷᠭᠡ ᠨᠡᠷᠡᠳᠬᠦᠨ᠎ᠢ ᠨᠡᠭᠡᠭᠡᠨ ᠬᠥᠭᠵᠢᠭᠦᠯᠦᠨ᠎ᠡ᠃ 《ᠨᠡᠭᠦᠷᠡᠰᠦᠲᠥ᠋ᠷᠥᠭᠴᠢ ᠎ᠶᠢᠨ ᠬᠤᠷᠠᠮᠠᠯ+ ᠮᠥᠩᠭᠥᠨ ᠭᠦᠢᠯᠭᠡᠭᠡ》᠂ 《ᠨᠡᠭᠦᠷᠡᠰᠦᠲᠥ᠋ᠷᠥᠭᠴᠢ᠎ᠶᠢᠨ ᠬᠤᠷᠠᠮᠠᠯ + ᠳᠠᠭᠠᠳᠬᠠᠯ》 ᠵᠡᠷᠭᠡ ᠪᠣᠬᠢᠷᠳᠤᠯ ᠦᠭᠡᠢ ᠮᠥᠩᠭᠥᠨ ᠭᠦᠢᠯᠭᠡᠭᠡᠨ᠎ᠤ ᠦᠢᠯᠡᠴᠢᠯᠡᠭᠡᠨ᠎ᠤ ᠲᠣᠭᠲᠠᠴᠠ᠎ᠶᠢ ᠬᠠᠢᠨ ᠰᠦᠪᠡᠭᠴᠢᠯᠡᠵᠦ᠂ ᠡᠬᠢ ᠪᠠᠶᠠᠯᠢᠭ᠋ ᠣᠷᠴᠢᠨ ᠲᠣᠭᠣᠷᠢᠨ᠎ᠤ ᠡᠷᠬᠡ ᠠᠰᠢᠭ᠋᠎ᠢ ᠪᠠᠷᠢᠴᠠᠭᠠᠯᠠᠬᠤ ᠳᠠᠨᠵᠢᠯᠠᠬᠤ ᠪᠡᠯᠡ ᠲᠣᠬᠢᠷᠠᠭᠤᠯᠭ᠎ᠠ᠎ᠶᠢᠨ ᠲᠤᠬᠠᠢᠯᠠᠭᠰᠠᠨ ᠠᠵᠢᠯ᠎ᠢ ᠬᠥᠭᠵᠢᠭᠦᠯᠵᠦ᠂ ᠨᠡᠭᠦᠷᠡᠰᠦᠲᠥ᠋ᠷᠥᠭᠴᠢ᠎ᠶᠢᠨ ᠳᠠᠩᠰᠠᠨ ᠡᠷᠦᠬᠡ᠎ᠶᠢᠨ ᠲᠣᠭᠲᠠᠯᠴᠠᠭ᠎ᠠ᠎ᠶᠢᠨ ᠪᠠᠢᠷᠢᠰᠢᠭᠤᠯᠤᠯᠲᠠ᠎ᠶᠢ ᠬᠠᠢᠨ ᠰᠦᠪᠡᠭᠴᠢᠯᠡᠵᠦ᠂ ᠪᠣᠬᠢᠷᠳᠤᠯ ᠦᠭᠡᠢ ᠳᠠᠭᠠᠳᠬᠠᠯ᠎ᠤᠨ ᠲᠤᠬᠠᠢᠯᠠᠭᠰᠠᠨ ᠠᠵᠢᠯ᠎ᠤᠨ ᠬᠥᠭᠵᠢᠯᠲᠡ᠎ᠶᠢ ᠠᠬᠢᠭᠤᠯᠤᠨ᠎ᠠ᠃ ᠰᠠᠨᠠᠭᠠᠴᠢᠯᠠᠭ᠎ᠠ᠎ᠠᠴᠠ᠎ᠪᠠᠨ ᠢᠲᠡᠭᠡᠮᠵᠢ ᠣᠯᠭᠣᠬᠤ᠂ ᠬᠡᠷᠡᠭᠴᠡᠭᠡ᠎ᠪᠡᠨ ᠦᠵᠡᠵᠦ ᠵᠢᠭᠡᠯᠡᠬᠦ ᠪᠠ ᠵᠢᠭᠡᠯᠡᠯᠭᠡ᠎ᠪᠡᠨ ᠪᠤᠴᠠᠭᠠᠬᠤ ᠵᠢᠭᠡᠯᠡᠯᠭᠡ᠎ᠶᠢᠨ ᠬᠡᠪ ᠵᠠᠭᠪᠤᠷ᠎ᠢ ᠳᠡᠯᠭᠡᠷᠡᠭᠦᠯᠵᠦ᠂ ᠬᠠᠩᠭᠠᠯᠭ᠎ᠠ᠎ᠶᠢᠨ ᠬᠡᠯᠬᠢᠶᠡᠨ᠎ᠦ ᠮᠥᠩᠭᠥᠨ ᠭᠦᠢᠯᠭᠡᠭᠡᠨ᠎ᠤ ᠲᠤᠬᠠᠢᠯᠠᠭᠰᠠᠨ ᠠᠵᠢᠯ᠎ᠢ ᠵᠢᠷᠤᠮᠵᠢᠭᠤᠨ ᠬᠥᠭᠵᠢᠭᠦᠯᠦᠨ᠎ᠡ᠃ ᠲᠠᠷᠢᠶᠠᠯᠠᠩ᠎ᠳᠤ ᠬᠣᠯᠪᠣᠭᠳᠠᠬᠤ ᠡᠳ᠋ ᠬᠥᠷᠥᠩᠭᠡ᠎ᠪᠠᠷ ᠪᠠᠷᠢᠴᠠᠭᠠᠯᠠᠨ ᠳᠠᠨᠵᠢᠯᠠᠬᠤ ᠵᠢᠭᠡᠯᠡᠯᠭᠡ᠎ᠶᠢ ᠳᠡᠯᠭᠡᠷᠡᠭᠦᠯᠵᠦ᠂ ᠪᠠᠷᠢᠴᠠᠭᠠᠯᠠᠨ ᠳᠠᠨᠵᠢᠯᠠᠬᠤ ᠡᠳ᠋ ᠬᠥᠷᠥᠩᠭᠡ᠎ᠶᠢᠨ ᠬᠡᠪᠴᠢᠶ᠎ᠡ᠎ᠶᠢ ᠰᠦᠪᠡᠭᠴᠢᠯᠡᠨ ᠥᠷᠭᠡᠳᠬᠡᠵᠦ᠂ ᠣᠯᠠᠨ ᠲᠠᠰ ᠳᠠᠪᠬᠤᠷᠭ᠎ᠠ᠎ᠶᠢᠨ ᠲᠠᠷᠢᠶᠠᠯᠠᠩ᠎ᠤᠨ ᠳᠠᠭᠠᠳᠬᠠᠯ᠎ᠤᠨ ᠪᠠᠲᠤᠯᠠᠭ᠎ᠠ᠎ᠶᠢᠨ ᠲᠣᠭᠲᠠᠯᠴᠠᠭ᠎ᠠ᠎ᠶᠢ ᠲᠡᠭᠦᠯᠳᠡᠷᠵᠢᠭᠦᠯᠦᠨ᠎ᠡ᠃ ᠨᠠᠰᠤᠵᠢᠯ᠎ᠤᠨ ᠠᠰᠠᠷᠠᠮᠵᠢ᠎ᠶᠢᠨ ᠰᠢᠨᠵᠢ ᠲᠠᠢ ᠮᠥᠩᠭᠥᠨ ᠭᠦᠢᠯᠭᠡᠭᠡᠨ᠎ᠦ ᠨᠡᠷᠡᠳᠬᠦᠨ᠎ᠢ ᠢᠳᠡᠪᠬᠢᠲᠡᠢ ᠬᠥᠭᠵᠢᠭᠦᠯᠦᠨ᠎ᠡ᠃ ᠭᠡᠷ ᠪᠠᠢᠰᠢᠩ ᠭᠠᠵᠠᠷ ᠬᠥᠷᠥᠩᠭᠡ᠎ᠶᠢᠨ ᠮᠥᠩᠭᠥᠨ ᠭᠦᠢᠯᠭᠡᠭᠡᠨ᠎ᠤ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠭᠡᠷ ᠪᠠᠢᠰᠢᠩ ᠭᠠᠵᠠᠷ ᠬᠥᠷᠥᠩᠭᠡ᠎ᠶᠢᠨ ᠬᠥᠭᠵᠢᠯᠲᠡ᠎ᠶᠢᠨ ᠰᠢᠨ᠎ᠡ ᠬᠡᠪ ᠵᠠᠭᠪᠤᠷ᠎ᠢ ᠪᠠᠶ᠋ᠢᠭᠤᠯᠬᠤ᠎ᠶᠢ ᠳᠡᠮᠵᠢᠨ᠎ᠡ᠃ ( ᠬᠠᠷᠢᠭᠤᠴᠠᠯᠭᠠᠲᠤ ᠰᠠᠯᠠᠭ᠎ᠠ ᠮᠥᠴᠢᠷ᠄ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠡᠯ᠎ᠡ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠨᠤᠭᠤᠳ)

( ᠭᠤᠷᠪᠠ) ᠢᠲᠡᠭᠡᠮᠵᠢ ᠪᠠ ᠪᠡᠯᠡ ᠲᠣᠬᠢᠷᠠᠭᠤᠯᠭ᠎ᠠ᠎ᠶᠢᠨ ᠦᠢᠯᠡᠴᠢᠯᠡᠭᠡᠨ᠎ᠦ ᠲᠠᠪᠴᠠᠩ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃ ᠪᠦᠬᠦ ᠤᠯᠤᠰ᠎ᠤᠨ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠪᠡᠯᠡ ᠮᠥᠩᠭᠥ᠎ᠶᠢᠨ ᠭᠦᠢᠯᠭᠡᠭᠡᠨ᠎ᠦ ᠢᠲᠡᠭᠡᠮᠵᠢ᠎ᠶᠢᠨ ᠮᠡᠳᠡᠭᠡ ᠵᠠᠩᠭᠢ᠎ᠶᠢ ᠬᠠᠮᠲᠤ ᠪᠠᠷ ᠬᠦᠷᠲᠡᠬᠦ ᠲᠠᠪᠴᠠᠩ᠂ ᠬᠥᠳᠡᠯᠦᠩᠭᠦᠢ ᠬᠥᠷᠥᠩᠭᠡ᠎ᠶᠢᠨ ᠪᠡᠯᠡ ᠲᠣᠬᠢᠷᠠᠭᠤᠯᠭ᠎ᠠ᠎ᠶᠢ ᠨᠢᠭᠡᠳᠦᠯᠲᠡᠢ ᠳᠠᠩᠰᠠᠯᠠᠨ ᠵᠠᠷᠯᠠᠬᠤ ᠰᠢᠰᠲᠧᠮ᠎ᠢ ᠳᠡᠯᠭᠡᠷᠡᠭᠦᠯᠦᠨ ᠬᠡᠷᠡᠭᠯᠡᠵᠦ᠂ ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠮᠥᠩᠭᠥᠨ ᠭᠦᠢᠯᠭᠡᠭᠡᠨ᠎ᠦ ᠢᠲᠡᠭᠡᠮᠵᠢ᠎ᠶᠢᠨ ᠮᠡᠳᠡᠭᠡ ᠵᠠᠩᠭᠢ᠎ᠶᠢᠨ ᠰᠠᠭᠤᠷᠢ ᠳ᠋ᠠᠢᠲ᠋ᠠ ᠬᠥᠮᠥᠷᠭᠡ᠎ᠳᠦ ᠵᠠᠯᠭᠠᠨ ᠣᠷᠣᠭᠤᠯᠬᠤ᠎ᠶᠢ ᠠᠬᠢᠭᠤᠯᠤᠨ᠎ᠠ᠃ ᠤᠯᠤᠰ᠎ᠤᠨ ᠥᠮᠴᠢᠯᠡᠯᠲᠦ ᠢᠲᠡᠭᠡᠮᠵᠢ᠎ᠶᠢᠨ ᠺᠣᠮᠫᠠᠨᠢ ᠪᠠᠶ᠋ᠢᠭᠤᠯᠬᠤ᠎ᠶᠢ ᠠᠬᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠯᠡ ᠲᠣᠬᠢᠷᠠᠭᠤᠯᠭ᠎ᠠ ᠢᠲᠡᠭᠡᠮᠵᠢ᠎ᠶᠢᠨ ᠦᠢᠯᠡᠴᠢᠯᠡᠭᠡᠨ᠎ᠦ ᠲᠠᠪᠴᠠᠩ᠎ᠢ ᠠᠵᠢᠯᠯᠠᠭᠤᠯᠤᠨ ᠡᠵᠡᠩᠨᠡᠵᠦ᠂ ᠨᠡᠢᠭᠡᠮ᠎ᠦᠨ ᠢᠲᠡᠭᠡᠮᠵᠢ᠎ᠶᠢᠨ ᠮᠡᠳᠡᠭᠡ ᠵᠠᠩᠭᠢ᠎ᠶᠢ ᠴᠤᠭᠯᠠᠭᠤᠯᠤᠨ ᠨᠡᠢᠯᠡᠭᠦᠯᠬᠦ᠂ ᠬᠠᠮᠲᠤ ᠬᠦᠷᠲᠡᠬᠦ ᠡᠷᠴᠢᠮ᠎ᠢᠶᠠᠨ ᠴᠢᠩᠭᠠᠷᠠᠭᠤᠯᠤᠨ᠂ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢᠨ ᠳᠥᠭᠥᠮ᠎ᠤᠨ ᠬᠡᠮᠵᠢᠶ᠎ᠡ᠎ᠶᠢ ᠳᠡᠭᠡᠭᠰᠢᠯᠡᠭᠦᠯᠦᠨ᠎ᠡ᠃ ( ᠬᠠᠷᠢᠭᠤᠴᠠᠯᠭᠠᠲᠤ ᠰᠠᠯᠠᠭ᠎ᠠ ᠮᠥᠴᠢᠷ ᠄ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠲᠢᠩᠬᠢᠮ᠂ ᠡᠯ᠎ᠡ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠨᠤᠭᠤᠳ)

( ᠳᠥᠷᠪᠡ) ᠵᠣᠭᠣᠰ᠎ᠦᠨ ᠲᠦᠷᠦ᠎ᠶᠢᠨ ᠪᠣᠳᠣᠯᠭ᠎ᠠ᠎ᠶᠢᠨ ᠪᠠᠭᠠᠵᠢ᠎ᠶᠢ ᠭᠦᠢᠴᠡᠳ ᠰᠠᠢᠲᠤᠷ ᠬᠡᠷᠡᠭᠯᠡᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠮᠡᠷᠭᠡᠵᠢᠯ᠎ᠢᠶᠡᠨ ᠥᠭᠡᠷᠡᠴᠢᠯᠡᠨ ᠰᠢᠨᠡᠳᠬᠡᠬᠦ᠎ᠳᠦ ᠳᠠᠬᠢᠨᠲᠠ ᠵᠢᠭᠡᠯᠡᠯᠭᠡ ᠠᠪᠬᠤ ᠵᠢᠴᠢ ᠡᠳ᠋᠎ᠦᠨ ᠵᠠᠰᠠᠭ᠎ᠤᠨ ᠳᠡᠮ ᠬᠦᠦ ᠮᠥᠩᠭᠥ᠎ᠶᠢᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶᠢᠨ ᠳᠤᠮᠳᠠ ᠵᠢᠵᠢᠭ ᠠᠵᠤ ᠠᠬᠤᠢᠯᠠᠯ᠂ ᠭᠣᠣᠯᠳᠠᠯᠭ᠎ᠠ᠎ᠲᠠᠢ ᠬᠦᠷᠢᠶ᠎ᠡ ᠴᠠᠷᠠᠭᠠᠨ᠎ᠦ ᠮᠡᠷᠭᠡᠵᠢᠯ᠎ᠢᠶᠡᠨ ᠥᠭᠡᠷᠡᠴᠢᠯᠡᠨ ᠰᠢᠨᠡᠳᠬᠡᠬᠦ ᠪᠠ ᠲᠥᠬᠦᠭᠡᠷᠦᠮᠵᠢ᠎ᠶᠢᠨ ᠰᠢᠨᠡᠳᠬᠡᠬᠦ ᠲᠥᠷᠥᠯ ᠵᠦᠢᠯ᠎ᠳᠦ ᠳᠡᠮᠵᠢᠯᠭᠡ ᠦᠵᠡᠭᠦᠯᠬᠦ ᠡᠷᠴᠢᠮ᠎ᠢᠶᠠᠨ ᠴᠢᠩᠭᠠᠷᠠᠭᠤᠯᠤᠨ᠎ᠠ᠃ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠪᠠᠭᠠᠰᠬᠠᠬᠤ᠎ᠶᠢ ᠳᠡᠮᠵᠢᠬᠦ ᠪᠠᠭᠠᠵᠢ᠎ᠶᠢᠨ ᠳᠠᠪᠠᠭᠤᠯᠢᠭ᠋᠎ᠢ ᠪᠠᠳᠠᠷᠠᠭᠤᠯᠵᠤ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠪᠠᠭᠠᠰᠬᠠᠬᠤ᠎ᠳᠤ ᠮᠡᠳᠡᠭᠳᠡᠬᠦᠢᠴᠡ ᠦᠢᠯᠡᠳᠦᠯ᠎ᠲᠠᠢ ᠲᠥᠷᠥᠯ ᠵᠦᠢᠯ᠎ᠳᠦ ᠬᠠᠷᠠᠭᠠᠯᠵᠠᠯᠲᠤ ᠬᠦᠦ᠎ᠶᠢᠨ ᠨᠣᠷᠮ᠎ᠠ᠎ᠶᠢᠨ ᠪᠡᠯᠡ ᠲᠣᠬᠢᠷᠠᠭᠤᠯᠭ᠎ᠠ ᠬᠠᠩᠭᠠᠨ᠎ᠠ᠃ ᠡᠭᠡᠭᠦᠯᠦᠨ ᠰᠲ᠋ᠣᠺ ᠬᠤᠳᠠᠯᠳᠤᠨ ᠠᠪᠴᠤ ᠡᠵᠡᠮᠰᠢᠯ᠎ᠢᠶᠡᠨ ᠨᠡᠮᠡᠭᠳᠡᠭᠦᠯᠬᠦ᠎ᠪᠡᠷ ᠳᠠᠬᠢᠨᠲᠠ ᠵᠢᠭᠡᠯᠡᠯᠭᠡ ᠠᠪᠬᠤ᠎ᠶᠢ ᠰᠠᠢᠲᠤᠷ ᠬᠡᠷᠡᠭᠯᠡᠨ᠂ ᠰᠲ᠋ᠣᠺ᠎ᠦᠨ ᠵᠠᠬ᠎ᠠ᠎ᠳᠤ ᠭᠠᠷᠤᠭᠰᠠᠨ ᠺᠣᠮᠫᠠᠨᠢ᠎ᠶᠢᠨ ᠵᠠᠬ᠎ᠠ ᠳᠡᠯᠭᠡᠭᠦᠷ᠎ᠤᠨ ᠥᠷᠲᠡᠭ᠎ᠤᠨ ᠬᠠᠮᠢᠶᠠᠷᠤᠯᠲᠠ᠎ᠶᠢ ᠠᠬᠢᠭᠤᠯᠤᠨ᠎ᠠ᠃ ᠲᠠᠷᠢᠶᠠᠯᠠᠩ᠎ᠢ ᠳᠡᠮᠵᠢᠬᠦ ᠵᠢᠵᠢᠭ ᠠᠵᠤ ᠠᠬᠤᠢᠯᠠᠯ᠎ᠢ ᠳᠡᠮᠵᠢᠬᠦ ᠳᠠᠬᠢᠨ ᠵᠢᠭᠡᠯᠡᠯᠭᠡ᠎ᠶᠢ ᠭᠦᠢᠴᠡᠳ ᠰᠠᠢᠲᠤᠷ ᠬᠡᠷᠡᠭᠯᠡᠨ᠂ ᠣᠷᠣᠨ ᠨᠤᠲᠤᠭ᠎ᠤᠨ ᠬᠠᠤᠯᠢ᠎ᠶᠢᠨ ᠡᠷᠬᠡᠲᠡᠨ᠎ᠦ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠬᠥᠲᠥᠯᠥᠨ ᠵᠢᠯᠤᠭᠣᠳᠴᠤ ᠪᠠᠢᠭᠠᠳ ᠲᠠᠷᠢᠶᠠᠯᠠᠩ᠂ ᠵᠢᠵᠢᠭ ᠪᠢᠴᠢᠯ ᠪᠠ ᠠᠷᠠᠳ᠎ᠠᠴᠠ ᠡᠵᠡᠩᠨᠡᠭᠰᠡᠨ ᠠᠵᠤ ᠠᠬᠤᠢᠯᠠᠯ᠎ᠳᠤ ᠬᠣᠯᠪᠣᠭᠳᠠᠭᠰᠠᠨ ᠢᠲᠡᠭᠡᠮᠵᠢᠲᠦ ᠵᠢᠭᠡᠯᠡᠯᠭᠡ᠎ᠶᠢ ᠨᠢ ᠥᠷᠭᠡᠳᠬᠡᠨ᠎ᠡ᠃ ᠦᠢᠯᠡᠴᠢᠯᠡᠭᠡᠨ᠎ᠤ ᠬᠡᠷᠡᠭᠯᠡᠭᠡ ᠬᠢᠭᠡᠳ ᠨᠠᠰᠤᠵᠢᠯ᠎ᠤᠨ ᠠᠰᠠᠷᠠᠮᠵᠢ᠎ᠶᠢᠨ ᠳᠠᠬᠢᠨ ᠵᠢᠭᠡᠯᠡᠯᠭᠡ᠎ᠶᠢ ᠰᠠᠢᠲᠤᠷ ᠬᠡᠷᠡᠭᠯᠡᠵᠦ᠂ ᠬᠤᠳᠠᠯᠳᠤᠭᠠᠨ᠎ᠤ ᠪᠠᠩᠬᠢ᠎ᠶᠢ ᠬᠥᠲᠥᠯᠥᠨ ᠵᠢᠯᠤᠭᠣᠳᠴᠤ ᠪᠠᠢᠭᠠᠳ ᠦᠢᠯᠡᠴᠢᠯᠡᠭᠡᠨ᠎ᠤ ᠬᠡᠷᠡᠭᠯᠡᠭᠡ ᠬᠢᠭᠡᠳ ᠨᠠᠰᠤᠵᠢᠯ᠎ᠤᠨ ᠠᠰᠠᠷᠠᠮᠵᠢ᠎ᠶᠢᠨ ᠢᠲᠡᠭᠡᠮᠵᠢᠲᠦ ᠵᠢᠭᠡᠯᠡᠯᠭᠡ᠎ᠶᠢᠨ ᠳᠡᠮᠵᠢᠯᠭᠡ᠎ᠶᠢ ᠨᠡᠮᠡᠭᠳᠡᠭᠦᠯᠦᠨ᠎ᠡ᠃ ( ᠬᠠᠷᠢᠭᠤᠴᠠᠯᠭᠠᠲᠤ ᠰᠠᠯᠠᠭ᠎ᠠ ᠮᠥᠴᠢᠷ᠄ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠣᠯ᠎ᠤᠨ ᠲᠡᠮᠳᠡᠭᠲᠦ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠡᠯ᠎ᠡ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠨᠤᠭᠤᠳ)

( ᠲᠠᠪᠤ)ᠮᠥᠩᠭᠥᠨ ᠭᠦᠢᠯᠭᠡᠭᠡᠨ᠎ᠦ ᠵᠠᠬ᠎ᠠ ᠳᠡᠯᠭᠡᠭᠦᠷ᠎ᠦᠨ ᠦᠢᠯᠡᠴᠢᠯᠡᠭᠡᠨ᠎ᠦ ᠲᠣᠭᠲᠠᠯᠴᠠᠭ᠎ᠠ᠎ᠶᠢ ᠲᠡᠭᠦᠯᠳᠡᠷᠵᠢᠭᠦᠯᠦᠨ᠎ᠡ᠃ ᠺᠣᠮᠫᠠᠨᠢ᠎ᠶᠢᠨ ᠵᠢᠭᠡᠯᠡᠯᠭᠡ᠎ᠶᠢᠨ ᠪᠠᠭᠲᠠᠭᠠᠮᠵᠢ᠎ᠪᠡᠨ ᠥᠷᠭᠡᠳᠬᠡᠬᠦ᠎ᠶᠢ ᠨᠢ ᠠᠬᠢᠭᠤᠯᠵᠤ᠂ ᠮᠥᠩᠭᠥᠨ ᠭᠦᠢᠯᠭᠡᠭᠡᠨ᠎ᠤ 《ᠲᠠᠪᠤᠨ ᠲᠠᠯ᠎ᠠ᠎ᠶᠢᠨ ᠲᠣᠮᠣ᠌ ᠠᠵᠢᠯ》᠎ᠢ ᠬᠠᠮᠤᠷᠬᠤ ᠨᠡᠷᠡᠳᠬᠦᠨ᠎ᠤ ᠴᠠᠳᠢᠭ᠋᠎ᠢ ᠪᠤᠢ ᠪᠣᠯᠭᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠵᠢᠭᠡᠯᠡᠯᠭᠡ᠎ᠶᠢᠨ ᠲᠡᠮᠳᠡᠭᠲᠦ᠎ᠶᠢᠨ ᠲᠦᠭᠰᠢᠭᠦᠷᠢ᠎ᠶᠢ ᠬᠤᠪᠢᠳᠠᠨ ᠡᠭᠦᠷᠭᠡᠯᠡᠬᠦ ᠪᠠᠭᠠᠵᠢ᠎ᠶᠢ ᠰᠠᠢᠲᠤᠷ ᠠᠰᠢᠭ᠍ᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠠᠵᠤ ᠠᠬᠤᠢᠯᠠᠯ ᠪᠠ ᠰᠲ᠋ᠣᠺ᠎ᠤᠨ ᠡᠷᠬᠡ᠎ᠶᠢᠨ ᠪᠡᠯᠡ ᠣᠷᠣᠭᠤᠯᠤᠯᠲᠠ᠎ᠶᠢᠨ ᠪᠠᠢᠭᠤᠯᠤᠮᠵᠢ᠎ᠶᠢᠨ ᠥᠪᠡᠷ᠎ᠤᠨ ᠥᠷᠲᠡᠭ᠎ᠢᠶᠠᠷ ᠳᠣᠣᠷ᠎ᠠ᠂ ᠤᠷᠲᠤ ᠬᠤᠭᠤᠴᠠᠭᠠᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠵᠢᠭᠡᠯᠡᠯᠭᠡ᠎ᠶᠢᠨ ᠲᠡᠮᠳᠡᠭᠲᠦ ᠲᠠᠷᠬᠠᠭᠠᠵᠤ ᠪᠡᠯᠡ ᠲᠣᠬᠢᠷᠠᠭᠤᠯᠬᠤ᠎ᠳᠤ ᠨᠢ ᠳᠡᠮᠵᠢᠯᠭᠡ ᠬᠠᠩᠭᠠᠨ᠎ᠠ᠃ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶᠢᠨ ᠮᠥᠩᠭᠥᠨ ᠭᠦᠢᠯᠭᠡᠭᠡᠨ᠎ᠤ ᠵᠢᠭᠡᠯᠡᠯᠭᠡ ᠲᠠᠷᠬᠠᠭᠠᠬᠤ ᠪᠠᠷᠢᠮᠵᠢᠶ᠎ᠠ᠎ᠳᠤ ᠨᠡᠢᠴᠡᠬᠦ᠎ᠶᠢ ᠨᠢ ᠠᠬᠢᠭᠤᠯᠵᠤ᠂ ᠢᠲᠡᠭᠡᠮᠵᠢᠲᠦ ᠵᠢᠭᠡᠯᠡᠯᠭᠡ᠎ᠶᠢᠨ ᠬᠥᠷᠥᠩᠭᠡ᠎ᠶᠢ ᠲᠡᠮᠳᠡᠭᠵᠢᠭᠦᠯᠬᠦ ᠲᠤᠬᠠᠢᠯᠠᠭᠰᠠᠨ ᠠᠵᠢᠯ᠎ᠢ ᠰᠦᠪᠡᠭᠴᠢᠯᠡᠨ ᠥᠷᠨᠢᠭᠦᠯᠦᠨ᠎ᠡ᠃ ᠰᠲ᠋ᠣᠺ᠎ᠤᠨ ᠡᠷᠬᠡ᠎ᠶᠢᠨ ᠵᠠᠬ᠎ᠠ ᠳᠡᠯᠭᠡᠭᠦᠷ᠎ᠤᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠬᠤ᠎ᠶᠢ ᠠᠬᠢᠭᠤᠯᠵᠤ᠂ ᠬᠤᠪᠢ᠎ᠪᠠᠷ᠎ᠢᠶᠠᠨ ᠴᠤᠭᠯᠠᠭᠤᠯᠤᠭᠰᠠᠨ ᠰᠲ᠋ᠣᠺ᠎ᠤᠨ ᠡᠷᠬᠡ᠎ᠶᠢᠨ ᠰᠠᠭᠤᠷᠢ ᠮᠥᠩᠭᠥ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ᠎ᠶᠢᠨ ᠰᠠᠭᠤᠷᠢ ᠮᠥᠩᠭᠥᠨ᠎ᠦ ᠬᠥᠭᠵᠢᠯᠲᠡ᠎ᠶᠢ ᠳᠡᠮᠵᠢᠵᠦ᠂ ᠨᠡᠢᠭᠡᠮ᠎ᠤᠨ ᠬᠥᠷᠥᠩᠭᠡ᠎ᠶᠢ ᠬᠥᠲᠥᠯᠥᠨ ᠵᠢᠯᠤᠭᠣᠳᠴᠤ ᠪᠠᠢᠭᠠᠳ ᠮᠥᠩᠭᠥᠨ ᠭᠦᠢᠯᠭᠡᠭᠡᠨ᠎ᠤ 《ᠲᠠᠪᠤᠨ ᠲᠠᠯ᠎ᠠ᠎ᠶᠢᠨ ᠲᠣᠮᠣ᠌ ᠠᠵᠢᠯ》᠎ᠦᠨ ᠬᠦᠷᠢᠶ᠎ᠡ ᠴᠠᠷᠠᠭᠠᠨ᠎ᠳᠤ ᠪᠡᠯᠡ ᠣᠷᠣᠭᠤᠯᠤᠨ᠎ᠠ᠃ ᠨᠡᠢᠯᠡᠭᠦᠯᠦᠨ ᠬᠤᠳᠠᠯᠳᠤᠨ ᠠᠪᠬᠤ ᠵᠠᠬ᠎ᠠ ᠳᠡᠯᠭᠡᠭᠦᠷ᠎ᠢ ᠬᠥᠭᠵᠢᠶᠡᠨᠲᠡᠢ ᠪᠣᠯᠭᠠᠵᠤ᠂ ᠠᠵᠤ ᠠᠬᠤᠢᠯᠠᠯ᠎ᠢ ᠥᠨᠳᠥᠷ ᠪᠦᠲᠦᠮᠵᠢᠲᠡᠶ ᠡᠮᠬᠢᠯᠡᠨ ᠨᠡᠢᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ᠎ᠶᠢ ᠨᠢ ᠳᠡᠮᠵᠢᠨ᠎ᠡ᠃ ᠰᠠᠭᠤᠷᠢ ᠪᠡᠯᠡᠳᠬᠡᠮᠵᠢ᠎ᠶᠢᠨ REITs ᠲᠠᠷᠬᠠᠭᠠᠬᠤ᠎ᠶᠢ ᠪᠠᠢᠩᠭᠤᠰᠢᠭᠤᠯᠤᠨ ᠠᠬᠢᠭᠤᠯᠤᠨ᠎ᠠ᠃ ᠫᠢᠶᠣᠣ ᠪᠠᠷᠢᠮᠲᠠ᠎ᠶᠢᠨ ᠵᠠᠬ᠎ᠠ ᠳᠡᠯᠭᠡᠭᠦᠷ᠎ᠤᠨ ᠪᠣᠳᠠᠲᠤ ᠴᠣᠭᠴᠠ᠎ᠶᠢᠨ ᠠᠵᠤ ᠠᠬᠤᠢ᠎ᠳᠤ ᠦᠢᠯᠡᠴᠢᠯᠡᠬᠦ ᠴᠢᠳᠠᠮᠵᠢ ᠦᠢᠯᠡᠳᠦᠯ᠎ᠢ ᠪᠠᠳᠠᠷᠠᠭᠤᠯᠤᠨ᠎ᠠ᠃ ᠮᠥᠩᠭᠥᠨ ᠭᠦᠢᠯᠭᠡᠭᠡᠨ᠎ᠦ ᠪᠠᠢᠭᠤᠯᠤᠮᠵᠢ ᠬᠢᠭᠡᠳ ᠲᠤᠰᠬᠠᠢ ᠵᠠᠭᠤᠴᠢ ᠪᠠᠢᠭᠤᠯᠤᠮᠵᠢ᠎ᠶᠢᠨ ᠬᠠᠮᠲᠤᠷᠠᠯᠴᠠᠭ᠎ᠠ᠎ᠶᠢ ᠳᠡᠮᠵᠢᠵᠦ᠂ ᠵᠠᠭᠤᠴᠢ ᠦᠢᠯᠡᠴᠢᠯᠡᠭᠡᠨ᠎ᠦ ᠪᠠᠢᠭᠤᠯᠤᠮᠵᠢ᠎ᠶᠢᠨ ᠲᠤᠰᠬᠠᠢ ᠬᠠᠷᠢᠭᠤᠴᠠᠬᠤ ᠬᠠᠷᠢᠭᠤᠴᠠᠯᠭ᠎ᠠ᠎ᠶᠢ ᠴᠢᠩᠭᠠᠷᠠᠭᠤᠯᠤᠨ᠂ ᠮᠥᠩᠭᠥᠨ ᠭᠦᠢᠯᠭᠡᠭᠡᠨ᠎ᠦ ᠵᠠᠬ᠎ᠠ ᠳᠡᠯᠭᠡᠭᠦᠷ᠎ᠦᠨ ᠡᠷᠡᠭᠦᠯ᠎ᠢᠶᠡᠷ ᠬᠥᠭᠵᠢᠬᠦ᠎ᠳᠦ ᠬᠦᠴᠦᠨ ᠨᠡᠮᠡᠷᠢᠯᠡᠨ᠎ᠡ᠃ ( ᠬᠠᠷᠢᠭᠤᠴᠠᠯᠭᠠᠲᠤ ᠰᠠᠯᠠᠭ᠎ᠠ ᠮᠥᠴᠢᠷ᠄ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠮᠥᠩᠭᠥᠨ ᠭᠦᠢᠯᠭᠡᠭᠡᠨ᠎ᠤ ᠠᠵᠢᠯ᠎ᠤᠨ ᠠᠯᠪᠠᠨ ᠭᠡᠷ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠡᠯ᠎ᠡ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠨᠤᠭᠤᠳ)

( ᠵᠢᠷᠭᠤᠭ᠎ᠠ)ᠭᠠᠳᠠᠭᠠᠳᠤ ᠭᠤᠪᠢᠭᠤᠯᠭ᠎ᠠ᠎ᠶᠢᠨ ᠵᠠᠬ᠎ᠠ ᠳᠡᠯᠭᠡᠭᠦᠷ᠎ᠤᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠦᠨ᠎ᠡ᠃ ᠬᠢᠯᠢ ᠠᠯᠤᠰᠯᠠᠭᠰᠠᠨ ᠠᠷᠠᠳ᠎ᠤᠨ ᠵᠣᠭᠣᠰ᠎ᠤᠨ ᠳᠥᠭᠥᠮᠴᠢᠯᠡᠭᠰᠡᠨ ᠦᠢᠯᠡᠴᠢᠯᠡᠭᠡ ᠬᠠᠩᠭᠠᠯᠭ᠎ᠠ᠎ᠶᠢ ᠨᠡᠮᠡᠭᠳᠡᠭᠦᠯᠵᠦ᠂ ᠴᠢᠨᠠᠷ ᠰᠠᠢᠲᠠᠢ ᠠᠵᠤ ᠠᠬᠤᠢᠯᠠᠯ᠎ᠤᠨ ᠠᠷᠠᠯᠵᠢᠶᠠᠨ᠎ᠤ ᠪᠡᠯᠡ ᠣᠷᠣᠭᠤᠯᠤᠯᠲᠠ᠎ᠶᠢᠨ ᠳᠥᠭᠥᠮᠴᠢᠯᠡᠭᠰᠡᠨ ᠲᠥᠷᠥ᠎ᠶᠢᠨ ᠪᠣᠳᠣᠯᠭ᠎ᠠ᠎ᠶᠢ ᠰᠠᠢᠲᠤᠷ ᠨᠠᠢᠳᠠᠪᠤᠷᠢᠵᠢᠭᠤᠯᠤᠨ᠂ ᠭᠠᠵᠠᠷ ᠣᠷᠣᠨ᠎ᠤ ᠪᠠᠢᠳᠠᠯ᠎ᠳᠤ ᠨᠢ ᠲᠣᠬᠢᠷᠠᠭᠤᠯᠤᠨ ᠴᠢᠨᠠᠷ ᠰᠠᠢᠲᠠᠢ ᠠᠵᠤ ᠠᠬᠤᠢᠯᠠᠯ᠎ᠤᠨ ᠨᠡᠷᠡᠰ᠎ᠲᠤ ᠲᠣᠬᠢᠷᠠᠭᠤᠯᠤᠯᠲᠠ ᠬᠢᠨ᠎ᠡ ; ᠬᠢᠯᠢ ᠠᠯᠤᠰᠯᠠᠭᠰᠠᠨ ᠠᠷᠠᠳ᠎ᠤᠨ ᠵᠣᠭᠣᠰ᠎ᠤᠨ ᠳ᠋ᠦᠩᠨᠡᠨ ᠪᠤᠳᠤᠬᠤ ᠳᠥᠭᠥᠮᠴᠢᠯᠡᠭᠰᠡᠨ ᠴᠢᠨᠠᠷ ᠰᠠᠢᠲᠠᠢ ᠠᠵᠤ ᠠᠬᠤᠢᠯᠠᠯ᠎ᠤᠨ ᠨᠡᠷᠡᠰ᠎ᠢ ᠬᠠᠷᠢᠯᠴᠠᠨ ᠮᠡᠳᠡᠷᠡᠬᠦ᠎ᠶᠢ ᠰᠦᠪᠡᠭᠴᠢᠯᠡᠨ ᠥᠷᠨᠢᠭᠦᠯᠵᠦ᠂ ᠬᠢᠯᠢ ᠠᠯᠤᠰᠯᠠᠭᠰᠠᠨ ᠠᠷᠠᠳ᠎ᠤᠨ ᠵᠣᠭᠣᠰ᠎ᠤᠨ ᠲᠤᠬᠠᠢᠯᠠᠭᠰᠠᠨ ᠠᠵᠢᠯ᠎ᠢ ᠭᠦᠢᠴᠡᠳᠬᠡᠬᠦ ᠪᠡᠶᠡᠴᠢᠯᠡᠨ ᠣᠢᠯᠠᠭᠠᠬᠤ ᠲᠥᠷᠥᠭᠳᠡᠯ᠎ᠢ ᠳᠡᠭᠡᠭᠰᠢᠯᠡᠭᠦᠯᠦᠨ᠎ᠡ᠃ ᠴᠢᠨᠠᠷ ᠰᠠᠢᠲᠠᠢ ᠠᠵᠤ ᠠᠬᠤᠢᠯᠠᠯ᠎ᠤᠨ ᠠᠷᠠᠯᠵᠢᠶᠠᠨ᠎ᠤ ᠭᠠᠳᠠᠭᠠᠳᠤ ᠭᠤᠪᠢᠭᠤᠯᠭ᠎ᠠ᠎ᠶᠢᠨ ᠣᠷᠣᠯᠭ᠎ᠠ ᠵᠠᠷᠤᠯᠭ᠎ᠠ᠎ᠶᠢ ᠳᠥᠭᠥᠮᠴᠢᠯᠡᠬᠦ ᠲᠥᠷᠥ᠎ᠶᠢᠨ ᠪᠣᠳᠣᠯᠭ᠎ᠠ᠎ᠶᠢᠨ ᠬᠦᠷᠢᠶ᠎ᠡ ᠬᠡᠪᠴᠢᠶ᠎ᠡ᠎ᠶᠢ ᠥᠷᠭᠡᠳᠬᠡᠵᠦ ᠶᠠᠰᠤ ᠴᠢᠨᠠᠷ᠎ᠢᠶᠠᠨ ᠳᠡᠭᠡᠭᠰᠢᠯᠡᠭᠦᠯᠦᠨ ᠦᠷ᠎ᠡ ᠠᠰᠢᠭ᠋᠎ᠢᠶᠠᠨ ᠨᠡᠮᠡᠭᠳᠡᠭᠦᠯᠬᠦ᠎ᠶᠢ ᠨᠢ ᠠᠬᠢᠭᠤᠯᠵᠤ᠂ ᠨᠥᠬᠥᠴᠡᠯ᠎ᠳᠤ ᠨᠡᠢᠴᠡᠬᠦ ᠠᠵᠤ ᠠᠬᠤᠢᠯᠠᠯ᠎ᠤᠨ ᠬᠥᠷᠥᠩᠭᠡ᠎ᠶᠢᠨ ᠲᠥᠷᠥᠯ ᠵᠦᠢᠯ᠎ᠤᠨ ᠣᠷᠣᠯᠭ᠎ᠠ᠎ᠪᠡᠷ᠎ᠢᠶᠡᠨ ᠲᠣᠭᠠᠴᠠᠭ᠎ᠠ ᠬᠢᠬᠦ ᠳᠥᠭᠥᠮᠴᠢᠯᠡᠭᠰᠡᠨ ᠲᠥᠷᠥ᠎ᠶᠢᠨ ᠪᠣᠳᠣᠯᠭ᠎ᠠ᠎ᠶᠢ ᠢᠳᠡᠪᠬᠢᠲᠡᠢ ᠠᠰᠢᠭ᠍ᠯᠠᠬᠤ᠎ᠶᠢ ᠨᠢ ᠠᠬᠢᠭᠤᠯᠤᠨ᠎ᠠ᠃ ᠭᠤᠪᠢᠭᠤᠯᠭ᠎ᠠ᠎ᠶᠢᠨ ᠨᠣᠷᠮ᠎ᠠ᠎ᠶᠢᠨ ᠲᠦᠭᠰᠢᠭᠦᠷᠢ᠎ᠶᠢ ᠲᠡᠩᠴᠡᠭᠦᠷᠢᠰᠢᠭᠦᠯᠬᠦ ᠣᠨᠣᠯᠵᠢᠬᠤᠨ᠎ᠤ ᠤᠬᠠᠭᠤᠯᠭ᠎ᠠ᠎ᠶᠢ ᠴᠢᠩᠭᠠᠳᠬᠠᠵᠤ᠂ ᠭᠣᠣᠯᠳᠠᠯᠭ᠎ᠠ ᠪᠣᠯᠬᠤ ᠭᠠᠳᠠᠭᠠᠳᠤ ᠲᠠᠢ ᠬᠣᠯᠪᠣᠭᠳᠠᠭᠰᠠᠨ ᠠᠵᠤ ᠠᠬᠤᠢᠯᠠᠯ᠎ᠤᠨ ᠭᠤᠪᠢᠭᠤᠯᠭ᠎ᠠ᠎ᠶᠢᠨ ᠨᠣᠷᠮ᠎ᠠ᠎ᠶᠢᠨ ᠲᠦᠭᠰᠢᠭᠦᠷᠢ᠎ᠠᠴᠠ ᠵᠠᠢᠯᠠᠬᠤ ᠲᠥᠷᠥ᠎ᠶᠢᠨ ᠪᠣᠳᠣᠯᠭ᠎ᠠ ᠵᠢᠴᠢ ᠭᠤᠪᠢᠭᠤᠯᠭ᠎ᠠ᠎ᠶᠢᠨ ᠨᠣᠷᠮ᠎ᠠ᠎ᠶᠢᠨ ᠲᠦᠭᠰᠢᠭᠦᠷᠢ᠎ᠶᠢᠨ ᠬᠠᠮᠢᠶᠠᠷᠤᠯᠲᠠ᠎ᠶᠢᠨ ᠨᠡᠷᠡᠳᠬᠦᠨ᠎ᠢ ᠰᠠᠢᠲᠤᠷ ᠠᠰᠢᠭ᠍ᠯᠠᠬᠤ᠎ᠶᠢ ᠳᠡᠮᠵᠢᠨ᠎ᠡ᠃ ( ᠬᠠᠷᠢᠭᠤᠴᠠᠯᠭᠠᠲᠤ ᠰᠠᠯᠠᠭ᠎ᠠ ᠮᠥᠴᠢᠷ᠄ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠡᠯ᠎ᠡ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠨᠤᠭᠤᠳ)

ᠳᠥᠷᠪᠡ᠂ ᠪᠠᠲᠤᠯᠠᠭ᠎ᠠ᠎ᠶᠢᠨ ᠠᠷᠭ᠎ᠠ ᠬᠡᠮᠵᠢᠶ᠎ᠡ

ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠎ᠪᠠᠨ ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭᠠᠷᠠᠭᠤᠯᠤᠨ᠂ ᠠᠵᠢᠯ᠎ᠤᠨ ᠨᠡᠢᠯᠡᠮᠡᠯ ᠬᠦᠴᠦᠨ᠎ᠢ ᠪᠣᠶ ᠪᠣᠯᠭᠠᠵᠤ᠂ ᠲᠥᠷᠥ᠎ᠶᠢᠨ ᠪᠣᠳᠣᠯᠭ᠎ᠠ᠎ᠶᠢᠨ ᠬᠢᠨᠠᠮᠠᠭᠠᠢ ᠨᠠᠢᠳᠠᠪᠤᠷᠢᠵᠢᠭᠤᠯᠤᠯᠲᠠ᠎ᠶᠢ ᠠᠬᠢᠭᠤᠯᠬᠤ ᠬᠡᠷᠡᠭᠲᠡᠢ᠃ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠭ᠎ᠠ᠎ᠶᠢᠨ ᠳᠠᠭᠠᠭᠠᠯᠲᠠ᠎ᠶᠢᠨ ᠲᠣᠭᠲᠠᠯᠴᠠᠭ᠎ᠠ᠎ᠶᠢᠨ ᠦᠢᠯᠡᠳᠦᠯ᠎ᠢ ᠪᠠᠳᠠᠷᠠᠭᠤᠯᠵᠤ᠂ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠨ ᠨᠠᠮᠳᠠᠭᠤᠯᠬᠤ ᠬᠡᠷᠡᠭᠲᠡᠢ᠃ ᠮᠥᠩᠭᠥᠨ ᠭᠦᠢᠯᠭᠡᠭᠡᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠴᠢᠩᠭ᠎ᠠ ᠬᠢᠵᠠᠭᠠᠷᠯᠠᠯ ᠪᠦᠬᠦᠢ ᠮᠥᠩᠭᠥᠨ ᠭᠦᠢᠯᠭᠡᠭᠡᠨ᠎ᠤ ᠲᠦᠭᠰᠢᠭᠦᠷᠢ᠎ᠶᠢᠨ ᠡᠬᠢᠨ᠎ᠤ ᠬᠤᠭᠤᠴᠠᠭᠠᠨ᠎ᠳᠤ ᠵᠠᠯᠠᠷᠠᠭᠤᠯᠬᠤ ᠲᠣᠭᠲᠠᠴᠠ᠎ᠶᠢ᠎ᠪᠡᠨ ᠪᠦᠷᠢᠨᠰᠢᠭᠦᠯᠵᠦ᠂ ᠣᠷᠣᠨ ᠪᠦᠰᠡ᠎ᠶᠢᠨ ᠴᠢᠨᠠᠷᠲᠠᠢ᠂ ᠰᠢᠰᠲᠧᠮ᠎ᠤᠨ ᠴᠢᠨᠠᠷᠲᠠᠢ ᠮᠥᠩᠭᠥᠨ ᠭᠦᠢᠯᠭᠡᠭᠡᠨ᠎ᠤ ᠲᠦᠭᠰᠢᠭᠦᠷᠢ ᠡᠭᠦᠰᠬᠦ᠎ᠡᠴᠡ ᠴᠢᠩᠭ᠎ᠠ ᠰᠡᠷᠭᠡᠢᠯᠡᠬᠦ ᠬᠡᠷᠡᠭᠲᠡᠢ᠃ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ᠨᠢ ᠪᠣᠳᠠᠲᠠᠢ᠎ᠲᠠᠢ᠎ᠪᠠᠨ ᠤᠶᠠᠯᠳᠤᠭᠤᠯᠤᠨ ᠮᠥᠩᠭᠥᠨ ᠭᠦᠢᠯᠭᠡᠭᠡᠨ᠎ᠤ 《ᠲᠠᠪᠤᠨ ᠲᠠᠯ᠎ᠠ᠎ᠶᠢᠨ ᠲᠣᠮᠣ᠌ ᠠᠵᠢᠯ》᠎ᠦᠨ ᠰᠢᠯᠭᠠᠨ ᠬᠢᠨᠠᠵᠤ ᠦᠨᠡᠯᠡᠬᠦ ᠳᠦᠷᠢᠮ᠎ᠢ ᠪᠠᠢᠭᠤᠯᠤᠨ ᠲᠡᠭᠦᠯᠳᠡᠷᠵᠢᠭᠦᠯᠵᠦ᠂ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶᠢᠨ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ᠎ᠶᠢ ᠨᠢ ᠰᠢᠮᠳᠠᠭᠤᠯᠬᠤ ᠬᠡᠷᠡᠭᠲᠡᠢ᠃ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠨᠤᠭᠤᠳ 《ᠨᠢᠭᠡᠳᠦᠭᠡᠷ ᠭᠠᠷ》᠎ᠦᠨ ᠬᠠᠷᠢᠭᠤᠴᠠᠬᠤ ᠳᠦᠷᠢᠮ᠎ᠢ ᠲᠣᠳᠣᠷᠬᠠᠢᠯᠠᠨ᠂ ᠳᠣᠲᠣᠭᠠᠳᠤ᠎ᠳᠦ᠎ᠪᠡᠨ ᠠᠬᠢᠭᠤᠯᠬᠤ ᠲᠣᠭᠲᠠᠴᠠ ᠪᠠ ᠲᠦᠭᠰᠢᠭᠦᠷᠢ᠎ᠶᠢᠨ ᠬᠠᠮᠢᠶᠠᠷᠤᠯᠲᠠ᠎ᠶᠢᠨ ᠳᠦᠷᠢᠮ᠎ᠢ ᠪᠠᠢᠭᠤᠯᠤᠨ ᠪᠦᠷᠢᠨᠰᠢᠭᠦᠯᠵᠦ᠂ ᠲᠤᠰᠬᠠᠢ ᠡᠵᠡᠩᠨᠡᠬᠦ ᠪᠤᠶᠤ ᠣᠨᠴᠠᠯᠢᠭ᠍ᠲᠤ ᠬᠤᠪᠢᠶᠠᠷᠢ ᠰᠠᠯᠪᠤᠷᠢ ᠪᠠᠢᠭᠤᠯᠤᠮᠵᠢ᠎ᠶᠢᠨ ᠪᠠᠢᠭᠤᠯᠤᠯᠲᠠ᠎ᠶᠢ᠎ᠪᠠᠨ ᠴᠢᠩᠭᠠᠳᠬᠠᠨ᠂ ᠮᠥᠩᠭᠥᠨ ᠭᠦᠢᠯᠭᠡᠭᠡᠨ᠎ᠦ 《ᠲᠠᠪᠤᠨ ᠲᠠᠯ᠎ᠠ᠎ᠶᠢᠨ ᠲᠣᠮᠣ᠌ ᠠᠵᠢᠯ》᠎ᠦᠨ ᠲᠤᠬᠠᠢᠯᠠᠭᠰᠠᠨ ᠠᠵᠢᠯ᠎ᠢ ᠦᠨᠡᠨ ᠬᠦ᠌ ᠰᠠᠢᠲᠤᠷ ᠬᠢᠬᠦ ᠬᠡᠷᠡᠭᠲᠡᠢ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠮᠥᠩᠭᠥᠨ ᠭᠦᠢᠯᠭᠡᠭᠡᠨ᠎ᠤ ᠪᠠᠢᠭᠤᠯᠤᠮᠵᠢ ᠨᠢ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠪᠡᠨ ᠴᠢᠩᠭᠠᠷᠠᠭᠤᠯᠵᠤ᠂ ᠲᠥᠷᠥ᠎ᠶᠢᠨ ᠪᠣᠳᠣᠯᠭ᠎ᠠ᠎ᠶᠢ ᠤᠬᠠᠭᠤᠯᠭ᠎ᠠ ᠲᠠᠢᠯᠤᠮᠵᠢ ᠬᠢᠬᠦ ᠬᠢᠭᠡᠳ ᠲᠤᠷᠰᠢᠯᠭ᠎ᠠ᠎ᠪᠠᠨ ᠰᠣᠯᠢᠯᠴᠠᠨ ᠳᠡᠯᠭᠡᠷᠡᠭᠦᠯᠬᠦ ᠠᠵᠢᠯ᠎ᠢ ᠣᠯᠠᠨ ᠠᠷᠭ᠎ᠠ ᠵᠠᠮ᠎ᠢᠶᠠᠷ ᠰᠠᠢᠲᠤᠷ ᠬᠢᠵᠦ᠂ ᠮᠥᠩᠭᠥᠨ ᠭᠦᠢᠯᠭᠡᠭᠡᠨ᠎ᠤ 《ᠲᠠᠪᠤᠨ ᠲᠠᠯ᠎ᠠ᠎ᠶᠢᠨ ᠲᠣᠮᠣ᠌ ᠠᠵᠢᠯ》᠎ᠢ ᠰᠠᠢᠲᠤᠷ ᠬᠢᠬᠦ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠢᠳᠡᠪᠬᠢᠯᠡᠨ ᠪᠣᠢ ᠪᠣᠯᠭᠠᠬᠤ ᠬᠡᠷᠡᠭᠲᠡᠢ᠃

 

2025 ᠣᠨ᠎ᠤ 6 ᠳ᠋ᠤᠭᠠᠷ ᠰᠠᠷ᠎ᠠ᠎ᠶᠢᠨ 8᠎ᠦ ᠡᠳᠦᠷ

( ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)

 

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

2025 ᠣᠨ᠎ᠤ 6 ᠳ᠋ᠤᠭᠠᠷ ᠰᠠᠷ᠎ᠠ᠎ᠶᠢᠨ 9᠎ᠦ ᠡᠳᠦᠷ ᠳᠠᠷᠤᠮᠠᠯᠯᠠᠨ ᠲᠠᠷᠬᠠᠭᠠᠪᠠ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ