ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
《 ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠣᠷᠣᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠥᠰᠥᠯ ( 2025 ᠣᠨ ) 》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠨᠡᠶ᠋ᠢᠲᠡᠯᠡᠭᠰᠡᠨ ᠴᠠᠭ᠄ 2025-09-19

ᠥᠪᠥᠷ ᠮᠣᠩᠭᠣᠯ᠎ᠤᠨ ᠥᠪᠡᠷᠲᠡᠭᠡᠨ ᠵᠠᠰᠠᠬᠤ 

ᠣᠷᠣᠨ᠎ᠤ ᠠᠷᠠᠳ᠎ᠤᠨ ᠵᠠᠰᠠᠭ᠎ᠤᠨ ᠣᠷᠳᠣᠨ

ᠥᠪᠥᠷ ᠵᠠᠰᠠᠭ ᠦᠰᠦᠭ 〔2025〕 99 ᠳ᠋ᠦ᠍ᠭᠡᠷ ᠲᠣᠭᠠᠲᠤ

 

《 ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠣᠷᠣᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ

ᠲᠥᠰᠥᠯ ( 2025 ᠣᠨ ) 》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ

 

ᠪᠠᠶᠠᠨᠨᠠᠭᠤᠷ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠤ᠄

ᠲᠠᠨ᠎ᠤ ᠬᠤᠲᠠ᠎ᠶᠢᠨ 《 ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠣᠷᠣᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠥᠰᠥᠯ ( 2025 ᠣᠨ )᠎ᠢ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠢ ᠡᠰᠢᠯᠡᠯᠲᠡ》 ( ᠪᠠᠶᠠᠨᠨᠠᠭᠤᠷ ᠵᠠᠰᠠᠭ ᠮᠡᠳᠡᠭᠦᠯᠦᠯᠲᠡ 〔2025〕 61 ᠳ᠋ᠦ᠍ᠭᠡᠷ ᠲᠣᠭᠠᠲᠤ )᠎ᠶᠢ ᠬᠦᠯᠢᠶᠡᠨ ᠠᠪᠴᠤ ᠣᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ᠄

ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠨᠤᠲᠠᠯᠠᠭᠤᠯᠬᠤ ᠪᠠ ᠬᠢᠨᠠᠨ ᠪᠠᠢᠴᠠᠭᠠᠯᠭᠠᠭᠠᠳ᠂ 《 ᠪᠠᠶᠠᠨᠨᠠᠭᠤᠷ᠎ᠦᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠣᠷᠣᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠥᠰᠥᠯ ( 2025 ᠣᠨ ) 》 ᠨᠢ 《 ᠪᠦᠭᠦᠳᠡ ᠨᠠᠢᠷᠠᠮᠳᠠᠬᠤ ᠲᠤᠮᠳᠠᠳᠤ ᠠᠷᠠᠳ ᠤᠯᠤᠰ᠎ᠤᠨ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠬᠠᠤᠯᠢ》᠂ 《 〈 ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ 〉᠎ᠶᠢ ᠳᠠᠷᠤᠮᠠᠯᠯᠠᠨ ᠶᠠᠪᠤᠭᠤᠯᠬᠤ ᠲᠤᠬᠠᠢ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠮᠡᠳᠡᠭᠳᠡᠯ》 (ᠪᠠᠢᠭᠠᠯᠢ ᠡᠬᠢ ᠲᠣᠭᠲᠠᠭᠠᠯ 〔2023〕 7 ᠳ᠋ᠤᠭᠠᠷ ᠲᠣᠭᠠᠲᠤ) ᠪᠠ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ᠎ᠶᠢ ᠬᠡᠷᠡᠭᠵᠢᠭᠦᠯᠬᠦ ᠨᠠᠷᠢᠨ ᠳᠦᠷᠢᠮ ( ᠲᠤᠷᠰᠢᠨ ᠬᠡᠷᠡᠭᠵᠢᠭᠦᠯᠬᠦ )》᠂ 《 ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠥᠰᠥᠯ᠎ᠤᠨ ᠬᠣᠯᠪᠣᠭᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠤᠨ ᠮᠡᠳᠡᠭᠳᠡᠯ》 ( ᠥᠪᠥᠷ ᠪᠠᠢᠭᠠᠯᠢ ᠡᠬᠢ ᠦᠰᠦᠭ 〔2024〕 15 ᠳ᠋ᠤᠭᠠᠷ ᠲᠣᠭᠠᠲᠤ )᠎ᠤᠨ ᠱᠠᠭᠠᠷᠳᠠᠯᠭ᠎ᠠ᠎ᠳᠤ ᠨᠡᠢᠴᠡᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ᠎ᠶᠢᠨ ᠶᠡᠷᠦᠩᠬᠡᠢ ᠲᠥᠯᠦᠪᠵᠢᠭᠦᠯᠭᠡ᠎ᠶᠢᠨ ᠬᠠᠮᠢᠶᠠᠷᠤᠨ ᠡᠵᠡᠮᠳᠡᠬᠦ ᠳᠦᠷᠢᠮ᠎ᠳᠤ ᠨᠡᠢᠴᠡᠵᠦ ᠪᠠᠢᠨ᠎ᠠ᠂ ᠡᠢᠨ ᠬᠦ᠌ 《 ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠣᠷᠣᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠥᠰᠥᠯ ( 2025 ᠣᠨ )》᠎ᠢ ᠵᠠᠷᠴᠢᠮ ᠳᠡᠭᠡᠷ᠎ᠡ᠎ᠪᠡᠨ ᠵᠥᠪᠰᠢᠶᠡᠷᠡᠪᠡ᠂ ᠡᠯ᠎ᠡ ᠵᠦᠢᠯ᠎ᠤᠨ ᠠᠵᠢᠯ᠎ᠢᠶᠠᠨ ᠬᠠᠤᠯᠢ ᠲᠣᠭᠲᠠᠭᠠᠯ ᠶᠣᠰᠣᠭᠠᠷ ᠰᠠᠢᠲᠤᠷ ᠬᠢᠲᠦᠭᠡᠢ᠃

 

2025 ᠣᠨ᠎ᠤ 6 ᠳ᠋ᠤᠭᠠᠷ ᠰᠠᠷ᠎ᠠ᠎ᠶᠢᠨ 24᠎ᠦ ᠡᠳᠦᠷ

( ᠲᠤᠰ ᠪᠢᠴᠢᠭ ᠮᠠᠲᠸᠷᠢᠶᠠᠯ᠎ᠢ ᠢᠯᠡ ᠨᠡᠢᠲᠡᠯᠡᠨ᠎ᠡ )

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ