ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠥᠪᠥᠷ ᠵᠠᠰᠠᠭ ᠦᠰᠦᠭ 〔 2025 〕 103 ᠳ᠋ᠤᠭᠠᠷ ᠲᠣᠭᠠᠲᠤ
ᠬᠢᠩᠭᠠᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢ ᠪᠠᠢᠭᠤᠯᠬᠤ ᠲᠤᠬᠠᠢ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
2025 ᠣᠨ᠎ᠤ 6 ᠳ᠋ᠤᠭᠠᠷ ᠰᠠᠷ᠎ᠠ᠎ᠳᠤ᠂ ᠰᠤᠷᠭᠠᠨ ᠬᠥᠮᠦᠵᠢᠯ᠎ᠦᠨ ᠶᠠᠮᠤᠨ 《ᠬᠢᠩᠭᠠᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠪᠠᠢᠭᠤᠯᠬᠤ᠎ᠶᠢ ᠵᠥᠪᠰᠢᠶᠡᠷᠡᠬᠦ ᠲᠤᠬᠠᠢ ᠵᠠᠬᠢᠳᠠᠯ》 (ᠰᠤᠷᠭᠠᠨ ᠲᠠᠷᠬᠠᠭᠠᠭᠰᠠᠨ ᠵᠠᠬᠢᠳᠠᠯ 〔 2025 〕 286 ᠳ᠋ᠤᠭᠠᠷ ᠲᠣᠭᠠᠲᠤ)᠎ᠢ ᠳᠠᠷᠤᠮᠠᠯᠯᠠᠨ ᠲᠠᠷᠬᠠᠭᠠᠵᠤ᠂ ᠬᠢᠩᠭᠠᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠰᠠᠭᠤᠷᠢᠨ ᠳᠡᠭᠡᠷ᠎ᠡ ᠬᠢᠩᠭᠠᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠪᠠᠢᠭᠤᠯᠬᠤ᠎ᠶᠢ ᠵᠥᠪᠰᠢᠶᠡᠷᠡᠪᠡ᠂ ᠰᠤᠷᠭᠠᠭᠤᠯᠢ᠎ᠶᠢᠨ ᠢᠯᠡᠳᠬᠡᠬᠦ ᠲᠡᠮᠳᠡᠭ᠎ᠤᠨ ᠨᠣᠮᠧᠷ ᠨᠢ 4115012443 ᠪᠠᠢᠵᠤ᠂ ᠬᠢᠩᠭᠠᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠪᠠᠢᠭᠤᠯᠤᠮᠵᠢ᠎ᠶᠢᠨ ᠳᠦᠷᠢᠮ᠎ᠢ ᠬᠠᠮᠲᠤ᠎ᠳᠦ ᠨᠢ ᠬᠦᠴᠦᠨ ᠦᠭᠡᠢ ᠪᠣᠯᠭᠠᠪᠠ᠃ ᠬᠢᠩᠭᠠᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠪᠠᠢᠭᠤᠯᠤᠯᠲᠠ ᠪᠠ ᠴᠢᠨᠠᠷ ᠰᠠᠢᠲᠠᠢ ᠬᠥᠭᠵᠢᠯᠲᠡ᠎ᠶᠢ ᠲᠦᠷᠭᠡᠳᠬᠡᠨ ᠠᠬᠢᠭᠤᠯᠬᠤ᠎ᠶᠢᠨ ᠲᠤᠰᠠᠳᠠ᠂ ᠡᠳᠦᠭᠡ ᠬᠣᠯᠪᠣᠭᠳᠠᠯ ᠪᠦᠬᠦᠢ ᠵᠦᠢᠯᠡᠰ᠎ᠢ ᠳᠣᠣᠷᠠᠬᠢ ᠮᠡᠲᠦ ᠮᠡᠳᠡᠭᠳᠡᠪᠡ᠃
ᠨᠢᠭᠡ᠂ ᠬᠢᠩᠭᠠᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠪᠣᠯ ᠠᠯᠪᠠᠨ᠎ᠠᠴᠠ ᠡᠷᠭᠢᠯᠡᠭᠰᠡᠨ ᠦᠨᠳᠦᠰᠦᠨ ᠠᠩᠭᠢ᠎ᠶᠢᠨ ᠳᠠᠰ ᠳᠠᠪᠬᠤᠷᠭ᠎ᠠ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠪᠠᠢᠵᠤ᠂ ᠦᠨᠳᠦᠰᠦᠨ ᠠᠩᠭᠢ᠂ ᠲᠤᠰᠬᠠᠢ ᠮᠡᠷᠭᠡᠵᠢᠯ᠎ᠦᠨ ᠠᠩᠭᠢ ᠪᠠ ᠦᠷᠭᠦᠯᠵᠢᠯᠡᠭᠰᠡᠨ ᠰᠤᠷᠭᠠᠨ ᠬᠥᠮᠦᠵᠢᠯ᠎ᠢ ᠬᠡᠷᠡᠭᠵᠢᠭᠦᠯᠦᠨ᠎ᠡ᠃
ᠬᠣᠶᠠᠷ᠂ ᠰᠤᠷᠭᠠᠭᠤᠯᠢ᠎ᠶᠢᠨ ᠪᠦᠬᠦᠯᠢ ᠡᠳᠦᠷ᠎ᠤᠨ ᠳᠦᠷᠢᠮᠲᠦ ᠰᠤᠷᠭᠠᠭᠤᠯᠢ᠎ᠳᠤ ᠪᠠᠢᠭ᠎ᠠ ᠰᠤᠷᠤᠬ᠍ᠴᠢ᠎ᠶᠢᠨ ᠬᠡᠪᠴᠢᠶ᠎ᠡ᠎ᠶᠢ ᠲᠦᠷ 8500 ᠬᠥᠮᠥᠨ᠎ᠢᠶᠡᠷ ᠲᠣᠭᠲᠠᠭᠠᠨ᠎ᠠ᠃
ᠭᠤᠷᠪᠠ᠂ ᠬᠢᠩᠭᠠᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢ ᠥᠪᠡᠷᠲᠡᠭᠡᠨ ᠵᠠᠰᠠᠬᠤ ᠣᠷᠣᠨ ᠬᠢᠭᠡᠳ ᠬᠢᠩᠭᠠᠨ ᠠᠢᠮᠠᠭ ᠬᠠᠮᠲᠤᠷᠠᠨ ᠪᠠᠢᠭᠤᠯᠤᠨ ᠬᠠᠮᠢᠶᠠᠷᠴᠤ ᠂ ᠬᠢᠩᠭᠠᠨ ᠠᠢᠮᠠᠭ᠎ᠤᠨ ᠬᠠᠮᠢᠶᠠᠷᠤᠯᠲᠠ᠎ᠪᠠᠷ ᠭᠣᠣᠯᠯᠠᠭᠤᠯᠤᠨ᠂ ᠲᠤᠬᠠᠢᠯᠠᠭᠰᠠᠨ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠰᠢᠰᠲᠧᠮᠵᠢᠭᠦᠯᠦᠨ ᠬᠠᠮᠢᠶᠠᠷᠴᠤ ᠂ ᠵᠠᠷᠤᠳᠠᠯ᠎ᠤᠨ ᠤᠷᠤᠭᠤᠯᠤᠯᠲᠠ᠎ᠶᠢ ᠨᠢ ᠠᠢᠮᠠᠭ᠎ᠤᠨ ᠱᠠᠲᠤᠨ᠎ᠤ ᠡᠳ᠋᠎ᠦᠨ ᠵᠠᠰᠠᠭ᠎ᠠᠴᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠠᠩᠭᠢ ᠪᠠ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠬᠣᠯᠪᠣᠭᠳᠠᠯ ᠪᠦᠬᠦᠢ ᠲᠦᠷᠦ᠎ᠶᠢᠨ ᠪᠣᠳᠣᠯᠭ᠎ᠠ᠎ᠶᠢᠨ ᠲᠣᠭᠲᠠᠭᠠᠯ᠎ᠢᠶᠠᠷ ᠯᠠᠪᠯᠠᠯᠲᠠ ᠪᠣᠯᠭᠠᠨ ᠪᠠᠲᠤᠯᠠᠭ᠎ᠠ ᠬᠠᠩᠭᠠᠨ᠎ᠠ᠃
ᠳᠥᠷᠪᠡ᠂ ᠬᠢᠩᠭᠠᠨ ᠠᠢᠮᠠᠭ ᠨᠢ ᠬᠢᠩᠭᠠᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠳᠠᠬᠢ ᠤᠳᠤᠷᠢᠳᠤᠯᠭ᠎ᠠ᠎ᠪᠠᠨ ᠴᠢᠩᠭᠠᠳᠬᠠᠵᠤ᠂ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠣᠣᠷᠠᠬᠢ ᠰᠤᠷᠭᠠᠭᠤᠯᠢ᠎ᠶᠢᠨ ᠵᠠᠬᠢᠷᠤᠯ ᠬᠠᠷᠢᠭᠤᠴᠠᠬᠤ ᠳᠦᠷᠢᠮ᠎ᠢ ᠨᠠᠢᠳᠠᠪᠤᠷᠢᠵᠢᠭᠤᠯᠤᠨ᠂ ᠰᠤᠷᠭᠠᠭᠤᠯᠢ᠎ᠶᠢᠨ ᠨᠠᠮ᠎ᠤᠨ ᠵᠣᠬᠢᠶᠠᠨ ᠪᠠᠢᠭᠤᠯᠤᠯᠲᠠ ᠪᠠ ᠺᠠᠳ᠋ᠷ᠎ᠤᠨ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠰᠢᠯᠢᠳᠡᠭᠵᠢᠭᠦᠯᠦᠨ ᠵᠣᠬᠢᠴᠠᠯᠳᠤᠭᠤᠯᠵᠤ ᠥᠨᠳᠥᠷ ᠪᠦᠲᠦᠮᠵᠢᠲᠠᠢ᠎ᠪᠠᠷ ᠪᠠᠢᠭᠤᠯᠤᠮᠵᠢ ᠣᠷᠣᠨ ᠲᠣᠭ᠎ᠠ᠎ᠶᠢ ᠲᠣᠬᠢᠷᠠᠭᠤᠯᠤᠨ᠂ ᠵᠠᠷᠤᠳᠠᠯ᠎ᠤᠨ ᠣᠷᠤᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠰᠤᠷᠭᠠᠭᠤᠯᠢ ᠡᠷᠭᠢᠯᠡᠭᠦ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠵᠤ᠂ ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠠᠴᠠ᠎ᠶᠢ ᠲᠡᠭᠦᠯᠳᠡᠷᠵᠢᠭᠦᠯᠦᠨ᠎ᠡ᠃
ᠲᠠᠪᠤ ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠨᠢ ᠬᠢᠩᠭᠠᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠳᠠᠬᠢ ᠲᠤᠬᠠᠢᠯᠠᠭᠰᠠᠨ ᠠᠵᠢᠯ᠎ᠤᠨ ᠬᠠᠮᠢᠶᠠᠷᠤᠯᠲᠠ᠎ᠪᠠᠨ ᠴᠢᠩᠭᠠᠳᠬᠠᠵᠤ ᠂ ᠰᠤᠷᠭᠠᠭᠤᠯᠢ᠎ᠶᠢᠨ ᠰᠢᠨᠵᠢᠯᠡᠬᠦ ᠤᠬᠠᠭᠠᠨᠴᠢ ᠪᠠᠢᠷᠢ ᠲᠣᠭᠲᠠᠭᠠᠯᠲᠠ᠂ ᠠᠭᠤᠯᠤᠭᠳᠠᠬᠤᠨ ᠮᠠᠶᠢᠭ᠋᠎ᠤᠨ ᠬᠥᠭᠵᠢᠯᠲᠡ᠎ᠳᠤ ᠨᠢ ᠵᠢᠯᠣᠭᠣᠳᠤᠯᠭ᠎ᠠ ᠦᠵᠡᠭᠦᠯᠵᠦ᠂ ᠦᠨᠳᠦᠰᠦᠨ ᠠᠩᠭᠢ᠂ ᠲᠤᠰᠬᠠᠢ ᠮᠡᠷᠭᠡᠵᠢᠯ᠎ᠦᠨ ᠠᠩᠭᠢ᠎ᠶᠢᠨ ᠰᠤᠷᠭᠠᠨ ᠬᠥᠮᠦᠵᠢᠯ᠎ᠦᠨ ᠪᠦᠲᠦᠴᠡ ᠪᠠ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠪᠠᠢᠷᠢᠰᠢᠭᠤᠯᠤᠯᠲᠠ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ ᠪᠠ ᠰᠢᠨᠵᠢᠯᠡᠬᠦ ᠤᠬᠠᠭᠠᠨ᠎ᠤ ᠰᠤᠳᠤᠯᠤᠯ᠎ᠤᠨ ᠴᠢᠳᠠᠪᠤᠷᠢ ᠵᠡᠷᠭᠡ ᠠᠭᠤᠯᠤᠭᠳᠠᠬᠤᠨ᠎ᠤ ᠪᠠᠢᠭᠤᠯᠤᠯᠲᠠ᠎ᠶᠢ ᠴᠢᠩᠭᠠᠷᠠᠭᠤᠯᠬᠤ᠎ᠶᠢ ᠨᠢ ᠳᠡᠮᠵᠢᠬᠦ ᠬᠡᠷᠡᠭᠲᠡᠢ᠃
ᠵᠢᠷᠭᠤᠭ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠷᠤᠳᠠᠯ᠎ᠤᠨ ᠣᠷᠤᠭᠤᠯᠤᠯᠲᠠ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠣᠷᠣᠭᠤᠯᠤᠨ ᠠᠪᠴᠢᠷᠠᠬᠤ᠂ ᠳᠠᠪᠠᠭᠤᠯᠢᠭ᠋ ᠰᠢᠨᠵᠢᠯᠡᠭᠡᠨ᠎ᠦ ᠰᠠᠯᠠᠭ᠎ᠠ ᠪᠣᠢᠵᠢᠭᠤᠯᠬᠤ᠂ ᠰᠢᠨᠵᠢᠯᠡᠬᠦ ᠤᠬᠠᠭᠠᠨ᠎ᠤ ᠰᠤᠳᠤᠯᠤᠯ᠎ᠤᠨ ᠲᠦᠷᠦᠯ ᠵᠦᠢᠯ ᠭᠤᠶᠤᠴᠢᠯᠠᠨ ᠮᠡᠳᠡᠭᠦᠯᠬᠦ᠂ ᠰᠠᠭᠤᠷᠢ ᠪᠡᠯᠡᠳᠬᠡᠮᠵᠢ᠎ᠶᠢ ᠪᠦᠲᠦᠭᠡᠨ ᠪᠠᠢᠭᠤᠯᠬᠤ ᠵᠡᠷᠭᠡ ᠲᠠᠯ᠎ᠠ᠎ᠳᠤ ᠳᠡᠮᠵᠢᠯᠭᠡ ᠦᠵᠡᠭᠦᠯᠭᠦ ᠬᠡᠷᠡᠭᠲᠡᠢ᠃
ᠳᠣᠯᠤᠭ᠎ᠠ᠂ ᠬᠢᠩᠭᠠᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠨᠢ ᠰᠤᠷᠭᠠᠨ ᠬᠥᠮᠦᠵᠢᠯ᠎ᠦᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠨᠠᠮ᠎ᠤᠨ ᠪᠦᠲᠦᠭᠡᠨ ᠪᠠᠢᠭᠤᠯᠤᠯᠲᠠ᠎ᠶᠢ ᠦᠨᠡᠨ ᠬᠦ᠌ ᠴᠢᠩᠭᠠᠳᠬᠠᠵᠤ᠂ ᠨᠠᠮ ᠪᠠ ᠤᠯᠤᠰ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠪᠦᠭᠦ ᠲᠠᠯ᠎ᠠ᠎ᠪᠠᠷ ᠲᠤᠭᠤᠰᠢᠯᠠᠭᠤᠯᠤᠨ᠂ ᠳᠤᠮᠳᠠᠲᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠦᠨ ᠲᠣᠭᠣᠷᠢᠨ᠎ᠳᠤ ᠴᠢᠩᠭ᠎ᠠ ᠨᠢᠭ᠍ᠲᠠᠷᠠᠵᠤ᠂ ᠨᠡᠢᠭᠡᠮ ᠵᠢᠷᠤᠮ᠎ᠤᠨ ᠰᠤᠷᠭᠠᠭᠤᠯᠢ ᠡᠷᠭᠢᠯᠡᠭᠦ ᠴᠢᠭᠯᠡᠯ᠎ᠢ ᠪᠠᠷᠢᠮᠲᠠᠯᠠᠨ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠰᠤᠷᠭᠠᠭᠤᠯᠢ ᠡᠷᠭᠢᠯᠡᠭᠦ ᠪᠠᠢᠷᠢ ᠲᠣᠭᠲᠠᠭᠠᠯᠲᠠ᠎ᠶᠢ ᠪᠠᠷᠢᠮᠲᠠᠯᠠᠵᠤ᠂ ᠶᠣᠰᠣ᠌ ᠰᠤᠷᠲᠠᠬᠤᠨ᠎ᠢᠶᠠᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠤᠨ᠂ ᠠᠵᠤ ᠦᠢᠯᠡᠰ᠎ᠤᠨ ᠬᠥᠭᠵᠢᠯᠲᠡ᠂ ᠮᠡᠷᠭᠡᠵᠢᠯ᠎ᠦᠨ ᠬᠤᠪᠢᠰᠤᠯᠲᠠ᠂ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ ᠯᠤᠭ᠎ᠠ ᠨᠢᠭ᠍ᠲᠠ ᠵᠠᠯᠭᠠᠯᠳᠤᠭᠤᠯᠬᠤ᠎ᠶᠢ ᠴᠢᠩᠭᠠᠷᠠᠭᠤᠯᠵᠤ᠂ ᠰᠢᠨ᠎ᠡ ᠲᠠᠷᠢᠶᠠᠯᠠᠩ᠎ᠤᠨ ᠰᠢᠨᠵᠢᠯᠡᠬᠦ ᠤᠬᠠᠭᠠᠨ᠂ ᠰᠢᠨ᠎ᠡ ᠡᠨ᠋ᠸᠷᠭᠢ᠎ᠶᠢᠨ ᠲᠤᠰᠬᠠᠢ ᠮᠡᠷᠭᠡᠵᠢᠯ᠎ᠢᠶᠡᠷ ᠨᠡᠷᠡᠲᠦ ᠲᠡᠮᠳᠡᠭ ᠪᠤᠯᠭᠠᠵᠤ᠂ 《 ᠨᠠᠰᠤᠲᠠᠢᠴᠤᠳ ᠪᠠ ᠨᠢᠯᠬᠠᠰ 》 ᠪᠣᠯᠣᠨ ᠣᠳᠣ᠌ ᠦᠶ᠎ᠡ᠎ᠶᠢᠨ ᠦᠢᠯᠡᠴᠢᠯᠡᠭᠡᠨ᠎ᠦ ᠦᠢᠯᠡᠰ᠎ᠢᠶᠡᠷ ᠣᠨᠴᠠᠯᠢᠭ᠋ ᠪᠤᠯᠭᠠᠬ᠍ᠰᠠᠨ᠂ ᠵᠣᠬᠢᠬᠤ ᠨᠥᠯᠥᠭᠡᠯᠡᠬᠦ ᠬᠦᠴᠦᠨ ᠪᠦᠬᠦᠢ ᠣᠷᠣᠨ ᠪᠦᠰᠡ᠎ᠶᠢᠨ ᠥᠨᠳᠥᠷ ᠬᠢᠷᠢ ᠲᠦᠪᠰᠢᠨᠲᠥ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢ ᠪᠠᠢᠭᠤᠯᠤᠨ᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠭᠦ ᠬᠡᠷᠡᠭᠲᠡᠢ᠃
2025 ᠣᠨ᠎ᠤ 6 ᠳ᠋ᠤᠭᠠᠷ ᠰᠠᠷ᠎ᠠ᠎ᠶᠢᠨ 27᠎ᠤ ᠡᠳᠦᠷ
( ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ )