ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ
ᠨᠡᠶ᠋ᠢᠲᠡᠯᠡᠭᠰᠡᠨ ᠴᠠᠭ᠄ 2026-01-30

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠢᠴᠢᠭ ᠮᠠᠲᠧᠷᠢᠶᠠᠯ

ᠥᠪᠥᠷ ᠵᠠᠰᠠᠭ ᠠᠯᠪᠠᠨ ᠲᠠᠷᠬᠠᠭᠠᠭᠰᠠᠨ [ 2025 ] 40 ᠳ᠋ᠦ᠍ᠭᠡᠷ ᠲᠣᠭᠠᠲᠤ

 

ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ 

 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ ᠄ 

《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ᠎ᠶᠢᠨ ᠬᠠᠤᠯᠢ》᠂ 《ᠬᠠᠮᠤᠭ᠎ᠤᠨ ᠳᠣᠣᠷ᠎ᠠ ᠴᠠᠯᠢᠩ᠎ᠤᠨ ᠲᠣᠭᠲᠠᠭᠠᠯ》 ᠵᠡᠷᠭᠡ ᠬᠠᠮᠢᠶ᠎ᠠ ᠪᠦᠬᠦᠢ ᠲᠣᠭᠲᠠᠭᠠᠯ᠎ᠢ ᠦᠨᠳᠦᠰᠦᠯᠡᠨ᠂ ᠮᠠᠨ᠎ᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ ᠪᠠ ᠠᠵᠢᠯᠲᠠᠨ ᠠᠵᠢᠯᠴᠢᠨ᠎ᠤ ᠴᠠᠯᠢᠩ᠎ᠤᠨ ᠬᠢᠷᠢ ᠬᠡᠮᠵᠢᠶ᠎ᠡ᠎ᠶᠢᠨ ᠨᠡᠮᠡᠭᠳᠡᠯ ᠵᠡᠷᠭᠡ ᠪᠠᠢᠳᠠᠯ᠎ᠲᠠᠢ ᠤᠶᠠᠯᠳᠤᠭᠤᠯᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠢᠶᠠᠷ ᠬᠠᠷᠭᠤᠭᠤᠯᠤᠨ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠡᠴᠡ ᠪᠥᠬᠥ ᠣᠷᠣᠨ᠎ᠤ ᠪᠦᠬᠦᠯᠢ ᠡᠳᠦᠷ᠎ᠦᠨ ᠳᠦᠷᠢᠮᠲᠦ ᠰᠠᠷ᠎ᠠ᠎ᠶᠢᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠪᠠ ᠪᠦᠬᠦᠯᠢ ᠡᠳᠦᠷ᠎ᠦᠨ ᠳᠦᠷᠢᠮᠲᠦ ᠪᠤᠰᠤ ᠠᠵᠢᠯ᠎ᠤᠨ ᠪᠠᠢᠷᠢ᠎ᠶᠢᠨ ᠴᠠᠭ᠎ᠤᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ᠎ᠪᠡᠷ ᠲᠣᠭᠲᠠᠪᠠ᠃ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠄ 

ᠨᠢᠭᠡ᠂ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠶᠢ ᠳᠡᠭᠡᠭᠰᠢᠯᠡᠭᠦᠯᠦᠨ᠎ᠡ᠃ ᠲᠣᠬᠢᠷᠠᠭᠤᠯᠤᠯᠲᠠ ᠬᠢᠭᠰᠡᠨ᠎ᠤ ᠳᠠᠷᠠᠭᠠᠬᠢ ᠪᠦᠬᠦᠯᠢ ᠡᠳᠦᠷ᠎ᠦᠨ ᠳᠦᠷᠢᠮᠲᠦ ᠬᠥᠳᠡᠯᠮᠦᠷᠢᠴᠢᠨ᠎ᠦ ᠰᠠᠷ᠎ᠠ᠎ᠶᠢᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠨᠢ ᠨᠢᠭᠡᠳᠦᠭᠡᠷ ᠲᠥᠷᠥᠯ᠎ᠦᠨ ᠭᠠᠵᠠᠷ ᠣᠷᠣᠨ᠎ᠳᠤ 2380 ᠲᠥᠭᠥᠷᠢᠭ᠂ ᠬᠣᠶᠠᠳᠤᠭᠠᠷ ᠲᠥᠷᠥᠯ᠎ᠦᠨ ᠭᠠᠵᠠᠷ ᠣᠷᠣᠨ᠎ᠳᠤ 2310 ᠲᠥᠭᠥᠷᠢᠭ᠂ ᠭᠤᠷᠪᠠᠳᠤᠭᠠᠷ ᠲᠥᠷᠥᠯ᠎ᠦᠨ ᠭᠠᠵᠠᠷ ᠣᠷᠣᠨ᠎ᠳᠤ 2250 ᠲᠥᠭᠥᠷᠢᠭ ᠪᠣᠯᠣᠨ᠎ᠠ; ᠪᠦᠬᠦᠯᠢ ᠡᠳᠦᠷ᠎ᠤᠨ ᠳᠦᠷᠢᠮᠲᠦ ᠪᠤᠰᠤ ᠠᠵᠢᠯ᠎ᠤᠨ ᠪᠠᠢᠷᠢ᠎ᠶᠢᠨ ᠴᠠᠭ᠎ᠤᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠨᠢ ᠨᠢᠭᠡᠳᠦᠭᠡᠷ ᠲᠥᠷᠥᠯ᠎ᠦᠨ ᠭᠠᠵᠠᠷ ᠣᠷᠣᠨ᠎ᠳᠤ 23.5 ᠲᠥᠭᠥᠷᠢᠭ᠂ ᠬᠣᠶᠠᠳᠤᠭᠠᠷ ᠲᠥᠷᠥᠯ᠎ᠦᠨ ᠭᠠᠵᠠᠷ ᠣᠷᠣᠨ᠎ᠳᠤ 22.8 ᠲᠥᠭᠥᠷᠢᠭ᠂ ᠭᠤᠷᠪᠠᠳᠤᠭᠠᠷ ᠲᠥᠷᠥᠯ᠎ᠦᠨ ᠭᠠᠵᠠᠷ ᠣᠷᠣᠨ᠎ᠳᠤ 22.2 ᠲᠥᠭᠥᠷᠢᠭ ᠪᠣᠯᠣᠨ᠎ᠠ᠃ ᠭᠠᠵᠠᠷ ᠣᠷᠣᠨ᠎ᠤ ᠲᠥᠷᠥᠯ ᠢᠯᠭᠠᠯ ᠪᠠ ᠲᠣᠬᠢᠷᠠᠭᠤᠯᠤᠨ ᠬᠡᠷᠡᠭᠯᠡᠬᠦ ᠪᠠᠷᠢᠮᠵᠢᠶ᠎ᠠ᠎ᠶᠢ ᠳᠠᠭᠠᠯᠳᠤᠭᠤᠯᠤᠯ᠎ᠳᠤ ᠨᠠᠷᠢᠪᠴᠢᠯᠠᠨ ᠦᠵᠡᠭᠡᠷᠡᠢ᠃ 

ᠬᠣᠶᠠᠷ᠂ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠨᠠᠰᠤᠵᠢᠯ᠎ᠤᠨ ᠦᠨᠳᠦᠰᠦᠨ ᠳᠠᠭᠠᠳᠬᠠᠯ᠂  ᠡᠮᠴᠢᠯᠡᠭᠡᠨ᠎ᠦ ᠳᠠᠭᠠᠳᠬᠠᠯ᠂ ᠠᠵᠢᠯ ᠠᠯᠳᠠᠯᠲᠠ᠎ᠶᠢᠨ ᠳᠠᠭᠠᠳᠬᠠᠯ ᠪᠠ ᠣᠷᠣᠨ ᠰᠠᠭᠤᠴᠠ᠎ᠶᠢᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠤᠪᠢ ᠬᠥᠮᠥᠨ᠎ᠦ ᠰᠦᠢᠳᠬᠡᠯ ᠲᠤᠰᠢᠶᠠᠬᠤ ᠬᠡᠰᠡᠭ᠎ᠢ ᠪᠠᠭᠲᠠᠭᠠᠨ᠎ᠠ᠂ ᠠᠵᠢᠯᠯᠠᠬᠤ ᠴᠠᠭ᠎ᠢ ᠤᠷᠲᠤᠳᠬᠠᠭᠰᠠᠨ ᠬᠤᠭᠤᠴᠠᠭᠠᠨ᠎ᠤ ᠴᠠᠯᠢᠩ᠂ ᠦᠳᠡ ᠦᠳᠡᠰᠢ᠎ᠶᠢᠨ ᠡᠭᠡᠯᠵᠢ᠂ ᠰᠥᠨᠢ᠎ᠶᠢᠨ ᠡᠭᠡᠯᠵᠢ᠂ ᠥᠨᠳᠥᠷ ᠳᠤᠯᠠᠭᠠᠨ᠂ ᠳᠣᠣᠷ᠎ᠠ ᠳᠤᠯᠠᠭᠠᠨ᠂ ᠬᠤᠳᠳᠤᠭ ᠳᠣᠲᠣᠷ᠎ᠠ᠂ ᠬᠣᠣᠷ ᠬᠥᠨᠥᠭᠡᠯ᠎ᠲᠠᠢ ᠵᠡᠷᠭᠡ ᠣᠨᠴᠠᠭᠠᠶ ᠨᠥᠬᠥᠴᠡᠯ ᠳᠣᠣᠷᠠᠬᠢ  ᠨᠡᠮᠡᠯᠭᠡ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ᠎ᠠᠴᠠ ᠲᠣᠭᠲᠠᠭᠠᠭᠰᠠᠨ ᠬᠥᠳᠡᠯᠮᠦᠷᠢᠴᠢᠨ᠎ᠦ ᠠᠰᠠᠷᠠᠮᠵᠢ ᠣᠯᠭᠣᠮᠵᠢ ᠵᠡᠷᠭᠡ᠎ᠶᠢ ᠪᠠᠭᠲᠠᠭᠠᠬᠤ ᠦᠭᠡᠢ᠃ 

ᠭᠤᠷᠪᠠ᠂ ᠪᠦᠬᠦᠯᠢ ᠡᠳᠦᠷ᠎ᠦᠨ ᠳᠦᠷᠢᠮᠲᠦ ᠬᠥᠳᠡᠯᠮᠦᠷᠢᠴᠢᠨ ᠬᠡᠪ᠎ᠦᠨ ᠬᠥᠳᠡᠯᠮᠦᠷᠢ ᠬᠠᠩᠭᠠᠭᠰᠠᠨ ᠪᠠᠢᠳᠠᠯ ᠳᠣᠣᠷ᠎ᠠ᠂ ᠬᠥᠮᠥᠨ ᠬᠡᠷᠡᠭᠯᠡᠬᠦ ᠨᠢᠭᠡᠴᠢ ᠨᠢ ᠲᠣᠬᠢᠷᠠᠭᠤᠯᠤᠯᠲᠠ ᠬᠢᠭᠰᠡᠨ᠎ᠤ ᠳᠠᠷᠠᠭᠠᠬᠢ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠠᠴᠠ ᠳᠣᠣᠷ᠎ᠠ ᠦᠭᠡᠢ ᠪᠠᠷᠢᠮᠵᠢᠶ᠎ᠠ᠎ᠪᠠᠷ ᠲᠡᠭᠦᠨ᠎ᠦ ᠴᠠᠯᠢᠩ᠎ᠢ ᠨᠢ ᠣᠯᠭᠣᠬᠤ ᠬᠡᠷᠡᠭᠲᠡᠶ; ᠪᠦᠬᠦᠯᠢ ᠡᠳᠦᠷ᠎ᠦᠨ ᠳᠦᠷᠢᠮᠲᠦ ᠪᠤᠰᠤ᠎ᠪᠠᠷ ᠠᠵᠢᠯ ᠬᠢᠵᠦ ᠪᠠᠢᠭ᠎ᠠ ᠬᠥᠳᠡᠯᠮᠦᠷᠢᠴᠢᠨ᠎ᠳᠤ ᠬᠥᠮᠥᠨ ᠬᠡᠷᠡᠭᠯᠡᠬᠦ ᠨᠢᠭᠡᠴᠢ᠎ᠶᠢᠨ ᠣᠯᠭᠣᠬᠤ ᠵᠣᠭᠣᠰᠤᠨ ᠴᠠᠯᠢᠩ ᠨᠢ ᠴᠠᠭ᠎ᠤᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠠᠴᠠ ᠳᠣᠣᠷ᠎ᠠ ᠪᠠᠢᠵᠤ ᠪᠣᠯᠬᠤ ᠦᠭᠡᠢ᠃ ᠨᠢᠭᠡᠴᠢ᠎ᠶᠢᠨ ᠬᠠᠤᠯᠢ ᠶᠣᠰᠣᠭᠠᠷ ᠲᠤᠰᠢᠶᠠᠭᠰᠠᠨ ᠨᠡᠢᠭᠡᠮ᠎ᠦᠨ ᠳᠠᠭᠠᠳᠬᠠᠯ᠎ᠤᠨ ᠵᠠᠷᠤᠳᠠᠯ ᠪᠠ ᠣᠷᠣᠨ ᠰᠠᠭᠤᠴᠠ᠎ᠶᠢᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠬᠥᠮᠥᠨ ᠬᠡᠷᠡᠭᠯᠡᠬᠦ ᠨᠢᠭᠡᠴᠢ ᠲᠣᠭᠲᠠᠭᠠᠯ ᠶᠣᠰᠣᠭᠠᠷ ᠠᠰ᠎ᠲᠤ ᠨᠢ ᠣᠯᠭᠣᠬᠤ ᠬᠡᠷᠡᠭᠲᠡᠢ᠃ 

ᠳᠥᠷᠪᠡ᠂ ᠲᠣᠬᠢᠷᠠᠭᠤᠯᠤᠯᠲᠠ ᠬᠢᠭᠰᠡᠨ᠎ᠦ ᠳᠠᠷᠠᠭᠠᠬᠢ ᠪᠦᠬᠦᠯᠢ ᠡᠳᠦᠷ᠎ᠦᠨ ᠳᠦᠷᠢᠮᠲᠦ ᠰᠠᠷ᠎ᠠ᠎ᠶᠢᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠪᠠ ᠪᠦᠬᠦᠯᠢ ᠡᠳᠦᠷ᠎ᠦᠨ ᠳᠦᠷᠢᠮᠲᠦ ᠪᠤᠰᠤ ᠠᠵᠢᠯ᠎ᠤᠨ ᠪᠠᠢᠷᠢ᠎ᠶᠢᠨ ᠴᠠᠭ᠎ᠤᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠶᠢ 2025 ᠣᠨ᠎ᠤ 12 ᠳ᠋ᠤᠭᠠᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ ᠤᠤᠯ᠎ᠤᠨ 《ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭᠠᠭᠰᠠᠨ [ 2024 ] 46 ᠳ᠋ᠤᠭᠠᠷ ᠲᠣᠭᠠᠲᠤ )᠎ᠢ ᠬᠠᠮᠲᠤ᠎ᠳᠤ ᠨᠢ ᠬᠦᠴᠦᠨ ᠦᠭᠡᠢ ᠪᠣᠯᠭᠠᠨ᠎ᠠ᠃ 

ᠲᠠᠪᠤ᠂ ᠡᠯ᠎ᠡ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋) ᠨᠢ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠶᠢᠨ ᠲᠤᠬᠠᠢ ᠤᠬᠠᠭᠤᠯᠭ᠎ᠠ᠎ᠪᠠᠨ ᠴᠢᠩᠭᠠᠳᠬᠠᠵᠤ᠂ ᠲᠤᠬᠠᠢ᠎ᠶᠢᠨ ᠭᠠᠵᠠᠷ᠎ᠤᠨ ᠭᠣᠣᠯ ᠪᠣᠯᠬᠤ ᠵᠠᠭᠤᠴᠢᠯᠠᠭᠤᠷ ᠳᠡᠭᠡᠷ᠎ᠡ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠶᠢ ᠨᠡᠢᠲᠡᠯᠡᠵᠦ᠂ ᠬᠥᠮᠥᠨ ᠬᠡᠷᠡᠭᠯᠡᠬᠦ ᠨᠢᠭᠡᠴᠢ᠂ ᠬᠥᠳᠡᠯᠮᠦᠷᠢᠯᠡᠭᠴᠢᠳ ᠪᠠ ᠣᠯᠠᠨ ᠨᠡᠶ᠋ᠢᠲᠡ᠎ᠳᠦ ᠲᠥᠷᠥ᠎ᠶᠢᠨ ᠪᠣᠳᠣᠯᠭ᠎ᠠ᠎ᠶᠢᠨ ᠲᠣᠭᠲᠠᠭᠠᠯ᠎ᠢ ᠥᠷᠭᠡᠨ᠎ᠢᠶᠡᠷ ᠣᠢᠯᠠᠭᠠᠭᠤᠯᠬᠤ ᠬᠡᠷᠡᠭᠲᠡᠢ᠃ ᠬᠥᠮᠥᠨ ᠬᠡᠷᠡᠭᠯᠡᠬᠦ ᠨᠢᠭᠡᠴᠢ᠎ᠶᠢᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠶᠢ ᠬᠡᠷᠡᠭᠵᠢᠭᠦᠯᠵᠦ ᠪᠠᠢᠭ᠎ᠠ ᠪᠠᠢᠳᠠᠯ᠎ᠳᠤ ᠬᠢᠨᠠᠯᠲᠠ ᠲᠠᠯᠪᠢᠵᠤ ᠪᠠᠢᠴᠠᠭᠠᠬᠤ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ 《ᠬᠠᠮᠤᠭ᠎ᠤᠨ ᠳᠣᠣᠷ᠎ᠠ ᠴᠠᠯᠢᠩ᠎ᠤᠨ ᠲᠣᠭᠲᠠᠭᠠᠯ》᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠬᠠᠤᠯᠢ ᠶᠣᠰᠣᠭᠠᠷ ᠪᠠᠢᠴᠠᠭᠠᠨ ᠰᠢᠢᠳᠪᠦᠷᠢᠯᠡᠵᠦ᠂ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠬᠤ ᠬᠡᠷᠡᠭᠲᠡᠢ᠃ 

 

ᠳᠠᠭᠠᠯᠳᠤᠭᠤᠯᠤᠯ᠄ ᠥᠪᠥᠷ ᠮᠣᠩᠭᠣᠯ᠎ᠦᠨ ᠥᠪᠡᠷᠲᠡᠭᠡᠨ ᠵᠠᠰᠠᠬᠤ ᠣᠷᠣᠨ ᠎ᠤ ᠬᠠᠮᠤᠭ᠎ᠦᠨ ᠳᠣᠣᠷ᠎ᠠ ᠴᠠᠯᠢᠩ᠎ᠦᠨ ᠭᠠᠵᠠᠷ ᠣᠷᠣᠨ ᠎ᠤ ᠲᠥᠷᠥᠯ ᠢᠯᠭᠠᠯ ᠪᠠ ᠪᠠᠷᠢᠮᠵᠢᠶ᠎ᠠ᠎ᠶᠢᠨ ᠬᠦᠰᠦᠨᠦᠭᠲᠦ 

 

2025 ᠣᠨ᠎ᠤ 12 ᠳ᠋ᠤᠭᠠᠷ ᠰᠠᠷ᠎ᠠ᠎ᠶᠢᠨ 3᠎ᠦ ᠡᠳᠦᠷ

( ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ) 

 

ᠳᠠᠭᠠᠯᠳᠤᠭᠤᠯᠤᠯ

ᠥᠪᠥᠷ ᠮᠣᠩᠭᠣᠯ᠎ᠦᠨ ᠥᠪᠡᠷᠲᠡᠭᠡᠨ ᠵᠠᠰᠠᠬᠤ ᠣᠷᠣᠨ ᠎ᠤ ᠬᠠᠮᠤᠭ᠎ᠦᠨ ᠳᠣᠣᠷ᠎ᠠ ᠴᠠᠯᠢᠩ ᠎ᠤᠨ ᠭᠠᠵᠠᠷ ᠣᠷᠣᠨ ᠎ᠤ ᠲᠥᠷᠥᠯ ᠢᠯᠭᠠᠯ ᠪᠠ ᠪᠠᠷᠢᠮᠵᠢᠶ᠎ᠠ᠎ᠶᠢᠨ ᠬᠦᠰᠦᠨᠦᠭᠲᠦ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ