ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠥᠰᠥᠭ 〔2022〕 55 ᠳ᠋ᠤᠭ᠋ᠠᠷ ᠲᠣᠭ᠋ᠠᠲᠤ᠂ ᠥᠪᠥᠷ ᠵᠠᠰᠠᠭ ᠠᠯᠪᠠᠨ ᠲᠠᠷᠬᠠᠭ᠋ᠠᠭᠰᠠᠨ 〔2024〕 6 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠤᠯᠪᠣᠭᠳᠠᠯ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2026-01-09

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

  ᠠᠯᠪᠠᠨ ᠲᠠᠷᠬᠠᠭᠠᠭᠰᠠᠨ 2025 39 ᠳ᠋ᠦ᠍ᠭᠡᠷ 

 

ᠥᠪᠥᠷ ᠵᠠᠰᠠᠭ ᠠᠯᠪᠠᠨ ᠥᠰᠥᠭ 〔2022〕 55 ᠳ᠋ᠤᠭ᠋ᠠᠷ ᠲᠣᠭ᠋ᠠᠲᠤ᠂ ᠥᠪᠥᠷ ᠵᠠᠰᠠᠭ ᠠᠯᠪᠠᠨ ᠲᠠᠷᠬᠠᠭ᠋ᠠᠭᠰᠠᠨ 〔2024〕 6 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠤᠯᠪᠣᠭᠳᠠᠯ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

 

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠪᠦᠲᠦᠭᠡᠨ ᠪᠠᠶ᠋ᠢᠭᠤᠯᠤᠯᠲᠠ᠎ᠶᠢ ᠤᠯᠠᠮ ᠨᠢᠭᠡ ᠠᠯᠬᠤᠮ ᠲᠦᠷᠭᠡᠣᠡᠭᠡᠨ᠂ ᠴᠠᠬᠢᠯᠭ᠋ᠠᠨ ᠲᠣᠣᠷ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠵᠡᠭᠦᠯᠬᠦ ᠲᠤᠯᠭ᠋ᠠᠭᠤᠷᠢᠯᠠᠨ ᠪᠠᠲᠤᠯᠠᠬᠤ ᠦᠢ᠍ᠯᠡᠳᠦᠯ᠎ᠢ ᠳᠡᠭᠡᠭᠰᠢᠯᠡᠭᠦᠯᠭᠦ᠎ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《ᠴᠠᠬᠢᠯᠭ᠋ᠠᠨ ᠲᠣᠤᠷ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ᠎ᠶᠢ ᠤᠯᠠᠮ ᠨᠢᠭᠡ ᠠᠯᠬᠤᠮ ᠳᠥᠭᠦᠮᠴᠢᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠥᠰᠥᠭ 〔2022〕 55 ᠳ᠋ᠤᠭ᠋ᠠᠷ ᠲᠣᠭ᠋ᠠᠲᠤ)᠂ 《ᠰᠢᠨ᠎ᠡ ᠡᠨᠧᠷᠭᠢ ᠪᠠ ᠴᠠᠬᠢᠯᠭ᠋ᠠᠨ ᠲᠣᠤᠷ᠎ᠤᠨ ᠢᠨᠵᠧᠨᠧᠷᠢᠩ᠎ᠢ ᠬᠢᠨᠠᠨ ᠵᠥᠪᠰᠢᠶᠡᠷᠡᠵᠦ ᠪᠥᠲᠥᠭᠡᠨ ᠪᠠᠶ᠋ᠢᠭᠤᠯᠬᠤ᠎ᠪᠠᠨ ᠲᠦᠷᠭᠡᠣᠡᠭᠡᠭᠦ ᠠᠷᠭ᠎ᠠ ᠬᠡᠮᠵᠢᠶ᠎ᠡ᠎ᠨᠦᠭᠦᠳ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ 〔2024〕 6 ᠳ᠋ᠤᠭ᠋ᠠᠷ ᠲᠣᠭ᠋ᠠᠲᠤ)᠎ᠤᠨ ᠬᠤᠯᠪᠣᠭᠳᠠᠯ ᠪᠥᠬᠦᠶ ᠠᠭᠤᠯᠭ᠎ᠠ᠎ᠳᠤ ᠵᠠᠰᠠᠪᠤᠷᠢ ᠣᠷᠣᠭᠤᠯᠬᠤ᠎ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠃

ᠨᠢᠭᠡ᠂ ᠥᠪᠥᠷ ᠵᠠᠰᠠᠭ ᠠᠯᠪᠠᠨ ᠥᠰᠥᠭ 〔2022〕 55 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠭᠤᠷᠪᠠᠳᠤᠭ᠋ᠠᠷ ᠵᠦᠢ᠍ᠯ᠎ᠳᠠᠬᠢ 《ᠴᠠᠬᠢᠯᠭ᠋ᠠᠨ ᠬᠦᠴᠦᠨ᠎ᠤ ᠬᠥᠭᠵᠢᠯᠲᠡ᠎ᠶᠢᠨ ᠲᠥᠯᠥᠪᠵᠢᠭᠦᠯᠭᠡ ᠪᠤᠶᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠪᠥᠲᠥᠭᠡᠨ ᠪᠠᠶ᠋ᠢᠭᠤᠯᠤᠯᠲᠠ᠎ᠶᠢᠨ ᠲᠥᠷᠥᠯ ᠵᠦᠢ᠍ᠯ᠎ᠤᠨ ᠲᠤᠳᠣᠷᠬᠠᠢ ᠬᠠᠭᠤᠳᠠᠰᠤᠨ᠎ᠳᠤ ᠨᠢᠭᠡᠨᠲᠡ ᠵᠢᠭᠰᠠᠭ᠋ᠠᠨ ᠣᠷᠣᠭᠤᠯᠤᠭᠰᠠᠨ ᠴᠠᠬᠢᠯᠭ᠋ᠠᠨ ᠲᠣᠤᠷ᠎ᠤᠨ ᠲᠥᠷᠥᠯ ᠵᠦᠢ᠍ᠯ᠎ᠳᠤ᠂ ᠲᠣᠰ ᠭᠠᠵᠠᠷ ᠣᠷᠣᠨ᠎ᠤ ᠤᠯᠤᠰ᠎ᠤᠨ ᠨᠣᠳᠤᠭ ᠲᠡᠪᠢᠰᠭᠡᠷ᠎ᠤᠨ ᠣᠷᠣᠨ ᠵᠠᠶ᠎ᠶᠢᠨ ᠲᠥᠯᠥᠪᠵᠢᠭᠦᠯᠭᠡ᠎ᠳᠤ ᠣᠷᠣᠭᠤᠯᠤᠭᠰᠠᠨ᠎ᠤ ᠳᠠᠷᠠᠭ᠎ᠠ (ᠤᠯᠤᠰ᠎ᠤᠨ ᠨᠣᠳᠤᠭ ᠲᠡᠪᠢᠰᠭᠡᠷ᠎ᠤᠨ ᠣᠷᠣᠨ ᠵᠠᠶ᠎ᠶᠢᠨ ᠲᠥᠯᠥᠪᠵᠢᠭᠦᠯᠭᠡ᠎ᠶᠢᠨ ᠰᠢᠯᠵᠢᠯᠲᠡ᠎ᠶᠢᠨ ᠬᠤᠭᠤᠴᠠᠭ᠋ᠠᠨ᠎ᠳᠤ᠂ ᠠᠶ᠋ᠢᠮᠠᠭ ᠬᠤᠲᠠ ᠪᠤᠶᠤ ᠬᠤᠰᠢᠭᠤ ᠰᠢᠶᠠᠨ᠎ᠠᠴᠠ ᠤᠯᠤᠰ᠎ᠤᠨ ᠨᠣᠳᠤᠭ ᠲᠡᠪᠢᠰᠭᠡᠷ᠎ᠤᠨ ᠣᠷᠣᠨ ᠵᠠᠶ᠎ᠶᠢᠨ ᠲᠥᠯᠥᠪᠵᠢᠭᠦᠯᠭᠡ᠎ᠳᠤ ᠣᠷᠣᠭᠤᠯᠬᠤ᠎ᠪᠠᠷ ᠠᠮᠠᠯᠠᠭᠰᠠᠨ ᠮᠥᠷᠲᠡᠭᠡᠨ ᠡᠭᠦᠷᠢᠳᠡ᠎ᠶᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠥᠬᠡᠶ)᠂ ᠲᠡᠭᠦᠨ᠎ᠤ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠱᠤᠭᠤᠮ᠎ᠤᠨ ᠬᠤᠩᠭᠢᠯ (ᠱᠣᠩ᠂ ᠰᠣᠪᠣᠷᠭ᠋ᠠᠨ ᠰᠠᠭᠤᠷᠢ ᠪᠠᠭᠲᠠᠨ᠎ᠠ)᠎ᠳᠤ ᠭᠠᠵᠠᠷ ᠬᠡᠷᠡᠭᠯᠡᠬᠦ᠎ᠶᠢ ᠤᠷᠢᠳᠴᠢᠯᠠᠨ ᠬᠢᠨᠠᠬᠤ ᠬᠢᠭᠡᠣᠨ ᠭᠠᠵᠠᠷ ᠰᠣᠩᠭᠤᠬᠤ ᠰᠠᠨᠠᠯ᠎ᠤᠨ ᠪᠢᠴᠢᠭ᠎ᠢ ᠭᠦᠢ᠍ᠴᠡᠳᠬᠡᠬᠦ ᠥᠬᠡᠶ ᠪᠠᠶ᠋ᠢᠵᠤ ᠪᠣᠯᠤᠨ᠎ᠠ》 ᠭᠡᠰᠡᠡ᠎ᠢ 《ᠠᠭ᠋ᠠᠷ᠎ᠲᠠᠬᠢ ᠴᠠᠬᠢᠯᠭ᠋ᠠᠨ ᠬᠦᠴᠦᠨ᠎ᠤ ᠱᠤᠭᠤᠮ᠎ᠤᠨ ᠬᠤᠩᠭᠢᠯ (ᠱᠤᠩ᠂ ᠰᠣᠪᠣᠷᠭ᠋ᠠᠨ ᠰᠠᠭᠤᠷᠢ ᠪᠠᠭᠲᠠᠨ᠎ᠠ)᠎ᠢ ᠣᠣᠯ ᠭᠠᠵᠠᠷ ᠲᠥᠷᠥᠯ᠎ᠢᠶᠠᠷ ᠬᠠᠮᠢᠶᠠᠷᠤᠨ᠎ᠠ ᠃ ᠱᠣᠩ᠂ ᠰᠣᠪᠣᠷᠭ᠋ᠠᠨ ᠰᠠᠭᠤᠷᠢ᠎ᠳᠤ ᠡᠵᠡᠯᠡᠨ ᠬᠡᠷᠡᠭᠯᠡᠭᠰᠡᠨ ᠭᠠᠵᠠᠷ ᠰᠢᠷᠣᠶ᠎ᠶᠢ ᠪᠥᠲᠥᠭᠡᠨ ᠪᠠᠶ᠋ᠢᠭᠤᠯᠬᠤ ᠨᠢᠭᠡᠴᠢ᠎ᠠᠴᠠ ᠭᠠᠵᠠᠷ ᠰᠢᠷᠣᠶ᠎ᠶᠢᠨ ᠥᠮᠴᠢᠯᠡᠯ᠎ᠤᠨ ᠡᠷᠬᠡᠲᠦ ᠬᠥᠮᠦᠨ ᠪᠠ ᠬᠡᠷᠡᠭᠯᠡᠬᠦ ᠡᠷᠬᠡᠲᠦ ᠬᠥᠮᠦᠨ᠎ᠳᠤ ᠨᠢᠭᠡ ᠯᠡ ᠤᠳᠠᠭ᠎ᠠ᠎ᠶᠢᠨ ᠴᠢᠨᠠᠷᠲᠠᠶ ᠠᠵᠤ ᠠᠬᠤᠶ᠎ᠶᠢᠨ ᠨᠥᠬᠦᠪᠥᠷᠢ ᠥᠭᠭᠦᠨ᠎ᠡ》 ᠭᠡᠵᠦ ᠵᠠᠰᠠᠪᠣᠷᠢ ᠣᠷᠣᠭᠤᠯᠪᠠ᠃

ᠬᠤᠶᠠᠷ᠂ ᠥᠪᠥᠷ ᠵᠠᠰᠠᠭ ᠠᠯᠪᠠᠨ ᠲᠠᠷᠬᠠᠭ᠋ᠠᠭᠰᠠᠨ 〔2024〕 6 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠳᠣᠯᠣᠳᠤᠭ᠋ᠠᠷ ᠵᠦᠢ᠍ᠯ᠎ᠤᠨ 《ᠰᠢᠨ᠎ᠡ ᠡᠨᠧᠷᠭᠢ᠂ ᠴᠠᠬᠢᠯᠭ᠋ᠠᠨ ᠲᠣᠤᠷ᠎ᠤᠨ ᠲᠥᠷᠥᠯ ᠵᠦᠢ᠍ᠯ᠎ᠤᠨ ᠭᠠᠵᠠᠷ ᠰᠢᠷᠣᠶ᠎ᠶᠢᠨ ᠭᠠᠷᠳᠠᠮ᠎ᠢ ᠭᠦᠢ᠍ᠴᠡᠳᠬᠡᠬᠦ᠎ᠶᠢ ᠰᠢᠯᠢᠳᠡᠭᠵᠢᠭᠦᠯᠦᠨ᠎ᠡ᠃ 〈ᠴᠠᠬᠢᠯᠭ᠋ᠠᠨ ᠲᠣᠤᠷ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ᠎ᠶᠢ ᠤᠯᠠᠮ ᠨᠢᠭᠡ ᠠᠯᠬᠤᠮ ᠳᠥᠭᠦᠮᠴᠢᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ〉 (ᠥᠪᠥᠷ ᠵᠠᠰᠠᠭ ᠠᠯᠪᠠᠨ ᠥᠰᠥᠭ 〔2022〕 55 ᠳ᠋ᠤᠭ᠋ᠠᠷ ᠲᠣᠭ᠋ᠠᠲᠤ)᠎ᠤᠨ ᠬᠠᠮᠢᠶ᠎ᠠ ᠪᠥᠬᠦᠶ ᠱᠠᠭ᠋ᠠᠷᠳᠠᠯᠭ᠎ᠠ᠎ᠶᠢ ᠨᠠᠢᠳᠠᠪᠤᠷᠢᠵᠢᠭᠤᠯᠵᠤ ᠪᠣᠳᠠᠲᠠᠢᠵᠢᠭᠤᠯᠬᠤ᠎ᠶᠢ ᠦᠷᠭᠦᠯᠵᠢᠯᠡᠨ ᠰᠠᠶ᠋ᠢᠲᠤᠷ ᠠᠳᠬᠤᠵᠤ᠂ ᠭᠠᠵᠠᠷ ᠰᠢᠷᠣᠶ᠎ᠶᠢᠨ ᠬᠡᠷᠡᠯ ᠵᠢᠷᠤᠭ᠎ᠤᠨ ᠬᠠᠤᠯᠢ ᠬᠡᠷᠡᠭᠵᠢᠭᠦᠯᠦᠯᠲᠡ᠎ᠶᠢᠨ ᠪᠠᠶ᠋ᠢᠴᠠᠭ᠋ᠠᠯᠲᠠ᠎ᠶᠢᠨ ᠡᠷᠴᠢᠮ᠎ᠢ ᠴᠢᠩᠭ᠋ᠠᠷᠠᠭᠤᠯᠤᠨ᠂ ᠰᠠᠯᠬᠢᠨ ᠬᠦᠴᠦᠨ᠎ᠤ ᠴᠠᠬᠢᠯᠭ᠋ᠠᠨ᠎ᠤ ᠰᠤᠪᠤᠷᠭ᠎ᠠ᠎ᠶᠢᠨ ᠰᠠᠭᠤᠷᠢ᠎ᠶᠢᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠭᠠᠷᠳᠠᠮ᠎ᠢ ᠭᠦᠢ᠍ᠴᠡᠳᠬᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ᠎ᠶᠢᠨ ᠡᠬᠢ ᠪᠠᠶᠠᠯᠢᠭ᠎ᠤᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠴᠠᠬᠢᠯᠭ᠋ᠠᠨ ᠲᠣᠤᠷ᠎ᠤᠨ ᠠᠵᠤ ᠠᠬᠤᠶ᠋ᠢᠯᠠᠯ᠂ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ᠎ᠤᠳ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)》 ᠭᠡᠰᠡᠨ᠎ᠢ ᠬᠠᠰᠣᠨ᠎ᠡ᠃

ᠭᠤᠷᠪᠠ᠂ ᠲᠤᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠬᠡᠷᠡᠭᠵᠢᠭᠦᠯᠬᠦ ᠶᠠᠪᠤᠴᠠ᠎ᠳᠤ ᠪᠣᠳᠠᠲᠠᠶ ᠠᠰᠠᠭᠤᠳᠠᠯ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠂ ᠪᠠᠶ᠋ᠢᠭ᠋ᠠᠯᠢ᠎ᠶᠢᠨ ᠡᠬᠢ ᠪᠠᠶᠠᠯᠢᠭ᠎ᠤᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃

10 ᠳ᠋ᠤᠭᠠᠷ ᠰᠠᠷ᠎ᠠ᠎ᠶᠢᠨ 31 ᠎ᠤ ᠡᠳᠦᠷ    

(ᠲᠣᠰ ᠪᠢᠴᠢᠭ᠌ ᠮᠠᠲᠧᠷᠢᠶᠠᠯ᠎ᠢ ᠢᠯᠡ ᠨᠡᠢᠲᠡᠯᠡᠨ᠎ᠡ)

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ