ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2024 ᠣᠨ᠎ᠤ 30 ᠳ᠋ᠤᠭ᠋ᠠᠷ ᠤᠳᠠᠭ᠎ᠠ ᠵᠢᠨ ᠪᠠᠢ᠌ᠩᠭᠤ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2024-11-18

    11 ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ ᠵᠢᠴᠢ ᠠᠵᠤ ᠠᠬᠤᠢ ᠵᠢᠨ ᠪᠠᠢ᠌ᠭᠤᠯᠤᠯ ᠪᠣᠯᠣᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠲᠤᠰᠬᠠᠢ ᠳᠤᠭᠤᠢ᠌ᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠪᠠ᠃

    ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠬᠣᠯᠪᠣᠭᠳᠠᠯ ᠪᠦᠬᠦᠢ ᠴᠢᠬᠤᠯᠠ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ 《ᠴᠠᠭ ᠢᠮᠠᠭᠲᠠ ᠰᠠᠨᠠᠭ᠎ᠠ ᠠᠮᠤᠷ ᠦᠭᠡᠢ ᠪᠠᠢ᠌ᠬᠤ》 ᠬᠠᠷᠢᠭᠤᠴᠠᠯᠭ᠋ᠠᠲᠤ ᠰᠡᠳᠬᠢᠯᠭᠡ᠎ᠪᠠᠷ ᠰᠤᠷᠭ᠋ᠠᠭᠤᠯᠢ ᠵᠢᠨ ᠬᠦᠷᠢᠶ᠎ᠡ᠂ ᠡᠮᠨᠡᠯᠭᠡ ᠵᠢᠨ ᠬᠣᠷᠢᠶ᠎ᠠ᠂ ᠲᠡᠷᠭᠡᠨ ᠦᠷᠳᠡᠭᠡ ᠨᠢᠰᠬᠡᠯ᠎ᠤᠨ ᠪᠠᠭᠤᠳᠠᠯ᠂ ᠵᠢᠭᠤᠯᠴᠢᠯᠠᠯ᠎ᠤᠨ ᠦᠵᠡᠮᠵᠢ ᠵᠢᠨ ᠣᠷᠣᠨ ᠵᠡᠷᠭᠡ ᠬᠥᠮᠥᠨ ᠬᠠᠷ᠎ᠠ ᠲᠥᠪᠯᠡᠷᠡᠭᠰᠡᠨ ᠲᠠᠯᠠᠪᠤᠷ᠎ᠤᠨ ᠠᠶᠤᠯ ᠲᠦᠭᠰᠢᠭᠦᠷᠢ ᠭᠡᠮ ᠰᠣᠭᠣᠭ᠎ᠢ ᠪᠦᠭᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠨ ᠴᠡᠭᠴᠡᠯᠡᠨ ᠵᠠᠰᠠᠵᠤ᠂ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠡᠬᠢ ᠡᠭᠦᠰᠦᠯ᠎ᠠᠴᠠ᠎ᠨᠢ ᠵᠠᠰᠠᠬᠤ ᠭᠤᠷᠪᠠᠨ ᠵᠢᠯ᠎ᠤᠨ ᠪᠣᠭᠣᠮᠲᠠ ᠰᠢᠪᠲᠤᠯᠬᠤ ᠠᠵᠢᠯᠯᠠᠭ᠎ᠠ ᠵᠢ ᠪᠣᠳᠠᠲᠠᠢ ᠠᠳᠬᠤᠵᠤ᠂ ᠫᠤᠤ ᠵᠡᠪᠰᠡᠭ᠎ᠲᠠᠢ ᠬᠣᠯᠪᠣᠭᠳᠠᠬᠤ ᠳᠡᠯᠪᠡᠷᠡᠬᠦ ᠡᠳ᠋ ᠪᠣᠳᠠᠰ᠎ᠲᠠᠢ ᠬᠣᠯᠪᠣᠭᠳᠠᠬᠤ᠂ ᠴᠠᠭᠢᠯᠭ᠋ᠠᠨ ᠴᠢᠮᠡᠭᠡ ᠬᠤᠯᠪᠤᠭ᠎ᠠ ᠰᠦᠯᠵᠢᠶᠡᠨ᠎ᠤ ᠮᠡᠬᠡᠯᠡᠯ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠡᠯ᠎ᠡ ᠲᠦᠷᠦᠯ᠎ᠤᠨ ᠬᠡᠲᠦᠷᠡᠮᠡᠬᠡᠢ ᠬᠡᠷᠡᠭ᠎ᠤᠨ ᠡᠭᠦᠰᠬᠦ ᠵᠢ ᠪᠦᠳᠦᠮᠵᠢᠳᠡᠢ ᠰᠡᠷᠭᠡᠢ᠌ᠯᠡᠵᠦ᠂ ᠤᠯᠠᠨ ᠲᠦᠮᠡᠨ᠎ᠤ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠲᠡᠭᠡᠭᠰᠢᠯᠡᠭᠦᠯᠭᠦ ᠬᠡᠷᠡᠭᠲᠡᠢ᠃ ᠠᠶᠤᠯᠭᠦᠢ ᠦᠢ᠍ᠯᠡᠳᠪᠦᠷᠢᠯᠡᠯ᠎ᠤᠨ ᠭᠡᠮ ᠰᠣᠭᠣᠭ᠎ᠢ ᠦᠨᠳᠦᠰᠦᠨ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ᠌ᠷᠡᠭᠦᠯᠵᠦ᠂ ᠠᠭᠤᠷᠬᠠᠢ᠂ ᠰᠢᠲᠠᠮᠠᠬᠠᠢ ᠬᠡᠢ᠂ ᠠᠶᠤᠯᠲᠠᠢ ᠬᠢᠮᠢ ᠵᠢᠨ ᠪᠣᠳᠠᠰ᠂ ᠪᠠᠷᠢᠯᠭ᠎ᠠ ᠵᠢᠨ ᠠᠵᠢᠯ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢ ᠲᠤᠪᠤᠢ᠌ᠯᠭ᠋ᠠᠵᠤ᠂ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ᠎ᠠᠴᠠ ᠠᠷᠠᠳ᠎ᠤᠨ ᠠᠮᠢᠳᠤᠷᠠᠯ᠎ᠤᠨ 33 ᠪᠣᠳᠠᠲᠤ ᠶᠠᠪᠤᠳᠠᠯ᠎ᠤᠨ ᠠᠬᠢᠴᠠ ᠵᠢᠨ ᠪᠠᠢ᠌ᠳᠠᠯ᠎ᠢ ᠰᠣᠨᠣᠰᠴᠤ᠂ ᠲᠣᠬᠢᠷᠠᠭᠤᠯᠤᠯᠲᠠ᠎ᠪᠠᠨ ᠴᠢᠩᠭ᠋ᠠᠳᠬᠠᠵᠤ᠂ ᠠᠬᠢᠴᠠ᠎ᠪᠠᠨ ᠲᠦᠷᠭᠡᠳᠬᠡᠵᠦ᠂ ᠵᠢᠯ᠎ᠤᠨ ᠡᠴᠦᠰ᠎ᠠᠴᠠ ᠡᠮᠦᠨ᠎ᠡ ᠲᠣᠭᠲᠠᠭᠰᠠᠨ ᠡᠭᠦᠷᠭᠡ᠎ᠪᠠᠨ ᠪᠦᠭᠦᠨ᠎ᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ᠃ ᠤᠯᠠᠨ ᠠᠷᠭ᠎ᠠ ᠵᠠᠮ ᠵᠶ᠋ᠠᠷ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠴᠤᠭᠯᠠᠭᠤᠯᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠎ᠤ ᠰᠠᠨᠠᠯ ᠰᠠᠨᠠᠭᠤᠯᠭ᠎ᠠ ᠵᠢ ᠰᠤᠨᠤᠰᠬᠤ ᠵᠢ ᠴᠢᠬᠤᠯᠠᠴᠢᠯᠠᠵᠤ᠂ ᠢᠷᠡᠬᠦ ᠵᠢᠯ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠨᠠᠷᠢᠨ ᠨᠢᠮᠪᠠᠢ ᠰᠠᠢ᠌ᠲᠤᠷ ᠲᠥᠯᠥᠪᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ᠎ᠠᠴᠠ 《ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠬᠦ ᠲᠤᠬᠠᠢ ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ 2025 ᠣᠨ᠎ᠤ ᠭᠣᠣᠯᠳᠠᠯᠭ᠎ᠠ᠎ᠲᠠᠢ ᠡᠭᠦᠷᠭᠡ ᠵᠢᠨ ᠨᠠᠷᠢᠨ ᠲᠠᠨᠭ᠌ᠰᠠ ᠵᠢ ᠰᠤᠳᠤᠯᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠵᠢᠯᠣᠭᠣᠳᠤᠮᠵᠢ ᠪᠤᠯᠭ᠋ᠠᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠪᠣᠯᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠂ ᠤᠯᠠᠮᠵᠢᠯᠠᠯᠲᠤ ᠡᠨᠧᠷᠭᠢ ᠪᠣᠯᠣᠨ ᠰᠢᠨ᠎ᠡ ᠡᠨᠧᠷᠭᠢ᠂ ᠡᠨᠧᠷᠭᠢ ᠵᠢ ᠠᠷᠪᠢᠯᠠᠵᠤ ᠨᠡᠭᠦᠷᠡᠰᠦᠳᠦᠢ᠍ᠷᠦᠭᠴᠢ ᠵᠢ ᠪᠠᠭ᠋ᠠᠰᠬᠠᠬᠤ ᠪᠠ ᠡᠷᠭᠢᠯᠳᠦᠭᠦᠯᠦᠨ ᠠᠰᠢᠭᠯᠠᠬᠤ ᠵᠢ ᠠᠭᠤᠰᠤᠯᠴᠠᠭᠤᠯᠵᠤ᠂ ᠭᠦᠢ᠍ᠴᠡᠳᠬᠡᠯ ᠲᠣᠭ᠎ᠠ ᠵᠢ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠤᠬᠠᠭᠤᠯᠭ᠎ᠠ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠬᠦ ᠬᠡᠷᠡᠭᠲᠡᠢ᠃ ᠣᠨᠴᠠᠭ᠋ᠠᠢ᠌ᠯᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠪᠠᠢ᠌ᠷᠢᠯᠠᠭᠤᠯᠤᠭᠰᠠᠨ ᠥᠭᠡᠷᠡᠴᠢᠯᠡᠯᠲᠡ ᠵᠢᠨ ᠡᠭᠦᠷᠭᠡ᠎ᠲᠠᠢ ᠬᠠᠷᠭᠤᠭᠤᠯᠵᠤ᠂ ᠬᠦᠴᠦᠨ ᠵᠶ᠋ᠡᠨ  ᠬᠤᠪᠢᠶᠠᠨ ᠪᠣᠭᠣᠮᠲᠠ ᠵᠢ ᠰᠠᠬᠢᠨ ᠳᠠᠷᠤᠢ ᠲᠦᠷᠭᠡᠨ ᠰᠤᠳᠤᠯᠵᠤ᠂ ᠨᠢᠭᠡ᠎ᠨᠢ ᠪᠣᠯᠪᠠᠰᠤᠷᠠᠩᠭᠤᠢ ᠪᠣᠯᠪᠠᠯ ᠪᠠᠷᠢᠨ ᠨᠢᠭᠡ ᠵᠢ ᠳᠡᠯᠭᠡᠷᠡᠭᠦᠯᠵᠦ᠂ ᠠᠯᠢ ᠲᠦᠷᠭᠡᠨ ᠵᠶ᠋ᠠᠷ ᠨᠡᠩ ᠤᠯᠠᠨ ᠦᠷ᠎ᠡ ᠪᠦᠲᠦᠭᠡᠯ ᠭᠠᠷᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ᠎ᠠᠴᠠ ᠰᠤᠷᠭ᠋ᠠᠨ ᠬᠥᠮᠦᠵᠢᠯ᠎ᠤᠨ ᠬᠦᠴᠦᠷᠬᠡᠭ ᠣᠷᠣᠨ᠂ ᠪᠠᠭᠰᠢ ᠵᠢᠨ ᠡᠩᠨᠡᠭᠡᠨ᠎ᠤ ᠪᠠᠢ᠌ᠭᠤᠯᠤᠯᠲᠠ ᠵᠢᠨ ᠠᠵᠢᠯ᠎ᠢ ᠰᠤᠳᠤᠯᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠲᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭ᠋ᠠᠵᠤ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠰᠢᠨ᠎ᠡ ᠡᠭᠦᠳᠬᠦ ᠵᠢ ᠭᠦᠨᠵᠡᠭᠡᠢ᠌ᠷᠡᠭᠦᠯᠵᠦ᠂ ᠴᠢᠨᠠᠷ ᠰᠠᠢ᠌ᠲᠠᠢ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠠᠢ᠌ᠭᠤᠯᠬᠤ ᠬᠡᠷᠡᠭᠲᠡᠢ᠃ ᠪᠠᠭᠰᠢ ᠵᠢᠨ ᠵᠢᠭ᠋ᠠᠨ ᠰᠤᠷᠭ᠋ᠠᠯᠲᠠ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢ ᠵᠢ ᠲᠡᠭᠡᠭᠰᠢᠯᠡᠭᠦᠯᠵᠦ᠂ ᠪᠠᠭᠰᠢ ᠵᠢᠨ ᠮᠣᠷᠠᠯ ᠪᠠᠭᠰᠢ ᠵᠢᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠠᠭᠰᠢ ᠵᠢ ᠬᠦᠨᠳᠦᠳᠬᠡᠨ ᠪᠠᠭᠰᠢ᠎ᠳᠤ ᠬᠠᠷᠠᠭ᠋ᠠᠯᠵᠠᠯ ᠬᠦᠷᠲᠡᠭᠡᠵᠦ ᠪᠠᠭᠰᠢ ᠵᠢ ᠬᠠᠯᠠᠮᠵᠢᠯᠠᠬᠤ ᠠᠵᠢᠯᠯᠠᠭ᠎ᠠ ᠥᠷᠨᠢᠭᠦᠯᠵᠦ᠂ 《ᠳᠥᠷᠪᠡ ᠵᠢ ᠪᠦᠷᠢᠯᠳᠦᠭᠦᠯᠦᠭᠰᠡᠨ》 ᠰᠠᠢ᠌ᠨ ᠪᠠᠭᠰᠢ ᠵᠢ ᠢᠳᠡᠪᠬᠢᠲᠡᠢ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ᠎ᠠᠴᠠ ᠪᠠᠰᠠ ᠡᠳ᠋᠎ᠤᠨ ᠵᠠᠰᠠᠭ᠎ᠤᠨ ᠬᠦᠷᠢᠶᠡᠨ᠎ᠳᠠᠬᠢ ᠤᠯᠠᠮ ᠨᠢᠭᠡ ᠠᠯᠬᠤᠮ ᠵᠠᠰᠠᠭ᠎ᠢ ᠴᠤᠮᠬᠠᠳᠬᠠᠨ ᠡᠷᠬᠡ ᠵᠢ ᠲᠠᠯᠪᠢᠵᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠵᠡᠷᠭᠡ ᠶᠠᠪᠤᠳᠠᠯ᠎ᠢ ᠰᠤᠳᠤᠯᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ