ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2024 ᠣᠨ᠎ᠤ 35 ᠳ᠋ᠤᠭ᠋ᠠᠷ ᠤᠳᠠᠭ᠎ᠠ ᠵᠢᠨ ᠪᠠᠢ᠌ᠩᠭᠤ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2024-12-23


      12 ᠰᠠᠷ᠎ᠠ ᠵᠢᠨ 19᠎ᠤ ᠡᠳᠦᠷ ᠂  ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ ᠵᠢᠴᠢ ᠠᠵᠤ ᠠᠬᠤᠢ ᠵᠢᠨ ᠪᠠᠢ᠌ᠭᠤᠯᠤᠯ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠲᠤᠰᠬᠠᠢ ᠳᠤᠭᠤᠢ᠌ᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠪᠠ ᠃

       ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠵᠤ᠂ ᠥᠪᠥᠷ ᠮᠣᠩᠭᠣᠯ᠎ᠤᠨ ᠣᠨᠴᠠᠯᠢᠭ ᠪᠠ ᠳᠠᠪᠠᠭᠤᠯᠢᠭ᠎ᠲᠠᠢ ᠣᠲᠣ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮ᠎ᠢ ᠬᠦᠴᠦᠯᠡᠨ ᠪᠠᠢ᠌ᠭᠤᠯᠵᠤ᠂ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠂ ᠭᠣᠣᠯᠯᠠᠬᠤ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ ᠬᠡᠯᠬᠢᠶ᠎ᠡ ᠵᠢ ᠨᠥᠬᠥᠪᠦᠷᠢᠯᠡᠬᠦ᠂ ᠰᠢᠯᠢᠳᠡᠭᠵᠢᠭᠦᠯᠦᠨ ᠲᠠᠰ ᠳᠡᠪᠰᠢᠭᠦᠯᠬᠦ ᠵᠢ ᠲᠦᠷᠭᠡᠳᠬᠡᠨ ᠠᠬᠢᠭᠤᠯᠵᠤ᠂ ᠣᠯᠠᠨ ᠲᠠᠰ ᠳᠠᠪᠬᠤᠷᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠢ ᠪᠦᠷᠢᠨᠰᠢᠭᠦᠯᠦᠨ᠂ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠪᠠᠲᠤ ᠡᠭᠦᠷᠭᠡᠯᠡᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠪᠠᠢ᠌ᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠤᠯᠭ᠋ᠠᠬᠤ ᠵᠢ ᠠᠬᠢᠭᠤᠯᠵᠤ᠂ 《ᠤᠳᠠᠭ᠋ᠠᠨ᠂ ᠪᠦᠳᠦᠭᠦᠯᠢᠭ᠂ ᠬᠡᠢ᠌ᠰᠪᠦᠷᠢ》 ᠠᠰᠠᠭᠤᠳᠠᠯ᠎ᠢ ᠡᠷᠡᠰ ᠵᠠᠯᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

       ᠬᠤᠷᠠᠯ᠎ᠠᠴᠠ 2024 ᠣᠨ᠎ᠤ ᠪᠦᠭᠦ ᠣᠷᠣᠨ᠎ᠤ ᠠᠵᠤ ᠠᠬᠤᠢ ᠵᠢᠨ ᠡᠷᠭᠢᠯᠲᠡ ᠵᠢᠨ ᠪᠠᠢ᠌ᠳᠠᠯ ᠪᠣᠯᠣᠨ 2025 ᠣᠨ᠎ᠤ ᠭᠣᠣᠯᠳᠠᠯᠭ᠎ᠠ᠎ᠲᠠᠢ ᠠᠵᠢᠯ᠎ᠤᠨ ᠲᠣᠬᠢᠷᠠᠭᠤᠯᠤᠯᠲᠠ ᠵᠢᠨ ᠰᠠᠨᠠᠭᠤᠯᠭ᠎ᠠ ᠵᠢᠴᠢ ᠡᠳ᠋᠎ᠤᠨ ᠵᠠᠰᠠᠭ᠎ᠤᠨ ᠲᠥᠰᠥᠪ᠎ᠤᠨ ᠲᠥᠰᠥᠯ᠎ᠤᠨ ᠮᠡᠳᠡᠭᠦᠯᠦᠯᠲᠡ ᠵᠢ ᠰᠤᠳᠤᠯᠵᠤ ᠂  ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠪᠠᠢ᠌ᠷᠢᠯᠠᠭᠤᠯᠤᠯᠲᠠ ᠶᠣᠰᠣᠭ᠋ᠠᠷ ᠂  ᠢᠷᠡᠬᠦ ᠵᠢᠯ᠎ᠤᠨ ᠭᠣᠣᠯᠳᠠᠯᠭ᠎ᠠ᠎ᠲᠠᠢ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠬᠦ ᠬᠡᠷᠡᠭᠲᠡᠢ ᠃  ᠠᠵᠢᠯ ᠲᠥᠷᠥᠯ ᠬᠦᠷᠢᠶ᠎ᠡ ᠴᠠᠷᠠᠭ᠎ᠠ ᠳᠠᠷᠠᠭ᠋ᠠᠯᠠᠨ ᠬᠠᠷᠠᠯᠲᠠ ᠡᠭᠦᠷᠭᠡ᠎ᠪᠠᠨ ᠨᠠᠷᠢᠯᠢᠭᠵᠢᠭᠤᠯᠵᠤ ᠂  ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ ᠪᠣᠳᠠᠲᠠᠢ ᠠᠷᠭ᠎ᠠ ᠬᠡᠮᠵᠢᠶ᠎ᠡ ᠵᠢ ᠭᠦᠨᠵᠡᠭᠡᠢ ᠰᠤᠳᠤᠯᠵᠤ ᠂  ᠡᠴᠦᠰ᠎ᠲᠤᠨᠢ ᠲᠤᠯᠲᠠᠯ᠎ᠠ ᠠᠩᠬᠠᠷᠴᠤ ᠂  ᠪᠢᠲᠡᠭᠦᠦ ᠭᠣᠭᠴᠣᠭ᠎ᠠ᠎ᠪᠠᠷ ᠨᠠᠢ᠌ᠳᠠᠪᠤᠷᠢᠵᠢᠭᠤᠯᠵᠤ ᠂  ᠴᠠᠭ ᠲᠤᠬᠠᠢ᠎ᠳᠤᠨᠢ ᠲᠠᠩᠰᠠ ᠲᠤᠰᠢᠶᠠᠬᠤ ᠬᠡᠷᠡᠭᠲᠡᠢ ᠃  ᠲᠥᠰᠥᠪ᠎ᠤᠨ ᠡᠷᠬᠡ ᠰᠦᠷᠲᠦ ᠴᠢᠨᠠᠷ᠎ᠢ ᠴᠢᠩᠭ᠋ᠠᠳᠬᠠᠵᠤ ᠂  ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ ᠂ 《  ᠭᠤᠷᠪᠠ ᠵᠢ ᠪᠠᠲᠤᠯᠠᠬᠤ 》  ᠬᠣᠷᠢᠭ᠎ᠠ ᠱᠤᠭᠤᠮ᠎ᠢ ᠪᠠᠲᠤ ᠰᠠᠬᠢᠵᠤ ᠂  ᠨᠠᠮ ᠵᠠᠰᠠᠭ᠎ᠤᠨ ᠪᠠᠢ᠌ᠭᠤᠯᠭ᠎ᠠ ᠵᠢᠨ ᠠᠷᠪᠢᠴᠢ ᠭᠠᠮᠲᠠᠢ ᠠᠮᠢᠳᠤᠷᠠᠬᠤ ᠳᠠᠳᠬᠠᠯ᠎ᠲᠠᠢ  ᠪᠤᠯᠬᠤ ᠱᠠᠭ᠋ᠠᠷᠳᠠᠯᠭ᠎ᠠ ᠵᠢ  ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

       ᠬᠤᠷᠠᠯ᠎ᠠᠴᠠ ᠭᠦᠭᠡᠬᠣᠲᠠ ᠪᠤᠭᠤᠲᠤ ᠣᠷᠳᠣᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠭᠦ ᠣᠷᠣᠨ᠎ᠢ ᠪᠦᠲᠦᠭᠡᠨ ᠪᠠᠢ᠌ᠭᠤᠯᠬᠤ ᠂  ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠭᠦ ᠂  ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ  ᠬᠡᠲᠦᠷᠡᠲᠡᠯ᠎ᠡ ᠪᠡᠯᠴᠢᠭᠡᠷᠯᠡᠭᠦᠯᠵᠦ ᠪᠠᠢ᠌ᠬᠤ ᠠᠰᠠᠭᠤᠳᠠᠯ᠎ᠢ ᠪᠦᠭᠦ ᠲᠠᠯ᠎ᠠ᠎ᠪᠠᠷ ᠰᠢᠢ᠍ᠳᠪᠦᠷᠢᠯᠡᠬᠦ ᠭᠤᠷᠪᠠᠨ ᠥᠭᠡᠷᠡᠴᠢᠯᠡᠯᠲᠡ ᠵᠢᠨ ᠲᠥᠰᠥᠯ᠎ᠢ ᠬᠢᠨᠠᠨ ᠵᠥᠪᠯᠡᠵᠦ ᠪᠠᠲᠤᠯᠠᠨ ᠂  ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠴᠢᠩᠭ᠋ᠠᠳᠬᠠᠵᠤ ᠂  ᠭᠦᠭᠡᠬᠣᠲᠠ ᠪᠤᠭᠤᠲᠤ ᠣᠷᠳᠣᠰ᠎ᠤᠨ ᠲᠥᠷᠥ ᠵᠢᠨ ᠪᠣᠳᠣᠯᠭ᠎ᠠ ᠵᠢᠨ  ᠬᠠᠷᠢᠯᠴᠠᠨ ᠨᠡᠪᠲᠡᠷᠡᠯᠴᠡᠬᠦ ᠂  ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠬᠦ ᠂  ᠠᠵᠤ ᠦᠢ᠍ᠯᠡᠰ ᠵᠶ᠋ᠡᠨ ᠬᠠᠷᠢᠯᠴᠠᠨ ᠠᠬᠢᠭᠤᠯᠬᠤ ᠂  ᠮᠡᠳᠡᠭᠡ ᠵᠠᠩᠭᠢ᠎ᠪᠠᠨ ᠬᠠᠷᠢᠯᠴᠠᠨ ᠬᠣᠯᠪᠣᠭ᠋ᠠᠯᠠᠬᠤ ᠂  ᠴᠢᠳᠠᠪᠤᠷᠢᠲᠠᠨ ᠵᠶ᠋ᠡᠷ  ᠬᠠᠷᠢᠯᠴᠠᠨ ᠲᠡᠳᠬᠦᠬᠦ ᠵᠢ ᠠᠬᠢᠭᠤᠯᠬᠤ ᠬᠡᠷᠡᠭᠲᠡᠢ ᠃  ᠬᠠᠤᠯᠢ ᠬᠡᠷᠡᠭᠵᠢᠭᠦᠯᠬᠦ ᠣᠷᠴᠢᠨ᠎ᠢ ᠰᠢᠯᠢᠳᠡᠭᠵᠢᠭᠦᠯᠦᠨ ᠂  ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠪᠠ ᠨᠠᠷᠢᠯᠢᠭ ᠣᠨᠣᠴᠠᠲᠠᠢ ᠪᠤᠯᠭ᠋ᠠᠬᠤ ᠵᠢ ᠴᠢᠩᠭ᠋ᠠᠳᠬᠠᠵᠤ ᠂  ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠡᠪᠳᠡᠭᠰᠡᠨ ᠬᠠᠤᠯᠢ ᠪᠤᠰᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠃  ᠮᠠᠯ ᠠᠵᠤ ᠠᠬᠤᠢ ᠵᠢᠨ ᠤᠯᠠᠮᠵᠢᠯᠠᠯᠲᠤ ᠦᠢ᠍ᠯᠡᠳᠪᠦᠷᠢᠯᠡᠯ᠎ᠤᠨ ᠠᠷᠭ᠎ᠠ ᠭᠡᠯᠪᠡᠷᠢ ᠵᠢ ᠲᠦᠷᠭᠡᠳᠬᠡᠨ ᠬᠤᠪᠢᠷᠠᠭᠤᠯᠵᠤ ᠂  ᠲᠤᠷᠰᠢᠯᠲᠠ ᠵᠢᠨ ᠴᠡᠭ᠎ᠤᠨ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠵᠦ ᠂  ᠨᠤᠲᠤᠭ ᠪᠡᠯᠴᠢᠭᠡᠷ᠎ᠢ ᠠᠮᠤᠷᠵᠢᠭᠤᠯᠤᠨ ᠰᠡᠷᠭᠦᠭᠡᠬᠦ ᠵᠢ  ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

       ᠬᠤᠷᠠᠯ᠎ᠠᠴᠠ ᠪᠠᠰᠠ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠭᠰᠠᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠂  ᠣᠷᠣᠨ ᠨᠤᠲᠤᠭ᠎ᠤᠨ ᠥᠷᠢ ᠥᠭᠴᠡᠭᠡ ᠪᠠ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠵᠡᠷᠭᠡ ᠠᠵᠢᠯ᠎ᠢ ᠰᠤᠳᠤᠯᠪᠠ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ