ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 33 ᠳ᠋ᠤᠭᠠᠷ ᠤᠳᠠᠭ᠎ᠠ᠎ᠶᠢᠨ ᠪᠠᠢᠩᠭᠤ᠎ᠶ᠋ᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-11-10

11 ᠰᠠᠷ᠎ᠠ᠎ᠶ᠋ᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠪᠠ᠃

ᠬᠤᠷᠠᠯ᠎ᠡᠴᠡ ᠶᠡᠷᠦᠩᠬᠡᠶ ᠱᠦᠵᠢ ᠰᠢ᠎ᠵᠢᠨ᠎ᠫᠢᠩ᠎ᠦᠨ ᠨᠠᠮ᠎ᠤᠨ ᠭᠠᠳᠠᠨᠠᠬᠢ ᠬᠥᠮᠦᠰ᠎ᠦᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠭᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ 《ᠵᠠᠭᠤᠨ ᠵᠢᠯ᠎ᠦᠨ ᠰᠠᠬᠢᠨ ᠬᠠᠮᠠᠭᠠᠯᠠᠯᠲᠠ — ᠪᠣᠷᠣ ᠬᠣᠲᠠ᠎ᠠᠴᠠ ᠬᠠᠭᠠᠨ᠎ᠤ ᠣᠷᠳᠣᠨ᠎ᠤ ᠮᠦᠽᠧᠶ ᠬᠦᠷᠲᠡᠯ᠎ᠡ》ᠦᠵᠡᠰᠭᠦᠯᠡᠩ᠎ᠢ ᠲᠣᠭᠣᠷᠢᠨ ᠦᠵᠡᠬᠦ᠌ ᠦᠶ᠎ᠡ᠎ᠶ᠋ᠢᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠥᠨᠳᠥᠷ ᠲᠦᠪᠱᠢᠨ ᠪᠥᠬᠥᠶ ᠨᠡᠭᠡᠭᠡᠯᠲᠡ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠬᠦᠴᠦ ᠤᠷᠤᠭᠤᠯᠤᠨ ᠠᠬᠢᠭᠤᠯᠵᠤ᠂ ᠴᠢᠯᠥᠭᠡᠲᠦ ᠠᠷᠠᠯᠵᠢᠶᠠᠨ᠎ᠤ ᠤᠷᠤᠨ᠎ᠢ ᠲᠦᠷᠭᠡᠳᠭᠡᠨ ᠪᠠᠢᠭᠤᠯᠵᠤ᠂ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠴᠢᠳᠠᠪᠦᠷᠢ ᠲᠠᠰ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠬᠣᠪᠣᠷ ᠨᠠᠨᠳᠢᠨ ᠰᠣᠶᠣᠯ᠎ᠤᠨ ᠥᠪ᠎ᠢ ᠰᠠᠢᠲᠤᠷ ᠬᠠᠮᠠᠭᠠᠯᠠᠨ ᠤᠯᠠᠮᠵᠢᠯᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠠᠮᠢᠳᠤᠯᠢᠭ᠍ᠵᠢᠭᠤᠯᠤᠨ ᠠᠱᠢᠭ᠍ᠯᠠᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠶᠡᠷᠦᠩᠬᠡᠶ ᠱᠦᠵᠢ ᠰᠢ᠎ᠵᠢᠨ᠎ᠫᠢᠩ᠎ᠦᠨ ᠨᠠᠮ᠎ᠤᠨ ᠭᠠᠳᠠᠨᠠᠬᠢ ᠬᠥᠮᠦᠰ᠎ᠦᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠡᠪᠲᠡᠷᠡᠯᠴᠡᠭᠦᠯᠦᠨ ᠨᠠᠢᠳᠠᠪᠤᠷᠢᠵᠢᠭᠤᠯᠤᠯᠲᠠ ᠵᠢ ᠰᠠᠢᠲᠤᠷ ᠠᠳᠬᠤᠵᠤ᠂ ᠬᠦᠯᠢᠶᠡᠵᠦ᠍ ᠪᠣᠯᠬᠤ ᠥᠬᠡᠶ ᠠᠯᠭᠤᠷᠯᠠᠵᠤ ᠪᠤᠯᠬᠤ ᠦᠭᠡᠢ ᠲᠤᠯᠭᠠᠮ ᠰᠡᠳᠭᠢᠯᠭᠡ᠎ᠪᠡᠷ 《ᠠᠷᠪᠠᠨ ᠲᠠᠪᠤᠳᠤᠭᠠᠷ ᠲᠠᠪᠤᠨ ᠵᠢᠯ》 ᠪᠣᠯᠤᠨ ᠢᠷᠡᠬᠦ᠌ ᠵᠢᠯ᠎ᠦᠨ ᠠᠵᠢᠯ᠎ᠢ ᠰᠠᠢᠲᠤᠷ ᠤᠬᠠᠭᠠᠯᠠᠨ ᠲᠦᠯᠦᠪᠯᠡᠵᠦ᠂ 《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ᠎ᠶᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶᠢᠨ ᠰᠠᠨᠠᠯ》᠎ᠳ᠋ᠤ᠌ ᠪᠠᠢᠷᠢᠯᠠᠭᠤᠯᠤᠭᠰᠠᠨ ᠡᠭᠦᠷᠭᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠶ᠃ 《ᠤᠮᠠᠷᠠᠲᠤ᠎ᠶᠢᠨ ᠭᠤᠷᠪᠠᠨ ᠤᠷᠤᠨ》᠎ᠤ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ ᠨᠡᠭᠦᠷᠡᠰᠦᠲᠥ᠋ᠷᠥᠭ᠌ᠴᠢ ᠦᠭᠡᠢ ᠬᠦᠷᠢᠶᠡᠯᠡᠩ ᠲᠣᠭᠣᠷᠢᠭ᠎ᠢ ᠴᠢᠨᠠᠷ ᠰᠠᠢᠲᠠᠢ ᠪᠦᠳᠦᠭᠡᠨ ᠪᠠᠢᠭᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠨ ᠠᠱᠢᠭ᠍ᠯᠠᠬᠤ᠎ᠶ᠋ᠢ ᠴᠢᠩᠭᠠᠳᠭᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠱᠢᠭᠤᠴᠢ ᠣᠷᠣᠨ ᠪᠠ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ ᠬᠡᠷᠡᠭ᠌ᠲᠡᠢ᠃ ᠤᠳᠤ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠬᠦᠴᠦᠨ᠎ᠢᠶᠡᠨ ᠲᠥᠪᠯᠡᠷᠡᠭᠦᠯᠦᠨ ᠮᠠᠯ ᠠᠵᠤ ᠠᠬᠤᠢ ᠲᠠᠷᠢᠶᠠᠯᠠᠩ᠎ᠤᠨ ᠲᠦᠷᠦᠯ ᠲᠡᠮᠳᠡᠭ᠎ᠢ ᠪᠣᠢᠵᠢᠭᠤᠯᠵᠤ᠂ ᠰᠦ᠎ᠶ᠋ᠢᠨ ᠦᠢᠯᠡᠰ ᠪᠣᠯᠤᠨ ᠦᠷ᠎ᠡ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠤᠯᠤᠰ᠎ᠤᠨ ᠲᠠᠰ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠢ ᠲᠦᠷᠭᠡᠳᠭᠡᠨ ᠪᠠᠢᠭᠤᠯᠵᠤ᠂ ᠪᠥᠬᠥ᠌ ᠤᠯᠤᠰ᠎ᠤᠨ ᠨᠢᠭᠡ ᠴᠣᠭ᠍ᠴᠠᠵᠢᠭ᠍ᠰᠠᠨ ᠪᠤᠳᠤᠯᠲᠠ᠎ᠶᠢᠨ ᠬᠦᠴᠦᠨ᠎ᠦ ᠲᠤᠤᠷ ᠰᠦᠯᠵᠢᠶᠡᠨ᠎ᠦ ᠥᠪᠥᠷ ᠮᠣᠩᠭᠣᠯ᠎ᠤᠨ ᠭᠦᠢᠰᠦ ᠵᠠᠩᠭᠢᠯᠠᠭ᠎ᠠ᠎ᠶ᠋ᠢᠨ ᠴᠡᠭ᠎ᠢ ᠰᠠᠢᠲᠤᠷ ᠪᠥᠲᠥᠭᠡᠨ ᠪᠠᠢᠭᠤᠯᠵᠤ᠂ ᠪᠣᠬᠢᠷᠲᠤᠯ ᠥᠬᠡᠶ ᠪᠤᠳᠤᠯᠲᠠ᠎ᠶᠢᠨ ᠬᠦᠴᠦᠨ᠎ᠤ ᠤᠷᠢᠳ᠎ᠢᠶᠡᠷ ᠬᠡᠷᠡᠭ᠌ᠵᠢᠭᠦᠯᠬᠦ᠌ ᠵᠢᠱ᠌ᠢᠶ᠎ᠡ ᠦᠵᠡᠭᠦᠯᠬᠦ᠌ ᠣᠷᠣᠨ᠎ᠢ ᠪᠠᠢᠭᠤᠯᠬᠤ ᠬᠡᠷᠡᠭ᠌ᠲᠡᠶ᠃ ᠡᠨᠧᠷᠭᠢ᠎ᠶ᠋ᠢᠨ ᠠᠵᠤ ᠦᠢᠯᠡᠰ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠰᠠᠢᠲᠤᠷ ᠪᠠᠳᠠᠷᠠᠭᠤᠯᠵᠤ᠂ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠵᠤ ᠱᠢᠩᠭᠡᠭᠡᠬᠦ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠬᠣᠪᠣᠷ ᠱᠢᠷᠣᠢ᠎ᠶ᠋ᠢᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢ ᠨᠡᠭᠡᠭᠡᠨ ᠬᠥᠭ᠌ᠵᠢᠭᠦᠯᠵᠦ᠍ ᠠᠱᠢᠭ᠍ᠯᠠᠬᠤ᠎ᠶ᠋ᠢ ᠴᠢᠩᠭᠠᠳᠭᠠᠬᠤ ᠬᠡᠷᠡᠭ᠌ᠲᠡᠢ᠃ ᠲᠦᠷᠭᠡᠨ᠎ᠦ ᠲᠡᠮᠦᠷ ᠵᠠᠮ᠂ ᠵᠠᠰᠠᠮᠠᠯ ᠵᠠᠮ᠂ ᠠᠷᠠᠳ᠎ᠤᠨ ᠠᠭᠠᠷ᠎ᠤᠨ ᠠᠶᠠᠯᠠᠯ ᠵᠡᠷᠭᠡ ᠰᠠᠭᠤᠷᠢ ᠲᠥᠬᠥᠭᠡᠷᠦᠮᠵᠢ᠎ᠶ᠋ᠢᠨ ᠳᠤᠲᠠᠭᠤᠳᠠᠯ᠎ᠢ ᠠᠯᠬᠤᠮ ᠠᠯᠬᠤᠮ᠎ᠢᠶᠠᠷ ᠨᠥᠬᠥᠪᠥᠷᠢᠯᠡᠵᠦ᠍᠂ ᠭᠦᠢᠰᠦ ᠠᠵᠤ ᠠᠬᠤᠢ᠎ᠶ᠋ᠢ ᠶᠡᠬᠡ᠎ᠪᠡᠷ ᠬᠥᠭ᠌ᠵᠢᠭᠦᠯᠵᠦ᠍᠂ ᠪᠠᠷᠠᠭᠠᠨ᠎ᠤ ᠭᠦᠢᠯᠭᠡᠭᠡ᠎ᠶᠢᠨ ᠥᠪᠡᠷ᠎ᠦᠨ ᠦᠷᠳᠡᠭ᠎ᠢ ᠪᠠᠭᠤᠷᠠᠭᠤᠯᠬᠤ ᠬᠡᠷᠡᠭ᠌ᠲᠡᠢ᠃《ᠨᠢᠭᠡ ᠠᠵᠤ ᠠᠬᠤᠢᠯᠠᠯ᠎ᠳᠤ ᠨᠢᠭᠡ ᠠᠷᠭ᠎ᠠ ᠪᠤᠳᠤᠯᠭ᠎ᠠ ᠬᠡᠷᠡᠭ᠌ᠵᠢᠭᠦᠯᠵᠦ》 ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠡᠵᠡᠩᠨᠡᠯᠲᠡ᠎ᠶ᠋ᠢᠨ ᠲᠣᠭ᠍ᠲᠠᠴᠠ᠎ᠶ᠋ᠢ ᠱᠢᠯᠤᠭᠤᠳᠭᠠᠬᠤ ᠬᠡᠷᠡᠭ᠌ᠲᠡᠢ᠃ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠴᠢᠨᠠᠭ᠍ᠰᠢᠳᠠ ᠴᠢᠩᠭᠠᠳᠭᠠᠵᠤ᠂ ᠭᠣᠣᠯᠳᠠᠯᠭ᠎ᠠ᠎ᠲᠠᠶ ᠬᠦᠷᠢᠶ᠎ᠠ ᠴᠠᠷᠠᠭ᠎ᠠ᠎ᠶᠢᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠡᠶ᠎ᠡ ᠵᠣᠬᠢᠴᠠᠩᠭᠤᠢ ᠲᠣᠭ᠍ᠲᠠᠭᠤᠨ᠎ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ ᠪᠠᠰᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠲᠦᠷᠢᠮ》᠎ᠢ ᠰᠤᠳᠤᠯᠤᠨ ᠵᠠᠰᠠᠪᠤᠷᠢ ᠣᠷᠣᠭᠤᠯᠵᠤ᠂ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠤᠨ ᠲᠥᠰᠦᠯ ᠵᠢᠴᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠢ ᠬᠦᠴᠦᠨ ᠥᠬᠡᠶ ᠪᠣᠯᠭᠠᠬᠤ᠎ᠪᠠᠷ ᠬᠢᠨᠠᠨ ᠵᠦᠪᠯᠡᠭᠦᠯᠬᠦ᠎ᠪᠡᠷ ᠳᠡᠪᠱᠢᠭᠦᠯᠦᠭ᠌ᠰᠡᠨ ᠰᠠᠨᠠᠯ ᠵᠥᠪᠯᠡᠯᠭᠡ᠎ᠶ᠋ᠢ ᠬᠢᠨᠠᠨ ᠵᠥᠪᠯᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ