ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2025 ᠣᠨ᠎ᠤ 34 ᠳ᠋ᠦ᠍ᠭᠡᠷ ᠤᠳᠠᠭ᠎ᠠ᠎ᠶᠢᠨ ᠪᠠᠢᠩᠭᠤ᠎ᠶ᠋ᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-11-18

11 ᠰᠠᠷ᠎ᠠ᠎ᠶ᠋ᠢᠨ 17᠎ᠦ ᠡᠳᠦᠷ᠂ ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠪᠠ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠎ᠶᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃

ᠬᠤᠷᠠᠯ᠎ᠡᠴᠡ᠂ ᠪᠥᠬᠥᠳᠡ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭ᠍ᠰᠠᠨ《ᠰᠠᠨᠠᠭᠤᠯᠭ᠎ᠠ》 ᠪᠣᠯ ᠪᠥᠬᠥ᠌ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠵᠢᠯᠣᠭᠣᠳᠭᠤ ᠬᠥᠲᠥᠯᠥᠨ ᠳᠠᠭᠠᠭᠤᠯᠬᠤ ᠴᠢᠨᠠᠷᠲᠠᠶ ᠪᠢᠴᠢᠭ ᠮᠠᠲ᠋ᠧᠷᠢᠶᠠᠯ ᠮᠥᠨ᠂ ᠠᠯᠤᠰ ᠬᠡᠲᠦ᠍᠎ᠳᠦ ᠬᠣᠯᠪᠣᠭ᠍ᠳᠠᠵᠤ᠂ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠵᠠᠰᠠᠭ᠎ᠤᠨ ᠣᠷᠳᠣᠨ᠎ᠤ ᠱᠢᠰᠲᠸᠮ᠎ᠦᠨ ᠬᠢᠨ ᠪᠦᠭᠦᠳᠡ ᠬᠤᠷᠠᠯ᠎ᠠᠴᠠ ᠲᠣᠭ᠍ᠲᠠᠭᠠᠭ᠍ᠰᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠦᠲᠦᠭᠡᠨ ᠪᠠᠢᠭᠤᠯᠵᠤ᠂ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ᠎ᠢ ᠬᠠᠷᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠴᠣᠭ᠍ᠴᠠᠯᠠᠨ ᠪᠠᠢᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠵᠡᠷᠭᠡ ᠡᠯ᠎ᠡ ᠵᠦᠢᠯ᠎ᠦᠨ ᠡᠭᠦᠷᠭᠡ᠎ᠶ᠋ᠢ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ᠌ ᠪᠦᠬᠦᠢ ᠤᠳᠤᠷᠢᠳᠤᠯᠭ᠎ᠠ ᠪᠣᠯᠤᠨ ᠡᠯ᠎ᠡ ᠡᠭᠦᠷᠭᠡ ᠴᠢᠳᠠᠪᠬᠢᠳᠦ ᠰᠠᠯᠠᠭ᠎ᠠ ᠮᠥᠴᠢᠷ᠎ᠲᠦ ᠨᠢᠭᠡᠳ ᠨᠢᠭᠡ᠎ᠪᠡᠷ ᠵᠠᠳᠠᠯᠤᠨ ᠬᠤᠪᠢᠶᠠᠷᠢᠯᠠᠵᠤ᠂ ᠬᠠᠷᠢᠭᠤᠴᠠᠯᠭ᠎ᠠ᠎ᠶ᠋ᠢᠨ ᠬᠤᠪᠢᠶᠠᠷᠢᠯᠠᠯ᠎ᠢᠶᠠᠨ ᠲᠣᠳᠣᠷᠬᠠᠢᠯᠠᠨ᠂ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠎ᠪᠡᠨ ᠨᠠᠷᠢᠯᠢᠭ᠍ᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠦᠳᠦᠯᠪᠦᠷᠢ ᠪᠣᠯᠤᠨ ᠡᠯ᠎ᠡ ᠬᠦᠷᠢᠶᠡᠨ᠎ᠦ ᠲᠤᠰᠭᠠᠶ ᠲᠥᠯᠥᠪᠵᠢᠭᠦᠯᠭᠡ᠎ᠶ᠋ᠢ ᠲᠦᠷᠭᠡᠳᠭᠡᠨ ᠨᠠᠢᠷᠠᠭᠤᠯᠤᠨ ᠵᠣᠬᠢᠶᠠᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠡᠷᠡ ᠶᠤᠰᠤᠭᠠᠷ᠎ᠢᠶᠡᠷ ᠨᠢ ᠵᠠᠰᠠᠭ᠎ᠤᠨ ᠣᠷᠳᠣᠨ᠎ᠤ ᠨᠠᠢᠳᠠᠪᠤᠷᠢᠵᠢᠭᠤᠯᠤᠯᠲᠠ᠎ᠶ᠋ᠢ ᠠᠳᠭᠤᠬᠤ᠎ᠶ᠋ᠢᠨ ᠵᠢᠷᠤᠭ ᠲᠦᠰᠦᠪ ᠪᠣᠯᠭᠠᠨ ᠬᠤᠪᠢᠷᠠᠭᠤᠯᠬᠤ ᠬᠡᠷᠡᠭ᠌ᠲᠡᠶ ᠭᠡᠵᠤ ᠵᠢᠭᠠᠵᠤ ᠭᠠᠷᠭᠠᠵᠠᠢ᠃

ᠬᠤᠷᠠᠯ᠎ᠡᠴᠡ᠂ ᠵᠠᠰᠠᠭ᠎ᠤᠨ ᠣᠷᠳᠣᠨ᠎ᠤ ᠰᠤᠷᠲᠠᠯ᠎ᠢᠶᠠᠨ ᠬᠤᠪᠢᠷᠠᠭᠤᠯᠵᠤ᠂ ᠠᠵᠢᠯ᠎ᠢᠶᠠᠨ ᠰᠠᠢᠵᠢᠷᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠠᠭᠠᠷᠳᠠᠯᠭ᠎ᠠ ᠶᠣᠰᠣᠭᠠᠷ ᠰᠤᠷᠤᠯᠴᠠᠯᠭ᠎ᠠ᠎ᠶ᠋ᠢ ᠶᠡᠬᠡ᠎ᠪᠡᠷ ᠠᠳᠭᠤᠵᠤ᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠬᠣᠷᠢᠭ᠎ᠠ ᠴᠡᠭ᠎ᠢ ᠠᠷᠢᠯᠭᠠᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠡᠪᠡᠷᠰᠢᠶᠡᠯ᠎ᠢ ᠱᠢᠢᠳᠪᠦᠷᠢᠯᠡᠵᠦ᠍᠂ ᠰᠠᠭᠤᠷᠢ ᠲᠥᠬᠥᠭᠡᠷᠦᠮᠵᠢ᠎ᠶ᠋ᠢᠨ ᠲᠦᠭ᠌ᠵᠢᠷᠡᠯ᠎ᠢ ᠨᠡᠪᠲᠡᠷᠡᠭᠦᠯᠵᠦ᠍᠂ ᠤᠰᠤᠨ ᠠᠰᠢᠭᠯᠠᠯᠳᠠ᠎ᠶᠢᠨ ᠠᠵᠢᠯ᠎ᠤᠨ ᠬᠦᠴᠢᠷᠳᠡᠯ᠎ᠢ ᠱᠢᠢᠳᠪᠦᠷᠢᠯᠡᠵᠦ᠍᠂ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠬᠠᠤᠯᠢ ᠪᠡᠷ ᠵᠠᠰᠠᠬᠤ᠂ ᠦᠨᠡᠨᠴᠢ ᠢᠲᠡᠭᠡᠮᠵᠢᠲᠡᠢ᠂ ᠥᠨᠳᠥᠷ ᠪᠦᠲᠦᠮᠵᠢᠲᠡᠢ᠂ ᠠᠷᠢᠭᠤᠨ ᠴᠢᠬᠡᠴᠢ᠂ ᠦᠢᠯᠡᠴᠢᠯᠡᠭᠡᠨ᠎ᠦ ᠮᠠᠶᠢᠭ᠎ᠤᠨ ᠵᠠᠰᠠᠭ᠎ᠤᠨ ᠣᠷᠳᠣᠨ᠎ᠢ ᠰᠠᠢᠲᠤᠷ ᠪᠠᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃

ᠬᠤᠷᠠᠯ᠎ᠡᠴᠡ ᠲᠥᠪ᠎ᠤᠨ ᠳᠠᠪᠬᠤᠷᠭ᠎ᠠ᠎ᠶ᠋ᠢᠨ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠲᠤᠰᠭᠠᠶ ᠠᠵᠢᠯ᠎ᠤᠨ ᠲᠣᠭ᠍ᠲᠡᠴᠡ᠎ᠶ᠋ᠢᠨ ᠬᠤᠷᠠᠯ ᠪᠣᠯᠤᠨ ᠬᠣᠯᠪᠣᠭ᠍ᠳᠠᠯ ᠪᠥᠬᠥᠶ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠦᠨᠳᠦᠰᠦᠨ ᠱᠠᠲᠤᠨ᠎ᠳᠤ ᠦᠶ᠋ᠯᠡᠴᠢᠯᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠣᠯᠭᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠦᠷᠭᠦᠯᠵᠢᠯᠡᠨ ᠴᠡᠭ᠌ᠴᠡᠯᠡᠨ ᠵᠠᠰᠠᠵᠤ᠂ ᠦᠨᠳᠦᠰᠦᠨ ᠱᠠᠲᠤᠨ᠎ᠤ ᠬᠦᠴᠢᠷ ᠠᠰᠠᠭᠤᠳᠠᠯ᠎ᠢ ᠦᠨᠡᠨ ᠬᠦ᠌ ᠬᠠᠪᠰᠤᠷᠤᠨ ᠱᠢᠶ᠋ᠳᠪᠦᠷᠢᠯᠡᠵᠦ᠍᠂ ᠠᠯᠪᠠᠨ ᠶᠠᠪᠤᠳᠠᠯ᠎ᠢᠶᠠᠷ ᠭᠠᠳᠠᠭᠠᠳᠤ᠎ᠳᠤ ᠭᠠᠷᠬᠤ᠂ ᠪᠠᠢᠴᠠᠭᠠᠨ ᠰᠤᠳᠤᠯᠵᠤ ᠱᠢᠨᠵᠢᠯᠡᠨ ᠪᠠᠢᠴᠠᠭᠠᠬᠤ ᠵᠡᠷᠭᠡ ᠠᠵᠢᠯᠯᠠᠭ᠎ᠠ᠎ᠶ᠋ᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭ᠌ᠲᠡᠶ᠃ ᠠᠷᠪᠢᠯᠠᠨ ᠭᠠᠮᠨᠠᠬᠤ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠷᠪᠢᠯᠠᠨ ᠭᠠᠮᠨᠠᠬᠤ᠎ᠶ᠋ᠢ ᠴᠢᠩᠭ᠎ᠠ ᠬᠡᠷᠡᠭ᠌ᠵᠢᠭᠦᠯᠵᠦ᠍ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠨ᠂ ᠵᠠᠰᠠᠭ᠎ᠤᠨ ᠣᠷᠳᠣᠨ᠎ᠤ ᠠᠵᠢᠯᠯᠠᠭᠠᠨ᠎ᠤ ᠵᠠᠷᠤᠯᠭ᠎ᠠ᠎ᠶ᠋ᠢ ᠪᠠᠭᠠᠰᠭᠠᠵᠤ᠂ ᠬᠢᠵᠠᠭᠠᠷ᠎ᠲᠠᠶ ᠪᠡᠯᠡ ᠮᠥᠩᠭᠥ᠎ᠶ᠋ᠢ ᠠᠵᠤ ᠦᠢᠯᠡᠰ᠎ᠦᠨ ᠬᠥᠭ᠌ᠵᠢᠯᠲᠡ᠎ᠶ᠋ᠢ ᠳᠡᠮᠵᠢᠬᠦ᠌᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠳᠡᠭᠡᠭ᠌ᠰᠢᠯᠡᠭᠦᠯᠬᠦ᠌ ᠳᠡᠭᠡᠷ᠎ᠡ ᠬᠡᠷᠡᠭ᠌ᠯᠡᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ᠎ᠦᠨ 《ᠬᠡᠷᠡᠭᠯᠡᠯᠳᠡ᠎ᠶᠢᠨ ᠠᠬᠤᠢ ᠪᠠᠢᠳᠠᠯ᠎ᠢ ᠲᠦᠷᠭᠡᠳᠭᠡᠨ ᠪᠤᠢᠵᠢᠭᠤᠯᠬᠤ ᠪᠠ ᠱᠢᠨ᠎ᠡ ᠬᠡᠷᠡᠭᠯᠡᠯᠳᠡ᠎ᠶᠢᠨ ᠠᠬᠤᠶ ᠪᠠᠢᠳᠠᠯ᠎ᠢ ᠶᠡᠬᠡ ᠬᠡᠪᠴᠢᠶ᠎ᠡ᠎ᠪᠡᠷ ᠬᠡᠷᠡᠭ᠌ᠯᠡᠬᠦ᠌᠎ᠶ᠋ᠢ ᠨᠡᠬᠡᠬᠡᠯᠳᠡ ᠬᠢᠵᠤ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠰᠤᠳᠤᠯᠤᠨ ᠪᠠᠢᠷᠢᠯᠠᠭᠤᠯᠵᠤ᠂ ᠨᠢᠭᠡ ᠪᠦᠯᠦᠭ ᠪᠤᠳᠠᠳᠠᠢ ᠨᠠᠢᠳᠠᠪᠤᠷᠢᠵᠢᠭᠤᠯᠬᠤ ᠨᠥᠬᠥᠴᠡᠯ ᠪᠦᠷᠢᠳᠦᠭᠰᠡᠨ ᠠᠬᠤᠶ ᠪᠠᠢᠳᠠᠯ᠎ᠤᠨ ᠬᠡᠷᠡᠭ᠌ᠯᠡᠯᠳᠡ᠎ᠶᠢᠨ ᠲᠥᠷᠥᠯ ᠵᠦᠶ᠋ᠯ᠎ᠢ ᠲᠦᠷᠭᠡᠨ ᠲᠥᠯᠥᠪᠵᠢᠭᠦᠯᠵᠦ᠍᠂ ᠵᠣᠷᠢᠭ᠍ᠲᠠᠶ᠎ᠪᠠᠷ ᠲᠤᠷᠱᠢᠵᠤ᠂ ᠢᠳᠡᠪᠬᠢᠲᠡᠶ᠎ᠪᠡᠷ ᠱᠢᠨ᠎ᠡ᠎ᠶ᠋ᠢ ᠡᠭᠦᠳᠴᠦ᠍᠂ ᠱᠢᠨ᠎ᠡ ᠮᠡᠷᠭᠡᠵᠢᠯ᠂ ᠱᠢᠨ᠎ᠡ ᠦᠶ᠋ᠯᠡᠳᠬᠦᠨ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶᠢ ᠠᠵᠤ ᠦᠢᠯᠡᠰᠵᠢᠭᠦᠯᠦᠨ ᠬᠡᠷᠡᠭ᠌ᠯᠡᠬᠦ᠌᠎ᠳᠦ ᠨᠠᠩ ᠣᠯᠠᠨ ᠠᠵᠠ ᠲᠣᠬᠢᠶᠠᠯ ᠬᠠᠩᠭᠠᠬᠤ ᠬᠡᠷᠡᠭ᠌ᠲᠡᠶ ᠭᠡᠵᠦ᠍ ᠱᠠᠭᠠᠷᠳᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ