ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2025 ᠣᠨ᠎ᠤ 36 ᠳ᠋ᠤᠭᠠᠷ ᠤᠳᠠᠭᠠᠨ᠎ᠤ ᠪᠠᠢᠩᠭᠤ᠎ᠶᠢᠨ ᠬᠤᠷᠠᠯᠳᠤᠭᠠᠨ ᠬᠤᠷᠠᠯᠳᠤᠪᠠ
ᠨᠡᠶ᠋ᠢᠲᠡᠯᠡᠭᠰᠡᠨ ᠴᠠᠭ᠄ 2025-12-17

12 ᠳ᠋ᠤᠭᠠᠷ ᠰᠠᠷ᠎ᠠ᠎ᠶᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠪᠠ᠃ 

ᠬᠤᠷᠠᠯᠳᠤᠭᠠᠨ᠎ᠢᠶᠠᠷ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶ᠎ᠠ ᠪᠣᠯ ᠥᠩᠭᠡᠷᠡᠭᠰᠡᠨ᠎ᠦ ᠠᠮᠵᠢᠯᠲᠠ ᠪᠦᠲᠦᠮᠵᠢ᠎ᠶᠢ ᠪᠦᠬᠦ ᠲᠠᠯ᠎ᠠ᠎ᠪᠠᠷ ᠳ᠋ᠦᠩᠨᠡᠵᠦ᠂ ᠣᠳᠣᠬᠠᠨ᠎ᠤ ᠪᠠᠢᠳᠠᠯ᠎ᠢ ᠭᠦᠨᠵᠡᠭᠡᠢ ᠵᠠᠳᠠᠯᠤᠨ᠂ ᠢᠷᠡᠬᠦ ᠵᠢᠯ᠎ᠦᠨ ᠡᠭᠦᠷᠭᠡ᠎ᠶᠢ ᠰᠢᠰᠲᠧᠮ᠎ᠲᠠᠢ ᠪᠠᠢᠷᠢᠯᠠᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠬᠣᠯᠪᠣᠭᠳᠠᠬᠤ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶᠢᠨ ᠠᠰᠠᠭᠤᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠂ ᠪᠢᠳᠡᠨ᠎ᠦ ᠢᠷᠡᠬᠦ ᠵᠢᠯ᠎ᠦᠨ ᠠᠵᠤ ᠠᠬᠤᠢ᠎ᠶᠢᠨ ᠠᠵᠢᠯ᠎ᠢᠶᠠᠨ ᠰᠠᠢᠲᠤᠷ ᠬᠢᠬᠦ ᠪᠠ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠰᠠᠢᠨ ᠡᠬᠢᠯᠡᠯᠲᠡ᠎ᠶᠢ ᠪᠡᠶᠡᠯᠡᠭᠦᠯᠬᠦ᠎ᠳᠦ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠭᠴᠢ ᠬᠦᠴᠦᠨ ᠨᠡᠮᠡᠷᠢᠯᠡᠭᠰᠡᠨ ᠪᠠᠢᠨ᠎ᠠ᠃ 《ᠲᠠᠪᠤᠨ ᠡᠷᠬᠡᠪᠰᠢ》ᠵᠢᠨ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶᠢ ᠭᠦᠨᠵᠡᠭᠡᠢ ᠣᠢᠯᠠᠭᠠᠵᠤ᠂ 《ᠨᠠᠢ᠍ᠮᠠ᠎ᠶᠢ ᠪᠠᠷᠢᠮᠲᠠᠯᠠᠬᠤ》 ᠭᠣᠣᠯᠳᠠᠯᠭ᠎ᠠ ᠪᠣᠯᠬᠤ ᠡᠭᠦᠷᠭᠡ᠎ᠶᠢ ᠪᠠᠲᠤ ᠡᠵᠡᠮᠳᠡᠨ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》ᠶ᠋ᠢ ᠪᠦᠲᠦᠭᠡᠨ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠶᠢ ᠭᠦᠨᠵᠡᠭᠡᠢ ᠨᠠᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠡᠯ᠎ᠡ ᠬᠦᠷᠢᠶᠡᠨ᠎ᠳᠠᠬᠢ ᠠᠵᠢᠯ᠎ᠢᠶᠠᠨ ᠭᠦᠨᠵᠡᠭᠡᠢ ᠤᠬᠠᠭᠠᠯᠠᠨ ᠲᠥᠯᠥᠪᠯᠡᠵᠦ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠂ ᠠᠭᠤᠯᠤᠭᠳᠠᠬᠤᠨ ᠮᠠᠶᠢᠭ᠋᠎ᠤᠨ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠣᠨ᠎ᠤ ᠰᠡᠭᠦᠯᠴᠢ ᠵᠢᠯ᠎ᠦᠨ ᠡᠬᠢᠨ᠎ᠳᠡᠬᠢ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠬᠠᠩᠭᠠᠯᠭ᠎ᠠ᠎ᠶᠢ ᠪᠠᠲᠤᠯᠠᠬᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠣᠯᠭᠣᠬᠤ᠂ ᠬᠦᠴᠢᠷᠳᠡᠯᠲᠡᠢ ᠬᠥᠮᠥᠰ᠎ᠦᠨ ᠦᠨᠳᠦᠰᠦᠨ ᠵᠦᠢᠯ᠎ᠢ ᠪᠠᠲᠤᠯᠠᠬᠤ᠂ ᠨᠡᠢᠭᠡᠮ᠎ᠦᠨ ᠵᠥᠷᠢᠴᠡᠯ᠎ᠢ ᠵᠢᠭ᠍ᠰᠠᠭᠠᠨ ᠪᠠᠢᠴᠠᠭᠠᠵᠤ ᠰᠢᠢᠳᠪᠦᠷᠢᠯᠡᠬᠦ᠂ ᠢᠯᠴᠢ ᠬᠠᠩᠭᠠᠬᠤ ᠤᠰᠤ ᠬᠠᠩᠭᠠᠬᠤ ᠴᠠᠬᠢᠯᠭᠠᠨ ᠬᠠᠩᠭᠠᠬᠤ ᠰᠢᠲᠠᠮᠠᠬᠠᠢ ᠬᠡᠢ ᠬᠠᠩᠭᠠᠬᠤ᠂ ᠠᠶᠤᠯ ᠦᠭᠡᠢ ᠦᠢᠯᠡᠳᠪᠦᠷᠢᠯᠡᠯ ᠵᠡᠷᠭᠡ ᠠᠵᠢᠯ᠎ᠢᠶᠡᠨ ᠰᠠᠢᠲᠤᠷ ᠬᠢᠵᠦ᠂ ᠨᠡᠢᠭᠡᠮ᠎ᠦᠨ ᠡᠶ᠎ᠡ ᠵᠣᠬᠢᠴᠠᠯ᠎ᠲᠠᠢ ᠲᠣᠭᠲᠠᠭᠤᠨ ᠪᠠᠢᠳᠠᠯ᠎ᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ 

ᠬᠤᠷᠠᠯᠳᠤᠭᠠᠨ᠎ᠢᠶᠠᠷ ᠲᠥᠪ ᠬᠣᠷᠢᠶ᠎ᠠ᠎ᠶᠢᠨ ᠤᠯᠤᠰ ᠲᠦᠷᠦ᠎ᠶᠢᠨ ᠲᠣᠪᠴᠢᠶ᠎ᠠ᠎ᠶᠢᠨ ᠬᠣᠷᠢᠨ ᠭᠤᠷᠪᠠᠳᠤᠭᠠᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠳᠡᠭᠡᠷᠡᠬᠢ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠤᠯᠠᠮᠵᠢᠯᠠᠵᠤ᠂ ᠰᠦᠯᠵᠢᠶᠡᠨ᠎ᠦ ᠠᠮᠢ ᠠᠬᠤᠢ᠎ᠶᠢᠨ ᠵᠠᠰᠠᠯᠲᠠ᠎ᠶᠢᠨ ᠠᠵᠢᠯ᠎ᠢ ᠪᠠᠢᠩᠭᠤᠰᠢᠭᠤᠯᠤᠨ ᠰᠠᠢᠲᠤᠷ ᠬᠢᠵᠦ᠂ ᠵᠥᠪ ᠲᠠᠯ᠎ᠠ᠎ᠶᠢᠨ ᠲᠠᠭᠤᠨ᠂ ᠭᠣᠣᠯ ᠤᠷᠤᠰᠬᠠᠯ᠎ᠤᠨ ᠦᠷᠳᠡᠭ᠂ ᠴᠠᠭ ᠦᠶ᠎ᠡ᠎ᠶᠢᠨ ᠰᠢᠨ᠎ᠡ ᠰᠤᠷᠲᠠᠯ᠎ᠢᠶᠠᠷ ᠰᠦᠯᠵᠢᠶᠡᠨ᠎ᠦ ᠣᠷᠣᠨ ᠵᠠᠢ᠎ᠶᠢ ᠴᠣᠭᠴᠠᠯᠠᠨ᠂ ᠰᠦᠯᠵᠢᠶᠡᠨ᠎ᠦ ᠵᠠᠮᠪᠠᠷᠠᠭ᠎ᠠ ᠦᠭᠡᠢ ᠦᠵᠡᠭᠳᠡᠯ᠎ᠳᠦ ᠬᠠᠤᠯᠢ ᠶᠣᠰᠣᠭᠠᠷ ᠴᠣᠬᠢᠯᠲᠠ ᠥᠭᠴᠦ᠂ ᠰᠤᠷᠲᠠᠯ ᠴᠢᠬᠡᠴᠢ ᠣᠪᠣᠷ ᠲᠥᠪ ᠰᠦᠯᠵᠢᠶᠡᠨ᠎ᠦ ᠠᠮᠢ ᠠᠬᠤᠢ᠎ᠶᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ 

ᠬᠤᠷᠠᠯᠳᠤᠭᠠᠨ᠎ᠢᠶᠠᠷ 《ᠬᠥᠬᠡᠬᠣᠲᠠ᠎ᠶᠢᠨ ᠶᠡᠬᠡ ᠬᠤᠳᠠ᠎ᠶᠢᠨ ᠴᠠᠭᠠᠷᠢᠭ᠋᠎ᠤᠨ ᠬᠥᠭᠵᠢᠯᠲᠡ᠎ᠶᠢᠨ ᠲᠥᠯᠦᠪᠵᠢᠭᠦᠯᠭᠡ》ᠶ᠋ᠢ ᠬᠢᠨᠠᠨ ᠵᠥᠪᠯᠡᠵᠦ ᠪᠠᠲᠤᠯᠠᠭᠠᠳ᠂ ᠡᠯ᠎ᠡ ᠲᠦᠷᠦᠯ᠎ᠦᠨ ᠡᠬᠢ ᠪᠠᠶᠠᠯᠢᠭ᠋᠎ᠤᠨ ᠬᠦᠴᠦᠨ ᠵᠦᠢᠯ ᠪᠠ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠬᠠᠮᠲᠤ᠎ᠪᠠᠷ ᠪᠠᠢᠭᠤᠯᠵᠤ ᠬᠠᠮᠲᠤ᠎ᠪᠠᠷ ᠬᠦᠷᠲᠡᠬᠦ᠂ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠎ᠶᠢ ᠠᠬᠢᠭᠤᠯᠵᠤ᠂ ᠪᠠᠢᠭᠤᠯᠤᠯ ᠲᠣᠭᠲᠠᠴᠠ᠎ᠳᠤ ᠰᠢᠨ᠎ᠡ᠎ᠶᠢ ᠡᠭᠦᠳᠬᠦ᠂ ᠠᠵᠤ ᠦᠢᠯᠡᠰ᠎ᠢ ᠬᠠᠮᠵᠢᠯᠴᠠᠨ ᠬᠥᠭᠵᠢᠭᠦᠯᠬᠦ᠂ ᠣᠷᠣᠨ ᠪᠦᠰᠡ ᠠᠯᠤᠰᠯᠠᠨ ᠵᠠᠰᠠᠯᠲᠠ ᠬᠢᠵᠦ ᠬᠠᠮᠲᠤᠷᠠᠯᠴᠠᠬᠤ ᠵᠡᠷᠭᠡ ᠲᠠᠯ᠎ᠠ᠎ᠪᠠᠷ ᠰᠢᠪᠲᠤᠯᠤᠯᠲᠠ ᠭᠠᠷᠭᠠᠬᠤ᠎ᠪᠠᠷ ᠬᠦᠴᠦᠯᠡᠨ᠂ ᠣᠷᠣᠨ ᠪᠦᠰᠡ᠎ᠶᠢᠨ ᠬᠥᠭᠵᠢᠯᠲᠡ᠎ᠶᠢᠨ ᠰᠢᠨ᠎ᠡ ᠨᠡᠮᠡᠭᠳᠡᠯ᠎ᠦᠨ ᠲᠤᠢᠯ᠎ᠢ ᠪᠣᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ 

ᠬᠤᠷᠠᠯᠳᠤᠭᠠᠨ᠎ᠢᠶᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠨᠳᠦ ᠶᠡᠬᠡ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠪᠦᠷᠢᠳᠬᠡᠨ ᠳᠠᠩᠰᠠᠯᠠᠵᠤ ᠬᠢᠨᠠᠯᠲᠠ ᠲᠠᠯᠪᠢᠬᠤ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ ᠪᠠᠶ᠋ᠢᠭᠤᠯᠬᠤ᠎ᠶᠢᠨ ᠬᠡᠷᠡᠭᠵᠢᠭᠦᠯᠬᠦ ᠲᠥᠰᠥᠯ》᠎ᠢ ᠬᠢᠨᠠᠨ ᠵᠥᠪᠯᠡᠵᠦ ᠪᠠᠲᠤᠯᠠᠭᠠᠳ᠂ 《ᠰᠤᠷᠬᠤ ᠨᠠᠰᠤᠨ᠎ᠤ ᠬᠥᠮᠥᠨ ᠠᠮᠠ᠎ᠶᠢᠨ ᠬᠤᠪᠢᠷᠠᠯᠲᠠ᠎ᠳᠤ ᠵᠣᠬᠢᠴᠠᠭᠤᠯᠤᠨ ᠰᠠᠭᠤᠷᠢ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠬᠦ ᠲᠤᠬᠠᠢ ᠵᠢᠯᠤᠭᠣᠳᠬᠤ ᠰᠠᠨᠠᠯ》᠎ᠢ ᠰᠤᠳᠤᠯᠵᠠᠢ᠃ 

ᠬᠤᠷᠠᠯᠳᠤᠭᠠᠨ᠎ᠢᠶᠠᠷ ᠪᠦᠬᠦ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ ᠪᠠ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠪᠠᠢᠭᠤᠯᠤᠯᠲᠠ᠂ ᠮᠥᠩᠭᠥᠨ ᠭᠦᠢᠯᠭᠡᠭᠡᠨ᠎ᠦ ᠠᠵᠢᠯᠯᠠᠭᠠᠨ ᠵᠢᠴᠢ ᠪᠣᠳᠠᠲᠤ ᠴᠣᠭᠴᠠᠲᠤ ᠠᠵᠤ ᠠᠬᠤᠢ᠎ᠳᠤ ᠦᠢᠯᠡᠴᠢᠯᠡᠬᠦ ᠠᠵᠢᠯ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠠᠵᠢᠯ᠂ ᠡᠳ᠋᠎ᠦᠨ ᠵᠠᠰᠠᠭ᠎ᠤᠨ ᠠᠵᠢᠯᠯᠠᠭᠠᠨ᠎ᠤ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠬᠠᠮᠢᠶ᠎ᠠ ᠪᠦᠬᠦᠢ ᠠᠵᠢᠯ᠎ᠳᠤ ᠪᠠᠢᠷᠢᠯᠠᠭᠤᠯᠤᠯᠲᠠ ᠬᠢᠪᠡ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ