ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2025 ᠣᠨ᠎ᠤ 37 ᠳ᠋ᠤᠭᠠᠷ ᠤᠳᠠᠭᠠᠨ᠎ᠤ ᠪᠠᠢᠩᠭᠤ᠎ᠶᠢᠨ ᠬᠤᠷᠠᠯᠳᠤᠭᠠᠨ ᠬᠤᠷᠠᠯᠳᠤᠪᠠ
ᠨᠡᠶ᠋ᠢᠲᠡᠯᠡᠭᠰᠡᠨ ᠴᠠᠭ᠄ 2025-12-23

12 ᠳ᠋ᠤᠭᠠᠷ ᠰᠠᠷ᠎ᠠ᠎ᠶᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠪᠠ᠃ 

ᠬᠤᠷᠠᠯᠳᠤᠭᠠᠨ᠎ᠢᠶᠠᠷ ᠶᠡᠷᠦᠩᠬᠡᠢ ᠱᠦᠵᠢ ᠰᠢ᠎ᠵᠢᠨ᠎ᠫᠢᠩ᠎ᠤᠨ ᠨᠠᠰᠤᠨ᠎ᠳᠤ ᠥᠯᠥ ᠬᠦᠷᠦᠭᠰᠡᠳ᠎ᠦᠨ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠢᠭᠤᠯᠤᠯᠲᠠ᠎ᠶᠢᠨ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠰᠢ᠎ᠵᠢᠨ᠎ᠫᠢᠩ ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠨᠳᠦᠰᠦ ᠰᠠᠭᠤᠷᠢ᠎ᠪᠠᠨ ᠪᠠᠲᠤᠳᠬᠠᠵᠤ ᠰᠦᠭ ᠰᠦᠨᠡᠰᠦ ᠱᠤᠭᠤᠬᠤ᠎ᠶᠢ ᠤᠷᠲᠤ ᠬᠤᠭᠤᠴᠠᠭ᠎ᠠ᠎ᠪᠠᠷ ᠪᠠᠷᠢᠮᠲᠠᠯᠠᠨ᠂ ᠰᠢᠨ᠎ᠡ ᠴᠠᠭ ᠦᠶ᠎ᠡ᠎ᠶᠢᠨ ᠶᠣᠰᠣ᠌ ᠰᠤᠷᠲᠠᠬᠤᠨ ᠲᠠᠢ ᠪᠣᠯᠭᠠᠵᠤ ᠬᠥᠮᠥᠨ᠎ᠢ ᠬᠥᠮᠥᠵᠢᠭᠦᠯᠬᠦ ᠢᠨᠵᠧᠨᠧᠷᠢᠩ᠎ᠢᠶᠠᠨ ᠰᠠᠢᠲᠤᠷ ᠬᠡᠷᠡᠭᠵᠢᠭᠦᠯᠵᠦ᠂ ᠶᠡᠬᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠲᠤᠷᠰᠢᠯᠲᠠ ᠬᠢᠬᠦ ᠴᠡᠭ᠎ᠦᠨ ᠠᠵᠢᠯ᠎ᠢ ᠭᠦᠨᠵᠡᠭᠡᠢ ᠠᠬᠢᠭᠤᠯᠤᠨ᠂ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠪᠠᠭ᠍ᠰᠢ᠎ᠶᠢᠨ ᠡᠩᠨᠡᠭᠡ᠎ᠶᠢ ᠪᠠᠢᠭᠤᠯᠤᠨ ᠬᠦᠴᠦᠷᠬᠡᠭᠵᠢᠭᠦᠯᠵᠦ᠂ ᠰᠤᠷᠭᠠᠭᠤᠯᠢ ᠭᠡᠷ ᠪᠦᠯᠢ ᠨᠡᠢᠭᠡᠮ᠎ᠤᠨ ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠠᠴᠠ᠎ᠶᠢ ᠪᠦᠷᠢᠨᠰᠢᠭᠦᠯᠦᠨ᠂ ᠨᠠᠰᠤᠨ᠎ᠳᠤ ᠦᠯᠦ ᠬᠦᠷᠦᠭᠰᠡᠳ᠎ᠢ ᠬᠠᠮᠠᠭᠠᠯᠠᠬᠤ ᠪᠠ ᠬᠠᠤᠯᠢ᠎ᠠᠴᠠ ᠵᠥᠷᠢᠴᠡᠵᠦ ᠶᠠᠯ᠎ᠠ ᠬᠢᠬᠦ᠎ᠶᠢ ᠰᠡᠷᠭᠡᠢᠯᠡᠨ ᠵᠠᠰᠠᠬᠤ᠎ᠪᠠᠨ ᠴᠢᠩᠭᠠᠳᠬᠠᠵᠤ᠂ ᠨᠠᠰᠤᠨ᠎ᠳᠤ ᠦᠯᠦ ᠬᠦᠷᠦᠭᠰᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠳᠤ ᠰᠠᠢᠨ ᠰᠠᠢᠬᠠᠨ ᠨᠡᠢᠭᠡᠮ᠎ᠦᠨ ᠣᠷᠴᠢᠨ ᠨᠥᠬᠥᠴᠡᠯ᠎ᠢ ᠪᠤᠢ ᠪᠣᠯᠭᠠᠵᠤ ᠥᠭᠭᠦᠨ᠎ᠡ ᠭᠡᠵᠦ ᠴᠢᠬᠤᠯᠠᠴᠢᠯᠠᠵᠠᠢ᠃ 

ᠬᠤᠷᠠᠯᠳᠤᠭᠠᠨ᠎ᠢᠶᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠡᠷᠭᠡᠢᠯᠡᠬᠦ ᠲᠠᠷᠢᠯᠭ᠎ᠠ᠎ᠶᠢᠨ ᠬᠡᠪ᠎ᠦᠨ ᠪᠤᠰᠤ ᠢᠯᠡᠷᠡᠯ᠎ᠳᠦ ᠨᠥᠬᠥᠪᠦᠷᠢ ᠣᠯᠭᠣᠬᠤ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ᠎ᠶᠢᠨ ᠰᠠᠭᠤᠷᠢ ᠪᠡᠯᠡᠳᠬᠡᠮᠵᠢ᠎ᠶᠢᠨ ᠢᠵᠢ ᠪᠦᠷᠢᠳᠦᠭᠦᠯᠬᠦ ᠰᠦᠢᠳᠬᠡᠯ᠎ᠢ ᠲᠠᠲᠠᠪᠤᠷᠢᠯᠠᠬᠤ ᠪᠠ ᠬᠡᠷᠡᠭᠯᠡᠬᠦ ᠬᠠᠮᠢᠶᠠᠷᠤᠯᠲᠠ᠎ᠶᠢᠨ ᠠᠷᠭ᠎ᠠ》᠎ᠶᠢ ᠬᠢᠨᠠᠨ ᠵᠥᠪᠯᠡᠵᠦ ᠪᠠᠲᠤᠯᠠᠪᠠ᠃ 

ᠬᠤᠷᠠᠯᠳᠤᠭᠠᠨ᠎ᠢᠶᠠᠷ 《ᠬᠣᠷᠢᠨᠭᠡᠷ ᠳ᠋ᠠᠢᠲ᠋ᠠ᠎ᠶᠢᠨ ᠲᠥᠪ᠎ᠦᠨ ᠪᠦᠯᠦᠭᠵᠢᠯ᠎ᠦᠨ ᠨᠣᠭᠣᠭᠠᠨ ᠪᠣᠳᠣᠬᠤ ᠴᠢᠳᠠᠪᠤᠷᠢ᠎ᠶᠢᠨ ᠠᠵᠤ ᠦᠢᠯᠡᠰ᠎ᠦᠨ ᠤᠷᠢᠳ᠎ᠢᠶᠠᠷ ᠬᠡᠷᠡᠭᠵᠢᠭᠦᠯᠦᠨ ᠵᠢᠱ᠌ᠢᠶ᠎ᠡ ᠦᠵᠡᠭᠦᠯᠬᠦ ᠲᠣᠭᠣᠷᠢᠭ᠋ ᠪᠠᠶ᠋ᠢᠭᠤᠯᠬᠤ᠎ᠶᠢ ᠳᠡᠮᠵᠢᠬᠦ ᠲᠤᠬᠠᠢ ᠬᠡᠷᠡᠭᠵᠢᠭᠦᠯᠬᠦ ᠰᠠᠨᠠᠯ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠠᠯᠪᠠᠨ ᠪᠠᠢᠭᠤᠯᠭ᠎ᠠ᠎ᠶᠢᠨ ᠠᠯᠪᠠᠯᠠᠬᠤ᠎ᠳᠤ ᠬᠡᠷᠡᠭᠯᠡᠬᠦ ᠭᠡᠷ ᠪᠠᠢᠰᠢᠩ᠎ᠤᠨ ᠬᠠᠮᠢᠶᠠᠷᠤᠯᠲᠠ᠎ᠶᠢᠨ ᠬᠡᠷᠡᠭᠵᠢᠭᠦᠯᠬᠦ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠶᠠᠪᠤᠳᠠᠯ᠎ᠳᠤ ᠬᠡᠷᠡᠭᠯᠡᠬᠦ ᠮᠠᠰᠢᠨ ᠲᠡᠷᠭᠡ᠎ᠶᠢᠨ ᠬᠠᠮᠢᠶᠠᠷᠤᠯᠲᠠ᠎ᠶᠢᠨ ᠬᠡᠷᠡᠭᠵᠢᠭᠦᠯᠬᠦ ᠠᠷᠭ᠎ᠠ》ᠶ᠋ᠢ ᠰᠤᠳᠤᠯᠵᠠᠢ᠃ 

ᠬᠤᠷᠠᠯᠳᠤᠭᠠᠨ᠎ᠢᠶᠠᠷ ᠢᠳᠡᠭᠡᠨ᠎ᠦ ᠠᠮᠤᠷ ᠲᠦᠪᠰᠢᠨ ᠪᠠ ᠶᠠᠰᠤ ᠴᠢᠨᠠᠷ᠂ ᠮᠡᠳᠡᠯᠭᠡ ᠥᠮᠴᠢᠯᠡᠬᠦ ᠡᠷᠬᠡ᠎ᠶᠢᠨ ᠬᠠᠮᠠᠭᠠᠯᠠᠯᠲᠠ᠎ᠶᠢᠨ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ 《ᠳᠥᠷᠪᠡᠨ ᠲᠠᠯ᠎ᠠ᠎ᠪᠠᠷ ᠬᠠᠮᠤᠭ᠎ᠤᠨ ᠴᠢᠩᠭ᠎ᠠ》 ᠪᠠᠢᠬᠤ ᠴᠢᠬᠤᠯᠠ ᠱᠠᠭᠠᠷᠳᠠᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠨ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠠᠬᠢ ᠢᠳᠡᠭᠡᠨ᠎ᠦ ᠵᠦᠢᠯ᠎ᠢ ᠰᠢᠯᠭᠠᠨ ᠪᠠᠢᠴᠠᠭᠠᠬᠤ ᠴᠢᠳᠠᠪᠤᠷᠢ᠎ᠶᠢ ᠨᠢ ᠳᠡᠭᠡᠭᠰᠢᠯᠡᠭᠦᠯᠵᠦ᠂ ᠠᠯᠪᠠᠨ ᠪᠠᠢᠭᠤᠯᠭ᠎ᠠ᠂ ᠰᠤᠷᠭᠠᠭᠤᠯᠢ᠂ ᠡᠮᠨᠡᠯᠭᠡ᠎ᠶᠢᠨ ᠬᠣᠷᠢᠶ᠎ᠠ᠂ ᠨᠠᠰᠤᠲᠠᠳ᠎ᠢ ᠠᠰᠠᠷᠠᠬᠤ ᠬᠦᠷᠢᠶᠡᠯᠡᠩ᠂ ᠠᠰᠠᠷᠠᠮᠵᠢ᠎ᠶᠢᠨ ᠬᠦᠷᠢᠶᠡᠯᠡᠩ ᠵᠡᠷᠭᠡ᠎ᠶᠢᠨ ᠬᠣᠭᠣᠯᠠᠨ ᠭᠡᠷ᠎ᠦᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠂ ᠣᠯᠠᠨ ᠲᠦᠮᠡᠨ᠎ᠦ 《ᠢᠳᠡᠭᠡᠨ ᠤᠮᠳᠠᠭᠠᠨ᠎ᠤ ᠠᠮᠤᠷ ᠲᠦᠪᠰᠢᠨ》᠎ᠢ ᠡᠷᠡᠰ ᠬᠠᠮᠠᠭᠠᠯᠠᠬᠤ ᠬᠡᠷᠡᠭᠲᠡᠢ; ᠮᠡᠳᠡᠯᠭᠡ ᠥᠮᠴᠢᠯᠡᠬᠦ ᠡᠷᠬᠡ᠎ᠶᠢᠨ ᠬᠠᠮᠠᠭᠠᠯᠠᠯᠲᠠ᠎ᠶᠢ ᠬᠠᠤᠯᠢ ᠶᠣᠰᠣᠭᠠᠷ ᠴᠢᠩᠭᠠᠳᠬᠠᠵᠤ᠂ ᠮᠡᠳᠡᠯᠭᠡ ᠥᠮᠴᠢᠯᠡᠬᠦ ᠡᠷᠬᠡ᠎ᠶᠢ ᠬᠠᠮᠠᠭᠠᠯᠠᠬᠤ ᠰᠠᠢᠨ ᠰᠠᠢᠬᠠᠨ ᠠᠭᠤᠷ ᠠᠮᠢᠰᠬᠤᠯ ᠪᠠ ᠲᠥᠪ ᠭᠣᠣᠯᠴᠢ ᠡᠮᠬᠢ ᠵᠢᠷᠤᠮ᠎ᠲᠠᠢ ᠵᠠᠬ᠎ᠠ ᠳᠡᠯᠭᠡᠭᠦᠷ᠎ᠦᠨ ᠥᠷᠢᠰᠦᠯᠳᠦᠭᠡᠨ᠎ᠦ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ 

ᠬᠤᠷᠠᠯᠳᠤᠭᠠᠨ᠎ᠢᠶᠠᠷ ᠪᠠᠰᠠ ᠪᠤᠰᠤᠳ ᠵᠦᠢᠯ᠎ᠢ ᠰᠤᠳᠤᠯᠵᠠᠢ᠃ 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ