ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 4 ᠳ᠋ᠦ᠍ᠭᠡᠷ ᠤᠳᠠᠭ᠎ᠠ ᠵᠢᠨ ᠪᠠᠢ᠌ᠩᠭᠤ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-02-25

    2 ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠪᠠ᠃

    ᠬᠤᠷᠠᠯ᠎ᠠᠴᠠ 1 ᠰᠠᠷ᠎ᠠ ᠵᠢᠨ 20᠎ᠤ ᠡᠳᠦᠷ᠎ᠤᠨ ᠲᠥᠪ᠎ᠤᠨ ᠤᠯᠤᠰ ᠲᠦᠷᠦ ᠵᠢᠨ ᠲᠣᠪᠴᠢᠶ᠎ᠠ ᠵᠢᠨ ᠬᠤᠷᠠᠯ᠎ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠯᠢᠶᠣᠤᠨᠢᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠲᠤᠬᠠᠢ ᠴᠢᠬᠤᠯᠠ ᠵᠢᠭ᠋ᠠᠪᠤᠷᠢ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠣᠯᠪᠣᠭᠳᠠᠯ ᠪᠦᠬᠦᠢ ᠠᠵᠢᠯ᠎ᠢ ᠰᠤᠳᠤᠯᠵᠤ᠂ ᠨᠠᠮ᠎ᠤᠨ ᠤᠳᠤᠷᠢᠳᠤᠯᠭ᠎ᠠ ᠵᠢ ᠵᠠᠰᠠᠭ᠎ᠤᠨ ᠣᠷᠳᠣᠨ᠎ᠤ ᠠᠵᠢᠯ᠎ᠤᠨ ᠪᠦᠭᠦ ᠶᠠᠪᠤᠴᠠ᠎ᠳᠤ ᠲᠤᠭᠤᠰᠢᠯᠠᠭᠤᠯᠵᠤ᠂ ᠶᠠᠮᠠᠷᠪᠠ ᠦᠶ᠎ᠡ᠂ ᠶᠠᠮᠠᠷᠪᠠ ᠤᠴᠢᠷ ᠶᠠᠪᠤᠳᠠᠯ ᠳᠡᠭᠡᠷ᠎ᠡ ᠴᠥᠮ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠪᠠᠷ ᠶᠡᠷᠦᠩᠬᠡᠢ᠌ᠯᠡᠨ ᠵᠢᠯᠣᠭᠣᠳᠤᠭᠤᠯᠵᠤ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ᠃ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠨ ᠪᠠᠢ᠌ᠭᠤᠯᠵᠤ᠂ ᠠᠷᠪᠠᠨ ᠶᠡᠬᠡ ᠠᠵᠤ ᠦᠢ᠍ᠯᠡᠰ᠎ᠤᠨ ᠪᠦᠯᠦᠭᠵᠢᠯ᠎ᠢ ᠴᠣᠭᠴᠠᠯᠠᠬᠤ ᠵᠢᠨ ᠲᠣᠭᠣᠷᠢᠨ᠎ᠳᠤ ᠪᠣᠳᠠᠲᠠᠢ ᠵᠢ ᠡᠷᠬᠢᠮᠯᠡᠭᠰᠡᠨ ᠪᠦᠳᠦᠮᠵᠢᠳᠠᠢ ᠠᠵᠢᠯ᠎ᠤᠨ ᠲᠣᠭᠲᠠᠴᠠ ᠵᠢ ᠪᠠᠢ᠌ᠭᠤᠯᠵᠤ᠂ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠵᠤ ᠠᠪᠴᠢᠷᠠᠬᠤ᠂ ᠡᠬᠢ ᠪᠠᠶᠠᠯᠢᠭ᠎ᠢ ᠲᠣᠬᠢᠷᠠᠭᠤᠯᠬᠤ ᠵᠡᠷᠭᠡ ᠲᠠᠯ᠎ᠠ᠎ᠪᠠᠷ ᠪᠦᠭᠦ ᠣᠷᠣᠨ᠎ᠤ ᠪᠠᠢ᠌ᠷᠢᠰᠢᠭᠤᠯᠤᠯᠲᠠ ᠵᠢ ᠰᠠᠢ᠌ᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠥᠭᠡᠷᠡᠴᠢᠯᠡᠯᠲᠡ ᠵᠢᠨ ᠠᠷᠭ᠎ᠠ᠎ᠪᠠᠷ ᠬᠥᠭᠵᠢᠯᠲᠡ ᠵᠢ ᠠᠬᠢᠭᠤᠯᠵᠤ᠂ ᠠᠵᠤ ᠠᠬᠤᠢ ᠵᠢᠨ ᠪᠠᠢ᠌ᠭᠤᠯᠤᠯ ᠪᠣᠯᠣᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ 88 ᠵᠦᠢ᠍ᠯ᠎ᠤᠨ ᠣᠨ᠎ᠤ ᠥᠭᠡᠷᠡᠴᠢᠯᠡᠯᠲᠡ ᠵᠢᠨ ᠡᠭᠦᠷᠭᠡ ᠵᠢ ᠨᠢᠭᠡᠳ ᠨᠢᠭᠡ᠎ᠪᠠᠷ ᠰᠠᠢ᠌ᠲᠤᠷ ᠠᠳᠬᠤᠵᠤ᠂ ᠲᠥᠰᠥᠯ ᠪᠢᠴᠢᠭ ᠮᠠᠲ᠋ᠧᠷᠢᠶᠠᠯ᠎ᠢ ᠪᠣᠯᠪᠠᠰᠤᠷᠠᠩᠭᠤᠢ ᠪᠤᠯᠬᠤ ᠪᠦᠷᠢ ᠴᠠᠭ ᠲᠤᠬᠠᠢ᠎ᠳᠤᠨᠢ ᠭᠠᠷᠭ᠋ᠠᠬᠤ ᠬᠡᠷᠡᠭᠲᠡᠢ᠃ ᠤᠯᠤᠰ᠎ᠤᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ᠂ ᠵᠡᠭᠦᠨ ᠬᠣᠢ᠌ᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠢ ᠪᠣᠳᠠᠲᠠᠢ ᠰᠢᠢ᠍ᠳᠪᠦᠷᠢᠯᠡᠵᠦ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ ᠵᠢ ᠰᠠᠢ᠌ᠲᠤᠷ ᠬᠡᠷᠡᠭᠵᠢᠭᠦᠯᠵᠦ᠂ ᠴᠢᠨᠠᠷ ᠰᠠᠢ᠌ᠲᠠᠢ ᠬᠥᠭᠵᠢᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃

    ᠬᠤᠷᠠᠯ᠎ᠠᠴᠠ 2024 ᠣᠨ᠎ᠤ ᠲᠥᠪ᠎ᠤᠨ ᠤᠯᠤᠰ ᠲᠦᠷᠦ ᠵᠢᠨ ᠲᠣᠪᠴᠢᠶ᠎ᠠ ᠵᠢᠨ ᠲᠥᠪ᠎ᠤᠨ ᠨᠠᠢ᠍ᠮᠠᠨ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠢ᠌ᠳᠠᠯ᠎ᠤᠨ ᠮᠡᠳᠡᠭᠦᠯᠦᠯᠲᠡ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠦᠭᠰᠡᠨ ᠠᠵᠢᠯ᠎ᠤᠨ ᠪᠠᠢ᠌ᠳᠠᠯ᠎ᠤᠨ ᠮᠡᠳᠡᠭᠦᠯᠦᠯᠲᠡ ᠵᠢᠨ ᠵᠣᠷᠢᠭ ᠰᠠᠨᠠᠭ᠎ᠠ ᠵᠢ ᠤᠯᠠᠮᠵᠢᠯᠠᠵᠤ᠂ ᠵᠠᠰᠠᠭ᠎ᠤᠨ ᠣᠷᠳᠣᠨ᠎ᠤ ᠤᠳᠤᠷᠢᠳᠬᠤ ᠪᠠᠭ᠎ᠤᠨ ᠪᠦᠷᠢᠯᠳᠦᠭᠦᠨ ᠪᠠᠭ᠎ᠠ ᠶᠠᠪᠤᠳᠠᠯ᠎ᠠᠴᠠ ᠡᠬᠢᠯᠡᠨ ᠬᠢᠵᠦ᠂ ᠪᠣᠳᠠᠲᠠᠢ ᠶᠠᠪᠤᠳᠠᠯ᠎ᠠᠴᠠ ᠡᠬᠢᠯᠡᠨ ᠴᠢᠩᠳᠠᠯᠠᠵᠤ᠂ ᠬᠠᠮᠢᠭ᠎ᠠ ᠪᠠᠢ᠌ᠴᠠᠭ᠋ᠠᠨ ᠰᠤᠳᠤᠯᠤᠯᠲᠠ ᠬᠢᠭᠰᠡᠨ ᠴᠦ᠍ ᠪᠠᠷᠢᠮᠵᠢᠶ᠎ᠠ᠎ᠠᠴᠠ ᠬᠡᠲᠦᠷᠡᠲᠡᠯ᠎ᠡ ᠵᠣᠴᠢᠯᠠᠭᠤᠯᠬᠤ ᠵᠡᠷᠭᠡ ᠦᠵᠡᠭᠳᠡᠯ ᠭᠠᠷᠴᠤ ᠪᠤᠯᠬᠤ ᠦᠭᠡᠢ᠂ ᠵᠠᠰᠠᠭ᠎ᠤᠨ ᠣᠷᠳᠣᠨ᠎ᠤ ᠠᠯᠪᠠᠨ ᠠᠵᠢᠯ᠎ᠤᠨ ᠰᠢᠰᠲ᠋ᠧᠮ᠎ᠤᠨ᠎ᠬᠢᠨ ᠬᠤᠷᠠᠯ᠎ᠤᠨ ᠪᠢᠴᠢᠭ ᠮᠠᠲ᠋ᠧᠷᠢᠶᠠᠯ᠎ᠳᠤ 《ᠬᠠᠰᠤᠬᠤ》 ᠪᠠ 《ᠪᠣᠳᠠᠲᠠᠢ》 ᠪᠤᠯᠭ᠋ᠠᠬᠤ ᠲᠠᠯ᠎ᠠ᠎ᠪᠠᠷ ᠬᠦᠴᠦ ᠣᠷᠣᠭᠤᠯᠵᠤ᠂ 《ᠤᠳᠠᠭ᠋ᠠᠨ ᠪᠦᠳᠦᠭᠦᠯᠢᠭ ᠬᠡᠢ᠌ᠰᠪᠦᠷᠢ》 ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠵᠤ᠂ ᠡᠯ᠎ᠡ ᠲᠦᠷᠦᠯ᠎ᠤᠨ ᠬᠢᠨᠠᠯᠲᠠ ᠪᠠᠢ᠌ᠴᠠᠭ᠋ᠠᠯᠲᠠ ᠵᠢ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠶᠠᠭ᠋ᠠᠬᠢᠭᠰᠠᠨ ᠴᠸ᠋ ᠨᠡᠮᠡᠭᠳᠡᠭᠦᠯᠵᠦ ᠪᠤᠯᠬᠤ ᠦᠭᠡᠢ ᠭᠡᠵᠦ ᠴᠢᠬᠤᠯᠠᠴᠢᠯᠠᠪᠠ᠃

    ᠬᠤᠷᠠᠯ᠎ᠠᠴᠠ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ᠎ᠢ ᠰᠤᠳᠤᠯᠵᠤ᠂ ᠲᠥᠪ᠎ᠤᠨ 1 ᠳ᠋ᠦ᠍ᠭᠡᠷ ᠲᠣᠭ᠋ᠠᠲᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠪᠠᠲᠤ ᠡᠭᠦᠷᠭᠡᠯᠡᠵᠦ᠂ ᠮᠠᠯᠴᠢᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠂ ᠲᠠᠷᠢᠶᠠᠯᠠᠩ᠎ᠤᠨ ᠤᠰᠤ ᠠᠷᠪᠢᠯᠠᠬᠤ᠂ ᠨᠤᠲᠤᠭ ᠪᠡᠯᠴᠢᠭᠡᠷ᠎ᠢ ᠬᠠᠮᠠᠭ᠋ᠠᠯᠠᠬᠤ᠂ ᠬᠥᠳᠡᠭᠡ ᠲᠣᠰᠬᠣᠨ᠎ᠢ ᠪᠦᠲᠦᠭᠡᠨ ᠪᠠᠢ᠌ᠭᠤᠯᠬᠤ ᠵᠡᠷᠭᠡ ᠵᠠᠩᠭᠢᠯᠠᠭ᠎ᠠ ᠵᠢᠨ ᠴᠡᠭ᠎ᠢ ᠴᠢᠩᠭ᠎ᠠ ᠠᠳᠬᠤᠵᠤ᠂ ᠦᠢ᠍ᠯᠡᠰ᠎ᠢ ᠬᠥᠭᠵᠢᠭᠦᠯᠬᠦ᠂ ᠰᠢᠶᠠᠨ᠎ᠢ ᠬᠦᠴᠦᠷᠬᠡᠭᠵᠢᠭᠦᠯᠬᠦ᠂ ᠠᠷᠠᠳ᠎ᠢ ᠪᠠᠶᠠᠵᠢᠭᠤᠯᠬᠤ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠣᠳᠣᠬᠢᠴᠢᠯᠠᠭᠰᠠᠨ ᠰᠢᠨ᠎ᠡ ᠲᠠᠷᠢᠶᠠᠯᠠᠬᠤ ᠣᠷᠣᠨ ᠰᠢᠨ᠎ᠡ ᠮᠠᠯᠵᠢᠬᠤ ᠣᠷᠣᠨ᠎ᠢ ᠪᠦᠲᠦᠭᠡᠨ ᠪᠠᠢ᠌ᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ᠎ᠠᠴᠠ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠢ ᠰᠤᠳᠤᠯᠵᠤ᠂ 2024 ᠣᠨ᠎ᠤ ᠦᠷ᠎ᠡ ᠪᠦᠲᠦᠮᠵᠢ ᠪᠣᠯᠣᠨ ᠬᠦᠷᠦᠯᠴᠡᠬᠦ ᠦᠭᠡᠢ ᠲᠠᠯ᠎ᠠ ᠵᠢ ᠳ᠋ᠦᠩᠨᠡᠵᠦ᠂ ᠵᠠᠰᠠᠭ᠎ᠤᠨ ᠣᠷᠳᠣᠨ᠎ᠤ ᠰᠢᠰᠲ᠋ᠧᠮ᠎ᠤᠨ᠎ᠬᠢᠨ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠡᠷᠭᠡ ᠬᠦᠷᠢᠶᠡᠨ᠎ᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠢᠩᠭ᠎ᠠ ᠴᠡᠭᠴᠡᠯᠡᠨ ᠵᠠᠰᠠᠵᠤ᠂ ᠡᠷᠬᠡ᠎ᠳᠤ ᠬᠢᠨᠠᠯᠲᠠ ᠲᠠᠯᠪᠢᠵᠤ ᠬᠢᠵᠠᠭ᠋ᠠᠷᠯᠠᠬᠤ ᠵᠢ ᠴᠢᠩᠭ᠋ᠠᠳᠬᠠᠵᠤ᠂ ᠰᠠᠬᠢᠯᠭ᠎ᠠ ᠪᠠᠲᠤ ᠵᠢ ᠵᠢᠷᠤᠮᠯᠠᠨ ᠬᠠᠤᠯᠢ ᠴᠠᠭ᠋ᠠᠵᠠ ᠵᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ᠎ᠠᠴᠠ ᠪᠠᠰᠠ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠴᠡᠭᠴᠡᠯᠡᠨ ᠨᠡᠢ᠌ᠳᠬᠡᠬᠦ ᠵᠡᠷᠭᠡ ᠠᠵᠢᠯ᠎ᠢ ᠰᠤᠳᠤᠯᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ