ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 2025 ᠣᠨ᠎ᠤ 22 ᠳ᠋ᠤᠭᠠᠷ ᠤᠳᠠᠭ᠎ᠠ᠎ᠶᠢᠨ ᠪᠠᠶ᠋ᠢᠩᠭᠤ᠎ᠶᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-07-01

 

 

6 ᠰᠠᠷ᠎ᠠ᠎ᠶᠢᠨ 30᠎ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠬᠤᠷᠠᠯ ᠵᠢᠴᠢ ᠠᠵᠤ ᠠᠬᠤᠢ᠎ᠶᠢᠨ ᠪᠠᠢᠭᠤᠯᠤᠯ ᠪᠠ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯ᠎ᠤᠨ ᠥᠭᠡᠷᠡᠴᠢᠯᠡᠯᠲᠡ᠎ᠶᠢᠨ ᠲᠤᠰᠬᠠᠢ ᠳᠤᠭᠤᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠪᠠ ᠃

ᠬᠤᠷᠠᠯ᠎ᠡᠴᠡ ᠶᠡᠷᠦᠩᠬᠡᠢ ᠱᠦᠵᠢ ᠰᠢ ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ᠎ᠳᠠᠬᠢ ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠎ᠶᠢ ᠲᠡᠷᠡ ᠬᠡᠪ᠎ᠢᠶᠡᠷ ᠨᠢ ᠰᠤᠷᠤᠯᠴᠠᠵᠤ ᠂ ᠲᠥᠪ᠎ᠦᠨ ᠵᠢᠯᠤᠭᠣᠳᠬᠤ ᠳᠤᠭᠤᠢᠯᠠᠩ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ ᠂ ᠰᠤᠷᠤᠯᠴᠠᠵᠤ ᠰᠤᠳᠤᠯᠤᠨ ᠶᠠᠷᠢᠯᠴᠠᠬᠤ᠎ᠶᠢ ᠯᠠᠪᠳᠠᠭᠤᠨ ᠪᠠᠲᠤᠲᠠᠢ ᠥᠷᠨᠢᠭᠦᠯᠵᠦ ᠂ ᠶᠡᠷᠦᠩᠬᠡᠢ ᠱᠦᠵᠢ᠎ᠶᠢᠨ ᠴᠢᠬᠤᠯᠠ ᠥᠭᠦᠯᠡᠯᠲᠡ᠎ᠶᠢ ᠲᠠᠷᠢᠬᠢᠨ᠎ᠳᠠᠭᠠᠨ ᠬᠠᠳᠠᠩᠰᠢᠭᠤᠯᠵᠤ ᠰᠡᠳᠬᠢᠯ᠎ᠳᠡᠭᠡᠨ ᠰᠢᠩᠭᠡᠭᠡᠬᠦ᠎ᠶᠢ ᠠᠬᠢᠭᠤᠯᠬᠤ ᠬᠡᠷᠡᠭᠲᠡᠢ ᠃ ᠰᠤᠷᠤᠯᠴᠠᠬᠤ ᠪᠠᠢᠴᠠᠭᠠᠨ ᠵᠠᠯᠠᠷᠠᠭᠤᠯᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ ᠂ ᠢᠯᠠᠩᠭᠤᠶ᠎ᠠ ᠴᠡᠭᠴᠡᠯᠡᠨ ᠰᠠᠢᠵᠢᠷᠠᠭᠤᠯᠬᠤ ᠳᠡᠭᠡᠷ᠎ᠡ ᠦᠨᠡᠨ ᠬᠦ᠌ ᠬᠦᠴᠦ ᠣᠷᠣᠭᠤᠯᠵᠤ ᠂ ᠬᠤᠪᠢ ᠬᠥᠮᠥᠨ᠎ᠦ ᠠᠰᠠᠭᠤᠳᠠᠯ᠎ᠢ ᠪᠠᠢᠴᠠᠭᠠᠨ ᠳᠡᠯᠭᠡᠬᠦ ᠂ ᠲᠥᠪᠯᠡᠷᠡᠭᠦᠯᠦᠨ ᠴᠡᠭᠴᠡᠯᠡᠨ ᠵᠠᠰᠠᠬᠤ ᠠᠰᠠᠭᠤᠳᠠᠯ ᠵᠢᠴᠢ ᠲᠥᠪ᠎ᠦᠨ ᠲᠣᠭᠣᠷᠢᠨ ᠪᠠᠢᠴᠠᠭᠠᠯᠲᠠ ᠂ ᠲᠥᠪ᠎ᠦᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠢᠴᠠᠭᠠᠯᠲᠠ᠎ᠳᠤ ᠵᠢᠭᠠᠵᠤ ᠭᠠᠷᠭᠠᠭᠰᠠᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠰᠠᠢᠲᠤᠷ ᠠᠳᠬᠤᠬᠤ ᠬᠡᠷᠡᠭᠲᠡᠢ ᠃ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ ᠂ ᠡᠭᠦᠷᠭᠡ᠎ᠶᠢᠨ ᠨᠠᠷᠢᠨ ᠲᠠᠩᠰᠠ᠎ᠲᠠᠢ ᠬᠠᠷᠭᠤᠭᠤᠯᠤᠨ ᠱᠠᠯᠠᠪᠳᠠᠨ ᠠᠳᠬᠤᠵᠤ ᠲᠦᠷᠭᠡᠨ ᠠᠵᠢᠯᠯᠠᠵᠤ ᠂ ᠬᠣᠶᠠᠷ ᠶᠡᠬᠡ ᠶᠠᠪᠤᠳᠠᠯ᠎ᠢ ᠪᠦᠭᠦ ᠬᠦᠴᠦᠨ᠎ᠢᠶᠡᠷ᠎ᠢᠶᠡᠨ ᠰᠠᠢᠲᠤᠷ ᠬᠢᠵᠦ ᠂ ᠶᠡᠷᠦᠩᠬᠡᠢ ᠱᠦᠵᠢ᠎ᠶᠢᠨ ᠥᠪᠥᠷ ᠮᠣᠩᠭᠣᠯ᠎ᠤᠨ ᠨᠠᠮ᠎ᠤᠨ ᠭᠡᠰᠢᠭᠦᠨ ᠺᠠᠳ᠋ᠷᠴᠤᠳ᠎ᠲᠤ ᠲᠠᠯᠪᠢᠭ᠍ᠰᠠᠨ ᠬᠦᠰᠡᠯ ᠨᠠᠢᠳᠠᠯᠭ᠎ᠠ ᠪᠠ ᠬᠦᠨᠳᠦ ᠨᠠᠢᠳᠠᠯᠭ᠎ᠠ᠎ᠶᠢ ᠬᠥᠰᠡᠷᠳᠡᠭᠦᠯᠬᠦ ᠦᠭᠡᠢ ᠪᠠᠢᠬᠤ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ᠎ᠡᠴᠡ 《 ᠳᠤᠮᠳᠠᠳᠤ ᠮᠣᠩᠭᠣᠯ᠎ᠤᠨ ᠡᠷᠢᠶᠡᠨ ᠬᠣᠲᠠ  ᠵᠠᠮ᠎ᠤᠨ ᠡᠭᠦᠳᠡ᠎ᠶᠢᠨ ᠠᠵᠤ ᠠᠬᠤᠢ᠎ᠶᠢᠨ ᠬᠠᠮᠲᠤᠷᠠᠯᠴᠠᠭᠠᠨ᠎ᠤ ᠣᠷᠣᠨ᠎ᠢ ᠬᠠᠮᠲᠤ᠎ᠪᠠᠷ ᠬᠥᠭᠵᠢᠭᠦᠯᠬᠦ ᠶᠡᠷᠦᠩᠬᠡᠢ ᠲᠥᠰᠥᠯ 》᠎ᠢ ᠬᠢᠨᠠᠨ ᠵᠥᠪᠯᠡᠵᠦ ᠂ ᠶᠡᠷᠦᠩᠬᠡᠢ ᠱᠦᠵᠢ ᠰᠢ ᠶ᠋ᠢᠨ ᠫᠢᠩ᠎ᠦᠨ ᠮᠣᠩᠭᠣᠯ ᠤᠯᠤᠰ᠎ᠲᠤ ᠠᠢᠯᠴᠢᠯᠠᠬᠤ ᠦᠶ᠎ᠡ᠎ᠳᠦ ᠲᠣᠬᠢᠷᠠᠯᠴᠠᠭᠰᠠᠨ ᠴᠢᠬᠤᠯᠠ ᠦᠷ᠎ᠡ ᠪᠦᠲᠦᠭᠡᠯ᠎ᠢ ᠦᠷᠭᠦᠯᠵᠢᠯᠡᠨ ᠨᠠᠢᠳᠠᠪᠤᠷᠢᠵᠢᠭᠤᠯᠵᠤ ᠂ ᠭᠠᠳᠠᠭᠠᠳᠤ ᠬᠠᠷᠢᠯᠴᠠᠭᠠᠨ᠎ᠤ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ ᠰᠠᠭᠤᠷᠢ ᠲᠥᠬᠦᠭᠡᠷᠦᠮᠵᠢ᠎ᠶᠢᠨ ᠬᠣᠯᠪᠣᠯᠳᠤᠨ ᠨᠡᠪᠲᠡᠷᠡᠯᠴᠡᠬᠦ᠎ᠶᠢ ᠯᠠᠪᠳᠠᠭᠤᠨ ᠪᠠᠲᠤᠲᠠᠢ ᠠᠬᠢᠭᠤᠯᠵᠤ ᠂ ᠨᠢᠭᠡ ᠴᠣᠭᠴᠠᠵᠢᠭ᠍ᠰᠠᠨ ᠬᠢᠨᠠᠯᠲᠠ ᠬᠠᠮᠢᠶᠠᠷᠤᠯᠲᠠ᠎ᠶᠢᠨ ᠰᠢᠰᠲᠧᠮ᠎ᠢ ᠪᠠᠢᠭᠤᠯᠵᠤ ᠂ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠬᠤ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ᠎ᠢ ᠬᠦᠴᠦᠷᠬᠡᠭᠵᠢᠭᠦᠯᠵᠦ ᠂ ᠬᠠᠮᠲᠤᠷᠠᠯᠴᠠᠭᠠᠨ᠎ᠤ ᠣᠷᠣᠨ᠎ᠢ ᠥᠨᠳᠥᠷ ᠲᠦᠪᠰᠢᠨ ᠪᠦᠬᠦᠢ ᠬᠢᠯᠢ ᠳᠠᠭᠠᠤ᠎ᠶᠢᠨ ᠨᠡᠭᠡᠭᠡᠯᠲᠡ᠎ᠶᠢᠨ ᠲᠠᠪᠴᠠᠩ ᠪᠣᠯᠭᠠᠨ ᠪᠦᠲᠦᠭᠡᠨ ᠪᠠᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ᠎ᠡᠴᠡ ᠳ᠋ᠠᠢᠲ᠋ᠠ ᠪᠠ ᠵᠣᠬᠢᠶᠠᠮᠠᠯ ᠣᠶᠤᠨ ᠴᠢᠳᠠᠪᠤᠷᠢ᠎ᠶᠢᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠢ ᠬᠢᠨᠠᠨ ᠵᠥᠪᠯᠡᠵᠦ ᠂ ᠰᠢᠨ᠎ᠡ᠎ᠶᠢ ᠡᠭᠦᠳᠬᠦ ᠪᠡᠷ ᠤᠳᠤᠷᠢᠳᠤᠮᠵᠢ ᠪᠤᠯᠭᠠᠵᠤ ᠂ ᠨᠢᠭᠡ ᠪᠦᠯᠦᠭ ᠠᠵᠤ ᠦᠢᠯᠡᠰ᠎ᠦᠨ ᠲᠣᠭᠠᠴᠢᠯᠠᠯᠳᠠ ᠣᠶᠤᠨᠴᠢᠯᠠᠯᠲᠠ ᠲᠡᠢᠰᠢ ᠭᠡᠯᠪᠡᠷᠢ᠎ᠪᠡᠨ ᠬᠤᠪᠢᠷᠠᠭᠤᠯᠤᠭᠰᠠᠨ ᠬᠡᠪ ᠳᠠᠭᠤᠷᠢᠶᠠᠯ ᠠᠵᠤ ᠠᠬᠤᠢᠯᠠᠯ᠎ᠢ ᠬᠦᠴᠦᠯᠡᠨ ᠪᠣᠢᠵᠢᠭᠤᠯᠵᠤ ᠂ ᠬᠡᠷᠡᠭᠴᠡᠭᠡ᠎ᠳᠦ ᠣᠢᠷᠠᠳᠴᠤ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠪᠠᠢᠷᠢᠯᠠᠭᠤᠯᠤᠯᠲᠠ᠎ᠶᠢ ᠲᠦᠷᠭᠡᠳᠬᠡᠨ ᠲᠣᠬᠢᠷᠠᠭᠤᠯᠵᠤ ᠂ ᠪᠦᠭᠦ ᠣᠷᠣᠨ᠎ᠤ ᠲᠣᠭᠠᠴᠢᠯᠠᠭᠰᠠᠨ ᠠᠵᠤ ᠠᠬᠤᠢ᠎ᠶᠢᠨ ᠬᠥᠭᠵᠢᠯᠲᠡ᠎ᠳᠦ ᠲᠠᠰᠤᠷᠠᠯᠲᠠ ᠦᠭᠡᠢ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠵᠤ ᠂ ᠪᠦᠭᠦ ᠤᠯᠤᠰ᠎ᠤᠨ ᠪᠣᠬᠢᠷᠳᠤᠯ ᠦᠭᠡᠢ ᠪᠣᠳᠣᠯᠲᠠ᠎ᠶᠢᠨ ᠬᠦᠴᠦᠨ᠎ᠤ ᠪᠠᠲᠤᠯᠠᠭ᠎ᠠ᠎ᠶᠢᠨ ᠰᠠᠭᠤᠷᠢᠨ᠎ᠢ ᠪᠠᠢᠭᠤᠯᠵᠤ ᠂ ᠵᠣᠬᠢᠶᠠᠮᠠᠯ ᠣᠶᠤᠨ ᠴᠢᠳᠠᠪᠤᠷᠢ᠎ᠶᠢᠨ ᠬᠥᠭᠵᠢᠯᠲᠡ᠎ᠶᠢᠨ ᠰᠢᠨ᠎ᠡ ᠥᠨᠳᠥᠷᠯᠢᠭ᠎ᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ᠎ᠡᠴᠡ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠵᠢᠮ᠎ᠤᠨ ᠢᠯᠡᠳᠬᠡᠮᠵᠢ ᠲᠡᠮᠳᠡᠭ᠎ᠢ ᠭᠡᠷᠡᠴᠢᠯᠡᠬᠦ ᠠᠵᠢᠯ᠎ᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ᠎ᠢ ᠬᠢᠨᠠᠨ ᠵᠥᠪᠯᠡᠵᠦ ᠪᠠᠲᠤᠯᠠᠨ ᠂ ᠣᠯᠠᠨ ᠤᠯᠤᠰ᠎ᠤᠨ ᠨᠡᠭᠦᠷᠡᠰᠦᠲᠥ᠋ᠷᠥᠭᠴᠢ᠎ᠶᠢᠨ ᠪᠣᠭᠣᠮᠲᠠ᠎ᠶᠢᠨ ᠭᠠᠢᠯᠢ᠎ᠶᠢᠨ ᠠᠬᠤᠢ ᠪᠠᠢᠳᠠᠯ ᠳᠣᠣᠷ᠎ᠠ ᠂ ᠮᠠᠨ᠎ᠤ ᠣᠷᠣᠨ᠎ᠤ ᠪᠣᠬᠢᠷᠳᠤᠯ ᠦᠭᠡᠢ ᠴᠠᠭᠢᠯᠭᠠᠨ ᠪᠣᠬᠢᠷᠳᠤᠯ ᠦᠭᠡᠢ ᠡᠨᠧᠷᠭᠢ᠎ᠶᠢᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ ᠂ ᠴᠠᠭᠢᠯᠭᠠᠨ ᠵᠠᠳᠠᠯᠤᠯ᠎ᠤᠨ ᠬᠥᠩᠭᠡᠨᠴᠠᠭᠠᠨ ᠵᠡᠷᠭᠡ ᠦᠢᠯᠡᠳᠬᠦᠨ᠎ᠦ ᠭᠡᠷᠡᠴᠢᠯᠡᠯ᠎ᠦᠨ ᠤᠯᠤᠰ᠎ᠤᠨ ᠲᠤᠷᠰᠢᠯᠲᠠ᠎ᠶᠢᠨ ᠴᠡᠭ᠎ᠦᠨ ᠡᠭᠦᠷᠭᠡ᠎ᠶᠢ ᠴᠢᠨᠠᠷ ᠰᠠᠢᠲᠠᠢ ᠪᠡᠶᠡᠯᠡᠭᠦᠯᠬᠦ ᠬᠡᠷᠡᠭᠲᠡᠢ ᠃ ᠤᠯᠤᠰ᠎ᠤᠨ 《 ᠬᠣᠣᠰ ᠨᠡᠭᠦᠷᠡᠰᠦᠲᠥ᠋ᠷᠥᠭᠴᠢ 》᠎ᠶᠢᠨ ᠬᠠᠷᠠᠯᠲᠠ᠎ᠶᠢ ᠪᠡᠶᠡᠯᠡᠭᠦᠯᠬᠦ᠎ᠲᠠᠢ ᠨᠢᠭ᠍ᠲᠠ ᠤᠶᠠᠯᠳᠤᠭᠤᠯᠤᠨ ᠂ ᠲᠠᠯᠠᠰᠲᠤ ᠴᠠᠬᠢᠭᠤᠷ ᠂ ᠬᠣᠪᠣᠷ ᠰᠢᠷᠣᠢ ᠂ ᠮᠠᠯ ᠠᠵᠤ ᠠᠬᠤᠢ ᠲᠠᠷᠢᠶᠠᠯᠠᠩ ᠵᠡᠷᠭᠡ ᠬᠦᠷᠢᠶᠡᠨ᠎ᠳᠠᠬᠢ ᠭᠣᠣᠯᠳᠠᠯᠭ᠎ᠠ᠎ᠲᠠᠢ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠵᠢᠮ᠎ᠤᠨ ᠭᠡᠷᠡᠴᠢᠯᠡᠯ᠎ᠢ ᠢᠳᠡᠪᠬᠢᠲᠡᠢ ᠥᠷᠨᠢᠭᠦᠯᠵᠦ ᠂ ᠮᠠᠨ᠎ᠤ ᠣᠷᠣᠨ᠎ᠤ ᠳᠠᠪᠠᠭᠤᠯᠢᠭ᠋ ᠦᠢᠯᠡᠳᠬᠦᠨ᠎ᠦ ᠵᠠᠬ᠎ᠠ ᠳᠡᠯᠭᠡᠭᠦᠷ᠎ᠦᠨ ᠥᠷᠢᠰᠦᠯᠳᠦᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠠᠵᠤ ᠦᠢᠯᠡᠰ᠎ᠦᠨ ᠭᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠶᠢ ᠠᠬᠢᠭᠤᠯᠵᠤ ᠂ ᠪᠣᠬᠢᠷᠳᠤᠯ ᠦᠭᠡᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠪᠤᠵᠠᠭᠠᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ᠎ᠡᠴᠡ ᠪᠠᠰᠠ ᠥᠪᠡᠷᠲᠡᠭᠡᠨ ᠵᠠᠰᠠᠬᠤ ᠣᠷᠣᠨ᠎ᠤ ᠮᠠᠯ ᠵᠢᠭᠦᠷᠲᠡᠨ᠎ᠢ ᠨᠢᠲᠤᠯᠬᠤ ᠬᠠᠮᠢᠶᠠᠷᠤᠯᠲᠠ᠎ᠶᠢᠨ ᠳᠦᠷᠢᠮ᠎ᠦᠨ ᠲᠥᠰᠥᠯ ᠪᠣᠯᠣᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠳᠦᠷᠢᠮ ᠵᠡᠷᠭᠡ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠬᠤ ᠲᠥᠰᠥᠯ᠎ᠢ ᠬᠢᠨᠠᠨ ᠵᠥᠪᠯᠡᠪᠡ ; ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ᠎ᠶᠢᠨ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ᠎ᠶᠢᠨ ᠠᠷᠭ᠎ᠠ᠎ᠳᠤ ᠵᠠᠰᠠᠪᠤᠷᠢ ᠣᠷᠣᠭᠤᠯᠬᠤ ᠵᠢᠴᠢ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠨᠡᠭᠡᠭᠡᠨ ᠠᠰᠢᠭ᠍ᠯᠠᠵᠤ ᠬᠠᠮᠠᠭᠠᠯᠠᠬᠤ ᠵᠡᠷᠭᠡ ᠠᠵᠢᠯ᠎ᠢ ᠰᠤᠳᠤᠯᠵᠠᠢ ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ