9 ᠰᠠᠷ᠎ᠠ᠎ᠶ᠋ᠢᠨ 3 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠪᠠ᠃
ᠬᠤᠷᠠᠯ᠎ᠡᠴᠡ ᠶᠡᠷᠦᠩᠬᠡᠢ ᠱᠦᠵᠢ ᠰᠢ ᠵᠢᠨ ᠫᠢᠩ᠎ᠦᠨ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠮᠡᠳᠡᠭᠦᠯᠦᠯᠲᠡ᠎ᠶ᠋ᠢ ᠰᠣᠨᠣᠰᠭᠤ ᠦᠶ᠎ᠡ᠎ᠶ᠋ᠢᠨ ᠴᠢᠬᠤᠯᠠ ᠶᠠᠷᠢᠶ᠎ᠠ ᠪᠣᠯᠤᠨ 8 ᠰᠠᠷ᠎ᠠ᠎ᠶ᠋ᠢᠨ 29 ᠤ᠋ ᠡᠳᠦᠷ᠎ᠦᠨ ᠲᠤᠮᠳᠠᠳᠤ ᠤᠯᠤᠰ᠎ᠤᠨ ᠡᠪ ᠬᠠᠮᠲᠤ ᠨᠡᠮ᠎ᠤᠨ ᠲᠥᠪ᠎ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠪᠡᠨ ᠱᠤᠭᠤᠬᠤ᠎ᠶ᠋ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ᠎ᠤᠨ ᠬᠦᠳᠦᠯᠥᠨ ᠳᠠᠭᠠᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠵᠤ᠂ ᠤᠯᠠᠨ ᠲᠦᠮᠡᠨ᠎ᠦ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠨ ᠤᠷᠤᠬᠰᠢᠯᠠᠬᠤ᠎ᠶᠢ ᠬᠦᠳᠦᠯᠦᠨ ᠳᠠᠭᠠᠭᠤᠯᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠯᠠᠪᠳᠠᠭᠤᠨ ᠪᠠᠲᠤᠲᠠᠢ ᠳᠡᠯᠭᠡᠷᠡᠭᠦᠯᠦᠨ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠡᠭᠦᠳᠦᠨ ᠪᠠᠢᠭᠤᠯᠤᠯᠲᠠ᠎ᠶ᠋ᠢ ᠴᠢᠨᠠᠷ ᠰᠠᠢᠲᠠᠢ ᠥᠷᠨᠢᠭᠦᠯᠬᠦ᠌ ᠬᠡᠷᠡᠭ᠌ᠲᠡᠢ᠃ ᠱᠢᠨ᠎ᠡ ᠡᠨᠧᠷᠭᠢ ᠵᠡᠷᠭᠡ ᠳᠠᠪᠠᠭᠤᠯᠢᠭ ᠠᠵᠤ ᠦᠢᠯᠡᠰ᠎ᠦᠨ ᠲᠦᠷᠭᠡᠨ ᠬᠥᠭ᠌ᠵᠢᠯᠲᠡ᠎ᠶ᠋ᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠴᠢᠩᠭ᠎ᠠ ᠴᠡᠭ᠌ᠴᠡᠯᠡᠨ ᠰᠠᠢᠵᠢᠷᠠᠭᠤᠯᠵᠤ᠂ ᠦᠨᠳᠦᠰᠦᠨ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠪᠣᠯᠤᠨ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠠᠬᠤ ᠠᠵᠢᠯ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠭᠤᠵᠤ᠂ ᠤᠯᠠᠨ ᠲᠦᠮᠡᠨ᠎ᠦ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ ᠶᠡᠷᠦᠩᠬᠡᠶ ᠱᠦᠵᠢ ᠰᠢ ᠵᠢᠨ ᠫᠢᠩ᠎ᠦᠨ 《ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠡᠷᠡᠭᠦᠯ᠎ᠢᠶᠡᠷ ᠬᠥᠭ᠌ᠵᠢᠬᠦ᠌᠂ ᠴᠢᠨᠠᠷ ᠰᠠᠢᠲᠠᠶ ᠬᠥᠭ᠌ᠵᠢᠬᠦ᠎ᠶ᠋ᠢ ᠠᠬᠢᠭᠤᠯᠤᠶ᠎ᠠ 》 ᠭᠡᠬᠦ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠡᠷᠡ ᠶᠤᠰᠤᠭᠠᠷ ᠨᠢ ᠨᠠᠢᠳᠠᠪᠤᠷᠢᠵᠢᠭᠤᠯᠵᠤ᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠶ᠋ᠢ ᠰᠠᠢᠲᠤᠷ ᠥᠷᠨᠢᠭᠦᠯᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠡᠷᠡᠭ᠌ᠴᠡᠭᠡ ᠪᠣᠯᠤᠨ ᠵᠠᠰᠠᠭ᠎ᠤᠨ ᠣᠷᠳᠣᠨ᠎ᠤ ᠴᠢᠳᠠᠪᠤᠷᠢ᠎ᠡᠴᠡ ᠡᠭᠦᠰᠴᠦ᠍᠂ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ᠎ᠨᠢ ᠱᠢᠶ᠋ᠳᠪᠦᠷᠢᠯᠡᠨ ᠥᠭ᠌ᠴᠦ᠂ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠡᠷ ᠪᠡᠶᠡᠯᠡᠭᠦᠯᠬᠦ᠌》 ᠵᠡᠷᠭᠡ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠥᠷᠢᠲᠦᠵᠦ᠍ ᠪᠠᠢᠭ᠎ᠠ ᠲᠠᠩᠰᠠᠨ᠎ᠳᠠᠬᠢ ᠵᠣᠭᠣᠰ᠎ᠢ ᠲᠦᠷᠭᠡᠳᠭᠡᠨ ᠳᠥᠯᠥᠵᠦ᠍ ᠳᠠᠭᠤᠰᠭᠠᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃
ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ ᠳᠤᠮᠳᠠ ᠬᠡᠰᠡᠭ᠎ᠦᠨ ᠣᠷᠣᠨ᠎ᠤ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ 《ᠬᠥᠬᠡᠬᠣᠲᠠ ᠪᠤᠭᠤᠲᠤ ᠤᠷᠳᠤᠰ ᠤᠯᠠᠭᠠᠨᠴᠠᠪ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠷᠭ᠎ᠠ ᠬᠡᠮᠵᠢᠢᠡᠨᠦᠭᠦᠳ》 ᠪᠣᠯᠤᠨ ᠬᠤᠷᠠᠯ᠎ᠤᠨ ᠬᠣᠯᠪᠣᠭ᠍ᠳᠠᠯ ᠪᠦᠬᠦᠢ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠲᠦᠷᠭᠡᠳᠭᠡᠵᠦ᠍᠂ ᠠᠰᠠᠭᠤᠳᠠᠯ᠎ᠢ ᠰᠢᠢᠳᠪᠦᠷᠢᠯᠡᠬᠦ ᠰᠡᠳᠭᠢᠬᠦᠢ᠎ᠶ᠋ᠢ ᠪᠤᠢ ᠪᠣᠯᠭᠠᠵᠤ᠂ ᠬᠥᠭ᠌ᠵᠢᠯᠲᠡ᠎ᠶ᠋ᠢᠨ ᠪᠣᠭᠣᠮᠢ᠎ᠶ᠋ᠢ ᠡᠪᠳᠡᠵᠦ᠍᠂ ᠲᠦᠷᠪᠡᠨ ᠬᠤᠳᠠ᠎ᠶ᠋ᠢᠨ ᠲᠠᠪᠠᠭᠤᠯᠢᠭ ᠲᠠᠯ᠎ᠠ᠎ᠪᠡᠨ ᠨᠡᠩ ᠢᠯᠡᠭᠦᠦ ᠪᠠᠳᠠᠷᠠᠭᠤᠯᠵᠤ᠂ ᠪᠦᠬᠦ᠌ ᠣᠷᠣᠨ᠎ᠤ ᠬᠥᠭ᠌ᠵᠢᠯᠲᠡ᠎ᠳᠦ ᠨᠢᠷᠤᠭᠤ ᠲᠤᠯᠭᠠᠭᠤᠷᠢ ᠪᠣᠯᠬᠤ᠎ᠶ᠋ᠢ ᠳᠡᠮᠵᠢᠬᠦ᠌ ᠬᠡᠷᠡᠭ᠌ᠲᠡᠢ ᠭᠡᠵᠦ᠍ ᠱᠠᠭᠠᠷᠳᠠᠪᠠ᠃
ᠬᠤᠷᠠᠯ᠎ᠡᠴᠡ ᠤᠯᠤᠰ᠎ᠤᠨ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠣᠯᠪᠣᠭ᠍ᠳᠠᠯ ᠪᠥᠬᠥᠶ ᠠᠵᠢᠯ᠎ᠢ ᠰᠤᠳᠤᠯᠵᠤ᠂ ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ᠎ᠲᠠᠶ ᠤᠶᠠᠯᠳᠤᠭᠤᠯᠤᠨ᠂ ᠨᠥᠬᠥᠪᠥᠷᠢ ᠭᠥᠷᠳᠡᠬᠦ᠌ ᠠᠵᠤ ᠠᠬᠤᠢᠯᠠᠯ᠎ᠢ ᠨᠠᠷᠢᠯᠢᠭ ᠣᠨᠣᠴᠠᠳᠠᠢ ᠢᠯᠭᠠᠨ ᠲᠠᠨᠢᠵᠤ᠂ ᠲᠥᠷᠥ᠎ᠶ᠋ᠢᠨ ᠪᠣᠳᠣᠯᠭ᠎ᠠ᠎ᠶ᠋ᠢ ᠦᠳᠲᠡᠷ ᠲᠦᠷᠭᠡᠨ ᠪᠦᠲᠦᠮᠵᠢᠲᠡᠶ ᠨᠠᠢᠳᠠᠪᠤᠷᠢᠵᠢᠭᠤᠯᠬᠤ᠎ᠶ᠋ᠢ ᠠᠬᠢᠭᠤᠯᠤᠨ᠂ ᠠᠵᠤ ᠠᠬᠤᠢᠯᠠᠯ᠎ᠤᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠬᠦ᠌ ᠢᠳᠡᠪᠬᠢᠵᠢᠯ᠎ᠢ ᠳᠡᠭᠡᠭ᠌ᠰᠢᠯᠡᠭᠦᠯᠵᠦ᠍᠂ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃