ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠡᠨᠧᠷᠭᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠵᠥᠪᠯᠡᠯ᠎ᠤᠨ ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2024-11-25

 

      11 ᠳ᠋ᠦ᠍ᠭᠡᠷ ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠡᠨᠧᠷᠭᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠵᠥᠪᠯᠡᠯ᠎ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠤᠰ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃

       ᠬᠤᠸᠠᠩ ᡁᠢ ᠴᠢᠶᠠᠩ ᠴᠢᠬᠤᠯᠠᠴᠢᠯᠠᠭᠰᠠᠨ᠎ᠨᠢ᠂ ᠥᠪᠥᠷ ᠮᠣᠩᠭᠣᠯ ᠪᠣᠯ ᠪᠦᠬᠦ ᠤᠯᠤᠰ᠎ᠤᠨ ᠡᠨᠧᠷᠭᠢ ᠵᠢᠨ ᠲᠣᠮᠣ ᠣᠷᠣᠨ ᠪᠣᠯᠬᠤ ᠪᠥᠭᠡᠳ ᠠᠶᠤᠯ ᠦᠭᠡᠢ ᠦᠢ᠍ᠯᠡᠳᠪᠦᠷᠢᠯᠡᠯ᠎ᠤᠨ ᠴᠢᠬᠤᠯᠠ ᠪᠠᠯᠭ᠋ᠠᠰᠤ ᠪᠣᠯᠣᠨ᠎ᠠ᠂ ᠡᠨᠧᠷᠭᠢ ᠵᠢᠨ ᠬᠦᠷᠢᠶᠡᠨ᠎ᠳᠤ ᠢᠮᠠᠭᠲᠠ ᠠᠶᠤᠯ ᠦᠭᠡᠢ ᠬᠥᠭᠵᠢᠯᠲᠡ ᠵᠢᠨ ᠣᠨᠣᠯᠵᠢᠬᠤᠨ᠎ᠢ ᠪᠠᠲᠤ ᠪᠡᠬᠢᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠪᠠ ᠠᠮᠤᠷ ᠲᠦᠪᠰᠢᠨ᠎ᠤ ᠤᠬᠠᠮᠰᠠᠷ ᠬᠢᠭᠡᠳ ᠴᠢᠳᠠᠪᠤᠷᠢ᠎ᠪᠠᠨ ᠴᠢᠩᠭ᠋ᠠᠳᠬᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠵᠶ᠋ᠡᠷ ᠡᠨᠧᠷᠭᠢ ᠵᠢᠨ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ ᠬᠡᠷᠡᠭᠲᠡᠢ᠃ ᠡᠨᠧᠷᠭᠢ ᠵᠢᠨ ᠬᠦᠷᠢᠶᠡᠨ᠎ᠤ᠎ᠬᠢᠨ ᠣᠨ᠎ᠤ ᠰᠡᠭᠦᠯᠴᠢ ᠵᠢᠯ᠎ᠤᠨ ᠡᠬᠢᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠴᠢᠩᠭ᠎ᠠ ᠠᠩᠬᠠᠷᠤᠨ ᠪᠣᠳᠠᠲᠠᠢ ᠠᠳᠬᠤᠵᠤ᠂ ᠠᠶᠤᠯ ᠦᠭᠡᠢ ᠦᠢ᠍ᠯᠡᠳᠪᠦᠷᠢᠯᠡᠯ᠎ᠢ ᠰᠠᠢ᠌ᠲᠤᠷ ᠬᠢᠬᠦ ᠳᠡᠭᠡᠳᠦ ᠬᠡᠮᠵᠢᠶᠡᠨ᠎ᠤ ᠰᠣᠨᠣᠷ ᠰᠡᠷᠡᠮᠵᠢ᠎ᠲᠠᠢ ᠪᠠᠢ᠌ᠬᠤ ᠵᠢ ᠢᠮᠠᠭᠲᠠ ᠪᠠᠲᠤᠯᠠᠨ᠂ ᠭᠣᠣᠯᠳᠠᠯᠭ᠎ᠠ ᠪᠣᠯᠬᠤ ᠠᠵᠢᠯ ᠲᠦᠷᠦᠯ᠂ ᠭᠣᠣᠯᠳᠠᠯᠭ᠎ᠠ ᠪᠣᠯᠬᠤ ᠣᠷᠣᠨ ᠪᠠᠢ᠌ᠷᠢ᠂ ᠭᠣᠣᠯᠳᠠᠯᠭ᠎ᠠ ᠪᠣᠯᠬᠤ ᠭᠣᠭᠴᠣᠭ᠎ᠠ ᠵᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠵᠢᠨ ᠭᠡᠮ ᠰᠣᠭᠣᠭ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠵᠤ᠂ ᠡᠨᠧᠷᠭᠢ ᠵᠢᠨ ᠬᠦᠷᠢᠶᠡᠨ᠎ᠳᠠᠬᠢ ᠠᠶᠤᠯ ᠦᠭᠡᠢ ᠦᠢ᠍ᠯᠡᠳᠪᠦᠷᠢᠯᠡᠯ᠎ᠤᠨ ᠪᠠᠢ᠌ᠳᠠᠯ᠎ᠤᠨ ᠦᠷᠭᠦᠯᠵᠢᠯᠡᠨ ᠲᠣᠭᠲᠠᠭᠤᠨ ᠵᠶ᠋ᠠᠷ ᠰᠠᠢ᠌ᠵᠢᠷᠠᠬᠤ ᠵᠢ ᠠᠬᠢᠭᠤᠯᠬᠤ ᠬᠡᠷᠡᠭᠲᠡᠢ ᠭᠡᠵᠡᠢ᠃

       ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠵᠥᠪᠯᠡᠯ᠎ᠤᠨ ᠠᠵᠢᠯ᠎ᠤᠨ ᠳᠦᠷᠢᠮ》 ᠵᠡᠷᠭᠡ ᠵᠢ ᠬᠢᠨᠠᠨ ᠵᠥᠪᠯᠡᠵᠦ ᠪᠠᠲᠤᠯᠠᠪᠠ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ