ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2024-05-22


      5 ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠤᠯᠠᠮᠵᠢᠯᠠᠵᠤ᠂ ᠬᠣᠯᠪᠣᠭᠳᠠᠯ ᠪᠦᠬᠦᠢ ᠪᠠᠢ᠌ᠳᠠᠯ᠎ᠢ ᠮᠡᠳᠡᠭᠳᠡᠵᠦ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠪᠠ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃

      ᠬᠤᠷᠠᠯ᠎ᠠᠴᠠ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠥᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠡᠨᠡ ᠬᠦ᠌  《ᠤᠯᠤᠰ᠎ᠤᠨ ᠶᠡᠬᠡ ᠶᠠᠪᠤᠳᠠᠯ》᠎ᠢ ᠪᠠᠲᠤ ᠴᠡᠭᠡᠵᠢᠯᠡᠵᠦ᠂ ᠠᠮᠢ ᠠᠬᠤᠢ ᠣᠷᠴᠢᠨ ᠲᠣᠭᠤᠷᠢᠨ᠎ᠤ ᠠᠮᠤᠷ ᠲᠦᠪᠰᠢᠨ᠎ᠤ ᠡᠨᠡ ᠬᠦ᠌ ᠬᠦᠪᠴᠢ ᠵᠢ ᠴᠠᠭ ᠢᠮᠠᠭᠲᠠ ᠴᠢᠩᠭ᠋ᠠᠯᠠᠵᠤ᠂ 《ᠴᠠᠭ ᠢᠮᠠᠭᠲᠠ ᠰᠠᠨᠠᠭ᠎ᠠ ᠠᠮᠤᠷ ᠦᠭᠡᠢ ᠪᠠᠢ᠌ᠬᠤ》 ᠬᠠᠷᠢᠭᠤᠴᠠᠯᠭ᠋ᠠᠲᠦ ᠰᠡᠳᠬᠢᠯᠭᠡ ᠪᠠ 《ᠶᠠᠪᠤᠳᠠᠯ ᠪᠣᠯᠭ᠋ᠠᠨ᠎ᠳᠤ ᠳᠣᠲᠣᠷ᠎ᠠ᠎ᠪᠠᠨ ᠲᠣᠭ᠎ᠠ᠎ᠲᠠᠢ ᠪᠠᠢ᠌ᠬᠤ》 ᠬᠡᠷᠡᠭᠵᠢᠭᠦᠯᠬᠦ ᠬᠦᠴᠦᠨ ᠵᠶ᠋ᠡᠷ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠠᠢ᠌ᠲᠤᠷ ᠨᠠᠢ᠌ᠳᠠᠪᠤᠷᠢᠵᠢᠭᠤᠯᠵᠤ᠂ ᠬᠠᠮᠠᠭ᠋ᠠᠯᠠᠬᠤ᠂ ᠵᠠᠰᠠᠬᠤ᠂ ᠴᠡᠭᠴᠡᠯᠡᠨ ᠰᠠᠢ᠌ᠵᠢᠷᠠᠭᠤᠯᠬᠤ ᠡᠯ᠎ᠡ ᠵᠦᠢ᠍ᠯ᠎ᠤᠨ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ ᠬᠥᠭᠵᠢᠯᠲᠡ ᠵᠢ ᠠᠳᠬᠤᠪᠠᠯ ᠬᠠᠮᠠᠭ᠋ᠠᠯᠠᠯᠲᠠ ᠵᠢ ᠠᠳᠬᠤᠬᠤ᠎ᠪᠠᠨ ᠮᠠᠷᠲᠠᠬᠤ ᠵᠢ ᠡᠷᠡᠰ ᠰᠡᠷᠭᠡᠢ᠌ᠯᠡᠵᠦ᠂ ᠨᠢᠭᠡ ᠲᠦᠯᠬᠢᠪᠡᠯ ᠨᠢᠭᠡ ᠬᠦᠴᠦᠯᠡᠵᠦ᠂ ᠲᠦᠯᠬᠢᠬᠦ ᠦᠭᠡᠢ ᠪᠣᠯ ᠬᠦᠳᠡᠯᠬᠦ ᠦᠭᠡᠢ ᠪᠠᠢ᠌ᠬᠤ ᠵᠢ ᠡᠷᠡᠰ ᠰᠡᠷᠭᠡᠢ᠌ᠯᠡᠵᠦ᠂ ᠨᠢᠭᠤᠷ ᠲᠠᠯ᠎ᠠ ᠬᠠᠷᠠᠬᠤ᠂ ᠰᠠᠢ᠌ᠨ ᠬᠦᠮᠦᠨ ᠪᠣᠯᠬᠤ᠂ ᠬᠢᠨᠠᠯᠲᠡ ᠬᠠᠮᠢᠶᠠᠷᠤᠯᠲᠠ᠎ᠳᠤ 《ᠠᠭᠤᠵᠢᠭᠤ ᠰᠤᠯᠠ ᠵᠥᠭᠡᠯᠡᠨ》 ᠪᠠᠢ᠌ᠬᠤ ᠵᠢ ᠡᠷᠡᠰ ᠰᠡᠷᠭᠡᠢ᠌ᠯᠡᠵᠦ᠂ 《ᠪᠠᠷᠤᠭ ᠲᠥᠯᠥᠪ》᠂ 《ᠠᠷᠭ᠋ᠠᠴᠠᠭ᠋ᠠᠵᠤ ᠳᠡᠢ᠌ᠯᠬᠦ》 ᠣᠪᠣᠷ ᠵᠶ᠋ᠠᠷ ᠴᠡᠭᠴᠡᠯᠡᠨ ᠥᠭᠡᠷᠡᠴᠢᠯᠡᠬᠦ ᠠᠵᠢᠯ᠎ᠢ ᠠᠳᠬᠤᠬᠤ ᠵᠢ ᠡᠷᠡᠰ ᠰᠡᠷᠭᠡᠢ᠌ᠯᠡᠬᠦ ᠬᠡᠷᠡᠭᠲᠡᠢ ᠭᠡᠵᠦ ᠴᠢᠬᠤᠯᠠᠴᠢᠯᠠᠪᠠ᠃

       ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ᠎ᠤᠨ᠎ᠬᠢᠨ ᠡᠯ᠎ᠡ ᠲᠦᠷᠦᠯ᠎ᠤᠨ ᠱᠠᠯᠠᠪᠳᠠᠭᠤᠯᠤᠨ ᠪᠠᠢ᠌ᠴᠠᠭ᠋ᠠᠵᠤ ᠬᠢᠨᠠᠨ ᠰᠢᠯᠭ᠋ᠠᠭᠰᠠᠨ᠂ ᠣᠯᠠᠨ ᠲᠦᠮᠡᠨ᠎ᠤ ᠲᠤᠰᠬᠠᠭᠰᠠᠨ ᠠᠰᠠᠭᠤᠳᠠᠯ᠎ᠢ ᠴᠢᠩᠭ᠎ᠠ ᠠᠩᠬᠠᠷᠴᠤ᠂ ᠦᠨᠡᠨ ᠪᠤᠲᠠᠲᠠᠢ ᠠᠵᠢᠯᠯᠠᠵᠤ᠂ ᠬᠦᠴᠦᠲᠡᠢ ᠠᠷᠭ᠎ᠠ ᠬᠡᠮᠵᠢᠶ᠎ᠠ ᠠᠪᠴᠤ᠂ ᠰᠠᠮᠠᠭᠤᠨ ᠦᠵᠡᠭᠳᠡᠯ᠎ᠢ ᠵᠠᠰᠠᠵᠤ᠂ ᠲᠤᠰᠬᠠᠢ ᠠᠵᠢᠯᠯᠠᠭ᠎ᠠ ᠦᠷᠨᠢᠭᠦᠯᠵᠦ᠂ ᠲᠣᠭᠲᠠᠭ᠋ᠠᠯ᠎ᠠᠴᠠ ᠵᠦᠷᠢᠴᠡᠨ ᠤᠰᠤ ᠠᠪᠴᠤ ᠬᠡᠷᠡᠭᠯᠡᠬᠦ᠂ ᠬᠠᠤᠯᠢ ᠪᠤᠰᠤ᠎ᠪᠠᠷ ᠪᠣᠬᠢᠷᠳᠤᠯ ᠪᠤᠳᠠᠰ ᠭᠠᠳᠠᠭᠰᠢᠯᠠᠭᠤᠯᠬᠤ᠂ ᠳᠤᠷ᠎ᠠ᠎ᠪᠠᠷ ᠵᠶ᠋ᠠᠨ ᠬᠣᠭ ᠨᠣᠪᠰᠢ ᠬᠠᠶᠠᠬᠤ᠂ ᠨᠤᠲᠤᠭ ᠪᠡᠯᠴᠢᠭᠡᠷ ᠣᠢ᠌ᠲᠦ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠬᠦ᠂ ᠰᠣᠬᠣᠷ ᠪᠠᠯᠠᠢ᠎ᠪᠠᠷ 《ᠬᠣᠶᠠᠷ ᠦᠨᠳᠦᠷ ᠨᠢᠭᠡ ᠳᠣᠣᠷ᠎ᠠ》 ᠲᠦᠷᠦᠯ ᠵᠦᠢ᠍ᠯ᠎ᠢ ᠬᠡᠷᠡᠭᠵᠢᠭᠦᠯᠬᠦ ᠵᠡᠷᠭᠡ ᠳᠣᠪᠤᠢ᠌ᠮ᠎ᠠ ᠠᠰᠠᠭᠤᠳᠠᠯ᠎ᠢ ᠶᠡᠬᠡ᠎ᠪᠠᠷ ᠴᠡᠭᠴᠡᠯᠡᠨ ᠵᠠᠰᠠᠵᠤ᠂ ᠨᠢᠭᠡ᠎ᠠᠴᠠ ᠨᠥᠭᠥᠭᠡ ᠵᠢ ᠵᠦᠢ᠍ᠴᠢᠯᠡᠨ ᠠᠰᠠᠭᠤᠳᠠᠯ᠎ᠢ ᠨᠢᠭᠡᠳ ᠨᠢᠭᠡ᠎ᠪᠠᠷ ᠪᠤᠲᠠᠲᠠᠢ ᠴᠡᠭᠴᠡᠯᠡᠨ ᠰᠠᠢ᠌ᠵᠢᠷᠠᠭᠤᠯᠵᠤ᠂ ᠲᠤᠢ᠌ᠯᠪᠤᠷᠢᠲᠠᠢ ᠴᠡᠭᠴᠡᠯᠡᠨ ᠰᠠᠢ᠌ᠵᠢᠷᠠᠭᠤᠯᠬᠤ ᠬᠡᠷᠡᠭᠲᠡᠢ᠃ ᠠᠢ᠌ᠮᠠᠭ ᠬᠣᠲᠠ᠂ ᠬᠣᠰᠢᠭᠤ ᠰᠢᠶᠠᠨ᠎ᠤ 《ᠨᠢᠭᠡᠳᠦᠭᠡᠷ ᠭᠠᠷ》 ᠡᠷᠬᠡᠪᠰᠢ ᠦᠨᠡᠨ ᠬᠦ᠌ ᠭᠠᠷᠳᠠᠨ ᠬᠢᠵᠦ᠂ 《ᠤᠳᠠᠭ᠋ᠠᠨ᠂ ᠪᠦᠳᠦᠭᠦᠯᠢᠭ᠂ ᠬᠤᠳᠠᠯ》 ᠪᠠᠢ᠌ᠬᠤ ᠠᠰᠠᠭᠤᠳᠠᠯ᠎ᠢ ᠡᠷᠡᠰ ᠲᠡᠪᠴᠢᠵᠤ᠂ ᠱᠠᠲᠤ ᠳᠠᠷᠠᠭ᠋ᠠᠯᠠᠨ ᠬᠠᠷᠢᠭᠤᠴᠠᠯᠭ᠎ᠠ ᠵᠢᠨ ᠬᠡᠯᠬᠢᠶ᠎ᠡ ᠵᠢ ᠴᠢᠩᠭ᠋ᠠᠯᠠᠵᠤ᠂ ᠠᠰᠠᠭᠤᠳᠠᠯ᠎ᠤᠨ ᠨᠠᠷᠢᠨ ᠳᠠᠩᠰᠠ᠂ ᠠᠷᠭ᠎ᠠ ᠬᠡᠮᠵᠢᠶ᠎ᠡ ᠵᠢᠨ ᠨᠠᠷᠢᠨ ᠳᠠᠩᠰᠠ᠂ ᠬᠠᠷᠢᠭᠤᠴᠠᠯᠭ᠎ᠠ ᠵᠢᠨ ᠨᠠᠷᠢᠨ ᠳᠠᠩᠰᠠ ᠵᠢ ᠪᠠᠢ᠌ᠭᠤᠯᠵᠤ᠂ ᠲᠤᠰᠬᠠᠢ ᠬᠦᠮᠦᠨ ᠬᠠᠷᠢᠭᠤᠴᠠᠵᠤ᠂ ᠲᠤᠰᠬᠠᠢ ᠵᠦᠢ᠍ᠯ ᠵᠶ᠋ᠡᠷ ᠱᠠᠯᠠᠪᠳᠠᠭᠤᠯᠤᠨ ᠭᠦᠢ᠍ᠴᠡᠳᠬᠡᠵᠦ᠂ ᠴᠡᠭᠴᠡᠯᠡᠨ ᠰᠠᠢ᠌ᠵᠢᠷᠠᠭᠤᠯᠬᠤ ᠵᠢ ᠲᠦᠷᠭᠡᠳᠬᠡᠨ᠂ ᠣᠨᠢᠨ ᠳᠡᠭᠡᠷ᠎ᠡ᠎ᠨᠢ ᠨᠠᠢ᠌ᠳᠠᠪᠤᠷᠢᠵᠢᠭᠤᠯᠬᠤ ᠬᠡᠷᠡᠭᠲᠡᠢ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠤᠬᠠᠭᠤᠯᠵᠤ ᠬᠦᠲᠦᠯᠦᠨ ᠵᠢᠯᠣᠭᠣᠳᠬᠤ᠎ᠪᠠᠨ ᠴᠢᠩᠭ᠋ᠠᠳᠬᠠᠵᠤ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠬᠠᠮᠠᠭ᠋ᠠᠯᠠᠵᠤ ᠵᠠᠰᠠᠬᠤ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠲᠡᠭᠦᠯᠳᠡᠷᠵᠢᠭᠦᠯᠵᠦ᠂ ᠴᠢᠬᠤᠯᠠ ᠶᠡᠬᠡ ᠠᠮᠢ ᠠᠬᠤᠢ ᠵᠢ ᠵᠠᠰᠠᠨ ᠰᠡᠷᠭᠦᠭᠡᠬᠦ ᠢᠨᠵᠧᠨᠧᠷᠢᠩ᠎ᠢ ᠰᠠᠢ᠌ᠲᠤᠷ ᠬᠡᠷᠡᠭᠵᠢᠭᠦᠯᠵᠦ᠂ ᠨᠠᠮ᠎ᠤᠨ ᠲᠥᠪ ᠬᠣᠷᠢᠶ᠎ᠠ᠎ᠳᠤ ᠰᠠᠢ᠌ᠲᠤᠷ ᠳᠠᠩᠰᠠ ᠲᠤᠰᠢᠶᠠᠵᠤ᠂ ᠠᠷᠠᠳ ᠣᠯᠠᠨ᠎ᠳᠤ ᠰᠠᠢ᠌ᠲᠤᠷ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠱᠠᠭ᠋ᠠᠷᠳᠠᠪᠠ᠃

       ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠦᠧᠧ ᠬᠤᠷᠠᠯ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ