ᠣᠢ᠌ᠷ᠎ᠠ᠎ᠳᠤ ᠥᠪᠡᠷᠲᠡᠭᠡᠨ ᠵᠠᠰᠠᠬᠤ ᠣᠷᠣᠨ ᠪᠦᠭᠦ ᠤᠯᠤᠰ᠎ᠤᠨ ᠣᠷᠣᠨ ᠨᠤᠲᠤᠭ᠎ᠤᠨ ᠨᠠᠮ᠎ᠤᠨ ᠬᠣᠷᠢᠶ᠎ᠠ ᠵᠢᠨ ᠮᠥᠩᠭᠥᠨ ᠭᠦᠢ᠍ᠯᠭᠡᠭᠡᠨ᠎ᠤ ᠬᠣᠷᠢᠶ᠎ᠠ ᠵᠢᠨ ᠠᠯᠪᠠᠨ ᠭᠡᠷ᠎ᠤᠨ ᠡᠷᠭᠢᠯᠡᠭᠴᠢᠳ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠥᠩᠭᠥᠨ ᠭᠦᠢ᠍ᠯᠭᠡᠭᠡᠨ᠎ᠤ ᠬᠣᠷᠢᠶ᠎ᠠ ᠵᠢᠨ ᠠᠯᠪᠠᠨ ᠭᠡᠷ᠎ᠤᠨ ᠡᠷᠭᠢᠯᠡᠭᠴᠢ᠂ ᠮᠥᠩᠭᠥᠨ ᠭᠦᠢ᠍ᠯᠭᠡᠭᠡᠨ᠎ᠤ ᠠᠵᠢᠯ᠎ᠤᠨ ᠬᠣᠷᠢᠶ᠎ᠠ ᠵᠢᠨ ᠱᠦᠵᠢ ᠬᠤᠸᠠᠩ ᡁᠢ ᠴᠢᠶᠠᠩ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃
ᠬᠤᠸᠠᠩ ᡁᠢ ᠴᠢᠶᠠᠩ᠂ ᠪᠦᠭᠦ ᠣᠷᠣᠨ᠎ᠤ ᠮᠥᠩᠭᠥᠨ ᠭᠦᠢ᠍ᠯᠭᠡᠭᠡᠨ᠎ᠤ ᠰᠢᠰᠲ᠋ᠧᠮ ᠶᠡᠷᠦᠩᠬᠡᠢ ᠱᠦᠵᠢ ᠰᠢ ᠵᠢᠨ ᠫᠢᠩ᠎ᠤᠨ ᠮᠥᠩᠭᠥᠨ ᠭᠦᠢ᠍ᠯᠭᠡᠭᠡᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠮᠥᠩᠭᠥᠨ ᠭᠦᠢ᠍ᠯᠭᠡᠭᠡᠨ᠎ᠤ ᠠᠵᠢᠯ᠎ᠢ ᠰᠠᠢ᠌ᠲᠤᠷ ᠬᠢᠬᠦ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠤᠢ᠌ᠯᠠ ᠠᠵᠢᠯᠯᠠᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠲᠡᠢ᠃ ᠠᠶᠤᠯ ᠲᠦᠭᠰᠢᠭᠦᠷᠢ ᠵᠢ ᠰᠡᠷᠭᠡᠢ᠌ᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠥᠩᠭᠥᠨ ᠭᠦᠢ᠍ᠯᠭᠡᠭᠡᠨ᠎ᠤ ᠬᠦᠷᠢᠶᠡᠨ᠎ᠳᠠᠬᠢ ᠡᠯ᠎ᠡ ᠲᠦᠷᠦᠯ᠎ᠤᠨ ᠠᠶᠤᠯ ᠲᠦᠭᠰᠢᠭᠦᠷᠢ ᠭᠡᠮ ᠰᠣᠭᠣᠭ᠎ᠢ ᠢᠳᠡᠪᠬᠢᠲᠡᠢ ᠯᠠᠪᠳᠠᠭᠤᠨ ᠵᠶ᠋ᠠᠷ ᠰᠡᠷᠭᠡᠢ᠌ᠯᠡᠨ ᠠᠷᠢᠯᠭ᠋ᠠᠵᠤ᠂ ᠰᠢᠰᠲ᠋ᠧᠮ᠎ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠮᠥᠩᠭᠥᠨ ᠭᠦᠢ᠍ᠯᠭᠡᠭᠡᠨ᠎ᠤ ᠠᠵᠢᠯ᠎ᠤᠨ ᠡᠯ᠎ᠡ ᠭᠣᠭᠴᠣᠭ᠎ᠠ ᠡᠯ᠎ᠡ ᠲᠠᠯ᠎ᠠ᠎ᠳᠤ ᠠᠭᠤᠰᠤᠯᠴᠠᠭᠤᠯᠵᠤ᠂ ᠬᠢᠨᠠᠯᠲᠠ ᠬᠠᠮᠢᠶᠠᠷᠤᠯᠲᠠ᠎ᠳᠤ 《ᠬᠠᠲᠠᠭᠤ ᠰᠢᠷᠦᠭᠦᠨ》᠂ 《ᠡᠷᠡᠰ ᠪᠠᠲᠤ》 ᠪᠠᠢ᠌ᠬᠤ ᠵᠢ ᠪᠡᠶᠡᠯᠡᠭᠦᠯᠬᠦ ᠬᠡᠷᠡᠭᠲᠡᠢ᠃ ᠤᠨᠢᠨ ᠳᠡᠭᠡᠷ᠎ᠡ᠎ᠨᠢ ᠬᠥᠭᠵᠢᠯᠲᠡ ᠵᠢ ᠠᠬᠢᠭᠤᠯᠵᠤ᠂ ᠮᠥᠩᠭᠥᠨ ᠭᠦᠢ᠍ᠯᠭᠡᠭᠡᠨ᠎ᠤ ᠡᠬᠢ ᠪᠠᠶᠠᠯᠢᠭ᠎ᠢ ᠴᠢᠨᠠᠷ ᠰᠠᠢ᠌ᠲᠠᠢ ᠬᠥᠭᠵᠢᠯᠲᠡ ᠵᠢᠨ ᠭᠣᠣᠯᠳᠠᠯᠭ᠎ᠠ᠎ᠲᠠᠢ ᠬᠦᠷᠢᠶ᠎ᠡ ᠪᠣᠯᠣᠨ ᠪᠠᠭᠤᠷᠠᠢ ᠭᠣᠭᠴᠣᠭ᠎ᠠ᠎ᠳᠤ ᠲᠥᠪᠯᠡᠷᠡᠭᠦᠯᠬᠦ ᠵᠢ ᠠᠬᠢᠭᠤᠯᠵᠤ᠂ 《ᠲᠠᠪᠤᠨ ᠶᠡᠬᠡ ᠶᠠᠪᠤᠳᠠᠯ》᠎ᠢ ᠦᠨᠡᠨ ᠬᠦ᠌ ᠰᠠᠢ᠌ᠲᠤᠷ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃
ᠬᠤᠷᠠᠯ᠎ᠠᠴᠠ ᠪᠠᠰᠠ 《ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠬᠠᠷᠢᠭᠤᠴᠠᠯᠭ᠎ᠠ ᠲᠤᠯᠭ᠋ᠠᠬᠤ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠰᠤᠷᠤᠯᠴᠠᠪᠠ᠃