ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠣᠷᠣᠨ᠎ᠤ ᠮᠥᠩᠭᠥᠨ ᠭᠦᠢᠯᠭᠡᠭᠡᠨ᠎ᠦ ᠰᠢᠰᠲ᠋ᠸᠮ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠤᠷᠠᠯ ᠬᠤᠷᠠᠯᠳᠤᠪᠠ   ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2025-09-25

 

9 ᠰᠠᠷ᠎ᠠ᠎ᠶᠢᠨ 15᠎ᠤ ᠡᠳᠦᠷ᠂ ᠪᠦᠬᠦ ᠣᠷᠣᠨ᠎ᠤ ᠮᠥᠩᠭᠥᠨ ᠭᠦᠢᠯᠭᠡᠭᠡᠨ᠎ᠦ ᠰᠢᠰᠲ᠋ᠸᠮ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠸᠠᠩ ᡁᠢ ᠴᠢᠶᠠᠩ᠂ ᠪᠦᠬᠦ ᠣᠷᠣᠨ᠎ᠤ ᠮᠥᠩᠭᠥᠨ ᠭᠦᠢᠯᠭᠡᠭᠡᠨ᠎ᠦ ᠰᠢᠰᠲᠧᠮ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠲᠤᠬᠠᠢ ᠴᠢᠬᠤᠯᠠ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠮᠥᠩᠭᠥᠨ ᠭᠦᠢᠯᠭᠡᠭᠡᠨ᠎ᠦ ᠠᠵᠢᠯ᠎ᠤᠨ ᠤᠯᠤᠰ ᠲᠥᠷᠥᠴᠢ ᠴᠢᠨᠠᠷ ᠪᠣᠯᠣᠨ ᠠᠷᠠᠳᠴᠢ ᠴᠢᠨᠠᠷ᠎ᠢ ᠢᠮᠠᠭᠲᠠ ᠪᠠᠷᠢᠮᠲᠠᠯᠠᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠮᠥᠩᠭᠥᠨ ᠭᠦᠢᠯᠭᠡᠭᠡᠨ᠎ᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠪᠠᠢᠭᠤᠯᠭ᠎ᠠ ᠪᠠ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠮᠥᠩᠭᠥᠨ ᠭᠦᠢᠯᠭᠡᠭᠡᠨ᠎ᠦ ᠰᠢᠰᠲᠧᠮ᠎ᠦᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠦᠷᠦ᠎ᠶᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶᠢᠨ ᠴᠢᠳᠠᠮᠵᠢ᠎ᠶᠢ ᠦᠨᠡᠨ ᠬᠦ᠌ ᠴᠢᠩᠭᠠᠳᠬᠠᠬᠤ ᠬᠡᠷᠡᠭᠲᠡᠢ᠃ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠤ ᠠᠶᠤᠯ ᠲᠦᠭᠰᠢᠭᠦᠷᠢ᠎ᠶᠢ ᠰᠡᠷᠭᠡᠢᠯᠡᠬᠦ᠂ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ᠂ ᠬᠥᠭᠵᠢᠯᠲᠡ᠎ᠶᠢ ᠠᠬᠢᠭᠤᠯᠬᠤ ᠭᠣᠣᠯᠳᠠᠯᠭ᠎ᠠ᠎ᠲᠠᠢ ᠠᠵᠢᠯ᠎ᠢ ᠰᠠᠢᠲᠤᠷ ᠬᠢᠬᠦ ᠬᠡᠷᠡᠭᠲᠡᠢ᠃ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠠᠷᠡᠯ᠎ᠢ ᠡᠰᠡᠷᠭᠦᠴᠡᠬᠦ᠎ᠶᠢ ᠴᠥᠬᠥᠷᠡᠰᠢ ᠦᠭᠡᠢ ᠪᠠᠷᠢᠮᠲᠠᠯᠠᠬᠤ ᠬᠡᠷᠡᠭᠲᠡᠢ᠃ ᠬᠥᠮᠥᠨ ᠰᠣᠩᠭᠣᠨ ᠬᠡᠷᠡᠭᠯᠡᠬᠦ ᠢᠯᠡ ᠲᠣᠳᠣ᠌ ᠤᠳᠤᠷᠢᠳᠤᠮᠵᠢ᠎ᠶᠢ ᠪᠤᠢ ᠪᠣᠯᠭᠠᠵᠤ᠂ ᠤᠯᠤᠰ ᠲᠦᠷᠦ᠎ᠶᠢᠨ ᠲᠠᠯ᠎ᠠ᠎ᠪᠠᠷ ᠪᠠᠲᠤ ᠴᠢᠩᠭ᠎ᠠ᠂ ᠲᠤᠰᠬᠠᠢ ᠮᠡᠷᠭᠡᠵᠢᠯ᠎ᠦᠨ ᠲᠠᠯ᠎ᠠ᠎ᠪᠠᠷ ᠴᠠᠭᠠᠷᠠᠭᠰᠠᠨ ᠮᠥᠩᠭᠥᠨ ᠭᠦᠢᠯᠭᠡᠭᠡᠨ᠎ᠦ ᠡᠩᠨᠡᠭᠡ᠎ᠶᠢ ᠪᠠᠢᠭᠤᠯᠵᠤ᠂ ᠨᠢᠭᠡ ᠭᠣᠣᠯ ᠰᠢᠵᠢᠮ᠎ᠢ ᠲᠤᠭᠤᠰᠢᠯᠠᠭᠤᠯᠤᠨ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠎ᠳᠤ ᠠᠩᠬᠠᠷᠤᠯ᠎ᠢᠶᠠᠨ ᠲᠥᠪᠯᠡᠷᠡᠭᠦᠯᠵᠤ᠂ 《ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ》 ᠬᠠᠷᠠᠯᠲᠠ ᠡᠭᠦᠷᠭᠡ᠎ᠶᠢ ᠪᠡᠶᠡᠯᠡᠭᠦᠯᠬᠦ᠎ᠳᠦ ᠪᠠᠲᠤ ᠴᠢᠩᠭ᠎ᠠ ᠮᠥᠩᠭᠥᠨ ᠭᠦᠢᠯᠭᠡᠭᠡᠨ᠎ᠦ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠪᠠ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ