ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ᠌ ᠣᠷᠣᠨ᠎ᠤ ᠠᠶᠤᠯ ᠦᠭᠡᠢ ᠦᠢᠯᠡᠳᠪᠦᠷᠢᠯᠡᠯ᠎ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ   ᠬᠤᠸᠠᠩ ᡁᠢ ᠴᠢᠶᠠᠩ ᠬᠤᠷᠠᠯ᠎ᠢ ᠡᠷᠬᠢᠯᠡᠵᠦ  ᠵᠧᠩ ᠭᠤᠸᠠᠩ ᠵᠤᠤ ᠬᠤᠷᠠᠯ᠎ᠳᠦ ᠣᠷᠣᠯᠴᠠᠪᠠ
ᠨᠡᠶ᠋ᠢᠲᠡᠯᠡᠭᠰᠡᠨ ᠴᠠᠭ᠄ 2025-08-27

8 ᠳ᠋ᠤᠭᠠᠷ ᠰᠠᠷ᠎ᠠ᠎ᠶ᠋ᠢᠨ 26 ᠎ᠤ ᠡᠳᠦᠷ᠂ ᠪᠦᠬᠦ᠌ ᠣᠷᠣᠨ᠎ᠤ ᠠᠶᠤᠯ ᠦᠭᠡᠢ ᠦᠢᠯᠡᠳᠪᠦᠷᠢᠯᠡᠯ᠎ᠤᠨ ᠲᠧᠯᠸᠢᠰ ᠤᠲᠠᠰᠤᠲᠤ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ  ᠲᠣᠰ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠵᠧᠩ ᠭᠤᠸᠠᠩ ᠵᠤᠤ ᠬᠤᠷᠠᠯ᠎ᠳᠤ ᠣᠷᠣᠯᠴᠠᠪᠠ᠃

ᠬᠤᠷᠠᠯ᠎ᠢᠶᠠᠷ᠂ ᠶᠠᠫᠣᠨ᠎ᠢ ᠡᠰᠡᠷᠭᠦᠴᠡᠭᠰᠡᠨ ᠳᠤᠮᠳᠠᠳᠤ ᠤᠯᠤᠰ᠎ᠤᠨ ᠠᠷᠠᠳ ᠲᠦᠮᠡᠨ᠎ᠤ ᠲᠠᠢᠨ  ᠬᠢᠭᠡᠳ ᠹᠠᠱ᠌ᠢᠰ᠎ᠢ ᠡᠰᠡᠷᠭᠦᠴᠡᠭᠰᠡᠨ ᠳᠡᠯᠡᠬᠡᠢ᠎ᠶ᠋ᠢᠨ ᠲᠠᠢᠨ ᠢᠯᠠᠯᠲᠠ ᠣᠯᠤᠭ᠍ᠰᠠᠨ 80 ᠵᠢᠯ᠎ᠤᠨ ᠤᠢ᠎ᠶ᠋ᠢ ᠳᠤᠷᠠᠰᠭᠠᠬᠤ ᠠᠵᠢᠯᠯᠠᠭ᠎ᠠ ᠤᠳᠠᠯ ᠦᠭᠡᠢ ᠶᠠᠪᠤᠭ᠍ᠳᠠᠬᠤ ᠭᠡᠵᠦ᠍ ᠪᠠᠢᠭ᠎ᠠ ᠦᠶ᠎ᠡ᠎ᠳᠦ᠂ ᠥᠪᠥᠷ ᠮᠣᠩᠭᠤᠯ ᠨᠢ ᠡᠬᠡ ᠤᠯᠤᠰ᠎ᠤᠨ 《ᠤᠮᠠᠷᠠᠲᠤ ᠲᠣᠮᠣ᠌ ᠬᠠᠭᠠᠯᠭ᠎ᠠ》᠂ ᠨᠡᠢᠰᠯᠡᠯ᠎ᠤᠨ 《 ᠬᠣᠲᠠ᠎ᠶᠢ ᠬᠠᠮᠠᠭᠠᠯᠠᠬᠤ ᠭᠤᠣᠯ》 ᠪᠣᠯᠤᠭ᠍ᠰᠠᠨ᠎ᠤ ᠬᠤᠪᠢ᠎ᠳᠤ᠂ ᠨᠡᠢᠭᠡᠮ᠎ᠤᠨ ᠲᠠᠯ᠎ᠠ᠎ᠶ᠋ᠢᠨ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠎ᠶ᠋ᠢ ᠴᠢᠩᠭᠠᠳᠭᠠᠵᠤ᠂ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠨᠤᠭᠤᠳ᠎ᠲᠤ ᠴᠢᠩᠭ᠎ᠠ ᠴᠣᠬᠢᠯᠲᠠ ᠥᠭ᠌ᠴᠦ᠂ ᠨᠡᠢᠭᠡᠮ᠎ᠤᠨ ᠶᠡᠭᠡ ᠪᠠᠢᠳᠠᠯ᠎ᠤᠨ ᠡᠶ᠎ᠡ ᠵᠣᠬᠢᠴᠠᠩᠭᠤᠢ ᠲᠣᠭ᠍ᠲᠠᠭᠤᠨ᠎ᠢ ᠪᠠᠲᠤᠯᠠᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠬᠤᠷᠠᠯ᠎ᠠᠴᠠ ᠠᠳᠡᠯ᠎ᠠᠴᠠ ᠭᠦᠨᠵᠡᠭᠡᠢ ᠰᠤᠷᠭᠠᠮᠵᠢ ᠠᠪᠴᠤ᠌᠂  ᠠᠭᠤᠯᠠᠨ ᠦᠶᠡᠷ᠎ᠤᠨ ᠭᠤᠤ᠂ ᠬᠤᠲᠣᠭᠤᠷ ᠪᠠᠢᠷᠢᠰᠢᠯ ᠲᠠᠢ ᠵᠠᠮ ᠬᠥᠭᠦᠷᠭᠡ ᠵᠡᠷᠭᠡ ᠠᠶᠤᠯ ᠲᠦᠭ᠌ᠰᠢᠭᠦᠷᠢ᠎ᠪᠠᠷ ᠶᠡᠬᠡ ᠴᠡᠭ᠎ᠤᠳ᠎ᠢ ᠴᠢᠩᠭ᠎ᠠ ᠰᠡᠷᠭᠡᠢᠯᠡᠨ ᠰᠠᠬᠢᠵᠤ᠂ ᠭᠠᠮᠱᠢᠭ ᠲᠤᠯᠭᠠᠷᠠᠪᠠᠰᠤ ᠡᠰᠡᠷᠭᠦᠴᠡᠬᠦ᠌ ᠬᠤᠷᠳᠤᠴᠠ᠎ᠪᠠᠨ ᠳᠡᠭᠡᠭ᠌ᠰᠢᠯᠡᠭᠦᠯᠵᠦ᠍᠂ ᠲᠤᠰ ᠡᠭᠡᠯᠵᠢ᠎ᠶ᠋ᠢᠨ ᠬᠤᠷ᠎ᠠ ᠲᠣᠨᠳᠠᠰᠤ᠎ᠶ᠋ᠢ ᠠᠷᠭᠠᠴᠠᠭᠠᠬᠤ ᠠᠵᠢᠯ᠎ᠢᠶᠠᠨ ᠪᠦᠬᠦ᠌ ᠬᠦᠴᠦᠨ᠎ᠢᠶᠠᠷ᠎ᠢᠶᠠᠨ ᠰᠠᠢᠲᠤᠷ ᠬᠢᠬᠦ᠌ ᠬᠡᠷᠡᠭ᠌ᠲᠡᠢ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠵᠤ᠂ ᠠᠭᠤᠷᠬᠠᠢ᠂ ᠱᠢᠲᠠᠮᠠᠬᠠᠢ ᠬᠡᠢ᠂ ᠠᠶᠤᠯ ᠲᠠᠢ ᠬᠢᠮᠢ᠎ᠶ᠋ᠢᠨ ᠪᠣᠳᠠᠰ᠂ ᠵᠠᠮ ᠬᠠᠷᠢᠯᠴᠠᠭ᠎ᠠ ᠵᠡᠷᠭᠡ ᠬᠦᠷᠢᠶᠡᠨ᠎ᠤ ᠭᠡᠮ ᠰᠣᠭᠤᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠴᠢᠩᠭ᠎ᠠ ᠠᠳᠭᠤᠵᠤ᠂ ᠬᠦᠨᠳᠦ ᠣᠨᠴᠠ ᠶᠡᠭᠡ ᠠᠳᠡᠯ ᠭᠠᠷᠬᠤ᠎ᠶ᠋ᠢ ᠡᠷᠡᠰ ᠬᠤᠷᠢᠭ᠍ᠯᠠᠬᠤ ᠬᠡᠷᠡᠭ᠌ᠲᠡᠢ᠃ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ᠂ ᠬᠡᠷᠡᠭ᠌ᠯᠡᠭᠡ᠎ᠶ᠋ᠢ  ᠬᠥᠭᠵᠢᠭᠡᠬᠦ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠪᠦᠬᠦ᠌ ᠵᠢᠯ᠎ᠤᠨ ᠬᠠᠷᠠᠯᠲᠠ ᠡᠭᠦᠷᠭᠡ᠎ᠪᠠᠨ ᠪᠡᠶᠡᠯᠡᠭᠦᠯᠬᠦ᠌᠎ᠶ᠋ᠢ ᠪᠠᠲᠤᠯᠠᠬᠤ ᠬᠡᠷᠡᠭ᠌ᠲᠡᠢ  ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ