ᠢᠯᠡ ᠵᠠᠰᠠᠭ   -   ᠵᠠᠰᠠᠭ᠎ᠤᠨ ᠢᠯᠡᠳᠭᠡᠯ
2018 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ
ᠨᠡᠶ᠋ᠢᠲᠡᠯᠡᠭᠰᠡᠨ ᠴᠠᠭ᠄ 2018-02-05

     — 2018 ᠤᠨ᠎ᠤ 1 ᠳ᠋ᠤᠭᠡᠷ ᠰᠠᠷ᠎ᠠ ᠵᠢᠨ 24᠎ᠤ ᠡᠳᠥᠷ᠎ᠤᠨ ᠥᠪᠥᠷ ᠮᠤᠨᠭ᠌ᠭᠤᠯ᠎ᠤᠨ ᠥᠪᠡᠷᠳᠡᠭᠡᠨ ᠵᠠᠰᠠᠬᠤ ᠤᠷᠤᠨ᠎ᠤ   ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠨᠢᠬᠡᠳᠦᠬᠡᠷ ᠬᠤᠷᠠᠯᠳᠤᠭ᠋ᠠᠨ ᠲᠡᠭᠡᠷ᠎ᠡ


                            ᠥᠪᠡᠷᠳᠡᠭᠡᠨ ᠵᠠᠰᠠᠬᠤ ᠤᠷᠤᠨ᠎ᠤ ᠲᠡᠷᠢᠭᠦᠯᠡᠭᠴᠢ     ᠪᠦ᠋ ᠰᠢᠶᠤᠤ ᠯᠢᠨ



ᠲᠦᠯᠦᠭᠡᠯᠡᠭᠴᠢᠳ ᠡ᠄
      ᠣᠳᠣ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠰᠠᠨᠠᠯ ᠵᠶ᠋ᠠᠨ ᠳᠤᠷᠠᠳᠬᠤ ᠪᠣᠯᠪᠠᠣ᠃
      ᠨᠢᠭᠡ᠂ ᠥᠩᠭᠡᠷᠡᠭᠰᠡᠨ ᠲᠠᠪᠤᠨ ᠵᠢᠯ᠎ᠤᠨ ᠠᠵᠢᠯ᠎ᠤᠨ ᠡᠷᠭᠢᠴᠡᠭᠦᠯᠦᠯ
      ᠥᠩᠭᠡᠷᠡᠭᠰᠡᠨ ᠲᠠᠪᠤᠨ ᠵᠢᠯ ᠪᠣᠯ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠶᠠᠪᠤᠴᠠ᠎ᠳᠠᠬᠢ ᠲᠤᠶ᠋ᠢᠯ᠎ᠤᠨ ᠶᠡᠷᠦ ᠪᠤᠰᠤ ᠵᠢᠨ ᠲᠠᠪᠤᠨ ᠵᠢᠯ ᠪᠣᠯᠣᠨ᠎ᠠ᠃ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠪᠠᠢ᠌ᠷᠢᠯᠠᠭᠤᠯᠤᠯᠳᠠ ᠶᠤᠰᠤᠭ᠋ᠠᠷ᠂ ᠲᠣᠭᠲᠠᠭᠤᠨ ᠵᠶ᠋ᠠᠷ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠲᠤ ᠡᠵᠡᠮᠰᠢᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠠᠷᠢᠮᠲᠠᠯᠠᠵᠤ᠂ ᠨᠡᠮᠡᠭᠳᠡᠯ᠎ᠢ ᠲᠣᠭᠲᠠᠭᠤᠨ ᠪᠠᠶ᠋ᠢᠯᠭ᠋ᠠᠬᠤ᠂ ᠥᠭᠡᠷᠡᠴᠢᠯᠡᠯᠲᠡ ᠵᠢ ᠠᠬᠢᠭᠤᠯᠬᠤ᠂ ᠪᠦᠲᠦᠴᠡ ᠵᠢ ᠲᠣᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠲᠦᠭᠰᠢᠭᠦᠷᠢ ᠵᠢ ᠰᠡᠷᠭᠡᠶ᠋ᠢᠯᠡᠬᠦ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠯᠡᠨ ᠰᠠᠶ᠋ᠢᠳᠤᠷ ᠬᠢᠵᠦ᠂ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠭᠰᠠᠨ ᠪᠦᠲᠦᠭᠡᠨ ᠪᠠᠶ᠋ᠢᠭᠤᠯᠤᠯᠲᠠ᠎ᠳᠤ ᠰᠢᠨ᠎ᠡ ᠠᠮᠵᠢᠯᠲᠠ ᠪᠦᠲᠦᠭᠡᠯ ᠣᠯᠪᠠ᠃
      ᠶᠡᠷᠦᠩᠬᠡᠶ᠋ᠢᠯᠡᠭᠰᠡᠨ ᠠᠵᠤ ᠠᠬᠤᠢ ᠵᠢᠨ ᠪᠣᠳᠠᠲᠤ ᠬᠦᠴᠦᠨ ᠲᠣᠭᠲᠠᠭᠤᠨ ᠵᠶ᠋ᠠᠷ ᠳᠡᠭᠡᠭᠰᠢᠯᠡᠵᠦ᠂ ᠠᠵᠤ ᠠᠬᠤᠢ ᠵᠢᠨ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠵᠢ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ᠎ᠳᠤ ᠰᠢᠯᠢᠳᠡᠭᠵᠢᠬᠦᠯᠵᠦ᠂ ᠤᠯᠠᠮᠵᠢᠯᠠᠯᠲᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠲᠦᠷᠭᠡᠳᠬᠡᠨ᠂ ᠰᠢᠨ᠎ᠡ᠎ᠪᠠᠷ ᠪᠣᠢ ᠪᠣᠯᠣᠭᠰᠠᠨ ᠠᠵᠤ ᠦᠢ᠍ᠯᠡᠰ ᠨᠡᠯᠢᠶᠡᠳ ᠲᠦᠷᠭᠡᠨ ᠨᠡᠮᠡᠭᠳᠡᠵᠦ᠂ ᠦᠢ᠍ᠯᠡᠴᠢᠯᠡᠭᠡᠨ᠎ᠤ ᠦᠢ᠍ᠯᠡᠰ᠎ᠤᠨ ᠬᠤᠪᠢ ᠵᠢᠨ ᠵᠢᠩ ᠳᠡᠭᠡᠭᠰᠢᠯᠡᠪᠡ᠃ ᠬᠥᠭᠵᠢᠯᠲᠡ ᠵᠢᠨ ᠠᠮᠢᠵᠢᠷᠠᠯ᠎ᠤᠨ ᠬᠦᠴᠦᠨ ᠥᠷᠬᠦᠯᠵᠢᠯᠡᠨ ᠴᠢᠩᠭ᠋ᠠᠷᠠᠵᠤ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ ᠶᠡᠭᠡ ᠬᠡᠪᠴᠢᠶ᠎ᠡ᠎ᠪᠠᠷ ᠬᠠᠰᠤᠭᠳᠠᠨ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠣᠯ ᠴᠣᠭᠴᠠ 68.9 ᠲᠦᠮᠡᠨ ᠡᠷᠦᠬᠡ ᠰᠢᠨ᠎ᠡ᠎ᠪᠠᠷ ᠨᠡᠮᠡᠭᠳᠡᠵᠦ᠂ ᠠᠵᠤ ᠠᠬᠤᠢ ᠵᠢᠨ ᠨᠡᠮᠡᠭᠳᠡᠯ᠎ᠳᠤ ᠰᠢᠨᠵᠢᠯᠡᠬᠦ ᠤᠬᠠᠭ᠋ᠠᠨ ᠮᠡᠷᠭᠡᠵᠢᠯ ᠳᠠᠪᠰᠢᠯᠲᠠ ᠵᠢᠨ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ ᠢᠯᠡᠷᠬᠡᠢ ᠳᠡᠭᠡᠭᠰᠢᠯᠡᠪᠡ᠃ ᠬᠤᠲᠠ ᠬᠦᠳᠡᠭᠡ ᠵᠢᠨ ᠬᠥᠭᠵᠢᠯᠲᠡ᠎ᠳᠤ ᠴᠣ᠌ ᠰᠢᠨ᠎ᠡ ᠳᠦᠷᠰᠦ ᠪᠠᠶ᠋ᠢᠳᠠᠯ ᠢᠯᠡᠷᠡᠨ᠂ ᠪᠠᠶ᠋ᠢᠩᠭᠤ ᠰᠠᠭᠤᠭ᠎ᠠ ᠬᠥᠮᠥᠨ ᠠᠮᠠ ᠵᠢᠨ ᠬᠤᠲᠠ ᠪᠠᠯᠭ᠋ᠠᠰᠤᠴᠢᠯᠠᠬᠤ ᠨᠣᠷᠮ᠎ᠠ 62%᠎ᠳᠤ ᠬᠦᠷᠪᠡ᠃ ᠬᠤᠲᠠ ᠬᠥᠳᠡᠭᠡ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠡᠩᠴᠡᠭᠦᠷᠢᠰᠢᠬᠦ ᠬᠢᠷᠢ ᠲᠦᠪᠰᠢᠨ ᠢᠯᠡᠷᠬᠡᠢ ᠳᠡᠭᠡᠭᠰᠢᠯᠡᠨ᠂ ᠰᠠᠭᠤᠷᠢ ᠪᠡᠯᠡᠳᠬᠡᠮᠵᠢ ᠢᠯᠡᠳᠳᠡ ᠰᠠᠶ᠋ᠢᠵᠢᠷᠠᠵᠤ᠂ ᠰᠢᠨ᠎ᠡ᠎ᠪᠠᠷ ᠨᠡᠮᠡᠭᠳᠡᠭᠰᠡᠨ ᠲᠡᠮᠦᠷ ᠵᠠᠮ 3400 ᠺᠢᠯᠤᠮᠧᠲᠷ᠂ ᠳᠡᠭᠡᠳᠦ ᠬᠤᠷᠳᠤ ᠵᠢᠨ ᠪᠠ ᠨᠢᠭᠡᠳᠦᠭᠡᠷ ᠳᠡᠰ᠎ᠤᠨ ᠵᠠᠰᠠᠮᠠᠯ ᠵᠠᠮ 5600 ᠺᠢᠯᠤᠮᠧᠲᠷ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ 12᠂ ᠴᠠᠬᠢᠯᠭ᠋ᠠᠨ ᠬᠦᠴᠦᠨ᠎ᠤ ᠭᠠᠳᠠᠭᠰᠢ ᠳᠠᠮᠵᠢᠭᠤᠯᠬᠤ ᠴᠢᠳᠠᠪᠤᠷᠢ 4400 ᠲᠦᠮᠡᠨ ᠺᠢᠯᠤᠸᠠᠲ ᠪᠣᠯᠪᠠ᠃ ᠠᠮᠢ ᠠᠬᠤᠢ ᠵᠢᠨ ᠣᠷᠴᠢᠨ ᠲᠣᠭᠤᠷᠢᠨ ᠦᠷᠬᠦᠯᠵᠢᠯᠡᠨ ᠰᠠᠶ᠋ᠢᠵᠢᠷᠠᠵᠤ᠂ ᠣᠢ ᠰᠢᠭᠤᠢ ᠵᠢᠨ ᠬᠤᠴᠢᠯᠭ᠎ᠠ ᠵᠢᠨ ᠨᠣᠷᠮ᠎ᠠ ᠪᠠ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢᠨ ᠬᠡᠮᠵᠢᠶ᠎ᠡ 《ᠬᠤᠣᠰ ᠵᠶ᠋ᠠᠷ ᠳᠡᠭᠡᠭᠰᠢᠯᠡᠵᠦ》᠂ ᠴᠦᠯᠯᠡᠷᠬᠡᠭᠵᠢᠬᠦ ᠪᠠ ᠡᠯᠡᠰᠦᠷᠭᠡᠭᠵᠢᠬᠦ ᠭᠠᠵᠠᠷ ᠨᠤᠲᠤᠭ 《ᠬᠤᠣᠰ ᠵᠶ᠋ᠠᠷ ᠪᠠᠭ᠋ᠠᠰᠴᠤ》᠂ ᠭᠤᠣᠯ ᠪᠣᠯᠬᠤ ᠪᠣᠬᠢᠷ ᠪᠤᠳᠠᠰ᠎ᠢ ᠭᠠᠳᠠᠭᠰᠢᠯᠠᠭᠤᠯᠬᠤ ᠬᠡᠮᠵᠢᠶ᠎ᠡ ᠶᠡᠭᠡ᠎ᠪᠠᠷ ᠪᠠᠭᠤᠷᠠᠪᠠ᠃ ᠠᠷᠠᠳ᠎ᠤᠨ ᠠᠮᠢᠳᠤᠷᠠᠯ᠎ᠤᠨ ᠬᠢᠷᠢ ᠲᠥᠪᠰᠢᠨ ᠲᠠᠰᠤᠷᠠᠯᠲᠠ ᠦᠭᠡᠢ ᠳᠡᠭᠡᠭᠰᠢᠯᠡᠨ᠂ ᠶᠠᠳᠠᠭᠤᠷᠠᠯ᠎ᠤᠨ ᠨᠣᠷᠮ᠎ᠠ ᠢᠯᠡᠳᠲᠡ ᠪᠠᠭᠤᠷᠠᠵᠤ᠂ ᠬᠤᠲᠠ ᠪᠠᠯᠭ᠋ᠠᠰᠤ ᠵᠢᠨ ᠠᠵᠢᠯ ᠣᠯᠣᠭᠰᠠᠳ 133.5 ᠲᠦᠮᠡᠨ ᠬᠥᠮᠥᠨ ᠰᠢᠨ᠎ᠡ᠎ᠪᠠᠷ ᠨᠡᠮᠡᠭᠳᠡᠨ᠂ ᠬᠤᠲᠠ ᠬᠥᠳᠡᠭᠡ ᠵᠢ ᠬᠠᠮᠤᠷᠤᠭᠰᠠᠨ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮᠵᠢ ᠵᠢ ᠪᠠᠶ᠋ᠢᠭᠤᠯᠵᠤ᠂ ᠪᠠᠲᠤᠯᠠᠬᠤ ᠬᠢᠷᠢ ᠲᠥᠪᠰᠢᠨ ᠵᠢᠯ ᠢᠷᠡᠬᠦᠶ᠎ᠡ ᠳᠡᠭᠡᠭᠰᠢᠯᠡᠨ᠂ ᠬᠤᠲᠠ ᠬᠥᠳᠡᠭᠡ ᠵᠢᠨ 217.6 ᠲᠦᠮᠡᠨ ᠡᠷᠦᠬᠡ ᠭᠡᠷ ᠪᠦᠯᠢ ᠵᠢᠨ᠎ᠬᠢᠨ᠎ᠤ ᠣᠷᠣᠨ ᠰᠠᠭᠤᠴᠠ ᠵᠢᠨ ᠨᠥᠬᠦᠴᠡᠯ᠎ᠢ ᠰᠠᠶ᠋ᠢᠵᠢᠷᠠᠭᠤᠯᠪᠠ᠃ ᠰᠤᠷᠭ᠋ᠠᠨ ᠬᠥᠮᠥᠵᠢᠯ᠂ ᠡᠷᠡᠭᠦᠯ ᠬᠠᠮᠠᠭ᠋ᠠᠯᠠᠯ᠂ ᠰᠣᠶᠣᠯ᠂ ᠪᠡᠶ᠎ᠡ ᠵᠢᠨ ᠲᠠᠮᠢᠷ᠎ᠤᠨ ᠠᠵᠢᠯ ᠦᠢ᠍ᠯᠡᠰ ᠲᠠᠰᠤᠷᠠᠯᠲᠠ ᠦᠭᠡᠢ ᠳᠠᠪᠰᠢᠯᠲᠠ᠎ᠲᠠᠢ ᠪᠣᠯᠪᠠ᠃ ᠬᠤᠶᠠᠷ᠎ᠢ ᠬᠦᠷᠢᠶᠡᠯᠡᠬᠦ ᠪᠠ ᠬᠠᠯᠠᠮᠵᠢᠯᠠᠨ ᠲᠣᠬᠢᠷᠠᠭᠤᠯᠵᠤ ᠲᠥᠪᠬᠢᠨᠡᠭᠦᠯᠬᠦ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠪᠠᠶ᠋ᠢᠭᠤᠯᠤᠯᠲᠠ ᠵᠢ ᠬᠦᠴᠦᠲᠡᠢ ᠳᠡᠮᠵᠢᠪᠡ᠃ ᠦᠨᠳᠦᠰᠦᠲᠡᠨ᠎ᠨᠦᠭᠦᠳ᠎ᠤᠨ ᠶᠡᠭᠡ ᠪᠥᠯᠬᠦᠮᠳᠡᠯ᠎ᠤᠨ ᠰᠠᠶ᠋ᠢᠨ ᠰᠠᠶ᠋ᠢᠬᠠᠨ ᠪᠠᠶ᠋ᠢᠳᠠᠯ ᠤᠯᠠᠮ ᠨᠢᠭᠡ ᠠᠯᠬᠤᠮ ᠪᠠᠬᠢᠵᠢᠪᠡ᠃ ᠱᠠᠰᠢᠨ ᠰᠤᠷᠲᠠᠬᠤᠨ᠎ᠤ ᠲᠤᠬᠠᠢ ᠨᠠᠮ᠎ᠤᠨ ᠲᠥᠷᠥ ᠵᠢᠨ ᠪᠣᠳᠣᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠪᠠ᠃ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ᠂ ᠭᠠᠵᠠᠷ ᠬᠦᠳᠡᠯᠦᠯᠲᠡ ᠴᠠᠭ ᠠᠭᠤᠷ᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠂ ᠳᠠᠩᠰᠠ ᠡᠪᠬᠡᠮᠡᠯ ᠲᠡᠦᠬᠡ ᠣᠶ᠋ᠢᠯᠠᠯᠭ᠎ᠠ᠂ ᠵᠥᠪᠳᠡᠭᠴᠢ ᠪᠠ ᠰᠣᠶᠣᠯ ᠲᠡᠦᠬᠡ᠂ ᠭᠠᠳᠠᠭ᠋ᠠᠳᠤ ᠶᠠᠪᠤᠳᠠᠯ ᠪᠠ ᠬᠠᠷᠢᠶᠠᠲᠤ ᠵᠢᠨ ᠶᠠᠪᠤᠳᠠᠯ ᠵᠡᠷᠭᠡ ᠠᠵᠢᠯ᠎ᠤᠳ᠎ᠢ ᠴᠢᠩᠭ᠋ᠠᠳᠬᠠᠵᠤ᠂ ᠤᠯᠠᠭ᠋ᠠᠨ ᠵᠠᠭ᠋ᠠᠯᠮᠠᠶ᠋ᠢᠳᠠᠨ᠂ ᠡᠮᠡᠭᠲᠡᠶ᠋ᠢᠴᠦᠳ ᠪᠠ ᠬᠡᠦᠬᠡᠳ᠂ ᠦᠲᠡᠭᠦᠰ ᠪᠠ ᠵᠡᠮᠳᠡᠭᠴᠦᠳ᠎ᠤᠨ ᠠᠵᠢᠯ ᠦᠢ᠍ᠯᠡᠰ ᠴᠥᠮ ᠰᠢᠨ᠎ᠡ ᠠᠬᠢᠯᠲᠠ᠎ᠲᠠᠢ ᠪᠣᠯᠪᠠ᠃
      ᠲᠥᠯᠥᠭᠡᠯᠡᠭᠴᠢᠳ ᠡ᠂ 2017 ᠣᠨ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ 70 ᠵᠢᠯ᠎ᠤᠨ ᠣᠢ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ 70 ᠵᠢᠯ᠎ᠤᠨ ᠣᠢ ᠵᠢ ᠪᠠᠶᠠᠷᠯᠠᠨ ᠪᠡᠯᠭᠡᠯᠡᠬᠦ ᠶᠠᠪᠤᠳᠠᠯ᠎ᠨᠢ ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠤᠯᠤᠰ ᠲᠥᠷᠥ ᠵᠢᠨ ᠠᠮᠢᠳᠤᠷᠠᠯ᠎ᠳᠠᠬᠢ ᠨᠢᠭᠡᠨ ᠦᠪᠡᠳᠡᠭᠰᠢ ᠪᠠᠶᠠᠷ ᠪᠣᠯᠪᠠ᠃ ᠪᠢᠳᠡ ᠨᠢᠵᠢᠭᠡᠷ ᠶᠡᠭᠡ ᠪᠡᠯᠭᠡᠯᠡᠬᠦ ᠴᠤᠭᠯᠠᠭ᠋ᠠᠨ᠎ᠢ ᠡᠷᠬᠢᠯᠡᠨ᠂ ᠶᠢᠰᠦᠳᠦᠭᠡᠷ ᠤᠳᠠᠭ᠎ᠠ ᠵᠢᠨ ᠪᠥᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠭᠦᠬᠢᠭᠦᠯᠦᠨ ᠰᠠᠶ᠋ᠢᠰᠢᠶᠠᠬᠤ ᠶᠡᠭᠡ ᠬᠤᠷᠠᠯ᠎ᠢ ᠬᠤᠷᠠᠯᠳᠤᠭᠤᠯᠵᠤ᠂ ᠪᠥᠬᠦ ᠣᠷᠣᠨ ᠳᠠᠶᠠᠭ᠋ᠠᠷ᠎ᠲᠤ ᠣᠯᠠᠨ ᠲᠦᠮᠡᠨᠴᠢ ᠴᠢᠨᠠᠷᠲᠠᠢ ᠪᠡᠯᠭᠡᠯᠡᠬᠦ ᠰᠢᠷᠢᠰ ᠠᠵᠢᠯᠯᠠᠭ᠎ᠠ ᠵᠢ ᠥᠷᠨᠢᠭᠦᠯᠦᠨ᠂ ᠲᠤᠮᠤ ᠬᠡᠪᠴᠢᠶᠡᠨ᠎ᠤ ᠦᠷ᠎ᠡ ᠪᠦᠲᠦᠭᠡᠯ᠎ᠤᠨ ᠥᠵᠡᠰᠭᠦᠯᠡᠩ᠎ᠢ ᠡᠷᠬᠢᠯᠡᠵᠦ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠰᠤᠷᠤ ᠰᠠᠶ᠋ᠢᠨ ᠴᠤᠭ ᠰᠦᠯᠳᠡ ᠵᠢ ᠭᠦᠢ᠍ᠴᠡᠳ ᠦᠵᠡᠭᠦᠯᠦᠨ᠂ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠤᠨ ᠯᠤᠳᠤ ᠶᠡᠭᠡ ᠳᠠᠪᠠᠭᠤᠯᠢᠭ ᠴᠢᠨᠠᠷ᠎ᠢ ᠭᠦᠢ᠍ᠴᠡᠳ ᠢᠯᠡᠷᠡᠭᠦᠯᠪᠡ᠃ ᠲᠥᠪ ᠬᠤᠷᠢᠶ᠎ᠠ ᠵᠢᠨ ᠪᠠᠶᠠᠷ᠎ᠤᠨ ᠴᠠᠬᠢᠯᠭ᠋ᠠᠨ᠎ᠳᠤ ᠥᠪᠡᠷᠲᠡᠭᠡᠨ ᠵᠠᠰᠠᠬᠤ ᠣᠷᠣᠨ᠎ᠤ 70 ᠵᠢᠯ᠎ᠤᠨ ᠲᠤᠷᠰᠢᠬᠢ ᠣᠯᠣᠭᠰᠠᠨ ᠲᠡᠦᠬᠡᠲᠦ ᠴᠢᠨᠠᠷᠲᠠᠢ ᠦᠷ᠎ᠡ ᠪᠦᠲᠦᠭᠡᠯ᠎ᠢ ᠭᠦᠢ᠍ᠴᠡᠳ ᠨᠤᠲᠠᠯᠠᠵᠤ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠬᠡᠮᠡᠬᠦ ᠡᠷᠬᠢᠮ ᠳᠡᠭᠡᠳᠦ ᠢᠷᠠᠭᠤ ᠠᠯᠳᠠᠷ᠎ᠢ ᠬᠦᠷᠲᠡᠭᠰᠡᠨ᠎ᠤ ᠬᠠᠮᠲᠤ ᠢᠮᠠᠭᠲᠠ ᠬᠠᠮᠠᠭ᠋ᠠᠯᠠᠭᠰᠠᠭ᠋ᠠᠷ ᠢᠷᠡᠭᠰᠡᠨ᠎ᠢ ᠥᠨᠳᠥᠷ ᠦᠨᠡᠯᠡᠪᠡ᠃ ᠲᠥᠪ᠎ᠤᠨ ᠲᠥᠯᠥᠭᠡᠯᠡᠭᠴᠢᠳ᠎ᠤᠨ ᠪᠦᠯᠬᠦᠮ᠎ᠤᠨ᠎ᠬᠢᠨ ᠨᠠᠮ᠎ᠤᠨ ᠲᠥᠪ ᠬᠤᠷᠢᠶ᠎ᠠ ᠵᠢᠨ ᠳᠣᠲᠣᠨᠣ ᠬᠠᠯᠠᠮᠵᠢᠯᠠᠯ ᠪᠠ ᠪᠥᠬᠦ ᠤᠯᠤᠰ᠎ᠤᠨ ᠠᠷᠠᠳ ᠲᠦᠮᠡᠨ᠎ᠤ ᠢᠷᠦᠭᠡᠯ ᠵᠥᠩᠨᠡᠯ᠎ᠢ ᠬᠦᠷᠭᠡᠨ ᠢᠷᠡᠵᠦ᠂ ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠲᠠᠢ ᠬᠠᠮᠲᠤᠪᠠᠷ ᠪᠠᠶᠠᠷ᠎ᠤᠨ ᠡᠳᠦᠷ᠎ᠢ ᠪᠠᠶᠠᠷᠯᠠᠨ ᠪᠡᠯᠭᠡᠯᠡᠵᠦ᠂ 12 ᠠᠶ᠋ᠢᠮᠠᠭ ᠬᠤᠲᠠ᠎ᠪᠠᠷ ᠭᠦᠨᠵᠡᠭᠡᠶ᠋ᠢᠷᠡᠨ ᠺᠠᠳ᠋ᠷ ᠣᠯᠠᠨ ᠲᠦᠮᠡᠨ᠎ᠢ ᠪᠣᠯᠭᠤᠭ᠋ᠠᠨ ᠲᠣᠬᠤᠨᠢᠭᠤᠯᠪᠠ᠃ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ 《ᠦᠵᠡᠰᠭᠦᠯᠡᠩᠲᠦ ᠰᠠᠶ᠋ᠢᠬᠠᠨ ᠥᠪᠥᠷ ᠮᠣᠩᠭᠤᠯ ᠵᠶ᠋ᠠᠨ ᠪᠦᠲᠦᠭᠡᠨ ᠪᠠᠶ᠋ᠢᠭᠤᠯᠵᠤ᠂ ᠠᠭᠤᠤ ᠶᠡᠭᠡ ᠳᠤᠮᠳᠠᠳᠤ ᠵᠢᠨ ᠵᠡᠭᠦᠳᠦ᠎ᠪᠠᠨ ᠬᠠᠮᠲᠤᠪᠠᠷ ᠲᠡᠷᠭᠡᠯᠰᠢᠭᠦᠯᠦᠶ᠎ᠡ》 ᠬᠡᠮᠡᠬᠦ ᠪᠢᠴᠢᠭᠡᠰᠦ᠎ᠨᠢ ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠲᠤᠶ᠋ᠢᠯ᠎ᠤᠨ ᠶᠡᠭᠡ᠎ᠪᠠᠷ ᠵᠣᠷᠢᠬ᠍ᠵᠢᠭᠤᠯᠤᠨ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ 《ᠳᠦᠷᠪᠡᠨ ᠢᠲᠡᠭᠡᠯ》᠎ᠢ ᠪᠠᠲᠤᠳᠬᠠᠵᠤ᠂ ᠪᠢᠳᠡᠨ᠎ᠤ ᠤᠭ ᠰᠠᠨᠠᠭ᠎ᠠ᠎ᠪᠠᠨ ᠦᠯᠦ ᠮᠠᠷᠲᠠᠨ᠂ ᠥᠷᠬᠦᠯᠵᠢᠯᠡᠨ ᠤᠷᠤᠭᠰᠢᠯᠠᠬᠤ ᠵᠢᠨ ᠣᠮᠤᠭ ᠪᠠᠭ᠍ᠠᠲᠤᠯᠲᠤ ᠰᠡᠳᠬᠢᠯᠭᠡ᠂ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ ᠵᠢ ᠴᠢᠩᠭ᠋ᠠᠷᠠᠭᠤᠯᠤᠭᠰᠠᠨ ᠪᠠᠶ᠋ᠢᠨ᠎ᠠ᠃ ᠡᠭᠦᠨ᠎ᠤ ᠬᠠᠮᠲᠤ᠂ ᠪᠥᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠴᠣᠭᠴᠠᠯᠠᠨ ᠪᠠᠶ᠋ᠢᠭᠤᠯᠬᠤ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠵᠢᠨ ᠬᠤᠷᠠᠯ᠎ᠢ ᠮᠠᠨ᠎ᠤ ᠣᠷᠣᠨ᠎ᠳᠤ ᠬᠤᠷᠠᠯᠳᠤᠭᠤᠯᠪᠠ᠃ ᠪᠢᠳᠡ ᠶᠠᠨ ᠠᠨ᠎ᠤ ᠦᠨᠳᠦᠰᠦᠲᠡᠨ᠎ᠤ ᠳᠡᠭᠡᠳᠦ ᠰᠤᠷᠭ᠋ᠠᠭᠤᠯᠢ ᠵᠢᠨ ᠪᠣᠷᠣᠪᠠᠯᠭ᠋ᠠᠰᠤ᠎ᠳᠠᠬᠢ ᠬᠠᠭᠤᠴᠢᠨ ᠪᠠᠭᠤᠷᠢ᠎ᠳᠤ᠂ ᠪᠣᠷᠣᠪᠠᠯᠭ᠋ᠠᠰᠤ ᠵᠢᠨ ᠦᠨᠳᠦᠰᠦᠲᠡᠨ᠎ᠤ ᠺᠠᠳ᠋ᠷᠴᠤᠳ᠎ᠤᠨ ᠳᠡᠭᠡᠳᠦ ᠰᠤᠷᠭ᠋ᠠᠭᠤᠯᠢ ᠵᠢ ᠪᠠᠶ᠋ᠢᠭᠤᠯᠪᠠ᠃ ᠪᠣᠷᠣᠪᠠᠯᠭ᠋ᠠᠰᠤ ᠵᠢᠨ ᠦᠨᠳᠦᠰᠦᠲᠡᠨ᠎ᠤ ᠺᠠᠳ᠋ᠷᠴᠤᠳ᠎ᠤᠨ ᠳᠡᠭᠡᠳᠦ ᠰᠤᠷᠭ᠋ᠠᠭᠤᠯᠢ ᠵᠢ ᠲᠥᠪ᠎ᠤᠨ ᠦᠨᠳᠦᠰᠦᠲᠡᠨ᠎ᠤ ᠶᠡᠭᠡ ᠰᠤᠷᠭ᠋ᠠᠭᠤᠯᠢ ᠵᠢᠨ ᠬᠤᠪᠢᠶᠠᠷᠢ ᠰᠤᠷᠭ᠋ᠠᠭᠤᠯᠢ ᠪᠣᠯᠭ᠋ᠠᠵᠤ᠂ ᠤᠯᠤᠰ᠎ᠤᠨ ᠦᠨᠳᠦᠰᠦᠲᠡᠨ᠎ᠤ ᠵᠥᠪᠯᠡᠯ᠎ᠠᠴᠠ ᠪᠥᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠦᠮᠦᠵᠢᠯ᠎ᠤᠨ ᠰᠠᠭᠤᠷᠢᠨ ᠭᠠᠵᠠᠷ ᠵᠶ᠋ᠠᠷ ᠲᠣᠭᠲᠠᠭ᠋ᠠᠪᠠ᠃
     2017 ᠣᠨ ᠪᠣᠯ ᠪᠠᠰᠠᠴᠣ ᠤᠯᠠᠭ᠋ᠠᠨᠮᠦ᠋ᠴᠢᠷ ᠪᠠᠶ᠋ᠢᠭᠤᠯᠤᠭᠳᠠᠭᠰᠠᠨ 60 ᠵᠢᠯ᠎ᠤᠨ ᠣᠢ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ ᠬᠠᠷᠢᠭᠤ ᠵᠠᠬᠢᠳᠠᠯ᠎ᠳᠠᠭᠠᠨ ᠤᠯᠠᠭ᠋ᠠᠨᠮᠥ᠋ᠴᠢᠷ᠎ᠢ ᠪᠥᠬᠦ ᠤᠯᠤᠰ᠎ᠤᠨ ᠤᠳᠬ᠎ᠠ ᠤᠷᠠᠯᠢᠭ᠎ᠤᠨ ᠹᠷᠣᠨᠲ᠎ᠤᠨ ᠨᠢᠭᠡᠨ ᠲᠤᠭ ᠮᠥᠨ ᠭᠡᠵᠦ ᠮᠠᠭᠲᠠᠨ ᠰᠠᠶ᠋ᠢᠰᠢᠶᠠᠵᠤ᠂ ᠤᠯᠠᠭ᠋ᠠᠨᠮᠦ᠋ᠴᠢᠷ᠎ᠤᠨ ᠬᠡᠰᠢᠭᠦᠳ᠎ᠢ ᠥᠨᠢ ᠡᠭᠦᠷᠢᠳᠡ ᠲᠠᠯ᠎ᠠ ᠨᠤᠲᠤᠭ᠎ᠤᠨ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠪᠣᠯᠲᠤᠭ᠋ᠠᠢ ᠬᠡᠮᠡᠨ ᠵᠣᠷᠢᠬ᠍ᠵᠢᠭᠤᠯᠪᠠ᠃ ᠡᠨᠡ᠎ᠨᠢ ᠤᠯᠠᠭ᠋ᠠᠨᠮᠥ᠋ᠴᠢᠷ᠎ᠲᠤ ᠥᠭᠭᠦᠭᠰᠡᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠪᠣᠯᠬᠤ ᠪᠥᠭᠡᠳ ᠨᠡᠩ ᠴᠦ᠍ ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠥᠭᠭᠦᠭᠰᠡᠨ ᠳᠣᠲᠣᠨᠣ ᠬᠠᠯᠠᠮᠵᠢᠯᠠᠯ ᠪᠣᠯᠣᠨ᠎ᠠ᠂ ᠮᠥᠨᠴᠦ ᠪᠥᠬᠦ ᠣᠷᠣᠨ᠎ᠤ ᠤᠳᠬ᠎ᠠ ᠤᠷᠠᠯᠢᠭ᠎ᠤᠨ ᠬᠥᠭᠵᠢᠯᠲᠡ ᠪᠠ ᠰᠣᠶᠣᠯ᠎ᠤᠨ ᠪᠠᠶ᠋ᠢᠭᠤᠯᠤᠯᠲᠠ ᠵᠢᠨ ᠶᠠᠪᠤᠴᠠ᠎ᠳᠠᠬᠢ ᠪᠡᠯᠭᠡ ᠲᠡᠮᠳᠡᠭ᠎ᠤᠨ ᠠᠴᠢ ᠬᠤᠯᠪᠣᠭᠳᠠᠯ᠎ᠲᠠᠢ ᠨᠢᠭᠡᠨ ᠲᠣᠮᠣ ᠤᠴᠢᠷ ᠶᠠᠪᠤᠳᠠᠯ ᠪᠠᠶ᠋ᠢᠵᠤ᠂ ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠷᠮᠠᠰᠢᠭᠤᠯᠤᠨ ᠵᠣᠷᠢᠬ᠍ᠵᠢᠭᠤᠯᠪᠠ᠃
     2017 ᠣᠨ᠎ᠳᠤ᠂ ᠪᠢᠳᠡ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠨ᠂ 《ᠳᠦᠷᠪᠡᠨ ᠦᠵᠡᠯ ᠤᠬᠠᠮᠰᠠᠷ》᠎ᠢ ᠲᠠᠰᠤᠷᠠᠯᠲᠠ ᠦᠭᠡᠢ ᠴᠢᠩᠭ᠋ᠠᠷᠠᠭᠤᠯᠤᠨ᠂ ᠡᠷᠡᠰ ᠰᠢᠭᠤᠷᠬᠠᠢ᠎ᠪᠠᠷ ᠤᠷᠤᠭᠰᠢᠯᠠᠨ ᠳᠠᠪᠰᠢᠵᠤ᠂ ᠯᠠᠪᠳᠠᠭᠤᠨ ᠪᠠᠳᠤᠲᠠᠢ᠎ᠪᠠᠷ ᠠᠵᠢᠯᠯᠠᠨ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠢ ᠦᠷᠬᠦᠯᠵᠢᠯᠡᠨ ᠡᠷᠡᠭᠦᠯ ᠵᠶ᠋ᠠᠷ ᠬᠥᠭᠵᠢᠭᠦᠯᠪᠡ᠃ ᠠᠩᠬ᠎ᠠ ᠠᠯᠬᠤᠮ᠎ᠤᠨ ᠬᠠᠷᠭᠤᠭᠤᠯᠤᠨ ᠪᠣᠳᠣᠭᠰᠠᠨ ᠵᠶ᠋ᠠᠷ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 4% ᠨᠡᠮᠡᠭᠳᠡᠪᠡ; ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ᠎ᠳᠠᠬᠢ ᠬᠡᠢ ᠬᠤᠭᠤᠰᠤᠨ ᠵᠶ᠋ᠠᠷ ᠨᠡᠮᠡᠭᠳᠡᠭᠦᠯᠦᠨ ᠡᠷᠭᠢᠯᠳᠦᠭᠦᠯᠬᠦ ᠬᠦᠴᠦᠨ ᠵᠦᠢ᠍ᠯ᠎ᠢ ᠭᠠᠷᠭ᠋ᠠᠭᠰᠠᠨ᠎ᠤ ᠳᠠᠷᠠᠭ᠎ᠠ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠣᠯ 14.6% ᠨᠡᠮᠡᠭᠳᠡᠨ᠂ ᠭᠠᠶ᠋ᠢᠯᠢ ᠵᠢᠨ ᠪᠤᠰᠤ ᠣᠷᠣᠯᠭ᠎ᠠ ᠵᠢᠨ ᠡᠵᠡᠯᠡᠬᠦ ᠬᠠᠷᠢᠴᠠᠯ᠎ᠨᠢ ᠳᠡᠭᠡᠷ᠎ᠡ ᠵᠢᠯ᠎ᠤᠨ 33.8% ᠪᠠᠶ᠋ᠢᠭᠰᠠᠨ᠎ᠠᠴᠠ᠎ᠪᠠᠨ 24.4% ᠪᠣᠯᠲᠠᠯ᠎ᠠ ᠪᠠᠭᠤᠷᠠᠵᠤ᠂ ᠡᠳ᠋᠎ᠤᠨ ᠵᠠᠰᠠᠭ᠎ᠤᠨ ᠣᠷᠣᠯᠭ᠎ᠠ ᠵᠢᠨ ᠴᠢᠨᠠᠷ ᠴᠢᠨᠰᠠᠭ᠎ᠠ ᠢᠯᠡᠷᠬᠡᠢ ᠳᠡᠭᠡᠭᠰᠢᠯᠡᠪᠡ; ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ᠎ᠪᠠᠷ ᠡᠵᠡᠮᠳᠡᠵᠦ ᠪᠣᠯᠬᠤ ᠣᠷᠣᠯᠭ᠎ᠠ ᠲᠤᠰ ᠲᠤᠰ 8.2% ᠪᠠ 8.4% ᠨᠡᠮᠡᠭᠳᠡᠵᠦ᠂ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ᠎ᠠᠴᠠ ᠲᠦᠷᠭᠡᠨ ᠪᠣᠯᠪᠠ᠃
      ᠨᠢᠭᠡ ᠵᠢᠯ᠎ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ᠎ᠤᠳ᠎ᠢ ᠬᠢᠭᠰᠡᠨ ᠪᠠᠶ᠋ᠢᠨ᠎ᠠ᠄
     (ᠨᠢᠭᠡ) 《ᠭᠤᠷᠪᠠ ᠵᠢ ᠦᠭᠡᠶ᠋ᠢᠰᠭᠡᠵᠦ ᠨᠢᠭᠡ ᠵᠢ ᠪᠠᠭᠤᠷᠠᠭᠤᠯᠬᠤ ᠪᠠ ᠨᠢᠭᠡ ᠵᠢ ᠨᠦᠬᠦᠪᠦᠷᠢᠯᠡᠬᠦ》 ᠵᠢ ᠠᠬᠢᠭᠤᠯᠪᠠ᠃ ᠪᠢᠳᠡ ᠥᠯᠡᠭᠦᠳᠡᠵᠦ ᠪᠠᠶ᠋ᠢᠭ᠎ᠠ ᠦᠢ᠍ᠯᠡᠳᠪᠦᠷᠢᠯᠡᠬᠦ ᠴᠢᠳᠠᠮᠵᠢ ᠵᠢ ᠦᠷᠬᠦᠯᠵᠢᠯᠡᠨ ᠠᠷᠢᠯᠭ᠋ᠠᠵᠤ᠂ ᠳᠣᠣᠷᠠᠳᠤ ᠦᠵᠦᠭᠦᠷ᠎ᠤᠨ ᠪᠠ ᠪᠦᠲᠦᠮᠵᠢ ᠦᠭᠡᠢ ᠬᠠᠩᠭ᠋ᠠᠯᠭ᠎ᠠ ᠵᠢ ᠪᠠᠭ᠋ᠠᠰᠬᠠᠨ᠂ 810 ᠲᠦᠮᠡᠨ ᠲᠣᠨ ᠨᠡᠭᠦᠷᠡᠰᠦ ᠪᠠ 55 ᠲᠦᠮᠡᠨ ᠲᠣᠨ ᠪᠣᠯᠤᠳ ᠲᠡᠮᠦᠷ᠎ᠤᠨ ᠦᠢ᠍ᠯᠡᠳᠪᠦᠷᠢᠯᠡᠬᠦ ᠴᠢᠳᠠᠮᠵᠢ ᠵᠢ ᠪᠤᠴᠠᠭ᠋ᠠᠨ ᠭᠠᠷᠭ᠋ᠠᠵᠤ᠂ 243 ᠲᠦᠮᠡᠨ ᠲᠣᠨ 《ᠳᠠᠬᠢᠵᠤ ᠦᠢ᠍ᠯᠡᠳᠪᠦᠷᠢᠯᠡᠭᠰᠡᠨ ᠪᠣᠯᠣᠳ ᠲᠡᠮᠦᠷ》᠎ᠢ ᠬᠦᠴᠦᠨ ᠦᠭᠡᠢ ᠪᠣᠯᠭ᠋ᠠᠪᠠ᠃ ᠠᠩᠭᠢᠯᠠᠨ ᠵᠢᠯᠤᠭᠤᠳᠬᠤ ᠪᠠ ᠬᠤᠲᠠ ᠵᠢᠨ ᠪᠠᠶ᠋ᠢᠳᠠᠯ᠎ᠳᠤᠨᠢ ᠵᠣᠬᠢᠴᠠᠭᠤᠯᠵᠤ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠨ᠂ ᠲᠠᠸᠠᠷ᠎ᠤᠨ ᠭᠡᠷ ᠪᠠᠶ᠋ᠢᠰᠢᠩ᠎ᠤᠨ ᠬᠤᠳᠠᠯᠳᠤᠬᠤ᠎ᠪᠠᠷ ᠪᠠᠶ᠋ᠢᠭ᠎ᠠ ᠲᠠᠯᠠᠪᠠᠢ ᠵᠢ 8.6% ᠪᠠᠭᠤᠷᠠᠭᠤᠯᠪᠠ᠃ ᠬᠦᠰᠢᠭᠦᠷᠭᠡ ᠵᠢ ᠦᠭᠡᠶ᠋ᠢᠰᠭᠡᠬᠦ ᠠᠵᠢᠯ᠎ᠢ ᠯᠠᠪᠳᠠᠭᠤᠨ ᠪᠠᠳᠤᠲᠠᠢ ᠰᠠᠶ᠋ᠢᠳᠤᠷ ᠬᠢᠵᠦ᠂ ᠠᠵᠤ ᠦᠢ᠍ᠯᠡᠳᠪᠦᠷᠢ ᠠᠵᠤ ᠠᠬᠤᠶ᠋ᠢᠯᠠᠯ᠎ᠤᠨ ᠡᠳ᠋ ᠬᠥᠷᠥᠩᠭᠡ ᠵᠢᠨ ᠥᠷᠢᠲᠦᠬᠦ ᠨᠣᠷᠮ᠎ᠠ ᠦᠷᠬᠦᠯᠵᠢᠯᠡᠨ ᠪᠠᠭᠤᠷᠠᠪᠠ᠃ ᠬᠠᠤᠯᠢ ᠪᠤᠰᠤ᠎ᠪᠠᠷ ᠪᠡᠯᠡ ᠮᠥᠩᠭᠦ ᠴᠤᠭᠯᠠᠭᠤᠯᠬᠤ ᠪᠠ ᠮᠥᠩᠭᠦᠨ ᠭᠦᠢ᠍ᠯᠭᠡᠭᠡᠨ᠎ᠢ ᠳᠤᠷ᠎ᠠ᠎ᠪᠠᠷ ᠡᠷᠬᠢᠯᠡᠬᠦ ᠲᠦᠭᠰᠢᠭᠦᠷᠢ ᠵᠢ ᠰᠡᠷᠭᠡᠶ᠋ᠢᠯᠡᠨ ᠰᠢᠢ᠍ᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ᠎ᠳᠠᠬᠢ ᠦᠨᠳᠦᠷ ᠬᠦᠦ᠎ᠲᠠᠢ ᠵᠢᠭᠡᠯᠡᠯᠭᠡ᠎ᠳᠤ ᠶᠡᠷᠦᠩᠬᠡᠶ᠋ᠢᠯᠡᠨ ᠵᠠᠰᠠᠬᠤ ᠵᠢ ᠥᠷᠨᠢᠭᠦᠯᠪᠠ᠃ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠂ ᠭᠠᠶ᠋ᠢᠯᠢ ᠵᠢ ᠬᠠᠰᠤᠵᠤ ᠵᠠᠷᠤᠳᠠᠯ᠎ᠢ ᠪᠠᠭᠤᠷᠠᠭᠤᠯᠬᠤ᠂ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠠᠬᠢᠭᠤᠯᠤᠨ᠂ ᠪᠤᠲᠠᠲᠤ ᠴᠣᠭᠴᠠᠲᠤ ᠠᠵᠤ ᠠᠬᠤᠢ ᠵᠢᠨ ᠥᠪᠡᠷ᠎ᠤᠨ ᠥᠷᠲᠡᠭ᠎ᠢ ᠪᠠᠭᠤᠷᠠᠭᠤᠯᠪᠠ᠃ ᠭᠤᠣᠯᠳᠠᠯᠭ᠎ᠠ ᠵᠢ ᠳᠣᠪᠣᠶ᠋ᠢᠯᠭ᠋ᠠᠵᠤ ᠳᠤᠲᠠᠭᠤᠳᠠᠯ᠎ᠢ ᠨᠥᠬᠦᠪᠦᠷᠢᠯᠡᠨ᠂ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠂ ᠠᠮᠢ ᠠᠬᠤᠢ ᠵᠢᠨ ᠣᠷᠴᠢᠨ ᠲᠣᠭᠤᠷᠢᠨ᠂ ᠰᠠᠭᠤᠷᠢ ᠪᠡᠯᠡᠳᠬᠡᠮᠵᠢ᠂ 《ᠮᠠᠯᠵᠢᠬᠤ ᠲᠠᠷᠢᠶᠠᠯᠠᠬᠤ ᠣᠷᠣᠨ᠂ ᠮᠠᠯ ᠲᠠᠷᠢᠶᠠᠯᠠᠩ᠂ ᠮᠠᠯᠴᠢᠨ

ᠲᠠᠷᠢᠶᠠᠴᠢᠨ》᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠡᠷᠭᠡ ᠪᠠᠭᠤᠷᠠᠢ ᠲᠠᠯ᠎ᠠ ᠵᠢᠨ ᠠᠵᠢᠯ᠎ᠤᠳ᠎ᠢ ᠴᠢᠩᠭ᠋ᠠᠳᠬᠠᠪᠠ᠃ ᠤᠯᠠᠭ᠋ᠠᠨᠬᠤᠲᠠ᠎ᠠᠴᠠ ᠪᠠᠶ᠋ᠢᠴᠧᠩ ᠬᠦᠷᠬᠦ ᠲᠦᠷᠭᠡᠨ ᠬᠤᠷᠳᠤ ᠵᠢᠨ ᠲᠡᠮᠦᠷ ᠵᠠᠮ᠂ ᠬᠥᠬᠡᠬᠤᠲᠠ᠎ᠠᠴᠠ ᠵᠢᠨᠢᠩ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠢ ᠪᠠᠶ᠋ᠢᠭᠤᠯᠵᠤ ᠭᠠᠯᠲᠤ ᠲᠡᠷᠭᠡ ᠨᠡᠪᠲᠡᠷᠡᠭᠦᠯᠦᠭᠰᠡᠨ ᠪᠦᠭᠡᠳ ᠤᠯᠠᠭ᠋ᠠᠨᠬᠠᠳᠠ᠂ ᠲᠦᠩᠯᠢᠶᠣᠣ ᠪᠡᠭᠡᠵᠢᠩ ᠮᠥᠭᠳᠡᠨ᠎ᠤ ᠳᠡᠭᠡᠳᠦ ᠬᠤᠷᠳᠤ ᠵᠢᠨ ᠲᠡᠮᠦᠷ ᠵᠠᠮ᠎ᠤᠨ ᠠᠭᠤᠯᠵᠠᠭᠤᠷ ᠱᠤᠭᠤᠮ᠎ᠢ ᠪᠦᠲᠦᠭᠡᠨ ᠪᠠᠶ᠋ᠢᠭᠤᠯᠬᠤ ᠠᠬᠢᠴᠠ ᠤᠷᠤᠭᠰᠢᠲᠠᠢ ᠪᠠᠶ᠋ᠢᠵᠤ᠂ ᠪᠠᠶ᠋ᠢᠭᠤᠯᠣᠮᠵᠢᠲᠤ ᠭᠠᠴᠠᠭ᠎ᠠ ᠲᠣᠰᠬᠤᠨ᠎ᠳᠤ ᠳᠡᠪᠢᠰᠴᠦ ᠬᠠᠲᠠᠭᠤᠷᠠᠭᠤᠯᠤᠭᠰᠠᠨ ᠵᠠᠮ᠎ᠲᠠᠢ ᠪᠣᠯᠭ᠋ᠠᠬᠤ ᠬᠠᠷᠠᠯᠲᠠ ᠵᠢ ᠤᠷᠢᠳᠴᠢᠯᠠᠨ ᠪᠡᠶᠡᠯᠡᠭᠦᠯᠪᠡ᠃
     (ᠬᠤᠶᠠᠷ) ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠵᠤ ᠳᠡᠰ ᠳᠡᠪᠰᠢᠬᠦ ᠵᠢ ᠲᠦᠷᠭᠡᠳᠭᠡᠪᠡ᠃ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ 《ᠲᠠᠪᠤ ᠵᠢ ᠤᠶᠠᠯᠳᠤᠭᠤᠯᠬᠤ》 ᠱᠠᠭ᠋ᠠᠷᠳᠠᠯᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠬᠥᠭᠵᠢᠯᠲᠡ ᠵᠢᠨ ᠠᠷᠭ᠎ᠠ ᠮᠠᠶᠢᠭ᠎ᠢ ᠬᠦᠴᠦᠯᠡᠨ ᠬᠤᠪᠢᠷᠠᠭᠤᠯᠵᠤ᠂ ᠡᠬᠢ ᠪᠠᠶᠠᠯᠢᠭ᠎ᠢ ᠤᠯᠠᠷᠢᠭᠤᠯᠤᠨ ᠥᠷᠲᠡᠭ᠎ᠢ᠎ᠨᠢ ᠨᠡᠮᠡᠭᠳᠡᠭᠦᠯᠬᠦ ᠵᠢ ᠠᠬᠢᠭᠤᠯᠪᠠ᠃ ᠤᠯᠠᠮᠵᠢᠯᠠᠯᠲᠤ ᠠᠵᠤ ᠦᠢ᠍ᠯᠡᠰ᠎ᠢ ᠰᠢᠨᠡᠳᠬᠡᠨ ᠥᠭᠡᠷᠡᠴᠢᠯᠡᠵᠦ ᠳᠡᠰ ᠳᠡᠪᠰᠢᠭᠦᠯᠬᠦ ᠵᠢ ᠲᠦᠷᠭᠡᠳᠬᠡᠨ᠂ ᠠᠵᠤ ᠦᠢ᠍ᠯᠡᠰ᠎ᠤᠨ ᠬᠡᠯᠬᠢᠶᠡᠰᠦ ᠵᠢ ᠤᠯᠠᠮ ᠨᠢᠭᠡ ᠠᠯᠬᠤᠮ ᠤᠷᠲᠤᠳᠬᠠᠵᠤ᠂ ᠨᠡᠭᠦᠷᠡᠰᠦ᠎ᠪᠠᠷ ᠴᠠᠬᠢᠯᠭ᠋ᠠᠨ ᠭᠠᠷᠭ᠋ᠠᠬᠤ᠂ ᠨᠡᠭᠦᠷᠡᠰᠦ ᠬᠢᠮᠢ ᠵᠢᠨ ᠨᠢᠭᠡ ᠴᠣᠭᠴᠠᠵᠢᠭᠤᠯᠬᠤ ᠬᠤᠪᠢ ᠵᠢᠨ ᠵᠢᠩ 90%᠎ᠠᠴᠠ ᠳᠡᠭᠡᠭᠰᠢ᠎ᠳᠤ ᠬᠦᠷᠦᠭᠰᠡᠨ ᠪᠦᠭᠡᠳ ᠠᠵᠤ ᠦᠢ᠍ᠯᠡᠳᠪᠦᠷᠢ ᠠᠵᠤ ᠠᠬᠤᠶ᠋ᠢᠯᠠᠯ᠎ᠤᠨ ᠠᠰᠢᠭ ᠣᠯᠵᠠᠪᠤᠷᠢ ᠵᠢᠨ ᠨᠣᠷᠮ᠎ᠠ ᠢᠯᠡᠷᠬᠡᠢ ᠳᠡᠭᠡᠭᠰᠢᠯᠡᠪᠡ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠡᠯᠧᠺᠲᠷᠤᠨ ᠮᠡᠳᠡᠭᠡ ᠬᠤᠯᠪᠣᠭ᠎ᠠ ᠵᠡᠷᠭᠡ ᠠᠵᠤ ᠦᠢ᠍ᠯᠡᠰ᠎ᠤᠳ ᠨᠡᠯᠢᠶᠡᠳ ᠲᠦᠷᠭᠡᠨ ᠵᠶ᠋ᠠᠷ ᠨᠡᠮᠡᠭᠳᠡᠵᠦ᠂ ᠬᠤᠪᠣᠷ ᠰᠢᠷᠣᠢ ᠵᠢᠨ ᠨᠢᠭᠡᠳᠪᠦᠷᠢ ᠦᠢ᠍ᠯᠡᠳᠪᠦᠷᠢᠯᠡᠬᠦ ᠴᠢᠳᠠᠮᠵᠢ᠂ ᠡᠭᠦᠯᠡᠨ ᠪᠣᠳᠣᠯᠲᠠ ᠵᠢᠨ ᠦᠢ᠍ᠯᠡᠴᠢᠯᠡᠭᠦᠷ᠎ᠤᠨ ᠳᠠᠭ᠋ᠠᠭ᠋ᠠᠴᠠ ᠵᠢᠨ ᠴᠢᠳᠠᠪᠤᠷᠢ ᠪᠦᠬᠦ ᠤᠯᠤᠰ᠎ᠤᠨ ᠲᠡᠷᠢᠭᠦᠨ᠎ᠳᠤ ᠣᠷᠣᠪᠠ᠃ ᠲᠠᠷᠢᠶᠠᠯᠠᠩ ᠮᠠᠯ ᠠᠵᠤ ᠠᠬᠤᠢ ᠵᠢᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠠᠮᠤ ᠪᠤᠳᠠᠭ᠎ᠠ ᠵᠢᠨ ᠤᠨᠠᠯᠲᠠ 5 ᠵᠢᠯ ᠳᠠᠷᠠᠭ᠋ᠠᠯᠠᠨ 550 ᠳ᠋ᠦᠩᠰᠢᠭᠤᠷ ᠵᠢᠩ᠎ᠠᠴᠠ ᠳᠡᠭᠡᠭᠰᠢ᠎ᠳᠤ ᠲᠣᠭᠲᠠᠪᠤᠷᠢᠵᠢᠵᠤ᠂ ᠮᠠᠯᠵᠢᠯ᠎ᠤᠨ ᠣᠨ᠎ᠤ ᠵᠤᠬᠰᠤᠭ᠎ᠠ ᠮᠠᠯ᠎ᠤᠨ ᠲᠤᠭ᠎ᠠ 13 ᠵᠢᠯ ᠳᠠᠷᠠᠭ᠋ᠠᠯᠠᠨ 1 ᠳ᠋ᠦᠩᠰᠢᠭᠤᠷ ᠭᠠᠷᠤᠢ ᠲᠤᠭ᠎ᠠ ᠲᠣᠯᠣᠭ᠋ᠠᠢ᠎ᠳᠤ ᠲᠣᠭᠲᠠᠪᠤᠷᠢᠵᠢᠪᠠ᠃ ᠵᠢᠭᠤᠯᠴᠢᠯᠠᠯ᠂ ᠰᠣᠶᠣᠯ᠂ ᠪᠡᠶ᠎ᠡ ᠵᠢᠨ ᠲᠠᠮᠢᠷ᠂ ᠡᠷᠡᠭᠦᠯ ᠡᠩᠬᠡ᠂ ᠨᠠᠰᠤᠵᠢᠯ᠎ᠤᠨ ᠠᠰᠠᠷᠠᠮᠵᠢ᠂ ᠴᠣᠭᠯᠠᠭ᠋ᠠᠨ ᠦᠵᠡᠬᠦᠯᠦᠯᠬᠡ ᠵᠡᠷᠭᠡ ᠦᠢ᠍ᠯᠡᠴᠢᠯᠡᠭᠡᠨ᠎ᠤ ᠦᠢ᠍ᠯᠡᠰ ᠲᠦᠷᠭᠡᠨ ᠬᠥᠭᠵᠢᠵᠦ᠂ ᠵᠢᠭᠤᠯᠴᠢᠯᠠᠭᠴᠢᠳ᠎ᠤᠨ ᠶᠡᠷᠦᠩᠬᠡᠢ ᠲᠤᠭ᠎ᠠ 1 ᠳ᠋ᠦᠩᠰᠢᠭᠤᠷ ᠬᠥᠮᠥᠨ ᠤᠳᠠᠭ᠎ᠠ ᠵᠢ ᠬᠡᠲᠦᠷᠡᠭᠰᠡᠨ ᠪᠦᠭᠡᠳ ᠵᠢᠭᠤᠯᠴᠢᠯᠠᠯ᠎ᠤᠨ ᠶᠡᠷᠦᠩᠬᠡᠢ ᠣᠷᠣᠯᠭ᠎ᠠ 7 ᠵᠢᠯ ᠳᠠᠷᠠᠭ᠋ᠠᠯᠠᠨ 20%᠎ᠠᠴᠠ ᠳᠡᠭᠡᠭᠰᠢ ᠨᠡᠮᠡᠭᠳᠡᠪᠡ᠃ ᠠᠵᠤ ᠦᠢ᠍ᠯᠡᠰ᠎ᠤᠨ ᠳᠡᠰ ᠳᠡᠪᠰᠢᠭᠦᠯᠬᠦ ᠲᠠᠯ᠎ᠠ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠠᠷᠠᠯᠵᠢᠶᠠᠯᠠᠬᠤ ᠲᠠᠪᠴᠠᠩ᠎ᠢ ᠪᠠᠶ᠋ᠢᠭᠤᠯᠵᠤ᠂ ᠬᠠᠮᠵᠢᠯᠴᠠᠵᠤ ᠰᠢᠨ᠎ᠡ ᠵᠢ ᠡᠭᠦᠳᠦᠨ ᠰᠲ᠋ᠣᠺ᠎ᠤᠨ ᠡᠷᠬᠡ᠎ᠪᠠᠷ ᠪᠡᠯᠡ ᠣᠷᠤᠭᠤᠯᠬᠤ ᠰᠠᠭᠤᠷᠢ ᠮᠥᠩᠭᠦ ᠵᠢ ᠪᠠᠶ᠋ᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠬᠤ ᠣᠷᠣᠨ ᠵᠠᠢ 93 ᠵᠢ ᠰᠢᠨ᠎ᠡ᠎ᠪᠠᠷ ᠪᠣᠶ᠋ᠢᠵᠢᠭᠤᠯᠤᠨ᠂ ᠤᠯᠤᠰ᠎ᠤᠨ ᠳᠡᠰ᠎ᠤᠨ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ 1 ᠵᠢ ᠰᠢᠨ᠎ᠡ᠎ᠪᠠᠷ ᠨᠡᠮᠡᠭᠳᠡᠭᠦᠯᠪᠡ᠃ ᠮᠤᠨᠭ᠌ᠭᠤᠯ ᠡᠮᠨᠡᠯᠬᠡ ᠵᠢᠨ ᠤᠬᠠᠭ᠋ᠠᠨ ᠵᠡᠷᠬᠡ ᠰᠢᠨ᠎ᠠ᠎ᠪᠠᠷ ᠨᠡᠮᠡᠭᠳᠡᠭᠰᠡᠨ ᠳ᠋ᠤᠺᠲ᠋ᠤᠷ ᠴᠤᠯᠠ ᠤᠯᠭᠤᠬᠤ 13 ᠴᠢᠬ᠎ᠨᠢ ᠬᠢᠨᠠᠨ ᠲᠤᠭᠳᠠᠭ᠋ᠠᠯᠳᠠ᠎ᠪᠠᠷ ᠪᠠᠳᠤᠯᠠᠬᠳᠠᠪᠠ᠃ ᠥᠪᠥᠷ ᠮᠣᠩᠭᠤᠯ᠎ᠤᠨ ᠶᠡᠭᠡ ᠰᠤᠷᠭ᠋ᠠᠭᠤᠯᠢ᠎ᠨᠢ ᠰᠤᠷᠭ᠋ᠠᠨ ᠬᠥᠮᠥᠵᠢᠯ᠎ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ ᠬᠠᠮᠲᠤᠷᠠᠨ ᠴᠣᠭᠴᠠᠯᠠᠬᠤ ᠳᠡᠭᠡᠳᠦ ᠰᠤᠷᠭ᠋ᠠᠭᠤᠯᠢ ᠪᠣᠯᠵᠤ᠂ ᠠᠮᠢᠳᠤ ᠪᠤᠳᠠᠰ᠎ᠤᠨ ᠰᠤᠳᠤᠯᠤᠯ᠎ᠨᠢ ᠤᠯᠤᠰ᠎ᠤᠨ ᠲᠡᠷᠢᠭᠦᠨ ᠳᠡᠰ᠎ᠤᠨ ᠬᠢᠴᠢᠶᠡᠯ ᠰᠢᠨᠵᠢᠯᠡᠭᠡᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠰᠣᠩᠭᠤᠭᠳᠠᠨ ᠣᠷᠣᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠬᠢᠭᠡᠳ ᠥᠪᠡᠷᠲᠡᠭᠡᠨ ᠵᠠᠰᠠᠬᠤ ᠣᠷᠣᠨ᠎ᠠᠴᠠ ᠬᠠᠮᠲᠤᠷᠠᠨ ᠪᠠᠶ᠋ᠢᠭᠤᠯᠬᠤ ᠲᠠᠯ᠎ᠠ ᠨᠤᠲᠤᠭ᠎ᠤᠨ ᠮᠠᠯ ᠲᠡᠵᠢᠭᠡᠪᠦᠷᠢ ᠵᠢᠨ ᠦᠷᠡᠵᠢᠭᠦᠯᠦᠨ ᠪᠣᠶ᠋ᠢᠵᠢᠭᠤᠯᠬᠤ ᠤᠯᠤᠰ᠎ᠤᠨ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠵᠥᠪᠰᠢᠶᠡᠷᠡᠭᠳᠡᠵᠦ᠂ ᠮᠤᠵᠢ ᠶᠠᠮᠤᠨ ᠬᠠᠮᠲᠤᠷᠠᠨ ᠤᠯᠤᠰ᠎ᠤᠨ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠪᠠᠶ᠋ᠢᠭᠤᠯᠬᠤ ᠠᠵᠢᠯ᠎ᠳᠤ ᠠᠩᠬᠠᠨ᠎ᠤ ᠠᠮᠵᠢᠯᠲᠠ ᠣᠯᠪᠠ᠃
     (ᠭᠤᠷᠪᠠ) ᠥᠭᠡᠷᠡᠴᠢᠯᠡᠯᠲᠡ ᠨᠡᠭᠡᠭᠡᠯᠲᠡ ᠬᠢᠬᠦ ᠠᠯᠬᠤᠮ ᠵᠶ᠋ᠠᠨ ᠲᠦᠷᠭᠡᠳᠬᠡᠪᠡ᠃ ᠪᠢᠳᠡ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠂ ᠪᠠᠭᠤᠯᠭ᠋ᠠᠬᠤ ᠪᠠ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠭᠡᠨ᠎ᠤ ᠥᠭᠡᠷᠡᠴᠢᠯᠡᠯᠲᠡ ᠵᠢ ᠰᠢᠯᠢᠳᠡᠭᠵᠢᠭᠦᠯᠬᠦ ᠵᠢ ᠦᠷᠭᠦᠯᠵᠢᠯᠡᠨ ᠠᠬᠢᠭᠤᠯᠵᠤ᠂ 《ᠣᠯᠠᠨ ᠦᠨᠡᠮᠯᠡᠯ᠎ᠢ ᠨᠡᠶ᠋ᠢᠯᠡᠭᠦᠯᠵᠦ ᠨᠢᠭᠡ ᠪᠣᠯᠭ᠋ᠠᠬᠤ》 ᠪᠠ 《ᠬᠤᠶᠠᠷ᠎ᠢ ᠰᠤᠭᠤᠴᠢᠵᠤ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠦᠨ᠂ ᠨᠡᠶ᠋ᠢᠭᠡᠮ ᠨᠡᠶ᠋ᠢᠲᠡ᠎ᠳᠤ ᠵᠠᠰᠠᠭ ᠵᠠᠬᠢᠷᠭ᠋ᠠᠨ᠎ᠤ ᠵᠥᠪᠰᠢᠶᠡᠷᠡᠵᠦ ᠭᠡᠷᠡᠴᠢᠯᠡᠬᠦ ᠵᠦᠢ᠍ᠯᠡᠰ᠎ᠤᠨ ᠨᠠᠷᠢᠨ ᠳᠠᠩᠰᠠ ᠵᠢ ᠨᠡᠶ᠋ᠢᠲᠡᠯᠡᠪᠡ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠤᠯᠢᠮᠠᠭ ᠥᠮᠴᠢᠯᠡᠯ᠎ᠤᠨ ᠳᠦᠷᠢᠮ᠎ᠤᠨ ᠥᠭᠡᠷᠡᠴᠢᠯᠡᠯᠲᠡ ᠰᠢᠨ᠎ᠡ ᠠᠬᠢᠯᠲᠠ᠎ᠲᠠᠢ ᠪᠣᠯᠪᠠ᠃ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠪᠦᠬᠦᠨ ᠡᠮ᠎ᠤᠨ ᠵᠦᠢ᠍ᠯᠡᠰ᠎ᠲᠤ ᠦᠨ᠎ᠡ ᠨᠡᠮᠡᠬᠦ ᠵᠢ ᠬᠦᠴᠦᠨ ᠦᠭᠡᠢ ᠪᠣᠯᠭ᠋ᠠᠵᠤ᠂ ᠱᠠᠲᠤ ᠬᠤᠪᠢᠶᠠᠨ ᠣᠨᠣᠰᠢᠯᠡᠨ ᠡᠮᠴᠢᠯᠡᠬᠦ ᠲᠤᠷᠰᠢᠯᠲᠠ ᠵᠢ ᠠᠶ᠋ᠢᠮᠠᠭ ᠬᠤᠲᠠ᠎ᠳᠤ ᠨᠡᠶ᠋ᠢᠳᠡᠮ ᠬᠠᠮᠤᠷᠬᠤ ᠵᠢ ᠪᠡᠶᠡᠯᠡᠭᠦᠯᠦᠨ᠂ ᠴᠢᠬ ᠲᠣᠭᠲᠠᠭ᠋ᠠᠭᠰᠠᠨ 154 ᠡᠮᠴᠢᠯᠡᠭᠡᠨ᠎ᠤ ᠪᠠᠶ᠋ᠢᠭᠤᠯᠤᠮᠵᠢ ᠵᠢ ᠤᠯᠤᠰ᠎ᠤᠨ ᠮᠤᠵᠢ ᠠᠯᠤᠰᠯᠠᠨ ᠣᠨᠳᠣᠣ ᠭᠠᠵᠠᠷ ᠵᠶ᠋ᠠᠷ ᠡᠮᠨᠡᠭᠦᠯᠵᠦ ᠪᠣᠯᠬᠤ ᠰᠢᠰᠲ᠋ᠧᠮ᠎ᠳᠤ ᠣᠷᠤᠭᠤᠯᠪᠠ᠃ ᠭᠠᠵᠠᠷ ᠰᠢᠷᠣᠢ ᠵᠢᠨ ᠡᠷᠬᠡ ᠵᠢ ᠲᠣᠳᠣᠯᠠᠨ ᠲᠣᠭᠲᠠᠭ᠋ᠠᠬᠤ ᠪᠤᠳᠠᠲᠠᠢ ᠲᠠᠯᠠᠪᠠᠢ ᠵᠢᠨ 81% ᠵᠢ ᠪᠡᠶᠡᠯᠡᠭᠦᠯᠵᠦ᠂ ᠨᠤᠲᠤᠭ ᠪᠡᠯᠴᠢᠭᠡᠷ᠎ᠤᠨ ᠡᠷᠬᠡ ᠵᠢ ᠲᠣᠳᠣᠯᠠᠨ ᠲᠣᠭᠲᠠᠭ᠋ᠠᠵᠤ ᠳᠠᠭ᠋ᠠᠭ᠋ᠠᠴᠢᠯᠠᠭᠤᠯᠬᠤ ᠠᠵᠢᠯ᠎ᠤᠨ 90%᠎ᠠᠴᠠ ᠳᠡᠭᠡᠭᠰᠢᠬᠢ ᠵᠢ ᠪᠡᠶᠡᠯᠡᠭᠦᠯᠦᠨ᠂ ᠬᠥᠲᠦᠴᠢ ᠠᠵᠤ ᠠᠬᠤᠶ᠋ᠢᠯᠠᠯ ᠬᠢᠭᠡᠳ ᠮᠠᠯᠴᠢᠨ ᠲᠠᠷᠢᠶᠠᠴᠢᠳ᠎ᠤᠨ ᠠᠰᠢᠭ ᠲᠤᠰᠠ ᠵᠢ ᠬᠤᠯᠪᠣᠭᠳᠠᠭᠤᠯᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠳ᠋᠎ᠤᠨ ᠵᠠᠰᠠᠭ ᠭᠠᠶ᠋ᠢᠯᠢ ᠮᠥᠩᠭᠦᠨ ᠭᠦᠢ᠍ᠯᠭᠡᠭᠡᠨ᠂ ᠤᠯᠤᠰ᠎ᠤᠨ ᠭᠠᠵᠠᠷ ᠰᠢᠷᠣᠢ ᠡᠬᠢ ᠪᠠᠶᠠᠯᠢᠭ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠡᠷᠭᠡ ᠡᠯ᠎ᠡ ᠬᠦᠷᠢᠶᠡᠨ᠎ᠳᠠᠬᠢ ᠥᠭᠡᠷᠡᠴᠢᠯᠡᠯᠲᠡ ᠤᠯᠠᠮ ᠨᠢᠭᠡ ᠠᠯᠬᠤᠮ ᠭᠦᠨᠵᠡᠭᠡᠶ᠋ᠢᠷᠡᠪᠡ᠃ ᠭᠠᠳᠠᠭ᠋ᠠᠳᠤ᠎ᠳᠤ ᠨᠡᠭᠡᠭᠡᠯᠲᠡ ᠬᠢᠬᠦ ᠵᠢ ᠪᠥᠬᠦ ᠲᠠᠯ᠎ᠠ᠎ᠪᠠᠷ ᠥᠷᠭᠡᠳᠬᠡᠵᠦ᠂ 《ᠨᠢᠭᠡ ᠪᠦᠰᠡ ᠨᠢᠭᠡ ᠵᠠᠮ》᠂ ᠳᠤᠮᠳᠠᠳᠤ ᠮᠣᠩᠭᠤᠯ ᠣᠷᠣᠰ᠎ᠤᠨ ᠠᠵᠤ ᠠᠬᠤᠢ ᠵᠢᠨ ᠬᠤᠩᠭᠢᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠢᠨ ᠪᠠᠶ᠋ᠢᠩᠭᠤᠵᠢᠭᠤᠯᠬᠤ ᠠᠵᠢᠯᠯᠠᠭ᠋ᠠᠨ᠎ᠢ ᠪᠡᠶᠡᠯᠡᠬᠦᠯᠵᠦ᠂ ᠭᠠᠳᠠᠭ᠋ᠠᠳᠤ ᠠᠷᠠᠯᠵᠢᠶ᠎ᠠ ᠵᠢᠨ ᠲᠦᠷᠭᠡᠨ ᠨᠡᠮᠡᠭᠳᠡᠯ᠎ᠢ ᠪᠠᠲᠤᠯᠠᠨ᠂ ᠭᠠᠳᠠᠭ᠋ᠠᠳᠤ᠎ᠠᠴᠠ ᠣᠷᠤᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠲᠤᠭ᠎ᠠ 900 ᠳ᠋ᠦᠩᠰᠢᠭᠤᠷ ᠲᠥᠭᠦᠷᠢᠭ᠎ᠢ ᠳᠠᠪᠠᠵᠤ᠂ 22.8% ᠨᠡᠮᠡᠭᠳᠡᠨ᠂ ᠬᠢᠯᠢ ᠪᠣᠭᠤᠮᠲᠠ᠎ᠪᠠᠷ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ ᠲᠣᠭᠲᠠᠭᠤᠨ ᠪᠦᠭᠡᠳ ᠨᠡᠮᠡᠭᠳᠡᠯ᠎ᠲᠠᠢ ᠪᠣᠯᠪᠠ᠃ ᠭᠠᠳᠠᠭ᠋ᠠᠳᠤ ᠶᠠᠪᠤᠳᠠᠯ᠎ᠤᠨ ᠶᠠᠮᠤᠨ᠎ᠠᠴᠠ ᠳᠡᠯᠡᠬᠡᠢ ᠳ᠋ᠠᠬᠢᠨ᠎ᠳᠤ ᠥᠪᠥᠷ ᠮᠣᠩᠭᠤᠯ᠎ᠢ ᠲᠠᠨᠢᠯᠴᠠᠭᠤᠯᠬᠤ ᠠᠵᠢᠯᠯᠠᠭ᠎ᠠ᠂ ᠬᠤᠶᠠᠳᠤᠭ᠋ᠠᠷ ᠬᠤᠭᠤᠴᠠᠭ᠋ᠠᠨ᠎ᠤ ᠳᠤᠮᠳᠠᠳᠤ ᠮᠣᠩᠭᠤᠯ᠎ᠤᠨ ᠦᠵᠡᠰᠬᠦᠯᠡᠩ᠎ᠤᠨ ᠴᠤᠭᠯᠠᠭ᠋ᠠᠨ᠂ ᠠᠰᠲ᠋ᠠᠨᠠ ᠵᠢᠨ ᠳᠡᠯᠡᠬᠡᠢ ᠵᠢᠨ ᠦᠵᠡᠰᠬᠦᠯᠡᠩ᠎ᠤᠨ ᠴᠤᠭᠯᠠᠭ᠋ᠠᠨ᠎ᠤ ᠥᠪᠥᠷ ᠮᠣᠩᠭᠤᠯ᠎ᠤᠨ ᠭᠠᠷᠠᠭ᠎ᠤᠨ ᠠᠵᠢᠯᠯᠠᠭ᠎ᠠ ᠵᠢ ᠠᠮᠵᠢᠯᠲᠠ᠎ᠲᠠᠢ ᠡᠷᠬᠢᠯᠡᠭᠡᠳ ᠤᠯᠤᠰ᠎ᠤᠨ ᠳᠣᠲᠤᠭ᠋ᠠᠳᠤ ᠭᠠᠳᠠᠭ᠋ᠠᠳᠤ᠎ᠳᠤ ᠥᠪᠥᠷ ᠮᠣᠩᠭᠤᠯ᠎ᠤᠨ ᠴᠡᠴᠡᠭᠯᠡᠯ ᠬᠥᠭᠵᠢᠯ᠎ᠲᠠᠢ᠂ ᠳᠠᠪᠰᠢᠯᠲᠠ᠎ᠲᠠᠢ᠂ ᠨᠡᠭᠡᠭᠡᠯᠲᠡ᠎ᠲᠠᠢ᠂ ᠡᠶ᠎ᠡ ᠵᠣᠬᠢᠴᠠᠯ᠎ᠲᠠᠢ ᠪᠠᠶ᠋ᠢᠭ᠎ᠠ ᠰᠠᠶ᠋ᠢᠨ ᠰᠠᠶ᠋ᠢᠬᠠᠨ ᠳᠦᠷᠢ ᠲᠥᠷᠬᠦ ᠵᠢ ᠢᠯᠡᠷᠡᠭᠦᠯᠦᠨ ᠭᠠᠶ᠋ᠢᠬᠠᠭᠤᠯᠪᠠ᠃
     (ᠳᠥᠷᠪᠡ) ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠪᠠ᠃ ᠪᠢᠳᠡ ᠪᠤᠬᠢᠷᠳᠤᠯ ᠦᠭᠡᠢ ᠦᠪᠦᠷ ᠮᠣᠩᠭᠤᠯ᠎ᠢ ᠪᠦᠲᠦᠭᠡᠨ ᠪᠠᠶ᠋ᠢᠭᠤᠯᠬᠤ ᠵᠢᠨ ᠲᠣᠭᠤᠷᠢᠨ᠎ᠳᠤ᠂ ᠪᠠᠶ᠋ᠢᠭ᠋ᠠᠯᠢᠯᠢᠬ ᠣᠢ ᠵᠢᠨ ᠬᠠᠮᠠᠭ᠋ᠠᠯᠠᠯᠲᠠ᠂ ᠪᠡᠭᠡᠵᠢᠩ ᠲᠢᠶᠠᠨᠵᠢᠨ᠎ᠤ ᠡᠯᠡᠰᠦ ᠰᠢᠭᠤᠷᠭ᠎ᠠ ᠵᠢᠨ ᠡᠬᠢ ᠢᠷᠡᠯᠲᠡ ᠵᠢ ᠵᠠᠰᠠᠬᠤ᠂ ᠲᠠᠷᠢᠶᠠᠯᠠᠬᠤ ᠵᠢ ᠵᠤᠭᠰᠤᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠵᠡᠷᠭᠡ ᠠᠮᠢ ᠠᠬᠤᠢ ᠵᠢ ᠦᠩᠭᠡᠵᠢᠭᠦᠯᠦᠨ ᠰᠡᠷᠭᠦᠭᠡᠬᠦ ᠴᠢᠬᠤᠯᠡ ᠶᠡᠭᠡ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠪᠡ᠃ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠪᠠᠶ᠋ᠢᠴᠠᠭ᠋ᠠᠯᠲᠠ ᠵᠢ ᠦᠷᠨᠢᠭᠦᠯᠵᠦ᠂ ᠠᠭ᠋ᠠᠷ ᠮᠠᠨᠳᠠᠯ᠂ ᠤᠰᠤ᠂ ᠬᠦᠷᠦᠰᠦ ᠰᠢᠷᠤᠢ ᠵᠢᠨ ᠪᠣᠬᠢᠷᠳᠤᠯ᠎ᠢ ᠴᠡᠭᠴᠡᠯᠡᠨ ᠵᠠᠰᠠᠵᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠠᠭᠤᠷᠬᠠᠢ ᠵᠢᠨ ᠠᠵᠤ ᠠᠬᠤᠶ᠋ᠢᠯᠠᠯ ᠪᠦᠬᠦᠨ᠎ᠤ ᠨᠡᠭᠡᠭᠡᠨ ᠮᠠᠯᠲᠠᠵᠤ ᠬᠠᠶ᠋ᠢᠨ ᠪᠠᠶ᠋ᠢᠴᠠᠭ᠋ᠠᠬᠤ ᠠᠵᠢᠯᠯᠠᠭ᠎ᠠ ᠵᠢ ᠵᠤᠭᠰᠤᠭ᠋ᠠᠵᠤ᠂ ᠬᠦᠯᠦᠨ ᠨᠠᠭᠤᠷ᠂ ᠤᠯᠠᠭ᠋ᠠᠨᠰᠤᠬᠠᠢ᠂ ᠳᠠᠭ᠎ᠠ ᠵᠢᠨ ᠨᠠᠭᠤᠷ᠎ᠤᠨ ᠠᠮᠢ ᠠᠬᠤᠢ ᠵᠢᠨ ᠣᠷᠴᠢᠨ ᠲᠣᠭᠤᠷᠢᠨ᠎ᠤ ᠶᠡᠷᠦᠩᠬᠡᠶ᠋ᠢᠯᠡᠭᠰᠡᠨ ᠵᠠᠰᠠᠯᠲᠠ ᠵᠢ ᠦᠷᠭᠦᠯᠵᠢᠯᠡᠨ ᠠᠬᠢᠭᠤᠯᠪᠠ᠃ ᠠᠮᠢ ᠠᠬᠤᠢ ᠵᠢᠨ ᠪᠣᠯᠪᠠᠰᠤᠨ᠎ᠤ ᠰᠢᠯᠭ᠋ᠠᠨ ᠬᠢᠨᠠᠬᠤ ᠠᠷᠭ᠎ᠠ᠂ ᠪᠤᠬᠢᠷᠳᠤᠯ ᠦᠭᠡᠢ ᠬᠥᠭᠵᠢᠭᠦᠯᠬᠦ ᠭᠦᠢ᠍ᠴᠡᠳᠭᠡᠯ ᠲᠤᠭ᠎ᠠ ᠵᠢᠨ ᠰᠢᠰᠲ᠋ᠧᠮᠵᠢ ᠵᠢ ᠪᠠᠶ᠋ᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠳᠥᠷᠪᠡᠨ ᠱᠠᠲᠤᠨ᠎ᠤ 《ᠭᠤᠣᠯ ᠮᠦᠷᠡᠨ᠎ᠤ ᠠᠵᠢᠯ᠎ᠳᠤ ᠬᠠᠷᠢᠭᠤᠴᠠᠬᠤ ᠳᠠᠷᠤᠭ᠎ᠠ᠎ᠲᠠᠢ ᠪᠠᠶ᠋ᠢᠬᠤ》 ᠰᠢᠰᠲ᠋ᠧᠮᠵᠢ ᠵᠢ ᠠᠩᠬ᠎ᠠ ᠠᠯᠬᠤᠮ ᠪᠦᠷᠢᠯᠳᠦᠭᠦᠯᠪᠡ᠃ 《ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠴᠥᠯᠯᠡᠷᠬᠡᠭᠵᠢᠯ᠎ᠢ ᠰᠡᠷᠭᠡᠶ᠋ᠢᠯᠡᠨ ᠵᠠᠰᠠᠬᠤ ᠨᠡᠶ᠋ᠢᠲᠡ ᠵᠢᠨ ᠭᠡᠷ᠎ᠡ》 ᠵᠢᠨ ᠠᠷᠪᠠᠨ ᠭᠤᠷᠪᠠᠳᠤᠭ᠋ᠠᠷ ᠤᠳᠠᠭ᠋ᠠᠨ᠎ᠤ ᠭᠡᠷ᠎ᠡ ᠪᠠᠶ᠋ᠢᠭᠤᠯᠤᠭᠴᠢᠳ᠎ᠤᠨ ᠬᠤᠷᠠᠯ ᠪᠠ ᠵᠢᠷᠭᠤᠳᠤᠭ᠋ᠠᠷ ᠬᠤᠭᠤᠴᠠᠭ᠋ᠠᠨ᠎ᠤ ᠬᠥᠪᠴᠢ ᠵᠢᠨ ᠣᠯᠠᠨ ᠤᠯᠤᠰ᠎ᠤᠨ ᠡᠯᠡᠰᠦᠷᠬᠡᠭᠵᠢᠯ᠎ᠢ ᠰᠡᠷᠭᠡᠶ᠋ᠢᠯᠡᠬᠦ ᠶᠠᠷᠢᠶᠠᠨ᠎ᠤ ᠲᠡᠪᠴᠡᠩ᠎ᠢ ᠮᠠᠨ᠎ᠤ ᠣᠷᠣᠨ᠎ᠳᠤ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠠᠴᠠ ᠲᠤᠰ ᠲᠤᠰ ᠵᠠᠬᠢᠳᠠᠯ ᠢᠷᠡᠭᠦᠯᠵᠦ ᠪᠠᠶᠠᠷ ᠬᠦᠷᠭᠡᠪᠡ᠃
     (ᠲᠠᠪᠤ) ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠭᠰᠠᠨ ᠪᠠ ᠰᠠᠶ᠋ᠢᠵᠢᠷᠠᠭᠤᠯᠪᠠ᠃ ᠪᠢᠳᠡ ᠠᠷᠠᠳ᠎ᠤᠨ ᠠᠮᠢᠳᠤᠷᠠᠯ᠎ᠳᠤ ᠣᠷᠤᠭᠤᠯᠤᠯᠲᠠ ᠬᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠪᠦᠬᠦ ᠣᠷᠣᠨ᠎ᠤ ᠠᠷᠠᠳ᠎ᠤᠨ ᠠᠮᠢᠳᠤᠷᠠᠯ᠎ᠤᠨ ᠵᠠᠷᠤᠯᠭ᠎ᠠ᠎ᠨᠢ ᠡᠩ᠎ᠤᠨ ᠣᠯᠠᠨ ᠨᠡᠶ᠋ᠢᠲᠡ ᠵᠢᠨ ᠲᠦᠰᠦᠪ᠎ᠤᠨ ᠵᠠᠷᠤᠯᠭ᠎ᠠ ᠵᠢᠨ 69.8% ᠵᠢ ᠡᠵᠡᠯᠡᠵᠦ᠂ ᠳᠡᠭᠡᠷ᠎ᠡ ᠵᠢᠯ᠎ᠤᠨ᠎ᠬᠢ᠎ᠠᠴᠠ 4 ᠵᠠᠭᠤᠨ᠎ᠤ ᠴᠡᠭ ᠵᠶ᠋ᠠᠷ ᠳᠡᠭᠡᠭᠰᠢᠯᠡᠨ᠂ ᠣᠯᠠᠨ ᠲᠦᠮᠡᠨ᠎ᠤ ᠠᠩᠬᠠᠷᠤᠨ ᠬᠠᠯᠠᠮᠵᠢᠯᠠᠳᠠᠭ ᠨᠢᠭᠡ ᠪᠦᠯᠦᠭ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠰᠢᠢ᠍ᠳᠪᠦᠷᠢᠯᠡᠭᠳᠡᠪᠡ᠃ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ ᠵᠢᠨ ᠡᠷᠴᠢᠮ᠎ᠢ ᠴᠢᠩᠭ᠋ᠠᠷᠠᠭᠤᠯᠬᠤ ᠠᠷᠪᠠᠨ ᠵᠦᠢ᠍ᠯ᠎ᠤᠨ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠡᠯ᠎ᠡ ᠱᠠᠲᠤᠨ᠎ᠤ ᠡᠳ᠋᠎ᠤᠨ ᠵᠠᠰᠠᠭ᠎ᠤᠨ ᠶᠠᠳᠠᠭᠤ ᠵᠢ ᠲᠡᠳᠭᠦᠬᠦ ᠪᠡᠯᠡ ᠮᠦᠩᠭᠦ ᠵᠢᠨ ᠵᠠᠷᠤᠯᠭ᠎ᠠ 121 ᠳ᠋ᠦᠩᠰᠢᠭᠤᠷ ᠲᠦᠭᠦᠷᠢᠭ ᠪᠠᠶ᠋ᠢᠵᠤ᠂ ᠨᠡᠮᠡᠭᠳᠡᠯ᠎ᠤᠨ ᠬᠡᠮᠵᠢᠶ᠎ᠡ᠎ᠨᠢ 112.9%᠎ᠳᠤ ᠬᠦᠷᠪᠡ᠃ ᠤᠨᠳᠤᠤ ᠭᠠᠵᠠᠷ ᠨᠡᠭᠦᠯᠭᠡᠨ ᠰᠢᠯᠵᠢᠭᠦᠯᠦᠭᠰᠡᠨ ᠶᠠᠳᠠᠭᠤ ᠬᠦᠴᠢᠷᠳᠡᠯᠲᠡᠢ ᠬᠦᠮᠦᠨ ᠠᠮᠠ 5 ᠲᠦᠮᠡ ᠪᠠᠶ᠋ᠢᠵᠤ᠂ ᠶᠠᠳᠠᠭᠤ ᠬᠦᠴᠢᠷᠳᠡᠯᠲᠡᠢ ᠬᠦᠮᠦᠨ ᠠᠮᠠ᠎ᠳᠤ ᠰᠦᠢ᠍ᠳᠬᠡᠯ ᠬᠤᠷᠢᠶᠠᠬᠤ ᠦᠬᠡᠢ᠎ᠪᠠᠷ ᠪᠡᠶ᠎ᠡ ᠵᠢᠨ ᠡᠷᠡᠭᠦᠯ ᠮᠡᠨᠳᠦ ᠵᠢᠨ ᠪᠠᠢ᠌ᠳᠠᠯ᠎ᠢ ᠪᠠᠶ᠋ᠢᠴᠠᠭ᠋ᠠᠨ ᠥᠭᠴᠦ᠂ ᠮᠠᠯᠵᠢᠬᠤ ᠲᠠᠷᠢᠶᠠᠯᠠᠬᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠱᠠᠲᠤ ᠦᠶ᠎ᠡ᠎ᠳᠠᠬᠢ ᠰᠤᠷᠤᠭᠴᠢᠳ᠎ᠤᠨ ᠰᠢᠮ᠎ᠡ ᠲᠡᠵᠢᠭᠡᠯ᠎ᠢ ᠰᠠᠶ᠋ᠢᠵᠢᠷᠠᠭᠤᠯᠬᠤ ᠲᠦᠯᠦᠪᠯᠡᠭᠡ᠎ᠨᠢ ᠤᠯᠤᠰ᠎ᠤᠨ ᠳᠡᠰ᠎ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠦᠬᠦᠨ᠎ᠢ ᠬᠠᠮᠤᠷᠴᠤ᠂ ᠶᠡᠭᠡ ᠰᠤᠷᠭ᠋ᠠᠭᠤᠯᠢ ᠵᠢᠨ ᠰᠢᠨ᠎ᠡ ᠤᠶᠤᠲᠠᠳ᠎ᠢ ᠵᠤᠭᠤᠰ ᠵᠶ᠋ᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠬᠤᠲᠠ ᠬᠦᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠶ᠋ᠢᠭ᠎ᠠ ᠭᠡᠷ ᠪᠦᠯᠢ᠎ᠠᠴᠠ ᠳᠠᠩᠰᠠ ᠡᠪᠬᠡᠮᠡᠯ ᠪᠠᠶ᠋ᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠭᠡᠷ ᠪᠦᠯᠢ ᠪᠦᠬᠦᠨ᠎ᠳᠤ ᠬᠦᠷᠲᠡᠯ᠎ᠡ ᠥᠷᠭᠡᠳᠭᠡᠪᠡ᠃ ᠪᠦᠬᠦ ᠵᠢᠯ᠎ᠳᠤ 20 ᠲᠦᠮᠡᠨ ᠬᠦᠮᠦᠨ᠎ᠢ ᠶᠠᠳᠠᠭᠤ᠎ᠠᠴᠠ ᠠᠩᠬᠢᠵᠢᠷᠠᠭᠤᠯᠪᠠ᠃ ᠠᠳᠠᠯ ᠦᠢ᠍ᠯᠡᠰ ᠴᠤᠭᠴᠠᠯᠠᠨ ᠠᠵᠢᠯ ᠣᠯᠭᠤᠬᠤ ᠵᠢ ᠲᠣᠭᠲᠠᠭᠤᠨ ᠵᠶ᠋ᠠᠷ ᠠᠬᠢᠭᠤᠯᠵᠤ᠂ ᠬᠤᠲᠠ ᠪᠠᠯᠭ᠋ᠠᠰᠤ ᠵᠢᠨ ᠠᠵᠢᠯ ᠣᠯᠣᠭᠰᠠᠳ 26.1 ᠲᠦᠮᠡᠨ ᠬᠦᠮᠦᠨ ᠰᠢᠨ᠎ᠡ᠎ᠪᠠᠷ ᠨᠡᠮᠡᠭᠳᠡᠨ᠂ ᠬᠤᠲᠠ ᠪᠠᠯᠭ᠋ᠠᠰᠤ ᠵᠢᠨ ᠳᠠᠩᠰᠠᠯᠠᠨ ᠲᠡᠮᠲᠡᠭᠯᠡᠭᠦᠯᠦᠭᠰᠡᠨ ᠠᠵᠢᠯ ᠠᠯᠳᠠᠭᠰᠠᠳ᠎ᠤᠨ ᠨᠤᠷᠮ᠎ᠠ 3.6% ᠪᠣᠯᠪᠠ᠃ ᠨᠡᠶ᠋ᠢᠭᠡᠮ᠎ᠤᠨ ᠪᠠᠲᠤᠯᠠᠭ᠎ᠠ ᠵᠢᠨ ᠬᠠᠮᠤᠷᠬᠤ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠭᠡᠵᠦ᠂ ᠨᠠᠰᠤᠵᠢᠯ᠂ ᠡᠮᠴᠢᠯᠡᠭᠡ ᠵᠢᠨ ᠳᠠᠭ᠋ᠠᠳᠬᠠᠯ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠦᠮᠦᠰ᠂ ᠵᠡᠮᠳᠡᠭᠴᠦᠳ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ᠂ ᠬᠢᠯᠢ ᠵᠢᠨ ᠠᠷᠠᠳ᠎ᠤᠨ ᠨᠦᠬᠦᠪᠦᠷᠢ ᠪᠠ ᠦᠲᠡᠭᠦᠰ᠎ᠤᠨ ᠨᠡᠮᠡᠯᠭᠡ ᠵᠢ ᠨᠡᠮᠡᠭᠳᠡᠭᠦᠯᠪᠡ᠃ ᠳᠦᠭᠦᠮ ᠪᠦᠳᠦᠭᠦᠯᠢᠭ ᠣᠷᠣᠨ ᠰᠠᠭᠤᠴᠠᠲᠣ ᠲᠣᠭᠤᠷᠢᠭ᠎ᠲᠤ 22.1 ᠲᠦᠮᠡᠨ ᠢᠵᠢ ᠭᠡᠷ ᠪᠠᠶ᠋ᠢᠰᠢᠩ᠎ᠢ ᠦᠭᠡᠷᠡᠴᠢᠯᠡᠨ ᠰᠢᠨᠡᠳᠭᠡᠵᠦ᠂ ᠬᠤᠲᠠ ᠪᠠᠯᠭ᠋ᠠᠰᠤ ᠵᠢᠨ 2300 ᠲᠦᠮᠡᠨ ᠲᠡᠭᠰᠢ ᠳᠦᠷᠪᠡᠯᠵᠢᠨ ᠮᠧᠲᠷ᠎ᠤᠨ ᠬᠠᠭᠤᠴᠢᠷᠠᠭᠰᠠᠨ ᠪᠠ ᠬᠠᠭᠤᠴᠢᠨ ᠰᠠᠭᠤᠭ᠋ᠠᠯᠢ ᠲᠣᠭᠤᠷᠢᠭ᠎ᠢ ᠦᠭᠡᠷᠡᠴᠢᠯᠡᠨ ᠰᠢᠨᠡᠳᠭᠡᠪᠡ᠃ ᠦᠪᠦᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠳᠤ ᠬᠤᠲᠠ ᠬᠦᠳᠡᠭᠡ ᠵᠢᠨ ᠬᠡᠷᠡᠭᠯᠡᠬᠦ ᠴᠠᠬᠢᠯᠭ᠋ᠠᠨ᠎ᠤ ᠠᠳᠠᠯᠢ ᠲᠣᠣᠷ᠎ᠲᠠᠬᠢ ᠠᠳᠠᠯᠢ ᠦᠨ᠎ᠡ ᠵᠢ ᠪᠡᠶᠡᠯᠡᠭᠦᠯᠵᠦ᠂ ᠤᠤᠭᠤᠬᠤ ᠤᠰᠤᠨ᠎ᠤ ᠠᠮᠦᠷ ᠲᠥᠪᠰᠢᠨ ᠪᠠ ᠪᠣᠶ᠋ᠢᠲᠠ ᠪᠦᠭᠯᠡᠭᠦᠦ ᠮᠠᠯᠵᠢᠬᠤ ᠲᠠᠷᠢᠶᠠᠯᠠᠬᠤ ᠣᠷᠣᠨ᠎ᠤ ᠬᠡᠷᠡᠭᠯᠡᠬᠦ ᠴᠠᠬᠢᠯᠭ᠋ᠠᠨ᠎ᠤ ᠳᠡᠰ ᠳᠡᠪᠰᠢᠭᠦᠯᠬᠦ ᠢᠨᠵᠧᠨᠧᠷᠢᠩ᠎ᠢ ᠤᠷᠤᠭᠰᠢᠲᠠᠢ ᠠᠬᠢᠭᠤᠯᠪᠠ᠃
      ᠰᠤᠷᠭ᠋ᠠᠨ ᠬᠦᠮᠦᠵᠢᠯ᠎ᠢ ᠡᠷᠬᠡ ᠲᠡᠭᠰᠢ᠎ᠪᠠᠷ ᠬᠥᠭᠵᠢᠭᠦᠯᠬᠦ ᠪᠠ ᠴᠢᠨᠠᠷ᠎ᠢ᠎ᠨᠢ ᠳᠡᠭᠡᠭᠰᠢᠯᠡᠭᠦᠯᠬᠦ ᠵᠢ ᠴᠢᠬᠤᠯᠠᠴᠢᠯᠠᠵᠤ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠦᠮᠦᠵᠢᠯ᠎ᠤᠨ ᠬᠡᠦᠬᠡᠳ᠎ᠤᠨ ᠴᠡᠴᠡᠷᠯᠢᠭ᠎ᠲᠤ ᠣᠷᠤᠬᠤ ᠨᠣᠷᠮ᠎ᠠ 90%᠎ᠠᠴᠠ ᠳᠡᠭᠡᠭᠰᠢ᠎ᠳᠤ ᠬᠦᠷᠴᠦ᠂ ᠨᠡᠶ᠋ᠢᠲᠡ 93 ᠬᠤᠰᠢᠭᠤ ᠰᠢᠶᠠᠨ (ᠬᠤᠲᠠ᠂ ᠲᠣᠭᠤᠷᠢᠭ)᠎ᠨᠢ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠲᠡᠩᠴᠡᠭᠦᠷᠢᠲᠡᠢ ᠬᠥᠭᠵᠢᠭᠦᠯᠬᠦ ᠵᠢ ᠦᠨᠡᠯᠡᠨ ᠵᠢᠱ᠌ᠢᠬᠦ ᠪᠠ ᠮᠠᠭ᠋ᠠᠳᠯᠠᠨ ᠲᠣᠭᠲᠠᠭ᠋ᠠᠬᠤ᠎ᠳᠤ ᠪᠠᠲᠤᠯᠠᠭᠳᠠᠪᠠ᠃ ᠦᠨᠳᠦᠰᠦᠲᠡᠨ᠎ᠤ ᠰᠤᠷᠭ᠋ᠠᠨ ᠬᠦᠮᠦᠵᠢᠯ᠎ᠤᠨ ᠪᠦᠬᠦᠶ᠋ᠢᠯᠡ ᠬᠥᠭᠵᠢᠯᠲᠡ ᠵᠢᠨ ᠬᠢᠷᠢ ᠲᠥᠪᠰᠢᠨ ᠪᠦᠬᠦ ᠤᠯᠤᠰ᠎ᠤᠨ ᠲᠡᠷᠢᠭᠦᠨ ᠡᠩᠨᠡᠭᠡᠨ᠎ᠳᠤ ᠣᠷᠤᠪᠠ᠃ ᠠᠯᠤᠰ ᠵᠠᠢ ᠵᠢᠨ ᠡᠮᠴᠢᠯᠡᠭᠡ ᠪᠠ ᠠᠯᠤᠰ ᠵᠠᠢ ᠵᠢᠨ ᠰᠤᠷᠭ᠋ᠠᠨ ᠬᠦᠮᠦᠵᠢᠯ᠎ᠢ ᠬᠡᠷᠡᠭᠵᠢᠭᠦᠯᠵᠦ᠂ ᠴᠢᠨᠠᠷ ᠰᠠᠶ᠋ᠢᠲᠠᠢ ᠡᠬᠢ ᠪᠠᠶᠠᠯᠢᠭ᠎ᠢ ᠬᠠᠮᠲᠤᠪᠡᠷ ᠬᠦᠷᠲᠡᠬᠦ ᠵᠢ ᠠᠬᠢᠭᠤᠯᠪᠠ᠃ ᠰᠤᠶᠤᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ ᠰᠢᠨ᠎ᠠ ᠠᠬᠢᠯᠳᠠ᠎ᠲᠠᠢ ᠪᠤᠯᠪᠠ᠃ ᠪᠦᠬᠦ ᠣᠷᠣᠨ᠎ᠤ ᠶᠢᠰᠦᠳᠦᠭᠡᠷ ᠬᠤᠭᠤᠴᠠᠭ᠋ᠠᠨ᠎ᠤ ᠴᠦᠬᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠡᠷᠬᠢᠯᠡᠵᠦ᠂ ᠮᠠᠨ᠎ᠤ ᠣᠷᠣᠨ᠎ᠤ ᠲᠠᠮᠢᠷᠴᠢᠳ 13 ᠳ᠋ᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠲᠠᠮᠢᠷ᠎ᠤᠨ ᠴᠤᠭᠯᠠᠭ᠋ᠠᠨ᠎ᠳᠤ ᠨᠡᠯᠢᠶᠡᠳ ᠰᠠᠶ᠋ᠢᠨ ᠬᠢᠷᠢ ᠪᠦᠲᠦᠮᠵᠢ ᠣᠯᠪᠠ᠃ ᠬᠥᠯ ᠪᠦᠮᠪᠦᠭᠡ ᠵᠢᠨ ᠬᠦᠳᠡᠯᠭᠡᠭᠡᠨ᠎ᠤ ᠦᠭᠡᠷᠡᠴᠢᠯᠡᠯᠲᠡ ᠵᠢᠨ ᠲᠣᠷᠰᠢᠯᠲᠠ ᠢᠯᠡᠷᠬᠡᠢ ᠦᠷ᠎ᠡ ᠪᠦᠲᠦᠮᠵᠢ᠎ᠲᠠᠢ ᠪᠣᠯᠵᠤ᠂ ᠤᠯᠤᠰ᠎ᠠᠴᠠ ᠵᠥᠪᠰᠢᠶᠡᠷᠡᠭᠰᠡᠨ᠎ᠤ ᠳᠠᠷᠠᠭ᠎ᠠ᠂ 《ᠦᠪᠦᠷ ᠮᠣᠩᠭᠤᠯ᠎ᠤᠨ ᠬᠥᠯ ᠪᠦᠮᠪᠦᠭᠡ ᠵᠢᠨ ᠰᠤᠪᠠᠭ》 ᠪᠠᠶ᠋ᠢᠭᠰᠠᠨ᠎ᠢ 《ᠬᠥᠯ ᠪᠦᠮᠪᠦᠭᠡ ᠵᠢᠨ

ᠰᠤᠪᠠᠭ》 ᠬᠡᠮᠡᠨ ᠬᠠᠯᠠᠵᠤ᠂ ᠪᠦᠬᠦ ᠤᠯᠤᠰ᠎ᠤᠨ ᠬᠥᠯ ᠪᠦᠮᠪᠦᠭᠡ ᠵᠢᠨ ᠬᠦᠳᠡᠯᠭᠡᠭᠡᠨ᠎ᠤ ᠦᠭᠡᠷᠡᠴᠢᠯᠡᠯᠲᠡ ᠬᠥᠭᠵᠢᠯᠲᠡ ᠵᠢ ᠤᠬᠠᠭᠤᠯᠬᠤ ᠪᠠ ᠵᠠᠯᠠᠭ᠋ᠠᠴᠤᠳ ᠪᠠᠭ᠋ᠠᠴᠤᠳ᠎ᠤᠨ ᠬᠥᠯ ᠪᠦᠮᠪᠦᠭᠡ ᠵᠢᠨ ᠬᠦᠳᠡᠯᠭᠡᠭᠡᠨ᠎ᠳᠤ ᠠᠩᠬᠠᠷᠤᠯ ᠲᠠᠯᠪᠢᠬᠤ ᠲᠧᠯᠸᠢᠰ᠎ᠤᠨ ᠰᠤᠪᠠᠭ ᠪᠣᠯᠪᠠ᠃ ᠲᠦᠩᠯᠢᠶᠣᠣ ᠬᠤᠲᠠ᠂ ᠣᠲᠤᠭ᠎ᠤᠨ ᠡᠮᠦᠨᠡᠲᠦ ᠬᠤᠰᠢᠭᠤ᠂ ᠵᠡᠭᠦᠨᠭ᠋ᠠᠷ ᠬᠤᠰᠢᠭᠤ ᠪᠦᠬᠦ ᠤᠯᠤᠰ᠎ᠤᠨ ᠪᠣᠯᠪᠠᠰᠤᠨ ᠬᠤᠲᠠ ᠵᠢᠨ ᠡᠩᠨᠡᠭᠡᠨ᠎ᠳᠤ ᠣᠷᠤᠪᠠ᠃ ᠠᠮᠤᠭᠤᠯᠠᠩ ᠲᠠᠶ᠋ᠢᠪᠣᠩ ᠦᠪᠦᠷ ᠮᠣᠩᠭᠤᠯ᠎ᠤᠨ ᠪᠠᠶ᠋ᠢᠭᠤᠯᠤᠯᠲᠠ ᠵᠢ ᠠᠬᠢᠭᠤᠯᠵᠤ᠂ ᠠᠮᠦᠷ᠎ᠢ ᠬᠠᠮᠠᠭ᠋ᠠᠯᠠᠬᠤ ᠬᠡᠷᠡᠭ᠂ ᠠᠶᠤᠯ ᠦᠭᠡᠢ ᠦᠢ᠍ᠯᠡᠳᠪᠦᠷᠢᠯᠡᠯ᠎ᠤᠨ ᠡ᠊ᠨᠳᠡᠯ ᠭᠠᠷᠬᠤ ᠲᠤᠭ᠎ᠠ ᠶᠡᠷᠦᠩᠬᠡᠢ᠎ᠳᠡᠭᠡᠨ ᠪᠠᠭ᠋ᠠᠰᠴᠤ᠂ ᠠᠷᠠᠳ ᠣᠯᠠᠨ᠎ᠤ ᠢᠳᠡᠭᠡᠨ ᠤᠮᠳᠠᠭ᠋ᠠᠨ ᠪᠠ ᠤᠤᠭᠤᠵᠤ ᠬᠡᠷᠡᠭᠯᠡᠬᠦ ᠡᠮ᠎ᠤᠨ ᠠᠮᠦᠷ ᠲᠥᠪᠰᠢᠨ ᠪᠠᠲᠤᠯᠠᠭ᠎ᠠ᠎ᠲᠠᠢ ᠪᠣᠯᠪᠠ᠃
     2017 ᠣᠨ᠎ᠳᠤ᠂ ᠪᠢᠳᠡ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠲᠠᠯ᠎ᠠ᠎ᠲᠠᠢ ᠬᠤᠯᠪᠣᠭᠳᠠᠭᠤᠯᠤᠨ ᠲᠤᠤᠱᠯᠠᠭᠤᠯᠵᠤ᠂ 《ᠳᠥᠷᠪᠡᠨ ᠦᠵᠡᠯ ᠤᠬᠠᠮᠰᠠᠷ》᠎ᠢ ᠪᠠᠲᠤ ᠪᠣᠢ ᠪᠣᠯᠭ᠋ᠠᠨ᠂ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠬᠦ ᠵᠢ ᠲᠠᠰᠤᠷᠠᠯᠲᠠ ᠦᠭᠡᠢ ᠴᠢᠩᠭ᠋ᠠᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠡ ᠵᠢᠭ᠋ᠠᠪᠤᠷᠢ ᠪᠠ ᠴᠤᠬᠤᠯᠠᠪᠤᠷᠢ ᠵᠢᠨ ᠵᠣᠷᠢᠭ ᠰᠠᠨᠠᠭ᠎ᠠ᠂ ᠵᠢᠴᠢ ᠲᠥᠪ᠎ᠤᠨ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ 《ᠪᠤᠴᠠᠵᠤ ᠪᠠᠶ᠋ᠢᠴᠠᠭ᠋ᠠᠨ ᠦᠵᠡᠬᠦ》᠎ᠳᠤ ᠬᠠᠷᠢᠭᠤ ᠲᠤᠰᠬᠠᠭᠰᠠᠨ ᠰᠠᠨᠠᠯ᠎ᠢ ᠬᠢᠨᠠᠮᠠᠭ᠋ᠠᠢ ᠨᠠᠶ᠋ᠢᠳᠠᠪᠤᠷᠢᠵᠢᠭᠤᠯᠪᠠ᠃ ᠪᠢᠳᠡ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠬᠠᠮᠢᠶᠠᠷᠤᠯᠲᠠ ᠵᠢ ᠵᠢᠷᠤᠮᠵᠢᠭᠤᠯᠵᠤ᠂ ᠥᠷᠢ ᠥᠭᠴᠡᠭᠡ ᠵᠢ ᠢᠳᠡᠪᠬᠢᠲᠡᠢ ᠪᠦᠭᠡᠳ ᠯᠠᠪᠳᠠᠭᠤᠨ ᠵᠶ᠋ᠠᠷ ᠠᠷᠢᠯᠭ᠋ᠠᠨ᠂ ᠵᠠᠰᠠᠭ᠎ᠤᠨ ᠣᠷᠳᠣᠨ᠎ᠤ ᠪᠡᠯᠡ ᠣᠷᠤᠭᠤᠯᠤᠬᠰᠠᠨ ᠨᠢᠭᠡ ᠪᠦᠯᠦᠭ ᠲᠦᠷᠦᠯ ᠵᠦᠢ᠍ᠯ᠎ᠢ ᠪᠠᠶ᠋ᠢᠭᠤᠯᠬᠤ᠎ᠪᠠᠨ ᠵᠣᠭᠰᠤᠭ᠋ᠠᠬᠤ᠂ ᠬᠤᠶ᠋ᠢᠰᠢᠯᠠᠭᠤᠯᠤᠨ ᠪᠠᠶ᠋ᠢᠭᠤᠯᠬᠤ ᠪᠠ ᠬᠠᠰᠤᠨ ᠴᠤᠮᠬᠠᠳᠬᠠᠵᠤ᠂ ᠦᠷᠢᠲᠦᠵᠦ ᠪᠠᠶ᠋ᠢᠭᠰᠠᠨ ᠪᠠᠷᠢᠯᠭ᠎ᠠ ᠵᠢᠨ ᠮᠦᠩᠭᠦ ᠪᠠ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠢᠯᠭ᠋ᠠᠷᠠᠭᠤᠯᠪᠠ᠃ ᠠᠵᠤ ᠦᠢ᠍ᠯᠡᠳᠪᠦᠷᠢ ᠵᠢᠨ ᠨᠡᠮᠡᠭᠳᠡᠯ ᠥᠷᠳᠡᠭ᠎ᠤᠨ ᠲᠤᠭ᠎ᠠ ᠪᠠᠷᠢᠮᠲᠠ᠎ᠨᠢ ᠦᠨᠡᠨ ᠪᠣᠲᠠᠲᠠᠢ ᠪᠢᠰᠢ ᠪᠠ ᠡᠳ᠋᠎ᠤᠨ ᠵᠠᠰᠠᠭ᠎ᠤᠨ ᠣᠷᠣᠯᠭ᠎ᠠ ᠵᠢ ᠬᠡᠢ ᠬᠤᠭᠤᠰᠤᠨ ᠵᠶ᠋ᠠᠷ ᠨᠡᠮᠡᠭᠳᠡᠭᠦᠯᠦᠨ ᠡᠷᠭᠢᠯᠳᠦᠭᠦᠯᠬᠦ ᠵᠡᠷᠭᠡ ᠪᠢᠳᠡᠨ᠎ᠢ ᠣᠯᠠᠨ ᠵᠢᠯ ᠭᠠᠴᠢᠭᠳᠠᠭᠤᠯᠤᠨ ᠮᠤᠬᠤᠭᠤᠵᠦ ᠪᠠᠢ᠌ᠬᠰᠠᠨ ᠪᠡᠷᠬᠡ ᠲᠦᠪᠡᠭᠲᠡᠢ ᠠᠰᠠᠭᠤᠳᠠᠯ᠎ᠤᠳ᠎ᠢ ᠰᠢᠢ᠍ᠳᠪᠦᠷᠢᠯᠡᠵᠦ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠨᠠᠶ᠋ᠢᠳᠠᠪᠤᠷᠢᠲᠠᠢ ᠦᠨᠳᠦᠰᠦᠯᠡᠯ᠎ᠢ ᠬᠠᠩᠭ᠋ᠠᠨ᠂ ᠢᠷᠡᠭᠡᠳᠦᠢ ᠵᠢᠨ ᠬᠥᠭᠵᠢᠯᠲᠡ᠎ᠳᠤ ᠰᠠᠭᠤᠷᠢ ᠵᠢ᠎ᠨᠢ ᠪᠠᠲᠤᠳᠬᠠᠪᠠ᠃ ᠪᠢᠳᠠ ᠠᠵᠢᠯ᠎ᠤᠨ ᠳᠤᠮᠳᠠᠬᠢ ᠴᠢᠩᠭ᠎ᠠ ᠪᠤᠰᠤ ᠪᠠ ᠪᠣᠲᠠᠲᠠᠢ ᠪᠤᠰᠤ᠎ᠠᠴᠠ ᠪᠤᠯᠤᠭᠰᠠᠨ ᠬᠤᠬᠢᠷᠠᠯ ᠬᠦᠨᠦᠭᠡᠯ᠎ᠢ ᠭᠦᠨᠵᠡᠭᠡᠢ ᠲᠠᠨᠢᠵᠤ ᠮᠡᠳᠡᠭᠰᠡᠨ ᠪᠦᠭᠡᠳ ᠨᠡᠮᠡᠭᠳᠡᠭᠦᠯᠬᠦ ᠵᠢᠨ ᠲᠦᠯᠦᠭᠡ ᠯᠡ ᠨᠡᠮᠡᠭᠳᠡᠭᠦᠯᠵᠦ᠂ ᠪᠡᠯᠡ ᠣᠷᠤᠭᠤᠯᠬᠤ ᠵᠢᠨ ᠲᠦᠯᠦᠭᠡ ᠯᠡ ᠪᠡᠯᠡ ᠣᠷᠤᠭᠤᠯᠵᠤ ᠪᠣᠯᠬᠤ ᠦᠭᠡᠢ᠂ ᠦᠢ᠍ᠯᠡᠳᠪᠦᠷᠢᠯᠡᠯ᠎ᠤᠨ ᠶᠡᠷᠦᠩᠬᠡᠢ ᠥᠷᠳᠡᠭ᠎ᠤᠨ ᠨᠡᠮᠡᠭᠳᠡᠯ᠎ᠤᠨ ᠨᠤᠷᠮ᠎ᠠ᠎ᠪᠠᠷ ᠠᠵᠢᠯ᠎ᠤᠨ ᠪᠦᠲᠦᠮᠵᠢ ᠵᠢ ᠳᠦᠭᠦᠮ ᠵᠶ᠋ᠠᠷ ᠦᠨᠡᠯᠡᠨ ᠲᠣᠭᠲᠠᠭ᠋ᠠᠬᠤ ᠬᠥᠭᠵᠢᠯᠲᠡ ᠵᠢᠨ ᠦᠵᠡᠯᠲᠡ ᠪᠠ ᠠᠵᠢᠯ᠎ᠤᠨ ᠪᠦᠲᠦᠮᠵᠢ ᠵᠢᠨ ᠦᠵᠡᠯᠲᠡ ᠵᠢ ᠡᠷᠡᠰ ᠰᠢᠭᠤᠷᠬᠠᠢ᠎ᠪᠠᠷ ᠲᠡᠪᠴᠢᠬᠦ ᠬᠡᠷᠡᠭᠲᠡᠢ᠃
      ᠪᠢᠳᠡ ᠬᠠᠤᠯᠢ ᠶᠤᠰᠤᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠵᠤ᠂ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠬᠠᠤᠯᠢ ᠶᠤᠰᠤᠴᠢ ᠴᠢᠨᠠᠷ᠎ᠢ᠎ᠨᠢ ᠬᠢᠨᠠᠨ ᠪᠠᠶ᠋ᠢᠴᠠᠭ᠋ᠠᠬᠤ ᠪᠠ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠦᠪᠯᠡᠭᠴᠢ ᠵᠢᠨ ᠳᠦᠷᠢᠮ᠎ᠢ ᠲᠡᠭᠦᠯᠳᠡᠷᠵᠢᠭᠦᠯᠦᠨ᠂ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠎ᠳᠤ ᠳᠡᠪᠰᠢᠭᠦᠯᠦᠨ ᠬᠢᠨᠠᠭᠤᠯᠤᠭᠰᠠᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ 8 ᠪᠠᠶ᠋ᠢᠵᠤ᠂ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠢ 35 ᠲᠣᠭᠲᠠᠭ᠋ᠠᠵᠤ᠂ ᠵᠠᠰᠠᠪᠤᠷᠢ ᠣᠷᠤᠭᠤᠯᠤᠭᠰᠠᠨ ᠪᠠ ᠬᠦᠴᠦᠨ ᠦᠭᠡᠢ ᠪᠣᠯᠭ᠋ᠠᠭᠰᠠᠨ ᠪᠠᠶ᠋ᠢᠨ᠎ᠠ᠃ ᠠᠷᠠᠳ᠎ᠤᠨ ᠲᠦᠯᠦᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠥᠷᠥ ᠵᠢᠨ ᠵᠦᠪᠯᠡᠯᠭᠡᠨ᠎ᠤ ᠰᠠᠨᠠᠯ ᠳᠤᠷᠠᠳᠤᠯᠭ᠎ᠠ ᠵᠢ 1069 ᠬᠤᠪᠢ ᠭᠦᠢ᠍ᠴᠡᠳᠭᠡᠨ᠂ ᠭᠦᠢ᠍ᠴᠡᠳᠭᠡᠭᠡᠳ ᠬᠠᠷᠢᠭᠤ ᠥᠭᠭᠦᠭᠰᠡᠨ ᠨᠤᠷᠮ᠎ᠠ 100%᠎ᠳᠤ ᠬᠦᠷᠪᠡ᠃ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠰᠣᠨᠢᠨ ᠮᠡᠳᠡᠭᠡ ᠨᠡᠶ᠋ᠢᠲᠡᠯᠡᠬᠦ ᠳᠦᠷᠢᠮ᠎ᠢ ᠲᠡᠭᠦᠯᠳᠡᠷᠵᠢᠭᠦᠯᠦᠨ᠂ ᠪᠦᠬᠦ ᠵᠢᠯ᠎ᠳᠤ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ 70 ᠤᠳᠠᠭ᠎ᠠ ᠬᠤᠷᠠᠯᠳᠤᠭᠤᠯᠪᠠ᠃ 《ᠠᠯᠪᠠᠨ᠎ᠤ ᠭᠤᠷᠪᠠᠨ ᠵᠠᠷᠤᠳᠠᠯ》᠎ᠤᠨ ᠵᠠᠷᠤᠯᠭ᠎ᠠ ᠵᠢ ᠴᠢᠩᠭ᠎ᠠ ᠬᠢᠵᠠᠭ᠋ᠠᠷᠯᠠᠵᠤ᠂ ᠦᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠳᠠᠬᠢ 10 ᠳ᠋ᠦᠩᠰᠢᠭᠤᠷ ᠲᠦᠭᠦᠷᠢᠭ᠎ᠤᠨ ᠡᠩ᠎ᠤᠨ ᠴᠢᠨᠠᠷᠲᠠᠢ ᠵᠠᠷᠤᠯᠭ᠎ᠠ ᠵᠢ ᠪᠠᠭ᠋ᠠᠰᠬᠠᠨ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ᠎ᠳᠤ ᠬᠡᠷᠡᠭᠯᠡᠪᠡ᠃ ᠴᠢᠬᠤᠯᠡ ᠶᠡᠭᠡ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠂ ᠡᠳ᠋᠎ᠤᠨ ᠵᠠᠰᠠᠭ᠎ᠠᠴᠠ ᠠᠷᠠᠳ᠎ᠤᠨ ᠠᠮᠢᠳᠤᠷᠠᠯ᠎ᠳᠤ ᠬᠡᠷᠡᠭᠯᠡᠬᠦ ᠪᠡᠯᠡ ᠮᠦᠩᠭᠦ᠂ ᠤᠳᠤᠷᠢᠳᠬᠤ ᠺᠠᠳ᠋ᠷ᠎ᠤᠨ ᠠᠵᠤ ᠠᠬᠤᠢ ᠵᠢᠨ ᠬᠠᠷᠢᠭᠤᠴᠠᠯᠭ᠎ᠠ ᠪᠠ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠦᠷᠦᠩᠭᠡ ᠵᠢᠨ ᠲᠠᠯ᠎ᠠ᠎ᠪᠠᠷ ᠲᠤᠰᠢᠶᠠᠯ᠎ᠠᠴᠠ ᠰᠠᠯᠬᠤ᠎ᠳᠤ ᠬᠢᠨᠠᠨ ᠪᠤᠳᠤᠬᠤ ᠠᠵᠢᠯ᠎ᠢ ᠦᠷᠨᠢᠭᠦᠯᠵᠦ᠂ ᠵᠠᠰᠠᠭ ᠵᠠᠬᠢᠷᠭ᠋ᠠᠨ᠎ᠤ ᠬᠢᠨᠠᠨ ᠪᠠᠶ᠋ᠢᠴᠠᠭ᠋ᠠᠯᠲᠠ ᠬᠢᠬᠦ ᠪᠠ ᠰᠢᠮᠳᠠᠭᠤᠯᠤᠨ ᠪᠠᠶ᠋ᠢᠴᠠᠭ᠋ᠠᠬᠤ᠎ᠪᠠᠷ ᠦᠷ᠎ᠡ ᠪᠦᠲᠦᠮᠵᠢ ᠵᠢ᠎ᠨᠢ ᠣᠶ᠋ᠢᠯᠠᠭ᠋ᠠᠬᠤ ᠵᠢ ᠴᠢᠩᠭ᠋ᠠᠷᠠᠭᠤᠯᠤᠨ᠂ ᠠᠷᠢᠭᠤᠨ ᠴᠢᠭᠡᠴᠢ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠪᠠ᠃
      ᠲᠦᠯᠦᠭᠡᠯᠡᠭᠴᠢᠳ ᠡ᠂ ᠲᠤᠰ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠲᠤᠰᠢᠶᠠᠯ ᠬᠠᠷᠢᠭᠤᠴᠠᠭᠰᠠᠨ ᠲᠠᠪᠤᠨ ᠵᠢᠯ ᠪᠣᠯ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠰᠢ ᠮᠠᠨ᠎ᠤ ᠤᠯᠤᠰ᠎ᠤᠨ ᠲᠡᠦᠬᠡᠲᠦ ᠴᠢᠨᠠᠷᠲᠠᠢ ᠠᠮᠵᠢᠯᠲᠠ ᠣᠯᠣᠭᠰᠠᠨ ᠪᠠ ᠲᠡᠦᠬᠡᠲᠦ ᠴᠢᠨᠠᠷᠲᠠᠢ ᠬᠤᠪᠢᠷᠠᠯᠲᠠ ᠭᠠᠷᠤᠭᠰᠠᠨ ᠲᠠᠪᠤᠨ ᠵᠢᠯ ᠪᠣᠯᠣᠨ᠎ᠠ᠂ ᠮᠦᠨ ᠴᠦ᠍ ᠦᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠴᠢᠬᠤᠯᠡ ᠶᠡᠭᠡ ᠠᠮᠵᠢᠯᠲᠠ ᠣᠯᠣᠭᠰᠠᠨ ᠲᠠᠪᠤᠨ ᠵᠢᠯ ᠶᠤᠮ᠃ ᠲᠠᠪᠤᠨ ᠵᠢᠯ᠎ᠤᠨ ᠲᠤᠷᠰᠢ᠂ ᠪᠢᠳᠡᠨ᠎ᠤ ᠠᠮᠵᠢᠯᠲᠠ ᠪᠦᠲᠦᠮᠵᠢ ᠪᠦᠬᠦᠨ ᠪᠠ ᠳᠠᠪᠰᠢᠯᠲᠠ ᠪᠣᠯᠭ᠋ᠠᠨ ᠴᠦᠮ ᠰᠢ ᠵᠢᠨ ᠫᠢᠩ ᠨᠦᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠪᠠ ᠳᠤᠲᠤᠨᠤ ᠬᠠᠯᠠᠮᠵᠢᠯᠠᠯ ᠵᠶ᠋ᠠᠷ ᠤᠯᠤᠬᠰᠠᠨ ᠶᠤᠮ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠠᠮᠢᠳᠤᠯᠢᠭ ᠦᠢ᠍ᠯᠡᠳᠦᠯᠭᠡ᠎ᠠᠴᠠ ᠤᠯᠤᠭᠰᠠᠨ ᠶᠤᠮ᠃ ᠡ᠊ᠨᠳᠡ᠂ ᠪᠢ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠦᠪᠡᠷᠲᠡᠭᠡᠨ ᠵᠠᠰᠠᠬᠤ ᠣᠷᠣᠨ᠎ᠤ ᠦᠭᠡᠷᠡᠴᠢᠯᠡᠯᠲᠡ ᠨᠡᠭᠡᠭᠡᠯᠲᠡ ᠪᠠ ᠤᠳᠤᠬᠢᠴᠢᠯᠠᠭᠰᠠᠨ ᠪᠦᠲᠦᠭᠡᠨ ᠪᠠᠶ᠋ᠢᠭᠤᠯᠤᠯᠲᠠ᠎ᠳᠤ ᠬᠤᠪᠢ ᠨᠡᠮᠡᠷᠢ᠎ᠪᠠᠨ ᠦᠵᠡᠭᠦᠯᠦᠭᠰᠡᠨ ᠨᠦᠬᠦᠳ᠂ ᠦᠪᠦᠷ ᠮᠣᠩᠭᠤᠯ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠠᠶ᠋ᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
      ᠲᠦᠯᠦᠭᠡᠯᠡᠭᠴᠢᠳ ᠡ᠂ ᠮᠠᠨ᠎ᠤ ᠠᠵᠢᠯ᠎ᠳᠤ ᠠᠮᠵᠢᠯᠲᠠ ᠪᠦᠲᠦᠮᠵᠢ᠎ᠲᠠᠢ ᠪᠣᠯᠪᠠᠴᠤ ᠪᠠᠰᠠ ᠬᠦᠷᠦᠯᠴᠡᠬᠦ ᠦᠭᠡᠢ ᠲᠠᠯ᠎ᠠ ᠮᠠᠰᠢ ᠣᠯᠠᠨ ᠣᠷᠤᠰᠢᠵᠤ ᠪᠣᠢ᠂ ᠨᠠᠮ᠎ᠤᠨ ᠲᠥᠪ ᠬᠤᠷᠢᠶ᠎ᠠ ᠵᠢᠨ ᠱᠠᠭ᠋ᠠᠷᠳᠠᠯᠭ᠎ᠠ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠠᠴᠠ ᠪᠠᠰᠠ ᠨᠡᠯᠢᠶᠡᠳ ᠶᠡᠭᠡ ᠵᠦᠷᠢᠶ᠎ᠡ᠎ᠲᠠᠢ ᠪᠠᠶ᠋ᠢᠭᠰᠠᠭ᠋ᠠᠷ ᠪᠠᠶ᠋ᠢᠨ᠎ᠠ᠃ ᠬᠥᠭᠵᠢᠯᠲᠡ ᠵᠢᠨ ᠲᠡᠩᠴᠡᠭᠦᠷᠢ ᠦᠭᠡᠢ ᠪᠠ ᠭᠦᠢ᠍ᠴᠡᠳ ᠪᠤᠰᠤ ᠠᠰᠠᠭᠤᠳᠠᠯ᠎ᠤᠳ ᠳᠤᠪᠤᠶ᠋ᠢᠮ᠎ᠠ ᠪᠠᠶ᠋ᠢᠵᠤ᠂ ᠪᠤᠳᠠᠳᠤ ᠴᠤᠬ᠍ᠴᠠᠳᠤ ᠠᠵᠤ ᠠᠬᠤᠢ᠎ᠳᠤ ᠴᠦᠬᠡᠨ ᠪᠤᠰᠤ ᠬᠦᠴᠢᠷᠳᠡᠯ ᠲᠤᠯᠭ᠋ᠠᠷᠠᠵᠤ᠂ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ ᠪᠣᠯᠣᠨ ᠦᠷ᠎ᠡ ᠠᠰᠢᠭ ᠦᠨᠳᠦᠷ ᠪᠣᠰᠤ ᠪᠠᠶ᠋ᠢᠭᠰᠠᠭ᠋ᠠᠷ; ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠎ᠳᠤ ᠪᠠᠰᠠ ᠴᠦᠬᠡᠨ ᠪᠤᠰᠤ ᠳᠤᠲᠠᠭᠤᠳᠠᠯ᠎ᠲᠠᠢ ᠪᠠᠶ᠋ᠢᠵᠤ᠂ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ ᠵᠢᠨ ᠡᠭᠦᠷᠭᠡ ᠬᠠᠲᠠᠭᠤ ᠪᠡᠷᠬᠡᠰᠢᠶᠡᠯᠲᠡᠢ ᠪᠠᠶ᠋ᠢᠵᠤ᠂ ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ᠎ᠨᠢ ᠮᠦᠨ ᠬᠦ᠌ ᠪᠦᠬᠦ ᠤᠯᠤᠰ᠎ᠤᠨ ᠳᠤᠮᠳᠠᠴᠢ ᠬᠢᠷᠢ ᠲᠥᠪᠰᠢᠨ᠎ᠠᠴᠠ ᠳᠣᠣᠷ᠎ᠠ ᠪᠠᠶ᠋ᠢᠵᠤ᠂ ᠬᠤᠲᠠ ᠬᠦᠳᠡᠭᠡ ᠵᠢᠨ ᠬᠤᠭᠤᠷᠤᠨᠳᠤᠬᠢ ᠪᠠ ᠣᠷᠣᠨ ᠪᠦᠰᠡ ᠵᠢᠨ ᠬᠤᠭᠤᠷᠤᠨᠳᠤᠬᠢ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠲᠥᠪᠰᠢᠨ ᠵᠢᠴᠢ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠵᠦᠷᠢᠶ᠎ᠡ ᠨᠡᠯᠢᠶᠡᠳ ᠶᠡᠭᠡ ᠪᠠᠶ᠋ᠢᠭᠰᠠᠭ᠋ᠠᠷ; ᠠᠮᠢ ᠠᠬᠤᠢ ᠵᠢᠨ ᠣᠷᠴᠢᠨ ᠲᠣᠭᠤᠷᠢᠨ ᠮᠦᠨ ᠬᠦ᠌ ᠪᠠᠭᠤᠷᠠᠢ ᠬᠡᠪᠡᠷᠡᠭ ᠪᠠᠶ᠋ᠢᠵᠤ᠂ ᠬᠠᠮᠠᠭ᠋ᠠᠯᠠᠨ ᠵᠠᠰᠠᠬᠤ ᠡᠭᠦᠷᠭᠡ ᠮᠠᠰᠢ ᠨᠦᠰᠡᠷ ᠬᠦᠨᠳᠦ ᠪᠠᠶ᠋ᠢᠭᠰᠠᠭ᠋ᠠᠷ; ᠪᠢᠳᠠ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠠᠷᠢᠯᠭ᠋ᠠᠬᠤ᠎ᠳᠤ ᠪᠠᠰᠠ ᠠᠵᠢᠯ᠎ᠤᠨ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠬᠤ ᠴᠢᠬᠤᠯᠠᠲᠠᠢ ᠪᠠᠶ᠋ᠢᠨ᠎ᠠ; ᠵᠠᠰᠠᠭ᠎ᠤᠨ ᠣᠷᠳᠣᠨ᠎ᠤ ᠠᠵᠢᠯ᠎ᠳᠤ ᠦᠷ᠎ᠡ ᠪᠦᠲᠦᠮᠵᠢ᠎ᠪᠠᠷ ᠦᠨᠳᠦᠷ ᠪᠤᠰᠤ᠂ ᠦᠢ᠍ᠯᠡᠴᠢᠯᠡᠭᠡᠨ᠎ᠤ ᠦᠵᠡᠯ ᠤᠬᠠᠮᠰᠠᠷ ᠵᠶ᠋ᠠᠷ ᠴᠢᠩᠭ᠎ᠠ ᠪᠤᠰᠤ᠂ ᠬᠠᠤᠯᠢ ᠶᠤᠰᠤᠭ᠋ᠠᠷ ᠵᠠᠰᠠᠭ ᠶᠠᠪᠤᠭᠤᠯᠬᠤ ᠴᠢᠳᠠᠪᠤᠷᠢ᠎ᠪᠠᠷ ᠭᠦᠢ᠍ᠴᠡᠳ ᠪᠤᠰᠤ ᠪᠠᠶ᠋ᠢᠬᠤ ᠵᠡᠷᠭᠡ ᠠᠰᠠᠭᠤᠳᠠᠯ᠎ᠤᠳ ᠣᠷᠤᠰᠢᠭᠰᠠᠭ᠋ᠠᠷ ᠪᠠᠶ᠋ᠢᠨ᠎ᠠ᠃
      ᠪᠢᠳᠡ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠵᠣᠷᠢᠭᠲᠠᠢ᠎ᠪᠠᠷ ᠦᠨᠡᠨ ᠶᠤᠰᠤ ᠵᠢ ᠪᠠᠷᠢᠮᠲᠠᠯᠠᠬᠤ ᠪᠠ ᠠᠯᠳᠠᠭ᠎ᠠ ᠪᠤᠷᠤᠭᠤ᠎ᠪᠠᠨ ᠵᠠᠯᠠᠷᠠᠭᠤᠯᠵᠤ᠂ ᠵᠣᠷᠢᠭᠲᠠᠢ᠎ᠪᠠᠷ ᠦᠪᠡᠷ᠎ᠢ᠎ᠪᠠᠨ ᠬᠤᠪᠢᠰᠬᠠᠨ᠂ ᠵᠦᠷᠢᠴᠡᠯ᠎ᠳᠤ ᠰᠢᠭᠤᠳ ᠬᠠᠨᠳᠤᠵᠦ᠂ ᠠᠰᠠᠭᠤᠳᠠᠯ᠎ᠢ ᠰᠢᠢ᠍ᠳᠪᠦᠷᠢᠯᠡᠨ᠂ ᠠᠵᠢᠯ ᠵᠶ᠋ᠠᠨ ᠰᠠᠶ᠋ᠢᠵᠢᠷᠠᠭᠤᠯᠬᠤ ᠴᠢᠬᠤᠯᠠᠲᠠᠢ ᠪᠠᠶ᠋ᠢᠨ᠎ᠠ᠃
      ᠬᠤᠶᠠᠷ᠂ ᠬᠤᠶ᠋ᠢᠰᠢᠳᠠ ᠵᠢᠨ ᠲᠠᠪᠤᠨ ᠵᠢᠯ᠎ᠤᠨ ᠠᠵᠢᠯ᠎ᠤᠨ ᠶᠡᠷᠦᠩᠭᠡᠢ ᠰᠡᠳᠭᠢᠮᠵᠢ
      ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠳᠤᠮᠳᠠᠲᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠢᠨ᠎ᠡ ᠴᠠᠭ ᠦᠶ᠎ᠡ᠎ᠳᠤ ᠣᠷᠣᠭᠰᠠᠨ ᠴᠢᠬᠤᠯᠠ ᠶᠡᠭᠡ ᠤᠯᠤᠰ ᠲᠥᠷᠥ ᠵᠢᠨ ᠮᠠᠭ᠋ᠠᠳᠯᠠᠯᠲᠠ ᠵᠢ ᠭᠠᠷᠭ᠋ᠠᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ ᠰᠢᠢ᠍ᠳᠪᠦᠷᠢᠲᠦ ᠢᠯᠠᠯᠲᠠ ᠣᠯᠬᠤ᠎ᠳᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠬᠢᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠠᠶ᠋ᠢᠭᠤᠯᠬᠤ ᠭᠤᠶ᠋ᠢᠲᠠ ᠰᠠᠶ᠋ᠢᠬᠠᠨ ᠵᠢᠷᠤᠭ ᠲᠥᠯᠦᠪᠯᠡᠭᠡ ᠵᠢ ᠵᠢᠷᠤᠭᠯᠠᠭᠰᠠᠨ ᠪᠠᠶ᠋ᠢᠨ᠎ᠠ᠃ ᠬᠤᠶ᠋ᠢᠰᠢᠳᠠ ᠵᠢᠨ ᠳᠠᠪᠤᠨ ᠵᠢᠯ ᠪᠣᠯ 《ᠬᠤᠣᠰ ᠵᠠᠭᠤᠨ ᠵᠢᠯ》᠎ᠤᠨ ᠲᠡᠮᠡᠴᠡᠬᠦ ᠬᠠᠷᠠᠯᠲᠠ ᠵᠢᠨ ᠲᠡᠦᠬᠡᠳᠦ ᠠᠭᠤᠯᠵᠠᠷ᠎ᠤᠨ ᠦᠶ᠎ᠡ ᠪᠣᠯᠣᠨ᠎ᠠ᠃ ᠪᠢᠳᠡ ᠥᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ᠎ᠤᠨ ᠣᠢ᠂ ᠰᠢᠨ᠎ᠡ ᠳᠤᠮᠳᠠᠲᠤ ᠤᠯᠤᠰ ᠪᠠᠶ᠋ᠢᠭᠤᠯᠤᠭᠳᠠᠭᠰᠠᠨ 70 ᠵᠢᠯ᠎ᠤᠨ ᠣᠢ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ᠂ ᠨᠠᠮ ᠪᠠᠶ᠋ᠢᠭᠤᠯᠤᠭᠳᠠᠭᠰᠠᠨ 100 ᠵᠢᠯ᠎ᠤᠨ ᠣᠢ ᠵᠢ ᠤᠭᠲᠤᠬᠤ ᠪᠣᠯᠣᠨ᠎ᠠ᠃ ᠬᠤᠶ᠋ᠢᠰᠢᠳᠠ ᠵᠢᠨ ᠲᠠᠪᠤᠨ ᠵᠢᠯ᠎ᠤᠨ ᠠᠵᠢᠯ᠎ᠢ ᠰᠠᠶ᠋ᠢᠲᠤᠷ ᠬᠢᠬᠦ᠎ᠳᠤ ᠡᠭᠦᠷᠭᠡ ᠬᠠᠷᠢᠭᠤᠴᠠᠯᠭ᠎ᠠ ᠬᠦᠨᠳᠦ ᠮᠦᠷᠲᠡᠭᠡᠨ ᠠᠯᠤᠰ ᠬᠡᠳᠦ ᠵᠢᠨ ᠠᠴᠢ ᠬᠤᠯᠪᠣᠭᠳᠠᠯ᠎ᠲᠠᠢ ᠪᠠᠢ᠌ᠨ᠎ᠠ᠃
      ᠣᠳᠣ᠎ᠠᠴᠠ 2020 ᠣᠨ ᠪᠣᠯᠲᠠᠯᠠᠬᠢ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ ᠵᠢᠨ ᠰᠢᠢ᠍ᠳᠪᠦᠷᠢᠲᠦ ᠢᠯᠠᠯᠲᠠ ᠵᠢ ᠣᠯᠬᠤ ᠴᠠᠭ ᠬᠤᠭᠤᠴᠠᠭ᠎ᠠ ᠪᠣᠯᠣᠨ᠎ᠠ᠂ ᠵᠥᠪᠬᠡᠨ ᠥᠷᠯᠥᠭᠡ ᠦᠳᠡᠰᠢ ᠦᠭᠡᠢ ᠴᠢᠷᠮᠠᠶ᠋ᠢᠨ ᠲᠡᠮᠡᠴᠡᠪᠡᠰᠦ ᠮᠠᠨ᠎ᠤ ᠬᠠᠷᠠᠯᠲᠠ᠎ᠪᠠᠨ ᠪᠡᠶᠡᠯᠡᠭᠦᠯᠵᠦ ᠴᠢᠳᠠᠨ᠎ᠠ᠃ ᠪᠢᠳᠡ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠢ ᠰᠢᠨᠵᠢᠯᠡᠨ ᠪᠠᠶ᠋ᠢᠴᠠᠭ᠋ᠠᠬᠤ᠎ᠳᠤ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠵᠤ᠂ ᠭᠤᠣᠯᠳᠠᠯᠭ᠎ᠠ ᠵᠢ ᠠᠳᠬᠤᠬᠤ᠂ ᠳᠤᠲᠠᠭᠤᠳᠠᠯ᠎ᠢ ᠨᠦᠬᠦᠪᠦᠷᠢᠯᠡᠬᠦ᠂ ᠪᠠᠭᠤᠷᠠᠢ ᠲᠠᠯ᠎ᠠ᠎ᠪᠠᠨ ᠬᠦᠴᠦᠷᠭᠡᠭᠵᠢᠭᠦᠯᠬᠦ ᠵᠢ ᠲᠣᠪᠣᠶ᠋ᠢᠯᠭ᠋ᠠᠵᠤ᠂ ᠢᠯᠠᠩᠭᠤᠶ᠎ᠠ ᠬᠦᠨᠳᠦ ᠬᠡᠴᠡᠭᠦᠦ ᠲᠥᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠂ ᠲᠦᠢ᠍ᠯ᠎ᠤᠨ ᠣᠨᠣᠪᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ᠂ ᠪᠣᠬᠢᠷᠳᠦᠯ᠎ᠢ ᠰᠡᠷᠭᠡᠶ᠋ᠢᠯᠡᠨ ᠵᠠᠰᠠᠬᠤ ᠰᠢᠪᠲᠦᠯᠦᠯᠲᠠ ᠵᠢᠨ ᠳᠠᠶ᠋ᠢᠯᠠᠯᠳᠤᠭ᠋ᠠᠨ᠎ᠨᠤᠭᠤᠳ᠎ᠢ ᠰᠢᠭᠤᠷᠬᠠᠢ ᠰᠠᠶ᠋ᠢᠨ ᠬᠢᠵᠦ᠂ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠨᠣᠷᠮ᠎ᠠ ᠵᠢ ᠵᠣᠬᠢᠰᠲᠠᠢ ᠬᠢᠷᠢ ᠲᠦᠪᠰᠢᠨ᠎ᠳᠤ ᠬᠦᠷᠲᠡᠯ᠎ᠡ ᠪᠠᠭᠤᠷᠠᠭᠤᠯᠵᠤ᠂ ᠰᠢᠰᠲ᠋ᠧᠮ᠎ᠤᠨ ᠴᠢᠨᠠᠷᠲᠠᠢ ᠲᠥᠭᠰᠢᠭᠦᠷᠢ ᠥᠯᠥ ᠭᠠᠷᠭ᠋ᠠᠬᠤ ᠬᠤᠷᠢᠭ᠎ᠠ ᠱᠤᠭᠤᠮ᠎ᠢ ᠡᠷᠡᠰ ᠰᠠᠬᠢᠨ᠎ᠠ; ᠤᠯᠤᠰ᠎ᠤᠨ ᠣᠳᠣ ᠵᠢᠨ ᠬᠡᠷᠡᠭᠵᠢᠬᠦᠯᠵᠦ ᠪᠠᠶ᠋ᠢᠭ᠎ᠠ ᠪᠠᠷᠢᠮᠵᠢᠶ᠎ᠠ᠎ᠪᠠᠷ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠦᠴᠢᠷᠳᠡᠯᠲᠡᠢ ᠬᠦᠮᠦᠨ ᠠᠮᠠ ᠵᠢ ᠶᠠᠳᠠᠭᠤ᠎ᠠᠴᠠ ᠪᠦᠭᠦᠳᠡ ᠵᠢ ᠠᠩᠭᠢᠵᠢᠷᠠᠭᠤᠯᠵᠦ᠂ ᠶᠠᠳᠠᠭᠤ ᠬᠦᠴᠢᠷᠳᠡᠯᠲᠠᠢ ᠬᠤᠰᠢᠭᠤ ᠰᠢᠶᠠᠨ᠎ᠢ ᠶᠠᠳᠠᠭᠤ ᠵᠢᠨ ᠨᠡᠷ᠎ᠠ᠎ᠠᠴᠠ᠎ᠨᠢ ᠬᠠᠰᠤᠵᠦ ᠭᠠᠷᠭ᠋ᠠᠨ᠎ᠠ; ᠭᠤᠣᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠶᠡᠬᠡᠪᠡᠷ ᠪᠠᠭ᠋ᠠᠰᠬᠠᠵᠤ᠂ ᠠᠮᠢ ᠠᠬᠤᠢ ᠵᠢᠨ ᠣᠷᠴᠢᠨ ᠲᠣᠭᠤᠷᠢᠨ᠎ᠢ ᠥᠷᠭᠦᠯᠵᠢᠯᠡᠨ ᠰᠠᠶ᠋ᠢᠵᠢᠷᠠᠭᠤᠯᠤᠨ᠎ᠠ᠃ ᠴᠢᠨᠠᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ ᠰᠠᠭᠤᠷᠢᠨ ᠳᠡᠭᠡᠷ᠎ᠡ᠂ ᠠᠰᠢᠭᠲᠠᠢ ᠪᠠᠶ᠋ᠢᠳᠠᠯ᠎ᠢ ᠠᠰᠢᠭᠯᠠᠨ᠂ ᠣᠳᠣᠬᠢᠴᠢᠯᠠᠯᠲᠠ ᠵᠢ ᠪᠦᠬᠦ ᠲᠠᠯ᠎ᠠ᠎ᠪᠠᠷ ᠪᠠᠶ᠋ᠢᠭᠤᠯᠬᠤ ᠰᠢᠨ᠎ᠡ ᠠᠶᠠᠯᠠᠯ᠎ᠢ ᠡᠬᠢᠯᠡᠭᠦᠯᠵᠦ᠂ ᠠᠵᠤ ᠠᠬᠤᠢ ᠨᠡᠶ᠋ᠢᠭᠡᠮ᠎ᠤᠨ ᠨᠡᠩ ᠦᠨᠳᠦᠷ ᠬᠢᠷᠢ ᠲᠦᠪᠰᠢᠨ᠎ᠲᠠᠢ᠂ ᠴᠢᠨᠠᠷᠵᠢᠭᠤᠨ ᠬᠥᠭᠵᠢᠯᠲᠡ᠎ᠲᠠᠢ ᠪᠠᠶ᠋ᠢᠬᠤ ᠵᠢ ᠠᠬᠢᠭᠤᠯᠤᠨ᠎ᠠ᠃
      ᠬᠤᠶ᠋ᠢᠰᠢᠲᠠ ᠵᠢᠨ ᠲᠠᠪᠤᠨ ᠵᠢᠯ᠎ᠤᠨ ᠠᠵᠢᠯ᠎ᠢ ᠰᠠᠶ᠋ᠢᠲᠤᠷ ᠬᠢᠬᠦ᠎ᠳᠤ᠂ ᠪᠢᠳᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠲᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠨ᠂ ᠨᠠᠮ᠎ᠤᠨ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠨ᠂ 《ᠳᠦᠷᠪᠡᠨ ᠦᠵᠡᠯ ᠤᠬᠠᠮᠰᠠᠷ》᠎ᠢ ᠦᠨᠡᠨᠬᠦ ᠴᠢᠩᠭ᠋ᠠᠳᠬᠠᠵᠤ᠂ 《ᠲᠥᠷᠪᠡᠨ ᠢᠲᠡᠭᠡᠯ》 ᠵᠶ᠋ᠠᠨ ᠪᠠᠲᠤᠳᠬᠠᠨ᠂ ᠰᠢ ᠵᠢᠨ ᠫᠢᠩ ᠨᠦᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠵᠢᠨ ᠡᠷᠬᠡ ᠰᠦᠷ ᠪᠠ ᠲᠦᠪᠯᠡᠷᠠᠨᠭ᠌ᠬᠦᠢ ᠨᠢᠭᠡᠳᠦᠯᠲᠡᠢ ᠤᠳᠤᠷᠢᠳᠤᠯᠭ᠎ᠠ ᠵᠢ ᠤᠬᠠᠮᠰᠠᠷ᠎ᠠᠴᠠ᠎ᠪᠠᠨ ᠬᠠᠮᠠᠭ᠋ᠠᠯᠠᠵᠤ᠂ ᠦᠵᠡᠯ ᠰᠠᠨᠠᠭ᠎ᠠ ᠤᠯᠤᠰ ᠲᠥᠷᠥ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠤᠬᠠᠮᠰᠠᠷ᠎ᠠᠴᠠ᠎ᠪᠠᠨ ᠰᠢ ᠵᠢᠨ ᠫᠢᠩ ᠨᠦᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠲᠥ ᠬᠡᠮᠵᠢᠶᠡᠨ᠎ᠤ ᠨᠢᠭᠡᠳᠦᠯᠲᠡᠢ ᠪᠠᠶ᠋ᠢᠬᠤ ᠵᠢ ᠪᠠᠷᠢᠮᠲᠠᠯᠠᠨ᠎ᠠ᠃
      ᠪᠢᠳᠡ ᠲᠣᠭᠲᠠᠭᠤᠨ ᠵᠶ᠋ᠠᠷ ᠣᠷᠣᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠵᠤ᠂ ᠬᠥᠭᠵᠢᠯᠲᠡ ᠵᠢᠨ ᠳᠤᠮᠳᠠᠬᠢ ᠲᠣᠭᠲᠠᠭᠤᠨ ᠪᠠ ᠳᠠᠪᠰᠢᠯᠲᠠ ᠵᠢᠨ ᠬᠠᠷᠢᠴᠠᠭ᠎ᠠ ᠵᠢ ᠵᠥᠪ ᠣᠨᠣᠪᠴᠢᠲᠠᠢ ᠰᠢᠢ᠍ᠳᠪᠦᠷᠢᠯᠡᠵᠦ᠂ ᠴᠠᠭ᠎ᠢ ᠠᠵᠢᠵᠦ ᠪᠠᠶ᠋ᠢᠳᠠᠯ᠎ᠢ ᠰᠢᠨᠵᠢᠵᠦ᠂ ᠭᠦᠨ ᠪᠣᠳᠣᠯᠬᠢᠯᠠᠵᠤ ᠭᠦᠢ᠍ᠴᠡᠳ ᠰᠡᠳᠭᠢᠨ᠂ ᠵᠢᠮ᠎ᠠ ᠬᠠᠤᠯᠢ ᠵᠢ ᠴᠢᠬᠤᠯᠠᠴᠢᠯᠠᠵᠤ᠂ ᠠᠵᠢᠯ᠎ᠤᠨ ᠠᠶ᠋ᠢᠵᠠᠮ ᠪᠠ ᠡᠷᠴᠢᠮ ᠵᠶ᠋ᠠᠨ ᠰᠠᠶ᠋ᠢᠲᠤᠷ ᠡᠵᠡᠮᠰᠢᠵᠦ᠂ ᠨᠠᠵᠠᠭ᠋ᠠᠢ᠎ᠪᠠᠷ ᠠᠷᠭ᠋ᠠᠴᠠᠬᠤ ᠪᠠ ᠳᠠᠪᠰᠢᠨ ᠴᠢᠷᠮᠠᠶ᠋ᠢᠬᠤ ᠦᠭᠡᠢ ᠪᠠᠶ᠋ᠢᠬᠤ ᠵᠢ ᠡᠰᠡᠷᠭᠦᠴᠡᠬᠦ ᠮᠦᠷᠲᠡᠭᠡᠨ ᠪᠠᠰᠠ ᠬᠡᠶ᠋ᠢᠷᠬᠡᠨ ᠮᠣᠨᠣᠭᠯᠠᠬᠤ ᠪᠠ ᠲᠦᠷᠭᠡᠨ ᠪᠦᠲᠦᠭᠡᠬᠦ᠎ᠪᠠᠷ ᠬᠥᠭᠡᠭᠡᠴᠡᠯᠳᠦᠬᠦ ᠵᠢ ᠡᠰᠡᠷᠭᠦᠴᠡᠨ᠎ᠡ᠂ ᠲᠣᠭᠲᠠᠭᠤᠨ ᠵᠶ᠋ᠠᠷ ᠤᠷᠤᠭᠰᠢᠯᠠᠨ ᠳᠠᠪᠰᠢᠵᠤ᠂ ᠠᠯᠤᠰ᠎ᠤᠨ ᠠᠶᠠᠨ ᠵᠶ᠋ᠠᠨ ᠯᠠᠪᠳᠠᠭᠤᠨ ᠵᠶ᠋ᠠᠷ ᠵᠣᠷᠢᠬᠤ ᠵᠢ ᠪᠡᠶᠡᠯᠡᠭᠦᠯᠦᠨ᠎ᠡ᠃
      ᠪᠢᠳᠡ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠠᠷᠢᠮᠲᠠᠯᠠᠵᠤ᠂ ᠴᠢᠨᠠᠷᠵᠢᠭᠤᠨ ᠬᠥᠭᠵᠢᠭᠦᠯᠬᠦ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠤᠨ ᠭᠤᠣᠯ ᠵᠦᠷᠢᠴᠡᠯ᠎ᠤᠨ ᠬᠤᠪᠢᠷᠠᠯᠲᠠ᠎ᠲᠠᠢ ᠨᠢᠭᠲᠠ ᠤᠶᠠᠯᠳᠤᠭᠤᠯᠤᠨ᠂ ᠶᠠᠰᠦ ᠴᠢᠨᠠᠷ᠎ᠢ ᠲᠡᠷᠢᠭᠦᠨ᠎ᠳᠤ ᠲᠠᠯᠪᠢᠬᠤ᠂ ᠦᠷ᠎ᠡ ᠪᠦᠲᠦᠮᠵᠢ ᠵᠢ ᠤᠷᠢᠳᠠᠪᠠᠷ ᠪᠣᠳᠣᠯᠬᠢᠯᠠᠬᠤ ᠵᠢ ᠪᠠᠷᠢᠮᠲᠠᠯᠠᠵᠤ᠂ ᠠᠵᠤ ᠠᠬᠤᠢ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠬᠤᠪᠢᠷᠠᠭᠤᠯᠵᠤ᠂ ᠠᠵᠤ ᠠᠬᠤᠢ ᠵᠢᠨ ᠪᠦᠲᠦᠴᠡ ᠵᠢ ᠰᠢᠯᠢᠳᠡᠭᠵᠢᠭᠦᠯᠦᠨ᠂ ᠮᠠᠨ᠎ᠤ ᠣᠷᠣᠨ᠎ᠤ ᠠᠵᠤ ᠠᠬᠤᠢ ᠵᠢᠨ ᠴᠢᠨᠠᠷᠵᠢᠭᠤᠨ ᠬᠥᠭᠵᠢᠬᠦ ᠵᠢ ᠠᠬᠢᠭᠤᠯᠤᠨ᠎ᠠ᠃
      ᠪᠢᠳᠠ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠶ᠋ᠢᠷᠢᠰᠢᠭᠤᠯᠤᠯᠲᠠ ᠵᠢ ᠨᠢᠭᠡᠳᠦᠯᠲᠡᠢ ᠲᠥᠯᠦᠪᠯᠡᠨ ᠠᠬᠢᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠦᠮᠦᠵᠢᠯ ᠵᠶ᠋ᠠᠷ ᠤᠯᠤᠰ ᠵᠶ᠋ᠠᠨ ᠬᠥᠭᠵᠢᠭᠦᠯᠬᠦ ᠪᠠᠶ᠋ᠢᠯᠳᠤᠬᠤ ᠪᠣᠳᠣᠯᠭ᠎ᠠ᠂ ᠴᠢᠳᠠᠪᠤᠷᠢᠲᠡᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ᠂ ᠰᠢᠨ᠎ᠡ ᠵᠢ ᠡᠭᠦᠳᠬᠦ᠎ᠪᠠᠷ ᠬᠦᠳᠡᠯᠭᠡᠭᠦᠷ ᠪᠣᠯᠭ᠋ᠠᠨ ᠬᠥᠭᠵᠢᠭᠦᠯᠬᠦ ᠪᠠᠶ᠋ᠢᠯᠳᠤᠬᠤ ᠪᠣᠳᠣᠯᠭ᠎ᠠ᠂ ᠬᠦᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ᠂ ᠣᠷᠣᠨ ᠪᠦᠰᠡ ᠵᠢᠨ ᠵᠣᠬᠢᠴᠠᠯᠳᠤᠨ ᠬᠥᠭᠵᠢᠬᠦ ᠪᠠᠶ᠋ᠢᠯᠳᠤᠬᠤ ᠪᠣᠳᠣᠯᠭ᠎ᠠ᠂ ᠦᠷᠭᠦᠯᠵᠢᠯᠡᠨ ᠬᠥᠭᠵᠢᠭᠦᠯᠬᠦ ᠪᠠᠶ᠋ᠢᠯᠳᠤᠬᠤ ᠪᠣᠳᠣᠯᠭ᠎ᠠ᠂ ᠴᠡᠷᠢᠭ ᠠᠷᠠᠳ᠎ᠤᠨ ᠠᠭᠤᠰᠤᠯᠴᠠᠨ ᠬᠥᠭᠵᠢᠬᠦ ᠪᠠᠶ᠋ᠢᠯᠳᠤᠬᠤ ᠪᠣᠳᠣᠯᠭ᠎ᠠ᠎ᠨᠤᠭᠤᠳ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠎ᠠ᠃
      ᠪᠢᠳᠠ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ᠎ᠪᠠᠷ ᠭᠤᠣᠯ ᠰᠢᠵᠢᠮ ᠪᠣᠯᠭ᠋ᠠᠨ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠵᠢ ᠠᠬᠢᠭᠤᠯᠬᠤ᠂ ᠪᠦᠳᠦᠴᠡ ᠵᠢ ᠲᠣᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠲᠥᠭᠰᠢᠭᠦᠷᠢ ᠵᠢ ᠰᠡᠷᠭᠡᠶ᠋ᠢᠯᠡᠬᠦ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠭᠡᠷᠡᠴᠢᠯᠡᠯᠲᠡ ᠨᠡᠬᠡᠭᠡᠯᠲᠡ ᠵᠢ ᠬᠦᠨᠵᠡᠭᠡᠶ᠋ᠢᠷᠡᠭᠦᠯᠦᠨ᠂ ᠶᠠᠰᠦ ᠴᠢᠨᠠᠷ᠎ᠤᠨ ᠬᠤᠪᠢᠰᠤᠯᠲᠠ᠂ ᠦᠷ᠎ᠡ ᠠᠰᠢᠭ᠎ᠤᠨ ᠬᠤᠪᠢᠰᠤᠯᠲᠠ᠂ ᠬᠦᠳᠡᠯᠭᠡᠭᠴᠢ ᠬᠦᠴᠦᠨ᠎ᠤ ᠬᠤᠪᠢᠰᠤᠯᠲᠠ ᠵᠢ ᠠᠬᠢᠭᠤᠯᠤᠨ᠎ᠠ᠃ ᠪᠣᠳᠠᠲᠤ ᠴᠣᠭᠴᠠᠳᠤ ᠠᠵᠤ ᠠᠬᠤᠢ᠂ ᠰᠢᠨᠵᠢᠯᠡᠬᠦ ᠤᠬᠠᠭ᠋ᠠᠨ ᠮᠡᠷᠬᠡᠵᠢᠯ᠎ᠤᠨ ᠰᠢᠨ᠎ᠡ ᠡᠬᠦᠳᠦᠯᠳᠡ᠂ ᠣᠳᠣ ᠦᠶ᠎ᠡ ᠵᠢᠨ ᠮᠥᠩᠭᠦᠨ ᠭᠦᠢ᠍ᠯᠭᠡᠭᠡᠨ᠂ ᠬᠦᠮᠦᠨ᠎ᠤ ᠬᠦᠴᠦᠨ᠎ᠤ ᠡᠬᠢ ᠪᠠᠶᠠᠯᠢᠭ᠎ᠤᠨ ᠵᠤᠬᠢᠴᠠᠯᠳᠤᠨ ᠬᠦᠭᠵᠢᠭᠰᠡᠨ ᠠᠵᠤ ᠦᠢ᠍ᠯᠡᠰ᠎ᠤᠨ ᠰᠢᠰᠲ᠋ᠧᠮᠵᠢ ᠵᠢ ᠲᠦᠷᠭᠡᠳᠭᠡᠨ ᠪᠠᠶ᠋ᠢᠭᠤᠯᠵᠤ᠂ ᠳᠥᠷᠢᠮ᠎ᠤᠨ ᠪᠠᠲᠤᠯᠠᠭ᠎ᠠ᠎ᠪᠠᠨ ᠴᠢᠩᠭ᠋ᠠᠳᠬᠠᠨ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮᠵᠢ ᠵᠢ ᠪᠦᠲᠦᠭᠡᠨ ᠪᠠᠶ᠋ᠢᠭᠤᠯᠤᠨ᠎ᠠ᠃
      ᠪᠢᠳᠠ ᠠᠯᠢᠪᠠ ᠠᠵᠢᠯ᠎ᠳᠠᠭᠠᠨ ᠴᠦᠮ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠮᠦᠷᠦᠬᠡᠳᠦᠯ ᠵᠶ᠋ᠠᠷ ᠮᠠᠨ᠎ᠤ ᠲᠠᠮᠠᠴᠡᠯ᠎ᠤᠨ ᠬᠠᠷᠠᠯᠲᠠ᠎ᠪᠠᠨ ᠪᠣᠯᠭ᠋ᠠᠨ᠎ᠠ᠃ ᠠᠷᠠᠳ ᠣᠯᠠᠨ᠎ᠤ ᠬᠠᠮᠤᠭ᠎ᠠᠴᠠ ᠰᠡᠳᠭᠢᠯᠭᠡ ᠲᠠᠯᠪᠢᠵᠤ ᠪᠠᠶ᠋ᠢᠭ᠎ᠠ ᠰᠤᠷᠭ᠋ᠠᠨ ᠬᠦᠮᠦᠵᠢᠯ᠂ ᠠᠵᠢᠯ ᠣᠯᠭᠤᠯᠲᠠ᠂ ᠣᠷᠣᠯᠭ᠎ᠠ᠂ ᠣᠷᠣᠨ ᠰᠠᠭᠤᠴᠠ᠂ ᠡᠮᠴᠢᠯᠡᠭᠡ᠂ ᠨᠡᠶ᠋ᠢᠭᠡᠮ᠎ᠤᠨ ᠪᠠᠲᠤᠯᠠᠭ᠎ᠠ ᠵᠡᠷᠭᠡ ᠠᠰᠠᠭᠤᠳᠠᠯ᠎ᠤᠳ᠎ᠢ ᠰᠠᠶ᠋ᠢᠲᠤᠷ ᠰᠢᠢ᠍ᠳᠪᠦᠷᠢᠯᠡᠵᠦ᠂ ᠨᠢᠭᠡ ᠨᠢᠭᠡ ᠠᠵᠢᠯ ᠶᠠᠪᠤᠳᠠᠯ ᠵᠶ᠋ᠠᠷ ᠵᠠᠯᠭ᠋ᠠᠭᠤᠯᠤᠨ ᠭᠦᠢ᠍ᠴᠡᠳᠭᠡᠵᠦ᠂ ᠨᠢᠭᠡ ᠨᠢᠭᠡ ᠣᠨ ᠵᠢᠯ ᠵᠶ᠋ᠠᠷ ᠳᠠᠷᠠᠭ᠋ᠠᠯᠠᠨ ᠬᠢᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠬᠦᠷᠲᠡᠭᠡᠮᠵᠢᠲᠤ ᠰᠡᠳᠬᠢᠯᠭᠡ᠂ ᠵᠣᠯ ᠵᠢᠷᠭ᠋ᠠᠯᠲᠤ ᠰᠡᠳᠬᠢᠯᠭᠡ ᠪᠠ ᠠᠮᠤᠷ ᠲᠦᠪᠰᠢᠨ ᠰᠡᠳᠭᠢᠯᠭᠡ ᠵᠢ ᠨᠡᠩ ᠢᠯᠡᠬᠦᠤ ᠲᠦᠷᠦᠭᠳᠡᠬᠦᠯᠦᠨ᠎ᠠ᠃
    ᠭᠤᠷᠪᠠ᠂ 2018 ᠣᠨ᠎ᠤ ᠭᠤᠣᠯ ᠪᠣᠯᠬᠤ ᠠᠵᠢᠯ
      ᠡᠨᠡ ᠵᠢᠯ ᠪᠣᠯ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠣᠣᠱᠯᠠᠭᠤᠯᠬᠤ ᠡᠬᠢᠯᠡᠯᠲᠡ ᠵᠢᠨ ᠣᠨ᠂ ᠥᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ᠎ᠤᠨ ᠣᠢ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ ᠰᠢᠢ᠍ᠳᠪᠦᠷᠢᠲᠦ ᠢᠯᠠᠯᠲᠠ ᠵᠢ ᠣᠯᠬᠤ᠂ 《13 · 5》 ᠵᠢᠨ ᠲᠥᠯᠥᠪᠵᠢᠭᠦᠯᠭᠡ ᠵᠢ ᠬᠡᠷᠡᠭᠵᠢᠭᠦᠯᠬᠦ ᠡᠮᠦᠨ᠎ᠡ ᠬᠤᠶ᠋ᠢᠨᠠᠬᠢ ᠵᠢ ᠵᠠᠯᠭ᠋ᠠᠯᠳᠤᠭᠤᠯᠤᠨ ᠡᠬᠢᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠣᠨ᠎ᠠ᠃ ᠪᠢᠳᠠ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠪᠠ ᠲᠦᠪ᠎ᠤᠨ ᠠᠵᠦ ᠠᠬᠤᠢ ᠵᠢᠨ ᠠᠵᠢᠯ᠎ᠤᠨ ᠬᠤᠷᠠᠯ᠂ ᠲᠦᠪ᠎ᠤᠨ ᠬᠦᠳᠡᠬᠡ ᠲᠤᠰᠬᠤᠨ᠎ᠤ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠪᠠᠢ᠌ᠷᠢᠯᠠᠭᠤᠯᠤᠯᠳᠠ ᠶᠤᠰᠤᠭ᠋ᠠᠷ᠂ ᠠᠰᠠᠭᠤᠳᠠᠯ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠢᠭᠡᠳᠦᠯᠲᠡᠢ ᠲᠥᠯᠦᠪᠯᠡᠨ ᠨᠡᠶ᠋ᠢᠲᠡ᠎ᠳᠤᠨᠢ ᠬᠠᠷᠠᠭ᠋ᠠᠯᠵᠠᠵᠤ᠂ ᠭᠤᠣᠯᠳᠠᠯᠭ᠎ᠠ᠎ᠪᠠᠨ ᠳᠣᠪᠣᠶ᠋ᠢᠯᠭ᠋ᠠᠨ᠂ ᠡᠯ᠎ᠡ ᠵᠦᠢ᠍ᠯ᠎ᠤᠨ ᠠᠵᠢᠯ ᠵᠶ᠋ᠠᠨ ᠡᠷᠴᠢᠮ᠎ᠲᠠᠢ ᠪᠦᠭᠡᠳ ᠵᠢᠷᠤᠮ᠎ᠲᠠᠢ᠎ᠪᠠᠷ ᠰᠠᠶ᠋ᠢᠲᠤᠷ ᠬᠢᠵᠦ᠂ ᠠᠵᠤ ᠠᠬᠤᠢ ᠨᠡᠶ᠋ᠢᠭᠡᠮ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠭᠦ ᠵᠢ ᠠᠬᠢᠭᠤᠯᠤᠨ᠎ᠠ᠃
      ᠡᠨᠡ ᠵᠢᠯ᠎ᠤᠨ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 6.5% ᠣᠷᠴᠢᠮ ᠨᠡᠮᠡᠭᠳᠡᠭᠦᠯᠦᠨ᠎ᠡ; ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠦᠰᠦᠯᠲᠡ ᠵᠢᠨ ᠬᠡᠮᠵᠢᠶ᠎ᠡ ᠵᠢ 3% ᠣᠷᠴᠢᠮ ᠪᠠᠶ᠋ᠢᠯᠭ᠋ᠠᠵᠤ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠮᠦᠨ ᠳᠤᠮᠳᠠᠴᠢ᠎ᠪᠠᠷ ᠡᠵᠡᠮᠳᠡᠵᠦ ᠪᠣᠯᠬᠤ ᠣᠷᠣᠯᠭ᠎ᠠ ᠵᠢ ᠲᠤᠰ ᠲᠤᠰ 7.5% ᠣᠷᠴᠢᠮ ᠨᠡᠮᠡᠭᠳᠡᠭᠦᠯᠦᠨ᠂ ᠬᠤᠲᠠ ᠪᠠᠯᠭ᠋ᠠᠰᠤ ᠵᠢᠨ ᠠᠵᠢᠯ ᠣᠯᠣᠭᠰᠠᠳ᠎ᠢ 25 ᠲᠦᠮᠡ ᠣᠷᠴᠢᠮ ᠬᠦᠮᠦᠨ᠎ᠢ ᠰᠢᠨ᠎ᠡ᠎ᠪᠠᠷ ᠨᠡᠮᠡᠭᠳᠡᠭᠦᠯᠦᠨ᠂ ᠬᠤᠲᠠ ᠪᠠᠯᠭ᠋ᠠᠰᠤ ᠵᠢᠨ ᠪᠠᠶ᠋ᠢᠴᠠᠭ᠋ᠠᠨ ᠰᠣᠳᠣᠯᠣᠯᠲᠠ᠎ᠳᠠᠬᠢ ᠠᠵᠢᠯ ᠠᠯᠳᠠᠭᠰᠠᠳ᠎ᠤᠨ ᠨᠣᠷᠮ᠎ᠠ ᠪᠠ ᠬᠤᠲᠠ ᠪᠠᠯᠭ᠋ᠠᠰᠤ ᠵᠢᠨ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ᠎ᠤᠨ ᠨᠣᠷᠮ᠎ᠠ ᠵᠢ ᠲᠤᠰ ᠲᠤᠰ 5% ᠣᠷᠴᠢᠮ ᠪᠠ 4% ᠵᠢᠨ ᠳᠣᠲᠣᠷ᠎ᠠ ᠡᠵᠡᠮᠳᠡᠨ᠎ᠡ᠃ ᠡᠨᠧᠷᠭᠢ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠠᠯᠲᠠᠲᠤ ᠡᠭᠦᠷᠭᠡ ᠵᠢ ᠪᠦᠬᠦ ᠲᠠᠯ᠎ᠠ᠎ᠪᠠᠷ ᠪᠠᠶᠡᠯᠡᠭᠦᠯᠦᠨ᠎ᠡ; ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠪᠣᠳᠠᠲᠤ ᠴᠢᠨᠠᠷ᠎ᠤᠨ ᠠᠬᠢᠯᠲᠠ᠎ᠲᠠᠢ ᠪᠤᠯᠭ᠋ᠠᠨ᠎ᠠ; ᠮᠦᠩᠭᠦᠨ ᠭᠥᠢ᠍ᠯᠭᠡᠭᠡ ᠡᠳ᠋᠎ᠤᠨ ᠵᠠᠰᠠᠭ᠎ᠤᠨ ᠲᠥᠭᠰᠢᠭᠦᠷᠢ ᠵᠢ ᠵᠢᠷᠤᠮᠲᠠᠢ ᠪᠦᠭᠡᠳ ᠪᠦᠲᠦᠮᠵᠢᠲᠡᠢ ᠰᠡᠷᠭᠡᠶ᠋ᠢᠯᠡᠨ ᠡᠵᠡᠮᠳᠡᠵᠦ᠂ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠠᠷᠢᠯᠭ᠋ᠠᠬᠤ ᠣᠨ᠎ᠤ ᠡᠭᠦᠷᠭᠡ᠎ᠪᠠᠨ ᠪᠡᠶᠡᠯᠡᠭᠦᠯᠦᠨ᠎ᠡ᠃ ᠳᠣᠣᠷᠠᠬᠢ ᠠᠵᠢᠯ᠎ᠤᠳ᠎ᠢ ᠭᠤᠣᠯᠳᠠᠯᠭ᠎ᠠ᠎ᠲᠠᠢ ᠰᠠᠶ᠋ᠢᠲᠤᠷ ᠬᠢᠨ᠎ᠡ᠄
     (ᠨᠢᠭᠡ) ᠭᠤᠷᠪᠠᠨ ᠶᠡᠭᠡ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠨ᠎ᠡ᠃ ᠡᠨᠡ᠎ᠨᠢ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ᠎ᠳᠤ ᠡᠷᠬᠡᠪᠰᠢ ᠳᠠᠪᠠᠬᠤ ᠴᠢᠬᠤᠯᠠ ᠪᠤᠭᠤᠮᠲᠠ ᠪᠣᠯᠣᠨ᠎ᠠ᠂ ᠮᠠᠨ᠎ᠤ ᠡᠯ᠎ᠡ ᠵᠦᠢ᠍ᠯ᠎ᠤᠨ ᠲᠦᠷᠦ ᠵᠢᠨ ᠪᠤᠳᠤᠯᠭ᠎ᠠ ᠪᠠ ᠠᠵᠢᠯ᠎ᠤᠨ ᠭᠤᠤᠯᠳᠠᠯᠭ᠎ᠠ᠎ᠪᠠᠨ ᠴᠦᠮ ᠭᠤᠷᠪᠠᠨ ᠶᠡᠭᠡ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠳᠤ ᠲᠦᠪᠯᠡᠷᠡᠭᠦᠯᠦᠨ ᠴᠢᠭᠯᠡᠭᠦᠯᠵᠦ ᠬᠦᠴᠦ ᠣᠷᠤᠭᠤᠯᠤᠨ ᠴᠢᠷᠮᠠᠶ᠋ᠢᠬᠤ ᠬᠡᠷᠡᠭᠲᠡᠢ᠃
      ᠬᠦᠨᠳᠦ ᠶᠡᠭᠡ ᠲᠦᠭᠰᠢᠬᠦᠷᠢ ᠵᠢ ᠰᠡᠷᠭᠡᠶ᠋ᠢᠯᠡᠨ ᠠᠷᠢᠯᠭ᠋ᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠨ᠎ᠡ᠃ ᠡᠷᠴᠢᠮᠲᠠᠢ ᠠᠷᠭ᠎ᠠ ᠬᠡᠮᠵᠢᠶ᠎ᠡ ᠠᠪᠴᠦ ᠪᠠᠶ᠋ᠢᠭ᠋ᠠᠳ ᠪᠦᠬᠦ ᠣᠷᠣᠨ᠎ᠤ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠨᠣᠷᠮ᠎ᠠ ᠨᠡᠶ᠋ᠢᠳᠡᠮ ᠦᠨᠳᠦᠷ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠵᠦ᠂ ᠥᠷᠢ ᠥᠭᠴᠡᠭᠡ ᠵᠢᠨ ᠨᠡᠮᠡᠭᠳᠡᠯ᠎ᠤᠨ ᠬᠡᠮᠵᠢᠶ᠎ᠡ ᠵᠢ ᠴᠢᠩᠭ᠎ᠠ ᠬᠢᠵᠠᠭ᠋ᠠᠷᠯᠠᠨ᠂ ᠥᠷᠢ ᠥᠭᠴᠡᠭᠡ ᠵᠢᠨ ᠥᠯᠡᠳᠡᠭᠡᠯ᠎ᠢ ᠡᠮᠬᠢ ᠵᠢᠷᠤᠮ᠎ᠲᠠᠢ᠎ᠪᠠᠷ ᠠᠷᠢᠯᠭ᠋ᠠᠨ᠎ᠠ᠃ ᠵᠢᠭᠡᠯᠡᠯᠭᠡ ᠠᠪᠬᠤ ᠦᠢ᠍ᠯᠡ ᠠᠵᠢᠯᠯᠠᠭ᠎ᠠ ᠵᠢ ᠪᠦᠬᠦ ᠲᠠᠯ᠎ᠠ᠎ᠪᠠᠷ ᠵᠢᠷᠤᠮᠵᠢᠭᠤᠯᠵᠤ᠂ ᠵᠠᠰᠠᠭ᠎ᠤᠨ ᠤᠷᠳᠤᠨ᠎ᠤ ᠰᠢᠨ᠎ᠡ᠎ᠪᠠᠷ ᠨᠡᠮᠡᠭᠳᠡᠬᠦ ᠦᠷᠢ ᠥᠭᠴᠡᠭᠡᠨ᠎ᠳᠤ ᠴᠦᠮ ᠵᠠᠰᠠᠭ᠎ᠤᠨ ᠤᠷᠳᠤᠨ᠎ᠤ ᠵᠢᠭᠡᠯᠡᠯᠭᠡ ᠵᠢᠨ ᠲᠡᠮᠳᠡᠭᠲᠤ ᠲᠠᠷᠬᠠᠭ᠋ᠠᠬᠤ ᠠᠷᠭ᠎ᠠ ᠬᠡᠯᠪᠡᠷᠢ ᠵᠢ ᠬᠡᠷᠡᠭᠯᠡᠨ᠎ᠡ᠂ ᠵᠠᠰᠠᠭ᠎ᠤᠨ ᠤᠷᠳᠤᠨ᠎ᠤ ᠰᠢᠨ᠎ᠡ᠎ᠪᠠᠷ ᠨᠡᠮᠡᠭᠳᠡᠬᠦ ᠪᠡᠯᠡ ᠤᠷᠤᠭᠤᠯᠤᠯᠲᠠ ᠵᠢᠨ ᠲᠦᠷᠦᠯ ᠵᠦᠢ᠍ᠯ᠎ᠳᠤ ᠦᠷᠢ ᠦᠭᠴᠡᠭᠡ ᠵᠢᠨ ᠲᠦᠭᠰᠢᠭᠦᠷᠢ ᠵᠢ ᠦᠨᠡᠯᠡᠨ ᠵᠢᠱ᠌ᠢᠬᠦ ᠪᠠ ᠬᠠᠤᠯᠢ ᠶᠤᠰᠤᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠬᠦ ᠵᠢ ᠴᠢᠩᠭ᠎ᠠ ᠬᠡᠷᠡᠭᠵᠢᠭᠦᠯᠦᠨ᠎ᠡ᠃ ᠵᠠᠰᠠᠭ᠎ᠤᠨ ᠣᠷᠳᠣᠨ ᠬᠢᠬᠡᠳ ᠨᠡᠶ᠋ᠢᠭᠡᠮ᠎ᠤᠨ ᠬᠦᠷᠦᠩᠭᠡ᠎ᠯᠦᠭᠡ ᠵᠢᠨ ᠬᠠᠮᠲᠤᠷᠠᠯᠴᠠᠭ᠎ᠠ᠂ ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠰᠠᠭᠤᠷᠢ ᠮᠦᠩᠭᠦ᠂ ᠵᠠᠰᠠᠭ᠎ᠤᠨ ᠣᠷᠳᠣᠨ ᠤᠯᠠᠨ ᠨᠡᠢ᠌ᠳᠡ ᠵᠢᠨ ᠦᠢ᠍ᠯᠡᠴᠢᠯᠡᠭᠡ ᠬᠤᠳᠠᠯᠳᠤᠨ ᠠᠪᠬᠤ ᠦᠢ᠍ᠯᠡ ᠠᠵᠢᠯᠯᠠᠭ᠎ᠠ ᠵᠢ ᠬᠠᠤᠯᠢ ᠶᠣᠰᠤᠭ᠋ᠠᠷ ᠵᠢᠷᠤᠮᠵᠢᠭᠤᠯᠵᠤ᠂ ᠪᠡᠯᠡ ᠲᠣᠬᠢᠷᠠᠭᠤᠯᠭ᠎ᠠ ᠵᠢᠨ ᠲᠠᠪᠴᠠᠩ᠎ᠤᠨ ᠺᠤᠮᠫᠠᠨᠢ ᠵᠢᠨ ᠵᠠᠬ᠎ᠠ ᠳᠡᠯᠭᠡᠭᠦᠷᠴᠢᠯᠡᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠬᠠᠤᠯᠢ ᠲᠣᠭᠲᠠᠭ᠋ᠠᠯ᠎ᠠᠴᠠ ᠵᠦᠷᠢᠴᠡᠵᠦ ᠵᠢᠭᠡᠯᠡᠯᠭᠡ ᠠᠪᠬᠤ ᠵᠢ ᠡᠷᠡᠰ ᠬᠤᠷᠢᠭᠯᠠᠨ᠎ᠠ᠃ ᠣᠨ᠎ᠤ ᠥᠷᠢ ᠥᠭᠴᠡᠭᠡ ᠵᠢ ᠠᠷᠢᠯᠭ᠋ᠠᠬᠤ ᠲᠥᠰᠥᠯ ᠵᠶ᠋ᠠᠨ ᠲᠡᠭᠦᠯᠳᠡᠷᠵᠢᠭᠦᠯᠵᠦ᠂ ᠲᠥᠰᠦᠪ᠎ᠤᠨ ᠲᠣᠬᠢᠷᠠᠭᠤᠯᠤᠯᠲᠠ ᠬᠢᠬᠦ᠂ ᠡᠩ᠎ᠤᠨ ᠴᠢᠨᠠᠷᠲᠠᠢ ᠵᠠᠷᠤᠯᠭ᠎ᠠ ᠵᠢ ᠪᠠᠭ᠋ᠠᠰᠬᠠᠬᠤ᠂ ᠥᠯᠡᠳᠡᠭᠡᠯ ᠬᠥᠷᠥᠩᠭᠡ ᠵᠢ ᠴᠢᠯᠦᠭᠡᠲᠡᠢ ᠭᠦᠢ᠍ᠯᠭᠡᠭᠡᠬᠦ ᠵᠡᠷᠭᠡ ᠠᠷᠭ᠎ᠠ ᠬᠡᠮᠵᠢᠶ᠎ᠡ ᠵᠢ ᠠᠪᠴᠦ᠂ ᠲᠦᠯᠦᠪᠯᠡᠭᠡ᠎ᠲᠠᠢ ᠪᠦᠭᠡᠳ ᠠᠯᠬᠤᠮ ᠳᠠᠷᠠᠭ᠎ᠠ᠎ᠲᠠᠢ᠎ᠪᠠᠷ ᠥᠷᠢ ᠥᠭᠴᠡᠭᠡ ᠵᠢ ᠲᠥᠯᠥᠨ᠎ᠡ᠃ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠠᠷᠢᠯᠭ᠋ᠠᠭᠰᠠᠨ᠎ᠳᠤ ᠠᠮᠵᠢᠯᠲᠠ ᠪᠦᠲᠦᠮᠵᠢ ᠵᠢ᠎ᠨᠢ ᠰᠢᠯᠭ᠋ᠠᠨ ᠬᠢᠨᠠᠬᠤ ᠵᠢ ᠬᠡᠷᠡᠭᠵᠢᠭᠦᠯᠦᠨ᠂ ᠥᠷᠢ ᠥᠭᠴᠡᠭᠡ ᠵᠢ ᠲᠥᠯᠥᠬᠦ ᠪᠠ ᠡᠳ᠋᠎ᠤᠨ ᠵᠠᠰᠠᠭ᠎ᠤᠨ ᠰᠢᠯᠵᠢᠭᠦᠯᠦᠨ ᠥᠭᠬᠦ᠎ᠯᠦᠭᠡ ᠬᠤᠯᠪᠣᠭᠳᠠᠭᠤᠯᠬᠤ ᠲᠣᠭᠲᠠᠴᠠ ᠵᠢ ᠪᠠᠶ᠋ᠢᠭᠤᠯᠤᠨ᠂ ᠥᠷᠢ ᠰᠢᠷᠢ ᠠᠷᠢᠯᠭ᠋ᠠᠭᠰᠠᠨ ᠦᠷ᠎ᠡ ᠪᠦᠲᠦᠮᠵᠢ᠎ᠪᠠᠷ ᠳᠣᠪᠣᠶ᠋ᠢᠭᠰᠠᠨ ᠪᠠᠢ᠌ᠪᠠᠯ ᠰᠢᠯᠵᠢᠭᠦᠯᠦᠨ ᠥᠭᠬᠦ ᠵᠢ᠎ᠨᠢ ᠨᠡᠮᠡᠭᠳᠡᠭᠦᠯᠬᠦ᠎ᠪᠠᠷ ᠤᠷᠮᠠᠰᠢᠭᠤᠯᠤᠨ᠎ᠠ; ᠬᠠᠤᠯᠢ ᠲᠣᠭᠲᠠᠭ᠋ᠠᠯ᠎ᠠᠴᠠ ᠵᠦᠷᠢᠴᠡᠵᠦ ᠵᠢᠭᠡᠯᠡᠯᠭᠡ ᠠᠪᠬᠤ᠂ ᠥᠷᠢ ᠥᠭᠴᠡᠭᠡ ᠵᠢ ᠠᠷᠢᠯᠭ᠋ᠠᠬᠤ᠎ᠳᠤ ᠬᠦᠴᠦᠯᠡᠭᠰᠡᠨ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠬᠡᠯᠡᠯᠴᠡᠨ᠎ᠡ᠃ ᠮᠦᠩᠭᠦᠨ ᠭᠦᠢ᠍ᠯᠭᠡᠭᠡᠨ᠎ᠤ ᠲᠥᠭᠰᠢᠭᠦᠷᠢ ᠵᠢᠨ ᠰᠡᠷᠭᠡᠶ᠋ᠢᠯᠡᠬᠦ ᠠᠵᠢᠯ᠎ᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠢᠵᠦ᠂ ᠬᠠᠤᠯᠢ ᠲᠣᠭᠲᠠᠭ᠋ᠠᠯ᠎ᠠᠴᠠ ᠵᠦᠷᠢᠴᠡᠭᠰᠡᠨ ᠮᠦᠩᠭᠦᠨ ᠭᠦᠢ᠍ᠯᠭᠡᠭᠡᠨ᠎ᠤ ᠦᠢ᠍ᠯᠡ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠂ ᠢᠲᠡᠭᠡᠮᠵᠢ ᠵᠢᠨ ᠲᠥᠭᠰᠢᠭᠦᠷᠢ ᠵᠢ ᠪᠦᠲᠦᠮᠵᠢᠲᠡᠢ᠎ᠪᠠᠷ ᠰᠡᠷᠭᠡᠶ᠋ᠢᠯᠡᠨ ᠠᠷᠢᠯᠭ᠋ᠠᠨ᠎ᠠ᠃ ᠭᠡᠷ ᠪᠠᠶ᠋ᠢᠰᠢᠩ ᠭᠠᠵᠠᠷ ᠬᠦᠷᠦᠩᠭᠡ᠂ ᠨᠠᠰᠤᠵᠢᠯ᠎ᠤᠨ ᠳᠠᠭ᠋ᠠᠳᠬᠠᠯ᠎ᠤᠨ ᠰᠠᠭᠤᠷᠢ ᠮᠦᠩᠭᠦ᠂ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠥᠷᠢ ᠥᠭᠴᠡᠭᠡ ᠵᠡᠷᠭᠡ ᠲᠠᠯ᠎ᠠ ᠵᠢᠨ ᠲᠥᠭᠰᠢᠭᠦᠷᠢ ᠵᠢ ᠢᠮᠠᠭᠲᠠ ᠠᠩᠬᠠᠷᠤᠨ᠎ᠠ᠃
      ᠲᠦᠢ᠍ᠯ᠎ᠤᠨ ᠣᠨᠣᠪᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠨ᠎ᠡ᠃ ᠨᠡᠩ ᠲᠥᠪᠯᠡᠷᠡᠭᠦᠯᠦᠨ ᠳᠡᠮᠵᠢᠬᠦ᠂ ᠨᠡᠩ ᠬᠦᠴᠦᠲᠡᠢ ᠠᠷᠭ᠎ᠠ ᠪᠠᠷᠢᠯ᠎ᠢ ᠬᠡᠷᠡᠭᠯᠡᠨ᠂ ᠨᠡᠩ ᠨᠠᠷᠢᠨ ᠨᠢᠮᠪᠠᠢ ᠠᠵᠢᠯᠯᠠᠵᠤ ᠪᠠᠶ᠋ᠢᠭ᠋ᠠᠳ ᠪᠦᠬᠦ ᠵᠢᠯ᠎ᠳᠤ 20 ᠲᠦᠮᠡᠨ ᠬᠦᠮᠦᠨ᠎ᠢ ᠶᠠᠳᠠᠭᠤ᠎ᠠᠴᠠ ᠠᠩᠭᠢᠵᠢᠷᠠᠭᠤᠯᠬᠤ ᠵᠢ ᠦᠨᠡᠨᠬᠦ ᠪᠠᠲᠤᠯᠠᠨ᠎ᠠ᠃ ᠣᠨᠴᠠ ᠲᠣᠭᠲᠠᠭ᠋ᠠᠭᠰᠠᠨ ᠶᠠᠳᠠᠭᠤ ᠬᠦᠴᠢᠷᠳᠡᠯᠲᠠᠢ ᠣᠯᠠᠨ ᠲᠦᠮᠡᠨ᠎ᠢ ᠲᠤᠢ᠌ᠯ᠎ᠤᠨ ᠣᠨᠣᠪᠴᠢᠲᠠᠢ ᠬᠠᠪᠰᠤᠷᠤᠨ ᠲᠡᠳᠭᠦᠬᠦ᠎ᠪᠠᠷ ᠬᠠᠷᠠᠯᠲᠠ ᠪᠣᠯᠭ᠋ᠠᠵᠤ᠂ ᠬᠦᠳᠡᠯᠮᠦᠷᠢᠯᠡᠬᠦ ᠴᠢᠳᠠᠪᠤᠷᠢ᠎ᠲᠠᠢ ᠶᠠᠳᠠᠭᠤ ᠬᠦᠴᠢᠷᠳᠡᠯᠲᠡᠢ ᠬᠦᠮᠦᠨ ᠠᠮᠠ ᠵᠢ ᠠᠵᠤ ᠦᠢ᠍ᠯᠡᠰ ᠵᠶ᠋ᠠᠷ ᠶᠠᠳᠠᠭᠤ ᠵᠢ ᠲᠡᠳᠭᠦᠬᠦ᠂ ᠰᠢᠯᠵᠢᠭᠦᠯᠦᠨ ᠠᠵᠢᠯ ᠣᠯᠭᠤᠬᠤ ᠵᠡᠷᠭᠡ ᠠᠷᠭ᠎ᠠ ᠵᠢ ᠬᠡᠷᠡᠭᠯᠡᠵᠦ ᠪᠠᠶ᠋ᠢᠭ᠋ᠠᠳ ᠶᠠᠳᠠᠭᠤ᠎ᠠᠴᠠ᠎ᠨᠢ ᠠᠩᠭᠢᠵᠢᠷᠠᠭᠤᠯᠤᠨ᠎ᠠ; ᠬᠦᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠪᠠᠶ᠋ᠢᠪᠠᠯ᠂ ᠨᠡᠶ᠋ᠢᠭᠡᠮ᠎ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠰᠢᠰᠲ᠋ᠧᠮᠵᠢ ᠵᠢ ᠲᠡᠭᠦᠯᠳᠡᠷᠵᠢᠭᠦᠯᠬᠦ᠎ᠪᠠᠷ ᠳᠠᠮᠵᠢᠵᠤ᠂ ᠲᠡᠲᠡᠨ᠎ᠤ ᠦᠨᠳᠦᠰᠦᠨ ᠠᠮᠢᠳᠤᠷᠠᠯ᠎ᠨᠢ ᠪᠠᠲᠤᠯᠠᠭ᠎ᠠ᠎ᠲᠠᠢ᠂ ᠡᠪᠡᠳᠴᠢᠨ ᠵᠶ᠋ᠠᠨ ᠦᠵᠡᠭᠦᠯᠬᠦ᠎ᠳᠤ ᠡᠮᠨᠡᠯᠭᠡ᠎ᠲᠠᠢ᠂ ᠵᠡᠮᠳᠡᠭ ᠪᠠᠶ᠋ᠢᠭᠰᠠᠨ ᠴᠦ᠍ ᠲᠤᠰᠠᠯᠠᠮᠵᠢ᠎ᠲᠠᠢ ᠪᠠᠶ᠋ᠢᠬᠤ ᠪᠣᠯᠭ᠋ᠠᠨ᠎ᠠ᠃ ᠬᠦᠨᠳᠦ ᠡᠪᠡᠳᠴᠢᠲᠡᠨ᠎ᠢ ᠳᠠᠭ᠋ᠠᠭ᠋ᠠᠨ ᠪᠠᠲᠤᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ᠎ᠳᠤ ᠡᠷᠡᠭᠦᠯ ᠡᠨᠭᠬᠡ ᠵᠢᠨ ᠺᠠᠷᠲ ᠵᠣᠬᠢᠶᠠᠵᠤ ᠥᠭᠭᠦᠨ᠎ᠡ᠃ ᠰᠤᠷᠭ᠋ᠠᠨ ᠬᠦᠮᠦᠵᠢᠯ᠎ᠤᠨ ᠵᠣᠭᠤᠰ ᠵᠶ᠋ᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠭᠡᠷ ᠪᠦᠯᠢ ᠵᠢᠨ ᠰᠤᠷᠤᠭᠴᠢᠳ᠎ᠤᠨ ᠰᠤᠷᠭ᠋ᠠᠭᠤᠯᠢ᠎ᠳᠤ ᠰᠠᠭᠤᠬᠤ ᠵᠠᠪᠰᠢᠶᠠᠨ᠎ᠢ᠎ᠨᠢ ᠠᠯᠳᠠᠭᠤᠯᠵᠤ ᠪᠣᠯᠬᠤ ᠦᠭᠡᠢ᠃ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ᠎ᠳᠤ ᠴᠢᠭᠯᠡᠭᠦᠯᠵᠦ ᠬᠦᠴᠦ᠎ᠪᠠᠨ ᠲᠥᠪᠯᠡᠷᠡᠭᠦᠯᠦᠨ᠂ ᠰᠢᠨ᠎ᠡ᠎ᠪᠠᠷ ᠨᠡᠮᠡᠭᠳᠡᠭᠰᠡᠨ ᠶᠠᠳᠠᠭᠤ ᠵᠢ ᠲᠡᠳᠭᠦᠬᠦ ᠪᠡᠯᠡ ᠮᠦᠩᠭᠦ ᠵᠢ ᠭᠤᠣᠯᠳᠠᠭᠤ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ᠎ᠳᠤ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ᠎ᠤ ᠰᠢᠯᠵᠢᠭᠦᠯᠦᠨ ᠥᠭᠬᠦ ᠪᠠ ᠲᠥᠰᠥᠪ᠎ᠤᠨ ᠳᠣᠲᠣᠷᠠᠬᠢ ᠪᠡᠯᠡ ᠣᠷᠤᠭᠤᠯᠤᠯᠲᠠ ᠵᠢ ᠴᠦ᠍ ᠬᠡᠯᠪᠡᠶ᠋ᠢᠯᠭᠡᠨ᠂ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠂ ᠰᠠᠭᠤᠷᠢ ᠪᠡᠯᠡᠳᠭᠡᠮᠵᠢ᠂ ᠦᠨᠳᠦᠰᠦᠨ ᠡᠮᠴᠢᠯᠡᠭᠡ ᠵᠢᠨ ᠪᠠᠲᠤᠯᠠᠭ᠎ᠠ ᠪᠠ ᠠᠵᠤ ᠦᠢ᠍ᠯᠡᠰ᠎ᠢ ᠬᠥᠭᠵᠢᠭᠦᠯᠬᠦ ᠵᠡᠷᠭᠡ ᠠᠰᠠᠭᠤᠳᠠᠯ᠎ᠤᠳ᠎ᠢ ᠭᠤᠣᠯᠳᠠᠯᠭ᠎ᠠ᠎ᠲᠠᠢ ᠰᠠᠶ᠋ᠢᠲᠤᠷ ᠰᠢᠢ᠍ᠳᠪᠦᠷᠢᠯᠡᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠳᠠᠩᠰᠠ ᠡᠪᠬᠡᠮᠡᠯ ᠪᠠᠶ᠋ᠢᠭᠤᠯᠤᠨ ᠺᠠᠷᠲ ᠠᠪᠣᠭᠰᠠᠨ ᠶᠠᠳᠠᠭᠤ ᠬᠦᠴᠢᠷᠳᠡᠯᠲᠠᠢ ᠡᠷᠦᠬᠡ ᠵᠢᠨ ᠨᠤᠷᠠᠬᠤ ᠠᠶᠤᠯᠲᠠᠢ ᠭᠡᠷ ᠪᠠᠶ᠋ᠢᠰᠢᠩ᠎ᠢ ᠰᠢᠨᠡᠳᠭᠡᠨ ᠵᠠᠰᠠᠬᠤ ᠡᠭᠦᠷᠭᠡ ᠵᠢ ᠪᠡᠶᠡᠯᠡᠭᠦᠯᠦᠨ᠎ᠡ᠃ ᠶᠠᠳᠠᠭᠤ ᠵᠢ ᠲᠡᠳᠭᠦᠬᠦ ᠵᠢ᠎ᠨᠢ ᠢᠲᠡᠭᠡᠯ ᠵᠣᠷᠢᠭ ᠪᠠ ᠤᠶᠣᠨ ᠤᠬᠠᠭ᠋ᠠᠨ᠎ᠢ᠎ᠨᠢ ᠲᠡᠳᠭᠦᠬᠦ᠎ᠯᠦᠭᠡ ᠤᠶᠠᠯᠳᠤᠭᠤᠯᠤᠨ᠂ ᠶᠠᠳᠠᠭᠤ ᠬᠦᠴᠢᠷᠳᠡᠯᠲᠡᠢ ᠣᠯᠠᠨ ᠲᠦᠮᠡᠨ᠎ᠤ ᠦᠢ᠍ᠯᠡᠳᠪᠦᠷᠢᠯᠡᠯ ᠵᠶ᠋ᠠᠨ ᠬᠥᠭᠵᠢᠭᠦᠯᠬᠦ ᠬᠢᠭᠡᠳ ᠠᠵᠢᠯ ᠬᠦᠳᠡᠯᠮᠦᠷᠢ ᠬᠢᠵᠦ ᠬᠤᠳᠠᠯᠳᠤᠭ᠎ᠠ ᠡᠷᠬᠢᠯᠡᠬᠦ ᠦᠨᠳᠦᠰᠦᠨ ᠤᠷ᠎ᠠ ᠴᠢᠳᠠᠪᠤᠷᠢ ᠵᠢ᠎ᠨᠢ ᠠᠩᠬᠠᠷᠤᠨ ᠬᠦᠮᠦᠵᠢᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠪᠠ ᠶᠠᠳᠠᠭᠤ ᠬᠦᠴᠢᠷᠳᠡᠯᠲᠡᠢ ᠣᠯᠠᠨ ᠲᠦᠮᠡᠨ᠎ᠤ ᠶᠠᠳᠠᠭᠤ᠎ᠠᠴᠠ ᠠᠩᠭᠢᠵᠢᠷᠠᠨ ᠪᠠᠶᠠᠵᠢᠬᠤ ᠳᠣᠲᠣᠭ᠋ᠠᠳᠤ ᠬᠦᠳᠡᠯᠭᠡᠬᠦ ᠬᠦᠴᠦᠨ ᠪᠠ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ᠎ᠨᠢ ᠠᠩᠬᠠᠷᠤᠨ ᠤᠷᠮᠠᠰᠢᠭᠤᠯᠤᠨ᠎ᠠ᠃ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ᠎ᠳᠤ ᠣᠷᠣᠰᠢᠵᠤ ᠪᠠᠶ᠋ᠢᠭ᠎ᠠ ᠲᠤᠭ᠎ᠠ ᠬᠡᠮᠵᠢᠶ᠎ᠡ ᠵᠢ ᠳᠠᠬᠢᠨ ᠳᠠᠪᠲᠠᠨ ᠨᠡᠮᠡᠭᠳᠡᠭᠦᠯᠬᠦ᠂ ᠬᠡᠯᠪᠡᠷᠢ ᠵᠢᠨ ᠦᠵᠡᠯ᠂ ᠬᠤᠳᠠᠯ ᠬᠠᠭᠤᠷᠮᠠᠭ ᠵᠶ᠋ᠠᠷ ᠵᠣᠬᠢᠶᠠᠬᠤ᠂ ᠳᠠᠪᠲᠠᠨ ᠨᠣᠷᠰᠢᠬᠤ ᠵᠡᠷᠭᠡ ᠠᠰᠠᠭᠤᠳᠠᠯ᠎ᠤᠳ᠎ᠢ ᠬᠦᠴᠦᠯᠡᠨ ᠰᠢᠢ᠍ᠳᠪᠦᠷᠢᠯᠡᠵᠦ᠂ ᠵᠢᠨᠭᠬᠢᠨᠢ ᠶᠠᠳᠠᠭᠤ ᠵᠢ ᠶᠠᠳᠠᠭᠤ᠎ᠠᠴᠠ ᠠᠨᠭ᠌ᠬᠢᠵᠢᠷᠠᠭᠤᠯᠵᠦ᠂ ᠶᠠᠳᠠᠭᠤ᠎ᠠᠴᠠ ᠦᠨᠡᠨ ᠠᠨᠭ᠌ᠬᠢᠵᠢᠷᠠᠭᠤᠯᠬᠤ ᠬᠡᠷᠡᠭᠳᠡᠢ᠃
      ᠪᠣᠬᠢᠷᠳᠣᠯ᠎ᠢ ᠰᠡᠷᠭᠡᠶ᠋ᠢᠯᠠᠨ ᠵᠠᠰᠠᠬᠤ ᠰᠢᠪᠳᠣᠯᠣᠯᠳᠠ ᠵᠢᠨ ᠳᠠᠶ᠋ᠢᠯᠠᠯᠳᠣᠭ᠋ᠠᠨ᠎ᠢ ᠰᠠᠶ᠋ᠢᠳᠣᠷ ᠬᠢᠨ᠎ᠠ᠃ ᠠᠭ᠋ᠠᠷ ᠮᠠᠨᠳᠠᠯ᠎ᠤᠨ ᠪᠣᠬᠢᠷᠳᠣᠯ᠎ᠢ ᠵᠠᠰᠠᠬᠤ᠎ᠪᠠᠨ ᠴᠢᠩᠭ᠋ᠠᠣᠡᠬᠠᠵᠣ᠂ ᠡᠪᠤᠯ᠎ᠤᠨ ᠣᠯᠠᠷᠢᠯ᠎ᠳᠠᠬᠢ ᠴᠡᠪᠠᠷ ᠲᠣᠯᠠᠭ᠋ᠠᠯᠠᠭ᠎ᠠ ᠵᠢᠨ ᠲᠦᠯᠣᠪᠯᠡᠭᠡ ᠵᠢ ᠬᠡᠷᠩᠵᠢᠭᠦᠯᠣᠨ᠂ ᠰᠣᠯᠨ ᠨᠡᠭᠦᠷᠡᠰᠣ ᠪᠠ ᠠᠵᠣ ᠦᠢ᠍ᠯᠡᠣᠡᠪᠣᠷᠢ ᠵᠢᠨ ᠬᠠᠶᠠᠭᠳᠠᠮᠠᠯ ᠬᠡᠢ ᠵᠢ ᠵᠠᠰᠠᠬᠤ᠂ ᠡᠰᠢ ᠰᠦᠷᠡᠯ᠎ᠢ ᠠᠰᠢᠭᠯᠠᠬᠤ᠂ ᠨᠡᠭᠦᠷᠡᠰᠣ ᠬᠡᠷᠩᠯᠡᠭᠦ᠎ᠠᠴᠠ ᠬᠡᠢ ᠬᠡᠷᠩᠯᠡᠭᠦ ᠪᠣᠯᠭ᠋ᠠᠨ ᠦᠭᠡᠷᠡᠴᠢᠯᠡᠭᠦ᠂ ᠨᠡᠭᠦᠷᠡᠰᠣ ᠬᠡᠷᠩᠯᠡᠭᠦ᠎ᠠᠴᠠ ᠴᠠᠬᠢᠯᠭ᠋ᠠᠨ ᠬᠡᠷᠩᠯᠡᠭᠦ ᠪᠣᠯᠭ᠋ᠠᠨ ᠦᠭᠡᠷᠡᠴᠢᠯᠡᠭᠦ ᠵᠡᠷᠭᠡ ᠠᠵᠢᠯ᠎ᠢ ᠰᠠᠶ᠋ᠢᠳᠣᠷ ᠠᠣᠡᠬᠤᠨ᠎ᠠ᠃ ᠪᠣᠢ ᠪᠦᠭᠦᠢ ᠭᠠᠯ ᠴᠠᠬᠢᠯᠭ᠋ᠠᠨ᠎ᠤ ᠮᠠᠰᠢᠨ ᠪᠦᠯᠦᠭ ᠪᠦᠭᠦᠨ᠎ᠳᠤ ᠬᠡᠳᠣ ᠪᠠᠭ᠎ᠠ᠎ᠪᠠᠷ ᠭᠠᠳᠠᠭᠰᠢᠯᠠᠭᠤᠯᠬᠤ ᠵᠢ ᠪᠡᠶᠡᠯᠡᠭᠦᠯᠣᠨ᠎ᠠ᠃ ᠦᠬᠠᠢ ᠵᠢᠴᠢ ᠡᠷᠬᠢᠨ ᠲᠣᠭᠤᠷᠢᠨ᠎ᠳᠠᠬᠢ ᠭᠠᠵᠡᠷ ᠣᠷᠣᠨ᠎ᠤ ᠣᠷᠴᠢᠨ ᠲᠣᠭᠤᠷᠢᠨ᠎ᠢ ᠦᠷᠭᠦᠯᠵᠢᠯᠡᠨ ᠴᠡᠭᠴᠡᠯᠠᠨ ᠵᠠᠰᠠᠨ᠎ᠠ᠃ ᠰᠠᠯᠬᠢ ᠪᠠ ᠨᠠᠷᠠᠨ᠎ᠤ ᠡᠨᠧᠷᠬᠢ᠎ᠪᠠᠷ ᠴᠠᠬᠢᠯᠭ᠋ᠠᠨ ᠭᠠᠷᠭ᠋ᠠᠬᠤ ᠵᠢ ᠲᠠᠶᠠᠬᠳᠠᠵᠦ ᠪᠠᠶ᠋ᠢᠭ᠎ᠠ ᠠᠰᠠᠭᠤᠳᠠᠯ᠎ᠢ ᠵᠠᠬ᠎ᠠ ᠳᠡᠯᠭᠡᠭᠦᠷᠴᠢᠯᠡᠭᠦ ᠠᠷᠭ᠎ᠠ᠎ᠪᠠᠷ ᠰᠢᠢ᠍ᠣᠡᠪᠣᠷᠢᠯᠡᠨ᠂ ᠴᠡᠪᠠᠷ ᠴᠠᠬᠢᠯᠭ᠋ᠠᠨ ᠭᠦᠴᠣᠨ᠎ᠤ ᠬᠠᠩᠭ᠋ᠠᠯᠭ᠎ᠠ ᠵᠢ ᠨᠡᠮᠡᠭᠳᠡᠭᠦᠯᠣᠨ᠎ᠠ᠃ ᠣᠰᠣᠨ᠎ᠤ ᠪᠣᠬᠢᠷᠳᠣᠯ᠎ᠢ ᠰᠡᠷᠭᠡᠶ᠋ᠢᠯᠠᠵᠣ ᠵᠠᠰᠠᠬᠤ ᠲᠦᠯᠣᠪᠯᠡᠭᠡ ᠵᠢ ᠪᠦᠭᠦ ᠳᠠᠯ᠎ᠠ᠎ᠪᠠᠷ ᠨᠠᠶ᠋ᠢᠳᠠᠪᠣᠷᠢᠵᠢᠭᠤᠯᠵᠣ᠂ ᠭᠦᠯᠣᠨ ᠨᠠᠭᠤᠷ᠂ ᠣᠯᠠᠭ᠋ᠠᠨᠰᠣᠬᠠᠢ᠂ ᠳᠠᠭ᠎ᠠ ᠵᠢᠨ ᠨᠠᠭᠤᠷ ᠵᠡᠷᠭᠡ ᠨᠠᠭᠤᠷ ᠴᠦᠭᠦᠷᠣᠮ᠎ᠤᠨ ᠶᠠᠷᠣᠩᠬᠡᠶ᠋ᠢᠯᠠᠨ ᠵᠠᠰᠠᠬᠤ ᠢᠨᠵᠧᠨᠧᠷᠢᠩ᠎ᠢ ᠭᠦᠨᠵᠡᠭᠡᠢ ᠬᠡᠷᠩᠵᠢᠭᠦᠯᠣᠨ᠂ ᠭᠦᠨᠳᠣ ᠪᠣᠬᠢᠷᠳᠣᠬᠰᠠᠨ ᠣᠰᠣᠨ᠎ᠤ ᠲᠣᠭᠤᠷᠢᠨ ᠪᠠ ᠪᠣᠬᠢᠷᠳᠣᠯ᠎ᠨᠢ ᠳᠠᠪᠣᠨ ᠲᠦᠷᠣᠯ᠎ᠠᠴᠠ ᠬᠡᠳᠣᠷᠡᠭᠰᠠᠨ ᠣᠭᠳᠣᠯᠣᠭ᠋ᠠᠰᠣ ᠬᠡᠰᠡᠭ᠎ᠲᠠᠬᠢ ᠪᠣᠬᠢᠷᠳᠣᠯ᠎ᠢ ᠭᠦᠴᠣᠯᠡᠨ ᠠᠷᠢᠯᠭ᠋ᠠᠵᠣ᠂ ᠣᠰᠣᠨ ᠰᠣᠷᠪᠣᠯᠵᠢ ᠵᠢᠨ ᠬᠠᠮᠠᠭ᠋ᠠᠯᠠᠯᠳᠠ ᠵᠢᠨ ᠣᠷᠣᠨ ᠲᠣᠳᠣᠷᠠᠬᠢ ᠬᠠᠣᠯᠢ᠎ᠠᠴᠠ ᠵᠦᠷᠢᠴᠠᠵᠣ ᠪᠠᠶ᠋ᠢᠭᠤᠯᠣᠭᠰᠠᠨ ᠪᠠᠷᠢᠯᠭ᠎ᠠ ᠪᠠ ᠪᠣᠬᠢᠷᠳᠣᠯ ᠭᠠᠳᠠᠭᠰᠢᠯᠠᠭᠤᠯᠬᠤ ᠠᠮᠠᠰᠠᠷ᠎ᠢ ᠬᠠᠣᠯᠢ ᠶᠣᠰᠣᠭ᠋ᠠᠷ ᠠᠷᠢᠯᠭ᠋ᠠᠨ᠎ᠠ᠃ ᠭᠦᠷᠣᠰᠣ ᠰᠢᠷᠣᠢ ᠵᠢᠨ ᠪᠣᠬᠢᠷᠳᠣᠯ᠎ᠢ ᠰᠡᠷᠭᠡᠶ᠋ᠢᠯᠠᠨ ᠵᠠᠰᠠᠬᠤ ᠪᠠ ᠭᠦᠨᠳᠣ ᠳᠡᠮᠦᠷᠯᠢᠭ᠎ᠤᠨ ᠭᠠᠳᠠᠭᠰᠢᠯᠠᠯᠳᠠ ᠵᠢ ᠪᠠᠭ᠋ᠠᠰᠬᠠᠬᠤ ᠡᠷᠴᠢᠮ ᠵᠶ᠋ᠠᠨ ᠴᠢᠩᠭ᠋ᠠᠷᠠᠭᠤᠯᠵᠣ᠂ ᠳᠠᠷᠢᠶᠠᠯᠠᠩ᠎ᠳᠤ ᠬᠡᠷᠩᠯᠡᠭᠦ ᠭᠠᠵᠡᠷ᠎ᠤᠨ ᠭᠦᠷᠣᠰᠣ ᠰᠢᠷᠣᠢ ᠵᠢᠨ ᠪᠣᠬᠢᠷᠳᠣᠯ᠎ᠤᠨ ᠪᠠᠶ᠋ᠢᠳᠠᠯ᠎ᠢ ᠪᠠᠶ᠋ᠢᠴᠠᠭ᠋ᠠᠵᠣ᠂ ᠪᠣᠷᠳᠣᠭᠤᠷ᠂ ᠡᠮ᠂ ᠵᠣᠯᠣᠮ᠎ᠠ ᠵᠢ ᠣᠯᠠᠮ ᠨᠢᠭᠡ ᠠᠯᠬᠤᠮ ᠡᠵᠡᠮᠳᠠᠵᠣ᠂ ᠳᠠᠷᠢᠶᠠᠯᠠᠩ᠎ᠤᠨ ᠣᠯᠠᠨ ᠡᠬᠢᠳᠣ ᠰᠣᠷᠪᠣᠯᠵᠢ ᠵᠢᠨ ᠪᠣᠬᠢᠷᠳᠣᠯ᠎ᠢ ᠡᠬᠢ ᠢᠷᠡᠯᠳᠠ᠎ᠠᠴᠠ᠎ᠨᠢ ᠵᠠᠰᠠᠨ᠎ᠠ᠃ ᠠᠭᠤᠷᠬᠠᠢ ᠵᠢᠨ ᠤᠷᠤᠨ ᠪᠠ ᠠᠵᠦ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠭ᠎ᠤᠨ ᠤᠷᠴᠢᠨ ᠲᠤᠭᠤᠷᠢᠨ᠎ᠢ ᠴᠡᠭᠴᠡᠯᠡᠨ ᠵᠠᠰᠠᠵᠦ᠂ ᠪᠠᠶ᠋ᠢᠭ᠋ᠠᠯᠢ ᠵᠢᠨ ᠬᠠᠮᠠᠭ᠋ᠠᠯᠠᠯᠳᠠ ᠵᠢᠨ ᠣᠷᠣᠨ᠎ᠳᠠᠬᠢ ᠦᠢ᠍ᠯᠡᠣᠡᠪᠣᠷᠢ ᠠᠭᠤᠷᠬᠠᠢ ᠵᠢᠨ ᠠᠵᠣ ᠠᠬᠤᠶ᠋ᠢᠯᠡᠯ᠎ᠢ ᠬᠠᠣᠯᠢ ᠶᠣᠰᠣᠭ᠋ᠠᠷ ᠡᠮᠬᠢ ᠵᠢᠷᠣᠮ᠎ᠲᠠᠢ᠎ᠪᠠᠷ ᠪᠣᠴᠠᠭ᠋ᠠᠨ ᠭᠠᠷᠭ᠋ᠠᠨ᠎ᠠ᠃
     (ᠬᠤᠶᠠᠷ) ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠠᠵᠤ ᠠᠬᠤᠶ ᠵᠢ ᠬᠥᠭᠵᠢᠭᠦᠯᠬᠦ ᠬᠦᠴᠦᠯᠡᠬᠦ ᠴᠢᠬ᠎ᠢ ᠪᠣᠳᠠᠲᠤ ᠴᠣᠭᠴᠠᠳᠣ ᠠᠵᠤ ᠠᠬᠤᠶ ᠵᠢᠨ ᠳᠠᠯ᠎ᠠ᠎ᠳᠤ ᠳᠠᠯᠪᠢᠨ᠂ ᠭᠦᠴᠣᠨ ᠵᠦᠢ᠍ᠯ᠎ᠤᠨ ᠳᠤᠬᠢᠷᠠᠭᠤᠯᠤᠯᠲᠠ ᠵᠢ ᠰᠢᠯᠢᠳᠡᠭᠵᠢᠭᠦᠯᠵᠦ᠂ ᠬᠠᠩᠭ᠋ᠠᠯᠭ᠎ᠠ ᠵᠢᠨ ᠰᠢᠰᠲ᠋ᠧᠮᠵᠢ ᠵᠢᠨ ᠶᠠᠰᠤ ᠴᠢᠨᠠᠷ᠎ᠢ ᠳᠡᠭᠡᠭᠰᠢᠯᠡᠭᠦᠯᠣᠨ᠎ᠠ᠃
      ᠬᠦᠴᠦᠨ ᠦᠭᠡᠢ ᠬᠠᠩᠭ᠋ᠠᠯᠭ᠎ᠠ ᠵᠢ ᠭᠦᠴᠣᠳᠠᠢ ᠠᠷᠢᠯᠭ᠋ᠠᠨ᠎ᠠ᠃ ᠵᠠᠬ᠎ᠠ ᠳᠡᠯᠭᠡᠭᠦᠷᠴᠢᠯᠡᠭᠦ᠂ ᠬᠠᠣᠯᠢ᠎ᠪᠠᠷ ᠵᠠᠰᠠᠬᠤ ᠠᠷᠭ᠎ᠠ ᠪᠠᠷᠢᠯ᠎ᠢ ᠬᠡᠷᠩᠯᠡᠨ ᠦᠯᠡᠭᠦᠳᠠᠵᠣ ᠪᠠᠶ᠋ᠢᠭ᠎ᠠ ᠦᠢ᠍ᠯᠡᠣᠡᠪᠣᠷᠢᠯᠡᠭᠦ ᠴᠢᠳᠠᠮᠵᠢ ᠵᠢ ᠠᠷᠢᠯᠭ᠋ᠠᠬᠤ ᠵᠢ ᠪᠠᠷᠢᠮᠳᠠᠯᠠᠨ᠂ ᠶᠠᠰᠤ ᠴᠢᠨᠠᠷ᠂ ᠣᠷᠴᠢᠨ ᠲᠣᠭᠤᠷᠢᠨ᠎ᠤ ᠬᠠᠮᠠᠭ᠋ᠠᠯᠠᠯᠳᠠ᠂ ᠡᠨᠧᠷᠭᠢ ᠵᠢᠨ ᠬᠤᠷᠣᠭᠳᠠᠯ᠂ ᠠᠮᠤᠷ ᠲᠦᠪᠰᠢᠨ ᠵᠡᠷᠭᠡ ᠬᠠᠤᠯᠢ ᠲᠣᠭᠲᠠᠭ᠋ᠠᠯ᠎ᠤᠨ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠦᠯᠡᠭᠦᠳᠠᠵᠣ ᠪᠠᠶ᠋ᠢᠭ᠎ᠠ ᠦᠢ᠍ᠯᠡᠣᠡᠪᠣᠷᠢᠯᠡᠭᠦ ᠴᠢᠳᠠᠮᠵᠢ ᠵᠢ ᠵᠠᠬ᠎ᠠ ᠳᠡᠯᠭᠡᠭᠦᠷ᠎ᠠᠴᠠ ᠠᠷᠢᠯᠭ᠋ᠠᠨ ᠭᠠᠷᠭ᠋ᠠᠬᠤ ᠵᠢ ᠲᠦᠷᠭᠡᠣᠡᠭᠡᠨ᠎ᠠ᠃ ᠡᠨᠠ ᠵᠢᠯ᠎ᠳᠤ 405 ᠲᠦᠮᠡᠨ ᠲᠣᠨ ᠨᠡᠭᠦᠷᠡᠰᠣᠨ᠎ᠤ ᠦᠢ᠍ᠯᠡᠳᠪᠦᠷᠢᠯᠡᠬᠦ ᠴᠢᠳᠠᠮᠵᠢ ᠵᠢ ᠪᠤᠴᠠᠭ᠋ᠠᠨ ᠭᠠᠷᠭ᠋ᠠᠵᠣ᠂ ᠨᠡᠭᠦᠷᠡᠰᠣ᠎ᠪᠠᠷ ᠭᠠᠷᠭ᠋ᠠᠬᠤ ᠴᠠᠬᠢᠯᠭ᠋ᠠᠨ᠂ ᠪᠠᠷᠢᠯᠭ᠎ᠠ ᠵᠢᠨ ᠮᠠᠲ᠋ᠧᠷᠢᠶᠠᠯ ᠵᠡᠷᠭᠡ ᠠᠵᠢᠯ ᠲᠦᠷᠣᠯ᠎ᠤᠨ ᠦᠢ᠍ᠯᠡᠣᠡᠪᠣᠷᠢᠯᠡᠭᠦ ᠴᠢᠳᠠᠮᠵᠢ ᠵᠢ ᠪᠠᠭᠤᠷᠠᠭᠤᠯᠬᠤ ᠠᠵᠢᠯ᠎ᠢ ᠨᠢᠭᠡᠳᠣᠯᠳᠠᠢ ᠲᠦᠯᠣᠪᠯᠡᠨ ᠰᠠᠶ᠋ᠢᠳᠣᠷ ᠬᠢᠨ᠎ᠠ᠃ 《ᠦᠬᠦᠰᠢᠷᠡᠮᠡᠯ ᠠᠵᠤ ᠠᠬᠤᠶ᠋ᠢᠯᠠᠯ》᠎ᠢ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠪᠣᠴᠠᠭ᠋ᠠᠵᠣ ᠭᠠᠷᠭ᠋ᠠᠬᠤ ᠨᠠᠷᠢᠨ ᠳᠠᠩᠰᠨ ᠵᠢ ᠲᠣᠭᠳᠠᠭ᠋ᠠᠨ᠂ ᠳᠠᠮᠫᠤᠷᠠᠬᠤ ᠪᠠ ᠲᠠᠬᠢᠨ ᠵᠣᠬᠢᠶᠠᠨ ᠪᠠᠶ᠋ᠢᠭᠤᠯᠬᠤ ᠲᠣᠭᠲᠠᠴᠠ ᠵᠢ ᠪᠠᠶ᠋ᠢᠭᠤᠯᠣᠨ ᠲᠡᠭᠦᠯᠳᠡᠷᠵᠢᠭᠦᠯᠵᠣ᠂ ᠠᠵᠣ ᠠᠬᠤᠶ᠋ᠢᠯᠠᠯ᠎ᠤᠨ ᠦᠷᠢ ᠦᠭᠴᠡᠭᠡ ᠵᠢ ᠠᠷᠭ᠋ᠠᠴᠠᠭ᠋ᠠᠨ ᠰᠢᠢ᠍ᠣᠡᠪᠣᠷᠢᠯᠡᠭᠦ ᠪᠠ ᠠᠵᠢᠯᠳᠠᠨ ᠠᠵᠢᠯᠴᠢᠣᠨ᠎ᠤᠨ ᠲᠦᠪᠬᠢᠨᠠᠭᠦᠯᠭᠦ ᠠᠵᠢᠯ᠎ᠢ ᠰᠠᠶ᠋ᠢᠳᠣᠷ ᠬᠢᠨ᠎ᠠ᠃
      ᠰᠢᠨ᠎ᠡ ᠬᠦᠳᠡᠯᠬᠡᠬᠦ ᠴᠢᠳᠠᠪᠤᠷᠢ ᠵᠢ ᠶᠡᠭᠡ᠎ᠪᠠᠷ ᠪᠤᠶ᠋ᠢᠵᠢᠭᠤᠯᠣᠨ᠎ᠠ᠃ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠵᠢᠨ ᠪᠠᠶ᠋ᠢᠳᠠᠯ᠂ ᠰᠢᠨ᠎ᠡ ᠵᠠᠭᠪᠤᠷ᠎ᠢ ᠠᠰᠢᠭᠯᠠᠵᠣ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢ᠍ᠯᠡᠰ᠎ᠤᠨ ᠬᠡᠯᠬᠢᠶᠡᠰᠣ ᠵᠢ ᠤᠷᠲᠤᠳᠬᠠᠨ᠂ ᠡᠨᠧᠷᠬᠢ᠂ ᠬᠢᠮᠢ ᠵᠢᠨ ᠠᠵᠣ ᠦᠢ᠍ᠯᠡᠣᠡᠪᠣᠷᠢ᠂ ᠪᠣᠯᠣᠣᠨ ᠳᠡᠮᠣᠷ᠂ ᠲᠣᠨᠤᠭ ᠲᠦᠭᠦᠭᠡᠷᠣᠮᠵᠢ ᠦᠢ᠍ᠯᠡᠣᠡᠪᠣᠷᠢᠯᠡᠭᠦ ᠵᠡᠷᠭᠡ ᠠᠵᠣ ᠦᠢ᠍ᠯᠡᠰ᠎ᠤᠨ ᠳᠡᠭᠡᠳᠣ ᠦᠵᠣᠭᠦᠷ ᠳᠡᠰᠢ ᠭᠦᠭᠵᠢᠭᠦ ᠵᠢ ᠲᠦᠯᠬᠢᠨ ᠠᠬᠢᠭᠤᠯᠣᠨ᠎ᠠ᠃ ᠤᠯᠤᠰ᠎ᠤᠨ ᠲᠤᠮᠤ ᠳ᠋ᠠᠶ᠋ᠢᠲ᠋ᠠ ᠵᠢᠨ ᠶᠡᠷᠦᠩᠬᠡᠶ᠋ᠢᠯᠡᠭᠰᠡᠨ ᠲᠤᠷᠰᠢᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠲᠣᠭ᠋ᠠᠵᠢᠭᠤᠯᠣᠭᠰᠠᠨ ᠠᠵᠣ ᠠᠬᠤᠢ ᠵᠢ ᠭᠦᠭᠵᠢᠭᠦᠯᠣᠨ᠂ ᠢᠨᠲ᠋ᠧᠷ ᠰᠦᠯᠵᠢᠶ᠎ᠠ᠂ ᠲᠤᠮᠤ ᠳ᠋ᠠᠢ᠌ᠲ᠋ᠠ᠂ ᠬᠢᠮᠡᠯ ᠤᠶᠦᠠ ᠬᠢᠬᠡᠳ ᠪᠣᠳᠠᠲᠤ ᠴᠣᠭᠴᠠᠳᠣ ᠠᠵᠤ ᠠᠬᠤᠶ ᠵᠢᠨ ᠬᠦᠨ ᠠᠭᠤᠰᠣᠯᠴᠠᠬᠤ ᠵᠢ ᠠᠬᠢᠭᠤᠯᠣᠨ᠎ᠠ᠃ ᠳᠡᠭᠡᠳᠣ ᠦᠵᠣᠭᠦᠷ᠎ᠤᠨ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠴᠡᠪᠡᠷ ᠡᠨᠧᠷᠭᠢ᠂ ᠠᠮᠢᠳᠣ ᠪᠣᠳᠠᠰ᠎ᠤᠨ ᠡᠮ᠂ ᠮᠣᠩᠭᠤᠯ ᠬᠢᠲᠠᠳ ᠡᠮ ᠡᠮᠨᠡᠯᠭᠡ ᠵᠡᠷᠭᠡ ᠠᠵᠤ ᠦᠢ᠍ᠯᠡᠰ᠎ᠢ ᠪᠣᠶ᠋ᠢᠵᠢᠭᠤᠯᠣᠨ᠎ᠠ᠃ ᠪᠠᠷᠠᠭ᠋ᠠᠨ᠎ᠤ ᠭᠦᠢ᠍ᠯᠭᠡᠭᠡ ᠵᠢᠨ ᠲᠦᠪᠯᠡᠷᠠᠭᠦᠯᠵᠣ ᠬᠤᠪᠢᠶᠠᠷᠢᠯᠠᠬᠤ᠂ ᠡᠳ᠋ᠰᠢᠭᠦᠯᠣᠨ ᠦᠢ᠍ᠯᠡᠣᠡᠪᠣᠷᠢᠯᠡᠵᠣ ᠪᠣᠭᠤᠳᠠᠯᠯᠠᠬᠤ᠂ ᠭᠦᠢ᠍ᠳᠠᠨ ᠬᠡᠯᠬᠢᠶᠡᠳᠣ ᠲᠣᠬᠢᠷᠠᠭᠤᠯᠣᠨ ᠭᠦᠷᠭᠡᠭᠦ ᠵᠡᠷᠭᠡ ᠳᠠᠪᠴᠠᠩ᠎ᠢ ᠪᠠᠶ᠋ᠢᠭᠤᠯᠵᠣ᠂ ᠣᠳᠣ ᠦᠶ᠎ᠠ ᠵᠢᠨ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠭᠦᠭᠵᠢᠯᠳᠠ ᠵᠢ ᠳᠡᠮᠵᠢᠨ᠎ᠠ᠃ ᠪᠣᠬᠢᠷᠳᠣᠯ ᠦᠭᠡᠢ ᠭᠦᠭᠵᠢᠯᠳᠠ ᠵᠢᠨ ᠣᠨᠣᠯᠵᠢᠬᠤᠨ᠎ᠢ ᠵᠢᠭᠤᠯᠴᠢᠯᠠᠯ᠎ᠤᠨ ᠭᠦᠭᠵᠢᠯᠳᠠ ᠵᠢᠨ ᠪᠦᠭᠦ ᠶᠠᠪᠣᠴᠨ᠎ᠳᠤ ᠠᠭᠤᠰᠣᠯᠴᠠᠭᠤᠯᠵᠣ᠂ ᠵᠢᠭᠤᠯᠴᠢᠯᠠᠯ᠎ᠤᠨ ᠦᠢ᠍ᠯᠡᠰ᠎ᠲᠠᠬᠢ ᠰᠣᠶᠣᠯ᠎ᠤᠨ ᠠᠭᠤᠯᠣᠭᠳᠠᠬᠤᠨ᠎ᠢ ᠳᠡᠭᠡᠭᠰᠢᠯᠡᠭᠦᠯᠣᠨ᠂ ᠴᠢᠨᠠᠷ ᠰᠠᠶ᠋ᠢᠳᠠᠢ᠎ᠪᠠᠷ᠂ ᠦᠨᠳᠣᠷ ᠲᠦᠪᠰᠢᠨ᠎ᠲᠠᠢ᠎ᠪᠠᠷ ᠵᠢᠭᠤᠯᠴᠢᠯᠠᠯ᠎ᠤᠨ ᠦᠢ᠍ᠯᠡᠰ᠎ᠢ ᠭᠦᠭᠵᠢᠭᠦᠯᠣᠨ᠎ᠠ᠃ ᠰᠤᠶᠤᠯ᠂ ᠪᠡᠶ᠎ᠠ ᠵᠢᠨ ᠲᠠᠮᠢᠷ᠎ᠤᠨ ᠠᠵᠦ ᠦᠢ᠍ᠯᠡᠰ ᠪᠠ ᠡᠯᠧᠺᠲᠷᠣᠨ ᠬᠤᠳᠠᠯᠳᠣᠭ᠋ᠠᠨ᠎ᠤ ᠶᠠᠪᠣᠳᠠᠯ᠂ ᠪᠦᠳᠣᠭᠡᠯᠴᠢ ᠲᠦᠰᠣᠪᠯᠡᠯᠳᠣ ᠵᠢᠷᠤᠭ ᠲᠦᠯᠣᠪᠯᠡᠭᠡ᠂ ᠮᠡᠳᠡᠭᠡ ᠵᠠᠩᠬᠢ ᠵᠢᠨ ᠯᠠᠪᠯᠠᠯᠭ᠎ᠠ᠂ ᠡᠷᠡᠭᠦᠯ ᠮᠠᠨᠳᠣ ᠨᠠᠰᠣᠵᠢᠯ᠎ᠤᠨ ᠠᠰᠠᠷᠠᠮᠵᠢ᠂ ᠠᠷᠠᠯᠵᠢᠶ᠎ᠠ ᠬᠤᠳᠠᠯᠳᠣᠭ᠋ᠠᠨ᠎ᠤ ᠴᠣᠭᠯᠠᠭ᠋ᠠᠨ ᠦᠵᠡᠭᠦᠯᠣᠯᠭᠡ ᠵᠡᠷᠭᠡ ᠦᠢ᠍ᠯᠡᠴᠢᠯᠡᠭᠡᠨ᠎ᠤ ᠦᠢ᠍ᠯᠡᠰ᠎ᠢ ᠭᠦᠭᠵᠢᠭᠦᠯᠣᠨ᠎ᠠ᠃ ᠨᠡᠷᠡᠳᠣ ᠲᠦᠷᠣᠯ ᠳᠡᠮᠳᠡᠭᠳᠣ ᠵᠢᠨ ᠪᠠᠶ᠋ᠢᠯᠳᠣᠬᠤ ᠪᠣᠳᠣᠯᠭ᠎ᠠ ᠵᠢ ᠭᠦᠨᠵᠡᠭᠡᠢ ᠬᠡᠷᠩᠵᠢᠭᠦᠯᠵᠣ᠂ ᠶᠠᠰᠣ ᠴᠢᠨᠠᠷ᠎ᠢ ᠳᠡᠭᠡᠭᠰᠢᠯᠡᠭᠦᠯᠭᠦ ᠠᠵᠢᠯᠯᠠᠭ᠎ᠠ ᠵᠢ ᠦᠷᠨᠢᠭᠦᠯᠣᠨ᠂ ᠦᠨᠳᠣᠷ ᠪᠠᠷᠢᠮᠵᠢᠶ᠎ᠠ᠎ᠪᠠᠷ ᠴᠢᠨᠠᠷ ᠰᠠᠶ᠋ᠢᠳᠠᠢ ᠪᠠᠶ᠋ᠢᠯᠭ᠋ᠠᠬᠤ ᠵᠢ ᠳᠠᠶ᠋ᠢᠴᠢᠯᠠᠨ᠎ᠠ᠃
      ᠪᠣᠳᠠᠲᠤ ᠴᠣᠭᠴᠠᠳᠣ ᠠᠵᠤ ᠠᠬᠤᠶ ᠵᠢᠨ ᠥᠪᠡᠷ᠎ᠤᠨ ᠦᠷᠲᠡᠭ᠎ᠢ ᠶᠡᠬᠡᠪᠡᠷ ᠪᠠᠭᠤᠷᠠᠭᠤᠯᠣᠨ᠎ᠠ᠃ ᠠᠵᠤ ᠠᠬᠤᠶ᠋ᠢᠯᠠᠯ᠎ᠳᠤ ᠬᠤᠯᠪᠣᠭᠳᠠᠭᠰᠠᠨ ᠬᠤᠷᠢᠶᠠᠬᠤ ᠰᠦᠢ᠍ᠳᠬᠡᠯ᠎ᠢ ᠦᠷᠭᠦᠯᠵᠢᠯᠡᠨ ᠴᠡᠪᠡᠷᠯᠡᠵᠦ ᠵᠢᠷᠤᠮᠵᠢᠭᠤᠯᠤᠨ᠂ ᠦᠢ᠍ᠯᠡᠳᠬᠦ ᠦᠢ᠍ᠯᠡᠰ᠎ᠤᠨ ᠦᠷᠳᠡᠭ ᠨᠡᠮᠡᠭᠳᠡᠯ᠎ᠤᠨ ᠭᠠᠶ᠋ᠢᠯᠢ ᠪᠠ ᠵᠢᠵᠢᠭ ᠪᠢᠴᠢᠯ ᠠᠵᠤ ᠠᠬᠤᠶ᠋ᠢᠯᠠᠯ᠎ᠤᠨ ᠠᠰᠢᠭ ᠣᠯᠵᠠᠪᠣᠷᠢ ᠵᠢᠨ ᠭᠠᠶ᠋ᠢᠯᠢ ᠵᠢ ᠪᠠᠭᠤᠷᠠᠭᠤᠯᠬᠤ ᠬᠠᠷᠠᠭ᠋ᠠᠯᠵᠠᠯ᠎ᠤᠨ ᠲᠦᠷᠦ ᠵᠢᠨ ᠪᠤᠳᠤᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠴᠠᠬᠢᠯᠭ᠋ᠠᠨ ᠬᠦᠴᠣᠨ᠂ ᠵᠠᠮ ᠬᠠᠷᠢᠯᠴᠠᠭ᠎ᠠ᠂ ᠮᠥᠩᠭᠦᠨ ᠭᠦᠢ᠍ᠯᠭᠡᠭᠡᠨ᠎ᠤ ᠬᠦᠷᠢᠶ᠎ᠡ ᠴᠠᠷᠠᠭ᠋ᠠᠨ᠎ᠳᠠᠬᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠣ᠂ ᠠᠵᠤ ᠠᠬᠤᠶ᠋ᠢᠯᠠᠯ᠎ᠤᠨ ᠲᠦᠷᠢᠮ᠎ᠤᠨ ᠴᠢᠨᠠᠷᠲᠠᠶ ᠠᠷᠠᠯᠵᠢᠶᠠᠯᠠᠬᠤ ᠥᠪᠡᠷ᠎ᠤᠨ ᠦᠷᠳᠡᠭ ᠪᠠ ᠡᠨᠧᠷᠭᠢ ᠵᠢᠨ ᠬᠡᠷᠡᠭᠯᠡᠯᠳᠠ᠂ ᠪᠠᠷᠠᠭ᠋ᠠᠨ᠎ᠤ ᠭᠦᠢ᠍ᠯᠭᠡᠭᠡ᠂ ᠪᠡᠯᠡ ᠲᠣᠬᠢᠷᠠᠭᠤᠯᠭ᠎ᠠ ᠵᠡᠷᠭᠡ ᠭᠦᠴᠣᠨ ᠵᠦᠢ᠍ᠯ᠎ᠤᠨ ᠥᠪᠡᠷ᠎ᠤᠨ ᠦᠷᠳᠡᠭ᠎ᠢ ᠪᠠᠭᠤᠷᠠᠭᠤᠯᠣᠨ᠎ᠠ᠃ ᠪᠡᠯᠨ ᠲᠣᠬᠢᠷᠠᠭᠤᠯᠭ᠎ᠠ ᠵᠢᠨ ᠪᠦᠳᠣᠴᠨ ᠵᠢ ᠰᠢᠯᠢᠳᠡᠭᠵᠢᠭᠦᠯᠵᠣ᠂ ᠠᠵᠣ ᠠᠬᠤᠶ᠋ᠢᠯᠡᠯ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠠᠬᠢᠭᠤᠯᠣᠨ᠂ ᠰᠢᠭᠤᠣᠨ ᠪᠡᠯᠨ ᠲᠣᠬᠢᠷᠠᠭᠤᠯᠬᠤ ᠢᠯᠡᠩᠭᠤᠶ᠎ᠠ ᠰᠲ᠋ᠣᠺ᠎ᠤᠨ ᠡᠷᠭᠡ᠎ᠪᠠᠷ ᠪᠡᠯᠨ ᠲᠣᠬᠢᠷᠠᠭᠤᠯᠬᠤ ᠬᠤᠪᠢ ᠵᠢᠨ ᠵᠢᠩ᠎ᠢ ᠳᠡᠭᠡᠭᠰᠢᠯᠡᠭᠦᠯᠣᠨ᠎ᠠ᠃
      ᠪᠦᠲᠦᠮᠵᠢᠳᠠᠢ ᠪᠡᠯᠡ ᠣᠷᠣᠭᠤᠯᠤᠯᠲᠠ ᠵᠢ ᠢᠳᠡᠪᠬᠢᠲᠡᠶ ᠠᠬᠢᠭᠤᠯᠣᠨ᠎ᠠ᠃ ᠳᠤᠲᠠᠭᠤᠳᠠᠯ᠎ᠢ ᠨᠥᠬᠦᠪᠥᠷᠢᠯᠡᠬᠦ ᠪᠠ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢ ᠰᠢᠯᠢᠳᠡᠭᠵᠢᠭᠦᠯᠭᠦ ᠵᠢᠨ ᠲᠣᠭᠤᠷᠢᠨ᠎ᠳᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠬᠥᠲᠥᠯᠥᠨ ᠵᠢᠯᠣᠭᠤᠳᠬᠤ ᠦᠢ᠍ᠯᠡᠳᠦᠯ᠎ᠢ ᠪᠠᠳᠠᠷᠠᠭᠤᠯᠣᠨ᠂ ᠠᠷᠠᠳ᠎ᠤᠨ ᠲᠣᠮᠳᠠᠬᠢ ᠪᠡᠯᠡ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠠ᠃ ᠠᠷᠠᠳ᠎ᠤᠨ ᠠᠮᠢᠳᠤᠷᠠᠯ᠎ᠤᠨ ᠭᠦᠷᠢᠶ᠎ᠡ ᠴᠠᠷᠠᠭ᠎ᠠ᠂ 《ᠮᠠᠯᠵᠢᠬᠤ ᠳᠠᠷᠢᠶᠠᠯᠠᠬᠤ ᠣᠷᠣᠨ᠂ ᠮᠠᠯ ᠲᠠᠷᠢᠶᠠᠯᠠᠩ᠂ ᠮᠠᠯᠴᠢᠨ ᠳᠠᠷᠢᠶᠠᠴᠢᠨ》᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ᠂ ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠳᠠᠯ᠎ᠠ ᠵᠢᠨ ᠪᠡᠯᠨ ᠣᠷᠣᠭᠤᠯᠣᠯᠳᠠ ᠵᠢᠨ ᠡᠷᠴᠢᠮ᠎ᠢ ᠴᠢᠩᠭ᠋ᠠᠷᠠᠭᠤᠯᠣᠨ᠎ᠠ᠃ ᠵᠠᠰᠠᠮᠠᠯ ᠵᠠᠮ᠂ ᠳᠡᠮᠣᠷ ᠵᠠᠮ ᠵᠡᠷᠭᠡ ᠰᠠᠭᠤᠷᠢ ᠪᠡᠯᠡᠣᠡᠭᠡᠮᠵᠢ ᠵᠢᠨ ᠪᠦᠳᠣᠭᠡᠨ ᠪᠠᠶ᠋ᠢᠭᠤᠯᠣᠯᠳᠠ ᠵᠢ ᠰᠢᠨᠵᠢᠯᠡᠭᠦ ᠣᠬᠠᠭ᠋ᠠᠨᠴᠢ᠎ᠪᠠᠷ ᠲᠦᠯᠣᠪᠵᠢᠭᠦᠯᠣᠨ᠂ ᠵᠦᠢ ᠵᠣᠬᠢᠰᠳᠠᠢ ᠪᠠᠶ᠋ᠢᠷᠢᠯᠠᠭᠤᠯᠵᠣ᠂ ᠲᠣᠳᠣᠷ ᠭᠠᠵᠡᠷ ᠪᠠ ᠳᠠᠯᠠᠢ ᠳᠠᠭ᠋ᠠᠣ ᠭᠠᠵᠡᠷ ᠣᠷᠣᠨ᠎ᠲᠠᠢ ᠬᠤᠯᠪᠣᠭᠰᠠᠨ ᠣᠯᠣᠰ᠎ᠤᠨ ᠵᠠᠮ ᠬᠠᠷᠢᠯᠴᠠᠭ᠋ᠠᠨ᠎ᠤ ᠭᠤᠣᠯ ᠵᠠᠮ ᠱᠣᠭᠤᠮ᠎ᠤᠨ ᠲᠦᠷᠣᠯ ᠵᠦᠢ᠍ᠯ᠎ᠢ ᠭᠤᠣᠯᠳᠠᠯᠭ᠎ᠠ᠎ᠲᠠᠢ ᠲᠦᠯᠬᠢᠨ ᠠᠬᠢᠭᠤᠯᠵᠣ᠂ ᠪᠡᠯᠨ ᠣᠷᠣᠭᠤᠯᠣᠯᠳᠠ ᠵᠢᠨ ᠣᠨᠣᠪᠴᠢᠳᠣ ᠴᠢᠨᠠᠷ᠂ ᠲᠦᠭᠡᠮᠡᠯ ᠬᠠᠷᠠᠭ᠋ᠠᠯᠵᠠᠬᠤ ᠴᠢᠨᠠᠷ᠂ ᠪᠦᠳᠣᠮᠵᠢᠳᠣ ᠴᠢᠨᠠᠷ᠎ᠢ ᠳᠡᠭᠡᠭᠰᠢᠯᠡᠭᠦᠯᠣᠨ᠎ᠠ᠃
      ᠣᠷᠣᠨ ᠪᠦᠰᠨ ᠵᠢᠨ ᠵᠣᠬᠢᠴᠠᠯᠳᠣᠨ ᠭᠦᠭᠵᠢᠭᠦ ᠵᠢ ᠠᠬᠢᠭᠤᠯᠣᠨ᠎ᠠ᠃ ᠭᠦᠭᠡᠬᠤᠳᠠ ᠪᠣᠭᠤᠳᠣ ᠣᠷᠳᠣᠰ᠎ᠤᠨ ᠵᠣᠬᠢᠴᠠᠯᠳᠣᠨ ᠭᠦᠭᠵᠢᠭᠦ᠂ ᠵᠠᠭᠦᠨ ᠬᠡᠰᠡᠭ ᠠᠶ᠋ᠢᠮᠠᠭ ᠬᠤᠳᠠ ᠵᠢᠨ ᠭᠦᠭᠵᠢᠯᠳᠠ ᠵᠢ ᠲᠦᠷᠭᠡᠤᠡᠭᠡᠭᠦ᠂ ᠦᠬᠠᠢ ᠵᠢᠴᠢ ᠡᠷᠬᠢᠨ ᠲᠣᠭᠤᠷᠢᠨ᠎ᠳᠠᠬᠢ ᠭᠠᠵᠡᠷ ᠣᠷᠣᠨ᠎ᠤ ᠬᠡᠯᠪᠡᠷᠢ᠎ᠪᠠᠨ ᠬᠤᠪᠢᠷᠠᠭᠤᠯᠣᠨ ᠭᠦᠭᠵᠢᠭᠦ ᠵᠢ ᠠᠬᠢᠭᠤᠯᠣᠨ᠂ ᠠᠵᠣ ᠦᠢ᠍ᠯᠡᠣᠡᠪᠣᠷᠢ ᠵᠢᠨ ᠭᠦᠷᠢᠶᠡᠯᠡᠩ ᠲᠣᠭᠤᠷᠢᠭ᠎ᠢ ᠦᠭᠡᠷᠡᠴᠢᠯᠡᠨ ᠳᠡᠰ ᠳᠠᠪᠰᠢᠭᠦᠯᠵᠣ᠂ ᠬᠤᠷᠢᠡᠭᠡᠷ ᠰᠢᠨ᠎ᠠ ᠲᠣᠭᠤᠷᠢᠭ᠎ᠢ ᠰᠢᠨᠵᠢᠯᠡᠭᠦ ᠣᠬᠠᠭ᠋ᠠᠨᠴᠢ᠎ᠪᠠᠷ ᠲᠦᠯᠣᠪᠵᠢᠭᠦᠯᠣᠨ᠂ ᠡᠮᠬᠢ ᠵᠢᠷᠣᠮ᠎ᠲᠠᠢ ᠪᠦᠳᠣᠭᠡᠨ ᠪᠠᠶ᠋ᠢᠭᠤᠯᠣᠨ᠎ᠠ᠃
     (ᠭᠤᠷᠪᠠ) ᠰᠢᠨ᠎ᠠ ᠵᠢ ᠡᠭᠦᠳᠬᠦ ᠬᠡᠯᠪᠡᠷᠢ ᠪᠦᠭᠦᠢ ᠦᠪᠦᠷ ᠮᠤᠩᠭᠤᠯ᠎ᠢ ᠲᠦᠷᠬᠡᠳᠬᠡᠨ ᠪᠠᠶ᠋ᠢᠭᠤᠯᠤᠨ᠎ᠠ᠃ ᠰᠢᠨ᠎ᠠ ᠵᠢ ᠡᠭᠦᠳᠬᠦ᠎ᠪᠠᠷ ᠭᠦᠭᠵᠢᠯᠳᠡ ᠵᠢ ᠭᠦᠳᠦᠯᠦᠨ ᠲᠠᠭ᠋ᠠᠭᠤᠯᠬᠤ ᠨᠢᠬᠡᠳᠦᠬᠡᠷ ᠭᠦᠳᠡᠯᠬᠡᠬᠦ ᠭᠦᠴᠦᠨ ᠪᠤᠯᠭ᠋ᠠᠬᠤ ᠵᠢ ᠪᠠᠷᠢᠮᠳᠠᠯᠠᠵᠦ᠂ ᠰᠢᠨ᠎ᠠ ᠵᠢ ᠡᠭᠦᠳᠬᠦ᠎ᠪᠠᠷ ᠭᠦᠳᠡᠯᠬᠡᠭᠦᠷ ᠪᠤᠯᠭ᠋ᠠᠬᠤ ᠪᠠᠶ᠋ᠢᠯᠳᠤᠬᠤ ᠪᠤᠳᠤᠯᠭ᠎ᠠ ᠵᠢ ᠭᠦᠨᠵᠡᠬᠡᠢ ᠬᠡᠷᠡᠭᠵᠢᠬᠦᠯᠦᠨ᠎ᠠ᠃
      ᠰᠢᠨᠵᠢᠯᠡᠬᠦ ᠤᠬᠠᠭ᠋ᠠᠨ ᠮᠡᠷᠬᠡᠵᠢᠯ᠎ᠳᠠᠬᠢ ᠤᠷᠤᠭᠤᠯᠤᠯᠳᠠ᠎ᠪᠠᠨ ᠨᠡᠮᠡᠭᠳᠡᠭᠦᠯᠦᠨ᠂ ᠡᠳ᠋᠎ᠤᠨ ᠵᠠᠰᠠᠭ᠎ᠤᠨ ᠪᠡᠯᠡ ᠮᠦᠩᠭᠦ ᠵᠢᠨ ᠭᠦᠳᠦᠯᠦᠨ ᠵᠢᠯᠤᠭᠤᠳᠬᠤ ᠦᠢ᠍ᠯᠡᠳᠦᠯ᠎ᠢ ᠪᠠᠳᠠᠷᠠᠭᠤᠯᠵᠦ᠂ ᠶᠡᠬᠡ ᠲᠡᠬᠡᠳᠤ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠪᠠ ᠠᠵᠦ ᠠᠬᠤᠢ᠌ᠯᠠᠯ᠎ᠢ ᠲᠠᠮᠵᠢᠵᠦ ᠪᠠᠢ᠌ᠭ᠋ᠠᠳ ᠰᠢᠨᠵᠢᠯᠡᠬᠦ ᠤᠬᠠᠭ᠋ᠠᠨ ᠮᠡᠷᠬᠡᠵᠢᠯ᠎ᠤᠨ ᠲᠦᠷᠦᠯ ᠵᠦᠢ᠍ᠯ᠎ᠢ ᠲᠠᠭ᠋ᠠᠭ᠋ᠠᠨ ᠡᠭᠦᠷᠬᠡᠯᠡᠬᠦᠯᠵᠦ᠂ ᠤᠯᠠᠨ ᠡᠰᠢᠳᠦ ᠤᠷᠤᠭᠤᠯᠤᠯᠳᠠ ᠵᠢᠨ ᠲᠤᠨᠨᠳᠠᠴᠠ ᠵᠢ ᠪᠦᠷᠢᠯᠳᠦᠬᠦᠯᠦᠨ᠎ᠠ᠃ ᠪᠠᠶ᠋ᠢᠯᠳᠤᠬᠤ ᠪᠤᠳᠤᠯᠭ᠎ᠠ ᠪᠠ ᠬᠤᠰᠢᠭᠤᠷᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠵᠦ᠂ ᠬᠡᠷᠡᠭᠯᠡᠬᠡᠨ᠎ᠤ ᠰᠠᠭᠤᠷᠢ ᠴᠢᠨᠠᠷᠳᠠᠢ ᠰᠤᠳᠤᠯᠭ᠋ᠠᠨ᠎ᠢ ᠴᠢᠩᠭ᠋ᠠᠳᠬᠠᠨ᠂ ᠤᠳᠤ ᠦᠶ᠎ᠡ ᠵᠢᠨ ᠲᠠᠷᠢᠶᠠᠯᠠᠩ ᠮᠠᠯ ᠠᠵᠦ ᠠᠬᠤᠢ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠳᠠᠢ ᠰᠢᠨ᠎ᠠ᠎ᠪᠠᠷ ᠪᠤᠢ ᠪᠤᠯᠤᠨᠨᠰᠠᠨ ᠠᠵᠦ ᠦᠢ᠍ᠯᠡᠰ᠂ ᠴᠦᠯᠯᠡᠷᠬᠡᠭᠵᠢᠬᠦ ᠵᠢ ᠵᠠᠰᠠᠬᠤ ᠵᠡᠷᠬᠡ ᠭᠦᠷᠢᠶ᠎ᠡ ᠴᠠᠷᠠᠭ᠎ᠠ᠎ᠳᠠᠬᠢ ᠴᠢᠬᠤᠯᠡ ᠶᠡᠭᠡ ᠰᠢᠨᠵᠢᠯᠡᠬᠦ ᠤᠬᠠᠭ᠋ᠠᠨ ᠮᠡᠷᠬᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠤᠭᠤᠷᠢᠨ᠎ᠳᠤ᠂ ᠨᠢᠬᠡ ᠪᠦᠯᠦᠭ ᠰᠢᠨᠵᠢᠯᠡᠬᠦ ᠤᠬᠠᠭ᠋ᠠᠨ ᠮᠡᠷᠬᠡᠵᠢᠯ᠎ᠤᠨ ᠴᠢᠬᠤᠯᠠ ᠶᠡᠭᠡ ᠲᠤᠰᠬᠠᠢ ᠵᠦᠢ᠍ᠯ᠎ᠢ ᠵᠤᠬᠢᠶᠠᠨ ᠪᠠᠶ᠋ᠢᠭᠤᠯᠤᠨ ᠬᠡᠷᠡᠭᠵᠢᠬᠦᠯᠵᠦ᠂ ᠨᠢᠬᠡ ᠪᠦᠯᠦᠭ ᠵᠠᠩᠬᠢᠯᠠᠭ᠎ᠠ ᠵᠢᠨ ᠨᠡᠶ᠋ᠢᠳᠡᠯᠢᠭ ᠴᠢᠨᠠᠷᠳᠠᠢ ᠮᠡᠷᠬᠡᠵᠢᠯ᠎ᠳᠤ ᠰᠢᠪᠳᠦᠯᠦᠯᠳᠡ᠎ᠲᠠᠢ ᠪᠤᠯᠭ᠋ᠠᠨ᠎ᠠ᠃ ᠰᠢᠨᠵᠢᠯᠡᠬᠦ ᠤᠠᠬᠠᠭ᠋ᠠᠨ ᠮᠡᠷᠬᠡᠵᠢᠯ᠎ᠤᠨ ᠦᠷ᠎ᠡ ᠪᠦᠳᠦᠬᠡᠯ᠎ᠢ ᠤᠯᠠᠷᠢᠭᠤᠯᠬᠤ ᠦᠢ᠍ᠯᠡᠴᠢᠯᠡᠭᠡ ᠵᠢᠨ ᠰᠢᠰᠲ᠋ᠧᠮᠵᠢ ᠵᠢ ᠲᠡᠭᠦᠯᠳᠡᠷᠵᠢᠬᠦᠯᠵᠦ᠂ ᠲᠤᠰᠬᠠᠶ᠋ᠢᠵᠢᠨᠨᠰᠠᠨ ᠦᠢ᠍ᠯᠡᠴᠢᠯᠡᠬᠡᠨ᠎ᠤ ᠪᠠᠶ᠋ᠢᠭᠤᠯᠤᠮᠵᠢ ᠵᠢ ᠪᠤᠶ᠋ᠢᠵᠢᠭᠤᠯᠤᠨ᠎ᠠ᠃ ᠰᠢᠨᠵᠢᠯᠡᠬᠦ ᠤᠠᠬᠠᠭ᠋ᠠᠨ ᠮᠡᠷᠬᠡᠵᠢᠯ᠎ᠤᠨ ᠦᠷ᠎ᠡ ᠪᠦᠳᠦᠬᠡᠯ᠎ᠤᠨ ᠠᠷᠠᠯᠵᠢᠶᠠᠯᠠᠬᠤ ᠲᠡᠪᠴᠡᠩ᠂ ᠭᠤᠤᠯᠳᠠᠯᠭ᠎ᠠ᠎ᠲᠠᠢ ᠲᠤᠷᠰᠢᠯᠳᠠ ᠵᠢᠨ ᠲᠠᠰᠤᠭ᠂ ᠢᠨᠵᠧᠨᠧᠷᠢᠩ᠎ᠤᠨ ᠰᠤᠳᠤᠯᠭ᠋ᠠᠨ᠎ᠤ ᠲᠦᠪ᠂ ᠠᠵᠦ ᠠᠬᠤᠶ᠋ᠢᠯᠠᠯ᠎ᠤᠨ ᠮᠡᠷᠬᠡᠵᠢᠯ᠎ᠤᠨ ᠲᠦᠪ᠎ᠤᠨ ᠦᠢ᠍ᠯᠡᠳᠦᠯ᠎ᠢ ᠰᠠᠶ᠋ᠢᠳᠤᠷ ᠪᠠᠳᠠᠷᠠᠭᠤᠯᠵᠦ᠂ ᠰᠢᠨ᠎ᠠ ᠡᠬᠦᠳᠦᠯᠳᠡ᠎ᠲᠠᠢ ᠦᠷ᠎ᠡ ᠪᠦᠳᠦᠬᠡᠯ᠎ᠢ ᠠᠬᠤᠶ᠋ᠢᠴᠢ ᠦᠢ᠍ᠯᠡᠳᠪᠦᠷᠢᠯᠡᠯ᠎ᠤᠨ ᠭᠦᠴᠦᠨ ᠲᠡᠰᠢ ᠤᠯᠠᠷᠢᠭᠤᠯᠬᠤ ᠵᠢ ᠲᠦᠷᠬᠡᠳᠬᠡᠨ᠎ᠠ᠃ ᠤᠯᠤᠰ᠎ᠤᠨ ᠲᠡᠰ᠎ᠤᠨ ᠰᠢᠨ᠎ᠠ ᠡᠬᠦᠳᠦᠯᠳᠡ ᠵᠢᠨ ᠲᠡᠪᠴᠡᠩ᠎ᠢ ᠪᠤᠶ᠋ᠢᠵᠢᠭᠤᠯᠤᠨ᠂ ᠭᠦᠬᠡᠬᠤᠳᠠ ᠪᠤᠭᠤᠳᠤ ᠤᠷᠳᠤᠰ᠎ᠲᠠᠬᠢ ᠤᠯᠤᠰ᠎ᠤᠨ ᠪᠡᠶ᠎ᠡ᠎ᠪᠠᠨ ᠲᠠᠭ᠋ᠠᠭ᠋ᠠᠨᠨᠰᠠᠨ ᠰᠢᠨ᠎ᠠ ᠡᠭᠦᠳᠦᠯᠳᠡ ᠵᠢᠨ ᠵᠢᠱ᠌ᠢᠶ᠎ᠡ ᠦᠵᠡᠬᠦᠯᠬᠦ ᠲᠤᠭᠤᠷᠢᠭ᠂ ᠪᠤᠭᠤᠳᠤ᠎ᠳᠠᠬᠢ ᠤᠯᠤᠰ᠎ᠤᠨ ᠲᠡᠰ᠎ᠤᠨ ᠴᠡᠷᠢᠭ ᠠᠷᠠᠳ᠎ᠤᠨ ᠠᠭᠤᠰᠤᠯᠴᠬᠠᠰᠠᠨ ᠰᠢᠨ᠎ᠠ ᠡᠭᠦᠳᠦᠯᠳᠡ ᠵᠢᠨ ᠵᠢᠱ᠌ᠢᠶ᠎ᠡ ᠦᠵᠡᠬᠦᠯᠬᠦ ᠲᠤᠭᠤᠷᠢᠭ᠎ᠢ ᠡᠭᠦᠳᠦᠨ ᠪᠠᠶ᠋ᠢᠭᠤᠯᠤᠨ᠎ᠠ᠃ ᠨᠢᠬᠡ ᠪᠦᠯᠦᠭ 《ᠠᠳᠠᠯ ᠦᠢ᠍ᠯᠡᠰ ᠴᠤᠨᠨᠴᠠᠯᠠᠵᠦ ᠰᠢᠨ᠎ᠠ ᠵᠢ ᠡᠭᠦᠳᠬᠦ》 ᠵᠢᠨ ᠵᠢᠱ᠌ᠢᠶ᠎ᠡ ᠦᠵᠡᠬᠦᠯᠬᠦ ᠰᠠᠭᠤᠷᠢᠨ ᠭᠠᠵᠠᠷ ᠪᠠ ᠲᠦᠮᠡᠨ ᠤᠯᠠᠨ ᠵᠶ᠋ᠠᠷ ᠵᠶ᠋ᠠᠨ ᠠᠳᠠᠯ ᠦᠢ᠍ᠯᠡᠰ ᠴᠤᠨᠨᠴᠠᠯᠠᠬᠤ ᠤᠷᠤᠨ ᠵᠠᠢ ᠵᠢ ᠴᠢᠨᠠᠷ ᠰᠠᠶ᠋ᠢᠳᠠᠢ ᠪᠠᠶ᠋ᠢᠭᠤᠯᠤᠨ᠂ ᠰᠢᠨ᠎ᠠ ᠵᠢ ᠡᠭᠦᠳᠬᠦ ᠬᠡᠯᠪᠡᠷᠢ ᠪᠦᠭᠦᠢ ᠵᠢᠵᠢᠭ ᠪᠢᠴᠢᠯ ᠠᠵᠦ ᠠᠬᠤᠶ᠋ᠢᠯᠠᠯ᠎ᠢ ᠨᠡᠪᠴᠢᠭᠦᠯᠦᠨ ᠪᠤᠶ᠋ᠢᠵᠢᠭᠤᠯᠤᠨ᠎ᠠ᠃ ᠴᠢᠳᠠᠪᠤᠷᠢᠳᠠᠨ᠎ᠤ ᠲᠤᠬᠠᠢ ᠲᠦᠷᠦ ᠵᠢᠨ ᠪᠤᠳᠤᠯᠭ᠎ᠠ ᠵᠢ ᠪᠦᠭᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠴᠢᠳᠠᠪᠤᠷᠢᠳᠠᠨ᠎ᠢ ᠦᠨᠡᠯᠡᠵᠦ ᠤᠷᠮᠠᠰᠢᠭᠤᠯᠬᠤ ᠲᠤᠨᠨᠳᠠᠴᠠ ᠵᠢ ᠲᠡᠭᠦᠯᠳᠡᠷᠵᠢᠬᠦᠯᠵᠦ᠂ ᠡᠯ᠎ᠡ ᠲᠦᠷᠦᠯ᠎ᠤᠨ ᠴᠢᠳᠠᠪᠤᠷᠢᠳᠠᠨ᠎ᠢ ᠭᠦᠮᠦᠵᠢᠬᠦᠯᠬᠦ᠂ ᠤᠷᠤᠭᠤᠯᠤᠨ ᠠᠪᠴᠢᠷᠠᠬᠤ ᠪᠠ ᠬᠡᠷᠡᠭᠯᠡᠬᠦ ᠠᠵᠢᠯ᠎ᠢ ᠰᠠᠶ᠋ᠢᠳᠤᠷ

ᠬᠢᠨ᠎ᠠ᠃
     (ᠲᠦᠷᠪᠡ) ᠭᠦᠳᠡᠭᠡ ᠲᠤᠰᠬᠤᠨ᠎ᠢ ᠭᠦᠭᠵᠢᠬᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠬᠦᠯᠦᠨ᠎ᠠ᠃ ᠲᠠᠷᠢᠶᠠᠯᠠᠩ ᠮᠠᠯ ᠠᠵᠦ ᠠᠬᠤᠢ ᠮᠠᠯᠵᠢᠬᠤ ᠲᠠᠷᠢᠶᠠᠯᠠᠬᠤ ᠤᠷᠤᠨ᠎ᠢ ᠤᠷᠢᠳᠠᠪᠡᠷ ᠭᠦᠭᠵᠢᠬᠦᠯᠬᠦ ᠵᠢ ᠪᠠᠷᠢᠮᠳᠠᠯᠠᠵᠦ᠂ ᠠᠵᠦ ᠦᠢ᠍ᠯᠡᠰ᠎ᠨᠢ ᠭᠦᠭᠵᠢᠩᠬᠦᠢ᠂ ᠠᠮᠢ ᠠᠬᠤᠢ᠎ᠨᠢ ᠤᠷᠤᠰᠢᠨ ᠰᠠᠭᠤᠷᠢᠰᠢᠬᠤ᠎ᠳᠤ ᠲᠤᠬᠢᠷᠠᠮᠵᠢᠳᠠᠢ᠂ ᠨᠤᠳᠤᠭ᠎ᠤᠨ ᠵᠠᠩ ᠲᠠᠳᠬᠠᠯ᠎ᠨᠢ ᠪᠤᠯᠪᠠᠰᠤᠨ᠂ ᠵᠠᠰᠠᠯᠳᠠ᠎ᠨᠢ ᠪᠦᠳᠦᠮᠵᠢᠳᠡᠢ᠂ ᠠᠮᠢᠳᠤᠷᠠᠯ᠎ᠨᠢ ᠪᠠᠶᠠᠨ ᠴᠢᠨᠡᠬᠡᠯᠢᠭ ᠪᠠᠶ᠋ᠢᠬᠤ ᠶᠡᠷᠦᠩᠬᠡᠢ ᠱᠠᠭ᠋ᠠᠷᠳᠠᠯᠭ᠎ᠠ ᠶᠤᠰᠤᠭ᠋ᠠᠷ᠂ ᠲᠠᠷᠢᠶᠠᠯᠠᠩ ᠮᠠᠯ ᠠᠵᠦ ᠠᠬᠤᠢ ᠪᠠ ᠮᠠᠯᠵᠢᠬᠤ ᠲᠠᠷᠢᠶᠠᠯᠠᠬᠤ ᠤᠷᠤᠨ᠎ᠤ ᠤᠳᠤᠬᠢᠴᠢᠯᠠᠯᠳᠠ ᠵᠢ ᠠᠬᠢᠭᠤᠯᠤᠨ᠎ᠠ᠃
      ᠶᠠᠰᠤ ᠴᠢᠨᠠᠷ ᠵᠶ᠋ᠠᠷ ᠲᠠᠷᠢᠶᠠᠯᠠᠩ᠎ᠢ ᠭᠦᠭᠵᠢᠬᠦᠯᠬᠦ ᠪᠠ ᠪᠤᠬᠢᠷᠳᠤᠯ ᠦᠬᠡᠢ᠎ᠪᠠᠷ ᠲᠠᠷᠢᠶᠠᠯᠠᠩ᠎ᠢ ᠭᠦᠭᠵᠢᠬᠦᠯᠬᠦ ᠵᠢ ᠪᠠᠷᠢᠮᠳᠠᠯᠠᠨ᠂ ᠤᠳᠤ ᠦᠶ᠎ᠠ ᠵᠢᠨ ᠲᠠᠷᠢᠶᠠᠯᠠᠩ ᠮᠠᠯ ᠠᠵᠦ ᠠᠬᠤᠢ ᠵᠢᠨ ᠠᠵᠦ ᠦᠢ᠍ᠯᠡᠰ᠎ᠤᠨ ᠰᠢᠰᠲ᠋ᠧᠮᠵᠢ᠂ ᠦᠢ᠍ᠯᠡᠳᠪᠦᠷᠢᠯᠡᠯ᠎ᠤᠨ ᠰᠢᠰᠲ᠋ᠧᠮᠵᠢ᠂ ᠡᠵᠡᠨᠭᠨᠡᠯᠳᠡ ᠵᠢᠨ ᠰᠢᠰᠲ᠋ᠧᠮᠵᠢ ᠵᠢ ᠲᠦᠷᠬᠡᠳᠬᠡᠨ ᠪᠠᠢ᠌ᠭᠤᠯᠵᠦ᠂ ᠲᠠᠷᠢᠶᠠᠯᠠᠩ ᠮᠠᠯ ᠠᠵᠦ ᠠᠬᠤᠢ ᠵᠢᠨ ᠠᠰᠢᠬ ᠰᠢᠮ᠎ᠠ ᠵᠢᠨ ᠪᠦᠳᠦᠬᠡᠭᠳᠡᠬᠦᠨ᠎ᠤ ᠪᠦᠳᠦᠴᠡ᠂ ᠠᠵᠦ ᠦᠢ᠍ᠯᠡᠰ᠎ᠤᠨ ᠪᠦᠳᠦᠴᠡ ᠪᠠ ᠪᠠᠶ᠋ᠢᠷᠢᠰᠢᠭᠤᠯᠤᠯᠳᠠ ᠵᠢᠨ ᠪᠦᠳᠦᠴᠡ ᠵᠢ ᠲᠤᠬᠢᠷᠠᠭᠤᠯᠤᠨ ᠰᠢᠯᠢᠳᠡᠭᠵᠢᠬᠦᠯᠵᠦ᠂ ᠲᠠᠪᠠᠭᠤᠯᠢᠭ ᠤᠨᠴᠠᠯᠢᠨᠨᠳᠤ ᠲᠠᠷᠢᠶᠠᠯᠠᠩ ᠮᠠᠯ ᠠᠵᠦ ᠠᠬᠤᠢ ᠵᠢ ᠭᠦᠭᠵᠢᠬᠦᠯᠦᠨ ᠪᠤᠵᠠᠭ᠋ᠠᠶ᠋ᠢᠷᠠᠭᠤᠯᠤᠨ᠎ᠠ᠃ ᠠᠮᠤ ᠪᠤᠳᠠᠭ᠋ᠠᠨ᠎ᠤ ᠤᠨᠠᠯᠳᠠ ᠵᠢᠨ ᠴᠢᠳᠠᠮᠵᠢᠳᠤ ᠤᠷᠤᠨ᠂ ᠴᠢᠬᠤᠯᠠ ᠪᠤᠯᠬᠤ ᠲᠠᠷᠢᠶᠠᠯᠠᠩ ᠮᠠᠯ᠎ᠤᠨ ᠠᠰᠢᠭ ᠰᠢᠮ᠎ᠠ ᠵᠢᠨ ᠪᠦᠳᠦᠬᠡᠭᠳᠡᠬᠦᠨ᠎ᠤ ᠬᠠᠮᠠᠭ᠋ᠠᠯᠠᠯᠳᠠ ᠵᠢᠨ ᠤᠷᠤᠨ᠂ ᠤᠨᠴᠠᠯᠢᠨᠨᠳᠤ ᠲᠠᠷᠢᠶᠠᠯᠠᠩ ᠮᠠᠯ᠎ᠤᠨ ᠠᠰᠢᠭ ᠰᠢᠮ᠎ᠠ ᠵᠢᠨ ᠪᠦᠳᠦᠬᠡᠭᠳᠡᠭᠦᠨ᠎ᠤ ᠬᠠᠮᠠᠭ᠋ᠠᠯᠠᠯᠳᠠ ᠵᠢᠨ ᠤᠷᠤᠨ᠎ᠢ ᠪᠦᠳᠦᠬᠡᠨ ᠪᠠᠶ᠋ᠢᠭᠤᠯᠵᠦ᠂ ᠤᠳᠤ ᠦᠶ᠎ᠡ ᠵᠢᠨ ᠲᠠᠷᠢᠶᠠᠯᠠᠩ ᠮᠠᠯ ᠠᠵᠦ ᠠᠬᠤᠢ ᠵᠢᠨ ᠠᠵᠦ ᠦᠢ᠍ᠯᠡᠰ᠎ᠤᠨ ᠭᠦᠷᠢᠶᠡᠯᠡᠩ᠂ ᠰᠢᠨᠵᠢᠯᠡᠬᠦ ᠤᠬᠠᠭ᠋ᠠᠨ ᠮᠡᠷᠬᠡᠵᠢᠯ᠎ᠤᠨ ᠭᠦᠷᠢᠶᠡᠯᠡᠩ᠂ ᠠᠳᠠᠯ ᠦᠢ᠍ᠯᠡᠰ ᠴᠤᠨᠨᠴᠠᠯᠠᠬᠤ ᠭᠦᠷᠢᠶᠡᠯᠡᠩ᠎ᠢ ᠪᠦᠳᠦᠬᠡᠨ ᠪᠠᠶ᠋ᠢᠭᠤᠯᠦᠨ᠎ᠠ᠃ ᠤᠰᠤ ᠠᠷᠪᠢᠯᠠᠬᠤ ᠤᠰᠤᠯᠠᠯᠳᠠ ᠵᠢ ᠭᠦᠭᠵᠢᠬᠦᠯᠵᠦ᠂ ᠦᠨᠳᠦᠷ ᠪᠠᠷᠢᠮᠵᠢᠶ᠎ᠠ᠎ᠲᠠᠢ ᠲᠠᠷᠢᠶᠠᠨ ᠭᠠᠵᠠᠷ᠎ᠢ ᠪᠦᠳᠦᠬᠡᠨ ᠪᠠᠶ᠋ᠢᠭᠤᠯᠤᠨ᠎ᠠ᠃ ᠲᠠᠷᠢᠶᠠᠯᠠᠩ ᠮᠠᠯ ᠠᠵᠦ ᠠᠬᠤᠢ ᠵᠢᠨ ᠪᠠᠷᠢᠮᠵᠢᠶᠠᠵᠢᠨᠨᠰᠠᠨ ᠦᠢ᠍ᠯᠡᠳᠪᠦᠷᠢᠯᠡᠯ᠎ᠢ ᠠᠬᠢᠭᠤᠯᠤᠨ᠂ ᠶᠠᠰᠤ ᠴᠢᠨᠠᠷ᠎ᠤᠨ ᠠᠮᠤᠷ ᠲᠦᠪᠰᠢᠨ᠎ᠳᠤ ᠮᠦᠷᠳᠡᠨ ᠤᠬᠤᠴᠢᠯᠠᠬᠤ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠬᠦᠯᠵᠦ᠂ ᠭᠠᠵᠠᠷ ᠵᠦᠢ ᠵᠢᠨ ᠲᠡᠮᠳᠡᠭ ᠪᠠ ᠠᠮᠢ ᠠᠬᠤᠢ ᠵᠢᠨ ᠤᠭ ᠭᠠᠷᠤᠯᠳᠠ ᠵᠢᠨ ᠤᠷᠤᠨ᠎ᠤ ᠪᠦᠳᠦᠬᠡᠭᠳᠡᠬᠦᠨ᠎ᠢ ᠬᠠᠮᠠᠭ᠋ᠠᠯᠠᠬᠤ ᠪᠠ ᠲᠠᠩᠰᠠᠯᠠᠬᠤ ᠵᠢ ᠴᠢᠩᠭ᠋ᠠᠷᠠᠭᠤᠯᠵᠦ᠂ ᠭᠦᠳᠦᠴᠢ ᠠᠵᠦ ᠠᠬᠤᠶ᠋ᠢᠯᠠᠯ ᠪᠠ ᠨᠡᠷᠡᠳᠦ ᠲᠦᠷᠦᠯ ᠲᠡᠮᠳᠡᠭᠳᠦ ᠵᠢ ᠨᠡᠩ ᠤᠯᠠᠨ ᠪᠤᠶ᠋ᠢᠵᠢᠭᠤᠯᠤᠨ᠂ ᠲᠠᠷᠢᠶᠠᠯᠠᠩ ᠮᠠᠯ᠎ᠤᠨ ᠠᠰᠢᠭ ᠰᠢᠮ᠎ᠠ ᠵᠢᠨ ᠪᠦᠳᠦᠬᠡᠭᠳᠡᠬᠦᠨ᠎ᠤ ᠬᠠᠩᠭ᠋ᠠᠯᠭ᠎ᠠ ᠵᠢᠨ ᠶᠠᠰᠤ ᠴᠢᠨᠠᠷ ᠪᠠ ᠦᠷ᠎ᠡ ᠠᠰᠢᠭ᠎ᠢ ᠪᠦᠭᠦ ᠲᠠᠯ᠎ᠠ᠎ᠪᠠᠷ ᠲᠡᠬᠡᠭᠰᠢᠯᠡᠬᠦᠯᠦᠨ᠎ᠠ᠃ 《ᠢᠨᠲ᠋ᠧᠷ ᠰᠦᠯᠵᠢᠶ᠎ᠡ + ᠤᠳᠤ ᠦᠶ᠎ᠠ ᠵᠢᠨ ᠲᠠᠷᠢᠶᠠᠯᠠᠩ》᠂ 《ᠢᠨᠲ᠋ᠧᠷ ᠰᠦᠯᠵᠢᠶ᠎ᠡ + ᠤᠳᠤ ᠦᠶ᠎ᠠ ᠵᠢᠨ ᠮᠠᠯ ᠠᠵᠦ ᠠᠬᠤᠢ》 ᠵᠢ ᠲᠦᠷᠬᠡᠳᠬᠡᠨ ᠠᠬᠢᠭᠤᠯᠵᠦ᠂ ᠲᠠᠷᠢᠶᠠᠯᠠᠩ ᠮᠠᠯ᠎ᠤᠨ ᠠᠰᠢᠭ ᠰᠢᠮ᠎ᠠ ᠵᠢᠨ ᠪᠦᠳᠦᠬᠡᠭᠳᠡᠬᠦᠨ᠎ᠤ ᠭᠦᠢ᠍ᠯᠬᠡᠬᠡᠨ᠎ᠤ ᠤᠳᠤᠬᠢᠴᠢᠯᠠᠯᠳᠠ ᠵᠢ ᠠᠬᠢᠭᠤᠯᠤᠨ᠎ᠠ᠃ ᠰᠢᠨ᠎ᠠ ᠬᠡᠯᠪᠡᠷᠢ ᠵᠢᠨ ᠲᠠᠷᠢᠶᠠᠯᠠᠩ ᠮᠠᠯ ᠠᠵᠦ ᠠᠬᠤᠢ ᠵᠢᠨ ᠡᠵᠡᠩᠨᠡᠯᠳᠡ ᠵᠢᠨ ᠭᠤᠤᠯ ᠴᠤᠨᠨᠴᠠ ᠵᠢ ᠪᠤᠶ᠋ᠢᠵᠢᠭᠤᠯᠤᠨ᠂ ᠠᠵᠢᠯ ᠮᠡᠷᠬᠡᠵᠢᠯ᠎ᠤᠨ ᠮᠠᠯᠴᠢᠨ ᠲᠠᠷᠢᠶᠠᠴᠢᠨ᠎ᠢ ᠭᠦᠮᠦᠵᠢᠬᠦᠯᠵᠦ᠂ ᠲᠠᠷᠢᠶᠠᠴᠢᠨ ᠪᠠ ᠠᠵᠦ ᠠᠬᠤᠶ᠋ᠢᠯᠠᠯ᠎ᠤᠨ ᠠᠰᠢᠭ ᠲᠤᠰᠠ ᠵᠢ ᠬᠤᠯᠪᠤᠨᠨᠳᠠᠭᠤᠯᠬᠤ ᠲᠤᠨᠨᠳᠠᠴᠠ ᠵᠢ ᠲᠡᠭᠦᠯᠳᠡᠷᠵᠢᠬᠦᠯᠦᠨ᠂ ᠮᠠᠯᠵᠢᠬᠤ ᠲᠠᠷᠢᠶᠠᠯᠠᠬᠤ ᠤᠷᠤᠨ᠎ᠤ ᠨᠢᠬᠡᠳᠦᠬᠡᠷ ᠬᠤᠶᠠᠳᠤᠭ᠋ᠠᠷ ᠭᠤᠷᠪᠠᠳᠤᠭ᠋ᠠᠷ ᠠᠵᠦ ᠦᠢ᠍ᠯᠡᠰ᠎ᠤᠨ ᠠᠭᠤᠰᠤᠯᠴᠠᠨ ᠭᠦᠭᠵᠢᠬᠦ ᠵᠢ ᠠᠬᠢᠭᠤᠯᠤᠨ᠎ᠠ᠃
      ᠮᠠᠯᠵᠢᠬᠤ ᠲᠠᠷᠢᠶᠠᠯᠠᠬᠤ ᠤᠷᠤᠨ᠎ᠤ ᠤᠯᠠᠨ ᠨᠡᠶ᠋ᠢᠳᠡ ᠵᠢᠨ ᠰᠠᠭᠤᠷᠢ ᠪᠡᠯᠡᠳᠬᠡᠮᠵᠢ ᠵᠢᠨ ᠪᠦᠳᠦᠬᠡᠨ ᠪᠠᠶ᠋ᠢᠭᠤᠯᠤᠯᠳᠠ ᠪᠠ ᠤᠯᠠᠨ ᠨᠡᠶ᠋ᠢᠳᠡ ᠵᠢᠨ ᠦᠢ᠍ᠯᠡᠴᠢᠯᠡᠭᠡ ᠵᠢ ᠴᠢᠩᠭ᠋ᠠᠳᠬᠠᠨ᠎ᠠ᠃ ᠤᠤᠭᠤᠬᠤ ᠤᠰᠤᠨ᠎ᠤ ᠠᠮᠤᠷ ᠲᠦᠪᠰᠢᠨ᠎ᠢ ᠪᠠᠳᠤᠳᠬᠠᠨ ᠲᠡᠬᠡᠭᠰᠢᠯᠡᠬᠦᠯᠬᠦ ᠢᠨᠵᠧᠨᠧᠷᠢᠩ᠎ᠢ ᠬᠡᠷᠡᠭᠵᠢᠬᠦᠯᠦᠨ᠎ᠠ᠃ ᠪᠤᠶ᠋ᠢᠳᠠ ᠪᠦᠭᠯᠡᠬᠦᠦ ᠮᠠᠯᠵᠢᠬᠤ ᠲᠠᠷᠢᠶᠠᠯᠠᠬᠤ ᠤᠷᠤᠨ᠎ᠳᠤ ᠬᠡᠷᠡᠭᠯᠡᠬᠦ ᠴᠠᠬᠢᠯᠭ᠋ᠠᠨ᠎ᠤ ᠲᠡᠰ ᠲᠡᠪᠰᠢᠬᠦᠯᠵᠦ ᠦᠬᠡᠷᠡᠴᠢᠯᠡᠨ ᠵᠠᠰᠠᠬᠤ ᠵᠢ ᠪᠡᠶᠡᠯᠡᠬᠦᠯᠦᠨ᠎ᠠ᠃ ᠮᠠᠯᠵᠢᠬᠤ ᠲᠠᠷᠢᠶᠠᠯᠠᠬᠤ ᠤᠷᠤᠨ᠎ᠤ ᠭᠦᠮᠦᠰ᠎ᠤᠨ ᠤᠷᠤᠰᠢᠨ ᠰᠠᠭᠤᠬᠤ ᠤᠷᠴᠢᠨ ᠲᠤᠭᠤᠷᠢᠨ᠎ᠢ ᠴᠡᠭᠴᠡᠯᠡᠨ ᠵᠠᠰᠬᠠᠤ ᠭᠤᠷᠪᠠᠨ ᠵᠢᠯ᠎ᠤᠨ ᠠᠵᠢᠯᠯᠠᠭ᠋ᠠᠨ᠎ᠢ ᠦᠷᠨᠢᠭᠦᠯᠦᠨ᠎ᠠ᠃ ᠲᠤᠭ᠋ᠠᠵᠢᠭᠤᠯᠤᠨᠨᠰᠠᠨ ᠭᠦᠳᠡᠭᠡ ᠲᠤᠰᠬᠤᠨ᠎ᠤ ᠪᠠᠶ᠋ᠢᠯᠳᠤᠬᠤ ᠪᠤᠳᠤᠯᠭ᠎ᠠ ᠵᠢ ᠶᠡᠬᠡᠪᠡᠷ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ᠎ᠢ ᠦᠷᠬᠡᠨ ᠪᠦᠰᠡᠳᠦ ᠰᠦᠯᠵᠢᠶ᠎ᠡ ᠪᠠ 4G ᠰᠦᠯᠵᠢᠶ᠎ᠡ᠎ᠪᠠᠷ ᠬᠠᠮᠤᠷᠬᠤ ᠵᠢ ᠠᠬᠢᠭᠤᠯᠤᠨ᠎ᠠ᠃ 《ᠢᠨᠲ᠋ᠧᠷ ᠰᠦᠯᠵᠢᠶ᠎ᠡ + ᠡᠮᠴᠢᠯᠡᠭᠡ》᠎ᠪᠠᠷ ᠦᠨᠳᠦᠰᠦᠨ ᠱᠠᠳᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠬᠡᠨ᠎ᠤ ᠴᠢᠳᠠᠪᠤᠷᠢ ᠵᠢᠨ ᠲᠡᠬᠡᠭᠰᠢᠯᠡᠯᠳᠡ ᠵᠢ ᠲᠠᠶ᠋ᠢᠴᠢᠯᠠᠵᠦ᠂ 《ᠢᠨᠲ᠋ᠧᠷ ᠰᠦᠯᠵᠢᠶ᠎ᠡ + ᠰᠤᠷᠭ᠋ᠠᠨ ᠭᠦᠮᠦᠵᠢᠯ》 ᠵᠶ᠋ᠠᠷ ᠴᠢᠨᠠᠷᠵᠢᠭᠤᠨ ᠰᠤᠷᠭ᠋ᠠᠨ ᠭᠦᠮᠦᠵᠢᠯ᠎ᠤᠨ ᠡᠬᠢ ᠪᠠᠶᠠᠯᠢᠭ᠎ᠢ ᠬᠠᠮᠳᠤᠪᠡᠷ ᠭᠦᠷᠳᠡᠬᠦ ᠵᠢ ᠠᠬᠢᠭᠤᠯᠤᠨ᠎ᠠ᠃
      ᠮᠠᠯᠵᠢᠬᠤ ᠲᠠᠷᠢᠶᠠᠯᠠᠬᠤ ᠤᠷᠤᠨ᠎ᠤ ᠭᠠᠵᠠᠷ ᠰᠢᠷᠤᠢ ᠵᠢᠨ ᠲᠦᠷᠢᠮ ᠪᠠ ᠬᠠᠮᠳᠤ ᠵᠢᠨ ᠦᠮᠴᠢᠯᠡᠬᠦ ᠡᠷᠬᠡ ᠵᠢᠨ ᠲᠦᠷᠢᠮ᠎ᠤᠨ ᠦᠬᠡᠷᠡᠴᠢᠯᠡᠯᠳᠡ ᠵᠢ ᠭᠦᠨᠵᠡᠬᠡᠶ᠋ᠢᠷᠡᠬᠦᠯᠵᠦ᠂ ᠦᠮᠴᠢᠯᠡᠯ᠎ᠤᠨ ᠡᠷᠬᠡ᠂ ᠲᠠᠭ᠋ᠠᠭ᠋ᠠᠴᠢᠯᠠᠯᠳᠠ ᠵᠢᠨ ᠡᠷᠬᠡ᠂ ᠡᠵᠡᠩᠨᠡᠯᠳᠡ ᠵᠢᠨ ᠡᠷᠬᠡ ᠵᠡᠷᠬᠡ 《ᠭᠤᠷᠪᠠᠨ ᠡᠷᠬᠡ》 ᠵᠢ ᠰᠠᠯᠭ᠋ᠠᠨ ᠲᠤᠬᠢᠷᠠᠭᠤᠯᠬᠤ ᠲᠦᠷᠢᠮ᠎ᠢ ᠲᠡᠭᠦᠯᠳᠡᠷᠵᠢᠬᠦᠯᠦᠨ᠂ ᠭᠠᠵᠠᠷ ᠰᠢᠷᠤᠢ ᠵᠢᠨ ᠡᠷᠬᠡ ᠵᠢ ᠲᠤᠳᠤᠯᠠᠨ ᠲᠤᠨᠨᠳᠠᠭ᠋ᠠᠵᠦ ᠲᠠᠩᠰᠠᠯᠠᠨ ᠲᠡᠮᠳᠡᠭᠯᠡᠬᠡᠳ ᠦᠨᠡᠮᠯᠡᠯ ᠤᠯᠭᠤᠨ᠎ᠠ᠃ ᠭᠠᠵᠠᠷ ᠰᠢᠷᠤᠢ ᠵᠢᠨ ᠲᠠᠭ᠋ᠠᠭ᠋ᠠᠴᠢᠯᠠᠯᠳᠠ ᠵᠢᠨ ᠬᠠᠷᠢᠴᠠᠭ᠎ᠠ ᠵᠢ ᠲᠤᠨᠨᠳᠠᠪᠤᠷᠢᠳᠠᠢ ᠪᠠᠶ᠋ᠢᠯᠭ᠋ᠠᠬᠤ ᠵᠢᠨ ᠬᠠᠮᠳᠤ ᠤᠷᠳᠤ ᠬᠤᠭᠤᠴᠠᠭ᠎ᠠ᠎ᠪᠠᠷ ᠬᠤᠪᠢᠷᠠᠭᠤᠯᠬᠤ ᠦᠬᠡᠢ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠵᠦ᠂ ᠬᠤᠶᠠᠳᠤᠭ᠋ᠠᠷ ᠡᠬᠡᠯᠵᠢ ᠵᠢᠨ ᠭᠠᠵᠠᠷ ᠰᠢᠷᠦᠢ ᠵᠢᠨ ᠲᠠᠭ᠋ᠠᠭ᠋ᠠᠴᠢᠯᠠᠯᠳᠠ ᠵᠢᠨ ᠬᠤᠭᠤᠴᠠᠭ᠎ᠠ᠎ᠨᠢ ᠲᠤᠯᠤᠨᠨᠰᠠᠨ᠎ᠤ ᠲᠠᠷᠠᠭ᠎ᠠ ᠲᠠᠬᠢᠭ᠋ᠠᠳ 30 ᠵᠢᠯ ᠤᠷᠳᠤᠳᠬᠠᠨ᠎ᠠ᠃ ᠮᠠᠯᠵᠢᠬᠤ ᠲᠠᠷᠢᠶᠠᠯᠠᠬᠤ ᠤᠷᠤᠨ᠎ᠤ ᠮᠦᠩᠭᠦᠨ ᠭᠦᠢ᠍ᠯᠬᠡᠬᠡ ᠵᠢᠨ ᠦᠢ᠍ᠯᠡᠴᠢᠯᠡᠬᠡᠨ᠎ᠤ ᠨᠡᠷᠡᠳᠬᠦᠨ᠎ᠳᠤ ᠰᠢᠨ᠎ᠠ ᠵᠢ ᠡᠭᠦᠳᠦᠨ᠂ ᠮᠠᠯᠵᠢᠬᠤ ᠲᠠᠷᠢᠶᠠᠯᠠᠬᠤ ᠤᠷᠤᠨ᠎ᠤ ᠦᠨᠳᠦᠷ ᠭᠦᠦ᠎ᠲᠠᠢ ᠵᠢᠬᠡᠯᠡᠯᠬᠡ ᠲᠠᠯᠪᠢᠵᠤ ᠪᠠᠢ᠌ᠭ᠎ᠠ ᠠᠰᠠᠭᠤᠳᠠᠯ᠎ᠢ ᠦᠷᠭᠦᠯᠵᠢᠯᠡᠨ ᠵᠠᠰᠠᠵᠦ᠂ ᠮᠠᠯᠴᠢᠨ ᠲᠠᠷᠢᠶᠠᠴᠢᠳ᠎ᠤᠨ ᠮᠦᠩᠭᠦᠨ ᠭᠦᠢ᠍ᠯᠬᠡᠬᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠡᠩ ᠰᠠᠶ᠋ᠢᠳᠤᠷ ᠬᠠᠩᠭ᠋ᠠᠨ᠎ᠠ᠃
      ᠲᠠᠷᠢᠶᠠᠯᠠᠬᠤ ᠤᠷᠤᠨ᠂ ᠮᠠᠯᠵᠢᠬᠤ ᠤᠷᠤᠨ᠂ ᠰᠢᠭᠤᠶ᠋ᠢᠳᠤ ᠤᠷᠤᠨ᠂ ᠠᠳᠠᠷ ᠬᠠᠭ᠋ᠠᠯᠪᠤᠷᠢᠯᠠᠬᠤ ᠤᠷᠤᠨ᠎ᠤ ᠵᠦᠷᠢᠶ᠎ᠡ ᠨᠡᠯᠢᠶᠡᠳ ᠶᠡᠭᠡ ᠪᠠᠶ᠋ᠢᠭ᠎ᠠ ᠪᠤᠳᠠᠳᠤ ᠪᠠᠶ᠋ᠢᠳᠠᠯ᠎ᠢ ᠨᠢᠬᠡᠳᠦᠯᠳᠡᠢ ᠲᠦᠯᠦᠪᠯᠡᠨ ᠪᠤᠳᠤᠯᠬᠢᠯᠠᠵᠦ᠂ ᠭᠦᠳᠡᠭᠡ ᠲᠤᠰᠬᠤᠨ᠎ᠢ ᠭᠦᠭᠵᠢᠬᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢᠨ ᠲᠦᠯᠦᠪᠵᠢᠬᠦᠯᠬᠡ ᠵᠢ ᠰᠢᠨᠵᠢᠯᠡᠬᠦ ᠤᠬᠠᠭ᠋ᠠᠨᠴᠢ᠎ᠪᠠᠷ ᠲᠤᠨᠨᠳᠠᠭ᠋ᠠᠨ᠎ᠠ᠃ ᠠᠵᠦ ᠦᠢ᠍ᠯᠡᠳᠪᠦᠷᠢ᠎ᠪᠠᠷ ᠲᠠᠷᠢᠶᠠᠯᠠᠩ᠎ᠢ ᠠᠬᠢᠭᠤᠯᠬᠤ᠂ ᠬᠤᠳᠠ᠎ᠪᠠᠷ ᠭᠦᠳᠡᠭᠡ ᠵᠢ ᠲᠠᠭ᠋ᠠᠭᠤᠯᠬᠤ ᠵᠢ ᠪᠠᠷᠢᠮᠳᠠᠯᠠᠨ᠂ ᠬᠤᠳᠠ ᠭᠦᠳᠡᠭᠡ ᠵᠢ ᠠᠭᠤᠰᠤᠯᠴᠠᠭᠤᠯᠤᠨ ᠭᠦᠭᠵᠢᠬᠦᠯᠬᠦ ᠪᠠᠶ᠋ᠢᠭᠤᠯᠤᠯ ᠲᠤᠨᠨᠳᠠᠴᠠ ᠪᠠ ᠲᠦᠷᠦ ᠵᠢᠨ ᠪᠤᠳᠤᠯᠭ᠎ᠠ ᠵᠢᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠬᠦᠯᠵᠦ᠂ ᠬᠤᠳᠠ ᠭᠦᠳᠡᠭᠡ ᠵᠢᠨ ᠪᠦᠳᠦᠬᠡᠨ ᠪᠠᠶ᠋ᠢᠭᠤᠯᠤᠯᠳᠠ ᠵᠢ ᠨᠢᠬᠡᠳᠦᠯᠳᠡᠢ ᠲᠦᠯᠦᠪᠵᠢᠬᠦᠯᠬᠦ᠂ ᠠᠵᠦ ᠦᠢ᠍ᠯᠡᠰ᠎ᠢ ᠵᠦᠢ ᠵᠤᠬᠢᠰᠳᠠᠢ ᠪᠠᠶ᠋ᠢᠷᠢᠰᠢᠭᠤᠯᠬᠤ᠂ ᠰᠠᠭᠤᠷᠢ ᠪᠡᠯᠡᠳᠬᠡᠮᠵᠢ ᠵᠢᠨ ᠬᠠᠷᠢᠯᠴᠠᠨ ᠬᠤᠯᠪᠤᠭ᠋ᠠᠯᠠᠵᠦ ᠬᠠᠷᠢᠯᠴᠠᠨ ᠨᠡᠪᠳᠡᠷᠡᠯᠴᠡᠬᠦ ᠵᠢ ᠠᠬᠢᠭᠤᠯᠤᠨ᠂ ᠭᠦᠷᠦᠩᠬᠡ᠂ ᠮᠡᠷᠬᠡᠵᠢᠯ᠂ ᠴᠢᠳᠠᠪᠤᠷᠢᠳᠠᠨ ᠵᠡᠷᠬᠡ ᠭᠦᠴᠦᠨ ᠵᠦᠢ᠍ᠯ᠎ᠢ ᠲᠠᠳᠠᠵᠦ ᠪᠠᠶ᠋ᠢᠭ᠋ᠠᠳ ᠮᠠᠯᠵᠢᠬᠤ ᠲᠠᠷᠢᠶᠠᠯᠠᠬᠤ ᠤᠷᠤᠨ ᠲᠡᠰᠢ ᠨᠡᠩ ᠶᠡᠭᠡ᠎ᠪᠠᠷ ᠰᠢᠯᠵᠢᠭᠦᠯᠦᠨ᠎ᠠ᠃ ᠤᠨᠴᠠᠯᠢᠨᠨᠳᠤ ᠵᠢᠵᠢᠭ ᠪᠠᠯᠭ᠋ᠠᠰᠤ᠎ᠳᠤ ᠤᠨᠤᠪᠴᠢᠳᠠᠢ᠎ᠪᠠᠷ ᠪᠠᠶ᠋ᠢᠷᠢ ᠲᠤᠨᠨᠳᠠᠭ᠋ᠠᠯᠳᠠ ᠬᠢᠵᠦ᠂ ᠡᠮᠬᠢ ᠵᠢᠷᠤᠮ᠎ᠲᠠᠢ᠎ᠪᠠᠷ ᠪᠦᠳᠦᠬᠡᠨ ᠪᠠᠶ᠋ᠢᠭᠤᠯᠤᠨ᠎ᠠ᠃
     (ᠲᠠᠪᠤ) ᠦᠬᠡᠷᠡᠴᠢᠯᠡᠯᠳᠡ ᠵᠢ ᠪᠦᠭᠦ ᠲᠠᠯ᠎ᠠ᠎ᠪᠠᠷ ᠭᠦᠨᠵᠡᠬᠡᠶ᠋ᠢᠷᠡᠬᠦᠯᠦᠨ᠂ ᠨᠡᠬᠡᠬᠡᠯᠳᠡ ᠵᠢ ᠦᠷᠬᠡᠳᠬᠡᠨ᠎ᠠ᠃ ᠵᠠᠰᠠᠭ᠎ᠢ ᠴᠤᠮᠬᠠᠳᠬᠠᠵᠦ ᠡᠷᠬᠡ ᠵᠢ ᠲᠤᠷᠤᠨᠨᠰᠢ ᠪᠠᠭᠤᠯᠭ᠋ᠠᠬᠤ᠂ ᠪᠠᠭᠤᠯᠭ᠋ᠠᠬᠤ ᠪᠠ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠬᠡᠨ᠎ᠤ ᠦᠬᠡᠷᠡᠴᠢᠯᠡᠯᠳᠡ ᠵᠢ ᠰᠢᠯᠢᠳᠡᠭᠵᠢᠬᠦᠯᠬᠦ ᠵᠢ ᠦᠷᠬᠦᠯᠵᠢᠯᠡᠨ ᠭᠦᠨᠵᠡᠬᠡᠶ᠋ᠢᠷᠡᠬᠦᠯᠵᠦ᠂ 《ᠲᠠᠷᠤᠶ᠋ᠢᠬᠠᠨ ᠭᠦᠢ᠍ᠴᠡᠳᠬᠡᠬᠦ》 《ᠬᠠᠮᠤᠭ᠎ᠤᠨ ᠤᠯᠠᠨ᠎ᠳᠠᠭᠠᠨ ᠨᠢᠬᠡ ᠤᠳᠠᠭ᠎ᠠ ᠤᠴᠢᠬᠤ》᠂ ᠬᠡᠷᠡᠴᠢ ᠪᠠ ᠦᠨᠡᠮᠯᠡᠯ᠎ᠢ ᠰᠠᠯᠭ᠋ᠠᠬᠤ ᠬᠢᠬᠡᠳ ᠰᠦᠯᠵᠢᠶ᠎ᠡ᠎ᠪᠠᠷ ᠬᠢᠨᠠᠨ ᠵᠦᠪᠰᠢᠶᠡᠷᠡᠬᠦ ᠵᠡᠷᠬᠡ ᠠᠷᠭ᠎ᠠ ᠬᠢᠳᠡᠯ᠎ᠢ ᠲᠦᠬᠡᠮᠡᠯᠵᠢᠬᠦᠯᠦᠨ᠂ ᠵᠠᠰᠠᠭ᠎ᠤᠨ ᠤᠷᠳᠤᠨ᠎ᠤ ᠮᠡᠳᠡᠭᠡ ᠵᠠᠩᠬᠢ ᠵᠢᠨ ᠰᠢᠰᠲ᠋ᠧᠮ᠎ᠢ ᠡᠮᠬᠢᠯᠡᠨ ᠨᠡᠶ᠋ᠢᠯᠡᠬᠦᠯᠵᠦ᠂ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢ ᠬᠡᠷᠡᠭᠵᠢᠬᠦᠯᠦᠨ᠎ᠠ᠃ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠪᠠᠷᠢᠮᠵᠢᠶᠠᠵᠢᠭᠤᠯᠬᠤ ᠪᠠᠶ᠋ᠢᠭᠤᠯᠤᠯᠳᠠ ᠵᠢ ᠠᠬᠢᠭᠤᠯᠤᠨ᠂ ᠦᠢ᠍ᠯᠡᠳᠪᠦᠷᠢ ᠬᠤᠳᠠᠯᠳᠤᠭ᠋ᠠᠨ᠎ᠤ ᠵᠦᠢ᠍ᠯᠡᠰ᠎ᠤᠨ ᠲᠦᠷᠢᠮ᠎ᠤᠨ ᠦᠬᠡᠷᠡᠴᠢᠯᠡᠯᠳᠡ ᠵᠢ ᠭᠦᠨᠵᠡᠬᠡᠶ᠋ᠢᠷᠡᠬᠦᠯᠵᠦ᠂ 《ᠬᠤᠶᠠᠷ᠎ᠢ ᠰᠤᠭᠤᠴᠢᠵᠦ᠂ ᠨᠢᠬᠡ ᠵᠢ ᠢᠯᠡ ᠪᠤᠯᠭ᠋ᠠᠬᠤ》 ᠬᠢᠨᠠᠯᠳᠠ ᠬᠠᠮᠢᠶᠠᠷᠤᠯᠳᠠ ᠵᠢ ᠲᠡᠭᠦᠯᠳᠡᠷᠵᠢᠬᠦᠯᠦᠨ᠂ ᠵᠠᠭᠤᠴᠢ ᠦᠢ᠍ᠯᠡᠴᠢᠯᠡᠭᠡ ᠵᠢᠨ ᠵᠦᠢ᠍ᠯᠡᠰ ᠪᠠ ᠬᠤᠷᠢᠶᠠᠬᠤ ᠰᠦᠢ᠍ᠳᠬᠡᠯ᠎ᠢ ᠢᠯᠭ᠋ᠠᠷᠠᠭᠤᠯᠤᠨ᠎ᠠ᠃ ᠶᠤᠰᠤ ᠲᠦᠷᠢᠮ᠎ᠨᠢ ᠨᠢᠬᠡᠳᠦᠯᠳᠡᠢ᠂ ᠵᠢᠷᠤᠮᠵᠢᠯ᠎ᠲᠠᠢ ᠪᠦᠬᠡᠳ ᠢᠯᠡ ᠲᠤᠳᠤ ᠪᠠᠶ᠋ᠢᠬᠤ ᠤᠯᠠᠨ ᠨᠡᠶ᠋ᠢᠳᠡ ᠵᠢᠨ ᠡᠬᠢ ᠪᠠᠶᠠᠯᠢᠭ᠎ᠤᠨ ᠠᠷᠠᠯᠵᠢᠶᠠᠯᠠᠬᠤ ᠲᠡᠪᠴᠡᠩ᠎ᠢ ᠪᠠᠶ᠋ᠢᠭᠤᠯᠤᠨ᠎ᠠ᠃ ᠴᠢᠬᠤᠯᠠ ᠶᠡᠬᠡ ᠪᠦᠳᠦᠬᠡᠨ ᠪᠠᠢ᠌ᠭᠤᠯᠤᠯᠳᠠ ᠵᠢᠨ ᠲᠦᠷᠦᠯ ᠵᠦᠢ᠍ᠯ᠎ᠢ ᠵᠦᠪᠰᠢᠶᠡᠷᠡᠬᠦ ᠪᠠ ᠬᠡᠷᠡᠭᠵᠢᠬᠦᠯᠬᠦ ᠬᠦᠷᠢᠶ᠎ᠠ ᠴᠠᠷᠠᠭ᠋ᠠᠨ᠎ᠳᠠᠬᠢ ᠵᠠᠰᠠᠭ᠎ᠤᠨ ᠤᠷᠳᠤᠨ᠎ᠤ ᠮᠡᠳᠡᠬᠡ ᠵᠠᠨᠭ᠌ᠬᠢ ᠵᠢ ᠢᠯᠡ ᠪᠤᠯᠭ᠋ᠠᠬᠤ ᠵᠢ ᠠᠬᠢᠭᠤᠯᠤᠨ᠎ᠠ᠃ ᠤᠯᠤᠰ᠎ᠤᠨ ᠦᠮᠴᠢᠯᠡᠯᠳᠦ ᠠᠵᠦ ᠠᠬᠤᠶ᠋ᠢᠯᠠᠯ᠎ᠳᠠᠬᠢ ᠤᠯᠤᠰ᠎ᠤᠨ ᠦᠮᠴᠢᠯᠡᠯ᠎ᠤᠨ ᠡᠳ᠋ ᠭᠦᠷᠦᠩᠬᠡ ᠵᠢᠨ ᠦᠬᠡᠷᠡᠴᠢᠯᠡᠯᠳᠡ ᠵᠢ ᠭᠦᠨᠵᠡᠬᠡᠶ᠋ᠢᠷᠡᠬᠦᠯᠵᠦ᠂ ᠤᠯᠤᠰ᠎ᠤᠨ ᠦᠮᠴᠢᠯᠡᠯᠳᠦ ᠠᠵᠦ ᠠᠬᠤᠢ ᠵᠢᠨ ᠪᠠᠶ᠋ᠢᠷᠢᠰᠢᠭᠤᠯᠤᠯᠳᠠ ᠵᠢ ᠰᠢᠯᠢᠳᠡᠭᠵᠢᠬᠦᠯᠬᠦ ᠪᠠ ᠪᠠᠶ᠋ᠢᠯᠳᠤᠬᠤ ᠪᠤᠳᠤᠯᠭ᠎ᠠ ᠵᠢᠨ ᠴᠢᠨᠠᠷᠳᠠᠢ᠎ᠪᠠᠷ ᠲᠠᠬᠢᠨ ᠵᠤᠬᠢᠶᠠᠨ ᠪᠠᠶ᠋ᠢᠭᠤᠯᠬᠤ ᠵᠢ ᠲᠦᠷᠬᠡᠳᠬᠡᠨ᠎ᠠ᠃ ᠤᠷᠤᠨ ᠨᠤᠳᠤᠭ᠎ᠤᠨ ᠮᠦᠩᠭᠦᠨ ᠭᠦᠢ᠍ᠯᠬᠡᠬᠡᠨ᠎ᠤ ᠬᠢᠨᠠᠯᠳᠠ ᠬᠠᠮᠢᠶᠠᠷᠤᠯᠳᠠ ᠵᠢᠨ ᠪᠠᠶ᠋ᠢᠭᠤᠯᠤᠯ ᠲᠤᠨᠨᠳᠠᠴᠠ ᠵᠢ ᠪᠠᠶ᠋ᠢᠭᠤᠯᠤᠨ ᠪᠦᠷᠢᠨᠰᠢᠬᠦᠯᠦᠨ᠎ᠠ᠃ ᠦᠪᠡᠷᠳᠡᠬᠡᠨ ᠵᠠᠰᠠᠬᠤ ᠤᠷᠤᠨ ᠬᠢᠬᠡᠳ ᠠᠶ᠋ᠢᠮᠠᠭ ᠬᠤᠳᠠ ᠵᠢᠨ ᠡᠳ᠋᠎ᠤᠨ ᠵᠠᠰᠠᠭ᠎ᠤᠨ ᠠᠵᠢᠯ ᠬᠡᠷᠡᠭ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠵᠦᠢ ᠵᠤᠬᠢᠰᠳᠠᠢ᠎ᠪᠠᠷ ᠰᠠᠯᠭ᠋ᠠᠨ ᠬᠤᠪᠢᠶᠠᠷᠢᠯᠠᠵᠦ᠂ ᠡᠳ᠋᠎ᠤᠨ ᠵᠠᠰᠠᠭ᠎ᠤᠨ ᠵᠠᠷᠤᠯᠭ᠎ᠠ ᠵᠢᠨ ᠪᠦᠳᠦᠴᠡ ᠵᠢ ᠰᠢᠯᠢᠳᠡᠭᠵᠢᠬᠦᠯᠦᠨ᠂ ᠡᠳ᠋᠎ᠤᠨ ᠵᠠᠰᠠᠭ᠎ᠤᠨ ᠵᠠᠷᠤᠯᠭ᠎ᠠ ᠵᠢᠨ ᠤᠯᠠᠨ ᠨᠡᠶ᠋ᠢᠳᠡᠴᠢ ᠴᠢᠨᠠᠷ ᠪᠠ ᠲᠦᠬᠡᠮᠡᠯ ᠬᠠᠷᠠᠭ᠋ᠠᠯᠵᠠᠬᠤ ᠴᠢᠨᠠᠷ᠎ᠢ ᠲᠡᠬᠡᠭᠰᠢᠯᠡᠬᠦᠯᠦᠨ᠎ᠠ᠃ ᠵᠠᠬ᠎ᠠ ᠲᠡᠯᠬᠡᠭᠦᠷ᠎ᠲᠤ ᠵᠦᠪᠰᠢᠶᠡᠷᠡᠨ ᠤᠷᠤᠭᠤᠯᠬᠤ ᠵᠢᠨ ᠠᠯᠳ᠋ᠬᠠᠳᠠᠯᠳᠠᠢ ᠵᠦᠢ᠍ᠯᠡᠰ᠎ᠤᠨ ᠨᠠᠷᠢᠨ ᠲᠠᠩᠰᠠ ᠵᠢ ᠪᠦᠭᠦ ᠲᠠᠯ᠎ᠠ᠎ᠪᠠᠷ ᠬᠡᠷᠡᠭᠵᠢᠬᠦᠯᠵᠦ᠂ ᠨᠡᠶ᠋ᠢᠳᠡ ᠵᠢᠨ ᠦᠮᠴᠢᠯᠡᠯ᠎ᠤᠨ ᠪᠤᠰᠤ ᠠᠵᠦ ᠠᠬᠤᠢ ᠵᠢᠨ ᠭᠦᠭᠵᠢᠯᠳᠡ ᠵᠢ ᠲᠡᠮᠵᠢᠬᠦ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠦᠮᠴᠢᠯᠡᠬᠦ ᠡᠷᠬᠡ ᠵᠢᠨ ᠬᠠᠮᠠᠭ᠋ᠠᠯᠠᠯᠳᠠ ᠵᠢ ᠴᠢᠩᠭ᠋ᠠᠷᠠᠭᠤᠯᠵᠦ᠂ ᠠᠵᠦ ᠠᠬᠤᠶ᠋ᠢᠯᠠᠯ᠎ᠤᠨ ᠪᠡᠶ᠎ᠡ᠎ᠪᠠᠨ ᠲᠠᠭ᠋ᠠᠭ᠋ᠠᠵᠦ ᠡᠵᠡᠩᠨᠡᠬᠦ ᠡᠷᠬᠡ᠂ ᠬᠠᠤᠯᠢ ᠶᠤᠰᠤᠨ᠎ᠤ ᠡᠳ᠋ ᠭᠦᠷᠦᠩᠬᠡ ᠵᠢᠨ ᠦᠮᠴᠢᠯᠡᠬᠦ ᠡᠷᠬᠡ᠎ᠳᠤ ᠬᠠᠯᠳ᠋ᠬᠠᠰᠠᠨ ᠦᠢ᠍ᠯᠡ ᠠᠵᠢᠯᠯᠠᠭ᠎ᠠ ᠵᠢ ᠡᠷᠡᠰ ᠬᠤᠷᠢᠨᠨᠯᠠᠨ᠂ ᠠᠵᠦ ᠠᠬᠤᠶ᠋ᠢᠯᠠᠯᠳᠠᠳ᠎ᠤᠨ ᠵᠤᠷᠢᠭ ᠰᠠᠨᠠᠭ᠎ᠠ ᠵᠢ ᠭᠦᠭᠵᠢᠬᠡᠨ ᠪᠠᠳᠠᠷᠠᠭ᠋ᠠᠬᠤ ᠪᠠ ᠬᠠᠮᠠᠭ᠋ᠠᠯᠠᠵᠦ᠂ ᠨᠡᠶ᠋ᠢᠳᠡ ᠵᠢᠨ ᠦᠮᠴᠢᠯᠡᠯ᠎ᠤᠨ ᠪᠤᠰᠤ ᠠᠵᠦ ᠠᠬᠤᠶ᠋ᠢᠯᠠᠯ᠎ᠤᠨ ᠡᠷᠡᠭᠦᠯ ᠭᠦᠭᠵᠢᠯᠳᠡ ᠵᠢ ᠠᠬᠢᠭᠤᠯᠤᠨ᠎ᠠ᠃
      ᠪᠦᠭᠦ ᠲᠠᠯ᠎ᠠ᠎ᠪᠠᠷ ᠨᠡᠬᠡᠬᠡᠯᠳᠡ ᠬᠢᠬᠦ ᠰᠢᠨ᠎ᠠ ᠪᠠᠶ᠋ᠢᠷᠢᠰᠢᠯ᠎ᠲᠠᠢ ᠪᠤᠯᠭ᠋ᠠᠬᠤ ᠵᠢ ᠠᠬᠢᠭᠤᠯᠤᠨ᠎ᠠ᠃ ᠨᠡᠬᠡᠬᠡᠯᠳᠡ ᠬᠢᠬᠦ ᠭᠦᠷᠢᠶ᠎ᠡ ᠴᠠᠷᠠᠭ᠎ᠠ ᠵᠢ ᠤᠯᠠᠮ ᠨᠢᠬᠡ ᠠᠯᠬᠤᠮ ᠦᠷᠬᠡᠳᠬᠡᠵᠦ᠂ ᠪᠠᠶ᠋ᠢᠷᠢᠰᠢᠭᠤᠯᠤᠯᠳᠠ ᠵᠢ ᠰᠢᠯᠢᠳᠡᠭᠵᠢᠬᠦᠯᠦᠨ᠂ ᠪᠠᠶ᠋ᠢᠭᠤᠯᠤᠯ᠎ᠳᠤ ᠰᠢᠨ᠎ᠠ ᠵᠢ ᠡᠭᠦᠳᠴᠤ᠂ ᠨᠡᠬᠡᠬᠡᠯᠳᠡ᠎ᠪᠠᠷ ᠦᠬᠡᠷᠡᠴᠢᠯᠡᠯᠳᠡ ᠵᠢ ᠠᠬᠢᠭᠤᠯᠤᠨ᠂ ᠨᠡᠬᠡᠬᠡᠯᠳᠡ᠎ᠪᠠᠷ ᠭᠦᠭᠵᠢᠯᠳᠡ ᠵᠢ ᠠᠬᠢᠭᠤᠯᠤᠨ᠎ᠠ᠃ ᠤᠷᠤᠰ ᠮᠤᠩᠭᠤᠯ᠎ᠲᠠᠢ ᠬᠠᠮᠳᠤᠷᠠᠨ ᠠᠵᠢᠯᠯᠠᠬᠤ ᠲᠤᠨᠨᠳᠠᠴᠠ ᠵᠢ ᠲᠡᠭᠦᠯᠳᠡᠷᠵᠢᠬᠦᠯᠵᠦ᠂ ᠰᠠᠭᠤᠷᠢ ᠪᠡᠯᠡᠳᠬᠡᠮᠵᠢ ᠵᠢᠨ ᠬᠠᠷᠢᠯᠴᠠᠨ ᠬᠤᠯᠪᠤᠭ᠋ᠠᠯᠠᠵᠦ ᠬᠠᠷᠢᠯᠴᠠᠨ ᠨᠡᠪᠳᠡᠷᠡᠯᠴᠡᠬᠦ ᠵᠢ ᠠᠬᠢᠭᠤᠯᠤᠨ᠂ ᠲᠤᠮᠳᠠᠳᠤ ᠮᠤᠩᠭᠤᠯ ᠤᠷᠤᠰ᠎ᠤᠨ ᠠᠵᠦ ᠠᠬᠤᠢ ᠵᠢᠨ ᠬᠤᠩᠬᠢᠯ᠎ᠤᠨ ᠪᠦᠳᠦᠬᠡᠨ ᠪᠠᠶ᠋ᠢᠭᠤᠯᠤᠯᠳᠠ ᠵᠢ ᠠᠬᠢᠭᠤᠯᠵᠦ᠂ 《ᠨᠢᠬᠡ ᠪᠦᠰᠡ ᠨᠢᠬᠡ ᠵᠠᠮ》᠎ᠤᠨ ᠱᠤᠭᠤᠮ ᠲᠠᠭ᠋ᠠᠤ ᠤᠯᠤᠰ᠎ᠲᠠᠢ ᠬᠠᠮᠳᠤᠷᠠᠨ ᠠᠵᠢᠯᠯᠠᠬᠤ᠎ᠪᠠᠨ ᠭᠦᠨᠵᠡᠬᠡᠶ᠋ᠢᠷᠡᠬᠦᠯᠦᠨ᠂ ᠮᠠᠨᠵᠤᠤᠷ ᠪᠠ ᠡᠷᠢᠶᠡᠨ ᠬᠤᠳᠠ ᠵᠢ ᠭᠤᠤᠯᠳᠠᠯᠭ᠎ᠠ᠎ᠲᠠᠢ ᠨᠡᠬᠡᠬᠡᠨ ᠭᠦᠭᠵᠢᠬᠦᠯᠵᠦ ᠨᠡᠬᠡᠬᠡᠯᠳᠡ ᠬᠢᠬᠦ ᠲᠤᠷᠰᠢᠯᠳᠠ ᠵᠢᠨ ᠲᠤᠭᠤᠷᠢᠭ᠎ᠤᠨ ᠪᠦᠳᠦᠬᠡᠨ ᠪᠠᠶ᠋ᠢᠭᠤᠯᠤᠯᠳᠠ ᠵᠢ ᠦᠷᠭᠦᠯᠵᠢᠯᠡᠨ ᠰᠠᠶ᠋ᠢᠳᠤᠷ ᠠᠳᠬᠤᠨ᠎ᠠ᠃ ᠭᠠᠳᠠᠭ᠋ᠠᠳᠤ ᠵᠢᠨ ᠭᠦᠷᠦᠩᠬᠡ ᠵᠢ ᠠᠰᠢᠨᠨᠯᠠᠬᠤ ᠪᠠ ᠭᠠᠳᠠᠭ᠋ᠠᠳᠤ᠎ᠳᠤ ᠪᠡᠯᠡ ᠤᠷᠤᠭᠤᠯᠬᠤ ᠠᠷᠭ᠎ᠠ ᠮᠠᠶᠢᠭ᠎ᠲᠤ ᠰᠢᠨ᠎ᠠ ᠵᠢ ᠡᠭᠦᠳᠴᠤ᠂ ᠭᠠᠳᠠᠭ᠋ᠠᠳᠤ ᠠᠷᠠᠯᠵᠢᠶᠠᠨ᠎ᠤ ᠭᠦᠳᠦᠴᠢ ᠠᠵᠦ ᠠᠬᠤᠶ᠋ᠢᠯᠠᠯ᠎ᠢ ᠪᠤᠶ᠋ᠢᠵᠢᠭᠤᠯᠤᠨ᠂ ᠦᠷᠬᠡᠨ ᠬᠡᠪᠴᠢᠶᠡᠨ᠎ᠤ ᠬᠢᠯᠢ ᠪᠤᠭᠤᠮᠳᠠ ᠵᠢᠨ ᠠᠵᠦ ᠠᠬᠤᠢ ᠵᠢ ᠭᠦᠭᠵᠢᠬᠦᠯᠦᠨ᠎ᠠ᠃ ᠲᠤᠮᠳᠠᠳᠤ ᠡᠸᠦ᠋ᠷᠦᠫᠡ ᠵᠢᠨ ᠡᠬᠡᠯᠵᠢ ᠵᠢᠨ ᠭᠠᠯᠳᠤ ᠲᠡᠷᠬᠡ ᠵᠢᠨ ᠪᠠᠶ᠋ᠢᠩᠭᠤᠵᠢᠭᠤᠯᠬᠤ ᠠᠵᠢᠯᠯᠠᠭ᠋ᠠᠨ᠎ᠢ ᠲᠡᠮᠵᠢᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠪᠡᠬᠡᠵᠢᠩ ᠲᠢᠶᠠᠨᠵᠢᠨ ᠡᠾᠧᠪᠸᠢ᠂ ᠭᠦᠬᠡ ᠮᠦᠷᠡᠨ᠎ᠤ ᠭᠤᠷᠪᠠᠯᠵᠢᠨ ᠬᠤᠶ᠋ᠢᠭ᠂ ᠵᠦᠵᠢᠶᠠᠩ ᠮᠦᠷᠡᠨ᠎ᠤ ᠭᠤᠷᠪᠠᠯᠵᠢᠨ ᠬᠤᠶ᠋ᠢᠭ ᠪᠠ ᠰᠢᠶᠠᠩᠭ᠋ᠠᠩ ᠤᠤᠮᠧᠨ ᠵᠡᠷᠬᠡ ᠭᠠᠵᠠᠷ ᠤᠷᠤᠨ᠎ᠯᠤᠭ᠎ᠠ ᠵᠢᠨ ᠬᠠᠮᠳᠤᠷᠠᠯᠴᠠᠭ᠎ᠠ ᠵᠢ ᠴᠢᠩᠭ᠋ᠠᠳᠬᠠᠨ᠎ᠠ᠃ ᠬᠤᠶᠠᠳᠤᠭ᠋ᠠᠷ ᠬᠤᠭᠤᠴᠠᠭ᠋ᠠᠨ᠎ᠤ ᠦᠪᠦᠷ ᠮᠤᠩᠭᠤᠯ᠎ᠤᠨ ᠬᠤᠳᠠᠯᠳᠤᠭ᠋ᠠᠴᠢᠳ᠎ᠤᠨ ᠶᠡᠭᠡ ᠬᠤᠷᠠᠯ᠎ᠢ ᠰᠠᠶ᠋ᠢᠳᠤᠷ

ᠡᠷᠬᠢᠯᠡᠨ᠎ᠠ᠃
     (ᠵᠢᠷᠭᠤᠭ᠎ᠠ) ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠬᠢᠷᠢ ᠲᠦᠪᠰᠢᠨ᠎ᠢ ᠳᠡᠭᠡᠭᠰᠢᠯᠡᠬᠦᠯᠦᠨ᠎ᠡ᠃ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠬᠦᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠨ᠂ ᠠᠷᠠᠳ ᠲᠦᠮᠡᠨ᠎ᠤ ᠨᠡᠶ᠋ᠢᠳᠡᠮ ᠬᠠᠯᠠᠮᠵᠢᠯᠠᠵᠤ ᠪᠠᠶ᠋ᠢᠭ᠎ᠠ ᠠᠰᠠᠭᠤᠳᠠᠯ᠎ᠢ ᠰᠶ᠋ᠢᠳᠪᠦᠷᠢᠯᠡᠬᠦ᠎ᠪᠠᠷ ᠭᠠᠷᠳᠠᠴᠠ ᠪᠤᠯᠭ᠋ᠠᠵᠤ᠂ ᠴᠢᠳᠠᠯ ᠵᠶ᠋ᠠᠷ ᠵᠶ᠋ᠠᠨ ᠴᠢᠷᠮᠠᠶ᠋ᠢᠨ᠂ ᠴᠢᠳᠠᠯ᠎ᠤᠨ ᠵᠶ᠋ᠠᠨ ᠬᠢᠷᠢ᠎ᠪᠠᠷ ᠬᠢᠵᠤ᠂ ᠲᠦᠷᠦ ᠵᠢᠨ ᠪᠤᠳᠤᠯᠭ᠎ᠠ ᠵᠢᠨ ᠲᠤᠶ᠋ᠢᠯ᠎ᠤᠨ ᠤᠨᠤᠪᠴᠢᠲᠤ ᠴᠢᠨᠠᠷ ᠪᠤᠯᠤᠨ ᠴᠢᠭᠯᠡᠯᠲᠦ ᠴᠢᠨᠠᠷ᠎ᠢ ᠳᠤᠪᠤᠶ᠋ᠢᠯᠭ᠋ᠠᠨ᠂ ᠦᠭᠡᠷᠡᠴᠢᠯᠡᠯᠲᠡ ᠬᠦᠭᠵᠢᠯᠲᠡ ᠵᠢᠨ ᠦᠷ᠎ᠡ ᠪᠦᠲᠦᠭᠡᠯ᠎ᠢ ᠨᠡᠩ ᠤᠯᠠᠨ ᠪᠦᠭᠡᠳ ᠨᠡᠩ ᠲᠦᠪ ᠭᠤᠤᠯᠴᠢ᠎ᠪᠠᠷ ᠪᠦᠬᠦ ᠠᠷᠠᠳ᠎ᠲᠤ ᠬᠦᠷᠲᠡᠭᠡᠨ᠎ᠡ᠃
      ᠲᠦᠪ ᠭᠤᠤᠯᠴᠢ ᠮᠦᠷᠲᠡᠭᠡᠨ ᠴᠢᠨᠠᠷᠯᠢᠭ ᠪᠦᠬᠦᠢ ᠰᠤᠷᠭ᠋ᠠᠨ ᠬᠦᠮᠦᠵᠢᠯ᠎ᠢ ᠬᠦᠭᠵᠢᠬᠦᠯᠤᠨ᠎ᠠ᠃ ᠰᠤᠷᠭ᠋ᠠᠨ ᠬᠦᠮᠦᠵᠢᠯ᠎ᠤᠨ ᠦᠬᠡᠷᠡᠴᠢᠯᠠᠯᠳᠠ ᠵᠢ ᠬᠦᠨᠵᠡᠬᠡᠢ᠌ᠷᠡᠬᠦᠯᠵᠦ᠂ ᠰᠤᠷᠭ᠋ᠠᠨ ᠬᠦᠮᠦᠵᠢᠯ᠎ᠤᠨ ᠤᠳᠤᠬᠢᠴᠢᠯᠠᠯᠳᠠ ᠵᠢ ᠲᠦᠷᠬᠡᠳᠬᠡᠨ᠎ᠠ᠃ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠦᠮᠦᠵᠢᠯ᠎ᠤᠨ ᠭᠤᠷᠪᠠᠨ ᠵᠢᠯ᠎ᠤᠨ ᠠᠵᠢᠯᠯᠠᠭ᠋ᠠᠨ᠎ᠤ ᠲᠦᠯᠦᠪᠯᠡᠭᠡ ᠵᠢ ᠬᠡᠷᠡᠭᠵᠢᠬᠦᠯᠵᠤ᠂ ᠨᠢᠭᠡ ᠪᠦᠯᠦᠭ ᠠᠯᠪᠠᠨ᠎ᠠᠴᠠ ᠪᠠᠶ᠋ᠢᠭᠤᠯᠤᠭᠰᠠᠨ ᠬᠡᠤᠭᠡᠳ᠎ᠤᠨ ᠴᠡᠴᠡᠷᠯᠢᠭ᠎ᠢ ᠰᠢᠨ᠎ᠡ᠎ᠪᠠᠷ ᠪᠠᠶ᠋ᠢᠭᠤᠯᠬᠤ ᠪᠠ ᠦᠷᠭᠡᠳᠭᠡᠨ ᠪᠠᠶ᠋ᠢᠭᠤᠯᠵᠤ᠂ ᠨᠠᠶ᠋ᠢᠳᠡᠮ ᠬᠠᠷᠠᠭ᠋ᠠᠯᠵᠠᠬᠤ ᠴᠢᠨᠠᠷᠲᠠᠢ ᠠᠷᠠᠳ᠎ᠠᠴᠠ ᠡᠷᠬᠢᠯᠡᠭᠰᠡᠨ ᠬᠡᠤᠭᠡᠳ᠎ᠤᠨ ᠴᠡᠴᠡᠷᠯᠢᠭ᠎ᠢ ᠲᠡᠳᠬᠦᠨ ᠵᠢᠷᠤᠮᠵᠢᠭᠤᠯᠤᠨ᠎ᠠ᠃ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠢ ᠲᠡᠩᠴᠡᠬᠦᠷᠢᠲᠠᠢ ᠬᠦᠭᠵᠢᠬᠦᠯᠬᠦ ᠡᠬᠦᠷᠭᠡ ᠵᠢ ᠪᠡᠶᠡᠯᠡᠬᠦᠯᠵᠤ᠂ ᠰᠤᠷᠭ᠋ᠠᠭᠤᠯᠢ ᠰᠤᠩᠭᠤᠬᠤ ᠬᠠᠯᠠᠮᠰᠢᠯ᠂ ᠰᠤᠷᠤᠭᠴᠢ ᠵᠢᠨ ᠲᠤᠭ᠎ᠠ ᠬᠡᠲᠦᠷᠡᠭᠰᠡᠨ ᠠᠩᠬᠢ᠎ᠲᠠᠢ ᠪᠠᠶ᠋ᠢᠬᠤ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠲᠠᠯ᠎ᠠ᠎ᠪᠠᠷ ᠰᠤᠷᠭ᠋ᠠᠭᠤᠯᠢ ᠡᠷᠬᠢᠯᠡᠬᠦ ᠬᠦᠴᠦᠨ ᠪᠠᠭᠤᠷᠠᠢ ᠪᠠᠶ᠋ᠢᠬᠤ ᠨᠦᠬᠦᠴᠡᠯ᠎ᠢ ᠰᠠᠶ᠋ᠢᠵᠢᠷᠠᠭᠤᠯᠵᠤ᠂ ᠮᠠᠯᠵᠢᠬᠤ ᠲᠠᠷᠢᠶᠠᠯᠠᠬᠤ ᠤᠷᠤᠨ᠎ᠤ ᠪᠠᠶ᠋ᠢᠷᠢ᠎ᠳᠤ ᠰᠠᠭᠤᠯᠭ᠋ᠠᠬᠤ ᠳᠦᠷᠢᠮᠲᠦ ᠰᠤᠷᠭ᠋ᠠᠭᠤᠯᠢ ᠵᠢᠨ ᠬᠤᠭᠤᠯᠨ ᠢᠳᠡᠬᠦ᠂ ᠪᠡᠶ᠎ᠡ ᠤᠬᠢᠶᠠᠬᠤ᠂ ᠲᠤᠯᠠᠭ᠋ᠠᠯᠠᠬᠤ ᠨᠦᠬᠦᠴᠡᠯ᠎ᠢ ᠰᠠᠶ᠋ᠢᠵᠢᠷᠠᠭᠤᠯᠤᠨ᠎ᠠ᠃ ᠦᠨᠳᠦᠷ ᠵᠡᠷᠭᠡ ᠵᠢᠨ ᠳᠤᠮᠳᠠᠲᠤ ᠰᠤᠷᠭ᠋ᠠᠭᠤᠯᠢ ᠵᠢᠨ ᠰᠤᠷᠭ᠋ᠠᠨ ᠬᠦᠮᠦᠵᠢᠯ᠎ᠢ ᠲᠦᠭᠡᠮᠡᠯᠵᠢᠬᠦᠯᠬᠦ ᠰᠢᠪᠲᠤᠯᠤᠯᠲᠠ ᠵᠢᠨ ᠲᠦᠯᠦᠪᠯᠡᠭᠡ ᠵᠢ ᠬᠡᠷᠡᠭᠵᠢᠬᠦᠯᠦᠨ᠎ᠡ᠃ ᠳᠡᠭᠡᠲᠦ ᠵᠡᠷᠭᠡ ᠵᠢᠨ ᠰᠤᠷᠭ᠋ᠠᠨ ᠬᠦᠮᠦᠵᠢᠯ᠎ᠤᠨ 《ᠬᠤᠤᠰ ᠲᠡᠷᠢᠬᠦᠨ ᠳᠡᠰ》᠎ᠤᠨ ᠪᠠᠶ᠋ᠢᠭᠤᠯᠤᠯᠲᠠ ᠪᠤᠯᠤᠨ ᠠᠭᠤᠯᠤᠭᠳᠠᠬᠤᠨ ᠬᠡᠯᠪᠡᠷᠢ ᠪᠦᠬᠦᠢ᠎ᠪᠠᠷ ᠬᠦᠭᠵᠢᠬᠦᠯᠬᠦ ᠵᠢ ᠳᠡᠮᠵᠢᠵᠤ᠂ ᠳᠡᠭᠡᠲᠦ ᠰᠤᠷᠭ᠋ᠠᠭᠤᠯᠢ ᠵᠢᠨ ᠪᠡᠶ᠎ᠡ᠎ᠪᠠᠨ ᠳᠠᠭ᠋ᠠᠭ᠋ᠠᠵᠤ ᠰᠤᠷᠭ᠋ᠠᠭᠤᠯᠢ ᠡᠷᠬᠢᠯᠡᠬᠦ ᠡᠷᠬᠡ ᠵᠢ ᠦᠷᠭᠡᠳᠭᠡᠨ᠎ᠡ᠃ ᠦᠢ᠍ᠯᠡᠳᠪᠦᠷᠢᠯᠡᠬᠦ ᠪᠠ ᠵᠢᠭ᠋ᠠᠨ ᠰᠤᠷᠭ᠋ᠠᠬᠤ ᠵᠢᠨ ᠠᠭᠤᠰᠤᠯᠴᠠᠯ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠬᠦᠨᠵᠡᠭᠡᠶ᠋ᠢᠷᠡᠬᠦᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠦᠨᠳᠦᠰᠦᠲᠡᠨ᠎ᠤ ᠰᠤᠷᠭ᠋ᠠᠨ ᠬᠦᠮᠦᠵᠢᠯ᠎ᠢ ᠡᠩ ᠲᠡᠷᠢᠬᠦᠨ᠎ᠳᠤ ᠭᠤᠤᠯᠳᠠᠯᠭ᠎ᠠ᠎ᠲᠠᠢ ᠬᠦᠭᠵᠢᠭᠦᠯᠵᠤ᠂ ᠤᠨᠴᠤᠭᠤᠢ ᠰᠤᠷᠭ᠋ᠠᠨ ᠬᠦᠮᠦᠵᠢᠯ᠂ ᠠᠷᠠᠳ᠎ᠠᠴᠠ ᠡᠷᠬᠢᠯᠡᠭᠰᠡᠨ ᠰᠤᠷᠭ᠋ᠠᠨ ᠬᠦᠮᠦᠵᠢᠯ ᠪᠠ ᠦᠷᠬᠦᠯᠵᠢᠯᠡᠭᠰᠡᠨ ᠰᠤᠷᠭ᠋ᠠᠨ ᠬᠦᠮᠦᠵᠢᠯ᠎ᠢ ᠨᠢᠭᠡᠳᠦᠯᠲᠠᠢ ᠲᠦᠯᠦᠪᠯᠡᠨ ᠬᠦᠭᠵᠢᠬᠦᠯᠦᠨ᠎ᠡ᠃ ᠳᠡᠭᠡᠲᠦ ᠬᠡᠪ ᠴᠢᠨᠠᠷ ᠪᠦᠬᠦᠢ ᠪᠠᠭᠰᠢ ᠵᠢᠨ ᠡᠩᠨᠡᠭᠡ ᠵᠢ ᠬᠦᠮᠦᠵᠢᠬᠦᠯᠦᠨ᠎ᠡ᠃
      ᠠᠵᠢᠯ ᠤᠯᠵᠤ ᠠᠲᠠᠯ ᠦᠢ᠍ᠯᠡᠰ ᠴᠤᠭᠴᠠᠯᠠᠬᠤ ᠵᠢ ᠴᠢᠷᠮᠠᠶ᠋ᠢᠨ ᠠᠬᠢᠭᠤᠯᠤᠨ᠎ᠠ᠃ ᠠᠵᠢᠯ ᠤᠯᠭᠤᠬᠤ ᠵᠢ ᠲᠡᠷᠢᠬᠦᠨ᠎ᠳᠤ ᠲᠠᠯᠪᠢᠬᠤ ᠪᠠᠶ᠋ᠢᠯᠳᠤᠬᠤ ᠪᠤᠳᠤᠯᠭ᠎ᠠ ᠪᠠ ᠢᠳᠡᠪᠬᠢᠲᠠᠢ᠎ᠪᠠᠷ ᠠᠵᠢᠯ ᠤᠯᠭᠤᠬᠤ ᠲᠦᠷᠦ ᠵᠢᠨ ᠪᠤᠳᠤᠯᠭ᠎ᠠ ᠵᠢ ᠪᠠᠷᠢᠮᠲᠠᠯᠠᠨ᠂ ᠶᠡᠭᠡ ᠳᠡᠭᠡᠲᠦ ᠰᠤᠷᠭ᠋ᠠᠭᠤᠯᠢ᠎ᠠᠴᠠ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠤᠲᠠ ᠪᠠᠯᠭ᠋ᠠᠰᠤ ᠵᠢᠨ ᠠᠵᠢᠯ ᠤᠯᠬᠤ᠎ᠳᠤ ᠬᠦᠴᠢᠷᠳᠡᠵᠤ ᠪᠠᠶ᠋ᠢᠭ᠎ᠠ ᠵᠡᠷᠭᠡ ᠬᠦᠮᠦᠰ᠎ᠲᠤ ᠠᠵᠢᠯ ᠤᠯᠭᠤᠬᠤ ᠪᠠ ᠴᠡᠷᠢᠭ᠎ᠤᠨ ᠠᠯᠪᠠ᠎ᠠᠴᠠ ᠪᠠᠭᠤᠭᠰᠠᠳ᠎ᠤᠨ ᠲᠦᠪᠬᠢᠨᠡᠬᠦᠯᠬᠦ ᠠᠵᠢᠯ᠎ᠢ ᠰᠠᠶ᠋ᠢᠲᠤᠷ ᠬᠢᠨ᠎ᠠ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠤᠯᠪᠠᠰᠤᠷᠠᠭᠤᠯᠤᠯ᠎ᠢ ᠶᠡᠭᠡ ᠬᠡᠪᠴᠢᠶ᠎ᠡ᠎ᠲᠠᠢ᠎ᠪᠠᠷ ᠦᠷᠨᠢᠬᠦᠯᠵᠤ᠂ ᠬᠦᠳᠡᠯᠮᠦᠷᠢᠯᠡᠭᠴᠢᠳ᠎ᠤᠨ ᠠᠵᠢᠯ ᠤᠯᠵᠤ ᠠᠲᠠᠯ ᠦᠢ᠍ᠯᠡᠰ ᠴᠤᠭᠴᠠᠯᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠂ ᠠᠵᠢᠯ ᠤᠯᠭᠤᠬᠤ ᠵᠢᠨ ᠪᠦᠲᠦᠴᠡ ᠵᠢᠨ ᠴᠢᠨᠠᠷᠲᠠᠢ ᠵᠦᠷᠢᠴᠡᠯ ᠮᠦᠷᠭᠦᠯᠳᠦᠬᠡᠨ᠎ᠢ ᠰᠢᠢ᠍ᠳᠪᠦᠷᠢᠯᠡᠨ᠎ᠡ᠃ ᠡᠯ᠎ᠡ ᠲᠦᠷᠦᠯ᠎ᠤᠨ ᠬᠦᠮᠦᠰ᠎ᠤᠨ ᠨᠤᠲᠤᠭ᠎ᠲᠠᠭᠠᠨ ᠪᠤᠴᠠᠬᠤ ᠪᠠ ᠬᠦᠳᠡᠭᠡ ᠪᠠᠭᠤᠵᠤ ᠠᠲᠠᠯ ᠦᠢ᠍ᠯᠡᠰ ᠴᠤᠭᠴᠠᠯᠠᠬᠤ ᠵᠢ ᠳᠡᠮᠵᠢᠨ᠎ᠡ᠃
      ᠨᠡᠶ᠋ᠢᠭᠡᠮ᠎ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠰᠢᠰᠲ᠋ᠧᠮᠵᠢ ᠵᠢ ᠪᠦᠷᠢᠨᠰᠢᠬᠦᠯᠦᠨ᠎ᠡ᠃ ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠤᠷᠤᠯᠴᠠᠬᠤ ᠲᠦᠯᠦᠪᠯᠡᠭᠡ ᠵᠢ ᠪᠦᠬᠦ ᠲᠠᠯ᠎ᠠ᠎ᠪᠠᠷ ᠬᠡᠷᠡᠭᠵᠢᠬᠦᠯᠵᠤ᠂ ᠨᠠᠰᠤᠵᠢᠯ᠂ ᠡᠮᠴᠢᠯᠡᠭᠡ ᠵᠢᠨ ᠳᠠᠭ᠋ᠠᠳᠬᠠᠯ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠪᠠ ᠬᠠᠯᠠᠮᠵᠢᠯᠠᠨ ᠲᠤᠬᠢᠷᠠᠭᠤᠯᠵᠤ ᠲᠦᠪᠬᠢᠨᠡᠬᠦᠯᠬᠦ ᠨᠦᠬᠦᠪᠦᠷᠢ ᠵᠢᠨ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠬᠢᠯᠢ ᠵᠢᠨ ᠠᠷᠠᠳ᠎ᠲᠤ ᠨᠦᠬᠦᠪᠦᠷᠢ ᠦᠭᠭᠦ ᠪᠠᠷᠢᠮᠵᠢᠶ᠎ᠠ ᠵᠢ ᠳᠡᠭᠡᠭᠰᠢᠯᠡᠭᠦᠯᠵᠤ᠂ ᠨᠦᠬᠦᠪᠦᠷᠢ ᠦᠭᠭᠦ ᠬᠦᠷᠢᠶ᠎ᠡ ᠬᠡᠪᠴᠢᠶ᠎ᠡ ᠵᠢ᠎ᠨᠢ ᠦᠷᠭᠡᠳᠭᠡᠨ᠎ᠡ᠃ ᠡᠮᠡᠭᠲᠠᠶ᠋ᠢᠴᠤᠳ ᠬᠡᠤᠭᠡᠳ᠂ ᠦᠳᠡᠭᠦᠰ ᠪᠤᠯᠤᠨ ᠵᠡᠮᠳᠡᠭᠴᠦᠳ᠎ᠢ ᠬᠠᠯᠠᠮᠵᠢᠯᠠᠨ᠂ ᠤᠳᠤ ᠵᠢᠨ ᠪᠠᠶ᠋ᠢᠭ᠎ᠠ ᠪᠡᠯᠡᠳᠭᠡᠮᠵᠢ ᠵᠢ ᠠᠰᠢᠭᠯᠠᠨ ᠨᠡᠶ᠋ᠢᠭᠡᠮ ᠲᠤᠭᠤᠷᠢᠭ᠎ᠲᠤ 《ᠬᠡᠤᠭᠡᠳ᠎ᠤᠨ ᠬᠡᠷ ᠦᠯᠦᠭᠡᠢ》 ᠵᠢ ᠪᠠᠶ᠋ᠢᠭᠤᠯᠵᠤ᠂ ᠨᠡᠶ᠋ᠢᠭᠡᠮ᠎ᠤᠨ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠨᠡᠮᠡᠭᠦᠷᠢ ᠵᠢᠨ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ᠂ ᠵᠡᠮᠳᠡᠭᠴᠤᠳ᠎ᠢ ᠠᠪᠤᠷᠠᠨ ᠲᠤᠰᠠᠯᠠᠬᠤ ᠠᠵᠢᠯ᠎ᠢ ᠰᠠᠶ᠋ᠢᠲᠤᠷ ᠬᠢᠨ᠎ᠡ᠃ ᠤᠯᠠᠭ᠋ᠠᠨ ᠵᠠᠭ᠋ᠠᠯᠮᠠᠶ᠋ᠢᠲᠠᠨ ᠵᠡᠷᠭᠡ ᠨᠡᠶ᠋ᠢᠲᠡ ᠵᠢᠨ ᠠᠰᠠᠷᠠᠮᠵᠢ ᠵᠢᠨ ᠨᠢᠬᠦᠯᠡᠰᠦᠩᠭᠦᠢ ᠵᠢᠨ ᠦᠢ᠍ᠯᠡᠰ᠎ᠢ ᠶᠡᠬᠡᠪᠡᠷ ᠬᠦᠭᠵᠢᠬᠦᠯᠵᠤ᠂ 《ᠬᠠᠷᠠᠭ᠎ᠠ ᠤᠷᠤᠭᠤᠯᠬᠤ ᠠᠶᠠᠯᠠᠯ》᠎ᠤᠨ ᠠᠵᠢᠯᠯᠠᠭ᠎ᠠ ᠵᠢ ᠪᠠᠶ᠋ᠢᠩᠭᠤᠵᠢᠭᠤᠯᠬᠤ ᠵᠢ ᠪᠡᠶᠡᠯᠡᠬᠦᠯᠦᠨ᠎ᠠ᠃
      ᠤᠯᠠᠨ ᠭᠤᠤᠯ ᠴᠤᠭᠴᠠ᠎ᠠᠴᠠ ᠬᠠᠩᠭ᠋ᠠᠬᠤ᠂ ᠤᠯᠠᠨ ᠠᠷᠭ᠎ᠠ ᠵᠠᠮ ᠵᠶ᠋ᠠᠷ ᠪᠠᠲᠤᠯᠠᠬᠤ᠂ ᠳᠦᠷᠢᠶᠡᠰᠦᠯᠡᠬᠦ ᠪᠠ ᠬᠤᠳᠠᠯᠳᠤᠨ ᠠᠪᠬᠤ ᠵᠢ ᠵᠡᠷᠭᠡᠪᠡᠷ ᠬᠡᠷᠡᠭᠵᠢᠬᠦᠯᠦᠭᠰᠡᠨ ᠤᠷᠤᠨ ᠰᠠᠭᠤᠴᠠ ᠵᠢᠨ ᠪᠠᠲᠤᠯᠠᠭ᠎ᠠ ᠵᠢᠨ ᠳᠦᠷᠢᠮ᠎ᠢ ᠪᠠᠶ᠋ᠢᠭᠤᠯᠤᠨ᠎ᠠ᠃ ᠬᠤᠳᠠ ᠵᠢᠨ ᠳᠦᠭᠦᠮ ᠪᠦᠳᠦᠬᠦᠯᠢᠭ ᠤᠷᠤᠨ ᠰᠠᠭᠤᠴᠠᠲᠤ ᠲᠤᠭᠤᠷᠢᠭ᠂ ᠬᠠᠭᠤᠴᠢᠷᠠᠭᠰᠠᠨ ᠪᠠ ᠬᠠᠭᠤᠴᠢᠨ ᠰᠠᠭᠤᠭ᠋ᠠᠯᠢ ᠲᠤᠭᠤᠷᠢᠭ᠂ ᠬᠤᠲᠠ ᠵᠢᠨ ᠳᠤᠮᠳᠠᠬᠢ ᠲᠤᠰᠬᠤᠨ᠎ᠢ ᠦᠷᠬᠦᠯᠵᠢᠯᠡᠨ ᠦᠬᠡᠷᠡᠴᠢᠯᠡᠵᠦ ᠰᠢᠨᠡᠳᠬᠡᠨ᠂ ᠠᠮᠢᠳᠤᠷᠠᠯ᠎ᠤᠨ ᠬᠤᠭ ᠨᠤᠪᠰᠢ ᠵᠢ ᠠᠩᠬᠢᠯᠠᠬᠤ ᠲᠤᠷᠰᠢᠯᠲᠠ ᠵᠢ ᠦᠷᠨᠢᠬᠦᠯᠵᠤ᠂ 《ᠵᠤᠷᠯᠤᠩ᠎ᠤᠨ ᠬᠤᠪᠢᠰᠤᠯᠳᠠ》 ᠵᠢ ᠠᠬᠢᠭᠤᠯᠤᠨ᠎ᠠ᠃ ᠨᠡᠶ᠋ᠢᠲᠡ ᠵᠢᠨ ᠳᠦᠷᠢᠶᠡᠰᠦᠨ᠎ᠤ ᠬᠡᠷ ᠪᠠᠶ᠋ᠢᠰᠢᠩ᠎ᠤᠨ ᠪᠠᠲᠤᠯᠠᠬᠤ ᠠᠵᠢᠯ᠎ᠢ ᠰᠠᠶ᠋ᠢᠲᠤᠷ ᠬᠢᠵᠤ᠂ ᠤᠷᠴᠢᠨ ᠲᠤᠭᠤᠷᠢᠨ᠎ᠤ ᠠᠷᠢᠭᠤᠨ ᠴᠡᠪᠡᠷ᠂ ᠤᠯᠠᠨ ᠨᠡᠶ᠋ᠢᠲᠡ ᠵᠢᠨ ᠵᠠᠮ ᠬᠠᠷᠢᠯᠴᠠᠭ᠎ᠠ ᠵᠡᠷᠭᠡ ᠠᠵᠢᠯ ᠲᠦᠷᠦᠯ᠎ᠤᠨ ᠬᠦᠴᠢᠷᠳᠡᠯᠲᠠᠢ ᠬᠦᠮᠦᠰ᠎ᠢ ᠤᠷᠢᠳᠠᠪᠡᠷ ᠪᠠᠲᠤᠯᠠᠨ᠂ ᠨᠦᠬᠦᠴᠡᠯ᠎ᠳᠤ ᠨᠡᠶ᠋ᠢᠴᠡᠵᠦ ᠪᠠᠢ᠌ᠭ᠎ᠠ ᠰᠢᠨ᠎ᠡ᠎ᠪᠠᠷ ᠠᠵᠢᠯ ᠤᠯᠤᠭᠰᠠᠨ ᠬᠡᠷ ᠪᠠᠶ᠋ᠢᠰᠢᠩ ᠦᠭᠡᠢ ᠠᠵᠢᠯᠲᠠᠨ ᠠᠵᠢᠯᠴᠢᠨ᠂ ᠭᠠᠳᠠᠨ᠎ᠠ᠎ᠠᠴᠠ ᠢᠷᠡᠭᠰᠡᠨ ᠬᠦᠴᠦ ᠶᠠᠪᠤᠭᠰᠠᠳ ᠪᠠ ᠵᠠᠯᠠᠭᠤ ᠡᠮᠴᠢ᠂ ᠵᠠᠯᠠᠭᠤ ᠪᠠᠭᠰᠢ ᠨᠠᠷ᠎ᠢ ᠪᠠᠲᠤᠯᠠᠬᠤ ᠬᠡᠪᠴᠢᠶᠡᠨ᠎ᠳᠤ ᠠᠯᠬᠤᠮ ᠠᠯᠬᠤᠮ ᠵᠶ᠋ᠠᠷ ᠤᠷᠤᠭᠤᠯᠵᠤ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠵᠤ ᠪᠠᠶ᠋ᠢᠭ᠎ᠠ᠂ ᠤᠷᠤᠯᠭ᠎ᠠ ᠪᠠᠭ᠋ᠠᠲᠠᠢ ᠪᠦᠭᠡᠳ ᠤᠷᠤᠨ ᠰᠠᠭᠤᠴᠠ ᠵᠢᠨ ᠲᠠᠯ᠎ᠠ᠎ᠪᠠᠷ ᠬᠦᠴᠢᠷᠳᠡᠯᠲᠠᠢ ᠪᠠᠢ᠌ᠭ᠎ᠠ ᠬᠡᠷ ᠪᠦᠯᠢ ᠵᠢ ᠪᠤᠯ ᠪᠠᠲᠤᠯᠠᠬᠤ ᠴᠢᠬᠤᠯᠠᠲᠠᠢ ᠵᠢ᠎ᠨᠢ ᠴᠢᠷᠮᠠᠶ᠋ᠢᠨ ᠪᠠᠳᠤᠯᠠᠨ᠎ᠠ᠃ ᠲᠠᠷᠤᠨᠨᠳᠠᠨ ᠬᠠᠳᠠᠭ᠋ᠠᠯᠬᠠᠳᠠᠵᠦ ᠪᠠᠶ᠋ᠢᠭ᠎ᠠ ᠬᠡᠷ ᠪᠠᠶ᠋ᠢᠰᠢᠩ᠎ᠢ ᠴᠢᠯᠦᠭᠡᠲᠠᠢ ᠪᠤᠯᠭ᠋ᠠᠵᠤ᠂ ᠤᠷᠤᠨ ᠰᠠᠭᠤᠴᠠ ᠵᠢᠨ ᠳᠦᠷᠢᠶᠡᠰᠦᠯᠡᠬᠦ ᠵᠠᠬ᠎ᠠ ᠳᠡᠯᠭᠡᠭᠦᠷ᠎ᠢ ᠬᠦᠭᠵᠢᠬᠦᠯᠦᠨ᠎ᠡ᠃
      ᠡᠷᠡᠬᠦᠯ ᠡᠩᠬᠡ ᠦᠪᠦᠷ ᠮᠤᠩᠭᠤᠯ᠎ᠤᠨ ᠪᠠᠶ᠋ᠢᠭᠤᠯᠤᠯᠲᠠ ᠵᠢ ᠲᠦᠷᠭᠡᠳᠭᠡᠨ᠎ᠡ᠃ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠵᠢᠨ ᠦᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠠᠲᠤᠳᠬᠠᠨ ᠦᠷᠭᠡᠳᠭᠡᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠭᠡᠯ ᠲᠤᠰᠢᠶᠠᠬᠤ ᠠᠷᠭ᠎ᠠ ᠮᠠᠶᠢᠭ᠎ᠤᠨ ᠦᠭᠡᠷᠡᠴᠢᠯᠡᠯᠲᠡ ᠵᠢ ᠬᠦᠨᠵᠡᠭᠡᠶ᠋ᠢᠷᠡᠭᠦᠯᠦᠨ᠂ ᠡᠪᠡᠳᠴᠢᠨ᠎ᠤ ᠲᠦᠷᠦᠯ ᠵᠶ᠋ᠠᠷ ᠰᠦᠢ᠍ᠳᠭᠡᠯ ᠲᠤᠰᠢᠶᠠᠬᠤ ᠬᠦᠷᠢᠶ᠎ᠡ ᠬᠡᠪᠴᠢᠶ᠎ᠡ ᠵᠢ ᠦᠷᠭᠡᠳᠭᠡᠵᠤ᠂ ᠡᠮᠴᠢᠯᠡᠭᠡᠨ᠎ᠤ ᠰᠦᠢ᠍ᠳᠭᠡᠯ᠎ᠤᠨ ᠵᠦᠢ ᠵᠤᠬᠢᠰ ᠦᠭᠡᠢ᠎ᠪᠠᠷ ᠦᠰᠬᠦ ᠵᠢ ᠬᠢᠵᠠᠭ᠋ᠠᠷᠯᠠᠨ᠎ᠠ᠃ ᠤᠨᠳᠤᠤ ᠭᠠᠵᠠᠷ᠎ᠲᠤ ᠡᠪᠡᠳᠴᠢᠨ ᠦᠵᠡᠬᠦᠯᠬᠦ᠎ᠳᠤ ᠰᠢᠭᠤᠳ ᠳ᠋ᠦᠩᠨᠡᠨ ᠪᠤᠳᠤᠬᠤ ᠵᠢ ᠠᠬᠢᠭᠤᠯᠵᠤ᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠭᠠᠳᠠᠨ᠎ᠠ᠎ᠠᠴᠠ ᠢᠷᠡᠭᠰᠡᠨ ᠠᠵᠢᠯ ᠤᠯᠵᠤ ᠠᠲᠠᠯ ᠦᠢ᠍ᠯᠡᠰ ᠴᠤᠭᠴᠠᠯᠠᠭᠴᠢᠳ᠎ᠢ ᠪᠦᠷᠢᠨ ᠬᠠᠮᠤᠷᠬᠤ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠱᠠᠲᠤ ᠬᠤᠪᠢᠶᠠᠨ ᠤᠨᠤᠰᠢᠯᠠᠨ ᠡᠮᠴᠢᠯᠡᠬᠦ ᠪᠠ ᠡᠮᠨᠡᠯᠭᠡ ᠵᠢᠨ ᠬᠤᠯᠪᠤᠭ᠋ᠠᠲᠤ ᠴᠤᠭᠴᠠ ᠵᠢᠨ ᠪᠠᠶ᠋ᠢᠭᠤᠯᠤᠯᠲᠠ ᠵᠢ ᠲᠦᠷᠭᠡᠳᠭᠡᠵᠤ᠂ ᠬᠡᠷ ᠪᠦᠯᠢ ᠵᠢᠨ ᠡᠮᠴᠢ ᠵᠢᠨ ᠬᠡᠷ᠎ᠡ᠎ᠪᠠᠷ ᠪᠤᠯᠵᠤᠵᠤ ᠦᠢ᠍ᠯᠡᠴᠢᠯᠡᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠡᠷᠡᠬᠦᠯ ᠡᠨᠭᠬᠡ ᠵᠢᠨ ᠬᠦᠮᠦᠵᠢᠯ ᠪᠠ ᠬᠠᠭᠤᠴᠢᠨ ᠠᠷᠬᠠᠭ᠎ᠢ ᠰᠡᠷᠬᠡᠢ᠌ᠯᠡᠨ ᠡᠮᠨᠡᠬᠦ ᠠᠵᠢᠯ᠎ᠢ ᠴᠢᠨᠭ᠌ᠭ᠋ᠠᠳᠬᠠᠨ᠎ᠠ᠃ ᠢᠨᠲ᠋ᠧᠷ ᠰᠦᠯᠵᠢᠶ᠎ᠡ᠂ ᠳᠤᠮᠤ ᠳ᠋ᠠᠶ᠋ᠢᠲ᠋ᠠ ᠵᠢᠨ ᠮᠡᠷᠭᠡᠵᠢᠯ᠎ᠢ ᠠᠰᠢᠭᠯᠠᠨ ᠡᠮᠴᠢᠯᠡᠭᠦ ᠦᠢ᠍ᠯᠡᠴᠢᠯᠡᠭᠡ᠎ᠳᠤ ᠰᠢᠨ᠎ᠡ ᠵᠢ ᠡᠭᠦᠳᠴᠦ᠂ ᠨᠡᠶ᠋ᠢᠭᠡᠮ᠎ᠠᠴᠠ ᠡᠮᠨᠡᠯᠭᠡ ᠡᠷᠬᠢᠯᠡᠬᠦ ᠵᠢ ᠳᠡᠮᠵᠢᠵᠤ᠂ ᠴᠢᠨᠠᠷ ᠰᠠᠶ᠋ᠢᠲᠠᠢ ᠡᠮᠴᠢᠯᠡᠭᠡᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠵᠢ ᠦᠷᠭᠡᠳᠭᠡᠨ᠎ᠡ᠃ ᠮᠤᠩᠭᠤᠯ ᠡᠮ ᠡᠮᠨᠡᠯᠭᠡ ᠵᠢ ᠬᠦᠭᠵᠢᠬᠦᠯᠦᠨ ᠮᠠᠨᠳᠤᠭᠤᠯᠬᠤ ᠠᠵᠢᠯᠯᠠᠭ᠎ᠠ ᠵᠢᠨ ᠲᠦᠯᠦᠪᠯᠡᠭᠡ ᠵᠢ ᠬᠡᠷᠡᠭᠵᠢᠬᠦᠯᠦᠨ᠎ᠡ᠃ ᠦᠷᠡᠵᠢᠯ᠎ᠤᠨ ᠲᠦᠷᠦ ᠵᠢᠨ ᠪᠤᠳᠤᠯᠭ᠎ᠠ ᠪᠠ ᠠᠵᠤ ᠠᠬᠤᠢ ᠨᠡᠶ᠋ᠢᠭᠡᠮ᠎ᠤᠨ ᠲᠦᠷᠦ ᠵᠢᠨ ᠪᠤᠳᠤᠯᠭ᠎ᠠ ᠵᠢ ᠵᠤᠯᠭ᠋ᠠᠭᠤᠯᠬᠤ ᠠᠵᠢᠯ᠎ᠢ ᠰᠠᠶ᠋ᠢᠲᠤᠷ ᠬᠢᠨ᠎ᠡ᠃
      ᠨᠡᠶ᠋ᠢᠭᠡᠮ᠎ᠤᠨ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠬᠤᠲᠠ ᠬᠦᠳᠡᠭᠡ ᠵᠢᠨ ᠨᠡᠶ᠋ᠢᠭᠡᠮ ᠲᠤᠭᠤᠷᠢᠭ᠎ᠤᠨ ᠵᠠᠰᠠᠯᠲᠠ ᠵᠢ ᠴᠢᠩᠭ᠋ᠠᠳᠬᠠᠵᠤ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠠᠶ᠋ᠢᠴᠤᠳ᠎ᠤᠨ ᠬᠤᠯᠪᠤᠭ᠎ᠠ ᠵᠡᠷᠭᠡ ᠤᠯᠠᠨ ᠲᠦᠮᠡᠨᠴᠢ ᠪᠦᠯᠬᠦᠮ ᠨᠡᠶ᠋ᠢᠲᠡ ᠵᠢᠨ ᠵᠤᠬᠢᠶᠠᠨ ᠪᠠᠶ᠋ᠢᠭᠤᠯᠤᠯᠳᠠ ᠵᠢᠨ ᠦᠢ᠍ᠯᠡᠳᠦᠯ᠎ᠢ ᠪᠠᠳᠠᠷᠠᠭᠤᠯᠤᠨ᠎ᠠ᠃ ᠱᠠᠰᠢᠨ ᠰᠤᠷᠲᠠᠬᠤᠨ᠎ᠤ ᠶᠠᠪᠤᠳᠠᠯ᠎ᠢ ᠬᠠᠤᠯᠢ ᠶᠤᠰᠤᠭ᠋ᠠᠷ ᠬᠠᠮᠢᠶᠠᠷᠴᠤ᠂ ᠱᠠᠰᠢᠨ ᠰᠤᠷᠲᠠᠬᠤᠨ ᠬᠢᠭᠡᠳ ᠨᠡᠶ᠋ᠢᠭᠡᠮ ᠵᠢᠷᠤᠮᠳᠤ ᠨᠡᠢ᠌ᠬᠡᠮ᠎ᠤᠨ ᠬᠠᠷᠢᠯᠴᠠᠨ ᠵᠤᠬᠢᠴᠠᠬᠤ ᠵᠢ ᠢᠳᠡᠪᠬᠢᠲᠠᠢ᠎ᠪᠠᠷ ᠬᠦᠲᠦᠯᠦᠨ ᠵᠢᠯᠤᠭᠤᠳᠤᠨ᠎ᠠ᠃ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ ᠵᠢᠨ ᠰᠡᠷᠭᠡᠶ᠋ᠢᠯᠡᠨ ᠡᠵᠡᠮᠳᠡᠬᠦ ᠪᠤᠰᠤᠭ᠎ᠠ ᠴᠤᠭᠴᠠᠵᠢᠭᠰᠠᠨ ᠰᠢᠰᠲ᠋ᠧᠮᠵᠢ ᠵᠢ ᠲᠡᠭᠦᠯᠳᠡᠷᠵᠢᠬᠦᠯᠵᠤ᠂ ᠵᠠᠬᠢᠲᠠᠯ ᠰᠤᠷᠪᠤᠯᠵᠢᠯᠠᠯ᠎ᠤᠨ ᠬᠠᠤᠯᠢᠵᠢᠬᠰᠠᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠵᠦᠷᠢᠴᠡᠯ᠎ᠢ ᠵᠢᠭᠰᠠᠭ᠋ᠠᠨ ᠪᠠᠶ᠋ᠢᠴᠠᠭ᠋ᠠᠬᠤ ᠪᠠ ᠦᠬᠡᠢ᠌ᠰᠬᠡᠬᠦ ᠠᠵᠢᠯ᠎ᠢ ᠰᠠᠶ᠋ᠢᠲᠤᠷ ᠬᠢᠨ᠎ᠡ᠃ ᠠᠮᠤᠷ ᠲᠦᠪᠰᠢᠨ ᠬᠦᠭᠵᠢᠯᠲᠡ ᠵᠢᠨ ᠤᠨᠤᠯᠵᠢᠬᠤᠨ᠎ᠢ ᠪᠠᠲᠤ ᠪᠠᠬᠢ ᠪᠤᠢ ᠪᠤᠯᠭ᠋ᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠬᠦᠯᠬᠦ ᠪᠠ ᠲᠤᠰᠬᠠᠢ᠌ᠯᠠᠨ ᠴᠡᠭᠴᠡᠯᠡᠵᠦ ᠵᠠᠰᠠᠬᠤ ᠵᠢ ᠴᠢᠨᠭ᠌ᠭ᠋ᠠᠳᠬᠠᠨ᠂ ᠤᠨᠴᠠ ᠬᠦᠨᠳᠤ ᠶᠡᠭᠡ ᠡ᠊ᠨᠳᠡᠯ ᠭᠠᠷᠬᠤ ᠵᠢ ᠡᠷᠡᠰ ᠰᠡᠷᠬᠡᠶ᠋ᠢᠯᠡᠨ ᠬᠤᠷᠢᠭᠯᠠᠨ᠎ᠠ᠃ ᠬᠠᠮᠤᠭ᠎ᠤᠨ ᠨᠢᠭᠲᠠ ᠴᠢᠩᠭ᠎ᠠ ᠪᠠᠷᠢᠮᠵᠢᠶ᠎ᠠ᠂ ᠬᠠᠮᠤᠭ᠎ᠤᠨ ᠲᠦᠪ ᠴᠢᠨᠭ᠌ᠳᠠ ᠬᠢᠨᠠᠯᠲᠠ ᠬᠠᠮᠢᠶᠠᠷᠤᠯᠲᠠ᠂ ᠬᠠᠮᠤᠭ᠎ᠤᠨ ᠴᠢᠩᠭ᠎ᠠ ᠰᠦᠷᠡᠭᠡᠢ ᠰᠢᠳᠭᠡᠯ ᠲᠤᠷᠭ᠋ᠠᠭᠤᠯᠢ᠂ ᠬᠠᠮᠤᠭ᠎ᠤᠨ ᠲᠦᠪ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ᠎ᠪᠠᠷ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠨᠭ᠌ᠭ᠋ᠠᠷᠠᠭᠤᠯᠤᠨ᠎ᠠ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠦᠮᠦᠵᠢᠯ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ ᠪᠠ ᠴᠡᠷᠢᠭ ᠵᠶ᠋ᠠᠨ ᠬᠦᠷᠢᠶᠡᠯᠡᠨ ᠬᠡᠷ ᠪᠦᠯᠢ ᠵᠢ᠎ᠨᠢ ᠬᠠᠷᠠᠭ᠋ᠠᠯᠵᠠᠬᠤ ᠠᠵᠢᠯ᠎ᠢ ᠰᠠᠶ᠋ᠢᠲᠤᠷ ᠬᠢᠵᠤ᠂ ᠴᠡᠷᠢᠭ ᠠᠩᠬᠢ ᠵᠢᠨ ᠪᠠᠶ᠋ᠢᠭᠤᠯᠤᠯᠲᠠ ᠵᠢ ᠳᠡᠮᠵᠢᠵᠤ᠂ ᠴᠡᠷᠢᠭ ᠵᠠᠰᠠᠭ ᠠᠷᠠᠳ᠎ᠤᠨ ᠪᠦᠯᠬᠦᠮᠳᠡᠯ᠎ᠢ ᠠᠬᠢᠭᠤᠯᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠪᠦᠭᠡᠳ ᠲᠤᠭᠲᠠᠭᠤᠨ ᠪᠠᠶ᠋ᠢᠬᠤ ᠬᠠᠯᠬᠠᠪᠴᠢ ᠵᠢ ᠪᠠᠬᠢᠵᠢᠬᠦᠯᠦᠨ᠎ᠡ᠃
     (ᠳᠣᠯᠤᠭ᠎ᠠ) ᠪᠣᠯᠪᠠᠰᠤᠨ ᠦᠪᠦᠷ ᠮᠣᠩᠭᠤᠯ᠎ᠢ ᠪᠠᠶ᠋ᠢᠭᠤᠯᠤᠨ᠎ᠠ᠃ ᠠᠷᠠᠳ ᠲᠦᠮᠡᠨ᠎ᠤ ᠦᠵᠡᠯ ᠰᠠᠨᠠᠭ᠋ᠠᠨ᠎ᠤ ᠤᠬᠠᠮᠰᠠᠷ᠂ ᠶᠣᠰᠣ ᠮᠤᠷᠠᠯ᠎ᠤᠨ ᠬᠢᠷᠢ ᠲᠥᠪᠰᠢᠨ᠂ ᠪᠣᠯᠪᠠᠰᠤᠨ᠎ᠤ ᠬᠡᠪ ᠴᠢᠨᠰᠠᠭ᠎ᠠ ᠵᠢ ᠴᠢᠷᠮᠠᠶ᠋ᠢᠨ ᠳᠡᠭᠡᠭᠰᠢᠯᠡᠭᠦᠯᠵᠦ᠂ ᠬᠦᠮᠦᠨ᠎ᠤ ᠪᠦᠬᠦ ᠲᠠᠯ᠎ᠠ ᠵᠢᠨ ᠬᠥᠭᠵᠢᠯᠲᠡ᠂ ᠨᠡᠶ᠋ᠢᠭᠡᠮ᠎ᠤᠨ ᠪᠦᠬᠦ ᠲᠠᠯ᠎ᠠ ᠵᠢᠨ ᠳᠠᠪᠰᠢᠯᠲᠠ ᠵᠢ ᠠᠬᠢᠭᠤᠯᠤᠨ᠎ᠠ᠃
      ᠰᠣᠶᠣᠯ᠎ᠤᠨ ᠢᠲᠡᠭᠡᠯ᠎ᠢ ᠪᠠᠲᠤᠳᠬᠠᠵᠤ᠂ ᠰᠣᠶᠣᠯ ᠵᠶ᠋ᠠᠷ ᠬᠡᠪ ᠰᠤᠷᠲᠠᠯ᠎ᠢ ᠬᠦᠲᠦᠯᠦᠨ ᠳᠠᠭ᠋ᠠᠭᠤᠯᠬᠤ᠂ ᠠᠷᠠᠳ ᠲᠦᠮᠡᠨ᠎ᠢ ᠰᠤᠷᠭ᠋ᠠᠨ ᠬᠦᠮᠦᠵᠢᠭᠦᠯᠬᠦ᠂ ᠨᠡᠶ᠋ᠢᠭᠡᠮ᠎ᠳᠤ ᠦᠢ᠍ᠯᠡᠴᠢᠯᠡᠬᠦ᠂ ᠬᠥᠭᠵᠢᠯᠲᠡ ᠵᠢ ᠠᠬᠢᠭᠤᠯᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ᠎ᠠ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠶᠡᠬᠡᠪᠡᠷ ᠪᠠᠳᠠᠷᠠᠭᠤᠯᠵᠤ᠂ ᠲᠠᠯ᠎ᠠ ᠨᠤᠲᠤᠭ᠎ᠤᠨ ᠰᠣᠶᠣᠯ᠎ᠢ ᠬᠠᠮᠠᠭ᠋ᠠᠯᠠᠬᠤ ᠪᠠ ᠪᠠᠳᠠᠷᠠᠭᠤᠯᠤᠨ᠎ᠠ᠃ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠵᠦ᠂ ᠴᠠᠭ ᠦᠶ᠎ᠡ ᠵᠢᠨ ᠣᠨᠴᠠᠯᠢᠭ ᠰᠢᠨᠵᠢ ᠵᠢ ᠡᠵᠡᠮᠳᠡᠨ᠂ ᠳᠣᠷᠪᠢᠯᠢᠬ ᠪᠣᠷᠣᠭᠵᠢᠭᠤᠨ᠂ ᠳᠠᠭᠤᠷᠢᠰᠬᠠᠯ᠎ᠲᠠᠢ᠂ ᠥᠪᠯᠡᠨ ᠤᠯᠠᠮᠵᠢᠯᠠᠵᠤ ᠪᠣᠯᠬᠤ ᠨᠡᠩ ᠣᠯᠠᠨ ᠰᠢᠯᠢᠳᠡᠭ ᠵᠣᠬᠢᠶᠠᠯ ᠪᠦᠲᠦᠭᠡᠯ᠎ᠢ ᠵᠣᠬᠢᠶᠠᠵᠤ᠂ ᠦᠪᠦᠷ ᠮᠣᠩᠭᠤᠯ᠎ᠤᠨ ᠤᠳᠬ᠎ᠠ ᠤᠷᠠᠯᠢᠭ᠎ᠤᠨ ᠵᠣᠬᠢᠶᠠᠨ ᠪᠦᠲᠦᠭᠡᠬᠦ ᠵᠢ 《ᠥᠨᠳᠥᠷ ᠲᠥᠪᠰᠢᠨ》᠎ᠠᠴᠠ 《ᠣᠷᠭᠢᠯ》᠎ᠳᠤ ᠬᠦᠷᠭᠦ ᠳᠠᠪᠠᠯᠲᠠ᠎ᠲᠠᠢ ᠪᠤᠯᠭ᠋ᠠᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠨᠠᠶ᠋ᠢᠳᠠᠯᠭ᠎ᠠ ᠵᠢ ᠪᠠᠲᠤ ᠴᠡᠭᠡᠵᠢᠯᠡᠨ᠂ ᠤᠯᠠᠭ᠋ᠠᠨᠮᠥ᠋ᠴᠢᠷ᠎ᠤᠨ ᠠᠵᠢᠯ ᠦᠢ᠍ᠯᠡᠰ᠎ᠤᠨ ᠦᠷᠨᠢᠨ ᠬᠥᠭᠵᠢᠬᠦ ᠵᠢ ᠳᠡᠮᠵᠢᠨ᠎ᠠ᠃ ᠤᠯᠠᠭ᠋ᠠᠨᠮᠥ᠋ᠴᠢᠷ᠎ᠤᠨ ᠬᠤᠪᠢᠰᠬᠠᠯᠲᠤ ᠤᠳᠤᠮᠰᠢᠯ ᠵᠶ᠋ᠠᠨ ᠬᠤᠪᠢᠷᠠᠭᠤᠯᠬᠤ ᠦᠭᠡᠢ ᠪᠠᠶ᠋ᠢᠬᠤ ᠵᠢ ᠢᠮᠠᠭᠲᠠ ᠪᠠᠷᠢᠮᠲᠠᠯᠠᠨ᠂ ᠲᠠᠯ᠎ᠠ ᠨᠤᠲᠤᠭ᠎ᠲᠤ ᠨᠤᠲᠤᠭᠰᠢᠵᠤ᠂ ᠠᠷᠠᠳ ᠲᠦᠮᠡᠨ᠎ᠳᠤ ᠦᠢ᠍ᠯᠡᠴᠢᠯᠡᠨ᠂ ᠦᠷᠭᠡᠨ ᠣᠯᠠᠨ ᠮᠠᠯᠴᠢᠨ ᠲᠠᠷᠢᠶᠠᠴᠢᠳ᠎ᠲᠤ ᠪᠠᠶᠠᠷ ᠪᠠᠶᠠᠰᠤᠯ ᠪᠣᠯᠣᠨ ᠪᠣᠯᠪᠠᠰᠤᠨ᠎ᠢ ᠬᠦᠷᠭᠡᠵᠦ᠂ ᠨᠠᠮ᠎ᠤᠨ ᠳᠠᠭᠤᠨ ᠬᠤᠭᠤᠯᠠᠢ ᠪᠣᠯᠣᠨ ᠬᠠᠶ᠋ᠢᠷ᠎ᠠ ᠬᠠᠯᠠᠮᠵᠢ ᠵᠢ ᠳᠠᠮᠵᠢᠭᠤᠯᠤᠨ᠎ᠠ᠃ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠪᠠ ᠰᠣᠶᠣᠯ᠎ᠤᠨ ᠥᠪ᠎ᠢ ᠬᠠᠮᠠᠭ᠋ᠠᠯᠠᠵᠣ ᠣᠯᠠᠮᠵᠢᠯᠠᠬᠤ ᠵᠢ ᠴᠢᠨᠭ᠌ᠭ᠋ᠠᠳᠬᠠᠨ᠂ ᠴᠦᠬᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠬᠠᠮᠠᠭ᠋ᠠᠯᠠᠨ ᠬᠡᠷᠩᠯᠡᠭᠦ ᠪᠠ ᠰᠤᠩᠭᠤᠳᠠᠭ ᠰᠣᠷᠪᠣᠯᠵᠢ ᠪᠢᠴᠢᠭ᠎ᠢ ᠤᠯᠠᠮᠵᠢᠯᠠᠬᠤ ᠠᠵᠢᠯ᠎ᠢ ᠰᠠᠶ᠋ᠢᠳᠣᠷ ᠬᠢᠨ᠎ᠠ᠃ ᠡᠯ᠎ᠡ ᠲᠥᠷᠥᠯ᠎ᠤᠨ ᠮᠥᠽᠸᠢ᠂ ᠤᠷᠠᠯᠢᠭ᠎ᠤᠨ ᠣᠷᠳᠣᠨ᠂ ᠨᠣᠮ᠎ᠤᠨ ᠰᠠᠩ ᠵᠡᠷᠭᠡ ᠰᠣᠶᠣᠯ᠎ᠤᠨ ᠠᠴᠢᠶᠠᠯᠠᠪᠤᠷᠢ ᠵᠢᠨ ᠪᠠᠶ᠋ᠢᠭᠤᠯᠤᠯᠲᠠ ᠵᠢ ᠴᠢᠬᠤᠯᠠᠴᠢᠯᠠᠨ᠎ᠠ᠃ ᠪᠦᠬᠦ ᠠᠷᠠᠳ ᠵᠶ᠋ᠠᠷ ᠵᠶ᠋ᠠᠨ ᠪᠡᠶ᠎ᠠ᠎ᠪᠠᠨ ᠴᠢᠬᠢᠷᠠᠬ᠍ᠵᠢᠭᠤᠯᠬᠤ ᠵᠢ ᠬᠦᠨᠵᠡᠬᠡᠢ ᠠᠬᠢᠭᠤᠯᠵᠦ᠂ ᠤᠯᠠᠨ ᠲᠦᠮᠡᠨᠴᠢ ᠪᠡᠶ᠎ᠠ ᠵᠢᠨ ᠲᠠᠮᠢᠷ᠎ᠢ ᠲᠦᠷᠬᠡᠳᠬᠡᠨ ᠬᠦᠭᠵᠢᠬᠦᠯᠵᠦ᠂ 《ᠬᠦᠯ ᠪᠦᠮᠪᠦᠬᠡ ᠵᠢᠨ ᠰᠤᠪᠠᠭ》᠎ᠢ ᠰᠠᠢ᠌ᠳᠤᠷ ᠡᠷᠬᠢᠯᠡᠵᠦ᠂ ᠦᠪᠡᠷᠳᠡᠬᠡᠨ ᠵᠠᠰᠠᠬᠤ ᠤᠷᠤᠨ᠎ᠤ ᠠᠷᠪᠠᠨ ᠲᠦᠷᠪᠡᠳᠦᠬᠡᠷ ᠬᠤᠭᠤᠴᠠᠭ᠋ᠠᠨ᠎ᠤ ᠲᠠᠮᠢᠷ᠎ᠤᠨ ᠴᠤᠬᠯᠠᠭ᠋ᠠᠨ᠎ᠢ ᠰᠠᠢ᠌ᠳᠤᠷ ᠡᠷᠬᠢᠯᠡᠨ᠎ᠠ᠃
      ᠤᠯᠤᠰ ᠠᠷᠠᠳ᠎ᠤᠨ ᠰᠤᠷᠭ᠋ᠠᠨ ᠬᠦᠮᠦᠵᠢᠯ᠂ ᠤᠶᠤᠨ᠎ᠤ ᠪᠣᠯᠪᠠᠰᠤᠨ᠎ᠤ ᠴᠣᠭᠴᠠᠵᠢᠯᠲᠠ᠂ ᠣᠶᠣᠨ᠎ᠤ ᠰᠣᠶᠣᠯ᠎ᠤᠨ ᠪᠦᠲᠦᠬᠡᠭᠳᠡᠬᠦᠨ᠎ᠢ ᠵᠣᠬᠢᠶᠠᠨ ᠪᠦᠲᠦᠭᠡᠵᠦ ᠦᠢ᠍ᠯᠡᠣᠡᠴᠤ ᠤᠯᠠᠮᠵᠢᠯᠠᠬᠤ ᠲᠠᠯ᠎ᠠ᠎ᠪᠠᠷ᠎ᠬᠢ ᠨᠡᠶ᠋ᠢᠭᠡᠮ ᠵᠢᠷᠤᠮ᠎ᠤᠨ ᠭᠤᠣᠯᠯᠠᠬᠤ ᠥᠷᠲᠡᠭ᠎ᠤᠨ ᠦᠵᠡᠯᠲᠡ ᠵᠢᠨ ᠬᠦᠲᠦᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠨᠡᠶ᠋ᠢᠭᠡᠮ ᠵᠢᠷᠤᠮ᠎ᠤᠨ ᠭᠤᠣᠯᠯᠠᠬᠤ ᠥᠷᠲᠡᠭ᠎ᠤᠨ ᠦᠵᠡᠯᠲᠡ ᠵᠢ ᠨᠡᠶ᠋ᠢᠭᠡᠮ᠎ᠤᠨ ᠠᠮᠢᠳᠤᠷᠠᠯ᠎ᠤᠨ ᠡᠯ᠎ᠡ ᠲᠠᠯ᠎ᠠ᠎ᠳᠤ ᠠᠭᠤᠰᠤᠭᠤᠯᠵᠤ᠂ ᠬᠦᠮᠦᠰ᠎ᠤᠨ ᠬᠠᠶ᠋ᠢᠷ᠎ᠠ ᠰᠡᠳᠬᠢᠯᠭᠡ ᠵᠢᠨ ᠮᠡᠳᠡᠷᠡᠮᠵᠢ ᠪᠣᠯᠣᠨ ᠦᠢ᠍ᠯᠡ ᠠᠵᠢᠯᠯᠠᠭ᠎ᠠ ᠵᠢᠨ ᠳᠠᠳᠬᠠᠯ ᠪᠣᠯᠭ᠋ᠠᠨ ᠬᠤᠪᠢᠷᠠᠭᠤᠯᠤᠨ᠎ᠠ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠳᠤ ᠠᠭᠤᠯᠤᠭᠳᠠᠵᠤ ᠪᠠᠶ᠋ᠢᠭ᠎ᠠ ᠦᠵᠡᠯ ᠰᠠᠨᠠᠭ᠋ᠠᠨ᠎ᠤ ᠠᠭᠤᠯᠤᠭᠳᠠᠬᠤᠨ᠂ ᠬᠦᠮᠦᠨ ᠰᠣᠶᠣᠯ᠎ᠤᠨ ᠵᠣᠷᠢᠭ ᠰᠠᠨᠠᠭ᠎ᠠ᠂ ᠶᠣᠰᠣ ᠮᠤᠷᠠᠯ᠎ᠤᠨ ᠵᠢᠷᠤᠮᠵᠢᠯ ᠵᠢᠴᠢ ᠲᠠᠯ᠎ᠠ ᠨᠤᠲᠤᠭ᠎ᠤᠨ ᠰᠣᠶᠣᠯ᠎ᠳᠤ ᠠᠭᠤᠯᠤᠬᠳᠠᠵᠤ ᠪᠠᠶ᠋ᠢᠭ᠎ᠠ ᠪᠠᠶ᠋ᠢᠭ᠋ᠠᠯᠢ ᠵᠢ ᠳᠡᠭᠡᠳᠦᠯᠡᠬᠦ᠂ ᠢᠲᠡᠭᠡᠯ ᠵᠢᠷᠤᠮ᠎ᠢ ᠪᠠᠳᠤ ᠰᠠᠬᠢᠬᠤ᠂ ᠴᠢᠯᠦᠬᠡᠳᠡᠢ ᠪᠦᠭᠡᠳ ᠠᠭᠤᠳᠠᠮ ᠪᠠᠭᠲᠠᠭ᠋ᠠᠮᠵᠢᠲᠠᠢ᠂ ᠪᠠᠭ᠋ᠠᠲᠤᠷ ᠢᠳᠡᠲᠡᠨ᠎ᠢ ᠰᠢᠲᠤᠨ ᠪᠢᠰᠢᠷᠡᠬᠦ ᠤᠨᠤᠯᠵᠢᠬᠤᠨ᠎ᠢ ᠬᠦᠮᠦᠰ᠎ᠤᠨ ᠦᠢ᠍ᠯᠡᠳᠪᠦᠷᠢᠯᠡᠯ ᠠᠮᠢᠳᠤᠷᠠᠯ᠎ᠤᠨ ᠦᠢ᠍ᠯᠡᠳᠦᠯᠭᠡ᠎ᠳᠤ ᠠᠭᠤᠰᠤᠭᠤᠯᠬᠤ ᠵᠢᠨ ᠬᠠᠮᠲᠤ᠂ ᠴᠠᠭ ᠦᠶ᠎ᠡ ᠵᠢᠨ ᠱᠠᠭ᠋ᠠᠷᠳᠠᠯᠭ᠎ᠠ᠎ᠲᠠᠢ ᠤᠶᠠᠯᠳᠤᠭᠤᠯᠵᠦ ᠰᠢᠨ᠎ᠠ ᠵᠢ ᠡᠬᠦᠳᠦᠨ ᠬᠥᠭᠵᠢᠭᠦᠯᠦᠨ᠎ᠡ᠃
      ᠨᠡᠶ᠋ᠢᠭᠡᠮ᠎ᠤᠨ ᠰᠠᠶ᠋ᠢᠨ ᠰᠠᠶ᠋ᠢᠬᠠᠨ ᠬᠡᠪ ᠰᠤᠷᠲᠠᠯ᠎ᠢ ᠰᠠᠨᠠᠭ᠋ᠠᠴᠢᠯᠠᠬᠤ ᠪᠠ ᠬᠦᠮᠦᠵᠢᠭᠦᠯᠵᠤ᠂ ᠨᠡᠶ᠋ᠢᠭᠡᠮ ᠨᠡᠶ᠋ᠢᠲᠡ ᠵᠢᠨ ᠮᠤᠷᠠᠯ᠂ ᠠᠵᠢᠯ ᠮᠡᠷᠭᠡᠵᠢᠯ᠎ᠤᠨ ᠶᠣᠰᠤ ᠮᠤᠷᠠᠯ᠂ ᠭᠡᠷ ᠪᠦᠯᠢ ᠵᠢᠨ ᠨᠠᠨᠳᠢᠨ ᠰᠤᠷᠲᠠᠯ᠂ ᠬᠤᠪᠢ ᠬᠦᠮᠦᠨ᠎ᠤ ᠰᠤᠷᠲᠠᠯ ᠮᠤᠷᠠᠯ᠎ᠤᠨ ᠪᠠᠶ᠋ᠢᠭᠤᠯᠤᠯᠲᠠ ᠵᠢ ᠠᠬᠢᠭᠤᠯᠵᠤ᠂ ᠬᠦᠮᠦᠰ᠎ᠤᠨ ᠦᠭᠡᠳᠡᠷᠬᠡᠭ ᠡᠶ᠎ᠡ ᠨᠠᠶ᠋ᠢᠷᠰᠠᠭ ᠴᠠᠶ᠋ᠢᠯᠭ᠋ᠠᠨ ᠪᠠᠶ᠋ᠢᠬᠤ᠂ ᠠᠬᠠᠮᠠᠳ ᠵᠶ᠋ᠠᠨ ᠬᠦᠨᠳᠦᠯᠡᠵᠦ ᠨᠢᠯᠬᠠᠰ ᠵᠶ᠋ᠠᠨ ᠬᠠᠶ᠋ᠢᠷᠠᠯᠠᠬᠤ᠂ ᠡᠬᠡ ᠤᠯᠤᠰ᠎ᠲᠠᠭᠠᠨ ᠦᠨᠡᠨᠴᠢ ᠰᠢᠳᠤᠷᠭᠤ᠂ ᠠᠷᠠᠳ ᠲᠦᠮᠡᠨ᠎ᠳᠡᠭᠡᠨ ᠦᠨᠡᠨᠴᠢ ᠰᠢᠳᠤᠷᠭᠤ ᠪᠠᠶ᠋ᠢᠬᠤ ᠵᠢ ᠤᠷᠮᠠᠰᠢᠭᠤᠯᠤᠨ ᠬᠥᠭᠵᠢᠭᠡᠨ᠎ᠡ᠃ ᠰᠢᠨᠵᠢᠯᠡᠭᠦ ᠣᠬᠠᠭ᠋ᠠᠨ᠎ᠤ ᠵᠣᠷᠢᠭ ᠰᠠᠨᠠᠭ᠎ᠠ᠂ ᠬᠦᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠮᠤᠷᠠᠯ᠎ᠢ ᠡᠷᠬᠢᠮᠯᠡᠨ ᠨᠠᠶ᠋ᠢᠷᠰᠠᠭ ᠪᠠᠶ᠋ᠢᠬᠤ᠂ ᠲᠡᠷᠢᠭᠦᠨ᠎ᠤ᠎ᠬᠢ᠎ᠠᠴᠠ ᠰᠤᠷᠤᠯᠴᠠᠬᠤ ᠬᠡᠪ ᠰᠤᠷᠲᠠᠯ᠎ᠲᠠᠢ ᠪᠣᠯᠭ᠋ᠠᠨ᠎ᠠ᠃ ᠪᠦᠬᠦ ᠠᠷᠠᠳ ᠵᠶ᠋ᠠᠷ ᠵᠶ᠋ᠠᠨ ᠨᠣᠮ ᠪᠢᠴᠢᠭ ᠣᠩᠰᠢᠬᠤ ᠵᠢ ᠤᠷᠢᠶᠠᠯᠠᠨ᠂ ᠰᠤᠷᠤᠯᠴᠠᠬᠤ ᠮᠠᠶᠢᠭ᠎ᠤᠨ ᠨᠡᠶ᠋ᠢᠭᠡᠮ᠎ᠢ ᠪᠦᠲᠦᠭᠡᠨ ᠪᠠᠶ᠋ᠢᠭᠤᠯᠵᠤ᠂ ᠨᠣᠮ ᠪᠢᠴᠢᠭ ᠣᠩᠰᠢᠬᠤ ᠵᠢ ᠣᠶᠣᠨ ᠰᠠᠨᠠᠭ᠋ᠠᠨ᠎ᠤ ᠨᠢᠭᠡ ᠵᠦᠢ᠍ᠯ᠎ᠤᠨ ᠬᠦᠭᠡᠭᠡᠴᠡᠯᠳᠦᠯ ᠪᠣᠯᠭ᠋ᠠᠨ᠂ ᠨᠠᠰᠤᠨ ᠲᠤᠷᠰᠢ ᠰᠤᠷᠤᠯᠴᠠᠬᠤ ᠵᠢ ᠠᠮᠢᠳᠤᠷᠠᠯ᠎ᠤᠨ ᠠᠷᠭ᠎ᠠ ᠮᠠᠶᠢᠭ ᠪᠣᠯᠭ᠋ᠠᠨ᠎ᠠ᠃ ᠬᠦᠮᠦᠨ ᠰᠣᠶᠣᠯ᠎ᠤᠨ ᠵᠣᠷᠢᠭ ᠰᠠᠨᠠᠭ᠋ᠠᠨ᠎ᠤ ᠪᠠᠶ᠋ᠢᠭᠤᠯᠤᠯᠲᠠ ᠵᠢ ᠴᠢᠬᠤᠯᠠᠴᠢᠯᠠᠵᠤ᠂ ᠶᠣᠰᠣᠯᠠᠯ᠎ᠤᠨ ᠪᠣᠯᠪᠠᠰᠤᠨ᠂ ᠦᠭᠡ ᠬᠡᠯᠡᠨ᠎ᠤ ᠪᠣᠯᠪᠠᠰᠤᠨ᠂ ᠵᠠᠮ ᠬᠠᠷᠢᠯᠴᠠᠭ᠋ᠠᠨ᠎ᠤ ᠪᠣᠯᠪᠠᠰᠣᠨ᠂ ᠬᠤᠭᠤᠯᠠᠨ ᠰᠢᠷᠡᠭᠡᠨ᠎ᠤ ᠪᠣᠯᠪᠠᠰᠣᠨ᠂ ᠰᠦᠯᠵᠢᠶ᠎ᠡ ᠵᠢᠨ ᠪᠣᠯᠪᠠᠰᠤᠨ᠎ᠢ ᠬᠦᠮᠦᠵᠢᠭᠦᠯᠵᠤ᠂ ᠠᠷᠠᠳ ᠢᠷᠭᠡᠳ᠎ᠤᠨ ᠪᠣᠯᠪᠠᠰᠤᠨ᠎ᠤ ᠬᠡᠪ ᠴᠢᠨᠠᠷ ᠪᠣᠯᠣᠨ ᠨᠡᠶ᠋ᠢᠭᠡᠮ᠎ᠤᠨ ᠪᠣᠯᠪᠠᠰᠣᠨ᠎ᠤ ᠲᠥᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠷᠬᠢᠮ ᠳᠡᠭᠡᠳᠦ ᠰᠣᠶᠣᠯ᠎ᠤᠨ ᠬᠡᠷᠡᠭᠯᠡᠭᠡ ᠵᠢ ᠬᠦᠲᠦᠯᠦᠨ ᠳᠠᠭ᠋ᠠᠭᠤᠯᠵᠤ᠂ ᠴᠦᠭᠡᠨ ᠲᠣᠭ᠋ᠠᠳᠣ ᠦᠨᠳᠦᠰᠦᠲᠡᠨ᠎ᠤ ᠤᠯᠠᠮᠵᠢᠯᠠᠯᠲᠤ ᠰᠣᠶᠣᠯ ᠪᠣᠯᠣᠨ ᠰᠢ ᠵᠦᠴᠦᠭᠡ᠂ ᠤᠷᠠᠨ ᠪᠢᠴᠢᠯᠭᠡ᠂ ᠡᠷᠬᠢᠮᠰᠦᠭ ᠰᠣᠶᠣᠯ ᠤᠷᠠᠯᠢᠭ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠤᠭᠤᠯᠬᠤ᠂ ᠨᠡᠶ᠋ᠢᠭᠡᠮ ᠲᠣᠭᠤᠷᠢᠭ᠎ᠲᠤ ᠣᠷᠤᠭᠤᠯᠬᠤ ᠵᠢ ᠠᠬᠢᠭᠤᠯᠤᠨ᠎ᠠ᠃ ᠰᠢᠨᠵᠢᠯᠡᠬᠦ ᠤᠬᠠᠭ᠋ᠠᠨᠴᠢ᠂ ᠡᠷᠡᠭᠦᠯ ᠡᠩᠬᠡ ᠰᠣᠶᠣᠯ᠎ᠤᠨ ᠠᠭᠤᠯᠤᠬᠳᠠᠬᠤᠨ᠎ᠢ ᠪᠣᠳᠠᠰ᠎ᠤᠨ ᠪᠣᠯᠪᠠᠰᠣᠨ᠂ ᠤᠶᠤᠨ᠎ᠤ ᠪᠣᠯᠪᠠᠰᠣᠨ᠂ ᠠᠮᠢ ᠠᠬᠤᠢ ᠵᠢᠨ ᠪᠣᠯᠪᠠᠰᠣᠨ᠎ᠤ ᠪᠠᠶ᠋ᠢᠭᠤᠯᠤᠯᠲᠠ᠎ᠳᠤ ᠨᠡᠪᠴᠢᠭᠦᠯᠦᠨ ᠰᠢᠩᠭᠡᠭᠡᠵᠦ᠂ ᠬᠥᠭᠵᠢᠯᠲᠡ ᠵᠢ ᠨᠡᠩ ᠡᠶᠡᠪᠡᠷᠬᠦᠤ᠂ ᠵᠣᠯ ᠵᠢᠷᠭ᠋ᠠᠯ᠎ᠢ ᠨᠡᠩ ᠡᠭᠡᠯᠢᠲᠡᠢ ᠰᠠᠨᠠᠭᠳᠠᠭᠤᠯᠵᠤ᠂ ᠪᠣᠯᠪᠠᠰᠣᠨ ᠪᠠᠢ᠌ᠬᠤ ᠵᠢ ᠦᠪᠦᠷ ᠮᠣᠩᠭᠤᠯ᠎ᠤᠨ ᠴᠤᠭ ᠵᠢᠪᠬᠤᠭ᠎ᠠ ᠪᠠ ᠳᠦᠷᠢ ᠳᠦᠷᠬᠦ ᠪᠣᠯᠭ᠋ᠠᠨ᠎ᠠ᠃
      ᠬᠤᠲᠠ ᠵᠢᠨ ᠰᠣᠶᠣᠯ᠎ᠤᠨ ᠠᠭᠤᠯᠤᠬᠳᠠᠬᠤᠨ᠎ᠢ ᠳᠡᠭᠡᠭᠰᠢᠯᠡᠭᠦᠯᠵᠦ᠂ ᠲᠡᠤᠬᠡ ᠰᠣᠶᠣᠯ᠂ ᠬᠤᠪᠢᠰᠬᠠᠯᠲᠤ ᠰᠣᠶᠣᠯ᠂ ᠦᠨᠳᠦᠰᠦᠲᠡᠨ᠎ᠤ ᠵᠠᠩ ᠦᠢ᠍ᠯᠡ ᠵᠢᠨ ᠰᠣᠶᠣᠯ᠂ ᠪᠠᠶ᠋ᠢᠭ᠋ᠠᠯᠢ ᠠᠮᠢ ᠠᠬᠤᠢ ᠵᠢᠨ ᠰᠣᠶᠣᠯ᠎ᠢ ᠬᠤᠲᠠ ᠵᠢᠨ ᠲᠥᠯᠥᠪᠵᠢᠭᠦᠯᠭᠡ᠂ ᠪᠠᠷᠢᠯᠭ᠎ᠠ᠂ ᠵᠡᠭᠡᠯᠢ ᠭᠤᠳᠤᠮᠵᠢ᠎ᠳᠤ ᠠᠭᠤᠰᠤᠭᠤᠯᠤᠨ᠎ᠠ᠃ ᠲᠡᠤᠬᠡ ᠵᠢᠨ ᠳᠤᠷᠠᠰᠬᠠᠯᠲᠤ ᠪᠠᠷᠢᠯᠭ᠎ᠠ ᠪᠠ ᠲᠡᠤᠬᠡ ᠰᠣᠶᠣᠯ᠎ᠤᠨ ᠵᠡᠭᠡᠯᠢ ᠭᠤᠳᠤᠮᠵᠢ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠤᠲᠠ ᠵᠢᠨ ᠳᠤᠷᠠᠳᠬᠠᠯ᠎ᠢ᠎ᠨᠢ ᠬᠠᠳᠠᠭ᠋ᠠᠯᠠᠨ ᠦᠯᠡᠳᠡᠭᠡᠨ᠎ᠠ᠃ ᠤᠬᠠᠭ᠋ᠠᠯᠢᠭ ᠬᠤᠲᠠ᠂ ᠪᠣᠬᠢᠷᠲᠤᠯ ᠦᠭᠡᠢ ᠬᠤᠲᠠ᠂ ᠬᠦᠮᠦᠨ ᠰᠣᠶᠣᠯ᠎ᠤᠨ ᠬᠤᠲᠠ ᠵᠢ ᠪᠦᠲᠦᠭᠡᠨ ᠪᠠᠶ᠋ᠢᠭᠤᠯᠵᠤ᠂ 《ᠬᠤᠲᠠ᠎ᠪᠠᠷ ᠠᠮᠢᠳᠤᠷᠠᠯ᠎ᠢ ᠨᠡᠩ ᠰᠠᠶ᠋ᠢᠨ ᠰᠠᠶ᠋ᠢᠬᠠᠨ ᠪᠣᠯᠭ᠋ᠠᠬᠤ》 ᠵᠢ ᠥᠨᠡᠨᠬᠦ ᠪᠡᠶᠡᠯᠡᠭᠦᠯᠦᠨ᠎ᠡ᠃ ᠦᠪᠡᠷ ᠵᠶ᠋ᠠᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠮᠤᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠬᠦᠳᠡᠭᠡ ᠲᠤᠰᠬᠤᠨ᠎ᠤ ᠵᠠᠰᠠᠯᠲᠠ ᠵᠢ ᠠᠬᠢᠭᠤᠯᠣᠨ᠂ ᠬᠡᠪ ᠵᠠᠩᠰᠢᠯ᠎ᠢ ᠦᠭᠡᠷᠡᠴᠢᠯᠡᠬᠦ ᠵᠢ ᠦᠷᠨᠢᠭᠦᠯᠵᠣ᠂ ᠬᠦᠳᠡᠭᠡ ᠲᠣᠰᠬᠤᠨ᠎ᠤ ᠰᠣᠶᠣᠯ᠎ᠢ ᠮᠠᠨᠳᠤᠭᠤᠯᠤᠨ ᠬᠥᠭᠵᠢᠭᠦᠯᠵᠦ᠂ ᠬᠦᠳᠡᠭᠡ ᠨᠤᠲᠤᠭ᠎ᠤᠨ ᠪᠣᠯᠪᠠᠰᠤᠨ ᠵᠠᠩᠰᠢᠯ᠎ᠢ ᠬᠦᠮᠦᠵᠢᠭᠦᠯᠦᠨ᠂ ᠪᠠᠶ᠋ᠢᠭ᠋ᠠᠯᠢ ᠵᠢᠨ ᠠᠮᠢ ᠠᠬᠤᠢ ᠵᠢᠨ ᠦᠩᠭᠡ ᠳᠥᠷᠰᠦ ᠵᠢ᠎ᠨᠢ ᠬᠠᠮᠠᠭ᠋ᠠᠯᠠᠨ᠂ ᠬᠦᠳᠡᠭᠡ ᠲᠣᠰᠬᠤᠨ᠎ᠢ ᠨᠡᠩ ᠦᠵᠡᠰᠭᠦᠯᠡᠩ ᠰᠠᠶ᠋ᠢᠬᠠᠨ ᠪᠣᠯᠭ᠋ᠠᠵᠤ᠂ ᠬᠠᠷᠠᠬᠤ᠎ᠠᠴᠠ ᠬᠦᠬᠡᠮᠳᠦᠭ ᠠᠭᠤᠯᠠ᠎ᠲᠠᠢ᠂ ᠦᠵᠡᠬᠦ᠎ᠠᠴᠠ ᠴᠡᠨᠭᠬᠡᠭ ᠤᠰᠤ᠎ᠲᠠᠢ᠂ ᠨᠤᠳᠤᠭ ᠤᠰᠤ ᠵᠢ᠎ᠨᠢ ᠰᠡᠳᠬᠢᠯ ᠵᠢᠷᠦᠬᠡᠨ᠎ᠳᠤᠨᠢ ᠬᠤᠨᠤᠬᠰᠢᠭᠤᠯᠤᠨ᠎ᠠ᠃
     (ᠨᠠᠢ᠍ᠮᠠ) ᠪᠣᠬᠢᠷᠲᠤᠯ ᠦᠭᠡᠢ ᠦᠪᠦᠷ ᠮᠣᠩᠭᠤᠯ᠎ᠤᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠤᠨ᠎ᠠ᠃ 《ᠴᠡᠩᠬᠡᠭ ᠣᠰᠣ ᠭᠦᠭᠡᠮᠳᠦᠭ ᠠᠭᠤᠯᠨ ᠪᠣᠯ ᠠᠯᠳᠠ ᠮᠦᠩᠭᠦᠨ ᠠᠭᠤᠯᠨ》 ᠭᠡᠮᠡᠭᠦ ᠣᠨᠣᠯᠵᠢᠬᠤᠨ᠎ᠢ ᠪᠠᠳᠣ ᠪᠠᠬᠢ ᠪᠣᠢ ᠪᠣᠯᠭ᠋ᠠᠵᠣ᠂ ᠠᠷᠪᠢᠯᠠᠨ ᠭᠠᠮᠨᠠᠬᠤ ᠵᠢ ᠲᠡᠷᠢᠭᠦᠨ᠎ᠳᠤ ᠲᠠᠯᠪᠢᠬᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠠᠶᠠᠨᠳᠠᠭ᠋ᠠᠨ ᠰᠡᠷᠭᠦᠭᠡᠬᠦ᠎ᠪᠠᠷ ᠭᠤᠣᠯ ᠪᠣᠯᠭ᠋ᠠᠬᠤ ᠴᠢᠭᠯᠡᠯᠲᠡ ᠵᠢ ᠪᠠᠷᠢᠮᠲᠠᠯᠠᠵᠤ᠂ ᠣᠳᠣ ᠵᠢᠨ ᠪᠠᠶ᠋ᠢᠭ᠎ᠠ ᠴᠡᠩᠬᠡᠭ ᠣᠰᠣ ᠭᠦᠭᠡᠮᠳᠦᠭ ᠠᠭᠤᠯᠨ᠎ᠪᠠᠨ ᠰᠠᠶ᠋ᠢᠲᠤᠷ ᠬᠠᠮᠠᠭ᠋ᠠᠯᠠᠬᠤ᠎ᠪᠠᠷ ᠪᠠᠷᠠᠬᠤ ᠦᠭᠡᠢ᠂ ᠪᠠᠰᠠ ᠠᠮᠢ ᠠᠬᠤᠢ ᠵᠢ ᠴᠢᠷᠮᠠᠶ᠋ᠢᠨ ᠦᠨᠭᠬᠡᠵᠢᠬᠦᠯᠦᠨ ᠰᠡᠷᠬᠦᠬᠡᠵᠦ᠂ ᠤᠤᠯ᠎ᠤᠨ ᠦᠩᠭᠡ ᠦᠵᠡᠮᠵᠢ ᠵᠢ᠎ᠨᠢ ᠰᠡᠷᠭᠦᠭᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠥᠪᠰᠢᠨ᠎ᠤ ᠬᠠᠯᠬᠠᠪᠴᠢ ᠵᠢ ᠪᠠᠬᠢᠵᠢᠭᠦᠯᠦᠨ᠎ᠡ᠃
      ᠠᠭᠤᠯᠠ ᠤᠰᠤ ᠤᠢ ᠮᠣᠳᠣ ᠡᠪᠡᠰᠦ ᠲᠠᠷᠢᠶ᠎ᠠ ᠨᠠᠭᠤᠷ ᠴᠦᠬᠦᠷᠦᠮ᠎ᠤᠨ ᠰᠢᠰᠲ᠋ᠧᠮ᠎ᠲᠠᠢ ᠵᠠᠰᠠᠯᠲᠠ ᠵᠢ ᠨᠢᠭᠡᠳᠦᠯᠲᠡᠢ ᠲᠥᠯᠥᠪᠯᠡᠨ᠂ ᠪᠠᠶ᠋ᠢᠭ᠋ᠠᠯᠢᠯᠢᠬ ᠣᠢ ᠰᠢᠭᠤᠢ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ᠂ 《ᠭᠤᠷᠪᠠᠨ ᠤᠮᠠᠷᠠᠲᠤ》 ᠵᠢᠨ ᠬᠠᠯᠬᠠᠪᠴᠢ ᠤᠢ᠂ ᠰᠢᠨ᠎ᠡ ᠨᠢᠭᠡ ᠡᠭᠡᠯᠵᠢ ᠵᠢᠨ ᠲᠠᠷᠢᠶᠠᠯᠠᠬᠤ ᠵᠢ ᠵᠣᠭᠰᠤᠭ᠋ᠠᠵᠤ ᠤᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠥᠷᠭᠦᠯᠵᠢᠯᠡᠨ ᠠᠬᠢᠭᠤᠯᠵᠤ᠂ ᠬᠤᠯᠠᠨ ᠰᠢᠷᠭ᠎ᠠ ᠳᠠᠭ᠎ᠠ ᠵᠢᠨ ᠡᠯᠡᠰᠦ ᠪᠠ ᠬᠤᠷᠴᠢᠨ᠎ᠤ ᠡᠯᠡᠰᠦ ᠮᠠᠩᠬ᠎ᠠ ᠵᠡᠷᠭᠡ ᠭᠤᠣᠯᠳᠠᠯᠭ᠎ᠠ᠎ᠲᠠᠢ ᠣᠷᠣᠨ ᠪᠦᠰᠡ ᠵᠢᠨ ᠲᠤᠰᠬᠠᠢ ᠵᠠᠰᠠᠯᠲᠠ ᠵᠢ ᠬᠡᠷᠡᠭᠵᠢᠭᠦᠯᠦᠨ᠎ᠡ᠃ ᠣᠢ ᠰᠢᠭᠤᠢ ᠡᠪᠡᠰᠦ ᠪᠡᠯᠴᠢᠭᠡᠷ᠎ᠢ ᠰᠦᠢ᠍ᠳᠬᠡᠵᠦ ᠬᠠᠭ᠋ᠠᠯᠪᠤᠷᠢᠯᠠᠬᠤ ᠠᠰᠠᠭᠤᠳᠠᠯ᠎ᠢ ᠡᠷᠡᠰ ᠴᠡᠭᠴᠡᠯᠡᠨ ᠵᠠᠰᠠᠵᠤ᠂ ᠬᠦᠯᠦᠨ ᠪᠣᠶ᠋ᠢᠷ ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠭᠠᠵᠠᠷ ᠣᠷᠣᠨ᠎ᠳᠠᠬᠢ ᠲᠠᠷᠢᠶᠠᠯᠠᠬᠤ ᠵᠢ ᠵᠣᠭᠰᠤᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠡᠷᠴᠢᠮ᠎ᠢ ᠴᠢᠩᠭ᠋ᠠᠷᠠᠭᠤᠯᠤᠨ᠎ᠠ᠃ ᠤᠰᠤᠨ ᠰᠣᠷᠪᠣᠯᠵᠢ ᠵᠢᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠳᠥᠷᠢᠮ᠎ᠢ ᠨᠠᠶ᠋ᠢᠳᠠᠪᠤᠷᠢᠵᠢᠭᠤᠯᠵᠤ᠂ ᠭᠠᠵᠠᠷ ᠳᠣᠣᠷᠠᠬᠢ ᠤᠰᠤ ᠵᠢ ᠬᠡᠲᠦᠷᠬᠡᠢ ᠲᠠᠲᠠᠭᠰᠠᠨ ᠣᠷᠣᠨ᠎ᠳᠤ ᠶᠡᠷᠦᠩᠬᠡᠶ᠋ᠢᠯᠡᠨ ᠵᠠᠰᠠᠬᠤ ᠵᠢ ᠦᠷᠨᠢᠭᠦᠯᠣᠨ᠎ᠠ᠃ ᠪᠣᠬᠢᠷ ᠪᠣᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ ᠵᠢ ᠳᠡᠭᠡᠭᠰᠢᠯᠡᠭᠦᠯᠵᠦ᠂ ᠠᠮᠢ ᠠᠬᠤᠢ ᠵᠢ ᠡᠪᠳᠡᠨ ᠰᠦᠢ᠍ᠳᠬᠡᠭᠰᠡᠨ ᠪᠠ ᠣᠷᠴᠢᠨ ᠲᠣᠭᠤᠷᠢᠨ᠎ᠢ ᠪᠣᠬᠢᠷᠲᠤᠭᠤᠯᠤᠭᠰᠠᠨ ᠦᠢ᠍ᠯᠡ ᠠᠵᠢᠯᠯᠠᠭ᠎ᠠ ᠵᠢ ᠡᠷᠡᠰ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠨ᠎ᠡ᠃ ᠤᠯᠤᠰ᠎ᠤᠨ ᠴᠡᠴᠡᠷᠯᠢᠭ ᠵᠶ᠋ᠠᠷ ᠭᠤᠣᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮᠵᠢ ᠵᠢ ᠰᠦᠪᠡᠭᠴᠢᠯᠡᠨ

ᠪᠠᠶ᠋ᠢᠭᠤᠯᠤᠨ᠎ᠠ᠃
      ᠪᠣᠬᠢᠷᠳᠦᠯ ᠦᠭᠡᠢ ᠬᠥᠭᠵᠢᠯᠲᠡ ᠵᠢ ᠪᠠᠷᠢᠮᠲᠠᠯᠠᠵᠤ᠂ ᠪᠣᠬᠢᠷᠳᠣᠯ ᠦᠭᠡᠢ ᠦᠢ᠍ᠯᠡᠳᠪᠦᠷᠢᠯᠡᠵᠦ ᠬᠡᠷᠡᠭᠯᠡᠬᠦ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠪᠠ ᠠᠵᠤ ᠠᠬᠤᠢ ᠵᠢᠨ ᠰᠢᠰᠲ᠋ᠧᠮᠵᠢ ᠵᠢ ᠪᠠᠶ᠋ᠢᠭᠤᠯᠤᠨ᠂ ᠡᠨᠧᠷᠭᠢ ᠠᠷᠪᠢᠯᠠᠵᠤ ᠣᠷᠴᠢᠨ ᠲᠣᠭᠤᠷᠢᠨ᠎ᠢ ᠬᠠᠮᠠᠭ᠋ᠠᠯᠠᠬᠤ᠂ ᠴᠡᠪᠡᠷ ᠦᠢ᠍ᠯᠡᠳᠪᠦᠷᠢᠯᠡᠯ᠂ ᠴᠡᠪᠡᠷ ᠡᠨᠧᠷᠭᠢ ᠵᠢᠨ ᠠᠵᠤ ᠦᠢ᠍ᠯᠡᠰ᠎ᠢ ᠬᠥᠭᠵᠢᠭᠦᠯᠵᠦ᠂ ᠨᠢᠭᠡ ᠪᠦᠯᠦᠭ ᠪᠣᠬᠢᠷᠳᠣᠯ ᠦᠭᠡᠢ ᠠᠵᠤ ᠠᠬᠤᠶ᠋ᠢᠯᠠᠯ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠤᠨ᠎ᠠ᠃ ᠪᠣᠬᠢᠷᠳᠣᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠨ᠂ ᠠᠷᠪᠢᠯᠠᠨ ᠭᠠᠮᠨᠠᠬᠤ ᠬᠡᠯᠪᠡᠷᠢ ᠪᠦᠬᠦᠢ ᠨᠡᠶ᠋ᠢᠭᠡᠮ᠎ᠢ

ᠪᠠᠶ᠋ᠢᠭᠤᠯᠤᠨ᠎ᠠ᠃
      ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠦ᠂ ᠭᠤᠣᠯ ᠴᠣᠭᠴᠠᠲᠤ ᠴᠢᠳᠠᠮᠵᠢ ᠵᠢᠨ ᠣᠷᠣᠨ᠎ᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠦᠨ᠂ ᠭᠤᠣᠯ ᠴᠣᠭᠴᠠᠲᠤ ᠴᠢᠳᠠᠮᠵᠢ ᠵᠢᠨ ᠣᠷᠣᠨ᠎ᠤ ᠲᠥᠯᠥᠪᠵᠢᠭᠦᠯᠭᠡ ᠪᠠ ᠲᠦᠬᠦᠷ ᠳᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠦᠷᠦᠩᠭᠡ ᠵᠢᠨ ᠦᠮᠴᠢᠯᠡᠬᠦ ᠡᠷᠬᠡ ᠵᠢᠨ ᠳᠦᠷᠢᠮ᠎ᠢ ᠪᠦᠷᠢᠨᠰᠢᠭᠦᠯᠵᠦ᠂ ᠤᠳᠤᠷᠢᠳᠬᠤ ᠺᠠᠳ᠋ᠷᠴᠤᠳ᠎ᠤᠨ ᠲᠤᠰᠢᠶᠠᠯ᠎ᠠᠴᠠ᠎ᠪᠠᠨ ᠰᠠᠯᠬᠤ᠎ᠳᠤ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠦᠷᠦᠩᠭᠡ ᠵᠢ ᠬᠢᠨᠠᠨ ᠪᠣᠳᠣᠬᠤ ᠵᠢ ᠪᠦᠬᠦ ᠲᠠᠯ᠎ᠠ᠎ᠪᠠᠷ ᠬᠢᠵᠦ᠂ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠵᠢᠭᠰᠡᠨ ᠠᠮᠢ ᠠᠬᠤᠢ ᠵᠢᠨ ᠲᠥᠯᠥᠪᠦᠷᠢᠯᠡᠬᠦ ᠲᠣᠭᠲᠠᠴᠠ ᠵᠢ ᠰᠤᠳᠤᠯᠤᠨ ᠪᠠᠶ᠋ᠢᠭᠤᠯᠤᠨ᠎ᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠬᠢᠵᠠᠭ᠋ᠠᠷ ᠱᠤᠭᠤᠮ ᠲᠣᠭᠲᠠᠭ᠋ᠠᠬᠤ ᠠᠵᠢᠯ᠎ᠢ ᠪᠡᠶᠡᠯᠡᠭᠦᠯᠦᠨ᠎ᠡ᠃ ᠨᠠᠭᠤᠷ ᠭᠤᠣᠯ᠎ᠤᠨ ᠨᠡᠷᠡᠰ᠎ᠤᠨ ᠵᠢᠭᠰᠠᠭ᠋ᠠᠯᠲᠠ ᠵᠢ ᠪᠠᠶ᠋ᠢᠭᠤᠯᠤᠨ᠂ ᠭᠤᠣᠯ ᠮᠦᠷᠡᠨ᠎ᠤ ᠠᠵᠢᠯ᠎ᠳᠤ ᠬᠠᠷᠢᠭᠤᠴᠠᠬᠤ ᠳᠠᠷᠤᠭ᠎ᠠ ᠪᠠ ᠨᠠᠭᠤᠷ ᠴᠥᠬᠦᠷᠦᠮ᠎ᠤᠨ ᠠᠵᠢᠯ᠎ᠳᠤ ᠬᠠᠷᠢᠭᠤᠴᠠᠬᠤ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ᠃
     (ᠶᠢᠰᠦ) ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠤᠭᠤᠳ ᠤᠯᠤᠰ ᠲᠥᠷᠥ ᠵᠢᠨ ᠦᠵᠡᠯ ᠤᠬᠠᠮᠰᠠᠷ᠂ ᠶᠡᠭᠡ ᠲᠠᠯ᠎ᠠ ᠵᠢᠨ ᠦᠵᠡᠯ ᠤᠬᠠᠮᠰᠠᠷ᠂ ᠭᠤᠣᠯᠯᠠᠬᠤ ᠦᠵᠡᠯ ᠤᠬᠠᠮᠰᠠᠷ᠂ ᠨᠢᠭᠡᠳᠦᠯᠲᠡᠢ ᠪᠠᠶ᠋ᠢᠬᠤ ᠦᠵᠡᠯ ᠤᠬᠠᠮᠰᠠᠷ᠎ᠢ ᠪᠠᠲᠤ ᠪᠠᠬᠢ ᠪᠤᠢ ᠪᠣᠯᠭ᠋ᠠᠵᠤ᠂ 《ᠬᠤᠶᠠᠷ᠎ᠢ ᠰᠤᠷᠤᠯᠴᠠᠵᠤ ᠬᠢᠷᠢ ᠲᠡᠩᠴᠡᠭᠰᠡᠨ ᠨᠠᠮ᠎ᠤᠨ ᠭᠡᠰᠢᠭᠦᠨ ᠪᠣᠯᠬᠤ》 ᠰᠤᠷᠤᠯᠴᠠᠯᠭ᠎ᠠ ᠬᠥᠮᠥᠵᠢᠯ᠎ᠤᠨ ᠪᠠᠶ᠋ᠢᠩᠭᠤᠵᠢᠭᠤᠯᠤᠨ ᠳᠦᠷᠢᠮᠵᠢᠭᠦᠯᠬᠦ ᠵᠢ ᠠᠬᠢᠭᠤᠯᠤᠨ᠂ 《ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠤᠣᠯ ᠰᠡᠳᠦᠪᠲᠦ ᠬᠥᠮᠥᠵᠢᠯ᠎ᠢ ᠦᠷᠨᠢᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠨ᠂ ᠦᠢ᠍ᠯᠡᠳᠦᠯᠭᠡ ᠵᠢ ᠵᠢᠯᠣᠭᠤᠳᠤᠨ᠂ ᠠᠵᠢᠯ ᠵᠶ᠋ᠠᠨ ᠠᠬᠢᠭᠤᠯᠤᠨ᠎ᠠ᠃ 《ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠮᠥᠷᠦᠭᠡᠳᠦᠯ ᠵᠶ᠋ᠠᠷ ᠪᠢᠳᠠᠨ᠎ᠤ ᠲᠡᠮᠡᠴᠡᠬᠦ ᠬᠠᠷᠠᠯᠲᠠ᠎ᠪᠠᠨ ᠪᠣᠯᠭ᠋ᠠᠬᠤ》 ᠵᠢ ᠢᠮᠠᠭᠲᠠ ᠪᠠᠲᠤ ᠴᠡᠭᠡᠵᠢᠯᠡᠨ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠦᠵᠡᠯ ᠰᠠᠨᠠᠭ᠎ᠠ ᠪᠠ ᠨᠠᠮ᠎ᠤᠨ ᠣᠯᠠᠨ ᠲᠥᠮᠡᠨᠴᠢ ᠱᠤᠭᠤᠮ᠎ᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠲᠠᠯ᠎ᠠ᠂ ᠪᠦᠬᠦ ᠶᠠᠪᠤᠴᠠ᠎ᠳᠤ ᠠᠭᠤᠰᠤᠯᠴᠠᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠦᠢ᠍ᠯᠡᠴᠢᠯᠡᠭᠡᠨ᠎ᠤ ᠬᠡᠯᠪᠡᠷᠢ ᠪᠦᠬᠦᠢ ᠵᠠᠰᠠᠭ᠎ᠤᠨ ᠣᠷᠳᠣᠨ᠎ᠢ ᠪᠠᠶ᠋ᠢᠭᠤᠯᠤᠨ᠎ᠠ᠃
      ᠰᠢᠨ᠎ᠡ ᠴᠠᠭ ᠦᠶ᠎ᠡ᠎ᠠᠴᠠ ᠠᠷᠠᠳ᠎ᠤᠨ ᠵᠠᠰᠠᠭ᠎ᠤᠨ ᠣᠷᠳᠣᠨ᠎ᠢ ᠡᠷᠬᠡᠪᠰᠢ ᠰᠢᠨ᠎ᠡ ᠳᠥᠷᠰᠦ ᠪᠠᠶ᠋ᠢᠳᠠᠯ᠎ᠲᠠᠢ ᠪᠠᠶ᠋ᠢᠬᠤ ᠵᠢ ᠱᠠᠭ᠋ᠠᠷᠳᠠᠵᠤ ᠪᠠᠶ᠋ᠢᠨ᠎ᠠ᠂ ᠪᠢᠳᠠ ᠢᠮᠠᠭᠲᠠ ᠴᠠᠭ ᠦᠶ᠎ᠡ ᠵᠢᠨ ᠡᠮᠦᠨᠡᠭᠦᠷ ᠬᠤᠰᠢᠭᠤᠷᠠᠵᠦ᠂ ᠴᠠᠭ ᠦᠶ᠎ᠡ ᠪᠠ ᠠᠷᠠᠳ ᠲᠦᠮᠡᠨ᠎ᠤ ᠳᠠᠭᠤᠨ᠎ᠢ ᠰᠤᠨᠤᠰᠤᠨ᠂ ᠵᠣᠷᠢᠭᠲᠠᠢ᠎ᠪᠠᠷ ᠤᠷᠤᠭᠰᠢᠯᠠᠬᠤ ᠴᠤᠭ ᠵᠢᠪᠬᠤᠭ᠎ᠠ ᠵᠢ ᠪᠠᠲᠤᠳᠬᠠᠵᠤ᠂ ᠰᠤᠷᠤᠯᠴᠠᠬᠤ ᠡᠷᠳᠡᠮ ᠴᠢᠳᠠᠪᠤᠷᠢ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠡᠷᠳᠡᠮ ᠴᠢᠳᠠᠪᠤᠷᠢ᠂ ᠰᠢᠨᠵᠢᠯᠡᠬᠦ ᠤᠬᠠᠭ᠋ᠠᠨᠴᠢ᠎ᠪᠠᠷ ᠬᠥᠭᠵᠢᠭᠦᠯᠬᠦ ᠡᠷᠳᠡᠮ ᠴᠢᠳᠠᠪᠤᠷᠢ᠂ ᠲᠥᠭᠰᠢᠬᠦᠷᠢ ᠵᠢ ᠡᠵᠡᠮᠳᠡᠬᠦ ᠡᠷᠳᠡᠮ ᠴᠢᠳᠠᠪᠤᠷᠢ᠎ᠪᠠᠨ ᠲᠠᠰᠤᠷᠠᠯᠲᠠ ᠦᠭᠡᠢ ᠴᠢᠩᠭ᠋ᠠᠷᠠᠭᠤᠯᠤᠨ᠂ ᠠᠮᠢᠵᠢᠷᠠᠯ᠎ᠤᠨ ᠬᠦᠴᠦᠨ ᠪᠢᠯᠬᠠᠭᠰᠠᠨ ᠰᠤᠷᠤᠯᠴᠠᠬᠤ ᠬᠡᠯᠪᠡᠷᠢ ᠪᠦᠬᠦᠢ᠂ ᠰᠢᠨ᠎ᠡ ᠵᠢ ᠡᠭᠦᠳᠬᠦ ᠬᠡᠯᠪᠡᠷᠢ ᠪᠦᠬᠦᠢ ᠵᠠᠰᠠᠭ᠎ᠤᠨ ᠣᠷᠳᠣᠨ᠎ᠢ ᠪᠠᠶ᠋ᠢᠭᠤᠯᠤᠨ᠎ᠠ᠃
      ᠬᠠᠣᠯᠢ᠎ᠪᠠᠷ ᠵᠠᠰᠠᠬᠤ ᠢᠲᠡᠭᠡᠯ ᠪᠢᠰᠢᠷᠡᠯ᠂ ᠬᠠᠣᠯᠢ᠎ᠪᠠᠷ ᠵᠠᠰᠠᠬᠤ ᠰᠡᠳᠬᠢᠬᠦᠢ ᠵᠢ ᠵᠠᠰᠠᠭ᠎ᠤᠨ ᠣᠷᠳᠣᠨ᠎ᠤ ᠠᠵᠢᠯᠲᠠᠳ᠎ᠤᠨ ᠤᠭᠤᠷᠠᠭ ᠲᠠᠷᠢᠬᠢᠨ᠎ᠳᠤ ᠰᠠᠭᠤᠬᠳᠠᠭᠤᠯᠵᠦ᠂ ᠵᠠᠰᠠᠭ᠎ᠤᠨ ᠣᠷᠳᠣᠨ᠎ᠤ ᠪᠠᠶ᠋ᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠵᠢᠨ ᠬᠢᠵᠠᠭ᠋ᠠᠷ᠂ ᠳᠡᠰ ᠳᠠᠷᠠᠭ᠋ᠠᠯᠠᠯ᠂ ᠬᠠᠷᠢᠭᠤᠴᠠᠯᠭ᠎ᠠ ᠵᠢᠨ ᠬᠠᠣᠯᠢ᠎ᠪᠠᠷ ᠲᠣᠭᠲᠠᠭ᠋ᠠᠬᠤ ᠵᠢ ᠠᠬᠢᠭᠤᠯᠤᠨ᠂ ᠵᠠᠰᠠᠭ᠎ᠤᠨ ᠣᠷᠳᠣᠨ᠎ᠤ ᠠᠵᠢᠯ᠎ᠤᠨ ᠡᠷᠬᠡ ᠵᠢᠨ ᠵᠢᠷᠤᠮᠵᠢᠬᠤ ᠵᠢ ᠠᠬᠢᠭᠤᠯᠵᠤ᠂ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠪᠠᠷᠢᠮᠵᠢᠶᠠᠵᠢᠭᠤᠯᠬᠤ ᠵᠢ ᠬᠡᠷᠡᠭᠵᠢᠭᠦᠯᠦᠨ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠵᠠᠰᠠᠭ᠎ᠤᠨ ᠣᠷᠳᠣᠨ᠎ᠤ ᠰᠣᠨᠢᠨ ᠮᠡᠳᠡᠭᠡ ᠨᠡᠶ᠋ᠢᠲᠡᠯᠡᠬᠦ ᠵᠢᠨ ᠪᠠᠶ᠋ᠢᠩᠭᠤᠵᠢᠭᠤᠯᠬᠤ ᠵᠢ ᠬᠡᠷᠡᠭᠵᠢᠭᠦᠯᠵᠦ᠂ ᠴᠢᠩᠭ᠎ᠠ ᠪᠦᠭᠡᠳ ᠵᠢᠷᠤᠮᠵᠢᠭᠤᠨ᠂ ᠲᠥᠪ ᠭᠤᠣᠯᠴᠢ ᠪᠦᠭᠡᠳ ᠪᠣᠯᠪᠠᠰᠤᠨ ᠵᠶ᠋ᠠᠷ ᠬᠠᠣᠯᠢ ᠵᠢ ᠬᠡᠷᠡᠭᠵᠢᠭᠦᠯᠵᠦ᠂ ᠢᠯᠡ ᠲᠣᠳᠣ᠂ ᠲᠥᠪ ᠭᠤᠣᠯᠴᠢ᠂ ᠦᠨᠳᠦᠷ ᠪᠦᠲᠦᠮᠵᠢᠲᠡᠢ ᠬᠠᠣᠯᠢ᠎ᠪᠠᠷ ᠵᠠᠰᠠᠬᠤ ᠵᠠᠰᠠᠭ᠎ᠤᠨ ᠣᠷᠳᠣᠨ᠎ᠢ ᠪᠠᠶ᠋ᠢᠭᠤᠯᠤᠨ᠎ᠠ᠃
      ᠡᠯ᠎ᠡ ᠱᠠᠲᠤᠨ᠎ᠤ ᠵᠠᠰᠠᠭ᠎ᠤᠨ ᠣᠷᠳᠣᠨ᠎ᠨᠤᠭᠤᠳ ᠦᠨᠡᠨᠴᠢ ᠢᠲᠡᠭᠡᠮᠵᠢᠲᠡᠢ᠎ᠪᠠᠷ ᠵᠠᠰᠠᠭ ᠶᠠᠪᠤᠭᠤᠯᠬᠤ ᠵᠢ ᠴᠢᠬᠤᠯᠠ ᠵᠢᠷᠤᠮᠯᠠᠯ ᠪᠣᠯᠭ᠋ᠠᠵᠤ᠂ ᠶᠠᠷᠢᠪᠠᠰᠤ ᠬᠢᠵᠦ᠂ ᠬᠢᠪᠡᠰᠦ ᠪᠦᠲᠦᠭᠡᠵᠦ᠂ ᠰᠢᠨ᠎ᠡ ᠳᠠᠷᠤᠭ᠎ᠠ ᠨᠠᠷ ᠡᠷᠬᠡᠪᠰᠢ ᠥᠩᠭᠡᠷᠡᠭᠰᠡᠨ᠎ᠤ ᠳᠠᠩᠰᠠ ᠵᠢ ᠰᠢᠢ᠍ᠳᠪᠦᠷᠢᠯᠡᠨ᠂ ᠵᠠᠰᠠᠭ᠎ᠤᠨ ᠣᠷᠳᠣᠨ᠎ᠤ ᠨᠡᠶ᠋ᠢᠲᠡ᠎ᠳᠤ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠦᠨ᠎ᠡ᠃ ᠪᠠᠶ᠋ᠢᠴᠠᠭ᠋ᠠᠨ ᠰᠤᠳᠤᠯᠤᠯᠲᠠ ᠬᠢᠬᠦ ᠰᠤᠷᠲᠠᠯ᠎ᠢ ᠶᠡᠬᠡᠪᠡᠷ ᠦᠷᠨᠢᠭᠦᠯᠦᠨ᠂ ᠲᠠᠰᠤᠷᠠᠯᠲᠠ ᠦᠭᠡᠢ ᠬᠤᠪᠢᠷᠠᠵᠤ ᠪᠠᠶ᠋ᠢᠭ᠎ᠠ ᠪᠠᠶ᠋ᠢᠳᠠᠯ᠎ᠢ ᠡᠵᠡᠮᠳᠡᠵᠦ᠂ ᠠᠵᠢᠯ᠎ᠤᠨ ᠰᠢᠨᠵᠢᠯᠡᠬᠦ ᠤᠬᠠᠭ᠋ᠠᠨᠴᠢ ᠴᠢᠨᠠᠷ᠂ ᠣᠨᠣᠪᠴᠢᠲᠤ ᠴᠢᠨᠠᠷ᠎ᠢ ᠴᠢᠩᠭ᠋ᠠᠳᠬᠠᠨ᠎ᠠ᠃ 《ᠬᠠᠳᠠᠭ᠋ᠠᠰᠤ ᠬᠠᠳᠠᠬᠤ》 ᠵᠣᠷᠢᠭ ᠰᠠᠨᠠᠭ᠎ᠠ ᠵᠢ ᠪᠠᠳᠠᠷᠠᠭᠤᠯᠤᠨ᠂ ᠠᠵᠢᠯ᠎ᠤᠨ ᠨᠠᠶ᠋ᠢᠳᠠᠪᠤᠷᠢᠵᠢᠭᠤᠯᠤᠯᠳᠠ ᠵᠢ ᠬᠦᠴᠦᠲᠡᠢ ᠠᠳᠬᠤᠬᠤ ᠡᠷᠳᠡᠮ ᠴᠢᠳᠠᠪᠤᠷᠢ ᠵᠢ᠎ᠨᠢ ᠴᠢᠩᠭ᠋ᠠᠷᠠᠭᠤᠯᠤᠨ᠂ ᠵᠠᠰᠠᠭ᠎ᠤᠨ ᠣᠷᠳᠣᠨ᠎ᠤ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠤᠷᠢᠶ᠎ᠠ ᠵᠢᠨ ᠬᠢᠨᠠᠯᠲᠠ ᠲᠠᠯᠪᠢᠯᠲᠠ ᠵᠢ ᠬᠠᠣᠯᠢ ᠶᠣᠰᠣᠭ᠋ᠠᠷ ᠬᠦᠯᠢᠶᠡᠨ ᠠᠪᠴᠤ᠂ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠠᠳᠴᠢᠯᠠᠯᠲᠤ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠨ ᠠᠪᠴᠤ᠂ ᠨᠡᠶ᠋ᠢᠭᠡᠮ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠨ ᠠᠪᠴᠤ᠂ ᠬᠢᠨᠠᠨ ᠪᠣᠳᠣᠵᠤ ᠬᠢᠨᠠᠯᠲᠠ ᠲᠠᠯᠪᠢᠬᠤ ᠵᠢ ᠴᠢᠩᠭ᠋ᠠᠳᠬᠠᠨ᠂ ᠡᠷᠬᠡ ᠪᠠ ᠬᠠᠷᠢᠭᠤᠴᠠᠯᠭ᠎ᠠ᠎ᠨᠢ ᠨᠢᠭᠡᠳᠦᠯᠲᠡᠢ ᠬᠠᠷᠢᠭᠤᠴᠠᠯᠭ᠋ᠠᠲᠤ ᠵᠠᠰᠠᠭ᠎ᠤᠨ ᠣᠷᠳᠣᠨ᠎ᠢ ᠪᠠᠶ᠋ᠢᠭᠤᠯᠤᠨ᠎ᠠ᠃
      ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠪᠠᠷᠢᠮᠲᠠᠯᠠᠨ᠂ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠳᠦᠬᠦᠷᠵᠢᠭᠦᠯᠦᠭᠰᠡᠨ ᠠᠷᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ 《ᠳᠥᠷᠪᠡᠨ ᠰᠤᠷᠲᠠᠯ》᠎ᠢ ᠵᠠᠯᠠᠷᠠᠭᠤᠯᠬᠤ ᠵᠢ ᠡᠭᠦᠷᠢᠳᠡ ᠪᠠᠷᠢᠮᠲᠠᠯᠠᠨ᠂ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠶ᠋ᠢᠭᠤᠯᠤᠯᠲᠠ ᠪᠠ ᠢᠯᠵᠢᠷᠠᠯ᠎ᠢ ᠡᠰᠡᠷᠭᠦᠴᠡᠬᠦ ᠠᠵᠢᠯ᠎ᠢ ᠭᠦᠨᠵᠡᠭᠡᠢ ᠠᠬᠢᠭᠤᠯᠵᠤ᠂ ᠰᠤᠷᠲᠠᠯ ᠴᠢᠭᠡᠴᠢ ᠣᠪᠣᠷ ᠲᠥᠪ ᠪᠠᠶ᠋ᠢᠬᠤ ᠠᠷᠢᠭᠤᠨ ᠴᠢᠭᠡᠴᠢ ᠵᠠᠰᠠᠭ᠎ᠤᠨ ᠣᠷᠳᠣᠨ᠎ᠢ ᠪᠠᠶ᠋ᠢᠭᠤᠯᠤᠨ᠎ᠠ᠃
      ᠲᠥᠯᠥᠭᠡᠯᠡᠭᠴᠢᠳ ᠡ! ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠨᠢᠭᠡᠨᠲᠡ 70 ᠵᠢᠯ᠎ᠤᠨ ᠬᠡᠷᠡᠯ ᠰᠠᠴᠤᠷᠠᠩᠭᠤᠢ ᠲᠡᠦᠬᠡᠨ ᠶᠠᠪᠤᠴᠠ ᠵᠢ ᠥᠩᠭᠡᠷᠡᠭᠡᠪᠡ᠃ ᠰᠢᠨ᠎ᠡ ᠴᠠᠭ ᠦᠶ᠎ᠡ᠎ᠳᠤ ᠤᠷᠤᠬᠰᠠᠨ᠎ᠠᠴᠠ᠂ ᠪᠢᠳ᠋ᠨ ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠦᠨᠳᠦᠰᠦᠲᠡᠨ᠎ᠤ ᠠᠰᠠᠭᠤᠳᠠᠯ᠎ᠢ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠰᠢᠢ᠍ᠳᠪᠦᠷᠢᠯᠡᠬᠦ ᠵᠥᠪ ᠵᠠᠮ ᠵᠶ᠋ᠠᠷ ᠭᠤᠶ᠋ᠢᠪᠢᠰᠢ ᠦᠭᠡᠢ ᠵᠠᠮᠨᠠᠨ᠂ ᠦᠨᠳᠦᠰᠦᠲᠡᠨ᠎ᠤ ᠲᠣᠬᠠᠢ ᠨᠠᠮ᠎ᠤᠨ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠦᠨᠳᠦᠰᠦᠲᠡᠨ᠎ᠤ ᠰᠤᠷᠭ᠋ᠠᠨ ᠬᠥᠮᠥᠵᠢᠯ᠂ ᠦᠨᠳᠦᠰᠦᠲᠡᠨ᠎ᠤ ᠡᠮ ᠡᠮᠨᠡᠯᠭᠡ᠂ ᠦᠨᠳᠦᠰᠦᠲᠡᠨ᠎ᠤ ᠰᠣᠶᠣᠯ ᠪᠡᠶ᠎ᠡ ᠵᠢᠨ ᠲᠠᠮᠢᠷ᠎ᠤᠨ ᠠᠵᠢᠯ ᠦᠢ᠍ᠯᠡᠰ᠎ᠢ ᠢᠳᠡᠪᠬᠢᠲᠡᠢ ᠬᠥᠭᠵᠢᠭᠦᠯᠦᠨ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠣᠶᠣᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠤᠨ᠎ᠠ᠃ ᠬᠤᠳᠠ ᠵᠢᠨ ᠦᠨᠳᠦᠰᠦᠳᠡᠨ᠎ᠤ ᠠᠵᠢᠯ᠎ᠢ ᠰᠠᠢ᠌ᠳᠤᠷ ᠬᠢᠨ᠎ᠠ᠃ ᠮᠠᠯᠵᠢᠬᠤ ᠬᠤᠰᠢᠭᠤ᠂ ᠬᠢᠯᠢ ᠬᠢᠵᠠᠭ᠋ᠠᠷ᠎ᠤᠨ ᠬᠤᠰᠢᠭᠤ ᠬᠤᠲᠠ᠂ 《ᠭᠤᠷᠪᠠᠨ ᠴᠦᠬᠡᠨ ᠲᠤᠭ᠋ᠠᠳᠤ ᠦᠨᠳᠦᠰᠦᠲᠡᠨ》᠎ᠤ ᠥᠪᠡᠷᠲᠡᠭᠡᠨ ᠵᠠᠰᠠᠬᠤ ᠬᠤᠰᠢᠭᠤ᠂ ᠦᠨᠳᠦᠰᠦᠲᠡᠨ᠎ᠤ ᠰᠢᠶᠠᠩ ᠵᠡᠷᠭᠡ ᠴᠦᠬᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠪᠣᠯᠣᠨ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠎ᠤᠨ ᠬᠥᠭᠵᠢᠯᠲᠡ ᠵᠢ ᠳᠡᠮᠵᠢᠵᠦ᠂ ᠪᠦᠬᠦ ᠣᠷᠣᠨ᠎ᠲᠠᠢ ᠵᠡᠷᠭᠡᠪᠡᠷ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠵᠢ ᠦᠨᠡᠨᠬᠦ ᠪᠠᠲᠤᠯᠠᠨ᠎ᠠ᠃ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤ ᠪᠠᠶ᠋ᠢᠭᠤᠯᠤᠭᠳᠠᠭᠰᠠᠨ 60 ᠵᠢᠯ᠎ᠤᠨ ᠣᠢ ᠵᠢ ᠪᠡᠯᠭᠡᠯᠡᠬᠦ ᠠᠵᠢᠯᠯᠠᠭ᠎ᠠ ᠵᠢ ᠰᠠᠶ᠋ᠢᠲᠤᠷ ᠵᠣᠬᠢᠶᠠᠨ ᠪᠠᠶ᠋ᠢᠭᠤᠯᠵᠤ ᠦᠷᠨᠢᠭᠦᠯᠦᠨ᠎ᠡ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠥᠵᠢᠯ᠎ᠢ ᠭᠦᠨᠵᠡᠭᠡᠶ᠋ᠢᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠲᠤ ᠴᠣᠭᠴᠠᠯᠠᠨ᠂ ᠥᠨᠳᠦᠰᠦᠲᠡᠨ᠎ᠨᠦᠭᠦᠳ᠎ᠤᠨ ᠰᠣᠯᠢᠯᠴᠠᠵᠤ ᠬᠠᠷᠢᠯᠴᠠᠵᠤ ᠠᠭᠤᠰᠤᠯᠴᠠᠬᠤ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ ᠬᠤᠭᠤᠷᠤᠨᠳᠤ᠎ᠪᠠᠨ ᠠᠨᠠᠷ᠎ᠤᠨ ᠦᠷ᠎ᠡ ᠰᠢᠭ ᠪᠠᠷᠢᠯᠳᠤᠨ ᠨᠢᠭᠲᠠᠷᠠᠵᠤ᠂ ᠬᠠᠮᠲᠤᠪᠡᠷ ᠪᠦᠯᠬᠦᠮᠳᠡᠨ ᠲᠡᠮᠡᠴᠡᠵᠦ᠂ ᠬᠠᠮᠲᠤᠪᠡᠷ ᠴᠡᠴᠡᠭᠯᠡᠨ ᠬᠥᠭᠵᠢᠨ᠎ᠡ᠃
      ᠲᠥᠯᠥᠭᠡᠯᠡᠭᠴᠢᠳ ᠡ! ᠥᠪᠥᠷ ᠮᠣᠩᠭᠤᠯ ᠥᠩᠭᠡ ᠭᠡᠷᠡᠯᠲᠦ ᠲᠡᠦᠬᠡ᠎ᠲᠠᠢ ᠪᠠᠶ᠋ᠢᠵᠤ᠂ ᠥᠪᠥᠷ ᠮᠣᠩᠭᠤᠯ᠎ᠤᠨ ᠠᠷᠠᠳ ᠲᠦᠮᠡᠨ ᠴᠠᠭ ᠦᠶ᠎ᠡ᠎ᠳᠡᠭᠡᠨ ᠣᠰᠣᠯᠳᠠᠭ᠎ᠠ ᠦᠭᠡᠢ ᠶᠤᠮ᠃ ᠨᠠᠮ᠎ᠤᠨ ᠤᠳᠤᠷᠢᠳᠤᠯᠭ᠎ᠠ ᠳᠣᠣᠷ᠎ᠠ᠂ ᠪᠢᠳᠠ ᠪᠦᠬᠦ ᠤᠯᠤᠰ᠎ᠤᠨ ᠠᠷᠠᠳ ᠲᠦᠮᠡᠨ᠎ᠲᠠᠢ ᠬᠠᠮᠲᠤ ᠪᠣᠰᠴᠤ ᠵᠣᠭᠰᠣᠭᠰᠠᠨ ᠪᠠ ᠪᠠᠶᠠᠵᠢᠨ ᠴᠢᠨᠡᠭᠡᠯᠢᠭᠵᠢᠭᠰᠡᠨ ᠠᠭᠤᠤ ᠶᠡᠭᠡ ᠲᠡᠦᠬᠡᠨ ᠶᠠᠪᠤᠴᠠ ᠵᠢ ᠥᠩᠭᠡᠷᠡᠭᠡᠪᠡ᠃ ᠰᠢᠨ᠎ᠡ ᠴᠠᠭ ᠦᠶ᠎ᠡ᠎ᠳᠤ ᠰᠢᠨ᠎ᠡ ᠠᠶᠠᠨ᠎ᠢ ᠡᠬᠢᠯᠡᠭᠦᠯᠦᠨ᠂ ᠪᠠᠶᠠᠵᠢᠵᠦ ᠴᠢᠨᠡᠭᠡᠯᠢᠭᠵᠢᠭᠰᠡᠨ᠎ᠠᠴᠠ᠎ᠪᠠᠨ ᠬᠦᠴᠦᠷᠬᠡᠭᠵᠢᠬᠦ ᠠᠭᠤᠤ ᠶᠡᠭᠡ ᠲᠡᠦᠬᠡᠨ ᠶᠠᠪᠤᠴᠠ᠎ᠳᠤ᠂ ᠪᠢᠳᠠ ᠲᠡᠷᠢᠭᠦᠯᠡᠨ ᠲᠠᠪᠰᠢᠬᠤ᠎ᠪᠠᠷ ᠴᠢᠷᠮᠠᠶ᠋ᠢᠵᠤ᠂ ᠰᠢᠨ᠎ᠡ ᠴᠠᠭ ᠦᠶ᠎ᠡ ᠵᠢᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠠᠶ᠋ᠢᠭᠤᠯᠤᠨ᠎ᠠ᠃
      ᠲᠥᠯᠥᠭᠡᠯᠡᠭᠴᠢᠳ ᠡ! ᠪᠢᠳᠠ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠤᠷᠢᠨ᠎ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠭᠡ ᠲᠤᠭ᠎ᠢ ᠦᠨᠳᠦᠷ ᠮᠠᠨᠳᠤᠭᠤᠯᠵᠤ᠂ ᠡᠷᠡᠰ ᠵᠣᠷᠢᠭᠲᠠᠢ᠎ᠪᠠᠷ ᠴᠢᠷᠮᠠᠶ᠋ᠢᠨ ᠣᠷᠤᠭᠰᠢᠯᠠᠵᠤ᠂ ᠰᠢᠷᠭ᠋ᠠᠭᠤ ᠬᠠᠲᠠᠭᠤᠵᠢᠯᠲᠠᠢ᠎ᠪᠠᠷ ᠠᠵᠢᠯᠯᠠᠨ᠂ 《ᠦᠵᠡᠰᠭᠦᠯᠡᠩᠲᠦ ᠰᠠᠶ᠋ᠢᠬᠠᠨ ᠥᠪᠥᠷ ᠮᠣᠩᠭᠤᠯ ᠵᠶ᠋ᠠᠨ ᠪᠦᠲᠦᠭᠡᠨ ᠪᠠᠶ᠋ᠢᠭᠤᠯᠵᠤ᠂ ᠠᠭᠤᠤ ᠶᠡᠭᠡ ᠳᠤᠮᠳᠠᠳᠤ ᠵᠢᠨ ᠵᠡᠭᠦᠳᠦ ᠵᠢ ᠬᠠᠮᠲᠤᠪᠡᠷ ᠲᠡᠷᠭᠡᠯᠰᠢᠭᠦᠯᠬᠦ》 ᠵᠢᠨ ᠲᠥᠯᠥᠭᠡ ᠴᠢᠷᠮᠠᠶ᠋ᠢᠨ ᠲᠡᠮᠡᠴᠡᠵᠡᠭᠡᠶ᠎ᠡ!  

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ