ᠢᠯᠡ ᠵᠠᠰᠠᠭ   -   ᠵᠠᠰᠠᠭ᠎ᠤᠨ ᠢᠯᠡᠳᠭᠡᠯ
2021 ᠣᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ
ᠨᠡᠶ᠋ᠢᠲᠡᠯᠡᠭᠰᠡᠨ ᠴᠠᠭ᠄ 2021-02-03

— 2021 ᠣᠨ᠎ᠤ 1 ᠳ᠋ᠤᠭᠡᠷ ᠰᠠᠷ᠎ᠠ ᠵᠢᠨ 26᠎ᠤᠨ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯᠳᠤᠭ᠋ᠠᠨ ᠳᠡᠭᠡᠷ᠎ᠡ


              ᠥᠪᠡᠷᠳᠡᠭᠡᠨ ᠵᠠᠰᠠᠬᠤ ᠤᠷᠤᠨ᠎ᠤ ᠲᠡᠷᠢᠭᠦᠯᠡᠭᠴᠢ ᠪᠦ᠋ ᠰᠢᠶᠤᠤ ᠯᠢᠨ


    ᠲᠥᠯᠥᠭᠡᠯᠡᠭᠴᠢᠳ ᠡ᠄
    ᠣᠳᠣ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠰᠠᠨᠠᠯ ᠵᠶ᠋ᠠᠨ ᠳᠤᠷᠠᠳᠬᠤ ᠪᠣᠯᠪᠠᠤ᠃
    ᠨᠢᠭᠡ᠂ 2020 ᠣᠨ ᠵᠢᠴᠢ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠡᠷᠭᠢᠴᠡᠭᠦᠯᠦᠯ
   2020 ᠣᠨ ᠪᠣᠯ ᠲᠦᠢ᠍ᠯ᠎ᠤᠨ ᠶᠡᠷᠦ ᠪᠤᠰᠤ ᠵᠢᠨ ᠨᠢᠭᠡ ᠵᠢᠯ ᠪᠣᠯᠣᠨ᠎ᠠ᠃ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠮᠠᠰᠢ ᠪᠤᠳᠤᠯᠢᠶᠠᠨᠲᠠᠢ ᠪᠥᠭᠡᠳ ᠬᠦᠴᠢᠷ ᠪᠡᠷᠬᠡᠰᠢᠶᠡᠯᠲᠡᠢ ᠪᠠᠶ᠋ᠢᠳᠠᠯ᠎ᠳᠤ ᠲᠤᠯᠭ᠋ᠠᠷᠠᠵᠦ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠬᠦᠨᠳᠦ ᠰᠦᠷᠡᠬᠡᠢ ᠳᠠᠭ᠋ᠠᠷᠢᠯᠲᠠ ᠵᠢ ᠡᠰᠡᠷᠭᠦᠴᠡᠨ ᠲᠤᠯᠬᠤ᠎ᠳᠤ᠎ᠪᠠᠨ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠥᠪᠥᠷ ᠮᠣᠩᠭᠤᠯ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠣᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠴᠢᠨᠡᠭᠡᠯᠢᠭ ᠨᠡᠶ᠋ᠢᠭᠡᠮ᠎ᠢ ᠪᠥᠬᠦ ᠲᠠᠯ᠎ᠠ᠎ᠪᠠᠷ ᠪᠠᠶ᠋ᠢᠭᠤᠯᠬᠤ ᠬᠠᠷᠠᠯᠲᠠ ᠡᠭᠦᠷᠭᠡ ᠵᠢ ᠴᠢᠩᠭ᠎ᠠ ᠠᠳᠬᠤᠵᠤ᠂ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠨ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠢ ᠲᠦᠯᠦᠪᠯᠡᠨ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠭᠰᠡᠨ ᠪᠥᠭᠡᠳ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠥᠬᠦ ᠣᠷᠣᠨ᠎ᠤ ᠠᠵᠤ ᠠᠬᠤᠢ ᠦᠷᠭᠦᠯᠵᠢᠯᠡᠨ ᠲᠣᠭᠲᠠᠪᠤᠷᠢᠵᠢᠨ᠂ ᠨᠡᠶ᠋ᠢᠭᠡᠮ᠎ᠤᠨ ᠪᠥᠬᠦ ᠲᠠᠯ᠎ᠠ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠪᠠᠶ᠋ᠢᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠠᠮᠵᠢᠯᠲᠠ᠎ᠲᠠᠢ ᠪᠡᠶᠡᠯᠡᠭᠦᠯᠪᠡ᠃
   (ᠨᠢᠭᠡ) ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠢᠯᠠᠨ ᠳᠠᠷᠤᠬᠤ ᠠᠵᠢᠯ ᠴᠢᠬᠤᠯᠠ ᠶᠡᠭᠡ ᠦᠷ᠎ᠡ ᠪᠦᠲᠦᠭᠡᠯ ᠣᠯᠪᠠ᠃ ᠠᠷᠠᠳ ᠲᠦᠮᠡᠨ᠎ᠢ ᠳᠡᠭᠡᠳᠦᠯᠡᠬᠦ ᠪᠠ ᠠᠮᠢ ᠨᠠᠰᠤ ᠵᠢ ᠡᠷᠬᠢᠮᠯᠡᠬᠦ ᠵᠢ ᠪᠠᠷᠢᠮᠲᠠᠯᠠᠨ᠂ ᠬᠢᠵᠢᠭ᠎ᠤᠨ ᠪᠠᠶ᠋ᠢᠳᠠᠯ᠎ᠢ ᠢᠯᠠᠨ ᠳᠠᠷᠤᠬᠤ᠎ᠪᠠᠷ ᠪᠥᠬᠦ ᠬᠦᠴᠦᠨ ᠵᠶ᠋ᠠᠷ ᠵᠶ᠋ᠠᠨ ᠡᠷᠡᠮᠡᠬᠡᠶ᠋ᠢᠯᠡᠨ ᠲᠡᠮᠡᠴᠡᠪᠡ᠃ ᠤᠯᠠᠨ ᠨᠡᠶ᠋ᠢᠲᠡ ᠵᠢᠨ ᠭᠡᠨᠡᠳᠲᠡ ᠡᠭᠦᠰᠬᠦ ᠡᠷᠡᠭᠦᠯ ᠬᠠᠮᠠᠭ᠋ᠠᠯᠠᠯ᠎ᠤᠨ ᠬᠦᠨᠳᠦ ᠶᠡᠭᠡ ᠬᠡᠷᠡᠭ᠎ᠤᠨ ᠨᠢᠭᠡᠳᠦᠭᠡᠷ ᠳᠡᠰ᠎ᠤᠨ ᠠᠵᠢᠯᠯᠠᠭ᠎ᠠ ᠵᠢ ᠴᠠᠭ ᠲᠤᠬᠠᠢ᠎ᠳᠤ᠎ᠨᠢ ᠡᠬᠢᠯᠡᠭᠦᠯᠵᠦ᠂ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠪᠠ ᠬᠠᠮᠲᠤ᠎ᠪᠠᠷ ᠰᠡᠷᠭᠡᠶ᠋ᠢᠯᠡᠨ ᠬᠠᠮᠲᠤ᠎ᠪᠠᠷ ᠡᠵᠡᠮᠳᠡᠬᠦ ᠰᠢᠰᠲ᠋ᠧᠮ᠎ᠢ ᠪᠠᠶ᠋ᠢᠭᠤᠯᠤᠨ᠂ ᠡᠷᠲᠡ ᠮᠡᠳᠡᠬᠦ᠂ ᠡᠷᠲᠡ ᠮᠡᠳᠡᠭᠦᠯᠬᠦ᠂ ᠡᠷᠲᠡ ᠲᠤᠰᠠᠭ᠋ᠠᠷᠯᠠᠬᠤ ᠪᠠ ᠡᠷᠲᠡ ᠡᠮᠨᠡᠵᠦ᠂ ᠬᠢᠵᠢᠭ᠎ᠤᠨ ᠲᠠᠷᠬᠠᠵᠤ ᠳᠡᠯᠭᠡᠷᠡᠬᠦ ᠪᠠᠶ᠋ᠢᠳᠠᠯ᠎ᠢ ᠬᠦᠴᠦᠲᠡᠢ ᠬᠤᠷᠢᠭᠯᠠᠨ᠂ 55 ᠬᠤᠨᠤᠭ᠎ᠤᠨ ᠲᠤᠳᠤᠷ᠎ᠠ ᠲᠤᠰ ᠭᠠᠵᠠᠷ᠎ᠲᠤ᠎ᠨᠢ ᠲᠤᠳᠤᠯᠠᠬᠰᠠᠨ ᠡᠪᠡᠳᠴᠢᠨ᠎ᠤ ᠵᠢᠱ᠌ᠢᠶ᠎ᠠ ᠪᠦᠬᠦᠨ ᠵᠶ᠋ᠠᠷ ᠵᠶ᠋ᠠᠨ ᠢᠯᠡᠷᠢ ᠪᠤᠯᠬᠤ ᠵᠢ ᠠᠩᠬ᠎ᠠ ᠤᠳᠠᠭ᠎ᠠ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ 849 ᠡᠮᠴᠢ ᠰᠤᠪᠢᠯᠠᠬ᠍ᠴᠢᠳ ᠬᠤᠪᠸᠢ ᠵᠢ ᠲᠦᠷᠭᠡᠨ ᠲᠤᠰᠠᠯᠠᠵᠤ᠂ ᠡᠭᠦᠷᠭᠡ᠎ᠪᠠᠨ ᠭᠠᠷᠮᠠᠭ᠋ᠠᠢ ᠰᠠᠶ᠋ᠢᠨ ᠪᠡᠶᠡᠯᠡᠭᠦᠯᠦᠭᠡᠳ 《ᠲᠠᠯ᠎ᠠ ᠨᠤᠲᠤᠭ᠎ᠤᠨ ᠪᠠᠭ᠋ᠠᠲᠤᠷᠯᠢᠭ ᠬᠥᠪᠡᠭᠦᠳ ᠥᠬᠢᠳ》 ᠬᠡᠮᠡᠨ ᠠᠯᠳᠠᠷᠰᠢᠪᠠ᠃ ᠬᠤᠪᠸᠢ᠎ᠳᠤ ᠮᠢᠬ᠎ᠠ᠂ ᠰᠦ᠂ ᠳᠣᠲᠤᠷᠭ᠎ᠠ᠂ ᠲᠦᠮᠦᠰᠦ ᠵᠡᠷᠭᠡ ᠠᠮᠢᠳᠤᠷᠠᠯ᠎ᠤᠨ ᠡᠳ᠋ ᠪᠣᠳᠠᠰ᠎ᠢ 1000 ᠭᠠᠷᠤᠢ ᠲᠣᠨ ᠬᠠᠨᠳᠢᠪᠯᠠᠪᠠ᠃ ᠪᠦᠬᠦ ᠣᠷᠣᠨ᠎ᠤ ᠠᠵᠦ ᠠᠬᠤᠢ᠍ᠢ᠍ᠯᠠᠯ᠎ᠤᠳ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠵᠶ᠋ᠠᠷ ᠳᠠᠮᠵᠢᠭᠤᠯᠤᠨ ᠬᠤᠪᠧᠢ᠎ᠳᠤ 1.21 ᠳ᠋ᠦᠡᠭᠰᠢᠭᠤᠷ ᠲᠦᠭᠦᠷᠢᠭ᠎ᠤᠨ ᠡᠳ᠋ ᠮᠦᠡᠭᠭᠦ ᠬᠠᠨᠳᠢᠪᠯᠠᠪᠠ᠃ ᠨᠡᠶ᠋ᠢᠰᠯᠡᠯ᠎ᠤᠨ ᠨᠢᠰᠬᠡᠯ᠎ᠤᠨ ᠪᠠᠭᠤᠳᠠᠯ᠎ᠤᠨ ᠰᠠᠯᠪᠤᠷᠢᠯᠠᠨ ᠬᠤᠪᠢᠶᠠᠷᠢᠯᠠᠵᠤ ᠢᠷᠡᠭᠦᠯᠦᠭᠰᠡᠨ ᠣᠯᠠᠨ ᠤᠯᠤᠰ᠎ᠤᠨ ᠡᠭᠡᠯᠵᠢ ᠵᠢᠨ ᠨᠢᠰᠬᠡᠯ᠎ᠢ ᠲᠥᠪᠬᠢᠨᠡᠭᠦᠯᠦᠨ ᠰᠢᠢ᠍ᠳᠪᠦᠷᠢᠯᠡᠬᠦ ᠠᠵᠢᠯ ᠵᠶ᠋ᠠᠨ ᠬᠢᠨᠠᠮᠠᠭ᠋ᠠᠢ ᠰᠠᠶ᠋ᠢᠨ ᠬᠢᠵᠦ᠂ ᠬᠢᠯᠢ ᠵᠢᠨ ᠭᠠᠳᠠᠨ᠎ᠠ᠎ᠠᠴᠠ ᠣᠷᠣᠵᠤ ᠢᠷᠡᠭᠰᠡᠳ᠎ᠢ ᠪᠢᠲᠡᠭᠦᠮᠵᠢᠯᠡᠨ ᠬᠠᠮᠢᠶᠠᠷᠬᠤ ᠠᠵᠢᠯ᠎ᠤᠨ ᠴᠤᠪᠤᠷᠠᠯ ᠵᠶ᠋ᠠᠨ ᠪᠥᠬᠦ ᠤᠯᠤᠰ᠎ᠲᠤ ᠳᠡᠯᠭᠡᠷᠡᠭᠦᠯᠦᠨ᠂ ᠬᠢᠯᠢ ᠵᠢᠨ ᠭᠠᠳᠠᠨ᠎ᠠ᠎ᠠᠴᠠ ᠣᠷᠣᠵᠤ ᠢᠷᠡᠭᠰᠡᠨ ᠡᠪᠡᠳᠴᠢᠨ᠎ᠤ ᠵᠢᠱ᠌ᠢᠶ᠎ᠡ ᠪᠦᠬᠦᠨ ᠨᠢᠭᠡ ᠴᠦ᠍ ᠡᠷᠡᠰᠳᠡᠭᠰᠡᠨ ᠦᠭᠡᠢ᠂ ᠲᠤᠰ ᠭᠠᠵᠠᠷ᠎ᠲᠤ᠎ᠨᠢ ᠨᠢᠭᠡ ᠴᠦ᠍ ᠳᠡᠯᠭᠡᠷᠡᠭᠰᠡᠨ ᠦᠭᠡᠢ᠂ ᠣᠷᠣᠨ᠎ᠠᠴᠠ ᠭᠠᠳᠠᠭᠰᠢ ᠨᠢᠭᠡ ᠴᠦ᠍ ᠲᠠᠷᠬᠠᠭ᠋ᠠᠭᠰᠠᠨ ᠦᠭᠡᠢ᠂ ᠡᠮᠴᠢ ᠰᠤᠪᠢᠯᠠᠭᠴᠢᠳ ᠪᠠ ᠬᠠᠮᠢᠶ᠎ᠠ ᠪᠦᠬᠦᠢ ᠠᠵᠢᠯᠲᠠᠳ ᠨᠢᠭᠡ ᠴᠦ᠍ ᠬᠠᠯᠳᠠᠪᠤᠷᠢᠯᠠᠭᠳᠠᠭᠰᠠᠨ ᠦᠭᠡᠢ ᠪᠠᠶ᠋ᠢᠨ᠎ᠠ᠃
   《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠬᠦ ᠪᠠ ᠳᠣᠲᠣᠭ᠋ᠠᠳᠤ᠎ᠳᠤ᠎ᠪᠠᠨ ᠳᠠᠬᠢᠨ ᠳᠡᠯᠭᠡᠷᠡᠬᠦ ᠵᠢ ᠰᠡᠷᠭᠡᠶ᠋ᠢᠯᠡᠬᠦ》 ᠵᠢ ᠪᠠᠷᠢᠮᠲᠠᠯᠠᠨ᠂ ᠬᠢᠵᠢᠭ᠎ᠤᠨ ᠪᠠᠶ᠋ᠢᠳᠠᠯ᠎ᠢ ᠪᠠᠶ᠋ᠢᠡᠭᠭᠤ ᠰᠡᠷᠭᠡᠶ᠋ᠢᠯᠡᠵᠦ ᠡᠵᠡᠮᠳᠡᠬᠦ ᠲᠣᠭᠲᠠᠴᠠ ᠵᠢ ᠪᠠᠶ᠋ᠢᠭᠤᠯᠪᠠ᠃ ᠰᠡᠷᠭᠡᠶ᠋ᠢᠯᠡᠵᠦ ᠡᠵᠡᠮᠳᠡᠨ ᠠᠪᠤᠷᠠᠵᠤ ᠡᠮᠨᠡᠬᠦ ᠪᠠ ᠪᠠᠴᠢᠮ ᠪᠠᠶ᠋ᠢᠳᠠᠯ᠎ᠤᠨ ᠠᠷᠭ᠋ᠠᠴᠠᠭ᠋ᠠᠬᠤ ᠡᠳ᠋ ᠪᠠᠷᠠᠭ᠎ᠠ ᠵᠢ ᠪᠠᠲᠤᠯᠠᠬᠤ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠪᠥᠬᠦ ᠣᠷᠣᠨ᠎ᠤ ᠬᠤᠰᠢᠭᠤ ᠰᠢᠶᠠᠨ ᠪᠥᠬᠦᠨ ᠪᠥᠭᠡᠮ ᠬᠦᠴᠢᠯ᠎ᠤᠨ ᠪᠠᠶ᠋ᠢᠴᠠᠭ᠋ᠠᠨ ᠰᠢᠯᠭ᠋ᠠᠯᠲᠠ ᠬᠢᠬᠦ ᠴᠢᠳᠠᠪᠤᠷᠢ᠎ᠲᠠᠢ ᠪᠣᠯᠵᠦ᠂ ᠠᠶ᠋ᠢᠮᠠᠭ ᠬᠤᠲᠠ ᠪᠥᠬᠦᠨ᠎ᠳᠤ ᠰᠦᠭᠡᠷᠬᠦ ᠳᠠᠷᠤᠯᠲᠠᠲᠤ ᠲᠦᠷᠭᠡᠨ ᠠᠪᠤᠷᠠᠯᠲᠠ ᠵᠢᠨ ᠮᠠᠰᠢᠨ ᠲᠡᠷᠭᠡ ᠵᠢ 3 ᠲᠣᠬᠢᠷᠠᠭᠤᠯᠤᠨ᠂ ᠡᠮᠴᠢᠯᠡᠭᠡᠨ᠎ᠤ ᠠᠮᠠᠪᠴᠢ ᠦᠢ᠍ᠯᠡᠳᠬᠦ ᠮᠠᠰᠢᠨ᠂ ᠨᠢᠭᠡ ᠤᠳᠠᠭ᠎ᠠ ᠡᠮᠦᠰᠬᠦ ᠰᠡᠷᠭᠡᠶ᠋ᠢᠯᠡᠯᠲᠡ ᠵᠢᠨ ᠬᠤᠪᠴᠠᠰᠤ᠂ ᠰᠦᠭᠡᠷᠬᠦ ᠳᠠᠷᠤᠯᠲᠠᠲᠤ ᠲᠦᠷᠭᠡᠨ ᠠᠪᠤᠷᠠᠯᠲᠠ ᠵᠢᠨ ᠮᠠᠰᠢᠨ ᠲᠡᠷᠭᠡ ᠵᠡᠷᠭᠡ ᠬᠢᠵᠢᠭ᠎ᠢ ᠰᠡᠷᠭᠡᠶ᠋ᠢᠯᠡᠬᠦ ᠡᠳ᠋ ᠪᠠᠷᠠᠭ᠎ᠠ ᠵᠢ ᠦᠢ᠍ᠯᠡᠳᠪᠦᠷᠢᠯᠡᠬᠦ ᠴᠢᠳᠠᠪᠦᠷᠢ ᠦᠭᠡᠢ ᠪᠠᠶ᠋ᠢᠬᠰᠠᠨ᠎ᠠᠴᠠ᠎ᠪᠠᠨ ᠦᠢ᠍ᠯᠡᠳᠪᠦᠷᠢᠯᠡᠵᠦ ᠴᠢᠳᠠᠬᠤ ᠪᠤᠯᠪᠠ᠃ 11 ᠳ᠋ᠣᠭᠡᠷ ᠰᠠᠷ᠎ᠠ ᠵᠢᠨ ᠰᠡᠭᠦᠯᠴᠢ᠎ᠪᠠᠷ ᠮᠠᠨᠵᠤᠤᠷ ᠬᠤᠲᠠ᠎ᠳᠤ ᠬᠢᠵᠢᠭ᠎ᠤᠨ ᠪᠠᠶ᠋ᠢᠳᠠᠯ ᠢᠯᠡᠷᠡᠭᠰᠡᠨ᠎ᠤ ᠳᠠᠷᠠᠭ᠎ᠠ᠂ ᠴᠠᠭ ᠲᠤᠬᠠᠢ᠎ᠳᠤ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠠᠵᠢᠯᠯᠠᠭᠤᠯᠵᠦ ᠡᠬᠢᠯᠡᠭᠦᠯᠦᠨ᠂ ᠬᠢᠯᠢ ᠵᠢᠨ ᠪᠣᠭᠤᠮᠲᠠ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ᠎ᠯᠤᠭ᠎ᠠ ᠬᠤᠯᠪᠣᠭᠳᠠᠭᠰᠠᠨ ᠡᠳ᠋ ᠪᠠᠷᠠᠭ᠎ᠠ ᠪᠠᠭᠤᠯᠭ᠋ᠠᠵᠤ ᠲᠡᠭᠡᠭᠡᠪᠦᠷᠢᠯᠡᠬᠦ ᠲᠠᠯᠠᠪᠤᠷ᠎ᠲᠤ ᠪᠥᠬᠦ ᠬᠡᠯᠬᠢᠶ᠎ᠡ᠎ᠪᠠᠷ᠎ᠨᠢ ᠬᠠᠮᠢᠶᠠᠷᠬᠤ ᠵᠢ ᠣᠯᠠᠮ ᠨᠢᠭᠡ ᠠᠯᠬᠤᠮ ᠴᠢᠩᠭ᠋ᠠᠳᠬᠠᠵᠤ᠂ ᠬᠢᠵᠢᠭ᠎ᠤᠨ ᠪᠠᠶ᠋ᠢᠳᠠᠯ᠎ᠢ ᠪᠦᠲᠦᠮᠵᠢᠲᠡᠢ ᠡᠵᠡᠮᠳᠡᠪᠡ᠃ ᠨᠠᠮᠤᠷ ᠡᠪᠦᠯ᠎ᠤᠨ ᠤᠯᠠᠷᠢᠯ᠎ᠳᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠵᠶ᠋ᠠᠨ ᠨᠠᠷᠢᠨ ᠨᠢᠮᠪᠠᠢ ᠲᠣᠬᠢᠷᠠᠭᠤᠯᠵᠤ ᠪᠠᠶ᠋ᠢᠷᠢᠯᠠᠭᠤᠯᠤᠨ᠂ ᠭᠤᠣᠯᠳᠠᠯᠭ᠎ᠠ ᠪᠣᠯᠬᠤ ᠬᠥᠮᠥᠰ᠎ᠲᠤ ᠸᠠᠺᠼᠢᠨ ᠲᠠᠷᠢᠬᠤ ᠠᠵᠢᠯ᠎ᠢ ᠥᠷᠨᠢᠭᠦᠯᠪᠡ᠃
    ᠬᠢᠵᠢᠭ᠎ᠲᠠᠢ ᠡᠷᠡᠰ ᠲᠤᠯᠬᠤ ᠲᠡᠮᠡᠴᠡᠯ᠎ᠳᠤ᠂ ᠥᠷᠭᠡᠨ ᠣᠯᠠᠨ ᠡᠮᠴᠢᠯᠡᠭᠡᠨ᠎ᠤ ᠠᠵᠢᠯᠲᠠᠳ ᠦᠷᠦᠭᠡᠯ ᠪᠤᠰᠤᠳ᠎ᠤᠨ ᠠᠮᠢ ᠨᠠᠰᠦ ᠵᠢ ᠠᠪᠤᠷᠠᠬᠤ ᠵᠢᠨ ᠲᠦᠯᠦᠭᠡ ᠦᠴᠦᠬᠡᠨ ᠴᠦ᠍ ᠡᠷᠡᠭᠡᠯᠵᠡᠯ ᠦᠭᠡᠢ ᠠᠵᠢᠯᠯᠠᠵᠤ᠂ ᠨᠡᠶ᠋ᠢᠭᠡᠮ ᠲᠣᠭᠤᠷᠢᠭ᠎ᠲᠤ ᠠᠵᠢᠯᠯᠠᠭᠰᠠᠳ᠂ ᠳᠣᠲᠣᠭ᠋ᠠᠳᠤ ᠵᠢ ᠬᠠᠮᠠᠭ᠋ᠠᠯᠠᠬᠤ ᠺᠠᠳ᠋ᠷ ᠴᠠᠭᠳᠠᠭ᠎ᠠ ᠪᠠ ᠦᠨᠳᠦᠰᠦᠨ ᠱᠠᠲᠤᠨ᠎ᠤ ᠺᠠᠳ᠋ᠷᠴᠤᠳ᠂ ᠰᠣᠨᠢᠨ ᠮᠡᠳᠡᠭᠡᠨ᠎ᠤ ᠠᠵᠢᠯᠲᠠᠳ᠂ ᠰᠠᠶ᠋ᠢᠨ ᠳᠤᠷᠠᠴᠤᠳ ᠶᠠᠳᠠᠷᠠᠯ ᠵᠥᠳᠡᠷᠡᠯ᠎ᠢ ᠬᠠᠶ᠋ᠢᠬᠤᠷᠤᠯ ᠦᠭᠡᠢ᠎ᠪᠠᠷ ᠨᠢᠭᠡᠳᠦᠭᠡᠷ ᠹᠷᠤᠨᠲ᠎ᠲᠤ ᠪᠠᠲᠤ ᠰᠠᠬᠢᠨ ᠠᠵᠢᠯᠯᠠᠵᠤ ᠪᠠᠶ᠋ᠢᠭᠰᠠᠨ ᠪᠥᠭᠡᠳ ᠲᠤᠭ᠎ᠠ ᠲᠣᠮᠰᠢ ᠦᠭᠡᠢ ᠡᠩ᠎ᠤᠨ ᠬᠦᠳᠡᠯᠮᠦᠷᠢᠴᠢᠳ ᠬᠠᠷᠠᠮ ᠦᠭᠡᠢ ᠬᠠᠨᠳᠢᠪ ᠡᠷᠭᠦᠵᠦ ᠳᠡᠮᠵᠢᠯᠭᠡ ᠦᠵᠡᠭᠦᠯᠵᠦ ᠪᠠᠶ᠋ᠢᠪᠠ᠂ ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠲᠠᠭᠤ ᠪᠡᠷᠬᠡᠰᠢᠶᠡᠯ᠎ᠢ ᠬᠠᠮᠲᠤ᠎ᠳᠤ᠎ᠪᠠᠨ ᠲᠤᠭᠤᠯᠬᠤ᠎ᠪᠠᠷ ᠪᠦᠭᠦᠳᠡ ᠣᠯᠠᠨ᠎ᠤ ᠡᠷᠴᠢ ᠵᠣᠷᠢᠭ᠎ᠢ ᠨᠢᠭᠡᠳᠬᠡᠨ᠂ ᠪᠠᠲᠦ ᠪᠦᠯᠬᠦᠮᠳᠡᠨ ᠨᠢᠭᠲᠠᠷᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠲᠤ ᠪᠠᠬᠢ ᠰᠡᠷᠭᠡᠶ᠋ᠢᠯᠡᠯᠲᠡ ᠵᠢᠨ ᠱᠤᠭᠤᠮ᠎ᠢ ᠴᠣᠭᠴᠠᠯᠠᠨ᠂ ᠬᠢᠵᠢᠭ᠎ᠤᠨ ᠪᠠᠶ᠋ᠢᠳᠠᠯ᠎ᠢ ᠢᠯᠠᠨ ᠳᠠᠷᠤᠬᠤ ᠲᠡᠮᠡᠴᠡᠯ᠎ᠤᠨ ᠠᠭᠤᠤ ᠶᠡᠭᠡ ᠵᠣᠷᠢᠭ ᠰᠠᠨᠠᠭ᠎ᠠ ᠵᠢ ᠭᠦᠢ᠍ᠴᠡᠳ ᠢᠯᠡᠷᠡᠭᠦᠯᠪᠡ᠃
   (ᠬᠤᠶᠠᠷ) ᠨᠡᠮᠡᠭᠳᠡᠯ᠎ᠢ ᠲᠣᠭᠲᠠᠪᠤᠷᠢᠵᠢᠭᠤᠯᠵᠤ ᠠᠵᠢᠯ ᠣᠯᠭᠤᠯᠲᠠ ᠵᠢ ᠪᠠᠲᠤᠯᠠᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃ ᠠᠩᠬ᠎ᠠ ᠠᠯᠬᠤᠮ᠎ᠤᠨ ᠲᠣᠭ᠋ᠠᠴᠠᠯᠠᠨ ᠪᠣᠳᠣᠭᠰᠠᠨ ᠵᠶ᠋ᠠᠷ᠂ ᠪᠥᠬᠦ ᠵᠢᠯ᠎ᠳᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 0.2% ᠨᠡᠮᠡᠭᠳᠡᠵᠦ᠂ ᠠᠵᠤ ᠠᠬᠤᠢ ᠤᠯᠠᠷᠢᠯ ᠳᠠᠷᠠᠭ᠋ᠠᠯᠠᠨ ᠰᠡᠷᠭᠦᠵᠦ ᠳᠡᠭᠡᠭᠰᠢᠯᠡᠪᠡ; ᠣᠨ᠎ᠤ ᠲᠥᠰᠥᠪ᠎ᠲᠠᠬᠢ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ᠎ᠪᠠᠨ 105.2% ᠪᠡᠶᠡᠯᠡᠭᠦᠯᠪᠡ᠃ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠲᠠᠶ᠋ᠢᠯᠬᠤ ᠲᠠᠯ᠎ᠠ᠎ᠪᠠᠷ᠎ᠬᠢ ᠤᠯᠤᠰ᠎ᠤᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠠᠯᠢ ᠣᠯᠠᠨ ᠲᠦᠬᠦᠷᠵᠢᠭᠦᠯᠦᠭᠰᠡᠨ ᠠᠷᠭ᠎ᠠ ᠬᠡᠮᠵᠢᠶ᠎ᠡ ᠵᠢ ᠨᠡᠶ᠋ᠢᠲᠡᠯᠡᠪᠡ᠃ ᠵᠢᠱ᠌ᠢᠭᠰᠡᠨ ᠵᠶ᠋ᠠᠷ ᠰᠢᠨ᠎ᠡ᠎ᠪᠠᠷ 310 ᠳ᠋ᠦᠡᠭᠰᠢᠭᠤᠷ ᠲᠦᠭᠦᠷᠢᠭ᠎ᠤᠨ ᠭᠠᠶ᠋ᠢᠯᠢ ᠵᠢ ᠬᠦᠡᠭᠭᠡᠯᠡᠵᠦ ᠰᠦᠢ᠍ᠳᠭᠡᠯ᠎ᠢ ᠪᠠᠭᠤᠷᠠᠭᠤᠯᠤᠨ᠂ ᠠᠵᠤ ᠠᠬᠤᠶ᠋ᠢᠯᠠᠯ᠎ᠤᠨ ᠴᠠᠬᠢᠯᠭ᠋ᠠᠨ ᠬᠡᠷᠡᠭᠯᠡᠬᠦ ᠥᠪᠡᠷ᠎ᠤᠨ ᠥᠷᠲᠡᠭ᠎ᠢ᠎ᠨᠢ 222 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠲᠥᠪ᠎ᠤᠨ ᠡᠳ᠋᠎ᠤᠨ ᠵᠠᠰᠠᠭ᠎ᠤᠨ ᠪᠡᠯᠡ ᠮᠦᠩᠭᠦᠨ᠎ᠤ ᠰᠢᠭᠤᠳ ᠪᠠᠭᠤᠯᠭ᠋ᠠᠬᠤ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠡᠯ᠎ᠡ ᠲᠦᠷᠦᠯ᠎ᠤᠨ ᠡᠳ᠋᠎ᠤᠨ ᠵᠠᠰᠠᠬ᠎ᠤᠨ ᠴᠢᠨᠠᠷᠲᠠᠢ ᠰᠢᠯᠵᠢᠭᠦᠯᠦᠨ ᠥᠭᠭᠦᠭᠰᠡᠨ ᠪᠡᠯᠡ ᠮᠦᠩᠭᠦ ᠵᠢ 837.8 ᠳ᠋ᠦᠩᠰᠢᠭᠤᠷ ᠲᠦᠭᠦᠷᠢᠭ ᠳᠤᠷᠤᠭᠰᠢ ᠪᠠᠭᠤᠯᠭ᠋ᠠᠪᠠ᠃ ᠠᠵᠤ ᠦᠢ᠍ᠯᠡᠰ᠎ᠤᠨ ᠬᠡᠯᠬᠢᠶ᠎ᠡ ᠬᠢᠭᠡᠳ ᠬᠠᠩᠭ᠋ᠠᠯᠭ᠎ᠠ ᠵᠢᠨ ᠬᠡᠯᠬᠢᠶ᠎ᠡ ᠵᠢ ᠵᠠᠯᠭ᠋ᠠᠯᠳᠤᠭᠤᠯᠬᠤ᠎ᠪᠠᠨ ᠴᠢᠩᠭ᠋ᠠᠳᠬᠠᠨ᠂ ᠪᠦᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠭᠰᠡᠨ ᠨᠣᠷᠮ᠎ᠠ ᠪᠠ ᠦᠢ᠍ᠯᠡᠳᠪᠦᠷᠢᠯᠡᠵᠦ ᠪᠣᠷᠣᠯᠠᠭᠤᠯᠤᠭᠰᠠᠨ ᠨᠣᠷᠮ᠎ᠠ᠎ᠨᠢ ᠲᠤᠰ ᠲᠤᠰ 95.8% ᠪᠠ 99.7% ᠪᠣᠯᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠲᠤᠭ᠎ᠠ 7.2% ᠨᠡᠮᠡᠭᠳᠡᠪᠡ᠃
    ᠴᠢᠬᠤᠯᠠ ᠶᠡᠭᠡ ᠲᠥᠷᠥᠯ ᠵᠦᠢ᠍ᠯ᠎ᠳᠤ 《ᠬᠢᠨᠠᠨ ᠵᠥᠪᠰᠢᠶᠡᠷᠡᠬᠦ ᠰᠠᠷ᠎ᠠ》 ᠵᠢᠨ ᠠᠵᠢᠯᠯᠠᠭ᠎ᠠ ᠥᠷᠨᠢᠭᠦᠯᠵᠦ᠂ ᠴᠢᠬᠤᠯᠠ ᠶᠡᠭᠡ ᠲᠥᠷᠥᠯ ᠵᠦᠢ᠍ᠯ᠎ᠳᠤ ᠨᠡᠷ᠎ᠡ ᠵᠢᠭ᠋ᠠᠵᠤ ᠰᠢᠮᠳᠠᠭᠤᠯᠤᠨ ᠭᠦᠢ᠍ᠴᠡᠳᠬᠡᠯᠭᠡᠬᠦ ᠵᠢ ᠬᠡᠷᠡᠭᠵᠢᠭᠦᠯᠪᠡ᠃ ᠤᠯᠠᠭ᠋ᠠᠨᠬᠠᠳᠠ᠎ᠠᠴᠠ ᠪᠡᠭᠡᠵᠢᠩ ᠪᠠ ᠮᠦᠭᠳᠡᠨ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠱᠤᠭᠤᠮ᠎ᠢ ᠵᠠᠯᠭ᠋ᠠᠭᠤᠯᠤᠨ ᠪᠠᠶ᠋ᠢᠭᠤᠯᠵᠤ ᠳᠠᠭᠤᠰᠬᠠᠭ᠋ᠠᠳ ᠲᠡᠭᠡᠭᠡᠪᠦᠷᠢᠯᠡᠬᠦ ᠠᠵᠢᠯ ᠵᠶ᠋ᠠᠨ ᠡᠬᠢᠯᠡᠭᠦᠯᠪᠡ᠂ ᠵᠢᠨᠢᠩ᠎ᠠᠴᠠ ᠳ᠋ᠠᠲ᠋ᠦ᠋ᠩ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠂ ᠵᠢᠨᠢᠩ᠎ᠠᠴᠠ ᠲᠦᠩᠯᠢᠶᠣᠣ ᠬᠦᠷᠬᠦ ᠲᠡᠮᠦᠷ ᠵᠠᠮ᠎ᠤᠨ ᠴᠢᠳᠠᠮᠵᠢ ᠵᠢ᠎ᠨᠢ ᠥᠷᠭᠡᠳᠬᠡᠬᠦ᠎ᠪᠠᠷ ᠥᠭᠡᠷᠡᠴᠢᠯᠡᠨ ᠰᠢᠨᠡᠳᠬᠡᠵᠦ ᠪᠠᠶ᠋ᠢᠭᠤᠯᠬᠤ ᠪᠠ ᠬᠦᠬᠡᠬᠤᠲᠠ ᠵᠢᠨ ᠰᠢᠨ᠎ᠡ ᠨᠢᠰᠬᠡᠯ᠎ᠤᠨ ᠪᠠᠭᠤᠳᠠᠯ ᠵᠡᠷᠭᠡ ᠲᠦᠷᠦᠯ ᠵᠦᠢ᠍ᠯ᠎ᠢ ᠡᠬᠢᠯᠡᠭᠦᠯᠵᠦ᠂ ᠰᠥᠨᠢᠳ ᠪᠠᠷᠠᠭᠤᠨ ᠬᠤᠰᠢᠭᠤᠨ᠎ᠠᠴᠠ ᠬᠤᠸᠠᠳᠧ ᠵᠡᠷᠭᠡ ᠭᠠᠵᠠᠷ᠎ᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠢ ᠳᠡᠪᠢᠰᠴᠦ ᠳᠠᠭᠤᠰᠬᠠᠭ᠋ᠠᠳ ᠮᠠᠰᠢᠨ ᠲᠡᠷᠭᠡ ᠨᠡᠪᠲᠡᠷᠡᠭᠦᠯᠪᠡ᠂ ᠬᠥᠪᠡᠭᠡᠲᠦ ᠰᠢᠷ᠎ᠠ ᠬᠤᠰᠢᠭᠤ᠂ ᠠᠷᠤ ᠬᠤᠷᠴᠢᠨ ᠬᠤᠰᠢᠭᠤᠨ᠎ᠤ ᠨᠡᠶ᠋ᠢᠳᠡᠮ ᠬᠡᠷᠡᠭᠯᠡᠬᠦ ᠨᠢᠰᠬᠡᠯ᠎ᠤᠨ ᠪᠠᠭᠤᠳᠠᠯ᠎ᠳᠤ ᠨᠢᠰᠬᠡᠯ ᠨᠡᠪᠲᠡᠷᠡᠵᠦ ᠲᠡᠭᠡᠭᠡᠪᠦᠷᠢᠯᠡᠨ ᠠᠵᠢᠯᠯᠠᠵᠤ ᠡᠬᠢᠯᠡᠪᠡ᠃ ᠬᠥᠬᠡᠬᠤᠲᠠ᠎ᠳᠠᠬᠢ ᠤᠯᠤᠰ᠎ᠤᠨ ᠳᠡᠰ᠎ᠤᠨ ᠢᠨᠲ᠋ᠧᠷ ᠰᠦᠯᠵᠢᠶᠡᠨ᠎ᠤ ᠰᠢᠭᠤᠳ ᠬᠤᠯᠪᠣᠭ᠋ᠠᠯᠠᠬᠤ ᠭᠤᠣᠯᠯᠠᠭᠴᠢ ᠴᠡᠭ᠎ᠢ ᠪᠠᠶ᠋ᠢᠭᠤᠯᠵᠤ ᠳᠠᠭᠤᠰᠬᠠᠭᠰᠠᠨ ᠪᠥᠭᠡᠳ ᠪᠥᠬᠦ ᠣᠷᠣᠨ᠎ᠳᠠᠬᠢ 5G᠎ᠤᠨ ᠰᠠᠭᠤᠷᠢ ᠥᠷᠲᠡᠭᠡ 1 ᠲᠦᠮᠡ ᠵᠢ ᠳᠠᠪᠠᠪᠠ᠃ ᠪᠥᠬᠦ ᠣᠷᠣᠨ᠎ᠤ ᠵᠠᠰᠠᠭ ᠵᠠᠬᠢᠷᠭ᠋ᠠᠨ᠎ᠤ ᠭᠠᠴᠠᠭ᠎ᠠ ᠲᠣᠰᠬᠤᠨ᠎ᠳᠤ ᠭᠡᠷᠡᠯ ᠰᠢᠷᠬᠡᠭ ᠨᠡᠪᠲᠡᠷᠡᠭᠰᠡᠨ ᠨᠣᠷᠮ᠎ᠠ ᠪᠠ 4G ᠰᠦᠯᠵᠢᠶᠡᠨ᠎ᠤ ᠬᠠᠮᠤᠷᠤᠭᠰᠠᠨ ᠨᠣᠷᠮ᠎ᠠ 98%᠎ᠠᠴᠠ ᠳᠡᠭᠡᠭᠰᠢ ᠪᠣᠯᠪᠠ᠃ ᠨᠡᠶ᠋ᠢᠭᠡᠮ ᠲᠣᠭᠤᠷᠢᠭ᠎ᠤᠨ ᠡᠯᠸᠺᠲᠷᠦᠨ ᠬᠤᠳᠠᠯᠳᠤᠭ᠎ᠠ ᠵᠢ ᠬᠥᠭᠵᠢᠭᠦᠯᠬᠦ᠂ ᠬᠡᠷᠡᠭᠯᠡᠭᠡ ᠵᠢᠨ ᠲᠡᠮᠳᠡᠭ ᠣᠯᠭᠤᠬᠤ᠂ ᠬᠡᠷᠡᠭᠯᠡᠭᠡ ᠵᠢ ᠠᠬᠢᠭᠤᠯᠬᠤ ᠤᠯᠠᠷᠢᠯ᠎ᠤᠨ ᠠᠵᠢᠯᠯᠠᠭ᠎ᠠ ᠦᠷᠨᠢᠭᠦᠯᠵᠦ᠂ ᠬᠡᠷᠡᠭᠯᠡᠭᠡ ᠰᠡᠷᠭᠦᠵᠦ ᠬᠥᠭᠵᠢᠶᠡᠨᠲᠡᠢ ᠪᠣᠯᠬᠤ ᠵᠢ ᠠᠬᠢᠭᠤᠯᠪᠠ᠃ ᠡᠵᠡᠨ᠎ᠡ ᠵᠢᠨ ᠲᠤᠤᠷᠠᠢ ᠵᠢᠨ ᠣᠢ ᠵᠢᠨ ᠵᠢᠭᠤᠯᠴᠢᠯᠠᠯ᠎ᠤᠨ ᠣᠷᠣᠨ᠎ᠢ ᠤᠯᠤᠰ᠎ᠤᠨ 5A ᠳᠡᠰ᠎ᠤᠨ ᠦᠵᠡᠮᠵᠢ ᠵᠢᠨ ᠣᠷᠣᠨ ᠪᠤᠯᠭ᠋ᠠᠬᠤ ᠶᠠᠪᠤᠳᠠᠯ ᠵᠥᠪᠰᠢᠶᠡᠷᠡᠭᠳᠡᠪᠡ᠂ ᠬᠦᠯᠦᠨ ᠪᠤᠶ᠋ᠢᠷ ᠨᠤᠮᠧᠷᠲᠦ ᠲᠠᠯ᠎ᠠ ᠨᠤᠲᠤᠬ ᠤᠢ ᠰᠢᠭᠤᠢ ᠵᠢᠨ ᠵᠢᠭᠤᠯᠴᠢᠯᠠᠯ᠎ᠤᠨ ᠭᠠᠯᠲᠦ ᠲᠡᠷᠭᠡ ᠵᠢᠨ ᠡᠵᠡᠩᠨᠡᠯᠲᠡ ᠮᠠᠰᠢ ᠰᠠᠶ᠋ᠢᠨ ᠪᠠᠶ᠋ᠢᠨ᠎ᠠ᠃
    ᠭᠤᠣᠯᠳᠠᠯᠭ᠎ᠠ ᠪᠣᠯᠬᠤ ᠠᠵᠢᠯ ᠲᠥᠷᠥᠯ ᠪᠠ ᠭᠤᠣᠯᠳᠠᠯᠭ᠎ᠠ ᠪᠣᠯᠬᠤ ᠬᠥᠮᠥᠰ᠎ᠤᠨ ᠠᠵᠢᠯ ᠣᠯᠭᠤᠯᠲᠠ ᠵᠢ ᠬᠠᠪᠰᠤᠷᠤᠨ ᠲᠡᠳᠬᠦᠬᠦ᠎ᠪᠠᠨ ᠴᠢᠩᠭ᠋ᠠᠳᠬᠠᠨ᠂ ᠰᠦᠯᠵᠢᠶ᠎ᠡ᠎ᠪᠠᠷ ᠪᠠ ᠰᠦᠯᠵᠢᠶᠡᠨ᠎ᠠᠴᠠ ᠭᠠᠳᠠᠭᠤᠷᠬᠢ ᠡᠯᠰᠡᠨ ᠤᠷᠢᠬᠤ ᠴᠤᠭᠯᠠᠭ᠋ᠠᠨ᠎ᠢ 596 ᠲᠠᠯᠠᠪᠠᠢ ᠡᠷᠬᠢᠯᠡᠵᠦ᠂ ᠡᠯ᠎ᠡ ᠲᠦᠷᠦᠯ᠎ᠤᠨ ᠬᠦᠷᠢᠶᠡᠯᠡᠩ ᠲᠣᠭᠤᠷᠢᠭ᠎ᠲᠤ ᠪᠦᠬᠦ ᠣᠷᠣᠨ᠎ᠤ ᠬᠠᠮᠲᠤ᠎ᠪᠠᠷ ᠬᠦᠷᠲᠡᠬᠦ ᠠᠵᠢᠯ ᠣᠯᠭᠤᠯᠲᠠ ᠵᠢᠨ ᠬᠠᠩᠭ᠋ᠠᠯᠭ᠎ᠠ ᠬᠡᠷᠡᠭᠴᠡᠭᠡᠨ᠎ᠤ ᠲᠠᠪᠴᠠᠩ᠎ᠢ ᠪᠠᠶ᠋ᠢᠭᠤᠯᠤᠭ᠋ᠠᠳ ᠣᠨᠣᠴᠠᠲᠠᠢ᠎ᠪᠠᠷ ᠵᠠᠯᠭ᠋ᠠᠭᠤᠯᠤᠨ᠂ ᠠᠮᠢᠳᠤᠯᠢᠭ ᠵᠶ᠋ᠠᠷ ᠠᠵᠢᠯ ᠣᠯᠭᠤᠬᠤ ᠵᠢ ᠳᠡᠮᠵᠢᠪᠡ᠃ ᠬᠤᠲᠠ ᠪᠠᠯᠭ᠋ᠠᠰᠤᠨ᠎ᠤ ᠠᠵᠢᠯ ᠣᠯᠣᠭᠰᠠᠳ 23.2 ᠲᠦᠮᠡ ᠰᠢᠨ᠎ᠡ᠎ᠪᠠᠷ ᠨᠡᠮᠡᠭᠳᠡᠵᠦ᠂ ᠣᠨ᠎ᠤ ᠡᠭᠦᠷᠭᠡ᠎ᠪᠠᠨ 105.5% ᠪᠡᠶᠡᠯᠡᠭᠦᠯᠪᠡ; ᠬᠤᠲᠠ ᠪᠠᠯᠭ᠋ᠠᠰᠤᠨ᠎ᠤ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ᠎ᠤᠨ ᠨᠤᠷᠮ᠎ᠠ 3.8% ᠪᠠᠶ᠋ᠢᠵᠤ᠂ ᠬᠢᠵᠠᠭ᠋ᠠᠷᠯᠠᠨ ᠡᠵᠡᠮᠳᠡᠬᠦ ᠬᠠᠷᠠᠯᠲᠠ᠎ᠠᠴᠠ 0.7 ᠵᠠᠭᠤᠨ᠎ᠤ ᠴᠡᠭ ᠳᠣᠣᠷ᠎ᠠ ᠪᠣᠯᠪᠠ᠃ ᠠᠵᠢᠯ ᠠᠯᠳᠠᠭᠰᠠᠳ᠎ᠤᠨ ᠨᠥᠬᠦᠪᠦᠷᠢ ᠪᠠ ᠠᠮᠢᠳᠤᠷᠠᠯ᠎ᠤᠨ ᠲᠦᠷ ᠴᠠᠭ᠎ᠤᠨ ᠨᠥᠬᠦᠪᠦᠷᠢ ᠵᠢ ᠴᠠᠭ ᠲᠤᠬᠠᠢ᠎ᠳᠤ᠎ᠨᠢ ᠣᠯᠭᠤᠵᠤ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠰᠠᠭᠤᠷᠢ ᠱᠤᠭᠤᠮ᠎ᠢ ᠳᠠᠭ᠋ᠠᠭ᠋ᠠᠨ ᠪᠠᠲᠤᠯᠠᠪᠠ᠃
   (ᠭᠤᠷᠪᠠ) ᠠᠵᠤ ᠦᠢ᠍ᠯᠡᠰ᠎ᠤᠨ ᠬᠡᠯᠪᠡᠷᠢ ᠵᠢ᠎ᠨᠢ ᠬᠤᠪᠢᠷᠠᠭᠤᠯᠵᠤ ᠳᠡᠰ ᠳᠡᠪᠰᠢᠭᠦᠯᠬᠦ ᠠᠵᠢᠯ ᠰᠢᠨ᠎ᠡ ᠠᠬᠢᠯᠲᠠ᠎ᠲᠠᠢ ᠪᠣᠯᠪᠠ᠃ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠨᠡᠭᠦᠷᠡᠰᠦ ᠪᠠ ᠬᠤᠪᠣᠷ ᠰᠢᠷᠣᠢ ᠵᠡᠷᠭᠡ ᠠᠵᠤ ᠦᠢ᠍ᠯᠡᠰ᠎ᠤᠨ ᠬᠡᠯᠬᠢᠶᠡᠰᠦ ᠵᠢ ᠤᠷᠲᠤᠳᠬᠠᠵᠤ᠂ ᠨᠡᠭᠦᠷᠡᠰᠦ ᠴᠠᠬᠢᠯᠭ᠋ᠠᠨ ᠬᠥᠩᠭᠡᠨᠴᠠᠭ᠋ᠠᠨ᠎ᠢ ᠨᠢᠭᠡ ᠴᠣᠭᠴᠠᠵᠢᠭᠤᠯᠤᠭᠰᠠᠨ ᠬᠡᠮᠵᠢᠶ᠎ᠡ 65%᠎ᠳᠤ ᠬᠦᠷᠦᠭᠰᠡᠨ ᠪᠥᠭᠡᠳ ᠬᠤᠪᠣᠷ ᠰᠢᠷᠣᠢ ᠵᠢᠨ ᠲᠦᠭᠦᠬᠡᠢ ᠮᠠᠲ᠋ᠧᠷᠢᠶᠠᠯ᠎ᠢ ᠲᠤᠬᠠᠢ ᠵᠢᠨ ᠭᠠᠵᠠᠷ᠎ᠲᠤ᠎ᠨᠢ ᠤᠯᠠᠷᠢᠭᠤᠯᠤᠭᠰᠠᠨ ᠨᠣᠷᠮ᠎ᠠ 70%᠎ᠳᠤ ᠬᠦᠷᠴᠦ᠂ ᠬᠤᠪᠣᠷ ᠰᠢᠷᠣᠢ ᠵᠢᠨ ᠲᠣᠭᠲᠠᠮᠠᠯ ᠰᠣᠷᠢᠨᠵᠢᠨ᠂ ᠤᠰᠤᠲᠦ᠋ᠷᠦᠭᠴᠢ ᠨᠥᠭᠡᠴᠡᠯᠡᠬᠦ ᠮᠠᠲ᠋ᠧᠷᠢᠶᠠᠯ᠂ ᠦᠩᠭᠡᠯᠡᠵᠦ ᠭᠢᠯᠠᠶ᠋ᠢᠯᠭ᠋ᠠᠬᠤ ᠮᠠᠲ᠋ᠧᠷᠢᠶᠠᠯ ᠵᠡᠷᠭᠡ ᠰᠢᠨ᠎ᠡ ᠮᠠᠲ᠋ᠧᠷᠢᠶᠠᠯ᠎ᠤᠨ ᠦᠢ᠍ᠯᠡᠳᠬᠦᠨ᠎ᠤ ᠥᠷᠲᠡᠭ ᠪᠥᠬᠦ ᠤᠯᠤᠰ᠎ᠤᠨ ᠲᠡᠷᠢᠭᠦᠨ᠎ᠤ ᠡᠩᠨᠡᠭᠡᠨ᠎ᠳᠤ ᠣᠷᠤᠵᠤ᠂ ᠦᠬᠠᠢ ᠵᠢᠨ ᠤᠰᠤᠳᠦ᠋ᠷᠦᠭᠴᠢ ᠪᠦᠯᠦᠭ ᠵᠶ᠋ᠠᠷ ᠬᠠᠶ᠋ᠢᠯᠠᠭᠤᠯᠤᠨ ᠲᠡᠮᠦᠷ ᠪᠣᠯᠭ᠋ᠠᠬᠤ ᠲᠦᠷᠦᠯ ᠵᠦᠢ᠍ᠯ ᠲᠣᠷᠰᠢᠨ ᠲᠣᠬᠢᠷᠠᠭᠤᠯᠬᠤ ᠱᠠᠲᠤᠨ᠎ᠳᠤ ᠣᠷᠤᠪᠠ᠃ ᠪᠦᠬᠦ ᠤᠯᠤᠰ᠎ᠤᠨ ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠬᠥᠭᠵᠢᠯᠲᠡ ᠵᠢᠨ ᠠᠩᠬᠠᠳᠠᠭᠴᠢ ᠵᠢᠭ᠋ᠠᠯᠲᠠ ᠲᠤᠭ᠎ᠠ ᠵᠢ ᠨᠡᠶ᠋ᠢᠲᠡᠯᠡᠵᠦ᠂ ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠰᠤᠳᠤᠯᠤᠯ᠎ᠤᠨ ᠬᠦᠷᠢᠶᠡᠯᠡᠩ᠎ᠢ ᠪᠠᠶ᠋ᠢᠭᠤᠯᠪᠠ᠃ ᠨᠡᠭᠦᠷᠡᠰᠦ᠎ᠪᠠᠷ ᠴᠠᠬᠢᠯᠭ᠋ᠠᠨ ᠭᠠᠷᠭ᠋ᠠᠬᠤ 838 ᠲᠦᠮᠡᠨ ᠺᠢᠯᠤᠸᠠᠲ ᠮᠠᠰᠢᠨ ᠴᠣᠭᠴᠠᠯᠠᠪᠤᠷᠢ ᠪᠠᠶ᠋ᠢᠭᠤᠯᠬᠤ ᠠᠵᠢᠯ᠎ᠢ ᠰᠢᠨ᠎ᠡ᠎ᠪᠠᠷ ᠡᠬᠢᠯᠡᠭᠦᠯᠦᠨ᠂ ᠰᠢᠯᠢ ᠵᠢᠨ ᠭᠤᠣᠯ᠎ᠳᠠᠬᠢ ᠰᠠᠯᠬᠢᠨ᠎ᠤ ᠬᠦᠴᠦ᠎ᠪᠠᠷ ᠴᠠᠬᠢᠯᠭ᠋ᠠᠨ ᠭᠠᠷᠭ᠋ᠠᠬᠤ 700 ᠲᠦᠮᠡᠨ ᠺᠢᠯᠤᠸᠠᠲ᠎ᠤᠨ ᠲᠥᠷᠥᠯ ᠵᠦᠢ᠍ᠯ᠎ᠢ ᠪᠠᠶ᠋ᠢᠭᠤᠯᠵᠤ ᠳᠠᠭᠤᠰᠬᠠᠭ᠋ᠠᠳ ᠴᠠᠬᠢᠯᠭ᠋ᠠᠨ ᠬᠦᠴᠦᠨ᠎ᠤ ᠲᠣᠣᠷ᠎ᠯᠤᠭ᠎ᠠ ᠨᠡᠶ᠋ᠢᠯᠡᠭᠦᠯᠪᠡ᠂ ᠪᠥᠬᠦ ᠤᠯᠤᠰ᠎ᠲᠠᠬᠢ ᠬᠠᠮᠤᠭ᠎ᠤᠨ ᠲᠣᠮᠣ 《ᠴᠠᠬᠢᠯᠭ᠋ᠠᠨ᠎ᠤ ᠰᠤᠷᠪᠤᠯᠵᠢ ᠪᠠ ᠲᠣᠣᠷ ᠳᠠᠭ᠋ᠠᠭ᠋ᠠᠴᠠ ᠨᠥᠭᠡᠴᠡ》 ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠤᠯᠠᠭ᠋ᠠᠨᠴᠠᠪ᠎ᠲᠤ ᠪᠠᠶ᠋ᠢᠷᠢᠯᠠᠭᠤᠯᠵᠤ᠂ ᠲᠦᠩᠯᠢᠶᠣᠣ᠎ᠳᠠᠬᠢ 《ᠢᠯᠴᠢ ᠰᠠᠯᠬᠢ ᠭᠡᠷᠡᠯᠴᠢ ᠴᠡᠨᠡᠭ ᠨᠥᠭᠡᠴᠡ ᠡᠨᠧᠷᠭᠢ ᠵᠢᠨ ᠦᠢ᠍ᠯᠡᠳᠬᠡᠯ ᠰᠤᠳᠤᠯᠭ᠋ᠠᠨ》᠎ᠤ ᠨᠢᠭᠡ ᠴᠣᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠪᠠᠶ᠋ᠢᠭᠤᠯᠵᠤ ᠡᠬᠢᠯᠡᠪᠡ᠃ ᠪᠥᠬᠦ ᠣᠷᠣᠨ᠎ᠤ ᠶᠡᠷᠦᠩᠬᠡᠢ ᠮᠠᠰᠢᠨ ᠴᠣᠭᠴᠠᠯᠠᠪᠤᠷᠢ᠎ᠳᠤ ᠳᠠᠬᠢᠨ ᠡᠭᠦᠰᠴᠦ ᠪᠣᠯᠬᠤ ᠡᠨᠧᠷᠭᠢ ᠵᠢᠨ ᠴᠠᠬᠢᠯᠭ᠋ᠠᠨ ᠬᠦᠴᠦᠨ᠎ᠤ ᠮᠠᠰᠢᠨ ᠴᠣᠭᠴᠠᠯᠠᠪᠤᠷᠢ 36% ᠵᠢ ᠡᠵᠡᠯᠡᠵᠦ᠂ ᠰᠢᠨ᠎ᠡ ᠡᠨᠧᠷᠭᠢ ᠵᠢᠨ ᠬᠡᠷᠡᠭᠯᠡᠭᠡ ᠵᠢᠨ ᠬᠠᠷᠢᠴᠠᠯ 17%᠎ᠳᠤ ᠬᠦᠷᠪᠡ᠃ ᠤᠯᠤᠰ᠎ᠤᠨ ᠳᠣᠲᠣᠭ᠋ᠠᠳᠤ᠎ᠳᠠᠬᠢ ᠠᠷᠠᠳ᠎ᠤᠨ ᠬᠡᠷᠡᠭᠯᠡᠭᠡᠨ᠎ᠤ ᠰᠢᠩᠭᠡᠨ ᠤᠰᠤᠲᠦ᠋ᠷᠦᠭᠴᠢ ᠵᠢᠨ ᠠᠩᠬᠠᠨ᠎ᠤ ᠦᠢ᠍ᠯᠡᠳᠪᠦᠷᠢ᠎ᠨᠢ ᠦᠬᠠᠢ᠎ᠳᠤ ᠦᠢ᠍ᠯᠡᠳᠪᠦᠷᠢᠯᠡᠯ ᠵᠶ᠋ᠠᠨ ᠡᠬᠢᠯᠡᠭᠦᠯᠪᠡ᠃ ᠴᠢᠯᠠᠭᠤᠨ ᠲᠤᠰᠤ᠂ ᠪᠠᠶ᠋ᠢᠭ᠋ᠠᠯᠢ ᠵᠢᠨ ᠰᠢᠲᠠᠮᠠᠬᠠᠢ ᠬᠡᠢ᠂ ᠭᠠᠵᠠᠷ᠎ᠤᠨ ᠢᠯᠴᠢ ᠵᠡᠷᠭᠡ ᠡᠬᠢ ᠪᠠᠶᠠᠯᠢᠭ᠎ᠢ ᠬᠠᠶ᠋ᠢᠨ ᠰᠢᠨᠵᠢᠬᠦ ᠠᠵᠢᠯ᠎ᠳᠤ ᠰᠢᠨ᠎ᠡ ᠰᠢᠪᠲᠤᠯᠤᠯᠲᠠ᠎ᠲᠠᠢ ᠪᠣᠯᠪᠠ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠡᠮᠬᠢᠯᠡᠨ ᠨᠡᠶ᠋ᠢᠯᠡᠭᠦᠯᠵᠦ᠂ ᠲᠥᠯᠥᠪᠵᠢᠭᠦᠯᠦᠭᠰᠡᠨ ᠲᠠᠯᠠᠪᠠᠢ ᠵᠢ 30% ᠣᠷᠴᠢᠮ ᠬᠠᠰᠤᠵᠤ ᠪᠠᠭ᠋ᠠᠰᠬᠠᠪᠠ᠃ ᠮᠡᠳᠡᠭᠡ ᠵᠠᠩᠭᠢ᠂ ᠪᠠᠷᠠᠭ᠋ᠠᠨ᠎ᠤ ᠭᠦᠢ᠍ᠯᠭᠡᠭᠡ ᠵᠡᠷᠭᠡ ᠦᠢ᠍ᠯᠡᠴᠢᠯᠡᠭᠡᠨ᠎ᠤ ᠦᠢ᠍ᠯᠡᠰ ᠲᠦᠷᠭᠡᠨ ᠬᠥᠭᠵᠢᠵᠦ᠂ ᠳ᠋ᠠᠶ᠋ᠢᠲ᠋ᠠ ᠵᠢᠨ ᠲᠥᠪ᠎ᠤᠳ᠎ᠤᠨ ᠮᠠᠰᠢᠨ ᠴᠣᠭᠴᠠᠯᠠᠪᠤᠷᠢ ᠤᠭᠰᠠᠷᠠᠭᠰᠠᠨ ᠴᠢᠳᠠᠮᠵᠢ 120 ᠲᠦᠮᠡᠨ ᠰᠠᠭᠤᠷᠢ ᠵᠢ ᠳᠠᠪᠠᠵᠦ᠂ 《ᠦᠪᠦᠷ ᠮᠤᠩᠭᠤᠯ ᠴᠢᠫ》 ᠴᠢᠳᠠᠯ ᠬᠤᠷᠤᠬᠳᠠᠯ᠎ᠤᠨ ᠬᠡᠲᠦ ᠪᠢᠴᠢᠯ ᠰᠡᠷᠡᠯ ᠳᠠᠮᠵᠢᠭᠤᠯᠤᠭᠤᠷ᠎ᠢ ᠤᠯᠠᠨ ᠠᠵᠢᠯ ᠲᠦᠷᠦᠯ᠎ᠳᠤ ᠬᠡᠷᠡᠭᠯᠡᠪᠡ᠂ 《ᠬᠦᠬᠡᠬᠤᠲᠠ ᠵᠢᠨ ᠭᠢᠯᠪᠠᠭ᠎ᠠ》 ᠴᠢᠳᠠᠮᠵᠢ ᠰᠠᠶ᠋ᠢᠲᠠᠢ ᠤᠯᠠᠨ ᠨᠡᠶ᠋ᠢᠲᠠ ᠵᠢᠨ ᠦᠢ᠍ᠯᠡᠴᠢᠯᠡᠭᠡᠨ᠎ᠤ ᠲᠠᠪᠴᠠᠩ ᠠᠰᠢᠬᠯᠠᠯᠲᠠ᠎ᠳᠤ ᠤᠷᠤᠪᠠ᠃ 5G ᠮᠡᠷᠭᠡᠵᠢᠯ᠎ᠢ ᠬᠡᠷᠡᠭᠯᠡᠵᠦ᠂ ᠣᠶᠣᠨᠯᠢᠭ ᠠᠭᠤᠷᠬᠠᠢ ᠵᠢ ᠪᠦᠲᠦᠭᠡᠨ ᠪᠠᠶ᠋ᠢᠭᠤᠯᠬᠤ᠎ᠪᠠᠨ ᠠᠬᠢᠭᠤᠯᠪᠠ᠃
    ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠯᠤᠭ᠎ᠠ ᠬᠠᠮᠲᠤᠷᠠᠨ ᠠᠵᠢᠯᠯᠠᠬᠤ ᠵᠢ ᠴᠢᠩᠭ᠋ᠠᠳᠬᠠᠨ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠥᠪᠥᠷ ᠮᠣᠩᠭᠤᠯ ᠵᠶ᠋ᠠᠨ ᠬᠥᠭᠵᠢᠭᠦᠯᠦᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠢ ᠠᠬᠢᠭᠤᠯᠪᠠ᠃ ᠬᠡᠳᠦ ᠴᠡᠪᠡᠷ ᠬᠤᠪᠣᠷ ᠰᠢᠷᠤᠢ ᠵᠢᠨ ᠲᠡᠮᠦᠷᠯᠢᠭ᠎ᠤᠨ ᠪᠣᠬᠢᠷᠲᠤᠯ ᠦᠭᠡᠶ᠋ᠢᠵᠢᠭᠦᠯᠦᠨ ᠦᠢ᠍ᠯᠡᠳᠬᠦ ᠮᠡᠷᠭᠡᠵᠢᠯ᠂ ᠤᠰᠤᠲᠦ᠋ᠷᠦᠭᠴᠢ ᠨᠥᠭᠡᠴᠡᠯᠡᠬᠦ ᠶᠡᠭᠡ ᠪᠠᠭᠲᠠᠭ᠋ᠠᠮᠵᠢᠲᠤ ᠬᠠᠶ᠋ᠢᠯᠤᠰᠢ ᠵᠢᠨ ᠮᠠᠲ᠋ᠧᠷᠢᠶᠠᠯ᠎ᠤᠨ ᠴᠢᠳᠠᠪᠬᠢ ᠵᠢ ᠣᠯᠠᠨ ᠤᠯᠤᠰ᠎ᠤᠨ ᠲᠡᠷᠢᠭᠦᠨ᠎ᠤ ᠲᠦᠪᠰᠢᠨ᠎ᠳᠤ ᠬᠦᠷᠭᠡᠭᠰᠡᠨ ᠪᠠᠶ᠋ᠢᠨ᠎ᠠ᠃ ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ ᠵᠢᠨ ᠥᠪᠥᠷ ᠮᠣᠩᠭᠤᠯ᠎ᠤᠨ ᠰᠤᠳᠤᠯᠤᠯ᠎ᠤᠨ ᠬᠦᠷᠢᠶᠡᠯᠡᠩ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠥᠪᠥᠷ ᠮᠣᠩᠭᠤᠯ᠎ᠤᠨ ᠡᠪᠡᠰᠦᠨ᠎ᠤ ᠦᠢ᠍ᠯᠡᠰ ᠬᠢᠭᠡᠳ ᠨᠤᠲᠤᠭ ᠪᠡᠯᠴᠢᠭᠡᠷ᠎ᠤᠨ ᠰᠤᠳᠤᠯᠤᠯ᠎ᠤᠨ ᠬᠦᠷᠢᠶᠡᠯᠡᠩ᠎ᠢ ᠪᠠᠶ᠋ᠢᠭᠤᠯᠪᠠ᠃ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ 1000 ᠭᠠᠷᠤᠢ ᠪᠣᠯᠪᠠ᠃
   (ᠳᠥᠷᠪᠡ) ᠭᠤᠷᠪᠠᠨ ᠲᠣᠮᠣ ᠰᠢᠪᠲᠤᠯᠤᠯᠲᠠ ᠵᠢᠨ ᠠᠵᠢᠯ ᠰᠢᠢ᠍ᠳᠪᠦᠷᠢᠯᠡᠭᠴᠢ ᠴᠢᠨᠠᠷᠲᠠᠢ ᠦᠷ᠎ᠡ ᠪᠦᠲᠦᠮᠵᠢ ᠣᠯᠪᠠ᠃ ᠡᠯ᠎ᠡ ᠵᠦᠢ᠍ᠯ᠎ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠣᠨᠣᠴᠠᠲᠠᠢ ᠨᠠᠶ᠋ᠢᠳᠠᠪᠤᠷᠢᠵᠢᠭᠤᠯᠤᠨ᠂ ᠪᠥᠬᠦ ᠵᠢᠯ᠎ᠳᠤ 112.3 ᠳ᠋ᠦᠩᠰᠢᠭᠤᠷ ᠲᠥᠭᠦᠷᠢᠭ ᠶᠠᠳᠠᠭᠤ ᠵᠢ ᠲᠡᠳᠬᠦᠬᠦ ᠪᠡᠯᠡ ᠮᠥᠩᠭᠦ ᠵᠢ ᠣᠷᠣᠭᠤᠯᠵᠤ᠂ ᠶᠠᠳᠠᠭᠤ ᠵᠢ ᠲᠡᠳᠬᠦᠬᠦ 6751 ᠲᠥᠷᠥᠯ ᠵᠦᠢ᠍ᠯ᠎ᠢ ᠬᠡᠷᠡᠭᠵᠢᠭᠦᠯᠦᠨ᠂ ᠦᠯᠡᠳᠡᠵᠦ ᠪᠠᠶ᠋ᠢᠭᠰᠠᠨ 1.6 ᠲᠦᠮᠡᠨ ᠶᠠᠳᠠᠭᠤ ᠬᠦᠴᠢᠷᠳᠡᠯᠲᠡᠢ ᠬᠥᠮᠥᠰ᠎ᠢ ᠶᠠᠳᠠᠭᠤ᠎ᠠᠴᠠ ᠠᠩᠭᠢᠵᠢᠷᠠᠭᠤᠯᠪᠠ᠃ 80 ᠬᠤᠰᠢᠭᠤ ᠰᠢᠶᠠᠨ᠎ᠳᠤ ᠶᠠᠳᠠᠭᠤᠷᠠᠬᠤ᠎ᠠᠴᠠ ᠰᠡᠷᠭᠡᠶ᠋ᠢᠯᠡᠬᠦ ᠳᠠᠭ᠋ᠠᠳᠬᠠᠯ᠎ᠢ ᠬᠡᠷᠡᠭᠵᠢᠭᠦᠯᠦᠨ᠂ 73 ᠬᠤᠰᠢᠭᠤ ᠰᠢᠶᠠᠨ᠎ᠳᠤ ᠶᠠᠳᠠᠭᠤ ᠵᠢ ᠲᠡᠳᠬᠦᠭᠰᠡᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠪᠠᠶ᠋ᠢᠭᠤᠯᠵᠤ᠂ ᠤᠯᠠᠭ᠋ᠠᠨᠬᠠᠳᠠ ᠵᠢᠨ ᠶᠠᠳᠠᠭᠤ ᠵᠢ ᠲᠡᠳᠬᠦᠬᠦ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ ᠢᠳᠡᠪᠬᠢ ᠠᠬᠢᠯᠲᠠ᠎ᠲᠠᠢ ᠪᠣᠯᠪᠠ᠃ ᠪᠡᠭᠡᠵᠢᠩ ᠬᠤᠲᠠ ᠪᠠ ᠲᠥᠪ᠎ᠤᠨ ᠨᠢᠭᠡᠴᠢ᠎ᠨᠦᠭᠦᠳ ᠲᠤᠰ ᠲᠤᠰ 19.1 ᠳ᠋ᠦᠩᠰᠢᠭᠤᠷ ᠲᠥᠭᠦᠷᠢᠭ ᠪᠠ 3.3 ᠳ᠋ᠦᠩᠰᠢᠭᠤᠷ ᠲᠥᠭᠦᠷᠢᠭ᠎ᠤᠨ ᠪᠡᠯᠡ ᠮᠥᠩᠭᠦ ᠣᠷᠣᠭᠤᠯᠵᠤ᠂ ᠠᠵᠤ ᠦᠢ᠍ᠯᠡᠰ᠎ᠤᠨ ᠬᠥᠭᠵᠢᠯᠲᠡ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠂ ᠴᠢᠳᠠᠪᠤᠷᠢᠲᠠᠨ ᠪᠠ ᠮᠡᠷᠭᠡᠵᠢᠯ ᠵᠡᠷᠭᠡ ᠲᠠᠯ᠎ᠠ᠎ᠪᠠᠷ ᠬᠦᠴᠦᠲᠡᠢ ᠳᠡᠮᠵᠢᠯᠭᠡ ᠦᠵᠡᠭᠦᠯᠪᠡ᠃
    ᠡᠳ᠋᠎ᠤᠨ ᠵᠠᠰᠠᠭ ᠮᠥᠩᠭᠦᠨ ᠭᠦᠢ᠍ᠯᠭᠡᠭᠡᠨ᠎ᠤ ᠲᠦᠭᠰᠢᠭᠦᠷᠢ ᠵᠢ ᠬᠦᠴᠦᠲᠡᠢ ᠰᠡᠷᠭᠡᠶ᠋ᠢᠯᠡᠨ ᠠᠷᠢᠯᠭ᠋ᠠᠵᠤ᠂ ᠵᠠᠰᠠᠭ᠎ᠤᠨ ᠣᠷᠳᠣᠨ᠎ᠤ ᠳᠠᠯᠳᠠ ᠥᠷᠢ ᠥᠭᠴᠡᠭᠡ ᠵᠢ ᠠᠷᠢᠯᠭ᠋ᠠᠬᠤ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠠ ᠳᠤᠮᠳᠠ ᠵᠢᠵᠢᠭ ᠠᠵᠤ ᠠᠬᠤᠶ᠋ᠢᠯᠠᠯ᠎ᠳᠤ ᠥᠷᠢᠲᠦᠵᠦ ᠪᠠᠶ᠋ᠢᠭᠰᠠᠨ ᠵᠥᠷᠢᠯᠳᠦᠭᠡᠨ ᠦᠭᠡᠢ ᠳᠠᠩᠰᠠᠨ᠎ᠤ ᠵᠣᠭᠤᠰ᠎ᠢ ᠴᠥᠮ ᠲᠥᠯᠥᠵᠦ ᠳᠠᠭᠤᠰᠬᠠᠪᠠ᠃ ᠪᠣᠣ ᠱᠠᠩ ᠪᠠᠩᠬᠢ ᠵᠢᠨ ᠲᠦᠭᠰᠢᠭᠦᠷᠢ ᠵᠢ ᠪᠦᠲᠦᠮᠵᠢᠲᠡᠢ ᠰᠢᠢ᠍ᠳᠪᠦᠷᠢᠯᠡᠵᠦ᠂ ᠮᠧᠩ ᠱᠠᠩ ᠪᠠᠩᠬᠢ ᠵᠢ ᠵᠢᠩᠬᠢᠨᠢ᠎ᠪᠠᠷ ᠠᠵᠢᠯ ᠡᠷᠬᠢᠯᠡᠭᠦᠯᠬᠦ ᠪᠣᠯᠭ᠋ᠠᠨ᠂ ᠬᠥᠳᠡᠭᠡ ᠲᠣᠰᠬᠤᠨ᠎ᠤ ᠢᠲᠡᠭᠡᠮᠵᠢ ᠵᠢᠨ ᠬᠤᠷᠰᠢᠶᠠᠨ᠎ᠤ 5 ᠬᠤᠷᠰᠢᠶ᠎ᠠ ᠵᠢ ᠬᠥᠳᠡᠭᠡ ᠲᠣᠰᠬᠤᠨ᠎ᠤ ᠬᠤᠳᠠᠯᠳᠤᠭ᠋ᠠᠨ᠎ᠤ ᠪᠠᠩᠬᠢ ᠪᠣᠯᠭ᠋ᠠᠵᠦ ᠪᠠᠶ᠋ᠢᠭᠤᠯᠤᠯ᠎ᠢ᠎ᠨᠢ ᠥᠭᠡᠷᠡᠴᠢᠯᠡᠪᠡ᠃ ᠳᠤᠮᠳᠠ ᠵᠢᠵᠢᠭ ᠪᠠᠩᠬᠢ᠎ᠨᠤᠭᠤᠳ᠎ᠤᠨ ᠬᠥᠷᠥᠩᠭᠡ ᠮᠥᠩᠭᠦ ᠵᠢ ᠨᠥᠬᠦᠪᠦᠷᠢᠯᠡᠬᠦ᠎ᠪᠠᠷ 85 ᠳ᠋ᠦᠩᠰᠢᠭᠤᠷ ᠲᠥᠭᠦᠷᠢᠭ᠎ᠤᠨ ᠲᠤᠰᠬᠠᠢ ᠵᠢᠭᠡᠯᠡᠯᠭᠡ ᠵᠢᠨ ᠲᠡᠮᠳᠡᠭ᠎ᠢ ᠲᠠᠷᠬᠠᠭ᠋ᠠᠪᠠ᠃ ᠪᠥᠬᠦ ᠣᠷᠣᠨ᠎ᠤ ᠨᠠᠶ᠋ᠢᠳᠠᠪᠤᠷᠢ ᠮᠠᠭᠤᠲᠠᠢ ᠵᠢᠭᠡᠯᠡᠯᠭᠡ ᠵᠢᠨ ᠵᠣᠭᠤᠰᠤᠨ᠎ᠤ ᠦᠯᠡᠳᠡᠪᠦᠷᠢ ᠪᠠ ᠨᠠᠶ᠋ᠢᠳᠠᠪᠤᠷᠢ ᠮᠠᠭᠤᠲᠠᠢ ᠪᠣᠯᠬᠤ ᠨᠣᠷᠮ᠎ᠠ᠎ᠨᠢ ᠬᠠᠮᠲᠤ᠎ᠳᠠᠭᠠᠨ ᠪᠠᠭᠤᠷᠠᠪᠠ᠃ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠲᠡᠮᠳᠡᠭ᠎ᠤᠳ᠎ᠤᠨ ᠭᠡᠷ᠎ᠡ᠎ᠠᠴᠠ ᠵᠥᠷᠢᠴᠡᠭᠰᠡᠨ ᠲᠦᠭᠰᠢᠭᠦᠷᠢ ᠵᠢ ᠡᠮᠬᠢ ᠲᠢᠭᠯᠢᠮ᠎ᠲᠠᠢ ᠰᠢᠢ᠍ᠳᠪᠦᠷᠢᠯᠡᠵᠦ᠂ ᠮᠥᠩᠭᠦᠨ ᠭᠦᠢ᠍ᠯᠭᠡᠭᠡᠨ᠎ᠤ ᠬᠠᠤᠯᠢ ᠪᠤᠰᠤ ᠠᠵᠢᠯᠯᠠᠭ᠎ᠠ ᠵᠢ ᠴᠡᠭᠴᠡᠯᠡᠨ ᠵᠠᠰᠠᠪᠠ᠃
    ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠵᠤ᠂ 《ᠲᠠᠷᠠᠬᠠᠢ ᠪᠤᠲᠠᠷᠬᠠᠢ ᠵᠠᠮᠪᠠᠷᠠᠭ᠎ᠠ ᠦᠭᠡᠢ ᠪᠠ ᠪᠣᠬᠢᠷᠲᠤᠯ ᠶᠡᠬᠡᠲᠡᠢ》 ᠠᠵᠤ ᠠᠬᠤᠶ᠋ᠢᠯᠠᠯ᠎ᠢ ᠴᠡᠭᠴᠡᠯᠡᠨ ᠵᠠᠰᠠᠬᠤ᠎ᠪᠠᠨ ᠦᠨᠳᠦᠰᠦᠨ᠎ᠳᠤ᠎ᠪᠠᠨ ᠪᠡᠶᠡᠯᠡᠭᠦᠯᠵᠦ᠂ 15.3 ᠲᠦᠮᠡᠨ ᠡᠷᠦᠬᠡ᠎ᠳᠤ ᠴᠡᠪᠡᠷᠬᠡᠨ ᠳᠤᠯᠠᠭ᠋ᠠᠯᠠᠭ᠎ᠠ ᠬᠠᠩᠭ᠋ᠠᠬᠤ᠎ᠪᠠᠷ ᠥᠭᠡᠷᠡᠴᠢᠯᠡᠨ ᠰᠢᠨᠡᠳᠭᠡᠪᠡ᠃ ᠪᠥᠬᠦ ᠣᠷᠣᠨ᠎ᠤ ᠠᠭ᠋ᠠᠷ᠎ᠤᠨ ᠴᠡᠪᠡᠷ ᠰᠠᠶ᠋ᠢᠨ ᠡᠳᠦᠷ᠎ᠤᠨ ᠬᠠᠷᠢᠴᠠᠯ᠂ ᠨᠠᠷᠢᠨ ᠮᠥᠬᠦᠯᠢᠭᠲᠦ ᠡᠳ᠋ (PM2.5)᠎ᠤᠨ ᠥᠳᠬᠡᠴᠡ ᠤᠯᠤᠰ᠎ᠤᠨ ᠰᠢᠯᠭ᠋ᠠᠨ ᠦᠨᠡᠯᠡᠬᠦ ᠪᠠᠷᠢᠮᠵᠢᠶ᠎ᠠ᠎ᠠᠴᠠ ᠰᠠᠶ᠋ᠢᠨ ᠪᠣᠯᠪᠠ᠃ ᠬᠥᠯᠦᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠤᠷᠢᠨ ᠤᠯᠠᠮ ᠨᠢᠭᠡ ᠠᠯᠬᠤᠮ ᠰᠠᠶ᠋ᠢᠵᠢᠷᠠᠵᠤ᠂ ᠤᠯᠠᠭ᠋ᠠᠨᠰᠤᠬᠠᠢ ᠵᠢᠨ ᠪᠦᠬᠦᠯᠢ ᠴᠤᠭᠴᠠ ᠵᠢᠨ ᠣᠰᠣᠨ᠎ᠤ ᠴᠢᠨᠠᠷ ᠲᠠᠪᠤᠳᠤᠭ᠋ᠠᠷ ᠲᠦᠷᠦᠯ᠎ᠳᠤ ᠲᠣᠭᠲᠠᠪᠤᠷᠢᠵᠢᠵᠤ᠂ ᠳᠠᠭ᠎ᠠ ᠵᠢᠨ ᠨᠠᠭᠤᠷ᠎ᠲᠤ ᠠᠮᠢ ᠠᠬᠤᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠪᠠᠷ ᠤᠰᠤ ᠨᠡᠮᠡᠷᠢᠯᠡᠬᠦ ᠪᠠᠷᠢᠯᠭ᠎ᠠ᠎ᠪᠠᠨ ᠪᠠᠶ᠋ᠢᠭᠤᠯᠵᠦ ᠡᠬᠢᠯᠡᠭᠦᠯᠪᠠ᠃ ᠭᠠᠵᠠᠷ ᠳᠡᠭᠡᠷᠡᠬᠢ ᠤᠰᠤᠨ᠎ᠤ ᠴᠢᠨᠠᠷ ᠰᠠᠶ᠋ᠢᠲᠠᠢ ᠤᠰᠤᠨ ᠴᠣᠭᠴᠠ ᠵᠢᠨ ᠬᠠᠷᠢᠴᠠᠯ 69.2% ᠪᠠᠶ᠋ᠢᠵᠤ᠂ ᠤᠯᠤᠰ᠎ᠤᠨ ᠰᠢᠯᠭ᠋ᠠᠨ ᠦᠨᠡᠯᠡᠬᠦ ᠪᠠᠷᠢᠮᠵᠢᠶ᠎ᠠ᠎ᠠᠴᠠ 9.6 ᠵᠠᠭᠤᠨ᠎ᠤ ᠴᠡᠭ ᠰᠠᠶ᠋ᠢᠨ ᠪᠤᠯᠪᠠ᠃ ᠬᠥᠷᠥᠰᠥ ᠰᠢᠷᠣᠢ ᠵᠢᠨ ᠪᠣᠬᠢᠷᠲᠤᠭᠰᠠᠨ ᠪᠠᠶ᠋ᠢᠳᠠᠯ᠎ᠢ ᠨᠠᠷᠢᠨ ᠪᠠᠶ᠋ᠢᠴᠠᠭ᠋ᠠᠬᠤ ᠪᠠ ᠬᠦᠨᠳᠦ ᠲᠡᠮᠦᠷᠯᠢᠭ ᠭᠠᠳᠠᠭᠰᠢᠯᠠᠭᠤᠯᠬᠤ ᠵᠢ᠎ᠨᠢ ᠪᠠᠭ᠋ᠠᠰᠬᠠᠬᠤ ᠡᠭᠦᠷᠭᠡ᠎ᠪᠠᠨ ᠪᠥᠬᠦ ᠲᠠᠯ᠎ᠠ᠎ᠪᠠᠷ ᠪᠡᠶᠡᠯᠡᠭᠦᠯᠪᠡ᠃ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠭᠰᠠᠨ ᠪᠠᠶ᠋ᠢᠴᠠᠭ᠋ᠠᠯᠲᠠ ᠵᠢᠴᠢ 《ᠪᠤᠴᠠᠵᠤ ᠪᠠᠶ᠋ᠢᠴᠠᠭ᠋ᠠᠨ ᠦᠵᠡᠬᠦ》 ᠠᠵᠢᠯ ᠥᠷᠨᠢᠭᠦᠯᠦᠭᠡᠳ ᠲᠤᠰᠬᠠᠭᠰᠠᠨ ᠴᠡᠭᠴᠡᠯᠡᠵᠦ ᠵᠠᠰᠠᠬᠤ ᠡᠭᠦᠷᠭᠡ ᠵᠢ ᠦᠨᠳᠦᠰᠦᠨ᠎ᠳᠤ᠎ᠪᠠᠨ ᠪᠡᠶᠡᠯᠡᠭᠦᠯᠪᠡ᠃ ᠲᠡᠮᠡᠭᠡᠵᠢ ᠤᠯᠤᠰ᠎ᠤᠨ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠠᠰᠠᠭᠤᠳᠠᠯ᠎ᠢ ᠴᠡᠭᠴᠡᠯᠡᠨ ᠵᠠᠰᠠᠬᠤ ᠵᠢ ᠦᠨᠳᠤᠰᠦᠨ᠎ᠳᠡᠭᠡᠨ ᠪᠡᠶᠡᠯᠡᠭᠦᠯᠪᠠ᠃
   (ᠲᠠᠪᠤ) ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ᠋ᠢᠷᠡᠭᠦᠯᠦᠨ ᠠᠬᠢᠭᠤᠯᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 356 ᠲᠦᠮᠡᠨ ᠮᠦ᠍ ᠰᠢᠨ᠎ᠡ᠎ᠪᠠᠷ ᠪᠠᠶ᠋ᠢᠭᠤᠯᠵᠤ᠂ ᠬᠤᠵᠢᠷᠰᠢᠭᠰᠠᠨ ᠲᠠᠷᠢᠶᠠᠯᠠᠬᠤ ᠭᠠᠵᠠᠷ᠎ᠢ 12.2 ᠲᠦᠮᠡᠨ ᠮᠦ᠍ ᠰᠠᠶ᠋ᠢᠵᠢᠷᠠᠭᠤᠯᠪᠠ᠃ ᠪᠥᠬᠦ ᠣᠷᠣᠨ᠎ᠤ ᠠᠮᠤ ᠪᠤᠳᠠᠭ᠋ᠠᠨ᠎ᠤ ᠤᠨᠠᠯᠲᠠ 732.8 ᠳ᠋ᠦᠩᠰᠢᠭᠤᠷ ᠵᠢᠩ ᠪᠣᠯᠵᠤ᠂ 《ᠠᠷᠪᠠᠨ ᠳᠣᠯᠣᠭ᠋ᠠᠨ ᠵᠢᠯ ᠳᠠᠷᠠᠭ᠋ᠠᠯᠠᠨ ᠡᠯᠪᠡᠭ ᠬᠤᠷᠢᠶᠠᠯᠲᠠ》 ᠣᠯᠪᠠ; ᠮᠢᠬᠠᠨ᠎ᠤ ᠭᠠᠷᠤᠯᠲᠠ 260.7 ᠲᠦᠮᠡᠨ ᠲᠣᠨ ᠪᠠᠶ᠋ᠢᠵᠤ᠂ 《ᠠᠷᠪᠠᠨ ᠵᠢᠷᠭᠤᠭ᠋ᠠᠨ ᠵᠢᠯ ᠳᠠᠷᠠᠭ᠋ᠠᠯᠠᠨ ᠭᠠᠷᠤᠯᠲᠠ ᠵᠢ᠎ᠨᠢ ᠲᠣᠭᠲᠠᠭᠤᠨ》 ᠪᠠᠶ᠋ᠢᠯᠭ᠋ᠠᠪᠠ᠃ ᠲᠠᠯ᠎ᠠ ᠨᠤᠲᠤᠭ᠎ᠤᠨ ᠠᠯᠠᠰᠢᠨ ᠬᠤᠨᠢ ᠪᠠ ᠨᠠᠷᠠᠨ ᠬᠤᠸᠠᠷ᠎ᠤᠨ ᠤᠯᠤᠰ᠎ᠤᠨ ᠳᠡᠰ᠎ᠤᠨ ᠳᠠᠪᠠᠭᠤᠯᠢᠭ ᠪᠦᠭᠡᠳ ᠣᠨᠴᠠᠯᠢᠭ᠎ᠲᠠᠢ ᠬᠤᠶᠠᠷ ᠠᠵᠤ ᠦᠢ᠍ᠯᠡᠰ᠎ᠤᠨ ᠪᠦᠯᠦᠭᠵᠢᠯ᠎ᠢ ᠰᠢᠨ᠎ᠡ᠎ᠪᠠᠷ ᠪᠠᠶ᠋ᠢᠭᠤᠯᠪᠠ᠃
    ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠢ ᠬᠡᠷᠡᠭᠵᠢᠭᠦᠯᠦᠨ᠂ ᠬᠠᠲᠤᠨ ᠭᠤᠣᠯ᠎ᠤᠨ ᠰᠠᠪᠠ ᠭᠠᠵᠠᠷ᠂ ᠨᠤᠨ ᠮᠦᠷᠡᠨ᠎ᠤ ᠰᠠᠪᠠ ᠭᠠᠵᠠᠷ᠂ ᠪᠠᠷᠠᠭᠤᠨ ᠯᠢᠶᠤᠤᠾᠧ ᠭᠤᠣᠯ᠎ᠤᠨ ᠰᠠᠪᠠ ᠭᠠᠵᠠᠷ ᠪᠠ ᠬᠥᠯᠦᠨ ᠪᠤᠶ᠋ᠢᠷ᠂ ᠰᠢᠯᠢ ᠵᠢᠨ ᠭᠤᠣᠯ᠎ᠤᠨ ᠲᠠᠯ᠎ᠠ ᠨᠤᠲᠤᠭ᠎ᠤᠨ ᠲᠠᠪᠤᠨ ᠲᠤᠮᠤ ᠰᠦ ᠵᠢᠨ ᠢᠷᠡᠯᠲᠡ ᠵᠢᠨ ᠰᠠᠭᠤᠷᠢᠨ ᠭᠠᠵᠠᠷ᠎ᠢ ᠨᠢᠭᠡᠲᠦᠯᠲᠡᠢ ᠲᠦᠯᠦᠪᠯᠡᠨ ᠪᠠᠶ᠋ᠢᠭᠤᠯᠵᠤ᠂ ᠲᠠᠷᠢᠬᠤ ᠲᠡᠵᠢᠭᠡᠬᠦ ᠪᠣᠯᠪᠠᠰᠤᠷᠠᠭᠤᠯᠬᠤ᠎ᠳᠤ ᠨᠢᠭᠡ ᠴᠤᠭᠴᠠᠵᠢᠭᠤᠯᠬᠤ ᠵᠢ ᠬᠡᠷᠡᠭᠵᠢᠭᠦᠯᠪᠡ᠃ ᠰᠠᠭ᠋ᠠᠯᠢ ᠵᠢᠨ ᠦᠨᠢᠶᠡᠨ᠎ᠤ ᠲᠤᠭ᠎ᠠ ᠲᠣᠯᠣᠭ᠋ᠠᠢ 129.3 ᠲᠦᠮᠡ᠎ᠳᠤ ᠬᠦᠷᠴᠦ᠂ ᠦᠨᠢᠶᠡᠨ᠎ᠤ ᠰᠦ ᠵᠢᠨ ᠭᠠᠷᠤᠯᠲᠠ 611.5 ᠲᠦᠮᠡᠨ ᠲᠣᠨ᠎ᠳᠤ ᠬᠦᠷᠴᠦ᠂ ᠲᠤᠰ ᠲᠤᠰ 5.6% ᠪᠠ 5.9% ᠨᠡᠮᠡᠭᠳᠡᠪᠡ᠃ ᠤᠯᠠᠮᠵᠢᠯᠠᠯᠲᠤ ᠴᠠᠭ᠋ᠠᠨ ᠢᠳᠡᠭᠡ ᠬᠢᠬᠦ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠵᠤ᠂ ᠪᠥᠬᠦ ᠣᠷᠣᠨ᠎ᠤ ᠰᠦ ᠴᠠᠭ᠋ᠠᠨ ᠢᠳᠡᠭᠡ ᠵᠢᠨ ᠭᠠᠷᠤᠯᠲᠠ᠎ᠳᠠᠬᠢ ᠤᠯᠠᠮᠵᠢᠯᠠᠯᠲᠤ ᠰᠦ ᠴᠠᠭ᠋ᠠᠨ ᠢᠳᠡᠭᠡ ᠵᠢᠨ ᠡᠵᠡᠯᠡᠬᠦ ᠬᠠᠷᠢᠴᠠᠯ᠎ᠨᠢ 10% ᠣᠷᠴᠢᠮ ᠪᠣᠯᠪᠠ᠃ ᠦᠷ᠎ᠡ ᠡᠭᠦᠯᠳᠡᠷ᠎ᠤᠨ ᠬᠥᠭᠵᠢᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠢ ᠬᠡᠷᠡᠭᠵᠢᠭᠦᠯᠵᠦ᠂ ᠥᠪᠥᠷ ᠮᠣᠩᠭᠤᠯ᠎ᠤᠨ ᠶᠡᠭᠡ ᠰᠤᠷᠭ᠋ᠠᠭᠤᠯᠢ᠎ᠳᠠᠬᠢ ᠲᠠᠯ᠎ᠠ ᠨᠤᠲᠤᠭ᠎ᠤᠨ ᠭᠡᠷ᠎ᠤᠨ ᠲᠡᠵᠢᠭᠡᠪᠦᠷᠢ ᠵᠢᠨ ᠡᠭᠦᠯᠳᠡᠷ ᠴᠢᠨᠠᠷ᠎ᠤᠨ ᠰᠢᠨ᠎ᠡ ᠵᠢ ᠡᠭᠦᠳᠴᠦ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠭᠠᠵᠠᠷ ᠪᠠ ᠤᠯᠤᠰ᠎ᠤᠨ ᠳᠡᠰ᠎ᠤᠨ ᠲᠥᠮᠥᠰᠥ ᠵᠢᠨ ᠰᠠᠶ᠋ᠢᠨ ᠦᠷ᠎ᠡ ᠵᠢ ᠦᠷᠡᠵᠢᠭᠦᠯᠦᠨ ᠪᠤᠶ᠋ᠢᠵᠢᠭᠤᠯᠬᠤ 3 ᠰᠠᠭᠤᠷᠢᠨ ᠭᠠᠵᠠᠷ᠎ᠢ ᠪᠠᠶ᠋ᠢᠭᠤᠯᠪᠠ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠨᠡᠶ᠋ᠢᠲᠡ ᠵᠢᠨ ᠬᠡᠷᠡᠭᠯᠡᠭᠡᠨ᠎ᠤ ᠨᠡᠷᠡᠲᠦ ᠲᠡᠮᠲᠡᠭ᠎ᠤᠨ ᠪᠠᠶ᠋ᠢᠭᠤᠯᠤᠯᠲᠠ ᠵᠢ ᠠᠬᠢᠭᠤᠯᠵᠤ᠂ ᠳᠤᠮᠳᠠᠳᠤ ᠤᠯᠤᠰ᠎ᠤᠨ ᠣᠷᠣᠨ ᠪᠦᠰᠡ ᠵᠢᠨ ᠲᠠᠷᠢᠶᠠᠯᠠᠩ᠎ᠤᠨ ᠳᠦᠷᠢ ᠳᠥᠷᠬᠦ ᠵᠢᠨ ᠨᠡᠷᠡᠲᠦ ᠲᠡᠮᠳᠡᠭ᠎ᠤᠨ ᠡᠩᠨᠡᠭᠡᠨ᠎ᠳᠤ 《ᠲᠡᠭᠷᠢ ᠵᠢᠨ ᠬᠡᠰᠢᠭᠲᠦ ᠪᠣᠷᠣᠲᠤᠬᠤᠢ》 ᠲᠡᠷᠢᠭᠦᠯᠡᠪᠡ᠃ ᠮᠠᠯᠵᠢᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠦᠭᠡᠳ ᠮᠠᠯᠵᠢᠬᠤ ᠣᠷᠣᠨ᠎ᠤ ᠦᠢ᠍ᠯᠡᠳᠪᠦᠷᠢᠯᠡᠯ᠎ᠤᠨ ᠬᠥᠭᠵᠢᠯᠲᠡ᠂ ᠮᠠᠯᠴᠢᠳ᠎ᠤᠨ ᠠᠮᠢᠳᠤᠷᠠᠯ᠎ᠤᠨ ᠴᠢᠨᠡᠭᠡᠯᠢᠭᠵᠢᠯ᠂ ᠲᠠᠯ᠎ᠠ ᠨᠤᠲᠤᠭ᠎ᠤᠨ ᠰᠠᠶ᠋ᠢᠨ ᠰᠠᠶ᠋ᠢᠬᠠᠨ ᠠᠮᠢ ᠠᠬᠤᠢ ᠵᠢᠨ ᠬᠠᠷᠢᠯᠴᠠᠨ ᠨᠢᠭᠡᠳᠬᠦ ᠵᠢ ᠨᠢᠭᠡᠲᠦᠯᠲᠡᠢ ᠲᠦᠯᠦᠪᠯᠡᠨ ᠠᠬᠢᠭᠤᠯᠪᠠ᠃
    ᠮᠠᠯᠵᠢᠬᠤ ᠲᠠᠷᠢᠶᠠᠯᠠᠬᠤ ᠣᠷᠣᠨ᠎ᠳᠠᠬᠢ ᠣᠷᠣᠰᠢᠨ ᠰᠠᠭᠤᠷᠢᠰᠢᠬᠤ ᠣᠷᠴᠢᠨ ᠨᠥᠬᠦᠴᠡᠯ᠎ᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠋ᠠᠨ᠎ᠤ ᠡᠭᠦᠷᠭᠡ ᠵᠢ ᠪᠡᠶᠡᠯᠡᠭᠦᠯᠦᠨ᠂ ᠠᠷᠢᠭᠤᠨ ᠴᠡᠪᠡᠷ ᠵᠣᠷᠯᠣᠩ᠎ᠲᠠᠢ ᠪᠤᠯᠭ᠋ᠠᠬᠤ ᠵᠢ ᠲᠥᠭᠡᠮᠡᠯᠵᠢᠭᠦᠯᠦᠭᠰᠡᠨ ᠨᠣᠷᠮ᠎ᠠ 35%᠎ᠳᠤ ᠬᠦᠷᠴᠦ᠂ ᠬᠠᠷᠠᠯᠲᠠ᠎ᠠᠴᠠ᠎ᠪᠠᠨ 3 ᠵᠠᠭᠤᠨ᠎ᠤ ᠴᠡᠭ ᠳᠠᠪᠠᠭᠤᠯᠤᠭᠰᠠᠨ ᠪᠠᠶ᠋ᠢᠨ᠎ᠠ᠃ 97.7% ᠵᠢᠨ ᠵᠠᠰᠠᠭ ᠵᠠᠬᠢᠷᠭ᠋ᠠᠨ᠎ᠤ ᠭᠠᠴᠠᠭ᠎ᠠ ᠲᠣᠰᠬᠤᠨ᠎ᠳᠤ ᠠᠮᠢᠳᠤᠷᠠᠯ᠎ᠤᠨ ᠬᠤᠭ ᠨᠣᠪᠰᠢ ᠵᠢ ᠴᠤᠭᠯᠠᠭᠤᠯᠵᠤ ᠵᠥᠭᠡᠭᠡᠬᠦ ᠰᠢᠰᠲ᠋ᠧᠮᠵᠢ ᠵᠢ ᠪᠠᠶ᠋ᠢᠭᠤᠯᠵᠤ᠂ ᠲᠦᠴᠢᠦᠸᠠᠨ ᠰᠢᠶᠠᠨ ᠪᠥᠬᠦ ᠤᠯᠤᠰ᠎ᠤᠨ ᠬᠥᠳᠡᠭᠡ ᠲᠣᠰᠬᠤᠨ᠎ᠤ ᠠᠮᠢᠳᠤᠷᠠᠯ᠎ᠤᠨ ᠬᠤᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠬ᠍ᠵᠢᠭᠤᠯᠤᠨ ᠠᠰᠢᠭᠯᠠᠬᠤ ᠠᠵᠢᠯ᠎ᠤᠨ ᠵᠢᠱ᠌ᠢᠶ᠎ᠡ ᠦᠵᠡᠭᠦᠯᠬᠦ ᠰᠢᠶᠠᠨ ᠵᠶ᠋ᠠᠷ ᠦᠨᠡᠯᠡᠭᠳᠡᠪᠡ᠃ 30 ᠲᠦᠮᠡᠨ ᠮᠠᠯᠴᠢᠨ ᠲᠠᠷᠢᠶᠠᠴᠢᠨ᠎ᠤ ᠤᠤᠭᠤᠵᠤ ᠬᠡᠷᠡᠭᠯᠡᠬᠦ ᠤᠰᠤᠨ᠎ᠳᠠᠬᠢ ᠹᠯᠣᠷ ᠠᠷᠰᠧᠨ ᠢᠣᠳ᠋᠎ᠨᠢ ᠪᠠᠷᠢᠮᠵᠢᠶ᠎ᠠ᠎ᠠᠴᠠ ᠳᠠᠪᠠᠭᠰᠠᠨ ᠪᠠᠶ᠋ᠢᠭ᠎ᠠ ᠪᠠ ᠭᠠᠰᠢᠭᠤᠨ ᠱᠣᠷᠪᠣᠭ ᠤᠰᠤᠨ᠎ᠤ ᠠᠰᠠᠭᠤᠳᠠᠯ᠎ᠢ ᠰᠢᠢ᠍ᠳᠪᠦᠷᠢᠯᠡᠪᠡ᠃ ᠮᠠᠯᠵᠢᠬᠤ ᠲᠠᠷᠢᠶᠠᠯᠠᠬᠤ ᠣᠷᠣᠨ᠎ᠳᠤ 8071 ᠺᠢᠯᠤᠮᠸᠲᠷ ᠵᠠᠰᠠᠮᠠᠯ ᠵᠠᠮ᠎ᠢ ᠰᠢᠨ᠎ᠡ᠎ᠪᠠᠷ ᠳᠡᠪᠢᠰᠦᠭᠰᠡᠨ ᠪᠠ ᠰᠢᠨᠡᠳᠬᠡᠨ ᠵᠠᠰᠠᠪᠠ᠃
   (ᠵᠢᠷᠭᠤᠭ᠎ᠠ) ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶ᠋ᠢᠵᠢᠷᠠᠪᠠ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢ ᠨᠠᠶ᠋ᠢᠷᠠᠭᠤᠯᠵᠤ ᠵᠣᠬᠢᠶᠠᠬᠤ ᠠᠵᠢᠯ᠎ᠢ ᠥᠷᠨᠢᠭᠦᠯᠦᠨ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠣᠷᠴᠢᠨ ᠲᠣᠭᠤᠷᠢᠨ᠎ᠤ ᠶᠠᠰᠤ ᠴᠢᠨᠠᠷ᠎ᠤᠨ ᠬᠤᠷᠢᠭ᠎ᠠ ᠱᠤᠭᠤᠮ᠂ ᠡᠬᠢ ᠪᠠᠶᠠᠯᠢᠭ᠎ᠢ ᠠᠰᠢᠬᠯᠠᠬᠤ ᠬᠢᠵᠠᠭ᠋ᠠᠷ ᠱᠤᠭᠤᠮ ᠪᠠ ᠠᠮᠢ ᠠᠬᠤᠢ ᠣᠷᠴᠢᠨ ᠲᠣᠭᠤᠷᠢᠨ᠎ᠳᠤ ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ (《ᠭᠤᠷᠪᠠᠨ ᠱᠤᠭᠤᠮ ᠨᠢᠭᠡ ᠬᠠᠭᠤᠳᠠᠰᠤ》) ᠵᠢ ᠨᠠᠶ᠋ᠢᠷᠠᠭᠤᠯᠤᠨ ᠵᠣᠬᠢᠶᠠᠵᠤ ᠳᠠᠭᠤᠰᠬᠠᠭ᠋ᠠᠳ ᠪᠦᠬᠦ ᠣᠷᠣᠨ᠎ᠤ 50%᠎ᠠᠴᠠ ᠳᠡᠭᠡᠭᠰᠢᠬᠢ ᠤᠯᠤᠰ᠎ᠤᠨ ᠨᠤᠲᠤᠭ ᠳᠡᠪᠢᠰᠬᠡᠷ᠎ᠤᠨ ᠲᠠᠯᠠᠪᠠᠢ ᠵᠢ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠲᠤᠳᠤᠷ᠎ᠠ ᠬᠤᠪᠢᠶᠠᠷᠢᠯᠠᠵᠤ ᠣᠷᠤᠭᠤᠯᠪᠠ᠃ ᠨᠤᠲᠤᠭ ᠪᠡᠯᠴᠢᠭᠡᠷ ᠪᠠ ᠣᠢ ᠰᠢᠭᠤᠢ ᠵᠢ ᠬᠠᠮᠠᠭ᠋ᠠᠯᠠᠬᠤ ᠠᠵᠢᠯ ᠵᠶ᠋ᠠᠨ ᠲᠡᠷᠢᠭᠦᠨ ᠴᠢᠬᠤᠯᠠ ᠡᠭᠦᠷᠭᠡ ᠪᠣᠯᠭ᠋ᠠᠨ᠂ ᠨᠤᠲᠤᠭ ᠪᠡᠯᠴᠢᠭᠡᠷ᠎ᠤᠨ ᠴᠢᠬᠤᠯᠠ ᠠᠮᠢ ᠠᠬᠤᠢ ᠵᠢᠨ ᠴᠢᠳᠠᠮᠵᠢᠲᠤ ᠣᠷᠣᠨ᠎ᠳᠤ ᠠᠭᠤᠷᠬᠠᠢ ᠨᠡᠭᠡᠭᠡᠬᠦ ᠪᠠ ᠰᠠᠯᠬᠢᠨ᠎ᠤ ᠬᠦᠴᠦ᠎ᠪᠠᠷ ᠴᠠᠬᠢᠯᠭ᠋ᠠᠨ ᠭᠠᠷᠭ᠋ᠠᠬᠤ᠂ ᠭᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠬᠤ ᠦᠭᠡᠢ ᠭᠡᠵᠦ ᠲᠣᠳᠣᠷᠬᠠᠢ ᠲᠣᠭᠲᠠᠭ᠋ᠠᠭᠰᠠᠨ ᠪᠥᠭᠡᠳ ᠨᠢᠭᠡᠨᠲᠡ ᠪᠠᠶ᠋ᠢᠭᠤᠯᠤᠭᠰᠠᠨ ᠲᠥᠷᠥᠯ ᠵᠦᠢ᠍ᠯ᠎ᠢ ᠡᠮᠬᠢ ᠵᠢᠷᠤᠮ᠎ᠲᠠᠢ ᠪᠤᠴᠠᠭ᠋ᠠᠵᠤ ᠭᠠᠷᠭ᠋ᠠᠨ᠎ᠠ; ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠪᠣᠢ ᠪᠦᠬᠦᠢ ᠠᠭᠤᠷᠬᠠᠢ ᠵᠢᠨ ᠠᠵᠤ ᠠᠬᠤᠶ᠋ᠢᠯᠠᠯ᠎ᠤᠨ ᠠᠭᠤᠷᠬᠠᠢ ᠮᠠᠯᠲᠠᠵᠤ ᠬᠠᠶ᠋ᠢᠨ ᠪᠠᠶ᠋ᠢᠴᠠᠭ᠋ᠠᠬᠤ ᠠᠵᠢᠯᠯᠠᠭ᠎ᠠ ᠵᠢ᠎ᠨᠢ ᠵᠣᠭᠰᠣᠭ᠋ᠠᠪᠠ; ᠲᠠᠯ᠎ᠠ ᠨᠤᠲᠤᠭ᠎ᠤᠨ ᠵᠠᠳᠠᠭ᠋ᠠᠢ ᠠᠭᠤᠷᠬᠠᠢ ᠵᠢᠨ ᠵᠠᠰᠠᠯᠲᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠪᠡ᠃ ᠲᠣᠭᠲᠠᠭ᠋ᠠᠯ᠎ᠢ ᠵᠥᠷᠢᠴᠡᠵᠦ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠭᠰᠡᠨ 397 ᠵᠢᠭᠤᠯᠴᠢᠯᠠᠯ᠎ᠤᠨ ᠦᠵᠡᠮᠵᠢ ᠵᠢᠨ ᠣᠷᠣᠨ ᠭᠠᠵᠠᠷ᠎ᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠨ᠂ ᠬᠦᠢ᠍ᠲᠡᠨᠰᠢᠯᠢ ᠲᠠᠯ᠎ᠠ ᠨᠤᠲᠤᠭ᠎ᠤᠨ ᠬᠠᠮᠠᠭ᠋ᠠᠯᠠᠯᠲᠠ ᠵᠢᠨ ᠣᠷᠣᠨ᠎ᠳᠠᠬᠢ ᠰᠠᠯᠬᠢᠨ᠎ᠤ ᠬᠦᠴᠦ᠎ᠪᠠᠷ ᠴᠠᠬᠢᠯᠭ᠋ᠠᠨ ᠭᠠᠷᠭ᠋ᠠᠬᠤ ᠮᠠᠰᠢᠨ ᠪᠦᠯᠦᠭ᠎ᠢ ᠰᠠᠯᠭ᠋ᠠᠨ ᠵᠠᠳᠠᠯᠵᠤ ᠡᠬᠢᠯᠡᠪᠡ᠂ ᠡᠷᠢᠶᠠᠨᠭᠤᠪᠢ ᠵᠢᠨ ᠲᠠᠯ᠎ᠠ ᠨᠤᠲᠤᠭ᠎ᠲᠤ ᠲᠣᠭᠲᠠᠭ᠋ᠠᠯ᠎ᠢ ᠵᠥᠷᠢᠴᠡᠵᠦ ᠠᠲᠠᠷ ᠬᠠᠭ᠋ᠠᠯᠪᠤᠷᠢᠯᠠᠭᠰᠠᠨ ᠪᠠ ᠠᠭᠤᠷᠬᠠᠢ ᠨᠡᠭᠡᠭᠡᠭᠰᠡᠨ ᠵᠡᠷᠭᠡ ᠵᠢ ᠵᠠᠰᠠᠵᠤ ᠵᠦᠭᠰᠢᠷᠡᠭᠦᠯᠪᠡ᠃ 1372.6 ᠲᠦᠮᠡᠨ ᠮᠦ᠍ ᠣᠢ ᠵᠢ ᠲᠠᠷᠢᠵᠤ ᠣᠶ᠋ᠢᠵᠢᠭᠤᠯᠤᠭᠰᠠᠨ ᠪᠠ 1687.5 ᠲᠦᠮᠡᠨ ᠮᠦ᠍ ᠡᠪᠡᠰᠦ ᠲᠠᠷᠢᠵᠤ᠂ ᠶᠡᠭᠡ ᠬᠢᠩᠭ᠋ᠠᠨ ᠳᠠᠪᠠᠭ᠎ᠠ ᠵᠢᠴᠢ ᠡᠷᠭᠢᠨ ᠲᠣᠭᠤᠷᠢᠨ᠎ᠤ 60 ᠲᠦᠮᠡᠨ ᠮᠦ᠍ ᠭᠠᠵᠠᠷ ᠣᠷᠣᠨ᠎ᠳᠤ ᠲᠠᠷᠢᠶᠠᠯᠠᠬᠤ ᠵᠢ ᠵᠣᠭᠰᠣᠭ᠋ᠠᠵᠤ ᠣᠶ᠋ᠢᠵᠢᠭᠤᠯᠤᠭᠰᠠᠨ ᠪᠠ ᠡᠪᠡᠰᠦ ᠪᠡᠯᠴᠢᠭᠡᠷ᠎ᠢ ᠰᠡᠷᠭᠦᠭᠡᠵᠦ ᠨᠤᠭᠤ ᠭᠠᠵᠠᠷ ᠪᠣᠯᠭ᠋ᠠᠭᠰᠠᠨ ᠪᠠᠶ᠋ᠢᠨ᠎ᠠ᠃ ᠬᠠᠲᠤᠨ ᠭᠤᠣᠯ᠎ᠤᠨ ᠰᠠᠪᠠ ᠭᠠᠵᠠᠷ᠎ᠲᠤ ᠬᠥᠷᠥᠰᠥ ᠰᠢᠷᠣᠢ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ᠂ ᠨᠤᠭᠤ ᠭᠠᠵᠠᠷ᠎ᠤᠨ ᠠᠮᠢ ᠠᠬᠤᠢ ᠵᠢ ᠦᠩᠵᠢᠭᠦᠯᠦᠨ ᠰᠡᠷᠭᠦᠭᠡᠬᠦ ᠪᠠ ᠤᠰᠤᠨ ᠰᠤᠷᠪᠤᠯᠵᠢ ᠵᠢ ᠬᠠᠮᠠᠭ᠋ᠠᠯᠠᠵᠤ ᠪᠠᠲᠤᠯᠠᠨ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠪᠡ᠃ ᠤᠯᠠᠭ᠋ᠠᠨᠴᠠᠪ᠎ᠲᠠᠬᠢ ᠤᠯᠤᠰ᠎ᠤᠨ ᠭᠠᠵᠠᠷ ᠰᠢᠨᠵᠢᠯᠡᠭᠡᠨ᠎ᠤ ᠴᠡᠴᠡᠷᠯᠢᠭ ᠪᠠᠶ᠋ᠢᠭᠤᠯᠬᠤ ᠠᠵᠢᠯ ᠵᠥᠪᠰᠢᠶᠡᠷᠡᠯ ᠣᠯᠪᠠ᠃
   (ᠲᠤᠯᠤᠭ᠎ᠠ) ᠦᠭᠡᠷᠡᠴᠢᠯᠡᠯᠳᠡ ᠨᠡᠬᠡᠬᠡᠯᠳᠡ ᠤᠯᠠᠮ ᠨᠢᠭᠡ ᠠᠯᠬᠤᠮ ᠭᠦᠨᠵᠡᠭᠡᠶ᠋ᠢᠷᠡᠪᠡ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠳᠡ ᠵᠢ ᠦᠷᠭᠦᠯᠵᠢᠯᠡᠨ ᠠᠬᠢᠭᠤᠯᠵᠦ᠂ ᠠᠵᠦ ᠠᠬᠤᠶ᠋ᠢᠯᠠᠯ᠎ᠢ ᠡᠷᠬᠢᠯᠡᠨ ᠨᠡᠬᠡᠬᠡᠬᠦ ᠴᠠᠭ ᠪᠠ ᠦᠯᠦ ᠭᠦᠳᠡᠯᠬᠦ ᠭᠦᠷᠦᠩᠬᠡ ᠵᠢᠨ ᠳᠠᠩᠰᠠᠯᠠᠨ ᠲᠡᠮᠳᠡᠭᠯᠡᠬᠦ ᠴᠠᠭ᠎ᠢ ᠲᠤᠰ ᠪᠦᠷᠢ ᠪᠤᠭᠤᠨᠢᠰᠬᠠᠭ᠋ᠠᠳ 3 ᠪᠠ 5 ᠠᠵᠢᠯᠯᠠᠬᠤ ᠡᠳᠦᠷ᠎ᠤᠨ ᠲᠤᠳᠤᠷ᠎ᠠ ᠲᠠᠭᠤᠰᠬᠠᠬᠤ ᠪᠤᠯᠭ᠋ᠠᠵᠦ᠂ ᠠᠵᠦ ᠠᠬᠤᠶ᠋ᠢᠯᠠᠯ᠎ᠠᠴᠠ ᠪᠡᠯᠡ ᠤᠷᠤᠭᠤᠯᠤᠨᠨᠰᠠᠨ ᠲᠦᠷᠦᠯ᠎ᠤᠨ ᠪᠠᠷᠢᠯᠭ᠎ᠠ ᠵᠢᠨ ᠪᠦᠳᠦᠬᠡᠨ ᠪᠠᠶ᠋ᠢᠭᠤᠯᠬᠤ ᠲᠦᠷᠦᠯ ᠵᠦᠢ᠍ᠯ᠎ᠳᠤ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠵᠢ᠎ᠨᠢ ᠪᠤᠭᠤᠨᠢᠰᠬᠠᠭ᠋ᠠᠳ 75 ᠠᠵᠢᠯᠯᠠᠬᠤ ᠡᠳᠦᠷ᠎ᠤᠨ ᠲᠤᠳᠤᠷ᠎ᠠ ᠳᠠᠭᠤᠰᠬᠠᠬᠤ ᠪᠤᠯᠭ᠋ᠠᠪᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠰᠢᠯᠵᠢᠮᠡᠯ ᠬᠤᠯᠪᠤᠭ᠋ᠠᠨ᠎ᠤ ᠦᠵᠦᠭᠦᠷ 《ᠮᠦᠩᠬᠡ ᠰᠣᠪᠠᠭ》᠎ᠢ ᠵᠢᠩᠬᠢᠨᠢ᠎ᠪᠠᠷ ᠠᠵᠢᠯᠯᠠᠭᠤᠯᠵᠦ᠂ ᠦᠪᠡᠷᠳᠡᠬᠡᠨ ᠵᠠᠰᠠᠬᠤ ᠤᠷᠤᠨ᠎ᠤ ᠲᠤᠰ ᠱᠠᠳᠤᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠤᠨ ᠰᠦᠯᠵᠢᠶ᠎ᠡ᠎ᠪᠠᠷ ᠭᠦᠢ᠍ᠴᠡᠳᠬᠡᠭᠰᠡᠨ ᠨᠤᠷᠮ᠎ᠠ 91%᠎ᠳᠤ ᠬᠦᠷᠪᠡ᠃ ᠠᠷᠠᠳ᠎ᠠᠴᠠ ᠡᠵᠡᠩᠨᠡᠭᠰᠡᠨ ᠠᠵᠦ ᠠᠬᠤᠢ᠍ᠢ᠍ᠯᠠᠯ᠎ᠤᠨ ᠦᠬᠡᠷᠡᠴᠢᠯᠡᠯᠳᠡ ᠭᠦᠭᠵᠢᠯᠳᠡ ᠵᠢ ᠲᠡᠮᠵᠢᠬᠦ 24 ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠠᠷᠠᠳ᠎ᠠᠴᠠ ᠡᠵᠡᠩᠨᠡᠭᠰᠡᠨ ᠠᠵᠦ ᠠᠬᠤᠢ ᠵᠢᠨ ᠵᠠᠬ᠎ᠠ ᠲᠡᠯᠬᠡᠭᠦᠷ᠎ᠤᠨ ᠭᠤᠤᠯ ᠴᠤᠨᠨᠴᠠ ᠵᠢᠨ ᠡᠵᠡᠯᠡᠬᠦ ᠬᠤᠪᠢ ᠵᠢᠨ ᠵᠢᠩ 97.4%᠎ᠳᠤ ᠬᠦᠷᠪᠡ᠃ ᠦᠪᠡᠷᠳᠡᠬᠡᠨ ᠵᠠᠰᠠᠬᠤ ᠤᠷᠤᠨ᠎ᠤ ᠲᠤᠰ ᠱᠠᠳᠤᠨ᠎ᠤ ᠡᠵᠡᠩᠨᠡᠯᠳᠡ ᠵᠢᠨ ᠴᠢᠨᠠᠷᠳᠠᠢ ᠤᠯᠤᠰ᠎ᠤᠨ ᠦᠮᠴᠢᠯᠡᠯᠳᠦ ᠡᠳ᠋ ᠭᠦᠷᠦᠩᠬᠡ᠎ᠳᠤ ᠲᠦᠪᠯᠡᠷᠡᠩᠬᠦᠢ ᠨᠢᠬᠡᠳᠦᠯᠳᠡᠢ ᠬᠢᠨᠠᠯᠳᠠ ᠬᠠᠮᠢᠶᠠᠷᠤᠯᠳᠠ ᠬᠢᠬᠦ ᠵᠢ ᠦᠨᠳᠦᠰᠦᠨ᠎ᠳᠡᠭᠡᠨ ᠪᠡᠶᠡᠯᠡᠬᠦᠯᠵᠦ᠂ ᠨᠡᠭᠦᠷᠡᠰᠦ ᠵᠡᠷᠬᠡ ᠠᠭᠤᠷᠬᠠᠢ ᠵᠢᠨ ᠦᠢ᠍ᠯᠡᠰ᠎ᠤᠨ ᠡᠬᠢ ᠪᠠᠶᠠᠯᠢᠭ᠎ᠲᠤ ᠵᠠᠬ᠎ᠠ ᠲᠡᠯᠬᠡᠭᠦᠷᠴᠢᠯᠡᠨ ᠲᠦᠯᠦᠪᠦᠷᠢᠳᠡᠢ ᠰᠢᠯᠵᠢᠬᠦᠯᠬᠦ ᠵᠢ ᠪᠦᠭᠦ ᠲᠠᠯ᠎ᠠ᠎ᠪᠠᠷ ᠭᠡᠷᠡᠭᠵᠢᠬᠦᠯᠪᠡ᠃ ᠮᠠᠯᠵᠢᠬᠤ ᠲᠠᠷᠢᠶᠠᠯᠠᠬᠤ ᠤᠷᠤᠨ᠎ᠤ ᠬᠠᠮᠳᠤ ᠵᠢᠨ ᠦᠮᠴᠢᠯᠡᠯ᠎ᠤᠨ ᠡᠷᠬᠡ ᠵᠢᠨ ᠲᠦᠷᠢᠮ᠎ᠤᠨ ᠦᠭᠡᠷᠡᠴᠢᠯᠡᠯᠳᠡ ᠵᠢ ᠤᠷᠤᠨᠨᠰᠢᠳᠠᠢ ᠠᠬᠢᠭᠤᠯᠵᠦ᠂ ᠤᠯᠤᠰ᠎ᠤᠨ ᠦᠮᠴᠢᠯᠡᠯᠳᠦ ᠰᠢᠭᠤᠶ᠋ᠢᠳᠤ ᠤᠷᠤᠨ᠎ᠤ ᠦᠭᠡᠷᠡᠴᠢᠯᠡᠯᠳᠡ ᠤᠯᠤᠰ᠎ᠤᠨ ᠰᠢᠯᠭ᠋ᠠᠨ ᠬᠤᠷᠢᠶᠠᠵᠦ ᠠᠪᠬᠤ᠎ᠳᠤ ᠬᠢᠷᠢ ᠲᠡᠩᠴᠡᠪᠡ᠃
    ᠭᠠᠳᠠᠭ᠋ᠠᠳᠣ ᠠᠷᠠᠯᠵᠢᠶ᠎ᠡ ᠵᠢ ᠲᠤᠨᠨᠳᠠᠪᠤᠷᠢᠵᠢᠭᠤᠯᠬᠤ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠦ᠂ ᠬᠢᠯᠢ ᠵᠢᠨ ᠪᠤᠭᠤᠮᠳᠠ᠎ᠪᠠᠷ ᠨᠡᠪᠳᠡᠷᠡᠬᠦ ᠴᠠᠭ᠎ᠢ᠎ᠨᠢ ᠪᠤᠭᠤᠨᠢᠰᠬᠠᠨ᠂ ᠪᠤᠭᠤᠮᠳᠠ᠎ᠪᠠᠷ ᠨᠡᠪᠳᠡᠷᠡᠬᠦ ᠦᠪᠡᠷ᠎ᠤᠨ ᠦᠷᠲᠡᠭ᠎ᠢ᠎ᠨᠢ ᠪᠠᠭᠤᠷᠠᠭᠤᠯᠪᠠ᠃ ᠬᠢᠯᠢ ᠵᠢᠨ ᠪᠤᠭᠤᠮᠳᠠ ᠵᠢᠨ ᠠᠵᠦ ᠠᠬᠤᠢ ᠬᠢᠬᠡᠳ ᠲᠤᠳᠤᠷ᠎ᠠ ᠭᠠᠵᠠᠷ᠎ᠤᠨ ᠡᠳ᠋ᠰᠢᠬᠦᠯᠦᠨ ᠪᠤᠯᠪᠠᠰᠤᠷᠠᠭᠤᠯᠬᠤ ᠦᠢ᠍ᠯᠡᠰ᠂ ᠣᠳᠣ ᠦᠶ᠎ᠡ ᠵᠢᠨ ᠪᠠᠷᠠᠭ᠋ᠠᠨ᠎ᠤ ᠭᠦᠢ᠍ᠯᠬᠡᠬᠡ ᠵᠢᠨ ᠦᠢ᠍ᠯᠡᠰ᠎ᠤᠨ ᠭᠦᠨᠵᠡᠬᠡᠢ ᠠᠭᠤᠰᠤᠯᠴᠠᠬᠤ ᠵᠢ ᠠᠬᠢᠭᠤᠯᠪᠠ᠃ ᠮᠠᠨ᠎ᠤ ᠤᠷᠤᠨ᠎ᠠᠴᠠ ᠠᠶᠠᠯᠠᠯ ᠵᠶ᠋ᠠᠨ ᠡᠬᠢᠯᠡᠬᠦᠯᠦᠭᠰᠡᠨ ᠲᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠳᠣ ᠲᠡᠷᠭᠡᠨ᠎ᠤ ᠡᠭᠡᠯᠵᠢ 15.4% ᠨᠡᠮᠡᠭᠳᠡᠵᠦ᠂ ᠪᠤᠴᠠᠬᠤ ᠡᠭᠡᠯᠵᠢ᠎ᠪᠠᠷ ᠲᠡᠭᠡᠭᠡᠪᠦᠷᠢᠯᠡᠬᠦ ᠡᠳ᠋ ᠪᠠᠷᠠᠭ᠋ᠠᠨ᠎ᠤ ᠲᠦᠷᠦᠯ ᠵᠦᠢ᠍ᠯ ᠳᠠᠰᠤᠷᠠᠯᠳᠠ ᠦᠬᠡᠢ ᠨᠡᠮᠡᠭᠳᠡᠪᠡ᠃ ᠪᠤᠭᠤᠳᠤ ᠵᠢᠨ ᠭᠠᠶ᠋ᠢᠯᠢ ᠪᠠᠲᠤᠯᠠᠬᠤ ᠪᠠᠷᠠᠭ᠋ᠠᠨ᠎ᠤ ᠭᠦᠢ᠍ᠯᠭᠡᠭᠡ ᠵᠢᠨ ᠲᠦᠪ᠂ ᠤᠯᠠᠭ᠋ᠠᠨᠴᠠᠪ᠎ᠤᠨ ᠲᠤᠯᠤᠳᠤᠭ᠋ᠠᠷ ᠰᠤᠮᠤ ᠵᠢᠨ ᠭᠠᠶ᠋ᠢᠯᠢ ᠪᠠᠳᠣᠯᠠᠬᠤ ᠪᠠᠷᠠᠭ᠋ᠠᠨ᠎ᠤ ᠭᠦᠢ᠍ᠯᠬᠡᠬᠡ ᠵᠢᠨ ᠲᠦᠪ᠎ᠤᠳ᠎ᠨᠢ ᠪᠤᠭᠤᠮᠳᠠ ᠵᠢᠨ ᠪᠢᠲᠡᠭᠦᠮᠵᠢᠯᠡᠨ ᠰᠢᠯᠵᠢᠭᠦᠯᠵᠦ ᠬᠦᠯᠢᠶᠡᠨ ᠠᠪᠴᠦ ᠨᠡᠭᠡᠭᠡᠬᠦ ᠠᠵᠢᠯᠯᠠᠭ᠋ᠠᠨ᠎ᠲᠠᠢ ᠪᠤᠯᠵᠦ᠂ ᠮᠠᠨᠵᠤᠤᠷ᠎ᠲᠠᠬᠢ ᠤᠯᠤᠰ᠎ᠤᠨ ᠬᠢᠯᠢ ᠠᠯᠤᠰᠯᠬᠠᠰᠠᠨ ᠡᠯᠸᠺᠲᠷᠦᠨ ᠬᠤᠳᠠᠯᠳᠤᠭ᠋ᠠᠨ᠎ᠤ ᠶᠠᠪᠣᠳᠠᠯ᠎ᠤᠨ ᠶᠡᠷᠦᠩᠬᠡᠶ᠋ᠢᠯᠡᠭᠰᠡᠨ ᠲᠤᠷᠰᠢᠯᠳᠠ ᠵᠢᠨ ᠲᠣᠭᠤᠷᠢᠭ ᠵᠦᠪᠰᠢᠶᠡᠷᠡᠭᠳᠡᠪᠡ᠃ ᠠᠷᠠᠪ᠎ᠤᠨ ᠬᠤᠯᠪᠤᠭ᠋ᠠᠳᠣ ᠠᠬᠠᠮᠠᠳᠳᠣ ᠣᠯᠣᠰ ᠪᠠ ᠤᠯᠠᠭ᠋ᠠᠨᠬᠠᠳᠠ ᠵᠢᠨ 《ᠨᠢᠭᠡ ᠪᠦᠰᠡ ᠨᠢᠭᠡ ᠵᠠᠮ》᠎ᠤᠨ ᠮᠠᠯ ᠪᠡᠯᠴᠢᠭᠡᠷ ᠠᠷᠠᠴᠢᠯᠠᠬᠤ ᠠᠵᠢᠯ᠎ᠢ ᠨᠢᠭᠡ ᠴᠤᠨᠨᠴᠠᠵᠢᠭᠤᠯᠬᠤ ᠲᠦᠷᠦᠯ ᠵᠦᠢ᠍ᠯ᠂ ᠢᠰᠷᠧᠯ ᠪᠠ ᠪᠠᠶᠠᠨᠨᠠᠭᠤᠷ᠎ᠤᠨ ᠣᠳᠣ ᠦᠶ᠎ᠡ ᠵᠢᠨ ᠲᠠᠷᠢᠶᠠᠯᠠᠩ᠎ᠤᠨ ᠠᠵᠦ ᠦᠢ᠍ᠯᠡᠰ᠎ᠤᠨ ᠭᠦᠷᠢᠶᠡᠯᠡᠩ᠎ᠤᠨ ᠪᠠᠶ᠋ᠢᠭᠤᠯᠤᠯᠳᠠ ᠵᠢ ᠡᠮᠬᠢ ᠵᠢᠷᠤᠮ᠎ᠲᠠᠢ ᠠᠬᠢᠭᠤᠯᠪᠠ᠃
    ᠳᠤᠮᠳᠠᠳᠤ ᠤᠯᠤᠰ᠎ᠤᠨ ᠭᠤᠮᠢᠨᠳᠠᠩ ᠨᠠᠮ᠎ᠤᠨ ᠬᠤᠪᠢᠰᠬᠠᠯᠲᠤ ᠲᠦᠪ ᠬᠤᠷᠢᠶ᠎ᠠ᠎ᠯᠤᠭ᠎ᠠ ᠬᠤᠳᠠᠯᠳᠤᠭ᠋ᠠᠴᠢᠨ ᠤᠷᠢᠵᠦ ᠪᠡᠯᠡ ᠤᠷᠤᠭᠤᠯᠬᠤ ᠠᠵᠢᠯ᠎ᠢ ᠬᠠᠮᠲᠤᠷᠠᠯᠴᠠᠨ ᠦᠷᠨᠢᠭᠦᠯᠵᠦ᠂ ᠳᠤᠮᠳᠠᠳᠤ ᠤᠯᠤᠰ᠎ᠤᠨ ᠣᠩᠭᠤᠴᠠᠨ᠎ᠤ ᠪᠦᠯᠦᠭᠯᠡᠯ᠂ ᠵᠦᠩ ᠰᠢᠨ ᠪᠦᠯᠦᠭᠯᠡᠯ ᠪᠠ ᠱᠠᠩᠬᠠᠢ ᠵᠢᠨ ᠲᠡᠮᠲᠡᠭᠲᠦ ᠵᠢᠨ ᠠᠷᠠᠯᠵᠢᠶᠠᠨ᠎ᠤ ᠭᠠᠵᠠᠷ ᠵᠡᠷᠭᠡ᠎ᠯᠦᠭᠡ ᠪᠠᠶ᠋ᠢᠯᠳᠤᠬᠤ ᠪᠣᠳᠣᠯᠭ᠎ᠠ ᠵᠢᠨ ᠲᠠᠯ᠎ᠠ᠎ᠪᠠᠷ ᠬᠠᠮᠲᠤᠷᠠᠨ ᠠᠵᠢᠯᠯᠠᠪᠡ᠃
   (ᠨᠠᠢ᠍ᠮᠠ) ᠠᠷᠠᠳ᠎ᠤᠨ ᠠᠮᠢᠳᠣᠷᠠᠯ᠎ᠢ ᠭᠦᠴᠦᠯᠡᠨ ᠪᠠᠳᠣᠯᠠᠪᠠ᠃ ᠬᠤᠳᠠ ᠭᠦᠳᠡᠭᠡ ᠵᠢᠨ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠭᠦᠮᠦᠨ ᠲᠤᠮᠳᠠᠴᠢ ᠵᠢᠨ ᠡᠵᠡᠮᠳᠡᠨ ᠭᠡᠷᠡᠭᠯᠡᠵᠦ ᠪᠣᠯᠬᠤ ᠣᠷᠣᠯᠭ᠎ᠠ ᠵᠢ ᠲᠣᠰ ᠲᠣᠰ 1.4% ᠪᠠ 8.4% ᠨᠡᠮᠡᠭᠳᠡᠬᠦᠯᠵᠦ᠂ ᠮᠠᠯᠴᠢᠨ ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠬᠦ ᠬᠤᠷᠳᠤᠴᠠ᠎ᠨᠢ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ 1.5 ᠵᠠᠭᠤᠨ᠎ᠤ ᠴᠡᠭ ᠳᠡᠭᠡᠭᠰᠢᠯᠡᠨ᠂ ᠰᠠᠭᠤᠭ᠋ᠠᠯᠢ ᠠᠷᠠᠳ᠎ᠤᠨ ᠭᠡᠷᠡᠭᠯᠡᠭᠡ ᠵᠢᠨ ᠦᠨ᠎ᠡ ᠬᠠᠩᠰᠢ ᠵᠢᠨ ᠦᠰᠦᠯᠲᠡ ᠵᠢᠨ ᠬᠡᠮᠵᠢᠶ᠎ᠡ᠎ᠨᠢ ᠬᠢᠵᠠᠭ᠋ᠠᠷᠯᠠᠬᠤ ᠬᠠᠷᠠᠯᠲᠠ᠎ᠠᠴᠠ ᠲᠣᠣᠷ᠎ᠠ ᠪᠣᠯᠪᠠ᠃ ᠠᠵᠦ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠨᠠᠰᠣᠵᠢᠯ᠎ᠤᠨ ᠳᠠᠭ᠋ᠠᠳᠬᠠᠯ᠂ ᠠᠵᠢᠯ᠎ᠠᠴᠠ ᠪᠣᠯᠣᠨᠨᠰᠠᠨ ᠬᠡᠮᠳᠦᠯ᠎ᠤᠨ ᠳᠠᠭ᠋ᠠᠳᠬᠠᠯ᠎ᠤᠨ ᠲᠠᠯ᠎ᠠ᠎ᠳᠤ ᠦᠪᠡᠷᠳᠡᠬᠡᠨ ᠵᠠᠰᠠᠬᠤ ᠤᠷᠤᠨ᠎ᠤ ᠱᠠᠲᠤᠨ᠎ᠳᠤ ᠨᠢᠭᠡᠳᠦᠯᠳᠡᠢ ᠲᠦᠯᠦᠪᠯᠡᠬᠦ ᠵᠢ ᠪᠡᠶᠡᠯᠡᠬᠦᠯᠵᠦ᠂ ᠠᠵᠢᠯ᠎ᠠᠴᠠ᠎ᠪᠠᠨ ᠪᠠᠭᠤᠵᠦ ᠠᠮᠠᠷᠬᠠᠰᠠᠳ᠎ᠤᠨ ᠨᠠᠰᠣᠵᠢᠯ᠎ᠤᠨ ᠮᠦᠩᠬᠦ᠂ ᠬᠤᠳᠠ ᠭᠦᠳᠡᠭᠡ ᠵᠢᠨ ᠨᠠᠭ᠋ᠠᠳᠣ ᠵᠠᠬ᠎ᠠ ᠵᠢᠨ ᠪᠠᠳᠣᠯᠠᠭ᠎ᠠ᠂ ᠬᠢᠯᠢ ᠵᠢᠨ ᠠᠷᠠᠳ᠎ᠤᠨ ᠨᠡᠮᠡᠭᠦᠷᠢ ᠪᠠ ᠣᠨᠴᠠ ᠭᠦᠴᠢᠷᠳᠡᠯᠳᠡᠢ ᠭᠦᠮᠦᠰ᠎ᠢ ᠲᠡᠩᠬᠡᠷᠡᠭᠦᠯᠦᠨ ᠲᠤᠰᠠᠯᠠᠵᠤ ᠲᠡᠳᠭᠦᠨ ᠬᠠᠷᠠᠭ᠋ᠠᠯᠵᠠᠬᠤ ᠪᠠᠷᠢᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠬᠦᠯᠦᠨ᠂ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠳᠤ ᠤᠷᠤᠯᠴᠬᠠᠰᠠᠨ ᠨᠤᠷᠮ᠎ᠠ 95% ᠪᠣᠯᠪᠠ᠃ ᠬᠤᠳᠠ ᠵᠢᠨ ᠡᠮᠴᠢᠯᠡᠬᠡᠨ᠎ᠤ ᠪᠦᠯᠦᠭᠯᠡᠯ᠂ ᠬᠤᠰᠢᠭᠤ ᠰᠢᠶᠠᠨ᠎ᠤ ᠬᠡᠪᠴᠢᠶᠡᠨ᠎ᠳᠠᠬᠢ ᠡᠮᠴᠢᠯᠡᠬᠡᠨ᠎ᠤ ᠬᠠᠮᠳᠤ ᠴᠣᠨᠨᠴᠠ ᠵᠢᠨ ᠪᠦᠳᠦᠬᠡᠨ ᠪᠠᠶ᠋ᠢᠭᠤᠯᠤᠯᠳᠠ ᠪᠠ ᠱᠠᠳᠣ ᠬᠤᠪᠢᠶᠠᠨ ᠤᠨᠤᠰᠢᠯᠠᠨ ᠡᠮᠨᠡᠬᠦ ᠠᠵᠢᠯ᠎ᠢ ᠲᠦᠷᠬᠡᠳᠬᠡᠨ ᠠᠬᠢᠭᠤᠯᠵᠦ᠂ ᠠᠯᠤᠰ ᠡᠮᠴᠢᠯᠡᠬᠡᠨ᠎ᠤ ᠰᠢᠰᠲ᠋ᠧᠮ᠎ᠤᠨ ᠬᠠᠮᠤᠷᠬᠤ ᠬᠡᠪᠴᠢᠶ᠎ᠡ ᠦᠷᠭᠦᠯᠵᠢᠯᠡᠨ ᠦᠷᠬᠡᠵᠢᠪᠡ᠃
    ᠲᠦᠭᠡᠮᠡᠯ ᠬᠠᠷᠠᠭ᠋ᠠᠯᠵᠠᠬᠤ ᠴᠢᠨᠠᠷᠳᠠᠢ ᠬᠡᠤᠬᠡᠳ᠎ᠤᠨ ᠴᠡᠴᠡᠷᠯᠢᠭ᠎ᠢ ᠪᠦᠷᠬᠦᠨ ᠬᠠᠮᠤᠷᠤᠭᠤᠯᠬᠤ ᠨᠤᠷᠮ᠎ᠠ ᠳᠡᠭᠡᠭᠰᠢᠯᠡᠬᠡᠳ 85.5%᠎ᠳᠤ ᠭᠦᠷᠴᠤ᠂ ᠠᠯᠪᠠᠨ ᠵᠢᠷᠤᠮ᠎ᠤᠨ ᠰᠤᠷᠭ᠋ᠠᠨ ᠭᠦᠮᠦᠵᠢᠯ᠎ᠤᠨ ᠱᠠᠳᠤᠨ᠎ᠤ 《ᠰᠤᠷᠤᠨᠨᠴᠢ ᠵᠢᠨ ᠲᠤᠭ᠎ᠠ ᠬᠡᠲᠦᠷᠡᠭᠰᠡᠨ ᠠᠩᠭᠢ》 ᠵᠢᠨ ᠠᠰᠠᠭᠤᠳᠠᠯ᠎ᠢ ᠪᠦᠳᠦᠮᠵᠢᠳᠡᠢ ᠰᠢᠢ᠍ᠳᠪᠦᠷᠢᠯᠡᠪᠡ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠦᠮᠦᠵᠢᠯ᠎ᠢ ᠴᠢᠩᠭ᠋ᠠᠳᠬᠠᠵᠤ᠂ ᠤᠯᠤᠰ᠎ᠤᠨ ᠨᠢᠬᠡᠳᠦᠯᠳᠡᠢ ᠨᠠᠶ᠋ᠢᠷᠠᠭᠤᠯᠤᠨᠨᠰᠠᠨ ᠵᠢᠭ᠋ᠠᠬᠤ ᠮᠠᠲ᠋ᠧᠷᠢᠶᠠᠯ ᠭᠡᠷᠡᠭᠯᠡᠬᠦ ᠠᠵᠢᠯ᠎ᠢ ᠬᠡᠷᠡᠭᠵᠢᠭᠦᠯᠪᠡ᠃ ᠲᠡᠭᠡᠳᠦ ᠵᠡᠷᠭᠡ ᠵᠢᠨ ᠰᠤᠷᠭ᠋ᠠᠨ ᠭᠦᠮᠦᠵᠢᠯ᠎ᠤᠨ 43 ᠲᠤᠰᠬᠠᠢ ᠮᠡᠷᠬᠡᠵᠢᠯ᠎ᠨᠢ ᠤᠯᠤᠰ᠎ᠤᠨ ᠲᠡᠰ᠎ᠤᠨ ᠲᠡᠷᠢᠬᠦᠨ ᠲᠡᠰ᠎ᠤᠨ ᠲᠤᠰᠬᠠᠢ ᠮᠡᠷᠬᠡᠵᠢᠯ᠎ᠳᠤ ᠰᠣᠩᠭᠤᠨᠨᠳᠠᠨ ᠤᠷᠤᠪᠠ᠃ 30 ᠲᠦᠮᠡ ᠭᠠᠷᠤᠢ ᠭᠦᠮᠦᠨ ᠠᠮᠠ᠎ᠲᠠᠢ ᠬᠤᠰᠢᠭᠤ ᠰᠢᠶᠠᠨ ᠪᠣᠯᠭ᠋ᠠᠨ᠎ᠳᠤ ᠤᠨᠴᠠᠭ᠋ᠠᠢ ᠰᠤᠷᠭ᠋ᠠᠨ ᠭᠦᠮᠦᠵᠢᠯ᠎ᠤᠨ ᠰᠤᠷᠭ᠋ᠠᠭᠤᠯᠢ᠎ᠲᠠᠢ ᠪᠣᠯᠭ᠋ᠠᠪᠠ᠃
    ᠣᠯᠠᠭ᠋ᠠᠨᠮᠦ᠋ᠴᠢᠷ᠎ᠤᠨ ᠠᠵᠢᠯ ᠦᠢ᠍ᠯᠡᠰ᠎ᠤᠨ ᠤᠷᠳᠤᠪᠳᠤᠷ ᠪᠠ ᠤᠷᠳᠤ ᠬᠤᠭᠤᠴᠠᠭ᠋ᠠᠨ᠎ᠤ ᠭᠦᠭᠵᠢᠯᠳᠡ ᠵᠢᠨ ᠲᠦᠯᠦᠪᠵᠢᠬᠦᠯᠬᠡ ᠵᠢ ᠲᠤᠨᠨᠳᠠᠭ᠋ᠠᠵᠦ᠂ ᠣᠯᠠᠭ᠋ᠠᠨᠮᠦ᠋ᠴᠢᠷ᠎ᠤᠨ ᠤᠤᠭ᠋ᠠᠨ ᠰᠤᠩᠭᠤᠳᠠᠭ ᠪᠦᠳᠦᠬᠡᠯ᠎ᠤᠨ ᠤᠯᠠᠮᠵᠢᠯᠠᠨ ᠵᠠᠯᠭ᠋ᠠᠮᠵᠢᠯᠠᠬᠤ ᠢᠨᠵᠧᠨᠧᠷᠢᠩ᠎ᠢ ᠡᠬᠢᠯᠡᠬᠦᠯᠦᠨ᠂ 《ᠣᠯᠠᠭ᠋ᠠᠨᠮᠦ᠋ᠴᠢᠷ᠎ᠤᠨ ᠠᠵᠢᠯᠯᠠᠭ᠎ᠠ ᠵᠢᠨ ᠰᠠᠷ᠎ᠠ》 ᠵᠢ ᠦᠷᠨᠢᠬᠦᠯᠪᠡ᠃ ᠯᠢᠶᠤᠤ ᠤᠯᠤᠰ᠎ᠤᠨ ᠦᠶ᠎ᠡ ᠵᠢᠨ ᠡᠤ ᠠᠨ ᠵᠸᠤ ᠵᠢᠨ ᠰᠣᠪᠤᠷᠭ᠎ᠠ᠂ ᠠᠷᠵᠠᠢ ᠠᠭᠤᠢ ᠵᠡᠷᠭᠡ ᠭᠤᠣᠯᠳᠠᠯᠭ᠎ᠠ᠎ᠲᠠᠢ ᠲᠡᠤᠬᠡ ᠵᠢᠨ ᠲᠤᠷᠠᠰᠬᠠᠯᠳᠤ ᠵᠦᠢ᠍ᠯᠡᠰ᠎ᠲᠤ ᠬᠠᠮᠠᠭ᠋ᠠᠯᠠᠵᠦ ᠰᠡᠯᠪᠢᠨ ᠵᠠᠰᠠᠬᠤ ᠢᠨᠵᠧᠨᠧᠷᠢᠩ᠎ᠢ ᠭᠡᠷᠡᠭᠵᠢᠬᠦᠯᠪᠡ᠃ ᠶᠡᠷᠦᠩᠬᠡᠢ ᠭᠦᠮᠦᠨ ᠠᠮᠠ ᠵᠢᠨ 99.7%᠎ᠨᠢ ᠷᠠᠳᠢᠣ᠋ ᠲᠧᠯᠸᠢᠰ᠎ᠢ ᠬᠦᠯᠢᠶᠡᠨ ᠠᠪᠴᠦ ᠰᠤᠨᠤᠰᠬᠤ ᠪᠠ ᠦᠵᠡᠵᠦ ᠴᠢᠳᠠᠬᠤ ᠪᠣᠯᠪᠠ᠃ ᠤᠷᠴᠤᠨ ᠬᠡᠯᠡ᠂ ᠲᠠᠭᠤᠷ ᠬᠡᠯᠡᠨ᠎ᠤ ᠪᠠᠶ᠋ᠢᠩᠭᠤ ᠬᠡᠷᠡᠭᠯᠡᠭᠳᠡᠬᠦ ᠦᠭᠡᠨ᠎ᠤ ᠠᠪᠢᠶᠠᠨ᠎ᠤ ᠲᠣᠯᠢ ᠵᠢ ᠬᠡᠪᠯᠡᠪᠡ᠃ ᠪᠦᠭᠦ ᠤᠯᠤᠰ᠎ᠤᠨ ᠠᠵᠢᠯ ᠮᠡᠷᠬᠡᠵᠢᠯ᠎ᠤᠨ ᠬᠤᠯᠪᠤᠭ᠋ᠠᠳᠤ ᠤᠷᠤᠯᠳᠤᠭ᠋ᠠᠨ᠎ᠳᠤ ᠦᠪᠦᠷ ᠮᠤᠩᠭᠤᠯ᠎ᠤᠨ ᠭᠦᠳᠡᠭᠡ ᠲᠤᠰᠬᠤᠨ᠎ᠤ ᠢᠳᠡᠬᠡᠮᠵᠢ ᠵᠢᠨ ᠬᠤᠷᠰᠢᠶᠠᠨ᠎ᠤ ᠡᠮᠡᠭᠳᠡᠢ ᠵᠢᠨ ᠰᠬᠠᠰᠣᠨ ᠪᠦᠮᠪᠦᠭᠡ ᠵᠢᠨ ᠠᠩᠭᠢ᠎ᠨᠢ ᠠᠩᠬ᠎ᠠ ᠤᠳᠠᠭ᠎ᠠ ᠮᠠᠩᠯᠠᠶ᠋ᠢᠯᠠᠪᠠ᠃ ᠬᠦᠯ ᠪᠦᠮᠪᠦᠭᠡ ᠵᠢᠨ ᠬᠦᠳᠡᠯᠭᠡᠭᠡᠨ᠎ᠤ ᠦᠭᠡᠷᠡᠴᠢᠯᠡᠯᠲᠡ ᠵᠢᠨ ᠲᠣᠷᠰᠢᠯᠲᠠ ᠵᠢᠨ ᠴᠡᠭ᠎ᠤᠨ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠪᠡ᠃
    ᠬᠤᠳᠠ ᠵᠢᠨ ᠨᠠᠷᠢᠯᠢᠨᠨᠵᠢᠯ ᠬᠠᠮᠢᠶᠠᠷᠤᠯᠳᠠ ᠵᠢᠨ ᠲᠦᠪᠰᠢᠨ ᠤᠯᠠᠮ ᠨᠢᠭᠡ ᠠᠯᠬᠤᠮ ᠲᠡᠭᠡᠭᠰᠢᠯᠡᠪᠡ᠃ ᠬᠤᠳᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠤᠷᠢᠭ᠎ᠲᠠᠬᠢ 20.6 ᠲᠦᠮᠡᠨ ᠡᠷᠦᠭᠡ ᠵᠢ ᠦᠭᠡᠷᠡᠴᠢᠯᠡᠨ ᠰᠢᠨᠡᠳᠭᠡᠵᠦ᠂ ᠳᠦᠭᠦᠮ ᠪᠦᠲᠦᠴᠡᠲᠦ ᠣᠷᠣᠨ ᠰᠠᠭᠤᠴᠠ ᠵᠢᠨ ᠲᠣᠭᠤᠷᠢᠭ᠎ᠤᠨ 2.6 ᠲᠦᠮᠡᠨ ᠢᠵᠢ ᠭᠡᠷ ᠪᠠᠶ᠋ᠢᠰᠢᠩ᠎ᠢ ᠦᠭᠡᠷᠡᠴᠢᠯᠡᠨ ᠰᠢᠨᠡᠳᠭᠡᠪᠡ᠃ 2776 ᠲᠦᠷᠦᠯ ᠵᠦᠢ᠍ᠯ᠂ 133.4 ᠲᠦᠮᠡᠨ ᠢᠵᠢ ᠭᠡᠷ ᠪᠠᠶ᠋ᠢᠰᠢᠩ ᠭᠠᠵᠠᠷ ᠭᠦᠷᠦᠩᠬᠡ ᠵᠢᠨ ᠦᠯᠡᠳᠡᠭᠳᠡᠯ ᠠᠰᠠᠭᠤᠳᠠᠯ᠎ᠢ ᠰᠢᠢ᠍ᠳᠪᠦᠷᠢᠯᠡᠪᠡ᠃ ᠮᠠᠯᠴᠢᠨ ᠲᠠᠷᠢᠶᠠᠴᠢᠨ ᠬᠦᠴᠦ ᠶᠠᠪᠤᠨᠨᠰᠠᠳ᠎ᠲᠤ ᠦᠷᠢᠲᠦᠵᠦ ᠪᠠᠶ᠋ᠢᠬᠰᠠᠨ ᠴᠠᠯᠢᠩ᠎ᠤᠨ ᠠᠰᠠᠭᠤᠳᠠᠯ᠎ᠢ ᠪᠦᠳᠦᠮᠵᠢᠳᠡᠢ ᠴᠡᠭᠴᠡᠯᠡᠪᠡ᠃
    ᠠᠮᠤᠭᠤᠯᠠᠩᠲᠤ ᠦᠪᠦᠷ ᠮᠤᠩᠭᠤᠯ᠎ᠤᠨ ᠪᠦᠳᠦᠬᠡᠨ ᠪᠠᠶ᠋ᠢᠭᠤᠯᠤᠯᠳᠠ ᠵᠢ ᠠᠬᠢᠭᠤᠯᠵᠤ᠂ ᠬᠠᠷ᠎ᠠ ᠪᠦᠯᠦᠭᠳᠡᠨ ᠬᠠᠷᠬᠢᠰ ᠭᠦᠴᠦᠨ᠎ᠢ ᠠᠷᠢᠯᠭ᠋ᠠᠬᠤ ᠲᠤᠰᠬᠠᠢ ᠲᠡᠮᠡᠴᠡᠯ ᠲᠠᠭᠦᠰ ᠠᠮᠵᠢᠯᠲᠠ᠎ᠲᠠᠢ ᠳᠠᠭᠤᠰᠪᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠴᠦᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠠᠯ᠎ᠠ ᠨᠤᠲᠤᠭ ᠣᠢ ᠰᠢᠭᠤᠢ ᠵᠢᠨ ᠭᠠᠯ ᠲᠦᠢ᠍ᠮᠡᠷ᠎ᠢ ᠰᠡᠷᠭᠡᠶ᠋ᠢᠯᠡᠬᠦ ᠲᠤᠨᠤᠭ ᠲᠥᠭᠦᠭᠡᠷᠦᠮᠵᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠪᠡ᠃ ᠨᠡᠭᠦᠷᠡᠰᠦᠨ᠎ᠤ ᠠᠭᠤᠷᠬᠠᠢ᠂ ᠠᠶᠤᠯᠲᠠᠢ ᠬᠢᠮᠢ ᠵᠢᠨ ᠪᠤᠳᠠᠰ ᠵᠡᠷᠭᠡ ᠭᠤᠣᠯᠳᠠᠯᠭ᠎ᠠ᠎ᠲᠠᠢ ᠠᠵᠢᠯ ᠲᠦᠷᠦᠯ᠎ᠤᠨ ᠠᠶᠤᠯ ᠦᠬᠡᠢ ᠦᠢ᠍ᠯᠡᠳᠪᠦᠷᠢᠯᠡᠯ᠎ᠢ ᠲᠤᠰᠬᠠᠶ᠋ᠢᠯᠠᠨ ᠴᠡᠭᠴᠡᠯᠡᠵᠦ ᠵᠠᠰᠠᠬᠤ ᠠᠵᠢᠯ᠎ᠢ ᠠᠬᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠡ᠊ᠡᠳᠡᠯ ᠲᠠᠰᠤᠷᠠᠯᠳᠠ ᠦᠬᠡᠢ ᠪᠠᠭᠤᠷᠠᠪᠠ᠃
    ᠲᠦᠯᠦᠭᠡᠯᠡᠭᠴᠢᠳ ᠡ! ᠦᠩᠭᠡᠷᠡᠭᠰᠡᠨ ᠨᠢᠭᠡ ᠵᠢᠯ᠎ᠳᠤ᠂ ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠦᠵᠡᠯ ᠤᠬᠠᠮᠰᠠᠷ᠎ᠢ ᠪᠠᠬᠢᠵᠢᠭᠦᠯᠬᠦ᠎ᠪᠠᠷ ᠭᠤᠣᠯ ᠰᠢᠵᠢᠮ ᠪᠣᠯᠭ᠋ᠠᠨ᠂ ᠦᠨᠳᠦᠰᠦᠳᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠦ᠂ ᠦᠨᠳᠦᠰᠦᠳᠡᠨ᠎ᠤ ᠪᠦᠯᠭᠦᠮᠳᠡᠯ ᠳᠠᠪᠰᠢᠯᠲᠠ ᠵᠢᠨ ᠤᠬᠠᠭᠤᠯᠭ᠎ᠠ ᠭᠦᠮᠦᠵᠢᠯ᠎ᠢ ᠭᠦᠨᠵᠡᠬᠡᠶ᠋ᠢᠷᠡᠭᠦᠯᠦᠨ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠠ ᠵᠢᠱ᠌ᠢᠶ᠎ᠡ ᠦᠵᠡᠭᠦᠯᠬᠦ ᠨᠢᠭᠡᠴᠢ ᠵᠢ 4 ᠴᠤᠬ᠍ᠴᠠᠯᠠᠪᠠ᠃
    ᠱᠠᠰᠢᠨ ᠰᠤᠷᠳᠠᠬᠤᠨ᠎ᠤ ᠲᠤᠬᠠᠢ ᠨᠠᠮ᠎ᠤᠨ ᠲᠦᠷᠦ ᠵᠢᠨ ᠪᠣᠳᠣᠯᠭ᠎ᠠ ᠵᠢ ᠪᠦᠭᠦ ᠲᠠᠯ᠎ᠠ᠎ᠪᠠᠷ ᠨᠠᠶ᠋ᠢᠳᠠᠪᠣᠷᠢᠵᠢᠭᠤᠯᠵᠦ᠂ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠲᠠᠶ᠋ᠢᠴᠢᠯᠠᠯᠳᠠ᠂ ᠬᠤᠶᠠᠷ᠎ᠢ ᠭᠦᠷᠢᠶᠡᠯᠡᠬᠦ ᠪᠠ ᠠᠰᠠᠷᠠᠨ ᠬᠠᠷᠠᠭ᠋ᠠᠯᠵᠠᠬᠤ᠂ ᠠᠷᠠᠳ᠎ᠤᠨ ᠠᠭ᠋ᠠᠷ᠎ᠤᠨ ᠰᠡᠷᠬᠡᠶ᠋ᠢᠯᠡᠯᠳᠡ᠂ ᠲᠤᠭ᠎ᠠ ᠪᠦᠷᠢᠳᠬᠡᠯ ᠪᠠᠶ᠋ᠢᠴᠠᠭ᠋ᠠᠯᠳᠠ᠂ ᠭᠠᠵᠠᠷ ᠭᠦᠳᠡᠯᠦᠯᠳᠡ ᠪᠠ ᠴᠠᠭ ᠠᠭᠤᠷ᠂ ᠨᠡᠶ᠋ᠢᠬᠡᠮ᠎ᠤᠨ ᠰᠢᠨᠵᠢᠯᠡᠬᠦ ᠤᠬᠠᠭ᠋ᠠᠨ᠂ ᠳᠠᠩᠰᠠ ᠡᠪᠬᠡᠮᠡᠯ ᠲᠡᠣᠬᠡ ᠤᠶ᠋ᠢᠯᠠᠯᠭ᠎ᠠ᠂ ᠵᠦᠪᠳᠡᠭᠴᠢ ᠪᠠ ᠲᠡᠣᠬᠡ ᠰᠤᠶᠤᠯ᠂ ᠭᠠᠳᠠᠭ᠋ᠠᠳᠤ ᠶᠠᠪᠤᠳᠠᠯ ᠪᠠ ᠬᠠᠷᠢᠶᠠᠳᠤ ᠵᠢᠨ ᠶᠠᠪᠤᠳᠠᠯ ᠵᠡᠷᠭᠡ ᠠᠵᠢᠯ᠎ᠢ ᠴᠢᠩᠭ᠋ᠠᠳᠬᠠᠪᠠ᠃ ᠠᠵᠢᠯᠴᠢᠨ᠎ᠤ ᠡᠪᠯᠡᠯ᠂ ᠡᠪ ᠬᠠᠮᠳᠤ ᠵᠠᠯᠠᠭᠤᠴᠤᠳ᠎ᠤᠨ ᠡᠪᠯᠡᠯ᠂ ᠡᠮᠡᠭᠳᠡᠶ᠋ᠢᠴᠦᠳ᠎ᠤᠨ ᠬᠤᠯᠪᠤᠭ᠋ᠠᠳᠣ ᠬᠤᠷᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠬᠡᠮᠯᠢᠭ᠂ ᠵᠠᠮᠳᠡᠭᠴᠦᠳ᠎ᠤᠨ ᠬᠤᠯᠪᠤᠭ᠋ᠠᠳᠣ ᠬᠤᠷᠠᠯ᠂ ᠤᠯᠠᠭ᠋ᠠᠨ ᠵᠠᠭ᠋ᠠᠯᠮᠠᠶ᠋ᠢᠳᠠᠨ᠎ᠤ ᠨᠡᠶ᠋ᠢᠬᠡᠮᠯᠢᠭ ᠵᠡᠷᠭᠡ ᠠᠵᠢᠯ ᠦᠢ᠍ᠯᠡᠰ ᠰᠢᠨ᠎ᠡ ᠳᠠᠪᠰᠢᠯᠲᠠ᠎ᠲᠠᠢ ᠪᠣᠯᠪᠠ᠃ ᠲᠦᠷᠪᠡᠳᠦᠬᠡᠷ ᠤᠳᠠᠭ᠋ᠠᠨ᠎ᠤ ᠪᠦᠭᠦ ᠤᠯᠤᠰ᠎ᠤᠨ ᠠᠵᠦ ᠠᠬᠤᠢ ᠵᠢᠨ ᠨᠡᠶ᠋ᠢᠳᠡᠮ ᠪᠠᠶ᠋ᠢᠴᠠᠭ᠋ᠠᠯᠳᠠ ᠵᠢ ᠪᠡᠶᠡᠯᠡᠬᠦᠯᠵᠦ᠂ ᠲᠤᠯᠤᠳᠤᠭ᠋ᠠᠷ ᠤᠳᠠᠭ᠋ᠠᠨ᠎ᠤ ᠪᠦᠭᠦ ᠤᠯᠤᠰ᠎ᠤᠨ ᠭᠦᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠳᠠ ᠵᠢ ᠦᠷᠨᠢᠭᠦᠯᠪᠡ᠃
    ᠪᠢᠳᠡ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠳᠠ ᠵᠢ ᠴᠢᠩᠭ᠋ᠠᠳᠬᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠠᠨ ᠴᠢᠷᠮᠠᠶ᠋ᠢᠨ ᠳᠡᠭᠡᠭᠰᠢᠯᠡᠭᠦᠯᠪᠡ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠳᠤ ᠲᠡᠪᠰᠢᠬᠦᠯᠦᠨ ᠬᠢᠨᠠᠭᠤᠯᠤᠨᠨᠰᠠᠨ ᠤᠷᠤᠨ ᠨᠣᠳᠤᠭ᠎ᠤᠨ ᠴᠢᠨᠠᠷᠳᠠᠢ ᠬᠠᠤᠯᠢ ᠲᠤᠨᠨᠳᠠᠭ᠋ᠠᠯ ᠪᠠ ᠰᠠᠨᠠᠯ ᠵᠦᠪᠯᠡᠯᠭᠡ 24 ᠪᠠᠶ᠋ᠢᠵᠦ᠂ ᠵᠠᠰᠠᠭ᠎ᠤᠨ ᠣᠷᠳᠣᠨ᠎ᠤ 11 ᠲᠣᠨᠨᠳᠠᠭ᠋ᠠᠯ ᠲᠦᠷᠢᠮ᠎ᠢ ᠲᠣᠨᠨᠳᠠᠭ᠋ᠠᠵᠦ᠂ ᠵᠠᠰᠠᠪᠣᠷᠢ ᠣᠷᠣᠭᠤᠯᠣᠨᠨᠰᠠᠨ ᠪᠠ ᠭᠦᠴᠦᠨ ᠦᠬᠡᠢ ᠪᠣᠯᠭ᠋ᠠᠪᠠ᠃ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠦᠷᠦ ᠵᠢᠨ ᠵᠦᠪᠯᠡᠯᠬᠡᠨ᠎ᠤ ᠬᠡᠰᠢᠭᠦᠳ᠎ᠤᠨ ᠰᠠᠨᠠᠯ ᠲᠤᠷᠠᠳᠤᠯᠭ᠎ᠠ ᠪᠦᠭᠦᠨ᠎ᠢ ᠴᠦᠮ ᠭᠦᠢ᠍ᠴᠡᠳᠬᠡᠪᠡ᠃ ᠬᠢᠳᠠᠳ ᠮᠤᠩᠭᠤᠯ ᠬᠠᠤᠯᠢ ᠴᠠᠭ᠋ᠠᠵᠠ ᠵᠢᠨ ᠬᠡᠷᠡᠭᠯᠡᠬᠡᠨ᠎ᠤ ᠪᠦᠷᠢᠨ ᠲᠣᠯᠢ ᠵᠢ ᠨᠠᠶ᠋ᠢᠷᠠᠭᠤᠯᠤᠨ ᠬᠡᠪᠯᠡᠪᠡ᠃ ᠦᠪᠡᠷᠳᠡᠬᠡᠨ ᠵᠠᠰᠠᠬᠤ ᠤᠷᠤᠨ᠎ᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠳᠦ ᠪᠣᠳᠣᠯᠭ᠎ᠠ ᠲᠣᠨᠨᠲᠠᠭ᠋ᠠᠬᠤ ᠲᠡᠰ ᠳᠠᠷᠠᠭ᠋ᠠᠯᠠᠯ᠎ᠤᠨ ᠲᠤᠨᠨᠳᠠᠭ᠋ᠠᠯ᠎ᠳᠤ ᠵᠠᠰᠠᠪᠤᠷᠢ ᠤᠷᠤᠭᠤᠯᠵᠦ᠂ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠳᠦ ᠪᠣᠳᠣᠯᠭ᠎ᠠ ᠳᠣᠨᠨᠲᠠᠭ᠋ᠠᠨ ᠬᠡᠷᠡᠭᠵᠢᠬᠦᠯᠬᠦ ᠬᠠᠷᠢᠭᠤᠴᠠᠯᠭ᠎ᠠ ᠵᠢᠨ ᠲᠦᠷᠢᠮ᠎ᠢ ᠪᠠᠶ᠋ᠢᠭᠤᠯᠤᠨ᠂ ᠵᠠᠰᠠᠭ ᠵᠠᠬᠢᠷᠭ᠋ᠠᠨ᠎ᠤ ᠡᠷᠬᠡ᠎ᠳᠠᠬᠢ ᠭᠦᠯᠢᠶᠡᠰᠦᠯᠡᠯ ᠪᠠ ᠬᠢᠨᠠᠯᠳᠠ ᠲᠠᠯᠪᠢᠯᠳᠠ ᠵᠢ ᠴᠢᠩᠭ᠋ᠠᠳᠬᠠᠪᠠ᠃ ᠪᠠᠶ᠋ᠢᠴᠠᠭ᠋ᠠᠬᠤ ᠪᠠᠶ᠋ᠢᠭᠤᠯᠭ᠎ᠠ ᠵᠢᠨ᠎ᠬᠢᠨ᠎ᠤ ᠨᠡᠶ᠋ᠢᠳᠡ ᠵᠢᠨ ᠠᠰᠠᠷᠠᠮᠵᠢ ᠵᠢᠨ ᠴᠢᠨᠠᠷᠲᠠᠢ ᠵᠠᠷᠭᠤ ᠦᠷᠨᠢᠬᠦᠯᠬᠦ ᠵᠢ ᠲᠡᠮᠵᠢᠪᠡ᠃ ᠵᠠᠰᠠᠭ᠎ᠤᠨ ᠶᠠᠪᠤᠳᠠᠯ᠎ᠤᠨ ᠢᠯᠡ ᠪᠤᠯᠭ᠋ᠠᠬᠤ ᠵᠢ ᠠᠬᠢᠭᠤᠯᠵᠦ᠂ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠣᠷᠳᠣᠨ ᠰᠣᠨᠢᠨ ᠮᠡᠳᠡᠭᠡ ᠨᠡᠶ᠋ᠢᠳᠡᠯᠡᠬᠦ ᠬᠤᠷᠠᠯ᠎ᠢ 161 ᠤᠳᠠᠭ᠎ᠠ ᠬᠤᠷᠠᠯᠳᠤᠭᠤᠯᠵᠦ᠂ ᠨᠡᠶ᠋ᠢᠬᠡᠮ᠎ᠤᠨ ᠬᠠᠯᠠᠮᠰᠢᠯ ᠠᠰᠠᠭᠤᠳᠠᠯ᠎ᠳᠤ ᠴᠠᠭ ᠲᠤᠬᠠᠢ᠎ᠳᠤᠨᠢ ᠬᠠᠷᠢᠭᠤ ᠥᠭᠪᠡ᠃
    ᠲᠦᠪ᠎ᠤᠨ ᠨᠠᠢ᠍ᠮᠠᠨ ᠵᠦᠢ᠍ᠯ᠎ᠤᠨ ᠲᠤᠨᠨᠳᠠᠭ᠋ᠠᠯ᠎ᠤᠨ ᠵᠣᠷᠢᠭ ᠰᠠᠨᠠᠭ᠎ᠠ ᠪᠠ ᠦᠪᠡᠷᠳᠡᠬᠡᠨ ᠵᠠᠰᠠᠬᠤ ᠤᠷᠤᠨ᠎ᠤ ᠲᠦᠭᠦᠷ ᠠᠷᠭ᠎ᠠ ᠵᠢ ᠨᠠᠶ᠋ᠢᠳᠠᠪᠤᠷᠢᠵᠢᠭᠤᠯᠵᠦ᠂ ᠬᠡᠯᠪᠡᠷᠢᠴᠢ ᠦᠵᠡᠯ᠂ ᠨᠤᠶᠠᠨᠴᠢ ᠰᠤᠷᠳᠠᠯ᠎ᠢ ᠦᠷᠭᠦᠯᠵᠢᠯᠡᠨ ᠴᠡᠭᠴᠡᠯᠡᠨ ᠵᠠᠰᠠᠵᠦ᠂ ᠦᠨᠳᠦᠰᠦᠨ ᠱᠠᠳᠤᠨ᠎ᠤ ᠲᠠᠷᠤᠭ᠋ᠠᠰᠤ ᠵᠢ ᠦᠨᠡᠨ ᠬᠦ᠌ ᠭᠦᠩᠬᠡᠷᠡᠭᠦᠯᠪᠡ᠃ ᠨᠡᠭᠦᠷᠡᠰᠦᠨ᠎ᠤ ᠡᠬᠢ ᠪᠠᠶᠠᠯᠢᠭ᠎ᠤᠨ ᠭᠦᠷᠢᠶᠡᠨ᠎ᠳᠠᠬᠢ ᠲᠤᠨᠨᠳᠠᠭ᠋ᠠᠯ ᠬᠠᠤᠯᠢ᠎ᠠᠴᠠ ᠵᠦᠷᠢᠴᠡᠭᠰᠡᠨ ᠠᠰᠠᠭᠤᠳᠠᠯ᠎ᠢ ᠲᠤᠰᠬᠠᠶ᠋ᠢᠯᠠᠨ ᠴᠡᠭᠴᠡᠯᠡᠵᠦ ᠵᠠᠰᠠᠬᠤ ᠠᠵᠢᠯ ᠪᠠ ᠠᠷᠠᠳ᠎ᠤᠨ ᠠᠭ᠋ᠠᠷ᠎ᠤᠨ ᠰᠡᠷᠭᠡᠶ᠋ᠢᠯᠡᠯᠳᠡ ᠵᠢᠨ ᠰᠢᠰᠲ᠋ᠧᠮ᠎ᠳᠠᠬᠢ ᠢᠯᠵᠡᠷᠡᠯ᠎ᠤᠨ ᠠᠰᠠᠭᠤᠳᠠᠯ᠎ᠢ ᠲᠤᠰᠬᠠᠶ᠋ᠢᠯᠠᠨ ᠴᠡᠭᠴᠡᠯᠡᠵᠦ ᠵᠠᠰᠠᠬᠤ ᠠᠵᠢᠯ᠎ᠢ ᠠᠬᠢᠭᠤᠯᠪᠠ᠃ ᠡᠳ᠋᠎ᠤᠨ ᠵᠠᠰᠠᠭ᠎ᠤᠨ ᠪᠡᠯᠡ ᠮᠦᠩᠬᠦ᠂ ᠵᠠᠰᠠᠭ᠎ᠤᠨ ᠣᠷᠳᠣᠨ᠎ᠤ ᠲᠤᠰᠬᠠᠢ ᠦᠷᠢ ᠥᠭᠴᠡᠭᠡ ᠪᠠ ᠠᠷᠠᠳ᠎ᠤᠨ ᠠᠮᠢᠳᠤᠷᠠᠯ᠎ᠤᠨ ᠭᠦᠷᠢᠶᠡᠨ᠎ᠳᠠᠬᠢ ᠪᠡᠯᠡ ᠮᠦᠩᠬᠦ ᠵᠢ ᠬᠡᠷᠡᠭᠯᠡᠵᠦ ᠬᠠᠮᠢᠶᠠᠷᠴᠤ ᠪᠠᠶ᠋ᠢᠭ᠎ᠠ ᠪᠠᠶ᠋ᠢᠳᠠᠯ᠎ᠳᠤ ᠬᠢᠨᠠᠨ ᠪᠤᠳᠤᠯᠲᠠ᠎ᠪᠠᠷ ᠬᠢᠨᠠᠯᠳᠠ ᠲᠠᠯᠪᠢᠵᠤ᠂ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠣᠷᠳᠣᠨ᠎ᠤ ᠠᠵᠦ ᠠᠬᠤᠢ ᠵᠢᠨ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠬᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠨ ᠪᠤᠳᠤᠯᠲᠠ ᠬᠢᠵᠦ ᠦᠪᠡᠷ᠎ᠢ᠎ᠪᠠᠨ ᠪᠠᠶ᠋ᠢᠴᠠᠭ᠋ᠠᠬᠤ ᠵᠢ ᠦᠷᠨᠢᠭᠦᠯᠪᠡ᠃ 《ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠰᠢᠢ᠍ᠳᠪᠦᠷᠢᠯᠡᠬᠦ ᠤᠨ》᠎ᠤ ᠲᠤᠰᠬᠠᠢ ᠠᠵᠢᠯᠯᠠᠭ᠎ᠠ ᠵᠢ ᠬᠡᠷᠡᠭᠵᠢᠬᠦᠯᠵᠦ᠂ ᠵᠠᠬᠢᠳᠠᠯ ᠰᠤᠷᠪᠤᠯᠵᠢᠯᠠᠯ᠎ᠤᠨ ᠲᠠᠯ᠎ᠠ᠎ᠪᠠᠷ᠎ᠬᠢ ᠨᠢᠭᠡ ᠪᠦᠯᠦᠭ ᠳᠠᠷᠤᠭᠳᠠᠯ ᠬᠡᠷᠡᠭ᠎ᠢ ᠠᠷᠢᠯᠭ᠋ᠠᠪᠠ᠃ ᠠᠷᠪᠢᠴᠢ ᠭᠠᠮᠳᠠᠢ ᠠᠮᠢᠳᠤᠷᠠᠬᠤ ᠵᠢ ᠪᠠᠷᠢᠮᠲᠠᠯᠠᠵᠤ᠂ ᠦᠪᠡᠷᠳᠡᠬᠡᠨ ᠵᠠᠰᠠᠬᠤ ᠤᠷᠤᠨ᠎ᠤ ᠲᠤᠰ ᠱᠠᠳᠤᠨ᠎ᠤ ᠲᠦᠰᠦᠪ᠎ᠲᠠᠬᠢ ᠲᠤᠬᠠᠶ᠋ᠢᠯᠬᠠᠰᠠᠨ ᠠᠵᠢᠯ᠎ᠤᠨ ᠲᠤᠰᠬᠠᠢ ᠵᠠᠷᠤᠳᠠᠯ᠎ᠢ 10% ᠪᠠᠭᠤᠷᠠᠭᠤᠯᠵᠦ᠂ ᠭᠤᠣᠯᠳᠠᠯᠭ᠎ᠠ ᠵᠢᠨ ᠪᠣᠰᠣ ᠲᠤᠰᠬᠠᠢ ᠪᠡᠯᠡ ᠮᠦᠩᠬᠦ ᠵᠢ 20% ᠪᠠᠭ᠋ᠠᠰᠬᠠᠪᠠ᠃
    ᠲᠦᠯᠦᠭᠡᠯᠡᠭᠴᠢᠳ ᠡ!
   《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠬᠦᠯᠬᠡ ᠵᠢᠨ ᠬᠤᠭᠤᠴᠠᠭ᠎ᠠ ᠪᠣᠯ ᠴᠢᠨᠡᠭᠡᠯᠢᠭ ᠨᠡᠶ᠋ᠢᠬᠡᠮ᠎ᠢ ᠪᠦᠭᠦ ᠲᠠᠯ᠎ᠠ᠎ᠪᠠᠷ ᠪᠠᠶ᠋ᠢᠭᠤᠯᠬᠤ ᠵᠢᠨ ᠰᠢᠢ᠍ᠳᠪᠦᠷᠢᠯᠡᠭᠴᠢ ᠴᠢᠨᠠᠷᠳᠠᠢ ᠱᠠᠳᠣ ᠦᠶ᠎ᠡ ᠪᠤᠯᠤᠨ᠎ᠠ᠂ ᠮᠦᠨ ᠴᠦ᠍ ᠮᠠᠨ᠎ᠤ ᠤᠷᠤᠨ᠎ᠤ ᠭᠦᠭᠵᠢᠯᠳᠡ ᠵᠢᠨ ᠶᠠᠪᠤᠴᠠ᠎ᠳᠠᠬᠢ ᠴᠢᠬᠤᠯᠡ ᠶᠡᠭᠡ ᠲᠡᠤᠬᠡᠳᠦ ᠠᠴᠢ ᠬᠤᠯᠪᠤᠨᠨᠳᠠᠯ᠎ᠲᠠᠢ ᠲᠠᠪᠤᠨ ᠵᠢᠯ ᠪᠣᠯᠬᠤ ᠶᠣᠮ᠃ ᠶᠡᠷᠦᠩᠬᠡᠢ ᠱᠦᠵᠢ ᠰᠢ ᠵᠢᠨ ᠫᠢᠩ ᠦᠪᠦᠷ ᠮᠤᠩᠭᠤᠯ ᠪᠠᠶ᠋ᠢᠭᠤᠯᠤᠨᠨᠳ᠋ᠬᠠᠰᠠᠨ 70 ᠵᠢᠯ᠎ᠤᠨ ᠤᠢ᠎ᠳᠤ ᠪᠢᠴᠢᠬᠡᠰᠦ ᠪᠢᠴᠢᠵᠦ᠂ ᠤᠯᠠᠭ᠋ᠠᠨᠮᠦ᠋ᠴᠢᠷ᠎ᠤᠨ ᠬᠡᠰᠢᠭᠦᠳ᠎ᠲᠤ ᠬᠠᠷᠢᠭᠤ ᠵᠠᠬᠢᠳᠠᠯ ᠢᠯᠡᠬᠡᠨ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠭᠡ ᠬᠤᠷᠠᠯ᠎ᠤᠨ ᠦᠪᠦᠷ ᠮᠤᠩᠭᠤᠯ᠎ᠤᠨ ᠲᠦᠯᠦᠬᠡᠯᠡᠭᠴᠢᠳ᠎ᠤᠨ ᠪᠦᠯᠭᠦᠮ᠎ᠤᠨ᠎ᠬᠢᠨ᠎ᠤ ᠬᠢᠨᠠᠨ ᠵᠦᠪᠯᠡᠬᠦ᠎ᠳᠤ ᠭᠤᠷᠪᠠᠨ ᠵᠢᠯ ᠳᠠᠷᠠᠭ᠋ᠠᠯᠠᠨ ᠤᠷᠤᠯᠴᠠᠵᠦ᠂ 2019 ᠤᠨ᠎ᠤ 7 ᠳ᠋ᠤᠭ᠋ᠠᠷ ᠰᠠᠷ᠎ᠠ᠎ᠳᠤ ᠮᠠᠨ᠎ᠤ ᠤᠷᠤᠨ᠎ᠳᠤ ᠰᠠᠭ᠋ᠠᠳᠠᠵᠦ ᠰᠢᠨᠵᠢᠯᠡᠨ ᠪᠠᠶ᠋ᠢᠴᠠᠭ᠋ᠠᠵᠦ ᠵᠢᠭ᠋ᠠᠨ ᠵᠢᠯᠤᠭᠤᠳᠤᠭ᠋ᠠᠳ ᠦᠪᠦᠷ ᠮᠤᠩᠭᠤᠯ᠎ᠳᠤ ᠠᠯᠢ ᠤᠯᠠᠨ ᠴᠢᠬᠤᠯᠡ ᠶᠡᠭᠡ ᠵᠢᠭ᠋ᠠᠪᠤᠷᠢ ᠭᠠᠷᠭ᠋ᠠᠨᠨᠰᠠᠨ᠎ᠨᠢ ᠰᠢᠨ᠎ᠡ ᠴᠠᠭ ᠦᠶ᠎ᠡ ᠵᠢᠨ ᠦᠪᠦᠷ ᠮᠤᠩᠭᠤᠯ᠎ᠤᠨ ᠭᠦᠭᠵᠢᠯᠳᠡ᠎ᠳᠤ ᠰᠢᠨᠵᠢᠯᠡᠬᠦ ᠤᠬᠠᠭ᠋ᠠᠨᠴᠢ ᠵᠢᠯᠤᠭᠤᠳᠤᠮᠵᠢ ᠪᠤᠯᠵᠦ᠂ ᠪᠦᠭᠦ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠤᠷᠮ᠎ᠠ ᠵᠣᠷᠢᠭ᠎ᠢ ᠭᠦᠭᠵᠢᠬᠡᠨ ᠡᠷᠴᠢ ᠭᠦᠴᠦᠨ᠎ᠢ ᠴᠢᠩᠭ᠋ᠠᠯᠠᠪᠠ᠃
    《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠬᠦᠯᠬᠡ ᠵᠢᠨ ᠬᠤᠭᠤᠴᠠᠭ᠋ᠠᠨ᠎ᠳᠤ᠂ ᠪᠢᠳᠡ ᠰᠢᠨ᠎ᠡ ᠭᠦᠭᠵᠢᠯᠳᠡ ᠵᠢᠨ ᠤᠨᠤᠯᠵᠢᠬᠤᠨ᠎ᠢ ᠬᠢᠨᠠᠮᠠᠭ᠋ᠠᠢ ᠲᠤᠭᠤᠰᠢᠯᠠᠭᠤᠯᠤᠨ᠂ ᠭᠦᠭᠵᠢᠯᠳᠡ ᠵᠢᠨ ᠠᠷᠭ᠎ᠠ ᠬᠡᠯᠪᠡᠷᠢ᠎ᠪᠠᠨ ᠭᠦᠴᠦᠯᠡᠨ ᠬᠤᠪᠢᠷᠠᠭᠤᠯᠵᠦ᠂ ᠠᠮᠢ ᠠᠬᠤᠢ ᠵᠢ ᠤᠷᠢᠳ ᠵᠶ᠋ᠠᠷ ᠪᠤᠳᠤᠯᠬᠢᠯᠠᠨ᠂ ᠪᠤᠬᠢᠷᠳᠤᠯ ᠦᠬᠡᠢ ᠭᠦᠭᠵᠢᠬᠦᠯᠬᠦ᠎ᠪᠠᠷ ᠤᠳᠤᠷᠢᠳᠤᠮᠵᠢ ᠪᠤᠯᠭ᠋ᠠᠨᠨᠰᠠᠨ ᠴᠢᠨᠠᠷ ᠰᠠᠶ᠋ᠢᠳᠠᠢ ᠭᠦᠭᠵᠢᠯᠳᠡ ᠵᠢᠨ ᠰᠢᠨ᠎ᠡ ᠵᠠᠮ᠎ᠢ ᠢᠳᠡᠪᠬᠢᠳᠡᠢ ᠰᠦᠪᠡᠭᠴᠢᠯᠡᠪᠡ᠃ ᠠᠵᠦ ᠠᠬᠤᠢ ᠵᠢᠨ ᠭᠦᠭᠵᠢᠯᠳᠡ ᠵᠢᠨ ᠶᠠᠰᠤ ᠴᠢᠨᠠᠷ ᠲᠤᠨᠨᠳᠠᠭᠤᠨ ᠵᠶ᠋ᠠᠷ ᠳᠡᠭᠡᠭᠰᠢᠯᠡᠪᠡ᠂ ᠡᠳ᠋᠎ᠤᠨ ᠵᠠᠰᠠᠭ᠎ᠤᠨ ᠣᠷᠣᠯᠭ᠎ᠠ᠂ ᠭᠠᠵᠠᠷ ᠤᠷᠤᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠂ ᠠᠵᠦ ᠦᠢ᠍ᠯᠡᠳᠪᠦᠷᠢ ᠵᠢᠨ ᠨᠡᠮᠡᠭᠳᠡᠯ ᠦᠷᠲᠡᠭ ᠵᠡᠷᠭᠡ ᠵᠢᠨ ᠲᠤᠭ᠎ᠠ ᠪᠠᠷᠢᠮᠳᠠ᠎ᠳᠤ ᠬᠤᠳᠠᠯ ᠬᠠᠭᠤᠷᠮᠠᠭ ᠪᠠᠶ᠋ᠢᠭ᠎ᠠ ᠠᠰᠠᠭᠤᠳᠠᠯ᠎ᠢ ᠡᠷᠡᠰ ᠵᠠᠯᠠᠷᠠᠭᠤᠯᠪᠠ᠃ ᠡᠳ᠋᠎ᠤᠨ ᠵᠠᠰᠠᠭ᠎ᠤᠨ ᠣᠷᠣᠯᠭ᠎ᠠ ᠵᠢᠨ ᠶᠠᠰᠣ ᠴᠢᠨᠠᠷ ᠢᠯᠡᠳᠳᠡ ᠳᠡᠬᠡᠭᠰᠢᠯᠡᠵᠦ᠂ ᠭᠠᠶ᠋ᠢᠯᠢ ᠳᠠᠲᠠᠪᠤᠷᠢ ᠵᠢᠨ ᠣᠷᠣᠯᠭ᠎ᠠ ᠵᠢᠨ ᠡᠵᠡᠯᠡᠬᠦ ᠬᠤᠪᠢ ᠵᠢᠨ ᠵᠢᠩ ᠪᠦᠭᠦ ᠤᠯᠤᠰ᠎ᠤᠨ ᠲᠡᠷᠢᠬᠦᠨ ᠡᠩᠨᠡᠬᠡᠨ᠎ᠳᠤ ᠵᠢᠨᠨᠰᠠᠭ᠋ᠠᠨᠨᠳᠠᠪᠠ᠃ ᠭᠦᠮᠦᠨ ᠲᠤᠮᠳᠠᠴᠢ ᠵᠢᠨ ᠦᠢ᠍ᠯᠡᠳᠪᠦᠷᠢᠯᠡᠯ᠎ᠤᠨ ᠶᠡᠷᠦᠩᠬᠡᠢ ᠥᠷᠳᠡᠭ 1 ᠲᠦᠮᠡᠨ ᠳ᠋ᠣᠯᠯᠠᠷ᠎ᠢ ᠳᠠᠪᠠᠵᠤ᠂ ᠪᠠᠶ᠋ᠢᠩᠭᠤ ᠰᠠᠭᠤᠭ᠎ᠠ ᠭᠦᠮᠦᠨ ᠠᠮᠠ ᠵᠢᠨ ᠬᠤᠳᠠ ᠪᠠᠯᠭ᠋ᠠᠰᠤᠵᠢᠯᠳᠠ ᠵᠢᠨ ᠨᠤᠷᠮ᠎ᠠ 64.1%᠎ᠳᠤ ᠬᠦᠷᠪᠡ᠃ ᠠᠵᠤ ᠦᠢ᠍ᠯᠡᠰ᠎ᠤᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ᠎ᠢ 4125 ᠲᠦᠮᠡᠨ ᠮᠦ᠍ ᠲᠠᠷᠢᠵᠦ᠂ ᠬᠤᠵᠢᠷᠰᠢᠬᠰᠠᠨ ᠲᠠᠷᠢᠶᠠᠯᠠᠬᠤ ᠭᠠᠵᠠᠷ᠎ᠢ 157.2 ᠲᠦᠮᠡᠨ ᠮᠦ᠍ ᠰᠠᠶ᠋ᠢᠵᠢᠷᠠᠭᠤᠯᠤᠨ᠂ ᠲᠠᠷᠢᠶᠠᠯᠠᠩ ᠮᠠᠯ ᠠᠵᠦ ᠠᠬᠤᠢ ᠵᠢᠨ ᠮᠢᠩᠭ᠋ᠠᠨ ᠳ᠋ᠦᠩᠰᠢᠭᠤᠷ ᠳᠡᠰ᠎ᠤᠨ ᠭᠤᠤᠯᠯᠠᠬᠤ ᠠᠵᠦ ᠦᠢ᠍ᠯᠡᠰ᠎ᠢ 2᠂ ᠵᠠᠭᠤᠨ ᠳ᠋ᠦᠩᠰᠢᠭᠤᠷ ᠳᠡᠰ᠎ᠤᠨ ᠭᠤᠣᠯᠯᠠᠬᠤ ᠠᠵᠤ ᠦᠢ᠍ᠯᠡᠰ᠎ᠢ 9 ᠪᠤᠢ ᠪᠤᠯᠭ᠋ᠠᠪᠠ᠃ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠦᠢ᠍ᠯᠡᠳᠪᠦᠷᠢᠯᠡᠬᠦ ᠴᠢᠳᠠᠮᠵᠢ ᠵᠢ ᠦᠭᠡᠶ᠋ᠢᠰᠬᠡᠬᠦ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ᠃ ᠴᠠᠬᠢᠯᠭ᠋ᠠᠨ ᠬᠦᠴᠦᠨ᠎ᠤ ᠮᠠᠰᠢᠨ ᠴᠤᠬ᠍ᠴᠠᠯᠠᠪᠦᠷᠢ 4000 ᠲᠦᠮᠡᠨ ᠺᠢᠯᠤᠸᠠᠲ ᠰᠢᠨ᠎ᠡ᠎ᠪᠠᠷ ᠨᠡᠮᠡᠭᠳᠡᠵᠦ᠂ ᠶᠡᠷᠦᠩᠬᠡᠢ ᠮᠠᠰᠢᠨ ᠴᠤᠬ᠍ᠴᠠᠯᠠᠪᠦᠷᠢ 1.46 ᠳ᠋ᠦᠡᠭᠰᠢᠭᠤᠷ ᠺᠢᠯᠤᠸᠠᠲ᠎ᠲᠤ ᠬᠦᠷᠪᠡ᠂ ᠡᠭᠦᠨ᠎ᠳᠤ ᠰᠢᠨ᠎ᠡ ᠡᠨᠧᠷᠭᠢ ᠭᠤᠷᠪᠠᠨ᠎ᠤ ᠨᠢᠭᠡ᠎ᠠᠴᠠ ᠳᠡᠭᠡᠭᠰᠢᠬᠢ ᠵᠢ ᠡᠵᠡᠯᠡᠪᠠ᠃ ᠵᠢᠭᠤᠯᠴᠢᠳ᠎ᠤᠨ ᠲᠤᠭ᠎ᠠ ᠪᠠ ᠵᠢᠭᠤᠯᠴᠢᠯᠠᠯ᠎ᠤᠨ ᠦᠢ᠍ᠯᠡᠰ᠎ᠤᠨ ᠤᠷᠤᠯᠭ᠎ᠠ ᠵᠢᠯ ᠪᠦᠷᠢ ᠳᠤᠮᠳᠠᠴᠢ᠎ᠪᠠᠷ 13.9% ᠪᠠ 18.9% ᠨᠡᠮᠡᠭᠳᠡᠪᠡ᠃ ᠲᠤᠭ᠋ᠠᠵᠢᠭᠤᠯᠤᠬᠰᠠᠨ ᠠᠵᠦ ᠠᠬᠤᠢ᠂ ᠴᠤᠬᠯᠠᠭ᠋ᠠᠨ ᠦᠵᠡᠭᠦᠯᠭᠡ ᠵᠢᠨ ᠠᠵᠦ ᠠᠬᠤᠢ᠂ ᠠᠷᠠᠯᠵᠢᠶ᠎ᠠ ᠬᠤᠳᠠᠯᠳᠤᠭ᠎ᠠ ᠪᠠᠷᠠᠭ᠋ᠠᠨ᠎ᠤ ᠭᠦᠢ᠍ᠯᠭᠡᠭᠡ᠂ ᠤᠳᠤ ᠦᠶ᠎ᠡ ᠵᠢᠨ ᠮᠦᠡᠭᠭᠦᠨ ᠭᠦᠢ᠍ᠯᠭᠡᠭᠡᠨ᠎ᠢ ᠲᠦᠷᠭᠡᠳᠭᠡᠨ ᠬᠦᠭᠵᠢᠭᠦᠯᠪᠡ᠃ ᠳᠤᠮᠳᠠᠳᠦ ᠮᠤᠩᠭᠤᠯ᠎ᠤᠨ ᠦᠵᠡᠰᠭᠦᠯᠡᠩ᠂ ᠦᠪᠦᠷ ᠮᠤᠩᠭᠤᠯ᠎ᠤᠨ ᠬᠤᠳᠠᠯᠳᠤᠭ᠋ᠠᠴᠢᠳ᠎ᠤᠨ ᠶᠡᠭᠡ ᠬᠤᠷᠠᠯ᠎ᠢ ᠬᠤᠷᠠᠯᠳᠤᠭᠤᠯᠵᠦ᠂ ᠦᠪᠦᠷ ᠮᠤᠩᠭᠤᠯ᠎ᠤᠨ ᠤᠯᠠᠨ ᠤᠯᠤᠰ᠎ᠤᠨ ᠡᠨᠧᠷᠭᠢ ᠵᠢᠨ ᠶᠡᠭᠡ ᠬᠤᠷᠠᠯ᠂ ᠷᠠᠰᠢᠶᠠᠨ᠎ᠤ ᠶᠠᠷᠢᠶᠠᠨ᠎ᠤ ᠲᠠᠪᠴᠠᠩ᠎ᠢ ᠬᠤᠶᠠᠷ ᠬᠤᠭᠤᠴᠠᠭ᠎ᠠ ᠡᠷᠬᠢᠯᠡᠬᠦ ᠵᠢ ᠳᠡᠮᠵᠢᠪᠡ᠃ ᠶᠠᠳᠠᠭᠤ᠎ᠠᠴᠠ ᠠᠩᠬᠢᠵᠢᠷᠠᠭᠤᠯᠬᠤ ᠰᠢᠪᠳᠤᠯᠤᠯᠳᠠ ᠲᠡᠤᠬᠡᠳᠦ ᠴᠢᠨᠠᠷᠳᠠᠢ ᠠᠮᠵᠢᠯᠳᠠ ᠪᠦᠳᠦᠮᠵᠢ ᠣᠯᠪᠠ᠂ ᠶᠠᠳᠠᠭᠤ ᠭᠦᠴᠢᠷᠳᠡᠯᠳᠡᠢ 80.2 ᠲᠦᠮᠡᠨ ᠭᠦᠮᠦᠨ ᠠᠮᠠ ᠶᠠᠳᠠᠭᠤ᠎ᠠᠴᠠ ᠠᠩᠬᠢᠵᠢᠷᠠᠵᠦ᠂ ᠶᠠᠳᠠᠭᠤ ᠭᠦᠴᠢᠷᠳᠡᠯᠳᠡᠢ 57 ᠬᠤᠰᠢᠭᠤ ᠰᠢᠶᠠᠨ᠂ ᠶᠠᠳᠠᠭᠤ ᠭᠦᠴᠢᠷᠳᠡᠯᠳᠡᠢ 3681 ᠭᠠᠴᠠᠭ᠎ᠠ ᠲᠤᠰᠬᠤᠨ ᠪᠦᠭᠦᠨ ᠵᠶ᠋ᠠᠷ ᠵᠶ᠋ᠠᠨ ᠶᠠᠳᠠᠭᠤ ᠵᠢᠨ ᠵᠢᠨᠨᠰᠠᠭ᠋ᠠᠯᠳᠠ᠎ᠠᠴᠠ ᠭᠠᠷᠪᠠ᠃ ᠶᠠᠳᠠᠭᠤ ᠬᠦᠴᠢᠷᠳᠡᠯᠲᠡᠢ 12.49 ᠲᠦᠮᠡᠨ ᠬᠦᠮᠦᠨ ᠠᠮᠠ ᠵᠢ ᠤᠨᠳᠤᠤ ᠭᠠᠵᠠᠷ᠎ᠲᠤ ᠨᠡᠭᠦᠯᠭᠡᠬᠦ ᠡᠭᠦᠷᠭᠡ ᠵᠢ ᠪᠡᠶᠡᠯᠡᠭᠦᠯᠵᠦ᠂ ᠲᠦᠪᠬᠢᠨᠡᠭᠦᠯᠬᠦ ᠣᠷᠣᠨ ᠰᠠᠭᠤᠴᠠ ᠵᠢ 5.33 ᠲᠦᠮᠡᠨ ᠢᠵᠢ ᠪᠠᠶ᠋ᠢᠭᠤᠯᠪᠠ᠃ ᠬᠦᠳᠡᠯᠮᠦᠷᠢᠯᠡᠬᠦ ᠴᠢᠳᠠᠪᠤᠷᠢ᠎ᠲᠠᠢ ᠶᠠᠳᠠᠭᠤ ᠬᠦᠴᠢᠷᠳᠡᠯᠲᠡᠢ ᠪᠦᠬᠦ ᠬᠦᠮᠦᠨ ᠠᠮᠠ᠎ᠳᠤ ᠠᠵᠤ ᠦᠢ᠍ᠯᠡᠰ ᠵᠶ᠋ᠠᠷ ᠶᠠᠳᠠᠭᠤ ᠵᠢ ᠲᠡᠳᠭᠦᠬᠦ ᠲᠦᠷᠦᠯ ᠵᠦᠢ᠍ᠯ᠎ᠢ ᠨᠠᠶ᠋ᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ 40.3 ᠲᠦᠮᠡᠨ ᠬᠦᠮᠦᠨ ᠠᠮᠠ ᠵᠢ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠡᠪᠴᠢᠶᠡᠨ᠎ᠳᠤ ᠣᠷᠤᠭᠤᠯᠪᠠ᠃ ᠳᠠᠩᠰᠠ ᠪᠠ ᠺᠠᠷᠲ᠎ᠲᠠᠢ ᠶᠠᠳᠠᠭᠤ ᠬᠦᠴᠢᠷᠳᠡᠯᠲᠡᠢ ᠬᠦᠮᠦᠨ ᠠᠮᠠ ᠵᠢᠨ ᠬᠦᠮᠦᠨ ᠳᠤᠮᠳᠠᠴᠢ ᠵᠢᠨ ᠣᠷᠤᠯᠭ᠎ᠠ 2015 ᠣᠨ᠎ᠳᠤ 3019 ᠲᠦᠭᠦᠷᠢᠭ ᠪᠠᠶ᠋ᠢᠭᠰᠠᠨ᠎ᠠᠴᠠ᠎ᠪᠠᠨ 2020 ᠣᠨ᠎ᠳᠤ ᠪᠤᠯᠬᠤ᠎ᠳᠤ ᠨᠡᠮᠡᠭᠳᠡᠭᠡᠳ 13159 ᠲᠦᠭᠦᠷᠢᠭ ᠪᠣᠯᠵᠦ᠂ ᠵᠢᠯ ᠪᠦᠷᠢ ᠳᠤᠮᠳᠠᠴᠢ᠎ᠪᠠᠷ 34.2% ᠨᠡᠮᠡᠭᠳᠡᠪᠡ᠃ ᠠᠮᠢ ᠠᠬᠤᠢ ᠣᠷᠴᠢᠨ ᠲᠤᠭᠤᠷᠢᠨ᠎ᠢ ᠬᠠᠮᠠᠭ᠋ᠠᠯᠠᠬᠤ ᠪᠦᠳᠦᠬᠡᠨ ᠪᠠᠶ᠋ᠢᠭᠤᠯᠤᠯᠳᠠ ᠮᠡᠳᠡᠭᠳᠡᠮ᠎ᠡ ᠦᠷ᠎ᠡ ᠠᠰᠢᠭ ᠣᠯᠪᠠ᠂ ᠤᠢ ᠰᠢᠭᠤᠢ ᠵᠢᠨ ᠪᠦᠳᠦᠬᠡᠨ ᠪᠠᠶ᠋ᠢᠭᠤᠯᠤᠯᠳᠠ᠂ ᠨᠣᠳᠤᠭ ᠪᠡᠯᠴᠢᠬᠡᠷ᠎ᠤᠨ ᠪᠦᠳᠦᠬᠡᠨ ᠪᠠᠶ᠋ᠢᠭᠤᠯᠣᠯᠳᠠ ᠪᠠ ᠡᠯᠡᠰᠦᠷᠬᠡᠭᠵᠢᠭᠰᠡᠨ ᠭᠦᠷᠦᠰᠦ ᠰᠢᠷᠦᠢ ᠵᠢ ᠵᠠᠰᠬᠠᠰᠠᠨ ᠲᠠᠯᠠᠪᠠᠢ ᠴᠦᠮ ᠪᠦᠭᠦ ᠤᠯᠤᠰ᠎ᠤᠨ ᠲᠡᠷᠢᠬᠦᠨ᠎ᠳᠤ ᠣᠷᠤᠪᠠ᠂ ᠣᠢ ᠰᠢᠭᠤᠢ ᠵᠢᠨ ᠬᠤᠴᠢᠯᠭ᠎ᠠ ᠵᠢᠨ ᠨᠤᠷᠮ᠎ᠠ ᠪᠠ ᠨᠤᠲᠤᠭ ᠪᠡᠯᠴᠢᠭᠡᠷ᠎ᠤᠨ ᠤᠷᠭᠤᠮᠠᠯ ᠬᠤᠴᠢᠯᠭ᠎ᠠ ᠵᠢᠨ ᠬᠡᠮᠵᠢᠶ᠎ᠡ

《ᠬᠤᠣᠰ ᠵᠶ᠋ᠠᠷ ᠳᠡᠭᠡᠭᠰᠢᠯᠡᠵᠦ》᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠨᠤᠲᠤᠭ᠎ᠤᠨ ᠲᠠᠯᠠᠪᠠᠢ 《ᠬᠤᠣᠰ ᠵᠶ᠋ᠠᠷ ᠪᠠᠭ᠋ᠠᠰᠬᠤ》 ᠵᠢ ᠪᠡᠶᠡᠯᠡᠭᠦᠯᠪᠡ᠃ ᠬᠥᠪᠴᠢ ᠵᠢᠨ ᠡᠯᠡᠰᠦᠨ᠎ᠤ ᠵᠠᠰᠠᠯᠲᠠ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠣᠷᠴᠢᠨ ᠲᠣᠭᠤᠷᠢᠨ᠎ᠤ ᠱᠠᠩᠨᠠᠯ᠎ᠢ ᠣᠯᠪᠠ᠂ 《ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠴᠦᠯᠯᠡᠷᠬᠡᠭᠵᠢᠯ᠎ᠢ ᠰᠡᠷᠭᠡᠶ᠋ᠢᠯᠡᠨ ᠵᠠᠰᠠᠬᠤ ᠨᠡᠶ᠋ᠢᠲᠡ ᠵᠢᠨ ᠭᠡᠷ᠎ᠡ》 ᠵᠢᠨ ᠠᠷᠪᠠᠨ ᠭᠤᠷᠪᠠᠳᠤᠭ᠋ᠠᠷ ᠤᠳᠠᠭ᠋ᠠᠨ᠎ᠤ ᠭᠡᠷ᠎ᠡ ᠪᠠᠶ᠋ᠢᠭᠤᠯᠤᠭᠴᠢᠳ᠎ᠤᠨ ᠬᠤᠷᠠᠯ᠎ᠢ ᠮᠠᠨ᠎ᠤ ᠣᠷᠣᠨ᠎ᠳᠤ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠠᠴᠠ ᠵᠠᠬᠢᠳᠠᠯ ᠢᠷᠡᠭᠦᠯᠵᠦ ᠪᠠᠶᠠᠷ ᠬᠦᠷᠭᠡᠪᠡ᠃ ᠨᠢᠭᠡ ᠪᠦᠯᠦᠭ ᠪᠣᠬᠢᠷᠳᠤᠯ ᠦᠭᠡᠢ ᠠᠭᠤᠷᠬᠠᠢ᠂ ᠪᠤᠬᠢᠷᠳᠤᠯ ᠦᠭᠡᠢ ᠬᠦᠷᠢᠶᠡᠯᠡᠩ ᠲᠣᠭᠤᠷᠢᠭ᠂ ᠪᠤᠬᠢᠷᠳᠤᠯ ᠦᠭᠡᠢ ᠦᠢ᠍ᠯᠡᠳᠪᠦᠷᠢ ᠵᠢ ᠪᠠᠶ᠋ᠢᠭᠤᠯᠪᠠ᠃ ᠣᠢ ᠰᠢᠭᠤᠢ ᠵᠢᠨ ᠴᠡᠴᠡᠷᠯᠢᠭ᠂ ᠨᠤᠭᠤ ᠭᠠᠵᠠᠷ᠎ᠤᠨ ᠴᠡᠴᠡᠷᠯᠢᠭ᠂ ᠭᠠᠵᠠᠷ ᠰᠢᠨᠵᠢᠯᠡᠭᠡᠨ᠎ᠤ ᠴᠡᠴᠡᠷᠯᠢᠭ ᠵᠡᠷᠭᠡ 372 ᠪᠣᠯᠪᠠ᠃ 2019 ᠤᠨ᠎ᠳᠤ ᠪᠦᠭᠦ ᠤᠷᠤᠨ᠎ᠤ ᠠᠮᠢ ᠠᠬᠤᠢ ᠵᠢᠨ ᠦᠢ᠍ᠯᠡᠳᠬᠦᠨ᠎ᠤ ᠥᠷᠳᠡᠭ (GEP) 4.48 ᠲᠦᠮᠡᠨ ᠳ᠋ᠦᠩᠰᠢᠭᠤᠷ ᠲᠦᠭᠦᠷᠢᠭ᠎ᠲᠤ ᠭᠦᠷᠴᠤ᠂ ᠠᠳᠠᠯᠢ ᠬᠤᠭᠤᠴᠠᠭ᠋ᠠᠨ᠎ᠤ GDP ᠵᠢᠨ 2.6 ᠲᠠᠬᠢᠨ ᠪᠣᠯᠣᠭ᠋ᠠᠳ 2015 ᠤᠨ᠎ᠤ᠎ᠬᠢ᠎ᠲᠠᠢ ᠬᠠᠷᠢᠴᠠᠭᠤᠯᠬᠤ᠎ᠳᠤ 13.8% ᠨᠡᠮᠡᠭᠳᠡᠪᠡ᠃ ᠰᠠᠭᠤᠷᠢ ᠪᠡᠯᠡᠳᠬᠡᠮᠵᠢ ᠵᠢᠨ ᠪᠠᠳᠤᠯᠠᠭ᠎ᠠ ᠵᠢᠨ ᠴᠢᠳᠠᠪᠤᠷᠢ ᠤᠯᠠᠮ ᠨᠢᠭᠡ ᠠᠯᠬᠤᠮ ᠴᠢᠩᠭ᠋ᠠᠷᠠᠪᠠ᠂ ᠲᠡᠬᠡᠳᠦ ᠬᠤᠷᠳᠤ ᠵᠢᠨ ᠲᠡᠮᠦᠷ ᠵᠠᠮ᠎ᠢ 404 ᠺᠢᠯᠤᠮᠸᠲᠷ ᠲᠡᠪᠢᠰᠴᠤ᠂ ᠪᠦᠭᠦ ᠤᠯᠤᠰ᠎ᠤᠨ ᠳᠡᠭᠡᠳᠦ ᠬᠤᠷᠳᠤ ᠵᠢᠨ ᠲᠡᠮᠦᠷ ᠵᠠᠮ᠎ᠤᠨ ᠰᠦᠯᠵᠢᠶ᠎ᠡ᠎ᠳᠤ ᠵᠠᠯᠭ᠋ᠠᠭᠤᠯᠤᠨ ᠤᠷᠤᠭᠤᠯᠪᠠ᠃ ᠪᠦᠭᠦ ᠤᠷᠤᠨ᠎ᠤ ᠬᠤᠰᠢᠭᠤ ᠰᠢᠶᠠᠨ (ᠬᠤᠳᠠ᠂ ᠲᠤᠭᠤᠷᠢᠭ) ᠪᠦᠭᠦᠨ᠎ᠳᠤ ᠲᠡᠬᠡᠳᠦ ᠲᠡᠰ᠎ᠤᠨ ᠵᠠᠰᠠᠮᠠᠯ ᠵᠠᠮ᠎ᠢ ᠨᠡᠪᠳᠡᠷᠡᠬᠦᠯᠵᠦ᠂ ᠰᠤᠮᠤ ᠰᠢᠶᠠᠩ ᠪᠠᠯᠭ᠋ᠠᠰᠤ ᠪᠠ ᠨᠦᠭᠦᠴᠡᠯ ᠪᠦᠷᠢᠯᠳᠦᠭᠰᠡᠨ ᠵᠠᠰᠠᠬ ᠵᠠᠬᠢᠷᠭ᠋ᠠᠨ᠎ᠤ ᠭᠠᠴᠠᠭ᠎ᠠ ᠲᠤᠰᠬᠤᠨ ᠪᠦᠭᠦᠨ᠎ᠳᠤ ᠳᠡᠪᠢᠰᠴᠦ ᠬᠠᠳᠠᠭᠤᠷᠠᠭᠤᠯᠤᠨᠨᠰᠠᠨ ᠵᠠᠮ᠎ᠢ ᠨᠡᠪᠲᠡᠷᠡᠭᠦᠯᠪᠡ᠃ ᠨᠡᠶ᠋ᠢᠳᠡᠮ ᠬᠡᠷᠡᠭᠯᠡᠬᠦ ᠨᠢᠰᠬᠡᠯ᠎ᠤᠨ ᠪᠠᠭᠤᠳᠠᠯ᠎ᠢ 15 ᠰᠢᠨ᠎ᠡ᠎ᠪᠠᠷ ᠪᠠᠶ᠋ᠢᠭᠤᠯᠵᠦ᠂ ᠠᠷᠠᠳ᠎ᠤᠨ ᠬᠡᠷᠡᠭᠯᠡᠬᠡᠨ᠎ᠤ ᠨᠢᠰᠬᠡᠯ᠎ᠤᠨ ᠪᠠᠭᠤᠳᠠᠯ 40 ᠪᠣᠯᠪᠠ᠃ ᠲᠡᠭᠷᠢᠯᠢᠭ ᠠᠭ᠋ᠠᠷ ᠠᠶᠠᠯᠠᠯ᠎ᠤᠨ ᠺᠤᠮᠫᠠᠨᠢ ᠵᠢ ᠪᠠᠶ᠋ᠢᠭᠤᠯᠵᠤ᠂ ᠵᠠᠯᠠᠨ ᠠᠶ᠋ᠢᠯ᠂ ᠤᠯᠠᠭ᠋ᠠᠨᠬᠤᠲᠠ᠂ ᠣᠷᠳᠤᠰ᠎ᠤᠨ ᠠᠭ᠋ᠠᠷ ᠠᠶᠠᠯᠠᠯ᠎ᠤᠨ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠶ᠋ᠢᠭᠤᠯᠪᠠ᠃ ᠬᠠᠳᠤᠨ ᠭᠤᠤᠯ᠎ᠤᠨ ᠦᠶᠡᠷ᠎ᠢ ᠰᠡᠷᠬᠡᠶ᠋ᠢᠯᠡᠬᠦ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ ᠵᠢᠴᠢ ᠯᠢᠶᠤᠤ ᠾᠧ᠂ ᠨᠤᠨ ᠮᠦᠷᠡᠨ᠎ᠤ ᠭᠤᠣᠯ ᠣᠷᠤᠰᠬᠠᠯ᠎ᠤᠨ ᠵᠠᠰᠠᠯᠲᠠ ᠵᠢᠨ ᠢᠨᠵᠧᠨᠧᠷᠢᠩ᠎ᠢ ᠪᠠᠶ᠋ᠢᠭᠤᠯᠪᠠ᠃ ᠣᠨᠴᠠ ᠦᠨᠳᠦᠷ ᠭᠦᠴᠦᠳᠡᠯᠳᠦ ᠴᠠᠬᠢᠯᠭ᠋ᠠᠨ ᠭᠦᠴᠦᠨ᠎ᠢ ᠭᠠᠳ᠋ᠬᠠᠰᠢ ᠳᠠᠮᠵᠢᠭᠤᠯᠬᠤ᠎ᠳᠤ ᠰᠠᠭ᠋ᠠᠳ ᠦᠭᠡᠢ ᠨᠡᠪᠲᠡᠷᠡᠬᠦ ᠱᠤᠭᠤᠮ᠎ᠢ ᠰᠢᠨ᠎ᠡ᠎ᠪᠠᠷ 5 ᠪᠠᠶ᠋ᠢᠭᠤᠯᠵᠦ᠂ ᠴᠠᠬᠢᠯᠭ᠋ᠠᠨ ᠭᠠᠷᠭ᠋ᠠᠬᠤ ᠬᠡᠮᠵᠢᠶ᠎ᠡ ᠪᠠ ᠭᠠᠳ᠋ᠬᠠᠰᠢ ᠳᠠᠮᠵᠢᠭᠤᠯᠬᠤ ᠴᠠᠬᠢᠯᠭ᠋ᠠᠨ᠎ᠤ ᠬᠡᠮᠵᠢᠶ᠎ᠡ ᠪᠦᠭᠦ ᠤᠯᠤᠰ᠎ᠤᠨ ᠲᠡᠷᠢᠬᠦᠨ᠎ᠳᠤ ᠣᠷᠣᠪᠠ᠃ ᠠᠷᠠᠳ᠎ᠤᠨ ᠠᠮᠢᠳᠤᠷᠠᠯ᠎ᠤᠨ ᠲᠦᠪᠰᠢᠨ ᠲᠠᠰᠤᠷᠠᠯᠳᠠ ᠦᠬᠡᠢ ᠲᠡᠭᠡᠭᠰᠢᠯᠡᠪᠡ᠂ ᠠᠷᠠᠳ᠎ᠤᠨ ᠠᠮᠢᠳᠤᠷᠠᠯ᠎ᠳᠠᠬᠢ ᠤᠷᠤᠭᠤᠯᠤᠯᠲᠠ ᠦᠷᠭᠦᠯᠵᠢᠯᠡᠨ ᠨᠡᠮᠡᠭᠳᠡᠵᠦ᠂ ᠬᠤᠲᠠ ᠪᠠᠯᠭ᠋ᠠᠰᠤᠨ᠎ᠤ ᠠᠵᠢᠯ ᠣᠯᠭᠤᠯᠲᠠ ᠲᠣᠭᠲᠠᠭᠤᠨ ᠵᠶ᠋ᠠᠷ ᠨᠡᠮᠡᠭᠳᠡᠨ᠂ ᠪᠦᠭᠦ ᠰᠠᠭᠤᠭ᠋ᠠᠯᠢ ᠠᠷᠠᠳ᠎ᠤᠨ ᠭᠦᠮᠦᠨ ᠲᠤᠮᠳᠠᠴᠢ ᠵᠢᠨ ᠡᠵᠡᠮᠳᠡᠨ ᠭᠡᠷᠡᠭᠯᠡᠵᠦ ᠪᠣᠯᠬᠤ ᠣᠷᠣᠯᠭ᠎ᠠ ᠦᠷᠭᠦᠯᠵᠢᠯᠡᠨ ᠳᠡᠭᠡᠭᠰᠢᠯᠡᠪᠡ᠃ ᠬᠤᠳᠠ ᠭᠦᠳᠡᠭᠡ ᠵᠢ ᠬᠠᠮᠤᠷᠤᠨᠨᠰᠠᠨ ᠨᠡᠶ᠋ᠢᠬᠡᠮ᠎ᠤᠨ ᠪᠠᠳᠤᠯᠠᠭ᠎ᠠ ᠵᠢᠨ ᠰᠢᠰᠲ᠋ᠧᠮᠵᠢ ᠦᠨᠳᠦᠰᠦᠨ᠎ᠳᠡᠭᠡᠨ ᠪᠠᠶ᠋ᠢᠭᠤᠯᠤᠬᠳᠠᠵᠦ᠂ ᠤᠯᠠᠨ ᠨᠡᠶ᠋ᠢᠳᠡ ᠵᠢᠨ ᠦᠢ᠍ᠯᠡᠴᠢᠯᠡᠬᠡᠨ᠎ᠤ ᠰᠢᠰᠲ᠋ᠧᠮ᠎ᠢ ᠲᠠᠰᠤᠷᠠᠯᠳᠠ ᠦᠬᠡᠢ ᠲᠡᠭᠦᠯᠳᠡᠷᠵᠢᠬᠦᠯᠪᠡ᠃ ᠰᠤᠷᠭ᠋ᠠᠨ ᠬᠦᠮᠦᠵᠢᠯ᠎ᠤᠨ ᠲᠦᠭᠡᠮᠡᠯᠵᠢᠭᠰᠡᠨ ᠬᠢᠷᠢ ᠲᠦᠪᠰᠢᠨ ᠪᠦᠬᠦ ᠲᠠᠯ᠎ᠠ᠎ᠪᠠᠷ ᠳᠡᠭᠡᠭᠰᠢᠯᠡᠵᠦ᠂ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠱᠠᠲᠤᠨ᠎ᠳᠠᠬᠢ ᠰᠤᠷᠭ᠋ᠠᠭᠤᠯᠢ ᠵᠢᠨ 《ᠲᠤᠮᠤ ᠬᠠᠨᠵᠤ》᠂ ᠰᠤᠷᠭ᠋ᠠᠭᠤᠯᠢ ᠵᠢᠨ ᠪᠠᠶ᠋ᠢᠷᠢ ᠵᠢᠨ ᠠᠷᠢᠭᠤᠨ ᠴᠡᠪᠡᠷ ᠪᠠ ᠰᠦᠷᠴᠢᠮᠡᠯ ᠤᠬᠢᠶᠠᠯᠭ᠎ᠠ᠎ᠲᠠᠢ ᠪᠡᠯᠡᠳᠭᠡᠮᠵᠢ᠂ ᠬᠤᠭᠤᠯᠠᠨ ᠭᠡᠷ᠎ᠤᠨ ᠰᠢᠪᠠᠷ ᠵᠣᠤᠬ᠎ᠠ᠂ ᠵᠣᠤᠬ᠎ᠠ᠎ᠪᠠᠷ ᠳᠤᠯᠠᠭ᠋ᠠᠯᠠᠬᠤ ᠵᠡᠷᠭᠡ ᠳᠣᠪᠤᠶ᠋ᠢᠮ᠎ᠠ ᠠᠰᠠᠭᠤᠳᠠᠯ᠎ᠢ ᠦᠨᠳᠦᠰᠦᠨ᠎ᠳᠤ᠎ᠪᠠᠨ ᠰᠢᠢ᠍ᠳᠪᠦᠷᠢᠯᠡᠪᠡ᠃ ᠪᠦᠬᠦ ᠣᠷᠣᠨ᠎ᠳᠤ ᠳ᠋ᠣᠺᠲ᠋ᠣᠷ ᠴᠤᠯᠠ ᠣᠯᠭᠤᠬᠤ ᠴᠡᠭ 32 ᠪᠠᠶ᠋ᠢᠭᠰᠠᠨ᠎ᠠᠴᠠ᠎ᠪᠠᠨ 42 ᠪᠣᠯᠵᠤ ᠨᠡᠮᠡᠭᠳᠡᠪᠡ᠃ ᠬᠤᠰᠢᠭᠤ ᠰᠢᠶᠠᠨ᠎ᠤ ᠳᠡᠰ᠎ᠤᠨ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶ᠎ᠠ ᠪᠦᠬᠦᠨ ᠬᠤᠶᠠᠳᠤᠭ᠋ᠠᠷ ᠳᠡᠰ᠎ᠠᠴᠠ ᠳᠡᠭᠡᠭᠰᠢᠬᠢ ᠡᠮᠨᠡᠯᠭᠡ ᠵᠢᠨ ᠬᠤᠷᠢᠶᠠᠨ᠎ᠤ ᠪᠠᠷᠢᠮᠵᠢᠶ᠎ᠠ᠎ᠳᠤ ᠬᠦᠷᠪᠡ᠃ ᠮᠢᠩᠭ᠋ᠠᠨ ᠬᠦᠮᠦᠨ ᠪᠣᠯᠭ᠋ᠠᠨ᠎ᠳᠤ ᠨᠤᠭᠲᠠᠬᠤ ᠡᠪᠡᠳᠴᠢᠲᠡᠨ᠎ᠤ ᠣᠷᠤ᠂ ᠠᠵᠢᠯ ᠡᠷᠬᠢᠯᠡᠬᠦ ᠡᠮᠴᠢ ᠵᠢᠨ ᠲᠤᠭ᠎ᠠ ᠵᠢ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠳᠠᠪᠠᠭᠤᠯᠪᠠ᠃ 《ᠭᠡᠷᠡᠯ ᠭᠡᠭᠡ ᠵᠢᠨ ᠠᠶᠠᠯᠠᠯ》 ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠋ᠠᠨ ᠵᠶ᠋ᠠᠷ ᠬᠠᠷᠠᠭ᠎ᠠ ᠣᠷᠤᠭᠤᠯᠬᠤ ᠮᠡᠰᠡ ᠵᠠᠰᠠᠯ ᠬᠢᠯᠭᠡᠭᠰᠡᠨ ᠡᠪᠡᠳᠴᠢᠲᠡᠨ ᠨᠡᠶ᠋ᠢᠲᠡ 3 ᠲᠦᠮᠡ ᠵᠢ ᠳᠠᠪᠠᠵᠦ᠂ ᠳᠤᠮᠳᠠᠳᠤ ᠵᠢᠨ ᠨᠢᠭᠦᠯᠡᠰᠦᠩᠭᠦᠢ ᠵᠢᠨ ᠱᠠᠩᠨᠠᠯ᠂ ᠠᠽᠢᠶ᠎ᠠ ᠲᠢᠪ᠎ᠤᠨ ᠬᠠᠷᠠᠭ᠎ᠠ ᠠᠯᠳᠠᠬᠤ ᠵᠢ ᠰᠡᠷᠭᠡᠶ᠋ᠢᠯᠡᠬᠦ ᠰᠠᠭᠤᠷᠢ ᠮᠦᠩᠭᠦᠨ᠎ᠤ ᠨᠡᠶ᠋ᠢᠭᠡᠮᠯᠢᠭ᠎ᠤᠨ ᠣᠯᠭᠤᠬᠰᠠᠨ ᠴᠤᠷ᠎ᠤᠨ ᠭᠠᠭᠴᠠ ᠣᠨᠴᠠᠭ᠋ᠠᠢ ᠬᠤᠪᠢ ᠨᠡᠮᠡᠷᠢ ᠵᠢᠨ ᠱᠠᠩᠨᠠᠯ᠎ᠢ ᠬᠦᠷᠲᠡᠪᠡ᠃ 66.6 ᠲᠦᠮᠡᠨ ᠬᠡᠦᠬᠡᠳ ᠵᠠᠯᠠᠭᠤᠴᠤᠳ ᠪᠠᠭ᠋ᠠᠴᠤᠳ᠎ᠤᠨ ᠤᠢ᠍ᠢ᠍ᠷ᠎ᠡ ᠬᠠᠷᠠᠭ᠎ᠠ ᠵᠢ᠎ᠨᠢ ᠪᠠᠶ᠋ᠢᠴᠠᠭ᠋ᠠᠨ ᠰᠢᠯᠭ᠋ᠠᠵᠦ᠂ ᠶᠠᠳᠠᠭᠤ ᠬᠦᠴᠢᠷᠳᠡᠯᠲᠠᠢ ᠭᠡᠷ ᠪᠦᠯᠢ ᠵᠢᠨ ᠤᠢ᠍ᠢ᠍ᠷ᠎ᠠ ᠬᠠᠷᠠᠭ᠎ᠠ᠎ᠲᠠᠢ 3903 ᠵᠠᠯᠠᠭᠤᠴᠤᠳ ᠪᠠᠭ᠋ᠠᠴᠤᠳ᠎ᠲᠤ ᠤᠢ᠍ᠢ᠍ᠷ᠎ᠠ ᠬᠠᠷᠠᠭ᠋ᠠᠨ᠎ᠤ ᠨᠢᠳᠦᠨ ᠰᠢᠯ ᠲᠠᠭ᠋ᠠᠷᠠᠭᠤᠯᠤᠨ ᠦᠭᠴᠦ᠂ ᠬᠢᠯᠠᠷ ᠬᠠᠷᠠᠭ᠎ᠠ᠎ᠲᠠᠢ 522 ᠵᠠᠯᠠᠭᠤᠴᠤᠳ ᠪᠠᠭ᠋ᠠᠴᠤᠳ᠎ᠲᠤ ᠬᠠᠷᠠᠭ᠎ᠠ ᠵᠢ᠎ᠨᠢ ᠲᠡᠭᠰᠢᠷᠡᠭᠦᠯᠬᠦ ᠮᠡᠰᠡ ᠵᠠᠰᠠᠯ ᠬᠢᠪᠡ᠃ ᠪᠦᠵᠢᠭᠲᠦ ᠵᠦᠴᠦᠭᠡ 《ᠲᠠᠯ᠎ᠠ ᠨᠤᠲᠤᠬ᠎ᠤᠨ ᠪᠢᠴᠢᠬᠠᠨ ᠡᠭᠡᠴᠢ ᠦᠬᠢᠨ ᠳᠡᠭᠦᠦ》 ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠸᠧᠨ ᠬᠤᠸᠠ ᠲᠤᠮᠤ ᠱᠠᠩᠨᠠᠯ᠎ᠢ ᠭᠠᠷᠳᠠᠵᠦ᠂ 《ᠮᠤᠷᠢᠲᠦ ᠴᠡᠷᠢᠭ》 ᠳᠤᠮᠳᠠᠳᠦ ᠤᠯᠤᠰ᠎ᠤᠨ ᠪᠦᠵᠢᠭ᠎ᠤᠨ 《ᠯᠢᠩᠬ᠍ᠸ᠎ᠠ ᠱᠠᠩᠨᠠᠯ》᠎ᠢ ᠬᠦᠷᠲᠡᠪᠡ᠃ ᠮᠡᠳᠡᠭᠡᠯᠡᠯ᠎ᠤᠨ ᠤᠷᠠᠨ ᠵᠤᠬᠢᠶᠠᠯ 《ᠮᠤᠤᠡᠤᠰᠦ ᠵᠢᠨ ᠨᠤᠭᠤᠭ᠋ᠠᠨ ᠲᠤᠤᠯᠢᠰ》 ᠵᠢᠷᠭᠤᠳᠤᠭ᠋ᠠᠷ ᠬᠤᠭᠤᠴᠠᠭ᠋ᠠᠨ᠎ᠤ ᠯᠦ᠍ ᠰᠢᠶᠦ᠋ᠨ ᠤᠳᠬ᠎ᠠ ᠵᠤᠬᠢᠶᠠᠯ᠎ᠤᠨ ᠱᠠᠩᠨᠠᠯ᠎ᠢ ᠬᠦᠷᠲᠡᠪᠡ᠃ ᠤᠰᠤᠨ ᠪᠤᠳᠤᠬ᠎ᠤᠨ ᠵᠢᠷᠤᠬ 《ᠠᠯᠤᠰ᠎ᠲᠤ》 ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠦ ᠤᠯᠤᠰ᠎ᠤᠨ ᠤᠷᠠᠨ ᠵᠢᠷᠤᠬ᠎ᠤᠨ ᠠᠯᠲᠠᠨ ᠱᠠᠩᠨᠠᠯ᠎ᠢ ᠬᠦᠷᠲᠡᠪᠡ᠃ ᠦᠶᠤᠸᠠᠨ᠎ᠳᠤ ᠶᠠᠫᠤᠨ᠎ᠢ ᠡᠰᠡᠷᠭᠦᠴᠡᠭᠰᠡᠨ ᠳᠠᠶ᠋ᠢᠨ᠎ᠤ ᠳᠤᠷᠠᠰᠬᠠᠯ᠎ᠤᠨ ᠤᠷᠳᠤᠨ ᠵᠢᠴᠢ ᠪᠤᠷᠤᠪᠠᠯᠭ᠋ᠠᠰᠤ᠂ ᠲᠤᠭᠤᠷᠢᠮ ᠵᠡᠷᠭᠡ ᠭᠠᠵᠠᠷ᠎ᠲᠤ ᠬᠤᠪᠢᠰᠬᠠᠯᠳᠤ ᠰᠤᠶᠤᠯ᠎ᠤᠨ ᠭᠦᠮᠦᠵᠢᠯ᠎ᠤᠨ ᠰᠠᠭᠤᠷᠢᠨ ᠭᠠᠵᠠᠷ᠎ᠢ ᠪᠠᠶ᠋ᠢᠭᠤᠯᠵᠦ᠂ ᠤᠯᠠᠭ᠋ᠠᠨᠮᠦ᠋ᠴᠢᠷ᠎ᠤᠨ ᠤᠷᠳᠤᠨ᠂ ᠦᠪᠦᠷ ᠮᠤᠩᠭᠤᠯ᠎ᠤᠨ ᠪᠠᠶ᠋ᠢᠭ᠋ᠠᠯᠢ ᠵᠢᠨ ᠮᠦᠽᠧᠢ᠂ ᠦᠪᠦᠷ ᠮᠤᠩᠭᠤᠯ᠎ᠤᠨ ᠮᠦᠰᠦᠨ ᠳᠡᠭᠡᠷᠡᠬᠢ ᠲᠠᠮᠢᠷ᠎ᠤᠨ ᠬᠦᠳᠡᠯᠭᠡᠭᠡᠨ᠎ᠤ ᠰᠤᠷᠭ᠋ᠠᠭᠤᠯᠢᠯᠠᠯ᠎ᠤᠨ ᠲᠦᠪ ᠵᠡᠷᠭᠡ ᠨᠢᠭᠡ ᠪᠦᠯᠦᠭ ᠨᠤᠮ᠎ᠤᠨ ᠰᠠᠩ᠂ ᠰᠤᠶᠤᠯ᠎ᠤᠨ ᠣᠷᠳᠣᠨ᠂ ᠮᠦᠽᠧᠢ᠂ ᠪᠡᠶ᠎ᠠ ᠲᠠᠮᠢᠷ᠎ᠤᠨ ᠤᠷᠳᠤᠨ ᠪᠠ ᠦᠨᠳᠦᠰᠦᠨ ᠱᠠᠲᠤᠨ᠎ᠤ ᠰᠤᠶᠤᠯ᠎ᠤᠨ ᠥᠷᠲᠡᠭᠡ ᠵᠢ ᠪᠠᠶ᠋ᠢᠭᠤᠯᠪᠠ᠃ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠤᠭᠤᠴᠠᠭ᠋ᠠᠨ᠎ᠳᠤ ᠨᠡᠶ᠋ᠢᠭᠡᠮ᠎ᠤᠨ ᠬᠥᠯ ᠪᠦᠮᠪᠦᠭᠡ ᠵᠢᠨ ᠲᠠᠯᠠᠪᠤᠷ᠎ᠢ ᠪᠦᠲᠦᠭᠡᠨ ᠪᠠᠶ᠋ᠢᠭᠤᠯᠬᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ᠃
    ᠤᠯᠠᠨ ᠵᠦᠷᠢᠴᠡᠯ ᠳᠠᠪᠬᠤᠷᠳᠠᠨ ᠲᠤᠯᠭ᠋ᠠᠷᠠᠵᠦ᠂ ᠲᠥᠭᠰᠢᠭᠦᠷᠢ ᠪᠠ ᠦᠷᠢᠰᠦᠯᠳᠦᠭᠡᠨ ᠢᠯᠡᠷᠬᠡᠢ ᠨᠡᠮᠡᠭᠳᠡᠭᠰᠡᠨ ᠪᠠᠶ᠋ᠢᠳᠠᠯ ᠳᠣᠣᠷ᠎ᠠ᠂ ᠪᠦᠭᠦ ᠤᠷᠤᠨ᠎ᠤ ᠲᠡᠬᠡᠳᠦ ᠲᠤᠤᠷᠠᠳᠣ ᠱᠠᠳᠤᠨ᠎ᠤ ᠬᠠᠮᠳᠤ ᠵᠢᠨ ᠴᠢᠷᠮᠠᠶ᠋ᠢᠯᠭ᠎ᠠ᠎ᠪᠠᠷ ᠳᠠᠮᠵᠢᠭ᠋ᠠᠳ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠭᠦᠯᠭᠡ᠎ᠳᠤ ᠲᠣᠭᠲᠠᠭ᠋ᠠᠭᠰᠠᠨ ᠬᠠᠷᠠᠯᠲᠠ ᠡᠭᠦᠷᠬᠡ ᠦᠨᠳᠦᠰᠦᠨ᠎ᠳᠡᠭᠡᠨ ᠪᠡᠶᠡᠯᠡᠭᠳᠡᠵᠦ᠂ ᠴᠢᠨᠡᠭᠡᠯᠢᠭ ᠨᠡᠶ᠋ᠢᠬᠡᠮ᠎ᠢ ᠪᠦᠭᠦ ᠲᠠᠯ᠎ᠠ᠎ᠪᠠᠷ ᠪᠠᠶ᠋ᠢᠭᠤᠯᠬᠤ ᠠᠵᠢᠯ ᠰᠢᠢ᠍ᠳᠪᠦᠷᠢᠯᠡᠭᠴᠢ ᠴᠢᠨᠠᠷᠳᠠᠢ ᠠᠮᠵᠢᠯᠳᠠ ᠣᠯᠣᠭ᠋ᠠᠳ ᠰᠢᠨ᠎ᠡ ᠭᠦᠭᠵᠢᠯᠳᠡ ᠵᠢᠨ ᠱᠠᠳᠤᠨ᠎ᠤ ᠨᠡᠶ᠋ᠢᠬᠡᠮ ᠵᠢᠷᠤᠮᠳᠤ ᠤᠳᠤᠬᠢᠴᠢᠯᠠᠯᠳᠠ ᠵᠢᠨ ᠪᠦᠲᠦᠬᠡᠨ ᠪᠠᠶ᠋ᠢᠭᠤᠯᠤᠯᠳᠠ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠴᠢᠬᠤᠯᠠ ᠰᠠᠭᠤᠷᠢ ᠲᠠᠯᠪᠢᠪᠠ᠃
    ᠲᠦᠯᠦᠭᠡᠯᠡᠭᠴᠢᠳ ᠡ᠂ ᠦᠩᠬᠡᠷᠡᠭᠰᠡᠨ ᠲᠠᠪᠤᠨ ᠵᠢᠯ᠎ᠳᠤ ᠣᠯᠣᠭᠰᠠᠨ ᠠᠮᠵᠢᠯᠳᠠ ᠪᠦᠳᠦᠮᠵᠢ ᠬᠢᠯᠪᠡᠷ ᠪᠤᠰᠣ ᠶᠤᠮ᠃ ᠡᠨᠡ ᠪᠤᠯ ᠰᠢ ᠵᠢᠨ ᠫᠢᠩ ᠨᠦᠭᠦᠷ ᠵᠶ᠋ᠠᠷ ᠭᠤᠤᠯ ᠪᠤᠯᠭ᠋ᠠᠨᠨᠰᠠᠨ ᠨᠠᠮ᠎ᠤᠨ ᠲᠦᠪ ᠬᠤᠷᠢᠶᠠᠨ᠎ᠤ ᠪᠠᠳᠣ ᠴᠢᠩᠭ᠎ᠠ ᠣᠳᠣᠷᠢᠳᠤᠬᠰᠠᠨ ᠪᠠ ᠲᠤᠳᠤᠨᠤ ᠬᠠᠯᠠᠮᠵᠢᠯᠬᠠᠰᠠᠨ᠎ᠤ ᠦᠷ᠎ᠡ ᠳ᠋ᠦᠩ ᠪᠣᠯᠬᠤ ᠶᠣᠮ᠂ ᠪᠦᠭᠦ ᠤᠷᠤᠨ᠎ᠤ ᠦᠷᠭᠡᠨ ᠤᠯᠠᠨ ᠺᠠᠳ᠋ᠷ ᠤᠯᠠᠨ ᠲᠦᠮᠡᠨ ᠭᠦᠴᠢᠷ ᠪᠡᠷᠬᠡ ᠵᠢ ᠢᠯᠠᠨ ᠲᠠᠪᠠᠵᠦ ᠪᠦᠯᠭᠦᠮᠳᠡᠨ ᠲᠡᠮᠡᠴᠡᠭᠰᠡᠨ᠎ᠤ ᠦᠷ᠎ᠡ ᠳ᠋ᠦᠩ ᠪᠣᠯᠬᠤ ᠶᠤᠮ᠃ ᠪᠢ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠤᠨ᠎ᠡ᠎ᠠᠴᠠ ᠪᠦᠭᠦ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠂ ᠦᠪᠡᠷᠳᠡᠬᠡᠨ ᠵᠠᠰᠠᠬᠤ ᠤᠷᠤᠨ᠎ᠤ ᠪᠦᠳᠦᠬᠡᠨ ᠪᠠᠶ᠋ᠢᠭᠤᠯᠤᠯᠳᠠ ᠪᠠ ᠭᠦᠭᠵᠢᠯᠳᠡ᠎ᠳᠤ ᠬᠤᠪᠢ ᠨᠡᠮᠡᠷᠢ ᠦᠵᠡᠭᠦᠯᠦᠭᠰᠡᠨ ᠪᠦᠭᠦ ᠨᠠᠶ᠋ᠢᠵᠠ ᠨᠦᠭᠦᠳ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠲᠡᠪᠰᠢᠭᠦᠯᠦᠶ᠎ᠡ!
    ᠠᠮᠵᠢᠯᠳᠠ ᠪᠦᠳᠦᠮᠵᠢ᠎ᠪᠠᠨ ᠨᠣᠳᠠᠯᠠᠬᠤ ᠵᠢᠨ ᠲᠠᠭ᠋ᠠᠣ᠂ ᠪᠦᠭᠦ ᠣᠷᠣᠨ᠎ᠤ ᠠᠵᠦ ᠠᠬᠤᠢ ᠨᠡᠶ᠋ᠢᠬᠡᠮ᠎ᠤᠨ ᠭᠦᠭᠵᠢᠯᠳᠡ᠎ᠳᠤ ᠴᠦᠬᠡᠨ ᠪᠣᠰᠣ ᠭᠦᠴᠢᠷᠳᠡᠯ ᠪᠠ ᠠᠰᠠᠭᠤᠳᠠᠯ ᠣᠷᠣᠰᠢᠵᠦ ᠪᠠᠶ᠋ᠢᠬᠤ ᠵᠢ ᠪᠢᠳᠡ ᠪᠠᠰᠠ ᠰᠡᠷᠬᠡᠭ ᠵᠶ᠋ᠠᠷ ᠲᠠᠨᠢᠵᠦ ᠣᠯᠪᠠ᠃ ᠬᠢᠵᠢᠭ᠎ᠤᠨ ᠪᠠᠶ᠋ᠢᠳᠠᠯ᠎ᠤᠨ ᠬᠤᠪᠢᠷᠠᠯᠳᠠ ᠪᠠ ᠭᠠᠳᠠᠷ ᠲᠠᠯ᠎ᠠ ᠵᠢᠨ ᠣᠷᠴᠢᠨ᠎ᠳᠤ ᠨᠡᠯᠢᠶᠡᠳ ᠤᠯᠠᠨ ᠪᠣᠯᠵᠣᠰᠢ ᠦᠬᠡᠢ ᠵᠦᠢ᠍ᠯ ᠤᠷᠤᠰᠢᠵᠦ᠂ ᠠᠵᠦ ᠠᠬᠤᠢ ᠵᠢᠨ ᠰᠡᠷᠭᠦᠯᠲᠡ ᠵᠢᠨ ᠰᠠᠭᠤᠷᠢ ᠬᠠᠷᠠᠬᠠᠨ ᠬᠡᠪᠡᠷᠡᠭ ᠪᠠᠶ᠋ᠢᠨᠨᠰᠠᠭ᠋ᠠᠷ; ᠭᠦᠭᠵᠢᠯᠳᠡ ᠵᠢᠨ ᠠᠷᠭ᠎ᠠ ᠬᠡᠯᠪᠡᠷᠢ᠎ᠪᠠᠨ ᠬᠤᠪᠢᠷᠠᠭᠤᠯᠬᠤ ᠡᠭᠦᠷᠬᠡ ᠬᠠᠲᠠᠭᠤ ᠪᠡᠷᠬᠡ᠂ ᠰᠢᠨᠵᠢᠯᠡᠬᠦ ᠣᠬᠠᠭ᠋ᠠᠨ ᠲᠧᠭᠨᠢᠭ ᠮᠡᠷᠬᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠠᠨᠠᠢ᠂ ᠴᠢᠳᠠᠪᠤᠷᠢᠳᠠᠨ ᠲᠤᠳᠠᠬᠳᠠᠵᠦ ᠪᠠᠶ᠋ᠢᠭ᠎ᠠ ᠠᠰᠠᠭᠤᠳᠠᠯ ᠲᠤᠪᠤᠶ᠋ᠢᠮ᠎ᠠ ᠪᠠᠶ᠋ᠢᠨᠨᠰᠠᠭ᠋ᠠᠷ; ᠡᠨᠧᠷᠬᠢ ᠵᠢᠨ ᠬᠤᠷᠣᠨᠨᠳᠠᠯ᠎ᠤᠨ ᠶᠡᠷᠦᠩᠬᠡᠢ ᠬᠡᠮᠵᠢᠶ᠎ᠡ ᠪᠠ ᠬᠤᠷᠤᠭᠳᠠᠯ᠎ᠤᠨ ᠭᠦᠴᠦᠯᠡᠴᠡ ᠬᠤᠶᠠᠷ᠎ᠢ ᠡᠵᠡᠮᠳᠡᠬᠦ ᠬᠠᠷᠠᠯᠲᠠ ᠡᠭᠦᠷᠬᠡ᠎ᠪᠠᠨ ᠪᠡᠶᠡᠯᠡᠬᠦᠯᠵᠦ ᠴᠢᠳᠠᠭ᠋ᠠᠳᠤᠢ; ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠳᠤ ᠪᠠᠰᠠ ᠴᠦᠬᠡᠨ ᠪᠤᠰᠤ ᠠᠰᠠᠭᠤᠳᠠᠯ ᠣᠷᠤᠰᠢᠭᠰᠠᠭ᠋ᠠᠷ᠂ ᠨᠢᠭᠡ ᠪᠦᠯᠦᠭ ᠠᠵᠦ ᠠᠬᠤᠶ᠋ᠢᠯᠠᠯ ᠤᠨᠴᠠᠭ᠋ᠠᠶ᠋ᠢᠯᠠᠨ ᠲᠤᠮᠳᠠ ᠵᠢᠵᠢᠭ ᠪᠢᠴᠢᠯ ᠠᠵᠦ ᠠᠬᠤᠶ᠋ᠢᠯᠠᠯ᠎ᠤᠨ ᠡᠵᠡᠩᠨᠡᠯᠳᠡ ᠭᠦᠴᠢᠷᠳᠡᠯᠳᠡᠢ ᠪᠠᠶ᠋ᠢᠨᠨᠰᠠᠭ᠋ᠠᠷ; ᠬᠡᠰᠡᠭ ᠭᠠᠵᠠᠷ ᠤᠷᠤᠨ᠎ᠤ ᠡᠳ᠋᠎ᠤᠨ ᠵᠠᠰᠠᠭ᠎ᠤᠨ ᠣᠷᠣᠯᠭ᠎ᠠ ᠵᠠᠷᠣᠯᠭ᠎ᠠ ᠵᠢᠨ ᠵᠦᠷᠢᠴᠡᠯ ᠳᠤᠪᠤᠶ᠋ᠢᠮ᠎ᠠ ᠪᠠᠶ᠋ᠢᠵᠦ᠂ ᠨᠡᠶ᠋ᠢᠬᠡᠮ᠎ᠤᠨ ᠠᠷᠠᠳ᠎ᠤᠨ ᠠᠮᠢᠳᠤᠷᠠᠯ᠎ᠤᠨ ᠭᠦᠷᠢᠶᠡᠨ᠎ᠳᠤ ᠲᠤᠳᠠᠭᠤᠳᠠᠯ ᠤᠷᠤᠰᠢᠨᠨᠰᠠᠭ᠋ᠠᠷ; ᠵᠠᠰᠠᠭ᠎ᠤᠨ ᠣᠷᠳᠣᠨ᠎ᠤ ᠰᠠᠯᠠᠭ᠎ᠠ ᠮᠦᠴᠢᠷ᠎ᠲᠤ ᠬᠡᠯᠪᠡᠷᠢᠴᠢ ᠦᠵᠡᠯ᠂ ᠨᠤᠶᠠᠨᠴᠢ ᠰᠣᠷᠲᠠᠯ᠎ᠤᠨ ᠠᠰᠠᠭᠤᠳᠠᠯ ᠠᠳᠠᠯᠢ ᠪᠤᠰᠤ ᠬᠡᠮᠵᠢᠶ᠎ᠡ᠎ᠪᠠᠷ ᠤᠷᠤᠰᠢᠨᠨᠰᠠᠭ᠋ᠠᠷ ᠪᠠᠶ᠋ᠢᠨ᠎ᠠ᠃ ᠪᠢᠳᠡ ᠡᠳᠡᠬᠡᠷ᠎ᠢ ᠵᠠᠪᠠᠯ ᠲᠡᠬᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠭᠦᠴᠦᠳᠡᠢ ᠠᠷᠭ᠎ᠠ ᠬᠡᠮᠵᠢᠶ᠎ᠡ ᠠᠪᠴᠤ ᠰᠢᠢ᠍ᠳᠪᠦᠷᠢᠯᠡᠬᠦ ᠬᠡᠷᠡᠭᠲᠡᠢ᠃
    ᠬᠤᠶᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠬᠠᠷᠠᠯᠲᠠ ᠡᠭᠦᠷᠭᠡ
    ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ 《ᠤᠯᠤᠰ ᠠᠷᠠᠳ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠦᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠣᠬᠠᠢ ᠰᠠᠨᠠᠭᠤᠯᠭ᠎ᠠ》 ᠵᠢ ᠦᠨᠳᠦᠰᠦᠯᠡᠨ᠂ ᠪᠢᠳᠡ 《ᠦᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠤᠯᠤᠨ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠦᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ (ᠲᠦᠰᠦᠯ)》 ᠵᠢ ᠨᠠᠶ᠋ᠢᠷᠠᠭᠤᠯᠤᠨ ᠵᠣᠬᠢᠶᠠᠵᠤ᠂ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠬᠤ᠂ ᠦᠭᠡᠷᠡᠴᠢᠯᠡᠯᠲᠡ ᠨᠡᠭᠡᠭᠡᠯᠲᠡ ᠬᠢᠬᠦ᠂ ᠨᠡᠶ᠋ᠢᠭᠡᠮ᠎ᠤᠨ ᠪᠣᠯᠪᠠᠰᠤᠨ᠂ ᠠᠮᠢ ᠠᠬᠤᠢ ᠵᠢᠨ ᠪᠣᠯᠪᠠᠰᠤᠨ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠂ ᠵᠠᠰᠠᠯᠲᠠ ᠵᠢᠨ ᠦᠷ᠎ᠡ ᠴᠢᠳᠠᠮᠵᠢ ᠭᠡᠬᠦ ᠵᠢᠷᠭᠤᠭ᠋ᠠᠨ ᠲᠠᠯ᠎ᠠ᠎ᠠᠴᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠬᠠᠷᠠᠯᠲᠠ ᠵᠢ ᠲᠤᠳᠤᠷᠬᠠᠢ ᠲᠣᠭᠲᠠᠭ᠋ᠠᠨ᠂ ᠬᠥᠭᠵᠢᠯᠲᠡ᠎ᠳᠤ ᠲᠤᠯᠭ᠋ᠠᠭᠤᠷᠢᠯᠠᠯ ᠪᠣᠯᠬᠤ ᠠᠯᠢ ᠣᠯᠠᠨ ᠭᠤᠣᠯᠳᠠᠯᠭ᠎ᠠ᠎ᠲᠠᠢ ᠡᠭᠦᠷᠭᠡ ᠪᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠴᠤ᠂ ᠲᠤᠰ ᠤᠳᠠᠭ᠋ᠠᠨ᠎ᠤ ᠬᠤᠷᠠᠯ᠎ᠳᠤ ᠬᠢᠨᠠᠨ ᠵᠦᠪᠯᠡᠭᠦᠯᠬᠦ᠎ᠪᠠᠷ ᠳᠡᠪᠰᠢᠭᠦᠯᠪᠡ᠃
   《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠤᠭᠤᠴᠠᠭ᠎ᠠ ᠪᠣᠯ ᠨᠡᠶ᠋ᠢᠬᠡᠮ ᠵᠢᠷᠤᠮᠳᠤ ᠤᠳᠤᠬᠢᠴᠢᠯᠬᠠᠰᠠᠨ ᠣᠯᠣᠰ᠎ᠢ ᠪᠦᠭᠦ ᠲᠠᠯ᠎ᠠ᠎ᠪᠠᠷ ᠪᠠᠶ᠋ᠢᠭᠤᠯᠬᠤ ᠰᠢᠨ᠎ᠡ ᠠᠶᠠᠯᠠᠯ ᠵᠶ᠋ᠠᠨ ᠡᠬᠢᠯᠡᠬᠦᠯᠬᠦ ᠨᠢᠭᠡᠳᠦᠬᠡᠷ ᠲᠠᠪᠤᠨ ᠵᠢᠯ ᠪᠣᠯᠣᠨ᠎ᠠ᠃ ᠪᠢᠳᠡ ᠰᠢᠨ᠎ᠡ ᠬᠥᠭᠵᠢᠯᠲᠡ ᠵᠢᠨ ᠱᠠᠲᠤ ᠦᠶ᠎ᠡ ᠵᠢ ᠣᠨᠤᠪᠴᠢᠲᠠᠢ ᠡᠵᠡᠮᠳᠡᠵᠦ᠂ ᠰᠢᠨ᠎ᠡ ᠭᠦᠭᠵᠢᠯᠳᠡ ᠵᠢᠨ ᠤᠨᠤᠯᠵᠢᠬᠤᠨ᠎ᠢ ᠭᠦᠨᠵᠡᠬᠡᠢ ᠲᠤᠭᠤᠰᠢᠯᠠᠭᠤᠯᠤᠨ᠂ ᠰᠢᠨ᠎ᠡ ᠭᠦᠭᠵᠢᠯᠳᠡ ᠵᠢᠨ ᠪᠠᠶ᠋ᠢᠷᠢᠰᠢᠯ᠎ᠳᠤ ᠲᠦᠷᠬᠡᠬᠡᠨ ᠠᠭᠤᠰᠤᠯᠴᠠᠵᠦ᠂ ᠶᠡᠷᠦᠩᠬᠡᠢ ᠱᠦᠵᠢ ᠰᠢ ᠵᠢᠨ ᠫᠢᠩ ᠪᠠ ᠨᠠᠮ᠎ᠤᠨ ᠲᠥᠪ ᠬᠤᠷᠢᠶᠠᠨ᠎ᠠᠴᠠ ᠦᠪᠦᠷ ᠮᠤᠩᠭᠤᠯ᠎ᠳᠤ ᠲᠣᠭᠲᠠᠭ᠋ᠠᠵᠦ ᠦᠭᠭᠦᠭᠰᠡᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠶᠣᠰᠣᠭ᠋ᠠᠷ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠦᠷ ᠲᠦᠪᠰᠢᠨ᠎ᠤ ᠬᠠᠯᠬᠠᠪᠴᠢ ᠪᠠ ᠡᠬᠡ ᠤᠯᠤᠰ᠎ᠤᠨ ᠤᠮᠠᠷᠠᠲᠣ ᠬᠢᠯᠢ ᠵᠢᠨ ᠠᠮᠦᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠬᠢᠵᠢᠭᠦᠯᠵᠦ᠂ ᠤᠯᠤᠰ᠎ᠤᠨ ᠡᠨᠧᠷᠬᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠴᠢᠬᠤᠯᠠ ᠰᠠᠭᠤᠷᠢᠨ ᠭᠠᠵᠠᠷ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠦᠢ᠍ᠯᠡᠳᠪᠦᠷᠢᠯᠡᠯ᠎ᠤᠨ ᠴᠢᠬᠤᠯᠠ ᠰᠠᠭᠤᠷᠢᠨ ᠭᠠᠵᠠᠷ᠎ᠢ ᠪᠠᠶ᠋ᠢᠭᠤᠯᠤᠨ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢ ᠴᠤᠭᠴᠠᠯᠠᠵᠤ᠂ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ᠎ᠳᠤ ᠨᠡᠶ᠋ᠢᠴᠡᠭᠰᠡᠨ᠂ ᠦᠪᠦᠷ ᠮᠣᠩᠭᠤᠯ᠎ᠤᠨ ᠦᠪᠡᠷᠮᠢᠴᠡ ᠣᠨᠴᠠᠯᠢᠭ᠎ᠢ ᠢᠯᠡᠷᠡᠭᠦᠯᠦᠭᠰᠡᠨ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠵᠦ ᠪᠤᠬᠢᠷᠳᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠨ᠎ᠠ᠃
    ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠠᠷᠠᠳ ᠲᠦᠮᠡᠨ᠎ᠤ ᠪᠤᠶᠠᠨ ᠵᠢᠷᠭ᠋ᠠᠯ᠎ᠢ ᠨᠡᠮᠡᠭᠳᠡᠭᠦᠯᠬᠦ ᠪᠠ ᠬᠠᠮᠲᠤ᠎ᠪᠠᠷ ᠴᠢᠨᠡᠭᠡᠯᠢᠭᠵᠢᠭᠦᠯᠬᠦ ᠵᠢ ᠠᠬᠢᠭᠤᠯᠬᠤ᠎ᠪᠠᠷ ᠬᠥᠭᠵᠢᠯᠲᠡ ᠵᠢᠨ ᠡᠬᠢᠯᠡᠯᠲᠡ ᠪᠠ ᠳᠤᠰᠤᠯᠲᠠ ᠪᠣᠯᠭ᠋ᠠᠨ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠰᠠᠶ᠋ᠢᠵᠢᠷᠠᠭᠤᠯᠤᠨ᠂ ᠠᠷᠠᠳ ᠣᠯᠠᠨ᠎ᠤ ᠬᠦᠷᠲᠡᠭᠡᠮᠵᠢ ᠵᠢᠨ ᠲᠦᠷᠦᠭᠳᠡᠯ᠂ ᠵᠣᠯ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠥᠷᠥᠭᠳᠡᠯ᠎ᠢ᠎ᠨᠢ ᠲᠠᠰᠤᠷᠠᠯᠲᠠ ᠦᠭᠡᠢ ᠴᠢᠩᠭ᠋ᠠᠷᠠᠭᠤᠯᠤᠨ᠎ᠠ᠃
    ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠪᠠᠷᠢᠮᠳᠠᠯᠠᠵᠤ᠂ ᠬᠥᠭᠵᠢᠯᠲᠡ ᠵᠢᠨ ᠬᠦᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠴᠢᠩᠭ᠋ᠠᠷᠠᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠰᠢᠨ᠎ᠡ ᠵᠢ ᠡᠭᠦᠳᠬᠦ ᠴᠢᠳᠠᠪᠤᠷᠢ᠎ᠪᠠᠨ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠬᠥᠭᠵᠢᠯᠲᠡ ᠵᠢᠨ ᠰᠢᠨ᠎ᠡ ᠬᠦᠳᠡᠯᠭᠡᠬᠦ ᠴᠢᠳᠠᠮᠵᠢ ᠵᠢ ᠪᠣᠶ ᠪᠤᠯᠭ᠋ᠠᠨ ᠪᠣᠵᠠᠭ᠋ᠠᠶ᠋ᠢᠷᠠᠭᠤᠯᠤᠨ᠎ᠠ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠨᠡᠭᠡᠭᠡᠨ ᠠᠰᠢᠬᠯᠠᠵᠤ ᠬᠠᠮᠠᠭ᠋ᠠᠯᠠᠬᠤ ᠰᠢᠨ᠎ᠡ ᠪᠠᠶ᠋ᠢᠷᠢᠰᠢᠯ᠎ᠢ ᠲᠦᠷᠭᠡᠬᠡᠨ ᠪᠣᠢ ᠪᠣᠯᠭ᠋ᠠᠵᠤ᠂ ᠦᠪᠡᠷᠲᠡᠭᠡᠨ ᠵᠠᠰᠠᠬᠤ ᠣᠷᠣᠨ᠎ᠤ ᠵᠡᠭᠦᠨ᠂ ᠳᠤᠮᠳᠠ᠂ ᠪᠠᠷᠠᠭᠤᠨ ᠬᠡᠰᠡᠭ᠎ᠤᠨ ᠭᠠᠵᠠᠷ ᠣᠷᠣᠨ᠎ᠢ ᠨᠢᠭᠡᠲᠦᠯᠲᠡᠢ ᠲᠦᠯᠦᠪᠯᠡᠨ᠂ ᠬᠤᠲᠠ ᠬᠦᠳᠡᠭᠡ ᠵᠢᠨ ᠣᠷᠣᠨ ᠪᠦᠰᠡ ᠵᠢᠨ ᠵᠣᠬᠢᠴᠠᠩᠭᠤᠢ ᠭᠦᠭᠵᠢᠯᠳᠡ ᠵᠢ ᠠᠬᠢᠭᠤᠯᠵᠤ᠂ ᠬᠥᠭᠵᠢᠯᠲᠡ ᠵᠢᠨ ᠲᠡᠩᠴᠡᠭᠦᠷᠢ ᠦᠭᠡᠢ ᠪᠠ ᠭᠦᠢ᠍ᠴᠡᠳ ᠦᠭᠡᠢ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠨ᠎ᠡ᠃ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠤᠬᠢᠷᠳᠤᠯ ᠦᠭᠡᠢ ᠪᠦᠭᠡᠳ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠂ ᠡᠬᠡ ᠤᠯᠤᠰ᠎ᠤᠨ ᠤᠮᠠᠷᠠᠳᠦ ᠬᠢᠯᠢ ᠵᠢᠨ ᠲᠦᠮᠡᠨ ᠭᠠᠵᠠᠷ᠎ᠤᠨ ᠨᠤᠮᠢᠨ ᠨᠤᠭᠤᠭ᠋ᠠᠨ ᠤᠷᠲᠦ ᠴᠠᠭ᠋ᠠᠨ ᠬᠡᠷᠡᠮ᠎ᠢ ᠪᠠᠶ᠋ᠢᠭᠤᠯᠤᠨ᠎ᠠ᠃
    ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠤᠯᠤᠰ᠎ᠤᠨ ᠡᠨᠧᠷᠬᠢ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠦᠷ ᠲᠦᠪᠰᠢᠨ᠂ ᠠᠵᠤ ᠦᠢ᠍ᠯᠡᠰ᠎ᠤᠨ ᠠᠮᠤᠷ ᠲᠦᠪᠰᠢᠨ᠂ ᠠᠮᠢ ᠠᠬᠤᠢ ᠵᠢᠨ ᠠᠮᠤᠷ ᠲᠦᠪᠰᠢᠨ᠎ᠢ ᠨᠡᠩ ᠰᠠᠶ᠋ᠢᠲᠤᠷ ᠪᠠᠲᠤᠯᠠᠬᠤ ᠵᠢᠨ ᠲᠣᠭᠤᠷᠢᠨ᠎ᠳᠤ᠂ ᠣᠳᠣ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠬᠡᠷᠡᠭᠴᠡᠭᠡ ᠱᠠᠭ᠋ᠠᠷᠳᠠᠯᠭ᠎ᠠ ᠵᠢᠨ ᠲᠠᠯ᠎ᠠ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠦᠢ᠍ᠯᠡᠳᠪᠦᠷᠢᠯᠡᠯ᠂ ᠬᠤᠪᠢᠶᠠᠷᠢᠯᠠᠯᠲᠠ᠂ ᠭᠦᠢ᠍ᠯᠭᠡᠭᠡ᠂ ᠬᠡᠷᠡᠭᠯᠡᠭᠡ ᠵᠢᠨ ᠡᠯ᠎ᠡ ᠭᠤᠭᠴᠤᠭ᠎ᠠ ᠵᠢ ᠨᠡᠪᠲᠡᠷᠡᠭᠦᠯᠵᠦ᠂ ᠣᠳᠣ ᠦᠶ᠎ᠡ ᠵᠢᠨ ᠰᠠᠭᠤᠷᠢ ᠪᠡᠯᠡᠳᠭᠡᠮᠵᠢ ᠪᠠ ᠭᠦᠢ᠍ᠯᠭᠡᠭᠡᠨ᠎ᠤ ᠰᠢᠰᠲ᠋ᠧᠮᠵᠢ ᠵᠢ ᠪᠦᠷᠢᠨᠰᠢᠭᠦᠯᠦᠨ᠂ ᠦᠨᠳᠦᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠬᠡᠷᠡᠭᠵᠢᠭᠦᠯᠵᠦ᠂ ᠤᠯᠤᠰ᠎ᠤᠨ ᠲᠤᠳᠤᠭ᠋ᠠᠲᠤ ᠵᠢᠨ ᠲᠤᠮᠤ ᠵᠠᠬ᠎ᠠ ᠳᠡᠯᠭᠡᠭᠦᠷ ᠪᠠ ᠤᠯᠤᠰ᠎ᠤᠨ ᠲᠤᠳᠤᠭ᠋ᠠᠲᠤ ᠭᠠᠳᠠᠭ᠋ᠠᠳᠤ ᠵᠢᠨ ᠬᠤᠣᠰ ᠣᠷᠴᠢᠯ᠎ᠳᠤ ᠨᠡᠩ ᠰᠠᠶ᠋ᠢᠲᠤᠷ ᠠᠭᠤᠰᠤᠯᠴᠠᠨ᠎ᠠ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠲᠦᠯᠲᠡᠢ ᠲᠦᠯᠦᠪᠯᠡᠵᠦ᠂ ᠬᠤᠷᠢᠭ᠎ᠠ ᠱᠤᠭᠤᠮ᠎ᠢ ᠰᠠᠬᠢᠬᠤ ᠰᠡᠳᠭᠢᠭᠦᠢ ᠪᠠ ᠲᠦᠭᠰᠢᠭᠦᠷᠢ ᠵᠢ ᠰᠠᠨᠠᠭ᠋ᠠᠰᠢᠷᠠᠬᠤ ᠦᠵᠡᠯ ᠤᠬᠠᠮᠰᠠᠷ ᠵᠶ᠋ᠠᠨ ᠴᠢᠩᠭ᠋ᠠᠷᠠᠭᠤᠯᠤᠨ᠂ ᠡᠯ᠎ᠡ ᠲᠦᠷᠦᠯ᠎ᠤᠨ ᠲᠦᠭᠰᠢᠭᠦᠷᠢ ᠵᠢ ᠪᠦᠲᠦᠮᠵᠢᠲᠡᠢ ᠰᠡᠷᠭᠡᠶ᠋ᠢᠯᠡᠨ ᠠᠷᠢᠯᠭ᠋ᠠᠨ᠎ᠠ᠃
    ᠲᠦᠯᠦᠭᠡᠯᠡᠭᠴᠢᠳ ᠡ! ᠨᠤᠮᠢᠨ ᠨᠤᠭᠤᠭ᠋ᠠᠨ ᠪᠤᠯᠪᠠᠰᠦ ᠪᠢᠳᠠᠨ᠎ᠤ ᠬᠠᠮᠤᠬ᠎ᠤᠨ ᠶᠡᠭᠡ ᠡᠳ᠋ ᠪᠠᠶᠠᠯᠢᠬ ᠪᠤᠯᠤᠨ᠎ᠠ᠂ ᠴᠡᠪᠡᠷ ᠰᠠᠶ᠋ᠢᠬᠠᠨ ᠠᠮᠢ ᠠᠬᠤᠢ ᠤᠷᠴᠢᠨ ᠲᠤᠭᠤᠷᠢᠨ ᠪᠤᠯᠪᠠᠰᠦ ᠠᠷᠠᠳ᠎ᠤᠨ ᠠᠮᠢᠳᠤᠷᠠᠯ᠎ᠳᠤ ᠬᠦᠷᠲᠡᠭᠡᠬᠦ ᠬᠠᠮᠤᠬ᠎ᠤᠨ ᠲᠦᠭᠡᠮᠡᠯ ᠪᠤᠶᠠᠨ ᠵᠢᠷᠭ᠋ᠠᠯ ᠪᠤᠯᠤᠨ᠎ᠠ᠃ ᠪᠢᠳᠡ ᠡᠷᠬᠡᠪᠰᠢ ᠲᠠᠯ᠎ᠠ ᠨᠤᠲᠤᠬ᠂ ᠤᠢ ᠰᠢᠭᠤᠢ᠂ ᠨᠠᠭᠤᠷ ᠭᠤᠤᠯ ᠵᠶ᠋ᠠᠨ ᠰᠠᠶ᠋ᠢᠲᠤᠷ ᠬᠠᠮᠠᠭ᠋ᠠᠯᠠᠵᠦ᠂ ᠦᠪᠦᠷ ᠮᠤᠩᠭᠤᠯ᠎ᠤᠨ ᠨᠤᠮᠢᠨ ᠨᠤᠭᠤᠭ᠋ᠠᠨ᠂ ᠬᠦᠬᠡᠮᠳᠦᠭ ᠴᠡᠩᠭᠡᠷ᠂ ᠴᠡᠪᠡᠷ ᠲᠤᠩᠭ᠋ᠠᠯᠠᠬ ᠪᠦᠬᠦᠨ᠎ᠢ ᠰᠠᠶ᠋ᠢᠲᠤᠷ ᠬᠠᠮᠠᠭ᠋ᠠᠯᠠᠵᠦ᠂ ᠬᠦᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠤᠬᠢᠴᠠᠯ᠎ᠲᠠᠢ ᠬᠠᠮᠲᠦ ᠤᠷᠤᠰᠢᠬᠤ ᠦᠵᠡᠰᠭᠦᠯᠡᠩᠲᠦ ᠰᠠᠶ᠋ᠢᠬᠠᠨ ᠭᠡᠷ ᠤᠷᠤᠨ᠎ᠢ ᠴᠢᠷᠮᠠᠶ᠋ᠢᠨ ᠪᠠᠶ᠋ᠢᠭᠤᠯᠤᠨ᠎ᠠ᠃
    ᠲᠦᠯᠦᠭᠡᠯᠡᠭᠴᠢᠳ ᠡ! ᠦᠪᠦᠷ ᠮᠤᠩᠭᠤᠯ ᠣᠳᠣ ᠨᠢᠭᠡᠨᠲᠡ ᠰᠢᠨ᠎ᠡ ᠨᠢᠭᠡᠨ ᠲᠡᠦᠬᠡ ᠵᠢᠨ ᠭᠠᠷᠤᠭ᠎ᠠ ᠳᠡᠭᠡᠷ᠎ᠡ᠎ᠠᠴᠠ ᠢᠷᠡᠭᠡᠳᠦᠢ᠎ᠪᠠᠨ ᠤᠬᠲᠤᠨ ᠵᠤᠷᠢᠪᠠ᠂ ᠯᠠᠪᠲᠠᠢ ᠢᠯᠡᠯᠳᠡ ᠤᠯᠤᠨ᠎ᠠ ᠭᠡᠳᠡᠭ᠎ᠲᠤ ᠪᠢᠳᠠ ᠢᠲᠡᠬᠡᠯ ᠲᠦᠭᠦᠷᠡᠩ ᠪᠠᠶ᠋ᠢᠨ᠎ᠠ᠃ 2035 ᠣᠨ ᠪᠣᠯᠬᠤ᠎ᠳᠤ᠂ ᠦᠪᠡᠷᠲᠡᠭᠡᠨ ᠵᠠᠰᠠᠬᠤ ᠣᠷᠣᠨ ᠪᠦᠬᠦ ᠤᠯᠤᠰ᠎ᠤᠨ ᠠᠬᠢᠴᠠ ᠵᠢ ᠳᠠᠭ᠋ᠠᠵᠤ ᠨᠡᠶ᠋ᠢᠭᠡᠮ ᠵᠢᠷᠣᠮᠲᠦ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠵᠦ᠂ ᠠᠷᠠᠳ ᠲᠦᠮᠡᠨ᠎ᠤ ᠠᠵᠤ ᠠᠮᠢᠳᠤᠷᠠᠯ᠎ᠢ ᠤᠯᠠᠮ ᠦᠬᠡᠳᠡᠯᠡᠬᠦᠯᠦᠨ ᠳᠡᠭᠵᠢᠷᠡᠭᠦᠯᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠦᠵᠡᠮᠵᠢ ᠵᠢᠨ ᠣᠷᠣᠨ ᠵᠶ᠋ᠠᠨ ᠨᠡᠩ ᠦᠵᠡᠰᠭᠦᠯᠡᠩᠲᠦ ᠰᠠᠶ᠋ᠢᠬᠠᠨ ᠪᠣᠯᠭ᠋ᠠᠨ᠎ᠠ!
    ᠭᠤᠷᠪᠠ᠂ 2021 ᠣᠨ᠎ᠤ ᠠᠵᠢᠯ᠎ᠤᠨ ᠲᠣᠬᠢᠷᠠᠭᠤᠯᠤᠯᠲᠠ
    ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠢ ᠪᠣᠯᠬᠤ ᠪᠦᠭᠡᠳ 《ᠠᠷᠪᠠᠨ ᠳᠦᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠡᠬᠢᠯᠡᠯᠲᠡ ᠵᠢᠨ ᠵᠢᠯ ᠪᠣᠯᠣᠨ᠎ᠠ᠃ ᠵᠠᠰᠠᠭ᠎ᠤᠨ ᠣᠷᠳᠣᠨ᠎ᠤ ᠠᠵᠢᠯ᠎ᠢ ᠰᠠᠶ᠋ᠢᠲᠤᠷ ᠬᠢᠬᠦ᠎ᠳᠤ᠂ ᠰᠢ ᠵᠢᠨ ᠫᠢᠩ ᠨᠦᠭᠦᠷ ᠵᠶ᠋ᠠᠷ ᠭᠤᠤᠯ ᠪᠤᠯᠭ᠋ᠠᠨᠨᠰᠠᠨ ᠨᠠᠮ᠎ᠤᠨ ᠲᠦᠪ ᠬᠤᠷᠢᠶᠡᠨ᠎ᠤ ᠪᠠᠳᠣ ᠴᠢᠩᠭ᠎ᠠ ᠣᠳᠣᠷᠢᠳᠣᠯᠭ᠎ᠠ ᠲᠣᠣᠷ᠎ᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠤᠨ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠪᠠᠷ ᠭᠤᠣᠯ ᠰᠡᠳᠦᠪ ᠪᠣᠯᠭ᠋ᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠭᠤᠣᠯ ᠰᠢᠵᠢᠮ ᠪᠣᠯᠭ᠋ᠠᠨ᠂ ᠦᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠦᠨᠳᠦᠰᠦᠨ ᠬᠦᠳᠡᠯᠭᠡᠬᠦ ᠬᠦᠴᠦᠨ ᠪᠣᠯᠭ᠋ᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠪᠠᠷ ᠦᠨᠳᠦᠰᠦᠨ ᠬᠠᠷᠠᠯᠲᠠ᠎ᠪᠠᠨ ᠪᠣᠯᠭ᠋ᠠᠵᠤ᠂ ᠰᠢᠰᠲ᠋ᠧᠮᠲᠦ ᠦᠵᠡᠯᠲᠡ ᠵᠢ ᠪᠠᠷᠢᠮᠲᠠᠯᠠᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠭᠰᠡᠨ ᠦᠷ᠎ᠡ ᠪᠦᠲᠦᠭᠡᠯ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠶ᠋ᠢᠲᠤᠷ ᠨᠢᠭᠡᠲᠦᠯᠲᠡᠢ ᠲᠦᠯᠦᠪᠯᠡᠨ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠪᠠ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠤᠷᠸ᠎ᠠ ᠲᠣᠬᠢᠷᠠᠭᠤᠯᠭ᠎ᠠ ᠡᠵᠡᠮᠰᠢᠯ᠎ᠤᠨ ᠲᠥᠷᠥ ᠵᠢᠨ ᠪᠣᠳᠣᠯᠭ᠎ᠠ ᠵᠢ ᠰᠢᠨᠵᠢᠯᠡᠬᠦ ᠤᠬᠠᠭ᠋ᠠᠨᠴᠢ ᠪᠦᠭᠡᠳ ᠤᠨᠤᠴᠠᠲᠠᠢ ᠬᠡᠷᠡᠭᠵᠢᠭᠦᠯᠵᠦ᠂ ᠠᠵᠤ ᠠᠬᠤᠢ ᠵᠢᠨ ᠠᠵᠢᠯᠯᠠᠭ᠋ᠠᠨ᠎ᠢ ᠵᠦᠢ ᠵᠣᠬᠢᠰᠲᠠᠢ ᠬᠡᠪᠴᠢᠶᠡᠨ᠎ᠳᠤ ᠪᠠᠶ᠋ᠢᠯᠭ᠋ᠠᠬᠤ᠎ᠪᠠᠷ ᠴᠢᠷᠮᠠᠶ᠋ᠢᠨ᠂ ᠲᠤᠳᠤᠭ᠋ᠠᠲᠤ ᠬᠡᠷᠡᠭᠴᠡᠭᠡ ᠵᠢ ᠥᠷᠭᠡᠳᠭᠡᠬᠦ ᠪᠠᠶ᠋ᠢᠯᠳᠤᠬᠤ ᠪᠣᠳᠣᠯᠭ᠎ᠠ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠂ ᠦᠨᠳᠦᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠦᠷᠭᠡᠳᠭᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠵᠢ ᠰᠠᠶ᠋ᠢᠲᠤᠷ ᠡᠬᠢᠯᠡᠭᠦᠯᠬᠦ ᠵᠢ ᠦᠨᠡᠨ ᠬᠦ᠌ ᠪᠠᠲᠤᠯᠠᠨ᠂ ᠬᠢᠯᠠᠯᠵᠠᠭᠰᠠᠨ ᠠᠮᠵᠢᠯᠲᠠ ᠪᠦᠲᠦᠮᠵᠢ᠎ᠪᠠᠷ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠠᠶᠠᠷᠯᠠᠨ ᠪᠡᠯᠭᠡᠯᠡᠶ᠎ᠡ᠃
    ᠡᠨᠡ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 6% ᠣᠷᠴᠢᠮ ᠨᠡᠮᠡᠭᠳᠡᠭᠦᠯᠦᠨ᠎ᠡ; ᠬᠤᠲᠠ ᠪᠠᠯᠭ᠋ᠠᠰᠤᠨ᠎ᠤ ᠪᠠᠶ᠋ᠢᠴᠠᠭ᠋ᠠᠯᠲᠠ᠎ᠳᠠᠬᠢ ᠠᠵᠢᠯ ᠠᠯᠳᠠᠭᠰᠠᠳ᠎ᠤᠨ ᠨᠤᠷᠮ᠎ᠠ ᠵᠢ 6% ᠣᠷᠴᠢᠮ᠎ᠳᠤ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠦᠰᠦᠯᠲᠡ ᠵᠢᠨ ᠬᠡᠮᠵᠢᠶ᠎ᠡ ᠵᠢ 3% ᠣᠷᠴᠢᠮ᠎ᠳᠤ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠣᠷᠣᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠦᠨ᠎ᠡ; ᠠᠮᠢ ᠠᠬᠤᠢ ᠣᠷᠴᠢᠨ ᠲᠣᠭᠤᠷᠢᠨ᠎ᠤ ᠴᠢᠨᠠᠷ ᠴᠢᠨᠰᠠᠭ᠎ᠠ ᠵᠢ ᠤᠯᠠᠮ ᠨᠢᠭᠡ ᠠᠯᠬᠤᠮ ᠰᠠᠶ᠋ᠢᠵᠢᠷᠠᠭᠤᠯᠵᠤ᠂ ᠭᠠᠵᠠᠷ ᠣᠷᠣᠨ᠎ᠤ ᠨᠢᠭᠡᠴᠢ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠲᠠᠬᠢ ᠡᠨᠧᠷᠬᠢ ᠵᠢᠨ ᠬᠤᠷᠤᠭᠳᠠᠯ᠎ᠢ 3% ᠪᠠᠭᠤᠷᠠᠭᠤᠯᠤᠨ᠂ ᠭᠤᠣᠯ ᠪᠣᠯᠬᠤ ᠪᠣᠬᠢᠷᠳᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠵᠢ ᠦᠷᠭᠦᠯᠵᠢᠯᠡᠨ ᠪᠠᠭᠤᠷᠠᠭᠤᠯᠤᠨ᠎ᠠ; ᠠᠮᠤ ᠪᠤᠳᠠᠭ᠋ᠠᠨ᠎ᠤ ᠤᠨᠠᠯᠲᠠ ᠵᠢ 700 ᠳ᠋ᠦᠩᠰᠢᠭᠤᠷ ᠵᠢᠩ᠎ᠠᠴᠠ ᠢᠯᠡᠭᠦᠦ ᠪᠠᠶ᠋ᠢᠯᠭ᠋ᠠᠬᠤ ᠵᠢ ᠪᠠᠲᠤᠯᠠᠨ᠎ᠠ᠃ ᠡᠭᠦᠨ᠎ᠳᠤ᠂ ᠳᠣᠣᠷᠠᠬᠢ ᠠᠵᠢᠯ᠎ᠤᠳ᠎ᠢ ᠭᠤᠣᠯᠳᠠᠯᠭ᠎ᠠ᠎ᠲᠠᠢ ᠰᠠᠶ᠋ᠢᠲᠤᠷ ᠬᠢᠨ᠎ᠡ᠄
   (ᠨᠢᠭᠡ) ᠠᠵᠤ ᠠᠬᠤᠢ ᠵᠢᠨ ᠲᠣᠭᠲᠠᠭᠤᠨ ᠵᠶ᠋ᠠᠷ ᠨᠡᠮᠡᠭᠳᠡᠬᠦ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠤᠨ᠎ᠠ
    ᠡᠯ᠎ᠡ ᠵᠦᠢ᠍ᠯ᠎ᠤᠨ ᠭᠠᠶ᠋ᠢᠯᠢ ᠵᠢ ᠬᠠᠰᠤᠵᠤ ᠰᠦᠢ᠍ᠳᠭᠡᠯ᠎ᠢ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠪᠤᠳᠠᠳᠤ ᠴᠤᠭᠴᠠ ᠵᠢᠨ ᠠᠵᠤ ᠠᠬᠤᠢ ᠵᠢᠨ ᠭᠦᠭᠵᠢᠯᠲᠡ ᠵᠢ ᠳᠡᠮᠵᠢᠨ᠂ ᠦᠯᠦ ᠦᠷᠭᠦᠯᠵᠢᠯᠡᠨ ᠬᠡᠷᠡᠭᠵᠢᠭᠦᠯᠬᠦ ᠲᠥᠷᠥ ᠵᠢᠨ ᠪᠣᠳᠣᠯᠭ᠎ᠠ᠎ᠳᠤ ᠡᠷᠳᠡᠬᠡᠨ ᠠᠷᠭ᠋ᠠᠴᠠᠭ᠋ᠠᠬᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠣᠭᠲᠠᠭᠤᠨ ᠪᠠᠶ᠋ᠢᠯᠭ᠋ᠠᠬᠤ ᠪᠦᠭᠡᠳ ᠡᠮᠬᠢ ᠵᠢᠷᠤᠮ᠎ᠲᠠᠢ ᠰᠢᠯᠵᠢᠭᠦ ᠵᠢ ᠦᠨᠡᠨ ᠬᠦ᠌ ᠪᠠᠲᠤᠯᠠᠨ᠂ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠲᠣᠭᠲᠠᠭᠤᠨ ᠪᠤᠯᠭ᠋ᠠᠨ᠎ᠠ᠃ ᠮᠦᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠵᠠᠭᠪᠤᠷ᠎ᠲᠤ ᠰᠢᠨ᠎ᠡ ᠵᠢ ᠡᠭᠦᠳᠦᠨ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠬᠤ ᠵᠢ᠎ᠨᠢ ᠨᠡᠩ ᠳᠦᠭᠦᠮ ᠳᠥᠲᠡ ᠪᠣᠯᠭ᠋ᠠᠵᠦ᠂ ᠥᠪᠡᠷ᠎ᠤᠨ ᠥᠷᠲᠡᠭ᠎ᠢ᠎ᠨᠢ ᠨᠡᠩ ᠳᠣᠣᠷ᠎ᠠ ᠪᠣᠯᠭ᠋ᠠᠨ᠎ᠠ᠃ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠪᠠ ᠵᠢᠭᠡᠯᠡᠯᠭᠡ ᠵᠢᠨ ᠲᠡᠮᠲᠡᠭ᠎ᠤᠨ ᠪᠡᠯᠡ ᠲᠣᠬᠢᠷᠠᠭᠤᠯᠭ᠎ᠠ᠎ᠪᠠᠨ ᠥᠷᠭᠡᠳᠭᠡᠬᠦ ᠵᠢ ᠳᠡᠮᠵᠢᠨ᠎ᠡ᠃ ᠠᠵᠤ ᠠᠬᠤᠶ᠋ᠢᠯᠠᠯ᠎ᠢ ᠬᠠᠪᠰᠤᠷᠴᠤ ᠪᠠᠶ᠋ᠢᠭ᠋ᠠᠳ ᠲᠡᠳᠡᠨ᠎ᠤ ᠭᠠᠵᠠᠷ ᠰᠢᠷᠤᠢ ᠬᠡᠷᠡᠭᠯᠡᠬᠦ᠂ ᠠᠵᠢᠯᠴᠢᠨ ᠬᠡᠷᠡᠭᠯᠡᠬᠦ᠂ ᠪᠠᠷᠠᠭ᠋ᠠᠨ᠎ᠤ ᠭᠦᠢ᠍ᠯᠭᠡᠭᠡ ᠵᠡᠷᠭᠡ ᠲᠠᠯ᠎ᠠ ᠵᠢᠨ ᠪᠤᠲᠠᠲᠠᠢ ᠬᠦᠴᠢᠷᠳᠡᠯ᠎ᠢ᠎ᠨᠢ ᠰᠠᠶ᠋ᠢᠲᠤᠷ ᠰᠢᠢ᠍ᠳᠪᠦᠷᠢᠯᠡᠵᠦ ᠥᠭᠭᠦᠨ᠎ᠡ᠃
    ᠬᠡᠷᠡᠭᠯᠡᠭᠡ ᠵᠢ ᠥᠷᠭᠡᠳᠭᠡᠬᠦ᠎ᠪᠠᠨ ᠠᠷᠠᠳ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ ᠵᠢ ᠰᠠᠶ᠋ᠢᠵᠢᠷᠠᠭᠤᠯᠬᠤ᠎ᠯᠤᠭ᠎ᠠ ᠤᠶᠠᠯᠳᠤᠭᠤᠯᠵᠤ᠂ ᠪᠤᠳᠠᠳᠤ ᠴᠤᠭᠴᠠ ᠵᠢᠨ ᠬᠤᠳᠠᠯᠳᠤᠭ᠎ᠠ ᠵᠢ ᠰᠢᠨ᠎ᠡ ᠡᠭᠦᠳᠦᠯᠲᠡ᠎ᠲᠠᠢ᠎ᠪᠠᠷ ᠬᠡᠯᠪᠡᠷᠢ ᠵᠢ᠎ᠨᠢ ᠬᠤᠪᠢᠷᠠᠭᠤᠯᠬᠤ ᠵᠢ ᠲᠦᠷᠭᠡᠳᠭᠡᠨ᠂ ᠪᠣᠬᠢᠷᠳᠤᠯ ᠦᠭᠡᠢ ᠬᠤᠳᠠᠯᠳᠤᠭ᠋ᠠᠨ᠎ᠤ ᠲᠠᠯᠠᠪᠤᠷ᠎ᠢ ᠡᠭᠦᠳᠦᠨ ᠪᠠᠶ᠋ᠢᠭᠤᠯᠬᠤ ᠪᠠ ᠶᠠᠪᠠᠭ᠋ᠠᠨ ᠵᠡᠭᠡᠯᠢ ᠵᠢ ᠦᠭᠡᠷᠡᠴᠢᠯᠡᠨ ᠰᠢᠨᠡᠳᠭᠡᠬᠦ᠎ᠪᠠᠨ ᠠᠬᠢᠭᠤᠯᠵᠤ᠂ ᠨᠡᠷᠡᠲᠦ ᠲᠡᠮᠲᠡᠭ᠎ᠤᠨ ᠬᠤᠯᠪᠤᠭ᠋ᠠᠯᠠᠬᠰᠠᠨ ᠳᠡᠯᠭᠡᠭᠦᠷ᠎ᠤᠨ ᠬᠥᠭᠵᠢᠯᠲᠡ ᠵᠢ ᠳᠡᠮᠵᠢᠨ᠎ᠡ᠃ 《ᠦᠪᠦᠷ ᠮᠣᠩᠭᠤᠯ᠎ᠤᠨ ᠦᠨᠦᠷ ᠠᠮᠲᠠ》 ᠰᠢᠷᠢᠰ ᠠᠵᠢᠯᠯᠠᠭ᠎ᠠ ᠵᠢ ᠦᠷᠭᠦᠯᠵᠢᠯᠡᠨ ᠰᠠᠶ᠋ᠢᠲᠤᠷ ᠦᠷᠨᠢᠭᠦᠯᠵᠦ᠂ 《ᠦᠪᠦᠷ ᠮᠣᠩᠭᠤᠯ ᠨᠡᠷᠡᠮᠵᠢᠲᠦ》 《ᠬᠠᠭᠤᠴᠢᠨ ᠨᠡᠷᠡᠲᠦ ᠲᠡᠮᠲᠡᠭ》 ᠵᠡᠷᠭᠡ ᠨᠡᠷᠡᠲᠦ ᠲᠡᠮᠲᠡᠭ᠎ᠤᠨ ᠬᠡᠷᠡᠭᠯᠡᠭᠡ ᠵᠢ ᠠᠬᠢᠭᠤᠯᠤᠨ᠂ ᠮᠡᠳᠡᠭᠡ ᠵᠠᠩᠭᠢ ᠵᠢᠨ ᠬᠡᠷᠡᠭᠯᠡᠭᠡ᠂ ᠪᠤᠬᠢᠷᠳᠤᠯ ᠦᠭᠡᠢ ᠬᠡᠷᠡᠭᠯᠡᠭᠡ ᠵᠢ ᠪᠣᠢ ᠪᠣᠯᠭ᠋ᠠᠵᠤ᠂ ᠣᠯᠠᠨ ᠨᠡᠶ᠋ᠢᠲᠡ ᠵᠢᠨ ᠬᠡᠷᠡᠭᠯᠡᠭᠡ ᠵᠢ ᠵᠣᠬᠢᠰᠲᠠᠢ ᠨᠡᠮᠡᠭᠳᠡᠭᠦᠯᠦᠨ᠎ᠡ᠃ ᠬᠤᠲᠠ ᠬᠦᠳᠡᠭᠡ ᠵᠢᠨ ᠭᠦᠢ᠍ᠯᠭᠡᠭᠡᠨ᠎ᠤ ᠰᠢᠰᠲ᠋ᠧᠮᠵᠢ ᠵᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠡᠯᠧᠺᠳ᠋ᠷᠣᠨ ᠬᠤᠳᠠᠯᠳᠤᠭ᠋ᠠᠨ᠎ᠤ ᠶᠠᠪᠤᠳᠠᠯ᠎ᠢ ᠬᠥᠭᠵᠢᠭᠦᠯᠦᠨ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ ᠪᠠ ᠮᠠᠯ ᠠᠷᠠᠯᠵᠢᠶᠠᠯᠠᠬᠤ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠰᠢᠶᠠᠨ᠎ᠤ ᠬᠡᠪᠴᠢᠶᠡᠨ᠎ᠤ ᠪᠠ ᠮᠠᠯᠵᠢᠬᠤ ᠲᠠᠷᠢᠶᠠᠯᠠᠬᠤ ᠣᠷᠣᠨ᠎ᠤ ᠬᠡᠷᠡᠭᠯᠡᠭᠡ ᠵᠢ ᠥᠷᠭᠡᠳᠭᠡᠨ᠎ᠡ᠃ 《ᠬᠤᠯᠢᠰᠢᠨ ᠢᠳᠡᠭᠡᠨ》᠎ᠳᠤ ᠬᠤᠲᠠ ᠵᠢᠨ ᠳᠠᠷᠤᠭ᠎ᠠ ᠬᠠᠷᠢᠭᠤᠴᠠᠬᠤ ᠳᠦᠷᠢᠮ᠎ᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠡᠯ᠎ᠡ ᠲᠦᠷᠦᠯ᠎ᠤᠨ ᠴᠤᠭᠯᠠᠭ᠎ᠠ ᠮᠠᠶ᠋ᠢᠮᠠᠢ ᠵᠢᠨ ᠵᠠᠬ᠎ᠠ ᠳᠡᠯᠭᠡᠭᠦᠷ᠎ᠢ ᠬᠠᠮᠢᠶᠠᠷᠬᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠤᠰᠤᠨ ᠠᠰᠢᠬᠯᠠᠯᠳᠠ᠂ ᠬᠤᠲᠠ ᠵᠢᠨ ᠶᠠᠪᠤᠳᠠᠯ᠎ᠤᠨ ᠪᠠᠷᠢᠯᠭ᠎ᠠ᠂ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢ᠍ᠯ᠎ᠢ

ᠬᠡᠷᠡᠭᠵᠢᠭᠦᠯᠦᠨ᠎ᠡ᠃
    ᠨᠢᠬᠡ ᠪᠦᠯᠦᠭ ᠵᠠᠮ ᠬᠠᠷᠢᠯᠴᠠᠭ᠎ᠠ ᠤᠰᠤᠨ ᠠᠰᠢᠬᠯᠠᠯᠳᠠ᠂ ᠬᠤᠳᠠ ᠵᠢᠨ ᠶᠠᠪᠤᠳᠠᠯ᠎ᠤᠨ ᠪᠠᠷᠢᠯᠭ᠎ᠠ᠂ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠵᠡᠷᠭᠡ ᠴᠢᠬᠤᠯᠠ ᠶᠡᠭᠡ ᠲᠦᠷᠦᠯ ᠵᠦᠢ᠍ᠯ᠎ᠢ ᠬᠡᠷᠡᠭᠵᠢᠬᠦᠯᠦᠨ᠎ᠠ᠃ ᠵᠠᠮ ᠬᠠᠷᠢᠯᠴᠠᠭ᠎ᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠤᠳᠤᠯᠭ᠎ᠠ ᠵᠢ ᠨᠠᠶ᠋ᠢᠳᠠᠪᠦᠷᠢᠵᠢᠭᠤᠯᠤᠨ᠂ ᠪᠤᠰᠤᠭ᠎ᠠ ᠵᠦᠷᠢᠯᠢᠭ ᠵᠠᠮ ᠬᠠᠷᠢᠯᠴᠠᠭ᠋ᠠᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠷᠭᠡᠳᠭᠡᠵᠦ᠂ ᠪᠤᠭᠤᠲᠤ᠎ᠠᠴᠠ ᠢᠷᠭ᠋ᠠᠢ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠂ ᠰᠢᠯᠢ ᠵᠢᠨ ᠬᠤᠲᠠ᠎ᠠᠴᠠ ᠲᠠᠶ᠋ᠢᠽ ᠬᠤᠲᠠ ᠬᠦᠷᠬᠦ ᠲᠥᠷᠭᠡᠨ ᠬᠤᠷᠳᠤ ᠵᠢᠨ ᠲᠡᠮᠦᠷ ᠵᠠᠮ ᠵᠡᠷᠭᠡ ᠲᠦᠷᠦᠯ ᠵᠦᠢ᠍ᠯ᠎ᠤᠨ ᠠᠵᠢᠯ᠎ᠢ ᠡᠬᠢᠯᠡᠭᠦᠯᠵᠦ᠂ ᠪᠤᠭᠤᠳᠤ᠎ᠠᠴᠠ ᠰᠢ ᠠᠠ ᠬᠦᠷᠬᠦ᠂ ᠴᠢᠴᠢᠬᠠᠷ — ᠬᠠᠶ᠋ᠢᠯᠠᠷ — ᠮᠠᠨᠵᠣᠣᠷ ᠬᠦᠷᠬᠦ ᠵᠡᠷᠭᠡ ᠳᠡᠭᠡᠳᠦ ᠬᠤᠷᠳᠤ ᠵᠢᠨ ᠲᠡᠮᠦᠷ ᠵᠠᠮ᠎ᠤᠨ ᠲᠦᠷᠦᠯ ᠵᠦᠢ᠍ᠯ᠎ᠤᠨ ᠡᠬᠢᠨ᠎ᠤ ᠬᠤᠭᠤᠴᠠᠭ᠋ᠠᠨ᠎ᠤ ᠠᠵᠢᠯ᠎ᠢ ᠰᠠᠶ᠋ᠢᠲᠤᠷ ᠬᠢᠨ᠎ᠡ᠃ ᠴᠠᠬᠠᠷ ᠪᠠᠷᠠᠭᠤᠨ ᠭᠠᠷᠤᠨ ᠬᠤᠶ᠋ᠢᠳᠣ ᠬᠤᠰᠢᠭᠤᠨ᠎ᠤ ᠪᠠᠶᠠᠨᠴᠠᠭ᠋ᠠᠨ᠎ᠠᠴᠠ ᠤᠯᠠᠭ᠋ᠠᠨᠬᠤᠲᠠ ᠬᠦᠷᠬᠦ ᠵᠡᠷᠭᠡ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠎ᠡ᠃ ᠨᠡᠶ᠋ᠢᠳᠡᠮ ᠬᠡᠷᠡᠭᠯᠡᠬᠦ ᠨᠢᠰᠬᠡᠯ᠎ᠤᠨ ᠪᠠᠭᠤᠳᠠᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠬᠡᠳᠬᠡᠨ᠎ᠡ᠃ ᠠᠶᠤᠯᠲᠠᠢ ᠴᠦᠬᠦᠷᠦᠮ᠎ᠢ ᠪᠠᠬᠢᠵᠢᠭᠦᠯᠬᠦ ᠠᠵᠢᠯ᠎ᠢ ᠠᠬᠢᠭᠤᠯᠵᠦ᠂ ᠴᠤᠤᠯ ᠭᠤᠣᠯ᠎ᠤᠨ ᠤᠰᠤ ᠵᠢ ᠲᠠᠲᠠᠵᠤ ᠯᠢᠶᠤᠤ ᠾᠧ ᠭᠤᠣᠯ᠎ᠳᠤ ᠨᠡᠮᠡᠷᠢᠯᠡᠬᠦ ᠬᠤᠶᠠᠳᠤᠭ᠋ᠠᠷ ᠬᠤᠭᠤᠴᠠᠭ᠋ᠠᠨ᠎ᠤ ᠪᠠᠷᠢᠯᠭ᠎ᠠ ᠵᠢᠨ ᠠᠵᠢᠯ ᠬᠢᠬᠡᠳ ᠬᠠᠲᠤᠨ ᠭᠤᠣᠯ᠎ᠤᠨ ᠬᠠᠯᠢᠶ᠎ᠠ ᠦᠶᠡᠷ᠎ᠢ ᠰᠠᠯᠪᠤᠷᠢᠯᠠᠨ ᠵᠠᠯᠠᠵᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠤᠷᠤᠨ ᠵᠡᠷᠬᠡ ᠲᠦᠷᠦᠯ ᠵᠦᠢ᠍ᠯ᠎ᠢ ᠠᠬᠢᠭᠤᠯᠵᠦ᠂ ᠦᠪᠦᠷ ᠮᠣᠩᠭᠤᠯ᠎ᠤᠨ ᠬᠡᠰᠡᠭ᠎ᠲᠠᠬᠢ ᠬᠠᠳᠤᠨ ᠭᠤᠤᠯ᠎ᠤᠨ ᠦᠶᠡᠷ᠎ᠢ ᠰᠡᠷᠭᠡᠶ᠋ᠢᠯᠡᠬᠦ ᠭᠤᠷᠪᠠᠳᠤᠭ᠋ᠠᠷ ᠬᠤᠭᠤᠴᠠᠭ᠋ᠠᠨ᠎ᠤ ᠪᠠᠷᠢᠯᠭ᠎ᠠ ᠵᠢᠨ ᠡᠬᠢᠨ᠎ᠤ ᠬᠤᠭᠤᠴᠠᠭ᠋ᠠᠨ᠎ᠤ ᠠᠵᠢᠯ᠎ᠢ ᠰᠠᠶ᠋ᠢᠳᠤᠷ ᠬᠢᠨ᠎ᠡ᠃ 5G ᠰᠠᠭᠤᠷᠢ ᠥᠷᠲᠡᠭᠡ᠂ ᠴᠠᠬᠢᠯᠭ᠋ᠠᠨ ᠴᠡᠨᠡᠭᠯᠡᠬᠦ ᠱᠤᠩ᠂ ᠤᠰᠤᠳᠦ᠋ᠷᠦᠭᠴᠢ ᠨᠡᠮᠡᠬᠦ ᠥᠷᠲᠡᠭᠡ ᠵᠡᠷᠭᠡ ᠰᠢᠨ᠎ᠡ ᠬᠡᠯᠪᠡᠷᠢ ᠵᠢᠨ ᠰᠠᠭᠤᠷᠢ ᠪᠡᠯᠡᠳᠭᠡᠮᠵᠢ ᠵᠢ ᠰᠢᠰᠲ᠋ᠧᠮ᠎ᠲᠠᠢ ᠪᠠᠶ᠋ᠢᠷᠢᠰᠢᠭᠤᠯᠤᠨ᠎ᠠ᠃ ᠬᠤᠲᠠ ᠵᠢᠨ ᠦᠬᠡᠷᠡᠴᠢᠯᠡᠨ ᠪᠠᠶ᠋ᠢᠭᠤᠯᠵᠦ ᠰᠢᠨᠡᠳᠬᠡᠨ ᠴᠢᠮᠡᠬᠦ ᠠᠵᠢᠯᠯᠠᠭ᠎ᠠ ᠵᠢ ᠬᠡᠷᠡᠭᠵᠢᠭᠦᠯᠵᠦ᠂ ᠬᠠᠭᠤᠴᠢᠨ ᠰᠠᠭᠤᠭ᠋ᠠᠯᠢ ᠲᠣᠭᠤᠷᠢᠭ᠎ᠢ ᠦᠭᠡᠷᠡᠴᠢᠯᠡᠨ ᠰᠢᠨᠡᠳᠬᠡᠬᠦ ᠵᠢ ᠠᠬᠢᠭᠤᠯᠤᠨ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠳᠦᠷᠢᠶᠡᠰᠦᠯᠡᠭᠦᠯᠬᠦ ᠣᠷᠣᠨ ᠰᠠᠭᠤᠴᠠ ᠪᠠᠶ᠋ᠢᠭᠤᠯᠬᠤ ᠵᠢ ᠵᠣᠷᠢᠬ᠍ᠵᠢᠭᠤᠯᠵᠤ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠬᠠᠩᠭ᠋ᠠᠯᠭ᠎ᠠ ᠵᠢ ᠥᠷᠭᠡᠳᠭᠡᠨ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠦᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠎ᠠ᠃ ᠬᠤᠲᠠ ᠵᠢᠨ ᠨᠠᠷᠢᠯᠢᠬ᠍ᠵᠢᠯ ᠬᠠᠮᠢᠶᠠᠷᠤᠯᠲᠠ ᠵᠢ ᠴᠢᠩᠭ᠋ᠠᠳᠬᠠᠵᠤ᠂ ᠴᠢᠳᠠᠮᠵᠢ ᠰᠠᠶ᠋ᠢᠲᠠᠢ ᠬᠤᠲᠠ ᠪᠠ ᠤᠶᠤᠨᠯᠢᠭ ᠬᠤᠲᠠ ᠵᠢ ᠪᠠᠶ᠋ᠢᠭᠤᠯᠵᠦ᠂ ᠬᠤᠲᠠ᠎ᠪᠠᠨ ᠤᠷᠤᠰᠢᠨ ᠰᠠᠭᠤᠷᠢᠰᠢᠬᠤ᠎ᠳᠤ ᠤᠯᠠᠮ ᠲᠤᠬᠢᠷᠠᠮᠵᠢᠲᠠᠢ᠂ ᠤᠯᠠᠮ ᠠᠮᠢᠵᠢᠷᠠᠯ᠎ᠤᠨ ᠬᠦᠴᠦᠨ᠎ᠲᠠᠢ ᠪᠤᠯᠭ᠋ᠠᠵᠦ᠂ ᠰᠠᠭᠤᠭ᠋ᠠᠯᠢ ᠠᠷᠠᠳ᠎ᠤᠨ ᠠᠮᠢᠳᠤᠷᠠᠯ᠎ᠢ᠎ᠨᠢ ᠤᠯᠠᠮ ᠦᠭᠡᠳᠡ ᠡᠰᠡᠷᠡᠭ ᠪᠤᠯᠭ᠋ᠠᠨ᠎ᠠ᠃
   (ᠬᠤᠶᠠᠷ) 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠦᠪᠦᠷ ᠮᠣᠩᠭᠤᠯ ᠵᠶ᠋ᠠᠨ ᠬᠥᠭᠵᠢᠭᠦᠯᠦᠨ ᠮᠠᠨᠳᠤᠭᠤᠯᠬᠤ》 ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠦᠨ᠎ᠡ
    ᠰᠢᠨ᠎ᠡ ᠵᠢ ᠡᠭᠦᠳᠬᠦ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠤᠪᠤᠷ ᠰᠢᠷᠤᠢ ᠵᠢᠨ ᠰᠢᠨ᠎ᠡ ᠮᠠᠲ᠋ᠧᠷᠢᠶᠠᠯ᠂ ᠶᠡᠭᠡ ᠬᠡᠪᠴᠢᠶᠡᠨ᠎ᠤ ᠡᠨᠧᠷᠬᠢ ᠨᠦᠬᠡᠴᠡᠯᠡᠬᠦ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ᠂ ᠡᠨᠧᠷᠬᠢ ᠠᠷᠪᠢᠯᠠᠵᠤ ᠣᠷᠴᠢᠨ ᠲᠣᠭᠤᠷᠢᠨ᠎ᠢ ᠬᠠᠮᠠᠭ᠋ᠠᠯᠠᠬᠤ ᠵᠡᠷᠭᠡ ᠬᠦᠷᠢᠶᠡᠨ᠎ᠳᠤ ᠠᠩᠬᠠᠷᠤᠯ ᠵᠶ᠋ᠠᠨ ᠲᠦᠪᠯᠡᠷᠡᠭᠦᠯᠵᠦ᠂ ᠤᠯᠤᠰ᠎ᠤᠨ ᠳᠡᠰ᠎ᠤᠨ ᠭᠤᠣᠯᠳᠠᠯᠭ᠎ᠠ᠎ᠲᠠᠢ ᠲᠣᠷᠰᠢᠯᠲᠠ ᠵᠢᠨ ᠲᠠᠰᠤᠭ᠂ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠢ ᠡᠭᠦᠳᠦᠨ ᠪᠠᠶ᠋ᠢᠭᠤᠯᠵᠤ᠂ ᠣᠯᠠᠨ ᠵᠶ᠋ᠠᠷ ᠵᠶ᠋ᠠᠨ ᠦᠢ᠍ᠯᠡᠰ ᠪᠤᠰᠬᠠᠵᠤ ᠰᠢᠨ᠎ᠡ ᠵᠢ ᠡᠭᠦᠳᠬᠦ ᠵᠢ ᠳᠡᠮᠵᠢᠨ᠎ᠡ᠃ ᠤᠯᠤᠰ᠎ᠤᠨ ᠶᠠᠮᠦᠨ ᠵᠦᠪᠯᠡᠯ ᠪᠠ ᠶᠡᠭᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠯᠤᠭ᠎ᠠ ᠪᠣᠲᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠬᠢᠬᠦ᠎ᠪᠠᠨ ᠦᠷᠭᠦᠯᠵᠢᠯᠡᠨ ᠴᠢᠩᠭ᠋ᠠᠳᠬᠠᠵᠤ᠂ ᠬᠠᠮᠵᠢᠯᠴᠠᠨ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃
    ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠤᠣᠯ ᠴᠤᠭᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠡᠯ᠎ᠡ ᠲᠦᠷᠦᠯ᠎ᠤᠨ ᠰᠢᠨ᠎ᠡ ᠡᠭᠦᠳᠦᠯᠲᠡ᠎ᠲᠠᠢ ᠬᠦᠴᠦᠨ ᠵᠦᠢ᠍ᠯ᠎ᠢ ᠠᠵᠤ ᠠᠬᠤᠶ᠋ᠢᠯᠠᠯ ᠲᠡᠶ᠋ᠢᠰᠢ ᠲᠦᠪᠯᠡᠷᠡᠬᠦᠯᠬᠦ ᠵᠢ ᠠᠬᠢᠭᠤᠯᠤᠨ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠬᠤᠯᠪᠣᠭ᠋ᠠᠲᠤ ᠴᠤᠭᠴᠠ ᠪᠠᠶ᠋ᠢᠭᠤᠯᠬᠤ ᠵᠢ ᠳᠡᠮᠵᠢᠵᠦ᠂ ᠨᠡᠶ᠋ᠢᠲᠡᠯᠢᠭ ᠴᠢᠨᠠᠷᠲᠠᠢ ᠮᠡᠷᠭᠡᠵᠢᠯ᠎ᠤᠨ ᠲᠠᠪᠴᠠᠩ᠎ᠢ ᠪᠠᠶ᠋ᠢᠭᠤᠯᠤᠨ᠂ ᠤᠯᠤᠰ ᠪᠠ ᠦᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠦᠷᠦᠯ ᠵᠦᠢ᠍ᠯ᠎ᠢ ᠡᠭᠦᠷᠭᠡᠯᠡᠨ᠎ᠡ᠃ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ ᠪᠣᠢ ᠪᠣᠯᠭ᠋ᠠᠵᠤ᠂ ᠠᠵᠤ ᠦᠢ᠍ᠯᠡᠰ᠎ᠤᠨ ᠬᠡᠯᠬᠢᠶᠡᠨ᠎ᠤ ᠳᠡᠭᠡᠳᠦ ᠳᠤᠮᠳᠠ ᠳᠤᠤᠷᠠᠳᠤ ᠬᠡᠯᠬᠢᠶ᠎ᠠ᠂ ᠲᠤᠮᠤ ᠳᠤᠮᠳᠠ ᠵᠢᠵᠢᠭ ᠠᠵᠤ ᠠᠬᠤᠶ᠋ᠢᠯᠠᠯ᠎ᠤᠨ ᠨᠡᠪᠲᠡᠷᠡᠯᠴᠡᠨ ᠨᠡᠶ᠋ᠢᠯᠡᠵᠦ ᠰᠢᠨ᠎ᠡ ᠵᠢ ᠡᠭᠦᠳᠬᠦ ᠵᠢ᠎ᠨᠢ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ᠎ᠪᠠᠨ ᠲᠦᠷᠭᠡᠳᠭᠡᠨ᠎ᠡ᠃ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃
    ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠯ᠎ᠤᠨ ᠦᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠰᠢᠨ᠎ᠡ ᠵᠢ ᠡᠬᠦᠳᠦᠨ ᠰᠢᠪᠳᠤᠯᠬᠤ ᠠᠵᠢᠯ᠎ᠳᠤ 《ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ》 ᠵᠡᠷᠭᠡ ᠳᠦᠷᠢᠮ᠎ᠢ ᠬᠡᠷᠡᠭᠵᠢᠭᠦᠯᠵᠦ᠂ ᠲᠡᠷᠢᠭᠦᠨ ᠰᠢᠨᠵᠢᠯᠡᠬᠦ ᠤᠬᠠᠭ᠋ᠠᠨᠲᠠᠨ + ᠲᠤᠰᠬᠠᠢ ᠮᠡᠷᠭᠡᠵᠢᠯᠲᠡ + ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ + ᠠᠵᠤ ᠠᠬᠤᠶ᠋ᠢᠯᠠᠯ᠎ᠤᠨ ᠲᠣᠭᠲᠠᠴᠠ ᠵᠢ ᠬᠦᠷᠢᠶ᠎ᠡ ᠴᠠᠷᠠᠭ᠎ᠠ ᠬᠤᠪᠢᠶᠠᠨ ᠪᠠᠶ᠋ᠢᠭᠤᠯᠬᠤ ᠵᠢ ᠰᠦᠪᠡᠭᠴᠢᠯᠡᠨ᠂ ᠦᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠲᠣᠭᠤᠷᠢᠨ᠎ᠳᠤ᠂ ᠡᠬᠢ ᠪᠠᠶᠠᠯᠢᠭ ᠪᠠ ᠬᠦᠴᠦᠨ ᠴᠢᠳᠠᠯ ᠵᠶ᠋ᠠᠨ ᠲᠦᠪᠯᠡᠷᠡᠭᠦᠯᠵᠦ ᠰᠢᠰᠲ᠋ᠧᠮ᠎ᠲᠠᠢ ᠰᠤᠳᠤᠯᠤᠯ ᠪᠠ ᠮᠡᠷᠭᠡᠵᠢᠯ᠎ᠤᠨ ᠰᠢᠪᠲᠤᠯᠤᠯᠲᠠ ᠭᠠᠷᠭ᠋ᠠᠨ᠎ᠠ᠃ ᠵᠠᠰᠠᠭ᠎ᠤᠨ ᠣᠷᠳᠣᠨ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠣᠷᠤᠭᠤᠯᠤᠯᠲᠠ ᠬᠢᠬᠦ ᠪᠠᠲᠤᠯᠠᠭ᠋ᠠᠲᠤ ᠨᠡᠮᠡᠭᠳᠡᠯ᠎ᠤᠨ ᠲᠣᠭᠲᠠᠴᠠ ᠪᠠ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ ᠣᠷᠤᠭᠤᠯᠤᠯᠲᠠ ᠵᠢᠨ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠮᠦᠩᠭᠦᠨ ᠭᠦᠢ᠍ᠯᠭᠡᠭᠡᠨ ᠵᠶ᠋ᠠᠷ ᠳᠡᠮᠵᠢᠬᠦ ᠵᠢ ᠵᠣᠷᠢᠬ᠍ᠵᠢᠭᠤᠯᠤᠨ᠎ᠠ᠃ ᠴᠢᠳᠠᠪᠤᠷᠢᠲᠠᠨ᠎ᠤ ᠲᠠᠯ᠎ᠠ᠎ᠪᠠᠷ᠎ᠬᠢ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠡᠯ᠎ᠡ ᠲᠦᠷᠦᠯ᠎ᠤᠨ ᠴᠢᠳᠠᠪᠤᠷᠢᠲᠠᠨ᠎ᠢ ᠭᠦᠮᠦᠵᠢᠬᠦᠯᠵᠦ ᠣᠷᠤᠭᠤᠯᠤᠨ ᠠᠪᠴᠢᠷᠠᠬᠤ ᠪᠠ ᠰᠠᠶ᠋ᠢᠲᠤᠷ ᠬᠡᠷᠡᠭᠯᠡᠨ᠎ᠡ᠃
   (ᠭᠤᠷᠪᠠ) ᠠᠵᠤ ᠦᠢ᠍ᠯᠡᠰ᠎ᠤᠨ ᠬᠡᠯᠬᠢᠶ᠎ᠡ ᠪᠠ ᠥᠷᠲᠡᠭ᠎ᠤᠨ ᠬᠡᠯᠬᠢᠶᠡᠨ᠎ᠤ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠦᠨ᠎ᠡ
    ᠤᠯᠠᠮᠵᠢᠯᠠᠯᠲᠤ ᠠᠵᠤ ᠦᠢ᠍ᠯᠡᠰ᠎ᠢ ᠳᠡᠭᠡᠳᠦ ᠳᠡᠰᠴᠢᠯᠡᠬᠦ᠂ ᠣᠶᠤᠨᠴᠢᠯᠠᠬᠤ ᠪᠠ ᠪᠤᠬᠢᠷᠳᠣᠯ ᠦᠭᠡᠢ ᠪᠣᠯᠭ᠋ᠠᠨ ᠦᠭᠡᠷᠡᠴᠢᠯᠡᠵᠦ ᠳᠡᠰ ᠳᠡᠪᠰᠢᠭᠦᠯᠬᠦ᠎ᠪᠠᠨ ᠲᠦᠷᠭᠡᠳᠭᠡᠵᠦ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠎ᠡ᠃ ᠲᠥᠬᠦᠭᠡᠷᠥᠮᠵᠢ ᠵᠢ ᠰᠢᠨᠡᠳᠭᠡᠬᠦ ᠪᠠ ᠮᠡᠷᠭᠡᠵᠢᠯ᠎ᠢ ᠦᠭᠡᠷᠡᠴᠢᠯᠡᠨ ᠰᠠᠶ᠋ᠢᠵᠢᠷᠠᠭᠤᠯᠬᠤ᠎ᠪᠠᠨ ᠲᠦᠷᠭᠡᠳᠭᠡᠵᠦ᠂ ᠰᠢᠨ᠎ᠡ ᠡᠨᠧᠷᠬᠢ ᠵᠢᠨ ᠲᠤᠨᠤᠭ ᠲᠦᠬᠦᠭᠡᠷᠦᠮᠵᠢ᠂ ᠰᠢᠨ᠎ᠡ ᠡᠨᠧᠷᠬᠢ ᠵᠢᠨ ᠮᠠᠰᠢᠨ ᠲᠡᠷᠭᠡ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠤᠨᠤᠭ ᠲᠦᠬᠦᠭᠡᠷᠦᠮᠵᠢ ᠪᠠ ᠲᠠᠷᠢᠶᠠᠯᠠᠩ ᠮᠠᠯ ᠠᠵᠤ ᠠᠬᠤᠢ ᠵᠢᠨ ᠮᠠᠰᠢᠨ ᠬᠡᠷᠡᠭᠰᠡᠯ ᠵᠡᠷᠭᠡ ᠲᠤᠨᠤᠭ ᠲᠦᠬᠦᠭᠡᠷᠦᠮᠵᠢ ᠦᠢ᠍ᠯᠡᠳᠬᠦ ᠦᠢ᠍ᠯᠡᠰ᠎ᠤᠨ ᠬᠦᠭᠵᠢᠯᠲᠡ ᠵᠢ ᠠᠬᠢᠭᠤᠯᠤᠨ᠎ᠠ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠢ ᠨᠠᠷᠢᠯᠢᠬ ᠭᠦᠨ ᠡᠳ᠋ᠰᠢᠭᠦᠯᠵᠦ ᠪᠤᠯᠪᠠᠰᠤᠷᠠᠭᠤᠯᠬᠤ ᠠᠵᠤ ᠦᠢ᠍ᠯᠡᠰ᠎ᠢ ᠤᠯᠠᠮ ᠨᠢᠭᠡ ᠠᠯᠬᠤᠮ ᠬᠦᠭᠵᠢᠭᠦᠯᠦᠨ ᠪᠤᠵᠠᠭ᠋ᠠᠶ᠋ᠢᠷᠠᠭᠤᠯᠤᠨ᠎ᠠ᠃ ᠬᠦᠷᠢᠶᠡᠯᠡᠩ ᠲᠤᠭᠤᠷᠢᠭ᠎ᠤᠨ ᠬᠦᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠵᠦ᠂ ᠣᠶᠤᠨᠯᠢᠭ ᠬᠦᠷᠢᠶᠡᠯᠡᠩ ᠲᠤᠭᠤᠷᠢᠭ᠎ᠢ ᠪᠠᠶ᠋ᠢᠭᠤᠯᠤᠨ᠎ᠠ᠃
    ᠣᠳᠤ ᠦᠶ᠎ᠡ ᠵᠢᠨ ᠡᠨᠧᠷᠬᠢ ᠵᠢᠨ ᠠᠵᠤ ᠠᠬᠤᠢ ᠵᠢ ᠰᠢᠯᠢᠳᠡᠭᠵᠢᠭᠦᠯᠦᠨ ᠬᠦᠴᠦᠷᠬᠡᠭᠵᠢᠭᠦᠯᠵᠤ᠂ ᠨᠡᠭᠦᠷᠡᠰᠦ ᠵᠢ ᠠᠮᠤᠷ ᠲᠦᠪᠰᠢᠨ ᠪᠦᠭᠡᠳ ᠦᠨᠳᠦᠷ ᠪᠦᠲᠦᠮᠵᠢᠲᠡᠢ᠎ᠪᠠᠷ ᠨᠡᠭᠡᠭᠡᠨ ᠮᠠᠯᠲᠠᠬᠤ ᠪᠠ ᠴᠡᠪᠡᠷᠰᠢᠭᠦᠯᠦᠨ ᠦᠨᠳᠦᠷ ᠪᠦᠲᠦᠮᠵᠢᠲᠡᠢ᠎ᠪᠠᠷ ᠠᠰᠢᠬᠯᠠᠬᠤ ᠵᠢ ᠠᠬᠢᠭᠤᠯᠵᠤ᠂ ᠣᠷᠳᠤᠰ᠎ᠲᠠᠬᠢ ᠤᠯᠤᠰ᠎ᠤᠨ ᠣᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠤᠨ᠎ᠢ ᠦᠨᠳᠦᠷ ᠪᠠᠷᠢᠮᠵᠢᠶ᠎ᠠ᠎ᠪᠠᠷ ᠪᠠᠶ᠋ᠢᠭᠤᠯᠤᠨ᠎ᠠ᠃ ᠰᠢᠨ᠎ᠡ ᠡᠨᠧᠷᠬᠢ ᠵᠢᠨ ᠮᠠᠰᠢᠨ ᠴᠣᠭᠴᠠᠯᠠᠪᠤᠷᠢ ᠵᠢ 1000 ᠲᠦᠮᠡᠨ ᠺᠢᠯᠤᠸᠠᠲ ᠰᠢᠨ᠎ᠡ᠎ᠪᠠᠷ ᠨᠡᠮᠡᠭᠳᠡᠭᠦᠯᠦᠨ᠎ᠡ᠃ ᠣᠨᠴᠠ ᠦᠨᠳᠦᠷ ᠬᠦᠴᠦᠳᠡᠯᠳᠦ ᠴᠠᠬᠢᠯᠭ᠋ᠠᠨ᠎ᠢ ᠭᠠᠳᠠᠭᠰᠢ ᠳᠠᠮᠵᠢᠭᠤᠯᠬᠤ᠎ᠳᠤ ᠰᠠᠭ᠋ᠠᠳ ᠦᠭᠡᠢ ᠨᠡᠪᠲᠡᠷᠡᠬᠦ ᠱᠤᠭᠤᠮ ᠪᠠ ᠣᠶᠤᠨᠴᠢᠯᠠᠭᠰᠠᠨ ᠴᠠᠬᠢᠯᠭ᠋ᠠᠨ ᠬᠦᠴᠦᠨ᠎ᠤ ᠲᠣᠣᠷ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠎ᠡ᠃ ᠰᠢᠨ᠎ᠡ ᠡᠨᠧᠷᠭᠢ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠳᠠᠯ᠎ᠠ ᠵᠢᠨ ᠦᠭᠡᠷᠡᠴᠢᠯᠡᠯᠲᠡ ᠵᠢ ᠠᠬᠢᠭᠤᠯᠵᠦ᠂ ᠡᠨᠧᠷᠭᠢ ᠵᠢᠨ ᠬᠡᠷᠡᠭᠯᠡᠭᠡ ᠵᠢᠨ ᠬᠤᠪᠢᠰᠤᠯᠲᠠ ᠵᠢ ᠠᠬᠢᠭᠤᠯᠤᠨ᠎ᠠ᠃ ᠤᠰᠤᠳᠦ᠋ᠷᠦᠭᠴᠢ ᠡᠨᠧᠷᠬᠢ ᠵᠢᠨ ᠠᠵᠤ ᠠᠬᠤᠢ ᠵᠢ ᠬᠦᠭᠵᠢᠭᠦᠯᠵᠦ᠂ ᠣᠷᠳᠤᠰ ᠪᠠ ᠦᠬᠠᠢ ᠵᠢ ᠲᠦᠯᠡᠰᠢ ᠵᠢᠨ ᠳ᠋ᠢᠶᠠᠨ ᠊ᠤᠤᠢ ᠵᠢᠨ ᠬᠦᠳᠡᠯᠭᠡᠭᠦᠷᠲᠦ ᠮᠠᠰᠢᠨ ᠲᠡᠷᠭᠡᠨ᠎ᠤ ᠵᠢᠱ᠌ᠢᠶ᠎ᠡ ᠦᠵᠡᠭᠦᠯᠬᠦ ᠬᠤᠲᠠ ᠪᠣᠯᠭ᠋ᠠᠨ ᠪᠠᠶ᠋ᠢᠭᠤᠯᠤᠨ᠎ᠠ᠃
    ᠪᠠᠶᠬᠠᠣᠪᠤᠭ᠎ᠠ ᠵᠢᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠦᠨᠳᠦᠷ ᠪᠦᠲᠦᠮᠵᠢᠲᠡᠢ᠎ᠪᠠᠷ ᠶᠡᠷᠦᠩᠬᠡᠶ᠋ᠢᠯᠡᠨ ᠠᠰᠢᠬᠯᠠᠬᠤ ᠵᠢ ᠠᠬᠢᠭᠤᠯᠵᠤ᠂ ᠠᠵᠤ ᠦᠢ᠍ᠯᠡᠰ᠎ᠤᠨ ᠪᠦᠬᠦ ᠬᠡᠯᠬᠢᠶ᠎ᠡ ᠵᠢ ᠴᠤᠭᠴᠠᠯᠠᠬᠤ᠎ᠪᠠᠨ ᠠᠩᠬᠠᠷᠣᠨ ᠴᠢᠬᠤᠯᠠᠴᠢᠯᠠᠵᠤ᠂ ᠬᠤᠪᠤᠷ ᠰᠢᠷᠤᠢ ᠵᠢᠨ ᠬᠤᠪᠤᠷ ᠲᠡᠮᠦᠷᠯᠢᠭ ᠮᠠᠲ᠋ᠧᠷᠢᠶᠠᠯ᠎ᠤᠨ ᠠᠵᠤ ᠦᠢ᠍ᠯᠡᠰ᠎ᠤᠨ ᠪᠦᠯᠦᠭᠵᠢᠯ᠎ᠢ ᠪᠠᠶ᠋ᠢᠭᠤᠯᠤᠨ᠎ᠠ᠃ ᠳᠡᠭᠡᠳᠦ ᠳᠡᠰ᠎ᠤᠨ ᠲᠡᠮᠦᠷᠯᠢᠭ᠂ ᠪᠠᠯ ᠴᠢᠯᠠᠭᠤ ᠠᠯᠺᠧᠨ᠂ ᠴᠢᠳᠠᠮᠵᠢ ᠰᠠᠶ᠋ᠢᠲᠠᠢ ᠰᠢᠷᠬᠡᠭᠯᠢᠭ ᠵᠡᠷᠭᠡ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠢ ᠬᠦᠭᠵᠢᠭᠦᠯᠦᠨ᠎ᠡ᠃ ᠠᠮᠢᠳᠤ ᠪᠤᠳᠠᠰ᠎ᠤᠨ ᠡᠮ ᠡᠮᠨᠡᠯᠭᠡ ᠵᠢᠨ ᠣᠨᠴᠠᠯᠢᠭ᠎ᠲᠠᠢ ᠠᠵᠤ ᠦᠢ᠍ᠯᠡᠰ᠎ᠤᠨ ᠰᠠᠭᠤᠷᠢᠨ ᠭᠠᠵᠠᠷ᠎ᠢ ᠪᠠᠶ᠋ᠢᠭᠤᠯᠤᠨ᠎ᠠ᠃ ᠴᠡᠷᠢᠭ᠎ᠤᠨ ᠬᠡᠷᠡᠭᠯᠡᠭᠡ ᠪᠠ ᠠᠷᠠᠳ᠎ᠤᠨ ᠬᠡᠷᠡᠭᠯᠡᠭᠡ ᠵᠢ ᠠᠭᠤᠰᠤᠯᠴᠠᠭᠤᠯᠤᠭᠰᠠᠨ ᠠᠵᠤ ᠦᠢ᠍ᠯᠡᠰ᠎ᠤᠨ ᠬᠦᠭᠵᠢᠯᠲᠡ ᠵᠢ ᠲᠦᠷᠭᠡᠳᠭᠡᠨ᠎ᠡ᠃
    ᠲᠣᠭ᠋ᠠᠵᠢᠭᠤᠯᠤᠭᠰᠠᠨ ᠠᠵᠤ ᠠᠬᠤᠢ ᠵᠢ ᠶᠡᠭᠡ᠎ᠪᠠᠷ ᠬᠦᠭᠵᠢᠭᠦᠯᠵᠦ᠂ 5G ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠭᠡᠵᠦ᠂ ᠨᠢᠭᠡ ᠪᠦᠯᠦᠭ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠲᠠᠪᠴᠠᠩ᠂ ᠤᠶᠤᠨᠴᠢ ᠦᠢ᠍ᠯᠡᠳᠪᠦᠷᠢ᠂ ᠲᠣᠭ᠋ᠠᠵᠢᠭᠤᠯᠤᠭᠰᠠᠨ ᠦᠢ᠍ᠯᠡᠳᠪᠦᠷᠢ ᠵᠢᠨ ᠲᠠᠰᠤᠭ᠎ᠢ ᠪᠠᠶ᠋ᠢᠭᠤᠯᠵᠤ᠂ ᠲᠣᠭ᠋ᠠᠵᠢᠭᠤᠯᠤᠭᠰᠠᠨ ᠠᠵᠤ ᠠᠬᠤᠢ ᠪᠠ ᠪᠤᠳᠠᠳᠤ ᠴᠤᠭᠴᠠ ᠵᠢᠨ ᠠᠵᠤ ᠠᠬᠤᠢ ᠵᠢᠨ ᠭᠦᠨᠵᠡᠭᠡᠢ ᠠᠭᠤᠰᠤᠯᠴᠠᠬᠤ ᠵᠢ ᠠᠬᠢᠭᠤᠯᠤᠨ᠎ᠠ᠃ ᠲᠣᠭ᠋ᠠᠵᠢᠭᠤᠯᠤᠭᠰᠠᠨ ᠵᠠᠰᠠᠭ᠎ᠤᠨ ᠣᠷᠳᠤᠨ᠂ ᠲᠣᠭ᠋ᠠᠵᠢᠭᠤᠯᠤᠭᠰᠠᠨ ᠨᠡᠶ᠋ᠢᠭᠡᠮ᠎ᠢ ᠪᠠᠶ᠋ᠢᠭᠤᠯᠤᠨ᠎ᠠ᠃
    ᠤᠳᠤ ᠦᠶ᠎ᠡ ᠵᠢᠨ ᠪᠠᠷᠠᠭ᠋ᠠᠨ᠎ᠤ ᠭᠦᠢ᠍ᠯᠭᠡᠭᠡ᠂ ᠰᠤᠲᠤᠯᠤᠨ ᠨᠡᠭᠡᠭᠡᠵᠦ ᠵᠢᠷᠤᠭᠯᠠᠨ ᠲᠦᠯᠦᠪᠯᠡᠬᠦ᠂ ᠪᠠᠶ᠋ᠢᠴᠠᠭ᠋ᠠᠨ ᠰᠢᠯᠭ᠋ᠠᠵᠤ ᠭᠡᠷᠡᠴᠢᠯᠡᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠦᠢ᠍ᠯᠡᠴᠢᠯᠡᠬᠦ ᠵᠡᠷᠭᠡ ᠣᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠬᠦᠭᠵᠢᠭᠦᠯᠦᠨ᠎ᠡ᠃ ᠨᠡᠶ᠋ᠢᠳᠡᠮ ᠬᠡᠷᠡᠭᠯᠡᠬᠦ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ 《ᠨᠡᠶ᠋ᠢᠳᠡᠮ ᠬᠡᠷᠡᠭᠯᠡᠬᠦ ᠠᠭ᠋ᠠᠷ ᠠᠶᠠᠯᠠᠯ + ᠵᠢᠭᠤᠯᠴᠢᠯᠠᠯ》 《ᠨᠡᠶ᠋ᠢᠳᠡᠮ ᠬᠡᠷᠡᠭᠯᠡᠬᠦ ᠠᠭ᠋ᠠᠷ ᠠᠶᠠᠯᠠᠯ + ᠪᠡᠶ᠎ᠡ ᠵᠢᠨ ᠲᠠᠮᠢᠷ》 ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠬᠦᠭᠵᠢᠯᠲᠡ ᠵᠢ ᠠᠬᠢᠭᠤᠯᠤᠨ᠎ᠠ᠃
   (ᠳᠥᠷᠪᠡ) ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠤᠨ᠎ᠠ
    ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠤᠷᠤᠨ᠎ᠢ ᠡᠩ ᠲᠡᠷᠢᠬᠦᠨ᠎ᠳᠤ ᠬᠦᠭᠵᠢᠭᠦᠯᠬᠦ ᠵᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ᠎ᠤ ᠤᠳᠤᠬᠢᠴᠢᠯᠠᠯᠲᠠ ᠵᠢ ᠲᠦᠷᠭᠡᠳᠭᠡᠨ᠂ ᠲᠠᠷᠢᠶᠠᠯᠠᠩ ᠮᠠᠯ ᠠᠵᠤ ᠠᠬᠤᠢ ᠵᠢ ᠴᠢᠨᠠᠷ ᠰᠠᠶ᠋ᠢᠲᠠᠢ ᠪᠦᠭᠡᠳ ᠦᠨᠳᠦᠷ ᠪᠦᠲᠦᠮᠵᠢᠲᠡᠢ ᠪᠣᠯᠭ᠋ᠠᠬᠤ᠂ ᠮᠠᠯᠵᠢᠬᠤ ᠲᠠᠷᠢᠶᠠᠯᠠᠬᠤ ᠤᠷᠤᠨ᠎ᠢ ᠣᠷᠤᠰᠢᠨ ᠰᠠᠭᠤᠷᠢᠰᠢᠵᠣ ᠠᠵᠤ ᠲᠦᠷᠦᠬᠦ᠎ᠳᠤ ᠲᠣᠬᠢᠷᠠᠮᠵᠢᠲᠠᠢ ᠪᠣᠯᠭ᠋ᠠᠬᠤ᠂ ᠮᠠᠯᠴᠢᠨ ᠲᠠᠷᠢᠶᠠᠴᠢᠨ᠎ᠢ ᠪᠠᠶᠠᠨ ᠴᠢᠨᠡᠭᠡᠯᠢᠭ ᠠᠮᠢᠳᠤᠷᠠᠯ᠎ᠲᠠᠢ ᠪᠣᠯᠭ᠋ᠠᠬᠤ ᠵᠢ ᠠᠬᠢᠭᠤᠯᠤᠨ᠎ᠠ᠃
    ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠠᠬᠢᠵᠢᠭᠦᠯᠦᠨ ᠦᠷᠭᠡᠳᠭᠡᠵᠦ᠂ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠤᠯᠭ᠋ᠠᠭᠤᠯᠬᠤ ᠠᠵᠢᠯ᠎ᠢ ᠰᠠᠶ᠋ᠢᠲᠤᠷ ᠬᠢᠵᠦ᠂ ᠬᠠᠪᠰᠤᠷᠤᠨ ᠳᠡᠳᠭᠦᠭᠦ ᠲᠠᠯ᠎ᠠ᠎ᠪᠠᠷ᠎ᠬᠢ ᠭᠤᠣᠯ ᠪᠣᠯᠬᠤ ᠲᠥᠷᠥ ᠵᠢᠨ ᠪᠣᠳᠤᠯᠭ᠎ᠠ ᠵᠢ ᠶᠡᠷᠦᠩᠬᠡᠢ᠎ᠳᠡᠭᠡᠨ ᠲᠣᠭᠲᠠᠭᠤᠨ ᠪᠠᠶ᠋ᠢᠯᠭ᠋ᠠᠬᠤ ᠵᠢ ᠪᠠᠲᠤᠯᠠᠨ᠎ᠠ᠃ ᠳᠠᠬᠢᠨ ᠶᠠᠳᠠᠭᠤᠷᠠᠬᠤ ᠵᠢ ᠰᠡᠷᠭᠡᠶ᠋ᠢᠯᠡᠵᠦ ᠬᠢᠨᠠᠨ ᠰᠢᠨᠵᠢᠬᠦ ᠪᠠ ᠬᠠᠪᠰᠤᠷᠤᠨ ᠳᠡᠳᠭᠦᠭᠦ ᠲᠣᠭᠲᠠᠴᠠ ᠵᠢ ᠪᠦᠷᠢᠨᠰᠢᠭᠦᠯᠦᠨ᠂ ᠠᠵᠢᠯ ᠣᠯᠭᠤᠯᠳᠠ ᠪᠠ ᠠᠵᠤ ᠦᠢ᠍ᠯᠡᠰ ᠵᠶ᠋ᠠᠷ ᠶᠠᠳᠠᠭᠤ ᠵᠢ ᠳᠡᠳᠭᠦᠭᠦ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠶᠠᠳᠠᠭᠤ ᠵᠢ ᠳᠡᠳᠭᠦᠭᠦ᠎ᠪᠠᠷ ᠣᠨᠳᠤᠤ ᠭᠠᠵᠠᠷ᠎ᠲᠤ ᠨᠡᠭᠦᠯᠭᠡᠭᠰᠡᠨ᠎ᠤ ᠳᠠᠷᠠᠭ᠎ᠠ ᠦᠷᠭᠦᠯᠵᠢᠯᠡᠨ ᠳᠡᠳᠭᠦᠭᠦ ᠠᠵᠢᠯ ᠵᠶ᠋ᠠᠨ ᠰᠠᠶ᠋ᠢᠲᠤᠷ ᠬᠢᠵᠦ᠂ ᠶᠠᠳᠠᠭᠤ᠎ᠠᠴᠠ ᠠᠩᠭᠢᠵᠢᠷᠠᠭᠰᠠᠨ ᠬᠦᠮᠦᠰ᠎ᠤᠨ ᠣᠷᠤᠯᠭ᠎ᠠ᠎ᠪᠠᠨ ᠲᠣᠭᠲᠠᠭᠤᠨ ᠵᠶ᠋ᠠᠷ ᠨᠡᠮᠡᠭᠳᠡᠭᠦᠯᠬᠦ ᠵᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠤᠨ᠎ᠤ ᠣᠷᠤᠯᠭ᠎ᠠ ᠪᠠᠭ᠋ᠠᠲᠠᠢ ᠬᠦᠮᠦᠰ᠎ᠢ ᠪᠠᠶ᠋ᠢᠩᠭᠤ ᠬᠠᠪᠰᠤᠷᠤᠨ ᠳᠡᠳᠭᠦᠭᠦ᠎ᠪᠠᠨ ᠴᠢᠩᠭ᠋ᠠᠳᠬᠠᠵᠤ᠂ ᠶᠠᠳᠠᠭᠤ᠎ᠠᠴᠠ ᠠᠩᠭᠢᠵᠢᠷᠠᠭᠰᠠᠨ ᠨᠢᠭᠡ ᠪᠦᠯᠦᠭ ᠬᠤᠰᠢᠭᠤ ᠰᠢᠶᠠᠨ᠎ᠢ ᠲᠦᠪᠯᠡᠷᠡᠭᠦᠯᠦᠨ ᠳᠡᠮᠵᠢᠵᠦ ᠪᠠᠶ᠋ᠢᠭ᠋ᠠᠳ ᠬᠦᠳᠡᠭᠡ ᠲᠤᠰᠬᠤᠨ ᠵᠶ᠋ᠠᠨ ᠬᠦᠭᠵᠢᠭᠦᠯᠦᠨ ᠮᠠᠨᠳᠤᠭᠤᠯᠬᠤ ᠵᠢ᠎ᠨᠢ ᠠᠬᠢᠭᠤᠯᠤᠨ᠎ᠠ᠃
    ᠭᠠᠵᠠᠷ ᠰᠢᠷᠤᠢ᠎ᠪᠠᠷ ᠠᠮᠤ ᠲᠠᠷᠢᠶ᠎ᠠ ᠵᠢ ᠪᠠᠲᠤᠯᠠᠵᠤ ᠤᠷ᠎ᠠ ᠮᠡᠷᠭᠡᠵᠢᠯ ᠵᠶ᠋ᠠᠷ ᠪᠤᠳᠠᠭ᠋ᠠᠨ᠎ᠤ ᠤᠨᠠᠯᠲᠠ᠎ᠪᠠᠨ ᠳᠡᠭᠡᠭᠰᠢᠯᠡᠭᠦᠯᠬᠦ ᠵᠢ ᠪᠠᠷᠢᠮᠲᠠᠯᠠᠵᠤ᠂ ᠣᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠢ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠲᠤᠨᠤᠭ ᠲᠦᠬᠦᠭᠡᠷᠦᠮᠵᠢ ᠵᠢᠨ ᠲᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠭᠦᠯᠣᠨ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠪᠦᠬᠦ ᠶᠠᠪᠤᠴᠠ ᠵᠢᠨ ᠮᠧᠬᠠᠨᠢᠬ᠍ᠵᠢᠭᠤᠯᠤᠯᠳᠠ ᠵᠢ ᠠᠬᠢᠭᠤᠯᠤᠨ᠎ᠠ᠃ 《ᠤᠰᠤ ᠠᠷᠪᠢᠯᠠᠬᠤ ᠵᠢ ᠤᠷᠢᠳ ᠵᠶ᠋ᠠᠷ ᠪᠤᠳᠤᠯᠬᠢᠯᠠᠨ᠂ ᠤᠰᠤᠨ᠎ᠤ ᠬᠡᠮᠵᠢᠶ᠎ᠡ᠎ᠪᠠᠷ ᠨᠡᠭᠡᠭᠡᠨ ᠠᠰᠢᠬᠯᠠᠬᠤ》 ᠵᠢ ᠪᠠᠷᠢᠮᠲᠠᠯᠠᠵᠦ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ᠎ᠢ 459 ᠲᠦᠮᠡᠨ ᠮᠦ᠍ ᠰᠢᠨ᠎ᠡ᠎ᠪᠠᠷ ᠪᠠᠶ᠋ᠢᠭᠤᠯᠤᠨ᠂ ᠬᠤᠵᠢᠷᠰᠢᠭᠰᠠᠨ ᠲᠠᠷᠢᠶᠠᠯᠠᠬᠤ ᠭᠠᠵᠠᠷ᠎ᠢ ᠰᠠᠶ᠋ᠢᠵᠢᠷᠠᠭᠤᠯᠬᠤ ᠪᠠ ᠬᠠᠷ᠎ᠠ ᠬᠦᠷᠦᠰᠦᠲᠦ ᠭᠠᠵᠠᠷ᠎ᠲᠤ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠬᠤ ᠵᠢ ᠦᠷᠭᠦᠯᠵᠢᠯᠡᠨ ᠠᠬᠢᠭᠤᠯᠤᠨ᠎ᠠ᠃ ᠲᠠᠷᠢᠶᠠᠯᠠᠬᠤ ᠭᠠᠵᠠᠷ᠎ᠢ ᠤᠯᠠᠭ᠋ᠠᠨ ᠱᠣᠭᠤᠮ ᠵᠶ᠋ᠠᠷ ᠬᠠᠮᠠᠭ᠋ᠠᠯᠠᠨ ᠬᠢᠵᠠᠭ᠋ᠠᠷᠯᠠᠵᠤ᠂ ᠡᠵᠡᠯᠡᠵᠤ ᠲᠠᠷᠢᠶᠠᠯᠠᠬᠤ ᠪᠠ ᠨᠦᠬᠦᠪᠦᠷᠢᠯᠡᠵᠤ ᠦᠭᠬᠦ ᠵᠢ ᠲᠡᠩᠴᠡᠭᠦᠷᠢᠰᠢᠭᠦᠯᠬᠦ᠎ᠪᠠᠨ ᠳᠥᠷᠢᠮᠵᠢᠭᠦᠯᠣᠨ᠂ ᠬᠦᠳᠡᠭᠡ ᠲᠤᠰᠬᠤᠨ᠎ᠤ ᠲᠠᠷᠢᠶᠠᠯᠠᠬᠤ ᠭᠠᠵᠠᠷ᠎ᠲᠤ ᠳᠤᠷ᠎ᠠ᠎ᠪᠠᠷ ᠭᠡᠷ ᠪᠠᠶ᠋ᠢᠰᠢᠩ ᠪᠠᠷᠢᠬᠤ ᠠᠰᠠᠭᠤᠳᠠᠯ᠎ᠢ ᠴᠡᠭᠴᠡᠯᠡᠨ ᠵᠠᠰᠠᠵᠤ᠂ ᠲᠠᠷᠢᠶᠠᠯᠠᠬᠤ ᠭᠠᠵᠠᠷ᠎ᠢ 《ᠲᠠᠷᠢᠶᠠᠯᠠᠩ᠎ᠤᠨ ᠪᠤᠰᠤ ᠵᠦᠢ᠍ᠯ᠎ᠳᠤ ᠬᠡᠷᠡᠭᠯᠡᠬᠦ》 ᠵᠢ ᠡᠷᠡᠰ ᠬᠤᠷᠢᠬᠯᠠᠨ᠂ 《ᠠᠮᠤ ᠪᠤᠳᠠᠭ᠋ᠠᠨ᠎ᠤ ᠪᠤᠰᠤ ᠵᠦᠢ᠍ᠯ᠎ᠳᠤ ᠬᠡᠷᠡᠭᠯᠡᠬᠦ》 ᠵᠢ ᠰᠡᠷᠭᠡᠶ᠋ᠢᠯᠡᠵᠦ᠂ ᠠᠮᠤ ᠪᠤᠳᠠᠭ᠎ᠠ ᠲᠠᠷᠢᠬᠤ ᠲᠠᠯᠠᠪᠠᠢ ᠵᠢ ᠲᠤᠭᠲᠠᠪᠤᠷᠢᠲᠠᠢ ᠪᠠᠶ᠋ᠢᠯᠭ᠋ᠠᠨ᠎ᠠ᠃ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠵᠣ ᠠᠰᠢᠬᠯᠠᠬᠤ᠎ᠪᠠᠨ ᠴᠢᠩᠭ᠋ᠠᠳᠬᠠᠨ᠂ ᠲᠠᠷᠢᠮᠠᠯ᠂ ᠣᠢ ᠮᠣᠳᠤ ᠡᠪᠡᠰᠦ ᠪᠠ ᠮᠠᠯ ᠵᠢᠭᠦᠷᠲᠡᠨ᠎ᠤ ᠦᠷ᠎ᠡ ᠡᠳ᠋᠎ᠤᠨ ᠡᠬᠢ ᠪᠠᠶᠠᠯᠢᠭ᠎ᠤᠨ ᠬᠦᠮᠦᠷᠭᠡ ᠵᠢ ᠪᠠᠶ᠋ᠢᠭᠤᠯᠵᠤ᠂ ᠦᠷ᠎ᠡ ᠡᠭᠦᠯᠳᠡᠷ ᠪᠤᠶ᠋ᠢᠵᠢᠭᠤᠯᠬᠤ ᠲᠠᠯ᠎ᠠ᠎ᠪᠠᠷ ᠰᠢᠨ᠎ᠡ ᠵᠢ ᠡᠭᠦᠳᠬᠦ ᠪᠠ ᠰᠠᠶ᠋ᠢᠨ ᠦᠷ᠎ᠡ ᠡᠭᠦᠯᠳᠡᠷ᠎ᠢ ᠦᠷᠡᠵᠢᠭᠦᠯᠦᠨ ᠪᠤᠶ᠋ᠢᠵᠢᠭᠤᠯᠬᠤ ᠴᠢᠳᠠᠪᠤᠷᠢ ᠵᠢ ᠳᠡᠭᠡᠭᠰᠢᠯᠡᠭᠦᠯᠵᠦ᠂ ᠪᠤᠶ᠋ᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠵᠢ ᠨᠢᠭᠡ ᠴᠣᠭᠴᠠᠵᠢᠭᠤᠯᠬᠤ᠎ᠪᠠᠨ ᠠᠬᠢᠭᠤᠯᠤᠨ᠎ᠠ᠃ ᠠᠮᠢᠲᠠᠨ᠎ᠤ ᠬᠢᠵᠢᠭ ᠪᠠ ᠲᠠᠷᠢᠮᠠᠯ᠎ᠤᠨ ᠬᠤᠷᠤᠬᠠᠢ ᠭᠡᠮ᠎ᠤᠨ ᠬᠦᠨᠦᠭᠡᠯ᠎ᠢ ᠰᠡᠷᠭᠡᠶ᠋ᠢᠯᠡᠨ ᠵᠠᠰᠠᠬᠤ᠎ᠪᠠᠨ

ᠴᠢᠩᠭ᠋ᠠᠷᠠᠭᠤᠯᠤᠨ᠎ᠠ᠃
    ᠮᠠᠯ ᠲᠠᠷᠢᠶᠠᠯᠠᠩ᠎ᠢ ᠪᠣᠬᠢᠷᠳᠤᠭᠤᠯᠬᠤ ᠦᠭᠡᠢ᠎ᠪᠠᠷ ᠬᠦᠭᠵᠢᠭᠦᠯᠬᠦ ᠵᠢ ᠪᠠᠷᠢᠮᠲᠠᠯᠠᠵᠤ᠂ ᠴᠢᠨᠠᠷ ᠰᠠᠶ᠋ᠢᠲᠠᠢ ᠪᠦᠬᠡᠳ ᠪᠤᠬᠢᠷᠳᠤᠯ ᠦᠬᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠎ᠡ᠃ ᠰᠦ ᠰᠠᠭ᠋ᠠᠯᠢ ᠵᠢᠨ ᠦᠢ᠍ᠯᠡᠰ᠎ᠢ ᠬᠦᠭᠵᠢᠭᠦᠯᠦᠨ ᠮᠠᠨᠳᠤᠭᠤᠯᠬᠤ᠎ᠪᠠᠨ ᠭᠦᠨᠵᠡᠭᠡᠶ ᠠᠬᠢᠭᠤᠯᠵᠤ᠂ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ ᠪᠠ ᠮᠠᠯᠵᠢᠯ᠎ᠤᠨ ᠲᠠᠯᠠᠪᠠᠢ ᠵᠢ ᠬᠤᠯᠢᠮᠠᠭ ᠦᠮᠴᠢᠯᠡᠯᠲᠦ ᠬᠡᠯᠪᠡᠷᠢ᠎ᠪᠠᠷ ᠪᠠᠶ᠋ᠢᠭᠤᠯᠬᠤ ᠵᠢ ᠵᠣᠷᠢᠬ᠍ᠵᠢᠭᠤᠯᠵᠣ᠂ ᠤᠯᠠᠮᠵᠢᠯᠠᠯᠲᠤ ᠴᠠᠭ᠋ᠠᠨ ᠢᠳᠡᠭᠡ ᠵᠢ ᠠᠵᠤ ᠥᠢ᠍ᠯᠡᠰᠵᠢᠭᠦᠯᠬᠦ ᠪᠠ ᠨᠡᠷᠡᠲᠦ ᠲᠡᠮᠲᠡᠭ ᠪᠣᠯᠭ᠋ᠠᠨ ᠬᠥᠭᠵᠢᠭᠦᠯᠬᠦ ᠵᠢ ᠳᠡᠮᠵᠢᠨ᠎ᠡ᠃ ᠳᠠᠷᠤᠰᠢᠭᠤᠯᠬᠤ ᠡᠷᠳᠡᠨᠢ ᠰᠢᠰᠢ᠂ ᠴᠢᠨᠠᠷ ᠰᠠᠶ᠋ᠢᠲᠠᠢ ᠴᠠᠷᠭ᠋ᠠᠰᠤ ᠲᠠᠷᠢᠬᠤ ᠲᠠᠯᠠᠪᠠᠢ ᠵᠢ ᠭᠠᠵᠠᠷ ᠣᠷᠤᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ ᠦᠷᠭᠡᠳᠭᠡᠵᠦ᠂ ᠡᠪᠡᠰᠦ ᠪᠡᠯᠴᠢᠭᠡᠷ᠎ᠤᠨ ᠴᠢᠨᠠᠷ᠎ᠢ ᠳᠡᠭᠡᠭᠰᠢᠯᠡᠭᠦᠯᠦᠨ᠎ᠡ᠃ ᠪᠠᠷᠢᠮᠵᠢᠶᠠᠵᠢᠭᠤᠯᠤᠨ ᠲᠡᠵᠢᠭᠡᠬᠦ ᠵᠢ ᠬᠡᠷᠡᠭᠵᠢᠬᠦᠯᠵᠦ᠂ ᠠᠯᠠᠰᠢᠨ ᠥᠬᠡᠷ ᠠᠯᠠᠰᠢᠨ ᠬᠤᠨᠢᠨ᠎ᠤ ᠠᠵᠤ ᠦᠢ᠍ᠯᠡᠰ᠎ᠤᠨ ᠬᠦᠭᠵᠢᠯᠲᠡ ᠵᠢ ᠲᠦᠷᠭᠡᠳᠭᠡᠨ᠂ ᠰᠠᠭ᠋ᠠᠯᠢ ᠪᠠ ᠠᠯᠠᠰᠢᠨ᠎ᠤ ᠡᠭᠦᠯᠳᠡᠷ᠎ᠢ ᠪᠤᠶ᠋ᠢᠵᠢᠭᠤᠯᠵᠤ ᠦᠷᠡᠵᠢᠭᠦᠯᠬᠦ ᠵᠢ ᠳᠡᠮᠵᠢᠨ᠎ᠡ᠃ ᠤᠨᠴᠠᠯᠢᠭ᠎ᠲᠠᠢ ᠲᠠᠷᠢᠵᠤ ᠤᠷᠭᠤᠭᠤᠯᠬᠤ ᠪᠠ ᠲᠡᠵᠢᠭᠡᠨ ᠦᠷᠡᠵᠢᠭᠦᠯᠬᠦ ᠵᠢ ᠵᠤᠷᠢᠬ᠍ᠵᠢᠭᠤᠯᠵᠦ᠂ ᠣᠢ ᠵᠢᠨ ᠬᠤᠷᠮᠤᠢ ᠵᠢᠨ ᠠᠵᠤ ᠠᠬᠤᠢ ᠵᠢ ᠬᠦᠭᠵᠢᠭᠦᠯᠦᠨ᠎ᠡ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠨᠡᠶ᠋ᠢᠲᠡ ᠵᠢᠨ ᠬᠡᠷᠡᠭᠯᠡᠭᠡᠨ᠎ᠤ ᠨᠡᠷᠡᠲᠦ ᠲᠡᠮᠲᠡᠭ ᠪᠣᠯᠭ᠋ᠠᠨ ᠪᠦᠲᠦᠭᠡᠨ ᠪᠠᠶ᠋ᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠢ ᠬᠡᠷᠡᠭᠵᠢᠭᠦᠯᠣᠨ᠎ᠡ᠃ ᠮᠠᠯᠵᠢᠬᠤ ᠤᠷᠤᠨ᠎ᠤ ᠣᠳᠤᠬᠢᠴᠢᠯᠠᠯᠲᠠ ᠵᠢᠨ ᠲᠤᠷᠰᠢᠯᠲᠠ ᠵᠢᠨ ᠴᠡᠭ᠎ᠢ ᠠᠬᠢᠭᠤᠯᠵᠤ᠂ ᠮᠠᠯ ᠪᠡᠯᠴᠢᠭᠡᠷ᠎ᠢ ᠳᠡᠩᠴᠡᠭᠦᠷᠢᠲᠡᠢ ᠪᠠᠶ᠋ᠢᠯᠭ᠋ᠠᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠂ ᠲᠡᠮᠦᠷ ᠲᠣᠣᠷ ᠲᠠᠲᠠᠬᠤ ᠵᠢ ᠪᠠᠭ᠋ᠠᠰᠬᠠᠵᠤ᠂ ᠨᠤᠲᠤᠭ ᠪᠡᠯᠴᠢᠭᠡᠷ᠎ᠢ 《ᠬᠡᠰᠡᠭᠯᠡᠨ ᠬᠦᠷᠢᠶᠡᠯᠡᠬᠦ》 ᠠᠰᠠᠭᠤᠳᠠᠯ᠎ᠢ ᠰᠢᠢ᠍ᠳᠪᠦᠷᠢᠯᠡᠨ᠎ᠠ᠃ ᠨᠢᠭᠡᠳᠦᠭᠡᠷ᠂ ᠬᠤᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠦᠭᠵᠢᠬᠦ ᠵᠢ ᠠᠬᠢᠭᠤᠯᠤᠨ᠎ᠠ᠃
    ᠬᠦᠳᠡᠭᠡ ᠲᠤᠰᠬᠤᠨ᠎ᠢ ᠪᠦᠲᠦᠭᠡᠨ ᠪᠠᠶ᠋ᠢᠭᠤᠯᠬᠤ ᠠᠵᠢᠯᠯᠠᠭ᠋ᠠᠨ᠎ᠢ ᠬᠡᠷᠡᠭᠵᠢᠭᠦᠯᠵᠦ᠂ ᠬᠦᠳᠡᠭᠡ ᠲᠤᠰᠬᠤᠨ᠎ᠤ ᠲᠦᠯᠦᠪᠵᠢᠭᠦᠯᠭᠡ ᠵᠢ ᠰᠠᠶ᠋ᠢᠲᠤᠷ ᠨᠠᠶ᠋ᠢᠷᠠᠭᠤᠯᠤᠨ ᠵᠣᠬᠢᠶᠠᠵᠦ᠂ ᠰᠢᠶᠠᠨ᠎ᠤ ᠲᠦᠪ᠂ ᠰᠢᠶᠠᠩ ᠪᠠᠯᠭ᠋ᠠᠰᠤᠨ᠎ᠤ ᠣᠯᠠᠨ ᠨᠡᠶ᠋ᠢᠲᠡ ᠵᠢᠨ ᠶᠡᠷᠦᠩᠬᠡᠢ ᠦᠢ᠍ᠯᠡᠴᠢᠯᠡᠭᠡᠨ᠎ᠤ ᠴᠢᠳᠠᠮᠵᠢ ᠵᠢ ᠴᠢᠩᠭ᠋ᠠᠷᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ᠎ᠤ ᠤᠷᠤᠰᠢᠨ ᠠᠮᠢᠳᠤᠷᠠᠬᠤ ᠣᠷᠴᠢᠨ ᠨᠦᠬᠦᠴᠡᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯᠯᠠᠭ᠋ᠠᠨ᠎ᠢ ᠠᠬᠢᠭᠤᠯᠵᠤ᠂ ᠵᠣᠷᠯᠤᠩ᠎ᠢ ᠦᠭᠡᠷᠡᠴᠢᠯᠡᠬᠦ᠂ ᠬᠤᠭ ᠨᠤᠪᠰᠢ ᠪᠤᠬᠢᠷ ᠤᠰᠤ ᠵᠢ ᠰᠢᠢ᠍ᠳᠪᠦᠷᠢᠯᠡᠬᠦ᠂ ᠲᠠᠷᠢᠵᠤ ᠤᠷᠭᠤᠭᠤᠯᠬᠤ ᠪᠠ ᠲᠡᠵᠢᠭᠡᠨ ᠦᠷᠡᠵᠢᠭᠦᠯᠦᠭᠡᠳ ᠭᠠᠷᠭ᠋ᠠᠭᠰᠠᠨ ᠬᠠᠶᠠᠭᠳᠠᠮᠠᠯ ᠪᠤᠳᠠᠰ᠎ᠢ ᠡᠬᠢ ᠪᠠᠶᠠᠯᠢᠬ᠍ᠵᠢᠭᠤᠯᠤᠨ ᠠᠰᠢᠬᠯᠠᠬᠤ ᠵᠢ ᠭᠠᠵᠠᠷ ᠤᠷᠤᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ ᠠᠬᠢᠭᠤᠯᠵᠦ᠂ ᠮᠠᠯᠵᠢᠬᠤ ᠲᠠᠷᠢᠶᠠᠯᠠᠬᠤ ᠤᠷᠤᠨ᠎ᠤ ᠤᠯᠠᠨ ᠨᠡᠶ᠋ᠢᠲᠡ ᠵᠢᠨ ᠪᠡᠯᠡᠳᠭᠡᠮᠵᠢ ᠵᠢ ᠬᠠᠮᠢᠶᠠᠷᠴᠦ ᠬᠠᠮᠠᠭ᠋ᠠᠯᠠᠬᠤ ᠲᠤᠬᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃
    ᠬᠤᠶᠠᠳᠤᠭ᠋ᠠᠷ ᠡᠭᠡᠯᠵᠢ ᠵᠢᠨ ᠭᠠᠵᠠᠷ ᠰᠢᠷᠤᠢ ᠳᠠᠭ᠋ᠠᠭ᠋ᠠᠴᠢᠯᠠᠨ ᠡᠵᠡᠩᠨᠡᠬᠦ ᠬᠤᠭᠤᠴᠠᠭ᠎ᠠ ᠲᠤᠯᠤᠭᠰᠠᠨ᠎ᠤ ᠳᠠᠷᠠᠭ᠎ᠠ 30 ᠵᠢᠯ ᠤᠷᠳᠤᠳᠬᠠᠬᠤ ᠲᠤᠷᠰᠢᠯᠲᠠ ᠵᠢᠨ ᠴᠡᠭ᠎ᠢ ᠡᠮᠬᠢ ᠵᠢᠷᠦᠮ᠎ᠲᠠᠢ ᠦᠷᠨᠢᠭᠦᠯᠵᠣ᠂ ᠭᠠᠵᠠᠷ ᠰᠢᠷᠤᠢ ᠡᠵᠡᠩᠨᠡᠬᠦ ᠡᠷᠬᠡ ᠵᠢ ᠡᠷᠭᠢᠯᠳᠦᠭᠦᠯᠦᠨ ᠰᠢᠯᠵᠢᠭᠦᠯᠬᠦ᠎ᠳᠤ ᠦᠢ᠍ᠯᠡᠴᠢᠯᠡᠬᠦ ᠰᠢᠰᠲ᠋ᠧᠮᠵᠢ ᠵᠢ ᠪᠦᠷᠢᠨᠰᠢᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ᠎ᠤ ᠬᠠᠮᠲᠤ ᠵᠢᠨ ᠦᠮᠴᠢᠯᠡᠯ᠎ᠤᠨ ᠡᠷᠬᠡ ᠵᠢᠨ ᠳᠦᠷᠢᠮ᠎ᠤᠨ ᠦᠭᠡᠷᠡᠴᠢᠯᠡᠯᠲᠡ ᠵᠢᠨ ᠱᠠᠲᠤᠴᠢ ᠴᠢᠨᠠᠷᠲᠠᠢ ᠡᠬᠦᠷᠭᠡ ᠵᠢ ᠪᠡᠶᠡᠯᠡᠭᠦᠯᠦᠨ᠂ ᠬᠠᠮᠲᠤ ᠵᠢᠨ ᠠᠵᠤ ᠠᠬᠤᠢ ᠵᠢ ᠬᠦᠭᠵᠢᠬᠦᠯᠦᠨ ᠪᠤᠵᠠᠭ᠋ᠠᠶ᠋ᠢᠷᠠᠭᠤᠯᠵᠦ᠂ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠡᠵᠡᠩᠨᠡᠬᠦ ᠭᠤᠣᠯ ᠴᠤᠭᠴᠠ ᠪᠠ ᠦᠢ᠍ᠯᠡᠴᠢᠯᠡᠬᠦ ᠭᠤᠣᠯ ᠴᠤᠭᠴᠠ ᠵᠢ ᠪᠣᠢ ᠪᠣᠯᠭ᠋ᠠᠨ᠎ᠠ᠃ ᠲᠠᠷᠢᠶᠠᠯᠠᠩ ᠮᠠᠯ ᠠᠵᠤ ᠠᠬᠤᠢ ᠵᠢᠨ ᠲᠦᠷᠦ ᠵᠢᠨ ᠪᠣᠳᠤᠯᠭ᠎ᠠ ᠵᠢᠨ ᠴᠢᠨᠠᠷᠲᠠᠢ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠦᠷᠭᠡᠳᠭᠡᠵᠦ᠂ ᠮᠠᠯᠵᠢᠬᠤ ᠲᠠᠷᠢᠶᠠᠯᠠᠬᠤ ᠤᠷᠤᠨ᠎ᠢ ᠮᠦᠩᠭᠦᠨ ᠭᠦᠢ᠍ᠯᠭᠡᠭᠡᠨ ᠵᠶ᠋ᠠᠷ ᠦᠢ᠍ᠯᠡᠴᠢᠯᠡᠬᠦ ᠰᠢᠰᠲ᠋ᠧᠮᠵᠢ ᠵᠢ ᠪᠦᠷᠢᠨᠰᠢᠭᠦᠯᠦᠨ᠎ᠡ᠃
   (ᠲᠠᠪᠤ) ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠦᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠤᠨ᠎ᠠ
    ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢ ᠬᠠᠮᠠᠭ᠋ᠠᠯᠠᠬᠤ ᠠᠵᠢᠯ᠎ᠢ ᠰᠠᠶ᠋ᠢᠲᠤᠷ ᠠᠳᠬᠤᠵᠣ᠂ ᠳᠡᠭᠡᠳᠦ ᠳᠤᠤᠷᠠᠳᠤ ᠤᠷᠤᠰᠬᠠᠯ᠂ ᠭᠤᠣᠯ ᠰᠠᠯᠪᠤᠷᠢ ᠤᠷᠤᠰᠬᠠᠯ᠂ ᠬᠤᠶᠠᠷ ᠲᠠᠯ᠎ᠠ ᠵᠢᠨ ᠡᠷᠭᠢ ᠵᠢ ᠬᠠᠮᠵᠢᠯᠴᠠᠨ ᠵᠠᠰᠠᠬᠤ᠎ᠪᠠᠨ ᠴᠢᠩᠭ᠋ᠠᠳᠬᠠᠨ᠂ ᠭᠤᠣᠯ ᠪᠠ ᠭᠤᠣᠯ᠎ᠤᠨ ᠰᠠᠶ᠋ᠢᠷᠭ᠋ᠠᠯ᠎ᠤᠨ ᠶᠡᠷᠦᠩᠬᠡᠶ᠋ᠢᠯᠡᠨ ᠵᠠᠰᠠᠵᠤ ᠰᠠᠶ᠋ᠢᠵᠢᠷᠠᠭᠤᠯᠬᠤ ᠢᠨᠵᠧᠨᠧᠷᠢᠩ᠎ᠢ ᠬᠡᠷᠡᠭᠵᠢᠭᠦᠯᠵᠤ᠂ 《ᠳᠤᠷ᠎ᠠ᠎ᠪᠠᠷ ᠡᠵᠡᠯᠡᠵᠦ》 《ᠳᠤᠷ᠎ᠠ᠎ᠪᠠᠷ ᠪᠠᠶ᠋ᠢᠭᠤᠯᠬᠤ》 ᠠᠰᠠᠭᠤᠳᠠᠯ᠎ᠢ ᠲᠦᠪᠯᠡᠷᠡᠭᠦᠯᠦᠨ ᠴᠡᠭᠴᠡᠯᠡᠵᠦ᠂ ᠡᠷᠭᠢ ᠳᠠᠭ᠋ᠠᠤ ᠤᠷᠤᠨ᠎ᠤ ᠠᠮᠢ ᠠᠬᠤᠢ ᠵᠢᠨ ᠴᠢᠳᠠᠮᠵᠢ ᠵᠢ ᠰᠡᠷᠭᠦᠭᠡᠨ᠎ᠡ᠃ ᠤᠷᠤᠨ ᠪᠦᠰᠡ ᠵᠢᠨ ᠬᠦᠷᠦᠰᠦ ᠰᠢᠷᠤᠢ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ᠎ᠪᠠᠨ ᠴᠢᠩᠭ᠋ᠠᠷᠠᠭᠤᠯᠵᠤ᠂ ᠬᠠᠰᠢᠯᠭ᠎ᠠ ᠵᠢᠨ ᠰᠡᠷᠭᠡᠶ᠋ᠢᠯᠡᠯᠲᠡ ᠪᠠ ᠡᠯᠡᠰᠦ ᠨᠡᠭᠦᠳᠡᠯᠯᠡᠬᠦ ᠵᠢ ᠰᠡᠷᠭᠡᠶ᠋ᠢᠯᠡᠨ ᠡᠵᠡᠮᠳᠡᠬᠦ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠦᠶᠡᠷ ᠤᠰᠤᠳᠤᠯ ᠪᠠ ᠰᠦᠩ ᠬᠠᠯᠢᠶ᠎ᠠ ᠵᠢ ᠰᠡᠷᠭᠡᠶ᠋ᠢᠯᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃ ᠬᠠᠲᠤᠨ ᠭᠤᠣᠯ ᠳᠠᠭ᠋ᠠᠤ ᠭᠠᠵᠠᠷ ᠤᠷᠤᠨ᠎ᠤ ᠣᠷᠴᠢᠨ ᠲᠤᠭᠤᠷᠢᠨ᠎ᠤ ᠪᠤᠬᠢᠷᠳᠤᠯ᠎ᠢ ᠰᠢᠰᠲ᠋ᠧᠮ᠎ᠲᠠᠢ ᠵᠠᠰᠠᠬᠤ ᠪᠠ ᠠᠭᠤᠷᠬᠠᠢ ᠵᠢᠨ ᠣᠷᠤᠨ᠎ᠤ ᠠᠮᠢ ᠠᠬᠤᠢ ᠣᠷᠴᠢᠨ ᠲᠤᠭᠤᠷᠢᠨ᠎ᠢ ᠶᠡᠷᠦᠩᠬᠡᠶ᠋ᠢᠯᠡᠨ ᠵᠠᠰᠠᠬᠤ᠎ᠪᠠᠨ ᠴᠢᠩᠭ᠋ᠠᠳᠬᠠᠨ᠎ᠠ᠃ ᠤᠰᠤ ᠵᠢ ᠮᠠᠰᠢ ᠰᠠᠶ᠋ᠢᠨ ᠠᠷᠪᠢᠯᠠᠬᠤ ᠪᠠ ᠡᠵᠡᠮᠳᠡᠬᠦ ᠠᠵᠢᠯᠯᠠᠭ᠋ᠠᠨ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠪᠦᠳᠦᠭᠦᠯᠢᠭ ᠪᠦᠭᠡᠳ ᠳᠣᠣᠷ᠎ᠠ ᠠᠰᠢᠬᠯᠠᠮᠵᠢ᠎ᠲᠠᠢ ᠤᠰᠤ ᠬᠡᠷᠡᠭᠯᠡᠬᠦ ᠠᠷᠭ᠎ᠠ ᠮᠠᠶᠢᠭ᠎ᠢ ᠬᠤᠪᠢᠷᠠᠭᠤᠯᠤᠭ᠋ᠠᠳ ᠠᠷᠪᠢᠲᠠᠢ ᠡᠷᠴᠢᠮᠲᠡᠢ ᠬᠡᠷᠡᠭᠯᠡᠬᠦ ᠵᠢ ᠦᠷᠭᠦᠯᠵᠢᠯᠡᠨ ᠠᠬᠢᠭᠤᠯᠤᠨ᠎ᠠ᠃
    ᠡᠨᠧᠷᠬᠢ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠬᠯᠠᠬᠤ ᠨᠤᠷᠮ᠎ᠠ ᠵᠢ ᠳᠡᠭᠡᠭᠰᠢᠯᠡᠭᠦᠯᠦᠨ᠎ᠡ᠃ ᠰᠢᠨ᠎ᠡ ᠪᠠ ᠬᠠᠭᠤᠴᠢᠨ ᠬᠦᠳᠡᠯᠭᠡᠬᠦ ᠴᠢᠳᠠᠮᠵᠢ ᠵᠢᠨ ᠰᠤᠯᠢᠬᠳᠠᠯ᠎ᠢ ᠲᠦᠷᠭᠡᠳᠭᠡᠨ᠂ ᠨᠡᠭᠦᠷᠡᠰᠦᠨ᠎ᠤ ᠪᠤᠰᠤ ᠠᠵᠤ ᠦᠢ᠍ᠯᠡᠰ᠂ ᠡᠬᠢ ᠪᠠᠶᠠᠯᠢᠭ᠎ᠤᠨ ᠪᠤᠰᠤ ᠠᠵᠤ ᠦᠢ᠍ᠯᠡᠰ ᠪᠠ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠢ ᠪᠣᠢ ᠪᠣᠯᠭ᠋ᠠᠨ᠎ᠠ᠃ ᠬᠠᠲᠤᠨ ᠭᠤᠣᠯ᠎ᠤᠨ ᠲᠤᠬᠤᠢ᠎ᠳᠠᠬᠢ ᠲᠤᠮᠤ ᠬᠤᠲᠠ ᠵᠢᠨ ᠲᠤᠭᠤᠷᠢᠭ᠎ᠤᠨ ᠵᠣᠬᠢᠴᠠᠯᠳᠤᠭᠰᠠᠨ ᠬᠦᠭᠵᠢᠯᠲᠡ ᠵᠢ ᠠᠬᠢᠭᠤᠯᠵᠤ᠂ ᠬᠠᠲᠤᠨ ᠭᠤᠣᠯ ᠳᠠᠭ᠋ᠠᠤ ᠭᠠᠵᠠᠷ ᠣᠷᠤᠨ᠎ᠤ ᠲᠥᠪ ᠪᠣᠯᠬᠤ ᠬᠤᠲᠠ ᠪᠠ ᠬᠤᠲᠠ ᠵᠢᠨ ᠪᠦᠯᠦᠭᠵᠢᠯ᠎ᠤᠨ ᠴᠢᠨᠠᠷ ᠰᠠᠶ᠋ᠢᠲᠠᠢ ᠬᠦᠭᠵᠢᠯᠲᠡ ᠵᠢ ᠠᠬᠢᠭᠤᠯᠤᠨ᠎ᠠ᠃
    ᠬᠠᠲᠤᠨ ᠭᠤᠣᠯ᠎ᠤᠨ ᠰᠣᠶᠤᠯ᠎ᠢ ᠬᠠᠮᠠᠭ᠋ᠠᠯᠠᠬᠤ᠂ ᠤᠯᠠᠮᠵᠢᠯᠠᠬᠤ ᠪᠠ ᠪᠠᠳᠠᠷᠠᠭᠤᠯᠵᠣ᠂ ᠬᠠᠲᠤᠨ ᠭᠤᠣᠯ᠎ᠤᠨ ᠰᠣᠶᠤᠯ᠎ᠤᠨ ᠴᠠᠭ ᠦᠶ᠎ᠡ ᠵᠢᠨ ᠥᠷᠲᠡᠭ᠎ᠢ ᠭᠦᠨᠵᠡᠭᠡᠢ ᠠᠭᠤᠳᠠᠯᠤᠨ᠂ ᠰᠤᠶᠤᠯ᠎ᠤᠨ ᠡᠬᠢ ᠪᠠᠶᠠᠯᠢᠭ ᠪᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠤᠷᠭ᠋ᠠᠨᠢᠭ ᠵᠶ᠋ᠠᠷ ᠠᠭᠤᠰᠤᠯᠴᠠᠬᠤ ᠵᠢ ᠠᠬᠢᠭᠤᠯᠵᠤ᠂ ᠤᠷᠲᠤ ᠴᠠᠭ᠋ᠠᠨ ᠬᠡᠷᠡᠮ᠎ᠤᠨ ᠤᠯᠤᠰ᠎ᠤᠨ ᠰᠤᠶᠤᠯ᠎ᠤᠨ ᠴᠡᠴᠡᠷᠯᠢᠭ᠂ ᠬᠠᠲᠤᠨ ᠭᠤᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠢ ᠪᠦᠲᠦᠭᠡᠨ ᠪᠠᠶ᠋ᠢᠭᠤᠯᠬᠤ ᠠᠵᠢᠯ᠎ᠢ ᠠᠬᠢᠭᠤᠯᠵᠤ᠂ ᠳᠡᠯᠡᠬᠡᠢ ᠨᠡᠶ᠋ᠢᠲᠡ᠎ᠳᠤ ᠨᠦᠯᠦᠭᠡᠯᠡᠬᠦ ᠬᠦᠴᠦᠨ᠎ᠲᠠᠢ ᠬᠠᠲᠤᠨ ᠭᠤᠣᠯ᠎ᠤᠨ ᠲᠣᠬᠤᠢ ᠵᠢᠨ ᠰᠤᠶᠦᠯ᠎ᠤᠨ ᠵᠢᠭᠤᠯᠴᠢᠯᠠᠯ᠎ᠤᠨ ᠪᠦᠰᠡ ᠵᠢ ᠴᠤᠭᠴᠠᠯᠠᠨ ᠪᠠᠶ᠋ᠢᠭᠤᠯᠤᠨ᠎ᠠ᠃
    (ᠵᠢᠷᠭᠤᠭ᠎ᠠ) ᠦᠭᠡᠷᠡᠴᠢᠯᠡᠯᠳᠠ ᠨᠡᠭᠡᠭᠡᠯᠳᠠ ᠵᠢ ᠨᠡᠩ ᠡᠷᠴᠢᠮᠳᠡᠢ ᠠᠬᠢᠭᠤᠯᠣᠨ᠎ᠠ
    ᠵᠠᠬ᠎ᠠ ᠳᠡᠯᠭᠡᠭᠦᠷᠴᠢᠯᠡᠭᠰᠡᠨ ᠬᠠᠣᠯᠢᠵᠢᠭᠰᠠᠨ ᠳᠡᠯᠡᠬᠡᠶ᠋ᠢᠴᠢᠯᠡᠭᠰᠡᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠭᠦᠴᠣᠯᠡᠨ ᠪᠣᠢ ᠪᠣᠯᠭ᠋ᠠᠨ᠎ᠠ᠃ 《ᠳᠠᠯᠪᠢᠬᠤ ᠬᠠᠮᠢᠶᠠᠷᠬᠤ ᠦᠢ᠍ᠯᠡᠴᠢᠯᠡᠭᠦ》 ᠦᠭᠡᠷᠡᠴᠢᠯᠡᠯᠳᠠ ᠵᠢ ᠭᠦᠨᠵᠡᠭᠡᠶ᠋ᠢᠷᠡᠭᠦᠯᠵᠣ᠂ ᠪᠠᠷᠢᠯᠭ᠎ᠠ ᠵᠢᠨ ᠪᠦᠳᠣᠭᠡᠨ ᠪᠠᠶ᠋ᠢᠭᠤᠯᠬᠤ ᠲᠦᠷᠣᠯ ᠵᠦᠢ᠍ᠯ᠎ᠢ ᠬᠢᠨᠠᠨ ᠵᠦᠪᠰᠢᠶᠡᠷᠡᠭᠦ᠂ ᠦᠯᠣ ᠬᠦᠳᠡᠯᠭᠦ ᠬᠦᠷᠣᠩᠭᠡ ᠵᠢ ᠳᠠᠩᠰᠠᠯᠠᠨ ᠲᠡᠮᠲᠡᠭᠯᠡᠬᠦ ᠵᠡᠷᠭᠡ ᠬᠦᠷᠢᠶ᠎ᠡ ᠴᠡᠷᠠᠭ᠋ᠠᠨ᠎ᠳᠠᠬᠢ ᠦᠭᠡᠷᠡᠴᠢᠯᠡᠯᠳᠠ ᠵᠢ ᠠᠬᠢᠭᠤᠯᠵᠣ᠂ ᠵᠠᠰᠠᠭ ᠵᠠᠬᠢᠷᠭ᠋ᠠᠨ᠎ᠤ ᠵᠦᠪᠰᠢᠶᠡᠷᠡᠯ ᠪᠠ ᠪᠦᠷᠢᠳᠭᠡᠨ ᠳᠠᠩᠰᠠᠯᠠᠬᠤ ᠵᠦᠢ᠍ᠯᠡᠰ᠎ᠲᠤ ᠨᠠᠷᠢᠨ ᠬᠠᠭᠤᠳᠠᠰᠣ ᠵᠢᠨ ᠬᠠᠮᠢᠶᠠᠷᠣᠯᠳᠠ ᠵᠢ ᠬᠡᠷᠩᠵᠢᠭᠦᠯᠵᠣ᠂ 《ᠭᠡᠷᠡᠴᠢ ᠪᠠ ᠦᠨᠡᠮᠯᠡᠯ᠎ᠢ ᠰᠠᠯᠭ᠋ᠠᠬᠤ》 ᠦᠭᠡᠷᠡᠴᠢᠯᠡᠯᠳᠠ ᠵᠢᠨ ᠬᠤᠯᠪᠤᠬᠳᠠᠬᠤ ᠠᠵᠢᠯ ᠪᠦᠭᠦᠨ᠎ᠢ ᠬᠠᠮᠣᠷᠬᠤ ᠵᠢ᠎ᠨᠢ ᠠᠬᠢᠭᠤᠯᠣᠨ᠎ᠠ᠃ ᠭᠡᠷᠡᠴᠢᠯᠡᠭᠦ ᠵᠦᠢ᠍ᠯᠡᠰ ᠪᠠ ᠠᠵᠣ ᠠᠬᠤᠶ᠋ᠢᠯᠡᠯ᠎ᠳᠤ ᠬᠤᠯᠪᠣᠭᠳᠠᠬᠤ ᠡᠵᠡᠩᠨᠠᠯᠳᠠ ᠵᠢᠨ ᠵᠥᠪᠰᠢᠶᠡᠷᠡᠯ᠎ᠤᠨ ᠵᠦᠢ᠍ᠯᠡᠰ᠎ᠢ᠎ᠨᠢ ᠮᠡᠳᠡᠭᠳᠡᠭᠦ ᠠᠮᠠᠯᠠᠯᠳᠠ ᠵᠢᠨ ᠲᠦᠷᠢᠮ᠎ᠢ ᠬᠡᠷᠩᠵᠢᠭᠦᠯᠣᠨ᠎ᠡ᠃ ᠨᠠᠶ᠋ᠢᠭᠡᠮ᠎ᠤᠨ ᠢᠳᠡᠭᠡᠮᠵᠢ ᠵᠢᠨ ᠰᠢᠰᠲ᠋ᠧᠮᠵᠢ ᠵᠢ ᠳᠡᠭᠦᠯᠳᠡᠷᠵᠢᠭᠦᠯᠵᠣ᠂ ᠢᠳᠡᠭᠡᠯ ᠠᠯᠳᠠᠭᠰᠠᠣᠨ᠎ᠢ ᠵᠠᠯᠬᠠᠭ᠋ᠠᠨ ᠰᠢᠢ᠍ᠳᠭᠡᠬᠦ ᠡᠷᠴᠢᠮ ᠵᠶ᠋ᠠᠨ ᠴᠢᠩᠭ᠋ᠠᠷᠠᠭᠤᠯᠵᠣ᠂ ᠡᠷᠬᠡ ᠲᠡᠭᠰᠢ᠎ᠪᠠᠷ ᠦᠷᠢᠰᠣᠯᠳᠣᠭᠦ ᠵᠠᠬ᠎ᠠ ᠳᠡᠯᠭᠡᠭᠦᠷ᠎ᠤᠨ ᠣᠷᠴᠢᠨ᠎ᠢ ᠬᠠᠮᠠᠭ᠋ᠠᠯᠠᠨ᠎ᠠ᠃ 《ᠨᠢᠭᠡᠯᠠ ᠰᠦᠯᠵᠢᠶ᠎ᠠ᠎ᠪᠠᠷ ᠨᠠᠶ᠋ᠢᠳᠠᠮ ᠭᠦᠢ᠍ᠴᠡᠣᠡᠭᠡᠭᠦ》᠂ 《ᠭᠠᠷ ᠤᠲᠠᠰᠤ᠎ᠪᠠᠷ ᠭᠦᠢ᠍ᠴᠡᠣᠡᠭᠡᠭᠦ》᠂ ᠣᠷᠣᠯᠠᠨ ᠭᠦᠢ᠍ᠴᠡᠣᠡᠭᠡᠭᠦ ᠪᠠ ᠬᠠᠪᠰᠣᠷᠣᠨ ᠭᠦᠢ᠍ᠴᠡᠣᠡᠭᠡᠭᠦ ᠵᠡᠷᠭᠡ ᠠᠵᠢᠯ᠎ᠢ ᠠᠬᠢᠭᠤᠯᠵᠣ᠂ ᠠᠷᠠᠣᠨ᠎ᠲᠤ ᠲᠦᠭᠦᠮ ᠦᠵᠡᠭᠦᠯᠭᠦ ᠦᠢ᠍ᠯᠡᠴᠢᠯᠡᠬᠡᠨ᠎ᠤ ᠬᠠᠯᠠᠮᠰᠢᠯ ᠣᠳᠠᠰᠣ ᠵᠢ ᠡᠮᠬᠢᠯᠡᠨ ᠨᠠᠶ᠋ᠢᠯᠡᠭᠦᠯᠵᠣ᠂ ᠵᠠᠰᠠᠭ᠎ᠤᠨ ᠶᠠᠪᠣᠳᠠᠯ᠎ᠤᠨ ᠦᠢ᠍ᠯᠡᠴᠢᠯᠡᠭᠡᠨ᠎ᠤ ᠣᠷᠴᠢᠨ ᠲᠣᠭᠤᠷᠢᠨ᠎ᠢ ᠳᠠᠰᠣᠷᠠᠯᠳᠠ ᠦᠭᠡᠢ ᠰᠢᠯᠢᠳᠡᠭᠵᠢᠭᠦᠯᠣᠨ᠎ᠠ᠃ ᠲᠤᠳᠤᠨᠤ ᠴᠢᠭᠡᠴᠢ ᠵᠠᠰᠠᠭ ᠬᠤᠳᠠᠯᠳᠤᠭ᠋ᠠᠨ᠎ᠤ ᠬᠠᠷᠢᠴᠠᠭ᠎ᠠ ᠵᠢ ᠪᠠᠶ᠋ᠢᠭᠤᠯᠵᠣ᠂ ᠠᠷᠠᠣᠨ᠎ᠠᠴᠠ ᠡᠵᠡᠩᠨᠡᠭᠰᠠᠨ ᠠᠵᠣ ᠠᠬᠤᠶ᠋ᠢᠯᠡᠯ᠎ᠤᠨ ᠦᠮᠴᠢᠯᠡᠯ᠎ᠤᠨ ᠡᠷᠬᠡ ᠪᠠ ᠠᠵᠣ ᠠᠬᠤᠶ᠋ᠢᠯᠡᠯᠳᠠᠣᠨ᠎ᠤᠨ ᠡᠷᠬᠡ ᠠᠰᠢᠭ᠎ᠢ ᠬᠠᠣᠯᠢ ᠶᠣᠰᠣᠭ᠋ᠠᠷ ᠬᠠᠮᠠᠭ᠋ᠠᠯᠠᠨ᠎ᠠ᠃
    ᠣᠯᠣᠰ᠎ᠤᠨ ᠦᠮᠴᠢᠯᠠᠯᠳᠣ ᠠᠵᠣ ᠠᠬᠤᠶ᠋ᠢᠯᠡᠯ᠎ᠤᠨ ᠦᠭᠡᠷᠡᠴᠢᠯᠡᠯᠳᠠ ᠵᠢᠨ ᠭᠤᠷᠪᠡᠨ ᠵᠢᠯ᠎ᠤᠨ ᠠᠵᠢᠯᠯᠠᠭ᠋ᠠᠨ᠎ᠢ ᠭᠦᠨᠵᠡᠭᠡᠢ ᠬᠡᠷᠩᠵᠢᠭᠦᠯᠵᠣ᠂ ᠪᠦᠬᠦ ᠤᠷᠤᠨ᠎ᠤ

《ᠠᠷᠪᠠᠨ ᠳᠦᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ᠎ᠳᠠᠬᠢ ᠤᠯᠤᠰ᠎ᠤᠨ ᠦᠮᠴᠢᠯᠡᠯᠲᠦ ᠬᠦᠷᠦᠩᠭᠡ ᠵᠢᠨ ᠪᠠᠶ᠋ᠢᠷᠢᠰᠢᠭᠤᠯᠤᠯ ᠬᠢᠭᠡᠳ ᠪᠦᠲᠦᠴᠡ᠎ᠳᠤ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠲᠤᠬᠢᠷᠠᠭᠤᠯᠤᠯᠲᠠ ᠬᠢᠬᠦ ᠲᠦᠯᠦᠪᠵᠢᠭᠦᠯᠭᠡ ᠵᠢ ᠲᠤᠬᠲᠠᠭ᠋ᠠᠵᠦ ᠬᠡᠷᠡᠭᠵᠢᠭᠦᠯᠦᠨ᠎ᠡ᠃ ᠬᠤᠯᠢᠮᠠᠭ ᠦᠮᠴᠢᠯᠡᠯᠳᠣ ᠲᠦᠷᠢᠮ᠎ᠤᠨ ᠦᠭᠡᠷᠡᠴᠢᠯᠡᠯᠳᠠ ᠵᠢ ᠯᠠᠪᠳᠠᠭᠤᠨ ᠵᠶ᠋ᠠᠷ ᠠᠬᠢᠭᠤᠯᠵᠣ᠂ ᠣᠳᠣ ᠦᠶ᠎ᠡ ᠵᠢᠨ ᠠᠵᠣ ᠠᠬᠤᠶ᠋ᠢᠯᠡᠯ᠎ᠤᠨ ᠲᠦᠷᠢᠮ᠎ᠢ ᠪᠠᠶ᠋ᠢᠭᠤᠯᠬᠤ᠎ᠪᠠᠨ ᠲᠦᠷᠭᠡᠣᠡᠭᠡᠨ᠎ᠠ᠃ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠦᠭᠡᠷᠡᠴᠢᠯᠡᠯᠳᠠ ᠵᠢ ᠭᠦᠨᠵᠡᠬᠡᠶ᠋ᠢᠷᠡᠭᠦᠯᠵᠣ᠂ ᠴᠠᠬᠢᠯᠭ᠋ᠠᠨ ᠭᠦᠴᠣᠨ᠎ᠤ ᠠᠷᠠᠯᠵᠢᠶᠠᠨ᠎ᠤ ᠵᠠᠬ᠎ᠠ ᠳᠡᠯᠭᠡᠭᠦᠷᠴᠢᠯᠡᠬᠦ ᠬᠡᠮᠵᠢᠶ᠎ᠠ ᠵᠢ ᠳᠡᠭᠡᠭᠰᠢᠯᠡᠭᠦᠯᠥᠨ᠎ᠡ᠃
    ᠲᠦᠰᠣᠪ᠎ᠤᠨ ᠬᠢᠵᠠᠭ᠋ᠠᠷᠯᠠᠯ ᠪᠠ ᠠᠮᠵᠢᠯᠳᠠ ᠪᠦᠳᠣᠮᠵᠢ ᠵᠢᠨ ᠬᠠᠮᠢᠶᠠᠷᠣᠯᠳᠠ ᠵᠢ ᠴᠢᠩᠭ᠋ᠠᠷᠠᠭᠤᠯᠵᠦ᠂ ᠴᠢᠬᠤᠯᠨ ᠶᠡᠭᠡ ᠪᠠᠶ᠋ᠢᠯᠳᠣᠬᠤ ᠪᠣᠳᠣᠯᠭ᠎ᠠ ᠵᠢᠨ ᠡᠭᠦᠷᠭᠡ ᠪᠠ ᠦᠨᠳᠣᠰᠣᠨ ᠱᠠᠳᠣᠨ᠎ᠤ ᠣᠯᠠᠨ ᠨᠠᠶ᠋ᠢᠳᠠ ᠵᠢᠨ ᠦᠢ᠍ᠯᠡᠴᠢᠯᠡᠭᠡᠨ᠎ᠤ ᠡᠳ᠋᠎ᠤᠨ ᠶᠠᠪᠤᠳᠠᠯ᠎ᠤᠨ ᠭᠦᠴᠣᠨ᠎ᠤ ᠪᠠᠳᠣᠯᠠᠭ᠎ᠠ ᠵᠢ ᠨᠡᠮᠡᠭᠳᠡᠭᠦᠯᠣᠨ᠂ ᠵᠠᠰᠠᠭ᠎ᠤᠨ ᠣᠷᠳᠣᠨ᠎ᠤ ᠪᠡᠯᠡ ᠣᠷᠣᠭᠤᠯᠣᠯᠳᠠ ᠵᠢᠨ ᠰᠠᠭᠤᠷᠢ ᠮᠦᠩᠭᠦ ᠵᠢ ᠬᠡᠷᠩᠯᠡᠭᠦ ᠦᠷ᠎ᠡ ᠪᠦᠳᠣᠮᠵᠢ ᠵᠢ ᠳᠡᠭᠡᠭᠰᠢᠯᠡᠭᠦᠯᠤᠨ᠎ᠡ᠃ ᠵᠠᠰᠠᠭ᠎ᠤᠨ ᠣᠷᠳᠣᠨ᠎ᠤ ᠳᠠᠯᠳᠠ ᠦᠷᠢ ᠥᠭᠴᠡᠭᠡ ᠵᠢ ᠠᠷᠢᠯᠭ᠋ᠠᠬᠤ ᠠᠵᠢᠯ᠎ᠢ ᠰᠠᠶ᠋ᠢᠳᠣᠷ ᠬᠢᠵᠣ᠂ ᠠᠷᠠᠣᠨ᠎ᠠᠴᠠ ᠡᠵᠡᠩᠨᠡᠭᠰᠡᠨ ᠠᠵᠣ ᠠᠬᠤᠶ᠋ᠢᠯᠠᠯ ᠲᠣᠮᠳᠡ ᠵᠢᠵᠢᠭ ᠠᠵᠣ ᠠᠬᠤᠶ᠋ᠢᠯᠠᠯ᠎ᠤᠨ ᠳᠠᠩᠰᠠᠨ᠎ᠤ ᠵᠣᠭᠤᠰ ᠦᠷᠢᠳᠣᠭᠦ ᠵᠢ᠎ᠨᠢ ᠰᠡᠷᠭᠡᠶ᠋ᠢᠯᠡᠭᠦ ᠣᠷᠳᠣ ᠬᠤᠭᠤᠴᠠᠭ᠋ᠠᠨ᠎ᠤ ᠪᠦᠳᠦᠮᠵᠢᠳᠡᠢ ᠲᠣᠭᠳᠠᠴᠨ ᠵᠢ ᠪᠠᠶ᠋ᠢᠭᠤᠯᠣᠨ᠎ᠠ᠃
    ᠪᠣᠳᠠᠳᠣ ᠴᠤᠭᠴᠠ ᠵᠢᠨ ᠠᠵᠣ ᠠᠬᠤᠢ ᠵᠢ ᠮᠦᠩᠭᠦᠨ ᠭᠦᠢ᠍ᠯᠭᠡᠭᠡ᠎ᠪᠠᠷ ᠳᠡᠮᠵᠢᠭᠦ ᠪᠦᠲᠦᠮᠵᠢᠲᠡᠢ ᠲᠣᠭᠳᠠᠴᠨ ᠵᠢ ᠣᠯᠠᠮ ᠨᠢᠭᠡ ᠠᠯᠬᠤᠮ ᠳᠡᠭᠦᠯᠳᠡᠷᠵᠢᠭᠦᠯᠵᠣ᠂ ᠲᠦᠭᠡᠮᠡᠯ ᠬᠠᠷᠠᠭ᠋ᠠᠯᠵᠠᠯᠳᠣ ᠮᠦᠩᠭᠦᠨ ᠭᠦᠢ᠍ᠯᠭᠡᠭᠡ᠂ ᠪᠣᠬᠢᠷᠳᠤᠯ ᠦᠭᠡᠢ ᠮᠦᠩᠭᠦᠨ ᠭᠦᠢ᠍ᠯᠭᠡᠭᠡ ᠵᠢ ᠬᠥᠭᠵᠢᠭᠦᠯᠣᠨ᠎ᠡ᠃ ᠣᠷᠣᠨ ᠨᠣᠳᠤᠭ᠎ᠤᠨ ᠮᠦᠩᠭᠦᠨ ᠭᠦᠢ᠍ᠯᠭᠡᠭᠡᠨ᠎ᠤ ᠬᠢᠨᠠᠯᠳᠠ ᠬᠠᠮᠢᠶᠠᠷᠣᠯᠳᠡ ᠵᠢᠨ ᠬᠢᠷᠢ ᠲᠦᠪᠰᠢᠨ᠎ᠢ ᠪᠦᠭᠦ ᠲᠡᠯ᠎ᠠ᠎ᠪᠠᠷ ᠳᠡᠭᠡᠭᠰᠢᠯᠡᠭᠦᠯᠵᠥ᠂ ᠵᠦᠢ ᠪᠤᠰᠤ ᠬᠦᠷᠣᠩᠭᠡ ᠵᠢ ᠴᠡᠪᠡᠷᠯᠡᠨ ᠬᠤᠷᠢᠶᠠᠵᠤ ᠰᠢᠢ᠍ᠣᠡᠪᠣᠷᠢᠯᠡᠨ᠂ ᠠᠷᠠᠯᠵᠢᠶᠠᠨ᠎ᠤ ᠭᠠᠵᠠᠷ᠂ ᠪᠠᠭ᠎ᠠ ᠲᠣᠭ᠋ᠠᠨ᠎ᠤ ᠵᠢᠭᠡᠯᠡᠯᠭᠡ ᠵᠢᠨ ᠺᠣᠮᠫᠠᠨᠢ᠂ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠳᠠ ᠵᠡᠷᠭᠡ ᠣᠷᠣᠨ ᠨᠣᠳᠤᠭ᠎ᠤᠨ ᠮᠦᠩᠭᠦᠨ ᠭᠦᠢ᠍ᠯᠭᠡᠭᠡᠨ᠎ᠤ ᠪᠠᠶ᠋ᠢᠭᠤᠯᠣᠮᠵᠢ ᠵᠢᠨ ᠲᠦᠭᠰᠢᠭᠦᠷᠢ ᠵᠢ ᠰᠡᠷᠭᠡᠶ᠋ᠢᠯᠡᠨ᠂ ᠵᠢᠭᠡᠯᠡᠯᠭᠡ ᠵᠢᠨ ᠲᠡᠮᠲᠡᠭ᠎ᠤᠨ ᠵᠠᠬ᠎ᠠ ᠳᠡᠯᠭᠡᠭᠦᠷ᠎ᠤᠨ ᠭᠡᠷ᠎ᠡ ᠵᠦᠷᠢᠴᠡᠵᠦ ᠮᠡᠳᠡᠬᠦ ᠲᠦᠭᠰᠢᠭᠦᠷᠢ ᠵᠢ ᠬᠢᠨᠠᠨ ᠰᠢᠨᠵᠢᠵᠦ ᠰᠡᠷᠡᠮᠵᠢᠯᠡᠭᠦᠯᠭᠦ᠎ᠪᠠᠨ ᠴᠢᠩᠭ᠋ᠠᠣᠡᠬᠠᠨ᠂ ᠰᠢᠰᠲ᠋ᠧᠮ᠎ᠤᠨ ᠴᠢᠨᠠᠷᠳᠠᠢ ᠲᠦᠭᠰᠢᠭᠦᠷᠢ ᠦᠯᠣ ᠡᠭᠦᠰᠭᠡᠬᠦ ᠬᠤᠷᠢᠭ᠎ᠠ ᠱᠣᠭᠤᠮ᠎ᠢ ᠪᠠᠳᠣ ᠰᠠᠬᠢᠨ᠎ᠠ᠃
    ᠬᠦᠬᠡᠬᠤᠳᠠ ᠪᠣᠭᠤᠳᠣ ᠣᠷᠳᠣᠰ ᠦᠬᠠᠢ ᠵᠢ ᠨᠢᠭᠡ ᠴᠣᠭᠴᠠᠵᠢᠭᠤᠯᠣᠨ ᠭᠦᠭᠵᠢᠭᠦᠯᠭᠦ᠎ᠪᠠᠨ ᠬᠦᠴᠣᠯᠠᠨ ᠠᠬᠢᠭᠤᠯᠵᠣ᠂ ᠬᠦᠷᠢᠶᠡᠯᠡᠩ ᠲᠤᠭᠤᠷᠢᠬ᠎ᠢ ᠬᠠᠮᠲᠤᠷᠠᠨ ᠪᠠᠶ᠋ᠢᠭᠤᠯᠵᠦ᠂ ᠠᠰᠢᠭ ᠲᠣᠰᠠ᠎ᠪᠠᠨ ᠬᠠᠮᠳᠣ᠎ᠪᠠᠷ ᠬᠦᠷᠳᠡᠭᠦ ᠪᠠ ᠭᠠᠶ᠋ᠢᠯᠢ ᠵᠢᠨ ᠣᠷᠤᠯᠭ᠎ᠠ᠎ᠪᠠᠨ ᠬᠤᠪᠢᠳᠠᠨ ᠬᠤᠪᠢᠶᠠᠷᠢᠯᠠᠨ᠎ᠠ᠃ ᠣᠯᠠᠭ᠋ᠠᠨᠬᠠᠳᠠ᠂ ᠲᠦᠩᠯᠢᠶᠣᠣ ᠵᠢᠨ ᠣᠷᠣᠨ ᠪᠦᠰᠡ ᠵᠢᠨ ᠲᠦᠪ ᠪᠣᠯᠬᠤ ᠬᠤᠳᠡ ᠵᠢ ᠪᠦᠳᠣᠭᠡᠨ ᠪᠠᠶ᠋ᠢᠭᠤᠯᠵᠣ᠂ ᠵᠡᠭᠦᠨ ᠬᠡᠰᠡᠭ᠎ᠤᠨ ᠠᠶ᠋ᠢᠮᠠᠭ ᠬᠤᠳᠡ᠎ᠳᠤ ᠪᠣᠬᠢᠷᠳᠣᠯ ᠦᠭᠡᠢ ᠠᠵᠣ ᠦᠢ᠍ᠯᠡᠰ᠎ᠤᠨ ᠰᠢᠰᠲ᠋ᠧᠮᠵᠢ ᠵᠢ ᠴᠤᠬ᠍ᠴᠠᠯᠠᠨ ᠪᠠᠶ᠋ᠢᠭᠤᠯᠬᠤ᠎ᠪᠠᠨ ᠲᠦᠷᠭᠡᠳᠭᠡᠨ᠎ᠠ᠃ ᠦᠬᠠᠢ ᠵᠢᠴᠢ ᠡᠷᠬᠢᠨ ᠲᠣᠭᠤᠷᠢᠨ᠎ᠤ ᠭᠠᠵᠡᠷ ᠣᠷᠣᠨ᠎ᠢ ᠪᠣᠬᠢᠷᠳᠣᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠣᠡᠭᠡᠨ᠂ ᠣᠷᠣᠨ ᠪᠦᠰᠡ ᠵᠢᠨ ᠭᠦᠭᠵᠢᠯᠳᠡ ᠵᠢᠨ ᠦᠷᠢᠰᠣᠯᠳᠣᠭᠦ ᠭᠦᠴᠣᠨ᠎ᠢ ᠴᠢᠩᠭ᠋ᠠᠷᠠᠭᠤᠯᠤᠨ᠎ᠠ᠃ ᠪᠡᠭᠡᠵᠢᠩ ᠲᠢᠶᠠᠨᠵᠢᠨ ᠾᠧᠪᠸᠢ᠂ ᠬᠦᠬᠡᠮᠦ᠋ᠷᠡᠨ᠎ᠤ ᠭᠤᠷᠪᠡᠯᠵᠢᠨ ᠬᠤᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠤᠮᠤ ᠪᠤᠯᠤᠩ᠎ᠤᠨ ᠣᠷᠣᠨ ᠵᠡᠷᠭᠡ ᠭᠠᠵᠡᠷ ᠣᠷᠣᠨ᠎ᠯᠤᠭ᠎ᠠ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ᠎ᠡ᠃
    ᠥᠷᠭᠡᠨ ᠬᠡᠪᠴᠢᠶᠠᠨ᠎ᠤ ᠬᠢᠯᠢ ᠵᠢᠨ ᠪᠣᠭᠤᠮᠳᠡ ᠵᠢᠨ ᠠᠵᠣ ᠠᠬᠤᠢ ᠵᠢ ᠶᠡᠭᠡ᠎ᠪᠠᠷ ᠬᠦᠭᠵᠢᠭᠦᠯᠵᠥ᠂ ᠪᠦᠭᠦ ᠣᠷᠣᠨ᠎ᠤ ᠬᠢᠯᠢ ᠵᠢᠨ ᠪᠣᠭᠤᠮᠳᠡ ᠵᠢ ᠲᠦᠯᠣᠪᠵᠢᠭᠦᠯᠭᠦ᠂ ᠪᠦᠳᠣᠭᠡᠨ ᠪᠠᠶ᠋ᠢᠭᠤᠯᠬᠤ ᠪᠠ ᠬᠠᠮᠢᠶᠠᠷᠬᠤ ᠵᠢ ᠨᠢᠭᠡᠲᠦᠯᠲᠠᠢ ᠲᠦᠯᠦᠪᠯᠡᠵᠦ᠂ ᠨᠡᠪᠲᠡᠷᠡᠯ ᠠᠵᠣ ᠠᠬᠤᠢ᠎ᠠᠴᠠ ᠰᠠᠭᠤᠷᠢᠰᠢᠯ ᠠᠵᠣ ᠠᠬᠤᠢ ᠲᠡᠶ᠋ᠢᠰᠢ ᠬᠤᠪᠢᠷᠠᠬᠤ ᠵᠢ ᠠᠬᠢᠭᠤᠯᠣᠨ᠎ᠠ᠃ ᠮᠠᠨᠵᠣᠣᠷ ᠵᠡᠷᠭᠡ ᠣᠯᠣᠰ᠎ᠤᠨ ᠭᠤᠣᠯᠳᠠᠯᠭ᠎ᠠ᠎ᠲᠠᠢ ᠨᠡᠭᠡᠭᠡᠯᠳᠡ ᠬᠢᠵᠣ ᠴᠢᠯᠣᠭᠡᠳᠠᠢ ᠶᠠᠪᠣᠯᠴᠠᠬᠤ ᠲᠣᠷᠰᠢᠯᠳᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠣ᠂ ᠡᠷᠢᠶᠡᠨ ᠬᠤᠳᠡ — ᠵᠠᠮ᠎ᠤᠨ ᠡᠭᠦᠳᠡ ᠵᠢᠨ ᠠᠵᠣ ᠠᠬᠤᠢ ᠵᠢᠨ ᠬᠠᠮᠲᠤᠷᠠᠯᠴᠠᠭ᠎ᠠ ᠵᠢᠨ ᠣᠷᠣᠨ᠎ᠤ ᠪᠦᠳᠣᠭᠡᠨ ᠪᠠᠶ᠋ᠢᠭᠤᠯᠣᠯᠳᠠ ᠵᠢ ᠠᠬᠢᠭᠤᠯᠤᠨ᠎ᠠ᠃ ᠲᠣᠮᠳᠠᠳᠣ ᠣᠯᠣᠰ (ᠦᠪᠣᠷ ᠮᠣᠩᠭᠤᠯ)᠎ᠤᠨ ᠴᠢᠯᠣᠭᠡᠳᠣ ᠠᠷᠠᠯᠵᠢᠶᠠᠨ᠎ᠤ ᠲᠣᠷᠰᠢᠯᠳᠡ ᠵᠢᠨ ᠣᠷᠣᠨ᠎ᠢ ᠭᠤᠶᠣᠴᠢᠯᠡᠨ ᠮᠡᠳᠡᠭᠦᠯᠭᠦ ᠠᠵᠢᠯ᠎ᠢ ᠠᠬᠢᠭᠤᠯᠣᠨ᠎ᠠ᠃
   (ᠲᠣᠯᠤᠭ᠎ᠠ) ᠠᠮᠢ ᠠᠬᠤᠢ ᠣᠷᠴᠢᠨ ᠲᠣᠭᠤᠷᠢᠨ᠎ᠤ ᠴᠢᠨᠠᠷ ᠴᠢᠨᠰᠠᠭ᠎ᠠ ᠵᠢ ᠦᠷᠭᠦᠯᠵᠢᠯᠡᠨ ᠰᠠᠶ᠋ᠢᠵᠢᠷᠠᠭᠤᠯᠣᠨ᠎ᠠ
    ᠣᠯᠣᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠦᠯᠣᠪᠵᠢᠭᠦᠯᠭᠡ ᠵᠢ ᠲᠣᠭᠳᠠᠭ᠋ᠠᠨ ᠬᠡᠷᠩᠵᠢᠭᠦᠯᠵᠣ᠂ 《ᠭᠤᠷᠪᠡᠨ ᠱᠣᠭᠤᠮ ᠨᠢᠭᠡ ᠬᠠᠭᠤᠳᠠᠰᠣ》 ᠵᠢᠨ ᠠᠮᠢ ᠠᠬᠤᠢ ᠣᠷᠴᠢᠨ ᠲᠣᠭᠤᠷᠢᠨ᠎ᠤ ᠪᠦᠰᠡ ᠬᠤᠪᠢᠶᠠᠨ ᠬᠠᠮᠢᠶᠠᠷᠣᠨ ᠡᠵᠡᠮᠳᠡᠭᠦ ᠠᠷᠭ᠎ᠠ ᠬᠡᠮᠵᠢᠶ᠎ᠠ ᠵᠢ ᠨᠠᠶ᠋ᠢᠳᠠᠪᠤᠷᠢᠵᠢᠭᠤᠯᠤᠨ᠎ᠠ᠃ ᠣᠢ ᠰᠢᠭᠤᠢ ᠵᠢᠨ ᠳᠠᠷᠤᠭ᠎ᠠ ᠪᠠ ᠡᠪᠡᠰᠦ ᠪᠡᠯᠴᠢᠭᠡᠷ᠎ᠤᠨ ᠲᠠᠷᠤᠭ᠎ᠠ ᠵᠢᠨ ᠲᠦᠷᠢᠮ᠎ᠢ ᠪᠦᠭᠦ ᠳᠠᠯ᠎ᠡ᠎ᠪᠠᠷ ᠬᠡᠷᠩᠵᠢᠭᠦᠯᠵᠣ᠂ ᠠᠮᠢ ᠠᠬᠤᠢ ᠵᠢᠨ ᠰᠢᠰᠲ᠋ᠧᠮ᠎ᠤᠨ ᠴᠢᠬᠤᠯᠨ ᠶᠡᠭᠡ ᠬᠠᠮᠠᠭ᠋ᠠᠯᠠᠵᠣ ᠰᠡᠷᠭᠦᠭᠡᠭᠦ ᠢᠨᠵᠧᠨᠧᠷᠢᠩ᠎ᠢ ᠠᠬᠢᠭᠤᠯᠤᠨ᠎ᠠ᠃ ᠨᠣᠳᠤᠭ ᠪᠡᠯᠴᠢᠭᠡᠷ ᠤᠢ᠍ᠢ᠍ᠳᠤ ᠭᠠᠵᠠᠷ᠎ᠢ ᠡᠪᠳᠡᠭᠰᠡᠨ ᠲᠣᠭᠳᠠᠭ᠋ᠠᠯ ᠪᠠ ᠬᠠᠤᠯᠢ᠎ᠠᠴᠠ ᠵᠦᠷᠢᠴᠡᠭᠰᠡᠨ ᠠᠰᠠᠭᠤᠳᠠᠯ᠎ᠢ ᠴᠡᠭᠴᠡᠯᠡᠨ ᠵᠠᠰᠠᠨ᠎ᠡ᠃ ᠣᠯᠣᠰ᠎ᠤᠨ ᠨᠤᠲᠤᠭ ᠳᠡᠪᠢᠰᠬᠡᠷ᠎ᠢ ᠨᠤᠭᠤᠭ᠋ᠠᠷᠠᠭᠤᠯᠬᠤ ᠠᠵᠢᠯᠯᠠᠭ᠋ᠠᠨ᠎ᠢ ᠦᠷᠭᠦᠯᠵᠢᠯᠡᠨ ᠦᠷᠨᠢᠭᠦᠯᠵᠣ᠂ ᠠᠮᠢ ᠠᠬᠤᠢ ᠵᠢᠨ ᠰᠢᠰᠲ᠋ᠧᠮ᠎ᠤᠨ ᠨᠡᠭᠦᠷᠡᠰᠣᠳᠦ᠋ᠷᠣᠭ᠌ᠴᠢ ᠬᠤᠷᠠᠭᠤᠯᠬᠤ ᠴᠢᠳᠠᠪᠣᠷᠢ ᠵᠢ ᠳᠡᠭᠡᠭᠰᠢᠯᠡᠭᠦᠯᠦᠨ᠎ᠡ᠃ ᠣᠯᠣᠰ᠎ᠤᠨ ᠴᠡᠴᠡᠷᠯᠢᠭ ᠵᠶ᠋ᠠᠷ ᠭᠤᠶᠣᠴᠢᠯᠡᠨ ᠮᠡᠳᠡᠭᠦᠯᠭᠦ ᠠᠵᠢᠯ᠎ᠢ ᠠᠬᠢᠭᠤᠯᠣᠨ᠎ᠠ᠃
    ᠨᠡᠭᠦᠷᠡᠰᠣᠳᠦ᠋ᠷᠣᠭ᠌ᠴᠢ ᠭᠠᠳᠠᠭᠰᠢᠯᠠᠭᠤᠯᠬᠤ ᠣᠷᠬᠢᠯ ᠬᠡᠮᠵᠢᠭᠳᠡᠯ᠎ᠠᠴᠠ᠎ᠨᠢ ᠪᠠᠭᠤᠷᠠᠭᠤᠯᠬᠤ ᠪᠠ ᠨᠡᠭᠦᠷᠡᠰᠣᠳᠦ᠋ᠷᠣᠭ᠌ᠴᠢ ᠭᠠᠳᠠᠭᠰᠢᠯᠠᠭᠤᠯᠬᠤ ᠵᠢ ᠵᠥᠭᠰᠢᠷᠡᠭᠦᠯᠦᠨ ᠨᠠᠮᠳᠠᠭ᠋ᠠᠬᠤ ᠠᠵᠢᠯ᠎ᠢ ᠰᠠᠶ᠋ᠢᠳᠣᠷ ᠬᠢᠵᠣ᠂ ᠦᠪᠡᠷᠲᠡᠭᠡᠨ ᠵᠠᠰᠠᠬᠤ ᠤᠷᠤᠨ᠎ᠤ ᠨᠡᠭᠦᠷᠡᠰᠦᠳᠦ᠋ᠷᠦᠭᠴᠢ ᠭᠠᠳᠠᠬᠰᠢᠯᠠᠭᠤᠯᠬᠤ ᠤᠷᠬᠢᠯ ᠬᠡᠮᠵᠢᠭᠳᠡᠯ᠎ᠠᠴᠠ᠎ᠨᠢ ᠪᠠᠭᠤᠷᠠᠭᠤᠯᠬᠤ ᠠᠵᠢᠯᠯᠠᠭ᠋ᠠᠨ᠎ᠤ ᠲᠦᠰᠦᠯ᠎ᠢ ᠨᠠᠶ᠋ᠢᠷᠠᠭᠤᠯᠤᠨ ᠵᠤᠬᠢᠶᠠᠭ᠋ᠠᠳ ᠡᠨᠧᠷᠬᠢ ᠠᠷᠪᠢᠯᠠᠨ ᠪᠣᠬᠢᠷᠳᠣᠯ᠎ᠢ ᠪᠠᠭ᠋ᠠᠰᠬᠠᠵᠤ ᠨᠡᠭᠦᠷᠡᠰᠣᠳᠦ᠋ᠷᠣᠭ᠌ᠴᠢ ᠪᠠᠭ᠎ᠠ ᠭᠠᠳᠠᠭᠰᠢᠯᠠᠭᠤᠯᠬᠤ ᠵᠢ ᠵᠡᠷᠭᠡ᠎ᠳᠤᠨᠢ ᠠᠬᠢᠭᠤᠯᠣᠨ᠎ᠠ᠃ ᠪᠣᠬᠢᠷᠳᠣᠯ᠎ᠢ ᠰᠠᠷᠭᠡᠶ᠋ᠢᠯᠡᠨ ᠵᠠᠰᠠᠬᠤ᠎ᠳᠤ ᠨᠠᠷᠢᠯᠢᠬ᠍ᠵᠢᠬᠰᠠᠨ ᠵᠥᠷᠢᠶᠡᠵᠢᠭᠰᠡᠨ ᠬᠢᠨᠠᠯᠳᠠ ᠬᠠᠮᠢᠶᠠᠷᠣᠯᠳᠠ ᠵᠢ ᠬᠡᠷᠩᠵᠢᠭᠦᠯᠵᠣ᠂ ᠠᠵᠣ ᠠᠬᠤᠶ᠋ᠢᠯᠡᠯ᠎ᠤᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠣᠷᠢᠵᠢᠭᠤᠯᠣᠨ᠎ᠠ᠃ ᠴᠡᠪᠡᠷᠬᠡᠨ ᠳᠤᠯᠠᠭ᠋ᠠᠯᠠᠭ᠎ᠠ ᠵᠢᠨ ᠢᠨᠵᠧᠨᠧᠷᠢᠩ᠎ᠢ ᠠᠬᠢᠭᠤᠯᠤᠨ᠎ᠠ᠃ ᠬᠦᠬᠡᠬᠤᠲᠠ᠂ ᠪᠤᠭᠤᠲᠦ᠂ ᠦᠬᠠᠢ ᠵᠢᠴᠢ ᠡᠷᠬᠢᠨ ᠲᠣᠭᠤᠷᠢᠨ᠎ᠤ ᠭᠠᠵᠡᠷ ᠣᠷᠣᠨ᠎ᠤ ᠠᠭ᠋ᠠᠷ ᠮᠠᠨᠳᠠᠯ᠎ᠤᠨ ᠪᠣᠬᠢᠷᠳᠣᠯ᠎ᠢ ᠵᠠᠰᠠᠬᠤ᠎ᠪᠠᠨ ᠴᠢᠩᠭ᠋ᠠᠳᠬᠠᠨ᠎ᠠ᠃ ᠭᠤᠣᠯ ᠮᠦᠷᠡᠨ᠎ᠤ ᠳᠠᠷᠤᠭ᠎ᠠ ᠵᠢᠨ ᠲᠦᠷᠢᠮ᠎ᠢ ᠨᠠᠶ᠋ᠢᠳᠠᠪᠣᠷᠢᠵᠢᠭᠤᠯᠣᠨ᠂ 《ᠭᠤᠷᠪᠡᠨ ᠨᠠᠭᠤᠷ》᠂ ᠴᠠᠭ᠋ᠠᠨᠨᠠᠭᠤᠷ᠎ᠤᠨ ᠠᠮᠢ ᠠᠬᠤᠢ ᠤᠷᠴᠢᠨ ᠲᠤᠭᠤᠷᠢᠨ᠎ᠤ ᠵᠠᠰᠠᠯᠳᠡ ᠵᠢ ᠠᠬᠢᠭᠤᠯᠣᠨ᠎ᠠ᠃ ᠬᠤᠳᠡ ᠪᠠᠯᠭ᠋ᠠᠰᠣᠨ᠎ᠤ ᠠᠮᠢᠳᠣᠷᠠᠯ᠎ᠤᠨ ᠪᠣᠬᠢᠷ ᠣᠰᠦ ᠵᠢ ᠬᠤᠷᠢᠶᠠᠬᠤ᠎ᠳᠤ ᠬᠦᠴᠢᠷ᠂ ᠳᠠᠬᠢᠯᠲᠠ ᠣᠰᠦ ᠵᠢ ᠪᠣᠴᠠᠭ᠋ᠠᠡ ᠠᠰᠢᠬᠯᠠᠬᠤ ᠨᠣᠷᠮ᠎ᠡ ᠳᠣᠣᠷ᠎ᠠ ᠵᠡᠷᠭᠡ ᠠᠰᠠᠭᠤᠳᠠᠯ᠎ᠢ ᠰᠢᠢ᠍ᠣᠡᠪᠣᠷᠢᠯᠡᠵᠣ᠂ ᠭᠠᠵᠡᠷ ᠲᠣᠣᠷᠠᠬᠢ ᠣᠰᠦ ᠵᠢ ᠬᠡᠳᠣᠷᠡᠳᠡᠯ᠎ᠠ ᠲᠠᠲᠠᠬᠤ ᠵᠢ ᠵᠠᠰᠠᠨ᠎ᠡ᠃ ᠲᠠᠷᠢᠶᠠᠯᠠᠩ᠎ᠤᠨ ᠣᠯᠠᠨ ᠡᠬᠢᠳᠣ ᠪᠣᠬᠢᠷᠳᠣᠯ᠎ᠢ ᠵᠠᠰᠠᠨ᠎ᠠ᠃ ᠡᠮᠴᠢᠯᠡᠭᠡᠨ᠎ᠤ ᠬᠠᠶᠠᠭᠳᠠᠮᠠᠯ ᠪᠣᠳᠠᠰ ᠪᠠ ᠠᠶᠤᠯᠳᠠᠢ ᠬᠠᠶᠠᠭᠳᠠᠮᠠᠯ ᠪᠣᠳᠠᠰ᠎ᠢ ᠬᠤᠷᠢᠶᠠᠨ ᠴᠣᠭᠯᠠᠭᠤᠯᠵᠣ ᠰᠢᠢ᠍ᠣᠡᠪᠣᠷᠢᠯᠡᠭᠦ᠎ᠪᠠᠨ ᠴᠢᠩᠭ᠋ᠠᠣᠡᠬᠠᠨ᠂ ᠠᠮᠢᠳᠣᠷᠠᠯ᠎ᠤᠨ ᠬᠤᠭ ᠨᠣᠪᠰᠢ ᠵᠢ ᠲᠦᠷᠦᠯ ᠬᠤᠪᠢᠶᠠᠨ ᠬᠠᠮᠢᠶᠠᠷᠬᠤ ᠵᠢ ᠠᠬᠢᠭᠤᠯᠤᠨ᠎ᠠ᠃
    ᠡᠨᠧᠷᠬᠢ ᠵᠢᠨ ᠬᠤᠷᠣᠭᠳᠠᠯ᠎ᠤᠨ ᠶᠡᠷᠦᠩᠬᠡᠢ ᠬᠡᠮᠵᠢᠶ᠎ᠠ ᠪᠠ ᠡᠨᠧᠷᠬᠢ ᠵᠢᠨ ᠬᠤᠷᠤᠬᠳᠠᠯ᠎ᠤᠨ ᠬᠦᠴᠣᠯᠡᠴᠨ ᠵᠢ ᠴᠢᠩᠭ᠎ᠠ ᠡᠵᠡᠮᠳᠡᠵᠣ᠂ ᠰᠢᠨ᠎ᠡ᠎ᠪᠠᠷ ᠪᠠᠶ᠋ᠢᠭᠤᠯᠣᠭᠰᠠᠨ ᠲᠦᠷᠣᠯ ᠵᠦᠢ᠍ᠯ᠎ᠤᠨ ᠨᠢᠭᠡᠴᠢ ᠦᠢ᠍ᠯᠡᠣᠡᠭᠦᠨ᠎ᠤ ᠡᠨᠧᠷᠬᠢ ᠵᠢᠨ ᠬᠤᠷᠣᠭᠳᠠᠯ᠎ᠢ ᠡᠷᠬᠡᠪᠰᠢ ᠣᠯᠣᠰ᠎ᠤᠨ ᠲᠡᠷᠢᠭᠦᠨ᠎ᠤ ᠪᠠᠷᠢᠮᠵᠢᠶ᠎ᠠ᠎ᠳᠤ ᠭᠦᠷᠭᠡᠵᠣ᠂ ᠬᠢᠮᠢ ᠵᠢᠨ ᠠᠵᠣ ᠦᠢ᠍ᠯᠡᠣᠡᠪᠣᠷᠢ᠂ ᠲᠡᠮᠦᠷᠯᠢᠭ ᠬᠠᠶ᠋ᠢᠯᠣᠭᠤᠯᠬᠤ᠂ ᠪᠠᠷᠢᠯᠭ᠎ᠠ ᠵᠢᠨ ᠮᠠᠲ᠋ᠧᠷᠢᠶᠠᠯ ᠵᠡᠷᠭᠡ ᠠᠵᠢᠯ ᠲᠦᠷᠣᠯ᠎ᠢ ᠲᠣᠭᠲᠠᠭᠰᠠᠨ ᠬᠤᠭᠤᠴᠠᠭ᠋ᠠᠨ᠎ᠳᠤ ᠣᠯᠣᠰ᠎ᠤᠨ ᠡᠨᠧᠷᠬᠢ ᠵᠢᠨ ᠬᠤᠷᠣᠭᠳᠠᠯ᠎ᠢ ᠬᠢᠵᠠᠭ᠋ᠠᠷᠯᠠᠬᠤ ᠳᠠᠷᠢᠭᠦᠨ᠎ᠤ ᠪᠠᠷᠢᠮᠵᠢᠶᠠᠨ᠎ᠳᠤ ᠭᠦᠷᠭᠡᠨ᠎ᠠ᠃ ᠡᠨᠧᠷᠬᠢ ᠵᠢᠨ ᠬᠤᠷᠣᠭᠳᠠᠯ ᠶᠡᠭᠡᠳᠠᠢ ᠠᠵᠢᠯ ᠲᠦᠷᠣᠯ᠎ᠤᠨ ᠴᠠᠬᠢᠯᠭ᠋ᠠᠨ ᠬᠡᠷᠩᠯᠡᠭᠦ ᠲᠠᠷᠣᠭ᠋ᠠᠰᠣ ᠵᠢ ᠠᠯᠬᠤᠮ ᠠᠯᠬᠤᠮ ᠵᠶ᠋ᠠᠷ ᠬᠦᠩᠭᠡᠷᠡᠭᠦᠯᠦᠨ᠎ᠡ᠃ ᠡᠨᠧᠷᠬᠢ ᠬᠡᠷᠩᠯᠡᠭᠦ ᠲᠦᠰᠣᠪ᠎ᠤᠨ ᠬᠠᠮᠢᠶᠠᠷᠣᠯᠳᠠ ᠪᠠ ᠡᠨᠧᠷᠬᠢ ᠬᠡᠷᠩᠯᠡᠭᠦ ᠭᠤᠣᠯᠳᠠᠯᠭ᠎ᠠ᠎ᠲᠠᠢ ᠨᠢᠭᠡᠴᠢ ᠵᠢᠨ ᠡᠨᠧᠷᠬᠢ ᠵᠢᠨ ᠬᠤᠷᠣᠭᠳᠠᠯ᠎ᠢ ᠰᠦᠯᠵᠢᠶ᠎ᠡ᠎ᠪᠠᠷ ᠬᠢᠨᠠᠨ ᠰᠢᠨᠵᠢᠬᠦ ᠵᠢ ᠪᠦᠭᠦ ᠳᠠᠯ᠎ᠡ᠎ᠪᠠᠷ ᠬᠡᠷᠩᠵᠢᠭᠦᠯᠤᠨ᠎ᠡ᠃
    ᠪᠣᠬᠢᠷᠳᠣᠯ ᠦᠭᠡᠢ ᠠᠭᠤᠷᠬᠠᠢ ᠵᠢ ᠪᠦᠳᠣᠭᠡᠨ ᠪᠠᠶ᠋ᠢᠭᠤᠯᠵᠣ᠂ ᠵᠠᠳᠠᠭ᠋ᠠᠢ ᠠᠭᠤᠷᠬᠠᠢ ᠵᠢᠨ ᠵᠠᠰᠠᠯᠲᠠ ᠵᠢᠨ ᠪᠠᠷᠢᠮᠵᠢᠶ᠎ᠠ ᠵᠢ ᠴᠢᠩᠭ᠎ᠠ ᠨᠠᠶ᠋ᠢᠳᠠᠪᠣᠷᠢᠵᠢᠭᠤᠯᠣᠨ᠂ ᠣᠣᠯ᠎ᠤᠨ ᠲᠦᠷᠰᠣ ᠪᠠᠶ᠋ᠢᠳᠠᠯ᠎ᠢ᠎ᠨᠢ ᠬᠠᠮᠤᠭ᠎ᠤᠨ ᠶᠡᠭᠡ ᠬᠡᠮᠵᠢᠶ᠎ᠠ᠎ᠪᠠᠷ ᠰᠡᠷᠭᠦᠭᠡᠵᠣ᠂ 《ᠬᠤᠩᠬᠤᠯ》᠎ᠢ ᠵᠠᠰᠠᠭᠰᠠᠨ᠎ᠤ ᠳᠠᠷᠠᠭ᠎ᠠ ᠮᠦᠨᠴᠣ 《ᠬᠤᠩᠬᠤᠯ》᠎ᠲᠠᠢ ᠪᠠᠶ᠋ᠢᠬᠤ᠂ 《ᠰᠢᠷᠣᠢ ᠤᠪᠤᠭ᠋ᠠᠯᠠᠬᠰᠠᠨ》᠎ᠢ᠎ᠨᠢ ᠠᠷᠢᠯᠭ᠋ᠠᠬᠰᠠᠨ᠎ᠤ ᠳᠠᠷᠠᠭ᠎ᠠ ᠳᠠᠬᠢᠭ᠋ᠠᠳ 《ᠰᠢᠷᠤᠢ ᠤᠪᠤᠭ᠋ᠠᠯᠠᠬᠤ》 ᠵᠢ ᠣᠭᠳᠣ ᠵᠦᠪᠰᠢᠶᠡᠷᠡᠭᠦ ᠦᠭᠡᠢ᠃ ᠠᠭᠤᠷᠬᠠᠢ ᠵᠢᠨ ᠣᠷᠣᠨ᠎ᠳᠤ ᠴᠡᠪᠡᠷᠬᠡᠨ ᠲᠡᠭᠡᠭᠡᠪᠦᠷᠢᠯᠡᠬᠦ ᠠᠷᠭ᠎ᠠ ᠬᠡᠯᠪᠡᠷᠢ ᠵᠢ ᠬᠡᠷᠡᠭᠵᠢᠬᠦᠯᠵᠦ᠂ ᠬᠠᠳᠠᠭᠤ ᠪᠡᠶᠡᠳᠣ ᠬᠠᠶᠠᠭᠳᠠᠮᠠᠯ ᠪᠣᠳᠠᠰ᠎ᠢ ᠶᠡᠷᠦᠩᠬᠡᠶ᠋ᠢᠯᠡᠨ ᠠᠰᠢᠬᠯᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
    ᠪᠠᠶ᠋ᠢᠭ᠋ᠠᠯᠢ ᠵᠢᠨ ᠡᠬᠢ ᠪᠠᠶᠠᠯᠢᠭ᠎ᠲᠤ ᠦᠷᠢᠲᠦᠯ᠎ᠲᠠᠢ ᠡᠳ᠋ ᠭᠦᠷᠣᠩᠭᠡ ᠵᠢᠨ ᠬᠦᠰᠣᠨᠣᠭ᠌ᠳᠣ ᠵᠢ ᠨᠠᠶ᠋ᠢᠷᠠᠭᠤᠯᠤᠨ ᠵᠣᠬᠢᠶᠠᠵᠤ᠂ ᠡᠷᠬᠡ ᠵᠢ ᠲᠤᠳᠤᠯᠠᠨ ᠲᠣᠭᠲᠠᠭ᠋ᠠᠵᠤ ᠲᠠᠩᠰᠠᠯᠠᠨ ᠲᠡᠮᠲᠡᠭᠯᠡᠬᠦ ᠠᠵᠢᠯ ᠵᠶ᠋ᠠᠨ ᠨᠢᠭᠡᠳᠭᠡᠨ᠎ᠡ᠃ ᠡᠨᠧᠷᠬᠢ ᠬᠡᠷᠩᠯᠡᠭᠦ ᠡᠷᠬᠡ᠂ ᠣᠢ ᠰᠢᠭᠤᠢ ᠨᠣᠳᠤᠭ ᠪᠡᠯᠴᠢᠭᠡᠷ᠎ᠤᠨ ᠨᠡᠭᠦᠷᠡᠰᠣᠳᠦ᠋ᠷᠣᠭ᠌ᠴᠢ ᠵᠢᠨ ᠬᠤᠷᠠᠮᠠᠯ᠎ᠢ ᠠᠷᠠᠯᠵᠢᠶᠠᠯᠠᠬᠤ ᠲᠣᠷᠰᠢᠯᠳᠠ ᠵᠢᠨ ᠴᠡᠭ᠎ᠤᠨ ᠠᠵᠢᠯ᠎ᠢ ᠦᠷᠨᠢᠭᠦᠯᠣᠨ᠎ᠠ᠃ ᠢᠯᠭ᠋ᠠᠵᠢᠭᠤᠯᠤᠬᠰᠠᠨ ᠰᠢᠯᠭ᠋ᠠᠨ ᠬᠢᠨᠠᠵᠦ ᠦᠨᠡᠯᠡᠬᠦ ᠰᠢᠰᠲ᠋ᠧᠮᠵᠢ ᠵᠢ ᠲᠡᠭᠦᠯᠳᠡᠷᠵᠢᠭᠦᠯᠵᠦ᠂ ᠠᠮᠢ ᠠᠬᠤᠢ ᠵᠢᠨ ᠦᠢ᠍ᠯᠡᠣᠡᠭᠦᠨ᠎ᠤ ᠦᠨ᠎ᠠ ᠦᠷᠲᠡᠭ᠎ᠲᠤ ᠲᠣᠭ᠋ᠠᠴᠠᠭ᠎ᠠ ᠬᠢᠭᠦ ᠵᠢᠴᠢ ᠦᠷ᠎ᠡ ᠳ᠋ᠦᠩ᠎ᠢ᠎ᠨᠢ ᠣᠯᠠᠷᠢᠭᠤᠯᠣᠨ ᠬᠡᠷᠡᠭᠯᠡᠬᠦ ᠵᠢ ᠠᠬᠢᠭᠤᠯᠣᠨ᠎ᠠ᠃ ᠠᠮᠢ ᠠᠬᠤᠢ ᠵᠢᠨ ᠬᠤᠬᠢᠷᠠᠯ᠎ᠢ ᠲᠦᠯᠣᠪᠣᠷᠢᠯᠡᠭᠦ ᠲᠣᠭᠳᠠᠴᠨ᠎ᠪᠠᠨ ᠣᠯᠠᠮ ᠨᠢᠭᠡ ᠠᠯᠬᠤᠮ ᠳᠡᠭᠦᠯᠳᠡᠷᠵᠢᠭᠦᠯᠣᠨ᠎ᠡ᠃ ᠣᠯᠣᠰ᠎ᠤᠨ ᠠᠮᠢ ᠠᠬᠤᠢ ᠵᠢᠨ ᠪᠣᠯᠪᠠᠰᠣᠨ᠎ᠤ ᠲᠣᠷᠰᠢᠯᠳᠠ ᠵᠢᠨ ᠣᠷᠣᠨ ᠵᠶ᠋ᠠᠷ ᠭᠤᠶᠣᠴᠢᠯᠠᠨ ᠮᠡᠳᠡᠭᠦᠯᠭᠦ ᠠᠵᠢᠯ᠎ᠢ ᠰᠠᠶ᠋ᠢᠳᠣᠷ ᠬᠢᠨ᠎ᠡ᠃
   (ᠨᠠᠢ᠍ᠮᠠ) ᠪᠣᠯᠪᠠᠰᠣᠨ ᠦᠪᠣᠷ ᠮᠣᠩᠭᠤᠯ᠎ᠤᠨ ᠪᠠᠶ᠋ᠢᠭᠤᠯᠣᠯᠳᠠ ᠵᠢ ᠭᠦᠨᠵᠡᠭᠡᠢ ᠠᠬᠢᠭᠤᠯᠣᠨ᠎ᠠ
    ᠨᠠᠶ᠋ᠢᠭᠡᠮ ᠵᠢᠷᠣᠮ᠎ᠤᠨ ᠭᠤᠣᠯᠯᠠᠬᠤ ᠦᠷᠲᠡᠭ᠎ᠤᠨ ᠦᠵᠡᠯᠳᠡ᠎ᠪᠠᠷ ᠣᠳᠣᠷᠢᠳᠣᠮᠵᠢ ᠪᠣᠯᠭ᠋ᠠᠵᠣ᠂ ᠣᠯᠣᠰ ᠵᠶ᠋ᠠᠨ ᠬᠠᠶ᠋ᠢᠷᠠᠯᠠᠬᠤ ᠭᠦᠮᠣᠵᠢᠯ ᠪᠠ ᠠᠷᠠᠳ ᠢᠷᠭᠡᠣᠨ᠎ᠤᠨ ᠶᠣᠰᠣ ᠰᠤᠷᠲᠠᠬᠤᠨ᠎ᠤ ᠪᠠᠶ᠋ᠢᠭᠤᠯᠣᠯᠳᠠ ᠵᠢ ᠬᠦᠨᠵᠡᠭᠡᠢ ᠦᠷᠨᠢᠭᠦᠯᠣᠨ᠎ᠠ᠃ ᠪᠣᠯᠪᠠᠰᠣᠨ ᠬᠤᠳᠡ ᠵᠢ ᠡᠭᠦᠳᠣᠨ ᠪᠠᠶ᠋ᠢᠭᠤᠯᠬᠤ ᠠᠵᠢᠯ᠎ᠢ ᠰᠠᠶ᠋ᠢᠳᠣᠷ ᠬᠢᠵᠣ᠂ ᠰᠦᠯᠵᠢᠶᠠᠨ᠎ᠤ ᠪᠣᠯᠪᠠᠰᠣᠨ᠎ᠤ ᠪᠠᠶ᠋ᠢᠭᠤᠯᠣᠯᠳᠠ ᠵᠢ ᠴᠢᠩᠭ᠋ᠠᠣᠡᠬᠠᠨ᠎ᠠ᠃ ᠪᠦᠭᠦ ᠠᠷᠠᠣᠨ ᠵᠶ᠋ᠠᠷ ᠵᠶ᠋ᠠᠨ ᠨᠣᠮ ᠣᠩᠰᠢᠬᠤ ᠵᠢ ᠠᠬᠢᠭᠤᠯᠵᠣ᠂ ᠰᠣᠷᠣᠯᠴᠠᠬᠤ ᠮᠠᠶᠢᠭ᠎ᠤᠨ ᠨᠠᠶ᠋ᠢᠭᠡᠮ᠎ᠢ ᠪᠠᠶ᠋ᠢᠭᠤᠯᠣᠨ᠎ᠠ᠃ ᠢᠳᠡᠭᠡᠨ ᠤᠮᠳᠠᠭ᠋ᠠᠨ᠎ᠢ ᠪᠦᠷᠢᠯᠭᠡᠨ ᠰᠦᠢ᠍ᠣᠡᠭᠡᠭᠦ ᠵᠢ ᠬᠤᠷᠢᠬᠯᠠᠵᠤ᠂ ᠬᠡᠪ ᠵᠠᠩᠰᠢᠯ ᠵᠶ᠋ᠠᠨ ᠦᠭᠡᠷᠡᠴᠢᠯᠡᠬᠦ ᠰᠢᠨ᠎ᠡ ᠬᠡᠪ ᠰᠣᠷᠳᠡᠯ᠎ᠢ ᠰᠠᠨᠠᠭ᠋ᠠᠴᠢᠯᠠᠵᠣ᠂ ᠪᠦᠭᠦ ᠨᠠᠶ᠋ᠢᠭᠡᠮ᠎ᠤᠨ ᠪᠣᠯᠪᠠᠰᠣᠨ᠎ᠤ ᠲᠦᠪᠰᠢᠨ᠎ᠢ ᠳᠡᠭᠡᠭᠰᠢᠯᠡᠭᠦᠯᠦᠨ᠎ᠡ᠃
    ᠲᠣᠮᠳᠠᠳᠣ ᠵᠢᠨ ᠰᠢᠯᠢᠳᠡᠭ ᠣᠯᠠᠮᠵᠢᠯᠠᠯᠳᠣ ᠰᠣᠶᠣᠯ᠎ᠢ ᠣᠯᠠᠮᠵᠢᠯᠠᠨ ᠪᠠᠳᠠᠷᠠᠭᠤᠯᠵᠣ᠂ ᠬᠤᠪᠢᠰᠬᠠᠯᠳᠣ ᠰᠣᠶᠣᠯ᠎ᠢ ᠵᠠᠯᠭ᠋ᠠᠮᠵᠢᠯᠠᠨ᠂ ᠨᠠᠶ᠋ᠢᠭᠡᠮ ᠵᠢᠷᠣᠮ᠎ᠤᠨ ᠲᠡᠷᠢᠭᠦᠨ᠎ᠤ ᠰᠣᠶᠣᠯ᠎ᠢ ᠭᠦᠭᠵᠢᠭᠦᠯᠣᠨ᠎ᠠ᠃ ᠨᠠᠮ ᠪᠠᠶ᠋ᠢᠭᠤᠯᠣᠭᠳᠠᠭᠰᠠᠨ 100 ᠵᠢᠯ᠎ᠳᠤ ᠵᠤᠷᠢᠭᠤᠯᠤᠬᠰᠠᠨ ᠰᠣᠶᠣᠯ ᠣᠷᠠᠯᠢᠭ᠎ᠤᠨ ᠵᠤᠬᠢᠶᠠᠨ ᠪᠦᠲᠦᠭᠡᠬᠦ ᠠᠵᠢᠯ᠎ᠢ ᠦᠷᠨᠢᠭᠦᠯᠣᠨ᠎ᠠ᠃ ᠰᠤᠶᠤᠯ ᠤᠷᠠᠯᠢᠬ᠎ᠤᠨ ᠦᠢ᠍ᠯᠡᠰ᠎ᠢ ᠬᠦᠭᠵᠢᠭᠦᠯᠵᠦ᠂ ᠣᠯᠠᠭ᠋ᠠᠨᠮᠦ᠋ᠴᠢᠷ᠎ᠤᠨ ᠠᠵᠢᠯ ᠦᠢ᠍ᠯᠡᠰ᠎ᠤᠨ ᠭᠦᠭᠵᠢᠯᠲᠡ ᠵᠢ ᠳᠡᠮᠵᠢᠨ᠎ᠡ᠃ ᠤᠳᠤ ᠦᠶ᠎ᠡ ᠵᠢᠨ ᠰᠤᠶᠤᠯ᠎ᠤᠨ ᠠᠵᠦ ᠦᠢ᠍ᠯᠡᠰ᠎ᠤᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠵᠦ᠂ ᠰᠤᠶᠤᠯ ᠵᠶ᠋ᠠᠷ ᠠᠷᠠᠳ᠎ᠲᠤ ᠬᠠᠷᠠᠭ᠋ᠠᠯᠵᠠᠯ ᠬᠦᠷᠲᠡᠭᠡᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ᠂ 《ᠤᠶᠤᠨᠯᠢᠭ ᠷᠠᠳᠢᠣ᠋ ᠲᠧᠯᠸᠢᠰ》᠎ᠤᠨ ᠪᠦᠳᠣᠭᠡᠨ ᠪᠠᠶ᠋ᠢᠭᠤᠯᠣᠯᠳᠠ ᠵᠢ ᠠᠬᠢᠭᠤᠯᠵᠣ᠂ ᠮᠠᠯᠵᠢᠬᠤ ᠤᠷᠤᠨ᠎ᠳᠤ 《ᠤᠶᠤᠨᠯᠢᠭ ᠷᠠᠳᠢᠣ᠋ ᠲᠧᠯᠸᠢᠰ》᠎ᠤᠨ ᠦᠷᠭᠡᠨ ᠪᠦᠰᠡ ᠵᠢᠨ ᠬᠠᠮᠤᠷᠬᠤ ᠬᠢᠭᠡᠳ ᠦᠢ᠍ᠯᠡᠴᠢᠯᠡᠬᠦ ᠢᠨᠵᠧᠨᠧᠷᠢᠩ᠎ᠢ ᠦᠨᠳᠦᠰᠤᠨ᠎ᠳᠡᠭᠡᠨ ᠪᠡᠶᠡᠯᠡᠭᠦᠯᠦᠨ᠎ᠡ᠃ ᠲᠡᠦᠬᠡ ᠵᠢᠨ ᠲᠣᠷᠠᠰᠬᠠᠯᠳᠣ ᠵᠦᠢ᠍ᠯ᠎ᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠤᠭ᠋ᠠᠳ ᠵᠦᠢ ᠵᠣᠬᠢᠰᠳᠠᠢ ᠵᠣᠬᠢᠬᠤ ᠬᠡᠮᠵᠢᠶᠠᠨ᠎ᠳᠤ ᠠᠰᠢᠬᠯᠠᠬᠤ ᠵᠢ ᠠᠬᠢᠭᠤᠯᠣᠨ᠎ᠠ᠃
    ᠣᠯᠠᠭ᠋ᠠᠨᠬᠤᠳᠠ — ᠷᠠᠰᠢᠶᠠᠨ — ᠬᠠᠶ᠋ᠢᠯᠠᠷ — ᠮᠠᠨᠵᠣᠣᠷ ᠵᠡᠷᠭᠡ ᠵᠢᠭᠤᠯᠴᠢᠯᠡᠯ᠎ᠤᠨ ᠰᠣᠳᠣᠨ ᠵᠠᠮ ᠱᠣᠭᠤᠮ᠎ᠢ ᠪᠦᠳᠣᠭᠡᠨ ᠪᠠᠶ᠋ᠢᠭᠤᠯᠣᠨ᠎ᠠ᠂ ᠬᠤᠪᠢᠰᠬᠠᠯᠳᠣ ᠵᠢᠭᠤᠯᠴᠢᠯᠡᠯ᠂ ᠬᠦᠳᠡᠭᠡ ᠲᠣᠰᠬᠤᠨ᠎ᠤ ᠵᠢᠭᠤᠯᠴᠢᠯᠠᠯ᠂ ᠴᠠᠰᠦ ᠮᠦᠰᠦᠨ᠎ᠤ ᠵᠢᠭᠤᠯᠴᠢᠯᠡᠯ᠎ᠢ ᠭᠦᠭᠵᠢᠭᠦᠯᠵᠦ᠂ ᠵᠦᠷᠢᠶᠡᠵᠢᠯ᠎ᠲᠠᠢ ᠪᠠ ᠤᠨᠴᠠᠯᠢᠬ᠎ᠲᠠᠢ ᠵᠢᠭᠤᠯᠴᠢᠯᠠᠯ᠎ᠢ ᠠᠩᠬᠠᠷᠤᠨ ᠴᠢᠬᠤᠯᠠᠴᠢᠯᠠᠨ᠎ᠡ᠃ 《ᠦᠪᠣᠷ ᠮᠣᠩᠭᠤᠯ᠎ᠳᠤ ᠪᠢ ᠬᠠᠶ᠋ᠢᠷᠠᠳᠡᠢ》 ᠨᠡᠷᠡᠳᠣ ᠲᠡᠮᠲᠡᠭ᠎ᠤᠨ ᠲᠥᠷᠢ ᠲᠦᠷᠭᠦ ᠵᠢ ᠣᠬᠠᠭᠤᠯᠣᠨ ᠲᠠᠨᠢᠯᠴᠠᠭᠤᠯᠬᠤ ᠠᠵᠢᠯᠯᠠᠭ᠋ᠠᠨ᠎ᠢ ᠬᠦᠨᠵᠡᠬᠡᠢ ᠦᠷᠨᠢᠭᠦᠯᠵᠣ᠂ ᠰᠣᠶᠣᠯ ᠪᠠ ᠵᠢᠭᠤᠯᠴᠢᠯᠡᠯ᠎ᠤᠨ ᠠᠭᠤᠰᠣᠯᠴᠠᠨ ᠭᠦᠭᠵᠢᠬᠦ ᠵᠢ ᠠᠬᠢᠭᠤᠯᠵᠣ᠂ ᠬᠦᠮᠦᠰ᠎ᠲᠤ ᠭᠠᠩᠭ᠋ᠠᠩ ᠪᠠᠶ᠋ᠢᠭ᠋ᠠᠯᠢ᠎ᠪᠠᠷ ᠰᠤᠶᠤᠯ ᠵᠶ᠋ᠠᠨ ᠪᠠᠭ᠍ᠠᠲᠤᠭᠤᠯᠵᠤ ᠤᠶᠤᠨ ᠰᠠᠨᠠᠭ᠎ᠠ ᠵᠢ᠎ᠨᠢ ᠤᠮᠳᠠᠯᠠᠨ᠎ᠠ᠃
   (ᠶᠢᠰᠦ) ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠪᠠ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠨ᠎ᠠ
    ᠠᠷᠭ᠎ᠠ ᠪᠦᠬᠦᠨ᠎ᠢ ᠰᠦᠪᠡᠭᠴᠢᠯᠡᠵᠦ ᠪᠠᠶ᠋ᠢᠭ᠋ᠠᠳ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ ᠪᠠ ᠦᠷᠭᠡᠳᠭᠡᠵᠦ᠂ ᠶᠡᠭᠡ ᠳᠡᠭᠡᠲᠦ ᠰᠤᠷᠭ᠋ᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ᠎ᠲᠠᠢ ᠬᠦᠮᠦᠰ᠎ᠤᠨ ᠠᠵᠢᠯ ᠣᠯᠭᠤᠯᠲᠠ ᠵᠢ ᠰᠠᠶ᠋ᠢᠲᠤᠷ ᠠᠳᠬᠤᠨ᠎ᠠ᠃ ᠠᠵᠤ ᠠᠬᠤᠶ᠋ᠢᠯᠠᠯ᠎ᠢ ᠲᠤᠰᠠᠯᠠᠵᠤ ᠠᠵᠢᠯ᠎ᠤᠨ ᠪᠠᠶ᠋ᠢᠷᠢ ᠵᠢ ᠲᠣᠭᠲᠠᠭᠤᠨ ᠪᠠᠶ᠋ᠢᠯᠭ᠋ᠠᠬᠤ ᠠᠵᠢᠯᠯᠠᠭ᠋ᠠᠨ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠵᠦ᠂ ᠠᠵᠢᠯ ᠠᠯᠳᠠᠬᠤ ᠪᠠᠶ᠋ᠢᠳᠠᠯ᠎ᠢ ᠬᠢᠨᠠᠨ ᠰᠢᠨᠵᠢᠵᠦ ᠰᠡᠷᠡᠮᠵᠢᠯᠡᠬᠦᠯᠬᠦ ᠲᠣᠭᠲᠠᠴᠠ ᠵᠢ ᠲᠡᠭᠦᠯᠳᠡᠷᠵᠢᠭᠦᠯᠦᠨ᠂ ᠠᠵᠢᠯ ᠠᠯᠳᠠᠯᠲᠠ ᠵᠢᠨ ᠲᠦᠭᠰᠢᠭᠦᠷᠢ ᠵᠢ ᠪᠦᠲᠦᠮᠵᠢᠲᠡᠢ ᠠᠷᠭ᠋ᠠᠴᠠᠭ᠋ᠠᠨ᠎ᠠ᠃ ᠣᠷᠣᠯᠭ᠎ᠠ ᠪᠠᠭ᠋ᠠᠲᠠᠢ ᠬᠦᠮᠦᠰ᠎ᠤᠨ ᠣᠷᠣᠯᠭ᠎ᠠ ᠵᠢ᠎ᠨᠢ ᠳᠡᠭᠡᠭᠰᠢᠯᠡᠭᠦᠯᠦᠨ᠂ ᠳᠤᠮᠳᠠ ᠵᠡᠷᠭᠡ ᠵᠢᠨ ᠣᠷᠣᠯᠭ᠎ᠠ᠎ᠲᠠᠢ ᠬᠥᠮᠥᠰ᠎ᠢ ᠨᠡᠮᠡᠭᠳᠡᠭᠦᠯᠦᠨ᠎ᠡ᠃
    ᠡᠷᠡᠭᠦᠯ ᠡᠩᠬᠡ ᠥᠪᠥᠷ ᠮᠣᠩᠭᠤᠯ᠎ᠢ ᠪᠠᠶ᠋ᠢᠭᠤᠯᠬᠤ ᠠᠵᠢᠯᠯᠠᠭ᠋ᠠᠨ᠎ᠢ ᠭᠦᠨᠵᠡᠭᠡᠢ ᠠᠬᠢᠭᠤᠯᠵᠤ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠢᠰᠲ᠋ᠧᠮᠵᠢ᠎ᠪᠠᠨ ᠪᠦᠷᠢᠨᠰᠢᠭᠦᠯᠦᠨ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃ ᠱᠠᠲᠤ ᠬᠤᠪᠢᠶᠠᠵᠤ ᠣᠨᠣᠰᠢᠯᠠᠨ ᠡᠮᠨᠡᠬᠦ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠤᠨ᠂ ᠨᠡᠶ᠋ᠢᠭᠡᠮ᠎ᠤᠨ᠎ᠬᠢᠨ᠎ᠤ ᠡᠮᠨᠡᠯᠭᠡ ᠵᠢᠨ ᠬᠤᠷᠢᠶ᠎ᠠ ᠡᠷᠬᠢᠯᠡᠬᠦ ᠵᠢ ᠳᠡᠮᠵᠢᠨ᠎ᠡ᠃ ᠬᠢᠲᠡᠳ ᠡᠮ ᠡᠮᠨᠡᠯᠭᠡ ᠪᠠ ᠮᠣᠩᠭᠤᠯ ᠡᠮ ᠡᠮᠨᠡᠯᠭᠡ᠎ᠪᠠᠨ ᠤᠯᠠᠮᠵᠢᠯᠠᠨ ᠵᠠᠯᠭ᠋ᠠᠮᠵᠢᠯᠠᠵᠤ ᠰᠢᠨ᠎ᠡ ᠡᠭᠦᠳᠦᠯᠲᠡ᠎ᠲᠠᠢ ᠪᠣᠯᠭ᠋ᠠᠬᠤ ᠵᠢ ᠠᠬᠢᠭᠤᠯᠤᠨ᠎ᠠ᠃ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠬᠢᠭᠡᠳ ᠪᠦᠬᠦ ᠠᠷᠠᠳ᠎ᠤᠨ ᠡᠷᠡᠭᠦᠯ ᠡᠩᠬᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃
    ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠩᠭᠤ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ 《ᠬᠥᠮᠦᠨ》᠂ 《ᠡᠳ᠋ ᠪᠣᠳᠠᠰ》᠎ᠤᠨ ᠵᠦᠢ᠍ᠯᠡᠰ᠎ᠢ ᠵᠡᠷᠭᠡ᠎ᠳᠤᠨᠢ ᠰᠡᠷᠭᠡᠶ᠋ᠢᠯᠡᠬᠦ ᠵᠢ ᠪᠠᠷᠢᠮᠲᠠᠯᠠᠨ᠂ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠬᠦ ᠪᠠ ᠳᠣᠲᠣᠭ᠋ᠠᠳᠤ᠎ᠳᠠᠭᠠᠨ ᠳᠠᠬᠢᠨ ᠳᠡᠯᠭᠡᠷᠡᠬᠦ ᠵᠢ ᠰᠡᠷᠭᠡᠶ᠋ᠢᠯᠡᠬᠦ》 ᠡᠯ᠎ᠡ ᠲᠠᠯ᠎ᠠ ᠵᠢᠨ ᠠᠵᠢᠯ᠎ᠢ ᠰᠠᠶ᠋ᠢᠲᠤᠷ ᠬᠢᠨ᠎ᠠ᠃ ᠨᠡᠶ᠋ᠢᠰᠯᠠᠯ᠎ᠤᠨ ᠨᠢᠰᠬᠡᠯ᠎ᠤᠨ ᠪᠠᠭᠤᠳᠠᠯ᠎ᠤᠨ ᠰᠠᠯᠪᠤᠷᠢᠯᠠᠨ ᠬᠤᠪᠢᠶᠠᠷᠢᠯᠠᠵᠤ ᠢᠷᠡᠭᠦᠯᠦᠭᠰᠡᠨ ᠣᠯᠠᠨ ᠤᠯᠤᠰ᠎ᠤᠨ ᠡᠭᠡᠯᠵᠢ ᠵᠢᠨ ᠨᠢᠰᠬᠡᠯ᠎ᠢ ᠲᠥᠪᠬᠢᠨᠡᠭᠦᠯᠦᠨ ᠰᠢᠢ᠍ᠳᠪᠦᠷᠢᠯᠡᠬᠦ ᠠᠵᠢᠯ ᠵᠶ᠋ᠠᠨ ᠰᠠᠶ᠋ᠢᠲᠤᠷ ᠬᠢᠵᠦ᠂ ᠬᠢᠯᠢ ᠵᠢᠨ ᠪᠣᠭᠤᠮᠲᠠ᠎ᠳᠠᠬᠢ ᠬᠢᠵᠢᠭ᠎ᠤᠨ ᠪᠠᠶ᠋ᠢᠳᠠᠯ᠎ᠤᠨ ᠰᠡᠷᠭᠡᠶ᠋ᠢᠯᠡᠨ ᠡᠵᠡᠮᠳᠡᠬᠦ ᠠᠵᠢᠯ᠎ᠢ ᠴᠢᠩᠭ᠋ᠠᠳᠬᠠᠨ᠂ ᠮᠠᠯᠵᠢᠬᠤ ᠲᠠᠷᠢᠶᠠᠯᠠᠬᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠨᠡᠶ᠋ᠢᠭᠡᠮ ᠲᠣᠭᠤᠷᠢᠭ᠎ᠤᠨ ᠲᠣᠣᠷᠵᠢᠯ ᠬᠠᠮᠢᠶᠠᠷᠤᠯᠲᠠ ᠵᠢ ᠴᠢᠩᠭ᠋ᠠᠳᠬᠠᠨ᠎ᠠ᠃ ᠸᠠᠺᠼᠢᠨ ᠲᠠᠷᠢᠬᠤ ᠠᠵᠢᠯ᠎ᠢ ᠰᠠᠶ᠋ᠢᠲᠤᠷ ᠬᠢᠨ᠎ᠡ᠃
    ᠨᠡᠶ᠋ᠢᠭᠡᠮ᠎ᠤᠨ ᠳᠠᠭ᠋ᠠᠳᠬᠠᠯ᠎ᠤᠨ ᠬᠠᠮᠤᠷᠬᠤ ᠭᠡᠪᠴᠢᠶ᠎ᠡ ᠵᠢ ᠦᠷᠭᠦᠯᠵᠢᠯᠡᠨ ᠦᠷᠭᠡᠳᠭᠡᠵᠦ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠰᠠᠭᠤᠷᠢ ᠪᠣᠯᠬᠤ ᠨᠠᠰᠤᠵᠢᠯ᠎ᠤᠨ ᠮᠦᠩᠭᠦ ᠪᠠ ᠬᠦᠴᠢᠷᠳᠡᠯᠲᠡᠢ ᠣᠯᠠᠨ ᠲᠦᠮᠡᠨ᠎ᠢ ᠠᠪᠤᠷᠠᠨ ᠲᠤᠰᠠᠯᠠᠬᠤ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ᠂ ᠠᠵᠢᠯ ᠠᠯᠳᠠᠭᠰᠠᠳ᠎ᠤᠨ ᠳᠠᠭ᠋ᠠᠳᠬᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠢ ᠲᠥᠯᠥᠪᠯᠡᠬᠦ ᠵᠢ ᠠᠬᠢᠭᠤᠯᠤᠨ᠎ᠠ᠃ ᠬᠦᠨᠳᠦ ᠬᠡᠴᠡᠭᠦᠦ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠳᠥᠷᠢᠮ᠎ᠢ ᠪᠦᠷᠢᠨᠰᠢᠭᠦᠯᠵᠦ᠂ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠤᠨ ᠰᠢᠭᠤᠳ ᠳ᠋ᠦᠩᠨᠡᠨ ᠪᠣᠳᠣᠬᠤ ᠵᠢ ᠨᠠᠶ᠋ᠢᠳᠠᠪᠤᠷᠢᠵᠢᠭᠤᠯᠤᠨ᠎ᠠ᠃ ᠠᠮᠢᠳᠤᠷᠠᠯ᠎ᠨᠢ ᠬᠦᠴᠢᠷᠲᠡᠢ ᠠᠵᠢᠯ ᠠᠯᠳᠠᠭᠰᠠᠳ ᠵᠢᠴᠢ ᠲᠡᠭᠦᠨ᠎ᠤ ᠭᠡᠷ ᠪᠦᠯᠢ ᠵᠢᠨ᠎ᠬᠢᠨ᠎ᠢ ᠴᠠᠭ ᠲᠤᠬᠠᠢ᠎ᠳᠤ᠎ᠨᠢ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠪᠠ ᠲᠦᠷ ᠴᠠᠭ᠎ᠤᠨ ᠠᠪᠤᠷᠠᠨ ᠲᠤᠰᠠᠯᠠᠬᠤ ᠵᠡᠷᠭᠡ ᠬᠡᠪᠴᠢᠶᠡᠨ᠎ᠳᠤ ᠣᠷᠤᠭᠤᠯᠤᠨ᠎ᠡ᠃ ᠨᠠᠰᠤᠲᠠᠶ᠋ᠢᠴᠤᠳ᠎ᠢ ᠠᠰᠠᠷᠠᠨ ᠰᠣᠪᠢᠯᠠᠬᠤ ᠪᠠ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠡᠮᠴᠢᠯᠡᠵᠦ ᠰᠤᠪᠢᠯᠠᠬᠤ ᠡᠷᠡᠭᠦᠯᠵᠢᠭᠦᠯᠵᠦ ᠴᠢᠬᠢᠷᠠᠬ᠍ᠵᠢᠭᠤᠯᠬᠤ ᠵᠢᠨ ᠤᠶᠠᠯᠳᠤᠯ᠎ᠢ ᠭᠦᠨᠵᠡᠭᠡᠶ᠋ᠢᠷᠡᠭᠦᠯᠵᠦ᠂ ᠬᠦᠮᠦᠨ ᠠᠮᠠ ᠵᠢᠨ ᠨᠠᠰᠤᠵᠢᠯᠲᠠ ᠵᠢ ᠢᠳᠡᠪᠬᠢᠲᠠᠢ ᠠᠷᠭ᠋ᠠᠴᠠᠭ᠋ᠠᠨ᠎ᠠ᠃ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠠᠵᠢᠯ᠎ᠤᠨ ᠰᠢᠰᠲ᠋ᠧᠮᠵᠢ ᠪᠠ ᠪᠠᠲᠤᠯᠠᠭ᠎ᠠ ᠵᠢᠨ ᠳᠦᠷᠢᠮ᠎ᠢ ᠪᠦᠷᠢᠨᠰᠢᠭᠦᠯᠦᠨ᠎ᠡ᠃
    ᠴᠢᠨᠠᠷᠯᠢᠬ ᠰᠤᠷᠭ᠋ᠠᠨ ᠬᠦᠮᠦᠵᠢᠯ᠎ᠤᠨ ᠡᠬᠢ ᠪᠠᠶᠠᠯᠢᠬ᠎ᠤᠨ ᠬᠠᠨᠭ᠌ᠭ᠋ᠠᠯᠭ᠎ᠠ ᠵᠢ ᠦᠷᠭᠡᠳᠭᠡᠨ᠎ᠡ᠃ ᠲᠦᠭᠡᠮᠡᠯ ᠬᠠᠷᠠᠭ᠋ᠠᠯᠵᠠᠬᠤ ᠴᠢᠨᠠᠷᠲᠠᠢ ᠬᠡᠦᠭᠡᠳ᠎ᠤᠨ ᠴᠡᠴᠡᠷᠯᠢᠭ᠎ᠢ ᠬᠥᠭᠵᠢᠭᠦᠯᠦᠨ᠂ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠢ ᠴᠢᠨᠠᠷᠯᠢᠭ ᠲᠡᠩᠴᠡᠭᠦᠷᠢᠰᠢᠭᠦᠯᠬᠦ ᠪᠠ ᠬᠤᠲᠠ ᠬᠥᠳᠡᠭᠡ᠎ᠳᠤ ᠨᠢᠭᠡ ᠴᠣᠭᠴᠠᠵᠢᠭᠤᠯᠤᠨ ᠬᠦᠭᠵᠢᠭᠦᠯᠬᠦ ᠵᠢ ᠠᠬᠢᠭᠤᠯᠵᠤ᠂ ᠦᠨᠳᠦᠷ ᠵᠡᠷᠭᠡ ᠵᠢᠨ ᠳᠤᠮᠳᠠᠲᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠣᠯᠠᠨ ᠶᠠᠩᠵᠤ ᠬᠡᠯᠪᠡᠷᠢ᠎ᠲᠠᠢ ᠬᠥᠭᠵᠢᠬᠦ ᠵᠢ᠎ᠨᠢ ᠵᠣᠷᠢᠬ᠍ᠵᠢᠭᠤᠯᠤᠨ᠎ᠠ᠃ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠦᠢ᠍ᠯᠡᠳᠪᠦᠷᠢᠯᠡᠬᠦ ᠬᠢᠭᠡᠳ ᠵᠢᠭ᠋ᠠᠨ ᠰᠤᠷᠭ᠋ᠠᠬᠤ ᠵᠢ ᠠᠭᠤᠰᠤᠯᠴᠠᠭᠤᠯᠬᠤ᠂ ᠰᠤᠷᠭ᠋ᠠᠭᠤᠯᠢ ᠬᠢᠭᠡᠳ ᠠᠵᠤ ᠠᠬᠤᠶ᠋ᠢᠯᠠᠯ᠎ᠤᠨ ᠬᠠᠮᠳᠤᠷᠠᠯᠴᠠᠭ᠎ᠠ ᠵᠢ ᠳᠡᠮᠵᠢᠬᠦ ᠠᠷᠭ᠎ᠠ ᠬᠡᠮᠵᠢᠶ᠎ᠡ᠎ᠨᠦᠭᠦᠳ᠎ᠢ ᠲᠡᠭᠦᠯᠳᠡᠷᠵᠢᠭᠦᠯᠦᠨ᠎ᠡ᠃ ᠶᠡᠭᠡ ᠳᠡᠭᠡᠲᠦ ᠰᠤᠷᠭ᠋ᠠᠭᠤᠯᠢ ᠵᠢᠨ 《ᠬᠤᠣᠰ ᠲᠡᠷᠢᠭᠦᠨ ᠳᠡᠰ》᠎ᠤᠨ ᠪᠠᠶ᠋ᠢᠭᠤᠯᠤᠯᠲᠠ ᠵᠢ ᠠᠬᠢᠭᠤᠯᠵᠤ᠂ ᠥᠪᠥᠷ ᠮᠣᠩᠭᠤᠯ᠎ᠤᠨ ᠶᠡᠭᠡ ᠰᠤᠷᠭ᠋ᠠᠭᠤᠯᠢ ᠵᠢ ᠪᠦᠲᠦᠭᠡᠨ ᠪᠠᠶ᠋ᠢᠭᠤᠯᠬᠤ ᠲᠠᠯ᠎ᠠ᠎ᠪᠠᠷ᠎ᠬᠢ 《ᠶᠠᠮᠤᠨ ᠪᠠ ᠥᠪᠡᠷᠲᠡᠭᠡᠨ ᠵᠠᠰᠠᠬᠤ ᠣᠷᠣᠨ ᠬᠠᠮᠲᠤᠷᠠᠨ ᠪᠠᠶ᠋ᠢᠭᠤᠯᠬᠤ》 ᠡᠷᠴᠢᠮ᠎ᠢ ᠴᠢᠩᠭ᠋ᠠᠷᠠᠭᠤᠯᠤᠨ᠎ᠠ᠃ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠢ ᠳᠡᠮᠵᠢᠭᠦ ᠪᠠ ᠵᠢᠷᠤᠮᠵᠢᠭᠤᠯᠤᠨ᠎ᠠ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠦᠮᠦᠵᠢᠯ ᠪᠠ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠠᠵᠢᠯ ᠵᠶ᠋ᠠᠨ ᠰᠠᠶ᠋ᠢᠲᠤᠷ ᠬᠢᠨ᠎ᠠ᠃
    ᠨᠡᠶ᠋ᠢᠭᠡᠮ᠎ᠤᠨ ᠵᠥᠷᠢᠴᠡᠯ᠎ᠢ ᠶᠡᠷᠦᠩᠬᠡᠶ᠋ᠢᠯᠡᠨ ᠵᠠᠰᠠᠬᠤ ᠲᠣᠭᠲᠠᠴᠠ᠎ᠪᠠᠨ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠯ᠎ᠤᠨ ᠲᠠᠯ᠎ᠠ᠎ᠪᠠᠷ᠎ᠬᠢ ᠳᠠᠷᠤᠭᠳᠠᠮᠠᠯ ᠬᠡᠷᠡᠭ᠎ᠢ ᠪᠦᠲᠦᠮᠵᠢᠲᠡᠢ ᠠᠷᠢᠯᠭ᠋ᠠᠨ᠂ ᠣᠯᠠᠨ ᠲᠦᠮᠡᠨ᠎ᠤ ᠵᠦᠢ ᠵᠣᠬᠢᠰᠲᠠᠢ ᠬᠠᠤᠯᠢ ᠶᠣᠰᠣᠨ᠎ᠤ ᠬᠦᠰᠡᠯ ᠱᠠᠭ᠋ᠠᠷᠳᠠᠯᠭ᠎ᠠ ᠵᠢ ᠰᠢᠢ᠍ᠳᠪᠦᠷᠢᠯᠡᠨ᠎ᠡ᠃ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠥᠬᠡᠮᠡᠯᠵᠢᠭᠦᠯᠬᠦ ᠠᠵᠢᠯ᠎ᠢ ᠥᠷᠨᠢᠭᠦᠯᠦᠨ᠎ᠡ᠃ ᠬᠠᠤᠯᠢ᠎ᠠᠴᠠ ᠵᠥᠷᠢᠴᠡᠭᠰᠡᠨ ᠡᠯ᠎ᠡ ᠲᠥᠷᠥᠯ᠎ᠤᠨ ᠶᠠᠯᠠᠲᠤ ᠠᠵᠢᠯᠯᠠᠭ᠎ᠠ᠎ᠳᠤ ᠬᠠᠤᠯᠢ ᠶᠣᠰᠤᠭ᠋ᠠᠷ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠬᠢᠰ ᠬᠦᠴᠦᠨ᠎ᠢ ᠠᠷᠢᠯᠭ᠋ᠠᠬᠤ ᠠᠵᠢᠯᠯᠠᠭ᠎ᠠ ᠵᠢ ᠪᠠᠶ᠋ᠢᠩᠭᠤ ᠥᠷᠨᠢᠭᠦᠯᠦᠨ᠎ᠡ᠃ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠥᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠵᠤ᠂ ᠭᠠᠮᠰᠢᠭ᠎ᠢ ᠰᠡᠷᠭᠡᠶ᠋ᠢᠯᠡᠬᠦ᠂ ᠭᠠᠮᠰᠢᠭ᠎ᠢ ᠪᠠᠭ᠋ᠠᠰᠬᠠᠬᠤ᠂ ᠭᠠᠮᠰᠢᠭ᠎ᠲᠠᠢ ᠲᠡᠮᠡᠴᠡᠬᠦ ᠪᠠ ᠭᠠᠮᠰᠢᠭ᠎ᠠᠴᠠ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠭᠠᠵᠠᠷ ᠰᠢᠨᠵᠢᠯᠡᠭᠡ᠂ ᠴᠠᠭ ᠠᠭᠤᠷ᠂ ᠬᠡᠮᠵᠢᠨ ᠵᠢᠷᠤᠭᠯᠠᠯ ᠵᠡᠷᠭᠡ ᠠᠵᠢᠯ᠎ᠢ ᠰᠠᠶ᠋ᠢᠲᠤᠷ ᠬᠢᠨ᠎ᠡ᠃
    ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠬᠥᠮᠦᠯᠢᠭ ᠠᠪᠤᠷᠠᠯᠲᠠ ᠲᠤᠰᠠᠯᠠᠮᠵᠢ᠂ ᠰᠠᠶ᠋ᠢᠨ ᠳᠤᠷ᠎ᠠ ᠵᠢᠨ ᠦᠢ᠍ᠯᠡᠴᠢᠯᠡᠭᠡ᠂ ᠨᠢᠭᠦᠯᠡᠰᠦᠩᠭᠦᠢ ᠵᠢᠨ ᠦᠢ᠍ᠯᠡᠰ᠎ᠢ ᠬᠥᠭᠵᠢᠭᠦᠯᠬᠦ ᠵᠢ᠎ᠨᠢ ᠳᠡᠮᠵᠢᠵᠦ᠂ ᠡᠮᠡᠭᠲᠡᠶ᠋ᠢᠴᠦᠳ᠂ ᠬᠡᠦᠬᠡᠳ᠂ ᠨᠠᠰᠤᠲᠠᠶ᠋ᠢᠴᠤᠳ᠂ ᠵᠡᠮᠳᠡᠭᠴᠦᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃ ᠡᠮᠡᠭᠲᠡᠶ᠋ᠢᠴᠤᠳ ᠬᠡᠦᠬᠡᠳ᠎ᠲᠤ ᠬᠤᠯᠪᠤᠬᠳᠠᠬᠤ ᠠᠵᠢᠯ᠎ᠤᠨ ᠬᠦᠭᠵᠢᠯᠲᠡ ᠵᠢᠨ ᠬᠦᠲᠦᠯᠪᠦᠷᠢ ᠵᠢ ᠨᠠᠶ᠋ᠢᠷᠠᠭᠤᠯᠤᠨ ᠵᠤᠬᠢᠶᠠᠵᠦ ᠬᠡᠷᠡᠭᠵᠢᠭᠦᠯᠦᠨ᠎ᠡ᠃
    ᠱᠠᠰᠢᠨ ᠰᠤᠷᠲᠠᠬᠤᠨ᠎ᠤ ᠠᠵᠢᠯ᠎ᠤᠨ ᠲᠤᠬᠠᠢ ᠨᠠᠮ᠎ᠤᠨ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠱᠠᠰᠢᠨ ᠰᠤᠷᠲᠠᠬᠤᠨ᠎ᠤ᠎ᠬᠢᠨ᠎ᠢ ᠢᠳᠡᠪᠬᠢᠲᠡᠢ ᠬᠦᠲᠦᠯᠦᠨ ᠵᠢᠯᠤᠭᠤᠳᠴᠤ ᠨᠡᠶ᠋ᠢᠭᠡᠮ ᠵᠢᠷᠤᠮᠲᠤ ᠨᠡᠶ᠋ᠢᠭᠡᠮ᠎ᠯᠦᠭᠡ ᠵᠣᠬᠢᠴᠠᠯᠳᠤᠭᠤᠯᠤᠨ᠎ᠠ᠃
    ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠮᠥᠵᠢᠯ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ ᠪᠠ ᠬᠤᠶᠠᠷ᠎ᠢ ᠬᠦᠷᠢᠶᠡᠯᠡᠵᠦ ᠬᠠᠮᠲᠦ᠎ᠪᠠᠷ ᠪᠦᠲᠦᠭᠡᠨ ᠪᠠᠶ᠋ᠢᠭᠤᠯᠬᠤ ᠠᠵᠢᠯ᠎ᠢ ᠴᠢᠩᠭ᠋ᠠᠳᠬᠠᠨ᠎ᠠ᠃
    ᠳᠥᠷᠪᠡ᠂ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ
    ᠰᠢᠨ᠎ᠡ ᠪᠠᠶ᠋ᠢᠳᠠᠯ᠂ ᠰᠢᠨ᠎ᠡ ᠡᠭᠦᠷᠭᠡ᠎ᠳᠤ ᠴᠢᠭᠯᠡᠭᠦᠯᠦᠨ᠂ ᠪᠢᠳᠠ ᠵᠠᠰᠠᠭ᠎ᠤᠨ ᠣᠷᠳᠣᠨ᠎ᠤ ᠠᠵᠢᠯ᠎ᠤᠨ ᠪᠦᠬᠦ ᠶᠠᠪᠤᠴᠠ᠎ᠳᠤ ᠨᠠᠮ᠎ᠤᠨ ᠤᠯᠤᠰ ᠲᠥᠷᠥ ᠵᠢᠨ ᠪᠠᠶ᠋ᠢᠭᠤᠯᠤᠯᠲᠠ ᠵᠢ ᠨᠡᠶ᠋ᠢᠳᠡᠮ ᠲᠤᠭᠤᠰᠢᠯᠠᠭᠤᠯᠵᠤ᠂ 《ᠳᠥᠷᠪᠡᠨ ᠦᠵᠡᠯ ᠤᠬᠠᠮᠰᠠᠷ》 ᠵᠶ᠋ᠠᠨ ᠦᠨᠡᠨ ᠬᠦ᠌ ᠴᠢᠩᠭ᠋ᠠᠷᠠᠭᠤᠯᠤᠨ᠂ 《ᠳᠥᠷᠪᠡᠨ ᠢᠲᠡᠭᠡᠯ》᠎ᠢ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠦᠨ᠂ ᠦᠵᠡᠯ ᠰᠠᠨᠠᠭ᠋ᠠᠨ᠎ᠤ ᠲᠠᠯ᠎ᠠ᠎ᠪᠠᠷ ᠤᠯᠤᠰ ᠲᠥᠷᠥ ᠵᠢᠨ ᠲᠠᠯ᠎ᠠ᠎ᠪᠠᠷ ᠪᠠ ᠦᠢ᠍ᠯᠡ ᠠᠵᠢᠯᠯᠠᠭ᠋ᠠᠨ᠎ᠤ ᠲᠠᠯ᠎ᠠ᠎ᠪᠠᠷ ᠰᠢ ᠵᠢᠨ ᠫᠢᠩ ᠨᠦᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠲᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠬᠤ ᠵᠢ ᠤᠬᠠᠮᠰᠠᠷ᠎ᠠᠴᠠ᠎ᠪᠠᠨ ᠪᠠᠷᠢᠮᠲᠠᠯᠠᠨ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠡᠷᠡ ᠶᠣᠰᠤᠭ᠋ᠠᠷ᠎ᠨᠢ ᠨᠠᠶ᠋ᠢᠳᠠᠪᠤᠷᠢᠵᠢᠭᠤᠯᠵᠤ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠨ᠎ᠠ᠃
    ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠬᠠᠤᠯᠢᠵᠢᠯ᠎ᠤᠨ ᠵᠠᠰᠠᠭ᠎ᠤᠨ ᠣᠷᠳᠣᠨ᠎ᠢ ᠪᠠᠶ᠋ᠢᠭᠤᠯᠵᠤ᠂ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠭᠦᠢ᠍ᠴᠡᠳᠬᠡᠨ᠂ ᠵᠠᠰᠠᠭ᠎ᠤᠨ ᠣᠷᠳᠣᠨ᠎ᠤ ᠠᠵᠢᠯᠲᠠᠳ᠎ᠤᠨ ᠬᠠᠦᠯᠢ ᠶᠤᠰᠤᠭ᠋ᠠᠷ ᠵᠠᠰᠠᠬ ᠶᠠᠪᠤᠭᠤᠯᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠵᠢᠴᠢ ᠪᠠᠶ᠋ᠢᠩᠭᠤ ᠵᠢᠨ ᠬᠤᠷᠢᠶᠠᠨ᠎ᠤ ᠬᠢᠨᠠᠯᠲᠠ ᠲᠠᠯᠪᠢᠯᠲᠠ ᠵᠢ ᠬᠠᠤᠯᠢ ᠶᠣᠰᠤᠭ᠋ᠠᠷ ᠬᠦᠯᠢᠶᠡᠨ᠂ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠪᠠ ᠬᠢᠨᠠᠨ ᠪᠣᠳᠣᠯᠲᠠ᠎ᠪᠠᠷ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ᠃ ᠵᠠᠰᠠᠭ᠎ᠤᠨ ᠶᠠᠪᠤᠳᠠᠯ ᠵᠶ᠋ᠠᠨ ᠢᠯᠡ ᠪᠣᠯᠭ᠋ᠠᠬᠤ ᠵᠢ ᠭᠦᠨᠵᠡᠭᠡᠶ᠋ᠢᠷᠡᠭᠦᠯᠦᠨ᠎ᠡ᠃
    ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠪᠠᠷᠢᠮᠲᠠᠯᠠᠵᠤ᠂ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠳᠥᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠲᠡᠪᠴᠢᠵᠦ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ ᠰᠤᠷᠲᠠᠯ ᠪᠠ

《ᠬᠠᠳᠠᠭ᠋ᠠᠰᠤ ᠬᠠᠳᠠᠬᠤ》 ᠵᠣᠷᠢᠭ ᠰᠠᠨᠠᠭ᠎ᠠ᠎ᠪᠠᠷ ᠠᠵᠢᠯ ᠵᠶ᠋ᠠᠨ ᠨᠠᠶ᠋ᠢᠳᠠᠪᠤᠷᠢᠵᠢᠭᠤᠯᠬᠤ ᠵᠢ ᠴᠢᠩᠭ᠎ᠠ ᠠᠳᠬᠤᠨ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠷᠭᠦᠯᠵᠢᠯᠡᠨ ᠬᠥᠩᠭᠡᠷᠡᠭᠦᠯᠦᠨ᠎ᠡ᠃ ᠠᠷᠪᠢᠴᠢ ᠭᠠᠮᠲᠠᠢ ᠠᠮᠢᠳᠤᠷᠠᠬᠤ ᠵᠢ ᠪᠠᠷᠢᠮᠲᠠᠯᠠᠨ᠂ ᠰᠠᠶ᠋ᠢᠲᠤᠷ ᠭᠠᠮᠨᠠᠨ ᠠᠷᠪᠢᠯᠠᠵᠤ᠂ ᠪᠦᠷᠢᠯᠭᠡᠨ ᠰᠦᠢ᠍ᠳᠬᠡᠬᠦ ᠵᠢ ᠡᠰᠡᠷᠭᠦᠴᠡᠨ᠎ᠡ᠃
    ᠲᠥᠯᠥᠭᠡᠯᠡᠭᠴᠢᠳ ᠡ! ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯ ᠨᠠᠮ ᠪᠠ ᠤᠯᠤᠰ᠎ᠠᠴᠠ ᠪᠢᠳᠡᠨ᠎ᠳᠤ ᠣᠯᠭᠤᠭᠰᠠᠨ ᠡᠷᠬᠢᠮ ᠳᠡᠭᠡᠲᠦ ᠢᠷᠠᠭᠤ ᠠᠯᠳᠠᠷ ᠪᠣᠯᠬᠤ ᠪᠥᠭᠡᠳ ᠨᠡᠩ ᠴᠦ᠍ ᠬᠥᠨᠳᠦ ᠴᠢᠬᠤᠯᠠ ᠬᠠᠷᠢᠭᠤᠴᠠᠯᠭ᠎ᠠ ᠪᠣᠯᠣᠨ᠎ᠠ᠃ ᠪᠢᠳᠠ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠨᠡᠩ ᠬᠦᠨᠳᠦ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠵᠦ᠂ ᠠᠭᠤᠤ ᠶᠡᠭᠡ ᠡᠬᠡ ᠤᠯᠤᠰ᠂ ᠳᠤᠮᠳᠠᠲᠤ ᠵᠢᠨ ᠦᠨᠳᠦᠰᠦᠲᠡᠨ᠂ ᠳᠤᠮᠳᠠᠲᠤ ᠵᠢᠨ ᠰᠣᠶᠣᠯ᠂ ᠳᠤᠮᠳᠠᠲᠤ ᠤᠯᠤᠰ᠎ᠤᠨ ᠡᠪ ᠬᠠᠮᠲᠤ ᠨᠠᠮ᠂ ᠳᠤᠮᠳᠠᠲᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠮᠡᠳᠡᠷᠡᠮᠵᠢ ᠵᠢ ᠲᠠᠰᠤᠷᠠᠯᠲᠠ ᠦᠭᠡᠢ ᠴᠢᠩᠭ᠋ᠠᠷᠠᠭᠤᠯᠤᠨ᠎ᠠ᠃ ᠦᠨᠳᠦᠰᠦᠲᠡᠨ᠎ᠤ ᠲᠤᠬᠠᠢ ᠨᠠᠮ᠎ᠤᠨ ᠲᠥᠷᠥ ᠵᠢᠨ ᠪᠣᠳᠣᠯᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠳᠥᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠪᠦᠬᠦ ᠲᠠᠯ᠎ᠠ᠎ᠪᠠᠷ ᠭᠦᠨᠵᠡᠭᠡᠢ ᠪᠥᠭᠡᠳ ᠤᠳᠠᠭ᠋ᠠᠨ ᠳᠠᠭ᠋ᠠᠭ᠋ᠠᠮᠠᠭ᠋ᠠᠢ ᠥᠷᠨᠢᠭᠦᠯᠦᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠡᠳᠬᠢᠯ ᠵᠢᠷᠦᠬᠡᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠭᠦᠨᠵᠡᠭᠡᠢ ᠬᠠᠳᠠᠩᠰᠢᠭᠤᠯᠤᠨ᠎ᠠ᠃ ᠣᠷᠴᠤᠨ᠎ᠤ ᠥᠪᠡᠷᠲᠡᠭᠡᠨ ᠵᠠᠰᠠᠬᠤ ᠬᠤᠰᠢᠭᠤ ᠪᠠᠶ᠋ᠢᠭᠤᠯᠤᠭᠳᠠᠭᠰᠠᠨ 70 ᠵᠢᠯ᠎ᠤᠨ ᠣᠢ ᠵᠢ ᠪᠡᠯᠭᠡᠯᠡᠬᠦ ᠠᠵᠢᠯᠯᠠᠭ᠎ᠠ ᠵᠢ ᠰᠠᠶ᠋ᠢᠲᠤᠷ ᠡᠷᠬᠢᠯᠡᠨ᠎ᠡ᠃ ᠬᠢᠯᠢ ᠬᠢᠵᠠᠭ᠋ᠠᠷ ᠣᠷᠣᠨ ᠵᠶ᠋ᠠᠨ ᠬᠥᠭᠵᠢᠭᠦᠯᠵᠦ ᠠᠷᠠᠳ ᠵᠶ᠋ᠠᠨ ᠪᠠᠶᠠᠵᠢᠭᠤᠯᠬᠤ ᠠᠵᠢᠯᠯᠠᠭ᠋ᠠᠨ᠎ᠢ ᠠᠬᠢᠭᠤᠯᠵᠦ᠂ ᠬᠤᠲᠠ ᠵᠢᠨ ᠦᠨᠳᠦᠰᠦᠲᠡᠨ᠎ᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠨ᠎ᠡ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠣᠯᠵᠢᠬᠤᠨ᠎ᠢ ᠭᠦᠨᠵᠡᠭᠡᠢ ᠦᠢ᠍ᠯᠡᠳᠦᠯᠭᠡᠵᠢᠭᠦᠯᠦᠨ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠪᠠᠲᠤ ᠨᠢᠭᠲᠠᠷᠠᠨ ᠪᠥᠯᠬᠦᠮᠳᠡᠬᠦ ᠵᠢ ᠠᠬᠢᠭᠤᠯᠵᠦ᠂ ᠡᠬᠡ ᠤᠯᠤᠰ᠎ᠤᠨ ᠬᠢᠯᠢ ᠬᠢᠵᠠᠭ᠋ᠠᠷ ᠵᠶ᠋ᠠᠨ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠶ᠋ᠢᠨ ᠰᠠᠶ᠋ᠢᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠨ ᠪᠠᠶ᠋ᠢᠭᠤᠯᠤᠨ᠎ᠠ᠃
    ᠲᠥᠯᠥᠭᠡᠯᠡᠭᠴᠢᠳ ᠡ! ᠰᠢᠨ᠎ᠡ ᠠᠶᠠᠨ ᠮᠠᠨᠢ ᠡᠬᠢᠯᠡᠪᠡ᠂ ᠰᠢᠭᠤᠷᠬᠠᠢ ᠠᠵᠢᠯᠯᠠᠪᠠᠰᠤ ᠠᠯᠤᠰ ᠢᠷᠡᠭᠡᠳᠦᠢ᠎ᠳᠡᠭᠡᠨ ᠠᠮᠵᠢᠯᠲᠠ ᠣᠯᠣᠨ᠎ᠠ᠃ ᠪᠢᠳᠡ ᠰᠢ ᠵᠢᠨ ᠫᠢᠩ ᠨᠦᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠪᠠᠲᠤ ᠨᠢᠭᠲᠠᠷᠠᠨ ᠪᠦᠯᠬᠦᠮᠳᠡᠵᠦ᠂ ᠢᠷᠡᠭᠡᠳᠦᠢ᠎ᠪᠠᠨ ᠴᠢᠭᠯᠡᠵᠦ ᠦᠷᠭᠦᠯᠵᠢᠯᠡᠨ ᠴᠢᠷᠮᠠᠶ᠋ᠢᠵᠦ ᠠᠵᠢᠯᠯᠠᠨ᠂ 《ᠠᠷᠪᠠᠨ ᠲᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠪᠡᠶᠡᠯᠡᠭᠦᠯᠬᠦ ᠠᠵᠢᠯ ᠵᠶ᠋ᠠᠨ ᠤᠷᠤᠬᠰᠢᠲᠠᠢ ᠡᠬᠢᠯᠡᠭᠦᠯᠵᠦ᠂ ᠭᠢᠯᠠᠯᠵᠠᠭᠰᠠᠨ ᠠᠮᠵᠢᠯᠲᠠ᠎ᠪᠠᠷ ᠵᠶ᠋ᠠᠨ ᠳᠤᠮᠳᠠᠲᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠢ ᠵᠢ ᠪᠡᠯᠭᠡᠯᠡᠨ᠂ ᠴᠦᠬᠦᠷᠡᠰᠢ ᠦᠭᠡᠢ ᠤᠷᠤᠬᠰᠢᠯᠠᠵᠦ᠂ ᠦᠪᠦᠷ ᠮᠤᠩᠭᠤᠯ᠎ᠤᠨ ᠬᠦᠭᠵᠢᠯᠲᠡ ᠵᠢᠨ ᠰᠢᠨ᠎ᠡ ᠬᠠᠭᠤᠳᠠᠰᠦ᠎ᠪᠠᠨ ᠴᠢᠷᠮᠠᠶ᠋ᠢᠨ ᠪᠢᠴᠢᠭᠯᠡᠶ᠎ᠡ!

ᠢᠷᠡᠯᠲᠡ᠄ ᠥᠪᠦᠷ ᠮᠣᠩᠭᠤᠯ᠎ᠤᠨ ᠵᠠᠰᠠᠭ᠎ᠤᠨ ᠣᠷᠳᠤᠨ