ᠢᠯᠡ ᠵᠠᠰᠠᠭ   -   ᠵᠠᠰᠠᠭ᠎ᠤᠨ ᠢᠯᠡᠳᠭᠡᠯ
2022 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠨᠡᠶ᠋ᠢᠲᠡᠯᠡᠭᠰᠡᠨ ᠴᠠᠭ᠄ 2023-02-08

ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ

 

              —2022  ᠣᠨ᠎ᠤ1 ᠳ᠋ᠦ᠍ᠭᠡᠷ ᠰᠠᠷ᠎ᠠ ᠵᠢᠨ 21᠎ᠤ ᠡᠳᠦᠷ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠢᠷᠭᠤᠳᠤᠭ᠋ᠠᠷ ᠬᠤᠷᠠᠯᠳᠤᠭ᠋ᠠᠨ ᠳᠡᠭᠡᠷ᠎ᠡ

                                      ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ      ᠸᠠᠩ ᠯᠢ ᠰᠢᠶᠠ

ᠲᠥᠯᠥᠭᠡᠯᠡᠭᠴᠢᠳ ᠠ᠋ ᠄

       ᠣᠳᠣ ᠂  ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠬᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ ᠂  ᠬᠢᠨᠠᠨ ᠵᠥᠪᠯᠡᠬᠦ ᠪᠣᠯᠪᠠᠤ ᠂  ᠲᠡᠷᠡᠴᠢᠯᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠰᠠᠨᠠᠯ ᠵᠶ᠋ᠠᠨ ᠳᠤᠷᠠᠳᠬᠤ ᠪᠣᠯᠪᠠᠤ ᠃

       ᠨᠢᠭᠡ ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢ ᠬᠡᠷᠡᠭᠵᠢᠭᠦᠯᠵᠦ ᠡᠬᠢᠯᠡᠭᠰᠡᠨ ᠵᠢᠯ᠎ᠤᠨ ᠠᠵᠢᠯ᠎ᠤᠨ ᠡᠷᠭᠢᠴᠡᠭᠦᠯᠦᠯ

       ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ᠎ᠤᠨ ᠲᠡᠦᠬᠡᠨ᠎ᠳᠠᠬᠢ ᠪᠡᠯᠭᠡ ᠲᠡᠮᠳᠡᠭ᠎ᠤᠨ ᠠᠴᠢ ᠬᠣᠯᠪᠣᠭᠳᠠᠯ᠎ᠲᠠᠢ ᠨᠢᠭᠡ ᠵᠢᠯ ᠂  ᠮᠥᠨ ᠴᠦ᠍ ᠥᠪᠥᠷ ᠮᠣᠩᠭᠣᠯ᠎ᠤᠨ ᠬᠥᠭᠵᠢᠯᠲᠡ ᠵᠢᠨ ᠶᠠᠪᠤᠴᠠ᠎ᠳᠠᠬᠢ ᠶᠡᠷᠦ ᠪᠤᠰᠤ ᠵᠢᠨ ᠨᠢᠭᠡ ᠵᠢᠯ ᠪᠣᠯᠣᠨ᠎ᠠ ᠃  ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂  ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂  ᠨᠠᠮ᠎ᠤᠨ ᠲᠥᠪ ᠬᠣᠷᠢᠶ᠎ᠠ ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠪᠠᠲᠤ ᠲᠦᠰᠢᠭᠯᠡᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ ᠵᠢ ᠠᠬᠢᠭᠤᠯᠵᠤ ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠠᠢ᠌ᠨ ᠰᠠᠢ᠌ᠬᠠᠨ ᠡᠬᠢᠯᠡᠯᠲᠡ᠎ᠪᠠᠷ ᠨᠠᠮ ᠪᠠᠢ᠌ᠭᠤᠯᠤᠭᠳᠠᠭᠰᠠᠨ ᠵᠠᠭᠤᠨ ᠵᠢᠯ᠎ᠤᠨ ᠣᠢ ᠵᠢ ᠪᠠᠶᠠᠷᠯᠠᠨ ᠪᠡᠯᠭᠡᠯᠡᠪᠡ ᠃

       ᠨᠢᠭᠡ ᠵᠢᠯ᠎ᠤᠨ ᠲᠤᠷᠰᠢ ᠂  ᠪᠢᠳᠡ ᠡᠯ᠎ᠡ ᠵᠦᠢ᠍ᠯ᠎ᠤᠨ ᠬᠦᠴᠢᠷ ᠪᠠ ᠥᠷᠢᠰᠦᠯᠳᠦᠭᠡᠨ ᠲᠤᠯᠭ᠋ᠠᠷᠠᠭᠰᠠᠨ ᠴᠦ᠍ ᠂  ᠲᠣᠭᠲᠠᠭᠤᠨ ᠪᠠᠢ᠌ᠯᠭ᠋ᠠᠬᠤ ᠵᠢᠨ ᠳᠠᠭ᠋ᠠᠤ᠎ᠳᠤ ᠤᠷᠤᠭᠰᠢᠯᠠᠨ ᠂  ᠬᠦᠨᠳᠦ ᠡᠭᠦᠷᠭᠡ ᠵᠢ ᠡᠭᠦᠷᠭᠡᠯᠡᠵᠦ ᠬᠦᠴᠦᠯᠡᠨ ᠴᠢᠷᠮᠠᠢ᠌ᠵᠤ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠠᠭ᠋ᠠᠭᠤᠯᠭ᠎ᠠ᠎ᠪᠠᠷ ᠬᠡᠳᠦᠨ ᠵᠦᠢ᠍ᠯ᠎ᠤᠨ ᠴᠢᠬᠤᠯᠠ ᠮᠥᠷᠲᠡᠭᠡᠨ ᠬᠦᠴᠢᠷ ᠠᠵᠢᠯ ᠶᠠᠪᠤᠳᠠᠯ᠎ᠢ ᠭᠣᠣᠯᠳᠠᠯᠭ᠎ᠠ᠎ᠲᠠᠢ ᠠᠳᠬᠤᠪᠠ ᠃  ᠲᠥᠯᠦᠪᠵᠢᠭᠦᠯᠭᠡ ᠵᠢᠨ ᠲᠣᠭᠲᠠᠯᠴᠠᠭ᠎ᠠ ᠵᠢ ᠨᠠᠷᠢᠨ ᠨᠢᠮᠪᠠᠢ ᠨᠠᠢ᠌ᠷᠠᠭᠤᠯᠤᠨ ᠵᠣᠬᠢᠶᠠᠪᠠ ᠂  ᠶᠡᠷᠦᠩᠬᠡᠢ ᠱᠦᠵᠢ ᠰᠢ ᠵᠢᠨ ᠫᠢᠩ ᠪᠠ ᠨᠠᠮ᠎ᠤᠨ ᠲᠥᠪ ᠬᠣᠷᠢᠶᠠᠨ᠎ᠠᠴᠠ ᠥᠪᠥᠷ ᠮᠣᠩᠭᠣᠯ᠎ᠳᠤ ᠲᠣᠭᠲᠠᠭ᠋ᠠᠵᠤ ᠥᠭᠭᠦᠭᠰᠡᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠪᠠ ᠠᠵᠢᠯᠯᠠᠭ᠋ᠠᠨ᠎ᠤ ᠬᠥᠲᠥᠯᠪᠦᠷᠢ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ ᠨᠢᠭᠲᠠ ᠤᠶᠠᠯᠳᠤᠨ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠠᠨᠠᠭᠤᠯᠭ᠎ᠠ ᠶᠣᠰᠣᠭ᠋ᠠᠷ ᠵᠢᠷᠤᠭ ᠲᠥᠰᠥᠪ ᠵᠶ᠋ᠠᠨ ᠲᠤᠭᠤᠰᠢᠲᠠᠢ ᠵᠢᠷᠤᠭᠯᠠᠨ ᠵᠣᠬᠢᠶᠠᠬᠤ ᠵᠢ ᠪᠠᠷᠢᠮᠲᠠᠯᠠᠨ ᠂  ᠲᠥᠯᠦᠪᠵᠢᠭᠦᠯᠭᠡ ᠵᠢ ᠬᠡᠷᠡᠭᠵᠢᠭᠦᠯᠵᠦ ᠡᠬᠢᠯᠡᠭᠰᠡᠨ ᠵᠢᠯ᠎ᠳᠤ ᠡᠯ᠎ᠡ ᠲᠥᠷᠥᠯ᠎ᠤᠨ ᠶᠡᠷᠦᠩᠬᠡᠢ ᠲᠥᠯᠦᠪᠵᠢᠭᠦᠯᠭᠡ ᠪᠠ ᠲᠤᠰᠬᠠᠢ ᠲᠥᠯᠦᠪᠵᠢᠭᠦᠯᠭᠡ ᠵᠢ ᠦᠨᠳᠦᠰᠦᠨ᠎ᠳᠤ᠎ᠪᠠᠨ ᠨᠠᠢ᠌ᠷᠠᠭᠤᠯᠤᠨ ᠵᠣᠬᠢᠶᠠᠵᠤ ᠳᠠᠭᠤᠰᠬᠠᠭᠰᠠᠨ ᠪᠥᠭᠡᠳ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠥᠭᠵᠢᠯᠲᠡ ᠵᠢᠨ ᠬᠡᠷᠡᠭᠵᠢᠭᠦᠯᠦᠨ ᠨᠠᠢ᠌ᠳᠠᠪᠤᠷᠢᠵᠢᠭᠤᠯᠬᠤ ᠲᠥᠰᠥᠯ᠎ᠢ ᠨᠠᠢ᠌ᠷᠠᠭᠤᠯᠤᠨ ᠵᠣᠬᠢᠶᠠᠪᠠ ᠃  ᠳᠠᠯᠳᠠ ᠬᠦᠴᠦᠨ ᠵᠶ᠋ᠠᠨ ᠪᠥᠬᠦ ᠲᠠᠯ᠎ᠠ᠎ᠪᠠᠷ ᠠᠭᠤᠳᠠᠯᠵᠤ ᠨᠡᠭᠦᠷᠡᠰᠦ ᠴᠠᠬᠢᠯᠭ᠋ᠠᠨ᠎ᠤ ᠬᠠᠩᠭ᠋ᠠᠯᠭ᠎ᠠ ᠵᠢ ᠪᠠᠲᠤᠯᠠᠪᠠ ᠂  ᠶᠡᠬᠡ ᠲᠠᠯ᠎ᠠ ᠵᠢ ᠪᠠᠲᠤᠯᠠᠬᠤ ᠪᠠ ᠠᠷᠠᠳ᠎ᠤᠨ ᠠᠮᠢᠳᠤᠷᠠᠯ᠎ᠢ ᠪᠠᠲᠤᠯᠠᠬᠤ ᠵᠢ ᠪᠠᠷᠢᠮᠲᠠᠯᠠᠨ ᠂  ᠤᠷᠢᠳ ᠬᠣᠵᠢᠳ 50 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ ᠦᠢ᠍ᠯᠡᠳᠪᠦᠷᠢᠯᠡᠯ ᠵᠶ᠋ᠠᠨ ᠨᠡᠮᠡᠭᠳᠡᠭᠦᠯᠵᠦ ᠬᠠᠩᠭ᠋ᠠᠯᠭ᠎ᠠ ᠵᠢ ᠪᠠᠲᠤᠯᠠᠨ ᠂  ᠤᠯᠤᠰ᠎ᠠᠴᠠ ᠲᠤᠰᠢᠶᠠᠵᠤ ᠳᠠᠭ᠋ᠠᠯᠭ᠋ᠠᠭᠰᠠᠨ 18 ᠮᠤᠵᠢ ᠵᠢᠨ ᠨᠡᠭᠦᠷᠡᠰᠦᠨ᠎ᠤ ᠬᠠᠩᠭ᠋ᠠᠯᠭ᠎ᠠ ᠵᠢ ᠪᠠᠲᠤᠯᠠᠬᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ ᠂  ᠲᠠᠷᠢᠶᠠᠴᠢᠨ ᠮᠠᠯᠴᠢᠨ ᠡᠷᠦᠬᠡ᠎ᠳᠤ ᠡᠩ᠎ᠤᠨ ᠦᠨ᠎ᠡ᠎ᠪᠠᠷ ᠨᠡᠭᠦᠷᠡᠰᠦ ᠬᠠᠩᠭ᠋ᠠᠵᠤ ᠥᠭᠪᠡ ᠂  ᠨᠡᠭᠦᠷᠡᠰᠦᠨ᠎ᠤ ᠡᠳᠦᠷ᠎ᠤᠨ ᠭᠠᠷᠤᠯᠲᠠ ᠵᠠᠯᠭ᠋ᠠᠭ᠎ᠠ᠎ᠪᠠᠷ ᠰᠢᠨ᠎ᠡ ᠲᠦᠪᠰᠢᠨ᠎ᠳᠤ ᠬᠦᠷᠴᠦ ᠂  ᠭᠠᠳᠠᠭᠰᠢ ᠴᠠᠬᠢᠯᠭ᠋ᠠᠨ ᠳᠠᠮᠵᠢᠭᠤᠯᠤᠭᠰᠠᠨ ᠬᠡᠮᠵᠢᠶ᠎ᠡ ᠪᠥᠬᠦ ᠤᠯᠤᠰ᠎ᠲᠤ ᠲᠦᠷᠦᠭᠦᠯᠡᠭᠡᠳ ᠤᠯᠤᠰ᠎ᠤᠨ ᠬᠥᠭᠵᠢᠯᠲᠡ ᠪᠠ ᠠᠮᠤᠷ ᠲᠦᠪᠰᠢᠨ᠎ᠤ ᠶᠡᠬᠡ ᠲᠠᠯ᠎ᠠ᠎ᠳᠤ ᠥᠪᠥᠷ ᠮᠣᠩᠭᠣᠯ᠎ᠤᠨ ᠵᠶ᠋ᠠᠨ ᠬᠤᠪᠢ ᠨᠡᠮᠡᠷᠢ ᠵᠢ ᠦᠵᠡᠭᠦᠯᠪᠡ ᠃  ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠭᠡᠨᠡᠳᠲᠡ ᠡᠭᠦᠰᠦᠭᠰᠡᠨ ᠬᠢᠵᠢᠭ᠎ᠤᠨ ᠪᠠᠢ᠌ᠳᠠᠯ᠎ᠢ ᠰᠢᠢ᠍ᠳᠪᠦᠷᠢᠯᠡᠪᠡ ᠂  ᠠᠷᠠᠳ ᠲᠦᠮᠡᠨ᠎ᠢ ᠳᠡᠭᠡᠳᠦᠯᠡᠬᠦ ᠪᠠ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠨ ᠂  ᠠᠷᠭ᠎ᠠ ᠪᠥᠬᠦᠨ᠎ᠢ ᠰᠦᠪᠡᠭᠴᠢᠯᠡᠨ ᠪᠠᠢ᠌ᠵᠤ ᠬᠢᠯᠢ ᠬᠢᠵᠠᠭ᠋ᠠᠷ ᠣᠷᠣᠨ᠎ᠤ ᠬᠤᠲᠠ ᠪᠠᠯᠭ᠋ᠠᠰᠤᠨ᠎ᠳᠠᠬᠢ ᠲᠠᠬᠤᠯ ᠡᠪᠡᠳᠴᠢᠨ᠎ᠤ ᠰᠤᠳᠤᠯᠤᠯ᠎ᠤᠨ ᠪᠠᠢ᠌ᠴᠠᠭ᠋ᠠᠨ ᠰᠢᠨᠵᠢᠬᠦ ᠂  ᠡᠮᠴᠢᠯᠡᠵᠦ ᠠᠪᠤᠷᠠᠨ ᠵᠠᠰᠠᠬᠤ ᠂  ᠲᠤᠰᠠᠭ᠋ᠠᠷᠯᠠᠵᠤ ᠲᠥᠪᠬᠢᠨᠡᠭᠦᠯᠬᠦ ᠂  ᠡᠳ᠋ ᠪᠠᠷᠠᠭ᠎ᠠ ᠵᠢ ᠪᠠᠲᠤᠯᠠᠬᠤ ᠵᠡᠷᠭᠡ ᠡᠯ᠎ᠡ ᠲᠠᠯ᠎ᠠ᠎ᠪᠠᠷ᠎ᠬᠢ ᠲᠥᠰᠥᠭᠡᠯᠡᠬᠦᠶ᠎ᠡ ᠪᠡᠷᠬᠡ ᠪᠠᠢ᠌ᠭᠰᠠᠨ ᠬᠦᠴᠢᠷᠳᠡᠯ᠎ᠢ ᠢᠯᠡᠨ ᠳᠠᠪᠠᠪᠠ ᠂  ᠢᠯᠠᠩᠭᠤᠶ᠎ᠠ ᠬᠦᠴᠢᠷ ᠪᠡᠷᠬᠡᠰᠢᠶᠡᠯ᠎ᠢ ᠲᠤᠭᠤᠯᠵᠤ ᠪᠠᠢ᠌ᠭ᠋ᠠᠳ ᠲᠦᠮᠡ ᠭᠠᠷᠤᠢ ᠵᠢᠭᠤᠯᠴᠢᠯᠠᠭᠰᠠᠳ᠎ᠢ ᠮᠤᠵᠢ ᠠᠯᠤᠰᠯᠠᠵᠤ ᠬᠠᠮᠠᠭ᠋ᠠᠯᠠᠨ ᠬᠦᠷᠭᠡᠬᠦ ᠂  ᠨᠢᠭᠲᠠ ᠣᠢ᠌ᠷᠠᠲᠤᠭᠰᠠᠨ ᠲᠦᠮᠡ ᠭᠠᠷᠤᠢ ᠬᠥᠮᠥᠨ᠎ᠢ ᠭᠠᠵᠠᠷ ᠣᠷᠣᠨ ᠬᠤᠪᠢᠶᠠᠵᠤ ᠲᠤᠰᠠᠭ᠋ᠠᠷᠯᠠᠬᠤ ᠂  ᠬᠡᠳᠦᠨ ᠵᠠᠭᠤᠨ ᠡᠪᠡᠳᠴᠢᠲᠡᠨ᠎ᠢ ᠮᠢᠩᠭ᠋ᠠᠨ ᠭᠠᠵᠠᠷ᠎ᠤᠨ ᠬᠤᠯᠠ ᠰᠢᠯᠵᠢᠭᠦᠯᠦᠨ ᠬᠦᠷᠭᠡᠬᠦ ᠠᠵᠢᠯ ᠵᠶ᠋ᠠᠨ ᠠᠮᠵᠢᠯᠲᠠ᠎ᠲᠠᠢ ᠵᠣᠬᠢᠶᠠᠨ ᠪᠠᠢ᠌ᠭᠤᠯᠵᠤ ᠂  ᠡᠷᠢᠶᠡᠨ ᠬᠤᠲᠠ ᠂  ᠡᠵᠡᠨ᠎ᠡ ᠂  ᠮᠠᠨᠵᠤᠤᠷ ᠵᠡᠷᠭᠡ ᠭᠠᠵᠠᠷ᠎ᠤᠨ ᠬᠢᠵᠢᠭ᠎ᠤᠨ ᠪᠠᠢ᠌ᠳᠠᠯ᠎ᠢ ᠪᠦᠲᠦᠮᠵᠢᠲᠡᠢ ᠳᠥᠪᠬᠢᠨᠡᠭᠦᠯᠦᠨ ᠰᠢᠢ᠍ᠳᠪᠦᠷᠢᠯᠡᠭᠡᠳ ᠠᠷᠠᠳ ᠣᠯᠠᠨ᠎ᠤ ᠠᠮᠤᠭᠤᠯᠠᠩ ᠪᠠ ᠨᠡᠢ᠌ᠭᠡᠮ᠎ᠤᠨ ᠡᠮᠬᠢ ᠳᠢᠭᠯᠢᠮ  ᠲᠣᠭᠲᠠᠭᠤᠨ  ᠪᠠᠢ᠌ᠬᠤ ᠵᠢ ᠬᠦᠴᠦᠲᠡᠢ ᠬᠠᠮᠠᠭ᠋ᠠᠯᠠᠨ ᠪᠠᠲᠤᠯᠠᠪᠠ ᠃  ᠬᠦᠨᠳᠦ ᠶᠡᠬᠡ ᠲᠦᠭᠰᠢᠭᠦᠷᠢ ᠵᠢ ᠡᠷᠡᠰ ᠰᠢᠭᠤᠷᠬᠠᠢ ᠪᠥᠭᠡᠳ ᠯᠠᠪᠳᠠᠭᠤᠨ ᠪᠠᠲᠤᠲᠠᠢ᠎ᠪᠠᠷ ᠰᠡᠷᠭᠡᠢ᠌ᠯᠡᠵᠦ ᠠᠷᠢᠯᠭ᠋ᠠᠪᠠ ᠂  ᠵᠠᠰᠠᠭ᠎ᠤᠨ ᠣᠷᠳᠣᠨ᠎ᠤ ᠳᠠᠯᠳᠠ ᠴᠢᠨᠠᠷᠲᠠᠢ ᠥᠷᠢ ᠥᠭᠴᠡᠭᠡ ᠵᠢ ᠠᠷᠢᠯᠭ᠋ᠠᠬᠤ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ ᠂  ᠪᠣᠣ ᠱᠠᠩ ᠪᠠᠩᠬᠢ ᠵᠢᠨ ᠲᠦᠭᠰᠢᠭᠦᠷᠢ ᠪᠠ ᠥᠪᠥᠷ ᠮᠣᠩᠭᠣᠯ᠎ᠤᠨ ᠡᠨᠧᠷᠬᠢ ᠵᠢᠨ ᠪᠦᠲᠦᠭᠡᠨ ᠪᠠᠢ᠌ᠭᠤᠯᠤᠯᠲᠠ ᠵᠢᠨ ᠰᠲ᠋ᠣᠺ᠎ᠢ ᠰᠢᠶᠠᠩᠭ᠋ᠠᠩ᠎ᠤᠨ ᠠᠷᠠᠯᠵᠢᠶᠠᠨ᠎ᠤ ᠭᠠᠵᠠᠷ᠎ᠤᠨ ᠵᠠᠬ᠎ᠠ ᠳᠡᠯᠭᠡᠭᠦᠷ᠎ᠠᠴᠠ ᠪᠤᠴᠠᠭ᠋ᠠᠨ ᠭᠠᠷᠭ᠋ᠠᠬᠤ ᠵᠢ ᠯᠠᠪᠳᠠᠭᠤᠨ ᠵᠶ᠋ᠠᠷ ᠰᠢᠢ᠍ᠳᠪᠦᠷᠢᠯᠡᠨ ᠂  ᠬᠤᠲᠠ ᠵᠢᠨ ᠬᠤᠳᠠᠯᠳᠤᠭ᠋ᠠᠨ᠎ᠤ ᠪᠠᠩᠬᠢ᠎ᠳᠤ ᠥᠭᠡᠷᠡᠴᠢᠯᠡᠯᠲᠡ ᠬᠢᠵᠦ ᠲᠦᠭᠰᠢᠭᠦᠷᠢ ᠵᠢ᠎ᠨᠢ ᠠᠷᠢᠯᠭ᠋ᠠᠬᠤ ᠵᠢ ᠯᠠᠪᠳᠠᠭᠤᠨ ᠵᠶ᠋ᠠᠷ ᠠᠬᠢᠭᠤᠯᠤᠨ ᠂  ᠭᠡᠷ ᠪᠠᠢ᠌ᠰᠢᠩ ᠭᠠᠵᠠᠷ ᠬᠥᠷᠥᠩᠭᠡ ᠵᠢᠨ ᠠᠵᠤ ᠠᠬᠤᠢ᠌ᠯᠠᠯ᠎ᠤᠨ ᠭᠡᠷ᠎ᠡ᠎ᠪᠠᠨ ᠭᠦᠢ᠍ᠴᠡᠳᠬᠡᠬᠦ ᠲᠠᠯ᠎ᠠ ᠵᠢᠨ ᠲᠦᠭᠰᠢᠭᠦᠷᠢ ᠵᠢ ᠢᠳᠡᠪᠬᠢᠲᠡᠢ ᠰᠡᠷᠭᠡᠢ᠌ᠯᠡᠨ ᠡᠵᠡᠮᠳᠡᠵᠦ ᠂  ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠲᠣᠭᠲᠠᠭ᠋ᠠᠯ ᠪᠠ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠪᠠᠢ᠌ᠩᠭᠤᠵᠢᠭᠤᠯᠤᠨ ᠵᠠᠰᠠᠵᠤ ᠂  ᠨᠤᠲᠤᠭ ᠪᠡᠯᠴᠢᠭᠡᠷ ᠣᠢ᠌ᠲᠤ ᠭᠠᠵᠠᠷ᠎ᠢ ᠡᠪᠳᠡᠭᠰᠡᠨ ᠲᠣᠭᠲᠠᠭ᠋ᠠᠯ ᠪᠠ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠤᠰᠬᠠᠢ᠌ᠯᠠᠨ ᠴᠡᠭᠴᠡᠯᠡᠵᠦ ᠵᠠᠰᠠᠨ ᠂  ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠲᠣᠭᠲᠠᠭᠤᠨ ᠪᠥᠭᠡᠳ ᠤᠷᠲᠤ ᠤᠳᠠᠭ᠋ᠠᠨ ᠬᠥᠭᠵᠢᠬᠦ᠎ᠳᠤ ᠰᠠᠢ᠌ᠨ ᠰᠠᠢ᠌ᠬᠠᠨ ᠰᠠᠭᠤᠷᠢ ᠵᠢ ᠲᠠᠯᠪᠢᠪᠠ ᠃  ᠠᠷᠭ᠎ᠠ ᠪᠣᠳᠣᠯᠭ᠎ᠠ ᠵᠢ ᠣᠨᠣᠴᠠᠲᠠᠢ ᠬᠡᠷᠡᠭᠵᠢᠭᠦᠯᠵᠦ ᠡᠨᠧᠷᠬᠢ ᠠᠷᠪᠢᠯᠠᠵᠤ ᠬᠣᠷᠣᠭᠳᠠᠯ᠎ᠢ ᠪᠠᠭᠤᠷᠠᠭᠤᠯᠬᠤ᠎ᠪᠠᠨ ᠴᠢᠩᠭ᠋ᠠᠷᠠᠭᠤᠯᠪᠠ ᠂  ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠂  ᠪᠣᠬᠢᠷᠳᠤᠯ ᠦᠭᠡᠢ ᠬᠥᠭᠵᠢᠯᠲᠡ ᠵᠢ ᠪᠠᠷᠢᠮᠲᠠᠯᠠᠨ ᠂  ᠠᠵᠤ ᠠᠬᠤᠢ ᠵᠢᠨ ᠪᠠᠭᠤᠷᠠᠯᠲᠠ ᠵᠢᠨ ᠳᠠᠷᠤᠯᠲᠠ ᠵᠢ ᠳᠠᠭ᠋ᠠᠭ᠋ᠠᠨ ᠲᠤᠯᠵᠤ ᠂  ᠲᠣᠭᠲᠠᠭ᠋ᠠᠯ᠎ᠠᠴᠠ ᠵᠥᠷᠢᠴᠡᠭᠰᠡᠨ 《ᠬᠣᠶᠠᠷ ᠶᠡᠬᠡᠲᠡᠢ》 ᠪᠠᠢ᠌ᠬᠤ ᠲᠥᠷᠥᠯ ᠵᠦᠢ᠍ᠯ᠎ᠢ ᠴᠡᠭᠴᠡᠯᠡᠨ ᠦᠭᠡᠢ᠌ᠰᠬᠡᠵᠦ ᠂  ᠡᠨᠧᠷᠬᠢ ᠵᠢᠨ ᠬᠣᠷᠣᠭᠳᠠᠯ᠎ᠳᠤ ᠲᠥᠰᠥᠪ᠎ᠤᠨ ᠬᠠᠮᠢᠶᠠᠷᠤᠯᠲᠠ ᠵᠢ ᠬᠡᠷᠡᠭᠵᠢᠭᠦᠯᠦᠨ ᠂  ᠤᠯᠤᠰ᠎ᠠᠴᠠ ᠪᠠᠭᠤᠯᠭ᠋ᠠᠭᠰᠠᠨ ᠡᠭᠦᠷᠭᠡ ᠵᠢ ᠪᠡᠶᠡᠯᠡᠭᠦᠯᠦᠭᠰᠡᠨ ᠪᠥᠭᠡᠳ ᠡᠬᠢ ᠪᠠᠶᠠᠯᠢᠭ᠎ᠤᠨ ᠣᠷᠴᠢᠨ ᠲᠣᠭᠣᠷᠢᠨ᠎ᠤ ᠬᠦᠯᠢᠶᠡᠰᠦᠯᠡᠬᠦ ᠴᠢᠨᠠᠷᠲᠠᠢ ᠭᠦᠢ᠍ᠴᠡᠳᠬᠡᠯ ᠲᠣᠭ᠋ᠠᠨ᠎ᠳᠤ ᠡᠵᠡᠮᠰᠢᠯ ᠠᠯᠳᠠᠭᠳᠠᠬᠤ ᠪᠠᠢ᠌ᠳᠠᠯ᠎ᠢ ᠬᠤᠪᠢᠷᠠᠭᠤᠯᠪᠠ ᠃  ᠬᠦᠴᠢᠷ ᠵᠦᠢ᠍ᠯ᠎ᠢ ᠲᠤᠯᠤᠨ ᠬᠠᠷᠢᠭᠤᠴᠠᠵᠤ ᠦᠨᠡᠨ ᠪᠣᠳᠠᠲᠠᠢ᠎ᠪᠠᠷ ᠠᠵᠢᠯᠯᠠᠵᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠪᠡ ᠂  ᠪᠦᠬᠦᠯᠢ ᠴᠣᠭᠴᠠ ᠵᠢᠨ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠪᠠᠷ ᠬᠥᠲᠥᠯᠥᠭᠦᠷ ᠪᠣᠯᠭ᠋ᠠᠬᠤ ᠵᠢ ᠪᠠᠷᠢᠮᠲᠠᠯᠠᠵᠤ ᠂  ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ 3.0 ᠲᠥᠰᠥᠯ᠎ᠢ ᠲᠣᠭᠲᠠᠭ᠋ᠠᠨ ᠂ 《ᠨᠢᠭᠡ ᠯᠠ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ》 2.0 ᠪᠠᠢ᠌ᠭᠤᠯᠤᠯᠲᠠ ᠵᠢ ᠬᠡᠷᠡᠭᠵᠢᠭᠦᠯᠵᠦ ᠂ 《ᠮᠥᠩᠬᠡ ᠰᠤᠪᠠᠭ ᠂  ᠳᠥᠷᠪᠡ ᠵᠢ ᠭᠦᠢ᠍ᠴᠡᠳᠬᠡᠬᠦ》 ᠦᠢ᠍ᠯᠡᠴᠢᠯᠡᠭᠡ ᠵᠢ ᠥᠷᠨᠢᠭᠦᠯᠦᠨ ᠂  ᠠᠵᠤ ᠠᠬᠤᠢ᠌ᠯᠠᠯ ᠪᠠ ᠣᠯᠠᠨ ᠲᠦᠮᠡᠨ᠎ᠳᠤ ᠣᠷᠴᠢᠨ ᠨᠥᠬᠥᠴᠡᠯ ᠬᠤᠪᠢᠷᠠᠵᠤ ᠪᠠᠢ᠌ᠬᠤ ᠪᠠ ᠦᠢ᠍ᠯᠡᠴᠢᠯᠡᠭᠡ ᠰᠢᠯᠢᠳᠡᠭᠵᠢᠵᠦ ᠪᠠᠢ᠌ᠬᠤ ᠵᠢ ᠮᠡᠳᠡᠷᠡᠭᠦᠯᠪᠡ ᠃  ᠴᠥᠬᠥᠷᠡᠰᠢ ᠦᠭᠡᠢ ᠴᠢᠷᠮᠠᠢ᠌ᠭᠰᠠᠨ ᠵᠶ᠋ᠠᠷ ᠪᠥᠬᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠰᠠᠢ᠌ᠨ ᠰᠠᠢ᠌ᠬᠠᠨ ᠬᠠᠨᠳᠤᠰᠢ ᠢᠯᠡᠷᠡᠵᠦ ᠂  ᠪᠥᠬᠦ ᠵᠢᠯ᠎ᠤᠨ ᠭᠣᠣᠯ ᠪᠣᠯᠬᠤ ᠬᠥᠭᠵᠢᠯᠲᠡ ᠵᠢᠨ ᠬᠠᠷᠠᠯᠲᠠ ᠡᠭᠦᠷᠭᠡ ᠨᠡᠯᠢᠶᠡᠳ ᠰᠠᠢ᠌ᠨ ᠪᠡᠶᠡᠯᠡᠭᠳᠡᠪᠡ ᠃

       ᠨᠢᠭᠡ᠎ᠳᠤ ᠠᠵᠤ ᠠᠬᠤᠢ ᠲᠣᠭᠲᠠᠭᠤᠨ ᠪᠥᠭᠡᠳ ᠡᠷᠡᠭᠦᠯ ᠠᠵᠢᠯᠯᠠᠭ᠋ᠠᠨ ᠵᠶ᠋ᠠᠨ ᠪᠠᠲᠤᠯᠠᠪᠠ ᠃  ᠪᠦᠲᠦᠮᠵᠢᠲᠡᠢ ᠪᠡᠯᠡ ᠣᠷᠤᠭᠤᠯᠤᠯᠲᠠ ᠵᠢ ᠬᠦᠴᠦᠯᠡᠨ ᠥᠷᠭᠡᠳᠬᠡᠵᠦ ᠂ 3074 ᠴᠢᠬᠤᠯᠠ ᠶᠡᠬᠡ ᠲᠥᠷᠥᠯ ᠵᠦᠢ᠍ᠯ᠎ᠢ ᠬᠡᠷᠡᠭᠵᠢᠭᠦᠯᠦᠨ ᠂ 4658 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ ᠂  ᠠᠵᠤ ᠦᠢ᠍ᠯᠡᠳᠪᠦᠷᠢ ᠵᠢᠨ ᠪᠡᠯᠡ ᠣᠷᠤᠭᠤᠯᠤᠯᠲᠠ ᠪᠠ ᠠᠷᠠᠳ᠎ᠤᠨ ᠳᠤᠮᠳᠠᠬᠢ ᠪᠡᠯᠡ ᠣᠷᠤᠭᠤᠯᠤᠯᠲᠠ ᠲᠤᠰ ᠲᠤᠰ 21.1% ᠪᠠ 14.4% ᠨᠡᠮᠡᠭᠳᠡᠪᠡ ᠃  ᠣᠯᠠᠨ ᠵᠦᠢ᠍ᠯ᠎ᠤᠨ ᠠᠷᠭ᠎ᠠ ᠠᠪᠴᠢᠯ᠎ᠢ ᠬᠡᠷᠡᠭᠯᠡᠵᠦ ᠪᠠᠢ᠌ᠭ᠋ᠠᠳ ᠠᠵᠤ ᠠᠬᠤᠢ᠌ᠯᠠᠯ᠎ᠢ ᠲᠤᠰᠠᠯᠠᠨ ᠬᠦᠴᠢᠷᠳᠡᠯ᠎ᠢ᠎ᠨᠢ ᠲᠠᠶ᠋ᠢᠯᠵᠤ ᠂  ᠠᠵᠤ ᠠᠬᠤᠢ᠌ᠯᠠᠯ᠎ᠤᠨ ᠴᠠᠬᠢᠯᠭ᠋ᠠᠨ ᠬᠡᠷᠡᠭᠯᠡᠬᠦ ᠥᠪᠡᠷ᠎ᠤᠨ ᠥᠷᠲᠡᠭ᠎ᠢ᠎ᠨᠢ 59 ᠳ᠋ᠦᠩᠰᠢᠭᠤᠷ ᠲᠥᠭᠥᠷᠢᠭ ᠪᠠᠭᠤᠷᠠᠭᠤᠯᠤᠨ ᠂  ᠠᠵᠤ ᠠᠬᠤᠢ᠌ᠯᠠᠯ᠎ᠳᠤ ᠭᠦᠢ᠍ᠯᠭᠡᠭᠡᠨ᠎ᠤ ᠴᠢᠨᠠᠷᠲᠠᠢ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠰᠠᠭᠤᠷᠢ ᠮᠥᠩᠭᠥ ᠪᠠ ᠬᠦᠴᠢᠷᠳᠡᠯ᠎ᠢ᠎ᠨᠢ ᠲᠠᠢ᠌ᠯᠬᠤ ᠬᠥᠭᠵᠢᠯᠲᠡ ᠵᠢᠨ ᠰᠠᠭᠤᠷᠢ ᠮᠥᠩᠭᠥ ᠵᠢ ᠰᠢᠨ᠎ᠡ᠎ᠪᠠᠷ 38.4 ᠳ᠋ᠦᠩᠰᠢᠭᠤᠷ ᠲᠥᠭᠥᠷᠢᠭ ᠲᠠᠯᠪᠢᠵᠤ ᠥᠭᠪᠡ ᠂  ᠰᠢᠨ᠎ᠡ᠎ᠪᠠᠷ 250 ᠳ᠋ᠦᠩᠰᠢᠭᠤᠷ ᠭᠠᠷᠤᠢ ᠲᠥᠭᠥᠷᠢᠭ ᠭᠠᠢ᠌ᠯᠢ ᠵᠢ ᠬᠥᠩᠭᠡᠷᠡᠭᠦᠯᠵᠦ ᠰᠦᠢ᠍ᠳᠬᠡᠯ᠎ᠢ ᠪᠠᠭᠤᠷᠠᠭᠤᠯᠤᠨ ᠂  ᠰᠢᠨ᠎ᠡ ᠪᠠᠢ᠌ᠭᠤᠯᠤᠭᠰᠠᠨ ᠵᠠᠬ᠎ᠠ ᠳᠡᠯᠭᠡᠭᠦᠷ᠎ᠤᠨ ᠭᠣᠣᠯ ᠴᠣᠭᠴᠠ 38.6 ᠲᠦᠮᠡ ᠪᠣᠯᠵᠤ ᠂  ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠠᠰᠢᠭ ᠣᠯᠵᠠᠪᠤᠷᠢ ᠵᠢᠨ ᠶᠡᠷᠦᠩᠬᠡᠢ ᠲᠣᠭ᠎ᠠ 3000 ᠳ᠋ᠦᠩᠰᠢᠭᠤᠷ  ᠲᠥᠭᠥᠷᠢᠭ᠎ᠢ ᠳᠠᠪᠠᠭ᠋ᠠᠳ ᠲᠡᠦᠬᠡ ᠵᠢᠨ ᠰᠢᠨ᠎ᠡ ᠲᠦᠪᠰᠢᠨ᠎ᠢ ᠡᠭᠦᠳᠪᠡ ᠃  ᠪᠡᠯᠡ ᠮᠥᠩᠭᠥ ᠵᠢ ᠰᠢᠭᠤᠳ ᠪᠠᠭᠤᠯᠭ᠋ᠠᠬᠤ ᠲᠣᠭᠲᠠᠴᠠ ᠵᠢ ᠨᠠᠢ᠌ᠳᠠᠪᠤᠷᠢᠵᠢᠭᠤᠯᠤᠨ ᠂  ᠵᠠᠷᠤᠯᠭ᠎ᠠ᠎ᠳᠤ ᠰᠢᠭᠤᠳ ᠪᠠᠭᠤᠯᠭ᠋ᠠᠭᠰᠠᠨ ᠪᠡᠯᠡ ᠮᠥᠩᠭᠥ 758 ᠳ᠋ᠦᠩᠰᠢᠭᠤᠷ ᠲᠥᠭᠥᠷᠢᠭ᠎ᠲᠤ ᠬᠦᠷᠴᠦ ᠂  ᠪᠣᠳᠠᠲᠤ ᠴᠣᠭᠴᠠ ᠵᠢᠨ ᠠᠵᠤ ᠠᠬᠤᠢ ᠵᠢᠨ ᠬᠥᠭᠵᠢᠯᠲᠡ ᠪᠠ ᠠᠷᠠᠳ᠎ᠤᠨ ᠦᠨᠳᠦᠰᠦᠨ ᠠᠮᠢᠳᠤᠷᠠᠯ ᠂  ᠦᠨᠳᠦᠰᠦᠨ ᠱᠠᠲᠤᠨ᠎ᠤ ᠠᠵᠢᠯᠯᠠᠭ᠋ᠠᠨ᠎ᠢ ᠪᠠᠲᠤᠯᠠᠪᠠ ᠃  ᠪᠥᠬᠦ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ ᠂ 6.3% ᠨᠡᠮᠡᠭᠳᠡᠵᠦ ᠂  ᠲᠣᠭᠲᠠᠮᠠᠯ ᠬᠥᠷᠥᠩᠭᠡ ᠵᠢᠨ ᠪᠡᠯᠡ ᠣᠷᠤᠭᠤᠯᠤᠯᠲᠠ 9.8% ᠨᠡᠮᠡᠭᠳᠡᠨ ᠂  ᠨᠡᠢ᠌ᠭᠡᠮ᠎ᠤᠨ ᠬᠡᠷᠡᠭᠯᠡᠭᠡ ᠵᠢᠨ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ 6.3% ᠨᠡᠮᠡᠭᠳᠡᠵᠦ ᠂  ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ 14.6% ᠨᠡᠮᠡᠭᠳᠡᠨ ᠂  ᠠᠵᠤ ᠠᠬᠤᠢ ᠦᠷᠭᠦᠯᠵᠢᠯᠡᠨ ᠲᠣᠭᠲᠠᠭᠤᠨ ᠵᠶ᠋ᠠᠷ ᠰᠡᠷᠭᠦᠨ ᠥᠷᠨᠢᠵᠦ ᠂  ᠲᠣᠭᠲᠠᠭᠤᠨ᠎ᠤ ᠳᠠᠭ᠋ᠠᠤ᠎ᠳᠤ ᠰᠠᠢ᠌ᠨ ᠬᠠᠨᠳᠤᠰᠢ᠎ᠲᠠᠢ ᠪᠣᠯᠪᠠ ᠃

       ᠬᠣᠶᠠᠷ᠎ᠲᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠢᠳᠡᠪᠬᠢ ᠠᠬᠢᠯᠲᠠ᠎ᠲᠠᠢ ᠪᠣᠯᠪᠠ ᠃  ᠰᠦ ᠰᠠᠭ᠋ᠠᠯᠢ ᠵᠢᠨ ᠦᠢ᠍ᠯᠡᠰ ᠪᠠ ᠦᠷ᠎ᠡ ᠡᠭᠦᠯᠳᠡᠷ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠋ᠠᠨ᠎ᠢ ᠬᠡᠷᠡᠭᠵᠢᠭᠦᠯᠵᠦ ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ 460 ᠲᠦᠮᠡᠨ ᠮᠦ᠍ ᠰᠢᠨ᠎ᠡ᠎ᠪᠠᠷ ᠨᠡᠮᠡᠭᠳᠡᠨ ᠂  ᠠᠮᠤ ᠪᠤᠳᠠᠭ᠋ᠠᠨ᠎ᠤ ᠦᠢ᠍ᠯᠡᠳᠪᠦᠷᠢᠯᠡᠯ 《ᠠᠷᠪᠠᠨ ᠨᠠᠢ᠍ᠮᠠᠨ ᠵᠢᠯ ᠳᠠᠷᠠᠭ᠋ᠠᠯᠠᠨ ᠡᠯᠪᠡᠭ ᠬᠤᠷᠢᠶᠠᠯᠲᠠ》 ᠣᠯᠵᠤ ᠂  ᠮᠠᠯ ᠠᠵᠤ ᠠᠬᠤᠢ ᠵᠢᠨ ᠦᠢ᠍ᠯᠡᠳᠪᠦᠷᠢᠯᠡᠯ 《ᠠᠷᠪᠠᠨ ᠳᠣᠯᠣᠭ᠋ᠠᠨ ᠵᠢᠯ ᠳᠠᠷᠠᠭ᠋ᠠᠯᠠᠵᠤ ᠲᠣᠭᠲᠠᠭᠤᠨ ᠥᠰᠦᠯᠲᠡ》᠎ᠲᠠᠢ ᠪᠣᠯᠪᠠ ᠃  ᠰᠢᠨ᠎ᠡ ᠡᠨᠧᠷᠬᠢ ᠵᠢ ᠳᠠᠬᠢᠨ ᠵᠶ᠋ᠠᠷ ᠨᠡᠮᠡᠭᠳᠡᠭᠦᠯᠬᠦ ᠠᠵᠢᠯᠯᠠᠭ᠋ᠠᠨ᠎ᠢ ᠬᠡᠷᠡᠭᠵᠢᠭᠦᠯᠦᠨ ᠂  ᠰᠠᠯᠬᠢᠨ᠎ᠤ ᠬᠦᠴᠦ᠎ᠪᠠᠷ ᠴᠠᠬᠢᠯᠭ᠋ᠠᠨ ᠭᠠᠷᠭ᠋ᠠᠬᠤ ᠬᠢᠭᠡᠳ ᠭᠡᠷᠡᠯ ᠴᠡᠨᠡᠭ᠎ᠤᠨ ᠲᠥᠷᠥᠯ ᠵᠦᠢ᠍ᠯ᠎ᠤᠨ ᠵᠥᠪᠰᠢᠶᠡᠷᠡᠯ ᠣᠯᠣᠭᠰᠠᠨ ᠬᠡᠪᠴᠢᠶ᠎ᠡ 4000 ᠲᠦᠮᠡᠨ ᠺᠢᠯᠣᠸᠠᠲ᠎ᠢ ᠳᠠᠪᠠᠭᠰᠠᠨ ᠪᠥᠭᠡᠳ ᠳᠠᠬᠢᠨ ᠡᠭᠦᠰᠴᠦ ᠪᠣᠯᠬᠤ ᠡᠨᠧᠷᠬᠢ ᠵᠢᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ 27.5% ᠨᠡᠮᠡᠭᠳᠡᠪᠡ ᠃  ᠠᠵᠤ ᠦᠢ᠍ᠯᠡᠰ᠎ᠤᠨ ᠬᠠᠭᠤᠴᠢᠨ᠎ᠢ᠎ᠨᠢ ᠥᠭᠡᠷᠡᠴᠢᠯᠡᠵᠦ ᠰᠢᠨ᠎ᠡ᠎ᠪᠠᠷ ᠪᠣᠢ ᠪᠣᠯᠭ᠋ᠠᠬᠤ ᠵᠢ ᠲᠦᠷᠭᠡᠳᠬᠡᠨ ᠂  ᠶᠤᠸᠠᠨᠵᠢᠩ ᠵᠡᠷᠭᠡ 15 ᠲᠣᠯᠣᠭ᠋ᠠᠢ᠌ᠯᠠᠭᠴᠢ ᠠᠵᠤ ᠠᠬᠤᠢ᠌ᠯᠠᠯ᠎ᠢ ᠣᠷᠣᠭᠤᠯᠤᠨ ᠠᠪᠴᠢᠷᠠᠵᠤ ᠂  ᠦᠢ᠍ᠯᠡᠳᠬᠦ ᠦᠢ᠍ᠯᠡᠰ ᠪᠠ ᠳᠡᠭᠡᠳᠦ ᠰᠢᠨ᠎ᠡ ᠮᠡᠷᠭᠡᠵᠢᠯ᠎ᠤᠨ ᠦᠢ᠍ᠯᠡᠰ ᠲᠤᠰ ᠲᠤᠰ 11.3% ᠪᠠ 22.4% ᠨᠡᠮᠡᠭᠳᠡᠪᠡ ᠃  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠰᠢᠯᠢᠳᠡᠭᠵᠢᠭᠦᠯᠵᠦ ᠡᠮᠬᠢᠯᠡᠨ ᠨᠡᠶ᠋ᠢᠯᠡᠭᠦᠯᠬᠦ᠎ᠪᠠᠨ ᠪᠡᠶᠡᠯᠡᠭᠦᠯᠵᠦ ᠂  ᠪᠠᠢ᠌ᠭᠤᠯᠤᠮᠵᠢ ᠵᠢᠨ ᠲᠣᠭ᠎ᠠ ᠵᠢ ᠬᠠᠭ᠋ᠠᠰ ᠵᠶ᠋ᠠᠷ ᠪᠠᠭ᠋ᠠᠰᠬᠠᠨ ᠂  ᠲᠥᠯᠦᠪᠵᠢᠭᠦᠯᠭᠡ ᠵᠢᠨ ᠲᠠᠯᠠᠪᠠᠢ ᠵᠢ 30% ᠬᠠᠰᠤᠵᠤ ᠂  ᠦᠢ᠍ᠯᠡᠳᠬᠦᠨ᠎ᠤ ᠥᠷᠲᠡᠭ᠎ᠨᠢ ᠮᠢᠩᠭ᠋ᠠᠨ ᠳ᠋ᠦᠩᠰᠢᠭᠤᠷ᠎ᠢ ᠳᠠᠪᠠᠭᠰᠠᠨ ᠬᠦᠷᠢᠶᠡᠯᠡᠩ ᠲᠣᠭᠣᠷᠢᠭ 3 ᠪᠣᠯᠪᠠ ᠃  ᠦᠢ᠍ᠯᠡᠴᠢᠯᠡᠭᠡᠨ᠎ᠤ ᠦᠢ᠍ᠯᠡᠰ᠎ᠤᠨ ᠲᠣᠭᠲᠠᠭᠤᠨ ᠪᠣᠯᠵᠤ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠬᠦ ᠵᠢ ᠠᠬᠢᠭᠤᠯᠤᠨ ᠂  ᠤᠯᠤᠰ᠎ᠤᠨ ᠳᠡᠰ᠎ᠤᠨ ᠰᠣᠶᠣᠯ ᠵᠢᠭᠤᠯᠴᠢᠯᠠᠯ᠎ᠤᠨ ᠰᠥᠨᠢ ᠵᠢᠨ ᠬᠡᠷᠡᠭᠯᠡᠭᠡ ᠵᠢᠨ ᠲᠥᠪᠯᠡᠷᠡᠯ᠎ᠤᠨ ᠲᠣᠭᠣᠷᠢᠭ᠎ᠢ 3 ᠂  ᠪᠥᠬᠦ ᠤᠯᠤᠰ᠎ᠤᠨ ᠬᠥᠳᠡᠭᠡ ᠲᠣᠰᠬᠤᠨ᠎ᠤ ᠵᠢᠭᠤᠯᠴᠢᠯᠠᠯ᠎ᠤᠨ ᠭᠣᠣᠯᠳᠠᠯᠭ᠎ᠠ ᠪᠣᠯᠬᠤ ᠲᠣᠰᠬᠤᠨ ᠪᠠᠯᠭ᠋ᠠᠰᠤ ᠵᠢ 9 ᠰᠢᠨ᠎ᠡ᠎ᠪᠠᠷ ᠡᠭᠦᠳᠦᠨ ᠪᠠᠢ᠌ᠭᠤᠯᠵᠤ ᠂  ᠤᠯᠤᠰ᠎ᠤᠨ ᠳᠡᠰ᠎ᠤᠨ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢᠨ ᠲᠤᠷᠰᠢᠯᠲᠠ ᠵᠢᠨ ᠴᠡᠭ᠎ᠤᠨ ᠬᠤᠲᠠ᠎ᠳᠤ ᠪᠤᠭᠤᠲᠤ ᠬᠤᠲᠠ ᠰᠣᠩᠭᠣᠭᠳᠠᠨ ᠣᠷᠣᠪᠠ ᠃  ᠪᠥᠬᠦ ᠣᠷᠣᠨ᠎ᠤ ᠬᠠᠳᠠᠭ᠋ᠠᠯᠠᠮᠵᠢ ᠪᠠ ᠵᠢᠭᠡᠯᠡᠯᠭᠡ ᠵᠢᠨ ᠵᠣᠭᠣᠰᠤᠨ᠎ᠤ ᠨᠡᠮᠡᠭᠳᠡᠯ᠎ᠤᠨ ᠬᠤᠷᠳᠤᠴᠠ ᠨᠡᠮᠡᠭᠳᠡᠯ᠎ᠤᠨ ᠬᠡᠮᠵᠢᠶ᠎ᠡ ᠴᠥᠮ 4 ᠵᠢᠯ᠎ᠳᠠᠬᠢ ᠰᠢᠨ᠎ᠡ ᠲᠦᠪᠰᠢᠨ᠎ᠢ ᠡᠭᠦᠳᠴᠦ ᠂  ᠪᠠᠩᠬᠢ ᠵᠢᠨ ᠦᠢ᠍ᠯᠡᠰ᠎ᠤᠨ ᠨᠠᠢ᠌ᠳᠠᠪᠤᠷᠢ ᠮᠠᠭᠤᠲᠠᠢ ᠵᠢᠭᠡᠯᠡᠯᠭᠡ ᠵᠢᠨ ᠵᠣᠭᠣᠰᠤᠨ᠎ᠤ ᠨᠣᠷᠮ᠎ᠠ ᠪᠠᠭᠤᠷᠠᠭ᠋ᠠᠳ 6 ᠵᠢᠯ᠎ᠳᠠᠬᠢ ᠬᠠᠮᠤᠭ᠎ᠤᠨ ᠳᠣᠣᠷ᠎ᠠ ᠲᠦᠪᠰᠢᠨ᠎ᠳᠤ ᠬᠦᠷᠪᠡ ; 4 ᠠᠵᠤ ᠠᠬᠤᠢ᠌ᠯᠠᠯ ᠠᠮᠵᠢᠯᠲᠠ᠎ᠲᠠᠢ᠎ᠪᠠᠷ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠴᠤ ᠂  ᠮᠠᠨ᠎ᠤ ᠣᠷᠣᠨ᠎ᠤ ᠠᠵᠤ ᠠᠬᠤᠢ᠌ᠯᠠᠯ 9 ᠵᠢᠯ A ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠦᠭᠡᠢ ᠲᠡᠮᠳᠡᠭᠯᠡᠯ᠎ᠢ ᠡᠴᠦᠰᠯᠡᠭᠦᠯᠪᠡ ᠃

       ᠭᠤᠷᠪᠠ᠎ᠳᠤ 《ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠬᠥᠭᠵᠢᠭᠦᠯᠦᠨ ᠮᠠᠨᠳᠤᠭᠤᠯᠬᠤ》 ᠠᠵᠢᠯᠯᠠᠭ᠋ᠠᠨ᠎ᠢ ᠪᠥᠬᠦ ᠲᠠᠯ᠎ᠠ᠎ᠪᠠᠷ ᠭᠦᠨᠵᠡᠭᠡᠢ᠌ᠷᠡᠭᠦᠯᠪᠡ ᠃  ᠰᠤᠳᠤᠯᠤᠨ ᠨᠡᠭᠡᠭᠡᠬᠦ᠎ᠳᠤ ᠪᠡᠯᠡ ᠣᠷᠣᠭᠤᠯᠤᠨ ᠰᠢᠪᠲᠤᠯᠤᠯᠲᠠ ᠬᠢᠬᠦ  ᠠᠵᠢᠯᠯᠠᠭ᠋ᠠᠨ᠎ᠢ ᠬᠡᠷᠡᠭᠵᠢᠭᠦᠯᠦᠨ ᠂  ᠡᠳ᠋᠎ᠤᠨ ᠵᠠᠰᠠᠭ᠎ᠤᠨ ᠲᠥᠬᠦᠷᠵᠢᠭᠦᠯᠦᠨ ᠳᠡᠮᠵᠢᠬᠦ 12 ᠠᠷᠭ᠎ᠠ ᠬᠡᠮᠵᠢᠶ᠎ᠡ ᠵᠢ ᠲᠣᠭᠲᠠᠭ᠋ᠠᠵᠤ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠲᠠᠯ᠎ᠠ᠎ᠪᠠᠷ᠎ᠬᠢ ᠡᠳ᠋᠎ᠤᠨ ᠵᠠᠰᠠᠭ᠎ᠤᠨ ᠵᠠᠷᠤᠯᠭ᠎ᠠ ᠵᠢ ᠠᠳᠠᠯᠢ ᠪᠠᠷᠢᠮᠵᠢᠶ᠎ᠠ᠎ᠪᠠᠷ 20.7% ᠨᠡᠮᠡᠭᠳᠡᠭᠦᠯᠪᠡ ᠃  ᠤᠷᠤᠭᠰᠢ ᠳᠠᠪᠰᠢᠨ ᠰᠢᠯᠢᠳᠡᠭᠵᠢᠬᠦ ᠵᠢ ᠠᠬᠢᠭᠤᠯᠵᠤ ᠲᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠵᠢ ᠬᠡᠷᠡᠭᠵᠢᠭᠦᠯᠦᠨ ᠂  ᠪᠥᠬᠦ ᠤᠯᠤᠰ᠎ᠤᠨ ᠨᠡᠷᠡᠰ᠎ᠤᠨ ᠵᠢᠭᠰᠠᠭ᠋ᠠᠯᠲᠠ᠎ᠳᠤ ᠬᠦᠬᠡᠬᠤᠲᠠ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠠᠢ᠌ᠷᠢ᠎ᠨᠢ ᠤᠷᠤᠭᠰᠢ᠎ᠪᠠᠨ 10 ᠳᠠᠪᠰᠢᠵᠤ ᠂  ᠪᠥᠬᠦ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ ᠪᠠ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ ᠲᠤᠰ ᠲᠤᠰ 1220 ᠪᠠ 828 ᠪᠣᠯᠪᠠ ᠃  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠴᠢᠬᠤᠯᠠ ᠶᠡᠬᠡ 47 ᠲᠤᠰᠬᠠᠢ ᠵᠦᠢ᠍ᠯ᠎ᠢ ᠵᠣᠬᠢᠶᠠᠨ ᠪᠠᠢ᠌ᠭᠤᠯᠵᠤ ᠂  ᠮᠡᠷᠭᠡᠵᠢᠯ᠎ᠤᠨ ᠰᠢᠪᠲᠤᠯᠤᠯᠲᠠ ᠵᠢᠨ ᠲᠥᠯᠥᠪᠯᠡᠭᠡ ᠵᠢᠨ 445 ᠵᠦᠢ᠍ᠯ᠎ᠢ ᠬᠡᠷᠡᠭᠵᠢᠭᠦᠯᠦᠨ ᠂  ᠠᠩᠬᠠᠨ᠎ᠤ ᠪᠦᠯᠦᠭ 《ᠵᠠᠷᠯᠠᠯ ᠬᠦᠯᠢᠶᠡᠵᠦ ᠬᠣᠰᠢᠭᠤᠷᠠᠨ ᠠᠵᠢᠯᠯᠠᠬᠤ》 ᠲᠥᠷᠥᠯ ᠵᠦᠢ᠍ᠯ᠎ᠤᠨ 12 ᠵᠦᠢ᠍ᠯ᠎ᠢ᠎ᠨᠢ ᠴᠢᠷᠮᠠᠢ᠌ᠨ ᠪᠦᠲᠦᠭᠡᠵᠦ ᠂  ᠠᠯᠤᠰ ᠰᠡᠷᠡᠯ᠎ᠤᠨ ᠳᠠᠭ᠋ᠠᠭᠤᠯᠢ ᠣᠳᠣᠨ 《ᠥᠪᠥᠷ ᠮᠣᠩᠭᠣᠯ᠎ᠤᠨ ᠨᠢᠭᠡᠳᠦᠭᠡᠷ ᠨᠣᠮᠧᠷᠲᠤ》 ᠵᠢ ᠠᠮᠵᠢᠯᠲᠠ᠎ᠲᠠᠢ ᠬᠠᠷᠪᠤᠪᠠ ᠃  ᠲᠠᠪᠴᠠᠩ ᠠᠴᠢᠶᠠᠯᠠᠪᠤᠷᠢ ᠵᠢᠨ ᠪᠦᠲᠦᠭᠡᠨ ᠪᠠᠢ᠌ᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ ᠂  ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠤᠳᠤᠯᠤᠯ᠎ᠤᠨ ᠬᠦᠷᠢᠶᠡᠯᠡᠩ᠎ᠢ ᠪᠠᠢ᠌ᠭᠤᠯᠵᠤ ᠂  ᠬᠣᠪᠣᠷ ᠰᠢᠷᠣᠢ ᠪᠠ 5G ᠠᠵᠤ ᠦᠢ᠍ᠯᠡᠰ᠎ᠤᠨ ᠰᠢᠨ᠎ᠡ ᠡᠭᠦᠳᠦᠯᠲᠡ ᠵᠢᠨ ᠬᠤᠯᠪᠣᠭ᠎ᠠ ᠵᠢ ᠪᠠᠢ᠌ᠭᠤᠯᠤᠨ ᠂  ᠤᠯᠤᠰ᠎ᠤᠨ ᠣᠷᠣᠨ ᠪᠦᠰᠡ ᠵᠢᠨ ᠰᠢᠨ᠎ᠡ ᠡᠭᠦᠳᠦᠯᠲᠡ ᠵᠢᠨ ᠬᠥᠭᠵᠢᠯᠲᠡ ᠵᠢᠨ ᠬᠣᠯᠪᠣᠭ᠋ᠠᠲᠤ ᠰᠠᠭᠤᠷᠢ ᠮᠥᠩᠭᠥ ᠪᠠ ᠬᠠᠲᠤᠨ ᠭᠣᠣᠯ᠎ᠤᠨ ᠰᠠᠪᠠ ᠭᠠᠵᠠᠷ᠎ᠤᠨ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠬᠤᠯᠪᠣᠭ᠎ᠠ᠎ᠳᠤ ᠣᠷᠣᠯᠴᠠᠵᠤ ᠂  ᠤᠯᠤᠰ᠎ᠤᠨ ᠳᠣᠲᠣᠭ᠋ᠠᠳᠤ ᠵᠢᠨ ᠶᠡᠬᠡ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ᠎ᠯᠤᠭ᠎ᠠ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ 24 ᠪᠠᠢ᠌ᠭᠤᠯᠤᠮᠵᠢ ᠵᠢ ᠬᠠᠮᠲᠤ᠎ᠪᠠᠷ ᠪᠠᠢ᠌ᠭᠤᠯᠤᠨ ᠂  ᠤᠯᠤᠰ᠎ᠤᠨ ᠰᠦ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ ᠪᠠ ᠰᠦ ᠴᠠᠭ᠋ᠠᠨ ᠢᠳᠡᠭᠡᠨ᠎ᠤ ᠠᠵᠤ ᠦᠢ᠍ᠯᠡᠰ᠎ᠤᠨ ᠬᠡᠮᠵᠢᠵᠦ ᠰᠢᠯᠭ᠋ᠠᠨ ᠲᠤᠷᠰᠢᠬᠤ ᠲᠥᠪ᠎ᠢ ᠪᠠᠶ᠋ᠢᠭᠤᠯᠬᠤ ᠠᠵᠢᠯ ᠠᠮᠵᠢᠯᠲᠠ᠎ᠲᠠᠢ᠎ᠪᠠᠷ ᠵᠥᠪᠰᠢᠶᠡᠷᠡᠭᠳᠡᠪᠡ ᠃

       ᠳᠥᠷᠪᠡ᠎ᠳᠤ ᠠᠮᠢ ᠠᠬᠤᠢ ᠵᠢᠨ ᠰᠢᠰᠲ᠋ᠧᠮ᠎ᠤᠨ ᠴᠢᠨᠠᠷ ᠴᠢᠨᠰᠠᠭ᠎ᠠ ᠪᠠ ᠲᠣᠭᠲᠠᠭᠤᠨ ᠴᠢᠨᠠᠷ ᠦᠷᠭᠦᠯᠵᠢᠯᠡᠨ ᠳᠡᠭᠡᠭᠰᠢᠯᠡᠪᠡ ᠃  ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ ᠳᠠᠭᠤᠰᠬᠠᠨ ᠂  ᠪᠥᠬᠦ ᠪᠦᠰᠡ᠎ᠳᠤ ᠭᠣᠣᠯ ᠴᠣᠭᠴᠠ ᠵᠢᠨ ᠴᠢᠳᠠᠮᠵᠢᠲᠤ ᠣᠷᠣᠨ᠎ᠤ ᠪᠠᠢ᠌ᠷᠢ ᠲᠣᠭᠲᠠᠭ᠋ᠠᠯᠲᠠ ᠵᠢ ᠲᠣᠳᠣᠷᠬᠠᠢ ᠲᠣᠭᠲᠠᠭ᠋ᠠᠵᠤ ᠂ 《ᠭᠤᠷᠪᠠᠨ ᠲᠥᠷᠥᠯ᠎ᠤᠨ ᠣᠷᠣᠨ ᠵᠠᠢ ᠵᠢᠨ ᠲᠣᠭᠣᠷᠢᠭ ᠪᠠ ᠭᠤᠷᠪᠠᠨ ᠵᠤᠷᠪᠤᠰ ᠬᠢᠵᠠᠭ᠋ᠠᠷᠯᠠᠬᠤ ᠱᠤᠭᠤᠮ》᠎ᠢ ᠵᠣᠬᠢᠰᠲᠠᠢ ᠲᠣᠭᠲᠠᠭ᠋ᠠᠨ ᠂  ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠭᠰᠠᠨ ᠵᠢᠴᠢ 《ᠪᠤᠴᠠᠵᠤ ᠪᠠᠢ᠌ᠴᠠᠭ᠋ᠠᠨ ᠦᠵᠡᠬᠦ》᠎ᠳᠤ ᠴᠡᠭᠴᠡᠯᠡᠨ ᠰᠠᠢ᠌ᠵᠢᠷᠠᠭᠤᠯᠬᠤ᠎ᠪᠠᠷ ᠲᠤᠰᠬᠠᠭᠰᠠᠨ ᠡᠭᠦᠷᠭᠡ᠎ᠪᠠᠨ ᠪᠡᠶᠡᠯᠡᠭᠦᠯᠵᠦ ᠂  ᠬᠠᠲᠤᠨ ᠭᠣᠣᠯ ᠂  ᠬᠥᠯᠥᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ ᠂  ᠴᠠᠭ᠋ᠠᠨᠨᠠᠭᠤᠷ ᠵᠡᠷᠭᠡ ᠭᠣᠣᠯᠳᠠᠯᠭ᠎ᠠ ᠪᠣᠯᠬᠤ ᠨᠠᠭᠤᠷ ᠭᠣᠣᠯ᠎ᠤᠨ ᠰᠠᠪᠠ ᠭᠠᠵᠠᠷ᠎ᠢ ᠵᠠᠰᠠᠬᠤ ᠠᠵᠢᠯ᠎ᠳᠤ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠪᠠ ᠃  ᠪᠣᠬᠢᠷᠳᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠭᠦᠨᠵᠡᠭᠡᠢ ᠰᠠᠢ᠌ᠨ ᠬᠢᠵᠦ ᠂  ᠠᠭ᠋ᠠᠷ ᠮᠠᠨᠳᠠᠯ ᠂  ᠤᠰᠤ ᠂  ᠭᠠᠵᠠᠷ ᠬᠥᠷᠥᠰᠥᠨ᠎ᠤ ᠣᠷᠴᠢᠨ ᠲᠣᠭᠣᠷᠢᠨ᠎ᠤ ᠴᠢᠨᠠᠷ ᠦᠷᠭᠦᠯᠵᠢᠯᠡᠨ ᠰᠠᠢ᠌ᠵᠢᠷᠠᠪᠠ ᠃ 《2021 ᠣᠨ᠎ᠤ ᠳᠤᠮᠳᠠᠳᠤ ᠤᠯᠤᠰ᠎ᠤᠨ ᠠᠮᠢ ᠠᠬᠤᠢ ᠵᠢᠨ ᠬᠠᠮᠤᠭ᠎ᠤᠨ ᠥᠷᠢᠰᠦᠯᠳᠦᠬᠦ ᠬᠦᠴᠦᠨ ᠪᠦᠬᠦᠢ ᠬᠤᠲᠠ》᠎ᠳᠤ ᠬᠥᠬᠡᠬᠤᠲᠠ ᠰᠣᠩᠭᠣᠭᠳᠠᠨ ᠣᠷᠣᠵᠤ ᠂  ᠬᠢᠩᠭ᠋ᠠᠨ ᠠᠢ᠌ᠮᠠᠭ ᠪᠥᠬᠦ ᠣᠷᠣᠨ᠎ᠤ ᠲᠤᠰᠬᠠᠢ ᠣᠷᠣᠨ ᠬᠤᠲᠠ ᠵᠢᠨ ᠳᠡᠰ᠎ᠤᠨ ᠠᠩᠬᠠᠨ᠎ᠤ 《ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠥᠨ ᠠᠭᠤᠯᠠ》 ᠵᠢᠨ ᠦᠢ᠍ᠯᠡᠳᠦᠯᠭᠡᠵᠢᠭᠦᠯᠵᠦ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ ᠠᠮᠵᠢᠯᠲᠠ᠎ᠲᠠᠢ ᠡᠭᠦᠳᠦᠨ ᠪᠠᠢ᠌ᠭᠤᠯᠪᠠ ᠃  ᠬᠠᠮᠠᠭ᠋ᠠᠯᠠᠵᠤ ᠥᠩᠵᠢᠭᠦᠯᠬᠦ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠦᠨ ᠂ 594 ᠲᠦᠮᠡᠨ ᠮᠦ᠍ ᠣᠢ ᠣᠢ᠌ᠵᠢᠭᠤᠯᠵᠤ ᠂ 1667 ᠲᠦᠮᠡᠨ ᠮᠦ᠍ ᠡᠪᠡᠰᠦ ᠲᠠᠷᠢᠵᠤ ᠂ 530 ᠲᠦᠮᠡᠨ ᠮᠦ᠍ ᠡᠯᠡᠰᠦ ᠵᠢ ᠬᠠᠰᠢᠭᠰᠠᠨ ᠪᠠ ᠵᠠᠰᠠᠵᠤ ᠂  ᠪᠣᠬᠢᠷᠳᠤᠯ ᠦᠭᠡᠢ ᠠᠭᠤᠷᠬᠠᠢ ᠵᠢ 133 ᠰᠢᠨ᠎ᠡ᠎ᠪᠠᠷ ᠪᠠᠢ᠌ᠭᠤᠯᠤᠨ ᠂  ᠠᠮᠢ ᠠᠬᠤᠢ ᠵᠢᠨ ᠦᠢ᠍ᠯᠡᠴᠢᠯᠡᠭᠡᠨ᠎ᠤ ᠴᠢᠳᠠᠮᠵᠢ ᠦᠷᠭᠦᠯᠵᠢᠯᠡᠨ ᠳᠡᠭᠡᠭᠰᠢᠯᠡᠪᠡ ᠃

       ᠲᠠᠪᠤ᠎ᠳᠤ ᠬᠤᠲᠠ ᠬᠥᠳᠡᠭᠡ ᠵᠢᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ ᠃  ᠶᠠᠳᠠᠭᠤ᠎ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠵᠦ ᠥᠷᠭᠡᠳᠬᠡᠨ ᠂  ᠬᠥᠳᠡᠭᠡ ᠲᠣᠰᠬᠤᠨ ᠵᠶ᠋ᠠᠨ ᠬᠥᠭᠵᠢᠭᠦᠯᠦᠨ ᠮᠠᠨᠳᠤᠭᠤᠯᠬᠤ ᠵᠢ ᠪᠥᠬᠦ ᠲᠠᠯ᠎ᠠ᠎ᠪᠠᠷ ᠠᠬᠢᠭᠤᠯᠤᠨ ᠂  ᠠᠵᠢᠭᠯᠠᠯᠲᠠ᠎ᠳᠤ ᠪᠠᠢ᠌ᠭᠰᠠᠨ 4.7 ᠲᠦᠮᠡᠨ ᠬᠥᠮᠥᠨ᠎ᠤ ᠪᠤᠴᠠᠭ᠋ᠠᠳ ᠶᠠᠳᠠᠭᠤᠷᠠᠬᠤ ᠪᠠ ᠶᠠᠳᠠᠭᠤ ᠪᠠᠢ᠌ᠳᠠᠯ᠎ᠳᠤ ᠣᠷᠣᠬᠤ ᠲᠦᠭᠰᠢᠭᠦᠷᠢ ᠵᠢ ᠦᠭᠡᠢ᠌ᠰᠬᠡᠵᠦ ᠂  ᠲᠠᠷᠢᠶᠠᠯᠠᠬᠤ ᠮᠠᠯᠵᠢᠬᠤ ᠣᠷᠣᠨ᠎ᠳᠤ 4704 ᠺᠢᠯᠣᠮᠧᠲᠷ ᠵᠠᠰᠠᠮᠠᠯ ᠵᠠᠮ ᠳᠡᠪᠢᠰᠦᠨ ᠂  ᠨᠤᠷᠠᠬᠤ ᠠᠶᠤᠯᠲᠠᠢ ᠪᠠᠢ᠌ᠭᠰᠠᠨ 6814 ᠡᠷᠦᠬᠡ ᠵᠢᠨ ᠭᠡᠷ ᠪᠠᠢ᠌ᠰᠢᠩ᠎ᠢ ᠵᠠᠰᠠᠨ ᠰᠠᠢ᠌ᠵᠢᠷᠠᠭᠤᠯᠵᠤ ᠂  ᠭᠡᠮ ᠠᠰᠠᠭᠤᠳᠠᠯ᠎ᠲᠠᠢ 15.1 ᠲᠦᠮᠡᠨ ᠵᠣᠷᠯᠣᠩ᠎ᠢ ᠴᠡᠭᠴᠡᠯᠡᠨ ᠰᠠᠢ᠌ᠵᠢᠷᠠᠭᠤᠯᠪᠠ ᠃  ᠪᠡᠭᠡᠵᠢᠩ ᠪᠠ ᠥᠪᠥᠷ ᠮᠣᠩᠭᠣᠯ᠎ᠤᠨ ᠬᠠᠮᠵᠢᠯᠴᠠᠨ ᠠᠵᠢᠯᠯᠠᠬᠤ ᠵᠢ ᠭᠦᠨᠵᠡᠭᠡᠢ᠌ᠷᠡᠭᠦᠯᠦᠨ ᠂ 97 ᠠᠵᠤ ᠠᠬᠤᠢ᠌ᠯᠠᠯ᠎ᠢ ᠣᠷᠣᠭᠤᠯᠤᠨ ᠠᠪᠴᠢᠷᠠᠵᠤ ᠂  ᠲᠤᠰᠠᠯᠠᠨ ᠬᠠᠪᠰᠤᠷᠬᠤ ᠪᠡᠯᠡ ᠮᠥᠩᠭᠥ ᠵᠢ 19.4 ᠳ᠋ᠦᠩᠰᠢᠭᠤᠷ  ᠲᠥᠭᠥᠷᠢᠭ ᠣᠷᠣᠭᠤᠯᠤᠨ ᠂  ᠬᠠᠪᠰᠤᠷᠴᠤ ᠲᠡᠳᠬᠦᠬᠦ ᠬᠡᠷᠡᠭᠯᠡᠭᠡ 100 ᠳ᠋ᠦᠩᠰᠢᠭᠤᠷ ᠲᠥᠭᠥᠷᠢᠭ᠎ᠢ ᠳᠠᠪᠠᠪᠠ ᠃  ᠠᠭ᠋ᠠᠷ᠎ᠤᠨ ᠠᠶᠠᠯᠠᠯ᠎ᠤᠨ ᠭᠣᠣᠯ ᠱᠤᠭᠤᠮ᠎ᠢ ᠰᠠᠯᠪᠤᠷᠢ ᠱᠤᠭᠤᠮ᠎ᠯᠤᠭ᠎ᠠ ᠨᠡᠪᠲᠡᠷᠡᠭᠦᠯᠬᠦ ᠂  ᠰᠠᠯᠪᠤᠷᠢ ᠱᠤᠭᠤᠮ᠎ᠢ ᠰᠠᠯᠪᠤᠷᠢ ᠱᠤᠭᠤᠮ᠎ᠯᠤᠭ᠎ᠠ ᠨᠡᠪᠲᠡᠷᠡᠭᠦᠯᠬᠦ ᠵᠢ ᠲᠦᠷᠭᠡᠳᠬᠡᠨ ᠠᠬᠢᠭᠤᠯᠵᠤ ᠂  ᠬᠥᠬᠡᠬᠤᠲᠠ᠎ᠠᠴᠠ ᠵᠧᠩᠵᠧᠦ ᠂  ᠵᠢᠨᠠᠨ ᠂  ᠰᠢ ᠠᠨ᠎ᠳᠤ ᠰᠢᠭᠤᠳ ᠬᠦᠷᠬᠦ ᠬᠦᠳᠡᠯᠭᠡᠭᠦᠷᠲᠦ ᠴᠤᠪᠤᠭ᠎ᠠ ᠲᠡᠷᠭᠡ ᠵᠢ ᠵᠠᠯᠭ᠋ᠠᠯᠳᠤᠭ᠎ᠠ᠎ᠪᠠᠷ ᠨᠡᠪᠲᠡᠷᠡᠭᠦᠯᠦᠨ ᠂  ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 161 ᠵᠦᠢ᠍ᠯᠡᠰ᠎ᠲᠤ 《ᠳᠥᠷᠪᠡᠨ ᠬᠤᠲᠠ ᠵᠢᠨ ᠬᠣᠭᠣᠷᠣᠨᠳᠤ ᠵᠥᠷᠢᠶ᠎ᠡ ᠦᠭᠡᠢ᠎ᠪᠠᠷ ᠨᠡᠢ᠌ᠳᠡᠮ ᠭᠦᠢ᠍ᠴᠡᠳᠬᠡᠬᠦ 》 ᠵᠢ ᠪᠡᠶᠡᠯᠡᠭᠦᠯᠪᠡ ᠃

       ᠵᠢᠷᠭᠤᠭ᠎ᠠ᠎ᠳᠤ ᠥᠭᠡᠷᠡᠴᠢᠯᠡᠯᠲᠡ ᠨᠡᠭᠡᠭᠡᠯᠲᠡ ᠢᠯᠡᠳᠲᠡ ᠦᠷ᠎ᠡ ᠪᠦᠲᠦᠮᠵᠢ᠎ᠲᠠᠢ ᠪᠣᠯᠪᠠ ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠵᠢ ᠭᠦᠨᠵᠡᠭᠡᠢ᠌ᠷᠡᠭᠦᠯᠦᠨ ᠂  ᠠᠵᠤ ᠠᠬᠤᠢ᠌ᠯᠠᠯ ᠡᠷᠬᠢᠯᠡᠨ ᠨᠡᠭᠡᠭᠡᠬᠦ ᠠᠵᠢᠯ᠎ᠢ 《ᠨᠢᠭᠡ ᠯᠠ ᠡᠳᠦᠷ᠎ᠲᠤ ᠭᠦᠢ᠍ᠴᠡᠳᠬᠡᠨ ᠳᠠᠭᠤᠰᠬᠠᠵᠤ》 ᠂  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 67.8% ᠵᠦᠢ᠍ᠯᠡᠰ᠎ᠤᠨ ᠪᠥᠬᠦ ᠶᠠᠪᠤᠴᠠ ᠵᠢ᠎ᠨᠢ ᠰᠦᠯᠵᠢᠶ᠎ᠡ᠎ᠪᠠᠷ ᠭᠦᠢ᠍ᠴᠡᠳᠬᠡᠬᠦ ᠵᠢ ᠳᠡᠮᠵᠢᠨ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ᠎ᠬᠢ ᠣᠯᠠᠨᠲᠠ ᠦᠢ᠍ᠯᠡᠴᠢᠯᠡᠬᠦ ᠵᠦᠢ᠍ᠯᠡᠰ᠎ᠲᠤ 《ᠮᠤᠵᠢ ᠠᠯᠤᠰᠯᠠᠨ ᠨᠡᠢ᠌ᠳᠡᠮ ᠭᠦᠢ᠍ᠴᠡᠳᠬᠡᠬᠦ》 ᠵᠢ ᠪᠡᠶᠡᠯᠡᠭᠦᠯᠪᠡ ᠃  ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠵᠦ ᠂  ᠺᠣᠮᠫᠠᠨᠢ ᠵᠢᠨ ᠳᠦᠷᠢᠮ᠎ᠤᠨ ᠥᠭᠡᠷᠡᠴᠢᠯᠡᠯᠲᠡ ᠵᠢ ᠦᠨᠳᠦᠰᠦᠨ᠎ᠳᠤ᠎ᠪᠠᠨ ᠳᠠᠭᠤᠰᠬᠠᠨ ᠂  ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡ ᠣᠷᠤᠭᠤᠯᠤᠯᠲᠠ ᠵᠢᠨ ᠪᠦᠯᠦᠭᠯᠡᠯ᠎ᠢ ᠪᠠᠢ᠌ᠯᠳᠤᠬᠤ ᠪᠣᠳᠣᠯᠭ᠎ᠠ ᠵᠢᠨ ᠲᠠᠯ᠎ᠠ᠎ᠪᠠᠷ ᠳᠠᠬᠢᠨᠲᠠ ᠵᠣᠬᠢᠶᠠᠨ ᠪᠠᠢ᠌ᠭᠤᠯᠵᠤ ᠂  ᠥᠪᠥᠷ ᠮᠣᠩᠭᠣᠯ᠎ᠤᠨ ᠡᠨᠧᠷᠬᠢ ᠵᠢᠨ ᠪᠡᠯᠡ ᠣᠷᠤᠭᠤᠯᠤᠯᠲᠠ ᠪᠠ ᠡᠨᠧᠷᠬᠢ ᠵᠢᠨ ᠪᠦᠲᠦᠭᠡᠨ ᠪᠠᠢ᠌ᠭᠤᠯᠤᠯᠲᠠ ᠵᠢᠨ ᠪᠦᠯᠦᠭᠯᠡᠯ᠎ᠢ ᠡᠮᠬᠢᠯᠡᠨ ᠨᠡᠢ᠌ᠯᠡᠭᠦᠯᠪᠡ ᠃  ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ᠎ᠪᠠᠨ ᠬᠦᠷᠢᠶ᠎ᠡ ᠴᠠᠷᠠᠭ᠎ᠠ᠎ᠪᠠᠷ᠎ᠨᠢ ᠢᠯᠭ᠋ᠠᠨ ᠠᠬᠢᠭᠤᠯᠵᠤ ᠂  ᠨᠣᠭᠣᠭ᠋ᠠᠨ ᠮᠥᠩᠭᠥᠨ ᠭᠦᠢ᠍ᠯᠭᠡᠭᠡᠨ᠎ᠤ ᠲᠤᠰᠬᠠᠢ ᠡᠵᠡᠩᠨᠡᠯᠲᠡ ᠵᠢᠨ ᠪᠠᠢ᠌ᠭᠤᠯᠤᠮᠵᠢ ᠵᠢ ᠪᠠᠢ᠌ᠭᠤᠯᠤᠨ ᠂  ᠨᠣᠭᠣᠭ᠋ᠠᠨ ᠵᠢᠭᠡᠯᠡᠯᠭᠡ ᠵᠢᠨ ᠵᠣᠭᠣᠰ 18.4% ᠨᠡᠮᠡᠭᠳᠡᠪᠡ ᠃  ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠡᠷᠭᠡ ᠲᠤᠷᠰᠢᠯᠲᠠ ᠵᠢᠨ ᠴᠡᠭ᠎ᠢ ᠯᠠᠪᠳᠠᠭᠤᠨ ᠪᠠᠲᠤᠲᠠᠢ ᠠᠬᠢᠭᠤᠯᠵᠤ ᠂  ᠲᠠᠷᠢᠶᠠᠯᠠᠬᠤ ᠮᠠᠯᠵᠢᠬᠤ ᠣᠷᠣᠨ᠎ᠤ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠦᠨᠳᠦᠰᠦᠨ᠎ᠳᠤ᠎ᠪᠠᠨ ᠪᠡᠶᠡᠯᠡᠭᠦᠯᠪᠡ ᠃  ᠭᠠᠳᠠᠭ᠋ᠠᠳᠤ᠎ᠳᠤ ᠨᠡᠭᠡᠭᠡᠯᠲᠡ ᠬᠢᠬᠦ  ᠨᠢᠭᠡ ᠪᠦᠯᠦᠭ ᠭᠣᠣᠯᠳᠠᠯᠭ᠎ᠠ ᠪᠣᠯᠬᠤ ᠢᠨᠵᠧᠨᠧᠷᠢᠩ᠎ᠤᠨ ᠲᠥᠷᠥᠯ ᠵᠦᠢ᠍ᠯ᠎ᠢ ᠰᠡᠳᠦᠨ ᠲᠥᠯᠥᠪᠯᠡᠵᠦ ᠬᠡᠷᠡᠭᠵᠢᠭᠦᠯᠦᠨ ᠂  ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠢ 304 ᠴᠤᠪᠤᠭ᠎ᠠ ᠶᠠᠪᠤᠭᠤᠯᠵᠤ ᠂  ᠬᠢᠯᠢ᠎ᠪᠠᠷ ᠭᠠᠷᠴᠤ ᠣᠷᠣᠭᠰᠠᠨ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ 6162 ᠴᠤᠪᠤᠭ᠎ᠠ ᠪᠠᠢ᠌ᠵᠤ ᠂ 13.3% ᠨᠡᠮᠡᠭᠳᠡᠪᠡ ᠃  ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠲᠣᠭ᠎ᠠ 1235.6 ᠳ᠋ᠦᠩᠰᠢᠭᠤᠷ ᠲᠥᠭᠥᠷᠢᠭ ᠪᠣᠯᠵᠤ ᠂ 17.2% ᠨᠡᠮᠡᠭᠳᠡᠪᠡ ᠃  ᠪᠥᠬᠦ ᠤᠯᠤᠰ᠎ᠤᠨ ᠠᠵᠤ ᠦᠢ᠍ᠯᠡᠳᠪᠦᠷᠢ ᠬᠤᠳᠠᠯᠳᠤᠭ᠎ᠠ ᠵᠢᠨ ᠬᠣᠯᠪᠣᠭ᠋ᠠᠲᠤ ᠬᠤᠷᠠᠯ᠎ᠤᠨ ᠲᠡᠷᠢᠭᠦᠯᠡᠭᠴᠢ ᠵᠢᠨ ᠳᠡᠭᠡᠳᠦ ᠳᠡᠰ᠎ᠤᠨ ᠲᠦᠷᠦᠭᠦᠴᠦᠳ᠎ᠤᠨ ᠬᠤᠷᠠᠯ ᠬᠢᠭᠡᠳ ᠪᠥᠬᠦ ᠤᠯᠤᠰ᠎ᠤᠨ ᠠᠷᠠᠳ᠎ᠠᠴᠠ ᠡᠵᠡᠩᠨᠡᠭᠰᠡᠨ ᠰᠢᠯᠢᠳᠡᠭ ᠬᠦᠴᠦᠷᠬᠡᠭ ᠠᠵᠤ ᠠᠬᠤᠢ᠌ᠯᠠᠯ᠎ᠤᠨ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠠᠪᠰᠤᠷᠤᠨ ᠠᠬᠢᠭᠤᠯᠬᠤ ᠶᠡᠬᠡ ᠬᠤᠷᠠᠯ᠎ᠢ ᠡᠷᠬᠢᠯᠡᠨ ᠂  ᠤᠯᠤᠰ᠎ᠤᠨ ᠳᠣᠲᠣᠭ᠋ᠠᠳᠤ᠎ᠳᠠᠬᠢ ᠭᠣᠣᠯᠳᠠᠯᠭ᠎ᠠ ᠪᠣᠯᠬᠤ ᠭᠠᠵᠠᠷ ᠣᠷᠣᠨ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ ᠂  ᠤᠯᠤᠰ᠎ᠤᠨ ᠳᠣᠲᠣᠭ᠋ᠠᠳᠤ᠎ᠠᠴᠠ ᠣᠷᠣᠭᠤᠯᠵᠤ ᠠᠪᠴᠢᠷᠠᠭᠰᠠᠨ ᠪᠡᠯᠡ ᠮᠥᠩᠭᠥ 2112 ᠳ᠋ᠦᠩᠰᠢᠭᠤᠷ ᠲᠥᠭᠥᠷᠢᠭ ᠪᠠᠢ᠌ᠵᠤ ᠂ 15.3% ᠨᠡᠮᠡᠭᠳᠡᠪᠡ ᠃

       ᠳᠣᠯᠤᠭ᠎ᠠ᠎ᠳᠤ ᠦᠨᠳᠦᠰᠦᠲᠡᠨ᠎ᠤ ᠪᠦᠯᠬᠦᠮᠳᠡᠯ᠎ᠤᠨ ᠶᠡᠬᠡ ᠲᠠᠯ᠎ᠠ ᠪᠡᠬᠢᠵᠢᠨ ᠬᠥᠭᠵᠢᠪᠡ ᠃  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠡᠷᠡᠰ ᠪᠠᠲᠤᠳᠬᠠᠨ ᠂  ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠦᠴᠦᠲᠡᠢ ᠳᠡᠯᠭᠡᠷᠡᠭᠦᠯᠦᠨ ᠲᠦᠭᠡᠮᠡᠯᠵᠢᠭᠦᠯᠵᠦ ᠂  ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ 《ᠳᠡᠯᠭᠡᠷᠡᠭᠦᠯᠦᠨ ᠲᠦᠭᠡᠮᠡᠯᠵᠢᠭᠦᠯᠪᠡᠰᠦ ᠵᠣᠬᠢᠬᠤ ᠪᠦᠬᠦᠨ᠎ᠢ ᠵᠠᠪᠠᠯ ᠳᠡᠯᠭᠡᠷᠡᠭᠦᠯᠦᠨ ᠲᠦᠭᠡᠮᠡᠯᠵᠢᠭᠦᠯᠵᠦ》 ᠂  ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ᠎ᠪᠠᠷ ᠠᠰᠠᠷᠠᠨ ᠬᠥᠮᠥᠵᠢᠭᠦᠯᠬᠦ ᠬᠥᠮᠦᠵᠢᠯ᠎ᠢ ᠬᠡᠦᠬᠡᠳ᠎ᠤᠨ ᠴᠡᠴᠡᠷᠯᠢᠭ ᠪᠦᠬᠦᠨ᠎ᠳᠤ ᠬᠠᠮᠤᠷᠤᠭᠤᠯᠬᠤ ᠵᠢ ᠪᠡᠶᠡᠯᠡᠭᠦᠯᠦᠨ ᠂  ᠬᠤᠲᠠ ᠵᠢᠨ ᠦᠭᠡ ᠬᠡᠯᠡ ᠦᠰᠦᠭ ᠪᠢᠴᠢᠭ᠎ᠤᠨ ᠳᠦᠷᠢᠮᠵᠢᠭᠦᠯᠦᠯᠲᠡ ᠵᠢᠨ ᠦᠨᠡᠯᠡᠨ ᠵᠢᠱ᠌ᠢᠬᠦ ᠠᠵᠢᠯ᠎ᠢ ᠶᠡᠷᠦᠩᠬᠡᠢ᠎ᠳᠤ᠎ᠨᠢ ᠪᠡᠶᠡᠯᠡᠭᠦᠯᠪᠡ ᠃  ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠨ ᠬᠡᠷᠡᠭᠵᠢᠭᠦᠯᠵᠦ ᠂  ᠬᠢᠩᠭ᠋ᠠᠨ ᠠᠢ᠌ᠮᠠᠭ ᠪᠥᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠠᠢ᠌ᠮᠠᠭ᠎ᠢ ᠳᠠᠬᠢᠨᠲᠠ ᠠᠮᠵᠢᠯᠲᠠ᠎ᠲᠠᠢ᠎ᠪᠠᠷ ᠡᠭᠦᠳᠦᠨ ᠪᠠᠢ᠌ᠭᠤᠯᠪᠠ ᠃  ᠨᠡᠩ ᠢᠯᠠᠩᠭᠤᠶ᠎ᠠ ᠮᠠᠷᠲᠠᠭᠳᠠᠰᠢ ᠦᠭᠡᠢ ᠪᠣᠯᠤᠭᠰᠠᠨ ᠶᠠᠪᠤᠳᠠᠯ ᠪᠣᠯ ᠂  ᠬᠢᠵᠢᠭ᠎ᠤᠨ ᠪᠠᠢ᠌ᠳᠠᠯ ᠭᠡᠨᠡᠳᠲᠡ ᠡᠭᠦᠰᠦᠭᠰᠡᠨ ᠪᠠ ᠴᠠᠰᠤ ᠵᠤᠳ ᠪᠣᠯᠤᠭᠰᠠᠨ ᠦᠶ᠎ᠡ᠎ᠳᠤ ᠂  ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠬᠢᠯ ᠵᠢᠷᠦᠬᠡ᠎ᠪᠠᠨ ᠬᠣᠯᠪᠣᠨ ᠂  ᠡᠯ᠎ᠡ ᠱᠠᠲᠤ ᠡᠯ᠎ᠡ ᠭᠠᠵᠠᠷ᠎ᠤᠨ᠎ᠬᠢᠨ ᠲᠦᠷᠭᠡᠨ ᠵᠶ᠋ᠠᠷ ᠬᠦᠴᠦᠯᠡᠨ ᠲᠤᠰᠠᠯᠠᠵᠤ ᠂  ᠵᠢᠷᠭ᠋ᠠᠯ ᠵᠣᠪᠠᠯ ᠵᠶ᠋ᠠᠨ ᠬᠠᠮᠲᠤᠳᠬᠠᠬᠤ ᠂  ᠢᠷᠠᠭᠤ ᠠᠯᠳᠠᠷ ᠢᠴᠢᠭᠦᠷᠢ ᠭᠤᠲᠤᠮᠰᠢᠭ ᠵᠶ᠋ᠠᠨ ᠬᠠᠮᠲᠤᠳᠬᠠᠬᠤ ᠂  ᠦᠬᠦᠵᠦ ᠰᠡᠬᠡᠬᠦ᠎ᠪᠠᠨ ᠬᠠᠮᠲᠤᠳᠬᠠᠬᠤ ᠂  ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠨᠣᠯᠵᠢᠬᠤᠨ᠎ᠢ ᠳᠠᠶ᠋ᠢᠯᠤᠨ ᠲᠣᠳᠣᠷᠠᠭᠤᠯᠵᠤ ᠂  ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠰᠦᠷᠯᠢᠭ ᠰᠠᠢ᠌ᠬᠠᠨ ᠬᠠᠭᠤᠳᠠᠰᠤ ᠵᠢ ᠵᠢᠷᠤᠭᠯᠠᠨ ᠪᠢᠴᠢᠵᠦ ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ ᠵᠶ᠋ᠠᠨ ᠬᠠᠮᠠᠭ᠋ᠠᠯᠠᠪᠠ ᠃

       ᠨᠠᠢ᠍ᠮᠠ᠎ᠳᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ ᠃  ᠠᠵᠢᠯ ᠣᠯᠭᠣᠵᠤ ᠣᠷᠤᠯᠭ᠎ᠠ ᠨᠡᠮᠡᠭᠳᠡᠭᠦᠯᠬᠦ ᠠᠷᠭ᠎ᠠ ᠬᠡᠮᠵᠢᠶ᠎ᠡ ᠵᠢ ᠴᠢᠩᠭ᠋ᠠᠷᠠᠭᠤᠯᠵᠤ ᠂  ᠬᠤᠲᠠ ᠪᠠᠯᠭ᠋ᠠᠰᠤᠨ᠎ᠤ ᠠᠵᠢᠯ ᠣᠯᠣᠭᠰᠠᠳ 22.4 ᠲᠦᠮᠡ ᠰᠢᠨ᠎ᠡ᠎ᠪᠠᠷ ᠨᠡᠮᠡᠭᠳᠡᠵᠦ ᠂  ᠣᠨ᠎ᠤ ᠲᠥᠯᠥᠪᠯᠡᠭᠡ ᠵᠢ 112% ᠪᠡᠶᠡᠯᠡᠭᠦᠯᠦᠨ ᠂  ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠲᠤᠰ ᠲᠤᠰ 7.3% ᠪᠠ 10.7% ᠨᠡᠮᠡᠭᠳᠡᠪᠡ ᠃  ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠬᠠᠮᠤᠷᠬᠤ ᠬᠡᠪᠴᠢᠶ᠎ᠡ ᠵᠢ ᠥᠷᠭᠡᠳᠬᠡᠵᠦ ᠂ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢ ᠪᠦᠲᠦᠮᠵᠢᠲᠡᠢ ᠨᠠᠢ᠌ᠳᠠᠪᠤᠷᠢᠵᠢᠭᠤᠯᠤᠨ ᠂  ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠦᠨᠳᠦᠰᠦᠨ᠎ᠳᠤ᠎ᠪᠠᠨ ᠲᠡᠩᠴᠡᠭᠦᠷᠢᠰᠢᠭᠦᠯᠬᠦ ᠮᠠᠭ᠋ᠠᠳᠯᠠᠯᠲᠠ ᠵᠢ ᠪᠦᠬᠦ ᠬᠦᠷᠢᠶ᠎ᠡ ᠴᠠᠷᠠᠭ᠋ᠠᠨ᠎ᠳᠤ ᠪᠠᠲᠤᠯᠠᠪᠠ ᠃  ᠬᠦᠨᠳᠦ ᠶᠡᠬᠡ ᠬᠢᠵᠢᠭ᠎ᠤᠨ ᠪᠠᠢ᠌ᠳᠠᠯ᠎ᠳᠤ ᠠᠪᠤᠷᠠᠨ ᠵᠠᠰᠠᠬᠤ ᠰᠠᠭᠤᠷᠢᠨ ᠭᠠᠵᠠᠷ ᠂  ᠬᠤᠲᠠ ᠰᠢᠶᠠᠨ᠎ᠤ ᠡᠪᠡᠳᠴᠢᠨ ᠡᠮᠭᠡᠭ᠎ᠢ ᠰᠡᠷᠭᠡᠢ᠌ᠯᠡᠨ ᠬᠣᠷᠢᠭᠯᠠᠬᠤ ᠪᠠᠢ᠌ᠭᠤᠯᠤᠮᠵᠢ ᠵᠢᠨ ᠪᠠᠢ᠌ᠭᠤᠯᠤᠯᠲᠠ ᠪᠠ ᠪᠦᠬᠦ ᠠᠷᠠᠳ᠎ᠤᠨ ᠡᠷᠡᠭᠦᠯ ᠮᠡᠨᠳᠦ ᠵᠢᠨ ᠪᠠᠲᠤᠯᠠᠭ᠎ᠠ ᠵᠢᠨ ᠢᠨᠵᠧᠨᠧᠷᠢᠩ᠎ᠢ ᠠᠬᠢᠭᠤᠯᠵᠤ ᠂  ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠬᠦ ᠴᠢᠳᠠᠪᠤᠷᠢ ᠪᠦᠬᠦᠯᠢ ᠴᠣᠭᠴᠠ᠎ᠪᠠᠷ ᠵᠶ᠋ᠠᠨ ᠳᠡᠭᠡᠭᠰᠢᠯᠡᠪᠡ ᠃  ᠤᠯᠠᠭ᠋ᠠᠨᠮᠥ᠋ᠴᠢᠷ᠎ᠤᠨ ᠥᠭᠡᠷᠡᠴᠢᠯᠡᠯᠲᠡ ᠰᠢᠨ᠎ᠡ ᠡᠭᠦᠳᠦᠯᠲᠡ ᠵᠢ ᠳᠡᠮᠵᠢᠵᠦ ᠂  ᠯᠢᠶᠤᠤ ᠤᠯᠤᠰ᠎ᠤᠨ ᠦᠶ᠎ᠡ ᠵᠢᠨ ᠦ᠋ ᠠᠨ ᠵᠧᠦ ᠵᠢᠨ ᠰᠤᠪᠤᠷᠭ᠎ᠠ ᠵᠢ ᠬᠠᠮᠠᠭ᠋ᠠᠯᠠᠵᠤ ᠰᠡᠯᠪᠢᠨ ᠵᠠᠰᠠᠬᠤ ᠠᠵᠢᠯ ᠵᠶ᠋ᠠᠨ ᠪᠡᠶᠡᠯᠡᠭᠦᠯᠵᠦ ᠂  ᠬᠢᠯᠢ ᠬᠢᠵᠠᠭ᠋ᠠᠷ ᠪᠣᠶ᠋ᠢᠲᠠ ᠪᠥᠭᠯᠡᠭᠦᠦ ᠭᠠᠵᠠᠷ᠎ᠤᠨ 12.12 ᠲᠦᠮᠡᠨ ᠮᠠᠯᠵᠢᠬᠤ ᠡᠷᠦᠬᠡ᠎ᠳᠤ ᠣᠶᠤᠨᠯᠢᠭ ᠷᠠᠳᠢᠣ᠋ ᠲᠧᠯᠸᠢᠰ᠎ᠤᠨ ᠰᠦᠯᠵᠢᠶ᠎ᠡ ᠵᠢ ᠨᠠᠪᠲᠠᠷᠡᠭᠦᠯᠵᠦ ᠂  ᠪᠦᠬᠦ ᠤᠯᠤᠰ᠎ᠤᠨ ᠬᠣᠯᠪᠣᠭ᠋ᠠᠲᠤ ᠣᠷᠤᠯᠳᠤᠭ᠋ᠠᠨ᠎ᠳᠤ ᠥᠪᠥᠷ ᠮᠣᠩᠭᠣᠯ᠎ᠤᠨ ᠬᠥᠳᠡᠭᠡ ᠲᠤᠰᠬᠤᠨ᠎ᠤ ᠢᠲᠡᠭᠡᠮᠵᠢ ᠵᠢᠨ ᠬᠣᠷᠰᠢᠶᠠᠨ᠎ᠤ ᠡᠮᠡᠭᠲᠡᠢ ᠵᠢᠨ ᠰᠠᠭᠰᠤᠨ ᠪᠥᠮᠪᠥᠭᠡ ᠵᠢᠨ ᠠᠩᠭᠢ ᠮᠠᠩᠯᠠᠢ᠌ᠯᠠᠪᠠ ᠂  ᠣᠯᠠᠨ ᠲᠦᠮᠡᠨᠴᠢ ᠴᠢᠨᠠᠷᠲᠠᠢ ᠮᠥᠰᠥ ᠴᠠᠰᠤᠨ᠎ᠤ ᠬᠥᠳᠡᠯᠭᠡᠭᠡᠨ ᠥᠷᠨᠢᠵᠦ ᠡᠬᠢᠯᠡᠪᠡ ᠃  ᠨᠡᠢ᠌ᠭᠡᠮ᠎ᠤᠨ ᠳᠠᠭ᠋ᠠᠳᠬᠠᠯ᠎ᠳᠤ ᠣᠷᠤᠯᠴᠠᠬᠤ ᠬᠡᠪᠴᠢᠶ᠎ᠡ ᠵᠢ ᠥᠷᠭᠡᠳᠬᠡᠬᠦ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ ᠂  ᠨᠠᠰᠤᠵᠢᠯ᠎ᠤᠨ ᠮᠥᠩᠭᠥ ᠂  ᠡᠮᠴᠢᠯᠡᠭᠡᠨ᠎ᠤ ᠳᠠᠭ᠋ᠠᠳᠬᠠᠯ᠎ᠤᠨ ᠨᠥᠬᠥᠪᠦᠷᠢ ᠂  ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠂  ᠣᠨᠴᠠ ᠬᠦᠴᠢᠷᠳᠡᠯᠲᠡᠢ ᠬᠥᠮᠥᠰ᠎ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠤᠯᠠᠮ ᠨᠢᠭᠡ ᠠᠯᠬᠤᠮ ᠳᠡᠭᠡᠭᠰᠢᠯᠡᠵᠦ ᠂  ᠨᠠᠰᠤᠵᠢᠯ᠎ᠤᠨ ᠦᠨᠳᠦᠰᠦᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠯᠠᠪᠳᠠᠭᠤᠨ ᠪᠠᠲᠤᠲᠠᠢ ᠠᠬᠢᠪᠠ ᠃  ᠬᠠᠭᠤᠴᠢᠨ ᠰᠠᠭᠤᠭ᠋ᠠᠯᠢ ᠲᠣᠭᠣᠷᠢᠭ᠎ᠲᠠᠬᠢ 23.8 ᠲᠦᠮᠡᠨ ᠡᠷᠦᠬᠡ ᠵᠢ ᠥᠭᠡᠷᠡᠴᠢᠯᠡᠨ ᠰᠢᠨᠡᠳᠬᠡᠵᠦ ᠂  ᠳᠦᠭᠦᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠤᠨ 2.59 ᠲᠦᠮᠡᠨ ᠢᠵᠢ ᠭᠡᠷ ᠪᠠᠢ᠌ᠰᠢᠩ᠎ᠢ ᠥᠭᠡᠷᠡᠴᠢᠯᠡᠨ ᠰᠢᠨᠡᠳᠬᠡᠵᠦ ᠂  ᠨᠡᠶ᠋ᠢᠲᠡ 2947 2947 ᠲᠣᠷᠤᠯ ᠵᠦᠢ᠍ᠯ ᠂ 139.7 ᠲᠦᠮᠡᠨ ᠢᠵᠢ ᠭᠡᠷ ᠪᠠᠢ᠌ᠰᠢᠩ ᠭᠠᠵᠠᠷ ᠬᠥᠷᠥᠩᠭᠡ ᠵᠢᠨ ᠥᠩᠭᠡᠷᠡᠭᠰᠡᠨ᠎ᠤ ᠦᠯᠡᠳᠡᠭᠳᠡᠵᠦ ᠪᠠᠢ᠌ᠭᠰᠠᠨ ᠠᠰᠠᠭᠤᠳᠠᠯ᠎ᠢ ᠰᠢᠢ᠍ᠳᠪᠦᠷᠢᠯᠡᠪᠡ ᠃  ᠨᠡᠢ᠌ᠭᠡᠮ᠎ᠤᠨ ᠵᠠᠰᠠᠯᠲᠠ ᠵᠢ ᠴᠢᠩᠭ᠋ᠠᠳᠬᠠᠨ ᠰᠢᠨ᠎ᠡ ᠵᠢ ᠡᠭᠦᠳᠴᠦ ᠂  ᠬᠦᠬᠡᠬᠤᠲᠠ 《2021 ᠣᠨ᠎ᠤ ᠳᠤᠮᠳᠠᠳᠤ ᠤᠯᠤᠰ᠎ᠤᠨ ᠳᠠᠭ᠋ᠠᠭᠤᠯᠤᠭᠴᠢ ᠣᠶᠤᠨᠯᠢᠭ ᠬᠤᠲᠠ》᠎ᠪᠠᠷ ᠰᠣᠩᠭᠣᠭᠳᠠᠨ ᠂  ᠣᠷᠳᠣᠰ ᠠᠮᠤᠭᠤᠯᠠᠩᠲᠤ ᠳᠤᠮᠳᠠᠳᠤ ᠤᠯᠤᠰ᠎ᠤᠨ ᠪᠠᠢ᠌ᠭᠤᠯᠤᠯᠲᠠ ᠵᠢᠨ 《ᠴᠠᠩ ᠠᠨ ᠬᠤᠨᠳᠠᠭ᠋ᠠᠲᠤ》 ᠵᠢᠨ ᠢᠷᠠᠭᠤ ᠠᠯᠳᠠᠷ᠎ᠢ ᠬᠦᠷᠲᠡᠵᠦ ᠂  ᠪᠥᠬᠦ ᠣᠷᠣᠨ᠎ᠤ ᠭᠤᠷᠪᠠᠨ ᠱᠠᠲᠤᠨ᠎ᠤ ᠨᠡᠢ᠌ᠭᠡᠮ᠎ᠤᠨ ᠠᠵᠢᠯ᠎ᠤᠨ ᠲᠠᠪᠴᠠᠩ ᠂  ᠴᠠᠬᠢᠯᠭ᠋ᠠᠨ ᠬᠣᠯᠪᠣᠭ᠋ᠠᠨ᠎ᠤ ᠮᠡᠬᠡᠯᠡᠯ᠎ᠢ ᠡᠰᠡᠷᠭᠦᠴᠡᠬᠦ ᠲᠥᠪ᠎ᠤᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ᠎ᠪᠠᠷ ᠠᠬᠢᠭᠤᠯᠵᠤ ᠂  ᠳᠠᠬᠢᠨ ᠳᠠᠪᠲᠠᠨ ᠵᠠᠬᠢᠳᠠᠯ ᠰᠤᠷᠪᠤᠯᠵᠢᠯᠠᠯ ᠬᠢᠬᠦ ᠵᠢ ᠵᠠᠰᠠᠭᠰᠠᠨ ᠪᠠ ᠵᠠᠬᠢᠳᠠᠯ ᠰᠤᠷᠪᠤᠯᠵᠢᠯᠠᠯ᠎ᠤᠨ ᠳᠠᠷᠤᠭᠳᠠᠮᠠᠯ ᠬᠡᠷᠡᠭ᠎ᠢ ᠠᠷᠢᠯᠭ᠋ᠠᠭᠰᠠᠨ ᠲᠤᠰᠬᠠᠢ ᠠᠵᠢᠯ᠎ᠤᠨ ᠦᠷ᠎ᠡ ᠪᠦᠲᠦᠮᠵᠢ ᠢᠯᠡᠷᠬᠡᠢ ᠪᠣᠯᠪᠠ ᠃  ᠪᠠᠢ᠌ᠭ᠋ᠠᠯᠢ ᠵᠢᠨ ᠭᠠᠢ ᠭᠠᠮᠰᠢᠭ᠎ᠢ ᠪᠦᠲᠦᠮᠵᠢᠲᠡᠢ ᠠᠷᠭ᠋ᠠᠴᠠᠭ᠋ᠠᠵᠤ ᠂  ᠠᠮᠤᠷ ᠲᠦᠪᠰᠢᠨ᠎ᠤ ᠲᠠᠯ᠎ᠠ᠎ᠪᠠᠷ᠎ᠬᠢ ᠳᠠᠯᠳᠠ ᠭᠡᠮ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠦᠨ ᠂  ᠠᠶᠤᠯ ᠦᠭᠡᠢ ᠦᠢ᠍ᠯᠡᠳᠪᠦᠷᠢᠯᠡᠯ᠎ᠤᠨ ᠡ ᠡ᠊ᠨᠳᠡᠯ ᠬᠡᠷᠡᠭ ᠭᠠᠷᠤᠭᠰᠠᠨ ᠲᠣᠭ᠎ᠠ ᠪᠠ ᠡ ᠡ᠊ᠨᠳᠡᠭᠰᠡᠨ ᠬᠥᠮᠥᠨ᠎ᠤ ᠲᠣᠭ᠎ᠠ ᠴᠥᠮ ᠪᠠᠭ᠋ᠠᠰᠴᠤ ᠂  ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠲᠠᠯ᠎ᠠ᠎ᠳᠤ ᠬᠦᠨᠳᠦ ᠶᠡᠬᠡ ᠬᠡᠷᠡᠭ ᠡᠭᠦᠰᠦᠭᠰᠡᠨ ᠦᠭᠡᠢ ᠪᠠᠢ᠌ᠵᠤ ᠂  ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ ᠪᠠᠢ᠌ᠬᠤ ᠵᠢ ᠪᠠᠲᠤᠯᠠᠪᠠ ᠃

       ᠨᠢᠭᠡ ᠵᠢᠯ᠎ᠤᠨ ᠲᠤᠷᠰᠢ ᠂  ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠢ᠌ᠴᠢᠯᠠᠯᠲᠠ ᠂  ᠬᠣᠶᠠᠷ᠎ᠢ ᠬᠦᠷᠢᠶᠡᠯᠡᠬᠦ ᠪᠠ ᠠᠰᠠᠷᠠᠨ ᠬᠠᠷᠠᠭ᠋ᠠᠯᠵᠠᠬᠤ ᠂  ᠴᠡᠷᠢᠭ᠎ᠤᠨ ᠠᠯᠪᠠ᠎ᠠᠴᠠ ᠬᠠᠯᠠᠭᠳᠠᠭᠰᠠᠳ ᠂  ᠠᠷᠠᠳ᠎ᠤᠨ ᠠᠭ᠋ᠠᠷ᠎ᠤᠨ ᠰᠡᠷᠭᠡᠢ᠌ᠯᠡᠯᠲᠡ ᠵᠡᠷᠭᠡ ᠠᠵᠢᠯ᠎ᠳᠤ ᠴᠥᠮ ᠰᠢᠨ᠎ᠡ ᠠᠮᠵᠢᠯᠲᠠ ᠣᠯᠵᠤ ᠂  ᠭᠠᠳᠠᠭ᠋ᠠᠳᠤ ᠶᠠᠪᠤᠳᠠᠯ ᠪᠠ ᠬᠠᠷᠢᠶᠠᠲᠤ ᠵᠢᠨ ᠶᠠᠪᠤᠳᠠᠯ ᠂  ᠲᠣᠭ᠎ᠠ ᠪᠦᠷᠢᠳᠬᠡᠯ ᠪᠠᠢ᠌ᠴᠠᠭ᠋ᠠᠯᠲᠠ ᠂  ᠰᠣᠨᠢᠨ ᠮᠡᠳᠡᠭᠡ ᠷᠠᠳᠢᠣ᠋ ᠲᠧᠯᠸᠢᠰ ᠂  ᠨᠡᠢ᠌ᠭᠡᠮ᠎ᠤᠨ ᠰᠢᠨᠵᠢᠯᠡᠬᠦ ᠤᠬᠠᠭ᠋ᠠᠨ ᠂  ᠳᠠᠩᠰᠠ ᠡᠪᠬᠡᠮᠡᠯ ᠪᠠ ᠨᠢᠭᠤᠴᠠ ᠵᠢ ᠬᠠᠮᠠᠭ᠋ᠠᠯᠠᠬᠤ ᠂  ᠵᠥᠪᠳᠡᠭᠴᠢ ᠪᠠ ᠲᠡᠦᠬᠡ ᠰᠣᠶᠣᠯ ᠂  ᠭᠠᠵᠠᠷ ᠬᠥᠳᠡᠯᠦᠯᠲᠡ ᠪᠠ ᠴᠠᠭ ᠠᠭᠤᠷ ᠂  ᠭᠠᠵᠠᠷ ᠰᠢᠨᠵᠢᠯᠡᠭᠡᠨ᠎ᠤ ᠬᠡᠮᠵᠢᠨ ᠵᠢᠷᠤᠭᠯᠠᠯ ᠵᠡᠷᠭᠡ ᠠᠵᠢᠯ ᠦᠢ᠍ᠯᠡᠰ᠎ᠲᠤ ᠴᠥᠮ ᠰᠢᠨ᠎ᠡ ᠦᠷ᠎ᠡ ᠪᠦᠲᠦᠮᠵᠢ᠎ᠲᠠᠢ ᠪᠣᠯᠵᠤ ᠂  ᠠᠵᠢᠯᠴᠢᠨ᠎ᠤ ᠡᠪᠯᠡᠯ ᠂  ᠡᠪ ᠬᠠᠮᠲᠤ ᠵᠠᠯᠠᠭᠤᠴᠤᠳ᠎ᠤᠨ ᠡᠪᠯᠡᠯ ᠂  ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠨᠡᠢ᠌ᠭᠡᠮᠯᠢᠭ ᠂  ᠤᠳᠬ᠎ᠠ ᠤᠷᠠᠯᠢᠭ᠎ᠤᠨ᠎ᠬᠢᠨ᠎ᠤ ᠬᠣᠯᠪᠣᠭ᠋ᠠᠲᠤ ᠬᠤᠷᠠᠯ ᠂  ᠵᠡᠮᠳᠡᠭᠴᠦᠳ᠎ᠤᠨ ᠬᠣᠯᠪᠣᠭ᠋ᠠᠲᠤ ᠬᠤᠷᠠᠯ ᠂  ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠂  ᠨᠠᠰᠤᠲᠠᠢ᠌ᠴᠤᠳ᠎ᠤᠨ ᠠᠵᠢᠯ᠎ᠤᠨ ᠵᠥᠪᠯᠡᠯ ᠂  ᠬᠣᠢ᠌ᠴᠢ ᠦᠶ᠎ᠡ᠎ᠪᠠᠨ ᠬᠠᠯᠠᠮᠵᠢᠯᠠᠬᠤ ᠠᠵᠢᠯ᠎ᠤᠨ ᠵᠥᠪᠯᠡᠯ ᠵᠡᠷᠭᠡ ᠵᠣᠬᠢᠶᠠᠨ ᠪᠠᠢ᠌ᠭᠤᠯᠤᠯᠲᠠ ᠴᠥᠮ ᠰᠢᠨ᠎ᠡ ᠳᠦᠷᠰᠦ ᠪᠠᠢ᠌ᠳᠠᠯ ᠢᠯᠡᠷᠡᠪᠡ ᠃

       ᠨᠢᠭᠡ ᠵᠢᠯ᠎ᠤᠨ ᠲᠤᠷᠰᠢ ᠂  ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠢ᠌ᠭᠤᠯᠤᠯᠲᠠ ᠰᠢᠨ᠎ᠡ᠎ᠪᠠᠷ ᠴᠢᠩᠭ᠋ᠠᠷᠠᠪᠠ ᠃  ᠪᠢᠳᠡ ᠤᠯᠤᠰ ᠲᠥᠷᠥ ᠵᠢᠨ ᠪᠠᠢ᠌ᠭᠤᠯᠤᠯᠲᠠ ᠵᠢ ᠲᠡᠷᠢᠭᠦᠨ ᠪᠠᠢ᠌ᠷᠢᠨ᠎ᠳᠤ ᠲᠠᠯᠪᠢᠵᠤ ᠂  ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ ᠂ 《ᠪᠢ ᠣᠯᠠᠨ ᠲᠦᠮᠡᠨ᠎ᠳᠤ ᠪᠣᠳᠠᠲᠠᠢ ᠶᠠᠪᠤᠳᠠᠯ ᠬᠢᠬᠦ 》 ᠨᠠᠷᠢᠨ ᠳᠠᠩᠰᠠᠨ᠎ᠤ ᠵᠦᠢ᠍ᠯᠡᠰ᠎ᠢ ᠪᠥᠬᠦ ᠲᠠᠯ᠎ᠠ᠎ᠪᠠᠷ ᠪᠡᠶᠡᠯᠡᠭᠦᠯᠦᠨ ᠂  ᠲᠥᠪ᠎ᠤᠨ ᠲᠣᠭᠣᠷᠢᠨ ᠪᠠᠢ᠌ᠴᠠᠭ᠋ᠠᠯᠲᠠ ᠪᠠ ᠬᠢᠨᠠᠨ ᠪᠣᠳᠣᠯᠲᠠ᠎ᠪᠠᠷ ᠲᠤᠰᠬᠠᠭᠰᠠᠨ ᠴᠡᠭᠴᠡᠯᠡᠵᠦ ᠰᠠᠢ᠌ᠵᠢᠷᠠᠭᠤᠯᠬᠤ ᠠᠵᠢᠯ᠎ᠢ ᠬᠢᠨᠠᠮᠠᠭ᠋ᠠᠢ ᠰᠠᠢ᠌ᠲᠤᠷ ᠠᠳᠬᠤᠵᠤ ᠂  ᠮᠥᠩᠭᠥᠨ ᠭᠦᠢ᠍ᠯᠭᠡᠭᠡᠨ᠎ᠤ ᠬᠦᠷᠢᠶ᠎ᠡ ᠪᠠ ᠤᠯᠤᠰ᠎ᠤᠨ ᠥᠮᠴᠢᠯᠡᠯᠲᠦ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠂  ᠨᠡᠭᠡᠭᠡᠯᠲᠡ ᠵᠢᠨ ᠲᠣᠭᠣᠷᠢᠭ᠎ᠤᠨ ᠰᠢᠰᠲ᠋ᠧᠮ᠎ᠳᠠᠬᠢ ᠬᠡᠷᠡᠭ ᠵᠶ᠋ᠠᠷ ᠴᠡᠭᠴᠡᠯᠡᠯᠲᠡ ᠰᠠᠢ᠌ᠵᠢᠷᠠᠭᠤᠯᠤᠯᠲᠠ ᠵᠢ ᠠᠬᠢᠭᠤᠯᠬᠤ ᠠᠵᠢᠯ ᠵᠶ᠋ᠠᠨ ᠭᠦᠨᠵᠡᠭᠡᠢ᠌ᠷᠡᠭᠦᠯᠦᠨ ᠠᠬᠢᠭᠤᠯᠵᠤ ᠂  ᠵᠠᠰᠠᠭ᠎ᠤᠨ ᠣᠷᠳᠣᠨ᠎ᠤ ᠠᠵᠢᠯ᠎ᠤᠨ ᠦᠷ᠎ᠡ ᠠᠰᠢᠭ ᠂  ᠨᠠᠢ᠌ᠳᠠᠪᠤᠷᠢᠵᠢᠭᠤᠯᠤᠭᠰᠠᠨ ᠦᠷ᠎ᠡ ᠪᠦᠲᠦᠮᠵᠢ ᠂  ᠵᠠᠰᠠᠯᠲᠠ ᠬᠢᠭᠰᠡᠨ ᠦᠷ᠎ᠡ ᠴᠢᠳᠠᠮᠵᠢ ᠲᠠᠰᠤᠷᠠᠯᠲᠠ ᠦᠭᠡᠢ ᠳᠡᠭᠡᠭᠰᠢᠯᠡᠪᠡ ᠃  ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠨ ᠂  ᠡᠯ᠎ᠡ ᠲᠠᠯ᠎ᠠ ᠵᠢᠨ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠵᠦ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠳᠤ ᠳᠡᠪᠰᠢᠭᠦᠯᠵᠦ ᠬᠢᠨᠠᠨ ᠵᠥᠪᠰᠢᠶᠡᠷᠡᠭᠦᠯᠦᠭᠰᠡᠨ ᠬᠠᠤᠯᠢ ᠲᠣᠭᠲᠠᠭ᠋ᠠᠯ᠎ᠤᠨ ᠲᠠᠯ᠎ᠠ ᠵᠢᠨ ᠰᠠᠨᠠᠯ ᠵᠥᠪᠯᠡᠯᠭᠡ 36 ᠪᠠᠢ᠌ᠵᠤ ᠂  ᠵᠠᠰᠠᠭ᠎ᠤᠨ ᠣᠷᠳᠣᠨ᠎ᠤ 29 ᠲᠣᠭᠲᠠᠭ᠋ᠠᠯ ᠳᠦᠷᠢᠮ᠎ᠢ ᠲᠣᠭᠲᠠᠭ᠋ᠠᠵᠤ ᠂  ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠣᠯᠭ᠋ᠠᠵᠤ ᠂  ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ 585 ᠰᠠᠨᠠᠭᠤᠯᠭ᠎ᠠ ᠪᠠ ᠤᠯᠤᠰ ᠲᠥᠷᠥ ᠵᠢᠨ ᠵᠥᠪᠯᠡᠯᠭᠡᠨ᠎ᠤ 583 ᠰᠠᠨᠠᠯ ᠳᠤᠷᠠᠳᠤᠯᠭ᠎ᠠ ᠵᠢ ᠴᠥᠮ ᠭᠦᠢ᠍ᠴᠡᠳᠬᠡᠵᠦ ᠳᠠᠭᠤᠰᠬᠠᠪᠠ ᠃  ᠠᠷᠪᠢᠴᠢ ᠭᠠᠮᠲᠠᠢ ᠠᠮᠢᠳᠤᠷᠠᠬᠤ ᠵᠢ ᠪᠠᠷᠢᠮᠲᠠᠯᠠᠨ ᠂  ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠭᠣᠣᠯᠳᠠᠯᠭ᠎ᠠ ᠵᠢᠨ ᠪᠤᠰᠤ ᠂  ᠵᠠᠪᠠᠯ ᠬᠡᠷᠡᠭᠰᠡᠬᠦ ᠪᠤᠰᠤ ᠴᠢᠨᠠᠷᠲᠠᠢ ᠵᠠᠷᠤᠯᠭ᠎ᠠ ᠵᠢᠨ ᠲᠥᠰᠥᠪ᠎ᠢ 55.5 ᠳ᠋ᠦᠩᠰᠢᠭᠤᠷ ᠲᠥᠭᠥᠷᠢᠭ ᠬᠠᠰᠤᠨ ᠪᠠᠭ᠋ᠠᠰᠬᠠᠵᠤ ᠂  ᠶᠡᠷᠦᠩᠬᠡᠢ᠎ᠳᠤ᠎ᠨᠢ ᠬᠠᠰᠤᠵᠤ ᠪᠠᠭ᠋ᠠᠰᠬᠠᠭᠰᠠᠨ ᠨᠤᠷᠮ᠎ᠠ 34.4% ᠪᠣᠯᠪᠠ ᠃

       ᠲᠥᠯᠥᠭᠡᠯᠡᠭᠴᠢᠳ ᠠ᠋ ᠂  ᠥᠩᠭᠡᠷᠡᠭᠰᠡᠨ ᠨᠢᠭᠡ ᠵᠢᠯ᠎ᠳᠤ ᠂  ᠬᠦᠴᠢᠷᠳᠡᠯ ᠣᠯᠠᠨ ᠥᠷᠢᠰᠦᠯᠳᠦᠭᠡᠨ ᠶᠡᠬᠡ ᠪᠠᠢ᠌ᠳᠠᠯ ᠳᠣᠣᠷ᠎ᠠ ᠂  ᠮᠠᠨ᠎ᠤ ᠣᠷᠣᠨ᠎ᠤ ᠡᠯ᠎ᠡ ᠵᠦᠢ᠍ᠯ᠎ᠤᠨ ᠠᠵᠢᠯ ᠦᠢ᠍ᠯᠡᠰ ᠬᠥᠭᠵᠢᠨ ᠳᠠᠪᠰᠢᠵᠤ ᠴᠢᠳᠠᠭᠰᠠᠨ ᠶᠠᠪᠤᠳᠠᠯ ᠪᠣᠯ ᠦᠨᠳᠦᠰᠦᠨ᠎ᠳᠤ᠎ᠪᠠᠨ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠣᠢ ᠂  ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ᠎ᠪᠠᠷ ᠵᠢᠯᠣᠭᠣᠳᠤᠨ ᠳᠠᠭ᠋ᠠᠭᠤᠯᠤᠭᠰᠠᠨ ᠪᠠ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠠᠷ ᠵᠶ᠋ᠠᠨ ᠥᠪᠥᠷ ᠮᠣᠩᠭᠣᠯ᠎ᠳᠤ ᠴᠢᠭᠯᠡᠯ ᠲᠣᠭᠲᠠᠭ᠋ᠠᠵᠤ ᠵᠠᠮ ᠵᠢᠭ᠋ᠠᠵᠤ ᠤᠳᠤᠷᠢᠳᠤᠭᠰᠠᠨ᠎ᠳᠤ ᠪᠣᠢ ᠃  ᠮᠠᠨ᠎ᠤ ᠣᠷᠣᠨ᠎ᠤ ᠡᠯ᠎ᠡ ᠵᠦᠢ᠍ᠯ᠎ᠤᠨ ᠠᠵᠢᠯ᠎ᠳᠤ ᠣᠯᠣᠭᠰᠠᠨ ᠠᠮᠵᠢᠯᠲᠠ ᠪᠦᠲᠦᠮᠵᠢ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠴᠢᠷᠮᠠᠢ᠌ᠨ ᠲᠡᠮᠡᠴᠡᠭᠰᠡᠨ᠎ᠤ ᠦᠷ᠎ᠡ ᠳ᠋ᠦᠩ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠂  ᠤᠯᠤᠰ ᠲᠥᠷᠥ ᠵᠢᠨ ᠵᠥᠪᠯᠡᠯᠭᠡᠨ ᠪᠠ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠪᠦᠲᠦᠮᠵᠢᠲᠡᠢ ᠬᠢᠨᠠᠯᠲᠠ ᠲᠠᠯᠪᠢᠵᠤ ᠶᠡᠬᠡ᠎ᠪᠠᠷ ᠳᠡᠮᠵᠢᠭᠰᠡᠨ᠎ᠤ ᠦᠷ᠎ᠡ ᠳ᠋ᠦᠩ ᠪᠣᠯᠣᠨ᠎ᠠ ᠃  ᠡ᠊ᠨᠳᠡ ᠂  ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠂  ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ 2400 ᠲᠦᠮᠡ ᠭᠠᠷᠤᠢ ᠠᠷᠠᠳ ᠲᠦᠮᠡᠨ ᠂  ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ ᠂  ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠪᠠ ᠡᠯ᠎ᠡ ᠠᠷᠠᠳᠴᠢᠯᠠᠭᠰᠠᠨ ᠨᠠᠮ ᠪᠦᠯᠦᠭ ᠂  ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠋ᠠᠲᠤ ᠬᠤᠷᠠᠯ ᠂  ᠠᠷᠠᠳ᠎ᠤᠨ ᠪᠦᠯᠬᠦᠮ ᠂  ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ ᠂  ᠲᠥᠪ᠎ᠤᠨ ᠡᠯ᠎ᠡ ᠰᠠᠯᠠᠭ᠎ᠠ ᠮᠥᠴᠢᠷ ᠂  ᠠᠬ᠎ᠠ ᠳᠡᠭᠦᠦ ᠮᠤᠵᠢ ᠣᠷᠣᠨ ᠬᠤᠲᠠ ᠂  ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠋ᠠᠨ᠎ᠤ ᠴᠡᠷᠢᠭ ᠠᠩᠭᠢ ᠂  ᠥᠪᠥᠷ ᠮᠣᠩᠭᠣᠯ᠎ᠢ ᠬᠠᠯᠠᠮᠵᠢᠯᠠᠨ ᠳᠡᠮᠵᠢᠭᠰᠡᠨ ᠪᠦᠬᠦ ᠨᠠᠢ᠌ᠵᠠ ᠨᠥᠬᠥᠳ᠎ᠲᠤ ᠴᠢᠩ ᠰᠡᠳᠬᠢᠯ᠎ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠵᠶ᠋ᠠᠨ ᠳᠡᠪᠰᠢᠭᠦᠯᠦᠶ᠎ᠡ  !

       ᠬᠣᠶᠠᠷ ᠂ 2022 ᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠠᠷᠠᠯᠲᠠ ᠱᠠᠭ᠋ᠠᠷᠳᠠᠯᠭ᠎ᠠ

       ᠡᠨᠡ ᠵᠢᠯ ᠨᠠᠮ᠎ᠤᠨ ᠬᠣᠷᠢᠳᠤᠭ᠋ᠠᠷ ᠶᠡᠬᠡ ᠬᠤᠷᠠᠯ ᠠᠮᠵᠢᠯᠲᠠ᠎ᠲᠠᠢ ᠬᠤᠷᠠᠯᠳᠤᠬᠤ᠎ᠪᠠᠷ ᠪᠠᠢ᠌ᠨ᠎ᠠ ᠂  ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ ᠶᠠᠭ ᠭᠦᠨᠵᠡᠭᠡᠢ ᠥᠷᠨᠢᠵᠦ ᠪᠠᠢ᠌ᠨ᠎ᠠ ᠂  ᠡᠳᠡᠭᠡᠷ᠎ᠨᠢ ᠥᠪᠥᠷ ᠮᠣᠩᠭᠣᠯ᠎ᠤᠨ ᠣᠳᠣᠬᠢᠴᠢᠯᠠᠯᠲᠠ ᠵᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠶᠠᠪᠤᠴᠠ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ ᠃  ᠵᠠᠰᠠᠭ᠎ᠤᠨ ᠣᠷᠳᠣᠨ᠎ᠤ ᠠᠵᠢᠯ᠎ᠢ ᠰᠠᠢ᠌ᠲᠤᠷ ᠬᠢᠬᠦ᠎ᠳᠤ ᠂  ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ ᠂  ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠤᠳᠠᠭ᠎ᠠ ᠪᠦᠷᠢ ᠵᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠂  ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ ᠂  ᠲᠣᠭᠲᠠᠭᠤᠨ᠎ᠤ ᠳᠠᠭ᠋ᠠᠤ ᠤᠷᠤᠭᠰᠢᠯᠠᠬᠤ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠨ ᠂  ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠭᠦᠢ᠍ᠴᠡᠳ ᠂  ᠵᠥᠪ ᠣᠨᠣᠪᠴᠢᠲᠠᠢ ᠂  ᠪᠦᠬᠦ ᠲᠠᠯ᠎ᠠ᠎ᠪᠠᠷ ᠲᠤᠭᠤᠰᠢᠯᠠᠭᠤᠯᠵᠤ ᠂  ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠢᠳᠡᠪᠬᠢᠲᠡᠢ ᠦᠢ᠍ᠯᠡᠴᠢᠯᠡᠬᠦ ᠪᠠ ᠠᠭᠤᠰᠤᠯᠴᠠᠵᠤ ᠂  ᠥᠭᠡᠷᠡᠴᠢᠯᠡᠯᠲᠡ ᠨᠡᠭᠡᠭᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠦᠨ ᠂  ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢ ᠪᠠᠷᠢᠮᠲᠠᠯᠠᠵᠤ ᠂  ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ ᠂  ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠂  ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠥᠬᠥᠷᠡᠰᠢ ᠦᠭᠡᠢ ᠪᠠᠲᠤᠳᠬᠠᠨ ᠂  ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠂  ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠭᠤᠢ᠌ᠪᠢᠰᠢ ᠦᠭᠡᠢ ᠵᠠᠮᠨᠠᠵᠤ ᠂ 《ᠬᠣᠶᠠᠷ ᠬᠠᠯᠬᠠᠪᠴᠢ》 ᠂ 《ᠬᠣᠶᠠᠷ ᠰᠠᠭᠤᠷᠢᠨ ᠭᠠᠵᠠᠷ》 ᠂ 《ᠨᠢᠭᠡ ᠬᠥᠭᠥᠷᠭᠡᠨ ᠪᠡᠬᠢᠯᠡᠯᠲᠡ》 ᠵᠢ ᠲᠦᠷᠭᠡᠳᠬᠡᠨ ᠪᠠᠢ᠌ᠭᠤᠯᠵᠤ ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠂ 《ᠵᠢᠷᠭᠤᠭ᠎ᠠ ᠵᠢ ᠪᠠᠲᠤᠯᠠᠬᠤ》 ᠠᠵᠢᠯ᠎ᠢ ᠦᠷᠭᠦᠯᠵᠢᠯᠡᠨ ᠰᠠᠢ᠌ᠲᠤᠷ ᠬᠢᠵᠦ ᠂  ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠬᠤ ᠪᠠ ᠰᠠᠢ᠌ᠵᠢᠷᠠᠭᠤᠯᠵᠤ ᠂  ᠠᠵᠤ ᠠᠬᠤᠢ ᠵᠢᠨ ᠠᠵᠢᠯᠯᠠᠭ᠋ᠠᠨ᠎ᠢ ᠵᠣᠬᠢᠰᠲᠠᠢ ᠬᠡᠪᠴᠢᠶᠡᠨ᠎ᠳᠤ ᠪᠠᠢ᠌ᠯᠭ᠋ᠠᠵᠤ ᠂  ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠪᠠᠲᠤᠯᠠᠨ ᠂  ᠰᠢᠯᠢᠳᠡᠭ ᠬᠢᠷᠢ ᠪᠦᠲᠦᠮᠵᠢ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠪᠠᠶᠠᠷᠯᠠᠨ ᠤᠭᠲᠤᠶ᠎ᠠ ᠃

       ᠪᠦᠬᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠪᠣᠯ ᠄  ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 6% ᠣᠷᠴᠢᠮ ᠨᠡᠮᠡᠭᠳᠡᠭᠦᠯᠦᠨ᠎ᠡ ;  ᠬᠤᠲᠠ ᠪᠠᠯᠭ᠋ᠠᠰᠤᠨ᠎ᠤ ᠠᠵᠢᠯ ᠣᠯᠣᠭᠰᠠᠳ᠎ᠢ 20 ᠭᠠᠷᠤᠢ ᠲᠦᠮᠡ ᠰᠢᠨ᠎ᠡ᠎ᠪᠠᠷ ᠨᠡᠮᠡᠭᠳᠡᠭᠦᠯᠵᠦ ᠂  ᠬᠤᠲᠠ ᠪᠠᠯᠭ᠋ᠠᠰᠤᠨ᠎ᠤ ᠪᠠᠢ᠌ᠴᠠᠭ᠋ᠠᠯᠲᠠ᠎ᠳᠠᠬᠢ ᠠᠵᠢᠯ ᠠᠯᠳᠠᠭᠰᠠᠳ᠎ᠤᠨ ᠨᠤᠷᠮ᠎ᠠ ᠵᠢ 6% ᠣᠷᠴᠢᠮ ᠪᠠᠢ᠌ᠯᠭ᠋ᠠᠨ᠎ᠠ ;  ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠥᠰᠦᠯᠲᠡ ᠵᠢᠨ ᠬᠡᠮᠵᠢᠶ᠎ᠡ ᠵᠢ 3% ᠣᠷᠴᠢᠮ ᠪᠠᠢ᠌ᠯᠭ᠋ᠠᠨ᠎ᠠ ;  ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠯᠦᠭᠡ ᠦᠨᠳᠦᠰᠦᠨ᠎ᠳᠤ᠎ᠪᠠᠨ ᠠᠳᠠᠯᠢ ᠪᠠᠢ᠌ᠯᠭ᠋ᠠᠨ᠎ᠠ ;  ᠠᠮᠢ ᠠᠬᠤᠢ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠵᠢ ᠤᠯᠠᠮ ᠨᠢᠭᠡ ᠠᠯᠬᠤᠮ ᠰᠠᠢ᠌ᠵᠢᠷᠠᠭᠤᠯᠵᠤ ᠂  ᠤᠯᠤᠰ᠎ᠠᠴᠠ ᠪᠠᠭᠤᠯᠭ᠋ᠠᠭᠰᠠᠨ ᠡᠨᠧᠷᠬᠢ ᠠᠷᠪᠢᠯᠠᠵᠤ ᠪᠣᠬᠢᠷᠳᠤᠯ᠎ᠢ ᠭᠠᠳᠠᠭᠰᠢᠯᠠᠭᠤᠯᠬᠤ᠎ᠪᠠᠨ ᠪᠠᠭ᠋ᠠᠰᠬᠠᠬᠤ ᠬᠠᠷᠠᠯᠲᠠ ᠡᠭᠦᠷᠭᠡ ᠵᠢ ᠪᠡᠶᠡᠯᠡᠭᠦᠯᠦᠨ᠎ᠡ ᠃  ᠠᠵᠤ ᠠᠬᠤᠢ ᠵᠢᠨ ᠨᠡᠮᠡᠭᠳᠡᠯ᠎ᠤᠨ ᠬᠠᠷᠠᠯᠲᠠ ᠵᠢ 6% ᠣᠷᠴᠢᠮ ᠪᠠᠢ᠌ᠯᠭ᠋ᠠᠬᠤ᠎ᠪᠠᠷ ᠲᠣᠭᠲᠠᠭ᠋ᠠᠭᠰᠠᠨ ᠶᠠᠪᠤᠳᠠᠯ ᠪᠣᠯ ᠲᠣᠭᠲᠠᠭᠤᠨ᠎ᠢ ᠲᠡᠷᠢᠭᠦᠨ᠎ᠳᠤ ᠲᠠᠯᠪᠢᠵᠤ ᠂  ᠲᠣᠭᠲᠠᠭᠤᠨ᠎ᠤ ᠳᠠᠭ᠋ᠠᠤ ᠤᠷᠤᠭᠰᠢᠯᠠᠬᠤ ᠱᠠᠭ᠋ᠠᠷᠳᠠᠯᠭ᠎ᠠ ᠵᠢ ᠲᠤᠭᠤᠰᠢᠯᠠᠭᠤᠯᠤᠨ ᠂  ᠬᠥᠳᠡᠯᠭᠡᠭᠦ ᠬᠦᠴᠦᠨ᠎ᠤ ᠲᠤᠯᠭ᠋ᠠᠭᠤᠷᠢᠯᠠᠯ ᠂  ᠳᠠᠷᠤᠯᠲᠠ ᠬᠦᠯᠢᠶᠡᠬᠦ ᠳᠠᠭ᠋ᠠᠭ᠋ᠠᠴᠠ ᠪᠠ ᠪᠤᠰᠤᠳ ᠵᠢᠱ᠌ᠢᠭᠰᠡᠨ ᠬᠠᠷᠠᠯᠲᠠ᠎ᠲᠠᠢ ᠬᠠᠷᠢᠯᠴᠠᠨ ᠵᠣᠬᠢᠴᠠᠭᠤᠯᠵᠤ ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ᠎ᠲᠠᠢ ᠵᠣᠯᠭ᠋ᠠᠭᠤᠯᠬᠤ᠎ᠪᠠᠷ ᠪᠣᠳᠣᠯᠬᠢᠯᠠᠪᠠ ᠂  ᠡᠨᠡ᠎ᠨᠢ ᠠᠵᠢᠯ ᠣᠯᠭᠣᠯᠲᠠ ᠵᠢ ᠪᠠᠲᠤᠯᠠᠬᠤ ᠂  ᠲᠦᠭᠰᠢᠭᠦᠷᠢ ᠵᠢ ᠰᠡᠷᠭᠡᠢ᠌ᠯᠡᠬᠦ ᠂  ᠵᠢᠱ᠌ᠢᠯᠲᠡ ᠵᠢ ᠲᠣᠭᠲᠠᠪᠤᠷᠢᠵᠢᠭᠤᠯᠬᠤ᠎ᠳᠤ ᠠᠰᠢᠭᠲᠠᠢ ᠂  ᠪᠦᠲᠦᠴᠡ ᠵᠢ ᠲᠣᠬᠢᠷᠠᠭᠤᠯᠬᠤ ᠂  ᠴᠢᠳᠠᠮᠵᠢ ᠵᠢ ᠬᠤᠪᠢᠷᠠᠭᠤᠯᠬᠤ ᠂  ᠴᠢᠨᠠᠷ᠎ᠢ ᠳᠡᠭᠡᠭᠰᠢᠯᠡᠭᠦᠯᠬᠦ᠎ᠳᠤ ᠠᠰᠢᠭᠲᠠᠢ ᠪᠥᠭᠡᠳ ᠡᠯ᠎ᠡ ᠲᠠᠯ᠎ᠠ ᠵᠢᠨ᠎ᠬᠢᠨ᠎ᠤ ᠬᠥᠭᠵᠢᠯᠲᠡ ᠵᠢ ᠠᠳᠬᠤᠬᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ᠎ᠨᠢ ᠳᠠᠶ᠋ᠢᠴᠢᠯᠠᠨ ᠳᠡᠭᠡᠭᠰᠢᠯᠡᠭᠦᠯᠬᠦ᠎ᠳᠤ ᠠᠰᠢᠭᠲᠠᠢ ᠶᠤᠮ ᠃

       ᠶᠡᠷᠦᠩᠬᠡᠢ᠌ᠯᠡᠨ ᠵᠠᠳᠠᠯᠪᠠᠯ ᠂  ᠡᠳᠡᠭᠡᠷ ᠬᠠᠷᠠᠯᠲᠠ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ᠎ᠳᠤ ᠲᠤᠯᠭ᠋ᠠᠭᠤᠷᠢᠯᠠᠬᠤ ᠨᠥᠬᠥᠴᠡᠯ᠎ᠲᠠᠢ ᠪᠠᠢ᠌ᠬᠤ ᠮᠥᠷᠲᠡᠭᠡᠨ ᠬᠦᠴᠢᠷᠳᠡᠯ ᠥᠷᠢᠰᠦᠯᠳᠦᠭᠡᠨ ᠪᠠᠰᠠ ᠲᠤᠯᠭ᠋ᠠᠷᠠᠵᠤ ᠪᠠᠢ᠌ᠨ᠎ᠠ ᠃  ᠪᠦᠬᠦ ᠤᠯᠤᠰ᠎ᠤᠨ ᠪᠠᠢ᠌ᠳᠠᠯ᠎ᠠᠴᠠ ᠦᠵᠡᠪᠡᠯ ᠂  ᠮᠠᠨ᠎ᠤ ᠤᠯᠤᠰ᠎ᠤᠨ ᠠᠵᠤ ᠠᠬᠤᠢ ᠤᠶᠠᠨ ᠬᠠᠳᠠᠨ ᠴᠢᠨᠠᠷ ᠵᠶ᠋ᠠᠷ ᠴᠢᠩᠭ᠎ᠠ ᠂  ᠤᠷᠲᠤ ᠬᠤᠭᠤᠴᠠᠭ᠎ᠠ᠎ᠪᠠᠷ ᠰᠠᠢ᠌ᠵᠢᠷᠠᠵᠤ ᠪᠠᠢ᠌ᠭ᠎ᠠ ᠦᠨᠳᠦᠰᠦᠨ ᠪᠠᠢ᠌ᠳᠠᠯ᠎ᠳᠤ ᠬᠤᠪᠢᠷᠠᠯᠲᠠ ᠦᠭᠡᠢ ᠂  ᠭᠡᠪᠡᠴᠦ ᠲᠤᠰ ᠡᠷᠢᠨ ᠵᠠᠭᠤᠨ᠎ᠳᠠᠬᠢ ᠬᠢᠵᠢᠭ᠎ᠤᠨ ᠪᠠᠢ᠌ᠳᠠᠯ᠎ᠤᠨ ᠳᠠᠭ᠋ᠠᠷᠢᠯᠲᠠ ᠳᠣᠣᠷ᠎ᠠ ᠵᠠᠭᠤᠨ ᠣᠨ᠎ᠤ ᠶᠡᠷᠦ ᠪᠤᠰᠤ ᠵᠢᠨ ᠪᠠᠢ᠌ᠳᠠᠯ ᠲᠦᠷᠭᠡᠨ ᠵᠶ᠋ᠠᠷ ᠤᠯᠠᠷᠢᠨ ᠬᠤᠪᠢᠰᠴᠤ ᠪᠠᠢ᠌ᠨ᠎ᠠ ᠂  ᠭᠠᠳᠠᠷ ᠣᠷᠴᠢᠨ ᠨᠡᠩ ᠨᠠᠷᠢᠨ ᠪᠤᠳᠤᠯᠢᠶᠠᠨ᠎ᠲᠠᠢ ᠨᠡᠩ ᠬᠦᠨᠳᠦ ᠨᠣᠴᠢᠲᠠᠢ ᠪᠠ ᠲᠣᠭᠲᠠᠪᠤᠷᠢ ᠦᠭᠡᠢ ᠪᠣᠯᠵᠤ ᠪᠣᠢ ᠂  ᠠᠵᠤ ᠠᠬᠤᠢ ᠵᠢᠨ ᠬᠥᠭᠵᠢᠯᠲᠡ᠎ᠳᠤ ᠬᠡᠷᠡᠭᠴᠡᠭᠡ ᠱᠠᠭ᠋ᠠᠷᠳᠠᠯᠭ᠎ᠠ ᠪᠠᠭ᠋ᠠᠰᠬᠤ ᠂  ᠬᠠᠩᠭ᠋ᠠᠯᠭ᠎ᠠ ᠵᠢᠨ ᠲᠠᠯ᠎ᠠ ᠳᠠᠭ᠋ᠠᠷᠢᠭᠳᠠᠬᠤ ᠂  ᠵᠢᠱ᠌ᠢᠯᠲᠡ ᠪᠠᠭᠤᠷᠠᠬᠤ ᠭᠤᠷᠪᠠᠨ ᠳᠠᠪᠬᠤᠷ ᠳᠠᠷᠤᠯᠲᠠ ᠲᠤᠯᠭ᠋ᠠᠷᠠᠵᠤ ᠪᠠᠢ᠌ᠨ᠎ᠠ ᠃  ᠮᠠᠨ᠎ᠤ ᠣᠷᠣᠨ᠎ᠤ ᠪᠠᠢ᠌ᠳᠠᠯ᠎ᠠᠴᠠ ᠦᠵᠡᠪᠡᠯ ᠂  ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠂  ᠪᠣᠬᠢᠷᠳᠤᠯ ᠦᠭᠡᠢ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠰᠦᠪᠡᠭᠴᠢᠯᠡᠬᠦ ᠠᠰᠠᠭᠤᠳᠠᠯ ᠵᠶ᠋ᠠᠨ ᠲᠠᠰᠤᠷᠠᠯᠲᠠ ᠦᠭᠡᠢ ᠰᠢᠢ᠍ᠳᠪᠦᠷᠢᠯᠡᠵᠦ ᠂  ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠪᠦᠬᠦ ᠲᠠᠯ᠎ᠠ᠎ᠪᠠᠷ ᠪᠣᠬᠢᠷᠳᠤᠯ ᠦᠭᠡᠢ ᠪᠣᠯᠭ᠋ᠠᠬᠤ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠪᠠᠢ᠌ᠳᠠᠯ ᠦᠷᠭᠦᠯᠵᠢᠯᠡᠨ ᠰᠠᠢ᠌ᠵᠢᠷᠠᠵᠤ ᠪᠠᠢ᠌ᠭ᠎ᠠ ᠪᠣᠯᠪᠠᠴᠤ ᠂  ᠬᠥᠭᠵᠢᠯᠲᠡ ᠵᠢᠨ ᠲᠡᠩᠴᠡᠭᠦᠷᠢ ᠦᠭᠡᠢ ᠭᠦᠢ᠍ᠴᠡᠳ ᠪᠤᠰᠤ ᠠᠰᠠᠭᠤᠳᠠᠯ ᠮᠥᠨ ᠬᠦ᠌ ᠲᠣᠪᠣᠢ᠌ᠮ᠎ᠠ ᠪᠠᠢ᠌ᠭᠰᠠᠭ᠋ᠠᠷ ᠂  ᠴᠢᠨᠠᠷ ᠰᠠᠢ᠌ᠲᠠᠢ ᠬᠥᠭᠵᠢᠯᠲᠡ ᠵᠢ ᠬᠦᠯᠢᠶᠡᠰᠦᠯᠡᠵᠦ ᠪᠠᠢ᠌ᠭ᠎ᠠ ᠪᠠᠢ᠌ᠷᠢᠰᠢᠭᠤᠯᠤᠯ᠎ᠤᠨ ᠵᠥᠷᠢᠴᠡᠯ ᠂  ᠪᠦᠲᠦᠴᠡ ᠵᠢᠨ ᠠᠰᠠᠭᠤᠳᠠᠯ ᠪᠠ ᠪᠠᠢ᠌ᠭᠤᠯᠤᠯ᠎ᠤᠨ ᠲᠠᠯ᠎ᠠ ᠵᠢᠨ ᠬᠠᠷᠰᠢ ᠰᠠᠭ᠋ᠠᠳ ᠮᠥᠨ ᠬᠦ᠌ ᠲᠣᠪᠣᠢ᠌ᠮ᠎ᠠ ᠪᠠᠢ᠌ᠭᠰᠠᠭ᠋ᠠᠷ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠡᠭᠦᠳᠦᠯᠲᠡ ᠂  ᠰᠠᠭᠤᠷᠢ ᠪᠡᠯᠡᠳᠬᠡᠮᠵᠢ ᠂  ᠠᠵᠤ ᠦᠢ᠍ᠯᠡᠰ᠎ᠤᠨ ᠪᠦᠲᠦᠭᠡᠨ ᠪᠠᠢ᠌ᠭᠤᠯᠤᠯᠲᠠ ᠂  ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠂  ᠣᠯᠠᠨ ᠨᠡᠶ᠋ᠢᠲᠡ ᠵᠢᠨ ᠦᠢ᠍ᠯᠡᠴᠢᠯᠡᠭᠡ ᠪᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠳᠤᠲᠠᠭᠤᠳᠠᠯ ᠮᠥᠨ ᠬᠦ᠌ ᠲᠣᠪᠣᠢ᠌ᠮ᠎ᠠ ᠪᠠᠢ᠌ᠨ᠎ᠠ ᠃  ᠠᠵᠤ ᠠᠬᠤᠢ ᠵᠢᠨ ᠪᠠᠭᠤᠷᠠᠯᠲᠠ ᠵᠢᠨ ᠳᠠᠷᠤᠯᠲᠠ ᠦᠷᠭᠦᠯᠵᠢᠯᠡᠨ ᠬᠦᠨᠳᠦᠷᠡᠵᠦ ᠂  ᠲᠦᠷᠦᠯ ᠵᠦᠢ᠍ᠯ᠎ᠤᠨ ᠨᠥᠭᠡᠴᠡ ᠬᠢᠭᠡᠳ ᠴᠢᠨᠠᠷ ᠰᠠᠢ᠌ᠲᠠᠢ ᠬᠥᠭᠵᠢᠯᠲᠡ ᠵᠢᠨ ᠵᠣᠯᠭ᠋ᠠᠭᠤᠯᠬᠤ ᠴᠢᠨᠠᠷ ᠴᠢᠩᠭ᠎ᠠ ᠪᠤᠰᠤ ᠂  ᠲᠦᠷᠦᠯ ᠵᠦᠢ᠍ᠯ᠎ᠤᠨ ᠪᠦᠲᠦᠴᠡ ᠬᠢᠭᠡᠳ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢᠨ ᠢᠵᠢᠯᠢᠰᠢᠬᠦ ᠴᠢᠨᠠᠷ ᠥᠨᠳᠥᠷ ᠪᠤᠰᠤ ᠪᠠᠢ᠌ᠵᠤ ᠂  ᠠᠵᠤ ᠠᠬᠤᠢ ᠵᠢᠨ ᠨᠡᠮᠡᠭᠳᠡᠯ᠎ᠳᠤ ᠦᠵᠡᠭᠦᠯᠬᠦ ᠲᠦᠷᠦᠯ ᠵᠦᠢ᠍ᠯ᠎ᠤᠨ ᠬᠡᠪᠴᠢᠶᠡᠵᠢᠯ᠎ᠤᠨ ᠲᠤᠯᠭ᠋ᠠᠭᠤᠷᠢᠯᠠᠬᠤ ᠬᠦᠴᠦᠨ ᠬᠦᠷᠦᠯᠴᠡᠬᠦ ᠦᠭᠡᠢ ᠪᠠᠢ᠌ᠨ᠎ᠠ ᠃  ᠣᠷᠣᠨ ᠨᠤᠲᠤᠭ᠎ᠤᠨ ᠬᠡᠷᠡᠭᠯᠡᠵᠦ ᠪᠣᠯᠬᠤᠢ᠌ᠴᠠ ᠡᠳ᠋᠎ᠤᠨ ᠬᠦᠴᠦᠨ ᠶᠡᠷᠦᠩᠬᠡᠢ᠎ᠳᠤ᠎ᠪᠠᠨ ᠭᠦᠢ᠍ᠴᠡᠳ ᠪᠤᠰᠤ ᠂  ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠲᠡᠩᠴᠡᠭᠦᠷᠢᠰᠢᠯ ᠲᠠᠲᠠᠭᠤ ᠪᠠᠢ᠌ᠳᠠᠯ᠎ᠲᠠᠢ ᠂  ᠢᠯᠠᠩᠭᠤᠶ᠎ᠠ ᠦᠨᠳᠦᠰᠦᠨ ᠱᠠᠲᠤᠨ᠎ᠤ ᠵᠠᠰᠠᠭ᠎ᠤᠨ ᠣᠷᠳᠣᠨ ᠥᠷᠢ ᠥᠭᠴᠡᠭᠡ ᠵᠢ ᠠᠷᠢᠯᠭ᠋ᠠᠬᠤ ᠂  ᠠᠵᠤ ᠠᠬᠤᠢ᠌ᠯᠠᠯ᠎ᠢ ᠲᠤᠰᠠᠯᠠᠨ ᠬᠦᠴᠢᠷᠳᠡᠯ᠎ᠢ᠎ᠨᠢ ᠲᠠᠢ᠌ᠯᠬᠤ ᠪᠠ ᠠᠷᠠᠳ᠎ᠤᠨ ᠠᠮᠢᠳᠤᠷᠠᠯ᠎ᠢ ᠪᠠᠲᠤᠯᠠᠬᠤ ᠂  ᠴᠠᠯᠢᠩ᠎ᠢ ᠪᠠᠲᠤᠯᠠᠬᠤ ᠂  ᠠᠵᠢᠯᠯᠠᠵᠤ ᠡᠷᠭᠢᠯᠳᠦᠭᠦᠯᠬᠦ ᠵᠢ ᠪᠠᠲᠤᠯᠠᠬᠤ ᠲᠠᠯ᠎ᠠ᠎ᠳᠤ ᠨᠡᠯᠢᠶᠡᠳ ᠶᠡᠬᠡ ᠬᠦᠴᠢᠷ ᠲᠤᠯᠭ᠋ᠠᠷᠠᠵᠤ ᠪᠣᠢ ᠃  ᠡᠯ᠎ᠡ ᠲᠦᠷᠦᠯ᠎ᠤᠨ ᠲᠦᠭᠰᠢᠭᠦᠷᠢ ᠪᠠ ᠥᠷᠢᠰᠦᠯᠳᠦᠭᠡᠨ ᠢᠯᠡᠷᠬᠡᠢ ᠣᠯᠠᠰᠢᠷᠠᠵᠤ ᠂  ᠠᠵᠤ ᠠᠬᠤᠢ ᠮᠥᠩᠭᠥᠨ ᠭᠦᠢ᠍ᠯᠭᠡᠭᠡᠨ᠎ᠤ ᠬᠦᠷᠢᠶᠡᠨ᠎ᠳᠠᠬᠢ ᠲᠦᠭᠰᠢᠭᠦᠷᠢ ᠬᠤᠷᠠᠮᠳᠤᠨ ᠳᠠᠪᠬᠤᠴᠠᠵᠤ ᠂  ᠠᠮᠢ ᠠᠬᠤᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠤᠨ ᠦᠯᠡᠳᠡᠭᠳᠡᠯ ᠨᠡᠯᠢᠶᠡᠳ ᠶᠡᠬᠡ ᠪᠠᠢ᠌ᠨ᠎ᠠ ᠂  ᠬᠡᠪᠴᠢᠶᠡᠵᠢᠯ᠎ᠤᠨ ᠴᠢᠨᠠᠷᠲᠠᠢ᠎ᠪᠠᠷ ᠪᠤᠴᠠᠭ᠋ᠠᠳ ᠶᠠᠳᠠᠭᠤᠷᠠᠬᠤ ᠵᠢ ᠰᠡᠷᠭᠡᠢ᠌ᠯᠡᠬᠦ ᠰᠠᠭᠤᠷᠢ ᠵᠢ ᠤᠯᠠᠮ ᠨᠢᠭᠡ ᠠᠯᠬᠤᠮ ᠴᠢᠩᠭ᠋ᠠᠳᠬᠠᠨ ᠪᠠᠲᠤᠳᠬᠠᠬᠤ ᠴᠢᠬᠤᠯᠠᠲᠠᠢ ᠂  ᠢᠯᠠᠩᠭᠤᠶ᠎ᠠ ᠬᠢᠵᠢᠭ᠎ᠤᠨ ᠪᠠᠢ᠌ᠳᠠᠯ ᠭᠡᠨᠡᠳᠲᠡ ᠡᠭᠦᠰᠬᠦ ᠲᠦᠭᠰᠢᠭᠦᠷᠢ ᠢᠮᠠᠭᠲᠠ ᠣᠷᠣᠰᠢᠵᠤ ᠪᠠᠢ᠌ᠬᠤ ᠪᠣᠯᠬᠣᠷ ᠂  ᠠᠵᠢᠯ ᠵᠶ᠋ᠠᠨ ᠥᠴᠥᠬᠡᠨ ᠰᠤᠯᠠᠷᠠᠭᠤᠯᠵᠤ ᠂  ᠥᠴᠥᠬᠡᠨ ᠠᠯᠳᠠᠰᠢ ᠭᠠᠷᠭ᠋ᠠᠪᠠᠯ ᠲᠥᠰᠥᠭᠡᠯᠡᠬᠦᠶ᠎ᠡ ᠪᠡᠷᠬᠡ ᠨᠥᠯᠥᠭᠡ ᠭᠠᠷᠴᠤ ᠮᠡᠳᠡᠬᠦ ᠪᠣᠯᠣᠮᠵᠢ᠎ᠲᠠᠢ ᠮᠥᠷᠲᠡᠭᠡᠨ ᠳᠠᠭ᠋ᠠᠭ᠋ᠠᠬᠤᠶ᠎ᠠ ᠪᠡᠷᠬᠡ ᠦᠨ᠎ᠡ ᠲᠥᠯᠥᠪᠦᠷᠢ ᠭᠠᠷᠭ᠋ᠠᠬᠤ ᠪᠣᠯᠣᠨ᠎ᠠ ᠃

       ᠶᠡᠷᠦᠩᠬᠡᠢ᠌ᠯᠡᠭᠡᠳ ᠬᠡᠯᠡᠪᠡᠯ ᠂  ᠲᠥᠰᠥᠭᠡᠯᠡᠯ᠎ᠤᠨ ᠴᠢᠨᠠᠷᠲᠠᠢ ᠭᠦᠢ᠍ᠴᠡᠳᠬᠡᠯ ᠲᠣᠭ᠎ᠠ ᠵᠢ ᠪᠡᠶᠡᠯᠡᠭᠦᠯᠬᠦ᠎ᠳᠤ᠎ᠪᠠᠨ ᠥᠨᠳᠥᠷ ᠪᠠᠷᠢᠮᠵᠢᠶᠠᠨ᠎ᠳᠤ ᠬᠦᠷᠭᠡᠬᠦ᠎ᠪᠠᠷ ᠴᠢᠷᠮᠠᠢ᠌ᠨ ᠂  ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠎ᠠ ᠵᠢ ᠪᠡᠶᠡᠯᠡᠭᠦᠯᠬᠦ᠎ᠳᠤ᠎ᠪᠠᠨ ᠳᠠᠷᠤᠯᠲᠠ ᠵᠢ ᠳᠠᠭ᠋ᠠᠭ᠋ᠠᠵᠤ ᠬᠦᠨᠳᠦ ᠵᠢ ᠡᠭᠦᠷᠭᠡᠯᠡᠬᠦ ᠬᠡᠷᠡᠭᠲᠡᠢ ᠃  ᠪᠢᠳᠡ ᠬᠣᠷᠢᠭ᠎ᠠ ᠱᠤᠭᠤᠮ᠎ᠤᠨ ᠰᠡᠳᠬᠢᠬᠦᠢ ᠵᠢ ᠪᠣᠢ ᠪᠣᠯᠭ᠋ᠠᠨ ᠂  ᠰᠢᠰᠲ᠋ᠧᠮ᠎ᠤᠨ ᠦᠵᠡᠯᠲᠡ᠎ᠪᠠᠨ ᠴᠢᠩᠭ᠋ᠠᠷᠠᠭᠤᠯᠤᠨ ᠂  ᠨᠢᠭᠡᠳᠦᠯᠲᠡᠢ ᠲᠥᠯᠥᠪᠯᠡᠬᠦ ᠠᠷᠭ᠎ᠠ ᠵᠢ ᠰᠠᠢ᠌ᠲᠤᠷ ᠬᠡᠷᠡᠭᠯᠡᠵᠦ ᠂  ᠪᠦᠷᠢᠨ ᠭᠦᠢ᠍ᠴᠡᠳ ᠪᠡᠯᠡᠳᠬᠡᠯ ᠬᠢᠵᠦ ᠂  ᠪᠦᠬᠦ ᠬᠦᠴᠦ᠎ᠪᠠᠷ ᠵᠶ᠋ᠠᠨ ᠴᠢᠷᠮᠠᠢ᠌ᠨ ᠠᠵᠢᠯᠯᠠᠵᠤ ᠂  ᠨᠡᠩ ᠰᠠᠢ᠌ᠨ ᠦᠷ᠎ᠡ ᠳ᠋ᠦᠩ᠎ᠢ ᠲᠡᠮᠡᠴᠡᠨ ᠣᠯᠬᠤ ᠬᠡᠷᠡᠭᠲᠡᠢ ᠃  ᠡᠷᠬᠡᠪᠰᠢ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠭᠦᠢ᠍ᠴᠡᠳ ᠂  ᠵᠥᠪ ᠣᠨᠣᠪᠴᠢᠳᠠᠢ ᠂  ᠪᠦᠭᠦ ᠲᠠᠯ᠎ᠠ᠎ᠪᠠᠷ ᠲᠤᠭᠤᠰᠢᠯᠠᠭᠤᠯᠤᠨ᠎ᠠ ᠂  ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠂  ᠪᠣᠬᠢᠷᠳᠤᠯ ᠦᠭᠡᠢ ᠬᠥᠭᠵᠢᠯᠲᠡ ᠵᠢ ᠪᠠᠷᠢᠮᠲᠠᠯᠠᠵᠤ ᠂  ᠰᠠᠢ᠌ᠨ᠎ᠢ᠎ᠨᠢ ᠪᠠᠳᠠᠷᠠᠭᠤᠯᠤᠨ ᠰᠢᠭ᠋ᠠᠷᠤ᠎ᠪᠠᠨ ᠲᠡᠪᠴᠢᠭᠦ ᠪᠠ ᠰᠢᠯᠢᠳᠡᠭ᠎ᠢ ᠬᠥᠮᠥᠵᠢᠭᠦᠯᠦᠨ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠪᠠᠷᠢᠮᠲᠠᠯᠠᠨ ᠂  ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠪᠦᠳᠣᠮᠵᠢᠳᠠᠢ ᠵᠠᠮ ᠮᠥᠷ᠎ᠢ ᠣᠨᠣᠪᠴᠢᠳᠠᠢ ᠡᠷᠢᠵᠦ ᠂  ᠠᠵᠤ ᠠᠬᠤᠢ ᠵᠢᠨ ᠬᠥᠭᠵᠢᠯᠲᠡ ᠵᠢᠨ ᠠᠷᠭ᠎ᠠ ᠬᠡᠯᠪᠡᠷᠢ ᠵᠢ ᠬᠦᠴᠦᠯᠡᠨ ᠬᠤᠪᠢᠷᠠᠭᠤᠯᠵᠤ ᠂  ᠪᠣᠬᠢᠷᠳᠤᠯ ᠦᠭᠡᠢ ᠪᠥᠭᠡᠳ ᠣᠨᠴᠠᠯᠢᠭ᠎ᠲᠠᠢ ᠳᠠᠪᠠᠭᠤᠯᠢᠭ ᠣᠳᠣ ᠦᠶ᠎ᠡ ᠵᠢᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠲᠦᠷᠭᠡᠳᠬᠡᠨ ᠴᠣᠭᠴᠠᠯᠠᠵᠤ ᠂  ᠪᠦᠭᠦ ᠬᠦᠴᠦᠨ ᠵᠶ᠋ᠠᠷ ᠵᠶ᠋ᠠᠨ ᠪᠦᠲᠦᠴᠡ᠎ᠳᠤ ᠲᠣᠬᠢᠷᠠᠭᠤᠯᠤᠯᠲᠠ ᠬᠢᠵᠦ ᠂  ᠴᠢᠳᠠᠮᠵᠢ᠎ᠪᠠᠨ ᠬᠤᠪᠢᠷᠠᠭᠤᠯᠤᠨ ᠂  ᠶᠠᠰᠤ ᠴᠢᠨᠠᠷ ᠵᠶ᠋ᠠᠨ ᠳᠡᠭᠡᠭᠰᠢᠯᠡᠭᠦᠯᠣᠨ᠎ᠡ ᠃  ᠡᠷᠬᠡᠪᠰᠢ ᠲᠣᠭᠲᠠᠭᠤᠨ ᠪᠠᠢ᠌ᠯᠭ᠋ᠠᠬᠤ ᠵᠢ ᠲᠡᠷᠢᠭᠦᠨ᠎ᠳᠤ ᠲᠠᠯᠪᠢᠵᠤ ᠂  ᠲᠣᠭᠲᠠᠭᠤᠨ᠎ᠤ ᠳᠠᠭ᠋ᠠᠤ ᠤᠷᠤᠭᠰᠢᠯᠠᠬᠤ ᠵᠢ ᠪᠠᠷᠢᠮᠲᠠᠯᠠᠨ᠎ᠠ ᠂  ᠠᠵᠤ ᠠᠬᠤᠢ ᠵᠢ ᠲᠣᠭᠲᠠᠪᠤᠷᠢᠵᠢᠭᠤᠯᠬᠤ ᠂  ᠪᠣᠭᠣᠮᠲᠠ ᠰᠢᠪᠲᠤᠯᠬᠤ᠎ᠳᠤ ᠠᠰᠢᠭᠲᠠᠢ ᠪᠠᠢ᠌ᠬᠤ ᠲᠦᠷᠣ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠢᠳᠡᠪᠬᠢᠲᠡᠢ ᠳᠤᠷᠠᠳᠤᠨ ᠭᠠᠷᠭ᠋ᠠᠵᠤ ᠂  ᠠᠵᠤ ᠠᠬᠤᠢ ᠵᠢᠨ ᠦᠨᠳᠦᠰᠦᠨ ᠰᠠᠭᠤᠷᠢ ᠵᠢ ᠡᠷᠡᠰ ᠲᠣᠭᠲᠠᠪᠤᠷᠢᠵᠢᠭᠤᠯᠵᠤ ᠂  ᠨᠡᠢ᠌ᠭᠡᠮ᠎ᠤᠨ ᠦᠨᠳᠦᠰᠦᠨ ᠲᠠᠯ᠎ᠠ ᠵᠢ ᠲᠣᠭᠲᠠᠭᠤᠨ ᠪᠠᠢ᠌ᠯᠭ᠋ᠠᠵᠤ ᠂  ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ᠎ᠤᠨ ᠬᠤᠪᠢᠰᠤᠯᠲᠠ ᠂  ᠦᠷ᠎ᠡ ᠪᠦᠲᠦᠮᠵᠢ ᠵᠢᠨ ᠬᠤᠪᠢᠰᠤᠯᠲᠠ ᠂  ᠬᠥᠳᠡᠯᠭᠡᠭᠦ ᠬᠦᠴᠦᠨ᠎ᠤ ᠬᠤᠪᠢᠰᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ ᠂  ᠠᠵᠤ ᠠᠬᠤᠢ ᠵᠢᠨ ᠬᠡᠮᠵᠢᠶᠡᠨ᠎ᠤ ᠵᠦᠢ ᠵᠣᠬᠢᠰᠲᠠᠢ᠎ᠪᠠᠷ ᠨᠡᠮᠡᠭᠳᠡᠬᠦ ᠪᠠ ᠴᠢᠨᠠᠷ᠎ᠤᠨ ᠲᠣᠭᠲᠠᠭᠤᠨ ᠵᠶ᠋ᠠᠷ ᠳᠡᠭᠡᠭᠰᠢᠯᠡᠬᠦ ᠵᠢ ᠪᠡᠶᠡᠯᠡᠭᠦᠯᠬᠦ᠎ᠪᠠᠨ ᠦᠨᠡᠨ ᠬᠦ᠌ ᠪᠠᠲᠤᠯᠠᠨ᠎ᠠ ᠃  ᠡᠷᠬᠡᠪᠰᠢ ᠰᠢᠰᠲ᠋ᠧᠮ᠎ᠤᠨ ᠴᠢᠨᠠᠷᠲᠠᠢ ᠲᠦᠭᠰᠢᠭᠦᠷᠢ ᠡᠭᠦᠰᠬᠡᠬᠦ ᠦᠭᠡᠢ ᠪᠠᠢ᠌ᠬᠤ ᠬᠣᠷᠢᠭ᠎ᠠ ᠱᠤᠭᠤᠮ᠎ᠢ ᠪᠠᠲᠤ ᠰᠠᠬᠢᠨ᠎ᠠ ᠂  ᠲᠦᠭᠰᠢᠭᠦᠷᠢ ᠵᠢ ᠠᠷᠢᠯᠭ᠋ᠠᠨ ᠲᠦᠭᠰᠢᠭᠦᠷᠢ ᠵᠢᠨ ᠬᠤᠪᠢᠷᠠᠬᠤ᠎ᠠᠴᠠ ᠰᠡᠷᠭᠡᠢ᠌ᠯᠡᠬᠦ ᠵᠢ ᠠᠯᠢᠪᠠ ᠠᠵᠢᠯ᠎ᠤᠨ ᠤᠷᠢᠳᠡᠬᠢ ᠨᠥᠬᠥᠴᠡᠯ ᠪᠣᠯᠭ᠋ᠠᠵᠣ ᠂  ᠡᠯ᠎ᠡ ᠲᠠᠯ᠎ᠠ ᠵᠢᠨ ᠲᠦᠭᠰᠢᠭᠦᠷᠢ ᠵᠢ ᠠᠷᠢᠯᠭ᠋ᠠᠬᠤ ᠪᠠ ᠲᠣᠭᠲᠠᠭᠤᠨ᠎ᠢ ᠪᠠᠲᠤᠯᠠᠬᠤ ᠬᠠᠷᠢᠭᠤᠴᠠᠯᠭ᠎ᠠ ᠵᠢ᠎ᠨᠢ ᠴᠢᠩᠭ᠎ᠠ ᠪᠣᠳᠠᠲᠠᠢ᠌ᠵᠢᠭᠤᠯᠵᠤ ᠂  ᠡᠯ᠎ᠡ ᠬᠦᠷᠢᠶ᠎ᠡ ᠴᠠᠷᠠᠭ᠋ᠠᠨ᠎ᠳᠠᠬᠢ ᠲᠦᠭᠰᠢᠭᠦᠷᠢ ᠵᠢ ᠰᠡᠷᠡᠮᠵᠢᠯᠡᠭᠦᠯᠵᠣ ᠬᠢᠨᠠᠨ ᠰᠢᠨᠵᠢᠭᠦ ᠪᠠ ᠰᠡᠷᠭᠡᠢ᠌ᠯᠡᠵᠦ ᠠᠷᠭ᠋ᠠᠴᠠᠭ᠋ᠠᠨ ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠢ ᠪᠣᠳᠠᠲᠠᠢ ᠬᠡᠷᠡᠭᠵᠢᠭᠦᠯᠵᠦ ᠂  ᠡᠷᠲᠡ᠎ᠠᠴᠠ᠎ᠨᠢ ᠠᠩᠬᠠᠷᠤᠨ ᠵᠢᠵᠢᠭ ᠪᠠᠢ᠌ᠬᠤ᠎ᠳᠤ᠎ᠨᠢ ᠠᠳᠬᠤᠵᠤ ᠴᠤᠬᠤᠶ᠋ᠢᠵᠤ ᠭᠠᠷᠪᠠᠯ ᠰᠢᠢ᠍ᠳᠪᠦᠷᠢᠯᠡᠨ ᠂  ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠦᠨᠡᠨ ᠬᠦ᠌ ᠪᠠᠲᠤᠯᠠᠨ᠎ᠠ ᠃  ᠡᠷᠬᠡᠪᠰᠢ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠨ ᠬᠦᠴᠢᠷ ᠪᠡᠷᠬᠡᠰᠢᠶᠡᠯ᠎ᠢ ᠢᠯᠡᠨ ᠳᠠᠪᠠᠨ᠎ᠠ ᠂  ᠣᠷᠣᠨ ᠳᠠᠶᠠᠭ᠋ᠠᠷ ᠵᠶ᠋ᠠᠨ ᠬᠠᠮᠲᠤ᠎ᠪᠠᠷ ᠬᠥᠭᠵᠢᠯᠲᠡ ᠵᠢ ᠠᠳᠬᠤᠵᠤ ᠣᠳᠣᠬᠠᠨ᠎ᠤ ᠬᠦᠴᠢᠷ ᠵᠣᠪᠠᠭᠤᠷᠢ ᠵᠢ ᠲᠤᠭᠤᠯᠵᠤ ᠂  ᠡᠳ᠋᠎ᠤᠨ ᠬᠦᠴᠦᠨ ᠵᠶ᠋ᠠᠨ ᠦᠨᠳᠦᠰᠦᠨ ᠱᠠᠲᠤᠨ᠎ᠳᠤ ᠪᠠᠭᠤᠯᠭ᠋ᠠᠬᠤ ᠂  ᠲᠦᠷᠣ ᠵᠢᠨ ᠪᠣᠳᠣᠯᠭ᠎ᠠ᠎ᠪᠠᠨ ᠦᠨᠳᠦᠰᠦᠨ ᠱᠠᠲᠤ ᠲᠡᠢ᠌ᠰᠢ ᠬᠡᠯᠪᠡᠢ᠌ᠯᠭᠡᠬᠦ ᠵᠢ ᠠᠬᠢᠭᠤᠯᠵᠤ ᠂  ᠨᠡᠩ ᠣᠯᠡᠨ ᠡᠬᠢ ᠪᠠᠶᠠᠯᠢᠭ ᠬᠦᠴᠦᠨ ᠴᠢᠳᠠᠯ᠎ᠢ ᠲᠠᠶ᠋ᠢᠴᠢᠯᠠᠵᠣ ᠪᠠᠢ᠌ᠭ᠋ᠠᠳ ᠦᠨᠳᠦᠰᠦᠨ ᠱᠠᠲᠤᠨ᠎ᠤ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠂  ᠬᠦᠴᠢᠷᠳᠡᠯᠲᠡᠢ ᠴᠠᠭ᠎ᠢ ᠲᠣᠭᠤᠯᠬᠤ᠎ᠳᠤ᠎ᠨᠢ ᠬᠠᠪᠰᠤᠷᠴᠤ ᠂  ᠲᠠᠯ᠎ᠠ ᠲᠠᠯ᠎ᠠ ᠵᠢᠨ ᠡᠷᠴᠢ ᠵᠣᠷᠢᠭ᠎ᠢ ᠭᠦᠢ᠍ᠴᠡᠳ ᠳᠠᠶ᠋ᠢᠴᠢᠯᠠᠵᠣ ᠥᠭᠡᠷᠡᠴᠢᠯᠡᠯᠲᠡ ᠪᠠ ᠬᠥᠭᠵᠢᠯᠲᠡ ᠵᠢ ᠠᠬᠢᠭᠤᠯᠤᠨ᠎ᠠ ᠃

       ᠭᠤᠷᠪᠠ ᠂  ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠭᠣᠣᠯ ᠡᠭᠦᠷᠭᠡ

       ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠢ᠌ᠳᠠᠯ ᠪᠠ ᠬᠠᠲᠠᠭᠤ ᠪᠡᠷᠬᠡ ᠡᠭᠦᠷᠭᠡ ᠵᠢᠨ ᠡᠮᠦᠨ᠎ᠡ ᠂  ᠪᠢᠳᠠ ᠢᠲᠡᠭᠡᠯ ᠵᠣᠷᠢᠭ ᠵᠶ᠋ᠠᠨ ᠪᠠᠲᠤᠳᠬᠠᠵᠤ ᠂  ᠰᠠᠨᠠᠭ᠋ᠠᠴᠢᠯᠠᠭ᠎ᠠ᠎ᠠᠴᠠ᠎ᠪᠠᠨ ᠵᠢᠳᠬᠦᠨ ᠴᠢᠷᠮᠠᠢ᠌ᠵᠤ ᠠᠵᠢᠯ ᠵᠶ᠋ᠠᠨ ᠰᠠᠢ᠌ᠲᠤᠷ ᠬᠢᠨ᠎ᠡ ᠃

      (ᠨᠢᠭᠡ) ᠪᠡᠯᠡ ᠣᠷᠣᠭᠤᠯᠤᠯᠳᠡ ᠵᠢ ᠥᠷᠭᠡᠳᠬᠡᠨ ᠬᠡᠷᠡᠭᠯᠡᠭᠡ ᠵᠢ ᠠᠬᠢᠭᠤᠯᠵᠤ ᠲᠦᠭᠰᠢᠭᠦᠷᠢ ᠵᠢ ᠰᠡᠷᠭᠡᠢ᠌ᠯᠡᠬᠦ᠎ᠪᠠᠷ ᠬᠦᠴᠦᠯᠡᠨ ᠴᠢᠷᠮᠠᠢ᠌ᠵᠤ ᠂  ᠠᠵᠤ ᠠᠬᠤᠢ ᠵᠢᠨ ᠲᠣᠭᠲᠠᠭᠤᠨ ᠪᠥᠭᠡᠳ ᠡᠷᠡᠭᠦᠯ ᠵᠶ᠋ᠠᠷ ᠭᠦᠭᠵᠢᠭᠦ ᠵᠢ ᠪᠠᠲᠤᠯᠠᠨ᠎ᠠ ᠃  ᠪᠡᠯᠡ ᠣᠷᠣᠭᠤᠯᠣᠯᠳᠡ ᠵᠢᠨ ᠵᠠᠩᠭᠢᠯᠠᠭ᠎ᠠ ᠵᠢᠨ ᠦᠢ᠍ᠯᠡᠳᠦᠯ ᠪᠠ ᠬᠡᠷᠡᠭᠯᠡᠭᠡ ᠵᠢᠨ ᠰᠠᠭᠤᠷᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ ᠂  ᠬᠦᠨᠳᠦ ᠶᠡᠬᠡ ᠲᠦᠭᠰᠢᠭᠦᠷᠢ ᠵᠢ ᠦᠨᠡᠨ ᠬᠦ᠌ ᠰᠡᠷᠭᠡᠢ᠌ᠯᠡᠨ ᠠᠷᠢᠯᠭ᠋ᠠᠵᠤ ᠂  ᠲᠣᠭᠲᠠᠭᠤᠨ᠎ᠢ ᠪᠠᠲᠤᠯᠠᠵᠤ ᠤᠷᠤᠭᠰᠢᠯᠠᠬᠤ ᠵᠢ ᠠᠬᠢᠭᠤᠯᠬᠤ ᠬᠠᠲᠠᠭᠤ ᠰᠢᠷᠦᠭᠦᠨ ᠳᠠᠢ᠌ᠯᠠᠯᠳᠤᠭ᠋ᠠᠨ᠎ᠢ ᠰᠠᠢ᠌ᠲᠤᠷ ᠬᠢᠨ᠎ᠡ ᠃

       ᠪᠦᠳᠣᠮᠵᠢᠳᠠᠢ ᠪᠡᠯᠡ ᠣᠷᠣᠭᠤᠯᠣᠯᠳᠡ ᠵᠢ ᠢᠳᠡᠪᠬᠢᠲᠡᠢ ᠥᠷᠭᠡᠳᠬᠡᠨ᠎ᠡ ᠃  ᠤᠯᠤᠰ᠎ᠤᠨ ᠲᠥᠰᠥᠪ᠎ᠲᠠᠬᠢ ᠪᠡᠯᠡ ᠣᠷᠣᠭᠤᠯᠣᠯᠳᠡ ᠵᠢ ᠵᠣᠬᠢᠬᠤ ᠬᠡᠮᠵᠢᠶ᠎ᠡ᠎ᠪᠠᠷ ᠨᠡᠮᠡᠭᠳᠡᠭᠦᠯᠬᠦ ᠂  ᠪᠣᠳᠠᠲᠤ ᠴᠣᠭᠴᠠ ᠵᠢᠨ ᠠᠵᠤ ᠠᠬᠤᠢ ᠵᠢᠨ ᠪᠡᠯᠡ ᠲᠣᠬᠢᠷᠠᠭᠤᠯᠬᠤ ᠵᠢ ᠬᠦᠴᠦᠲᠡᠢ ᠳᠡᠮᠵᠢᠭᠦ ᠵᠡᠷᠭᠡ ᠲᠦᠷᠣ ᠵᠢᠨ ᠪᠣᠳᠣᠯᠭ᠎ᠠ ᠵᠢ ᠭᠦᠢ᠍ᠴᠡᠳ ᠰᠠᠢ᠌ᠨ ᠠᠰᠢᠭᠯᠠᠵᠤ ᠂  ᠲᠥᠯᠦᠪᠵᠢᠭᠦᠯᠭᠡ ᠵᠢᠨ ᠴᠢᠬᠤᠯᠠ ᠶᠡᠬᠡ ᠲᠦᠷᠣᠯ ᠵᠦᠢ᠍ᠯ ᠪᠠ ᠣᠨ᠎ᠤ ᠭᠣᠣᠯᠳᠠᠯᠭ᠎ᠠ ᠪᠣᠯᠬᠤ ᠲᠦᠷᠣᠯ ᠵᠦᠢ᠍ᠯ᠎ᠢ ᠴᠢᠩᠭ᠎ᠠ ᠠᠩᠬᠠᠷᠴᠤ ᠂  ᠶᠡᠷᠦ ᠪᠤᠰᠤ ᠵᠢᠨ ᠠᠷᠭ᠎ᠠ ᠬᠡᠮᠵᠢᠶ᠎ᠡ ᠵᠢ ᠠᠪᠴᠤ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠷᠠᠭᠤᠯᠤᠨ ᠂  ᠡᠬᠢᠨ᠎ᠤ ᠬᠤᠭᠤᠴᠠᠭ᠋ᠠᠨ᠎ᠳᠠᠬᠢ ᠠᠵᠢᠯ᠎ᠢ ᠰᠠᠢ᠌ᠲᠤᠷ ᠬᠢᠵᠦ ᠂ 5200 ᠳ᠋ᠦᠩᠰᠢᠭᠤᠷ ᠲᠥᠭᠥᠷᠢᠭ᠎ᠤᠨ ᠲᠣᠭᠲᠠᠮᠠᠯ ᠬᠥᠷᠥᠩᠭᠡ ᠵᠢᠨ ᠪᠡᠯᠡ ᠣᠷᠤᠭᠤᠯᠤᠯᠲᠠ ᠬᠢᠬᠦ  ᠬᠠᠷᠠᠯᠲᠠ ᠵᠢ ᠪᠦᠬᠦ ᠬᠦᠴᠦ᠎ᠪᠠᠷ ᠵᠶ᠋ᠠᠨ ᠪᠡᠶᠡᠯᠡᠭᠦᠯᠦᠨ᠎ᠡ ᠃  ᠲᠦᠷᠣᠯ ᠵᠦᠢ᠍ᠯ᠎ᠤᠨ ᠬᠥᠮᠥᠷᠭᠡ᠎ᠳᠤ ᠲᠣᠬᠢᠷᠠᠭᠤᠯᠤᠯᠲᠠ ᠬᠢᠵᠦ ᠳᠡᠰ ᠳᠠᠪᠰᠢᠭᠦᠯᠭᠦ ᠵᠢ ᠲᠦᠷᠭᠡᠳᠬᠡᠨ ᠂  ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶ᠎ᠡ ᠂  ᠬᠠᠩᠭ᠋ᠠᠯᠭ᠎ᠠ ᠵᠢᠨ ᠬᠡᠯᠬᠢᠶ᠎ᠡ ᠂  ᠰᠢᠨ᠎ᠡ ᠵᠢ ᠡᠭᠦᠣᠡᠭᠦ ᠬᠡᠯᠬᠢᠶᠡᠨ᠎ᠤ ᠲᠣᠭᠣᠷᠢᠨ᠎ᠳᠤ ᠲᠦᠷᠣᠯ ᠵᠦᠢ᠍ᠯ᠎ᠢ ᠠᠬᠢᠭᠤᠯᠬᠤ᠎ᠪᠠᠨ ᠰᠡᠳᠬᠢᠨ ᠰᠦᠪᠡᠭᠴᠢᠯᠡᠵᠦ ᠂  ᠠᠵᠤ ᠦᠢ᠍ᠯᠡᠳᠪᠦᠷᠢ ᠵᠢᠨ ᠮᠡᠷᠭᠡᠵᠢᠯ ᠵᠶ᠋ᠠᠨ ᠥᠭᠡᠷᠡᠴᠢᠯᠡᠨ ᠰᠢᠨᠡᠴᠢᠯᠡᠬᠦ ᠂  ᠲᠡᠷᠢᠭᠦᠨ᠎ᠤ ᠦᠢ᠍ᠯᠡᠣᠡᠭᠦ ᠂  ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ ᠪᠠ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ ᠵᠶ᠋ᠠᠨ ᠤᠯᠠᠷᠢᠭᠤᠯᠬᠤ᠎ᠳᠤ ᠪᠡᠯᠡ ᠣᠷᠣᠭᠤᠯᠣᠯᠳᠡ᠎ᠪᠠᠨ ᠶᠡᠬᠡ᠎ᠪᠠᠷ ᠨᠡᠮᠡᠭᠳᠡᠭᠦᠯᠬᠦ ᠵᠢ ᠠᠬᠢᠭᠤᠯᠤᠨ᠎ᠠ ᠃  ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯ᠎ᠢ ᠴᠢᠩᠳᠠᠯᠠᠨ ᠂  ᠭᠠᠳᠠᠭᠰᠢ ᠭᠠᠷᠭ᠋ᠠᠬᠤ ᠵᠢ ᠪᠠᠢ᠌ᠩᠭᠤᠵᠢᠭᠤᠯᠵᠤ ᠂  ᠲᠠᠲᠠᠵᠤ ᠣᠷᠣᠭᠤᠯᠤᠨ ᠠᠪᠴᠢᠷᠠᠬᠤ ᠵᠢ ᠣᠨᠣᠴᠠᠲᠠᠢ ᠪᠣᠯᠭ᠋ᠠᠨ ᠂  ᠨᠡᠢ᠌ᠭᠡᠮ᠎ᠤᠨ ᠬᠥᠷᠥᠩᠭᠡ ᠵᠢᠨ ᠪᠡᠯᠡ ᠣᠷᠣᠭᠤᠯᠣᠯᠳᠡ ᠵᠢ ᠠᠬᠢᠭᠤᠯᠬᠤ ᠪᠠ ᠣᠷᠣᠨ᠎ᠤ ᠭᠠᠳᠠᠨᠠᠬᠢ ᠪᠡᠯᠡ ᠣᠷᠣᠭᠤᠯᠣᠯᠳᠡ ᠵᠢ ᠣᠷᠣᠭᠤᠯᠵᠤ ᠠᠪᠴᠢᠷᠠᠬᠤ᠎ᠪᠠᠨ ᠶᠡᠬᠡ᠎ᠪᠠᠷ ᠨᠡᠮᠡᠭᠳᠡᠭᠦᠯᠦᠨ᠎ᠡ ᠃

       ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢ ᠲᠦᠷᠭᠡᠳᠬᠡᠨ᠎ᠡ ᠃  ᠤᠯᠤᠰ᠎ᠤᠨ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠣᠯᠳᠡ᠎ᠪᠠᠨ ᠵᠣᠬᠢᠬᠤ ᠬᠡᠮᠵᠢᠶ᠎ᠡ᠎ᠪᠠᠷ ᠤᠷᠢᠳᠴᠢᠯᠠᠨ ᠥᠷᠨᠢᠭᠦᠯᠬᠦ ᠠᠵᠠ ᠲᠣᠬᠢᠶᠠᠯ᠎ᠢ ᠠᠳᠬᠤᠵᠤ ᠂  ᠪᠦᠭᠦ ᠤᠯᠤᠰ᠎ᠲᠤ ᠬᠣᠯᠪᠣᠵᠤ ᠨᠡᠪᠲᠡᠷᠡᠭᠰᠡᠨ ᠂  ᠪᠦᠬᠦ ᠣᠷᠣᠨ᠎ᠳᠤ ᠬᠠᠷᠢᠯᠴᠠᠨ ᠨᠡᠪᠲᠡᠷᠡᠯᠴᠡᠭᠰᠡᠨ ᠣᠳᠣ ᠦᠶ᠎ᠡ ᠵᠢᠨ ᠰᠠᠭᠤᠷᠢ ᠪᠡᠯᠡᠳᠬᠡᠮᠵᠢ ᠵᠢᠨ ᠲᠣᠣᠷ ᠰᠦᠯᠵᠢᠶᠡᠨ᠎ᠤ ᠲᠣᠭᠲᠠᠯᠴᠠᠭ᠎ᠠ ᠵᠢ ᠱᠠᠯᠠᠪᠳᠠᠨ ᠪᠠᠢ᠌ᠭᠤᠯᠤᠨ᠎ᠠ ᠃  ᠪᠤᠭᠤᠲᠤ᠎ᠠᠴᠠ ᠢᠷᠭ᠋ᠠᠢ ᠬᠦᠷᠬᠦ ᠳᠡᠭᠡᠳᠦ ᠬᠤᠷᠳᠤ ᠵᠢᠨ ᠲᠡᠮᠦᠷ ᠵᠠᠮ ᠂  ᠵᠢᠨᠢᠩ ᠳ᠋ᠠᠲ᠋ᠦ᠋ᠩ ᠶᠣᠸᠠᠨᠫᠢᠩ᠎ᠤᠨ ᠳᠡᠭᠡᠳᠦ ᠬᠤᠷᠳᠤ ᠵᠢᠨ ᠲᠡᠮᠦᠷ ᠵᠠᠮ᠎ᠢ ᠪᠦᠲᠦᠭᠡᠨ ᠪᠠᠶ᠋ᠢᠭᠤᠯᠬᠤ ᠪᠠ ᠵᠢᠨᠢᠩ᠎ᠠᠴᠠ ᠲᠦᠩᠯᠢᠶᠣᠣ ᠬᠦᠷᠬᠦ ᠲᠡᠮᠦᠷ ᠵᠠᠮ᠎ᠢ ᠴᠠᠬᠢᠯᠭ᠋ᠠᠨᠵᠢᠭᠤᠯᠤᠨ ᠥᠭᠡᠷᠡᠴᠢᠯᠡᠬᠦ ᠵᠢ ᠲᠦᠷᠭᠡᠳᠬᠡᠵᠦ ᠂  ᠣᠷᠳᠣᠰ ᠲᠡᠮᠡᠭᠡᠲᠦ ᠶᠠᠨ ᠠᠨ᠎ᠤ ᠳᠡᠭᠡᠳᠦ ᠬᠤᠷᠳᠤ ᠵᠢᠨ ᠲᠡᠮᠦᠷ ᠵᠠᠮ ᠵᠡᠷᠭᠡ ᠲᠦᠷᠣᠯ ᠵᠦᠢ᠍ᠯ᠎ᠢ ᠡᠷᠲᠡᠬᠡᠨ ᠪᠣᠳᠠᠲᠠᠢ᠌ᠵᠢᠭᠤᠯᠬᠤ ᠠᠵᠢᠯ ᠵᠶ᠋ᠠᠨ ᠡᠬᠢᠯᠡᠭᠦᠯᠭᠦ᠎ᠪᠠᠷ ᠴᠢᠷᠮᠠᠢ᠌ᠨ᠎ᠠ ᠃ S43 ᠨᠢᠰᠬᠡᠯ᠎ᠤᠨ ᠪᠠᠭᠤᠳᠠᠯ᠎ᠤᠨ ᠳᠡᠭᠡᠳᠦ ᠬᠤᠷᠳᠤ ᠵᠢᠨ ᠵᠠᠮ ᠵᠡᠷᠭᠡ ᠲᠦᠷᠣᠯ ᠵᠦᠢ᠍ᠯ᠎ᠢ ᠠᠵᠢᠯ ᠡᠬᠢᠯᠡᠭᠦᠯᠦᠨ ᠪᠠᠶ᠋ᠢᠭᠤᠯᠬᠤ ᠵᠢ ᠠᠬᠢᠭᠤᠯᠵᠤ ᠂  ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ 5000 ᠭᠠᠷᠤᠢ ᠺᠢᠯᠣᠮᠧᠲᠷ ᠰᠢᠨ᠎ᠡ᠎ᠪᠠᠷ ᠥᠭᠡᠷᠡᠴᠢᠯᠡᠨ ᠰᠢᠨᠡᠳᠬᠡᠵᠦ ᠂  ᠶᠡᠬᠡ ᠬᠢᠩᠭ᠋ᠠᠨ ᠳᠠᠪᠠᠭ᠎ᠠ ᠵᠢᠨ ᠰᠢᠭᠤᠢ᠌ᠲᠤ ᠣᠷᠣᠨ᠎ᠤ ᠵᠠᠰᠠᠮᠠᠯ ᠵᠠᠮ ᠪᠠ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠂  ᠮᠠᠯᠵᠢᠬᠤ ᠣᠷᠣᠨ᠎ᠤ ᠮᠡᠳᠡᠭᠡ ᠬᠣᠯᠪᠣᠭ᠋ᠠᠨ᠎ᠤ ᠰᠠᠭᠤᠷᠢ ᠥᠷᠲᠡᠭᠡ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ ᠃  ᠭᠦᠭᠡᠬᠤᠳᠠ ᠰᠢᠨ᠎ᠡ ᠨᠢᠰᠬᠡᠯ᠎ᠤᠨ ᠪᠠᠭᠤᠳᠠᠯ ᠵᠡᠷᠭᠡ ᠢᠨᠵᠧᠨᠧᠷᠢᠩ᠎ᠢ ᠭᠣᠣᠯᠳᠠᠯᠭ᠎ᠠ᠎ᠲᠠᠢ ᠰᠠᠢ᠌ᠲᠤᠷ ᠠᠳᠬᠤᠵᠤ ᠂  ᠨᠡᠢ᠌ᠳᠡᠮ ᠬᠡᠷᠡᠭᠯᠡᠬᠦ ᠨᠢᠰᠬᠡᠯ᠎ᠤᠨ ᠪᠠᠭᠤᠳᠠᠯ᠎ᠢ 3 ᠪᠠᠢ᠌ᠭᠤᠯᠵᠤ ᠂  ᠨᠡᠢ᠌ᠳᠡᠮ ᠬᠡᠷᠡᠭᠯᠡᠬᠦ ᠠᠭ᠋ᠠᠷ᠎ᠤᠨ ᠠᠶᠠᠯᠠᠯ᠎ᠤᠨ ᠲᠣᠣᠷ ᠰᠦᠯᠵᠢᠶ᠎ᠡ ᠵᠢ ᠲᠡᠭᠦᠯᠳᠡᠷᠵᠢᠭᠦᠯᠦᠨ ᠂  ᠪᠦᠭᠦ ᠣᠷᠣᠨ᠎ᠤ ᠠᠭ᠋ᠠᠷ᠎ᠤᠨ ᠠᠶᠠᠯᠠᠯ᠎ᠤᠨ ᠭᠣᠣᠯ ᠱᠤᠭᠤᠮ᠎ᠢ ᠰᠠᠯᠪᠤᠷᠢ ᠱᠤᠭᠤᠮ᠎ᠯᠤᠭ᠎ᠠ ᠨᠡᠪᠲᠡᠷᠡᠭᠦᠯᠬᠦ ᠂  ᠪᠦᠭᠦ ᠰᠦᠯᠵᠢᠶ᠎ᠡ᠎ᠪᠠᠷ ᠬᠣᠯᠪᠣᠬᠤ ᠵᠢ ᠠᠬᠢᠭᠤᠯᠤᠨ᠎ᠠ ᠃  ᠥᠪᠥᠷ ᠮᠣᠩᠭᠣᠯ᠎ᠤᠨ ᠬᠡᠰᠡᠭ᠎ᠲᠠᠬᠢ ᠬᠠᠲᠤᠨ ᠭᠣᠣᠯ᠎ᠤᠨ ᠦᠶᠡᠷ᠎ᠢ ᠰᠡᠷᠭᠡᠢ᠌ᠯᠡᠬᠦ ᠭᠤᠷᠪᠠᠳᠤᠭ᠋ᠠᠷ ᠬᠤᠭᠤᠴᠠᠭ᠎ᠠ ᠂  ᠴᠤᠤᠯ ᠭᠣᠣᠯ᠎ᠤᠨ ᠤᠰᠤ ᠵᠢ ᠵᠠᠯᠠᠵᠤ ᠯᠢᠶᠣᠣ ᠾᠧ ᠭᠣᠣᠯ᠎ᠳᠤ ᠨᠡᠮᠡᠷᠢᠯᠡᠬᠦ ᠬᠣᠶᠠᠳᠤᠭ᠋ᠠᠷ ᠬᠤᠭᠤᠴᠠᠭ᠎ᠠ ᠂  ᠠᠶᠤᠯ ᠭᠡᠮ᠎ᠲᠠᠢ ᠤᠰᠣᠨ ᠴᠦᠭᠦᠷᠣᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠵᠡᠷᠭᠡ ᠢᠨᠵᠧᠨᠧᠷᠢᠩ᠎ᠢ ᠱᠠᠯᠠᠪᠳᠠᠨ ᠬᠡᠷᠡᠭᠵᠢᠭᠦᠯᠵᠦ ᠂  ᠤᠰᠤ ᠵᠠᠯᠠᠵᠤ ᠲᠠᠲᠠᠬᠤ ᠭᠣᠣᠯᠯᠠᠭᠴᠢ ᠢᠨᠵᠧᠨᠧᠷᠢᠩ ᠪᠠ ᠲᠠᠷᠢᠶᠠᠨ ᠭᠠᠵᠠᠷ᠎ᠤᠨ ᠣᠰᠣᠨ ᠠᠰᠢᠭᠯᠠᠯᠲᠠ ᠵᠢᠨ ᠲᠦᠷᠣᠯ ᠵᠦᠢ᠍ᠯ᠎ᠢ ᠢᠳᠡᠪᠬᠢᠲᠡᠢ ᠰᠡᠳᠬᠢᠨ ᠲᠥᠯᠥᠪᠵᠢᠭᠦᠯᠦᠨ᠎ᠡ ᠃  ᠬᠤᠳᠡ ᠵᠢᠨ ᠰᠢᠨᠡᠴᠢᠯᠡᠯᠲᠡ ᠵᠢᠨ ᠠᠵᠢᠯᠯᠠᠭ᠋ᠠᠨ᠎ᠢ ᠭᠦᠨᠵᠡᠭᠡᠢ ᠠᠬᠢᠭᠤᠯᠤᠨ ᠂  ᠬᠠᠭᠤᠴᠢᠨ ᠬᠣᠭᠣᠯᠠᠢ ᠭᠤᠤᠷᠰᠤ ᠣᠨᠴᠠᠭ᠋ᠠᠢ᠌ᠯᠠᠨ ᠰᠢᠲᠠᠮᠠᠬᠠᠢ ᠬᠡᠢ ᠵᠢᠨ ᠬᠣᠭᠣᠯᠠᠢ ᠭᠤᠤᠷᠰᠤ ᠵᠢᠨ ᠥᠭᠡᠷᠡᠴᠢᠯᠡᠨ ᠰᠢᠨᠡᠳᠬᠡᠬᠦ ᠵᠢ ᠴᠢᠩᠳᠠᠯᠠᠵᠤ ᠂  ᠬᠤᠳᠡ ᠵᠢᠨ ᠨᠠᠷᠢᠯᠢᠭᠵᠢᠭᠰᠠᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ ᠂  ᠬᠤᠳᠡ ᠵᠢᠨ ᠠᠮᠤᠷ ᠲᠦᠪᠰᠢᠨ ᠪᠠ ᠰᠠᠭᠤᠷᠢᠰᠢᠬᠤ᠎ᠳᠤ ᠲᠣᠬᠢᠷᠠᠬᠤ ᠴᠢᠨᠠᠷ᠎ᠢ ᠳᠡᠭᠡᠭᠰᠢᠯᠡᠭᠦᠯᠦᠨ᠎ᠡ ᠃  ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭ᠎ᠤᠨ ᠲᠦᠷᠣᠯ ᠵᠦᠢ᠍ᠯ᠎ᠢ ᠪᠡᠯᠡᠳᠬᠡᠨ ᠠᠬᠢᠭᠤᠯᠬᠤ ᠲᠣᠭᠲᠠᠴᠠ ᠵᠢ ᠪᠠᠢ᠌ᠭᠤᠯᠵᠤ ᠂  ᠠᠢ᠌ᠮᠠᠭ ᠬᠤᠳᠡ ᠂  ᠬᠣᠰᠢᠭᠤ ᠰᠢᠶᠠᠨ᠎ᠤ ᠵᠢᠭᠡᠯᠡᠯᠭᠡ ᠵᠢᠨ ᠲᠡᠮᠳᠡᠭ᠎ᠤᠨ ᠲᠦᠷᠣᠯ ᠵᠦᠢ᠍ᠯ᠎ᠳᠤ ᠵᠢᠭ᠋ᠠᠨ ᠵᠢᠯᠤᠭᠣᠳᠴᠤ ᠵᠣᠬᠢᠴᠠᠭᠤᠯᠬᠤ᠎ᠪᠠᠨ ᠴᠢᠩᠭ᠋ᠠᠳᠬᠠᠨ ᠂  ᠨᠢᠭᠡ ᠪᠦᠯᠦᠭ᠎ᠢ᠎ᠨᠢ ᠠᠵᠢᠯ ᠡᠬᠢᠯᠡᠭᠦᠯᠵᠦ ᠪᠦᠲᠦᠭᠡᠨ ᠪᠠᠢ᠌ᠭᠤᠯᠪᠠᠯ ᠲᠡᠷᠡ ᠨᠢᠭᠡ ᠪᠦᠯᠦᠭ᠎ᠢ᠎ᠨᠢ ᠨᠥᠭᠡᠴᠡᠯᠡᠬᠦ ᠵᠢ ᠪᠡᠶᠡᠯᠡᠭᠦᠯᠵᠦ ᠂  ᠪᠣᠳᠠᠲᠤ ᠵᠦᠢ᠍ᠯ᠎ᠤᠨ ᠠᠵᠢᠯ᠎ᠤᠨ ᠬᠡᠮᠵᠢᠶ᠎ᠡ ᠵᠢ ᠲᠦᠷᠭᠡᠬᠡᠨ ᠪᠣᠢ ᠪᠣᠯᠭ᠋ᠠᠨ᠎ᠠ ᠃

       ᠬᠡᠷᠡᠭᠯᠡᠭᠡ ᠵᠢᠨ ᠪᠠᠭᠲᠠᠭ᠋ᠠᠮᠵᠢ᠎ᠪᠠᠨ ᠥᠷᠭᠡᠳᠬᠡᠨ ᠳᠡᠰ ᠳᠡᠪᠰᠢᠭᠦᠯᠭᠦ ᠵᠢ ᠦᠷᠭᠦᠯᠵᠢᠯᠡᠨ ᠠᠬᠢᠭᠤᠯᠤᠨ᠎ᠠ ᠃  ᠡᠯ᠎ᠡ ᠱᠠᠲᠤᠨ᠎ᠤ ᠵᠠᠰᠠᠭ᠎ᠤᠨ ᠣᠷᠳᠣᠨ ᠠᠷᠭ᠎ᠠ ᠪᠦᠬᠦᠨ᠎ᠢ ᠰᠦᠪᠡᠭᠴᠢᠯᠡᠵᠦ ᠪᠠᠢ᠌ᠭ᠋ᠠᠳ ᠥᠷᠭᠡᠨ ᠤᠯᠠᠨ ᠠᠷᠠᠳ ᠲᠦᠮᠡᠨ᠎ᠤ 《ᠵᠣᠭᠣᠰ ᠮᠥᠩᠭᠥᠨ᠎ᠤ ᠴᠦᠩᠬᠦ》 ᠵᠢ᠎ᠨᠢ ᠳᠦᠭᠦᠷᠭᠡᠵᠦ ᠂  ᠤᠯᠠᠨ ᠲᠦᠮᠡᠨ᠎ᠤ ᠭᠠᠷ ᠦᠵᠦᠭᠦᠷ ᠵᠠᠷᠤᠬᠤ ᠵᠣᠭᠣᠰ᠎ᠢ᠎ᠨᠢ ᠠᠷᠪᠢᠳᠬᠠᠪᠠᠯ ᠬᠡᠷᠡᠭᠯᠡᠭᠡ ᠰᠠᠶᠢ ᠨᠡᠮᠡᠭᠳᠡᠨ ᠂  ᠬᠡᠷᠡᠭᠯᠡᠭᠡ ᠵᠢᠨ ᠪᠦᠲᠦᠴᠡ ᠰᠠᠶᠢ ᠰᠠᠢ᠌ᠵᠢᠷᠠᠵᠤ ᠂  ᠬᠡᠷᠡᠭᠯᠡᠭᠡ ᠵᠢᠨ ᠴᠢᠨᠠᠷ ᠴᠢᠨᠰᠠᠭ᠎ᠠ ᠳᠡᠭᠡᠭᠰᠢᠯᠡᠵᠦ ᠴᠢᠳᠠᠨ᠎ᠠ ᠃  ᠳᠤᠮᠳᠠ ᠵᠢᠵᠢᠭ ᠪᠢᠴᠢᠯ ᠠᠵᠤ ᠠᠬᠤᠢ᠌ᠯᠠᠯ ᠂  ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠣᠭᠡ ᠂  ᠬᠠᠮᠢᠶ᠎ᠠ ᠪᠦᠬᠦᠢ ᠦᠢ᠍ᠯᠡᠴᠢᠯᠡᠭᠡᠨ᠎ᠤ ᠦᠢ᠍ᠯᠡᠰ᠎ᠲᠤ ᠳᠡᠮᠵᠢᠯᠭᠡ ᠦᠵᠡᠭᠦᠯᠭᠦ ᠲᠦᠷᠣ ᠵᠢᠨ ᠪᠣᠳᠣᠯᠭ᠎ᠠ ᠵᠢ ᠦᠷᠭᠦᠯᠵᠢᠯᠡᠭᠦᠯᠬᠦ ᠪᠠ ᠲᠡᠭᠦᠯᠳᠡᠷᠵᠢᠭᠦᠯᠵᠦ ᠂  ᠬᠡᠷᠡᠭᠯᠡᠭᠡ ᠵᠢᠨ ᠨᠡᠮᠡᠭᠳᠡᠯ᠎ᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠵᠤ ᠂  ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠢᠭᠡᠳ ᠦᠢ᠍ᠯᠡᠴᠢᠯᠡᠭᠡ ᠡᠵᠡᠩᠨᠡᠯᠲᠡ ᠵᠢᠨ ᠠᠵᠢᠯᠯᠠᠬᠤ ᠳᠦᠷᠢᠮᠯᠡᠯ᠎ᠢ ᠠᠵᠢᠯ ᠲᠦᠷᠣᠯ ᠬᠤᠪᠢᠶᠠᠵᠤ ᠪᠠᠢ᠌ᠭ᠋ᠠᠳ ᠲᠡᠭᠦᠯᠳᠡᠷᠵᠢᠭᠦᠯᠵᠦ ᠂  ᠰᠢᠭᠤᠳ ᠣᠷᠣᠯᠴᠠᠬᠤᠢ ᠬᠡᠷᠡᠭᠯᠡᠭᠡ ᠵᠢ ᠲᠦᠷᠭᠡᠪᠴᠢᠯᠡᠨ ᠰᠡᠷᠭᠦᠭᠡᠬᠦ ᠵᠢ ᠠᠬᠢᠭᠤᠯᠵᠤ ᠂  ᠠᠮᠠᠷᠠᠯᠲᠠ ᠵᠢᠨ ᠡᠳᠦᠷ᠎ᠤᠨ ᠬᠡᠷᠡᠭᠯᠡᠭᠡ ᠂  ᠵᠡᠭᠡᠯᠢ ᠲᠣᠭᠣᠷᠢᠭ᠎ᠤᠨ ᠵᠠᠬ᠎ᠠ ᠳᠡᠯᠭᠡᠭᠦᠷ ᠂  ᠳᠡᠯᠭᠡᠭᠦᠷ ᠬᠤᠳᠠᠯᠳᠤᠭ᠋ᠠᠨ᠎ᠤ ᠫᠦᠰᠡ ᠂  ᠰᠥᠨᠢ ᠵᠢᠨ ᠠᠵᠤ ᠠᠬᠤᠢ ᠵᠡᠷᠭᠡ ᠵᠢᠨ ᠪᠦᠭᠦ ᠲᠠᠯ᠎ᠠ᠎ᠪᠠᠷ ᠬᠥᠭᠵᠢᠭᠡᠨ᠎ᠲᠠᠢ ᠪᠣᠯᠬᠤ ᠵᠢ ᠠᠬᠢᠭᠤᠯᠤᠨ᠎ᠠ ᠃  ᠪᠦᠭᠦ ᠤᠯᠤᠰ᠎ᠤᠨ ᠵᠠᠬ᠎ᠠ ᠳᠡᠯᠭᠡᠭᠦᠷ᠎ᠲᠤ ᠰᠠᠭᠤᠷᠢᠯᠠᠨ ᠵᠢᠭᠤᠯᠴᠢᠯᠠᠯ᠎ᠤᠨ ᠬᠡᠷᠡᠭᠯᠡᠭᠡ ᠂  ᠪᠣᠬᠢᠷᠳᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠬᠡᠷᠡᠭᠯᠡᠭᠡ ᠵᠢ ᠥᠷᠭᠡᠳᠬᠡᠨ ᠂  ᠰᠢᠨ᠎ᠡ ᠡᠨᠧᠷᠬᠢ ᠵᠢᠨ ᠮᠠᠰᠢᠨ ᠲᠡᠷᠭᠡ ᠵᠢ ᠳᠡᠯᠭᠡᠷᠡᠭᠦᠯᠦᠨ ᠬᠡᠷᠡᠭᠯᠡᠬᠦ᠎ᠪᠠᠨ ᠠᠬᠢᠭᠤᠯᠵᠤ ᠂  ᠭᠡᠷ᠎ᠤᠨ ᠪᠣᠬᠢᠷᠳᠤᠯ ᠦᠭᠡᠢ ᠣᠶᠤᠨᠴᠢ ᠴᠠᠬᠢᠯᠭ᠋ᠠᠨ ᠬᠡᠷᠡᠭᠰᠡᠯ ᠵᠶ᠋ᠠᠨ ᠬᠥᠳᠡᠭᠡ ᠪᠠᠭᠤᠯᠭ᠋ᠠᠬᠤ ᠵᠢ ᠵᠣᠷᠢᠭᠵᠢᠭᠤᠯᠤᠨ᠎ᠠ ᠃  ᠰᠢᠨ᠎ᠡ ᠬᠡᠯᠪᠡᠷᠢ ᠵᠢᠨ ᠬᠤᠳᠠᠯᠳᠤᠭ᠋ᠠᠨ᠎ᠤ ᠲᠣᠭᠣᠷᠢᠭ ᠂  ᠰᠢᠶᠠᠨ᠎ᠤ ᠬᠤᠳᠡ ᠵᠢᠨ ᠶᠡᠷᠦᠩᠬᠡᠢ᠌ᠯᠡᠭᠰᠡᠨ ᠬᠤᠳᠠᠯᠳᠤᠭ᠋ᠠᠨ᠎ᠤ ᠴᠣᠭᠴᠠ ᠂  ᠨᠡᠢ᠌ᠭᠡᠮ ᠲᠣᠭᠣᠷᠢᠭ᠎ᠤᠨ ᠬᠤᠳᠠᠯᠳᠤᠭ᠋ᠠᠨ᠎ᠤ ᠲᠥᠬᠥᠷᠵᠢᠭᠰᠡᠨ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ ᠂  ᠬᠡᠷᠡᠭᠯᠡᠭᠡ ᠵᠢᠨ ᠰᠦᠯᠵᠢᠶᠡᠨ᠎ᠳᠤ ᠪᠠ ᠰᠦᠯᠵᠢᠶᠡᠨ᠎ᠤ ᠭᠠᠳᠠᠨ᠎ᠠ ᠠᠭᠤᠰᠤᠯᠴᠠᠨ ᠭᠦᠭᠵᠢᠭᠦ ᠵᠢ ᠠᠬᠢᠭᠤᠯᠵᠤ ᠂  ᠡᠷᠬᠡ᠎ᠳᠤ ᠬᠠᠯᠳᠠᠵᠤ ᠬᠤᠳᠠᠯ ᠬᠠᠭᠤᠷᠮᠠᠭ ᠵᠶ᠋ᠠᠷ ᠵᠣᠬᠢᠶᠠᠬᠤ᠎ᠳᠤ ᠴᠣᠬᠢᠯᠲᠠ ᠥᠭᠴᠦ ᠂  ᠬᠡᠷᠡᠭᠯᠡᠭᠡ ᠵᠢᠨ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠣᠢ ᠪᠣᠯᠭ᠋ᠠᠨ᠎ᠠ ᠃

       ᠠᠵᠤ ᠠᠬᠤᠢ ᠮᠥᠩᠭᠥᠨ ᠭᠦᠢ᠍ᠯᠭᠡᠭᠡᠨ᠎ᠤ ᠲᠦᠭᠰᠢᠭᠦᠷᠢ ᠵᠢ ᠣᠨᠣᠴᠠᠲᠠᠢ ᠰᠡᠷᠭᠡᠢ᠌ᠯᠡᠵᠦ ᠠᠷᠢᠯᠭ᠋ᠠᠨ᠎ᠠ ᠃  ᠦᠨᠳᠦᠰᠦᠨ ᠱᠠᠲᠤᠨ᠎ᠤ ᠵᠠᠰᠠᠭ᠎ᠤᠨ ᠣᠷᠳᠣᠨ᠎ᠤ ᠥᠷᠢ ᠥᠭᠴᠡᠭᠡᠨ᠎ᠤ ᠳᠠᠷᠤᠭ᠋ᠠᠰᠤ ᠬᠦᠨᠳᠦ ᠪᠠ ᠲᠡᠭᠦᠨ᠎ᠢ ᠠᠷᠢᠯᠭ᠋ᠠᠬᠤ᠎ᠳᠤ ᠬᠦᠴᠢᠷ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ ᠂  ᠣᠷᠣᠨ ᠨᠤᠲᠤᠭ᠎ᠤᠨ ᠬᠠᠷᠢᠭᠤᠴᠠᠯᠭ᠎ᠠ ᠪᠠ ᠣᠨ᠎ᠤ ᠡᠭᠦᠷᠭᠡ ᠵᠢ ᠪᠣᠳᠠᠲᠠᠢ᠌ᠵᠢᠭᠤᠯᠬᠤ ᠵᠢᠨ ᠬᠠᠮᠲᠤ ᠂  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠨᠢᠭᠡ ᠪᠦᠯᠦᠭ᠎ᠢ᠎ᠨᠢ ᠴᠡᠪᠡᠷᠯᠡᠨ ᠂  ᠨᠢᠭᠡ ᠪᠦᠯᠦᠭ᠎ᠢ᠎ᠨᠢ ᠰᠣᠯᠢᠵᠤ ᠂  ᠨᠢᠭᠡ ᠪᠦᠯᠦᠭ᠎ᠲᠤ᠎ᠨᠢ ᠳᠠᠮ ᠬᠦᠦ ᠥᠭᠴᠦ ᠂  ᠨᠢᠭᠡ ᠪᠦᠯᠦᠭ᠎ᠢ᠎ᠨᠢ ᠬᠤᠪᠢᠶᠠᠷᠢᠯᠠᠨ ᠰᠢᠯᠵᠢᠭᠦᠯᠬᠦ ᠠᠷᠭ᠎ᠠ ᠬᠡᠮᠵᠢᠶ᠎ᠡ ᠵᠢ ᠠᠪᠴᠤ ᠪᠠᠢ᠌ᠭ᠋ᠠᠳ ᠦᠨᠳᠦᠰᠦᠨ ᠱᠠᠲᠤᠨ᠎ᠤ᠎ᠬᠢ ᠵᠢ ᠪᠦᠭᠦ ᠬᠦᠴᠦ᠎ᠪᠠᠷ ᠵᠶ᠋ᠠᠨ ᠬᠠᠪᠰᠣᠷᠣᠨ ᠪᠠᠢ᠌ᠵᠤ ᠥᠷᠢ ᠥᠭᠴᠡᠭᠡ ᠵᠢ᠎ᠨᠢ ᠠᠷᠢᠯᠭ᠋ᠠᠨ᠎ᠠ ᠃  ᠡᠳ᠋᠎ᠤᠨ ᠵᠠᠰᠠᠭ ᠠᠵᠤ ᠠᠬᠤᠢ ᠵᠢᠨ ᠰᠠᠬᠢᠯᠭ᠎ᠠ ᠪᠠᠲᠤ ᠵᠢ ᠴᠢᠩᠳᠠᠯᠠᠵᠤ ᠂  ᠲᠥᠰᠥᠪ᠎ᠤᠨ ᠠᠮᠵᠢᠯᠲᠠ ᠪᠦᠳᠣᠮᠵᠢ ᠵᠢᠨ ᠬᠠᠮᠢᠶᠠᠷᠤᠯᠲᠠ ᠵᠢ ᠴᠢᠩᠳᠠᠯᠠᠨ ᠂  ᠳᠠᠯᠳᠡ ᠴᠢᠨᠠᠷᠲᠠᠢ ᠥᠷᠢ ᠥᠭᠴᠡᠭᠡ ᠵᠢᠨ ᠰᠢᠨ᠎ᠡ᠎ᠪᠠᠷ ᠨᠡᠮᠡᠭᠳᠡᠬᠦ ᠵᠢ ᠡᠷᠡᠰ ᠬᠣᠷᠢᠭᠯᠠᠵᠤ ᠂  ᠡᠳ᠋᠎ᠤᠨ ᠵᠠᠰᠠᠭ᠎ᠤᠨ ᠪᠡᠯᠡ ᠮᠥᠩᠭᠥ ᠵᠢ ᠲᠣᠭᠲᠠᠭ᠋ᠠᠯ᠎ᠠᠴᠠ ᠵᠥᠷᠢᠴᠡᠨ ᠬᠡᠷᠡᠭᠯᠡᠬᠦ  ᠂  ᠭᠠᠢ᠌ᠯᠢ ᠵᠢ ᠳᠠᠷᠤᠵᠤ ᠭᠠᠢ᠌ᠯᠢ ᠲᠤᠰᠢᠶᠠᠬᠤ᠎ᠠᠴᠠ ᠵᠠᠢ᠌ᠯᠠᠬᠤ ᠂  ᠡᠳ᠋᠎ᠤᠨ ᠶᠠᠪᠤᠳᠠᠯ᠎ᠢ ᠬᠠᠭᠤᠷᠮᠠᠭ ᠵᠶ᠋ᠠᠷ ᠵᠣᠬᠢᠶᠠᠬᠤ ᠵᠡᠷᠭᠡ ᠦᠢ᠍ᠯᠨ ᠠᠵᠢᠯᠯᠠᠭ᠎ᠠ ᠵᠢ ᠡᠷᠡᠰ ᠬᠣᠷᠢᠭᠯᠠᠨ᠎ᠠ ᠃  ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠵᠠᠰᠠᠯᠲᠠ ᠵᠢᠨ ᠲᠣᠭᠲᠠᠯᠴᠠᠭ᠎ᠠ ᠵᠢ ᠪᠦᠷᠢᠨᠰᠢᠭᠦᠯᠵᠦ ᠂  ᠮᠥᠩᠭᠥᠨ ᠭᠦᠢ᠍ᠯᠭᠡᠭᠡᠨ᠎ᠤ ᠬᠠᠮᠵᠢᠯᠴᠠᠨ ᠬᠢᠨᠠᠵᠤ ᠬᠠᠮᠢᠶᠠᠷᠬᠤ ᠲᠣᠭᠲᠠᠴᠠ ᠵᠢ ᠪᠠᠢ᠌ᠭᠤᠯᠤᠨ ᠂  ᠠᠵᠤ ᠠᠬᠤᠢ᠌ᠯᠠᠯ᠎ᠤᠨ ᠥᠪᠡᠷ ᠵᠢᠡᠨ ᠲᠡᠩᠬᠡᠷᠡᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ᠎ᠨᠢ ᠴᠢᠩᠳᠠᠯᠠᠵᠤ ᠂  ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠤ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠲᠦᠭᠰᠢᠭᠦᠷᠢ ᠵᠢ ᠯᠠᠪᠳᠠᠭᠤᠨ ᠵᠶ᠋ᠠᠷ ᠠᠷᠢᠯᠭ᠋ᠠᠵᠤ ᠂  ᠢᠲᠡᠭᠡᠮᠵᠢ ᠵᠢᠨ ᠲᠦᠷᠣᠯ᠎ᠤᠨ ᠵᠢᠭᠡᠯᠡᠯᠭᠡ ᠵᠢᠨ ᠲᠡᠮᠳᠡᠭ᠎ᠤᠨ ᠭᠡᠷ᠎ᠡ᠎ᠠᠴᠠ ᠵᠥᠷᠢᠴᠡᠬᠦ ᠲᠦᠭᠰᠢᠭᠦᠷᠢ ᠵᠢ ᠰᠡᠷᠭᠡᠢ᠌ᠯᠡᠵᠦ ᠠᠷᠢᠯᠭ᠋ᠠᠨ᠎ᠠ ᠃  ᠬᠤᠳᠡ ᠵᠢᠨ ᠪᠠᠢ᠌ᠳᠠᠯ᠎ᠳᠤ᠎ᠨᠢ ᠲᠣᠬᠢᠷᠠᠭᠤᠯᠤᠨ ᠪᠣᠳᠣᠯᠭ᠎ᠠ ᠬᠡᠷᠡᠭᠵᠢᠭᠦᠯᠵᠦ ᠪᠠᠢ᠌ᠭ᠋ᠠᠳ ᠭᠡᠷ ᠪᠠᠢ᠌ᠰᠢᠩ ᠭᠠᠵᠠᠷ ᠬᠥᠷᠥᠩᠭᠡ ᠵᠢᠨ ᠲᠣᠬᠢᠷᠠᠭᠤᠯᠭ᠎ᠠ ᠡᠵᠡᠮᠳᠡᠯ᠎ᠢ ᠰᠠᠢ᠌ᠲᠤᠷ ᠬᠢᠵᠦ ᠂  ᠭᠡᠷ ᠪᠠᠢ᠌ᠰᠢᠩ ᠭᠠᠵᠠᠷ ᠬᠥᠷᠥᠩᠭᠡ ᠵᠢᠨ ᠠᠵᠤ ᠠᠬᠤᠢ᠌ᠯᠠᠯ᠎ᠤᠨ ᠭᠡᠷ᠎ᠡ ᠭᠦᠢ᠍ᠴᠡᠳᠬᠡᠬᠦ ᠵᠢᠨ ᠲᠦᠭᠰᠢᠭᠦᠷᠢ ᠵᠢ ᠯᠠᠪᠳᠠᠭᠤᠨ ᠪᠠᠲᠤᠲᠠᠢ ᠰᠢᠢ᠍ᠳᠪᠦᠷᠢᠯᠡᠨ᠎ᠡ ᠃

      (ᠬᠣᠶᠠᠷ) ᠠᠵᠤ ᠦᠢ᠍ᠯᠡᠰ᠎ᠢ ᠲᠣᠭᠲᠠᠭᠤᠨ ᠪᠠᠢ᠌ᠯᠭ᠋ᠠᠵᠤ ᠬᠡᠯᠬᠢᠶᠡᠰᠦ ᠵᠢ ᠴᠢᠩᠭ᠋ᠠᠷᠠᠭᠤᠯᠤᠨ ᠬᠥᠳᠡᠯᠭᠡᠭᠦ ᠴᠢᠳᠠᠮᠵᠢ ᠵᠢ ᠪᠣᠢ ᠪᠣᠯᠭ᠋ᠠᠬᠤ᠎ᠪᠠᠷ ᠬᠦᠴᠦᠯᠡᠨ ᠴᠢᠷᠮᠠᠢ᠌ᠵᠤ ᠂  ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠬᠦ ᠦᠨᠳᠦᠰᠦᠨ ᠰᠠᠭᠤᠷᠢ ᠵᠢ ᠪᠡᠬᠢᠵᠢᠭᠦᠯᠦᠨ᠎ᠡ ᠃  ᠤᠯᠤᠰ᠎ᠤᠨ ᠡᠨᠧᠷᠬᠢ ᠵᠢᠨ ᠠᠮᠤᠷ ᠲᠦᠪᠰᠢᠨ ᠂  ᠠᠮᠤ ᠪᠤᠳᠠᠭ᠋ᠠᠨ᠎ᠤ ᠠᠮᠤᠷ ᠲᠦᠪᠰᠢᠨ ᠂  ᠠᠵᠤ ᠦᠢ᠍ᠯᠡᠰ᠎ᠤᠨ ᠠᠮᠤᠷ ᠲᠦᠪᠰᠢᠨ ᠂  ᠠᠮᠢ ᠠᠬᠤᠢ ᠵᠢᠨ ᠠᠮᠤᠷ ᠲᠦᠪᠰᠢᠨ᠎ᠢ ᠨᠡᠩ ᠰᠠᠢ᠌ᠨ ᠪᠠᠲᠤᠯᠠᠬᠤ ᠵᠢᠨ ᠲᠣᠭᠣᠷᠢᠨ᠎ᠳᠤ ᠂ 

《ᠬᠣᠶᠠᠷ ᠰᠠᠭᠤᠷᠢᠨ ᠭᠠᠵᠠᠷ》᠎ᠤᠨ ᠪᠦᠲᠦᠭᠡᠨ ᠪᠠᠢ᠌ᠭᠤᠯᠤᠯᠲᠠ ᠵᠢ ᠴᠢᠩᠭ᠎ᠠ ᠠᠳᠬᠤᠨ ᠂  ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠢ ᠥᠷᠨᠢᠭᠦᠯᠵᠦ ᠂  ᠪᠣᠬᠢᠷᠳᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠂  ᠰᠢᠨ᠎ᠡ ᠡᠨᠧᠷᠬᠢ ᠂  ᠰᠢᠨ᠎ᠡ ᠮᠠᠲ᠋ᠧᠷᠢᠶᠠᠯ ᠂  ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ ᠂  ᠣᠳᠣ ᠦᠶ᠎ᠡ ᠵᠢᠨ ᠲᠣᠨᠤᠭ ᠲᠥᠬᠦᠭᠡᠷᠦᠮᠵᠢ ᠦᠢ᠍ᠯᠡᠳᠬᠦ ᠂  ᠠᠮᠢᠳᠤ ᠪᠣᠳᠠᠰ᠎ᠤᠨ ᠡᠮ ᠡᠮᠨᠡᠯᠭᠡ ᠂  ᠲᠣᠭ᠋ᠠᠵᠢᠯᠲᠤ ᠠᠵᠤ ᠠᠬᠤᠢ ᠂  ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠵᠡᠷᠭᠡ ᠠᠵᠤ ᠦᠢ᠍ᠯᠡᠰ᠎ᠤᠨ ᠪᠦᠯᠦᠭᠵᠢᠯ᠎ᠢ ᠲᠥᠪᠯᠡᠷᠡᠭᠦᠯᠦᠨ ᠪᠠᠢ᠌ᠭᠤᠯᠵᠤ ᠂  ᠭᠣᠣᠯᠳᠠᠯᠭ᠎ᠠ ᠪᠣᠯᠬᠤ 12 ᠠᠵᠤ ᠦᠢ᠍ᠯᠡᠰ᠎ᠤᠨ ᠬᠡᠯᠬᠢᠶ᠎ᠡ ᠵᠢ ᠤᠷᠢᠳ ᠵᠶ᠋ᠠᠷ ᠪᠠᠢ᠌ᠭᠤᠯᠤᠨ ᠂  ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠵᠤ ᠰᠢᠯᠢᠳᠡᠭᠵᠢᠭᠦᠯᠦᠨ ᠳᠡᠰ ᠳᠡᠪᠰᠢᠭᠦᠯᠬᠦ ᠵᠢ ᠳᠠᠶ᠋ᠢᠴᠢᠯᠠᠨ᠎ᠠ ᠃

       ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠴᠢᠨᠠᠷ ᠰᠠᠢ᠌ᠲᠠᠢ ᠪᠥᠭᠡᠳ ᠥᠨᠳᠥᠷ ᠪᠦᠲᠦᠮᠵᠢᠲᠠᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠬᠦᠴᠦᠲᠡᠢ ᠠᠬᠢᠭᠤᠯᠤᠨ᠎ᠠ ᠃  ᠪᠦᠲᠦᠭᠡᠭᠳᠡᠬᠦᠨ᠎ᠤ ᠵᠦᠢ᠍ᠯ᠎ᠢ ᠰᠢᠯᠢᠳᠡᠭᠵᠢᠭᠦᠯᠬᠦ ᠂  ᠶᠠᠰᠤ ᠴᠢᠨᠠᠷ᠎ᠢ᠎ᠨᠢ ᠳᠡᠭᠡᠭᠰᠢᠯᠡᠭᠦᠯᠬᠦ ᠂  ᠨᠡᠷᠡᠲᠦ ᠲᠡᠮᠳᠡᠭ᠎ᠢ ᠪᠣᠢ ᠪᠣᠯᠭ᠋ᠠᠬᠤ ᠵᠢ ᠨᠡᠩ ᠴᠢᠬᠤᠯᠠᠴᠢᠯᠠᠨ ᠂  ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠵᠤ ᠂  ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠤᠨᠠᠯᠲᠠ ᠭᠠᠷᠤᠯᠲᠠ ᠵᠢᠨ ᠲᠣᠮᠣ ᠣᠷᠣᠨ ᠪᠠᠢ᠌ᠭᠰᠠᠨ᠎ᠠᠴᠠ᠎ᠪᠠᠨ ᠲᠠᠷᠢᠶᠠᠯᠠᠩ ᠮᠠᠯ ᠠᠵᠤ ᠠᠬᠤᠢ ᠵᠢᠨ ᠶᠠᠰᠤ ᠴᠢᠨᠠᠷ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠲᠡᠢ᠌ᠰᠢ ᠳᠠᠪᠰᠢᠬᠤ ᠵᠢ ᠠᠬᠢᠭᠤᠯᠤᠨ᠎ᠠ ᠃  ᠦᠷ᠎ᠡ ᠡᠭᠦᠯᠳᠡᠷ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠋ᠠᠨ᠎ᠢ ᠶᠡᠬᠡ᠎ᠪᠠᠷ ᠬᠡᠷᠡᠭᠵᠢᠭᠦᠯᠦᠨ ᠂  ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠵᠤ ᠠᠰᠢᠭᠯᠠᠬᠤ ᠂  ᠰᠠᠢ᠌ᠨ ᠡᠭᠦᠯᠳᠡᠷᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠬᠦ ᠂  ᠰᠢᠯᠢᠳᠡᠭ ᠳᠠᠪᠠᠭᠤᠯᠢᠭ ᠣᠨᠴᠠᠯᠢᠭ᠎ᠲᠠᠢ ᠦᠷ᠎ᠡ ᠡᠭᠦᠯᠳᠡᠷ᠎ᠢ ᠪᠣᠢ᠌ᠵᠢᠭᠤᠯᠬᠤ ᠭᠤᠷᠪᠠᠨ ᠲᠣᠮᠣ ᠢᠨᠵᠧᠨᠧᠷᠢᠩ᠎ᠢ ᠲᠥᠪᠯᠡᠷᠡᠭᠦᠯᠦᠨ ᠠᠬᠢᠭᠤᠯᠤᠨ᠎ᠠ ᠃  ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠵᠦ ᠂  ᠰᠢᠯᠢᠳᠡᠭ ᠰᠠᠢ᠌ᠨ ᠦᠷ᠎ᠡ ᠵᠢᠨ ᠢᠷᠡᠯᠲᠡ ᠂  ᠲᠡᠵᠢᠭᠡᠯ ᠡᠪᠡᠰᠦ ᠂  ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠢ ᠪᠠᠢ᠌ᠭᠤᠯᠤᠨ ᠂  ᠢᠯᠢ ᠵᠢᠨ ᠣᠳᠣ ᠦᠶ᠎ᠡ ᠵᠢᠨ ᠣᠶᠤᠨᠯᠢᠭ ᠡᠷᠡᠭᠦᠯ ᠮᠡᠨᠳᠦ ᠵᠢᠨ ᠵᠢᠯᠠᠭ᠎ᠠ ᠂  ᠮᠧᠩ ᠨᠢᠦ ᠳᠤᠮᠳᠠᠲᠤ ᠤᠯᠤᠰ᠎ᠤᠨ ᠰᠦ ᠵᠢᠨ ᠠᠵᠤ ᠦᠢ᠍ᠯᠡᠰ᠎ᠤᠨ ᠬᠦᠷᠢᠶᠡᠯᠡᠩ ᠵᠡᠷᠭᠡ ᠴᠢᠬᠤᠯᠠ ᠶᠡᠬᠡ ᠲᠥᠷᠥᠯ ᠵᠦᠢ᠍ᠯ᠎ᠢ ᠰᠠᠢ᠌ᠲᠤᠷ ᠪᠠᠢ᠌ᠭᠤᠯᠤᠨ ᠂ 《ᠨᠢᠭᠡ ᠰᠢᠷᠬᠡᠭ ᠡᠪᠡᠰᠦ ᠵᠢ ᠰᠠᠢ᠌ᠨ ᠲᠠᠷᠢᠬᠤ᠎ᠠᠴᠠ ᠨᠢᠭᠡ ᠴᠣᠮᠣ ᠴᠢᠨᠠᠷ ᠰᠠᠢ᠌ᠲᠠᠢ ᠰᠦ ᠤᠤᠭᠤᠬᠤ ᠬᠦᠷᠲᠡᠯᠡᠬᠢ》 ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠪᠡᠶᠡᠯᠡᠭᠦᠯᠬᠦ᠎ᠳᠤ ᠰᠠᠭᠤᠷᠢ ᠵᠢ ᠰᠠᠢ᠌ᠨ ᠲᠠᠯᠪᠢᠨ᠎ᠠ ᠃  ᠲᠠᠷᠢᠶᠠᠯᠠᠩ ᠮᠠᠯ ᠠᠵᠤ ᠠᠬᠤᠢ ᠵᠢᠨ ᠡᠷᠴᠢᠮᠵᠢᠬᠦ ᠂  ᠬᠡᠪᠴᠢᠶᠡᠵᠢᠬᠦ ᠂  ᠳᠡᠭᠡᠳᠦ ᠳᠡᠰᠴᠢᠯᠡᠬᠦ ᠬᠥᠭᠵᠢᠯᠲᠡ ᠵᠢ ᠲᠦᠷᠭᠡᠳᠬᠡᠨ ᠠᠬᠢᠭᠤᠯᠵᠤ ᠂  ᠰᠦ ᠰᠠᠭ᠋ᠠᠯᠢ ᠵᠢᠨ ᠦᠢ᠍ᠯᠡᠰ ᠡᠷᠳᠡᠨᠢ ᠰᠢᠰᠢ ᠵᠢᠨ ᠮᠢᠩᠭ᠋ᠠᠨ ᠳ᠋ᠦᠩᠰᠢᠭᠤᠷ ᠳᠡᠰ᠎ᠤᠨ ᠬᠣᠶᠠᠷ ᠠᠵᠤ ᠦᠢ᠍ᠯᠡᠰ ᠪᠠ ᠠᠯᠠᠰᠢᠨ ᠦᠬᠡᠷ ᠂  ᠠᠯᠠᠰᠢᠨ ᠬᠣᠨᠢ ᠂  ᠢᠮᠠᠭ᠋ᠠᠨ  ᠨᠣᠣᠯᠣᠭᠤᠷ᠂  ᠲᠥᠮᠥᠰᠥ ᠵᠡᠷᠭᠡ ᠵᠠᠭᠤᠨ ᠳ᠋ᠦᠩᠰᠢᠭᠤᠷ ᠳᠡᠰ᠎ᠤᠨ ᠠᠵᠤ ᠦᠢ᠍ᠯᠡᠰ᠎ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ ᠂  ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠭᠰᠡᠨ ᠬᠥᠲᠥᠴᠢ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ ᠂ 《ᠥᠪᠥᠷ ᠮᠣᠩᠭᠣᠯ》 ᠨᠡᠷᠡᠮᠵᠢᠲᠦ ᠨᠡᠷᠡᠲᠦ ᠲᠡᠮᠳᠡᠭ᠎ᠤᠨ ᠮᠠᠭ᠋ᠠᠳᠯᠠᠯᠲᠠ᠎ᠪᠠᠷ ᠬᠥᠲᠥᠯᠥᠭᠦᠷ ᠪᠣᠯᠭ᠋ᠠᠵᠤ ᠨᠢᠭᠡ ᠪᠦᠯᠦᠭ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭ ᠪᠠ ᠪᠦᠲᠦᠭᠡᠭᠳᠡᠬᠦᠨ᠎ᠤ ᠨᠡᠷᠡᠲᠦ ᠲᠡᠮᠳᠡᠭ᠎ᠢ ᠠᠯᠳᠠᠷᠰᠢᠯᠠᠭᠤᠯᠤᠨ ᠳᠠᠭᠤᠷᠢᠰᠬᠠᠨ᠎ᠠ ᠃  ᠠᠮᠤ ᠪᠤᠳᠠᠭ᠎ᠠ ᠵᠢᠨ ᠠᠮᠤᠷ ᠲᠦᠪᠰᠢᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ ᠂  ᠲᠠᠷᠢᠶᠠᠯᠠᠬᠤ ᠭᠠᠵᠠᠷ᠎ᠤᠨ ᠤᠯᠠᠭ᠋ᠠᠨ ᠱᠤᠭᠤᠮ᠎ᠢ ᠪᠠᠲᠤ ᠰᠠᠬᠢᠨ ᠂  ᠴᠢᠨᠠᠷ ᠰᠠᠢ᠌ᠲᠠᠢ ᠪᠥᠭᠡᠳ ᠥᠨᠳᠥᠷ ᠪᠦᠲᠦᠮᠵᠢᠲᠠᠢ᠎ᠪᠠᠷ ᠤᠨᠠᠯᠲᠠ᠎ᠪᠠᠨ ᠨᠡᠮᠡᠭᠳᠡᠭᠦᠯᠦᠭᠰᠡᠨ ᠵᠢᠱ᠌ᠢᠶ᠎ᠡ ᠦᠵᠡᠭᠦᠯᠬᠦ ᠠᠵᠢᠯᠯᠠᠭ᠋ᠠᠨ᠎ᠢ ᠬᠡᠷᠡᠭᠵᠢᠭᠦᠯᠵᠦ ᠂  ᠠᠮᠤ ᠪᠤᠳᠠᠭ᠋ᠠᠨ᠎ᠤ ᠲᠠᠷᠢᠬᠤ ᠲᠠᠯᠠᠪᠠᠢ ᠪᠠ ᠤᠨᠠᠯᠲᠠ ᠵᠢ ᠲᠣᠭᠲᠠᠪᠤᠷᠢᠵᠢᠭᠤᠯᠤᠨ ᠂  ᠰᠢᠷ᠎ᠠ ᠪᠤᠷᠴᠠᠭ᠎ᠢ 500 ᠲᠦᠮᠡᠨ ᠮᠦ᠍ ᠲᠠᠯᠠᠪᠠᠢ ᠥᠷᠭᠡᠳᠬᠡᠨ ᠲᠠᠷᠢᠬᠤ ᠡᠭᠦᠷᠭᠡ᠎ᠪᠠᠨ ᠪᠡᠶᠡᠯᠡᠭᠦᠯᠵᠦ ᠂ 400 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠂ 1350 ᠲᠦᠮᠡᠨ ᠮᠦ᠍ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠬᠤ ᠴᠢᠨᠠᠷᠲᠠᠢ᠎ᠪᠠᠷ ᠲᠠᠷᠢᠶᠠᠯᠠᠬᠤ ᠡᠭᠦᠷᠭᠡ ᠵᠢ ᠰᠠᠢ᠌ᠲᠤᠷ ᠠᠳᠬᠤᠨ ᠂  ᠬᠤᠵᠢᠷᠰᠢᠭᠰᠠᠨ ᠭᠠᠵᠠᠷ᠎ᠢ ᠥᠭᠡᠷᠡᠴᠢᠯᠡᠨ ᠰᠠᠢ᠌ᠵᠢᠷᠠᠭᠤᠯᠵᠤ ᠠᠰᠢᠭᠯᠠᠬᠤ᠎ᠪᠠᠨ ᠴᠢᠩᠭ᠋ᠠᠳᠬᠠᠵᠤ ᠂  ᠨᠡᠩ ᠣᠯᠠᠨ ᠲᠠᠷᠢᠶᠠᠨ ᠭᠠᠵᠠᠷ᠎ᠢ ᠰᠠᠢ᠌ᠨ ᠲᠠᠷᠢᠶ᠎ᠠ ᠪᠣᠯᠭ᠋ᠠᠨ᠎ᠠ ᠃ 《ᠬᠣᠯᠢᠰᠢᠨ ᠢᠳᠡᠭᠡ》 ᠵᠢ ᠲᠡᠭᠦᠯᠳᠡᠷᠵᠢᠭᠦᠯᠦᠨ ᠂  ᠭᠣᠣᠯᠳᠠᠯᠭ᠎ᠠ ᠪᠣᠯᠬᠤ ᠬᠤᠲᠠ ᠵᠢᠨ ᠢᠳᠡᠰᠢᠨ ᠨᠣᠭᠣᠭ᠎ᠠ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ ᠂  ᠦᠢ᠍ᠯᠡᠳᠪᠦᠷᠢᠯᠡᠵᠦ ᠬᠠᠩᠭ᠋ᠠᠬᠤ ᠲᠠᠯ᠎ᠠ ᠵᠢᠨ ᠥᠪᠡᠰᠦᠪᠡᠨ ᠬᠠᠩᠭ᠋ᠠᠬᠤ ᠴᠢᠳᠠᠪᠤᠷᠢ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ ᠃

       ᠡᠨᠧᠷᠬᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ ᠵᠶ᠋ᠠᠨ ᠰᠢᠯᠢᠳᠡᠭᠵᠢᠭᠦᠯᠵᠦ ᠳᠡᠰ ᠳᠡᠪᠰᠢᠭᠦᠯᠬᠦ ᠵᠢ ᠬᠦᠴᠦᠲᠡᠢ ᠠᠬᠢᠭᠤᠯᠤᠨ᠎ᠠ ᠃  ᠡᠨᠡ ᠬᠦ᠌ ᠣᠳᠣ ᠦᠶ᠎ᠡ ᠵᠢᠨ ᠡᠨᠧᠷᠬᠢ ᠵᠢᠨ ᠠᠵᠤ ᠠᠬᠤᠢ ᠵᠢᠨ ᠠᠵᠢᠯ᠎ᠢ ᠰᠠᠢ᠌ᠲᠤᠷ ᠬᠢᠵᠦ ᠂ 《ᠬᠣᠶᠠᠷ᠎ᠢ ᠤᠷᠢᠳ ᠵᠶ᠋ᠠᠷ ᠴᠣᠭᠴᠠᠯᠠᠬᠤ》 ᠂ 《ᠬᠣᠶᠠᠷ᠎ᠢ ᠳᠠᠪᠠᠭᠤᠯᠬᠤ》 ᠵᠢᠨ ᠬᠠᠷᠠᠯᠲᠠ᠎ᠳᠤ ᠴᠢᠭᠯᠡᠭᠦᠯᠦᠨ ᠂  ᠥᠪᠥᠷ ᠮᠣᠩᠭᠣᠯ᠎ᠤᠨ ᠵᠡᠭᠦᠨ ᠬᠡᠰᠡᠭ ᠂  ᠥᠪᠥᠷ ᠮᠣᠩᠭᠣᠯ᠎ᠤᠨ ᠪᠠᠷᠠᠭᠤᠨ ᠬᠡᠰᠡᠭ᠎ᠲᠠᠬᠢ ᠮᠢᠩᠭ᠋ᠠᠨ ᠲᠦᠮᠡᠨ ᠺᠢᠯᠣᠸᠠᠲ ᠳᠡᠰ᠎ᠤᠨ ᠰᠢᠨ᠎ᠡ ᠡᠨᠧᠷᠬᠢ ᠵᠢᠨ ᠰᠠᠭᠤᠷᠢᠨ ᠭᠠᠵᠠᠷ ᠪᠠ ᠤᠰᠤ ᠲᠠᠲᠠᠵᠤ ᠡᠨᠧᠷᠬᠢ ᠬᠠᠳᠠᠭ᠋ᠠᠯᠠᠬᠤ ᠴᠠᠬᠢᠯᠭ᠋ᠠᠨ ᠥᠷᠲᠡᠭᠡ ᠂  ᠰᠢᠨ᠎ᠡ ᠬᠡᠯᠪᠡᠷᠢ ᠵᠢᠨ ᠡᠨᠧᠷᠬᠢ ᠨᠥᠭᠡᠴᠡᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ ᠂  ᠡᠯᠡᠰᠦ ᠮᠠᠩᠬ᠎ᠠ ᠭᠣᠪᠢ ᠴᠦᠯ᠎ᠤᠨ ᠪᠦᠰᠡ᠎ᠳᠠᠬᠢ ᠶᠡᠬᠡ ᠬᠡᠪᠴᠢᠶ᠎ᠡ᠎ᠪᠠᠷ ᠰᠢᠨ᠎ᠡ ᠡᠨᠧᠷᠬᠢ ᠵᠢ ᠨᠡᠭᠡᠭᠡᠨ ᠠᠰᠢᠭᠯᠠᠬᠤ ᠲᠥᠯᠦᠪᠵᠢᠭᠦᠯᠭᠡ ᠵᠢᠨ ᠪᠠᠢ᠌ᠷᠢᠰᠢᠭᠤᠯᠤᠯ᠎ᠢ ᠲᠦᠷᠭᠡᠳᠬᠡᠨ ᠂  ᠴᠠᠬᠢᠯᠭ᠋ᠠᠨ ᠰᠤᠷᠪᠤᠯᠵᠢ ᠪᠠ ᠲᠣᠣᠷ ᠳᠠᠭ᠋ᠠᠭ᠋ᠠᠴᠠ ᠨᠥᠭᠡᠴᠡ ᠂  ᠰᠠᠯᠬᠢ ᠭᠡᠷᠡᠯ ᠴᠡᠨᠡᠭ ᠢᠯᠴᠢ ᠨᠥᠭᠡᠴᠡ ᠡᠨᠧᠷᠬᠢ ᠵᠢ ᠨᠢᠭᠡ ᠴᠣᠭᠴᠠᠵᠢᠭᠤᠯᠤᠭᠰᠠᠨ ᠶᠡᠷᠦᠩᠬᠡᠢ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠠᠵᠢᠯ᠎ᠢ ᠲᠦᠷᠭᠡᠳᠬᠡᠵᠦ ᠂  ᠰᠠᠯᠬᠢ ᠭᠡᠷᠡᠯ ᠤᠰᠦᠳᠦ᠋ᠷᠦᠭᠴᠢ ᠨᠥᠭᠡᠴᠡ ᠡᠨᠧᠷᠬᠢ ᠵᠢᠨ ᠠᠵᠤ ᠦᠢ᠍ᠯᠡᠰ᠎ᠤᠨ ᠪᠦᠯᠦᠭᠵᠢᠯ᠎ᠢ ᠪᠤᠵᠠᠭ᠋ᠠᠢ᠌ᠷᠠᠭᠤᠯᠵᠤ ᠂  ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠠᠮᠤᠷ ᠲᠦᠪᠰᠢᠨ ᠂  ᠤᠶᠠᠨ ᠬᠠᠲᠠᠨ ᠂  ᠥᠨᠳᠥᠷ ᠪᠦᠲᠦᠮᠵᠢᠲᠦ ᠰᠢᠰᠲ᠋ᠧᠮ᠎ᠢ ᠪᠠᠢ᠌ᠭᠤᠯᠤᠨ ᠂  ᠰᠢᠨ᠎ᠡ ᠡᠨᠧᠷᠬᠢ ᠵᠢᠨ ᠲᠣᠣᠷ᠎ᠲᠤ ᠨᠡᠶ᠋ᠢᠯᠡᠭᠦᠯᠬᠦ ᠬᠡᠪᠴᠢᠶ᠎ᠡ ᠵᠢ 2000 ᠲᠦᠮᠡᠨ ᠺᠢᠯᠣᠸᠠᠲ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ ᠂  ᠳᠠᠬᠢᠨ ᠡᠭᠦᠰᠴᠦ ᠪᠣᠯᠬᠤ ᠡᠨᠧᠷᠬᠢ ᠵᠢᠨ ᠮᠠᠰᠢᠨ ᠴᠣᠭᠴᠠᠯᠠᠪᠤᠷᠢ ᠵᠢᠨ ᠬᠤᠪᠢ ᠵᠢᠨ ᠵᠢᠩ᠎ᠢ 40%᠎ᠠᠴᠠ ᠢᠯᠡᠭᠦᠦ ᠪᠣᠯᠭ᠋ᠠᠨ ᠳᠡᠭᠡᠭᠰᠢᠯᠡᠭᠦᠯᠦᠨ᠎ᠡ ᠃  ᠰᠢᠨ᠎ᠡ ᠡᠨᠧᠷᠬᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠥᠩᠭᠥ ᠵᠢ ᠢᠳᠡᠪᠬᠢᠲᠡᠢ ᠪᠡᠯᠡᠳᠬᠡᠨ ᠪᠠᠢ᠌ᠭᠤᠯᠵᠤ ᠂  ᠰᠢᠨ᠎ᠡ ᠡᠨᠧᠷᠬᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ ᠪᠠ ᠠᠵᠢᠯᠯᠠᠭᠤᠯᠵᠤ ᠬᠠᠮᠠᠭ᠋ᠠᠯᠠᠬᠤ ᠦᠢ᠍ᠯᠡᠴᠢᠯᠡᠭᠡᠨ᠎ᠤ ᠦᠢ᠍ᠯᠡᠰ᠎ᠢ ᠬᠦᠴᠦᠲᠡᠢ ᠬᠥᠭᠵᠢᠭᠦᠯᠦᠨ ᠂  ᠮᠢᠩᠭ᠋ᠠᠨ ᠳ᠋ᠦᠩᠰᠢᠭᠤᠷ ᠳᠡᠰ᠎ᠤᠨ ᠰᠢᠨ᠎ᠡ ᠡᠨᠧᠷᠬᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠪᠦᠯᠦᠭᠵᠢᠯ ᠪᠠ ᠤᠰᠤᠲᠥ᠋ᠷᠥᠭᠴᠢᠲᠤ ᠡᠨᠧᠷᠭᠢ ᠵᠢᠨ ᠲᠣᠨᠤᠭ ᠲᠥᠬᠦᠭᠡᠷᠦᠮᠵᠢ ᠂  ᠡᠨᠧᠷᠬᠢ ᠬᠠᠳᠠᠭ᠋ᠠᠯᠠᠬᠤ ᠲᠥᠬᠦᠭᠡᠷᠦᠮᠵᠢ ᠵᠢᠨ ᠠᠵᠤ ᠦᠢ᠍ᠯᠡᠰ᠎ᠤᠨ ᠰᠠᠭᠤᠷᠢᠨ ᠭᠠᠵᠠᠷ᠎ᠢ ᠲᠥᠪᠯᠡᠷᠡᠭᠦᠯᠦᠨ ᠪᠠᠢ᠌ᠭᠤᠯᠤᠨ᠎ᠠ ᠃  ᠡᠨᠧᠷᠬᠢ ᠵᠢᠨ ᠥᠭᠡᠷᠡᠴᠢᠯᠡᠯᠲᠡ ᠵᠢ ᠬᠠᠮᠵᠢᠯᠴᠠᠵᠤ ᠬᠣᠯᠪᠤᠭ᠋ᠠᠯᠠᠨ ᠭᠦᠨᠵᠡᠭᠡᠢ᠌ᠷᠡᠭᠦᠯᠵᠦ ᠂  ᠴᠡᠪᠡᠷ ᠡᠨᠧᠷᠬᠢ ᠵᠢ ᠪᠠᠭᠲᠠᠭ᠋ᠠᠨ ᠰᠢᠩᠭᠡᠭᠡᠬᠦ ᠤᠷᠲᠤ ᠬᠤᠭᠤᠴᠠᠭ᠋ᠠᠨ᠎ᠤ ᠪᠦᠲᠦᠮᠵᠢᠲᠠᠢ ᠲᠣᠭᠲᠠᠴᠠ ᠵᠢ ᠪᠠᠢ᠌ᠭᠤᠯᠤᠨ ᠂  ᠰᠢᠨ᠎ᠡ ᠡᠨᠧᠷᠬᠢ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ ᠵᠢ ᠪᠦᠷᠢᠨᠰᠢᠭᠦᠯᠵᠦ ᠂  ᠡᠨᠧᠷᠬᠢ ᠵᠢᠨ ᠦᠨ᠎ᠡ ᠬᠠᠩᠰᠢ ᠪᠦᠷᠢᠯᠳᠦᠬᠦ ᠲᠣᠭᠲᠠᠴᠠ ᠵᠢ ᠲᠡᠭᠦᠯᠳᠡᠷᠵᠢᠭᠦᠯᠦᠨ᠎ᠡ ᠃  ᠴᠡᠪᠡᠷ ᠡᠨᠧᠷᠬᠢ ᠪᠠ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠵᠢᠨ ᠭᠠᠷᠤᠯᠲᠠ ᠵᠢ ᠬᠠᠢ᠌ᠨ ᠪᠠᠢ᠌ᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠤᠨ ᠂  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠠᠯ᠎ᠠ᠎ᠳᠠᠬᠢ ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠮᠵᠢ ᠵᠢᠨ ᠨᠥᠭᠡᠴᠡ ᠵᠢ ᠨᠡᠮᠡᠭᠳᠡᠭᠦᠯᠵᠦ ᠂  ᠣᠨᠴᠠ ᠥᠨᠳᠥᠷ ᠬᠦᠴᠦᠳᠡᠯᠲᠦ ᠴᠠᠬᠢᠯᠭ᠋ᠠᠨ᠎ᠢ ᠭᠠᠳᠠᠭᠰᠢ ᠭᠦᠷᠭᠡᠭᠦ ᠵᠠᠮ ᠬᠣᠭᠣᠯᠠᠢ ᠪᠠ ᠲᠥᠬᠥᠷᠵᠢᠭᠰᠡᠨ ᠴᠠᠬᠢᠯᠭ᠋ᠠᠨ ᠰᠣᠷᠪᠣᠯᠵᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ ᠂  ᠥᠪᠥᠷ ᠮᠣᠩᠭᠣᠯ᠎ᠤᠨ ᠪᠠᠷᠠᠭᠤᠨ᠎ᠳᠠᠬᠢ ᠴᠠᠬᠢᠯᠭ᠋ᠠᠨ ᠬᠦᠴᠦᠨ᠎ᠤ ᠲᠣᠣᠷ᠎ᠤᠨ ᠵᠡᠭᠦᠨ ᠬᠡᠰᠡᠭ᠎ᠤᠨ ᠲᠡᠭᠦᠰᠬᠡᠯ ᠦᠵᠦᠭᠦᠷ᠎ᠤᠨ ᠴᠠᠬᠢᠯᠭ᠋ᠠᠨ ᠬᠦᠴᠦᠨ᠎ᠤ ᠲᠣᠣᠷᠯᠢᠭ ᠪᠠ ᠴᠠᠬᠢᠯᠭ᠋ᠠᠨ ᠰᠤᠷᠪᠤᠯᠵᠢ ᠵᠢᠨ ᠲᠤᠯᠭ᠋ᠠᠭᠤᠷᠢᠯᠠᠬᠤ ᠪᠠᠢ᠌ᠷᠢᠰᠢᠯ᠎ᠢ ᠦᠷᠭᠦᠯᠵᠢᠯᠡᠨ ᠰᠢᠯᠢᠳᠡᠭᠵᠢᠭᠦᠯᠵᠦ ᠂  ᠴᠠᠬᠢᠯᠭ᠋ᠠᠨ ᠬᠦᠴᠦᠨ᠎ᠤ ᠭᠦᠢ᠍ᠴᠡᠳ ᠬᠠᠩᠭ᠋ᠠᠬᠤ ᠵᠢ ᠠᠬᠢᠭᠤᠯᠤᠨ ᠂  ᠨᠡᠭᠦᠷᠡᠰᠦ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠵᠢ ᠪᠠᠲᠤᠯᠠᠬᠤ ᠠᠵᠢᠯ ᠵᠶ᠋ᠠᠨ ᠰᠠᠢ᠌ᠲᠤᠷ ᠬᠢᠨ᠎ᠡ ᠃  ᠬᠣᠪᠣᠷ ᠰᠢᠷᠣᠢ ᠵᠢᠨ ᠠᠵᠤ ᠦᠢ᠍ᠯᠡᠰ᠎ᠤᠨ ᠬᠡᠯᠬᠢᠶᠡᠰᠦ ᠵᠢ ᠤᠷᠲᠤᠳᠬᠠᠨ ᠂  ᠳᠡᠭᠡᠳᠦ ᠳᠡᠰ᠎ᠤᠨ ᠮᠠᠲ᠋ᠧᠷᠢᠶᠠᠯ ᠪᠠ ᠦᠵᠦᠭᠦᠷ᠎ᠤᠨ ᠦᠢ᠍ᠯᠡᠳᠬᠦᠨ᠎ᠳᠤ ᠭᠣᠣᠯᠳᠠᠯᠭ᠎ᠠ᠎ᠲᠠᠢ ᠰᠢᠪᠲᠤᠯᠤᠯᠲᠠ ᠬᠢᠵᠦ ᠂  ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠬᠡᠮᠵᠢᠶ᠎ᠡ ᠪᠠ ᠶᠡᠷᠦᠩᠬᠡᠢ᠌ᠯᠡᠨ ᠠᠰᠢᠭᠯᠠᠬᠤ ᠨᠣᠷᠮ᠎ᠠ ᠵᠢ ᠳᠡᠭᠡᠭᠰᠢᠯᠡᠭᠦᠯᠦᠨ᠎ᠡ ᠃

       ᠦᠢ᠍ᠯᠡᠳᠬᠦ ᠦᠢ᠍ᠯᠡᠰ᠎ᠤᠨ ᠳᠡᠭᠡᠳᠦ ᠳᠡᠰᠵᠢᠬᠦ ᠂  ᠣᠶᠤᠨᠴᠢᠯᠠᠬᠤ ᠪᠠ ᠪᠣᠬᠢᠷᠳᠤᠯ ᠦᠭᠡᠢ᠎ᠪᠠᠷ ᠬᠥᠭᠵᠢᠬᠦ ᠵᠢ ᠬᠦᠴᠦᠯᠡᠨ ᠠᠬᠢᠭᠤᠯᠤᠨ᠎ᠠ ᠃  ᠦᠢ᠍ᠯᠡᠣᠡᠭᠦ ᠦᠢ᠍ᠯᠡᠰ ᠂  ᠳᠤᠮᠳᠠ ᠵᠢᠵᠢᠭ ᠠᠵᠤ ᠠᠬᠤᠢ᠌ᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠦᠷᠣ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠵᠤ ᠂  ᠬᠡᠯᠬᠢᠶ᠎ᠡ ᠵᠢ᠎ᠨᠢ ᠤᠷᠲᠤᠳᠬᠠᠨ ᠬᠡᠯᠬᠢᠶ᠎ᠡ ᠵᠢ᠎ᠨᠢ ᠨᠥᠬᠥᠪᠦᠷᠢᠯᠡᠬᠦ ᠬᠡᠯᠬᠢᠶ᠎ᠡ ᠵᠢ᠎ᠨᠢ ᠴᠢᠩᠭ᠋ᠠᠷᠠᠭᠤᠯᠬᠤ ᠠᠵᠢᠯᠯᠠᠭ᠋ᠠᠨ᠎ᠢ ᠬᠡᠷᠡᠭᠵᠢᠭᠦᠯᠵᠦ ᠂  ᠠᠵᠤ ᠦᠢ᠍ᠯᠡᠰ᠎ᠤᠨ ᠰᠠᠭᠤᠷᠢ ᠵᠢ ᠳᠠᠬᠢᠨᠲᠠ ᠪᠠᠶ᠋ᠢᠭᠤᠯᠬᠤ ᠨᠢᠭᠡ ᠪᠦᠯᠦᠭ ᠢᠨᠵᠧᠨᠧᠷᠢᠩ᠎ᠤᠨ ᠲᠦᠷᠣᠯ ᠵᠦᠢ᠍ᠯ᠎ᠢ ᠡᠬᠢᠯᠡᠭᠦᠯᠵᠦ ᠂  ᠨᠢᠭᠡ ᠪᠦᠯᠦᠭ ᠲᠤᠰᠬᠠᠢ ᠨᠠᠷᠢᠯᠢᠭ ᠣᠨᠴᠠ ᠰᠢᠨ᠎ᠡ 《ᠬᠡᠪᠴᠢᠶ᠎ᠡ᠎ᠨᠢ ᠵᠢᠵᠢᠭ ᠪᠣᠯᠪᠠᠴᠤ ᠬᠥᠭᠵᠢᠯᠲᠡ ᠰᠠᠢ᠌ᠲᠠᠢ ᠠᠪᠤᠷᠭᠤ》 ᠠᠵᠤ ᠠᠬᠤᠢ᠌ᠯᠠᠯ᠎ᠢ ᠪᠣᠢ ᠪᠣᠯᠭ᠋ᠠᠨ ᠂  ᠨᠢᠭᠡ ᠪᠦᠯᠦᠭ ᠮᠢᠩᠭ᠋ᠠᠨ ᠳ᠋ᠦᠩᠰᠢᠭᠤᠷ ᠳᠡᠰ᠎ᠤᠨ ᠳᠠᠪᠠᠭᠤᠯᠢᠭ ᠣᠨᠴᠠᠯᠢᠭ᠎ᠲᠠᠢ ᠠᠵᠤ ᠦᠢ᠍ᠯᠡᠰ᠎ᠢ ᠪᠣᠢ ᠪᠣᠯᠭ᠋ᠠᠨ᠎ᠠ ᠃  ᠴᠡᠷᠢᠭ᠎ᠤᠨ ᠠᠵᠤ ᠦᠢ᠍ᠯᠡᠳᠪᠦᠷᠢ ᠵᠢᠨ ᠳᠠᠪᠠᠭᠤᠯᠢᠭ᠎ᠢ ᠪᠠᠳᠠᠷᠠᠭᠤᠯᠤᠨ ᠂  ᠪᠤᠭᠤᠲᠤ ᠵᠢᠨ ᠴᠡᠷᠢᠭ ᠪᠠ ᠠᠷᠠᠳ᠎ᠤᠨ ᠬᠡᠷᠡᠭᠴᠡᠭᠡ ᠵᠢ ᠠᠭᠤᠰᠤᠯᠴᠠᠭᠤᠯᠤᠭᠰᠠᠨ ᠠᠵᠤ ᠦᠢ᠍ᠯᠡᠰ᠎ᠤᠨ ᠰᠠᠭᠤᠷᠢᠨ ᠭᠠᠵᠠᠷ᠎ᠢ ᠪᠠᠢ᠌ᠭᠤᠯᠤᠨ᠎ᠠ ᠃  ᠡᠨᠧᠷᠬᠢ ᠂  ᠬᠢᠮᠢ ᠵᠢᠨ ᠠᠵᠤ ᠦᠢ᠍ᠯᠡᠳᠪᠦᠷᠢ ᠵᠡᠷᠭᠡ ᠬᠦᠷᠢᠶ᠎ᠡ ᠴᠠᠷᠠᠭ᠋ᠠᠨ᠎ᠳᠤ ᠠᠵᠤ ᠠᠬᠤᠢ᠌ᠯᠠᠯ᠎ᠤᠨ ᠳᠡᠰ᠎ᠤᠨ ᠂  ᠠᠵᠢᠯ ᠲᠦᠷᠦᠯ᠎ᠤᠨ ᠳᠡᠰ᠎ᠤᠨ ᠂  ᠣᠷᠣᠨ ᠪᠦᠰᠡ ᠵᠢᠨ ᠳᠡᠰ᠎ᠤᠨ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠲᠠᠪᠴᠠᠩ᠎ᠢ 10 ᠪᠠᠢ᠌ᠭᠤᠯᠵᠤ ᠂  ᠣᠶᠤᠨᠴᠢᠯᠠᠭᠰᠠᠨ ᠦᠢ᠍ᠯᠡᠳᠪᠦᠷᠢ ᠂  ᠲᠣᠭ᠋ᠠᠵᠢᠭᠤᠯᠤᠭᠰᠠᠨ ᠦᠢ᠍ᠯᠡᠳᠪᠦᠷᠢ ᠵᠢᠨ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ ᠃  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠡᠮᠬᠢᠯᠡᠵᠦ ᠨᠡᠢ᠌ᠯᠡᠭᠦᠯᠦᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠂  ᠣᠷᠣᠨ ᠪᠦᠰᠡ ᠵᠢᠨ ᠦᠨᠡᠯᠡᠨ ᠵᠢᠱ᠌ᠢᠬᠦ ᠵᠢ ᠪᠡᠶᠡᠯᠡᠭᠦᠯᠵᠦ ᠂  ᠬᠦᠷᠢᠶᠡᠯᠡᠩ ᠲᠣᠭᠣᠷᠢᠭ ᠪᠦᠬᠦᠨ᠎ᠢ ᠣᠶᠤᠨᠯᠢᠭ ᠬᠦᠷᠢᠶᠡᠯᠡᠩ ᠲᠣᠭᠣᠷᠢᠭ ᠪᠣᠯᠭ᠋ᠠᠨ᠎ᠠ ᠃  ᠦᠯᠡᠭᠦᠳᠡᠭᠰᠡᠨ ᠪᠠ ᠳᠣᠣᠷ᠎ᠠ ᠦᠷ᠎ᠡ ᠠᠰᠢᠭ᠎ᠲᠠᠢ ᠦᠢ᠍ᠯᠡᠳᠪᠦᠷᠢᠯᠡᠬᠦ ᠴᠢᠳᠠᠮᠵᠢ ᠵᠢ᠎ᠨᠢ ᠪᠤᠴᠠᠭ᠋ᠠᠨ ᠭᠠᠷᠭ᠋ᠠᠬᠤ ᠵᠢ ᠲᠦᠷᠭᠡᠳᠬᠡᠨ ᠂  ᠡᠨᠧᠷᠬᠢ ᠠᠷᠪᠢᠯᠠᠬᠤ ᠤᠰᠤ ᠠᠷᠪᠢᠯᠠᠬᠤ ᠪᠠ ᠪᠣᠬᠢᠷᠳᠤᠯ ᠡᠳ᠋᠎ᠢ ᠬᠡᠳᠦ ᠳᠣᠣᠷ᠎ᠠ ᠭᠠᠳᠠᠭᠰᠢᠯᠠᠭᠤᠯᠬᠤ᠎ᠪᠠᠷ ᠥᠭᠡᠷᠡᠴᠢᠯᠡᠨ ᠰᠢᠨᠡᠳᠬᠡᠬᠦ ᠵᠢ ᠡᠮᠬᠢ ᠵᠢᠷᠤᠮ᠎ᠲᠠᠢ ᠠᠬᠢᠭᠤᠯᠵᠤ ᠂  ᠬᠦᠷᠢᠶᠡᠯᠡᠩ ᠲᠣᠭᠣᠷᠢᠭ᠎ᠲᠠᠬᠢ ᠥᠪᠡᠷ᠎ᠤᠨ ᠪᠡᠯᠡᠳᠬᠡᠯ ᠴᠠᠬᠢᠯᠭ᠋ᠠᠨ᠎ᠤ ᠦᠢ᠍ᠯᠡᠳᠪᠦᠷᠢ ᠂  ᠡᠨᠧᠷᠬᠢ ᠵᠢᠨ ᠬᠣᠷᠣᠭᠳᠠᠯ ᠶᠡᠬᠡᠲᠡᠢ ᠠᠵᠤ ᠠᠬᠤᠢ᠌ᠯᠠᠯ᠎ᠳᠤ ᠬᠡᠷᠡᠭᠰᠡᠬᠦ ᠴᠠᠬᠢᠯᠭ᠋ᠠᠨ᠎ᠢ᠎ᠨᠢ ᠪᠣᠬᠢᠷᠳᠤᠯ ᠦᠭᠡᠢ ᠴᠠᠬᠢᠯᠭ᠋ᠠᠨ ᠵᠶ᠋ᠠᠷ ᠣᠷᠣᠯᠠᠭᠤᠯᠬᠤ ᠵᠢ ᠬᠡᠷᠡᠭᠵᠢᠭᠦᠯᠦᠨ ᠂  ᠪᠣᠬᠢᠷᠳᠤᠯ ᠦᠭᠡᠢ ᠦᠢ᠍ᠯᠡᠳᠬᠦ ᠵᠢ ᠬᠥᠭᠵᠢᠭᠦᠯᠵᠦ ᠂  ᠨᠢᠭᠡ ᠪᠦᠯᠦᠭ ᠨᠡᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ ᠂  ᠨᠡᠭᠦᠷᠡᠰᠦᠲᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠎ᠢ ᠪᠠᠢ᠌ᠭᠤᠯᠤᠨ᠎ᠠ ᠃

       ᠲᠣᠭ᠋ᠠᠵᠢᠯᠲᠤ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠬᠦᠴᠦᠯᠡᠨ ᠠᠬᠢᠭᠤᠯᠤᠨ᠎ᠠ ᠃  ᠮᠡᠳᠡᠭᠡ ᠵᠠᠩᠭᠢ ᠵᠢᠨ ᠰᠠᠭᠤᠷᠢ ᠪᠡᠯᠡᠳᠬᠡᠮᠵᠢ ᠵᠢ ᠪᠦᠷᠢᠨᠰᠢᠭᠦᠯᠦᠨ ᠂  ᠭᠦᠬᠡᠬᠤᠳᠠ ᠂  ᠪᠤᠭᠤᠲᠤ ᠵᠢᠨ 《ᠮᠢᠩᠭ᠋ᠠᠨ ᠰᠠᠶ᠎ᠠ ᠰᠦᠯᠵᠢᠶᠡᠨ᠎ᠤ ᠬᠤᠳᠡ》 ᠪᠠ ᠨᠡᠭᠦᠷᠡᠰᠦ ᠂  ᠬᠣᠪᠣᠷ ᠰᠢᠷᠣᠢ ᠂  ᠬᠢᠮᠢ ᠵᠢᠨ ᠠᠵᠤ ᠦᠢ᠍ᠯᠡᠳᠪᠦᠷᠢ ᠵᠡᠷᠭᠡ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠲᠡᠮᠳᠡᠭ᠎ᠤᠨ ᠵᠠᠳᠠᠯᠤᠯᠲᠠ ᠵᠢᠨ ᠬᠣᠶᠠᠳᠤᠭ᠋ᠠᠷ ᠳᠡᠰ᠎ᠤᠨ ᠵᠠᠩᠭᠢᠶᠠᠰᠤ ᠵᠢ ᠪᠠᠢ᠌ᠭᠤᠯᠵᠤ ᠂  ᠪᠦᠭᠦ ᠤᠯᠤᠰ᠎ᠤᠨ ᠨᠢᠭᠡ ᠴᠣᠭᠴᠠᠵᠢᠭᠰᠠᠨ ᠰᠢᠢ᠍ᠳᠪᠦᠷᠢᠯᠡᠬᠦ ᠬᠤᠷᠳᠤᠴᠠ ᠵᠢᠨ ᠲᠣᠣᠷ ᠰᠦᠯᠵᠢᠶᠡᠨ᠎ᠤ ᠤᠯᠤᠰ᠎ᠤᠨ ᠬᠦᠢ᠍ᠰᠦ ᠪᠣᠯᠬᠤ ᠵᠠᠩᠭᠢᠶᠠᠰᠤ ᠵᠢ ᠪᠠᠢ᠌ᠭᠤᠯᠵᠤ ᠂ 5G ᠰᠠᠭᠤᠷᠢ ᠦᠷᠲᠡᠭᠡ ᠵᠢ 1 ᠲᠦᠮᠡ ᠰᠢᠨ᠎ᠡ᠎ᠪᠠᠷ ᠪᠠᠢ᠌ᠭᠤᠯᠤᠨ᠎ᠠ ᠃  ᠠᠵᠤ ᠦᠢ᠍ᠯᠡᠰ᠎ᠤᠨ ᠲᠣᠭ᠋ᠠᠵᠢᠭᠤᠯᠤᠯᠲᠠ ᠵᠢ ᠠᠬᠢᠭᠤᠯᠤᠨ ᠂  ᠲᠣᠭ᠋ᠠᠵᠢᠭᠤᠯᠤᠭᠰᠠᠨ ᠬᠡᠯᠪᠡᠷᠢ᠎ᠪᠠᠷ ᠬᠤᠪᠢᠷᠠᠭᠤᠯᠬᠤ ᠠᠵᠢᠯ᠎ᠤᠨ ᠵᠠᠮ ᠱᠤᠭᠤᠮ᠎ᠢ ᠠᠵᠢᠯ ᠲᠦᠷᠣᠯ ᠬᠤᠪᠢᠶᠠᠨ ᠲᠣᠭᠲᠠᠭ᠋ᠠᠵᠤ ᠂  ᠤᠯᠠᠮᠵᠢᠯᠠᠯᠲᠤ ᠠᠵᠤ ᠦᠢ᠍ᠯᠡᠰ᠎ᠢ ᠪᠦᠭᠦ ᠲᠠᠯ᠎ᠠ᠎ᠪᠠᠷ ᠂  ᠪᠦᠭᠦ ᠬᠡᠯᠬᠢᠶᠡᠨ᠎ᠳᠤ ᠲᠣᠭ᠋ᠠᠵᠢᠭᠤᠯᠵᠤ ᠥᠭᠡᠷᠡᠴᠢᠯᠡᠨ ᠰᠠᠢ᠌ᠵᠢᠷᠠᠭᠤᠯᠬᠤ ᠠᠬᠢᠴᠠ ᠵᠢ ᠲᠦᠷᠭᠡᠳᠬᠡᠨ ᠂  ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠵᠠᠩᠭᠢᠯᠠᠭ᠎ᠠ ᠵᠢᠨ ᠠᠵᠢᠯᠯᠠᠬᠤ ᠳᠠᠷᠠᠭ᠋ᠠᠯᠠᠯ᠎ᠤᠨ ᠲᠣᠭ᠋ᠠᠵᠢᠭᠤᠯᠤᠨ ᠡᠵᠡᠮᠳᠡᠬᠦ ᠨᠣᠷᠮ᠎ᠠ ᠪᠠ ᠲᠣᠭ᠋ᠠᠵᠢᠭᠤᠯᠤᠭᠰᠠᠨ ᠰᠤᠳᠤᠯᠵᠤ ᠨᠡᠭᠡᠭᠡᠨ ᠵᠢᠷᠤᠵᠤ ᠲᠥᠯᠥᠪᠯᠡᠬᠦ ᠪᠠᠭ᠋ᠠᠵᠢ ᠵᠢ ᠲᠦᠭᠡᠮᠡᠯᠵᠢᠭᠦᠯᠬᠦ ᠨᠣᠷᠮ᠎ᠠ᠎ᠪᠠᠨ ᠳᠡᠭᠡᠭᠰᠢᠯᠡᠭᠦᠯᠦᠨ ᠂ 5G+ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠠᠭᠤᠰᠤᠯᠴᠠᠭᠤᠯᠤᠨ ᠬᠡᠷᠡᠭᠯᠡᠬᠦ ᠵᠢ ᠠᠬᠢᠭᠤᠯᠤᠨ ᠂ 5G+ ᠣᠶᠤᠨᠯᠢᠭ ᠠᠭᠤᠷᠬᠠᠢ ᠵᠢ ᠪᠦᠲᠦᠭᠡᠨ ᠪᠠᠢ᠌ᠭᠤᠯᠵᠤ ᠂  ᠰᠤᠷᠭ᠋ᠠᠨ ᠬᠥᠮᠦᠵᠢᠯ ᠂  ᠡᠮᠴᠢᠯᠡᠭᠡ ᠂  ᠵᠠᠮ ᠬᠠᠷᠢᠯᠴᠠᠭ᠎ᠠ ᠵᠡᠷᠭᠡ ᠵᠢᠨ 5G ᠳᠠᠯᠠᠪᠡᠢ ᠦᠵᠡᠭᠳᠡᠯ᠎ᠤᠨ ᠵᠢᠱ᠌ᠢᠶ᠎ᠡ ᠦᠵᠡᠭᠦᠯᠬᠦ ᠵᠢ ᠠᠬᠢᠭᠤᠯᠤᠨ ᠂  ᠨᠢᠭᠡ ᠪᠦᠯᠦᠭ ᠲᠡᠷᠭᠡᠨ ᠵᠣᠭᠰᠣᠭ᠋ᠠᠯ᠎ᠤᠨ ᠣᠶᠤᠨᠴᠢ ᠦᠷᠲᠡᠭᠡ ᠂  ᠴᠠᠬᠢᠯᠭ᠋ᠠᠨ ᠴᠡᠨᠡᠭᠯᠡᠬᠦ ᠱᠣᠩ᠎ᠢ ᠪᠦᠲᠦᠭᠡᠨ ᠪᠠᠢ᠌ᠭᠤᠯᠤᠨ᠎ᠠ ᠃  ᠲᠣᠭ᠋ᠠᠵᠢᠯᠳᠣ ᠠᠵᠤ ᠦᠢ᠍ᠯᠡᠰᠵᠢᠯᠲᠡ ᠵᠢ ᠠᠬᠢᠭᠤᠯᠵᠤ ᠂  ᠬᠦᠭᠡᠬᠤᠳᠠ ᠪᠤᠭᠤᠲᠤ ᠣᠷᠳᠣᠰ ᠤᠯᠠᠭ᠋ᠠᠨᠴᠠᠪ ᠂  ᠤᠯᠠᠭ᠋ᠠᠨᠬᠠᠳᠠ᠎ᠪᠠᠷ ᠭᠣᠣᠯᠳᠠᠯᠭ᠎ᠠ ᠪᠣᠯᠭ᠋ᠠᠭᠰᠠᠨ ᠥᠪᠡᠷᠮᠢᠴᠡ ᠣᠨᠴᠠᠯᠢᠭ᠎ᠲᠠᠢ ᠲᠣᠭ᠋ᠠᠵᠢᠯᠳᠣ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠪᠠᠢ᠌ᠭᠤᠯᠤᠨ ᠂  ᠡᠭᠦᠯᠡᠨ ᠪᠣᠳᠣᠯᠲᠠ ᠂  ᠬᠡᠰᠡᠭ᠎ᠤᠳ᠎ᠤᠨ ᠬᠡᠯᠬᠢᠶ᠎ᠡ ᠂  ᠵᠣᠬᠢᠶᠠᠮᠠᠯ ᠣᠶᠣᠨ ᠂  ᠵᠥᠭᠡᠯᠡᠨ ᠬᠡᠷᠡᠭᠰᠡᠯ᠎ᠢ ᠨᠡᠭᠡᠭᠡᠨ ᠠᠰᠢᠭᠯᠠᠬᠤ ᠵᠡᠷᠭᠡ ᠲᠣᠭ᠋ᠠᠵᠢᠯᠳᠣ ᠠᠵᠤ ᠦᠢ᠍ᠯᠡᠰ᠎ᠢ ᠲᠦᠷᠭᠡᠳᠬᠡᠨ ᠬᠥᠭᠵᠢᠭᠦᠯᠦᠨ᠎ᠡ ᠃

       ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠵᠦ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠬᠦᠴᠦᠯᠡᠨ ᠠᠬᠢᠭᠤᠯᠤᠨ᠎ᠠ ᠃  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠦᠢ᠍ᠯᠡᠴᠢᠯᠡᠭᠡ ᠂  ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ ᠂  ᠬᠤᠳᠠᠯᠳᠤᠭ᠋ᠠᠨ᠎ᠤ ᠶᠠᠪᠤᠳᠠᠯ᠎ᠤᠨ ᠴᠤᠭᠯᠠᠭ᠋ᠠᠨ ᠦᠵᠡᠭᠦᠯᠭᠡ ᠵᠡᠷᠭᠡ ᠰᠢᠨ᠎ᠡ᠎ᠪᠠᠷ ᠪᠣᠢ ᠪᠣᠯᠤᠭᠰᠠᠨ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠦᠨ ᠂  ᠪᠤᠭᠤᠲᠤ ᠵᠢᠨ ᠪᠣᠯᠣᠳ ᠲᠡᠮᠦᠷ ᠂  ᠢᠯᠢ ᠂  ᠤᠮᠠᠷᠠᠲᠤ ᠵᠢᠨ ᠬᠦᠨᠳᠦ ᠠᠵᠤ ᠦᠢ᠍ᠯᠡᠳᠪᠦᠷᠢ ᠵᠡᠷᠭᠡ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠬᠢᠭᠡᠳ ᠲᠡᠷᠢᠭᠦᠨ᠎ᠤ ᠦᠢ᠍ᠯᠡᠳᠬᠦ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠵᠢᠨ ᠴᠡᠭ᠎ᠢ ᠰᠠᠢ᠌ᠲᠤᠷ ᠠᠳᠬᠤᠨ᠎ᠠ ᠃  ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠣᠳᠣᠬᠢᠴᠢᠯᠠᠯᠲᠠ ᠵᠢ ᠪᠦᠬᠦ ᠲᠠᠯ᠎ᠠ᠎ᠪᠠᠷ ᠠᠬᠢᠭᠤᠯᠤᠨ ᠂  ᠬᠦᠬᠡᠬᠤᠲᠠ ᠂  ᠤᠯᠠᠭ᠋ᠠᠨᠴᠠᠪ — ᠡᠷᠢᠶᠡᠨ ᠬᠤᠲᠠ ᠂  ᠮᠠᠨᠵᠤᠤᠷ᠎ᠲᠠᠬᠢ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ ᠪᠠ ᠪᠠᠶᠠᠨᠨᠠᠭᠤᠷ᠎ᠲᠠᠬᠢ ᠤᠯᠤᠰ᠎ᠤᠨ ᠭᠣᠣᠯᠯᠠᠬᠤ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ ᠂  ᠲᠠᠷᠢᠶᠠᠯᠠᠬᠤ ᠮᠠᠯᠵᠢᠬᠤ ᠣᠷᠣᠨ᠎ᠤ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠦᠨ ᠂  ᠲᠣᠰᠬᠤᠨ ᠪᠣᠯᠭ᠋ᠠᠨ᠎ᠳᠤ ᠲᠦᠷᠭᠡᠨ ᠬᠦᠷᠭᠡᠯᠲᠡ ᠨᠡᠪᠲᠡᠷᠡᠬᠦ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ ᠃  ᠮᠥᠩᠭᠥᠨ ᠭᠦᠢ᠍ᠯᠭᠡᠭᠡᠨ ᠵᠶ᠋ᠠᠷ ᠪᠣᠳᠠᠲᠤ ᠴᠣᠭᠴᠠ ᠵᠢᠨ ᠠᠵᠤ ᠠᠬᠤᠢ ᠵᠢᠨ ᠬᠥᠭᠵᠢᠯᠲᠡ ᠵᠢ ᠪᠦᠲᠦᠮᠵᠢᠲᠠᠢ ᠳᠡᠮᠵᠢᠬᠦ ᠵᠢ ᠠᠬᠢᠭᠤᠯᠵᠤ ᠂  ᠨᠣᠭᠣᠭ᠋ᠠᠨ ᠮᠥᠩᠭᠥᠨ ᠭᠦᠢ᠍ᠯᠭᠡᠭᠡ ᠂  ᠨᠡᠢ᠌ᠳᠡᠮ ᠬᠠᠷᠠᠭ᠋ᠠᠯᠵᠠᠯᠲᠤ ᠮᠥᠩᠭᠥᠨ ᠭᠦᠢ᠍ᠯᠭᠡᠭᠡ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠮᠥᠩᠭᠥᠨ ᠭᠦᠢ᠍ᠯᠭᠡᠭᠡ ᠵᠢ ᠶᠡᠬᠡ᠎ᠪᠠᠷ ᠬᠥᠭᠵᠢᠭᠦᠯᠵᠦ ᠂  ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠪᠡᠯᠡ ᠲᠣᠬᠢᠷᠠᠭᠤᠯᠬᠤ᠎ᠳᠤ ᠳᠦᠭᠦᠮ ᠦᠵᠡᠭᠦᠯᠬᠦ ᠬᠡᠮᠵᠢᠶ᠎ᠡ᠎ᠪᠠᠨ ᠳᠡᠭᠡᠭᠰᠢᠯᠡᠭᠦᠯᠦᠨ ᠂  ᠪᠡᠯᠡ ᠲᠣᠬᠢᠷᠠᠭᠤᠯᠬᠤ ᠲᠠᠯ᠎ᠠ ᠵᠢᠨ ᠥᠪᠡᠷ᠎ᠤᠨ ᠦᠷᠲᠡᠭ᠎ᠢ᠎ᠨᠢ ᠪᠠᠭᠤᠷᠠᠭᠤᠯᠤᠨ᠎ᠠ ᠃  ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠵᠤ ᠂  ᠭᠣᠣᠯᠳᠠᠯᠭ᠎ᠠ ᠪᠣᠯᠬᠤ ᠦᠵᠡᠮᠵᠢ ᠵᠢᠨ ᠣᠷᠣᠨ᠎ᠤ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠬᠦ ᠠᠵᠢᠯᠯᠠᠭ᠋ᠠᠨ ᠪᠠ ᠰᠣᠶᠣᠯ ᠵᠢᠭᠤᠯᠴᠢᠯᠠᠯ᠎ᠤᠨ ᠲᠣᠭ᠋ᠠᠵᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠦᠨ ᠂  ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠪᠡᠯᠡ ᠣᠷᠤᠭᠤᠯᠤᠯᠲᠠ ᠵᠢᠨ ᠪᠦᠯᠦᠭᠯᠡᠯ᠎ᠢ ᠵᠣᠬᠢᠶᠠᠨ ᠪᠠᠢ᠌ᠭᠤᠯᠵᠤ ᠂  ᠬᠠᠳᠣᠨ ᠭᠣᠣᠯ᠎ᠤᠨ ᠲᠣᠬᠣᠢ ᠂  ᠷᠠᠰᠢᠶᠠᠨ ᠂  ᠡᠵᠡᠨ᠎ᠡ ᠵᠡᠷᠭᠡ ᠳᠠᠪᠠᠭᠤᠯᠢᠭ ᠣᠷᠣᠨ ᠬᠡᠰᠡᠭ᠎ᠤᠳ᠎ᠢ ᠤᠷᠢᠳ ᠵᠶ᠋ᠠᠷ ᠬᠥᠭᠵᠢᠭᠦᠯᠬᠦ ᠵᠢ ᠳᠡᠮᠵᠢᠵᠣ ᠂  ᠨᠢᠭᠡ ᠪᠦᠯᠦᠭ ᠡᠬᠢ ᠪᠠᠶᠠᠯᠢᠭ ᠵᠶ᠋ᠠᠨ ᠭᠦᠨᠵᠡᠭᠡᠢ ᠡᠮᠬᠢᠯᠡᠵᠦ ᠨᠡᠢ᠌ᠯᠡᠭᠦᠯᠦᠭᠰᠡᠨ ᠪᠠ ᠰᠣᠶᠣᠯ ᠵᠢᠭᠤᠯᠴᠢᠯᠠᠯ ᠵᠶ᠋ᠠᠨ ᠭᠦᠨᠵᠡᠭᠡᠢ ᠠᠭᠤᠰᠤᠯᠴᠠᠭᠤᠯᠤᠭᠰᠠᠨ ᠰᠢᠨ᠎ᠡ ᠦᠯᠢᠭᠡᠷ ᠳᠠᠭᠤᠷᠢᠶᠠᠯ᠎ᠢ ᠪᠣᠢ ᠪᠣᠯᠭ᠋ᠠᠨ ᠂  ᠪᠦᠬᠦ ᠣᠷᠣᠨ᠎ᠤ ᠵᠢᠭᠤᠯᠴᠢᠯᠠᠯ᠎ᠢ ᠵᠡᠭᠦᠨ᠎ᠠᠴᠠ ᠪᠠᠷᠠᠭᠤᠨᠰᠢ᠎ᠪᠠᠨ ᠪᠦᠷ ᠬᠥᠭᠵᠢᠶᠡᠨᠲᠡᠢ ᠪᠣᠯᠭ᠋ᠠᠵᠣ ᠂  ᠵᠢᠯ᠎ᠤᠨ ᠳᠦᠷᠪᠡᠨ ᠤᠯᠠᠷᠢᠯ᠎ᠳᠤ ᠴᠥᠮ ᠥᠷᠨᠢᠩᠭᠦᠢ ᠪᠣᠯᠭ᠋ᠠᠨ᠎ᠠ ᠃

      (ᠭᠤᠷᠪᠠ) ᠠᠮᠢ ᠠᠬᠤᠢ ᠣᠷᠴᠢᠨ ᠲᠣᠭᠣᠷᠢᠨ ᠵᠶ᠋ᠠᠨ ᠬᠠᠮᠠᠭ᠋ᠠᠯᠠᠵᠤ ᠵᠠᠰᠠᠬᠤ ᠵᠢ ᠬᠦᠴᠦᠯᠡᠨ ᠰᠠᠢ᠌ᠲᠤᠷ ᠠᠳᠬᠤᠵᠤ ᠂  ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠴᠢᠬᠤᠯᠠ ᠬᠠᠯᠬᠠᠪᠴᠢ ᠵᠢ ᠪᠠᠲᠤ ᠴᠣᠭᠴᠠᠯᠠᠨ᠎ᠠ ᠃  ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠨ ᠂  ᠠᠮᠢ ᠠᠬᠤᠢ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠵᠢ ᠦᠷᠭᠦᠯᠵᠢᠯᠡᠨ ᠰᠠᠢ᠌ᠵᠢᠷᠠᠭᠤᠯᠵᠤ ᠂  ᠥᠪᠥᠷ ᠮᠣᠩᠭᠣᠯ᠎ᠤᠨ ᠨᠣᠮᠢᠨ ᠨᠣᠭᠣᠭ᠋ᠠᠨ ᠂  ᠴᠡᠩᠬᠡᠷ ᠬᠥᠬᠡ ᠂  ᠠᠷᠢᠭᠤᠨ ᠴᠡᠪᠡᠷ᠎ᠢ ᠬᠠᠮᠠᠭ᠋ᠠᠯᠠᠵᠤ ᠰᠠᠬᠢᠨ᠎ᠠ ᠃

       ᠠᠮᠢ ᠠᠬᠤᠢ ᠵᠢᠨ ᠰᠢᠰᠲ᠋ᠧᠮ᠎ᠤᠨ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ ᠃  ᠠᠢ᠌ᠮᠠᠭ ᠬᠤᠲᠠ ᠂  ᠬᠣᠰᠢᠭᠤ ᠰᠢᠶᠠᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ ᠵᠶ᠋ᠠᠨ ᠪᠡᠶᠡᠯᠡᠭᠦᠯᠵᠦ ᠂  ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠬᠡᠷᠡᠭᠴᠡᠭᠡᠨ᠎ᠳᠤ ᠬᠠᠮᠢᠶᠠᠷᠤᠨ ᠵᠠᠬᠢᠷᠬᠤ ᠵᠢ ᠴᠢᠩᠭ᠋ᠠᠷᠠᠭᠤᠯᠤᠨ ᠂ 《ᠭᠤᠷᠪᠠᠨ ᠱᠤᠭᠤᠮ ᠨᠢᠭᠡ ᠳᠠᠡᠭᠰᠠ》 ᠵᠢᠨ ᠣᠷᠣᠨ ᠪᠦᠰᠡ ᠬᠤᠪᠢᠶᠠᠵᠤ ᠬᠠᠮᠢᠶᠠᠷᠤᠨ ᠡᠵᠡᠮᠳᠡᠬᠦ ᠵᠢ ᠬᠡᠷᠡᠭᠵᠢᠭᠦᠯᠵᠦ ᠂  ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠪᠠᠲᠤ ᠰᠠᠬᠢᠨ᠎ᠠ ᠃  ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠵᠢ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ ᠂  ᠲᠠᠯ᠎ᠠ ᠨᠤᠲᠤᠭ ᠪᠠ ᠤᠢ ᠰᠢᠭᠤᠢ ᠵᠢ ᠬᠠᠮᠠᠭ᠋ᠠᠯᠠᠬᠤ᠎ᠪᠠᠨ ᠲᠡᠷᠢᠭᠦᠨ ᠴᠢᠬᠤᠯᠠ ᠡᠭᠦᠷᠭᠡ ᠪᠣᠯᠭ᠋ᠠᠨ ᠂  ᠮᠠᠯ ᠪᠠ ᠪᠡᠯᠴᠢᠭᠡᠷ᠎ᠢ ᠲᠡᠩᠴᠡᠭᠦᠷᠢᠰᠢᠭᠦᠯᠬᠦ ᠳᠦᠷᠢᠮ᠎ᠢ ᠨᠠᠢ᠌ᠳᠠᠪᠤᠷᠢᠵᠢᠭᠤᠯᠵᠤ ᠂  ᠤᠢ ᠰᠢᠭᠤᠢ ᠡᠪᠡᠰᠦ ᠪᠡᠯᠴᠢᠭᠡᠷ᠎ᠤᠨ ᠭᠡᠮ ᠬᠥᠨᠥᠭᠡᠯ᠎ᠢ ᠰᠡᠷᠭᠡᠢ᠌ᠯᠡᠨ ᠡᠵᠡᠮᠳᠡᠬᠦ᠎ᠪᠠᠨ ᠴᠢᠩᠭ᠋ᠠᠷᠠᠭᠤᠯᠵᠤ ᠂  ᠨᠤᠲᠤᠭ ᠪᠡᠯᠴᠢᠭᠡᠷ ᠣᠢ᠌ᠲᠤ ᠭᠠᠵᠠᠷ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠡᠭᠴᠡᠯᠡᠨ ᠵᠠᠰᠠᠬᠤ᠎ᠪᠠᠨ ᠭᠦᠨᠵᠡᠭᠡᠢ᠌ᠷᠡᠭᠦᠯᠦᠨ ᠂  ᠠᠮᠢ ᠠᠬᠤᠢ ᠣᠷᠴᠢᠨ ᠲᠣᠭᠣᠷᠢᠨ᠎ᠤ ᠬᠡᠪᠡᠷᠡᠭ ᠣᠷᠣᠨ ᠬᠡᠰᠡᠭ᠎ᠲᠤ ᠠᠩᠬᠠᠷᠤᠯ ᠵᠶ᠋ᠠᠨ ᠴᠢᠭᠯᠡᠭᠦᠯᠦᠭᠰᠡᠨ ᠬᠠᠮᠠᠭ᠋ᠠᠯᠠᠵᠤ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠵᠦ ᠂  ᠤᠯᠤᠰ᠎ᠤᠨ ᠨᠤᠲᠤᠭ ᠳᠡᠪᠢᠰᠬᠡᠷ᠎ᠢ ᠨᠣᠭᠣᠭ᠋ᠠᠷᠠᠭᠤᠯᠬᠤ ᠪᠠ ᠡᠯᠡᠰᠦ ᠵᠢ ᠰᠡᠷᠭᠡᠢ᠌ᠯᠡᠨ ᠵᠠᠰᠠᠬᠤ ᠠᠵᠢᠯ ᠵᠶ᠋ᠠᠨ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠤᠨ᠎ᠠ ᠃  ᠬᠠᠲᠤᠨ ᠭᠣᠣᠯ᠎ᠢ ᠶᠡᠬᠡ᠎ᠪᠠᠷ ᠬᠠᠮᠠᠭ᠋ᠠᠯᠠᠵᠤ ᠶᠡᠬᠡ᠎ᠪᠠᠷ ᠵᠠᠰᠠᠬᠤ᠎ᠪᠠᠨ ᠲᠦᠷᠦᠭᠦᠯᠡᠨ ᠬᠢᠬᠦ ᠵᠢ ᠪᠠᠷᠢᠮᠲᠠᠯᠠᠨ ᠂  ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠵᠠᠰᠠᠬᠤ ᠂  ᠤᠰᠤ ᠵᠢ ᠲᠤᠡᠭ ᠰᠠᠢ᠌ᠨ ᠠᠷᠪᠢᠯᠠᠬᠤ ᠪᠠ ᠡᠵᠡᠮᠳᠡᠬᠦ ᠂  ᠠᠮᠢ ᠠᠬᠤᠢ ᠵᠢ ᠬᠠᠮᠠᠭ᠋ᠠᠯᠠᠵᠤ ᠰᠡᠷᠭᠦᠭᠡᠬᠦ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ ᠂  ᠠᠷᠪᠠᠨ ᠲᠣᠮᠣ ᠬᠥᠨᠳᠡᠢ ᠵᠢ ᠶᠡᠷᠦᠩᠬᠡᠢ᠌ᠯᠡᠨ ᠵᠠᠰᠠᠬᠤ ᠪᠠ ᠰᠠᠢ᠌ᠷᠭ᠋ᠠᠯ ᠭᠠᠵᠠᠷ᠎ᠲᠠᠬᠢ ᠰᠠᠭᠤᠭ᠋ᠠᠯᠢ ᠠᠷᠠᠳ᠎ᠢ ᠨᠡᠭᠦᠯᠭᠡᠨ ᠰᠢᠯᠵᠢᠭᠦᠯᠬᠦ᠎ᠪᠠᠨ ᠲᠦᠷᠭᠡᠳᠬᠡᠨ ᠠᠬᠢᠭᠤᠯᠵᠤ ᠂  ᠬᠥᠯᠥᠨ ᠨᠠᠭᠤᠷ ᠂  ᠤᠯᠠᠭ᠋ᠠᠨᠰᠤᠬᠠᠢ ᠨᠠᠭᠤᠷ ᠂  ᠲᠠᠭ᠎ᠠ ᠵᠢᠨ ᠨᠠᠭᠤᠷ ᠂  ᠴᠠᠭ᠋ᠠᠨᠨᠠᠭᠤᠷ ᠂  ᠪᠠᠷᠠᠭᠤᠨ ᠯᠢᠶᠣᠣ ᠾᠧ ᠭᠣᠣᠯ ᠵᠡᠷᠭᠡ ᠭᠣᠣᠯᠳᠠᠯᠭ᠎ᠠ ᠪᠤᠯᠬᠤ ᠨᠠᠭᠤᠷ ᠭᠣᠣᠯ ᠨᠤᠭᠤ ᠭᠠᠵᠠᠷ᠎ᠢ ᠶᠡᠷᠦᠩᠬᠡᠢ᠌ᠯᠡᠨ ᠵᠠᠰᠠᠬᠤ ᠵᠢ ᠲᠣᠪᠣᠢ᠌ᠮ᠎ᠠ ᠰᠠᠢ᠌ᠲᠤᠷ ᠠᠳᠬᠤᠵᠤ ᠂  ᠪᠠᠷᠢᠯᠭ᠎ᠠ ᠵᠢᠨ ᠲᠦᠷᠣᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠲᠥᠯᠥᠪᠵᠢᠭᠦᠯᠦᠨ᠎ᠡ ᠃  ᠤᠢ ᠰᠢᠭᠤᠢ ᠵᠢᠨ ᠳᠠᠷᠤᠭ᠎ᠠ ᠵᠢᠨ ᠳᠦᠷᠢᠮ ᠂  ᠭᠣᠣᠯ ᠮᠥᠷᠡᠨ ᠨᠠᠭᠤᠷ ᠴᠦᠬᠦᠷᠦᠮ᠎ᠤᠨ ᠳᠠᠷᠤᠭ᠎ᠠ ᠵᠢᠨ ᠳᠦᠷᠢᠮ᠎ᠢ ᠴᠢᠩᠭ᠋ᠠᠷᠠᠭᠤᠯᠵᠤ ᠂  ᠨᠤᠲᠤᠭ ᠪᠡᠯᠴᠢᠭᠡᠷ ᠂  ᠭᠣᠣᠯ ᠮᠥᠷᠡᠨ ᠨᠠᠭᠤᠷ ᠴᠦᠬᠦᠷᠦᠮ ᠵᠡᠷᠭᠡ ᠠᠮᠢ ᠠᠬᠤᠢ ᠵᠢᠨ ᠰᠢᠰᠲ᠋ᠧᠮ᠎ᠤᠨ ᠬᠠᠮᠠᠭ᠋ᠠᠯᠠᠯᠲᠠ ᠵᠢ ᠲᠣᠭ᠋ᠠᠵᠢᠭᠤᠯᠵᠤ ᠬᠢᠨᠠᠨ ᠬᠠᠮᠢᠶᠠᠷᠬᠤ ᠂  ᠲᠣᠣᠷᠯᠢᠬ᠍ᠵᠢᠭᠤᠯᠵᠤ ᠬᠠᠷᠢᠭᠤᠴᠠᠯᠭ᠎ᠠ ᠨᠠᠢ᠌ᠳᠠᠪᠤᠷᠢᠵᠢᠭᠤᠯᠬᠤ ᠂  ᠬᠠᠤᠯᠢᠵᠢᠭᠤᠯᠵᠤ ᠵᠢᠷᠤᠮᠵᠢᠭᠤᠯᠬᠤ ᠲᠣᠭᠲᠠᠯᠴᠠᠭ᠎ᠠ ᠵᠢ ᠪᠠᠢ᠌ᠭᠤᠯᠤᠨ᠎ᠠ ᠃  ᠠᠭᠤᠷᠬᠠᠢ ᠵᠢᠨ ᠠᠮᠢ ᠠᠬᠤᠢ ᠵᠢ ᠰᠡᠷᠭᠦᠭᠡᠨ ᠵᠠᠰᠠᠬᠤ ᠡᠷᠴᠢᠮ ᠵᠶ᠋ᠠᠨ ᠴᠢᠩᠭ᠋ᠠᠷᠠᠭᠤᠯᠤᠨ ᠂  ᠪᠣᠬᠢᠷᠳᠤᠯ ᠦᠭᠡᠢ ᠠᠭᠤᠷᠬᠠᠢ ᠵᠢ 100 ᠭᠠᠷᠤᠢ ᠰᠢᠨ᠎ᠡ᠎ᠪᠠᠷ ᠪᠠᠢ᠌ᠭᠤᠯᠤᠨ᠎ᠠ ᠃  ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠲᠤᠷᠰᠢᠯᠲᠠ ᠵᠢᠨ ᠲᠣᠭᠣᠷᠢᠭ᠎ᠢ ᠡᠭᠦᠳᠦᠨ ᠪᠠᠶ᠋ᠢᠭᠤᠯᠬᠤ᠎ᠪᠠᠨ ᠲᠦᠷᠭᠡᠳᠬᠡᠨ ᠂  ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ ᠂  ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠣᠭᠲᠠᠯᠴᠠᠭ᠎ᠠ ᠵᠢ ᠢᠳᠡᠪᠬᠢᠲᠡᠢ ᠪᠠᠢ᠌ᠭᠤᠯᠤᠨ ᠂  ᠡᠯ᠎ᠡ ᠭᠠᠵᠠᠷ᠎ᠤᠨ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ᠎ᠪᠠᠷ ᠡᠭᠦᠳᠦᠨ ᠪᠠᠶ᠋ᠢᠭᠤᠯᠬᠤ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠵᠤ ᠂  ᠬᠥᠮᠥᠨ ᠬᠢᠭᠡᠳ ᠪᠠᠢ᠌ᠭ᠋ᠠᠯᠢ ᠵᠢᠨ ᠡᠶ᠎ᠡ ᠵᠣᠬᠢᠴᠠᠯ᠎ᠲᠠᠢ ᠬᠠᠮᠲᠤ ᠣᠷᠣᠰᠢᠬᠤ ᠰᠠᠢ᠌ᠨ ᠰᠠᠢ᠌ᠬᠠᠨ ᠨᠤᠲᠤᠭ ᠣᠷᠣᠨ᠎ᠢ ᠬᠠᠮᠲᠤ᠎ᠪᠠᠷ ᠪᠦᠲᠦᠭᠡᠨ ᠪᠠᠢ᠌ᠭᠤᠯᠤᠨ᠎ᠠ ᠃

       ᠪᠣᠬᠢᠷᠳᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠭᠦᠨ ᠭᠦᠨᠵᠡᠭᠡᠢ ᠰᠠᠢ᠌ᠲᠤᠷ ᠬᠢᠨ᠎ᠡ ᠃  ᠠᠭ᠋ᠠᠷ᠎ᠤᠨ ᠴᠡᠪᠡᠷᠴᠡ ᠵᠢ ᠰᠠᠢ᠌ᠵᠢᠷᠠᠭᠤᠯᠬᠤ ᠠᠵᠢᠯ᠎ᠢ ᠬᠦᠴᠦᠲᠡᠢ ᠠᠬᠢᠭᠤᠯᠤᠨ ᠂  ᠦᠬᠠᠢ ᠵᠢᠴᠢ ᠲᠡᠭᠦᠨ᠎ᠤ ᠡᠷᠭᠢᠨ ᠲᠣᠭᠣᠷᠢᠨ᠎ᠳᠠᠬᠢ ᠭᠠᠵᠠᠷ ᠣᠷᠣᠨ ᠵᠡᠷᠭᠡ ᠭᠣᠣᠯᠳᠠᠯᠭ᠎ᠠ ᠪᠣᠯᠬᠤ ᠣᠷᠣᠨ ᠪᠦᠰᠡᠨ᠎ᠤ ᠠᠭ᠋ᠠᠷ ᠮᠠᠨᠳᠠᠯ᠎ᠤᠨ ᠪᠣᠬᠢᠷᠳᠤᠯ᠎ᠢ ᠬᠣᠯᠪᠤᠭ᠋ᠠᠯᠠᠨ ᠰᠡᠷᠭᠡᠢ᠌ᠯᠡᠵᠦ ᠬᠠᠮᠠᠭ᠋ᠠᠯᠠᠨ ᠵᠠᠰᠠᠬᠤ ᠠᠵᠢᠯ᠎ᠢ ᠭᠦᠨᠵᠡᠭᠡᠢ᠌ᠷᠡᠭᠦᠯᠵᠦ ᠂  ᠪᠣᠯᠣᠳ ᠲᠡᠮᠦᠷ ᠂  ᠥᠩᠭᠡᠲᠦ ᠲᠡᠮᠦᠷᠯᠢᠭ ᠂  ᠬᠢᠮᠢ ᠵᠢᠨ ᠠᠵᠤ ᠦᠢ᠍ᠯᠡᠳᠪᠦᠷᠢ ᠵᠡᠷᠭᠡ ᠭᠣᠣᠯᠳᠠᠯᠭ᠎ᠠ᠎ᠲᠠᠢ ᠠᠵᠢᠯ ᠲᠦᠷᠦᠯ᠎ᠤᠨ ᠪᠣᠬᠢᠷᠳᠤᠯ᠎ᠢ ᠭᠦᠨᠵᠡᠭᠡᠢ ᠵᠠᠰᠠᠬᠤ᠎ᠪᠠᠨ ᠠᠬᠢᠭᠤᠯᠤᠨ ᠂  ᠪᠣᠬᠢᠷᠳᠤᠯ ᠡᠭᠦᠰᠬᠡᠬᠦ ᠤᠯᠠᠨ ᠪᠣᠳᠠᠰ᠎ᠢ ᠬᠠᠮᠵᠢᠯᠴᠠᠵᠤ ᠪᠠᠢ᠌ᠭ᠋ᠠᠳ ᠬᠠᠮᠢᠶᠠᠷᠤᠨ ᠡᠷᠬᠡᠰᠢᠶᠡᠬᠦ᠎ᠪᠠᠨ ᠴᠢᠩᠭ᠋ᠠᠷᠠᠭᠤᠯᠵᠤ ᠂  ᠴᠡᠪᠡᠷ ᠳᠤᠯᠠᠭ᠋ᠠᠯᠠᠭ᠎ᠠ ᠵᠢ ᠲᠦᠷᠭᠡᠳᠬᠡᠨ ᠠᠬᠢᠭᠤᠯᠵᠤ ᠂  ᠬᠦᠨᠳᠦ ᠪᠣᠬᠢᠷᠳᠤᠯ᠎ᠲᠠᠢ ᠴᠠᠭ ᠠᠭ᠋ᠠᠷ᠎ᠢ ᠦᠨᠳᠦᠰᠦᠨ᠎ᠳᠤ᠎ᠪᠠᠨ ᠠᠷᠢᠯᠭ᠋ᠠᠨ᠎ᠠ ᠃  ᠤᠰᠤᠨ᠎ᠤ ᠪᠣᠬᠢᠷᠳᠤᠯ᠎ᠢ ᠰᠡᠷᠭᠡᠢ᠌ᠯᠡᠨ ᠵᠠᠰᠠᠬᠤ᠎ᠪᠠᠨ ᠬᠦᠴᠦᠲᠡᠢ ᠠᠬᠢᠭᠤᠯᠵᠤ ᠂  ᠭᠣᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠᠰᠠᠷ ᠪᠠ ᠪᠠᠷᠢᠮᠵᠢᠶ᠎ᠠ᠎ᠳᠤ ᠦᠯᠦ ᠬᠦᠷᠬᠦ ᠣᠭᠲᠣᠯᠣᠭ᠋ᠠᠰᠤ ᠵᠢᠨ ᠤᠰᠤᠨ ᠴᠣᠭᠴᠠ ᠵᠢ ᠭᠣᠣᠯᠳᠠᠯᠭ᠎ᠠ᠎ᠲᠠᠢ ᠴᠡᠭᠴᠡᠯᠡᠨ ᠵᠠᠰᠠᠵᠤ ᠂  ᠪᠤᠵᠠᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠪᠠᠷᠢᠮᠵᠢᠶ᠎ᠠ ᠵᠢ ᠣᠨᠣᠴᠠᠲᠠᠢ ᠳᠡᠭᠡᠭᠰᠢᠯᠡᠭᠦᠯᠬᠦ᠎ᠪᠠᠨ ᠲᠦᠷᠭᠡᠳᠬᠡᠨ ᠠᠬᠢᠭᠤᠯᠵᠤ ᠂  ᠰᠢᠶᠠᠨ᠎ᠤ ᠱᠠᠲᠤᠨ᠎ᠤ ᠬᠤᠲᠠ ᠵᠢᠨ ᠪᠠᠢ᠌ᠭᠤᠯᠤᠭᠰᠠᠨ ᠲᠣᠭᠣᠷᠢᠭ᠎ᠲᠠᠬᠢ ᠪᠣᠬᠢᠷ ᠦᠮᠡᠬᠡᠢ ᠤᠰᠤᠨ ᠴᠣᠭᠴᠠ ᠵᠢ᠎ᠨᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠦᠨ᠎ᠡ ᠃  ᠬᠥᠷᠥᠰᠥ ᠰᠢᠷᠣᠢ ᠵᠢᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠵᠢ ᠬᠦᠴᠦᠲᠡᠢ ᠠᠬᠢᠭᠤᠯᠤᠨ ᠂  ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠦᠨᠳᠦ ᠲᠡᠮᠦᠷᠯᠢᠭ᠎ᠤᠨ ᠪᠣᠬᠢᠷᠳᠤᠯ᠎ᠢ ᠡᠬᠢ ᠢᠷᠡᠯᠲᠡ᠎ᠠᠴᠠ᠎ᠨᠢ ᠰᠡᠷᠭᠡᠢ᠌ᠯᠡᠨ ᠵᠠᠰᠠᠬᠤ ᠠᠵᠢᠯ᠎ᠢ ᠥᠷᠨᠢᠭᠦᠯᠵᠦ ᠂  ᠬᠢᠮᠢ ᠵᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ ᠵᠢ᠎ᠨᠢ ᠪᠠᠭ᠋ᠠᠰᠬᠠᠨ ᠤᠨᠠᠯᠲᠠ ᠬᠤᠷᠢᠶᠠᠯᠲᠠ ᠵᠢ᠎ᠨᠢ ᠨᠡᠮᠡᠭᠳᠡᠭᠦᠯᠬᠦ ᠪᠠ ᠲᠠᠷᠢᠶᠠᠨ᠎ᠤ ᠰᠦᠯᠢᠶᠥᠦ ᠪᠦᠷᠬᠦᠪᠴᠢ ᠵᠢ ᠪᠤᠴᠠᠭ᠋ᠠᠨ ᠬᠤᠷᠢᠶᠠᠬᠤ ᠡᠷᠴᠢᠮ ᠵᠶ᠋ᠠᠨ ᠴᠢᠩᠭ᠋ᠠᠷᠠᠭᠤᠯᠤᠨ ᠂  ᠬᠣᠭ ᠨᠣᠪᠰᠢ ᠵᠢ ᠲᠦᠷᠦᠯ ᠬᠤᠪᠢᠶᠠᠬᠤ ᠪᠠ ᠡᠬᠢ ᠪᠠᠶᠠᠯᠢᠭᠵᠢᠭᠤᠯᠬᠤ ᠵᠢ ᠠᠬᠢᠭᠤᠯᠵᠤ ᠂  ᠣᠷᠳᠣᠰ ᠂  ᠪᠤᠭᠤᠲᠤ ᠵᠢᠨ ᠶᠡᠬᠡ ᠬᠡᠮᠵᠢᠶᠡᠨ᠎ᠤ ᠬᠠᠲᠠᠭᠤ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠭᠰᠠᠨ ᠠᠵᠢᠯ᠎ᠤᠨ ᠵᠢᠱ᠌ᠢᠶ᠎ᠡ ᠦᠵᠡᠭᠦᠯᠬᠦ ᠵᠢ᠎ᠨᠢ ᠳᠡᠮᠵᠢᠨ᠎ᠡ ᠃

       ᠠᠷᠪᠢᠯᠠᠨ ᠡᠷᠴᠢᠮᠵᠢᠭᠦᠯᠵᠦ ᠤᠷᠴᠢᠯᠳᠤᠭᠤᠯᠤᠨ ᠬᠥᠭᠵᠢᠭᠦᠯᠬᠦ ᠵᠢ ᠯᠠᠪᠳᠠᠭᠤᠨ ᠪᠠᠲᠤᠲᠠᠢ ᠠᠬᠢᠭᠤᠯᠤᠨ᠎ᠠ ᠃  ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠤᠷᠭᠢᠯ ᠬᠡᠮᠵᠢᠭᠳᠡᠯ᠎ᠠᠴᠠ ᠪᠠᠭᠤᠷᠠᠭᠤᠯᠬᠤ ᠂  ᠨᠡᠭᠦᠷᠡᠰᠦᠳᠦ᠋ᠷᠦᠭᠴᠢ ᠵᠢ ᠰᠠᠭ᠋ᠠᠷᠮᠠᠭᠵᠢᠭᠤᠯᠬᠤ ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠪᠠᠢ᠌ᠭᠤᠯᠵᠤ ᠂  ᠨᠡᠭᠦᠷᠡᠰᠦ ᠵᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ ᠠᠰᠢᠭᠯᠠᠬᠤ ᠵᠢ ᠴᠢᠩᠭ᠋ᠠᠳᠬᠠᠵᠤ ᠂  ᠭᠣᠣᠯᠳᠠᠯᠭ᠎ᠠ ᠪᠣᠯᠬᠤ ᠬᠦᠷᠢᠶᠡᠨ᠎ᠳᠠᠬᠢ ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠵᠢᠨ  ᠭᠠᠳᠠᠭᠰᠢᠯᠠᠭᠤᠯᠤᠯᠲᠠ ᠵᠢ ᠪᠠᠭᠤᠷᠠᠭᠤᠯᠬᠤ ᠡᠷᠴᠢᠮ᠎ᠢ᠎ᠨᠢ ᠴᠢᠩᠭ᠋ᠠᠷᠠᠭᠤᠯᠤᠨ ᠂  ᠭᠦᠢ᠍ᠯᠭᠡᠭᠡᠨ ᠰᠠᠢ᠌ᠲᠠᠢ ᠪᠠᠷᠠᠭ᠋ᠠᠨ᠎ᠤ ᠲᠡᠭᠡᠭᠡᠪᠦᠷᠢ ᠵᠢᠨ 《ᠵᠠᠰᠠᠮᠠᠯ ᠵᠠᠮ᠎ᠠᠴᠠ ᠲᠡᠮᠦᠷ ᠵᠠᠮ᠎ᠳᠤ ᠰᠢᠯᠵᠢᠭᠦᠯᠬᠦ》 ᠂ 《ᠰᠤᠯᠠ᠎ᠠᠴᠠ ᠴᠢᠩᠭᠡᠯᠢᠭ ᠵᠶ᠋ᠠᠷ ᠲᠡᠭᠡᠭᠡᠪᠦᠷᠢᠯᠡᠬᠦ ᠪᠣᠯᠭ᠋ᠠᠨ ᠬᠤᠪᠢᠷᠠᠭᠤᠯᠬᠤ》 ᠵᠢ ᠲᠦᠷᠭᠡᠳᠬᠡᠵᠦ ᠂  ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠴᠢᠳᠠᠪᠤᠷᠢ᠎ᠪᠠᠨ ᠦᠷᠭᠦᠯᠵᠢᠯᠡᠨ ᠲᠡᠭᠡᠭᠰᠢᠯᠡᠬᠦᠯᠦᠨ᠎ᠡ ᠃  ᠡᠨᠧᠷᠭᠢ ᠬᠣᠷᠣᠭᠳᠠᠭᠤᠯᠬᠤ ᠬᠦᠴᠦᠯᠡᠴᠡ ᠵᠢ ᠴᠢᠩᠭ᠎ᠠ ᠡᠵᠡᠮᠳᠡᠬᠦ ᠂  ᠶᠡᠷᠦᠩᠬᠡᠢ ᠬᠡᠮᠵᠢᠶ᠎ᠡ ᠵᠢ᠎ᠨᠢ ᠤᠶᠠᠨ ᠬᠠᠷᠢᠮᠠᠬᠠᠢ᠎ᠪᠠᠷ ᠬᠠᠮᠢᠶᠠᠷᠬᠤ ᠵᠢ ᠬᠡᠷᠡᠭᠵᠢᠭᠦᠯᠵᠦ ᠂  ᠡᠨᠧᠷᠭᠢ ᠬᠡᠷᠡᠭᠯᠡᠬᠦ ᠲᠥᠰᠥᠪ᠎ᠤᠨ ᠬᠠᠮᠢᠶᠠᠷᠤᠯᠲᠠ ᠵᠢ ᠲᠡᠭᠦᠯᠳᠡᠷᠵᠢᠭᠦᠯᠦᠨ ᠂  ᠡᠨᠧᠷᠭᠢ ᠬᠣᠷᠣᠭᠳᠠᠯ᠎ᠤᠨ ᠬᠦᠴᠦᠯᠡᠴᠡ ᠵᠢᠨ ᠪᠠᠷᠢᠮᠵᠢᠶᠠᠯᠠᠵᠤ ᠬᠥᠲᠥᠯᠥᠨ ᠵᠢᠯᠤᠭᠣᠳᠬᠤ ᠵᠢ ᠴᠢᠩᠭ᠋ᠠᠷᠠᠭᠤᠯᠵᠤ ᠂ 《ᠬᠣᠶᠠᠷ ᠶᠡᠬᠡᠲᠡᠢ》 ᠲᠦᠷᠦᠯ ᠵᠦᠢ᠍ᠯ᠎ᠢ ᠳᠣᠣᠷ᠎ᠠ ᠲᠦᠪᠰᠢᠨ᠎ᠲᠠᠢ᠎ᠪᠠᠷ ᠰᠣᠬᠣᠷ ᠪᠠᠯᠠᠢ᠎ᠪᠠᠷ ᠬᠥᠭᠵᠢᠭᠦᠯᠬᠦ ᠵᠢ ᠡᠷᠡᠰ ᠬᠣᠷᠢᠭᠯᠠᠨ ᠂  ᠰᠢᠨ᠎ᠡ᠎ᠪᠠᠷ ᠪᠠᠶ᠋ᠢᠭᠤᠯᠬᠤ ᠲᠦᠷᠦᠯ ᠵᠦᠢ᠍ᠯ᠎ᠳᠤ ᠴᠥᠮ 《ᠬᠣᠶᠠᠷ ᠲᠡᠷᠢᠭᠦᠨ᠎ᠤ》 ᠬᠢᠨᠠᠨ ᠪᠠᠢ᠌ᠴᠠᠭ᠋ᠠᠬᠤ ᠪᠠᠷᠢᠮᠵᠢᠶ᠎ᠠ ᠵᠢ ᠬᠡᠷᠡᠭᠵᠢᠭᠦᠯᠵᠦ ᠂  ᠰᠢᠨ᠎ᠡ᠎ᠪᠠᠷ ᠪᠤᠢ ᠪᠣᠯᠤᠭᠰᠠᠨ ᠡᠨᠧᠷᠭᠢ ᠬᠡᠷᠡᠭᠯᠡᠬᠦ ᠣᠷᠣᠨ ᠵᠠᠢ ᠵᠢ ᠪᠣᠬᠢᠷᠳᠤᠯ ᠦᠭᠡᠢ ᠪᠥᠭᠡᠳ ᠣᠨᠴᠠᠯᠢᠭ᠎ᠲᠠᠢ ᠳᠠᠪᠠᠭᠤᠯᠢᠭ ᠠᠵᠤ ᠦᠢ᠍ᠯᠡᠰ᠎ᠢ ᠬᠥᠭᠵᠢᠭᠦᠯᠬᠦ᠎ᠳᠤ ᠤᠷᠢᠳ ᠵᠶ᠋ᠠᠷ ᠬᠡᠷᠡᠭᠯᠡᠨ᠎ᠡ ᠃  ᠤᠰᠤᠨ᠎ᠤ ᠡᠬᠢ ᠰᠤᠷᠪᠤᠯᠵᠢ ᠵᠢᠨ ᠬᠠᠲᠠᠭᠤ ᠬᠢᠵᠠᠭ᠋ᠠᠷᠯᠠᠯ᠎ᠤᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ ᠂ 《ᠤᠰᠤ᠎ᠪᠠᠷ ᠳᠥᠷᠪᠡ ᠵᠢ ᠲᠣᠭᠲᠠᠭ᠋ᠠᠬᠤ》 ᠵᠠᠷᠴᠢᠮ ᠪᠠ 《ᠤᠰᠤᠨ᠎ᠤ ᠬᠡᠮᠵᠢᠶ᠎ᠡ᠎ᠪᠠᠷ ᠪᠣᠳᠣᠯᠭ᠎ᠠ ᠬᠡᠷᠡᠭᠵᠢᠭᠦᠯᠬᠦ》 ᠱᠠᠭ᠋ᠠᠷᠳᠠᠯᠭ᠎ᠠ ᠵᠢ ᠡᠷᠡᠰ ᠨᠠᠢ᠌ᠳᠠᠪᠤᠷᠢᠵᠢᠭᠤᠯᠵᠤ ᠂  ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠠᠪᠴᠤ ᠬᠡᠷᠡᠭᠯᠡᠬᠦ ᠵᠢ ᠴᠢᠩᠭ᠎ᠠ ᠠᠳᠬᠤᠵᠤ ᠵᠠᠰᠠᠨ ᠂  ᠲᠠᠷᠢᠶᠠᠯᠠᠩ᠎ᠤᠨ ᠤᠰᠤ ᠠᠷᠪᠢᠯᠠᠨ ᠦᠷ᠎ᠡ ᠪᠦᠳᠣᠮᠵᠢ᠎ᠪᠠᠨ ᠳᠡᠭᠡᠭᠰᠢᠯᠡᠭᠦᠯᠬᠦ ᠂  ᠠᠵᠤ ᠦᠢ᠍ᠯᠡᠳᠪᠦᠷᠢ ᠵᠢᠨ ᠤᠰᠤ ᠠᠷᠪᠢᠯᠠᠨ ᠪᠣᠬᠢᠷᠳᠤᠯ ᠡᠳ᠋ ᠭᠠᠳᠠᠭᠰᠢᠯᠠᠭᠤᠯᠬᠤ᠎ᠪᠠᠨ ᠪᠠᠭ᠋ᠠᠰᠬᠠᠬᠤ ᠂  ᠬᠤᠲᠠ ᠪᠠᠯᠭ᠋ᠠᠰᠤᠨ᠎ᠤ ᠤᠰᠤ ᠠᠷᠪᠢᠯᠠᠨ ᠤᠰᠤ ᠰᠦᠢ᠍ᠳᠬᠡᠬᠦ ᠵᠢ ᠪᠠᠭ᠋ᠠᠰᠬᠠᠬᠤ᠎ᠪᠠᠨ ᠪᠦᠬᠦ ᠲᠠᠯ᠎ᠠ᠎ᠪᠠᠷ ᠴᠢᠩᠭ᠋ᠠᠷᠠᠭᠤᠯᠤᠨ᠎ᠠ ᠃  ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ 《ᠨᠡᠮᠡᠵᠦ ᠬᠠᠳᠠᠭ᠋ᠠᠯᠠᠬᠤ ᠵᠢ ᠬᠣᠯᠪᠣᠭᠳᠠᠭᠤᠯᠬᠤ》᠎ᠪᠠᠨ ᠴᠢᠩᠭ᠋ᠠᠳᠬᠠᠵᠤ ᠂  ᠵᠥᠪᠰᠢᠶᠡᠷᠡᠭᠰᠡᠨ ᠪᠠᠢ᠌ᠲᠠᠯ᠎ᠠ ᠬᠠᠩᠭ᠋ᠠᠵᠤ ᠥᠭᠭᠦᠭᠡᠳᠦᠢ ᠪᠠ ᠰᠤᠯᠠ ᠪᠠᠢ᠌ᠭ᠎ᠠ ᠭᠠᠵᠠᠷ ᠰᠢᠷᠣᠢ ᠵᠢ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠤᠨ ᠂  ᠠᠰᠢᠭᠯᠠᠮᠵᠢ᠎ᠪᠠᠷ ᠪᠠᠷᠤᠭᠲᠠᠢ ᠭᠠᠵᠠᠷ᠎ᠢ ᠳᠠᠬᠢᠨᠲᠠ ᠨᠡᠭᠡᠭᠡᠨ ᠬᠥᠭᠵᠢᠭᠦᠯᠬᠦ ᠪᠠ ᠦᠢ᠍ᠯᠡᠳᠪᠦᠷᠢ ᠠᠭᠤᠷᠬᠠᠢ ᠵᠢᠨ ᠬᠠᠶᠠᠭᠳᠠᠮᠠᠯ ᠭᠠᠵᠠᠷ᠎ᠢ ᠳᠠᠬᠢᠨᠲᠠ ᠬᠠᠭ᠋ᠠᠯᠪᠤᠷᠢᠯᠠᠵᠤ ᠠᠰᠢᠭᠯᠠᠬᠤ᠎ᠪᠠᠨ ᠠᠬᠢᠭᠤᠯᠤᠨ᠎ᠠ ᠃  ᠠᠵᠢᠯᠴᠢ ᠠᠷᠪᠢᠴᠢ ᠠᠷᠪᠢᠯᠠᠨ ᠭᠠᠮᠨᠠᠬᠤ ᠰᠢᠯᠢᠳᠡᠭ ᠤᠯᠠᠮᠵᠢᠯᠠᠯ ᠵᠶ᠋ᠠᠨ ᠪᠠᠳᠠᠷᠠᠭᠤᠯᠵᠤ ᠂  ᠳᠦᠭᠦᠮ ᠲᠣᠬᠢᠲᠠᠢ ᠂  ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠵᠤ ᠂  ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠵᠣᠷᠢᠭᠵᠢᠭᠤᠯᠤᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ ᠬᠠᠮᠲᠤ᠎ᠪᠠᠷ ᠪᠦᠲᠦᠭᠡᠨ ᠪᠠᠢ᠌ᠭᠤᠯᠤᠨ᠎ᠠ ᠃

      (ᠳᠥᠷᠪᠡ) ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠰᠢᠨ᠎ᠡ ᠡᠭᠦᠳᠦᠯᠲᠡ ᠵᠢ ᠠᠬᠢᠭᠤᠯᠵᠤ ᠨᠡᠭᠡᠭᠡᠯᠲᠡ ᠬᠢᠬᠦ ᠵᠢ ᠥᠷᠭᠡᠳᠬᠡᠬᠦ᠎ᠪᠠᠷ ᠬᠦᠴᠦᠯᠡᠨ ᠴᠢᠷᠮᠠᠢ᠌ᠵᠤ ᠂  ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ ᠪᠠ ᠬᠥᠭᠵᠢᠯᠲᠡ ᠵᠢᠨ ᠳᠣᠲᠣᠭ᠋ᠠᠳᠤ᠎ᠳᠠᠬᠢ ᠬᠥᠳᠡᠯᠭᠡᠭᠦ ᠬᠦᠴᠦᠨ᠎ᠢ ᠬᠥᠭᠵᠢᠭᠡᠨ᠎ᠡ ᠃  ᠬᠥᠭᠵᠢᠭᠦᠯᠬᠦ᠎ᠳᠤ ᠬᠦᠴᠢᠷ ᠪᠠ ᠬᠤᠪᠢᠷᠠᠭᠤᠯᠬᠤ᠎ᠳᠤ ᠪᠡᠷᠬᠡ᠎ᠲᠠᠢ ᠪᠤᠯᠬᠤ ᠳᠤᠲᠤᠮ ᠵᠶ᠋ᠠᠨ ᠥᠭᠡᠷᠡᠴᠢᠯᠡᠯᠲᠡ ᠬᠢᠵᠦ ᠪᠠᠢ᠌ᠭ᠋ᠠᠳ ᠠᠮᠢᠵᠢᠷᠠᠯ᠎ᠤᠨ ᠬᠦᠴᠦᠨ ᠣᠯᠬᠤ ᠂  ᠰᠢᠨ᠎ᠡ ᠵᠢ ᠡᠭᠦᠳᠴᠦ ᠪᠠᠢ᠌ᠭ᠋ᠠᠳ ᠬᠥᠳᠡᠯᠭᠡᠭᠦ ᠬᠦᠴᠦᠨ ᠣᠯᠬᠤ ᠂  ᠨᠡᠭᠡᠭᠡᠯᠲᠡ ᠬᠢᠵᠦ ᠪᠠᠢ᠌ᠭ᠋ᠠᠳ ᠠᠰᠢᠭ ᠣᠯᠬᠤ ᠵᠢ ᠪᠠᠷᠢᠮᠲᠠᠯᠠᠨ᠎ᠠ ᠃

       ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠶᠡᠬᠡ᠎ᠪᠠᠷ ᠬᠦᠴᠦᠯᠡᠵᠦ ᠰᠢᠯᠢᠳᠡᠭᠵᠢᠭᠦᠯᠦᠨ᠎ᠡ ᠃  ᠲᠡᠷᠢᠭᠦᠨ᠎ᠤ᠎ᠬᠢ᠎ᠲᠠᠢ ᠬᠠᠷᠢᠴᠠᠭᠤᠯᠵᠤ ᠂  ᠲᠡᠷᠢᠭᠦᠨ᠎ᠤ᠎ᠬᠢ᠎ᠠᠴᠠ ᠰᠤᠷᠤᠯᠴᠠᠵᠤ ᠪᠠᠢ᠌ᠭ᠋ᠠᠳ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠵᠶ᠋ᠠᠨ ᠰᠢᠯᠢᠳᠡᠭᠵᠢᠭᠦᠯᠵᠦ ᠳᠡᠰ ᠳᠡᠪᠰᠢᠭᠰᠡᠨ ᠪᠠᠷᠯᠠᠯ᠎ᠢ ᠪᠦᠬᠦ ᠬᠦᠴᠦ᠎ᠪᠠᠷ ᠵᠶ᠋ᠠᠨ ᠴᠣᠭᠴᠠᠯᠠᠨ᠎ᠠ ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠠᠬᠢᠭᠤᠯᠵᠤ ᠂  ᠬᠦᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠲᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠷᠬᠡ ᠵᠢᠨ ᠵᠦᠢ᠍ᠯᠡᠰ᠎ᠢ ᠪᠦᠬᠦ ᠲᠠᠯ᠎ᠠ᠎ᠪᠠᠷ ᠳᠣᠷᠣᠭᠰᠢ ᠲᠠᠯᠪᠢᠬᠤ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠦᠨ᠎ᠡ ᠃ 《ᠨᠢᠭᠡ ᠯᠠ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ》 ᠵᠢ ᠰᠢᠯᠢᠳᠡᠭᠵᠢᠭᠦᠯᠦᠨ ᠂ 《ᠨᠢᠭᠡ ᠯᠠ ᠰᠦᠯᠵᠢᠶ᠎ᠡ᠎ᠪᠠᠷ ᠨᠢᠭᠡᠳᠦᠯᠲᠡᠢ ᠬᠠᠮᠢᠶᠠᠷᠬᠤ》 ᠵᠢ ᠡᠬᠢᠯᠡᠭᠦᠯᠵᠦ ᠂ 《ᠮᠥᠩᠬᠡ ᠰᠤᠪᠠᠭ• ᠳᠥᠷᠪᠡ ᠵᠢ ᠭᠦᠢ᠍ᠴᠡᠳᠬᠡᠬᠦ》 ᠦᠢ᠍ᠯᠡᠴᠢᠯᠡᠭᠡ ᠵᠢ ᠭᠦᠨᠵᠡᠭᠡᠢ᠌ᠷᠡᠭᠦᠯᠦᠨ ᠂  ᠰᠤᠷᠭ᠋ᠠᠨ ᠬᠥᠮᠦᠵᠢᠯ ᠂  ᠨᠡᠢ᠌ᠭᠡᠮ᠎ᠤᠨ ᠪᠠᠲᠤᠯᠠᠭ᠎ᠠ ᠂  ᠡᠮᠴᠢᠯᠡᠭᠡ ᠪᠠ ᠠᠵᠤ ᠠᠬᠤᠢ᠌ᠯᠠᠯ ᠨᠡᠭᠡᠭᠡᠨ ᠡᠷᠬᠢᠯᠡᠬᠦ ᠂  ᠡᠵᠡᠩᠨᠡᠯᠲᠡ ᠵᠢᠨ ᠵᠥᠪᠰᠢᠶᠡᠷᠡᠯ ᠵᠡᠷᠭᠡ ᠣᠯᠠᠨᠲᠠ ᠳᠠᠪᠲᠠᠨ ᠭᠦᠢ᠍ᠴᠡᠳᠬᠡᠬᠦ ᠵᠦᠢ᠍ᠯᠡᠰ᠎ᠢ 《ᠨᠢᠭᠡ ᠯᠠ ᠤᠳᠠᠭ᠎ᠠ᠎ᠳᠤ ᠭᠦᠢ᠍ᠴᠡᠳᠬᠡᠬᠦ》 ᠂ 《ᠭᠠᠷ ᠤᠲᠠᠰᠤ᠎ᠪᠠᠷ ᠭᠦᠢ᠍ᠴᠡᠳᠬᠡᠬᠦ》 ᠂ 《ᠮᠤᠵᠢ ᠠᠯᠤᠰᠯᠠᠨ ᠨᠡᠢ᠌ᠳᠡᠮ ᠭᠦᠢ᠍ᠴᠡᠳᠬᠡᠬᠦ》 ᠵᠢ ᠪᠡᠶᠡᠯᠡᠭᠦᠯᠵᠦ ᠂  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠪᠣᠯᠬᠤ 12345 ᠵᠢᠨ 《ᠨᠢᠭᠡ ᠤᠲᠠᠰᠤ᠎ᠪᠠᠷ ᠨᠡᠢ᠌ᠳᠡᠮ ᠨᠡᠪᠲᠡᠷᠡᠬᠦ》 ᠵᠢ ᠠᠬᠢᠭᠤᠯᠵᠤ ᠂  ᠣᠯᠠᠨ ᠲᠦᠮᠡᠨ᠎ᠤ ᠲᠤᠰᠬᠠᠭᠰᠠᠨ ᠠᠵᠢᠯ ᠶᠠᠪᠤᠳᠠᠯ᠎ᠳᠤ ᠳᠠᠭ᠋ᠠᠵᠦ ᠰᠢᠮᠳᠠᠭᠤᠯᠬᠤ ᠪᠠ ᠲᠡᠭᠦᠨ᠎ᠢ᠎ᠨᠢ ᠭᠦᠢ᠍ᠴᠡᠳᠬᠡᠬᠦ ᠬᠥᠮᠥᠨ᠎ᠲᠠᠢ ᠪᠣᠯᠭ᠋ᠠᠨ᠎ᠠ ᠃ 《ᠬᠣᠶᠠᠷ᠎ᠢ ᠣᠭᠲᠤ ᠭᠤᠢ᠌ᠪᠢᠰᠢ ᠦᠭᠡᠢ ᠪᠠᠢ᠌ᠯᠭ᠋ᠠᠬᠤ》 ᠵᠢ ᠪᠠᠷᠢᠮᠲᠠᠯᠠᠨ ᠂  ᠲᠥᠪ ᠭᠤᠤᠯᠴᠢ᠎ᠪᠠᠷ ᠥᠷᠢᠰᠦᠯᠳᠦᠬᠦ᠎ᠳᠤ ᠬᠢᠨᠠᠨ ᠪᠠᠢ᠌ᠴᠠᠭ᠋ᠠᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠵᠦᠢ᠍ᠯᠡᠰ᠎ᠢ ᠴᠢᠩᠭ᠎ᠠ ᠡᠵᠡᠮᠳᠡᠨ ᠂  ᠤᠯᠤᠰ᠎ᠤᠨ ᠭᠠᠢ᠌ᠯᠢ ᠬᠥᠩᠭᠡᠷᠡᠭᠦᠯᠵᠦ ᠰᠦᠢ᠍ᠳᠬᠡᠯ ᠪᠠᠭᠤᠷᠠᠭᠤᠯᠬᠤ ᠰᠢᠨ᠎ᠡ ᠲᠦᠷᠦ ᠵᠢᠨ ᠪᠣᠳᠣᠯᠭ᠎ᠠ ᠵᠢ ᠴᠥᠮ ᠬᠡᠷᠡᠭᠵᠢᠭᠦᠯᠦᠨ ᠪᠣᠳᠠᠲᠠᠢ᠌ᠵᠢᠭᠤᠯᠵᠤ ᠂  ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠠ ᠳᠤᠮᠳᠠ ᠵᠢᠵᠢᠭ ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ ᠮᠠᠷᠭᠤᠭ᠋ᠠᠨ ᠦᠭᠡᠢ ᠳᠠᠩᠰᠠᠨ᠎ᠳᠠᠬᠢ ᠵᠣᠭᠣᠰ᠎ᠢ᠎ᠨᠢ ᠪᠦᠬᠦᠨ᠎ᠢ ᠲᠥᠯᠥᠵᠦ ᠳᠠᠭᠤᠰᠬᠠᠨ᠎ᠠ ᠃  ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠪᠠ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠠᠯᠢ᠎ᠨᠢ ᠴᠦ᠍ ᠭᠡᠰᠡᠨ ᠂  ᠬᠦᠴᠢᠷᠳᠡᠯ᠎ᠲᠠᠢ ᠪᠣᠯᠬᠤ ᠲᠣᠳᠣᠮ ᠂  ᠵᠠᠰᠠᠭ᠎ᠤᠨ ᠣᠷᠳᠣᠨ ᠤᠯᠠᠮ ᠢᠯᠡᠭᠦᠦ ᠬᠠᠪᠰᠤᠷᠴᠤ ᠬᠦᠴᠦᠨ ᠣᠯᠭᠣᠨ ᠂  ᠵᠠᠰᠠᠭ᠎ᠤᠨ ᠣᠷᠳᠣᠨ ᠬᠢᠭᠡᠳ ᠠᠵᠤ ᠠᠬᠤᠢ᠌ᠯᠠᠯ᠎ᠨᠢ ᠳᠣᠲᠣᠨᠣ ᠪᠤᠯᠪᠠᠴᠦ ᠳᠦᠷᠢᠮ ᠵᠥᠷᠢᠴᠡᠬᠦ ᠦᠭᠡᠢ ᠂  ᠴᠢᠬᠡᠴᠢ ᠪᠤᠯᠪᠠᠴᠦ ᠬᠤᠯᠠ ᠵᠠᠢ᠌ᠳᠠᠬᠤ ᠦᠭᠡᠢ ᠪᠠᠢ᠌ᠵᠤ ᠂  ᠢᠲᠡᠭᠡᠯ ᠲᠡᠭᠦᠯᠳᠡᠷ ᠵᠶ᠋ᠠᠷ ᠠᠵᠤ ᠠᠬᠤᠢ᠌ᠯᠠᠯ᠎ᠤᠨ ᠡᠷᠡᠭᠦᠯ ᠵᠶ᠋ᠠᠷ ᠬᠥᠭᠵᠢᠬᠦ ᠵᠢ᠎ᠨᠢ ᠳᠡᠮᠵᠢᠨ᠎ᠡ ᠃

       ᠭᠣᠣᠯᠳᠠᠯᠭ᠎ᠠ ᠪᠣᠯᠬᠤ ᠬᠦᠷᠢᠶᠡᠨ᠎ᠳᠠᠬᠢ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠦᠨ᠎ᠡ ᠃  ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠢ ᠪᠡᠶᠡᠯᠡᠭᠦᠯᠬᠦ ᠪᠠ ᠠᠬᠢᠭᠤᠯᠵᠤ ᠂  ᠠᠯᠳᠠᠭᠳᠠᠯ᠎ᠲᠠᠢ ᠭᠣᠣᠯᠳᠠᠯᠭ᠎ᠠ ᠪᠣᠯᠬᠤ ᠠᠵᠤ ᠠᠬᠤᠢ᠌ᠯᠠᠯ᠎ᠳᠤ ᠲᠤᠰᠬᠠᠢ ᠴᠡᠭᠴᠡᠯᠡᠨ ᠵᠠᠰᠠᠬᠤ ᠵᠢ ᠪᠡᠶᠡᠯᠡᠭᠦᠯᠦᠨ ᠂  ᠥᠪᠡᠷᠲᠡᠭᠡᠨ ᠵᠠᠰᠠᠬᠤ ᠣᠷᠣᠨ᠎ᠳᠤ ᠬᠠᠷᠢᠶᠠᠯᠠᠭᠳᠠᠬᠤ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ᠎ᠪᠠᠷ ᠳᠠᠬᠢᠨᠲᠠ ᠵᠣᠬᠢᠶᠠᠨ ᠪᠠᠶ᠋ᠢᠭᠤᠯᠬᠤ ᠪᠠ ᠲᠤᠰᠬᠠᠢ᠌ᠵᠢᠭᠤᠯᠤᠨ ᠡᠮᠬᠢᠯᠡᠵᠦ ᠨᠡᠶ᠋ᠢᠯᠡᠭᠦᠯᠬᠦ ᠵᠢ ᠨᠡᠩ ᠬᠦᠴᠦᠲᠡᠢ ᠠᠬᠢᠭᠤᠯᠵᠤ ᠂  ᠠᠵᠢᠯ ᠲᠦᠷᠦᠯ᠎ᠤᠨ ᠲᠡᠷᠢᠭᠦᠨ᠎ᠤ ᠬᠠᠮᠢᠶᠠᠷᠤᠯᠲᠠ᠎ᠯᠤᠭ᠎ᠠ ᠪᠠᠷᠢᠮᠵᠢᠶᠠᠯᠠᠵᠤ ᠳᠡᠭᠡᠭᠰᠢᠯᠡᠭᠦᠯᠬᠦ ᠲᠤᠰᠬᠠᠢ ᠠᠵᠢᠯᠯᠠᠭ᠋ᠠᠨ᠎ᠢ ᠥᠷᠨᠢᠭᠦᠯᠦᠨ ᠂  ᠤᠯᠤᠰ᠎ᠤᠨ ᠥᠮᠴᠢᠯᠡᠯᠲᠦ ᠬᠥᠷᠥᠩᠭᠡ ᠪᠠ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠢ ᠭᠤᠢ᠌ᠪᠢᠰᠢ ᠦᠭᠡᠢ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ ᠃  ᠡᠳ᠋᠎ᠤᠨ ᠵᠠᠰᠠᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂  ᠪᠦᠬᠦ ᠣᠷᠣᠨ᠎ᠤ ᠨᠢᠭᠡᠳᠦᠯᠲᠡᠢ ᠲᠥᠯᠥᠪᠯᠡᠬᠦ ᠴᠢᠳᠠᠪᠤᠷᠢ ᠵᠢ ᠴᠢᠩᠭ᠋ᠠᠷᠠᠭᠤᠯᠤᠨ ᠂  ᠡᠳ᠋᠎ᠤᠨ ᠵᠠᠰᠠᠭ᠎ᠤᠨ ᠪᠡᠯᠡ ᠮᠥᠩᠭᠥᠨ᠎ᠤ ᠲᠠᠯ᠎ᠠ᠎ᠪᠠᠷ᠎ᠬᠢ ᠬᠥᠲᠥᠯᠥᠨ ᠳᠠᠭ᠋ᠠᠭᠤᠯᠬᠤ ᠂  ᠲᠣᠬᠢᠷᠠᠭᠤᠯᠤᠨ ᠡᠵᠡᠮᠳᠡᠬᠦ ᠂  ᠳᠠᠶ᠋ᠢᠴᠢᠯᠠᠨ ᠬᠥᠭᠵᠢᠭᠡᠬᠦ ᠦᠢ᠍ᠯᠡᠳᠦᠯ᠎ᠢ ᠪᠠᠳᠠᠷᠠᠭᠤᠯᠵᠤ ᠂  ᠦᠨᠳᠦᠰᠦᠨ ᠱᠠᠲᠤᠨ᠎ᠳᠠᠬᠢ ᠨᠢᠭᠡᠳᠦᠯᠲᠡᠢ ᠲᠥᠯᠥᠪᠯᠡᠵᠦ ᠵᠢᠭ᠋ᠠᠨ ᠵᠢᠯᠤᠭᠣᠳᠬᠤ ᠵᠢ ᠴᠢᠩᠭ᠋ᠠᠳᠬᠠᠨ ᠂  ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠡᠭᠦᠷᠭᠡ ᠪᠠ ᠭᠣᠣᠯᠳᠠᠯᠭ᠎ᠠ ᠪᠣᠯᠬᠤ ᠲᠦᠷᠦᠯ ᠵᠦᠢ᠍ᠯ᠎ᠳᠠᠬᠢ ᠪᠠᠲᠤᠯᠠᠭ᠎ᠠ ᠵᠢ ᠴᠢᠩᠭ᠋ᠠᠳᠬᠠᠨ᠎ᠠ ᠃  ᠬᠤᠲᠠ ᠵᠢᠨ ᠬᠤᠳᠠᠯᠳᠤᠭ᠋ᠠᠨ᠎ᠤ ᠪᠠᠩᠬᠢ ᠂  ᠬᠥᠳᠡᠭᠡ ᠲᠤᠰᠬᠤᠨ᠎ᠤ ᠢᠲᠡᠭᠡᠮᠵᠢ ᠵᠢᠨ ᠬᠤᠷᠰᠢᠶ᠎ᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂  ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠲᠤ ᠭᠠᠷᠬᠤ 《ᠲᠢᠶᠠᠨ ᠵᠢᠶᠦ᠋ᠨ ᠦᠢ᠍ᠯᠡᠴᠢᠯᠡᠭᠡ》 ᠵᠢᠨ ᠲᠥᠯᠥᠪᠯᠡᠭᠡ ᠵᠢ ᠦᠷᠬᠦᠯᠵᠢᠯᠡᠨ ᠠᠬᠢᠭᠤᠯᠵᠤ ᠂  ᠠᠵᠤ ᠠᠬᠤᠢ᠌ᠯᠠᠯ᠎ᠤᠨ ᠰᠲ᠋ᠣᠺ᠎ᠤᠨ ᠵᠠᠬ᠎ᠠ ᠳᠡᠯᠭᠡᠭᠦᠷ ᠪᠠ ᠵᠢᠭᠡᠯᠡᠯᠭᠡ ᠵᠢᠨ ᠲᠡᠮᠳᠡᠭᠲᠦ ᠵᠢᠨ ᠪᠡᠯᠡ ᠲᠣᠬᠢᠷᠠᠭᠤᠯᠭ᠎ᠠ᠎ᠪᠠᠨ ᠥᠷᠭᠡᠳᠬᠡᠬᠦ ᠂  ᠢᠲᠡᠭᠡᠮᠵᠢᠲᠦ ᠪᠡᠯᠡ ᠲᠣᠬᠢᠷᠠᠭᠤᠯᠭ᠎ᠠ ᠥᠷᠨᠢᠭᠦᠯᠬᠦ ᠵᠢ ᠳᠠᠮᠵᠢᠵᠦ ᠂  ᠢᠲᠡᠭᠡᠮᠵᠢᠲᠦ ᠵᠢᠭᠡᠯᠡᠯᠭᠡ ᠵᠢᠨ ᠶᠡᠷᠦᠩᠬᠡᠢ ᠬᠡᠮᠵᠢᠶ᠎ᠡ ᠵᠢ ᠥᠷᠭᠡᠳᠬᠡᠨ ᠂  ᠪᠡᠯᠡ ᠲᠣᠬᠢᠷᠠᠭᠤᠯᠬᠤ ᠪᠦᠲᠦᠴᠡ᠎ᠳᠤ᠎ᠨᠢ ᠲᠣᠬᠢᠷᠠᠭᠤᠯᠤᠯᠲᠠ ᠬᠢᠨ᠎ᠡ ᠃  ᠴᠠᠬᠢᠯᠭ᠋ᠠᠨ᠎ᠤ ᠦᠨ᠎ᠡ᠎ᠪᠠᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂  ᠠᠷᠠᠯᠵᠢᠶᠠᠯᠠᠬᠤ ᠴᠠᠬᠢᠯᠭ᠋ᠠᠨ᠎ᠤ ᠦᠨ᠎ᠡ ᠵᠢᠨ ᠬᠥᠪᠥᠮᠡᠯ ᠲᠣᠭᠲᠠᠴᠠ ᠵᠢ ᠨᠠᠢ᠌ᠳᠠᠪᠤᠷᠢᠵᠢᠭᠤᠯᠤᠨ᠎ᠠ ᠃  ᠭᠠᠵᠠᠷ ᠰᠢᠷᠣᠢ ᠨᠤᠲᠤᠭ ᠪᠡᠯᠴᠢᠭᠡᠷ᠎ᠤᠨ 《ᠭᠤᠷᠪᠠᠨ ᠡᠷᠬᠡ ᠵᠢ ᠰᠠᠯᠭ᠋ᠠᠨ ᠲᠣᠬᠢᠷᠠᠭᠤᠯᠬᠤ》 ᠵᠢ ᠯᠠᠪᠳᠠᠭᠤᠨ ᠵᠶ᠋ᠠᠷ ᠬᠡᠷᠡᠭᠵᠢᠭᠦᠯᠵᠦ ᠂  ᠠᠮᠢᠲᠠᠨ᠎ᠤ ᠬᠢᠵᠢᠭ ᠭᠡᠮ᠎ᠢ ᠰᠡᠷᠭᠡᠢ᠌ᠯᠡᠨ ᠳᠠᠷᠤᠬᠤ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠰᠢᠰᠲ᠋ᠧᠮ᠎ᠲᠠᠢ ᠠᠬᠢᠭᠤᠯᠤᠨ᠎ᠠ ᠃

       ᠰᠢᠨ᠎ᠡ ᠵᠢ ᠡᠭᠦᠣᠡᠭᠦ ᠮᠠᠶᠢᠭ᠎ᠤᠨ ᠥᠪᠥᠷ ᠮᠣᠩᠭᠣᠯ ᠵᠢᠡᠨ ᠲᠦᠷᠭᠡᠳᠬᠡᠨ ᠪᠦᠲᠦᠭᠡᠨ ᠪᠠᠢ᠌ᠭᠤᠯᠤᠨ᠎ᠠ ᠃  ᠣᠷᠣᠨ ᠳᠠᠶᠠᠭ᠋ᠠᠷ᠎ᠲᠤ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ ᠵᠢᠡᠷ ᠶᠠᠰᠤ ᠴᠢᠨᠠᠷ᠎ᠢ ᠳᠡᠭᠡᠭᠰᠢᠯᠡᠭᠦᠯᠬᠦ ᠂  ᠴᠢᠳᠠᠪᠤᠷᠢᠲᠠᠨ ᠵᠢᠡᠷ ᠥᠪᠥᠷ ᠮᠣᠩᠭᠣᠯ ᠵᠢᠡᠨ ᠬᠥᠭᠵᠢᠭᠦᠯᠬᠦ ᠬᠠᠮᠲᠤ ᠵᠢᠨ ᠲᠠᠨᠢᠯᠲᠠ ᠵᠢ ᠪᠦᠷᠢᠯᠳᠦᠭᠦᠯᠦᠨ᠎ᠡ ᠃ 

《ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠬᠥᠭᠵᠢᠭᠦᠯᠦᠨ ᠮᠠᠨᠳᠤᠭᠤᠯᠬᠤ》 ᠠᠵᠢᠯᠯᠠᠭ᠋ᠠᠨ ᠵᠶ᠋ᠠᠷ ᠨᠢᠭᠡᠳᠦᠯᠲᠡᠢ ᠤᠳᠤᠷᠢᠳᠤᠮᠵᠢ ᠪᠣᠯᠭ᠋ᠠᠵᠣ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ ᠵᠶ᠋ᠠᠷ ᠰᠢᠨ᠎ᠡ ᠵᠢ ᠡᠭᠦᠣᠡᠭᠦ ᠴᠢᠳᠠᠪᠤᠷᠢ᠎ᠪᠠᠨ ᠳᠡᠭᠡᠭᠰᠢᠯᠡᠭᠦᠯᠭᠦ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ ᠂  ᠰᠢᠨ᠎ᠡ ᠡᠭᠦᠳᠦᠯᠲᠡ᠎ᠪᠠᠷ ᠬᠥᠭᠵᠢᠯᠲᠡ᠎ᠪᠠᠨ ᠳᠠᠢ᠌ᠴᠢᠯᠠᠬᠤ ᠰᠢᠨ᠎ᠡ ᠳᠠᠪᠠᠭᠤᠯᠢᠭ᠎ᠢ ᠪᠣᠢ ᠪᠣᠯᠭ᠋ᠠᠨ᠎ᠠ ᠃  ᠵᠠᠰᠠᠭ᠎ᠤᠨ ᠣᠷᠳᠣᠨ᠎ᠤ ᠰᠤᠳᠤᠯᠤᠨ ᠨᠡᠭᠡᠭᠡᠬᠦ᠎ᠳᠠᠬᠢ ᠪᠡᠯᠡ ᠤᠷᠤᠭᠤᠯᠤᠯᠲᠠ᠎ᠪᠠᠨ ᠵᠠᠢ᠌ᠯᠠᠰᠢ ᠦᠭᠡᠢ ᠨᠡᠮᠡᠭᠳᠡᠭᠦᠯᠬᠦ ᠲᠣᠭᠲᠠᠴᠠ ᠪᠠ ᠨᠡᠢ᠌ᠭᠡᠮ᠎ᠤᠨ ᠣᠯᠠᠨ ᠵᠠᠮ ᠮᠥᠷ ᠵᠶ᠋ᠠᠷ ᠪᠡᠯᠡ ᠣᠷᠣᠭᠤᠯᠵᠤ  ᠤᠷᠮᠠᠰᠢᠭᠤᠯᠬᠤ  ᠲᠣᠭᠲᠠᠴᠠ ᠵᠢ ᠨᠠᠢ᠌ᠳᠠᠪᠤᠷᠢᠵᠢᠭᠤᠯᠵᠤ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠳᠠᠬᠢ ᠡᠳ᠋᠎ᠤᠨ ᠵᠠᠰᠠᠭ᠎ᠤᠨ ᠵᠠᠷᠤᠯᠭ᠎ᠠ ᠵᠢ 36.9% ᠨᠡᠮᠡᠭᠳᠡᠭᠦᠯᠵᠦ ᠂  ᠠᠵᠤ ᠠᠬᠤᠢ᠌ᠯᠠᠯ ᠂  ᠮᠥᠩᠭᠥᠨ ᠭᠦᠢ᠍ᠯᠭᠡᠭᠡᠨ᠎ᠤ ᠬᠥᠷᠥᠩᠭᠡ ᠪᠠ ᠠᠷᠠᠳ᠎ᠤᠨ ᠳᠤᠮᠳᠠᠬᠢ ᠬᠥᠷᠥᠩᠭᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠤᠳᠤᠯᠤᠯ᠎ᠳᠤ ᠣᠷᠣᠭᠤᠯᠣᠯᠳᠡ ᠬᠢᠬᠦ ᠵᠢ᠎ᠨᠢ ᠨᠡᠮᠡᠭᠳᠡᠭᠦᠯᠵᠦ ᠂  ᠰᠤᠳᠤᠯᠤᠨ ᠨᠡᠭᠡᠭᠡᠬᠦ ᠠᠵᠢᠯᠯᠠᠭ᠎ᠠ᠎ᠲᠠᠢ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠲᠣᠭ᠎ᠠ ᠵᠢᠨ ᠬᠣᠶᠠᠷ ᠳᠠᠬᠢᠨ ᠵᠶ᠋ᠠᠷ ᠨᠡᠮᠡᠭᠳᠡᠬᠦ ᠵᠢ ᠪᠡᠶᠡᠯᠡᠭᠦᠯᠦᠨ ᠂  ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠢ 200 ᠰᠢᠨ᠎ᠡ᠎ᠪᠠᠷ ᠨᠡᠮᠡᠭᠳᠡᠭᠦᠯᠵᠦ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠮᠠᠶᠢᠭ᠎ᠤᠨ ᠳᠤᠮᠳᠠ ᠵᠢᠵᠢᠭ ᠠᠵᠤ ᠠᠬᠤᠢ᠌ᠯᠠᠯ᠎ᠢ 1000᠎ᠠᠴᠠ ᠳᠠᠪᠠᠭᠤᠯᠤᠨ᠎ᠠ ᠃  ᠠᠵᠤ ᠦᠢ᠍ᠯᠡᠰ᠎ᠤᠨ ᠬᠡᠯᠬᠢᠶ᠎ᠡ᠎ᠲᠠᠢ ᠨᠢᠭᠲᠠ ᠤᠶᠠᠯᠳᠤᠭᠤᠯᠵᠤ ᠪᠠᠢ᠌ᠭ᠋ᠠᠳ ᠰᠢᠨ᠎ᠡ ᠵᠢ ᠡᠭᠦᠳᠬᠦ ᠬᠡᠯᠬᠢᠶ᠎ᠡ ᠵᠢ ᠪᠠᠢ᠌ᠷᠢᠯᠠᠭᠤᠯᠵᠤ ᠂  ᠰᠢᠨ᠎ᠡ ᠡᠨᠧᠷᠬᠢ ᠂  ᠰᠢᠨ᠎ᠡ ᠮᠠᠲ᠋ᠧᠷᠢᠶᠠᠯ ᠂  ᠰᠦ ᠵᠢᠨ ᠦᠢ᠍ᠯᠡᠰ ᠂  ᠨᠡᠭᠦᠷᠡᠰᠦ ᠵᠢ ᠴᠡᠪᠡᠷᠰᠢᠭᠦᠯᠦᠨ ᠥᠨᠳᠥᠷ ᠪᠦᠳᠣᠮᠵᠢᠳᠠᠢ᠎ᠪᠠᠷ ᠠᠰᠢᠭᠯᠠᠬᠤ ᠵᠡᠷᠭᠡ ᠭᠣᠣᠯᠳᠠᠯᠭ᠎ᠠ ᠪᠣᠯᠬᠤ ᠬᠦᠷᠢᠶᠡᠨ᠎ᠳᠤ ᠠᠩᠬᠠᠷᠤᠯ ᠵᠶ᠋ᠠᠨ ᠴᠢᠭᠯᠡᠭᠦᠯᠦᠨ ᠨᠢᠭᠡ ᠪᠦᠯᠦᠭ ᠵᠠᠩᠭᠢᠯᠠᠭ᠎ᠠ ᠵᠢᠨ ᠮᠡᠷᠭᠡᠵᠢᠯ᠎ᠤᠨ ᠰᠢᠪᠲᠤᠯᠤᠯᠲᠠ ᠵᠢᠨ ᠲᠦᠷᠦᠯ ᠵᠦᠢ᠍ᠯ᠎ᠢ ᠬᠡᠷᠡᠭᠵᠢᠭᠦᠯᠵᠦ ᠂  ᠦᠷ᠎ᠡ ᠡᠭᠦᠯᠳᠡᠷ᠎ᠤᠨ ᠦᠢ᠍ᠯᠡᠰ ᠂ 《ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠤᠷᠭᠢᠯ ᠬᠡᠮᠵᠢᠭᠳᠡᠯ᠎ᠠᠴᠠ ᠪᠠᠭᠤᠷᠠᠭᠤᠯᠬᠤ ᠪᠠ ᠨᠡᠭᠦᠷᠡᠰᠦᠲᠦ᠋ᠷᠦᠭᠴᠢ ᠵᠢ ᠰᠠᠭ᠋ᠠᠷᠮᠠᠭᠵᠢᠭᠤᠯᠬᠤ》 ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠡᠬᠢᠯᠡᠭᠦᠯᠵᠦ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠦᠷ᠎ᠡ ᠪᠦᠲᠦᠭᠡᠯ᠎ᠤᠨ ᠰᠢᠯᠵᠢᠭᠦᠯᠦᠨ ᠤᠯᠠᠷᠢᠭᠤᠯᠵᠤ ᠵᠢᠱ᠌ᠢᠶ᠎ᠡ ᠦᠵᠡᠭᠦᠯᠬᠦ ᠲᠣᠭᠣᠷᠢᠭ᠎ᠢ ᠪᠠᠢ᠌ᠭᠤᠯᠤᠨ᠎ᠠ ᠃  ᠰᠦ ᠵᠢᠨ ᠦᠢ᠍ᠯᠡᠰ ᠂  ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ ᠂  ᠠᠮᠢᠳᠠᠨ᠎ᠤ ᠸᠠᠺᠼᠢᠨ ᠵᠡᠷᠭᠡ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠢ ᠳᠡᠮᠵᠢᠵᠦ ᠪᠠᠢ᠌ᠭ᠋ᠠᠳ ᠮᠡᠷᠭᠡᠵᠢᠯ᠎ᠤᠨ ᠰᠢᠪᠲᠤᠯᠤᠯᠲᠠ ᠥᠷᠨᠢᠭᠦᠯᠦᠨ ᠂  ᠬᠦᠬᠡᠬᠤᠲᠠ ᠪᠤᠭᠤᠲᠤ ᠣᠷᠳᠣᠰ᠎ᠲᠠᠬᠢ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠰᠢᠨ᠎ᠡ ᠡᠭᠦᠳᠦᠯᠲᠡ ᠵᠢᠨ ᠵᠢᠱ᠌ᠢᠶ᠎ᠡ ᠦᠵᠡᠭᠦᠯᠬᠦ ᠲᠣᠭᠣᠷᠢᠭ ᠂  ᠪᠠᠶᠠᠨᠨᠠᠭᠤᠷ᠎ᠲᠠᠬᠢ ᠤᠯᠤᠰ᠎ᠤᠨ ᠲᠠᠷᠢᠶᠠᠯᠠᠩ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠭᠦ ᠲᠣᠭᠣᠷᠢᠭ ᠂  ᠤᠯᠤᠰ᠎ᠤᠨ ᠡᠪᠡᠰᠦᠨ᠎ᠤ ᠦᠷ᠎ᠡ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠤᠨ ᠡᠭᠦᠳᠦᠨ ᠪᠠᠢ᠌ᠭᠤᠯᠵᠤ ᠰᠢᠪᠲᠤᠯᠤᠯᠲᠠ ᠬᠢᠬᠦ  ᠠᠵᠢᠯ ᠥᠷᠨᠢᠭᠦᠯᠬᠦ ᠵᠢ ᠳᠡᠮᠵᠢᠵᠤ ᠂  ᠭᠣᠣᠯᠳᠠᠯᠭ᠎ᠠ ᠪᠣᠯᠬᠤ ᠲᠤᠷᠰᠢᠯᠲᠠ ᠵᠢᠨ ᠲᠠᠰᠤᠭ᠎ᠤᠨ ᠵᠡᠷᠭᠡ ᠳᠡᠰ᠎ᠢ᠎ᠨᠢ ᠳᠡᠪᠰᠢᠭᠦᠯᠭᠦ ᠵᠢ ᠳᠡᠮᠵᠢᠵᠣ ᠂  ᠰᠢᠨ᠎ᠡ ᠣᠨᠣᠯᠵᠢᠬᠤᠨ ᠵᠶ᠋ᠠᠷ ᠤᠳᠤ ᠦᠶ᠎ᠡ ᠵᠢᠨ ᠰᠢᠨ᠎ᠡ ᠮᠠᠶᠢᠭ᠎ᠤᠨ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠤᠳᠤᠯᠤᠯ᠎ᠤᠨ ᠬᠦᠷᠢᠶᠡᠯᠡᠩ᠎ᠢ ᠪᠠᠢ᠌ᠭᠤᠯᠤᠨ᠎ᠠ ᠃ 《ᠵᠠᠷᠯᠠᠯ ᠬᠦᠯᠢᠶᠡᠵᠦ ᠬᠣᠰᠢᠭᠤᠷᠠᠨ ᠠᠵᠢᠯᠯᠠᠬᠤ》 ᠳᠦᠷᠢᠮ᠎ᠢ ᠬᠦᠴᠦᠲᠡᠢ ᠬᠡᠷᠡᠭᠵᠢᠭᠦᠯᠵᠦ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠂  ᠶᠡᠬᠡ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ᠎ᠤᠨ ᠡᠵᠡᠨ ᠮᠡᠳᠡᠬᠦ ᠡᠷᠬᠡ ᠵᠢ ᠥᠷᠭᠡᠳᠬᠡᠵᠦ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠬᠠᠮᠲᠤᠷᠠᠯᠴᠠᠭ᠎ᠠ ᠵᠢ ᠥᠷᠭᠡᠳᠬᠡᠨ ᠭᠦᠨᠵᠡᠭᠡᠢ᠌ᠷᠡᠭᠦᠯᠵᠦ ᠂  ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠎ᠠ ᠃  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ ᠵᠢᠨ ᠴᠢᠳᠠᠪᠤᠷᠢᠲᠠᠨ᠎ᠤ ᠲᠣᠭᠲᠠᠴᠠ ᠵᠢᠨ ᠥᠭᠡᠷᠡᠴᠢᠯᠡᠯᠲᠡ ᠵᠢ ᠠᠬᠢᠭᠤᠯᠵᠤ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ᠎ᠤ ᠪᠦᠯᠬᠦᠮ ᠨᠡᠶ᠋ᠢᠲᠡ ᠵᠢ ᠶᠡᠬᠡ᠎ᠪᠠᠷ ᠬᠥᠲᠥᠯᠥᠨ ᠳᠠᠭ᠋ᠠᠭᠤᠯᠵᠤ ᠬᠥᠮᠥᠵᠢᠭᠦᠯᠦᠨ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠵᠠᠯᠠᠭᠤ ᠴᠢᠳᠠᠪᠤᠷᠢᠲᠠᠨ᠎ᠢ ᠬᠥᠮᠥᠵᠢᠭᠦᠯᠵᠦ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠣᠨᠴᠠ ᠲᠣᠮᠢᠯᠠᠭᠴᠢ ᠵᠢᠨ ᠳᠦᠷᠢᠮ᠎ᠢ ᠭᠦᠨᠵᠡᠭᠡᠢ ᠬᠡᠷᠡᠭᠵᠢᠭᠦᠯᠦᠨ᠎ᠡ ᠃

       ᠨᠡᠭᠡᠭᠡᠯᠲᠡ ᠬᠢᠬᠦ ᠵᠢ ᠥᠷᠭᠡᠳᠬᠡᠬᠦ ᠠᠷᠭ᠎ᠠ ᠬᠡᠮᠵᠢᠶ᠎ᠡ ᠵᠢ ᠪᠦᠲᠦᠮᠵᠢᠲᠠᠢ ᠨᠠᠢ᠌ᠳᠠᠪᠤᠷᠢᠵᠢᠭᠤᠯᠤᠨ᠎ᠠ ᠃ 《ᠲᠠᠯᠪᠢᠬᠤ》 ᠪᠠ 《ᠰᠡᠷᠭᠡᠢ᠌ᠯᠡᠬᠦ》 ᠵᠢ ᠨᠢᠭᠡᠳᠦᠯᠲᠡᠢ ᠲᠥᠯᠥᠪᠯᠡᠵᠦ ᠂  ᠨᠢᠭᠡ ᠲᠠᠯ᠎ᠠ᠎ᠪᠠᠷ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠎ᠪᠠᠨ ᠪᠣᠳᠠᠲᠠᠢ ᠠᠳᠬᠤᠨ ᠂  ᠨᠦᠭᠦᠭᠡ ᠲᠠᠯ᠎ᠠ᠎ᠪᠠᠷ ᠬᠢᠯᠢ ᠵᠢᠨ ᠪᠣᠭᠣᠮᠲᠠ ᠵᠢᠨ ᠰᠠᠭ᠋ᠠᠳ ᠦᠭᠡᠢ ᠨᠡᠪᠲᠡᠷᠡᠬᠦ ᠵᠢ ᠰᠠᠢ᠌ᠲᠤᠷ ᠠᠳᠬᠤᠨ᠎ᠠ ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ᠎ᠳᠤ ᠢᠳᠡᠪᠬᠢᠲᠡᠢ ᠠᠭᠤᠰᠤᠯᠴᠠᠨ ᠂  ᠤᠷᠤᠰ ᠮᠣᠩᠭᠣᠯ᠎ᠯᠤᠭ᠎ᠠ ᠵᠢᠨ ᠡᠯ᠎ᠡ ᠬᠦᠷᠢᠶᠡᠨ᠎ᠳᠠᠬᠢ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ ᠂  ᠬᠢᠯᠢ ᠵᠢᠨ ᠪᠣᠭᠣᠮᠲᠠ ᠵᠢᠨ ᠬᠦᠢ᠍ᠰᠦ ᠪᠣᠯᠬᠤ ᠴᠢᠳᠠᠮᠵᠢ᠎ᠪᠠᠨ ᠥᠷᠭᠡᠳᠬᠡᠨ ᠥᠭᠡᠷᠡᠴᠢᠯᠡᠬᠦ ᠂  ᠬᠣᠯᠪᠤᠭ᠋ᠠᠯᠠᠨ ᠲᠡᠭᠡᠭᠡᠪᠦᠷᠢᠯᠡᠬᠦ ᠵᠠᠮ᠎ᠤᠨ ᠴᠢᠳᠠᠪᠤᠷᠢ ᠵᠢ ᠨᠡᠮᠡᠭᠳᠡᠭᠦᠯᠦᠨ ᠴᠢᠩᠭ᠋ᠠᠳᠬᠠᠬᠤ ᠂  ᠲᠥᠪᠯᠡᠷᠡᠭᠦᠯᠵᠦ ᠬᠤᠪᠢᠶᠠᠷᠢᠯᠠᠨ ᠲᠡᠭᠡᠭᠡᠪᠦᠷᠢᠯᠡᠬᠦ ᠪᠡᠯᠡᠳᠬᠡᠮᠵᠢ ᠵᠢᠨ ᠳᠤᠲᠠᠭᠤᠳᠠᠯ᠎ᠢ ᠨᠥᠬᠥᠪᠦᠷᠢᠯᠡᠬᠦ ᠵᠡᠷᠭᠡ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ᠎ᠢ ᠵᠣᠬᠢᠶᠠᠨ ᠪᠠᠢ᠌ᠭᠤᠯᠵᠤ ᠬᠡᠷᠡᠭᠵᠢᠭᠦᠯᠦᠨ ᠂  ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ  ᠴᠢᠬᠤᠯᠠ ᠬᠥᠭᠥᠷᠭᠡᠨ ᠪᠡᠬᠢᠯᠡᠯᠲᠡ ᠵᠢ ᠴᠣᠭᠴᠠᠯᠠᠬᠤ᠎ᠳᠤ ᠰᠠᠭᠤᠷᠢ ᠵᠢ᠎ᠨᠢ ᠪᠡᠬᠢᠵᠢᠭᠦᠯᠦᠨ᠎ᠡ ᠃  ᠮᠠᠨᠵᠤᠤᠷ ᠂  ᠡᠷᠢᠶᠡᠨ ᠬᠤᠳᠠ᠎ᠳᠠᠬᠢ ᠤᠯᠤᠰ᠎ᠤᠨ ᠭᠣᠣᠯᠳᠠᠯᠭ᠎ᠠ᠎ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ  ᠲᠤᠷᠰᠢᠯᠲᠠ ᠵᠢᠨ ᠲᠣᠭᠣᠷᠢᠭ᠎ᠤᠨ ᠴᠢᠳᠠᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂  ᠥᠷᠭᠡᠨ ᠬᠡᠪᠴᠢᠶᠡᠨ᠎ᠤ ᠬᠢᠯᠢ ᠵᠢᠨ ᠪᠣᠭᠣᠮᠲᠠ ᠵᠢᠨ ᠠᠵᠤ ᠠᠬᠤᠢ ᠵᠢ ᠶᠡᠬᠡ᠎ᠪᠠᠷ ᠬᠥᠭᠵᠢᠭᠦᠯᠦᠨ᠎ᠡ ᠃  ᠭᠠᠳᠠᠭᠰᠢᠯ ᠮᠠᠶᠢᠭ᠎ᠤᠨ ᠠᠵᠤ ᠦᠢ᠍ᠯᠡᠰ᠎ᠢ ᠢᠳᠡᠪᠬᠢᠲᠡᠢ ᠪᠤᠵᠠᠭ᠋ᠠᠢ᠌ᠷᠠᠭᠤᠯᠤᠨ ᠂  ᠳᠤᠮᠲᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡᠨ᠎ᠤ ᠣᠷᠣᠯᠴᠠᠴᠠ ᠵᠢ ᠳᠡᠭᠡᠭᠰᠢᠯᠡᠭᠦᠯᠵᠦ ᠂  ᠭᠠᠳᠠᠭ᠋ᠠᠳᠤ ᠪᠡᠯᠡ ᠵᠢ ᠲᠠᠳᠡᠨ ᠠᠪᠴᠢᠷᠠᠬᠤ ᠪᠠ ᠭᠠᠳᠠᠭ᠋ᠠᠳᠤ ᠠᠷᠠᠯᠵᠢᠶᠠᠨ᠎ᠤ ᠬᠡᠪᠴᠢᠶ᠎ᠡ ᠵᠢ ᠥᠷᠭᠡᠳᠬᠡᠨ᠎ᠡ ᠃  ᠪᠡᠭᠡᠵᠢᠩ ᠲᠢᠶᠠᠨᠵᠢᠨ ᠾᠧᠪᠧᠢ ᠂  ᠬᠥᠬᠡᠮᠥ᠋ᠷᠡᠨ᠎ᠤ ᠭᠤᠷᠪᠠᠯᠵᠢᠨ ᠬᠣᠢ᠌ᠭ ᠂  ᠭᠤᠸᠠᠩᠳᠦ᠋ᠩ ᠰᠢᠶᠠᠩᠭ᠋ᠠᠩ ᠣᠣᠮᠧᠨ ᠪᠠ ᠬᠠᠳᠣᠨ ᠭᠣᠣᠯ ᠳᠠᠭ᠋ᠠᠤ ᠵᠢᠨ ᠮᠤᠵᠢ ᠂  ᠬᠥᠷᠰᠢ ᠵᠡᠷᠭᠡᠯᠡᠳᠡᠭᠡ ᠮᠤᠵᠢ ᠣᠷᠣᠨ᠎ᠯᠤᠭ᠎ᠠ ᠵᠢᠨ ᠪᠣᠳᠠᠲᠠᠢ ᠵᠢ ᠡᠷᠬᠢᠮᠯᠡᠵᠦ ᠬᠠᠮᠲᠤᠷᠠᠨ ᠠᠵᠢᠯᠯᠠᠬᠤ᠎ᠪᠠᠨ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ ᠂  ᠢᠯᠠᠩᠭᠤᠶ᠎ᠠ ᠡᠨᠧᠷᠬᠢ ᠂  ᠠᠮᠢ ᠠᠬᠤᠢ ᠂  ᠵᠢᠭᠤᠯᠴᠢᠯᠠᠯ ᠂  ᠠᠷᠠᠯᠵᠢᠶ᠎ᠠ ᠬᠤᠳᠠᠯᠳᠤᠭ᠎ᠠ ᠪᠠ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ ᠂  ᠰᠤᠷᠭ᠋ᠠᠨ ᠬᠥᠮᠦᠵᠢᠯ ᠂  ᠡᠮᠴᠢᠯᠡᠭᠡ ᠂  ᠴᠢᠳᠠᠪᠤᠷᠢᠲᠠᠨ ᠵᠡᠷᠭᠡ ᠭᠣᠣᠯᠳᠠᠯᠭ᠎ᠠ ᠪᠣᠯᠬᠤ ᠬᠦᠷᠢᠶ᠎ᠡ ᠴᠠᠷᠠᠭ᠋ᠠᠨ᠎ᠳᠤ ᠰᠢᠪᠲᠤᠯᠤᠯᠲᠠ ᠭᠠᠷᠭ᠋ᠠᠬᠤ᠎ᠪᠠᠷ  ᠰᠦᠪᠡᠭᠴᠢᠯᠡᠨ ᠂  ᠨᠢᠭᠡ ᠵᠢ ᠨᠢᠭᠡ᠎ᠳᠤ ᠴᠢᠭᠯᠡᠬᠦᠯᠬᠦ ᠪᠠ ᠨᠢᠭᠡ ᠵᠢ ᠣᠯᠠᠨ᠎ᠳᠤ ᠴᠢᠭᠯᠡᠭᠦᠯᠦᠭᠰᠡᠨ ᠬᠠᠮᠲᠤᠷᠠᠵᠤ ᠠᠵᠢᠯᠯᠠᠬᠤ ᠵᠦᠢ᠍ᠯᠡᠰ᠎ᠢ ᠣᠨᠣᠴᠠᠲᠠᠢ ᠰᠡᠳᠦᠨ ᠲᠥᠯᠥᠪᠯᠡᠵᠦ ᠂  ᠳᠡᠭᠡᠳᠦ ᠦᠵᠦᠭᠦᠷ᠎ᠤᠨ ᠠᠵᠤ ᠦᠢ᠍ᠯᠡᠰ᠎ᠲᠠᠢ ᠵᠣᠯᠭ᠋ᠠᠭᠤᠯᠬᠤ ᠂  ᠳᠠᠭ᠋ᠠᠭᠤᠯᠤᠭᠴᠢ ᠠᠵᠤ ᠠᠬᠤᠢ᠌ᠯᠠᠯ᠎ᠢ ᠣᠷᠣᠭᠤᠯᠤᠨ ᠠᠪᠴᠢᠷᠠᠬᠤ ᠂  ᠲᠡᠷᠢᠭᠦᠨ᠎ᠤ ᠬᠦᠴᠦᠨ ᠵᠦᠢ᠍ᠯ᠎ᠢ ᠰᠢᠩᠭᠡᠬᠡᠨ ᠠᠪᠬᠤ ᠂  ᠬᠡᠷᠡᠭᠯᠡᠭᠡ ᠵᠢᠨ ᠵᠠᠬ᠎ᠠ ᠳᠡᠯᠭᠡᠭᠦᠷ᠎ᠢ ᠥᠷᠭᠡᠳᠬᠡᠬᠦ ᠠᠵᠢᠯ ᠵᠶ᠋ᠠᠨ ᠨᠡᠩ ᠰᠠᠢ᠌ᠨ ᠪᠣᠯᠭ᠋ᠠᠨ᠎ᠠ ᠃

      (ᠲᠠᠪᠤ) ᠬᠤᠲᠠ ᠬᠥᠳᠡᠭᠡ ᠵᠢᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠬᠦᠴᠦᠯᠡᠨ ᠠᠬᠢᠭᠤᠯᠵᠤ ᠂  ᠪᠦᠬᠦ ᠣᠷᠣᠨ᠎ᠤ ᠡᠯ᠎ᠡ ᠭᠠᠵᠠᠷ᠎ᠤᠨ ᠥᠷᠢᠰᠦᠯᠳᠦᠨ ᠬᠥᠭᠵᠢᠭᠰᠡᠨ  ᠬᠥᠭᠵᠢᠶᠡᠩᠭᠦᠢ  ᠪᠠᠢ᠌ᠳᠠᠯ᠎ᠢ ᠪᠤᠢ ᠪᠣᠯᠭ᠋ᠠᠨ᠎ᠠ ᠃  ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠂  ᠵᠡᠭᠦᠨ ᠬᠣᠢ᠌ᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠨᠢᠭᠡ ᠡᠭᠡᠯᠵᠢ ᠵᠢᠨ ᠪᠠᠢ᠌ᠯᠳᠤᠬᠤ ᠪᠣᠳᠣᠯᠭ᠎ᠠ ᠠᠷᠭ᠎ᠠ ᠬᠡᠮᠵᠢᠶ᠎ᠡ ᠵᠢ ᠭᠦᠨᠵᠡᠭᠡᠢ᠌ᠷᠡᠭᠦᠯᠦᠨ ᠨᠠᠢ᠌ᠳᠠᠪᠤᠷᠢᠵᠢᠭᠤᠯᠵᠤ ᠂  ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠤᠨ ᠂  ᠲᠥᠪᠯᠡᠷᠡᠭᠦᠯᠵᠦ ᠪᠥᠭᠡᠮᠨᠡᠷᠡᠭᠦᠯᠵᠦ ᠡᠷᠴᠢᠮᠵᠢᠭᠦᠯᠵᠦ ᠬᠥᠭᠵᠢᠭᠦᠯᠬᠦ ᠵᠢ ᠬᠦᠴᠦᠯᠡᠨ ᠠᠬᠢᠭᠤᠯᠵᠤ ᠂  ᠬᠤᠲᠠ ᠬᠥᠳᠡᠭᠡ ᠵᠢᠨ ᠣᠷᠣᠨ ᠪᠦᠰᠡ ᠵᠢᠨ ᠵᠣᠬᠢᠴᠠᠩᠭᠤᠢ ᠬᠥᠭᠵᠢᠭᠰᠡᠨ ᠰᠢᠨ᠎ᠡ ᠪᠠᠢ᠌ᠷᠢᠰᠢᠯ᠎ᠢ ᠲᠦᠷᠭᠡᠳᠬᠡᠨ ᠪᠠᠢ᠌ᠭᠤᠯᠤᠨ᠎ᠠ ᠃

       ᠬᠥᠳᠡᠭᠡ ᠲᠤᠰᠬᠤᠨ ᠵᠶ᠋ᠠᠨ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠤᠨ᠎ᠠ ᠃  ᠪᠤᠴᠠᠭ᠋ᠠᠳ ᠶᠠᠳᠠᠭᠤᠷᠠᠬᠤ ᠵᠢ ᠰᠡᠷᠭᠡᠢ᠌ᠯᠡᠬᠦ᠎ᠪᠠᠷ ᠤᠷᠢᠳᠠᠯ ᠪᠤᠯᠭ᠋ᠠᠵᠤ ᠂  ᠬᠢᠨᠠᠨ ᠰᠢᠨᠵᠢᠬᠦ ᠬᠠᠪᠰᠤᠷᠤᠨ ᠳᠡᠳᠭᠦᠬᠦ ᠲᠣᠭᠲᠠᠴᠠ᠎ᠪᠠᠨ ᠲᠡᠭᠦᠯᠳᠡᠷᠵᠢᠭᠦᠯᠦᠨ ᠂  ᠭᠣᠣᠯᠳᠠᠯᠭ᠎ᠠ᠎ᠲᠠᠢ ᠬᠠᠪᠰᠤᠷᠤᠨ ᠳᠡᠳᠭᠦᠭᠦ ᠬᠣᠰᠢᠭᠤ ᠰᠢᠶᠠᠨ ᠲᠡᠢ᠌ᠰᠢ ᠬᠡᠯᠪᠡᠢ᠌ᠯᠭᠡᠨ ᠳᠡᠮᠵᠢᠬᠦ ᠪᠠ  ᠣᠨᠳᠣᠣ  ᠭᠠᠵᠠᠷ᠎ᠲᠤ ᠨᠡᠭᠦᠯᠭᠡᠭᠰᠡᠨ᠎ᠤ ᠳᠠᠷᠠᠭ᠎ᠠ ᠦᠷᠬᠦᠯᠵᠢᠯᠡᠨ ᠳᠡᠳᠭᠦᠭᠦ ᠵᠢ ᠰᠠᠢ᠌ᠲᠤᠷ ᠠᠳᠬᠤᠵᠤ ᠂  ᠬᠡᠪᠴᠢᠶᠡᠵᠢᠯ᠎ᠤᠨ ᠴᠢᠨᠠᠷᠲᠠᠢ ᠪᠤᠴᠠᠭ᠋ᠠᠳ ᠶᠠᠳᠠᠭᠤᠷᠠᠬᠤ ᠦᠵᠡᠭᠳᠡᠯ ᠭᠠᠷᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠨ ᠂  ᠶᠠᠳᠠᠭᠤ᠎ᠠᠴᠠ ᠠᠩᠭᠢᠵᠢᠷᠠᠭᠰᠠᠨ ᠣᠯᠠᠨ ᠲᠦᠮᠡᠨ᠎ᠤ ᠠᠮᠢᠳᠤᠷᠠᠯ᠎ᠢ ᠰᠢᠨ᠎ᠡ ᠲᠦᠪᠰᠢᠨ᠎ᠳᠤ ᠬᠦᠷᠭᠡᠬᠦ᠎ᠪᠠᠷ ᠴᠢᠷᠮᠠᠢ᠌ᠨ᠎ᠠ ᠃  ᠣᠨᠴᠠᠯᠢᠭ᠎ᠲᠠᠢ ᠲᠠᠷᠢᠵᠤ ᠤᠷᠭᠤᠭᠤᠯᠤᠨ ᠲᠡᠵᠢᠭᠡᠵᠦ ᠦᠷᠡᠵᠢᠭᠦᠯᠬᠦ ᠂  ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠦᠨ ᠪᠤᠯᠪᠠᠰᠤᠷᠠᠭᠤᠯᠬᠤ ᠂  ᠬᠥᠳᠡᠭᠡ ᠲᠤᠰᠬᠤᠨ᠎ᠤ ᠵᠢᠭᠤᠯᠴᠢᠯᠠᠯ ᠵᠡᠷᠭᠡ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ ᠬᠥᠭᠵᠢᠭᠦᠯᠵᠦ ᠂  ᠠᠵᠤ ᠦᠢ᠍ᠯᠡᠰ᠎ᠤᠨ ᠬᠡᠪᠴᠢᠶ᠎ᠡ ᠪᠠ ᠶᠠᠰᠤ ᠴᠢᠨᠠᠷ᠎ᠢ ᠳᠡᠭᠡᠭᠰᠢᠯᠡᠭᠦᠯᠦᠨ ᠂  ᠠᠵᠢᠯ ᠣᠯᠭᠣᠨ ᠦᠢ᠍ᠯᠡᠰ ᠪᠣᠰᠬᠠᠬᠤ ᠪᠠᠭᠲᠠᠭ᠋ᠠᠮᠵᠢ ᠵᠢ ᠥᠷᠭᠡᠳᠬᠡᠵᠦ ᠂  ᠲᠠᠷᠢᠶᠠᠴᠢᠨ ᠪᠠ ᠠᠵᠤ ᠠᠬᠤᠢ᠌ᠯᠠᠯ᠎ᠤᠨ ᠠᠰᠢᠭ ᠲᠤᠰᠠ ᠵᠢᠨ ᠬᠤᠯᠪᠤᠭ᠎ᠠ ᠵᠢ ᠨᠢᠭᠲᠠᠷᠠᠭᠤᠯᠤᠨ ᠂  ᠲᠠᠷᠢᠶᠠᠴᠢᠨ ᠮᠠᠯᠴᠢᠳ᠎ᠤᠨ ᠵᠣᠬᠢᠶᠠᠨ ᠪᠠᠢ᠌ᠭᠤᠯᠤᠯᠲᠠ ᠪᠣᠯᠬᠤ ᠪᠠ ᠬᠣᠷᠰᠢᠶᠠᠵᠢᠯ᠎ᠤᠨ ᠵᠢᠷᠤᠮᠵᠢᠯ᠎ᠲᠠᠢ ᠪᠣᠯᠬᠤ ᠬᠡᠮᠵᠢᠶ᠎ᠡ ᠵᠢ ᠳᠡᠭᠡᠭᠰᠢᠯᠡᠭᠦᠯᠦᠨ᠎ᠡ ᠃  ᠨᠤᠲᠤᠭ᠎ᠤᠨ ᠴᠢᠳᠠᠪᠤᠷᠢᠲᠠᠨ ᠂  ᠰᠢᠯᠢᠳᠡᠭ ᠣᠶᠤᠲᠠᠳ᠎ᠤᠨ ᠨᠤᠲᠤᠭ᠎ᠲᠤ᠎ᠪᠠᠨ ᠪᠤᠴᠠᠵᠤ ᠦᠢ᠍ᠯᠡᠰ ᠪᠣᠰᠬᠠᠬᠤ ᠵᠢ ᠳᠡᠮᠵᠢᠵᠤ ᠂ 《ᠴᠢᠳᠠᠯᠲᠠᠨ᠎ᠤ ᠠᠵᠤ ᠠᠬᠤᠢ》 ᠵᠢ ᠬᠥᠭᠵᠢᠭᠦᠯᠵᠦ ᠂  ᠪᠡᠭᠡᠵᠢᠩ ᠪᠠ ᠥᠪᠥᠷ ᠮᠣᠩᠭᠣᠯ᠎ᠤᠨ ᠬᠠᠮᠵᠢᠯᠴᠠᠭ᠎ᠠ ᠂  ᠴᠡᠭ ᠲᠣᠭᠲᠠᠭ᠋ᠠᠵᠤ ᠬᠠᠪᠰᠤᠷᠤᠨ ᠳᠡᠳᠭᠦᠭᠦ ᠪᠠ 《ᠲᠦᠮᠡᠨ ᠠᠵᠤ ᠠᠬᠤᠢ᠌ᠯᠠᠯ ᠵᠶ᠋ᠠᠷ ᠲᠦᠮᠡᠨ ᠲᠤᠰᠬᠤᠨ᠎ᠢ ᠬᠥᠭᠵᠢᠭᠦᠯᠦᠨ ᠮᠠᠨᠳᠤᠭᠤᠯᠬᠤ》 ᠠᠵᠢᠯᠯᠠᠭ᠋ᠠᠨ᠎ᠢ ᠭᠦᠨᠵᠡᠭᠡᠢ᠌ᠷᠡᠭᠦᠯᠦᠨ᠎ᠡ ᠃  ᠬᠥᠳᠡᠭᠡ ᠲᠤᠰᠬᠤᠨ᠎ᠤ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠪᠠᠨ ᠪᠦᠬᠦ ᠲᠠᠯ᠎ᠠ᠎ᠪᠠᠷ ᠪᠡᠶᠡᠯᠡᠭᠦᠯᠵᠦ ᠂  ᠣᠷᠣᠰᠢᠨ ᠰᠠᠭᠤᠷᠢᠰᠢᠬᠤ ᠣᠷᠴᠢᠨ ᠨᠥᠬᠥᠴᠡᠯ᠎ᠢ ᠴᠡᠭᠴᠡᠯᠡᠨ ᠵᠠᠰᠠᠬᠤ ᠠᠵᠢᠯᠯᠠᠭ᠋ᠠᠨ᠎ᠢ ᠯᠠᠪᠳᠠᠭᠤᠨ ᠪᠠᠲᠤᠲᠠᠢ ᠥᠷᠨᠢᠭᠦᠯᠦᠨ ᠂  ᠠᠰᠠᠭᠤᠳᠠᠯ᠎ᠲᠠᠢ ᠵᠣᠷᠯᠣᠩ᠎ᠢ ᠴᠡᠭᠴᠡᠯᠡᠨ ᠰᠠᠢ᠌ᠵᠢᠷᠠᠭᠤᠯᠵᠤ ᠂  ᠠᠷᠢᠭᠤᠨ ᠴᠡᠪᠡᠷ ᠵᠣᠷᠯᠣᠩ᠎ᠢ ᠰᠢᠨ᠎ᠡ᠎ᠪᠠᠷ 11 ᠲᠦᠮᠡ ᠪᠠᠢ᠌ᠭᠤᠯᠤᠨ ᠂  ᠠᠮᠢᠳᠤᠷᠠᠯ᠎ᠤᠨ ᠬᠣᠭ ᠨᠣᠪᠰᠢ ᠪᠣᠬᠢᠷ ᠤᠰᠤᠨ᠎ᠤ ᠵᠠᠰᠠᠯᠲᠠ ᠵᠢ ᠲᠣᠭᠣᠷᠢᠭ ᠪᠠ ᠲᠥᠷᠥᠯ ᠬᠤᠪᠢᠶᠠᠵᠤ ᠠᠬᠢᠭᠤᠯᠤᠨ᠎ᠠ ᠃  ᠬᠢᠯᠢ ᠬᠢᠵᠠᠭ᠋ᠠᠷ᠎ᠤᠨ ᠭᠠᠵᠠᠷ ᠣᠷᠣᠨ᠎ᠳᠠᠬᠢ ᠰᠤᠮᠤ ᠰᠢᠶᠠᠩ ᠪᠠᠯᠭ᠋ᠠᠰᠤᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ ᠃  ᠮᠠᠯᠵᠢᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠂  ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠭᠦᠨᠵᠡᠭᠡᠢ ᠥᠷᠨᠢᠭᠦᠯᠦᠨ᠎ᠡ ᠃

       ᠵᠡᠭᠦᠨ ᠳᠤᠮᠳᠠ ᠪᠠᠷᠠᠭᠤᠨ ᠣᠷᠣᠨ᠎ᠤ ᠵᠦᠷᠢᠶᠡᠵᠢᠭᠰᠡᠨ ᠵᠣᠬᠢᠴᠠᠩᠭᠤᠢ ᠬᠥᠭᠵᠢᠯᠲᠡ ᠵᠢ ᠨᠢᠭᠡᠳᠦᠯᠲᠡᠢ ᠲᠥᠯᠥᠪᠯᠡᠵᠦ ᠠᠬᠢᠭᠤᠯᠤᠨ᠎ᠠ ᠃  ᠭᠣᠣᠯ ᠴᠣᠭᠴᠠ ᠵᠢᠨ ᠴᠢᠳᠠᠮᠵᠢᠲᠤ ᠣᠷᠣᠨ᠎ᠤ ᠪᠠᠢ᠌ᠷᠢ ᠲᠣᠭᠲᠠᠭ᠋ᠠᠯᠲᠠ ᠶᠣᠰᠣᠭ᠋ᠠᠷ ᠂  ᠣᠷᠣᠨ ᠪᠦᠰᠡ ᠵᠢᠨ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠵᠦ ᠂  ᠡᠯ᠎ᠡ ᠭᠠᠵᠠᠷ᠎ᠢ ᠬᠥᠲᠥᠯᠥᠨ ᠵᠢᠯᠤᠭᠣᠳᠴᠤ ᠪᠠᠢ᠌ᠭ᠋ᠠᠳ ᠳᠠᠪᠠᠭᠤᠯᠢᠭ ᠪᠠ ᠣᠨᠴᠠᠯᠢᠭ᠎ᠲᠤ᠎ᠪᠠᠨ ᠰᠠᠭᠤᠷᠢᠯᠠᠨ ᠂  ᠠᠵᠢᠯ ᠬᠤᠪᠢᠶᠠᠨ ᠬᠠᠮᠵᠢᠯᠴᠠᠬᠤ᠎ᠪᠠᠨ ᠴᠢᠩᠭ᠋ᠠᠳᠬᠠᠵᠤ ᠂  ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠂  ᠪᠣᠬᠢᠷᠳᠤᠯ ᠦᠭᠡᠢ ᠬᠥᠭᠵᠢᠯᠲᠡ ᠵᠢᠨ ᠵᠠᠮ ᠵᠶ᠋ᠠᠷ ᠰᠠᠢ᠌ᠲᠤᠷ ᠵᠠᠮᠨᠠᠨ᠎ᠠ ᠃  ᠵᠡᠭᠦᠨ ᠬᠡᠰᠡᠭ᠎ᠤᠨ ᠭᠠᠵᠠᠷ ᠣᠷᠣᠨ᠎ᠤ ᠪᠣᠬᠢᠷᠳᠤᠯ ᠦᠭᠡᠢ ᠠᠮᠢ ᠠᠬᠤᠢ ᠵᠢᠨ ᠳᠠᠪᠠᠭᠤᠯᠢᠭ ᠵᠶ᠋ᠠᠨ ᠲᠣᠳᠣᠷᠠᠭᠤᠯᠬᠤ ᠪᠠ ᠪᠠᠳᠠᠷᠠᠭᠤᠯᠵᠤ ᠂  ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ ᠂  ᠠᠮᠢ ᠠᠬᠤᠢ ᠵᠢᠨ ᠵᠢᠭᠤᠯᠴᠢᠯᠠᠯ᠎ᠤᠨ ᠦᠢ᠍ᠯᠡᠰ ᠵᠶ᠋ᠠᠷ ᠲᠤᠯᠭ᠋ᠠᠭᠤᠷᠢ ᠪᠣᠯᠭ᠋ᠠᠵᠤ ᠪᠣᠬᠢᠷᠳᠤᠯ ᠦᠭᠡᠢ ᠠᠵᠤ ᠦᠢ᠍ᠯᠡᠰ᠎ᠤᠨ ᠲᠣᠭᠲᠠᠯᠴᠠᠭ᠎ᠠ ᠵᠢ ᠴᠣᠭᠴᠠᠯᠠᠨ ᠪᠠᠶ᠋ᠢᠭᠤᠯᠬᠤ ᠵᠢ᠎ᠨᠢ ᠠᠬᠢᠭᠤᠯᠤᠨ᠎ᠠ ᠃  ᠤᠯᠠᠭ᠋ᠠᠨᠬᠠᠳᠠ ᠂  ᠲᠦᠩᠯᠢᠶᠣᠣ ᠵᠢᠨ ᠳᠠᠭ᠋ᠠᠭ᠋ᠠᠨ ᠠᠪᠴᠤ ᠵᠠᠯᠭ᠋ᠠᠭᠤᠯᠬᠤ ᠠᠵᠤ ᠦᠢ᠍ᠯᠡᠰ᠎ᠤᠨ ᠰᠢᠯᠵᠢᠯᠲᠡ ᠵᠢᠨ ᠵᠢᠱ᠌ᠢᠶ᠎ᠡ ᠦᠵᠡᠭᠦᠯᠬᠦ ᠲᠣᠭᠣᠷᠢᠭ᠎ᠢ ᠬᠠᠮᠲᠤ᠎ᠪᠠᠷ ᠪᠠᠶ᠋ᠢᠭᠤᠯᠬᠤ ᠵᠢ᠎ᠨᠢ ᠳᠡᠮᠵᠢᠵᠦ ᠂  ᠬᠥᠯᠥᠨ ᠪᠣᠶ᠋ᠢᠷ ᠂  ᠰᠢᠯᠢ ᠵᠢᠨ ᠭᠣᠣᠯ᠎ᠤᠨ ᠲᠡᠨᠢᠭᠡᠷ ᠲᠠᠯ᠎ᠠ ᠨᠤᠲᠤᠭ ᠭᠡᠮᠡᠬᠦ ᠨᠡᠷᠡᠲᠦ ᠲᠡᠮᠳᠡᠭ᠎ᠢ ᠪᠣᠢ ᠪᠣᠯᠭ᠋ᠠᠬᠤ ᠵᠢ᠎ᠨᠢ ᠳᠡᠮᠵᠢᠵᠦ ᠂  ᠬᠢᠩᠭ᠋ᠠᠨ ᠠᠢ᠌ᠮᠠᠭ᠎ᠤᠨ ᠷᠠᠰᠢᠶᠠᠨ᠎ᠤ ᠤᠯᠤᠰ᠎ᠤᠨ ᠳᠡᠰ᠎ᠤᠨ ᠰᠡᠯᠡᠭᠦᠴᠡᠯ ᠵᠤᠭ᠋ᠠᠴᠠᠯ᠎ᠤᠨ ᠠᠮᠠᠷᠠᠯᠲᠠ ᠵᠢᠨ ᠲᠣᠭᠣᠷᠢᠭ᠎ᠢ ᠡᠭᠦᠳᠦᠨ ᠪᠠᠶ᠋ᠢᠭᠤᠯᠬᠤ ᠵᠢ᠎ᠨᠢ ᠳᠡᠮᠵᠢᠨ᠎ᠡ ᠃  ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠠᠬᠢᠴᠠ ᠵᠢ ᠲᠦᠷᠭᠡᠳᠬᠡᠵᠦ ᠂  ᠵᠠᠬ᠎ᠠ ᠳᠡᠯᠭᠡᠭᠦᠷ᠎ᠤᠨ ᠳᠦᠷᠢᠮ᠎ᠤᠨ ᠲᠣᠭᠲᠠᠯᠴᠠᠭ᠎ᠠ ᠵᠢᠨ 《ᠭᠤᠷᠪᠠᠨ ᠬᠠᠮᠲᠤ ᠭᠤᠷᠪᠠᠨ ᠬᠠᠷᠢᠯᠴᠠᠨ》 ᠢᠨᠵᠧᠨᠧᠷᠢᠩ᠎ᠢ ᠬᠡᠷᠡᠭᠵᠢᠭᠦᠯᠦᠨ ᠂  ᠠᠶᠠᠨᠴᠢᠨ᠎ᠤ ᠵᠥᠭᠡᠭᠡᠪᠦᠷᠢ ᠵᠢᠨ 1 ᠴᠠᠭ᠎ᠤᠨ ᠳᠣᠲᠣᠷ᠎ᠠ ᠲᠦᠷᠭᠡᠨ ᠬᠦᠷᠬᠦ ᠲᠣᠭᠣᠷᠢᠭ᠎ᠢ ᠪᠣᠢ ᠪᠣᠯᠭ᠋ᠠᠵᠤ ᠂  ᠣᠶᠤᠨᠯᠢᠭ ᠬᠤᠲᠠ ᠵᠢ ᠨᠢᠭᠡ ᠴᠣᠭᠴᠠ᠎ᠪᠠᠷ ᠪᠠᠢ᠌ᠭᠤᠯᠤᠨ ᠂  ᠬᠦᠴᠦᠲᠡᠢ ᠪᠥᠭᠡᠳ ᠬᠦᠭᠵᠢᠶᠡᠩᠭᠦᠢ ᠨᠡᠮᠡᠭᠳᠡᠯ᠎ᠤᠨ ᠳᠠᠢ᠌ᠴᠢᠯᠠᠬᠤ ᠲᠤᠢ᠌ᠯ᠎ᠢ ᠲᠦᠷᠭᠡᠳᠬᠡᠨ ᠪᠣᠢ ᠪᠣᠯᠭ᠋ᠠᠨ᠎ᠠ ᠃  ᠬᠦᠬᠡᠬᠤᠲᠠ ᠵᠢ ᠳᠡᠮᠵᠢᠵᠦ ᠣᠷᠣᠨ᠎ᠤ ᠲᠥᠪ ᠵᠶ᠋ᠠᠨ ᠬᠦᠴᠦᠷᠬᠡᠭᠵᠢᠭᠦᠯᠬᠦ ᠢᠨᠵᠧᠨᠧᠷᠢᠩ᠎ᠢ ᠬᠡᠷᠡᠭᠵᠢᠭᠦᠯᠦᠨ ᠂  ᠴᠢᠨᠠᠷ ᠰᠠᠢ᠌ᠲᠠᠢ ᠬᠥᠭᠵᠢᠯᠲᠡ ᠵᠢ ᠬᠠᠮᠤᠭ᠎ᠤᠨ ᠲᠡᠷᠢᠭᠦᠨ᠎ᠳᠤ ᠪᠡᠶᠡᠯᠡᠭᠦᠯᠦᠨ᠎ᠡ ᠂  ᠪᠤᠭᠤᠲᠤ ᠵᠢ ᠳᠡᠮᠵᠢᠵᠦ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ ᠪᠠ ᠣᠳᠣ ᠦᠶ᠎ᠡ ᠵᠢᠨ ᠲᠣᠨᠤᠭ ᠲᠥᠬᠦᠭᠡᠷᠦᠮᠵᠢ ᠦᠢ᠍ᠯᠡᠳᠬᠦ ᠰᠠᠭᠤᠷᠢᠨ ᠭᠠᠵᠠᠷ᠎ᠢ ᠪᠠᠢ᠌ᠭᠤᠯᠤᠨ᠎ᠠ ᠂  ᠣᠷᠳᠣᠰ᠎ᠢ ᠳᠡᠮᠵᠢᠵᠦ ᠣᠳᠣ ᠦᠶ᠎ᠡ ᠵᠢᠨ ᠡᠨᠧᠷᠭᠢ ᠵᠢᠨ ᠠᠵᠤ ᠦᠢ᠍ᠯᠡᠰ᠎ᠤᠨ ᠰᠠᠭᠤᠷᠢᠨ ᠭᠠᠵᠠᠷ᠎ᠢ ᠪᠠᠢ᠌ᠭᠤᠯᠤᠨ᠎ᠠ ᠂  ᠤᠯᠠᠭ᠋ᠠᠨᠴᠠᠪ᠎ᠢ ᠳᠡᠮᠵᠢᠵᠦ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ ᠪᠠ ᠬᠢᠯᠢ ᠵᠢᠨ ᠪᠣᠭᠣᠮᠲᠠ ᠵᠢᠨ ᠪᠦᠰᠡ ᠲᠣᠭᠣᠷᠢᠭ᠎ᠢ ᠪᠣᠢ ᠪᠣᠯᠭ᠋ᠠᠨ᠎ᠠ ᠃  ᠪᠠᠷᠠᠭᠤᠨ ᠬᠡᠰᠡᠭ᠎ᠤᠨ ᠭᠠᠵᠠᠷ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠤᠲᠠᠭᠤᠳᠠᠯ ᠵᠶ᠋ᠠᠨ ᠨᠥᠬᠥᠪᠦᠷᠢᠯᠡᠬᠦ ᠵᠢ ᠠᠬᠢᠭᠤᠯᠵᠤ ᠂  ᠠᠭᠤᠷᠬᠠᠢ ᠮᠠᠯᠲᠠᠬᠤ ᠂  ᠬᠡᠦᠷᠰᠢᠭᠦᠯᠬᠦ ᠵᠡᠷᠭᠡ ᠠᠵᠤ ᠦᠢ᠍ᠯᠡᠰ᠎ᠢ ᠨᠡᠢ᠌ᠯᠡᠭᠦᠯᠦᠨ ᠰᠢᠯᠢᠳᠡᠭᠵᠢᠭᠦᠯᠵᠦ ᠂  ᠡᠷᠭᠢᠯᠲᠡᠲᠦ ᠠᠵᠤ ᠠᠬᠤᠢ ᠵᠢ ᠶᠡᠬᠡ᠎ᠪᠠᠷ ᠬᠥᠭᠵᠢᠭᠦᠯᠦᠨ᠎ᠡ ᠃  ᠪᠠᠶᠠᠨᠨᠠᠭᠤᠷ᠎ᠤᠨ ᠪᠣᠷᠣᠳᠣᠬᠣᠢ ᠵᠢᠨ ᠤᠰᠤᠯᠠᠯᠲᠠ ᠵᠢᠨ ᠣᠷᠣᠨ᠎ᠤ ᠣᠳᠣᠬᠢᠴᠢᠯᠠᠵᠤ ᠥᠭᠡᠷᠡᠴᠢᠯᠡᠨ ᠰᠠᠢ᠌ᠵᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠬᠤ ᠵᠢ ᠳᠡᠮᠵᠢᠨ᠎ᠡ ᠂  ᠦᠬᠠᠢ ᠵᠢᠨ ᠡᠬᠢ ᠪᠠᠶᠠᠯᠢᠭ ᠰᠢᠪᠬᠠᠷᠤᠭᠰᠠᠨ ᠬᠤᠲᠠ ᠵᠢᠨ ᠬᠡᠯᠪᠡᠷᠢ᠎ᠪᠠᠨ ᠲᠦᠷᠭᠡᠳᠬᠡᠨ ᠬᠤᠪᠢᠷᠠᠭᠤᠯᠬᠤ ᠵᠢ ᠳᠡᠮᠵᠢᠨ᠎ᠡ ᠂  ᠠᠯᠠᠱ᠌ᠠ ᠵᠢᠨ ᠳᠠᠬᠢᠨ ᠡᠭᠦᠰᠴᠦ ᠪᠣᠯᠬᠤ ᠡᠨᠧᠷᠬᠢ ᠵᠢᠨ ᠰᠠᠭᠤᠷᠢᠨ ᠭᠠᠵᠠᠷ ᠪᠠᠶ᠋ᠢᠭᠤᠯᠬᠤ ᠵᠢ ᠳᠡᠮᠵᠢᠨ᠎ᠡ ᠃

      (ᠵᠢᠷᠭᠤᠭ᠎ᠠ) ᠰᠠᠭᠤᠷᠢ ᠪᠠᠲᠤᠯᠠᠭ᠎ᠠ ᠵᠢ ᠰᠠᠬᠢᠵᠤ ᠦᠨᠳᠦᠰᠦᠨ ᠵᠦᠢ᠍ᠯ᠎ᠢ ᠪᠠᠲᠤᠯᠠᠨ ᠳᠤᠲᠠᠭᠤᠳᠠᠯ ᠵᠶ᠋ᠠᠨ ᠨᠥᠬᠥᠪᠦᠷᠢᠯᠡᠬᠦ᠎ᠪᠠᠷ ᠬᠦᠴᠦᠯᠡᠨ ᠴᠢᠷᠮᠠᠢ᠌ᠵᠤ ᠂  ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠦᠷᠭᠦᠯᠵᠢᠯᠡᠨ ᠨᠡᠮᠡᠭᠳᠡᠭᠦᠯᠦᠨ᠎ᠡ ᠃  ᠠᠵᠤ ᠠᠬᠤᠢ ᠵᠢᠨ ᠬᠥᠭᠵᠢᠯᠲᠡ ᠪᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ ᠂  ᠴᠢᠳᠠᠯ᠎ᠤᠨ ᠵᠶ᠋ᠠᠨ ᠬᠢᠷᠢ᠎ᠪᠠᠷ ᠴᠢᠷᠮᠠᠢ᠌ᠨ ᠠᠵᠢᠯᠯᠠᠵᠤ ᠂  ᠭᠣᠣᠯᠳᠠᠭᠤ ᠣᠯᠠᠨ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠬᠦᠷᠢᠶᠡᠨ᠎ᠳᠠᠬᠢ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠣᠨᠣᠴᠠᠲᠠᠢ ᠬᠠᠩᠭ᠋ᠠᠵᠤ ᠂  ᠬᠠᠮᠲᠤ᠎ᠪᠠᠷ ᠴᠢᠨᠡᠭᠡᠯᠢᠭᠵᠢᠬᠦ ᠬᠠᠷᠠᠯᠲᠠ ᠲᠡᠢ᠌ᠰᠢ ᠯᠠᠪᠳᠠᠭᠤᠨ ᠪᠠᠲᠤᠲᠠᠢ ᠤᠷᠤᠭᠰᠢᠯᠠᠨ᠎ᠠ ᠃

       ᠠᠵᠢᠯ ᠣᠯᠭᠣᠯᠲᠠ ᠵᠢ ᠦᠨᠡᠨ ᠬᠦ᠌ ᠲᠣᠭᠲᠠᠭᠤᠨ ᠵᠶ᠋ᠠᠷ ᠥᠷᠭᠡᠳᠬᠡᠨ᠎ᠡ ᠃  ᠴᠢᠨᠠᠷ ᠰᠠᠢ᠌ᠲᠠᠢ ᠬᠥᠭᠵᠢᠯᠲᠡ ᠵᠢᠨ ᠶᠠᠪᠤᠴᠠ᠎ᠳᠤ᠎ᠪᠠᠨ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠤᠳᠤᠷᠢᠳᠤᠮᠵᠢ ᠵᠢ ᠴᠢᠩᠭ᠋ᠠᠷᠠᠭᠤᠯᠤᠨ ᠂  ᠠᠵᠤ ᠠᠬᠤᠢ᠌ᠯᠠᠯ᠎ᠢ ᠲᠣᠭᠲᠠᠭᠤᠨ ᠪᠠᠢ᠌ᠯᠭ᠋ᠠᠬᠤ᠎ᠪᠠᠷ ᠠᠵᠢᠯ ᠣᠯᠭᠣᠯᠲᠠ ᠵᠢ ᠲᠣᠭᠲᠠᠭᠤᠨ ᠪᠣᠯᠭ᠋ᠠᠵᠤ ᠂  ᠠᠵᠤ ᠠᠬᠤᠢ᠌ᠯᠠᠯ᠎ᠢ ᠪᠠᠲᠤᠯᠠᠬᠤ᠎ᠪᠠᠷ ᠠᠵᠢᠯ ᠣᠯᠭᠣᠯᠲᠠ ᠵᠢ ᠪᠠᠲᠤᠯᠠᠵᠤ ᠂  ᠠᠵᠢᠯ ᠣᠯᠭᠣᠯᠲᠠ ᠵᠢ ᠳᠠᠢ᠌ᠴᠢᠯᠠᠬᠤ ᠬᠦᠴᠦᠨ ᠵᠶ᠋ᠠᠷ ᠴᠢᠩᠭ᠎ᠠ ᠪᠠᠢ᠌ᠭ᠎ᠠ ᠳᠤᠮᠳᠠ ᠵᠢᠵᠢᠭ ᠪᠢᠴᠢᠯ ᠠᠵᠤ ᠠᠬᠤᠢ᠌ᠯᠠᠯ ᠂  ᠠᠵᠢᠯ ᠣᠯᠭᠣᠯᠲᠠ ᠵᠢ ᠳᠠᠢ᠌ᠴᠢᠯᠠᠬᠤ ᠬᠡᠪᠴᠢᠶ᠎ᠡ᠎ᠪᠠᠷ ᠥᠷᠭᠡᠨ ᠪᠠᠢ᠌ᠭ᠎ᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠬᠦᠴᠦᠲᠡᠢ ᠲᠡᠳᠬᠦᠵᠦ ᠂  ᠠᠵᠢᠯ ᠣᠯᠭᠣᠯᠲᠠ ᠵᠢᠨ ᠲᠠᠯ᠎ᠠ᠎ᠳᠠᠬᠢ ᠠᠵᠤ ᠠᠬᠤᠢ ᠵᠢᠨ ᠨᠡᠮᠡᠭᠳᠡᠯ᠎ᠤᠨ ᠳᠠᠢ᠌ᠴᠢᠯᠠᠬᠤ ᠬᠦᠴᠦᠨ᠎ᠢ᠎ᠨᠢ ᠳᠡᠭᠡᠭᠰᠢᠯᠡᠭᠦᠯᠦᠨ᠎ᠡ ᠃  ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠂  ᠴᠡᠷᠢᠭ᠎ᠤᠨ ᠠᠯᠪᠠ᠎ᠠᠴᠠ ᠬᠠᠯᠠᠭᠳᠠᠭᠰᠠᠳ ᠂  ᠠᠵᠢᠯ ᠠᠯᠳᠠᠭᠰᠠᠳ ᠵᠡᠷᠭᠡ ᠭᠣᠣᠯᠳᠠᠯᠭ᠎ᠠ ᠪᠣᠯᠬᠤ ᠬᠥᠮᠥᠰ᠎ᠤᠨ ᠠᠵᠢᠯ ᠣᠯᠭᠣᠯᠲᠠ ᠵᠢ ᠲᠥᠷᠥᠯ ᠬᠤᠪᠢᠶᠠᠨ ᠪᠠᠲᠤᠯᠠᠵᠤ ᠂  ᠠᠵᠢᠯ ᠣᠯᠬᠤ᠎ᠳᠤ ᠬᠦᠴᠢᠷᠳᠡᠯᠲᠡᠢ ᠪᠠᠢ᠌ᠭ᠎ᠠ ᠬᠥᠮᠥᠰ᠎ᠢ ᠬᠠᠪᠰᠤᠷᠤᠨ ᠲᠡᠳᠬᠦᠵᠦ ᠪᠠᠢ᠌ᠭ᠋ᠠᠳ ᠠᠵᠢᠯ ᠣᠯᠭᠣᠵᠤ ᠂  ᠲᠠᠷᠢᠶᠠᠯᠠᠬᠤ ᠮᠠᠯᠵᠢᠬᠤ ᠣᠷᠣᠨ᠎ᠤ ᠬᠥᠳᠡᠯᠮᠦᠷᠢ ᠬᠦᠴᠦᠨ᠎ᠢ ᠨᠠᠭ᠋ᠠᠲᠤ ᠵᠠᠬ᠎ᠠ᠎ᠳᠤ᠎ᠪᠠᠨ 240 ᠲᠦᠮᠡ ᠰᠢᠯᠵᠢᠭᠦᠯᠦᠨ᠎ᠡ ᠃  ᠠᠮᠢᠳᠤᠯᠢᠭ ᠵᠶ᠋ᠠᠷ ᠠᠵᠢᠯ ᠣᠯᠭᠣᠬᠤ᠎ᠳᠤ ᠬᠥᠳᠡᠯᠮᠦᠷᠢ ᠬᠦᠴᠦᠨ᠎ᠤ ᠬᠡᠷᠡᠭᠯᠡᠯᠲᠡ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠪᠦᠷᠢᠨᠰᠢᠭᠦᠯᠵᠦ ᠂  ᠲᠦᠷᠭᠡᠨ ᠢᠯᠡᠭᠡᠭᠴᠢ ᠵᠠᠯᠠᠭᠤ ᠂  ᠵᠠᠬᠢᠶᠠᠯᠠᠭ᠎ᠠ ᠵᠢᠨ ᠬᠣᠭᠣᠯᠠ ᠬᠦᠷᠭᠡᠭᠴᠢ ᠵᠡᠷᠭᠡ ᠬᠥᠮᠥᠰ᠎ᠤᠨ ᠡᠷᠬᠡ ᠠᠰᠢᠭ᠎ᠢ ᠪᠠᠲᠤᠯᠠᠨ᠎ᠠ ᠃ 《ᠦᠢ᠍ᠯᠡᠰ ᠪᠣᠰᠬᠠᠬᠤ ᠥᠪᠥᠷ ᠮᠣᠩᠭᠣᠯ》᠎ᠤᠨ ᠠᠵᠢᠯᠯᠠᠭ᠋ᠠᠨ᠎ᠢ ᠭᠦᠨᠵᠡᠭᠡᠢ᠌ᠷᠡᠭᠦᠯᠦᠨ ᠂  ᠡᠯ᠎ᠡ ᠭᠠᠵᠠᠷ᠎ᠢ ᠳᠡᠮᠵᠢᠵᠦ ᠪᠠᠢ᠌ᠭ᠋ᠠᠳ ᠭᠣᠣᠯᠳᠠᠯᠭ᠎ᠠ ᠪᠣᠯᠬᠤ ᠬᠥᠮᠥᠰ᠎ᠤᠨ ᠠᠵᠢᠯ ᠣᠯᠭᠣᠯᠲᠠ ᠵᠢᠨ ᠰᠠᠭᠤᠷᠢᠨ ᠭᠠᠵᠠᠷ ᠪᠠ ᠦᠢ᠍ᠯᠡᠰ ᠪᠣᠰᠬᠠᠬᠤ ᠬᠦᠷᠢᠶᠡᠯᠡᠩ ᠲᠣᠭᠣᠷᠢᠭ᠎ᠢ ᠡᠭᠦᠳᠦᠨ ᠪᠠᠢ᠌ᠭᠤᠯᠵᠤ ᠂  ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ ᠪᠠᠶ᠋ᠢᠭᠤᠯᠬᠤ ᠵᠢ ᠨᠢᠭᠡᠳᠦᠯᠲᠡᠢ ᠲᠥᠯᠥᠪᠯᠡᠵᠦ ᠠᠬᠢᠭᠤᠯᠤᠨ᠎ᠠ ᠃  ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠥᠷᠭᠡᠨ ᠬᠡᠪᠴᠢᠶᠡᠨ᠎ᠤ ᠪᠣᠯᠪᠠᠰᠤᠷᠠᠯ᠎ᠢ ᠥᠷᠨᠢᠭᠦᠯᠦᠨ ᠂  ᠣᠶᠤᠨᠯᠢᠭ ᠵᠶ᠋ᠠᠷ ᠠᠵᠢᠯ ᠣᠯᠭᠣᠬᠤ ᠦᠢ᠍ᠯᠡᠴᠢᠯᠡᠭᠡᠨ᠎ᠤ ᠲᠠᠪᠴᠠᠩ᠎ᠢ ᠳᠡᠯᠭᠡᠷᠡᠭᠦᠯᠦᠨ ᠬᠡᠷᠡᠭᠯᠡᠵᠦ ᠂  ᠬᠠᠩᠭ᠋ᠠᠯᠭ᠎ᠠ ᠪᠠ ᠬᠡᠷᠡᠭᠴᠡᠭᠡ ᠵᠢ ᠵᠣᠯᠭ᠋ᠠᠯᠳᠤᠭᠤᠯᠬᠤ᠎ᠪᠠᠨ ᠪᠦᠲᠦᠮᠵᠢᠲᠡᠢ ᠵᠣᠬᠢᠶᠠᠨ ᠪᠠᠢ᠌ᠭᠤᠯᠵᠤ ᠂  ᠨᠡᠩ ᠤᠯᠠᠨ ᠬᠥᠳᠡᠯᠮᠦᠷᠢᠯᠡᠭᠴᠢ ᠵᠢᠨ ᠠᠵᠢᠯ ᠣᠯᠵᠤ ᠦᠢ᠍ᠯᠡᠰ ᠪᠣᠰᠬᠠᠬᠤ ᠵᠢ᠎ᠨᠢ ᠬᠠᠪᠰᠤᠷᠤᠨ ᠳᠡᠮᠵᠢᠨ᠎ᠡ ᠃

       ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠦᠨᠡᠨ ᠬᠦ᠌ ᠳᠡᠭᠡᠭᠰᠢᠯᠡᠭᠦᠯᠦᠨ᠎ᠡ ᠃  ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠥᠨ᠎ᠢ ᠬᠥᠮᠥᠵᠢᠭᠦᠯᠬᠦ ᠵᠢ ᠪᠠᠷᠢᠮᠲᠠᠯᠠᠨ ᠂  ᠶᠡᠬᠡ ᠳᠡᠭᠡᠳᠦ ᠰᠤᠷᠭ᠋ᠠᠭᠤᠯᠢ ᠪᠠ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠨᠢᠭᠡ ᠴᠣᠭᠴᠠᠵᠢᠭᠰᠠᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠵᠦ ᠠᠬᠢᠭᠤᠯᠤᠨ᠎ᠠ ᠃ 《ᠬᠡᠦᠬᠡᠳ᠎ᠤᠨ ᠴᠡᠴᠡᠷᠯᠢᠭ᠎ᠲᠤ ᠣᠷᠣᠬᠤ᠎ᠳᠤ ᠬᠦᠴᠢᠷᠲᠡᠢ》 ᠪᠠᠢ᠌ᠭ᠎ᠠ ᠠᠰᠠᠭᠤᠳᠠᠯ᠎ᠢ ᠣᠯᠠᠨ ᠠᠷᠭ᠎ᠠ ᠵᠠᠮ ᠵᠶ᠋ᠠᠷ ᠰᠢᠢ᠍ᠳᠪᠦᠷᠢᠯᠡᠵᠦ ᠂  ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠵᠢᠴᠢ ᠰᠤᠷᠬᠤ ᠨᠠᠰᠦᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠠᠯᠪᠠᠨ ᠵᠠᠷᠤᠳᠠᠯ᠎ᠤᠨ ᠣᠷᠤᠭᠤᠯᠤᠯᠲᠠ ᠪᠠ ᠠᠯᠪᠠᠨ᠎ᠠᠴᠠ ᠪᠠᠢ᠌ᠭᠤᠯᠤᠭᠰᠠᠨ ᠰᠤᠷᠭ᠋ᠠᠭᠤᠯᠢ ᠵᠢᠨ ᠰᠤᠷᠤᠭᠴᠢᠳ᠎ᠤᠨ ᠪᠠᠢ᠌ᠷᠢ ᠣᠷᠣ ᠵᠢᠨ ᠬᠠᠩᠭ᠋ᠠᠯᠭ᠎ᠠ ᠵᠢ ᠨᠡᠮᠡᠭᠳᠡᠭᠦᠯᠦᠨ ᠂ 《ᠬᠣᠶᠠᠷ᠎ᠢ ᠬᠥᠩᠭᠡᠷᠡᠭᠦᠯᠬᠦ》 ᠦᠷ᠎ᠡ ᠪᠦᠲᠦᠮᠵᠢ᠎ᠪᠠᠨ ᠦᠷᠭᠦᠯᠵᠢᠯᠡᠨ ᠳᠡᠭᠡᠭᠰᠢᠯᠡᠭᠦᠯᠵᠦ ᠂  ᠠᠷᠠᠳ᠎ᠠᠴᠠ ᠡᠷᠬᠢᠯᠡᠭᠰᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠵᠢᠷᠤᠮᠵᠢᠭᠤᠯᠤᠨ ᠂  ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠢ᠌ᠲᠠᠢ ᠲᠡᠩᠴᠡᠭᠦᠷᠢᠲᠡᠢ ᠬᠦᠭᠵᠢᠬᠦ ᠵᠢ ᠠᠬᠢᠭᠤᠯᠵᠤ ᠂  ᠬᠡᠦᠬᠡᠳ ᠪᠦᠬᠦᠨ᠎ᠢ ᠣᠢ᠌ᠷ᠎ᠠ ᠬᠠᠪᠢ ᠵᠢᠨ ᠰᠤᠷᠭ᠋ᠠᠭᠤᠯᠢ᠎ᠳᠤ᠎ᠪᠠᠨ ᠰᠠᠢ᠌ᠲᠤᠷ ᠰᠤᠷᠤᠯᠴᠠᠭᠤᠯᠬᠤ᠎ᠪᠠᠷ ᠴᠢᠷᠮᠠᠢ᠌ᠨ᠎ᠠ ᠃  ᠳᠡᠭᠡᠳᠦ ᠰᠤᠷᠭ᠋ᠠᠭᠤᠯᠢ ᠵᠢᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠡᠬᠢᠯᠡᠭᠦᠯᠵᠦ ᠂  ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠣᠯᠠᠨ ᠶᠠᠩᠵᠤ ᠬᠡᠯᠪᠡᠷᠢ᠎ᠲᠠᠢ ᠥᠪᠡᠷᠮᠢᠴᠡ ᠣᠨᠴᠠᠯᠢᠭ᠎ᠲᠠᠢ ᠬᠥᠭᠵᠢᠬᠦ ᠵᠢ ᠠᠬᠢᠭᠤᠯᠤᠨ᠎ᠠ ᠃  ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠬᠣᠶᠠᠷ ᠥᠨᠳᠥᠷ ᠲᠦᠪᠰᠢᠨ》 ᠂ 《ᠬᠣᠶᠠᠷ ᠴᠢᠨᠠᠷ ᠰᠠᠢ᠌ᠲᠠᠢ》 ᠲᠥᠯᠥᠪᠯᠡᠭᠡ ᠵᠢ ᠬᠡᠷᠡᠭᠵᠢᠭᠦᠯᠵᠦ ᠂  ᠶᠠᠮᠤᠨ ᠪᠠ ᠥᠪᠡᠷᠲᠡᠭᠡᠨ ᠵᠠᠰᠠᠬᠤ ᠣᠷᠣᠨ 《ᠤᠷ᠎ᠠ ᠮᠡᠷᠭᠡᠰᠢᠯᠲᠦ ᠥᠪᠥᠷ ᠮᠣᠩᠭᠣᠯ》᠎ᠢ ᠬᠠᠮᠲᠤ᠎ᠪᠠᠷ ᠪᠠᠶ᠋ᠢᠭᠤᠯᠬᠤ ᠵᠢ᠎ᠨᠢ ᠠᠬᠢᠭᠤᠯᠵᠤ ᠂  ᠭᠣᠣᠯᠳᠠᠯᠭ᠎ᠠ ᠪᠣᠯᠬᠤ ᠠᠵᠤ ᠦᠢ᠍ᠯᠡᠰ ᠪᠠ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠢ ᠵᠠᠯᠭ᠋ᠠᠯᠳᠤᠭᠤᠯᠵᠤ ᠪᠠᠢ᠌ᠭ᠋ᠠᠳ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢᠨ ᠠᠭᠤᠰᠤᠯᠴᠠᠬᠤ ᠂  ᠰᠤᠷᠭ᠋ᠠᠭᠤᠯᠢ ᠪᠠ ᠠᠵᠤ ᠠᠬᠤᠢ᠌ᠯᠠᠯ᠎ᠤᠨ ᠬᠠᠮᠲᠤᠷᠠᠯᠴᠠᠨ ᠠᠵᠢᠯᠯᠠᠬᠤ ᠵᠢ ᠭᠦᠨᠵᠡᠭᠡᠢ᠌ᠷᠡᠭᠦᠯᠦᠨ᠎ᠡ ᠃  ᠶᠡᠬᠡ ᠳᠡᠭᠡᠳᠦ ᠰᠤᠷᠭ᠋ᠠᠭᠤᠯᠢ ᠵᠢᠨ ᠲᠣᠬᠢᠷᠠᠭᠤᠯᠤᠯᠲᠠ ᠪᠠ ᠲᠤᠰᠬᠠᠢ ᠮᠡᠷᠭᠡᠵᠢᠯ᠎ᠤᠨ ᠪᠠᠢ᠌ᠷᠢᠯᠠᠭᠤᠯᠤᠯᠲᠠ ᠵᠢ ᠰᠢᠯᠢᠳᠡᠭᠵᠢᠭᠦᠯᠦᠨ ᠂  ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ 《ᠬᠣᠣᠰ ᠲᠡᠷᠢᠭᠦᠨ ᠳᠡᠰ》᠎ᠤᠨ ᠶᠡᠬᠡ ᠳᠡᠭᠡᠳᠦ ᠰᠤᠷᠭ᠋ᠠᠭᠤᠯᠢ ᠵᠢ ᠬᠠᠮᠲᠤ᠎ᠪᠠᠷ ᠪᠠᠶ᠋ᠢᠭᠤᠯᠬᠤ ᠡᠷᠴᠢᠮ᠎ᠢ ᠴᠢᠩᠭ᠋ᠠᠷᠠᠭᠤᠯᠤᠨ ᠂  ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠴᠡᠭᠡ᠎ᠳᠤ ᠰᠤᠷᠭ᠋ᠠᠨ ᠬᠥᠮᠦᠵᠢᠯ᠎ᠤᠨ ᠨᠡᠩ ᠰᠠᠢ᠌ᠨ ᠵᠣᠬᠢᠴᠠᠬᠤ ᠵᠢ ᠠᠬᠢᠭᠤᠯᠤᠨ᠎ᠠ ᠃

       ᠠᠷᠠᠳ ᠲᠦᠮᠡᠨ᠎ᠤ ᠡᠷᠡᠭᠦᠯ ᠮᠡᠨᠳᠦ ᠵᠢ ᠦᠨᠡᠨ ᠬᠦ᠌ ᠪᠠᠲᠤᠯᠠᠨ᠎ᠠ ᠃  ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠲᠣᠭᠲᠠᠯᠴᠠᠭ᠎ᠠ ᠵᠢᠨ ᠥᠭᠡᠷᠡᠴᠢᠯᠡᠯᠲᠡ ᠵᠢ ᠠᠬᠢᠭᠤᠯᠵᠤ ᠂  ᠦᠨᠳᠦᠰᠦᠨ ᠱᠠᠲᠤᠨ᠎ᠤ ᠬᠢᠵᠢᠭ᠎ᠤᠨ ᠪᠠᠢ᠌ᠳᠠᠯ᠎ᠢ ᠬᠢᠨᠠᠨ ᠰᠢᠨᠵᠢᠵᠦ ᠰᠡᠷᠡᠮᠵᠢᠯᠡᠭᠦᠯᠬᠦ ᠂  ᠪᠠᠴᠢᠮ ᠪᠠᠢ᠌ᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ ᠪᠠ ᠲᠣᠭᠲᠠᠭᠰᠠᠨ ᠴᠡᠭ᠎ᠤᠨ ᠡᠮᠨᠡᠯᠭᠡ ᠵᠢᠨ ᠬᠣᠷᠢᠶᠠᠨ᠎ᠤ ᠡᠮᠨᠡᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ ᠃  ᠣᠷᠣᠨ ᠪᠦᠰᠡ ᠵᠢᠨ ᠡᠮᠴᠢᠯᠡᠭᠡᠨ᠎ᠤ ᠲᠥᠪ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠂  ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶᠠᠨ᠎ᠤ ᠴᠢᠨᠠᠷ ᠰᠠᠢ᠌ᠲᠠᠢ ᠬᠥᠭᠵᠢᠯᠲᠡ᠎ᠪᠠᠨ ᠠᠬᠢᠭᠤᠯᠬᠤ ᠠᠵᠢᠯᠯᠠᠭ᠋ᠠᠨ᠎ᠢ ᠬᠡᠷᠡᠭᠵᠢᠭᠦᠯᠵᠦ ᠂  ᠰᠢᠶᠠᠨ᠎ᠤ ᠬᠡᠪᠴᠢᠶᠡᠨ᠎ᠤ ᠨᠢᠭᠲᠠ ᠬᠠᠷᠢᠴᠠᠭ᠋ᠠᠨ᠎ᠤ ᠬᠡᠯᠪᠡᠷᠢ ᠪᠦᠬᠦᠢ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠲᠤᠷᠰᠢᠯᠲᠠ ᠵᠢᠨ ᠴᠡᠭ᠎ᠤᠨ ᠪᠠᠢ᠌ᠭᠤᠯᠤᠯᠲᠠ ᠵᠢ ᠠᠬᠢᠭᠤᠯᠤᠨ ᠂  ᠡᠮᠨᠡᠯᠭᠡ ᠵᠢᠨ ᠠᠵᠢᠯᠲᠠᠳ᠎ᠢ ᠬᠠᠮᠠᠭ᠋ᠠᠯᠠᠵᠤ ᠬᠠᠯᠠᠮᠵᠢᠯᠠᠵᠤ ᠬᠠᠢ᠌ᠷᠠᠯᠠᠬᠤ ᠤᠷᠲᠤ ᠬᠣᠷᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠨᠠᠢ᠌ᠳᠠᠪᠤᠷᠢᠵᠢᠭᠤᠯᠤᠨ᠎ᠠ ᠃  ᠪᠡᠭᠡᠵᠢᠩ ᠪᠠ ᠥᠪᠥᠷ ᠮᠣᠩᠭᠣᠯ ᠂  ᠱᠠᠩᠬᠠᠢ ᠪᠠ ᠥᠪᠥᠷ ᠮᠣᠩᠭᠣᠯ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠬᠠᠮᠲᠤᠷᠠᠯᠴᠠᠭ᠎ᠠ ᠵᠢ ᠴᠢᠩᠭ᠋ᠠᠳᠬᠠᠨ ᠂  ᠬᠢᠲᠠᠳ ᠡᠮ (ᠮᠣᠩᠭᠣᠯ ᠡᠮ)᠎ᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠬᠡ ᠢᠨᠵᠧᠨᠧᠷᠢᠩ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ ᠃  ᠦᠷᠭᠦᠯᠵᠢ ᠲᠣᠬᠢᠶᠠᠯᠳᠤᠬᠤ ᠡᠪᠡᠳᠴᠢᠨ᠎ᠢ ᠡᠮᠨᠡᠬᠦ ᠡᠮ᠎ᠤᠨ ᠵᠦᠢ᠍ᠯ ᠪᠠ ᠡᠮᠨᠡᠯᠭᠡ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠩᠭᠦᠢ᠎ᠪᠠᠷ ᠬᠡᠮᠵᠢᠶ᠎ᠡ᠎ᠲᠠᠢ ᠬᠤᠳᠠᠯᠳᠤᠨ ᠠᠪᠬᠤ ᠡᠷᠴᠢᠮ ᠵᠶ᠋ᠠᠨ ᠴᠢᠩᠭ᠋ᠠᠷᠠᠭᠤᠯᠤᠨ ᠂  ᠡᠮᠡᠭᠲᠡᠢ᠌ᠴᠦᠳ᠎ᠤᠨ 《ᠬᠣᠶᠠᠷ ᠵᠦᠢ᠍ᠯ᠎ᠤᠨ ᠦᠮᠡᠨ》 ᠡᠪᠡᠳᠴᠢᠨ᠎ᠢ᠎ᠨᠢ ᠰᠢᠭᠰᠢᠨ ᠪᠠᠢ᠌ᠴᠠᠭ᠋ᠠᠬᠤ᠎ᠳᠤ ᠬᠠᠮᠤᠷᠬᠤ ᠬᠡᠪᠴᠢᠶ᠎ᠡ ᠵᠢ᠎ᠨᠢ ᠥᠷᠭᠡᠳᠬᠡᠵᠦ ᠂  ᠭᠣᠣᠯᠳᠠᠯᠭ᠎ᠠ ᠪᠤᠯᠬᠤ ᠬᠥᠮᠥᠰ᠎ᠤᠨ ᠭᠡᠷ ᠪᠦᠯᠢ ᠵᠢᠨ ᠡᠮᠴᠢ᠎ᠯᠦᠭᠡ ᠵᠢᠨ ᠭᠡᠷ᠎ᠡ ᠲᠣᠭᠲᠠᠬᠤ ᠨᠤᠷᠮ᠎ᠠ ᠵᠢ ᠳᠡᠭᠡᠭᠰᠢᠯᠡᠭᠦᠯᠦᠨ ᠂  ᠡᠮᠴᠢᠯᠡᠭᠡᠨ᠎ᠤ ᠳᠠᠭ᠋ᠠᠳᠬᠠᠯ᠎ᠤᠨ ᠲᠥᠯᠥᠬᠦ ᠠᠷᠭ᠎ᠠ ᠬᠡᠯᠪᠡᠷᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂  ᠣᠯᠠᠨ ᠲᠦᠮᠡᠨ᠎ᠤ ᠡᠪᠡᠳᠴᠢᠨ ᠵᠶ᠋ᠠᠨ ᠡᠮᠨᠡᠭᠦᠯᠬᠦ ᠳᠠᠷᠤᠭ᠋ᠠᠰᠤ ᠵᠢ ᠴᠢᠷᠮᠠᠢ᠌ᠨ ᠬᠥᠩᠭᠡᠷᠡᠭᠦᠯᠦᠨ᠎ᠡ ᠃

       ᠨᠡᠢ᠌ᠭᠡᠮ᠎ᠤᠨ ᠪᠠᠲᠤᠯᠠᠭ᠎ᠠ ᠵᠢ ᠦᠨᠡᠨ ᠬᠦ᠌ ᠴᠢᠩᠭ᠋ᠠᠳᠬᠠᠨ᠎ᠠ ᠃  ᠪᠦᠬᠦ ᠠᠷᠠᠳ᠎ᠤᠨ ᠳᠠᠭ᠋ᠠᠳᠬᠠᠯ᠎ᠳᠤ ᠣᠷᠤᠯᠴᠠᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ ᠂  ᠨᠠᠰᠤᠵᠢᠯ᠎ᠤᠨ ᠦᠨᠳᠦᠰᠦᠨ ᠳᠠᠭ᠋ᠠᠳᠬᠠᠯ᠎ᠳᠤ ᠣᠷᠣᠯᠴᠠᠭᠰᠠᠳ᠎ᠢ 40 ᠲᠦᠮᠡᠨ ᠬᠥᠮᠥᠨ ᠨᠡᠮᠡᠭᠳᠡᠭᠦᠯᠵᠦ ᠂  ᠳᠠᠭ᠋ᠠᠳᠬᠠᠯ᠎ᠳᠤ ᠣᠷᠣᠯᠴᠠᠭᠰᠠᠨ ᠨᠤᠷᠮ᠎ᠠ ᠵᠢ 86%᠎ᠠᠴᠠ ᠳᠡᠭᠡᠭᠰᠢ ᠪᠣᠯᠭ᠋ᠠᠨ ᠂  ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠦᠨᠳᠦᠰᠦᠨ ᠳᠠᠭ᠋ᠠᠳᠬᠠᠯ᠎ᠤᠨ ᠪᠦᠬᠦ ᠤᠯᠤᠰ᠎ᠲᠤ ᠨᠢᠭᠡᠳᠦᠯᠲᠡᠢ ᠲᠥᠯᠥᠪᠯᠡᠬᠦ ᠳᠦᠷᠢᠮ᠎ᠢ ᠨᠠᠢ᠌ᠳᠠᠪᠤᠷᠢᠵᠢᠭᠤᠯᠤᠨ ᠂  ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠨᠥᠬᠥᠪᠦᠷᠢᠯᠡᠬᠦ ᠰᠠᠭᠤᠷᠢ ᠮᠥᠩᠭᠥᠨ᠎ᠤ ᠣᠷᠤᠭᠤᠯᠤᠯᠲᠠ ᠵᠢᠨ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠤᠨ᠎ᠠ ᠃  ᠡᠮᠴᠢᠯᠡᠭᠡᠨ᠎ᠤ ᠦᠨᠳᠦᠰᠦᠨ ᠳᠠᠭ᠋ᠠᠳᠬᠠᠯ ᠂  ᠠᠵᠢᠯ ᠠᠯᠳᠠᠭᠰᠠᠳ᠎ᠤᠨ ᠳᠠᠭ᠋ᠠᠳᠬᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠢ ᠲᠥᠯᠥᠪᠯᠡᠬᠦ ᠵᠢ ᠠᠬᠢᠭᠤᠯᠵᠤ ᠂  ᠮᠤᠵᠢ ᠠᠯᠤᠰᠯᠠᠨ ᠣᠨᠳᠣᠣ ᠭᠠᠵᠠᠷ ᠡᠮᠨᠡᠭᠦᠯᠪᠡᠯ ᠰᠢᠭᠤᠳ ᠳ᠋ᠦᠩᠨᠡᠨ ᠪᠣᠳᠣᠬᠤ ᠵᠢ ᠰᠢᠯᠢᠳᠡᠭᠵᠢᠭᠦᠯᠦᠨ᠎ᠡ ᠃  ᠣᠯᠠᠨ ᠲᠦᠮᠡᠨ᠎ᠤ ᠣᠷᠣᠨ ᠰᠠᠭᠤᠴᠠ ᠵᠢᠨ ᠦᠨᠳᠦᠰᠦᠨ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠵᠤ ᠂  ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠣᠷᠢᠭ᠎ᠲᠠᠬᠢ 21.37 ᠲᠦᠮᠡᠨ ᠡᠷᠦᠬᠡ ᠵᠢ ᠥᠭᠡᠷᠡᠴᠢᠯᠡᠨ ᠰᠢᠨᠡᠳᠬᠡᠬᠦ ᠪᠠ ᠲᠦᠬᠦᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠲᠠᠬᠢ 1 ᠲᠦᠮᠡᠨ ᠢᠵᠢ ᠭᠡᠷ ᠪᠠᠢ᠌ᠰᠢᠩ᠎ᠢ ᠥᠭᠡᠷᠡᠴᠢᠯᠡᠨ ᠰᠢᠨᠡᠳᠬᠡᠬᠦ ᠵᠢ ᠬᠡᠷᠡᠭᠵᠢᠭᠦᠯᠦᠨ ᠂ 1.2 ᠲᠦᠮᠡᠨ ᠢᠵᠢ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ ᠪᠠᠢ᠌ᠭᠤᠯᠤᠨ᠎ᠠ ᠃ 《ᠨᠠᠰᠤᠲᠠᠢ᠌ᠴᠤᠳ ᠪᠠ ᠨᠢᠯᠬᠠᠰ》᠎ᠤᠨ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂  ᠭᠡᠷ᠎ᠲᠤ᠎ᠨᠢ ᠠᠰᠠᠷᠠᠬᠤ ᠵᠢ ᠬᠡᠷᠡᠭᠵᠢᠭᠦᠯᠵᠦ ᠪᠦᠬᠦᠢ ᠨᠡᠢ᠌ᠭᠡᠮ ᠲᠣᠭᠣᠷᠢᠭ᠎ᠤᠨ ᠪᠠᠢ᠌ᠭᠤᠯᠤᠮᠵᠢ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠵᠣᠬᠢᠴᠠᠩᠭᠤᠢ ᠬᠥᠭᠵᠢᠯᠲᠡ ᠵᠢ ᠠᠬᠢᠭᠤᠯᠤᠨ ᠂  ᠰᠢᠶᠠᠨ ᠂  ᠰᠢᠶᠠᠩ ᠂  ᠳᠤᠰᠬᠤᠨ ᠭᠤᠷᠪᠠᠨ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠰᠦᠯᠵᠢᠶ᠎ᠡ ᠵᠢ ᠪᠠᠢ᠌ᠭᠤᠯᠵᠤ ᠂  ᠲᠥᠷᠥᠵᠦ ᠬᠥᠩᠭᠡᠵᠢᠬᠦ ᠲᠠᠯ᠎ᠠ ᠵᠢᠨ ᠰᠢᠨ᠎ᠡ ᠲᠦᠷᠦ ᠵᠢᠨ ᠪᠣᠳᠣᠯᠭ᠎ᠠ ᠵᠢᠨ ᠪᠣᠳᠠᠲᠠᠢ᠌ᠵᠢᠵᠤ ᠦᠷ᠎ᠡ ᠪᠦᠲᠦᠮᠵᠢ ᠣᠯᠬᠤ ᠵᠢ ᠠᠬᠢᠭᠤᠯᠵᠤ ᠂  ᠤᠯᠠᠨ ᠲᠠᠯ᠎ᠠ ᠵᠢᠨ᠎ᠬᠢᠨ᠎ᠤ ᠬᠦᠴᠦᠨ᠎ᠢ ᠳᠠᠶ᠋ᠢᠴᠢᠯᠠᠵᠤ ᠪᠠᠢ᠌ᠭ᠋ᠠᠳ ᠨᠠᠰᠤᠵᠢᠯ ᠂  ᠬᠡᠦᠬᠡᠳ ᠰᠠᠭ᠋ᠠᠲᠠᠭᠤᠯᠵᠤ ᠠᠰᠠᠷᠠᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠎ᠡ ᠃  ᠡᠮᠡᠭᠲᠡᠢ᠌ᠴᠦᠳ ᠬᠡᠦᠬᠡᠳ᠎ᠤᠨ 《ᠬᠣᠶᠠᠷ ᠬᠥᠲᠥᠯᠪᠦᠷᠢ》 ᠵᠢᠨ ᠬᠠᠷᠠᠯᠲᠠ ᠡᠭᠦᠷᠭᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ ᠂  ᠨᠠᠰᠤᠨ᠎ᠳᠤ ᠥᠯᠥ ᠬᠦᠷᠦᠭᠰᠡᠳ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠎ᠠ ᠃  ᠨᠡᠢ᠌ᠭᠡᠮ᠎ᠤᠨ ᠠᠪᠤᠷᠠᠨ ᠳᠤᠰᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ ᠂  ᠨᠠᠭ᠋ᠠᠲᠤ ᠵᠠᠬ᠎ᠠ ᠵᠢᠨ ᠪᠠᠲᠤᠯᠠᠭ᠎ᠠ ᠂  ᠣᠨᠴᠠ ᠬᠦᠴᠢᠷᠳᠡᠯᠲᠡᠢ ᠬᠥᠮᠥᠰ ᠂  ᠵᠡᠮᠳᠡᠭᠴᠦᠳ ᠂  ᠥᠨᠥᠴᠢᠨ ᠬᠡᠦᠬᠡᠳ ᠵᠡᠷᠭᠡ ᠵᠢ ᠠᠪᠤᠷᠠᠨ ᠲᠤᠰᠠᠯᠠᠬᠤ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠨ᠎ᠡ ᠃  ᠣᠷᠣᠰᠢᠭᠤᠯᠭ᠎ᠠ ᠵᠢᠨ ᠠᠵᠢᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠂  ᠣᠷᠣᠰᠢᠭᠤᠯᠭ᠎ᠠ ᠵᠢᠨ ᠠᠵᠢᠯ᠎ᠤᠨ ᠬᠦᠷᠢᠶᠡᠨ᠎ᠳᠠᠬᠢ ᠦᠢ᠍ᠯᠡᠴᠢᠯᠡᠭᠡᠨ᠎ᠤ ᠳᠤᠲᠠᠭᠤᠳᠠᠯ᠎ᠢ ᠭᠦᠢ᠍ᠴᠡᠳ ᠨᠥᠬᠥᠪᠦᠷᠢᠯᠡᠨ᠎ᠡ ᠃

       ᠤᠯᠠᠨ ᠨᠡᠶ᠋ᠢᠳᠠ ᠵᠢᠨ ᠰᠣᠶᠣᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠠ ᠃  ᠨᠡᠢ᠌ᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠵᠢ ᠪᠣᠢ ᠪᠣᠯᠭ᠋ᠠᠨ ᠦᠢ᠍ᠯᠡᠳᠦᠯᠭᠡᠵᠢᠭᠦᠯᠵᠦ ᠂  ᠪᠣᠯᠪᠠᠰᠤᠨ᠎ᠢ ᠴᠣᠭᠴᠠᠯᠠᠨ ᠪᠠᠶ᠋ᠢᠭᠤᠯᠬᠤ᠎ᠪᠠᠨ ᠭᠦᠨᠵᠡᠭᠡᠢ᠌ᠷᠡᠭᠦᠯᠦᠨ ᠂  ᠰᠢᠨ᠎ᠡ ᠴᠠᠭ ᠦᠶ᠎ᠡ ᠵᠢᠨ ᠠᠷᠠᠳ ᠢᠷᠭᠡᠳ᠎ᠤᠨ ᠶᠣᠰᠣ ᠰᠤᠷᠲᠠᠬᠤᠨ᠎ᠤ ᠪᠠᠢ᠌ᠭᠤᠯᠤᠯᠲᠠ ᠵᠢᠨ 《ᠠᠷᠪᠠᠨ ᠶᠡᠬᠡ ᠠᠵᠢᠯᠯᠠᠭ᠋ᠠᠨ》᠎ᠢ ᠭᠦᠨᠵᠡᠭᠡᠢ ᠬᠡᠷᠡᠭᠵᠢᠭᠦᠯᠦᠨ᠎ᠡ ᠃  ᠭᠣᠣᠯᠳᠠᠯᠭ᠎ᠠ ᠪᠣᠯᠬᠤ ᠲᠡᠦᠬᠡ ᠵᠢᠨ ᠳᠤᠷᠠᠰᠬᠠᠯᠲᠤ ᠵᠦᠢ᠍ᠯ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠠᠰᠢᠭᠯᠠᠬᠤ᠎ᠪᠠᠨ ᠴᠢᠩᠭ᠋ᠠᠳᠬᠠᠵᠤ ᠂  ᠤᠷᠳᠤ ᠴᠠᠭ᠋ᠠᠨ ᠬᠡᠷᠡᠮ ᠂  ᠬᠠᠳᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ ᠪᠠ ᠯᠢᠶᠤᠤ ᠤᠯᠤᠰ᠎ᠤᠨ ᠳᠡᠭᠡᠳᠦ ᠨᠡᠢ᠌ᠰᠯᠡᠯ ᠬᠡᠮᠡᠬᠦ ᠤᠯᠤᠰ᠎ᠤᠨ ᠬᠠᠭᠤᠴᠢᠨ᠎ᠤ ᠰᠤᠳᠤᠯᠤᠯ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ ᠃  ᠣᠶᠤᠨᠯᠢᠭ ᠷᠠᠳᠢᠣ᠋ ᠲᠧᠯᠸᠢᠰ᠎ᠤᠨ ᠢᠨᠵᠧᠨᠧᠷᠢᠩ᠎ᠢ ᠭᠦᠨᠵᠡᠭᠡᠢ ᠥᠷᠭᠡᠳᠬᠡᠨ ᠂  ᠤᠯᠠᠭ᠋ᠠᠨᠮᠥ᠋ᠴᠢᠷ ᠂  ᠰᠣᠨᠢᠨ ᠮᠡᠳᠡᠭᠡ ᠷᠠᠳᠢᠣ᠋ ᠲᠧᠯᠸᠢᠰ ᠂  ᠤᠳᠬ᠎ᠠ ᠤᠷᠠᠯᠢᠭ᠎ᠤᠨ ᠵᠣᠬᠢᠶᠠᠨ ᠪᠦᠲᠦᠭᠡᠬᠦ ᠠᠵᠢᠯ ᠦᠢ᠍ᠯᠡᠰ᠎ᠤᠨ ᠲᠥᠪ ᠶᠣᠰᠣ ᠵᠢ ᠪᠠᠷᠢᠮᠲᠠᠯᠠᠭᠰᠠᠨ ᠰᠢᠨ᠎ᠡ ᠡᠭᠦᠳᠦᠯᠲᠡ᠎ᠲᠠᠢ ᠬᠥᠭᠵᠢᠯᠲᠡ ᠵᠢ ᠳᠡᠮᠵᠢᠵᠤ ᠂  ᠳᠤᠮᠳᠠᠳᠤ ᠤᠯᠤᠰ᠎ᠤᠨ ᠦᠯᠢᠭᠡᠷ ᠂  ᠥᠪᠥᠷ ᠮᠣᠩᠭᠣᠯ᠎ᠤᠨ ᠦᠯᠢᠭᠡᠷ᠎ᠢ ᠰᠠᠢ᠌ᠲᠤᠷ ᠶᠠᠷᠢᠨ᠎ᠠ ᠃  ᠤᠯᠠᠨ ᠨᠡᠶ᠋ᠢᠳᠠ ᠵᠢᠨ ᠰᠣᠶᠣᠯ᠎ᠤᠨ ᠪᠡᠯᠡᠳᠬᠡᠮᠵᠢ ᠵᠢᠨ ᠲᠣᠣᠷ ᠰᠦᠯᠵᠢᠶ᠎ᠡ ᠵᠢ ᠲᠡᠭᠦᠯᠳᠡᠷᠵᠢᠭᠦᠯᠵᠦ ᠂  ᠤᠯᠠᠨ ᠲᠦᠮᠡᠨ᠎ᠤ ᠳᠡᠷᠭᠡᠳᠡᠬᠢ ᠤᠶᠤᠨ᠎ᠤ ᠰᠣᠶᠣᠯ᠎ᠤᠨ ᠭᠡᠷ ᠣᠷᠣᠨ᠎ᠢ ᠪᠠᠢ᠌ᠭᠤᠯᠤᠨ᠎ᠠ ᠃  ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠮᠥᠰᠥ ᠴᠠᠰᠤᠨ᠎ᠤ ᠬᠥᠳᠡᠯᠭᠡᠭᠡᠨ᠎ᠢ ᠥᠷᠨᠢᠭᠦᠯᠵᠦ ᠂  ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠦᠬᠦ ᠣᠷᠣᠨ᠎ᠤ ᠲᠠᠮᠢᠷ᠎ᠤᠨ ᠴᠤᠭᠯᠠᠭ᠋ᠠᠨ ᠂  ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠣᠷᠣᠨ᠎ᠤ ᠵᠡᠮᠳᠡᠭᠴᠦᠳ᠎ᠤᠨ ᠲᠠᠮᠢᠷ᠎ᠤᠨ ᠴᠤᠭᠯᠠᠭ᠋ᠠᠨ᠎ᠢ ᠰᠠᠢ᠌ᠲᠤᠷ ᠡᠷᠬᠢᠯᠡᠨ᠎ᠡ ᠃

      (ᠳᠤᠯᠤᠭ᠎ᠠ) ᠪᠦᠯᠬᠦᠮᠳᠡᠯ᠎ᠲᠠᠢ ᠡᠶ᠎ᠡ ᠵᠣᠬᠢᠴᠠᠩᠭᠤᠢ ᠠᠮᠤᠷ ᠲᠣᠭᠲᠠᠭᠤᠨ ᠪᠠᠢ᠌ᠳᠠᠯ᠎ᠢ ᠬᠦᠴᠦᠯᠡᠨ ᠪᠡᠬᠢᠵᠢᠭᠦᠯᠵᠦ ᠬᠥᠭᠵᠢᠭᠦᠯᠦᠨ ᠂  ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ ᠃  ᠤᠯᠤᠰ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠶᠡᠬᠡ ᠲᠠᠯ᠎ᠠ᠎ᠳᠠᠬᠢ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠡᠭᠦᠷᠭᠡ ᠬᠠᠷᠢᠭᠤᠴᠠᠯᠭ᠎ᠠ᠎ᠪᠠᠨ ᠪᠠᠲᠤ ᠡᠵᠡᠮᠰᠢᠨ ᠂  ᠡᠶ᠎ᠡ ᠵᠣᠬᠢᠴᠠᠩᠭᠤᠢ ᠠᠮᠤᠷ ᠲᠣᠭᠲᠠᠭᠤᠨ᠎ᠢ ᠬᠠᠮᠠᠭ᠋ᠠᠯᠠᠬᠤ ᠡᠯ᠎ᠡ ᠵᠦᠢ᠍ᠯ᠎ᠤᠨ ᠠᠵᠢᠯ᠎ᠢ ᠪᠣᠳᠠᠲᠠᠢ ᠪᠥᠭᠡᠳ ᠨᠠᠷᠢᠯᠢᠭ ᠬᠢᠵᠦ ᠂  ᠦᠨᠳᠦᠰᠦᠲᠡᠨ᠎ᠤ ᠪᠦᠯᠬᠦᠮᠳᠡᠯ᠎ᠤᠨ ᠴᠡᠴᠡᠭ᠎ᠢ ᠥᠨᠢ ᠡᠭᠦᠷᠢᠳᠡ ᠪᠠᠳᠠᠷᠠᠨ ᠳᠡᠯᠭᠡᠷᠡᠭᠦᠯᠵᠦ ᠂  ᠡᠬᠡ ᠤᠯᠤᠰ᠎ᠤᠨ ᠬᠢᠯᠢ ᠬᠢᠵᠠᠭ᠋ᠠᠷ᠎ᠤᠨ ᠲᠣᠭᠲᠠᠭᠤᠨ ᠪᠠᠢ᠌ᠳᠠᠯ᠎ᠢ ᠥᠨᠢ ᠡᠭᠦᠷᠢᠳᠡ ᠪᠡᠬᠢᠵᠢᠭᠦᠯᠦᠨ ᠪᠠᠲᠤᠳᠬᠠᠨ᠎ᠠ ᠃

       ᠦᠨᠳᠦᠰᠦᠲᠡᠨ᠎ᠤ ᠪᠦᠯᠬᠦᠮᠳᠡᠯ᠎ᠤᠨ ᠶᠡᠬᠡ ᠲᠠᠯ᠎ᠠ ᠵᠢ ᠦᠷᠭᠦᠯᠵᠢᠯᠡᠨ ᠪᠡᠬᠢᠵᠢᠭᠦᠯᠵᠦ ᠬᠥᠭᠵᠢᠭᠦᠯᠦᠨ᠎ᠡ ᠃  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠵᠢᠨ ᠲᠣᠭᠣᠷᠢᠨ᠎ᠳᠤ ᠨᠢᠭᠲᠠ ᠤᠶᠠᠯᠳᠤᠭᠤᠯᠤᠨ ᠂  ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ ᠂  ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠯᠠᠪᠳᠠᠭᠤᠨ ᠪᠠᠲᠤᠲᠠᠢ ᠬᠡᠷᠡᠭᠵᠢᠭᠦᠯᠦᠨ ᠬᠡᠷᠡᠭᠯᠡᠵᠦ ᠂  ᠦᠨᠳᠦᠰᠦᠲᠡᠨ᠎ᠨᠦᠭᠦᠳ᠎ᠤᠨ ᠬᠠᠮᠲᠤ᠎ᠪᠠᠷ ᠬᠦᠷᠲᠡᠬᠦ ᠨᠡᠩ ᠣᠯᠠᠨ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠰᠣᠶᠣᠯ᠎ᠤᠨ ᠳᠦᠷᠢ ᠲᠥᠷᠬᠦ ᠵᠢ ᠤᠯᠠᠮᠵᠢᠯᠠᠨ ᠳᠡᠯᠭᠡᠷᠡᠭᠦᠯᠵᠦ ᠂ 《ᠭᠤᠷᠪᠠᠨ ᠰᠠᠯᠵᠤ ᠪᠣᠯᠣᠰᠢ ᠦᠭᠡᠢ》 ᠂ 《ᠲᠠᠪᠤᠨ ᠮᠡᠳᠡᠷᠡᠬᠦᠢ》 ᠵᠢᠨ ᠦᠵᠡᠯ ᠰᠠᠨᠠᠭ᠎ᠠ ᠪᠠ 《ᠳᠥᠷᠪᠡ ᠵᠢ ᠬᠠᠮᠲᠤᠳᠬᠠᠬᠤ》 ᠣᠨᠣᠯᠵᠢᠬᠤᠨ᠎ᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠬᠢᠯ᠎ᠳᠤ ᠭᠦᠨ ᠬᠠᠳᠠᠩᠰᠢᠭᠤᠯᠤᠨ᠎ᠠ ᠃  ᠦᠨᠳᠦᠰᠦᠲᠡᠨ᠎ᠤ ᠪᠦᠯᠬᠦᠮᠳᠡᠯ ᠳᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ ᠵᠶ᠋ᠠᠨ ᠭᠦᠨ ᠭᠦᠨᠵᠡᠭᠡᠢ ᠤᠳᠠᠭ᠋ᠠᠨ ᠳᠠᠭ᠋ᠠᠭ᠋ᠠᠮᠠᠭ᠋ᠠᠢ ᠥᠷᠨᠢᠭᠦᠯᠵᠦ ᠂  ᠰᠢᠬᠢᠳᠭᠡᠯᠳᠤ ᠮᠠᠶᠢᠭ᠎ᠤᠨ ᠨᠡᠢ᠌ᠭᠡᠮ᠎ᠤᠨ ᠪᠦᠲᠦᠴᠡ ᠪᠠ ᠨᠡᠢ᠌ᠭᠡᠮ ᠲᠣᠭᠣᠷᠢᠭ᠎ᠤᠨ ᠣᠷᠴᠢᠨ ᠨᠥᠬᠥᠴᠡᠯ᠎ᠤᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠦᠨ ᠂  ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠴᠢᠩᠭ᠋ᠠᠳᠬᠠᠵᠤ ᠂  ᠦᠨᠳᠦᠰᠦᠲᠡᠨ᠎ᠨᠦᠭᠦᠳ ᠠᠨᠠᠷ᠎ᠤᠨ ᠦᠷ᠎ᠡ ᠮᠡᠲᠦ ᠨᠢᠭᠲᠠᠷᠠᠨ ᠪᠦᠯᠬᠦᠮᠳᠡᠬᠦ ᠵᠢ ᠠᠬᠢᠭᠤᠯᠤᠨ ᠂ 

《ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》᠎ᠤ ᠡᠷᠬᠢᠮ ᠳᠡᠭᠡᠳᠦ ᠢᠷᠠᠭᠤ ᠠᠯᠳᠠᠷ ᠵᠶ᠋ᠠᠨ ᠬᠠᠮᠲᠤ᠎ᠪᠠᠷ ᠬᠠᠮᠠᠭ᠋ᠠᠯᠠᠨ᠎ᠠ ᠃  ᠪᠦᠬᠦ ᠤᠯᠤᠰ᠎ᠤᠨ ᠱᠠᠰᠢᠨ ᠰᠤᠷᠲᠠᠬᠤᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠮᠠᠨ᠎ᠤ ᠤᠯᠤᠰ᠎ᠤᠨ ᠱᠠᠰᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠨ ᠂  ᠱᠠᠰᠢᠨ ᠰᠤᠷᠲᠠᠬᠤᠨ᠎ᠤ ᠬᠠᠤᠯᠢ ᠪᠤᠰᠤ ᠦᠢ᠍ᠯᠡ ᠠᠵᠢᠯᠯᠠᠭ᠎ᠠ ᠵᠢ ᠴᠡᠭᠴᠡᠯᠡᠨ ᠵᠠᠰᠠᠵᠤ ᠂  ᠱᠠᠰᠢᠨ ᠰᠤᠷᠲᠠᠬᠤᠨ᠎ᠤ ᠶᠠᠪᠤᠳᠠᠯ᠎ᠢ ᠬᠠᠤᠯᠢ ᠶᠣᠰᠣᠭ᠋ᠠᠷ ᠬᠠᠮᠢᠶᠠᠷᠤᠨ ᠂  ᠱᠠᠰᠢᠨ ᠰᠤᠷᠲᠠᠬᠤᠨ᠎ᠤ ᠡᠶ᠎ᠡ ᠵᠣᠬᠢᠴᠠᠯ᠎ᠢ ᠳᠠᠰᠤᠷᠠᠯᠳᠠ ᠦᠭᠡᠢ ᠠᠬᠢᠭᠤᠯᠤᠨ᠎ᠠ ᠃

       ᠬᠢᠵᠢᠭ᠎ᠤᠨ ᠪᠠᠢ᠌ᠳᠠᠯ᠎ᠢ ᠪᠦᠬᠦ ᠬᠡᠯᠬᠢᠶᠡᠰᠦ᠎ᠪᠠᠷ ᠨᠠᠷᠢᠯᠢᠭᠵᠢᠭᠤᠯᠤᠨ ᠰᠡᠷᠭᠡᠢ᠌ᠯᠡᠵᠦ ᠡᠵᠡᠮᠳᠡᠬᠦ ᠵᠢ ᠰᠢᠨᠵᠢᠯᠡᠬᠦ ᠤᠬᠠᠭ᠋ᠠᠨᠴᠢ᠎ᠪᠠᠷ ᠬᠦᠴᠦᠲᠡᠢ ᠰᠠᠢ᠌ᠲᠤᠷ ᠠᠳᠬᠤᠨ᠎ᠠ ᠃  ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠱᠠᠭ᠋ᠠᠷᠳᠠᠯᠭ᠎ᠠ ᠵᠢ ᠠᠵᠤ ᠠᠬᠤᠢ ᠨᠡᠢ᠌ᠭᠡᠮ᠎ᠤᠨ ᠠᠯᠢᠪᠠ ᠠᠵᠢᠯᠯᠠᠭ᠎ᠠ᠎ᠳᠤ ᠨᠠᠢ᠌ᠳᠠᠪᠤᠷᠢᠵᠢᠭᠤᠯᠤᠨ ᠂  ᠬᠠᠮᠤᠭ ᠴᠢᠩᠭ᠎ᠠ ᠬᠠᠷᠢᠭᠤᠴᠠᠯᠭ᠋ᠠᠲᠤ ᠰᠡᠳᠬᠢᠯᠭᠡ ᠪᠠ ᠬᠡᠷᠡᠭᠵᠢᠭᠦᠯᠬᠦ ᠡᠷᠴᠢᠮ ᠵᠶ᠋ᠠᠷ ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠢ᠌ᠯᠡᠵᠦ ᠂  ᠳᠣᠲᠣᠭ᠋ᠠᠳᠤ᠎ᠳᠤ᠎ᠪᠠᠨ ᠳᠠᠬᠢᠨ ᠳᠡᠯᠭᠡᠷᠡᠬᠦ ᠵᠢ᠎ᠨᠢ ᠰᠡᠷᠭᠡᠢ᠌ᠯᠡᠬᠦ ᠵᠢ ᠰᠠᠢ᠌ᠲᠤᠷ ᠠᠳᠬᠤᠵᠤ ᠂  ᠬᠢᠵᠢᠭ᠎ᠤᠨ ᠪᠠᠢ᠌ᠳᠠᠯ ᠭᠡᠨᠡᠳᠲᠡ ᠡᠭᠦᠰᠴᠦ ᠠᠮᠤᠷ ᠲᠣᠭᠲᠠᠭᠤᠨ᠎ᠤ ᠶᠡᠬᠡ ᠲᠠᠯ᠎ᠠ᠎ᠳᠤ ᠳᠠᠭ᠋ᠠᠷᠢᠯᠲᠠ ᠪᠣᠯᠬᠤ ᠵᠢ ᠡᠷᠡᠰ ᠰᠡᠷᠭᠡᠢ᠌ᠯᠡᠨ᠎ᠡ ᠃  ᠬᠢᠯᠢ ᠵᠢᠨ ᠪᠣᠭᠣᠮᠲᠠ ᠵᠢᠨ ᠲᠦᠭᠰᠢᠭᠦᠷᠢ ᠵᠢᠨ ᠳᠠᠯᠳᠠ ᠭᠡᠮ᠎ᠢ ᠲᠤᠰᠬᠠᠢ ᠪᠠᠭ ᠵᠢᠭᠰᠠᠭ᠋ᠠᠨ ᠪᠠᠢ᠌ᠴᠠᠭ᠋ᠠᠬᠤ ᠂  ᠲᠤᠰᠬᠠᠢ ᠰᠣᠷᠢᠯᠲᠠ ᠬᠢᠬᠦ᠂  ᠲᠤᠰᠬᠠᠢ ᠮᠡᠷᠭᠡᠵᠢᠯ ᠵᠶ᠋ᠠᠷ ᠬᠠᠮᠢᠶᠠᠷᠤᠨ ᠡᠵᠡᠮᠳᠡᠬᠦ ᠵᠢ ᠴᠢᠩᠭ᠋ᠠᠷᠠᠭᠤᠯᠤᠨ ᠂  ᠬᠢᠯᠢ ᠵᠢᠨ ᠪᠣᠭᠣᠮᠲᠠ ᠵᠢᠨ ᠬᠤᠳᠠ᠎ᠳᠠᠬᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠡᠬᠢ ᠪᠠᠶᠠᠯᠢᠭ᠎ᠤᠨ ᠪᠠᠢ᠌ᠷᠢᠰᠢᠭᠤᠯᠤᠯᠲᠠ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠵᠠᠰᠠᠬᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠷᠠᠭᠤᠯᠵᠤ ᠂  ᠬᠥᠮᠥᠨ ᠂  ᠪᠣᠳᠠᠰ ᠂  ᠣᠷᠴᠢᠨ ᠲᠣᠭᠣᠷᠢᠨ᠎ᠳᠤ ᠪᠢᠲᠡᠭᠦᠦ ᠴᠥᠷᠬᠡᠯᠡᠨ ᠬᠠᠮᠢᠶᠠᠷᠬᠤ ᠵᠢ ᠴᠢᠩᠭ᠋ᠠᠷᠠᠭᠤᠯᠤᠨ᠎ᠠ ᠃  ᠪᠠᠢ᠌ᠩᠭᠤᠵᠢᠭᠤᠯᠤᠨ ᠰᠡᠷᠭᠡᠢ᠌ᠯᠡᠵᠦ ᠡᠵᠡᠮᠳᠡᠬᠦ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠂  ᠤᠯᠠᠨ ᠴᠡᠭ᠎ᠤᠨ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠴᠠ ᠵᠢ ᠪᠦᠷᠢᠨᠰᠢᠭᠦᠯᠵᠦ ᠂  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠬᠥᠳᠡᠯᠦᠩᠭᠦᠢ᠎ᠪᠠᠷ ᠲᠡᠭᠦᠯᠳᠡᠷᠵᠢᠭᠦᠯᠦᠨ ᠂  ᠬᠢᠵᠢᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂  ᠬᠢᠵᠢᠭ᠎ᠤᠨ ᠪᠠᠢ᠌ᠳᠠᠯ ᠡᠭᠦᠰᠬᠦ᠎ᠳᠤ ᠬᠦᠷᠪᠡᠯ ᠦᠳᠲᠡᠷ ᠲᠦᠷᠭᠡᠨ ᠬᠦᠴᠦᠲᠡᠢ ᠳᠥᠪᠬᠢᠨᠡᠭᠦᠯᠦᠨ ᠰᠢᠢ᠍ᠳᠪᠦᠷᠢᠯᠡᠬᠦ ᠵᠢ ᠦᠨᠡᠨ ᠬᠦ᠌ ᠪᠠᠲᠤᠯᠠᠬᠤ ᠮᠥᠷᠲᠡᠭᠡᠨ ᠦᠷᠡᠭᠳᠡᠯ ᠰᠦᠢ᠍ᠳᠦᠯ ᠪᠠ ᠮᠠᠭᠤ ᠨᠥᠯᠥᠭᠡ ᠵᠢ ᠪᠠᠭ᠋ᠠᠰᠬᠠᠬᠤ᠎ᠪᠠᠷ ᠬᠦᠴᠦᠯᠡᠨ ᠴᠢᠷᠮᠠᠢ᠌ᠨ᠎ᠠ ᠃

       ᠠᠮᠤᠭᠤᠯᠠᠩᠲᠤ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠤᠨ᠎ᠠ ᠃  ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠳᠤ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠤᠢ ᠪᠤᠯᠭ᠋ᠠᠬᠤ ᠵᠢ ᠲᠡᠷᠢᠭᠦᠨ ᠪᠠᠢ᠌ᠷᠢᠨ᠎ᠳᠤ ᠲᠠᠯᠪᠢᠨ ᠂  ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠠ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠢ᠌ᠲᠤᠷ ᠬᠢᠵᠦ ᠂  ᠪᠥᠬᠦ ᠠᠷᠭ᠎ᠠ ᠬᠡᠮᠵᠢᠶ᠎ᠡ᠎ᠪᠠᠨ ᠤᠷᠢᠳ ᠵᠶ᠋ᠠᠷ ᠪᠡᠯᠡᠳᠬᠡᠨ ᠂  ᠨᠠᠢ᠌ᠳᠠᠪᠤᠷᠢᠵᠢᠭᠤᠯᠵᠤ ᠪᠣᠳᠠᠲᠠᠢ᠌ᠵᠢᠭᠤᠯᠤᠨ᠎ᠠ ᠃ 《ᠹᠧᠩ ᠴᠢᠶᠤᠤ ᠵᠢᠨ ᠲᠤᠷᠰᠢᠯᠭ᠎ᠠ》 ᠵᠢ ᠥᠪᠥᠷ ᠮᠣᠩᠭᠣᠯ᠎ᠳᠤ ᠦᠢ᠍ᠯᠡᠳᠦᠯᠭᠡᠵᠢᠭᠦᠯᠬᠦ ᠵᠢ ᠭᠦᠨᠵᠡᠭᠡᠢ᠌ᠷᠡᠭᠦᠯᠦᠨ ᠂  ᠬᠤᠳᠠ ᠵᠢᠨ ᠬᠡᠪᠴᠢᠶᠡᠨ᠎ᠤ ᠨᠡᠢ᠌ᠭᠡᠮ᠎ᠤᠨ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠤ ᠂  ᠨᠡᠢ᠌ᠭᠡᠮ᠎ᠤᠨ ᠠᠵᠢᠯ᠎ᠤᠨ ᠲᠣᠭᠲᠠᠯᠴᠠᠭ᠎ᠠ ᠵᠢ ᠪᠦᠷᠢᠨᠰᠢᠭᠦᠯᠵᠦ ᠂  ᠵᠠᠬᠢᠳᠠᠯ ᠰᠤᠷᠪᠤᠯᠵᠢᠯᠠᠯ᠎ᠤᠨ ᠳᠠᠷᠤᠭᠳᠠᠮᠠᠯ ᠬᠡᠷᠡᠭ᠎ᠢ ᠪᠦᠲᠦᠮᠵᠢᠳᠠᠢ ᠠᠷᠢᠯᠭ᠋ᠠᠨ᠎ᠠ ᠃  ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ ᠂  ᠠᠮᠢᠳᠤ ᠪᠣᠳᠠᠰ᠎ᠤᠨ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠨ᠎ᠠ ᠃  ᠠᠮᠤᠷ ᠲᠦᠪᠰᠢᠨ᠎ᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠎ᠪᠠᠨ ᠴᠢᠩᠭ᠋ᠠᠷᠠᠭᠤᠯᠤᠨ ᠂  ᠭᠣᠣᠯᠳᠠᠯᠭ᠎ᠠ ᠪᠣᠯᠬᠤ ᠬᠦᠷᠢᠶ᠎ᠡ ᠴᠠᠷᠠᠭ᠋ᠠᠨ᠎ᠳᠠᠬᠢ ᠠᠶᠤᠯ ᠦᠭᠡᠢ ᠦᠢ᠍ᠯᠡᠳᠪᠦᠷᠢᠯᠡᠯ᠎ᠳᠤ ᠦᠨᠳᠦᠰᠦ᠎ᠠᠴᠠ᠎ᠨᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠥᠷᠨᠢᠭᠦᠯᠵᠦ ᠂  ᠠᠶᠤᠯ ᠦᠭᠡᠢ ᠦᠢ᠍ᠯᠡᠳᠪᠦᠷᠢᠯᠡᠯ᠎ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠋ᠠᠨ᠎ᠤ ᠡᠭᠦᠷᠭᠡ ᠵᠢ ᠴᠢᠨᠠᠷ ᠰᠠᠢ᠌ᠲᠠᠢ ᠪᠡᠶᠡᠯᠡᠭᠦᠯᠦᠨ᠎ᠡ ᠃  ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠴᠦᠨ ᠂  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠳ᠋ ᠪᠠᠷᠠᠭ᠎ᠠ ᠵᠢᠨ ᠨᠥᠭᠡᠴᠡ ᠂  ᠣᠷᠣᠨ ᠪᠦᠰᠡ ᠵᠢᠨ ᠴᠢᠨᠠᠷᠲᠠᠢ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠮᠡᠳᠡᠭᠡ ᠵᠠᠩᠭᠢᠴᠢᠯᠠᠬᠤ ᠪᠠᠢ᠌ᠭᠤᠯᠤᠯᠲᠠ ᠵᠢ ᠴᠢᠩᠭ᠋ᠠᠳᠬᠠᠨ ᠂  ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠨ ᠭᠠᠮᠰᠢᠭ᠎ᠠᠴᠠ ᠠᠪᠤᠷᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠠ ᠃  ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠪᠠᠢ᠌ᠭᠤᠯᠤᠯᠲᠠ ᠵᠢ ᠳᠡᠮᠵᠢᠵᠤ ᠂  ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠢ᠌ᠴᠢᠯᠠᠯᠲᠠ ᠂  ᠴᠡᠷᠢᠭ ᠪᠠ ᠠᠷᠠᠳ᠎ᠤᠨ ᠬᠡᠷᠡᠭᠴᠡᠭᠡᠨ᠎ᠤ ᠠᠭᠤᠰᠤᠯᠴᠠᠯ ᠂  ᠠᠷᠠᠳ᠎ᠤᠨ ᠠᠭ᠋ᠠᠷ᠎ᠤᠨ ᠰᠡᠷᠭᠡᠢ᠌ᠯᠡᠯᠲᠡ ᠵᠡᠷᠭᠡ ᠠᠵᠢᠯ᠎ᠢ ᠰᠠᠢ᠌ᠲᠤᠷ ᠬᠢᠵᠦ ᠂  ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠠᠵᠢᠯ᠎ᠤᠨ ᠲᠣᠭᠲᠠᠯᠴᠠᠭ᠎ᠠ ᠪᠠ ᠪᠠᠲᠤᠯᠠᠭ᠎ᠠ ᠵᠢᠨ ᠳᠦᠷᠢᠮ᠎ᠢ ᠪᠦᠷᠢᠨᠰᠢᠭᠦᠯᠦᠨ ᠂  ᠴᠡᠷᠢᠭ ᠪᠠ ᠵᠠᠰᠠᠭ ᠂  ᠴᠡᠷᠢᠭ ᠪᠠ ᠠᠷᠠᠳ ᠪᠦᠯᠬᠦᠮᠳᠡᠨ ᠨᠢᠭᠡᠳᠴᠦ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭᠲᠠᠭᠤᠨ᠎ᠢ ᠰᠠᠬᠢᠨ ᠬᠠᠮᠠᠭ᠋ᠠᠯᠠᠨ᠎ᠠ ᠃

       ᠳᠥᠷᠪᠡ ᠂  ᠵᠠᠰᠠᠭ᠎ᠤᠨ ᠣᠷᠳᠣᠨ᠎ᠤ ᠵᠠᠰᠠᠯᠲᠠ ᠵᠢᠨ ᠴᠢᠳᠠᠪᠤᠷᠢ ᠪᠠ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠠ

       ᠰᠢᠨ᠎ᠡ ᠴᠠᠭ ᠦᠶ᠎ᠡ ᠵᠢᠨ ᠵᠠᠰᠠᠭ᠎ᠤᠨ ᠣᠷᠳᠣᠨ᠎ᠤ ᠠᠵᠢᠯ᠎ᠳᠤ ᠵᠠᠪᠠᠯ ᠰᠢᠨ᠎ᠡ ᠪᠠᠷᠢᠮᠵᠢᠶ᠎ᠠ ᠰᠢᠨ᠎ᠡ ᠴᠢᠨᠠᠷ ᠴᠢᠨᠰᠠᠭ᠎ᠠ ᠂  ᠰᠢᠨ᠎ᠡ ᠵᠢᠳᠬᠦᠯ ᠴᠢᠷᠮᠠᠢ᠌ᠯᠭ᠎ᠠ ᠰᠢᠨ᠎ᠡ ᠳᠦᠷᠰᠦ ᠪᠠᠢ᠌ᠳᠠᠯ᠎ᠲᠠᠢ ᠪᠠᠢ᠌ᠯᠭ᠋ᠠᠵᠤ ᠂  ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠢ᠌ᠭᠤᠯᠤᠯᠲᠠ᠎ᠳᠤ ᠵᠠᠪᠠᠯ ᠰᠢᠨ᠎ᠡ ᠴᠢᠩᠭ᠋ᠠᠷᠠᠯᠲᠠ ᠰᠢᠨ᠎ᠡ ᠳᠠᠪᠰᠢᠯᠳᠠ᠎ᠲᠠᠢ ᠪᠣᠯᠭ᠋ᠠᠨ᠎ᠠ ᠃       ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠨ᠎ᠡ ᠃  ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂  ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠠᠢ᠌ᠩᠭᠤᠵᠢᠬᠤ ᠪᠠ ᠤᠷᠲᠦ ᠬᠤᠭᠤᠴᠠᠭ᠋ᠠᠨ᠎ᠤ ᠪᠦᠲᠦᠮᠵᠢᠲᠠᠢ ᠪᠠᠢ᠌ᠬᠤ ᠵᠢ ᠠᠬᠢᠭᠤᠯᠵᠤ ᠂  ᠨᠠᠮ᠎ᠳᠤ᠎ᠪᠠᠨ ᠦᠨᠡᠨᠴᠢ ᠰᠢᠳᠤᠷᠭᠤ ᠪᠠᠢ᠌ᠬᠤ ᠬᠥᠮᠦᠵᠢᠯ᠎ᠢ ᠭᠦᠨᠵᠡᠭᠡᠢ᠌ᠷᠡᠭᠦᠯᠵᠦ ᠂  ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ ᠂  ᠤᠯᠤᠰ ᠲᠦᠷᠦ ᠵᠢᠨ ᠣᠢ᠌ᠯᠠᠭ᠋ᠠᠬᠤ ᠴᠢᠳᠠᠪᠤᠷᠢ ᠂  ᠤᠯᠤᠰ ᠲᠦᠷᠦ ᠵᠢᠨ ᠭᠦᠢ᠍ᠴᠡᠳᠬᠡᠬᠦ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ ᠂ 《ᠬᠣᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ ᠂ 《ᠬᠣᠶᠠᠷ᠎ᠢ ᠬᠠᠮᠠᠭ᠋ᠠᠯᠠᠬᠤ》 ᠵᠢ ᠪᠠᠲᠤ ᠴᠢᠩᠭ᠎ᠠ᠎ᠪᠠᠷ ᠪᠡᠶᠡᠯᠡᠭᠦᠯᠦᠨ ᠂  ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ ᠳᠡᠭᠡᠷ᠎ᠡ᠎ᠪᠠᠨ ᠢᠮᠠᠭᠲᠠ ᠰᠢ ᠵᠢᠨ ᠫᠢᠩ ᠨᠥᠬᠥᠷ ᠵᠶ᠋ᠠᠷ ᠭᠣᠣᠯ ᠪᠤᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠯᠭ᠋ᠠᠨ᠎ᠠ ᠃

       ᠨᠢᠭᠡ ᠯᠠ ᠰᠡᠳᠬᠢᠯ ᠵᠶ᠋ᠠᠷ ᠨᠠᠢ᠌ᠳᠠᠪᠤᠷᠢᠵᠢᠭᠤᠯᠬᠤ ᠵᠢ ᠠᠳᠬᠤᠨ᠎ᠠ ᠃  ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢᠨ ᠲᠣᠭᠣᠷᠢᠨ᠎ᠳᠤ ᠨᠢᠭᠲᠠ ᠤᠶᠠᠯᠳᠤᠭᠤᠯᠤᠨ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢᠨ ᠶᠣᠰᠣᠭ᠋ᠠᠷ ᠂  ᠲᠡᠷᠡ ᠶᠣᠰᠣᠭ᠋ᠠᠷ᠎ᠨᠢ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ ᠂  ᠨᠠᠢ᠌ᠳᠠᠪᠤᠷᠢᠵᠢᠭᠤᠯᠤᠯᠲᠠ ᠵᠢ ᠴᠥᠬᠥᠷᠡᠰᠢ ᠦᠭᠡᠢ ᠠᠬᠢᠭᠤᠯᠤᠨ᠎ᠠ ᠃  ᠠᠵᠢᠯ᠎ᠤᠨ ᠪᠠᠢ᠌ᠷᠢ ᠪᠣᠯ ᠬᠠᠷᠢᠭᠤᠴᠠᠯᠭ᠎ᠠ ᠂  ᠲᠤᠰᠢᠶᠠᠯ᠎ᠤᠨ ᠪᠠᠢ᠌ᠷᠢ ᠪᠣᠯ ᠬᠠᠷᠢᠭᠤᠴᠠᠯᠭ᠎ᠠ ᠪᠤᠯᠬᠤ ᠵᠢ ᠪᠠᠷᠢᠮᠲᠠᠯᠠᠵᠤ ᠂  ᠨᠠᠢ᠌ᠳᠠᠪᠤᠷᠢᠵᠢᠭᠤᠯᠬᠤ ᠦᠭᠡᠢ ᠪᠠ ᠪᠣᠳᠠᠲᠠᠢ ᠨᠠᠢ᠌ᠳᠠᠪᠤᠷᠢᠵᠢᠭᠤᠯᠬᠤ ᠦᠭᠡᠢ ᠪᠠᠢ᠌ᠬᠤ ᠦᠵᠡᠭᠳᠡᠯ᠎ᠢ ᠡᠷᠡᠰ ᠲᠡᠪᠴᠢᠨ᠎ᠡ ᠃  ᠠᠵᠢᠯ᠎ᠤᠨ ᠠᠷᠭ᠎ᠠ ᠪᠠᠷᠢᠯ ᠵᠢᠡᠨ ᠨᠡᠩ ᠴᠢᠩᠭ᠎ᠠ ᠂  ᠨᠡᠩ ᠨᠠᠷᠢᠯᠢᠭ ᠂  ᠨᠡᠩ ᠪᠣᠳᠠᠲᠠᠢ ᠪᠣᠯᠭ᠋ᠠᠨ ᠂  ᠨᠢᠭᠡᠳᠦᠭᠡᠷ ᠹᠷᠤᠨᠲ᠎ᠤᠨ ᠠᠵᠢᠯ᠎ᠢ ᠪᠠᠢ᠌ᠩᠭᠤᠵᠢᠭᠤᠯᠬᠤ ᠪᠠ ᠪᠢᠲᠡᠭᠦᠦ ᠴᠥᠷᠬᠡᠯᠡᠨ ᠨᠠᠢ᠌ᠳᠠᠪᠤᠷᠢᠵᠢᠭᠤᠯᠬᠤ ᠵᠢ ᠤᠷᠲᠤ ᠬᠤᠭᠤᠴᠠᠭ᠋ᠠᠨ᠎ᠳᠤ ᠪᠦᠲᠦᠮᠵᠢᠲᠡᠢ ᠪᠠᠢ᠌ᠯᠭ᠋ᠠᠵᠤ ᠂  ᠦᠨᠳᠦᠰᠦᠨ ᠱᠠᠲᠤᠨ᠎ᠤ ᠳᠠᠷᠤᠭ᠋ᠠᠰᠤ ᠵᠢ ᠦᠷᠭᠦᠯᠵᠢᠯᠡᠨ ᠬᠥᠩᠭᠡᠷᠡᠭᠦᠯᠵᠦ ᠂  ᠬᠠᠷᠢᠭᠤᠴᠠᠯᠭ᠎ᠠ ᠡᠭᠦᠷᠭᠡᠯᠡᠬᠦ ᠦᠭᠡᠢ ᠂  ᠵᠢᠳᠬᠦᠯ ᠴᠢᠷᠮᠠᠢ᠌ᠯᠭ᠎ᠠ ᠭᠠᠷᠭ᠋ᠠᠬᠤ ᠦᠭᠡᠢ ᠂  ᠠᠯᠭᠤᠷᠯᠠᠨ ᠠᠵᠢᠯᠯᠠᠬᠤ ᠂  ᠥᠩᠭᠡᠪᠴᠢ ᠠᠵᠢᠯ ᠬᠢᠬᠦ᠂  ᠠᠵᠢᠯ ᠵᠶ᠋ᠠᠨ ᠰᠣᠬᠣᠷ ᠪᠠᠯᠠᠢ᠎ᠪᠠᠷ ᠳᠡᠯᠭᠡᠨ ᠦᠷᠦᠬᠦ ᠵᠢ ᠡᠷᠡᠰ ᠡᠰᠡᠷᠭᠦᠴᠡᠵᠦ ᠂  ᠲᠣᠭᠲᠠᠭᠰᠠᠨ ᠠᠵᠢᠯ ᠶᠠᠪᠤᠳᠠᠯ᠎ᠢ ᠴᠢᠩᠭ᠎ᠠ ᠠᠳᠬᠤᠨ ᠱᠠᠯᠠᠪᠳᠠᠨ ᠭᠦᠢ᠍ᠴᠡᠳᠬᠡᠵᠦ ᠂  ᠦᠷ᠎ᠡ ᠪᠦᠲᠦᠮᠵᠢ ᠭᠠᠷᠭ᠋ᠠᠵᠤ ᠂  ᠦᠷ᠎ᠡ ᠳ᠋ᠦᠩ᠎ᠲᠠᠢ ᠪᠣᠯᠭ᠋ᠠᠬᠤ ᠬᠡᠷᠡᠭᠲᠡᠢ ᠃

       ᠰᠡᠳᠬᠢᠯ ᠲᠠᠯᠪᠢᠵᠤ ᠪᠣᠳᠠᠲᠠᠢ ᠶᠠᠪᠤᠳᠠᠯ᠎ᠢ ᠬᠢᠴᠢᠶᠡᠩᠭᠦᠢ ᠭᠦᠢ᠍ᠴᠡᠳᠬᠡᠨ᠎ᠡ ᠃  ᠠᠷᠠᠳ ᠲᠦᠮᠡᠨ ᠵᠶ᠋ᠠᠷ ᠭᠣᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠬᠢᠨᠠᠮᠠᠭ᠋ᠠᠢ ᠦᠢ᠍ᠯᠡᠳᠦᠯᠭᠡᠵᠢᠭᠦᠯᠵᠦ ᠂  ᠤᠯᠠᠨ ᠲᠦᠮᠡᠨ᠎ᠤ ᠠᠷᠰᠠᠷ ᠤᠴᠢᠷ ᠶᠠᠪᠤᠳᠠᠯ᠎ᠢ ᠲᠣᠮᠣ ᠠᠵᠢᠯ ᠶᠠᠪᠤᠳᠠᠯ ᠵᠶ᠋ᠠᠷ ᠦᠵᠡᠵᠦ ᠂  ᠤᠯᠠᠨ ᠲᠦᠮᠡᠨ᠎ᠤ ᠶᠠᠭ᠋ᠠᠷᠠᠯᠲᠠᠢ ᠤᠴᠢᠷ ᠬᠦᠴᠢᠷᠲᠡᠢ ᠶᠠᠪᠤᠳᠠᠯ᠎ᠢ ᠴᠢᠬᠤᠯᠠ ᠠᠵᠢᠯ ᠶᠠᠪᠤᠳᠠᠯ ᠪᠣᠯᠭ᠋ᠠᠵᠤ ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠬᠦ 》 ᠵᠢ ᠦᠷᠭᠦᠯᠵᠢᠯᠡᠨ ᠠᠬᠢᠭᠤᠯᠤᠨ᠎ᠠ ᠃  ᠰᠢᠨ᠎ᠡ ᠴᠠᠭ ᠦᠶ᠎ᠡ ᠵᠢᠨ ᠨᠠᠮ᠎ᠤᠨ ᠤᠯᠠᠨ ᠲᠦᠮᠡᠨᠴᠢ ᠱᠤᠭᠤᠮ ᠵᠶ᠋ᠠᠷ ᠰᠠᠢ᠌ᠲᠤᠷ ᠵᠠᠮᠨᠠᠵᠤ ᠂  ᠡᠯ᠎ᠡ ᠱᠠᠲᠤᠨ᠎ᠤ ᠵᠠᠰᠠᠭ᠎ᠤᠨ ᠣᠷᠳᠣᠨ ᠤᠳᠤᠷᠢᠳᠬᠤ ᠺᠠᠳ᠋ᠷ᠎ᠤᠨ ᠰᠤᠷᠪᠤᠯᠵᠢᠯᠠᠯ ᠭᠥᠯᠢᠶᠡᠨ ᠠᠪᠬᠤ ᠲᠣᠭᠲᠠᠴᠠ ᠵᠢ ᠪᠠᠢ᠌ᠭᠤᠯᠤᠨ ᠂  ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠨᠢᠭᠤᠷᠳᠠᠨ ᠰᠣᠨᠣᠰᠴᠤ ᠂  ᠣᠯᠠᠨ ᠲᠦᠮᠡᠨ᠎ᠤ ᠠᠰᠠᠭᠤᠳᠠᠯ᠎ᠢ ᠦᠨᠡᠨ ᠪᠣᠳᠠᠲᠠᠢ᠎ᠪᠠᠷ ᠰᠢᠢ᠍ᠳᠪᠦᠷᠢᠯᠡᠨ ᠂  ᠠᠵᠤ ᠠᠬᠤᠢ᠌ᠯᠠᠯ᠎ᠳᠤ ᠦᠨᠡᠨ ᠰᠡᠳᠬᠢᠯ ᠵᠢᠡᠷ ᠵᠢᠡᠨ ᠦᠢ᠍ᠯᠡᠴᠢᠯᠡᠨ᠎ᠡ ᠃ 《ᠠᠯᠪᠠᠨ᠎ᠤ ᠭᠤᠷᠪᠠᠨ》 ᠵᠠᠷᠤᠳᠠᠯ᠎ᠢ ᠴᠢᠩᠭ᠎ᠠ ᠬᠢᠵᠠᠭ᠋ᠠᠷᠯᠠᠨ ᠂  ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠭᠣᠣᠯᠳᠠᠯᠭ᠎ᠠ ᠵᠢᠨ ᠪᠤᠰᠤ ᠪᠠ ᠵᠠᠪᠠᠯ ᠬᠡᠷᠡᠭᠰᠡᠬᠦ ᠪᠤᠰᠤ ᠴᠢᠨᠠᠷᠲᠠᠢ ᠵᠠᠷᠤᠯᠭ᠎ᠠ ᠵᠢᠨ ᠲᠥᠰᠥᠪ᠎ᠢ ᠳᠠᠬᠢᠨᠲᠠ 29.5 ᠳ᠋ᠦᠩᠰᠢᠭᠤᠷ ᠲᠥᠭᠥᠷᠢᠭ ᠬᠠᠰᠤᠨ᠎ᠠ ᠂  ᠡᠯ᠎ᠡ ᠱᠠᠲᠤ ᠡᠯ᠎ᠡ ᠭᠠᠵᠠᠷ᠎ᠤᠨ ᠵᠠᠷᠤᠯᠭ᠎ᠠ᠎ᠪᠠᠨ ᠠᠷᠪᠢᠯᠠᠵᠤ ᠠᠷᠪᠢᠴᠢ ᠭᠠᠮᠲᠠᠢ ᠪᠠᠢ᠌ᠬᠤ ᠵᠢ ᠳᠠᠶ᠋ᠢᠴᠢᠯᠠᠵᠦ ᠂  ᠪᠦᠷᠢᠯᠭᠡᠨ ᠰᠦᠢ᠍ᠳᠬᠡᠬᠦ ᠪᠠ ᠵᠠᠷᠤᠯᠭ᠎ᠠ ᠶᠡᠬᠡᠲᠡᠢ ᠪᠠᠢ᠌ᠬᠤ ᠵᠢ ᠡᠷᠡᠰ ᠡᠰᠡᠷᠭᠦᠴᠡᠨ ᠂  ᠵᠠᠷᠤᠳᠠᠯ ᠮᠥᠩᠭᠥ ᠪᠦᠭᠦᠨ᠎ᠢ ᠠᠷᠪᠢᠲᠠᠢ ᠭᠠᠮᠲᠠᠢ ᠬᠡᠷᠡᠭᠯᠡᠵᠦ ᠂  ᠠᠵᠢᠯ ᠶᠠᠪᠤᠳᠠᠯ ᠪᠦᠭᠦᠨ᠎ᠢ ᠪᠦᠷᠢᠨ ᠰᠠᠢ᠌ᠨ ᠭᠦᠢ᠍ᠴᠡᠳᠬᠡᠨ᠎ᠡ ᠃

       ᠠᠷᠢᠭᠤᠨ ᠴᠢᠬᠡᠴᠢ᠎ᠪᠠᠷ ᠠᠵᠢᠯᠯᠠᠵᠤ ᠦᠢ᠍ᠯᠡᠰ ᠪᠦᠲᠦᠭᠡᠨ᠎ᠡ ᠃  ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ ᠵᠢᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂  ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠬᠡᠷᠡᠭᠵᠢᠭᠦᠯᠵᠦ ᠂  ᠡᠯ᠎ᠡ ᠵᠦᠢ᠍ᠯ᠎ᠤᠨ ᠰᠠᠬᠢᠯᠭ᠎ᠠ ᠪᠠᠲᠤ ᠪᠠ ᠶᠣᠰᠣ ᠳᠦᠷᠢᠮ᠎ᠢ ᠴᠢᠩᠭ᠎ᠠ ᠵᠢᠷᠤᠮᠯᠠᠨ ᠰᠠᠬᠢᠵᠤ ᠂  ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠤᠨ ᠪᠣᠯᠭᠢᠴᠢᠯᠠᠬᠤ ᠂  ᠠᠷᠠᠯᠵᠢᠶᠠᠴᠢᠯᠠᠬᠤ ᠵᠢ ᠰᠡᠷᠭᠡᠢ᠌ᠯᠡᠨ ᠬᠣᠷᠢᠭᠯᠠᠵᠤ ᠂ 《ᠲᠦ᠍ᠢ᠍ᠷᠪᠡᠨ ᠰᠤᠷᠲᠠᠯ》 ᠎ᠤᠨ ᠠᠰᠠᠭᠤᠳᠠᠯ ᠢᠯᠠᠩᠭᠤᠶ᠎ᠠ ᠬᠡᠯᠪᠡᠷᠢ ᠵᠢᠨ ᠦᠵᠡᠯ ᠂  ᠨᠣᠶᠠᠨᠴᠢ ᠰᠤᠷᠲᠠᠯ᠎ᠤᠨ ᠠᠰᠠᠭᠤᠳᠠᠯ᠎ᠤᠳ ᠴᠣᠬᠤᠶ᠋ᠢᠮᠠᠭᠴᠠ ᠳᠠᠷᠤᠵᠤ ᠂  ᠢᠯᠵᠠᠷᠠᠯ᠎ᠤᠨ ᠦᠵᠡᠭᠳᠡᠯ᠎ᠳᠤ ᠥᠴᠥᠬᠡᠨ ᠴᠦ᠍ ᠢᠯᠳᠠᠷ ᠬᠠᠶᠠᠬᠤ ᠦᠭᠡᠢ ᠪᠠᠢ᠌ᠵᠤ ᠂  ᠴᠢᠩᠭ᠎ᠠ ᠪᠠᠢ᠌ᠯᠭ᠋ᠠᠬᠤ ᠭᠣᠣᠯ ᠦᠨᠳᠦᠰᠦᠨ ᠰᠠᠨᠠᠭ᠎ᠠ ᠵᠢ ᠵᠠᠰᠠᠭ᠎ᠤᠨ ᠣᠷᠳᠣᠨ᠎ᠤ ᠰᠢᠰᠲ᠋ᠧᠮ᠎ᠳᠤ ᠲᠤᠢ᠌ᠯᠪᠤᠷᠢᠲᠠᠢ ᠲᠤᠭᠤᠰᠢᠯᠠᠭᠤᠯᠤᠨ ᠂  ᠰᠤᠷᠲᠠᠯ ᠴᠢᠬᠡᠴᠢ ᠣᠪᠣᠷ ᠲᠥᠪ ᠂  ᠠᠵᠢᠯ ᠬᠢᠵᠦ ᠦᠢ᠍ᠯᠡᠰ ᠪᠦᠲᠦᠭᠡᠬᠦ ᠤᠯᠤᠰ ᠲᠦᠷᠦ ᠵᠢᠨ ᠠᠮᠢ ᠠᠬᠤᠢ ᠵᠢ ᠴᠢᠷᠮᠠᠢ᠌ᠨ ᠪᠣᠢ ᠪᠣᠯᠭ᠋ᠠᠨ᠎ᠠ ᠃  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ ᠂  ᠳᠦᠷᠢᠮ ᠵᠶ᠋ᠠᠷ ᠡᠷᠬᠡ ᠵᠢ ᠬᠠᠮᠢᠶᠠᠷᠬᠤ ᠂  ᠠᠵᠢᠯ ᠶᠠᠪᠤᠳᠠᠯ᠎ᠢ ᠬᠠᠮᠢᠶᠠᠷᠬᠤ ᠂  ᠠᠵᠢᠯᠲᠠᠨ ᠵᠶ᠋ᠠᠨ ᠬᠠᠮᠢᠶᠠᠷᠬᠤ ᠵᠢ ᠪᠠᠷᠢᠮᠲᠠᠯᠠᠵᠤ ᠂  ᠢᠲᠡᠭᠡᠮᠵᠢ ᠪᠠᠢ᠌ᠵᠤ ᠠᠮᠠᠯᠠᠯᠲᠠ᠎ᠪᠠᠨ ᠪᠡᠶᠡᠯᠡᠭᠦᠯᠬᠦ ᠲᠣᠭᠲᠠᠴᠠ ᠵᠢ ᠲᠡᠭᠦᠯᠳᠡᠷᠵᠢᠭᠦᠯᠦᠨ ᠂  ᠬᠡᠯᠡᠪᠡᠰᠦ ᠢᠲᠡᠭᠡᠮᠵᠢᠲᠡᠢ ᠬᠢᠪᠡᠰᠦ ᠪᠦᠲᠦᠮᠵᠢᠲᠡᠢ ᠪᠠᠢ᠌ᠵᠤ ᠂ 《ᠰᠢᠨ᠎ᠡ ᠲᠤᠰᠢᠶᠠᠯᠲᠠᠨ᠎ᠨᠢ ᠬᠠᠭᠤᠴᠢᠨ ᠳᠠᠡᠭᠰᠠ ᠵᠢ ᠬᠠᠮᠢᠶᠠᠷᠬᠤ ᠦᠭᠡᠢ》 ᠪᠠᠢ᠌ᠵᠤ ᠣᠭᠲᠤ ᠪᠤᠯᠬᠤ ᠦᠭᠡᠢ ᠃  ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠢᠨᠠᠯᠲᠠ ᠲᠠᠯᠪᠢᠬᠤ ᠂  ᠤᠯᠤᠰ ᠲᠦᠷᠦ ᠵᠢᠨ ᠵᠥᠪᠯᠡᠯᠭᠡᠨ᠎ᠤ ᠬᠢᠨᠠᠯᠲᠠ ᠲᠠᠯᠪᠢᠬᠤ ᠂  ᠬᠢᠨᠠᠨ ᠪᠠᠢ᠌ᠴᠠᠭ᠋ᠠᠬᠤ ᠲᠠᠯ᠎ᠠ ᠵᠢᠨ ᠬᠢᠨᠠᠯᠲᠠ ᠲᠠᠯᠪᠢᠬᠤ ᠂  ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠂  ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠂  ᠨᠡᠢ᠌ᠭᠡᠮ᠎ᠤᠨ ᠬᠢᠨᠠᠯᠲᠠ ᠲᠠᠯᠪᠢᠬᠤ ᠂  ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ ᠂  ᠬᠢᠨᠠᠨ ᠪᠣᠳᠣᠯᠲᠠ᠎ᠪᠠᠷ ᠬᠢᠨᠠᠯᠲᠠ ᠲᠠᠯᠪᠢᠬᠤ ᠵᠢ ᠴᠢᠩᠭ᠋ᠠᠷᠠᠭᠤᠯᠤᠨ ᠂  ᠬᠢᠨᠠᠯᠲᠠ ᠲᠠᠯᠪᠢᠯᠲᠠ ᠵᠢᠨ ᠳᠣᠣᠷ᠎ᠠ ᠠᠵᠢᠯ ᠥᠷᠨᠢᠭᠦᠯᠬᠦ ᠳᠠᠳᠬᠠᠯ᠎ᠲᠠᠢ ᠪᠣᠯᠵᠤ ᠂  ᠬᠢᠨᠠᠯᠲᠠ ᠲᠠᠯᠪᠢᠯᠲᠠ ᠵᠢᠨ ᠳᠤᠮᠳᠠ ᠡᠭᠦᠷᠭᠡ ᠬᠠᠷᠢᠭᠤᠴᠠᠯᠭ᠎ᠠ᠎ᠪᠠᠨ ᠴᠢᠳᠠᠮᠠᠭ᠋ᠠᠢ ᠭᠦᠢ᠍ᠴᠡᠳᠬᠡᠨ᠎ᠡ ᠃

       ᠲᠥᠯᠥᠭᠡᠯᠡᠭᠴᠢᠳ ᠠ᠋ !  ᠰᠢᠨ᠎ᠡ ᠴᠠᠭ ᠦᠶ᠎ᠡ ᠪᠢᠳᠠᠨ᠎ᠳᠤ ᠥᠩᠭᠡ ᠬᠡᠷᠡᠯᠳᠦ ᠬᠠᠷᠢᠭᠤᠴᠠᠯᠭ᠎ᠠ ᠡᠭᠦᠷᠭᠡᠯᠡᠯ ᠣᠯᠭᠣᠵᠤ ᠂  ᠰᠢᠨ᠎ᠡ ᠠᠶᠠᠨ ᠵᠠᠮ ᠪᠢᠳᠠᠨ᠎ᠢ ᠡᠷᠡᠮᠡᠬᠡᠢ᠌ᠯᠡᠨ ᠤᠷᠤᠭᠰᠢᠯᠠᠭᠤᠯᠬᠤ᠎ᠪᠠᠷ ᠤᠷᠢᠶᠠᠯᠠᠵᠤ ᠪᠠᠢ᠌ᠨ᠎ᠠ !  ᠪᠢᠳᠡ ᠰᠢ ᠵᠢᠨ ᠫᠢᠩ ᠨᠥᠬᠥᠷ ᠵᠶ᠋ᠠᠷ ᠭᠣᠣᠯ ᠪᠤᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠯᠬᠦᠮᠳᠡᠯ ᠳᠠᠭ᠋ᠠᠭᠤᠯᠭ᠎ᠠ ᠳᠣᠣᠷ᠎ᠠ ᠂  ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠲᠠᠢ ᠬᠠᠮᠲᠤ᠎ᠪᠠᠷ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠨ ᠂  ᠡᠨᠡᠷᠢᠯ᠎ᠳᠤ ᠲᠠᠯᠠᠷᠬᠠᠵᠤ ᠡᠷᠡᠯᠬᠡᠭᠯᠡᠨ ᠤᠷᠤᠭᠰᠢᠯᠠᠵᠤ ᠂  ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ ᠂  ᠪᠦᠯᠬᠦᠮᠳᠡᠨ ᠲᠡᠮᠡᠴᠡᠵᠦ ᠂  ᠰᠢᠯᠢᠳᠡᠭ ᠬᠢᠷᠢ ᠪᠦᠲᠦᠮᠵᠢ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠵᠤ ᠂  ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ ᠪᠦᠲᠦᠭᠡᠨ ᠪᠠᠢ᠌ᠭᠤᠯᠵᠤ ᠂  ᠠᠭᠤᠤ ᠶᠡᠬᠡ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠶ᠎ᠡ !

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ