ᠢᠯᠡ ᠵᠠᠰᠠᠭ   -   ᠵᠠᠰᠠᠭ᠎ᠤᠨ ᠢᠯᠡᠳᠭᠡᠯ
2024 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠨᠡᠶ᠋ᠢᠲᠡᠯᠡᠭᠰᠡᠨ ᠴᠠᠭ᠄ 2024-02-06

 

ᠲᠥᠯᠥᠭᠡᠯᠡᠭᠴᠢᠳ ᠠ᠋᠄

       ᠤᠳᠤ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠬᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠪᠠ ᠪᠤᠰᠤᠳ ᠰᠤᠯᠠ ᠤᠷᠤᠯᠴᠬᠠᠰᠠᠨ ᠨᠥᠬᠥᠳ ᠰᠠᠨᠠᠯ ᠵᠶ᠋ᠠᠨ ᠳᠤᠷᠠᠳᠬᠤ ᠪᠣᠯᠪᠠᠤ᠃

       ᠨᠢᠭᠡ᠂ ᠥᠩᠭᠡᠷᠡᠭᠰᠡᠨ ᠨᠢᠭᠡ ᠵᠢᠯ᠎ᠤᠨ ᠠᠵᠢᠯ᠎ᠤᠨ ᠡᠷᠭᠢᠴᠡᠭᠦᠯᠦᠯ

      2023 ᠣᠨ ᠪᠣᠯ ᠥᠪᠥᠷ ᠮᠣᠩᠭᠣᠯ᠎ᠤᠨ ᠬᠥᠭᠵᠢᠯᠲᠡ ᠵᠢᠨ ᠲᠡᠦᠬᠡᠨ᠎ᠳᠠᠬᠢ ᠬᠥᠰᠢᠶ᠎ᠡ ᠳᠤᠷᠠᠰᠬᠠᠯ᠎ᠤᠨ ᠠᠴᠢ ᠬᠣᠯᠪᠣᠭᠳᠠᠯ᠎ᠲᠠᠢ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ ᠮᠠᠨ᠎ᠤ ᠣᠷᠣᠨ᠎ᠳᠤ ᠳᠠᠬᠢᠨᠲᠠ ᠮᠣᠷᠢᠯᠠᠨ ᠰᠠᠭ᠋ᠠᠲᠠᠵᠤ ᠰᠢᠨᠵᠢᠯᠡᠨ ᠪᠠᠢ᠌ᠴᠠᠭ᠋ᠠᠭᠰᠠᠨ᠎ᠨᠢ ᠪᠢᠳᠡᠨ᠎ᠳᠤ ᠯᠤᠲᠤ ᠶᠡᠬᠡ ᠤᠯᠤᠰ ᠲᠦᠷᠦ ᠵᠢᠨ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠵᠢᠨ ᠠᠵᠠ ᠲᠤᠬᠢᠶᠠᠯ᠎ᠢ ᠠᠪᠴᠢᠷᠠᠪᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠦᠭᠰᠡᠨ᠎ᠨᠢ ᠪᠢᠳᠡᠨ᠎ᠤ ᠲᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠠᠤᠭ᠎ᠠ ᠶᠡᠬᠡ ᠬᠦᠴᠦᠨ ᠴᠢᠳᠠᠯ᠎ᠢ ᠬᠤᠷᠠᠮᠳᠤᠭᠤᠯᠪᠠ᠃ ᠲᠦᠷᠦ ᠵᠢᠨ ᠶᠠᠪᠤᠳᠠᠯ᠎ᠤᠨ ᠬᠣᠷᠢᠶ᠎ᠠ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠬᠦ ᠰᠠᠨᠠᠯ᠎ᠢ ᠨᠡᠢ᠌ᠲᠡᠯᠡᠭᠰᠡᠨ᠎ᠨᠢ ᠪᠢᠳᠡᠨ᠎ᠤ ᠲᠠᠪᠤᠨ ᠶᠡᠬᠡ ᠡᠭᠦᠷᠭᠡ ᠵᠢ ᠨᠡᠩ ᠰᠠᠢ᠌ᠲᠤᠷ ᠪᠡᠶᠡᠯᠡᠭᠦᠯᠬᠦ᠎ᠳᠤ ᠬᠦᠴᠦᠲᠡᠢ ᠬᠥᠳᠡᠯᠭᠡᠭᠴᠢ ᠬᠦᠴᠦᠨ ᠬᠠᠩᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠭᠦᠯᠬᠦ ᠶᠡᠷᠦᠩᠬᠡᠢ᠌ᠯᠡᠨ ᠵᠠᠬᠢᠷᠬᠤ ᠴᠢᠨᠠᠷᠲᠠᠢ ᠱᠠᠭ᠋ᠠᠷᠳᠠᠯᠭ᠎ᠠ ᠪᠠ ᠰᠢᠨ᠎ᠡ ᠵᠠᠮ᠎ᠢ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ ᠲᠡᠮᠡᠴᠡᠯ᠎ᠤᠨ ᠬᠠᠷᠠᠯᠲᠠ ᠵᠢ ᠳᠤᠷᠠᠳᠴᠤ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠰᠡᠳᠬᠢᠯ ᠵᠢᠷᠦᠬᠡᠨ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠤᠨ᠂ ᠶᠡᠷᠦᠩᠬᠡᠢ ᠱᠦᠵᠢ ᠰᠢ ᠵᠢᠨ ᠫᠢᠩ᠎ᠢ ᠲᠠᠭ᠋ᠠᠵᠦ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠵᠤ᠂ ᠣᠷᠣᠨ ᠳᠠᠶᠠᠭ᠋ᠠᠷ ᠵᠶ᠋ᠠᠨ ᠶᠡᠷᠦᠩᠬᠡᠢ ᠬᠡᠮᠵᠢᠶ᠎ᠡ᠎ᠪᠠᠨ ᠪᠤᠵᠠᠭ᠋ᠠᠢ᠌ᠷᠠᠭᠤᠯᠬᠤ ᠪᠠ ᠪᠠᠢ᠌ᠷᠢ ᠳᠡᠭᠡᠭᠰᠢᠯᠡᠭᠦᠯᠦᠨ ᠲᠡᠰ ᠳᠡᠪᠰᠢᠭᠦᠯᠬᠦ ᠡᠷᠡᠯᠬᠡᠭ ᠵᠣᠷᠢᠭ ᠠᠤᠭ᠎ᠠ ᠬᠦᠰᠡᠯ᠎ᠢ ᠪᠣᠢ ᠪᠤᠯᠭ᠋ᠠᠵᠦ᠂ ᠬᠥᠭᠵᠢᠯᠲᠡ᠎ᠪᠠᠨ ᠲᠦᠷᠭᠡᠳᠬᠡᠬᠦ᠂ ᠬᠥᠭᠵᠢᠯᠲᠡ ᠵᠢ ᠶᠡᠬᠡ᠎ᠪᠠᠷ ᠠᠳᠬᠤᠬᠤ ᠬᠦᠴᠦᠷᠬᠡᠭ ᠶᠡᠬᠡ ᠨᠡᠢ᠌ᠯᠡᠮᠡᠯ ᠬᠦᠴᠦᠨ᠎ᠢ ᠨᠢᠭᠲᠠᠷᠠᠭᠤᠯᠪᠠ᠃

       ᠨᠢᠭᠡ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠵᠢᠯ᠎ᠤᠨ ᠬᠠᠷᠠᠯᠲᠠ ᠡᠭᠦᠷᠭᠡ᠎ᠪᠠᠨ ᠲᠡᠭᠦᠰ ᠠᠮᠵᠢᠯᠲᠠᠲᠠᠢ ᠪᠡᠶᠡᠯᠡᠭᠦᠯᠵᠦ᠂ ᠬᠢᠯᠪᠠᠷ ᠪᠤᠰᠤ ᠠᠮᠵᠢᠯᠲᠠ ᠪᠦᠳᠦᠮᠵᠢ ᠵᠢᠨ ᠬᠠᠭᠤᠳᠠᠰᠤ ᠲᠤᠰᠢᠶᠠᠭᠰᠠᠨ ᠪᠠᠢ᠌ᠨ᠎ᠠ᠃

      – ᠠᠵᠤ ᠠᠬᠤᠢ ᠵᠢᠨ ᠭᠣᠣᠯ ᠭᠦᠢ᠍ᠴᠡᠳᠬᠡᠯ ᠲᠣᠭ᠋ᠠᠨ᠎ᠤ ᠨᠡᠮᠡᠭᠳᠡᠯ᠎ᠤᠨ ᠬᠤᠷᠳᠤᠴᠠ ᠪᠦᠭᠦ ᠤᠯᠤᠰ᠎ᠤᠨ ᠲᠡᠷᠢᠭᠦᠨ ᠡᠩᠨᠡᠭᠡᠨ᠎ᠳᠤ ᠪᠠᠢ᠌ᠷᠢᠰᠢᠪᠠ᠃  ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 7.3% ᠨᠡᠮᠡᠭᠳᠡᠨ᠂ ᠪᠦᠭᠦ ᠤᠯᠤᠰ᠎ᠤᠨ ᠭᠤᠷᠪᠠᠳᠤᠭ᠋ᠠᠷ᠎ᠲᠤ ᠪᠠᠢ᠌ᠷᠢᠰᠢᠵᠤ᠂ 2010 ᠣᠨ᠎ᠠᠴᠠ ᠨᠠᠭ᠋ᠠᠰᠢᠬᠢ ᠬᠠᠮᠤᠭ᠎ᠤᠨ ᠰᠠᠢ᠌ᠨ ᠪᠠᠢ᠌ᠷᠢ᠎ᠳᠤ ᠲᠣᠳᠣᠷᠠᠨ᠂ ᠬᠥᠮᠥᠨ ᠳᠤᠮᠳᠠᠴᠢ ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 10 ᠲᠦᠮᠡᠨ ᠲᠥᠭᠥᠷᠢᠭ᠎ᠢ ᠳᠠᠪᠠᠪᠠ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ 7.4% ᠨᠡᠮᠡᠭᠳᠡᠵᠦ᠂ ᠪᠦᠭᠦ ᠤᠯᠤᠰ᠎ᠤᠨ ᠳᠣᠯᠣᠳᠤᠭ᠋ᠠᠷ᠎ᠲᠤ ᠪᠠᠢ᠌ᠷᠢᠰᠢᠪᠠ; ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠲᠠ 19.8% ᠨᠡᠮᠡᠭᠳᠡᠵᠦ᠂ ᠪᠦᠭᠦ ᠤᠯᠤᠰ᠎ᠤᠨ ᠬᠣᠶᠠᠳᠤᠭ᠋ᠠᠷ᠎ᠲᠤ ᠪᠠᠢ᠌ᠷᠢᠰᠢᠪᠠ; ᠭᠠᠳᠠᠭ᠋ᠠᠳᠤ ᠠᠷᠠᠯᠵᠢᠶᠠᠨ᠎ᠤ ᠣᠷᠣᠭᠤᠯᠵᠤ ᠭᠠᠷᠭ᠋ᠠᠭᠰᠠᠨ ᠶᠡᠷᠦᠩᠬᠡᠢ ᠲᠣᠭ᠎ᠠ 30.4% ᠨᠡᠮᠡᠭᠳᠡᠵᠦ᠂ ᠪᠦᠭᠦ ᠤᠯᠤᠰ᠎ᠤᠨ ᠭᠤᠷᠪᠠᠳᠤᠭ᠋ᠠᠷ᠎ᠲᠤ ᠪᠠᠢ᠌ᠷᠢᠰᠢᠪᠠ᠃ ᠡᠨᠡ᠎ᠨᠢ ᠥᠪᠥᠷ ᠮᠣᠩᠭᠣᠯ᠎ᠤᠨ ᠬᠥᠭᠵᠢᠯᠲᠡ ᠵᠢᠨ ᠲᠤᠬᠠᠢ ᠥᠷᠭᠡᠨ ᠤᠯᠡᠨ ᠺᠠᠳ᠋ᠷ ᠲᠦᠮᠡᠨ ᠪᠠ ᠨᠡᠢ᠌ᠭᠡᠮ᠎ᠤᠨ ᠡᠯ᠎ᠡ ᠡᠲᠡᠭᠡᠳ᠎ᠤᠨ ᠢᠲᠡᠭᠡᠯ ᠵᠣᠷᠢᠭ᠎ᠢ ᠲᠤᠢ᠌ᠯ᠎ᠤᠨ ᠶᠡᠬᠡ᠎ᠪᠠᠷ ᠨᠡᠮᠡᠭᠳᠡᠭᠦᠯᠪᠡ᠃

      – ᠤᠯᠤᠰ᠎ᠤᠨ ᠡᠨᠧᠷᠭᠢ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠮᠡᠳᠡᠭᠳᠡᠬᠦᠢ᠌ᠴᠡ ᠴᠢᠩᠭ᠋ᠠᠷᠠᠪᠠ᠃  ᠨᠡᠭᠦᠷᠡᠰᠦᠨ᠎ᠤ ᠭᠠᠷᠤᠯᠲᠠ 12.2 ᠳ᠋ᠦᠩᠰᠢᠭᠤᠷ ᠲᠣᠨ᠎ᠳᠤ ᠬᠦᠷᠴᠦ᠂ ᠨᠡᠭᠦᠷᠡᠰᠦᠨ᠎ᠤ ᠬᠠᠩᠭ᠋ᠠᠯᠭ᠎ᠠ ᠵᠢ ᠪᠠᠲᠤᠯᠠᠬᠤ ᠡᠭᠦᠷᠭᠡ᠎ᠪᠠᠨ 9.45 ᠳ᠋ᠦᠩᠰᠢᠭᠤᠷ ᠲᠣᠨ ᠪᠡᠶᠡᠯᠡᠭᠦᠯᠪᠡ᠂ ᠴᠠᠬᠢᠯᠭ᠋ᠠᠨ ᠬᠦᠴᠦᠨ᠎ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ ᠺᠢᠯᠣᠸᠠᠲ᠎ᠢ ᠳᠠᠪᠠᠵᠤ᠂ ᠨᠡᠭᠦᠷᠡᠰᠦᠨ᠎ᠤ ᠬᠠᠩᠭ᠋ᠠᠯᠭ᠎ᠠ ᠵᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠲᠡᠭᠡᠭᠡᠪᠦᠷᠢᠯᠡᠬᠦ ᠬᠡᠮᠵᠢᠶ᠎ᠡ᠂ ᠴᠠᠬᠢᠯᠭ᠋ᠠᠨ ᠬᠦᠴᠦᠨ᠎ᠤ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ᠎ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ ᠡᠨᠧᠷᠬᠢ ᠵᠢᠨ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ᠎ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠴᠠᠬᠢᠯᠭ᠋ᠠᠨ ᠭᠠᠷᠭ᠋ᠠᠬᠤ ᠶᠡᠷᠦᠩᠬᠡᠢ ᠬᠡᠮᠵᠢᠶ᠎ᠡ ᠵᠢᠴᠢ ᠭᠠᠳᠠᠭᠰᠢ ᠴᠠᠬᠢᠯᠭ᠋ᠠᠨ ᠳᠠᠮᠵᠢᠭᠤᠯᠬᠤ ᠬᠡᠮᠵᠢᠶ᠎ᠡ᠂ ᠰᠢᠨ᠎ᠡ ᠡᠨᠧᠷᠬᠢ᠎ᠪᠠᠷ ᠴᠠᠬᠢᠯᠭ᠋ᠠᠨ ᠭᠠᠷᠭ᠋ᠠᠬᠤ ᠬᠡᠮᠵᠢᠶ᠎ᠡ᠂ ᠨᠡᠭᠦᠷᠡᠰᠦ᠎ᠪᠠᠷ ᠰᠢᠲᠠᠮᠠᠬᠠᠢ ᠬᠡᠢ ᠦᠢ᠍ᠯᠡᠳᠬᠦ ᠦᠢ᠍ᠯᠡᠳᠪᠦᠷᠢᠯᠡᠯ᠎ᠤᠨ ᠴᠢᠳᠠᠮᠵᠢ 《ᠠᠷᠪᠠᠨ ᠲᠠᠯ᠎ᠠ᠎ᠪᠠᠷ ᠪᠦᠭᠦ ᠤᠯᠤᠰ᠎ᠲᠤ ᠮᠠᠩᠯᠠᠢ᠌ᠯᠠᠬᠤ》 ᠵᠢ ᠪᠡᠶᠡᠯᠡᠭᠦᠯᠵᠦ᠂ 29 ᠮᠤᠵᠢ ᠵᠢᠨ ᠡᠨᠧᠷᠬᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠪᠠ᠃ ᠠᠮᠤ ᠪᠤᠳᠠᠭ᠎ᠠ ᠳᠠᠷᠢᠭᠰᠠᠨ ᠲᠠᠯᠠᠪᠠᠢ᠂ ᠨᠢᠭᠡᠴᠢ ᠵᠢᠨ ᠤᠨᠠᠯᠲᠠ᠂ ᠶᠡᠷᠦᠩᠬᠡᠢ ᠤᠨᠠᠯᠲᠠ 《ᠭᠤᠷᠪᠠ ᠵᠢ ᠨᠡᠮᠡᠭᠳᠡᠭᠦᠯᠵᠦ》᠂ ᠠᠮᠤ ᠪᠤᠳᠠᠭ᠋ᠠᠨ᠎ᠤ ᠤᠨᠠᠯᠲᠠ 791.6 ᠳ᠋ᠦᠩᠰᠢᠭᠤᠷ ᠵᠢᠩ᠎ᠳᠤ ᠬᠦᠷᠴᠦ᠂ ᠬᠣᠷᠢᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ ᠵᠢ ᠪᠡᠶᠡᠯᠡᠭᠦᠯᠦᠨ᠂ ᠪᠦᠭᠦ ᠤᠯᠤᠰ᠎ᠤᠨ ᠵᠢᠷᠭᠤᠳᠤᠭ᠋ᠠᠷ ᠪᠠᠢ᠌ᠷᠢ᠎ᠪᠠᠨ ᠯᠠᠪᠳᠠᠭᠤᠨ ᠪᠠᠲᠤᠯᠠᠪᠠ᠂ ᠭᠣᠣᠯ ᠪᠣᠯᠬᠤ ᠮᠢᠬᠠᠨ᠎ᠤ ᠲᠦᠷᠦᠯ᠎ᠤᠨ ᠭᠠᠷᠤᠯᠲᠠ 285.4 ᠲᠦᠮᠡᠨ ᠲᠣᠨ᠂ ᠦᠨᠢᠶᠡᠨ ᠰᠦ ᠵᠢᠨ ᠭᠠᠷᠤᠯᠲᠠ 792.6 ᠲᠦᠮᠡᠨ ᠲᠣᠨ᠎ᠳᠤ ᠬᠦᠷᠴᠦ᠂ ᠴᠥᠮ ᠲᠡᠦᠬᠡ ᠵᠢᠨ ᠰᠢᠨ᠎ᠡ ᠲᠦᠪᠰᠢᠨ᠎ᠳᠤ ᠬᠦᠷᠪᠡ᠃ ᠡᠨᠡ᠎ᠨᠢ ᠥᠪᠥᠷ ᠮᠣᠩᠭᠣᠯ᠎ᠤᠨ ᠤᠯᠤᠰ᠎ᠤᠨ ᠶᠡᠬᠡ ᠲᠠᠯ᠎ᠠ ᠵᠢ ᠪᠠᠲᠤᠯᠠᠬᠤ ᠬᠠᠷᠢᠭᠤᠴᠠᠯᠭ᠎ᠠ ᠡᠭᠦᠷᠭᠡᠯᠡᠯ᠎ᠢ ᠭᠦᠢ᠍ᠴᠡᠳ ᠢᠯᠡᠷᠡᠭᠦᠯᠪᠡ᠃

      – 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠪᠦᠭᠦ ᠲᠠᠯ᠎ᠠ᠎ᠪᠠᠷ ᠡᠬᠢᠯᠡᠭᠦᠯᠪᠡ᠃  ᠪᠢᠳᠡ ᠶᠡᠷᠦᠩᠬᠡᠢ ᠱᠦᠵᠢ ᠰᠢ ᠵᠢᠨ ᠫᠢᠩ᠎ᠤᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠲᠤᠬᠠᠢ ᠵᠠᠷᠯᠢᠭ ᠵᠢᠭ᠋ᠠᠪᠤᠷᠢ ᠵᠢ ᠴᠤᠤᠷᠢᠶᠠᠲᠤᠨ ᠳᠠᠭ᠋ᠠᠵᠤ᠂ ᠭᠣᠣᠯᠯᠠᠨ ᠲᠠᠭ᠋ᠠᠷᠢᠵᠦ ᠭᠣᠣᠯ ᠬᠦᠴᠦᠨ ᠪᠣᠯᠵᠤ᠂ ᠦᠳᠲᠡᠷ ᠲᠦᠷᠭᠡᠨ ᠬᠥᠳᠡᠯᠦᠯᠴᠡᠵᠦ᠂ 《ᠨᠢᠭᠡ ᠲᠥᠯᠦᠪᠵᠢᠭᠦᠯᠭᠡ ᠭᠤᠷᠪᠠᠨ ᠲᠥᠰᠥᠯ》᠎ᠢ ᠨᠠᠢ᠌ᠷᠠᠭᠤᠯᠤᠨ ᠵᠣᠬᠢᠶᠠᠵᠤ ᠳᠠᠭᠤᠰᠬᠠᠨ᠂ 5 ᠵᠠᠰᠠᠯᠲᠠ ᠵᠢᠨ ᠣᠷᠣᠨ ᠪᠠ 11 ᠴᠢᠬᠤᠯᠠ ᠶᠡᠬᠡ ᠲᠦᠷᠦᠯ ᠵᠦᠢ᠍ᠯ ᠪᠦᠭᠦᠨ᠎ᠢ ᠤᠯᠤᠰ᠎ᠤᠨ ᠲᠥᠯᠦᠪᠵᠢᠭᠦᠯᠭᠡ᠎ᠳᠤ ᠤᠷᠤᠭᠤᠯᠬᠤ ᠵᠢ ᠠᠬᠢᠭᠤᠯᠵᠤ᠂ ᠬᠣᠰᠢᠭᠤ ᠰᠢᠶᠠᠨ ᠪᠦᠭᠦᠨ᠎ᠢ ᠬᠡᠷᠡᠭᠵᠢᠭᠦᠯᠬᠦ ᠬᠡᠪᠴᠢᠶᠡᠨ᠎ᠳᠤ ᠣᠷᠣᠭᠤᠯᠤᠨ᠂ ᠭᠤᠷᠪᠠᠨ ᠲᠣᠮᠣ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ ᠤᠷᠤᠭᠰᠢᠲᠠᠢ ᠡᠬᠢᠯᠡᠵᠦ᠂ ᠪᠦᠭᠦ ᠵᠢᠯ᠎ᠳᠤ 556 ᠲᠦᠮᠡᠨ ᠮᠦ᠍ ᠣᠢ᠌ᠵᠢᠭᠤᠯᠤᠨ᠂ 1817 ᠲᠦᠮᠡᠨ ᠮᠦ᠍ ᠡᠪᠡᠰᠦ ᠲᠠᠷᠢᠵᠤ᠂ 950 ᠲᠦᠮᠡᠨ ᠮᠦ᠍ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠵᠤ᠂ ᠲᠤᠰ ᠪᠦᠷᠢ ᠣᠨ᠎ᠤ ᠡᠭᠦᠷᠭᠡ᠎ᠪᠠᠨ 149%᠂ 140%᠂ 151%᠎ᠪᠠᠷ ᠪᠡᠶᠡᠯᠡᠭᠦᠯᠪᠡ᠃ ᠡᠨᠡ᠎ᠨᠢ ᠨᠠᠮ᠎ᠤᠨ ᠲᠥᠪ ᠬᠣᠷᠢᠶ᠎ᠠ ᠪᠠᠢ᠌ᠷᠢᠯᠠᠭᠤᠯᠤᠯᠲᠠ ᠬᠢᠭᠰᠡᠭᠡᠷ ᠥᠪᠥᠷ ᠮᠣᠩᠭᠣᠯ ᠪᠣᠳᠠᠲᠠᠢ ᠠᠵᠢᠯᠯᠠᠭ᠎ᠠ ᠠᠪᠳᠠᠭ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠤᠬᠠᠮᠰᠠᠷ᠎ᠢ ᠭᠦᠢ᠍ᠴᠡᠳ ᠬᠠᠷᠠᠭᠤᠯᠪᠠ᠃

      – ᠬᠥᠭᠵᠢᠯᠲᠡ ᠵᠢᠨ ᠶᠠᠰᠤ ᠴᠢᠨᠠᠷ ᠦᠷ᠎ᠡ ᠠᠰᠢᠭ ᠤᠯᠠᠮ ᠨᠢᠭᠡ ᠠᠯᠬᠤᠮ ᠰᠠᠢ᠌ᠵᠢᠷᠠᠪᠠ᠃  ᠨᠡᠭᠦᠷᠡᠰᠦᠨ᠎ᠤ ᠠᠵᠤ ᠦᠢ᠍ᠯᠡᠰ ᠵᠥᠪᠬᠡᠨ 1.4% ᠨᠡᠮᠡᠭᠳᠡᠭᠰᠡᠨ ᠪᠣᠯᠪᠠᠴᠤ ᠨᠡᠭᠦᠷᠡᠰᠦᠨ᠎ᠤ ᠪᠤᠰᠤ ᠠᠵᠤ ᠦᠢ᠍ᠯᠡᠰ ᠦᠳᠲᠡᠷ ᠲᠦᠷᠭᠡᠨ ᠨᠡᠮᠡᠭᠳᠡᠨ 12.1%᠎ᠳᠤ ᠬᠦᠷᠴᠦ᠂ ᠦᠢ᠍ᠯᠡᠳᠬᠦ ᠦᠢ᠍ᠯᠡᠰ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠪᠤᠢ ᠪᠣᠯᠤᠭᠰᠠᠨ ᠠᠵᠤ ᠦᠢ᠍ᠯᠡᠰ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠦᠢ᠍ᠯᠡᠰ᠂ ᠴᠥᠮ ᠬᠣᠶᠠᠷ ᠣᠷᠣᠨᠲᠤ ᠲᠣᠭ᠋ᠠᠨ᠎ᠤ ᠨᠡᠮᠡᠭᠳᠡᠯ᠎ᠲᠠᠢ ᠪᠣᠯᠬᠤ ᠵᠢ ᠪᠡᠶᠡᠯᠡᠭᠦᠯᠪᠡ᠃ ᠠᠵᠤ ᠦᠢ᠍ᠯᠡᠳᠪᠦᠷᠢ ᠵᠢᠨ ᠪᠡᠯᠡ ᠣᠷᠤᠭᠤᠯᠤᠯᠲᠠ 32.9% ᠨᠡᠮᠡᠭᠳᠡᠨ᠂ ᠪᠦᠭᠦ ᠤᠯᠤᠰ᠎ᠤᠨ ᠬᠣᠶᠠᠳᠤᠭ᠋ᠠᠷ᠎ᠲᠤ ᠪᠠᠢ᠌ᠷᠢᠰᠢᠵᠤ᠂ ᠦᠢ᠍ᠯᠡᠳᠬᠦ ᠦᠢ᠍ᠯᠡᠰ᠎ᠤᠨ ᠪᠡᠯᠡ ᠤᠷᠤᠭᠤᠯᠤᠯᠲᠠ 46.4% ᠨᠡᠮᠡᠭᠳᠡᠨ᠂ ᠰᠢᠨ᠎ᠡ ᠡᠨᠧᠷᠬᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠪᠡᠯᠡ ᠤᠷᠤᠭᠤᠯᠤᠯᠲᠠ 1.2 ᠲᠠᠬᠢᠨ ᠨᠡᠮᠡᠭᠳᠡᠪᠡ᠃ ᠡᠩ᠎ᠤᠨ ᠤᠯᠠᠨ ᠨᠡᠢ᠍ᠢ᠍ᠳᠡ ᠵᠢᠨ ᠲᠥᠰᠥᠪ᠎ᠤᠨ ᠣᠷᠣᠯᠭ᠎ᠠ 3000 ᠳ᠋ᠦᠩᠰᠢᠭᠤᠷ ᠲᠥᠭᠥᠷᠢᠭ᠎ᠢ ᠳᠠᠪᠠᠵᠤ᠂ ᠪᠦᠭᠦ ᠲᠥᠷᠥᠯᠵᠢᠯ᠎ᠤᠨ ᠭᠠᠢ᠌ᠯᠢ ᠲᠠᠲᠠᠪᠤᠷᠢ᠎ᠳᠠᠬᠢ ᠣᠷᠣᠨ ᠨᠤᠲᠤᠭ᠎ᠤᠨ ᠲᠥᠷᠥᠯᠵᠢᠯ᠎ᠤᠨ ᠭᠠᠢ᠌ᠯᠢ ᠲᠠᠲᠠᠪᠤᠷᠢ ᠵᠢᠨ ᠡᠵᠡᠯᠡᠬᠦ ᠬᠠᠷᠢᠴᠠᠯ᠎ᠨᠢ 59.4%᠎ᠳᠤ ᠬᠦᠷᠴᠦ᠂ ᠪᠦᠭᠦ ᠤᠯᠤᠰ᠎ᠤᠨ ᠲᠡᠷᠢᠭᠦᠨ᠎ᠳᠤ ᠪᠠᠢ᠌ᠷᠢᠰᠢᠪᠠ᠃ ᠡᠨᠡ᠎ᠨᠢ ᠥᠪᠥᠷ ᠮᠣᠩᠭᠣᠯ᠎ᠤᠨ ᠪᠦᠲᠦᠴᠡ᠎ᠪᠠᠨ ᠲᠣᠬᠢᠷᠠᠭᠤᠯᠬᠤ᠂ ᠬᠥᠳᠡᠯᠭᠡᠭᠴᠢ ᠴᠢᠳᠠᠪᠤᠷᠢ᠎ᠪᠠᠨ ᠬᠤᠪᠢᠷᠠᠭᠤᠯᠬᠤ᠂ ᠶᠠᠰᠤ ᠴᠢᠨᠠᠷ ᠵᠶ᠋ᠠᠨ ᠳᠡᠭᠡᠭᠰᠢᠯᠡᠭᠦᠯᠬᠦ ᠲᠠᠯ᠎ᠠ᠎ᠳᠤ ᠢᠳᠡᠷᠡᠭᠦᠨ ᠠᠯᠬᠤᠭ᠎ᠠ ᠠᠯᠬᠤᠭᠰᠠᠨ᠎ᠢ ᠲᠤᠰᠬᠠᠪᠠ᠃

      – ᠡᠯ᠎ᠡ ᠠᠢ᠌ᠮᠠᠭ ᠬᠤᠲᠠ ᠠᠳᠠᠯᠢᠳᠬᠠᠨ ᠰᠤᠷᠴᠤ ᠭᠦᠢ᠍ᠴᠡᠨ ᠳᠠᠪᠠᠬᠤ᠎ᠪᠠᠷ ᠮᠡᠷᠡᠢ᠌ᠨ ᠲᠡᠮᠡᠴᠡᠵᠦ ᠬᠥᠭᠵᠢᠪᠡ᠃  ᠭᠦᠬᠡᠬᠤᠲᠠ ᠪᠠ ᠪᠤᠭᠤᠲᠤ ᠬᠤᠲᠠ ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ ᠴᠥᠮ 10%᠎ᠠᠴᠠ ᠳᠡᠭᠡᠭᠰᠢ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠴᠥᠮ 20%᠎ᠠᠴᠠ ᠳᠡᠭᠡᠭᠰᠢ ᠨᠡᠮᠡᠭᠳᠡᠨ᠂ 7 ᠠᠢ᠌ᠮᠠᠭ ᠬᠤᠲᠠ ᠵᠢᠨ ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠲᠠ ᠵᠢᠨ ᠨᠡᠮᠡᠭᠳᠡᠯ᠎ᠤᠨ ᠬᠤᠷᠳᠤᠴᠠ 20% ᠵᠢ ᠳᠠᠪᠠᠵᠤ᠂ ᠣᠷᠳᠣᠰ ᠬᠤᠲᠠ 27.4%᠎ᠳᠤ ᠬᠦᠷᠪᠡ᠃ ᠰᠢᠯᠢ ᠵᠢᠨ ᠭᠣᠣᠯ ᠠᠢ᠌ᠮᠠᠭ᠎ᠤᠨ ᠰᠢᠨ᠎ᠡ ᠡᠨᠧᠷᠬᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠪᠠ ᠴᠠᠬᠢᠯᠭ᠋ᠠᠨ ᠭᠠᠷᠭ᠋ᠠᠭᠰᠠᠨ ᠬᠡᠮᠵᠢᠶ᠎ᠡ ᠴᠥᠮ ᠪᠦᠭᠦ ᠤᠯᠤᠰ᠎ᠤᠨ ᠲᠤᠰᠬᠠᠢ ᠣᠷᠣᠨ᠂ ᠬᠤᠲᠠ ᠵᠢᠨ ᠲᠡᠰ᠎ᠤᠨ ᠬᠣᠶᠠᠳᠤᠭ᠋ᠠᠷ᠎ᠲᠤ ᠪᠠᠢ᠌ᠷᠢᠰᠢᠵᠤ᠂ ᠤᠯᠠᠭ᠋ᠠᠨᠴᠠᠪ ᠬᠤᠲᠠ ᠵᠢᠨ ᠬᠠᠢ᠌ᠯᠤᠰᠢ ᠵᠢᠨ ᠮᠠᠲ᠋ᠧᠷᠢᠶᠠᠯ᠂ ᠪᠢᠯᠢᠭ ᠲᠤᠢ᠌ᠯ᠎ᠤᠨ ᠮᠠᠲ᠋ᠧᠷᠢᠶᠠᠯ ᠪᠠ ᠲᠥᠮᠥᠰᠥᠨ᠎ᠤ ᠵᠦᠰᠦᠮ ᠦᠢ᠍ᠯᠡᠳᠪᠦᠷᠢᠯᠡᠬᠦ ᠴᠢᠳᠠᠮᠵᠢ ᠴᠥᠮ ᠪᠦᠭᠦ ᠤᠯᠤᠰ᠎ᠲᠤ ᠲᠦᠷᠦᠭᠦᠯᠡᠵᠦ᠂ ᠠᠯᠠᠱ᠌ᠠ ᠠᠢ᠌ᠮᠠᠭ ᠪᠦᠭᠦ ᠤᠯᠤᠰ᠎ᠤᠨ ᠬᠠᠮᠤᠭ᠎ᠤᠨ ᠶᠡᠬᠡ ᠳᠠᠩ ᠴᠣᠭᠴᠠ ᠵᠢᠨ ᠦᠢ᠍ᠯᠡᠳᠪᠦᠷᠢᠯᠡᠬᠦ ᠬᠡᠮᠵᠢᠶ᠎ᠡ᠎ᠲᠠᠢ ᠴᠡᠪᠡᠷ ᠬᠤᠵᠢᠷ᠎ᠤᠨ ᠲᠦᠷᠦᠯ ᠵᠦᠢ᠍ᠯ᠎ᠢ ᠪᠠᠢ᠌ᠭᠤᠯᠪᠠ᠃ ᠡᠨᠡ᠎ᠨᠢ ᠥᠪᠥᠷ ᠮᠣᠩᠭᠣᠯ᠎ᠤᠨ ᠲᠡᠷᠢᠭᠦᠨ᠎ᠤ᠎ᠬᠢ᠎ᠲᠠᠢ ᠪᠠᠷᠢᠮᠵᠢᠶᠠᠯᠠᠨ ᠬᠠᠷᠭᠤᠭᠤᠯᠵᠤ᠂ ᠲᠡᠷᠢᠭᠦᠨ᠎ᠢ ᠲᠡᠮᠡᠴᠡᠨ ᠲᠡᠰ ᠳᠡᠪᠰᠢᠬᠦ ᠡᠷᠴᠢ ᠵᠣᠷᠢᠭ ᠤᠯᠠᠮ᠎ᠠᠴᠠ ᠤᠯᠠᠮ ᠴᠢᠩᠭ᠋ᠠᠷᠠᠵᠤ ᠪᠠᠢ᠌ᠭ᠎ᠠ ᠵᠢ ᠬᠠᠷᠠᠭᠤᠯᠪᠠ᠃

       ᠨᠢᠭᠡ ᠵᠢᠯ᠎ᠤᠨ ᠲᠤᠷᠰᠢ᠂ ᠪᠢᠳᠡ ᠲᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ᠎ᠢ ᠪᠠᠲᠤ ᠴᠢᠩᠭ᠎ᠠ ᠡᠵᠡᠮᠰᠢᠨ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠡᠨᠡ ᠬᠦ᠌ ᠲᠡᠷᠢᠭᠦᠨ ᠴᠢᠬᠤᠯᠠ ᠡᠭᠦᠷᠭᠡ ᠵᠢᠨ ᠲᠣᠭᠣᠷᠢᠨ᠎ᠳᠤ ᠨᠢᠭᠲᠠ ᠤᠶᠠᠯᠳᠤᠵᠤ᠂ ᠳᠣᠣᠷᠠᠬᠢ ᠠᠵᠢᠯ᠎ᠢ ᠭᠣᠣᠯᠳᠠᠯᠭ᠎ᠠ ᠪᠣᠯᠭ᠋ᠠᠨ ᠬᠢᠪᠡ᠃

       ᠨᠢᠭᠡ᠎ᠳᠤ ᠠᠵᠤ ᠠᠬᠤᠢ ᠵᠢᠨ ᠲᠦᠷᠭᠡᠨ ᠮᠥᠷᠲᠡᠭᠡᠨ ᠰᠠᠢ᠌ᠨ ᠬᠥᠭᠵᠢᠯᠲᠡ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠪᠠ᠃  ᠪᠡᠯᠡ ᠤᠷᠤᠭᠤᠯᠤᠯᠲᠠ ᠵᠢ ᠥᠷᠭᠡᠳᠬᠡᠬᠦ᠂ ᠬᠡᠷᠡᠭᠯᠡᠭᠡ ᠵᠢ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢᠨ 《ᠬᠠᠮ ᠠᠷᠭ᠎ᠠ ᠪᠣᠳᠣᠯᠭ᠎ᠠ》 ᠵᠢ ᠲᠠᠰᠤᠷᠠᠯᠳᠠ ᠦᠭᠡᠢ ᠨᠡᠢ᠌ᠲᠡᠯᠡᠵᠦ᠂ ᠠᠵᠢᠯᠯᠠᠭ᠋ᠠᠨ᠎ᠤ ᠲᠣᠬᠢᠷᠠᠭᠤᠯᠤᠯᠲᠠ᠎ᠪᠠᠨ ᠰᠠᠷ᠎ᠠ ᠤᠯᠠᠷᠢᠯ ᠵᠶ᠋ᠠᠷ ᠴᠢᠩᠭ᠋ᠠᠳᠬᠠᠨ᠂ ᠥᠨᠳᠥᠷ ᠰᠠᠭᠤᠷᠢ ᠲᠣᠭ᠋ᠠᠨ ᠳᠡᠭᠡᠷᠡᠬᠢ ᠠᠵᠤ ᠠᠬᠤᠢ ᠵᠢᠨ ᠲᠦᠷᠭᠡᠨ ᠨᠡᠮᠡᠭᠳᠡᠯ᠎ᠢ ᠠᠬᠢᠭᠤᠯᠪᠠ᠃ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠤᠭᠰᠠᠨ ᠦᠷ᠎ᠡ ᠪᠦᠲᠦᠮᠵᠢ ᠢᠯᠡᠳᠲᠡ ᠪᠠᠢ᠌ᠵᠤ᠂ ᠣᠨ᠎ᠤ ᠡᠬᠢᠯᠡᠯᠲᠡ ᠵᠢᠨ ᠠᠩᠬᠠᠨ᠎ᠤ ᠬᠤᠷᠠᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠵᠡᠷᠭᠡ ᠲᠤᠰᠬᠠᠢ ᠲᠠᠯᠠᠪᠤᠷ᠎ᠤᠨ ᠬᠤᠳᠠᠯᠳᠤᠭ᠋ᠠᠴᠢᠨ ᠤᠷᠢᠬᠤ ᠠᠵᠢᠯᠯᠠᠭ᠎ᠠ ᠵᠢ ᠡᠷᠬᠢᠯᠡᠵᠦ᠂ ᠪᠦᠭᠦ ᠣᠷᠣᠨ᠎ᠳᠤ 4778 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠵᠢ ᠣᠷᠣᠭᠤᠯᠤᠨ ᠠᠪᠴᠢᠷᠠᠵᠤ᠂ 40.2% ᠨᠡᠮᠡᠭᠳᠡᠨ᠂ ᠳᠡᠯᠡᠬᠡᠢ ᠵᠢᠨ 500 ᠬᠦᠴᠦᠷᠬᠡᠭ ᠪᠣᠯᠤᠭᠰᠠᠨ 45 ᠠᠵᠤ ᠠᠬᠤᠢ᠌ᠯᠠᠯ ᠪᠠ ᠲᠤᠮᠳᠠᠳᠤ ᠤᠯᠤᠰ᠎ᠤᠨ 500 ᠬᠦᠴᠦᠷᠬᠡᠭ ᠪᠣᠯᠤᠭᠰᠠᠨ 22 ᠠᠵᠤ ᠠᠬᠤᠢ᠌ᠯᠠᠯ ᠮᠠᠨ᠎ᠤ ᠣᠷᠣᠨ᠎ᠳᠤ ᠪᠡᠯᠡ ᠣᠷᠣᠭᠤᠯᠵᠤ ᠦᠢ᠍ᠯᠡᠰ ᠡᠷᠬᠢᠯᠡᠪᠡ᠃ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠰᠦᠷ ᠳᠠᠯᠠᠢ᠌ᠴᠠᠲᠠᠢ ᠥᠷᠨᠢᠵᠦ᠂ ᠴᠢᠬᠤᠯᠠ ᠶᠡᠬᠡ ᠲᠦᠷᠦᠯ ᠵᠦᠢ᠍ᠯ᠎ᠢ 3155 ᠬᠡᠷᠡᠭᠵᠢᠭᠦᠯᠵᠦ᠂ 8259 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠤᠯᠲᠠ ᠵᠢ ᠪᠡᠶᠡᠯᠡᠭᠦᠯᠦᠨ᠂ ᠵᠠᠭᠤᠨ ᠳ᠋ᠦᠩᠰᠢᠭᠤᠷ ᠲᠥᠭᠥᠷᠢᠭ᠎ᠢ ᠳᠠᠪᠠᠭᠰᠠᠨ ᠪᠡᠯᠡ ᠤᠷᠤᠭᠤᠯᠤᠯᠲᠡ᠎ᠲᠠᠢ ᠠᠵᠤ ᠦᠢ᠍ᠯᠡᠰ᠎ᠤᠨ ᠲᠦᠷᠦᠯ ᠵᠦᠢ᠍ᠯ᠎ᠢ 42 ᠰᠢᠨ᠎ᠡ᠎ᠪᠠᠷ ᠪᠠᠢ᠌ᠭᠤᠯᠤᠭᠰᠠᠨ ᠪᠤᠶᠤ ᠵᠠᠯᠭ᠋ᠠᠵᠤ ᠪᠠᠢ᠌ᠭᠤᠯᠪᠠ᠃ ᠰᠠᠭᠤᠷᠢ ᠪᠡᠯᠡᠳᠬᠡᠮᠵᠢ ᠲᠠᠰᠤᠷᠠᠯᠳᠠ ᠦᠭᠡᠢ ᠲᠡᠭᠦᠯᠳᠡᠷᠵᠢᠪᠡ᠂ ᠲᠦᠷᠭᠡᠨ᠎ᠤ ᠵᠠᠰᠠᠮᠠᠯ ᠵᠠᠮ᠎ᠢ 876 ᠺᠢᠯᠣᠮᠧᠲᠷ ᠰᠢᠨ᠎ᠡ᠎ᠪᠠᠷ ᠲᠡᠷᠭᠡ ᠨᠠᠪᠲᠠᠷᠡᠭᠦᠯᠵᠦ᠂ ᠥᠪᠥᠷ ᠮᠣᠩᠭᠣᠯ᠎ᠤᠨ ᠬᠢᠯᠢ ᠳᠣᠲᠣᠷᠠᠬᠢ ᠤᠯᠤᠰ᠎ᠤᠨ ᠲᠦᠷᠭᠡᠨ᠎ᠤ ᠵᠠᠰᠠᠮᠠᠯ ᠵᠠᠮ᠎ᠤᠨ ᠭᠣᠣᠯ ᠱᠤᠭᠤᠮ᠎ᠤᠨ ᠬᠡᠰᠡᠭ᠎ᠢ ᠪᠦᠭᠦᠨ᠎ᠢ ᠨᠡᠪᠲᠡᠷᠡᠭᠦᠯᠦᠨ᠂ ᠵᠡᠭᠦᠨ ᠪᠠᠷᠠᠭᠤᠨ ᠲᠦᠷᠭᠡᠨ᠎ᠤ ᠵᠠᠰᠠᠮᠠᠯ ᠵᠠᠮ᠎ᠤᠨ ᠶᠡᠬᠡ ᠨᠡᠪᠳᠡᠷᠡᠯ ᠵᠠᠮ᠎ᠢ ᠵᠠᠯᠭ᠋ᠠᠵᠤ 108 ᠺᠢᠯᠣᠮᠧᠲᠷ ᠵᠠᠰᠠᠭᠰᠠᠭ᠋ᠠᠷ ᠪᠦᠭᠦ ᠱᠤᠭᠤᠮ ᠵᠶ᠋ᠠᠷ ᠨᠡᠪᠳᠡᠷᠡᠵᠦ᠂ ᠠᠵᠤ ᠦᠢ᠍ᠯᠡᠰ᠎ᠤᠨ ᠵᠠᠮ᠂ ᠵᠢᠭᠤᠯᠴᠢᠯᠠᠯ᠎ᠤᠨ ᠵᠠᠮ᠎ᠢ 1085 ᠺᠢᠯᠣᠮᠧᠲᠷ ᠡᠬᠢᠯᠡᠭᠦᠯᠦᠨ ᠪᠠᠢ᠌ᠭᠤᠯᠵᠤ᠂ 《ᠮᠤᠬᠤᠷ ᠵᠠᠮ》᠎ᠢ 260 ᠺᠢᠯᠣᠮᠧᠲᠷ ᠨᠡᠪᠲᠡᠷᠡᠭᠦᠯᠪᠡ; ᠪᠠᠢ᠌ᠭᠤᠯᠵᠤ ᠪᠠᠢ᠌ᠭ᠎ᠠ ᠲᠦᠷᠭᠡᠨ᠎ᠤ ᠪᠠ ᠬᠤᠷᠳᠤᠨ᠎ᠤ ᠲᠡᠮᠦᠷ ᠵᠠᠮ 1700 ᠭᠠᠷᠤᠢ ᠺᠢᠯᠣᠮᠧᠲᠷ᠎ᠲᠤ ᠬᠦᠷᠪᠡ; 《ᠰᠠᠯᠪᠤᠷᠢ ᠱᠤᠭᠤᠮ᠎ᠤᠨ ᠨᠡᠪᠳᠡᠷᠡᠯ》 ᠠᠭ᠋ᠠᠷ᠎ᠤᠨ ᠠᠶᠠᠯᠠᠯ᠎ᠤᠨ ᠱᠤᠭᠤᠮ᠎ᠢ 29 ᠵᠤᠷᠪᠤᠰ ᠰᠢᠨ᠎ᠡ᠎ᠪᠠᠷ ᠨᠡᠪᠲᠡᠷᠡᠭᠦᠯᠦᠨ᠂ ᠨᠡᠢ᠍ᠢ᠍ᠲᠡ 50 ᠵᠤᠷᠪᠤᠰ ᠱᠤᠭᠤᠮ᠎ᠢ ᠨᠡᠪᠲᠡᠷᠡᠭᠦᠯᠦᠨ ᠠᠵᠢᠯᠯᠠᠭᠤᠯᠵᠤ᠂ ᠠᠢ᠌ᠮᠠᠭ ᠬᠤᠲᠠ ᠵᠢᠨ ᠬᠤᠭᠤᠷᠤᠨᠳᠤᠬᠢ 《ᠡᠭᠡᠯᠲᠡ ᠪᠤᠴᠠᠯᠲᠠ》 ᠵᠢᠨ ᠠᠰᠠᠭᠤᠳᠠᠯ᠎ᠢ ᠦᠨᠳᠦᠰᠦᠨ᠎ᠳᠤ᠎ᠪᠠᠨ ᠰᠢᠢ᠍ᠳᠪᠦᠷᠢᠯᠡᠪᠡ; ᠴᠤᠤᠯ ᠭᠣᠣᠯ᠎ᠤᠨ ᠤᠰᠤ ᠵᠢ ᠲᠠᠲᠠᠵᠤ ᠯᠢᠶᠤᠤ ᠾᠧ ᠭᠣᠣᠯ᠎ᠳᠤ ᠨᠡᠮᠡᠷᠢᠯᠡᠬᠦ ᠤᠰᠤ ᠳᠠᠮᠵᠢᠭᠤᠯᠬᠤ ᠪᠠᠷᠢᠯᠭ᠎ᠠ ᠵᠢᠨ ᠨᠦᠬᠡᠨ ᠵᠠᠮ᠎ᠤᠨ ᠬᠡᠰᠡᠭ ᠪᠦᠭᠦ ᠱᠤᠭᠤᠮ ᠵᠶ᠋ᠠᠷ ᠨᠡᠪᠳᠡᠷᠡᠵᠦ᠂ ᠥᠨᠳᠡᠭᠡᠨ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠳᠣᠣᠷᠠᠳᠤ ᠤᠷᠤᠰᠬᠠᠯ᠎ᠤᠨ ᠤᠰᠤᠯᠠᠯᠲᠠ ᠵᠢᠨ ᠣᠷᠣᠨ᠎ᠳᠤ ᠤᠰᠤ ᠬᠠᠳᠠᠭ᠋ᠠᠯᠠᠬᠤ᠂ ᠵᠡᠭᠦᠨ ᠲᠠᠢ᠌ᠰᠠ ᠤᠰᠤᠨ ᠴᠦᠬᠦᠷᠦᠮ᠎ᠤᠨ ᠭᠣᠣᠯ ᠴᠣᠭᠴᠠ ᠵᠢᠨ ᠪᠠᠷᠢᠯᠭ᠎ᠠ ᠵᠢᠨ ᠠᠵᠢᠯ ᠳᠠᠭᠤᠰᠪᠠ; 5G ᠰᠠᠭᠤᠷᠢ ᠦᠷᠲᠡᠭᠡ᠂ ᠬᠤᠲᠠ ᠵᠢᠨ ᠤᠯᠠᠨ ᠨᠡᠢ᠍ᠢ᠍ᠳᠡ ᠵᠢᠨ ᠴᠠᠬᠢᠯᠭ᠋ᠠᠨ ᠴᠡᠨᠡᠭᠯᠡᠬᠦ ᠱᠣᠩ᠎ᠢ ᠲᠣᠰ ᠪᠦᠷᠢ 2 ᠲᠦᠮᠡ ᠰᠢᠨ᠎ᠡ᠎ᠪᠠᠷ ᠨᠡᠮᠡᠭᠳᠡᠭᠦᠯᠪᠡ᠃ ᠬᠡᠷᠡᠭᠯᠡᠭᠡ ᠵᠢᠨ ᠵᠠᠬ᠎ᠠ ᠳᠡᠯᠭᠡᠭᠦᠷ᠎ᠢ ᠲᠦᠷᠭᠡᠬᠡᠨ ᠰᠡᠷᠭᠦᠭᠡᠵᠦ᠂ ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠎ᠤᠨ ᠨᠡᠮᠡᠭᠳᠡᠯ ᠦᠷᠲᠡᠭ 20.8% ᠨᠡᠮᠡᠭᠳᠡᠵᠦ᠂ ᠮᠠᠰᠢᠨ ᠲᠡᠷᠭᠡᠨ᠎ᠤ ᠲᠦᠷᠦᠯ᠎ᠤᠨ ᠬᠡᠷᠡᠭᠯᠡᠭᠡ 17.2% ᠨᠡᠮᠡᠭᠳᠡᠨ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠷᠡᠭᠯᠡᠭᠡ 1.7 ᠲᠠᠬᠢᠨ ᠨᠡᠮᠡᠭᠳᠡᠵᠦ᠂ ᠠᠮᠤ ᠪᠤᠳᠠᠭ᠎ᠠ ᠢᠳᠡᠰᠢᠨ ᠲᠣᠰᠣ ᠢᠳᠡᠭᠡᠨ ᠤᠮᠳᠠᠭ᠋ᠠᠨ᠂ ᠬᠤᠪᠴᠠᠰᠤ ᠬᠤᠨᠠᠷ ᠵᠡᠷᠭᠡ ᠲᠠᠯ᠎ᠠ ᠵᠢᠨ ᠬᠡᠷᠡᠭᠯᠡᠭᠡ ᠴᠥᠮ 25%᠎ᠠᠴᠠ ᠳᠡᠭᠡᠭᠰᠢ ᠨᠡᠮᠡᠭᠳᠡᠪᠡ᠂ ᠰᠦᠯᠵᠢᠶ᠎ᠡ᠎ᠪᠠᠷ ᠵᠢᠵᠢᠭᠯᠡᠨ ᠪᠣᠷᠣᠯᠠᠭᠤᠯᠬᠤ ᠲᠣᠭ᠎ᠠ 21.5% ᠨᠡᠮᠡᠭᠳᠡᠵᠦ᠂ ᠲᠦᠷᠦᠭᠦᠴᠢ ᠳᠡᠯᠭᠡᠭᠦᠷ ᠪᠠ ᠬᠣᠰᠢᠭᠤᠴᠢ ᠳᠡᠯᠭᠡᠭᠦᠷ᠎ᠢ 147 ᠣᠷᠣᠭᠤᠯᠤᠨ ᠠᠪᠴᠢᠷᠠᠪᠠ᠃

       ᠬᠣᠶᠠᠷ᠎ᠲᠤ ᠬᠡᠯᠬᠢᠶᠡᠰᠦᠯᠡᠯ ᠮᠠᠶᠢᠭ᠎ᠤᠨ ᠰᠡᠳᠬᠢᠬᠦᠢ ᠵᠢ ᠪᠠᠷᠢᠮᠲᠠᠯᠠᠵᠤ ᠳᠠᠪᠠᠭᠤᠯᠢᠭ ᠣᠨᠴᠠᠯᠢᠭᠲᠤ ᠠᠵᠤ ᠦᠢ᠍ᠯᠡᠰ ᠵᠶ᠋ᠠᠨ ᠬᠦᠴᠦᠷᠬᠡᠭᠵᠢᠭᠦᠯᠪᠡ᠃  ᠠᠵᠤ ᠦᠢ᠍ᠯᠡᠰ᠎ᠤᠨ ᠬᠡᠯᠬᠢᠶᠡᠨ᠎ᠤ 《ᠬᠡᠯᠬᠢᠶᠡᠨ ᠳᠠᠷᠤᠭ᠎ᠠ ᠵᠢᠨ ᠳᠦᠷᠢᠮ》᠎ᠢ ᠬᠡᠷᠡᠭᠵᠢᠭᠦᠯᠵᠦ᠂ ᠬᠡᠯᠬᠢᠶ᠎ᠡ ᠵᠢ ᠤᠷᠲᠤᠳᠬᠠᠬᠤ ᠨᠥᠬᠥᠪᠦᠷᠢᠯᠡᠬᠦ ᠴᠢᠩᠳᠠᠯᠠᠬᠤ ᠲᠦᠷᠦᠯ ᠵᠦᠢ᠍ᠯ᠎ᠢ 650 ᠠᠬᠢᠭᠤᠯᠤᠨ᠂ 16 ᠵᠤᠷᠪᠤᠰ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠦᠷᠲᠡᠭ 1.4 ᠲᠦᠮᠡᠨ ᠳ᠋ᠦᠩᠰᠢᠭᠤᠷ ᠲᠥᠭᠥᠷᠢᠭ ᠰᠢᠬᠠᠮ ᠪᠣᠯᠪᠠ᠃ ᠰᠢᠨ᠎ᠡ ᠡᠨᠧᠷᠭᠢ ᠵᠢᠨ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠨᠡᠮᠡᠭᠳᠡᠯ ᠦᠷᠲᠡᠭ 16.1% ᠨᠡᠮᠡᠭᠳᠡᠨ᠂ ᠪᠦᠭᠦ ᠤᠯᠤᠰ᠎ᠤᠨ ᠲᠠᠩ ᠴᠣᠭᠴᠠᠲᠤ ᠬᠡᠪᠴᠢᠶ᠎ᠡ᠎ᠪᠠᠷ ᠬᠠᠮᠤᠭ᠎ᠤᠨ ᠲᠣᠮᠣ ᠭᠡᠷᠡᠯᠴᠢ ᠴᠡᠨᠡᠭ ᠵᠶ᠋ᠠᠷ ᠡᠯᠡᠰᠦᠷᠬᠡᠭᠵᠢᠯ᠎ᠢ ᠵᠠᠰᠠᠬᠤ ᠲᠦᠷᠦᠯ ᠵᠦᠢ᠍ᠯ᠂ ᠤᠯᠤᠰ᠎ᠤᠨ ᠳᠣᠲᠣᠭ᠋ᠠᠳᠤ᠎ᠳᠠᠬᠢ ᠠᠵᠢᠯᠯᠠᠭᠤᠯᠵᠤ ᠪᠠᠢ᠌ᠭ᠎ᠠ ᠡᠬᠡ ᠬᠠᠭᠤᠷᠠᠢ ᠵᠢᠨ ᠰᠠᠯᠬᠢᠨ ᠬᠦᠴᠦ᠎ᠪᠠᠷ ᠴᠠᠬᠢᠯᠭ᠋ᠠᠨ ᠭᠠᠷᠭ᠋ᠠᠬᠤ ᠬᠠᠮᠤᠭ᠎ᠤᠨ ᠲᠣᠮᠣ ᠰᠠᠭᠤᠷᠢᠨ ᠭᠠᠵᠠᠷ᠂ ᠳᠡᠯᠡᠬᠡᠢ ᠵᠢᠨ ᠠᠩᠬᠠᠳᠠᠭᠴᠢ ᠬᠠᠲᠠᠭᠤ ᠲᠥᠯᠥᠪᠲᠦ ᠳᠣᠣᠷ᠎ᠠ ᠳᠠᠷᠤᠯᠲᠠᠲᠤ ᠣᠰᠣᠳᠦ᠋ᠷᠦᠭᠴᠢ ᠨᠥᠭᠡᠴᠡᠯᠡᠬᠦ ᠦᠢ᠍ᠯᠡᠳᠪᠦᠷᠢᠯᠡᠯ᠎ᠤᠨ ᠱᠤᠭᠤᠮ᠎ᠢ ᠪᠠᠢ᠌ᠭᠤᠯᠪᠠ; ᠰᠠᠯᠬᠢ ᠭᠡᠷᠡᠯ ᠣᠰᠤᠳᠦ᠋ᠷᠦᠭᠴᠢ ᠨᠥᠭᠡᠴᠡ ᠵᠢᠨ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠦᠢ᠍ᠯᠡᠳᠬᠦᠨ᠎ᠤ ᠦᠷᠲᠡᠭ 2762 ᠳ᠋ᠦᠩᠰᠢᠭᠤᠷ ᠲᠥᠭᠥᠷᠢᠭ᠎ᠲᠤ ᠬᠦᠷᠴᠦ᠂ ᠭᠦᠬᠡᠬᠤᠲᠠ ᠪᠤᠭᠤᠲᠤ ᠣᠷᠳᠣᠰ ᠲᠦᠩᠯᠢᠶᠣᠣ ᠵᠢᠨ 4 ᠰᠠᠭᠤᠷᠢᠨ ᠭᠠᠵᠠᠷ᠎ᠤᠨ ᠡᠵᠡᠯᠡᠬᠦ ᠬᠠᠷᠢᠴᠠᠯ 80%᠎ᠳᠤ ᠬᠦᠷᠪᠡ᠃ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠨᠡᠮᠡᠭᠳᠡᠯ ᠦᠷᠲᠡᠭ 15.4% ᠨᠡᠮᠡᠭᠳᠡᠵᠦ᠂ ᠨᠡᠭᠦᠷᠡᠰᠦᠨ᠎ᠤ ᠨᠠᠷᠢᠯᠢᠭ ᠭᠦᠨ ᠪᠤᠯᠪᠠᠰᠤᠷᠠᠭᠤᠯᠬᠤ ᠲᠦᠷᠦᠯ ᠵᠦᠢ᠍ᠯ᠎ᠢ 34 ᠬᠡᠷᠡᠭᠵᠢᠭᠦᠯᠦᠨ᠂ 11 ᠵᠢ᠎ᠨᠢ ᠠᠰᠢᠭᠯᠠᠯᠲᠠ᠎ᠳᠤ ᠣᠷᠣᠭᠤᠯᠵᠤ᠂ ᠪᠦᠭᠦ ᠪᠥᠮᠪᠥᠷᠴᠡᠭ᠎ᠤᠨ ᠬᠠᠮᠤᠭ᠎ᠤᠨ ᠲᠣᠮᠣ ᠪᠣᠬᠢᠷᠳᠤᠯ ᠦᠭᠡᠢ ᠤᠰᠤᠳᠥ᠋ᠷᠦᠭᠴᠢ ᠪᠠ ᠨᠡᠭᠦᠷᠡᠰᠦ᠎ᠪᠠᠷ ᠠᠯᠺᠸᠠ ᠨᠡᠭᠦᠷᠥᠭᠴᠢ ᠦᠢ᠍ᠯᠡᠳᠬᠦ ᠵᠢ ᠡᠪᠴᠡᠯᠳᠦᠭᠦᠯᠬᠦ ᠲᠦᠷᠦᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠵᠤ᠂ ᠨᠡᠭᠦᠷᠡᠰᠦ᠎ᠪᠠᠷ ᠡᠲ᠋ᠠ ᠬᠣᠶᠠᠷᠴᠢ ᠠᠯᠺᠤᠤᠯ ᠦᠢ᠍ᠯᠡᠳᠬᠦ᠂ ᠨᠡᠭᠦᠷᠡᠰᠦ᠎ᠪᠠᠷ ᠠᠯᠺᠸᠠ ᠨᠡᠭᠦᠷᠥᠭᠴᠢ ᠦᠢ᠍ᠯᠡᠳᠬᠦ ᠵᠢᠨ ᠦᠢ᠍ᠯᠡᠳᠪᠦᠷᠢᠯᠡᠬᠦ ᠴᠢᠳᠠᠮᠵᠢ ᠴᠥᠮ ᠪᠦᠭᠦ ᠤᠯᠤᠰ᠎ᠤᠨ ᠬᠣᠶᠠᠳᠤᠭ᠋ᠠᠷ᠎ᠲᠤ ᠪᠠᠢ᠌ᠷᠢᠰᠢᠪᠠ᠃ ᠬᠣᠪᠣᠷ ᠰᠢᠷᠣᠢ ᠵᠢᠨ ᠠᠵᠤ ᠦᠢ᠍ᠯᠡᠰ᠎ᠤᠨ ᠨᠡᠮᠡᠭᠳᠡᠯ ᠦᠷᠲᠡᠭ 21% ᠨᠡᠮᠡᠭᠳᠡᠵᠦ᠂ ᠳᠤᠮᠳᠠ ᠵᠢᠨ ᠪᠠ ᠬᠦᠨᠳᠦ ᠬᠣᠪᠣᠷ ᠰᠢᠷᠣᠢ᠌ᠲᠤ ᠲᠡᠮᠦᠷᠯᠢᠭ᠎ᠤᠨ ᠦᠢ᠍ᠯᠡᠳᠬᠦᠨ᠎ᠢ ᠬᠡᠪᠴᠢᠶᠡᠵᠢᠭᠦᠯᠦᠨ ᠦᠢ᠍ᠯᠡᠳᠪᠦᠷᠢᠯᠡᠬᠦ ᠵᠢ ᠪᠡᠶᠡᠯᠡᠭᠦᠯᠵᠦ᠂ 10 ᠲᠦᠮᠡᠨ ᠲᠤᠨ᠎ᠤ ᠲᠡᠰ᠎ᠤᠨ ᠪᠦᠭᠦ ᠪᠥᠮᠪᠥᠷᠴᠡᠭ᠎ᠤᠨ ᠬᠠᠮᠤᠭ᠎ᠤᠨ ᠲᠣᠮᠣ ᠬᠣᠪᠣᠷ ᠰᠢᠷᠣᠢ ᠵᠢᠨ ᠪᠣᠬᠢᠷᠳᠤᠯ ᠦᠭᠡᠢ ᠬᠠᠢ᠌ᠯᠤᠭᠤᠯᠬᠤ ᠲᠦᠷᠦᠯ ᠵᠦᠢ᠍ᠯ᠎ᠢ ᠡᠬᠢᠯᠡᠭᠦᠯᠦᠨ᠂ ᠬᠣᠪᠣᠷ ᠰᠢᠷᠣᠢ᠂ ᠨᠢᠦᠪᠢ᠂ ᠯᠢᠲ᠋ᠢ ᠵᠡᠷᠭᠡ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠬᠠᠢ᠌ᠨ ᠰᠢᠨᠵᠢᠯᠲᠡ ᠰᠢᠨ᠎ᠡ ᠰᠢᠪᠲᠤᠯᠤᠯᠲᠠ᠎ᠲᠠᠢ ᠪᠣᠯᠬᠤ ᠵᠢ ᠪᠡᠶᠡᠯᠡᠭᠦᠯᠪᠡ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠤᠨ ᠨᠡᠮᠡᠭᠳᠡᠯ ᠦᠷᠲᠡᠭ 11.6% ᠨᠡᠮᠡᠭᠳᠡᠵᠦ᠂ ᠡᠳ᠋ᠰᠢᠭᠦᠯᠵᠦ ᠤᠯᠠᠷᠢᠭᠤᠯᠤᠭᠰᠠᠨ ᠨᠤᠷᠮ᠎ᠠ 72%᠎ᠲᠤ ᠬᠦᠷᠴᠦ᠂ ᠰᠦ ᠰᠠᠭ᠋ᠠᠯᠢ ᠵᠢᠨ ᠦᠢ᠍ᠯᠡᠰ᠂ ᠲᠥᠮᠥᠰᠥ ᠵᠢᠨ ᠤᠯᠤᠰ᠎ᠤᠨ ᠲᠡᠰ᠎ᠤᠨ ᠠᠵᠤ ᠦᠢ᠍ᠯᠡᠰ᠎ᠤᠨ ᠪᠦᠯᠦᠭᠵᠢᠯ᠎ᠢ 2 ᠪᠠ ᠤᠯᠤᠰ᠎ᠤᠨ ᠲᠡᠰ᠎ᠤᠨ ᠣᠳᠣ ᠦᠶ᠎ᠡ ᠵᠢᠨ ᠠᠵᠤ ᠦᠢ᠍ᠯᠡᠰ᠎ᠤᠨ ᠬᠦᠷᠢᠶᠡᠯᠡᠩ᠎ᠢ 3᠂ ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠢ 8 ᠰᠢᠨ᠎ᠡ᠎ᠪᠠᠷ ᠡᠭᠦᠳᠦᠨ ᠪᠠᠢ᠌ᠭᠤᠯᠵᠤ᠂ ᠡᠭᠦᠳᠦᠨ ᠪᠠᠢ᠌ᠭᠤᠯᠤᠭᠰᠠᠨ ᠲᠣᠭ᠎ᠠ ᠬᠡᠮᠵᠢᠶ᠎ᠡ ᠪᠦᠭᠦ ᠤᠯᠤᠰ᠎ᠲᠤ ᠲᠦᠷᠦᠭᠦᠯᠡᠨ᠂ ᠪᠦᠭᠦ ᠪᠥᠮᠪᠥᠷᠴᠡᠭ᠎ᠤᠨ ᠬᠠᠮᠤᠭ᠎ᠤᠨ ᠲᠣᠮᠣ ᠰᠦᠨ ᠬᠦᠴᠢᠯ᠎ᠤᠨ ᠪᠠᠺᠲ᠋ᠧᠷᠢ ᠵᠢᠨ ᠦᠷ᠎ᠡ ᠡᠳ᠋᠎ᠤᠨ ᠬᠥᠮᠥᠷᠭᠡ᠂ ᠤᠯᠤᠰ᠎ᠤᠨ ᠬᠣᠨᠢ ᠢᠮᠠᠭ᠋ᠠᠨ᠎ᠤ ᠤᠳᠤᠮᠯᠠᠯ᠎ᠤᠨ ᠦᠨᠡᠯᠡᠨ ᠵᠢᠱ᠌ᠢᠯᠲᠡ ᠵᠢᠨ ᠲᠥᠪ᠎ᠢ ᠪᠠᠢ᠌ᠭᠤᠯᠵᠤ᠂ ᠠᠯᠠᠰᠢᠨ ᠬᠤᠨᠢᠨ᠎ᠤ ᠠᠵᠤ ᠦᠢ᠍ᠯᠡᠰ᠎ᠤᠨ ᠦᠢ᠍ᠯᠡᠳᠬᠦᠨ᠎ᠤ ᠦᠷᠲᠡᠭ ᠮᠢᠩᠭ᠋ᠠᠨ ᠳ᠋ᠦᠩᠰᠢᠭᠤᠷ ᠲᠡᠰ᠎ᠲᠤ ᠬᠦᠷᠪᠡ᠃

       ᠭᠤᠷᠪᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠳᠤ ᠰᠢᠨ᠎ᠡ ᠰᠢᠪᠲᠤᠯᠤᠯᠲᠠ ᠭᠠᠷᠬᠤ ᠵᠢ ᠠᠬᠢᠭᠤᠯᠪᠠ᠃  ᠪᠦᠭᠦ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠯᠭ᠎ᠠ 81.9% ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ 314᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠢ᠌ᠯᠠᠯ 950 ᠰᠢᠨ᠎ᠡ᠎ᠪᠠᠷ ᠨᠡᠮᠡᠭᠳᠡᠪᠡ᠃ 6 ᠬᠥᠮᠥᠨ 《ᠬᠥᠬᠡᠮᠥ᠋ᠷᠡᠨ ᠨᠡᠷᠡᠮᠵᠢᠲᠦ ᠱᠠᠩᠨᠠᠯ᠎ᠢ ᠣᠯᠣᠭᠰᠠᠨ ᠡᠷᠳᠡᠮᠲᠡᠨ》᠂ 《ᠤᠯᠤᠰ᠎ᠤᠨ ᠭᠠᠷᠮᠠᠭ᠋ᠠᠢ ᠵᠠᠯᠠᠭᠤᠴᠤᠳ》᠎ᠲᠤ ᠰᠢᠨ᠎ᠡ᠎ᠪᠠᠷ ᠰᠣᠩᠭᠣᠭᠳᠠᠪᠠ᠃ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ 10 ᠠᠺᠠᠳᠧᠮᠢᠴᠢ᠂ ᠵᠠᠭᠤ ᠭᠠᠷᠤᠢ ᠰᠢᠨᠵᠢᠯᠡᠬᠦ ᠤᠬᠠᠭ᠋ᠠᠨᠲᠠᠨ᠎ᠢ ᠴᠤᠭᠯᠠᠭᠤᠯᠵᠤ᠂ ᠪᠣᠳᠠᠲᠤ ᠴᠣᠭᠴᠠᠵᠢᠭᠤᠯᠤᠨ ᠡᠵᠡᠩᠨᠡᠵᠦ ᠠᠵᠢᠯᠯᠠᠭᠤᠯᠬᠤ ᠵᠢ ᠪᠡᠶᠡᠯᠡᠭᠦᠯᠪᠡ᠂ ᠰᠦ ᠰᠠᠭ᠋ᠠᠯᠢ ᠵᠢᠨ ᠦᠢ᠍ᠯᠡᠰ᠂ ᠡᠪᠡᠰᠦᠨ᠎ᠤ ᠦᠢ᠍ᠯᠡᠰ᠂ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ 24 ᠴᠢᠬᠤᠯᠠ ᠶᠡᠬᠡ ᠰᠤᠳᠤᠯᠭ᠋ᠠᠨ᠎ᠤ ᠦᠷ᠎ᠡ ᠪᠦᠲᠦᠭᠡᠯ ᠭᠠᠷᠭ᠋ᠠᠵᠤ᠂ ᠲᠠᠯᠠᠨ ᠬᠠᠷ᠎ᠠ ᠠᠭᠤᠯᠠ ᠵᠢᠨ ᠲᠤᠷᠰᠢᠯᠲᠠ ᠵᠢᠨ ᠲᠠᠰᠤᠭ᠂ ᠣᠷᠳᠣᠰ᠎ᠤᠨ ᠲᠤᠷᠰᠢᠯᠲᠠ ᠵᠢᠨ ᠲᠠᠰᠤᠭ ᠪᠠ ᠪᠡᠭᠡᠵᠢᠩ ᠶᠡᠬᠡ ᠰᠤᠷᠭ᠋ᠠᠭᠤᠯᠢ ᠵᠢᠨ ᠣᠷᠳᠣᠰ᠎ᠲᠠᠬᠢ ᠡᠨᠧᠷᠭᠢ ᠵᠢᠨ ᠰᠤᠳᠤᠯᠭ᠋ᠠᠨ᠎ᠤ ᠬᠦᠷᠢᠶᠡᠯᠡᠩ᠂ ᠵᠧᠵᠢᠶᠠᠩ ᠶᠡᠬᠡ ᠰᠤᠷᠭ᠋ᠠᠭᠤᠯᠢ - ᠪᠤᠭᠤᠲᠤ ᠵᠢᠨ ᠴᠠᠬᠢᠭᠤᠷᠲᠤ ᠮᠠᠲ᠋ᠧᠷᠢᠶᠠᠯ᠎ᠤᠨ ᠬᠣᠯᠪᠤᠭ᠋ᠠᠯᠠᠨ ᠰᠤᠳᠤᠯᠬᠤ ᠲᠥᠪ᠂ ᠲᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠪᠠᠶᠠᠨᠨᠠᠭᠤᠷ᠎ᠲᠠᠬᠢ ᠰᠤᠳᠤᠯᠭ᠋ᠠᠨ᠎ᠤ ᠬᠦᠷᠢᠶᠡᠯᠡᠩ ᠵᠠᠯᠭ᠋ᠠᠭ᠎ᠠ᠎ᠪᠠᠷ ᠪᠠᠢ᠌ᠭᠤᠯᠤᠭᠳᠠᠵᠤ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠣᠷᠳᠣᠰ᠎ᠲᠠᠬᠢ ᠰᠢᠨ᠎ᠡ ᠡᠨᠧᠷᠭᠢ ᠵᠢᠨ ᠳᠡᠭᠡᠳᠦ ᠰᠤᠷᠭ᠋ᠠᠭᠤᠯᠢ ᠫᠠᠢ᠌ᠰᠠ ᠡᠯᠭᠦᠨ ᠪᠠᠢ᠌ᠭᠤᠯᠤᠭᠳᠠᠪᠠ᠃ ᠤᠯᠤᠰ᠎ᠤᠨ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ ᠲᠦᠷᠦᠯ ᠵᠦᠢ᠍ᠯ᠎ᠢ 9 ᠳᠠᠭ᠋ᠠᠭ᠋ᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠢ ᠵᠦᠢ᠍ᠯ᠎ᠢ 38 ᠬᠡᠷᠡᠭᠵᠢᠭᠦᠯᠦᠨ᠂ ᠰᠢᠨ᠎ᠡ ᠡᠭᠦᠳᠦᠯᠲᠡ ᠵᠢᠨ ᠬᠣᠯᠪᠣᠭ᠋ᠠᠲᠤ ᠴᠣᠭᠴᠠ ᠵᠢ 70 ᠪᠠᠢ᠌ᠭᠤᠯᠵᠤ᠂ ᠠᠭᠤᠷᠬᠠᠢ ᠵᠢᠨ ᠣᠶᠤᠨᠴᠢ ᠮᠠᠰᠢᠨ ᠬᠥᠮᠥᠨ᠂ ᠬᠣᠪᠣᠷ ᠰᠢᠷᠣᠢ ᠵᠢᠨ ᠦᠢ᠍ᠯᠡᠳᠬᠦᠨ ᠦᠢ᠍ᠯᠡᠳᠴᠦ ᠪᠦᠲᠦᠭᠡᠬᠦ᠂ ᠡᠷᠴᠢᠯᠡᠭᠦᠷ ᠬᠦᠷᠳᠦ᠎ᠪᠠᠷ ᠡᠨᠧᠷᠭᠢ ᠨᠥᠭᠡᠴᠡᠯᠡᠬᠦ ᠵᠡᠷᠭᠡ ᠵᠢ ᠰᠤᠳᠤᠯᠤᠨ ᠨᠡᠭᠡᠭᠡᠵᠦ ᠬᠡᠷᠡᠭᠯᠡᠬᠦ ᠲᠠᠯ᠎ᠠ᠎ᠪᠠᠷ ᠰᠢᠪᠲᠤᠯᠤᠯᠲᠠ ᠵᠢᠨ ᠴᠢᠨᠠᠷᠲᠠᠢ ᠦᠷ᠎ᠡ ᠪᠦᠲᠦᠭᠡᠯ ᠭᠠᠷᠭ᠋ᠠᠵᠤ᠂ ᠮᠧᠩ ᠺᠧ ᠵᠢᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠠᠪᠴᠠᠩ᠎ᠤᠨ ᠦᠢ᠍ᠯᠡᠳᠦᠯ ᠲᠣᠳᠣᠷᠠᠵᠤ᠂ ᠪᠦᠭᠦ ᠣᠷᠣᠨ᠎ᠤ ᠮᠡᠷᠭᠡᠵᠢᠯ᠎ᠤᠨ ᠠᠷᠠᠯᠵᠢᠶᠠᠨ᠎ᠤ ᠭᠡᠷ᠎ᠡ ᠵᠢᠨ ᠲᠣᠭ᠎ᠠ 45.3% ᠨᠡᠮᠡᠭᠳᠡᠵᠦ᠂ ᠠᠷᠠᠯᠵᠢᠶᠠᠯᠠᠭᠰᠠᠨ ᠲᠣᠭ᠎ᠠ 17.6% ᠨᠡᠮᠡᠭᠳᠡᠪᠡ᠃

       ᠳᠥᠷᠪᠡ᠎ᠳᠤ ᠬᠦᠴᠢᠷ ᠠᠰᠠᠭᠤᠳᠠᠯ᠎ᠢ ᠥᠭᠡᠷᠡᠴᠢᠯᠡᠯᠲᠡ ᠵᠢᠨ ᠠᠷᠭ᠎ᠠ᠎ᠪᠠᠷ ᠠᠷᠢᠯᠭ᠋ᠠᠨ ᠰᠢᠢ᠍ᠳᠪᠦᠷᠢᠯᠡᠬᠦ ᠵᠢ ᠨᠡᠩ ᠶᠡᠬᠡ ᠴᠢᠬᠤᠯᠠᠴᠢᠯᠠᠨ ᠦᠵᠡᠪᠡ᠃  ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠠᠰᠠᠭᠤᠳᠠᠯ᠎ᠳᠤ ᠬᠠᠨᠳᠤᠭᠤᠯᠵᠤ᠂ 《ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ》᠂ 《ᠨᠢᠭᠡ ᠰᠦᠯᠵᠢᠶ᠎ᠡ᠎ᠪᠠᠷ ᠨᠢᠭᠡᠳᠦᠯᠲᠡᠢ ᠬᠠᠮᠢᠶᠠᠷᠬᠤ》 ᠵᠢ ᠭᠦᠨᠵᠡᠭᠡᠢ᠌ᠷᠡᠭᠦᠯᠦᠨ ᠠᠬᠢᠭᠤᠯᠵᠤ᠂ ᠠᠵᠤ ᠠᠬᠤᠢ᠌ᠯᠠᠯ᠎ᠤᠨ ᠪᠦᠭᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠳᠠᠬᠢ ᠦᠢ᠍ᠯᠡᠴᠢᠯᠡᠭᠡ᠎ᠪᠠᠨ ᠴᠢᠩᠭ᠋ᠠᠷᠠᠭᠤᠯᠤᠨ᠂ ᠬᠠᠯᠠᠮᠰᠢᠯ ᠤᠲᠠᠰᠤ 12345 ᠵᠢᠨ ᠭᠣᠮᠣᠳᠠᠯ ᠱᠠᠭ᠋ᠠᠷᠳᠠᠯᠭ᠎ᠠ ᠵᠢ ᠰᠢᠢ᠍ᠳᠪᠦᠷᠢᠯᠡᠭᠰᠡᠨ ᠪᠠᠢ᠌ᠳᠠᠯ᠎ᠳᠤ ᠰᠠᠷ᠎ᠠ ᠪᠣᠯᠭ᠋ᠠᠨ ᠨᠡᠷᠡᠰ᠎ᠤᠨ ᠵᠢᠭᠰᠠᠭ᠋ᠠᠯᠲᠠ ᠭᠠᠷᠭ᠋ᠠᠵᠤ ᠨᠡᠪᠲᠡᠷᠡᠭᠦᠯᠦᠨ ᠮᠡᠳᠡᠭᠡᠯᠡᠵᠦ᠂ ᠬᠣᠢ᠌ᠭᠤᠷ ᠵᠢᠭᠰᠠᠭ᠋ᠠᠭᠳᠠᠵᠤ ᠪᠠᠢ᠌ᠭ᠎ᠠ᠎ᠲᠠᠢ᠎ᠨᠢ ᠪᠣᠯᠵᠣᠨ ᠶᠠᠷᠢᠯᠴᠠᠵᠤ᠂ ᠤᠯᠠᠮ ᠤᠯᠠᠨ ᠠᠵᠤ ᠠᠬᠤᠢ᠌ᠯᠠᠯ ᠪᠠ ᠠᠷᠠᠳ ᠲᠦᠮᠡᠨ ᠬᠠᠯᠠᠮᠰᠢᠯ ᠤᠲᠠᠰᠤ᠎ᠪᠠᠷ ᠲᠠᠮᠵᠢᠵᠦ ᠲᠦᠷᠦ ᠵᠢᠨ ᠪᠣᠳᠣᠯᠭ᠎ᠠ ᠵᠢ ᠣᠢ᠌ᠯᠠᠭ᠋ᠠᠭᠰᠠᠨ ᠪᠠ ᠠᠰᠠᠭᠤᠳᠠᠯ ᠵᠶ᠋ᠠᠨ ᠰᠢᠢ᠍ᠳᠪᠦᠷᠢᠯᠡᠵᠦ᠂ ᠪᠦᠭᠦ ᠵᠢᠯ᠎ᠳᠤ ᠡᠯ᠎ᠡ ᠲᠦᠷᠦᠯ᠎ᠤᠨ ᠭᠣᠮᠣᠳᠠᠯ ᠱᠠᠭ᠋ᠠᠷᠳᠠᠯᠭ᠎ᠠ ᠵᠢ 641 ᠲᠦᠮᠡᠨ ᠬᠤᠪᠢ ᠭᠥᠯᠢᠶᠡᠨ ᠠᠪᠴᠤ ᠰᠢᠢ᠍ᠳᠪᠦᠷᠢᠯᠡᠨ᠂ ᠭᠦᠢ᠍ᠴᠡᠳᠬᠡᠵᠦ ᠳᠠᠭᠤᠰᠬᠠᠭᠰᠠᠨ ᠨᠤᠷᠮ᠎ᠠ 95%᠎ᠠᠴᠠ ᠳᠡᠭᠡᠭᠰᠢ᠎ᠳᠤ ᠬᠦᠷᠪᠡ; ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠷᠬᠡ ᠵᠢᠨ ᠵᠦᠢ᠍ᠯᠡᠰ᠎ᠢ 268 ᠬᠦᠴᠦᠨ ᠦᠭᠡᠢ ᠪᠤᠯᠭ᠋ᠠᠨᠨᠰᠠᠨ ᠪᠠ ᠳᠣᠷᠣᠭᠰᠢ ᠪᠠᠭᠤᠯᠭ᠋ᠠᠵᠤ᠂ ᠠᠵᠤ ᠦᠢ᠍ᠯᠡᠳᠪᠦᠷᠢ᠎ᠳᠤ ᠬᠡᠷᠡᠭᠯᠡᠬᠦ ᠬᠡᠰᠡᠭᠯᠡᠭᠰᠡᠨ 《ᠪᠠᠷᠢᠮᠵᠢᠶᠠᠲᠤ ᠭᠠᠵᠠᠷ》᠎ᠢ 332 ᠲᠥᠯᠥᠪᠦᠷᠢᠲᠡᠢ ᠰᠢᠯᠵᠢᠭᠦᠯᠦᠨ᠂ ᠬᠦᠷᠢᠶᠡᠯᠡᠩ ᠲᠣᠭᠣᠷᠢᠭ ᠪᠠ ᠲᠣᠰᠬᠤᠨ᠎ᠤ ᠱᠠᠲᠤ ᠪᠦᠬᠦᠨ᠎ᠳᠤ 《ᠬᠠᠪᠰᠤᠷᠤᠨ ᠭᠦᠢ᠍ᠴᠡᠳᠬᠡᠬᠦ ᠣᠷᠣᠯᠠᠨ ᠭᠦᠢ᠍ᠴᠡᠳᠬᠡᠬᠦ》 ᠵᠢ ᠬᠠᠮᠤᠷᠤᠭᠤᠯᠬᠤ ᠵᠢ ᠪᠡᠶᠡᠯᠡᠭᠦᠯᠵᠦ᠂ 《ᠵᠠᠰᠠᠭ᠎ᠤᠨ ᠶᠠᠪᠤᠳᠠᠯ + ᠰᠢᠭᠤᠳ ᠨᠡᠪᠲᠡᠷᠡᠭᠦᠯᠭᠡ》 ᠦᠢ᠍ᠯᠡᠴᠢᠯᠡᠭᠡᠨ᠎ᠤ ᠰᠢᠨ᠎ᠡ ᠵᠠᠭᠪᠤᠷ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠳᠦᠯ ᠴᠢᠳᠠᠮᠵᠢ᠎ᠪᠠᠨ ᠳᠡᠭᠡᠭᠰᠢᠯᠡᠭᠦᠯᠦᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠪᠠᠷ ᠰᠣᠩᠭᠣᠭᠳᠠᠪᠠ᠃ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠲᠤᠰᠬᠠᠯ ᠴᠢᠩᠭ᠎ᠠ ᠠᠰᠠᠭᠤᠳᠠᠯ᠎ᠳᠤ ᠬᠠᠨᠳᠤᠭᠤᠯᠵᠤ᠂ ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ 1293 ᠳ᠋ᠦᠩᠰᠢᠭᠤᠷ ᠲᠥᠭᠥᠷᠢᠭ᠎ᠤᠨ ᠳᠠᠩᠰᠠᠨ᠎ᠳᠠᠬᠢ ᠵᠣᠭᠣᠰ᠎ᠢ ᠲᠥᠯᠥᠵᠦ ᠳᠠᠭᠤᠰᠬᠠᠨ᠂ ᠠᠵᠤ ᠠᠬᠤᠢ᠌ᠯᠠᠯ᠎ᠳᠤ ᠨᠢᠭᠡ ᠪᠦᠯᠦᠭ ᠭᠠᠵᠠᠷ ᠰᠢᠷᠣᠢ ᠦᠢ᠍ᠯᠡᠳᠪᠦᠷᠢ ᠵᠢᠨ ᠭᠡᠷ ᠪᠠᠢ᠌ᠰᠢᠩ᠎ᠤᠨ ᠥᠮᠴᠢᠯᠡᠬᠦ ᠡᠷᠬᠡ ᠵᠢᠨ ᠭᠠᠷᠳᠠᠮ᠎ᠤᠨ ᠠᠰᠠᠭᠤᠳᠠᠯ᠎ᠢ ᠰᠢᠢ᠍ᠳᠪᠦᠷᠢᠯᠡᠨ ᠥᠭᠴᠦ᠂ ᠭᠠᠢ᠌ᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠵᠢᠴᠢ ᠭᠠᠢ᠌ᠯᠢ ᠵᠢ ᠪᠤᠴᠠᠭ᠋ᠠᠵᠤ ᠬᠣᠢ᠌ᠰᠢᠯᠠᠭᠤᠯᠤᠨ ᠲᠤᠰᠢᠶᠠᠬᠤ ᠵᠠᠷᠤᠳᠠᠯ᠎ᠢ 341 ᠳ᠋ᠦᠩᠰᠢᠭᠤᠷ ᠲᠥᠭᠥᠷᠢᠭ ᠰᠢᠨ᠎ᠡ᠎ᠪᠠᠷ ᠨᠡᠮᠡᠭᠳᠡᠭᠦᠯᠦᠨ᠂ 2 ᠠᠵᠤ ᠠᠬᠤᠢ᠌ᠯᠠᠯ ᠠᠮᠵᠢᠯᠲᠠᠲᠠᠢ᠎ᠪᠠᠷ ᠵᠠᠬ᠎ᠠ᠎ᠳᠤ ᠭᠠᠷᠴᠤ᠂ 5 ᠠᠵᠤ ᠠᠬᠤᠢ᠌ᠯᠠᠯ ᠪᠦᠭᠦ ᠤᠯᠤᠰ᠎ᠤᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ 500 ᠬᠦᠴᠦᠷᠬᠡᠭ᠎ᠤᠨ ᠡᠩᠨᠡᠭᠡᠨ᠎ᠳᠤ ᠵᠢᠭᠰᠠᠭ᠋ᠠᠭᠳᠠᠵᠤ᠂ ᠪᠦᠭᠦ ᠣᠷᠣᠨ᠎ᠤ ᠵᠠᠭᠤᠨ ᠬᠦᠴᠦᠷᠬᠡᠭ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠪᠦᠭᠦ ᠣᠷᠣᠯᠭ᠎ᠠ 1 ᠲᠦᠮᠡᠨ ᠳ᠋ᠦᠩᠰᠢᠭᠤᠷ ᠲᠥᠭᠥᠷᠢᠭ᠎ᠢ ᠳᠠᠪᠠᠪᠠ᠃ ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠪᠠᠭᠤᠷᠠᠢ ᠪᠠᠢ᠌ᠭ᠎ᠠ ᠣᠳᠣᠬᠢ ᠪᠠᠢ᠌ᠳᠠᠯ᠎ᠳᠤ ᠬᠠᠨᠳᠤᠭᠤᠯᠵᠤ᠂ 《ᠪᠦᠰᠡᠯᠡᠯᠲᠡ ᠰᠢᠪᠲᠤᠯᠬᠤ》 ᠠᠵᠢᠯᠯᠠᠭ᠋ᠠᠨ᠎ᠢ ᠥᠷᠨᠢᠭᠦᠯᠵᠦ᠂ ᠠᠯᠳᠠᠭᠳᠠᠯ᠎ᠢ ᠵᠠᠰᠠᠬᠤ ᠡᠷᠴᠢᠮ ᠵᠶ᠋ᠠᠨ ᠴᠢᠩᠭ᠋ᠠᠷᠠᠭᠤᠯᠪᠠ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠠᠴᠠ ᠬᠢᠨᠠᠨ ᠬᠠᠮᠢᠶᠠᠷᠴᠤ ᠪᠠᠢ᠌ᠭ᠎ᠠ ᠠᠵᠤ ᠠᠬᠤᠢ᠌ᠯᠠᠯ᠎ᠤᠨ ᠠᠰᠢᠭ ᠣᠯᠵᠠᠪᠤᠷᠢ ᠵᠢᠨ ᠶᠡᠷᠦᠩᠬᠡᠢ ᠲᠣᠭ᠎ᠠ 70% ᠨᠡᠮᠡᠭᠳᠡᠵᠦ᠂ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠤᠨ ᠠᠰᠢᠭ ᠣᠯᠵᠠᠪᠤᠷᠢ 53 ᠳ᠋ᠦᠩᠰᠢᠭᠤᠷ ᠲᠥᠭᠥᠷᠢᠭ᠎ᠲᠤ ᠬᠦᠷᠴᠦ᠂ ᠪᠦᠭᠦ ᠤᠯᠤᠰ᠎ᠤᠨ 500 ᠬᠦᠴᠦᠷᠬᠡᠭ᠎ᠤᠨ ᠨᠡᠷᠡᠰ᠎ᠤᠨ ᠵᠢᠭᠰᠠᠭ᠋ᠠᠯᠲᠠ᠎ᠳᠤ ᠴᠠᠬᠢᠯᠭ᠋ᠠᠨ ᠬᠦᠴᠦᠨ᠎ᠤ ᠪᠦᠯᠦᠭᠯᠡᠯ ᠤᠷᠤᠭᠰᠢ᠎ᠪᠠᠨ 24 ᠨᠡᠷ᠎ᠡ ᠲᠡᠪᠰᠢᠨ᠂ ᠥᠪᠥᠷ ᠮᠣᠩᠭᠣᠯ᠎ᠤᠨ ᠡᠨᠧᠷᠬᠢ ᠵᠢᠨ ᠪᠦᠯᠦᠭᠯᠡᠯ᠎ᠤᠨ ᠪᠡᠯᠡ ᠬᠥᠷᠥᠩᠭᠡ ᠵᠢᠨ ᠶᠡᠷᠦᠩᠬᠡᠢ ᠲᠣᠭ᠎ᠠ ᠮᠢᠩᠭ᠋ᠠᠨ ᠳ᠋ᠦᠩᠰᠢᠭᠤᠷ ᠲᠥᠭᠥᠷᠢᠭ᠎ᠢ ᠳᠠᠪᠠᠵᠤ᠂ ᠵᠠᠮ ᠬᠠᠷᠢᠯᠴᠠᠭ᠋ᠠᠨ᠎ᠤ ᠪᠦᠯᠦᠭᠯᠡᠯ᠂ ᠤᠯᠠᠨ ᠤᠯᠤᠰ᠎ᠤᠨ ᠠᠷᠠᠯᠵᠢᠶᠠᠨ᠎ᠤ ᠪᠦᠯᠦᠭᠯᠡᠯ᠎ᠢ ᠰᠢᠨ᠎ᠡ᠎ᠪᠠᠷ ᠵᠣᠬᠢᠶᠠᠨ ᠪᠠᠢ᠌ᠭᠤᠯᠪᠠ᠃ ᠨᠡᠭᠡᠭᠡᠯᠲᠡ ᠬᠢᠬᠦ ᠠᠮᠢᠵᠢᠷᠠᠯ᠎ᠤᠨ ᠬᠦᠴᠦᠨ ᠵᠶ᠋ᠠᠷ ᠳᠤᠲᠠᠮᠠᠭ ᠪᠠᠢ᠌ᠳᠠᠯ᠎ᠳᠤ ᠬᠠᠨᠳᠤᠭᠤᠯᠵᠤ᠂ ᠭᠠᠳᠠᠭ᠋ᠠᠳᠤ ᠠᠷᠠᠯᠵᠢᠶᠠᠨ᠎ᠤ ᠬᠡᠪᠴᠢᠶ᠎ᠡ ᠵᠢ ᠲᠣᠭᠲᠠᠪᠤᠷᠢᠵᠢᠭᠤᠯᠵᠤ ᠪᠦᠲᠦᠴᠡ ᠵᠢ ᠰᠢᠯᠢᠳᠡᠭᠵᠢᠭᠦᠯᠬᠦ 32 ᠵᠤᠷᠪᠤᠰ᠎ᠢ ᠨᠡᠢ᠌ᠲᠡᠯᠡᠨ᠂ ᠮᠠᠨᠵᠤᠤᠷ ᠬᠢᠯᠢ ᠵᠢᠨ ᠪᠣᠭᠣᠮᠲᠠ ᠵᠢᠨ ᠲᠣᠮᠳᠠᠲᠤ ᠤᠷᠤᠰ᠎ᠤᠨ ᠪᠦᠯᠭᠦᠮ ᠵᠶ᠋ᠠᠷ ᠵᠢᠭᠤᠯᠴᠢᠯᠠᠬᠤ᠎ᠳᠤ ᠸᠢᠰᠠ ᠲᠠᠮᠠᠭ᠋ᠠᠯᠠᠬᠤ ᠵᠢ ᠬᠠᠷᠢᠯᠴᠠᠨ ᠬᠡᠯᠲᠦᠷᠢᠭᠦᠯᠬᠦ᠂ ᠡᠷᠢᠶᠡᠨ ᠬᠤᠲᠠ ᠬᠢᠯᠢ ᠵᠢᠨ ᠪᠣᠭᠣᠮᠲᠠ᠎ᠪᠠᠷ 8 ᠰᠠᠭᠤᠳᠠᠯ᠎ᠠᠴᠠ ᠳᠣᠷᠣᠭᠰᠢᠬᠢ ᠵᠢᠵᠢᠭ ᠬᠡᠯᠪᠡᠷᠢ ᠵᠢᠨ ᠲᠡᠷᠭᠡ ᠬᠥᠰᠬᠡ ᠵᠢ ᠥᠩᠭᠡᠷᠡᠭᠦᠯᠬᠦ ᠪᠣᠳᠣᠯᠭ᠎ᠠ ᠵᠢ ᠰᠡᠷᠭᠦᠭᠡᠵᠦ᠂ ᠮᠠᠨᠵᠤᠤᠷ᠎ᠤᠨ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠤ ᠠᠷᠠᠯᠵᠢᠶᠠᠨ᠎ᠤ ᠲᠣᠭ᠎ᠠ 3 ᠲᠠᠬᠢᠨ ᠰᠢᠬᠠᠮ ᠨᠡᠮᠡᠭᠳᠡᠨ᠂ ᠪᠦᠭᠦ ᠣᠷᠣᠨ᠎ᠤ ᠬᠢᠯᠢ ᠵᠢᠨ ᠪᠣᠭᠣᠮᠲᠠ᠎ᠪᠠᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 1 ᠳ᠋ᠦᠩᠰᠢᠭᠤᠷ ᠲᠣᠨ᠎ᠢ ᠳᠠᠪᠠᠵᠤ᠂ ᠪᠦᠭᠦ ᠤᠯᠤᠰ᠎ᠤᠨ ᠡᠬᠡ ᠬᠠᠭᠤᠷᠠᠢ ᠵᠢᠨ ᠬᠢᠯᠢ ᠳᠠᠭ᠋ᠠᠤ ᠬᠢᠯᠢ ᠵᠢᠨ ᠪᠣᠭᠣᠮᠲᠠ ᠵᠢᠨ ᠲᠡᠮᠳᠡᠭᠯᠡᠯ᠎ᠢ ᠰᠢᠨᠡᠳᠬᠡᠨ᠂ ᠣᠷᠣᠨ᠎ᠳᠤ ᠢᠷᠡᠵᠦ ᠠᠶᠠᠯᠠᠬᠤ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠴᠤᠪᠤᠭ᠎ᠠ ᠲᠡᠷᠭᠡ 429 ᠬᠦᠷᠴᠦ᠂ 73.7% ᠨᠡᠮᠡᠭᠳᠡᠨ᠂ ᠮᠠᠰᠢᠨ ᠴᠠᠬᠢᠯᠭ᠋ᠠᠨ᠎ᠤ ᠦᠢ᠍ᠯᠡᠳᠬᠦᠨ᠎ᠤ ᠭᠠᠳᠠᠭ᠋ᠠᠳᠤ ᠭᠠᠷᠭ᠋ᠠᠯᠲᠠ 118.9% ᠨᠡᠮᠡᠭᠳᠡᠵᠦ᠂ ᠴᠠᠬᠢᠯᠭ᠋ᠠᠨ ᠬᠦᠳᠡᠯᠭᠡᠭᠦᠷᠲᠦ ᠬᠥᠮᠥᠨ ᠠᠴᠢᠶᠠᠯᠠᠬᠤ ᠮᠠᠰᠢᠨ ᠲᠡᠷᠭᠡ ᠵᠡᠷᠭᠡ 《ᠭᠤᠷᠪᠠᠨ ᠰᠢᠨ᠎ᠡ ᠲᠦᠷᠦᠯ》᠎ᠤᠨ ᠦᠢ᠍ᠯᠡᠳᠬᠦᠨ᠎ᠤ ᠭᠠᠳᠠᠭ᠋ᠠᠳᠤ ᠭᠠᠷᠭ᠋ᠠᠯᠲᠠ 48 ᠳᠠᠬᠢᠨ ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠢ᠌ᠯᠠᠯ᠎ᠢ 167 ᠰᠢᠨ᠎ᠡ᠎ᠪᠠᠷ ᠲᠣᠬᠢᠷᠠᠭᠤᠯᠵᠤ᠂ 3.2 ᠳᠠᠬᠢᠨ ᠨᠡᠮᠡᠭᠳᠡᠨ᠂ ᠭᠠᠳᠠᠭ᠋ᠠᠳᠤ ᠪᠡᠯᠡ ᠵᠢ ᠬᠡᠷᠡᠭᠯᠡᠭᠰᠡᠨ ᠪᠣᠳᠠᠲᠠᠢ ᠲᠣᠭ᠎ᠠ 55.8 ᠳ᠋ᠦᠩᠰᠢᠭᠤᠷ ᠲᠥᠭᠥᠷᠢᠭ᠎ᠲᠤ ᠬᠦᠷᠴᠦ᠂ 61.5% ᠨᠡᠮᠡᠭᠳᠡᠪᠡ᠃ ᠬᠢᠯᠢ ᠰᠤᠨᠳᠠᠯᠠᠨ ᠬᠤᠷᠢᠶᠠᠭᠰᠠᠨ ᠪᠠ ᠥᠭᠭᠦᠭᠰᠡᠨ ᠠᠷᠠᠳ᠎ᠤᠨ ᠵᠣᠭᠣᠰ᠎ᠤᠨ ᠲᠣᠭ᠎ᠠ 2584.2 ᠳ᠋ᠦᠩᠰᠢᠭᠤᠷ ᠲᠥᠭᠥᠷᠢᠭ᠎ᠲᠤ ᠬᠦᠷᠴᠦ᠂ 99.8% ᠨᠡᠮᠡᠭᠳᠡᠪᠡ᠃

       ᠲᠠᠪᠤ᠎ᠳᠤ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠵᠤ ᠵᠠᠰᠠᠬᠤ᠎ᠪᠠᠨ ᠴᠢᠩᠭ᠋ᠠᠳᠬᠠᠪᠠ᠃  ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠨᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠴᠣᠬᠣᠯᠠᠪᠤᠷᠢ ᠵᠢ ᠣᠯᠵᠤ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠬᠠᠷᠢᠭᠤ ᠲᠤᠰᠬᠠᠭᠰᠠᠨ ᠠᠰᠠᠭᠤᠳᠠᠯ᠎ᠤᠳ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ᠃ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠰᠠᠢ᠌ᠲᠤᠷ ᠠᠳᠬᠤᠵᠤ᠂ 《ᠳᠤᠷ᠎ᠠ᠎ᠪᠠᠷ ᠦᠢ᠍ᠯᠡᠳᠬᠦ ᠳᠥᠷᠪᠡ ᠵᠢ ᠴᠡᠪᠡᠷᠯᠡᠬᠦ》 ᠵᠢ ᠪᠠᠢ᠌ᠩᠭᠤᠵᠢᠭᠤᠯᠤᠨ ᠠᠬᠢᠭᠤᠯᠵᠤ᠂ ᠰᠠᠢ᠌ᠷᠭ᠋ᠠᠯ᠎ᠤᠨ ᠣᠷᠣᠨ᠎ᠤ 770 ᠡᠷᠦᠬᠡ᠂ 1853 ᠬᠥᠮᠥᠨ᠎ᠢ ᠨᠡᠭᠦᠯᠭᠡᠨ ᠲᠣᠬᠢᠷᠠᠭᠤᠯᠬᠤ ᠪᠠ ᠲᠠᠷᠢᠬᠤ ᠵᠢ ᠴᠠᠭ᠋ᠠᠵᠠᠯᠠᠵᠤ ᠬᠢᠵᠠᠭ᠋ᠠᠷᠯᠠᠬᠤ ᠣᠨ᠎ᠤ ᠡᠭᠦᠷᠭᠡ᠎ᠪᠠᠨ ᠪᠡᠶᠡᠯᠡᠭᠦᠯᠵᠦ᠂ ᠬᠠᠲᠤᠨ ᠭᠣᠣᠯ᠎ᠤᠨ ᠰᠠᠪᠠ ᠭᠠᠵᠠᠷ᠎ᠤᠨ ᠰᠢᠷᠠᠤ᠋ᠰᠤᠨ ᠭᠣᠣᠯ᠎ᠤᠨ ᠬᠢᠯᠢ ᠳᠣᠲᠣᠷᠠᠬᠢ ᠬᠡᠰᠡᠭ᠎ᠢ ᠬᠠᠮᠠᠭ᠋ᠠᠯᠠᠵᠤ ᠵᠠᠰᠠᠭᠰᠠᠨ᠎ᠨᠢ ᠪᠦᠬᠦ ᠤᠯᠤᠰ᠎ᠤᠨ ᠦᠵᠡᠰᠬᠦᠯᠡᠩᠲᠦ ᠨᠠᠭᠤᠷ ᠭᠣᠣᠯ᠎ᠤᠨ ᠰᠢᠯᠢᠳᠡᠭ ᠵᠢᠱ᠌ᠢᠶ᠎ᠡ᠎ᠪᠠᠷ ᠰᠣᠩᠭᠣᠭᠳᠠᠪᠠ᠃ ᠪᠣᠬᠢᠷᠳᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠭᠦᠨᠵᠡᠭᠡᠢ ᠰᠠᠢ᠌ᠲᠤᠷ ᠬᠢᠵᠦ᠂ 21.3 ᠲᠦᠮᠡᠨ ᠡᠷᠦᠭᠡ ᠵᠢᠨ ᠴᠡᠪᠡᠷ ᠳᠤᠯᠠᠭ᠋ᠠᠯᠠᠭ᠎ᠠ᠎ᠪᠠᠷ ᠥᠭᠡᠷᠡᠴᠢᠯᠡᠵᠦ ᠰᠢᠨᠡᠳᠬᠡᠬᠦ ᠠᠵᠢᠯ᠎ᠢ ᠪᠡᠶᠡᠯᠡᠭᠦᠯᠦᠨ᠂ 《ᠬᠥᠯᠥᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ》᠂ ᠴᠠᠭ᠋ᠠᠨᠨᠠᠭᠤᠷ ᠵᠡᠷᠭᠡ ᠵᠢ ᠶᠡᠷᠦᠩᠬᠡᠢ᠌ᠯᠡᠨ ᠵᠠᠰᠠᠭᠰᠠᠨ ᠦᠷ᠎ᠡ ᠪᠦᠲᠦᠮᠵᠢ ᠤᠯᠤᠰ᠎ᠲᠤ ᠦᠨᠡᠯᠡᠭᠳᠡᠨ ᠨᠤᠲᠠᠯᠠᠭᠳᠠᠵᠤ᠂ ᠤᠯᠠᠭ᠋ᠠᠨᠰᠤᠬᠠᠢ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠳᠦᠷᠢᠮ᠎ᠢ ᠨᠡᠢ᠌ᠲᠡᠯᠡᠨ ᠬᠡᠷᠡᠭᠵᠢᠭᠦᠯᠵᠦ᠂ ᠪᠦᠬᠦ ᠣᠷᠣᠨ᠎ᠤ ᠤᠯᠤᠰ᠎ᠤᠨ ᠰᠢᠯᠭ᠋ᠠᠨ ᠬᠢᠨᠠᠬᠤ ᠭᠠᠵᠠᠷ ᠳᠡᠭᠡᠷᠡᠬᠢ ᠤᠰᠤᠨ᠎ᠤ ᠣᠭᠲᠣᠯᠣᠭ᠋ᠠᠰᠤ ᠵᠢᠨ ᠤᠰᠤᠨ᠎ᠤ ᠴᠢᠨᠠᠷ᠎ᠤᠨ ᠰᠢᠯᠢᠳᠡᠭ ᠰᠠᠢ᠌ᠨ ᠪᠠᠷᠢᠮᠵᠢᠶ᠎ᠠ᠎ᠳᠤ ᠬᠦᠷᠦᠭᠦᠯᠬᠦ ᠬᠠᠷᠢᠴᠠᠯ᠂ ᠦᠬᠠᠢ ᠵᠢᠴᠢ ᠡᠷᠭᠢᠨ ᠲᠣᠭᠣᠷᠢᠨ ᠭᠠᠵᠠᠷ ᠣᠷᠣᠨ᠎ᠤ PM2.5 ᠵᠢᠨ ᠥᠳᠬᠡᠴᠡ ᠲᠡᠦᠬᠡᠨ᠎ᠳᠠᠬᠢ ᠬᠠᠮᠤᠭ ᠰᠠᠢ᠌ᠨ ᠲᠦᠪᠰᠢᠨ᠎ᠳᠤ ᠬᠦᠷᠪᠡ᠃ ᠪᠦᠬᠦ ᠲᠠᠯ᠎ᠠ᠎ᠪᠠᠷ ᠠᠷᠪᠢᠯᠠᠨ ᠭᠠᠮᠨᠠᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ 《ᠲᠠᠪᠤ ᠵᠢ ᠲᠤᠢ᠌ᠯᠪᠤᠷᠢᠲᠠᠢ ᠰᠢᠢ᠍ᠳᠪᠦᠷᠢᠯᠡᠬᠦ》 ᠠᠵᠢᠯᠯᠠᠭ᠋ᠠᠨ᠎ᠢ ᠥᠷᠭᠦᠯᠵᠢᠯᠡᠨ ᠥᠷᠨᠢᠭᠦᠯᠵᠦ᠂ ᠵᠥᠪᠰᠢᠶᠡᠷᠡᠭᠦᠯᠬᠦ᠎ᠪᠠᠷ ᠪᠠᠢ᠌ᠭ᠎ᠠ 9326 ᠲᠦᠷᠦᠯ ᠵᠦᠢ᠍ᠯ᠎ᠤᠨ ᠵᠥᠪᠰᠢᠶᠡᠷᠡᠵᠦ ᠪᠣᠯᠬᠤ ᠪᠦᠬᠦᠨ᠎ᠢ᠎ᠨᠢ ᠵᠥᠪᠰᠢᠶᠡᠷᠡᠵᠦ᠂ ᠵᠥᠪᠰᠢᠶᠡᠷᠡᠭᠰᠡᠨ ᠪᠠᠢ᠌ᠲᠠᠯ᠎ᠠ ᠬᠠᠩᠭ᠋ᠠᠭ᠋ᠠᠳᠤᠢ ᠪᠠ ᠰᠤᠯᠠ ᠲᠠᠯᠪᠢᠭᠳᠠᠵᠤ ᠪᠠᠢ᠌ᠭ᠎ᠠ ᠭᠠᠵᠠᠷ ᠰᠢᠷᠣᠢ ᠵᠢ ᠰᠢᠩᠭᠡᠭᠡᠵᠦ ᠰᠢᠢ᠍ᠳᠪᠦᠷᠢᠯᠡᠭᠰᠡᠨ᠎ᠨᠢ ᠨᠡᠢ᠌ᠯᠡᠭᠡᠳ 40 ᠲᠦᠮᠡᠨ ᠮᠦ᠍᠎ᠠᠴᠠ ᠳᠠᠪᠠᠵᠤ᠂ ᠠᠩᠬᠠᠨ᠎ᠤ ᠪᠦᠯᠦᠭ 22 ᠳ᠋ᠦᠩᠰᠢᠭᠤᠷ ᠲᠥᠭᠥᠷᠢᠭ᠎ᠤᠨ ᠭᠠᠵᠠᠷ ᠰᠢᠷᠣᠢ ᠵᠢᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠤᠭᠰᠠᠨ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢᠨ ᠮᠤᠵᠢ ᠠᠯᠤᠰᠯᠠᠨ ᠠᠷᠠᠯᠵᠢᠶᠠᠯᠠᠬᠤ ᠵᠢ ᠪᠡᠶᠡᠯᠡᠭᠦᠯᠵᠦ᠂ 《ᠬᠠᠭ᠋ᠠᠰ ᠳᠤᠲᠠᠭᠤ ᠣᠷᠬᠢᠭᠳᠠᠭᠰᠠᠨ》 ᠢᠨᠵᠧᠨᠧᠷᠢᠩ᠎ᠢ ᠰᠡᠷᠭᠦᠭᠡᠬᠦ ᠪᠠ ᠨᠡᠭᠡᠭᠡᠯᠲᠡ ᠵᠢᠨ ᠲᠣᠭᠣᠷᠢᠭ᠎ᠤᠨ 《ᠲᠤᠢ᠌ᠯᠪᠤᠷᠢᠲᠠᠢ ᠰᠢᠢ᠍ᠳᠪᠦᠷᠢᠯᠡᠯᠲᠡ》 ᠵᠢ ᠦᠨᠳᠦᠰᠦᠨ᠎ᠳᠤ᠎ᠪᠠᠨ ᠪᠡᠶᠡᠯᠡᠭᠦᠯᠪᠡ᠂ ᠲᠠᠷᠢᠶᠠᠯᠠᠩ᠎ᠤᠨ ᠤᠰᠤ ᠠᠷᠪᠢᠯᠠᠭᠰᠠᠨ ᠬᠡᠮᠵᠢᠶ᠎ᠡ 3.73 ᠳ᠋ᠦᠩᠰᠢᠭᠤᠷ ᠺᠦᠪ ᠮᠧᠲᠷ᠎ᠲᠤ ᠬᠦᠷᠴᠦ᠂ ᠲᠠᠷᠢᠶᠠᠨ ᠭᠠᠵᠠᠷ᠎ᠢ ᠤᠰᠤᠯᠠᠬᠤ ᠤᠰᠤ ᠵᠢ ᠪᠦᠲᠦᠮᠵᠢᠲᠡᠢ ᠠᠰᠢᠭᠯᠠᠭᠰᠠᠨ ᠢᠯᠡᠳᠬᠡᠮᠵᠢ᠎ᠨᠢ ᠠᠩᠬ᠎ᠠ ᠤᠳᠠᠭ᠎ᠠ ᠤᠯᠤᠰ᠎ᠤᠨ ᠳᠤᠮᠳᠠᠴᠢ ᠲᠦᠪᠰᠢᠨ᠎ᠠᠴᠠ ᠳᠠᠪᠠᠵᠤ᠂ ᠨᠡᠭᠦᠷᠡᠰᠦᠲᠥ᠋ᠷᠥᠭᠴᠢ ᠵᠢᠨ ᠬᠤᠷᠠᠮᠠᠯ᠎ᠢ ᠠᠷᠠᠯᠵᠢᠶᠠᠯᠠᠭᠰᠠᠨ ᠬᠡᠮᠵᠢᠶ᠎ᠡ 80.5 ᠲᠦᠮᠡᠨ ᠲᠤᠨ᠂ ᠠᠷᠠᠯᠵᠢᠶᠠᠯᠠᠭᠰᠠᠨ ᠲᠣᠭ᠎ᠠ 2709 ᠲᠦᠮᠡᠨ ᠲᠥᠭᠥᠷᠢᠭ᠎ᠲᠤ ᠬᠦᠷᠴᠦ᠂ ᠪᠣᠬᠢᠷᠳᠤᠯ ᠦᠭᠡᠢ ᠬᠦᠷᠢᠶᠡᠯᠡᠩ ᠲᠣᠭᠣᠷᠢᠭ᠎ᠢ 4᠂ ᠪᠣᠬᠢᠷᠳᠤᠯ ᠦᠭᠡᠢ ᠠᠵᠤ ᠦᠢ᠍ᠯᠡᠳᠪᠦᠷᠢ ᠵᠢ 67 ᠰᠢᠨ᠎ᠡ᠎ᠪᠠᠷ ᠡᠭᠦᠳᠦᠨ ᠪᠠᠢ᠌ᠭᠤᠯᠪᠠ᠃

       ᠵᠢᠷᠭᠤᠭ᠎ᠠ᠎ᠳᠤ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠥᠷᠨᠢᠭᠦᠨ ᠰᠡᠷᠭᠦᠯᠲᠡ᠎ᠲᠠᠢ ᠪᠣᠯᠬᠤ ᠵᠢ ᠪᠦᠲᠦᠮᠵᠢᠲᠡᠢ ᠠᠬᠢᠭᠤᠯᠪᠠ᠃  ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠰᠡᠷᠭᠦᠨ ᠬᠥᠭᠵᠢᠬᠦ ᠵᠢ ᠳᠡᠮᠵᠢᠬᠦ 15 ᠵᠦᠢ᠍ᠯ᠎ᠤᠨ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠢ᠌ᠲᠡᠯᠡᠵᠦ᠂ 《ᠪᠡᠭᠡᠵᠢᠩ ᠱᠠᠩᠬᠠᠢ ᠭᠤᠸᠠᠩᠵᠧᠦ ᠱᠧᠨᠵᠧᠨ》 ᠵᠡᠷᠭᠡ ᠣᠯᠠᠨ ᠬᠤᠲᠠ᠎ᠯᠤᠭ᠎ᠠ ᠬᠠᠮᠲᠤᠷᠠᠨ 《ᠵᠠᠭᠤᠨ ᠲᠦᠮᠡᠨ ᠬᠥᠮᠥᠨ ᠬᠠᠷᠢᠯᠴᠠᠨ ᠵᠢᠭᠤᠯᠴᠢᠯᠠᠬᠤ》 ᠠᠵᠢᠯᠯᠠᠭ᠋ᠠᠨ᠎ᠢ ᠥᠷᠨᠢᠭᠦᠯᠵᠦ᠂ ᠷᠠᠰᠢᠶᠠᠨ᠂ ᠬᠥᠯᠥᠨ ᠪᠦᠢ᠍ᠷ ᠵᠡᠷᠭᠡ ᠭᠣᠣᠯᠳᠠᠯᠭ᠎ᠠ᠎ᠲᠠᠢ ᠵᠢᠭᠤᠯᠴᠢᠯᠠᠯ᠎ᠤᠨ ᠵᠣᠷᠢᠭᠰᠠᠨ ᠭᠠᠵᠠᠷ᠎ᠲᠤ ᠬᠦᠷᠬᠦ ᠲᠤᠰᠬᠠᠢ ᠴᠤᠪᠤᠭ᠎ᠠ ᠲᠡᠷᠭᠡ 400᠂ ᠲᠦᠷᠢᠶᠡᠰᠦᠨ ᠨᠢᠰᠬᠡᠯ 700 ᠤᠳᠠᠭ᠎ᠠ ᠪᠠᠢ᠌ᠵᠤ᠂ ᠪᠦᠬᠦ ᠣᠷᠣᠨ᠎ᠳᠤ ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ᠎ᠠᠴᠠ ᠳᠠᠪᠠᠵᠤ᠂ ᠣᠷᠣᠯᠭ᠎ᠠ 3350 ᠳ᠋ᠦᠩᠰᠢᠭᠤᠷ ᠲᠥᠭᠥᠷᠢᠭ᠎ᠢ ᠳᠠᠪᠠᠵᠤ᠂ ᠴᠥᠮ 2019 ᠣᠨ᠎ᠤ 1.2 ᠳᠠᠬᠢᠨ ᠪᠠᠢ᠌ᠪᠠ᠃ ᠤᠯᠤᠰ᠎ᠤᠨ ᠳᠡᠰ᠎ᠤᠨ ᠰᠣᠶᠣᠯ ᠵᠢᠭᠤᠯᠴᠢᠯᠠᠯ᠎ᠤᠨ ᠨᠡᠷᠡᠲᠦ ᠲᠡᠮᠳᠡᠭ ᠵᠶ᠋ᠠᠷ 17 ᠵᠦᠢ᠍ᠯ ᠵᠥᠪᠰᠢᠶᠡᠷᠡᠭᠳᠡᠵᠦ᠂ ᠤᠯᠤᠰ᠎ᠤᠨ 5C᠂ 4C ᠳᠡᠰ᠎ᠤᠨ ᠬᠤᠪᠢ ᠵᠢᠨ ᠮᠠᠰᠢᠨ ᠲᠡᠷᠭᠡ᠎ᠪᠠᠷ ᠪᠠᠭᠤᠳᠠᠯᠯᠠᠬᠤ ᠰᠠᠭᠤᠷᠢᠨ᠎ᠤ ᠲᠣᠭ᠎ᠠ ᠪᠦᠬᠦ ᠤᠯᠤᠰ᠎ᠤᠨ ᠲᠡᠷᠢᠭᠦᠨ᠎ᠳᠤ ᠪᠠᠢ᠌ᠷᠢᠰᠢᠵᠤ᠂ ᠤᠯᠤᠰ᠎ᠤᠨ ᠳᠡᠰ᠎ᠤᠨ ᠴᠠᠰᠤᠨ᠎ᠳᠤ ᠭᠤᠯᠭᠤᠬᠤ ᠵᠢᠭᠤᠯᠴᠢᠯᠠᠯ ᠠᠮᠠᠷᠠᠯᠲᠠ ᠵᠢᠨ ᠭᠠᠵᠠᠷ᠎ᠤᠨ ᠲᠣᠭ᠎ᠠ ᠪᠦᠬᠦ ᠤᠯᠤᠰ᠎ᠤᠨ ᠬᠣᠶᠠᠳᠤᠭ᠋ᠠᠷ᠎ᠲᠤ ᠪᠠᠢ᠌ᠷᠢᠰᠢᠪᠠ᠃ ᠵᠢᠭᠤᠯᠴᠢᠯᠠᠯ᠎ᠤᠨ 《ᠳᠥᠷᠪᠡᠨ ᠭᠠᠵᠠᠷ》᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠲᠠᠰᠤᠷᠠᠯᠲᠠ ᠦᠭᠡᠢ ᠲᠣᠳᠣᠷᠠᠵᠤ᠂ 《ᠲᠠᠯ᠎ᠠ ᠨᠤᠲᠤᠭ᠎ᠤᠨ ᠪᠣᠯᠵᠣᠯ》᠂ 《ᠤᠴᠠᠷᠠᠯᠳᠤ ᠨᠠᠭ᠋ᠠᠳᠤᠮ》 ᠵᠡᠷᠭᠡ ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ ᠦᠷᠭᠦᠯᠵᠢᠯᠡᠨ ᠨᠡᠮᠡᠭᠳᠡᠵᠦ᠂ ᠬᠥᠬᠡᠬᠤᠲᠠ ᠵᠢᠨ ᠰᠢᠨ᠎ᠡ ᠣᠨ ᠵᠶ᠋ᠠᠨ ᠤᠭᠲᠤᠬᠤ ᠦᠳᠡᠰᠢ ᠵᠢᠨ ᠠᠵᠢᠯᠯᠠᠭ᠋ᠠᠨ ᠪᠦᠬᠦ ᠬᠣᠲᠠᠨ᠎ᠠ ᠬᠦᠷ ᠬᠥᠭᠵᠢᠶᠡᠨ ᠪᠢᠯᠬᠠᠭᠤᠯᠵᠤ᠂ ᠤᠯᠠᠭ᠋ᠠᠨᠴᠠᠪ᠎ᠤᠨ ᠦᠳᠡᠰᠢ ᠬᠡᠮᠡᠬᠦ ᠠᠵᠢᠯᠯᠠᠭ᠋ᠠᠨ ᠵᠢᠭᠤᠯᠴᠢᠯᠠᠭᠴᠢᠳ᠎ᠢ 500 ᠲᠦᠮᠡᠨ ᠬᠥᠮᠥᠨ ᠤᠳᠠᠭ᠎ᠠ ᠲᠠᠲᠠᠵᠤ᠂ ᠲᠥᠪ ᠲᠧᠯᠸᠢᠰ ᠰᠤᠪᠠᠭ APP᠎ᠤᠨ 《ᠰᠠᠭᠤᠳᠠᠯ᠎ᠤᠨ ᠮᠠᠰᠢᠨ ᠵᠶ᠋ᠠᠷ ᠳᠤᠮᠳᠠᠳᠤ ᠤᠯᠤᠰ ᠵᠶ᠋ᠠᠷ ᠠᠶᠠᠯᠠᠬᠤᠢ》 ᠰᠢᠭᠤᠳ ᠨᠡᠪᠲᠡᠷᠡᠭᠦᠯᠭᠡ᠎ᠨᠢ 《ᠲᠡᠭᠷᠢ ᠵᠢᠨ ᠬᠠᠶᠠᠭ᠋ᠠᠨ᠎ᠤ ᠤᠯᠠᠭ᠋ᠠᠢ》 ᠵᠢᠨ ᠠᠯᠳᠠᠷ ᠴᠤᠤ ᠵᠢ ᠮᠠᠨᠳᠤᠭᠤᠯᠪᠠ᠃ ᠨᠢᠭᠡ ᠪᠦᠯᠦᠭ ᠰᠣᠶᠣᠯ ᠤᠷᠠᠯᠢᠭ᠎ᠤᠨ ᠰᠣᠳᠣᠨ ᠪᠦᠲᠦᠭᠡᠯ 《ᠯᠢᠩᠬᠤᠸ᠎ᠠ ᠱᠠᠩᠨᠠᠯ》 ᠵᠡᠷᠭᠡ ᠤᠯᠤᠰ᠎ᠤᠨ ᠳᠡᠰ᠎ᠤᠨ ᠱᠠᠩᠨᠠᠯ᠎ᠢ 47 ᠬᠦᠷᠲᠡᠵᠦ᠂ ᠯᠢᠶᠣᠤ ᠤᠯᠤᠰ᠎ᠤᠨ ᠳᠡᠭᠡᠳᠦ ᠨᠡᠢ᠌ᠰᠯᠡᠯ᠎ᠤᠨ ᠬᠠᠭ᠋ᠠᠨ᠎ᠤ ᠬᠤᠲᠠ ᠵᠢᠨ ᠪᠠᠭᠤᠷᠢ ᠵᠢᠨ ᠡᠮᠦᠨ᠎ᠡ ᠬᠡᠰᠡᠭ᠎ᠤᠨ ᠪᠠᠷᠢᠯᠭ᠎ᠠ ᠪᠠ ᠾᠧᠦ ᠴᠧᠩ ᠽᠦᠢ ᠴᠢᠯᠠᠭᠤᠨ ᠬᠤᠲᠠ ᠵᠢᠨ ᠪᠠᠭᠤᠷᠢ᠎ᠨᠢ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠰᠢᠨ᠎ᠡ ᠢᠯᠡᠷᠡᠭᠦᠯᠦᠯᠲᠡ᠎ᠳᠤ ᠣᠷᠣᠪᠠ᠃ ᠪᠦᠬᠦ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠲᠠᠮᠢᠷ᠎ᠤᠨ ᠴᠤᠭᠯᠠᠭ᠋ᠠᠨ᠂ ᠵᠢᠷᠭᠤᠳᠤᠭ᠋ᠠᠷ ᠬᠤᠭᠤᠴᠠᠭ᠋ᠠᠨ᠎ᠤ ᠵᠡᠮᠳᠡᠭᠴᠦᠳ᠎ᠤᠨ ᠲᠠᠮᠢᠷ᠎ᠤᠨ ᠴᠤᠭᠯᠠᠭ᠋ᠠᠨ᠂ ᠠᠷᠪᠠᠳᠤᠭ᠋ᠠᠷ ᠬᠤᠭᠤᠴᠠᠭ᠋ᠠᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠬᠢᠯᠡᠵᠦ᠂ ᠪᠦᠬᠦ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠢ ᠪᠦᠬᠦ ᠬᠦᠴᠦᠨ ᠵᠶ᠋ᠠᠷ ᠵᠶ᠋ᠠᠨ ᠪᠡᠯᠡᠳᠬᠡᠪᠡ᠃

       ᠳᠣᠯᠤᠭ᠎ᠠ᠎ᠳᠤ ᠠᠷᠠᠳ᠎ᠤᠨ ᠠᠮᠢᠳᠤᠷᠠᠯ᠎ᠤᠨ ᠪᠣᠳᠠᠲᠤ ᠠᠵᠢᠯ᠎ᠢ ᠰᠡᠳᠬᠢᠯ ᠲᠠᠯᠪᠢᠨ ᠬᠦᠴᠦ ᠣᠷᠣᠭᠤᠯᠵᠤ ᠰᠠᠢ᠌ᠲᠤᠷ ᠬᠢᠪᠡ᠃  ᠪᠦᠬᠦ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 6.1% ᠨᠡᠮᠡᠭᠳᠡᠵᠦ᠂ 2022 ᠣᠨ᠎ᠤ᠎ᠲᠠᠢ ᠠᠳᠠᠯᠢᠳᠬᠠᠪᠠᠯ 0.8 ᠵᠠᠭᠤᠨ᠎ᠤ ᠴᠡᠭ ᠳᠡᠭᠡᠭᠰᠢᠯᠡᠪᠡ᠃ ᠵᠢᠯ᠎ᠤᠨ ᠡᠬᠢᠨ᠎ᠳᠤ ᠪᠠᠢ᠌ᠷᠢᠯᠠᠭᠤᠯᠤᠭᠰᠠᠨ 43 ᠵᠦᠢ᠍ᠯ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠦᠬᠦᠨ᠎ᠢ ᠪᠡᠶᠡᠯᠡᠭᠦᠯᠪᠡ᠃ ᠬᠤᠲᠠ ᠪᠠᠯᠭ᠋ᠠᠰᠤᠨ᠎ᠤ 21.87 ᠲᠦᠮᠡᠨ ᠬᠥᠮᠥᠨ᠎ᠳᠤ ᠰᠢᠨ᠎ᠡ᠎ᠪᠠᠷ ᠠᠵᠢᠯ ᠣᠯᠭᠣᠪᠠ᠃ ᠬᠤᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠥᠨᠥᠴᠢᠨ ᠬᠡᠦᠬᠡᠳ᠎ᠤᠨ ᠪᠠᠲᠤᠯᠠᠭ᠎ᠠ ᠵᠢᠨ ᠪᠠᠷᠢᠮᠵᠢᠶ᠎ᠠ᠎ᠨᠢ ᠴᠥᠮ ᠪᠦᠬᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠢ 893 ᠰᠢᠨ᠎ᠡ᠎ᠪᠠᠷ ᠪᠠᠢ᠍ᠢ᠍ᠭᠤᠯᠬᠤ ᠪᠤᠶᠤ ᠥᠭᠡᠷᠡᠴᠢᠯᠡᠨ ᠥᠷᠭᠡᠳᠬᠡᠨ ᠪᠠᠢ᠌ᠭᠤᠯᠵᠤ᠂ ᠬᠡᠦᠬᠡᠳ ᠪᠠ ᠰᠤᠷᠤᠭᠴᠢᠳ᠎ᠤᠨ ᠰᠤᠷᠤᠯᠭ᠎ᠠ ᠵᠢᠨ ᠣᠷᠣ ᠵᠢ 7 ᠲᠦᠮᠡ ᠰᠢᠨ᠎ᠡ᠎ᠪᠠᠷ ᠨᠡᠮᠡᠭᠳᠡᠭᠦᠯᠪᠡ; ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠢ 327 ᠰᠢᠨ᠎ᠡ᠎ᠪᠠᠷ ᠲᠣᠬᠢᠷᠠᠭᠤᠯᠵᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠋ᠠᠨ᠎ᠳᠤ ᠵᠢᠩᠬᠢᠨᠢ ᠠᠩᠭᠢ ᠵᠢᠨ ᠲᠤᠰᠬᠠᠢ ᠮᠡᠷᠭᠡᠵᠢᠯ᠎ᠢ ᠰᠢᠨ᠎ᠡ᠎ᠪᠠᠷ 20 ᠲᠣᠬᠢᠷᠠᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢ 97 ᠪᠠᠢ᠌ᠭᠤᠯᠪᠠ᠃ 236 ᠵᠦᠢ᠍ᠯ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢ ᠬᠥᠳᠡᠯᠦᠩᠭᠦᠢ᠎ᠪᠠᠷ ᠲᠣᠬᠢᠷᠠᠭᠤᠯᠵᠤ᠂ ᠣᠯᠠᠨ ᠲᠦᠮᠡᠨ᠎ᠤ ᠥᠪᠡᠷ ᠵᠶ᠋ᠠᠨ ᠲᠤᠰᠢᠶᠠᠬᠤ ᠡᠮᠨᠡᠭᠦᠯᠦᠭᠰᠡᠨ ᠵᠠᠷᠤᠳᠠᠯ ᠳᠤᠮᠳᠠᠴᠢ᠎ᠪᠠᠷ 19% ᠪᠠᠭᠤᠷᠠᠵᠤ᠂ ᠪᠡᠭᠡᠵᠢᠩ ᠶᠡᠬᠡ ᠰᠤᠷᠭ᠋ᠠᠭᠤᠯᠢ ᠵᠢᠨ ᠬᠠᠪᠤᠳᠠᠷ᠎ᠤᠨ ᠡᠮᠨᠡᠯᠭᠡ ᠵᠢᠨ ᠬᠣᠷᠢᠶᠠᠨ᠎ᠤ ᠥᠪᠥᠷ ᠮᠣᠩᠭᠣᠯ᠎ᠤᠨ ᠡᠮᠨᠡᠯᠭᠡ ᠵᠢᠨ ᠬᠣᠷᠢᠶᠠᠨ᠎ᠤ ᠡᠭᠦᠳᠡᠨ ᠡᠮᠨᠡᠯᠭᠡ᠎ᠳᠤ ᠡᠮᠨᠡᠭᠦᠯᠦᠭᠰᠡᠨ ᠬᠡᠮᠵᠢᠶ᠎ᠡ 52% ᠨᠡᠮᠡᠭᠳᠡᠵᠦ᠂ ᠮᠡᠰᠡ ᠵᠠᠰᠠᠯ ᠬᠢᠭᠰᠡᠨ ᠬᠡᠮᠵᠢᠶ᠎ᠡ 83% ᠨᠡᠮᠡᠭᠳᠡᠪᠡ᠃  ᠰᠤᠮᠤ ᠰᠢᠶᠠᠩ ᠪᠠᠯᠭ᠋ᠠᠰᠤᠨ᠎ᠤ ᠬᠡᠪᠴᠢᠶᠡᠨ᠎ᠳᠤ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ 350᠂ ᠲᠤᠰᠬᠤᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢ 2000 ᠰᠢᠨ᠎ᠡ᠎ᠪᠠᠷ ᠪᠠᠢ᠌ᠭᠤᠯᠵᠤ᠂ ᠮᠢᠩᠭ᠋ᠠᠨ ᠬᠥᠮᠥᠨ ᠠᠮᠠ ᠪᠦᠷᠢ᠎ᠳᠤ ᠨᠣᠭᠳᠠᠬᠤ ᠨᠠᠢ᠌ᠳᠠᠨ ᠠᠰᠠᠷᠠᠭᠤᠯᠬᠤ ᠦᠢ᠍ᠯᠡᠴᠢᠯᠡᠭᠡᠨ᠎ᠤ ᠣᠷᠣ ᠵᠢᠨ ᠲᠣᠭ᠎ᠠ 3.4᠎ᠳᠤ ᠬᠦᠷᠪᠡ᠃ ᠬᠤᠲᠠ ᠪᠠᠯᠭ᠋ᠠᠰᠤᠨ᠎ᠤ ᠬᠠᠭᠤᠴᠢᠨ ᠬᠣᠭᠣᠯᠠᠢ ᠭᠤᠤᠷᠰᠤᠨ᠎ᠤ ᠲᠣᠣᠷ᠎ᠢ 2220 ᠺᠢᠯᠣᠮᠧᠲᠷ᠂ ᠬᠠᠭᠤᠴᠢᠨ ᠰᠠᠭᠤᠭ᠋ᠠᠯᠢ ᠲᠣᠭᠣᠷᠢᠭ᠎ᠢ 1639᠂ ᠳᠦᠬᠦᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠢ 1.56 ᠲᠦᠮᠡᠨ ᠢᠵᠢ ᠥᠭᠡᠷᠡᠴᠢᠯᠡᠨ ᠰᠢᠨᠡᠳᠬᠡᠵᠦ᠂ ᠬᠥᠳᠡᠭᠡ ᠲᠤᠰᠬᠤᠨ ᠮᠠᠯᠵᠢᠬᠤ ᠣᠷᠣᠨ᠎ᠤ ᠡᠷᠦᠬᠡ ᠵᠢᠨ ᠵᠣᠷᠯᠦᠩ᠎ᠢ 6.2 ᠲᠦᠮᠡ᠂ ᠵᠠᠰᠠᠮᠠᠯ ᠵᠠᠮ᠎ᠢ 5106 ᠺᠢᠯᠣᠮᠧᠲᠷ ᠪᠠᠢ᠌ᠭᠤᠯᠵᠤ᠂ ᠨᠤᠷᠠᠬᠤ ᠠᠶᠤᠯᠲᠠᠢ ᠭᠡᠷ ᠪᠠᠢ᠌ᠰᠢᠩ᠎ᠢ 4211 ᠡᠷᠦᠬᠡ ᠥᠭᠡᠷᠡᠴᠢᠯᠡᠨ ᠰᠢᠨᠡᠳᠬᠡᠵᠦ᠂ ᠬᠢᠯᠢ ᠬᠢᠵᠠᠭ᠋ᠠᠷ ᠣᠷᠣᠨ᠎ᠳᠤ ᠷᠠᠳᠢᠣ᠋ ᠲᠧᠯᠸᠢᠰ᠎ᠤᠨ ᠭᠡᠷᠡᠯᠯᠢᠭ ᠤᠲᠠᠰᠤ 4000 ᠺᠢᠯᠣᠮᠧᠲᠷ ᠳᠡᠪᠢᠰᠪᠡ᠃ ᠪᠦᠢ᠍ᠳᠠ ᠪᠥᠭᠯᠡᠭᠦᠦ ᠭᠠᠵᠠᠷ ᠣᠷᠣᠨ᠎ᠤ ᠴᠠᠬᠢᠯᠭ᠋ᠠᠨ ᠬᠡᠷᠡᠭᠯᠡᠬᠦ ᠳᠡᠰ ᠳᠡᠪᠰᠢᠭᠦᠯᠬᠦ ᠰᠢᠨ᠎ᠡ ᠨᠢᠭᠡᠨ ᠡᠭᠡᠯᠵᠢ ᠵᠢᠨ ᠢᠨᠵᠧᠨᠧᠷᠢᠩ᠎ᠢ ᠡᠬᠢᠯᠡᠭᠦᠯᠵᠦ᠂ ᠪᠦᠢ᠍ᠳᠠ ᠪᠥᠭᠯᠡᠭᠦᠦ ᠭᠠᠵᠠᠷ ᠣᠷᠣᠨ᠎ᠤ 2.4 ᠲᠦᠮᠡᠨ ᠲᠠᠷᠢᠶᠠᠯᠠᠬᠤ ᠮᠠᠯᠵᠢᠬᠤ ᠡᠷᠦᠭᠡ ᠪᠠ 58 ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠤᠨ ᠴᠠᠬᠢᠯᠭ᠋ᠠᠨ ᠬᠡᠷᠡᠭᠯᠡᠬᠦ᠎ᠳᠤ ᠬᠦᠴᠢᠷᠲᠡᠢ ᠪᠠᠢ᠌ᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠪᠡ᠃ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠢ 531᠂ ᠲᠠᠷᠠᠬᠠᠢ ᠮᠠᠶᠢᠭ᠎ᠤᠨ ᠤᠰᠤᠨ᠎ᠤ ᠰᠣᠷᠪᠣᠯᠵᠢ ᠵᠢᠨ ᠢᠨᠵᠧᠨᠧᠷᠢᠩ᠎ᠢ 909 ᠰᠢᠨ᠎ᠡ᠎ᠪᠠᠷ ᠪᠠᠢ᠍ᠢ᠍ᠭᠤᠯᠬᠤ ᠪᠠ ᠥᠷᠭᠡᠳᠬᠡᠨ ᠪᠠᠢ᠌ᠭᠤᠯᠵᠤ᠂ 32 ᠲᠦᠮᠡᠨ ᠲᠠᠷᠢᠶᠠᠴᠢᠨ ᠮᠠᠯᠴᠢᠳ  ᠠᠰᠢᠭ ᠬᠦᠷᠲᠡᠪᠡ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠵᠢᠷᠭᠤᠭ᠋ᠠᠨ 《ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠬᠡᠷᠡᠭᠵᠢᠭᠦᠯᠵᠦ᠂ ᠥᠪᠥᠷ ᠮᠣᠩᠭᠣᠯ᠎ᠳᠤ ᠣᠷᠣᠭᠤᠯᠤᠭᠰᠠᠨ ᠪᠡᠭᠡᠵᠢᠩ᠎ᠤᠨ ᠪᠡᠯᠡ ᠮᠥᠩᠭᠥ 150 ᠳ᠋ᠦᠩᠰᠢᠭᠤᠷ ᠲᠥᠭᠥᠷᠢᠭ ᠰᠢᠨ᠎ᠡ᠎ᠪᠠᠷ ᠨᠡᠮᠡᠭᠳᠡᠵᠦ᠂ ᠥᠪᠥᠷ ᠮᠣᠩᠭᠣᠯ᠎ᠢ ᠲᠤᠰᠠᠯᠠᠷ᠎ᠠ ᠢᠷᠡᠭᠰᠡᠨ ᠪᠡᠭᠡᠵᠢᠩ᠎ᠤᠨ ᠪᠠᠭᠰᠢ ᠪᠡᠭᠡᠵᠢᠩ᠎ᠤᠨ ᠡᠮᠴᠢ ᠮᠢᠩᠭ᠎ᠠ ᠰᠢᠬᠠᠮ ᠬᠥᠮᠥᠨ ᠪᠣᠯᠵᠤ᠂ ᠥᠪᠥᠷ ᠮᠣᠩᠭᠣᠯ᠎ᠠᠴᠠ ᠪᠡᠭᠡᠵᠢᠩ ᠤᠷᠤᠭᠤ ᠳᠠᠮᠵᠢᠭᠤᠯᠤᠭᠰᠠᠨ ᠴᠠᠬᠢᠯᠭ᠋ᠠᠨ 200 ᠳ᠋ᠦᠩᠰᠢᠭᠤᠷ ᠭ᠋ᠷᠡᠳᠦ᠋ᠰ᠎ᠢ ᠳᠠᠪᠠᠵᠤ᠂ ᠪᠡᠭᠡᠵᠢᠩ᠎ᠳᠤ ᠣᠷᠣᠭᠤᠯᠤᠭᠰᠠᠨ ᠥᠪᠥᠷ ᠮᠣᠩᠭᠣᠯ᠎ᠤᠨ ᠢᠳᠡᠭᠡᠨ 200 ᠳ᠋ᠦᠩᠰᠢᠭᠤᠷ ᠲᠥᠭᠥᠷᠢᠭ᠎ᠠᠴᠠ ᠳᠠᠪᠠᠵᠤ᠂ ᠪᠡᠭᠡᠵᠢᠩ ᠥᠪᠥᠷ ᠮᠣᠩᠭᠣᠯ᠎ᠤᠨ ᠬᠠᠷᠢᠯᠴᠠᠨ ᠵᠢᠭᠤᠯᠴᠢᠯᠠᠭᠰᠠᠳ 1000 ᠲᠦᠮᠡᠨ ᠬᠥᠮᠥᠨ ᠤᠳᠠᠭ᠎ᠠ᠎ᠠᠴᠠ ᠳᠠᠪᠠᠵᠤ᠂ ᠪᠡᠭᠡᠵᠢᠩ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠲᠦᠷᠦᠯ ᠵᠦᠢ᠍ᠯ 72% ᠨᠡᠮᠡᠭᠳᠡᠪᠡ᠃ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠬᠦ ᠳᠦᠷᠢᠮ᠎ᠢ ᠳᠡᠯᠭᠡᠷᠡᠭᠦᠯᠵᠦ᠂ 《ᠲᠥᠯᠥᠭᠡᠯᠡᠭᠴᠢ + ᠭᠡᠰᠢᠭᠦᠨ + ᠰᠢᠭᠦᠬᠦ ᠬᠣᠷᠢᠶ᠎ᠠ》 ᠵᠢᠨ ᠢᠷᠭᠡᠨ᠎ᠤ ᠪᠠ ᠬᠤᠳᠠᠯᠳᠤᠭ᠋ᠠᠨ᠎ᠤ ᠬᠡᠷᠡᠭ᠎ᠤᠨ ᠵᠢᠭᠤᠷᠠᠯᠳᠤᠭ᠋ᠠᠨ᠎ᠢ ᠠᠷᠢᠯᠭ᠋ᠠᠨ ᠰᠢᠢ᠍ᠳᠪᠦᠷᠢᠯᠡᠬᠦ ᠲᠣᠭᠲᠠᠴᠠ ᠵᠢ ᠪᠠᠢ᠌ᠭᠤᠯᠵᠤ᠂ ᠢᠳᠡᠭᠡᠨ᠎ᠤ ᠵᠦᠢ᠍ᠯ᠎ᠤᠨ 《ᠬᠣᠶᠠᠷ᠎ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ》 ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ ᠵᠣᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ ᠲᠠᠰᠤᠷᠠᠯᠲᠠ ᠦᠭᠡᠢ ᠳᠡᠭᠡᠭᠰᠢᠯᠡᠪᠡ᠃

       ᠨᠠᠢ᠍ᠮᠠ᠎ᠳᠤ ᠭᠣᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠴᠢᠩᠭ᠎ᠠ ᠪᠣᠳᠠᠲᠠᠢ ᠰᠡᠷᠭᠡᠢ᠌ᠯᠡᠵᠦ ᠠᠷᠢᠯᠭ᠋ᠠᠪᠠ᠃  ᠪᠢᠳᠡ 《2 • 22》᠎ᠤᠨ ᠠᠳᠡᠯ᠎ᠠᠴᠠ ᠭᠦᠨ ᠰᠤᠷᠭ᠋ᠠᠮᠵᠢ ᠠᠪᠴᠤ᠂ ᠬᠦᠨᠳᠦ ᠣᠨᠴᠠ ᠶᠡᠬᠡ ᠠᠳᠡᠯ᠎ᠢ ᠰᠡᠷᠭᠡᠢ᠌ᠯᠡᠨ ᠬᠣᠷᠢᠭᠯᠠᠬᠤ 135 ᠵᠤᠷᠪᠤᠰ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠ 《ᠭᠤᠷᠪᠠ ᠵᠢ ᠬᠠᠮᠢᠶᠠᠷᠬᠤ᠎ᠳᠤ ᠭᠤᠷᠪᠠᠨ ᠡᠷᠬᠡᠪᠰᠢ ᠵᠢ ᠭᠦᠢ᠍ᠴᠡᠳᠬᠡᠬᠦ》 ᠲᠣᠭᠲᠠᠭ᠋ᠠᠯ᠎ᠤᠳ᠎ᠢ ᠲᠣᠭᠲᠠᠭ᠋ᠠᠨ ᠬᠡᠷᠡᠭᠵᠢᠭᠦᠯᠵᠦ᠂ ᠶᠡᠬᠡ᠎ᠪᠠᠷ ᠵᠢᠭᠰᠠᠭ᠋ᠠᠨ ᠪᠠᠢ᠌ᠴᠠᠭ᠋ᠠᠬᠤ ᠪᠠ ᠶᠡᠬᠡ᠎ᠪᠠᠷ ᠴᠡᠭᠴᠡᠯᠡᠨ ᠵᠠᠰᠠᠬᠤ ᠵᠢ 3 ᠡᠭᠡᠯᠵᠢ᠎ᠪᠠᠷ ᠳᠠᠷᠠᠭ᠋ᠠᠯᠠᠨ ᠥᠷᠨᠢᠭᠦᠯᠵᠦ᠂ ᠭᠣᠣᠯᠳᠠᠯᠭ᠎ᠠ᠎ᠲᠠᠢ ᠬᠦᠷᠢᠶᠡᠨ᠎ᠤ ᠲᠤᠰᠬᠠᠢ ᠴᠡᠭᠴᠡᠯᠡᠨ ᠵᠠᠰᠠᠬᠤ ᠪᠠ ᠰᠣᠯᠪᠢᠴᠠᠭᠤᠯᠤᠭ᠋ᠠᠳ ᠪᠠᠢ᠌ᠴᠠᠭ᠋ᠠᠬᠤ ᠵᠢ ᠭᠦᠨᠵᠡᠭᠡᠢ ᠥᠷᠨᠢᠭᠦᠯᠵᠦ᠂ ᠪᠦᠬᠦ ᠵᠢᠯ᠎ᠳᠤ ᠡᠭᠦᠰᠦᠭᠰᠡᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠠᠳᠡᠯ᠎ᠤᠨ ᠲᠣᠭ᠎ᠠ ᠪᠠ ᠡᠨᠳᠡᠭᠰᠡᠨ ᠬᠥᠮᠥᠨ᠎ᠤ ᠲᠣᠭ᠎ᠠ ᠲᠤᠰ ᠪᠦᠷᠢ 22.8% ᠪᠠ 12.9% ᠪᠠᠭᠤᠷᠠᠪᠠ᠃ ᠪᠢᠳᠡ ᠠᠵᠤ ᠠᠬᠤᠢ ᠵᠢᠨ ᠬᠦᠷᠢᠶᠡᠨ᠎ᠳᠠᠬᠢ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ᠎ᠪᠠᠷ ᠴᠢᠬᠤᠯᠠ ᠤᠯᠤᠰ ᠲᠦᠷᠣ ᠵᠢᠨ ᠡᠭᠦᠷᠭᠡ᠎ᠪᠠᠨ ᠪᠣᠯᠭ᠋ᠠᠵᠣ᠂ ᠪᠠᠢ᠌ᠳᠠᠭ ᠵᠶ᠋ᠠᠨ ᠰᠢᠪᠬᠠᠵᠤ ᠥᠷᠢ ᠲᠥᠯᠥᠬᠦ ᠵᠢ ᠪᠠᠷᠢᠮᠲᠠᠯᠠᠵᠤ᠂ 《1 + 8》 ᠥᠷᠢ ᠥᠭᠴᠡᠭᠡ ᠵᠢ ᠠᠷᠢᠯᠭ᠋ᠠᠬᠤ ᠲᠥᠰᠥᠯ᠎ᠢ ᠲᠣᠭᠲᠠᠭ᠋ᠠᠨ ᠨᠠᠢ᠌ᠳᠠᠪᠤᠷᠢᠵᠢᠭᠤᠯᠵᠤ᠂ 《ᠲᠦᠷᠪᠡᠨ ᠨᠢᠭᠡ ᠪᠦᠯᠦᠭ》 ᠪᠠ ᠥᠷᠢ ᠥᠭᠴᠡᠭᠡ ᠵᠢ ᠠᠷᠢᠯᠭ᠋ᠠᠬᠤ ᠱᠠᠩᠨᠠᠯ ᠨᠥᠬᠥᠪᠦᠷᠢ᠎ᠠᠴᠠ 206 ᠳ᠋ᠦᠩᠰᠢᠭᠤᠷ ᠲᠥᠭᠥᠷᠢᠭ ᠭᠠᠷᠭ᠋ᠠᠵᠤ ᠦᠨᠳᠦᠰᠦᠨ ᠱᠠᠲᠤᠨ᠎ᠤ ᠥᠷᠢ ᠥᠭᠴᠡᠭᠡ᠎ᠪᠠᠨ ᠠᠷᠢᠯᠭ᠋ᠠᠬᠤ ᠵᠢ ᠳᠡᠮᠵᠢᠵᠣ᠂ ᠥᠷᠢ ᠥᠭᠴᠡᠭᠡ ᠵᠢ ᠠᠷᠢᠯᠭ᠋ᠠᠬᠤ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ᠂ ᠠᠯᠠᠱ᠌ᠠ᠂ ᠦᠬᠠᠢ 2 ᠠᠢ᠌ᠮᠠᠭ ᠬᠤᠲᠠ ᠵᠢᠨ ᠲᠤᠰ ᠱᠠᠲᠤ ᠪᠠ ᠤᠷᠠᠳ᠎ᠤᠨ ᠡᠮᠦᠨᠡᠲᠦ ᠬᠣᠰᠢᠭᠤ᠂ ᠵᠦᠸᠧᠽᠢ ᠰᠢᠶᠠᠨ ᠵᠡᠷᠭᠡ 8 ᠬᠣᠰᠢᠭᠤ ᠰᠢᠶᠠᠨ ᠤᠯᠠᠪᠤᠷ ᠥᠩᠭᠡ ᠵᠢᠨ ᠳᠡᠰ᠎ᠠᠴᠠ ᠭᠠᠷᠪᠠ᠃ 7 ᠲᠦᠮᠡᠨ ᠢᠵᠢ ᠠᠰᠠᠷ᠎ᠢ ᠴᠠᠭ᠎ᠲᠤ᠎ᠪᠠᠨ ᠪᠠᠲᠤᠯᠠᠨ ᠲᠤᠰᠢᠶᠠᠪᠠ᠃

       ᠨᠢᠭᠡ ᠵᠢᠯ᠎ᠤᠨ ᠲᠤᠷᠰᠢ᠂ ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠵᠠᠰᠠᠭ᠎ᠤᠨ ᠣᠷᠳᠣᠨ᠎ᠤ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠍ᠢ᠍ᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠭᠲᠠᠭ᠋ᠠᠯ᠎ᠢ ᠭᠦᠨᠵᠡᠭᠡᠢ ᠲᠤᠭᠤᠰᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ 6 ᠢᠵᠢ ᠠᠬᠢᠭᠤᠯᠬᠤ ᠳᠦᠷᠢᠮ᠎ᠢ ᠬᠢᠨᠠᠮᠠᠭ᠋ᠠᠢ ᠭᠦᠢ᠍ᠴᠡᠳᠬᠡᠵᠦ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠢᠯᠭ᠋ᠠᠭᠤᠯᠬᠤ ᠰᠢᠯᠭ᠋ᠠᠯᠲᠠ ᠵᠢᠨ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ ᠬᠡᠷᠡᠭᠯᠡᠭᠰᠡᠨ ᠬᠢᠴᠢᠶᠡᠯ ᠲᠦᠷᠦᠯ᠎ᠳᠤ 《ᠠᠳᠠᠯᠢᠬᠠᠨ ᠬᠠᠭᠤᠳᠠᠰᠤ ᠰᠢᠯᠭ᠋ᠠᠯᠲᠠ》 ᠵᠢ ᠠᠩᠬ᠎ᠠ ᠤᠳᠠᠭ᠎ᠠ ᠬᠡᠷᠡᠭᠵᠢᠭᠦᠯᠵᠦ᠂ ᠳᠤᠮᠳᠠᠳᠤ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠡᠬᠢᠯᠡᠬᠦ ᠠᠩᠭᠢ᠎ᠳᠤ ᠴᠥᠮ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠬᠡᠯᠪᠡᠷᠢ᠎ᠲᠠᠢ ᠰᠡᠳᠬᠢᠯᠭᠡ᠎ᠲᠠᠢ ᠪᠦᠲᠦᠮᠵᠢᠲᠡᠢ ᠥᠷᠨᠢᠭᠦᠯᠵᠦ᠂ ᠨᠠᠮ᠎ᠤᠨ ᠠᠷᠠᠳ᠎ᠲᠤ ᠠᠰᠢᠭ ᠬᠦᠷᠲᠡᠭᠡᠬᠦ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢ ᠰᠢᠰᠲ᠋ᠧᠮ᠎ᠲᠠᠢ ᠡᠮᠬᠢᠯᠡᠨ᠂ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠰᠡᠳᠬᠢᠯ᠎ᠠᠴᠠ᠎ᠪᠠᠨ ᠨᠠᠮ᠎ᠤᠨ ᠰᠠᠢ᠌ᠨ᠎ᠢ ᠣᠢ᠌ᠯᠠᠭ᠋ᠠᠨ ᠮᠡᠳᠡᠷᠡᠭᠦᠯᠵᠦ᠂ ᠨᠠᠮ᠎ᠤᠨ ᠠᠴᠢ᠎ᠳᠤ ᠲᠠᠯᠠᠷᠬᠠᠭᠤᠯᠤᠨ᠂ ᠨᠠᠮ ᠵᠶ᠋ᠠᠨ᠎ᠲᠠᠭᠠᠨ ᠤᠷᠤᠭᠰᠢᠯᠠᠭᠤᠯᠪᠠ᠃

       ᠨᠢᠭᠡ ᠵᠢᠯ᠎ᠤᠨ ᠲᠤᠷᠰᠢ᠂ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠣᠨᠣᠯ ᠵᠶ᠋ᠠᠷ ᠵᠡᠪᠰᠡᠭᠯᠡᠬᠦ᠎ᠪᠠᠨ ᠴᠢᠩᠭ᠋ᠠᠷᠠᠭᠤᠯᠵᠤ᠂ ᠪᠠᠢ᠌ᠴᠠᠭ᠋ᠠᠨ ᠰᠤᠳᠤᠯᠤᠯᠲᠠ ᠬᠢᠬᠦ᠎ᠪᠠᠨ ᠴᠢᠩᠭ᠋ᠠᠳᠬᠠᠨ᠂ ᠴᠡᠭᠴᠡᠯᠡᠨ ᠰᠠᠢ᠌ᠵᠢᠷᠠᠭᠤᠯᠵᠤ ᠴᠡᠭᠴᠡᠯᠡᠨ ᠵᠠᠰᠠᠬᠤ ᠵᠢ ᠴᠢᠩᠭ᠎ᠠ ᠠᠳᠬᠤᠵᠤ᠂ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠠᠵᠢᠯ ᠬᠢᠵᠦ ᠦᠢ᠍ᠯᠡᠰ ᠴᠣᠭᠴᠠᠯᠠᠬᠤ ᠴᠤᠭ ᠵᠠᠯᠢ᠎ᠪᠠᠨ ᠤᠯᠠᠮ ᠨᠢᠭᠡ ᠠᠯᠬᠤᠮ ᠬᠥᠭᠵᠢᠭᠡᠪᠡ; ᠲᠥᠪ᠎ᠤᠨ ᠲᠣᠭᠣᠷᠢᠨ ᠪᠠᠢ᠌ᠴᠠᠭ᠋ᠠᠯᠲᠠ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠮᠳᠠᠭᠤᠯᠤᠨ ᠪᠠᠢ᠌ᠴᠠᠭ᠋ᠠᠯᠲᠠ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠰᠢᠮᠳᠠᠭᠤᠯᠤᠨ ᠪᠠᠢ᠌ᠴᠠᠭ᠋ᠠᠯᠲᠠ᠂ ᠬᠢᠨᠠᠨ ᠪᠣᠳᠣᠯᠲᠠ ᠵᠢᠨ ᠬᠢᠨᠠᠨ ᠪᠠᠢ᠌ᠴᠠᠭ᠋ᠠᠯᠲᠠ ᠵᠡᠷᠭᠡ᠎ᠳᠤ ᠢᠯᠡᠷᠡᠭᠦᠯᠦᠭᠰᠡᠨ ᠠᠰᠠᠭᠤᠳᠠᠯ᠎ᠤᠳ᠎ᠢ ᠴᠡᠭᠴᠡᠯᠡᠨ ᠰᠠᠢ᠌ᠵᠢᠷᠠᠭᠤᠯᠬᠤ ᠪᠠ ᠦᠷ᠎ᠡ ᠪᠦᠲᠦᠭᠡᠯ ᠵᠢᠨᠨ ᠠᠰᠢᠭᠯᠠᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠲᠠᠯ᠎ᠠ ᠵᠢᠨ᠎ᠬᠢᠨ᠎ᠤ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ 660 ᠰᠠᠨᠠᠭᠤᠯᠭ᠎ᠠ᠂ ᠤᠯᠤᠰ ᠲᠦᠷᠦ ᠵᠢᠨ ᠵᠥᠪᠯᠡᠯᠭᠡᠨ᠎ᠤ 737 ᠰᠠᠨᠠᠯ ᠳᠤᠷᠠᠳᠤᠯᠭ᠎ᠠ ᠵᠢ ᠴᠠᠭ᠎ᠲᠤ᠎ᠨᠢ ᠭᠦᠢ᠍ᠴᠡᠳᠬᠡᠨ ᠬᠠᠷᠢᠭᠤᠯᠵᠤ᠂ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠢᠯᠭ᠋ᠠᠷᠠᠭᠤᠯᠤᠨ ᠪᠠᠢ᠌ᠴᠠᠭ᠋ᠠᠯᠲᠠ ᠪᠠ ᠲᠤᠷᠰᠢᠯᠲᠠ ᠵᠢᠨ ᠴᠡᠭ᠎ᠤᠨ ᠡᠭᠦᠷᠭᠡ᠎ᠪᠠᠨ ᠪᠡᠶᠡᠯᠡᠭᠦᠯᠪᠡ; ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠬᠡᠷᠡᠭᠵᠢᠭᠦᠯᠵᠦ᠂ 《ᠳᠣᠯᠤᠭ᠎ᠠ ᠵᠢ ᠲᠠᠶᠠᠭᠳᠠᠬᠤ》 ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ 《ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭ᠋ᠠᠨ》 ᠠᠰᠠᠭᠤᠳᠠᠯ᠎ᠢ ᠬᠦᠴᠦᠯᠡᠨ ᠴᠡᠭᠴᠡᠯᠡᠨ ᠵᠠᠰᠠᠵᠤ᠂ ᠵᠠᠰᠠᠭ᠎ᠤᠨ ᠣᠷᠳᠣᠨ᠎ᠤ ᠭᠦᠢ᠍ᠴᠡᠳᠬᠡᠬᠦ ᠴᠢᠳᠠᠪᠤᠷᠢ ᠨᠡᠢ᠍ᠢ᠍ᠲᠡ᠎ᠳᠤ ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃

       ᠲᠥᠯᠥᠭᠡᠯᠡᠭᠴᠢᠳ ᠠ᠋ ! ᠪᠦᠬᠦ ᠣᠷᠣᠨ᠎ᠤ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠣᠯᠣᠭᠰᠠᠨ ᠠᠯᠢᠪᠠ ᠬᠥᠭᠵᠢᠯᠲᠡ ᠳᠠᠪᠰᠢᠯᠲᠠ ᠵᠢᠨ ᠤᠭ ᠦᠨᠳᠦᠰᠦ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠮᠥᠨ ᠴᠦ᠍ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠵᠢᠯᠣᠭᠣᠳᠤᠮᠵᠢ᠎ᠳᠤ ᠪᠠᠢ᠌ᠬᠤ ᠶᠤᠮ᠂ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠦᠴᠢᠷ᠎ᠢ ᠰᠥᠷᠦᠨ ᠴᠢᠷᠮᠠᠢ᠌ᠨ ᠲᠡᠮᠡᠴᠡᠭᠰᠡᠨ᠎ᠤ ᠦᠷ᠎ᠡ ᠳ᠋ᠦᠩ ᠪᠣᠯᠣᠨ᠎ᠠ᠃ ᠠᠳᠡ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ᠂ ᠥᠪᠥᠷ ᠮᠣᠩᠭᠣᠯ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠪᠦᠬᠦ ᠨᠥᠬᠥᠳ᠂ ᠨᠠᠢ᠌ᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠢ᠌ᠨ᠎ᠠ!

       ᠪᠢᠳᠠ ᠪᠠᠰᠠ ᠮᠠᠨ᠎ᠤ ᠣᠷᠣᠨ᠎ᠤ ᠴᠢᠨᠠᠷ ᠰᠠᠢ᠌ᠲᠠᠢ ᠬᠥᠭᠵᠢᠯᠲᠡ᠎ᠳᠤ ᠴᠥᠭᠡᠨ ᠪᠤᠰᠤ ᠳᠤᠲᠠᠭᠤᠳᠠᠯ ᠪᠠᠭᠤᠷᠠᠢ ᠲᠠᠯ᠎ᠠ ᠪᠠᠢ᠌ᠬᠤ ᠵᠢ ᠰᠡᠷᠭᠡᠭ ᠵᠶ᠋ᠠᠷ ᠲᠠᠨᠢᠵᠤ ᠣᠯᠪᠠ᠂ ᠭᠣᠣᠯᠳᠠᠭᠤ ᠨᠢᠭᠡ ᠪᠦᠯᠦᠭ ᠠᠰᠢᠭᠲᠠᠢ ᠲᠥᠷᠥ ᠵᠢᠨ ᠪᠣᠳᠣᠯᠭ᠎ᠠ ᠪᠠᠰᠠ ᠪᠦᠷᠢᠮᠦᠰᠦᠨ ᠦᠷ᠎ᠡ ᠪᠥᠲᠥᠮᠵᠢ ᠣᠯᠣᠭ᠋ᠠᠳᠤᠢ᠂ ᠤᠯᠠᠮᠵᠢᠯᠠᠯᠲᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠠᠯᠬᠤᠮ ᠪᠠᠰᠠ ᠴᠦ᠍ ᠤᠳᠠᠭ᠋ᠠᠪᠲᠤᠷ ᠪᠠᠢ᠌ᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠬᠥᠲᠥᠯᠥᠨ ᠳᠠᠭ᠋ᠠᠭᠤᠯᠬᠤ ᠴᠢᠳᠠᠪᠤᠷᠢ ᠪᠠᠰᠠ ᠲᠡᠢ᠍ᠢ᠍ᠮᠤ ᠴᠢᠩᠭ᠎ᠠ ᠪᠤᠰᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠳᠤ ᠪᠤᠰᠤᠳ᠎ᠲᠤ ᠵᠢᠮᠡᠯᠡᠭᠳᠡᠬᠦ ᠭᠠᠵᠠᠷ ᠮᠥᠨ ᠪᠠᠭ᠎ᠠ ᠪᠤᠰᠤ ᠣᠷᠣᠰᠢᠭᠰᠠᠭ᠋ᠠᠷ᠂ ᠡᠬᠢ ᠪᠠᠶᠠᠯᠢᠭ᠎ᠢ ᠪᠦᠷᠢᠯᠭᠡᠨ ᠰᠦᠢ᠍ᠳᠬᠡᠬᠦ ᠦᠵᠡᠭᠳᠡᠯ ᠮᠥᠨ ᠣᠷᠣᠰᠢᠭᠰᠠᠭ᠋ᠠᠷ᠂ 《ᠭᠠᠷ ᠳᠠᠮᠵᠢᠪᠠᠴᠤ ᠠᠰᠢᠭ ᠬᠦᠷᠲᠡᠬᠦ ᠦᠭᠡᠢ》 ᠠᠰᠠᠭᠤᠳᠠᠯ ᠮᠥᠨ ᠵᠢᠩᠬᠢᠨᠢ᠎ᠪᠠᠷ ᠰᠢᠢ᠍ᠳᠪᠦᠷᠢᠯᠡᠭᠳᠡᠭᠡᠳᠦᠢ᠂ ᠣᠷᠣᠨ ᠨᠤᠲᠤᠭ᠎ᠤᠨ ᠥᠷᠢ ᠥᠭᠴᠡᠭᠡ ᠵᠢ ᠠᠷᠢᠯᠭ᠋ᠠᠬᠤ ᠡᠭᠦᠷᠭᠡ ᠮᠥᠨ ᠮᠠᠰᠢ ᠬᠦᠨᠳᠦ ᠬᠡᠴᠡᠭᠦᠦ ᠪᠠᠢ᠌ᠭᠰᠠᠭ᠋ᠠᠷ᠂ ᠳᠤᠮᠳᠠ ᠵᠢᠵᠢᠭ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠲᠦᠭᠰᠢᠭᠦᠷᠢ ᠬᠠᠷᠠᠬᠠᠨ ᠠᠷᠢᠯᠤᠭ᠎ᠠ ᠦᠭᠡᠢ᠂ ᠠᠶᠤᠯ ᠦᠭᠡᠢ ᠦᠢ᠍ᠯᠡᠳᠪᠦᠷᠢᠯᠡᠯ᠎ᠤᠨ ᠰᠠᠭᠤᠷᠢ ᠨᠢᠮᠭᠡᠨ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠳᠤᠲᠠᠭᠤᠳᠠᠯ᠎ᠢ ᠨᠥᠬᠥᠪᠦᠷᠢᠯᠡᠬᠦ ᠵᠢ ᠲᠤᠯᠭ᠋ᠠᠮ ᠱᠠᠭ᠋ᠠᠷᠳᠠᠵᠤ ᠪᠤᠢ᠂ ᠨᠡᠢ᠌ᠭᠡᠮ᠎ᠤᠨ ᠵᠠᠰᠠᠯᠲᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠂ ᠠᠵᠢᠯ᠎ᠤᠨ ᠳᠤᠮᠳᠠ 《ᠤᠳᠠᠭ᠋ᠠᠨ ᠪᠦᠳᠦᠭᠦᠯᠢᠭ ᠬᠡᠢ᠌ᠰᠪᠦᠷᠢ》 ᠠᠰᠠᠭᠤᠳᠠᠯ᠎ᠤᠳ ᠠᠳᠠᠯᠢ ᠪᠤᠰᠤ ᠬᠡᠮᠵᠢᠶ᠎ᠡ᠎ᠪᠠᠷ ᠣᠷᠣᠰᠢᠵᠤ᠂ ᠵᠠᠷᠢᠮ ᠺᠠᠳ᠋ᠷᠴᠤᠳ᠎ᠤᠨ ᠰᠡᠳᠬᠢᠮᠵᠢ ᠬᠠᠷᠠᠭ᠎ᠠ᠎ᠨᠢ ᠲᠡᠨᠢᠭᠡᠷ ᠪᠤᠰᠤ᠂ ᠡᠷᠳᠡᠮ ᠴᠢᠳᠠᠪᠤᠷᠢ᠎ᠨᠢ ᠬᠦᠷᠦᠯᠴᠡᠬᠦ ᠦᠭᠡᠢ᠂ ᠠᠵᠢᠯ᠎ᠤᠨ ᠰᠤᠷᠲᠠᠯ᠎ᠨᠢ ᠲᠥᠪ ᠪᠤᠰᠤ ᠪᠠᠢ᠌ᠨ᠎ᠠ᠃ ᠬᠡᠷᠪᠡ ᠡᠳᠡᠭᠡᠷ ᠠᠰᠠᠭᠤᠳᠠᠯ᠎ᠢ ᠰᠢᠢ᠍ᠳᠪᠦᠷᠢᠯᠡᠬᠦ ᠦᠭᠡᠢ ᠪᠣᠯ᠂ ᠮᠠᠨ᠎ᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠬᠦᠨᠳᠦ ᠨᠣᠴᠢᠲᠠᠢ ᠬᠦᠯᠢᠶᠡᠰᠦᠯᠡᠵᠦ᠂ ᠰᠢᠨ᠎ᠡ ᠵᠠᠮ᠎ᠢ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ ᠬᠠᠷᠠᠯᠲᠠ᠎ᠪᠠᠨ ᠪᠡᠶᠡᠯᠡᠭᠦᠯᠬᠦ᠎ᠳᠤ ᠪᠡᠷᠬᠡ ᠪᠣᠯᠣᠨ᠎ᠠ᠂ ᠡᠢ᠌ᠮᠦ᠎ᠠᠴᠠ ᠪᠢᠳᠡ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠬᠠᠨᠳᠤᠯᠭ᠋ᠠᠲᠤ ᠴᠢᠨᠠᠷᠲᠠᠢ᠎ᠪᠠᠷ ᠰᠢᠢ᠍ᠳᠪᠦᠷᠢᠯᠡᠬᠦ ᠬᠡᠷᠡᠭᠲᠡᠢ᠃

       ᠬᠣᠶᠠᠷ᠂ 2024 ᠣᠨ᠎ᠤ ᠠᠵᠢᠯ᠎ᠤᠨ ᠲᠣᠬᠢᠷᠠᠭᠤᠯᠤᠯᠲᠠ 

       ᠣᠳᠣᠬᠠᠨ᠎ᠳᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠠᠨᠳᠤᠰᠢ ᠮᠠᠰᠢ ᠰᠠᠢ᠌ᠨ ᠪᠠᠢ᠌ᠵᠤ᠂ ᠠᠵᠠ ᠲᠣᠬᠢᠶᠠᠯ ᠲᠣᠬᠢᠶᠠᠯᠳᠤᠬᠤᠶ᠎ᠠ ᠪᠡᠷᠬᠡ ᠶᠤᠮ᠃ ᠶᠡᠷᠦᠩᠬᠡᠢ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠬᠦᠰᠡᠯ ᠨᠠᠢ᠍ᠢ᠍ᠳᠠᠯᠭ᠎ᠠ ᠬᠢᠭᠡᠳ ᠨᠠᠮ᠎ᠤᠨ ᠲᠥᠪ ᠬᠣᠷᠢᠶᠠᠨ᠎ᠤ ᠬᠠᠯᠠᠮᠵᠢᠯᠠᠯ ᠳᠡᠮᠵᠢᠯᠭᠡ ᠪᠣᠯ ᠪᠢᠳᠡᠨ᠎ᠤ ᠡᠷᠡᠮᠡᠬᠡᠢ᠌ᠯᠡᠨ ᠤᠷᠤᠭᠰᠢᠯᠠᠬᠤ ᠬᠠᠮᠤᠭ᠎ᠤᠨ ᠶᠡᠬᠡ ᠬᠥᠳᠡᠯᠭᠡᠭᠴᠢ ᠬᠦᠴᠦᠨ ᠶᠤᠮ᠂ ᠪᠢᠳᠡ ᠬᠤᠪᠢ ᠳᠠᠬᠢᠨ ᠨᠠᠨᠳᠢᠩᠨᠠᠵᠤ᠂ ᠠᠴᠢ ᠡᠨᠡᠷᠢᠯ᠎ᠳᠤ ᠲᠠᠯᠠᠷᠬᠠᠵᠤ ᠴᠢᠷᠮᠠᠢ᠌ᠨ ᠤᠷᠤᠭᠰᠢᠯᠠᠬᠤ ᠬᠡᠷᠡᠭᠲᠡᠢ; ᠡᠨᠡ ᠬᠣᠶᠠᠷ ᠵᠢᠯ ᠮᠠᠨ᠎ᠤ ᠣᠷᠣᠨ᠎ᠤ ᠬᠥᠭᠵᠢᠯᠲᠡ ᠵᠢᠨ ᠴᠤᠪᠤᠭ᠎ᠠ ᠲᠡᠷᠭᠡ ᠬᠤᠷᠳᠤ ᠨᠡᠮᠡᠨ ᠤᠷᠤᠭᠰᠢᠯᠠᠭᠰᠠᠨ᠎ᠨᠢ ᠮᠠᠰᠢ ᠬᠢᠯᠪᠠᠷ ᠪᠤᠰᠤ ᠤᠴᠢᠷ ᠪᠣᠯᠣᠨ᠎ᠠ᠂ ᠪᠢᠳᠡ ᠬᠤᠪᠢ ᠳᠠᠬᠢᠨ ᠴᠢᠷᠮᠠᠢ᠌ᠬᠤ ᠬᠡᠷᠡᠭᠲᠡᠢ᠂ ᠤᠳᠠᠭ᠋ᠠᠰᠢᠷᠠᠵᠤ ᠪᠣᠯᠬᠤ ᠦᠭᠡᠢ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠺᠠᠳ᠋ᠷᠴᠤᠳ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠵᠣᠷᠢᠭᠵᠢᠭᠤᠯᠵᠤ ᠪᠠᠢ᠌ᠭ᠋ᠠᠳ ᠪᠤᠢ ᠪᠣᠯᠤᠭᠰᠠᠨ ᠡᠷᠡᠮᠡᠬᠡᠢ᠌ᠯᠡᠨ ᠳᠠᠪᠠᠵᠤ ᠲᠡᠷᠢᠭᠦᠨ᠎ᠤ᠎ᠬᠢ ᠵᠢ ᠬᠥᠭᠡᠭᠡᠴᠡᠯᠳᠦᠬᠦ᠂ ᠬᠥᠭᠵᠢᠯᠲᠡ ᠵᠢ ᠲᠦᠷᠭᠡᠨ ᠠᠳᠬᠤᠬᠤ ᠭᠦᠨ ᠵᠤᠵᠠᠭ᠋ᠠᠨ ᠠᠭᠤᠷ ᠠᠮᠢᠰᠬᠤᠯ᠎ᠨᠢ ᠲᠤᠢ᠌ᠯ᠎ᠤᠨ ᠬᠣᠪᠣᠷ ᠨᠠᠨᠳᠢᠨ ᠶᠤᠮ᠂ ᠪᠢᠳᠡ ᠢᠯᠠᠯᠲᠠ ᠵᠢᠨ ᠡᠷᠴᠢᠨ ᠳᠡᠭᠡᠷ᠎ᠡ᠎ᠪᠠᠨ ᠤᠷᠤᠭᠰᠢᠯᠠᠵᠤ᠂ ᠰᠢᠨ᠎ᠡ ᠥᠨᠳᠥᠷᠴᠡ᠎ᠳᠤ ᠭᠠᠷᠬᠤ᠎ᠪᠠᠷ ᠴᠢᠷᠮᠠᠢ᠌ᠬᠤ ᠬᠡᠷᠡᠭᠲᠡᠢ᠃

       ᠨᠠᠮ᠎ᠤᠨ ᠲᠥᠪ ᠬᠣᠷᠢᠶᠠᠨ᠎ᠠᠴᠠ ᠨᠢᠭᠡᠨᠲᠡ ᠡᠨᠡ ᠵᠢᠯ᠎ᠤᠨ ᠠᠵᠢᠯ᠎ᠢ ᠪᠦᠬᠦ ᠲᠠᠯ᠎ᠠ᠎ᠪᠠᠷ ᠰᠠᠢ᠌ᠲᠤᠷ ᠬᠢᠬᠦ᠎ᠳᠤ ᠪᠠᠢ᠌ᠷᠢᠯᠠᠭᠤᠯᠤᠯᠲᠠ ᠬᠢᠪᠡ᠂ ᠪᠢᠳᠡ ᠡᠷᠬᠡᠪᠰᠢ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠤᠭᠤᠰᠢᠯᠠᠭᠤᠯᠤᠯᠲᠠ ᠨᠠᠢ᠌ᠳᠠᠪᠤᠷᠢᠵᠢᠭᠤᠯᠤᠯᠲᠠ ᠵᠢ ᠪᠦᠲᠦᠭᠡᠯᠴᠢ᠎ᠪᠠᠷ ᠰᠠᠢ᠌ᠲᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶᠠᠨ᠎ᠤ ᠳᠣᠯᠣᠳᠤᠭ᠋ᠠᠷ ᠪᠦᠭᠦᠳᠡ ᠬᠤᠷᠠᠯ ᠳᠡᠭᠡᠷ᠎ᠡ ᠳᠤᠷᠠᠳᠤᠭᠰᠠᠨ 《ᠵᠢᠷᠭᠤᠭ᠋ᠠᠨ ᠢᠨᠵᠧᠨᠧᠷᠢᠩ》᠎ᠨᠢ ᠪᠦᠬᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠲᠤᠯᠭ᠋ᠠᠭᠤᠷᠢᠯᠠᠬᠤ ᠴᠢᠨᠠᠷᠲᠠᠢ᠂ ᠬᠥᠲᠥᠯᠥᠨ ᠳᠠᠭ᠋ᠠᠭᠤᠯᠬᠤ ᠴᠢᠨᠠᠷᠲᠠᠢ᠂ ᠬᠥᠰᠢᠵᠦ ᠬᠥᠳᠡᠯᠭᠡᠬᠦ ᠴᠢᠨᠠᠷᠲᠠᠢ ᠦᠢ᠍ᠯᠡᠳᠦᠯ ᠪᠦᠬᠦᠢ ᠴᠢᠬᠤᠯᠠ ᠶᠡᠬᠡ ᠡᠭᠦᠷᠭᠡ ᠪᠣᠯᠣᠨ᠎ᠠ᠂ ᠪᠢᠳᠡ ᠡᠷᠬᠡᠪᠰᠢ ᠬᠢᠨᠠᠮᠠᠭ᠋ᠠᠢ ᠵᠣᠬᠢᠶᠠᠨ ᠪᠠᠢ᠌ᠭᠤᠯᠵᠤ᠂ ᠵᠦᠢ᠍ᠯ ᠵᠤᠷᠪᠤᠰ ᠳᠠᠷᠠᠭ᠋ᠠᠯᠠᠨ᠎ᠲᠠᠭᠠᠨ ᠮᠥᠷᠳᠡᠵᠦ ᠨᠠᠢ᠌ᠳᠠᠪᠤᠷᠢᠵᠢᠭᠤᠯᠬᠤ ᠬᠡᠷᠡᠭᠲᠡᠢ᠃

       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠭᠦᠳᠡ ᠬᠤᠷᠠᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠡᠨᠡ ᠵᠢᠯ᠎ᠤᠨ ᠠᠵᠢᠯ᠎ᠢ ᠰᠠᠢ᠌ᠲᠤᠷ ᠬᠢᠬᠦ᠎ᠳᠤ᠂  ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠵᠤ᠂ ᠲᠣᠭᠲᠠᠭᠤᠨ ᠪᠠᠢ᠌ᠯᠭ᠋ᠠᠬᠤ ᠵᠢᠨ ᠳᠠᠭ᠋ᠠᠤ ᠤᠷᠤᠭᠰᠢᠯᠠᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠵᠤ᠂ ᠨᠠᠮ᠎ᠤᠨ ᠪᠠᠢ᠌ᠭᠤᠯᠤᠯᠲᠠ᠎ᠪᠠᠷ ᠤᠳᠤᠷᠢᠳᠤᠮᠵᠢ ᠪᠣᠯᠭ᠋ᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠪᠣᠯᠭ᠋ᠠᠵᠤ᠂ ᠬᠣᠶᠠᠷ ᠶᠡᠬᠡ ᠶᠠᠪᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠠᠢ᠌ᠲᠤᠷ ᠬᠢᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠰᠢᠨ᠎ᠡ ᠵᠠᠮ᠎ᠢ ᠨᠡᠭᠡᠭᠡᠨ᠂ ᠳᠤᠮᠳᠠ ᠲᠦᠪᠰᠢᠨ᠎ᠳᠤ ᠣᠷᠣᠵᠤ᠂ ᠣᠮᠣᠭ ᠵᠣᠷᠢᠭ ᠪᠠᠳᠠᠷᠠᠩᠭᠤᠢ᠎ᠪᠠᠷ ᠡᠷᠡᠯᠬᠡᠭᠯᠡᠨ ᠲᠡᠮᠡᠴᠡᠵᠦ᠂  ᠵᠣᠷᠢᠭᠲᠠᠢ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠲᠠᠰᠤᠷᠠᠯᠲᠠ ᠦᠭᠡᠢ ᠪᠢᠴᠢᠭᠯᠡᠨ᠎ᠡ᠃

       ᠪᠦᠬᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 6%᠎ᠠᠴᠠ ᠳᠡᠭᠡᠭᠰᠢ ᠨᠡᠮᠡᠭᠳᠡᠭᠦᠯᠦᠨ᠎ᠡ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠢ 7% ᠣᠷᠴᠢᠮ ᠨᠡᠮᠡᠭᠳᠡᠭᠦᠯᠦᠨ᠎ᠡ; ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 15% ᠣᠷᠴᠢᠮ ᠨᠡᠮᠡᠭᠳᠡᠭᠦᠯᠦᠨ᠎ᠡ; ᠡᠩ᠎ᠤᠨ ᠣᠯᠠᠨ ᠨᠡᠢ᠍ᠢ᠍ᠲᠡ ᠵᠢᠨ ᠲᠥᠰᠥᠪ᠎ᠤᠨ ᠣᠷᠣᠯᠭ᠎ᠠ ᠵᠢ ᠠᠳᠠᠯᠢ ᠪᠠᠷᠢᠮᠵᠢᠶ᠎ᠠ᠎ᠪᠠᠷ 5.5% ᠣᠷᠴᠢᠮ ᠨᠡᠮᠡᠭᠳᠡᠭᠦᠯᠦᠨ᠎ᠡ; ᠬᠤᠲᠠ ᠪᠠᠯᠭ᠋ᠠᠰᠤᠨ᠎ᠤ 18 ᠲᠦᠮᠡ ᠭᠠᠷᠤᠢ ᠬᠥᠮᠥᠨ᠎ᠳᠤ ᠰᠢᠨ᠎ᠡ᠎ᠪᠠᠷ ᠠᠵᠢᠯ ᠣᠯᠭᠣᠵᠤ᠂ ᠬᠤᠲᠠ ᠪᠠᠯᠭ᠋ᠠᠰᠤᠨ᠎ᠤ ᠪᠠᠢ᠌ᠴᠠᠭ᠋ᠠᠯᠲᠠ᠎ᠳᠠᠬᠢ ᠠᠵᠢᠯ ᠠᠯᠳᠠᠭᠰᠠᠳ᠎ᠤᠨ ᠨᠣᠷᠮ᠎ᠠ ᠵᠢ 6% ᠣᠷᠴᠢᠮ ᠪᠠᠢ᠌ᠯᠭ᠋ᠠᠨ᠎ᠠ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠯᠦᠭᠡ ᠦᠨᠳᠦᠰᠦᠨ᠎ᠳᠤ᠎ᠪᠠᠨ ᠠᠳᠠᠯᠢ ᠪᠠᠢ᠌ᠯᠭ᠋ᠠᠨ᠎ᠠ; ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠵᠢᠨ ᠥᠰᠦᠯᠲᠡ ᠵᠢ 3% ᠣᠷᠴᠢᠮ ᠪᠠᠢ᠌ᠯᠭ᠋ᠠᠨ᠎ᠠ; ᠨᠢᠭᠡᠴᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠡᠨᠧᠷᠭᠢ ᠵᠢᠨ ᠬᠣᠷᠣᠭᠳᠠᠯ᠎ᠢ 1.6% ᠣᠷᠴᠢᠮ ᠪᠠᠭᠤᠷᠠᠭᠤᠯᠤᠨ᠎ᠠ᠃ ᠡᠳᠡᠭᠡᠷ ᠬᠠᠷᠠᠯᠲᠠ᠎ᠨᠢ ᠨᠠᠮ᠎ᠤᠨ ᠲᠥᠪ ᠬᠣᠷᠢᠶᠠᠨ᠎ᠤ ᠲᠣᠭᠲᠠᠭᠤᠨ ᠪᠠᠢ᠌ᠯᠭ᠋ᠠᠬᠤ ᠵᠢᠨ ᠳᠠᠭ᠋ᠠᠤ ᠤᠷᠤᠭᠰᠢᠯᠠᠬᠤ᠂ ᠤᠷᠤᠭᠰᠢᠯᠠᠬᠤ᠎ᠪᠠᠷ ᠲᠣᠭᠲᠠᠭᠤᠨ ᠪᠠᠢ᠌ᠳᠠᠯ᠎ᠢ ᠠᠬᠢᠭᠤᠯᠬᠤ᠂ ᠤᠷᠢᠳ ᠵᠶ᠋ᠠᠷ ᠲᠣᠭᠲᠠᠭ᠋ᠠᠵᠤ ᠳᠠᠷᠠᠭ᠎ᠠ᠎ᠨᠢ ᠥᠭᠡᠷᠡᠴᠢᠯᠡᠬᠦ ᠴᠢᠬᠤᠯᠠ ᠱᠠᠭ᠋ᠠᠷᠳᠠᠯᠭ᠎ᠠ ᠵᠢ ᠲᠤᠭᠤᠰᠢᠯᠠᠭᠤᠯᠵᠤ᠂ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ᠂ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ᠂ ᠨᠡᠢ᠌ᠭᠡᠮ᠎ᠤᠨ ᠵᠢᠱ᠌ᠢᠯᠲᠡ ᠵᠢ ᠰᠠᠢ᠌ᠵᠢᠷᠠᠭᠤᠯᠬᠤ ᠢᠯᠡ ᠲᠣᠳᠣ ᠬᠥᠲᠥᠯᠥᠮᠵᠢ ᠵᠢ ᠬᠠᠷᠠᠭᠤᠯᠵᠤ᠂ ᠶᠡᠷᠦᠩᠬᠡᠢ᠎ᠳᠤ᠎ᠪᠠᠨ ᠥᠭᠡᠳᠡᠷᠬᠡᠭ ᠪᠠᠢ᠌ᠵᠤ᠂ ᠬᠦᠴᠦ ᠭᠠᠷᠭ᠋ᠠᠵᠤ ᠬᠦᠴᠦᠯᠡᠨ ᠲᠡᠮᠡᠴᠡᠬᠦ ᠴᠢᠬᠤᠯᠠᠲᠠᠢ᠃ ᠪᠢᠳᠡ ᠡᠷᠬᠡᠪᠰᠢ ᠢᠲᠡᠭᠡᠯ ᠵᠣᠷᠢᠭ ᠵᠶ᠋ᠠᠨ ᠪᠠᠲᠤᠳᠬᠠᠨ᠂ ᠦᠨᠡᠨ ᠪᠣᠳᠠᠲᠠᠢ᠎ᠪᠠᠷ ᠠᠵᠢᠯᠯᠠᠵᠤ᠂ ᠠᠯᠢ ᠰᠠᠢ᠌ᠨ ᠠᠯᠢ ᠲᠦᠷᠭᠡᠨ ᠪᠠᠢ᠌ᠬᠤ ᠵᠢ ᠪᠠᠷᠢᠮᠲᠠᠯᠠᠵᠤ᠂ ᠭᠣᠣᠯ ᠪᠣᠯᠬᠤ ᠠᠵᠤ ᠠᠬᠤᠢ ᠵᠢᠨ ᠭᠦᠢ᠍ᠴᠡᠳᠬᠡᠯ ᠲᠣᠭ᠋ᠠᠨ᠎ᠤ ᠨᠡᠮᠡᠭᠳᠡᠯ᠎ᠤᠨ ᠬᠤᠷᠳᠤᠴᠠ ᠵᠢ ᠦᠷᠭᠦᠯᠵᠢᠯᠡᠨ ᠪᠦᠬᠦ ᠤᠯᠤᠰ᠎ᠤᠨ ᠲᠡᠷᠢᠭᠦᠨ ᠡᠩᠨᠡᠭᠡᠨ᠎ᠳᠤ ᠪᠠᠢ᠌ᠯᠭ᠋ᠠᠬᠤ᠎ᠪᠠᠷ ᠴᠢᠷᠮᠠᠢ᠌ᠨ᠎ᠠ᠃

       ᠭᠣᠣᠯᠳᠠᠭᠤ ᠳᠠᠷᠠᠭ᠋ᠠᠬᠢ 10 ᠲᠠᠯ᠎ᠠ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ᠃

      (ᠨᠢᠭᠡ) ᠪᠦᠬᠦ ᠬᠦᠴᠦᠨ ᠵᠶ᠋ᠠᠷ ᠵᠶ᠋ᠠᠨ ᠲᠥᠷᠥ ᠵᠢᠨ ᠪᠣᠳᠣᠯᠭ᠎ᠠ ᠵᠢᠨ ᠪᠤᠲᠠᠲᠠᠢ᠍ᠢ᠍ᠵᠢᠭᠤᠯᠤᠯᠲᠠ ᠵᠢ ᠠᠳᠬᠤᠨ᠎ᠠ᠃  ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠷᠢᠯᠠᠭᠤᠯᠤᠭᠰᠠᠨ 《ᠵᠢᠷᠭᠤᠭ᠋ᠠᠨ ᠢᠨᠵᠧᠨᠧᠷᠢᠩ》᠎ᠤᠨ ᠲᠡᠷᠢᠭᠦᠨ ᠢᠨᠵᠧᠨᠧᠷᠢᠩ ᠪᠣᠯᠣᠨ᠎ᠠ᠂ ᠪᠦᠬᠦ ᠣᠷᠣᠨ᠎ᠤ ᠵᠠᠰᠠᠭ᠎ᠤᠨ ᠣᠷᠳᠣᠨ᠎ᠤ ᠰᠢᠰᠲ᠋ᠧᠮ᠎ᠤᠨ᠎ᠬᠢᠨ ᠡᠨᠡ ᠵᠢᠯ᠎ᠢ 《ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢᠯ》 ᠪᠣᠯᠭ᠋ᠠᠵᠤ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ 《ᠴᠠᠭ᠋ᠠᠰᠤᠨ ᠳᠡᠭᠡᠷ᠎ᠡ》᠎ᠠᠴᠠ 《ᠭᠠᠵᠠᠷ ᠲᠤᠰᠬᠠᠵᠤ》 ᠪᠣᠳᠠᠲᠠᠢ᠌ᠵᠢᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠠᠰᠢᠭ᠎ᠢ ᠦᠨᠡᠨ ᠬᠦ᠌ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠮᠵᠢᠯᠭᠡ ᠵᠢᠨ ᠰᠠᠨᠠᠯ ᠵᠢᠴᠢ ᠡᠯ᠎ᠡ ᠶᠠᠮᠤᠨ ᠵᠥᠪᠯᠡᠯ᠎ᠤᠨ ᠢᠵᠢ ᠪᠦᠷᠢᠳᠦᠭᠦᠯᠦᠭᠰᠡᠨ ᠠᠷᠭ᠎ᠠ ᠬᠡᠮᠵᠢᠶ᠎ᠡ᠂ ᠶᠠᠮᠤᠨ ᠥᠪᠡᠷᠲᠡᠭᠡᠨ ᠵᠠᠰᠠᠬᠤ ᠣᠷᠣᠨ᠎ᠤ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠢ ᠭᠦᠢ᠍ᠴᠡᠳ ᠰᠠᠢ᠌ᠲᠤᠷ ᠠᠰᠢᠭᠯᠠᠵᠤ᠂ ᠮᠠᠨ᠎ᠤ ᠣᠷᠣᠨ᠎ᠤ ᠬᠦᠷᠲᠡᠵᠦ ᠪᠠᠢ᠌ᠭ᠎ᠠ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ᠂ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠢ᠌ᠯᠠᠯᠳᠤᠭ᠋ᠠᠨ ᠵᠡᠷᠭᠡ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠭᠦᠢ᠍ᠴᠡᠳ ᠰᠠᠢ᠌ᠲᠤᠷ ᠠᠰᠢᠭᠯᠠᠵᠤ᠂ ᠤᠯᠤᠰ᠎ᠤᠨ ᠬᠥᠭᠵᠢᠭᠡᠳᠦᠢ ᠭᠠᠵᠠᠷ ᠣᠷᠣᠨ᠂ ᠡᠬᠢ ᠪᠠᠶᠠᠯᠢᠭ᠎ᠤᠨ ᠬᠡᠯᠪᠡᠷᠢ ᠪᠦᠬᠦᠢ ᠭᠠᠵᠠᠷ ᠣᠷᠣᠨ᠂ ᠬᠢᠯᠢ ᠬᠢᠵᠠᠭ᠋ᠠᠷ᠎ᠤᠨ ᠭᠠᠵᠠᠷ ᠣᠷᠣᠨ᠂ ᠦᠨᠳᠦᠰᠦᠲᠡᠨ᠎ᠤ ᠭᠠᠵᠠᠷ ᠣᠷᠣᠨ᠎ᠳᠠᠬᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠭᠦᠢ᠍ᠴᠡᠳ ᠰᠠᠢ᠌ᠲᠤᠷ ᠠᠰᠢᠭᠯᠠᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷ᠎ᠡ ᠳᠤᠷᠠᠳᠤᠭᠰᠠᠨ ᠰᠢᠨ᠎ᠡ ᠨᠢᠭᠡ ᠪᠦᠯᠦᠭ ᠠᠰᠢᠭᠲᠠᠢ ᠲᠥᠷᠥ ᠵᠢᠨ ᠪᠣᠳᠣᠯᠭ᠎ᠠ ᠵᠢ ᠭᠦᠢ᠍ᠴᠡᠳ ᠰᠠᠢ᠌ᠲᠤᠷ ᠠᠰᠢᠭᠯᠠᠵᠤ᠂ ᠳᠡᠮᠵᠢᠯᠭᠡ ᠵᠢᠨ ᠲᠥᠷᠥ ᠵᠢᠨ ᠪᠣᠳᠣᠯᠭ᠎ᠠ ᠪᠦᠷᠢ ᠵᠢ ᠴᠥᠮ ᠦᠨᠡᠨ ᠪᠣᠳᠠᠲᠠᠢ ᠪᠥᠭᠡᠳ ᠮᠡᠳᠡᠷᠡᠵᠦ ᠬᠦᠷᠲᠡᠵᠦ ᠪᠣᠯᠬᠤᠢ᠌ᠴᠠ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠵᠤ᠂ ᠳᠡᠮᠵᠢᠯᠭᠡ ᠵᠢᠨ ᠵᠦᠢ᠍ᠯᠡᠰ ᠪᠦᠷᠢ ᠵᠢ ᠴᠥᠮ ᠨᠢᠳᠦᠨ᠎ᠳᠤ ᠦᠵᠡᠭᠳᠡᠮ᠎ᠡ᠂ ᠭᠠᠷ᠎ᠲᠤ ᠪᠠᠷᠢᠭᠳᠠᠮ᠎ᠠ ᠲᠦᠷᠦᠯ ᠵᠦᠢ᠍ᠯ ᠪᠣᠯᠭ᠋ᠠᠬᠤ ᠬᠡᠷᠡᠭᠲᠡᠢ᠂ ᠶᠠᠭ᠋ᠠᠬᠢᠭᠰᠠᠨ ᠴᠦ᠍ ᠨᠠᠮ᠎ᠤᠨ ᠲᠥᠪ ᠬᠣᠷᠢᠶᠠᠨ᠎ᠤ ᠳᠡᠮᠵᠢᠯᠭᠡ ᠵᠢ ᠬᠥᠰᠡᠷᠳᠡᠭᠦᠯᠵᠦ ᠪᠣᠯᠬᠤ ᠦᠭᠡᠢ᠂ ᠡᠷᠬᠢᠮ ᠨᠠᠨᠳᠢᠨ ᠠᠵᠠ ᠲᠣᠬᠢᠶᠠᠯ᠎ᠢ ᠠᠯᠳᠠᠵᠤ ᠪᠣᠯᠬᠤ ᠦᠭᠡᠢ᠃

      (ᠬᠣᠶᠠᠷ) ᠪᠡᠯᠡ ᠣᠷᠣᠭᠤᠯᠤᠯᠲᠠ᠎ᠪᠠᠷ ᠳᠠᠢ᠌ᠴᠢᠯᠠᠬᠤ ᠪᠠᠢ᠌ᠯᠳᠤᠬᠤ ᠪᠣᠳᠣᠯᠭ᠎ᠠ ᠵᠢ ᠰᠢᠭᠤᠷᠬᠠᠢ ᠬᠡᠷᠡᠭᠵᠢᠭᠦᠯᠦᠨ᠎ᠡ᠃  ᠡᠨᠡ ᠬᠣᠶᠠᠷ ᠵᠢᠯ᠎ᠳᠤ ᠮᠠᠨ᠎ᠤ ᠣᠷᠣᠨ᠎ᠤ ᠠᠵᠤ ᠠᠬᠤᠢ ᠲᠦᠷᠭᠡᠨ ᠬᠥᠭᠵᠢᠭᠰᠡᠨ᠎ᠨᠢ ᠭᠣᠣᠯᠳᠠᠭᠤ ᠪᠡᠯᠡ ᠣᠷᠣᠭᠤᠯᠤᠯᠲᠠ ᠵᠢᠨ ᠳᠠᠢ᠌ᠴᠢᠯᠠᠭᠰᠠᠨ᠎ᠳᠤ ᠪᠠᠢ᠌ᠬᠤ ᠶᠤᠮ᠂ ᠡᠢ᠌ᠮᠦᠷᠬᠦᠦ ᠬᠠᠨᠳᠤᠰᠢ ᠪᠠ ᠡᠷᠴᠢᠮ᠎ᠢ ᠪᠠᠷᠢᠮᠲᠠᠯᠠᠨ᠂ ᠠᠷᠠᠳ᠎ᠤᠨ ᠳᠤᠮᠳᠠᠬᠢ ᠪᠡᠯᠡ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠵᠦ᠂ ᠴᠢᠬᠤᠯᠠ ᠶᠡᠬᠡ ᠲᠦᠷᠦᠯ ᠵᠦᠢ᠍ᠯ᠎ᠤᠨ ᠪᠡᠯᠡ ᠣᠷᠣᠭᠤᠯᠣᠯᠳᠡ ᠵᠢ 9000 ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠡᠶᠡᠯᠡᠭᠦᠯᠬᠦ᠎ᠪᠠᠷ ᠴᠢᠷᠮᠠᠢ᠌ᠬᠤ ᠬᠡᠷᠡᠭᠲᠡᠢ᠃ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢ ᠰᠤᠯᠠᠷᠠᠰᠢ ᠦᠭᠡᠢ ᠴᠢᠩᠭ᠎ᠠ ᠠᠳᠬᠤᠨ᠎ᠠ᠃ ᠮᠠᠨ᠎ᠤ ᠣᠷᠣᠨ᠎ᠤ ᠡᠯᠡᠰᠦᠨ ᠴᠦᠯ ᠭᠣᠪᠢ ᠴᠥᠯᠡᠷᠬᠡᠭ ᠣᠷᠣᠨ᠎ᠳᠠᠬᠢ ᠲᠣᠮᠣ ᠬᠡᠯᠪᠡᠷᠢ ᠵᠢᠨ ᠰᠠᠯᠬᠢᠨ ᠬᠦᠴᠦ᠎ᠪᠠᠷ ᠴᠠᠬᠢᠯᠭ᠋ᠠᠨ ᠭᠠᠷᠭ᠋ᠠᠬᠤ ᠭᠡᠷᠡᠯᠴᠢ ᠴᠡᠨᠡᠭ᠎ᠤᠨ 4 ᠰᠠᠭᠤᠷᠢᠨ ᠭᠠᠵᠠᠷ᠎ᠢ ᠨᠢᠭᠡᠨᠲᠡ ᠴᠥᠮ ᠤᠯᠤᠰ᠎ᠤᠨ ᠲᠥᠯᠦᠪᠵᠢᠭᠦᠯᠭᠡ᠎ᠳᠤ ᠣᠷᠣᠭᠤᠯᠵᠤ᠂ ᠬᠠᠮᠤᠭ ᠬᠦᠴᠦ᠎ᠪᠠᠷ ᠵᠢᠨᠨ ᠲᠦᠷᠭᠡᠳᠬᠡᠨ ᠪᠦᠲᠦᠭᠡᠨ ᠪᠠᠢ᠍ᠢ᠍ᠭᠤᠯᠬᠤ ᠬᠡᠷᠡᠭᠲᠡᠢ᠃ ᠠᠲ᠋ᠧᠰ ᠭᠡᠷᠡᠯᠴᠢ ᠴᠡᠨᠡᠭ᠂ ᠰᠠᠢ ᠱᠧᠩ ᠡᠯᠧᠺᠲᠷᠣᠨ ᠳᠡᠰ᠎ᠤᠨ ᠨᠡᠭᠦᠷᠡᠰᠦᠲᠥ᠋ᠷᠥᠭᠴᠢᠲᠦ ᠴᠠᠬᠢᠭᠤᠷ᠂ ᠪᠣᠣ ᠹᠧᠩ ᠨᠡᠭᠦᠷᠡᠰᠦ᠎ᠪᠠᠷ ᠦᠢ᠍ᠯᠡᠳᠦᠭᠰᠡᠨ ᠠᠯᠺᠧᠨ ᠨᠡᠬᠦᠷᠦᠭᠴᠢ᠂ ᠬᠤᠸᠠ ᠸᠧᠢ ᠡᠭᠦᠯᠡᠨ ᠳ᠋ᠠᠢ᠌ᠲ᠋ᠠ ᠵᠢᠨ ᠲᠥᠪ ᠵᠡᠷᠭᠡ ᠨᠢᠭᠡ ᠪᠦᠯᠦᠭ ᠮᠢᠩᠭ᠋ᠠᠨ ᠳ᠋ᠦᠩᠰᠢᠭᠤᠷ ᠳᠡᠰ᠎ᠤᠨ ᠪᠡᠯᠭᠡ ᠲᠡᠮᠳᠡᠭ᠎ᠤᠨ ᠴᠢᠨᠠᠷᠲᠠᠢ ᠲᠦᠷᠦᠯ ᠵᠦᠢ᠍ᠯ᠎ᠢ ᠠᠬᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠴᠢᠬᠤᠯᠠ ᠶᠡᠬᠡ ᠠᠵᠤ ᠦᠢ᠍ᠯᠡᠰ᠎ᠤᠨ ᠲᠦᠷᠥᠯ ᠵᠦᠢ᠍ᠯ᠎ᠢ 1400᠎ᠠᠴᠠ ᠳᠡᠭᠡᠭᠰᠢ ᠬᠡᠷᠡᠭᠵᠢᠭᠦᠯᠦᠨ᠂ ᠥᠨᠥᠳᠥᠷ᠎ᠤᠨ ᠪᠡᠯᠡ ᠣᠷᠣᠭᠤᠯᠤᠯᠲᠠ ᠵᠢ ᠮᠠᠷᠭ᠋ᠠᠰᠢ ᠵᠢᠨ ᠦᠢ᠍ᠯᠡᠳᠪᠦᠷᠢᠯᠡᠯ᠎ᠤᠨ ᠬᠦᠴᠦᠨ ᠪᠠ ᠥᠷᠢᠰᠦᠯᠳᠦᠬᠦ ᠬᠦᠴᠦᠨ ᠪᠣᠯᠭ᠋ᠠᠨ ᠲᠦᠷᠭᠡᠨ ᠤᠯᠠᠷᠢᠭᠤᠯᠬᠤ᠎ᠪᠠᠷ ᠴᠢᠷᠮᠠᠢ᠌ᠨ᠎ᠠ᠃ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠡᠷᠴᠢᠮ᠎ᠢ ᠡᠷᠡᠰ ᠲᠠᠰᠤᠷᠬᠠᠢ ᠡᠷᠡᠮᠡᠬᠡᠢ ᠵᠣᠷᠢᠭ ᠵᠶ᠋ᠠᠷ ᠦᠷᠭᠦᠯᠵᠢᠯᠡᠨ ᠴᠢᠩᠭ᠋ᠠᠷᠠᠭᠤᠯᠤᠨ᠎ᠠ᠃ ᠣᠳᠣ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠳᠠᠷᠤᠭ᠋ᠠᠰᠤ ᠴᠥᠮ ᠲᠣᠩ ᠬᠦᠨᠳᠦ ᠪᠠᠢ᠌ᠨ᠎ᠠ᠂ ᠭᠡᠪᠡᠴᠦ ᠰᠠᠭᠤᠷᠢ ᠪᠡᠯᠡᠳᠬᠡᠮᠵᠢ ᠵᠢᠨ ᠳᠤᠲᠠᠭᠤᠳᠠᠯ᠎ᠢ ᠨᠥᠬᠥᠪᠦᠷᠢᠯᠡᠬᠦ ᠲᠠᠯ᠎ᠠ᠎ᠪᠠᠷ ᠬᠦᠴᠦ᠎ᠪᠠᠨ ᠰᠤᠯᠠᠷᠠᠭᠤᠯᠵᠤ ᠪᠣᠯᠬᠤ ᠦᠭᠡᠢ᠂ ᠲᠥᠪ᠎ᠤᠨ ᠲᠥᠰᠥᠪ᠎ᠲᠠᠬᠢ ᠪᠡᠯᠡ ᠣᠷᠣᠭᠤᠯᠤᠯᠲᠠ ᠵᠢ ᠣᠯᠬᠤ᠎ᠪᠠᠷ ᠬᠦᠴᠦᠯᠡᠨ ᠴᠢᠷᠮᠠᠢ᠌ᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ᠂ ᠡᠯ᠎ᠡ ᠲᠦᠷᠦᠯ᠎ᠤᠨ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢᠨ ᠪᠠᠭ᠋ᠠᠵᠢ ᠵᠢ ᠨᠢᠭᠡᠳᠦᠯᠲᠡᠢ ᠲᠥᠯᠥᠪᠯᠡᠨ ᠰᠠᠢ᠌ᠲᠤᠷ ᠬᠡᠷᠡᠭᠯᠡᠵᠦ᠂ ᠵᠠᠭᠪᠤᠷ᠎ᠲᠤ ᠰᠢᠨ᠎ᠡ ᠵᠢ ᠡᠭᠦᠳᠴᠦ ᠠᠷᠠᠳ᠎ᠤᠨ ᠳᠤᠮᠳᠠᠬᠢ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠤᠨ᠂ ᠰᠠᠭᠤᠷᠢ ᠪᠡᠯᠡᠳᠬᠡᠮᠵᠢ ᠵᠢᠨ ᠴᠢᠬᠤᠯᠠ ᠶᠡᠬᠡ ᠲᠦᠷᠦᠯ ᠵᠦᠢ᠍ᠯ᠎ᠤᠨ ᠪᠡᠯᠡ ᠣᠷᠣᠭᠤᠯᠤᠯᠲᠠ ᠵᠢ 1700 ᠳ᠋ᠦᠩᠰᠢᠭᠤᠷ ᠲᠥᠭᠥᠷᠢᠭ᠎ᠠᠴᠠ ᠳᠤᠲᠠᠭᠤ ᠦᠭᠡᠢ ᠪᠠᠢ᠌ᠯᠭ᠋ᠠᠬᠤ᠎ᠪᠠᠷ ᠴᠢᠷᠮᠠᠢ᠌ᠨ᠎ᠠ᠃ G5511 ᠲᠦᠩᠯᠢᠶᠣᠣ᠎ᠳᠠᠬᠢ ᠬᠡᠰᠡᠭ᠂ G0616 ᠭᠠᠭᠴᠠᠮᠣᠳᠤ᠎ᠠᠴᠠ ᠬᠠᠯᠢᠭᠤᠲᠤ ᠬᠦᠷᠬᠦ ᠬᠡᠰᠡᠭ᠎ᠢ ᠪᠠᠢ᠌ᠭᠤᠯᠵᠤ ᠳᠠᠭᠤᠰᠬᠠᠨ᠂ ᠲᠦᠷᠭᠡᠨ᠎ᠤ ᠵᠠᠰᠠᠮᠠᠯ ᠵᠠᠮ᠎ᠤᠨ ᠵᠡᠭᠦᠨ ᠪᠠᠷᠠᠭᠤᠨ᠎ᠢ ᠰᠤᠨᠳᠠᠯᠠᠬᠤ᠂ ᠠᠢ᠌ᠮᠠᠭ ᠬᠤᠲᠠ ᠬᠠᠷᠢᠯᠴᠠᠨ ᠨᠡᠪᠲᠡᠷᠡᠬᠦ᠂ ᠭᠣᠣᠯᠳᠠᠯᠭ᠎ᠠ ᠪᠣᠯᠬᠤ ᠬᠢᠯᠢ ᠵᠢᠨ ᠪᠣᠭᠣᠮᠲᠠ ᠵᠢ ᠬᠣᠯᠪᠣᠨ ᠨᠡᠪᠲᠡᠷᠡᠭᠦᠯᠬᠦ ᠵᠢ ᠪᠡᠶᠡᠯᠡᠭᠦᠯᠦᠨ᠎ᠡ; ᠬᠢᠯᠢ ᠳᠠᠭ᠋ᠠᠤ ᠤᠯᠤᠰ᠎ᠤᠨ ᠵᠠᠮ G331 ᠵᠢ ᠪᠦᠭᠦ ᠱᠤᠭᠤᠮ ᠵᠶ᠋ᠠᠷ᠎ᠨᠢ ᠨᠡᠪᠲᠡᠷᠡᠭᠦᠯᠬᠦ᠎ᠪᠠᠷ ᠴᠢᠷᠮᠠᠢ᠌ᠵᠤ᠂ ᠤᠯᠤᠰ ᠮᠤᠵᠢ ᠵᠢᠨ ᠭᠣᠣᠯ ᠱᠤᠭᠤᠮ᠎ᠤᠨ 《ᠮᠤᠬᠤᠷ ᠵᠠᠮ》᠎ᠤᠨ ᠰᠠᠭ᠋ᠠᠳ ᠦᠭᠡᠢ ᠨᠡᠪᠲᠡᠷᠡᠬᠦ ᠢᠨᠵᠧᠨᠧᠷᠢᠩ᠎ᠢ 700 ᠺᠢᠯᠣᠮᠧᠲᠷ ᠬᠡᠷᠡᠭᠵᠢᠭᠦᠯᠦᠨ᠂ ᠠᠵᠤ ᠦᠢ᠍ᠯᠡᠰ᠎ᠤᠨ ᠵᠠᠮ᠂ ᠵᠢᠭᠤᠯᠴᠢᠯᠠᠯ᠎ᠤᠨ ᠵᠠᠮ᠎ᠢ 1700 ᠺᠢᠯᠣᠮᠧᠲᠷ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠤᠨ᠎ᠠ᠃  ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ ᠂  ᠲᠠᠢ᠌ᠽᠢ᠎ᠠᠴᠠ ᠰᠢᠯᠢ ᠵᠢᠨ ᠬᠤᠲᠠ ᠬᠦᠷᠬᠦ ᠲᠡᠮᠦᠷ ᠵᠠᠮ᠎ᠤᠨ ᠪᠦᠲᠦᠭᠡᠨ ᠪᠠᠢ᠌ᠭᠤᠯᠤᠯᠲᠠ ᠪᠠ  ᠵᠢᠨᠢᠩ᠎ᠠᠴᠠ ᠲᠦᠩᠯᠢᠶᠣᠣ ᠬᠦᠷᠬᠦ ᠲᠡᠮᠦᠷ ᠵᠠᠮ᠎ᠢ ᠴᠠᠬᠢᠯᠭ᠋ᠠᠨᠵᠢᠭᠤᠯᠤᠨ ᠥᠭᠡᠷᠡᠴᠢᠯᠡᠬᠦ ᠵᠢ  ᠲᠦᠷᠭᠡᠳᠬᠡᠵᠦ ᠂  ᠯᠢᠨ ᠾᠧ᠎ᠠᠴᠠ ᠴᠡᠭᠡ ᠪᠣᠭᠣᠮᠲᠠ ᠬᠦᠷᠬᠦ ᠲᠡᠮᠦᠷ ᠵᠠᠮ᠎ᠤᠨ ᠴᠢᠳᠠᠮᠵᠢ ᠵᠢ᠎ᠨᠢ  ᠥᠷᠭᠡᠳᠬᠡᠨ ᠥᠭᠡᠷᠡᠴᠢᠯᠡᠬᠦ ᠂  ᠪᠠᠢ ᠴᠧᠩ᠎ᠠᠴᠠ ᠷᠠᠰᠢᠶᠠᠨ ᠬᠦᠷᠬᠦ ᠲᠡᠮᠦᠷ ᠵᠠᠮ᠎ᠤᠨ ᠬᠦᠳᠡᠯᠭᠡᠭᠦᠷᠲᠦ ᠲᠡᠷᠭᠡᠨ᠎ᠤ ᠥᠭᠡᠷᠡᠴᠢᠯᠡᠬᠦ ᠲᠦᠷᠦᠯ ᠵᠦᠢ᠍ᠯ᠎ᠢ ᠠᠵᠢᠯ ᠡᠬᠢᠯᠡᠭᠦᠯᠦᠨ ᠂  ᠵᠢᠨᠢᠩ ᠳ᠋ᠠᠲ᠋ᠦ᠋ᠩ ᠶᠤᠸᠠᠨᠫᠢᠩ᠎ᠤᠨ ᠲᠦᠷᠭᠡᠨ᠎ᠤ ᠲᠡᠮᠦᠷ ᠵᠠᠮ᠎ᠢ ᠪᠠᠢ᠌ᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ᠎ᠪᠠᠷ ᠴᠢᠷᠮᠠᠢ᠌ᠵᠤ ᠂  ᠣᠷᠳᠣᠰ᠎ᠠᠴᠠ ᠲᠡᠮᠡᠭᠡᠲᠦ ᠬᠦᠷᠬᠦ ᠲᠦᠷᠭᠡᠨ᠎ᠤ ᠲᠡᠮᠦᠷ ᠵᠠᠮ ᠪᠠ  ᠬᠠᠢ᠌ᠯᠠᠷ᠎ᠠᠴᠠ ᠷᠠᠰᠢᠶᠠᠨ ᠬᠦᠷᠬᠦ ᠲᠡᠮᠦᠷ ᠵᠠᠮ᠎ᠢ ᠥᠭᠡᠷᠡᠴᠢᠯᠡᠬᠦ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠢ ᠠᠬᠢᠭᠤᠯᠤᠨ᠎ᠠ ᠃  ᠬᠦᠬᠡᠬᠤᠲᠠ ᠵᠢᠨ ᠰᠢᠨ᠎ᠡ ᠨᠢᠰᠬᠡᠯ᠎ᠤᠨ ᠪᠠᠭᠤᠳᠠᠯ᠎ᠤᠨ ᠠᠶᠠᠯᠠᠯ᠎ᠤᠨ ᠥᠷᠲᠡᠭᠡᠨ᠎ᠤ ᠲᠣᠭᠣᠷᠢᠭ ᠂  ᠨᠢᠰᠦᠯᠲᠡ ᠵᠢᠨ ᠲᠣᠭᠣᠷᠢᠭ᠎ᠢ ᠪᠠᠢ᠌ᠭᠤᠯᠵᠤ ᠳᠠᠭᠤᠰᠬᠠᠨ ᠂  ᠤᠯᠠᠭ᠋ᠠᠢ ᠵᠡᠷᠭᠡ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠠᠬᠢᠭᠤᠯᠤᠨ᠎ᠠ ᠃  ᠴᠤᠤᠯ ᠭᠣᠣᠯ᠎ᠤᠨ ᠤᠰᠤ ᠵᠢ ᠲᠠᠲᠠᠵᠤ ᠯᠢᠶᠣᠣ ᠾᠧ ᠭᠣᠣᠯ᠎ᠳᠤ ᠨᠡᠮᠡᠷᠢᠯᠡᠬᠦ ᠬᠣᠶᠠᠳᠤᠭ᠋ᠠᠷ ᠬᠤᠭᠤᠴᠠᠭ᠎ᠠ ᠂  ᠥᠪᠥᠷ ᠮᠣᠩᠭᠣᠯ᠎ᠤᠨ ᠰᠠᠯᠪᠤᠷᠢ ᠱᠤᠭᠤᠮ᠎ᠤᠨ ᠤᠰᠤ ᠬᠠᠩᠭ᠋ᠠᠯᠭ᠎ᠠ ᠵᠡᠷᠭᠡ ᠤᠰᠤᠨ ᠲᠣᠣᠷ᠎ᠤᠨ ᠭᠣᠣᠯᠯᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂  ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠲᠠᠬᠢ ᠭᠣᠣᠯ᠎ᠤᠨ ᠵᠠᠮ᠎ᠢ ᠵᠠᠰᠠᠬᠤ ᠢᠨᠵᠧᠨᠧᠷᠢᠩ᠎ᠤᠨ ᠵᠥᠪᠰᠢᠶᠡᠷᠡᠯ᠎ᠢ ᠲᠦᠷᠭᠡᠬᠡᠨ ᠣᠯᠬᠤ ᠂  ᠬᠠᠲᠤᠨ ᠭᠣᠣᠯ᠎ᠤᠨ ᠤᠰᠤ ᠵᠢ ᠲᠠᠲᠠᠵᠤ ᠬᠦᠬᠡᠬᠤᠲᠠ᠎ᠳᠤ ᠲᠤᠰᠠᠯᠠᠬᠤ ᠭᠤᠷᠪᠠᠳᠤᠭ᠋ᠠᠷ ᠬᠤᠭᠤᠴᠠᠭ᠋ᠠᠨ᠎ᠤ ᠢᠨᠵᠧᠨᠧᠷᠢᠩ ᠪᠠ  ᠤᠯᠠᠭ᠋ᠠᠨᠴᠠᠪ᠎ᠤᠨ ᠲᠥᠪ ᠬᠤᠲᠠ ᠵᠢᠨ ᠲᠣᠭᠣᠷᠢᠭ᠎ᠤᠨ ᠤᠰᠤ ᠳᠠᠮᠵᠢᠭᠤᠯᠤᠨ ᠬᠠᠩᠭ᠋ᠠᠬᠤ ᠢᠨᠵᠧᠨᠧᠷᠢᠩ᠎ᠢ ᠠᠵᠢᠯ ᠡᠬᠢᠯᠡᠭᠦᠯᠦᠨ ᠪᠦᠲᠦᠭᠡᠨ ᠪᠠᠢ᠍ᠢ᠍ᠭᠤᠯᠬᠤ᠎ᠪᠠᠷ ᠴᠢᠷᠮᠠᠢ᠌ᠨ᠎ᠠ ᠃  ᠴᠠᠬᠢᠯᠭ᠋ᠠᠨ ᠬᠦᠴᠦᠨ᠎ᠤ ᠰᠢᠰᠲ᠋ᠧᠮ᠎ᠤᠨ ᠲᠣᠣᠷ ᠴᠢᠩᠭ᠋ᠠᠯᠠᠬᠤ ᠢᠨᠵᠧᠨᠧᠷᠢᠩ ᠂  ᠭᠠᠳᠠᠭᠰᠢ ᠳᠠᠮᠵᠢᠭᠤᠯᠬᠤ ᠢᠨᠵᠧᠨᠧᠷᠢᠩ ᠂  ᠲᠣᠣᠷ ᠬᠣᠯᠪᠣᠬᠤ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠵᠦ ᠂  ᠵᠠᠩᠪᠧᠢ᠎ᠠᠴᠠ ᠱᠧᠩ ᠯᠢ ᠬᠦᠷᠬᠦ ᠂  ᠪᠠᠭ᠋ᠠᠷᠢᠨ ᠪᠠᠷᠠᠭᠤᠨ ᠬᠣᠰᠢᠭᠤᠨ᠎ᠠᠴᠠ ᠨᠠᠢ᠍ᠮᠠᠨ ᠪᠠ  ᠹᠦᠰᠢᠨ ᠬᠦᠷᠬᠦ ᠵᠡᠷᠭᠡ ᠢᠨᠵᠧᠨᠧᠷᠢᠩ᠎ᠢ ᠪᠠᠢ᠌ᠭᠤᠯᠵᠤ ᠳᠠᠭᠤᠰᠬᠠᠨ ᠂  ᠥᠪᠥᠷ ᠮᠣᠩᠭᠣᠯ᠎ᠤᠨ ᠪᠠᠷᠠᠭᠤᠨ ᠬᠡᠰᠡᠭ᠎ᠠᠴᠠ ᠪᠡᠭᠡᠵᠢᠩ ᠲᠢᠶᠠᠨᠵᠢᠨ ᠾᠧᠪᠧᠢ ᠤᠷᠤᠭᠤ ᠴᠠᠬᠢᠯᠭ᠋ᠠᠨ ᠳᠠᠮᠵᠢᠭᠤᠯᠬᠤ ᠨᠡᠪᠲᠡᠷᠡᠯ ᠵᠠᠮ᠎ᠤᠨ ᠢᠨᠵᠧᠨᠧᠷᠢᠩ᠎ᠢ ᠠᠵᠢᠯ ᠡᠬᠢᠯᠡᠭᠦᠯᠦᠨ ᠪᠦᠲᠦᠭᠡᠨ ᠪᠠᠢ᠍ᠢ᠍ᠭᠤᠯᠬᠤ᠎ᠪᠠᠷ ᠴᠢᠷᠮᠠᠢ᠌ᠵᠤ ᠂  ᠴᠠᠬᠢᠯᠭ᠋ᠠᠨ ᠲᠣᠣᠷ᠎ᠤᠨ ᠴᠠᠬᠢᠯᠭ᠋ᠠᠨ ᠬᠠᠩᠭ᠋ᠠᠬᠤ ᠴᠢᠳᠠᠪᠤᠷᠢ ᠪᠠ  ᠰᠢᠨ᠎ᠡ ᠡᠨᠧᠷᠬᠢ ᠵᠢᠨ ᠵᠠᠯᠭ᠋ᠠᠭᠤᠯᠬᠤ ᠴᠢᠳᠠᠪᠤᠷᠢ ᠵᠢ ᠪᠦᠭᠦ ᠲᠠᠯ᠎ᠠ᠎ᠪᠠᠷ ᠳᠡᠭᠡᠭᠰᠢᠯᠡᠭᠦᠯᠦᠨ᠎ᠡ ᠃

       ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠡᠷᠴᠢᠮ ᠵᠶ᠋ᠠᠨ ᠰᠤᠯᠠᠷᠠᠭᠤᠯᠵᠤ ᠪᠣᠯᠬᠤ ᠦᠭᠡᠢ ᠂  ᠣᠨᠣᠪᠴᠢ ᠵᠢᠨ ᠬᠡᠮᠵᠢᠶ᠎ᠡ᠎ᠪᠠᠨ ᠳᠡᠭᠡᠭᠰᠢᠯᠡᠭᠦᠯᠬᠦ ᠬᠡᠷᠡᠭᠲᠡᠢ ᠃  ᠭᠣᠣᠯᠳᠠᠯᠭ᠎ᠠ᠎ᠲᠠᠢ ᠠᠵᠤ ᠦᠢ᠍ᠯᠡᠰ᠎ᠤᠨ ᠪᠦᠯᠦᠭᠵᠢᠯ᠎ᠤᠨ ᠠᠵᠤ ᠦᠢ᠍ᠯᠡᠰ᠎ᠤᠨ ᠬᠡᠯᠬᠢᠶ᠎ᠡ᠎ᠳᠤ ᠠᠩᠬᠠᠷᠤᠯ ᠵᠢᠨᠨ ᠲᠥᠪᠯᠡᠷᠡᠭᠦᠯᠦᠨ ᠂  ᠪᠡᠭᠡᠵᠢᠩ ᠲᠢᠶᠠᠨᠵᠢᠨ ᠾᠧᠪᠧᠢ ᠂  ᠬᠥᠬᠡᠮᠥ᠋ᠷᠡᠨ᠎ᠤ ᠭᠤᠷᠪᠠᠯᠵᠢᠨ ᠬᠣᠢ᠌ᠭ ᠂  ᠭᠤᠸᠠᠩᠳᠦ᠋ᠩ ᠰᠢᠶᠠᠩᠭ᠋ᠠᠩ ᠣᠣᠮᠧᠨ ᠂  ᠴᠧᠩᠳᠦ᠋ ᠴᠦᠩᠴᠢᠩ ᠵᠡᠷᠭᠡ ᠭᠠᠵᠠᠷ ᠣᠷᠣᠨ᠎ᠯᠤᠭ᠎ᠠ ᠵᠢᠨ ᠵᠣᠯᠭ᠋ᠠᠯᠴᠠᠭ᠎ᠠ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ ᠂  ᠴᠡᠭ᠎ᠢ ᠴᠡᠭ᠎ᠲᠤ ᠬᠠᠨᠳᠤᠭᠤᠯᠵᠤ ᠬᠤᠳᠠᠯᠳᠤᠭ᠋ᠠᠴᠢᠨ ᠤᠷᠢᠬᠤ ᠵᠢ ᠥᠷᠨᠢᠭᠦᠯᠵᠦ ᠂  ᠨᠢᠭᠡ ᠪᠦᠯᠦᠭ ᠠᠵᠤ ᠦᠢ᠍ᠯᠡᠰ᠎ᠤᠨ ᠰᠢᠯᠵᠢᠯᠲᠡ ᠵᠢ ᠳᠠᠭ᠋ᠠᠭ᠋ᠠᠨ ᠠᠪᠴᠤ ᠵᠠᠯᠭ᠋ᠠᠭᠤᠯᠬᠤ ᠂  ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠵᠢ ᠠᠬᠢᠭᠤᠯᠬᠤ ᠶᠡᠬᠡ ᠲᠦᠷᠦᠯ ᠵᠦᠢ᠍ᠯ ᠰᠠᠢ᠌ᠨ ᠲᠦᠷᠦᠯ ᠵᠦᠢ᠍ᠯ᠎ᠢ ᠢᠳᠡᠪᠬᠢᠲᠡᠢ᠎ᠪᠠᠷ ᠠᠷᠭ᠎ᠠ ᠰᠦᠪᠡᠭᠴᠢᠯᠡᠨ ᠣᠷᠣᠭᠤᠯᠤᠨ ᠠᠪᠴᠢᠷᠠᠵᠤ ᠂  ᠣᠷᠣᠭᠤᠯᠤᠨ ᠠᠪᠴᠢᠷᠠᠬᠤ ᠪᠡᠯᠡ ᠮᠥᠩᠭᠥ ᠵᠢ 5500 ᠳ᠋ᠦᠩᠰᠢᠭᠤᠷ ᠲᠥᠭᠥᠷᠢᠭ᠎ᠠᠴᠠ ᠳᠤᠲᠠᠭᠤ ᠦᠭᠡᠢ ᠪᠠᠢ᠌ᠯᠭ᠋ᠠᠬᠤ᠎ᠪᠠᠷ ᠴᠢᠷᠮᠠᠢ᠌ᠨ᠎ᠠ ᠃  ᠬᠣᠶᠠᠳᠤᠭ᠋ᠠᠷ ᠬᠤᠭᠤᠴᠠᠭ᠋ᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ᠎ᠤ ᠵᠥᠪᠳᠡᠯᠴᠡᠬᠦ ᠬᠤᠷᠠᠯ ᠂  ᠬᠣᠶᠠᠳᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠰᠢᠨ᠎ᠡ ᠡᠨᠧᠷᠬᠢ ᠰᠢᠨ᠎ᠡ ᠮᠠᠲ᠋ᠧᠷᠢᠶᠠᠯ᠎ᠤᠨ ᠶᠡᠬᠡ ᠬᠤᠷᠠᠯ ᠂  ᠳᠡᠯᠡᠬᠡᠢ ᠵᠢᠨ  ᠰᠦ  ᠰᠠᠭ᠋ᠠᠯᠢ ᠵᠢᠨ ᠦᠢ᠍ᠯᠡᠰ᠎ᠤᠨ ᠰᠢᠨ᠎ᠡ ᠡᠭᠦᠳᠦᠯᠲᠡ ᠵᠢᠨ ᠲᠦᠷᠦᠭᠦᠴᠦᠳ᠎ᠤᠨ ᠬᠤᠷᠠᠯ ᠂  ᠳᠡᠯᠡᠬᠡᠢ ᠵᠢᠨ ᠡᠪᠡᠰᠦᠨ᠎ᠤ ᠦᠢ᠍ᠯᠡᠰ᠎ᠤᠨ ᠶᠡᠬᠡ ᠬᠤᠷᠠᠯ ᠂  ᠲᠣᠮᠳᠠᠳᠣ ᠤᠯᠤᠰ᠎ᠤᠨ ᠪᠣᠬᠢᠷᠳᠤᠯ ᠦᠭᠡᠢ ᠲᠣᠭ᠋ᠠᠵᠢᠭᠤᠯᠵᠤ ᠪᠣᠳᠣᠬᠤ ᠬᠦᠴᠦᠨ᠎ᠤ ᠶᠡᠬᠡ ᠬᠤᠷᠠᠯ ᠵᠡᠷᠭᠡ ᠪᠦᠭᠦ ᠪᠥᠮᠪᠥᠷᠴᠡᠭ᠎ᠤᠨ ᠴᠢᠨᠠᠷᠲᠠᠢ ᠂  ᠪᠦᠭᠦ ᠤᠯᠤᠰ᠎ᠤᠨ ᠴᠢᠨᠠᠷᠲᠠᠢ ᠴᠢᠬᠤᠯᠠ ᠶᠡᠬᠡ ᠠᠵᠢᠯᠯᠠᠭ᠎ᠠ ᠵᠢ ᠬᠢᠨᠠᠮᠠᠭ᠋ᠠᠢ ᠰᠠᠢ᠌ᠲᠤᠷ ᠡᠷᠬᠢᠯᠡᠵᠣ ᠂  ᠣᠯᠠᠨ ᠤᠯᠤᠰ᠎ᠤᠨ ᠣᠶᠣᠨ ᠤᠬᠠᠭ᠋ᠠᠨ᠎ᠢ ᠬᠤᠷᠠᠭᠤᠯᠤᠭᠰᠠᠨ ᠂  ᠲᠡᠷᠢᠭᠦᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠬᠠᠷᠠᠭᠤᠯᠤᠭᠰᠠᠨ ᠂  ᠠᠵᠤ ᠦᠢ᠍ᠯᠡᠰ᠎ᠤᠨ ᠬᠥᠭᠵᠢᠯᠲᠡ ᠵᠢ ᠳᠠᠢ᠌ᠴᠢᠯᠠᠭᠰᠠᠨ ᠂  ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠎ᠳᠤ ᠦᠢ᠍ᠯᠡᠴᠢᠯᠡᠬᠦ ᠨᠢᠭᠡ ᠪᠦᠯᠦᠭ ᠲᠡᠷᠢᠭᠦᠨ ᠳᠡᠰ᠎ᠤᠨ ᠲᠠᠪᠴᠠᠩ᠎ᠤᠳ᠎ᠢ ᠴᠣᠭᠴᠠᠯᠠᠨ᠎ᠠ ᠃

      (ᠭᠤᠷᠪᠠ )  ᠠᠷᠭ᠎ᠠ ᠪᠦᠭᠦᠨ᠎ᠢ ᠰᠦᠪᠡᠭᠴᠢᠯᠡᠨ ᠬᠡᠷᠡᠭᠯᠡᠭᠡ ᠵᠢᠨ ᠳᠠᠯᠳᠡ ᠬᠦᠴᠦᠨ᠎ᠢ ᠠᠭᠤᠳᠠᠯᠵᠤ ᠬᠥᠭᠵᠢᠭᠡᠨ᠎ᠡ ᠃  ᠬᠡᠷᠡᠭᠯᠡᠭᠡ ᠵᠢᠨ ᠳᠠᠯᠳᠠ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠠᠭᠤᠳᠠᠯᠵᠤ ᠂  ᠬᠡᠷᠡᠭᠯᠡᠭᠡ᠎ᠳᠤ ᠣᠷᠣᠯᠴᠠᠵᠣ ᠲᠠᠢ᠍ᠢ᠍ᠯᠭᠦ ᠂  ᠵᠣᠷᠢᠭᠲᠠᠢ᠎ᠪᠠᠷ ᠬᠡᠷᠡᠭᠯᠡᠭᠡ᠎ᠳᠤ ᠣᠷᠣᠯᠴᠠᠬᠤ ᠂  ᠬᠡᠷᠡᠭᠯᠡᠭᠡ᠎ᠳᠤ ᠣᠷᠣᠯᠴᠠᠬᠤ ᠳᠤᠷᠠᠲᠠᠢ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠶᠡᠬᠡ᠎ᠪᠠᠷ ᠪᠣᠢ ᠪᠣᠯᠭ᠋ᠠᠵᠣ ᠂  ᠬᠡᠷᠡᠭᠯᠡᠭᠡ ᠵᠢ ᠬᠢᠵᠢᠭ᠎ᠤᠨ ᠳᠠᠷᠠᠭ᠋ᠠᠬᠢ ᠰᠡᠷᠭᠦᠯᠲᠡ᠎ᠠᠴᠠ ᠦᠷᠭᠦᠯᠵᠢᠯᠡᠨ ᠥᠷᠭᠡᠳᠬᠦ ᠲᠡᠢ᠌ᠰᠢ ᠬᠤᠪᠢᠷᠠᠭᠤᠯᠬᠤ ᠵᠢ ᠠᠬᠢᠭᠤᠯᠤᠨ᠎ᠠ ᠃ 

       ᠠᠮᠢᠳᠤᠷᠠᠯ᠎ᠤᠨ ᠬᠡᠷᠡᠭᠯᠡᠭᠡ ᠪᠣᠯ  ᠬᠡᠷᠡᠭᠯᠡᠭᠡ ᠵᠢ ᠲᠣᠭᠲᠠᠪᠤᠷᠢᠵᠢᠭᠤᠯᠬᠤ ᠪᠠ  ᠥᠷᠭᠡᠳᠬᠡᠬᠦ 《ᠴᠢᠭᠳᠠᠭ᠎ᠠ 》  ᠮᠥᠨ ᠂  ᠬᠤᠲᠠ ᠵᠢᠨ 《ᠨᠢᠭᠡ ᠮᠥᠴᠡ ᠵᠢᠨ ᠠᠷᠠᠳ᠎ᠲᠤ ᠳᠦᠭᠦᠮ ᠦᠵᠡᠭᠦᠯᠬᠦ ᠠᠮᠢᠳᠤᠷᠠᠯ᠎ᠤᠨ ᠲᠣᠭᠣᠷᠢᠭ 》᠎ᠢ ᠲᠦᠷᠭᠡᠳᠬᠡᠨ ᠪᠠᠢ᠌ᠭᠤᠯᠵᠤ ᠂  ᠮᠠᠰᠢᠨ ᠲᠡᠷᠭᠡ ᠂  ᠭᠡᠷ᠎ᠤᠨ ᠴᠠᠬᠢᠯᠭ᠋ᠠᠨ ᠬᠡᠷᠡᠭᠰᠡᠯ ᠵᠡᠷᠭᠡ ᠥᠷᠭᠡᠨ ᠬᠡᠷᠡᠭᠴᠡᠭᠡᠨ᠎ᠤ ᠲᠠᠸᠠᠷ᠎ᠤᠨ ᠬᠡᠷᠡᠭᠯᠡᠭᠡ ᠵᠢᠨ ᠬᠥᠭᠵᠢᠭᠡᠨ ᠳᠠᠢ᠌ᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂  ᠲᠦᠷᠦᠭᠦᠴᠢ ᠳᠡᠯᠭᠡᠭᠦᠷ᠎ᠲᠤ ᠠᠩᠬ᠎ᠠ ᠲᠠᠷᠬᠠᠭ᠋ᠠᠬᠤ ᠠᠵᠤ ᠠᠬᠤᠢ ᠂  ᠬᠥᠭᠵᠢᠶᠡᠨᠲᠦ ᠰᠥᠨᠢ ᠵᠢᠨ ᠠᠵᠤ ᠠᠬᠤᠢ ᠵᠢ ᠬᠥᠭᠵᠢᠭᠦᠯᠬᠦ ᠵᠢ ᠵᠣᠷᠢᠭᠵᠢᠭᠤᠯᠤᠨ ᠂ 《ᠬᠡᠷᠡᠭᠯᠡᠭᠡ ᠵᠢ ᠠᠬᠢᠭᠤᠯᠬᠤ ᠣᠨ 》᠎ᠤ ᠠᠵᠢᠯᠯᠠᠭ᠎ᠠ ᠵᠢ ᠶᠡᠬᠡ᠎ᠪᠠᠷ ᠥᠷᠨᠢᠭᠦᠯᠵᠦ ᠂  ᠬᠦᠬᠡᠬᠤᠲᠠ ᠵᠢᠨ ᠬᠥᠭᠵᠢᠶᠡᠨ ᠶᠡᠬᠡᠲᠡᠢ ᠳᠠᠭᠤᠤ ᠬᠥᠭᠵᠢᠮ᠎ᠤᠨ ᠦᠳᠡᠰᠢᠯᠡᠭᠡ ᠪᠠ  ᠰᠢᠨ᠎ᠡ ᠣᠨ ᠵᠶ᠋ᠠᠨ ᠤᠭᠲᠤᠬᠤ ᠦᠳᠡᠰᠢ ᠂  ᠪᠤᠭᠤᠲᠤ ᠵᠢᠨ ᠴᠣᠣ ᠾᠧ ᠵᠡᠭᠡᠯᠢ ᠲᠣᠭᠣᠷᠢᠭ᠎ᠤᠨ 《ᠰᠢᠵᠢᠷ ᠠᠯᠳᠠᠨ 6 ᠴᠠᠭ᠎ᠤᠨ ᠬᠤᠭᠤᠴᠠᠭ᠎ᠠ 》᠂  ᠣᠷᠳᠣᠰ᠎ᠤᠨ 《ᠬᠤᠳᠡ ᠵᠢ ᠳᠤᠯᠠᠭ᠋ᠠᠯᠠᠬᠤ 7 ᠴᠠᠭ ᠬᠠᠭ᠋ᠠᠰ 》᠂ 《ᠪᠡᠭᠡᠵᠢᠩ᠎ᠠᠴᠠ ᠪᠠᠷᠠᠭᠤᠨᠰᠢ᠎ᠪᠠᠨ ᠨᠢᠭᠡ ᠠᠯᠬᠤᠬᠤ · ᠤᠯᠠᠭ᠋ᠠᠨᠴᠠᠪ᠎ᠤᠨ ᠦᠳᠡᠰᠢ 》  ᠬᠡᠮᠡᠬᠦ ᠡᠳᠡᠭᠡᠷ ᠨᠢᠭᠡᠨᠲᠡ ᠬᠡᠷᠡᠭᠯᠡᠭᠴᠢᠳ᠎ᠲᠤ ᠮᠡᠳᠡᠷᠡᠭᠳᠡᠭᠰᠡᠨ ᠠᠵᠢᠯᠯᠠᠭ᠎ᠠ ᠪᠠ  ᠨᠡᠷᠡᠳᠣ ᠲᠡᠮᠳᠡᠭ᠎ᠢ ᠦᠷᠭᠦᠯᠵᠢᠯᠡᠨ ᠬᠢᠬᠦ ᠬᠡᠷᠡᠭᠲᠡᠢ ᠃ 《ᠪᠤᠭᠤᠷᠤᠯᠴᠤᠳ᠎ᠤᠨ ᠠᠵᠤ ᠠᠬᠤᠢ 》 ᠵᠢᠨ ᠬᠥᠭᠵᠢᠯᠲᠡ ᠵᠢᠨ ᠣᠷᠣᠨ ᠵᠠᠢ ᠯᠤᠲᠤ ᠶᠡᠬᠡ ᠂  ᠮᠠᠨ᠎ᠤ ᠣᠷᠣᠨ᠎ᠳᠤ 60 ᠨᠠᠰᠤ᠎ᠠᠴᠠ ᠳᠡᠭᠡᠭᠰᠢᠬᠢ ᠨᠠᠰᠤᠲᠠᠢ᠌ᠴᠤᠳ 546 ᠲᠦᠮᠡ ᠪᠠᠢ᠌ᠵᠤ ᠂  ᠪᠠᠢ᠌ᠩᠭᠤ ᠰᠠᠭᠤᠭ᠎ᠠ ᠬᠥᠮᠥᠨ ᠠᠮᠠ ᠵᠢᠨ 22.8% ᠵᠢ ᠡᠵᠡᠯᠡᠨ ᠂  ᠠᠷᠭ᠎ᠠ ᠰᠦᠪᠡᠭᠴᠢᠯᠡᠨ ᠬᠦᠴᠦ ᠵᠠᠷᠤᠴᠠᠭᠤᠯᠵᠤ ᠪᠠᠢ᠌ᠭ᠋ᠠᠳ ᠡᠨᠡ ᠬᠦ᠌ ᠦᠯᠦ ᠮᠡᠳᠡᠭᠳᠡᠬᠦ ᠵᠠᠬ᠎ᠠ ᠳᠡᠯᠭᠡᠭᠦᠷ᠎ᠤᠨ ᠣᠷᠣᠨ ᠵᠠᠢ ᠵᠢ ᠰᠡᠷᠭᠦᠭᠡᠨ ᠂  ᠡᠮᠴᠢᠯᠡᠭᠡ ᠂  ᠨᠠᠰᠤᠵᠢᠯ ᠂  ᠡᠷᠡᠭᠦᠯ ᠮᠡᠨᠳᠣ ᠂  ᠰᠤᠪᠢᠯᠠᠯᠲᠠ ᠂  ᠬᠥᠮᠦᠵᠢᠯ ᠂  ᠵᠤᠭ᠎ᠠ ᠴᠡᠩᠭᠡᠯ ᠂  ᠠᠮᠤᠷᠯᠢᠩᠭᠤᠢ ᠵᠡᠷᠭᠡ ᠳᠣᠯᠤᠭ᠋ᠠᠨ ᠵᠦᠢ᠍ᠯ᠎ᠢ ᠨᠢᠭᠡ ᠴᠣᠭᠴᠠᠵᠢᠭᠤᠯᠤᠭᠰᠠᠨ ᠨᠠᠰᠤᠵᠢᠯ᠎ᠤᠨ ᠵᠠᠭᠪᠤᠷ᠎ᠢ ᠬᠥᠭᠵᠢᠭᠦᠯᠵᠦ ᠂  ᠨᠠᠰᠤᠵᠢᠯ᠎ᠤᠨ ᠦᠢ᠍ᠯᠡᠴᠢᠯᠡᠭᠡ ᠵᠢ 《ᠪᠠᠢ᠌ᠬᠤ》᠎ᠠᠴᠠ 《ᠣᠯᠠᠨ》  ᠲᠡᠢ᠌ᠰᠢ ᠂ 《ᠣᠯᠠᠨ 》  ᠪᠠᠢ᠌ᠭᠰᠠᠨ᠎ᠠᠴᠠ 《ᠴᠢᠨᠠᠷᠵᠢᠭᠤᠨ 》  ᠲᠡᠢ᠌ᠰᠢ ᠳᠡᠰ ᠳᠡᠪᠰᠢᠭᠦᠯᠬᠦ ᠵᠢ ᠠᠬᠢᠭᠤᠯᠤᠨ᠎ᠠ ᠃  ᠰᠢᠨ᠎ᠡ ᠮᠠᠶᠢᠭ᠎ᠤᠨ ᠬᠡᠷᠡᠭᠯᠡᠭᠡ ᠪᠣᠯ  ᠯᠤᠲᠤ ᠶᠡᠬᠡ ᠨᠡᠮᠡᠭᠳᠡᠯ ᠴᠡᠭ ᠮᠥᠨ ᠂  ᠲᠣᠭ᠋ᠠᠵᠢᠭᠤᠯᠤᠭᠰᠠᠨ ᠬᠡᠷᠡᠭᠯᠡᠭᠡ ᠂  ᠪᠣᠬᠢᠷᠳᠤᠯ ᠦᠭᠡᠢ ᠬᠡᠷᠡᠭᠯᠡᠭᠡ ᠂  ᠡᠷᠡᠭᠦᠯ ᠬᠡᠷᠡᠭᠯᠡᠭᠡ ᠵᠢ ᠶᠡᠬᠡ᠎ᠪᠠᠷ ᠬᠥᠭᠵᠢᠭᠦᠯᠦᠨ ᠂  ᠰᠣᠶᠣᠯ ᠴᠡᠩᠭᠡᠯ ᠂  ᠲᠠᠮᠢᠷ᠎ᠤᠨ ᠴᠤᠭᠯᠠᠭ᠋ᠠᠨ ᠂  ᠤᠯᠤᠰ᠎ᠤᠨ ᠪᠠᠷᠠᠭ᠋ᠠᠨ᠎ᠤ 《ᠤᠷᠤᠰᠬᠠᠯ ᠲᠠᠸᠠᠷ 》  ᠵᠡᠷᠭᠡ ᠰᠢᠨ᠎ᠡ ᠬᠡᠷᠡᠭᠯᠡᠭᠡ ᠵᠢᠨ ᠬᠠᠯᠠᠮᠰᠢᠯ᠎ᠢ ᠢᠳᠡᠪᠬᠢᠲᠡᠢ᠎ᠪᠠᠷ ᠪᠤᠢ ᠪᠣᠯᠭ᠋ᠠᠵᠤ ᠂  ᠥᠲᠡᠭᠦᠰ᠎ᠲᠤ ᠲᠣᠬᠢᠷᠠᠭᠤᠯᠬᠤ᠎ᠪᠠᠷ ᠥᠭᠡᠷᠡᠴᠢᠯᠡᠨ ᠰᠢᠨᠡᠳᠬᠡᠬᠦ ᠮᠡᠷᠭᠡᠵᠢᠯ ᠂  ᠪᠢᠣᠨᠢᠺᠰ ᠮᠠᠰᠢᠨ ᠬᠥᠮᠥᠨ ᠂  ᠡᠮᠦᠰᠴᠦ ᠵᠡᠭᠦᠵᠦ ᠪᠣᠯᠬᠤ ᠲᠥᠬᠦᠭᠡᠷᠦᠮᠵᠢ ᠵᠡᠷᠭᠡ ᠬᠡᠷᠡᠭᠯᠡᠭᠡᠨ᠎ᠤ ᠠᠬᠤᠢ ᠪᠠᠢ᠌ᠳᠠᠯ᠎ᠢ ᠥᠷᠭᠡᠵᠢᠭᠦᠯᠦᠨ ᠂  ᠥᠪᠡᠷ ᠵᠶ᠋ᠠᠨ ᠡᠵᠡᠩᠨᠡᠭᠰᠡᠨ ᠡᠯᠧᠺᠲᠷᠣᠨ ᠬᠤᠳᠠᠯᠳᠤᠭ᠎ᠠ ᠂  ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ ᠂  ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠵᠠᠭᠪᠤᠷ ᠰᠢᠨ᠎ᠡ ᠡᠵᠡᠩᠨᠡᠯᠲᠡ ᠵᠢᠨ ᠪᠠᠢ᠌ᠳᠠᠯ᠎ᠢ ᠵᠣᠷᠢᠭᠵᠢᠭᠤᠯᠤᠨ ᠬᠥᠭᠵᠢᠭᠦᠯᠵᠦ ᠂  ᠰᠦᠯᠵᠢᠶᠡᠨ᠎ᠤ ᠵᠢᠵᠢᠭᠯᠡᠨ ᠪᠣᠷᠣᠯᠠᠭᠤᠯᠬᠤ ᠲᠣᠭ᠎ᠠ ᠵᠢ 700 ᠳ᠋ᠦᠩᠰᠢᠭᠤᠷ ᠲᠥᠭᠥᠷᠢᠭ᠎ᠠᠴᠠ ᠳᠠᠪᠠᠭᠤᠯᠤᠨ᠎ᠠ ᠃  ᠬᠤᠲᠠ ᠵᠢᠨ ᠰᠢᠨ᠎ᠡ ᠠᠷᠠᠳ᠎ᠤᠨ ᠬᠡᠷᠡᠭᠯᠡᠭᠡ ᠪᠣᠯ  ᠳᠠᠯᠳᠠ ᠬᠦᠴᠦᠨ ᠮᠥᠨ ᠂ 44.6% ᠵᠢᠨ ᠡᠷᠦᠬᠡᠲᠦ ᠬᠥᠮᠥᠨ ᠠᠮᠠ ᠵᠢᠨ ᠬᠤᠲᠠ ᠪᠠᠯᠭ᠋ᠠᠰᠤᠵᠢᠯᠲᠠ ᠵᠢᠨ ᠨᠣᠷᠮ᠎ᠠ ᠵᠢ 69.6% ᠵᠢᠨ ᠪᠠᠢ᠌ᠩᠭᠤ ᠰᠠᠭᠤᠭ᠎ᠠ ᠬᠥᠮᠥᠨ ᠠᠮᠠ ᠵᠢᠨ ᠬᠤᠲᠠ ᠪᠠᠯᠭ᠋ᠠᠰᠤᠵᠢᠯᠲᠠ ᠵᠢᠨ ᠨᠣᠷᠮ᠎ᠠ ᠬᠦᠷᠲᠡᠯ᠎ᠡ ᠳᠡᠭᠡᠭᠰᠢᠯᠡᠭᠦᠯᠭᠦ᠎ᠳᠤ ᠬᠦᠷᠪᠡᠯ ᠂  ᠬᠤᠲᠠ ᠵᠢᠨ ᠰᠢᠨ᠎ᠡ ᠠᠷᠠᠳ 599 ᠲᠦᠮᠡ ᠰᠢᠨ᠎ᠡ᠎ᠪᠠᠷ ᠨᠡᠮᠡᠭᠳᠡᠨ᠎ᠡ ᠂  ᠡᠨᠡ᠎ᠨᠢ  ᠬᠦᠬᠡᠬᠤᠲᠠ ᠪᠤᠭᠤᠲᠤ ᠣᠷᠳᠣᠰ ᠭᠤᠷᠪᠠ ᠵᠢᠨ ᠬᠤᠲᠠ ᠲᠣᠭᠣᠷᠢᠭ᠎ᠤᠨ ᠶᠡᠷᠦᠩᠬᠡᠢ ᠬᠥᠮᠥᠨ ᠠᠮᠠ᠎ᠲᠠᠢ ᠲᠡᠩᠴᠡᠵᠦ ᠂  ᠡᠳᠡᠭᠡᠷ ᠬᠥᠮᠥᠰ᠎ᠤᠨ ᠬᠣᠲᠠᠨ᠎ᠳᠠᠬᠢ ᠢᠳᠡᠵᠦ ᠡᠮᠦᠰᠴᠦ ᠶᠠᠪᠤᠵᠤ ᠰᠠᠭᠤᠬᠤ ᠂  ᠰᠣᠶᠣᠯ ᠬᠥᠮᠦᠵᠢᠯ ᠵᠤᠭ᠎ᠠ ᠴᠡᠩᠭᠡᠯ᠎ᠨᠢ  ᠯᠤᠲᠤ ᠶᠡᠬᠡ ᠨᠢᠭᠤᠭᠳᠠᠮᠠᠯ ᠵᠠᠬ᠎ᠠ ᠳᠡᠯᠭᠡᠭᠦᠷ ᠪᠣᠯᠣᠨ᠎ᠠ ᠃  ᠡᠷᠦᠬᠡ ᠠᠮᠠ ᠵᠢᠨ ᠳᠦᠷᠢᠮ᠎ᠤᠨ ᠥᠭᠡᠷᠡᠴᠢᠯᠡᠯᠲᠡ ᠂  ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠲᠦᠷᠦ ᠵᠢᠨ ᠪᠣᠳᠣᠯᠭ᠎ᠠ ᠂  ᠣᠯᠠᠨ ᠨᠡᠢ᠍ᠢ᠍ᠲᠡ ᠵᠢᠨ ᠦᠢ᠍ᠯᠡᠴᠢᠯᠡᠭᠡ ᠵᠡᠷᠭᠡ ᠲᠠᠯ᠎ᠠ᠎ᠪᠠᠷ ᠶᠡᠷᠦᠩᠬᠡᠢ᠌ᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ᠎ᠪᠠᠨ ᠭᠦᠨᠵᠡᠭᠡᠢ᠌ᠷᠡᠭᠦᠯᠵᠦ ᠂  ᠬᠤᠲᠠ ᠵᠢᠨ ᠰᠢᠨ᠎ᠡ ᠠᠷᠠᠳ ᠪᠠ᠎ᠲᠠᠭᠠᠨ ᠨᠡᠭᠦᠵᠦ ᠢᠷᠡᠭᠰᠡᠨ ᠭᠡᠷ ᠪᠦᠯᠢ ᠵᠢᠨ᠎ᠬᠢᠨ᠎ᠤ ᠬᠤᠳᠡ ᠪᠠᠯᠭ᠋ᠠᠰᠤᠨ᠎ᠳᠤ ᠡᠷᠣᠭᠡ ᠠᠮᠠ ᠣᠷᠣᠬᠤ ᠵᠢ᠎ᠨᠢ  ᠵᠣᠷᠢᠭᠵᠢᠭᠤᠯᠤᠨ ᠂  ᠡᠨᠡ ᠬᠡᠰᠡᠭ ᠬᠡᠷᠡᠭᠯᠡᠭᠡ ᠵᠢᠨ ᠳᠠᠯᠳᠠ ᠬᠦᠴᠦᠨ᠎ᠢ ᠪᠦᠬᠦ ᠲᠠᠯ᠎ᠠ᠎ᠪᠠᠷ ᠪᠠᠳᠠᠷᠠᠭ᠋ᠠᠬᠤ ᠬᠡᠷᠡᠭᠲᠡᠢ ᠃  ᠰᠣᠶᠣᠯ ᠵᠢᠭᠤᠯᠴᠢᠯᠠᠯ᠎ᠤᠨ ᠠᠵᠤ ᠦᠢ᠍ᠯᠡᠰ ᠪᠣᠯ  ᠨᠡᠢ᠌ᠲᠡᠯᠢᠭ ᠬᠡᠷᠡᠭᠯᠡᠭᠡᠨ᠎ᠤ ᠠᠵᠤ ᠠᠬᠤᠢ ᠂  ᠠᠷᠠᠳ᠎ᠢ ᠪᠠᠶᠠᠵᠢᠭᠤᠯᠬᠤ ᠠᠵᠤ ᠦᠢ᠍ᠯᠡᠰ ᠮᠥᠨ ᠂  ᠨᠢᠳᠤᠨᠤᠨ ᠮᠠᠨ᠎ᠤ ᠣᠷᠣᠨ᠎ᠤ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ ᠂  ᠡᠨᠡ ᠵᠢᠯ 2.5 ᠳ᠋ᠦᠩᠰᠢᠭᠤᠷ᠎ᠢ ᠳᠠᠪᠠᠭᠤᠯᠬᠤ᠎ᠪᠠᠷ ᠴᠢᠷᠮᠠᠢ᠌ᠵᠤ ᠂  ᠡᠨᠡ ᠬᠦ᠌ 2.5 ᠳ᠋ᠦᠩᠰᠢᠭᠤᠷ ᠵᠢᠭᠤᠯᠴᠢᠯᠠᠭᠴᠢᠳ᠎ᠤᠨ ᠲᠣᠭᠣᠷᠢᠨ᠎ᠳᠤ ᠵᠢᠭᠤᠯᠴᠢᠯᠠᠯ᠎ᠤᠨ ᠡᠵᠡᠩᠨᠡᠯᠲᠡ ᠵᠢᠨ ᠪᠠᠢ᠌ᠳᠠᠯ᠎ᠢ ᠪᠠᠶᠠᠯᠢᠭᠵᠢᠭᠤᠯᠤᠨ ᠂  ᠦᠢ᠍ᠯᠡᠴᠢᠯᠡᠭᠡ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ ᠂  ᠨᠢᠭᠡ ᠪᠦᠯᠦᠭ 5A ᠳᠡᠰ᠎ᠤᠨ ᠦᠵᠡᠮᠵᠢ ᠵᠢᠨ ᠣᠷᠣᠨ᠎ᠢ ᠡᠭᠦᠳᠦᠨ ᠪᠠᠢ᠌ᠭᠤᠯᠵᠤ ᠂  ᠷᠠᠰᠢᠶᠠᠨ ᠤᠯᠤᠰ᠎ᠤᠨ ᠳᠡᠰ᠎ᠤᠨ ᠵᠢᠭᠤᠯᠴᠢᠯᠠᠯ᠎ᠤᠨ ᠠᠮᠠᠷᠠᠯᠲᠠ ᠵᠢᠨ ᠲᠣᠭᠣᠷᠢᠭ᠎ᠢ ᠰᠠᠢ᠌ᠲᠤᠷ ᠴᠣᠭᠴᠠᠯᠠᠵᠤ ᠂ 《ᠪᠢ ᠲᠠᠯ᠎ᠠ ᠨᠤᠲᠤᠭ᠎ᠲᠠᠢ᠎ᠪᠠᠨ ᠪᠣᠯᠵᠣᠭ᠎ᠠ᠎ᠲᠠᠢ 》  ᠭᠡᠬᠦ ᠣᠨᠴᠠᠯᠢᠭᠲᠤ ᠨᠡᠷᠡᠲᠦ ᠲᠡᠮᠳᠡᠭ᠎ᠢ ᠦᠷᠭᠦᠯᠵᠢᠯᠡᠨ ᠬᠡᠷᠡᠯᠳᠦᠭᠦᠯᠵᠣ ᠂  ᠵᠢᠭᠤᠯᠴᠢᠯᠠᠯ᠎ᠤᠨ 《ᠳᠥᠷᠪᠡᠨ ᠭᠠᠵᠠᠷ 》᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠷᠠᠭᠤᠯᠤᠨ ᠂  ᠵᠢᠭᠤᠯᠴᠢᠯᠠᠭᠴᠢᠳ᠎ᠢ ᠬᠠᠨᠣᠮᠵᠢᠳᠠᠢ ᠵᠢᠭᠤᠯᠴᠢᠯᠠᠭᠤᠯᠤᠨ ᠪᠠᠶᠠᠰᠬᠠᠨ᠎ᠠ ᠃  ᠤᠮᠠᠷᠠᠲᠤ ᠬᠢᠯᠢ ᠵᠢᠨ ᠰᠣᠶᠣᠯ᠎ᠤᠨ ᠨᠡᠷᠡᠲᠦ ᠲᠡᠮᠳᠡᠭ᠎ᠢ ᠴᠤᠤᠷᠢᠶᠠᠲᠤᠭᠤᠯᠤᠨ ᠂  ᠬᠤᠩᠱ᠌ᠠᠨ᠎ᠤ ᠰᠣᠶᠣᠯ ᠂  ᠲᠦᠮᠡᠨ ᠭᠠᠵᠠᠷ᠎ᠤᠨ ᠴᠠᠢ ᠵᠢᠨ ᠠᠶᠠᠨ᠎ᠢ ᠰᠣᠶᠣᠯ᠎ᠤᠨ ᠥᠪ ᠵᠢᠨᠷ ᠭᠤᠶᠤᠴᠢᠯᠠᠬᠤ ᠪᠠ  ᠪᠠᠷᠠᠭᠤᠨ ᠯᠢᠶᠣᠣ ᠾᠧ ᠭᠣᠣᠯ᠎ᠤᠨ ᠳᠤᠮᠳᠠᠳᠤ ᠵᠢᠨ ᠦᠨᠳᠦᠰᠦᠲᠡᠨ᠎ᠤ ᠪᠣᠯᠪᠠᠰᠤᠨ᠎ᠤ ᠡᠭᠦᠰᠦᠯ ᠢᠷᠡᠯᠲᠡ ᠵᠢ ᠬᠠᠢ᠌ᠬᠤ ᠢᠨᠵᠧᠨᠧᠷᠢᠩ᠎ᠢ ᠲᠦᠷᠭᠡᠳᠬᠡᠨ ᠠᠬᠢᠭᠤᠯᠵᠤ ᠂  ᠤᠮᠠᠷᠠᠲᠤ ᠬᠢᠯᠢ ᠵᠢᠨ ᠰᠣᠶᠣᠯ ᠪᠦᠲᠦᠭᠡᠯ᠎ᠤᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ ᠂  ᠨᠢᠭᠡ ᠪᠦᠯᠦᠭ ᠰᠣᠶᠣᠯ᠎ᠤᠨ ᠬᠥᠲᠥᠴᠢ ᠠᠵᠤ ᠦᠢ᠍ᠯᠡᠰ᠎ᠢ ᠴᠣᠭᠴᠠᠯᠠᠨ ᠂  ᠳᠠᠬᠢᠭ᠋ᠠᠣᠨ 《ᠮᠣᠷᠢᠲᠤ ᠴᠡᠷᠢᠭ 》᠂ 《ᠪᠤᠭᠤᠷᠤᠯ ᠲᠡᠦᠬᠡ ᠵᠢᠨ ᠬᠦᠯᠥᠭ᠎ᠤᠨ ᠮᠠᠭᠲᠠᠭ᠋ᠠᠯ 》᠂ 《ᠮᠣᠷᠢᠨ᠎ᠤ ᠬᠤᠩᠬ᠎ᠠ ᠵᠣᠯ ᠵᠢᠷᠭ᠋ᠠᠯ᠎ᠤᠨ ᠳᠠᠭᠤᠤ ᠵᠢ ᠬᠠᠩᠭᠢᠨᠠᠭᠤᠯᠤᠨ᠎ᠠ 》  ᠮᠡᠲᠦ ᠵᠢᠨ ᠨᠢᠭᠡ ᠪᠦᠯᠦᠭ ᠰᠣᠶᠣᠯ ᠤᠷᠠᠯᠢᠭ᠎ᠤᠨ ᠰᠣᠳᠣᠨ ᠪᠦᠲᠦᠭᠡᠯ ᠭᠠᠷᠭ᠋ᠠᠵᠤ ᠂  ᠤᠯᠠᠭ᠋ᠠᠨᠮᠥ᠋ᠴᠢᠷ᠎ᠤᠨ ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ᠎ᠤᠨ ᠦᠢ᠍ᠯᠡᠳᠦᠯ᠎ᠢ ᠪᠠᠳᠠᠷᠠᠭᠤᠯᠵᠤ ᠂  ᠨᠠᠮ᠎ᠤᠨ ᠬᠠᠢ᠌ᠷ᠎ᠠ ᠬᠠᠯᠠᠮᠵᠢ ᠪᠠ  ᠳᠠᠭᠤᠨ ᠬᠣᠭᠣᠯᠠᠢ ᠵᠢ ᠤᠮᠠᠷᠠᠲᠤ ᠬᠢᠯᠢ ᠣᠷᠣᠨ᠎ᠳᠤ ᠳᠠᠭᠤᠷᠢᠰᠤᠭᠤᠯᠤᠨ᠎ᠠ ᠃ 《ᠪᠦᠬᠦ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ 》  ᠡᠬᠢᠯᠡᠮᠡᠷ ᠴᠠᠭ ᠮᠥᠴᠡ᠎ᠳᠤ ᠂  ᠣᠷᠣᠨ ᠳᠠᠶᠠᠭ᠋ᠠᠷ ᠵᠶ᠋ᠠᠨ ᠬᠦᠴᠦᠯᠡᠵᠦ ᠴᠤᠭᠯᠠᠭ᠋ᠠᠨ᠎ᠢ ᠰᠠᠢ᠌ᠲᠤᠷ ᠡᠷᠬᠢᠯᠡᠨ ᠂  ᠨᠢᠭᠡ ᠬᠤᠭᠤᠴᠠᠭ᠋ᠠᠨ᠎ᠤ ᠲᠣᠪᠴᠢ ᠠᠪᠰᠠᠷᠬᠠᠨ ᠂  ᠠᠮᠤᠷ ᠲᠦᠪᠰᠢᠨ ᠂  ᠭᠣᠢ᠌ᠳᠠ ᠰᠠᠢ᠌ᠬᠠᠨ ᠲᠠᠮᠢᠷ᠎ᠤᠨ ᠥᠪᠡᠳᠡᠭᠰᠢ ᠴᠤᠭᠯᠠᠭ᠋ᠠᠨ᠎ᠢ ᠡᠷᠭᠦᠨ ᠳᠡᠪᠰᠢᠭᠦᠯᠵᠦ ᠂  ᠡᠨᠡ ᠬᠦ᠌ ᠲᠠᠰᠢᠷᠠᠮ ᠵᠶ᠋ᠠᠷ ᠮᠥᠰᠥ ᠴᠠᠰᠤᠨ᠎ᠤ ᠠᠵᠤ ᠦᠢ᠍ᠯᠡᠰ᠎ᠢ ᠡᠬᠢᠯᠡᠭᠦᠯᠦᠨ ᠬᠥᠭᠵᠢᠭᠦᠯᠵᠦ ᠂  ᠵᠢᠭᠤᠯᠴᠢᠯᠠᠭᠴᠢᠳ᠎ᠲᠤ ᠮᠥᠰᠥ ᠴᠠᠰᠤᠨ᠎ᠤ ᠪᠠᠶᠠᠷ ᠪᠠᠬᠠᠳᠤᠯ᠎ᠢ ᠬᠠᠨᠳᠤᠯ᠎ᠠ ᠬᠦᠷᠲᠡᠭᠡᠨ ᠂  ᠡᠪᠦᠯ᠎ᠤᠨ ᠤᠯᠠᠷᠢᠯ᠎ᠤᠨ ᠵᠢᠭᠤᠯᠴᠢᠯᠠᠯ᠎ᠳᠤ ᠳᠠᠭᠤᠰᠤᠰᠢ ᠦᠭᠡᠢ ᠬᠠᠯᠠᠭᠤᠨ ᠤᠷᠤᠰᠬᠠᠯ ᠠᠪᠴᠢᠷᠠᠨ᠎ᠠ ᠃

      (ᠳᠥᠷᠪᠡ )  ᠣᠨᠴᠠᠭ᠋ᠠᠢ ᠠᠷᠭ᠎ᠠ ᠬᠡᠮᠵᠢᠶ᠎ᠡ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠠᠬᠢᠭᠤᠯᠤᠨ᠎ᠠ ᠃  ᠤᠯᠠᠮ ᠬᠥᠭᠵᠢᠭᠡᠳᠦᠢ ᠭᠠᠵᠠᠷ ᠣᠷᠣᠨ᠎ᠨᠢ  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠤᠯᠠᠮ ᠴᠢᠬᠤᠯᠠᠴᠢᠯᠠᠵᠤ ᠂  ᠬᠠᠭᠤᠴᠢᠨ ᠠᠪᠲᠠᠯ ᠵᠶ᠋ᠠᠨ ᠤᠯᠠᠮ ᠲᠠᠶᠠᠭᠳᠠᠨ ᠂  ᠵᠤᠷᠰᠢᠯ᠎ᠢ ᠵᠣᠷᠢᠭᠲᠠᠢ ᠡᠪᠳᠡᠵᠦ ᠂  ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠲᠠᠯ᠎ᠠ᠎ᠪᠠᠷ ᠨᠡᠬᠡᠵᠦ ᠭᠦᠢ᠍ᠴᠡᠬᠦ᠎ᠪᠠᠷ ᠴᠢᠷᠮᠠᠢ᠌ᠬᠤ ᠬᠡᠷᠡᠭᠲᠡᠢ ᠃ 

       ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠶᠠᠭᠤᠨ᠎ᠤ ᠤᠷᠢᠳ ᠬᠠᠷᠠᠮ ᠦᠭᠡᠢ᠎ᠪᠠᠷ ᠣᠷᠣᠭᠤᠯᠣᠯᠳᠡ ᠬᠢᠬᠦ ᠬᠡᠷᠡᠭᠲᠡᠢ ᠃  ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠣᠭᠤᠯᠣᠯᠳᠡ ᠵᠢᠨ ᠪᠠᠲᠤᠯᠠᠭ᠋ᠠᠲᠤ ᠨᠡᠮᠡᠭᠳᠡᠯ᠎ᠤᠨ ᠲᠣᠭᠲᠠᠴᠠ ᠵᠢ ᠴᠢᠩᠭ᠎ᠠ ᠨᠠᠢ᠌ᠳᠠᠪᠤᠷᠢᠵᠢᠭᠤᠯᠵᠤ ᠂  ᠡᠯ᠎ᠡ ᠱᠠᠲᠤᠨ᠎ᠤ ᠵᠠᠰᠠᠭ᠎ᠤᠨ ᠣᠷᠳᠣᠨ ᠴᠥᠮ ᠪᠣᠳᠠᠲᠠᠢ ᠵᠣᠭᠣᠰ ᠮᠥᠩᠭᠥ ᠭᠠᠷᠭ᠋ᠠᠵᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠰᠢᠨ᠎ᠡ ᠵᠢ ᠡᠭᠦᠳᠬᠦ ᠵᠢ ᠳᠡᠮᠵᠢᠵᠦ ᠂  ᠠᠵᠤ ᠠᠬᠤᠢ᠌ᠯᠠᠯ ᠂  ᠶᠡᠬᠡ ᠳᠡᠭᠡᠳᠦ ᠰᠤᠷᠭ᠋ᠠᠭᠤᠯᠢ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠵᠣᠷᠢᠭᠲᠠᠢ᠎ᠪᠠᠷ ᠰᠢᠨ᠎ᠡ ᠵᠢ ᠡᠭᠦᠳᠬᠦ᠎ᠳᠤ ᠠᠰᠢᠭᠲᠠᠢ ᠠᠮᠢ ᠠᠬᠤᠢ ᠵᠢᠨ ᠪᠠᠢ᠌ᠳᠠᠯ᠎ᠢ ᠪᠣᠢ ᠪᠣᠯᠭ᠋ᠠᠬᠤ ᠬᠡᠷᠡᠭᠲᠡᠢ ᠃  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢ᠍ᠯᠭᠡᠭᠡᠨ᠎ᠤ ᠠᠵᠢᠯ᠎ᠢ ᠬᠦᠴᠦᠯᠡᠨ ᠰᠠᠢ᠌ᠲᠤᠷ ᠠᠳᠬᠤᠵᠤ ᠂  ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠵᠢᠯᠤᠭᠣᠳᠴᠤ ᠪᠠᠢ᠌ᠭ᠋ᠠᠳ ᠰᠢᠨ᠎ᠡ ᠵᠢ ᠡᠭᠦᠳᠬᠦ ᠪᠠ  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢ᠍ᠯᠭᠡᠭᠡᠨ᠎ᠤ ᠨᠡᠷᠡᠳᠬᠦᠨ᠎ᠢ ᠪᠠᠶᠠᠯᠢᠭᠵᠢᠭᠤᠯᠵᠤ ᠂  ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠤ ᠵᠠᠮᠴᠢᠯᠠᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠵᠤ ᠂  ᠠᠳᠠᠯ ᠦᠢ᠍ᠯᠡᠰ ᠴᠣᠭᠴᠠᠯᠠᠬᠤ ᠪᠡᠯᠡ ᠣᠷᠣᠭᠤᠯᠣᠯᠳᠡ ᠂  ᠰᠲ᠋ᠣᠺ᠎ᠤᠨ ᠡᠷᠬᠡ ᠵᠢᠨ ᠪᠡᠯᠡ ᠣᠷᠣᠭᠤᠯᠣᠯᠳᠡ ᠵᠢ ᠬᠥᠭᠵᠢᠭᠦᠯᠬᠦ ᠵᠢ ᠵᠣᠷᠢᠭᠵᠢᠭᠤᠯᠤᠨ ᠂  ᠲᠦᠭᠰᠢᠭᠦᠷᠢᠲᠦ ᠪᠡᠯᠡ ᠣᠷᠣᠭᠤᠯᠣᠯᠳᠡ ᠵᠢᠨ ᠰᠠᠭᠤᠷᠢ ᠮᠥᠩᠭᠥ ᠵᠢ ᠣᠷᠣᠭᠤᠯᠤᠨ ᠠᠪᠴᠢᠷᠠᠵᠤ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠠᠵᠤ ᠠᠬᠤᠢ᠌ᠯᠠᠯ᠎ᠤᠨ ᠪᠦᠭᠦ ᠦᠶᠡᠯᠡᠯ᠎ᠤᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢᠨ ᠲᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠵᠤ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ 《ᠦᠷ᠎ᠡ 》᠎ᠳᠤ ᠨᠡᠩ ᠣᠯᠠᠨ ᠮᠥᠩᠭᠥᠨ ᠭᠦᠢ᠍ᠯᠭᠡᠭᠡᠨ᠎ᠤ ᠤᠷᠤᠰᠬᠠᠯ ᠣᠰᠣᠨ᠎ᠤ ᠰᠢᠮ᠎ᠡ ᠲᠡᠵᠢᠭᠡᠯ ᠬᠠᠩᠭ᠋ᠠᠨ᠎ᠠ ᠃ 

       ᠡᠬᠢ ᠪᠠᠶᠠᠯᠢᠭ᠎ᠤᠨ ᠬᠦᠴᠦᠨ ᠴᠢᠳᠠᠯ᠎ᠢ ᠲᠥᠪᠯᠡᠷᠡᠭᠦᠯᠦᠨ ᠰᠢᠨᠵᠢᠯᠡᠬᠦ  ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠠᠪᠴᠠᠩ᠎ᠢ ᠬᠦᠴᠦᠷᠬᠡᠭᠵᠢᠭᠦᠯᠦᠨ ᠪᠠᠢ᠌ᠭᠤᠯᠤᠨ᠎ᠠ ᠃ 《ᠤᠯᠤᠰ᠎ᠤᠨ ᠠᠩᠭᠢ 》 ᠵᠢ ᠪᠤᠵᠠᠭ᠋ᠠᠢ᠌ᠷᠠᠭᠤᠯᠬᠤ ᠬᠡᠷᠡᠭᠲᠡᠢ ᠂  ᠬᠦᠬᠡᠬᠤᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ ᠂  ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ ᠪᠠ  ᠡᠪᠡᠰᠦᠨ᠎ᠤ ᠦᠢ᠍ᠯᠡᠰ᠎ᠤᠨ ᠤᠯᠤᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠢ ᠪᠦᠬᠦ ᠬᠦᠴᠦᠨ ᠵᠶ᠋ᠠᠷ ᠵᠢᠨᠨ ᠡᠭᠦᠳᠦᠨ ᠪᠠᠢ᠌ᠭᠤᠯᠵᠤ ᠂  ᠤᠯᠤᠰ᠎ᠤᠨ  ᠰᠦ  ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠤᠨ ᠬᠣᠶᠠᠳᠤᠭ᠋ᠠᠷ ᠬᠤᠭᠤᠴᠠᠭ᠋ᠠᠨ᠎ᠤ ᠲᠦᠷᠣᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ ᠂  ᠲᠠᠯ᠎ᠠ ᠨᠤᠲᠤᠭ᠎ᠤᠨ ᠭᠡᠷ᠎ᠤᠨ ᠲᠡᠵᠢᠭᠡᠪᠦᠷᠢ ᠵᠢᠨ ᠡᠭᠦᠯᠳᠡᠷ ᠪᠣᠢ᠌ᠵᠢᠭᠤᠯᠬᠤ ᠂  ᠲᠠᠯ᠎ᠠ ᠨᠤᠲᠤᠭ᠎ᠤᠨ ᠠᠮᠢ ᠠᠬᠤᠢ ᠵᠢᠨ ᠬᠠᠮᠠᠭ᠋ᠠᠯᠠᠯᠲᠠ ᠬᠢᠭᠡᠳ ᠠᠰᠢᠭᠯᠠᠯᠲᠠ ᠵᠢᠨ ᠪᠦᠬᠦ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠪᠣᠢ᠌ᠵᠢᠭᠤᠯᠤᠨ᠎ᠠ ᠃ 《ᠣᠷᠣᠨ ᠨᠤᠲᠤᠭ᠎ᠤᠨ ᠠᠩᠭᠢ 》 ᠵᠢ ᠬᠦᠴᠦᠷᠬᠡᠭᠵᠢᠭᠦᠯᠬᠦ ᠬᠡᠷᠡᠭᠲᠡᠢ ᠂  ᠥᠪᠡᠷᠲᠡᠭᠡᠨ ᠵᠠᠰᠠᠬᠤ ᠣᠷᠣᠨ᠎ᠤ ᠲᠤᠷᠰᠢᠯᠲᠠ ᠵᠢᠨ ᠲᠠᠰᠤᠭ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠭᠠᠵᠠᠷ ᠂  ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠂  ᠪᠡᠭᠡᠵᠢᠩ ᠶᠡᠬᠡ ᠰᠤᠷᠭ᠋ᠠᠭᠤᠯᠢ ᠵᠢᠨ ᠣᠷᠳᠣᠰ᠎ᠲᠠᠬᠢ ᠡᠨᠧᠷᠬᠢ ᠵᠢᠨ ᠰᠤᠳᠤᠯᠭ᠋ᠠᠨ᠎ᠤ ᠬᠦᠷᠢᠶᠡᠯᠡᠩ ᠵᠡᠷᠭᠡ ᠪᠠᠢ᠌ᠭᠤᠯᠤᠮᠵᠢ᠎ᠨᠢ  ᠵᠣᠷᠢᠭᠲᠠᠢ ᠬᠢᠵᠦ ᠲᠤᠷᠰᠢᠨ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠴᠦᠨ᠎ᠢ ᠪᠤᠵᠠᠭ᠋ᠠᠢ᠌ᠷᠠᠭᠤᠯᠤᠨ ᠂  ᠴᠠᠭ᠋ᠠᠷᠠᠭᠰᠠᠨ ᠦᠷ᠎ᠡ ᠪᠥᠲᠥᠮᠵᠢ ᠭᠠᠷᠭ᠋ᠠᠬᠤ ᠬᠡᠷᠡᠭᠲᠡᠢ ;  ᠮᠧᠩ ᠺᠧ ᠵᠢᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠠᠪᠴᠠᠩ᠎ᠨᠢ 《ᠪᠥᠭᠡᠭᠡᠨᠡᠷᠡᠯ 》᠎ᠤᠨ ᠦᠢ᠍ᠯᠡᠳᠦᠯ ᠵᠶ᠋ᠠᠨ ᠪᠠᠳᠠᠷᠠᠭᠤᠯᠵᠤ ᠂ 《ᠨᠡᠢ᠌ᠯᠡᠯᠲᠡ 》 ᠵᠢᠨ ᠦᠢ᠍ᠯᠡᠳᠦᠯ ᠵᠶ᠋ᠠᠨ ᠭᠠᠷᠭ᠋ᠠᠵᠤ ᠂  ᠠᠵᠤ ᠠᠬᠤᠢ᠌ᠯᠠᠯ ᠂  ᠶᠡᠬᠡ ᠳᠡᠭᠡᠳᠦ ᠰᠤᠷᠭ᠋ᠠᠭᠤᠯᠢ ᠂  ᠬᠦᠷᠢᠶᠡᠯᠡᠩ ᠭᠠᠵᠠᠷ᠎ᠢ ᠬᠠᠮᠲᠤᠳᠬᠠᠨ ᠂  ᠠᠵᠤ ᠦᠢ᠍ᠯᠡᠰ᠎ᠤᠨ ᠬᠡᠯᠬᠢᠶ᠎ᠡ ᠂  ᠰᠢᠨ᠎ᠡ ᠡᠭᠦᠳᠦᠯᠲᠡ ᠵᠢᠨ ᠬᠡᠯᠬᠢᠶ᠎ᠡ ᠂  ᠪᠡᠯᠡ ᠮᠥᠩᠭᠥᠨ᠎ᠤ ᠬᠡᠯᠬᠢᠶ᠎ᠡ ᠂  ᠴᠢᠳᠠᠪᠤᠷᠢᠲᠠᠨ᠎ᠤ ᠬᠡᠯᠬᠢᠶ᠎ᠡ ᠂  ᠮᠡᠳᠡᠭᠡ ᠵᠠᠩᠭᠢ ᠵᠢᠨ ᠬᠡᠯᠬᠢᠶ᠎ᠡ ᠵᠢ ᠬᠤᠷᠠᠭᠤᠯᠬᠤ ᠬᠡᠷᠡᠭᠲᠡᠢ ᠃  ᠣᠨᠴᠠᠭ᠋ᠠᠢ᠌ᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ 》  ᠢᠨᠵᠧᠨᠧᠷᠢᠩ᠎ᠢ ᠶᠡᠬᠡ᠎ᠪᠠᠷ ᠬᠡᠷᠡᠭᠵᠢᠭᠦᠯᠵᠦ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠠᠵᠤ ᠦᠢ᠍ᠯᠡᠰ᠎ᠤᠨ ᠰᠢᠨ᠎ᠡ ᠡᠭᠦᠳᠦᠯᠲᠡ ᠵᠢ ᠠᠬᠢᠭᠤᠯᠵᠤ ᠂  ᠴᠡᠭ ᠪᠠᠢ᠌ᠷᠢᠯᠠᠯ ᠵᠶ᠋ᠠᠨ ᠣᠯᠵᠤ ᠂  ᠪᠦᠯᠭᠦᠮ ᠨᠠᠢ᠍ᠢ᠍ᠳᠡ᠎ᠪᠠᠨ ᠣᠯᠵᠤ ᠂  ᠵᠠᠭᠪᠤᠷ ᠵᠶ᠋ᠠᠨ ᠵᠥᠪ ᠣᠯᠵᠤ ᠂  ᠤᠰᠤᠲᠥ᠋ᠷᠥᠭᠴᠢᠲᠤ ᠡᠨᠧᠷᠬᠢ ᠂  ᠰᠢᠨ᠎ᠡ ᠬᠡᠯᠪᠡᠷᠢ ᠵᠢᠨ ᠡᠨᠧᠷᠬᠢ ᠨᠥᠭᠡᠴᠡᠯᠡᠬᠦ ᠂  ᠬᠣᠪᠣᠷ ᠰᠢᠷᠣᠢ ᠵᠢᠨ ᠰᠢᠨ᠎ᠡ ᠮᠠᠲ᠋ᠧᠷᠢᠶᠡᠯ᠎ᠳᠤ ᠠᠩᠬᠠᠷᠤᠯ ᠵᠢᠨᠨ ᠲᠥᠪᠯᠡᠷᠡᠭᠦᠯᠦᠨ ᠂  ᠪᠦᠭᠦ ᠤᠯᠤᠰ ᠴᠢᠨᠠᠭᠰᠢᠯᠠᠨ ᠳᠡᠯᠡᠬᠡᠢ᠎ᠳᠤ ᠣᠷᠣᠢ᠌ᠯᠠᠭᠰᠠᠨ ᠲᠤᠰᠬᠠᠢ ᠮᠡᠷᠭᠡᠵᠢᠯᠲᠡᠨ᠎ᠤ ᠪᠦᠯᠭᠦᠮ᠎ᠢ ᠣᠷᠣᠭᠤᠯᠤᠨ ᠠᠪᠴᠢᠷᠠᠵᠤ ᠂  ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠯᠦᠭᠡ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠵᠤ ᠂  ᠰᠢᠨ᠎ᠡ ᠮᠡᠷᠭᠡᠵᠢᠯ ᠂  ᠰᠢᠨ᠎ᠡ ᠵᠠᠭᠪᠤᠷ ᠵᠡᠷᠭᠡ ᠲᠠᠯ᠎ᠠ᠎ᠪᠠᠷ ᠪᠦᠬᠦ ᠬᠦᠴᠦᠨ ᠵᠶ᠋ᠠᠷ ᠵᠶ᠋ᠠᠨ ᠰᠢᠪᠲᠤᠯᠤᠯᠲᠠ ᠭᠠᠷᠭ᠋ᠠᠨ᠎ᠠ ᠃ 

       ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠣᠯᠯᠠᠬᠤ ᠴᠡᠷᠢᠭ ᠪᠣᠯᠬᠤ ᠵᠢ ᠪᠦᠭᠦ ᠬᠦᠴᠦᠨ ᠵᠶ᠋ᠠᠷ ᠵᠢᠨᠨ ᠳᠡᠮᠵᠢᠨ᠎ᠡ ᠃ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠢ᠌ᠯᠠᠯ –  ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ –  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠠᠭ᠋ᠠᠭᠤᠯᠤᠭᠴᠢ ᠠᠵᠤ ᠠᠬᠤᠢ᠌ᠯᠠᠯ 》᠎ᠤᠨ ᠱᠠᠲᠤᠯᠢᠭ ᠬᠡᠯᠪᠡᠷᠢ ᠪᠦᠬᠦᠢ ᠪᠣᠢ᠌ᠵᠢᠭᠤᠯᠬᠤ ᠲᠣᠭᠲᠠᠯᠴᠠᠭ᠎ᠠ ᠵᠢ ᠪᠠᠢ᠌ᠭᠤᠯᠤᠨ ᠂  ᠬᠥᠲᠥᠴᠢ ᠠᠵᠤ ᠠᠬᠤᠢ᠌ᠯᠠᠯ ᠂  ᠬᠡᠯᠬᠢᠶ᠎ᠡ ᠵᠢᠨ ᠭᠣᠣᠯ ᠪᠣᠯᠬᠤ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠵᠣᠬᠢᠶᠠᠨ ᠪᠠᠢ᠍ᠢ᠍ᠭᠤᠯᠬᠤ ᠵᠢ ᠳᠡᠮᠵᠢᠵᠦ ᠂  ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠢ 2000 ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠢ᠌ᠯᠠᠯ᠎ᠢ 3000᠎ᠳᠤ ᠬᠦᠷᠦᠭᠦᠯᠬᠦ᠎ᠪᠠᠷ ᠴᠢᠷᠮᠠᠢ᠌ᠨ᠎ᠠ ᠃  ᠠᠵᠤ ᠠᠬᠤᠢ᠌ᠯᠠᠯ ᠵᠶ᠋ᠠᠷ ᠭᠣᠣᠯᠯᠠᠭᠤᠯᠤᠭᠰᠠᠨ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢᠨ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠨᠡᠯᠡᠯᠲᠡ ᠬᠢᠬᠦ ᠂  ᠰᠢᠨᠵᠢᠯᠡᠬᠦ ᠤᠬᠠᠭ᠋ᠠᠨ ᠰᠤᠳᠤᠯᠭ᠋ᠠᠨ᠎ᠤ ᠲᠦᠷᠣᠯ ᠵᠦᠢ᠍ᠯ ᠪᠠ  ᠵᠠᠷᠤᠳᠠᠯ᠎ᠤᠨ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠂ 《ᠵᠠᠷᠯᠠᠯ ᠨᠡᠢ᠌ᠲᠡᠯᠡᠵᠦ ᠬᠣᠰᠢᠭᠤᠷᠠᠨ ᠠᠵᠢᠯᠯᠠᠬᠤ 》  ᠲᠣᠭᠲᠠᠴᠠ ᠵᠢ ᠪᠦᠷᠢᠨᠰᠢᠭᠦᠯᠦᠨ ᠂  ᠡᠯ᠎ᠡ ᠲᠦᠷᠣᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠰᠠᠭᠤᠷᠢᠨ ᠭᠠᠵᠠᠷ ᠂  ᠵᠠᠪᠰᠠᠷ᠎ᠤᠨ ᠰᠢᠯᠭ᠋ᠠᠯᠲᠠ ᠵᠢᠨ ᠣᠯᠠᠨ ᠨᠡᠢ᠍ᠢ᠍ᠲᠡ ᠵᠢᠨ ᠦᠢ᠍ᠯᠡᠴᠢᠯᠡᠭᠡᠨ᠎ᠤ ᠲᠠᠪᠴᠠᠩ ᠪᠠ  ᠬᠡᠷᠡᠭᠯᠡᠭᠡᠨ᠎ᠤ ᠰᠢᠯᠭ᠋ᠠᠯᠲᠠ ᠵᠢᠨ ᠲᠠᠪᠴᠠᠩ᠎ᠢ ᠪᠠᠢ᠌ᠷᠢᠰᠢᠭᠤᠯᠤᠨ ᠪᠠᠢ᠍ᠢ᠍ᠭᠤᠯᠬᠤ ᠵᠢ ᠵᠣᠷᠢᠭᠵᠢᠭᠤᠯᠵᠤ ᠂ 《ᠰᠢᠨᠵᠢᠯᠡᠬᠦ ᠤᠬᠠᠭ᠋ᠠᠨᠲᠠᠨ + ᠢᠨᠵᠧᠨᠧᠷ + ᠠᠵᠤ ᠠᠬᠤᠢ᠌ᠯᠠᠯᠲᠠᠨ 》᠎ᠤ ᠵᠠᠭᠪᠤᠷ᠎ᠢ ᠬᠡᠷᠡᠭᠵᠢᠭᠦᠯᠦᠨ ᠂  ᠲᠤᠰᠬᠠᠢ ᠠᠰᠢᠭ᠎ᠢ ᠤᠯᠠᠷᠢᠭᠤᠯᠤᠨ ᠬᠡᠷᠡᠭᠯᠡᠬᠦ ᠲᠤᠰᠬᠠᠢ ᠵᠦᠢ᠍ᠯ᠎ᠤᠨ ᠠᠵᠢᠯᠯᠠᠭ᠋ᠠᠨ᠎ᠢ ᠥᠷᠨᠢᠭᠦᠯᠵᠦ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ 《ᠲᠤᠷᠰᠢᠯᠲᠠ ᠵᠢᠨ ᠲᠠᠰᠤᠭ 》᠎ᠠᠴᠠ 《ᠦᠢ᠍ᠯᠡᠳᠪᠦᠷᠢᠯᠡᠯ᠎ᠤᠨ ᠱᠤᠭᠤᠮ 》᠎ᠳᠤ ᠭᠠᠷᠭ᠋ᠠᠬᠤ ᠬᠡᠷᠡᠭᠲᠡᠢ ᠃ 

       ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠤᠷᠮ᠎ᠠ ᠵᠣᠷᠢᠭ ᠵᠶ᠋ᠠᠷ ᠴᠢᠳᠠᠪᠤᠷᠢᠲᠠᠨ ᠤᠷᠢᠵᠤ ᠤᠶᠤᠨ ᠤᠬᠠᠭ᠋ᠠᠨ᠎ᠢ ᠲᠥᠪᠯᠡᠷᠡᠭᠦᠯᠦᠨ᠎ᠡ ᠃  ᠴᠢᠳᠠᠪᠤᠷᠢᠲᠠᠨ᠎ᠢ ᠥᠮᠴᠢᠷᠬᠡᠬᠦ ᠵᠢ ᠪᠣᠳᠣᠬᠤ ᠦᠭᠡᠢ ᠂  ᠪᠠᠢ᠌ᠵᠤ ᠲᠣᠭᠲᠠᠬᠤ᠎ᠪᠠᠷ ᠱᠠᠭ᠋ᠠᠷᠳᠠᠬᠤ ᠦᠭᠡᠢ ᠂  ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠂  ᠨᠥᠬᠥᠴᠡᠯ ᠪᠣᠯᠣᠮᠵᠢ ᠪᠦᠷᠢᠯᠳᠦᠭᠦᠯᠦᠨ ᠴᠢᠳᠠᠪᠤᠷᠢᠲᠠᠳ᠎ᠢ ᠲᠠᠲᠠᠬᠤ᠎ᠪᠠᠷ ᠪᠠᠷᠠᠬᠤ ᠦᠭᠡᠢ ᠂  ᠪᠠᠰᠠ ᠡᠷᠳᠡᠮ ᠴᠢᠳᠠᠪᠤᠷᠢ᠎ᠪᠠᠨ ᠪᠠᠳᠠᠷᠠᠭᠤᠯᠬᠤ ᠣᠷᠴᠢᠨ ᠨᠥᠬᠥᠴᠡᠯ᠎ᠢ ᠪᠦᠷᠢᠯᠳᠦᠭᠦᠯᠵᠦ ᠂  ᠥᠪᠡᠷᠲᠡᠭᠡᠨ ᠵᠠᠰᠠᠬᠤ ᠣᠷᠣᠨ᠎ᠤ ᠪᠡᠭᠡᠵᠢᠩ ᠱᠠᠩᠬᠠᠢ ᠵᠧᠵᠢᠶᠠᠩ ᠵᠡᠷᠭᠡ ᠭᠠᠵᠠᠷ᠎ᠲᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠤᠭᠤᠷᠴᠤᠭ ᠬᠠᠷᠢᠶ᠎ᠠ ᠭᠠᠵᠠᠷ᠎ᠢ ᠰᠠᠢ᠌ᠲᠤᠷ ᠴᠣᠭᠴᠠᠯᠠᠵᠤ ᠂  ᠣᠷᠣᠨ ᠨᠤᠲᠤᠭ ᠪᠠ  ᠠᠵᠤ ᠠᠬᠤᠢ᠌ᠯᠠᠯ᠎ᠤᠨ ᠳᠠᠪᠰᠢᠭᠰᠠᠨ ᠭᠠᠵᠠᠷ ᠣᠷᠣᠨ᠎ᠳᠤ ᠴᠢᠳᠠᠪᠤᠷᠢᠲᠠᠨ᠎ᠤ ᠤᠭᠤᠷᠴᠤᠭ ᠬᠠᠷᠢᠶ᠎ᠠ ᠭᠠᠵᠠᠷ ᠪᠦᠲᠦᠭᠡᠨ ᠪᠠᠢ᠍ᠢ᠍ᠭᠤᠯᠬᠤ ᠵᠢ ᠵᠣᠷᠢᠭᠵᠢᠭᠤᠯᠤᠨ ᠲᠡᠮᠵᠢᠵᠦ ᠂  ᠢᠯᠢ ᠪᠦᠯᠦᠭᠯᠡᠯ᠎ᠤᠨ ᠡᠸᠦ᠋ᠷᠦᠫᠡ᠎ᠳᠠᠬᠢ ᠰᠤᠳᠤᠯᠤᠨ ᠨᠡᠭᠡᠭᠡᠬᠦ ᠲᠥᠪ ᠂  ᠣᠷᠳᠣᠰ ᠪᠦᠯᠦᠭᠯᠡᠯ᠎ᠤᠨ ᠱᠠᠩᠬᠠᠢ᠎ᠳᠠᠬᠢ ᠰᠤᠳᠤᠯᠤᠨ ᠨᠡᠭᠡᠭᠡᠬᠦ ᠲᠥᠪ ᠵᠡᠷᠭᠡ ᠵᠠᠭᠪᠤᠷ᠎ᠢ ᠳᠡᠯᠭᠡᠷᠡᠭᠦᠯᠵᠦ ᠂  ᠰᠢ ᠠᠨ᠎ᠤ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠡᠷᠭᠡ ᠶᠡᠬᠡ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ᠎ᠯᠤᠭ᠎ᠠ ᠬᠠᠮᠲᠤᠷᠠᠯᠴᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠠ  ᠠᠵᠤ ᠦᠢ᠍ᠯᠡᠰ᠎ᠤᠨ ᠬᠡᠷᠡᠭᠯᠡᠭᠡᠨ᠎ᠤ 《ᠬᠣᠣᠰ ᠴᠢᠭᠯᠡᠯᠲᠦ ᠤᠭᠤᠷᠴᠤᠭ ᠬᠠᠷᠢᠶ᠎ᠠ ᠭᠠᠵᠠᠷ 》᠎ᠢ ᠬᠠᠮᠲᠤ᠎ᠪᠠᠷ ᠪᠦᠲᠦᠭᠡᠨ ᠪᠠᠢ᠍ᠢ᠍ᠭᠤᠯᠬᠤ᠎ᠪᠠᠨ ᠲᠦᠷᠭᠡᠳᠬᠡᠨ᠎ᠡ ᠃

      (ᠲᠠᠪᠤ )  ᠥᠪᠥᠷ ᠮᠣᠩᠭᠣᠯ᠎ᠤᠨ ᠣᠨᠴᠠᠯᠢᠭ᠎ᠲᠠᠢ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠬᠢᠨᠠᠮᠠᠭ᠋ᠠᠢ ᠴᠣᠭᠴᠠᠯᠠᠨ᠎ᠠ ᠃  ᠣᠳᠣᠬᠢᠴᠢᠯᠠᠭᠰᠠᠨ ᠥᠪᠥᠷ ᠮᠣᠩᠭᠣᠯ᠎ᠢ ᠪᠦᠲᠦᠭᠡᠨ ᠪᠠᠢ᠍ᠢ᠍ᠭᠤᠯᠬᠤ ᠵᠢᠨ ᠦᠨᠳᠦᠰᠦ᠎ᠨᠢ  ᠪᠣᠳᠠᠲᠤ ᠴᠣᠭᠴᠠ ᠵᠢᠨ ᠠᠵᠤ ᠠᠬᠤᠢ᠎ᠳᠤ ᠪᠠᠢ᠌ᠵᠤ ᠂  ᠵᠠᠩᠭᠢᠯᠠᠭ᠎ᠠ᠎ᠨᠢ  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠪᠠᠢ᠌ᠵᠤ ᠂  ᠴᠢᠭᠯᠡᠯ᠎ᠨᠢ  ᠠᠵᠤ ᠦᠢ᠍ᠯᠡᠰ᠎ᠢ ᠳᠡᠰ ᠳᠡᠪᠰᠢᠭᠦᠯᠬᠦ᠎ᠳᠤ ᠪᠠᠢ᠌ᠨ᠎ᠠ ᠃ 《ᠬᠣᠶᠠᠷ ᠰᠠᠭᠤᠷᠢᠨ ᠭᠠᠵᠠᠷ 》᠎ᠲᠤ ᠠᠩᠬᠠᠷᠤᠯ ᠵᠢᠨᠨ ᠲᠥᠪᠯᠡᠷᠡᠭᠦᠯᠦᠨ ᠂ 《ᠭᠤᠷᠪᠠᠨ ᠶᠡᠬᠡ ᠳᠠᠪᠠᠭᠤᠯᠢᠭ 》᠎ᠢ ᠪᠠᠳᠠᠷᠠᠭᠤᠯᠵᠤ ᠂  ᠲᠠᠷᠢᠶᠠᠯᠠᠩ ᠮᠠᠯ ᠠᠵᠤ ᠠᠬᠤᠢ ᠵᠢᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠭᠦ ᠂  ᠠᠵᠤ ᠦᠢ᠍ᠯᠡᠳᠪᠦᠷᠢᠵᠢᠯᠲᠡ ᠵᠢᠨ ᠬᠦᠨᠳᠦ ᠡᠭᠦᠷᠭᠡ ᠡᠭᠦᠷᠭᠡᠯᠡᠬᠦ ᠂  ᠰᠢᠨ᠎ᠡ ᠡᠨᠧᠷᠭᠢ ᠵᠢᠨ ᠭᠣᠣᠯᠯᠠᠬᠤ ᠂  ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠳᠡᠰ ᠳᠡᠪᠰᠢᠬᠦ ᠵᠢ᠎ᠨᠢ  ᠠᠬᠢᠭᠤᠯᠤᠨ᠎ᠠ ᠃ 

       ᠲᠠᠷᠢᠶᠠᠯᠠᠩ ᠮᠠᠯ ᠠᠵᠤ ᠠᠬᠤᠢ᠎ᠨᠢ  ᠣᠳᠣᠬᠢᠴᠢᠯᠠᠭᠰᠠᠨ ᠶᠡᠬᠡ ᠠᠵᠤ ᠦᠢ᠍ᠯᠡᠰ᠎ᠢ ᠴᠣᠭᠴᠠᠯᠠᠬᠤ ᠪᠠ  ᠠᠵᠤ ᠦᠢ᠍ᠯᠡᠰ᠎ᠤᠨ ᠬᠦᠴᠦᠷᠬᠡᠭ ᠣᠷᠣᠨ᠎ᠢ ᠪᠦᠲᠦᠭᠡᠨ ᠪᠠᠢ᠍ᠢ᠍ᠭᠤᠯᠬᠤ᠎ᠪᠠᠷ ᠬᠠᠷᠠᠯᠲᠠ ᠪᠣᠯᠭ᠋ᠠᠨ ᠬᠦᠴᠦᠯᠡᠬᠦ ᠬᠡᠷᠡᠭᠲᠡᠢ ᠃  ᠶᠡᠬᠡ ᠲᠠᠷᠢᠶᠠᠯᠠᠩ᠎ᠤᠨ ᠦᠵᠡᠯᠲᠡ ᠵᠢ ᠪᠠᠲᠤ ᠴᠣᠭᠴᠠᠯᠠᠵᠤ ᠂  ᠬᠡᠪᠴᠢᠶᠡᠵᠢᠭᠦᠯᠬᠦ ᠂  ᠠᠵᠤ ᠦᠢ᠍ᠯᠡᠰᠵᠢᠭᠦᠯᠬᠦ ᠂  ᠨᠡᠷᠡᠲᠤ ᠲᠡᠮᠳᠡᠭᠵᠢᠭᠦᠯᠬᠦ ᠳᠡᠭᠡᠷ᠎ᠡ ᠬᠦᠴᠦ ᠵᠠᠷᠤᠴᠠᠭᠤᠯᠵᠤ ᠂  ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠬᠦᠨ᠎ᠤ ᠥᠷᠲᠡᠭ᠎ᠢ ᠲᠦᠮᠡᠨ ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ ᠵᠢ ᠠᠬᠢᠭᠤᠯᠤᠨ᠎ᠠ ᠃  ᠲᠠᠷᠢᠶᠠᠯᠠᠩ ᠮᠠᠯ ᠠᠵᠤ ᠠᠬᠤᠢ ᠵᠢ ᠲᠠᠷᠠᠬᠠᠢ ᠪᠤᠲᠠᠷᠬᠠᠢ ᠪᠠᠢ᠌ᠭᠰᠠᠨ᠎ᠠᠴᠠ᠎ᠨᠢ  ᠡᠷᠴᠢᠮᠵᠢᠭᠦᠯᠬᠦ ᠲᠡᠢ᠌ᠰᠢ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ ᠃  ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠪᠠ  ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂  ᠠᠮᠤ ᠪᠤᠳᠠᠭ᠎ᠠ ᠲᠠᠷᠢᠬᠤ ᠲᠠᠯᠠᠪᠠᠢ ᠵᠢ ᠲᠣᠭᠲᠠᠪᠤᠷᠢᠵᠢᠭᠤᠯᠤᠨ ᠂  ᠬᠡᠪᠴᠢᠶᠡᠵᠢᠭᠦᠯᠦᠭᠰᠡᠨ ᠡᠵᠡᠩᠨᠡᠯᠲᠡ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠲᠦᠷᠭᠡᠳᠬᠡᠨ ᠠᠬᠢᠭᠤᠯᠵᠤ ᠂  ᠪᠡᠯᠡᠳᠭᠡᠮᠵᠢᠲᠦ ᠲᠠᠷᠢᠶᠠᠯᠠᠩ ᠂  ᠬᠠᠰᠢᠶᠠᠯᠠᠨ ᠲᠡᠵᠢᠭᠡᠬᠦ ᠬᠣᠷᠢᠵᠤ ᠲᠡᠵᠢᠭᠡᠬᠦ ᠂  ᠬᠦᠷᠢᠶᠡᠨ ᠠᠵᠤ ᠠᠬᠤᠢ ᠵᠢ ᠬᠥᠭᠵᠢᠭᠦᠯᠬᠦ᠎ᠪᠠᠨ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠵᠦ ᠂  ᠪᠣᠷᠣᠳᠣᠬᠣᠢ ᠵᠢᠨ ᠤᠰᠤᠯᠠᠯᠲᠠ ᠵᠢᠨ ᠣᠷᠣᠨ᠎ᠢ ᠣᠳᠣᠬᠢᠴᠢᠯᠠᠨ ᠥᠭᠡᠷᠡᠴᠢᠯᠡᠵᠦ ᠰᠢᠨᠡᠳᠬᠡᠬᠦ ᠂  ᠤᠯᠤᠰ᠎ᠤᠨ ᠬᠤᠵᠢᠷᠰᠢᠭᠰᠠᠨ ᠭᠠᠵᠠᠷ᠎ᠢ ᠥᠭᠡᠷᠡᠴᠢᠯᠡᠨ ᠰᠠᠢ᠌ᠵᠢᠷᠠᠭᠤᠯᠵᠤ ᠶᠡᠷᠦᠩᠬᠡᠢ᠌ᠯᠡᠨ ᠠᠰᠢᠭᠯᠠᠬᠤ ᠲᠤᠷᠰᠢᠯᠲᠠ ᠵᠢᠨ ᠴᠡᠭ᠎ᠢ ᠠᠬᠢᠭᠤᠯᠵᠤ ᠂  ᠬᠢᠩᠭ᠋ᠠᠨ ᠠᠢ᠌ᠮᠠᠭ᠎ᠤᠨ ᠣᠳᠣ ᠦᠶ᠎ᠡ ᠵᠢᠨ ᠮᠠᠯ ᠠᠵᠤ ᠠᠬᠤᠢ ᠵᠢᠨ ᠲᠤᠷᠰᠢᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠳᠡᠮᠵᠢᠵᠦ ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 850 ᠲᠦᠮᠡᠨ ᠮᠦ᠍ ᠰᠢᠨ᠎ᠡ᠎ᠪᠠᠷ ᠪᠠᠢ᠌ᠭᠤᠯᠤᠨ ᠂  ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠢᠨᠵᠧᠨᠧᠷᠢᠩ᠎ᠢ 900 ᠲᠦᠮᠡᠨ ᠮᠦ᠍ ᠬᠡᠷᠡᠭᠵᠢᠭᠦᠯᠵᠦ ᠂  ᠪᠡᠯᠡᠳᠭᠡᠮᠵᠢᠲᠦ ᠲᠠᠷᠢᠶᠠᠯᠠᠩ᠎ᠢ 24 ᠲᠦᠮᠡᠨ ᠮᠦ᠍ ᠰᠢᠨ᠎ᠡ᠎ᠪᠠᠷ ᠪᠠᠢ᠌ᠭᠤᠯᠤᠨ ᠂  ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠵᠢ 200 ᠰᠠᠢ᠌ᠵᠢᠷᠠᠭᠤᠯᠤᠨ ᠥᠭᠡᠷᠡᠴᠢᠯᠡᠵᠦ ᠂  ᠡᠯᠪᠡᠭ ᠬᠤᠷᠢᠶᠠᠯᠲᠠ᠎ᠲᠠᠢ ᠵᠢᠯ᠎ᠢ ᠳᠠᠬᠢᠨ ᠡᠭᠦᠳᠬᠦ᠎ᠪᠠᠷ ᠴᠢᠷᠮᠠᠢ᠌ᠵᠤ ᠂  ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠨᠡᠩ ᠢᠯᠡᠭᠦᠦ ᠥᠪᠥᠷ ᠮᠣᠩᠭᠣᠯ᠎ᠤᠨ ᠬᠦᠴᠦᠨ ᠴᠢᠳᠠᠯ ᠵᠶ᠋ᠠᠨ ᠨᠡᠮᠡᠷᠢᠯᠡᠨ᠎ᠡ ᠃  ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠢ᠌ᠷᠠᠭᠤᠯᠤᠨ ᠳᠡᠭᠡᠭᠰᠢᠯᠡᠭᠦᠯᠬᠦ ᠬᠡᠷᠡᠭᠲᠡᠢ ᠃  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠣᠷᠠᠭᠤᠯᠬᠤ ᠬᠡᠮᠵᠢᠶ᠎ᠡ᠎ᠪᠠᠨ ᠬᠦᠴᠦᠯᠡᠨ ᠳᠡᠭᠡᠭᠰᠢᠯᠡᠭᠦᠯᠵᠦ ᠂  ᠠᠵᠤ ᠦᠢ᠍ᠯᠡᠰ᠎ᠤᠨ ᠬᠡᠯᠬᠢᠶ᠎ᠡ ᠵᠢ ᠲᠠᠰᠣᠷᠠᠯᠳᠡ ᠦᠭᠡᠢ ᠤᠷᠲᠤᠳᠬᠠᠨ ᠂  ᠬᠠᠩᠭ᠋ᠠᠯᠭ᠎ᠠ ᠵᠢᠨ ᠬᠡᠯᠬᠢᠶ᠎ᠡ ᠵᠢ ᠰᠢᠯᠢᠳᠡᠭᠵᠢᠭᠦᠯᠦᠨ ᠂  ᠥᠷᠳᠡᠭ᠎ᠤᠨ ᠬᠡᠯᠬᠢᠶ᠎ᠡ ᠵᠢ ᠳᠡᠭᠡᠭᠰᠢᠯᠡᠭᠦᠯᠵᠦ ᠂ 7 ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠦᠢ᠍ᠯᠡᠳᠬᠦᠨ᠎ᠤ ᠥᠷᠳᠡᠭ᠎ᠢ 7000 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠴᠢᠷᠮᠠᠢ᠌ᠨ᠎ᠠ ᠃ ᠰᠦ  ᠰᠠᠭ᠋ᠠᠯᠢ ᠵᠢᠨ ᠦᠢ᠍ᠯᠡᠰ᠎ᠤᠨ ᠲᠠᠯ᠎ᠠ᠎ᠪᠠᠷ ᠭᠣᠣᠯᠳᠠᠭᠤ ᠪᠢᠰᠢᠯᠠᠭ ᠵᠡᠷᠭᠡ ᠬᠠᠲᠠᠭᠤ ᠲᠥᠯᠥᠪᠲᠦ  ᠰᠦ  ᠴᠠᠭ᠋ᠠᠨ ᠢᠳᠡᠭᠡ ᠵᠢ ᠨᠠᠷᠢᠯᠢᠭ ᠭᠦᠨ ᠡᠳ᠋ᠰᠢᠭᠦᠯᠬᠦ ᠪᠠ  ᠣᠷᠣᠨ ᠨᠤᠲᠤᠭ᠎ᠤᠨ ᠣᠨᠴᠠᠯᠢᠭᠲᠤ  ᠰᠦ  ᠴᠠᠭ᠋ᠠᠨ ᠢᠳᠡᠭᠡ ᠵᠢ ᠳᠡᠰ ᠳᠡᠪᠰᠢᠭᠦᠯᠬᠦ ᠵᠢ᠎ᠨᠢ  ᠲᠦᠷᠭᠡᠳᠬᠡᠵᠦ ᠂ 《ᠰᠢᠷᠬᠡᠭ ᠡᠪᠡᠰᠦ᠎ᠠᠴᠠ ᠠᠶᠠᠭ᠎ᠠ  ᠰᠦ  ᠬᠦᠷᠲᠡᠯᠡᠬᠢ ᠂  ᠳᠠᠬᠢᠭ᠋ᠠᠣᠨ ᠬᠡᠰᠡᠭ ᠪᠢᠰᠢᠯᠠᠭ ᠬᠦᠷᠲᠡᠯᠡᠬᠢ 》  ᠪᠦᠬᠦ ᠠᠵᠤ ᠦᠢ᠍ᠯᠡᠰ᠎ᠤᠨ ᠬᠡᠯᠬᠢᠶᠡᠨ᠎ᠤ ᠳᠡᠰ ᠳᠡᠪᠰᠢᠭᠰᠡᠨ ᠪᠠᠷᠯᠠᠯ᠎ᠢ ᠡᠭᠦᠳᠦᠨ᠎ᠡ ;  ᠡᠷᠳᠡᠨᠢ ᠰᠢᠰᠢ ᠵᠢᠨ ᠲᠠᠯ᠎ᠠ᠎ᠪᠠᠷ ᠭᠣᠣᠯᠳᠠᠭᠤ ᠲᠷᠢᠫᠲ᠋ᠣᠹᠠᠨ ᠂  ᠦᠷ᠎ᠡ ᠵᠢᠨ ᠠᠮᠢᠨᠤ᠋ ᠬᠦᠴᠢᠯ ᠂  ᠰᠢᠷ᠎ᠠ ᠤᠭ ᠴᠠᠪᠠᠤᠯᠢᠭ ᠰᠢᠬᠢᠷ ᠵᠡᠷᠭᠡ ᠥᠨᠳᠥᠷ ᠨᠡᠮᠡᠯᠲᠡ ᠦᠷᠲᠡᠭ᠎ᠲᠠᠢ ᠦᠢ᠍ᠯᠡᠳᠬᠦᠨ᠎ᠢ ᠥᠷᠭᠡᠳᠬᠡᠨ ᠬᠥᠭᠵᠢᠭᠦᠯᠦᠨ᠎ᠡ ;  ᠠᠯᠠᠰᠢᠨ ᠬᠣᠨᠢ ᠠᠯᠠᠰᠢᠨ ᠦᠬᠡᠷ᠎ᠤᠨ ᠲᠠᠯ᠎ᠠ᠎ᠪᠠᠷ ᠭᠣᠣᠯᠳᠠᠭᠤ ᠠᠮᠢᠳᠤ ᠮᠠᠯ᠎ᠢ ᠭᠠᠳᠠᠭᠰᠢ ᠠᠷᠠᠯᠵᠢᠶᠠᠯᠠᠬᠤ ᠂  ᠪᠣᠯᠪᠠᠰᠤᠷᠠᠭᠤᠯᠤᠨ ᠡᠳ᠋ᠰᠢᠭᠦᠯᠦᠭᠰᠡᠨ ᠵᠶ᠋ᠠᠷ ᠬᠦᠷᠦᠯᠴᠡᠬᠦ ᠦᠭᠡᠢ ᠵᠡᠷᠭᠡ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ ᠂ 《ᠠᠯᠠᠰᠢᠨ ᠬᠣᠨᠢ ᠠᠯᠠᠰᠢᠨ ᠦᠬᠡᠷ 》  ᠬᠤᠳᠠᠯᠳᠤᠵᠤ ᠪᠠᠢ᠌ᠭᠰᠠᠨ᠎ᠠᠴᠠ 《ᠬᠤᠨᠢᠨ ᠮᠢᠬ᠎ᠠ ᠦᠬᠡᠷ᠎ᠤᠨ ᠮᠢᠬ᠎ᠠ 》  ᠬᠤᠳᠠᠯᠳᠤᠬᠤ ᠪᠣᠯᠭ᠋ᠠᠨ᠎ᠠ ;  ᠲᠡᠵᠢᠭᠡᠯ ᠡᠪᠡᠰᠦ ᠵᠢᠨ ᠲᠠᠯ᠎ᠠ᠎ᠪᠠᠷ ᠭᠣᠣᠯᠳᠠᠭᠤ ᠠᠵᠤ ᠦᠢ᠍ᠯᠡᠰ᠎ᠤᠨ ᠬᠡᠯᠬᠢᠶᠡᠨ᠎ᠤ ᠵᠣᠯᠭ᠋ᠠᠯᠴᠠᠭ᠎ᠠ ᠵᠢ ᠴᠢᠩᠭ᠋ᠠᠷᠠᠭᠤᠯᠵᠤ ᠂  ᠲᠡᠵᠢᠭᠡᠨ ᠦᠷᠡᠵᠢᠭᠦᠯᠬᠦ ᠵᠢᠨ ᠲᠥᠯᠥᠭᠡ ᠲᠠᠷᠢᠬᠤ ᠂  ᠲᠠᠷᠢᠵᠤ ᠲᠡᠵᠢᠭᠡᠬᠦ᠎ᠪᠠᠨ ᠤᠶᠠᠯᠳᠤᠭᠤᠯᠬᠤ ᠵᠢ ᠠᠬᠢᠭᠤᠯᠵᠤ ᠂  ᠡᠪᠡᠰᠦᠨ᠎ᠤ ᠦᠷ᠎ᠡ ᠵᠢᠨ ᠴᠢᠨᠠᠷ ᠴᠢᠨᠰᠠᠭ᠎ᠠ ᠪᠠ  ᠴᠢᠨᠠᠷ ᠰᠠᠢ᠌ᠲᠠᠢ ᠲᠡᠵᠢᠭᠡᠯ ᠡᠪᠡᠰᠦ ᠵᠢᠨ ᠲᠠᠯ᠎ᠠ᠎ᠪᠠᠷ ᠥᠪᠡᠷ᠎ᠢ᠎ᠪᠠᠨ ᠬᠠᠩᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ ;  ᠢᠮᠠᠭ᠋ᠠᠨ ᠨᠣᠣᠯᠣᠭᠤᠷ᠎ᠤᠨ ᠲᠠᠯ᠎ᠠ᠎ᠪᠠᠷ ᠭᠣᠣᠯᠳᠠᠭᠤ ᠨᠣᠣᠯᠣᠭᠤᠷ᠎ᠤᠨ ᠢᠮᠠᠭ᠋ᠠᠨ᠎ᠤ ᠡᠭᠦᠯᠳᠡᠷ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ ᠂  ᠨᠡᠷᠡᠲᠦ ᠲᠡᠮᠳᠡᠭ᠎ᠤᠨ ᠪᠠᠢ᠌ᠭᠤᠯᠤᠯᠲᠠ ᠵᠢ ᠬᠦᠴᠦᠲᠡᠢ ᠠᠳᠬᠤᠨ ᠂  ᠥᠷᠢᠰᠦᠯᠳᠦᠬᠦ ᠬᠦᠴᠦᠨ ᠪᠠ  ᠨᠥᠯᠥᠭᠡᠯᠡᠬᠦ ᠬᠦᠴᠦᠨ᠎ᠢ᠎ᠨᠢ  ᠳᠡᠭᠡᠭᠰᠢᠯᠡᠭᠦᠯᠦᠨ᠎ᠡ ;  ᠲᠥᠮᠥᠰᠥ ᠵᠢᠨ ᠲᠠᠯ᠎ᠠ᠎ᠪᠠᠷ ᠭᠣᠣᠯᠳᠠᠭᠤ ᠰᠠᠢ᠌ᠨ ᠦᠷ᠎ᠡ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ ᠂  ᠴᠠᠷᠳᠠᠭᠤᠯ ᠂  ᠤᠷᠢᠳᠴᠢᠯᠠᠨ ᠬᠢᠭᠰᠡᠨ ᠨᠣᠭᠣᠭ᠎ᠠ ᠂  ᠰᠤᠯᠠ ᠢᠳᠡᠭᠡᠨ ᠵᠡᠷᠭᠡ ᠵᠢ ᠰᠤᠳᠤᠯᠤᠨ ᠨᠡᠭᠡᠭᠡᠵᠦ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ ;  ᠪᠣᠬᠢᠷᠳᠤᠯ ᠦᠭᠡᠢ ᠠᠮᠢ ᠠᠬᠤᠢ ᠵᠢᠨ 《ᠥᠪᠥᠷ ᠮᠣᠩᠭᠣᠯ 》  ᠨᠡᠷᠡᠮᠵᠢᠲᠦ ᠨᠡᠷᠡᠲᠦ ᠲᠡᠮᠳᠡᠭ᠎ᠢ ᠰᠢᠯᠢᠳᠡᠭᠵᠢᠭᠦᠯᠦᠨ᠎ᠡ ᠃ 《ᠥᠷᠭᠡᠨ ᠲᠡᠨᠢᠭᠡᠷ ᠲᠠᠯ᠎ᠠ ᠨᠤᠲᠤᠭ ᠂  ᠥᠩ ᠰᠢᠮᠡᠯᠢᠭ ᠮᠠᠯᠵᠢᠯ᠎ᠤᠨ ᠲᠠᠯᠠᠪᠠᠢ ᠂  ᠠᠮᠢ ᠠᠬᠤᠢ ᠵᠢᠨ ᠥᠪᠥᠷ ᠮᠣᠩᠭᠣᠯ ᠂  ᠪᠠᠢ᠌ᠭ᠋ᠠᠯᠢᠯᠢᠭ ᠰᠠᠢ᠌ᠬᠠᠨ ᠠᠮᠲᠠᠲᠤ ᠢᠳᠡᠭᠡᠨ 》 ᠵᠶ᠋ᠠᠨ ᠠᠯᠳᠠᠷᠰᠢᠭᠤᠯᠤᠨ ᠴᠤᠤᠷᠢᠶᠠᠲᠤᠭᠤᠯᠵᠤ ᠂  ᠲᠠᠸᠠᠷ᠎ᠤᠨ ᠲᠡᠮᠳᠡᠭ ᠨᠡᠷᠡᠲᠦ ᠲᠡᠮᠳᠡᠭ᠎ᠤᠨ ᠦᠨ᠎ᠡ ᠦᠷᠲᠡᠭ᠎ᠢ ᠳᠡᠭᠡᠭᠰᠢᠯᠡᠭᠦᠯᠬᠦ ᠪᠠ  ᠭᠠᠵᠠᠷ ᠵᠦᠢ ᠵᠢᠨ ᠪᠡᠯᠭᠡ ᠲᠡᠮᠳᠡᠭ᠎ᠤᠨ ᠬᠡᠷᠡᠭᠯᠡᠯᠲᠡ ᠵᠢ ᠠᠬᠢᠭᠤᠯᠬᠤ ᠢᠨᠵᠧᠨᠧᠷᠢᠩ᠎ᠢ ᠬᠡᠷᠡᠭᠵᠢᠭᠦᠯᠦᠨ ᠂  ᠨᠡᠩ ᠣᠯᠠᠨ ᠨᠡᠷᠡᠲᠦ ᠲᠡᠮᠳᠡᠭ᠎ᠢ ᠨᠡᠷ᠎ᠡ ᠴᠤᠤ ᠮᠠᠨᠳᠤᠭᠰᠠᠨ ᠂  ᠲᠣᠭᠲᠠᠵᠤ ᠳᠡᠢ᠍ᠢ᠍ᠯᠬᠦ ᠂  ᠣᠯᠠᠨ᠎ᠤ ᠰᠡᠳᠬᠢᠯ᠎ᠢ ᠣᠯᠣᠭᠰᠠᠨ ᠂  ᠤᠷᠲᠤ ᠤᠳᠠᠭ᠋ᠠᠨ ᠬᠥᠭᠵᠢᠵᠦ ᠪᠣᠯᠬᠤᠢ᠌ᠴᠠ ᠪᠣᠯᠭ᠋ᠠᠵᠤ ᠂  ᠲᠡᠨᠢᠭᠡᠷ ᠶᠡᠬᠡ ᠲᠠᠯ᠎ᠠ ᠨᠤᠲᠤᠭ᠎ᠤᠨ ᠵᠶ᠋ᠠᠨ ᠠᠩᠬᠢᠯᠤᠮ᠎ᠠ ᠰᠠᠢ᠌ᠬᠠᠨ ᠠᠮᠲᠠᠲᠤ ᠢᠳᠡᠭᠡᠨ ᠵᠶ᠋ᠠᠨ ᠪᠦᠬᠦ ᠪᠥᠮᠪᠥᠷᠴᠡᠭ᠎ᠲᠤ ᠠᠯᠳᠠᠷᠰᠢᠭᠤᠯᠤᠨ ᠮᠠᠨᠳᠤᠭᠤᠯᠤᠨ᠎ᠠ ᠃ 

       ᠠᠵᠤ ᠦᠢ᠍ᠯᠡᠳᠪᠦᠷᠢ ᠵᠢ ᠤᠷᠢᠳ ᠵᠶ᠋ᠠᠷ 《ᠳᠤᠮᠳᠠ ᠲᠦᠪᠰᠢᠨ᠎ᠳᠤ ᠣᠷᠤᠭᠤᠯᠬᠤ 》  ᠬᠠᠷᠠᠯᠲᠠ ᠵᠢᠨ ᠲᠣᠭᠣᠷᠢᠨ᠎ᠳᠤ ᠳᠠᠪᠠᠭᠤᠯᠢᠭ ᠵᠶ᠋ᠠᠨ ᠳᠠᠪᠲᠠᠵᠤ ᠂  ᠳᠤᠲᠠᠭᠤᠳᠠᠯ ᠵᠶ᠋ᠠᠨ ᠨᠥᠬᠥᠪᠦᠷᠢᠯᠡᠨ ᠂  ᠪᠦᠯᠦᠭᠵᠢᠯ᠎ᠢ ᠪᠤᠵᠠᠭ᠋ᠠᠢ᠌ᠷᠠᠭᠤᠯᠵᠤ ᠂  ᠲᠤᠯᠭ᠋ᠠᠭᠤᠷᠢᠯᠠᠯ᠎ᠢ ᠴᠢᠩᠭ᠋ᠠᠳᠬᠠᠨ ᠂  ᠰᠢᠨ᠎ᠡ ᠰᠢᠨᠵᠢ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠪᠴᠢᠯᠡᠨ ᠪᠣᠢ ᠪᠣᠯᠭ᠋ᠠᠨ᠎ᠠ ᠃  ᠰᠢᠨ᠎ᠡ ᠡᠨᠧᠷᠬᠢ᠎ᠪᠠᠷ ᠰᠢᠨ᠎ᠡ ᠠᠵᠤ ᠦᠢ᠍ᠯᠡᠳᠪᠦᠷᠢ ᠵᠢ ᠳᠠᠢ᠌ᠴᠢᠯᠠᠬᠤ ᠂  ᠲᠡᠷᠢᠭᠦᠨ᠎ᠤ ᠦᠢ᠍ᠯᠡᠳᠬᠦ ᠦᠢ᠍ᠯᠡᠰ ᠵᠶ᠋ᠠᠷ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠳᠠᠢ᠌ᠴᠢᠯᠠᠬᠤ ᠵᠢ ᠪᠠᠷᠢᠮᠲᠠᠯᠠᠵᠤ ᠂  ᠰᠢᠨ᠎ᠡ ᠬᠡᠯᠪᠡᠷᠢ ᠪᠦᠬᠦᠢ ᠠᠵᠤ ᠦᠢ᠍ᠯᠡᠳᠪᠦᠷᠢᠵᠢᠯᠲᠡ ᠵᠢᠨ 《1 + 7 》  ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ ᠂  ᠪᠡᠯᠡ ᠮᠥᠩᠭᠥ ᠵᠢ ᠠᠵᠤ ᠦᠢ᠍ᠯᠡᠰ᠎ᠤᠨ ᠰᠢᠨ᠎ᠡ ᠡᠭᠦᠳᠦᠯᠲᠡ ᠂  ᠦᠢ᠍ᠯᠡᠳᠬᠦ ᠦᠢ᠍ᠯᠡᠰ᠎ᠤᠨ ᠬᠥᠭᠵᠢᠯᠲᠡ ᠲᠡᠢ᠌ᠰᠢ ᠭᠣᠣᠯᠳᠠᠯᠭ᠎ᠠ᠎ᠲᠠᠢ ᠬᠡᠯᠪᠡᠢ᠌ᠯᠭᠡᠬᠦ ᠬᠡᠷᠡᠭᠲᠡᠢ ᠃  ᠳᠠᠪᠠᠭᠤᠯᠢᠭ ᠵᠶ᠋ᠠᠨ ᠳᠠᠪᠲᠠᠬᠤ ᠭᠡᠳᠡᠭ᠎ᠨᠢ 《ᠠᠵᠤ ᠦᠢ᠍ᠯᠡᠳᠪᠦᠷᠢᠵᠢᠭᠰᠡᠨ ᠥᠪᠥᠷ ᠮᠣᠩᠭᠣᠯ᠎ᠢ ᠳᠠᠬᠢᠨ ᠨᠢᠭᠡ ᠴᠣᠭᠴᠠᠯᠠᠬᠤ 》  ᠬᠠᠷᠠᠯᠲᠠ᠎ᠪᠠᠷ ᠰᠢᠨ᠎ᠡ ᠡᠨᠧᠷᠬᠢ ᠵᠢᠨ ᠠᠵᠤ ᠦᠢ᠍ᠯᠡᠰ᠎ᠢ ᠲᠦᠷᠭᠡᠳᠬᠡᠨ ᠪᠤᠵᠠᠭ᠋ᠠᠢ᠌ᠷᠠᠭᠤᠯᠬᠤ ᠵᠢ ᠵᠢᠭ᠋ᠠᠵᠤ ᠪᠣᠢ ᠃  ᠨᠡᠭᠡᠭᠡᠨ ᠬᠥᠭᠵᠢᠭᠦᠯᠬᠦ᠎ᠳᠤ ᠬᠡᠮᠵᠢᠶ᠎ᠡ᠎ᠪᠠᠨ ᠨᠡᠮᠡᠭᠳᠡᠭᠦᠯᠦᠨ ᠬᠤᠷᠳᠤᠴᠠ᠎ᠪᠠᠨ ᠲᠦᠷᠭᠡᠳᠬᠡᠵᠦ ᠂  ᠰᠢᠩᠭᠡᠬᠡᠨ ᠪᠠᠭᠲᠠᠭ᠋ᠠᠬᠤ᠎ᠳᠤ ᠪᠣᠭᠣᠮᠢ ᠬᠦᠯᠢᠶᠡᠰᠦᠯᠡᠯ᠎ᠢ ᠦᠭᠡᠢ᠌ᠰᠬᠡᠨ ᠠᠷᠢᠯᠭ᠋ᠠᠬᠤ ᠂  ᠰᠠᠯᠬᠢ ᠪᠣᠯᠣᠨ ᠨᠠᠷᠠᠨ᠎ᠤ ᠡᠨᠧᠷᠬᠢ᠎ᠪᠠᠷ ᠴᠠᠬᠢᠯᠭ᠋ᠠᠨ ᠭᠠᠷᠭ᠋ᠠᠬᠤ ᠵᠢ ᠶᠡᠬᠡ ᠬᠡᠪᠴᠢᠶ᠎ᠡ᠎ᠪᠠᠷ ᠲᠠᠶᠠᠭᠳᠠᠬᠤ ᠵᠢ ᠡᠷᠡᠰ ᠰᠡᠷᠭᠡᠢ᠌ᠯᠡᠨ᠎ᠡ ᠂  ᠰᠢᠨ᠎ᠡ ᠬᠡᠯᠪᠡᠷᠢ ᠪᠦᠬᠦᠢ ᠴᠠᠬᠢᠯᠭ᠋ᠠᠨ ᠬᠦᠴᠦᠨ᠎ᠤ ᠰᠢᠰᠲ᠋ᠧᠮ᠎ᠢ ᠲᠦᠷᠭᠡᠳᠬᠡᠨ ᠪᠠᠢ᠌ᠭᠤᠯᠵᠤ ᠂  ᠪᠣᠬᠢᠷᠳᠤᠯ ᠦᠭᠡᠢ ᠴᠠᠬᠢᠯᠭ᠋ᠠᠨ ᠪᠣᠬᠢᠷᠳᠤᠯ ᠦᠭᠡᠢ ᠴᠠᠬᠢᠯᠭ᠋ᠠᠨ᠎ᠤ ᠦᠨᠡᠮᠯᠡᠯ᠎ᠤᠨ ᠠᠷᠠᠯᠵᠢᠶ᠎ᠠ ᠵᠢ ᠪᠦᠬᠦ ᠲᠠᠯ᠎ᠠ᠎ᠪᠠᠷ ᠳᠡᠯᠭᠡᠷᠡᠭᠦᠯᠵᠦ ᠂  ᠰᠢᠨ᠎ᠡ ᠡᠨᠧᠷᠬᠢ ᠵᠢᠨ ᠲᠤᠨᠤᠭ ᠲᠥᠬᠦᠭᠡᠷᠦᠮᠵᠢ ᠦᠢ᠍ᠯᠡᠳᠬᠦ ᠵᠢᠨ ᠦᠷ᠎ᠡ ᠠᠰᠢᠭ᠎ᠢ ᠬᠦᠴᠦᠯᠡᠨ ᠨᠡᠮᠡᠭᠳᠡᠭᠦᠯᠵᠦ ᠂  ᠲᠣᠭ᠎ᠠ ᠬᠡᠮᠵᠢᠶ᠎ᠡ ᠶᠠᠰᠤ ᠴᠢᠨᠠᠷ᠎ᠢ ᠵᠡᠷᠭᠡ᠎ᠳᠤ᠎ᠨᠢ  ᠳᠡᠭᠡᠭᠰᠢᠯᠡᠭᠦᠯᠬᠦ ᠬᠡᠷᠡᠭᠲᠡᠢ ᠃  ᠰᠢᠨ᠎ᠡ ᠡᠨᠧᠷᠬᠢ ᠵᠢᠨ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠪᠡᠯᠡ ᠣᠷᠤᠭᠤᠯᠤᠯᠲᠠ ᠵᠢ 3000 ᠳ᠋ᠦᠩᠰᠢᠭᠤᠷ ᠲᠥᠭᠥᠷᠢᠭ ᠴᠢᠷᠮᠠᠢ᠌ᠨ ᠪᠡᠶᠡᠯᠡᠭᠦᠯᠵᠦ ᠂  ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ 4000 ᠲᠦᠮᠡᠨ ᠺᠢᠯᠣᠸᠠᠲ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ ᠂  ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ᠎ᠠᠴᠠ ᠳᠠᠪᠠᠭᠤᠯᠬᠤ ᠬᠠᠷᠠᠯᠲᠠ ᠵᠢ ᠵᠢᠯ ᠤᠷᠢᠳᠴᠢᠯᠠᠨ ᠪᠡᠶᠡᠯᠡᠭᠦᠯᠵᠦ ᠂  ᠰᠢᠨ᠎ᠡ ᠡᠨᠧᠷᠬᠢ ᠵᠢᠨ ᠮᠠᠰᠢᠨ ᠴᠣᠭᠴᠠᠯᠠᠪᠤᠷᠢ ᠵᠢᠨ ᠰᠢᠨ᠎ᠡ᠎ᠪᠠᠷ ᠨᠡᠮᠡᠭᠳᠡᠭᠰᠡᠨ ᠬᠡᠪᠴᠢᠶ᠎ᠡ ᠂  ᠪᠠᠢ᠌ᠭᠤᠯᠵᠤ ᠪᠠᠢ᠌ᠭ᠎ᠠ ᠬᠡᠪᠴᠢᠶ᠎ᠡ ᠂  ᠶᠡᠷᠦᠩᠬᠡᠢ ᠬᠡᠪᠴᠢᠶ᠎ᠡ᠎ᠪᠠᠷ ᠵᠶ᠋ᠠᠨ ᠪᠦᠬᠦ ᠤᠯᠤᠰ᠎ᠲᠤ ᠲᠦᠷᠦᠭᠦᠯᠡᠬᠦ᠎ᠪᠠᠨ ᠪᠠᠷᠢᠮᠲᠠᠯᠠᠬᠤ᠎ᠪᠠᠷ ᠴᠢᠷᠮᠠᠢ᠌ᠨ᠎ᠠ ᠂  ᠶᠡᠷᠦᠩᠬᠡᠢ᠌ᠯᠡᠪᠡᠯ ᠪᠦᠬᠦ ᠤᠯᠤᠰ᠎ᠤᠨ ᠰᠢᠨ᠎ᠡ ᠡᠨᠧᠷᠬᠢ ᠵᠢᠨ ᠲᠦᠷᠦᠭᠦᠦ ᠪᠠᠢ᠌ᠷᠢ᠎ᠪᠠᠨ ᠠᠯᠳᠠᠵᠤ ᠪᠣᠯᠬᠤ ᠦᠭᠡᠢ ᠃  ᠳᠤᠲᠠᠭᠤᠳᠠᠯ ᠵᠶ᠋ᠠᠨ ᠨᠥᠬᠥᠪᠦᠷᠢᠯᠡᠬᠦ ᠭᠡᠳᠡᠭ᠎ᠨᠢ  ᠤᠯᠠᠮᠵᠢᠯᠠᠯᠲᠤ ᠠᠵᠤ ᠦᠢ᠍ᠯᠡᠰ᠎ᠢ ᠲᠤᠢ᠌ᠯᠪᠤᠷᠢᠲᠠᠢ ᠥᠭᠡᠷᠡᠴᠢᠯᠡᠵᠦ ᠂  ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ᠎ᠤᠨ ᠬᠦᠴᠦᠨ ᠴᠢᠳᠠᠯ᠎ᠢ᠎ᠨᠢ  ᠴᠢᠩᠭ᠋ᠠᠷᠠᠭᠤᠯᠤᠨ ᠂  ᠢᠷᠡᠭᠡᠳᠦᠢ ᠵᠢᠨ ᠠᠵᠤ ᠦᠢ᠍ᠯᠡᠰ᠎ᠢ ᠬᠥᠭᠵᠢᠭᠦᠯᠦᠨ ᠪᠠᠳᠠᠷᠠᠭ᠋ᠠᠬᠤ ᠵᠢ ᠵᠢᠭ᠋ᠠᠵᠤ ᠪᠣᠢ ᠃  ᠡᠨᠧᠷᠬᠢ ᠂  ᠲᠡᠮᠦᠷᠯᠢᠭ ᠬᠠᠢ᠌ᠯᠤᠭᠤᠯᠬᠤ ᠂  ᠪᠠᠷᠢᠯᠭ᠎ᠠ ᠵᠢᠨ ᠮᠠᠲ᠋ᠧᠷᠢᠶᠠᠯ ᠂  ᠬᠢᠮᠢ ᠵᠢᠨ ᠠᠵᠤ ᠦᠢ᠍ᠯᠡᠳᠪᠦᠷᠢ ᠵᠡᠷᠭᠡ ᠤᠯᠠᠮᠵᠢᠯᠠᠯᠲᠤ ᠠᠵᠤ ᠦᠢ᠍ᠯᠡᠰ ᠪᠣᠯ  ᠮᠠᠨ᠎ᠤ ᠣᠷᠣᠨ᠎ᠤ ᠬᠥᠭᠵᠢᠯᠲᠡ ᠵᠢᠨ ᠬᠥᠷᠥᠩᠭᠡ ᠪᠥᠭᠡᠳ ᠰᠢᠷᠭ᠋ᠠᠭᠤ ᠬᠠᠲᠠᠭᠤᠵᠢᠯᠲᠠᠢ᠎ᠪᠠᠷ ᠪᠣᠢ ᠪᠣᠯᠭ᠋ᠠᠨ ᠬᠥᠭᠵᠢᠭᠦᠯᠦᠭᠰᠡᠨ ᠠᠵᠤ ᠦᠢ᠍ᠯᠡᠰ ᠪᠣᠯᠬᠣᠷ ᠶᠠᠭ᠋ᠠᠬᠢᠭᠰᠠᠨ ᠴᠦ᠍ ᠥᠴᠥᠬᠡᠨ ᠲᠡᠳᠦᠢ ᠪᠣᠯᠭ᠋ᠠᠬᠤ ᠪᠤᠶᠤ ᠠᠯᠳᠠᠵᠤ ᠪᠣᠯᠬᠤ ᠦᠭᠡᠢ ᠂ 《ᠳᠣᠣᠷᠠᠳᠤ ᠳᠡᠰ᠎ᠤᠨ ᠠᠵᠤ ᠦᠢ᠍ᠯᠡᠰ 》  ᠪᠣᠯᠭ᠋ᠠᠨ ᠳᠥᠭᠥᠮᠬᠡᠨ ᠵᠶ᠋ᠠᠷ ᠪᠤᠴᠠᠭ᠋ᠠᠨ ᠭᠠᠷᠭ᠋ᠠᠵᠤ ᠨᠡᠩ ᠪᠣᠯᠬᠤ ᠦᠭᠡᠢ ᠃  ᠳᠡᠭᠡᠳᠦ ᠳᠡᠰᠵᠢᠭᠦᠯᠬᠦ ᠂  ᠣᠶᠤᠨᠴᠢᠯᠠᠬᠤ ᠂  ᠪᠣᠬᠢᠷᠳᠤᠯ ᠦᠭᠡᠢ ᠪᠣᠯᠭ᠋ᠠᠬᠤ ᠬᠠᠷᠠᠯᠲᠠ᠎ᠪᠠᠷ ᠂  ᠶᠡᠬᠡ ᠬᠡᠪᠴᠢᠶᠡᠨ᠎ᠤ ᠮᠡᠷᠭᠡᠵᠢᠯ᠎ᠤᠨ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠵᠦ ᠂  ᠲᠥᠬᠦᠭᠡᠷᠦᠮᠵᠢ ᠵᠢ ᠰᠢᠨᠡᠳᠬᠡᠬᠦ ᠂  ᠤᠷ᠎ᠠ ᠮᠡᠷᠭᠡᠰᠢᠯ᠎ᠢ ᠳᠡᠰ ᠳᠡᠪᠰᠢᠭᠦᠯᠬᠦ ᠂  ᠲᠤᠭ᠋ᠠᠵᠢᠭᠤᠯᠬᠤ᠎ᠪᠠᠷ ᠬᠦᠴᠦᠨ ᠨᠡᠮᠡᠷᠢᠯᠡᠬᠦ ᠵᠢ ᠠᠬᠢᠭᠤᠯᠤᠨ᠎ᠠ ; 《ᠪᠣᠬᠢᠷᠳᠤᠯ ᠦᠭᠡᠢ ᠴᠠᠬᠢᠯᠭ᠋ᠠᠨ 》᠎ᠢ ᠰᠠᠢ᠌ᠲᠤᠷ ᠬᠥᠭᠵᠢᠭᠦᠯᠵᠦ ᠂ 《ᠨᠢᠭᠡ ᠠᠵᠤ ᠠᠬᠤᠢ᠌ᠯᠠᠯ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ 》᠂ 《ᠨᠢᠭᠡ ᠬᠦᠷᠢᠶᠡᠯᠡᠩ ᠲᠣᠭᠣᠷᠢᠭ᠎ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ 》᠎ᠪᠠᠷ ᠡᠪᠴᠡᠯᠳᠦᠨ ᠬᠥᠭᠵᠢᠬᠦ ᠪᠠ  ᠪᠣᠬᠢᠷᠳᠤᠯ ᠦᠭᠡᠢ ᠴᠠᠬᠢᠯᠭ᠋ᠠᠨ ᠵᠶ᠋ᠠᠷ ᠣᠷᠣᠯᠠᠭᠤᠯᠬᠤ ᠵᠢ ᠠᠬᠢᠭᠤᠯᠵᠤ ᠂  ᠳᠣᠣᠷ᠎ᠠ ᠨᠡᠭᠦᠷᠡᠰᠦᠲᠥ᠋ᠷᠥᠭᠴᠢᠲᠦ ᠂  ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠎ᠢ ᠨᠡᠩ ᠣᠯᠠᠨ ᠴᠣᠭᠴᠠᠯᠠᠵᠤ ᠂  ᠡᠨᠧᠷᠬᠢ ᠶᠡᠬᠡ ᠠᠴᠢᠶᠠᠯᠠᠬᠤ ᠲᠡᠷᠢᠭᠦᠨ᠎ᠤ ᠠᠵᠤ ᠦᠢ᠍ᠯᠡᠰ᠎ᠢ ᠮᠠᠨ᠎ᠤ ᠣᠷᠣᠨ᠎ᠳᠤ ᠨᠡᠩ ᠣᠯᠠᠨ ᠲᠠᠲᠠᠨ ᠠᠪᠴᠢᠷᠠᠵᠤ ᠪᠥᠭᠡᠭᠡᠨᠡᠷᠡᠭᠦᠯᠦᠨ ᠨᠤᠲᠤᠭᠰᠢᠭᠤᠯᠤᠨ᠎ᠠ ᠃  ᠦᠬᠠᠢ ᠵᠢᠨ ᠪᠦᠬᠦ ᠪᠥᠮᠪᠥᠷᠴᠡᠭ᠎ᠤᠨ ᠬᠠᠮᠤᠭ᠎ᠤᠨ ᠲᠣᠮᠣ BDO᠎ᠤᠨ  ᠨᠢᠭᠡ ᠴᠣᠭᠴᠠᠵᠢᠭᠰᠠᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠠᠢ᠍ᠢ᠍ᠭᠤᠯᠬᠤ ᠵᠢ ᠲᠡᠮᠵᠢᠨ᠎ᠡ ᠃  ᠠᠭᠤᠷᠬᠠᠢ ᠬᠠᠢ᠌ᠬᠤ ᠲᠠᠯ᠎ᠠ᠎ᠪᠠᠷ ᠰᠢᠪᠲᠤᠯᠤᠯᠲᠠ ᠭᠠᠷᠬᠤ ᠵᠢ ᠲᠦᠷᠭᠡᠳᠬᠡᠵᠦ ᠂ 《ᠶᠡᠬᠡ ᠠᠭᠤᠷᠬᠠᠢ ᠵᠢ ᠪᠤᠰᠢᠭᠤ ᠨᠡᠭᠡᠭᠡᠬᠦ ᠂  ᠪᠠᠶᠠᠯᠢᠭ ᠠᠭᠤᠷᠬᠠᠢ ᠵᠢ ᠨᠠᠷᠢᠯᠢᠭ ᠨᠡᠭᠡᠭᠡᠬᠦ 》 ᠵᠢ ᠪᠠᠷᠢᠮᠲᠠᠯᠠᠨ ᠂  ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠲᠦᠷᠦᠯ ᠵᠦᠢ᠍ᠯ᠎ᠢ ᠵᠠᠭᠤᠨ ᠲᠦᠮᠡᠨ ᠲᠤᠨ ᠮᠢᠩᠭ᠋ᠠᠨ ᠳ᠋ᠦᠩᠰᠢᠭᠤᠷ ᠳᠡᠰ᠎ᠠᠴᠠ ᠡᠬᠢᠯᠡᠭᠦᠯᠬᠦ ᠪᠠ  ᠠᠵᠤ ᠦᠢ᠍ᠯᠡᠰ᠎ᠢ ᠪᠦᠬᠦ ᠬᠡᠯᠬᠢᠶ᠎ᠡ᠎ᠪᠠᠷ ᠪᠦᠯᠦᠭᠵᠢᠭᠦᠯᠦᠨ ᠬᠥᠭᠵᠢᠭᠦᠯᠬᠦ ᠵᠢ ᠠᠬᠢᠭᠤᠯᠬᠤ ᠬᠡᠷᠡᠭᠲᠡᠢ ᠃  ᠤᠯᠠᠭ᠋ᠠᠨᠬᠠᠳᠠ ᠂  ᠰᠢᠯᠢ ᠵᠢᠨ ᠭᠣᠣᠯ᠎ᠤᠨ ᠪᠦᠬᠦ ᠤᠯᠤᠰ᠎ᠤᠨ ᠰᠢᠨ᠎ᠡ ᠨᠢᠭᠡᠨ ᠡᠭᠡᠯᠵᠢ ᠵᠢᠨ ᠠᠭᠤᠷᠬᠠᠢ ᠬᠠᠢ᠌ᠬᠤ ᠰᠢᠪᠲᠤᠯᠤᠯᠲᠠ ᠵᠢᠨ ᠪᠠᠢ᠌ᠯᠳᠤᠬᠤ ᠪᠣᠳᠣᠯᠭ᠎ᠠ ᠵᠢᠨ ᠠᠵᠢᠯᠯᠠᠭ᠋ᠠᠨ᠎ᠤ ᠲᠤᠷᠰᠢᠯᠲᠠ ᠵᠢᠨ ᠴᠡᠭ ᠪᠤᠯᠬᠤ᠎ᠪᠠᠷ ᠴᠢᠷᠮᠠᠢ᠌ᠬᠤ ᠵᠢ ᠲᠡᠮᠵᠢᠨ᠎ᠡ ᠃  ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ ᠪᠠ  ᠢᠷᠡᠭᠡᠳᠦᠢ ᠵᠢᠨ ᠠᠵᠤ ᠦᠢ᠍ᠯᠡᠰ ᠵᠶ᠋ᠠᠷ ᠲᠥᠯᠥᠭᠡᠯᠡᠭᠦᠯᠦᠭᠰᠡᠨ ᠰᠢᠨ᠎ᠡ ᠰᠢᠨᠵᠢ ᠪᠦᠬᠦᠢ ᠦᠢ᠍ᠯᠡᠳᠪᠦᠷᠢᠯᠡᠯ᠎ᠤᠨ ᠬᠦᠴᠦᠨ ᠪᠣᠯ  ᠮᠠᠨ᠎ᠤ ᠣᠷᠣᠨ᠎ᠤ ᠰᠢᠨ᠎ᠡ ᠳᠠᠪᠠᠭᠤᠯᠢᠭ ᠵᠶ᠋ᠠᠨ ᠪᠣᠢ ᠪᠣᠯᠭ᠋ᠠᠬᠤ ᠂  ᠰᠢᠨ᠎ᠡ ᠬᠥᠳᠡᠯᠭᠡᠭᠦᠷ᠎ᠢ ᠴᠣᠭᠴᠠᠯᠠᠬᠤ ᠵᠢᠨ ᠵᠠᠩᠭᠢᠯᠠᠭ᠎ᠠ ᠪᠠᠢ᠌ᠵᠤ ᠂  ᠡᠷᠬᠡᠪᠰᠢ ᠢᠳᠡᠪᠬᠢᠲᠡᠢ᠎ᠪᠠᠷ ᠱᠠᠯᠠᠪᠳᠠᠭᠤᠯᠤᠨ ᠪᠠᠢ᠌ᠷᠢᠰᠢᠭᠤᠯᠵᠤ ᠂  ᠨᠢᠭᠡ ᠬᠣᠶᠠᠷ ᠴᠡᠭ ᠪᠠᠢ᠌ᠷᠢᠨ᠎ᠳᠤ ᠤᠷᠢᠳ ᠵᠶ᠋ᠠᠷ ᠰᠢᠪᠲᠤᠯᠤᠯᠲᠠ ᠭᠠᠷᠭ᠋ᠠᠨ ᠂  ᠠᠵᠤ ᠦᠢ᠍ᠯᠡᠰ᠎ᠤᠨ ᠬᠥᠭᠵᠢᠯᠲᠡ ᠵᠢᠨ ᠭᠣᠣᠯᠯᠠᠭᠴᠢ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ ᠃  ᠰᠢᠨ᠎ᠡ ᠮᠠᠲ᠋ᠧᠷᠢᠶᠠᠯ ᠂  ᠣᠳᠣ ᠦᠶ᠎ᠡ ᠵᠢᠨ ᠲᠤᠨᠤᠭ ᠲᠥᠬᠦᠭᠡᠷᠦᠮᠵᠢ ᠦᠢ᠍ᠯᠡᠳᠬᠦ ᠂  ᠠᠮᠢᠳᠤ ᠪᠣᠳᠠᠰ᠎ᠤᠨ ᠡᠮ ᠡᠮᠨᠡᠯᠭᠡ ᠂  ᠬᠤᠳᠠᠯᠳᠤᠭ᠋ᠠᠨ᠎ᠤ ᠰᠠᠨᠰᠠᠷ ᠠᠶᠠᠯᠠᠯ ᠂  ᠳᠣᠣᠷ᠎ᠠ ᠠᠭ᠋ᠠᠷ᠎ᠤᠨ ᠠᠵᠤ ᠠᠬᠤᠢ ᠵᠡᠷᠭᠡ ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ᠎ᠤᠨ ᠲᠠᠯ᠎ᠠ᠎ᠪᠠᠷ ᠂  ᠬᠥᠭᠵᠢᠯᠲᠡ ᠵᠢᠨ ᠬᠠᠨᠳᠤᠰᠢ ᠵᠢ ᠡᠵᠡᠮᠳᠡᠵᠦ ᠂  ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠬᠠᠨᠳᠤᠭᠤᠯᠤᠨ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠵᠢᠯᠣᠭᠣᠳᠤᠮᠵᠢ ᠪᠣᠯᠭ᠋ᠠᠵᠤ ᠂  ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ ᠂  ᠭᠣᠣᠯ ᠪᠣᠯᠬᠤ ᠰᠡᠯᠪᠢᠭ ᠲᠤᠨᠤᠭ᠎ᠢ ᠰᠤᠳᠤᠯᠤᠨ ᠨᠡᠭᠡᠭᠡᠵᠦ ᠦᠢ᠍ᠯᠡᠳᠬᠦ ᠪᠣᠭᠣᠮᠲᠠ ᠵᠢ ᠰᠢᠪᠲᠤᠯᠬᠤ᠎ᠪᠠᠨ ᠲᠦᠷᠭᠡᠳᠬᠡᠵᠦ ᠂  ᠠᠭᠤᠰᠤᠯᠴᠠᠭᠤᠯᠵᠤ ᠪᠦᠯᠦᠭᠵᠢᠭᠦᠯᠦᠨ ᠬᠥᠭᠵᠢᠭᠦᠯᠬᠦ ᠵᠢ ᠭᠦᠨᠵᠡᠭᠡᠢ᠌ᠷᠡᠭᠦᠯᠦᠨ ᠠᠬᠢᠭᠤᠯᠵᠤ ᠂  ᠲᠦᠷᠭᠡᠬᠡᠨ ᠬᠡᠪᠴᠢᠶ᠎ᠡ᠎ᠪᠠᠨ ᠥᠷᠭᠡᠵᠢᠭᠦᠯᠵᠦ ᠬᠤᠪᠢ ᠵᠢᠨ ᠵᠢᠩ ᠵᠶ᠋ᠠᠨ ᠳᠡᠭᠡᠭᠰᠢᠯᠡᠭᠦᠯᠦᠨ᠎ᠡ ᠃  ᠲᠣᠭ᠋ᠠᠵᠢᠯᠲᠣ ᠠᠵᠤ ᠠᠬᠤᠢ ᠵᠢ ᠶᠡᠬᠡ᠎ᠪᠠᠷ ᠬᠥᠭᠵᠢᠭᠦᠯᠵᠦ ᠂  ᠠᠵᠤ ᠦᠢ᠍ᠯᠡᠰ᠎ᠤᠨ ᠲᠣᠭ᠋ᠠᠵᠢᠭᠤᠯᠤᠭᠰᠠᠨ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠪᠠ  ᠣᠶᠤᠨᠴᠢᠯᠠᠨ ᠳᠡᠰ ᠳᠡᠪᠰᠢᠭᠦᠯᠬᠦ ᠵᠢ᠎ᠨᠢ  ᠲᠦᠷᠭᠡᠳᠬᠡᠵᠦ ᠂  ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠲᠣᠭ᠋ᠠᠵᠢᠭᠤᠯᠵᠤ ᠪᠤᠳᠤᠬᠤ ᠬᠦᠴᠦᠨ᠎ᠤ ᠰᠦᠯᠵᠢᠶ᠎ᠡ ᠵᠢᠨ ᠥᠪᠥᠷ ᠮᠣᠩᠭᠣᠯ᠎ᠤᠨ ᠬᠦᠢ᠍ᠰᠦ ᠵᠠᠩᠭᠢᠶᠠᠰᠤ ᠂  ᠬᠣᠷᠢᠨᠭᠡᠷ ᠳ᠋ᠠᠢ᠌ᠲ᠋ᠠ ᠵᠢᠨ ᠲᠥᠪ᠎ᠤᠨ ᠪᠦᠯᠦᠭᠵᠢᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ ᠂  ᠪᠡᠭᠡᠵᠢᠩ ᠲᠢᠶᠠᠨᠵᠢᠨ ᠾᠧᠪᠧᠢ ᠵᠢᠨ ᠮᠤᠨᠳᠠᠭ ᠶᠡᠬᠡ ᠵᠣᠬᠢᠶᠠᠮᠠᠯ ᠤᠶᠤᠨ ᠂  ᠲᠣᠮᠣ ᠵᠠᠭᠪᠤᠷ᠎ᠤᠨ ᠵᠠᠬ᠎ᠠ ᠳᠡᠯᠭᠡᠭᠦᠷ᠎ᠤᠨ ᠲᠣᠭᠣᠷᠢᠨ᠎ᠳᠤ ᠂  ᠬᠦᠴᠦᠷᠬᠡᠭ ᠪᠥᠭᠡᠳ ᠨᠠᠢ᠌ᠳᠠᠪᠤᠷᠢᠲᠠᠢ ᠪᠣᠬᠢᠷᠳᠤᠯ ᠦᠭᠡᠢ ᠲᠣᠭ᠋ᠠᠵᠢᠭᠤᠯᠵᠤ ᠪᠤᠳᠤᠬᠤ ᠬᠦᠴᠦᠨ᠎ᠤ ᠪᠠᠲᠤᠯᠠᠭ᠎ᠠ ᠵᠢ ᠬᠠᠩᠭ᠋ᠠᠵᠤ ᠂  ᠣᠶᠤᠨᠴᠢᠯᠠᠭᠰᠠᠨ ᠲᠣᠭ᠋ᠠᠵᠢᠭᠤᠯᠵᠤ ᠪᠤᠳᠤᠬᠤ ᠬᠡᠪᠴᠢᠶ᠎ᠡ ᠵᠢ 2 ᠲᠦᠮᠡᠨ P᠎ᠠᠴᠠ ᠳᠠᠪᠠᠭᠤᠯᠬᠤ᠎ᠪᠠᠷ ᠴᠢᠷᠮᠠᠢ᠌ᠨ᠎ᠠ ᠃  ᠢᠷᠡᠭᠡᠳᠦᠢ ᠵᠢᠨ ᠠᠵᠤ ᠦᠢ᠍ᠯᠡᠰ᠎ᠤᠨ ᠲᠠᠯ᠎ᠠ᠎ᠪᠠᠷ ᠂  ᠳᠣᠣᠷ᠎ᠠ ᠨᠡᠭᠦᠷᠡᠰᠦᠲᠥ᠋ᠷᠥᠭᠴᠢᠲᠦ ᠡᠨᠧᠷᠬᠢ ᠂  ᠬᠣᠰᠢᠭᠤᠷᠠᠯ ᠮᠠᠲ᠋ᠧᠷᠢᠶᠠᠯ ᠂  ᠢᠷᠡᠭᠡᠳᠦᠢ ᠵᠢᠨ ᠰᠦᠯᠵᠢᠶ᠎ᠡ ᠂  ᠠᠭ᠋ᠠᠷ ᠰᠠᠨᠰᠠᠷ ᠂  ᠠᠮᠢ ᠨᠠᠰᠤ ᠬᠢᠭᠡᠳ ᠡᠷᠡᠭᠦᠯ ᠴᠢᠭᠢᠷᠠᠭ ᠵᠡᠷᠭᠡ ᠲᠠᠪᠤᠨ ᠶᠡᠬᠡ ᠬᠦᠷᠢᠶ᠎ᠡ ᠴᠠᠷᠠᠭ᠎ᠠ ᠪᠠ  ᠰᠢᠨ᠎ᠡ ᠬᠡᠯᠪᠡᠷᠢ ᠵᠢᠨ ᠨᠥᠭᠡᠴᠡ ᠡᠨᠧᠷᠬᠢ ᠂  ᠤᠰᠤᠳᠦ᠋ᠷᠦᠭᠴᠢ ᠡᠨᠧᠷᠬᠢ ᠂  ᠥᠨᠳᠥᠷ ᠴᠢᠳᠠᠮᠵᠢᠲᠤ ᠨᠡᠢ᠌ᠯᠡᠮᠡᠯ ᠮᠠᠲ᠋ᠧᠷᠢᠶᠠᠯ ᠂  ᠥᠨᠳᠥᠷ ᠪᠦᠲᠦᠮᠵᠢᠲᠡᠢ ᠲᠦᠷᠭᠡᠳᠬᠡᠬᠦ ᠮᠠᠲ᠋ᠧᠷᠢᠶᠠᠯ ᠂  ᠭᠤᠷᠪᠠᠳᠠᠭᠢ ᠦᠶ᠎ᠡ ᠵᠢᠨ ᠬᠠᠭ᠋ᠠᠰ ᠳᠠᠮᠵᠢᠭᠤᠯᠤᠭᠴᠢ ᠂  ᠲᠣᠭ᠋ᠠᠵᠢᠭᠤᠯᠵᠤ ᠪᠤᠳᠤᠬᠤ ᠬᠦᠴᠦᠨ᠎ᠤ ᠰᠦᠯᠵᠢᠶ᠎ᠡ ᠂  ᠳᠠᠭ᠋ᠠᠭᠤᠯᠢ ᠤᠳᠤᠨ᠎ᠤ ᠴᠢᠮᠡᠭᠡ ᠬᠣᠯᠪᠣᠭ᠋ᠠᠨ᠎ᠤ ᠵᠠᠮᠴᠢᠯᠠᠭᠤᠷ ᠂  ᠠᠮᠢᠳᠤ ᠪᠣᠳᠠᠰ᠎ᠤᠨ ᠡᠭᠦᠯᠳᠡᠷ ᠪᠣᠢ᠌ᠵᠢᠭᠤᠯᠬᠤ ᠵᠡᠷᠭᠡ ᠨᠠᠢ᠍ᠮᠠᠨ ᠶᠡᠬᠡ ᠴᠢᠭᠯᠡᠯ᠎ᠳᠤ ᠲᠥᠪᠯᠡᠷᠡᠭᠦᠯᠵᠦ ᠂  ᠠᠯᠤᠰ᠎ᠢ ᠪᠣᠳᠣᠯᠬᠢᠯᠠᠨ ᠰᠡᠳᠦᠨ ᠲᠥᠯᠥᠪᠯᠡᠵᠦ ᠂  ᠴᠡᠭ ᠪᠠᠢ᠌ᠷᠢᠯᠠᠯ ᠵᠶ᠋ᠠᠨ ᠣᠨᠣᠪᠴᠢᠲᠠᠢ ᠣᠯᠵᠤ ᠂  ᠵᠠᠪᠠᠯ ᠰᠢᠪᠲᠤᠯᠤᠯᠲᠠ ᠭᠠᠷᠭ᠋ᠠᠬᠤ᠎ᠪᠠᠷ ᠴᠢᠷᠮᠠᠢ᠌ᠬᠤ ᠬᠡᠷᠡᠭᠲᠡᠢ ᠃  ᠬᠥᠬᠡᠬᠤᠲᠠ ᠵᠢᠨ ᠠᠭ᠋ᠠᠷ ᠠᠶᠠᠯᠠᠯ᠎ᠤᠨ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ ᠪᠦᠲᠦᠭᠡᠨ ᠪᠠᠢ᠍ᠢ᠍ᠭᠤᠯᠬᠤ ᠵᠢ ᠳᠡᠮᠵᠢᠵᠦ ᠂  ᠤᠯᠤᠰ᠎ᠤᠨ ᠳᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠴᠣᠭᠴᠠᠯᠠᠨ᠎ᠠ ᠃  ᠪᠦᠯᠦᠭᠵᠢᠯ᠎ᠢ ᠪᠤᠵᠠᠭ᠋ᠠᠢ᠌ᠷᠠᠭᠤᠯᠬᠤ ᠭᠡᠳᠡᠭ᠎ᠨᠢ  ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠪᠦᠬᠦᠢ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠪᠦᠲᠦᠭᠡᠨ ᠪᠠᠢ᠍ᠢ᠍ᠭᠤᠯᠬᠤ ᠵᠢ ᠵᠢᠭ᠋ᠠᠵᠤ ᠪᠣᠢ ᠃  ᠦᠢ᠍ᠯᠡᠳᠬᠦ ᠦᠢ᠍ᠯᠡᠰ᠎ᠤᠨ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠴᠢᠨᠠᠷ ᠰᠠᠢ᠌ᠲᠠᠢ ᠬᠥᠭᠵᠢᠭᠦᠯᠬᠦ ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠵᠦ ᠂ ᠰᠦ  ᠴᠠᠭ᠋ᠠᠨ ᠢᠳᠡᠭᠡᠨ᠎ᠤ ᠳᠡᠯᠡᠬᠡᠢ ᠵᠢᠨ ᠳᠡᠰ᠎ᠤᠨ ᠪᠦᠯᠦᠭᠵᠢᠯ ᠂  ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ ᠂  ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠂  ᠴᠠᠬᠢᠭᠤᠷ ᠲᠠᠯᠠᠰᠲᠤ ᠵᠢᠨ ᠰᠢᠨ᠎ᠡ ᠮᠠᠲ᠋ᠧᠷᠢᠶᠠᠯ ᠵᠢᠴᠢ ᠭᠡᠷᠡᠯᠴᠢ ᠴᠡᠨᠡᠭ ᠦᠢ᠍ᠯᠡᠳᠬᠦ ᠤᠯᠤᠰ᠎ᠤᠨ ᠳᠡᠰ᠎ᠤᠨ ᠪᠦᠯᠦᠭᠵᠢᠯ᠎ᠢ 3 ᠂  ᠰᠠᠯᠬᠢᠨ ᠬᠦᠴᠦᠨ᠎ᠤ ᠴᠠᠬᠢᠯᠭ᠋ᠠᠨ᠎ᠤ ᠲᠤᠨᠤᠭ ᠲᠥᠬᠦᠭᠡᠷᠦᠮᠵᠢ ᠂  ᠤᠰᠤᠳᠦ᠋ᠷᠦᠭᠴᠢ ᠡᠨᠧᠷᠬᠢ ᠦᠢ᠍ᠯᠡᠳᠬᠦ ᠂  ᠰᠢᠨ᠎ᠡ ᠬᠡᠯᠪᠡᠷᠢ ᠵᠢᠨ ᠨᠥᠭᠡᠴᠡ ᠡᠨᠧᠷᠬᠢ ᠂  ᠠᠮᠢᠳᠤ ᠪᠣᠳᠠᠰ᠎ᠤᠨ ᠡᠮ ᠡᠮᠨᠡᠯᠭᠡ ᠂  ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠂  ᠬᠠᠢ᠌ᠯᠤᠰᠢ ᠵᠢᠨ ᠮᠠᠲ᠋ᠧᠷᠢᠶᠠᠯ ᠵᠡᠷᠭᠡ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠦᠯᠦᠭᠵᠢᠯ᠎ᠢ 9 ᠬᠦᠴᠦ᠎ᠪᠠᠨ ᠲᠥᠪᠯᠡᠷᠡᠭᠦᠯᠦᠨ ᠴᠣᠭᠴᠠᠯᠠᠵᠤ ᠂  ᠴᠢᠨᠠᠷ ᠰᠠᠢ᠌ᠲᠠᠢ ᠠᠵᠤ ᠠᠬᠤᠢ᠌ᠯᠠᠯ ᠂  ᠡᠬᠢ ᠪᠠᠶᠠᠯᠢᠭ᠎ᠤᠨ ᠬᠦᠴᠦᠨ ᠵᠦᠢ᠍ᠯ ᠂  ᠰᠢᠨ᠎ᠡ ᠵᠢ ᠡᠭᠦᠳᠬᠦ ᠴᠢᠳᠠᠪᠤᠷᠢᠲᠠᠨ ᠵᠡᠷᠭᠡ ᠵᠢ ᠬᠡᠯᠬᠢᠶᠡᠯᠡᠨ ᠳᠦᠬᠦᠷᠵᠢᠭᠦᠯᠬᠦ ᠵᠢ ᠠᠬᠢᠭᠤᠯᠤᠨ ᠂  ᠠᠵᠤ ᠦᠢ᠍ᠯᠡᠰ᠎ᠤᠨ ᠬᠡᠯᠬᠢᠶ᠎ᠡ ᠵᠢ ᠳᠤᠮᠳᠠ ᠳᠣᠣᠷ᠎ᠠ ᠬᠡᠯᠬᠢᠶ᠎ᠡ ᠲᠡᠢ᠌ᠰᠢ ᠤᠷᠲᠤᠳᠬᠠᠬᠤ ᠂  ᠥᠷᠲᠡᠭ᠎ᠤᠨ ᠬᠡᠯᠬᠢᠶ᠎ᠡ ᠵᠢ ᠳᠤᠮᠳᠠ ᠳᠡᠭᠡᠷ᠎ᠡ ᠦᠵᠦᠭᠦᠷ ᠲᠡᠢ᠌ᠰᠢ ᠳᠡᠭᠡᠭᠰᠢᠯᠡᠭᠦᠯᠬᠦ᠎ᠪᠠᠷ ᠬᠥᠲᠥᠯᠥᠨ ᠳᠠᠭ᠋ᠠᠭᠤᠯᠤᠨ᠎ᠠ ᠃  ᠲᠤᠯᠭ᠋ᠠᠭᠤᠷᠢᠯᠠᠯ᠎ᠢ ᠴᠢᠩᠭ᠋ᠠᠳᠬᠠᠬᠤ ᠭᠡᠳᠡᠭ᠎ᠨᠢ  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠶᠡᠷᠦᠩᠬᠡᠢ ᠪᠣᠳᠠᠲᠤ ᠬᠦᠴᠦᠨ᠎ᠢ ᠶᠡᠬᠡ ᠬᠡᠮᠵᠢᠶ᠎ᠡ᠎ᠪᠠᠷ ᠨᠡᠮᠡᠭᠳᠡᠭᠦᠯᠬᠦ ᠵᠢ ᠵᠢᠭ᠋ᠠᠵᠤ ᠪᠣᠢ ᠃  ᠠᠵᠤ ᠠᠬᠤᠢ᠌ᠯᠠᠯ᠎ᠢ ᠲᠠᠲᠠᠨ ᠬᠦᠷᠢᠶᠡᠯᠡᠩ ᠲᠣᠭᠣᠷᠢᠭ᠎ᠲᠤ ᠣᠷᠤᠭᠤᠯᠬᠤ ᠂  ᠠᠵᠤ ᠠᠬᠤᠢ᠌ᠯᠠᠯ᠎ᠢ ᠲᠡᠳᠬᠦᠨ ᠬᠦᠷᠢᠶᠡᠯᠡᠩ ᠲᠣᠭᠣᠷᠢᠭ᠎ᠢ ᠬᠦᠴᠦᠷᠬᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ ᠂  ᠰᠠᠭᠤᠷᠢᠰᠢᠭᠤᠯᠤᠭᠰᠠᠨ ᠲᠦᠷᠦᠯ ᠵᠦᠢ᠍ᠯ ᠵᠶ᠋ᠠᠷ ᠣᠯᠠᠨ ᠂  ᠬᠥᠭᠵᠢᠯᠲᠡ ᠵᠢᠨ ᠳᠠᠯᠳᠠ ᠬᠦᠴᠦᠨ ᠶᠡᠬᠡ ᠂  ᠰᠢᠨ᠎ᠡ ᠵᠢ ᠡᠭᠦᠳᠬᠦ ᠴᠢᠳᠠᠪᠤᠷᠢ᠎ᠪᠠᠷ ᠴᠢᠩᠭ᠎ᠠ ᠂  ᠪᠡᠯᠡ ᠣᠷᠤᠭᠤᠯᠬᠤ ᠡᠷᠴᠢᠮ ᠴᠢᠩᠭ᠎ᠠ ᠪᠠᠢ᠌ᠭ᠎ᠠ ᠬᠦᠷᠢᠶᠡᠯᠡᠩ ᠲᠣᠭᠣᠷᠢᠭ᠎ᠤᠨ ᠳᠡᠰ ᠳᠡᠪᠰᠢᠬᠦ ᠵᠢ ᠭᠣᠣᠯᠳᠠᠯᠭ᠎ᠠ᠎ᠲᠠᠢ ᠳᠡᠮᠵᠢᠨ᠎ᠡ ;  ᠬᠡᠯᠬᠢᠶᠡᠨ᠎ᠤ ᠭᠣᠣᠯ ᠠᠵᠤ ᠠᠬᠤᠢ᠌ᠯᠠᠯ᠎ᠤᠨ ᠲᠣᠭᠣᠷᠢᠨ᠎ᠳᠤ ᠪᠦᠬᠦ ᠲᠠᠯ᠎ᠠ᠎ᠪᠠᠷ ᠦᠢ᠍ᠯᠡᠴᠢᠯᠡᠬᠦ ᠂  ᠪᠦᠬᠦ ᠬᠦᠴᠦᠨ ᠵᠦᠢ᠍ᠯ ᠵᠶ᠋ᠠᠷ ᠪᠠᠲᠤᠯᠠᠬᠤ ᠂  ᠪᠦᠬᠦ ᠬᠡᠯᠬᠢᠶ᠎ᠡ᠎ᠪᠠᠷ ᠲᠠᠲᠠᠨ ᠣᠷᠤᠭᠤᠯᠬᠤ ᠵᠢ ᠴᠢᠩᠭ᠋ᠠᠳᠬᠠᠵᠤ ᠂  ᠨᠡᠩ ᠣᠯᠠᠨ ᠳᠡᠭᠡᠷ᠎ᠡ ᠳᠣᠣᠷ᠎ᠠ ᠬᠡᠯᠬᠢᠶᠡᠨ᠎ᠤ ᠬᠤᠷᠰᠢᠭᠰᠠᠨ ᠬᠤᠳᠠᠯᠳᠤᠭ᠋ᠠᠴᠢᠨ ᠂  ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠬᠦᠷᠢᠶᠡᠯᠡᠩ ᠲᠣᠭᠣᠷᠢᠭ᠎ᠲᠤ ᠪᠥᠭᠡᠭᠡᠨᠡᠷᠡᠭᠦᠯᠵᠦ ᠂  ᠳᠠᠩ ᠳᠠᠩ ᠵᠶ᠋ᠠᠷ᠎ᠨᠢ  ᠬᠦᠴᠦᠷᠬᠡᠭᠵᠢᠭᠦᠯᠦᠨ ᠭᠢᠯᠠᠷᠠᠭᠤᠯᠵᠤ ᠂  ᠴᠡᠭ ᠴᠡᠭ ᠵᠶ᠋ᠠᠷ᠎ᠨᠢ  ᠬᠡᠯᠬᠢᠶᠡᠰᠦᠯᠡᠨ ᠬᠥᠭᠵᠢᠭᠦᠯᠦᠨ᠎ᠡ ᠃ 

       ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠵᠦ ᠂  ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠬᠡᠷᠡᠭᠲᠡᠢ ᠃  ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠪᠣᠯᠣᠨ ᠲᠡᠷᠢᠭᠦᠨ᠎ᠤ ᠦᠢ᠍ᠯᠡᠳᠬᠦ ᠦᠢ᠍ᠯᠡᠰ ᠂  ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ᠎ᠯᠤᠭ᠎ᠠ ᠵᠢᠨ ᠭᠦᠨᠵᠡᠭᠡᠢ ᠠᠭᠤᠰᠤᠯᠴᠠᠯ᠎ᠢ ᠶᠡᠬᠡ᠎ᠪᠠᠷ ᠠᠬᠢᠭᠤᠯᠵᠤ ᠂  ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ ᠂  ᠵᠠᠬᠢᠶᠠᠯᠠᠨ ᠬᠢᠯᠭᠡᠬᠦ ᠦᠢ᠍ᠯᠡᠴᠢᠯᠡᠭᠡ ᠂  ᠪᠠᠢ᠌ᠴᠠᠭ᠋ᠠᠨ ᠰᠢᠯᠭ᠋ᠠᠵᠤ ᠬᠡᠮᠵᠢᠬᠦ ᠂  ᠮᠡᠳᠡᠭᠡ ᠵᠠᠩᠭᠢ ᠵᠢᠨ ᠯᠠᠪᠯᠠᠭ᠎ᠠ ᠵᠡᠷᠭᠡ ᠦᠢ᠍ᠯᠡᠴᠢᠯᠡᠭᠡᠨ᠎ᠤ ᠡᠵᠡᠩᠨᠡᠯᠲᠡ ᠵᠢᠨ ᠪᠠᠢ᠌ᠳᠠᠯ᠎ᠢ ᠢᠳᠡᠪᠬᠢᠲᠡᠢ ᠬᠥᠭᠵᠢᠭᠦᠯᠦᠨ ᠂  ᠦᠢ᠍ᠯᠡᠴᠢᠯᠡᠭᠡᠨ᠎ᠤ ᠦᠢ᠍ᠯᠡᠰ᠎ᠤᠨ ᠨᠢᠭᠡ ᠪᠦᠯᠦᠭ ᠬᠥᠲᠥᠴᠢ ᠪᠣᠯᠬᠤ ᠨᠢᠷᠤᠭᠤᠪᠴᠢ ᠠᠵᠤ ᠠᠬᠤᠢ᠌ᠯᠠᠯ᠎ᠢ ᠣᠷᠣᠭᠤᠯᠤᠨ ᠠᠪᠴᠢᠷᠠᠵᠤ ᠪᠣᠢ᠌ᠵᠢᠭᠤᠯᠬᠤ᠎ᠪᠠᠷ ᠬᠦᠴᠦᠯᠡᠵᠦ ᠂  ᠦᠢ᠍ᠯᠡᠴᠢᠯᠡᠭᠡᠨ᠎ᠤ ᠦᠢ᠍ᠯᠡᠰ᠎ᠤᠨ ᠨᠢᠭᠡ ᠪᠦᠯᠦᠭ ᠨᠡᠷ᠎ᠡ ᠠᠯᠳᠠᠷᠰᠢᠭᠰᠠᠨ ᠨᠡᠷᠡᠲᠦ ᠲᠡᠮᠳᠡᠭ᠎ᠢ ᠬᠦᠴᠦᠷᠬᠡᠭᠵᠢᠭᠦᠯᠬᠦ ᠵᠢ ᠵᠣᠷᠢᠭᠵᠢᠭᠤᠯᠤᠨ ᠂  ᠣᠷᠣᠨ᠎ᠤ ᠲᠥᠪ ᠬᠤᠲᠠ ᠵᠢᠨ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠰᠢᠨ᠎ᠡ ᠥᠨᠳᠥᠷᠯᠢᠭ᠎ᠢ ᠴᠣᠭᠴᠠᠯᠠᠬᠤ ᠵᠢ᠎ᠨᠢ  ᠳᠡᠮᠵᠢᠵᠦ ᠂  ᠬᠥᠯᠥᠨ ᠪᠦᠢ᠍ᠷ᠎ᠤᠨ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠬᠦᠢ᠍ᠲᠡᠨ᠎ᠢ ᠳᠠᠭ᠋ᠠᠭ᠋ᠠᠬᠤ ᠲᠤᠷᠰᠢᠯᠲᠠ ᠵᠢᠨ ᠰᠠᠭᠤᠷᠢᠨ ᠭᠠᠵᠠᠷ᠎ᠢ ᠪᠦᠲᠦᠭᠡᠨ ᠪᠠᠢ᠍ᠢ᠍ᠭᠤᠯᠬᠤ ᠵᠢ᠎ᠨᠢ  ᠳᠡᠮᠵᠢᠨ᠎ᠡ ᠃  ᠰᠢᠨ᠎ᠡ ᠡᠨᠧᠷᠬᠢ ᠵᠢᠨ ᠠᠵᠢᠯᠯᠠᠭᠤᠯᠵᠤ ᠬᠠᠮᠠᠭ᠋ᠠᠯᠠᠬᠤ ᠦᠢ᠍ᠯᠡᠴᠢᠯᠡᠭᠡᠨ᠎ᠤ ᠦᠢ᠍ᠯᠡᠰ ᠰᠠᠷᠠᠭᠤᠯ ᠠᠭᠤᠳᠠᠮ ᠬᠡᠳᠦ ᠵᠢᠨ ᠲᠥᠯᠥᠪ᠎ᠲᠠᠢ ᠂  ᠵᠢᠱ᠌ᠢᠭᠰᠡᠨ ᠵᠶ᠋ᠠᠷ 2025 ᠣᠨ ᠪᠣᠯᠬᠤ᠎ᠳᠤ ᠰᠢᠨ᠎ᠡ ᠡᠨᠧᠷᠬᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ 1.5 ᠳ᠋ᠦᠩᠰᠢᠭᠤᠷ ᠺᠢᠯᠣᠸᠠᠲ᠎ᠲᠤ ᠬᠦᠷᠬᠦ ᠪᠣᠯᠣᠨ᠎ᠠ ᠂  ᠣᠶᠤᠨᠯᠢᠭ ᠵᠶ᠋ᠠᠷ ᠪᠠᠢ᠌ᠴᠠᠭ᠋ᠠᠨ ᠰᠡᠯᠪᠢᠬᠦ ᠂  ᠨᠠᠷᠢᠯᠢᠭ ᠬᠠᠮᠢᠶᠠᠷᠤᠨ ᠡᠵᠡᠮᠳᠡᠬᠦ ᠂  ᠲᠥᠬᠦᠭᠡᠷᠦᠮᠵᠢ ᠵᠢ ᠰᠢᠯᠢᠳᠡᠭᠵᠢᠭᠦᠯᠬᠦ ᠵᠡᠷᠭᠡ ᠦᠢ᠍ᠯᠡᠴᠢᠯᠡᠭᠡᠨ᠎ᠤ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ ᠂  ᠲᠤᠰᠬᠠᠢ᠌ᠵᠢᠭᠰᠠᠨ ᠦᠢ᠍ᠯᠡᠴᠢᠯᠡᠭᠡᠨ᠎ᠤ ᠬᠤᠳᠠᠯᠳᠤᠭ᠋ᠠᠴᠢᠨ᠎ᠢ ᠪᠣᠢ᠌ᠵᠢᠭᠤᠯᠵᠤ ᠂  ᠪᠦᠬᠦ ᠤᠯᠤᠰ᠎ᠤᠨ ᠰᠢᠨ᠎ᠡ ᠡᠨᠧᠷᠬᠢ ᠵᠢᠨ ᠠᠵᠢᠯᠯᠠᠭᠤᠯᠵᠤ ᠬᠠᠮᠠᠭ᠋ᠠᠯᠠᠬᠤ ᠠᠵᠤ ᠦᠢ᠍ᠯᠡᠰ᠎ᠤᠨ 《ᠲᠦᠷᠦᠭᠦᠦ ᠬᠣᠨᠢ 》  ᠪᠣᠯᠬᠤ᠎ᠪᠠᠷ ᠴᠢᠷᠮᠠᠢ᠌ᠬᠤ ᠬᠡᠷᠡᠭᠲᠡᠢ ᠃  ᠪᠠᠷᠠᠭ᠋ᠠᠨ᠎ᠤ ᠭᠦᠢ᠍ᠯᠭᠡᠭᠡᠨ᠎ᠤ ᠬᠦᠮᠦᠷᠭᠡᠯᠡᠯᠲᠡ ᠲᠡᠭᠡᠭᠡᠪᠦᠷᠢ ᠵᠢᠨ ᠦᠢ᠍ᠯᠡᠰ᠎ᠤᠨ ᠳᠠᠯᠳᠠ ᠬᠦᠴᠦᠨ ᠯᠤᠲᠤ ᠶᠡᠬᠡ ᠪᠠᠢ᠌ᠨ᠎ᠠ ᠂  ᠮᠠᠨ᠎ᠤ ᠣᠷᠣᠨ᠎ᠤ ᠭᠦᠢ᠍ᠯᠭᠡᠭᠡᠨ ᠶᠡᠬᠡᠲᠡᠢ ᠲᠠᠸᠠᠷ ᠦᠢ᠍ᠯᠡᠳᠪᠦᠷᠢᠯᠡᠬᠦ ᠣᠯᠠᠨ ᠂  ᠶᠡᠬᠡ᠎ᠪᠠᠷ ᠭᠠᠳᠠᠭᠰᠢ ᠭᠠᠷᠭ᠋ᠠᠬᠤ ᠶᠡᠬᠡ᠎ᠪᠠᠷ ᠭᠠᠳᠠᠨ᠎ᠠ᠎ᠠᠴᠠ ᠣᠷᠣᠭᠤᠯᠬᠤ ᠣᠯᠠᠨ ᠂  ᠬᠤᠯᠠ ᠵᠠᠢ᠎ᠪᠠᠷ ᠲᠡᠭᠡᠭᠡᠪᠦᠷᠢᠯᠡᠬᠦ ᠣᠯᠠᠨ ᠵᠡᠷᠭᠡ ᠪᠣᠳᠠᠲᠠᠢ᠎ᠳᠤ ᠰᠠᠭᠤᠷᠢᠯᠠᠨ ᠂ 《ᠨᠡᠪᠲᠡᠷᠡᠯ ᠵᠠᠮ + ᠵᠠᠩᠭᠢᠶᠠᠰᠤ + ᠲᠣᠣᠷ 》᠎ᠤᠨ ᠣᠳᠣ ᠦᠶ᠎ᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ ᠂  ᠣᠷᠣᠨ ᠨᠤᠲᠤᠭ᠎ᠤᠨ ᠲᠣᠣᠷ ᠰᠦᠯᠵᠢᠶᠡᠨ᠎ᠤ ᠪᠠᠷᠠᠭ᠎ᠠ ᠲᠡᠭᠡᠭᠡᠪᠦᠷᠢᠯᠡᠬᠦ ᠲᠠᠪᠴᠠᠩᠲᠤ ᠠᠵᠤ ᠠᠬᠤᠢ᠌ᠯᠠᠯ᠎ᠢ ᠪᠣᠢ᠌ᠵᠢᠭᠤᠯᠵᠤ ᠂  ᠣᠯᠠᠨ ᠬᠡᠯᠪᠡᠷᠢ᠎ᠪᠠᠷ ᠬᠣᠯᠪᠤᠭ᠋ᠠᠯᠠᠨ ᠲᠡᠭᠡᠭᠡᠪᠦᠷᠢᠯᠡᠬᠦ ᠵᠢ ᠲᠦᠷᠭᠡᠳᠬᠡᠨ ᠠᠬᠢᠭᠤᠯᠵᠤ ᠂  ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ᠎ᠨᠢ  ᠪᠠᠭᠤᠷᠠᠭᠤᠯᠤᠨ ᠂  ᠠᠵᠤ ᠠᠬᠤᠢ᠌ᠯᠠᠯ᠎ᠢ ᠲᠡᠳᠬᠦᠨ ᠂  ᠡᠵᠡᠩᠨᠡᠯᠲᠡ ᠵᠢᠨ ᠪᠠᠢ᠌ᠳᠠᠯ᠎ᠢ᠎ᠨᠢ  ᠬᠥᠭᠵᠢᠭᠦᠯᠬᠦ ᠮᠥᠷᠲᠡᠭᠡᠨ ᠠᠵᠢᠯ ᠣᠯᠭᠣᠯᠲᠠ ᠵᠢ ᠳᠠᠢ᠍ᠢ᠍ᠴᠢᠯᠠᠨ ᠂  ᠣᠷᠣᠯᠭ᠎ᠠ ᠵᠢ᠎ᠨᠢ  ᠳᠡᠭᠡᠭᠰᠢᠯᠡᠭᠦᠯᠦᠨ᠎ᠡ ᠃  ᠮᠥᠩᠭᠥᠨ ᠭᠦᠢ᠍ᠯᠭᠡᠭᠡ ᠪᠣᠯ  ᠪᠣᠳᠠᠲᠤ ᠴᠣᠭᠴᠠ ᠵᠢᠨ ᠠᠵᠤ ᠠᠬᠤᠢ ᠵᠢᠨ ᠠᠮᠢᠨ ᠰᠤᠳᠠᠰᠤ ᠂  ᠪᠣᠳᠠᠲᠤ ᠴᠣᠭᠴᠠ ᠵᠢᠨ ᠠᠵᠤ ᠠᠬᠤᠢ᠎ᠳᠤ ᠦᠢ᠍ᠯᠡᠴᠢᠯᠡᠬᠦ ᠪᠣᠯ  ᠮᠥᠩᠭᠥᠨ ᠭᠦᠢ᠍ᠯᠭᠡᠭᠡᠨ᠎ᠤ ᠳᠠᠷᠬᠠᠨ ᠡᠭᠦᠷᠭᠡ ᠮᠥᠨ ᠂  ᠮᠥᠩᠭᠥᠨ ᠭᠦᠢ᠍ᠯᠭᠡᠭᠡᠨ᠎ᠤ ᠦᠢ᠍ᠯᠡᠰ᠎ᠲᠤ ᠲᠣᠬᠢᠶᠠᠯᠳᠤᠭᠰᠠᠨ ᠴᠢᠬᠤᠯᠠ ᠶᠡᠬᠡ ᠬᠥᠭᠵᠢᠯᠲᠡ ᠵᠢᠨ ᠠᠵᠠ ᠲᠣᠬᠢᠶᠠᠯ᠎ᠢ ᠴᠢᠩᠭ᠎ᠠ ᠠᠳᠬᠤᠵᠤ ᠪᠠᠢ᠌ᠭ᠋ᠠᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢ᠍ᠯᠭᠡᠭᠡ ᠂  ᠪᠣᠬᠢᠷᠳᠤᠯ ᠦᠭᠡᠢ ᠮᠥᠩᠭᠥᠨ ᠭᠦᠢ᠍ᠯᠭᠡᠭᠡ ᠂  ᠲᠦᠭᠡᠮᠡᠯ ᠬᠠᠷᠠᠭ᠋ᠠᠯᠵᠠᠯᠲᠤ ᠮᠥᠩᠭᠥᠨ ᠭᠦᠢ᠍ᠯᠭᠡᠭᠡ ᠂  ᠨᠠᠰᠤᠵᠢᠯ᠎ᠤᠨ ᠠᠰᠠᠷᠠᠮᠵᠢ ᠵᠢᠨ ᠮᠥᠩᠭᠥᠨ ᠭᠦᠢ᠍ᠯᠭᠡᠭᠡ ᠂  ᠲᠣᠭ᠋ᠠᠵᠢᠯᠲᠣ ᠮᠥᠩᠭᠥᠨ ᠭᠦᠢ᠍ᠯᠭᠡᠭᠡ ᠲᠠᠪᠤᠨ ᠲᠣᠮᠣ ᠲᠦᠷᠦᠯ᠎ᠢ ᠬᠦᠴᠦ ᠣᠷᠣᠭᠤᠯᠤᠨ ᠰᠠᠢ᠌ᠲᠤᠷ ᠬᠢᠵᠦ ᠂  ᠲᠦᠷᠦᠯ ᠵᠦᠢ᠍ᠯ᠎ᠤᠨ ᠪᠡᠯᠡ ᠲᠣᠬᠢᠷᠠᠭᠤᠯᠬᠤ ᠠᠷᠭ᠎ᠠ ᠵᠠᠮ᠎ᠢ ᠤᠯᠠᠮ ᠨᠢᠭᠡ ᠠᠯᠬᠤᠮ ᠰᠢᠯᠤᠭᠤᠳᠬᠠᠵᠤ ᠂  ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ 《ᠲᠠᠪᠤᠨ ᠶᠡᠬᠡ ᠡᠭᠦᠷᠭᠡ 》᠂ 《ᠵᠢᠷᠭᠤᠭ᠋ᠠᠨ ᠢᠨᠵᠧᠨᠧᠷᠢᠩ 》᠎ᠢ ᠳᠡᠮᠵᠢᠬᠦ ᠡᠷᠴᠢᠮ᠎ᠢ᠎ᠨᠢ  ᠴᠢᠩᠭ᠋ᠠᠷᠠᠭᠤᠯᠵᠤ ᠂  ᠠᠵᠤ ᠦᠢ᠍ᠯᠡᠰ᠎ᠤᠨ ᠪᠡᠯᠡ ᠣᠷᠤᠭᠤᠯᠤᠯᠲᠠ ᠵᠢᠨ ᠰᠠᠭᠤᠷᠢ ᠮᠥᠩᠭᠥᠨ᠎ᠤ ᠴᠢᠳᠠᠮᠵᠢ ᠵᠢ ᠡᠮᠬᠢᠯᠡᠨ ᠨᠡᠢ᠌ᠯᠡᠭᠦᠯᠵᠦ ᠰᠢᠯᠢᠳᠡᠭᠵᠢᠭᠦᠯᠦᠨ ᠂  ᠬᠦᠬᠡᠬᠤᠲᠠ ᠵᠢᠨ ᠣᠷᠣᠨ ᠪᠦᠰᠡ ᠵᠢᠨ ᠴᠢᠨᠠᠷᠲᠠᠢ ᠮᠥᠩᠭᠥᠨ ᠭᠦᠢ᠍ᠯᠭᠡᠭᠡᠨ᠎ᠤ ᠲᠥᠪ᠎ᠢ ᠬᠦᠴᠦᠨ ᠵᠶ᠋ᠠᠨ ᠲᠥᠪᠯᠡᠷᠡᠭᠦᠯᠦᠨ ᠴᠣᠭᠴᠠᠯᠠᠵᠤ ᠂  ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ᠎ᠳᠤ ᠭᠠᠷᠭ᠋ᠠᠬᠤ 《ᠲᠢᠶᠠᠨ ᠵᠢᠶᠦ᠋ᠨ ᠲᠥᠯᠥᠪᠯᠡᠭᠡ 》 ᠵᠢ ᠭᠦᠨᠵᠡᠭᠡᠢ ᠬᠡᠷᠡᠭᠵᠢᠭᠦᠯᠦᠨ ᠂  ᠠᠵᠤ ᠠᠬᠤᠢ᠌ᠯᠠᠯ᠎ᠢ ᠣᠯᠠᠨ ᠳᠡᠰ ᠳᠠᠪᠬᠤᠷᠭ᠎ᠠ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠯᠦᠭᠡ ᠵᠠᠯᠭ᠋ᠠᠯᠳᠤᠭᠤᠯᠬᠤ ᠪᠠ  ᠣᠯᠠᠨ ᠡᠰᠢᠵᠢᠭᠰᠡᠨ ᠪᠡᠯᠡ ᠲᠣᠬᠢᠷᠠᠭᠤᠯᠬᠤ ᠠᠵᠢᠯ ᠥᠷᠨᠢᠭᠦᠯᠬᠦ ᠵᠢ᠎ᠨᠢ  ᠪᠦᠬᠦ ᠬᠦᠴᠦᠨ ᠵᠶ᠋ᠠᠷ ᠵᠶ᠋ᠠᠨ ᠠᠬᠢᠭᠤᠯᠵᠤ ᠂  ᠮᠥᠩᠭᠥᠨ ᠭᠦᠢ᠍ᠯᠭᠡᠭᠡᠨ᠎ᠤ ᠡᠬᠢ ᠪᠠᠶᠠᠯᠢᠭ᠎ᠢ ᠳᠦᠬᠦᠷᠵᠢᠭᠦᠯᠦᠨ ᠲᠣᠬᠢᠷᠠᠭᠤᠯᠬᠤ ᠠᠰᠢᠭᠯᠠᠮᠵᠢ ᠪᠣᠯᠣᠨ ᠴᠢᠳᠠᠪᠤᠷᠢ ᠵᠢ᠎ᠨᠢ  ᠳᠡᠭᠡᠭᠰᠢᠯᠡᠭᠦᠯᠦᠨ ᠂  ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ ᠃

      (ᠵᠢᠷᠭᠤᠭ᠎ᠠ )  ᠭᠤᠢ᠌ᠪᠢᠰᠢ ᠦᠭᠡᠢ᠎ᠪᠠᠷ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠂  ᠨᠡᠭᠡᠭᠡᠯᠲᠡ ᠬᠢᠬᠦ ᠵᠢ ᠥᠷᠭᠡᠳᠬᠡᠨ᠎ᠡ ᠃  ᠣᠳᠣᠬᠢ ᠥᠪᠥᠷ ᠮᠣᠩᠭᠣᠯ᠎ᠳᠤ ᠠᠪᠴᠤ ᠬᠡᠯᠡᠪᠡᠯ ᠤᠯᠠᠮ ᠨᠢᠭᠡ ᠠᠯᠬᠤᠮ ᠦᠵᠡᠯ ᠰᠠᠨᠠᠭ᠎ᠠ᠎ᠪᠠᠨ ᠴᠢᠯᠦᠭᠡᠯᠡᠬᠦ ᠂  ᠥᠭᠡᠷᠡᠴᠢᠯᠡᠯᠲᠡ ᠨᠡᠭᠡᠭᠡᠯᠲᠡ ᠬᠢᠬᠦ ᠪᠠ  ᠤᠯᠠᠮ ᠨᠢᠭᠡ ᠠᠯᠬᠤᠮ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠂  ᠨᠡᠢ᠌ᠭᠡᠮ᠎ᠤᠨ ᠡᠭᠦᠳᠦᠨ ᠪᠦᠲᠦᠭᠡᠬᠦ ᠴᠢᠳᠠᠪᠤᠷᠢ ᠵᠢ ᠬᠥᠭᠵᠢᠭᠡᠬᠦ ᠵᠢ ᠥᠩᠭᠡᠷᠡᠭᠰᠡᠨ᠎ᠤ ᠠᠯᠢ ᠴᠤ᠌ ᠴᠠᠭ ᠦᠶ᠎ᠡ᠎ᠠᠴᠠ ᠢᠯᠡᠭᠦᠦ ᠲᠤᠯᠭ᠋ᠠᠮ ᠱᠠᠭ᠋ᠠᠷᠳᠠᠵᠤ ᠪᠠᠢ᠌ᠨ᠎ᠠ ᠃

       ᠦᠵᠡᠯᠲᠡ᠎ᠪᠠᠨ ᠬᠤᠪᠢᠷᠠᠭᠤᠯᠬᠤ ᠂  ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠠᠯ᠎ᠠ᠎ᠪᠠᠷ ᠵᠣᠷᠢᠭᠲᠠᠢ ᠬᠢᠵᠦ ᠠᠵᠢᠯᠯᠠᠬᠤ ᠬᠡᠷᠡᠭᠲᠡᠢ ᠃  ᠣᠳᠣ ᠮᠠᠨ᠎ᠤ ᠣᠷᠣᠨ᠎ᠤ ᠬᠥᠭᠵᠢᠯᠲᠡ ᠵᠢᠨ ᠪᠠᠢ᠌ᠳᠠᠯ ᠨᠡᠯᠢᠶᠡᠳ ᠰᠠᠢ᠌ᠨ ᠪᠠᠢ᠌ᠵᠤ ᠂  ᠨᠡᠢ᠌ᠭᠡᠮ ᠳᠠᠶᠠᠭ᠋ᠠᠷ᠎ᠤᠨ ᠴᠥᠭᠡᠨ ᠪᠤᠰᠤ ᠮᠠᠭᠲᠠᠭ᠋ᠠᠯ ᠰᠠᠢ᠌ᠰᠢᠶᠠᠯ᠎ᠢ ᠣᠯᠪᠠ ᠂  ᠭᠡᠪᠡᠴᠦ ᠴᠢᠨᠠᠷ ᠰᠠᠢ᠌ᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠬᠤ ᠭᠡᠪᠡᠯ ᠡᠷᠬᠡᠪᠰᠢ ᠦᠵᠡᠯᠲᠡ᠎ᠪᠠᠨ ᠬᠤᠪᠢᠷᠠᠭᠤᠯᠬᠤ ᠲᠠᠯ᠎ᠠ᠎ᠪᠠᠷ ᠪᠠᠰᠠ ᠬᠦᠴᠦ ᠣᠷᠤᠭᠤᠯᠬᠤ ᠬᠡᠷᠡᠭᠲᠡᠢ ᠃  ᠪᠦᠬᠦ ᠤᠯᠤᠰ᠎ᠤᠨ ᠲᠡᠷᠢᠭᠦᠨ᠎ᠤ᠎ᠬᠢ᠎ᠲᠠᠢ ᠵᠣᠷᠢᠭᠲᠠᠢ᠎ᠪᠠᠷ ᠬᠠᠷᠢᠴᠠᠭᠤᠯᠵᠤ ᠂  ᠵᠣᠷᠢᠭᠲᠠᠢ ᠰᠤᠷᠤᠯᠴᠠᠨ ᠲᠣᠯᠢᠳᠠᠵᠤ ᠂  ᠬᠥᠭᠵᠢᠭᠰᠡᠨ ᠭᠠᠵᠠᠷ ᠣᠷᠣᠨ᠎ᠤ᠎ᠬᠢᠨ ᠬᠢᠵᠦ ᠳᠡᠢ᠍ᠢ᠍ᠯᠬᠦ ᠪᠦᠬᠦᠨ᠎ᠢ ᠪᠢᠳᠡ ᠪᠠᠰᠠ ᠬᠢᠵᠦ ᠳᠡᠢ᠍ᠢ᠍ᠯᠬᠦ ᠶᠣᠰᠣᠲᠠᠢ ᠂  ᠣᠷᠣᠨ ᠳᠠᠶᠠᠭ᠋ᠠᠷ ᠵᠶ᠋ᠠᠨ ᠬᠦᠴᠦ᠎ᠪᠠᠨ ᠬᠠᠮᠲᠤᠳᠬᠠᠨ ᠂ 《ᠪᠡᠯᠡ ᠣᠷᠣᠭᠤᠯᠤᠯᠲᠠ ᠵᠢᠨ ᠥᠪᠥᠷ ᠮᠣᠩᠭᠣᠯ 》  ᠨᠡᠷᠡᠲᠦ ᠲᠡᠮᠳᠡᠭ᠎ᠢ ᠬᠠᠮᠲᠤ᠎ᠪᠠᠷ ᠴᠢᠷᠮᠠᠢ᠌ᠨ ᠠᠯᠳᠠᠷᠰᠢᠭᠤᠯᠤᠨ᠎ᠠ ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠳᠤᠷᠠᠳᠴᠤ ᠂  ᠡᠯ᠎ᠡ ᠱᠠᠲᠤᠨ᠎ᠤ ᠵᠠᠰᠠᠭ᠎ᠤᠨ ᠣᠷᠳᠣᠨ ᠲᠦᠷᠦᠭᠦᠯᠡᠨ ᠢᠲᠡᠭᠡᠮᠵᠢ ᠵᠢ ᠡᠷᠬᠢᠮᠯᠡᠨ ᠂  ᠬᠡᠯᠡᠭᠰᠡᠨ᠎ᠳᠤ᠎ᠪᠠᠨ ᠰᠠᠭᠤᠵᠤ ᠂  ᠬᠤᠳᠠᠯᠳᠤᠭ᠋ᠠᠴᠢᠨ ᠤᠷᠢᠵᠤ ᠪᠡᠯᠡ ᠣᠷᠤᠭᠤᠯᠬᠤ᠎ᠳᠤ ᠠᠮᠠᠯᠳᠠᠭᠰᠠᠨ ᠵᠦᠢ᠍ᠯ ᠵᠶ᠋ᠠᠨ ᠡᠰᠡ ᠪᠡᠶᠡᠯᠡᠭᠦᠯᠬᠦ ᠂  ᠠᠵᠤ ᠠᠬᠤᠢ᠌ᠯᠠᠯ᠎ᠳᠤ ᠬᠠᠷᠠᠭ᠋ᠠᠯᠵᠠᠯ ᠦᠵᠡᠭᠦᠯᠬᠦ ᠲᠥᠷᠥ ᠵᠢᠨ ᠪᠣᠳᠣᠯᠭ᠎ᠠ᠎ᠪᠠᠨ ᠡᠰᠡ ᠪᠣᠳᠠᠲᠠᠢ᠌ᠵᠢᠭᠤᠯᠬᠤ ᠵᠡᠷᠭᠡ ᠦᠢ᠍ᠯᠡ ᠠᠵᠢᠯᠯᠠᠭ᠎ᠠ ᠵᠢ ᠡᠷᠡᠰ ᠵᠠᠰᠠᠵᠤ ᠵᠠᠯᠠᠷᠠᠭᠤᠯᠤᠨ ᠂  ᠥᠪᠥᠷ ᠮᠣᠩᠭᠣᠯ᠎ᠳᠤ ᠠᠵᠢᠯ ᠶᠠᠪᠤᠳᠠᠯ ᠭᠦᠢ᠍ᠴᠡᠳᠬᠡᠬᠦ᠎ᠳᠤ 《ᠳᠦᠷᠢᠮ᠎ᠢ ᠦᠨᠳᠦᠰᠦᠯᠡᠬᠦ᠎ᠠᠴᠠ ᠪᠢᠰᠢ ᠬᠠᠷᠢᠴᠠᠭ᠎ᠠ᠎ᠳᠤ ᠲᠦᠰᠢᠭᠯᠡᠬᠦ ᠦᠭᠡᠢ 》  ᠨᠡᠢ᠌ᠭᠡᠮ᠎ᠤᠨ ᠣᠷᠴᠢᠨ ᠠᠬᠤᠢ᠎ᠲᠠᠢ ᠂  ᠲᠦᠷᠦᠯ ᠵᠦᠢ᠍ᠯ ᠣᠷᠤᠭᠤᠯᠬᠤ᠎ᠳᠤ 《ᠠᠮᠠᠯᠠᠯᠲᠠ ᠵᠢᠨ ᠳᠦᠷᠢᠮ + ᠪᠦᠬᠦᠨ᠎ᠢ ᠣᠷᠣᠯᠠᠨ ᠭᠦᠢ᠍ᠴᠡᠳᠬᠡᠬᠦ 》  ᠰᠢᠯᠢᠳᠡᠭ ᠦᠢ᠍ᠯᠡᠴᠢᠯᠡᠭᠡ᠎ᠲᠠᠢ ᠂ 《ᠰᠢᠨ᠎ᠡ ᠲᠤᠰᠢᠶᠠᠯᠲᠠᠨ᠎ᠨᠢ  ᠴᠦ᠍ ᠬᠠᠭᠤᠴᠢᠨ ᠳᠠᠩᠰᠠ ᠵᠢ ᠬᠠᠮᠢᠶᠠᠷᠬᠤ 》  ᠢᠷᠡᠭᠡᠳᠦᠢ ᠵᠢᠨ ᠲᠣᠭᠲᠠᠭᠤᠨ ᠵᠢᠱ᠌ᠢᠯᠲᠡ᠎ᠲᠠᠢ ᠪᠣᠯᠭ᠋ᠠᠵᠤ ᠂  ᠬᠤᠳᠠᠯᠳᠤᠭ᠋ᠠᠴᠢᠨ᠎ᠢ ᠰᠠᠨᠠᠭ᠎ᠠ ᠠᠮᠤᠷ ᠪᠠᠢ᠌ᠯᠭ᠋ᠠᠬᠤ ᠬᠤᠳᠠᠯᠳᠤᠭ᠋ᠠᠴᠢᠨ᠎ᠢ ᠳᠣᠲᠣᠨᠣᠴᠢᠯᠠᠬᠤ ᠬᠤᠳᠠᠯᠳᠤᠭ᠋ᠠᠴᠢᠨ᠎ᠢ ᠪᠠᠶᠠᠵᠢᠭᠤᠯᠬᠤ ᠵᠢ ᠤᠮᠠᠷᠠᠲᠤ ᠬᠢᠯᠢ ᠣᠷᠣᠨ᠎ᠳᠤ ᠠᠮᠢᠳᠤᠯᠢᠭ ᠪᠣᠳᠠᠲᠤ ᠠᠬᠤᠢ ᠪᠣᠯᠭ᠋ᠠᠨ᠎ᠠ ᠃  ᠵᠠᠰᠠᠭ᠎ᠤᠨ ᠣᠷᠳᠣᠨ᠎ᠤ ᠦᠢ᠍ᠯᠡᠴᠢᠯᠡᠭᠡᠨ᠎ᠤ ᠬᠦᠴᠦᠨ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ ᠂  ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ 4.0 ᠪᠠᠷᠯᠠᠯ᠎ᠤᠨ ᠲᠥᠰᠥᠯ᠎ᠢ ᠨᠡᠢ᠌ᠲᠡᠯᠡᠵᠦ ᠂  ᠪᠦᠬᠦ ᠣᠷᠣᠨ᠎ᠤ ᠨᠢᠭᠡ ᠴᠣᠭᠴᠠᠵᠢᠭᠤᠯᠤᠭᠰᠠᠨ ᠳ᠋ᠠᠢ᠌ᠲ᠋ᠠ ᠵᠢᠨ ᠲᠠᠪᠴᠠᠩ᠎ᠤᠨ ᠪᠠᠢ᠌ᠭᠤᠯᠤᠯᠲᠠ ᠵᠢ ᠲᠦᠷᠭᠡᠳᠬᠡᠨ ᠂ 《ᠥᠨᠳᠥᠷ ᠪᠦᠲᠦᠮᠵᠢᠲᠡᠢ᠎ᠪᠠᠷ ᠨᠢᠭᠡ ᠶᠠᠪᠤᠳᠠᠯ᠎ᠢ ᠭᠦᠢ᠍ᠴᠡᠳᠬᠡᠬᠦ 》 ᠵᠢᠨ 13 ᠢᠵᠢ ᠦᠢ᠍ᠯᠡᠴᠢᠯᠡᠭᠡ ᠭᠠᠷᠭ᠋ᠠᠵᠤ ᠂ 《ᠪᠦᠬᠦ ᠣᠷᠣᠨ᠎ᠳᠤ ᠨᠡᠢ᠌ᠳᠡᠮ ᠭᠦᠢ᠍ᠴᠡᠳᠬᠡᠬᠦ 》  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 150 ᠵᠦᠢ᠍ᠯ ᠰᠢᠨ᠎ᠡ᠎ᠪᠠᠷ ᠨᠡᠮᠡᠭᠳᠡᠭᠦᠯᠦᠨ᠎ᠡ ;  ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠲᠤᠬᠠᠢ᠌ᠯᠠᠭᠰᠠᠨ ᠠᠵᠢᠯ᠎ᠤᠨ ᠭᠣᠣᠯᠯᠠᠬᠤ ᠬᠦᠴᠦᠨ ᠪᠠ  ᠣᠷᠣᠯᠠᠨ ᠭᠦᠢ᠍ᠴᠡᠳᠬᠡᠬᠦ ᠦᠢ᠍ᠯᠡᠴᠢᠯᠡᠭᠡᠨ᠎ᠤ ᠬᠦᠴᠦᠨ᠎ᠢ ᠲᠡᠭᠦᠯᠳᠡᠷᠵᠢᠭᠦᠯᠵᠦ ᠂  ᠠᠵᠢᠯ ᠶᠠᠪᠤᠳᠠᠯ ᠭᠦᠢ᠍ᠴᠡᠳᠬᠡᠬᠦ ᠦᠷ᠎ᠡ ᠪᠦᠲᠦᠮᠵᠢ ᠪᠠ  ᠲᠤᠰᠬᠠᠢ᠌ᠵᠢᠭᠰᠠᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ ᠃ 

       ᠠᠵᠤ ᠠᠬᠤᠢ᠌ᠯᠠᠯ᠎ᠤᠨ ᠬᠥᠭᠵᠢᠯᠲᠡ ᠵᠢ ᠳᠡᠮᠵᠢᠬᠦ ᠲᠠᠯ᠎ᠠ᠎ᠪᠠᠷ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠃  ᠡᠯ᠎ᠡ ᠲᠦᠷᠦᠯ᠎ᠤᠨ ᠠᠵᠤ ᠠᠬᠤᠢ᠌ᠯᠠᠯ᠎ᠤᠨ ᠥᠪᠥᠷ ᠮᠣᠩᠭᠣᠯ᠎ᠳᠤ ᠥᠷᠨᠢᠩᠭᠦᠢ᠎ᠪᠠᠷ ᠬᠥᠭᠵᠢᠬᠦ ᠵᠢ ᠳᠡᠮᠵᠢᠬᠦ᠎ᠨᠢ  ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ ᠂  ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠂  ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠂  ᠭᠠᠳᠠᠭ᠋ᠠᠳᠤ ᠪᠡᠯᠡ ᠵᠢᠨ ᠠᠵᠤ ᠠᠬᠤᠢ᠌ᠯᠠᠯ ᠠᠯᠢ᠎ᠨᠢ  ᠴᠦ᠍ ᠭᠡᠰᠡᠨ ᠦᠭᠡᠢ ᠂  ᠬᠦᠴᠢᠷᠳᠡᠯ ᠲᠤᠯᠭ᠋ᠠᠷᠠᠪᠠᠯ ᠪᠢᠳᠡ ᠪᠦᠷ ᠴᠢᠳᠠᠯ᠎ᠤᠨ ᠬᠢᠷᠢ᠎ᠪᠠᠷ ᠵᠶ᠋ᠠᠨ ᠬᠠᠪᠰᠤᠷᠴᠤ ᠂  ᠠᠰᠠᠭᠤᠳᠠᠯ ᠲᠣᠬᠢᠶᠠᠯᠳᠤᠪᠠᠯ ᠪᠢᠳᠡ ᠪᠦᠷ ᠦᠨᠡᠨ ᠪᠣᠳᠠᠲᠠᠢ ᠰᠢᠢ᠍ᠳᠪᠦᠷᠢᠯᠡᠵᠦ ᠥᠭᠬᠦ ᠬᠡᠷᠡᠭᠲᠡᠢ ᠃  ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠰᠢᠨ᠎ᠡ ᠨᠢᠭᠡ ᠡᠭᠡᠯᠵᠢ ᠵᠢᠨ ᠥᠭᠡᠷᠡᠴᠢᠯᠡᠯᠲᠡ ᠵᠢᠨ 《ᠪᠦᠰᠡᠯᠡᠯᠲᠡ ᠰᠢᠪᠲᠤᠯᠬᠤ 》  ᠠᠵᠢᠯᠯᠠᠭ᠋ᠠᠨ᠎ᠢ ᠥᠷᠨᠢᠭᠦᠯᠵᠦ ᠂  ᠪᠤᠭᠤᠲᠤ ᠵᠢᠨ ᠪᠣᠯᠣᠳ ᠲᠡᠮᠦᠷ ᠂  ᠴᠠᠬᠢᠯᠭ᠋ᠠᠨ ᠬᠦᠴᠦᠨ ᠂  ᠥᠪᠥᠷ ᠮᠣᠩᠭᠣᠯ᠎ᠤᠨ ᠡᠨᠧᠷᠬᠢ ᠂  ᠵᠠᠮ ᠬᠠᠷᠢᠯᠴᠠᠭ᠎ᠠ ᠂  ᠣᠢ ᠰᠢᠭᠤᠢ ᠵᠢᠨ ᠠᠵᠤ ᠦᠢ᠍ᠯᠡᠳᠪᠦᠷᠢ ᠂  ᠣᠯᠠᠨ ᠤᠯᠤᠰ᠎ᠤᠨ ᠠᠷᠠᠯᠵᠢᠶ᠎ᠠ ᠂  ᠣᠢ ᠰᠢᠭᠤᠢ ᠨᠤᠲᠤᠭ ᠪᠡᠯᠴᠢᠭᠡᠷ ᠂  ᠰᠣᠶᠣᠯ ᠵᠢᠭᠤᠯᠴᠢᠯᠠᠯ ᠵᠡᠷᠭᠡ ᠨᠢᠷᠤᠭᠤᠪᠴᠢ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠵᠢ ᠠᠬᠢᠭᠤᠯᠵᠤ ᠂  ᠭᠠᠵᠠᠷ ᠰᠢᠨᠵᠢᠯᠡᠭᠡ ᠠᠭᠤᠷᠬᠠᠢ ᠵᠢᠨ ᠭᠠᠷᠤᠯᠲᠠ ᠂  ᠨᠡᠭᠦᠷᠡᠰᠦᠨ ᠠᠭᠤᠷᠬᠠᠢ ᠵᠢᠨ ᠬᠠᠢ᠌ᠨ ᠪᠠᠢ᠌ᠴᠠᠭ᠋ᠠᠯᠲᠠ ᠂  ᠥᠩᠭᠡᠲᠦ ᠲᠡᠮᠦᠷᠯᠢᠭ᠎ᠤᠨ ᠠᠵᠤ ᠠᠬᠤᠢ᠌ᠯᠠᠯ᠎ᠤᠨ ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠢ᠍ᠢ᠍ᠭᠤᠯᠬᠤ ᠵᠢ ᠲᠦᠷᠭᠡᠳᠬᠡᠨ ᠂  ᠠᠢ᠌ᠮᠠᠭ ᠬᠤᠲᠠ ᠂  ᠬᠣᠰᠢᠭᠤ ᠰᠢᠶᠠᠨ᠎ᠤ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠵᠤ ᠂  ᠠᠯᠳᠠᠭᠳᠠᠯ᠎ᠲᠠᠢ ᠠᠵᠤ ᠠᠬᠤᠢ᠌ᠯᠠᠯ᠎ᠢ ᠪᠤᠴᠠᠭ᠋ᠠᠨ ᠭᠠᠷᠭ᠋ᠠᠬᠤ ᠲᠣᠭᠲᠠᠴᠠ ᠵᠢ ᠪᠠᠢ᠌ᠭᠤᠯᠵᠤ ᠂  ᠨᠡᠩ ᠣᠯᠠᠨ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠰᠢᠨ᠎ᠡ ᠠᠮᠢᠵᠢᠷᠠᠯ᠎ᠤᠨ ᠬᠦᠴᠦᠨ᠎ᠢ᠎ᠨᠢ  ᠬᠥᠭᠵᠢᠭᠡᠨ ᠥᠷᠢᠰᠦᠯᠳᠦᠬᠦ ᠬᠦᠴᠦᠨ᠎ᠢ᠎ᠨᠢ  ᠳᠡᠭᠡᠭᠰᠢᠯᠡᠭᠦᠯᠦᠨ᠎ᠡ ᠃  ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢ ᠴᠢᠩ ᠰᠡᠳᠬᠢᠯ᠎ᠠᠴᠠ᠎ᠪᠠᠨ ᠳᠡᠮᠵᠢᠵᠦ ᠂  ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠠ  ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠳᠤ ᠠᠳᠠᠯᠢᠬᠠᠨ ᠬᠠᠨᠳᠤᠵᠤ ᠂  ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠬᠠᠮᠤᠭ᠎ᠤᠨ ᠥᠨᠳᠥᠷ ᠪᠠᠷᠢᠮᠵᠢᠶ᠎ᠠ᠎ᠪᠠᠷ ᠨᠠᠢ᠌ᠳᠠᠪᠤᠷᠢᠵᠢᠭᠤᠯᠵᠤ ᠂  ᠵᠠᠰᠠᠭ᠎ᠤᠨ ᠣᠷᠳᠣᠨ ᠬᠤᠳᠠᠯᠳᠤᠨ ᠠᠪᠬᠤ᠎ᠳᠤ᠎ᠪᠠᠨ ᠵᠣᠬᠢᠬᠤ ᠬᠠᠷᠢᠴᠠᠯ᠎ᠤᠨ ᠲᠣᠭ᠎ᠠ ᠨᠣᠷᠮ᠎ᠠ ᠵᠢ ᠲᠤᠰᠬᠠᠢ᠌ᠯᠠᠨ ᠳᠤᠮᠳᠠ ᠵᠢᠵᠢᠭ ᠠᠵᠤ ᠠᠬᠤᠢ᠌ᠯᠠᠯ᠎ᠳᠤ ᠬᠠᠨᠳᠤᠭᠤᠯᠤᠨ ᠂  ᠥᠷᠢᠲᠦᠵᠦ ᠪᠠᠢ᠌ᠭ᠎ᠠ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠳᠠᠩᠰᠠᠨ᠎ᠳᠠᠬᠢ ᠵᠣᠭᠣᠰ᠎ᠢ ᠪᠠᠢ᠌ᠩᠭᠤᠵᠢᠭᠤᠯᠤᠭᠰᠠᠨ ᠲᠣᠭᠲᠠᠴᠠ ᠪᠠᠢ᠌ᠭᠤᠯᠵᠤ ᠪᠠᠢ᠌ᠭ᠋ᠠᠳ ᠲᠥᠯᠥᠵᠦ ᠳᠠᠭᠤᠰᠬᠠᠨ ᠂  ᠤᠳᠠᠭ᠋ᠠᠨ ᠥᠷᠢᠲᠦᠵᠦ ᠤᠳᠠᠭ᠋ᠠᠰᠢᠷᠠᠭᠤᠯᠤᠨ ᠰᠢᠢ᠍ᠳᠪᠦᠷᠢᠯᠡᠬᠦ ᠦᠭᠡᠢ ᠪᠠᠢ᠌ᠭ᠎ᠠ ᠨᠢᠭᠡ ᠪᠦᠯᠦᠭ ᠠᠵᠤ ᠠᠬᠤᠢ᠌ᠯᠠᠯ᠎ᠳᠤ ᠬᠣᠯᠪᠣᠭᠳᠠᠭᠰᠠᠨ ᠬᠡᠷᠡᠭ᠎ᠢ ᠲᠥᠪᠯᠡᠷᠡᠭᠦᠯᠦᠨ ᠢᠯᠭ᠋ᠠᠷᠠᠭᠤᠯᠵᠤ ᠂  ᠮᠡᠷᠭᠡᠵᠢᠯ ᠵᠶ᠋ᠠᠷ ᠰᠠᠢ᠌ᠨ ᠂  ᠪᠦᠲᠦᠭᠡᠭᠳᠡᠬᠦᠨ ᠵᠶ᠋ᠠᠷ ᠰᠠᠢ᠌ᠨ ᠠᠵᠤ ᠠᠬᠤᠢ᠌ᠯᠠᠯ᠎ᠢ ᠣᠷᠣᠰᠢᠨ ᠲᠣᠭᠲᠠᠨᠢᠭᠤᠯᠵᠤ ᠂  ᠰᠠᠢ᠌ᠲᠤᠷ ᠡᠵᠡᠩᠨᠡᠭᠦᠯᠬᠦ᠎ᠪᠠᠷ ᠴᠢᠷᠮᠠᠢ᠌ᠬᠤ ᠬᠡᠷᠡᠭᠲᠡᠢ ᠃  ᠡᠵᠡᠩᠨᠡᠯᠲᠡ ᠵᠢᠨ ᠭᠣᠣᠯ ᠴᠣᠭᠴᠠ ᠵᠢ 30 ᠲᠦᠮᠡᠨ ᠡᠷᠦᠬᠡ᠎ᠠᠴᠠ ᠳᠡᠭᠡᠭᠰᠢ ᠰᠢᠨ᠎ᠡ᠎ᠪᠠᠷ ᠪᠠᠢ᠌ᠭᠤᠯᠵᠤ ᠂  ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠢ 4000᠎ᠠᠴᠠ ᠳᠡᠭᠡᠭᠰᠢ᠎ᠳᠤ ᠬᠦᠷᠭᠡᠬᠦ᠎ᠪᠠᠷ ᠴᠢᠷᠮᠠᠢ᠌ᠨ᠎ᠠ ᠃ 

       ᠨᠡᠭᠡᠭᠡᠯᠲᠡ ᠬᠢᠬᠦ ᠵᠢ ᠨᠡᠩ ᠰᠥᠰᠥ ᠵᠣᠷᠢᠭᠲᠠᠢ᠎ᠪᠠᠷ ᠠᠬᠢᠭᠤᠯᠤᠨ᠎ᠠ ᠃ 《ᠨᠢᠭᠡ ᠪᠦᠰᠡ ᠨᠢᠭᠡ ᠵᠠᠮ 》᠎ᠢ ᠬᠠᠮᠲᠤ᠎ᠪᠠᠷ ᠪᠠᠢ᠍ᠢ᠍ᠭᠤᠯᠬᠤ ᠨᠠᠢ᠍ᠮᠠᠨ ᠵᠦᠢ᠍ᠯ᠎ᠤᠨ ᠠᠵᠢᠯᠯᠠᠭ᠋ᠠᠨ ᠵᠶ᠋ᠠᠷ ᠠᠵᠠ ᠳᠣᠬᠢᠶᠠᠯ ᠪᠣᠯᠭ᠋ᠠᠵᠤ ᠂  ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠣᠩᠭᠢᠯ᠎ᠢ ᠪᠦᠲᠦᠭᠡᠨ ᠪᠠᠢ᠍ᠢ᠍ᠭᠤᠯᠬᠤ᠎ᠪᠠᠷ ᠭᠣᠣᠯᠳᠠᠯᠭ᠎ᠠ ᠪᠣᠯᠭ᠋ᠠᠨ ᠂  ᠨᠡᠩ ᠥᠷᠭᠡᠨ ᠬᠡᠪᠴᠢᠶᠡᠨ᠎ᠤ ᠂  ᠨᠡᠩ ᠣᠯᠠᠨ ᠬᠦᠷᠢᠶ᠎ᠡ ᠴᠠᠷᠠᠭ᠋ᠠᠨ᠎ᠤ ᠂  ᠨᠡᠩ ᠭᠦᠨ ᠳᠠᠪᠬᠤᠷᠭ᠎ᠠ ᠵᠢᠨ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠤᠨ᠎ᠠ ᠃  ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢ᠍ᠢ᠍ᠭᠤᠯᠬᠤ ᠢᠨᠵᠧᠨᠧᠷᠢᠩ᠎ᠢ ᠡᠨᠡ ᠵᠢᠯ᠎ᠤᠨ ᠨᠡᠭᠡᠭᠡᠯᠲᠡ ᠬᠢᠬᠦ ᠠᠵᠢᠯ᠎ᠤᠨ ᠲᠡᠷᠢᠭᠦᠨ ᠴᠢᠬᠤᠯᠠ ᠶᠠᠪᠤᠳᠠᠯ ᠪᠣᠯᠭ᠋ᠠᠵᠤ ᠂  ᠳᠦᠷᠢᠮ᠎ᠳᠤ ᠰᠢᠨ᠎ᠡ ᠵᠢ ᠡᠭᠦᠳᠬᠦ ᠡᠷᠴᠢᠮ ᠵᠶ᠋ᠠᠨ ᠴᠢᠩᠭ᠋ᠠᠷᠠᠭᠤᠯᠵᠤ ᠂  ᠨᠢᠭᠡ ᠪᠦᠯᠦᠭ ᠰᠠᠭᠤᠷᠢᠯᠠᠬᠤ ᠴᠢᠨᠠᠷᠲᠠᠢ ᠥᠭᠡᠷᠡᠴᠢᠯᠡᠯᠲᠡ ᠵᠢᠨ ᠵᠦᠢ᠍ᠯᠡᠰ ᠪᠠ  ᠥᠨᠳᠥᠷ ᠲᠦᠪᠰᠢᠨ ᠪᠦᠬᠦᠢ ᠨᠡᠭᠡᠭᠡᠯᠲᠡ ᠵᠢᠨ ᠠᠷᠭ᠎ᠠ ᠬᠡᠮᠵᠢᠶ᠎ᠡ ᠵᠢ ᠲᠦᠷᠭᠡᠳᠬᠡᠨ ᠭᠠᠷᠭ᠋ᠠᠵᠤ ᠂  ᠡᠭᠦᠳᠦᠨ ᠪᠦᠲᠦᠭᠡᠬᠦ ᠠᠵᠢᠯ ᠦᠨᠡᠨ ᠪᠣᠳᠠᠲᠠᠢ ᠠᠬᠢᠯᠲᠠ᠎ᠲᠠᠢ ᠪᠣᠯᠬᠤ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠤᠨ᠎ᠠ ᠃  ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠴᠤᠪᠤᠭ᠎ᠠ ᠲᠡᠷᠭᠡᠨ᠎ᠤ ᠪᠠᠭᠲᠠᠭ᠋ᠠᠮᠵᠢ ᠵᠢ᠎ᠨᠢ  ᠥᠷᠭᠡᠳᠬᠡᠨ ᠴᠢᠨᠠᠷ᠎ᠢ᠎ᠨᠢ  ᠳᠡᠭᠡᠭᠰᠢᠯᠡᠭᠦᠯᠬᠦ ᠵᠢ ᠠᠬᠢᠭᠤᠯᠵᠤ ᠂  ᠮᠠᠨᠵᠤᠤᠷ ᠡᠷᠢᠶᠡᠨ ᠬᠤᠲᠠ ᠵᠢᠨ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠴᠤᠪᠤᠭ᠎ᠠ ᠲᠡᠷᠭᠡᠨ᠎ᠤ ᠰᠠᠭᠤᠷᠢᠨ ᠭᠠᠵᠠᠷ ᠪᠠ  ᠬᠦᠬᠡᠬᠤᠲᠠ ᠤᠯᠠᠭ᠋ᠠᠨᠴᠠᠪ᠎ᠤᠨ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠴᠤᠪᠤᠭ᠎ᠠ ᠲᠡᠷᠭᠡᠨ᠎ᠤ ᠲᠥᠪᠯᠡᠷᠡᠭᠦᠯᠵᠦ ᠬᠤᠪᠢᠶᠠᠷᠢᠯᠠᠬᠤ ᠲᠥᠪ᠎ᠢ ᠲᠦᠷᠭᠡᠳᠬᠡᠨ ᠪᠠᠢ᠌ᠭᠤᠯᠵᠤ ᠂  ᠣᠶᠤᠨᠲᠤ ᠪᠣᠭᠣᠮᠲᠠ ᠂  ᠣᠶᠤᠨᠲᠤ ᠬᠢᠯᠢ ᠵᠢᠨ ᠪᠣᠭᠣᠮᠲᠠ ᠵᠢ ᠴᠣᠭᠴᠠᠯᠠᠵᠤ ᠂  ᠣᠷᠣᠨ᠎ᠠᠴᠠ ᠡᠬᠢᠯᠡᠵᠦ ᠠᠶᠠᠯᠠᠬᠤ ᠡᠭᠡᠯᠵᠢ ᠵᠢᠨ ᠴᠤᠪᠤᠭ᠎ᠠ ᠲᠡᠷᠭᠡᠨ᠎ᠤ ᠶᠡᠷᠦᠩᠬᠡᠢ ᠬᠡᠮᠵᠢᠶ᠎ᠡ ᠵᠢ 10%᠎ᠠᠴᠠ ᠳᠡᠭᠡᠭᠰᠢ ᠨᠡᠮᠡᠭᠳᠡᠭᠦᠯᠬᠦ᠎ᠪᠠᠷ ᠴᠢᠷᠮᠠᠢ᠌ᠨ᠎ᠠ ᠃ 《ᠭᠠᠷ ᠳᠠᠮᠵᠢᠪᠠᠴᠤ ᠠᠰᠢᠭ ᠬᠦᠷᠲᠡᠬᠦ ᠦᠭᠡᠢ 》  ᠠᠰᠠᠭᠤᠳᠠᠯ᠎ᠢ ᠬᠦᠴᠦ ᠣᠷᠣᠭᠤᠯᠤᠨ ᠦᠷᠭᠦᠯᠵᠢᠯᠡᠨ ᠰᠢᠢ᠍ᠳᠪᠦᠷᠢᠯᠡᠵᠦ ᠂  ᠵᠡᠰ ᠂  ᠲᠡᠮᠦᠷ ᠂  ᠨᠡᠭᠦᠷᠡᠰᠦ ᠂  ᠮᠣᠳᠣᠨ ᠮᠠᠲ᠋ᠧᠷᠢᠶᠠᠯ ᠂  ᠠᠮᠤ ᠪᠤᠳᠠᠭ᠎ᠠ ᠵᠡᠷᠭᠡ ᠭᠠᠳᠠᠭ᠋ᠠᠳᠤ᠎ᠠᠴᠠ ᠣᠷᠤᠭᠤᠯᠬᠤ ᠭᠣᠣᠯ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠢᠳᠡᠪᠬᠢᠲᠡᠢ ᠬᠥᠭᠵᠢᠭᠦᠯᠦᠨ ᠂  ᠳᠤᠮᠳᠠᠳᠤ ᠮᠣᠩᠭᠣᠯ᠎ᠤᠨ ᠡᠷᠢᠶᠡᠨ ᠬᠤᠲᠠ –  ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ ᠂  ᠬᠢᠯᠢ ᠠᠯᠤᠰᠯᠠᠭᠰᠠᠨ ᠵᠢᠭᠤᠯᠴᠢᠯᠠᠯ᠎ᠤᠨ ᠬᠠᠮᠲᠤᠷᠠᠯᠴᠠᠭ᠋ᠠᠨ᠎ᠤ ᠣᠷᠣᠨ ᠵᠶ᠋ᠠᠷ ᠵᠥᠪᠰᠢᠶᠡᠷᠡᠭᠳᠡᠬᠦ ᠵᠢ ᠠᠬᠢᠭᠤᠯᠵᠤ ᠂  ᠮᠠᠨᠵᠤᠤᠷ ᠡᠷᠢᠶᠡᠨ ᠬᠤᠲᠠ ᠵᠢᠨ ᠬᠢᠯᠢ ᠵᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠰᠠᠭᠤᠷᠢᠰᠢᠭᠤᠯᠤᠨ ᠪᠣᠯᠪᠠᠰᠤᠷᠠᠭᠤᠯᠵᠤ ᠡᠳ᠋ᠰᠢᠭᠦᠯᠬᠦ ᠲᠤᠷᠰᠢᠯᠲᠠ ᠵᠢᠨ ᠴᠡᠭ᠎ᠤᠨ ᠪᠠᠢ᠌ᠭᠤᠯᠤᠯᠲᠠ ᠵᠢ ᠳᠡᠮᠵᠢᠵᠦ ᠂  ᠠᠯᠠᠱ᠌ᠠ ᠵᠢᠨ ᠭᠠᠳᠠᠭ᠋ᠠᠳᠤ᠎ᠠᠴᠠ ᠣᠷᠣᠭᠤᠯᠤᠭᠰᠠᠨ ᠨᠡᠭᠦᠷᠡᠰᠦ ᠵᠢ ᠨᠥᠭᠡᠴᠡᠯᠡᠨ ᠲᠣᠬᠢᠷᠠᠭᠤᠯᠬᠤ ᠠᠷᠠᠯᠵᠢᠶᠠᠨ᠎ᠤ ᠰᠠᠭᠤᠷᠢᠨ ᠭᠠᠵᠠᠷ᠎ᠤᠨ ᠪᠠᠢ᠌ᠭᠤᠯᠤᠯᠲᠠ ᠵᠢ ᠳᠡᠮᠵᠢᠨ᠎ᠡ ; 《ᠥᠪᠥᠷ ᠮᠣᠩᠭᠣᠯ᠎ᠤᠨ ᠬᠤᠳᠠᠯᠳᠤᠭ᠋ᠠᠴᠢᠳ᠎ᠤᠨ ᠲᠣᠷᠭ᠋ᠠᠨ ᠵᠠᠮ᠎ᠤᠨ ᠠᠶᠠᠯᠠᠯ 》  ᠵᠡᠷᠭᠡ ᠠᠵᠢᠯᠯᠠᠭ᠎ᠠ ᠵᠢ ᠭᠦᠨᠵᠡᠭᠡᠢ ᠥᠷᠨᠢᠭᠦᠯᠦᠨ ᠂ 《ᠥᠪᠥᠷ ᠮᠣᠩᠭᠣᠯ᠎ᠤᠨ ᠲᠠᠸᠠᠷ ᠬᠢᠯᠢ᠎ᠠᠴᠠ ᠭᠠᠷᠬᠤ 》 ᠵᠢ ᠶᠡᠬᠡ᠎ᠪᠠᠷ ᠠᠬᠢᠭᠤᠯᠵᠤ ᠂  ᠭᠠᠳᠠᠭ᠋ᠠᠳᠤ ᠠᠷᠠᠯᠵᠢᠶᠠᠨ᠎ᠤ ᠬᠡᠪᠴᠢᠶ᠎ᠡ ᠵᠢ 2100 ᠳ᠋ᠦᠩᠰᠢᠭᠤᠷ ᠲᠥᠭᠥᠷᠢᠭ᠎ᠠᠴᠠ ᠳᠠᠪᠠᠭᠤᠯᠵᠤ ᠂ 10%᠎ᠠᠴᠠ ᠳᠡᠭᠡᠭᠰᠢ ᠨᠡᠮᠡᠭᠳᠡᠭᠦᠯᠬᠦ᠎ᠪᠠᠷ ᠴᠢᠷᠮᠠᠢ᠌ᠨ᠎ᠠ ᠃  ᠮᠠᠨ᠎ᠤ ᠣᠷᠣᠨ ᠪᠣᠯ  ᠬᠢᠯᠢ ᠳᠠᠭ᠋ᠠᠤ ᠣᠷᠣᠨ ᠪᠣᠯᠪᠠᠴᠤ ᠳᠠᠯᠠᠢ ᠳᠠᠭ᠋ᠠᠤ ᠣᠷᠣᠨ ᠪᠢᠰᠢ ᠪᠣᠯᠬᠣᠷ ᠨᠡᠩ ᠥᠷᠭᠡᠨ ᠬᠡᠪᠴᠢᠶᠡᠨ᠎ᠤ ᠨᠡᠭᠡᠭᠡᠯᠲᠡ ᠬᠢᠬᠦ ᠵᠢ ᠪᠡᠶᠡᠯᠡᠭᠦᠯᠬᠦ ᠭᠡᠪᠡᠯ ᠡᠷᠬᠡᠪᠰᠢ ᠤᠯᠤᠰ᠎ᠤᠨ ᠳᠣᠲᠣᠭ᠋ᠠᠳᠤ ᠵᠢᠨ ᠪᠤᠰᠤᠳ ᠣᠷᠣᠨ ᠪᠦᠰᠡ᠎ᠯᠦᠭᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ ᠂  ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢᠨ ᠨᠢᠭᠡ ᠴᠣᠭᠴᠠᠵᠢᠭᠤᠯᠤᠭᠰᠠᠨ ᠬᠥᠭᠵᠢᠯᠲᠡ ᠵᠢ ᠲᠦᠷᠭᠡᠳᠬᠡᠨ ᠂  ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠭ᠋ᠠᠨ᠎ᠤ ᠬᠥᠭᠵᠢᠯᠲᠡ᠎ᠳᠤ ᠢᠳᠡᠪᠬᠢᠲᠡᠢ ᠠᠭᠤᠰᠤᠯᠴᠠᠵᠤ ᠂  ᠵᠡᠭᠦᠨ ᠬᠣᠢ᠌ᠲᠤ ᠵᠢᠨ ᠭᠤᠷᠪᠠᠨ ᠮᠤᠵᠢ᠎ᠲᠠᠢ ᠬᠣᠯᠪᠣᠯᠳᠤᠨ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ ᠂  ᠬᠥᠬᠡᠮᠥ᠋ᠷᠡᠨ᠎ᠤ ᠭᠤᠷᠪᠠᠯᠵᠢᠨ ᠬᠣᠢ᠌ᠭ ᠪᠣᠯᠣᠨ ᠭᠤᠸᠠᠩᠳᠦ᠋ᠩ ᠰᠢᠶᠠᠩᠭ᠋ᠠᠩ ᠣᠣᠮᠧᠨ᠎ᠲᠠᠢ ᠬᠥᠳᠡᠯᠦᠯᠴᠡᠬᠦ᠎ᠪᠠᠨ ᠴᠢᠩᠭ᠋ᠠᠳᠬᠠᠵᠤ ᠂  ᠤᠯᠠᠭ᠋ᠠᠨᠬᠠᠳᠠ ᠬᠢᠭᠡᠳ ᠵᠢᠨᠵᠧᠦ ᠭᠠᠷᠠᠮ᠎ᠤᠨ ᠭᠦᠨᠵᠡᠭᠡᠢ ᠬᠠᠮᠲᠤᠷᠠᠯᠴᠠᠭ᠎ᠠ ᠵᠢ ᠳᠡᠮᠵᠢᠵᠦ ᠂  ᠡᠬᠡ ᠬᠠᠭᠤᠷᠠᠢ ᠪᠠ  ᠭᠠᠷᠠᠮ᠎ᠤᠨ ᠬᠣᠯᠪᠤᠭ᠋ᠠᠯᠠᠨ ᠬᠥᠳᠡᠯᠦᠯᠴᠡᠬᠦ ᠠᠵᠢᠯ᠎ᠤᠨ ᠰᠢᠨ᠎ᠡ ᠠᠬᠢᠴᠠ ᠵᠢ ᠠᠬᠢᠭᠤᠯᠤᠨ᠎ᠠ ᠃ 

      (ᠳᠤᠯᠤᠭ᠎ᠠ ) 《ᠤᠯᠤᠰ᠎ᠤᠨ ᠶᠡᠬᠡ ᠶᠠᠪᠤᠳᠠᠯ 》᠎ᠤᠨ ᠥᠨᠳᠥᠷᠴᠡ᠎ᠠᠴᠠ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠰᠠᠢ᠌ᠲᠤᠷ ᠪᠦᠲᠦᠭᠡᠨ ᠪᠠᠢ᠌ᠭᠤᠯᠤᠨ᠎ᠠ ᠃  ᠶᠡᠷᠦᠩᠬᠡᠢ ᠱᠦᠵᠢ ᠰᠢ ᠵᠢᠨ ᠫᠢᠩ ᠪᠢᠳᠡᠨ᠎ᠳᠤ ᠡᠷᠬᠡᠪᠰᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠢᠮᠠᠭᠲᠠ ᠲᠡᠷᠢᠭᠦᠨ ᠪᠠᠢ᠌ᠷᠢᠨ᠎ᠳᠤ ᠲᠠᠯᠪᠢᠬᠤ ᠬᠡᠷᠡᠭᠲᠡᠢ ᠭᠡᠵᠦ ᠣᠯᠠᠨᠲᠠ ᠵᠠᠬᠢᠪᠠ ᠃  ᠪᠢᠳᠡ ᠪᠦᠬᠦ ᠬᠦᠴᠦᠨ ᠵᠦᠢ᠍ᠯ ᠪᠦᠬᠦ ᠲᠠᠯ᠎ᠠ ᠵᠢᠨ ᠠᠮᠢ ᠠᠬᠤᠢ ᠵᠢᠨ ᠵᠠᠰᠠᠯᠲᠠ ᠵᠢᠨ ᠪᠠᠢ᠌ᠷᠢᠰᠢᠯ᠎ᠢ ᠬᠦᠴᠦᠯᠡᠨ ᠪᠣᠢ ᠪᠣᠯᠭ᠋ᠠᠵᠤ ᠂  ᠤᠯᠤᠰ᠎ᠤᠨ ᠴᠢᠬᠤᠯᠠ ᠶᠡᠬᠡ ᠠᠮᠢ ᠠᠬᠤᠢ ᠵᠢᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ ᠂  ᠦᠵᠡᠰᠬᠦᠯᠡᠩᠲᠦ ᠳᠤᠮᠳᠠᠳᠤ ᠤᠯᠤᠰ᠎ᠤᠨ ᠬᠣᠰᠢᠭᠤᠴᠢ ᠣᠷᠣᠨ᠎ᠢ ᠴᠢᠷᠮᠠᠢ᠌ᠨ ᠴᠣᠭᠴᠠᠯᠠᠵᠤ ᠂  ᠡᠬᠡ ᠤᠯᠤᠰ᠎ᠤᠨ ᠤᠮᠠᠷᠠᠲᠤ ᠬᠢᠯᠢ ᠵᠢᠨ ᠨᠣᠮᠢᠨ ᠨᠣᠭᠣᠭ᠋ᠠᠨ ᠤᠷᠲᠤ ᠴᠠᠭ᠋ᠠᠨ ᠬᠡᠷᠡᠮ᠎ᠢ ᠨᠡᠩ ᠰᠠᠢ᠌ᠲᠤᠷ ᠪᠦᠲᠦᠭᠡᠨ ᠪᠠᠢ᠍ᠢ᠍ᠭᠤᠯᠬᠤ ᠬᠡᠷᠡᠭᠲᠡᠢ ᠃ 

       ᠭᠣᠣᠯ ᠬᠦᠴᠦᠨ ᠪᠥᠭᠡᠳ ᠬᠣᠰᠢᠭᠤᠴᠢ ᠪᠣᠯᠬᠤ ᠣᠪᠣᠷ ᠪᠠᠢ᠌ᠳᠠᠯ ᠵᠶ᠋ᠠᠷ 《ᠤᠮᠠᠷᠠᠲᠤ ᠵᠢᠨ ᠭᠤᠷᠪᠠᠨ ᠣᠷᠣᠨ 》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠢᠯᠠᠯᠲᠠ ᠵᠢ ᠣᠯᠣᠨ᠎ᠠ ᠃  ᠡᠷᠲᠡ᠎ᠠᠴᠠ ᠭᠠᠷᠳᠠᠵᠤ ᠡᠷᠲᠡᠬᠡᠨ ᠪᠠᠢ᠌ᠷᠢᠯᠠᠭᠤᠯᠵᠤ ᠂  ᠬᠠᠪᠤᠷ ᠰᠠᠭ᠋ᠠᠲᠠᠮᠠᠭᠴᠠ ᠬᠥᠳᠡᠯᠦᠯᠴᠡᠵᠦ ᠂  ᠵᠢᠯ᠎ᠤᠨ ᠳᠣᠲᠣᠷ᠎ᠠ ᠬᠠᠲᠤᠨ ᠭᠣᠣᠯ᠎ᠤᠨ 《ᠶᠡᠬᠡ ᠲᠣᠬᠣᠢ 》 ᠵᠢᠨ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ 758 ᠲᠦᠮᠡᠨ ᠮᠦ᠍ ᠂  ᠬᠣᠷᠴᠢᠨ ᠪᠠ  ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠢ᠌ᠯᠠᠯᠳᠤᠭ᠋ᠠᠨ᠎ᠢ 549 ᠲᠦᠮᠡᠨ ᠮᠦ᠍ ᠂  ᠾᠧᠰᠢ ᠵᠢᠨ ᠬᠣᠩᠭᠢᠯ –  ᠲᠠᠺᠯᠢᠮᠠᠺᠠᠨ ᠡᠯᠡᠰᠦᠨ ᠴᠦᠯ᠎ᠤᠨ ᠬᠦᠪᠡᠭᠡ ᠵᠠᠬ᠎ᠠ ᠵᠢᠨ ᠬᠣᠷᠢᠭᠯᠠᠯᠲᠠ ᠵᠢᠨ ᠳᠠᠢ᠌ᠯᠠᠯᠳᠤᠭ᠋ᠠᠨ᠎ᠢ 131 ᠲᠦᠮᠡᠨ ᠮᠦ᠍ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ ᠃  ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ  ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠶᠡᠬᠡ᠎ᠪᠠᠷ ᠬᠡᠷᠡᠭᠵᠢᠭᠦᠯᠵᠦ ᠂  ᠬᠥᠪᠴᠢ ᠵᠢᠨ ᠵᠠᠭᠪᠤᠷ ᠂  ᠳ᠋ᠧᠩᠺᠧᠥ ᠵᠢᠨ ᠵᠠᠭᠪᠤᠷ᠎ᠢ ᠢᠳᠡᠪᠬᠢᠲᠡᠢ᠎ᠪᠠᠷ ᠳᠡᠯᠭᠡᠷᠡᠭᠦᠯᠦᠨ ᠂  ᠣᠷᠳᠣᠰ᠎ᠤᠨ 《ᠭᠡᠷᠡᠯᠴᠢ ᠴᠡᠨᠡᠭ᠎ᠤᠨ ᠤᠷᠲᠤ ᠴᠠᠭ᠋ᠠᠨ ᠬᠡᠷᠡᠮ 》  ᠪᠠᠢ᠍ᠢ᠍ᠭᠤᠯᠬᠤ ᠵᠢ᠎ᠨᠢ  ᠳᠡᠮᠵᠢᠵᠦ ᠂  ᠲᠠᠷᠢᠶᠠᠯᠠᠩ ᠭᠡᠷᠡᠯᠴᠢ ᠴᠡᠨᠡᠭ᠎ᠤᠨ ᠬᠠᠷᠢᠯᠴᠠᠨ ᠨᠥᠬᠥᠪᠦᠷᠢᠯᠡᠬᠦ ᠂  ᠮᠠᠯ ᠠᠵᠤ ᠠᠬᠤᠢ ᠭᠡᠷᠡᠯᠴᠢ ᠴᠡᠨᠡᠭ᠎ᠤᠨ ᠬᠠᠷᠢᠯᠴᠠᠨ ᠨᠥᠬᠥᠪᠦᠷᠢᠯᠡᠬᠦ ᠵᠢ ᠠᠬᠢᠭᠤᠯᠵᠤ ᠂  ᠡᠯᠡᠰᠦ ᠵᠢ ᠵᠠᠰᠠᠭᠰᠠᠨ ᠪᠥᠭᠡᠳ ᠪᠣᠬᠢᠷᠳᠤᠯ ᠦᠭᠡᠢ ᠴᠠᠬᠢᠯᠭ᠋ᠠᠨ ᠭᠠᠷᠭ᠋ᠠᠵᠤ ᠪᠠᠰᠠ ᠣᠯᠠᠨ ᠲᠦᠮᠡᠨ᠎ᠤ ᠣᠷᠣᠯᠭ᠎ᠠ ᠵᠢ᠎ᠨᠢ  ᠨᠡᠮᠡᠭᠳᠡᠭᠦᠯᠵᠦ ᠂  ᠠᠮᠢ ᠠᠬᠤᠢ ᠂  ᠦᠢ᠍ᠯᠡᠳᠪᠦᠷᠢᠯᠡᠯ ᠂  ᠠᠮᠢᠳᠤᠷᠠᠯ ᠭᠤᠷᠪᠠ᠎ᠳᠤ ᠴᠥᠮ 《ᠠᠰᠢᠭ ᠬᠦᠷᠲᠡᠭᠡᠬᠦ 》 ᠵᠢ ᠪᠡᠶᠡᠯᠡᠭᠦᠯᠦᠨ ᠂  ᠰᠢᠨ᠎ᠡ ᠴᠠᠭ ᠦᠶ᠎ᠡ ᠵᠢᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠭᠰᠠᠨ ᠰᠢᠨ᠎ᠡ ᠭᠠᠢ᠌ᠬᠠᠮᠰᠢᠭ᠎ᠢ ᠡᠭᠦᠳᠦᠨ᠎ᠡ ᠃ 

       ᠴᠡᠩᠬᠡᠷ ᠣᠭᠲᠠᠷᠭᠤᠢ ᠴᠡᠩᠭᠡᠭ ᠤᠰᠤ ᠴᠡᠪᠡᠷ ᠬᠥᠷᠥᠰᠥ ᠵᠢᠨ ᠬᠠᠮᠠᠭ᠋ᠠᠯᠠᠯᠲᠠ ᠵᠢᠨ ᠳᠠᠢ᠌ᠯᠠᠯᠳᠤᠭ᠋ᠠᠨ᠎ᠢ ᠦᠷᠭᠦᠯᠵᠢᠯᠡᠨ ᠰᠠᠢ᠌ᠲᠤᠷ ᠬᠢᠨ᠎ᠡ ᠃  ᠬᠠᠲᠤᠨ ᠭᠣᠣᠯ᠎ᠤᠨ ᠥᠪᠥᠷ ᠮᠣᠩᠭᠣᠯ ᠵᠶ᠋ᠠᠷ ᠤᠷᠤᠰᠤᠨ ᠥᠩᠭᠡᠷᠡᠬᠦ 843.5 ᠺᠢᠯᠣᠮᠧᠲᠷ᠎ᠤᠨ ᠪᠦᠬᠦ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ  ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠂  ᠡᠵᠢ ᠭᠣᠣᠯ ᠵᠶ᠋ᠠᠨ ᠰᠠᠢ᠌ᠲᠤᠷ ᠬᠠᠮᠠᠭ᠋ᠠᠯᠠᠬᠤ ᠬᠡᠷᠡᠭᠲᠡᠢ ᠃  ᠬᠦᠬᠡᠬᠤᠲᠠ ᠪᠤᠭᠤᠲᠤ ᠣᠷᠳᠣᠰ ᠂  ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠳᠤᠯ᠎ᠢ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ᠎ᠪᠠᠨ ᠴᠢᠩᠭ᠋ᠠᠳᠬᠠᠵᠤ ᠂ 《ᠬᠥᠯᠥᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ 》  ᠵᠢᠴᠢ ᠴᠠᠭ᠋ᠠᠨᠨᠠᠭᠤᠷ᠎ᠢ ᠶᠡᠷᠦᠩᠬᠡᠢ᠌ᠯᠡᠨ ᠵᠠᠰᠠᠭᠰᠠᠨ ᠦᠷ᠎ᠡ ᠪᠦᠲᠦᠮᠵᠢ᠎ᠪᠠᠨ ᠪᠡᠬᠢᠵᠢᠭᠦᠯᠵᠦ ᠂  ᠤᠰᠤᠨ ᠴᠦᠬᠦᠷᠦᠮ᠎ᠤᠨ ᠨᠦᠯᠦᠮᠡᠯ ᠰᠢᠪᠠᠷ᠎ᠢ ᠠᠷᠢᠯᠭ᠋ᠠᠨ ᠴᠡᠪᠡᠷᠯᠡᠬᠦ ᠲᠤᠷᠰᠢᠯᠲᠠ ᠵᠢ ᠡᠬᠢᠯᠡᠭᠦᠯᠦᠨ ᠂  ᠠᠭᠤᠷᠬᠠᠢ ᠵᠢᠨ ᠣᠷᠣᠨ᠎ᠤ ᠠᠮᠢ ᠠᠬᠤᠢ ᠵᠢ ᠰᠡᠷᠭᠦᠭᠡᠬᠦ ᠠᠵᠢᠯ᠎ᠢ ᠰᠠᠢ᠌ᠲᠤᠷ ᠠᠳᠬᠤᠵᠤ ᠂  ᠨᠡᠩ ᠣᠯᠠᠨ ᠪᠣᠬᠢᠷᠳᠤᠯ ᠦᠭᠡᠢ ᠠᠭᠤᠷᠬᠠᠢ ᠵᠢ ᠪᠦᠲᠦᠭᠡᠨ ᠪᠠᠢ᠌ᠭᠤᠯᠵᠤ ᠂  ᠭᠣᠣᠯᠳᠠᠯᠭ᠎ᠠ᠎ᠲᠠᠢ ᠣᠷᠣᠨ ᠪᠦᠰᠡ ᠂  ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠪᠣᠬᠢᠷᠳᠤᠯ᠎ᠢ ᠰᠡᠷᠭᠡᠢ᠌ᠯᠡᠨ ᠵᠠᠰᠠᠬᠤ ᠠᠵᠢᠯ ᠰᠢᠨ᠎ᠡ ᠰᠢᠪᠲᠤᠯᠤᠯᠲᠠ᠎ᠲᠠᠢ ᠪᠣᠯᠬᠤ ᠵᠢ ᠠᠬᠢᠭᠤᠯᠤᠨ᠎ᠠ ᠃ 

       ᠡᠬᠢ ᠪᠠᠶᠠᠯᠢᠭ᠎ᠢ ᠠᠷᠪᠢᠲᠠᠢ ᠡᠷᠴᠢᠮᠲᠡᠢ ᠠᠰᠢᠭᠯᠠᠬᠤ ᠵᠢ ᠶᠡᠬᠡ᠎ᠪᠠᠷ ᠠᠬᠢᠭᠤᠯᠤᠨ᠎ᠠ ᠃ 《ᠲᠠᠪᠤ ᠵᠢ ᠲᠤᠢ᠌ᠯᠪᠤᠷᠢᠲᠠᠢ ᠰᠢᠢ᠍ᠳᠪᠦᠷᠢᠯᠡᠬᠦ 》 ᠵᠢ ᠭᠦᠨᠵᠡᠭᠡᠢ᠌ᠷᠡᠭᠦᠯᠦᠨ ᠥᠷᠭᠡᠳᠬᠡᠵᠦ ᠂  ᠵᠥᠪᠰᠢᠶᠡᠷᠡᠭᠰᠡᠨ ᠪᠠᠢ᠌ᠲᠠᠯ᠎ᠠ ᠬᠠᠩᠭ᠋ᠠᠭ᠋ᠠᠳᠤᠢ 14.6 ᠲᠦᠮᠡᠨ ᠮᠦ᠍ ᠭᠠᠵᠠᠷ ᠰᠢᠷᠣᠢ ᠂  ᠰᠤᠯᠠ ᠲᠠᠯᠪᠢᠭᠳᠠᠵᠤ ᠪᠠᠢ᠌ᠭ᠎ᠠ 1.2 ᠲᠦᠮᠡᠨ ᠮᠦ᠍ ᠭᠠᠵᠠᠷ ᠰᠢᠷᠣᠢ ᠵᠢ ᠰᠢᠩᠭᠡᠬᠡᠨ ᠰᠢᠢ᠍ᠳᠪᠦᠷᠢᠯᠡᠨ᠎ᠡ ᠃  ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢ ᠠᠬᠢᠭᠤᠯᠵᠤ ᠂  ᠲᠤᠷᠰᠢᠯᠲᠠ ᠵᠢᠨ ᠴᠡᠭ ᠪᠣᠯᠬᠤ ᠬᠣᠰᠢᠭᠤ ᠰᠢᠶᠠᠨ᠎ᠤ ᠪᠠᠢ᠌ᠭ᠋ᠠᠯᠢᠯᠢᠭ ᠨᠤᠲᠤᠭ ᠪᠡᠯᠴᠢᠭᠡᠷ᠎ᠤᠨ ᠮᠠᠯ ᠪᠡᠯᠴᠢᠭᠡᠷ ᠬᠣᠶᠠᠷ᠎ᠢ ᠲᠡᠩᠴᠡᠭᠦᠷᠢᠲᠡᠢ ᠪᠠᠢ᠌ᠯᠭ᠋ᠠᠬᠤ ᠭᠦᠢ᠍ᠴᠡᠳᠬᠡᠯ ᠲᠣᠭ᠎ᠠ ᠵᠢ 10%᠎ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ᠎ᠪᠠᠷ ᠴᠢᠷᠮᠠᠢ᠌ᠨ᠎ᠠ ᠃  ᠤᠰᠤᠨ᠎ᠤ ᠡᠬᠢ ᠪᠠᠶᠠᠯᠢᠭ ᠪᠣᠯ  ᠮᠠᠨ᠎ᠤ ᠣᠷᠣᠨ᠎ᠤ ᠬᠥᠭᠵᠢᠯᠲᠡ ᠵᠢᠨ ᠬᠠᠮᠤᠭ᠎ᠤᠨ ᠬᠠᠲᠠᠭᠤ ᠬᠢᠵᠠᠭ᠋ᠠᠷᠯᠠᠯ ᠪᠣᠯᠣᠨ᠎ᠠ ᠂ 《ᠨᠢᠭᠡ ᠠᠢ᠌ᠮᠠᠭ (ᠬᠤᠲᠠ )᠎ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ 》  ᠰᠢᠨᠵᠢᠯᠡᠬᠦ ᠤᠬᠠᠭ᠋ᠠᠨᠴᠢ᠎ᠪᠠᠷ ᠤᠰᠤ ᠠᠷᠪᠢᠯᠠᠬᠤ ᠵᠢ ᠠᠬᠢᠭᠤᠯᠵᠤ ᠂  ᠲᠠᠷᠢᠶᠠᠯᠠᠩ ᠠᠵᠤ ᠦᠢ᠍ᠯᠡᠳᠪᠦᠷᠢ ᠪᠠ  ᠬᠤᠲᠠ ᠪᠠᠯᠭ᠋ᠠᠰᠤᠨ᠎ᠤ ᠤᠰᠤ ᠠᠷᠪᠢᠯᠠᠬᠤ ᠵᠢ ᠲᠦᠷᠦᠯ ᠠᠩᠭᠢᠯᠠᠨ ᠰᠠᠢ᠌ᠲᠤᠷ ᠠᠳᠬᠤᠵᠤ ᠂ 《ᠬᠣᠭᠣᠰᠤᠨ ᠭᠠᠵᠠᠷ᠎ᠢ ᠤᠰᠤᠯᠠᠬᠤ 》᠂ 《ᠨᠡᠯᠦᠢ᠌ᠲᠡᠯ᠎ᠡ ᠤᠰᠤᠯᠠᠬᠤ 》  ᠵᠡᠷᠭᠡ ᠠᠰᠠᠭᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠢᠢ᠍ᠳᠪᠦᠷᠢᠯᠡᠵᠦ ᠂  ᠲᠦᠩᠯᠢᠶᠣᠣ ᠪᠠᠶᠠᠨᠨᠠᠭᠤᠷ᠎ᠤᠨ ᠣᠳᠣ ᠦᠶ᠎ᠡ ᠵᠢᠨ ᠤᠰᠤ ᠠᠷᠪᠢᠯᠠᠬᠤ ᠥᠨᠳᠥᠷ ᠤᠨᠠᠯᠲᠠᠲᠤ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠣᠷᠣᠨ᠎ᠢ ᠪᠠᠢ᠍ᠢ᠍ᠭᠤᠯᠬᠤ ᠵᠢ᠎ᠨᠢ  ᠳᠡᠮᠵᠢᠨ᠎ᠡ ᠃ 《ᠬᠠᠶᠠᠭᠳᠠᠮᠠᠯ᠎ᠢ ᠬᠡᠷᠡᠭᠴᠡᠭᠡ᠎ᠲᠠᠢ ᠵᠦᠢ᠍ᠯ ᠪᠣᠯᠭ᠋ᠠᠨ ᠠᠰᠢᠭᠯᠠᠬᠤ 》  ᠲᠠᠯ᠎ᠠ᠎ᠪᠠᠷ ᠮᠠᠨ᠎ᠤ ᠣᠷᠣᠨ ᠮᠠᠰᠢ ᠣᠯᠠᠨ ᠠᠵᠢᠯ ᠬᠢᠵᠦ ᠪᠣᠯᠣᠨ᠎ᠠ ᠂  ᠨᠢᠭᠡ ᠲᠠᠯ᠎ᠠ᠎ᠪᠠᠷ ᠨᠤᠨᠳᠠᠭ ᠨᠡᠭᠦᠷᠡᠰᠦᠨ᠎ᠤ ᠦᠨᠡᠰᠦ ᠂  ᠨᠡᠭᠦᠷᠡᠰᠦᠨ ᠴᠢᠯᠠᠭᠤ ᠵᠡᠷᠭᠡ ᠶᠡᠬᠡ ᠬᠡᠮᠵᠢᠶᠡᠨ᠎ᠤ ᠤᠯᠠᠮᠵᠢᠯᠠᠯᠲᠤ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ᠎ᠢ ᠤᠯᠠᠷᠢᠭᠤᠯᠤᠨ ᠠᠰᠢᠭᠯᠠᠬᠤ ᠵᠢ ᠠᠳᠬᠤᠵᠤ ᠂  ᠨᠥᠭᠦᠭᠡ ᠲᠠᠯ᠎ᠠ᠎ᠪᠠᠷ ᠴᠢᠳᠠᠮᠵᠢ᠎ᠨᠢ  ᠪᠠᠭᠤᠷᠠᠭᠰᠠᠨ ᠳ᠋ᠢᠶᠠᠨ ᡂᠢ ᠂  ᠭᠡᠷᠡᠯᠴᠢ ᠴᠡᠨᠡᠭ᠎ᠤᠨ ᠲᠣᠨᠣᠭᠯᠠᠯ ᠂  ᠰᠠᠯᠬᠢᠨ ᠬᠦᠴᠦ᠎ᠪᠠᠷ ᠴᠠᠬᠢᠯᠭ᠋ᠠᠨ ᠭᠠᠷᠭ᠋ᠠᠬᠤ ᠮᠠᠰᠢᠨ ᠪᠦᠯᠦᠭ ᠵᠡᠷᠭᠡ ᠰᠢᠨ᠎ᠡ ᠬᠡᠯᠪᠡᠷᠢ ᠪᠦᠬᠦᠢ ᠬᠠᠶᠠᠭᠳᠠᠮᠠᠯ ᠪᠣᠳᠠᠰ᠎ᠢ ᠡᠷᠭᠢᠯᠳᠦᠭᠦᠯᠦᠨ ᠠᠰᠢᠭᠯᠠᠬᠤ ᠵᠢ ᠠᠳᠬᠤᠵᠤ ᠂  ᠪᠤᠭᠤᠲᠤ ᠵᠢᠨ ᠰᠠᠯᠬᠢᠨ  ᠬᠦᠴᠦ᠎ᠪᠠᠷ ᠴᠠᠬᠢᠯᠭ᠋ᠠᠨ ᠭᠠᠷᠭ᠋ᠠᠬᠤ ᠴᠢᠳᠠᠮᠵᠢ᠎ᠨᠢ ᠪᠠᠭᠤᠷᠠᠭᠰᠠᠨ ᠲᠤᠨᠤᠭ ᠲᠥᠬᠦᠭᠡᠷᠦᠮᠵᠢ ᠵᠢ ᠡᠬᠢ ᠪᠠᠶᠠᠯᠢᠭᠵᠢᠭᠤᠯᠤᠨ ᠳᠠᠬᠢᠨᠲᠠ ᠠᠰᠢᠭᠯᠠᠬᠤ ᠵᠢᠨ ᠵᠢᠱ᠌ᠢᠶ᠎ᠡ ᠦᠵᠡᠭᠦᠯᠬᠦ ᠣᠷᠣᠨ ᠂  ᠣᠷᠳᠣᠰ᠎ᠤᠨ ᠨᠤᠨᠳᠠᠭ ᠨᠡᠭᠦᠷᠡᠰᠦᠨ ᠦᠨᠡᠰᠦ᠎ᠠᠴᠠ ᠰᠠᠯᠭ᠋ᠠᠨ ᠠᠪᠤᠭᠰᠠᠨ ᠢᠰᠦᠯᠳᠦᠭᠰᠡᠨ ᠬᠥᠩᠭᠡᠨᠴᠠᠭ᠋ᠠᠨ᠎ᠢ ᠶᠡᠷᠦᠩᠬᠡᠢ᠌ᠯᠡᠨ ᠠᠰᠢᠭᠯᠠᠬᠤ ᠰᠠᠭᠤᠷᠢᠨ ᠭᠠᠵᠠᠷ ᠂  ᠰᠢᠯᠢ ᠵᠢᠨ ᠭᠣᠣᠯ᠎ᠤᠨ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ᠎ᠢ ᠶᠡᠷᠦᠩᠬᠡᠢ᠌ᠯᠡᠨ ᠠᠰᠢᠭᠯᠠᠬᠤ ᠰᠠᠭᠤᠷᠢᠨ ᠭᠠᠵᠠᠷ᠎ᠤᠨ ᠪᠠᠢ᠌ᠭᠤᠯᠤᠯᠲᠠ ᠵᠢ ᠳᠡᠮᠵᠢᠬᠦ ᠬᠡᠷᠡᠭᠲᠡᠢ ᠃  ᠤᠯᠤᠰ᠎ᠤᠨ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠣᠷᠬᠢᠯ ᠬᠡᠮᠵᠢᠭᠳᠡᠯ᠎ᠠᠴᠠ ᠪᠠᠭᠤᠷᠠᠭᠤᠯᠬᠤ ᠲᠤᠷᠰᠢᠯᠲᠠ ᠵᠢᠨ ᠴᠡᠭ᠎ᠤᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠦᠨ᠎ᠡ ᠂  ᠡᠨᠧᠷᠬᠢ ᠵᠢᠨ ᠰᠠᠭᠤᠷᠢ ᠪᠡᠯᠡᠳᠬᠡᠮᠵᠢ ᠂  ᠡᠨᠧᠷᠬᠢ ᠠᠷᠪᠢᠯᠠᠵᠤ ᠨᠡᠭᠦᠷᠡᠰᠦᠳᠦ᠋ᠷᠦᠭᠴᠢ ᠵᠢ ᠪᠠᠭᠤᠷᠠᠭᠤᠯᠬᠤ᠎ᠪᠠᠷ ᠥᠭᠡᠷᠡᠴᠢᠯᠡᠨ ᠰᠢᠨᠡᠳᠬᠡᠬᠦ ᠂  ᠲᠡᠷᠢᠭᠦᠨ᠎ᠤ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠵᠡᠷᠭᠡ ᠬᠦᠷᠢᠶ᠎ᠡ ᠴᠠᠷᠠᠭ᠋ᠠᠨ᠎ᠳᠤ ᠨᠢᠭᠡ ᠪᠦᠯᠦᠭ ᠭᠣᠣᠯᠳᠠᠯᠭ᠎ᠠ᠎ᠲᠠᠢ ᠢᠨᠵᠧᠨᠧᠷᠢᠩ᠎ᠢ ᠲᠥᠯᠥᠪᠵᠢᠭᠦᠯᠦᠨ ᠬᠡᠷᠡᠭᠵᠢᠭᠦᠯᠦᠨ᠎ᠡ ᠃  ᠨᠡᠭᠦᠷᠡᠰᠦᠳᠦ᠋ᠷᠦᠭᠴᠢ ᠵᠢᠨ ᠬᠤᠷᠠᠮᠠᠯ᠎ᠤᠨ 《ᠰᠠᠢ᠌ᠨ ᠠᠷᠠᠯᠵᠢᠶ᠎ᠠ 》 ᠵᠢ ᠶᠡᠬᠡ᠎ᠪᠠᠷ ᠬᠥᠭᠵᠢᠭᠦᠯᠬᠦ᠎ᠪᠠᠷ ᠴᠢᠷᠮᠠᠢ᠌ᠨ᠎ᠠ ᠂  ᠤᠢ ᠰᠢᠭᠤᠢ ᠨᠤᠲᠤᠭ ᠪᠡᠯᠴᠢᠭᠡᠷ᠎ᠤᠨ ᠨᠡᠭᠦᠷᠡᠰᠦᠳᠦ᠋ᠷᠦᠭᠴᠢ ᠬᠤᠷᠠᠭᠤᠯᠬᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠵᠦ ᠂  ᠤᠯᠤᠰ᠎ᠤᠨ ᠨᠡᠭᠦᠷᠡᠰᠦᠳᠦ᠋ᠷᠦᠭᠴᠢ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠠᠢ᠌ᠭᠤᠯᠤᠯᠲᠠ᠎ᠳᠤ ᠢᠳᠡᠪᠬᠢᠲᠡᠢ᠎ᠪᠠᠷ ᠣᠷᠣᠯᠴᠠᠨ ᠂  ᠬᠥᠯᠥᠨ ᠪᠦᠢ᠍ᠷ ᠂  ᠬᠢᠩᠭ᠋ᠠᠨ ᠠᠢ᠌ᠮᠠᠭ ᠂  ᠤᠯᠠᠭ᠋ᠠᠨᠬᠠᠳᠠ ᠵᠡᠷᠭᠡ ᠭᠠᠵᠠᠷ᠎ᠤᠨ ᠠᠮᠢ ᠠᠬᠤᠢ ᠵᠢᠨ ᠪᠦᠲᠦᠭᠡᠭᠳᠡᠬᠦᠨ᠎ᠤ ᠦᠨ᠎ᠡ ᠥᠷᠲᠡᠭ᠎ᠤᠨ ᠪᠡᠶᠡᠯᠡᠭᠳᠡᠯ᠎ᠤᠨ ᠲᠣᠭᠲᠠᠴᠠ ᠵᠢ ᠰᠦᠪᠡᠭᠴᠢᠯᠡᠬᠦ ᠵᠢ᠎ᠨᠢ ᠳᠡᠮᠵᠢᠵᠦ ᠂  ᠠᠭᠤᠳᠠᠮ ᠲᠡᠨᠢᠭᠡᠷ ᠲᠠᠯ᠎ᠠ ᠨᠤᠲᠤᠭ ᠂  ᠢᠭᠴᠤ ᠰᠠᠬᠤᠯᠢᠭ ᠣᠢ ᠰᠢᠭᠤᠢ ᠂  ᠨᠡᠯᠦᠢ᠌ᠮ᠎ᠡ ᠶᠡᠬᠡ ᠨᠤᠭᠤ ᠭᠠᠵᠠᠷ᠎ᠠᠴᠠ ᠨᠡᠩ ᠣᠯᠠᠨ ᠨᠡᠭᠦᠷᠡᠰᠦᠳᠦ᠋ᠷᠦᠭᠴᠢ ᠵᠢᠨ ᠬᠤᠷᠠᠮᠠᠯ᠎ᠤᠨ ᠰᠢᠯᠢᠳᠡᠭ ᠪᠦᠲᠦᠭᠡᠭᠳᠡᠬᠦᠨ ᠤᠯᠠᠷᠢᠭᠤᠯᠤᠨ ᠭᠠᠷᠭ᠋ᠠᠨ᠎ᠠ ᠃

      (ᠨᠠᠢ᠍ᠮᠠ )  ᠣᠷᠣᠨ ᠪᠦᠰᠡ ᠵᠢᠨ ᠬᠥᠭᠵᠢᠯᠲᠡ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠎ᠡ ᠃  ᠬᠦᠬᠡᠬᠤᠲᠠ ᠪᠤᠭᠤᠲᠤ ᠵᠢ ᠨᠢᠭᠡ ᠬᠣᠲᠠᠵᠢᠭᠤᠯᠬᠤ 60 ᠵᠤᠷᠪᠤᠰ᠎ᠢ ᠪᠣᠳᠠᠲᠠᠢ᠌ᠵᠢᠭᠤᠯᠬᠤ ᠵᠢ ᠳᠡᠮᠵᠢᠵᠦ ᠂  ᠬᠦᠬᠡᠬᠤᠲᠠ ᠪᠤᠭᠤᠲᠤ ᠵᠢ ᠨᠢᠭᠡ ᠬᠣᠲᠠᠵᠢᠭᠤᠯᠬᠤ᠎ᠪᠠᠷ ᠬᠦᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠢ ᠨᠢᠭᠡ ᠴᠣᠭᠴᠠᠵᠢᠭᠤᠯᠵᠤ ᠲᠦᠷᠭᠡᠳᠬᠡᠨ ᠬᠥᠭᠵᠢᠭᠦᠯᠬᠦ ᠵᠢ ᠳᠠᠢ᠍ᠢ᠍ᠴᠢᠯᠠᠵᠤ ᠂  ᠬᠦᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠢ ᠦᠨᠡᠨ ᠬᠦ᠌ ᠪᠦᠬᠦ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠵᠤ ᠳᠠᠢ᠌ᠴᠢᠯᠠᠬᠤ 《ᠪᠤᠬ᠎ᠠ ᠲᠡᠷᠭᠡ》  ᠪᠣᠯᠭ᠋ᠠᠨ᠎ᠠ ᠃  ᠬᠦᠬᠡᠬᠤᠲᠠ ᠣᠷᠣᠨ᠎ᠤ ᠲᠥᠪ ᠪᠣᠯᠤᠭᠰᠠᠨ᠎ᠤ ᠬᠤᠪᠢ᠎ᠳᠤ ᠂  ᠦᠨᠡᠨ ᠬᠦ᠌ 《ᠬᠦᠴᠦᠷᠬᠡᠭᠵᠢᠨ 》᠂ 《ᠲᠥᠪᠯᠡᠨ ᠲᠡᠷᠢᠭᠦᠯᠡᠵᠦ 》᠂  ᠶᠡᠷᠦᠩᠬᠡᠢ᠌ᠯᠡᠭᠰᠡᠨ ᠪᠣᠳᠠᠲᠤ ᠬᠦᠴᠦᠨ ᠵᠶ᠋ᠠᠨ ᠪᠦᠬᠦ ᠲᠠᠯ᠎ᠠ᠎ᠪᠠᠷ ᠳᠡᠭᠡᠭᠰᠢᠯᠡᠭᠦᠯᠦᠨ ᠂  ᠶᠡᠷᠦᠩᠬᠡᠢ ᠬᠡᠯᠲᠡᠰ᠎ᠤᠨ ᠠᠵᠤ ᠠᠬᠤᠢ ᠵᠢᠨ ᠰᠠᠭᠤᠷᠢᠨ ᠭᠠᠵᠠᠷ᠎ᠢ ᠴᠣᠭᠴᠠᠯᠠᠵᠤ ᠂ 《ᠳᠡᠯᠡᠬᠡᠢ ᠵᠢᠨ ᠰᠦ  ᠰᠠᠭ᠋ᠠᠯᠢ ᠵᠢᠨ ᠬᠤᠲᠠ 》 ᠵᠢ ᠪᠦᠲᠦᠭᠡᠨ ᠪᠠᠢ᠍ᠢ᠍ᠭᠤᠯᠬᠤ ᠬᠡᠷᠡᠭᠲᠡᠢ ᠃  ᠪᠤᠭᠤᠲᠤ ᠬᠠᠭᠤᠴᠢᠨ ᠠᠵᠤ ᠦᠢ᠍ᠯᠡᠳᠪᠦᠷᠢ ᠵᠢᠨ ᠰᠠᠭᠤᠷᠢᠨ ᠪᠣᠯᠤᠭᠰᠠᠨ᠎ᠤ ᠬᠤᠪᠢ᠎ᠳᠤ ᠂  ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ᠎ᠪᠠᠨ ᠲᠦᠷᠭᠡᠳᠬᠡᠵᠦ ᠂ 《ᠪᠦᠬᠦ ᠤᠯᠤᠰ᠎ᠤᠨ ᠬᠠᠮᠤᠭ᠎ᠤᠨ ᠲᠣᠮᠣ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠭᠠᠵᠠᠷ ᠪᠠ ᠪᠦᠬᠦ ᠪᠥᠮᠪᠥᠷᠴᠡᠭ᠎ᠲᠤ ᠲᠦᠷᠦᠭᠦᠯᠡᠬᠦ ᠬᠣᠪᠣᠷ ᠰᠢᠷᠣᠢ ᠵᠢᠨ ᠬᠡᠷᠡᠭᠯᠡᠯᠲᠡ ᠵᠢᠨ ᠰᠠᠭᠤᠷᠢᠨ ᠭᠠᠵᠠᠷ 》᠎ᠢ ᠪᠦᠬᠦ ᠬᠦᠴᠦᠨ ᠵᠶ᠋ᠠᠷ ᠵᠶ᠋ᠠᠨ ᠪᠦᠲᠦᠭᠡᠨ ᠪᠠᠢ᠍ᠢ᠍ᠭᠤᠯᠬᠤ ᠬᠡᠷᠡᠭᠲᠡᠢ ᠃  ᠣᠷᠳᠣᠰ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠰᠠᠢ᠌ᠨ 《ᠨᠢᠷᠤᠭᠤ ᠲᠤᠯᠭ᠋ᠠᠭᠤᠷᠢ 》᠂ 《ᠬᠣᠰᠢᠭᠤᠴᠢ ᠴᠡᠷᠢᠭ 》  ᠪᠣᠯᠵᠤ ᠂  ᠤᠯᠤᠰ᠎ᠤᠨ ᠳᠡᠰ᠎ᠤᠨ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠵᠢᠱ᠌ᠢᠶ᠎ᠡ ᠦᠵᠡᠭᠦᠯᠬᠦ ᠣᠷᠣᠨ᠎ᠢ ᠰᠠᠢ᠌ᠲᠤᠷ ᠪᠦᠲᠦᠭᠡᠨ ᠪᠠᠢ᠌ᠭᠤᠯᠵᠤ ᠂  ᠳᠡᠯᠡᠬᠡᠢ ᠵᠢᠨ ᠲᠠᠰ᠎ᠤᠨ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠥᠨᠳᠥᠷᠯᠢᠭ᠎ᠢ ᠴᠣᠭᠴᠠᠯᠠᠬᠤ ᠬᠡᠷᠡᠭᠲᠡᠢ ᠃  ᠤᠯᠠᠭ᠋ᠠᠨᠴᠠᠪ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠮᠦᠷ᠎ᠤᠨ ᠬᠠᠢ᠌ᠯᠤᠰᠢ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠬᠦ ᠬᠦᠴᠦᠨ ᠵᠶ᠋ᠠᠷ ᠵᠶ᠋ᠠᠨ ᠪᠦᠲᠦᠭᠡᠨ ᠪᠠᠢ᠌ᠭᠤᠯᠵᠤ ᠂  ᠬᠢᠯᠢ ᠬᠢᠵᠠᠭ᠋ᠠᠷ ᠪᠠ ᠳᠣᠲᠣᠷ ᠭᠠᠵᠠᠷ ᠬᠣᠯᠪᠤᠭ᠋ᠠᠯᠠᠨ ᠬᠥᠳᠡᠯᠦᠯᠴᠡᠬᠦ ᠬᠦᠢ᠍ᠰᠦ ᠪᠣᠯᠬᠤ ᠠᠵᠤ ᠠᠬᠤᠢ ᠵᠢ ᠢᠳᠡᠪᠬᠢᠲᠡᠢ ᠬᠥᠭᠵᠢᠭᠦᠯᠬᠦ ᠬᠡᠷᠡᠭᠲᠡᠢ ᠃  ᠤᠯᠠᠭ᠋ᠠᠨᠬᠠᠳᠠ ᠂  ᠲᠦᠩᠯᠢᠶᠣᠣ ᠤᠯᠤᠰ᠎ᠤᠨ ᠠᠵᠤ ᠦᠢ᠍ᠯᠡᠰ᠎ᠤᠨ ᠰᠢᠯᠵᠢᠯᠲᠡ ᠵᠢᠨ ᠳᠠᠭ᠋ᠠᠭ᠋ᠠᠨ ᠠᠪᠴᠤ ᠵᠠᠯᠭ᠋ᠠᠭᠤᠯᠬᠤ ᠵᠢᠨ ᠵᠢᠱ᠌ᠢᠶ᠎ᠡ ᠦᠵᠡᠭᠦᠯᠬᠦ ᠣᠷᠣᠨ ᠪᠣᠯᠤᠭᠰᠠᠨ᠎ᠤ ᠬᠤᠪᠢ᠎ᠳᠤ ᠂  ᠠᠵᠠ ᠲᠣᠬᠢᠶᠠᠯ ᠵᠶ᠋ᠠᠨ ᠨᠠᠨᠳᠢᠩᠨᠠᠨ ᠂  ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠢ᠌ᠯᠭ᠎ᠠ ᠭᠠᠷᠭ᠋ᠠᠵᠤ ᠂  ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠦᠨ ᠬᠤᠳᠠᠯᠳᠤᠭ᠋ᠠᠴᠢᠨ ᠤᠷᠢᠵᠤ ᠪᠡᠯᠡ ᠣᠷᠤᠭᠤᠯᠬᠤ ᠡᠷᠴᠢᠮ ᠵᠶ᠋ᠠᠨ ᠴᠢᠩᠭ᠋ᠠᠷᠠᠭᠤᠯᠵᠤ ᠂  ᠪᠣᠬᠢᠷᠳᠤᠯ ᠦᠭᠡᠢ ᠤᠰᠤᠳᠦ᠋ᠷᠦᠭᠴᠢ ᠂  ᠪᠣᠬᠢᠷᠳᠤᠯ ᠦᠭᠡᠢ ᠠᠮᠢᠨᠤ᠋ ᠂  ᠪᠣᠬᠢᠷᠳᠤᠯ ᠦᠭᠡᠢ ᠠᠯᠺᠤᠤᠯ ᠵᠡᠷᠭᠡ ᠠᠵᠤ ᠦᠢ᠍ᠯᠡᠰ᠎ᠢ ᠬᠥᠭᠵᠢᠭᠦᠯᠦᠨ ᠪᠤᠵᠠᠭ᠋ᠠᠢ᠌ᠷᠠᠭᠤᠯᠬᠤ᠎ᠳᠤ ᠬᠦᠴᠦᠯᠡᠨ ᠂ 《ᠬᠣᠶᠠᠷ ᠬᠥᠪᠡᠭᠦᠨ ᠣᠳᠣ 》 ᠵᠢᠨ ᠦᠳᠲᠡᠷ ᠲᠦᠷᠭᠡᠨ ᠬᠥᠭᠵᠢᠯᠲᠡ᠎ᠪᠠᠷ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠪᠦᠬᠦ ᠲᠠᠯ᠎ᠠ ᠵᠢᠨ ᠬᠥᠭᠵᠢᠯᠲᠡ ᠮᠠᠨᠳᠤᠯᠲᠠ᠎ᠳᠤ ᠬᠤᠷᠳᠤ ᠨᠡᠮᠡᠬᠦ ᠵᠢ ᠳᠠᠢ᠌ᠴᠢᠯᠠᠬᠤ ᠬᠡᠷᠡᠭᠲᠡᠢ ᠃  ᠤᠯᠠᠭ᠋ᠠᠨᠬᠠᠳᠠ 《ᠥᠩᠭᠡᠲᠦ ᠲᠡᠮᠦᠷᠯᠢᠭ᠎ᠤᠨ ᠨᠤᠲᠤᠭ 》᠎ᠤᠨ ᠨᠡᠷ᠎ᠡ ᠨᠢᠳᠡᠷ᠎ᠲᠤ᠎ᠪᠠᠨ ᠦᠨᠡᠨ ᠬᠦ᠌ ᠲᠡᠩᠴᠡᠬᠦ᠎ᠪᠠᠷ ᠴᠢᠷᠮᠠᠢ᠌ᠬᠤ ᠬᠡᠷᠡᠭᠲᠡᠢ ᠂  ᠪᠣᠬᠢᠷᠳᠤᠯ ᠦᠭᠡᠢ ᠯᠢᠲ᠋ᠢ ᠵᠢᠨ ᠰᠠᠭᠤᠷᠢ ᠬᠥᠩᠭᠡᠨᠴᠠᠭ᠋ᠠᠨ᠎ᠤ ᠰᠠᠭᠤᠷᠢ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠬᠦ ᠬᠡᠷᠡᠭᠲᠡᠢ ᠃  ᠲᠦᠩᠯᠢᠶᠣᠣ ᠵᠡᠭᠦᠨ ᠬᠣᠢ᠌ᠲᠤ ᠭᠠᠵᠠᠷ ᠣᠷᠣᠨ᠎ᠤ ᠬᠠᠮᠤᠭ᠎ᠤᠨ ᠲᠣᠮᠣ ᠡᠬᠡ ᠬᠠᠭᠤᠷᠠᠢ ᠵᠢᠨ ᠰᠠᠯᠬᠢᠨ ᠬᠦᠴᠦᠨ᠎ᠤ ᠴᠠᠬᠢᠯᠭ᠋ᠠᠨ᠎ᠤ ᠲᠤᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠰᠠᠭᠤᠷᠢᠨ᠎ᠢ ᠲᠦᠷᠭᠡᠳᠬᠡᠨ ᠪᠦᠲᠦᠭᠡᠨ ᠪᠠᠢ᠍ᠢ᠍ᠭᠤᠯᠬᠤ ᠬᠡᠷᠡᠭᠲᠡᠢ ᠃ 

      (ᠶᠢᠰᠦ )  ᠠᠷᠠᠳ᠎ᠤᠨ ᠠᠮᠢᠳᠤᠷᠠᠯ᠎ᠤᠨ ᠶᠠᠪᠤᠳᠠᠯ ᠪᠣᠯ ᠬᠡᠵᠢᠶᠡᠳᠡ ᠴᠢᠬᠤᠯᠠ ᠶᠠᠪᠤᠳᠠᠯ ᠪᠠᠢ᠌ᠵᠤ ᠂  ᠡᠷᠬᠡᠪᠰᠢ ᠪᠣᠳᠠᠲᠠᠢ ᠭᠦᠢ᠍ᠴᠡᠳᠬᠡᠵᠦ ᠰᠠᠢ᠌ᠲᠤᠷ ᠭᠦᠢ᠍ᠴᠡᠳᠬᠡᠬᠦ ᠬᠡᠷᠡᠭᠲᠡᠢ ᠃  ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠦᠨᠳᠦᠰᠦᠨ ᠪᠠᠷᠢᠮᠵᠢᠶ᠎ᠠ ᠵᠢ ᠪᠦᠬᠦ ᠤᠯᠤᠰ᠎ᠤᠨ ᠳᠤᠮᠳᠠᠴᠢ ᠲᠦᠪᠰᠢᠨ᠎ᠳᠤ ᠬᠦᠷᠦᠭᠦᠯᠬᠦ ᠪᠤᠶᠤ ᠳᠠᠪᠠᠭᠤᠯᠬᠤ ᠵᠢ ᠠᠬᠢᠭᠤᠯᠬᠤ ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠷᠢᠯᠠᠭᠤᠯᠤᠭᠰᠠᠨ ᠠᠷᠠᠳ᠎ᠤᠨ ᠠᠮᠢᠳᠤᠷᠠᠯ᠎ᠤᠨ ᠠᠵᠢᠯ᠎ᠤᠨ ᠬᠠᠲᠠᠭᠤ ᠡᠭᠦᠷᠭᠡ ᠪᠣᠯᠣᠨ᠎ᠠ ᠂  ᠪᠣᠢ ᠪᠦᠬᠦᠢ ᠪᠠᠲᠤᠯᠠᠭ᠎ᠠ ᠵᠢᠨ ᠪᠠᠷᠢᠮᠵᠢᠶ᠎ᠠ ᠵᠢ ᠪᠦᠬᠦ ᠲᠠᠯ᠎ᠠ᠎ᠪᠠᠷ ᠡᠮᠬᠢᠯᠡᠵᠦ ᠂  ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠠᠴᠠ ᠳᠣᠣᠷ᠎ᠠ ᠪᠠᠢ᠌ᠭ᠎ᠠ ᠵᠢ᠎ᠨᠢ ᠳᠡᠭᠡᠭᠰᠢᠯᠡᠭᠦᠯᠵᠦ ᠂  ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠠᠴᠠ ᠳᠣᠣᠷ᠎ᠠ ᠪᠢᠰᠢ᠎ᠳᠤ᠎ᠨᠢ ᠲᠣᠭᠲᠠᠭᠤᠨ ᠵᠶ᠋ᠠᠷ ᠠᠶᠠᠨᠳᠠᠭ᠋ᠠᠨ ᠨᠡᠮᠡᠭᠳᠡᠬᠦ ᠲᠣᠭᠲᠠᠴᠠ ᠵᠢ ᠪᠠᠢ᠍ᠢ᠍ᠭᠤᠯᠬᠤ ᠬᠡᠷᠡᠭᠲᠡᠢ ᠃  ᠡᠨᠡ ᠵᠢᠯ ᠪᠢᠳᠡ ᠦᠷᠭᠦᠯᠵᠢᠯᠡᠨ ᠠᠷᠠᠳ᠎ᠤᠨ ᠠᠮᠢᠳᠤᠷᠠᠯ᠎ᠤᠨ 33 ᠪᠣᠳᠠᠲᠤ ᠶᠠᠪᠤᠳᠠᠯ᠎ᠢ ᠳᠤᠷᠠᠳᠴᠤ ᠂  ᠡᠷᠬᠡᠪᠰᠢ ᠨᠢᠭᠡ ᠵᠢ ᠬᠢᠪᠡᠯ ᠨᠢᠭᠡ ᠵᠢ ᠪᠦᠲᠦᠭᠡᠵᠦ ᠂  ᠣᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠵᠢ ᠦᠨᠡᠨ ᠪᠣᠳᠠᠲᠠᠢ ᠰᠢᠢ᠍ᠳᠪᠦᠷᠢᠯᠡᠬᠦ ᠬᠡᠷᠡᠭᠲᠡᠢ ᠃ 

       ᠳᠤᠯᠠᠭ᠋ᠠᠯᠠᠭ᠎ᠠ ᠵᠢᠨ ᠢᠨᠵᠧᠨᠧᠷᠢᠩ᠎ᠨᠢ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠥᠭᠡᠳ ᠪᠠᠰᠠ ᠬᠥᠭᠵᠢᠯᠲᠡ ᠵᠢᠨ ᠢᠨᠵᠧᠨᠧᠷᠢᠩ ᠪᠣᠯᠣᠨ᠎ᠠ ᠃  ᠬᠤᠲᠠ ᠵᠢᠨ ᠰᠢᠨᠡᠳᠬᠡᠯ᠎ᠤᠨ ᠠᠵᠢᠯᠯᠠᠭ᠋ᠠᠨ᠎ᠲᠠᠢ ᠤᠶᠠᠯᠳᠤᠭᠤᠯᠤᠨ ᠂  ᠬᠣᠭᠣᠯᠠᠢ ᠭᠤᠤᠷᠰᠤ ᠵᠢᠨ ᠲᠣᠣᠷ᠎ᠢ ᠰᠢᠨᠡᠳᠬᠡᠬᠦ ᠂  ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠢᠨᠡᠳᠬᠡᠬᠦ ᠵᠢ ᠨᠢᠭᠡ ᠴᠣᠭᠴᠠ᠎ᠪᠠᠷ ᠠᠬᠢᠭᠤᠯᠤᠨ ᠂  ᠪᠦᠬᠦ ᠵᠢᠯ᠎ᠳᠤ ᠰᠢᠲᠠᠮᠠᠬᠠᠢ ᠬᠡᠢ ᠂  ᠢᠯᠴᠢ ᠬᠠᠩᠭ᠋ᠠᠬᠤ ᠂  ᠤᠰᠤ ᠬᠠᠩᠭ᠋ᠠᠵᠤ ᠭᠠᠳᠠᠭᠰᠢᠯᠠᠭᠤᠯᠬᠤ ᠬᠣᠭᠣᠯᠠᠢ ᠭᠤᠤᠷᠰᠤ ᠵᠢᠨ ᠲᠣᠣᠷ᠎ᠢ 1500 ᠺᠢᠯᠣᠮᠧᠲᠷ ᠥᠭᠡᠷᠡᠴᠢᠯᠡᠨ ᠰᠢᠨᠡᠳᠬᠡᠬᠦ ᠪᠠ ᠬᠠᠭᠤᠴᠢᠨ ᠰᠠᠭᠤᠭ᠋ᠠᠯᠢ ᠲᠣᠭᠣᠷᠢᠭ᠎ᠢ 1185 ᠥᠭᠡᠷᠡᠴᠢᠯᠡᠨ ᠰᠢᠨᠡᠳᠬᠡᠬᠦ ᠵᠢ ᠪᠡᠶᠡᠯᠡᠭᠦᠯᠵᠦ ᠂  ᠬᠤᠲᠠ ᠵᠢᠨ ᠳᠤᠮᠳᠠᠬᠢ ᠲᠤᠰᠬᠤᠨ ᠂  ᠬᠤᠲᠠ ᠵᠢᠨ ᠵᠠᠬ᠎ᠠ ᠵᠢᠨ ᠲᠤᠰᠬᠤᠨ᠎ᠤ ᠲᠦᠯᠡᠰᠢᠨ ᠨᠡᠭᠦᠷᠡᠰᠦ ᠵᠢ ᠲᠠᠷᠠᠬᠠᠢ ᠰᠢᠲᠠᠭ᠋ᠠᠬᠤ ᠵᠢ ᠶᠡᠷᠦᠩᠬᠡᠢ᠌ᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠠᠵᠢᠯᠯᠠᠭ᠋ᠠᠨ᠎ᠢ ᠡᠬᠢᠯᠡᠭᠦᠯᠵᠦ ᠂  ᠬᠤᠲᠠ ᠵᠢᠨ ᠲᠣᠭᠣᠷᠢᠭ᠎ᠤᠨ ᠲᠥᠪᠯᠡᠷᠡᠭᠦᠯᠦᠨ ᠢᠯᠴᠢ ᠬᠠᠩᠭ᠋ᠠᠬᠤ ᠵᠢ ᠥᠭᠡᠷᠡᠴᠢᠯᠡᠨ ᠰᠢᠨᠡᠳᠬᠡᠬᠦ ᠵᠢ ᠲᠦᠷᠭᠡᠳᠬᠡᠵᠦ ᠂  ᠣᠯᠠᠨ ᠲᠦᠮᠡᠨ᠎ᠤ ᠬᠠᠯᠠᠭᠤᠨ ᠳᠤᠯᠠᠭ᠋ᠠᠨ ᠵᠢᠨᠷ ᠡᠪᠦᠯᠵᠢᠬᠦ ᠵᠢ ᠪᠠᠲᠤᠯᠠᠨ᠎ᠠ ᠃ 

       ᠠᠵᠢᠯ ᠣᠯᠭᠣᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ ᠃  ᠬᠥᠭᠵᠢᠯᠲᠡ ᠵᠢᠨ ᠳᠤᠮᠳᠠ ᠠᠵᠢᠯ ᠣᠯᠭᠣᠬᠤ ᠠᠰᠠᠭᠤᠳᠠᠯ᠎ᠢ ᠰᠢᠢ᠍ᠳᠪᠦᠷᠢᠯᠡᠬᠦ ᠵᠢ ᠪᠠᠷᠢᠮᠲᠠᠯᠠᠵᠤ ᠂  ᠠᠵᠤ ᠠᠬᠤᠢ᠌ᠯᠠᠯ᠎ᠢ ᠲᠤᠰᠠᠯᠠᠵᠤ ᠠᠵᠢᠯ᠎ᠤᠨ ᠪᠠᠢ᠌ᠷᠢ ᠵᠢ ᠲᠣᠭᠲᠠᠭᠤᠨ ᠪᠠᠢ᠌ᠯᠭ᠋ᠠᠬᠤ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ ᠂  ᠭᠣᠣᠯᠳᠠᠯᠭ᠎ᠠ᠎ᠲᠠᠢ ᠬᠥᠮᠥᠰ᠎ᠲᠤ ᠠᠵᠢᠯ ᠣᠯᠭᠣᠬᠤ᠎ᠪᠠᠷ ᠬᠠᠪᠰᠤᠷᠤᠨ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠵᠤ ᠂  ᠢᠯᠠᠩᠭᠤᠶ᠎ᠠ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠂  ᠵᠠᠮ ᠬᠠᠷᠢᠯᠴᠠᠭ᠎ᠠ ᠲᠡᠭᠡᠭᠡᠪᠦᠷᠢ ᠂  ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠵᠡᠷᠭᠡ ᠴᠢᠬᠤᠯᠠ ᠶᠡᠬᠡ ᠲᠦᠷᠦᠯ ᠵᠦᠢ᠍ᠯ᠎ᠳᠤ ᠣᠯᠠᠨ ᠲᠦᠮᠡᠨ᠎ᠢ ᠨᠡᠩ ᠣᠯᠠᠨ ᠣᠷᠣᠯᠴᠠᠭᠤᠯᠵᠤ ᠂  ᠣᠷᠣᠯᠭ᠎ᠠ ᠵᠢ᠎ᠨᠢ ᠨᠡᠮᠡᠭᠳᠡᠭᠦᠯᠬᠦ ᠬᠡᠷᠡᠭᠲᠡᠢ ᠃  ᠪᠣᠳᠠᠲᠠᠢ ᠵᠢ ᠤᠯᠠᠮ ᠢᠯᠡᠭᠦᠦ ᠡᠷᠬᠢᠮᠯᠡᠭᠰᠡᠨ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ ᠂  ᠨᠡᠩ ᠣᠯᠠᠨ ᠣᠶᠤᠲᠠᠳ᠎ᠢ ᠥᠪᠥᠷ ᠮᠣᠩᠭᠣᠯ᠎ᠳᠤ ᠢᠷᠡᠭᠦᠯᠵᠦ ᠂  ᠥᠪᠥᠷ ᠮᠣᠩᠭᠣᠯ᠎ᠳᠤ ᠦᠯᠡᠳᠡᠭᠡᠨ ᠠᠵᠢᠯ ᠣᠯᠭᠣᠵᠤ ᠦᠢ᠍ᠯᠡᠰ ᠪᠣᠰᠬᠠᠯᠭ᠋ᠠᠨ᠎ᠠ ᠃  ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠲᠤ ᠠᠵᠢᠯ ᠣᠯᠭᠣᠬᠤ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠨ᠎ᠠ ᠃  ᠡᠯ᠎ᠡ ᠠᠢ᠌ᠮᠠᠭ ᠬᠤᠲᠠ ᠵᠢᠨ᠎ᠬᠢᠨ ᠨᠢᠭᠡ ᠪᠦᠯᠦᠭ ᠡᠳᠦᠷ᠎ᠤᠨ ᠬᠦᠴᠦ ᠶᠠᠪᠤᠭᠰᠠᠳ᠎ᠤᠨ ᠵᠠᠬ᠎ᠠ ᠳᠡᠯᠭᠡᠭᠦᠷ ᠂  ᠡᠳᠦᠷ᠎ᠤᠨ ᠬᠦᠴᠦ ᠶᠠᠪᠤᠭᠰᠠᠳ᠎ᠤᠨ ᠥᠷᠲᠡᠭᠡ ᠵᠢ ᠲᠦᠷᠭᠡᠳᠬᠡᠨ ᠪᠠᠢ᠌ᠭᠤᠯᠵᠤ ᠂  ᠣᠯᠠᠨ ᠲᠦᠮᠡᠨ᠎ᠤ ᠠᠵᠢᠯ ᠣᠯᠬᠤ᠎ᠳᠤ ᠳᠦᠭᠦᠮ ᠦᠵᠡᠭᠦᠯᠬᠦ ᠬᠡᠷᠡᠭᠲᠡᠢ ᠃ 

       ᠰᠤᠷᠭ᠋ᠠᠨ ᠬᠥᠮᠦᠵᠢᠯ᠎ᠨᠢ ᠦᠢ ᠲᠦᠮᠡᠨ ᠠᠢ᠌ᠯ ᠡᠷᠦᠬᠡ᠎ᠳᠤ ᠬᠣᠯᠪᠣᠭᠳᠠᠨ᠎ᠠ ᠃  ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠨᠢ ᠲᠦᠭᠡᠮᠡᠯ ᠬᠠᠷᠠᠭ᠋ᠠᠯᠵᠠᠯᠲᠤ ᠬᠥᠭᠵᠢᠯᠲᠡ ᠵᠢ ᠳᠣᠪᠦ᠋ᠢ᠍ᠯᠭ᠋ᠠᠵᠤ ᠂  ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠴᠢᠨᠠᠷᠵᠢᠭᠤᠨ ᠪᠥᠭᠡᠳ ᠲᠡᠩᠴᠡᠭᠦᠷᠢᠲᠡᠢ ᠬᠥᠭᠵᠢᠭᠦᠯᠵᠦ ᠂  ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠣᠯᠠᠨ ᠶᠠᠩᠵᠤᠴᠢᠯᠠᠨ ᠂  ᠣᠨᠴᠠᠯᠢᠬ᠍ᠵᠢᠭᠤᠯᠤᠨ ᠬᠥᠭᠵᠢᠭᠦᠯᠵᠦ ᠂ 126 ᠬᠡᠦᠬᠡᠳ᠎ᠤᠨ ᠴᠡᠴᠡᠷᠯᠢᠭ ᠂ 578 ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠨᠥᠬᠥᠴᠡᠯ᠎ᠢ ᠥᠭᠡᠷᠡᠴᠢᠯᠡᠨ ᠰᠠᠢ᠌ᠵᠢᠷᠠᠭᠤᠯᠵᠤ ᠂  ᠰᠢᠶᠠᠩ ᠪᠠᠯᠭ᠋ᠠᠰᠤ ᠪᠦᠷᠢ ᠠᠳᠠᠭ᠎ᠲᠤ᠎ᠪᠠᠨ ᠨᠢᠭᠡ ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠢ ᠰᠠᠢ᠌ᠲᠤᠷ ᠡᠷᠬᠢᠯᠡᠵᠦ ᠂  ᠬᠣᠰᠢᠭᠤ ᠰᠢᠶᠠᠨ ᠪᠦᠷᠢ ᠠᠳᠠᠭ᠎ᠲᠤ᠎ᠪᠠᠨ ᠨᠢᠭᠡ ᠴᠢᠨᠠᠷᠯᠢᠭ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠰᠠᠢ᠌ᠲᠤᠷ ᠡᠷᠬᠢᠯᠡᠬᠦ ᠬᠡᠷᠡᠭᠲᠡᠢ ᠃  ᠶᠡᠬᠡ ᠳᠡᠭᠡᠳᠦ ᠰᠤᠷᠭ᠋ᠠᠭᠤᠯᠢ ᠡᠷᠡᠯᠬᠡᠭ ᠵᠣᠷᠢᠭ ᠠᠤᠭ᠎ᠠ ᠬᠦᠰᠡᠯ᠎ᠢ ᠡᠪᠦᠷᠯᠡᠨ ᠂  ᠲᠡᠷᠢᠭᠦᠨ ᠳᠡᠰ᠎ᠤᠨ ᠪᠠᠷᠢᠮᠵᠢᠶ᠎ᠠ᠎ᠪᠠᠷ ᠬᠠᠷᠠᠯᠲᠠ᠎ᠪᠠᠨ ᠪᠣᠯᠭ᠋ᠠᠵᠤ ᠂  ᠲᠡᠷᠢᠭᠦᠨ ᠳᠡᠰ᠎ᠤᠨ ᠲᠤᠰᠬᠠᠢ ᠮᠡᠷᠭᠡᠵᠢᠯ ᠂  ᠲᠡᠷᠢᠭᠦᠨ ᠳᠡᠰ᠎ᠤᠨ ᠬᠢᠴᠢᠶᠡᠯ ᠰᠢᠨᠵᠢᠯᠡᠭᠡᠨ᠎ᠤ ᠰᠠᠯᠠᠭ᠎ᠠ ᠵᠢ ᠴᠣᠭᠴᠠᠯᠠᠨ ᠂  ᠬᠣᠪᠣᠷ ᠰᠢᠷᠣᠢ ᠂  ᠰᠦ  ᠰᠠᠭ᠋ᠠᠯᠢ ᠵᠢᠨ ᠦᠢ᠍ᠯᠡᠰ ᠂  ᠡᠨᠧᠷᠬᠢ ᠂  ᠲᠡᠷᠢᠭᠦᠨ᠎ᠤ ᠦᠢ᠍ᠯᠡᠳᠬᠦ ᠠᠵᠢᠯ᠎ᠤᠨ ᠲᠣᠭᠣᠷᠢᠨ᠎ᠳᠤ ᠰᠤᠷᠭ᠋ᠠᠨ ᠬᠥᠮᠦᠵᠢᠯ᠎ᠤᠨ ᠶᠠᠮᠤᠨ᠎ᠯᠤᠭ᠎ᠠ ᠳᠡᠭᠡᠳᠦ ᠵᠡᠷᠭᠡ ᠵᠢᠨ ᠰᠤᠳᠤᠯᠭ᠋ᠠᠨ᠎ᠤ ᠬᠦᠷᠢᠶᠡᠯᠡᠩ᠎ᠢ ᠬᠠᠮᠲᠤ᠎ᠪᠠᠷ ᠪᠠᠢ᠌ᠭᠤᠯᠵᠤ ᠂  ᠠᠮᠢᠳᠤ ᠪᠣᠳᠠᠰ ᠂  ᠠᠮᠢ ᠠᠬᠤᠢ ᠂  ᠡᠪᠡᠰᠦᠨ᠎ᠤ ᠤᠬᠠᠭ᠋ᠠᠨ ᠂  ᠲᠡᠮᠦᠷᠯᠢᠭ ᠬᠠᠢ᠌ᠯᠤᠭᠤᠯᠬᠤ ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠣᠨᠴᠠᠯᠢᠭᠲᠤ ᠬᠢᠴᠢᠶᠡᠯ ᠰᠢᠨᠵᠢᠯᠡᠭᠡᠨ᠎ᠤ ᠰᠠᠯᠠᠭ᠎ᠠ ᠵᠢ ᠰᠠᠢ᠌ᠲᠤᠷ ᠪᠠᠢ᠌ᠭᠤᠯᠵᠤ ᠂  ᠣᠳᠣ ᠦᠶ᠎ᠡ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢ 23 ᠂  ᠲᠤᠰᠬᠠᠢ ᠮᠡᠷᠭᠡᠵᠢᠯ᠎ᠤᠨ ᠣᠨᠴᠠᠯᠢᠭᠲᠤ ᠳᠡᠭᠡᠳᠦ ᠰᠤᠷᠭ᠋ᠠᠭᠤᠯᠢ ᠵᠢ 6 ᠂  ᠢᠷᠡᠭᠡᠳᠦᠢ ᠵᠢᠨ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ 2 ᠰᠠᠢ᠌ᠲᠤᠷ ᠴᠣᠭᠴᠠᠯᠠᠨ ᠂  ᠪᠦᠬᠦ ᠣᠷᠣᠨ᠎ᠤ ᠴᠢᠨᠠᠷ ᠰᠠᠢ᠌ᠲᠠᠢ ᠬᠥᠭᠵᠢᠯᠲᠡ᠎ᠳᠤ ᠲᠤᠰᠬᠠᠢ ᠮᠡᠷᠭᠡᠵᠢᠯ᠎ᠤᠨ ᠤᠷ᠎ᠠ ᠮᠡᠷᠭᠡᠰᠢᠯ᠎ᠲᠠᠢ ᠴᠢᠳᠠᠪᠤᠷᠢᠲᠠᠨ᠎ᠢ ᠨᠡᠩ ᠣᠯᠠᠨ ᠴᠢᠷᠮᠠᠢ᠌ᠨ ᠬᠥᠮᠥᠵᠢᠭᠦᠯᠬᠦ ᠬᠡᠷᠡᠭᠲᠡᠢ ᠃  ᠥᠪᠥᠷ ᠮᠣᠩᠭᠣᠯ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠦᠷᠢᠶᠡᠯᠡᠩ ᠲᠣᠭᠣᠷᠢᠭ᠎ᠢ ᠲᠦᠷᠭᠡᠳᠬᠡᠨ ᠪᠠᠢ᠌ᠭᠤᠯᠵᠤ ᠂  ᠬᠥᠯᠥᠨ ᠪᠦᠢ᠍ᠷ᠎ᠤᠨ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠬᠥᠭᠵᠢᠭᠦᠯᠬᠦ ᠵᠢ᠎ᠨᠢ ᠳᠡᠮᠵᠢᠵᠦ ᠂  ᠪᠦᠬᠦ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠤᠷᠠᠨ ᠳᠠᠷᠬᠠᠨ᠎ᠤ ᠠᠩᠭᠢ 》᠂ 《ᠵᠠᠬᠢᠶᠠᠯᠠᠭ᠎ᠠ ᠵᠢᠨ ᠮᠠᠶᠢᠭ᠎ᠤᠨ ᠠᠩᠭᠢ 》᠎ᠳᠤ ᠬᠥᠮᠥᠵᠢᠭᠦᠯᠵᠦ ᠪᠠᠢ᠌ᠭ᠎ᠠ ᠰᠤᠷᠤᠭᠴᠢ ᠵᠢ 3 ᠲᠦᠮᠡ᠎ᠠᠴᠠ ᠳᠡᠭᠡᠭᠰᠢ᠎ᠳᠤ ᠬᠦᠷᠭᠡᠵᠦ ᠂  ᠦᠢ᠍ᠯᠡᠳᠪᠦᠷᠢᠯᠡᠬᠦ ᠵᠢᠭ᠋ᠠᠨ ᠰᠤᠷᠭ᠋ᠠᠬᠤ ᠵᠢ ᠠᠭᠤᠰᠤᠯᠴᠠᠭᠤᠯᠤᠭᠰᠠᠨ ᠬᠡᠯᠪᠡᠷᠢ ᠵᠢᠨ ᠠᠵᠤ ᠠᠬᠤᠢ᠌ᠯᠠᠯ᠎ᠢ 50 ᠪᠣᠢ᠌ᠵᠢᠭᠤᠯᠤᠨ᠎ᠠ ᠃  ᠶᠡᠬᠡ ᠰᠤᠷᠭ᠋ᠠᠭᠤᠯᠢ ᠳᠤᠮᠳᠠᠳᠤ ᠰᠤᠷᠭ᠋ᠠᠭᠤᠯᠢ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠬᠤ ᠵᠢ ᠦᠷᠭᠦᠯᠵᠢᠯᠡᠨ ᠠᠬᠢᠭᠤᠯᠵᠤ ᠂  ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠂  ᠬᠥᠯ ᠪᠥᠮᠪᠥᠭᠡ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠂  ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠡᠷᠭᠡ ᠠᠵᠢᠯᠯᠠᠭ᠎ᠠ ᠵᠢ ᠭᠦᠨᠵᠡᠭᠡᠢ ᠥᠷᠨᠢᠭᠦᠯᠵᠦ ᠂  ᠰᠤᠷᠤᠭᠴᠢᠳ᠎ᠤᠨ ᠮᠣᠷᠠᠯ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠢ᠌ᠬᠠᠨ ᠬᠦᠳᠡᠯᠮᠦᠷᠢ ᠪᠦᠬᠦ ᠲᠠᠯ᠎ᠠ᠎ᠪᠠᠷ ᠬᠥᠭᠵᠢᠬᠦ ᠵᠢ ᠠᠬᠢᠭᠤᠯᠤᠨ᠎ᠠ ᠃  ᠰᠤᠷᠭ᠋ᠠᠨ ᠬᠥᠮᠦᠵᠢᠯ᠎ᠢ ᠰᠠᠢ᠌ᠲᠤᠷ ᠡᠷᠬᠢᠯᠡᠬᠦ᠎ᠳᠤ ᠰᠠᠢ᠌ᠨ ᠵᠠᠬᠢᠷᠤᠯ ᠂  ᠰᠠᠢ᠌ᠨ ᠪᠠᠭᠰᠢ ᠪᠣᠯ ᠵᠠᠩᠭᠢᠯᠠᠭ᠎ᠠ ᠶᠤᠮ ᠂  ᠨᠡᠷᠡᠲᠦ ᠪᠠᠭᠰᠢ ᠨᠡᠷᠡᠲᠦ ᠵᠠᠬᠢᠷᠤᠯ᠎ᠢ ᠬᠥᠮᠥᠵᠢᠭᠦᠯᠬᠦ ᠢᠨᠵᠧᠨᠧᠷᠢᠩ᠎ᠢ ᠶᠡᠬᠡ᠎ᠪᠠᠷ ᠬᠡᠷᠡᠭᠵᠢᠭᠦᠯᠵᠦ ᠂  ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠰᠤᠷᠭ᠋ᠠᠨ ᠬᠥᠮᠦᠵᠢᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ᠎ᠪᠠᠷ ᠠᠵᠠ ᠳᠣᠬᠢᠶᠠᠯ ᠪᠣᠯᠭ᠋ᠠᠨ ᠂  ᠨᠡᠩ ᠣᠯᠠᠨ ᠪᠡᠭᠡᠵᠢᠩ᠎ᠤᠨ ᠪᠠᠭᠰᠢ ᠵᠢ ᠥᠪᠥᠷ ᠮᠣᠩᠭᠣᠯ᠎ᠳᠤ ᠲᠠᠲᠠᠨ ᠢᠷᠡᠭᠦᠯᠵᠦ ᠂  ᠣᠨᠴᠠᠭ᠋ᠠᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠪᠦᠬᠦ ᠤᠯᠤᠰ᠎ᠲᠤ ᠬᠠᠨᠳᠤᠭᠤᠯᠤᠨ ᠨᠡᠩ ᠣᠯᠠᠨ ᠰᠢᠯᠢᠳᠡᠭ ᠪᠠᠭᠰᠢ ᠵᠢ ᠣᠷᠣᠭᠤᠯᠤᠨ ᠠᠪᠴᠢᠷᠠᠵᠤ ᠂  ᠥᠪᠥᠷ ᠮᠣᠩᠭᠣᠯ᠎ᠤᠨ ᠵᠶ᠋ᠠᠨ ᠬᠡᠦᠬᠡᠳ᠎ᠤᠳ᠎ᠲᠤ᠎ᠪᠠᠨ ᠨᠡᠩ ᠰᠠᠢ᠌ᠨ ᠰᠤᠷᠭ᠋ᠠᠨ ᠬᠥᠮᠦᠵᠢᠯ ᠬᠦᠷᠲᠡᠭᠡᠬᠦ ᠬᠡᠷᠡᠭᠲᠡᠢ ᠃ 

       ᠨᠡᠩ ᠥᠨᠳᠥᠷ ᠲᠦᠪᠰᠢᠨ ᠪᠦᠬᠦᠢ ᠡᠮᠴᠢᠯᠡᠭᠡᠨ᠎ᠤ ᠦᠢ᠍ᠯᠡᠴᠢᠯᠡᠭᠡ ᠬᠦᠷᠲᠡᠬᠦ᠎ᠨᠢ ᠣᠯᠠᠨ ᠲᠦᠮᠡᠨ᠎ᠤ ᠴᠢᠩ ᠰᠡᠳᠬᠢᠯ᠎ᠤᠨ ᠬᠦᠰᠡᠯ ᠡᠷᠡᠮᠡᠯᠵᠡᠯ ᠪᠣᠯᠣᠨ᠎ᠠ ᠃  ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶᠠᠨ᠎ᠤ ᠥᠭᠡᠷᠡᠴᠢᠯᠡᠯᠲᠡ ᠪᠠ ᠴᠢᠨᠠᠷ ᠰᠠᠢ᠌ᠲᠠᠢ ᠬᠥᠭᠵᠢᠯᠲᠡ ᠵᠢ ᠥᠷᠭᠦᠯᠵᠢᠯᠡᠨ ᠭᠦᠨᠵᠡᠭᠡᠢ᠌ᠷᠡᠭᠦᠯᠵᠦ ᠂  ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠡᠮᠴᠢᠯᠡᠭᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠵᠢ ᠭᠦᠨᠵᠡᠭᠡᠢ᠌ᠷᠡᠭᠦᠯᠦᠨ ᠬᠡᠷᠡᠭᠵᠢᠭᠦᠯᠵᠦ ᠂  ᠥᠪᠥᠷ ᠮᠣᠩᠭᠣᠯ ᠯᠢᠶᠣᠤᠨᠢᠩ ᠂  ᠥᠪᠥᠷ ᠮᠣᠩᠭᠣᠯ ᠱᠠᠩᠬᠠᠢ ᠵᠢᠨ ᠡᠮᠴᠢᠯᠡᠭᠡᠨ᠎ᠤ ᠬᠠᠮᠲᠤᠷᠠᠯᠴᠠᠭ᠎ᠠ ᠵᠢ ᠥᠷᠭᠡᠳᠬᠡᠵᠦ ᠂  ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠢ 4 ᠂  ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠤᠰᠬᠠᠢ ᠰᠠᠯᠠᠭ᠋ᠠᠨ᠎ᠤ ᠣᠷᠣᠨ ᠪᠦᠰᠡ ᠵᠢᠨ ᠡᠮᠴᠢᠯᠡᠭᠡᠨ᠎ᠤ ᠲᠥᠪ᠎ᠢ 20 ᠰᠠᠢ᠌ᠲᠤᠷ ᠪᠠᠢ᠌ᠭᠤᠯᠵᠤ ᠂  ᠪᠤᠭᠤᠲᠤ ᠤᠯᠠᠭ᠋ᠠᠨᠬᠠᠳᠠ ᠦᠬᠠᠢ ᠭᠤᠷᠪᠠ ᠵᠢᠨ ᠤᠯᠤᠰ᠎ᠤᠨ ᠳᠡᠰ᠎ᠤᠨ ᠨᠢᠭᠲᠠ ᠬᠡᠯᠪᠡᠷᠢ ᠪᠦᠬᠦᠢ ᠬᠤᠲᠠ ᠵᠢᠨ ᠡᠮᠴᠢᠯᠡᠭᠡᠨ᠎ᠤ ᠪᠦᠯᠦᠭᠯᠡᠯ᠎ᠤᠨ ᠲᠤᠷᠰᠢᠯᠲᠠ ᠵᠢᠨ ᠴᠡᠭ᠎ᠢ ᠲᠦᠷᠭᠡᠳᠬᠡᠨ ᠪᠠᠢ᠌ᠭᠤᠯᠵᠤ ᠂  ᠣᠯᠠᠨ ᠳᠡᠰ ᠳᠠᠪᠬᠤᠷᠭ᠋ᠠᠲᠤ ᠡᠮᠴᠢᠯᠡᠭᠡᠨ᠎ᠤ ᠬᠣᠯᠪᠣᠭ᠋ᠠᠲᠤ ᠴᠣᠭᠴᠠ ᠪᠠ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ ᠃  ᠴᠢᠨᠠᠷ ᠰᠠᠢ᠌ᠲᠠᠢ ᠡᠮᠴᠢᠯᠡᠭᠡᠨ᠎ᠤ ᠡᠬᠢ ᠪᠠᠶᠠᠯᠢᠭ᠎ᠤᠨ ᠪᠠᠭᠲᠠᠭ᠋ᠠᠮᠵᠢ ᠵᠢ᠎ᠨᠢ ᠥᠷᠭᠡᠳᠬᠡᠬᠦ ᠵᠢ ᠠᠬᠢᠭᠤᠯᠤᠨ ᠂  ᠬᠢᠲᠠᠳ (ᠮᠣᠩᠭᠣᠯ )  ᠡᠮᠨᠡᠯᠭᠡ ᠵᠢᠨ ᠡᠮᠴᠢᠯᠡᠭᠡᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂  ᠰᠤᠪᠢᠯᠠᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠤᠯᠠᠮ ᠨᠢᠭᠡ ᠠᠯᠬᠤᠮ ᠨᠡᠮᠡᠭᠳᠡᠭᠦᠯᠦᠨ ᠂  ᠡᠯ᠎ᠡ ᠭᠠᠵᠠᠷ᠎ᠤᠨ ᠣᠨᠴᠠ ᠬᠡᠷᠡᠭᠴᠡᠭᠡᠨ᠎ᠤ ᠡᠭᠦᠳᠡᠨ ᠡᠮᠨᠡᠯᠭᠡ ᠂  ᠣᠨᠴᠠ ᠬᠡᠷᠡᠭᠴᠡᠭᠡᠨ᠎ᠤ ᠡᠪᠡᠳᠴᠢᠲᠡᠨ᠎ᠤ ᠥᠷᠥᠭᠡ ᠵᠢ ᠨᠡᠭᠡᠭᠡᠨ ᠲᠣᠬᠢᠷᠠᠭᠤᠯᠬᠤ ᠵᠢ ᠳᠡᠮᠵᠢᠵᠦ ᠂  ᠰᠠᠢ᠌ᠨ ᠡᠮᠨᠡᠯᠭᠡ ᠵᠢᠨ ᠬᠣᠷᠢᠶᠠᠨ ᠳᠠᠷᠤᠭ᠎ᠠ ᠵᠢ ᠰᠣᠩᠭᠣᠨ ᠲᠣᠮᠢᠯᠠᠵᠤ ᠂  ᠰᠢᠯᠢᠳᠡᠭ ᠡᠮᠴᠢ ᠵᠢ ᠬᠥᠮᠥᠵᠢᠭᠦᠯᠵᠦ ᠂  ᠣᠯᠠᠨ ᠲᠦᠮᠡᠨ᠎ᠳᠤ ᠭᠡᠷ᠎ᠤᠨ ᠬᠠᠶᠠᠭ᠋ᠠᠨ᠎ᠳᠤ᠎ᠨᠢ ᠴᠢᠨᠠᠷ ᠰᠠᠢ᠌ᠲᠠᠢ ᠡᠮᠴᠢᠯᠡᠭᠡᠨ᠎ᠤ ᠦᠢ᠍ᠯᠡᠴᠢᠯᠡᠭᠡ ᠵᠢ ᠬᠦᠷᠲᠡᠭᠡᠨ᠎ᠡ ᠃ 

      《ᠨᠠᠰᠤᠲᠠᠢ᠌ᠴᠤᠳ ᠪᠠ ᠨᠢᠯᠬᠠᠰ 》᠎ᠲᠤ ᠨᠡᠩ ᠣᠯᠠᠨ ᠬᠠᠢ᠌ᠷ᠎ᠠ ᠬᠠᠯᠠᠮᠵᠢ ᠬᠦᠷᠲᠡᠭᠡᠨ᠎ᠡ ᠃  ᠭᠡᠷ᠎ᠲᠤ᠎ᠪᠠᠨ ᠠᠰᠠᠷᠠᠭᠤᠯᠬᠤ᠎ᠳᠤ ᠵᠣᠷᠢᠭᠤᠯᠤᠭᠰᠠᠨ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷ᠎ᠢ ᠳᠡᠭᠡᠭᠰᠢᠯᠡᠭᠦᠯᠬᠦ ᠂  ᠪᠠᠢ᠌ᠭᠤᠯᠤᠮᠵᠢ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠳᠡᠰ᠎ᠢ ᠳᠡᠪᠰᠢᠭᠦᠯᠬᠦ ᠂  ᠲᠠᠷᠢᠶᠠᠯᠠᠬᠤ ᠮᠠᠯᠵᠢᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠬᠡᠪᠴᠢᠶ᠎ᠡ ᠵᠢ ᠥᠷᠭᠡᠳᠬᠡᠬᠦ ᠂  ᠨᠠᠰᠤᠵᠢᠯ᠎ᠤᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠪᠠᠲᠤᠯᠠᠭ᠎ᠠ ᠵᠢᠨ ᠰᠠᠭᠤᠷᠢ ᠵᠢ ᠪᠠᠲᠤᠳᠬᠠᠬᠤ 4 ᠵᠦᠢ᠍ᠯ᠎ᠤᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ ᠂  ᠰᠤᠮᠤ ᠰᠢᠶᠠᠩ ᠪᠠᠯᠭ᠋ᠠᠰᠤᠨ᠎ᠤ ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ 170 ᠂  ᠲᠤᠰᠬᠤᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢ 1500 ᠡᠬᠢᠯᠡᠭᠦᠯᠦᠨ ᠪᠠᠢ᠌ᠭᠤᠯᠵᠤ ᠂ 1.3 ᠲᠦᠮᠡᠨ ᠡᠷᠦᠬᠡ ᠣᠨᠴᠠᠭ᠋ᠠᠢ ᠬᠦᠴᠢᠷᠳᠡᠯᠲᠡᠢ ᠨᠠᠰᠤᠲᠠᠢ᠌ᠴᠤᠳ᠎ᠤᠨ ᠭᠡᠷ ᠪᠦᠯᠢ ᠵᠢ ᠥᠲᠡᠭᠦᠰ᠎ᠲᠤ ᠲᠣᠬᠢᠷᠠᠭᠤᠯᠬᠤ᠎ᠪᠠᠷ ᠥᠭᠡᠷᠡᠴᠢᠯᠡᠨ ᠰᠢᠨᠡᠳᠬᠡᠬᠦ ᠵᠢ ᠪᠡᠶᠡᠯᠡᠭᠦᠯᠦᠨ᠎ᠡ ᠃  ᠦᠷᠡᠵᠢᠯ᠎ᠢ ᠳᠡᠮᠵᠢᠬᠦ ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ ᠂  ᠬᠡᠦᠬᠡᠳ ᠰᠠᠭ᠋ᠠᠲᠠᠭᠤᠯᠵᠤ ᠠᠰᠠᠷᠠᠬᠤ ᠲᠦᠭᠡᠮᠡᠯ ᠬᠠᠷᠠᠭ᠋ᠠᠯᠵᠠᠯᠲᠤ ᠦᠢ᠍ᠯᠡᠴᠢᠯᠡᠭᠡ ᠵᠢᠨ ᠲᠣᠭᠲᠠᠯᠴᠠᠭ᠋ᠠᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ ᠂  ᠴᠡᠴᠡᠷᠯᠢᠭ᠎ᠤᠨ ᠨᠢᠯᠬ᠎ᠠ ᠨᠢᠷᠠᠢ ᠬᠡᠦᠬᠡᠳ᠎ᠤᠨ ᠣᠷᠣ ᠵᠢ 1.5 ᠲᠦᠮᠡ ᠰᠢᠨ᠎ᠡ᠎ᠪᠠᠷ ᠨᠡᠮᠡᠭᠳᠡᠭᠦᠯᠦᠨ᠎ᠡ ᠃ 

       ᠠᠵᠤ ᠲᠦᠷᠦᠵᠦ ᠠᠮᠢᠳᠤᠷᠠᠬᠤ᠎ᠳᠤ ᠲᠣᠬᠢᠷᠠᠮᠵᠢᠲᠠᠢ ᠡᠶ᠎ᠡ ᠨᠠᠢ᠌ᠷᠲᠠᠢ ᠭᠤᠶᠣ ᠰᠠᠢ᠌ᠬᠠᠨ ᠬᠥᠳᠡᠭᠡ ᠲᠤᠰᠬᠤᠨ᠎ᠢ ᠪᠦᠲᠦᠭᠡᠨ ᠪᠠᠢ᠌ᠭᠤᠯᠤᠨ᠎ᠠ ᠃ 《ᠮᠢᠩᠭ᠎ᠠ ᠲᠦᠮᠡ ᠵᠢᠨ ᠢᠨᠵᠧᠨᠧᠷᠢᠩ 》᠎ᠤᠨ ᠲᠤᠷᠰᠢᠯᠭ᠎ᠠ ᠵᠢ ᠰᠤᠷᠤᠯᠴᠠᠨ ᠬᠡᠷᠡᠭᠵᠢᠭᠦᠯᠵᠦ ᠂  ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠂  ᠬᠥᠳᠡᠭᠡ ᠲᠤᠰᠬᠤᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠢᠷᠢ ᠲᠦᠪᠰᠢᠨ ᠂  ᠬᠥᠳᠡᠭᠡ ᠲᠤᠰᠬᠤᠨ᠎ᠤ ᠪᠦᠲᠦᠭᠡᠨ ᠪᠠᠢ᠌ᠭᠤᠯᠤᠯᠲᠠ ᠵᠢᠨ ᠬᠢᠷᠢ ᠲᠦᠪᠰᠢᠨ ᠂  ᠬᠥᠳᠡᠭᠡ ᠲᠤᠰᠬᠤᠨ᠎ᠤ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ ᠂  ᠲᠠᠷᠢᠶᠠᠴᠢᠨ ᠮᠠᠯᠴᠢᠳ᠎ᠢ ᠲᠤᠬᠠᠢ ᠵᠢᠨ ᠭᠠᠵᠠᠷ᠎ᠲᠤ᠎ᠨᠢ ᠣᠳᠣ ᠦᠶ᠎ᠡ ᠵᠢᠨ ᠪᠣᠯᠪᠠᠰᠤᠨ ᠠᠮᠢᠳᠤᠷᠠᠯ᠎ᠲᠠᠢ ᠪᠣᠯᠭ᠋ᠠᠨ᠎ᠠ ᠃  ᠪᠤᠢ᠍ᠢ᠍ᠲᠠ ᠪᠥᠭᠯᠡᠭᠦᠦ ᠪᠠᠢ᠌ᠭ᠎ᠠ 2022 ᠲᠠᠷᠢᠶᠠᠯᠠᠬᠤ ᠮᠠᠯᠵᠢᠬᠤ ᠡᠷᠦᠬᠡ᠎ᠳᠤ ᠴᠠᠬᠢᠯᠭ᠋ᠠᠨ ᠲᠣᠣᠷ᠎ᠢ᠎ᠨᠢ ᠤᠷᠲᠤᠳᠬᠠᠵᠤ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ ᠪᠠ ᠪᠤᠢ᠍ᠢ᠍ᠲᠠ ᠪᠥᠭᠯᠡᠭᠦᠦ ᠪᠠᠢ᠌ᠭ᠎ᠠ 2 ᠲᠦᠮᠡᠨ ᠲᠠᠷᠢᠶᠠᠯᠠᠬᠤ ᠮᠠᠯᠵᠢᠬᠤ ᠡᠷᠦᠬᠡ ᠂  ᠬᠢᠯᠢ ᠵᠢᠨ ᠰᠡᠷᠭᠡᠢ᠌ᠯᠡᠯᠲᠡ ᠵᠢᠨ 40 ᠬᠠᠷᠠᠭᠤᠯ᠎ᠤᠨ ᠭᠠᠵᠠᠷ᠎ᠲᠤ ᠰᠢᠨ᠎ᠡ ᠡᠨᠧᠷᠬᠢ᠎ᠪᠠᠷ ᠴᠠᠬᠢᠯᠭ᠋ᠠᠨ ᠨᠡᠪᠲᠡᠷᠡᠭᠦᠯᠬᠦ ᠲᠡᠰ ᠳᠡᠪᠰᠢᠭᠦᠯᠬᠦ ᠢᠨᠵᠧᠨᠧᠷᠢᠩ᠎ᠢ ᠪᠡᠶᠡᠯᠡᠭᠦᠯᠵᠦ ᠂  ᠪᠦᠬᠦ ᠣᠷᠣᠨ᠎ᠤ ᠵᠠᠰᠠᠭ ᠵᠠᠬᠢᠷᠭ᠋ᠠᠨ᠎ᠤ ᠲᠤᠰᠬᠤᠨ᠎ᠳᠤ ᠴᠠᠬᠢᠯᠭ᠋ᠠᠨ ᠨᠡᠪᠲᠡᠷᠡᠭᠦᠯᠬᠦ ᠵᠢᠨ ᠪᠦᠬᠦᠨ᠎ᠢ ᠬᠠᠮᠤᠷᠬᠤ ᠵᠢ ᠪᠡᠶᠡᠯᠡᠭᠦᠯᠦᠨ᠎ᠡ ᠃  ᠬᠥᠮᠥᠨ ᠠᠮᠠ ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭ᠋ᠠᠨ᠎ᠤ ᠲᠤᠰᠬᠤᠨ᠎ᠤ ᠠᠮᠢᠳᠤᠷᠠᠯ᠎ᠤᠨ ᠬᠣᠭ ᠨᠣᠪᠰᠢ ᠪᠠ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠵᠢ ᠠᠬᠢᠭᠤᠯᠤᠨ ᠂  ᠠᠮᠢᠳᠤᠷᠠᠯ᠎ᠤᠨ ᠬᠣᠭ ᠨᠣᠪᠰᠢ ᠵᠢ ᠬᠣᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠲᠣᠭᠲᠠᠯᠴᠠᠭ᠋ᠠᠨ᠎ᠤ ᠬᠠᠮᠤᠷᠬᠤ ᠬᠡᠪᠴᠢᠶ᠎ᠡ ᠵᠢ 80%᠎ᠠᠴᠠ ᠳᠠᠪᠠᠭᠤᠯᠵᠤ ᠂  ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢ ᠪᠦᠷᠢᠳᠦᠭᠦᠯᠦᠭᠰᠡᠨ ᠪᠠᠢ᠍ᠢ᠍ᠭᠤᠯᠤᠮᠵᠢᠲᠤ ᠪᠠᠯᠭ᠋ᠠᠰᠤ ᠵᠢ 50%᠎ᠠᠴᠠ ᠳᠠᠪᠠᠭᠤᠯᠬᠤ᠎ᠪᠠᠷ ᠴᠢᠷᠮᠠᠢ᠌ᠨ᠎ᠠ ᠃ 

      (ᠠᠷᠪᠠ )  ᠡᠬᠡ ᠤᠯᠤᠰ᠎ᠤᠨ 《ᠤᠮᠠᠷᠠᠲᠤ ᠶᠡᠬᠡ ᠬᠠᠭ᠋ᠠᠯᠭ᠎ᠠ 》 ᠵᠢ ᠡᠷᠡᠰ ᠰᠠᠢ᠌ᠲᠤᠷ ᠰᠠᠬᠢᠵᠤ ᠂  ᠨᠡᠢ᠌ᠰᠯᠡᠯ᠎ᠤᠨ 《ᠬᠤᠲᠠ ᠬᠠᠮᠠᠭ᠋ᠠᠯᠠᠬᠤ ᠭᠣᠣᠯ 》  ᠪᠣᠯᠬᠤ ᠦᠢ᠍ᠯᠡᠳᠦᠯ ᠵᠶ᠋ᠠᠨ ᠰᠠᠢ᠌ᠲᠤᠷ ᠪᠠᠳᠠᠷᠠᠭᠤᠯᠤᠨ᠎ᠠ ᠃  ᠡᠯ᠎ᠡ ᠲᠥᠷᠥᠯ᠎ᠤᠨ ᠲᠦᠭᠰᠢᠭᠦᠷᠢ ᠵᠢᠨ ᠭᠡᠮ ᠰᠣᠭᠣᠭ᠎ᠢ ᠪᠦᠲᠦᠮᠵᠢᠲᠡᠢ ᠰᠡᠷᠭᠡᠢ᠌ᠯᠡᠨ ᠠᠷᠢᠯᠭ᠋ᠠᠵᠤ ᠂  ᠥᠨᠳᠥᠷ ᠲᠦᠪᠰᠢᠨ ᠪᠦᠬᠦᠢ ᠤᠮᠠᠷᠠᠲᠤ ᠬᠢᠯᠢ ᠵᠢᠨ ᠠᠮᠤᠷ ᠲᠦᠪᠰᠢᠨ᠎ᠤ ᠲᠣᠭᠲᠠᠯᠴᠠᠭ᠎ᠠ ᠵᠢ ᠪᠦᠬᠦ ᠬᠦᠴᠦᠨ ᠵᠶ᠋ᠠᠷ ᠵᠶ᠋ᠠᠨ ᠴᠣᠭᠴᠠᠯᠠᠨ ᠂  ᠴᠢᠨᠠᠷ ᠰᠠᠢ᠌ᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠤ ᠰᠠᠢ᠌ᠨ ᠦᠢ᠍ᠯᠡᠳᠦᠯᠴᠡᠯ᠎ᠢ ᠠᠬᠢᠭᠤᠯᠤᠨ᠎ᠠ ᠃  ᠠᠶᠤᠯ ᠦᠭᠡᠢ ᠦᠢ᠍ᠯᠡᠳᠪᠦᠷᠢᠯᠡᠯ᠎ᠤᠨ ᠲᠠᠯ᠎ᠠ᠎ᠪᠠᠷ ᠡᠷᠭᠢᠯᠲᠡ ᠭᠠᠷᠭ᠋ᠠᠬᠤ ᠠᠵᠢᠯᠯᠠᠭ᠎ᠠ ᠵᠢ ᠰᠠᠢ᠌ᠲᠤᠷ ᠬᠢᠨ᠎ᠡ ᠃  ᠠᠶᠤᠯ ᠦᠭᠡᠢ ᠦᠢ᠍ᠯᠡᠳᠪᠦᠷᠢᠯᠡᠯ᠎ᠢ ᠦᠨᠳᠦᠰᠦᠨ᠎ᠠᠴᠠ᠎ᠨᠢ ᠵᠠᠰᠠᠬᠤ ᠰᠢᠪᠲᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠋ᠠᠨ᠎ᠢ ᠡᠬᠢᠯᠡᠭᠦᠯᠦᠨ ᠬᠡᠷᠡᠭᠵᠢᠭᠦᠯᠵᠦ ᠂  ᠡᠬᠢᠨ᠎ᠠᠴᠠ᠎ᠨᠢ ᠭᠠᠷᠳᠠᠨ ᠠᠵᠢᠯᠯᠠᠵᠤ ᠂  ᠨᠢᠭᠡᠳᠦᠭᠡᠷ ᠹᠷᠣᠨᠲ᠎ᠢ ᠴᠢᠩᠭ᠎ᠠ ᠠᠳᠬᠤᠵᠤ ᠪᠣᠳᠠᠲᠠᠢ ᠠᠳᠬᠤᠨ ᠂  ᠭᠣᠣᠯᠳᠠᠯᠭ᠎ᠠ᠎ᠲᠠᠢ ᠬᠦᠷᠢᠶ᠎ᠡ ᠪᠠ ᠭᠣᠭᠴᠣᠭ᠎ᠠ ᠵᠢ ᠳᠣᠪᠦ᠋ᠢ᠍ᠯᠭ᠋ᠠᠵᠤ ᠂  ᠡᠯ᠎ᠡ ᠵᠦᠢ᠍ᠯ᠎ᠤᠨ ᠳᠦᠷᠢᠮ ᠪᠠ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ ᠂  ᠡᠯ᠎ᠡ ᠲᠥᠷᠥᠯ᠎ᠤᠨ ᠬᠦᠨᠳᠦ ᠶᠡᠬᠡ ᠠᠮᠤᠷ ᠲᠦᠪᠰᠢᠨ᠎ᠤ ᠡᠨᠳᠡᠯ ᠭᠠᠷᠬᠤ ᠵᠢ ᠡᠷᠡᠰ ᠰᠡᠷᠡᠮᠵᠢᠯᠡᠨ ᠰᠡᠷᠭᠡᠢ᠌ᠯᠡᠨ᠎ᠡ ᠃  ᠠᠶᠤᠯ ᠦᠭᠡᠢ ᠦᠢ᠍ᠯᠡᠳᠪᠦᠷᠢᠯᠡᠯ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠲᠤᠯᠭ᠋ᠠᠭᠤᠷᠢᠯᠠᠬᠤ ᠪᠠᠲᠤᠯᠠᠭ᠋ᠠᠨ᠎ᠤ ᠴᠢᠳᠠᠪᠤᠷᠢ ᠵᠢ ᠳᠡᠭᠡᠭᠰᠢᠯᠡᠭᠦᠯᠦᠨ ᠂ 《ᠵᠣᠬᠢᠶᠠᠮᠠᠯ ᠤᠶᠤᠨ +》  ᠠᠵᠢᠯᠯᠠᠭ᠋ᠠᠨ᠎ᠢ ᠥᠷᠨᠢᠭᠦᠯᠵᠦ ᠂  ᠠᠭᠤᠷᠬᠠᠢ ᠂  ᠠᠶᠤᠯᠲᠠᠢ ᠬᠢᠮᠢ ᠵᠢᠨ ᠪᠣᠳᠠᠰ ᠪᠠ ᠲᠡᠮᠦᠷᠯᠢᠭ ᠬᠠᠢ᠌ᠯᠤᠭᠤᠯᠬᠤ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶᠡᠨ᠎ᠳᠤ ᠮᠧᠬᠠᠨᠢᠭᠵᠢᠯᠲᠠ᠎ᠪᠠᠷ ᠬᠥᠮᠥᠨ᠎ᠢ ᠰᠣᠯᠢᠬᠤ ᠂  ᠠᠦ᠋ᠲ᠋ᠣᠴᠢᠯᠠᠯᠲᠠ᠎ᠪᠠᠷ ᠬᠥᠮᠥᠨ᠎ᠢ ᠴᠥᠭᠡᠳᠬᠡᠬᠦ ᠂  ᠣᠶᠤᠨᠴᠢᠯᠠᠯᠲᠠ᠎ᠪᠠᠷ ᠬᠥᠮᠥᠨ᠎ᠢ ᠣᠷᠣᠯᠠᠭᠤᠯᠬᠤ ᠵᠢ ᠠᠬᠢᠭᠤᠯᠬᠤ ᠡᠷᠴᠢᠮ ᠵᠢᠨᠨ ᠴᠢᠩᠭ᠋ᠠᠷᠠᠭᠤᠯᠤᠨ᠎ᠠ ᠃  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠪᠠ ᠡᠳ᠋ ᠪᠠᠷᠠᠭ᠋ᠠᠨ᠎ᠤ ᠪᠠᠲᠤᠯᠠᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ ᠂  ᠪᠦᠬᠦ ᠬᠦᠴᠦᠨ ᠵᠦᠢ᠍ᠯ ᠪᠦᠬᠦ ᠴᠤᠪᠤᠷᠠᠯ᠎ᠳᠤ ᠪᠣᠳᠠᠲᠤ ᠰᠣᠷᠢᠯᠲᠠ ᠵᠢ ᠥᠷᠨᠢᠭᠦᠯᠦᠨ ᠂  ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠢ ᠡᠰᠡᠷᠭᠦᠴᠡᠬᠦ ᠭᠠᠮᠰᠢᠭ᠎ᠠᠴᠠ ᠠᠪᠤᠷᠠᠬᠤ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠦᠨ᠎ᠡ ᠃ 

       ᠠᠵᠤ ᠠᠬᠤᠢ ᠮᠥᠩᠭᠥᠨ ᠭᠦᠢ᠍ᠯᠭᠡᠭᠡᠨ᠎ᠤ ᠲᠦᠭᠰᠢᠭᠦᠷᠢ ᠵᠢ ᠬᠦᠴᠦᠯᠡᠨ ᠰᠡᠷᠭᠡᠢ᠌ᠯᠡᠵᠦ ᠠᠷᠢᠯᠭ᠋ᠠᠨ᠎ᠠ ᠃ 《ᠦᠯᠡᠳᠡᠭᠳᠡᠯ᠎ᠢ ᠪᠠᠭ᠋ᠠᠰᠬᠠᠵᠤ ᠨᠡᠮᠡᠭᠳᠡᠯ᠎ᠢ ᠡᠷᠡᠰ ᠬᠣᠷᠢᠭᠯᠠᠬᠤ 》 ᠵᠢ ᠪᠠᠷᠢᠮᠲᠠᠯᠠᠨ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠪᠦᠬᠦ ᠬᠦᠴᠦᠨ ᠵᠶ᠋ᠠᠷ ᠵᠶ᠋ᠠᠨ ᠠᠷᠢᠯᠭ᠋ᠠᠵᠤ ᠂ 《1 + 8 》  ᠥᠷᠢ ᠥᠭᠴᠡᠭᠡ ᠵᠢ ᠠᠷᠢᠯᠭ᠋ᠠᠬᠤ ᠲᠥᠰᠥᠯ᠎ᠢ ᠨᠠᠢ᠌ᠳᠠᠪᠤᠷᠢᠵᠢᠭᠤᠯᠵᠤ ᠂  ᠨᠢᠭᠡ ᠪᠦᠯᠦᠭ᠎ᠲᠤ᠎ᠨᠢ ᠳᠠᠮ ᠬᠦᠦ ᠮᠥᠩᠭᠥ ᠥᠭᠬᠦ ᠂  ᠨᠢᠭᠡ ᠪᠦᠯᠦᠭ᠎ᠢ᠎ᠨᠢ ᠬᠠᠰᠤᠬᠤ ᠂  ᠨᠢᠭᠡ ᠪᠦᠯᠦᠭ᠎ᠢ᠎ᠨᠢ ᠤᠯᠠᠪᠤᠷ ᠥᠩᠭᠡ ᠵᠢᠨ ᠳᠡᠰ᠎ᠠᠴᠠ ᠭᠠᠷᠭ᠋ᠠᠬᠤ ᠂  ᠨᠢᠭᠡ ᠪᠦᠯᠦᠭ᠎ᠤᠨ ᠬᠢᠨᠢ ᠬᠦᠴᠢᠷᠳᠡᠯ᠎ᠢ ᠲᠠᠢ᠌ᠯᠬᠤ ᠠᠷᠭ᠎ᠠ ᠬᠡᠮᠵᠢᠶ᠎ᠡ ᠠᠪᠴᠤ ᠂  ᠦᠨᠳᠦᠰᠦᠨ ᠱᠠᠲᠤᠨ᠎ᠤ ᠥᠷᠢ ᠥᠭᠴᠡᠭᠡ᠎ᠪᠠᠨ ᠠᠷᠢᠯᠭ᠋ᠠᠬᠤ ᠵᠢ ᠦᠷᠭᠦᠯᠵᠢᠯᠡᠨ ᠳᠡᠮᠵᠢᠨ᠎ᠡ ᠃  ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠢᠨᠷ ᠬᠥᠭᠵᠢᠬᠦ ᠵᠢ ᠠᠬᠢᠭᠤᠯᠵᠤ ᠂ 2.5 ᠲᠦᠮᠡᠨ ᠢᠵᠢ ᠠᠰᠠᠷ᠎ᠢ ᠴᠠᠭ᠎ᠲᠤ᠎ᠪᠠᠨ ᠪᠠᠲᠤᠯᠠᠨ ᠲᠤᠰᠢᠶᠠᠬᠤ ᠡᠭᠦᠷᠭᠡ᠎ᠪᠠᠨ ᠪᠦᠬᠦ ᠬᠦᠴᠦᠨ ᠵᠶ᠋ᠠᠷ ᠵᠶ᠋ᠠᠨ ᠪᠡᠶᠡᠯᠡᠭᠦᠯᠦᠨ᠎ᠡ ᠃  ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠤ ᠪᠠᠩᠬᠢ ᠵᠢᠨ ᠪᠤᠴᠠᠭ᠋ᠠᠯ ᠦᠭᠡᠢ ᠬᠥᠷᠥᠩᠭᠡ ᠵᠢ ᠢᠯᠭ᠋ᠠᠷᠠᠭᠤᠯᠤᠨ ᠬᠤᠷᠢᠶᠠᠵᠤ ᠰᠢᠢ᠍ᠳᠪᠦᠷᠢᠯᠡᠬᠦ ᠰᠢᠪᠲᠤᠯᠤᠯᠲᠠ ᠵᠢᠨ ᠳᠠᠢ᠌ᠯᠠᠯᠳᠤᠭ᠋ᠠᠨ ᠂  ᠲᠦᠭᠰᠢᠭᠦᠷᠢ ᠶᠡᠬᠡᠲᠡᠢ ᠪᠠᠢ᠌ᠭᠤᠯᠤᠮᠵᠢ ᠵᠢᠨ ᠰᠥᠨᠥᠭᠡᠯᠲᠡ ᠵᠢᠨ ᠳᠠᠢ᠌ᠯᠠᠯᠳᠤᠭ᠋ᠠᠨ ᠂  ᠵᠠᠬ᠎ᠠ ᠵᠢᠨ ᠲᠦᠭᠰᠢᠭᠦᠷᠢ ᠶᠡᠬᠡᠲᠡᠢ ᠪᠠᠢ᠌ᠭᠤᠯᠤᠮᠵᠢ ᠵᠢᠨ ᠬᠣᠷᠢᠭᠯᠠᠯᠲᠠ ᠵᠢᠨ ᠳᠠᠢ᠌ᠯᠠᠯᠳᠤᠭ᠋ᠠᠨ᠎ᠢ ᠭᠦᠨᠵᠡᠭᠡᠢ ᠥᠷᠨᠢᠭᠦᠯᠵᠦ ᠂  ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ 《ᠥᠷᠭᠡᠰᠦ ᠰᠢᠪᠦᠭᠡ᠎ᠲᠠᠢ 》  ᠴᠢᠩᠭ᠎ᠠ ᠬᠡᠷᠡᠭᠵᠢᠭᠦᠯᠵᠦ ᠂  ᠰᠢᠰᠲ᠋ᠧᠮ᠎ᠤᠨ ᠴᠢᠨᠠᠷᠲᠠᠢ ᠮᠥᠩᠭᠥᠨ ᠭᠦᠢ᠍ᠯᠭᠡᠭᠡᠨ᠎ᠤ ᠲᠦᠭᠰᠢᠭᠦᠷᠢ ᠥᠯᠥ ᠡᠭᠦᠰᠬᠡᠬᠦ ᠵᠢ ᠦᠨᠡᠨ ᠬᠦ᠌ ᠪᠠᠲᠤᠯᠠᠨ᠎ᠠ ᠃ 

       ᠨᠡᠢ᠌ᠭᠡᠮ᠎ᠤᠨ ᠵᠠᠰᠠᠯᠲᠠ ᠵᠢ ᠴᠢᠩᠭ᠋ᠠᠳᠬᠠᠬᠤ ᠪᠠ ᠰᠢᠨ᠎ᠡ ᠵᠢ ᠡᠭᠦᠳᠦᠨ᠎ᠡ ᠃  ᠰᠢᠨ᠎ᠡ ᠴᠠᠭ ᠦᠶ᠎ᠡ ᠵᠢᠨ 《ᠹᠧᠩ ᠴᠢᠶᠣᠣ ᠵᠢᠨ ᠲᠤᠷᠰᠢᠯᠭ᠎ᠠ 》 ᠵᠢ ᠪᠠᠷᠢᠮᠲᠠᠯᠠᠨ ᠬᠥᠭᠵᠢᠭᠦᠯᠵᠦ ᠂  ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢ᠍ᠴᠡᠳᠬᠡᠬᠦ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ ᠂  ᠦᠦᠰᠢᠨ ᠬᠣᠰᠢᠭᠤᠨ᠎ᠤ 《ᠭᠤᠷᠪᠠᠨ ᠲᠦᠷᠦᠯ ᠬᠤᠪᠢᠶᠠᠵᠤ ᠡᠶᠡᠳᠡᠭᠦᠯᠦᠨ ᠰᠢᠢ᠍ᠳᠪᠦᠷᠢᠯᠡᠬᠦ ᠠᠷᠭ᠎ᠠ 》 ᠵᠢ ᠳ᠋ᠦᠩᠨᠡᠨ ᠳᠡᠯᠭᠡᠷᠡᠭᠦᠯᠵᠦ ᠂  ᠵᠥᠷᠢᠴᠡᠯ ᠵᠢᠭᠤᠷᠠᠯᠳᠤᠭ᠋ᠠᠨ᠎ᠢ ᠦᠨᠳᠦᠰᠦᠨ ᠱᠠᠲᠤᠨ᠎ᠳᠤ ᠡᠶᠡᠳᠡᠭᠦᠯᠦᠨ ᠰᠢᠢ᠍ᠳᠪᠦᠷᠢᠯᠡᠵᠦ ᠂  ᠴᠣᠬᠤᠢ᠍ᠢ᠍ᠮᠠᠭᠴᠠ ᠠᠷᠢᠯᠭ᠋ᠠᠬᠤ᠎ᠪᠠᠷ ᠴᠢᠷᠮᠠᠢ᠌ᠨ᠎ᠠ ᠃  ᠠᠮᠤᠷ ᠠᠮᠤᠭᠤᠯᠠᠩ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ ᠂ 《ᠲᠣᠮᠣ ᠳ᠋ᠠᠢ᠌ᠲ᠋ᠠ + ᠲᠣᠣᠷᠯᠢᠬ᠍ᠵᠢᠯ 》  ᠵᠡᠷᠭᠡ ᠦᠨᠳᠦᠰᠦᠨ ᠱᠠᠲᠤᠨ᠎ᠤ ᠵᠠᠰᠠᠯᠲᠠ ᠵᠢᠨ ᠲᠠᠪᠴᠠᠩ᠎ᠢ ᠪᠦᠷᠢᠨᠰᠢᠭᠦᠯᠦᠨ ᠂  ᠬᠢᠯᠢ ᠬᠢᠵᠠᠭ᠋ᠠᠷ᠎ᠤᠨ ᠭᠠᠵᠠᠷ ᠣᠷᠣᠨ᠎ᠤ 《ᠬᠥᠨᠳᠡᠢ᠌ᠷᠡᠬᠦ》  ᠠᠰᠠᠭᠤᠳᠠᠯ᠎ᠢ ᠰᠢᠢ᠍ᠳᠪᠦᠷᠢᠯᠡᠵᠦ ᠂  ᠢᠳᠡᠭᠡᠨ᠎ᠤ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠴᠢᠩᠭ᠎ᠠ ᠪᠡᠬᠢᠯᠡᠵᠦ ᠂  ᠴᠠᠬᠢᠯᠭ᠋ᠠᠨ ᠬᠣᠯᠪᠣᠭ᠋ᠠᠨ᠎ᠤ ᠰᠦᠯᠵᠢᠶ᠎ᠡ᠎ᠪᠠᠷ ᠬᠢᠬᠠᠵᠤ ᠮᠡᠬᠡᠯᠡᠬᠦ᠎ᠳᠤ ᠴᠢᠩᠭ᠎ᠠ ᠴᠣᠬᠢᠯᠲᠠ ᠥᠭᠴᠦ ᠂  ᠣᠯᠠᠨ ᠲᠦᠮᠡᠨ᠎ᠤ ᠵᠣᠯ ᠵᠢᠷᠭ᠋ᠠᠯ ᠠᠮᠤᠷ ᠠᠮᠤᠭᠤᠯᠠᠩ᠎ᠢ ᠰᠠᠢ᠌ᠲᠤᠷ ᠬᠠᠮᠠᠭ᠋ᠠᠯᠠᠨ᠎ᠠ ᠃ 

       ᠲᠥᠯᠥᠭᠡᠯᠡᠭᠴᠢᠳ ᠠ᠋!  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠮᠥᠨ ᠂  ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠮᠠᠨ᠎ᠤ ᠣᠷᠣᠨ᠎ᠳᠤ ᠰᠢᠨᠵᠢᠯᠡᠨ ᠪᠠᠢ᠌ᠴᠠᠭ᠋ᠠᠬᠤ ᠦᠶ᠎ᠡ᠎ᠳᠤ ᠳᠤᠷᠠᠳᠤᠭᠰᠠᠨ ᠴᠢᠬᠤᠯᠠ ᠱᠠᠭ᠋ᠠᠷᠳᠠᠯᠭ᠎ᠠ ᠪᠣᠯᠣᠨ᠎ᠠ ᠂  ᠡᠯ᠎ᠡ ᠱᠠᠲᠤᠨ᠎ᠤ ᠵᠠᠰᠠᠭ᠎ᠤᠨ ᠣᠷᠳᠣᠨ ᠠᠯᠢᠪᠠ ᠠᠵᠢᠯ ᠵᠶ᠋ᠠᠨ ᠴᠥᠮ ᠡᠨᠡ ᠬᠦ᠌ ᠭᠣᠣᠯ ᠰᠢᠵᠢᠮ᠎ᠤᠨ ᠲᠣᠭᠣᠷᠢᠨ᠎ᠳᠤ ᠨᠢᠭᠲᠠ ᠤᠶᠠᠯᠳᠤᠭᠤᠯᠤᠨ ᠂  ᠥᠴᠥᠬᠡᠨ ᠲᠡᠳᠦᠢ ᠴᠦ᠍ ᠬᠡᠯᠪᠡᠢ᠌ᠯᠭᠡᠬᠦ ᠦᠭᠡᠢ ᠪᠠᠢ᠌ᠬᠤ ᠬᠡᠷᠡᠭᠲᠡᠢ ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ 》᠎ᠢ ᠲᠣᠭᠲᠠᠭ᠋ᠠᠵᠤ ᠂  ᠪᠢᠳᠡ ᠡᠷᠬᠡᠪᠰᠢ ᠨᠠᠷᠢᠨ ᠬᠢᠨᠠᠮᠠᠭ᠋ᠠᠢ᠎ᠪᠠᠷ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠵᠤ ᠂  ᠢᠮᠠᠭᠲᠠ 《ᠵᠢᠷᠭᠤᠭ᠋ᠠᠨ ᠥᠭᠦᠯᠡᠪᠦᠷᠢ ᠵᠢᠨ ᠪᠣᠳᠠᠲᠤ ᠶᠠᠪᠤᠳᠠᠯ ᠪᠠ ᠶᠣᠰᠣ ᠤᠴᠢᠷ 》᠎ᠢ ᠪᠠᠲᠤ ᠴᠡᠭᠡᠵᠢᠯᠡᠨ ᠂ 《ᠳᠣᠯᠤᠭ᠋ᠠᠨ ᠲᠠᠯ᠎ᠠ᠎ᠪᠠᠷ ᠵᠢᠱ᠌ᠢᠶᠡᠴᠢ ᠪᠣᠯᠬᠤ 》  ᠲᠠᠯ᠎ᠠ᠎ᠪᠠᠷ ᠵᠣᠷᠢᠭᠲᠠᠢ ᠡᠭᠦᠷᠭᠡᠯᠡᠵᠦ ᠵᠢᠳᠬᠦᠯ ᠴᠢᠷᠮᠠᠢ᠌ᠯᠭ᠎ᠠ ᠭᠠᠷᠭ᠋ᠠᠵᠤ ᠂  ᠲᠤᠮᠲᠠᠲᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠱ᠌ᠢᠶ᠎ᠡ ᠦᠵᠡᠬᠦᠯᠬᠦ ᠣᠷᠣᠨ᠎ᠢ ᠴᠢᠷᠮᠠᠢ᠌ᠨ ᠪᠦᠲᠦᠭᠡᠨ ᠪᠠᠢ᠍ᠢ᠍ᠭᠤᠯᠬᠤ ᠬᠡᠷᠡᠭᠲᠡᠢ ᠃  ᠮᠠᠨ᠎ᠤ ᠥᠪᠥᠷ ᠮᠣᠩᠭᠣᠯ᠎ᠤᠨ ᠺᠠᠳ᠋ᠷ ᠣᠯᠠᠨ ᠲᠦᠮᠡᠨ ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠮᠵᠢᠯᠲᠠ ᠪᠦᠲᠦᠭᠡᠯ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠵᠢᠯᠣᠭᠣᠳᠤᠮᠵᠢ ᠳᠣᠣᠷ᠎ᠠ ᠣᠯᠣᠭᠰᠠᠨ ᠶᠤᠮ ᠂  ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠣᠢ ᠭᠡᠳᠡᠭ᠎ᠢ ᠣᠨᠴᠠᠭ᠋ᠠᠢ᠌ᠯᠠᠨ ᠭᠦᠨᠵᠡᠭᠡᠢ ᠲᠠᠨᠢᠵᠤ ᠣᠯᠬᠤ ᠬᠡᠷᠡᠭᠲᠡᠢ ᠃  ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ ᠵᠢᠨᠨ ᠦᠷᠭᠦᠯᠵᠢᠯᠡᠨ ᠪᠠᠲᠤᠯᠠᠬᠤ᠎ᠳᠤ ᠬᠥᠮᠥᠨ ᠪᠦᠬᠦᠨ ᠬᠠᠷᠢᠭᠤᠴᠠᠯᠭ᠎ᠠ᠎ᠲᠠᠢ ᠂  ᠬᠥᠮᠥᠨ ᠪᠦᠬᠦᠨ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠢ ᠃  ᠲᠠᠪᠢᠭ᠋ᠠᠳ ᠣᠨ᠎ᠠᠴᠠ 《ᠥᠩᠭᠡ ᠵᠢᠨ ᠴᠡᠴᠡᠭᠡᠰ ᠪᠠᠭᠰᠢᠷᠠᠨ ᠳᠡᠯᠭᠡᠷᠡᠵᠦ ᠂  ᠦᠨᠳᠦᠰᠦᠲᠡᠨ ᠪᠦᠬᠦᠨ ᠨᠢᠭᠡ ᠭᠡᠷ ᠶᠤᠮ ᠠ᠋ ᠂  ᠥᠨᠢ ᠡᠭᠦᠷᠢᠳᠡ ᠨᠢᠭᠲᠠᠷᠠᠨ ᠪᠦᠯᠬᠦᠮᠳᠡᠵᠦ ᠂  ᠦᠶ᠎ᠡ ᠵᠢᠨ ᠦᠶ᠎ᠡ᠎ᠳᠤ ᠨᠠᠮ ᠵᠶ᠋ᠠᠨ ᠳᠠᠭ᠋ᠠᠨ᠎ᠠ 》  ᠭᠡᠬᠦ ᠳᠠᠭᠤᠤ ᠥᠷᠭᠡᠨ ᠵᠢᠨᠷ ᠳᠠᠭᠤᠯᠠᠭᠳᠠᠭᠰᠠᠨ ᠶᠤᠮ ᠂  ᠡᠨᠡ ᠪᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠠᠮᠢᠳᠤᠯᠢᠭ ᠵᠢᠷᠤᠭᠯᠠᠯ ᠮᠥᠨ ᠂  ᠪᠠᠰᠠ ᠴᠦ᠍ ᠲᠠᠯ᠎ᠠ ᠨᠤᠲᠤᠭ᠎ᠤᠨ ᠦᠨᠳᠦᠰᠦᠲᠡᠨ᠎ᠨᠦᠭᠦᠳ᠎ᠤᠨ ᠥᠬᠢᠳ ᠬᠥᠪᠡᠭᠦᠳ᠎ᠤᠨ ᠬᠠᠮᠲᠤ ᠵᠢᠨ ᠳᠠᠭᠤᠨ ᠬᠣᠭᠣᠯᠠᠢ ᠪᠣᠯᠣᠨ᠎ᠠ! 

       ᠰᠢᠨ᠎ᠡ ᠪᠠᠢ᠌ᠳᠠᠯ ᠂  ᠰᠢᠨ᠎ᠡ ᠡᠭᠦᠷᠭᠡ ᠂  ᠰᠢᠨ᠎ᠡ ᠥᠷᠢᠰᠦᠯᠳᠦᠭᠡᠨ᠎ᠳᠤ ᠴᠢᠭᠯᠡᠭᠦᠯᠦᠨ ᠂  ᠡᠯ᠎ᠡ ᠱᠠᠲᠤᠨ᠎ᠤ ᠵᠠᠰᠠᠭ᠎ᠤᠨ ᠣᠷᠳᠣᠨ 《ᠤᠯᠤᠰ᠎ᠤᠨ ᠶᠡᠬᠡ ᠶᠠᠪᠤᠳᠠᠯ 》᠎ᠢ ᠴᠠᠭ ᠢᠮᠠᠭᠲᠠ ᠪᠠᠲᠤ ᠴᠡᠭᠡᠵᠢᠯᠡᠵᠦ ᠂  ᠨᠠᠮ᠎ᠤᠨ ᠤᠳᠤᠷᠢᠳᠤᠯᠭ᠎ᠠ ᠵᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠬᠦᠷᠢᠶ᠎ᠡ ᠴᠠᠷᠠᠭ᠎ᠠ ᠡᠯ᠎ᠡ ᠶᠠᠪᠤᠴᠠ᠎ᠳᠤ ᠨᠡᠢ᠌ᠳᠡᠮ ᠲᠤᠭᠤᠰᠢᠯᠠᠭᠤᠯᠤᠨ ᠂  ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠂ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ 》  ᠳᠦᠷᠢᠮ᠎ᠢ ᠨᠠᠢ᠌ᠳᠠᠪᠤᠷᠢᠵᠢᠭᠤᠯᠤᠨ ᠂  ᠲᠤᠰ ᠪᠡᠶ᠎ᠡ ᠵᠢᠨ ᠪᠠᠢ᠌ᠭᠤᠯᠤᠯᠲᠠ᠎ᠪᠠᠨ ᠦᠷᠭᠦᠯᠵᠢᠯᠡᠨ ᠴᠢᠩᠭ᠋ᠠᠳᠬᠠᠵᠤ ᠂  ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠬᠤ ᠵᠢᠨ ᠰᠠᠢ᠌ᠨ ᠭᠦᠢ᠍ᠴᠡᠳᠭᠡᠭᠴᠢ ᠂  ᠭᠠᠷᠮᠠᠭ᠋ᠠᠢ ᠦᠢ᠍ᠯᠡᠳᠦᠯᠭᠡᠵᠢᠭᠦᠯᠦᠭᠴᠢ ᠂  ᠰᠢᠷᠭ᠋ᠠᠭᠤ ᠠᠵᠢᠯᠯᠠᠭᠴᠢ ᠪᠣᠯᠬᠤ ᠬᠡᠷᠡᠭᠲᠡᠢ ᠃  ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠵᠦ ᠂  ᠵᠠᠰᠠᠭ᠎ᠤᠨ ᠣᠷᠳᠣᠨ᠎ᠤ ᠪᠠᠢ᠌ᠭᠤᠯᠭ᠎ᠠ ᠪᠣᠯ ᠡᠩ ᠲᠡᠷᠢᠭᠦᠨ᠎ᠳᠤ ᠤᠯᠤᠰ ᠲᠦᠷᠦ ᠵᠢᠨ ᠪᠠᠢ᠌ᠭᠤᠯᠭ᠎ᠠ ᠪᠣᠯᠬᠤ ᠪᠠᠢ᠌ᠷᠢ ᠲᠣᠭᠲᠠᠭ᠋ᠠᠯᠲᠠ ᠵᠢ ᠪᠠᠲᠤ ᠡᠵᠡᠮᠰᠢᠵᠦ ᠂  ᠤᠯᠤᠰ ᠲᠦᠷᠦ ᠵᠢ ᠡᠷᠬᠢᠮᠯᠡᠬᠦ ᠵᠢ ᠡᠭᠦᠷᠢᠳᠡ ᠲᠡᠷᠢᠭᠦᠨ ᠪᠠᠢ᠌ᠷᠢᠨ᠎ᠳᠤ ᠲᠠᠯᠪᠢᠵᠤ ᠂ 《ᠬᠣᠶᠠᠷ᠎ᠢ ᠲᠣᠭᠲᠠᠭ᠋ᠠᠭᠰᠠᠨ 》᠎ᠢ ᠪᠠᠲᠤ ᠴᠢᠩᠭ᠎ᠠ᠎ᠪᠠᠷ ᠬᠦᠷᠢᠶᠡᠯᠡᠵᠦ ᠂ 《ᠬᠣᠶᠠᠷ᠎ᠢ ᠬᠠᠮᠠᠭ᠋ᠠᠯᠠᠬᠤ 》 ᠵᠢ ᠡᠷᠡᠰ ᠪᠡᠶᠡᠯᠡᠭᠦᠯᠦᠨ ᠂  ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠯᠭ᠋ᠠᠬᠤ ᠬᠡᠷᠡᠭᠲᠡᠢ ᠃  ᠬᠠᠤᠯᠢ ᠶᠣᠰᠣᠭ᠋ᠠᠷ ᠬᠠᠷᠢᠭᠤᠴᠠᠯᠭ᠎ᠠ᠎ᠪᠠᠨ ᠭᠦᠢ᠍ᠴᠡᠳᠬᠡᠵᠦ ᠂  ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠂  ᠬᠠᠤᠯᠢ ᠶᠣᠰᠣᠭ᠋ᠠᠷ ᠠᠵᠢᠯ ᠶᠠᠪᠤᠳᠠᠯ ᠭᠦᠢ᠍ᠴᠡᠳᠬᠡᠬᠦ ᠵᠢ ᠪᠠᠷᠢᠮᠲᠠᠯᠠᠨ ᠂  ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠢᠨᠠᠯᠲᠠ ᠲᠠᠯᠪᠢᠯᠲᠠ ᠵᠢ ᠬᠠᠤᠯᠢ ᠶᠣᠰᠣᠭ᠋ᠠᠷ ᠬᠦᠯᠢᠶᠡᠵᠦ ᠂  ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ ᠂  ᠨᠡᠢ᠌ᠭᠡᠮ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠨ ᠂  ᠬᠢᠨᠠᠨ ᠪᠣᠳᠣᠯᠲᠠ ᠂  ᠡᠳ᠋᠎ᠤᠨ ᠵᠠᠰᠠᠭ ᠂  ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ ᠂  ᠡᠷᠬᠡ ᠵᠢ ᠣᠯᠠᠨ ᠨᠡᠢ᠍ᠢ᠍ᠲᠡ ᠵᠢᠨ ᠬᠢᠨᠠᠯᠲᠠ ᠲᠠᠯᠪᠢᠯᠲᠠ ᠵᠢᠨ ᠳᠣᠣᠷ᠎ᠠ ᠶᠠᠪᠤᠭᠳᠠᠭᠤᠯᠬᠤ ᠬᠡᠷᠡᠭᠲᠡᠢ ᠃  ᠦᠨᠡᠨ ᠬᠦ᠌ ᠠᠳᠬᠤᠨ ᠪᠣᠳᠠᠲᠠᠢ ᠠᠵᠢᠯᠯᠠᠵᠤ ᠂  ᠶᠡᠷᠦᠩᠬᠡᠢ ᠱᠦᠵᠢ ᠰᠢ ᠵᠢᠨ ᠫᠢᠩ᠎ᠤᠨ ᠱᠠᠭ᠋ᠠᠷᠳᠠᠭᠰᠠᠨ 《ᠲᠡᠷᠡ ᠶᠣᠰᠣᠭ᠋ᠠᠷ᠎ᠨᠢ ᠂  ᠡᠷᠡᠰ ᠰᠢᠭᠤᠷᠬᠠᠢ᠎ᠪᠠᠷ ᠂  ᠦᠨᠡᠨ᠎ᠢ ᠪᠠᠷᠢᠮᠲᠠᠯᠠᠵᠤ ᠪᠣᠳᠠᠲᠠᠢ ᠵᠢ ᠡᠷᠬᠢᠮᠯᠡᠨ ᠂  ᠵᠣᠷᠢᠭᠲᠠᠢ ᠣᠷᠣᠯᠳᠣᠨ ᠴᠢᠳᠠᠮᠠᠭ᠋ᠠᠢ ᠬᠢᠬᠦ 》  ᠶᠣᠰᠣᠭ᠋ᠠᠷ ᠨᠠᠢ᠌ᠳᠠᠪᠤᠷᠢᠵᠢᠭᠤᠯᠤᠯᠲᠠ ᠵᠢ ᠠᠳᠬᠤᠵᠤ ᠂  ᠲᠣᠭᠲᠠᠭᠰᠠᠨ ᠶᠠᠪᠤᠳᠠᠯ ᠵᠢᠨᠨ ᠴᠢᠩᠭ᠎ᠠ ᠠᠳᠬᠤᠨ ᠲᠦᠷᠭᠡᠨ ᠭᠦᠢ᠍ᠴᠡᠳᠬᠡᠵᠦ ᠂  ᠤᠷᠤᠭᠰᠢ ᠠᠬᠢᠭᠤᠯᠵᠤ ᠳᠡᠢ᠍ᠢ᠍ᠯᠬᠦ ᠵᠢ᠎ᠨᠢ ᠤᠷᠤᠭᠰᠢ ᠠᠬᠢᠭᠤᠯᠤᠨ ᠂  ᠶᠠᠮᠠᠷ ᠠᠰᠠᠭᠤᠳᠠᠯ ᠪᠠᠢ᠌ᠪᠠᠯ ᠲᠡᠷᠡ ᠠᠰᠠᠭᠤᠳᠠᠯ᠎ᠢ᠎ᠨᠢ ᠰᠢᠢ᠍ᠳᠪᠦᠷᠢᠯᠡᠵᠦ ᠂  ᠬᠤᠳᠠᠯ ᠬᠠᠭᠤᠷᠮᠠᠭ ᠂  ᠵᠠᠪᠰᠢᠨ ᠳᠠᠯᠢᠮᠳᠠᠭᠤᠯᠬᠤ ᠂  ᠲᠣᠭ᠎ᠠ ᠪᠠᠷᠢᠮᠲᠠ ᠵᠢ ᠬᠠᠭᠤᠷᠮᠠᠭᠯᠠᠬᠤ ᠵᠦᠢ᠍ᠯ᠎ᠢ ᠶᠠᠭ᠋ᠠᠬᠢᠭᠰᠠᠨ ᠴᠦ᠍ ᠬᠢᠬᠦ ᠦᠭᠡᠢ ᠂  ᠠᠪᠤᠨ ᠳᠣᠣᠷ᠎ᠠ᠎ᠪᠠᠨ ᠠᠰᠢᠭ ᠣᠯᠬᠤ ᠵᠢ ᠶᠠᠭ᠋ᠠᠷᠠᠬᠤ ᠂  ᠠᠷᠠᠳ᠎ᠢ ᠵᠦᠳᠡᠭᠡᠵᠦ ᠡᠳ᠋᠎ᠢ ᠰᠦᠢ᠍ᠳᠬᠡᠬᠦ ᠂  ᠬᠣᠭᠣᠰᠤᠷᠠᠲᠠᠯ᠎ᠠ ᠰᠢᠪᠬᠠᠵᠤ ᠬᠤᠪᠠᠬᠠᠢ᠌ᠷᠠᠲᠠᠯ᠎ᠠ ᠠᠪᠬᠤ ᠬᠡᠷᠡᠭ᠎ᠢ ᠶᠠᠭ᠋ᠠᠬᠢᠭᠰᠠᠨ ᠴᠦ᠍ ᠬᠢᠬᠦ ᠦᠭᠡᠢ ᠃  ᠴᠡᠪᠡᠷ ᠡᠷᠬᠢᠮ ᠠᠷᠢᠭᠤᠨ ᠴᠢᠬᠡᠴᠢ ᠪᠠᠢ᠌ᠵᠤ ᠂  ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠬᠡᠷᠡᠭᠵᠢᠭᠦᠯᠵᠦ ᠂  ᠰᠤᠷᠲᠠᠯ᠎ᠢ ᠴᠡᠭᠴᠡᠯᠡᠨ ᠰᠠᠬᠢᠯᠭ᠎ᠠ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ ᠵᠢ ᠰᠢᠨᠲᠠᠷᠠᠰᠢ ᠦᠭᠡᠢ ᠪᠠᠷᠢᠮᠲᠠᠯᠠᠨ ᠂  ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂  ᠠᠷᠪᠢᠴᠢ ᠭᠠᠮᠲᠠᠢ ᠠᠮᠢᠳᠤᠷᠠᠬᠤ ᠵᠢ ᠳᠠᠳᠬᠠᠯ ᠪᠤᠯᠭ᠋ᠠᠵᠤ ᠂  ᠦᠨᠡᠨ᠎ᠢ ᠪᠠᠷᠢᠮᠲᠠᠯᠠᠨ ᠬᠠᠲᠠᠭᠤ᠎ᠲᠠᠢ ᠬᠦᠨᠳᠡᠵᠦ 《ᠳᠥᠷᠪᠡᠨ ᠰᠤᠷᠲᠠᠯ 》᠎ᠤᠨ ᠠᠰᠠᠭᠤᠳᠠᠯ᠎ᠢ ᠡᠷᠡᠰ ᠴᠡᠭᠴᠡᠯᠡᠨ ᠵᠠᠰᠠᠵᠤ ᠂ 《ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭ᠋ᠠᠨ》  ᠠᠰᠠᠭᠤᠳᠠᠯ ᠪᠠ 《ᠤᠳᠠᠭ᠋ᠠᠨ ᠪᠦᠳᠦᠭᠦᠯᠢᠭ ᠬᠡᠢ᠌ᠰᠪᠦᠷᠢ 》  ᠣᠪᠣᠷ ᠰᠤᠷᠲᠠᠯ᠎ᠤᠨ ᠠᠷᠬᠠᠭ᠎ᠢ ᠡᠷᠡᠰ ᠵᠠᠰᠠᠨ ᠵᠠᠯᠠᠷᠠᠭᠤᠯᠵᠤ ᠂  ᠣᠬᠣᠷᠬᠠᠨ ᠬᠤᠷᠠᠯ ᠬᠢᠵᠦ ᠂  ᠠᠪᠰᠠᠷᠬᠠᠨ ᠶᠠᠷᠢᠶ᠎ᠠ ᠲᠠᠯᠪᠢᠨ ᠂  ᠪᠣᠳᠠᠲᠠᠢ ᠠᠷᠭ᠎ᠠ ᠬᠡᠮᠵᠢᠶ᠎ᠡ᠎ᠲᠠᠢ ᠪᠢᠴᠢᠭ ᠮᠠᠲ᠋ᠧᠷᠢᠶᠠᠯ᠎ᠢ ᠲᠠᠷᠬᠠᠭ᠋ᠠᠵᠤ ᠂  ᠠᠰᠠᠭᠤᠳᠠᠯ ᠰᠢᠢ᠍ᠳᠪᠦᠷᠢᠯᠡᠬᠦ ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠦᠨ ᠂  ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠬᠦ ᠬᠡᠷᠡᠭᠲᠡᠢ ᠃ 

       ᠲᠥᠯᠥᠭᠡᠯᠡᠭᠴᠢᠳ ᠠ᠋!  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠪᠣᠯ ᠬᠠᠮᠤᠭ᠎ᠤᠨ ᠶᠡᠬᠡ ᠤᠯᠤᠰ ᠲᠦᠷᠦ ᠂  ᠴᠢᠨᠠᠷ ᠰᠠᠢ᠌ᠲᠠᠢ ᠬᠥᠭᠵᠢᠯᠲᠡ ᠵᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠵᠢᠨ ᠬᠠᠲᠠᠭᠤ ᠶᠣᠰᠣ ᠮᠥᠨ ᠃  ᠪᠢᠳᠡ ᠰᠢ ᠵᠢᠨ ᠫᠢᠩ  ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠠᠭ᠋ᠠᠭᠤᠯᠭ᠎ᠠ ᠳᠣᠣᠷ᠎ᠠ ᠂  ᠬᠦᠰᠡᠯ ᠨᠠᠢ᠍ᠢ᠍ᠳᠠᠯᠭ᠎ᠠ ᠵᠢ ᠪᠠᠲᠤ ᠴᠡᠭᠡᠵᠢᠯᠡᠵᠦ ᠂  ᠨᠠᠮ᠎ᠤᠨ ᠠᠴᠢ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ ᠂  ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠵᠡᠭᠡᠶ᠎ᠡ!

 

       ᠳᠠᠭ᠋ᠠᠯᠳᠤᠭᠤᠯᠤᠯ 1

       ᠥᠪᠡᠷᠲᠡᠭᠡᠨ ᠵᠠᠰᠠᠬᠤ ᠣᠷᠣᠨ᠎ᠤ 2024 ᠣᠨ᠎ᠤ ᠠᠷᠠᠳ᠎ᠤᠨ ᠠᠮᠢᠳᠤᠷᠠᠯ᠎ᠤᠨ 33 ᠵᠦᠢ᠍ᠯ᠎ᠤᠨ ᠪᠣᠳᠠᠲᠤ ᠶᠠᠪᠤᠳᠠᠯ᠎ᠤᠨ ᠲᠣᠳᠣᠷᠬᠠᠢ ᠬᠠᠭᠤᠳᠠᠰᠤ

       ᠨᠢᠭᠡ ᠂  ᠣᠯᠠᠨ ᠲᠦᠮᠡᠨ᠎ᠳᠤ ᠠᠵᠢᠯ ᠣᠯᠭᠣᠵᠤ ᠣᠷᠤᠯᠭ᠎ᠠ ᠵᠢ᠎ᠨᠢ ᠨᠡᠮᠡᠭᠳᠡᠭᠦᠯᠬᠦ ᠵᠢ ᠠᠬᠢᠭᠤᠯᠬᠤ ᠲᠠᠯ᠎ᠠ᠎ᠪᠠᠷ᠎ᠬᠢ 5 ᠵᠦᠢ᠍ᠯ 

      1.  ᠠᠵᠢᠯ ᠣᠯᠬᠤ᠎ᠳᠤ ᠬᠦᠴᠢᠷᠳᠡᠵᠦ ᠪᠠᠢ᠌ᠭ᠎ᠠ ᠬᠥᠮᠥᠰ᠎ᠢ ᠬᠠᠪᠰᠤᠷᠤᠨ ᠲᠡᠳᠬᠦᠵᠦ 5 ᠲᠦᠮᠡᠨ ᠬᠥᠮᠥᠨ᠎ᠤ ᠠᠵᠢᠯ ᠣᠯᠭᠣᠯᠲᠠ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ )᠃ 

      2. 8000 ᠢᠯᠡᠭᠦᠦ ᠵᠡᠮᠳᠡᠭᠴᠦᠳ᠎ᠲᠤ ᠰᠢᠨ᠎ᠡ᠎ᠪᠠᠷ ᠠᠵᠢᠯ ᠣᠯᠭᠣᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ )᠃ 

      3.  ᠭᠡᠷ ᠠᠬᠤᠢ ᠵᠢᠨ ᠦᠢ᠍ᠯᠡᠴᠢᠯᠡᠭᠡᠨ᠎ᠤ ᠠᠵᠢᠯ ᠬᠢᠭᠰᠡᠳ᠎ᠢ ᠲᠦᠮᠡᠨ ᠬᠥᠮᠥᠨ ᠂  ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠵᠢᠯᠣᠭᠣᠳᠤᠭᠴᠢ ᠵᠢ ᠲᠦᠮᠡᠨ ᠬᠥᠮᠥᠨ ᠵᠣᠬᠢᠶᠠᠨ ᠪᠠᠢ᠌ᠭᠤᠯᠵᠤ ᠪᠣᠯᠪᠠᠰᠤᠷᠠᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ )᠃ 

      4.  ᠲᠠᠷᠢᠶᠠᠴᠢᠨ ᠮᠠᠯᠴᠢᠨ ᠬᠦᠴᠦ ᠶᠠᠪᠤᠭᠰᠠᠳ᠎ᠲᠤ ᠴᠠᠯᠢᠩ ᠥᠷᠢᠲᠦᠵᠦ ᠪᠠᠢ᠌ᠭ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠋ᠠᠨ᠎ᠢ ᠥᠷᠭᠦᠯᠵᠢᠯᠡᠨ ᠭᠦᠨᠵᠡᠭᠡᠢ᠌ᠷᠡᠭᠦᠯᠵᠦ ᠂  ᠲᠠᠷᠢᠶᠠᠴᠢᠨ ᠮᠠᠯᠴᠢᠨ ᠬᠦᠴᠦ ᠶᠠᠪᠤᠭᠰᠠᠳ᠎ᠤᠨ ᠴᠠᠯᠢᠩ᠎ᠢ ᠴᠠᠭ᠎ᠲᠤ᠎ᠨᠢ ᠭᠦᠢ᠍ᠴᠡᠳ ᠲᠣᠭ᠎ᠠ᠎ᠪᠠᠷ ᠣᠯᠭᠣᠬᠤ ᠵᠢ ᠪᠠᠲᠤᠯᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ )᠃ 

      5.  ᠲᠠᠷᠢᠶᠠᠯᠠᠬᠤ ᠮᠠᠯᠵᠢᠬᠤ ᠡᠷᠦᠬᠡ᠎ᠳᠤ ᠪᠦᠬᠦ ᠬᠡᠯᠬᠢᠶ᠎ᠡ ᠂  ᠪᠦᠬᠦ ᠭᠣᠭᠴᠣᠭ᠋ᠠᠨ᠎ᠤ ᠲᠠᠷᠢᠶᠠᠯᠠᠩ ᠮᠠᠯ ᠠᠵᠤ ᠠᠬᠤᠢ ᠵᠢᠨ ᠨᠡᠢ᠌ᠭᠡᠮᠴᠢᠯᠡᠭᠰᠡᠨ ᠲᠤᠰᠬᠠᠢ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠵᠤ ᠂  ᠦᠢ᠍ᠯᠡᠴᠢᠯᠡᠭᠡ ᠬᠠᠩᠭ᠋ᠠᠬᠤ ᠲᠠᠯᠠᠪᠠᠢ ᠵᠢ 200 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ )᠃

       ᠬᠣᠶᠠᠷ ᠂  ᠨᠡᠢ᠌ᠭᠡᠮ᠎ᠤᠨ ᠪᠠᠲᠤᠯᠠᠭ᠎ᠠ ᠵᠢ ᠴᠢᠩᠭ᠋ᠠᠳᠬᠠᠬᠤ ᠲᠠᠯ᠎ᠠ᠎ᠪᠠᠷ᠎ᠬᠢ 11 ᠵᠦᠢ᠍ᠯ 

      6.  ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ ᠂  ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠬᠤ ᠬᠥᠮᠥᠨ᠎ᠢ 1769 ᠲᠦᠮᠡ᠎ᠳᠤ ᠬᠦᠷᠭᠡᠬᠦ ᠵᠢ ᠠᠬᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ )᠃ 

      7.  ᠭᠤᠷᠪᠠᠳᠤᠭ᠋ᠠᠷ ᠳᠡᠰ ᠂  ᠬᠣᠶᠠᠳᠤᠭ᠋ᠠᠷ ᠳᠡᠰ ᠂  ᠨᠢᠭᠡᠳᠦᠭᠡᠷ ᠳᠡᠰ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠨᠢᠭᠡᠳᠦᠯᠲᠡᠢ ᠲᠥᠯᠥᠪᠯᠡᠬᠦ ᠵᠢᠨ ᠡᠬᠢᠯᠡᠵᠦ ᠲᠥᠯᠥᠬᠦ ᠬᠢᠵᠠᠭ᠋ᠠᠷ ᠱᠤᠭᠤᠮ᠎ᠢ ᠨᠢᠭᠡᠳᠦᠯᠲᠡᠢ 1000 ᠲᠥᠭᠥᠷᠢᠭ᠎ᠠᠴᠠ ᠲᠤᠰ ᠲᠤᠰ 500 ᠲᠥᠭᠥᠷᠢᠭ ᠂ 300 ᠲᠥᠭᠥᠷᠢᠭ ᠂ 200 ᠲᠥᠭᠥᠷᠢᠭ ᠪᠣᠯᠭ᠋ᠠᠨ ᠪᠠᠭᠤᠷᠠᠭᠤᠯᠵᠤ ᠂  ᠠᠵᠢᠯ᠎ᠠᠴᠠ᠎ᠪᠠᠨ ᠪᠠᠭᠤᠭᠰᠠᠳ᠎ᠤᠨ ᠪᠣᠯ ᠲᠤᠰ ᠲᠤᠰ 300 ᠲᠥᠭᠥᠷᠢᠭ ᠂ 200 ᠲᠥᠭᠥᠷᠢᠭ ᠂ 50 ᠲᠥᠭᠥᠷᠢᠭ ᠪᠣᠯᠭ᠋ᠠᠨ ᠪᠠᠭᠤᠷᠠᠭᠤᠯᠤᠨ᠎ᠠ ;  ᠭᠠᠴᠠᠭ᠎ᠠ ᠲᠤᠰᠬᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠴᠡᠭ᠎ᠢ 3176 ᠰᠢᠨ᠎ᠡ᠎ᠪᠠᠷ ᠪᠠᠢ᠌ᠭᠤᠯᠵᠤ ᠂  ᠪᠦᠬᠦᠨ᠎ᠳᠤ ᠬᠠᠮᠤᠷᠤᠭᠤᠯᠬᠤ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ )᠃ 

      8. 1.3 ᠲᠦᠮᠡᠨ ᠡᠷᠥᠬᠡ ᠣᠨᠴᠠᠭ᠋ᠠᠢ ᠬᠦᠴᠢᠷᠳᠡᠯᠲᠡᠢ ᠨᠠᠰᠤᠲᠠᠢ᠌ᠴᠤᠳ᠎ᠤᠨ ᠭᠡᠷ ᠪᠦᠯᠢ ᠵᠢ ᠥᠲᠡᠭᠦᠰ᠎ᠲᠤ ᠲᠣᠬᠢᠷᠠᠭᠤᠯᠬᠤ᠎ᠪᠠᠷ ᠥᠭᠡᠷᠡᠴᠢᠯᠡᠨ ᠰᠢᠨᠡᠳᠬᠡᠬᠦ ᠵᠢ ᠪᠡᠶᠡᠯᠡᠭᠦᠯᠵᠦ ᠂  ᠰᠤᠮᠤ ᠰᠢᠶᠠᠩ ᠪᠠᠯᠭ᠋ᠠᠰᠤᠨ᠎ᠤ ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ 170 ᠂  ᠲᠤᠰᠬᠤᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢ 1500 ᠡᠬᠢᠯᠡᠭᠦᠯᠦᠨ ᠪᠠᠢ᠌ᠭᠤᠯᠵᠤ ᠂  ᠬᠥᠳᠡᠭᠡ ᠲᠤᠰᠬᠤᠨ᠎ᠤ ᠬᠠᠷᠢᠯᠴᠠᠨ ᠲᠤᠰᠠᠯᠠᠯᠴᠠᠬᠤ ᠨᠠᠰᠤᠵᠢᠯ᠎ᠤᠨ ᠵᠣᠯ ᠵᠢᠷᠭ᠋ᠠᠯᠲᠤ ᠬᠦᠷᠢᠶᠡᠯᠡᠩ᠎ᠤᠨ 200 ᠬᠦᠷᠢᠶᠡᠯᠡᠩ᠎ᠤᠨ ᠴᠢᠳᠠᠮᠵᠢ ᠵᠢ ᠥᠷᠭᠡᠳᠬᠡᠨ ᠳᠡᠭᠡᠭᠰᠢᠯᠡᠭᠦᠯᠵᠦ ᠂  ᠨᠠᠰᠤᠲᠠᠢ᠌ᠴᠤᠳ᠎ᠤᠨ ᠢᠳᠡᠵᠦ ᠤᠤᠭᠤᠬᠤ᠎ᠳᠤ᠎ᠨᠢ ᠲᠤᠰᠠᠯᠠᠬᠤ ᠴᠡᠭ᠎ᠢ 1200 ᠰᠢᠨ᠎ᠡ᠎ᠪᠠᠷ ᠨᠡᠮᠡᠭᠳᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ )᠃ 

      9.  ᠴᠡᠴᠡᠷᠯᠢᠭ᠎ᠤᠨ ᠨᠢᠯᠬ᠎ᠠ ᠨᠢᠷᠠᠢ ᠬᠡᠦᠬᠡᠳ᠎ᠤᠨ ᠣᠷᠣ ᠵᠢ 1.5 ᠲᠦᠮᠡ ᠰᠢᠨ᠎ᠡ᠎ᠪᠠᠷ ᠨᠡᠮᠡᠭᠳᠡᠭᠦᠯᠦᠨ ᠂  ᠪᠦᠬᠦ ᠣᠷᠣᠨ᠎ᠤ ᠬᠣᠰᠢᠭᠤ ᠰᠢᠶᠠᠨ (ᠬᠤᠲᠠ ᠂  ᠲᠣᠭᠣᠷᠢᠭ)  ᠪᠦᠷᠢ᠎ᠳᠤ ᠠᠳᠠᠭ᠎ᠲᠤ᠎ᠪᠠᠨ 1 ᠠᠯᠪᠠᠨ᠎ᠠᠴᠠ ᠡᠷᠬᠢᠯᠡᠭᠰᠡᠨ ᠬᠡᠦᠬᠡᠳ ᠰᠠᠭ᠋ᠠᠲᠠᠭᠤᠯᠵᠤ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠦᠲᠦᠭᠡᠨ ᠪᠠᠢ᠌ᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ )᠃ 

      10.  ᠨᠡᠭᠦᠳᠡᠯ ᠬᠡᠦᠬᠡᠳ ᠪᠠᠭ᠋ᠠᠴᠤᠳ᠎ᠤᠨ ᠰᠠᠭᠤᠭ᠎ᠠ ᠭᠠᠵᠠᠷ᠎ᠲᠤ᠎ᠪᠠᠨ ᠬᠠᠢ᠌ᠷ᠎ᠠ ᠬᠠᠯᠠᠮᠵᠢ ᠬᠦᠷᠲᠡᠬᠦ ᠦᠨᠳᠦᠰᠦᠨ ᠦᠢ᠍ᠯᠡᠴᠢᠯᠡᠭᠡᠨ᠎ᠤ ᠲᠣᠳᠣᠷᠬᠠᠢ ᠬᠠᠭᠤᠳᠠᠰᠤ ᠵᠢ ᠪᠠᠢ᠌ᠭᠤᠯᠵᠤ ᠂  ᠰᠢᠶᠠᠨ᠎ᠤ ᠱᠠᠲᠤᠨ᠎ᠤ (ᠬᠤᠲᠠ ᠵᠢᠨ ᠬᠠᠷᠢᠶ᠎ᠠ ᠲᠣᠭᠣᠷᠢᠭ᠎ᠢ ᠪᠠᠭᠲᠠᠭ᠋ᠠᠬᠤ ᠦᠭᠡᠢ )  ᠨᠠᠰᠤᠨ᠎ᠳᠤ ᠦᠯᠦ ᠬᠦᠷᠦᠭᠰᠡᠳ᠎ᠢ ᠠᠪᠤᠷᠠᠨ ᠲᠤᠰᠠᠯᠠᠵᠤ ᠬᠠᠮᠠᠭ᠋ᠠᠯᠠᠬᠤ ᠲᠥᠪ᠎ᠢ 7 ᠰᠢᠨ᠎ᠡ᠎ᠪᠠᠷ ᠪᠠᠢ᠍ᠢ᠍ᠭᠤᠯᠬᠤ ᠪᠤᠶᠤ ᠥᠭᠡᠷᠡᠴᠢᠯᠡᠨ ᠪᠠᠢ᠌ᠭᠤᠯᠵᠤ ᠂ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠵᠢᠨ ᠬᠠᠷᠠᠯᠲᠠ ᠵᠢᠨ 93%᠎ᠳᠤ ᠬᠦᠷᠭᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ )᠃ 

      11.  ᠬᠡᠦᠬᠡᠳ ᠪᠠᠭ᠋ᠠᠴᠤᠳ (ᠬᠡᠦᠬᠡᠳ ᠪᠠᠭ᠋ᠠᠴᠤᠳ᠎ᠢ ᠬᠠᠮᠠᠭ᠋ᠠᠯᠠᠬᠤ )᠎ᠤᠨ ᠭᠡᠷ᠎ᠢ 50 ᠰᠢᠨ᠎ᠡ᠎ᠪᠠᠷ ᠪᠠᠢ᠌ᠭᠤᠯᠵᠤ ᠂  ᠬᠢᠯᠢ ᠬᠢᠵᠠᠭ᠋ᠠᠷ ᠂  ᠵᠠᠬ᠎ᠠ ᠬᠢᠵᠠᠭ᠋ᠠᠷ᠎ᠤᠨ ᠬᠣᠰᠢᠭᠤ ᠰᠢᠶᠠᠨ ᠪᠦᠬᠦᠨ᠎ᠳᠤ ᠬᠠᠮᠤᠷᠤᠭᠤᠯᠬᠤ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ )᠃ 

      12. 6000 ᠡᠷᠦᠬᠡ ᠬᠦᠴᠢᠷᠳᠡᠯᠲᠡᠢ ᠬᠦᠨᠳᠦ ᠵᠡᠮᠳᠡᠭᠴᠦᠳ᠎ᠤᠨ ᠭᠡᠷ ᠪᠦᠯᠢ ᠵᠢ ᠰᠠᠭ᠋ᠠᠳ ᠦᠭᠡᠢ ᠪᠣᠯᠭ᠋ᠠᠨ ᠥᠭᠡᠷᠡᠴᠢᠯᠡᠨ ᠰᠢᠨᠡᠳᠬᠡᠵᠦ ᠂  ᠣᠶᠤᠨ ᠤᠬᠠᠭ᠋ᠠᠨ ᠂  ᠣᠶᠤᠨ ᠮᠡᠳᠡᠷᠡᠯ ᠵᠢᠴᠢ ᠦᠶ᠎ᠡ ᠮᠥᠴᠢ᠎ᠨᠢ ᠬᠦᠨᠳᠦ ᠳᠡᠰ᠎ᠤᠨ ᠵᠡᠮᠳᠡᠭ ᠪᠣᠯᠤᠭᠰᠠᠨ 6500 ᠠᠵᠢᠯᠯᠠᠬᠤ ᠨᠠᠰᠤᠨ᠎ᠤ ᠬᠥᠮᠥᠰ᠎ᠲᠤ ᠨᠠᠢ᠌ᠳᠠᠨ ᠠᠰᠠᠷᠠᠭᠤᠯᠬᠤ ᠦᠢ᠍ᠯᠡᠴᠢᠯᠡᠭᠡ ᠬᠠᠩᠭ᠋ᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ )᠃ 

      13.  ᠲᠠᠷᠢᠶᠠᠯᠠᠬᠤ ᠮᠠᠯᠵᠢᠬᠤ ᠣᠷᠣᠨ ᠪᠠ ᠬᠤᠲᠠ ᠪᠠᠯᠭ᠋ᠠᠰᠤᠨ᠎ᠤ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠭᠰᠡᠨ ᠭᠡᠷ ᠪᠦᠯᠢ ᠵᠢᠨ ᠲᠣᠬᠢᠷᠠᠬᠤ ᠨᠠᠰᠤᠨ᠎ᠤ ᠡᠮᠡᠭᠲᠡᠢ᠌ᠴᠦᠳ᠎ᠲᠤ 《ᠬᠣᠶᠠᠷ ᠵᠦᠢ᠍ᠯ᠎ᠤᠨ ᠦᠮᠠᠨ ᠡᠪᠡᠳᠴᠢᠨ 》᠎ᠢ ᠰᠢᠭᠰᠢᠪᠡᠰᠦ ᠵᠣᠬᠢᠬᠤ ᠪᠦᠬᠦᠨ᠎ᠢ᠎ᠨᠢ ᠰᠢᠭᠰᠢᠵᠦ ᠂  ᠪᠠᠢ᠌ᠴᠠᠭ᠋ᠠᠪᠠᠰᠤ ᠵᠣᠬᠢᠬᠤ ᠪᠦᠬᠦᠨ᠎ᠢ᠎ᠨᠢ ᠪᠠᠢ᠌ᠴᠠᠭ᠋ᠠᠨ ᠥᠭᠬᠦ ᠵᠢ ᠪᠡᠶᠡᠯᠡᠭᠦᠯᠦᠨ ᠂  ᠰᠠᠪᠠᠨ ᠬᠦᠵᠦᠭᠦᠨ᠎ᠤ ᠦᠮᠡᠨ᠎ᠤ 9 ᠸᠠᠯᠧᠨ᠋ᠲᠲᠦ ᠸᠠᠺᠼᠢᠨ᠎ᠢ 100 ᠲᠦᠮᠡᠨ ᠬᠥᠮᠥᠨ᠎ᠤ ᠬᠤᠪᠢ ᠰᠢᠨ᠎ᠡ᠎ᠪᠠᠷ ᠨᠡᠮᠡᠭᠳᠡᠭᠦᠯᠵᠦ ᠂  ᠲᠣᠬᠢᠷᠠᠬᠤ ᠨᠠᠰᠤᠨ᠎ᠤ ᠡᠮᠡᠭᠲᠡᠢ᠌ᠴᠦᠳ᠎ᠲᠤ ᠸᠠᠺᠼᠢᠨ ᠲᠠᠷᠢᠬᠤ ᠵᠢᠨ ᠬᠠᠮᠤᠷᠬᠤ ᠬᠡᠪᠴᠢᠶ᠎ᠡ ᠵᠢ ᠥᠷᠭᠡᠳᠬᠡᠵᠦ ᠂  ᠲᠠᠷᠢᠭᠤᠯᠬᠤ ᠬᠦᠰᠡᠯ᠎ᠲᠠᠢ ᠪᠣᠯᠭ᠋ᠠᠨ᠎ᠳᠤ ᠲᠠᠷᠢᠵᠤ ᠥᠭᠬᠦ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ );  ᠨᠥᠬᠥᠴᠡᠯ᠎ᠳᠤ ᠨᠡᠢ᠌ᠴᠡᠭᠰᠡᠨ ᠣᠷᠣᠯᠭ᠎ᠠ ᠪᠠᠭ᠋ᠠᠲᠠᠢ ᠭᠡᠷ ᠪᠦᠯᠢ ᠵᠢᠨ 《ᠬᠣᠶᠠᠷ ᠵᠦᠢ᠍ᠯ᠎ᠤᠨ ᠦᠮᠠᠨ ᠡᠪᠡᠳᠴᠢᠨ 》 ᠵᠶ᠋ᠠᠷ ᠣᠨᠣᠰᠢᠯᠠᠭᠳᠠᠭᠰᠠᠨ ᠡᠮᠡᠭᠲᠡᠢ ᠪᠦᠷᠢ᠎ᠳᠤ ᠲᠦᠮᠡᠨ ᠲᠥᠭᠥᠷᠢᠭ᠎ᠤᠨ ᠲᠤᠰᠠᠯᠠᠮᠵᠢ ᠣᠯᠭᠣᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ)᠃ 

      14.  ᠣᠷᠣᠯᠭ᠎ᠠ ᠪᠠᠭ᠋ᠠᠲᠠᠢ ᠬᠦᠴᠢᠷᠳᠡᠯᠲᠡᠢ ᠭᠡᠷ ᠪᠦᠯᠢ ᠪᠠ ᠬᠢᠯᠢ ᠬᠢᠵᠠᠭ᠋ᠠᠷ᠎ᠤᠨ ᠬᠣᠰᠢᠭᠤ ᠬᠤᠲᠠ ᠂  ᠴᠥᠭᠡᠨ ᠲᠣᠭ᠋ᠠᠲᠤ ᠦᠨᠳᠦᠰᠦᠲᠡᠨ᠎ᠤ ᠲᠥᠪᠯᠡᠷᠡᠨ ᠰᠠᠭᠤᠭᠰᠠᠨ ᠣᠷᠣᠨ᠎ᠤ ᠴᠠᠭ᠋ᠠᠨ ᠬᠠᠷᠠᠩ᠎ᠲᠠᠢ ᠡᠪᠡᠳᠴᠢᠲᠡᠨ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠬᠠᠷᠠᠭ᠎ᠠ ᠣᠷᠣᠭᠤᠯᠬᠤ ᠮᠡᠰᠡ ᠵᠠᠰᠠᠯ᠎ᠢ 3500 ᠭᠠᠷᠤᠢ ᠬᠢᠵᠦ ᠥᠭᠭᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠢ᠍ᠲᠠᠨ᠎ᠤ ᠨᠡᠢ᠌ᠭᠡᠮᠯᠢᠭ ᠂  ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ)᠃ 

      15.  ᠬᠢᠯᠢ ᠬᠢᠵᠠᠭ᠋ᠠᠷ ᠭᠠᠵᠠᠷ ᠣᠷᠣᠨ᠎ᠤ ᠣᠷᠣᠯᠭ᠎ᠠ ᠪᠠᠭ᠋ᠠᠲᠠᠢ ᠬᠦᠴᠢᠷᠳᠡᠯᠲᠡᠢ ᠭᠡᠷ ᠪᠦᠯᠢ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠡᠪᠦᠳᠦᠭ ᠰᠡᠭᠦᠵᠢ ᠵᠢᠨ ᠦᠶ᠎ᠡ ᠬᠠᠯᠠᠬᠤ ᠮᠡᠰᠡ ᠵᠠᠰᠠᠯ᠎ᠢ 200 ᠭᠠᠷᠤᠢ ᠬᠢᠵᠦ ᠥᠭᠭᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠢ᠍ᠲᠠᠨ᠎ᠤ ᠨᠡᠢ᠌ᠭᠡᠮᠯᠢᠭ )᠃ 

      16.  ᠤᠯᠠᠭ᠋ᠠᠨ ᠵᠠᠭ᠋ᠠᠯᠮᠠᠢ᠍ᠢ᠍ᠲᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠪᠤᠷᠠᠯᠲᠠ ᠰᠤᠪᠢᠯᠠᠯᠲᠠ ᠵᠢᠨ ᠦᠨᠡᠮᠯᠡᠯ ᠣᠯᠭᠣᠬᠤ ᠪᠣᠯᠪᠠᠰᠤᠷᠠᠯ᠎ᠢ 6 ᠲᠦᠮᠡᠨ ᠬᠥᠮᠥᠨ᠎ᠳᠤ ᠬᠦᠷᠲᠡᠭᠡᠵᠦ ᠂  ᠲᠦᠭᠡᠮᠡᠯᠵᠢᠭᠦᠯᠬᠦ ᠴᠢᠨᠠᠷᠲᠠᠢ ᠪᠣᠯᠪᠠᠰᠤᠷᠠᠯ᠎ᠢ 20 ᠲᠦᠮᠡᠨ ᠬᠥᠮᠥᠨ ᠤᠳᠠᠭ᠎ᠠ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠢ᠍ᠲᠠᠨ᠎ᠤ ᠨᠡᠢ᠌ᠭᠡᠮᠯᠢᠭ )᠃ 

       ᠭᠤᠷᠪᠠ ᠂  ᠣᠯᠠᠨ ᠨᠡᠢ᠍ᠢ᠍ᠲᠡ ᠵᠢᠨ ᠦᠨᠳᠦᠰᠦᠨ ᠦᠢ᠍ᠯᠡᠴᠢᠯᠡᠭᠡᠨ᠎ᠢ ᠰᠢᠯᠢᠳᠡᠭᠵᠢᠭᠦᠯᠬᠦ ᠲᠠᠯ᠎ᠠ᠎ᠪᠠᠷ᠎ᠬᠢ 6 ᠵᠦᠢ᠍ᠯ 

      17.  ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠤᠷᠭ᠋ᠠᠭᠤᠯᠢ ᠵᠢᠨ ᠨᠡᠷᠡᠲᠦ ᠵᠠᠬᠢᠷᠤᠯ᠎ᠤᠨ ᠠᠵᠢᠯᠯᠠᠬᠤ ᠲᠠᠰᠤᠭ ᠂  ᠨᠡᠷᠡᠲᠦ ᠪᠠᠭᠰᠢ ᠵᠢᠨ ᠠᠵᠢᠯᠯᠠᠬᠤ ᠲᠠᠰᠤᠭ᠎ᠢ ᠲᠤᠰ ᠲᠤᠰ 30 ᠪᠠᠢ᠌ᠭᠤᠯᠵᠤ ᠂  ᠬᠤᠲᠠ ᠲᠣᠭᠣᠷᠢᠭ᠎ᠤᠨ 1000 ᠭᠠᠷᠤᠢ ᠰᠢᠯᠢᠳᠡᠭ ᠪᠠᠭᠰᠢ ᠵᠢ ᠬᠥᠳᠡᠭᠡ ᠲᠤᠰᠬᠤᠨ᠎ᠤ ᠨᠥᠬᠥᠴᠡᠯ ᠵᠶ᠋ᠠᠷ ᠪᠠᠷᠤᠭᠲᠠᠢ ᠰᠤᠷᠭ᠋ᠠᠭᠤᠯᠢ᠎ᠳᠤ ᠰᠣᠩᠭᠣᠨ ᠲᠣᠮᠢᠯᠠᠵᠤ ᠰᠤᠷᠭ᠋ᠠᠨ ᠬᠥᠮᠦᠵᠢᠯ᠎ᠢ᠎ᠨᠢ ᠳᠡᠮᠵᠢᠨ ᠲᠤᠰᠠᠯᠠᠬᠤ ᠠᠵᠢᠯ ᠥᠷᠨᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ )᠃ 

      18.  ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠢ 4 ᠂  ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠤᠰᠬᠠᠢ ᠰᠠᠯᠠᠭ᠋ᠠᠨ᠎ᠤ ᠣᠷᠣᠨ ᠪᠦᠰᠡ ᠵᠢᠨ ᠡᠮᠴᠢᠯᠡᠭᠡᠨ᠎ᠤ ᠲᠥᠪ᠎ᠢ 20 ᠰᠠᠢ᠌ᠲᠤᠷ ᠪᠠᠢ᠌ᠭᠤᠯᠤᠨ ᠂  ᠪᠤᠭᠤᠲᠤ ᠤᠯᠠᠭ᠋ᠠᠨᠬᠠᠳᠠ ᠦᠬᠠᠢ ᠭᠤᠷᠪᠠ ᠵᠢᠨ ᠤᠯᠤᠰ᠎ᠤᠨ ᠳᠡᠰ᠎ᠤᠨ ᠨᠢᠭᠲᠠ ᠬᠡᠯᠪᠡᠷᠢ ᠪᠦᠬᠦᠢ ᠬᠤᠲᠠ ᠵᠢᠨ ᠡᠮᠴᠢᠯᠡᠭᠡᠨ᠎ᠤ ᠪᠦᠯᠦᠭᠯᠡᠯ᠎ᠤᠨ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ )᠃ 

      19.  ᠠᠮᠤᠷᠯᠢᠩᠭᠤᠢ ᠡᠮᠴᠢᠯᠡᠭᠡ ᠰᠤᠪᠢᠯᠠᠯᠲᠠ ᠵᠢᠨ ᠲᠤᠷᠰᠢᠯᠲᠠ ᠵᠢᠨ ᠴᠡᠭ ᠪᠤᠯᠬᠤ 6 ᠠᠢ᠌ᠮᠠᠭ ᠬᠤᠲᠠ ᠵᠢᠨ ᠬᠣᠰᠢᠭᠤ ᠰᠢᠶᠠᠨ (ᠬᠤᠲᠠ ᠂  ᠲᠣᠭᠣᠷᠢᠭ )  ᠪᠦᠷᠢ᠎ᠳᠤ ᠠᠳᠠᠭ᠎ᠲᠤ᠎ᠪᠠᠨ 1 ᠠᠮᠤᠷᠯᠢᠩᠭᠤᠢ ᠡᠮᠴᠢᠯᠡᠭᠡ ᠰᠤᠪᠢᠯᠠᠯᠲᠠ ᠵᠢᠨ ᠡᠪᠡᠳᠴᠢᠲᠡᠨ᠎ᠤ ᠲᠣᠭᠣᠷᠢᠭ ᠪᠠᠢ᠌ᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ )᠃ 

      20. 《ᠤᠯᠠᠭ᠋ᠠᠨᠮᠥ᠋ᠴᠢᠷ᠎ᠤᠨ ᠲᠣᠭᠯᠠᠯᠲᠠ ᠵᠢ ᠲᠦᠮᠡᠨ ᠲᠤᠰᠬᠤᠨ᠎ᠳᠤ ᠬᠦᠷᠭᠡᠬᠦ 》  ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠂  ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠤᠷᠠᠨ ᠰᠠᠢ᠌ᠬᠠᠨ᠎ᠤ ᠲᠣᠭᠯᠠᠯᠲᠠ ᠪᠠ ᠦᠨᠳᠦᠰᠦᠨ ᠱᠠᠲᠤᠨ᠎ᠤ ᠦᠢ᠍ᠯᠡᠴᠢᠯᠡᠭᠡᠨ᠎ᠢ ᠲᠦᠮᠡ ᠭᠠᠷᠤᠢ ᠲᠠᠯᠠᠪᠤᠷ ᠤᠳᠠᠭ᠎ᠠ ᠬᠠᠩᠭ᠋ᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ )᠃ 

      21. 《ᠥᠨᠳᠥᠷ ᠪᠦᠲᠦᠮᠵᠢᠲᠡᠢ᠎ᠪᠠᠷ ᠨᠢᠭᠡ ᠶᠠᠪᠤᠳᠠᠯ᠎ᠢ ᠭᠦᠢ᠍ᠴᠡᠳᠬᠡᠬᠦ 》  ᠢᠵᠢ ᠦᠢ᠍ᠯᠡᠴᠢᠯᠡᠭᠡ ᠵᠢ 13 ᠨᠡᠢ᠌ᠲᠡᠯᠡᠵᠦ ᠂  ᠬᠠᠯᠠᠮᠰᠢᠯ ᠤᠲᠠᠰᠤ 12345᠎ᠪᠠᠷ ᠲᠡᠷᠭᠡ ᠰᠢᠯᠵᠢᠭᠦᠯᠬᠦ ᠦᠢ᠍ᠯᠡᠴᠢᠯᠡᠭᠡᠨ᠎ᠤ ᠴᠢᠳᠠᠮᠵᠢ ᠵᠢ ᠨᠡᠮᠡᠭᠳᠡᠭᠦᠯᠦᠨ ᠂ 《ᠪᠦᠬᠦ ᠣᠷᠣᠨ᠎ᠳᠤ ᠨᠡᠢ᠌ᠳᠡᠮ ᠭᠦᠢ᠍ᠴᠡᠳᠬᠡᠬᠦ 》  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 150 ᠰᠢᠨ᠎ᠡ᠎ᠪᠠᠷ ᠨᠡᠮᠡᠭᠳᠡᠭᠦᠯᠵᠦ ᠂  ᠬᠡᠪ ᠳᠠᠭᠤᠷᠢᠶᠠᠯ ᠪᠣᠯᠬᠤᠢ᠌ᠴᠠ ᠦᠨᠳᠦᠰᠦᠨ ᠱᠠᠲᠤᠨ᠎ᠤ ᠠᠷᠠᠳ᠎ᠲᠤ ᠳᠦᠭᠦᠮ ᠦᠵᠡᠭᠦᠯᠬᠦ ᠦᠢ᠍ᠯᠡᠴᠢᠯᠡᠭᠡᠨ᠎ᠤ ᠲᠥᠪ (ᠥᠷᠲᠡᠭᠡ )᠎ᠢ 24 ᠂  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠰᠠᠨ ᠥᠷᠲᠡᠭᠡ ᠵᠢ 10 ᠴᠣᠭᠴᠠᠯᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ)᠃ 

      22.  ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠴᠣᠩᠬᠣᠪᠴᠢ ᠵᠢ 100 ᠪᠠ 《ᠨᠢᠭᠡ ᠥᠷᠲᠡᠭᠡᠴᠢᠯᠡᠭᠰᠡᠨ ᠮᠠᠶᠢᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ 》 ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢ 100 ᠴᠣᠭᠴᠠᠯᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ )᠃ 

       ᠳᠥᠷᠪᠡ ᠂  ᠣᠯᠠᠨ ᠲᠦᠮᠡᠨ᠎ᠤ ᠰᠠᠭᠤᠷᠢᠰᠢᠨ ᠠᠮᠢᠳᠤᠷᠠᠬᠤ ᠣᠷᠴᠢᠨ ᠨᠥᠬᠥᠴᠡᠯ᠎ᠢ ᠰᠠᠢ᠌ᠵᠢᠷᠠᠭᠤᠯᠬᠤ ᠲᠠᠯ᠎ᠠ᠎ᠪᠠᠷ᠎ᠬᠢ 11 ᠵᠦᠢ᠍᠊᠊ᠯ 

      23.  ᠳᠤᠯᠠᠭ᠋ᠠᠯᠠᠭ᠎ᠠ ᠵᠢᠨ ᠢᠨᠵᠧᠨᠧᠷᠢᠩ᠎ᠢ ᠬᠡᠷᠡᠭᠵᠢᠭᠦᠯᠦᠨ ᠂  ᠢᠯᠴᠢ ᠬᠠᠩᠭ᠋ᠠᠬᠤ ᠬᠣᠭᠣᠯᠠᠢ ᠭᠤᠤᠷᠰᠤ ᠵᠢ 420 ᠺᠢᠯᠣᠮᠧᠲᠷ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄  ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ );  ᠲᠠᠷᠢᠶᠠᠴᠢᠨ ᠮᠠᠯᠴᠢᠳ᠎ᠲᠤ ᠡᠪᠦᠯ᠎ᠤᠨ ᠤᠯᠠᠷᠢᠯ᠎ᠤᠨ ᠳᠤᠯᠠᠭ᠋ᠠᠯᠠᠭ᠎ᠠ᠎ᠳᠤ ᠬᠡᠷᠡᠭᠯᠡᠬᠦ ᠨᠡᠭᠦᠷᠡᠰᠦ ᠵᠢ 320 ᠲᠦᠮᠡ ᠭᠠᠷᠤᠢ ᠲᠣᠨ ᠨᠠᠢ᠌ᠳᠠᠪᠤᠷᠢᠵᠢᠭᠤᠯᠤᠨ ᠂  ᠲᠥᠪᠯᠡᠷᠡᠭᠦᠯᠦᠨ ᠢᠯᠴᠢ ᠬᠠᠩᠭ᠋ᠠᠬᠤ ᠠᠵᠤ ᠠᠬᠤᠢ᠌ᠯᠠᠯ᠎ᠳᠤ ᠬᠠᠩᠭ᠋ᠠᠯᠭ᠎ᠠ ᠵᠢ ᠪᠠᠲᠤᠯᠠᠬᠤ᠎ᠳᠤ ᠬᠡᠷᠡᠭᠯᠡᠬᠦ ᠨᠡᠭᠦᠷᠡᠰᠦ ᠵᠢ 1600 ᠲᠦᠮᠡ ᠭᠠᠷᠤᠢ ᠲᠣᠨ ᠨᠠᠢ᠌ᠳᠠᠪᠤᠷᠢᠵᠢᠭᠤᠯᠵᠤ ᠂  ᠣᠯᠠᠨ ᠲᠦᠮᠡᠨ᠎ᠤ ᠬᠠᠯᠠᠭᠤᠨ ᠳᠤᠯᠠᠭ᠋ᠠᠨ ᠵᠶ᠋ᠠᠷ ᠡᠪᠦᠯᠵᠢᠬᠦ ᠵᠢ ᠪᠠᠲᠤᠯᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠡᠨᠧᠷᠬᠢ ᠵᠢᠨ ᠲᠣᠪᠴᠢᠶ᠎ᠠ )᠃ 

      24.  ᠤᠰᠤ ᠬᠠᠩᠭ᠋ᠠᠵᠤ ᠭᠠᠳᠠᠭᠰᠢᠯᠠᠭᠤᠯᠬᠤ ᠬᠠᠭᠤᠴᠢᠨ ᠬᠣᠭᠣᠯᠠᠢ ᠭᠤᠤᠷᠰᠤ ᠵᠢ 870 ᠺᠢᠯᠣᠮᠧᠲᠷ ᠂  ᠰᠢᠲᠠᠮᠠᠬᠠᠢ ᠬᠡᠢ ᠵᠢᠨ ᠬᠣᠭᠣᠯᠠᠢ ᠭᠤᠤᠷᠰᠤ ᠵᠢ 210 ᠺᠢᠯᠣᠮᠧᠲᠷ ᠥᠭᠡᠷᠡᠴᠢᠯᠡᠨ ᠰᠢᠨᠡᠳᠬᠡᠵᠦ ᠂  ᠲᠡᠷᠭᠡᠨ ᠵᠣᠭᠰᠣᠭ᠋ᠠᠯ᠎ᠤᠨ ᠬᠠᠩᠭ᠋ᠠᠯᠭ᠎ᠠ ᠵᠢ 3 ᠲᠦᠮᠡ ᠰᠢᠨ᠎ᠡ᠎ᠪᠠᠷ ᠨᠡᠮᠡᠭᠳᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ )᠃ 

      25.  ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠣᠷᠢᠭ᠎ᠢ 1185 ᠂  ᠬᠤᠲᠠ ᠵᠢᠨ ᠨᠤᠷᠠᠬᠤ ᠠᠶᠤᠯᠲᠠᠢ ᠬᠠᠭᠤᠴᠢᠨ ᠭᠡᠷ ᠪᠠᠢ᠌ᠰᠢᠩ᠎ᠢ 1500 ᠢᠵᠢ ᠂  ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ 3419 ᠡᠷᠦᠬᠡ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ )᠃ 

      26.  ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ 1.69 ᠲᠦᠮᠡᠨ ᠢᠵᠢ ᠪᠠᠢ᠌ᠭᠤᠯᠵᠤ ᠂ 2 ᠲᠦᠮᠡᠨ ᠡᠷᠦᠭᠡ ᠬᠤᠲᠠ ᠪᠠᠯᠭ᠋ᠠᠰᠤᠨ᠎ᠤ ᠪᠠᠲᠤᠯᠠᠭ᠎ᠠ ᠵᠢᠨ ᠣᠷᠣᠨ ᠰᠠᠭᠤᠴᠠᠲᠤ ᠭᠡᠷ ᠪᠦᠯᠢ᠎ᠳᠤ ᠲᠦᠷᠢᠶᠡᠰᠦᠨ ᠨᠡᠮᠡᠭᠦᠷᠢ ᠣᠯᠭᠣᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ )᠃ 

      27.  ᠪᠡᠶ᠎ᠡ ᠵᠢᠨ ᠲᠠᠮᠢᠷ᠎ᠤᠨ ᠴᠡᠴᠡᠷᠯᠢᠭ᠎ᠢ 20 ᠂  ᠣᠯᠠᠨ ᠲᠦᠮᠡᠨ᠎ᠤ ᠲᠡᠰᠢᠯᠲᠡ ᠵᠢᠨ ᠲᠠᠯᠠᠪᠤᠷ᠎ᠢ 28 ᠂ 《ᠫᠢᠩᠫᠠᠩ ᠪᠥᠮᠪᠥᠭᠡ ᠵᠢ ᠰᠠᠭᠤᠭ᠋ᠠᠯᠢ ᠲᠣᠭᠣᠷᠢᠭ᠎ᠲᠤ ᠣᠷᠣᠭᠤᠯᠬᠤ 》  ᠲᠥᠷᠥᠯ ᠵᠦᠢ᠍ᠯ᠎ᠢ 150 ᠰᠢᠨ᠎ᠡ᠎ᠪᠠᠷ ᠪᠠᠢ᠍ᠢ᠍ᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠢ᠌ᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ )᠃ 

      28. 1000 ᠭᠠᠷᠤᠢ ᠬᠥᠮᠥᠨ ᠠᠮᠠ᠎ᠲᠠᠢ 100 ᠵᠠᠰᠠᠭ ᠵᠠᠬᠢᠷᠭ᠋ᠠᠨ᠎ᠤ ᠲᠤᠰᠬᠤᠨ᠎ᠤ ᠠᠮᠢᠳᠤᠷᠠᠯ᠎ᠤᠨ ᠬᠣᠭ ᠨᠣᠪᠰᠢ ᠵᠢ ᠲᠥᠪᠯᠡᠷᠡᠭᠦᠯᠦᠨ ᠰᠢᠢ᠍ᠳᠪᠦᠷᠢᠯᠡᠬᠦ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ); 400 ᠵᠠᠰᠠᠭ ᠵᠠᠬᠢᠷᠭ᠋ᠠᠨ᠎ᠤ ᠲᠤᠰᠬᠤᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠂ 3000 ᠭᠠᠷᠤᠢ ᠬᠥᠮᠥᠨ ᠠᠮᠠ᠎ᠲᠠᠢ 10 ᠵᠠᠰᠠᠭ ᠵᠠᠬᠢᠷᠭ᠋ᠠᠨ᠎ᠤ ᠲᠤᠰᠬᠤᠨ᠎ᠤ ᠠᠮᠢᠳᠤᠷᠠᠯ᠎ᠤᠨ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ )᠃ 

      29.  ᠲᠠᠷᠢᠶᠠᠯᠠᠬᠤ ᠮᠠᠯᠵᠢᠬᠤ ᠣᠷᠣᠨ᠎ᠤ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠢ 270 ᠂  ᠲᠠᠷᠠᠬᠠᠢ ᠮᠠᠶᠢᠭ᠎ᠤᠨ ᠤᠰᠤ ᠬᠠᠩᠭ᠋ᠠᠬᠤ ᠢᠨᠵᠧᠨᠧᠷᠢᠩ᠎ᠢ 900 ᠰᠢᠨ᠎ᠡ᠎ᠪᠠᠷ ᠪᠠᠢ᠍ᠢ᠍ᠭᠤᠯᠬᠤ ᠪᠠ ᠰᠢᠨᠡᠳᠬᠡᠨ ᠰᠠᠢ᠌ᠵᠢᠷᠠᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ )᠃ 

      30.  ᠲᠠᠷᠢᠶᠠᠯᠠᠬᠤ ᠮᠠᠯᠵᠢᠬᠤ ᠣᠷᠣᠨ᠎ᠤ ᠡᠷᠦᠬᠡ ᠵᠢᠨ ᠵᠣᠷᠯᠣᠩ᠎ᠢ 5.5 ᠲᠦᠮᠡ ᠰᠢᠨ᠎ᠡ᠎ᠪᠠᠷ ᠪᠠᠢ᠌ᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ )᠃ 

      31.  ᠲᠤᠰᠬᠤᠨ᠎ᠤ ᠱᠠᠲᠤᠨ᠎ᠤ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠪᠠᠷᠢᠮᠵᠢᠶᠠᠲᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠴᠡᠭ᠎ᠢ 5000 ᠪᠠᠢ᠌ᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ )᠃ 

      32.  ᠪᠦᠢ᠍ᠳᠠ ᠪᠥᠭᠯᠡᠭᠦᠦ ᠪᠠᠢ᠌ᠭ᠎ᠠ 2022 ᠲᠠᠷᠢᠶᠠᠯᠠᠬᠤ ᠮᠠᠯᠵᠢᠬᠤ ᠡᠷᠦᠬᠡ᠎ᠳᠤ ᠴᠠᠬᠢᠯᠭ᠋ᠠᠨ ᠲᠣᠣᠷ᠎ᠢ᠎ᠨᠢ ᠤᠷᠲᠤᠳᠬᠠᠵᠤ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ ᠪᠠ ᠪᠦᠢ᠍ᠳᠠ ᠪᠥᠭᠯᠡᠭᠦᠦ ᠪᠠᠢ᠌ᠭ᠎ᠠ 2 ᠲᠦᠮᠡᠨ ᠲᠠᠷᠢᠶᠠᠯᠠᠬᠤ ᠮᠠᠯᠵᠢᠬᠤ ᠡᠷᠦᠬᠡ ᠂  ᠬᠢᠯᠢ ᠵᠢᠨ ᠬᠠᠮᠠᠭ᠋ᠠᠯᠠᠯᠲᠠ ᠵᠢᠨ 40 ᠬᠠᠷᠠᠭᠤᠯ᠎ᠤᠨ ᠭᠠᠵᠠᠷ᠎ᠲᠤ ᠰᠢᠨ᠎ᠡ ᠡᠨᠧᠷᠬᠢ᠎ᠪᠠᠷ ᠴᠠᠬᠢᠯᠭ᠋ᠠᠨ ᠨᠡᠪᠲᠡᠷᠡᠭᠦᠯᠬᠦ ᠳᠡᠰ ᠳᠡᠪᠰᠢᠭᠦᠯᠬᠦ ᠢᠨᠵᠧᠨᠧᠷᠢᠩ᠎ᠢ ᠪᠡᠶᠡᠯᠡᠭᠦᠯᠦᠨ᠎ᠡ ; 650 ᠬᠠᠭᠤᠴᠢᠨ ᠰᠠᠭᠤᠭ᠋ᠠᠯᠢ ᠲᠣᠭᠣᠷᠢᠭ᠎ᠤᠨ ᠴᠠᠬᠢᠯᠭ᠋ᠠᠨ ᠬᠠᠩᠭ᠋ᠠᠬᠤ ᠪᠡᠯᠡᠳᠬᠡᠮᠵᠢ ᠂ 2 ᠲᠦᠮᠡᠨ ᠴᠠᠬᠢᠯᠭ᠋ᠠᠨ ᠴᠡᠨᠡᠭᠯᠡᠬᠦ ᠱᠣᠩ (ᠥᠷᠲᠡᠭᠡ )᠎ᠢ ᠢᠵᠢ ᠪᠦᠷᠢᠳᠦᠭᠦᠯᠦᠨ ᠴᠠᠬᠢᠯᠭ᠋ᠠᠨ ᠲᠣᠣᠷ᠎ᠲᠤ ᠵᠠᠯᠭ᠋ᠠᠭᠤᠯᠵᠤ ᠥᠭᠡᠷᠡᠴᠢᠯᠡᠨ ᠰᠢᠨᠡᠳᠬᠡᠬᠦ ᠠᠵᠢᠯ᠎ᠢ ᠬᠡᠷᠡᠭᠵᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠡᠨᠧᠷᠬᠢ ᠵᠢᠨ ᠲᠣᠪᠴᠢᠶ᠎ᠠ ᠂  ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠪᠦᠯᠦᠭᠯᠡᠯ ᠂  ᠤᠯᠤᠰ᠎ᠤᠨ ᠴᠠᠬᠢᠯᠭ᠋ᠠᠨ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ )᠃ 

      33.  ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ 5000 ᠺᠢᠯᠣᠮᠧᠲᠷ ᠡᠬᠢᠯᠡᠭᠦᠯᠦᠨ ᠪᠠᠢ᠌ᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ )᠃

      

       ᠳᠠᠭ᠋ᠠᠯᠳᠤᠭᠤᠯᠤᠯ 2

      《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ 》᠎ᠤᠨ ᠬᠣᠯᠪᠣᠭᠳᠠᠯ ᠪᠦᠬᠦᠢ ᠨᠡᠷᠡᠰ᠎ᠤᠨ ᠲᠠᠢ᠌ᠯᠪᠤᠷᠢ

      《ᠨᠢᠭᠡ ᠲᠥᠯᠦᠪᠵᠢᠭᠦᠯᠭᠡ ᠭᠤᠷᠪᠠᠨ ᠲᠥᠰᠥᠯ 》᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠤᠮᠠᠷᠠᠲᠤ ᠵᠢᠨ ᠭᠤᠷᠪᠠᠨ ᠣᠷᠣᠨ 〉᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠦᠪᠵᠢᠭᠦᠯᠭᠡ (2021 – 2030 ᠣᠨ )》  ᠪᠠ 《ᠬᠠᠲᠤᠨ ᠭᠣᠣᠯ᠎ᠤᠨ 〈ᠶᠡᠬᠡ ᠲᠣᠬᠣᠢ 〉 ᠵᠢᠨ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠬᠡᠷᠡᠭᠵᠢᠭᠦᠯᠬᠦ ᠲᠥᠰᠥᠯ (2021 – 2030 ᠣᠨ )》᠂ 《ᠬᠣᠷᠴᠢᠨ ᠪᠠ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠢ᠌ᠯᠠᠯᠳᠤᠭ᠋ᠠᠨ᠎ᠤ ᠬᠡᠷᠡᠭᠵᠢᠭᠦᠯᠬᠦ ᠲᠥᠰᠥᠯ (2021 – 2030 ᠣᠨ )》᠂ 《ᠡᠾᠧᠰᠢ ᠵᠢᠨ ᠬᠣᠩᠭᠢᠯ –  ᠲᠠᠺᠯᠢᠮᠠᠺᠠᠨ ᠡᠯᠡᠰᠦᠨ ᠴᠦᠯ᠎ᠤᠨ ᠬᠥᠪᠡᠭᠡ ᠵᠠᠬ᠎ᠠ ᠵᠢᠨ ᠬᠣᠷᠢᠭᠯᠠᠯᠲᠠ ᠵᠢᠨ ᠳᠠᠢ᠌ᠯᠠᠯᠳᠤᠭ᠋ᠠᠨ᠎ᠢ ᠬᠡᠷᠡᠭᠵᠢᠭᠦᠯᠬᠦ ᠲᠥᠰᠥᠯ (2021 – 2030 ᠣᠨ )》᠎ᠢ ᠵᠢᠭ᠋ᠠᠵᠤ ᠪᠤᠢ ᠃ 

       ᠮᠧᠩ ᠺᠧ ᠵᠢᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠠᠪᠴᠠᠩ ᠄  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠰᠤᠳᠤᠯᠵᠤ ᠨᠡᠭᠡᠭᠡᠬᠦ ᠂  ᠬᠥᠷᠥᠩᠭᠡ ᠵᠢ ᠭᠦᠢ᠍ᠯᠭᠡᠭᠡᠨ ᠠᠵᠢᠯᠯᠠᠭᠤᠯᠬᠤ ᠂  ᠲᠥᠷᠥᠯ ᠵᠦᠢ᠍ᠯ᠎ᠢ ᠨᠡᠪᠴᠢᠭᠦᠯᠬᠦ ᠂  ᠦᠷ᠎ᠡ ᠪᠦᠲᠦᠭᠡᠯ᠎ᠢ ᠤᠯᠠᠷᠢᠭᠤᠯᠬᠤ ᠂  ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠡᠷᠭᠡ ᠴᠢᠳᠠᠮᠵᠢ ᠵᠢ ᠬᠤᠷᠠᠭᠤᠯᠤᠭᠰᠠᠨ ᠂  ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠲᠠᠪᠴᠠᠩ (www.mengkeju.com )᠎ᠢ ᠵᠢᠭ᠋ᠠᠵᠤ ᠪᠤᠢ ᠃ 

      《ᠳᠤᠷ᠎ᠠ᠎ᠪᠠᠷ ᠦᠢ᠍ᠯᠡᠳᠬᠦ ᠳᠥᠷᠪᠡ ᠵᠢ ᠴᠡᠪᠡᠷᠯᠡᠬᠦ 》᠄  ᠦᠶᠡᠷ᠎ᠢ ᠰᠠᠭ᠋ᠠᠳ ᠦᠭᠡᠢ ᠵᠠᠯᠠᠬᠤ ᠵᠢᠨ ᠠᠮᠤᠷ ᠲᠦᠪᠰᠢᠨ᠎ᠢ ᠰᠦᠷᠳᠡᠭᠦᠯᠦᠭᠰᠡᠨ ᠂  ᠭᠣᠣᠯ ᠮᠥᠷᠡᠨ ᠨᠠᠭᠤᠷ ᠴᠥᠬᠦᠷᠤᠮ᠎ᠤᠨ ᠬᠡᠪ᠎ᠤᠨ ᠪᠠᠢ᠌ᠳᠠᠯ᠎ᠢ ᠠᠯᠳᠠᠭᠳᠠᠭᠤᠯᠤᠭᠰᠠᠨ ᠳᠤᠷ᠎ᠠ᠎ᠪᠠᠷ ᠡᠵᠡᠯᠡᠬᠦ ᠂  ᠳᠤᠷ᠎ᠠ᠎ᠪᠠᠷ ᠮᠠᠯᠲᠠᠬᠤ ᠂  ᠳᠤᠷ᠎ᠠ᠎ᠪᠠᠷ ᠣᠪᠣᠭ᠋ᠠᠯᠠᠬᠤ ᠂  ᠳᠤᠷ᠎ᠠ᠎ᠪᠠᠷ ᠪᠠᠢ᠍ᠢ᠍ᠭᠤᠯᠬᠤ ᠦᠵᠡᠭᠳᠡᠯ᠎ᠢ ᠴᠡᠭᠴᠡᠯᠡᠨ ᠵᠠᠰᠠᠵᠤ ᠴᠡᠪᠡᠷᠯᠡᠬᠦ ᠵᠢ ᠵᠢᠭ᠋ᠠᠵᠤ ᠪᠤᠢ ᠃ 

      《ᠵᠢᠭᠤᠯᠴᠢᠯᠠᠯ᠎ᠤᠨ ᠳᠥᠷᠪᠡᠨ ᠭᠠᠵᠠᠷ 》᠄  ᠬᠤᠪᠢ ᠵᠢᠨ ᠮᠠᠰᠢᠨ ᠲᠡᠷᠭᠡ᠎ᠪᠠᠷ ᠵᠢᠭᠤᠯᠴᠢᠯᠠᠬᠤ ᠲᠡᠷᠢᠭᠦᠨ ᠰᠣᠩᠭᠣᠯᠲᠠ ᠵᠢᠨ ᠭᠠᠵᠠᠷ ᠂  ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠢ᠌ᠬᠠᠨ ᠭᠠᠵᠠᠷ ᠂  ᠠᠮᠠᠷᠠᠯᠲᠠ᠎ᠪᠠᠷ ᠵᠠᠪᠠᠯ ᠵᠢᠭᠤᠯᠴᠢᠯᠠᠬᠤ ᠭᠠᠵᠠᠷ ᠂  ᠡᠷᠡᠭᠦᠯᠵᠢᠯ ᠰᠤᠪᠢᠯᠠᠯᠲᠠ ᠬᠢᠬᠦ ᠰᠠᠢ᠌ᠨ ᠭᠠᠵᠠᠷ᠎ᠢ ᠴᠣᠭᠴᠠᠯᠠᠬᠤ ᠵᠢ ᠵᠢᠭ᠋ᠠᠵᠤ ᠪᠤᠢ ᠃ 

       ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠵᠢᠷᠭᠤᠭ᠋ᠠᠨ 《ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ 》᠄  ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠰᠤᠷᠭ᠋ᠠᠨ ᠬᠥᠮᠦᠵᠢᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠂  ᠡᠮᠴᠢᠯᠡᠭᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠂  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠤᠯᠠᠭᠤᠯᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠂  ᠵᠢᠭᠤᠯᠴᠢᠯᠠᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠂  ᠠᠵᠤ ᠦᠢ᠍ᠯᠡᠰ᠎ᠤᠨ ᠬᠠᠮᠲᠤᠷᠠᠯᠴᠠᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠵᠢ ᠵᠢᠭ᠋ᠠᠵᠤ ᠪᠤᠢ ᠃ 

      《ᠲᠥᠯᠥᠭᠡᠯᠡᠭᠴᠢ + ᠭᠡᠰᠢᠭᠦᠨ + ᠰᠢᠭᠦᠬᠦ ᠬᠣᠷᠢᠶ᠎ᠠ 》 ᠵᠢᠨ ᠢᠷᠭᠡᠨ᠎ᠤ ᠪᠠ ᠬᠤᠳᠠᠯᠳᠤᠭ᠋ᠠᠨ᠎ᠤ ᠬᠡᠷᠡᠭ᠎ᠤᠨ ᠵᠢᠭᠤᠷᠠᠯᠳᠤᠭ᠋ᠠᠨ᠎ᠢ ᠠᠷᠢᠯᠭ᠋ᠠᠨ ᠰᠢᠢ᠍ᠳᠪᠦᠷᠢᠯᠡᠬᠦ ᠲᠣᠭᠲᠠᠴᠠ ᠄  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠂  ᠤᠯᠤᠰ ᠲᠦᠷᠦ ᠵᠢᠨ ᠵᠥᠪᠯᠡᠯᠭᠡᠨ ᠪᠠ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠲᠠᠪᠴᠠᠩ ᠪᠠᠢ᠌ᠭᠤᠯᠵᠤ ᠂  ᠠᠷᠠᠳ᠎ᠤᠨ ᠲᠥᠯᠥᠭᠡᠯᠡᠭᠴᠢ ᠂  ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠎ᠢ ᠵᠣᠬᠢᠶᠠᠨ ᠪᠠᠢ᠌ᠭᠤᠯᠤᠨ ᠢᠷᠭᠡᠨ᠎ᠤ ᠪᠠ ᠬᠤᠳᠠᠯᠳᠤᠭ᠋ᠠᠨ᠎ᠤ ᠬᠡᠷᠡᠭ᠎ᠤᠨ ᠵᠢᠭᠤᠷᠠᠯᠳᠤᠭ᠋ᠠᠨ᠎ᠢ ᠠᠷᠢᠯᠭ᠋ᠠᠨ ᠰᠢᠢ᠍ᠳᠪᠦᠷᠢᠯᠡᠬᠦ᠎ᠳᠤ ᠣᠷᠣᠯᠴᠠᠭᠤᠯᠬᠤ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠲᠣᠭᠲᠠᠴᠠ ᠵᠢ ᠵᠢᠭ᠋ᠠᠵᠤ ᠪᠤᠢ ᠃ 

       ᠢᠳᠡᠭᠡᠨ᠎ᠤ ᠵᠦᠢ᠍ᠯ᠎ᠤᠨ 《ᠬᠣᠶᠠᠷ᠎ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ 》᠄  ᠢᠳᠡᠭᠡᠨ ᠦᠢ᠍ᠯᠡᠳᠪᠦᠷᠢᠯᠡᠬᠦ ᠭᠣᠭᠴᠣᠭ᠋ᠠᠨ᠎ᠳᠠᠬᠢ ᠢᠳᠡᠭᠡᠨ᠎ᠤ ᠨᠡᠮᠡᠯᠲᠡ ᠡᠳ᠋᠎ᠢ ᠬᠡᠪᠴᠢᠶᠡᠨ᠎ᠠᠴᠠ ᠬᠡᠲᠦᠷᠡᠭᠦᠯᠬᠦ ᠂  ᠬᠢᠵᠠᠭ᠋ᠠᠷᠯᠠᠬᠤ ᠬᠡᠮᠵᠢᠶᠡᠨ᠎ᠠᠴᠠ ᠬᠡᠲᠦᠷᠡᠭᠦᠯᠬᠦ ᠪᠠ ᠢᠳᠡᠭᠡᠨ᠎ᠤ ᠵᠦᠢ᠍ᠯ᠎ᠳᠤ ᠦᠯᠦ ᠬᠡᠷᠡᠭᠯᠡᠬᠦ ᠪᠣᠳᠠᠰ᠎ᠢ ᠬᠠᠤᠯᠢ ᠪᠤᠰᠤ᠎ᠪᠠᠷ ᠨᠡᠮᠡᠬᠦ ᠵᠢ ᠵᠢᠭ᠋ᠠᠵᠤ ᠪᠤᠢ ᠃ 

      《ᠭᠤᠷᠪᠠ ᠵᠢ ᠬᠠᠮᠢᠶᠠᠷᠬᠤ᠎ᠳᠤ ᠭᠤᠷᠪᠠ ᠵᠢ ᠡᠷᠬᠡᠪᠰᠢ ᠭᠦᠢ᠍ᠴᠡᠳᠬᠡᠬᠦ 》᠄  ᠠᠵᠢᠯ ᠲᠥᠷᠥᠯ᠎ᠢ ᠬᠠᠮᠢᠶᠠᠷᠬᠤ᠎ᠳᠤ ᠠᠮᠤᠷ ᠲᠦᠪᠰᠢᠨ᠎ᠢ ᠡᠷᠬᠡᠪᠰᠢ ᠬᠠᠮᠢᠶᠠᠷᠬᠤ ᠂  ᠲᠤᠬᠠᠢ᠌ᠯᠠᠭᠰᠠᠨ ᠠᠵᠢᠯ᠎ᠢ ᠬᠠᠮᠢᠶᠠᠷᠬᠤ᠎ᠳᠤ ᠠᠮᠤᠷ ᠲᠦᠪᠰᠢᠨ᠎ᠢ ᠡᠷᠬᠡᠪᠰᠢ ᠬᠠᠮᠢᠶᠠᠷᠬᠤ ᠂  ᠦᠢ᠍ᠯᠡᠳᠪᠦᠷᠢᠯᠡᠯ ᠡᠵᠡᠩᠨᠡᠯᠲᠡ ᠵᠢ ᠬᠠᠮᠢᠶᠠᠷᠬᠤ᠎ᠳᠤ ᠠᠮᠤᠷ ᠲᠦᠪᠰᠢᠨ᠎ᠢ ᠡᠷᠬᠡᠪᠰᠢ ᠬᠠᠮᠢᠶᠠᠷᠬᠤ ᠵᠢ ᠵᠢᠭ᠋ᠠᠵᠤ ᠪᠤᠢ ᠃ 

       ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ 6 ᠢᠵᠢ ᠠᠬᠢᠭᠤᠯᠬᠤ ᠳᠦᠷᠢᠮ ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠍ᠢ᠍ᠭᠤᠯᠬᠤ ᠵᠢ ᠠᠬᠢᠭᠤᠯᠬᠤ ᠳᠦᠷᠢᠮ 》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ ᠵᠢ ᠠᠬᠢᠭᠤᠯᠬᠤ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠬᠢ ᠵᠢᠨ ᠰᠣᠷᠪᠣᠯᠵᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢ᠍ᠢ᠍ᠭᠤᠯᠬᠤ ᠵᠢ ᠠᠬᠢᠭᠤᠯᠬᠤ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠪᠦᠲᠦᠭᠡᠨ ᠪᠠᠢ᠍ᠢ᠍ᠭᠤᠯᠬᠤ ᠵᠢ ᠠᠬᠢᠭᠤᠯᠬᠤ ᠳᠦᠷᠢᠮ 》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠦᠲᠦᠭᠡᠨ ᠪᠠᠢ᠍ᠢ᠍ᠭᠤᠯᠬᠤ ᠵᠢ ᠠᠬᠢᠭᠤᠯᠬᠤ ᠳᠦᠷᠢᠮ 》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠢ᠍ᠢ᠍ᠭᠤᠯᠬᠤ ᠵᠢ ᠠᠬᠢᠭᠤᠯᠬᠤ ᠳᠦᠷᠢᠮ 》᠎ᠢ ᠵᠢᠭ᠋ᠠᠵᠤ ᠪᠤᠢ ᠃ 

      《ᠲᠤᠯᠤᠭ᠎ᠠ ᠵᠢ ᠲᠠᠶᠠᠭᠳᠠᠬᠤ 》᠄ 《ᠪᠢ ᠪᠤᠰᠤᠳ᠎ᠢ ᠬᠦᠷᠬᠦ ᠦᠭᠡᠢ 》  ᠬᠡᠮᠡᠬᠦ ᠰᠡᠳᠬᠢᠯ ᠂ 《ᠬᠥᠭᠵᠢᠭᠦᠯᠬᠦ᠎ᠳᠤ ᠳᠡᠩᠳᠡᠭᠦᠦ ᠶᠠᠭ᠋ᠠᠷᠠᠬᠤ ᠬᠡᠷᠡᠭ ᠦᠭᠡᠢ 》  ᠬᠡᠮᠡᠬᠦ ᠪᠤᠳᠤᠯ ᠂ 《ᠶᠠᠪᠤᠴᠠ ᠵᠢ ᠴᠢᠬᠤᠯᠠᠴᠢᠯᠠᠬᠤ᠎ᠠᠴᠠ ᠪᠢᠰᠢ ᠦᠷ᠎ᠡ ᠳ᠋ᠦᠩ᠎ᠢ ᠴᠢᠬᠤᠯᠠᠴᠢᠯᠠᠬᠤ ᠦᠭᠡᠢ 》  ᠤᠬᠠᠮᠰᠠᠷ ᠂ 《ᠵᠣᠷ ᠦᠭᠡᠢ ᠪᠣᠯ ᠡᠮ ᠥᠭᠬᠦ ᠵᠣᠷᠢᠭ ᠦᠭᠡᠢ 》  ᠬᠢᠳᠡᠯ ᠂ 《ᠨᠢᠳᠦᠨ ᠡᠮᠦᠨᠡᠬᠢ᠎ᠪᠠᠨ ᠬᠠᠷᠠᠬᠤ᠎ᠠᠴᠠ ᠪᠢᠰᠢ ᠠᠯᠤᠰ ᠬᠤᠯᠡ ᠵᠢ ᠬᠠᠷᠠᠬᠤ ᠦᠭᠡᠢ 》  ᠰᠡᠳᠬᠢᠬᠦᠢ ᠂ 《ᠨᠠᠷᠢᠯᠢᠭ ᠵᠦᠢ᠍ᠯ᠎ᠢ ᠠᠩᠬᠠᠷᠬᠤ ᠦᠭᠡᠢ ᠪᠠᠷᠤᠭ ᠲᠥᠯᠥᠪ ᠵᠶ᠋ᠠᠷ᠎ᠨᠢ ᠪᠤᠯᠭ᠋ᠠᠬᠤ 》  ᠰᠡᠳᠬᠢᠴᠡ ᠂ 《ᠦᠢ᠍ᠯᠡᠳᠪᠦᠷᠢᠯᠡᠯ᠎ᠢ ᠴᠢᠬᠤᠯᠠᠴᠢᠯᠠᠵᠤ ᠡᠵᠡᠩᠨᠡᠯᠲᠡ ᠵᠢ ᠬᠥᠩᠭᠡᠪᠴᠢᠯᠡᠬᠦ 》  ᠦᠵᠡᠯᠲᠡ ᠵᠢ ᠵᠢᠭ᠋ᠠᠵᠤ ᠪᠤᠢ ᠃ 

      《ᠵᠢᠷᠭᠤᠭ᠋ᠠᠨ ᠢᠨᠵᠧᠨᠧᠷᠢᠩ 》᠄  ᠲᠦᠷᠦ ᠵᠢᠨ ᠪᠣᠳᠣᠯᠭ᠎ᠠ ᠵᠢ ᠪᠣᠳᠠᠲᠠᠢ᠌ᠵᠢᠭᠤᠯᠬᠤ ᠢᠨᠵᠧᠨᠧᠷᠢᠩ ᠂  ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ ᠂  ᠬᠠᠢ᠌ᠷ᠎ᠠ ᠬᠠᠯᠠᠮᠵᠢ ᠵᠢᠨ ᠢᠨᠵᠧᠨᠧᠷᠢᠩ ᠂  ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ 》  ᠢᠨᠵᠧᠨᠧᠷᠢᠩ ᠂  ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢ᠍ᠢ᠍ᠭᠤᠯᠬᠤ ᠢᠨᠵᠧᠨᠧᠷᠢᠩ᠎ᠢ ᠵᠢᠭ᠋ᠠᠵᠤ ᠪᠤᠢ ᠃ 

       ᠡᠯᠡᠰᠦᠨ ᠴᠦᠯ ᠭᠣᠪᠢ ᠴᠥᠯᠡᠷᠬᠡᠭ ᠣᠷᠣᠨ᠎ᠳᠠᠬᠢ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ 4 ᠰᠠᠭᠤᠷᠢᠨ ᠭᠠᠵᠠᠷ ᠄  ᠬᠥᠪᠴᠢ ᠵᠢᠨ ᠡᠯᠡᠰᠦᠨ ᠴᠦᠯ᠎ᠤᠨ ᠣᠷᠳᠣᠰ᠎ᠤᠨ ᠳᠤᠮᠳᠠ ᠬᠣᠢ᠌ᠲᠤ ᠬᠡᠰᠡᠭ ᠂  ᠬᠥᠪᠴᠢ ᠵᠢᠨ ᠡᠯᠡᠰᠦᠨ ᠴᠦᠯ᠎ᠤᠨ ᠣᠷᠳᠣᠰ᠎ᠤᠨ ᠡᠮᠦᠨ᠎ᠡ ᠬᠡᠰᠡᠭ ᠂  ᠲᠡᠭᠷᠢ ᠡᠯᠡᠰᠦᠨ ᠴᠦᠯ᠎ᠤᠨ ᠵᠡᠭᠦᠨ ᠡᠮᠦᠨᠡᠲᠦ ᠬᠡᠰᠡᠭ ᠂  ᠤᠯᠠᠭ᠋ᠠᠨᠪᠤᠬ᠎ᠠ ᠡᠯᠡᠰᠦᠨ ᠴᠦᠯ᠎ᠤᠨ ᠵᠡᠭᠦᠨ ᠬᠣᠢ᠌ᠲᠤ ᠬᠡᠰᠡᠭ᠎ᠤᠨ ᠰᠢᠨ᠎ᠡ ᠡᠨᠧᠷᠬᠢ ᠵᠢᠨ ᠰᠠᠭᠤᠷᠢᠨ᠎ᠢ ᠵᠢᠭ᠋ᠠᠵᠤ ᠪᠤᠢ ᠃ 

      《ᠭᠤᠷᠪᠠᠨ ᠶᠡᠬᠡ ᠳᠠᠪᠠᠭᠤᠯᠢᠭ 》᠄  ᠡᠨᠧᠷᠬᠢ ᠵᠢᠨ ᠠᠵᠤ ᠦᠢ᠍ᠯᠡᠰ᠎ᠤᠨ ᠳᠠᠪᠠᠭᠤᠯᠢᠭ ᠂  ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠳᠠᠪᠠᠭᠤᠯᠢᠭ ᠂  ᠲᠠᠷᠢᠶᠠᠯᠠᠩ ᠮᠠᠯ ᠠᠵᠤ ᠠᠬᠤᠢ ᠵᠢᠨ ᠳᠠᠪᠠᠭᠤᠯᠢᠭ᠎ᠢ ᠵᠢᠭ᠋ᠠᠵᠤ ᠪᠤᠢ ᠃ 

      《ᠲᠢᠶᠠᠨ ᠵᠢᠶᠦ᠋ᠨ ᠲᠥᠯᠥᠪᠯᠡᠭᠡ 》᠄  ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ᠎ᠳᠤ ᠭᠠᠷᠭ᠋ᠠᠬᠤ᠎ᠳᠤ ᠦᠢ᠍ᠯᠡᠴᠢᠯᠡᠬᠦ ᠲᠥᠯᠥᠪᠯᠡᠭᠡ ᠪᠣᠯᠣᠨ᠎ᠠ ᠂  ᠰᠲ᠋ᠣᠺ᠎ᠤᠨ ᠵᠠᠬ᠎ᠠ᠎ᠳᠤ ᠭᠠᠷᠭ᠋ᠠᠬᠤ ᠪᠡᠯᠡᠳᠬᠡᠯ ᠠᠵᠤ ᠠᠬᠤᠢ᠌ᠯᠠᠯ᠎ᠤᠳ᠎ᠢ ᠬᠥᠳᠡᠯᠦᠩᠭᠦᠢ᠎ᠪᠠᠷ ᠠᠭᠤᠳᠠᠯᠤᠨ ᠰᠢᠭᠰᠢᠬᠦ᠎ᠪᠠᠷ ᠳᠠᠮᠵᠢᠵᠤ ᠂ 《ᠠᠵᠤ ᠠᠬᠤᠢ᠌ᠯᠠᠯ ᠰᠠᠨᠠᠭ᠋ᠠᠴᠢᠯᠠᠭ᠎ᠠ᠎ᠠᠴᠠ᠎ᠪᠠᠨ ᠬᠢᠬᠦ ᠂  ᠵᠠᠰᠠᠭ᠎ᠤᠨ ᠣᠷᠳᠣᠨ᠎ᠠᠴᠠ ᠠᠬᠢᠭᠤᠯᠬᠤ ᠂  ᠪᠠᠢ᠌ᠭᠤᠯᠤᠮᠵᠢ᠎ᠠᠴᠠ ᠳᠠᠢ᠌ᠴᠢᠯᠠᠬᠤ ᠂  ᠨᠡᠢ᠌ᠭᠡᠮ᠎ᠤᠨ᠎ᠬᠢᠨ ᠬᠣᠯᠪᠤᠭ᠋ᠠᠯᠠᠨ ᠬᠥᠳᠡᠯᠦᠯᠴᠡᠬᠦ 》  ᠲᠣᠭᠲᠠᠴᠠ ᠵᠢ ᠬᠡᠷᠡᠭᠵᠢᠭᠦᠯᠵᠦ ᠂ 《ᠨᠢᠭᠡ ᠪᠦᠯᠦᠭ᠎ᠢ᠎ᠨᠢ ᠪᠣᠢ᠌ᠵᠢᠭᠤᠯᠬᠤ ᠂  ᠨᠢᠭᠡ ᠪᠦᠯᠦᠭ᠎ᠢ᠎ᠨᠢ ᠬᠠᠪᠰᠤᠷᠤᠨ ᠵᠢᠯᠤᠭᠣᠳᠬᠤ ᠂  ᠨᠢᠭᠡ ᠪᠦᠯᠦᠭ᠎ᠢ᠎ᠨᠢ ᠭᠤᠶᠤᠴᠢᠯᠠᠨ ᠮᠡᠳᠡᠭᠦᠯᠬᠦ ᠂  ᠨᠢᠭᠡ ᠪᠦᠯᠦᠭ᠎ᠢ᠎ᠨᠢ ᠵᠠᠬ᠎ᠠ᠎ᠳᠤ ᠭᠠᠷᠭ᠋ᠠᠬᠤ 》  ᠱᠠᠲᠤᠯᠢᠭ ᠬᠡᠯᠪᠡᠷᠢ ᠵᠢ ᠪᠣᠢ ᠪᠣᠯᠭ᠋ᠠᠨ ᠂ 《ᠰᠠᠢ᠌ᠨ ᠠᠵᠤ ᠠᠬᠤᠢ᠌ᠯᠠᠯ᠎ᠢ ᠴᠣᠭᠴᠠᠯᠠᠬᠤ ᠂  ᠰᠠᠢ᠌ᠨ ᠠᠵᠤ ᠠᠬᠤᠢ᠌ᠯᠠᠯ᠎ᠢ ᠰᠣᠩᠭᠣᠬᠤ ᠂  ᠰᠠᠢ᠌ᠨ ᠠᠵᠤ ᠠᠬᠤᠢ᠌ᠯᠠᠯ᠎ᠢ ᠪᠣᠢ᠌ᠵᠢᠭᠤᠯᠬᠤ ᠂  ᠰᠠᠢ᠌ᠨ ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ᠎ᠳᠤ ᠭᠠᠷᠭ᠋ᠠᠬᠤ 》  ᠪᠠᠢ᠌ᠷᠢᠰᠢᠯ᠎ᠢ ᠴᠣᠭᠴᠠᠯᠠᠬᠤ ᠵᠢ ᠵᠢᠭ᠋ᠠᠵᠤ ᠪᠤᠢ ᠃ 

      《ᠭᠤᠷᠪᠠᠨ ᠲᠦᠷᠦᠯ ᠬᠤᠪᠢᠶᠠᠵᠤ ᠡᠶᠡᠳᠡᠭᠦᠯᠦᠨ ᠰᠢᠢ᠍ᠳᠪᠦᠷᠢᠯᠡᠬᠦ ᠠᠷᠭ᠎ᠠ 》᠄  ᠦᠦᠰᠢᠨ ᠬᠣᠰᠢᠭᠤᠨ᠎ᠤ ᠡᠭᠦᠳᠦᠭᠰᠡᠨ ᠦᠨᠳᠦᠰᠦᠨ ᠱᠠᠲᠤᠨ᠎ᠤ ᠵᠠᠰᠠᠯᠲᠠ ᠵᠢ ᠲᠡᠭᠦᠯᠳᠡᠷᠵᠢᠭᠦᠯᠬᠦ ᠲᠤᠷᠰᠢᠯᠭ᠎ᠠ ᠵᠢᠨ ᠠᠷᠭ᠎ᠠ ᠬᠢᠳᠡᠯ ᠪᠣᠯᠣᠨ᠎ᠠ ᠂ 《ᠭᠤᠷᠪᠠᠨ ᠲᠦᠷᠦᠯ ᠬᠤᠪᠢᠶᠠᠬᠤ 》  ᠭᠡᠳᠡᠭ᠎ᠨᠢ ᠪᠠᠭ᠎ᠠ ᠵᠥᠷᠢᠴᠡᠯ ᠵᠢᠭᠤᠷᠠᠯᠳᠤᠭ᠋ᠠᠨ᠎ᠢ ᠮᠡᠳᠡᠭᠰᠡᠨ ᠳᠠᠷᠤᠢ᠎ᠳᠤ᠎ᠨᠢ ᠡᠶᠡᠳᠡᠭᠦᠯᠬᠦ ᠂  ᠪᠤᠳᠤᠯᠢᠶᠠᠨ᠎ᠲᠠᠢ ᠵᠦᠢ᠍ᠯᠡᠰ᠎ᠢ ᠲᠦᠷᠦᠯ ᠬᠤᠪᠢᠶᠠᠨ ᠡᠶᠡᠳᠡᠭᠦᠯᠬᠦ ᠂  ᠶᠠᠷᠰᠢᠭ ᠲᠦᠪᠡᠭᠲᠡᠢ ᠬᠡᠷᠡᠭ᠎ᠢ ᠬᠠᠮᠲᠤᠷᠠᠨ ᠬᠠᠮᠢᠶᠠᠷᠴᠤ ᠡᠶᠡᠳᠡᠭᠦᠯᠬᠦ ᠵᠢ ᠵᠢᠭ᠋ᠠᠵᠤ ᠪᠣᠢ ; 《ᠡᠶᠡᠳᠡᠭᠦᠯᠦᠨ ᠰᠢᠢ᠍ᠳᠪᠦᠷᠢᠯᠡᠬᠦ 》  ᠭᠡᠳᠡᠭ᠎ᠨᠢ ᠵᠠᠬᠢᠳᠠᠯ ᠰᠤᠷᠪᠤᠯᠵᠢᠯᠠᠯ ᠬᠢᠬᠦ ᠭᠡᠰᠡᠨ ᠣᠯᠠᠨ ᠲᠦᠮᠡᠨ᠎ᠢ ᠲᠤᠬᠠᠢ ᠵᠢᠨ ᠭᠠᠵᠠᠷ᠎ᠲᠤ᠎ᠨᠢ ᠡᠶᠡᠳᠡᠭᠦᠯᠦᠨ ᠂  ᠵᠥᠷᠢᠴᠡᠯ ᠵᠢᠭᠤᠷᠠᠯᠳᠤᠭ᠋ᠠᠨ᠎ᠢ ᠲᠤᠬᠠᠢ ᠵᠢᠨ ᠭᠠᠵᠠᠷ᠎ᠲᠤ᠎ᠨᠢ ᠠᠷᠢᠯᠭ᠋ᠠᠨ ᠰᠢᠢ᠍ᠳᠪᠦᠷᠢᠯᠡᠵᠦ ᠂  ᠣᠯᠠᠨ ᠲᠦᠮᠡᠨ᠎ᠢ ᠱᠠᠲᠤ ᠳᠠᠪᠠᠭᠤᠯᠤᠨ ᠰᠤᠷᠪᠤᠯᠵᠢᠯᠠᠯ ᠬᠢᠯᠭᠡᠬᠦ ᠦᠭᠡᠢ ᠂  ᠠᠰᠠᠭᠤᠳᠠᠯ᠎ᠢ ᠬᠣᠰᠢᠭᠤᠨ᠎ᠤ ᠬᠡᠪᠴᠢᠶ᠎ᠡ᠎ᠠᠴᠠ ᠭᠠᠷᠭ᠋ᠠᠬᠤ ᠦᠭᠡᠢ ᠂  ᠵᠥᠷᠢᠴᠡᠯ᠎ᠢ ᠳᠡᠭᠡᠭᠰᠢ ᠲᠤᠰᠢᠶᠠᠬᠤ ᠦᠭᠡᠢ ᠪᠣᠯᠭ᠋ᠠᠬᠤ ᠵᠢ ᠵᠢᠭ᠋ᠠᠵᠤ ᠪᠣᠢ ᠃ 

      《ᠵᠢᠷᠭᠤᠭ᠋ᠠᠨ ᠥᠭᠦᠯᠡᠪᠦᠷᠢ ᠵᠢᠨ ᠪᠣᠳᠠᠲᠤ ᠶᠠᠪᠤᠳᠠᠯ ᠪᠠ ᠶᠣᠰᠣ ᠤᠴᠢᠷ 》᠄  ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠭᠰᠠᠨ ᠦᠨᠳᠦᠰᠦᠲᠡᠨ᠎ᠤ ᠭᠠᠵᠠᠷ ᠣᠷᠣᠨ ᠪᠣᠯᠣᠨ᠎ᠠ ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠭᠤᠳ ᠤᠳᠤᠷᠢᠳᠤᠯᠭ᠎ᠠ ᠳᠣᠣᠷ᠎ᠠ ᠪᠠᠢ᠌ᠭᠤᠯᠤᠭᠳᠠᠭᠰᠠᠨ ᠶᠤᠮ ᠂  ᠥᠪᠥᠷ ᠮᠣᠩᠭᠣᠯ ᠪᠣᠯ ᠨᠠᠮ᠎ᠤᠨ ᠲᠥᠪ ᠬᠣᠷᠢᠶᠠᠨ᠎ᠤ ᠳᠡᠮᠵᠢᠯᠭᠡ ᠳᠣᠣᠷ᠎ᠠ ᠬᠥᠭᠵᠢᠭᠰᠡᠨ ᠶᠤᠮ ᠂  ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ ᠴᠢᠬᠤᠯᠠ ᠶᠡᠬᠡ ᠬᠡᠯᠪᠡᠷᠢᠯ ᠵᠥᠷᠢᠶ᠎ᠡ ᠵᠢ ᠴᠥᠮ ᠨᠠᠮ᠎ᠤᠨ ᠲᠥᠪ ᠬᠣᠷᠢᠶ᠎ᠠ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ ᠂  ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠵᠢᠯᠣᠭᠣᠳᠤᠯᠭ᠎ᠠ ᠳᠣᠣᠷ᠎ᠠ ᠣᠯᠣᠭᠰᠠᠨ ᠶᠤᠮ ᠂  ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠣᠢ ᠃ 

      《ᠳᠤᠯᠤᠭ᠋ᠠᠨ ᠲᠠᠯ᠎ᠠ᠎ᠪᠠᠷ ᠵᠢᠱ᠌ᠢᠶᠡᠴᠢ ᠪᠣᠯᠬᠤ 》᠄  ᠨᠠᠮ᠎ᠤᠨ ᠠᠴᠢ᠎ᠳᠤ ᠲᠠᠯᠠᠷᠬᠠᠨ ᠨᠠᠮ᠎ᠤᠨ ᠦᠭᠡ ᠵᠢ ᠰᠣᠨᠣᠰᠴᠤ ᠂  ᠶᠡᠷᠦᠩᠬᠡᠢ ᠱᠦᠵᠢ ᠰᠢ ᠵᠢᠨ ᠫᠢᠩ᠎ᠢ ᠳᠠᠭ᠋ᠠᠵᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ ᠲᠠᠯ᠎ᠠ᠎ᠪᠠᠷ ᠵᠢᠱ᠌ᠢᠶᠡᠴᠢ ᠪᠣᠯᠬᠤ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠵᠢᠱ᠌ᠢᠶᠡᠴᠢ ᠪᠣᠯᠬᠤ ᠂  ᠦᠨᠳᠦᠰᠦᠲᠡᠨ᠎ᠤ ᠭᠠᠵᠠᠷ ᠣᠷᠣᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠳᠤᠮᠳᠠ ᠵᠢᠱ᠌ᠢᠶᠡᠴᠢ ᠪᠣᠯᠬᠤ ᠂  ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ ᠵᠠᠮ ᠵᠶ᠋ᠠᠷ ᠵᠠᠮᠨᠠᠬᠤ ᠲᠠᠯ᠎ᠠ᠎ᠪᠠᠷ ᠵᠢᠱ᠌ᠢᠶᠡᠴᠢ ᠪᠣᠯᠬᠤ ᠂  ᠬᠢᠯᠢ ᠬᠢᠵᠠᠭ᠋ᠠᠷ᠎ᠢ ᠬᠥᠭᠵᠢᠭᠦᠯᠵᠦ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠤᠨ ᠬᠢᠯᠢ ᠬᠢᠵᠠᠭ᠋ᠠᠷ᠎ᠢ ᠪᠡᠬᠢᠵᠢᠭᠦᠯᠬᠦ ᠲᠠᠯ᠎ᠠ᠎ᠪᠠᠷ ᠵᠢᠱ᠌ᠢᠶᠡᠴᠢ ᠪᠣᠯᠬᠤ ᠂  ᠬᠢᠯᠢ ᠬᠢᠵᠠᠭ᠋ᠠᠷ᠎ᠤᠨ ᠭᠠᠵᠠᠷ ᠣᠷᠣᠨ᠎ᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ ᠬᠣᠯᠪᠤᠭ᠋ᠠᠯᠠᠨ ᠨᠡᠪᠲᠡᠷᠡᠯᠴᠡᠭᠦᠯᠬᠦ ᠲᠠᠯ᠎ᠠ᠎ᠪᠠᠷ ᠵᠢᠱ᠌ᠢᠶᠡᠴᠢ ᠪᠣᠯᠬᠤ ᠂  ᠰᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠬᠤ ᠲᠠᠯ᠎ᠠ᠎ᠪᠠᠷ ᠵᠢᠱ᠌ᠢᠶᠡᠴᠢ ᠪᠣᠯᠬᠤ ᠵᠢ ᠵᠢᠭ᠋ᠠᠵᠤ ᠪᠤᠢ ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ