ᠢᠯᠡ ᠵᠠᠰᠠᠭ   -   ᠵᠠᠰᠠᠭ᠎ᠤᠨ ᠢᠯᠡᠳᠭᠡᠯ
2025 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠨᠡᠶ᠋ᠢᠲᠡᠯᠡᠭᠰᠡᠨ ᠴᠠᠭ᠄ 2025-01-23

ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ

– 2025 ᠣᠨ᠎ᠤ 1 ᠳ᠋ᠦ᠍ᠭᠡᠷ ᠰᠠᠷ᠎ᠠ ᠵᠢᠨ 14᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ ᠳᠡᠭᠡᠷ᠎ᠡ

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ    ᠸᠠᠩ ᠯᠢ ᠰᠢᠶᠠ


22222222222.jpg

ᠲᠥᠯᠥᠭᠡᠯᠡᠭᠴᠢᠳ ᠠ᠋ ᠄

       ᠣᠳᠣ ᠂  ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠬᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ ᠂  ᠬᠢᠨᠠᠨ ᠵᠥᠪᠯᠡᠬᠦ ᠪᠣᠯᠪᠠᠤ ᠂  ᠲᠡᠷᠡᠴᠢᠯᠡᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠪᠠ ᠪᠤᠰᠤᠳ ᠰᠤᠯᠠ ᠤᠷᠤᠯᠴᠠᠭᠰᠠᠨ ᠨᠥᠬᠥᠳ ᠰᠠᠨᠠᠯ ᠵᠶ᠋ᠠᠨ ᠳᠤᠷᠠᠳᠬᠤ ᠪᠣᠯᠪᠠᠤ ᠃

       ᠨᠢᠭᠡ ᠂ 2024 ᠣᠨ᠎ᠤ ᠠᠵᠢᠯ᠎ᠤᠨ ᠡᠷᠭᠢᠴᠡᠭᠦᠯᠦᠯ

      ᠥᠩᠭᠡᠷᠡᠭᠰᠡᠨ ᠨᠢᠭᠡ ᠵᠢᠯ᠎ᠳᠤ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠠᠭ᠋ᠠᠭᠤᠯᠭ᠎ᠠ ᠳᠣᠣᠷ᠎ᠠ ᠂  ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠲᠠᠢ ᠨᠢᠭᠲᠠ ᠤᠶᠠᠯᠳᠤᠭᠤᠯᠤᠨ ᠂  ᠰᠡᠳᠬᠢᠯ ᠵᠶ᠋ᠠᠨ ᠨᠢᠭᠡᠳᠬᠡᠵᠦ ᠬᠦᠴᠦᠨ ᠵᠶ᠋ᠠᠨ ᠬᠠᠮᠲᠤᠳᠬᠠᠨ 《ᠬᠣᠶᠠᠷ ᠶᠡᠬᠡ ᠶᠠᠪᠤᠳᠠᠯ 》᠎ᠢ ᠰᠠᠢ᠌ᠲᠤᠷ ᠬᠢᠵᠦ ᠂ 《ᠵᠢᠷᠭᠤᠭ᠋ᠠᠨ ᠢᠨᠵᠧᠨᠧᠷᠢᠩ 》᠎ᠢ ᠰᠠᠢ᠌ᠲᠤᠷ ᠠᠳᠬᠤᠵᠤ ᠂  ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠯᠡᠨ ᠰᠠᠢ᠌ᠲᠤᠷ ᠬᠢᠵᠦ ᠂  ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠳᠠᠪᠰᠢᠬᠤ ᠲᠠᠯ᠎ᠠ᠎ᠪᠠᠷ ᠪᠣᠳᠠᠲᠤ ᠠᠬᠢᠴᠠ᠎ᠲᠠᠢ ᠪᠣᠯᠪᠠ ᠃  ᠵᠢᠱ᠌ᠢᠯᠲᠡ᠎ᠪᠠᠷ  ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 6% ᠣᠷᠴᠢᠮ ᠨᠡᠮᠡᠭᠳᠡᠨ ᠂ 2.6 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ ᠂  ᠶᠡᠷᠦᠩᠬᠡᠢ ᠬᠡᠮᠵᠢᠶ᠎ᠡ ᠪᠦᠬᠦ ᠤᠯᠤᠰ᠎ᠤᠨ ᠨᠡᠷᠡᠰ᠎ᠤᠨ ᠵᠢᠭᠰᠠᠭ᠋ᠠᠯᠲᠠ᠎ᠳᠤ 20 ᠳ᠋ᠤᠭ᠋ᠠᠷ᠎ᠲᠤ ᠬᠦᠷᠬᠦ ᠪᠣᠯᠣᠮᠵᠢᠲᠠᠢ ᠪᠠᠢ᠌ᠵᠤ ᠂ 5 ᠵᠢᠯ ᠥᠩᠭᠡᠷᠡᠭᠡᠳ ᠳᠠᠬᠢᠨᠲᠠ ᠪᠦᠬᠦ ᠤᠯᠤᠰ᠎ᠤᠨ ᠳᠤᠮᠳᠠ ᠲᠦᠪᠰᠢᠨ᠎ᠳᠤ ᠪᠤᠴᠠᠬᠤ ᠪᠣᠯᠣᠨ᠎ᠠ ;  ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ ᠲᠦᠮᠡᠨ ᠳ᠋ᠦᠩᠰᠢᠭᠤᠷ ᠲᠥᠭᠥᠷᠢᠭ᠎ᠤᠨ ᠶᠡᠬᠡ ᠪᠣᠭᠣᠮᠲᠠ ᠵᠢ ᠳᠠᠪᠠᠵᠤ ᠂  ᠪᠦᠬᠦ ᠤᠯᠤᠰ᠎ᠤᠨ ᠨᠡᠷᠡᠰ᠎ᠤᠨ ᠵᠢᠭᠰᠠᠭ᠋ᠠᠯᠲᠠ᠎ᠳᠤ 3 ᠨᠡᠷᠡᠰ ᠳᠡᠭᠡᠭᠰᠢᠯᠡᠨ ᠂ 14 ᠳ᠋ᠦ᠍ᠭᠡᠷ᠎ᠲᠤ ᠬᠦᠷᠬᠦ ᠪᠣᠯᠣᠮᠵᠢᠲᠠᠢ ᠪᠠᠢ᠌ᠵᠤ ᠂ ᠰᠦ  ᠰᠠᠭ᠋ᠠᠯᠢ ᠵᠢᠨ ᠦᠢ᠍ᠯᠡᠰ ᠂  ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ ᠂  ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠤᠯᠤᠰ᠎ᠤᠨ ᠳᠡᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠳᠤ ᠰᠣᠩᠭᠣᠭᠳᠠᠨ ᠂  ᠲᠣᠭ᠎ᠠ ᠬᠡᠮᠵᠢᠶ᠎ᠡ᠎ᠨᠢ ᠪᠠᠷᠠᠭᠤᠨ ᠬᠡᠰᠡᠭ᠎ᠤᠨ ᠮᠤᠵᠢ ᠣᠷᠣᠨ᠎ᠤ ᠳᠣᠲᠣᠷ᠎ᠠ 2 ᠳ᠋ᠤᠭ᠋ᠠᠷ᠎ᠲᠤ ᠪᠠᠢ᠌ᠷᠢᠰᠢᠪᠠ ᠃  ᠠᠮᠤ ᠪᠤᠳᠠᠭ᠋ᠠᠨ᠎ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ᠎ᠳᠤ ᠬᠦᠷᠴᠦ ᠂ 《ᠬᠣᠷᠢᠨ ᠨᠢᠭᠡᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ 》 ᠵᠢ ᠪᠡᠶᠡᠯᠡᠭᠦᠯᠵᠦ ᠂  ᠨᠡᠮᠡᠭᠳᠡᠯ᠎ᠤᠨ ᠬᠡᠮᠵᠢᠶ᠎ᠡ ᠪᠦᠬᠦ ᠤᠯᠤᠰ᠎ᠤᠨ 3 ᠳ᠋ᠤᠭ᠋ᠠᠷ᠎ᠲᠤ ᠪᠠᠢ᠌ᠷᠢᠰᠢᠪᠠ ᠃  ᠰᠢᠨ᠎ᠡ ᠡᠨᠧᠷᠬᠢ ᠵᠢᠨ ᠮᠠᠰᠢᠨ ᠴᠣᠭᠴᠠᠯᠠᠪᠤᠷᠢ ᠪᠦᠬᠦ ᠤᠯᠤᠰ᠎ᠲᠤ ᠡᠩ ᠲᠡᠷᠢᠭᠦᠨ᠎ᠳᠤ  ᠳ᠋ᠦᠩᠰᠢᠭᠤᠷ ᠺᠢᠯᠣᠸᠠᠲ᠎ᠢ ᠳᠠᠪᠠᠵᠤ ᠂ 1.35 ᠳ᠋ᠦᠩᠰᠢᠭᠤᠷ ᠺᠢᠯᠣᠸᠠᠲ᠎ᠲᠤ ᠬᠦᠷᠴᠦ ᠂  ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ᠎ᠠᠴᠠ ᠳᠠᠪᠠᠵᠤ ᠂  ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠋ᠠᠨ᠎ᠤ ᠨᠠᠮ᠎ᠤᠨ ᠲᠥᠯᠥᠭᠡᠯᠡᠭᠴᠢᠳ᠎ᠤᠨ ᠬᠤᠷᠠᠯ᠎ᠳᠤ ᠲᠣᠭᠲᠠᠭ᠋ᠠᠭᠰᠠᠨ ᠬᠠᠷᠠᠯᠲᠠ ᠵᠢ ᠨᠢᠭᠡ ᠵᠢᠯ ᠤᠷᠢᠳᠴᠢᠯᠠᠨ ᠪᠡᠶᠡᠯᠡᠭᠦᠯᠪᠡ ᠃  ᠨᠢᠭᠡᠴᠢ GDP᠎ᠤᠨ ᠡᠨᠧᠷᠬᠢ ᠵᠢᠨ ᠬᠣᠷᠣᠭᠳᠠᠯ 3%᠎ᠪᠠᠷ ᠪᠠᠭᠤᠷᠠᠵᠤ ᠂ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠳᠠᠬᠢ ᠬᠢᠵᠠᠭ᠋ᠠᠷᠯᠠᠬᠤ ᠬᠠᠷᠠᠯᠲᠠ᠎ᠳᠤ᠎ᠪᠠᠨ ᠨᠢᠭᠡ ᠵᠢᠯ ᠤᠷᠢᠳᠴᠢᠯᠠᠨ ᠬᠦᠷᠪᠡ ᠃  ᠣᠷᠣᠭᠤᠯᠤᠨ ᠠᠪᠴᠢᠷᠠᠵᠤ ᠪᠣᠳᠠᠲᠠᠢ᠌ᠵᠢᠭᠤᠯᠤᠭᠰᠠᠨ ᠪᠡᠯᠡ ᠮᠥᠩᠭᠥ 5300 ᠳ᠋ᠦᠩᠰᠢᠭᠤᠷ ᠲᠥᠭᠥᠷᠢᠭ᠎ᠢ ᠳᠠᠪᠠᠵᠤ ᠂  ᠭᠤᠷᠪᠠᠨ ᠵᠢᠯ᠎ᠳᠤ ᠲᠦᠮᠡᠨ ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠨ ᠠᠪᠴᠢᠷᠠᠬᠤ ᠬᠠᠷᠠᠯᠲᠠ᠎ᠪᠠᠨ ᠨᠢᠭᠡ ᠵᠢᠯ ᠤᠷᠢᠳᠴᠢᠯᠠᠨ ᠪᠡᠶᠡᠯᠡᠭᠦᠯᠪᠡ ᠃  ᠪᠣᠳᠣᠬᠤ ᠴᠢᠳᠠᠪᠤᠷᠢ ᠵᠢᠨ ᠶᠡᠷᠦᠩᠬᠡᠢ ᠬᠡᠪᠴᠢᠶᠡᠵᠢᠯ 9.4 ᠲᠦᠮᠡᠨ P᠎ᠲᠤ ᠬᠦᠷᠴᠦ ᠂  ᠡᠭᠦᠨ᠎ᠳᠤ ᠣᠶᠤᠨᠴᠢ ᠪᠣᠳᠣᠬᠤ ᠴᠢᠳᠠᠪᠤᠷᠢ 8.7 ᠲᠦᠮᠡᠨ P ᠪᠠᠢ᠌ᠵᠤ ᠂  ᠪᠦᠬᠦ ᠤᠯᠤᠰ᠎ᠤᠨ ᠨᠢᠭᠡᠳᠦᠭᠡᠷ᠎ᠲᠤ ᠪᠠᠢ᠌ᠷᠢᠯᠠᠪᠠ ᠃

       ᠨᠢᠭᠡ ᠵᠢᠯ᠎ᠤᠨ ᠲᠤᠷᠰᠢ ᠂  ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠬᠦᠰᠡᠯ ᠨᠠᠢ᠍ᠢ᠍ᠳᠠᠯᠭ᠎ᠠ ᠵᠢ ᠪᠠᠲᠤ ᠴᠡᠭᠡᠵᠢᠯᠡᠵᠦ ᠂  ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠍ᠢ᠍ᠭᠤᠯᠬᠤ ᠪᠠ 《ᠲᠠᠪᠤᠨ ᠶᠡᠬᠡ ᠡᠭᠦᠷᠭᠡ 》 ᠵᠢ ᠠᠬᠢᠭᠤᠯᠬᠤ ᠲᠠᠯ᠎ᠠ᠎ᠪᠠᠷ ᠰᠢᠨ᠎ᠡ ᠦᠷ᠎ᠡ ᠪᠦᠲᠦᠮᠵᠢ ᠣᠯᠪᠠ ᠃  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ  ᠨᠢᠭᠲᠠ ᠤᠶᠠᠯᠳᠤᠨ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠍ᠢ᠍ᠭᠤᠯᠬᠤ ᠲᠤᠬᠠᠢ ᠲᠣᠭᠲᠠᠭ᠋ᠠᠯ ᠵᠢᠴᠢ 28 ᠵᠤᠷᠪᠤᠰ ᠠᠷᠭ᠎ᠠ ᠬᠡᠮᠵᠢᠶ᠎ᠡ ᠵᠢ ᠭᠦᠨᠵᠡᠭᠡᠢ ᠨᠠᠢ᠌ᠳᠠᠪᠤᠷᠢᠵᠢᠭᠤᠯᠵᠤ ᠂ 《ᠨᠠᠮ᠎ᠤᠨ ᠠᠴᠢ᠎ᠳᠤ ᠲᠠᠯᠠᠷᠬᠠᠨ ᠂  ᠨᠠᠮ᠎ᠤᠨ ᠦᠭᠡ ᠵᠢ ᠰᠣᠨᠣᠰᠴᠤ ᠂  ᠨᠠᠮ ᠵᠶ᠋ᠠᠨ᠎ᠲᠠᠭᠠᠨ ᠤᠷᠤᠭᠰᠢᠯᠠᠬᠤ 》  ᠤᠯᠠᠨ ᠲᠦᠮᠡᠨᠴᠢ ᠬᠥᠮᠦᠵᠢᠯ᠎ᠢ ᠪᠠᠢ᠌ᠩᠭᠤᠰᠢᠭᠤᠯᠤᠨ ᠥᠷᠨᠢᠭᠦᠯᠵᠦ ᠂  ᠭᠣᠣᠯ ᠰᠢᠵᠢᠮ᠎ᠤᠨ ᠱᠠᠭ᠋ᠠᠷᠳᠠᠯᠭ᠎ᠠ᠎ᠳᠤ ᠦᠯᠦ ᠨᠡᠢ᠌ᠴᠡᠬᠦ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠬᠥᠳᠡᠯᠦᠩᠭᠦᠢ᠎ᠪᠠᠷ ᠢᠯᠭ᠋ᠠᠷᠠᠭᠤᠯᠵᠤ ᠂  ᠳᠤᠮᠳᠠᠳᠤ ᠪᠠᠭ᠎ᠠ ᠰᠤᠷᠭ᠋ᠠᠭᠤᠯᠢ᠎ᠳᠤ ᠭᠤᠷᠪᠠᠨ ᠬᠢᠴᠢᠶᠡᠯ ᠲᠦᠷᠦᠯ᠎ᠤᠨ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠷᠢᠨ ᠪᠦᠷᠬᠦᠭᠦᠯᠪᠡ ᠃ 《ᠲᠠᠪᠤᠨ ᠶᠡᠬᠡ ᠡᠭᠦᠷᠭᠡ 》  ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠣᠯᠭᠣᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠪᠠᠢ᠌ᠵᠤ ᠂  ᠪᠢᠳᠡᠨ᠎ᠤ ᠡᠷᠬᠡᠪᠰᠢ ᠰᠠᠢ᠌ᠲᠤᠷ ᠭᠦᠢ᠍ᠴᠡᠳᠬᠡᠬᠦ ᠴᠢᠬᠤᠯᠠ ᠬᠠᠷᠢᠭᠤᠴᠠᠯᠭ᠎ᠠ ᠳᠠᠷᠬᠠᠨ ᠡᠭᠦᠷᠭᠡ ᠪᠣᠯᠣᠨ᠎ᠠ ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠣᠨ᠎ᠤ ᠡᠭᠦᠷᠭᠡ ᠵᠢᠨ ᠲᠣᠳᠣᠷᠬᠠᠢ ᠬᠠᠭᠤᠳᠠᠰᠤ᠎ᠪᠠᠨ ᠲᠣᠳᠣᠷᠬᠠᠢ᠌ᠯᠠᠭᠰᠠᠨ᠎ᠤ ᠳᠠᠷᠠᠭ᠎ᠠ ᠂  ᠪᠢᠳᠡ ᠮᠦᠷᠳᠡᠨ ᠲᠣᠬᠢᠷᠠᠭᠤᠯᠵᠤ ᠂  ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠨ ᠂  ᠨᠢᠭᠡ ᠵᠢᠯ᠎ᠤᠨ ᠴᠢᠷᠮᠠᠢ᠌ᠯᠭ᠎ᠠ᠎ᠪᠠᠷ ᠳᠠᠮᠵᠢᠭ᠋ᠠᠳ ᠢᠯᠡᠳᠲᠡ ᠦᠷ᠎ᠡ ᠪᠦᠲᠦᠮᠵᠢ ᠣᠯᠪᠠ ᠃  ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠲᠠᠯ᠎ᠠ᠎ᠪᠠᠷ ᠂  ᠶᠡᠷᠦᠩᠬᠡᠢ ᠱᠦᠵᠢ ᠰᠢ ᠵᠢᠨ ᠫᠢᠩ᠎ᠤᠨ ᠳᠠᠢ᠌ᠴᠢᠯᠠᠯᠲᠠ ᠵᠢᠨ  ᠵᠠᠷᠯᠢᠭ᠎ᠤᠨ ᠱᠠᠭ᠋ᠠᠷᠳᠠᠯᠭ᠎ᠠ ᠶᠣᠰᠣᠭ᠋ᠠᠷ ᠂ 《ᠭᠤᠷᠪᠠᠨ ᠤᠮᠠᠷᠠᠲᠤ 》 ᠵᠢᠨ  ᠢᠨᠵᠧᠨᠧᠷᠢᠩ᠎ᠤᠨ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠦᠷᠭᠦᠯᠵᠢᠯᠡᠨ ᠰᠠᠢ᠌ᠲᠤᠷ ᠬᠢᠵᠦ ᠂  ᠡᠯᠡᠰᠦ ᠵᠢ ᠵᠠᠰᠠᠬᠤ ᠂  ᠣᠢ᠌ᠵᠢᠭᠤᠯᠬᠤ ᠂  ᠡᠪᠡᠰᠦ ᠲᠠᠷᠢᠬᠤ ᠲᠠᠯ᠎ᠠ᠎ᠪᠠᠷ ᠳᠤᠰ ᠪᠦᠷᠢ ᠣᠨ᠎ᠤ ᠬᠠᠷᠠᠯᠲᠠ ᠡᠭᠦᠷᠭᠡ᠎ᠪᠠᠨ 113% ᠂ 220% ᠪᠠ 148%᠎ᠪᠠᠷ ᠪᠡᠶᠡᠯᠡᠭᠦᠯᠪᠡ ;  ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠤᠳ᠎ᠢ ᠴᠢᠩᠭ᠎ᠠ ᠠᠩᠬᠠᠷᠴᠤ ᠴᠡᠭᠴᠡᠯᠡᠨ ᠰᠠᠢ᠌ᠵᠢᠷᠠᠭᠤᠯᠬᠤ ᠵᠢ  ᠨᠠᠢ᠌ᠳᠠᠪᠤᠷᠢᠵᠢᠭᠤᠯᠬᠤ᠎ᠪᠠᠨ ᠰᠠᠢ᠌ᠲᠤᠷ ᠠᠳᠬᠤᠵᠤ ᠂  ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠤᠨ ᠭᠡᠮ ᠰᠣᠭᠣᠭ᠎ᠢ ᠲᠤᠢ᠌ᠯᠪᠤᠷᠢᠲᠠᠢ ᠵᠢᠭᠰᠠᠭ᠋ᠠᠨ ᠪᠠᠢ᠌ᠴᠠᠭ᠋ᠠᠵᠤ ᠂  ᠬᠠᠳᠤᠨ ᠭᠣᠣᠯ ᠵᠢᠴᠢ 《ᠬᠥᠯᠥᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ 》᠎ᠢ ᠶᠡᠷᠦᠩᠬᠡᠢ᠌ᠯᠡᠨ ᠵᠠᠰᠠᠬᠤ ᠲᠦᠷᠦᠯ ᠵᠦᠢ᠍ᠯ᠎ᠢ 47 ᠂  ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ ᠵᠡᠷᠭᠡ ᠵᠢᠨ ᠠᠭ᠋ᠠᠷ ᠮᠠᠨᠳᠠᠯ᠎ᠤᠨ ᠵᠠᠰᠠᠯᠲᠠ ᠵᠢᠨ ᠲᠦᠷᠦᠯ ᠵᠦᠢ᠍ᠯ᠎ᠢ 63 ᠬᠡᠷᠡᠭᠵᠢᠭᠦᠯᠵᠦ ᠂  ᠬᠠᠳᠤᠨ ᠭᠣᠣᠯ᠎ᠤᠨ ᠭᠣᠣᠯ ᠤᠷᠤᠰᠬᠠᠯ᠎ᠤᠨ ᠤᠰᠤᠨ᠎ᠤ ᠴᠢᠨᠠᠷ᠎ᠤᠨ 5 ᠵᠢᠯ ᠳᠠᠷᠠᠭ᠋ᠠᠯᠠᠨ II ᠲᠦᠷᠦᠯ᠎ᠠᠴᠠ ᠳᠡᠭᠡᠭᠰᠢ ᠪᠠᠢ᠌ᠬᠤ ᠵᠢ ᠪᠠᠲᠤᠯᠠᠵᠤ ᠂  ᠤᠯᠤᠰ᠎ᠤᠨ ᠭᠠᠵᠠᠷ ᠳᠡᠭᠡᠷᠡᠬᠢ ᠤᠰᠤ ᠵᠢ ᠰᠢᠯᠭ᠋ᠠᠨ ᠬᠢᠨᠠᠬᠤ ᠣᠭᠲᠣᠯᠣᠭ᠋ᠠᠰᠤ᠎ᠳᠠᠬᠢ ᠪᠦᠬᠦ ᠣᠷᠣᠨ᠎ᠤ ᠭᠠᠵᠠᠷ ᠳᠡᠭᠡᠷᠡᠬᠢ ᠤᠰᠤᠨ᠎ᠤ ᠴᠢᠨᠠᠷ᠎ᠤᠨ ᠰᠢᠯᠢᠳᠡᠭ ᠰᠠᠢ᠌ᠨ᠎ᠤ ᠬᠠᠷᠢᠴᠠᠯ 81.4% ᠂  ᠴᠡᠪᠡᠷ ᠰᠠᠢ᠌ᠨ ᠠᠭ᠋ᠠᠷ᠎ᠲᠠᠢ ᠡᠳᠦᠷ᠎ᠤᠨ ᠲᠣᠭ᠎ᠠ ᠵᠢᠨ ᠬᠠᠷᠢᠴᠠᠯ 90.6% ᠪᠠᠢ᠌ᠵᠤ ᠂  ᠴᠥᠮ ᠤᠯᠤᠰ᠎ᠤᠨ ᠪᠠᠭᠤᠯᠭ᠋ᠠᠭᠰᠠᠨ ᠰᠢᠯᠭ᠋ᠠᠨ ᠬᠢᠨᠠᠬᠤ ᠬᠠᠷᠠᠯᠲᠠ ᠵᠢ ᠪᠡᠶᠡᠯᠡᠭᠦᠯᠪᠡ ᠃  ᠠᠮᠤᠷ ᠲᠣᠭᠲᠠᠭᠤᠨ᠎ᠤ ᠬᠠᠯᠬᠠᠪᠴᠢ ᠵᠢᠨ ᠲᠠᠯ᠎ᠠ᠎ᠪᠠᠷ ᠂ 《ᠰᠤᠷᠤᠯᠭ᠎ᠠ ᠵᠢᠨ ᠰᠦᠢ᠍ᠳᠬᠡᠯ᠎ᠢ ᠲᠠᠯᠠᠭ᠋ᠠᠷ ᠲᠤᠰᠢᠶᠠᠵᠤ ᠪᠣᠯᠬᠤ ᠦᠭᠡᠢ 》  ᠭᠡᠳᠡᠭ᠎ᠢ ᠪᠠᠲᠤ ᠴᠡᠭᠡᠵᠢᠯᠡᠵᠦ ᠂  ᠠᠶᠤᠯ ᠦᠭᠡᠢ ᠦᠢ᠍ᠯᠡᠳᠪᠦᠷᠢᠯᠡᠯ᠎ᠢ ᠬᠦᠴᠦᠯᠡᠨ ᠠᠳᠬᠤᠵᠤ ᠂  ᠦᠨᠳᠦᠰᠦ᠎ᠠᠴᠠ᠎ᠨᠢ ᠵᠠᠰᠠᠬᠤ ᠰᠢᠪᠲᠤᠯᠤᠯᠲᠠ ᠵᠢ ᠥᠷᠨᠢᠭᠦᠯᠵᠦ ᠂  ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠤᠨ ᠲᠣᠭ᠎ᠠ ᠂  ᠡᠨᠳᠡᠭᠰᠡᠨ ᠬᠥᠮᠥᠨ᠎ᠤ ᠲᠣᠭ᠎ᠠ ᠴᠥᠮ ᠪᠠᠭᠤᠷᠠᠪᠠ ᠃  ᠪᠢᠳᠡ ᠲᠦᠭᠰᠢᠭᠦᠷᠢ ᠵᠢ ᠰᠡᠷᠭᠡᠢ᠌ᠯᠡᠬᠦ ᠂  ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠂  ᠬᠥᠭᠵᠢᠯᠲᠡ ᠵᠢ ᠠᠬᠢᠭᠤᠯᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ ᠂  ᠡᠳ᠋᠎ᠤᠨ ᠵᠠᠰᠠᠭ᠎ᠢ ᠪᠦᠬᠦ ᠣᠷᠣᠨ᠎ᠳᠤ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠨ ᠂  ᠪᠡᠯᠡ ᠮᠥᠩᠭᠥ ᠵᠢ ᠦᠨᠳᠦᠰᠦᠨ ᠱᠠᠲᠤᠨ᠎ᠳᠤ ᠪᠠᠭᠤᠯᠭ᠋ᠠᠬᠤ ᠵᠢ ᠠᠬᠢᠭᠤᠯᠤᠨ ᠂ 120.6 ᠳ᠋ᠦᠩᠰᠢᠭᠤᠷ ᠲᠥᠭᠥᠷᠢᠭ ᠭᠠᠷᠭ᠋ᠠᠵᠤ ᠦᠨᠳᠦᠰᠦᠨ ᠱᠠᠲᠤᠨ᠎ᠤ ᠥᠷᠢ ᠥᠭᠴᠡᠭᠡ᠎ᠪᠠᠨ ᠠᠷᠢᠯᠭ᠋ᠠᠬᠤ ᠵᠢ᠎ᠨᠢ ᠳᠡᠮᠵᠢᠵᠥ ᠂  ᠦᠨᠳᠦᠰᠦᠨ ᠱᠠᠲᠤᠨ᠎ᠤ 《ᠭᠤᠷᠪᠠ ᠵᠢ ᠪᠠᠲᠤᠯᠠᠬᠤ 》  ᠰᠠᠭᠤᠷᠢ ᠱᠤᠭᠤᠮ᠎ᠢ ᠪᠠᠲᠤ ᠰᠠᠬᠢᠵᠤ ᠂  ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠪᠡᠯᠡ ᠲᠣᠬᠢᠷᠠᠭᠤᠯᠬᠤ ᠲᠠᠪᠴᠠᠩ᠎ᠢ 66.5%᠎ᠪᠠᠷ ᠪᠠᠭᠤᠷᠠᠭᠤᠯᠤᠨ ᠂ 8 ᠬᠣᠰᠢᠭᠤ ᠰᠢᠶᠠᠨ᠎ᠤ ᠳᠠᠯᠳᠠ ᠥᠷᠢ ᠥᠭᠴᠡᠭᠡ ᠵᠢ ᠪᠦᠷᠢᠮᠦᠰᠦᠨ ᠠᠷᠢᠯᠭ᠋ᠠᠵᠤ ᠂ 1 ᠠᠢ᠌ᠮᠠᠭ ᠬᠤᠳᠡ ᠵᠢᠨ ᠲᠤᠰ ᠱᠠᠲᠤ ᠪᠠ 10 ᠬᠣᠰᠢᠭᠤ ᠰᠢᠶᠠᠨ᠎ᠨᠢ ᠲᠦᠭᠰᠢᠭᠦᠷᠢ ᠶᠡᠬᠡᠲᠡᠢ ᠵᠡᠷᠭᠡ ᠳᠡᠰ᠎ᠠᠴᠠ ᠪᠤᠴᠠᠵᠤ ᠭᠠᠷᠬᠤ ᠪᠣᠯᠣᠮᠵᠢᠲᠠᠢ ᠪᠠᠢ᠌ᠵᠤ ᠂  ᠪᠦᠬᠦ ᠣᠷᠣᠨ᠎ᠤ ᠥᠷᠢ ᠥᠭᠴᠡᠭᠡᠨ᠎ᠤ ᠲᠦᠭᠰᠢᠭᠦᠷᠢ ᠵᠢᠨ ᠳᠡᠰ᠎ᠤᠨ ᠪᠠᠭᠤᠷᠠᠯᠲᠠ ᠵᠢ  ᠪᠡᠶᠡᠯᠡᠭᠦᠯᠬᠦ ᠪᠣᠯᠣᠮᠵᠢᠲᠠᠢ ᠪᠠᠢ᠌ᠨ᠎ᠠ ;  ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ᠎ᠪᠠᠷ ᠲᠦᠭᠰᠢᠭᠦᠷᠢ ᠵᠢ  ᠠᠷᠢᠯᠭ᠋ᠠᠬᠤ ᠵᠢ  ᠯᠠᠪᠳᠠᠭᠤᠨ ᠠᠬᠢᠭᠤᠯᠵᠤ ᠂  ᠲᠦᠭᠰᠢᠭᠦᠷᠢ ᠶᠡᠬᠡᠲᠡᠢ ᠪᠠᠢ᠌ᠭᠤᠯᠤᠮᠵᠢ ᠵᠢ 80%᠎ᠪᠠᠷ ᠪᠠᠭᠤᠷᠠᠭᠤᠯᠪᠠ ;  ᠴᠠᠭ᠎ᠲᠤ᠎ᠪᠠᠨ ᠪᠠᠲᠤᠯᠠᠨ ᠲᠤᠰᠢᠶᠠᠬᠤ ᠠᠰᠠᠷ ᠂  ᠴᠠᠭ᠎ᠲᠤ᠎ᠪᠠᠨ ᠪᠠᠲᠤᠯᠠᠨ ᠲᠤᠰᠢᠶᠠᠬᠤ ᠭᠡᠷ ᠪᠠᠢ᠌ᠰᠢᠩ᠎ᠤᠨ ᠡᠭᠦᠷᠭᠡ᠎ᠪᠠᠨ ᠪᠡᠶᠡᠯᠡᠭᠦᠯᠪᠡ ᠃  ᠨᠡᠢ᠌ᠭᠡᠮ᠎ᠤᠨ ᠵᠥᠷᠢᠴᠡᠯ ᠵᠠᠭᠤᠷᠠᠯᠳᠤᠭ᠋ᠠᠨ᠎ᠢ ᠡᠬᠢ ᠡᠭᠦᠰᠦᠯ᠎ᠠᠴᠠ᠎ᠨᠢ ᠵᠠᠰᠠᠬᠤ᠎ᠪᠠᠨ ᠴᠢᠩᠭ᠋ᠠᠳᠬᠠᠵᠤ ᠂  ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢ᠍ᠴᠡᠳᠬᠡᠬᠦ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠦᠨ ᠂  ᠪᠦᠬᠦ ᠣᠷᠣᠨ᠎ᠤ ᠵᠠᠬᠢᠳᠠᠯ ᠰᠤᠷᠪᠤᠯᠵᠢᠯᠠᠯ᠎ᠤᠨ ᠶᠡᠷᠦᠩᠬᠡᠢ ᠬᠡᠮᠵᠢᠶ᠎ᠡ 46.5%᠎ᠪᠠᠷ ᠪᠠᠭᠤᠷᠠᠪᠠ ᠃  ᠴᠠᠬᠢᠯᠭ᠋ᠠᠨ ᠬᠣᠯᠪᠣᠭ᠋ᠠᠨ᠎ᠤ ᠮᠡᠬᠡᠯᠡᠯ ᠂  ᠰᠤᠷᠭ᠋ᠠᠭᠤᠯᠢ ᠵᠢᠨ ᠬᠦᠷᠢᠶᠡᠨ᠎ᠳᠠᠬᠢ ᠳᠠᠷᠤᠯᠠᠯ ᠳᠣᠷᠣᠮᠵᠢᠯᠠᠯ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠂  ᠠᠮᠢᠨ ᠬᠡᠷᠡᠭ ᠳᠠᠷᠤᠭᠳᠠᠮᠠᠯ ᠬᠡᠷᠡᠭ᠎ᠤᠨ ᠪᠣᠭᠣᠮᠲᠠ ᠰᠢᠪᠲᠤᠯᠤᠯᠲᠠ ᠵᠢ ᠭᠦᠨᠵᠡᠭᠡᠢ᠌ᠷᠡᠭᠦᠯᠦᠨ ᠂  ᠨᠡᠢ᠌ᠭᠡᠮ ᠳᠠᠶᠠᠭ᠋ᠠᠷ᠎ᠤᠨ ᠠᠮᠤᠷ ᠲᠦᠪᠰᠢᠨ᠎ᠤ ᠲᠥᠷᠥᠭᠳᠡᠯ᠎ᠢ ᠦᠷᠭᠦᠯᠵᠢᠯᠡᠨ ᠳᠡᠭᠡᠭᠰᠢᠯᠡᠭᠦᠯᠪᠡ ᠃  ᠨᠠᠮ ᠵᠠᠰᠠᠭ ᠴᠡᠷᠢᠭ ᠴᠠᠭᠳᠠᠭ᠎ᠠ ᠠᠷᠠᠳ 《ᠲᠠᠪᠤ ᠵᠢ  ᠨᠢᠭᠡ ᠴᠣᠭᠴᠠᠵᠢᠭᠤᠯᠬᠤ 》᠎ᠪᠠᠷ  ᠬᠦᠴᠦ᠎ᠪᠠᠨ ᠬᠠᠮᠲᠤᠳᠬᠠᠨ ᠬᠢᠯᠢ ᠬᠢᠵᠠᠭ᠋ᠠᠷ᠎ᠤᠨ ᠪᠦᠲᠦᠭᠡᠨ ᠪᠠᠢ᠌ᠭᠤᠯᠤᠯᠲᠠ ᠵᠢ  ᠴᠢᠩᠳᠠᠯᠠᠨ ᠬᠢᠯᠢ ᠬᠢᠵᠠᠭ᠋ᠠᠷ ᠵᠢᠨᠨ ᠪᠡᠬᠢᠵᠢᠭᠦᠯᠬᠦ ᠠᠵᠢᠯ᠎ᠢ ᠴᠢᠩᠭ᠋ᠠᠳᠬᠠᠪᠠ ᠃  ᠡᠨᠧᠷᠬᠢ ᠵᠢᠨ  ᠰᠤᠷᠪᠤᠯᠵᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠤ ᠲᠠᠯ᠎ᠠ᠎ᠪᠠᠷ ᠂  ᠵᠢᠱ᠌ᠢᠯᠲᠡ᠎ᠪᠠᠷ  ᠨᠡᠭᠦᠷᠡᠰᠦᠨ᠎ᠤ ᠭᠠᠷᠤᠯᠲᠠ 12.9 ᠳ᠋ᠦᠩᠰᠢᠭᠤᠷ ᠲᠤᠨ᠎ᠳᠤ ᠬᠦᠷᠴᠦ ᠂  ᠬᠠᠩᠭ᠋ᠠᠯᠭ᠎ᠠ ᠵᠢ ᠪᠠᠲᠤᠯᠠᠬᠤ ᠡᠭᠦᠷᠭᠡ᠎ᠪᠠᠨ 8.3 ᠳ᠋ᠦᠩᠰᠢᠭᠤᠷ ᠲᠤᠨ ᠪᠡᠶᠡᠯᠡᠭᠦᠯᠦᠨ ᠂  ᠪᠦᠬᠦ ᠤᠯᠤᠰ᠎ᠤᠨ 34.5% ᠵᠢ ᠡᠵᠡᠯᠡᠵᠦ ᠂  ᠴᠠᠬᠢᠯᠭ᠋ᠠᠨ ᠭᠠᠷᠭ᠋ᠠᠭᠰᠠᠨ ᠬᠡᠮᠵᠢᠶ᠎ᠡ 8000 ᠳ᠋ᠦᠩᠰᠢᠭᠤᠷ  ᠭ᠋ᠷᠡᠳᠦ᠋ᠰ᠎ᠢ ᠳᠠᠪᠠᠵᠤ ᠂  ᠭᠠᠳᠠᠭᠰᠢ ᠴᠠᠬᠢᠯᠭ᠋ᠠᠨ ᠳᠠᠮᠵᠢᠭᠤᠯᠤᠭᠰᠠᠨ ᠬᠡᠮᠵᠢᠶ᠎ᠡ 3150 ᠳ᠋ᠦᠩᠰᠢᠭᠤᠷ  ᠭ᠋ᠷᠡᠳᠦ᠋ᠰ᠎ᠲᠤ ᠬᠦᠷᠴᠦ ᠂  ᠪᠦᠬᠦ ᠤᠯᠤᠰ᠎ᠤᠨ 16% ᠵᠢ ᠡᠵᠡᠯᠡᠵᠦ ᠂  ᠴᠥᠮ ᠪᠦᠬᠦ ᠤᠯᠤᠰ᠎ᠤᠨ ᠨᠢᠭᠡᠳᠦᠭᠡᠷ᠎ᠲᠤ ᠪᠠᠢ᠌ᠷᠢᠰᠢᠪᠠ ;  ᠪᠣᠬᠢᠷᠳᠤᠯ ᠦᠭᠡᠢ ᠴᠠᠬᠢᠯᠭ᠋ᠠᠨ ᠭᠠᠷᠭ᠋ᠠᠭᠰᠠᠨ ᠬᠡᠮᠵᠢᠶ᠎ᠡ 2000 ᠳ᠋ᠦᠩᠰᠢᠭᠤᠷ  ᠭ᠋ᠷᠡᠳᠦ᠋ᠰ᠎ᠢ ᠳᠠᠪᠠᠵᠤ ᠂  ᠪᠦᠬᠦ ᠤᠯᠤᠰ᠎ᠤᠨ ᠪᠣᠬᠢᠷᠳᠤᠯ ᠦᠭᠡᠢ ᠴᠠᠬᠢᠯᠭ᠋ᠠᠨ᠎ᠤ ᠤᠯᠠᠨ ᠤᠯᠤᠰ᠎ᠤᠨ ᠨᠡᠭᠦᠷᠡᠰᠦᠳᠦ᠋ᠷᠦᠭᠴᠢ ᠵᠢᠨ ᠤᠯᠠ ᠮᠥᠷ᠎ᠤᠨ ᠠᠩᠬᠠᠳᠠᠭᠴᠢ ᠦᠨᠡᠮᠯᠡᠯ᠎ᠢ ᠲᠠᠷᠬᠠᠭ᠋ᠠᠵᠤ ᠂  ᠪᠦᠬᠦ ᠤᠯᠤᠰ᠎ᠲᠤ ᠡᠩ ᠲᠡᠷᠢᠭᠦᠨ᠎ᠳᠤ ᠮᠤᠵᠢ ᠠᠯᠤᠰᠯᠠᠭᠰᠠᠨ ᠣᠨᠴᠠ ᠥᠨᠳᠥᠷ ᠬᠦᠴᠦᠳᠡᠯᠲᠦ ᠪᠣᠬᠢᠷᠳᠤᠯ ᠦᠭᠡᠢ ᠴᠠᠬᠢᠯᠭ᠋ᠠᠨ᠎ᠤ ᠠᠷᠠᠯᠵᠢᠶ᠎ᠠ ᠥᠷᠨᠢᠭᠦᠯᠦᠨ ᠂  ᠪᠣᠬᠢᠷᠳᠤᠯ ᠦᠭᠡᠢ ᠴᠠᠬᠢᠯᠭ᠋ᠠᠨ᠎ᠤ ᠠᠷᠠᠯᠵᠢᠶᠠᠨ᠎ᠤ ᠬᠡᠪᠴᠢᠶ᠎ᠡ ᠪᠦᠬᠦ ᠤᠯᠤᠰ᠎ᠤᠨ ᠨᠢᠭᠡᠳᠦᠭᠡᠷ᠎ᠲᠤ ᠪᠠᠢ᠌ᠷᠢᠰᠢᠵᠤ ᠂  ᠶᠤᠸᠠᠨ ᠵᠢᠩ ᠂  ᠮᠢᠩ ᠶᠠᠩ ᠂  ᠯᠦᠩ ᠵᠢᠢ ᠂  ᠯᠦᠩ ᠮᠠ ᠵᠡᠷᠭᠡ ᠨᠢᠭᠡ ᠪᠦᠯᠦᠭ ᠠᠵᠤ ᠠᠬᠤᠢ᠌ᠯᠠᠯ᠎ᠤᠨ ᠶᠡᠷᠦᠩᠬᠡᠢ ᠬᠡᠯᠲᠡᠰ ᠳᠠᠩᠰᠠᠯᠠᠭᠤᠯᠤᠨ ᠰᠠᠭᠤᠷᠢᠰᠢᠪᠠ ;  ᠬᠣᠪᠣᠷ ᠰᠢᠷᠣᠢ ᠵᠢᠨ ᠪᠠᠢ᠌ᠩᠭᠤ ᠰᠣᠷᠢᠨᠵᠢᠨᠲᠤ ᠮᠠᠲ᠋ᠧᠷᠢᠶᠠᠯ᠎ᠤᠨ ᠭᠠᠷᠤᠯᠲᠠ 30%᠎ᠠᠴᠠ ᠳᠡᠭᠡᠭᠰᠢ ᠨᠡᠮᠡᠭᠳᠡᠵᠦ ᠂  ᠬᠣᠪᠣᠷ ᠰᠢᠷᠣᠢ ᠵᠢᠨ ᠠᠵᠤ ᠦᠢ᠍ᠯᠡᠰ᠎ᠤᠨ ᠦᠢ᠍ᠯᠡᠳᠬᠦᠨ᠎ᠤ ᠦᠷᠲᠡᠭ ᠮᠢᠩᠭ᠋ᠠᠨ ᠳ᠋ᠦᠩᠰᠢᠭᠤᠷ ᠲᠥᠭᠥᠷᠢᠭ᠎ᠢ ᠳᠠᠪᠠᠪᠠ ;  ᠠᠭᠤᠷᠬᠠᠢ ᠬᠠᠢ᠌ᠬᠤ ᠰᠢᠪᠲᠤᠯᠤᠯᠲᠠ ᠵᠢᠨ ᠠᠵᠢᠯᠯᠠᠭ᠋ᠠᠨ ᠵᠶ᠋ᠠᠷ ᠲᠣᠮᠣ ᠳᠤᠮᠳᠠ ᠬᠡᠯᠪᠡᠷᠢ ᠵᠢᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠵᠢᠨ ᠭᠠᠷᠤᠯᠲᠠ ᠵᠢᠨ ᠣᠷᠣᠨ᠎ᠢ ᠰᠢᠨ᠎ᠡ᠎ᠪᠠᠷ 20 ᠢᠯᠡᠷᠡᠭᠦᠯᠵᠦ ᠂ 8 ᠵᠦᠢ᠍ᠯ᠎ᠤᠨ ᠠᠭᠤᠷᠬᠠᠢ ᠵᠢᠨ ᠭᠠᠷᠤᠯᠲᠠ᠎ᠨᠢ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠳᠠᠬᠢ ᠨᠥᠭᠡᠴᠡ ᠨᠡᠮᠡᠭᠳᠡᠭᠦᠯᠬᠦ ᠡᠭᠦᠷᠭᠡ ᠵᠢ ᠪᠡᠶᠡᠯᠡᠭᠦᠯᠪᠡ ᠃  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠤ ᠲᠠᠯ᠎ᠠ᠎ᠪᠠᠷ ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 940 ᠲᠦᠮᠡᠨ ᠮᠦ᠍ ᠂ 《ᠲᠣᠨ ᠤᠨᠠᠯᠲᠠ᠎ᠲᠠᠢ ᠲᠠᠷᠢᠶ᠎ᠠ 》 ᠵᠢ 855 ᠲᠦᠮᠡᠨ ᠮᠦ᠍ ᠪᠠᠢ᠌ᠭᠤᠯᠵᠤ ᠂  ᠪᠡᠯᠡᠳᠭᠡᠮᠵᠢᠲᠦ ᠲᠠᠷᠢᠶᠠᠯᠠᠩ᠎ᠢ 26 ᠲᠦᠮᠡᠨ ᠮᠦ᠍ ᠂  ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠵᠢ 300 ᠲᠦᠮᠡᠨ ᠺᠦᠸᠠᠳ᠋ ᠮᠧᠲᠷ ᠰᠢᠨ᠎ᠡ᠎ᠪᠠᠷ ᠨᠡᠮᠡᠭᠳᠡᠭᠦᠯᠦᠨ ᠂ 78 ᠲᠦᠮᠡᠨ ᠲᠠᠷᠢᠶᠠᠯᠠᠬᠤ ᠮᠠᠯᠵᠢᠬᠤ ᠡᠷᠦᠬᠡ ᠬᠦᠷᠢᠶ᠎ᠡ ᠬᠠᠰᠢᠶᠠᠨ᠎ᠤ ᠠᠵᠤ ᠠᠬᠤᠢ ᠵᠢ ᠬᠥᠭᠵᠢᠭᠦᠯᠵᠦ ᠂  ᠠᠮᠤ ᠪᠤᠳᠠᠭ᠋ᠠᠨ᠎ᠤ ᠮᠦ᠍ ᠪᠦᠷᠢ ᠵᠢᠨ ᠤᠨᠠᠯᠲᠠ 24.2 ᠵᠢᠩ ᠳᠡᠭᠡᠭᠰᠢᠯᠡᠵᠦ ᠂  ᠡᠷᠳᠡᠨᠢ ᠰᠢᠰᠢ ᠂  ᠲᠥᠮᠥᠰᠥ ᠵᠢᠨ ᠳᠤᠮᠳᠠᠴᠢ ᠨᠢᠭᠡᠴᠢ ᠤᠨᠠᠯᠲᠠ ᠳᠠᠬᠢᠨᠲᠠ ᠰᠢᠨ᠎ᠡ ᠲᠦᠪᠰᠢᠨ᠎ᠳᠤ ᠬᠦᠷᠴᠦ ᠂  ᠦᠬᠡᠷ ᠬᠤᠨᠢᠨ᠎ᠤ ᠮᠢᠬ᠎ᠠ ᠂  ᠦᠨᠢᠶᠡᠨ ᠰᠦᠨ᠎ᠤ ᠭᠠᠷᠤᠯᠲᠠ ᠪᠦᠬᠦ ᠤᠯᠤᠰ᠎ᠤᠨ ᠨᠢᠭᠡᠳᠦᠭᠡᠷ᠎ᠲᠤ ᠯᠠᠪᠳᠠᠭᠤᠨ ᠪᠠᠢ᠌ᠷᠢᠯᠠᠵᠤ ᠂ ᠰᠦ  ᠰᠠᠭ᠋ᠠᠯᠢ ᠂  ᠤᠯᠠᠭ᠋ᠠᠨ ᠢᠳᠡᠬᠡ ᠂  ᠲᠥᠮᠥᠰᠥ ᠂  ᠨᠣᠣᠯᠣᠭᠤᠷ ᠵᠡᠷᠭᠡ ᠭᠣᠣᠯᠳᠠᠯᠭ᠎ᠠ ᠪᠣᠯᠬᠤ 7 ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠦᠷᠲᠡᠭ 7000 ᠳ᠋ᠦᠩᠰᠢᠭᠤᠷ ᠲᠥᠭᠥᠷᠢᠭ᠎ᠢ ᠳᠠᠪᠠᠵᠤ ᠂  ᠪᠦᠬᠦ ᠤᠯᠤᠰ᠎ᠤᠨ ᠠᠷᠠᠳ ᠲᠦᠮᠡᠨ᠎ᠤ ᠬᠣᠭᠣᠯᠠᠨ ᠰᠢᠷᠡᠭᠡᠨ᠎ᠳᠤ  ᠲᠠᠯ᠎ᠠ ᠨᠤᠲᠤᠭ᠎ᠠᠴᠠ ᠢᠷᠡᠭᠰᠡᠨ ᠪᠣᠬᠢᠷᠳᠤᠯ ᠦᠭᠡᠢ ᠢᠳᠡᠭᠡᠨ ᠶᠠᠪᠤᠬᠤ ᠲᠣᠳᠣᠮ ᠣᠯᠠᠰᠢᠷᠠᠪᠠ ᠃  ᠤᠮᠠᠷᠠᠰᠢ ᠨᠡᠭᠡᠭᠡᠯᠲᠡ ᠬᠢᠬᠦ ᠪᠡᠬᠢᠯᠡᠯᠲᠡ ᠵᠢᠨ ᠲᠠᠯ᠎ᠠ᠎ᠪᠠᠷ ᠂ 3 ᠬᠣᠣᠰ ᠤᠯᠠᠨ ᠤᠯᠤᠰ᠎ᠤᠨ ᠨᠦᠬᠦᠷᠰᠡᠭ ᠬᠤᠳᠠ ᠵᠢᠨ  ᠬᠠᠷᠢᠴᠠᠭ᠎ᠠ ᠵᠢ  ᠰᠢᠨ᠎ᠡ᠎ᠪᠠᠷ ᠪᠠᠢ᠌ᠭᠤᠯᠤᠨ ᠂  ᠳᠤᠮᠳᠠᠳᠤ ᠮᠣᠩᠭᠣᠯ᠎ᠤᠨ ᠡᠷᠢᠶᠡᠨ ᠬᠤᠳᠠ –  ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ ᠂  ᠲᠦᠩᠯᠢᠶᠣᠣ ᠵᠢᠨ ᠭᠠᠢ᠌ᠯᠢ ᠪᠠᠲᠤᠯᠠᠬᠤ ᠪᠠᠷᠠᠭ᠋ᠠᠨ᠎ᠤ ᠭᠦᠢ᠍ᠯᠭᠡᠭᠡᠨ᠎ᠤ ᠲᠥᠪ ᠵᠥᠪᠰᠢᠶᠡᠷᠡᠭᠳᠡᠵᠦ ᠂  ᠭᠠᠭᠴᠠᠮᠣᠳᠤ ᠬᠢᠯᠢ ᠵᠢᠨ ᠪᠣᠭᠣᠮᠲᠠ ᠵᠢᠨ ᠲᠦᠷᠭᠡᠨ᠎ᠤ ᠵᠠᠰᠠᠮᠠᠯ ᠵᠠᠮ ᠪᠦᠭᠦ ᠱᠤᠭᠤᠮ ᠵᠶ᠋ᠠᠷ ᠨᠡᠪᠲᠡᠷᠡᠵᠥ ᠂  ᠮᠠᠨᠵᠤᠤᠷ ᠲᠡᠮᠦᠷ ᠵᠠᠮ᠎ᠤᠨ ᠬᠢᠯᠢ ᠵᠢᠨ ᠪᠣᠭᠣᠮᠲᠠ ᠵᠢᠨ ᠬᠠᠷᠢᠯᠴᠠᠨ ᠠᠷᠠᠯᠵᠢᠶᠠᠯᠠᠬᠤ ᠣᠷᠣᠨ᠎ᠢ ᠪᠣᠭᠣᠮᠲᠠ ᠬᠣᠷᠢᠵᠤ ᠡᠵᠡᠩᠨᠡᠨ ᠠᠵᠢᠯᠯᠠᠭᠤᠯᠵᠤ ᠂  ᠵᠢᠱ᠌ᠢᠯᠲᠡ᠎ᠪᠠᠷ  ᠪᠦᠬᠦ ᠣᠷᠣᠨ᠎ᠤ ᠬᠠᠭᠤᠷᠠᠢ ᠵᠠᠮ᠎ᠤᠨ ᠬᠢᠯᠢ ᠵᠢᠨ ᠪᠣᠭᠣᠮᠲᠠ ᠵᠢᠨ ᠪᠠᠷᠠᠭ᠎ᠠ ᠲᠡᠭᠡᠭᠡᠪᠦᠷᠢ ᠵᠢᠨ ᠬᠡᠮᠵᠢᠶ᠎ᠡ 1.2 ᠳ᠋ᠦᠩᠰᠢᠭᠤᠷ ᠲᠣᠨ᠎ᠢ ᠳᠠᠪᠠᠵᠤ ᠂  ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠲᠣᠭ᠎ᠠ 2000 ᠳ᠋ᠦᠩᠰᠢᠭᠤᠷ ᠲᠥᠭᠥᠷᠢᠭ᠎ᠢ ᠳᠠᠪᠠᠨ ᠂ 《ᠰᠢᠨ᠎ᠡ ᠭᠤᠷᠪᠠᠨ ᠵᠦᠢ᠍ᠯ 》᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ 50%᠎ᠠᠴᠠ ᠳᠡᠭᠡᠭᠰᠢ ᠨᠡᠮᠡᠭᠳᠡᠪᠡ ᠃

       ᠨᠢᠭᠡ ᠵᠢᠯ᠎ᠤᠨ ᠲᠤᠷᠰᠢ ᠂  ᠪᠢᠳᠡ ᠡᠷᠴᠢᠮ ᠵᠶ᠋ᠠᠨ ᠰᠤᠯᠠᠷᠠᠭᠤᠯᠤᠯ ᠦᠭᠡᠢ ᠴᠢᠩᠭ᠎ᠠ ᠠᠩᠬᠠᠷᠴᠤ ᠂  ᠴᠢᠩᠭ᠎ᠠ ᠠᠳᠬᠤᠨ ᠱᠠᠯᠠᠪᠳᠠᠨ ᠭᠦᠢ᠍ᠴᠡᠳᠬᠡᠵᠦ ᠂ 《ᠵᠢᠷᠭᠤᠭ᠋ᠠᠨ ᠢᠨᠵᠧᠨᠧᠷᠢᠩ 》᠎ᠢ ᠠᠬᠢᠭᠤᠯᠵᠤ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠣᠯᠪᠠ ᠃  ᠲᠦᠷᠦ ᠵᠢᠨ ᠪᠣᠳᠣᠯᠭ᠎ᠠ ᠵᠢ ᠪᠣᠳᠠᠲᠠᠢ᠌ᠵᠢᠭᠤᠯᠤᠭᠰᠠᠨ ᠦᠷ᠎ᠡ ᠪᠦᠲᠦᠮᠵᠢ ᠢᠯᠡᠳᠲᠡ ᠪᠠᠢ᠌ᠵᠤ ᠂  ᠲᠦᠷᠦ ᠵᠢᠨ ᠶᠠᠪᠤᠳᠠᠯ᠎ᠤᠨ ᠬᠣᠷᠢᠶᠠᠨ᠎ᠤ 16 ᠳ᠋ᠤᠭ᠋ᠠᠷ ᠪᠢᠴᠢᠭ ᠮᠠᠲ᠋ᠧᠷᠢᠶᠠᠯ᠎ᠢ ᠲᠦᠷᠭᠡᠳᠬᠡᠨ ᠬᠡᠷᠡᠭᠵᠢᠭᠦᠯᠵᠦ ᠂ 86 ᠴᠢᠬᠤᠯᠠ ᠶᠡᠬᠡ ᠲᠦᠷᠦᠯ ᠵᠦᠢ᠍ᠯ᠎ᠤᠨ 74 ᠵᠢ᠎ᠨᠢ ᠠᠵᠢᠯ ᠡᠬᠢᠯᠡᠭᠦᠯᠵᠦ ᠂  ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠂  ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠂  ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠡᠷᠭᠡ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢ ᠴᠥᠮ ᠪᠦᠲᠦᠮᠵᠢᠳᠠᠢ ᠨᠠᠢ᠌ᠳᠠᠪᠤᠷᠢᠵᠢᠭᠤᠯᠪᠠ ᠃  ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ 《ᠬᠠᠪᠤᠷ ᠪᠣᠯᠣᠮᠠᠭᠴᠠ ᠠᠵᠢᠯ ᠡᠬᠢᠯᠡᠭᠦᠯᠬᠦ 》 ᠵᠢ ᠪᠡᠶᠡᠯᠡᠭᠦᠯᠵᠦ ᠂  ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠮᠠᠰᠢᠨ ᠴᠣᠭᠴᠠᠯᠠᠪᠤᠷᠢ ᠵᠢ 2727 ᠲᠦᠮᠡᠨ ᠺᠢᠯᠣᠸᠠᠲ ᠪᠦᠲᠦᠭᠡᠨ ᠪᠠᠢ᠌ᠭᠤᠯᠵᠤ ᠂ 238 ᠲᠦᠮᠡᠨ ᠮᠦ᠍ ᠡᠯᠡᠰᠦ ᠵᠢ ᠵᠠᠰᠠᠵᠤ ᠂  ᠬᠥᠪᠴᠢ ᠵᠢᠨ ᠡᠯᠡᠰᠦ ᠵᠢᠨ 《ᠭᠡᠷᠡᠯᠴᠢ ᠴᠡᠨᠡᠭ᠎ᠤᠨ ᠣᠷᠲᠦ ᠴᠠᠭ᠋ᠠᠨ ᠬᠡᠷᠡᠮ 》  ᠠᠩᠬ᠎ᠠ ᠬᠡᠪᠴᠢᠶᠡᠵᠢᠵᠦ ᠂  ᠪᠣᠷᠣᠬᠤᠲᠠ᠎ᠠᠴᠠ ᠪᠠᠶᠠᠨᠲᠤᠬᠤᠢ ᠬᠦᠷᠬᠦ ᠡᠯᠡᠰᠦ ᠵᠢ ᠵᠠᠰᠠᠬᠤ ᠵᠠᠰᠠᠮᠠᠯ ᠵᠠᠮ ᠪᠦᠬᠦ ᠤᠯᠤᠰ᠎ᠤᠨ ᠬᠠᠮᠤᠭ᠎ᠤᠨ ᠰᠠᠢ᠌ᠬᠠᠨ ᠬᠥᠳᠡᠭᠡ ᠳᠤᠰᠬᠤᠨ᠎ᠤ ᠵᠠᠮ ᠵᠶ᠋ᠠᠷ ᠦᠨᠡᠯᠡᠭᠳᠡᠵᠦ ᠂ 《ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ 》᠎ᠪᠠᠷ ᠤᠯᠠᠨ ᠲᠦᠮᠡᠨ᠎ᠢ ᠳᠠᠢ᠍ᠢ᠍ᠴᠢᠯᠠᠨ 8.5 ᠳ᠋ᠦᠩᠰᠢᠭᠤᠷ ᠲᠥᠭᠥᠷᠢᠭ᠎ᠤᠨ ᠣᠷᠣᠯᠭ᠎ᠠ ᠨᠡᠮᠡᠭᠳᠡᠭᠦᠯᠦᠨ ᠂  ᠴᠥᠯᠡᠷᠬᠡᠭᠵᠢᠯ᠎ᠢ ᠰᠡᠷᠭᠡᠢ᠌ᠯᠡᠨ ᠵᠠᠰᠠᠬᠤ ᠂  ᠰᠢᠨ᠎ᠡ ᠡᠨᠧᠷᠬᠢ ᠵᠢ ᠬᠥᠭᠵᠢᠭᠦᠯᠬᠦ ᠂  ᠠᠷᠠᠳ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ ᠲᠠᠯ᠎ᠠ᠎ᠪᠠᠷ ᠴᠥᠮ ᠠᠰᠢᠭ ᠬᠦᠷᠲᠡᠬᠦ ᠵᠢ ᠪᠡᠶᠡᠯᠡᠭᠦᠯᠪᠡ ᠃  ᠳᠤᠯᠠᠭ᠋ᠠᠯᠠᠭ᠎ᠠ ᠵᠢᠨ ᠢᠨᠵᠧᠨᠧᠷᠢᠩ᠎ᠤᠨ ᠣᠨ᠎ᠤ ᠡᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠪᠡ ᠂ 200 ᠳ᠋ᠦᠩᠰᠢᠭᠤᠷ ᠲᠥᠭᠥᠷᠢᠭ ᠰᠢᠬᠠᠮ ᠪᠡᠯᠡ ᠣᠷᠣᠭᠤᠯᠵᠤ ᠂  ᠢᠯᠴᠢ ᠬᠠᠩᠭ᠋ᠠᠬᠤ ᠬᠣᠭᠣᠯᠠᠢ ᠭᠤᠤᠷᠰᠤ ᠵᠢᠨ ᠲᠣᠣᠷ᠎ᠢ ᠲᠦᠮᠡᠨ ᠺᠢᠯᠣᠮᠧᠲᠷ ᠰᠢᠬᠠᠮ ᠥᠭᠡᠷᠡᠴᠢᠯᠡᠨ ᠰᠢᠨᠡᠳᠬᠡᠵᠦ ᠂  ᠪᠦᠬᠦ ᠣᠷᠣᠨ᠎ᠤ ᠰᠦᠯᠵᠢᠶ᠎ᠡ᠎ᠪᠠᠷ ᠬᠢᠨᠠᠨ ᠰᠢᠨᠵᠢᠭᠰᠡᠨ ᠥᠷᠥᠭᠡᠨ᠎ᠤ ᠳᠤᠯᠠᠭ᠋ᠠᠨ᠎ᠤ ᠪᠠᠷᠢᠮᠵᠢᠶ᠎ᠠ᠎ᠳᠤ ᠬᠦᠷᠦᠭᠰᠡᠨ ᠨᠤᠷᠮ᠎ᠠ 99%᠎ᠠᠴᠠ ᠳᠡᠭᠡᠭᠰᠢ᠎ᠳᠤ ᠬᠦᠷᠴᠦ ᠂ 19.3 ᠲᠦᠮᠡᠨ ᠡᠷᠦᠬᠡ ᠵᠢᠨ ᠴᠡᠪᠡᠷ ᠳᠤᠯᠠᠭ᠋ᠠᠯᠠᠭ᠎ᠠ᠎ᠪᠠᠷ ᠥᠭᠡᠷᠡᠴᠢᠯᠡᠨ ᠰᠢᠨᠡᠳᠬᠡᠬᠦ ᠠᠵᠢᠯ᠎ᠢ ᠪᠡᠶᠡᠯᠡᠭᠦᠯᠦᠨ ᠂  ᠤᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠢᠯᠡᠳᠲᠡ ᠳᠡᠭᠡᠭᠰᠢᠯᠡᠪᠡ ᠃  ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ ᠂  ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠳᠦᠷᠢᠮ᠎ᠢ ᠨᠡᠢ᠌ᠲᠡᠯᠡᠨ ᠂  ᠭᠣᠣᠯᠳᠠᠯᠭ᠎ᠠ ᠪᠣᠯᠬᠤ ᠬᠦᠷᠢᠶ᠎ᠡ ᠴᠠᠷᠠᠭ᠋ᠠᠨ᠎ᠳᠠᠬᠢ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠵᠤ ᠂  ᠦᠨᠡᠨᠴᠢ ᠢᠲᠡᠭᠡᠮᠵᠢ ᠵᠢᠨ ᠵᠠᠭ᠋ᠠᠯᠳᠤᠯᠭ᠎ᠠ ᠵᠢᠨ ᠴᠣᠩᠬᠣᠪᠴᠢ ᠭᠠᠷᠭ᠋ᠠᠵᠤ ᠂  ᠡᠯ᠎ᠡ ᠲᠦᠷᠦᠯ᠎ᠤᠨ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢ ᠶᠡᠬᠡ᠎ᠪᠠᠷ ᠴᠡᠭᠴᠡᠯᠡᠨ ᠵᠠᠰᠠᠵᠤ ᠂  ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ ᠳᠠᠩᠰᠠᠨ᠎ᠳᠠᠬᠢ ᠵᠣᠭᠣᠰ᠎ᠢ᠎ᠨᠢ ᠢᠯᠭ᠋ᠠᠷᠠᠭᠤᠯᠤᠨ ᠂ 71.4 ᠳ᠋ᠦᠩᠰᠢᠭᠤᠷ ᠲᠥᠭᠥᠷᠢᠭ᠎ᠤᠨ ᠬᠣᠬᠢᠷᠠᠯ᠎ᠢ ᠡᠭᠡᠭᠦᠯᠵᠦ ᠠᠪᠴᠢᠷᠠᠪᠠ ᠃  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ 》  ᠠᠵᠢᠯ ᠠᠩᠬ᠎ᠠ ᠡᠬᠢᠯᠡᠮᠡᠭᠴᠡ ᠲᠥᠯᠥᠪᠵᠢᠵᠦ ᠂ 5 ᠴᠡᠭ ᠪᠠᠢ᠌ᠷᠢᠯᠠᠯ᠎ᠤᠨ 36 ᠵᠦᠢ᠍ᠯ᠎ᠤᠨ ᠭᠣᠣᠯᠳᠠᠯᠭ᠎ᠠ ᠪᠣᠯᠬᠤ ᠡᠭᠦᠷᠭᠡ ᠵᠢ ᠪᠦᠬᠦ ᠲᠠᠯ᠎ᠠ᠎ᠪᠠᠷ ᠠᠬᠢᠭᠤᠯᠤᠨ ᠂ ᠰᠦ  ᠰᠠᠭ᠋ᠠᠯᠢ ᠵᠢᠨ ᠦᠢ᠍ᠯᠡᠰ ᠂  ᠬᠣᠪᠣᠷ ᠰᠢᠷᠣᠢ ᠂  ᠣᠰᠣᠳᠦ᠋ᠷᠦᠭᠴᠢ ᠂  ᠨᠥᠭᠡᠴᠡ ᠡᠨᠧᠷᠬᠢ ᠵᠡᠷᠭᠡ ᠬᠦᠷᠢᠶ᠎ᠡ ᠴᠠᠷᠠᠭ᠋ᠠᠨ᠎ᠳᠤ ᠨᠢᠭᠡ ᠪᠦᠯᠦᠭ ᠠᠵᠢᠯ ᠲᠦᠷᠦᠯ᠎ᠤᠨ ᠬᠣᠭᠣᠰᠤᠨ ᠣᠷᠣᠨ ᠵᠠᠢ ᠵᠢ ᠨᠥᠬᠥᠪᠦᠷᠢᠯᠡᠭᠰᠡᠨ ᠮᠡᠷᠭᠡᠵᠢᠯ᠎ᠤᠨ ᠰᠢᠪᠲᠤᠯᠤᠯᠲᠠ᠎ᠲᠠᠢ ᠪᠣᠯᠵᠤ ᠂  ᠠᠭ᠋ᠠᠷ ᠰᠠᠨᠰᠠᠷ᠎ᠤᠨ ᠬᠡᠮᠵᠢᠭᠦᠷ ᠠᠯᠤᠰᠯᠠᠭᠰᠠᠨ ᠬᠡᠮᠵᠢᠯᠲᠡ ᠵᠢᠨ ᠰᠠᠭᠤᠷᠢ ᠪᠠᠷᠢᠮᠵᠢᠶᠠᠲᠤ ᠲᠣᠮᠣ ᠰᠢᠨᠵᠢᠯᠡᠬᠦ ᠤᠬᠠᠭ᠋ᠠᠨ᠎ᠤ ᠲᠣᠨᠣᠭᠯᠠᠯ ᠬᠢᠭᠡᠳ ᠴᠢᠳᠠᠮᠵᠢ ᠰᠠᠢ᠌ᠲᠠᠢ ᠬᠡᠷᠡᠯᠳᠦ ᠰᠠᠷᠠᠯᠵᠢ ᠵᠢ ᠠᠵᠤ ᠦᠢ᠍ᠯᠡᠰᠵᠢᠭᠦᠯᠬᠦ ᠲᠦᠷᠦᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠪᠠ ;  ᠬᠤᠸᠠᠢ ᠷᠧᠦ ᠵᠢᠨ ᠤᠯᠤᠰ᠎ᠤᠨ ᠲᠤᠷᠰᠢᠯᠲᠠ ᠵᠢᠨ ᠲᠠᠰᠤᠭ᠎ᠯᠤᠭ᠎ᠠ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠪᠠᠢ᠌ᠭᠤᠯᠵᠤ ᠂  ᠳᠠᠯᠠᠨ ᠬᠠᠷ᠎ᠠ ᠠᠭᠤᠯᠠ ᠂  ᠣᠷᠳᠣᠰ ᠲᠤᠷᠰᠢᠯᠲᠠ ᠵᠢᠨ ᠲᠠᠰᠤᠭ ᠫᠠᠢ᠌ᠰᠠ ᠡᠯᠭᠦᠨ ᠠᠵᠢᠯᠯᠠᠵᠤ ᠂  ᠤᠯᠤᠰ᠎ᠤᠨ  ᠰᠦ  ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ ᠵᠡᠷᠭᠡ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ ᠪᠠ ᠶᠡᠬᠡ ᠳᠡᠭᠡᠳᠦ ᠰᠤᠷᠭ᠋ᠠᠭᠤᠯᠢ ᠂  ᠠᠵᠤ ᠠᠬᠤᠢ᠌ᠯᠠᠯ᠎ᠤᠳ ᠤᠯᠤᠰ᠎ᠤᠨ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ 13 ᠲᠦᠷᠦᠯ ᠵᠦᠢ᠍ᠯ᠎ᠢ ᠳᠠᠭ᠋ᠠᠭ᠋ᠠᠨ ᠠᠪᠴᠤ ᠵᠠᠯᠭ᠋ᠠᠭᠤᠯᠪᠠ ; 《ᠮᠧᠩ ᠺᠧ ᠵᠢᠦᠢ 》  ᠲᠠᠪᠴᠠᠩ᠎ᠤᠨ ᠦᠷ᠎ᠡ ᠪᠦᠲᠦᠮᠵᠢ ᠲᠣᠳᠣᠷᠠᠵᠤ ᠂  ᠨᠡᠢ᠍ᠢ᠍ᠲᠡ 2412 ᠬᠤᠪᠢ ᠠᠷᠠᠯᠵᠢᠶᠠᠯᠠᠨ ᠤᠯᠠᠷᠢᠭᠤᠯᠵᠤ ᠂ 8.7%᠎ᠪᠠᠷ ᠨᠡᠮᠡᠭᠳᠡᠨ ᠂  ᠮᠡᠷᠭᠡᠵᠢᠯ᠎ᠤᠨ ᠭᠡᠷ᠎ᠡ ᠵᠢᠨ ᠠᠷᠠᠯᠵᠢᠶᠠᠯᠠᠭᠰᠠᠨ ᠲᠣᠭ᠎ᠠ 33.6%᠎ᠪᠠᠷ ᠨᠡᠮᠡᠭᠳᠡᠪᠡ ;  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠢ᠌ᠯᠠᠯ 853 ᠡᠷᠦᠬᠡ ᠂  ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ 97 ᠡᠷᠦᠬᠡ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ 20 ᠡᠷᠦᠬᠡ ᠪᠣᠳᠠᠲᠠᠢ ᠨᠡᠮᠡᠭᠳᠡᠵᠦ ᠂  ᠳ᠋ᠣᠺᠲ᠋ᠣᠷ ᠮᠠᠰᠲ᠋ᠧᠷ᠎ᠤᠨ ᠡᠷᠳᠡᠮ᠎ᠤᠨ ᠴᠣᠯᠠ ᠣᠯᠭᠣᠬᠤ ᠴᠡᠭ 45 ᠰᠢᠨ᠎ᠡ᠎ᠪᠠᠷ ᠨᠡᠮᠡᠭᠳᠡᠨ ᠂ 11 ᠰᠢᠨᠵᠢᠯᠡᠭᠡᠨ᠎ᠤ ᠰᠠᠯᠠᠭ᠋ᠠᠨ᠎ᠤ ᠳ᠋ᠣᠺᠲ᠋ᠣᠷ᠎ᠤᠨ ᠴᠡᠭ ᠦᠭᠡᠢ ᠪᠠᠢ᠌ᠭᠰᠠᠨ᠎ᠠᠴᠠ᠎ᠪᠠᠨ ᠪᠠᠢ᠌ᠬᠤ ᠪᠣᠯᠵᠤ ᠂ 2 ᠲᠦᠷᠦᠯ ᠵᠦᠢ᠍ᠯ᠎ᠨᠢ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢᠨ ᠬᠣᠶᠠᠳᠤᠭ᠋ᠠᠷ ᠳᠡᠰ᠎ᠤᠨ ᠱᠠᠩᠨᠠᠯ᠎ᠢ ᠬᠦᠷᠲᠡᠵᠦ ᠂  ᠮᠠᠨ᠎ᠤ ᠣᠷᠣᠨ᠎ᠤ ᠣᠷᠣᠨ ᠪᠦᠰᠡ ᠵᠢᠨ ᠰᠢᠨ᠎ᠡ ᠵᠢ ᠡᠭᠦᠳᠬᠦ ᠴᠢᠳᠠᠪᠤᠷᠢ ᠪᠦᠬᠦ ᠤᠯᠤᠰ᠎ᠤᠨ ᠨᠡᠷᠡᠰ᠎ᠤᠨ ᠵᠢᠭᠰᠠᠭ᠋ᠠᠯᠲᠠ᠎ᠳᠤ 4 ᠨᠡᠷᠡᠰ ᠳᠡᠭᠡᠭᠰᠢᠯᠡᠪᠡ ᠃  ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢ᠍ᠢ᠍ᠭᠤᠯᠬᠤ ᠠᠵᠢᠯ᠎ᠢ ᠢᠳᠡᠪᠬᠢᠲᠡᠢ ᠠᠬᠢᠭᠤᠯᠵᠤ ᠂  ᠶᠡᠷᠦᠩᠬᠡᠢ ᠲᠥᠰᠥᠯ᠎ᠢ ᠨᠠᠢ᠌ᠷᠠᠭᠤᠯᠤᠨ ᠳᠠᠭᠤᠰᠬᠠᠵᠤ ᠂  ᠤᠯᠤᠰ᠎ᠤᠨ ᠱᠠᠲᠤ ᠳᠠᠪᠬᠤᠷᠭ᠎ᠠ᠎ᠳᠠᠬᠢ ᠳᠦᠷᠢᠮ᠎ᠤᠨ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ᠎ᠢ 223 ᠬᠠᠭᠤᠯᠪᠤᠷᠢᠯᠠᠨ ᠳᠡᠯᠭᠡᠷᠡᠭᠦᠯᠵᠦ ᠂  ᠪᠡᠯᠡ ᠣᠷᠣᠭᠤᠯᠤᠯᠳᠠ ᠂  ᠠᠷᠠᠯᠵᠢᠶ᠎ᠠ ᠂  ᠮᠥᠩᠭᠥᠨ ᠭᠦᠢ᠍ᠯᠭᠡᠭᠡ ᠵᠡᠷᠭᠡ ᠬᠦᠷᠢᠶ᠎ᠡ ᠴᠠᠷᠠᠭ᠋ᠠᠨ᠎ᠤ ᠥᠭᠡᠷᠡᠴᠢᠯᠡᠯᠲᠡ ᠵᠢ ᠲᠤᠷᠰᠢᠨ ᠥᠷᠨᠢᠭᠦᠯᠪᠡ ᠃

       ᠨᠢᠭᠡ ᠵᠢᠯ᠎ᠤᠨ ᠲᠤᠷᠰᠢ ᠂  ᠪᠢᠳᠡ ᠥᠭᠡᠷᠡᠴᠢᠯᠡᠯᠲᠡ ᠵᠢᠨ ᠠᠷᠭ᠎ᠠ᠎ᠪᠠᠷ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢ ᠪᠠᠷᠢᠮᠲᠠᠯᠠᠵᠤ ᠂  ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠥᠳᠡᠯᠭᠡᠭᠴᠢ ᠬᠦᠴᠦᠨ ᠠᠮᠢᠵᠢᠷᠠᠯ᠎ᠤᠨ ᠬᠦᠴᠦᠨ᠎ᠢ ᠪᠦᠲᠦᠮᠵᠢᠳᠠᠢ ᠬᠥᠭᠵᠢᠭᠡᠪᠡ ᠃  ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠵᠤ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠭᠲᠠᠭ᠋ᠠᠭᠰᠠᠨ 276 ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ᠎ᠲᠠᠢ ᠨᠢᠭᠲᠠ ᠤᠶᠠᠯᠳᠤᠭᠤᠯᠤᠨ ᠂  ᠠᠵᠢᠯ᠎ᠤᠨ ᠬᠤᠪᠢᠶᠠᠷᠢᠯᠠᠯ ᠵᠶ᠋ᠠᠨ ᠨᠠᠷᠢᠯᠢᠭᠵᠢᠭᠤᠯᠤᠨ ᠂  ᠴᠢᠩᠭ᠎ᠠ ᠬᠦᠴᠦᠲᠡᠢ ᠠᠬᠢᠭᠤᠯᠵᠤ ᠂  ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠵᠢ ᠪᠠᠭᠤᠷᠠᠭᠤᠯᠬᠤ ᠂  ᠲᠡᠭ ᠰᠠᠭᠤᠷᠢᠨ ᠲᠥᠰᠥᠪ ᠂  ᠳᠣᠣᠷ᠎ᠠ ᠠᠭ᠋ᠠᠷ᠎ᠤᠨ ᠠᠵᠤ ᠠᠬᠤᠢ ᠂  ᠡᠮᠴᠢᠯᠡᠭᠡᠨ᠎ᠤ ᠦᠢ᠍ᠯᠡᠴᠢᠯᠡᠭᠡ ᠵᠢᠨ  ᠦᠨ᠎ᠡ ᠬᠠᠩᠰᠢ ᠵᠡᠷᠭᠡ ᠨᠢᠭᠡ ᠪᠦᠯᠦᠭ ᠥᠭᠡᠷᠡᠴᠢᠯᠡᠯᠲᠡ ᠵᠢᠨ ᠲᠥᠰᠥᠯ᠎ᠢ ᠨᠡᠢ᠌ᠲᠡᠯᠡᠪᠡ ᠃  ᠣᠨᠴᠠᠭ᠋ᠠᠢ᠌ᠯᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠠᠭ᠋ᠠᠷᠳᠠᠯᠭ᠎ᠠ ᠶᠣᠰᠣᠭ᠋ᠠᠷ ᠂  ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠂  ᠲᠣᠭᠲᠠᠴᠠ᠎ᠪᠠᠨ ᠥᠭᠡᠷᠡᠴᠢᠯᠡᠬᠦ ᠂  ᠪᠠᠢ᠌ᠷᠢᠰᠢᠭᠤᠯᠤᠯᠲᠠ᠎ᠪᠠᠨ ᠰᠢᠯᠢᠳᠡᠭᠵᠢᠭᠦᠯᠬᠦ ᠂  ᠰᠤᠷᠲᠠᠯ ᠵᠶ᠋ᠠᠨ ᠰᠠᠢ᠌ᠵᠢᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠵᠤ ᠂  ᠨᠢᠭᠡ ᠪᠦᠯᠦᠭ ᠵᠥᠷᠢᠴᠡᠯᠳᠦ ᠠᠰᠠᠭᠤᠳᠠᠯ᠎ᠢ ᠰᠢᠢ᠍ᠳᠪᠦᠷᠢᠯᠡᠨ ᠂  ᠬᠡᠰᠡᠭ ᠡᠭᠦᠷᠭᠡ ᠴᠢᠳᠠᠪᠤᠷᠢ ᠵᠢᠨ  ᠲᠣᠭᠲᠠᠴᠠ ᠵᠢ ᠰᠢᠯᠤᠭᠤᠳᠬᠠᠪᠠ ᠃ 《ᠨᠡᠯᠦᠢ᠌ᠲᠡᠯ᠎ᠡ ᠤᠰᠤᠯᠠᠬᠤ 》  ᠠᠰᠠᠭᠤᠳᠠᠯ᠎ᠢ ᠬᠦᠴᠦ ᠲᠠᠯᠪᠢᠨ ᠰᠢᠢ᠍ᠳᠪᠦᠷᠢᠯᠡᠵᠦ ᠂  ᠲᠠᠷᠢᠶᠠᠯᠠᠩ᠎ᠤᠨ ᠣᠰᠣᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠪᠡᠶᠡᠯᠡᠭᠦᠯᠦᠨ ᠂  ᠲᠠᠷᠢᠶᠠᠯᠠᠩ᠎ᠤᠨ ᠤᠰᠤ ᠠᠷᠪᠢᠯᠠᠭᠰᠠᠨ ᠬᠡᠮᠵᠢᠶ᠎ᠡ 3.8 ᠳ᠋ᠦᠩᠰᠢᠭᠤᠷ ᠺᠦᠪ ᠮᠧᠲᠷ ᠰᠢᠨ᠎ᠡ᠎ᠪᠠᠷ ᠨᠡᠮᠡᠭᠳᠡᠪᠡ ᠃  ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ᠎ᠢ ᠵᠣᠷᠢᠭ ᠰᠢᠭᠤᠳᠤᠨ ᠰᠢᠢ᠍ᠳᠪᠦᠷᠢᠯᠡᠵᠦ ᠂  ᠨᠤᠲᠤᠭ ᠪᠡᠯᠴᠢᠭᠡᠷ᠎ᠤᠨ ᠨᠥᠬᠥᠪᠦᠷᠢ ᠱᠠᠩᠨᠠᠯ᠎ᠤᠨ ᠪᠡᠯᠡ ᠮᠥᠩᠭᠥ ᠣᠯᠭᠣᠬᠤ ᠲᠣᠭᠲᠠᠴᠠ ᠵᠢ ᠲᠡᠭᠦᠯᠳᠡᠷᠵᠢᠭᠦᠯᠦᠨ ᠂ 17 ᠬᠣᠰᠢᠭᠤ ᠰᠢᠶᠠᠨ᠎ᠳᠤ ᠲᠤᠷᠰᠢᠯᠲᠠ ᠵᠢᠨ ᠴᠡᠭ ᠥᠷᠨᠢᠭᠦᠯᠵᠦ ᠂  ᠪᠠᠢ᠌ᠭ᠋ᠠᠯᠢᠯᠢᠭ ᠨᠤᠲᠤᠭ ᠪᠡᠯᠴᠢᠭᠡᠷ᠎ᠲᠠᠬᠢ ᠮᠠᠯ ᠪᠡᠯᠴᠢᠭᠡᠷ᠎ᠢ ᠲᠡᠩᠴᠡᠭᠦᠷᠢᠲᠡᠢ ᠪᠠᠢ᠌ᠯᠭ᠋ᠠᠬᠤ ᠵᠢᠭ᠋ᠠᠯᠲᠠ ᠲᠣᠭ᠎ᠠ 23.9% ᠪᠠᠢ᠌ᠭᠰᠠᠨ᠎ᠠᠴᠠ᠎ᠪᠠᠨ ᠪᠠᠭᠤᠷᠠᠭ᠋ᠠᠳ 10% ᠬᠦᠷᠬᠦ ᠦᠭᠡᠢ ᠪᠣᠯᠪᠠ ᠃  ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠬᠦᠷᠢᠶ᠎ᠡ ᠴᠠᠷᠠᠭ᠋ᠠᠨ᠎ᠳᠠᠬᠢ ᠥᠭᠡᠷᠡᠴᠢᠯᠡᠯᠲᠡ ᠵᠢ ᠠᠬᠢᠭᠤᠯᠵᠤ ᠂  ᠰᠦᠯᠵᠢᠶ᠎ᠡ᠎ᠪᠠᠷ ᠪᠠᠷᠠᠭ᠎ᠠ ᠲᠡᠭᠡᠭᠡᠪᠦᠷᠢ ᠵᠢ ᠬᠢᠨᠠᠨ ᠬᠠᠮᠢᠶᠠᠷᠬᠤ ᠦᠢ᠍ᠯᠡᠴᠢᠯᠡᠭᠡ ᠵᠢ ᠴᠢᠩᠭ᠋ᠠᠳᠬᠠᠨ ᠂  ᠰᠦᠯᠵᠢᠶ᠎ᠡ᠎ᠪᠠᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠂  ᠠᠷᠠᠯᠵᠢᠶᠠᠯᠠᠭᠰᠠᠨ ᠲᠣᠭ᠎ᠠ ᠲᠣᠰ ᠪᠦᠷᠢ 3.5 ᠳᠠᠬᠢᠨ ᠪᠠ 2.5 ᠳᠠᠬᠢᠨ ᠨᠡᠮᠡᠭᠳᠡᠵᠦ ᠂  ᠵᠠᠰᠠᠮᠠᠯ ᠵᠠᠮ ᠲᠡᠮᠦᠷ ᠵᠠᠮ ᠠᠭ᠋ᠠᠷ᠎ᠤᠨ ᠲᠡᠭᠡᠭᠡᠪᠦᠷᠢ ᠰᠢᠤᠳᠠᠨ᠎ᠤ ᠶᠠᠪᠤᠳᠠᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠢ 91 ᠪᠣᠢ᠌ᠵᠢᠭᠤᠯᠵᠤ ᠂ 4747 ᠺᠢᠯᠣᠮᠧᠲᠷ ᠲᠦᠷᠭᠡᠨ᠎ᠤ ᠵᠠᠰᠠᠮᠠᠯ ᠵᠠᠮ᠎ᠤᠨ ᠬᠤᠷᠳᠤᠴᠠ ᠵᠢᠨ ᠬᠢᠵᠠᠭ᠋ᠠᠷᠯᠠᠯ᠎ᠳᠤ ᠲᠣᠬᠢᠷᠠᠭᠤᠯᠤᠯᠲᠠ ᠬᠢᠵᠦ ᠂  ᠴᠠᠭ᠎ᠤᠨ ᠬᠤᠷᠳᠤᠴᠠ ᠵᠢ 120 ᠺᠢᠯᠣᠮᠧᠲᠷ ᠵᠢᠨᠷ ᠬᠢᠵᠠᠭ᠋ᠠᠷᠯᠠᠬᠤ ᠵᠠᠮ᠎ᠤᠨ ᠬᠡᠰᠡᠭ᠎ᠤᠨ ᠡᠵᠡᠯᠡᠬᠦ ᠬᠠᠷᠢᠴᠠᠯ 18% ᠪᠠᠢ᠌ᠭᠰᠠᠨ᠎ᠠᠴᠠ ᠨᠡᠮᠡᠭᠳᠡᠭᠡᠳ 71% ᠪᠣᠯᠪᠠ ᠃  ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠥᠷᠭᠦᠯᠵᠢᠯᠡᠨ ᠰᠢᠯᠢᠳᠡᠭᠵᠢᠭᠦᠯᠵᠦ ᠂  ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ  ᠬᠥᠭᠵᠢᠯᠲᠡ ᠵᠢᠨ  ᠦᠢ᠍ᠯᠡᠴᠢᠯᠡᠭᠡᠨ᠎ᠤ ᠲᠣᠪᠴᠢᠶ᠎ᠠ ᠵᠢ ᠪᠠᠢ᠌ᠭᠤᠯᠵᠤ ᠂  ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠬᠦ ᠰᠠᠨᠠᠯ᠎ᠢ ᠨᠡᠢ᠌ᠲᠡᠯᠡᠨ ᠂  ᠠᠵᠤ ᠠᠬᠤᠢ᠌ᠯᠠᠯ᠎ᠳᠤ ᠭᠠᠢ᠌ᠯᠢ ᠬᠥᠩᠭᠡᠯᠡᠨ ᠰᠦᠢ᠍ᠳᠬᠡᠯ ᠪᠠᠭᠤᠷᠠᠭᠤᠯᠤᠭᠰᠠᠨ ᠵᠢᠴᠢ ᠭᠠᠢ᠌ᠯᠢ ᠪᠤᠴᠠᠭ᠋ᠠᠭᠰᠠᠨ᠎ᠨᠢ 300 ᠳ᠋ᠦᠩᠰᠢᠭᠤᠷ ᠲᠥᠭᠥᠷᠢᠭ ᠪᠠᠢ᠌ᠵᠤ ᠂  ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠰᠢᠭᠤᠳ ᠬᠦᠷᠭᠡᠬᠦ ᠪᠡᠯᠡ ᠮᠥᠩᠭᠥ 13.7 ᠳ᠋ᠦᠩᠰᠢᠭᠤᠷ ᠲᠥᠭᠥᠷᠢᠭ᠎ᠲᠤ ᠬᠦᠷᠴᠦ ᠂  ᠲᠦᠭᠡᠮᠡᠯ ᠬᠠᠷᠠᠭ᠋ᠠᠯᠵᠠᠯ᠎ᠤᠨ ᠬᠡᠯᠪᠡᠷᠢᠲᠦ ᠵᠢᠵᠢᠭ ᠪᠢᠴᠢᠯ ᠠᠵᠤ ᠠᠬᠤᠢ᠌ᠯᠠᠯ᠎ᠤᠨ ᠵᠢᠭᠡᠯᠡᠯᠭᠡ ᠵᠢᠨ ᠦᠯᠡᠳᠡᠪᠦᠷᠢ ᠲᠣᠭ᠎ᠠ 14%᠎ᠪᠠᠷ ᠨᠡᠮᠡᠭᠳᠡᠨ ᠂ 《ᠥᠨᠳᠥᠷ ᠪᠦᠲᠦᠮᠵᠢᠳᠠᠢ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ 》  ᠠᠵᠢᠯ᠎ᠳᠤ  ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠡᠢ᠌ᠲᠡᠯᠡᠭᠰᠡᠨ 13 ᠵᠦᠢ᠍ᠯᠡᠰ᠎ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠠᠰᠠ 10 ᠵᠦᠢ᠍ᠯᠡᠰ᠎ᠢ ᠨᠡᠢ᠌ᠲᠡᠯᠡᠨ ᠂  ᠭᠣᠭᠴᠣᠭ᠎ᠠ ᠴᠠᠭ ᠮᠠᠲ᠋ᠧᠷᠢᠶᠠᠯ᠎ᠢ ᠴᠥᠮ 70%᠎ᠠᠴᠠ ᠳᠡᠭᠡᠭᠰᠢ ᠪᠠᠭ᠋ᠠᠰᠬᠠᠨ ᠬᠠᠰᠤᠵᠤ ᠂  ᠠᠷᠠᠳ᠎ᠠᠴᠠ ᠡᠵᠡᠩᠨᠡᠭᠰᠡᠨ ᠡᠵᠡᠩᠨᠡᠯᠲᠡ ᠵᠢᠨ ᠭᠣᠣᠯ ᠴᠣᠭᠴᠠ 16.4 ᠲᠦᠮᠡᠨ ᠡᠷᠦᠬᠡ ᠪᠣᠳᠠᠲᠠᠢ ᠨᠡᠮᠡᠭᠳᠡᠨ ᠂ 6.4%᠎ᠪᠠᠷ ᠨᠡᠮᠡᠭᠳᠡᠵᠦ ᠂  ᠶᠢᠩ ᠰᠧ ᠲᠧ ᠬᠣᠪᠣᠷ ᠰᠢᠷᠣᠢ ᠵᠢᠨ ᠪᠠᠢ᠌ᠩᠭᠤ ᠰᠣᠷᠢᠨᠵᠢᠨᠲᠤ ᠰᠢᠨ᠎ᠡ ᠮᠠᠲ᠋ᠧᠷᠢᠶᠠᠯ᠎ᠨᠢ ᠱᠧᠨᠵᠧᠨ᠎ᠤ ᠲᠡᠮᠳᠡᠭᠲᠦ ᠵᠢᠨ ᠠᠷᠠᠯᠵᠢᠶᠠᠨ᠎ᠤ ᠭᠠᠵᠠᠷ ᠵᠶ᠋ᠠᠷ ᠰᠲ᠋ᠣᠺ᠎ᠤᠨ ᠵᠠᠬ᠎ᠠ᠎ᠳᠤ ᠭᠠᠷᠪᠠ ᠃  ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠥᠭᠡᠷᠡᠴᠢᠯᠡᠯᠲᠡ ᠬᠢᠵᠦ ᠪᠦᠰᠡᠯᠡᠯᠲᠡ ᠰᠢᠪᠲᠤᠯᠬᠤ ᠠᠵᠢᠯ᠎ᠢ ᠭᠦᠨᠵᠡᠭᠡᠢ᠌ᠷᠡᠭᠦᠯᠦᠨ ᠂  ᠣᠳᠣ ᠦᠶ᠎ᠡ ᠵᠢᠨ ᠠᠵᠤ ᠠᠬᠤᠢ᠌ᠯᠠᠯ᠎ᠤᠨ ᠳᠦᠷᠢᠮ᠎ᠢ ᠲᠦᠷᠭᠡᠳᠬᠡᠨ ᠪᠠᠢ᠌ᠭᠤᠯᠵᠤ ᠂  ᠬᠥᠯᠥᠰᠦ ᠣᠯᠭᠣᠮᠵᠢ ᠬᠢᠭᠡᠳ ᠦᠷ᠎ᠡ ᠠᠰᠢᠭ᠎ᠢ ᠪᠠᠲᠤᠯᠠᠭ᠋ᠠᠲᠤ ᠴᠢᠨᠠᠷᠲᠠᠢ᠎ᠪᠠᠷ  ᠬᠣᠯᠪᠣᠭᠳᠠᠭᠤᠯᠬᠤ ᠲᠣᠭᠲᠠᠴᠠ ᠵᠢ ᠬᠡᠷᠡᠭᠵᠢᠭᠦᠯᠦᠨ ᠂  ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠢᠨᠠᠨ ᠬᠠᠮᠢᠶᠠᠷᠴᠤ ᠪᠠᠢ᠌ᠭ᠎ᠠ ᠠᠵᠤ ᠠᠬᠤᠢ᠌ᠯᠠᠯ᠎ᠤᠨ ᠡᠳ᠋ ᠬᠥᠷᠥᠩᠭᠡ ᠵᠢᠨ ᠶᠡᠷᠦᠩᠬᠡᠢ ᠲᠣᠭ᠎ᠠ ᠠᠩᠬ᠎ᠠ ᠤᠳᠠᠭ᠎ᠠ ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ ᠂  ᠪᠦᠬᠦ ᠤᠯᠤᠰ᠎ᠤᠨ 500 ᠬᠦᠴᠦᠷᠬᠡᠭ ᠠᠵᠤ ᠠᠬᠤᠢ᠌ᠯᠠᠯ᠎ᠤᠨ ᠨᠡᠷᠡᠰ᠎ᠤᠨ ᠵᠢᠭᠰᠠᠭ᠋ᠠᠯᠲᠠ᠎ᠳᠤ ᠴᠠᠬᠢᠯᠭ᠋ᠠᠨ ᠬᠦᠴᠦᠨ᠎ᠤ ᠪᠦᠯᠦᠭᠯᠡᠯ 11 ᠨᠡᠷᠡᠰ ᠳᠠᠪᠰᠢᠵᠤ ᠂  ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠤᠨ ᠠᠰᠢᠭ ᠣᠯᠵᠠᠪᠤᠷᠢ ᠵᠢᠨ ᠨᠡᠮᠡᠭᠳᠡᠯ᠎ᠤᠨ ᠬᠤᠷᠳᠤᠴᠠ ᠠᠵᠢᠯ ᠲᠦᠷᠦᠯ᠎ᠤᠨ ᠳᠤᠮᠳᠠᠴᠢ ᠬᠢᠷᠢ ᠲᠦᠪᠰᠢᠨ᠎ᠠᠴᠠ 33 ᠵᠠᠭᠤᠨ᠎ᠤ ᠬᠤᠪᠢ ᠵᠢᠨ  ᠴᠡᠭ ᠥᠨᠳᠥᠷ ᠪᠠᠢ᠌ᠵᠤ ᠂  ᠡᠨᠧᠷᠬᠢ ᠵᠢᠨ ᠪᠦᠯᠦᠭᠯᠡᠯ ᠂  ᠣᠢ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠺᠣᠮᠫᠠᠨᠢ ᠵᠢᠨ ᠠᠰᠢᠭ ᠣᠯᠵᠠᠪᠤᠷᠢ ᠲᠤᠰ ᠪᠦᠷᠢ 1 ᠳᠠᠬᠢᠨ ᠪᠠ 15 ᠳᠠᠬᠢᠨ ᠨᠡᠮᠡᠭᠳᠡᠨ ᠂  ᠵᠠᠮ ᠬᠠᠷᠢᠯᠴᠠᠭ᠋ᠠᠨ᠎ᠤ ᠪᠦᠯᠦᠭᠯᠡᠯ ᠂  ᠰᠣᠶᠣᠯ ᠵᠢᠭᠤᠯᠴᠢᠯᠠᠯ᠎ᠤᠨ ᠪᠦᠯᠦᠭᠯᠡᠯ᠎ᠤᠨ ᠡᠵᠡᠩᠨᠡᠯᠲᠡ ᠵᠢᠨ ᠣᠷᠣᠯᠭ᠎ᠠ ᠲᠣᠰ ᠪᠦᠷᠢ 1.1 ᠳᠠᠬᠢᠨ ᠪᠠ 4.3 ᠳᠠᠬᠢᠨ ᠨᠡᠮᠡᠭᠳᠡᠪᠡ ᠃  ᠵᠠᠰᠠᠭ᠎ᠢ ᠴᠣᠮᠬᠠᠳᠬᠠᠨ ᠡᠷᠬᠡ ᠵᠢ ᠲᠠᠯᠪᠢᠬᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠂  ᠬᠥᠭᠵᠢᠭᠦᠯᠦᠯᠲᠡ ᠪᠠ ᠥᠭᠡᠷᠡᠴᠢᠯᠡᠯᠲᠡ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠂  ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠨᠢ ᠬᠢᠨᠠᠨ ᠵᠥᠪᠰᠢᠶᠡᠷᠡᠬᠦ ᠴᠤᠪᠤᠷᠠᠯ᠎ᠤᠨ ᠬᠤᠭᠤᠴᠠᠭ᠋ᠠᠲᠤ ᠦᠢ᠍ᠯᠡᠳᠦᠯ᠎ᠢ ᠰᠢᠯᠢᠳᠡᠭᠵᠢᠭᠦᠯᠬᠦ ᠂  ᠪᠡᠯᠡ ᠮᠥᠩᠭᠥᠨ᠎ᠤ ᠬᠠᠮᠢᠶᠠᠷᠤᠯᠲᠠ ᠵᠢᠨ ᠡᠷᠬᠡ ᠮᠡᠳᠡᠯ᠎ᠢ ᠠᠭᠤᠵᠢᠭᠤ ᠲᠠᠯᠪᠢᠬᠤ ᠵᠡᠷᠭᠡ ᠨᠢᠭᠡ ᠪᠦᠯᠦᠭ ᠥᠭᠡᠷᠡᠴᠢᠯᠡᠯᠲᠡ ᠵᠢᠨ ᠵᠦᠢ᠍ᠯᠡᠰ᠎ᠢ ᠨᠡᠢ᠌ᠲᠡᠯᠡᠪᠡ ᠃  ᠠᠯᠳᠠᠭ᠎ᠠ ᠪᠤᠷᠤᠭᠤ᠎ᠪᠠᠨ ᠵᠠᠯᠠᠷᠠᠭᠤᠯᠬᠤ᠎ᠨᠢ ᠥᠭᠡᠷᠡᠴᠢᠯᠡᠯᠲᠡ ᠪᠣᠯᠬᠤ ᠵᠢ ᠪᠠᠷᠢᠮᠲᠠᠯᠠᠨ ᠂  ᠲᠣᠭᠣᠷᠢᠨ ᠪᠠᠢ᠌ᠴᠠᠭ᠋ᠠᠯᠲᠠ ᠂  ᠬᠢᠨᠠᠨ ᠪᠣᠳᠣᠯᠲᠠ ᠂  ᠲᠣᠭ᠎ᠠ ᠪᠦᠷᠢᠳᠬᠡᠯ ᠵᠡᠷᠭᠡ ᠬᠢᠨᠠᠨ ᠪᠠᠢ᠌ᠴᠠᠭ᠋ᠠᠯᠲᠠ᠎ᠪᠠᠷ ᠢᠯᠡᠷᠡᠭᠦᠯᠦᠭᠰᠡᠨ ᠠᠰᠠᠭᠤᠳᠠᠯ᠎ᠤᠳ᠎ᠢ ᠬᠢᠨᠠᠮᠠᠭ᠋ᠠᠢ ᠴᠡᠭᠴᠡᠯᠡᠨ ᠵᠠᠰᠠᠵᠤ ᠂  ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶ᠎ᠡ ᠴᠠᠷᠠᠭ᠋ᠠᠨ᠎ᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠤᠨ ᠵᠠᠰᠠᠯᠲᠠ ᠵᠢ ᠪᠠᠢ᠌ᠩᠭᠤᠰᠢᠭᠤᠯᠤᠨ ᠠᠬᠢᠭᠤᠯᠵᠤ ᠂  ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠂  ᠡᠮ ᠡᠮᠨᠡᠯᠭᠡ ᠂  ᠮᠥᠩᠭᠥᠨ ᠭᠦᠢ᠍ᠯᠭᠡᠭᠡ ᠂  ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ ᠬᠦᠯᠢᠶᠡᠬᠦ ᠵᠡᠷᠭᠡ ᠬᠦᠷᠢᠶ᠎ᠡ ᠴᠠᠷᠠᠭ᠋ᠠᠨ᠎ᠳᠠᠬᠢ ᠲᠣᠪᠣᠢ᠌ᠮ᠎ᠠ ᠠᠰᠠᠭᠤᠳᠠᠯ᠎ᠤᠳ᠎ᠢ ᠭᠦᠨᠵᠡᠭᠡᠢ ᠴᠡᠭᠴᠡᠯᠡᠨ ᠵᠠᠰᠠᠪᠠ ᠃

       ᠨᠢᠭᠡ ᠵᠢᠯ᠎ᠤᠨ ᠲᠤᠷᠰᠢ ᠂  ᠪᠢᠳᠡ ᠨᠢᠭᠡ ᠲᠠᠯ᠎ᠠ᠎ᠪᠠᠷ ᠠᠵᠤ ᠠᠬᠤᠢ ᠵᠢᠨ ᠬᠥᠭᠵᠢᠯᠲᠡ ᠵᠢ ᠠᠳᠬᠤᠵᠤ ᠂  ᠨᠦᠭᠦᠭᠡ ᠲᠠᠯ᠎ᠠ᠎ᠪᠠᠷ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢ ᠠᠳᠬᠤᠨ ᠂  ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ  ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠬᠠᠮᠲᠤ᠎ᠪᠠᠷ  ᠡᠳ᠋ᠯᠡᠭᠦᠯᠪᠡ ᠃  ᠵᠢᠱ᠌ᠢᠯᠲᠡ᠎ᠪᠠᠷ  ᠲᠣᠭᠲᠠᠮᠠᠯ ᠬᠥᠷᠥᠩᠭᠡ ᠵᠢᠨ ᠪᠡᠯᠡ ᠣᠷᠣᠭᠤᠯᠣᠯᠲᠠ 13%᠎ᠪᠠᠷ ᠨᠡᠮᠡᠭᠳᠡᠨ ᠂  ᠪᠦᠬᠦ ᠤᠯᠤᠰ᠎ᠤᠨ 2 ᠳ᠋ᠤᠭ᠋ᠠᠷ ᠪᠠᠢ᠌ᠷᠢ᠎ᠪᠠᠨ ᠪᠠᠲᠤᠯᠠᠵᠤ ᠂  ᠴᠢᠬᠤᠯᠠ ᠶᠡᠬᠡ ᠲᠦᠷᠦᠯ ᠵᠦᠢ᠍ᠯ᠎ᠤᠨ ᠪᠡᠯᠡ ᠣᠷᠣᠭᠤᠯᠣᠯᠲᠠ 9100 ᠳ᠋ᠦᠩᠰᠢᠭᠤᠷ ᠲᠥᠭᠥᠷᠢᠭ᠎ᠢ ᠳᠠᠪᠠᠵᠤ ᠂  ᠪᠣᠣ ᠹᠧᠩ᠎ᠤᠨ ᠪᠦᠬᠦ ᠪᠥᠮᠪᠥᠷᠴᠡᠭ᠎ᠲᠤ ᠳᠠᠩ ᠭᠠᠭᠴᠠ ᠦᠢ᠍ᠯᠡᠳᠪᠦᠷᠢ ᠵᠢᠨ ᠬᠡᠪᠴᠢᠶᠡᠵᠢᠯ ᠵᠶ᠋ᠠᠷ ᠬᠠᠮᠤᠭ᠎ᠤᠨ ᠶᠡᠬᠡ ᠨᠡᠭᠦᠷᠡᠰᠦ᠎ᠪᠠᠷ ᠠᠯᠺᠧᠨ ᠨᠡᠭᠦᠷᠦᠭᠴᠢ ᠦᠢ᠍ᠯᠡᠳᠬᠦ ᠪᠣᠬᠢᠷᠳᠤᠯ ᠦᠭᠡᠢ ᠣᠰᠣᠳᠦ᠋ᠷᠦᠭᠴᠢ ᠵᠢ ᠡᠪᠴᠡᠯᠳᠦᠭᠦᠯᠬᠦ ᠂  ᠯᠦᠩ ᠵᠢᠢ ᠭᠡᠷᠡᠯᠴᠢ ᠴᠡᠨᠡᠭ᠎ᠤᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢ ᠨᠢᠭᠡ ᠴᠣᠭᠴᠠᠵᠢᠭᠤᠯᠬᠤ ᠂  ᠤᠮᠠᠷᠠᠲᠤ ᠵᠢᠨ ᠬᠣᠪᠣᠷ ᠰᠢᠷᠣᠢ ᠵᠢᠨ ᠪᠦᠬᠦ ᠪᠥᠮᠪᠥᠷᠴᠡᠭ᠎ᠲᠤ ᠬᠡᠪᠴᠢᠶᠡᠵᠢᠯ ᠵᠶ᠋ᠠᠷ ᠬᠠᠮᠤᠭ᠎ᠤᠨ ᠶᠡᠬᠡ ᠬᠠᠮᠤᠭ᠎ᠤᠨ ᠲᠡᠷᠢᠭᠦᠨ᠎ᠤ ᠬᠠᠢ᠌ᠯᠤᠭᠤᠯᠤᠨ ᠪᠣᠯᠪᠠᠰᠣᠷᠠᠭᠤᠯᠵᠦ ᠬᠤᠪᠢᠶᠠᠨ ᠰᠠᠯᠭ᠋ᠠᠬᠤ ᠵᠡᠷᠭᠡ ᠠᠵᠤ ᠦᠢ᠍ᠯᠡᠰ᠎ᠤᠨ ᠲᠦᠷᠦᠯ ᠵᠦᠢ᠍ᠯ᠎ᠢ ᠠᠰᠢᠭᠯᠠᠯᠲᠠ᠎ᠳᠤ ᠣᠷᠣᠭᠤᠯᠪᠠ ;  ᠵᠢᠨᠢᠩ᠎ᠠᠴᠠ ᠳ᠋ᠠᠲ᠋ᠦ᠋ᠩ ᠶᠤᠸᠠᠨᠫᠢᠩ ᠬᠦᠷᠬᠦ ᠲᠦᠷᠭᠡᠨ᠎ᠤ ᠲᠡᠮᠦᠷ ᠵᠠᠮ᠎ᠢ ᠨᠡᠪᠲᠡᠷᠡᠭᠦᠯᠦᠨ ᠠᠵᠢᠯᠯᠠᠭᠤᠯᠵᠤ ᠂  ᠵᠢᠨᠢᠩ᠎ᠠᠴᠠ ᠲᠦᠩᠯᠢᠶᠣᠣ ᠬᠦᠷᠬᠦ ᠲᠡᠮᠦᠷ ᠵᠠᠮ᠎ᠤᠨ ᠴᠠᠬᠢᠯᠭ᠋ᠠᠨᠵᠢᠯᠲᠠ ᠵᠢ ᠪᠦᠬᠦ ᠲᠠᠯ᠎ᠠ᠎ᠪᠠᠷ ᠪᠡᠶᠡᠯᠡᠭᠦᠯᠦᠨ ᠂  ᠵᠡᠭᠦᠨᠰᠢ ᠪᠠᠷᠠᠭᠤᠨᠰᠢᠬᠢ ᠲᠦᠷᠭᠡᠨ᠎ᠤ ᠵᠠᠰᠠᠮᠠᠯ ᠵᠠᠮ᠎ᠤᠨ ᠶᠡᠬᠡ ᠨᠡᠪᠲᠡᠷᠡᠯ ᠵᠠᠮ᠎ᠢ ᠪᠦᠬᠦ ᠱᠤᠭᠤᠮ ᠵᠶ᠋ᠠᠷ ᠨᠡᠪᠲᠡᠷᠡᠭᠦᠯᠦᠨ ᠂  ᠬᠦᠬᠡᠬᠤᠳᠠ ᠵᠢᠨ ᠱᠧᠩᠯᠧ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠤᠨ ᠭᠣᠣᠯ ᠴᠣᠭᠴᠠᠲᠤ ᠪᠠᠷᠢᠯᠭ᠎ᠠ ᠦᠨᠳᠦᠰᠦᠨ᠎ᠳᠤ᠎ᠪᠠᠨ ᠠᠵᠢᠯ ᠳᠠᠭᠤᠰᠴᠤ ᠂  ᠱᠧᠩᠯᠢ᠎ᠠᠴᠠ ᠵᠠᠩᠪᠧᠢ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭ᠋ᠠᠨ ᠳᠠᠮᠵᠢᠭᠤᠯᠬᠤ ᠢᠨᠵᠧᠨᠧᠷᠢᠩ᠎ᠢ ᠡᠬᠢᠯᠡᠭᠦᠯᠦᠨ ᠠᠵᠢᠯᠯᠠᠭᠤᠯᠵᠤ ᠂  ᠡᠭᠦᠯᠡᠨ ᠳ᠋ᠠᠢ᠌ᠲ᠋ᠠ ᠵᠢᠨ ᠲᠥᠪ ᠵᠡᠷᠭᠡ ᠰᠢᠨ᠎ᠡ ᠬᠡᠯᠪᠡᠷᠢ ᠵᠢᠨ  ᠰᠠᠭᠤᠷᠢ ᠪᠡᠯᠡᠳᠬᠡᠮᠵᠢ ᠵᠢᠨ  ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠣᠯᠲᠠ 40%᠎ᠠᠴᠠ ᠳᠡᠭᠡᠭᠰᠢ ᠨᠡᠮᠡᠭᠳᠡᠪᠡ ᠃  ᠵᠢᠱ᠌ᠢᠯᠲᠡ᠎ᠪᠠᠷ  ᠨᠡᠢ᠌ᠭᠡᠮ᠎ᠤᠨ ᠬᠡᠷᠡᠭᠯᠡᠭᠡ ᠵᠢᠨ ᠵᠦᠢ᠍ᠯ᠎ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠣᠭ᠎ᠠ 4%᠎ᠪᠠᠷ ᠨᠡᠮᠡᠭᠳᠡᠨ ᠂  ᠮᠠᠰᠢᠨ ᠲᠡᠷᠭᠡ ᠂  ᠭᠡᠷ᠎ᠤᠨ ᠴᠠᠬᠢᠯᠭ᠋ᠠᠨ ᠬᠡᠷᠡᠭᠰᠡᠯ ᠵᠡᠷᠭᠡ ᠵᠢᠨ  ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠨᠢ 300 ᠭᠠᠷᠤᠢ ᠳ᠋ᠦᠩᠰᠢᠭᠤᠷ ᠲᠥᠭᠥᠷᠢᠭ᠎ᠤᠨ ᠬᠡᠷᠡᠭᠯᠡᠭᠡ ᠵᠢ ᠳᠠᠢ᠍ᠢ᠍ᠴᠢᠯᠠᠵᠦ ᠂  ᠲᠦᠷᠦᠭᠦᠴᠢ ᠳᠡᠯᠭᠡᠭᠦᠷ ᠂  ᠬᠣᠰᠢᠭᠤᠴᠢ ᠳᠡᠯᠭᠡᠭᠦᠷ᠎ᠢ 168 ᠰᠢᠨ᠎ᠡ᠎ᠪᠠᠷ ᠣᠷᠣᠭᠤᠯᠤᠨ ᠠᠪᠴᠢᠷᠠᠵᠤ ᠂ 《ᠠᠶᠠᠯᠭᠤᠲᠤ ᠵᠢᠭᠤᠯᠴᠢᠯᠠᠯ ᠥᠪᠥᠷ ᠮᠣᠩᠭᠣᠯ 》᠂ 《ᠳᠡᠯᠭᠡᠷ ᠨᠠᠭ᠋ᠠᠳᠤᠮ 》 ᠎ᠨᠢ ᠵᠢᠭᠤᠯᠴᠢᠯᠠᠯ᠎ᠤᠨ ᠰᠢᠨ᠎ᠡ ᠬᠥᠭ ᠠᠶᠠᠰ᠎ᠢ ᠴᠢᠪᠬᠠᠳᠠᠵᠤ ᠂  ᠷᠠᠰᠢᠶᠠᠨ᠎ᠤ ᠤᠯᠤᠰ᠎ᠤᠨ ᠳᠡᠰ᠎ᠤᠨ ᠵᠢᠭᠤᠯᠴᠢᠯᠠᠯ ᠠᠮᠠᠷᠠᠯᠲᠠ ᠵᠢᠨ ᠣᠷᠣᠨ ᠪᠠ ᠯᠣᠣ ᠨᠢᠦ ᠸᠠᠨ ᠬᠠᠲᠣᠨ ᠭᠣᠣᠯ᠎ᠤᠨ ᠶᠡᠬᠡ ᠬᠠᠪᠴᠢᠯ ᠂  ᠮᠡᠷᠭᠡᠯ ᠭᠣᠣᠯ 5A ᠳᠡᠰ᠎ᠤᠨ ᠦᠵᠡᠮᠵᠢ ᠵᠢᠨ ᠣᠷᠣᠨ ᠬᠢᠨᠠᠨ ᠵᠥᠪᠰᠢᠶᠡᠷᠡᠭᠳᠡᠵᠦ ᠂  ᠪᠦᠬᠦ ᠣᠷᠣᠨ᠎ᠤ ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.73 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ ᠂ 4140 ᠳ᠋ᠦᠩᠰᠢᠭᠤᠷ ᠲᠥᠭᠥᠷᠢᠭ᠎ᠤᠨ ᠣᠷᠣᠯᠭ᠎ᠠ ᠵᠢ ᠪᠡᠶᠡᠯᠡᠭᠦᠯᠦᠨ ᠂ 18.6% ᠪᠠ 23.4%᠎ᠪᠠᠷ ᠨᠡᠮᠡᠭᠳᠡᠪᠡ ᠃ ᠤᠮᠠᠷᠠᠲᠤ ᠬᠢᠯᠢ ᠵᠢᠨ ᠰᠣᠶᠣᠯ᠎ᠢ ᠰᠤᠳᠤᠯᠵᠤ ᠵᠣᠬᠢᠶᠠᠨ ᠪᠦᠲᠦᠭᠡᠵᠦ ᠤᠯᠠᠮᠵᠢᠯᠠᠬᠤ ᠵᠢ ᠴᠢᠩᠭ᠋ᠠᠳᠬᠠᠨ ᠂  ᠶᠤᠸᠠᠨ᠎ᠤ ᠳᠡᠭᠡᠳᠦ ᠨᠡᠢ᠌ᠰᠯᠡᠯ ᠂  ᠴᠢᠨ᠎ᠤ ᠴᠢᠬᠡ ᠵᠠᠮ᠎ᠤᠨ ᠪᠠᠭᠤᠷᠢ ᠂  ᠤᠳᠠ ᠵᠢᠨ ᠫᠧᠷᠮᠢ ᠭᠠᠯᠪᠠ ᠵᠢᠨ ᠤᠷᠭᠤᠮᠠᠯ ᠬᠤᠴᠢᠯᠭ᠎ᠠ ᠵᠢᠨ ᠴᠢᠯᠠᠭᠤᠵᠢᠮᠠᠯ᠎ᠤᠨ ᠭᠠᠷᠤᠯᠲᠠ ᠵᠢᠨ ᠣᠷᠣᠨ᠎ᠤ ᠬᠠᠮᠠᠭ᠋ᠠᠯᠠᠯᠲᠠ ᠢᠳᠡᠪᠬᠢ ᠠᠬᠢᠯᠲᠠ᠎ᠲᠠᠢ ᠪᠣᠯᠵᠤ ᠂  ᠬᠤᠩᠱ᠌ᠠᠨ ᠰᠣᠶᠣᠯ᠎ᠤᠨ ᠬᠠᠭᠤᠴᠢᠨ᠎ᠤ ᠰᠤᠳᠤᠯᠤᠯ᠎ᠤᠨ ᠲᠠᠯ᠎ᠠ᠎ᠪᠠᠷ  ᠪᠠᠰᠠ ᠴᠢᠬᠤᠯᠠ ᠶᠡᠬᠡ ᠢᠯᠡᠷᠡᠭᠦᠯᠦᠯᠲᠡ᠎ᠲᠠᠢ ᠪᠠᠢ᠌ᠵᠤ ᠂  ᠪᠠᠳᠠᠢ ᠵᠢᠨ ᠵᠢᠷᠠᠨ ᠡᠯᠡᠰᠦ –  ᠡᠯᠡᠰᠦᠨ ᠴᠣᠬᠢᠶ᠎ᠠ ᠨᠠᠭᠤᠷ ᠪᠦᠷᠢᠳᠦ᠎ᠨᠦᠭᠦᠳ᠎ᠢ ᠠᠮᠵᠢᠯᠲᠠ᠎ᠲᠠᠢ᠎ᠪᠠᠷ ᠥᠪ ᠵᠢᠡᠷ ᠭᠤᠶᠤᠴᠢᠯᠠᠪᠠ ᠂  ᠲᠧᠯᠸᠢᠰ ᠵᠦᠴᠦᠭᠡ 《ᠠᠬᠠᠮᠠᠳ ᠦᠶ᠎ᠡ ᠵᠢᠨ ᠢᠷᠠᠭᠤ ᠠᠯᠳᠠᠷ 》 ᠎ᠨᠢ 《ᠲᠠᠪᠤᠨ ᠨᠢᠭᠡ ᠵᠢᠨ ᠢᠨᠵᠧᠨᠧᠷᠢᠩ 》᠎ᠤᠨ ᠱᠠᠩᠨᠠᠯ ᠬᠦᠷᠲᠡᠵᠦ ᠂  ᠤᠯᠠᠭ᠋ᠠᠨᠮᠥ᠋ᠴᠢᠷ᠎ᠨᠢ ᠪᠡᠭᠡᠵᠢᠩ ᠱᠠᠩᠬᠠᠢ ᠭᠤᠸᠠᠩᠵᠧᠦ ᠵᠡᠷᠭᠡ 25 ᠮᠤᠵᠢ ᠬᠤᠳᠠ᠎ᠪᠠᠷ 760 ᠭᠠᠷᠤᠢ ᠲᠠᠯᠠᠪᠤᠷ ᠲᠣᠭᠣᠷᠢᠨ ᠲᠣᠭᠯᠠᠵᠤ ᠂ 《ᠮᠣᠷᠢᠲᠤ ᠴᠡᠷᠢᠭ 》  ᠵᠡᠷᠭᠡ ᠤᠳᠬ᠎ᠠ ᠤᠷᠠᠯᠢᠭ᠎ᠤᠨ ᠪᠦᠲᠦᠭᠡᠯ᠎ᠤᠨ ᠦᠵᠡᠭᠦᠯᠭᠡ ᠵᠢᠨ ᠲᠤᠭᠯᠠᠯᠲᠠ ᠵᠢᠨ ᠲᠠᠯᠠᠪᠤᠷ ᠪᠣᠯᠭ᠋ᠠᠨ᠎ᠳᠤ ᠦᠵᠡᠭᠴᠢᠳ ᠳᠦᠭᠦᠷᠴᠦ ᠂ 《ᠤᠮᠠᠷᠠᠲᠤ ᠬᠢᠯᠢ ᠵᠢᠨ ᠰᠣᠶᠣᠯ᠎ᠤᠨ ᠡᠬᠡ ᠤᠯᠤᠰ᠎ᠲᠠᠬᠢ ᠠᠶᠠᠯᠠᠯ 》᠎ᠢ ᠪᠦᠬᠦ ᠤᠯᠤᠰ᠎ᠲᠤ ᠬᠠᠩᠭᠢᠨᠠᠭᠤᠯᠪᠠ ᠃  ᠠᠷᠠᠳ᠎ᠤᠨ ᠠᠮᠢᠳᠤᠷᠠᠯ᠎ᠤᠨ ᠦᠢ᠍ᠯᠡᠰ ᠲᠠᠰᠤᠷᠠᠯᠲᠠ ᠦᠭᠡᠢ ᠰᠢᠨ᠎ᠡ ᠠᠬᠢᠯᠲᠠ᠎ᠲᠠᠢ ᠪᠣᠯᠵᠤ ᠂  ᠵᠢᠱ᠌ᠢᠯᠲᠡ᠎ᠪᠠᠷ  ᠰᠠᠭᠤᠭ᠋ᠠᠯᠢ ᠠᠷᠠᠳ᠎ᠤᠨ ᠤᠷᠤᠯᠭ᠎ᠠ ᠵᠢᠨ  ᠨᠡᠮᠡᠭᠳᠡᠯ᠎ᠨᠢ ᠠᠵᠤ ᠠᠬᠤᠢ ᠵᠢᠨ  ᠨᠡᠮᠡᠭᠳᠡᠯ᠎ᠯᠦᠭᠡ ᠦᠨᠳᠦᠰᠦᠨ᠎ᠳᠤ ᠎ᠪᠠᠨ ᠠᠳᠠᠯᠢ ᠪᠠᠢ᠌ᠵᠤ ᠂  ᠬᠤᠲᠠ ᠪᠠᠯᠭ᠋ᠠᠰᠤᠨ᠎ᠤ 20.1 ᠲᠦᠮᠡᠨ ᠬᠥᠮᠥᠨ᠎ᠳᠤ ᠰᠢᠨ᠎ᠡ᠎ᠪᠠᠷ ᠠᠵᠢᠯ ᠣᠯᠭᠣᠨ ᠂  ᠵᠢᠯ᠎ᠤᠨ ᠡᠬᠢᠨ᠎ᠳᠤ ᠠᠮᠠᠯᠠᠭᠰᠠᠨ 33 ᠵᠦᠢ᠍ᠯ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠦᠬᠦᠨ᠎ᠢ ᠪᠡᠶᠡᠯᠡᠭᠦᠯᠵᠦ ᠂  ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠮᠥᠩᠭᠥ ᠂  ᠵᠡᠮᠳᠡᠭᠴᠦᠳ᠎ᠤᠨ ᠨᠡᠮᠡᠭᠦᠷᠢ ᠵᠡᠷᠭᠡ 5 ᠵᠦᠢ᠍ᠯ᠎ᠤᠨ ᠪᠠᠷᠢᠮᠵᠢᠶ᠎ᠠ ᠵᠢ ᠳᠡᠭᠡᠭᠰᠢᠯᠡᠭᠦᠯᠦᠨ ᠂  ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠪᠠᠷᠢᠮᠵᠢᠶ᠎ᠠ ᠴᠥᠮ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠳᠤ ᠬᠦᠷᠦᠭᠰᠡᠨ ᠪᠤᠶᠤ ᠲᠡᠭᠦᠨ᠎ᠠᠴᠠ ᠳᠠᠪᠠᠪᠠ ;  ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ 1.69 ᠲᠦᠮᠡᠨ ᠢᠵᠢ ᠰᠢᠨ᠎ᠡ᠎ᠪᠠᠷ ᠪᠡᠯᠡᠳᠬᠡᠨ ᠪᠠᠢ᠌ᠭᠤᠯᠵᠤ ᠂  ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ 3460 ᠡᠷᠣᠭᠡ ᠂  ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠣᠷᠢᠭ᠎ᠢ 1185 ᠥᠭᠡᠷᠡᠴᠢᠯᠡᠨ ᠰᠢᠨᠡᠳᠬᠡᠪᠡ ;  ᠪᠦᠢ᠍ᠲᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠤᠨ ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠬᠤ ᠵᠢᠴᠢ ᠰᠢᠨ᠎ᠡ ᠡᠨᠧᠷᠬᠢ ᠵᠢᠨ  ᠴᠠᠬᠢᠯᠭ᠋ᠠᠨ ᠨᠠᠪᠲᠠᠷᠡᠭᠦᠯᠵᠦ ᠳᠡᠰ ᠳᠡᠪᠰᠢᠭᠦᠯᠬᠦ ᠢᠨᠵᠧᠨᠧᠷᠢᠩ᠎ᠢ ᠪᠦᠭᠦ ᠲᠠᠯ᠎ᠠ᠎ᠪᠠᠷ ᠪᠡᠶᠡᠯᠡᠭᠦᠯᠪᠡ ;  ᠨᠢᠯᠬ᠎ᠠ ᠨᠢᠷᠠᠢ ᠬᠡᠦᠬᠡᠳ ᠰᠠᠭ᠋ᠠᠲᠠᠭᠤᠯᠬᠤ ᠣᠷᠣ ᠵᠢ 1.8 ᠲᠦᠮᠡ ᠂  ᠰᠠᠭᠤᠷᠢ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠣᠷᠣ ᠵᠢ 3.8 ᠲᠦᠮᠡ ᠰᠢᠨ᠎ᠡ᠎ᠪᠠᠷ ᠨᠡᠮᠡᠭᠳᠡᠭᠦᠯᠵᠦ ᠂  ᠦᠨᠳᠦᠰᠦᠨ ᠠᠩᠭᠢ ᠵᠢᠨ ᠲᠤᠰᠬᠠᠢ ᠮᠡᠷᠭᠡᠵᠢᠯ᠎ᠢ 22 ᠰᠢᠨ᠎ᠡ᠎ᠪᠠᠷ ᠲᠣᠬᠢᠷᠠᠭᠤᠯᠵᠤ ᠂  ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠨᠢ ᠠᠵᠤ ᠠᠬᠤᠢ᠌ᠯᠠᠯ᠎ᠳᠤ ᠵᠠᠬᠢᠶᠠᠯᠠᠭ᠎ᠠ ᠮᠠᠶᠢᠭ ᠵᠶ᠋ᠠᠷ ᠮᠡᠷᠭᠡᠰᠢᠯᠲᠦ ᠴᠢᠳᠠᠪᠤᠷᠢᠲᠠᠨ᠎ᠢ 3.1 ᠲᠦᠮᠡ ᠬᠥᠮᠥᠵᠢᠭᠦᠯᠵᠦ ᠥᠭᠪᠡ ;  ᠪᠡᠭᠡᠵᠢᠩ᠎ᠤᠨ ᠨᠥᠬᠥᠷᠯᠡᠯ ᠡᠮᠨᠡᠯᠭᠡ ᠵᠢᠨ ᠬᠣᠷᠢᠶ᠎ᠠ ᠂  ᠰᠢᠤᠸᠠᠨ ᠦ᠋ ᠡᠮᠨᠡᠯᠭᠡ ᠵᠢᠨ ᠬᠣᠷᠢᠶᠠᠨ᠎ᠤ ᠥᠪᠥᠷ ᠮᠣᠩᠭᠣᠯ᠎ᠳᠠᠬᠢ ᠡᠮᠨᠡᠯᠭᠡ ᠵᠢᠨ ᠬᠣᠷᠢᠶ᠎ᠠ ᠵᠡᠷᠭᠡ ᠤᠯᠤᠰ᠎ᠤᠨ ᠣᠷᠣᠨ ᠪᠦᠰᠡ ᠵᠢᠨ 2 ᠡᠮᠴᠢᠯᠡᠭᠡᠨ᠎ᠤ ᠲᠥᠪ ᠰᠢᠨ᠎ᠡ᠎ᠪᠠᠷ ᠫᠠᠢ᠌ᠰᠠ ᠡᠯᠭᠦᠨ ᠪᠠᠢ᠌ᠭᠤᠯᠤᠭᠳᠠᠵᠤ ᠂  ᠨᠢᠭᠲᠠ ᠬᠡᠯᠪᠡᠷᠢ ᠪᠦᠬᠦᠢ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢ 61 ᠪᠠᠢ᠌ᠭᠤᠯᠵᠤ ᠂  ᠪᠦᠬᠦ ᠣᠷᠣᠨ᠎ᠤ 333  ᠡᠷᠦᠬᠡ  ᠡᠮᠴᠢᠯᠡᠭᠡᠨ᠎ᠤ ᠪᠠᠢ᠌ᠭᠤᠯᠤᠮᠵᠢ᠎ᠨᠢ ᠪᠠᠢ᠌ᠴᠠᠭ᠋ᠠᠨ ᠰᠢᠯᠭ᠋ᠠᠭᠰᠠᠨ ᠦᠷ᠎ᠡ ᠳ᠋ᠦᠩ ᠵᠶ᠋ᠠᠨ ᠬᠠᠷᠢᠯᠴᠠᠨ ᠮᠡᠳᠡᠷᠡᠬᠦ ᠵᠢ ᠪᠡᠶᠡᠯᠡᠭᠦᠯᠵᠦ ᠂  ᠡᠮ ᠡᠮᠨᠡᠯᠭᠡ ᠵᠢᠨ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠠᠵᠢᠯ᠎ᠨᠢ ᠣᠯᠠᠨ ᠲᠦᠮᠡᠨ᠎ᠤ ᠡᠮᠨᠡᠭᠦᠯᠬᠦ ᠳᠠᠷᠤᠭ᠋ᠠᠰᠤ ᠵᠢ 172 ᠳ᠋ᠦᠩᠰᠢᠭᠤᠷ ᠲᠥᠭᠥᠷᠢᠭ ᠬᠥᠩᠭᠡᠷᠡᠭᠦᠯᠪᠡ ;  ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠂  ᠡᠷᠡᠭᠲᠡᠢ ᠵᠢᠨ ᠪᠦᠢ᠍ᠺᠦ ᠪᠥᠮᠪᠥᠭᠡ ᠵᠢᠨ  ᠠᠽᠢᠶ᠎ᠠ ᠲᠢᠪ ᠬᠤᠨᠳᠠᠭ᠋ᠠᠲᠤ ᠬᠣᠯᠪᠣᠭ᠋ᠠᠲᠤ ᠣᠷᠣᠯᠳᠣᠭ᠋ᠠᠨ ᠂  ᠪᠦᠬᠦ ᠤᠯᠤᠰ᠎ᠤᠨ ᠫᠢᠩᠫᠠᠩ ᠪᠥᠮᠪᠥᠭᠡ ᠵᠢᠨ ᠮᠠᠩᠯᠠᠢ ᠰᠢᠯᠭ᠋ᠠᠷᠠᠭᠤᠯᠬᠤ ᠣᠷᠣᠯᠳᠣᠭ᠋ᠠᠨ ᠵᠡᠷᠭᠡ ᠴᠢᠬᠤᠯᠠ ᠶᠡᠬᠡ ᠣᠷᠣᠯᠳᠣᠭ᠋ᠠᠨ᠎ᠤ ᠶᠠᠪᠤᠳᠠᠯ᠎ᠢ ᠠᠮᠵᠢᠯᠲᠠ᠎ᠲᠠᠢ ᠡᠷᠬᠢᠯᠡᠨ ᠂  ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠮᠠᠨ᠎ᠤ ᠣᠷᠣᠨ᠎ᠤ ᠲᠠᠮᠢᠷᠴᠢᠨ 1 ᠠᠯᠲᠠᠨ ᠮᠧᠳᠠᠯ 1 ᠮᠥᠩᠭᠥᠨ ᠮᠧᠳᠠᠯ᠎ᠤᠨ ᠲᠡᠦᠬᠡᠨ ᠳᠡᠭᠡᠷᠡᠬᠢ ᠬᠠᠮᠤᠭ᠎ᠤᠨ ᠰᠠᠢ᠌ᠨ ᠬᠢᠷᠢ ᠪᠦᠲᠦᠮᠵᠢ ᠣᠯᠪᠠ ᠃  ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠠᠴᠠ ᠪᠦᠬᠦ ᠲᠠᠯ᠎ᠠ ᠵᠢᠨ ᠬᠠᠮᠲᠤᠷᠠᠯᠴᠠᠭ᠎ᠠ ᠲᠡᠢ᠌ᠰᠢ ᠥᠷᠭᠡᠳᠴᠦ ᠂  ᠪᠡᠭᠡᠵᠢᠩ᠎ᠤᠨ ᠠᠵᠤ ᠠᠬᠤᠢ᠌ᠯᠠᠯ ᠰᠠᠭᠤᠷᠢᠰᠢᠵᠤ ᠪᠡᠯᠡ ᠣᠷᠣᠭᠤᠯᠤᠭᠰᠠᠨ ᠲᠣᠭ᠎ᠠ 175 ᠳ᠋ᠦᠩᠰᠢᠭᠤᠷ ᠲᠥᠭᠥᠷᠢᠭ᠎ᠲᠤ ᠬᠦᠷᠴᠦ ᠂  ᠲᠠᠷᠢᠶᠠᠯᠠᠬᠤ ᠮᠠᠯᠵᠢᠬᠤ ᠣᠷᠣᠨ᠎ᠤ 7 ᠲᠦᠮᠡ ᠭᠠᠷᠤᠢ ᠬᠦᠳᠡᠯᠮᠦᠷᠢ ᠬᠦᠴᠦᠨ᠎ᠤ ᠠᠵᠢᠯ ᠣᠯᠭᠣᠯᠲᠠ ᠵᠢ ᠳᠠᠢ᠍ᠢ᠍ᠴᠢᠯᠠᠨ ᠂  ᠪᠡᠭᠡᠵᠢᠩ᠎ᠤᠨ 1000 ᠭᠠᠷᠤᠢ ᠪᠠᠭᠰᠢ ᠡᠮᠴᠢ ᠲᠤᠰᠬᠠᠢ ᠮᠡᠷᠭᠡᠵᠢᠯᠲᠡᠨ ᠮᠠᠨ᠎ᠤ ᠣᠷᠣᠨ᠎ᠳᠤ ᠦᠢ᠍ᠯᠡᠴᠢᠯᠡᠭᠡ ᠥᠷᠨᠢᠭᠦᠯᠵᠦ ᠂  ᠮᠠᠨ᠎ᠤ ᠣᠷᠣᠨ᠎ᠤ 308 ᠳ᠋ᠦᠩᠰᠢᠭᠤᠷ ᠲᠥᠭᠥᠷᠢᠭ᠎ᠤᠨ ᠪᠣᠬᠢᠷᠳᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠡᠢ᠌ᠰᠯᠡᠯ᠎ᠳᠤ ᠣᠷᠣᠭᠤᠯᠵᠤ ᠂  ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠬᠤᠯᠪᠣᠭ᠎ᠠ ᠪᠠᠢ᠌ᠭᠤᠯᠤᠭᠳᠠᠨ ᠠᠵᠢᠯᠯᠠᠵᠤ ᠡᠬᠢᠯᠡᠪᠡ ᠃

       ᠨᠢᠭᠡ ᠵᠢᠯ᠎ᠤᠨ ᠲᠤᠷᠰᠢ ᠂  ᠪᠢᠳᠡ ᠰᠢᠨ᠎ᠡ ᠴᠠᠭ ᠦᠶ᠎ᠡ ᠵᠢᠨ ᠠᠵᠢᠯ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠵᠢ ᠴᠢᠩᠭ᠎ᠠ ᠳᠠᠭ᠋ᠠᠵᠦ ᠂  ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠢ᠌ᠭᠤᠯᠤᠯᠲᠠ ᠵᠢ ᠲᠠᠰᠣᠷᠠᠯᠲᠠ ᠦᠭᠡᠢ ᠴᠢᠩᠭ᠋ᠠᠳᠬᠠᠪᠠ ᠃  ᠢᠮᠠᠭᠲᠠ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠨ ᠂  ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠵᠢ ᠵᠠᠰᠠᠭ᠎ᠤᠨ ᠣᠷᠳᠣᠨ᠎ᠤ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠤ ᠂  ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ᠎ᠪᠠᠨ ᠤᠬᠠᠮᠰᠠᠷ᠎ᠠᠴᠠ᠎ᠪᠠᠨ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠯᠤᠭ᠎ᠠ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠯᠭ᠋ᠠᠪᠠ ᠃  ᠣᠯᠠᠨ ᠠᠷᠪᠢᠨ ᠬᠦᠴᠢᠷ ᠪᠡᠷᠬᠡ ᠥᠷᠢᠰᠦᠯᠳᠦᠭᠡᠨ ᠲᠤᠯᠭ᠋ᠠᠷᠠᠭᠰᠠᠨ ᠪᠠᠢ᠌ᠳᠠᠯ ᠳᠣᠣᠷ᠎ᠠ ᠂  ᠡᠯ᠎ᠡ ᠱᠠᠲᠤᠨ᠎ᠤ ᠵᠠᠰᠠᠭ᠎ᠤᠨ ᠣᠷᠳᠣᠨ ᠢᠮᠠᠭᠲᠠ ᠨᠠᠮ᠎ᠤᠨ ᠬᠣᠷᠢᠶᠠᠨ᠎ᠤ ᠳᠠᠭ᠋ᠠᠭᠤᠯᠭ᠎ᠠ᠎ᠳᠤ ᠴᠢᠩᠭ᠎ᠠ ᠲᠦᠰᠢᠭᠯᠡᠵᠦ ᠂  ᠬᠥᠭᠵᠢᠯᠲᠡ ᠵᠢᠨ ᠢᠲᠡᠭᠡᠯ ᠵᠣᠷᠢᠭ ᠵᠶ᠋ᠠᠨ ᠪᠠᠲᠤᠳᠬᠠᠨ ᠂  ᠠᠵᠢᠯ ᠬᠢᠵᠦ ᠦᠢ᠍ᠯᠡᠰ ᠴᠣᠭᠴᠠᠯᠠᠬᠤ ᠡᠷᠴᠢ ᠵᠣᠷᠢᠭ ᠵᠶ᠋ᠠᠨ ᠬᠥᠪᠴᠢᠯᠡᠨ ᠂  ᠪᠦᠬᠦ ᠵᠢᠯ᠎ᠤᠨ ᠬᠠᠷᠠᠯᠲᠠ ᠵᠢ ᠴᠢᠩᠭ᠎ᠠ ᠠᠩᠬᠠᠷᠴᠤ ᠬᠦᠴᠢᠷ ᠪᠡᠷᠬᠡᠰᠢᠶᠡᠯ᠎ᠢ ᠢᠯᠠᠨ ᠳᠠᠪᠠᠵᠤ ᠂  ᠵᠣᠷᠢᠭᠲᠠᠢ ᠤᠷᠤᠭᠰᠢᠯᠠᠨ ᠳᠠᠪᠰᠢᠪᠠ ᠃  ᠡᠯ᠎ᠡ ᠲᠠᠯ᠎ᠠ ᠵᠢᠨ᠎ᠬᠢᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠳᠤ 18 ᠬᠤᠪᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠲᠣᠭᠲᠠᠭ᠋ᠠᠬᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭ᠋ᠠᠬᠤ᠎ᠪᠠᠷ  ᠳᠡᠪᠰᠢᠭᠦᠯᠵᠦ ᠂ 12 ᠬᠤᠪᠢ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠢ ᠲᠣᠭᠲᠠᠭ᠋ᠠᠬᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭ᠋ᠠᠵᠤ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ 680 ᠬᠤᠪᠢ ᠰᠠᠨᠠᠭᠤᠯᠭ᠎ᠠ ᠂  ᠤᠯᠤᠰ ᠲᠦᠷᠦ ᠵᠢᠨ ᠵᠥᠪᠯᠡᠯᠭᠡᠨ᠎ᠤ 895 ᠬᠤᠪᠢ ᠰᠠᠨᠠᠯ ᠳᠤᠷᠠᠳᠤᠯᠭ᠎ᠠ ᠵᠢ ᠴᠠᠭ᠎ᠲᠤ᠎ᠪᠠᠨ ᠭᠦᠢ᠍ᠴᠡᠳᠬᠡᠨ ᠬᠠᠷᠢᠭᠤ ᠥᠭᠪᠡ ᠃  ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠂  ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠂  ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ ᠂  ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠬᠡᠷᠡᠭᠵᠢᠭᠦᠯᠦᠨ ᠂ 《ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭ᠋ᠠᠨ 》  ᠰᠤᠷᠲᠠᠯ᠎ᠤᠨ ᠠᠰᠠᠭᠤᠳᠠᠯ᠎ᠢ ᠦᠷᠭᠦᠯᠵᠢᠯᠡᠨ ᠵᠠᠯᠠᠷᠠᠭᠤᠯᠵᠤ ᠵᠠᠰᠠᠪᠠ ᠃

       ᠲᠥᠯᠥᠭᠡᠯᠡᠭᠴᠢᠳ ᠠ᠋ !  ᠥᠩᠭᠡᠷᠡᠭᠰᠡᠨ ᠨᠢᠭᠡ ᠵᠢᠯ᠎ᠢ ᠡᠷᠭᠢᠴᠡᠭᠦᠯᠪᠡᠯ ᠂  ᠲᠤᠯᠭ᠋ᠠᠷᠠᠭᠰᠠᠨ ᠠᠰᠠᠭᠤᠳᠠᠯ ᠬᠡᠳᠦᠢ᠌ᠪᠡᠷ ᠵᠢᠯ᠎ᠤᠨ ᠡᠬᠢᠨ᠎ᠳᠤ ᠲᠥᠰᠥᠭᠡᠯᠡᠭᠰᠡᠨ᠎ᠠᠴᠠ ᠣᠯᠠᠨ ᠂  ᠥᠷᠢᠰᠦᠯᠳᠦᠭᠡᠨ᠎ᠨᠢ ᠴᠦ᠍ ᠲᠥᠰᠥᠭᠡᠯᠡᠭᠰᠡᠨ᠎ᠠᠴᠠ ᠶᠡᠬᠡ ᠂  ᠣᠨᠴᠠᠭ᠋ᠠᠢ᠌ᠯᠠᠨ ᠳᠣᠣᠷ᠎ᠠ ᠬᠠᠭ᠋ᠠᠰ ᠵᠢᠯ᠎ᠳᠤ ᠵᠠᠬ᠎ᠠ ᠳᠡᠯᠭᠡᠭᠦᠷ᠎ᠤᠨ ᠪᠠᠢ᠌ᠳᠠᠯ ᠵᠢᠱ᠌ᠢᠭᠰᠡᠨ ᠬᠡᠮᠵᠢᠶᠡᠨ᠎ᠳᠤ ᠬᠦᠷᠦᠭᠰᠡᠨ ᠦᠭᠡᠢ ᠂  ᠥᠷᠭᠡᠨ ᠬᠡᠷᠡᠭᠴᠡᠭᠡᠨ᠎ᠤ ᠲᠠᠸᠠᠷ᠎ᠤᠨ ᠦᠨ᠎ᠡ ᠬᠢᠮᠳᠠᠷᠠᠵᠤ ᠂  ᠭᠡᠷ ᠪᠠᠢ᠌ᠰᠢᠩ ᠭᠠᠵᠠᠷ ᠬᠥᠷᠥᠩᠭᠡ ᠵᠢᠨ ᠠᠵᠤ ᠦᠢ᠍ᠯᠡᠰ ᠪᠠᠭᠤᠷᠠᠯᠲᠠ᠎ᠲᠠᠢ ᠪᠠᠢ᠌ᠬᠤ ᠵᠡᠷᠭᠡ ᠳᠠᠷᠤᠭ᠋ᠠᠰᠤ ᠬᠦᠨᠳᠦᠷᠡᠭᠰᠡᠨ ᠪᠠᠢ᠌ᠳᠠᠯ ᠳᠣᠣᠷ᠎ᠠ ᠂  ᠪᠦᠬᠦ ᠵᠢᠯ᠎ᠤᠨ ᠬᠥᠭᠵᠢᠯᠲᠡ ᠮᠥᠨ ᠴᠤ᠌ ᠲᠣᠭᠲᠠᠭᠤᠨ ᠪᠠᠢ᠌ᠬᠤ ᠵᠢᠨ ᠳᠠᠭ᠋ᠠᠤ ᠤᠷᠤᠭᠰᠢᠯᠠᠨ ᠂  ᠥᠭᠡᠳᠡᠯᠡᠨ ᠳᠠᠪᠰᠢᠬᠤ᠎ᠪᠠᠨ ᠪᠡᠶᠡᠯᠡᠭᠦᠯᠪᠡ ᠃  ᠡᠢ᠌ᠮᠦᠷᠬᠦᠦ ᠠᠮᠵᠢᠯᠲᠠ ᠪᠦᠲᠦᠮᠵᠢ ᠣᠯᠣᠭᠰᠠᠨ᠎ᠤ ᠤᠭ ᠦᠨᠳᠦᠰᠦ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠵᠠᠯᠠᠭᠤᠷ ᠠᠳᠬᠤᠨ ᠵᠠᠮᠴᠢᠯᠠᠭᠰᠠᠨ ᠂  ᠳᠣᠲᠣᠨᠣ ᠬᠠᠯᠠᠮᠵᠢᠯᠠᠭᠰᠠᠨ ᠪᠠ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠭᠰᠠᠨ᠎ᠳᠤ  ᠪᠣᠢ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠣᠷᠣᠨ ᠳᠠᠶᠠᠭ᠋ᠠᠷ᠎ᠢ ᠤᠳᠤᠷᠢᠳᠤᠨ ᠳᠠᠭ᠋ᠠᠭᠤᠯᠵᠤ ᠰᠡᠳᠬᠢᠯ ᠨᠢᠭᠡᠳᠦᠭᠦᠯᠦᠨ ᠪᠦᠯᠬᠦᠮᠳᠡᠭᠦᠯᠵᠦ ᠂  ᠬᠠᠲᠠᠭᠤ ᠪᠡᠷᠬᠡᠰᠢᠶᠡᠯ᠎ᠢ ᠲᠣᠭᠤᠯᠣᠨ ᠳᠠᠪᠠᠵᠤ ᠂  ᠡᠷᠡᠮᠡᠬᠡᠢ᠌ᠯᠡᠨ ᠲᠡᠮᠡᠴᠡᠭᠰᠡᠨ᠎ᠳᠤ ᠪᠣᠢ ᠃  ᠡᠭᠦᠨ᠎ᠳᠤ ᠂  ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠥᠪᠥᠷ ᠮᠣᠩᠭᠣᠯ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠪᠦᠬᠦ ᠨᠥᠬᠥᠳ ᠂  ᠨᠠᠢ᠌ᠵᠠ ᠨᠠᠷ᠎ᠲᠤ᠎ᠪᠠᠨ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ !

       ᠪᠢᠳᠡ ᠠᠮᠵᠢᠯᠲᠠ ᠪᠦᠳᠣᠮᠵᠢ᠎ᠪᠠᠨ ᠭᠦᠢ᠍ᠴᠡᠳ ᠬᠡᠯᠡᠬᠦ ᠵᠢᠨ ᠬᠠᠮᠲᠤ ᠂  ᠠᠰᠠᠭᠤᠳᠠᠯ ᠵᠶ᠋ᠠᠨ ᠴᠦ᠍ ᠲᠤᠭᠤᠷᠠᠲᠠᠯ᠎ᠠ ᠶᠠᠷᠢᠬᠤ ᠬᠡᠷᠡᠭᠲᠡᠢ ᠃  ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠮᠥᠨ ᠴᠦ᠍ ᠪᠠᠭ᠎ᠠ ᠪᠤᠰᠤ ᠳᠠᠷᠤᠯᠲᠠ ᠥᠷᠢᠰᠦᠯᠳᠦᠭᠡᠨ ᠲᠤᠯᠭ᠋ᠠᠷᠠᠵᠤ ᠪᠤᠢ ᠃  ᠬᠡᠷᠡᠭᠴᠡᠭᠡ ᠱᠠᠭ᠋ᠠᠷᠳᠠᠯᠭ᠎ᠠ ᠵᠢᠨ ᠲᠠᠯ᠎ᠠ᠎ᠠᠴᠠ ᠦᠵᠡᠪᠡᠯ ᠂  ᠮᠠᠨ᠎ᠤ ᠣᠷᠣᠨ᠎ᠤ ᠬᠡᠷᠡᠭᠯᠡᠭᠡ ᠪᠠᠭᠤᠷᠠᠢ ᠂  ᠭᠠᠳᠠᠭ᠋ᠠᠳᠤ ᠭᠠᠷᠭ᠋ᠠᠯᠲᠠ ᠴᠥᠭᠡᠨ ᠂  ᠠᠵᠤ ᠠᠬᠤᠢ ᠵᠢᠨ ᠨᠡᠮᠡᠭᠳᠡᠯ᠎ᠳᠠᠬᠢ ᠳᠠᠢ᠌ᠴᠢᠯᠠᠬᠤ ᠬᠦᠴᠦᠨ ᠬᠢᠵᠠᠭ᠋ᠠᠷᠲᠠᠢ ᠪᠠᠢ᠌ᠵᠤ ᠂  ᠲᠣᠭᠲᠠᠮᠠᠯ ᠬᠥᠷᠥᠩᠭᠡ ᠵᠢᠨ ᠪᠡᠯᠡ ᠣᠷᠣᠭᠤᠯᠣᠯᠲᠠ ᠨᠢᠭᠡᠨᠲᠡ 3 ᠵᠢᠯ ᠳᠠᠷᠠᠭ᠋ᠠᠯᠠᠨ ᠥᠨᠳᠥᠷ ᠨᠡᠮᠡᠭᠳᠡᠯ᠎ᠲᠠᠢ ᠪᠠᠢ᠌ᠬᠤ ᠵᠢ ᠪᠡᠶᠡᠯᠡᠭᠦᠯᠦᠭᠰᠡᠨ᠎ᠠᠴᠠ ᠦᠷᠭᠦᠯᠵᠢᠯᠡᠨ ᠥᠨᠳᠥᠷ ᠨᠡᠮᠡᠭᠳᠡᠯ᠎ᠤᠨ ᠬᠤᠷᠳᠤᠴᠠ ᠵᠢ ᠪᠠᠲᠤᠯᠠᠬᠤ᠎ᠳᠤ ᠪᠠᠭ᠎ᠠ ᠪᠤᠰᠤ ᠬᠦᠴᠢᠷᠳᠡᠯ ᠲᠤᠯᠭ᠋ᠠᠷᠠᠬᠤ ᠶᠤᠮ ᠃  ᠠᠵᠤ ᠦᠢ᠍ᠯᠡᠰ᠎ᠤᠨ ᠲᠠᠯ᠎ᠠ᠎ᠠᠴᠠ ᠦᠵᠡᠪᠡᠯ ᠂  ᠳᠡᠭᠡᠳᠦ ᠲᠡᠰᠵᠢᠬᠦᠯᠬᠦ ᠂  ᠣᠶᠤᠨᠴᠢᠯᠠᠬᠤ ᠂  ᠪᠣᠬᠢᠷᠳᠤᠯ ᠦᠭᠡᠢ ᠪᠣᠯᠭ᠋ᠠᠬᠤ ᠲᠠᠯ᠎ᠠ᠎ᠪᠠᠷ ᠪᠠᠰᠠ ᠬᠦᠷᠦᠯᠴᠡᠬᠦ ᠦᠭᠡᠢ ᠪᠠᠢ᠌ᠵᠤ ᠂  ᠠᠵᠤ ᠦᠢ᠍ᠯᠡᠳᠪᠦᠷᠢ ᠭᠡᠰᠡᠨ ᠦᠭᠡᠢ ᠲᠠᠷᠢᠶᠠᠯᠠᠩ ᠮᠠᠯ ᠠᠵᠤ ᠠᠬᠤᠢ ᠭᠡᠰᠡᠨ ᠦᠭᠡᠢ ᠦᠢ᠍ᠯᠡᠳᠬᠦᠨ᠎ᠨᠢ ᠭᠣᠣᠯᠳᠠᠭᠤ ᠠᠵᠤ ᠦᠢ᠍ᠯᠡᠰ᠎ᠤᠨ ᠬᠡᠯᠬᠢᠶᠡᠨ᠎ᠤ ᠳᠤᠮᠳᠠ ᠳᠡᠭᠡᠳᠦ ᠬᠡᠯᠬᠢᠶᠡᠨ᠎ᠳᠤ ᠲᠥᠪᠯᠡᠷᠡᠵᠦ ᠂  ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ᠎ᠤᠨ ᠨᠡᠮᠡᠭᠳᠡᠯ ᠬᠤᠷᠳᠤᠨ ᠪᠣᠯᠪᠠᠴᠣ ᠡᠵᠡᠯᠡᠬᠦ ᠬᠤᠪᠢ ᠵᠢᠨ ᠵᠢᠩ ᠪᠠᠭ᠎ᠠ ᠪᠠᠢ᠌ᠪᠠ ᠃  ᠬᠦᠴᠦᠨ ᠵᠦᠢ᠍ᠯ᠎ᠤᠨ ᠪᠠᠲᠤᠯᠠᠭ᠎ᠠ ᠵᠢᠨ  ᠲᠠᠯ᠎ᠠ᠎ᠠᠴᠠ ᠦᠵᠡᠪᠡᠯ ᠂  ᠮᠠᠨ᠎ᠤ ᠣᠷᠣᠨ᠎ᠤ ᠠᠮᠢ ᠠᠬᠤᠢ ᠬᠡᠪᠡᠷᠡᠭ ᠂  ᠣᠷᠴᠢᠨ ᠲᠣᠭᠣᠷᠢᠨ᠎ᠤ ᠳᠠᠭ᠋ᠠᠭ᠋ᠠᠴᠠ ᠬᠢᠵᠠᠭ᠋ᠠᠷᠲᠠᠢ ᠂  ᠤᠰᠤ ᠂  ᠭᠠᠵᠠᠷ ᠰᠢᠷᠣᠢ ᠂  ᠡᠨᠧᠷᠬᠢ ᠵᠢᠨ ᠬᠣᠷᠣᠭᠳᠠᠯ ᠵᠡᠷᠭᠡ ᠡᠬᠢ ᠪᠠᠶᠠᠯᠢᠭ᠎ᠤᠨ ᠬᠦᠴᠦᠨ ᠵᠦᠢ᠍ᠯ᠎ᠢ ᠠᠷᠪᠢᠯᠠᠨ ᠠᠰᠢᠭᠯᠠᠬᠤ ᠲᠦᠪᠰᠢᠨ ᠪᠠᠰᠠ ᠥᠨᠳᠥᠷ ᠪᠤᠰᠤ ᠪᠠᠢ᠌ᠨ᠎ᠠ ᠃  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ  ᠡᠭᠦᠳᠬᠦ ᠲᠠᠯ᠎ᠠ᠎ᠠᠴᠠ ᠦᠵᠡᠪᠡᠯ ᠂  ᠳᠡᠭᠡᠳᠦ ᠳᠡᠰ᠎ᠤᠨ ᠴᠢᠳᠠᠪᠤᠷᠢᠲᠠᠨ ᠲᠤᠲᠠᠭᠳᠠᠵᠤ ᠂  ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ ᠬᠦᠷᠦᠯᠴᠡᠬᠦ ᠦᠭᠡᠢ ᠂  ᠦᠢ᠍ᠯᠡᠳᠬᠦᠨ᠎ᠤ ᠭᠣᠣᠯᠯᠠᠬᠤ ᠥᠷᠢᠰᠦᠯᠳᠦᠬᠦ ᠬᠦᠴᠦᠨ ᠳᠤᠲᠠᠮᠠᠭ ᠂  ᠵᠠᠬ᠎ᠠ ᠳᠡᠯᠭᠡᠭᠦᠷ᠎ᠤᠨ ᠬᠤᠪᠢᠷᠠᠯᠲᠠ ᠵᠢ ᠠᠷᠭ᠋ᠠᠴᠠᠭ᠋ᠠᠬᠤ ᠴᠢᠳᠠᠪᠤᠷᠢ ᠰᠤᠯᠠᠪᠲᠤᠷ ᠪᠠᠢ᠌ᠨ᠎ᠠ ᠃  ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠬᠥᠭᠵᠢᠯᠲᠡ ᠵᠢᠨ  ᠲᠠᠯ᠎ᠠ᠎ᠠᠴᠠ ᠦᠵᠡᠪᠡᠯ ᠂  ᠬᠥᠭᠵᠢᠯᠲᠡ ᠲᠡᠩᠴᠡᠭᠦᠷᠢ ᠦᠭᠡᠢ ᠠᠰᠠᠭᠤᠳᠠᠯ ᠲᠣᠪᠣᠢ᠌ᠮ᠎ᠠ ᠪᠠᠢ᠌ᠵᠤ ᠂  ᠬᠡᠳᠦᠢ᠌ᠪᠡᠷ ᠪᠦᠬᠦ ᠤᠯᠤᠰ᠎ᠤᠨ ᠵᠠᠭᠤᠨ ᠬᠦᠴᠦᠷᠬᠡᠭ ᠰᠢᠶᠠᠨ᠎ᠤ ᠳᠣᠲᠣᠷ᠎ᠠ ᠮᠠᠨ᠎ᠤ ᠣᠷᠣᠨ᠎ᠠᠴᠠ 4 ᠪᠠᠢ᠌ᠬᠤ ᠪᠣᠯᠪᠠᠴᠣ ᠂  ᠪᠠᠰᠠ 34 ᠬᠣᠰᠢᠭᠤ ᠰᠢᠶᠠᠨ᠎ᠤ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠠᠭᠤᠨ ᠳ᠋ᠦᠩᠰᠢᠭᠤᠷ ᠲᠥᠭᠥᠷᠢᠭ᠎ᠲᠤ ᠬᠦᠷᠬᠦ ᠦᠭᠡᠢ ᠪᠠᠢ᠌ᠭᠰᠠᠭ᠋ᠠᠷ ᠶᠤᠮ ᠃  ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ  ᠲᠠᠯ᠎ᠠ᠎ᠠᠴᠠ ᠦᠵᠡᠪᠡᠯ ᠂  ᠡᠨᠡ ᠵᠢᠯ ᠮᠠᠨ᠎ᠤ ᠣᠷᠣᠨ᠎ᠤ ᠶᠡᠬᠡ ᠰᠤᠷᠭ᠋ᠠᠭᠤᠯᠢ ᠲᠡᠭᠦᠰᠦᠭᠰᠡᠨ ᠣᠶᠤᠲᠠᠳ 17 ᠲᠦᠮᠡ ᠪᠠᠢ᠌ᠵᠤ ᠂  ᠣᠯᠠᠨ ᠲᠦᠮᠡᠨ᠎ᠳᠤ ᠠᠵᠢᠯ ᠣᠯᠭᠣᠵᠤ ᠣᠷᠣᠯᠭ᠎ᠠ ᠵᠢ᠎ᠨᠢ ᠨᠡᠮᠡᠭᠳᠡᠭᠦᠯᠬᠦ ᠵᠢ ᠠᠬᠢᠭᠤᠯᠬᠤ ᠳᠠᠷᠤᠭ᠋ᠠᠰᠤ ᠤᠯᠠᠮ ᠨᠢᠭᠡ ᠠᠯᠬᠤᠮ ᠬᠦᠨᠳᠦᠷᠡᠵᠦ ᠂  ᠰᠤᠷᠭ᠋ᠠᠨ ᠬᠥᠮᠦᠵᠢᠯ ᠂  ᠡᠮᠴᠢᠯᠡᠭᠡ ᠂  ᠨᠠᠰᠤᠵᠢᠯ᠎ᠤᠨ ᠠᠰᠠᠷᠠᠮᠵᠢ ᠂  ᠨᠠᠢ᠌ᠳᠠᠵᠤ ᠰᠠᠭ᠋ᠠᠲᠠᠭᠤᠯᠬᠤ ᠂  ᠣᠷᠣᠨ ᠰᠠᠭᠤᠴᠠ ᠂  ᠠᠮᠢ ᠠᠬᠤᠢ ᠣᠷᠴᠢᠨ ᠲᠣᠭᠣᠷᠢᠨ᠎ᠤ ᠲᠠᠯ᠎ᠠ᠎ᠪᠠᠷ ᠣᠯᠠᠨ ᠲᠦᠮᠡᠨ ᠪᠠᠰᠠ ᠮᠠᠰᠢ ᠣᠯᠠᠨ ᠬᠦᠰᠡᠯ ᠡᠷᠡᠮᠡᠯᠵᠡᠯ᠎ᠲᠠᠢ ᠶᠤᠮ ᠃  ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠢ᠌ᠭᠤᠯᠤᠯᠲᠠ ᠵᠢᠨ  ᠲᠠᠯ᠎ᠠ᠎ᠠᠴᠠ ᠦᠵᠡᠪᠡᠯ ᠂  ᠨᠢᠭᠡ ᠪᠦᠯᠦᠭ ᠥᠭᠡᠷᠡᠴᠢᠯᠡᠯᠲᠡ ᠬᠥᠭᠵᠢᠯᠲᠡ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ᠎ᠨᠢ ᠲᠤᠭᠤᠰᠢᠲᠠᠢ ᠪᠢᠰᠢ ᠂  ᠵᠠᠷᠢᠮ ᠺᠠᠳ᠋ᠷ᠎ᠤᠨ ᠰᠤᠷᠲᠠᠯ ᠮᠥᠨ ᠯᠠ 《ᠤᠳᠠᠭ᠋ᠠᠨ ᠪᠦᠳᠦᠭᠦᠯᠢᠭ ᠬᠡᠢ᠌ᠰᠪᠦᠷᠢ 》  ᠪᠠᠢ᠌ᠵᠤ ᠂  ᠬᠦᠴᠢᠷ ᠪᠡᠷᠬᠡᠰᠢᠶᠡᠯ ᠥᠷᠢᠰᠦᠯᠳᠦᠭᠡᠨ ᠲᠤᠯᠭ᠋ᠠᠷᠠᠬᠤ᠎ᠳᠤ ᠢᠲᠡᠭᠡᠯ ᠵᠣᠷᠢᠭ ᠲᠡᠭᠦᠯᠳᠡᠷ ᠪᠤᠰᠤ ᠂  ᠢᠳᠡ ᠬᠦᠴᠦᠨ ᠮᠡᠬᠦᠰᠳᠡᠵᠦ ᠪᠠᠢ᠌ᠨ᠎ᠠ ᠃  ᠡᠳᠡᠭᠡᠷ ᠠᠰᠠᠭᠤᠳᠠᠯ᠎ᠢ ᠡᠷᠬᠡᠪᠰᠢ ᠬᠢᠨᠠᠮᠠᠭ᠋ᠠᠢ ᠰᠤᠳᠤᠯᠵᠤ ᠰᠢᠢ᠍ᠳᠪᠦᠷᠢᠯᠡᠬᠦ ᠬᠡᠷᠡᠭᠲᠡᠢ ᠃

       ᠬᠣᠶᠠᠷ ᠂ 2025 ᠣᠨ᠎ᠤ ᠠᠵᠢᠯ᠎ᠤᠨ ᠲᠣᠬᠢᠷᠠᠭᠤᠯᠤᠯᠲᠠ

       ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠵᠢᠨ ᠰᠡᠬᠦᠯ ᠬᠤᠷᠢᠶᠠᠬᠤ ᠵᠢᠯ ᠪᠣᠯᠬᠤ ᠮᠥᠷᠲᠡᠭᠡᠨ 《ᠠᠷᠪᠠᠨ ᠲᠠᠪᠤᠳᠤᠭ᠋ᠠᠷ ᠲᠠᠪᠤᠨ ᠵᠢᠯ 》᠎ᠤᠨ ᠲᠥᠯᠦᠪᠵᠢᠭᠦᠯᠭᠡ ᠵᠢ ᠪᠠᠢ᠌ᠷᠢᠯᠠᠭᠤᠯᠬᠤ ᠵᠢᠯ ᠪᠣᠯᠣᠨ᠎ᠠ ᠃  ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠳᠠᠷᠠᠭ᠎ᠠ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠢ ᠬᠤᠷᠠᠯᠳᠤᠭᠤᠯᠤᠨ ᠂  ᠪᠦᠭᠦ ᠵᠢᠯ᠎ᠤᠨ ᠠᠵᠢᠯ᠎ᠳᠤ ᠪᠠᠢ᠌ᠷᠢᠯᠠᠭᠤᠯᠤᠯᠲᠠ ᠬᠢᠪᠡ ᠃  ᠡᠨᠡ ᠵᠢᠯ᠎ᠤᠨ ᠠᠵᠢᠯ᠎ᠢ ᠰᠠᠢ᠌ᠲᠤᠷ ᠬᠢᠬᠦ᠎ᠳᠤ ᠂  ᠰᠢ  ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠦ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠦ ᠂  ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ ᠂  ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠂  ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠨᠠᠮ᠎ᠤᠨ ᠪᠠᠢ᠌ᠭᠤᠯᠤᠯᠲᠠ᠎ᠪᠠᠷ ᠤᠳᠤᠷᠢᠳᠤᠮᠵᠢ ᠪᠣᠯᠭ᠋ᠠᠵᠦ ᠂  ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ ᠂  ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠂  ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠂  ᠰᠢᠷᠭ᠋ᠠᠭᠤ ᠬᠠᠲᠠᠭᠤᠵᠢᠯᠲᠠᠢ ᠠᠵᠢᠯᠯᠠᠬᠤ ᠵᠢ ᠪᠠᠷᠢᠮᠲᠠᠯᠠᠨ ᠂  ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢ᠌ᠲᠤᠷ ᠨᠢᠭᠡᠳᠦᠯᠲᠡᠢ ᠲᠥᠯᠥᠪᠯᠡᠵᠦ ᠂ 《ᠨᠢᠭᠡ ᠭᠣᠣᠯ ᠰᠢᠵᠢᠮ᠎ᠢ ᠲᠤᠭᠤᠰᠢᠯᠠᠭᠤᠯᠬᠤ ᠂  ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠂  ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠂  ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠳᠠᠪᠰᠢᠬᠤ 》  ᠲᠠᠯ᠎ᠠ᠎ᠪᠠᠷ ᠨᠡᠩ ᠶᠡᠬᠡ ᠠᠬᠢᠯᠲᠠ᠎ᠲᠠᠢ ᠪᠣᠯᠭ᠋ᠠᠬᠤ᠎ᠪᠠᠷ ᠴᠢᠷᠮᠠᠢ᠌ᠨ ᠂  ᠳᠤᠮᠳᠠᠳᠦ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠲᠠᠰᠦᠷᠠᠯᠲᠠ ᠦᠭᠡᠢ ᠪᠢᠴᠢᠭᠯᠡᠨ᠎ᠡ ᠃

       ᠪᠦᠬᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠪᠣᠯ ᠄  ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠢ 6% ᠣᠷᠴᠢᠮ ᠨᠡᠮᠡᠭᠳᠡᠭᠦᠯᠦᠨ᠎ᠡ ;  ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ᠎ᠢ 7% ᠣᠷᠴᠢᠮ ᠨᠡᠮᠡᠭᠳᠡᠭᠦᠯᠦᠨ᠎ᠡ ;  ᠲᠣᠭᠲᠠᠮᠠᠯ ᠬᠥᠷᠥᠩᠭᠡ ᠵᠢᠨ ᠪᠡᠯᠡ ᠣᠷᠤᠭᠤᠯᠤᠯᠲᠠ ᠵᠢ 10% ᠣᠷᠴᠢᠮ ᠨᠡᠮᠡᠭᠳᠡᠭᠦᠯᠦᠨ᠎ᠡ ;  ᠡᠩ᠎ᠤᠨ ᠣᠯᠠᠨ ᠨᠡᠢ᠍ᠢ᠍ᠲᠡ ᠵᠢᠨ ᠲᠥᠰᠥᠪ᠎ᠤᠨ ᠣᠷᠤᠯᠭ᠎ᠠ ᠵᠢ ᠠᠳᠠᠯᠢ ᠪᠠᠷᠢᠮᠵᠢᠶ᠎ᠠ᠎ᠪᠠᠷ 4%᠎ᠠᠴᠠ ᠳᠡᠭᠡᠭᠰᠢ ᠨᠡᠮᠡᠭᠳᠡᠭᠦᠯᠦᠨ᠎ᠡ ;  ᠬᠤᠲᠠ ᠪᠠᠯᠭ᠋ᠠᠰᠤᠨ᠎ᠤ 18 ᠲᠦᠮᠡ᠎ᠠᠴᠠ ᠳᠡᠭᠡᠭᠰᠢᠬᠢ ᠬᠥᠮᠥᠨ᠎ᠳᠤ ᠰᠢᠨ᠎ᠡ᠎ᠪᠠᠷ ᠠᠵᠢᠯ ᠣᠯᠭᠣᠵᠤ ᠂  ᠬᠤᠲᠠ ᠪᠠᠯᠭ᠋ᠠᠰᠤᠨ᠎ᠤ ᠪᠠᠢ᠌ᠴᠠᠭ᠋ᠠᠯᠲᠠ᠎ᠳᠠᠬᠢ ᠠᠵᠢᠯ ᠠᠯᠳᠠᠭᠰᠠᠨ ᠨᠣᠷᠮ᠎ᠠ ᠵᠢ 5.5% ᠣᠷᠴᠢᠮ ᠪᠠᠢ᠌ᠯᠭ᠋ᠠᠨ᠎ᠠ ;  ᠰᠠᠭᠤᠭ᠋ᠠᠯᠢ ᠠᠷᠠᠳ᠎ᠤᠨ ᠣᠷᠤᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠯᠦᠭᠡ ᠦᠨᠳᠦᠰᠦᠨ᠎ᠳᠤ᠎ᠪᠠᠨ ᠠᠳᠠᠯᠢ ᠪᠠᠢ᠌ᠯᠭ᠋ᠠᠨ᠎ᠠ ;  ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠵᠢᠨ ᠥᠰᠦᠯᠲᠡ ᠵᠢᠨ ᠬᠡᠮᠵᠢᠶ᠎ᠡ ᠵᠢ 2% ᠣᠷᠴᠢᠮ ᠪᠠᠢ᠌ᠯᠭ᠋ᠠᠨ᠎ᠠ ;  ᠤᠯᠤᠰ᠎ᠠᠴᠠ ᠪᠠᠭᠤᠯᠭ᠋ᠠᠭᠰᠠᠨ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠳᠠᠬᠢ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠪᠠᠭᠤᠷᠠᠭᠤᠯᠬᠤ ᠬᠠᠷᠠᠯᠲᠠ᠎ᠪᠠᠨ ᠪᠡᠶᠡᠯᠡᠭᠦᠯᠬᠦ ᠵᠢ  ᠦᠨᠡᠨ ᠬᠦ᠌ ᠪᠠᠲᠤᠯᠠᠨ᠎ᠠ ᠃  ᠡᠨᠡ ᠵᠢᠯ᠎ᠤᠨ ᠬᠠᠷᠠᠯᠲᠠ ᠵᠢ  ᠪᠡᠶᠡᠯᠡᠭᠦᠯᠬᠦ᠎ᠳᠤ ᠂  ᠪᠢᠳᠡ ᠨᠥᠬᠥᠴᠡᠯ᠎ᠲᠠᠢ ᠂  ᠰᠠᠭᠤᠷᠢ᠎ᠲᠠᠢ ᠂  ᠶᠠᠷᠢᠶᠠᠨ ᠦᠭᠡᠢ ᠪᠠᠰᠠ ᠳᠠᠷᠤᠭ᠋ᠠᠰᠤ᠎ᠲᠠᠢ ᠂  ᠥᠷᠢᠰᠦᠯᠳᠦᠭᠡᠨ᠎ᠲᠠᠢ ᠶᠤᠮ ᠂  ᠵᠠᠩᠭᠢᠯᠠᠭ᠎ᠠ᠎ᠨᠢ ᠬᠥᠭᠵᠢᠯᠲᠡ ᠵᠢᠨ ᠢᠲᠡᠭᠡᠯ ᠵᠣᠷᠢᠭ ᠵᠶ᠋ᠠᠨ ᠪᠠᠲᠤ ᠰᠠᠬᠢᠵᠤ ᠴᠢᠳᠠᠬᠤ ᠡᠰᠡᠬᠦ ᠂  ᠠᠵᠢᠯ ᠬᠢᠵᠦ ᠦᠢ᠍ᠯᠡᠰ ᠴᠣᠭᠴᠠᠯᠠᠬᠤ ᠡᠷᠴᠢ ᠵᠣᠷᠢᠭ ᠵᠶ᠋ᠠᠨ ᠰᠤᠯᠠᠷᠠᠭᠤᠯᠬᠤ ᠦᠭᠡᠢ ᠂  ᠬᠣᠢ᠌ᠷᠭᠤᠰᠢᠬᠤ ᠦᠭᠡᠢ ᠪᠠᠢ᠌ᠬᠤ ᠵᠢ ᠪᠠᠲᠤᠯᠠᠵᠤ ᠴᠢᠳᠠᠬᠤ ᠡᠰᠡᠬᠦ᠎ᠳᠤ ᠪᠠᠢ᠌ᠬᠤ ᠶᠤᠮ ᠃  ᠪᠢᠳᠡ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠎ᠲᠠᠢ ᠨᠢᠭᠡᠳᠦᠯᠲᠡᠢ ᠪᠠᠢ᠌ᠯᠭ᠋ᠠᠵᠤ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ᠎ᠲᠠᠢ ᠨᠢᠭᠡᠳᠦᠯᠲᠡᠢ ᠪᠠᠢ᠌ᠯᠭ᠋ᠠᠵᠤ ᠂  ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠣᠯᠭᠣᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠂ 《ᠲᠠᠪᠤᠨ ᠶᠡᠬᠡ ᠡᠭᠦᠷᠭᠡ 》 ᠵᠢᠨ ᠲᠣᠭᠣᠷᠢᠨ᠎ᠳᠤ ᠴᠢᠩᠭ᠎ᠠ ᠤᠶᠠᠯᠳᠤᠵᠤ ᠂  ᠵᠢᠷᠤᠭ ᠲᠥᠰᠥᠪ ᠵᠶ᠋ᠠᠨ ᠡᠴᠦᠰ᠎ᠲᠤ᠎ᠨᠢ ᠲᠤᠯᠲᠠᠯ᠎ᠠ ᠵᠢᠷᠤᠭᠯᠠᠨ ᠂ 《ᠵᠢᠷᠭᠤᠭ᠋ᠠᠨ ᠢᠨᠵᠧᠨᠧᠷᠢᠩ 》᠎ᠢ ᠦᠷᠬᠦᠯᠵᠢᠯᠡᠨ ᠬᠡᠷᠡᠭᠵᠢᠭᠦᠯᠵᠦ ᠂ 《ᠵᠢᠷᠭᠤᠭ᠋ᠠᠨ ᠠᠵᠢᠯᠯᠠᠭ᠋ᠠᠨ 》᠎ᠢ ᠵᠣᠬᠢᠶᠠᠨ ᠪᠠᠢ᠌ᠭᠤᠯᠤᠨ ᠥᠷᠨᠢᠭᠦᠯᠵᠦ ᠂  ᠪᠦᠬᠦ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠢ ᠃

       ᠡᠨᠡ ᠵᠢᠯ ᠭᠣᠣᠯᠳᠠᠭᠤ ᠳᠠᠷᠠᠭ᠋ᠠᠬᠢ 11 ᠲᠠᠯ᠎ᠠ ᠵᠢᠨ ᠠᠵᠢᠯ᠎ᠢ ᠰᠠᠢ᠌ᠲᠤᠷ ᠬᠢᠨ᠎ᠡ ᠃

      (ᠨᠢᠭᠡ) ᠴᠢᠬᠤᠯᠠ ᠶᠡᠬᠡ ᠲᠦᠷᠦᠯ ᠵᠦᠢ᠍ᠯ᠎ᠢ ᠤᠬᠠᠭ᠋ᠠᠯᠠᠨ ᠲᠥᠯᠥᠪᠯᠡᠬᠦ ᠠᠵᠢᠯᠯᠠᠭ᠋ᠠᠨ᠎ᠢ ᠬᠡᠷᠡᠭᠵᠢᠭᠦᠯᠵᠦ ᠂  ᠪᠡᠯᠡ ᠣᠷᠤᠭᠤᠯᠤᠯᠲᠠ ᠵᠢ ᠡᠷᠡᠰ ᠭᠤᠢ᠌ᠪᠢᠰᠢ ᠦᠭᠡᠢ ᠠᠳᠬᠤᠨ᠎ᠠ ᠃  ᠡᠨᠡ ᠵᠢᠯ ᠲᠣᠭᠲᠠᠮᠠᠯ ᠬᠥᠷᠥᠩᠭᠡ ᠵᠢᠨ ᠪᠡᠯᠡ ᠣᠷᠤᠭᠤᠯᠤᠯᠲᠠ ᠵᠢ 10% ᠣᠷᠴᠢᠮ ᠨᠡᠮᠡᠭᠳᠡᠭᠦᠯᠦᠨ᠎ᠡ ᠂  ᠡᠨᠡ ᠬᠦ᠌ ᠬᠠᠷᠠᠯᠲᠠ᠎ᠨᠢ ᠬᠦᠯᠢᠶᠡᠭᠡᠳ ᠪᠡᠶᠡᠯᠡᠭᠳᠡᠬᠦ ᠪᠢᠰᠢ ᠂  ᠡᠷᠬᠡᠪᠰᠢ ᠦᠨᠡᠨ ᠪᠣᠳᠠᠲᠠᠢ᠎ᠪᠠᠷ ᠲᠦᠷᠦᠯ ᠵᠦᠢ᠍ᠯ᠎ᠢ ᠰᠦᠪᠡᠭᠴᠢᠯᠡᠨ ᠂  ᠪᠡᠯᠡ ᠮᠥᠩᠭᠥ ᠣᠯᠵᠤ ᠂  ᠬᠤᠳᠠᠯᠳᠤᠭ᠋ᠠᠴᠢᠨ ᠤᠷᠢᠬᠤ ᠵᠢ ᠠᠳᠬᠤᠨ ᠂  ᠴᠢᠬᠤᠯᠠ ᠶᠡᠬᠡ ᠲᠦᠷᠦᠯ ᠵᠦᠢ᠍ᠯ᠎ᠢ ᠪᠦᠲᠦᠭᠡᠨ ᠪᠠᠢ᠍ᠢ᠍ᠭᠤᠯᠬᠤ ᠡᠷᠴᠢᠮ ᠵᠶ᠋ᠠᠨ ᠰᠤᠯᠠᠷᠠᠭᠤᠯᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠵᠤ ᠂  ᠪᠡᠯᠡ ᠣᠷᠤᠭᠤᠯᠤᠯᠲᠠ ᠵᠢᠨ ᠲᠠᠯ᠎ᠠ᠎ᠪᠠᠷ ᠲᠦᠮᠡᠨ ᠳ᠋ᠦᠩᠰᠢᠭᠤᠷ ᠲᠥᠭᠥᠷᠢᠭ᠎ᠤᠨ ᠶᠡᠬᠡ ᠪᠣᠭᠣᠮᠲᠠ ᠵᠢ ᠳᠠᠪᠠᠬᠤ᠎ᠪᠠᠷ ᠬᠦᠴᠦᠯᠡᠨ ᠴᠢᠷᠮᠠᠢ᠌ᠨ᠎ᠠ ᠃

       ᠲᠦᠷᠦᠯ ᠵᠦᠢ᠍ᠯ ᠤᠷᠢᠵᠤ ᠲᠠᠲᠠᠬᠤ ᠵᠢ ᠤᠨᠤᠪᠴᠢᠲᠠᠢ ᠤᠬᠠᠭ᠋ᠠᠯᠠᠨ ᠲᠥᠯᠥᠪᠯᠡᠨ᠎ᠡ ᠃  ᠡᠨᠡ ᠵᠢᠯ ᠤᠯᠤᠰ᠎ᠤᠨ 《ᠬᠣᠶᠠᠷ ᠴᠢᠬᠤᠯᠠ 》  ᠲᠦᠷᠦ ᠵᠢᠨ ᠪᠣᠳᠣᠯᠭ᠎ᠠ ᠵᠢᠨ ᠬᠦᠴᠦᠯᠡᠴᠡ ᠨᠡᠩ ᠶᠡᠬᠡ ᠪᠠᠢ᠌ᠵᠤ ᠂  ᠵᠠᠩᠭᠢᠯᠠᠭ᠎ᠠ᠎ᠨᠢ ᠲᠦᠷᠦᠯ ᠵᠦᠢ᠍ᠯ᠎ᠢ ᠰᠠᠢ᠌ᠲᠤᠷ ᠤᠬᠠᠭ᠋ᠠᠯᠠᠨ ᠲᠥᠯᠥᠪᠯᠡᠬᠦ᠎ᠳᠤ ᠪᠣᠢ ; 《ᠠᠷᠪᠠᠨ ᠲᠠᠪᠤᠳᠤᠭ᠋ᠠᠷ ᠲᠠᠪᠤᠨ ᠵᠢᠯ 》᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠳᠤ ᠂  ᠨᠡᠩ ᠣᠯᠠᠨ ᠲᠦᠷᠦᠯ ᠵᠦᠢ᠍ᠯ᠎ᠢ ᠤᠯᠤᠰ᠎ᠤᠨ ᠶᠡᠬᠡ ᠬᠡᠪᠴᠢᠶᠡᠵᠢᠯ᠎ᠳᠤ ᠣᠷᠣᠭᠤᠯᠵᠤ ᠂  ᠲᠥᠪ᠎ᠤᠨ ᠲᠦᠷᠦ ᠵᠢᠨ ᠪᠣᠳᠣᠯᠭ᠎ᠠ ᠵᠢᠨ ᠠᠰᠢᠭ᠎ᠢ ᠬᠦᠷᠲᠡᠬᠦ᠎ᠪᠠᠷ ᠴᠢᠷᠮᠠᠢ᠌ᠨ᠎ᠠ ᠂  ᠡᠭᠦᠨ᠎ᠤ ᠵᠠᠩᠭᠢᠯᠠᠭ᠎ᠠ᠎ᠨᠢ ᠮᠥᠨ ᠴᠦ᠍ ᠲᠦᠷᠦᠯ ᠵᠦᠢ᠍ᠯ᠎ᠢ ᠰᠠᠢ᠌ᠲᠤᠷ ᠤᠬᠠᠭ᠋ᠠᠯᠠᠨ ᠲᠥᠯᠥᠪᠯᠡᠬᠦ᠎ᠳᠤ ᠪᠣᠢ ᠃  ᠰᠠᠭᠤᠷᠢ ᠪᠡᠯᠡᠳᠬᠡᠮᠵᠢ ᠵᠢᠨ ᠲᠦᠷᠦᠯ ᠵᠦᠢ᠍ᠯ᠎ᠤᠨ ᠲᠠᠯ᠎ᠠ᠎ᠪᠠᠷ ᠂  ᠬᠥᠮᠥᠨ ᠠᠮᠠ ᠪᠠ ᠠᠵᠤ ᠠᠬᠤᠢ ᠵᠢᠨ ᠪᠠᠢ᠌ᠷᠢᠰᠢᠭᠤᠯᠤᠯᠲᠠ ᠵᠢᠨ ᠲᠣᠭᠣᠷᠢᠨ᠎ᠳᠤ ᠂  ᠨᠢᠭᠡ ᠪᠦᠯᠦᠭ ᠠᠵᠤ ᠦᠢ᠍ᠯᠡᠰ᠎ᠤᠨ ᠵᠠᠮ ᠂  ᠵᠢᠭᠤᠯᠴᠢᠯᠠᠯ᠎ᠤᠨ ᠵᠠᠮ ᠂  ᠬᠦᠷᠢᠶᠡᠯᠡᠩ ᠲᠣᠭᠣᠷᠢᠭ᠎ᠤᠨ ᠵᠠᠮ ᠂  ᠠᠷᠠᠳ᠎ᠲᠤ ᠳᠦᠭᠦᠮ ᠦᠵᠡᠭᠦᠯᠬᠦ ᠵᠠᠮ᠎ᠢ ᠲᠥᠯᠥᠪᠵᠢᠭᠦᠯᠦᠨ ᠪᠦᠲᠦᠭᠡᠨ ᠪᠠᠢ᠌ᠭᠤᠯᠵᠤ ᠂  ᠲᠡᠮᠦᠷ ᠵᠠᠮ᠎ᠤᠨ ᠲᠣᠣᠷ ᠂  ᠵᠠᠰᠠᠮᠠᠯ ᠵᠠᠮ᠎ᠤᠨ ᠲᠣᠣᠷ ᠂  ᠠᠭ᠋ᠠᠷ ᠠᠶᠠᠯᠠᠯ᠎ᠤᠨ ᠲᠣᠣᠷ ᠂  ᠤᠰᠤᠨ ᠠᠰᠢᠭᠯᠠᠯᠲᠠ ᠵᠢᠨ ᠲᠣᠣᠷ ᠂  ᠴᠠᠬᠢᠯᠭ᠋ᠠᠨ ᠬᠦᠴᠦᠨ᠎ᠤ ᠲᠣᠣᠷ ᠂  ᠴᠠᠬᠢᠯᠭ᠋ᠠᠨ ᠬᠣᠯᠪᠣᠭ᠋ᠠᠨ᠎ᠤ ᠲᠣᠣᠷ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠂  ᠰᠠᠭᠤᠷᠢ ᠪᠡᠯᠡᠳᠬᠡᠮᠵᠢ ᠵᠢᠨ ᠪᠡᠯᠡ ᠣᠷᠤᠭᠤᠯᠤᠯᠲᠠ ᠵᠢ 3000 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ ᠵᠢ ᠦᠨᠡᠨ ᠬᠦ᠌ ᠪᠠᠲᠤᠯᠠᠨ᠎ᠠ ᠃  ᠠᠵᠤ ᠦᠢ᠍ᠯᠡᠰ᠎ᠤᠨ ᠬᠥᠭᠵᠢᠯᠲᠡ ᠵᠢᠨ ᠲᠦᠷᠦᠯ ᠵᠦᠢ᠍ᠯ᠎ᠤᠨ ᠲᠠᠯ᠎ᠠ᠎ᠪᠠᠷ ᠂  ᠡᠯ᠎ᠡ ᠠᠢ᠌ᠮᠠᠭ ᠬᠤᠲᠠ᠎ᠨᠢ ᠪᠦᠬᠦ ᠣᠷᠣᠨ᠎ᠤ ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠪᠠᠢ᠌ᠷᠢᠰᠢᠭᠤᠯᠤᠯᠲᠠ ᠵᠢᠨ ᠲᠣᠭᠣᠷᠢᠨ᠎ᠳᠤ ᠬᠤᠳᠠᠯᠳᠤᠭ᠋ᠠᠴᠢᠨ ᠤᠷᠢᠬᠤ ᠲᠥᠰᠥᠯ᠎ᠢ ᠨᠢᠭᠡᠳ ᠨᠢᠭᠡ᠎ᠪᠠᠷ ᠲᠣᠭᠲᠠᠭ᠋ᠠᠵᠤ ᠂  ᠣᠷᠣᠭᠤᠯᠤᠨ ᠠᠪᠴᠢᠷᠠᠵᠤ ᠪᠣᠳᠠᠲᠠᠢ᠌ᠵᠢᠭᠤᠯᠬᠤ ᠪᠡᠯᠡ ᠮᠥᠩᠭᠥ ᠵᠢ 5700 ᠳ᠋ᠦᠩᠰᠢᠭᠤᠷ ᠲᠥᠭᠥᠷᠢᠭ᠎ᠠᠴᠠ ᠳᠡᠭᠡᠭᠰᠢ᠎ᠳᠤ  ᠬᠦᠷᠦᠭᠦᠯᠵᠦ ᠂  ᠠᠵᠤ ᠦᠢ᠍ᠯᠡᠳᠪᠦᠷᠢ ᠵᠢᠨ ᠪᠡᠯᠡ ᠣᠷᠤᠭᠤᠯᠤᠯᠲᠠ ᠵᠢ 4900 ᠳ᠋ᠦᠩᠰᠢᠭᠤᠷ ᠲᠥᠭᠥᠷᠢᠭ ᠣᠷᠴᠢᠮ᠎ᠳᠤ ᠬᠦᠷᠦᠭᠦᠯᠦᠨ ᠂ 10%᠎ᠠᠴᠠ ᠳᠡᠭᠡᠭᠰᠢ ᠨᠡᠮᠡᠭᠳᠡᠭᠦᠯᠬᠦ᠎ᠪᠠᠷ ᠬᠦᠴᠦᠯᠡᠨ ᠴᠢᠷᠮᠠᠢ᠌ᠨ᠎ᠠ ᠃

       ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢ ᠲᠦᠷᠭᠡᠳᠬᠡᠨ᠎ᠡ ᠃  ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠎ᠢ ᠪᠠᠢ᠌ᠭᠤᠯᠵᠤ ᠳᠠᠭᠤᠰᠬᠠᠨ ᠂  ᠲᠠᠢ᠌ᠽᠢ᠎ᠠᠴᠠ ᠰᠢᠯᠢ ᠵᠢᠨ ᠬᠤᠲᠠ ᠬᠦᠷᠬᠦ ᠲᠡᠮᠦᠷ ᠵᠠᠮ᠎ᠢ ᠲᠦᠷᠭᠡᠳᠬᠡᠨ ᠪᠠᠢ᠌ᠭᠤᠯᠵᠤ ᠂  ᠯᠢᠨ ᠾᠧ᠎ᠠᠴᠠ ᠬᠠᠮᠢ ᠬᠦᠷᠬᠦ ᠱᠤᠭᠤᠮ ᠂  ᠵᠢᠨᠢᠩ᠎ᠠᠴᠠ ᠡᠷᠢᠶᠡᠨ ᠬᠦᠷᠬᠦ ᠱᠤᠭᠤᠮ᠎ᠤᠨ ᠴᠢᠳᠠᠮᠵᠢ ᠵᠢ ᠥᠷᠭᠡᠳᠬᠡᠨ ᠥᠭᠡᠷᠡᠴᠢᠯᠡᠵᠦ ᠰᠢᠨᠡᠳᠬᠡᠨ ᠂  ᠪᠤᠭᠤᠲᠤ ᠣᠷᠳᠣᠰ ᠲᠡᠮᠡᠭᠡᠲᠦ ᠵᠢᠨ ᠲᠦᠷᠭᠡᠨ᠎ᠤ ᠲᠡᠮᠦᠷ ᠵᠠᠮ᠎ᠢ ᠠᠵᠢᠯ ᠡᠬᠢᠯᠡᠭᠦᠯᠬᠦ᠎ᠪᠠᠷ ᠴᠢᠷᠮᠠᠢ᠌ᠨ᠎ᠠ ; S22 ᠪᠠᠶᠠᠨᠴᠠᠭ᠋ᠠᠨ᠎ᠠᠴᠠ ᠶᠦᠩ᠎ᠲᠠᠢ ᠬᠦᠩ ᠬᠦᠷᠬᠦ ᠬᠡᠰᠡᠭ ᠂ S29 ᠬᠦᠬᠡᠬᠤᠲᠠ᠎ᠠᠴᠠ ᠯᠢᠶᠡᠩᠴᠧᠩ ᠬᠦᠷᠬᠦ ᠲᠦᠷᠭᠡᠨ᠎ᠤ ᠵᠠᠮ᠎ᠢ ᠪᠠᠢ᠌ᠭᠤᠯᠵᠤ ᠳᠠᠭᠤᠰᠬᠠᠨ ᠂ G0616 ᠬᠠᠯᠢᠭᠤᠲᠤ᠎ᠠᠴᠠ ᠮᠤᠨᠠ ᠠᠭᠤᠯᠠ ᠪᠠᠯᠭ᠋ᠠᠰᠤ ᠬᠦᠷᠬᠦ ᠬᠡᠰᠡᠭ ᠂ G1817 ᠤᠰᠤᠲᠠᠢ᠎ᠠᠴᠠ ᠪᠠᠶᠠᠨ ᠬᠤᠳᠳᠤᠭ ᠬᠦᠷᠬᠦ ᠬᠡᠰᠡᠭ ᠂ S27 ᠬᠦᠬᠡᠬᠤᠲᠠ᠎ᠠᠴᠠ ᠣᠷᠳᠣᠰ ᠬᠦᠷᠬᠦ ᠲᠦᠷᠭᠡᠨ᠎ᠤ ᠵᠠᠮ᠎ᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠤᠨ᠎ᠠ ;  ᠬᠦᠬᠡᠬᠤᠲᠠ ᠵᠢᠨ ᠱᠧᠩᠯᠧ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠢ ᠪᠠᠢ᠌ᠭᠤᠯᠵᠤ ᠳᠠᠭᠤᠰᠬᠠᠨ ᠠᠶᠠᠯᠠᠯ ᠨᠡᠪᠲᠡᠷᠡᠬᠦ ᠵᠢ ᠦᠨᠡᠨ ᠬᠦ᠌ ᠪᠠᠲᠤᠯᠠᠵᠤ ᠂  ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠂  ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠂  ᠤᠯᠠᠭ᠋ᠠᠢ ᠵᠢᠨ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ ᠵᠢ ᠠᠬᠢᠭᠤᠯᠤᠨ᠎ᠠ ;  ᠬᠠᠲᠦᠨ ᠭᠣᠣᠯ᠎ᠤᠨ ᠤᠰᠤ ᠵᠢ ᠵᠠᠯᠠᠵᠤ ᠬᠦᠬᠡᠬᠤᠲᠠ ᠵᠢ ᠲᠤᠰᠠᠯᠠᠬᠤ ᠭᠤᠷᠪᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠲᠦᠷᠭᠡᠳᠬᠡᠨ ᠂  ᠪᠣᠷᠣᠳᠣᠬᠣᠢ ᠂  ᠳ᠋ᠧᠩᠺᠧᠦ ᠵᠡᠷᠭᠡ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠣᠳᠣᠬᠢᠴᠢᠯᠠᠨ ᠥᠭᠡᠷᠡᠴᠢᠯᠡᠵᠦ ᠰᠢᠨᠡᠳᠬᠡᠬᠦ ᠵᠢ  ᠠᠬᠢᠭᠤᠯᠵᠤ ᠂  ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠾᠧ ᠭᠣᠣᠯ᠎ᠳᠤ ᠨᠡᠮᠡᠷᠢᠯᠡᠬᠦ ᠨᠢᠭᠡᠳᠦᠭᠡᠷ ᠬᠤᠭᠤᠴᠠᠭ᠎ᠠ ᠂  ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠦᠬᠦ ᠱᠤᠭᠤᠮ ᠵᠶ᠋ᠠᠷ ᠤᠰᠤ ᠨᠡᠪᠲᠡᠷᠡᠬᠦ ᠵᠢ ᠪᠡᠶᠡᠯᠡᠭᠦᠯᠦᠨ᠎ᠡ ᠃  ᠨᠢᠭᠡᠨᠲᠡ ᠤᠬᠠᠭ᠋ᠠᠯᠠᠨ ᠲᠥᠯᠥᠪᠯᠡᠭᠰᠡᠨ 1400 ᠰᠢᠬᠠᠮ ᠭᠣᠣᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠲᠦᠷᠦᠯ ᠵᠦᠢ᠍ᠯ᠎ᠤᠨ ᠪᠡᠯᠡᠳᠬᠡᠯ ᠬᠤᠭᠤᠴᠠᠭ᠎ᠠ ᠂  ᠴᠢᠬᠤᠯᠠ ᠬᠦᠴᠦᠨ ᠵᠦᠢ᠍ᠯ ᠂  ᠪᠣᠳᠠᠲᠠᠢ᠍ᠢ᠍ᠵᠢᠭᠤᠯᠤᠯᠲᠠ ᠵᠢ ᠨᠢᠭᠡᠳ ᠨᠢᠭᠡ᠎ᠪᠠᠷ ᠠᠩᠬᠠᠷᠴᠤ ᠂  ᠳᠤᠮᠳᠠᠳᠦ ᠤᠯᠤᠰ᠎ᠤᠨ ᠴᠢᠯᠠᠭᠤᠨ ᠲᠣᠰᠤᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠨᠡᠭᠦᠷᠡᠰᠦ᠎ᠪᠠᠷ ᠠᠯᠺᠧᠡ ᠨᠡᠭᠦᠷᠦᠭᠴᠢ ᠦᠢ᠍ᠯᠡᠳᠬᠦ ᠂  ᠷᠦᠩ ᠱᠧᠩ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠨᠢᠭᠡ ᠴᠣᠭᠴᠠᠵᠢᠭᠤᠯᠬᠤ ᠂  ᠰᠠᠢ ᠱᠧᠩ ᠰᠢᠨ᠎ᠡ ᠮᠠᠲ᠋ᠧᠷᠢᠶᠠᠯ ᠂  ᠶᠤᠸᠠᠨ ᠵᠢᠩ ᠲᠡᠭ ᠨᠡᠭᠦᠷᠡᠰᠦᠲᠥ᠋ᠷᠥᠭᠴᠢᠲᠦ ᠴᠡᠨᠡᠭ ᠵᠡᠷᠭᠡ ᠨᠢᠭᠡ ᠪᠦᠯᠦᠭ ᠵᠠᠭᠤᠨ ᠳ᠋ᠦᠩᠰᠢᠭᠤᠷ᠎ᠤᠨ ᠳᠡᠰ᠎ᠤᠨ ᠲᠦᠷᠦᠯ ᠵᠦᠢ᠍ᠯ᠎ᠢ ᠲᠦᠷᠭᠡᠳᠬᠡᠨ ᠠᠬᠢᠭᠤᠯᠵᠤ ᠂  ᠡᠷᠲᠡ ᠨᠢᠭᠡ ᠡᠳᠦᠷ ᠠᠵᠢᠯ ᠡᠬᠢᠯᠡᠭᠦᠯᠵᠦ ᠂  ᠡᠷᠲᠡ ᠨᠢᠭᠡ ᠡᠳᠦᠷ ᠦᠢ᠍ᠯᠡᠳᠪᠦᠷᠢᠯᠡᠬᠦ ᠬᠡᠮᠵᠢᠶᠡᠨ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ᠎ᠠ ᠃

      (ᠬᠣᠶᠠᠷ) ᠬᠠᠩᠭ᠋ᠠᠯᠭ᠎ᠠ ᠬᠡᠷᠡᠭᠴᠡᠭᠡ ᠬᠣᠶᠠᠷ ᠲᠠᠯ᠎ᠠ᠎ᠪᠠᠷ ᠬᠠᠮᠵᠢᠯᠴᠠᠨ ᠬᠦᠴᠦᠯᠡᠬᠦ ᠵᠢ ᠪᠠᠷᠢᠮᠲᠠᠯᠠᠵᠤ ᠂  ᠠᠷᠭ᠎ᠠ ᠪᠦᠬᠦᠨ᠎ᠢ ᠰᠦᠪᠡᠭᠴᠢᠯᠡᠨ ᠬᠡᠷᠡᠭᠯᠡᠭᠡ ᠵᠢ ᠬᠥᠭᠵᠢᠭᠡᠨ᠎ᠡ ᠃  ᠬᠡᠷᠡᠭᠯᠡᠭᠡ ᠶᠡᠷᠦ᠎ᠨᠢ ᠮᠠᠨ᠎ᠤ ᠣᠷᠣᠨ᠎ᠤ ᠳᠤᠲᠠᠭᠤᠳᠠᠯ ᠪᠠᠢ᠌ᠵᠤ ᠂  ᠡᠷᠬᠡᠪᠰᠢ ᠬᠡᠷᠡᠭᠯᠡᠭᠡ ᠵᠢ ᠬᠥᠭᠵᠢᠭᠡᠬᠦ ᠲᠤᠰᠬᠠᠢ ᠠᠵᠢᠯᠯᠠᠭ᠋ᠠᠨ᠎ᠢ ᠶᠡᠬᠡ᠎ᠪᠠᠷ ᠬᠡᠷᠡᠭᠵᠢᠭᠦᠯᠵᠦ ᠂  ᠳᠣᠲᠣᠭ᠋ᠠᠳᠤ ᠳᠠᠯᠳᠠ ᠬᠦᠴᠦᠨ ᠵᠶ᠋ᠠᠨ ᠭᠦᠢ᠍ᠴᠡᠳ ᠠᠭᠤᠳᠠᠯᠬᠤ ᠬᠡᠷᠡᠭᠲᠡᠢ ᠃

       ᠤᠯᠤᠰ᠎ᠤᠨ 《ᠬᠣᠶᠠᠷ ᠰᠢᠨ᠎ᠡ 》  ᠲᠦᠷᠦ ᠵᠢᠨ ᠪᠣᠳᠣᠯᠭ᠎ᠠ ᠵᠢ ᠬᠦᠴᠦᠯᠡᠨ ᠥᠷᠭᠡᠵᠢᠭᠦᠯᠵᠦ ᠬᠡᠷᠡᠭᠵᠢᠭᠦᠯᠬᠦ ᠠᠵᠠ ᠲᠣᠬᠢᠶᠠᠯ᠎ᠢ ᠴᠢᠩᠭ᠎ᠠ ᠠᠳᠬᠤᠨ᠎ᠠ ᠃  ᠲᠥᠬᠦᠭᠡᠷᠦᠮᠵᠢ ᠵᠢ ᠰᠢᠨᠡᠳᠬᠡᠬᠦ ᠲᠠᠯ᠎ᠠ᠎ᠪᠠᠷ ᠂  ᠮᠡᠷᠭᠡᠵᠢᠯ ᠂  ᠡᠨᠧᠷᠭᠢ ᠵᠢᠨ ᠬᠣᠷᠣᠭᠳᠠᠯ ᠂  ᠭᠠᠳᠠᠭᠰᠢᠯᠠᠭᠤᠯᠤᠯᠲᠠ ᠂  ᠠᠮᠤᠷ ᠲᠦᠪᠰᠢᠨ ᠵᠡᠷᠭᠡ ᠪᠠᠷᠢᠮᠵᠢᠶᠠᠨ᠎ᠤ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ ᠂  ᠠᠵᠤ ᠦᠢ᠍ᠯᠡᠳᠪᠦᠷᠢ ᠵᠢᠨ ᠲᠥᠬᠦᠭᠡᠷᠦᠮᠵᠢ ᠂  ᠪᠠᠷᠢᠯᠭ᠎ᠠ ᠵᠢᠨ ᠮᠧᠬᠠᠨᠢᠭ ᠂  ᠬᠠᠭᠤᠴᠢᠷᠠᠭᠰᠠᠨ ᠴᠠᠬᠢᠯᠭ᠋ᠠᠨ ᠱᠠᠲᠤ ᠂  ᠡᠵᠡᠩᠨᠡᠯᠲᠡ ᠵᠢᠨ ᠠᠴᠢᠶᠠᠨ᠎ᠤ ᠲᠡᠷᠭᠡ ᠵᠡᠷᠭᠡ ᠵᠢᠨ 《ᠰᠣᠯᠢᠬᠤ ᠴᠢᠬᠤᠯᠠᠲᠠᠢ ᠵᠢ ᠎ᠨᠢ ᠴᠥᠮ ᠰᠣᠯᠢᠬᠤ 》 ᠵᠢ ᠠᠬᠢᠭᠤᠯᠤᠨ᠎ᠠ ᠃  ᠣᠨᠴᠠᠭ᠋ᠠᠢ᠌ᠯᠠᠨ ᠣᠷᠣᠨ᠎ᠤ ᠳᠣᠲᠣᠨ᠎ᠠ ᠭᠠᠳᠠᠨᠠᠬᠢ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠥᠬᠦᠭᠡᠷᠦᠮᠵᠢ ᠂  ᠬᠠᠭᠤᠴᠢᠨ ᠴᠠᠬᠢᠯᠭ᠋ᠠᠨ ᠮᠠᠰᠢᠨ᠎ᠢ ᠰᠢᠨᠡᠳᠬᠡᠨ ᠰᠣᠯᠢᠬᠤ ᠬᠡᠷᠡᠭᠴᠡᠭᠡ ᠵᠢ  ᠴᠢᠩᠭ᠎ᠠ ᠠᠩᠬᠠᠷᠴᠤ ᠂  ᠮᠠᠨ᠎ᠤ ᠣᠷᠣᠨ᠎ᠤ ᠪᠠᠢ᠌ᠩᠭᠤ ᠰᠣᠷᠢᠨᠵᠢᠨᠲᠤ ᠴᠠᠬᠢᠯᠭ᠋ᠠᠨ ᠮᠠᠰᠢᠨ ᠂  ᠰᠢᠨ᠎ᠡ ᠡᠨᠧᠷᠭᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠵᠡᠷᠭᠡ ᠳᠠᠪᠠᠭᠤᠯᠢᠭ ᠦᠢ᠍ᠯᠡᠳᠪᠦᠷᠢᠯᠡᠬᠦ ᠴᠢᠳᠠᠮᠵᠢ᠎ᠪᠠᠨ ᠳᠠᠭ᠋ᠠᠯᠳᠤᠭᠤᠯᠤᠨ ᠪᠠᠳᠠᠷᠠᠭᠤᠯᠤᠨ᠎ᠠ ᠃  ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠠᠯ᠎ᠠ᠎ᠪᠠᠷ ᠂  ᠬᠡᠷᠡᠭᠯᠡᠭᠡ ᠵᠢ ᠠᠬᠢᠭᠤᠯᠬᠤ ᠬᠢᠭᠡᠳ ᠠᠷᠠᠳ᠎ᠤᠨ ᠠᠮᠢᠳᠤᠷᠠᠯ᠎ᠳᠤ ᠬᠠᠷᠠᠭ᠋ᠠᠯᠵᠠᠯ ᠦᠵᠡᠭᠦᠯᠬᠦ ᠵᠢ ᠤᠶᠠᠯᠳᠤᠭᠤᠯᠤᠨ ᠂  ᠨᠡᠮᠡᠭᠦᠷᠢ ᠭᠤᠶᠤᠴᠢᠯᠠᠬᠤ ᠳᠡᠰ ᠳᠠᠷᠠᠭ᠋ᠠᠯᠠᠯ᠎ᠢ ᠳᠥᠭᠥᠮᠴᠢᠯᠡᠨ ᠂  ᠰᠢᠨ᠎ᠡ ᠡᠨᠧᠷᠭᠢ ᠵᠢᠨ ᠮᠠᠰᠢᠨ ᠲᠡᠷᠭᠡ ᠂  ᠣᠶᠤᠨᠴᠢ ᠭᠡᠷ᠎ᠤᠨ ᠬᠡᠷᠡᠭᠰᠡᠯ ᠂  ᠳ᠋ᠢᠬᠢᠲ ᠦᠢ᠍ᠯᠡᠳᠬᠦᠨ ᠵᠡᠷᠭᠡ ᠬᠦᠷᠢᠶ᠎ᠡ ᠴᠠᠷᠠᠭ᠋ᠠᠨ᠎ᠳᠠᠬᠢ ᠬᠡᠷᠡᠭᠯᠡᠭᠡ ᠵᠢᠨ ᠲᠠᠯ᠎ᠠ ᠵᠢᠨ  ᠬᠦᠰᠡᠯ ᠪᠠ ᠬᠡᠷᠡᠭᠴᠡᠭᠡ ᠵᠢ  ᠪᠦᠬᠦ ᠲᠠᠯ᠎ᠠ᠎ᠪᠠᠷ ᠬᠥᠭᠵᠢᠭᠡᠨ᠎ᠡ ᠃

       ᠬᠥᠮᠥᠨ ᠵᠶ᠋ᠠᠷ ᠦᠨᠳᠦᠰᠦ ᠪᠣᠯᠭ᠋ᠠᠭᠰᠠᠨ ᠰᠢᠨ᠎ᠡ ᠬᠡᠯᠪᠡᠷᠢ ᠵᠢᠨ  ᠬᠤᠲᠠ ᠪᠠᠯᠭ᠋ᠠᠰᠤᠵᠢᠯᠲᠠ ᠵᠢᠨ ᠠᠵᠠ ᠲᠣᠬᠢᠶᠠᠯ᠎ᠢ ᠴᠢᠩᠭ᠎ᠠ ᠠᠳᠬᠤᠨ᠎ᠠ ᠃  ᠪᠦᠬᠦ ᠣᠷᠣᠨ᠎ᠤ 280 ᠲᠦᠮᠡᠨ ᠲᠠᠷᠢᠶᠠᠴᠢᠨ ᠮᠠᠯᠴᠢᠨ ᠬᠤᠲᠠ ᠪᠠᠯᠭ᠋ᠠᠰᠤᠨ᠎ᠳᠤ ᠰᠢᠯᠵᠢᠨ ᠠᠵᠢᠯ ᠣᠯᠵᠤ ᠪᠠᠢ᠌ᠬᠤ ᠪᠠᠢ᠌ᠳᠠᠯ᠎ᠳᠤ ᠰᠢᠨ᠎ᠡ ᠨᠢᠭᠡ ᠡᠭᠡᠯᠵᠢ ᠵᠢᠨ ᠲᠠᠷᠢᠶᠠᠯᠠᠩ ᠮᠠᠯ ᠠᠵᠤ ᠠᠬᠤᠢ᠎ᠠᠴᠠ ᠰᠢᠯᠵᠢᠭᠰᠡᠨ ᠬᠥᠮᠥᠨ ᠠᠮᠠ ᠵᠢ ᠬᠤᠲᠠ ᠵᠢᠨ ᠠᠷᠠᠳ ᠪᠣᠯᠭ᠋ᠠᠬᠤ ᠠᠵᠢᠯᠯᠠᠭ᠋ᠠᠨ᠎ᠢ ᠰᠠᠢ᠌ᠲᠤᠷ ᠬᠡᠷᠡᠭᠵᠢᠭᠦᠯᠵᠦ ᠂  ᠰᠢᠯᠵᠢᠭᠦᠯᠦᠨ ᠲᠥᠯᠥᠬᠦ ᠂  ᠬᠦᠴᠦᠨ ᠵᠦᠢ᠍ᠯ᠎ᠢ ᠲᠣᠬᠢᠷᠠᠭᠤᠯᠬᠤ ᠵᠡᠷᠭᠡ ᠵᠢ  ᠲᠠᠷᠢᠶᠠᠯᠠᠩ ᠮᠠᠯ ᠠᠵᠤ ᠠᠬᠤᠢ᠎ᠠᠴᠠ ᠰᠢᠯᠵᠢᠭᠰᠡᠨ ᠬᠥᠮᠥᠨ ᠠᠮᠠ ᠵᠢ ᠬᠤᠲᠠ ᠵᠢᠨ ᠠᠷᠠᠳ ᠪᠣᠯᠭ᠋ᠠᠬᠤ᠎ᠯᠤᠭ᠎ᠠ ᠬᠣᠯᠪᠣᠭᠳᠠᠭᠤᠯᠬᠤ ᠵᠢ ᠠᠬᠢᠭᠤᠯᠤᠨ ᠂  ᠣᠷᠣᠨ ᠰᠠᠭᠤᠴᠠ ᠂  ᠰᠤᠷᠭ᠋ᠠᠨ ᠬᠥᠮᠦᠵᠢᠯ ᠂  ᠡᠮᠴᠢᠯᠡᠭᠡ ᠂  ᠨᠡᠢ᠌ᠭᠡᠮ᠎ᠤᠨ ᠳᠠᠭ᠋ᠠᠳᠬᠠᠯ ᠂  ᠵᠠᠮ ᠬᠠᠷᠢᠯᠴᠠᠭ᠎ᠠ ᠵᠡᠷᠭᠡ ᠲᠠᠯ᠎ᠠ᠎ᠪᠠᠷ ᠨᠡᠩ ᠰᠠᠢ᠌ᠲᠤᠷ ᠦᠢ᠍ᠯᠡᠴᠢᠯᠡᠭᠡ ᠬᠠᠩᠭ᠋ᠠᠬᠤ ᠬᠡᠷᠡᠭᠲᠡᠢ ᠃  ᠣᠯᠠᠨ ᠲᠦᠮᠡᠨ᠎ᠤ 《ᠰᠠᠢ᠌ᠨ ᠭᠡᠷ ᠪᠠᠢ᠌ᠰᠢᠩ ᠂  ᠰᠠᠢ᠌ᠨ ᠰᠠᠭᠤᠭ᠋ᠠᠯᠢ ᠲᠣᠭᠣᠷᠢᠭ 》᠎ᠤᠨ ᠬᠦᠰᠡᠯ ᠡᠷᠡᠮᠡᠯᠵᠡᠯ ᠳᠦᠭᠦᠷᠡᠩ ᠪᠠᠢ᠌ᠵᠤ ᠂  ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠪᠠ ᠠᠳᠠᠯ ᠠᠬᠤᠢ ᠵᠢᠨ ᠬᠠᠮᠢᠶᠠᠷᠤᠯᠲᠠ ᠵᠢᠨ ᠲᠦᠪᠰᠢᠨ ᠵᠢᠨᠨ ᠳᠡᠭᠡᠭᠰᠢᠯᠡᠭᠦᠯᠦᠨ ᠂  ᠬᠠᠭᠤᠴᠢᠨ ᠰᠠᠭᠤᠭ᠋ᠠᠯᠢ ᠲᠣᠭᠣᠷᠢᠭ᠎ᠤᠨ ᠡᠵᠡ ᠮᠡᠳᠡᠵᠦ ᠰᠢᠨᠡᠳᠬᠡᠬᠦ ᠂  ᠭᠡᠷ ᠪᠠᠢ᠌ᠰᠢᠩ ᠭᠠᠵᠠᠷ ᠬᠥᠷᠥᠩᠭᠡ ᠵᠢᠨ ᠪᠡᠯᠡᠨ ᠭᠡᠷ ᠪᠠᠢ᠌ᠰᠢᠩ ᠪᠣᠷᠣᠯᠠᠭᠤᠯᠬᠤ ᠵᠡᠷᠭᠡ ᠰᠢᠨ᠎ᠡ ᠬᠡᠪ ᠵᠠᠭᠪᠤᠷ᠎ᠢ ᠳᠡᠯᠭᠡᠷᠡᠭᠦᠯᠵᠦ ᠂  ᠬᠤᠲᠠ ᠵᠢᠨ ᠪᠠᠢ᠌ᠳᠠᠯ᠎ᠳᠤ᠎ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠢ᠌ᠭ᠋ᠠᠳ ᠭᠡᠷ ᠪᠠᠢ᠌ᠰᠢᠩ ᠬᠤᠳᠠᠯᠳᠤᠨ ᠠᠪᠬᠤ ᠵᠢ᠎ᠨᠢ ᠤᠷᠮᠠᠰᠢᠭᠤᠯᠬᠤ ᠲᠦᠷᠦ ᠵᠢᠨ ᠪᠣᠳᠣᠯᠭ᠎ᠠ ᠨᠡᠢ᠌ᠲᠡᠯᠡᠵᠦ ᠂  ᠪᠠᠲᠤᠯᠠᠭ᠋ᠠᠲᠤ ᠴᠢᠨᠠᠷᠲᠠᠢ ᠪᠠ ᠰᠠᠢ᠌ᠵᠢᠷᠠᠭᠤᠯᠬᠤ ᠴᠢᠨᠠᠷᠲᠠᠢ ᠣᠷᠣᠨ ᠰᠠᠭᠤᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ  ᠭᠦᠢ᠍ᠴᠡᠳ ᠪᠠᠳᠠᠷᠠᠭ᠋ᠠᠨ᠎ᠠ ᠃  ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠠᠢ᠌ᠵᠢᠷᠠᠭᠤᠯᠤᠨ ᠂  ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠤᠶᠠᠨ ᠬᠠᠳᠠᠨ ᠴᠢᠨᠠᠷ ᠪᠦᠬᠦᠢ ᠣᠶᠤᠨᠲᠤ ᠬᠤᠲᠠ ᠵᠢ ᠲᠦᠷᠭᠡᠳᠬᠡᠨ ᠪᠠᠢ᠌ᠭᠤᠯᠵᠤ ᠂  ᠬᠤᠲᠠ ᠵᠢᠨ ᠶᠠᠪᠤᠳᠠᠯ᠎ᠤᠨ ᠰᠠᠭᠤᠷᠢ ᠪᠡᠯᠡᠳᠬᠡᠮᠵᠢ ᠵᠢ ᠳ᠋ᠢᠭᠢᠲᠴᠢᠯᠡᠨ ᠥᠭᠡᠷᠡᠴᠢᠯᠡᠨ ᠰᠢᠨᠡᠳᠬᠡᠬᠦ ᠂  ᠣᠶᠤᠨᠴᠢᠯᠠᠨ ᠳᠡᠰ ᠳᠡᠪᠰᠢᠭᠦᠯᠬᠦ ᠵᠢ ᠬᠦᠴᠦᠯᠡᠨ ᠠᠬᠢᠭᠤᠯᠵᠤ ᠂  ᠬᠠᠭᠤᠴᠢᠨ ᠰᠠᠭᠤᠭ᠋ᠠᠯᠢ ᠲᠣᠭᠣᠷᠢᠭ᠎ᠢ 1291 ᠂  ᠡᠯ᠎ᠡ ᠲᠥᠷᠥᠯ᠎ᠤᠨ ᠬᠣᠭᠣᠯᠠᠢ ᠭᠤᠤᠷᠰᠤ ᠵᠢᠨ ᠲᠣᠣᠷ᠎ᠢ 1500 ᠺᠢᠯᠣᠮᠧᠲᠷ ᠥᠭᠡᠷᠡᠴᠢᠯᠡᠨ ᠰᠢᠨᠡᠳᠬᠡᠵᠦ ᠂  ᠵᠠᠬ᠎ᠠ ᠳᠡᠯᠭᠡᠭᠦᠷᠴᠢᠯᠡᠭᠰᠡᠨ ᠬᠡᠪ ᠵᠠᠭᠪᠤᠷ ᠵᠶ᠋ᠠᠷ ᠪᠠᠰᠠ ᠨᠢᠭᠡ ᠪᠦᠯᠦᠭ ᠠᠷᠠᠳ᠎ᠲᠤ ᠳᠦᠭᠦᠮ ᠦᠵᠡᠬᠦᠯᠬᠦ ᠴᠠᠬᠢᠯᠭ᠋ᠠᠨ ᠴᠡᠨᠡᠭᠯᠡᠬᠦ ᠱᠣᠩ᠎ᠢ ᠪᠦᠲᠦᠭᠡᠨ ᠪᠠᠢ᠌ᠭᠤᠯᠤᠨ᠎ᠠ ᠃

       ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠨᠡᠮᠡᠭᠳᠡᠯ᠎ᠠᠴᠠ ᠪᠣᠯᠤᠭᠰᠠᠨ ᠠᠵᠠ ᠲᠣᠬᠢᠶᠠᠯ᠎ᠢ ᠴᠢᠩᠭ᠎ᠠ ᠠᠳᠬᠤᠨ᠎ᠠ ᠃  ᠮᠠᠨ᠎ᠤ ᠣᠷᠣᠨ᠎ᠤ 60 ᠨᠠᠰᠦᠨ᠎ᠠᠴᠠ ᠳᠡᠭᠡᠭᠰᠢᠬᠢ ᠨᠠᠰᠤᠲᠠᠢ᠌ᠴᠤᠳ ᠵᠢᠯ ᠪᠦᠷᠢ ᠳᠤᠮᠳᠠᠴᠢ᠎ᠪᠠᠷ 30 ᠲᠦᠮᠡ ᠰᠢᠨ᠎ᠡ᠎ᠪᠠᠷ ᠨᠡᠮᠡᠭᠳᠡᠵᠦ ᠪᠠᠢ᠌ᠨ᠎ᠠ ᠂  ᠭᠡᠬᠦ ᠮᠥᠷᠲᠡᠭᠡᠨ ᠴᠢᠳᠠᠪᠤᠷᠢ᠎ᠪᠠᠨ ᠠᠯᠳᠠᠭᠰᠠᠨ ᠨᠠᠰᠤᠲᠠᠨ 63 ᠲᠦᠮᠡ ᠂  ᠵᠡᠮᠳᠡᠭᠴᠦᠳ 158 ᠲᠦᠮᠡ ᠂ 3 ᠨᠠᠰᠦᠨ᠎ᠠᠴᠠ ᠳᠣᠷᠣᠭᠰᠢᠬᠢ ᠨᠢᠯᠬ᠎ᠠ ᠨᠢᠷᠠᠢ ᠬᠡᠦᠬᠡᠳ 40 ᠲᠦᠮᠡ ᠪᠠᠢ᠌ᠵᠤ ᠂  ᠨᠠᠰᠤᠵᠢᠯ᠎ᠤᠨ ᠠᠰᠠᠷᠠᠮᠵᠢ ᠂  ᠬᠡᠦᠬᠡᠳ ᠪᠣᠢ᠌ᠵᠢᠭᠤᠯᠬᠤ ᠂  ᠬᠠᠷᠠᠭ᠋ᠠᠯᠵᠠᠨ ᠠᠰᠠᠷᠠᠬᠤ ᠂  ᠭᠡᠷ ᠠᠬᠤᠢ ᠵᠡᠷᠭᠡ ᠵᠢᠨ ᠦᠢ᠍ᠯᠡᠴᠢᠯᠡᠭᠡ ᠪᠣᠯ ᠬᠡᠷᠡᠭᠴᠡᠭᠡ ᠱᠠᠭ᠋ᠠᠷᠳᠠᠯᠭ᠎ᠠ᠎ᠲᠠᠢ ᠶᠤᠮ ᠂  ᠵᠠᠩᠭᠢᠯᠠᠭ᠎ᠠ ᠵᠢᠨ ᠠᠰᠠᠭᠤᠳᠠᠯ᠎ᠨᠢ ᠴᠢᠨᠠᠷ ᠰᠠᠢ᠌ᠲᠠᠢ ᠬᠠᠩᠭ᠋ᠠᠯᠭ᠎ᠠ ᠬᠦᠷᠦᠯᠴᠡᠬᠦ ᠦᠭᠡᠢ ᠂ 《ᠰᠠᠢ᠌ᠨ ᠠᠨᠢᠶ᠎ᠠ 》᠂ 《ᠰᠠᠢ᠌ᠨ ᠰᠤᠪᠢᠯᠠᠭᠴᠢ 》  ᠠᠮᠠᠷᠬᠠᠨ ᠣᠯᠳᠠᠬᠤ ᠦᠭᠡᠢ ᠂  ᠬᠡᠷᠡᠭᠯᠡᠵᠦ ᠬᠦᠴᠦᠷᠡᠬᠦ ᠦᠭᠡᠢ ᠂  ᠦᠯᠡᠳᠡᠭᠡᠵᠦ ᠳᠡᠢ᠍ᠢ᠍ᠯᠬᠦ ᠦᠭᠡᠢ ᠪᠠᠢ᠌ᠵᠤ ᠂  ᠪᠠᠲᠤᠯᠠᠭ᠎ᠠ᠎ᠲᠠᠢ ᠪᠥᠭᠡᠳ ᠴᠢᠨᠠᠷ ᠴᠢᠨᠰᠠᠭ᠎ᠠ᠎ᠲᠠᠢ ᠲᠤᠰᠬᠠᠢ ᠮᠡᠷᠭᠡᠵᠢᠯ᠎ᠤᠨ ᠪᠠᠢ᠌ᠭᠤᠯᠤᠮᠵᠢ ᠴᠤ᠌ ᠴᠥᠭᠡᠨ ᠪᠠᠢ᠌ᠨ᠎ᠠ ᠃  ᠨᠠᠰᠤᠲᠠᠨ᠎ᠢ ᠠᠰᠠᠷᠠᠬᠤ ᠪᠠ ᠨᠠᠢ᠌ᠳᠠᠵᠤ ᠰᠠᠭ᠋ᠠᠲᠠᠭᠤᠯᠬᠤ ᠂  ᠭᠡᠷ ᠠᠬᠤᠢ ᠵᠢᠨ ᠦᠢ᠍ᠯᠡᠴᠢᠯᠡᠭᠡ ᠵᠡᠷᠭᠡ ᠬᠦᠷᠢᠶ᠎ᠡ ᠴᠠᠷᠠᠭ᠋ᠠᠨ᠎ᠤ ᠲᠣᠭᠣᠷᠢᠨ᠎ᠳᠤ ᠂  ᠶᠡᠬᠡ ᠬᠡᠪᠴᠢᠶᠡᠨ᠎ᠤ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠠ ᠤᠷ᠎ᠠ ᠮᠡᠷᠭᠡᠰᠢᠯ᠎ᠤᠨ ᠪᠣᠯᠪᠠᠰᠤᠷᠠᠯ᠎ᠢ ᠥᠷᠨᠢᠭᠦᠯᠵᠦ ᠂  ᠨᠢᠭᠡ ᠪᠦᠯᠦᠭ ᠢᠲᠡᠭᠡᠮᠵᠢᠲᠡᠢ ᠲᠤᠰᠬᠠᠢ ᠮᠡᠷᠭᠡᠵᠢᠯ᠎ᠤᠨ ᠪᠠᠢ᠌ᠭᠤᠯᠤᠮᠵᠢ ᠪᠠ ᠳᠠᠭᠤᠷᠢᠰᠬᠠᠯ᠎ᠲᠠᠢ ᠦᠢ᠍ᠯᠡᠴᠢᠯᠡᠭᠡᠨ᠎ᠤ ᠨᠡᠷᠡᠲᠦ ᠲᠡᠮᠳᠡᠭ᠎ᠢ ᠴᠣᠭᠴᠠᠯᠠᠨ᠎ᠠ ᠃  ᠪᠤᠭᠤᠷᠤᠯᠴᠤᠳ᠎ᠤᠨ ᠠᠵᠤ ᠠᠬᠤᠢ ᠵᠢ ᠬᠥᠭᠵᠢᠭᠦᠯᠬᠦ ᠵᠢ ᠴᠢᠬᠤᠯᠠᠴᠢᠯᠠᠵᠤ ᠂  ᠨᠠᠰᠤᠲᠠᠢ᠌ᠴᠤᠳ᠎ᠤᠨ ᠣᠯᠠᠨ ᠶᠠᠩᠵᠤᠴᠢᠯᠠᠭᠰᠠᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂  ᠵᠢᠭᠤᠯᠴᠢᠯᠠᠨ ᠰᠠᠭᠤᠷᠢᠰᠢᠬᠤ ᠨᠠᠰᠤᠵᠢᠯ᠎ᠤᠨ ᠠᠰᠠᠷᠠᠮᠵᠢ ᠂  ᠬᠤᠳᠠᠯᠳᠤᠭ᠋ᠠᠨ᠎ᠤ ᠨᠠᠰᠤᠵᠢᠯ᠎ᠤᠨ ᠠᠰᠠᠷᠠᠮᠵᠢ ᠂  ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ ᠂  ᠡᠮᠴᠢᠯᠡᠭᠡ ᠪᠠ ᠰᠤᠪᠢᠯᠠᠯᠲᠠ ᠵᠢᠨ ᠤᠶᠠᠯᠳᠤᠯ ᠵᠡᠷᠭᠡ ᠡᠵᠡᠩᠨᠡᠯᠲᠡ ᠵᠢᠨ ᠪᠠᠢ᠌ᠳᠠᠯ᠎ᠢ ᠪᠠᠶᠠᠯᠢᠭᠵᠢᠭᠤᠯᠵᠤ ᠂  ᠨᠠᠰᠤᠲᠠᠢ᠌ᠴᠤᠳ᠎ᠤᠨ ᠪᠤᠶᠠᠨ ᠵᠢᠷᠭ᠋ᠠᠯ᠎ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ ᠃  ᠬᠡᠦᠬᠡᠳ᠎ᠤᠨ ᠬᠡᠷᠡᠭᠯᠡᠭᠡ ᠶᠡᠷᠦ᠎ᠠᠴᠠ 《ᠨᠢᠭᠡ ᠯᠡ ᠬᠥᠮᠥᠨ ᠪᠦᠬᠦ ᠭᠡᠷ᠎ᠤᠨ ᠬᠡᠷᠡᠭᠯᠡᠭᠡ ᠵᠢ ᠳᠠᠢ᠌ᠴᠢᠯᠠᠬᠤ 》  ᠶᠤᠮ ᠂  ᠰᠢᠨᠵᠢᠯᠡᠬᠦ ᠤᠬᠠᠭ᠋ᠠᠨᠴᠢ᠎ᠪᠠᠷ ᠬᠡᠦᠬᠡᠳ ᠬᠥᠮᠥᠵᠢᠭᠦᠯᠬᠦ ᠂  ᠡᠴᠢᠭᠡ ᠡᠬᠡ ᠦᠷ᠎ᠡ ᠬᠡᠦᠬᠡᠳ᠎ᠤᠨ ᠦᠢ᠍ᠯᠡᠴᠢᠯᠡᠭᠡ ᠂  ᠭᠣᠣᠯ ᠰᠡᠳᠦᠪᠲᠦ ᠨᠠᠭ᠋ᠠᠳᠤᠮ ᠲᠣᠭᠯᠠᠭ᠋ᠠᠮ ᠵᠡᠷᠭᠡ ᠬᠡᠷᠡᠭᠯᠡᠭᠡ ᠵᠢᠨ ᠬᠠᠨᠳᠤᠰᠢ᠎ᠳᠤ ᠨᠡᠢ᠌ᠴᠡᠭᠦᠯᠦᠨ ᠂  ᠡᠵᠡᠩᠨᠡᠯᠲᠡ ᠵᠢᠨ ᠠᠬᠤᠢ ᠪᠠᠢ᠌ᠳᠠᠯ᠎ᠳᠤ ᠰᠢᠨ᠎ᠡ ᠵᠢ ᠡᠭᠦᠳᠴᠦ ᠂  ᠦᠢ᠍ᠯᠡᠴᠢᠯᠡᠭᠡᠨ᠎ᠤ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠦᠨ᠎ᠡ ᠃ 

       ᠤᠯᠤᠰ᠎ᠤᠨ  ᠳᠣᠲᠣᠭ᠋ᠠᠳᠤ ᠵᠢᠨ ᠶᠡᠬᠡ ᠣᠷᠴᠢᠯ᠎ᠠᠴᠠ ᠪᠣᠢ ᠪᠣᠯᠤᠭᠰᠠᠨ ᠠᠵᠠ ᠳᠣᠬᠢᠶᠠᠯ᠎ᠢ ᠴᠢᠩᠭ᠎ᠠ ᠠᠳᠬᠤᠨ᠎ᠠ᠃ ᠥᠪᠥᠷ ᠮᠣᠩᠭᠣᠯ᠎ᠳᠤ ᠬᠥᠮᠥᠨ ᠠᠮᠠ ᠬᠠᠷᠢᠴᠠᠩᠭᠤᠢ ᠴᠥᠭᠡᠨ᠂ ᠬᠡᠷᠡᠭᠯᠡᠭᠡ ᠵᠢᠨ ᠴᠢᠳᠠᠪᠤᠷᠢ ᠬᠢᠵᠠᠭ᠋ᠠᠷ᠎ᠲᠠᠢ ᠪᠣᠯᠬᠣᠷ᠂ ᠬᠡᠷᠡᠭᠯᠡᠭᠡ ᠵᠢ ᠠᠳᠬᠤᠬᠤ᠎ᠳᠤ᠎ᠪᠠᠨ ᠣᠷᠣᠨ᠎ᠤ ᠳᠣᠲᠣᠭ᠋ᠠᠳᠤ᠎ᠳᠤ᠎ᠪᠠᠨ ᠠᠩᠬᠠᠷᠤᠯ ᠵᠢᠨᠨ ᠬᠠᠨᠳᠤᠭᠤᠯᠬᠤ᠎ᠪᠠᠷ ᠦᠯᠦ ᠪᠠᠷᠠᠨ᠂ ᠣᠷᠣᠨ᠎ᠤ ᠭᠠᠳᠠᠨᠠᠬᠢ ᠵᠢ ᠴᠦ᠍ ᠠᠩᠬᠠᠷᠬᠤ ᠬᠡᠷᠡᠭᠲᠡᠢ᠃ ᠮᠠᠨ᠎ᠤ ᠣᠷᠣᠨ᠎ᠤ 1100 ᠢᠯᠡᠭᠦᠦ ᠵᠦᠢ᠍ᠯ᠎ᠤᠨ 《ᠥᠪᠥᠷ ᠮᠣᠩᠭᠣᠯ》 ᠨᠡᠷᠡᠮᠵᠢᠲᠦ ᠰᠠᠢ᠌ᠨ ᠪᠦᠲᠦᠭᠡᠭᠳᠡᠬᠦᠨ ᠪᠦᠬᠦ ᠤᠯᠤᠰ᠎ᠲᠤ ᠵᠠᠬ᠎ᠠ ᠳᠡᠯᠭᠡᠭᠦᠷ᠎ᠲᠠᠢ ᠪᠥᠭᠡᠳ ᠬᠡᠷᠡᠭᠴᠡᠭᠡ ᠱᠠᠭ᠋ᠠᠷᠳᠠᠯᠭ᠎ᠠ᠎ᠲᠠᠢ ᠶᠤᠮ᠂ ᠵᠠᠩᠭᠢᠯᠠᠭ᠎ᠠ᠎ᠨᠢ ᠣᠳᠣ ᠦᠶ᠎ᠡ ᠵᠢᠨ ᠬᠡᠷᠡᠭᠯᠡᠭᠡ ᠵᠢᠨ ᠰᠢᠨ᠎ᠡ ᠬᠠᠨᠳᠤᠰᠢ᠎ᠳᠤ ᠵᠣᠬᠢᠴᠠᠭᠤᠯᠤᠨ᠂ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠬᠤᠳᠠᠯᠳᠤᠬᠤ᠂ ᠣᠬᠣᠷ ᠸᠢᠳᠢᠤ᠋᠎ᠪᠠᠷ ᠡᠵᠡᠩᠨᠡᠨ ᠪᠣᠷᠣᠯᠠᠭᠤᠯᠬᠤ᠂ ᠠᠩᠬ᠎ᠠ ᠲᠠᠷᠬᠠᠭ᠋ᠠᠬᠤ ᠲᠦᠷᠦᠭᠦᠴᠢ ᠳᠡᠯᠭᠡᠭᠦᠷ ᠨᠡᠭᠡᠭᠡᠬᠦ ᠵᠡᠷᠭᠡ ᠰᠢᠨ᠎ᠡ ᠬᠡᠪ ᠵᠠᠭᠪᠤᠷ᠎ᠢ ᠰᠠᠢ᠌ᠲᠤᠷ ᠬᠡᠷᠡᠭᠯᠡᠵᠦ᠂ ᠮᠠᠨ᠎ᠤ ᠣᠷᠣᠨ᠎ᠤ ᠪᠣᠬᠢᠷᠳᠤᠯ ᠦᠭᠡᠢ ᠪᠥᠭᠡᠳ ᠣᠨᠴᠠᠯᠢᠭ᠎ᠲᠠᠢ ᠴᠢᠨᠠᠷ ᠰᠠᠢ᠌ᠲᠠᠢ ᠪᠦᠲᠦᠭᠡᠭᠳᠡᠬᠦᠨ ᠵᠶ᠋ᠠᠨ ᠪᠦᠬᠦ ᠤᠯᠤᠰ᠎ᠲᠤ ᠭᠠᠷᠭ᠋ᠠᠨ ᠪᠣᠷᠣᠯᠠᠭᠤᠯᠬᠤ ᠶᠠᠪᠤᠳᠠᠯ ᠪᠣᠯᠣᠨ᠎ᠠ᠃ ᠮᠠᠨ᠎ᠤ ᠣᠷᠣᠨ᠎ᠤ ᠵᠢᠯ ᠪᠦᠷᠢ ᠬᠦᠯᠢᠶᠡᠨ ᠠᠪᠬᠤ ᠵᠢᠭᠤᠯᠴᠢᠯᠠᠭᠴᠢᠳ 3 ᠳ᠋ᠦᠩᠰᠢᠭᠤᠷ ᠰᠢᠬᠠᠮ ᠬᠥᠮᠥᠨ ᠤᠳᠠᠭ᠎ᠠ᠎ᠳᠤ ᠬᠦᠷᠴᠦ᠂ ᠡᠨᠡ ᠬᠦ᠌ ᠡᠭᠦᠳᠡᠨ᠎ᠳᠤ ᠰᠠᠭ᠋ᠠᠲᠠᠭᠰᠠᠨ ᠬᠡᠷᠡᠭᠯᠡᠭᠡ᠎ᠳᠤ ᠪᠠᠰᠠ ᠮᠠᠰᠢ ᠶᠡᠬᠡ ᠳᠠᠯᠳᠠ ᠬᠦᠴᠦᠨ ᠨᠢᠭᠤᠭᠳᠠᠵᠤ ᠪᠠᠢ᠌ᠬᠤ ᠪᠣᠯᠬᠣᠷ 《ᠥᠪᠥᠷ ᠮᠣᠩᠭᠣᠯ᠎ᠤᠨ ᠦᠨᠦᠷ ᠠᠮᠲᠠ》᠎ᠲᠠᠢ ᠬᠤᠪᠴᠠᠰᠤ ᠬᠤᠨᠠᠷ ᠵᠠᠰᠠᠯ ᠴᠢᠮᠡᠭᠯᠡᠯ᠂ ᠭᠠᠷ ᠤᠷᠠᠯᠠᠯ᠎ᠤᠨ ᠪᠦᠲᠦᠭᠡᠯ᠂ ᠰᠣᠶᠣᠯ᠎ᠤᠨ ᠪᠦᠲᠦᠭᠡᠯᠴᠢ ᠲᠠᠸᠠᠷ᠂ ᠪᠣᠬᠢᠷᠳᠤᠯ ᠦᠭᠡᠢ ᠠᠮᠲᠠᠲᠤ ᠢᠳᠡᠭᠡᠨ᠎ᠢ ᠨᠡᠩ ᠣᠯᠠᠨ ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ ᠪᠦᠷᠢ ᠵᠢ ᠥᠪᠡᠷ᠎ᠤᠨ ᠵᠢᠨᠨ ᠲᠠᠭ᠋ᠠᠰᠢᠶᠠᠭᠰᠠᠨ ᠨᠢᠭᠡᠨ ᠬᠤᠪᠢ 《ᠭᠠᠷ ᠪᠡᠯᠡᠭ》᠎ᠲᠠᠢ ᠪᠤᠴᠠᠭ᠋ᠠᠬᠤ ᠪᠣᠯᠭ᠋ᠠᠨ᠎ᠠ᠃ ᠡᠯ᠎ᠡ ᠭᠠᠵᠠᠷ ᠣᠷᠣᠨ᠎ᠨᠢ ᠴᠥᠮ ᠬᠦᠴᠦ ᠵᠠᠷᠤᠴᠠᠭᠤᠯᠵᠤ ᠪᠠᠢ᠌ᠭ᠋ᠠᠳ ᠡᠷᠬᠢᠨ ᠲᠣᠭᠣᠷᠢᠨ᠎ᠤ ᠭᠠᠵᠠᠷ ᠣᠷᠣᠨ᠎ᠤ ᠨᠡᠩ ᠣᠯᠠᠨ ᠬᠥᠮᠥᠰ᠎ᠢ ᠲᠠᠲᠠᠨ ᠠᠪᠴᠢᠷᠠᠵᠤ ᠮᠠᠨ᠎ᠤ ᠣᠷᠣᠨ᠎ᠳᠤ ᠲᠣᠭᠣᠷᠢᠨ ᠵᠤᠭ᠋ᠠᠴᠠᠭᠤᠯᠵᠤ ᠬᠡᠷᠡᠭᠯᠡᠭᠡ᠎ᠳᠤ ᠣᠷᠣᠯᠴᠠᠭᠤᠯᠤᠨ᠂ ᠮᠠᠨ᠎ᠤ ᠦᠢ᠍ᠯᠡᠴᠢᠯᠡᠭᠡ ᠵᠢ ᠬᠦᠷᠲᠡᠭᠡᠨ᠂ ᠮᠠᠨ᠎ᠤ ᠦᠢ᠍ᠯᠡᠳᠬᠦᠨ᠎ᠢ ᠬᠤᠳᠠᠯᠳᠤᠨ ᠠᠪᠤᠭᠤᠯᠵᠤ᠂ ᠵᠤᠭ᠋ᠠᠴᠠᠨ ᠺᠠᠷᠲᠯᠠᠭᠤᠯᠬᠤ ᠮᠥᠷᠲᠡᠭᠡᠨ ᠺᠠᠷᠲ ᠵᠤᠷᠠᠭᠤᠯᠣᠨ᠎ᠠ᠃ ᠦᠵᠡᠭᠦᠯᠭᠡ ᠵᠢᠨ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠦᠵᠡᠭᠦᠯᠭᠡ᠎ᠪᠠᠷ ᠪᠣᠷᠤᠯᠠᠭᠤᠯᠭ᠎ᠠ ᠵᠢ ᠠᠬᠢᠭᠤᠯᠬᠤ᠂ ᠦᠵᠡᠭᠦᠯᠭᠡ᠎ᠪᠠᠷ ᠬᠤᠳᠠᠯᠳᠤᠭ᠎ᠠ ᠵᠢ ᠠᠬᠢᠭᠤᠯᠬᠤ᠂ ᠠᠵᠤ ᠦᠢ᠍ᠯᠡᠰ ᠪᠠ ᠦᠵᠡᠭᠦᠯᠭᠡ ᠵᠢ ᠠᠭᠤᠰᠤᠯᠴᠠᠭᠤᠯᠬᠤ ᠠᠵᠢᠯ᠎ᠢ ᠰᠠᠢ᠌ᠲᠤᠷ ᠬᠢᠵᠦ᠂ ᠬᠡᠷᠡᠭᠯᠡᠭᠡ ᠵᠢ ᠨᠡᠩ ᠰᠠᠢ᠌ᠲᠤᠷ ᠲᠠᠢ᠍ᠢ᠍ᠴᠢᠯᠠᠨ᠂ ᠠᠵᠤ ᠦᠢ᠍ᠯᠡᠰ᠎ᠢ ᠨᠡᠩ ᠰᠠᠢ᠌ᠲᠤᠷ ᠪᠥᠭᠡᠮᠨᠡᠷᠡᠭᠦᠯᠦᠨ᠎ᠡ᠃ 

      (ᠭᠤᠷᠪᠠ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ 》  ᠢᠨᠵᠧᠨᠧᠷᠢᠩ᠎ᠢ ᠦᠷᠭᠦᠯᠵᠢᠯᠡᠨ ᠠᠬᠢᠭᠤᠯᠵᠤ ᠂  ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠪᠣᠢ᠌ᠵᠢᠭᠤᠯᠵᠤ ᠬᠥᠭᠵᠢᠭᠦᠯᠦᠨ᠎ᠡ ᠃  ᠰᠢᠨ᠎ᠡ ᠵᠢ ᠡᠭᠦᠳᠬᠦ ᠦᠭᠡᠢ ᠪᠣᠯ ᠭᠠᠷᠬᠤ ᠵᠠᠮ ᠦᠭᠡᠢ ᠂  ᠨᠡᠩ ᠴᠦ᠍ ᠢᠷᠡᠭᠡᠳᠦᠢ ᠦᠭᠡᠢ ᠶᠤᠮ ᠃  ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠪᠠᠷᠢᠮᠲᠠᠯᠠᠵᠤ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢᠨ ᠪᠦᠲᠦᠭᠡᠨ ᠪᠠᠢ᠌ᠭᠤᠯᠤᠯᠲᠠ ᠵᠢ ᠬᠥᠲᠥᠯᠥᠨ ᠳᠠᠭ᠋ᠠᠭᠤᠯᠵᠤ ᠂  ᠴᠢᠨᠠᠷ ᠰᠠᠢ᠌ᠲᠠᠢ ᠬᠥᠭᠵᠢᠯᠲᠡ ᠵᠢᠨ ᠬᠦᠴᠦᠨ ᠴᠢᠳᠠᠮᠵᠢ ᠵᠢ ᠡᠷᠴᠢᠮᠯᠡᠨ᠎ᠡ ᠃ 

       ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠴᠥᠬᠥᠷᠡᠰᠢ ᠦᠭᠡᠢ ᠤᠳᠠᠭ᠋ᠠᠨ ᠳᠠᠭ᠋ᠠᠭ᠋ᠠᠮᠠᠭ᠋ᠠᠢ᠎ᠪᠠᠷ ᠠᠵᠢᠯᠯᠠᠬᠤ ᠵᠢ ᠡᠷᠬᠢᠮᠯᠡᠨ᠎ᠡ ᠃  ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠷᠠᠯᠳᠤᠭ᠋ᠠᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠤᠭᠤᠯᠤᠯᠲᠠ᠎ᠪᠠᠨ ᠨᠡᠮᠡᠭᠳᠡᠭᠦᠯᠦᠨ ᠂ 20% ᠵᠢᠨ ᠪᠠᠲᠤᠯᠠᠭ᠋ᠠᠲᠤ ᠨᠡᠮᠡᠭᠳᠡᠯ᠎ᠤᠨ ᠲᠣᠭᠲᠠᠴᠠ ᠵᠢ ᠰᠠᠢ᠌ᠲᠤᠷ ᠬᠡᠷᠡᠭᠵᠢᠭᠦᠯᠵᠦ ᠂  ᠠᠵᠤ ᠠᠬᠤᠢ᠌ᠯᠠᠯ ᠂  ᠶᠡᠬᠡ ᠳᠡᠭᠡᠳᠦ ᠰᠤᠷᠭ᠋ᠠᠭᠤᠯᠢ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ᠎ᠪᠠᠨ ᠴᠢᠩᠭ᠋ᠠᠳᠬᠠᠬᠤ ᠂  ᠵᠠᠷᠤᠳᠠᠯ᠎ᠤᠨ ᠣᠷᠤᠭᠤᠯᠤᠯᠲᠠ᠎ᠪᠠᠨ ᠨᠡᠮᠡᠭᠳᠡᠭᠦᠯᠬᠦ ᠵᠢ ᠳᠠᠢ᠍ᠢ᠍ᠴᠢᠯᠠᠨ ᠳᠠᠭ᠋ᠠᠭᠤᠯᠤᠨ᠎ᠠ ᠃  ᠴᠡᠭ ᠪᠠᠢ᠌ᠷᠢᠯᠠᠯ᠎ᠤᠨ ᠲᠣᠭᠣᠷᠢᠨ᠎ᠳᠤ 《ᠪᠦᠰᠡᠯᠡᠯᠲᠡ ᠰᠢᠪᠲᠤᠯᠬᠤ 》 ᠵᠢ ᠠᠳᠬᠤᠨ᠎ᠠ ᠂  ᠨᠢᠳᠤᠨᠤᠨ᠎ᠤ ᠪᠠᠢ᠌ᠷᠢᠰᠢᠭᠤᠯᠤᠭᠰᠠᠨ 5 ᠴᠡᠭ ᠪᠠᠢ᠌ᠷᠢᠯᠠᠯ᠎ᠤᠨ ᠰᠠᠭᠤᠷᠢᠨ ᠳᠡᠭᠡᠷ᠎ᠡ ᠂  ᠡᠨᠡ ᠵᠢᠯ ᠵᠣᠬᠢᠶᠠᠮᠠᠯ ᠤᠶᠤᠨ + ᠂  ᠳᠣᠣᠷ᠎ᠠ ᠠᠭ᠋ᠠᠷ᠎ᠤᠨ ᠠᠵᠤ ᠠᠬᠤᠢ ᠂  ᠠᠮᠢᠳᠤ ᠪᠣᠳᠠᠰ᠎ᠤᠨ ᠮᠡᠷᠭᠡᠵᠢᠯ ᠵᠡᠷᠭᠡ ᠬᠦᠷᠢᠶ᠎ᠡ ᠴᠠᠷᠠᠭ᠋ᠠᠨ᠎ᠳᠤ ᠪᠠᠰᠠ ᠨᠢᠭᠡ ᠪᠦᠯᠦᠭ ᠰᠢᠨ᠎ᠡ ᠴᠡᠭ ᠪᠠᠢ᠌ᠷᠢᠯᠠᠯ᠎ᠢ ᠡᠬᠢᠯᠡᠭᠦᠯᠵᠦ ᠂  ᠳᠠᠪᠠᠭᠤᠯᠢᠭ ᠡᠬᠢ ᠪᠠᠶᠠᠯᠢᠭ᠎ᠢ ᠲᠥᠪᠯᠡᠷᠡᠭᠦᠯᠦᠨ ᠂  ᠪᠣᠭᠣᠮᠲᠠ ᠰᠢᠪᠲᠤᠯᠬᠤ ᠡᠷᠴᠢᠮ ᠵᠶ᠋ᠠᠨ ᠴᠢᠩᠭ᠋ᠠᠷᠠᠭᠤᠯᠵᠤ ᠂  ᠭᠣᠣᠯᠯᠠᠬᠤ ᠮᠡᠷᠭᠡᠵᠢᠯ᠎ᠳᠤ ᠲᠦᠷᠭᠡᠬᠡᠨ ᠰᠢᠪᠲᠤᠯᠤᠯᠲᠠ ᠭᠠᠷᠭ᠋ᠠᠵᠤ ᠂ 《ᠡᠬᠢᠯᠡᠵᠦ ᠭᠦᠶᠦᠮᠡᠭᠴᠡ ᠲᠦᠷᠦᠭᠦᠯᠡᠬᠦ 》 ᠵᠢ ᠪᠡᠶᠡᠯᠡᠭᠦᠯᠬᠦ᠎ᠪᠠᠷ ᠴᠢᠷᠮᠠᠢ᠌ᠨ᠎ᠠ ᠃  ᠠᠵᠤ ᠦᠢ᠍ᠯᠡᠰ᠎ᠤᠨ ᠳᠤᠲᠠᠭᠤᠳᠠᠯ᠎ᠤᠨ ᠲᠣᠭᠣᠷᠢᠨ᠎ᠳᠤ ᠰᠢᠨ᠎ᠡ ᠵᠢ ᠡᠭᠦᠳᠬᠦ ᠵᠢ ᠠᠳᠬᠤᠨ᠎ᠠ ᠂  ᠠᠵᠤ ᠦᠢ᠍ᠯᠡᠰ᠎ᠤᠨ ᠬᠥᠭᠵᠢᠯᠲᠡ ᠵᠢᠨ ᠪᠣᠭᠣᠮᠢ ᠬᠦᠯᠢᠶᠡᠰᠦᠯᠡᠯ ᠪᠣᠯ ᠰᠢᠨ᠎ᠡ ᠵᠢ ᠡᠭᠦᠳᠬᠦ ᠵᠢᠨ ᠬᠦᠴᠦᠯᠡᠬᠦ ᠴᠡᠭ ᠮᠥᠨ ᠃  ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠠᠵᠤ ᠦᠢ᠍ᠯᠡᠰ᠎ᠤᠨ ᠬᠡᠯᠬᠢᠶᠡᠨ᠎ᠤ ᠲᠦᠭᠵᠢᠷᠡᠯ ᠲᠠᠰᠤᠷᠬᠠᠢ ᠴᠡᠭ᠎ᠢ ᠨᠠᠪᠲᠠᠷᠡᠭᠦᠯᠵᠦ ᠂  ᠬᠥᠲᠥᠴᠢ ᠠᠵᠤ ᠠᠬᠤᠢ᠌ᠯᠠᠯ ᠵᠶ᠋ᠠᠷ ᠲᠦᠷᠦᠭᠦᠯᠡᠭᠦᠯᠦᠭᠰᠡᠨ ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶᠡᠨ᠎ᠤ ᠰᠢᠨ᠎ᠡ ᠡᠭᠦᠳᠦᠯᠲᠡ ᠵᠢᠨ ᠬᠣᠯᠪᠣᠭ᠋ᠠᠲᠤ ᠴᠣᠭᠴᠠ ᠵᠢ ᠲᠦᠷᠭᠡᠳᠬᠡᠨ ᠵᠣᠬᠢᠶᠠᠨ ᠪᠠᠢ᠌ᠭᠤᠯᠵᠤ ᠂  ᠰᠢᠨ᠎ᠡ ᠵᠢ ᠡᠭᠦᠳᠬᠦ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠢ᠌ᠯᠠᠯ ᠂  ᠲᠤᠰᠬᠠᠢ ᠨᠠᠷᠢᠯᠢᠭ ᠥᠪᠡᠷᠮᠢᠴᠡ ᠰᠢᠨ᠎ᠡ ᠠᠵᠤ ᠠᠬᠤᠢ᠌ᠯᠠᠯ ᠂ 《ᠪᠢᠴᠢᠬᠠᠨ ᠠᠪᠤᠷᠭᠤ 》  ᠠᠵᠤ ᠠᠬᠤᠢ᠌ᠯᠠᠯ ᠂  ᠭᠠᠭᠴᠠ ᠵᠦᠢ᠍ᠯ᠎ᠤᠨ ᠮᠠᠩᠯᠠᠢ ᠠᠵᠤ ᠠᠬᠤᠢ᠌ᠯᠠᠯ᠎ᠢ ᠱᠠᠲᠤᠯᠠᠨ ᠬᠥᠮᠥᠵᠢᠭᠦᠯᠬᠦ ᠲᠣᠭᠲᠠᠯᠴᠠᠭ᠎ᠠ᠎ᠪᠠᠨ ᠪᠦᠷᠢᠨᠰᠢᠭᠦᠯᠦᠨ ᠂  ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠠᠵᠤ ᠠᠬᠤᠢ᠌ᠯᠠᠯ᠎ᠳᠤ ᠰᠤᠳᠤᠯᠤᠨ ᠨᠡᠭᠡᠭᠡᠬᠦ ᠠᠵᠢᠯᠯᠠᠭ᠎ᠠ ᠵᠢ ᠪᠦᠷᠢᠨ ᠪᠦᠷᠬᠦᠭᠦᠯᠬᠦ᠎ᠪᠠᠷ ᠬᠦᠴᠦᠯᠡᠨ ᠴᠢᠷᠮᠠᠢ᠌ᠨ᠎ᠠ ᠃  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠢ ᠭᠦᠢ᠍ᠴᠡᠳ ᠰᠠᠢ᠌ᠲᠤᠷ ᠠᠰᠢᠭᠯᠠᠨ᠎ᠠ ᠂ 《ᠤᠯᠤᠰ᠎ᠤᠨ ᠠᠩᠭᠢ 》 ᠵᠢ ᠦᠷᠭᠦᠯᠵᠢᠯᠡᠨ ᠪᠤᠵᠠᠭ᠋ᠠᠢ᠌ᠷᠠᠭᠤᠯᠵᠤ ᠂  ᠬᠤᠸᠠᠢ ᠷᠧᠦ ᠵᠢᠨ ᠤᠯᠤᠰ᠎ᠤᠨ ᠲᠤᠷᠰᠢᠯᠲᠠ ᠵᠢᠨ ᠲᠠᠰᠤᠭ᠎ᠤᠨ ᠥᠪᠥᠷ ᠮᠣᠩᠭᠣᠯ᠎ᠳᠠᠬᠢ ᠰᠠᠭᠤᠷᠢᠨ ᠭᠠᠵᠠᠷ ᠂  ᠬᠦᠬᠡᠬᠤᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠨ ᠵᠢᠱ᠌ᠢᠶ᠎ᠡ ᠦᠵᠡᠭᠦᠯᠬᠦ ᠣᠷᠣᠨ ᠂  ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠤᠯᠤᠰ᠎ᠤᠨ ᠰᠢᠨ᠎ᠡ ᠵᠢ ᠡᠭᠦᠳᠬᠦ ᠲᠥᠪ ᠵᠥᠪᠰᠢᠶᠡᠷᠡᠭᠳᠡᠵᠦ ᠰᠠᠭᠤᠷᠢᠰᠢᠬᠤ ᠵᠢ ᠪᠦᠬᠦ ᠬᠦᠴᠦᠨ ᠵᠶ᠋ᠠᠷ ᠵᠶ᠋ᠠᠨ ᠴᠢᠷᠮᠠᠢ᠌ᠨ ᠪᠡᠶᠡᠯᠡᠭᠦᠯᠦᠨ᠎ᠡ ; 《ᠣᠷᠣᠨ ᠨᠤᠲᠤᠭ᠎ᠤᠨ ᠠᠩᠭᠢ 》 ᠵᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠂  ᠳᠠᠯᠠᠨ ᠬᠠᠷ᠎ᠠ ᠠᠭᠤᠯᠠ ᠵᠢᠨ ᠲᠤᠷᠰᠢᠯᠲᠠ ᠵᠢᠨ ᠲᠠᠰᠤᠭ ᠂  ᠣᠷᠳᠣᠰ᠎ᠤᠨ ᠲᠤᠷᠰᠢᠯᠲᠠ ᠵᠢᠨ ᠲᠠᠰᠤᠭ᠎ᠢ ᠰᠠᠢ᠌ᠲᠤᠷ ᠪᠦᠲᠦᠭᠡᠨ ᠪᠠᠢ᠌ᠭᠤᠯᠤᠨ ᠂  ᠪᠤᠭᠤᠲᠤ ᠬᠤᠲᠠ ᠵᠢᠨ ᠲᠤᠷᠰᠢᠯᠲᠠ ᠵᠢᠨ ᠲᠠᠰᠤᠭ᠎ᠢ ᠵᠣᠬᠢᠶᠠᠨ ᠪᠠᠢ᠌ᠭᠤᠯᠵᠤ ᠂  ᠣᠨᠴᠠᠭ᠋ᠠᠢ᠌ᠯᠠᠨ 《ᠮᠧᠩ ᠺᠧ ᠵᠢᠦᠢ 》  ᠶᠡᠷᠦᠩᠬᠡᠢ ᠲᠠᠪᠴᠠᠩ ᠶᠡᠷᠦᠩᠬᠡᠢ ᠬᠦᠢ᠍ᠰᠦ ᠵᠢᠨ  ᠦᠢ᠍ᠯᠡᠳᠦᠯ᠎ᠢ ᠰᠠᠢ᠌ᠲᠤᠷ ᠪᠠᠳᠠᠷᠠᠭᠤᠯᠤᠨ ᠂  ᠮᠡᠷᠭᠡᠵᠢᠯ᠎ᠤᠨ ᠭᠡᠷ᠎ᠡ ᠵᠢᠨ ᠠᠷᠠᠯᠵᠢᠶᠠᠯᠠᠭᠰᠠᠨ ᠲᠣᠭ᠎ᠠ ᠵᠢ ᠵᠠᠭᠤᠨ ᠳ᠋ᠦᠩᠰᠢᠭᠤᠷ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠢ᠌ᠨ᠎ᠠ ᠃  ᠬᠥᠭᠵᠢᠭᠰᠡᠨ ᠮᠤᠵᠢ ᠣᠷᠣᠨ᠎ᠤ ᠰᠤᠳᠤᠯᠤᠨ ᠨᠡᠭᠡᠭᠡᠬᠦ ᠴᠢᠳᠠᠪᠤᠷᠢ ᠴᠢᠩᠭ᠎ᠠ ᠂  ᠭᠡᠪᠡᠴᠦ ᠮᠠᠨ᠎ᠤ ᠣᠷᠣᠨ᠎ᠤ ᠬᠡᠷᠡᠭᠯᠡᠯᠲᠡ ᠵᠢᠨ ᠠᠬᠤᠢ ᠪᠠᠢ᠌ᠳᠠᠯ ᠣᠯᠠᠨ ᠶᠤᠮ ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠠᠴᠠ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠋ᠠᠨ᠎ᠢ ᠪᠠᠢ᠌ᠷᠢᠯᠠᠭᠤᠯᠪᠠ ᠂  ᠪᠢᠳᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ᠎ᠬᠢ ᠬᠠᠮᠲᠤᠷᠠᠯᠴᠠᠭ᠎ᠠ ᠵᠢ ᠴᠢᠬᠤᠯᠠ ᠠᠭᠤᠯᠭ᠎ᠠ᠎ᠪᠠᠨ ᠪᠣᠯᠭ᠋ᠠᠵᠣ ᠂  ᠨᠢᠭᠡ ᠪᠦᠯᠦᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠬᠣᠣᠰ ᠴᠢᠭᠯᠡᠯᠲᠦ ᠣᠭᠤᠷᠴᠤᠭ ᠬᠠᠷᠢᠶ᠎ᠠ ᠭᠠᠵᠠᠷ᠎ᠢ ᠪᠦᠲᠦᠭᠡᠨ ᠪᠠᠢ᠌ᠭᠤᠯᠵᠤ ᠂  ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠢ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠢ ᠪᠣᠳᠠᠲᠠᠢ᠌ᠵᠢᠭᠤᠯᠤᠨ ᠂  ᠨᠡᠩ ᠣᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠮᠠᠨ᠎ᠤ ᠣᠷᠣᠨ᠎ᠳᠤ᠎ᠪᠠᠨ ᠤᠯᠠᠷᠢᠭᠤᠯᠤᠨ ᠬᠡᠷᠡᠭᠯᠡᠭᠦᠯᠦᠨ᠎ᠡ ᠃

       ᠴᠢᠳᠠᠪᠤᠷᠢᠲᠠᠨ ᠪᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ  ᠡᠭᠦᠳᠬᠦ ᠵᠢᠨ ᠦᠨᠳᠦᠰᠦ ᠰᠠᠭᠤᠷᠢ ᠪᠣᠯᠣᠨ᠎ᠠ ᠃ 《ᠰᠣᠳᠣᠨ ᠴᠢᠳᠠᠪᠤᠷᠢᠲᠠᠨ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ 》  ᠢᠨᠵᠧᠨᠧᠷᠢᠩ ᠵᠶ᠋ᠠᠷ ᠶᠡᠷᠦᠩᠬᠡᠢ ᠵᠢᠯᠣᠭᠣᠳᠤᠮᠵᠢ ᠪᠣᠯᠭ᠋ᠠᠵᠤ ᠂  ᠮᠠᠨ᠎ᠤ ᠣᠷᠣᠨ᠎ᠤ ᠬᠥᠭᠵᠢᠯᠲᠡ ᠵᠢᠨ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂  ᠴᠢᠳᠠᠪᠤᠷᠢᠲᠠᠨ᠎ᠢ ᠰᠡᠳᠬᠢᠯ ᠲᠠᠯᠪᠢᠨ ᠤᠷᠢᠵᠤ ᠂  ᠴᠢᠳᠠᠪᠤᠷᠢᠲᠠᠨ᠎ᠢ ᠦᠨᠡᠨᠴᠢ᠎ᠪᠠᠷ ᠦᠯᠡᠳᠡᠭᠡᠵᠦ ᠂  ᠴᠢᠳᠠᠪᠤᠷᠢᠲᠠᠨ᠎ᠢ ᠨᠠᠨᠳᠢᠩᠨᠠᠨ ᠬᠡᠷᠡᠭᠯᠡᠵᠦ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠳᠤ ᠵᠠᠷᠤᠳᠠᠯ᠎ᠤᠨ ᠳᠡᠮᠵᠢᠯᠭᠡ ᠦᠵᠡᠭᠦᠯᠬᠦ ᠂  ᠴᠢᠳᠠᠪᠤᠷᠢᠲᠠᠨ ᠤᠷᠢᠬᠤ ᠠᠷᠭ᠎ᠠ ᠬᠡᠯᠪᠡᠷᠢ᠎ᠳᠤ ᠰᠢᠨ᠎ᠡ ᠵᠢ ᠡᠭᠦᠳᠬᠦ ᠂  ᠰᠠᠭ᠋ᠠᠳ ᠦᠭᠡᠢ ᠨᠡᠪᠲᠡᠷᠡᠬᠦ ᠵᠠᠮ ᠪᠠᠢ᠍ᠢ᠍ᠭᠤᠯᠬᠤ ᠂  ᠬᠥᠯᠥᠰᠦ ᠣᠯᠭᠣᠮᠵᠢ᠎ᠪᠠᠷ ᠤᠷᠮᠠᠰᠢᠭᠤᠯᠬᠤ ᠵᠢ ᠴᠢᠩᠭ᠋ᠠᠷᠠᠭᠤᠯᠬᠤ ᠂  ᠮᠡᠷᠭᠡᠵᠢᠯ᠎ᠤᠨ ᠴᠣᠯᠠ ᠲᠣᠭᠲᠠᠭ᠋ᠠᠵᠤ ᠤᠷᠢᠬᠤ᠎ᠳᠤ ᠬᠠᠷᠠᠭ᠋ᠠᠯᠵᠠᠯ ᠦᠵᠡᠭᠦᠯᠬᠦ ᠵᠡᠷᠭᠡ ᠲᠠᠯ᠎ᠠ᠎ᠪᠠᠷ ᠶᠡᠷᠦᠩᠬᠡᠢ᠌ᠯᠡᠨ ᠠᠷᠭ᠎ᠠ ᠪᠣᠳᠣᠯᠭ᠎ᠠ ᠬᠡᠷᠡᠭᠵᠢᠭᠦᠯᠦᠨ ᠂  ᠰᠠᠢ᠌ᠨ ᠲᠥᠷᠥ ᠵᠢᠨ ᠪᠣᠳᠣᠯᠭ᠎ᠠ ᠵᠢ ᠦᠨᠡᠨ ᠪᠣᠳᠠᠲᠠᠢ᠎ᠪᠠᠷ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠨ᠎ᠠ ᠃  ᠰᠤᠷᠭ᠋ᠠᠨ ᠬᠥᠮᠦᠵᠢᠯ ᠪᠣᠯ ᠴᠢᠳᠠᠪᠤᠷᠢᠲᠠᠨ ᠬᠥᠮᠥᠵᠢᠭᠦᠯᠬᠦ ᠵᠢᠨ ᠦᠨᠳᠦᠰᠦᠨ ᠠᠷᠭ᠎ᠠ ᠵᠠᠮ ᠪᠣᠯᠣᠨ᠎ᠠ ᠃  ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠨᠢ ᠲᠡᠷᠢᠭᠦᠨ ᠳᠡᠰ᠎ᠤᠨ ᠬᠢᠴᠢᠶᠡᠯ ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠢ᠌ᠭᠤᠯᠤᠯᠲᠠ ᠵᠢᠨ  ᠡᠷᠴᠢᠮ ᠵᠶ᠋ᠠᠨ ᠴᠢᠩᠭ᠋ᠠᠷᠠᠭᠤᠯᠵᠤ ᠂  ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ 《ᠬᠣᠣᠰ ᠲᠡᠷᠢᠭᠦᠨ ᠳᠡᠰ 》᠎ᠤᠨ ᠪᠠᠢ᠌ᠭᠤᠯᠤᠯᠲᠠ ᠵᠢ ᠦᠷᠭᠦᠯᠵᠢᠯᠡᠨ ᠳᠡᠮᠵᠢᠵᠦ ᠂ ᠰᠦ  ᠰᠠᠭ᠋ᠠᠯᠢ ᠵᠢᠨ ᠦᠢ᠍ᠯᠡᠰ ᠂  ᠬᠣᠪᠣᠷ ᠰᠢᠷᠣᠢ ᠂  ᠡᠨᠧᠷᠬᠢ ᠵᠡᠷᠭᠡ ᠬᠦᠷᠢᠶ᠎ᠡ ᠴᠠᠷᠠᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠵᠦ ᠳᠡᠭᠡᠳᠦ ᠵᠡᠷᠭᠡ ᠵᠢᠨ ᠰᠤᠳᠤᠯᠤᠯ᠎ᠤᠨ ᠬᠦᠷᠢᠶᠡᠯᠡᠩ᠎ᠢ ᠪᠦᠲᠦᠭᠡᠨ ᠪᠠᠢ᠍ᠢ᠍ᠭᠤᠯᠬᠤ ᠵᠢ ᠠᠬᠢᠭᠤᠯᠤᠨ᠎ᠠ ;  ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠣᠷᠣᠨ ᠪᠦᠰᠡ ᠵᠢᠨ ᠬᠥᠭᠵᠢᠯᠲᠡ᠎ᠲᠠᠢ ᠵᠣᠬᠢᠴᠠᠯᠳᠤᠭᠤᠯᠵᠤ ᠂  ᠠᠵᠤ ᠦᠢ᠍ᠯᠡᠰ᠎ᠤᠨ ᠪᠠᠢ᠌ᠷᠢᠰᠢᠭᠤᠯᠤᠯᠲᠠ᠎ᠲᠠᠢ ᠵᠣᠯᠭ᠋ᠠᠭᠤᠯᠤᠨ ᠂  ᠬᠤᠲᠠ ᠵᠢᠨ ᠬᠡᠪᠴᠢᠶᠡᠨ᠎ᠤ ᠠᠵᠤ ᠦᠢ᠍ᠯᠡᠰ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ ᠂  ᠠᠵᠢᠯ ᠲᠦᠷᠦᠯ᠎ᠤᠨ ᠠᠵᠤ ᠦᠢ᠍ᠯᠡᠰ ᠰᠤᠷᠭ᠋ᠠᠨ ᠬᠥᠮᠦᠵᠢᠯ ᠠᠭᠤᠰᠤᠯᠴᠠᠭᠰᠠᠨ ᠬᠠᠮᠲᠤ ᠵᠢᠨ ᠴᠣᠭᠴᠠ ᠵᠢ ᠰᠠᠢ᠌ᠲᠤᠷ ᠪᠠᠢ᠌ᠭᠤᠯᠤᠨ ᠬᠦᠴᠦᠷᠬᠡᠭᠵᠢᠭᠦᠯᠵᠦ ᠂  ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠂  ᠬᠦᠬᠡᠬᠤᠲᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠂  ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠡᠬᠢ ᠪᠠᠶᠠᠯᠢᠭ ᠵᠶ᠋ᠠᠨ ᠨᠡᠢ᠌ᠳᠬᠡᠨ ᠠᠵᠢᠯ ᠮᠡᠷᠭᠡᠵᠢᠯ᠎ᠤᠨ ᠦᠨᠳᠦᠰᠦᠨ ᠠᠩᠭᠢ ᠪᠠᠢ᠍ᠢ᠍ᠭᠤᠯᠬᠤ ᠵᠢ ᠳᠡᠮᠵᠢᠨ᠎ᠡ ᠃

      (ᠳᠥᠷᠪᠡ) ᠠᠵᠤ ᠦᠢ᠍ᠯᠡᠰ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ ᠲᠣᠬᠢᠷᠠᠭᠤᠯᠵᠤ ᠂  ᠳᠠᠪᠠᠭᠤᠯᠢᠭ ᠣᠨᠴᠠᠯᠢᠭᠲᠤ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠤᠨ᠎ᠠ ᠃  ᠮᠠᠨ᠎ᠤ ᠣᠷᠣᠨ᠎ᠤ ᠨᠤᠲᠤᠭ ᠳᠡᠪᠢᠰᠬᠡᠷ ᠥᠷᠭᠡᠨ ᠠᠭᠤᠳᠠᠮ ᠂  ᠭᠠᠵᠠᠷ ᠠᠭᠤᠳᠠᠮ ᠬᠥᠮᠥᠨ ᠴᠥᠭᠡᠨ ᠂  ᠦᠢ᠍ᠯᠡᠳᠪᠦᠷᠢᠯᠡᠯ᠎ᠤᠨ ᠬᠦᠴᠦᠨ ᠵᠦᠢ᠍ᠯ ᠬᠠᠷᠢᠴᠠᠩᠭᠤᠢ ᠲᠠᠷᠠᠬᠠᠢ ᠪᠤᠲᠠᠷᠬᠠᠢ ᠶᠤᠮ ᠂  ᠠᠵᠤ ᠦᠢ᠍ᠯᠡᠰ᠎ᠢ ᠬᠥᠭᠵᠢᠭᠦᠯᠬᠦ᠎ᠳᠤ ᠡᠷᠬᠡᠪᠰᠢ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠨ ᠂  ᠪᠣᠬᠢᠷᠳᠤᠯ ᠦᠭᠡᠢ ᠬᠥᠭᠵᠢᠭᠦᠯᠬᠦ ᠤᠳᠤᠷᠢᠳᠤᠮᠵᠢ ᠵᠢ  ᠭᠤᠢ᠌ᠪᠢᠰᠢ ᠦᠭᠡᠢ ᠪᠠᠷᠢᠮᠲᠠᠯᠠᠵᠤ ᠂  ᠣᠷᠣᠨ ᠳᠠᠶᠠᠭ᠋ᠠᠷ 《ᠨᠢᠭᠡ ᠬᠥᠯᠭᠡ ᠰᠢᠲᠠᠷ᠎ᠠ ᠰᠢᠭ᠋ 》  ᠪᠠᠢ᠌ᠬᠤ ᠵᠢ ᠡᠷᠬᠡᠪᠰᠢ ᠪᠠᠷᠢᠮᠲᠠᠯᠠᠵᠤ ᠂  ᠵᠠᠭᠤᠨ ᠳ᠋ᠦᠩᠰᠢᠭᠤᠷ᠎ᠤᠨ ᠠᠵᠤ ᠦᠢ᠍ᠯᠡᠰ᠎ᠤᠨ ᠰᠠᠭᠤᠷᠢ ᠮᠥᠩᠭᠥ ᠵᠢ  ᠨᠡᠢ᠌ᠳᠬᠡᠨ ᠪᠠᠢ᠌ᠭᠤᠯᠵᠤ ᠂  ᠠᠷᠪᠠᠨ ᠶᠡᠬᠡ ᠠᠵᠤ ᠦᠢ᠍ᠯᠡᠰ᠎ᠤᠨ ᠪᠦᠯᠦᠭᠵᠢᠯ᠎ᠢ ᠰᠡᠳᠬᠢᠯ ᠲᠠᠯᠪᠢᠨ ᠴᠣᠭᠴᠠᠯᠠᠵᠤ ᠂  ᠥᠨᠳᠥᠷ ᠲᠦᠪᠰᠢᠨᠳᠣ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠂  ᠲᠥᠪᠯᠡᠷᠡᠵᠦ ᠪᠥᠭᠡᠮᠨᠡᠷᠡᠨ ᠡᠷᠴᠢᠮᠵᠢᠵᠦ ᠬᠥᠭᠵᠢᠬᠦ ᠵᠢ ᠠᠬᠢᠭᠤᠯᠤᠨ ᠂  ᠪᠠᠢ᠌ᠷᠢᠰᠢᠭᠤᠯᠤᠯᠲᠠ᠎ᠨᠢ ᠵᠦᠢ ᠵᠣᠬᠢᠰᠲᠠᠢ ᠂  ᠵᠢᠷᠤᠮᠵᠢᠭᠤᠨ ᠪᠥᠭᠡᠳ ᠡᠮᠬᠢ ᠵᠢᠷᠤᠮ᠎ᠲᠠᠢ ᠂  ᠠᠮᠢᠵᠢᠷᠠᠯ᠎ᠤᠨ ᠬᠦᠴᠦᠨ ᠪᠢᠯᠬᠠᠭᠰᠠᠨ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠢ᠌ᠷᠢᠰᠢᠯ᠎ᠢ ᠪᠠᠢ᠌ᠭᠤᠯᠤᠨ᠎ᠠ ᠃

       ᠪᠦᠬᠦ ᠤᠯᠤᠰ᠎ᠤᠨ ᠲᠡᠷᠢᠭᠦᠨ ᠡᠩᠨᠡᠭᠡᠨ᠎ᠳᠤ ᠪᠠᠢ᠌ᠭ᠎ᠠ ᠠᠵᠤ ᠦᠢ᠍ᠯᠡᠰ᠎ᠤᠨ ᠲᠦᠷᠦᠭᠦᠯᠡᠬᠦ ᠪᠠᠢ᠌ᠷᠢ ᠵᠢ᠎ᠨᠢ ᠪᠠᠲᠤᠯᠠᠵᠤ ᠂  ᠰᠢᠨ᠎ᠡ ᠥᠨᠳᠥᠷᠯᠢᠭ᠎ᠢ ᠵᠠᠪᠳᠤᠨ ᠡᠵᠡᠯᠡᠬᠦ ᠵᠢ ᠠᠬᠢᠭᠤᠯᠤᠨ᠎ᠠ ᠃  ᠮᠠᠨ᠎ᠤ ᠣᠷᠣᠨ᠎ᠤ  ᠰᠦ  ᠰᠠᠭ᠋ᠠᠯᠢ ᠵᠢᠨ ᠦᠢ᠍ᠯᠡᠰ ᠂  ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ ᠂  ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠎ᠨᠢ ᠨᠢᠭᠡᠨᠲᠡ ᠤᠯᠤᠰ᠎ᠤᠨ ᠳᠡᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠳᠤ ᠰᠣᠩᠭᠣᠭᠳᠠᠪᠠ ᠂  ᠣᠳᠣ ᠳᠡᠯᠡᠬᠡᠢ ᠵᠢᠨ ᠳᠡᠰ᠎ᠲᠤ ᠳᠠᠪᠰᠢᠨ ᠣᠷᠣᠬᠤ᠎ᠪᠠᠷ ᠲᠦᠷᠭᠡᠨ ᠤᠷᠤᠭᠰᠢᠯᠠᠬᠤ ᠬᠡᠷᠡᠭᠲᠡᠢ ᠃ ᠰᠦ  ᠰᠠᠭ᠋ᠠᠯᠢ ᠵᠢᠨ ᠦᠢ᠍ᠯᠡᠰ᠎ᠤᠨ ᠲᠠᠯ᠎ᠠ᠎ᠪᠠᠷ ᠳᠡᠯᠡᠬᠡᠢ᠎ᠳᠠᠬᠢ ᠥᠷᠢᠰᠦᠯᠳᠦᠬᠦ ᠬᠦᠴᠦᠨ ᠵᠶ᠋ᠠᠨ ᠳᠡᠭᠡᠭᠰᠢᠯᠡᠭᠦᠯᠵᠦ ᠂  ᠢᠯᠢ ᠂  ᠮᠧᠩ ᠨᠢᠦ ᠬᠣᠶᠠᠷ ᠲᠣᠮᠣ  ᠰᠦ  ᠰᠠᠭ᠋ᠠᠯᠢ ᠵᠢᠨ ᠠᠵᠤ ᠠᠬᠤᠢ᠌ᠯᠠᠯ᠎ᠢ ᠳᠡᠮᠵᠢᠵᠦ ᠪᠠᠢ᠌ᠭ᠋ᠠᠳ ᠳᠡᠯᠡᠬᠡᠢ᠌ᠵᠢᠭᠦᠯᠬᠦ ᠪᠠᠢ᠌ᠯᠳᠤᠬᠤ ᠪᠣᠳᠣᠯᠭ᠎ᠠ ᠵᠢ᠎ᠨᠢ ᠠᠬᠢᠭᠤᠯᠵᠤ ᠂  ᠣᠨᠴᠠᠭ᠋ᠠᠢ᠌ᠯᠠᠨ ᠪᠦᠲᠦᠭᠡᠭᠳᠡᠬᠦᠨ᠎ᠤ ᠪᠦᠲᠦᠴᠡ ᠵᠢ ᠬᠦᠴᠦᠯᠡᠨ ᠰᠢᠯᠢᠳᠡᠭᠵᠢᠭᠦᠯᠵᠦ ᠂  ᠪᠢᠰᠢᠯᠠᠭ ᠂  ᠰᠢᠷᠠᠰᠤ ᠂  ᠰᠦᠨ᠎ᠤ ᠲᠡᠮᠦᠷᠲᠦ ᠤᠭᠤᠷᠠᠭ ᠵᠡᠷᠭᠡ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢ᠍ᠯᠡᠰ᠎ᠢ ᠲᠦᠷᠭᠡᠳᠬᠡᠨ ᠪᠠᠢ᠌ᠷᠢᠰᠢᠭᠤᠯᠵᠤ ᠂  ᠰᠦᠨ ᠲᠠᠯᠬ᠎ᠠ ᠂  ᠲᠠᠷᠠᠭ ᠂  ᠮᠥᠰᠥᠮᠡᠭ᠎ᠤᠨ ᠵᠠᠬ᠎ᠠ ᠳᠡᠯᠭᠡᠭᠦᠷ᠎ᠤᠨ ᠬᠤᠪᠢᠳᠠᠴᠠ ᠵᠢ ᠥᠷᠭᠡᠳᠬᠡᠨ ᠂ ᠰᠦ  ᠰᠠᠭ᠋ᠠᠯᠢ ᠵᠢᠨ ᠦᠢ᠍ᠯᠡᠰ᠎ᠤᠨ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠥᠷᠲᠡᠭ᠎ᠢ 2500 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠴᠢᠷᠮᠠᠢ᠌ᠨ᠎ᠠ ᠃  ᠬᠣᠪᠣᠷ ᠰᠢᠷᠣᠢ ᠵᠢᠨ ᠲᠠᠯ᠎ᠠ᠎ᠪᠠᠷ 《ᠬᠣᠪᠣᠷ ᠰᠢᠷᠣᠢ ᠵᠢᠨ ᠬᠣᠶᠠᠷ ᠰᠠᠭᠤᠷᠢᠨ ᠭᠠᠵᠠᠷ 》᠎ᠤᠨ ᠪᠦᠲᠦᠭᠡᠨ ᠪᠠᠢ᠌ᠭᠤᠯᠤᠯᠲᠠ ᠵᠢᠨ ᠬᠠᠷᠠᠯᠲᠠ ᠵᠢ ᠣᠨᠢᠯᠠᠨ ᠂ 《ᠠᠭᠤᠷᠬᠠᠢ᠎ᠠᠴᠠ ᠬᠣᠪᠣᠷ ᠰᠢᠷᠣᠢ ᠢᠯᠡᠷᠡᠭᠦᠯᠬᠦ 》᠂ 《ᠬᠣᠪᠣᠷ ᠰᠢᠷᠣᠢ᠎ᠠᠴᠠ ᠮᠠᠲ᠋ᠧᠷᠢᠶᠠᠯ ᠪᠣᠯᠭ᠋ᠠᠬᠤ 》᠂ 《ᠮᠠᠲ᠋ᠧᠷᠢᠶᠠᠯ᠎ᠢ ᠬᠡᠷᠡᠭᠯᠡᠯᠲᠡ᠎ᠳᠤ ᠣᠷᠣᠭᠤᠯᠬᠤ 》  ᠠᠵᠢᠯ᠎ᠢ ᠰᠠᠢ᠌ᠲᠤᠷ ᠬᠢᠵᠦ ᠂  ᠪᠦᠬᠦ ᠬᠡᠯᠬᠢᠶᠡᠨ᠎ᠤ ᠬᠣᠪᠣᠷ ᠰᠢᠷᠣᠢ ᠵᠢᠨ ᠠᠵᠤ ᠦᠢ᠍ᠯᠡᠰ᠎ᠤᠨ ᠬᠡᠮᠵᠢᠯᠲᠡ ᠵᠢᠨ ᠪᠠᠷᠢᠮᠵᠢᠶ᠎ᠠ ᠵᠢ ᠭᠡᠷᠡᠴᠢᠯᠡᠬᠦ ᠲᠣᠭᠲᠠᠯᠴᠠᠭ᠎ᠠ᠎ᠪᠠᠨ ᠲᠡᠭᠦᠯᠳᠡᠷᠵᠢᠭᠦᠯᠦᠨ ᠂ 《ᠬᠣᠪᠣᠷ ᠰᠢᠷᠣᠢ + 》  ᠠᠵᠤ ᠦᠢ᠍ᠯᠡᠰ᠎ᠤᠨ ᠡᠪᠴᠡᠯᠳᠦᠨ ᠬᠥᠭᠵᠢᠬᠦ ᠣᠷᠣᠨ ᠵᠠᠢ ᠵᠢ ᠥᠷᠭᠡᠳᠬᠡᠵᠦ ᠂  ᠪᠦᠬᠦ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠥᠷᠲᠡᠭ᠎ᠢ 1300 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠢ᠌ᠨ᠎ᠠ ᠃  ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠠᠯ᠎ᠠ᠎ᠪᠠᠷ ᠨᠡᠭᠦᠷᠡᠰᠦ᠎ᠪᠠᠷ ᠰᠠᠭᠤᠷᠢᠯᠠᠭᠰᠠᠨ ᠰᠢᠨ᠎ᠡ ᠬᠡᠯᠪᠡᠷᠢ ᠵᠢᠨ ᠨᠡᠢ᠌ᠯᠡᠯᠭᠡ ᠮᠠᠲ᠋ᠧᠷᠢᠶᠠᠯ ᠂  ᠲᠡᠷᠢᠭᠦᠨ᠎ᠤ ᠨᠡᠭᠦᠷᠡᠰᠦᠳᠦ᠋ᠷᠦᠭᠴᠢ ᠮᠠᠲ᠋ᠧᠷᠢᠶᠠᠯ ᠂  ᠵᠠᠳᠠᠷᠠᠬᠤᠢ᠌ᠴᠠ ᠮᠠᠲ᠋ᠧᠷᠢᠶᠠᠯ ᠵᠡᠷᠭᠡ ᠳᠡᠭᠡᠳᠦ ᠲᠡᠰᠵᠢᠭᠰᠡᠨ ᠦᠢ᠍ᠯᠡᠳᠬᠦᠨ᠎ᠤ ᠮᠡᠷᠭᠡᠵᠢᠯ᠎ᠢ ᠨᠡᠭᠡᠭᠡᠨ ᠬᠥᠭᠵᠢᠭᠦᠯᠵᠦ ᠬᠡᠷᠡᠭᠯᠡᠬᠦ ᠵᠢ ᠲᠦᠷᠭᠡᠳᠬᠡᠨ ᠂  ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠬᠢᠭᠡᠳ ᠪᠣᠬᠢᠷᠳᠤᠯ ᠦᠭᠡᠢ ᠴᠠᠬᠢᠯᠭ᠋ᠠᠨ ᠂  ᠪᠣᠬᠢᠷᠳᠤᠯ ᠦᠭᠡᠢ ᠤᠰᠤᠳᠦ᠋ᠷᠦᠭᠴᠢ ᠵᠡᠷᠭᠡ ᠵᠢᠨ ᠡᠪᠴᠡᠯᠳᠦᠨ ᠬᠥᠭᠵᠢᠬᠦ ᠵᠢ ᠠᠬᠢᠭᠤᠯᠵᠤ ᠂  ᠣᠷᠳᠣᠰ᠎ᠲᠠᠬᠢ ᠤᠯᠤᠰ᠎ᠤᠨ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠵᠢᠱ᠌ᠢᠶ᠎ᠡ ᠦᠵᠡᠭᠦᠯᠬᠦ ᠣᠷᠣᠨ᠎ᠢ ᠥᠨᠳᠥᠷ ᠲᠦᠪᠰᠢᠨ ᠵᠶ᠋ᠠᠷ ᠪᠦᠲᠦᠭᠡᠨ ᠪᠠᠢ᠌ᠭᠤᠯᠵᠤ ᠂  ᠤᠯᠤᠰ᠎ᠤᠨ ᠡᠨᠧᠷᠬᠢ ᠵᠢᠨ ᠪᠦᠯᠦᠭᠯᠡᠯ᠎ᠤᠨ ᠨᠡᠭᠦᠷᠡᠰᠦ᠎ᠪᠠᠷ ᠲᠣᠰᠣ ᠦᠢ᠍ᠯᠡᠳᠬᠦ ᠂  ᠪᠤᠤ ᠹᠧᠩ ᠪᠦᠯᠦᠭᠯᠡᠯ᠎ᠤᠨ ᠨᠡᠭᠦᠷᠡᠰᠦ᠎ᠪᠠᠷ ᠠᠯᠺᠧᠨ ᠨᠡᠭᠦᠷᠦᠭᠴᠢ ᠦᠢ᠍ᠯᠡᠳᠬᠦ ᠂  ᠵᠢᠦ᠎ᠲᠠᠢ ᠰᠢᠨ᠎ᠡ ᠮᠠᠲ᠋ᠧᠷᠢᠶᠠᠯ ᠵᠡᠷᠭᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠂  ᠨᠡᠭᠦᠷᠡᠰᠦ ᠬᠢᠮᠢ ᠵᠢᠨ  ᠠᠵᠤ ᠦᠢ᠍ᠯᠡᠳᠪᠦᠷᠢ ᠵᠢᠨ  ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠥᠷᠲᠡᠭ᠎ᠢ ᠮᠢᠩᠭ᠋ᠠᠨ ᠳ᠋ᠦᠩᠰᠢᠭᠤᠷ ᠭᠠᠷᠤᠢ ᠲᠥᠭᠥᠷᠢᠭ᠎ᠲᠤ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠢ᠌ᠨ᠎ᠠ ᠃  ᠮᠠᠨ᠎ᠤ ᠣᠷᠣᠨ ᠪᠣᠯ ᠤᠯᠤᠰ᠎ᠤᠨ ᠨᠠᠢ᠍ᠮᠠᠨ ᠶᠡᠬᠡ ᠪᠣᠳᠣᠬᠤ ᠴᠢᠳᠠᠪᠤᠷᠢ ᠵᠢᠨ ᠬᠦᠢ᠍ᠰᠦ ᠵᠠᠩᠭᠢᠯᠠᠭ᠎ᠠ ᠵᠢᠨ ᠴᠡᠭ ᠪᠠ ᠠᠷᠪᠠᠨ ᠶᠡᠬᠡ ᠳ᠋ᠠᠢ᠌ᠲ᠋ᠠ ᠵᠢᠨ ᠲᠥᠪ᠎ᠤᠨ ᠪᠦᠯᠦᠭᠵᠢᠯ᠎ᠤᠨ ᠨᠢᠭᠡ᠎ᠨᠢ ᠪᠣᠯᠣᠨ᠎ᠠ ᠂ 《ᠤᠯᠤᠰ᠎ᠤᠨ ᠳᠣᠲᠣᠭ᠋ᠠᠳᠤ᠎ᠳᠤ ᠲᠦᠷᠦᠭᠦᠯᠡᠬᠦ 》  ᠬᠠᠷᠠᠯᠲᠠ᠎ᠳᠤ ᠴᠢᠭᠯᠡᠭᠦᠯᠦᠨ ᠂  ᠤᠯᠤᠰ᠎ᠤᠨ ᠪᠣᠳᠣᠬᠤ ᠴᠢᠳᠠᠪᠤᠷᠢ ᠬᠢᠭᠡᠳ ᠴᠠᠬᠢᠯᠭ᠋ᠠᠨ ᠬᠦᠴᠦᠨ᠎ᠤ ᠵᠣᠬᠢᠴᠠᠩᠭᠤᠢ ᠬᠥᠭᠵᠢᠯᠲᠡ ᠵᠢᠨ ᠲᠤᠷᠰᠢᠯᠲᠠ ᠵᠢᠨ ᠴᠡᠭ᠎ᠤᠨ ᠪᠠᠢ᠌ᠭᠤᠯᠤᠯᠲᠠ ᠵᠢ ᠠᠬᠢᠭᠤᠯᠵᠤ ᠂  ᠳᠡᠭᠡᠳᠦ ᠬᠡᠯᠬᠢᠶᠡᠨ᠎ᠤ IT᠎ᠤᠨ ᠵᠥᠭᠡᠯᠡᠨ ᠬᠠᠲᠠᠭᠤ ᠬᠡᠷᠡᠭᠰᠡᠯ᠎ᠤᠨ ᠲᠥᠬᠦᠭᠡᠷᠦᠮᠵᠢ ᠂  ᠳᠤᠮᠳᠠ ᠬᠡᠯᠬᠢᠶᠡᠨ᠎ᠤ ᠪᠣᠳᠣᠬᠤ ᠴᠢᠳᠠᠪᠤᠷᠢ ᠵᠢᠨ ᠰᠦᠯᠵᠢᠶ᠎ᠡ ᠵᠢᠴᠢ ᠲᠠᠪᠴᠠᠩ ᠂  ᠳᠣᠣᠷᠠᠳᠤ ᠬᠡᠯᠬᠢᠶᠡᠨ᠎ᠤ ᠬᠡᠷᠡᠭᠯᠡᠯᠲᠡ ᠵᠢᠨ ᠠᠬᠤᠢ ᠪᠠᠢ᠌ᠳᠠᠯ᠎ᠤᠨ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠲᠦᠷᠭᠡᠳᠬᠡᠨ ᠂  ᠬᠤᠸᠠ ᠸᠧᠢ ᠂  ᠾᠥᠸᠧ ᠱᠠᠨ ᠬᠥᠳᠡᠯᠭᠡᠭᠦᠷ ᠂  ᠱ᠌ᠢ ᠵᠢᠢ ᠬᠤ᠌ ᠯᠢᠶᠠᠨ ᠂  ᠵᠦᠩ ᠵᠢᠨ ᠳ᠋ᠠᠢ᠌ᠲ᠋ᠠ ᠵᠡᠷᠭᠡ ᠣᠶᠤᠨᠴᠢ ᠪᠣᠳᠣᠯᠲᠠ ᠵᠢᠨ ᠲᠥᠪ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ ᠂  ᠪᠦᠬᠦ ᠤᠯᠤᠰ᠎ᠲᠤ ᠦᠢ᠍ᠯᠡᠴᠢᠯᠡᠬᠦ ᠪᠣᠬᠢᠷᠳᠤᠯ ᠦᠭᠡᠢ ᠪᠣᠳᠣᠬᠤ ᠴᠢᠳᠠᠪᠤᠷᠢ ᠵᠢᠨ  ᠪᠠᠲᠤᠯᠠᠭ᠎ᠠ ᠵᠢᠨ  ᠰᠠᠭᠤᠷᠢᠨ ᠭᠠᠵᠠᠷ ᠂  ᠳ᠋ᠠᠢ᠌ᠲ᠋ᠠ ᠪᠣᠯᠪᠠᠰᠤᠷᠠᠭᠤᠯᠬᠤ ᠰᠠᠭᠤᠷᠢᠨ ᠭᠠᠵᠠᠷ ᠂  ᠲᠣᠮᠣ ᠵᠠᠭᠪᠤᠷ᠎ᠤᠨ ᠪᠣᠯᠪᠠᠰᠤᠷᠠᠯ᠎ᠤᠨ ᠰᠠᠭᠤᠷᠢᠨ ᠭᠠᠵᠠᠷ᠎ᠢ ᠴᠣᠭᠴᠠᠯᠠᠨ ᠂  ᠪᠣᠳᠣᠬᠤ ᠴᠢᠳᠠᠪᠤᠷᠢ ᠵᠢᠨ ᠬᠡᠪᠴᠢᠶᠡᠵᠢᠯ᠎ᠢ 20 ᠲᠦᠮᠡᠨ P᠎ᠠᠴᠠ ᠳᠠᠪᠠᠭᠤᠯᠵᠤ ᠂  ᠣᠶᠤᠨᠴᠢ ᠪᠣᠳᠣᠬᠤ ᠴᠢᠳᠠᠪᠤᠷᠢ ᠵᠢᠨ ᠪᠦᠬᠦ ᠤᠯᠤᠰ᠎ᠲᠤ ᠲᠦᠷᠦᠭᠦᠯᠡᠭᠰᠡᠨ ᠪᠠᠢ᠌ᠷᠢ ᠵᠢ ᠪᠠᠲᠤᠯᠠᠨ ᠂  ᠰᠢᠨ᠎ᠡ᠎ᠪᠠᠷ ᠪᠠᠢ᠍ᠢ᠍ᠭᠤᠯᠬᠤ ᠳ᠋ᠠᠢ᠌ᠲ᠋ᠠ ᠵᠢᠨ ᠲᠥᠪ᠎ᠤᠨ ᠪᠣᠬᠢᠷᠳᠤᠯ ᠦᠭᠡᠢ ᠴᠠᠬᠢᠯᠭ᠋ᠠᠨ ᠬᠦᠴᠦᠨ᠎ᠤ ᠬᠠᠷᠢᠴᠠᠯ᠎ᠢ 80%᠎ᠠᠴᠠ ᠳᠣᠣᠷ᠎ᠠ ᠪᠠᠢ᠌ᠯᠭ᠋ᠠᠬᠤ ᠦᠭᠡᠢ᠎ᠪᠠᠷ ᠬᠦᠴᠦᠯᠡᠨ ᠴᠢᠷᠮᠠᠢ᠌ᠨ᠎ᠠ ᠃  ᠠᠵᠤ ᠦᠢ᠍ᠯᠡᠰ᠎ᠤᠨ ᠳ᠋ᠢᠭᠢᠲᠴᠢᠯᠠᠯᠳᠡ ᠵᠢ ᠶᠡᠬᠡ᠎ᠪᠠᠷ ᠠᠬᠢᠭᠤᠯᠤᠨ ᠂  ᠦᠢ᠍ᠯᠡᠳᠬᠦ ᠦᠢ᠍ᠯᠡᠰ᠎ᠤᠨ ᠣᠶᠤᠨᠴᠢ᠎ᠪᠠᠷ ᠥᠭᠡᠷᠡᠴᠢᠯᠡᠨ ᠰᠢᠨᠡᠳᠬᠡᠵᠦ ᠳ᠋ᠢᠬᠢᠲᠴᠢᠯᠡᠨ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ ᠂  ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠠᠵᠤ ᠠᠬᠤᠢ᠌ᠯᠠᠯ᠎ᠳᠤ ᠳ᠋ᠢᠬᠢᠲᠴᠢᠯᠡᠨ ᠥᠭᠡᠷᠡᠴᠢᠯᠡᠨ ᠰᠢᠨᠡᠳᠬᠡᠬᠦ ᠵᠢ ᠪᠦᠷᠢᠨ ᠪᠦᠷᠬᠦᠭᠦᠯᠬᠦ᠎ᠪᠠᠨ ᠪᠡᠶᠡᠯᠡᠭᠦᠯᠦᠨ᠎ᠡ ᠃

       ᠣᠨᠴᠠᠯᠢᠭ᠎ᠲᠠᠢ ᠂  ᠳᠠᠪᠠᠭᠤᠯᠢᠭ ᠠᠵᠤ ᠦᠢ᠍ᠯᠡᠰ᠎ᠤᠨ ᠲᠦᠷᠭᠡᠬᠡᠨ ᠪᠤᠵᠠᠭ᠋ᠠᠢ᠌ᠷᠠᠵᠤ ᠬᠦᠴᠦᠷᠬᠡᠭᠵᠢᠬᠦ ᠵᠢ ᠠᠬᠢᠭᠤᠯᠵᠤ ᠂  ᠨᠡᠮᠡᠭᠳᠡᠯ᠎ᠤᠨ ᠰᠢᠨ᠎ᠡ ᠬᠥᠳᠡᠯᠭᠡᠭᠦᠷ᠎ᠢ ᠪᠦᠷᠢᠯᠳᠦᠭᠦᠯᠦᠨ᠎ᠡ ᠃ ᠰᠢᠨ᠎ᠡ ᠡᠨᠧᠷᠬᠢ ᠵᠢᠨ ᠠᠵᠤ ᠦᠢ᠍ᠯᠡᠰ᠎ᠤᠨ ᠲᠡᠷᠢᠭᠦᠨ᠎ᠤ ᠪᠠᠢ᠌ᠷᠢ ᠰᠠᠭᠤᠷᠢ ᠵᠢ ᠪᠠᠲᠤᠳᠬᠠᠨ᠎ᠠ ᠃  ᠨᠢᠭᠡ ᠲᠠᠯ᠎ᠠ᠎ᠪᠠᠷ ᠡᠯᠡᠰᠦᠨ ᠴᠦᠯ ᠭᠣᠪᠢ ᠴᠥᠯᠡᠷᠬᠡᠭ ᠣᠷᠣᠨ᠎ᠳᠠᠬᠢ ᠲᠣᠮᠣ ᠰᠠᠭᠤᠷᠢᠨ ᠭᠠᠵᠠᠷ ᠪᠠ ᠥᠪᠥᠷ ᠮᠣᠩᠭᠣᠯ᠎ᠤᠨ ᠪᠠᠷᠠᠭᠤᠨ ᠬᠡᠰᠡᠭ᠎ᠠᠴᠠ ᠪᠡᠭᠡᠵᠢᠩ ᠲᠢᠶᠠᠨᠵᠢᠨ ᠾᠧᠪᠧᠢ ᠬᠦᠷᠬᠦ ᠂  ᠬᠥᠪᠴᠢ ᠵᠢᠨ ᠡᠯᠡᠰᠦ᠎ᠠᠴᠠ ᠱᠠᠩᠬᠠᠢ ᠬᠦᠷᠬᠦ ᠂  ᠲᠡᠭᠷᠢ ᠡᠯᠡᠰᠦ᠎ᠠᠴᠠ ᠵᠢᠶᠠᠩᠰᠢ ᠬᠦᠷᠬᠦ ᠂  ᠤᠯᠠᠭ᠋ᠠᠨᠪᠤᠬ᠎ᠠ ᠵᠢᠨ ᠡᠯᠡᠰᠦ᠎ᠠᠴᠠ ᠪᠡᠭᠡᠵᠢᠩ ᠲᠢᠶᠠᠨᠵᠢᠨ ᠾᠧᠪᠧᠢ ᠱᠠᠨᠳᠦ᠋ᠩ ᠬᠦᠷᠬᠦ ᠭᠠᠳᠠᠭᠰᠢ ᠳᠠᠮᠵᠢᠭᠤᠯᠬᠤ ᠨᠡᠪᠲᠡᠷᠡᠯ ᠵᠠᠮ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠂ 4000 ᠲᠦᠮᠡᠨ ᠺᠢᠯᠣᠸᠠᠲ ᠰᠢᠨ᠎ᠡ᠎ᠪᠠᠷ ᠨᠡᠮᠡᠭᠳᠡᠭᠦᠯᠵᠦ ᠴᠠᠬᠢᠯᠭ᠋ᠠᠨ ᠬᠦᠴᠦᠨ᠎ᠤ ᠲᠣᠣᠷ᠎ᠲᠤ ᠨᠡᠢ᠌ᠯᠡᠭᠦᠯᠦᠨ ᠂  ᠴᠠᠬᠢᠯᠭ᠋ᠠᠨ ᠭᠠᠷᠭ᠋ᠠᠬᠤ ᠬᠡᠮᠵᠢᠶ᠎ᠡ ᠵᠢ 3000 ᠳ᠋ᠦᠩᠰᠢᠭᠤᠷ  ᠭ᠋ᠷᠡᠳᠦ᠋ᠰ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠢ᠌ᠨ᠎ᠠ ᠃  ᠨᠦᠭᠦᠭᠡ ᠲᠠᠯ᠎ᠠ᠎ᠪᠠᠷ ᠰᠤᠷᠪᠤᠯᠵᠢ ᠲᠣᠣᠷ ᠳᠠᠭ᠋ᠠᠭ᠋ᠠᠴᠠ ᠨᠥᠭᠡᠴᠡ ᠵᠢ ᠨᠢᠭᠡ ᠴᠣᠭᠴᠠᠵᠢᠭᠤᠯᠬᠤ ᠵᠢ ᠪᠠᠷᠢᠮᠲᠠᠯᠠᠵᠤ ᠂  ᠪᠠᠭᠲᠠᠭ᠋ᠠᠨ ᠰᠢᠩᠭᠡᠭᠡᠬᠦ ᠠᠬᠤᠢ ᠪᠠᠢ᠌ᠳᠠᠯ᠎ᠤᠨ ᠬᠡᠷᠡᠭᠯᠡᠯᠲᠡ ᠵᠢ ᠶᠡᠬᠡ᠎ᠪᠠᠷ ᠠᠬᠢᠭᠤᠯᠤᠨ ᠂  ᠰᠢᠨ᠎ᠡ ᠡᠨᠧᠷᠬᠢ ᠵᠢᠨ ᠠᠰᠢᠭᠯᠠᠮᠵᠢ ᠵᠢ 90%᠎ᠠᠴᠠ ᠳᠡᠭᠡᠭᠰᠢ ᠪᠠᠢ᠌ᠯᠭ᠋ᠠᠬᠤ ᠵᠢ ᠦᠨᠡᠨ ᠬᠦ᠌ ᠪᠠᠲᠤᠯᠠᠨ᠎ᠠ ᠃  ᠡᠭᠦᠨ᠎ᠳᠤ  ᠭᠣᠣᠯᠳᠠᠭᠤ ᠲᠠᠪᠤᠨ ᠠᠵᠢᠯ ᠶᠠᠪᠤᠳᠠᠯ᠎ᠢ ᠰᠠᠢ᠌ᠲᠤᠷ ᠠᠳᠬᠤᠨ᠎ᠠ ᠃  ᠨᠢᠭᠡ᠎ᠨᠢ ᠰᠢᠨ᠎ᠡ ᠬᠡᠯᠪᠡᠷᠢ ᠵᠢᠨ ᠨᠥᠭᠡᠴᠡ ᠡᠨᠧᠷᠬᠢ ᠵᠢ ᠲᠦᠷᠭᠡᠳᠬᠡᠨ ᠬᠥᠭᠵᠢᠭᠦᠯᠦᠨ᠎ᠡ ᠂  ᠠᠯᠠᠱ᠌ᠠ ᠵᠢᠨ  ᠰᠢᠨ ᠶᠤᠸᠠᠨ ᠵᠢᠩ ᠵᠡᠷᠭᠡ ᠰᠢᠨ᠎ᠡ ᠬᠡᠯᠪᠡᠷᠢ ᠵᠢᠨ ᠨᠥᠭᠡᠴᠡ ᠡᠨᠧᠷᠬᠢ ᠵᠢᠨ 35 ᠲᠦᠷᠦᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠵᠤ ᠂  ᠮᠠᠰᠢᠨ ᠴᠣᠭᠴᠠᠯᠠᠪᠤᠷᠢ ᠵᠢ 1000 ᠲᠦᠮᠡᠨ ᠺᠢᠯᠣᠸᠠᠲ ᠰᠢᠨ᠎ᠡ᠎ᠪᠠᠷ ᠠᠵᠢᠯ ᠡᠬᠢᠯᠡᠭᠦᠯᠦᠨ ᠂ 600 ᠲᠦᠮᠡᠨ ᠺᠢᠯᠣᠸᠠᠲ᠎ᠢ ᠰᠢᠨ᠎ᠡ᠎ᠪᠠᠷ ᠠᠰᠢᠭᠯᠠᠯᠲᠠ᠎ᠳᠤ ᠣᠷᠤᠭᠤᠯᠬᠤ᠎ᠪᠠᠷ ᠬᠦᠴᠦᠯᠡᠨ ᠴᠢᠷᠮᠠᠢ᠌ᠨ᠎ᠠ ᠃  ᠬᠣᠶᠠᠷ᠎ᠨᠢ ᠪᠣᠬᠢᠷᠳᠤᠯ ᠦᠭᠡᠢ ᠴᠠᠬᠢᠯᠭ᠋ᠠᠨ ᠵᠶ᠋ᠠᠷ ᠣᠷᠣᠯᠠᠭᠤᠯᠬᠤ᠎ᠪᠠᠨ ᠨᠡᠮᠡᠭᠳᠡᠭᠦᠯᠦᠨ᠎ᠡ ᠂  ᠲᠡᠮᠦᠷ᠎ᠤᠨ ᠬᠠᠢ᠌ᠯᠤᠰᠢ ᠂  ᠪᠣᠯᠣᠳ ᠲᠡᠮᠦᠷ ᠂  ᠵᠡᠰ ᠂  ᠬᠥᠩᠭᠡᠨᠴᠠᠭ᠋ᠠᠨ ᠂  ᠯᠢᠲ᠋ᠢ ᠵᠡᠷᠭᠡ ᠰᠢᠨ᠎ᠡ ᠬᠡᠯᠪᠡᠷᠢ ᠵᠢᠨ ᠬᠠᠢ᠌ᠯᠤᠰᠢ ᠵᠢᠨ ᠮᠠᠲ᠋ᠧᠷᠢᠶᠠᠯ᠎ᠤᠳ᠎ᠤᠨ ᠠᠵᠤ ᠦᠢ᠍ᠯᠡᠰ᠎ᠤᠨ ᠪᠣᠬᠢᠷᠳᠤᠯ ᠦᠭᠡᠢ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠳᠠᠢ᠍ᠢ᠍ᠴᠢᠯᠠᠵᠤ ᠂  ᠪᠦᠬᠦ ᠤᠯᠤᠰ᠎ᠤᠨ ᠬᠠᠮᠤᠭ᠎ᠤᠨ ᠲᠣᠮᠣ ᠪᠣᠬᠢᠷᠳᠤᠯ ᠦᠭᠡᠢ ᠥᠨᠳᠥᠷ ᠡᠨᠧᠷᠬᠢ ᠵᠢᠨ ᠳᠠᠭ᠋ᠠᠭ᠋ᠠᠴᠠᠳᠣ ᠠᠵᠤ ᠦᠢ᠍ᠯᠡᠰ᠎ᠤᠨ ᠪᠥᠭᠡᠮᠨᠡᠷᠡᠯ᠎ᠤᠨ ᠣᠷᠣᠨ᠎ᠢ ᠪᠦᠲᠦᠭᠡᠨ ᠪᠠᠢ᠌ᠭᠤᠯᠤᠨ᠎ᠠ ᠃  ᠭᠤᠷᠪᠠ᠎ᠨᠢ ᠪᠣᠬᠢᠷᠳᠤᠯ ᠦᠭᠡᠢ ᠴᠠᠬᠢᠯᠭ᠋ᠠᠨ᠎ᠢ ᠪᠣᠬᠢᠷᠳᠤᠯ ᠦᠭᠡᠢ ᠤᠰᠤᠳᠦ᠋ᠷᠦᠭᠴᠢ ᠰᠢᠪᠲᠦᠷ ᠠᠯᠺᠤᠤᠯ ᠪᠣᠯᠭ᠋ᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ ᠂  ᠤᠰᠤᠳᠦ᠋ᠷᠦᠭᠴᠢ ᠡᠨᠧᠷᠬᠢ ᠵᠢᠨ ᠠᠵᠤ ᠦᠢ᠍ᠯᠡᠰ᠎ᠤᠨ ᠬᠣᠰᠢᠭᠤᠴᠢ ᠣᠷᠣᠨ᠎ᠢ ᠴᠣᠭᠴᠠᠯᠠᠨ ᠂  ᠤᠯᠠᠭ᠋ᠠᠨᠴᠠᠪ᠎ᠠᠴᠠ ᠶᠠᠨᠱ᠌ᠠᠨ᠎ᠤ ᠴᠢᠯᠠᠭᠤᠨ ᠲᠣᠰᠣ ᠬᠢᠮᠢ ᠵᠢᠨ ᠺᠤᠮᠫᠠᠨᠢ ᠬᠦᠷᠬᠦ ᠤᠰᠤᠳᠦ᠋ᠷᠦᠭᠴᠢ ᠳᠠᠮᠵᠢᠭᠤᠯᠬᠤ ᠬᠣᠭᠣᠯᠠᠢ ᠭᠤᠤᠷᠰᠤ ᠂  ᠤᠯᠠᠭ᠋ᠠᠨᠬᠠᠳᠠ᠎ᠠᠴᠠ ᠵᠢᠨᠵᠧᠦ ᠭᠠᠷᠠᠮ᠎ᠢ ᠳᠠᠮᠵᠢᠨ ᠱᠠᠩᠬᠠᠢ ᠬᠦᠷᠬᠦ ᠪᠣᠬᠢᠷᠳᠤᠯ ᠦᠭᠡᠢ ᠤᠰᠤᠳᠦ᠋ᠷᠦᠭᠴᠢ ᠵᠢᠨ ᠬᠣᠩᠭᠢᠯ᠎ᠤᠨ ᠲᠦᠷᠦᠯ ᠵᠦᠢ᠍ᠯ᠎ᠢ ᠪᠦᠲᠦᠭᠡᠨ ᠪᠠᠢ᠌ᠭᠤᠯᠵᠤ ᠂  ᠰᠢᠯᠢ ᠵᠢᠨ ᠭᠣᠣᠯ᠎ᠠᠴᠠ ᠼᠤᠤ ᠹᠧᠢ ᠳ᠋ᠢᠶᠠᠨ ᠬᠦᠷᠬᠦ ᠤᠰᠤᠳᠦ᠋ᠷᠦᠭᠴᠢ ᠳᠠᠮᠵᠢᠭᠤᠯᠬᠤ ᠬᠣᠭᠣᠯᠠᠢ ᠭᠤᠤᠷᠰᠤ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠢ ᠥᠷᠨᠢᠭᠦᠯᠦᠨ ᠂  ᠠᠢ᠌ᠮᠠᠭ ᠬᠤᠲᠠ ᠵᠢᠨ᠎ᠬᠢᠨ᠎ᠤ ᠪᠣᠬᠢᠷᠲᠤᠯ ᠦᠭᠡᠢ ᠤᠰᠤᠳᠦ᠋ᠷᠦᠭᠴᠢ ᠰᠢᠪᠲᠦᠷ ᠠᠯᠺᠤᠤᠯ ᠂  ᠤᠰᠤᠳᠦ᠋ᠷᠦᠭᠴᠢ ᠡᠨᠧᠷᠬᠢ ᠵᠢᠨ ᠬᠡᠷᠡᠭᠯᠡᠭᠡᠨ᠎ᠤ ᠰᠠᠭᠤᠷᠢᠨ ᠭᠠᠵᠠᠷ ᠪᠦᠲᠦᠭᠡᠨ ᠪᠠᠢ᠍ᠢ᠍ᠭᠤᠯᠬᠤ ᠵᠢ ᠳᠡᠮᠵᠢᠨ᠎ᠡ ᠃  ᠳᠥᠷᠪᠡ᠎ᠨᠢ ᠰᠠᠯᠬᠢ ᠭᠡᠷᠡᠯ ᠤᠰᠤᠳᠦ᠋ᠷᠦᠭᠴᠢ ᠨᠥᠭᠡᠴᠡ ᠵᠢᠨ  ᠪᠦᠬᠦ ᠬᠡᠯᠬᠢᠶᠡᠨ᠎ᠤ ᠬᠥᠭᠵᠢᠯᠲᠡ ᠵᠢ ᠪᠠᠷᠢᠮᠲᠠᠯᠠᠨ ᠂  ᠰᠢᠨ᠎ᠡ ᠡᠨᠧᠷᠬᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠢ ᠬᠦᠴᠦᠷᠬᠡᠭᠵᠢᠭᠦᠯᠵᠦ ᠂  ᠴᠠᠬᠢᠯᠭ᠋ᠠᠨ ᠡᠭᠦᠰᠭᠡᠭᠦᠷ ᠂  ᠭᠦᠶᠦᠳᠡᠯ ᠬᠤᠪᠢᠷᠠᠭ᠋ᠠᠭᠤᠷ ᠂  ᠰᠥᠷᠭᠡᠦ ᠬᠤᠪᠢᠰᠬᠠᠭᠤᠷ ᠂  ᠰᠢᠰᠲ᠋ᠧᠮ᠎ᠤᠨ ᠴᠢᠩᠭᠡᠯᠢᠭ ᠵᠡᠷᠭᠡ ᠭᠣᠣᠯᠯᠠᠬᠤ ᠰᠡᠯᠪᠢᠭ ᠲᠤᠨᠤᠭ᠎ᠲᠤ ᠠᠩᠬᠠᠷᠤᠯ ᠵᠶ᠋ᠠᠨ ᠲᠥᠪᠯᠡᠷᠡᠭᠦᠯᠵᠦ ᠂  ᠬᠡᠯᠬᠢᠶ᠎ᠡ ᠵᠢ ᠤᠷᠲᠤᠳᠬᠠᠨ ᠨᠥᠬᠥᠪᠦᠷᠢᠯᠡᠬᠦ 113 ᠲᠦᠷᠦᠯ ᠵᠦᠢ᠍ᠯ᠎ᠢ ᠭᠣᠣᠯᠳᠠᠯᠭ᠎ᠠ᠎ᠲᠠᠢ ᠬᠡᠷᠡᠭᠵᠢᠭᠦᠯᠵᠦ ᠂  ᠰᠢᠨ᠎ᠡ ᠡᠨᠧᠷᠬᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠦᠢ᠍ᠯᠡᠳᠬᠦᠨ᠎ᠤ ᠥᠷᠲᠡᠭ᠎ᠢ 2700 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠢ᠌ᠨ᠎ᠠ ᠃  ᠲᠠᠪᠤ᠎ᠨᠢ ᠰᠢᠨ᠎ᠡ ᠡᠨᠧᠷᠬᠢ ᠵᠢᠨ ᠠᠵᠢᠯᠯᠠᠭᠤᠯᠵᠤ ᠪᠠᠲᠤᠯᠠᠬᠤ ᠦᠢ᠍ᠯᠡᠴᠢᠯᠡᠭᠡᠨ᠎ᠤ ᠦᠢ᠍ᠯᠡᠰ᠎ᠢ ᠰᠠᠢ᠌ᠲᠤᠷ ᠬᠢᠵᠦ ᠂  ᠮᠡᠷᠭᠡᠵᠢᠯ᠎ᠤᠨ ᠯᠠᠪᠯᠠᠭ᠎ᠠ ᠂  ᠣᠶᠤᠨᠴᠢ ᠬᠠᠮᠠᠭ᠋ᠠᠯᠠᠯᠲᠠ ᠂  ᠠᠦ᠋ᠲ᠋ᠣᠴᠢᠯᠠᠭᠰᠠᠨ ᠬᠢᠨᠠᠨ ᠰᠢᠨᠵᠢᠯᠲᠡ ᠣᠨᠣᠰᠢᠯᠠᠯᠲᠠ ᠵᠡᠷᠭᠡ ᠲᠤᠬᠠᠢ᠌ᠯᠠᠭᠰᠠᠨ ᠠᠵᠢᠯ᠎ᠢ ᠰᠢᠨ᠎ᠡ ᠵᠢ ᠡᠭᠦᠳᠦᠨ ᠬᠥᠭᠵᠢᠭᠦᠯᠵᠦ ᠂  ᠠᠵᠢᠯᠯᠠᠭᠤᠯᠵᠤ ᠪᠠᠲᠤᠯᠠᠬᠤ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ ᠂  ᠳᠡᠭᠡᠳᠦ ᠲᠡᠰ᠎ᠤᠨ ᠦᠢ᠍ᠯᠡᠴᠢᠯᠡᠭᠡᠨ᠎ᠤ ᠨᠡᠷᠡᠲᠦ ᠲᠡᠮᠳᠡᠭ᠎ᠢ ᠴᠣᠭᠴᠠᠯᠠᠨ᠎ᠠ ᠃  ᠪᠣᠬᠢᠷᠳᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠤᠨ ᠡᠳ᠋ᠰᠢᠭᠦᠯᠬᠦ ᠦᠢ᠍ᠯᠡᠰ᠎ᠢ ᠰᠢᠯᠢᠳᠡᠭᠵᠢᠭᠦᠯᠦᠨ᠎ᠡ ᠃  ᠦᠬᠡᠷ ᠬᠤᠨᠢᠨ᠎ᠤ ᠮᠢᠬ᠎ᠠ ᠂  ᠲᠥᠮᠥᠰᠥ ᠂  ᠡᠷᠳᠡᠨᠢ ᠰᠢᠰᠢ ᠂  ᠢᠮᠠᠭ᠋ᠠᠨ ᠨᠣᠣᠯᠣᠭᠤᠷ ᠂  ᠡᠪᠡᠰᠦᠨ᠎ᠤ ᠦᠢ᠍ᠯᠡᠰ ᠪᠣᠯ ᠪᠢᠳᠡᠨ᠎ᠤ ᠣᠯᠠᠨ ᠵᠢᠯ ᠬᠥᠭᠵᠢᠭᠦᠯᠦᠭᠡᠳ ᠢᠷᠡᠭᠰᠡᠨ ᠣᠨᠴᠠᠯᠢᠭᠲᠤ ᠠᠵᠤ ᠦᠢ᠍ᠯᠡᠰ ᠪᠣᠯᠣᠨ᠎ᠠ ᠂  ᠦᠷᠭᠦᠯᠵᠢᠯᠡᠨ ᠭᠦᠨᠵᠡᠭᠡᠢ᠌ᠷᠡᠭᠦᠯᠦᠨ ᠬᠥᠭᠵᠢᠭᠦᠯᠵᠦ ᠂  ᠲᠠᠷᠢᠬᠤ ᠲᠡᠵᠢᠭᠡᠬᠦ ᠡᠳ᠋ᠰᠢᠭᠦᠯᠬᠦ ᠪᠣᠷᠣᠯᠠᠭᠤᠯᠬᠤ ᠪᠦᠬᠦ ᠬᠡᠯᠬᠢᠶᠡᠨ᠎ᠤ ᠬᠥᠭᠵᠢᠯᠲᠡ ᠵᠢ ᠠᠬᠢᠭᠤᠯᠵᠤ ᠂  ᠠᠯᠠᠰᠢᠨ ᠬᠣᠨᠢ ᠂  ᠡᠷᠳᠡᠨᠢ ᠰᠢᠰᠢ 2 ᠵᠦᠢ᠍ᠯ᠎ᠤᠨ ᠮᠢᠩᠭ᠋ᠠᠨ ᠳ᠋ᠦᠩᠰᠢᠭᠤᠷ ᠳᠡᠰ᠎ᠤᠨ ᠠᠵᠤ ᠦᠢ᠍ᠯᠡᠰ᠎ᠤᠨ ᠬᠡᠯᠬᠢᠶᠡᠨ᠎ᠤ ᠳᠡᠰ ᠳᠡᠪᠰᠢᠨ ᠦᠷ᠎ᠡ ᠠᠰᠢᠭ ᠵᠶ᠋ᠠᠨ ᠨᠡᠮᠡᠭᠳᠡᠭᠦᠯᠬᠦ ᠂  ᠠᠯᠠᠰᠢᠨ ᠦᠬᠡᠷ ᠂  ᠡᠪᠡᠰᠦᠨ᠎ᠤ ᠦᠢ᠍ᠯᠡᠰ 2 ᠵᠦᠢ᠍ᠯ᠎ᠤᠨ ᠠᠵᠤ ᠦᠢ᠍ᠯᠡᠰ᠎ᠤᠨ ᠬᠡᠯᠬᠢᠶᠡᠨ᠎ᠤ ᠮᠢᠩᠭ᠋ᠠᠨ ᠳ᠋ᠦᠩᠰᠢᠭᠤᠷ ᠳᠡᠰ᠎ᠢ ᠲᠦᠷᠭᠡᠬᠡᠨ ᠳᠠᠪᠠᠬᠤ ᠂  ᠲᠥᠮᠥᠰᠥ ᠂  ᠢᠮᠠᠭ᠋ᠠᠨ ᠨᠣᠣᠯᠣᠭᠤᠷ 2 ᠵᠦᠢ᠍ᠯ᠎ᠤᠨ ᠠᠵᠤ ᠦᠢ᠍ᠯᠡᠰ᠎ᠤᠨ ᠬᠡᠯᠬᠢᠶᠡᠨ᠎ᠤ ᠮᠢᠩᠭ᠋ᠠᠨ ᠳ᠋ᠦᠩᠰᠢᠭᠤᠷ ᠳᠡᠰ᠎ᠲᠤ ᠳᠠᠪᠰᠢᠨ ᠣᠷᠣᠬᠤ ᠵᠢ᠎ᠨᠢ ᠠᠬᠢᠭᠤᠯᠤᠨ᠎ᠠ ᠃

       ᠳᠠᠯᠳᠠ ᠬᠦᠴᠦᠨ᠎ᠲᠠᠢ ᠂  ᠨᠥᠬᠥᠴᠡᠯ᠎ᠲᠠᠢ ᠠᠵᠤ ᠦᠢ᠍ᠯᠡᠰ᠎ᠢ ᠲᠦᠷᠭᠡᠳᠬᠡᠨ ᠪᠣᠢ᠌ᠵᠢᠭᠤᠯᠬᠤ ᠵᠢ ᠠᠬᠢᠭᠤᠯᠵᠤ ᠂  ᠰᠢᠨ᠎ᠡ ᠥᠷᠢᠰᠦᠯᠳᠦᠭᠡᠨ᠎ᠤ ᠴᠠᠷᠠᠭ᠎ᠠ ᠰᠢᠨ᠎ᠡ ᠬᠥᠳᠡᠯᠭᠡᠭᠴᠢ ᠡᠨᠧᠷᠬᠢ ᠵᠢ ᠡᠷᠲᠡᠬᠡᠨ ᠪᠣᠢ ᠪᠣᠯᠭ᠋ᠠᠬᠤ᠎ᠪᠠᠷ ᠴᠢᠷᠮᠠᠢ᠌ᠨ᠎ᠠ ᠃  ᠳᠣᠣᠷ᠎ᠠ ᠠᠭ᠋ᠠᠷ᠎ᠤᠨ ᠠᠵᠤ ᠠᠬᠤᠢ ᠵᠢᠨ ᠲᠠᠯ᠎ᠠ᠎ᠪᠠᠷ ᠳᠣᠣᠷ᠎ᠠ ᠠᠭ᠋ᠠᠷ᠎ᠤᠨ ᠨᠢᠰᠦᠭᠦᠷ ᠦᠢ᠍ᠯᠡᠳᠬᠦ ᠂  ᠳᠣᠣᠷ᠎ᠠ ᠠᠭ᠋ᠠᠷ᠎ᠤᠨ ᠨᠢᠰᠦᠯᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠂  ᠳᠣᠣᠷ᠎ᠠ ᠠᠭ᠋ᠠᠷ᠎ᠤᠨ ᠣᠯᠠᠡ ᠡᠰᠢᠵᠢᠭᠰᠡᠨ ᠬᠡᠷᠡᠭᠯᠡᠯᠲᠡ ᠵᠡᠷᠭᠡ ᠭᠤᠷᠪᠠᠨ ᠵᠠᠩᠭᠢᠯᠠᠭ᠎ᠠ ᠵᠢᠨ ᠬᠦᠷᠢᠶ᠎ᠡ ᠴᠠᠷᠠᠭ᠎ᠠ ᠵᠢ ᠠᠳᠬᠤᠨ ᠂  ᠥᠪᠥᠷ ᠮᠣᠩᠭᠣᠯ᠎ᠤᠨ ᠳᠣᠣᠷ᠎ᠠ ᠠᠭ᠋ᠠᠷ᠎ᠤᠨ ᠠᠵᠤ ᠠᠬᠤᠢ ᠵᠢᠨ ᠰᠤᠳᠤᠯᠤᠯ᠎ᠤᠨ ᠬᠦᠷᠢᠶᠡᠯᠡᠩ᠎ᠢ ᠪᠡᠯᠡᠳᠬᠡᠨ ᠪᠠᠢ᠌ᠭᠤᠯᠵᠤ ᠂  ᠳᠣᠣᠷ᠎ᠠ ᠠᠭ᠋ᠠᠷ᠎ᠤᠨ ᠨᠢᠰᠦᠭᠦᠷ᠎ᠢ ᠲᠤᠷᠰᠢᠨ ᠨᠢᠰᠬᠡᠵᠦ ᠬᠡᠮᠵᠢᠨ ᠰᠢᠯᠭ᠋ᠠᠬᠤ ᠰᠠᠭᠤᠷᠢᠨ ᠭᠠᠵᠠᠷ᠎ᠢ ᠲᠦᠷᠭᠡᠳᠬᠡᠨ ᠪᠠᠢ᠌ᠭᠤᠯᠵᠤ ᠂  ᠳᠣᠣᠷ᠎ᠠ ᠠᠭ᠋ᠠᠷ᠎ᠤᠨ ᠲᠣᠨᠤᠭ ᠲᠥᠬᠦᠭᠡᠷᠦᠮᠵᠢ ᠵᠢᠨ ᠠᠵᠤ ᠦᠢ᠍ᠯᠡᠰ᠎ᠤᠨ ᠬᠡᠯᠬᠢᠶᠡᠨ᠎ᠤ ᠬᠤᠳᠠᠯᠳᠤᠭ᠋ᠠᠴᠢᠨ ᠤᠷᠢᠬᠤ ᠠᠵᠢᠯ᠎ᠤᠨ ᠵᠢᠷᠤᠭ᠎ᠤᠨ ᠵᠢᠭᠰᠠᠯ᠎ᠢ ᠡᠮᠬᠢᠯᠡᠵᠦ ᠨᠡᠢ᠌ᠲᠡᠯᠡᠨ ᠂  ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠠᠭ᠋ᠠᠷ ᠠᠶᠠᠯᠠᠯ᠎ᠤᠨ ᠪᠠᠢ᠌ᠴᠠᠭ᠋ᠠᠯᠲᠠ ᠵᠢᠨ ᠲᠥᠪ ᠂  ᠠᠷᠠᠳ᠎ᠤᠨ ᠠᠭ᠋ᠠᠷ ᠠᠶᠠᠯᠠᠯ᠎ᠤᠨ ᠵᠢᠯᠣᠭᠣᠴᠢ ᠦᠭᠡᠢ ᠨᠢᠰᠬᠡᠯ᠎ᠤᠨ ᠰᠢᠯᠭ᠋ᠠᠯᠲᠠ ᠵᠢᠨ ᠲᠥᠪ ᠂  ᠳᠤᠮᠳᠠᠳᠤ ᠤᠯᠤᠰ᠎ᠤᠨ ᠷᠦᠩ ᠲᠦᠩ ᠵᠢᠯᠣᠭᠣᠴᠢ ᠦᠭᠡᠢ ᠨᠢᠰᠬᠡᠯ᠎ᠤᠨ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠯᠲᠠ ᠵᠢᠨ ᠲᠥᠪ ᠵᠡᠷᠭᠡ ᠲᠥᠷᠥᠯ ᠵᠦᠢ᠍ᠯ᠎ᠤᠨ ᠪᠣᠳᠠᠲᠠᠢ᠌ᠵᠢᠬᠤ ᠵᠢ ᠠᠬᠢᠭᠤᠯᠤᠨ ᠂  ᠳᠣᠣᠷ᠎ᠠ ᠠᠭ᠋ᠠᠷ + ᠪᠠᠷᠠᠭ᠋ᠠᠨ᠎ᠤ ᠭᠦᠢ᠍ᠯᠭᠡᠭᠡ ᠂  ᠰᠣᠶᠣᠯ ᠵᠢᠭᠤᠯᠴᠢᠯᠠᠯ ᠂  ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠂  ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠠᠬᠤᠢ ᠪᠠᠢ᠌ᠳᠠᠯ᠎ᠤᠨ ᠬᠡᠷᠡᠭᠯᠡᠯᠲᠡ ᠵᠢ ᠵᠢᠱ᠌ᠢᠶ᠎ᠡ ᠦᠵᠡᠭᠦᠯᠦᠨ ᠳᠡᠯᠭᠡᠷᠡᠭᠦᠯᠵᠦ ᠂  ᠬᠦᠬᠡᠬᠤᠳᠠ ᠵᠢᠨ  ᠰᠠᠨᠰᠠᠷ ᠠᠶᠠᠯᠠᠯ᠎ᠤᠨ ᠨᠡᠭᠡᠭᠡᠯᠲᠡ ᠵᠢᠨ ᠲᠣᠭᠣᠷᠢᠭ ᠵᠶ᠋ᠠᠷ ᠬᠥᠲᠥᠯᠥᠮᠵᠢ ᠪᠣᠯᠭ᠋ᠠᠵᠣ ᠂  ᠬᠦᠬᠡᠬᠤᠲᠠ ᠪᠤᠭᠤᠲᠤ ᠣᠷᠳᠣᠰ᠎ᠤᠨ ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ ᠵᠢᠨ ᠲᠣᠭᠣᠷᠢᠭ᠎ᠢ ᠪᠣᠢ᠌ᠵᠢᠭᠤᠯᠵᠤ ᠂  ᠤᠯᠠᠭ᠋ᠠᠨᠬᠠᠳᠠ ᠲᠦᠩᠯᠢᠶᠣᠣ ᠰᠢᠯᠢ ᠵᠢᠨ ᠭᠣᠣᠯ᠎ᠤᠨ ᠳᠣᠣᠷ᠎ᠠ ᠠᠭ᠋ᠠᠷ᠎ᠤᠨ ᠬᠡᠷᠡᠭᠯᠡᠯᠲᠡ ᠵᠢᠨ  ᠪᠥᠭᠡᠮᠨᠡᠷᠡᠯ᠎ᠤᠨ ᠣᠷᠣᠨ ᠪᠠ ᠤᠯᠠᠭ᠋ᠠᠨᠬᠣᠲᠠ ᠷᠠᠰᠢᠶᠠᠨ ᠬᠠᠢ᠌ᠯᠠᠷ ᠮᠠᠨᠵᠤᠤᠷ ᠂  ᠤᠯᠠᠭ᠋ᠠᠨᠴᠠᠪ᠎ᠤᠨ ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠪᠥᠭᠡᠮᠨᠡᠷᠡᠯ᠎ᠤᠨ ᠣᠷᠣᠨ᠎ᠢ ᠴᠣᠭᠴᠠᠯᠠᠨ᠎ᠠ ᠃  ᠵᠣᠬᠢᠶᠠᠮᠠᠯ ᠣᠶᠤᠨ᠎ᠤ ᠲᠠᠯ᠎ᠠ᠎ᠪᠠᠷ ᠰᠤᠳᠤᠯᠤᠨ ᠨᠡᠭᠡᠭᠡᠯᠲᠡ ᠂  ᠦᠢ᠍ᠯᠡᠳᠪᠦᠷᠢᠯᠡᠬᠦ ᠪᠠ ᠬᠡᠷᠡᠭᠯᠡᠯᠲᠡ ᠵᠢ ᠰᠠᠢ᠌ᠲᠤᠷ ᠬᠢᠵᠦ ᠂  ᠬᠦᠬᠡᠬᠤᠲᠠ ᠵᠢᠨ ᠣᠶᠤᠨᠴᠢ ᠡᠵᠡᠮᠰᠢᠭᠦᠷ ᠂  ᠣᠶᠤᠨᠴᠢ ᠨᠥᠯᠥᠭᠡᠯᠡᠭᠦᠷ ᠂  ᠣᠶᠤᠨᠴᠢ ᠵᠥᠭᠡᠯᠡᠨ ᠬᠡᠷᠡᠭᠰᠡᠯ ᠵᠡᠷᠭᠡ ᠵᠠᠩᠭᠢᠯᠠᠭ᠎ᠠ ᠵᠢᠨ ᠵᠥᠭᠡᠯᠡᠨ ᠬᠠᠲᠠᠭᠤ ᠬᠡᠷᠡᠭᠰᠡᠯ᠎ᠤᠨ ᠲᠥᠬᠦᠭᠡᠷᠦᠮᠵᠢ ᠵᠢ  ᠬᠥᠭᠵᠢᠭᠦᠯᠬᠦ ᠵᠢ ᠎ᠨᠢ ᠲᠡᠮᠵᠢᠵᠤ ᠂  ᠵᠣᠬᠢᠶᠠᠮᠠᠯ ᠣᠶᠣᠨ᠎ᠤ ᠠᠵᠤ ᠦᠢ᠍ᠯᠡᠰ᠎ᠤᠨ ᠰᠠᠭᠤᠷᠢᠨ ᠭᠠᠵᠠᠷ᠎ᠢ ᠴᠣᠭᠴᠠᠯᠠᠨ᠎ᠠ ᠃  ᠣᠶᠤᠨᠲᠤ ᠠᠭᠤᠷᠬᠠᠢ ᠂  ᠣᠶᠤᠨᠲᠤ ᠴᠠᠬᠢᠯᠭ᠋ᠠᠨ ᠬᠦᠴᠦᠨ ᠂  ᠣᠶᠤᠨᠲᠤ ᠲᠠᠷᠢᠶᠠᠯᠠᠩ ᠂  ᠣᠶᠤᠨᠲᠤ ᠰᠣᠶᠣᠯ ᠵᠢᠭᠤᠯᠴᠢᠯᠠᠯ ᠂  ᠣᠶᠤᠨᠲᠤ ᠡᠮᠴᠢᠯᠡᠭᠡ ᠂  ᠣᠶᠤᠨᠲᠤ ᠰᠤᠷᠭ᠋ᠠᠨ ᠬᠥᠮᠦᠵᠢᠯ ᠂  ᠣᠶᠤᠨᠲᠤ ᠪᠠᠷᠠᠭ᠋ᠠᠨ᠎ᠤ ᠭᠦᠢ᠍ᠯᠭᠡᠭᠡ ᠵᠡᠷᠭᠡ ᠬᠦᠷᠢᠶ᠎ᠡ ᠴᠠᠷᠠᠭ᠋ᠠᠨ᠎ᠳᠠᠬᠢ ᠬᠡᠷᠡᠭᠯᠡᠯᠲᠡ ᠵᠢᠨ ᠰᠢᠨ᠎ᠡ ᠡᠭᠦᠳᠦᠯᠲᠡ ᠵᠢ ᠲᠦᠷᠭᠡᠳᠬᠡᠨ᠎ᠡ ᠃  ᠦᠢ᠍ᠯᠡᠳᠪᠦᠷᠢᠯᠡᠯ᠎ᠤᠨ ᠠᠬᠤᠢ ᠪᠠᠢ᠌ᠳᠠᠯ᠎ᠤᠨ ᠣᠶᠤᠨᠴᠢᠯᠠᠨ ᠥᠭᠡᠷᠡᠴᠢᠯᠡᠵᠦ ᠰᠢᠨᠡᠴᠢᠯᠡᠬᠦ ᠵᠢ ᠠᠬᠢᠭᠤᠯᠵᠤ ᠂  ᠲᠦᠭᠰᠢᠭᠦᠷᠢ ᠶᠡᠬᠡᠲᠡᠢ ᠂  ᠬᠥᠳᠡᠯᠮᠦᠷᠢ ᠵᠢᠨ ᠬᠦᠴᠦᠯᠡᠴᠡ ᠴᠢᠩᠭ᠎ᠠ ᠵᠢᠴᠢ ᠠᠵᠢᠯ ᠬᠢᠬᠦ ᠣᠷᠴᠢᠨ ᠨᠥᠬᠥᠴᠡᠯ ᠠᠨᠠᠢ ᠦᠢ᠍ᠯᠡᠳᠪᠦᠷᠢᠯᠡᠯ᠎ᠤᠨ ᠨᠢᠭᠡᠴᠢ ᠵᠢᠨ 《ᠮᠠᠰᠢᠨ ᠵᠶ᠋ᠠᠷ ᠬᠥᠮᠥᠨ᠎ᠢ ᠣᠷᠣᠯᠠᠭᠤᠯᠬᠤ 》 ᠵᠢ ᠲᠦᠷᠭᠡᠳᠬᠡᠨ᠎ᠡ ᠃  ᠠᠮᠢᠳᠤ ᠪᠣᠳᠠᠰ᠎ᠤᠨ ᠦᠢ᠍ᠯᠡᠳᠬᠦ ᠦᠢ᠍ᠯᠡᠰ᠎ᠤᠨ ᠲᠠᠯ᠎ᠠ᠎ᠪᠠᠷ ᠠᠮᠢᠳᠤ ᠪᠣᠳᠠᠰ᠎ᠤᠨ ᠡᠮ ᠡᠮᠨᠡᠯᠭᠡ ᠪᠠ ᠠᠮᠢᠳᠤ ᠪᠣᠳᠠᠰ᠎ᠤᠨ ᠢᠰᠬᠡᠯᠲᠡ ᠬᠣᠶᠠᠷ ᠶᠡᠬᠡ ᠬᠦᠷᠢᠶ᠎ᠡ ᠴᠠᠷᠠᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂  ᠬᠦᠬᠡᠬᠤᠲᠠ ᠵᠢᠨ ᠪᠦᠬᠦ ᠪᠥᠮᠪᠥᠷᠴᠡᠭ᠎ᠲᠤ  ᠲᠦᠷᠦᠭᠦᠯᠡᠭᠰᠡᠨ ᠮᠠᠯ᠎ᠳᠤ ᠬᠡᠷᠡᠭᠯᠡᠬᠦ ᠸᠠᠺᠼᠢᠨ᠎ᠢ ᠰᠤᠳᠤᠯᠤᠨ ᠨᠡᠭᠡᠭᠡᠵᠦ ᠦᠢ᠍ᠯᠡᠳᠪᠦᠷᠢᠯᠡᠬᠦ ᠰᠠᠭᠤᠷᠢᠨ ᠭᠠᠵᠠᠷ᠎ᠢ ᠴᠣᠭᠴᠠᠯᠠᠨ ᠂  ᠬᠦᠬᠡᠬᠤᠲᠠ ᠂  ᠲᠦᠩᠯᠢᠶᠣᠣ ᠂  ᠤᠯᠠᠭ᠋ᠠᠨᠬᠠᠳᠠ ᠂  ᠪᠠᠶᠠᠨᠨᠠᠭᠤᠷ ᠵᠡᠷᠭᠡ ᠭᠠᠵᠠᠷ ᠣᠷᠣᠨ᠎ᠤ ᠲᠦᠭᠦᠬᠡᠢ ᠮᠠᠲ᠋ᠧᠷᠢᠶᠠᠯ᠎ᠤᠨ ᠡᠮ ᠪᠠ ᠬᠢᠮᠢ ᠵᠢᠨ ᠡᠮ᠎ᠤᠨ ᠬᠥᠭᠵᠢᠯᠲᠡ ᠵᠢ ᠲᠦᠷᠭᠡᠳᠬᠡᠵᠦ ᠂  ᠲᠦᠭᠦᠬᠡᠢ ᠮᠠᠲ᠋ᠧᠷᠢᠶᠠᠯ᠎ᠤᠨ ᠡᠮ᠎ᠢ ᠴᠢᠨᠠᠷ ᠴᠢᠨᠰᠠᠭ᠎ᠠ᠎ᠲᠠᠢ ᠪᠦᠲᠦᠭᠡᠭᠳᠡᠬᠦᠨ ᠡᠮ ᠪᠠ ᠨᠠᠢ᠌ᠷᠠᠯᠭ᠎ᠠ ᠲᠡᠢ᠌ᠰᠢ ᠬᠤᠪᠢᠷᠠᠭᠤᠯᠬᠤ ᠵᠢ ᠠᠬᠢᠭᠤᠯᠤᠨ ᠂  ᠴᠢᠨᠠᠬᠤ ᠡᠮ ᠂  ᠨᠠᠢ᠌ᠷᠠᠯᠭ᠎ᠠ ᠂  ᠵᠣᠷ᠎ᠤᠨ ᠮᠥᠬᠥᠯᠢᠭᠲᠦ ᠡᠮ᠎ᠤᠨ ᠣᠨᠴᠠᠯᠢᠭ ᠪᠦᠬᠦᠢ ᠬᠢᠲᠠᠳ ᠮᠣᠩᠭᠣᠯ ᠡᠮ᠎ᠤᠨ ᠠᠵᠤ ᠦᠢ᠍ᠯᠡᠰ᠎ᠤᠨ ᠬᠡᠯᠬᠢᠶ᠎ᠡ ᠵᠢ ᠴᠣᠭᠴᠠᠯᠠᠨ᠎ᠠ ᠃  ᠴᠠᠷᠳᠠᠭᠤᠯ ᠂  ᠣᠨᠴᠠᠭ᠋ᠠᠢ ᠵᠦᠢ᠍ᠯ᠎ᠤᠨ ᠠᠮᠢᠨᠤ᠋ ᠬᠦᠴᠢᠯ ᠂  ᠰᠦᠨ ᠬᠦᠴᠢᠯ᠎ᠤᠨ ᠪᠠᠺᠲ᠋ᠧᠷᠢ ᠵᠢᠴᠢ ᠲᠡᠭᠦᠨ᠎ᠤ ᠢᠰᠭᠡᠭᠰᠡᠨ ᠪᠦᠲᠦᠭᠡᠭᠳᠡᠬᠦᠨ᠎ᠤ ᠠᠵᠤ ᠦᠢ᠍ᠯᠡᠰ᠎ᠤᠨ ᠬᠡᠯᠬᠢᠶ᠎ᠡ ᠵᠢ ᠲᠡᠭᠦᠯᠳᠡᠷᠵᠢᠭᠦᠯᠦᠨ᠎ᠡ ᠃  ᠰᠢᠨ᠎ᠡ ᠬᠡᠯᠪᠡᠷᠢ ᠵᠢᠨ ᠬᠠᠢ᠌ᠯᠤᠰᠢ ᠵᠢᠨ ᠮᠠᠲ᠋ᠧᠷᠢᠶᠠᠯ᠎ᠤᠨ ᠲᠠᠯ᠎ᠠ᠎ᠪᠠᠷ ᠲᠡᠮᠦᠷ᠎ᠤᠨ ᠬᠠᠢ᠌ᠯᠤᠰᠢ ᠂  ᠪᠣᠯᠣᠳ ᠲᠡᠮᠦᠷ ᠂  ᠵᠡᠰ ᠂  ᠬᠥᠩᠭᠡᠨᠴᠠᠭ᠋ᠠᠨ ᠂  ᠯᠢᠲ᠋ᠢ ᠵᠡᠷᠭᠡ ᠡᠬᠢ ᠪᠠᠶᠠᠯᠢᠭ ᠪᠠ ᠠᠵᠤ ᠦᠢ᠍ᠯᠡᠰ᠎ᠤᠨ ᠳᠠᠪᠠᠭᠤᠯᠢᠭ᠎ᠢ ᠪᠠᠳᠠᠷᠠᠭᠤᠯᠵᠤ ᠂  ᠥᠨᠳᠥᠷ ᠴᠢᠳᠠᠮᠵᠢᠲᠤ ᠨᠡᠢ᠌ᠯᠡᠮᠡᠯ ᠮᠠᠲ᠋ᠧᠷᠢᠶᠠᠯ ᠲᠡᠢ᠌ᠰᠢ ᠬᠡᠯᠬᠢᠶ᠎ᠡ᠎ᠪᠠᠨ ᠤᠷᠲᠤᠳᠬᠠᠵᠤ ᠨᠥᠬᠥᠪᠦᠷᠢᠯᠡᠨ ᠂  ᠵᠠᠮ ᠬᠠᠷᠢᠯᠴᠠᠭ᠎ᠠ ᠂  ᠰᠠᠨᠰᠠᠷ ᠠᠶᠠᠯᠠᠯ ᠠᠭ᠋ᠠᠷ ᠠᠶᠠᠯᠠᠯ ᠂  ᠲᠣᠨᠤᠭ ᠲᠥᠬᠦᠭᠡᠷᠦᠮᠵᠢ ᠦᠢ᠍ᠯᠡᠳᠬᠦ ᠵᠡᠷᠭᠡ ᠬᠦᠷᠢᠶ᠎ᠡ ᠴᠠᠷᠠᠭ᠋ᠠᠨ᠎ᠳᠠᠬᠢ ᠬᠡᠷᠡᠭᠯᠡᠯᠲᠡ᠎ᠪᠠᠨ ᠥᠷᠭᠡᠳᠬᠡᠨ᠎ᠡ ᠃

      (ᠲᠠᠪᠤ) ᠲᠠᠷᠢᠶᠠᠯᠠᠩ ᠮᠠᠯ ᠠᠵᠤ ᠠᠬᠤᠢ ᠵᠢ ᠣᠳᠣᠬᠢᠴᠢᠯᠠᠭᠰᠠᠨ ᠲᠣᠮᠣ ᠠᠵᠤ ᠦᠢ᠍ᠯᠡᠰ ᠪᠣᠯᠭ᠋ᠠᠨ ᠴᠣᠭᠴᠠᠯᠠᠬᠤ᠎ᠪᠠᠷ ᠴᠢᠷᠮᠠᠢ᠌ᠵᠤ ᠂  ᠣᠳᠣᠬᠢᠴᠢᠯᠠᠭᠰᠠᠨ ᠰᠢᠨ᠎ᠡ ᠬᠥᠳᠡᠭᠡ ᠲᠤᠰᠬᠤᠨ ᠰᠢᠨ᠎ᠡ ᠮᠠᠯᠵᠢᠬᠤ ᠣᠷᠣᠨ᠎ᠢ ᠲᠦᠷᠭᠡᠳᠬᠡᠨ ᠪᠦᠲᠦᠭᠡᠨ ᠪᠠᠢ᠌ᠭᠤᠯᠤᠨ᠎ᠠ ᠃  ᠣᠨᠠᠯᠲᠠ ᠦᠢ᠍ᠯᠡᠳᠪᠦᠷᠢᠯᠡᠬᠦ ᠴᠢᠳᠠᠮᠵᠢ ᠂  ᠦᠢ᠍ᠯᠡᠳᠪᠦᠷᠢᠯᠡᠯ ᠠᠮᠢ ᠠᠬᠤᠢ ᠂  ᠤᠨᠠᠯᠲᠠ ᠭᠠᠷᠤᠯᠲᠠ ᠪᠠ ᠣᠷᠣᠯᠭ᠎ᠠ ᠵᠢᠨ ᠨᠡᠮᠡᠭᠳᠡᠯ᠎ᠢ ᠬᠠᠮᠲᠤ᠎ᠳᠤ᠎ᠨᠢ ᠠᠳᠬᠤᠬᠤ ᠵᠢ ᠪᠠᠷᠢᠮᠲᠠᠯᠠᠵᠤ ᠂  ᠥᠩ ᠰᠢᠮᠡᠯᠢᠭ ᠬᠥᠷᠥᠰᠥ ᠰᠢᠷᠣᠢ ᠂  ᠥᠷᠭᠡᠨ ᠠᠭᠤᠳᠠᠮ ᠲᠠᠯ᠎ᠠ ᠨᠤᠲᠤᠭ ᠂  ᠲᠤᠩᠭ᠋ᠠᠯᠠᠭ ᠴᠡᠩᠭᠡᠭ ᠭᠣᠣᠯ᠎ᠤᠨ ᠤᠰᠤ ᠵᠢ ᠦᠢ᠍ᠯᠡᠳᠪᠦᠷᠢᠯᠡᠯ᠎ᠤᠨ ᠬᠦᠴᠦᠨ ᠪᠠ ᠥᠷᠢᠰᠦᠯᠳᠦᠬᠦ ᠬᠦᠴᠦᠨ ᠪᠣᠯᠭ᠋ᠠᠨ ᠬᠤᠪᠢᠷᠠᠭᠤᠯᠬᠤ᠎ᠪᠠᠷ ᠴᠢᠷᠮᠠᠢ᠌ᠵᠤ ᠂  ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠬᠥᠳᠡᠭᠡ ᠲᠤᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ ᠃

       ᠨᠢᠭᠡᠴᠢ ᠤᠨᠠᠯᠲᠠ ᠵᠢ ᠲᠡᠬᠡᠭᠰᠢᠯᠡᠬᠦᠯᠬᠦ ᠠᠵᠢᠯᠯᠠᠭ᠋ᠠᠨ᠎ᠢ ᠶᠡᠬᠡ᠎ᠪᠠᠷ ᠬᠡᠷᠡᠭᠵᠢᠭᠦᠯᠦᠨ᠎ᠡ ᠃  ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠪᠠᠲᠤ ᠰᠠᠬᠢᠵᠤ ᠂  ᠠᠮᠤ ᠪᠤᠳᠠᠭ᠎ᠠ ᠲᠠᠷᠢᠬᠤ ᠲᠠᠯᠠᠪᠠᠢ ᠵᠢ ᠲᠣᠭᠲᠠᠪᠤᠷᠢᠵᠢᠭᠤᠯᠤᠨ ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 850 ᠲᠦᠮᠡᠨ ᠮᠦ᠍ ᠂  ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ 2500 ᠲᠦᠮᠡᠨ ᠮᠦ᠍ ᠰᠢᠨ᠎ᠡ᠎ᠪᠠᠷ ᠪᠠᠢ᠌ᠭᠤᠯᠵᠤ ᠂  ᠪᠡᠯᠡᠳᠬᠡᠮᠵᠢᠲᠦ ᠲᠠᠷᠢᠶᠠᠯᠠᠩ᠎ᠢ 25 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠦᠨ ᠂  ᠭᠣᠣᠯ ᠪᠣᠯᠬᠤ ᠲᠠᠷᠢᠮᠠᠯ᠎ᠤᠨ ᠨᠢᠭᠡᠴᠢ ᠤᠨᠠᠯᠲᠠ ᠵᠢ᠎ᠨᠢ ᠳᠡᠭᠡᠭᠰᠢᠯᠡᠭᠦᠯᠦᠭᠰᠡᠨ ᠵᠢᠱ᠌ᠢᠶ᠎ᠡ ᠦᠵᠡᠬᠦᠯᠬᠦ ᠲᠣᠭᠣᠷᠢᠭ᠎ᠢ 1000 ᠲᠦᠮᠡᠨ ᠮᠦ᠍ ᠂ 《ᠲᠤᠨ ᠤᠨᠠᠯᠲᠠ᠎ᠲᠠᠢ ᠲᠠᠷᠢᠶ᠎ᠡ 》 ᠵᠢ 900 ᠲᠦᠮᠡᠨ ᠮᠦ᠍ ᠴᠣᠭᠴᠠᠯᠠᠵᠤ ᠂  ᠠᠮᠤ ᠪᠤᠳᠠᠭ᠎ᠠ ᠮᠢᠬ᠎ᠠ ᠰᠦᠨ᠎ᠤ ᠭᠠᠷᠤᠯᠲᠠ ᠵᠢ ᠲᠤᠰ ᠲᠤᠰ 800 ᠳ᠋ᠦᠩᠰᠢᠭᠤᠷ ᠵᠢᠩ ᠂ 60 ᠳ᠋ᠦᠩᠰᠢᠭᠤᠷ ᠵᠢᠩ ᠂ 160 ᠳ᠋ᠦᠩᠰᠢᠭᠤᠷ ᠵᠢᠩ᠎ᠠᠴᠠ ᠳᠡᠭᠡᠭᠰᠢ᠎ᠳᠤ  ᠲᠣᠭᠲᠠᠪᠤᠷᠢᠵᠢᠭᠤᠯᠤᠨ᠎ᠠ ᠃

       ᠪᠡᠯᠴᠢᠭᠡᠷ᠎ᠤᠨ ᠮᠠᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ᠎ᠨᠢ ᠲᠦᠷᠭᠡᠳᠬᠡᠨ ᠠᠬᠢᠭᠤᠯᠤᠨ᠎ᠠ ᠃  ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠵᠢᠨ ᠵᠠᠩᠭᠢᠯᠠᠭ᠎ᠠ᠎ᠨᠢ ᠦᠢ᠍ᠯᠡᠳᠪᠦᠷᠢᠯᠡᠯ᠎ᠤᠨ ᠠᠷᠭ᠎ᠠ ᠮᠠᠶᠢᠭ ᠵᠶ᠋ᠠᠨ ᠬᠤᠪᠢᠷᠠᠭᠤᠯᠬᠤ᠎ᠳᠤ ᠪᠠᠢ᠌ᠬᠤ ᠶᠤᠮ ᠃  ᠲᠤᠷᠰᠢᠯᠲᠠ ᠵᠢᠨ ᠴᠡᠭ᠎ᠤᠨ ᠬᠣᠰᠢᠭᠤ ᠰᠢᠶᠠᠨ᠎ᠤ ᠲᠤᠷᠰᠢᠯᠭ᠎ᠠ ᠵᠢ ᠭᠦᠨᠵᠡᠭᠡᠢ ᠳ᠋ᠦᠩᠨᠡᠵᠦ ᠂  ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠱᠠᠩᠨᠠᠯ᠎ᠤᠨ ᠲᠦᠷᠦ ᠵᠢᠨ ᠪᠣᠳᠣᠯᠭ᠎ᠠ ᠵᠢ ᠬᠦᠷᠲᠡᠵᠦ ᠪᠠᠢ᠌ᠭ᠎ᠠ ᠬᠣᠰᠢᠭᠤ ᠰᠢᠶᠠᠨ᠎ᠳᠤ ᠪᠦᠭᠦ ᠲᠠᠯ᠎ᠠ᠎ᠪᠠᠷ ᠳᠡᠯᠭᠡᠷᠡᠭᠦᠯᠦᠨ ᠂  ᠪᠦᠬᠦᠯᠢ ᠪᠠᠢ᠍ᠢ᠍ᠭᠤᠯᠤᠮᠵᠢᠲᠤ ᠳᠦᠷᠢᠮ ᠪᠦᠬᠦᠢ ᠪᠡᠯᠴᠢᠭᠡᠷᠯᠡᠭᠦᠯᠬᠦ ᠵᠢ ᠵᠣᠭᠰᠤᠭ᠋ᠠᠬᠤ ᠲᠤᠷᠰᠢᠯᠲᠠ ᠵᠢᠨ ᠴᠡᠭ᠎ᠤᠨ ᠠᠵᠢᠯ᠎ᠢ ᠵᠡᠷᠭᠡ᠎ᠳᠤ᠎ᠨᠢ ᠥᠷᠨᠢᠭᠦᠯᠵᠦ ᠂  ᠬᠠᠰᠢᠶᠠᠯᠠᠨ ᠲᠡᠵᠢᠭᠡᠬᠦ ᠪᠠ ᠬᠠᠭ᠋ᠠᠰ ᠬᠠᠰᠢᠶᠠᠯᠠᠨ ᠲᠡᠵᠢᠭᠡᠬᠦ ᠂  ᠨᠠᠢ᠌ᠳᠠᠨ ᠬᠠᠮᠢᠶᠠᠷᠤᠭᠤᠯᠬᠤ ᠪᠠ ᠣᠷᠣᠯᠠᠨ ᠲᠡᠵᠢᠭᠡᠬᠦ ᠵᠡᠷᠭᠡ ᠬᠡᠪ ᠵᠠᠭᠪᠤᠷ᠎ᠢ ᠲᠤᠬᠠᠢ ᠵᠢᠨ ᠭᠠᠵᠠᠷ᠎ᠲᠤ᠎ᠨᠢ ᠲᠣᠬᠢᠷᠠᠭᠤᠯᠵᠤ ᠳᠡᠯᠭᠡᠷᠡᠭᠦᠯᠦᠨ ᠂  ᠮᠡᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠠᠷᠭ᠎ᠠ ᠮᠠᠶᠢᠭ᠎ᠢ 《ᠤᠯᠠᠨ ᠲᠡᠵᠢᠭᠡᠬᠦ 》᠎ᠠᠴᠠ 《ᠨᠠᠷᠢᠯᠢᠭ ᠠᠷᠠᠴᠢᠯᠠᠬᠤ 》  ᠲᠡᠢ᠌ᠰᠢ ᠬᠤᠪᠢᠷᠠᠭᠤᠯᠬᠤ ᠵᠢ ᠎ᠨᠢ ᠠᠬᠢᠭᠤᠯᠵᠤ ᠂  ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠳᠤ᠎ᠨᠢ ᠬᠡᠷᠡᠭᠯᠡᠵᠦ ᠪᠠᠢ᠌ᠭ᠋ᠠᠳ ᠲᠠᠷᠢᠶᠠᠴᠢᠨ ᠮᠠᠯᠴᠢᠳ᠎ᠤᠨ 《ᠪᠡᠯᠴᠢᠭᠡᠷᠯᠡᠭᠦᠯᠬᠦ ᠵᠢ᠎ᠨᠢ ᠵᠣᠭᠰᠣᠭ᠋ᠠᠭᠰᠠᠨ ᠴᠤ᠌ ᠣᠷᠣᠯᠭ᠎ᠠ ᠵᠢ᠎ᠨᠢ ᠬᠠᠰᠤᠭᠳᠠᠭᠤᠯᠬᠤ ᠦᠭᠡᠢ 》  ᠪᠠᠢ᠌ᠬᠤ᠎ᠳᠤ ᠪᠠᠲᠤᠯᠠᠭ᠎ᠠ ᠬᠠᠩᠭ᠋ᠠᠵᠤ ᠂  ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠵᠢ 500 ᠲᠦᠮᠡ ᠺᠦᠸᠠᠳ᠋ ᠮᠧᠲᠷ᠎ᠠᠴᠠ ᠳᠡᠭᠡᠭᠰᠢ ᠰᠢᠨ᠎ᠡ᠎ᠪᠠᠷ ᠪᠠᠢ᠌ᠭᠤᠯᠤᠨ ᠂  ᠪᠡᠯᠡᠳᠬᠡᠮᠵᠢᠲᠦ ᠮᠠᠯ ᠠᠵᠤ ᠠᠬᠤᠢ ᠵᠢᠨ ᠲᠡᠵᠢᠭᠡᠨ ᠦᠷᠡᠵᠢᠭᠦᠯᠬᠦ ᠬᠤᠪᠢ ᠵᠢᠨ ᠵᠢᠩ᠎ᠢ 75%᠎ᠳᠤ ᠬᠦᠷᠦᠭᠦᠯᠬᠦ᠎ᠪᠠᠷ ᠬᠦᠴᠦᠯᠡᠨ ᠴᠢᠷᠮᠠᠢ᠌ᠵᠤ ᠂  ᠪᠠᠢ᠌ᠭ᠋ᠠᠯᠢᠯᠢᠭ ᠨᠤᠲᠤᠭ ᠪᠡᠯᠴᠢᠭᠡᠷ᠎ᠲᠠᠬᠢ ᠮᠠᠯ ᠪᠡᠯᠴᠢᠭᠡᠷ᠎ᠢ ᠲᠡᠩᠴᠡᠭᠦᠷᠢᠲᠡᠢ ᠪᠠᠢ᠌ᠯᠭ᠋ᠠᠬᠤ ᠵᠢᠭ᠋ᠠᠯᠲᠠ ᠲᠣᠭ᠎ᠠ ᠵᠢ ᠳᠣᠷᠣᠭᠰᠢᠯᠠᠭᠤᠯᠤᠭ᠋ᠠᠳ 10% ᠬᠦᠷᠬᠦ ᠦᠭᠡᠢ ᠪᠣᠯᠭ᠋ᠠᠨ᠎ᠠ ᠃

       ᠮᠠᠨ᠎ᠤ ᠣᠷᠣᠨ᠎ᠤ ᠮᠠᠰᠢ ᠤᠯᠠᠨ ᠰᠠᠢ᠌ᠨ ᠵᠦᠢ᠍ᠯ ᠦᠨ᠎ᠡ ᠭᠠᠷᠴᠤ ᠲᠡᠢ᠍ᠢ᠍ᠯᠬᠦ ᠦᠭᠡᠢ ᠪᠠᠢ᠌ᠭ᠎ᠠ ᠵᠢᠨ  ᠵᠠᠩᠭᠢᠯᠠᠭ᠎ᠠ᠎ᠨᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ᠎ᠪᠠᠷ ᠬᠦᠷᠦᠯᠴᠡᠬᠦ ᠦᠭᠡᠢ᠎ᠳᠤ ᠪᠠᠢ᠌ᠬᠤ ᠶᠤᠮ ᠃  ᠨᠢᠭᠡ ᠲᠠᠯ᠎ᠠ᠎ᠪᠠᠷ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠠᠳᠬᠤᠵᠤ ᠂  ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠢ ᠡᠳ᠋ᠰᠢᠭᠦᠯᠦᠨ ᠪᠤᠯᠪᠠᠰᠤᠷᠠᠭᠤᠯᠬᠤ ᠦᠢ᠍ᠯᠡᠰ ᠵᠶ᠋ᠠᠨ ᠪᠣᠢ᠌ᠵᠢᠭᠤᠯᠤᠨ ᠪᠤᠵᠠᠭ᠋ᠠᠢ᠌ᠷᠠᠭᠤᠯᠬᠤ ᠠᠵᠢᠯᠯᠠᠭ᠋ᠠᠨ᠎ᠢ ᠥᠷᠨᠢᠭᠦᠯᠦᠨ ᠂  ᠴᠠᠭ᠋ᠠᠨ ᠢᠳᠡᠭᠡ ᠂  ᠦᠬᠡᠷ ᠬᠤᠨᠢᠨ᠎ᠤ ᠮᠢᠬ᠎ᠠ ᠵᠡᠷᠭᠡ 10 ᠲᠦᠷᠦᠯ ᠢᠯᠭ᠋ᠠᠯ᠎ᠤᠨ ᠲᠣᠭᠣᠷᠢᠨ᠎ᠳᠤ ᠂  ᠬᠡᠯᠬᠢᠶᠡᠨ᠎ᠤ ᠭᠣᠣᠯ ᠪᠣᠯᠬᠤ ᠠᠵᠤ ᠠᠬᠤᠢ᠌ᠯᠠᠯ ᠂  ᠬᠥᠲᠥᠴᠢ ᠠᠵᠤ ᠠᠬᠤᠢ᠌ᠯᠠᠯ᠎ᠢ ᠶᠡᠬᠡ᠎ᠪᠠᠷ ᠣᠷᠣᠭᠤᠯᠤᠨ ᠠᠪᠴᠢᠷᠠᠬᠤ ᠪᠠ ᠪᠣᠢ᠌ᠵᠢᠭᠤᠯᠵᠤ ᠂  ᠠᠵᠤ ᠦᠢ᠍ᠯᠡᠰ᠎ᠤᠨ ᠬᠡᠯᠬᠢᠶᠡᠨ᠎ᠤ ᠲᠡᠭᠦᠰᠬᠡᠯ ᠦᠵᠦᠭᠦᠷ ᠪᠠ ᠳᠡᠭᠡᠳᠦ ᠦᠵᠦᠭᠦᠷ ᠲᠡᠢ᠌ᠰᠢ ᠤᠷᠲᠤᠳᠬᠠᠬᠤ ᠵᠢ ᠠᠬᠢᠭᠤᠯᠤᠨ ᠂  ᠭᠣᠣᠯ ᠪᠣᠯᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠵᠦ ᠤᠯᠠᠷᠢᠭᠤᠯᠬᠤ ᠨᠤᠷᠮ᠎ᠠ ᠵᠢ 75%᠎ᠠᠴᠠ ᠳᠡᠭᠡᠭᠰᠢ᠎ᠳᠤ ᠬᠦᠷᠦᠭᠦᠯᠬᠦ᠎ᠪᠠᠷ ᠬᠦᠴᠦᠯᠡᠨ ᠴᠢᠷᠮᠠᠢ᠌ᠨ᠎ᠠ ᠃  ᠨᠦᠭᠦᠬᠡ ᠲᠠᠯ᠎ᠠ᠎ᠪᠠᠷ ᠨᠡᠷᠡᠳᠦ ᠲᠡᠮᠳᠡᠭ᠎ᠢ ᠡᠵᠡᠩᠨᠡᠨ ᠪᠣᠷᠣᠯᠠᠭᠤᠯᠬᠤ ᠵᠢ ᠠᠳᠬᠤᠨ ᠂ 《ᠥᠪᠥᠷ ᠮᠣᠩᠭᠣᠯ 》  ᠨᠡᠷᠡᠮᠵᠢᠲᠦ ᠲᠡᠮᠳᠡᠭ᠎ᠤᠨ ᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠥᠷᠭᠡᠵᠢᠭᠦᠯᠵᠦ ᠂  ᠰᠣᠳᠣᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠢ᠍ᠢ᠍ᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭ ᠪᠠ ᠠᠵᠤ ᠠᠬᠤᠢ᠌ᠯᠠᠯ᠎ᠤᠨ ᠪᠦᠲᠦᠭᠡᠭᠳᠡᠬᠦᠨ᠎ᠤ ᠨᠡᠷᠡᠲᠦ ᠲᠡᠮᠳᠡᠭ ᠵᠶ᠋ᠠᠨ ᠦᠷᠭᠦᠯᠵᠢᠯᠡᠨ ᠬᠦᠴᠦᠷᠬᠡᠭᠵᠢᠭᠦᠯᠵᠦ ᠂  ᠨᠢᠭᠡ ᠪᠦᠯᠦᠭ ᠡᠵᠡᠩᠨᠡᠨ ᠪᠣᠷᠣᠯᠠᠭᠤᠯᠬᠤ ᠲᠥᠪ ᠪᠠ ᠤᠷᠢᠳᠠᠴᠢ ᠰᠠᠩ᠎ᠢ ᠪᠦᠭᠦ ᠤᠯᠤᠰ᠎ᠲᠤ ᠬᠠᠨᠳᠤᠭᠤᠯᠵᠤ ᠪᠠᠢ᠌ᠷᠢᠰᠢᠭᠤᠯᠤᠨ ᠂  ᠲᠠᠯ᠎ᠠ ᠨᠤᠲᠤᠭ᠎ᠤᠨ ᠰᠠᠢ᠌ᠬᠠᠨ ᠦᠨᠦᠷ ᠠᠮᠲᠠ ᠵᠢ ᠪᠦᠭᠦ ᠤᠯᠤᠰ᠎ᠲᠤ ᠠᠩᠬᠢᠯᠤᠭᠤᠯᠤᠨ᠎ᠠ ᠃

       ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠵᠢᠨ ᠨᠢᠭᠡ ᠦᠵᠦᠭᠦᠷ᠎ᠨᠢ ᠬᠥᠭᠵᠢᠯᠲᠡ ᠵᠢᠨ ᠶᠡᠬᠡ ᠲᠠᠯ᠎ᠠ᠎ᠲᠠᠢ ᠬᠣᠯᠪᠣᠯᠳᠤᠵᠤ ᠂  ᠨᠦᠭᠦᠬᠡ ᠦᠵᠦᠭᠦᠷ᠎ᠨᠢ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠲᠠᠢ ᠬᠣᠯᠪᠣᠯᠳᠤᠵᠤ ᠪᠠᠢ᠌ᠳᠠᠭ ᠃ 《ᠮᠢᠩᠭ᠎ᠠ ᠲᠦᠮᠡ ᠵᠢᠨ ᠢᠨᠵᠧᠨᠧᠷᠢᠩ 》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ ᠂  ᠳ᠋ᠢᠬᠢᠲ ᠬᠥᠳᠡᠭᠡ ᠲᠤᠰᠬᠤᠨ ᠵᠶ᠋ᠠᠷ ᠲᠠᠷᠢᠶᠠᠯᠠᠩ᠎ᠢ ᠬᠦᠴᠦᠷᠬᠡᠭᠵᠢᠭᠦᠯᠬᠦ ᠲᠠᠷᠢᠶᠠᠴᠢᠳ᠎ᠲᠤ ᠠᠰᠢᠭ ᠬᠦᠷᠲᠡᠭᠡᠬᠦ ᠲᠠᠷᠢᠶᠠᠴᠢᠳ᠎ᠢ ᠪᠠᠶᠠᠵᠢᠭᠤᠯᠬᠤ ᠲᠤᠰᠬᠠᠢ ᠠᠵᠢᠯᠯᠠᠭ᠋ᠠᠨ᠎ᠢ ᠬᠡᠷᠡᠭᠵᠢᠭᠦᠯᠦᠨ ᠂  ᠪᠤᠴᠠᠭ᠋ᠠᠳ ᠶᠠᠳᠠᠭᠤᠷᠠᠬᠤ ᠵᠢ ᠰᠡᠷᠭᠡᠢ᠌ᠯᠡᠬᠦ ᠠᠵᠢᠯ ᠣᠯᠭᠣᠯᠲᠠ ᠵᠢᠨ ᠰᠢᠪᠲᠤᠯᠤᠯᠲᠠ ᠵᠢᠨ ᠠᠵᠢᠯᠯᠠᠭ᠋ᠠᠨ᠎ᠢ ᠭᠦᠨᠵᠡᠭᠡᠢ ᠥᠷᠨᠢᠭᠦᠯᠵᠦ ᠂  ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ ᠵᠶ᠋ᠠᠨ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ ᠂  ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠲᠠᠷᠢᠶᠠᠴᠢᠨ ᠮᠠᠯᠴᠢᠳ᠎ᠤᠨ ᠬᠥᠮᠥᠨ ᠳᠤᠮᠳᠠᠴᠢ ᠵᠢᠨ ᠡᠵᠡᠮᠳᠡᠬᠦᠢ᠌ᠴᠡ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ ᠵᠢ ᠪᠦᠭᠦ ᠣᠷᠣᠨ ᠪᠠ ᠪᠦᠭᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠳᠣᠣᠷ᠎ᠠ ᠦᠭᠡᠢ ᠪᠠᠢ᠌ᠯᠭ᠋ᠠᠬᠤ ᠵᠢ ᠦᠨᠡᠨ ᠬᠦ᠌ ᠪᠠᠲᠤᠯᠠᠵᠤ ᠂  ᠬᠡᠪᠴᠢᠶᠡᠵᠢᠯ᠎ᠤᠨ ᠴᠢᠨᠠᠷᠲᠠᠢ ᠪᠤᠴᠠᠭ᠋ᠠᠳ ᠶᠠᠳᠠᠭᠤᠷᠠᠬᠤ ᠪᠠ ᠶᠠᠳᠠᠭᠤᠷᠠᠬᠤ ᠪᠠᠢ᠌ᠳᠠᠯ ᠦᠯᠦ ᠡᠭᠦᠰᠬᠦ ᠬᠣᠷᠢᠭ᠎ᠠ ᠱᠤᠭᠤᠮ᠎ᠢ ᠪᠠᠲᠤ ᠰᠠᠬᠢᠨ᠎ᠠ ᠃  ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ ᠲᠤᠯᠤᠭᠰᠠᠨ᠎ᠤ ᠳᠠᠷᠠᠭ᠎ᠠ ᠠᠬᠢᠭ᠋ᠠᠳ 30 ᠵᠢᠯ ᠤᠷᠲᠤᠳᠬᠠᠬᠤ ᠲᠤᠷᠰᠢᠯᠲᠠ ᠵᠢᠨ ᠴᠡᠭ᠎ᠤᠨ ᠠᠵᠢᠯ᠎ᠢ ᠯᠠᠪᠳᠠᠭᠤᠨ ᠠᠬᠢᠭᠤᠯᠵᠤ ᠂  ᠣᠢ ᠰᠢᠭᠤᠢ ᠂  ᠲᠠᠷᠢᠶᠠᠯᠠᠩ᠎ᠤᠨ ᠬᠠᠭ᠋ᠠᠯᠪᠤᠷᠢᠯᠠᠯᠲᠠ ᠪᠠ ᠬᠠᠩᠭ᠋ᠠᠨ ᠪᠣᠷᠣᠯᠠᠭᠤᠯᠬᠤ ᠬᠤᠷᠰᠢᠶ᠎ᠠ ᠵᠡᠷᠭᠡ ᠲᠠᠯ᠎ᠠ ᠵᠢᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ ᠃  ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠬᠥᠭᠵᠢᠭᠦᠯᠬᠦ᠎ᠪᠠᠷ ᠳᠠᠮᠵᠢᠭᠤᠯᠤᠨ ᠰᠢᠶᠠᠨ᠎ᠤ ᠬᠡᠪᠴᠢᠶᠡᠨ᠎ᠤ ᠠᠵᠤ ᠠᠬᠤᠢ ᠵᠢ ᠪᠤᠵᠠᠭ᠋ᠠᠢ᠌ᠷᠠᠭᠤᠯᠤᠨ᠎ᠠ ᠂  ᠬᠦᠷᠢᠶ᠎ᠡ ᠬᠠᠰᠢᠶᠠᠨ᠎ᠤ ᠠᠵᠤ ᠠᠬᠤᠢ ᠂  ᠤᠢ ᠵᠢᠨ ᠬᠣᠷᠮᠣᠢ ᠵᠢᠨ ᠠᠵᠤ ᠠᠬᠤᠢ ᠂  ᠠᠷᠠᠳ᠎ᠤᠨ ᠭᠡᠷ ᠪᠠᠭᠤᠳᠠᠯ᠎ᠤᠨ ᠠᠵᠤ ᠠᠬᠤᠢ ᠵᠢ ᠬᠥᠭᠵᠢᠭᠦᠯᠦᠨ ᠂ 《ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ 》  ᠬᠡᠪᠴᠢᠶ᠎ᠡ ᠵᠢ ᠥᠷᠭᠡᠳᠬᠡᠵᠦ ᠂ 《ᠭᠤᠷᠪᠠᠨ ᠤᠮᠠᠷᠠᠲᠤ 》 ᠵᠢᠨ  ᠢᠨᠵᠧᠨᠧᠷᠢᠩ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠡᠷᠭᠡ ᠵᠢ 《ᠠᠷᠠᠳ᠎ᠢ ᠪᠠᠶᠠᠵᠢᠭᠤᠯᠬᠤ ᠢᠨᠵᠧᠨᠧᠷᠢᠩ 》  ᠪᠣᠯᠭ᠋ᠠᠵᠤ ᠂  ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠣᠢ᠌ᠷ᠎ᠠ ᠬᠠᠪᠢ ᠲᠤᠬᠠᠢ ᠵᠢᠨ ᠭᠠᠵᠠᠷ᠎ᠲᠤ᠎ᠨᠢ ᠠᠵᠢᠯᠴᠢᠨ ᠡᠯᠰᠡᠭᠦᠯᠵᠦ ᠂  ᠣᠯᠠᠨ ᠲᠦᠮᠡᠨ᠎ᠳᠤ ᠣᠯᠠᠨ ᠠᠷᠭ᠎ᠠ ᠵᠠᠮ ᠵᠶ᠋ᠠᠷ ᠠᠵᠢᠯ ᠣᠯᠭᠣᠵᠤ ᠣᠷᠣᠯᠭ᠎ᠠ ᠵᠢ᠎ᠨᠢ ᠨᠡᠮᠡᠭᠳᠡᠭᠦᠯᠬᠦ᠎ᠪᠠᠷ ᠴᠢᠷᠮᠠᠢ᠌ᠨ᠎ᠠ ᠃  ᠰᠠᠭᠤᠷᠢ ᠪᠡᠯᠡᠳᠬᠡᠮᠵᠢ ᠵᠢ ᠬᠥᠳᠡᠭᠡ ᠲᠤᠰᠬᠤᠨ ᠲᠡᠢ᠌ᠰᠢ ᠤᠷᠲᠤᠳᠬᠠᠬᠤ ᠵᠢ ᠠᠬᠢᠭᠤᠯᠤᠨ᠎ᠠ ᠂  ᠤᠰᠤ ᠬᠡᠷᠡᠭᠯᠡᠬᠦ ᠂  ᠴᠠᠬᠢᠯᠭ᠋ᠠᠨ ᠬᠡᠷᠡᠭᠯᠡᠬᠦ ᠂  ᠲᠡᠷᠭᠡ ᠨᠡᠪᠲᠡᠷᠡᠭᠦᠯᠬᠦ ᠂  ᠰᠦᠯᠵᠢᠶ᠎ᠡ ᠨᠡᠪᠲᠡᠷᠡᠭᠦᠯᠬᠦ ᠵᠡᠷᠭᠡ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠨᠢᠭᠡᠳᠦᠯᠲᠡᠢ ᠲᠥᠯᠥᠪᠯᠡᠨ ᠰᠠᠢ᠌ᠲᠤᠷ ᠠᠳᠬᠤᠵᠤ ᠂  ᠬᠥᠳᠡᠭᠡ ᠲᠤᠰᠬᠤᠨ᠎ᠤ ᠵᠠᠰᠠᠮᠠᠯ ᠵᠠᠮ᠎ᠢ 5000 ᠺᠢᠯᠣᠮᠧᠲᠷ ᠰᠢᠨ᠎ᠡ᠎ᠪᠠᠷ ᠪᠦᠲᠦᠭᠡᠨ ᠪᠠᠢ᠌ᠭᠤᠯᠵᠤ ᠂ 《ᠭᠠᠴᠠᠭ᠎ᠠ ᠲᠤᠰᠬᠤᠨ᠎ᠳᠤ ᠲᠦᠷᠭᠡᠨ ᠢᠯᠡᠭᠡᠯᠲᠡ᠎ᠲᠠᠢ ᠪᠣᠯᠭ᠋ᠠᠬᠤ 》  ᠨᠡᠪᠳᠡᠷᠡᠮᠵᠢ ᠵᠢ 97%᠎ᠠᠴᠠ ᠳᠡᠭᠡᠭᠰᠢ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ ᠂  ᠨᠥᠬᠥᠴᠡᠯ᠎ᠲᠠᠢ ᠭᠠᠵᠠᠷ ᠣᠷᠣᠨ᠎ᠤ ᠣᠯᠠᠨ ᠨᠡᠢ᠍ᠢ᠍ᠲᠡ ᠵᠢᠨ ᠴᠠᠬᠢᠯᠭ᠋ᠠᠨ ᠴᠡᠨᠡᠭᠯᠡᠬᠦ ᠪᠠ ᠰᠣᠯᠢᠬᠤ ᠪᠡᠯᠡᠳᠬᠡᠮᠵᠢ ᠪᠠᠢ᠍ᠢ᠍ᠭᠤᠯᠬᠤ ᠵᠢ ᠵᠣᠷᠢᠭᠵᠢᠭᠤᠯᠤᠨ᠎ᠠ ᠃  ᠬᠥᠳᠡᠭᠡ ᠲᠤᠰᠬᠤᠨ᠎ᠤ ᠣᠷᠴᠢᠨ ᠲᠣᠭᠣᠷᠢᠨ᠎ᠤ ᠵᠠᠰᠠᠯᠲᠠ ᠵᠢ ᠴᠢᠩᠭ᠋ᠠᠳᠬᠠᠨ᠎ᠠ ᠂  ᠲᠠᠷᠢᠶᠠᠯᠠᠩ᠎ᠤᠨ ᠤᠯᠠᠨ ᠡᠬᠢᠲᠦ ᠪᠣᠬᠢᠷᠳᠤᠯ ᠂  ᠠᠮᠢᠳᠤᠷᠠᠯ᠎ᠤᠨ ᠬᠣᠭ ᠨᠣᠪᠰᠢ ᠪᠠ ᠪᠣᠬᠢᠷ ᠤᠰᠤᠨ᠎ᠤ ᠵᠠᠰᠠᠯᠲᠠ ᠵᠢ ᠨᠢᠭᠡ ᠴᠣᠭᠴᠠᠵᠢᠭᠤᠯᠤᠨ ᠰᠠᠢ᠌ᠲᠤᠷ ᠠᠳᠬᠤᠵᠤ ᠂  ᠪᠣᠬᠢᠷᠲᠤᠭᠰᠠᠨ ᠲᠠᠷᠢᠶᠠᠯᠠᠬᠤ ᠭᠠᠵᠠᠷ᠎ᠢ ᠠᠮᠤᠷ ᠲᠦᠪᠰᠢᠨ ᠵᠶ᠋ᠠᠷ ᠠᠰᠢᠭᠯᠠᠬᠤ ᠨᠤᠷᠮ᠎ᠠ ᠵᠢ 98%᠎ᠠᠴᠠ ᠳᠡᠭᠡᠭᠰᠢ᠎ᠳᠤ ᠲᠣᠭᠲᠠᠪᠤᠷᠢᠵᠢᠭᠤᠯᠬᠤ ᠂  ᠮᠠᠯ ᠵᠢᠭᠦᠷᠲᠡᠨ᠎ᠤ ᠰᠢᠭᠡᠭ ᠰᠠᠩᠭ᠋ᠠᠰᠤ ᠵᠢ ᠶᠡᠷᠦᠩᠬᠡᠢ᠌ᠯᠡᠨ ᠠᠰᠢᠭᠯᠠᠬᠤ ᠨᠤᠷᠮ᠎ᠠ ᠵᠢ 83%᠎ᠠᠴᠠ ᠳᠡᠭᠡᠭᠰᠢ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ ᠂  ᠤᠯᠤᠰ᠎ᠤᠨ ᠳᠡᠰ᠎ᠤᠨ ᠦᠵᠡᠰᠬᠦᠯᠡᠩᠲᠦ ᠰᠡᠯᠡᠭᠦᠴᠡᠯ᠎ᠤᠨ ᠬᠥᠳᠡᠭᠡ ᠲᠤᠰᠬᠤᠨ ᠂  ᠨᠣᠭᠣᠭ᠋ᠠᠷᠠᠭᠤᠯᠵᠤ ᠭᠣᠶᠣᠵᠢᠭᠤᠯᠤᠭᠰᠠᠨ ᠵᠢᠱ᠌ᠢᠶ᠎ᠡ ᠦᠵᠡᠬᠦᠯᠬᠦ ᠭᠠᠴᠠᠭ᠎ᠠ ᠲᠤᠰᠬᠤᠨ᠎ᠢ ᠰᠠᠢ᠌ᠲᠤᠷ ᠡᠭᠦᠳᠦᠨ ᠪᠠᠢ᠌ᠭᠤᠯᠤᠨ᠎ᠠ ᠃

      (ᠵᠢᠷᠭᠤᠭ᠎ᠠ) ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠲᠡᠬᠡᠭᠰᠢᠯᠡᠬᠦᠯᠬᠦ ᠠᠵᠢᠯᠯᠠᠭ᠋ᠠᠨ ᠵᠶ᠋ᠠᠷ ᠬᠥᠲᠥᠯᠥᠨ ᠵᠢᠯᠣᠭᠣᠳᠤᠭᠤᠯᠵᠤ ᠂  ᠰᠣᠶᠣᠯ ᠵᠢᠭᠤᠯᠴᠢᠯᠠᠯ᠎ᠤᠨ ᠦᠢ᠍ᠯᠡᠰ᠎ᠢ ᠲᠤᠯᠭ᠋ᠠᠭᠤᠷᠢ ᠠᠵᠤ ᠦᠢ᠍ᠯᠡᠰ ᠪᠣᠯᠭ᠋ᠠᠨ ᠴᠣᠭᠴᠠᠯᠠᠨ᠎ᠠ ᠃  ᠤᠮᠠᠷᠠᠲᠤ ᠬᠢᠯᠢ ᠵᠢᠨ ᠰᠣᠶᠣᠯ ᠪᠣᠯ 《ᠤᠶᠤᠨ ᠰᠠᠨᠠᠭ᠋ᠠᠨ᠎ᠤ ᠪᠠᠶᠠᠨ ᠠᠭᠤᠷᠬᠠᠢ》 ᠶᠤᠮ᠂ ᠰᠣᠶᠣᠯ ᠵᠶ᠋ᠠᠷ ᠵᠢᠭᠤᠯᠴᠢᠯᠠᠯ᠎ᠢ ᠱᠤᠭᠤᠬᠤ᠂ ᠵᠢᠭᠤᠯᠴᠢᠯᠠᠯ ᠵᠶ᠋ᠠᠷ ᠰᠣᠶᠣᠯ᠎ᠢ ᠲᠣᠳᠣᠷᠠᠭᠤᠯᠬᠤ ᠵᠢ ᠪᠠᠷᠢᠮᠲᠠᠯᠠᠵᠤ᠂ ᠰᠣᠶᠣᠯ᠂ ᠵᠢᠭᠤᠯᠴᠢᠯᠠᠯ᠂ ᠪᠡᠶ᠎ᠡ ᠵᠢᠨ ᠲᠠᠮᠢᠷ᠂ ᠤᠷᠤᠯᠳᠤᠭ᠋ᠠᠨ᠎ᠤ ᠶᠠᠪᠤᠳᠠᠯ᠂ ᠤᠷᠠᠨ ᠲᠣᠨᠨᠯᠠᠯᠲᠠ᠂ ᠦᠵᠡᠭᠦᠯᠭᠡ᠂ ᠬᠤᠳᠠᠯᠳᠤᠭ᠎ᠠ ᠵᠢᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠬᠦᠴᠦᠷᠬᠡᠭ ᠣᠷᠣᠨ᠎ᠢ ᠲᠦᠷᠭᠡᠳᠬᠡᠨ ᠪᠦᠲᠦᠭᠡᠨ ᠪᠠᠢ᠌ᠭᠤᠯᠤᠨ᠎ᠠ᠃

       ᠤᠮᠠᠷᠠᠲᠤ ᠬᠢᠯᠢ ᠵᠢᠨ ᠰᠣᠶᠣᠯ᠎ᠳᠤ ᠥᠪᠥᠷ ᠮᠣᠩᠭᠣᠯ᠎ᠤᠨ ᠲᠡᠦᠬᠡ ᠬᠥᠮᠥᠨ ᠰᠣᠶᠣᠯ᠎ᠤᠨ ᠭᠤᠸ᠎ᠠ ᠰᠠᠢ᠌ᠬᠠᠨ ᠂  ᠦᠵᠡᠮᠵᠢ ᠵᠠᠩ ᠦᠢ᠍ᠯᠡ ᠵᠢᠨ ᠭᠤᠸ᠎ᠠ ᠰᠠᠢ᠌ᠬᠠᠨ ᠠᠭᠤᠯᠤᠭᠳᠠᠵᠤ ᠪᠠᠢ᠌ᠳᠠᠭ ᠂ 《ᠤᠮᠠᠷᠠᠲᠤ ᠬᠢᠯᠢ ᠵᠢᠨ ᠰᠣᠶᠣᠯ᠎ᠤᠨ ᠡᠬᠡ ᠤᠯᠤᠰ᠎ᠲᠠᠬᠢ ᠠᠶᠠᠯᠠᠯ 》᠎ᠤᠨ ᠠᠵᠢᠯᠯᠠᠭ᠎ᠠ ᠵᠢ ᠦᠷᠬᠦᠯᠵᠢᠯᠡᠨ ᠥᠷᠨᠢᠭᠦᠯᠵᠦ ᠂  ᠤᠯᠠᠭ᠋ᠠᠨᠮᠥ᠋ᠴᠢᠷ ᠵᠡᠷᠭᠡ ᠤᠷᠠᠯᠢᠭ᠎ᠤᠨ ᠪᠦᠯᠭᠦᠮ᠎ᠤᠨ ᠪᠦᠬᠦ ᠤᠯᠤᠰ ᠴᠢᠨᠠᠭᠰᠢᠯᠠᠪᠠᠯ ᠭᠠᠳᠠᠭ᠋ᠠᠳᠤ᠎ᠳᠤ  ᠭᠠᠷᠴᠤ ᠦᠵᠡᠭᠦᠯᠭᠡ ᠲᠣᠨᠨᠯᠠᠯᠲᠠ ᠭᠠᠷᠭ᠋ᠠᠬᠤ ᠵᠢ ᠳᠡᠮᠵᠢᠵᠦ ᠂  ᠮᠠᠨ᠎ᠤ ᠣᠷᠣᠨ᠎ᠤ ᠡᠯᠪᠡᠭ ᠪᠠᠶᠠᠯᠢᠭ ᠲᠡᠦᠬᠡ ᠰᠣᠶᠣᠯ᠎ᠤᠨ ᠥᠪ ᠪᠠ ᠬᠤᠪᠢᠰᠬᠠᠯ᠎ᠤᠨ ᠡᠬᠢ ᠪᠠᠶᠠᠯᠢᠭ᠎ᠢ ᠥᠷᠭᠡᠨ ᠵᠶ᠋ᠠᠷ ᠤᠬᠠᠭᠤᠯᠤᠨ ᠂  ᠤᠮᠠᠷᠠᠲᠤ ᠬᠢᠯᠢ ᠵᠢᠨ ᠰᠣᠶᠣᠯ᠎ᠤᠨ ᠥᠪᠡᠷᠮᠢᠴᠡ ᠷᠢᠳᠢ ᠰᠢᠳᠢ ᠵᠢ ᠭᠦᠢ᠍ᠴᠡᠳ ᠢᠯᠡᠷᠡᠭᠦᠯᠦᠨ᠎ᠡ ᠃  ᠲᠡᠦᠬᠡ ᠵᠢᠨ ᠳᠤᠷᠠᠰᠬᠠᠯᠲᠤ ᠵᠦᠢ᠍ᠯ ᠬᠠᠭᠤᠴᠢ ᠦᠯᠡᠳᠡᠭᠳᠡᠯ ᠪᠣᠯ ᠡᠪᠦᠭᠡ ᠳᠡᠭᠡᠳᠦᠰ᠎ᠤᠨ ᠥᠪᠯᠡᠵᠦ ᠦᠯᠡᠳᠡᠭᠡᠭᠰᠡᠨ ᠬᠣᠪᠣᠷ ᠨᠠᠨᠳᠢᠨ ᠥᠪ ᠬᠥᠷᠥᠩᠭᠡ ᠶᠤᠮ ᠂  ᠡᠷᠬᠡᠪᠰᠢ ᠰᠠᠢ᠌ᠲᠤᠷ ᠬᠠᠮᠠᠭ᠋ᠠᠯᠠᠵᠤ ᠂  ᠰᠠᠢ᠌ᠲᠤᠷ ᠵᠠᠯᠭ᠋ᠠᠮᠵᠢᠯᠠᠵᠤ ᠂  ᠰᠠᠢ᠌ᠲᠤᠷ ᠠᠰᠢᠭᠯᠠᠬᠤ ᠬᠡᠷᠡᠭᠲᠡᠢ ᠂  ᠳᠥᠷᠪᠡᠳᠦᠭᠡᠷ ᠤᠳᠠᠭ᠋ᠠᠨ᠎ᠤ ᠪᠦᠭᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ ᠂  ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠤᠷᠢᠳᠠᠴᠢ ᠬᠢᠨᠠᠨ ᠪᠠᠢ᠌ᠴᠠᠭ᠋ᠠᠯᠲᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ ᠂  ᠬᠠᠭᠤᠴᠢᠨ᠎ᠤ ᠰᠤᠳᠤᠯᠤᠯ᠎ᠤᠨ ᠡᠷᠴᠢᠮ ᠵᠶ᠋ᠠᠨ ᠴᠢᠩᠳᠠᠯᠠᠵᠤ ᠂  ᠬᠤᠩᠱ᠌ᠠᠨ ᠰᠣᠶᠣᠯ᠎ᠢ ᠥᠪ ᠵᠢᠨᠷ ᠬᠣᠯᠪᠤᠭ᠋ᠠᠯᠠᠨ ᠭᠤᠶᠤᠴᠢᠯᠠᠬᠤ ᠵᠢ  ᠠᠬᠢᠭᠤᠯᠤᠨ ᠂  ᠲᠣᠮᠳᠠᠳᠣ ᠵᠢᠨ ᠪᠣᠯᠪᠠᠰᠤᠨ᠎ᠤ ᠡᠬᠢ ᠡᠭᠦᠰᠦᠯ᠎ᠤᠨ ᠰᠦᠪᠡᠭᠴᠢᠯᠡᠯᠲᠡ᠎ᠳᠤ ᠬᠤᠪᠢ ᠨᠡᠮᠡᠷᠢ ᠦᠵᠡᠭᠦᠯᠦᠨ᠎ᠡ ᠃  ᠤᠳᠬ᠎ᠠ ᠤᠷᠠᠯᠢᠭ᠎ᠤᠨ ᠪᠦᠲᠦᠭᠡᠯ ᠪᠣᠯ ᠤᠮᠠᠷᠠᠲᠤ ᠬᠢᠯᠢ ᠵᠢᠨ ᠰᠣᠶᠣᠯ᠎ᠤᠨ ᠬᠠᠮᠤᠭ᠎ᠤᠨ ᠠᠮᠢᠳᠤᠯᠢᠭ ᠠᠴᠢᠶᠠᠯᠠᠪᠤᠷᠢ ᠪᠣᠯᠣᠨ᠎ᠠ ᠂  ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠭᠦᠮ ᠪᠠ ᠰᠣᠶᠣᠯ᠎ᠤᠨ ᠠᠵᠢᠯ ᠦᠢ᠍ᠯᠡᠰ᠎ᠤᠨ ᠨᠢᠭᠡᠴᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠠᠬᠢᠭᠤᠯᠵᠤ ᠂  ᠭᠣᠣᠯᠳᠠᠯᠭ᠎ᠠ᠎ᠲᠠᠢ ᠤᠳᠬ᠎ᠠ ᠤᠷᠠᠯᠢᠭ᠎ᠤᠨ ᠲᠦᠷᠦᠯ ᠵᠦᠢ᠍ᠯ ᠪᠠ ᠰᠣᠳᠣᠨ ᠪᠦᠲᠦᠭᠡᠯ᠎ᠢ ᠲᠡᠳᠬᠦᠨ ᠳᠡᠮᠵᠢᠬᠦ ᠂  ᠱᠠᠩᠨᠠᠨ ᠬᠥᠬᠢᠭᠦᠯᠬᠦ ᠡᠷᠴᠢᠮ ᠵᠶ᠋ᠠᠨ ᠴᠢᠩᠳᠠᠯᠠᠵᠤ ᠂  ᠤᠳᠬ᠎ᠠ ᠤᠷᠠᠯᠢᠭ᠎ᠤᠨ ᠠᠵᠢᠯᠲᠠᠳ᠎ᠤᠨ ᠵᠣᠬᠢᠶᠠᠨ ᠪᠦᠲᠦᠭᠡᠬᠦ ᠤᠷᠮ᠎ᠠ ᠵᠣᠷᠢᠭ᠎ᠢ ᠭᠦᠢ᠍ᠴᠡᠳ ᠬᠥᠭᠵᠢᠭᠡᠵᠦ ᠂  ᠨᠡᠩ ᠤᠯᠠᠨ ᠰᠣᠳᠣᠨ ᠪᠦᠲᠦᠭᠡᠯ ᠳᠣᠷᠪᠢᠯᠢᠭ ᠵᠣᠬᠢᠶᠠᠯ᠎ᠢ ᠪᠣᠢ ᠪᠣᠯᠭ᠋ᠠᠨ ᠂  ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠡᠩ ᠣᠯᠠᠨ ᠲᠣᠮᠣ ᠱᠠᠩᠨᠠᠯ᠎ᠢ ᠭᠦᠷᠲᠡᠬᠦ᠎ᠪᠠᠷ ᠮᠡᠷᠡᠢ᠌ᠨ ᠴᠢᠷᠮᠠᠢ᠌ᠨ᠎ᠠ ᠃  ᠣᠳᠣᠬᠠᠨ᠎ᠳᠤ ᠰᠣᠶᠣᠯ᠎ᠤᠨ ᠦᠵᠡᠰᠭᠦᠯᠡᠩ᠎ᠤᠨ ᠬᠠᠯᠠᠭᠤᠷᠠᠯ ᠂  ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷᠤᠰᠬᠠᠯ᠎ᠨᠢ ᠴᠠᠭ᠎ᠤᠨ ᠰᠢᠨ᠎ᠡ ᠥᠩᠭᠡ ᠪᠣᠯᠤᠭᠰᠠᠨ ᠪᠠᠢ᠌ᠨ᠎ᠠ ᠂  ᠡᠢ᠌ᠮᠦᠷᠬᠦᠦ ᠪᠠᠢ᠌ᠳᠠᠯ ᠬᠠᠨᠳᠤᠰᠢ᠎ᠲᠠᠢ ᠵᠣᠬᠢᠴᠠᠭᠤᠯᠤᠨ ᠂  ᠲᠣᠮᠣ ᠬᠡᠯᠪᠡᠷᠢ ᠵᠢᠨ ᠪᠠᠶᠠᠷ ᠳᠤᠷᠠᠰᠬᠠᠯ ᠂  ᠡᠯ᠎ᠡ ᠲᠦᠷᠦᠯ᠎ᠤᠨ ᠳᠡᠯᠭᠡᠨ ᠦᠵᠡᠭᠦᠯᠭᠡ ᠂  ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠳᠤ ᠤᠮᠠᠷᠠᠲᠤ ᠬᠢᠯᠢ ᠵᠢᠨ ᠰᠣᠶᠣᠯ᠎ᠤᠨ ᠡᠯᠧᠮᠧᠨ᠋ᠲ ᠪᠠ ᠢᠯᠡᠷᠬᠡᠢ᠌ᠯᠡᠯᠲᠦ ᠲᠡᠮᠳᠡᠭ᠎ᠢ ᠰᠢᠭᠢᠳᠬᠡᠵᠦ ᠂  ᠪᠦᠲᠦᠭᠡᠯᠴᠢ ᠵᠢᠷᠤᠭ ᠲᠥᠯᠥᠪᠯᠡᠭᠡ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠦᠴᠦᠨ ᠴᠢᠳᠠᠮᠵᠢ ᠵᠢ ᠡᠷᠴᠢᠮᠯᠡᠬᠦ᠎ᠪᠠᠨ ᠴᠢᠩᠭ᠋ᠠᠳᠬᠠᠨ ᠂  ᠥᠪᠡᠷᠮᠢᠴᠡ ᠬᠡᠪ ᠨᠠᠮᠪᠠ ᠪᠦᠬᠦᠢ ᠰᠣᠶᠣᠯ᠎ᠤᠨ 《ᠺᠠᠷᠲᠯᠠᠬᠤ ᠭᠠᠵᠠᠷ 》᠎ᠢ ᠨᠡᠩ ᠤᠯᠠᠨ ᠴᠣᠭᠴᠠᠯᠠᠨ᠎ᠠ ᠃

       ᠥᠪᠥᠷ ᠮᠣᠩᠭᠣᠯ᠎ᠳᠤ ᠡᠯᠪᠡᠭ ᠳᠡᠯᠪᠡᠭ ᠵᠢᠭᠤᠯᠴᠢᠯᠠᠯ᠎ᠤᠨ ᠡᠬᠢ ᠪᠠᠶᠠᠯᠢᠭ᠎ᠲᠠᠢ ᠂  ᠭᠡᠪᠡᠴᠦ 《ᠰᠠᠷᠬᠤᠳ᠎ᠤᠨ ᠠᠩᠬᠢᠯᠤᠮ᠎ᠠ ᠦᠨᠦᠷ ᠭᠤᠳᠤᠮᠵᠢ ᠵᠢᠨ ᠭᠦᠨ᠎ᠳᠤ ᠬᠠᠰᠢᠭᠳᠠᠵᠤ ᠮᠡᠳᠡᠨ᠎ᠡ 》᠂  ᠲᠠᠯ᠎ᠠ ᠨᠤᠲᠤᠭ ᠤᠢ ᠰᠢᠭᠤᠢ ᠂  ᠡᠯᠡᠰᠦᠨ ᠴᠦᠯ ᠭᠣᠪᠢ ᠪᠦᠷᠢᠳᠦ ᠂  ᠭᠣᠣᠯ ᠮᠥᠷᠡᠨ ᠨᠠᠭᠤᠷ ᠴᠦᠭᠦᠷᠦᠮ ᠨᠤᠭᠤ ᠭᠠᠵᠠᠷ ᠵᠡᠷᠭᠡ ᠭᠣᠢ᠌ᠳᠠ ᠰᠠᠢ᠌ᠬᠠᠨ ᠭᠠᠵᠠᠷ ᠵᠶ᠋ᠠᠨ ᠰᠠᠢ᠌ᠲᠤᠷ ᠤᠬᠠᠭᠤᠯᠵᠤ ᠂ 《ᠣᠷᠳᠣ ᠴᠠᠭ᠋ᠠᠨ ᠬᠡᠷᠡᠮ᠎ᠤᠨ ᠡᠮᠦᠨ᠎ᠡ ᠤᠮᠠᠷ᠎ᠠ ᠨᠤᠲᠤᠭ 》᠂ 《ᠦᠵᠡᠰᠬᠦᠯᠡᠩᠲᠦ ᠰᠠᠢ᠌ᠬᠠᠨ ᠮᠢᠨᠤ ᠨᠤᠲᠤᠭ 》  ᠵᠡᠷᠭᠡ ᠰᠠᠢ᠌ᠬᠠᠨ ᠦᠯᠢᠬᠡᠷ ᠵᠶ᠋ᠠᠨ ᠰᠠᠢ᠌ᠲᠤᠷ ᠢᠯᠡᠷᠡᠭᠦᠯᠵᠦ ᠂  ᠨᠡᠷᠡᠲᠦ ᠲᠡᠮᠳᠡᠭ ᠵᠶ᠋ᠠᠨ ᠬᠦᠴᠦᠷᠬᠡᠭᠵᠢᠭᠦᠯᠦᠨ ᠂  ᠡᠵᠡᠩᠨᠡᠯᠲᠡ ᠵᠢᠨ ᠪᠠᠢ᠌ᠳᠠᠯ ᠵᠶ᠋ᠠᠨ ᠨᠠᠷᠢᠯᠢᠭᠵᠢᠭᠤᠯᠵᠤ ᠂  ᠨᠡᠩ ᠤᠯᠠᠨ ᠬᠥᠮᠥᠰ᠎ᠢ ᠥᠪᠥᠷ ᠮᠣᠩᠭᠣᠯ᠎ᠳᠤ ᠲᠠᠲᠠᠨ ᠠᠪᠴᠢᠷᠠᠵᠤ ᠂  ᠥᠪᠥᠷ ᠮᠣᠩᠭᠣᠯ᠎ᠳᠤ ᠮᠠᠨᠢ ᠬᠠᠢ᠌ᠷᠠᠲᠠᠢ ᠪᠣᠯᠭ᠋ᠠᠨ ᠂  ᠵᠢᠭᠤᠯᠴᠢᠯᠠᠭᠴᠢᠳ᠎ᠤᠨ ᠲᠣᠭ᠎ᠠ ᠬᠡᠮᠵᠢᠶ᠎ᠡ ᠵᠢ 3 ᠳ᠋ᠦᠩᠰᠢᠭᠤᠷ ᠬᠥᠮᠥᠨ ᠤᠳᠠᠭ᠎ᠠ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠢ᠌ᠨ᠎ᠠ ᠃  ᠵᠢᠭᠤᠯᠴᠢᠯᠠᠯ᠎ᠤᠨ ᠷᠢᠳᠢ ᠰᠢᠳᠢ᠎ᠨᠢ ᠪᠡᠶᠡᠴᠢᠯᠡᠨ ᠣᠢ᠌ᠯᠠᠭ᠋ᠠᠬᠤ ᠲᠥᠷᠥᠭᠳᠡᠯ ᠰᠠᠢ᠌ᠨ ᠂  ᠪᠠᠶᠠᠷ ᠪᠠᠶᠠᠰᠤᠯ᠎ᠲᠠᠢ ᠵᠤᠭ᠋ᠠᠯᠠᠨ ᠨᠠᠭ᠋ᠠᠳᠬᠤ᠎ᠳᠤ ᠪᠣᠢ ᠂  ᠵᠢᠭᠤᠯᠴᠢᠯᠠᠯ᠎ᠤᠨ 《ᠲᠦᠷᠪᠡᠨ ᠭᠠᠵᠠᠷ 》᠎ᠤᠨ IP᠎ᠢ ᠲᠡᠰ ᠳᠡᠪᠰᠢᠭᠦᠯᠦᠨ ᠴᠣᠭᠴᠠᠯᠠᠵᠤ ᠂ 《ᠲᠦᠷᠪᠡᠨ ᠤᠯᠠᠷᠢᠯ 》 ᠵᠶ᠋ᠠᠷ ᠵᠤᠭ᠋ᠠᠴᠠᠨ ᠲᠣᠭᠣᠷᠢᠬᠤ ᠨᠡᠷ᠎ᠡ ᠵᠢᠨ ᠬᠠᠭᠤᠳᠠᠰᠤ ᠵᠢ ᠠᠯᠳᠠᠷᠰᠢᠭᠤᠯᠵᠤ ᠂  ᠣᠳᠣ ᠦᠶ᠎ᠡ ᠵᠢᠨ ᠲᠠᠯ᠎ᠠ ᠨᠤᠲᠤᠭ᠎ᠢ ᠢᠯᠡᠷᠡᠭᠦᠯᠬᠦ ᠠᠶᠠᠯᠠᠯ ᠂  ᠠᠯᠳᠠᠨ ᠰᠢᠷᠭ᠋ᠠᠯ ᠡᠯᠡᠰᠦᠨ ᠴᠥᠯ᠎ᠢ ᠲᠤᠭᠤᠯᠬᠤ ᠠᠶᠠᠯᠠᠯ ᠂  ᠮᠥᠰᠥ ᠴᠠᠰᠤᠨ᠎ᠤ ᠶᠢᠷᠲᠢᠨᠴᠦ ᠵᠢᠨ ᠳᠣᠮᠣᠭᠲᠤ ᠠᠶᠠᠯᠠᠯ ᠵᠡᠷᠭᠡ ᠵᠢᠭᠤᠯᠴᠢᠯᠠᠯ᠎ᠤᠨ ᠵᠠᠮ ᠱᠤᠭᠤᠮ᠎ᠢ ᠰᠢᠯᠢᠳᠡᠭᠵᠢᠭᠦᠯᠦᠨ ᠨᠠᠷᠢᠯᠢᠭᠵᠢᠭᠤᠯᠵᠤ ᠂  ᠭᠦᠬᠡᠬᠤᠲᠡ ᠵᠢᠨ ᠳᠠᠭᠤᠤ ᠬᠥᠭᠵᠢᠮ᠎ᠤᠨ ᠦᠳᠡᠰᠢᠯᠡᠭᠡ ᠪᠠ ᠣᠨ ᠰᠣᠯᠢᠭᠳᠠᠬᠤ ᠰᠥᠨᠢ ᠵᠢᠨ  ᠨᠠᠢ᠌ᠷ ᠂  ᠠᠯᠠᠱ᠌ᠠ ᠵᠢᠨ ᠪᠠᠭ᠋ᠠᠲᠤᠷᠴᠤᠳ᠎ᠤᠨ ᠴᠤᠭᠯᠠᠭ᠋ᠠᠨ ᠂  ᠬᠥᠯᠥᠨ ᠪᠦᠢ᠍ᠷ᠎ᠤᠨ ᠡᠪᠦᠯ᠎ᠤᠨ ᠤᠯᠠᠷᠢᠯ᠎ᠤᠨ ᠪᠠᠭ᠋ᠠᠲᠤᠷᠴᠤᠳ᠎ᠤᠨ ᠴᠤᠭᠯᠠᠭ᠋ᠠᠨ ᠂  ᠤᠯᠠᠭ᠋ᠠᠨᠴᠠᠪ᠎ᠤᠨ ᠦᠳᠡᠰᠢ ᠂  ᠣᠷᠳᠣᠰ᠎ᠤᠨ 《ᠲᠠᠯ᠎ᠠ ᠨᠤᠲᠤᠭ᠎ᠤᠨ ᠲᠣᠰᠬᠤᠨ᠎ᠤ ᠠᠯᠠᠭ᠋ᠠᠳᠠᠬᠤ ᠪᠥᠮᠪᠥᠭᠡ 》  ᠵᠡᠷᠭᠡ ᠨᠡᠷᠡᠲᠦ ᠲᠡᠮᠳᠡᠭ᠎ᠢ ᠡᠷᠬᠢᠯᠡᠨ ᠶᠠᠪᠤᠭᠳᠠᠭᠤᠯᠬᠤ ᠲᠤᠰᠤᠮ ᠴᠤᠤᠷᠢᠶᠠᠲᠤᠭᠤᠯᠤᠨ᠎ᠠ ᠃  ᠣᠨᠴᠠᠭ᠋ᠠᠢ᠌ᠯᠠᠨ 《ᠮᠠᠰᠢᠨ ᠪᠠᠷᠢᠵᠤ ᠬᠥᠳᠡᠭᠡ ᠲᠠᠯ᠎ᠠ᠎ᠪᠠᠷ ᠳᠠᠪᠬᠢᠭᠤᠯᠤᠨ ᠂  ᠥᠪᠥᠷ ᠮᠣᠩᠭᠣᠯ᠎ᠳᠤ ᠵᠢᠭᠤᠯᠴᠢᠯᠠᠨ ᠰᠠᠭᠤᠷᠢᠰᠢᠵᠠᠭ᠋ᠠᠶ᠎ᠠ 》  ᠠᠵᠢᠯᠯᠠᠭ᠎ᠠ ᠵᠢ ᠨᠠᠷᠢᠯᠢᠭ ᠤᠬᠠᠭ᠋ᠠᠯᠠᠨ ᠲᠥᠯᠥᠪᠯᠡᠵᠦ ᠂  ᠲᠣᠮᠳᠠᠲᠣ ᠤᠯᠤᠰ᠎ᠤᠨ ᠬᠠᠮᠤᠭ᠎ᠤᠨ ᠭᠤᠶᠤ ᠬᠢᠯᠢ ᠬᠢᠵᠠᠭ᠋ᠠᠷ᠎ᠤᠨ ᠵᠠᠮ 331 ᠵᠢ ᠴᠣᠭᠴᠠᠯᠠᠵᠤ ᠂  ᠵᠠᠮ ᠳᠠᠭ᠋ᠠᠤ ᠰᠠᠴᠤᠭᠳᠠᠭᠰᠠᠨ 《ᠰᠤᠪᠤᠳ 》᠎ᠢ 《ᠰᠣᠨᠳᠣᠷ 》  ᠪᠣᠯᠭ᠋ᠠᠨ ᠬᠡᠯᠬᠢᠵᠦ ᠂  ᠮᠠᠰᠢᠨ ᠪᠠᠷᠢᠵᠤ ᠵᠢᠭᠤᠯᠴᠢᠯᠠᠬᠤ ᠪᠠ ᠵᠢᠭᠤᠯᠴᠢᠯᠠᠨ ᠰᠠᠭᠤᠷᠢᠰᠢᠬᠤ ᠵᠢ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠰᠢᠨ᠎ᠡ ᠬᠢᠯᠠᠰ ᠴᠡᠭ ᠪᠣᠯᠭ᠋ᠠᠨ᠎ᠠ ᠃  ᠪᠤᠭᠤᠲᠤ ᠵᠢᠨ ᠲᠡᠦᠬᠡ ᠰᠣᠶᠣᠯ᠎ᠤᠨ ᠴᠤᠤᠲᠤ ᠬᠤᠲᠠ ᠂  ᠬᠢᠩᠭ᠋ᠠᠨ ᠠᠢ᠌ᠮᠠᠭ᠎ᠤᠨ ᠳᠡᠯᠡᠬᠡᠢ ᠵᠢᠨ ᠲᠡᠰ᠎ᠤᠨ ᠵᠢᠭᠤᠯᠴᠢᠯᠠᠯ ᠠᠮᠠᠷᠠᠯᠲᠠ ᠵᠢᠨ ᠣᠷᠣᠨ ᠂  ᠪᠠᠳᠠᠢ ᠵᠢᠨ ᠵᠢᠷᠠᠨ᠎ᠤ ᠳᠡᠯᠡᠬᠡᠢ ᠵᠢᠨ ᠲᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠂  ᠤᠯᠠᠭ᠋ᠠᠢ ᠣᠯᠠᠨ ᠲᠣᠬᠣᠢ ᠵᠢ 5A ᠲᠡᠰ᠎ᠤᠨ ᠦᠵᠡᠮᠵᠢ ᠵᠢᠨ ᠣᠷᠣᠨ ᠵᠶ᠋ᠠᠷ ᠲᠦᠷᠭᠡᠳᠬᠡᠨ ᠡᠭᠦᠳᠦᠨ ᠪᠠᠢ᠌ᠭᠤᠯᠵᠤ ᠂  ᠯᠣᠣ ᠨᠢᠦ ᠸᠠᠨ ᠬᠠᠲᠤᠨ ᠭᠣᠣᠯ᠎ᠤᠨ ᠶᠡᠬᠡ ᠬᠠᠪᠴᠢᠯ᠎ᠢ ᠳᠡᠯᠡᠬᠡᠢ ᠵᠢᠨ ᠭᠠᠵᠠᠷ ᠰᠢᠨᠵᠢᠯᠡᠭᠡᠨ᠎ᠤ ᠴᠡᠴᠡᠷᠯᠢᠭ ᠵᠶ᠋ᠠᠷ ᠭᠤᠶᠤᠴᠢᠯᠠᠨ ᠮᠡᠳᠡᠭᠦᠯᠬᠦ ᠵᠢ ᠳᠡᠮᠵᠢᠨ᠎ᠡ ᠃  ᠮᠥᠰᠥ ᠴᠠᠰᠤᠨ᠎ᠤ ᠠᠵᠤ ᠠᠬᠤᠢ ᠪᠣᠯ ᠲᠦᠮᠡᠨ ᠳ᠋ᠦᠩᠰᠢᠭᠤᠷ᠎ᠤᠨ ᠳᠡᠰ᠎ᠤᠨ ᠰᠢᠨ᠎ᠡ ᠥᠷᠢᠰᠦᠯᠳᠦᠭᠡᠨ᠎ᠤ ᠴᠠᠷᠠᠭ᠎ᠠ ᠪᠣᠯᠣᠨ᠎ᠠ ᠂  ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ ᠂  ᠮᠥᠰᠥ ᠴᠠᠰᠤᠨ᠎ᠤ ᠰᠣᠶᠣᠯ ᠂  ᠮᠥᠰᠥ ᠴᠠᠰᠤᠨ᠎ᠤ ᠲᠣᠨᠣᠭᠯᠠᠯ ᠂  ᠮᠥᠰᠥ ᠴᠠᠰᠤᠨ᠎ᠤ ᠵᠢᠭᠤᠯᠴᠢᠯᠠᠯ ᠵᠡᠷᠭᠡ ᠪᠦᠬᠦ ᠡᠵᠡᠩᠨᠡᠯᠲᠡ ᠵᠢᠨ ᠪᠠᠢ᠌ᠳᠠᠯ᠎ᠤᠨ ᠬᠥᠭᠵᠢᠯᠲᠡ ᠵᠢ ᠨᠢᠭᠡ ᠴᠣᠭᠴᠠᠵᠢᠭᠤᠯᠤᠨ ᠠᠬᠢᠭᠤᠯᠵᠤ ᠂  ᠣᠯᠠᠨ ᠲᠦᠮᠡᠨᠴᠢ ᠴᠢᠨᠠᠷᠲᠠᠢ ᠂  ᠲᠣᠭᠯᠠᠯᠲᠠ ᠵᠢᠨ ᠴᠢᠨᠠᠷᠲᠠᠢ ᠂  ᠤᠷᠤᠯᠳᠤᠭ᠋ᠠᠨ᠎ᠤ ᠴᠢᠨᠠᠷᠲᠠᠢ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠥᠷᠭᠡᠨ ᠵᠶ᠋ᠠᠷ ᠥᠷᠨᠢᠭᠦᠯᠦᠨ᠎ᠡ ᠃  ᠳᠠᠩ ᠬᠠᠪᠲᠠᠰᠤᠨ᠎ᠤ ᠴᠠᠨᠠᠯᠠᠯᠲᠠ ᠵᠢᠨ ᠵᠡᠷᠭᠡᠴᠡᠭᠡ ᠶᠡᠬᠡ ᠡᠷᠭᠢᠯᠲᠡ ᠵᠢᠨ ᠳᠡᠯᠡᠬᠡᠢ ᠵᠢᠨ ᠬᠤᠨᠳᠠᠭ᠋ᠠᠲᠤ ᠤᠷᠤᠯᠳᠤᠭ᠋ᠠᠨ ᠪᠠ ᠪᠦᠬᠦ ᠤᠯᠤᠰ᠎ᠤᠨ ᠴᠢᠯᠦᠭᠡᠲᠦ ᠴᠡᠨᠡᠯᠡᠯᠲᠡ ᠂  ᠣᠢ᠌ᠷ᠎ᠠ ᠵᠠᠢ ᠵᠢᠨ ᠲᠦᠷᠭᠡᠨ ᠲᠡᠰᠢᠯᠲᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠵᠡᠷᠭᠡ ᠮᠥᠰᠥ ᠴᠠᠰᠤᠨ᠎ᠤ ᠤᠷᠤᠯᠳᠤᠭ᠋ᠠᠨ᠎ᠤ ᠶᠠᠪᠤᠳᠠᠯ᠎ᠢ ᠰᠡᠳᠬᠢᠯ ᠲᠠᠯᠪᠢᠨ ᠡᠷᠬᠢᠯᠡᠵᠦ ᠂  ᠲᠤᠮᠳᠠᠳᠤ ᠤᠯᠤᠰ᠎ᠤᠨ ᠬᠦᠢ᠍ᠲᠡᠨ᠎ᠤ ᠲᠤᠢ᠌ᠯ᠎ᠤᠨ ᠮᠠᠷᠠᠰᠤᠨ ᠤᠷᠤᠯᠳᠤᠭ᠋ᠠᠨ ᠂  ᠪᠦᠭᠦ ᠤᠯᠤᠰ᠎ᠤᠨ ᠪᠦᠢ᠍ᠺᠦ ᠪᠥᠮᠪᠥᠭᠡᠨ᠎ᠤ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠂  ᠪᠦᠭᠦ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠲᠠᠮᠢᠷ᠎ᠤᠨ ᠴᠤᠭᠯᠠᠭ᠋ᠠᠨ ᠂  ᠰᠢᠯᠢ ᠵᠢᠨ ᠭᠣᠣᠯ᠎ᠤᠨ ᠮᠣᠩᠭᠣᠯ ᠮᠣᠷᠢᠨ᠎ᠤ ᠬᠡᠳᠦ ᠳᠡᠰ᠎ᠤᠨ ᠬᠣᠯᠪᠣᠭ᠋ᠠᠲᠤ ᠤᠷᠤᠯᠳᠤᠭ᠋ᠠᠨ ᠵᠡᠷᠭᠡ ᠣᠨᠴᠠᠯᠢᠭᠲᠤ ᠤᠷᠤᠯᠳᠤᠭ᠋ᠠᠨ᠎ᠤ ᠶᠠᠪᠤᠳᠠᠯ᠎ᠢ ᠰᠠᠢ᠌ᠲᠤᠷ ᠡᠷᠬᠢᠯᠡᠵᠦ ᠂  ᠨᠡᠩ ᠣᠯᠠᠨ ᠬᠥᠮᠥᠰ᠎ᠢ ᠤᠷᠤᠯᠳᠤᠭ᠋ᠠᠨ᠎ᠤ ᠲᠠᠰᠢᠷᠠᠮ ᠵᠶ᠋ᠠᠷ ᠵᠢᠭᠤᠯᠴᠢᠯᠠᠷ᠎ᠠ ᠢᠷᠡᠭᠦᠯᠦᠨ᠎ᠡ ᠃

      (ᠳᠣᠯᠤᠭ᠎ᠠ) ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠋ᠠᠨ᠎ᠢ ᠬᠦᠴᠦᠯᠡᠨ ᠠᠳᠬᠤᠵᠤ ᠂  ᠠᠵᠤ ᠠᠬᠤᠢ᠌ᠯᠠᠯ᠎ᠤᠨ ᠬᠦᠴᠢᠷ ᠠᠰᠠᠭᠤᠳᠠᠯ᠎ᠢ ᠦᠨᠡᠨ ᠰᠡᠳᠬᠢᠯ᠎ᠠᠴᠠ᠎ᠪᠠᠨ ᠰᠢᠢ᠍ᠳᠪᠦᠷᠢᠯᠡᠵᠦ ᠥᠭᠭᠦᠨ᠎ᠡ ᠃  ᠨᠢᠭᠡ ᠭᠠᠵᠠᠷ ᠣᠷᠣᠨ᠎ᠤ ᠠᠵᠤ ᠠᠬᠤᠢ ᠵᠢᠨ ᠬᠥᠭᠵᠢᠯᠲᠡ᠎ᠨᠢ ᠡᠴᠦᠰ᠎ᠤᠨ ᠡᠴᠦᠰ᠎ᠲᠤ᠎ᠪᠠᠨ ᠠᠵᠤ ᠠᠬᠤᠢ᠌ᠯᠠᠯ᠎ᠳᠤ ᠲᠦᠰᠢᠭᠯᠡᠳᠡᠭ ᠃  ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠪᠠ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠠᠯᠢ᠎ᠨᠢ ᠴᠦ᠍ ᠭᠡᠰᠡᠨ ᠦᠭᠡᠢ ᠪᠦᠷ ᠵᠠᠰᠠᠭ᠎ᠤᠨ ᠣᠷᠳᠣᠨ᠎ᠤ ᠦᠢ᠍ᠯᠡᠴᠢᠯᠡᠬᠦ ᠡᠲᠡᠭᠡᠳ ᠮᠥᠨ ᠂  ᠠᠵᠤ ᠠᠬᠤᠢ᠌ᠯᠠᠯ᠎ᠳᠤ  ᠲᠤᠰᠠᠯᠠᠬᠤ ᠠᠵᠢᠯᠯᠠᠭ᠋ᠠᠨ ᠪᠣᠯ ᠳᠠᠷᠤᠢ ᠠᠵᠤ ᠠᠬᠤᠢ᠌ᠯᠠᠯᠲᠠᠳ᠎ᠢ ᠭᠡᠷ᠎ᠤᠨ ᠵᠶ᠋ᠠᠨ ᠬᠥᠮᠥᠨ ᠠᠳᠠᠯᠢ ᠦᠵᠡᠵᠦ ᠂  ᠠᠵᠤ ᠠᠬᠤᠢ᠌ᠯᠠᠯ᠎ᠤᠨ ᠠᠵᠢᠯ ᠶᠠᠪᠤᠳᠠᠯ᠎ᠢ ᠭᠡᠷ᠎ᠤᠨ ᠵᠶ᠋ᠠᠨ ᠠᠵᠢᠯ ᠶᠠᠪᠤᠳᠠᠯ ᠪᠣᠯᠭ᠋ᠠᠨ ᠂  ᠵᠠᠰᠠᠭ᠎ᠤᠨ ᠣᠷᠳᠣᠨ ᠪᠠ ᠠᠵᠤ ᠠᠬᠤᠢ᠌ᠯᠠᠯ ᠭᠠᠷ ᠬᠣᠯᠪᠣᠯᠴᠠᠨ ᠬᠠᠮᠲᠤ᠎ᠪᠠᠷ ᠬᠥᠭᠵᠢᠯᠲᠡ ᠵᠢ ᠡᠷᠢᠯᠬᠢᠯᠡᠬᠦ ᠶᠠᠪᠤᠳᠠᠯ ᠪᠣᠯᠣᠨ᠎ᠠ ᠃

       ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠪᠦᠬᠦᠢ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠨᠢ ᠠᠯᠳᠠᠭᠳᠠᠯ᠎ᠲᠠᠢ ᠪᠠᠢ᠌ᠭᠰᠠᠨ᠎ᠠᠴᠠ᠎ᠪᠠᠨ ᠣᠯᠵᠠᠪᠤᠷᠢ᠎ᠲᠠᠢ ᠪᠣᠯᠵᠤ ᠂  ᠴᠢᠨᠠᠷ ᠵᠶ᠋ᠠᠨ ᠳᠡᠭᠡᠭᠰᠢᠯᠡᠭᠦᠯᠦᠨ ᠦᠷ᠎ᠡ ᠪᠦᠲᠦᠮᠵᠢ᠎ᠪᠠᠨ ᠨᠡᠮᠡᠭᠳᠡᠭᠦᠯᠦᠨ᠎ᠡ ᠂ 《ᠨᠢᠭᠡ ᠠᠵᠤ ᠠᠬᠤᠢ᠌ᠯᠠᠯ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ 》᠎ᠪᠠᠷ  ᠠᠷᠭ᠎ᠠ ᠬᠡᠮᠵᠢᠶ᠎ᠡ ᠲᠣᠭᠲᠠᠭ᠋ᠠᠨ ᠂  ᠠᠷᠭ᠎ᠠ ᠪᠣᠳᠣᠯᠭ᠎ᠠ ᠠᠪᠴᠤ ᠂  ᠪᠣᠳᠠᠲᠤ ᠠᠮᠵᠢᠯᠲᠠ ᠣᠯᠬᠤ ᠵᠢ  ᠴᠢᠩᠭ᠎ᠠ ᠠᠩᠬᠠᠷᠬᠤ ᠬᠡᠷᠡᠭᠲᠡᠢ ᠃  ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ ᠪᠦᠬᠦ ᠬᠦᠴᠦᠨ ᠵᠶ᠋ᠠᠷ ᠵᠶ᠋ᠠᠨ ᠪᠦᠰᠡᠯᠡᠯᠲᠡ ᠰᠢᠪᠲᠤᠯᠵᠤ ᠂  ᠡᠵᠡᠩᠨᠡᠯᠲᠡ ᠵᠢ ᠲᠣᠭᠲᠠᠪᠤᠷᠢᠵᠢᠭᠤᠯᠬᠤ ᠂  ᠪᠦᠲᠦᠴᠡ ᠵᠢ ᠲᠣᠬᠢᠷᠠᠭᠤᠯᠬᠤ ᠂  ᠦᠷ᠎ᠡ ᠠᠰᠢᠭ ᠵᠢᠨᠨ ᠳᠡᠭᠡᠭᠰᠢᠯᠡᠭᠦᠯᠬᠦ ᠲᠠᠯ᠎ᠠ᠎ᠳᠤ ᠬᠦᠴᠦ ᠲᠠᠯᠪᠢᠨ ᠂  ᠡᠵᠡᠩᠨᠡᠯᠲᠡ ᠵᠢᠨ ᠣᠷᠣᠯᠭ᠎ᠠ ᠵᠢ 1200 ᠳ᠋ᠦᠩᠰᠢᠭᠤᠷ ᠲᠥᠭᠥᠷᠢᠭ᠎ᠲᠤ ᠬᠦᠷᠦᠭᠦᠯᠬᠦ᠎ᠪᠠᠷ ᠬᠦᠴᠦᠯᠡᠨ ᠴᠢᠷᠮᠠᠢ᠌ᠨ᠎ᠠ ᠃  ᠤᠮᠠᠷᠠᠲᠤ ᠵᠢᠨ ᠬᠣᠪᠣᠷ ᠰᠢᠷᠣᠢ ᠵᠢᠨ ᠪᠦᠯᠦᠭᠯᠡᠯ 《ᠬᠣᠪᠣᠷ ᠰᠢᠷᠣᠢ ᠵᠢᠨ ᠬᠣᠶᠠᠷ ᠰᠠᠭᠤᠷᠢᠨ ᠭᠠᠵᠠᠷ 》᠎ᠤᠨ ᠪᠦᠲᠦᠭᠡᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠂  ᠦᠢ᠍ᠯᠡᠳᠬᠦᠨ᠎ᠤ ᠦᠷᠲᠡᠭ ᠵᠠᠬ᠎ᠠ ᠳᠡᠯᠭᠡᠭᠦᠷ᠎ᠤᠨ ᠦᠷᠲᠡᠭ ᠂  ᠡᠵᠡᠩᠨᠡᠯᠲᠡ ᠵᠢᠨ ᠠᠰᠢᠭ ᠣᠷᠣᠯᠭ᠎ᠠ᠎ᠪᠠᠷ ᠵᠶ᠋ᠠᠨ ᠠᠵᠢᠯ ᠲᠥᠷᠥᠯ᠎ᠤᠨ ᠲᠡᠷᠢᠭᠦᠨ ᠪᠠᠢ᠌ᠷᠢ᠎ᠪᠠᠨ ᠪᠠᠲᠤᠯᠠᠨ᠎ᠠ ᠃  ᠴᠠᠬᠢᠯᠭ᠋ᠠᠨ ᠬᠦᠴᠦᠨ᠎ᠤ ᠪᠦᠯᠦᠭᠯᠡᠯ 《ᠴᠠᠬᠢᠯᠭ᠋ᠠᠨ ᠬᠦᠴᠦᠨ᠎ᠤ ᠲᠣᠣᠷ᠎ᠢ ᠬᠦᠴᠦᠷᠬᠡᠭᠵᠢᠭᠦᠯᠬᠦ 》  ᠠᠵᠢᠯᠯᠠᠭ᠋ᠠᠨ᠎ᠢ ᠰᠠᠢ᠌ᠲᠤᠷ ᠬᠡᠷᠡᠭᠵᠢᠭᠦᠯᠵᠦ ᠂ 《ᠳᠦᠷᠪᠡᠨ ᠬᠥᠨᠳᠡᠯᠡᠨ ᠵᠢᠷᠭᠤᠭ᠋ᠠᠨ ᠭᠤᠯᠳᠤ 》 500 ᠺᠢᠯᠣᠸᠣᠯᠲ᠎ᠤᠨ ᠭᠣᠣᠯ ᠴᠠᠬᠢᠯᠭ᠋ᠠᠨ ᠬᠦᠴᠦᠨ᠎ᠤ ᠲᠣᠣᠷ᠎ᠤᠨ ᠵᠢᠶᠠᠰᠠ ᠵᠢ ᠪᠦᠬᠦ ᠲᠠᠯ᠎ᠠ᠎ᠪᠠᠷ ᠪᠠᠢ᠌ᠭᠤᠯᠤᠨ ᠳᠠᠭᠤᠰᠬᠠᠵᠤ ᠂  ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠤᠨ ᠪᠠᠢ᠌ᠭᠤᠯᠤᠯᠲᠠ ᠵᠢ  ᠲᠦᠷᠭᠡᠳᠬᠡᠵᠦ ᠂  ᠪᠦᠬᠦ ᠣᠷᠣᠨ᠎ᠤ ᠪᠣᠬᠢᠷᠲᠤᠯ ᠦᠭᠡᠢ ᠬᠥᠭᠵᠢᠯᠲᠡ᠎ᠳᠤ ᠨᠡᠩ ᠢᠯᠡᠭᠦᠦ ᠬᠤᠪᠢ ᠨᠡᠮᠡᠷᠢ ᠦᠵᠡᠭᠦᠯᠦᠨ᠎ᠡ ᠃  ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ ᠮᠠᠨ᠎ᠤ ᠣᠷᠣᠨ᠎ᠤ ᠡᠨᠧᠷᠬᠢ ᠵᠢᠨ ᠠᠵᠤ ᠠᠬᠤᠢ᠌ᠯᠠᠯ᠎ᠤᠨ ᠰᠠᠢ᠌ᠨ 《ᠨᠢᠷᠤᠭᠤ ᠲᠤᠯᠭ᠋ᠠᠭᠤᠷᠢ 》  ᠪᠣᠯᠵᠤ ᠂  ᠴᠠᠬᠢᠯᠭ᠋ᠠᠨ ᠬᠦᠴᠦᠨ᠎ᠤ ᠶᠡᠷᠦᠩᠬᠡᠢ ᠮᠠᠰᠢᠨ ᠴᠣᠭᠴᠠᠯᠠᠪᠤᠷᠢ᠎ᠪᠠᠨ 4500 ᠲᠦᠮᠡᠨ ᠺᠢᠯᠣᠸᠠᠲ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠢ᠌ᠵᠤ ᠂  ᠡᠳ᠋ ᠬᠥᠷᠥᠩᠭᠡ ᠪᠠ ᠡᠵᠡᠩᠨᠡᠯᠲᠡ ᠵᠢᠨ ᠣᠷᠣᠯᠭ᠎ᠠ ᠵᠢᠨ 《ᠬᠣᠣᠰ ᠮᠢᠩᠭ᠋ᠠᠨ ᠳ᠋ᠦᠩᠰᠢᠭᠤᠷ 》᠎ᠤᠨ ᠬᠠᠷᠠᠯᠲᠠ ᠲᠡᠢ᠌ᠰᠢ ᠲᠦᠷᠭᠡᠬᠡᠨ ᠤᠷᠤᠭᠰᠢᠯᠠᠨ᠎ᠠ ᠃  ᠵᠠᠮ ᠬᠠᠷᠢᠯᠴᠠᠭ᠋ᠠᠨ᠎ᠤ ᠪᠦᠯᠦᠭᠯᠡᠯ ᠠᠵᠢᠯ ᠲᠥᠷᠥᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠯᠤᠭ᠎ᠠ ᠪᠠᠷᠢᠮᠵᠢᠶᠠᠯᠠᠨ ᠬᠠᠷᠭᠤᠭᠤᠯᠵᠤ ᠂  ᠬᠢᠷᠢ ᠭᠡᠮ ᠵᠡᠷᠭᠡ ᠳᠡᠰ ᠵᠶ᠋ᠠᠨ ᠪᠦᠬᠦ ᠲᠠᠯ᠎ᠠ᠎ᠪᠠᠷ ᠳᠡᠭᠡᠭᠰᠢᠯᠡᠭᠦᠯᠵᠦ ᠂  ᠣᠷᠣᠨ᠎ᠤ ᠳᠣᠲᠣᠭ᠋ᠠᠳᠤ ᠭᠠᠳᠠᠭ᠋ᠠᠳᠤ ᠵᠢᠨ ᠵᠠᠬ᠎ᠠ ᠳᠡᠯᠭᠡᠭᠦᠷ᠎ᠢ ᠴᠢᠷᠮᠠᠢ᠌ᠨ ᠥᠷᠭᠡᠳᠬᠡᠵᠦ ᠂  ᠳᠤᠮᠳᠠᠳᠤ ᠤᠯᠤᠰ᠎ᠤᠨ 500 ᠬᠦᠴᠦᠷᠬᠡᠭ ᠠᠵᠤ ᠠᠬᠤᠢ᠌ᠯᠠᠯ᠎ᠳᠤ ᠲᠠᠪᠰᠢᠨ ᠣᠷᠣᠬᠤ᠎ᠪᠠᠷ ᠬᠦᠴᠦᠯᠡᠨ ᠴᠢᠷᠮᠠᠢ᠌ᠨ᠎ᠠ ᠃  ᠤᠢ ᠰᠢᠭᠤᠢ ᠵᠢᠨ  ᠠᠵᠤ ᠦᠢ᠍ᠯᠡᠳᠪᠦᠷᠢ ᠵᠢᠨ  ᠪᠦᠯᠦᠭᠯᠡᠯ ᠂  ᠰᠣᠶᠣᠯ ᠵᠢᠭᠤᠯᠴᠢᠯᠠᠯ᠎ᠤᠨ ᠪᠦᠯᠦᠭᠯᠡᠯ ᠂  ᠣᠯᠠᠨ ᠤᠯᠤᠰ᠎ᠤᠨ ᠠᠷᠠᠯᠵᠢᠶᠠᠨ᠎ᠤ ᠪᠦᠯᠦᠭᠯᠡᠯ ᠂  ᠣᠢ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠺᠤᠮᠫᠠᠨᠢ ᠵᠡᠷᠭᠡ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠪᠦᠬᠦᠢ ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠴᠥᠮ ᠥᠭᠡᠷᠡᠴᠢᠯᠡᠯᠲᠡ ᠬᠢᠵᠦ ᠪᠦᠰᠡᠯᠡᠯᠲᠡ ᠰᠢᠪᠲᠤᠯᠬᠤ ᠡᠷᠴᠢᠮ ᠵᠶ᠋ᠠᠨ ᠴᠢᠩᠭ᠋ᠠᠷᠠᠭᠤᠯᠤᠨ ᠂  ᠲᠡᠷᠢᠭᠦᠨ ᠳᠡᠰ᠎ᠲᠠᠢ ᠪᠠᠷᠢᠮᠵᠢᠶᠠᠯᠠᠨ ᠬᠠᠷᠭᠤᠭᠤᠯᠵᠤ ᠂  ᠲᠡᠷᠢᠭᠦᠨ᠎ᠠᠴᠠ᠎ᠲᠠᠭᠠᠨ ᠰᠤᠷᠤᠯᠴᠠᠵᠦ ᠂  ᠡᠵᠡᠩᠨᠡᠯᠲᠡ ᠵᠢᠨ ᠠᠵᠢᠯ᠎ᠤᠨ ᠠᠮᠵᠢᠯᠲᠠ ᠪᠠ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ ᠵᠶ᠋ᠠᠨ ᠳᠡᠭᠡᠭᠰᠢᠯᠡᠭᠦᠯᠦᠨ ᠂  ᠲᠦᠷᠭᠡᠬᠡᠨ ᠪᠤᠵᠠᠭ᠋ᠠᠢ᠌ᠷᠠᠨ ᠬᠦᠴᠦᠷᠬᠡᠭᠵᠢᠭᠦᠯᠬᠦ ᠬᠡᠷᠡᠭᠲᠡᠢ ᠃

       ᠣᠳᠣᠬᠠᠨ᠎ᠳᠤ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠬᠥᠭᠵᠢᠬᠦ᠎ᠳᠤ ᠲᠤᠩ ᠬᠢᠯᠪᠠᠷ ᠪᠤᠰᠤ ᠪᠠᠢ᠌ᠵᠤ ᠂  ᠦᠢ᠍ᠯᠡᠳᠪᠦᠷᠢᠯᠡᠯ ᠡᠵᠡᠩᠨᠡᠯᠲᠡ ᠵᠢᠨ ᠶᠠᠪᠤᠴᠠ᠎ᠳᠤ᠎ᠨᠢ ᠣᠯᠠᠨ ᠬᠦᠴᠢᠷ ᠲᠦᠪᠡᠭ ᠪᠠ ᠠᠰᠠᠭᠤᠳᠠᠯ ᠲᠤᠯᠭ᠋ᠠᠷᠠᠵᠤ ᠪᠠᠢ᠌ᠨ᠎ᠠ ᠂  ᠲᠥᠷᠥᠯ ᠵᠦᠢ᠍ᠯ᠎ᠢ ᠪᠣᠳᠠᠲᠠᠢ᠌ᠵᠢᠭᠤᠯᠬᠤ ᠂  ᠲᠦᠷᠦ ᠵᠢᠨ ᠪᠣᠳᠣᠯᠭ᠎ᠠ᠎ᠪᠠᠷ ᠳᠡᠮᠵᠢᠯᠭᠡ ᠦᠵᠡᠭᠦᠯᠬᠦ ᠂  ᠪᠡᠯᠡ ᠲᠣᠬᠢᠷᠠᠭᠤᠯᠤᠨ ᠵᠢᠭᠡᠯᠡᠯᠭᠡ ᠲᠠᠯᠪᠢᠬᠤ ᠵᠡᠷᠭᠡ ᠲᠠᠯ᠎ᠠ᠎ᠪᠠᠷ ᠬᠠᠪᠰᠤᠷᠤᠨ ᠲᠤᠰᠠᠯᠠᠬᠤ ᠡᠷᠴᠢᠮ ᠵᠶ᠋ᠠᠨ ᠴᠢᠩᠭ᠋ᠠᠷᠠᠭᠤᠯᠵᠤ ᠂  ᠢᠯᠠᠩᠭᠤᠶ᠎ᠠ ᠳᠤᠮᠳᠠ ᠵᠢᠵᠢᠭ ᠠᠵᠤ ᠠᠬᠤᠢ᠌ᠯᠠᠯ᠎ᠳᠤ ᠬᠠᠨᠳᠤᠭᠤᠯᠤᠭᠰᠠᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠤᠪᠢᠳᠠᠴᠠ ᠵᠢ ᠤᠷᠢᠳᠴᠢᠯᠠᠨ ᠦᠯᠡᠳᠡᠭᠡᠵᠦ ᠥᠭᠬᠦ ᠲᠤᠬᠠᠢ ᠲᠦᠷᠦ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠎ᠠ ᠃  ᠠᠵᠢᠯ ᠶᠠᠪᠤᠳᠠᠯ ᠭᠦᠢ᠍ᠴᠡᠳᠬᠡᠬᠦ᠎ᠨᠢ ᠤᠳᠠᠭ᠋ᠠᠨ ᠂  ᠪᠠᠢ᠌ᠴᠠᠭ᠋ᠠᠯᠲᠠ ᠣᠯᠠᠨᠲᠠᠢ ᠂  ᠪᠡᠯᠡ ᠲᠣᠬᠢᠷᠠᠭᠤᠯᠬᠤ᠎ᠳᠤ ᠬᠦᠴᠢᠷ ᠪᠠᠢ᠌ᠬᠤ ᠪᠣᠯ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠂  ᠣᠨᠴᠠᠭ᠋ᠠᠢ᠌ᠯᠠᠨ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ 《ᠰᠡᠳᠬᠢᠯ᠎ᠤᠨ ᠡᠪᠡᠳᠴᠢᠨ 》  ᠪᠠᠢ᠌ᠵᠤ ᠂  ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠵᠦ ᠪᠠᠢ᠌ᠭ᠎ᠠ ᠮᠡᠲᠦ᠎ᠪᠠᠷ ᠠᠵᠤ ᠠᠬᠤᠢ᠌ᠯᠠᠯ᠎ᠳᠤ ᠦᠢ᠍ᠯᠡᠴᠢᠯᠡᠨ ᠂  ᠬᠢᠨᠠᠨ ᠵᠥᠪᠰᠢᠶᠡᠷᠡᠵᠦ ᠠᠵᠢᠯ ᠶᠠᠪᠤᠳᠠᠯ ᠭᠦᠢ᠍ᠴᠡᠳᠬᠡᠬᠦ ᠵᠢᠨ  ᠬᠤᠷᠳᠤ ᠵᠢ ᠳᠠᠬᠢᠨᠲᠠ ᠠᠬᠢᠭᠤᠯᠤᠨ ᠲᠦᠷᠭᠡᠳᠬᠡᠵᠦ ᠂  ᠬᠤᠭᠤᠴᠠᠭ᠎ᠠ ᠬᠢᠵᠠᠭ᠋ᠠᠷᠯᠠᠨ ᠬᠢᠨᠠᠨ ᠵᠥᠪᠰᠢᠶᠡᠷᠡᠬᠦ ᠳᠦᠷᠢᠮ᠎ᠢ ᠴᠢᠩᠭ᠎ᠠ ᠬᠡᠷᠡᠭᠵᠢᠭᠦᠯᠦᠨ᠎ᠡ ;  ᠠᠵᠤ ᠠᠬᠤᠢ᠌ᠯᠠᠯ᠎ᠳᠤ ᠬᠣᠯᠪᠣᠭᠳᠠᠬᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠋ᠠᠨ᠎ᠢ ᠰᠠᠢ᠌ᠲᠤᠷ ᠠᠳᠬᠤᠵᠤ ᠂  ᠪᠡᠶ᠎ᠡ ᠵᠢᠨ ᠪᠠᠢ᠌ᠴᠠᠭ᠋ᠠᠯᠲᠠ ᠮᠠᠶᠢᠭ᠎ᠤᠨ ᠬᠢᠨᠠᠯᠲᠠ ᠬᠠᠮᠢᠶᠠᠷᠤᠯᠲᠠ ᠂  ᠦᠢ᠍ᠯᠡᠴᠢᠯᠡᠭᠡᠨ᠎ᠤ ᠬᠡᠯᠪᠡᠷᠢ ᠵᠢᠨ ᠬᠠᠤᠯᠢ ᠬᠡᠷᠡᠭᠵᠢᠭᠦᠯᠦᠯᠲᠡ ᠵᠢ ᠬᠡᠷᠡᠭᠵᠢᠭᠦᠯᠦᠨ ᠂  ᠠᠵᠤ ᠠᠬᠤᠢ᠌ᠯᠠᠯ᠎ᠳᠤ ᠰᠠᠭ᠋ᠠᠳ ᠠᠪᠴᠢᠷᠠᠬᠤ ᠮᠥᠷᠲᠡᠭᠡᠨ ᠦᠢ᠍ᠯᠡᠳᠦᠯ ᠭᠠᠷᠬᠤ ᠦᠭᠡᠢ ᠠᠯᠪᠠ ᠵᠢᠨ ᠲᠡᠳᠦᠢ ᠬᠠᠤᠯᠢ ᠬᠡᠷᠡᠭᠵᠢᠭᠦᠯᠦᠯᠲᠡ ᠵᠢ ᠦᠯᠦ ᠬᠢᠵᠦ ᠂  ᠳᠤᠷ᠎ᠠ᠎ᠪᠠᠷ ᠰᠦᠢ᠍ᠳᠬᠡᠯ ᠬᠤᠷᠢᠶᠠᠬᠤ ᠂  ᠳᠤᠷ᠎ᠠ᠎ᠪᠠᠷ ᠵᠣᠭᠣᠰ ᠲᠣᠷᠭ᠋ᠠᠬᠤ ᠂  ᠳᠤᠷ᠎ᠠ᠎ᠪᠠᠷ ᠪᠠᠢ᠌ᠴᠠᠭ᠋ᠠᠬᠤ ᠂  ᠳᠤᠷ᠎ᠠ᠎ᠪᠠᠷ ᠪᠢᠲᠡᠭᠦᠮᠵᠢᠯᠡᠬᠦ ᠵᠢ ᠡᠷᠡᠰ ᠴᠡᠭᠴᠡᠯᠡᠨ ᠵᠠᠰᠠᠵᠤ ᠂  ᠠᠰᠢᠭ ᠬᠠᠷᠠᠬᠤ ᠴᠢᠨᠠᠷᠲᠠᠢ ᠬᠠᠤᠯᠢ ᠬᠡᠷᠡᠭᠵᠢᠭᠦᠯᠦᠯᠲᠡ ᠵᠢ ᠨᠢᠭᠡ ᠢᠯᠡᠷᠡᠭᠦᠯᠪᠡᠯ ᠨᠢᠭᠡ ᠵᠢ ᠴᠢᠩᠭ᠎ᠠ ᠪᠠᠢ᠌ᠴᠠᠭ᠋ᠠᠨ᠎ᠠ ;  ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠨᠢ ᠵᠢᠭᠡᠯᠡᠯᠭᠡ ᠲᠠᠯᠪᠢᠬᠤ ᠨᠥᠬᠥᠴᠡᠯ ᠪᠠ ᠬᠦᠦ ᠮᠥᠩᠭᠥᠨ᠎ᠤ ᠬᠢᠷᠢ ᠬᠡᠮᠵᠢᠶᠡᠨ᠎ᠤ ᠲᠠᠯ᠎ᠠ᠎ᠳᠤ 《ᠠᠳᠠᠯᠢ᠎ᠪᠠᠷ ᠦᠵᠡᠨ ᠲᠡᠭᠰᠢ᠎ᠪᠠᠷ ᠬᠠᠨᠳᠤᠵᠤ 》᠂  ᠡᠬᠡ ᠮᠥᠩᠭᠥ ᠲᠥᠯᠥᠬᠦ ᠦᠭᠡᠢ᠎ᠪᠠᠷ ᠥᠷᠭᠦᠯᠵᠢᠯᠡᠨ ᠵᠢᠭᠡᠯᠡᠯᠭᠡ ᠠᠪᠬᠤ ᠵᠡᠷᠭᠡ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠦᠷᠦ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ ᠃  ᠳᠠᠩᠰᠠᠨ᠎ᠳᠠᠬᠢ ᠥᠷᠢᠲᠦᠵᠦ ᠪᠠᠢ᠌ᠭ᠎ᠠ ᠵᠣᠭᠣᠰ᠎ᠢ᠎ᠨᠢ ᠢᠯᠭ᠋ᠠᠷᠠᠭᠤᠯᠬᠤ ᠪᠣᠯ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠬᠠᠮᠤᠭ᠎ᠠᠴᠠ ᠬᠠᠯᠠᠮᠵᠢᠯᠠᠨ ᠠᠩᠬᠠᠷᠴᠤ ᠪᠠᠢ᠌ᠭ᠎ᠠ ᠤᠴᠢᠷ ᠪᠣᠯᠣᠨ᠎ᠠ ᠂  ᠪᠠᠢ᠌ᠳᠠᠯ ᠣᠢ᠌ᠯᠠᠭ᠋ᠠᠵᠤ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠰᠠᠢ᠌ᠲᠤᠷ ᠥᠷᠨᠢᠭᠦᠯᠵᠦ ᠂  ᠦᠨᠳᠦᠰᠦᠨ ᠪᠠᠢ᠌ᠳᠠᠯ᠎ᠢ ᠲᠣᠳᠣᠷᠬᠠᠢ ᠣᠢ᠌ᠯᠠᠭ᠋ᠠᠬᠤ᠎ᠪᠠᠨ ᠦᠨᠡᠨ ᠬᠦ᠌ ᠪᠠᠲᠤᠯᠠᠨ ᠂  ᠥᠷᠢᠲᠦᠵᠦ ᠪᠠᠢ᠌ᠭ᠎ᠠ ᠵᠣᠭᠣᠰ᠎ᠢ᠎ᠨᠢ ᠬᠠᠤᠯᠢ ᠲᠣᠭᠲᠠᠭ᠋ᠠᠯ ᠶᠣᠰᠣᠭ᠋ᠠᠷ ᠢᠯᠭ᠋ᠠᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ ᠂ 《ᠲᠥᠯᠥᠬᠦ ᠶᠣᠰᠣᠲᠠᠢ ᠵᠢ᠎ᠨᠢ ᠲᠦᠷᠭᠡᠨ ᠲᠥᠯᠥᠵᠦ ᠂  ᠲᠥᠯᠥᠬᠦ ᠴᠢᠬᠤᠯᠠᠲᠠᠢ ᠵᠢ᠎ᠨᠢ ᠪᠦᠬᠦᠨ᠎ᠢ ᠲᠥᠯᠥᠬᠦ 》 ᠵᠢ ᠪᠡᠶᠡᠯᠡᠭᠦᠯᠬᠦ ᠬᠡᠷᠡᠭᠲᠡᠢ ᠃  ᠡᠯ᠎ᠡ ᠱᠠᠲᠤᠨ᠎ᠤ ᠵᠠᠰᠠᠭ᠎ᠤᠨ ᠣᠷᠳᠣᠨ ᠣᠨᠴᠠᠭ᠋ᠠᠢ᠌ᠯᠠᠨ ᠤᠳᠤᠷᠢᠳᠬᠤ ᠺᠠᠳ᠋ᠷᠴᠤᠳ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠯᠤᠭ᠎ᠠ ᠦᠨᠡᠨᠴᠢ ᠰᠢᠯᠤᠭᠤᠨ ᠵᠶ᠋ᠠᠷ ᠬᠠᠷᠢᠯᠴᠠᠵᠤ ᠂  ᠢᠯᠠᠩᠭᠤᠶ᠎ᠠ ᠠᠵᠤ ᠠᠬᠤᠢ᠌ᠯᠠᠯ ᠬᠦᠴᠢᠷ ᠪᠡᠷᠬᠡ ᠲᠤᠯᠭ᠋ᠠᠷᠠᠬᠤ ᠵᠢᠨ  ᠦᠶ᠎ᠡ᠎ᠳᠤ ᠂  ᠤᠯᠠᠮ ᠢᠯᠡᠭᠦᠦ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠢ᠌ᠯᠭ᠎ᠠ ᠭᠠᠷᠭ᠋ᠠᠨ ᠂  ᠴᠢᠩ ᠰᠡᠳᠬᠢᠯ᠎ᠠᠴᠠ᠎ᠪᠠᠨ ᠦᠢ᠍ᠯᠡᠴᠢᠯᠡᠬᠦ ᠬᠡᠷᠡᠭᠲᠡᠢ ᠃

       ᠮᠠᠨ᠎ᠤ ᠣᠷᠣᠨ ᠲᠥᠪ᠎ᠤᠨ ᠡᠯ᠎ᠡ ᠲᠣᠮᠣ ᠠᠵᠤ ᠠᠬᠤᠢ᠌ᠯᠠᠯ᠎ᠯᠤᠭ᠎ᠠ ᠪᠠᠲᠤ ᠪᠡᠬᠢ ᠬᠠᠮᠲᠤᠷᠠᠯᠴᠠᠭ᠋ᠠᠨ᠎ᠤ ᠰᠠᠭᠤᠷᠢ᠎ᠲᠠᠢ ᠶᠤᠮ ᠂  ᠨᠢᠳᠤᠨᠤᠨ ᠲᠥᠪ᠎ᠤᠨ ᠠᠵᠤ ᠠᠬᠤᠢ᠌ᠯᠠᠯ᠎ᠤᠨ ᠮᠠᠨ᠎ᠤ ᠣᠷᠣᠨ᠎ᠳᠠᠬᠢ ᠪᠡᠯᠡ ᠣᠷᠣᠭᠤᠯᠤᠯᠲᠠ ᠵᠣᠬᠢᠬᠤ ᠬᠡᠮᠵᠢᠶ᠎ᠡ᠎ᠪᠠᠷ ᠳᠣᠷᠣᠭᠰᠢᠯᠠᠭᠰᠠᠨ᠎ᠠᠴᠠ ᠡᠨᠡ ᠵᠢᠯ ᠡᠷᠬᠡᠪᠰᠢ ᠨᠡᠬᠡᠨ ᠭᠦᠢ᠍ᠴᠡᠵᠦ ᠨᠡᠮᠡᠭᠳᠡᠯ᠎ᠲᠠᠢ ᠪᠣᠯᠭ᠋ᠠᠨ᠎ᠠ ᠃  ᠲᠥᠪ᠎ᠤᠨ ᠠᠵᠤ ᠠᠬᠤᠢ᠌ᠯᠠᠯ᠎ᠯᠤᠭ᠎ᠠ ᠵᠢᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠷᠠᠭᠤᠯᠵᠤ ᠂  ᠨᠢᠭᠡ ᠨᠢᠭᠡ ᠠᠵᠤ ᠠᠬᠤᠢ᠌ᠯᠠᠯ ᠵᠶ᠋ᠠᠷ ᠵᠣᠯᠭ᠋ᠠᠭᠤᠯᠤᠨ ᠂  ᠨᠢᠭᠡ ᠨᠢᠭᠡ ᠲᠥᠷᠥᠯ ᠵᠦᠢ᠍ᠯ ᠵᠶ᠋ᠠᠷ ᠪᠣᠳᠠᠲᠠᠢ᠌ᠵᠢᠭᠤᠯᠬᠤ ᠵᠢ ᠠᠳᠬᠤᠨ ᠂  ᠮᠠᠨ᠎ᠤ ᠣᠷᠣᠨ᠎ᠤ ᠡᠬᠢ ᠪᠠᠶᠠᠯᠢᠭ ᠂  ᠠᠵᠤ ᠦᠢ᠍ᠯᠡᠰ᠎ᠤᠨ ᠳᠠᠪᠠᠭᠤᠯᠢᠭ ᠵᠢᠨᠷ ᠵᠢᠨᠨ ᠲᠥᠪ᠎ᠤᠨ ᠠᠵᠤ ᠠᠬᠤᠢ᠌ᠯᠠᠯ᠎ᠤᠨ ᠬᠦᠴᠦᠷᠬᠡᠭ ᠪᠣᠳᠠᠲᠤ ᠬᠦᠴᠦᠨ ᠂  ᠲᠡᠷᠢᠭᠦᠨ᠎ᠤ ᠮᠡᠷᠭᠡᠵᠢᠯ᠎ᠯᠦᠭᠡ 《ᠬᠣᠣᠰ ᠴᠢᠭᠯᠡᠯ᠎ᠤᠨ ᠬᠠᠮᠲᠤᠷᠠᠯᠴᠠᠭ᠎ᠠ 》  ᠥᠷᠨᠢᠭᠦᠯᠵᠦ ᠂  ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭ ᠣᠯᠭᠣᠵᠤ ᠬᠠᠮᠲᠤ᠎ᠪᠠᠷ ᠠᠰᠢᠭ ᠬᠦᠷᠲᠡᠬᠦ ᠵᠢ ᠪᠡᠶᠡᠯᠡᠭᠦᠯᠬᠦ ᠬᠡᠷᠡᠭᠲᠡᠢ ᠃

       ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠵᠠᠩᠭᠢᠯᠠᠭ᠎ᠠ᠎ᠨᠢ ᠪᠠᠢ᠌ᠩᠭᠤᠰᠢᠭᠤᠯᠤᠨ ᠵᠠᠰᠠᠵᠤ ᠤᠷᠲᠤ ᠬᠤᠭᠤᠴᠠᠭ᠎ᠠ ᠪᠦᠲᠦᠮᠵᠢᠲᠡᠢ ᠪᠠᠢ᠌ᠯᠭ᠋ᠠᠬᠤ᠎ᠳᠤ ᠪᠠᠢ᠌ᠨ᠎ᠠ ᠂  ᠡᠨᠡ ᠵᠢᠯ ᠳᠠᠬᠢᠨᠲᠠ 《ᠥᠨᠳᠥᠷ ᠪᠦᠲᠦᠮᠵᠢᠲᠡᠢ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ 》 30 ᠵᠦᠢ᠍ᠯ ᠂ 《ᠪᠦᠬᠦ ᠣᠷᠣᠨ᠎ᠳᠤ ᠨᠡᠢ᠌ᠳᠡᠮ ᠭᠦᠢ᠍ᠴᠡᠳᠬᠡᠬᠦ 》 150 ᠵᠦᠢ᠍ᠯᠡᠰ᠎ᠢ ᠭᠠᠷᠭ᠋ᠠᠵᠤ ᠂ 《ᠠᠮᠠᠯᠠᠬᠤ ᠳᠦᠷᠢᠮ + ᠪᠦᠬᠦᠨ᠎ᠢ ᠣᠷᠣᠯᠠᠨ ᠭᠦᠢ᠍ᠴᠡᠳᠬᠡᠬᠦ 》  ᠦᠢ᠍ᠯᠡᠴᠢᠯᠡᠭᠡᠨ᠎ᠤ ᠬᠡᠪ ᠵᠠᠭᠪᠤᠷ᠎ᠢ ᠳᠡᠯᠭᠡᠷᠡᠭᠦᠯᠦᠨ ᠂  ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠬᠦᠷᠢᠶ᠎ᠡ ᠴᠠᠷᠠᠭ᠋ᠠᠨ᠎ᠳᠠᠬᠢ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ ᠂  ᠬᠢᠵᠠᠭ᠋ᠠᠷᠯᠠᠯ ᠬᠦᠯᠢᠶᠡᠰᠦᠯᠡᠯ᠎ᠨᠢ ᠳᠡᠩᠳᠡᠭᠦᠦ ᠤᠯᠠᠨ ᠂  ᠠᠵᠢᠯ ᠶᠠᠪᠤᠳᠠᠯ ᠭᠦᠢ᠍ᠴᠡᠳᠬᠡᠬᠦ᠎ᠳᠤ ᠶᠠᠷᠰᠢᠭ ᠲᠦᠪᠡᠭᠲᠡᠢ ᠂  ᠠᠮᠠᠯᠠᠭᠰᠠᠨ ᠵᠶ᠋ᠠᠨ ᠭᠦᠢ᠍ᠴᠡᠳᠬᠡᠬᠦ ᠦᠭᠡᠢ ᠂  ᠰᠢᠨ᠎ᠡ ᠲᠤᠰᠢᠶᠠᠯᠲᠠᠨ᠎ᠨᠢ ᠬᠠᠭᠤᠴᠢᠨ ᠳᠠᠩᠰᠠ ᠵᠢ ᠬᠠᠮᠢᠶᠠᠷᠬᠤ ᠦᠭᠡᠢ ᠵᠡᠷᠭᠡ ᠠᠰᠠᠭᠤᠳᠠᠯ᠎ᠤᠳ᠎ᠢ ᠦᠨᠡᠨ ᠪᠣᠳᠠᠲᠠᠢ ᠰᠢᠢ᠍ᠳᠪᠦᠷᠢᠯᠡᠵᠦ ᠂  ᠦᠨᠡᠨᠴᠢ ᠢᠲᠡᠭᠡᠮᠵᠢᠲᠡᠢ ᠪᠠᠢ᠌ᠬᠤ ᠵᠢ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢᠨ ᠭᠣᠣᠯᠯᠠᠬᠤ ᠥᠷᠢᠰᠦᠯᠳᠦᠭᠡᠨ᠎ᠤ ᠬᠦᠴᠦᠨ ᠪᠣᠯᠭ᠋ᠠᠵᠤ ᠂  ᠺᠠᠳ᠋ᠷ ᠪᠦᠬᠦᠨ᠎ᠢ ᠦᠨᠡᠨᠴᠢ ᠢᠲᠡᠭᠡᠮᠵᠢ ᠵᠢ ᠡᠷᠬᠢᠮᠯᠡᠭᠰᠡᠨ 《ᠣᠷᠣᠯᠠᠨ ᠥᠭᠦᠯᠡᠭᠴᠢ 》  ᠪᠣᠯᠭ᠋ᠠᠨ᠎ᠠ ᠃

      (ᠨᠠᠢ᠍ᠮᠠ) ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠋ᠠᠨ᠎ᠢ ᠰᠠᠢ᠌ᠲᠤᠷ ᠠᠳᠬᠤᠨ ᠂  ᠬᠥᠭᠵᠢᠯᠲᠡ ᠵᠢᠨ ᠰᠢᠨ᠎ᠡ ᠣᠷᠣᠨ ᠵᠠᠢ ᠵᠢ ᠶᠡᠬᠡ᠎ᠪᠠᠷ ᠥᠷᠭᠡᠳᠬᠡᠨ᠎ᠡ ᠃  ᠭᠠᠳᠠᠭᠰᠢ ᠨᠡᠭᠡᠭᠡᠯᠲᠡ ᠬᠢᠭᠰᠡᠨ ᠴᠤ᠌ ᠲᠡᠷᠡ ᠂  ᠳᠣᠲᠣᠭ᠋ᠠᠳᠤ ᠨᠡᠭᠡᠭᠡᠯᠲᠡ ᠬᠢᠭᠰᠡᠨ ᠴᠤ᠌ ᠲᠡᠷᠡ ᠂  ᠴᠥᠮ ᠬᠣᠣᠰ ᠴᠢᠭᠯᠡᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠷᠠᠭᠤᠯᠵᠤ ᠂  ᠮᠠᠨ᠎ᠤ ᠣᠷᠣᠨ᠎ᠤ ᠬᠠᠷᠢᠴᠠᠩᠭᠤᠢ ᠲᠤᠲᠠᠭᠳᠠᠵᠤ ᠪᠠᠢ᠌ᠭ᠎ᠠ ᠮᠡᠷᠭᠡᠵᠢᠯ ᠂  ᠴᠢᠳᠠᠪᠤᠷᠢᠲᠠᠨ ᠂  ᠪᠡᠯᠡ ᠮᠥᠩᠭᠥ ᠂  ᠠᠵᠤ ᠦᠢ᠍ᠯᠡᠰ᠎ᠢ ᠣᠷᠣᠭᠤᠯᠵᠤ ᠠᠪᠴᠢᠷᠠᠬᠤ᠎ᠪᠠᠷ ᠪᠠᠷᠠᠬᠤ ᠦᠭᠡᠢ ᠂  ᠮᠠᠨ᠎ᠤ ᠣᠷᠣᠨ᠎ᠤ ᠳᠠᠪᠠᠭᠤᠯᠢᠭ ᠪᠣᠯᠬᠤ ᠪᠣᠬᠢᠷᠳᠤᠯ ᠦᠭᠡᠢ ᠴᠠᠬᠢᠯᠭ᠋ᠠᠨ ᠂  ᠪᠣᠬᠢᠷᠳᠤᠯ ᠦᠭᠡᠢ ᠪᠣᠳᠣᠬᠤ ᠴᠢᠳᠠᠪᠤᠷᠢ ᠂  ᠪᠣᠬᠢᠷᠲᠤᠯ ᠦᠭᠡᠢ ᠢᠳᠡᠭᠡᠨ ᠵᠢᠴᠢ ᠥᠪᠡᠷᠮᠢᠴᠡ ᠣᠨᠴᠠᠯᠢᠭ᠎ᠲᠠᠢ ᠤᠮᠠᠷᠠᠲᠤ ᠬᠢᠯᠢ ᠵᠢᠨ ᠰᠣᠶᠣᠯ ᠵᠶ᠋ᠠᠨ ᠭᠠᠳᠠᠭᠰᠢ ᠭᠠᠷᠭ᠋ᠠᠨ᠎ᠠ ᠃

       ᠭᠠᠳᠠᠭᠰᠢ᠎ᠪᠠᠨ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠵᠢ ᠥᠷᠭᠡᠳᠬᠡᠨ᠎ᠡ ᠃  ᠣᠷᠣᠰ ᠮᠣᠩᠭᠣᠯ᠎ᠳᠤ ᠰᠠᠭᠤᠷᠢᠯᠠᠬᠤ ᠪᠣᠯᠪᠠᠴᠤ ᠣᠷᠣᠰ ᠮᠣᠩᠭᠣᠯ᠎ᠳᠤ ᠯᠡ ᠬᠢᠵᠠᠭ᠋ᠠᠷᠯᠠᠭᠳᠠᠬᠤ ᠦᠭᠡᠢ ᠪᠠᠢ᠌ᠵᠤ ᠂  ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢ᠍ᠢ᠍ᠭᠤᠯᠬᠤ ᠠᠵᠠ ᠳᠣᠬᠢᠶᠠᠯ᠎ᠢ ᠠᠳᠬᠤᠨ ᠂  ᠨᠡᠩ ᠥᠨᠳᠥᠷ ᠪᠠᠷᠢᠮᠵᠢᠶ᠎ᠠ᠎ᠲᠠᠢ ᠳᠦᠷᠢᠮ᠎ᠤᠨ ᠬᠡᠯᠪᠡᠷᠢ ᠪᠦᠬᠦᠢ ᠨᠡᠭᠡᠭᠡᠯᠲᠡ ᠵᠢ ᠲᠦᠷᠭᠡᠳᠬᠡᠨ ᠠᠬᠢᠭᠤᠯᠵᠤ ᠂ 《ᠨᠢᠭᠡ ᠪᠦᠰᠡ ᠨᠢᠭᠡ ᠵᠠᠮ 》᠎ᠢ ᠬᠠᠮᠲᠤ᠎ᠪᠠᠷ ᠪᠠᠢ᠍ᠢ᠍ᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠣᠩᠭᠢᠯ᠎ᠤᠨ ᠪᠦᠲᠦᠭᠡᠨ ᠪᠠᠢ᠌ᠭᠤᠯᠤᠯᠲᠠ᠎ᠳᠤ ᠨᠡᠩ ᠭᠦᠨᠵᠡᠭᠡᠢ ᠣᠷᠣᠯᠴᠠᠨ ᠂  ᠵᠡᠭᠦᠨ ᠬᠣᠢ᠌ᠲᠤ ᠠᠽᠢᠶ᠎ᠠ ᠂  ᠲᠥᠪ ᠠᠽᠢᠶ᠎ᠠ ᠂  ᠡᠸᠦ᠋ᠷᠦᠫᠡ ᠲᠢᠪ ᠠᠮᠧᠷᠢᠺᠠ ᠲᠢᠪ ᠂  ᠠᠦ᠋ᠰᠲᠷᠠᠯᠢᠶ᠎ᠠ ᠰᠢᠨ᠎ᠡ  ᠽᠢᠯᠠᠨᠳ᠋  ᠪᠠ ᠰᠢᠨ᠎ᠡ᠎ᠪᠠᠷ ᠪᠣᠢ ᠪᠣᠯᠤᠭᠰᠠᠨ ᠠᠵᠤ ᠠᠬᠤᠢ ᠵᠢᠨ ᠴᠣᠭᠴᠠ᠎ᠯᠤᠭ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠦᠨ ᠥᠷᠭᠡᠳᠬᠡᠨ᠎ᠡ ᠃  ᠭᠠᠳᠠᠭ᠋ᠠᠳᠤ ᠠᠷᠠᠯᠵᠢᠶᠠᠨ᠎ᠤ ᠬᠡᠪᠴᠢᠶᠡᠵᠢᠯ᠎ᠢ ᠪᠤᠵᠠᠭ᠋ᠠᠢ᠌ᠷᠠᠭᠤᠯᠵᠤ ᠂  ᠭᠠᠷ ᠳᠠᠮᠵᠢᠭᠰᠠᠨ ᠮᠠᠰᠢᠨ ᠲᠡᠷᠭᠡ ᠂ 《ᠰᠢᠨ᠎ᠡ ᠭᠤᠷᠪᠠᠨ ᠵᠦᠢ᠍ᠯ 》᠂  ᠵᠠᠪᠰᠠᠷ᠎ᠤᠨ ᠪᠦᠲᠦᠭᠡᠭᠳᠡᠬᠦᠨ ᠂  ᠲᠠᠷᠢᠶᠠᠯᠠᠩ᠎ᠤᠨ ᠢᠳᠡᠭᠡᠨ᠎ᠤ ᠪᠦᠲᠦᠭᠡᠭᠳᠡᠬᠦᠨ᠎ᠢ ᠭᠠᠳᠠᠭ᠋ᠠᠳᠤ᠎ᠳᠤ ᠭᠠᠷᠭ᠋ᠠᠬᠤ ᠬᠡᠪᠴᠢᠶ᠎ᠡ ᠵᠢ ᠥᠷᠭᠡᠳᠬᠡᠨ ᠂  ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠠᠵᠤ ᠠᠬᠤᠢ᠌ᠯᠠᠯ ᠪᠠ ᠠᠵᠤ ᠦᠢ᠍ᠯᠡᠰ᠎ᠤᠨ ᠬᠦᠷᠢᠶᠡᠯᠡᠩ᠎ᠢ ᠨᠢᠭᠡ ᠪᠦᠯᠦᠭ ᠪᠣᠢ᠌ᠵᠢᠭᠤᠯᠵᠤ ᠂  ᠭᠣᠣᠯᠳᠠᠯᠭ᠎ᠠ ᠪᠣᠯᠬᠤ ᠠᠷᠠᠯᠵᠢᠶᠠᠨ᠎ᠤ ᠬᠠᠨᠢᠲᠠᠨ᠎ᠤ ᠭᠠᠳᠠᠭ᠋ᠠᠳᠤ ᠬᠥᠮᠥᠷᠭᠡ ᠵᠢ ᠨᠢᠭᠡ ᠪᠦᠯᠦᠭ ᠪᠠᠢ᠌ᠷᠢᠰᠢᠭᠤᠯᠤᠨ ᠂  ᠬᠦᠬᠡᠬᠤᠲᠠ ᠂  ᠤᠯᠠᠭ᠋ᠠᠨᠴᠠᠪ᠎ᠤᠨ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠴᠤᠪᠤᠭ᠎ᠠ ᠲᠡᠷᠭᠡᠨ᠎ᠤ ᠲᠥᠪᠯᠡᠷᠡᠭᠦᠯᠵᠦ ᠬᠤᠪᠢᠶᠠᠷᠢᠯᠠᠬᠤ ᠲᠥᠪ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ ᠂  ᠡᠭᠡᠯᠵᠢ ᠵᠢᠨ ᠴᠤᠪᠤᠭ᠎ᠠ ᠲᠡᠷᠭᠡᠨ᠎ᠤ ᠪᠠᠷᠠᠭ᠋ᠠᠨ᠎ᠤ ᠢᠷᠡᠯᠲᠡ ᠵᠢᠨ ᠲᠥᠪᠯᠡᠷᠡᠭᠦᠯᠵᠦ ᠬᠤᠪᠢᠶᠠᠷᠢᠯᠠᠬᠤ ᠴᠢᠳᠠᠪᠤᠷᠢ ᠪᠠ ᠪᠤᠴᠠᠬᠤ᠎ᠳᠤ᠎ᠪᠠᠨ ᠳᠦᠭᠦᠷᠡᠩ ᠠᠴᠢᠶᠠᠯᠠᠬᠤ ᠨᠤᠷᠮ᠎ᠠ ᠵᠢ᠎ᠨᠢ ᠳᠡᠭᠡᠭᠰᠢᠯᠡᠭᠦᠯᠦᠨ ᠂  ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠢᠷᠡᠵᠦ ᠶᠠᠪᠤᠭᠰᠠᠨ ᠴᠤᠪᠤᠭ᠎ᠠ ᠲᠡᠷᠭᠡᠨ᠎ᠤ ᠲᠣᠭ᠎ᠠ ᠵᠢ 500᠎ᠠᠴᠠ ᠳᠠᠪᠠᠭᠤᠯᠵᠤ ᠂  ᠬᠢᠯᠢ ᠵᠢᠨ ᠪᠣᠭᠣᠮᠲᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠵᠢ 1.3 ᠳ᠋ᠦᠩᠰᠢᠭᠤᠷ ᠲᠣᠨ᠎ᠠᠴᠠ ᠳᠠᠪᠠᠭᠤᠯᠵᠤ ᠂  ᠭᠠᠳᠠᠭ᠋ᠠᠳᠤ ᠠᠷᠠᠯᠵᠢᠶᠠᠨ᠎ᠤ ᠣᠷᠣᠭᠤᠯᠵᠤ ᠭᠠᠷᠭ᠋ᠠᠬᠤ ᠶᠡᠷᠦᠩᠬᠡᠢ ᠥᠷᠲᠡᠭ᠎ᠢ 2200 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠢ᠌ᠨ᠎ᠠ ᠃  ᠮᠠᠨ᠎ᠤ ᠣᠷᠣᠨ᠎ᠳᠤ ᠭᠠᠳᠠᠭ᠋ᠠᠳᠤ ᠨᠡᠭᠡᠭᠡᠯᠲᠡ ᠵᠢᠨ ᠬᠢᠯᠢ ᠵᠢᠨ ᠪᠣᠭᠣᠮᠲᠠ 20 ᠪᠠᠢ᠌ᠨ᠎ᠠ ᠂  ᠬᠢᠯᠢ ᠵᠢᠨ ᠪᠣᠭᠣᠮᠲᠠ ᠵᠢᠨ ᠴᠢᠳᠠᠮᠵᠢ ᠵᠢ ᠬᠦᠴᠦᠯᠡᠨ ᠳᠡᠭᠡᠭᠰᠢᠯᠡᠭᠦᠯᠵᠦ ᠂  ᠳᠤᠮᠳᠠᠳᠤ ᠮᠣᠩᠭᠣᠯ᠎ᠤᠨ ᠡᠷᠢᠶᠡᠨ ᠬᠤᠲᠠ –  ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠢ ᠰᠠᠢ᠌ᠲᠤᠷ ᠪᠦᠲᠦᠭᠡᠨ ᠪᠠᠢ᠌ᠭᠤᠯᠵᠤ ᠂  ᠮᠠᠨᠵᠤᠤᠷ ᠲᠡᠮᠦᠷ ᠵᠠᠮ᠎ᠤᠨ ᠬᠢᠯᠢ ᠵᠢᠨ ᠪᠣᠭᠣᠮᠲᠠ ᠵᠢᠨ ᠨᠡᠮᠡᠨ ᠪᠠᠢ᠍ᠢ᠍ᠭᠤᠯᠬᠤ ᠪᠠᠷᠢᠮᠵᠢᠶᠠᠲᠤ ᠵᠠᠢ᠌ᠲᠠᠢ ᠲᠡᠮᠦᠷ ᠵᠠᠮ᠎ᠤᠨ ᠬᠣᠶᠠᠳᠤᠭ᠋ᠠᠷ ᠱᠤᠭᠤᠮ ᠂  ᠡᠷᠢᠶᠡᠨ ᠬᠤᠲᠠ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠵᠢᠨ ᠬᠣᠶᠠᠳᠤᠭ᠋ᠠᠷ ᠨᠡᠪᠲᠡᠷᠡᠯ ᠵᠠᠮ ᠂  ᠮᠠᠨᠳᠤᠯ ᠬᠢᠯᠢ ᠵᠢᠨ ᠪᠣᠭᠣᠮᠲᠠ ᠵᠢᠨ ᠨᠡᠪᠲᠡᠷᠡᠯ ᠵᠠᠮ᠎ᠢ ᠥᠷᠭᠡᠳᠬᠡᠨ ᠪᠠᠢ᠍ᠢ᠍ᠭᠤᠯᠬᠤ ᠂  ᠭᠠᠭᠴᠠᠮᠣᠳᠤ ᠬᠢᠯᠢ ᠵᠢᠨ ᠪᠣᠭᠣᠮᠲᠠ ᠵᠢᠨ ᠬᠢᠯᠢ ᠠᠯᠤᠰᠯᠠᠭᠰᠠᠨ ᠲᠡᠮᠦᠷ ᠵᠠᠮ᠎ᠤᠨ ᠶᠡᠬᠡ ᠬᠥᠭᠥᠷᠭᠡ ᠵᠡᠷᠭᠡ ᠭᠣᠣᠯᠳᠠᠯᠭ᠎ᠠ ᠪᠣᠯᠬᠤ ᠲᠥᠷᠥᠯ ᠵᠦᠢ᠍ᠯ᠎ᠢ ᠰᠠᠢ᠌ᠲᠤᠷ ᠬᠡᠷᠡᠭᠵᠢᠭᠦᠯᠦᠨ ᠂  ᠮᠠᠨᠵᠤᠤᠷ ᠂  ᠡᠷᠢᠶᠡᠨ ᠬᠤᠲᠠ ᠵᠢᠨ ᠣᠶᠤᠨᠲᠤ ᠬᠢᠯᠢ ᠵᠢᠨ ᠪᠣᠭᠣᠮᠲᠠ ᠵᠢᠨ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠦᠨ᠎ᠡ ᠃  ᠬᠢᠯᠢ ᠵᠢᠨ ᠪᠣᠭᠣᠮᠲᠠ ᠪᠠ ᠳᠣᠲᠣᠷ᠎ᠠ ᠭᠠᠵᠠᠷ ᠬᠣᠯᠪᠤᠭ᠋ᠠᠯᠠᠨ ᠬᠥᠳᠡᠯᠦᠯᠴᠡᠬᠦ ᠂  ᠪᠣᠳᠠᠲᠠᠢ᠌ᠵᠢᠭᠤᠯᠤᠨ ᠤᠯᠠᠷᠢᠭᠤᠯᠬᠤ᠎ᠪᠠᠨ ᠴᠢᠩᠭ᠋ᠠᠷᠠᠭᠤᠯᠵᠤ ᠂  ᠭᠠᠳᠠᠭ᠋ᠠᠳᠤ᠎ᠳᠤ ᠭᠠᠷᠭ᠋ᠠᠬᠤ ᠲᠠᠸᠠᠷ᠎ᠤᠨ ᠳᠡᠭᠡᠳᠦ ᠬᠡᠯᠬᠢᠶᠡᠨ᠎ᠤ ᠢᠷᠡᠯᠲᠡ ᠪᠠ ᠭᠠᠳᠠᠭ᠋ᠠᠳᠤ᠎ᠠᠴᠠ ᠣᠷᠣᠭᠤᠯᠬᠤ ᠲᠠᠸᠠᠷ᠎ᠤᠨ ᠳᠣᠣᠷᠠᠳᠤ ᠬᠡᠯᠬᠢᠶᠡᠨ᠎ᠤ ᠬᠠᠨᠳᠤᠰᠢ ᠵᠢ ᠭᠦᠨᠵᠡᠭᠡᠢ ᠰᠤᠳᠤᠯᠤᠨ ᠂  ᠬᠡᠦᠷᠡᠰᠦᠨ ᠨᠡᠭᠦᠷᠡᠰᠦ ᠂  ᠲᠡᠮᠦᠷ᠎ᠤᠨ ᠬᠦᠳᠡᠷ ᠂  ᠠᠮᠤ ᠲᠣᠰᠣ ᠂  ᠺᠠᠯᠢᠲᠤ ᠪᠣᠷᠳᠣᠭᠤᠷ ᠂  ᠮᠣᠳᠣᠨ ᠮᠠᠲ᠋ᠧᠷᠢᠶᠠᠯ ᠂  ᠬᠠᠢ᠌ᠯᠤᠭᠤᠷ ᠵᠤᠩᠰᠢ ᠂  ᠢᠮᠠᠭ᠋ᠠᠨ ᠨᠣᠣᠯᠣᠭᠤᠷ ᠵᠡᠷᠭᠡ ᠵᠢ ᠪᠣᠳᠠᠲᠠᠢ᠌ᠵᠢᠭᠤᠯᠵᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢ᠍ᠯᠡᠰ᠎ᠢ ᠲᠦᠷᠭᠡᠳᠬᠡᠨ ᠬᠥᠭᠵᠢᠭᠦᠯᠵᠦ ᠂ 《ᠭᠠᠷ ᠳᠠᠮᠵᠢᠪᠠᠴᠤ ᠠᠰᠢᠭ ᠬᠦᠷᠲᠡᠬᠦ ᠦᠭᠡᠢ 》  ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠨ᠎ᠡ ᠃  ᠡᠯ᠎ᠡ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠨᠢ ᠲᠤᠰ ᠪᠡᠶ᠎ᠡ ᠵᠢᠨ ᠵᠶ᠋ᠠᠨ ᠳᠤᠲᠠᠭᠤᠳᠠᠯ᠎ᠢ ᠣᠨᠣᠪᠴᠢᠲᠠᠢ ᠡᠷᠢᠵᠦ ᠂  ᠬᠠᠨᠳᠤᠯᠭ᠋ᠠᠲᠤ ᠴᠢᠨᠠᠷᠲᠠᠢ ᠳᠡᠭᠡᠭᠰᠢᠯᠡᠭᠦᠯᠬᠦ ᠲᠥᠰᠥᠯ᠎ᠢ ᠲᠣᠭᠲᠠᠭ᠋ᠠᠨ ᠂  ᠪᠠᠢ᠌ᠷᠢ᠎ᠪᠠᠨ ᠳᠡᠭᠡᠭᠰᠢᠯᠡᠭᠦᠯᠦᠨ ᠳᠡᠰ ᠳᠡᠪᠰᠢᠬᠦ᠎ᠪᠠᠨ ᠲᠦᠷᠭᠡᠳᠬᠡᠨ᠎ᠡ ᠃

       ᠳᠣᠲᠣᠭ᠋ᠠᠳᠤ᠎ᠳᠤ᠎ᠪᠠᠨ ᠣᠷᠣᠨ ᠪᠦᠰᠡ ᠵᠢᠨ ᠬᠤᠭᠤᠷᠤᠨᠳᠤᠬᠢ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠎ᠡ ᠃  ᠪᠡᠭᠡᠵᠢᠩ ᠲᠢᠶᠠᠨᠵᠢᠨ ᠾᠧᠪᠧᠢ ᠂  ᠬᠦᠬᠡᠮᠦᠷᠡᠨ᠎ᠤ ᠭᠤᠷᠪᠠᠯᠵᠢᠨ ᠬᠣᠢ᠌ᠭ ᠂  ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠣᠯᠣᠩ᠎ᠤᠨ ᠣᠷᠣᠨ ᠪᠠ ᠵᠡᠭᠦᠨ ᠬᠣᠢ᠌ᠲᠤ ᠵᠢᠨ ᠭᠤᠷᠪᠠᠨ ᠮᠤᠵᠢ ᠵᠡᠷᠭᠡ ᠭᠠᠵᠠᠷ ᠣᠷᠣᠨ᠎ᠲᠠᠢ ᠬᠠᠮᠲᠤᠷᠠᠯᠴᠠᠬᠤ᠎ᠪᠠᠨ ᠤᠯᠠᠮ ᠨᠢᠭᠡ ᠠᠯᠬᠤᠮ ᠨᠢᠭᠲᠠᠷᠠᠭᠤᠯᠵᠤ ᠂  ᠠᠵᠤ ᠦᠢ᠍ᠯᠡᠰ᠎ᠤᠨ ᠰᠢᠯᠵᠢᠯᠲᠡ ᠵᠢ ᠢᠳᠡᠪᠬᠢᠲᠡᠢ ᠳᠠᠭ᠋ᠠᠭ᠋ᠠᠨ ᠵᠠᠯᠭ᠋ᠠᠭᠤᠯᠵᠤ ᠂  ᠡᠨᠧᠷᠬᠢ ᠂  ᠡᠬᠢ ᠪᠠᠶᠠᠯᠢᠭ ᠂  ᠪᠣᠳᠣᠬᠤ ᠴᠢᠳᠠᠪᠤᠷᠢ ᠵᠡᠷᠭᠡ ᠲᠠᠯ᠎ᠠ᠎ᠪᠠᠷ ᠠᠵᠤ ᠠᠬᠤᠢ ᠵᠢᠨ ᠲᠣᠮᠣ ᠮᠤᠵᠢ᠎ᠯᠤᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠨ ᠂  ᠣᠨᠴᠠᠭ᠋ᠠᠢ᠌ᠯᠠᠨ ᠬᠥᠭᠵᠢᠭᠰᠡᠨ ᠭᠠᠵᠠᠷ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠷ᠎ᠡ ᠪᠦᠲᠦᠭᠡᠯ ᠵᠶ᠋ᠠᠨ ᠤᠯᠠᠷᠢᠭᠤᠯᠬᠤ᠎ᠳᠤ ᠡᠯᠪᠡᠭ ᠳᠡᠯᠪᠡᠭ ᠬᠡᠷᠡᠭᠯᠡᠯᠲᠡ ᠵᠢᠨ ᠠᠬᠤᠢ ᠪᠠᠢ᠌ᠳᠠᠯ ᠬᠠᠩᠭ᠋ᠠᠨ᠎ᠠ ᠃  ᠪᠡᠭᠡᠵᠢᠩ ᠥᠪᠥᠷ ᠮᠣᠩᠭᠣᠯ᠎ᠤᠨ ᠬᠠᠮᠲᠤᠷᠠᠯᠴᠠᠭ᠎ᠠ ᠵᠢ ᠪᠦᠬᠦ ᠲᠠᠯ᠎ᠠ᠎ᠪᠠᠷ ᠥᠷᠭᠡᠳᠬᠡᠨ᠎ᠡ ᠂ 《ᠵᠢᠷᠭᠤᠭ᠎ᠠ ᠵᠢ  ᠲᠠᠬᠢᠨ ᠵᠢᠨᠷ ᠨᠡᠮᠡᠭᠳᠡᠭᠦᠯᠬᠦ ᠲᠥᠯᠥᠪᠯᠡᠭᠡ 》  ᠪᠠ 《ᠳᠦᠷᠪᠡᠨ ᠵᠦᠢ᠍ᠯ᠎ᠤᠨ ᠠᠵᠢᠯᠯᠠᠭ᠋ᠠᠨ 》᠎ᠢ ᠥᠷᠭᠦᠯᠵᠢᠯᠡᠨ ᠥᠷᠨᠢᠭᠦᠯᠵᠦ ᠂  ᠰᠢᠨ᠎ᠡ ᠬᠡᠯᠪᠡᠷᠢ ᠵᠢᠨ ᠡᠨᠧᠷᠬᠢ ᠨᠥᠭᠡᠴᠡᠯᠡᠬᠦ ᠂  ᠪᠣᠬᠢᠷᠲᠤᠯ ᠦᠭᠡᠢ ᠤᠰᠤᠳᠦ᠋ᠷᠦᠭᠴᠢ ᠪᠣᠬᠢᠷᠲᠤᠯ ᠦᠭᠡᠢ ᠰᠢᠪᠲᠦᠷ ᠂  ᠪᠣᠬᠢᠷᠲᠤᠯ ᠦᠭᠡᠢ ᠪᠣᠳᠣᠬᠤ ᠴᠢᠳᠠᠪᠤᠷᠢ ᠂  ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠂  ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠡᠷᠭᠡ ᠲᠠᠯ᠎ᠠ᠎ᠳᠤ ᠨᠢᠭᠡ ᠪᠦᠯᠦᠭ ᠰᠢᠨ᠎ᠡ ᠦᠷ᠎ᠡ ᠪᠦᠲᠦᠭᠡᠯ ᠭᠠᠷᠭ᠋ᠠᠨ᠎ᠠ ᠃

       ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ᠎ᠳᠤ᠎ᠪᠠᠨ ᠵᠥᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠵᠢ ᠪᠠᠷᠢᠮᠲᠠᠯᠠᠨ᠎ᠠ ᠃  ᠵᠡᠭᠦᠨ ᠬᠡᠰᠡᠭ᠎ᠤᠨ ᠲᠠᠪᠤᠨ ᠠᠢ᠌ᠮᠠᠭ ᠬᠤᠲᠠ 《ᠰᠦᠷ ᠵᠢᠪᠬᠤᠭ᠎ᠠ᠎ᠪᠠᠨ ᠳᠠᠬᠢᠨ ᠪᠠᠳᠠᠷᠠᠭᠤᠯᠬᠤ 》  ᠠᠤᠭ᠎ᠠ ᠵᠣᠷᠢᠭ᠎ᠢ ᠬᠥᠪᠴᠢᠯᠡᠵᠦ ᠂  ᠰᠢᠨ᠎ᠡ ᠬᠥᠭᠵᠢᠯᠲᠡ ᠵᠢᠨ ᠳᠠᠪᠠᠭᠤᠯᠢᠭ᠎ᠢ ᠬᠣᠯᠪᠤᠭ᠋ᠠᠯᠠᠨ ᠴᠣᠭᠴᠠᠯᠠᠨ᠎ᠠ ᠃  ᠤᠯᠠᠭ᠋ᠠᠨᠬᠠᠳᠠ ᠂  ᠲᠦᠩᠯᠢᠶᠣᠣ ᠬᠣᠰᠢᠭᠤᠷᠠᠨ ᠠᠵᠢᠯᠯᠠᠵᠤ ᠪᠠᠢ᠌ᠭ᠋ᠠᠳ ᠬᠥᠭᠵᠢᠨ ᠮᠠᠨᠳᠤᠯᠲᠠ᠎ᠳᠤ᠎ᠪᠠᠨ ᠬᠤᠷᠳᠤ ᠨᠡᠮᠡᠵᠦ ᠲᠦᠷᠦᠭᠦᠯᠡᠨ ᠤᠷᠤᠭᠰᠢᠯᠠᠨ᠎ᠠ ᠃  ᠬᠦᠬᠡᠬᠤᠲᠠ ᠪᠤᠭᠤᠲᠤ ᠣᠷᠳᠣᠰ ᠤᠯᠠᠭ᠋ᠠᠨᠴᠠᠪ ᠪᠦᠬᠦ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢᠨ ᠭᠣᠣᠯ ᠡᠭᠦᠷᠭᠡ ᠵᠢ ᠡᠭᠦᠷᠭᠡᠯᠡᠵᠦ ᠂  ᠬᠤᠪᠢ ᠨᠡᠮᠡᠷᠢ ᠦᠵᠡᠭᠦᠯᠭᠦ ᠮᠥᠷᠲᠡᠭᠡᠨ ᠣᠯᠠᠨ ᠲᠦᠮᠡᠨ᠎ᠤ ᠴᠢᠨᠠᠷ ᠴᠢᠨᠰᠠᠭ᠎ᠠ᠎ᠲᠠᠢ ᠠᠮᠢᠳᠤᠷᠠᠯ ᠪᠠ ᠨᠡᠢ᠌ᠭᠡᠮ᠎ᠤᠨ ᠥᠨᠳᠥᠷ ᠬᠢᠷᠢ ᠲᠦᠪᠰᠢᠨ ᠪᠦᠬᠦᠢ ᠵᠠᠰᠠᠯᠲᠠ ᠵᠢᠨ ᠲᠠᠯ᠎ᠠ᠎ᠪᠠᠷ ᠲᠦᠷᠦᠭᠦᠨ᠎ᠳᠤ᠎ᠨᠢ ᠬᠣᠰᠢᠭᠤᠷᠠᠵᠤ ᠦᠯᠢᠭᠡᠷ ᠳᠠᠭᠤᠷᠢᠶᠠᠯ ᠪᠣᠯᠵᠤ ᠂  ᠬᠦᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠢ ᠨᠢᠭᠡ ᠬᠣᠲᠠᠵᠢᠭᠤᠯᠬᠤ᠎ᠪᠠᠷ ᠳᠠᠮᠵᠢᠭᠤᠯᠤᠨ ᠪᠦᠬᠦ ᠣᠷᠣᠨ᠎ᠤ ᠬᠥᠭᠵᠢᠯᠲᠡ ᠵᠢ ᠬᠥᠲᠥᠯᠥᠨ ᠳᠠᠢ᠌ᠴᠢᠯᠠᠬᠤ ᠭᠣᠣᠯ ᠬᠥᠳᠡᠯᠭᠡᠭᠦᠷ᠎ᠢ ᠬᠦᠴᠦᠨ ᠬᠠᠮᠲᠤᠳᠬᠠᠨ ᠴᠣᠭᠴᠠᠯᠠᠨ᠎ᠠ ᠃  ᠪᠠᠷᠠᠭᠤᠨ ᠬᠡᠰᠡᠭ᠎ᠤᠨ ᠭᠤᠷᠪᠠᠨ ᠠᠢ᠌ᠮᠠᠭ ᠬᠤᠲᠠ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠨ ᠰᠡᠷᠭᠦᠭᠡᠬᠦ᠎ᠪᠠᠨ ᠴᠢᠩᠭ᠋ᠠᠳᠬᠠᠵᠤ ᠂  ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠬᠦ᠎ᠪᠠᠨ ᠲᠦᠷᠭᠡᠳᠬᠡᠵᠦ ᠂  ᠵᠠᠯᠭ᠋ᠠᠨ ᠠᠪᠴᠤ ᠣᠷᠣᠯᠠᠭᠤᠯᠵᠤ ᠪᠣᠯᠬᠤ ᠠᠵᠤ ᠦᠢ᠍ᠯᠡᠰ᠎ᠢ ᠬᠠᠮᠲᠤ᠎ᠪᠠᠷ ᠪᠣᠢ᠌ᠵᠢᠭᠤᠯᠤᠨ᠎ᠠ ᠃  ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ ᠠᠭ᠋ᠠᠷ ᠮᠠᠨᠳᠠᠯ᠎ᠤᠨ ᠪᠣᠬᠢᠷᠲᠤᠯ᠎ᠢ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠵᠦ ᠬᠣᠯᠪᠤᠭ᠋ᠠᠯᠠᠨ ᠵᠠᠰᠠᠬᠤ᠎ᠪᠠᠨ ᠴᠢᠩᠭ᠋ᠠᠷᠠᠭᠤᠯᠵᠤ ᠂  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠲᠣᠭᠲᠠᠴᠠ᠎ᠪᠠᠨ ᠲᠡᠭᠦᠯᠳᠡᠷᠵᠢᠭᠦᠯᠦᠨ ᠂  ᠬᠥᠭᠵᠢᠯᠲᠡ ᠵᠢᠨ ᠪᠦᠬᠦᠯᠢ ᠴᠣᠭᠴᠠ ᠵᠢᠨ ᠬᠦᠴᠦᠨ ᠴᠢᠳᠠᠪᠤᠷᠢ᠎ᠪᠠᠨ ᠳᠡᠭᠡᠭᠰᠢᠯᠡᠭᠦᠯᠦᠨ᠎ᠡ ᠃  ᠪᠠᠶᠠᠨᠨᠠᠭᠤᠷ᠎ᠨᠢ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠲᠠᠪᠴᠠᠩ᠎ᠢ ᠰᠠᠢ᠌ᠲᠤᠷ ᠠᠰᠢᠭᠯᠠᠵᠤ ᠂  ᠪᠣᠷᠣᠳᠣᠬᠣᠢ ᠵᠢᠨ ᠤᠰᠤᠯᠠᠯᠲᠠ ᠵᠢᠨ ᠣᠷᠣᠨ᠎ᠢ ᠨᠡᠷ᠎ᠡ ᠨᠢᠳᠡᠷ᠎ᠲᠤ᠎ᠪᠠᠨ ᠲᠡᠩᠴᠡᠭᠰᠡᠨ 《ᠪᠣᠭᠣᠮᠲᠠ ᠵᠢᠨ ᠭᠠᠳᠠᠨᠠᠬᠢ ᠠᠮᠤ ᠵᠢᠨ ᠰᠠᠩ 》  ᠪᠣᠯᠭ᠋ᠠᠨ ᠪᠠᠢ᠌ᠭᠤᠯᠵᠤ ᠂  ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠰᠢᠨ᠎ᠡ ᠥᠨᠳᠥᠷᠯᠢᠭ᠎ᠢ ᠴᠣᠭᠴᠠᠯᠠᠨ᠎ᠠ ᠃

      (ᠶᠢᠰᠦ) ᠡᠯᠡᠰᠦ ᠵᠢ ᠵᠠᠰᠠᠬᠤ ᠪᠠ ᠤᠰᠤ ᠠᠷᠪᠢᠯᠠᠬᠤ᠎ᠪᠠᠷ ᠬᠥᠲᠥᠯᠥᠮᠵᠢ ᠪᠣᠯᠭ᠋ᠠᠨ ᠂  ᠠᠮᠢ ᠠᠬᠤᠢ ᠵᠢᠨ  ᠠᠮᠤᠷ ᠲᠦᠪᠰᠢᠨ᠎ᠤ ᠬᠠᠯᠬᠠᠪᠴᠢ ᠵᠢᠨ  ᠪᠦᠲᠦᠭᠡᠨ ᠪᠠᠢ᠌ᠭᠤᠯᠤᠯᠲᠠ ᠵᠢ  ᠪᠦᠬᠦ ᠬᠦᠴᠦᠨ ᠵᠶ᠋ᠠᠷ ᠵᠶ᠋ᠠᠨ ᠠᠬᠢᠭᠤᠯᠤᠨ᠎ᠠ ᠃  ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠪᠣᠯ ᠪᠢᠳᠡᠨ᠎ᠤ ᠪᠠᠲᠤ ᠴᠡᠭᠡᠵᠢᠯᠡᠭᠦᠰᠢᠲᠡᠢ 《ᠤᠯᠤᠰ᠎ᠤᠨ ᠶᠡᠬᠡ ᠶᠠᠪᠤᠳᠠᠯ 》  ᠪᠣᠯᠣᠨ᠎ᠠ ᠂  ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠢᠮᠠᠭᠲᠠ ᠲᠡᠷᠢᠭᠦᠨ ᠪᠠᠢ᠌ᠷᠢᠨ᠎ᠳᠤ ᠲᠠᠯᠪᠢᠨ ᠂  ᠪᠦᠬᠦ ᠬᠦᠴᠦᠨ ᠵᠦᠢ᠍ᠯ ᠪᠦᠬᠦ ᠲᠠᠯ᠎ᠠ ᠵᠢᠨ ᠵᠠᠰᠠᠯᠲᠠ ᠵᠢᠨ ᠪᠠᠢ᠌ᠷᠢᠰᠢᠯ᠎ᠢ ᠴᠣᠭᠴᠠᠯᠠᠵᠤ ᠂  ᠥᠨᠳᠥᠷ ᠬᠢᠷᠢ ᠲᠦᠪᠰᠢᠨ ᠪᠦᠬᠦᠢ ᠬᠠᠮᠠᠭ᠋ᠠᠯᠠᠯᠲᠠ᠎ᠪᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠨ᠎ᠠ ᠃

      《ᠭᠤᠷᠪᠠᠨ ᠤᠮᠠᠷᠠᠲᠤ 》 ᠵᠢᠨ  ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠥᠷᠭᠦᠯᠵᠢᠯᠡᠨ ᠰᠠᠢ᠌ᠲᠤᠷ ᠬᠢᠨ᠎ᠡ ᠃  ᠬᠠᠲᠤᠨ ᠭᠣᠣᠯ᠎ᠤᠨ 《ᠶᠡᠬᠡ ᠲᠣᠬᠣᠢ 》 ᠵᠢᠨ ᠡᠷᠭᠢ ᠳᠠᠭ᠋ᠠᠤ ᠵᠢᠨ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠴᠢᠳᠦᠷᠯᠡᠬᠦ ᠤᠢ ᠵᠢᠨ ᠪᠦᠰᠡ ᠵᠢ ᠪᠦᠬᠦ ᠱᠤᠭᠤᠮ ᠵᠶ᠋ᠠᠷ ᠨᠡᠪᠲᠡᠷᠡᠭᠦᠯᠬᠦ ᠵᠢ ᠠᠬᠢᠭᠤᠯᠤᠨ ᠂  ᠪᠠᠳᠠᠢ ᠵᠢᠨ ᠵᠢᠷᠠᠨ ᠂  ᠲᠡᠭᠷᠢ ᠡᠯᠡᠰᠦ ᠵᠢᠨ ᠵᠠᠬ᠎ᠠ ᠵᠢ ᠴᠢᠳᠦᠷᠯᠡᠬᠦ ᠣᠢ ᠵᠢᠨ ᠪᠦᠰᠡ ᠵᠢᠨ 《ᠠᠮᠠ ᠰᠡᠭᠡᠷ ᠵᠣᠯᠭ᠋ᠠᠬᠤ 》 ᠵᠢ ᠪᠡᠶᠡᠯᠡᠭᠦᠯᠵᠦ ᠂ 2000  ᠭᠠᠷᠤᠢ ᠲᠦᠮᠡᠨ ᠮᠦ᠍ ᠡᠯᠡᠰᠦ ᠵᠢ ᠵᠠᠰᠠᠵᠤ ᠂  ᠡᠯᠡᠰᠦᠨ ᠴᠦᠯ᠎ᠢ ᠰᠤᠨᠳᠠᠯᠠᠭᠰᠠᠨ ᠵᠠᠰᠠᠮᠠᠯ ᠵᠠᠮ᠎ᠢ 2500 ᠺᠢᠯᠣᠮᠧᠲᠷ ᠪᠦᠲᠦᠭᠡᠨ ᠪᠠᠢ᠌ᠭᠤᠯᠤᠨ᠎ᠠ ᠃  ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠢ ᠥᠷᠭᠦᠯᠵᠢᠯᠡᠨ ᠠᠬᠢᠭᠤᠯᠵᠤ ᠂  ᠰᠢᠨ᠎ᠡ ᠡᠨᠧᠷᠬᠢ ᠵᠢᠨ ᠮᠠᠰᠢᠨ ᠴᠣᠭᠴᠠᠯᠠᠪᠤᠷᠢ ᠵᠢ 1500 ᠲᠦᠮᠡᠨ ᠺᠢᠯᠣᠸᠠᠲ ᠰᠢᠨ᠎ᠡ᠎ᠪᠠᠷ ᠪᠠᠢ᠌ᠭᠤᠯᠤᠨ ᠂ 140 ᠲᠦᠮᠡᠨ ᠮᠦ᠍ ᠡᠯᠡᠰᠦ ᠵᠢ ᠵᠠᠰᠠᠵᠤ ᠂ 《ᠭᠡᠷᠡᠯᠴᠢ ᠴᠡᠨᠡᠭ᠎ᠤᠨ ᠤᠷᠲᠤ ᠴᠠᠭ᠋ᠠᠨ ᠬᠡᠷᠡᠮ 》᠎ᠤᠨ ᠪᠦᠲᠦᠭᠡᠨ ᠪᠠᠢ᠌ᠭᠤᠯᠤᠯᠲᠠ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠣᠯᠬᠤ ᠵᠢ ᠠᠬᠢᠭᠤᠯᠤᠨ᠎ᠠ ᠃

       ᠤᠰᠤ ᠠᠷᠪᠢᠯᠠᠬᠤ ᠠᠵᠢᠯᠯᠠᠭ᠋ᠠᠨ᠎ᠢ ᠭᠦᠨᠵᠡᠭᠡᠢ᠌ᠷᠡᠭᠦᠯᠦᠨ ᠬᠡᠷᠡᠭᠵᠢᠭᠦᠯᠦᠨ᠎ᠡ ᠃  ᠮᠠᠨ᠎ᠤ ᠣᠷᠣᠨ ᠨᠢᠭᠡ ᠲᠠᠯ᠎ᠠ᠎ᠪᠠᠷ ᠤᠰᠤ ᠲᠤᠲᠠᠭᠳᠠᠵᠤ ᠂  ᠨᠦᠬᠦᠬᠡ ᠲᠠᠯ᠎ᠠ᠎ᠪᠠᠷ ᠤᠰᠤ ᠬᠡᠷᠡᠭᠯᠡᠬᠦ ᠠᠷᠭ᠎ᠠ ᠮᠠᠶᠢᠭ ᠪᠦᠳᠦᠭᠦᠯᠢᠭ ᠪᠠᠢ᠌ᠳᠠᠭ᠎ᠠᠴᠠ ᠤᠰᠤ ᠠᠷᠪᠢᠯᠠᠬᠤ ᠵᠢ ᠰᠠᠢ᠌ᠲᠤᠷ ᠠᠳᠬᠤᠬᠤ ᠠᠵᠢᠯ᠎ᠢ ᠣᠨᠨᠲᠤ ᠠᠯᠭᠤᠷᠯᠠᠵᠤ ᠪᠣᠯᠬᠤ ᠦᠭᠡᠢ ᠃  ᠲᠠᠷᠢᠶᠠᠯᠠᠩ᠎ᠤᠨ ᠬᠦᠷᠢᠶ᠎ᠡ ᠴᠠᠷᠠᠭ᠋ᠠᠨ᠎ᠳᠠᠬᠢ ᠵᠠᠩᠭᠢᠯᠠᠭ᠎ᠠ ᠪᠣᠯ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠵᠢ ᠰᠠᠢ᠌ᠲᠤᠷ ᠠᠳᠬᠤᠬᠤ ᠶᠠᠪᠤᠳᠠᠯ ᠪᠣᠯᠣᠨ᠎ᠠ ᠂  ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠂  ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠵᠢᠨ ᠲᠠᠯᠠᠪᠠᠢ ᠵᠢ 200 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠵᠦ ᠂  ᠤᠰᠤ ᠠᠷᠪᠢᠯᠠᠵᠤ ᠠᠮᠤ ᠪᠤᠳᠠᠭ᠋ᠠᠨ᠎ᠤ ᠤᠨᠠᠯᠲᠠ᠎ᠪᠠᠨ ᠨᠡᠮᠡᠭᠳᠡᠭᠦᠯᠬᠦ ᠵᠢ ᠠᠬᠢᠭᠤᠯᠬᠤ ᠰᠢᠶᠠᠨ᠎ᠢ 20 ᠡᠭᠦᠳᠦᠨ ᠪᠠᠢ᠌ᠭᠤᠯᠵᠤ ᠂  ᠤᠰᠤ ᠠᠷᠪᠢᠯᠠᠬᠤ ᠬᠡᠮᠵᠢᠶ᠎ᠡ ᠵᠢ 2.7 ᠳ᠋ᠦᠩᠰᠢᠭᠤᠷ ᠺᠦᠪ ᠮᠧᠲᠷ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠬᠦ᠎ᠪᠠᠷ ᠬᠦᠴᠦᠯᠡᠨ ᠴᠢᠷᠮᠠᠢ᠌ᠨ᠎ᠠ ᠃  ᠠᠵᠤ ᠦᠢ᠍ᠯᠡᠳᠪᠦᠷᠢ ᠵᠢᠨ ᠬᠦᠷᠢᠶ᠎ᠡ ᠴᠠᠷᠠᠭ᠋ᠠᠨ᠎ᠳᠤ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ ᠳᠣᠪᠦ᠋ᠢ᠍ᠯᠭ᠋ᠠᠨ᠎ᠠ ᠂  ᠨᠡᠭᠡᠭᠡᠯᠲᠡ ᠵᠢᠨ ᠲᠣᠭᠣᠷᠢᠭ ᠪᠦᠬᠦᠨ᠎ᠳᠤ ᠲᠡᠷᠢᠭᠦᠨ᠎ᠤ ᠤᠰᠤ ᠠᠷᠪᠢᠯᠠᠬᠤ ᠮᠡᠷᠭᠡᠵᠢᠯ᠎ᠢ ᠶᠡᠬᠡ᠎ᠪᠠᠷ ᠳᠡᠯᠭᠡᠷᠡᠭᠦᠯᠦᠨ ᠂  ᠰᠢᠨ᠎ᠡ᠎ᠪᠠᠷ ᠲᠣᠬᠢᠷᠠᠭᠤᠯᠤᠭᠰᠠᠨ ᠲᠥᠷᠥᠯ ᠵᠦᠢ᠍ᠯ᠎ᠤᠨ ᠣᠰᠣᠨ᠎ᠤ ᠠᠰᠢᠭᠯᠠᠮᠵᠢ ᠵᠢ  ᠤᠯᠤᠰ᠎ᠤᠨ ᠠᠵᠢᠯ ᠲᠥᠷᠥᠯ᠎ᠤᠨ ᠤᠰᠤ ᠬᠡᠷᠡᠭᠯᠡᠬᠦ ᠲᠡᠷᠢᠭᠦᠨ᠎ᠤ ᠬᠡᠮᠵᠢᠭᠳᠡᠯ᠎ᠠᠴᠠ ᠳᠣᠣᠷ᠎ᠠ ᠦᠭᠡᠢ ᠪᠠᠢ᠌ᠯᠭ᠋ᠠᠵᠤ ᠂  ᠲᠦᠮᠡᠨ ᠲᠥᠭᠥᠷᠢᠭ᠎ᠤᠨ GDP᠎ᠲᠤ ᠬᠡᠷᠡᠭᠯᠡᠬᠦ ᠣᠰᠣᠨ᠎ᠤ ᠬᠡᠮᠵᠢᠶ᠎ᠡ ᠂  ᠲᠦᠮᠡᠨ ᠲᠥᠭᠥᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ᠎ᠲᠤ ᠬᠡᠷᠡᠭᠯᠡᠬᠦ ᠤᠰᠤᠨ᠎ᠤ ᠬᠡᠮᠵᠢᠶᠡᠨ᠎ᠤ ᠲᠠᠯ᠎ᠠ᠎ᠪᠠᠷ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠳᠠᠬᠢ ᠬᠢᠵᠠᠭ᠋ᠠᠷᠯᠠᠬᠤ ᠬᠠᠷᠠᠯᠲᠠ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ ᠃  ᠠᠮᠢᠳᠤᠷᠠᠯ᠎ᠳᠤ ᠬᠡᠷᠡᠭᠯᠡᠬᠦ ᠤᠰᠤ ᠵᠢ ᠠᠷᠪᠢᠯᠠᠬᠤ᠎ᠳᠤ ᠨᠠᠷᠢᠨ ᠨᠢᠮᠪᠠᠢ ᠪᠣᠳᠣᠵᠦ ᠲᠥᠯᠥᠪᠯᠡᠨ᠎ᠡ ᠂  ᠬᠤᠲᠠ ᠵᠢᠨ ᠤᠰᠤ ᠬᠠᠩᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠥᠷᠨᠢᠭᠦᠯᠵᠦ ᠂  ᠨᠢᠭᠡ ᠪᠦᠯᠦᠭ ᠤᠰᠤ ᠠᠷᠪᠢᠯᠠᠬᠤ ᠪᠡᠯᠡᠳᠬᠡᠮᠵᠢ ᠵᠢ ᠥᠭᠡᠷᠡᠴᠢᠯᠡᠨ ᠰᠢᠨᠡᠳᠬᠡᠵᠦ ᠪᠠᠢ᠌ᠭᠤᠯᠤᠨ ᠂  ᠤᠰᠤ ᠠᠷᠪᠢᠯᠠᠬᠤ ᠬᠠᠮᠢᠶᠠᠷᠤᠯᠲᠠ ᠵᠢᠨ ᠣᠶᠤᠨᠴᠢ ᠲᠠᠪᠴᠠᠩ᠎ᠢ ᠴᠣᠭᠴᠠᠯᠠᠵᠤ ᠂  ᠬᠤᠲᠠ ᠵᠢᠨ ᠣᠯᠠᠨ ᠨᠡᠢ᠍ᠢ᠍ᠲᠡ ᠵᠢᠨ ᠤᠰᠤ ᠬᠠᠩᠭ᠋ᠠᠬᠤ ᠬᠣᠭᠣᠯᠠᠢ ᠭᠤᠤᠷᠰᠤ ᠵᠢᠨ ᠲᠣᠣᠷ᠎ᠤᠨ ᠯᠡᠪᠡᠷᠡᠵᠦ ᠡᠪᠳᠡᠷᠡᠬᠦ ᠨᠤᠷᠮ᠎ᠠ ᠵᠢ ᠲᠦᠷᠭᠡᠬᠡᠨ ᠳᠣᠷᠣᠭᠰᠢᠯᠠᠭᠤᠯᠵᠤ ᠂  ᠲᠠᠷᠢᠶᠠᠯᠠᠬᠤ ᠮᠠᠯᠵᠢᠬᠤ ᠣᠷᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠬᠡᠮᠵᠢᠶᠡᠯᠡᠨ ᠪᠣᠳᠣᠬᠤ ᠨᠤᠷᠮ᠎ᠠ ᠵᠢ ᠲᠦᠷᠭᠡᠬᠡᠨ ᠳᠡᠭᠡᠭᠰᠢᠯᠡᠭᠦᠯᠦᠨ᠎ᠡ ᠃  ᠪᠠᠢ᠌ᠩᠭᠤ ᠵᠢᠨ ᠪᠤᠰᠤ ᠤᠰᠤ ᠵᠢ ᠰᠠᠢ᠌ᠲᠤᠷ ᠠᠰᠢᠭᠯᠠᠬᠤ᠎ᠨᠢ ᠴᠦ᠍ ᠤᠰᠤ ᠠᠷᠪᠢᠯᠠᠵᠤ ᠪᠠᠢ᠌ᠭ᠎ᠠ ᠶᠠᠪᠤᠳᠠᠯ ᠪᠣᠯᠣᠨ᠎ᠠ ᠂  ᠳᠠᠬᠢᠯᠲᠠ ᠤᠰᠤ ᠵᠢ ᠠᠰᠢᠭᠯᠠᠬᠤ ᠠᠵᠢᠯᠯᠠᠭ᠋ᠠᠨ᠎ᠢ ᠬᠡᠷᠡᠭᠵᠢᠭᠦᠯᠵᠦ ᠂  ᠬᠠᠲᠤᠨ ᠭᠣᠣᠯ᠎ᠤᠨ ᠰᠠᠪᠠ ᠭᠠᠵᠠᠷ᠎ᠤᠨ ᠳᠠᠬᠢᠯᠲᠠ ᠤᠰᠤᠨ᠎ᠤ ᠠᠰᠢᠭᠯᠠᠮᠵᠢ ᠵᠢ 60%᠎ᠠᠴᠠ ᠳᠡᠭᠡᠭᠰᠢ᠎ᠳᠤ ᠬᠦᠷᠦᠭᠦᠯᠵᠦ ᠂  ᠠᠭᠤᠷᠬᠠᠢ ᠵᠢᠨ ᠬᠤᠳᠳᠤᠭ᠎ᠤᠨ ᠰᠢᠪᠬᠠᠷᠤᠤ ᠵᠢᠨ ᠠᠰᠢᠭᠯᠠᠮᠵᠢ ᠵᠢ 70%᠎ᠠᠴᠠ ᠳᠡᠭᠡᠭᠰᠢ᠎ᠳᠤ ᠬᠦᠷᠦᠭᠦᠯᠬᠦ᠎ᠪᠠᠷ ᠬᠦᠴᠦᠯᠡᠨ ᠴᠢᠷᠮᠠᠢ᠌ᠨ᠎ᠠ ᠃

       ᠴᠡᠯᠮᠡᠭ ᠲᠡᠭᠷᠢ ᠲᠤᠩᠭ᠋ᠠᠯᠠᠭ ᠤᠰᠤ ᠴᠡᠪᠡᠷ ᠬᠥᠷᠥᠰᠥᠨ᠎ᠤ ᠬᠠᠮᠠᠭ᠋ᠠᠯᠠᠯᠲᠠ ᠵᠢᠨ ᠳᠠᠢ᠌ᠯᠠᠯᠳᠤᠭ᠋ᠠᠨ᠎ᠢ ᠨᠢᠭᠡᠳᠦᠯᠲᠡᠢ ᠲᠥᠯᠥᠪᠯᠡᠨ ᠰᠠᠢ᠌ᠲᠤᠷ ᠬᠢᠨ᠎ᠡ ᠃  ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠲᠤᠰᠬᠠᠢ ᠰᠢᠮᠳᠠᠭᠤᠯᠤᠨ ᠪᠠᠢ᠌ᠴᠠᠭ᠋ᠠᠯᠲᠠ ᠵᠢ ᠰᠤᠯᠠᠷᠠᠭᠤᠯᠤᠯ ᠦᠭᠡᠢ ᠴᠢᠩᠭ᠎ᠠ ᠠᠩᠬᠠᠷᠴᠤ ᠂  ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠥᠷᠭᠦᠯᠵᠢᠯᠡᠨ ᠬᠦᠴᠦᠯᠡᠨ ᠠᠳᠬᠤᠵᠤ ᠂  ᠠᠳᠠᠯᠢ ᠲᠥᠷᠥᠯ᠎ᠤᠨ ᠠᠰᠠᠭᠤᠳᠠᠯ ᠳᠠᠪᠲᠠᠨ ᠢᠯᠡᠷᠡᠬᠦ ᠵᠢ ᠡᠷᠡᠰ ᠬᠣᠷᠢᠭᠯᠠᠨ᠎ᠠ ᠃  ᠬᠦᠬᠡᠬᠤᠲᠠ ᠪᠤᠭᠤᠲᠤ ᠣᠷᠳᠣᠰ ᠂  ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ ᠵᠶ᠋ᠠᠨ ᠭᠦᠨᠵᠡᠭᠡᠢ᠌ᠷᠡᠭᠦᠯᠵᠦ ᠂  ᠬᠦᠨᠳᠦ ᠪᠣᠬᠢᠷᠲᠤᠭᠰᠠᠨ ᠴᠠᠭ ᠠᠭᠤᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠪᠠᠨ ᠨᠠᠢ᠌ᠳᠠᠪᠤᠷᠢᠵᠢᠭᠤᠯᠤᠨ ᠂  ᠭᠣᠣᠯᠳᠠᠯᠭ᠎ᠠ ᠪᠣᠯᠬᠤ ᠠᠵᠢᠯ ᠲᠥᠷᠥᠯ᠎ᠤᠨ ᠪᠣᠬᠢᠷᠲᠤᠯ᠎ᠤᠨ ᠭᠦᠨᠵᠡᠭᠡᠢ ᠵᠠᠰᠠᠯᠲᠠ ᠵᠢ ᠠᠬᠢᠭᠤᠯᠤᠨ᠎ᠠ ᠃  ᠭᠣᠣᠯ ᠮᠥᠷᠡᠨ ᠨᠠᠭᠤᠷ ᠪᠦᠷᠢᠳᠦ ᠤᠰᠤᠨ ᠴᠦᠬᠦᠷᠦᠮ᠎ᠤᠨ 《ᠳᠤᠷ᠎ᠠ᠎ᠪᠠᠷ ᠦᠢ᠍ᠯᠡᠳᠬᠦ ᠳᠥᠷᠪᠡ ᠵᠢ ᠴᠡᠪᠡᠷᠯᠡᠬᠦ 》  ᠦᠷ᠎ᠡ ᠪᠦᠲᠦᠭᠡᠯ᠎ᠢ ᠪᠡᠬᠢᠵᠢᠭᠦᠯᠦᠨ ᠂ 《ᠬᠥᠯᠥᠨ ᠨᠠᠭᠤᠷ ᠲᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ 》  ᠵᠢᠴᠢ ᠴᠠᠭ᠋ᠠᠨᠨᠠᠭᠤᠷ᠎ᠤᠨ ᠬᠠᠮᠠᠭ᠋ᠠᠯᠠᠯᠲᠠ ᠵᠠᠰᠠᠯᠲᠠ᠎ᠪᠠᠨ ᠴᠢᠩᠭ᠋ᠠᠳᠬᠠᠵᠤ ᠂  ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠲᠠᠬᠢ ᠭᠣᠣᠯ᠎ᠤᠨ ᠵᠠᠮ᠎ᠤᠨ ᠵᠠᠰᠠᠯᠲᠠ ᠵᠢᠨ ᠢᠨᠵᠧᠨᠧᠷᠢᠩ᠎ᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠵᠤ ᠂  ᠦᠬᠠᠢ ᠨᠠᠭᠤᠷ᠎ᠤᠨ ᠴᠦᠬᠦᠷᠦᠮ᠎ᠤᠨ ᠣᠷᠣᠨ᠎ᠤ ᠨᠥᠯᠥᠮᠡᠯ ᠰᠢᠪᠠᠷ᠎ᠢ ᠠᠷᠢᠯᠭ᠋ᠠᠨ ᠴᠡᠪᠡᠷᠯᠡᠬᠦ ᠵᠢᠴᠢ ᠠᠭᠤᠷᠬᠠᠢ ᠵᠢᠨ ᠣᠷᠣᠨ᠎ᠤ ᠠᠮᠢ ᠠᠬᠤᠢ ᠵᠢ ᠰᠡᠷᠭᠦᠭᠡᠬᠦ ᠵᠢ ᠨᠢᠭᠡ ᠴᠣᠭᠴᠠᠵᠢᠭᠤᠯᠤᠨ ᠵᠠᠰᠠᠬᠤ ᠠᠵᠢᠯ᠎ᠢ ᠲᠤᠷᠰᠢᠨ ᠠᠬᠢᠭᠤᠯᠵᠤ ᠂  ᠪᠠᠷᠠᠭᠤᠨ ᠯᠢᠶᠣᠣ ᠾᠧ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠰᠡᠷᠭᠦᠯᠲᠡ ᠵᠢ ᠠᠬᠢᠭᠤᠯᠤᠨ᠎ᠠ ᠃  ᠪᠣᠬᠢᠷᠲᠤᠯ ᠪᠣᠳᠠᠰ ᠭᠠᠳᠠᠭᠰᠢᠯᠠᠭᠤᠯᠬᠤ ᠭᠣᠣᠯᠳᠠᠯᠭ᠋ᠠᠲᠤ ᠨᠢᠭᠡᠴᠢ ᠵᠢᠨ ᠬᠥᠷᠥᠰᠥ ᠰᠢᠷᠣᠢ ᠵᠢᠨ ᠪᠣᠬᠢᠷᠲᠤᠯ᠎ᠤᠨ ᠭᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ᠎ᠪᠠᠨ ᠴᠢᠩᠭ᠋ᠠᠳᠬᠠᠵᠤ ᠂  ᠲᠠᠷᠢᠶᠠᠯᠠᠩ᠎ᠤᠨ 《ᠳᠥᠷᠪᠡ ᠵᠢ ᠬᠢᠵᠠᠭ᠋ᠠᠷᠯᠠᠬᠤ 》  ᠠᠵᠢᠯᠯᠠᠭ᠋ᠠᠨ᠎ᠢ ᠥᠷᠭᠦᠯᠵᠢᠯᠡᠨ ᠥᠷᠨᠢᠭᠦᠯᠵᠦ ᠂  ᠬᠤᠵᠢᠷᠯᠢᠭ ᠭᠠᠵᠠᠷ᠎ᠢ ᠰᠠᠢ᠌ᠵᠢᠷᠠᠭᠤᠯᠤᠨ ᠠᠰᠢᠭᠯᠠᠬᠤ᠎ᠪᠠᠨ ᠴᠢᠩᠭ᠋ᠠᠳᠬᠠᠨ᠎ᠠ ᠃

       ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠵᠢᠨ  ᠭᠠᠳᠠᠭᠰᠢᠯᠠᠭᠤᠯᠤᠯᠲᠠ ᠵᠢ  ᠪᠠᠭᠤᠷᠠᠭᠤᠯᠤᠨ ᠪᠣᠬᠢᠷᠳᠤᠯ ᠦᠭᠡᠢ ᠬᠥᠭᠵᠢᠬᠦ ᠵᠢ ᠠᠬᠢᠭᠤᠯᠤᠨ᠎ᠠ ᠃  ᠠᠵᠤ ᠦᠢ᠍ᠯᠡᠳᠪᠦᠷᠢ ᠵᠢᠨ ᠬᠦᠷᠢᠶ᠎ᠡ ᠴᠠᠷᠠᠭ᠋ᠠᠨ᠎ᠳᠠᠬᠢ ᠡᠨᠧᠷᠬᠢ ᠠᠷᠪᠢᠯᠠᠬᠤ ᠮᠡᠷᠭᠡᠵᠢᠯ᠎ᠢ ᠳᠡᠯᠭᠡᠷᠡᠭᠦᠯᠵᠦ ᠬᠡᠷᠡᠭᠯᠡᠬᠦ᠎ᠪᠠᠨ ᠲᠦᠷᠭᠡᠳᠬᠡᠵᠦ ᠂  ᠪᠦᠬᠦ ᠤᠯᠤᠰ᠎ᠤᠨ ᠨᠡᠭᠦᠷᠡᠰᠦᠳᠦ᠋ᠷᠦᠭᠴᠢ ᠵᠢᠨ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ ᠂  ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ 《ᠬᠣᠶᠠᠷ᠎ᠢ ᠬᠢᠵᠠᠭ᠋ᠠᠷᠯᠠᠬᠤ 》᠎ᠳᠤ ᠵᠣᠬᠢᠴᠠᠭᠰᠠᠨ ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠪᠠᠢ᠌ᠭᠤᠯᠤᠨ ᠂ 2.0 ᠪᠠᠷᠯᠠᠯ᠎ᠤᠨ ᠳᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ ᠂  ᠣᠢ ᠰᠢᠭᠤᠢ ᠨᠤᠲᠤᠭ ᠪᠡᠯᠴᠢᠭᠡᠷ᠎ᠤᠨ ᠨᠡᠭᠦᠷᠡᠰᠦᠳᠦ᠋ᠷᠦᠭᠴᠢ ᠵᠢᠨ ᠬᠤᠷᠠᠮᠠᠯ᠎ᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ ᠬᠡᠪᠴᠢᠶᠡᠵᠢᠯ᠎ᠢ ᠥᠷᠭᠡᠳᠬᠡᠨ᠎ᠡ ᠃  ᠡᠬᠢ ᠪᠠᠶᠠᠯᠢᠭ᠎ᠢ ᠣᠷᠴᠢᠯᠳᠤᠭᠤᠯᠤᠨ ᠠᠰᠢᠭᠯᠠᠬᠤ᠎ᠪᠠᠨ ᠴᠢᠩᠭ᠋ᠠᠳᠬᠠᠨ᠎ᠠ ᠂  ᠮᠠᠨ᠎ᠤ ᠣᠷᠣᠨ᠎ᠤ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠥᠬᠦᠭᠡᠷᠦᠮᠵᠢ ᠤᠳᠠᠯ ᠦᠭᠡᠢ 《ᠬᠡᠷᠡᠭᠴᠡᠭᠡᠨ᠎ᠠᠴᠠ ᠭᠠᠷᠬᠤ ᠥᠷᠨᠢᠯ 》᠎ᠢ ᠤᠭᠲᠤᠬᠤ ᠪᠣᠯᠣᠨ᠎ᠠ ᠂  ᠡᠭᠡᠭᠦᠯᠦᠨ ᠬᠤᠷᠢᠶᠠᠵᠤ ᠠᠰᠢᠭᠯᠠᠬᠤ ᠠᠵᠢᠯ᠎ᠢ ᠥᠨᠳᠥᠷ ᠪᠦᠲᠦᠮᠵᠢᠲᠡᠢ ᠰᠠᠢ᠌ᠲᠤᠷ ᠬᠢᠵᠦ ᠂  ᠪᠤᠭᠤᠲᠤ ᠵᠢᠨ ᠰᠠᠯᠬᠢᠨ ᠬᠦᠴᠦᠨ᠎ᠤ ᠴᠠᠬᠢᠯᠭ᠋ᠠᠨ᠎ᠤ ᠬᠡᠷᠡᠭᠴᠡᠭᠡᠨ᠎ᠠᠴᠠ ᠭᠠᠷᠤᠭᠰᠠᠨ ᠲᠣᠨᠤᠭ ᠲᠥᠬᠦᠭᠡᠷᠦᠮᠵᠢ ᠵᠢ ᠡᠬᠢ ᠪᠠᠶᠠᠯᠢᠭᠵᠢᠭᠤᠯᠤᠨ ᠳᠠᠬᠢᠨᠲᠠ ᠠᠰᠢᠭᠯᠠᠬᠤ ᠵᠢᠱ᠌ᠢᠶ᠎ᠡ ᠦᠵᠡᠭᠦᠯᠬᠦ ᠲᠣᠭᠣᠷᠢᠭ ᠂  ᠣᠷᠳᠣᠰ᠎ᠤᠨ ᠳᠡᠭᠡᠳᠦ ᠬᠥᠩᠭᠡᠨᠴᠠᠭ᠋ᠠᠨᠲᠤ ᠨᠤᠨᠳᠠᠭ ᠨᠡᠭᠦᠷᠡᠰᠦᠨ᠎ᠤ ᠦᠨᠡᠰᠦ ᠪᠠ ᠳᠠᠬᠢᠯᠲᠠ ᠬᠥᠩᠭᠡᠨᠴᠠᠭ᠋ᠠᠨ᠎ᠤ ᠡᠬᠢ ᠪᠠᠶᠠᠯᠢᠭ᠎ᠢ ᠠᠰᠢᠭᠯᠠᠬᠤ ᠰᠠᠭᠤᠷᠢᠨ ᠭᠠᠵᠠᠷ ᠂  ᠰᠢᠯᠢ ᠵᠢᠨ ᠭᠣᠣᠯ᠎ᠤᠨ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ᠎ᠢ ᠶᠡᠷᠦᠩᠬᠡᠢ᠌ᠯᠡᠨ ᠠᠰᠢᠭᠯᠠᠬᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠡᠮᠵᠢᠵᠦ ᠂  ᠣᠯᠠᠨ ᠬᠦᠷᠢᠶ᠎ᠡ ᠴᠠᠷᠠᠭ᠋ᠠᠨ᠎ᠳᠤ 《ᠬᠠᠶᠠᠭᠳᠠᠮᠠᠯ᠎ᠢ ᠬᠣᠪᠣᠷ ᠡᠷᠳᠡᠨᠢ ᠪᠤᠯᠭ᠋ᠠᠬᠤ 》 ᠵᠢ ᠪᠡᠶᠡᠯᠡᠭᠦᠯᠦᠨ᠎ᠡ ᠃

      (ᠠᠷᠪᠠ) ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠋ᠠᠨ᠎ᠢ ᠬᠡᠷᠡᠭᠵᠢᠭᠦᠯᠬᠦ᠎ᠪᠠᠷ ᠭᠣᠣᠯᠳᠠᠯᠭ᠎ᠠ ᠪᠣᠯᠭ᠋ᠠᠵᠤ ᠂  ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢ᠌ᠲᠤᠷ ᠬᠢᠨ᠎ᠡ ᠃  ᠨᠢᠳᠤᠨᠤᠨ ᠮᠠᠨ᠎ᠤ ᠣᠷᠣᠨ᠎ᠤ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠪᠠᠷᠢᠮᠵᠢᠶ᠎ᠠ ᠴᠥᠮ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠳᠤ ᠬᠦᠷᠦᠭᠰᠡᠨ ᠪᠤᠶᠤ ᠲᠡᠭᠦᠨ᠎ᠠᠴᠠ ᠳᠠᠪᠠᠵᠤ ᠂  ᠡᠨᠡ ᠵᠢᠯ ᠬᠡᠳᠦᠢ ᠬᠦᠴᠢᠷ ᠪᠠᠢ᠌ᠭᠰᠠᠨ ᠴᠦ᠍ ᠪᠠᠷᠢᠮᠵᠢᠶᠠᠨ᠎ᠠᠴᠠ ᠥᠯᠥ ᠪᠠᠭᠤᠷᠠᠭᠤᠯᠤᠨ ᠂  ᠨᠠᠢ᠌ᠳᠠᠪᠤᠷᠢᠵᠢᠭᠤᠯᠵᠤ ᠪᠣᠳᠠᠲᠠᠢ᠌ᠵᠢᠭᠤᠯᠬᠤ᠎ᠪᠠᠨ ᠦᠨᠡᠨ ᠬᠦ᠌ ᠪᠠᠲᠤᠯᠠᠵᠤ ᠂  ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ ᠰᠠᠭᠤᠷᠢ ᠱᠤᠭᠤᠮ᠎ᠢ ᠪᠠᠲᠤ ᠰᠠᠬᠢᠵᠤ ᠂  ᠠᠵᠢᠯ ᠣᠯᠭᠣᠯᠲᠠ ᠂  ᠰᠤᠷᠭ᠋ᠠᠨ ᠬᠥᠮᠦᠵᠢᠯ ᠂  ᠡᠮᠴᠢᠯᠡᠭᠡ ᠵᠡᠷᠭᠡ ᠤᠯᠠᠨ ᠨᠡᠢ᠍ᠢ᠍ᠲᠠ ᠵᠢᠨ  ᠦᠢ᠍ᠯᠡᠴᠢᠯᠡᠭᠡᠨ᠎ᠤ ᠬᠠᠩᠭ᠋ᠠᠯᠭ᠎ᠠ ᠵᠢ  ᠰᠢᠯᠢᠳᠡᠭᠵᠢᠭᠦᠯᠦᠨ᠎ᠡ ᠃

       ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ ᠪᠣᠯᠣᠨ᠎ᠠ ᠂  ᠣᠯᠠᠨ ᠠᠷᠭ᠎ᠠ ᠬᠡᠮᠵᠢᠶ᠎ᠡ ᠵᠢ ᠵᠡᠷᠭᠡ᠎ᠳᠤ᠎ᠨᠢ ᠬᠡᠷᠡᠭᠯᠡᠨ ᠠᠵᠤ ᠦᠢ᠍ᠯᠡᠰ ᠪᠠ ᠠᠵᠢᠯ ᠣᠯᠭᠣᠯᠲᠠ ᠵᠢᠨ ᠬᠠᠷᠢᠯᠴᠠᠨ ᠠᠬᠢᠭᠤᠯᠵᠤ ᠬᠠᠮᠲᠤ᠎ᠪᠠᠷ ᠳᠠᠪᠰᠢᠬᠤ ᠵᠢ ᠠᠬᠢᠭᠤᠯᠤᠨ᠎ᠠ ᠃  ᠮᠠᠨ᠎ᠤ ᠣᠷᠣᠨ᠎ᠤ ᠲᠦᠮᠡᠨ ᠳ᠋ᠦᠩᠰᠢᠭᠤᠷ ᠲᠥᠭᠥᠷᠢᠭ ᠰᠢᠬᠠᠮ᠎ᠤᠨ ᠴᠢᠬᠤᠯᠠ ᠶᠡᠬᠡ ᠲᠦᠷᠦᠯ ᠵᠦᠢ᠍ᠯ᠎ᠤᠨ ᠪᠡᠯᠡ ᠣᠷᠣᠭᠤᠯᠤᠯᠲᠠ᠎ᠳᠤ ᠠᠵᠤ ᠦᠢ᠍ᠯᠡᠰ᠎ᠤᠨ ᠪᠡᠯᠡ ᠣᠷᠣᠭᠤᠯᠤᠯᠲᠠ ᠪᠠᠷᠤᠭ ᠠᠷᠪᠠᠨ᠎ᠤ ᠳᠣᠯᠣᠭ᠋ᠠᠨ ᠬᠤᠪᠢ ᠵᠢ  ᠡᠵᠡᠯᠡᠭᠰᠡᠨ ᠪᠣᠯᠪᠠᠴᠤ ᠲᠤᠰ ᠭᠠᠵᠠᠷ᠎ᠤᠨ ᠵᠶ᠋ᠠᠨ ᠠᠵᠢᠯ ᠣᠯᠭᠣᠯᠲᠠ ᠵᠢ ᠳᠠᠢ᠌ᠴᠢᠯᠠᠭᠰᠠᠨ ᠵᠶ᠋ᠠᠷ ᠪᠠᠷᠤᠭᠲᠠᠢ ᠪᠠᠢ᠌ᠵᠤ ᠂ 《ᠬᠥᠮᠥᠨ ᠪᠠᠢ᠌ᠭ᠋ᠠᠳ ᠬᠢᠬᠦ ᠠᠵᠢᠯ ᠦᠭᠡᠢ 》  ᠮᠥᠷᠲᠡᠭᠡᠨ 《ᠠᠵᠢᠯ ᠪᠠᠢ᠌ᠭ᠋ᠠᠳ ᠬᠢᠬᠦ ᠬᠥᠮᠥᠨ ᠦᠭᠡᠢ 》  ᠪᠠᠢ᠌ᠳᠠᠯ ᠣᠷᠣᠰᠢᠵᠤ ᠪᠠᠢ᠌ᠨ᠎ᠠ ᠃  ᠡᠯ᠎ᠡ ᠱᠠᠲᠤᠨ᠎ᠤ ᠵᠠᠰᠠᠭ᠎ᠤᠨ ᠣᠷᠳᠣᠨ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠋ᠠᠨ᠎ᠢ ᠲᠡᠷᠢᠭᠦᠨ ᠴᠢᠬᠤᠯᠠ ᠶᠠᠪᠤᠳᠠᠯ ᠪᠣᠯᠭ᠋ᠠᠵᠤ ᠂  ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠠᠳᠬᠤᠬᠤ ᠂  ᠠᠵᠤ ᠦᠢ᠍ᠯᠡᠰ᠎ᠢ ᠪᠣᠳᠠᠲᠠᠢ᠌ᠵᠢᠭᠤᠯᠬᠤ ᠵᠢ ᠠᠳᠬᠤᠬᠤ᠎ᠳᠤ᠎ᠪᠠᠨ ᠲᠤᠰ ᠭᠠᠵᠠᠷ᠎ᠤᠨ ᠵᠶ᠋ᠠᠨ ᠠᠵᠢᠯ ᠣᠯᠭᠣᠯᠲᠠ ᠵᠢ ᠬᠡᠷᠬᠢᠨ ᠨᠡᠩ ᠣᠯᠠᠨ ᠳᠠᠢ᠌ᠴᠢᠯᠠᠬᠤ ᠵᠢ ᠵᠡᠷᠭᠡ᠎ᠳᠤ᠎ᠨᠢ ᠪᠣᠳᠣᠯᠬᠢᠯᠠᠨ ᠂  ᠠᠵᠤ ᠠᠬᠤᠢ᠌ᠯᠠᠯ᠎ᠤᠨ ᠭᠠᠵᠠᠷ ᠬᠡᠷᠡᠭᠯᠡᠬᠦ ᠂  ᠡᠨᠧᠷᠭᠢ ᠬᠡᠷᠡᠭᠯᠡᠬᠦ ᠵᠡᠷᠭᠡ ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢ ᠰᠤᠳᠤᠯᠬᠤ᠎ᠳᠤ᠎ᠪᠠᠨ ᠠᠵᠢᠯᠴᠢᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠵᠡᠷᠭᠡ᠎ᠳᠤ᠎ᠨᠢ ᠰᠤᠳᠤᠯᠤᠨ ᠂  ᠤᠷ᠎ᠠ ᠮᠡᠷᠭᠡᠰᠢᠯ᠎ᠤᠨ ᠪᠣᠯᠪᠠᠰᠤᠷᠠᠯ ᠂  ᠠᠵᠢᠯ ᠣᠯᠭᠣᠬᠤ ᠵᠢᠯᠣᠭᠣᠳᠤᠯᠭ᠎ᠠ ᠵᠢ ᠤᠷᠢᠳᠴᠢᠯᠠᠨ ᠰᠠᠢ᠌ᠲᠤᠷ ᠬᠢᠵᠦ ᠂  ᠠᠵᠤ ᠠᠬᠤᠢ᠌ᠯᠠᠯ᠎ᠤᠨ ᠠᠵᠢᠯᠴᠢᠨ ᠬᠡᠷᠡᠭᠯᠡᠬᠦ ᠪᠠ ᠠᠵᠤ ᠠᠬᠤᠢ᠌ᠯᠠᠯ᠎ᠳᠤ ᠴᠢᠳᠠᠪᠤᠷᠢᠲᠠᠨ ᠬᠠᠩᠭ᠋ᠠᠬᠤ ᠵᠢ ᠵᠡᠷᠭᠡ᠎ᠳᠤ᠎ᠨᠢ ᠠᠬᠢᠭᠤᠯᠤᠨ ᠂  ᠵᠠᠪᠰᠠᠷ ᠦᠭᠡᠢ ᠵᠣᠯᠭ᠋ᠠᠭᠤᠯᠬᠤ ᠬᠡᠷᠡᠭᠲᠡᠢ ᠃  ᠡᠯ᠎ᠡ ᠶᠡᠬᠡ ᠳᠡᠭᠡᠳᠦ ᠰᠤᠷᠭ᠋ᠠᠭᠤᠯᠢ᠎ᠨᠢ ᠠᠵᠢᠯ ᠣᠯᠭᠣᠯᠲᠠ᠎ᠪᠠᠷ ᠤᠳᠤᠷᠢᠳᠤᠮᠵᠢ ᠪᠣᠯᠭ᠋ᠠᠬᠤ ᠵᠢ ᠲᠣᠪᠤᠢ᠌ᠯᠭ᠋ᠠᠨ ᠂  ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ᠎ᠪᠠᠨ ᠨᠠᠷᠢᠯᠢᠭ ᠣᠨᠣᠪᠴᠢᠲᠠᠢ ᠲᠣᠬᠢᠷᠠᠭᠤᠯᠤᠨ ᠰᠢᠯᠢᠳᠡᠭᠵᠢᠭᠦᠯᠵᠦ ᠂  ᠵᠠᠬ᠎ᠠ ᠳᠡᠯᠭᠡᠭᠦᠷ᠎ᠲᠤ ᠶᠠᠮᠠᠷ ᠴᠢᠳᠠᠪᠤᠷᠢᠲᠠᠨ ᠴᠢᠬᠤᠯᠠᠲᠠᠢ ᠪᠣᠯ ᠲᠡᠢ᠍ᠢ᠍ᠨ ᠬᠦ᠌ ᠴᠢᠳᠠᠪᠤᠷᠢᠲᠠᠨ᠎ᠢ ᠬᠥᠮᠥᠵᠢᠭᠦᠯᠵᠦ ᠬᠠᠩᠭ᠋ᠠᠨ᠎ᠠ ᠃  ᠣᠨᠴᠠᠭ᠋ᠠᠢ ᠬᠥᠮᠥᠰ᠎ᠲᠤ ᠠᠵᠢᠯ ᠣᠯᠭᠣᠬᠤ ᠵᠢ ᠣᠨᠴᠠᠭ᠋ᠠᠢ᠌ᠯᠠᠨ ᠠᠩᠬᠠᠷᠴᠤ ᠂  ᠭᠣᠣᠯᠳᠠᠯᠭ᠎ᠠ᠎ᠲᠠᠢ ᠪᠠᠲᠤᠯᠠᠵᠤ ᠂  ᠨᠠᠰᠤ ᠠᠬᠢᠭᠰᠠᠨ ᠂  ᠵᠡᠮᠳᠡᠭ ᠵᠡᠷᠡᠮᠳᠡᠭ ᠂  ᠠᠵᠢᠯ ᠠᠯᠳᠠᠭ᠋ᠠᠳ ᠨᠡᠯᠢᠶᠡᠳ ᠤᠷᠲᠤ ᠬᠤᠭᠤᠴᠠᠭ᠎ᠠ ᠪᠣᠯᠤᠭᠰᠠᠨ ᠵᠡᠷᠭᠡ ᠠᠵᠢᠯ ᠣᠯᠬᠤ᠎ᠳᠤ ᠬᠦᠴᠢᠷᠳᠡᠯᠲᠡᠢ ᠬᠥᠮᠥᠰ᠎ᠢ ᠬᠠᠪᠰᠤᠷᠤᠨ ᠲᠡᠳᠬᠦᠬᠦ᠎ᠪᠠᠨ ᠴᠢᠩᠭ᠋ᠠᠳᠬᠠᠵᠤ ᠂  ᠴᠡᠷᠢᠭ᠎ᠤᠨ ᠠᠯᠪᠠ᠎ᠠᠴᠠ ᠬᠠᠯᠠᠭᠳᠠᠭᠰᠠᠳ ᠂  ᠡᠮᠡᠭᠲᠡᠢ᠌ᠴᠦᠳ ᠵᠡᠷᠭᠡ ᠬᠥᠮᠥᠰ᠎ᠲᠤ ᠠᠵᠢᠯ ᠣᠯᠭᠣᠬᠤ ᠦᠢ᠍ᠯᠡᠴᠢᠯᠡᠭᠡᠨ᠎ᠤ ᠪᠠᠲᠤᠯᠠᠭ᠎ᠠ ᠵᠢ ᠰᠠᠢ᠌ᠲᠤᠷ ᠬᠢᠵᠦ ᠂ 《ᠨᠢᠭᠡ ᠬᠥᠮᠥᠨ᠎ᠨᠢ ᠴᠦ᠍ ᠠᠵᠢᠯ ᠣᠯᠣᠭᠰᠠᠨ ᠦᠭᠡᠢ ᠭᠡᠷ ᠪᠦᠯᠢ 》 ᠵᠢ ᠬᠥᠳᠡᠯᠦᠩᠭᠦᠢ᠎ᠪᠠᠷ ᠠᠷᠢᠯᠭ᠋ᠠᠬᠤ ᠵᠢ ᠦᠨᠡᠨ ᠬᠦ᠌ ᠪᠠᠲᠤᠯᠠᠨ᠎ᠠ ᠃

       ᠰᠤᠷᠭ᠋ᠠᠨ ᠬᠥᠮᠦᠵᠢᠯ ᠪᠣᠯ ᠠᠷᠠᠳ᠎ᠤᠨ ᠠᠮᠢᠳᠤᠷᠠᠯ᠎ᠤᠨ ᠬᠠᠮᠤᠭ᠎ᠤᠨ ᠦᠨᠳᠦᠰᠦᠨ ᠬᠡᠷᠡᠭᠴᠡᠭᠡ ᠱᠠᠭ᠋ᠠᠷᠳᠠᠯᠭ᠎ᠠ ᠪᠣᠯᠣᠨ᠎ᠠ ᠂  ᠰᠠᠢ᠌ᠨ ᠰᠤᠷᠭ᠋ᠠᠨ ᠬᠥᠮᠦᠵᠢᠯ ᠪᠠᠢ᠌ᠬᠤ ᠦᠭᠡᠢ ᠪᠣᠯ ᠴᠢᠳᠠᠪᠤᠷᠢᠲᠠᠳ᠎ᠢ ᠦᠯᠡᠳᠡᠭᠡᠵᠦ ᠴᠢᠳᠠᠬᠤ ᠦᠭᠡᠢ ᠮᠥᠷᠲᠡᠭᠡᠨ ᠬᠥᠮᠥᠨ ᠠᠮᠠ ᠵᠢ ᠴᠦ᠍ ᠬᠣᠴᠣᠷᠭ᠋ᠠᠨ ᠠᠪᠴᠤ ᠴᠢᠳᠠᠬᠤ ᠦᠭᠡᠢ ᠃  ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠳᠤ ᠲᠦᠭᠡᠮᠡᠯ ᠬᠦᠷᠲᠡᠭᠡᠵᠦ ᠲᠦᠭᠡᠮᠡᠯ ᠬᠠᠷᠠᠭ᠋ᠠᠯᠵᠠᠬᠤ ᠵᠢ ᠭᠣᠣᠯᠳᠠᠯᠭ᠎ᠠ᠎ᠲᠠᠢ ᠠᠳᠬᠤᠨ ᠂  ᠨᠠᠢ᠌ᠳᠠᠵᠤ ᠰᠠᠭ᠋ᠠᠲᠠᠭᠤᠯᠬᠤ ᠦᠢ᠍ᠯᠡᠴᠢᠯᠡᠭᠡ ᠵᠢ ᠴᠦ᠍ ᠰᠠᠢ᠌ᠲᠤᠷ ᠬᠢᠵᠦ ᠂  ᠵᠠᠯᠠᠭᠤᠴᠤᠳ᠎ᠤᠨ ᠰᠠᠨᠠᠭ᠋ᠠᠰᠢᠷᠠᠨ ᠵᠣᠪᠠᠨᠢᠵᠤ ᠪᠠᠢ᠌ᠭ᠎ᠠ ᠠᠰᠠᠭᠤᠳᠠᠯ᠎ᠢ᠎ᠨᠢ ᠬᠠᠪᠰᠤᠷᠤᠨ ᠰᠢᠢ᠍ᠳᠪᠦᠷᠢᠯᠡᠵᠦ ᠥᠭᠭᠦᠨ᠎ᠡ ᠃  ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠩᠭᠢᠯᠠᠭ᠎ᠠ᠎ᠨᠢ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠦᠨ ᠂  ᠲᠡᠩᠴᠡᠭᠦᠷᠢ ᠦᠭᠡᠢ ᠠᠰᠠᠭᠤᠳᠠᠯ᠎ᠢ ᠰᠢᠢ᠍ᠳᠪᠦᠷᠢᠯᠡᠬᠦ᠎ᠳᠤ ᠪᠠᠢ᠌ᠨ᠎ᠠ ᠂  ᠴᠢᠨᠠᠷᠵᠢᠭᠤᠨ ᠰᠤᠷᠭ᠋ᠠᠭᠤᠯᠢ᠎ᠨᠢ ᠠᠨᠠᠢ᠌ᠬᠠᠨ ᠰᠤᠷᠭ᠋ᠠᠭᠤᠯᠢ᠎ᠪᠠᠨ ᠳᠠᠭ᠋ᠠᠭᠤᠯᠬᠤ ᠂  ᠬᠤᠲᠠ ᠬᠥᠳᠡᠭᠡ ᠰᠢᠰᠲ᠋ᠧᠮ ᠵᠶ᠋ᠠᠷ ᠵᠶ᠋ᠠᠨ ᠲᠤᠰᠠᠯᠠᠬᠤ ᠂  ᠪᠦᠯᠦᠭᠯᠡᠯᠵᠢᠭᠦᠯᠦᠨ ᠰᠤᠷᠭ᠋ᠠᠭᠤᠯᠢ ᠡᠷᠬᠢᠯᠡᠬᠦ ᠵᠡᠷᠭᠡ ᠲᠣᠭᠲᠠᠴᠠ᠎ᠪᠠᠷ ᠳᠠᠮᠵᠢᠭᠤᠯᠤᠨ ᠂  ᠬᠤᠲᠠ ᠬᠥᠳᠡᠭᠡ ᠂  ᠣᠷᠣᠨ ᠪᠦᠰᠡ ᠂  ᠰᠤᠷᠭ᠋ᠠᠭᠤᠯᠢ ᠵᠢᠨ  ᠬᠣᠭᠣᠷᠣᠨᠳᠤ ᠂  ᠪᠦᠯᠬᠦᠮ ᠨᠡᠢ᠍ᠢ᠍ᠲᠡ ᠵᠢᠨ ᠰᠤᠷᠭ᠋ᠠᠨ ᠬᠥᠮᠦᠵᠢᠯ᠎ᠤᠨ ᠬᠤᠭᠤᠷᠤᠨᠳᠤᠬᠢ ᠵᠥᠷᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠨ᠎ᠠ ᠃  ᠢᠯᠠᠩᠭᠤᠶ᠎ᠠ ᠤᠤᠯ᠎ᠨᠢ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ ᠪᠠᠢ᠌ᠭᠰᠠᠨ ᠰᠤᠷᠭ᠋ᠠᠭᠤᠯᠢ᠎ᠨᠤᠭᠤᠳ᠎ᠢ ᠴᠢᠨᠠᠷᠯᠢᠭ ᠡᠩ᠎ᠤᠨ ᠰᠤᠷᠭ᠋ᠠᠭᠤᠯᠢ᠎ᠨᠤᠭᠤᠳ᠎ᠯᠤᠭ᠎ᠠ ᠬᠣᠣᠰᠯᠠᠯ ᠪᠣᠯᠭ᠋ᠠᠵᠤ ᠬᠠᠮᠲᠤ᠎ᠪᠠᠷ ᠪᠦᠲᠦᠭᠡᠨ ᠪᠠᠢ᠍ᠢ᠍ᠭᠤᠯᠬᠤ᠎ᠪᠠᠨ ᠭᠦᠨᠵᠡᠭᠡᠢ᠌ᠷᠡᠭᠦᠯᠵᠦ ᠂  ᠰᠤᠷᠭ᠋ᠠᠨ ᠬᠥᠮᠦᠵᠢᠯ᠎ᠤᠨ ᠬᠢᠷᠢ ᠲᠦᠪᠰᠢᠨ᠎ᠢ ᠳᠠᠢ᠍ᠢ᠍ᠴᠢᠯᠠᠨ ᠲᠡᠬᠡᠭᠰᠢᠯᠡᠬᠦᠯᠦᠨ᠎ᠡ ᠃  ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠨᠢ ᠣᠨᠴᠠᠯᠢᠬ᠍ᠵᠢᠭᠤᠯᠤᠨ ᠣᠯᠠᠨ ᠶᠠᠩᠵᠤᠴᠢᠯᠠᠨ ᠰᠤᠷᠭ᠋ᠠᠭᠤᠯᠢ ᠡᠷᠬᠢᠯᠡᠬᠦ ᠵᠢ ᠳᠣᠪᠦ᠋ᠢ᠍ᠯᠭ᠋ᠠᠵᠤ ᠂  ᠥᠪᠡᠷᠲᠡᠭᠡᠨ ᠵᠠᠰᠠᠬᠤ ᠣᠷᠣᠨ᠎ᠤ ᠨᠢᠭᠡ ᠪᠦᠯᠦᠭ ᠵᠢᠱ᠌ᠢᠶ᠎ᠡ ᠦᠵᠡᠭᠦᠯᠬᠦ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠂  ᠰᠢᠶᠠᠨ᠎ᠤ ᠬᠡᠪᠴᠢᠶᠡᠨ᠎ᠤ ᠨᠢᠭᠡ ᠪᠦᠯᠦᠭ ᠴᠢᠨᠠᠷᠯᠢᠭ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠂  ᠨᠢᠭᠡ ᠪᠦᠯᠦᠭ ᠣᠨᠴᠠᠯᠢᠭᠲᠤ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠲᠦᠷᠦᠯ ᠬᠤᠪᠢᠶᠠᠨ ᠪᠦᠲᠦᠭᠡᠨ ᠪᠠᠢ᠌ᠭᠤᠯᠵᠤ ᠂  ᠰᠤᠷᠤᠭᠴᠢᠳ᠎ᠤᠨ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠤᠨ᠎ᠠ ᠃  ᠰᠠᠭ᠋ᠠᠳ ᠦᠭᠡᠢ ᠨᠡᠪᠲᠡᠷᠡᠬᠦ ᠵᠠᠮ ᠵᠡᠷᠭᠡ ᠲᠥᠷᠥ ᠵᠢᠨ ᠪᠣᠳᠣᠯᠭ᠎ᠠ ᠵᠢ ᠬᠡᠷᠡᠭᠯᠡᠵᠦ ᠂  ᠨᠡᠩ ᠣᠯᠠᠨ ᠰᠠᠢ᠌ᠨ ᠪᠠᠭᠰᠢ ᠂  ᠰᠠᠢ᠌ᠨ ᠵᠠᠬᠢᠷᠤᠯ᠎ᠢ ᠣᠷᠣᠭᠤᠯᠤᠨ ᠠᠪᠴᠢᠷᠠᠬᠤ ᠪᠠ ᠬᠥᠮᠥᠵᠢᠭᠦᠯᠵᠦ ᠂  ᠣᠨᠴᠠᠭ᠋ᠠᠢ᠌ᠯᠠᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠠᠪᠴᠠᠩ᠎ᠢ ᠰᠠᠢ᠌ᠲᠤᠷ ᠠᠰᠢᠭᠯᠠᠵᠤ ᠪᠠᠢ᠌ᠭ᠋ᠠᠳ ᠨᠡᠩ ᠣᠯᠠᠨ ᠪᠡᠭᠡᠵᠢᠩ᠎ᠤᠨ ᠪᠠᠭᠰᠢ ᠨᠠᠷ᠎ᠢ ᠲᠠᠲᠠᠵᠤ ᠥᠪᠥᠷ ᠮᠣᠩᠭᠣᠯ᠎ᠳᠤ ᠢᠷᠡᠵᠦ ᠠᠵᠢᠯᠯᠠᠭᠤᠯᠤᠨ᠎ᠠ ᠃  ᠬᠣᠢ᠌ᠴᠢ ᠦᠶ᠎ᠡ ᠵᠢᠨ᠎ᠬᠢᠨ᠎ᠢ ᠬᠠᠯᠠᠮᠵᠢᠯᠠᠬᠤ ᠠᠵᠢᠯ᠎ᠢ ᠰᠠᠢ᠌ᠲᠤᠷ ᠬᠢᠵᠦ ᠂  ᠵᠠᠯᠠᠭᠤᠴᠤᠳ ᠪᠠᠭ᠋ᠠᠴᠤᠳ᠎ᠤᠨ ᠶᠣᠰᠣ ᠮᠣᠷᠠᠯ ᠣᠶᠤᠨ ᠮᠡᠳᠡᠯᠭᠡ ᠪᠡᠶ᠎ᠡ ᠮᠠᠬᠠᠪᠤᠳ ᠭᠤᠸ᠎ᠠ ᠰᠠᠢ᠌ᠬᠠᠨ ᠬᠥᠳᠡᠯᠮᠦᠷᠢ ᠵᠢᠨ ᠪᠦᠬᠦ ᠲᠠᠯ᠎ᠠ ᠵᠢᠨ ᠬᠥᠭᠵᠢᠯᠲᠡ᠎ᠳᠤ ᠬᠦᠴᠦᠨ ᠨᠡᠮᠡᠷᠢᠯᠡᠨ᠎ᠡ ᠃

       ᠣᠯᠠᠨ ᠲᠦᠮᠡᠨ᠎ᠢ ᠭᠡᠷ᠎ᠤᠨ ᠵᠢᠨᠨ ᠣᠢ᠌ᠷ᠎ᠠ ᠬᠠᠪᠢ᠎ᠳᠤ  ᠡᠪᠡᠳᠴᠢᠨ ᠡᠮᠭᠡᠭ ᠵᠶ᠋ᠠᠨ ᠰᠠᠢ᠌ᠲᠤᠷ ᠡᠮᠨᠡᠭᠦᠯᠵᠦ ᠳᠡᠢ᠍ᠢ᠍ᠯᠬᠦ ᠪᠣᠯᠭ᠋ᠠᠨ᠎ᠠ ᠃  ᠴᠢᠨᠠᠷᠯᠢᠭ ᠡᠮᠴᠢᠯᠡᠭᠡᠨ᠎ᠤ ᠡᠬᠢ ᠪᠠᠶᠠᠯᠢᠭ᠎ᠤᠨ ᠪᠠᠭᠲᠠᠭ᠋ᠠᠮᠵᠢ ᠵᠢ᠎ᠨᠢ ᠥᠷᠭᠡᠵᠢᠭᠦᠯᠦᠨ ᠦᠨᠳᠦᠰᠦᠨ ᠱᠠᠲᠤᠨ᠎ᠳᠤ  ᠪᠠᠭᠤᠯᠭ᠋ᠠᠬᠤ ᠵᠢ ᠠᠬᠢᠭᠤᠯᠵᠤ ᠂  ᠪᠡᠭᠡᠵᠢᠩ ᠶᠡᠬᠡ ᠰᠤᠷᠭ᠋ᠠᠭᠤᠯᠢ ᠵᠢᠨ ᠬᠠᠪᠤᠳᠠᠷ᠎ᠤᠨ ᠡᠮᠨᠡᠯᠭᠡ ᠵᠢᠨ ᠬᠣᠷᠢᠶ᠎ᠠ ᠂  ᠪᠡᠭᠡᠵᠢᠩ᠎ᠤᠨ ᠨᠥᠬᠥᠷᠯᠡᠯ ᠡᠮᠨᠡᠯᠭᠡ ᠵᠢᠨ ᠬᠣᠷᠢᠶ᠎ᠠ ᠂  ᠪᠡᠭᠡᠵᠢᠩ᠎ᠤᠨ ᠰᠢᠤᠸᠠᠨ ᠦ᠋ ᠡᠮᠨᠡᠯᠭᠡ ᠵᠢᠨ ᠬᠣᠷᠢᠶ᠎ᠠ ᠂  ᠪᠡᠭᠡᠵᠢᠩ᠎ᠤᠨ ᠬᠢᠲᠠᠳ ᠡᠮᠨᠡᠯᠭᠡ ᠵᠢᠨ ᠬᠣᠷᠢᠶᠠᠨ᠎ᠤ ᠥᠪᠥᠷ ᠮᠣᠩᠭᠣᠯ᠎ᠳᠠᠬᠢ ᠡᠮᠨᠡᠯᠬᠡ ᠵᠢᠨ ᠬᠣᠷᠢᠶ᠎ᠠ ᠵᠡᠷᠭᠡ ᠤᠯᠤᠰ᠎ᠤᠨ ᠣᠷᠣᠨ ᠪᠦᠰᠡ ᠵᠢᠨ 4 ᠡᠮᠴᠢᠯᠡᠭᠡᠨ᠎ᠤ ᠲᠥᠪ᠎ᠢ ᠰᠠᠢ᠌ᠲᠤᠷ ᠪᠦᠲᠦᠭᠡᠨ ᠪᠠᠢ᠌ᠭᠤᠯᠤᠨ ᠰᠠᠢ᠌ᠲᠤᠷ ᠡᠵᠡᠩᠨᠡᠨ ᠠᠵᠢᠯᠯᠠᠭᠤᠯᠵᠤ ᠂  ᠨᠢᠭᠲᠠ ᠬᠡᠯᠪᠡᠷᠢ ᠪᠦᠬᠦᠢ ᠬᠤᠲᠠ ᠵᠢᠨ ᠡᠮᠴᠢᠯᠡᠭᠡᠨ᠎ᠤ ᠪᠦᠯᠦᠭᠯᠡᠯ ᠪᠠ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢ ᠴᠢᠨᠠᠷ ᠰᠠᠢ᠌ᠲᠠᠢ ᠪᠦᠲᠦᠭᠡᠨ ᠪᠠᠢ᠌ᠭᠤᠯᠵᠤ ᠂  ᠨᠢᠭᠡ ᠪᠦᠯᠦᠭ ᠣᠨᠴᠠᠯᠢᠭ᠎ᠲᠠᠢ ᠭᠣᠣᠯᠳᠠᠯᠭ᠎ᠠ ᠪᠣᠯᠬᠤ ᠲᠤᠰᠬᠠᠢ ᠰᠠᠯᠠᠭ᠎ᠠ ᠵᠢ ᠴᠣᠭᠴᠠᠯᠠᠨ᠎ᠠ ᠃  ᠡᠮᠴᠢᠯᠡᠭᠡ ᠂  ᠡᠮᠴᠢᠯᠡᠭᠡᠨ᠎ᠤ ᠳᠠᠭ᠋ᠠᠳᠬᠠᠯ ᠂  ᠡᠮ ᠡᠮᠨᠡᠯᠭᠡ ᠵᠢᠨ ᠵᠣᠬᠢᠴᠠᠯᠳᠤᠭᠰᠠᠨ ᠬᠥᠭᠵᠢᠯᠲᠡ ᠪᠠ ᠵᠠᠰᠠᠯᠲᠠ ᠵᠢ ᠠᠬᠢᠭᠤᠯᠵᠤ ᠂  ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠢ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠢ ᠲᠥᠯᠥᠪᠯᠡᠬᠦ ᠵᠢ ᠯᠠᠪᠳᠠᠭᠤᠨ ᠠᠬᠢᠭᠤᠯᠤᠨ ᠂  ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ᠎ᠳᠤ ᠪᠠᠢ᠌ᠩᠭᠤᠰᠢᠭᠰᠠᠨ ᠬᠢᠨᠠᠯᠲᠠ ᠬᠠᠮᠢᠶᠠᠷᠤᠯᠲᠠ ᠬᠢᠬᠦ᠎ᠪᠠᠨ ᠴᠢᠩᠭ᠋ᠠᠷᠠᠭᠤᠯᠵᠤ ᠂  ᠠᠷᠠᠳ ᠲᠦᠮᠡᠨ᠎ᠤ ᠡᠮᠨᠡᠭᠦᠯᠵᠦ ᠵᠠᠰᠠᠭᠤᠯᠬᠤ ᠵᠣᠭᠣᠰ᠎ᠢ᠎ᠨᠢ ᠰᠠᠢ᠌ᠲᠤᠷ ᠬᠠᠮᠠᠭ᠋ᠠᠯᠠᠨ᠎ᠠ ᠃  ᠬᠢᠲᠠᠳ ᠮᠣᠩᠭᠣᠯ ᠡᠮ ᠡᠮᠨᠡᠯᠭᠡ ᠵᠢᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠵᠤ ᠂  ᠠᠷᠠᠳ᠎ᠲᠤ ᠳᠦᠭᠦᠮ ᠦᠵᠡᠭᠦᠯᠬᠦ ᠨᠡᠩ ᠣᠯᠠᠨ ᠬᠢᠲᠠᠳ ᠡᠮᠨᠡᠯᠭᠡ ᠵᠢᠨ ᠣᠷᠳᠣᠨ ᠂  ᠮᠣᠩᠭᠣᠯ ᠡᠮᠨᠡᠯᠭᠡ ᠵᠢᠨ ᠣᠷᠳᠣᠨ᠎ᠢ ᠪᠠᠢ᠌ᠭᠤᠯᠤᠨ ᠂  ᠣᠯᠠᠨ ᠲᠦᠮᠡᠨ᠎ᠤ ᠡᠮᠨᠡᠭᠦᠯᠵᠦ ᠰᠤᠪᠢᠯᠠᠭᠤᠯᠬᠤ ᠣᠯᠠᠨ ᠶᠠᠩᠵᠤ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ ᠃

      (ᠠᠷᠪᠠᠨ ᠨᠢᠭᠡ) ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢ᠌ᠲᠤᠷ ᠨᠢᠭᠡᠳᠦᠯᠲᠡᠢ ᠲᠥᠯᠥᠪᠯᠡᠵᠦ ᠂  ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭᠲᠠᠭᠤᠨ᠎ᠤ ᠬᠠᠯᠬᠠᠪᠴᠢ ᠵᠢ ᠡᠷᠡᠰ ᠪᠡᠬᠢᠵᠢᠭᠦᠯᠦᠨ᠎ᠡ ᠃  ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ᠎ᠢ ᠰᠠᠢ᠌ᠲᠤᠷ ᠬᠠᠮᠠᠭ᠋ᠠᠯᠠᠬᠤ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠣᠨ᠎ᠠ ᠂  ᠪᠢᠳᠡ ᠡᠭᠦᠷᠭᠡ ᠬᠠᠷᠢᠭᠤᠴᠠᠯᠭ᠎ᠠ᠎ᠳᠤ᠎ᠪᠠᠨ ᠣᠰᠣᠯᠳᠠᠬᠤ ᠦᠭᠡᠢ᠎ᠪᠠᠷ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ ᠃

       ᠠᠶᠤᠯ ᠦᠭᠡᠢ ᠦᠢ᠍ᠯᠡᠳᠪᠦᠷᠢᠯᠡᠯ᠎ᠤᠨ ᠬᠣᠷᠢᠭ᠎ᠠ ᠱᠤᠭᠤᠮ᠎ᠢ ᠰᠠᠢ᠌ᠲᠤᠷ ᠰᠠᠬᠢᠨ᠎ᠠ ᠃  ᠰᠡᠷᠭᠡᠢ᠌ᠯᠡᠯᠲᠡ ᠵᠢ ᠴᠢᠬᠤᠯᠠᠴᠢᠯᠠᠬᠤ ᠂  ᠰᠠᠭᠤᠷᠢ ᠵᠢ ᠪᠡᠬᠢᠵᠢᠭᠦᠯᠬᠦ ᠂  ᠬᠢᠨᠠᠯᠲᠠ ᠬᠠᠮᠢᠶᠠᠷᠤᠯᠲᠠ ᠵᠢ ᠴᠢᠩᠳᠠᠯᠠᠬᠤ ᠂  ᠴᠢᠳᠠᠪᠤᠷᠢ ᠵᠢ ᠳᠡᠭᠡᠭᠰᠢᠯᠡᠭᠦᠯᠬᠦ ᠳᠦᠷᠪᠡᠨ ᠵᠠᠩᠭᠢᠯᠠᠭ᠎ᠠ ᠵᠢ ᠰᠤᠯᠠᠷᠠᠭᠤᠯᠤᠯ ᠦᠭᠡᠢ ᠴᠢᠩᠭ᠎ᠠ ᠠᠳᠬᠤᠨ ᠂  ᠠᠶᠤᠯ ᠦᠭᠡᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠠᠵᠢᠯᠯᠠᠭ᠋ᠠᠨ᠎ᠢ ᠭᠦᠨᠵᠡᠭᠡᠢ᠌ᠷᠡᠭᠦᠯᠵᠦ ᠂  ᠠᠶᠤᠯ ᠦᠭᠡᠢ ᠦᠢ᠍ᠯᠡᠳᠪᠦᠷᠢᠯᠡᠯ ᠪᠠ ᠪᠠᠢ᠌ᠭ᠋ᠠᠯᠢ ᠵᠢᠨ ᠭᠠᠢ ᠭᠠᠮᠰᠢᠭ᠎ᠤᠨ ᠲᠦᠭᠰᠢᠭᠦᠷᠢ ᠵᠢᠨ ᠭᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠦᠨ ᠂  ᠠᠭᠤᠷᠬᠠᠢ ᠂  ᠠᠶᠤᠯᠲᠠᠢ ᠬᠢᠮᠢ ᠵᠢᠨ ᠪᠣᠳᠠᠰ ᠂  ᠬᠤᠲᠠ ᠪᠠᠯᠭ᠋ᠠᠰᠤᠨ᠎ᠤ ᠰᠢᠲᠠᠮᠠᠬᠠᠢ ᠬᠡᠢ ᠂  ᠴᠠᠬᠢᠯᠭ᠋ᠠᠨ ᠬᠦᠳᠡᠯᠭᠡᠭᠦᠷᠲᠦ ᠳᠤᠭᠤᠢ ᠲᠡᠷᠭᠡ ᠵᠡᠷᠭᠡ ᠭᠣᠣᠯᠳᠠᠯᠭ᠎ᠠ ᠪᠣᠯᠬᠤ ᠬᠦᠷᠢᠶ᠎ᠡ ᠴᠠᠷᠠᠭ᠋ᠠᠨ᠎ᠳᠠᠬᠢ ᠠᠰᠠᠭᠤᠳᠠᠯ᠎ᠤᠳ᠎ᠢ ᠴᠡᠭᠴᠡᠯᠡᠨ ᠰᠠᠢ᠌ᠵᠢᠷᠠᠭᠤᠯᠬᠤ ᠵᠢ  ᠴᠢᠩᠭ᠎ᠠ ᠠᠳᠬᠤᠵᠤ ᠂  ᠬᠦᠨᠳᠦ ᠶᠡᠬᠡ ᠡᠨᠳᠡᠯ᠎ᠤᠨ ᠭᠡᠮ ᠰᠣᠭᠣᠭ᠎ᠢ ᠬᠥᠳᠡᠯᠦᠩᠭᠦᠢ᠎ᠪᠠᠷ ᠠᠷᠢᠯᠭ᠋ᠠᠵᠤ ᠂  ᠠᠮᠤᠷ ᠲᠦᠪᠰᠢᠨ᠎ᠤ ᠬᠦᠨᠳᠦ ᠶᠡᠬᠡ ᠡᠨᠳᠡᠯ ᠡᠭᠦᠰᠬᠦ ᠵᠢ ᠬᠠᠮᠤᠭ᠎ᠤᠨ ᠶᠡᠬᠡ᠎ᠪᠠᠷ ᠴᠢᠷᠮᠠᠢ᠌ᠵᠤ ᠰᠡᠷᠭᠡᠢ᠌ᠯᠡᠨ᠎ᠡ ᠃  ᠶᠡᠬᠡ ᠬᠢᠩᠭ᠋ᠠᠨ ᠳᠠᠪᠠᠭ᠋ᠠᠨ᠎ᠤ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠵᠢᠱ᠌ᠢᠶ᠎ᠡ ᠦᠵᠡᠭᠦᠯᠬᠦ ᠲᠣᠭᠣᠷᠢᠭ᠎ᠢ ᠪᠦᠲᠦᠭᠡᠨ ᠪᠠᠢ᠌ᠭᠤᠯᠤᠨ᠎ᠠ ᠃  ᠢᠳᠡᠭᠡᠨ ᠪᠠ ᠡᠮ᠎ᠤᠨ ᠵᠦᠢ᠍ᠯ᠎ᠳᠠᠬᠢ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ ᠂  ᠣᠯᠠᠨ ᠲᠦᠮᠡᠨ᠎ᠤ ᠢᠳᠡᠭᠡᠨ ᠤᠮᠳᠠᠭ᠋ᠠᠨ᠎ᠤ ᠠᠮᠤᠷ ᠲᠦᠪᠰᠢᠨ᠎ᠢ ᠰᠠᠢ᠌ᠲᠤᠷ ᠪᠠᠲᠤᠯᠠᠨ᠎ᠠ ᠃

       ᠭᠣᠣᠯᠳᠠᠯᠭ᠎ᠠ ᠪᠣᠯᠬᠤ ᠬᠦᠷᠢᠶ᠎ᠡ ᠴᠠᠷᠠᠭ᠋ᠠᠨ᠎ᠳᠠᠬᠢ ᠲᠦᠭᠰᠢᠭᠦᠷᠢ ᠵᠢᠨ ᠬᠣᠷᠢᠭ᠎ᠠ ᠱᠤᠭᠤᠮ᠎ᠢ ᠰᠠᠢ᠌ᠲᠤᠷ ᠰᠠᠬᠢᠨ᠎ᠠ ᠃  ᠵᠠᠰᠠᠭ᠎ᠤᠨ ᠣᠷᠳᠣᠨ᠎ᠤ ᠥᠷᠢ ᠥᠭᠴᠡᠭᠡ ᠵᠢ ᠠᠷᠢᠯᠭ᠋ᠠᠬᠤ ᠡᠭᠦᠷᠭᠡ ᠮᠥᠨ ᠯᠡ ᠬᠦᠨᠳᠦ ᠨᠦᠰᠡᠷ ᠪᠠᠢ᠌ᠵᠤ ᠂  ᠡᠨᠡ ᠵᠢᠯ᠎ᠤᠨ ᠬᠠᠷᠠᠯᠲᠠ᠎ᠪᠠᠨ ᠡᠷᠡᠰ ᠭᠤᠢ᠌ᠪᠢᠰᠢ ᠦᠭᠡᠢ ᠪᠡᠶᠡᠯᠡᠭᠦᠯᠦᠨ ᠂  ᠳᠠᠯᠳᠠ ᠥᠷᠢ ᠥᠭᠴᠡᠭᠡ ᠵᠢ ᠰᠢᠨ᠎ᠡ᠎ᠪᠠᠷ ᠨᠡᠮᠡᠭᠳᠡᠭᠦᠯᠵᠦ ᠣᠭᠲᠤ ᠪᠣᠯᠬᠤ ᠦᠭᠡᠢ ᠃  ᠵᠢᠭᠡᠯᠡᠯᠭᠡ ᠵᠢᠨ ᠲᠡᠮᠳᠡᠭᠲᠦ ᠰᠣᠯᠢᠬᠤ ᠲᠦᠷᠦ ᠵᠢᠨ ᠪᠣᠳᠣᠯᠭ᠎ᠠ ᠵᠢ ᠰᠠᠢ᠌ᠲᠤᠷ ᠬᠡᠷᠡᠭᠯᠡᠵᠦ ᠂ 《ᠳᠦᠷᠪᠡᠨ ᠨᠢᠭᠡ ᠪᠦᠯᠦᠭ 》  ᠠᠷᠭ᠎ᠠ ᠪᠠᠷᠢᠯ ᠵᠶ᠋ᠠᠨ ᠦᠷᠭᠦᠯᠵᠢᠯᠡᠨ ᠰᠢᠯᠢᠳᠡᠭᠵᠢᠭᠦᠯᠵᠦ ᠦᠨᠳᠦᠰᠦᠨ ᠱᠠᠲᠤᠨ᠎ᠤ ᠥᠷᠢ ᠥᠭᠴᠡᠭᠡ ᠵᠢ ᠠᠷᠢᠯᠭ᠋ᠠᠬᠤ᠎ᠳᠤ ᠳᠡᠮᠵᠢᠯᠭᠡ ᠦᠵᠡᠭᠦᠯᠵᠦ ᠂  ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠪᠡᠯᠡ ᠲᠣᠬᠢᠷᠠᠭᠤᠯᠬᠤ ᠲᠠᠪᠴᠠᠩ᠎ᠤᠨ ᠲᠣᠭ᠎ᠠ ᠬᠡᠮᠵᠢᠶ᠎ᠡ ᠵᠢ ᠬᠠᠰᠤᠵᠤ ᠪᠠᠭᠤᠷᠠᠭᠤᠯᠤᠨ ᠂  ᠦᠨᠳᠦᠰᠦᠨ ᠱᠠᠲᠤᠨ᠎ᠤ 《ᠭᠤᠷᠪᠠ ᠵᠢ ᠪᠠᠲᠤᠯᠠᠬᠤ 》  ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ ᠂  ᠦᠨᠳᠦᠰᠦᠨ ᠱᠠᠲᠤᠨ᠎ᠤ ᠡᠳ᠋᠎ᠤᠨ ᠵᠠᠰᠠᠭ᠎ᠤᠨ ᠲᠣᠭᠲᠠᠭᠤᠨ ᠠᠵᠢᠯᠯᠠᠭ᠋ᠠᠨ᠎ᠢ ᠪᠠᠲᠤᠯᠠᠨ᠎ᠠ ᠃  ᠮᠥᠩᠭᠥᠨ ᠭᠦᠢ᠍ᠯᠭᠡᠭᠡᠨ᠎ᠤ ᠲᠦᠭᠰᠢᠭᠦᠷᠢ ᠵᠢ ᠯᠠᠪᠳᠠᠭᠤᠨ ᠰᠢᠢ᠍ᠳᠪᠦᠷᠢᠯᠡᠵᠦ ᠂  ᠣᠷᠣᠨ ᠨᠤᠲᠤᠭ᠎ᠤᠨ ᠲᠦᠭᠰᠢᠭᠦᠷᠢ ᠶᠡᠬᠡᠲᠡᠢ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠲᠦᠭᠰᠢᠭᠦᠷᠢ ᠶᠡᠬᠡᠲᠡᠢ ᠵᠡᠷᠭᠡ ᠲᠡᠰ᠎ᠠᠴᠠ ᠪᠤᠴᠠᠵᠤ ᠭᠠᠷᠬᠤ ᠵᠢ᠎ᠨᠢ ᠠᠬᠢᠭᠤᠯᠤᠨ ᠂ 《ᠳᠡᠯᠪᠡᠷᠡᠭᠡᠨ ᠬᠡᠷᠡᠭ 》 ᠡᠭᠦᠰᠬᠦ᠎ᠠᠴᠠ ᠡᠷᠡᠰ ᠰᠡᠷᠭᠡᠢ᠌ᠯᠡᠨ᠎ᠡ ᠃  ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠯᠲᠠ ᠵᠢ ᠵᠣᠭᠰᠣᠭ᠋ᠠᠨ ᠲᠣᠭᠲᠠᠭᠤᠨ ᠪᠣᠯᠭ᠋ᠠᠬᠤ ᠵᠢ ᠠᠬᠢᠭᠤᠯᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ ᠂  ᠭᠡᠷ ᠪᠠᠢ᠌ᠰᠢᠩ ᠭᠠᠵᠠᠷ ᠬᠥᠷᠥᠩᠭᠡ ᠵᠢᠨ ᠲᠦᠭᠰᠢᠭᠦᠷᠢ ᠵᠢ ᠯᠠᠪᠳᠠᠭᠤᠨ ᠵᠶ᠋ᠠᠷ ᠠᠷᠢᠯᠭ᠋ᠠᠵᠤ ᠂  ᠴᠠᠭ᠎ᠲᠤ᠎ᠪᠠᠨ ᠪᠠᠲᠤᠯᠠᠨ ᠲᠤᠰᠢᠶᠠᠬᠤ ᠠᠰᠠᠷ ᠂  ᠴᠠᠭ᠎ᠲᠤ᠎ᠪᠠᠨ ᠪᠠᠲᠤᠯᠠᠨ ᠲᠤᠰᠢᠶᠠᠬᠤ ᠭᠡᠷ ᠪᠠᠢ᠌ᠰᠢᠩ᠎ᠤᠨ ᠡᠭᠦᠷᠭᠡ᠎ᠪᠠᠨ ᠰᠠᠢ᠌ᠲᠤᠷ ᠪᠡᠶᠡᠯᠡᠭᠦᠯᠦᠨ᠎ᠡ ᠃

       ᠨᠡᠢ᠌ᠭᠡᠮ᠎ᠤᠨ ᠲᠣᠭᠲᠠᠭᠤᠨ᠎ᠤ ᠬᠣᠷᠢᠭ᠎ᠠ ᠱᠤᠭᠤᠮ᠎ᠢ ᠰᠠᠢ᠌ᠲᠤᠷ ᠰᠠᠬᠢᠨ᠎ᠠ ᠃  ᠰᠢᠨ᠎ᠡ ᠴᠠᠭ ᠦᠶ᠎ᠡ ᠵᠢᠨ 《ᠹᠧᠩ ᠴᠢᠶᠤᠣ ᠵᠢᠨ ᠲᠤᠷᠰᠢᠯᠭ᠎ᠠ 》 ᠵᠢ ᠪᠠᠷᠢᠮᠲᠠᠯᠠᠬᠤ ᠪᠠ ᠬᠥᠭᠵᠢᠭᠦᠯᠵᠦ ᠂  ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢ᠎ᠪᠠᠷ ᠵᠠᠰᠠᠵᠢᠬᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠬᠦ ᠣᠨ᠎ᠤ ᠠᠵᠢᠯᠯᠠᠭ᠎ᠠ ᠵᠢ ᠥᠷᠨᠢᠭᠦᠯᠵᠦ ᠂  ᠲᠠᠪᠤᠨ ᠱᠠᠲᠤ ᠵᠢ ᠨᠡᠪᠲᠡᠷᠡᠭᠦᠯᠦᠭᠰᠡᠨ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢ᠍ᠴᠡᠳᠬᠡᠬᠦ ᠲᠣᠭᠲᠠᠯᠴᠠᠭ᠎ᠠ ᠵᠢ ᠪᠦᠷᠢᠨᠰᠢᠭᠦᠯᠦᠨ ᠂ 《ᠬᠣᠶᠠᠷ ᠲᠥᠯᠥᠭᠡᠯᠡᠭᠴᠢ ᠨᠢᠭᠡ ᠭᠡᠰᠢᠭᠦᠨ 》᠎ᠤ ᠬᠠᠯᠠᠮᠰᠢᠯ ᠤᠲᠠᠰᠤ 12345᠎ᠪᠠᠷ ᠶᠠᠷᠰᠢᠭ ᠲᠦᠪᠡᠭᠲᠡᠢ ᠠᠵᠢᠯ᠎ᠤᠨ ᠲᠣᠳᠣᠷᠬᠠᠢ ᠬᠠᠭᠤᠳᠠᠰᠤ ᠵᠢᠨ  ᠰᠢᠮᠳᠠᠭᠤᠯᠤᠨ ᠭᠦᠢ᠍ᠴᠡᠳᠬᠡᠯᠭᠡᠬᠦ ᠪᠠ ᠪᠤᠴᠠᠵᠤ ᠪᠠᠢ᠌ᠴᠠᠭ᠋ᠠᠬᠤ ᠲᠣᠭᠲᠠᠴᠠ ᠵᠢ ᠪᠦᠬᠦ ᠲᠠᠯ᠎ᠠ᠎ᠪᠠᠷ ᠳᠡᠯᠭᠡᠷᠡᠭᠦᠯᠦᠨ᠎ᠡ ᠃  ᠵᠥᠷᠢᠴᠡᠯ ᠲᠦᠭᠰᠢᠭᠦᠷᠢ ᠵᠢ ᠠᠷᠢᠯᠭ᠋ᠠᠵᠤ ᠨᠡᠢ᠌ᠭᠡᠮ᠎ᠤᠨ ᠲᠣᠭᠲᠠᠭᠤᠨ᠎ᠢ ᠬᠠᠮᠠᠭ᠋ᠠᠯᠠᠬᠤ ᠲᠤᠰᠬᠠᠢ ᠠᠵᠢᠯᠯᠠᠭ᠋ᠠᠨ᠎ᠢ ᠥᠷᠨᠢᠭᠦᠯᠦᠨ ᠂  ᠣᠯᠠᠨ ᠲᠦᠮᠡᠨ᠎ᠤ ᠭᠣᠮᠣᠳᠠᠯ ᠲᠣᠭ᠋ᠠᠴᠢᠯᠲᠠ ᠵᠢ ᠴᠠᠭ ᠲᠤᠬᠠᠢ᠎ᠳᠤ᠎ᠨᠢ ᠰᠢᠢ᠍ᠳᠪᠦᠷᠢᠯᠡᠵᠦ ᠂  ᠡᠯ᠎ᠡ ᠵᠦᠢ᠍ᠯ᠎ᠤᠨ ᠲᠣᠭᠲᠠᠩᠭᠤᠢ ᠪᠤᠰᠤ ᠬᠦᠴᠦᠨ ᠵᠦᠢ᠍ᠯ᠎ᠢ ᠡᠬᠢ ᠡᠭᠦᠰᠦᠯ᠎ᠳᠤ᠎ᠨᠢ ᠠᠷᠢᠯᠭ᠋ᠠᠵᠤ ᠂  ᠬᠤᠪᠢ ᠬᠥᠮᠥᠨ᠎ᠤ ᠬᠡᠲᠦᠷᠡᠮᠡᠬᠡᠢ ᠬᠡᠷᠡᠭ ᠂  ᠪᠦᠯᠦᠭᠴᠢ ᠬᠡᠷᠡᠭ ᠡᠭᠦᠰᠬᠦ᠎ᠠᠴᠠ ᠴᠢᠩᠭ᠎ᠠ ᠰᠡᠷᠭᠡᠢ᠌ᠯᠡᠨ᠎ᠡ ᠃  ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ᠎ᠢ ᠪᠠᠢ᠌ᠩᠭᠤ ᠵᠢᠨ ᠴᠢᠨᠠᠷᠲᠠᠢ ᠠᠬᠢᠭᠤᠯᠵᠤ ᠂  ᠬᠠᠤᠯᠢ᠎ᠠᠴᠠ ᠵᠥᠷᠢᠴᠡᠭᠰᠡᠨ ᠡᠯ᠎ᠡ ᠲᠦᠷᠦᠯ᠎ᠤᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠂  ᠨᠡᠢ᠌ᠭᠡᠮ᠎ᠤᠨ ᠶᠡᠬᠡ ᠪᠠᠢ᠌ᠳᠠᠯ᠎ᠤᠨ ᠡᠶ᠎ᠡ ᠵᠣᠬᠢᠴᠠᠯ ᠠᠮᠤᠷ ᠲᠣᠭᠲᠠᠭᠤᠨ᠎ᠢ ᠦᠨᠡᠨ ᠬᠦ᠌ ᠬᠠᠮᠠᠭ᠋ᠠᠯᠠᠨ᠎ᠠ ᠃

       ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ ᠪᠣᠯ ᠶᠡᠷᠦ᠎ᠠᠴᠠ᠎ᠪᠠᠨ ᠨᠠᠮ᠎ᠤᠨ ᠲᠥᠪ ᠬᠣᠷᠢᠶᠠᠨ᠎ᠤ ᠬᠠᠯᠠᠮᠵᠢᠯᠠᠨ ᠰᠠᠨᠠᠭ᠋ᠠᠰᠢᠷᠠᠭᠰᠠᠭ᠋ᠠᠷ ᠢᠷᠡᠭᠰᠡᠨ ᠭᠠᠵᠠᠷ ᠶᠤᠮ ᠂  ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ᠎ᠢ ᠬᠥᠭᠵᠢᠭᠦᠯᠦᠨ ᠬᠢᠯᠢ ᠵᠢᠨ ᠠᠷᠠᠳ᠎ᠢ ᠪᠠᠶᠠᠵᠢᠭᠤᠯᠬᠤ ᠠᠵᠢᠯᠯᠠᠭ᠋ᠠᠨ᠎ᠢ ᠭᠦᠨᠵᠡᠭᠡᠢ ᠠᠬᠢᠭᠤᠯᠤᠨ ᠂  ᠬᠢᠯᠢ ᠬᠢᠵᠠᠭ᠋ᠠᠷ᠎ᠤᠨ ᠲᠥᠪ ᠪᠠᠯᠭ᠋ᠠᠰᠤ ᠵᠢ ᠪᠦᠲᠦᠭᠡᠨ ᠪᠠᠢ᠍ᠢ᠍ᠭᠤᠯᠬᠤ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠵᠦ ᠂  ᠤᠰᠤ ᠴᠠᠬᠢᠯᠭ᠋ᠠᠨ ᠬᠡᠷᠡᠭᠯᠡᠬᠦ ᠂  ᠴᠡᠪᠡᠷ ᠡᠨᠧᠷᠭᠢ ᠠᠰᠢᠭᠯᠠᠬᠤ ᠂  ᠲᠤᠰᠬᠤᠨ᠎ᠤ ᠳᠦᠷᠢ ᠲᠥᠷᠬᠦ ᠵᠢ ᠰᠠᠢ᠌ᠵᠢᠷᠠᠭᠤᠯᠬᠤ ᠵᠡᠷᠭᠡ ᠬᠦᠷᠢᠶ᠎ᠡ ᠴᠠᠷᠠᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠂  ᠣᠯᠠᠨ ᠨᠡᠢ᠍ᠢ᠍ᠲᠡ ᠵᠢᠨ ᠦᠢ᠍ᠯᠡᠴᠢᠯᠡᠭᠡᠨ᠎ᠤ ᠳᠤᠲᠠᠭᠤᠳᠠᠯ᠎ᠢ ᠲᠦᠷᠭᠡᠳᠬᠡᠨ ᠨᠥᠬᠥᠪᠦᠷᠢᠯᠡᠵᠦ ᠂  ᠬᠢᠯᠢ ᠵᠢᠨ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ᠎ᠨᠢ ᠤᠯᠠᠮ ᠨᠢᠭᠡ ᠠᠯᠬᠤᠮ ᠰᠠᠢ᠌ᠵᠢᠷᠠᠭᠤᠯᠵᠤ ᠂  ᠬᠢᠯᠢ ᠬᠢᠵᠠᠭ᠋ᠠᠷ᠎ᠤᠨ ᠠᠷᠠᠳ ᠲᠦᠮᠡᠨ᠎ᠢ ᠠᠮᠤᠷ ᠠᠮᠤᠭᠤᠯᠠᠩ ᠠᠵᠤ ᠲᠦᠷᠦᠭᠦᠯᠵᠥ ᠂  ᠬᠢᠯᠢ ᠬᠢᠵᠠᠭ᠋ᠠᠷ ᠵᠶ᠋ᠠᠨ ᠰᠡᠳᠬᠢᠯ ᠲᠣᠭᠲᠠᠭᠤᠨ ᠰᠠᠬᠢᠨ ᠬᠠᠮᠠᠭ᠋ᠠᠯᠠᠭᠤᠯᠤᠨ᠎ᠠ ᠃  ᠰᠢᠨ᠎ᠡ ᠴᠠᠭ ᠦᠶ᠎ᠡ ᠵᠢᠨ  ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠪᠡᠬᠢᠵᠢᠭᠦᠯᠦᠨ ᠬᠥᠭᠵᠢᠭᠦᠯᠵᠦ ᠂  ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ  ᠪᠦᠲᠦᠭᠡᠨ ᠪᠠᠢ᠌ᠭᠤᠯᠤᠯᠲᠠ᠎ᠳᠤ  ᠨᠡᠩ ᠰᠠᠢ᠌ᠲᠤᠷ ᠦᠢ᠍ᠯᠡᠴᠢᠯᠡᠵᠦ ᠂  ᠤᠯᠤᠰ ᠵᠢᠨᠨ ᠬᠠᠮᠠᠭ᠋ᠠᠯᠠᠵᠤ ᠬᠢᠯᠢ ᠬᠢᠵᠠᠭ᠋ᠠᠷ ᠵᠢᠨᠨ ᠬᠠᠮᠠᠭ᠋ᠠᠯᠠᠬᠤ ᠪᠦᠬᠦᠯᠢ ᠴᠣᠭᠴᠠ ᠵᠢᠨ  ᠴᠢᠳᠠᠪᠤᠷᠢ᠎ᠪᠠᠨ ᠲᠡᠬᠡᠭᠰᠢᠯᠡᠬᠦᠯᠦᠨ᠎ᠡ ᠃

       ᠲᠥᠯᠥᠭᠡᠯᠡᠭᠴᠢᠳ ᠠ᠋ !  ᠰᠢᠨ᠎ᠡ ᠪᠠᠢ᠌ᠳᠠᠯ ᠰᠢᠨ᠎ᠡ ᠡᠭᠦᠷᠭᠡ ᠵᠢᠨ ᠡᠮᠦᠨ᠎ᠡ ᠂  ᠵᠠᠰᠠᠭ᠎ᠤᠨ ᠣᠷᠳᠣᠨ᠎ᠤ ᠠᠵᠢᠯ᠎ᠳᠤ ᠰᠢᠨ᠎ᠡ ᠠᠬᠢᠯᠲᠠ ᠲᠠᠪᠰᠢᠯᠲᠠ᠎ᠲᠠᠢ ᠪᠣᠯᠭ᠋ᠠᠵᠤ ᠂  ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠬᠤ ᠬᠡᠷᠡᠭᠲᠡᠢ ᠃  ᠲᠡᠷᠢᠭᠦᠨ ᠴᠢᠬᠤᠯᠠ᠎ᠨᠢ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠬᠦ ᠶᠠᠪᠤᠳᠠᠯ ᠪᠣᠯᠣᠨ᠎ᠠ ᠂  ᠢᠮᠠᠭᠲᠠ ᠨᠠᠮ᠎ᠳᠤ᠎ᠪᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠢ᠌ᠵᠤ ᠂ 《ᠬᠣᠶᠠᠷ᠎ᠢ ᠲᠣᠭᠲᠠᠭ᠋ᠠᠭᠰᠠᠨ 》᠎ᠢ ᠡᠷᠡᠰ ᠬᠦᠷᠢᠶᠡᠯᠡᠵᠦ ᠂ 《ᠬᠣᠶᠠᠷ᠎ᠢ ᠬᠠᠮᠠᠭ᠋ᠠᠯᠠᠬᠤ 》 ᠵᠢ ᠡᠷᠡᠰ ᠪᠡᠶᠡᠯᠡᠭᠦᠯᠦᠨ ᠂  ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠵᠤ ᠂  ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂  ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠋ᠠᠲᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠎ᠠ ᠃  ᠨᠢᠭᠡ ᠰᠡᠳᠬᠢᠯ ᠨᠢᠭᠡ ᠵᠣᠷᠢᠭ ᠵᠶ᠋ᠠᠷ ᠬᠥᠭᠵᠢᠯᠲᠡ ᠵᠢ ᠡᠷᠢᠯᠬᠢᠯᠡᠨ᠎ᠡ ᠂  ᠰᠢᠨ᠎ᠡ ᠵᠠᠮ᠎ᠢ ᠨᠡᠭᠡᠭᠡᠨ ᠳᠤᠮᠳᠠ ᠲᠦᠪᠰᠢᠨ᠎ᠳᠤ ᠳᠠᠪᠰᠢᠬᠤ ᠬᠠᠷᠠᠯᠲᠠ᠎ᠪᠠᠨ ᠣᠨᠢᠯᠠᠵᠤ ᠂  ᠡᠷᠴᠢ ᠵᠣᠷᠢᠭ ᠵᠶ᠋ᠠᠨ ᠬᠥᠪᠴᠢᠯᠡᠨ ᠲᠡᠷᠢᠭᠦᠨ᠎ᠤ᠎ᠬᠢ ᠪᠣᠯᠬᠤ᠎ᠪᠠᠷ ᠡᠷᠡᠯᠬᠡᠭᠯᠡᠨ ᠲᠡᠮᠡᠴᠡᠵᠦ ᠂  ᠮᠠᠨ᠎ᠤ ᠣᠷᠣᠨ᠎ᠤ ᠬᠢᠯᠪᠠᠷ ᠪᠤᠰᠤ᠎ᠪᠠᠷ ᠴᠢᠷᠮᠠᠢ᠌ᠨ ᠣᠯᠣᠭᠰᠠᠨ ᠰᠠᠢ᠌ᠨ ᠪᠠᠢ᠌ᠳᠠᠯ ᠬᠠᠨᠳᠤᠰᠢ᠎ᠪᠠᠨ ᠪᠠᠲᠤᠯᠠᠨ᠎ᠠ ᠃  ᠴᠢᠩ ᠦᠨᠡᠨ ᠰᠡᠳᠬᠢᠯ᠎ᠠᠴᠠ᠎ᠪᠠᠨ ᠬᠦᠴᠢᠷ ᠠᠰᠠᠭᠤᠳᠠᠯ᠎ᠢ ᠰᠢᠢ᠍ᠳᠪᠦᠷᠢᠯᠡᠨ᠎ᠡ ᠂  ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠵᠦ ᠪᠠᠢ᠌ᠳᠠᠯ᠎ᠢ ᠪᠣᠳᠠᠲᠠᠢ ᠣᠢ᠌ᠯᠠᠭ᠋ᠠᠨ ᠂  ᠠᠰᠠᠭᠤᠳᠠᠯ᠎ᠢ ᠲᠣᠳᠣᠷᠬᠠᠢ ᠣᠢ᠌ᠯᠠᠭ᠋ᠠᠵᠤ ᠂  ᠪᠣᠳᠠᠲᠠᠢ ᠪᠥᠭᠡᠳ ᠴᠢᠩᠭ᠎ᠠ ᠠᠷᠭ᠎ᠠ ᠬᠡᠮᠵᠢᠶ᠎ᠡ ᠠᠪᠴᠤ ᠪᠠᠢ᠌ᠭ᠋ᠠᠳ ᠣᠯᠠᠨ ᠲᠦᠮᠡᠨ᠎ᠤ ᠵᠣᠪᠠᠨᠢᠵᠤ ᠪᠠᠢ᠌ᠭ᠎ᠠ ᠶᠠᠪᠤᠳᠠᠯ ᠂  ᠠᠵᠤ ᠠᠬᠤᠢ᠌ᠯᠠᠯ᠎ᠤᠨ ᠬᠦᠰᠡᠵᠦ ᠪᠠᠢ᠌ᠭ᠎ᠠ ᠶᠠᠪᠤᠳᠠᠯ ᠂  ᠦᠨᠳᠦᠰᠦᠨ ᠱᠠᠲᠤᠨ᠎ᠤ ᠬᠦᠴᠢᠷᠳᠡᠵᠦ ᠪᠠᠢ᠌ᠭ᠎ᠠ ᠶᠠᠪᠤᠳᠠᠯ᠎ᠢ ᠰᠠᠢ᠌ᠲᠤᠷ ᠰᠢᠢ᠍ᠳᠪᠦᠷᠢᠯᠡᠨ᠎ᠡ ᠃  ᠬᠠᠤᠯᠢ ᠶᠣᠰᠣᠭ᠋ᠠᠷ ᠵᠠᠰᠠᠭ ᠶᠠᠪᠤᠭᠤᠯᠬᠤ᠎ᠪᠠᠷ ᠪᠠᠷᠠᠬᠤ ᠦᠭᠡᠢ ᠪᠠᠰᠠ ᠴᠢᠩᠭ᠎ᠠ ᠠᠳᠬᠤᠨ ᠲᠦᠷᠭᠡᠨ ᠭᠦᠢ᠍ᠴᠡᠳᠬᠡᠨ᠎ᠡ ᠂  ᠬᠠᠤᠯᠢ ᠲᠣᠭᠲᠠᠭ᠋ᠠᠯ᠎ᠳᠤ ᠴᠠᠭ᠋ᠠᠵᠠᠯᠠᠭᠰᠠᠨ᠎ᠢ ᠣᠭᠲᠤ ᠬᠢᠬᠦ ᠦᠭᠡᠢ ᠂  ᠬᠠᠤᠯᠢ ᠲᠣᠭᠲᠠᠭ᠋ᠠᠯ᠎ᠳᠤ ᠨᠡᠢ᠌ᠴᠡᠭᠰᠡᠨ ᠤᠷᠢᠳᠠᠯ ᠳᠣᠣᠷ᠎ᠠ ᠵᠠᠰᠠᠭ ᠶᠠᠪᠤᠭᠤᠯᠬᠤ ᠴᠤᠪᠤᠷᠠᠯ ᠵᠶ᠋ᠠᠨ ᠰᠢᠯᠢᠳᠡᠭᠵᠢᠭᠦᠯᠵᠦ ᠂  ᠠᠵᠢᠯ ᠶᠠᠪᠤᠳᠠᠯ ᠭᠦᠢ᠍ᠴᠡᠳᠬᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ ᠂  ᠥᠷᠯᠥᠭᠡ ᠦᠳᠡᠰᠢ ᠦᠭᠡᠢ ᠴᠢᠷᠮᠠᠢ᠌ᠵᠤ ᠡᠯ᠎ᠡ ᠵᠦᠢ᠍ᠯ᠎ᠤᠨ ᠠᠵᠢᠯ ᠵᠶ᠋ᠠᠨ ᠰᠠᠢ᠌ᠲᠤᠷ ᠬᠢᠨ᠎ᠡ ᠃  ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠂  ᠤᠯᠤᠰ ᠲᠥᠷᠥ ᠵᠢᠨ ᠵᠥᠪᠯᠡᠯᠭᠡᠨ ᠵᠡᠷᠭᠡ ᠡᠯ᠎ᠡ ᠲᠠᠯ᠎ᠠ ᠵᠢᠨ᠎ᠬᠢᠨ᠎ᠤ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠵᠦ ᠂  ᠲᠥᠪ᠎ᠤᠨ ᠲᠣᠭᠣᠷᠢᠨ ᠪᠠᠢ᠌ᠴᠠᠭ᠋ᠠᠯᠲᠠ ᠂  ᠬᠠᠷᠢᠭᠤᠴᠠᠯᠭ᠎ᠠ ᠵᠢᠨ ᠬᠢᠨᠠᠨ ᠪᠣᠳᠣᠯᠲᠠ ᠵᠢᠴᠢ ᠡᠯ᠎ᠡ ᠲᠦᠷᠦᠯ᠎ᠤᠨ ᠬᠢᠨᠠᠯᠲᠠ ᠪᠠᠢ᠌ᠴᠠᠭ᠋ᠠᠯᠲᠠ᠎ᠪᠠᠷ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠲᠡᠷᠡ ᠶᠣᠰᠣᠭ᠋ᠠᠷ᠎ᠨᠢ ᠰᠠᠢ᠌ᠲᠤᠷ ᠠᠳᠬᠤᠨ᠎ᠠ ᠃  ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠬᠤ ᠪᠣᠯ ᠵᠠᠰᠠᠭ᠎ᠤᠨ ᠣᠷᠳᠣᠨ᠎ᠤ ᠠᠵᠢᠯᠲᠠᠨ ᠨᠢᠭᠡᠪᠦᠷᠢ ᠵᠢᠨ  ᠡᠷᠬᠡᠪᠰᠢ ᠪᠠᠲᠤ ᠰᠠᠬᠢᠬᠤ ᠬᠣᠷᠢᠭ᠎ᠠ ᠱᠤᠭᠤᠮ ᠪᠣᠯᠣᠨ᠎ᠠ ᠂  ᠨᠠᠮ᠎ᠤᠨ ᠡᠯ᠎ᠡ ᠵᠦᠢ᠍ᠯ᠎ᠤᠨ ᠰᠠᠬᠢᠯᠭ᠎ᠠ ᠪᠠᠲᠤ ᠲᠣᠭᠲᠠᠭ᠋ᠠᠯ ᠳᠦᠷᠢᠮ᠎ᠢ ᠴᠢᠩᠭ᠎ᠠ ᠰᠠᠬᠢᠨ ᠂  ᠵᠥᠪ ᠣᠨᠣᠪᠴᠢᠲᠠᠢ ᠡᠷᠬᠡ ᠵᠢᠨ ᠦᠵᠡᠯᠲᠡ ᠂  ᠵᠠᠰᠠᠭ᠎ᠤᠨ ᠪᠦᠳᠣᠮᠵᠢ ᠵᠢᠨ ᠦᠵᠡᠯᠲᠡ ᠂  ᠠᠵᠢᠯ ᠦᠢ᠍ᠯᠡᠰ᠎ᠤᠨ ᠦᠵᠡᠯᠲᠡ᠎ᠪᠠᠨ ᠪᠠᠲᠤ ᠪᠣᠯᠭ᠋ᠠᠵᠤ ᠂  ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢᠨ ᠳᠠᠭ᠋ᠠᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠨ ᠂  ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ ᠂  ᠣᠯᠠᠨ ᠲᠦᠮᠡᠨ᠎ᠤ ᠢᠲᠡᠭᠡᠯ᠎ᠢ ᠶᠠᠭ᠋ᠠᠬᠢᠭᠰᠠᠨ ᠴᠦ᠍ ᠬᠥᠰᠡᠷᠳᠡᠭᠦᠯᠬᠦ ᠦᠭᠡᠢ ᠂  ᠵᠣᠬᠢᠶᠠᠨ ᠪᠠᠢ᠌ᠭᠤᠯᠤᠯᠲᠠ ᠵᠢᠨ ᠬᠥᠮᠦᠵᠢᠯ ᠪᠠ ᠬᠦᠨᠳᠦ ᠨᠠᠢ᠍ᠢ᠍ᠳᠠᠯᠭ᠎ᠠ ᠵᠢ ᠶᠠᠭ᠋ᠠᠬᠢᠭᠰᠠᠨ ᠴᠦ᠍ ᠬᠥᠰᠡᠷᠳᠡᠭᠦᠯᠵᠦ ᠪᠤᠯᠬᠤ ᠦᠭᠡᠢ ᠃

       ᠲᠥᠯᠥᠭᠡᠯᠡᠭᠴᠢᠳ ᠠ᠋ !  ᠥᠪᠥᠷ ᠮᠣᠩᠭᠣᠯ ᠪᠣᠯ ᠡᠷᠲᠡᠨ᠎ᠠᠴᠠ᠎ᠪᠠᠨ ᠠᠪᠤᠭ᠋ᠠᠳ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ᠎ᠠ ᠂  ᠡᠨᠳᠡ ᠠᠮᠢᠳᠤᠷᠠᠵᠤ ᠪᠠᠢ᠌ᠭ᠎ᠠ ᠬᠥᠮᠥᠰ ᠴᠡᠴᠡᠭᠡᠢ᠎ᠪᠠᠨ ᠬᠠᠢ᠌ᠷᠠᠯᠠᠬᠤ ᠰᠢᠭ᠋ ᠵᠶ᠋ᠠᠷ ᠦᠨᠳᠦᠰᠦᠲᠡᠨ᠎ᠤ ᠪᠦᠯᠬᠦᠮᠳᠡᠯ᠎ᠢ ᠬᠠᠢ᠌ᠷᠠᠯᠠᠵᠤ ᠂  ᠠᠮᠢ ᠨᠠᠰᠤ᠎ᠪᠠᠨ ᠨᠠᠨᠳᠢᠩᠨᠠᠬᠤ ᠰᠢᠭ᠋ ᠵᠶ᠋ᠠᠷ ᠦᠨᠳᠦᠰᠦᠲᠡᠨ᠎ᠤ ᠪᠦᠯᠬᠦᠮᠳᠡᠯ᠎ᠢ ᠨᠠᠨᠳᠢᠩᠨᠠᠳᠠᠭ ᠶᠤᠮ ᠃  ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ ᠂ 《ᠳᠣᠯᠣᠭ᠋ᠠᠨ ᠲᠠᠯ᠎ᠠ᠎ᠪᠠᠷ ᠵᠢᠱ᠌ᠢᠶᠡᠴᠢ ᠪᠣᠯᠬᠤ 》  ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ ᠂ 《ᠨᠠᠮ᠎ᠤᠨ ᠠᠴᠢ᠎ᠳᠤ ᠲᠠᠯᠠᠷᠬᠠᠨ ᠂  ᠨᠠᠮ᠎ᠤᠨ ᠦᠭᠡ ᠵᠢ ᠰᠣᠨᠣᠰᠴᠤ ᠂  ᠨᠠᠮ ᠵᠶ᠋ᠠᠨ᠎ᠲᠠᠭᠠᠨ ᠤᠷᠤᠭᠰᠢᠯᠠᠬᠤ 》  ᠣᠯᠠᠨ ᠲᠦᠮᠡᠨᠴᠢ ᠬᠥᠮᠦᠵᠢᠯ᠎ᠢ ᠪᠠᠢ᠌ᠩᠭᠤᠰᠢᠭᠤᠯᠤᠨ ᠥᠷᠨᠢᠭᠦᠯᠵᠦ ᠂ 《ᠵᠢᠷᠭᠤᠭ᠋ᠠᠨ ᠥᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ 》᠎ᠢ ᠬᠥᠮᠥᠰ᠎ᠤᠨ ᠰᠡᠳᠬᠢᠯ᠎ᠳᠤ ᠨᠡᠩ ᠭᠦᠨ ᠬᠠᠳᠠᠩᠰᠢᠭᠤᠯᠬᠤ ᠬᠡᠷᠡᠭᠲᠡᠢ ᠃  ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠨ ᠵᠢᠯᠣᠭᠣᠳᠤᠭᠰᠠᠨ ᠴᠢᠭᠯᠡᠯ ᠵᠶ᠋ᠠᠷ ᠡᠷᠡᠰ ᠭᠤᠢ᠌ᠪᠢᠰᠢ ᠦᠭᠡᠢ ᠦᠨᠡᠨ ᠪᠣᠳᠠᠲᠠᠢ ᠰᠢᠷᠭ᠋ᠠᠭᠤ ᠠᠵᠢᠯᠯᠠᠳᠠᠭ ᠯᠠ ᠶᠤᠮ ᠪᠣᠯ ᠂  ᠦᠨᠳᠦᠰᠦᠲᠡᠨ᠎ᠨᠦᠭᠦᠳ᠎ᠤᠨ ᠠᠷᠠᠳ ᠲᠦᠮᠡᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ ᠂  ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂  ᠪᠦᠯᠬᠦᠮᠳᠡᠨ ᠲᠡᠮᠡᠴᠡᠳᠡᠭ ᠯᠠ ᠶᠤᠮ ᠪᠣᠯ ᠂  ᠯᠠᠪᠲᠠᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》  ᠡᠨᠡ ᠬᠦ᠌ ᠲᠤᠭ᠎ᠤᠨ ᠥᠩᠭᠡ ᠭᠢᠯᠪᠠᠭ᠎ᠠ ᠵᠢ ᠤᠯᠠᠮ ᠭᠢᠯᠠᠯᠵᠠᠭᠤᠯᠤᠨ ᠰᠠᠴᠤᠷᠠᠭᠤᠯᠤᠨ᠎ᠠ ᠭᠡᠳᠡᠭ᠎ᠲᠤ ᠪᠠᠲᠤ ᠢᠲᠡᠭᠡᠯ᠎ᠲᠠᠢ ᠪᠠᠢ᠌ᠨ᠎ᠠ !

       ᠲᠥᠯᠥᠭᠡᠯᠡᠭᠴᠢᠳ ᠠ᠋ !  ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠣᠯ ᠡᠷᠡᠮᠡᠬᠡᠢ᠌ᠯᠡᠨ ᠲᠡᠮᠡᠦᠯᠵᠦ ᠪᠠᠢ᠌ᠭ᠋ᠠᠳ ᠡᠷᠴᠢᠯᠡᠳᠡᠭ ᠶᠤᠮ ᠂  ᠭᠤᠷᠪᠠᠨ ᠤᠮᠠᠷᠠᠲᠤ ᠵᠢᠨ  ᠵᠣᠷᠢᠭ ᠰᠠᠨᠠᠭ᠎ᠠ ᠵᠢ ᠪᠣᠯ ᠭᠠᠪᠰᠢᠭ᠋ᠠᠢ᠌ᠯᠠᠨ ᠲᠡᠮᠡᠴᠡᠵᠦ ᠪᠠᠢ᠌ᠭ᠋ᠠᠳ ᠬᠥᠪᠴᠢᠯᠡᠳᠡᠭ ᠶᠤᠮ ᠂  ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠣᠯ ᠰᠢᠭᠤᠷᠬᠠᠢ᠌ᠯᠠᠨ ᠠᠵᠢᠯᠯᠠᠵᠤ ᠪᠠᠢ᠌ᠭ᠋ᠠᠳ ᠪᠠᠢ᠌ᠭᠤᠯᠳᠠᠭ ᠶᠤᠮ ᠃  ᠪᠢᠳᠡ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠶᠡᠬᠡ ᠨᠢᠭᠲᠠᠷᠠᠨ ᠪᠦᠯᠬᠦᠮᠳᠡᠵᠦ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠠᠭ᠋ᠠᠭᠤᠯᠭ᠎ᠠ ᠳᠣᠣᠷ᠎ᠠ ᠂  ᠢᠲᠡᠭᠡᠯ ᠵᠣᠷᠢᠭ ᠵᠶ᠋ᠠᠨ ᠪᠠᠲᠤᠳᠬᠠᠨ ᠂  ᠦᠨᠡᠨ ᠬᠦ᠌ ᠴᠢᠷᠮᠠᠢ᠌ᠨ ᠪᠣᠳᠠᠲᠠᠢ ᠠᠵᠢᠯᠯᠠᠵᠤ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠵᠡᠭᠡᠶ᠎ᠡ !

 

ᠳᠠᠭ᠋ᠠᠯᠳᠤᠭᠤᠯᠤᠯ

      《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ 》᠎ᠤᠨ ᠬᠣᠯᠪᠣᠭᠳᠠᠯ ᠪᠦᠬᠦᠢ ᠨᠡᠷᠡᠰ᠎ᠤᠨ ᠲᠠᠢ᠌ᠯᠪᠤᠷᠢ

       ᠵᠢᠷᠭᠤᠭ᠋ᠠᠨ ᠠᠵᠢᠯᠯᠠᠭ᠋ᠠᠨ ᠄  ᠴᠢᠬᠤᠯᠠ ᠶᠡᠬᠡ ᠲᠥᠷᠥᠯ ᠵᠦᠢ᠍ᠯ᠎ᠢ ᠤᠬᠠᠭ᠋ᠠᠯᠠᠨ ᠲᠥᠯᠥᠪᠯᠡᠬᠦ ᠠᠵᠢᠯᠯᠠᠭ᠋ᠠᠨ ᠂  ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠋ᠠᠨ ᠂  ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠋ᠠᠨ ᠂  ᠤᠰᠤ ᠠᠷᠪᠢᠯᠠᠬᠤ ᠠᠵᠢᠯᠯᠠᠭ᠋ᠠᠨ ᠂  ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠋ᠠᠨ ᠂  ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠋ᠠᠨ ᠃

       ᠠᠷᠪᠠᠨ ᠶᠡᠬᠡ ᠠᠵᠤ ᠦᠢ᠍ᠯᠡᠰ᠎ᠤᠨ ᠪᠦᠯᠦᠭᠵᠢᠯ᠄  ᠣᠳᠣ ᠦᠶ᠎ᠡ ᠵᠢᠨ ᠲᠣᠨᠤᠭ ᠲᠥᠬᠦᠭᠡᠷᠦᠮᠵᠢ ᠦᠢ᠍ᠯᠡᠳᠬᠦ ᠂  ᠰᠢᠨ᠎ᠡ ᠡᠨᠧᠷᠭᠢ ᠂  ᠰᠢᠨ᠎ᠡ ᠮᠠᠲ᠋ᠧᠷᠢᠶᠠᠯ ᠂  ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ ᠂  ᠪᠣᠬᠢᠷᠲᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠬᠤ ᠂  ᠠᠮᠢᠳᠤ ᠪᠣᠳᠠᠰ᠎ᠤᠨ ᠦᠢ᠍ᠯᠡᠳᠬᠦ ᠦᠢ᠍ᠯᠡᠰ ᠂  ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠂  ᠳ᠋ᠢᠭᠢᠲ ᠠᠵᠤ ᠠᠬᠤᠢ ᠂  ᠵᠣᠬᠢᠶᠠᠮᠠᠯ ᠣᠶᠤᠨ ᠂  ᠳᠣᠣᠷ᠎ᠠ ᠠᠭ᠋ᠠᠷ᠎ᠤᠨ ᠠᠵᠤ ᠠᠬᠤᠢ ᠵᠢᠨ ᠠᠵᠤ ᠦᠢ᠍ᠯᠡᠰ᠎ᠤᠨ ᠪᠦᠯᠦᠭᠵᠢᠯ ᠃ ᠰᠦ  ᠰᠠᠭ᠋ᠠᠯᠢ ᠤᠯᠠᠭ᠋ᠠᠨ ᠢᠳᠡᠬᠡ ᠲᠥᠮᠥᠰᠥ ᠨᠣᠣᠯᠣᠭᠤᠷ ᠵᠡᠷᠭᠡ ᠭᠣᠣᠯᠳᠠᠯᠭ᠎ᠠ ᠪᠤᠯᠬᠤ 7 ᠠᠵᠤ ᠦᠢ᠍ᠯᠡᠰ᠎ᠤᠨ ᠬᠡᠯᠬᠢᠶ᠎ᠡ ᠄ ᠰᠦ  ᠰᠠᠭ᠋ᠠᠯᠢ ᠵᠢᠨ  ᠦᠢ᠍ᠯᠡᠰ ᠂  ᠦᠬᠡᠷ᠎ᠤᠨ ᠮᠢᠬ᠎ᠠ ᠂  ᠬᠤᠨᠢᠨ᠎ᠤ ᠮᠢᠬ᠎ᠠ ᠂  ᠲᠥᠮᠥᠰᠥ ᠂  ᠢᠮᠠᠭ᠋ᠠᠨ ᠨᠣᠣᠯᠣᠭᠤᠷ ᠂  ᠡᠷᠳᠡᠨᠢ ᠰᠢᠰᠢ ᠂  ᠡᠪᠡᠰᠦᠨ᠎ᠤ ᠦᠢ᠍ᠯᠡᠰ᠎ᠤᠨ ᠠᠵᠤ ᠦᠢ᠍ᠯᠡᠰ᠎ᠤᠨ ᠬᠡᠯᠬᠢᠶ᠎ᠡ ᠃

       ᠵᠢᠭᠤᠯᠴᠢᠯᠠᠯ᠎ᠤᠨ 《ᠳᠥᠷᠪᠡᠨ ᠭᠠᠵᠠᠷ》᠄  ᠥᠪᠡᠷ ᠵᠶ᠋ᠠᠨ ᠮᠠᠰᠢᠨ ᠪᠠᠷᠢᠵᠤ ᠵᠢᠭᠤᠯᠴᠢᠯᠠᠬᠤ ᠲᠡᠷᠢᠭᠦᠨ ᠰᠣᠩᠭᠣᠯᠲᠠ ᠵᠢᠨ ᠭᠠᠵᠠᠷ ᠂  ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠢ᠌ᠬᠠᠨ ᠭᠠᠵᠠᠷ ᠂  ᠠᠮᠠᠷᠠᠯᠲᠠ᠎ᠪᠠᠷ ᠵᠠᠪᠠᠯ ᠵᠢᠭᠤᠯᠴᠢᠯᠠᠬᠤ ᠭᠠᠵᠠᠷ ᠂  ᠡᠷᠡᠭᠦᠯᠵᠢᠯᠡᠯ ᠰᠤᠪᠢᠯᠠᠯᠲᠠ ᠵᠢᠨ ᠵᠢᠭᠤᠯᠴᠢᠯᠠᠯ᠎ᠤᠨ ᠰᠢᠯᠢᠳᠡᠭ ᠰᠣᠩᠭᠣᠯᠲᠠ ᠵᠢᠨ ᠭᠠᠵᠠᠷ ᠃

       ᠵᠢᠷᠭᠤᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ᠄  ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠰᠤᠷᠭ᠋ᠠᠨ ᠬᠥᠮᠦᠵᠢᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠂  ᠡᠮᠴᠢᠯᠡᠭᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠂  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠤᠯᠠᠭᠤᠯᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠂  ᠵᠢᠭᠤᠯᠴᠢᠯᠠᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠂  ᠠᠵᠤ ᠦᠢ᠍ᠯᠡᠰ᠎ᠤᠨ ᠬᠠᠮᠲᠤᠷᠠᠯᠴᠠᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠃  ᠳᠥᠷᠪᠡᠨ ᠵᠦᠢ᠍ᠯ᠎ᠤᠨ ᠠᠵᠢᠯᠯᠠᠭ᠋ᠠᠨ ᠄  ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠣᠨᠴᠠᠯᠢᠭᠲᠤ ᠠᠵᠤ ᠦᠢ᠍ᠯᠡᠰ᠎ᠢ ᠳᠡᠭᠡᠭᠰᠢᠯᠡᠭᠦᠯᠬᠦ ᠠᠵᠢᠯᠯᠠᠭ᠋ᠠᠨ ᠂  ᠠᠵᠤ ᠦᠢ᠍ᠯᠡᠰ᠎ᠤᠨ ᠪᠦᠯᠦᠭᠵᠢᠯ᠎ᠢ ᠴᠣᠭᠴᠠᠯᠠᠬᠤ ᠠᠵᠢᠯᠯᠠᠭ᠋ᠠᠨ ᠂  ᠬᠡᠷᠡᠭᠯᠡᠭᠡ ᠵᠢᠨ  ᠬᠠᠪᠰᠤᠷᠤᠨ ᠲᠡᠳᠬᠦᠵᠦ ᠣᠷᠣᠯᠭ᠎ᠠ ᠨᠡᠮᠡᠭᠳᠡᠭᠦᠯᠬᠦ ᠠᠵᠢᠯᠯᠠᠭ᠋ᠠᠨ ᠂  ᠬᠥᠳᠡᠯᠮᠦᠷᠢ ᠬᠦᠴᠦᠨ᠎ᠤ ᠬᠠᠮᠵᠢᠯᠴᠠᠭ᠋ᠠᠨ᠎ᠤ ᠴᠢᠨᠠᠷ᠎ᠢ᠎ᠨᠢ ᠳᠡᠭᠡᠭᠰᠢᠯᠡᠭᠦᠯᠬᠦ ᠠᠵᠢᠯᠯᠠᠭ᠋ᠠᠨ ᠃

     ᠲᠦᠷᠪᠡᠨ ᠨᠢᠭᠡ ᠪᠦᠯᠦᠭ᠄  ᠥᠪᠡᠷᠲᠡᠭᠡᠨ ᠵᠠᠰᠠᠬᠤ ᠣᠷᠣᠨ᠎ᠠᠴᠠ ᠨᠢᠭᠡ ᠪᠦᠯᠦᠭ ᠲᠠᠮ ᠬᠦᠦ ᠮᠥᠩᠭᠥ ᠥᠭᠬᠦ ᠂  ᠨᠢᠭᠡ ᠪᠦᠯᠦᠭ ᠥᠷᠢ ᠥᠭᠴᠡᠭᠡ ᠵᠢ  ᠠᠷᠢᠯᠭ᠋ᠠᠬᠤ ᠂  ᠨᠢᠭᠡ ᠪᠦᠯᠦᠭ᠎ᠢ᠎ᠨᠢ ᠤᠯᠠᠪᠤᠷ ᠥᠩᠭᠡ ᠵᠢᠨ  ᠵᠡᠷᠭᠡ ᠲᠡᠰ᠎ᠠᠴᠠ ᠪᠤᠴᠠᠭ᠋ᠠᠨ ᠭᠠᠷᠭ᠋ᠠᠬᠤ ᠂  ᠨᠢᠭᠡ ᠪᠦᠯᠦᠭ ᠬᠦᠴᠢᠷᠳᠡᠯ᠎ᠢ᠎ᠨᠢ ᠲᠠᠢ᠌ᠯᠬᠤ ᠠᠷᠭ᠎ᠠ ᠬᠡᠮᠵᠢᠶ᠎ᠡ ᠠᠪᠴᠤ ᠂  ᠦᠨᠳᠦᠰᠦᠨ ᠱᠠᠲᠤᠨ᠎ᠤ ᠥᠷᠢ ᠥᠭᠴᠡᠭᠡ᠎ᠪᠠᠨ ᠠᠷᠢᠯᠭ᠋ᠠᠬᠤ ᠵᠢ ᠎ᠨᠢ ᠬᠠᠪᠰᠤᠷᠤᠨ᠎ᠠ ᠃

       

      

 

      

       

      

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ