511 ᠳ᠋ᠦ᠍ᠭᠡᠷ ᠲᠣᠭ᠋ᠠᠲᠤ
ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ
ᠡᠳᠦᠭᠡ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠵᠢᠨ ᠲᠦᠷ ᠬᠡᠷᠡᠭᠵᠢᠭᠦᠯᠬᠦ ᠳᠦᠷᠢᠮ》᠎ᠢ ᠨᠡᠶ᠋ᠢᠲᠡᠯᠡᠯᠡ᠂ 2008 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
ᠶᠡᠷᠦᠩᠬᠡᠶ ᠰᠠᠶ᠋ᠢᠳ ᠸᠧᠨ ᠵᠢᠶᠠ ᠪᠤᠤ
2007 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ
ᠨᠢᠭᠡᠳᠦᠭᠡᠷ ᠵᠦᠢ᠍ᠯ ᠭᠠᠵᠠᠷ ᠰᠢᠷᠣᠶ ᠵᠢᠨ ᠡᠬᠢ ᠪᠠᠶᠠᠯᠢᠭ᠎ᠢ ᠵᠦᠢ ᠵᠣᠬᠢᠰᠲᠠᠶ ᠠᠰᠢᠭᠯᠠᠵᠤ᠂ ᠭᠠᠵᠠᠷ ᠰᠢᠷᠣᠶ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠵᠢᠨ ᠲᠤᠰᠠᠳᠠ᠂ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠤᠰ ᠲᠦᠷᠢᠮ᠎ᠳᠤ ᠬᠡᠯᠡᠵᠦ ᠪᠠᠶ᠋ᠢᠭ᠎ᠠ ᠲᠠᠷᠢᠶᠠᠨ ᠭᠠᠵᠠᠷ ᠭᠡᠳᠡᠭ᠎ᠨᠢ ᠲᠠᠷᠢᠮᠠᠯ᠎ᠤᠨ ᠵᠦᠢ᠍ᠯ ᠲᠠᠷᠢᠬᠤ᠎ᠳᠤ ᠬᠡᠷᠡᠭᠯᠡᠬᠦ ᠭᠠᠵᠠᠷ ᠰᠢᠷᠣᠶ ᠵᠢ ᠵᠢᠭ᠋ᠠᠵᠤ ᠪᠤᠶ᠃
ᠭᠤᠷᠪᠠᠳᠤᠭ᠋ᠠᠷ ᠵᠦᠢ᠍ᠯ ᠲᠠᠷᠢᠶᠠᠨ ᠭᠠᠵᠠᠷ᠎ᠢ ᠡᠵᠡᠯᠡᠵᠦ ᠭᠡᠷ ᠪᠠᠶ᠋ᠢᠰᠢᠩ ᠪᠠᠷᠢᠬᠤ ᠪᠤᠶᠤ ᠲᠠᠷᠢᠶᠠᠯᠠᠩ᠎ᠤᠨ ᠪᠤᠰᠤ ᠪᠦᠲᠦᠭᠡᠨ ᠪᠠᠶ᠋ᠢᠭᠤᠯᠤᠯᠲᠠ ᠬᠢᠵᠦ ᠪᠠᠶ᠋ᠢᠭ᠎ᠠ ᠨᠢᠭᠡᠴᠡ ᠪᠤᠶᠤ ᠬᠤᠪᠢ ᠬᠥᠮᠦᠨ ᠪᠣᠯ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠵᠢᠨ ᠭᠠᠶ᠋ᠢᠯᠢ ᠲᠤᠰᠢᠶᠠᠭᠴᠢ ᠪᠣᠯᠤᠨ᠎ᠠ᠂ ᠲᠤᠰ ᠳᠦᠷᠢᠮ᠎ᠤᠨ ᠲᠣᠭᠲᠠᠭ᠋ᠠᠯ ᠶᠣᠰᠣᠭ᠋ᠠᠷ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠲᠤᠰᠢᠶᠠᠬᠤ ᠬᠡᠷᠡᠭᠲᠡᠶ᠃
ᠡᠮᠦᠨᠡᠬᠢ ᠵᠤᠷᠪᠤᠰ᠎ᠲᠤ ᠬᠡᠯᠡᠵᠦ ᠪᠠᠶ᠋ᠢᠭ᠎ᠠ ᠨᠢᠭᠡᠴᠡ᠎ᠳᠤ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠂ ᠬᠠᠮᠲᠤ ᠵᠢᠨ ᠠᠵᠤ ᠠᠬᠤᠶ᠋ᠢᠯᠠᠯ᠂ ᠬᠤᠪᠢ ᠵᠢᠨ ᠡᠵᠡᠩᠨᠡᠯᠲᠡ ᠵᠢᠨ ᠠᠵᠤ ᠠᠬᠤᠶ᠋ᠢᠯᠠᠯ᠂ ᠬᠤᠪᠢᠲᠤ ᠳᠦᠷᠢᠮ᠎ᠤᠨ ᠠᠵᠤ ᠠᠬᠤᠶ᠋ᠢᠯᠠᠯ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠂ ᠭᠠᠳᠠᠭ᠋ᠠᠳᠤ ᠵᠢᠨ ᠠᠵᠤ ᠠᠬᠤᠶ᠋ᠢᠯᠠᠯ ᠵᠢᠴᠢ ᠪᠤᠰᠤᠳ ᠠᠵᠤ ᠠᠬᠤᠶ᠋ᠢᠯᠠᠯ ᠪᠣᠯᠤᠨ ᠠᠵᠢᠯ ᠦᠢ᠍ᠯᠡᠰ᠎ᠤᠨ ᠨᠢᠭᠡᠴᠡ᠂ ᠨᠡᠶ᠋ᠢᠭᠡᠮ᠎ᠤᠨ ᠪᠦᠯᠬᠦᠮ᠂ ᠤᠯᠤᠰ᠎ᠤᠨ ᠪᠠᠶ᠋ᠢᠭᠤᠯᠭ᠎ᠠ᠂ ᠴᠡᠷᠢᠭ ᠠᠩᠭᠢ ᠵᠢᠴᠢ ᠪᠤᠰᠤᠳ ᠨᠢᠭᠡᠴᠡ ᠵᠢ ᠪᠠᠭᠲᠠᠭ᠋ᠠᠨ᠎ᠠ; ᠬᠡᠯᠡᠵᠦ ᠪᠠᠶ᠋ᠢᠭ᠎ᠠ ᠬᠤᠪᠢ ᠬᠥᠮᠦᠨ ᠭᠡᠳᠡᠭ᠎ᠲᠤ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠴᠢ ᠪᠤᠰᠤᠳ ᠬᠤᠪᠢ ᠬᠥᠮᠦᠨ᠎ᠢ ᠪᠠᠭᠲᠠᠭ᠋ᠠᠨ᠎ᠠ᠃
ᠳᠥᠷᠪᠡᠳᠦᠭᠡᠷ ᠵᠦᠢ᠍ᠯ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠵᠢ ᠭᠠᠶ᠋ᠢᠯᠢ ᠲᠤᠰᠢᠶᠠᠭᠴᠢ ᠵᠢᠨ ᠪᠣᠳᠠᠲᠠᠶ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ᠎ᠤᠨ ᠲᠠᠯᠠᠪᠠᠶ᠎ᠪᠠᠷ ᠭᠠᠶ᠋ᠢᠯᠢ ᠪᠣᠳᠣᠬᠤ ᠦᠨᠳᠦᠰᠦᠯᠡᠯ ᠪᠣᠯᠭ᠋ᠠᠵᠤ᠂ ᠲᠣᠭᠲᠠᠭ᠋ᠠᠭᠰᠠᠨ ᠬᠡᠷᠡᠭᠯᠡᠭᠡᠨ᠎ᠤ ᠭᠠᠶ᠋ᠢᠯᠢ ᠵᠢᠨ ᠲᠣᠭ᠎ᠠ᠎ᠪᠠᠷ ᠨᠢᠭᠡ ᠯᠡ ᠤᠳᠠᠭ᠎ᠠ ᠵᠢᠨ ᠴᠢᠨᠠᠷᠲᠠᠶ ᠲᠠᠲᠠᠪᠤᠷᠢᠯᠠᠬᠤ ᠬᠡᠷᠡᠭᠲᠡᠶ᠃
ᠲᠠᠪᠤᠳᠤᠭ᠋ᠠᠷ ᠵᠦᠢ᠍ᠯ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠵᠢᠨ ᠭᠠᠶ᠋ᠢᠯᠢ ᠵᠢᠨ ᠲᠣᠭ᠎ᠠ ᠵᠢ ᠳᠣᠤᠷᠠᠬᠢ ᠮᠡᠲᠦ ᠲᠣᠭᠲᠠᠭ᠋ᠠᠨ᠎ᠠ᠄
(ᠨᠢᠭᠡ) ᠬᠥᠮᠦᠨ ᠪᠦᠷᠢ ᠵᠢᠨ ᠳᠤᠮᠳᠠᠴᠢ ᠲᠠᠷᠢᠶᠠᠨ ᠭᠠᠵᠠᠷ 1 ᠮᠦ᠍᠎ᠠᠴᠠ ᠬᠡᠲᠦᠷᠡᠬᠦ ᠦᠭᠡᠶ ᠪᠠᠶ᠋ᠢᠭ᠎ᠠ ᠭᠠᠵᠠᠷ ᠣᠷᠣᠨ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ ᠵᠶ᠋ᠠᠷ ᠨᠢᠭᠡᠴᠢ ᠪᠣᠯᠭ᠋ᠠᠨ᠎ᠠ᠂ ᠳᠣᠷᠣᠭᠰᠢ ᠠᠳᠠᠯᠢ᠎ᠳᠤ᠃ ᠲᠡᠭᠰᠢ ᠳᠥᠷᠪᠡᠯᠵᠢᠨ ᠮᠧᠲᠷ ᠪᠦᠷᠢ 10 ᠲᠥᠭᠥᠷᠢᠭ᠎ᠠᠴᠠ 50 ᠲᠥᠭᠥᠷᠢᠭ ᠪᠣᠯᠤᠨ᠎ᠠ᠃
(ᠬᠣᠶᠠᠷ) ᠬᠥᠮᠦᠨ ᠪᠦᠷᠢ ᠵᠢᠨ ᠳᠤᠮᠳᠠᠴᠢ ᠲᠠᠷᠢᠶᠠᠨ ᠭᠠᠵᠠᠷ 1 ᠮᠦ᠍᠎ᠠᠴᠠ ᠬᠡᠲᠦᠷᠡᠭᠰᠡᠨ ᠪᠣᠯᠪᠠᠴᠤ 2 ᠮᠦ᠍᠎ᠠᠴᠠ ᠬᠡᠲᠦᠷᠡᠬᠦ ᠦᠭᠡᠶ ᠪᠠᠶ᠋ᠢᠭ᠎ᠠ ᠭᠠᠵᠠᠷ ᠣᠷᠣᠨ᠎ᠳᠤ᠃ ᠲᠡᠭᠰᠢ ᠳᠥᠷᠪᠡᠯᠵᠢᠨ ᠮᠧᠲᠷ ᠪᠦᠷᠢ 8 ᠲᠥᠭᠥᠷᠢᠭ᠎ᠠᠴᠠ 40 ᠲᠥᠭᠥᠷᠢᠭ ᠪᠣᠯᠤᠨ᠎ᠠ᠃
(ᠭᠤᠷᠪᠠ) ᠬᠥᠮᠦᠨ ᠪᠦᠷᠢ ᠵᠢᠨ ᠳᠤᠮᠳᠠᠴᠢ ᠲᠠᠷᠢᠶᠠᠨ ᠭᠠᠵᠠᠷ 2 ᠮᠦ᠍᠎ᠠᠴᠠ ᠬᠡᠲᠦᠷᠡᠭᠰᠡᠨ ᠪᠣᠯᠪᠠᠴᠤ 3 ᠮᠦ᠍᠎ᠠᠴᠠ ᠬᠡᠲᠦᠷᠡᠬᠦ ᠦᠭᠡᠶ ᠪᠠᠶ᠋ᠢᠭ᠎ᠠ ᠭᠠᠵᠠᠷ ᠣᠷᠣᠨ᠎ᠳᠤ ᠲᠡᠭᠰᠢ ᠳᠥᠷᠪᠡᠯᠵᠢᠨ ᠮᠧᠲᠷ ᠪᠦᠷᠢ 6 ᠲᠥᠭᠥᠷᠢᠭ᠎ᠠᠴᠠ 30 ᠲᠥᠭᠥᠷᠢᠭ ᠪᠣᠯᠤᠨ᠎ᠠ᠃
(ᠳᠥᠷᠪᠡ) ᠬᠥᠮᠦᠨ ᠪᠦᠷᠢ ᠵᠢᠨ ᠳᠤᠮᠳᠠᠴᠢ ᠲᠠᠷᠢᠶᠠᠨ ᠭᠠᠵᠠᠷ 3 ᠮᠦ᠍᠎ᠠᠴᠠ ᠬᠡᠲᠦᠷᠡᠭᠰᠡᠨ ᠭᠠᠵᠠᠷ ᠣᠷᠣᠨ᠎ᠳᠤ᠃ ᠲᠡᠭᠰᠢ ᠳᠥᠷᠪᠡᠯᠵᠢᠨ ᠮᠧᠲᠷ ᠪᠦᠷᠢ 5 ᠲᠥᠭᠥᠷᠢᠭ᠎ᠠᠴᠠ 25 ᠲᠥᠭᠥᠷᠢᠭ ᠪᠣᠯᠤᠨ᠎ᠠ᠃
ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠳ᠋᠎ᠤᠨ ᠵᠠᠰᠠᠭ᠂ ᠭᠠᠶ᠋ᠢᠯᠢ ᠵᠢᠨ ᠶᠠᠪᠤᠳᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠥᠮᠦᠨ ᠪᠦᠷᠢ ᠵᠢᠨ ᠳᠤᠮᠳᠠᠴᠢ ᠲᠠᠷᠢᠶᠠᠨ ᠭᠠᠵᠠᠷ᠎ᠤᠨ ᠲᠠᠯᠠᠪᠠᠶ ᠪᠣᠯᠤᠨ ᠠᠵᠤ ᠠᠬᠤᠶ ᠵᠢᠨ ᠬᠥᠭᠵᠢᠯᠲᠡ ᠵᠢᠨ ᠪᠠᠶ᠋ᠢᠳᠠᠯ᠎ᠢ ᠦᠨᠳᠦᠰᠦᠯᠡᠨ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠨᠤᠭᠤᠳ᠎ᠤᠨ ᠳᠤᠮᠳᠠᠴᠢ ᠭᠠᠶ᠋ᠢᠯᠢ ᠵᠢᠨ ᠲᠣᠭ᠎ᠠ ᠲᠣᠭᠲᠠᠭ᠋ᠠᠨ᠎ᠠ᠃
ᠡᠯ᠎ᠡ ᠭᠠᠵᠠᠷ᠎ᠤᠳ᠎ᠤᠨ ᠬᠡᠷᠡᠭᠯᠡᠭᠡᠨ᠎ᠤ ᠭᠠᠶ᠋ᠢᠯᠢ ᠵᠢᠨ ᠲᠣᠭ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠤᠰ ᠳᠦᠷᠢᠮ᠎ᠤᠨ ᠨᠢᠭᠡᠳᠦᠭᠡᠷ ᠵᠤᠷᠪᠤᠰ᠎ᠤᠨ ᠲᠣᠭᠲᠠᠭ᠋ᠠᠭᠰᠠᠨ ᠭᠠᠶ᠋ᠢᠯᠢ ᠵᠢᠨ ᠲᠣᠭ᠋ᠠᠨ᠎ᠤ ᠬᠡᠮᠵᠢᠶ᠎ᠡ ᠵᠢᠨ ᠳᠣᠲᠣᠷ᠎ᠠ᠂ ᠲᠤᠰ ᠭᠠᠵᠠᠷ ᠣᠷᠣᠨ᠎ᠤ ᠪᠠᠶ᠋ᠢᠳᠠᠯ ᠵᠶ᠋ᠠᠨ ᠦᠨᠳᠦᠰᠦᠯᠡᠨ ᠬᠢᠨᠠᠨ ᠲᠣᠭᠲᠠᠭ᠋ᠠᠨ᠎ᠠ᠃ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ᠎ᠤᠨ ᠬᠢᠨᠠᠨ ᠲᠣᠭᠲᠠᠭ᠋ᠠᠭᠰᠠᠨ ᠬᠡᠷᠡᠭᠯᠡᠭᠡᠨ᠎ᠤ ᠭᠠᠶ᠋ᠢᠯᠢ ᠵᠢᠨ ᠲᠣᠭ᠎ᠠ ᠵᠢᠨ ᠳᠤᠮᠳᠠᠴᠢ ᠬᠢᠷᠢ ᠬᠡᠮᠵᠢᠶ᠎ᠡ᠎ᠨᠢ ᠲᠤᠰ ᠳᠦᠷᠢᠮ᠎ᠤᠨ ᠬᠣᠶᠠᠳᠤᠭ᠋ᠠᠷ ᠵᠤᠷᠪᠤᠰ᠎ᠤᠨ ᠲᠣᠭᠲᠠᠭ᠋ᠠᠭᠰᠠᠨ ᠳᠤᠮᠳᠠᠴᠢ ᠭᠠᠶ᠋ᠢᠯᠢ ᠵᠢᠨ ᠲᠣᠭ᠎ᠠ᠎ᠠᠴᠠ ᠳᠣᠤᠷ᠎ᠠ ᠪᠠᠶ᠋ᠢᠵᠤ ᠪᠣᠯᠬᠤ ᠦᠭᠡᠶ᠃
ᠵᠢᠷᠭᠤᠳᠤᠭ᠋ᠠᠷ ᠵᠦᠢ᠍ᠯ ᠠᠵᠤ ᠠᠬᠤᠶ ᠵᠢᠨ ᠣᠨᠴᠣᠭᠣᠶ ᠣᠷᠣᠨ᠂ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠣᠷᠣᠨ ᠪᠠ ᠠᠵᠤ ᠠᠬᠤᠶ ᠬᠥᠭᠵᠢᠭᠰᠡᠨ ᠪᠥᠭᠡᠳ ᠬᠥᠮᠦᠨ ᠪᠦᠷᠢ ᠵᠢᠨ ᠳᠤᠮᠳᠠᠴᠢ ᠵᠢᠨ ᠲᠠᠷᠢᠶᠠᠨ ᠭᠠᠵᠠᠷ ᠵᠶ᠋ᠠᠷ ᠣᠨᠴᠠ ᠴᠥᠭᠡᠨ ᠪᠠᠶ᠋ᠢᠭ᠎ᠠ ᠭᠠᠵᠠᠷ ᠣᠷᠣᠨ᠎ᠤ ᠬᠡᠷᠡᠭᠯᠡᠭᠡᠨ᠎ᠤ ᠭᠠᠶ᠋ᠢᠯᠢ ᠵᠢᠨ ᠲᠣᠭ᠎ᠠ ᠵᠢ ᠵᠣᠬᠢᠰᠲᠠᠶ᠎ᠪᠠᠷ ᠳᠡᠭᠡᠭᠰᠢᠯᠡᠭᠦᠯᠵᠦ ᠪᠣᠯᠤᠨ᠎ᠠ᠂ ᠭᠡᠪᠡᠴᠦ ᠳᠡᠭᠡᠭᠰᠢᠯᠡᠭᠦᠯᠬᠦ ᠬᠡᠰᠡᠭ᠎ᠢ᠎ᠨᠢ ᠬᠠᠮᠤᠭ ᠥᠨᠳᠥᠷ᠎ᠲᠡᠭᠡᠨ ᠲᠤᠰ ᠳᠦᠷᠢᠮ᠎ᠤᠨ ᠲᠠᠪᠤᠳᠤᠭ᠋ᠠᠷ ᠵᠦᠢ᠍ᠯ᠎ᠤᠨ ᠭᠤᠷᠪᠠᠳᠤᠭ᠋ᠠᠷ ᠵᠤᠷᠪᠤᠰ᠎ᠤᠨ ᠲᠣᠭᠲᠠᠭ᠋ᠠᠭᠰᠠᠨ ᠲᠤᠬᠠᠶ ᠵᠢᠨ ᠭᠠᠵᠠᠷ᠎ᠤᠨ ᠬᠡᠷᠡᠭᠯᠡᠭᠡᠨ᠎ᠤ ᠭᠠᠶ᠋ᠢᠯᠢ ᠵᠢᠨ ᠲᠣᠭ᠋ᠠᠨ᠎ᠤ 50%᠎ᠠᠴᠠ ᠬᠡᠲᠦᠷᠡᠭᠦᠯᠵᠦ ᠪᠣᠯᠬᠤ ᠦᠭᠡᠶ᠃
ᠳᠣᠯᠣᠳᠤᠭ᠋ᠠᠷ ᠵᠦᠢ᠍ᠯ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠭᠰᠡᠨ ᠪᠣᠯ᠂ ᠬᠡᠷᠡᠭᠯᠡᠭᠡᠨ᠎ᠤ ᠭᠠᠶ᠋ᠢᠯᠢ ᠵᠢᠨ ᠲᠣᠭ᠎ᠠ ᠵᠢ ᠲᠤᠰ ᠳᠦᠷᠢᠮ᠎ᠤᠨ ᠲᠠᠪᠤᠳᠤᠭ᠋ᠠᠷ ᠵᠦᠢ᠍ᠯ᠎ᠤᠨ ᠭᠤᠷᠪᠠᠳᠤᠭ᠋ᠠᠷ ᠵᠤᠷᠪᠤᠰ ᠪᠣᠯᠤᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠭᠰᠠᠨ ᠲᠤᠬᠠᠶ ᠵᠢᠨ ᠭᠠᠵᠠᠷ᠎ᠤᠨ ᠬᠡᠷᠡᠭᠯᠡᠭᠡᠨ᠎ᠤ ᠭᠠᠶ᠋ᠢᠯᠢ ᠵᠢᠨ ᠲᠣᠭ᠋ᠠᠨ᠎ᠤ ᠰᠠᠭᠤᠷᠢᠨ ᠳᠡᠭᠡᠷ᠎ᠡ 50%᠎ᠪᠠᠷ ᠳᠡᠭᠡᠭᠰᠢᠯᠡᠭᠦᠯᠬᠦ ᠬᠡᠷᠡᠭᠲᠡᠶ᠃
ᠨᠠᠢ᠍ᠮᠠᠳᠤᠭ᠋ᠠᠷ ᠵᠦᠢ᠍ᠯ ᠳᠣᠤᠷᠠᠬᠢ ᠪᠠᠶ᠋ᠢᠳᠠᠯ᠎ᠠᠴᠠ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠲᠠᠲᠠᠪᠤᠷᠢᠯᠠᠬᠤ ᠦᠭᠡᠶ᠄
(ᠨᠢᠭᠡ) ᠴᠡᠷᠢᠭ᠎ᠤᠨ ᠶᠠᠪᠤᠳᠠᠯ᠎ᠤᠨ ᠪᠡᠯᠡᠳᠬᠡᠮᠵᠢ ᠵᠢᠨ ᠲᠠᠷᠢᠶᠠᠨ ᠭᠠᠵᠠᠷ ᠡᠵᠡᠯᠡᠨ ᠬᠡᠷᠡᠭᠯᠡᠬᠦ
(ᠬᠣᠶᠠᠷ) ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠂ ᠨᠠᠰᠤᠵᠢᠯ᠎ᠤᠨ ᠬᠦᠷᠢᠶᠡᠯᠡᠩ ᠪᠣᠯᠤᠨ ᠡᠮᠨᠡᠯᠭᠡ ᠵᠢᠨ ᠬᠣᠷᠢᠶ᠎ᠠ ᠵᠢᠨ ᠡᠵᠡᠯᠡᠨ ᠬᠡᠷᠡᠭᠯᠡᠬᠦ ᠲᠠᠷᠢᠶᠠᠨ ᠭᠠᠵᠠᠷ᠃
ᠶᠢᠰᠦᠳᠦᠭᠡᠷ ᠵᠦᠢ᠍ᠯ ᠲᠡᠮᠦᠷ ᠵᠠᠮ᠎ᠤᠨ ᠱᠤᠭᠤᠮ᠂ ᠵᠠᠰᠠᠮᠠᠯ ᠵᠠᠮ᠎ᠤᠨ ᠱᠤᠭᠤᠮ᠂ ᠨᠢᠰᠬᠡᠯ᠎ᠤᠨ ᠪᠠᠭᠤᠳᠠᠯ᠎ᠤᠨ ᠨᠢᠰᠬᠡᠯ ᠭᠦᠶᠦᠬᠦ ᠵᠠᠮ᠂ ᠨᠢᠰᠬᠡᠯ᠎ᠤᠨ ᠵᠣᠭᠰᠣᠭ᠋ᠠᠯ᠂ ᠭᠠᠷᠠᠮ᠂ ᠠᠶᠠᠯᠠᠯ᠎ᠤᠨ ᠵᠠᠮ᠎ᠤᠳ ᠡᠵᠡᠯᠡᠨ ᠬᠡᠷᠡᠭᠯᠡᠬᠦ ᠲᠠᠷᠢᠶᠠᠨ ᠭᠠᠵᠠᠷ᠎ᠤᠨ ᠲᠡᠭᠰᠢ ᠳᠥᠷᠪᠡᠯᠵᠢᠨ ᠮᠧᠲᠷ ᠪᠦᠷᠢ᠎ᠠᠴᠠ 2 ᠲᠥᠭᠥᠷᠢᠭ᠎ᠤᠨ ᠭᠠᠶ᠋ᠢᠯᠢ ᠵᠢᠨ ᠲᠣᠭ᠎ᠠ ᠬᠠᠰᠤᠵᠤ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠲᠠᠲᠠᠪᠤᠷᠢᠯᠠᠨ᠎ᠠ᠃
ᠪᠣᠳᠠᠲᠤ ᠬᠡᠷᠡᠭᠴᠡᠭᠡ᠎ᠪᠠᠨ ᠦᠨᠳᠦᠰᠦᠯᠡᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠳ᠋᠎ᠤᠨ ᠵᠠᠰᠠᠭ᠂ ᠭᠠᠶ᠋ᠢᠯᠢ ᠵᠢᠨ ᠶᠠᠪᠤᠳᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠵᠥᠪᠳᠡᠯᠴᠡᠬᠦ ᠵᠢᠨ ᠬᠠᠮᠲᠤ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠡᠮᠦᠨᠡᠬᠢ ᠵᠤᠷᠪᠤᠰ᠎ᠲᠤ ᠲᠣᠭᠲᠠᠭ᠋ᠠᠭᠰᠠᠨ ᠪᠠᠶ᠋ᠢᠳᠠᠯ᠎ᠲᠠᠢ᠎ᠠᠴᠠ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ᠎ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠵᠤ ᠪᠣᠯᠤᠨ᠎ᠠ᠃
ᠠᠷᠪᠠᠳᠤᠭ᠋ᠠᠷ ᠵᠦᠢ᠍ᠯ ᠬᠥᠳᠡᠭᠡ ᠲᠣᠰᠬᠣᠨ᠎ᠤ ᠰᠠᠭᠤᠭ᠋ᠠᠯᠢ ᠠᠷᠠᠳ ᠲᠠᠷᠢᠶᠠᠨ ᠭᠠᠵᠠᠷ᠎ᠢ ᠡᠵᠡᠯᠡᠵᠦ ᠰᠢᠨ᠎ᠡ ᠣᠷᠣᠨ ᠰᠠᠭᠤᠴᠠ ᠪᠠᠷᠢᠬᠤ᠎ᠳᠤ᠃ ᠲᠤᠬᠠᠶ ᠵᠢᠨ ᠭᠠᠵᠠᠷ᠎ᠤᠨ ᠬᠡᠷᠡᠭᠯᠡᠭᠡᠨ᠎ᠤ ᠭᠠᠶ᠋ᠢᠯᠢ ᠵᠢᠨ ᠲᠣᠭ᠋ᠠᠨ᠎ᠤ ᠬᠠᠭ᠋ᠠᠰ ᠵᠶ᠋ᠠᠷ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠲᠠᠲᠠᠪᠤᠷᠢᠯᠠᠨ᠎ᠠ᠃
ᠬᠥᠳᠡᠭᠡ ᠲᠣᠰᠬᠣᠨ᠎ᠤ ᠨᠥᠭᠴᠢᠭᠰᠡᠨ ᠪᠠᠭ᠋ᠠᠲᠤᠷᠴᠤᠳ᠎ᠤᠨ ᠭᠡᠷ ᠪᠦᠯᠢ᠂ ᠵᠡᠮᠳᠡᠭ ᠪᠣᠯᠤᠭᠰᠠᠨ ᠴᠡᠷᠢᠭ᠎ᠤᠨ ᠬᠥᠮᠦᠨ᠂ ᠭᠣᠤ᠎ᠨᠢ ᠪᠡᠶ᠎ᠡ ᠥᠨᠥᠴᠢᠨ ᠪᠡᠯᠪᠡᠰᠦᠨ ᠵᠢᠴᠢ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠴᠥᠭᠡᠨ ᠲᠣᠭ᠋ᠠᠲᠤ ᠦᠨᠳᠦᠰᠦᠲᠡᠨ ᠴᠤᠭᠯᠠᠷᠠᠨ ᠰᠠᠭᠤᠭᠰᠠᠨ ᠣᠷᠣᠨ ᠪᠣᠯᠤᠨ ᠠᠯᠤᠰ ᠬᠢᠵᠠᠭ᠋ᠠᠷ ᠪᠤᠶ᠋ᠢᠳᠠ ᠪᠥᠭᠯᠡᠭᠦᠦ ᠶᠠᠳᠠᠭᠤ ᠬᠦᠴᠢᠷᠲᠡᠶ ᠠᠭᠤᠯᠠᠷᠬᠠᠭ ᠣᠷᠣᠨ᠎ᠤ ᠬᠥᠳᠡᠭᠡ ᠲᠣᠰᠬᠣᠨ᠎ᠤ ᠠᠮᠢᠳᠤᠷᠠᠯ᠎ᠨᠢ ᠬᠦᠴᠢᠷᠳᠡᠯᠲᠡᠶ ᠰᠠᠭᠤᠭ᠋ᠠᠯᠢ ᠠᠷᠠᠳ᠂ ᠭᠠᠵᠠᠷ ᠬᠡᠷᠡᠭᠯᠡᠬᠦ ᠲᠣᠭᠲᠠᠭᠰᠠᠨ ᠪᠠᠷᠢᠮᠵᠢᠶ᠎ᠠ ᠵᠢᠨ ᠳᠣᠲᠣᠷ᠎ᠠ ᠰᠢᠨ᠎ᠡ ᠣᠷᠣᠨ ᠰᠠᠭᠤᠴᠠ ᠪᠠᠷᠢᠬᠤ᠎ᠳᠤ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠲᠤᠰᠢᠶᠠᠬᠤ᠎ᠳᠤ ᠦᠨᠡᠨᠬᠦ ᠬᠦᠴᠢᠷᠳᠡᠯᠲᠡᠶ ᠪᠣᠯ᠂ ᠪᠠᠶ᠋ᠢᠭ᠎ᠠ ᠭᠠᠵᠠᠷ᠎ᠤᠨ᠎ᠬᠢᠨ᠎ᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠨᠠᠨ ᠬᠠᠷᠭᠤᠭᠤᠯᠵᠤ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ᠎ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠵᠤ ᠪᠣᠯᠤᠨ᠎ᠠ᠃
ᠠᠷᠪᠠᠨ ᠨᠢᠭᠡᠳᠦᠭᠡᠷ ᠵᠦᠢ᠍ᠯ ᠲᠤᠰ ᠳᠦᠷᠢᠮ᠎ᠤᠨ ᠨᠠᠢ᠍ᠮᠠᠳᠤᠭ᠋ᠠᠷ ᠵᠦᠢ᠍ᠯ᠂ ᠶᠢᠰᠦᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ᠎ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠭᠰᠠᠨᠤ ᠳᠠᠷᠠᠭ᠎ᠠ᠂ ᠭᠠᠶ᠋ᠢᠯᠢ ᠲᠤᠰᠢᠶᠠᠭᠴᠢ᠎ᠨᠢ ᠤᠤᠯ᠎ᠤᠨ ᠡᠵᠡᠯᠡᠭᠰᠡᠨ ᠭᠠᠵᠠᠷ᠎ᠤᠨ ᠬᠡᠷᠡᠭᠴᠡᠭᠡ᠎ᠪᠠᠨ ᠬᠤᠪᠢᠷᠠᠭᠤᠯᠵᠤ᠂ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ᠎ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠬᠤ ᠪᠠᠶ᠋ᠢᠳᠠᠯ᠎ᠳᠤ ᠲᠣᠭ᠋ᠠᠴᠢᠭᠳᠠᠬᠤ ᠦᠭᠡᠶ ᠪᠣᠯ᠂ ᠲᠤᠬᠠᠶ ᠵᠢᠨ ᠭᠠᠵᠠᠷ᠎ᠤᠨ ᠬᠡᠷᠡᠭᠯᠡᠭᠡᠨ᠎ᠤ ᠭᠠᠶ᠋ᠢᠯᠢ ᠵᠢᠨ ᠲᠣᠭ᠎ᠠ᠎ᠪᠠᠷ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ᠎ᠪᠠᠨ ᠨᠥᠬᠥᠪᠥᠷᠢᠯᠡᠨ ᠲᠤᠰᠢᠶᠠᠬᠤ ᠬᠡᠷᠡᠭᠲᠡᠶ᠃
ᠠᠷᠪᠠᠨ ᠬᠣᠶᠠᠳᠤᠭ᠋ᠠᠷ ᠵᠦᠢ᠍ᠯ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠵᠢ ᠣᠷᠣᠨ ᠨᠤᠲᠤᠭ᠎ᠤᠨ ᠭᠠᠶ᠋ᠢᠯᠢ ᠵᠢᠨ ᠶᠠᠪᠤᠳᠠᠯ᠎ᠤᠨ ᠪᠠᠶ᠋ᠢᠭᠤᠯᠭ᠎ᠠ᠎ᠠᠴᠠ ᠬᠠᠷᠢᠭᠤᠴᠠᠨ ᠲᠠᠲᠠᠪᠤᠷᠢᠯᠠᠨ᠎ᠠ᠃
ᠭᠠᠵᠠᠷ ᠰᠢᠷᠣᠶ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠨᠢᠭᠡᠴᠡ ᠪᠤᠶᠤ ᠬᠤᠪᠢ ᠬᠥᠮᠦᠨ᠎ᠳᠤ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠷ ᠭᠦᠢ᠍ᠴᠡᠳᠬᠡᠯ ᠭᠦᠢ᠍ᠴᠡᠳᠬᠡᠯᠭᠡᠬᠦ᠎ᠪᠠᠷ ᠮᠡᠳᠡᠭᠳᠡᠬᠦ ᠦᠶ᠎ᠡ᠎ᠳᠤ᠂ ᠲᠠᠷᠢᠶᠠᠨ ᠭᠠᠵᠠᠷ᠎ᠤᠨ ᠪᠠᠶ᠋ᠢᠭ᠎ᠠ ᠭᠠᠵᠠᠷ᠎ᠤᠨ ᠠᠳᠠᠯᠢ ᠱᠠᠲᠤᠨ᠎ᠤ ᠣᠷᠣᠨ ᠨᠤᠲᠤᠭ᠎ᠤᠨ ᠭᠠᠶ᠋ᠢᠯᠢ ᠵᠢᠨ ᠶᠠᠪᠤᠳᠠᠯ᠎ᠤᠨ ᠪᠠᠶ᠋ᠢᠭᠤᠯᠭ᠎ᠠ᠎ᠳᠤ ᠬᠠᠮᠲᠤᠳᠤᠨᠢ ᠮᠡᠳᠡᠭᠳᠡᠬᠦ ᠬᠡᠷᠡᠭᠲᠡᠶ᠃ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠵᠥᠪᠰᠢᠶᠡᠷᠡᠯ᠎ᠢ ᠣᠯᠤᠭᠰᠠᠨ ᠨᠢᠭᠡᠴᠡ ᠪᠤᠶᠤ ᠬᠤᠪᠢ ᠬᠥᠮᠦᠨ᠎ᠨᠢ ᠭᠠᠵᠠᠷ ᠰᠢᠷᠣᠶ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠲᠤᠰᠢᠶᠠᠬᠤ ᠬᠡᠷᠡᠭᠲᠡᠶ᠃ ᠭᠠᠵᠠᠷ ᠰᠢᠷᠣᠶ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠵᠢᠨ ᠭᠠᠶ᠋ᠢᠯᠢ ᠲᠤᠰᠢᠶᠠᠭᠰᠠᠨ ᠭᠡᠷᠡᠴᠢ ᠪᠠᠷᠢᠮᠲᠠ ᠪᠤᠶᠤ ᠭᠠᠶ᠋ᠢᠯᠢ᠎ᠠᠴᠠ ᠬᠡᠯᠲᠦᠷᠢᠭᠦᠯᠬᠦ ᠭᠡᠷᠡᠴᠢ ᠪᠠᠷᠢᠮᠲᠠ ᠪᠣᠯᠤᠨ ᠪᠤᠰᠤᠳ ᠬᠣᠯᠪᠣᠭᠳᠠᠯ ᠪᠦᠬᠦᠢ ᠪᠢᠴᠢᠭ ᠮᠠᠲᠸᠢᠷᠶᠠᠯᠢᠨᠢ ᠦᠵᠡᠵᠦ ᠪᠠᠶ᠋ᠢᠭ᠋ᠠᠳ ᠪᠦᠲᠦᠭᠡᠨ ᠪᠠᠶ᠋ᠢᠭᠤᠯᠤᠯᠲᠠ ᠵᠢᠨ ᠬᠡᠷᠡᠭᠯᠡᠬᠦ ᠭᠠᠵᠠᠷ᠎ᠤᠨ ᠵᠥᠪᠰᠢᠶᠡᠷᠡᠯ᠎ᠤᠨ ᠦᠨᠡᠮᠯᠡᠯ ᠣᠯᠭᠣᠬᠤ
ᠬᠡᠷᠡᠭᠲᠡᠶ᠃
ᠠᠷᠪᠠᠨ ᠭᠤᠷᠪᠠᠳᠤᠭ᠋ᠠᠷ ᠵᠦᠢ᠍ᠯ ᠭᠠᠶ᠋ᠢᠯᠢ ᠲᠤᠰᠢᠶᠠᠭᠴᠢ ᠲᠠᠷᠢᠶᠠᠨ ᠭᠠᠵᠠᠷ᠎ᠢ ᠲᠦᠷ ᠴᠠᠭ ᠡᠵᠡᠯᠡᠨ ᠬᠡᠷᠡᠭᠯᠡᠬᠦ᠎ᠳᠤ᠃ ᠲᠤᠰ ᠳᠦᠷᠢᠮ᠎ᠤᠨ ᠲᠣᠭᠲᠠᠭ᠋ᠠᠯ ᠶᠣᠰᠣᠭ᠋ᠠᠷ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠲᠤᠰᠢᠶᠠᠬᠤ ᠬᠡᠷᠡᠭᠲᠡᠶ᠃ ᠭᠠᠶ᠋ᠢᠯᠢ ᠲᠤᠰᠢᠶᠠᠭᠴᠢ᠎ᠨᠢ ᠲᠠᠷᠢᠶᠠᠨ ᠭᠠᠵᠠᠷ᠎ᠢ ᠲᠦᠷ ᠴᠠᠭ ᠡᠵᠡᠯᠡᠨ ᠬᠡᠷᠡᠭᠯᠡᠬᠦ ᠵᠢ ᠵᠥᠪᠰᠢᠶᠡᠷᠡᠭᠰᠡᠨ ᠬᠤᠭᠤᠴᠠᠭ᠎ᠠ᠎ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ᠎ᠤᠨ ᠤᠤᠯ ᠪᠠᠶ᠋ᠢᠳᠠᠯ᠎ᠢ᠎ᠨᠢ ᠰᠡᠷᠭᠦᠭᠡᠭᠰᠡᠨ ᠪᠣᠯ᠂ ᠨᠢᠭᠡᠨᠲᠡ ᠲᠤᠰᠢᠶᠠᠭᠰᠠᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠵᠢ᠎ᠨᠢ ᠪᠦᠬᠦ ᠲᠣᠭ᠎ᠠ᠎ᠪᠠᠷ᠎ᠨᠢ ᠪᠤᠴᠠᠭ᠋ᠠᠬᠤ ᠬᠡᠷᠡᠭᠲᠡᠶ᠃
ᠠᠷᠪᠠᠨ ᠳᠥᠷᠪᠡᠳᠦᠭᠡᠷ ᠵᠦᠢ᠍ᠯ ᠰᠢᠭᠤᠶ᠋ᠢᠲᠤ ᠭᠠᠵᠠᠷ᠂ ᠬᠠᠳᠤᠯᠠᠩ ᠪᠡᠯᠴᠢᠭᠡᠷ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠬᠡᠷᠡᠭᠯᠡᠬᠦ ᠭᠠᠵᠠᠷ᠂ ᠲᠡᠵᠢᠭᠡᠨ ᠦᠷᠡᠵᠢᠭᠦᠯᠬᠦ ᠤᠰᠤᠨ᠎ᠤ ᠲᠠᠯᠠᠪᠠᠶ ᠵᠢᠴᠢ ᠵᠢᠭ᠋ᠠᠰᠤᠨ᠎ᠤ ᠠᠵᠤ ᠦᠢ᠍ᠯᠡᠰ᠎ᠤᠨ ᠤᠰᠤᠨ᠎ᠤ ᠴᠠᠷᠠᠭ᠎ᠠ ᠭᠣᠤᠯ᠎ᠤᠨ ᠰᠠᠶ᠋ᠢᠷᠭ᠋ᠠᠯ ᠵᠡᠷᠭᠡ ᠪᠤᠰᠤᠳ ᠲᠠᠷᠢᠶᠠᠯᠠᠩ᠎ᠤᠨ ᠬᠡᠷᠡᠭᠯᠡᠬᠦ ᠭᠠᠵᠠᠷ᠎ᠢ ᠡᠵᠡᠯᠡᠵᠦ ᠭᠡᠷ ᠪᠠᠶ᠋ᠢᠰᠢᠩ ᠪᠠᠷᠢᠬᠤ ᠪᠤᠶᠤ ᠲᠠᠷᠢᠶᠠᠯᠠᠩ᠎ᠤᠨ ᠪᠤᠰᠤ ᠪᠦᠲᠦᠭᠡᠨ ᠪᠠᠶ᠋ᠢᠭᠤᠯᠤᠯᠲᠠ ᠬᠢᠪᠠᠯ᠂ ᠲᠤᠰ ᠳᠦᠷᠢᠮ᠎ᠤᠨ ᠲᠣᠭᠲᠠᠭ᠋ᠠᠯ ᠶᠣᠰᠣᠭ᠋ᠠᠷ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠲᠠᠲᠠᠪᠤᠷᠢᠯᠠᠬᠤ ᠬᠡᠷᠡᠭᠲᠡᠶ᠃
ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠦᠢ᠍ᠯᠡᠳᠪᠦᠷᠢᠯᠡᠯ᠎ᠤᠨ ᠪᠡᠯᠡᠳᠬᠡᠮᠵᠢ ᠵᠢ ᠪᠠᠶ᠋ᠢᠭᠤᠯᠬᠤ᠎ᠳᠤ ᠡᠮᠦᠨᠡᠬᠢ ᠵᠤᠷᠪᠤᠰ᠎ᠲᠤ ᠲᠣᠭᠲᠠᠭ᠋ᠠᠭᠰᠠᠨ ᠲᠠᠷᠢᠶᠠᠯᠠᠩ᠎ᠤᠨ ᠬᠡᠷᠡᠭᠯᠡᠬᠦ ᠭᠠᠵᠠᠷ᠎ᠢ ᠡᠵᠡᠯᠡᠨ ᠬᠡᠷᠡᠭᠯᠡᠭᠰᠡᠨ ᠪᠣᠯ᠂ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠲᠠᠲᠠᠪᠤᠷᠢᠯᠠᠬᠤ ᠦᠭᠡᠶ᠃
ᠠᠷᠪᠠᠨ ᠲᠠᠪᠤᠳᠤᠭ᠋ᠠᠷ ᠵᠦᠢ᠍ᠯ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠵᠢᠨ ᠲᠠᠲᠠᠪᠤᠷᠢᠯᠠᠬᠤ ᠬᠠᠮᠢᠶᠠᠷᠤᠯᠲᠠ ᠵᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠶ᠋ᠢᠯᠢ ᠲᠠᠲᠠᠪᠤᠷᠢ ᠵᠢᠨ ᠲᠠᠲᠠᠪᠤᠷᠢᠯᠠᠬᠤ ᠬᠠᠮᠢᠶᠠᠷᠤᠯᠲᠠ ᠵᠢᠨ ᠠᠷᠭ᠎ᠠ》 ᠪᠣᠯᠤᠨ ᠲᠤᠰ ᠳᠦᠷᠢᠮ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠠᠷᠪᠠᠨ ᠵᠢᠷᠭᠤᠳᠤᠭ᠋ᠠᠷ ᠵᠦᠢ᠍ᠯ ᠲᠤᠰ ᠳᠦᠷᠢᠮ᠎ᠢ 2008 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 1987 ᠣᠨ᠎ᠤ 4 ᠰᠠᠷ᠎ᠠ ᠵᠢᠨ 1᠎ᠤ ᠡᠳᠦᠷ᠎ᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠨᠡᠶ᠋ᠢᠲᠡᠯᠡᠭᠰᠡᠨ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠵᠢᠨ ᠲᠦᠷ ᠬᠡᠷᠡᠭᠵᠢᠭᠦᠯᠬᠦ ᠳᠦᠷᠢᠮ》᠎ᠢ ᠵᠡᠷᠭᠡ᠎ᠳᠤ᠎ᠨᠢ ᠬᠦᠴᠦᠨ ᠦᠭᠡᠶ ᠪᠣᠯᠭ᠋ᠠᠨ᠎ᠠ᠃