(2003 ᠤᠨ᠎ᠤ 8 ᠳ᠋ᠤᠭ᠋ᠠᠷ ᠰᠠᠷ᠎ᠠ ᠵᠢᠨ 27᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠭᠡ ᠬᠤᠷᠠᠯ᠎ᠤᠨ ᠪᠠᠶ᠋ᠢᠡᠭᠭᠤ ᠵᠢᠨ ᠬᠤᠷᠢᠶ᠎ᠠ ᠵᠢᠨ ᠲᠦᠷᠪᠡᠳᠦᠬᠡᠷ ᠬᠤᠷᠠᠯᠳᠤᠭ᠋ᠠᠨ᠎ᠠᠴᠠ ᠪᠠᠲᠤᠯᠠᠪᠠ᠂ 2003 ᠤᠨ᠎ᠤ 8 ᠳ᠋ᠤᠭ᠋ᠠᠷ ᠰᠠᠷ᠎ᠠ ᠵᠢᠨ 27᠎ᠤ ᠡᠳᠦᠷ ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ 7 ᠳ᠋ᠣᠭ᠋ᠠᠷ ᠲᠤᠭ᠋ᠠᠲᠤ ᠲᠡᠷᠢᠭᠦᠯᠡᠭᠴᠢ ᠵᠢᠨ ᠵᠠᠷᠯᠢᠭ ᠵᠶ᠋ᠠᠷ ᠨᠡᠶ᠋ᠢᠲᠡᠯᠡᠨ᠂ 2004 ᠤᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠬᠦᠯᠪᠡ)
ᠨᠢᠬᠡᠳᠦᠬᠡᠷ ᠪᠦᠯᠦᠭ ᠶᠡᠷᠦᠩᠬᠡᠢ ᠲᠦᠷᠢᠮ
ᠨᠢᠬᠡᠳᠦᠬᠡᠷ ᠵᠦᠢ᠍ᠯ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠬᠤ ᠪᠠ ᠭᠡᠷᠡᠭᠵᠢᠬᠦᠯᠬᠦ ᠠᠵᠢᠯᠯᠠᠭ᠎ᠠ ᠵᠢ ᠵᠢᠷᠤᠮᠵᠢᠭᠤᠯᠤᠨ᠂ ᠠᠷᠠᠳ ᠢᠷᠭᠡᠨ᠂ ᠬᠠᠤᠯᠢ ᠵᠢᠨ ᠬᠦᠮᠦᠨ ᠪᠤᠯᠤᠨ ᠪᠤᠰᠤᠳ ᠵᠤᠬᠢᠶᠠᠨ ᠪᠠᠶ᠋ᠢᠭᠤᠯᠤᠯᠳᠠ ᠵᠢᠨ ᠬᠠᠤᠯᠢ ᠶᠤᠰᠤᠨ᠎ᠤ ᠡᠷᠭᠡ ᠠᠰᠢᠭ᠎ᠢ ᠬᠠᠮᠠᠭ᠋ᠠᠯᠠᠵᠤ᠂ ᠤᠯᠠᠨ ᠨᠡᠶ᠋ᠢᠳᠡ ᠵᠢᠨ ᠠᠰᠢᠭ ᠲᠤᠰᠠ ᠪᠠ ᠨᠡᠶ᠋ᠢᠬᠡᠮ᠎ᠤᠨ ᠡᠮᠬᠢ ᠲᠢᠭᠯᠢᠮ᠎ᠢ ᠬᠠᠮᠠᠭ᠋ᠠᠯᠠᠨ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠳᠠ᠎ᠪᠠᠨ ᠪᠦᠳᠦᠮᠵᠢᠳᠡᠢ᠎ᠪᠠᠷ ᠭᠡᠷᠡᠭᠵᠢᠬᠦᠯᠬᠦ ᠵᠢ ᠪᠠᠳᠤᠯᠠᠵᠤ ᠲᠡᠬᠦᠨ᠎ᠳᠤ ᠬᠢᠨᠠᠯᠳᠠ ᠲᠠᠯᠪᠢᠬᠤ ᠵᠢᠨ ᠲᠦᠯᠤᠭᠡ᠂ ᠦᠨᠳᠦᠰᠦᠨ ᠬᠠᠤᠯᠢ ᠵᠢ ᠦᠨᠳᠦᠰᠦᠯᠡᠨ ᠲᠤᠰ ᠬᠠᠤᠯᠢ ᠵᠢ ᠲᠤᠭᠳᠠᠭ᠋ᠠᠪᠠ᠃
ᠬᠤᠶᠠᠳᠤᠭ᠋ᠠᠷ ᠵᠦᠢ᠍ᠯ ᠲᠤᠰ ᠬᠠᠤᠯᠢ᠎ᠳᠤ ᠬᠡᠯᠡᠵᠤ ᠪᠠᠶ᠋ᠢᠭ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ ᠭᠡᠳᠡᠭ᠎ᠨᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠠᠷᠠᠳ ᠢᠷᠭᠡᠨ᠂ ᠬᠠᠤᠯᠢ ᠵᠢᠨ ᠬᠦᠮᠦᠨ ᠪᠤᠶᠤ ᠪᠤᠰᠤᠳ ᠵᠤᠬᠢᠶᠠᠨ ᠪᠠᠶ᠋ᠢᠭᠤᠯᠤᠯᠳᠠ ᠵᠢᠨ ᠭᠤᠶᠤᠴᠢᠯᠠᠯ᠎ᠢ ᠦᠨᠳᠦᠰᠦᠯᠡᠵᠤ᠂ ᠬᠠᠤᠯᠢ ᠶᠤᠰᠤᠭ᠋ᠠᠷ ᠬᠢᠨᠠᠨ ᠪᠠᠶ᠋ᠢᠴᠠᠭ᠋ᠠᠬᠤ᠎ᠪᠠᠷ ᠲᠠᠮᠵᠢᠭᠤᠯᠤᠨ᠂ ᠲᠡᠬᠦᠨ᠎ᠤ ᠲᠤᠰᠬᠠᠢ ᠲᠤᠭᠳᠠᠭ᠋ᠠᠭᠰᠠᠨ ᠠᠵᠢᠯᠯᠠᠭ᠎ᠠ ᠬᠢᠬᠦ ᠵᠢ ᠵᠦᠪᠰᠢᠶᠡᠷᠡᠬᠦ ᠠᠵᠢᠯᠯᠠᠭ᠎ᠠ ᠵᠢ ᠬᠡᠯᠡᠵᠦ ᠪᠠᠶ᠋ᠢᠨ᠎ᠠ᠃
ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠬᠤ ᠪᠠ ᠭᠡᠷᠡᠭᠵᠢᠬᠦᠯᠬᠦ᠎ᠳᠤ ᠲᠤᠰ ᠬᠠᠤᠯᠢ ᠵᠢ ᠭᠡᠷᠡᠭᠯᠡᠨ᠎ᠠ᠃
ᠬᠤᠯᠪᠤᠭᠳᠠᠯ ᠪᠦᠬᠦᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠪᠤᠰᠤᠳ ᠪᠠᠶ᠋ᠢᠭᠤᠯᠭ᠎ᠠ ᠪᠤᠶᠤ ᠲᠡᠬᠦᠨ᠎ᠤ ᠰᠢᠭᠤᠳ ᠬᠠᠮᠢᠶᠠᠷᠴᠤ ᠪᠠᠶ᠋ᠢᠭ᠎ᠠ ᠠᠵᠢᠯ ᠦᠢ᠍ᠯᠡᠰ᠎ᠤᠨ ᠨᠢᠬᠡᠴᠢ ᠵᠢᠨ ᠠᠵᠢᠯᠳᠠᠨ᠎ᠤ ᠶᠠᠪᠤᠳᠠᠯ᠂ ᠡᠳ᠋᠎ᠤᠨ ᠶᠠᠪᠤᠳᠠᠯ᠂ ᠭᠠᠳᠠᠭ᠋ᠠᠳᠤ ᠶᠠᠪᠤᠳᠠᠯ ᠵᠡᠷᠭᠡ ᠠᠵᠢᠯ ᠭᠡᠷᠡᠭ᠎ᠢ ᠬᠢᠨᠠᠨ ᠵᠦᠪᠰᠢᠶᠡᠷᠡᠬᠦ᠎ᠳᠤ ᠲᠤᠰ ᠬᠠᠤᠯᠢ ᠵᠢ ᠭᠡᠷᠡᠭᠯᠡᠬᠦ ᠦᠬᠡᠢ᠃
ᠲᠦᠷᠪᠡᠳᠦᠬᠡᠷ ᠵᠦᠢ᠍ᠯ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠬᠤ ᠪᠠ ᠬᠡᠷᠡᠭᠵᠢᠬᠦᠯᠬᠦ᠎ᠳᠤ ᠬᠠᠤᠯᠢ᠎ᠳᠤ ᠲᠤᠭᠳᠠᠭ᠋ᠠᠭᠰᠠᠨ ᠡᠷᠭᠡ ᠮᠡᠳᠡᠯ᠎ᠤᠨ ᠬᠡᠪᠴᠢᠶ᠎ᠡ᠂ ᠬᠦᠷᠢᠶ᠎ᠡ ᠭᠡᠪᠴᠢᠶ᠎ᠠ᠂ ᠨᠦᠬᠦᠴᠡᠯ ᠪᠠ ᠵᠢᠷᠤᠮ᠎ᠢ ᠦᠨᠳᠦᠰᠦᠯᠡᠬᠦ ᠬᠡᠷᠡᠭᠳᠡᠢ᠃
ᠲᠠᠪᠤᠳᠤᠭ᠋ᠠᠷ ᠵᠦᠢ᠍ᠯ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠬᠤ ᠪᠠ ᠭᠡᠷᠡᠭᠵᠢᠬᠦᠯᠬᠦ᠎ᠳᠤ ᠢᠯᠡ ᠲᠤᠳᠤ᠂ ᠡᠷᠭᠡ ᠲᠡᠭᠰᠢ᠂ ᠲᠦᠪ ᠭᠤᠤᠯᠴᠢ ᠪᠠᠶ᠋ᠢᠬᠤ ᠵᠠᠷᠴᠢᠮ᠎ᠢ ᠵᠢᠷᠤᠮᠯᠠᠬᠤ ᠬᠡᠷᠡᠭᠳᠡᠢ᠃
ᠬᠤᠯᠪᠤᠭᠳᠠᠯ ᠪᠦᠬᠦᠢ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ᠎ᠢ ᠨᠡᠶ᠋ᠢᠳᠡᠯᠡᠬᠦ ᠬᠡᠷᠡᠭᠳᠡᠢ; ᠨᠡᠶ᠋ᠢᠳᠡᠯᠡᠭᠰᠡᠨ ᠦᠬᠡᠢ ᠪᠠᠶ᠋ᠢᠪᠠᠯ᠂ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠦᠨᠳᠦᠰᠦᠯᠡᠯ ᠪᠤᠯᠭ᠋ᠠᠵᠤ ᠪᠤᠯᠬᠤ ᠦᠬᠡᠢ᠃
ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠭᠡᠷᠡᠭᠵᠢᠬᠦᠯᠤᠯᠳᠠ ᠪᠠ ᠲᠡᠬᠦᠨ᠎ᠤ ᠦᠷ᠎ᠠ ᠳ᠋ᠦᠩ᠎ᠢ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠤᠶᠤ ᠬᠤᠪᠢ ᠬᠦᠮᠦᠨ᠎ᠤ ᠨᠢᠭᠤᠴᠠ᠎ᠳᠤ ᠬᠤᠯᠪᠤᠭᠳᠠᠭᠰᠠᠨ᠎ᠠᠴᠠ ᠪᠤᠰᠤᠳ᠎ᠢ᠎ᠨᠢ ᠢᠯᠡ᠎ᠪᠠᠷ ᠨᠡᠶ᠋ᠢᠳᠡᠯᠡᠬᠦ ᠭᠡᠷᠡᠭᠳᠡᠢ᠃
ᠬᠠᠤᠯᠢ᠎ᠳᠤ ᠲᠤᠭᠳᠠᠭ᠋ᠠᠭᠰᠠᠨ ᠨᠦᠬᠦᠴᠡᠯ᠂ ᠪᠠᠷᠢᠮᠵᠢᠶ᠎ᠠ᠎ᠳᠤ ᠨᠠᠶ᠋ᠢᠴᠡᠵᠤ ᠪᠠᠶ᠋ᠢᠪᠠᠯ᠂ ᠭᠤᠶᠤᠴᠢᠯᠠᠭᠴᠢ᠎ᠨᠢ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ ᠤᠯᠬᠤ ᠠᠳᠠᠯᠢ ᠲᠡᠭᠰᠢ ᠡᠷᠭᠡ᠎ᠲᠠᠢ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠭᠠᠳᠠᠭᠤᠷᠴᠢᠯᠠᠵᠤ ᠪᠤᠯᠬᠤ ᠦᠬᠡᠢ᠃
ᠵᠢᠷᠭᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠦᠪᠰᠢᠶᠡᠷᠠᠯᠢ ᠭᠡᠷᠡᠭᠵᠢᠬᠦᠯᠬᠦ᠎ᠳᠤ ᠠᠷᠠᠳ᠎ᠲᠤ ᠲᠦᠬᠦᠮ ᠦᠵᠡᠬᠦᠯᠬᠦ ᠵᠠᠷᠴᠢᠮ᠎ᠢ ᠵᠢᠷᠤᠮᠯᠠᠨ᠂ ᠠᠵᠢᠯ ᠶᠠᠪᠤᠳᠠᠯ ᠡᠷᠬᠢᠯᠡᠬᠦ ᠦᠷ᠎ᠠ ᠪᠦᠳᠦᠭᠡᠯ ᠵᠶ᠋ᠠᠨ ᠲᠡᠭᠡᠭᠰᠢᠯᠡᠬᠦᠯᠵᠤ᠂ ᠴᠢᠨᠠᠷ ᠰᠠᠶ᠋ᠢᠲᠠᠢ ᠦᠢ᠍ᠯᠡᠴᠢᠯᠡᠭᠡ ᠬᠠᠨᠭ᠌ᠭ᠋ᠠᠬᠤ ᠭᠡᠷᠡᠭᠳᠡᠢ᠃
ᠲᠤᠯᠤᠳᠤᠭ᠋ᠠᠷ ᠵᠦᠢ᠍ᠯ ᠠᠷᠠᠳ ᠢᠷᠭᠡᠨ᠂ ᠬᠠᠤᠯᠢ ᠵᠢᠨ ᠬᠦᠮᠦᠨ ᠪᠤᠶᠤ ᠪᠤᠰᠤᠳ ᠵᠤᠬᠢᠶᠠᠨ ᠪᠠᠶ᠋ᠢᠭᠤᠯᠤᠯᠳᠠ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠵᠦᠪᠰᠢᠶᠡᠷᠡᠯ ᠭᠡᠷᠡᠭᠵᠢᠬᠦᠯᠬᠦ ᠶᠠᠪᠤᠳᠠᠯ᠎ᠳᠤ ᠲᠤᠭ᠋ᠠᠴᠢᠨ ᠦᠬᠦᠯᠡᠬᠦ ᠡᠷᠭᠡ᠂ ᠵᠦᠪᠳᠡᠭᠡᠨ ᠲᠤᠳᠤᠷᠬᠠᠢ᠌ᠢ᠍ᠯᠠᠬᠤ ᠡᠷᠭᠡ᠎ᠲᠠᠢ; ᠬᠠᠤᠯᠢ ᠶᠤᠰᠤᠭ᠋ᠠᠷ ᠵᠠᠰᠠᠭ ᠵᠠᠬᠢᠷᠭ᠋ᠠᠨ ᠵᠶ᠋ᠠᠷ ᠲᠠᠪᠳᠠᠨ ᠶᠠᠷᠢᠯᠴᠠᠭᠤᠯᠬᠤ᠎ᠪᠠᠷ ᠭᠤᠶᠤᠴᠢᠯᠠᠬᠤ ᠪᠤᠶᠤ ᠵᠠᠰᠠᠭ ᠵᠠᠬᠢᠷᠭ᠋ᠠᠨ᠎ᠤ ᠵᠠᠭ᠋ᠠᠯᠳᠤᠯᠭ᠎ᠠ ᠬᠢᠬᠦ ᠡᠷᠭᠡ᠎ᠲᠠᠢ; ᠲᠡᠬᠦᠨ᠎ᠤ ᠬᠠᠤᠯᠢ ᠶᠤᠰᠤᠨ᠎ᠤ ᠡᠷᠭᠡ ᠠᠰᠢᠭ᠎ᠨᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠤᠯᠢ ᠵᠢ ᠵᠦᠷᠢᠴᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠦᠭᠰᠡᠨ᠎ᠠᠴᠠ ᠪᠤᠯᠵᠤ ᠬᠤᠬᠢᠷᠠᠯ᠎ᠳᠤ ᠤᠴᠠᠷᠠᠭᠰᠠᠨ ᠪᠠᠶ᠋ᠢᠪᠠᠯ᠂ ᠬᠠᠤᠯᠢ ᠶᠤᠰᠤᠭ᠋ᠠᠷ ᠲᠦᠯᠦᠪᠦᠷᠢ ᠠᠪᠬᠤ᠎ᠪᠠᠷ ᠱᠠᠭ᠋ᠠᠷᠳᠠᠬᠤ ᠡᠷᠭᠡ᠎ᠲᠠᠢ᠃
ᠨᠠᠢ᠍ᠮᠠᠳᠤᠭ᠋ᠠᠷ ᠵᠦᠢ᠍ᠯ ᠠᠷᠠᠳ ᠢᠷᠭᠡᠨ᠂ ᠬᠠᠤᠯᠢ ᠵᠢᠨ ᠬᠦᠮᠦᠨ ᠪᠤᠶᠤ ᠪᠤᠰᠤᠳ ᠵᠤᠬᠢᠶᠠᠨ ᠪᠠᠶ᠋ᠢᠭᠤᠯᠤᠯᠳᠠ ᠵᠢᠨ ᠬᠠᠤᠯᠢ ᠶᠤᠰᠤᠭ᠋ᠠᠷ ᠤᠯᠤᠭᠰᠠᠨ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠬᠠᠤᠯᠢ᠎ᠪᠠᠷ ᠬᠠᠮᠠᠭ᠋ᠠᠯᠠᠨ᠎ᠠ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠨᠢᠭᠡᠨᠳᠡ ᠬᠦᠴᠦᠨ᠎ᠲᠠᠢ ᠪᠤᠯᠤᠭᠰᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠷ᠎ᠠ᠎ᠪᠠᠷ ᠵᠶ᠋ᠠᠨ ᠬᠤᠪᠢᠷᠠᠭᠤᠯᠵᠤ ᠪᠤᠯᠬᠤ ᠦᠬᠡᠢ᠃
ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠦᠨᠳᠦᠰᠦ ᠪᠠᠷᠢᠮᠳᠠ ᠪᠤᠯᠭ᠋ᠠᠭᠰᠠᠨ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠂ ᠲᠦᠷᠢᠮ᠎ᠳᠤ ᠵᠠᠰᠠᠪᠤᠷᠢ ᠤᠷᠤᠭᠤᠯᠤᠭᠰᠠᠨ ᠪᠤᠶᠤ ᠲᠡᠬᠦᠨ᠎ᠢ ᠬᠦᠴᠦᠨ ᠦᠬᠡᠢ ᠪᠤᠯᠭ᠋ᠠᠭᠰᠠᠨ᠂ ᠡᠰᠡᠬᠦᠯ᠎ᠠ ᠵᠠᠰᠠᠬ ᠵᠠᠬᠢᠷᠭ᠋ᠠᠨ᠎ᠤ ᠵᠦᠪᠰᠢᠶᠡᠷᠡᠯ ᠦᠭᠬᠦ ᠦᠨᠳᠦᠰᠦ ᠪᠠᠷᠢᠮᠳᠠ ᠪᠤᠯᠭ᠋ᠠᠭᠰᠠᠨ ᠪᠤᠰᠤᠳᠴᠢ ᠪᠠᠶ᠋ᠢᠳᠠᠯ᠎ᠳᠤ ᠴᠢᠬᠤᠯᠠ ᠶᠡᠭᠡ ᠬᠤᠪᠢᠷᠠᠯᠳᠠ ᠭᠠᠷᠤᠭᠰᠠᠨ ᠪᠠᠶ᠋ᠢᠪᠠᠯ᠂ ᠤᠯᠠᠨ ᠨᠡᠶ᠋ᠢᠳᠡ ᠵᠢᠨ ᠠᠰᠢᠭ ᠲᠤᠰᠠ ᠵᠢᠨ ᠭᠡᠷᠡᠭᠴᠡᠭᠡ ᠵᠢᠨ ᠲᠦᠯᠦᠬᠡ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠨᠢᠬᠡᠨᠳᠡ ᠬᠦᠴᠦᠨ᠎ᠲᠠᠢ ᠪᠤᠯᠤᠭᠰᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠠᠤᠯᠢ ᠶᠤᠰᠤᠭ᠋ᠠᠷ ᠬᠤᠪᠢᠷᠠᠭᠤᠯᠬᠤ ᠪᠤᠶᠤ ᠪᠤᠴᠠᠭ᠋ᠠᠨ ᠠᠪᠴᠤ ᠪᠤᠯᠤᠨ᠎ᠠ᠃ ᠡᠬᠦᠨ᠎ᠠᠴᠠ ᠪᠤᠯᠵᠤ ᠠᠷᠠᠳ ᠢᠷᠭᠡᠨ᠂ ᠬᠠᠤᠯᠢ ᠵᠢᠨ ᠬᠦᠮᠦᠨ ᠪᠤᠶᠤ ᠪᠤᠰᠤᠳ ᠵᠤᠬᠢᠶᠠᠨ ᠪᠠᠶ᠋ᠢᠭᠤᠯᠤᠯᠳᠠ᠎ᠳᠤ ᠡᠳ᠋ ᠬᠦᠷᠦᠩᠬᠡ ᠵᠢᠨ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ ᠶᠤᠰᠤᠭ᠋ᠠᠷ ᠲᠦᠯᠦᠪᠦᠷᠢ ᠦᠭᠬᠦ ᠬᠡᠷᠡᠭᠳᠡᠢ᠃ ᠶᠢᠰᠦᠳᠦᠬᠡᠷ ᠵᠦᠢ᠍ᠯ ᠬᠠᠤᠯᠢ ᠶᠤᠰᠤᠭ᠋ᠠᠷ ᠤᠯᠤᠭᠰᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠠᠤᠯᠢ᠎ᠳᠤ ᠲᠤᠭᠳᠠᠭ᠋ᠠᠭᠰᠠᠨ ᠨᠦᠬᠦᠴᠡᠯ ᠪᠠ ᠵᠢᠷᠤᠮ ᠶᠤᠰᠤᠭ᠋ᠠᠷ ᠰᠢᠯᠵᠢᠬᠦᠯᠵᠤ ᠪᠤᠯᠬᠤ᠎ᠪᠠᠷ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠎ᠳᠤ ᠲᠤᠭᠳᠠᠭ᠋ᠠᠭᠰᠠᠨ᠎ᠠᠴᠠ ᠪᠤᠰᠤᠳ᠎ᠢ᠎ᠨᠢ ᠰᠢᠯᠵᠢᠬᠦᠯᠵᠤ ᠪᠤᠯᠬᠤ ᠦᠬᠡᠢ᠃
ᠠᠷᠪᠠᠳᠤᠭ᠋ᠠᠷ ᠵᠦᠢ᠍ᠯ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠠᠵᠢᠯᠯᠠᠭ᠎ᠠ᠎ᠳᠤ ᠬᠢᠨᠠᠯᠳᠠ ᠲᠠᠯᠪᠢᠬᠤ ᠲᠦᠷᠢᠮ᠎ᠢ ᠪᠠᠶ᠋ᠢᠭᠤᠯᠤᠨ ᠲᠡᠬᠦᠯᠳᠡᠷᠵᠢᠬᠦᠯᠵᠤ᠂ ᠵᠠᠰᠠᠬ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠠᠵᠢᠯᠯᠠᠭ᠎ᠠ ᠵᠢ ᠬᠢᠨᠠᠵᠤ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠭᠡᠷᠡᠭᠳᠡᠢ᠃
ᠵᠠᠰᠠᠬ ᠵᠠᠬᠢᠷᠭ᠋ᠠᠨ᠎ᠤ ᠪᠠᠶ᠋ᠢᠭᠤᠯᠭ᠎ᠠ ᠠᠷᠠᠳ ᠢᠷᠭᠡᠨ᠂ ᠬᠠᠤᠯᠢ ᠵᠢᠨ ᠬᠦᠮᠦᠨ ᠪᠤᠶᠤ ᠪᠤᠰᠤᠳ ᠵᠤᠬᠢᠶᠠᠨ ᠪᠠᠶ᠋ᠢᠭᠤᠯᠤᠯᠳᠠ ᠵᠢᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠵᠦᠢ᠍ᠯ᠎ᠤᠳ᠎ᠤᠨ ᠠᠵᠢᠯᠯᠠᠭ᠎ᠠ ᠬᠢᠬᠦ᠎ᠳᠤ ᠪᠦᠳᠦᠮᠵᠢᠳᠡᠢ ᠬᠢᠨᠠᠯᠳᠠ ᠲᠠᠯᠪᠢᠬᠤ ᠬᠡᠷᠡᠭᠳᠡᠢ᠃
ᠬᠤᠶᠠᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠬᠤ
ᠠᠷᠪᠠᠨ ᠨᠢᠬᠡᠳᠦᠬᠡᠷ ᠵᠦᠢ᠍ᠯ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠬᠤ᠎ᠳᠤ ᠠᠵᠤ ᠠᠬᠤᠢ ᠪᠠ ᠨᠡᠶ᠋ᠢᠬᠡᠮ᠎ᠤᠨ ᠬᠦᠭᠵᠢᠯᠳᠡ ᠵᠢᠨ ᠵᠢᠮ᠎ᠠ ᠶᠤᠰᠤ ᠵᠢ ᠵᠢᠷᠤᠮᠯᠠᠨ᠂ ᠠᠷᠠᠳ ᠢᠷᠭᠡᠨ᠂ ᠬᠠᠤᠯᠢ ᠵᠢᠨ ᠬᠦᠮᠦᠨ ᠪᠤᠶᠤ ᠪᠤᠰᠤᠳ ᠵᠤᠬᠢᠶᠠᠨ ᠪᠠᠶ᠋ᠢᠭᠤᠯᠤᠯᠳᠠ ᠵᠢᠨ ᠢᠳᠡᠪᠬᠢᠵᠢᠯ ᠪᠠ ᠰᠠᠨᠠᠭ᠋ᠠᠴᠢᠯᠠᠭ᠋ᠠᠳᠤ ᠴᠢᠨᠡᠷ᠎ᠢ ᠪᠠᠳᠠᠷᠠᠭᠤᠯᠬᠤ᠎ᠳᠤ ᠠᠰᠢᠭᠳᠠᠢ ᠪᠠᠶ᠋ᠢᠯᠭ᠋ᠠᠵᠤ᠂ ᠤᠯᠠᠨ ᠨᠡᠶ᠋ᠢᠳᠡ ᠵᠢᠨ ᠠᠰᠢᠭ ᠲᠤᠰᠠ ᠪᠠ ᠨᠡᠶ᠋ᠢᠬᠡᠮ᠎ᠤᠨ ᠡᠮᠬᠢ ᠲᠢᠭᠯᠢᠮ᠎ᠢ ᠬᠠᠮᠠᠭ᠋ᠠᠯᠠᠨ᠂ ᠠᠵᠤ ᠠᠬᠤᠢ᠂ ᠨᠡᠶ᠋ᠢᠬᠡᠮ ᠪᠠ ᠠᠮᠢ ᠠᠬᠤᠢ ᠵᠢᠨ ᠤᠷᠴᠢᠨ ᠨᠦᠬᠦᠴᠡᠯ᠎ᠤᠨ ᠵᠤᠬᠢᠴᠠᠩᠭᠤᠢ ᠬᠦᠭᠵᠢᠯᠳᠡ ᠵᠢ ᠠᠬᠢᠭᠤᠯᠬᠤ ᠭᠡᠷᠡᠭᠳᠡᠢ᠃
ᠠᠷᠪᠠᠨ ᠬᠤᠶᠠᠳᠤᠭ᠋ᠠᠷ ᠵᠦᠢ᠍ᠯ ᠲᠤᠤᠷ᠎ᠠ ᠵᠢᠭᠰᠠᠭ᠋ᠠᠭᠰᠠᠨ ᠵᠦᠢ᠍ᠯ᠎ᠤᠳ᠎ᠲᠤ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠵᠤ ᠪᠤᠯᠤᠨ᠎ᠠ᠄
(ᠨᠢᠬᠡ) ᠤᠯᠤᠰ ᠤᠷᠤᠨ᠎ᠤ ᠠᠮᠤᠷ ᠲᠦᠪᠰᠢᠨ᠂ ᠤᠯᠠᠨ ᠨᠡᠶ᠋ᠢᠳᠡ ᠵᠢᠨ ᠠᠮᠤᠷ ᠲᠦᠪᠰᠢᠨ᠂ ᠠᠵᠤ ᠠᠬᠤᠢ ᠵᠢᠨ ᠬᠤᠷᠸ᠎ᠠ ᠲᠤᠬᠢᠷᠠᠭᠤᠯᠤᠯ ᠡᠵᠡᠮᠳᠡᠯ᠂ ᠠᠮᠢ ᠠᠬᠤᠢ ᠵᠢᠨ ᠤᠷᠴᠢᠨ ᠨᠦᠬᠦᠴᠡᠯ᠎ᠤᠨ ᠬᠠᠮᠠᠭ᠋ᠠᠯᠠᠯᠳᠠ᠎ᠳᠤ ᠰᠢᠭᠤᠳ ᠬᠤᠯᠪᠤᠭᠳᠠᠬᠤ ᠵᠢᠴᠢ ᠬᠦᠮᠦᠨ᠎ᠤ ᠪᠡᠶ᠎ᠡ ᠵᠢᠨ ᠡᠷᠡᠬᠦᠯ ᠮᠡᠨᠳᠦ᠂ ᠠᠮᠢ ᠨᠠᠰᠤ ᠡᠳ᠋ ᠬᠦᠷᠦᠩᠬᠡ ᠵᠢᠨ ᠠᠮᠤᠷ ᠲᠦᠪᠰᠢᠨ ᠵᠡᠷᠭᠡ᠎ᠳᠤ ᠰᠢᠭᠤᠳ ᠬᠤᠯᠪᠤᠭᠳᠠᠬᠤ ᠲᠤᠰᠬᠠᠢ ᠲᠤᠭᠳᠠᠭ᠋ᠠᠭᠰᠠᠨ ᠠᠵᠢᠯᠯᠠᠭ᠎ᠠ᠎ᠳᠠᠬᠢ ᠬᠠᠤᠯᠢ᠎ᠳᠤ ᠲᠤᠭᠳᠠᠭ᠋ᠠᠭᠰᠠᠨ ᠨᠦᠬᠦᠴᠡᠯ᠎ᠢ ᠦᠨᠳᠦᠰᠦᠯᠡᠨ ᠵᠦᠪᠰᠢᠶᠡᠷᠡᠬᠦ ᠴᠢᠬᠤᠯᠠᠳᠠᠢ ᠵᠦᠢ᠍ᠯ᠎ᠤᠳ;
(ᠬᠤᠶᠠᠷ) ᠬᠢᠵᠠᠭ᠋ᠠᠷᠳᠠᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠨᠡᠭᠡᠭᠡᠨ ᠠᠰᠢᠭᠯᠠᠯᠳᠠ᠂ ᠤᠯᠠᠨ ᠨᠡᠶ᠋ᠢᠳᠡ ᠵᠢᠨ ᠡᠬᠢ ᠪᠠᠶᠠᠯᠢᠭ᠎ᠤᠨ ᠲᠤᠬᠢᠷᠠᠭᠤᠯᠤᠯᠳᠠ ᠵᠢᠴᠢ ᠤᠯᠠᠨ ᠨᠡᠶ᠋ᠢᠳᠡ ᠵᠢᠨ ᠠᠰᠢᠭ ᠲᠤᠰᠠ᠎ᠳᠤ ᠰᠢᠭᠤᠳ ᠬᠤᠯᠪᠤᠭᠳᠠᠬᠤ ᠲᠤᠰᠬᠠᠢ ᠲᠤᠭᠳᠠᠭ᠋ᠠᠭᠰᠠᠨ ᠠᠵᠢᠯ ᠲᠦᠷᠦᠯ᠎ᠤᠨ ᠵᠠᠬ᠎ᠠ ᠲᠡᠯᠬᠡᠬᠦᠷ᠎ᠲᠤ ᠤᠷᠤᠬᠤ ᠵᠦᠪᠰᠢᠶᠡᠷᠡᠯ ᠵᠡᠷᠭᠡ᠎ᠳᠠᠬᠢ ᠤᠨᠴᠠᠭ᠋ᠠᠢ ᠡᠷᠭᠡ ᠤᠯᠭᠤᠬᠤ ᠴᠢᠬᠤᠯᠠᠳᠠᠢ ᠵᠦᠢ᠍ᠯ᠎ᠤᠳ;
(ᠭᠤᠷᠪᠠ) ᠤᠯᠠᠨ ᠨᠡᠶ᠋ᠢᠳᠡ ᠵᠢᠨ ᠦᠢ᠍ᠯᠡᠴᠢᠯᠡᠭᠡ ᠬᠠᠨᠭ᠌ᠭ᠋ᠠᠵᠤ ᠪᠠᠶ᠋ᠢᠭ᠎ᠠ ᠮᠦᠷᠳᠡᠭᠡᠨ ᠤᠯᠠᠨ ᠨᠡᠶ᠋ᠢᠳᠡ ᠵᠢᠨ ᠠᠰᠢᠭ ᠲᠤᠰᠠ᠎ᠳᠤ ᠰᠢᠭᠤᠳ ᠬᠤᠯᠪᠤᠭᠳᠠᠬᠤ ᠠᠵᠢᠯ ᠮᠡᠷᠭᠡᠵᠢᠯ᠂ ᠠᠵᠢᠯ ᠲᠦᠷᠦᠯ᠎ᠳᠠᠬᠢ ᠤᠨᠴᠠᠭ᠋ᠠᠢ ᠢᠳᠡᠭᠡᠯ ᠬᠦᠨᠳᠦ᠂ ᠤᠨᠴᠠᠭ᠋ᠠᠢ ᠨᠦᠬᠦᠴᠡᠯ ᠪᠤᠶᠤ ᠤᠨᠴᠠᠭ᠋ᠠᠢ ᠮᠡᠷᠭᠡᠵᠢᠯ ᠴᠢᠳᠠᠪᠤᠷᠢ ᠵᠡᠷᠭᠡ ᠬᠢᠷᠢ ᠭᠡᠮ᠂ ᠬᠢᠷᠢ ᠴᠢᠳᠠᠯ᠎ᠲᠠᠢ ᠪᠠᠶ᠋ᠢᠬᠤ ᠵᠢ ᠲᠤᠭᠳᠠᠭ᠋ᠠᠬᠤ ᠴᠢᠬᠤᠯᠠᠳᠠᠢ ᠵᠦᠢ᠍ᠯ᠎ᠤᠳ;
(ᠲᠦᠷᠪᠡ) ᠤᠯᠠᠨ ᠨᠡᠶ᠋ᠢᠳᠡ ᠵᠢᠨ ᠠᠮᠤᠷ ᠲᠦᠪᠰᠢᠨ᠂ ᠬᠦᠮᠦᠨ᠎ᠤ ᠪᠡᠶ᠎ᠠ ᠵᠢᠨ ᠡᠷᠡᠬᠦᠯ ᠮᠡᠨᠳᠦ᠂ ᠠᠮᠢ ᠨᠠᠰᠤ ᠡᠳ᠋ ᠬᠦᠷᠦᠩᠬᠡ ᠵᠢᠨ ᠠᠮᠤᠷ ᠲᠦᠪᠰᠢᠨ᠎ᠳᠤ ᠰᠢᠭᠤᠳ ᠬᠤᠯᠪᠤᠭᠳᠠᠬᠤ ᠴᠢᠬᠤᠯᠠ ᠲᠤᠨᠤᠭ ᠲᠦᠬᠦᠬᠡᠷᠦᠮᠵᠢ᠂ ᠪᠡᠯᠡᠳᠭᠡᠮᠵᠢ᠂ ᠦᠢ᠍ᠯᠡᠳᠬᠦᠨ᠂ ᠡᠳ᠋ ᠪᠠᠷᠠᠭ᠎ᠠ ᠵᠡᠷᠭᠡ᠎ᠳᠠᠬᠢ ᠮᠡᠷᠭᠡᠵᠢᠯ᠎ᠤᠨ ᠪᠡᠷᠢᠮᠵᠢᠶ᠎ᠠ᠂ ᠮᠡᠷᠭᠡᠵᠢᠯ᠎ᠤᠨ ᠲᠦᠷᠢᠮᠵᠢᠯ ᠶᠤᠰᠤᠭ᠋ᠠᠷ ᠪᠠᠶ᠋ᠢᠴᠠᠭ᠋ᠠᠨ ᠰᠢᠯᠭ᠋ᠠᠬᠤ᠂ ᠪᠠᠶ᠋ᠢᠴᠠᠭ᠋ᠠᠨ ᠬᠡᠮᠵᠢᠬᠦ᠂ ᠬᠢᠵᠢᠭ᠎ᠢ ᠪᠠᠶ᠋ᠢᠴᠠᠭ᠋ᠠᠬᠤ ᠵᠡᠷᠭᠡ ᠠᠷᠭ᠎ᠠ ᠭᠡᠮᠵᠢᠶ᠎ᠠ᠎ᠪᠠᠷ ᠲᠠᠮᠵᠢᠭᠤᠯᠤᠨ ᠬᠢᠨᠠᠨ ᠲᠤᠭᠳᠠᠭ᠋ᠠᠬᠤ ᠴᠢᠬᠤᠯᠠᠳᠠᠢ ᠵᠦᠢ᠍ᠯ᠎ᠤᠳ;
(ᠲᠠᠪᠤ) ᠠᠵᠤ ᠠᠬᠤᠢ᠌ᠢ᠍ᠯᠠᠯ ᠪᠤᠶᠤ ᠪᠤᠰᠤᠳ ᠵᠤᠬᠢᠶᠠᠨ ᠪᠠᠶ᠋ᠢᠭᠤᠯᠤᠯᠳᠠ ᠵᠢ ᠪᠠᠶ᠋ᠢᠭᠤᠯᠬᠤ ᠵᠡᠷᠭᠡ᠎ᠳᠠᠬᠢ ᠪᠡᠶᠡᠴᠢ ᠴᠤᠭᠴᠠ ᠵᠢᠨ ᠬᠢᠷᠢ ᠬᠡᠮ᠎ᠢ ᠲᠤᠳᠤᠯᠠᠬᠤ ᠴᠢᠬᠤᠯᠠᠳᠠᠢ ᠵᠦᠢ᠍ᠯ᠎ᠤᠳ;
(ᠵᠢᠷᠭᠤᠭ᠎ᠠ) ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠵᠤ ᠪᠤᠯᠬᠤ᠎ᠪᠠᠷ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠳᠤ ᠲᠤᠭᠳᠠᠭ᠋ᠠᠭᠰᠠᠨ ᠪᠤᠰᠤᠳ ᠵᠦᠢ᠍ᠯ᠎ᠤᠳ᠃
ᠠᠷᠪᠠᠨ ᠭᠤᠷᠪᠠᠳᠤᠭ᠋ᠠᠷ ᠵᠦᠢ᠍ᠯ ᠲᠤᠰ ᠬᠠᠤᠯᠢ ᠵᠢᠨ ᠠᠷᠪᠠᠨ ᠬᠤᠶᠠᠳᠤᠭ᠋ᠠᠷ ᠵᠦᠢ᠍ᠯ᠎ᠳᠤ ᠵᠢᠭᠰᠠᠭ᠋ᠠᠭᠰᠠᠨ ᠵᠦᠢ᠍ᠯ᠎ᠤᠳ᠎ᠢ ᠲᠤᠤᠷ᠎ᠠ ᠵᠢᠭᠰᠠᠭ᠋ᠠᠭᠰᠠᠨ ᠠᠷᠭ᠎ᠠ ᠮᠠᠶᠢᠭ ᠵᠶ᠋ᠠᠷ ᠲᠠᠮᠵᠢᠭᠤᠯᠵᠤ ᠵᠢᠷᠤᠮᠵᠢᠭᠤᠯᠵᠤ ᠴᠢᠳᠠᠪᠠᠯ᠂ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠬᠤ ᠦᠬᠡᠢ ᠪᠠᠶ᠋ᠢᠵᠤ ᠪᠤᠯᠤᠨ᠎ᠠ᠄
(ᠨᠢᠬᠡ) ᠠᠷᠠᠳ ᠢᠷᠭᠡᠨ᠂ ᠬᠠᠤᠯᠢ ᠵᠢᠨ ᠬᠦᠮᠦᠨ ᠪᠤᠶᠤ ᠪᠤᠰᠤᠳ ᠵᠤᠬᠢᠶᠠᠨ ᠪᠠᠢ᠌ᠭᠤᠯᠤᠯᠳᠠ ᠦᠪᠡᠰᠦᠪᠡᠨ ᠡᠵᠡᠨ ᠮᠡᠳᠡᠵᠤ ᠲᠤᠭᠳᠠᠭ᠋ᠠᠵᠤ ᠴᠢᠳᠠᠬᠤ;
(ᠬᠤᠶᠠᠷ) ᠵᠠᠬ᠎ᠠ ᠲᠡᠯᠬᠡᠬᠦᠷ᠎ᠤᠨ ᠦᠷᠢᠰᠦᠯᠳᠦᠬᠡᠨᠤ ᠲᠤᠭᠳᠠᠴᠠ ᠪᠦᠳᠦᠮᠵᠢᠳᠡᠢ᠎ᠪᠠᠷ ᠵᠤᠬᠢᠴᠠᠭᠤᠯᠵᠤ ᠴᠢᠳᠠᠬᠤ;
(ᠭᠤᠷᠪᠠ) ᠠᠵᠢᠯ ᠲᠦᠷᠦᠯ᠎ᠤᠨ ᠵᠤᠬᠢᠶᠠᠨ ᠪᠠᠶ᠋ᠢᠭᠤᠯᠤᠯᠳᠠ ᠪᠤᠶᠤ ᠵᠠᠭᠤᠴᠢ ᠪᠠᠶ᠋ᠢᠭᠤᠯᠤᠮᠵᠢ ᠦᠪᠡᠷ᠎ᠢ᠎ᠪᠠᠨ ᠬᠢᠵᠠᠭ᠋ᠠᠷᠯᠠᠵᠤ ᠬᠠᠮᠢᠶᠠᠷᠴᠤ ᠴᠢᠳᠠᠬᠤ;
(ᠲᠦᠷᠪᠡ) ᠵᠠᠰᠠᠬ ᠵᠠᠬᠢᠷᠭ᠋ᠠᠨ᠎ᠤ ᠪᠠᠶ᠋ᠢᠭᠤᠯᠭ᠎ᠠ ᠭᠡᠷᠡᠭ᠎ᠤᠨ ᠲᠠᠷᠠᠭ᠎ᠠ ᠬᠢᠨᠠᠯᠳᠠ ᠲᠠᠯᠪᠢᠬᠤ ᠵᠡᠷᠭᠡ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠪᠤᠰᠤᠳ ᠠᠷᠭ᠎ᠠ ᠮᠠᠶᠢᠭ ᠵᠶ᠋ᠠᠷ ᠰᠢᠢ᠍ᠳᠪᠤᠷᠢᠯᠡᠵᠤ ᠴᠢᠳᠠᠬᠤ᠃
ᠠᠷᠪᠠᠨ ᠲᠦᠷᠪᠡᠳᠦᠭᠡᠷ ᠵᠦᠢ᠍ᠯ ᠲᠤᠰ ᠬᠠᠤᠯᠢ ᠵᠢᠨ ᠠᠷᠪᠠᠨ ᠬᠤᠶᠠᠳᠤᠭ᠋ᠠᠷ ᠵᠦᠢ᠍ᠯ᠎ᠳᠤ ᠵᠢᠭᠰᠠᠭ᠋ᠠᠭᠰᠠᠨ ᠵᠦᠢ᠍ᠯ᠎ᠤᠳ᠎ᠲᠤ ᠬᠠᠤᠯᠢ ᠴᠠᠭ᠋ᠠᠵᠠ᠎ᠪᠠᠷ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠵᠤ ᠪᠤᠯᠤᠨ᠎ᠠ᠃ ᠬᠠᠤᠯᠢ ᠴᠠᠭ᠋ᠠᠵᠠ ᠲᠤᠭᠳᠠᠭ᠋ᠠᠭ᠋ᠠᠳᠤᠢ ᠪᠠᠶ᠋ᠢᠪᠠᠯ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ ᠵᠶ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠵᠤ ᠪᠤᠯᠤᠨ᠎ᠠ᠃
ᠴᠢᠬᠤᠯᠠᠳᠠᠢ ᠦᠶᠡᠰ᠎ᠲᠤ ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠲᠤᠭᠳᠠᠭ᠋ᠠᠯ ᠨᠡᠶ᠋ᠢᠳᠡᠯᠡᠬᠦ ᠠᠷᠭ᠎ᠠ ᠮᠠᠶᠢᠭ ᠵᠶ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠵᠤ ᠪᠤᠯᠤᠨ᠎ᠠ᠃ ᠭᠡᠷᠡᠭᠵᠢᠬᠦᠯᠦᠭᠰᠡᠨᠤ ᠲᠠᠷᠠᠭ᠎ᠠ᠂ ᠲᠦᠷ ᠴᠠᠭ᠎ᠤᠨ ᠴᠢᠨᠠᠷᠳᠠᠢ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠵᠦᠢ᠍ᠯ᠎ᠤᠳ᠎ᠠᠴᠠ ᠪᠤᠰᠤᠳ᠎ᠢ᠎ᠨᠢ ᠲᠦᠷᠦ ᠵᠢᠨ ᠶᠠᠪᠤᠳᠠᠯ᠎ᠤᠨ ᠬᠤᠷᠢᠶ᠎ᠠ ᠴᠠᠭ ᠲᠤᠬᠠᠢᠳᠤᠨᠢ ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠭᠡ ᠬᠤᠷᠠᠯ ᠵᠢᠴᠢ ᠲᠡᠬᠦᠨ᠎ᠤ ᠪᠠᠶ᠋ᠢᠡᠭᠭᠤ ᠵᠢᠨ ᠬᠤᠷᠢᠶ᠎ᠠ᠎ᠳᠤ ᠬᠠᠤᠯᠢ ᠴᠠᠭ᠋ᠠᠵᠠ ᠲᠤᠭᠳᠠᠭ᠋ᠠᠯᠭ᠋ᠠᠬᠤ᠎ᠪᠠᠷ ᠲᠡᠪᠰᠢᠬᠦᠯᠬᠦ ᠭᠡᠷᠡᠭᠳᠡᠢ᠂ ᠡᠰᠡᠬᠦᠯ᠎ᠠ ᠦᠪᠡᠰᠦᠪᠡᠨ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ ᠲᠤᠭᠳᠠᠭ᠋ᠠᠬᠤ ᠬᠡᠷᠡᠭᠲᠡᠢ᠃
ᠠᠷᠪᠠᠨ ᠲᠠᠪᠤᠳᠤᠭ᠋ᠠᠷ ᠵᠦᠢ᠍ᠯ ᠲᠤᠰ ᠬᠠᠤᠯᠢ ᠵᠢᠨ ᠠᠷᠪᠠᠨ ᠬᠤᠶᠠᠳᠤᠭ᠋ᠠᠷ ᠵᠦᠢ᠍ᠯ᠎ᠳᠤ ᠵᠢᠭᠰᠠᠭ᠋ᠠᠭᠰᠠᠨ ᠵᠦᠢ᠍ᠯ᠎ᠤᠳ᠎ᠲᠤ ᠬᠠᠤᠯᠢ ᠴᠠᠭ᠋ᠠᠵᠠ᠂ ᠵᠠᠰᠠᠬ ᠵᠠᠬᠢᠷᠭ᠋ᠠᠨ᠎ᠤ ᠬᠠᠤᠯᠢ ᠲᠤᠭᠳᠠᠭ᠋ᠠᠯ ᠲᠤᠭᠳᠠᠭ᠋ᠠᠭ᠋ᠠᠳᠤᠢ ᠪᠠᠶ᠋ᠢᠪᠠᠯ᠂ ᠤᠷᠤᠨ ᠨᠤᠳᠤᠭ᠎ᠤᠨ ᠴᠢᠨᠠᠷᠳᠠᠢ ᠬᠠᠤᠯᠢ ᠲᠤᠭᠳᠠᠭ᠋ᠠᠯ ᠵᠶ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠵᠤ ᠪᠤᠯᠤᠨ᠎ᠠ; ᠬᠠᠤᠯᠢ ᠴᠠᠭ᠋ᠠᠵᠠ᠂ ᠵᠠᠰᠠᠬ ᠵᠠᠬᠢᠷᠭ᠋ᠠᠨ᠎ᠤ ᠬᠠᠤᠯᠢ ᠲᠤᠭᠳᠠᠭ᠋ᠠᠯ ᠪᠠ ᠤᠷᠤᠨ ᠨᠤᠳᠤᠭ᠎ᠤᠨ ᠴᠢᠨᠠᠷᠳᠠᠢ ᠬᠠᠤᠯᠢ ᠲᠤᠭᠳᠠᠭ᠋ᠠᠯ ᠲᠤᠭᠳᠠᠭ᠋ᠠᠭ᠋ᠠᠳᠤᠢ ᠪᠠᠶ᠋ᠢᠵᠦ᠂ ᠵᠠᠰᠠᠬ ᠵᠠᠬᠢᠷᠭ᠋ᠠᠨ᠎ᠤ ᠬᠠᠮᠢᠶᠠᠷᠤᠯᠳᠠ ᠵᠢᠨ ᠭᠡᠷᠡᠭᠴᠡᠭᠡ᠎ᠠᠴᠠ ᠪᠤᠯᠵᠤ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠦᠨᠡᠨ ᠬᠦ᠌ ᠲᠠᠷᠦ᠋ᠢ᠍ᠬᠠᠨ ᠬᠡᠷᠡᠭᠵᠢᠬᠦᠯᠬᠦ ᠴᠢᠬᠤᠯᠠᠳᠠᠢ ᠪᠠᠶ᠋ᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠲᠦᠷᠢᠮ ᠲᠤᠭᠳᠠᠭ᠋ᠠᠯ ᠵᠶ᠋ᠠᠷ ᠲᠦᠷ ᠴᠠᠭ᠎ᠤᠨ ᠴᠢᠨᠠᠷᠳᠠᠢ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠵᠤ ᠪᠤᠯᠤᠨ᠎ᠠ᠃ ᠲᠦᠷ ᠴᠠᠭ᠎ᠤᠨ ᠴᠢᠨᠠᠷᠳᠠᠢ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠦᠬᠡᠳ ᠪᠦᠬᠦᠯᠢ ᠨᠢᠬᠡ ᠵᠢᠯ ᠪᠤᠯᠤᠭᠰᠠᠨ᠎ᠤ ᠲᠠᠷᠠᠭ᠎ᠠ ᠦᠷᠬᠦᠯᠵᠢᠯᠠᠨ ᠬᠡᠷᠡᠭᠵᠢᠬᠦᠯᠬᠦ ᠴᠢᠬᠤᠯᠠᠳᠠᠢ ᠪᠠᠶ᠋ᠢᠪᠠᠯ᠂ ᠲᠤᠰ ᠱᠠᠳᠤᠨ᠎ᠤ ᠠᠷᠠᠳ᠎ᠤᠨ ᠲᠦᠯᠦᠬᠡᠯᠡᠭᠴᠢᠳ᠎ᠤᠨ ᠶᠡᠭᠡ ᠬᠤᠷᠠᠯ ᠵᠢᠴᠢ ᠲᠡᠬᠦᠨ᠎ᠤ ᠪᠠᠶ᠋ᠢᠡᠭᠭᠤ ᠵᠢᠨ ᠬᠤᠷᠢᠶ᠎ᠠ᠎ᠳᠤ ᠤᠷᠤᠨ ᠨᠤᠳᠤᠭ᠎ᠤᠨ ᠴᠢᠨᠠᠷᠳᠠᠢ ᠬᠠᠤᠯᠢ ᠲᠤᠭᠳᠠᠭ᠋ᠠᠯ ᠲᠤᠭᠳᠠᠭ᠋ᠠᠯᠭ᠋ᠠᠬᠤ᠎ᠪᠠᠷ ᠲᠡᠪᠰᠢᠬᠦᠯᠬᠦ ᠬᠡᠷᠡᠭᠳᠡᠢ᠃
ᠤᠷᠤᠨ ᠨᠤᠳᠤᠭ᠎ᠤᠨ ᠴᠢᠨᠠᠷᠳᠠᠢ ᠬᠠᠤᠯᠢ ᠲᠤᠭᠳᠠᠭ᠋ᠠᠯ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠲᠦᠷᠢᠮ ᠲᠤᠭᠳᠠᠭ᠋ᠠᠯ ᠵᠶ᠋ᠠᠷ ᠠᠷᠠᠳ ᠢᠷᠭᠡᠨ᠂ ᠬᠠᠤᠯᠢ ᠵᠢᠨ ᠬᠦᠮᠦᠨ ᠪᠤᠶᠤ ᠪᠤᠰᠤᠳ ᠵᠤᠬᠢᠶᠠᠨ ᠪᠠᠶ᠋ᠢᠭᠤᠯᠤᠯᠳᠠ ᠵᠢᠨ ᠬᠢᠷᠢ ᠬᠡᠮ᠂ ᠬᠢᠷᠢ ᠴᠢᠳᠠᠯ᠎ᠤᠨ ᠲᠤᠬᠠᠢ ᠤᠯᠤᠰ᠎ᠠᠴᠠ ᠨᠢᠬᠡᠳᠦᠯᠳᠡᠢ ᠲᠤᠭᠳᠠᠭ᠋ᠠᠬᠤ ᠶᠤᠰᠤᠳᠠᠢ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠵᠤ ᠪᠤᠯᠬᠤ ᠦᠬᠡᠢ; ᠠᠵᠤ ᠠᠬᠤᠢ᠌ᠯᠠᠯ ᠪᠤᠶᠤ ᠪᠤᠰᠤᠳ ᠵᠤᠬᠢᠶᠠᠨ ᠪᠠᠶ᠋ᠢᠭᠤᠯᠤᠯᠳᠠ ᠵᠢ ᠪᠠᠶ᠋ᠢᠭᠤᠯᠬᠤ ᠲᠠᠩᠰᠠᠯᠠᠯᠳᠠ ᠵᠢᠴᠢ ᠲᠡᠬᠦᠨ᠎ᠤ ᠤᠭᠳᠤᠪᠤᠷᠢ ᠵᠢᠨ ᠴᠢᠨᠡᠷᠳᠡᠢ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠵᠤ ᠪᠤᠯᠬᠤ ᠦᠬᠡᠢ᠃ ᠲᠤᠭᠳᠠᠭ᠋ᠠᠭᠰᠠᠨ ᠵᠠᠰᠠᠬ ᠵᠠᠬᠢᠷᠭ᠋ᠠᠨ᠎ᠤ ᠵᠦᠪᠰᠢᠶᠡᠷᠡᠯ᠎ᠨᠢ ᠪᠤᠰᠤᠳ ᠭᠠᠵᠠᠷ ᠤᠷᠤᠨ᠎ᠤ ᠬᠤᠪᠢ ᠬᠦᠮᠦᠨ ᠪᠤᠶᠤ ᠠᠵᠤ ᠠᠬᠤᠢ᠌ᠯᠠᠯ᠎ᠤᠨ ᠲᠤᠰ ᠭᠠᠵᠠᠷ ᠤᠷᠤᠨ᠎ᠳᠤ ᠢᠷᠡᠵᠤ ᠦᠢ᠍ᠯᠡᠳᠪᠤᠷᠢᠯᠡᠯ ᠡᠵᠡᠩᠨᠡᠯᠳᠡ ᠬᠢᠬᠦ ᠪᠠ ᠦᠢ᠍ᠯᠡᠴᠢᠯᠡᠭᠡ ᠬᠠᠨᠭ᠌ᠭ᠋ᠠᠬᠤ ᠵᠢ ᠬᠢᠵᠠᠭ᠋ᠠᠷᠯᠠᠵᠤ ᠪᠤᠯᠬᠤ ᠦᠬᠡᠢ᠂ ᠪᠤᠰᠤᠳ ᠭᠠᠵᠠᠷ ᠤᠷᠤᠨ᠎ᠤ ᠲᠠᠸᠠᠷ᠎ᠤᠨ ᠲᠤᠰ ᠭᠠᠵᠠᠷ ᠤᠷᠤᠨ᠎ᠤ ᠵᠠᠬ᠎ᠠ ᠲᠡᠯᠬᠡᠬᠦᠷ᠎ᠲᠤ ᠤᠷᠤᠬᠤ ᠵᠢ ᠬᠢᠵᠠᠭ᠋ᠠᠷᠯᠠᠵᠤ ᠪᠤᠯᠬᠤ ᠦᠬᠡᠢ᠃
ᠠᠷᠪᠠᠨ ᠵᠢᠷᠭᠤᠳᠤᠭ᠋ᠠᠷ ᠵᠦᠢ᠍ᠯ ᠵᠠᠰᠠᠬ ᠵᠠᠬᠢᠷᠭ᠋ᠠᠨ᠎ᠤ ᠬᠠᠤᠯᠢ ᠲᠤᠭᠳᠠᠭ᠋ᠠᠯ᠎ᠨᠢ ᠬᠠᠤᠯᠢ ᠴᠠᠭ᠋ᠠᠵᠠ ᠵᠢᠨ ᠲᠤᠭᠳᠠᠭ᠋ᠠᠭᠰᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠵᠦᠢ᠍ᠯ᠎ᠤᠳ᠎ᠤᠨ ᠬᠡᠪᠴᠢᠶᠡᠨ ᠲᠤᠳᠤᠷ᠎ᠠ ᠲᠤᠰ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠲᠤᠬᠠᠢ ᠪᠤᠳᠠᠳᠠᠢ ᠲᠤᠭᠳᠠᠭ᠋ᠠᠯ ᠭᠠᠷᠭ᠋ᠠᠵᠤ ᠪᠤᠯᠤᠨ᠎ᠠ᠃
ᠤᠷᠤᠨ ᠨᠤᠳᠤᠭ᠎ᠤᠨ ᠴᠢᠨᠠᠷᠳᠠᠢ ᠬᠠᠤᠯᠢ ᠲᠤᠭᠳᠠᠭ᠋ᠠᠯ᠎ᠨᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠤᠨ ᠲᠤᠭᠳᠠᠭ᠋ᠠᠭᠰᠠᠨ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠵᠦᠢ᠍ᠯ᠎ᠤᠳ᠎ᠤᠨ ᠭᠡᠪᠴᠢᠶᠡᠨ ᠲᠤᠳᠤᠷ᠎ᠠ ᠲᠤᠰ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠬᠦ ᠲᠤᠬᠠᠢ ᠪᠤᠳᠠᠳᠠᠢ ᠲᠤᠭᠳᠠᠭ᠋ᠠᠯ ᠭᠠᠷᠭ᠋ᠠᠵᠤ ᠪᠤᠯᠤᠨ᠎ᠠ᠃
ᠲᠦᠷᠢᠮ ᠲᠤᠭᠳᠠᠭ᠋ᠠᠯ᠎ᠨᠢ ᠲᠡᠭᠡᠳᠦ ᠪᠠᠶ᠋ᠢᠷᠢ ᠵᠢᠨ ᠬᠠᠤᠯᠢ᠎ᠳᠤ ᠲᠤᠭᠳᠠᠭ᠋ᠠᠭᠰᠠᠨ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠵᠦᠢ᠍ᠯ᠎ᠤᠳ᠎ᠤᠨ ᠭᠡᠪᠴᠢᠶᠠᠨ ᠲᠤᠳᠤᠷ᠎ᠠ ᠲᠤᠰ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠲᠤᠬᠠᠢ ᠪᠤᠳᠠᠳᠠᠢ ᠲᠤᠭᠳᠠᠭ᠋ᠠᠯ ᠭᠠᠷᠭ᠋ᠠᠵᠤ ᠪᠤᠯᠤᠨ᠎ᠠ᠃
ᠬᠠᠤᠯᠢ ᠲᠤᠭᠳᠠᠭ᠋ᠠᠯ᠂ ᠲᠦᠷᠢᠮ ᠲᠤᠭᠳᠠᠭ᠋ᠠᠯ᠎ᠳᠠᠬᠢ ᠲᠡᠭᠡᠳᠦ ᠪᠠᠶ᠋ᠢᠷᠢ ᠵᠢᠨ ᠬᠠᠤᠯᠢ᠎ᠳᠤ ᠲᠤᠭᠳᠠᠭ᠋ᠠᠭᠰᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠲᠤᠬᠠᠢ ᠭᠠᠷᠭ᠋ᠠᠭᠰᠠᠨ ᠪᠤᠳᠠᠳᠠᠢ ᠲᠤᠭᠳᠠᠭ᠋ᠠᠯ᠎ᠨᠢ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠨᠠᠮᠠᠨ ᠲᠤᠭᠳᠠᠭ᠋ᠠᠵᠤ ᠪᠤᠯᠬᠤ ᠦᠬᠡᠢ; ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠨᠦᠬᠦᠴᠡᠯ᠎ᠤᠨ ᠲᠤᠬᠠᠢ ᠭᠠᠷᠭ᠋ᠠᠭᠰᠠᠨ ᠪᠤᠳᠠᠳᠠᠢ ᠲᠤᠭᠳᠠᠭ᠋ᠠᠯ᠎ᠳᠤ ᠲᠡᠭᠡᠳᠦ ᠪᠠᠶ᠋ᠢᠷᠢ ᠵᠢᠨ ᠬᠠᠤᠯᠢ ᠵᠢ ᠵᠦᠷᠢᠴᠡᠭᠰᠡᠨ ᠪᠤᠰᠤᠳ ᠨᠦᠬᠦᠴᠡᠯ᠎ᠢ ᠨᠡᠮᠡᠨ ᠲᠤᠭᠳᠠᠭ᠋ᠠᠵᠤ ᠪᠤᠯᠬᠤ ᠦᠬᠡᠢ᠃
ᠠᠷᠪᠠᠨ ᠲᠤᠯᠤᠳᠤᠭ᠋ᠠᠷ ᠵᠦᠢ᠍ᠯ ᠲᠤᠰ ᠬᠠᠤᠯᠢ ᠵᠢᠨ ᠠᠷᠪᠠᠨ ᠲᠦᠷᠪᠡᠳᠦᠬᠡᠷ ᠵᠦᠢ᠍ᠯ᠂ ᠠᠷᠪᠠᠨ ᠲᠠᠪᠤᠳᠤᠭ᠋ᠠᠷ ᠵᠦᠢ᠍ᠯ᠎ᠳᠤ ᠲᠤᠭᠳᠠᠭ᠋ᠠᠭᠰᠠᠨ᠎ᠠᠴᠠ ᠭᠠᠳᠠᠨᠡᠬᠢ ᠪᠤᠰᠤᠳ ᠵᠢᠷᠤᠮᠵᠢᠭᠰᠠᠨ ᠴᠢᠨᠠᠷᠳᠠᠢ ᠪᠢᠴᠢᠭ ᠮᠠᠲ᠋ᠧᠷᠢᠶᠠᠯ ᠵᠶ᠋ᠠᠷ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠵᠤ ᠪᠦᠷ ᠪᠤᠯᠬᠤ ᠦᠬᠡᠢ᠃
ᠠᠷᠪᠠᠨ ᠨᠠᠢ᠍ᠮᠠᠳᠤᠭ᠋ᠠᠷ ᠵᠦᠢ᠍ᠯ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠬᠤ᠎ᠳᠤ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠪᠠᠶ᠋ᠢᠭᠤᠯᠭ᠎ᠠ᠂ ᠨᠦᠬᠦᠴᠡᠯ᠂ ᠵᠢᠷᠤᠮ᠂ ᠬᠤᠭᠤᠴᠠᠭ᠎ᠠ ᠵᠢ ᠲᠤᠭᠳᠠᠭ᠋ᠠᠬᠤ ᠭᠡᠷᠡᠭᠳᠡᠢ᠃
ᠠᠷᠪᠠ ᠶᠢᠰᠦᠳᠦᠬᠡᠷ ᠵᠦᠢ᠍ᠯ ᠬᠠᠤᠯᠢ ᠴᠠᠭ᠋ᠠᠵᠠ ᠵᠢᠨ ᠲᠦᠰᠦᠯ᠂ ᠬᠠᠤᠯᠢ ᠲᠤᠭᠳᠠᠭ᠋ᠠᠯ᠎ᠤᠨ ᠲᠦᠰᠦᠯ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠲᠦᠷᠢᠮ ᠲᠤᠭᠳᠠᠭ᠋ᠠᠯ᠎ᠤᠨ ᠲᠦᠰᠦᠯ᠎ᠢ ᠲᠤᠭᠤᠷᠪᠢᠬᠤ᠎ᠳᠠᠭᠠᠨ ᠵᠠᠰᠠᠭ ᠵᠠᠬᠢᠷᠭ᠋ᠠᠨ᠎ᠤ ᠵᠦᠪᠰᠢᠶᠡᠷᠡᠯ ᠲᠤᠭᠳᠠᠭ᠋ᠠᠬᠤ ᠭᠡᠪᠡᠯ᠂ ᠲᠤᠭᠤᠷᠪᠢᠨ ᠪᠢᠴᠢᠬᠦ ᠨᠢᠭᠡᠴᠢ᠎ᠠᠴᠠ ᠭᠡᠷᠡᠴᠢᠯᠡᠭᠡ ᠰᠤᠨᠤᠰᠬᠤ ᠬᠤᠷᠠᠯ᠂ ᠨᠤᠳᠠᠯᠠᠯᠳᠠ ᠬᠢᠬᠦ ᠬᠤᠷᠠᠯ ᠵᠡᠷᠭᠡ ᠠᠷᠭ᠎ᠠ ᠭᠡᠯᠪᠡᠷᠢ ᠵᠢ ᠠᠪᠴᠤ ᠰᠠᠨᠠᠯ ᠰᠤᠨᠤᠰᠬᠤ ᠮᠦᠷᠳᠡᠭᠡᠨ ᠲᠤᠭᠳᠠᠭ᠋ᠠᠬᠤ ᠪᠠᠶ᠋ᠢᠭᠤᠯᠭ᠎ᠠ᠎ᠳᠤ ᠲᠤᠰ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠬᠤ ᠵᠢᠨ ᠴᠢᠬᠤᠯᠠ ᠴᠢᠨᠡᠷ᠂ ᠠᠵᠤ ᠠᠬᠤᠢ ᠪᠠ ᠨᠡᠶ᠋ᠢᠬᠡᠮ᠎ᠳᠤ ᠦᠵᠡᠬᠦᠯᠵᠤ ᠮᠡᠳᠡᠬᠦ ᠨᠦᠯᠦᠬᠡ ᠵᠢᠴᠢ ᠰᠠᠨᠠᠯ ᠰᠤᠨᠤᠰᠤᠭᠰᠠᠨ ᠪᠠ ᠰᠠᠨᠠᠯ᠎ᠢ ᠬᠦᠯᠢᠶᠡᠨ ᠠᠪᠤᠭᠰᠠᠨ ᠪᠠᠶ᠋ᠢᠳᠠᠯ ᠵᠶ᠋ᠠᠨ ᠲᠤᠳᠤᠷᠬᠠᠢ᠌ᠯᠠᠬᠤ ᠭᠡᠷᠡᠭᠳᠡᠢ᠃
ᠬᠤᠷᠢᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠬᠤ ᠪᠠᠶ᠋ᠢᠭᠤᠯᠭ᠎ᠠ ᠲᠤᠭᠳᠠᠭ᠋ᠠᠭᠰᠠᠨ ᠵᠠᠰᠠᠬ ᠵᠠᠬᠢᠷᠭ᠋ᠠᠨ᠎ᠤ ᠵᠦᠪᠰᠢᠶᠡᠷᠡᠯ᠎ᠳᠡᠭᠡᠨ ᠲᠤᠭᠳᠠᠮᠠᠯ ᠬᠤᠭᠤᠴᠠᠭ᠎ᠠ᠎ᠲᠠᠢ᠎ᠪᠠᠷ ᠦᠨᠡᠯᠡᠯᠳᠡ ᠬᠢᠬᠦ ᠭᠡᠷᠡᠭᠳᠡᠢ; ᠨᠢᠬᠡᠨᠳᠡ ᠲᠤᠭᠳᠠᠭ᠋ᠠᠭᠰᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠰ ᠬᠠᠤᠯᠢ ᠵᠢᠨ ᠠᠷᠪᠠᠨ ᠭᠤᠷᠪᠠᠳᠤᠭ᠋ᠠᠷ ᠵᠦᠢ᠍ᠯ᠎ᠳᠤ ᠵᠢᠭᠰᠠᠭ᠋ᠠᠭᠰᠠᠨ ᠠᠷᠭ᠎ᠠ ᠮᠠᠶᠢᠭ ᠵᠶ᠋ᠠᠷ ᠰᠢᠢ᠍ᠳᠪᠤᠷᠢᠯᠡᠵᠤ ᠴᠢᠳᠠᠨ᠎ᠠ ᠭᠡᠵᠤ ᠦᠵᠡᠪᠠᠯ᠂ ᠲᠤᠰ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠭᠰᠠᠨ ᠲᠤᠭᠳᠠᠭ᠋ᠠᠯ ᠵᠶ᠋ᠠᠨ ᠴᠠᠭ ᠲᠤᠬᠠᠢᠳᠤᠨᠢ ᠵᠠᠰᠠᠬᠤ ᠪᠤᠶᠤ ᠬᠦᠴᠦᠨ ᠦᠬᠡᠢ ᠪᠤᠯᠭ᠋ᠠᠬᠤ ᠭᠡᠷᠡᠭᠳᠡᠢ᠃
ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠪᠠᠶ᠋ᠢᠭᠤᠯᠭ᠎ᠠ ᠨᠢᠬᠡᠨᠳᠡ ᠲᠤᠭᠳᠠᠭ᠋ᠠᠭᠰᠠᠨ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠬᠡᠷᠡᠭᠵᠢᠬᠦᠯᠵᠤ ᠪᠠᠶ᠋ᠢᠭ᠎ᠠ ᠪᠠᠶ᠋ᠢᠳᠠᠯ ᠵᠢᠴᠢ ᠤᠷᠤᠰᠢᠬᠤ ᠴᠢᠬᠤᠯᠠ ᠴᠢᠨᠡᠷ᠎ᠲᠤ ᠴᠠᠭᠲᠤᠨᠢ ᠲᠤᠬᠢᠷᠠᠭᠤᠯᠤᠨ ᠦᠨᠡᠯᠡᠯᠳᠡ ᠬᠢᠬᠦ ᠮᠦᠷᠳᠡᠭᠡᠨ ᠰᠠᠨᠠᠯ ᠵᠶ᠋ᠠᠨ ᠲᠤᠰ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠭᠰᠠᠨ ᠪᠠᠶ᠋ᠢᠭᠤᠯᠭ᠎ᠠ᠎ᠳᠤ ᠮᠡᠳᠡᠬᠦᠯᠵᠤ ᠪᠤᠯᠤᠨ᠎ᠠ᠃
ᠠᠷᠠᠳ ᠢᠷᠭᠡᠨ᠂ ᠬᠠᠤᠯᠢ ᠵᠢᠨ ᠬᠦᠮᠦᠨ ᠪᠤᠶᠤ ᠪᠤᠰᠤᠳ ᠵᠤᠬᠢᠶᠠᠨ ᠪᠠᠶ᠋ᠢᠭᠤᠯᠤᠯᠳᠠ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠬᠤ ᠪᠠᠶ᠋ᠢᠭᠤᠯᠭ᠎ᠠ ᠪᠠ ᠬᠡᠷᠡᠭᠵᠢᠬᠦᠯᠬᠦ ᠪᠠᠶ᠋ᠢᠭᠤᠯᠭ᠎ᠠ᠎ᠳᠤ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠬᠤ ᠪᠠ ᠭᠡᠷᠡᠭᠵᠢᠬᠦᠯᠬᠦ ᠲᠤᠬᠠᠢ ᠰᠠᠨᠠᠯ ᠪᠠ ᠰᠠᠨᠠᠭᠤᠯᠭ᠎ᠠ ᠲᠤᠷᠠᠳᠴᠤ ᠪᠤᠯᠤᠨ᠎ᠠ᠃
ᠬᠤᠷᠢᠨ ᠨᠢᠬᠡᠳᠦᠬᠡᠷ ᠵᠦᠢ᠍ᠯ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ ᠵᠶ᠋ᠠᠷ ᠲᠤᠭᠳᠠᠭ᠋ᠠᠭᠰᠠᠨ ᠠᠵᠤ ᠠᠬᠤᠢ ᠵᠢᠨ ᠭᠡᠷᠡᠭ ᠶᠠᠪᠤᠳᠠᠯ᠎ᠳᠤ ᠬᠤᠯᠪᠤᠭᠳᠠᠬᠤ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠲᠤᠰ ᠵᠠᠰᠠᠬ ᠵᠠᠬᠢᠷᠭ᠋ᠠᠨ᠎ᠤ ᠤᠷᠤᠨ᠎ᠤ᠎ᠪᠠᠨ ᠠᠵᠤ ᠠᠬᠤᠢ ᠪᠤᠯᠤᠨ ᠨᠡᠶ᠋ᠢᠭᠡᠮ᠎ᠤᠨ ᠬᠦᠭᠵᠢᠯᠳᠡ ᠵᠢᠨ ᠪᠠᠶ᠋ᠢᠳᠠᠯ᠎ᠢ ᠦᠨᠳᠦᠰᠦᠯᠡᠵᠤ᠂ ᠲᠤᠰ ᠬᠠᠤᠯᠢ ᠵᠢᠨ ᠠᠷᠪᠠᠨ ᠭᠤᠷᠪᠠᠳᠤᠭ᠋ᠠᠷ ᠵᠦᠢ᠍ᠯ᠎ᠳᠤ ᠵᠢᠭᠰᠠᠭ᠋ᠠᠭᠰᠠᠨ ᠠᠷᠭ᠎ᠠ ᠮᠠᠶᠢᠭ ᠵᠶ᠋ᠠᠷ ᠰᠢᠢ᠍ᠳᠪᠤᠷᠢᠯᠠᠵᠤ ᠴᠢᠳᠠᠨ᠎ᠠ ᠬᠡᠵᠤ ᠦᠵᠡᠪᠠᠯ᠂ ᠲᠦᠷᠦ ᠵᠢᠨ ᠶᠠᠪᠤᠳᠠᠯ᠎ᠤᠨ ᠬᠤᠷᠢᠶ᠎ᠠ᠎ᠳᠤ ᠮᠡᠳᠡᠬᠦᠯᠦᠨ ᠵᠦᠪᠰᠢᠶᠡᠷᠡᠬᠦᠯᠦᠭᠰᠡᠨ᠎ᠤ ᠲᠠᠷᠠᠭ᠎ᠠ᠂ ᠲᠤᠰ ᠵᠠᠰᠠᠬ ᠵᠠᠬᠢᠷᠭ᠋ᠠᠨ᠎ᠤ ᠤᠷᠤᠨ᠎ᠤ ᠲᠤᠳᠤᠷ᠎ᠠ ᠲᠤᠰ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ᠎ᠪᠠᠨ ᠵᠤᠭᠰᠤᠭ᠋ᠠᠵᠤ ᠪᠤᠯᠤᠨ᠎ᠠ᠃
ᠭᠤᠷᠪᠠᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠪᠠᠶ᠋ᠢᠭᠤᠯᠭ᠎ᠠ
ᠬᠤᠷᠢᠨ ᠬᠤᠶᠠᠳᠤᠭ᠋ᠠᠷ ᠵᠦᠢ᠍ᠯ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠡᠷᠭᠡ᠎ᠲᠠᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠬᠠᠤᠯᠢ᠎ᠳᠤ ᠲᠤᠭᠳᠠᠭ᠋ᠠᠭᠰᠠᠨ ᠡᠷᠭᠡ ᠲᠤᠰᠢᠶᠠᠯ᠎ᠤᠨ ᠵᠶ᠋ᠠᠨ ᠭᠡᠪᠴᠢᠶᠠᠨ ᠲᠤᠳᠤᠷ᠎ᠠ ᠭᠡᠷᠡᠭᠵᠢᠬᠦᠯᠦᠨ᠎ᠠ᠃
ᠬᠤᠷᠢᠨ ᠭᠤᠷᠪᠠᠳᠤᠭ᠋ᠠᠷ ᠵᠦᠢ᠍ᠯ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠎ᠠᠴᠠ ᠡᠷᠭᠡ ᠤᠯᠭᠤᠭᠰᠠᠨ ᠤᠯᠠᠨ ᠨᠡᠶ᠋ᠢᠳᠡ ᠵᠢᠨ ᠭᠡᠷᠡᠭ ᠶᠠᠪᠤᠳᠠᠯ᠎ᠢ ᠬᠠᠮᠢᠶᠠᠷᠬᠤ ᠡᠬᠦᠷᠭᠡ ᠲᠤᠰᠢᠶᠠᠯ ᠪᠦᠬᠦᠢ ᠵᠤᠬᠢᠶᠠᠨ ᠪᠠᠶ᠋ᠢᠭᠤᠯᠤᠯᠳᠠ ᠬᠠᠤᠯᠢ᠎ᠳᠤ ᠲᠤᠭᠳᠠᠭ᠋ᠠᠭᠰᠠᠨ ᠡᠷᠭᠡ ᠵᠢᠨ ᠭᠡᠪᠴᠢᠶᠠᠨ ᠲᠤᠳᠤᠷ᠎ᠠ ᠦᠪᠡᠷ᠎ᠤᠨ ᠵᠶ᠋ᠠᠨ ᠨᠡᠷ᠎ᠠ᠎ᠪᠠᠷ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠦᠨ᠎ᠠ᠃ ᠡᠷᠭᠡ ᠤᠯᠤᠭᠰᠠᠨ ᠵᠤᠬᠢᠶᠠᠨ ᠪᠠᠶ᠋ᠢᠭᠤᠯᠤᠯᠳᠠ᠎ᠳᠤ ᠲᠤᠰ ᠬᠠᠤᠯᠢ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠬᠤᠯᠪᠤᠭᠳᠠᠬᠤ ᠲᠤᠭᠳᠠᠭ᠋ᠠᠯ᠎ᠢ ᠬᠡᠷᠡᠭᠯᠡᠨ᠎ᠠ᠃
ᠬᠤᠷᠢᠨ ᠲᠦᠷᠪᠡᠳᠦᠬᠡᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ᠎ᠳᠤ ᠲᠤᠭᠳᠠᠭ᠋ᠠᠭᠰᠠᠨ ᠡᠷᠭᠡ ᠲᠤᠰᠢᠶᠠᠯ᠎ᠤᠨ ᠵᠶ᠋ᠠᠨ ᠬᠡᠪᠴᠢᠶᠠᠨ᠎ᠳᠤ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠂ ᠲᠦᠷᠢᠮ ᠲᠤᠭᠳᠠᠭ᠋ᠠᠯ᠎ᠤᠨ ᠲᠤᠭᠳᠠᠭ᠋ᠠᠯ᠎ᠢ ᠦᠨᠳᠦᠰᠦᠯᠡᠨ᠂ ᠪᠤᠰᠤᠳ ᠵᠠᠰᠠᠬ ᠵᠠᠬᠢᠷᠭ᠋ᠠᠨ᠎ᠤ ᠪᠠᠶ᠋ᠢᠭᠤᠯᠭ᠎ᠠ᠎ᠳᠤ ᠨᠡᠶ᠋ᠢᠳᠡᠵᠤ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠦᠬᠦᠯᠵᠤ ᠪᠤᠯᠤᠨ᠎ᠠ᠃ ᠨᠡᠶ᠋ᠢᠳᠠᠬ᠍ᠴᠢ ᠪᠠᠶ᠋ᠢᠭᠤᠯᠭ᠎ᠠ ᠨᠠᠶ᠋ᠢᠳᠠᠯᠭ᠎ᠠ ᠬᠦᠯᠢᠶᠡᠭᠴᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠠ ᠨᠠᠶ᠋ᠢᠳᠠᠯᠭ᠎ᠠ᠎ᠪᠠᠷ ᠭᠡᠷᠡᠭᠵᠢᠬᠦᠯᠬᠦ ᠵᠠᠰᠠᠭ ᠵᠠᠬᠢᠷᠭ᠋ᠠᠨ᠎ᠤ ᠵᠦᠪᠰᠢᠶᠠᠷᠡᠯ᠎ᠤᠨ ᠠᠭᠤᠯᠭ᠎ᠠ ᠵᠢ ᠵᠠᠷᠯᠠᠨ ᠨᠡᠶ᠋ᠢᠳᠡᠯᠡᠬᠦ ᠭᠡᠷᠡᠭᠳᠡᠢ᠃
ᠨᠠᠶ᠋ᠢᠳᠠᠭᠴᠢ ᠵᠠᠰᠠᠬ ᠵᠠᠬᠢᠷᠭ᠋ᠠᠨ᠎ᠤ ᠪᠠᠶ᠋ᠢᠭᠤᠯᠭ᠎ᠠ ᠨᠠᠶ᠋ᠢᠳᠠᠯᠭ᠎ᠠ ᠬᠦᠯᠢᠶᠡᠭᠴᠢ ᠵᠠᠰᠠᠬ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠬᠦ ᠠᠵᠢᠯᠯᠠᠭ᠎ᠠ᠎ᠳᠤ ᠬᠠᠷᠢᠭᠤᠴᠠᠨ ᠬᠢᠨᠡᠯᠳᠡ ᠲᠠᠯᠪᠢᠬᠤ ᠮᠦᠷᠳᠡᠭᠡᠨ ᠲᠤᠰ ᠠᠵᠢᠯᠯᠠᠭ᠎ᠠ ᠵᠢᠨ ᠦᠷ᠎ᠠ ᠳ᠋ᠦᠩ᠎ᠳᠤ ᠬᠠᠤᠯᠢ ᠵᠢᠨ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃
ᠨᠠᠶ᠋ᠢᠳᠠᠯᠭ᠎ᠠ ᠬᠦᠯᠢᠶᠡᠭᠴᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠨᠡᠶ᠋ᠢᠳᠡᠯᠭᠠ ᠵᠢᠨ ᠬᠡᠪᠴᠢᠶᠠᠨ᠎ᠳᠤ ᠨᠠᠶ᠋ᠢᠳᠠᠭᠴᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠨᠡᠷ᠎ᠠ᠎ᠪᠠᠷ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠦᠨ᠎ᠠ; ᠲᠠᠬᠢᠭ᠋ᠠᠳ ᠪᠤᠰᠤᠳ ᠵᠤᠬᠢᠶᠠᠨ ᠪᠠᠶ᠋ᠢᠭᠤᠯᠤᠯᠳᠠ ᠪᠤᠶᠤ ᠬᠤᠪᠢ ᠬᠦᠮᠦᠨ᠎ᠳᠤ ᠨᠡᠶ᠋ᠢᠳᠡᠵᠤ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠦᠬᠦᠯᠵᠤ ᠪᠤᠯᠬᠤ ᠦᠬᠡᠢ᠃
ᠬᠤᠷᠢᠨ ᠲᠠᠪᠤᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶ᠎ᠠ᠎ᠪᠠᠷ ᠵᠦᠪᠰᠢᠶᠡᠷᠡᠬᠦᠯᠦᠬᠡᠳ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠴᠤᠮᠬᠠᠳᠬᠠᠬᠤ᠂ ᠨᠢᠬᠡᠳᠭᠡᠬᠦ᠂ ᠬᠦᠴᠦᠨ ᠴᠢᠳᠠᠪᠤᠷᠢ᠎ᠲᠠᠢ ᠪᠠᠶ᠋ᠢᠯᠭ᠋ᠠᠬᠤ ᠵᠡᠷᠴᠢᠮᠢ ᠦᠨᠳᠦᠰᠦᠯᠡᠨ᠂ ᠨᠢᠬᠡᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠪᠠᠷ ᠬᠤᠯᠪᠤᠭᠳᠠᠯ ᠪᠦᠬᠦᠢ ᠵᠠᠰᠠᠬ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠡᠷᠭᠡ ᠵᠢ ᠬᠡᠷᠡᠭᠵᠢᠬᠦᠯᠦᠬᠦᠯᠬᠦᠪᠠᠷ ᠲᠤᠭᠳᠠᠭ᠋ᠠᠵᠤ ᠪᠤᠯᠤᠨ᠎ᠠ᠃
ᠬᠤᠷᠢᠨ ᠵᠢᠷᠭᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠤᠳᠤᠷᠠᠬᠢ ᠤᠯᠠᠨ ᠪᠠᠶ᠋ᠢᠭᠤᠯᠤᠮᠵᠢ ᠡᠷᠬᠢᠯᠡᠨ ᠰᠢᠢ᠍ᠳᠪᠤᠷᠢᠯᠡᠬᠦ ᠴᠢᠬᠤᠯᠠᠳᠠᠢ ᠪᠠᠶ᠋ᠢᠪᠠᠯ᠂ ᠲᠤᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠨᠢᠬᠡᠨ ᠪᠠᠶ᠋ᠢᠭᠤᠯᠤᠮᠵᠢ ᠵᠢ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠭᠤᠶᠤᠴᠢᠯᠠᠯ᠎ᠢ ᠨᠢᠬᠡᠳᠦᠯᠳᠡᠢ ᠬᠦᠯᠢᠶᠡᠨ ᠠᠪᠴᠤ ᠰᠢᠢ᠍ᠳᠪᠤᠷᠢᠯᠡᠬᠦᠯᠵᠤ᠂ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ᠎ᠢ ᠨᠢᠬᠡᠳᠦᠯᠳᠡᠢ ᠬᠦᠷᠭᠡᠬᠦᠯᠬᠦ᠎ᠪᠠᠷ ᠲᠤᠭᠳᠠᠭ᠋ᠠᠬᠤ ᠭᠡᠷᠡᠭᠳᠡᠢ᠃
ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠠᠤᠯᠢ ᠶᠤᠰᠤᠭ᠋ᠠᠷ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠬᠤᠶᠠᠷ᠎ᠠᠴᠠ ᠲᠡᠭᠡᠭᠰᠢᠬᠢ ᠰᠠᠯᠠᠭ᠎ᠠ ᠮᠦᠴᠢᠷ ᠲᠤᠰᠪᠤᠷᠢ ᠭᠡᠷᠡᠭᠵᠢᠬᠦᠯᠵᠤ ᠪᠠᠶ᠋ᠢᠪᠠᠯ᠂ ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠨᠢᠬᠡᠨ ᠰᠠᠯᠠᠭ᠎ᠠ ᠮᠦᠴᠢᠷ ᠵᠶ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠤᠷᠢᠯᠡᠬᠦᠯᠬᠦ ᠮᠦᠷᠳᠡᠭᠡᠨ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠤ ᠲᠠᠮᠵᠢᠭᠤᠯᠤᠨ ᠮᠡᠳᠡᠬᠦᠯᠵᠤ ᠲᠤᠰᠪᠤᠷᠢ ᠰᠠᠨᠠᠯ ᠭᠠᠷᠭ᠋ᠠᠭᠤᠯᠤᠭᠰᠠᠨᠤ ᠲᠠᠷᠠᠭ᠎ᠠ ᠨᠢᠬᠡᠳᠦᠯᠳᠡᠢ ᠰᠢᠢ᠍ᠳᠪᠤᠷᠢᠯᠡᠬᠦᠯᠬᠦ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠢ ᠵᠤᠬᠢᠶᠠᠨ ᠪᠠᠶ᠋ᠢᠭᠤᠯᠵᠤ ᠬᠠᠮᠳᠤᠷᠠᠨ ᠰᠢᠢ᠍ᠳᠪᠤᠷᠢᠯᠡᠬᠦᠯᠬᠦ ᠪᠡ ᠲᠦᠪᠯᠡᠷᠡᠬᠦᠯᠦᠨ ᠰᠢᠢ᠍ᠳᠪᠤᠷᠢᠯᠡᠬᠦᠯᠬᠦ᠎ᠪᠠᠷ ᠲᠤᠭᠳᠠᠭ᠋ᠠᠵᠤ ᠪᠤᠯᠤᠨ᠎ᠠ᠃
ᠬᠤᠷᠢᠨ ᠲᠤᠯᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠬᠦ᠎ᠳᠡᠭᠡᠨ ᠭᠤᠶᠤᠴᠢᠯᠠᠭᠴᠢ᠎ᠳᠤ ᠲᠤᠭᠳᠠᠭ᠋ᠠᠭᠰᠠᠨ ᠲᠠᠸᠠᠷ᠎ᠢ ᠬᠤᠳᠠᠯᠳᠤᠨ ᠠᠪᠤᠭᠤᠯᠬᠤ᠂ ᠲᠦᠯᠦᠪᠦᠷᠢ᠎ᠳᠤ ᠦᠢ᠍ᠯᠡᠴᠢᠯᠡᠭᠡ ᠬᠦᠯᠢᠶᠡᠯᠬᠡᠬᠦ ᠵᠡᠷᠭᠡ ᠵᠦᠢ ᠵᠤᠬᠢᠰ ᠦᠬᠡᠢ ᠱᠠᠭ᠋ᠠᠷᠳᠠᠯᠭ᠎ᠠ ᠵᠢ ᠲᠤᠷᠠᠳᠴᠤ ᠪᠤᠯᠬᠤ ᠦᠬᠡᠢ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠠᠵᠢᠯᠳᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠡᠷᠬᠢᠯᠡᠨ ᠰᠢᠢ᠍ᠳᠪᠤᠷᠢᠯᠡᠬᠦ᠎ᠳᠡᠭᠡᠨ ᠭᠤᠶᠤᠴᠢᠯᠠᠭᠴᠢ ᠵᠢᠨ ᠵᠤᠭᠤᠰ ᠮᠦᠡᠭᠬᠦ ᠡᠳ᠋ ᠪᠤᠳᠠᠰ᠎ᠢ ᠨᠡᠭᠡᠵᠤ ᠠᠪᠬᠤ ᠪᠤᠶᠤ ᠬᠦᠯᠢᠶᠡᠨ ᠠᠪᠴᠤ ᠪᠤᠯᠬᠤ ᠦᠬᠡᠢ᠂ ᠪᠤᠰᠤᠳ ᠠᠰᠢᠭ ᠲᠤᠰᠠ ᠤᠯᠵᠤ ᠪᠤᠯᠬᠤ ᠦᠬᠡᠢ᠃
ᠬᠤᠷᠢᠨ ᠨᠠᠢ᠍ᠮᠠᠳᠤᠭ᠋ᠠᠷ ᠵᠦᠢ᠍ᠯ ᠤᠯᠠᠨ ᠨᠡᠶ᠋ᠢᠳᠡ ᠵᠢᠨ ᠠᠮᠤᠷ ᠲᠦᠪᠰᠢᠨ᠂ ᠬᠦᠮᠦᠨ᠎ᠤ ᠪᠡᠶ᠎ᠠ ᠵᠢᠨ ᠡᠷᠡᠬᠦᠯ ᠮᠡᠨᠳᠦ᠂ ᠠᠮᠢ ᠨᠠᠰᠤ ᠡᠳ᠋ ᠬᠦᠷᠦᠩᠬᠡ ᠵᠢᠨ ᠠᠮᠤᠷ ᠲᠦᠪᠰᠢᠨ᠎ᠳᠤ ᠰᠢᠭᠤᠳ ᠬᠤᠯᠪᠤᠭᠳᠠᠬᠤ ᠲᠤᠨᠤᠭ ᠲᠦᠬᠦᠬᠡᠷᠦᠮᠵᠢ᠂ ᠪᠡᠯᠡᠳᠭᠡᠮᠵᠢ᠂ ᠦᠢ᠍ᠯᠡᠳᠬᠦᠨ᠂ ᠡᠳ᠋ ᠪᠠᠷᠠᠭ᠎ᠠ ᠵᠢ ᠰᠢᠯᠭ᠋ᠠᠨ ᠪᠠᠶ᠋ᠢᠴᠠᠭ᠋ᠠᠬᠤ᠂ ᠪᠠᠶ᠋ᠢᠴᠠᠭ᠋ᠠᠨ ᠭᠡᠮᠵᠢᠬᠦ᠂ ᠬᠢᠵᠢᠭ᠎ᠢ ᠪᠠᠶ᠋ᠢᠴᠠᠭ᠋ᠠᠬᠤ ᠠᠵᠢᠯ᠎ᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠳᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠪᠠᠷ ᠭᠡᠷᠡᠭᠵᠢᠬᠦᠯᠦᠬᠦᠯᠬᠦᠪᠠᠷ ᠲᠤᠭᠳᠠᠭ᠋ᠠᠭᠰᠠᠨ᠎ᠠᠴᠠ ᠪᠤᠰᠤᠳ᠎ᠢ᠎ᠨᠢ ᠠᠯᠬᠤᠮ ᠠᠯᠬᠤᠮ ᠵᠶ᠋ᠠᠷ ᠬᠠᠤᠯᠢ᠎ᠳᠤ ᠲᠤᠭᠳᠠᠭ᠋ᠠᠭᠰᠠᠨ ᠨᠦᠬᠦᠴᠡᠯ᠎ᠳᠤ ᠨᠡᠶ᠋ᠢᠴᠡᠬᠦ ᠲᠤᠰᠬᠠᠢ ᠮᠡᠷᠭᠡᠵᠢᠯ᠎ᠤᠨ ᠵᠤᠬᠢᠶᠠᠨ ᠪᠠᠶ᠋ᠢᠭᠤᠯᠤᠯᠳᠠ᠎ᠪᠠᠷ ᠭᠡᠷᠡᠭᠵᠢᠬᠦᠯᠦᠬᠦᠯᠬᠦ ᠪᠤᠯᠭ᠋ᠠᠬᠤ ᠭᠡᠷᠡᠭᠳᠡᠢ᠃ ᠲᠤᠰᠬᠠᠢ ᠮᠡᠷᠭᠡᠵᠢᠯ᠎ᠤᠨ ᠵᠤᠬᠢᠶᠠᠨ ᠪᠠᠶ᠋ᠢᠭᠤᠯᠤᠯᠳᠠ ᠵᠢᠴᠢ ᠲᠡᠬᠦᠨ᠎ᠤ ᠬᠤᠯᠪᠤᠭᠲᠠᠯ ᠪᠦᠬᠦᠢ ᠠᠵᠢᠯᠳᠠᠨ ᠭᠡᠷᠡᠭᠵᠢᠬᠦᠯᠵᠤ ᠪᠠᠶ᠋ᠢᠭ᠎ᠠ ᠰᠢᠯᠭ᠋ᠠᠨ ᠪᠠᠶ᠋ᠢᠴᠠᠭ᠋ᠠᠯᠳᠠ᠂ ᠪᠠᠶ᠋ᠢᠴᠠᠭ᠋ᠠᠨ ᠭᠡᠮᠵᠢᠯᠳᠡ᠂ ᠬᠢᠵᠢᠭ᠎ᠤᠨ ᠪᠠᠶ᠋ᠢᠴᠠᠭ᠋ᠠᠯᠳᠠ ᠵᠢᠨ ᠵᠶ᠋ᠠᠨ ᠳ᠋ᠦᠡᠭᠨᠡᠯᠳᠡ᠎ᠳᠤ ᠬᠠᠤᠯᠢ ᠵᠢᠨ ᠬᠠᠷᠢᠭᠤᠴᠠᠯᠭ᠎ᠠ ᠡᠬᠦᠷᠭᠡᠯᠡᠬᠦ ᠭᠡᠷᠡᠭᠳᠡᠢ᠃
ᠲᠦᠷᠪᠡᠳᠦᠬᠡᠷ ᠪᠦᠯᠦᠭ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠵᠢᠷᠤᠮ
ᠨᠢᠬᠡᠳᠦᠬᠡᠷ ᠬᠡᠰᠡᠭ ᠭᠤᠶᠤᠴᠢᠯᠠᠬᠤ ᠪᠡ ᠬᠦᠯᠢᠶᠡᠨ ᠠᠪᠴᠤ ᠰᠢᠢ᠍ᠳᠪᠤᠷᠢᠯᠡᠬᠦ
ᠬᠤᠷᠢ ᠶᠢᠰᠦᠳᠦᠬᠡᠷ ᠵᠦᠢ᠍ᠯ ᠠᠷᠠᠳ ᠢᠷᠭᠡᠨ᠂ ᠬᠠᠤᠯᠢ ᠵᠢᠨ ᠬᠦᠮᠦᠨ ᠪᠤᠶᠤ ᠪᠤᠰᠤᠳ ᠵᠤᠬᠢᠶᠠᠨ ᠪᠠᠶ᠋ᠢᠭᠤᠯᠤᠯᠳᠠ ᠲᠤᠰᠬᠠᠢ ᠲᠤᠭᠳᠠᠭ᠋ᠠᠭᠰᠠᠨ ᠠᠵᠢᠯᠯᠠᠭ᠎ᠠ ᠵᠢ ᠬᠢᠬᠦ᠎ᠳᠤ ᠬᠠᠤᠯᠢ ᠶᠤᠰᠤᠭ᠋ᠠᠷ ᠵᠠᠰᠠᠬ ᠵᠠᠬᠢᠷᠭ᠋ᠠᠨ᠎ᠤ ᠵᠦᠪᠰᠢᠶᠡᠷᠡᠯ ᠠᠪᠬᠤ ᠴᠢᠬᠤᠯᠠᠳᠠᠢ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠭᠤᠶᠤᠴᠢᠯᠠᠯ ᠭᠠᠷᠭ᠋ᠠᠬᠤ ᠭᠡᠷᠡᠭᠳᠡᠢ᠃ ᠭᠤᠶᠤᠴᠢᠯᠠᠬᠤ ᠪᠢᠴᠢᠭ᠎ᠨᠢ ᠬᠡᠯᠪᠡᠷᠢᠵᠢᠭᠰᠡᠨ ᠪᠢᠴᠢᠭ ᠮᠠᠲ᠋ᠧᠷᠢᠶᠠᠯ᠎ᠢ ᠭᠡᠷᠡᠭᠯᠡᠬᠦ ᠴᠢᠬᠤᠯᠠᠳᠠᠢ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠭᠤᠶᠤᠴᠢᠯᠠᠭᠴᠢ᠎ᠳᠤ ᠵᠠᠰᠠᠭ ᠵᠠᠬᠢᠷᠭ᠋ᠠᠨ᠎ᠤ ᠵᠦᠪᠰᠢᠶᠡᠷᠡᠯ ᠭᠤᠶᠤᠴᠢᠯᠠᠬᠤ ᠬᠡᠯᠪᠡᠷᠢᠵᠢᠭᠰᠡᠨ ᠪᠢᠴᠢᠭ ᠮᠠᠲ᠋ᠧᠷᠢᠶᠠᠯ᠎ᠢ ᠬᠠᠨᠭ᠌ᠭ᠋ᠠᠬᠤ ᠭᠡᠷᠡᠭᠳᠡᠢ᠃ ᠭᠤᠶᠤᠴᠢᠯᠠᠬᠤ ᠪᠢᠴᠢᠭ᠎ᠤᠨ ᠬᠡᠯᠪᠡᠷᠢᠵᠢᠭᠰᠡᠨ ᠪᠢᠴᠢᠭ ᠮᠠᠲ᠋ᠧᠷᠢᠶᠠᠯ᠎ᠳᠤ ᠭᠤᠶᠤᠴᠢᠯᠠᠬᠤ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠵᠦᠢ᠍ᠯ᠎ᠤᠳ᠎ᠲᠠᠢ ᠰᠢᠭᠤᠳ ᠬᠤᠯᠪᠤᠭᠲᠠᠯ ᠦᠬᠡᠢ ᠠᠭᠤᠯᠭ᠎ᠠ ᠵᠢ ᠪᠠᠭᠳᠠᠭ᠋ᠠᠵᠤ ᠪᠤᠯᠬᠤ ᠦᠬᠡᠢ᠃
ᠭᠤᠶᠤᠴᠢᠯᠠᠭᠴᠢ᠎ᠨᠢ ᠤᠷᠤᠯᠠᠭᠴᠢ᠎ᠳᠤ ᠨᠠᠶ᠋ᠢᠳᠠᠵᠤ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ ᠭᠤᠶᠤᠴᠢᠯᠠᠯ ᠭᠠᠷᠭ᠋ᠠᠵᠤ ᠪᠤᠯᠤᠨ᠎ᠠ᠃ ᠭᠡᠪᠡᠴᠤ ᠬᠠᠤᠯᠢ ᠶᠤᠰᠤᠭ᠋ᠠᠷ ᠪᠤᠯ ᠭᠤᠶᠤᠴᠢᠯᠠᠭᠴᠢ᠎ᠨᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠠᠯᠪᠠᠨ ᠭᠠᠵᠠᠷ᠎ᠲᠤ ᠤᠴᠢᠵᠤ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ ᠭᠤᠶᠤᠴᠢᠯᠠᠯ ᠭᠠᠷᠭ᠋ᠠᠬᠤ ᠭᠡᠷᠡᠭᠳᠡᠢ ᠵᠦᠢ᠍ᠯ ᠡᠬᠦᠨ᠎ᠳᠤ ᠪᠠᠭᠳᠠᠬᠤ ᠦᠬᠡᠢ᠃
ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠭᠤᠶᠤᠴᠢᠯᠠᠯ᠎ᠢ ᠵᠠᠬᠢᠳᠠᠯ᠂ ᠴᠠᠬᠢᠯᠭ᠋ᠠᠨ ᠮᠡᠳᠡᠭᠡ᠂ ᠲᠧᠯᠸᠢᠰ᠂ ᠹᠠᠺᠰ᠂ ᠡᠯᠸᠺᠲᠷᠤᠨ ᠳ᠋ᠠᠶ᠋ᠢᠲ᠋ᠠ ᠰᠤᠯᠢᠯᠴᠠᠭᠤᠷ ᠪᠠ ᠡᠯᠸᠺᠲᠷᠤᠨ ᠰᠢᠤᠳᠠᠨ᠎ᠤ ᠵᠦᠢ᠍ᠯ ᠵᠡᠷᠭᠡ ᠠᠷᠭ᠎ᠠ ᠮᠠᠶᠢᠭ ᠵᠶ᠋ᠠᠷ ᠲᠤᠷᠠᠳᠴᠤ ᠪᠤᠯᠤᠨ᠎ᠠ᠃
ᠭᠤᠴᠢᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠂ ᠲᠦᠷᠢᠮ ᠲᠤᠭᠳᠠᠭ᠋ᠠᠯ᠎ᠳᠤ ᠲᠤᠭᠳᠠᠭ᠋ᠠᠭᠰᠠᠨ ᠬᠤᠯᠪᠤᠭᠳᠠᠯ ᠪᠦᠬᠦᠢ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠵᠦᠢ᠍ᠯ᠎ᠤᠳ᠂ ᠦᠨᠳᠦᠰᠦ ᠪᠠᠷᠢᠮᠳᠠ᠂ ᠨᠦᠬᠦᠴᠡᠯ᠂ ᠲᠤᠭ᠎ᠠ ᠬᠡᠮᠵᠢᠶ᠎ᠠ᠂ ᠵᠢᠷᠤᠮ᠂ ᠬᠤᠭᠤᠴᠠᠭ᠎ᠠ ᠵᠢᠴᠢ ᠲᠡᠪᠰᠢᠬᠦᠯᠦᠨ ᠲᠤᠰᠢᠶᠠᠬᠤ ᠴᠢᠬᠤᠯᠠᠳᠠᠢ ᠪᠦᠬᠦ ᠮᠠᠲ᠋ᠧᠷᠢᠶᠠᠯ᠎ᠤᠨ ᠭᠠᠷᠴᠠᠭ ᠪᠠ ᠭᠤᠶᠤᠴᠢᠯᠠᠬᠤ ᠪᠢᠴᠢᠭ᠎ᠤᠨ ᠦᠯᠢᠬᠡᠷ ᠲᠡᠪᠳᠡᠷ ᠵᠡᠷᠭᠡ ᠵᠢ ᠠᠯᠪᠠᠨ ᠭᠠᠵᠠᠷ᠎ᠲᠠᠭᠠᠨ ᠵᠠᠷᠯᠠᠨ ᠨᠡᠶ᠋ᠢᠳᠡᠯᠡᠬᠦ ᠭᠡᠷᠡᠭᠳᠡᠢ᠃
ᠭᠤᠶᠤᠴᠢᠯᠠᠭᠴᠢ᠎ᠠᠴᠠ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠵᠡᠷᠯᠠᠨ ᠨᠡᠶ᠋ᠢᠳᠡᠯᠡᠭᠰᠡᠨ ᠠᠭᠤᠯᠭ᠎ᠠ᠎ᠪᠠᠨ ᠲᠤᠳᠤᠷᠬᠠᠢ᠌ᠯᠠᠬᠤ᠂ ᠲᠠᠶ᠋ᠢᠯᠪᠤᠷᠢᠯᠠᠬᠤ ᠵᠢ ᠱᠠᠭ᠋ᠠᠷᠳᠠᠭᠰᠠᠨ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠤᠳᠤᠷᠬᠠᠢ᠌ᠯᠠᠨ ᠲᠠᠶ᠋ᠢᠯᠪᠤᠷᠢᠯᠠᠵᠤ᠂ ᠤᠨᠤᠪᠴᠢᠳᠠᠢ᠂ ᠨᠠᠶ᠋ᠢᠳᠠᠪᠤᠷᠢᠳᠠᠢ ᠮᠡᠳᠡᠭᠡ ᠵᠠᠩᠬᠢ ᠬᠠᠨᠭ᠌ᠭ᠋ᠠᠬᠤ ᠭᠡᠷᠡᠭᠳᠡᠢ᠃
ᠭᠤᠴᠢᠨ ᠨᠢᠬᠡᠳᠦᠬᠡᠷ ᠵᠦᠢ᠍ᠯ ᠭᠤᠶᠤᠴᠢᠯᠠᠭᠴᠢ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ᠎ᠪᠠᠷ ᠭᠤᠶᠤᠴᠢᠯᠠᠬᠤ᠎ᠳᠠᠭᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠬᠤᠯᠪᠤᠭᠳᠠᠯ ᠪᠦᠬᠦᠢ ᠮᠠᠲ᠋ᠧᠷᠢᠶᠠᠯ᠎ᠢ ᠲᠡᠪᠰᠢᠬᠦᠯᠦᠨ ᠲᠤᠰᠢᠶᠠᠬᠤ ᠪᠠ ᠦᠨᠡᠨ ᠪᠤᠳᠠᠳᠤ ᠪᠠᠶ᠋ᠢᠳᠠᠯ᠎ᠢ ᠲᠤᠰᠬᠠᠬᠤ ᠮᠦᠷᠳᠡᠭᠡᠨ ᠭᠤᠶᠤᠴᠢᠯᠠᠬᠤ ᠮᠠᠲ᠋ᠧᠷᠢᠶᠠᠯ᠎ᠤᠨ ᠵᠶ᠋ᠠᠨ ᠮᠦᠨ ᠴᠢᠨᠡᠷ᠎ᠤᠨ ᠠᠭᠤᠯᠭ᠎ᠠ ᠵᠢᠨ ᠦᠨᠡᠨ ᠪᠤᠳᠠᠳᠤ ᠴᠢᠨᠡᠷ᠎ᠲᠤ ᠬᠠᠷᠢᠭᠤᠴᠠᠬᠤ ᠬᠡᠷᠡᠭᠳᠡᠢ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠭᠤᠶᠤᠴᠢᠯᠠᠭᠰᠠᠨ ᠵᠠᠰᠠᠬ ᠵᠠᠬᠢᠷᠭ᠋ᠠᠨ᠎ᠤ ᠵᠦᠪᠰᠢᠶᠡᠷᠡᠯᠲᠠᠢᠨᠢ ᠬᠤᠯᠪᠤᠭᠳᠠᠯ ᠦᠬᠡᠢ ᠮᠡᠷᠭᠡᠵᠢᠯ᠎ᠤᠨ ᠮᠠᠲ᠋ᠧᠷᠢᠶᠠᠯ ᠪᠠ ᠪᠤᠰᠤᠳ ᠮᠠᠲ᠋ᠧᠷᠢᠶᠠᠯ᠎ᠢ ᠲᠤᠰᠢᠶᠠᠯᠭ᠋ᠠᠬᠤ᠎ᠪᠠᠷ ᠭᠤᠶᠤᠴᠢᠯᠠᠭᠴᠢ᠎ᠳᠤ ᠱᠠᠭ᠋ᠠᠷᠳᠠᠵᠤ ᠪᠤᠯᠬᠤ ᠦᠬᠡᠢ᠃
ᠭᠤᠴᠢᠨ ᠬᠤᠶᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠭᠤᠶᠤᠴᠢᠯᠠᠭᠴᠢ ᠵᠢᠨ ᠲᠤᠷᠠᠳᠤᠭᠰᠠᠨ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ ᠭᠤᠶᠤᠴᠢᠯᠠᠯ᠎ᠢ ᠲᠤᠤᠷ᠎ᠠ ᠵᠢᠭᠰᠠᠭ᠋ᠠᠭᠰᠠᠨ ᠪᠠᠶ᠋ᠢᠳᠠᠯᠤᠳᠢ ᠦᠨᠳᠦᠰᠦᠯᠡᠨ ᠲᠤᠰᠪᠤᠷᠢ ᠰᠢᠢ᠍ᠳᠪᠤᠷᠢᠯᠡᠬᠦ ᠬᠡᠷᠡᠭᠳᠡᠢ᠄
(ᠨᠢᠬᠡ) ᠭᠤᠶᠤᠴᠢᠯᠠᠭᠰᠠᠨ ᠵᠦᠢ᠍ᠯ᠎ᠤᠳ᠎ᠨᠢ ᠬᠠᠤᠯᠢ ᠶᠤᠰᠤᠭ᠋ᠠᠷ ᠪᠤᠯ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ ᠴᠢᠬᠤᠯᠠ ᠦᠬᠡᠢ ᠪᠠᠶ᠋ᠢᠪᠠᠯ᠂ ᠬᠦᠯᠢᠶᠡᠨ ᠠᠪᠴᠤ ᠰᠢᠢ᠍ᠳᠪᠤᠷᠢᠯᠡᠬᠦ ᠦᠬᠡᠢ᠎ᠪᠠᠨ ᠭᠤᠶᠤᠴᠢᠯᠠᠭᠴᠢ᠎ᠳᠤ ᠴᠠᠭ ᠲᠤᠬᠠᠢᠳᠤᠨᠢ ᠮᠡᠳᠡᠭᠳᠡᠬᠦ ᠭᠡᠷᠡᠭᠳᠡᠢ;
(ᠬᠤᠶᠠᠷ) ᠭᠤᠶᠤᠴᠢᠯᠠᠭᠰᠠᠨ ᠵᠦᠢ᠍ᠯ᠎ᠤᠳ᠎ᠨᠢ ᠬᠠᠤᠯᠢ ᠶᠤᠰᠤᠭ᠋ᠠᠷ ᠪᠤᠯ ᠲᠤᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠡᠷᠭᠡ ᠲᠤᠰᠢᠶᠡᠯ᠎ᠤᠨ ᠭᠡᠪᠴᠢᠶᠠᠨ᠎ᠳᠤ ᠬᠠᠷᠢᠶᠠᠯᠠᠭᠳᠠᠬᠤ ᠦᠬᠡᠢ ᠪᠠᠶ᠋ᠢᠪᠠᠯ᠂ ᠴᠠᠭ ᠲᠤᠬᠠᠢᠳᠤᠨᠢ ᠬᠦᠯᠢᠶᠡᠨ ᠠᠪᠴᠤ ᠰᠢᠢ᠍ᠳᠪᠤᠷᠢᠯᠡᠬᠦ ᠦᠬᠡᠢ ᠭᠡᠰᠡᠨ ᠲᠤᠭᠳᠠᠭ᠋ᠠᠯ ᠭᠠᠷᠭ᠋ᠠᠬᠤ ᠮᠦᠷᠳᠡᠭᠡᠨ ᠬᠤᠯᠪᠤᠭᠳᠠᠯ ᠪᠦᠬᠦᠢ ᠵᠠᠰᠠᠬ ᠵᠠᠬᠢᠷᠭ᠋ᠠᠨ᠎ᠤ ᠪᠠᠶ᠋ᠢᠭᠤᠯᠭ᠎ᠠ᠎ᠳᠤ ᠭᠤᠶᠤᠴᠢᠯᠠᠬᠤ ᠵᠢ ᠭᠤᠶᠤᠴᠢᠯᠠᠭᠴᠢ᠎ᠳᠤ ᠮᠡᠳᠡᠭᠳᠡᠬᠦ ᠬᠡᠷᠡᠭᠳᠡᠢ;
(ᠭᠤᠷᠪᠠ) ᠭᠤᠶᠤᠴᠢᠯᠠᠬᠤ ᠮᠠᠲ᠋ᠧᠷᠢᠶᠠᠯ᠎ᠳᠤ ᠲᠤᠬᠠᠢ ᠵᠢᠨ ᠭᠠᠵᠠᠷ᠎ᠲᠤ ᠵᠠᠯᠠᠷᠠᠭᠤᠯᠵᠤ ᠪᠤᠯᠬᠤ ᠪᠤᠷᠤᠭᠤ᠎ᠲᠠᠢ ᠪᠠᠶ᠋ᠢᠪᠠᠯ᠂ ᠭᠤᠶᠤᠴᠢᠯᠠᠭᠴᠢ ᠵᠢᠨ ᠲᠤᠬᠠᠢ ᠵᠢᠨ ᠭᠠᠵᠠᠷ᠎ᠲᠤ ᠵᠠᠯᠠᠷᠠᠭᠤᠯᠬᠤ ᠵᠢ ᠵᠦᠪᠰᠢᠶᠡᠷᠡᠬᠦ ᠬᠡᠷᠡᠭᠳᠡᠢ;
(ᠲᠦᠷᠪᠡ) ᠭᠤᠶᠤᠴᠢᠯᠠᠬᠤ ᠮᠠᠲ᠋ᠧᠷᠢᠶᠠᠯ᠎ᠨᠢ ᠪᠦᠷᠢᠨ ᠬᠦᠢ᠍ᠴᠡᠳ ᠪᠤᠰᠤ ᠪᠤᠶᠤ ᠬᠠᠤᠯᠢ᠎ᠳᠤ ᠲᠤᠭᠳᠠᠭ᠋ᠠᠭᠰᠠᠨ ᠭᠡᠯᠪᠡᠷᠢᠳᠤ ᠨᠡᠶ᠋ᠢᠴᠡᠬᠦ ᠦᠬᠡᠢ ᠪᠠᠶ᠋ᠢᠪᠠᠯ᠂ ᠨᠦᠬᠦᠪᠦᠷᠢᠯᠡᠵᠤ ᠵᠠᠯᠠᠷᠠᠭᠤᠯᠬᠤ ᠴᠢᠬᠤᠯᠠᠳᠠᠢ ᠪᠦᠬᠦ ᠠᠭᠤᠯᠭ᠎ᠠ ᠵᠢ ᠭᠤᠶᠤᠴᠢᠯᠠᠭᠴᠢ᠎ᠳᠤ ᠲᠤᠬᠠᠢ ᠵᠢᠨ ᠭᠠᠵᠠᠷ᠎ᠲᠤ ᠪᠤᠶᠤ ᠲᠠᠪᠤᠨ ᠡᠳᠦᠷ᠎ᠤᠨ ᠲᠤᠳᠤᠷ᠎ᠠ ᠨᠢᠬᠡᠯᠡ ᠲᠤᠤᠷ᠎ᠠ ᠮᠡᠳᠡᠭᠳᠡᠬᠦ ᠭᠡᠷᠡᠭᠳᠡᠢ᠂ ᠬᠤᠭᠤᠴᠠᠭ᠎ᠠ ᠬᠡᠳᠦᠷᠡᠳᠠᠯ᠎ᠠ ᠮᠡᠳᠡᠭᠳᠡᠭᠰᠡᠨ ᠦᠬᠡᠢ ᠪᠠᠶ᠋ᠢᠪᠠᠯ᠂ ᠭᠤᠶᠤᠴᠢᠯᠠᠬᠤ ᠮᠠᠲ᠋ᠧᠷᠢᠶᠠᠯ᠎ᠢ ᠤᠯᠤᠭᠰᠠᠨ ᠡᠳᠦᠷ᠎ᠠᠴᠠ ᠡᠬᠢᠯᠡᠵᠤ ᠬᠦᠯᠢᠶᠡᠨ ᠠᠪᠴᠤ ᠰᠢᠢ᠍ᠳᠪᠤᠷᠢᠯᠡᠭᠰᠡᠨ ᠵᠶ᠋ᠠᠷ ᠪᠤᠳᠤᠨ᠎ᠠ;
(ᠲᠠᠪᠤ) ᠭᠤᠶᠤᠴᠢᠯᠠᠭᠰᠠᠨ ᠵᠦᠢ᠍ᠯ᠎ᠤᠳ᠎ᠨᠢ ᠲᠤᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠡᠷᠭᠡ ᠲᠤᠰᠢᠶᠠᠯ᠎ᠤᠨ ᠬᠡᠪᠴᠢᠶᠠᠨ᠎ᠳᠤ ᠬᠠᠷᠢᠶᠠᠯᠠᠭᠳᠠᠵᠤ᠂ ᠭᠤᠶᠤᠴᠢᠯᠠᠬᠤ ᠮᠠᠲ᠋ᠧᠷᠢᠶᠠᠯ᠎ᠨᠢ ᠪᠦᠷᠢᠨ ᠬᠦᠢ᠍ᠴᠡᠳ᠂ ᠬᠠᠤᠯᠢ᠎ᠳᠤ ᠲᠤᠭᠳᠠᠭ᠋ᠠᠭᠰᠠᠨ ᠭᠡᠯᠪᠡᠷᠢᠳᠤ ᠨᠡᠶ᠋ᠢᠴᠡᠵᠤ ᠪᠠᠶ᠋ᠢᠬᠤ ᠪᠤᠶᠤ ᠭᠤᠶᠤᠴᠢᠯᠠᠭᠴᠢ᠎ᠨᠢ ᠲᠤᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠱᠠᠭ᠋ᠠᠷᠳᠠᠯᠭ᠎ᠠ ᠶᠤᠰᠤᠭ᠋ᠠᠷ ᠨᠦᠬᠦᠪᠦᠷᠢᠯᠡᠵᠤ ᠵᠠᠯᠠᠷᠠᠭᠤᠯᠬᠤ ᠪᠦᠬᠦ ᠮᠠᠲ᠋ᠧᠷᠢᠶᠠᠯ᠎ᠢ ᠲᠡᠪᠰᠢᠬᠦᠯᠦᠨ ᠲᠤᠰᠢᠶᠠᠭᠰᠠᠨ ᠪᠠᠶ᠋ᠢᠪᠠᠯ᠂ ᠵᠠᠰᠠᠬ ᠵᠠᠬᠢᠷᠭ᠋ᠠᠨ᠎ᠤ ᠵᠦᠪᠰᠢᠶᠡᠷᠡᠯ ᠠᠪᠬᠤ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠤᠷᠢᠯᠡᠬᠦ ᠭᠡᠷᠡᠭᠳᠡᠢ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ ᠭᠤᠶᠤᠴᠢᠯᠠᠯ᠎ᠢ ᠬᠦᠯᠢᠶᠠᠨ ᠠᠪᠴᠤ ᠰᠢᠢ᠍ᠳᠪᠤᠷᠢᠯᠡᠬᠦ ᠪᠤᠶᠤ ᠦᠯᠦ ᠬᠦᠯᠢᠶᠡᠨ ᠠᠪᠴᠤ ᠰᠢᠢ᠍ᠳᠪᠤᠷᠢᠯᠡᠬᠦ᠎ᠳᠡᠭᠡᠨ ᠲᠤᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠤᠰᠬᠠᠢ ᠭᠡᠷᠡᠭᠯᠡᠬᠦ ᠲᠠᠮᠠᠭ᠎ᠠ ᠵᠢ ᠲᠠᠷᠤᠵᠤ ᠡᠳᠦᠷ ᠬᠤᠭᠤᠴᠠᠭ᠎ᠠ ᠵᠢ ᠲᠤᠳᠤᠷᠬᠠᠢ᠌ᠯᠠᠭᠰᠠᠨ ᠪᠢᠴᠢᠮᠠᠯ ᠪᠠᠷᠢᠮᠳᠠ ᠬᠢᠵᠤ ᠦᠭᠬᠦ ᠬᠡᠷᠡᠭᠳᠡᠢ᠃
ᠭᠤᠴᠢᠨ ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠤᠯᠪᠤᠭᠳᠠᠯ ᠪᠦᠬᠦᠢ ᠲᠦᠷᠢᠮ᠎ᠢ ᠪᠠᠶ᠋ᠢᠭᠤᠯᠤᠨ ᠲᠡᠬᠦᠯᠳᠡᠷᠵᠢᠬᠦᠯᠵᠤ᠂ ᠵᠠᠰᠠᠭ᠎ᠤᠨ ᠶᠠᠪᠤᠳᠠᠯ᠎ᠢ ᠺᠤᠮᠫᠢᠦ᠋ᠲ᠋ᠧᠷ ᠵᠶ᠋ᠠᠷ ᠬᠦᠢ᠍ᠴᠡᠳᠭᠡᠬᠦ ᠵᠢ ᠭᠡᠷᠡᠭᠵᠢᠬᠦᠯᠦᠨ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠤᠤᠷ ᠰᠦᠯᠵᠢᠶᠠᠨ ᠦᠷᠳᠡᠭᠡᠨ ᠲᠡᠭᠡᠷ᠎ᠠ᠎ᠪᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠵᠦᠢ᠍ᠯ᠎ᠤᠳ᠎ᠢ ᠨᠡᠶ᠋ᠢᠳᠡᠯᠠᠵᠤ᠂ ᠭᠤᠶᠤᠴᠢᠯᠠᠭᠴᠢ ᠵᠢᠨ ᠳ᠋ᠠᠶ᠋ᠢᠲ᠋ᠠ ᠡᠯᠸᠺᠲᠷᠤᠨ ᠪᠢᠴᠢᠭ ᠵᠡᠷᠭᠡ ᠠᠷᠭ᠎ᠠ ᠮᠠᠶᠢᠭ ᠵᠶ᠋ᠠᠷ ᠵᠠᠰᠠᠬ ᠵᠠᠭᠢᠷᠭ᠋ᠠᠨ᠎ᠤ ᠵᠦᠪᠰᠢᠶᠡᠷᠡᠯ ᠠᠪᠬᠤ ᠭᠤᠶᠤᠴᠢᠯᠠᠯ ᠭᠠᠷᠭ᠋ᠠᠬᠤ᠎ᠳᠤ ᠲᠦᠬᠦᠮ ᠪᠤᠯᠭ᠋ᠠᠬᠤ ᠭᠡᠷᠡᠭᠳᠡᠢ; ᠵᠠᠰᠠᠭ ᠵᠠᠬᠢᠷᠭ᠋ᠠᠨ᠎ᠤ ᠪᠤᠰᠤᠳ ᠪᠠᠶ᠋ᠢᠭᠤᠯᠭ᠎ᠠ᠎ᠯᠤᠭ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠬᠤᠯᠪᠤᠭᠳᠠᠯ ᠪᠦᠬᠦᠢ ᠮᠡᠳᠡᠭᠡ ᠵᠠᠩᠬᠢ ᠵᠢ ᠬᠠᠮᠳᠤ᠎ᠪᠠᠷ ᠡᠳ᠋ᠯᠡᠵᠤ᠂ ᠠᠵᠢᠯ ᠶᠠᠪᠤᠳᠠᠯ ᠡᠷᠬᠢᠯᠡᠬᠦ ᠦᠷ᠎ᠠ ᠪᠦᠳᠦᠭᠡᠯ ᠵᠶ᠋ᠠᠨ ᠲᠡᠭᠡᠭᠰᠢᠯᠡᠬᠦᠯᠬᠦ ᠬᠡᠷᠡᠭᠳᠡᠢ᠃
ᠬᠤᠶᠠᠳᠤᠭ᠋ᠠᠷ ᠬᠡᠰᠡᠭ ᠬᠢᠨᠠᠨ ᠪᠠᠶ᠋ᠢᠴᠠᠭ᠋ᠠᠬᠤ ᠪᠡ ᠲᠤᠭᠳᠠᠭ᠋ᠠᠯ ᠭᠠᠷᠭ᠋ᠠᠬᠤ
ᠭᠤᠴᠢᠨ ᠲᠦᠷᠪᠡᠳᠦᠬᠡᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠭᠤᠶᠤᠴᠢᠯᠠᠭᠴᠢ ᠵᠢᠨ ᠲᠡᠪᠰᠢᠬᠦᠯᠦᠨ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠬᠤ ᠭᠡᠷᠡᠭᠳᠡᠢ᠃
ᠭᠤᠶᠤᠴᠢᠯᠠᠭᠴᠢ ᠵᠢᠨ ᠲᠡᠪᠰᠢᠬᠦᠯᠦᠨ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ᠎ᠨᠢ ᠪᠦᠷᠢᠨ ᠬᠦᠢ᠍ᠴᠡᠳ᠂ ᠬᠠᠤᠯᠢ᠎ᠳᠤ ᠲᠤᠭᠳᠠᠭ᠋ᠠᠭᠰᠠᠨ ᠬᠡᠯᠪᠡᠷᠢ᠎ᠳᠤ ᠨᠠᠶ᠋ᠢᠴᠡᠵᠤ ᠪᠠᠶ᠋ᠢᠬᠤ ᠪᠦᠬᠡᠳ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠤᠬᠠᠢ ᠵᠢᠨ ᠭᠠᠵᠠᠷ᠎ᠲᠤ ᠲᠤᠭᠳᠠᠭ᠋ᠠᠯ ᠭᠠᠷᠭ᠋ᠠᠵᠤ ᠲᠡᠶ᠋ᠢᠯᠬᠦ᠎ᠳᠤ ᠬᠦᠷᠪᠡᠯ᠂ ᠲᠤᠬᠠᠢ ᠵᠢᠨ ᠭᠠᠵᠠᠷ᠎ᠲᠤᠨᠢ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ᠎ᠢ ᠪᠢᠴᠢᠭ ᠵᠶ᠋ᠠᠷ ᠬᠢᠵᠤ ᠦᠭᠬᠦ ᠬᠡᠷᠡᠭᠳᠡᠢ᠃
ᠬᠠᠤᠯᠢ᠎ᠳᠤ ᠲᠤᠭᠳᠠᠭ᠋ᠠᠭᠰᠠᠨ ᠨᠦᠬᠦᠴᠡᠯ ᠪᠠ ᠵᠢᠷᠤᠮ᠎ᠢ ᠦᠨᠳᠦᠰᠦᠯᠡᠨ᠂ ᠭᠤᠶᠤᠴᠢᠯᠠᠬᠤ ᠮᠠᠲ᠋ᠧᠷᠢᠶᠠᠯ᠎ᠤᠨ ᠮᠦᠨ ᠴᠢᠨᠡᠷ᠎ᠤᠨ ᠠᠭᠤᠯᠭ᠎ᠠ ᠵᠢ ᠬᠢᠨᠠᠨ ᠮᠠᠭ᠋ᠠᠳᠯᠠᠬᠤ ᠴᠢᠬᠤᠯᠠᠳᠠᠢ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠤᠶᠠᠷ᠎ᠠᠴᠠ ᠲᠡᠭᠡᠭᠰᠢ ᠲᠤᠭ᠋ᠠᠨ᠎ᠤ ᠠᠵᠢᠯᠳᠠᠨ᠎ᠢ ᠲᠤᠮᠢᠯᠠᠵᠤ ᠬᠠᠷᠭᠤᠭᠤᠯᠤᠨ ᠪᠠᠶ᠋ᠢᠴᠠᠭ᠋ᠠᠯᠭ᠋ᠠᠬᠤ ᠬᠡᠷᠡᠭᠳᠡᠢ᠃
ᠭᠤᠴᠢᠨ ᠲᠠᠪᠤᠳᠤᠭ᠋ᠠᠷ ᠵᠦᠢ᠍ᠯ ᠬᠠᠤᠯᠢ ᠶᠤᠰᠤᠭ᠋ᠠᠷ ᠤᠷᠢᠳᠠᠪᠠᠷ ᠲᠤᠤᠷᠠᠳᠤ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠢᠨᠠᠨ ᠪᠠᠶ᠋ᠢᠴᠠᠭ᠋ᠠᠬᠰᠠᠨᠤ ᠲᠠᠷᠠᠭ᠎ᠠ ᠲᠡᠭᠡᠳᠦ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠮᠡᠳᠡᠬᠦᠯᠵᠤ ᠲᠤᠭᠳᠠᠭ᠋ᠠᠯᠭ᠋ᠠᠬᠤ ᠶᠤᠰᠤᠳᠠᠢ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ᠂ ᠲᠤᠤᠷᠠᠳᠤ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ᠎ᠳᠤ ᠲᠤᠭᠳᠠᠭ᠋ᠠᠭᠰᠠᠨ ᠬᠤᠭᠤᠴᠠᠭ᠋ᠠᠨ᠎ᠳᠤ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠭᠰᠠᠨ ᠰᠠᠨᠠᠯ ᠪᠠ ᠪᠦᠬᠦ ᠭᠤᠶᠤᠴᠢᠯᠠᠬᠤ ᠮᠠᠲ᠋ᠧᠷᠢᠶᠠᠯ᠎ᠢ ᠲᠡᠭᠡᠳᠦ ᠱᠠᠳᠤᠨ᠎ᠤ ᠵᠠᠰᠠᠬ ᠵᠠᠬᠢᠷᠭ᠋ᠠᠨ᠎ᠤ ᠪᠠᠶ᠋ᠢᠭᠤᠯᠭ᠎ᠠ᠎ᠳᠤ ᠰᠢᠭᠤᠳ ᠮᠡᠳᠡᠬᠦᠯᠦᠨ ᠬᠦᠷᠭᠡᠬᠦ ᠭᠡᠷᠡᠭᠳᠡᠢ᠃ ᠲᠡᠭᠡᠳᠦ ᠱᠠᠳᠤᠨ᠎ᠤ ᠵᠠᠰᠠᠬ ᠵᠠᠬᠢᠷᠭ᠋ᠠᠨ᠎ᠤ ᠪᠠᠶ᠋ᠢᠭᠤᠯᠭ᠎ᠠ ᠭᠤᠶᠤᠴᠢᠯᠠᠭᠴᠢ ᠵᠢ ᠭᠤᠶᠤᠴᠢᠯᠠᠬᠤ ᠮᠠᠲ᠋ᠧᠷᠢᠶᠠᠯ ᠲᠡᠬᠢᠨᠳᠡ ᠬᠠᠨᠭ᠌ᠭ᠋ᠠᠯᠭ᠋ᠠᠬᠤᠪᠠᠷ ᠱᠠᠭ᠋ᠠᠷᠳᠠᠵᠤ ᠪᠤᠯᠬᠤ ᠦᠬᠡᠢ᠃
ᠭᠤᠴᠢᠨ ᠵᠢᠷᠭᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ ᠭᠤᠶᠤᠴᠢᠯᠠᠯ᠎ᠢ ᠬᠢᠨᠠᠨ ᠪᠠᠶ᠋ᠢᠴᠠᠭ᠋ᠠᠬᠤ᠎ᠳᠠᠭᠠᠨ᠂ ᠵᠠᠰᠠᠭ ᠵᠠᠬᠢᠷᠭ᠋ᠠᠨ᠎ᠤ ᠭᠤᠶᠤᠴᠢᠯᠠᠯ ᠠᠪᠬᠤ ᠬᠡᠵᠤ ᠪᠠᠶ᠋ᠢᠭ᠎ᠠ ᠵᠦᠢ᠍ᠯ᠎ᠤᠳ᠎ᠨᠢ ᠪᠤᠰᠤᠳ ᠬᠦᠮᠦᠨ᠎ᠤ ᠴᠢᠬᠤᠯᠠ ᠶᠡᠭᠡ ᠠᠰᠢᠭ ᠲᠤᠰᠠ᠎ᠳᠤ ᠬᠤᠯᠪᠤᠭᠳᠠᠵᠤ ᠪᠠᠶ᠋ᠢᠬᠤ ᠵᠢ ᠤᠯᠵᠤ ᠮᠡᠳᠡᠭᠰᠡᠨ ᠪᠠᠶ᠋ᠢᠪᠠᠯ᠂ ᠲᠤᠰ ᠠᠰᠢᠭ ᠬᠤᠤᠷ᠎ᠤᠨ ᠬᠠᠷᠢᠴᠠᠭ᠎ᠠ᠎ᠲᠠᠢ ᠬᠦᠮᠦᠨ᠎ᠳᠤ ᠮᠡᠳᠡᠭᠳᠡᠬᠦ ᠬᠡᠷᠡᠭᠳᠡᠢ᠃ ᠭᠤᠶᠤᠴᠢᠯᠠᠭᠴᠢ᠂ ᠠᠰᠢᠭ ᠬᠤᠤᠷ᠎ᠤᠨ ᠬᠠᠷᠢᠴᠠᠭ᠎ᠠ᠎ᠲᠠᠢ ᠬᠦᠮᠦᠨ ᠲᠤᠭ᠋ᠠᠴᠢᠨ ᠦᠬᠦᠯᠡᠬᠦ ᠪᠠ ᠵᠦᠪᠳᠡᠬᠡᠨ ᠲᠤᠳᠤᠷᠬᠠᠢ᠌ᠯᠠᠬᠤ ᠡᠷᠭᠡ᠎ᠲᠠᠢ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠭᠤᠶᠤᠴᠢᠯᠠᠭᠴᠢ᠂ ᠠᠰᠢᠭ ᠬᠤᠤᠷ᠎ᠤᠨ ᠬᠠᠷᠢᠴᠠᠭ᠎ᠠ᠎ᠲᠠᠢ ᠬᠦᠮᠦᠨ᠎ᠤ ᠰᠠᠨᠠᠯ᠎ᠢ ᠰᠤᠨᠤᠰᠬᠤ ᠭᠡᠷᠡᠭᠳᠡᠢ᠃
ᠭᠤᠴᠢᠨ ᠲᠤᠯᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠬ ᠵᠠᠬᠢᠷᠭ᠋ᠠᠨ᠎ᠤ ᠵᠦᠪᠰᠢᠶᠠᠷᠠᠯ ᠠᠪᠬᠤ ᠭᠤᠶᠤᠴᠢᠯᠠᠯ᠎ᠢ ᠬᠢᠨᠠᠨ ᠪᠠᠶ᠋ᠢᠴᠠᠭ᠋ᠠᠭᠰᠠᠨ᠎ᠤ ᠲᠠᠷᠠᠭ᠎ᠠ᠂ ᠲᠤᠬᠠᠢ ᠵᠢᠨ ᠭᠠᠵᠠᠷ᠎ᠲᠤ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠬᠤ᠎ᠠᠴᠠ ᠪᠤᠰᠤᠳ᠎ᠢ᠎ᠨᠢ ᠬᠠᠤᠯᠢ᠎ᠳᠤ ᠲᠤᠭᠳᠠᠭ᠋ᠠᠭᠰᠠᠨ ᠬᠤᠭᠤᠴᠠᠭ᠋ᠠᠨ᠎ᠳᠤ ᠲᠤᠭᠳᠠᠭᠰᠠᠨ ᠵᠢᠷᠤᠮ ᠶᠤᠰᠤᠭ᠋ᠠᠷ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠬᠤ ᠭᠡᠷᠡᠭᠳᠡᠢ᠃
ᠭᠤᠴᠢᠨ ᠨᠠᠢ᠍ᠮᠠᠳᠤᠭ᠋ᠠᠷ ᠵᠦᠢ᠍ᠯ ᠭᠤᠶᠤᠴᠢᠯᠠᠭᠴᠢ ᠵᠢᠨ ᠭᠤᠶᠤᠴᠢᠯᠠᠯ ᠬᠠᠤᠯᠢ᠎ᠳᠤ ᠲᠤᠭᠳᠠᠭ᠋ᠠᠭᠰᠠᠨ ᠨᠦᠬᠦᠴᠡᠯ᠂ ᠪᠠᠷᠢᠮᠵᠢᠶ᠎ᠠ᠎ᠳᠤ ᠨᠡᠶ᠋ᠢᠴᠡᠵᠤ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦ ᠪᠢᠴᠢᠮᠠᠯ ᠲᠤᠭᠳᠠᠭ᠋ᠠᠯ ᠭᠠᠷᠭ᠋ᠠᠬᠤ ᠭᠡᠷᠡᠭᠳᠡᠢ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ ᠦᠯᠦ ᠦᠭᠬᠦ ᠪᠢᠴᠢᠮᠡᠯ ᠲᠤᠭᠳᠠᠭ᠋ᠠᠯ ᠭᠠᠷᠭ᠋ᠠᠭᠰᠠᠨ ᠪᠠᠶ᠋ᠢᠪᠠᠯ᠂ ᠤᠴᠢᠷ ᠰᠢᠯᠳᠠᠭ᠋ᠠᠨ ᠵᠶ᠋ᠠᠨ ᠲᠤᠳᠤᠷᠬᠠᠢ᠌ᠯᠠᠬᠤ ᠮᠦᠷᠳᠡᠭᠡᠨ ᠬᠠᠤᠯᠢ ᠶᠤᠰᠤᠭ᠋ᠠᠷ ᠵᠠᠰᠠᠬ ᠵᠠᠬᠢᠷᠭ᠋ᠠᠨ ᠵᠶ᠋ᠠᠷ ᠲᠠᠪᠳᠠᠨ ᠶᠠᠷᠢᠯᠴᠠᠭᠤᠯᠬᠤ᠎ᠪᠠᠷ ᠭᠤᠶᠤᠴᠢᠯᠠᠬᠤ ᠪᠤᠶᠤ ᠵᠠᠰᠠᠭ ᠵᠠᠬᠢᠷᠭ᠋ᠠᠨ᠎ᠤ ᠵᠠᠭ᠋ᠠᠯᠳᠤᠯᠭ᠎ᠠ ᠬᠢᠬᠦ ᠡᠷᠭᠡ᠎ᠲᠠᠢ ᠪᠠᠶ᠋ᠢᠬᠤ ᠵᠢ ᠭᠤᠶᠤᠴᠢᠯᠠᠭᠴᠢ᠎ᠳᠤ ᠮᠡᠳᠡᠭᠳᠡᠬᠦ ᠭᠡᠷᠡᠭᠳᠡᠢ᠃
ᠭᠤᠴᠢ ᠶᠢᠰᠦᠳᠦᠬᠡᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦ ᠲᠤᠭᠳᠠᠭ᠋ᠠᠯ ᠭᠠᠷᠭ᠋ᠠᠬᠤ᠎ᠳᠠᠭᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠭᠡᠷᠡᠴᠢ ᠦᠨᠡᠮᠯᠡᠯ ᠤᠯᠭᠤᠬᠤ ᠴᠢᠬᠤᠯᠠᠳᠠᠢ ᠪᠠᠶ᠋ᠢᠪᠠᠯ᠂ ᠭᠤᠶᠤᠴᠢᠯᠠᠭᠴᠢ᠎ᠳᠤ ᠲᠤᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠠᠮᠠᠭ᠎ᠠ᠎ᠲᠠᠢ ᠲᠤᠤᠷ᠎ᠠ ᠵᠢᠭᠰᠠᠭ᠋ᠠᠭᠰᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠭᠡᠷᠡᠴᠢ ᠦᠨᠡᠮᠯᠡᠯ᠎ᠢ ᠤᠯᠭᠤᠬᠤ ᠭᠡᠷᠡᠭᠳᠡᠢ᠄
(ᠨᠢᠬᠡ) ᠵᠦᠪᠰᠢᠶᠡᠷᠡᠯ᠎ᠤᠨ ᠦᠨᠡᠮᠯᠡᠯ᠂ ᠭᠡᠷᠡᠴᠢ ᠪᠤᠶᠤ ᠪᠤᠰᠤᠳ ᠵᠦᠪᠰᠢᠶᠡᠷᠡᠯ᠎ᠤᠨ ᠦᠨᠡᠮᠯᠡᠯ;
(ᠬᠤᠶᠠᠷ) ᠬᠢᠷᠢ ᠭᠡᠮ᠎ᠤᠨ ᠦᠨᠡᠮᠯᠡᠯ᠂ ᠬᠢᠷᠢ ᠴᠢᠳᠠᠯ᠎ᠤᠨ ᠦᠨᠡᠮᠯᠡᠯ ᠪᠤᠶᠤ ᠪᠤᠰᠤᠳ ᠬᠢᠷᠢ ᠲᠡᠩᠴᠡᠭᠰᠡᠨ ᠦᠨᠡᠮᠯᠡᠯ;
(ᠭᠤᠷᠪᠠ) ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠭᠡᠷᠡᠴᠢᠯᠡᠭᠰᠡᠨ ᠪᠢᠴᠢᠭ ᠮᠠᠲ᠋ᠧᠷᠢᠶᠠᠯ;
(ᠲᠦᠷᠪᠡ) ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠎ᠳᠤ ᠲᠤᠭᠳᠠᠭ᠋ᠠᠭᠰᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠪᠤᠰᠤᠳ ᠭᠡᠷᠡᠴᠢ ᠦᠨᠡᠮᠯᠡᠯ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠰᠢᠯᠭ᠋ᠠᠨ ᠪᠠᠶ᠋ᠢᠴᠠᠭ᠋ᠠᠯᠳᠠ᠂ ᠪᠠᠶ᠋ᠢᠴᠠᠭ᠋ᠠᠨ ᠭᠡᠮᠵᠢᠯᠳᠠ᠂ ᠬᠢᠵᠢᠭ᠎ᠤᠨ ᠪᠠᠶ᠋ᠢᠴᠠᠭ᠋ᠠᠯᠳᠠ ᠬᠢᠭᠰᠡᠨ ᠪᠠᠶ᠋ᠢᠪᠠᠯ᠂ ᠰᠢᠯᠭ᠋ᠠᠨ ᠪᠠᠶ᠋ᠢᠴᠠᠭ᠋ᠠᠵᠤ᠂ ᠪᠠᠶ᠋ᠢᠴᠠᠭ᠋ᠠᠨ ᠭᠡᠮᠵᠢᠵᠤ᠂ ᠬᠢᠵᠢᠭ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠲᠤᠨᠤᠭ ᠲᠦᠬᠦᠬᠡᠷᠦᠮᠵᠢ᠂ ᠪᠡᠯᠡᠳᠭᠡᠮᠵᠢ᠂ ᠦᠢ᠍ᠯᠡᠳᠬᠦᠨ᠂ ᠡᠳ᠋ ᠪᠠᠷᠠᠭ᠎ᠠ ᠵᠢᠨ ᠲᠡᠭᠡᠷ᠎ᠠ ᠱᠤᠰᠢᠭ᠎ᠠ ᠬᠠᠳᠠᠬᠤ ᠪᠤᠶᠤ ᠰᠢᠯᠭ᠋ᠠᠨ ᠪᠠᠶ᠋ᠢᠴᠠᠭ᠋ᠠᠵᠤ᠂ ᠪᠠᠶ᠋ᠢᠴᠠᠭ᠋ᠠᠨ ᠭᠡᠮᠵᠢᠵᠤ᠂ ᠬᠢᠵᠢᠭ ᠪᠠᠶ᠋ᠢᠴᠠᠭ᠋ᠠᠭᠰᠠᠨ ᠲᠠᠮᠠᠭ᠎ᠠ ᠲᠠᠷᠤᠵᠤ ᠪᠤᠯᠤᠨ᠎ᠠ᠃
ᠲᠦᠴᠢᠳᠦᠬᠡᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠬ ᠵᠠᠬᠢᠷᠭ᠋ᠠᠨ᠎ᠤ ᠵᠦᠪᠰᠢᠶᠡᠷᠡᠯ ᠦᠭᠬᠦᠭᠰᠡᠨ ᠲᠤᠭᠳᠠᠭ᠋ᠠᠯ᠎ᠢ ᠢᠯᠡ᠎ᠪᠠᠷ ᠨᠡᠶ᠋ᠢᠳᠡᠯᠡᠬᠦ ᠬᠡᠷᠡᠭᠳᠡᠢ᠂ ᠤᠯᠠᠨ ᠲᠦᠮᠡᠨ ᠪᠠᠶ᠋ᠢᠴᠠᠭ᠋ᠠᠵᠤ ᠤᠡᠭᠰᠢᠬᠤ ᠡᠷᠭᠡ᠎ᠲᠠᠢ᠃ ᠲᠦᠴᠢᠨ ᠨᠢᠬᠡᠳᠦᠬᠡᠷ ᠵᠦᠢ᠍ᠯ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ ᠵᠶ᠋ᠠᠷ ᠲᠤᠭᠳᠠᠭ᠋ᠠᠭᠰᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠬᠡᠷᠡᠭᠯᠡᠭᠳᠡᠬᠦ ᠭᠡᠪᠴᠢᠶ᠎ᠠ᠎ᠨᠢ ᠤᠷᠤᠨ ᠪᠦᠰᠡ ᠵᠢᠨ ᠬᠢᠵᠠᠭ᠋ᠠᠷᠯᠠᠯ ᠦᠬᠡᠢ ᠪᠠᠶ᠋ᠢᠪᠠᠯ᠂ ᠭᠤᠶᠤᠴᠢᠯᠠᠭᠴᠢ ᠵᠢᠨ ᠤᠯᠤᠭᠰᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠨᠢ ᠪᠦᠬᠦ ᠤᠯᠤᠰ᠎ᠤᠨ ᠭᠡᠪᠴᠢᠶᠠᠨ᠎ᠳᠤ ᠬᠦᠴᠦᠨ᠎ᠲᠠᠢ᠃
ᠭᠤᠷᠪᠠᠳᠤᠭ᠋ᠠᠷ ᠬᠡᠰᠡᠭ ᠬᠤᠭᠤᠴᠠᠭ᠎ᠠ
ᠲᠦᠴᠢᠨ ᠬᠤᠶᠠᠳᠦᠭ᠋ᠠᠷ ᠵᠦᠢ᠍ᠯ ᠲᠤᠬᠠᠢ ᠵᠢᠨ ᠭᠠᠵᠠᠷ᠎ᠲᠤ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠵᠤ ᠪᠤᠯᠬᠤ᠎ᠠᠴᠠ ᠪᠤᠰᠤᠳ᠎ᠢ᠎ᠨᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ ᠭᠤᠶᠤᠴᠢᠯᠠᠯ᠎ᠢ ᠰᠢᠢ᠍ᠳᠪᠤᠷᠢᠯᠡᠬᠦ᠎ᠪᠠᠷ ᠬᠦᠯᠢᠶᠠᠨ ᠠᠪᠤᠭᠰᠠᠨ ᠡᠳᠦᠷ᠎ᠠᠴᠠ ᠡᠬᠢᠯᠡᠨ ᠬᠤᠷᠢᠨ ᠡᠳᠦᠷ᠎ᠤᠨ ᠲᠤᠳᠤᠷ᠎ᠠ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠬᠤ ᠬᠡᠷᠡᠭᠳᠡᠢ᠃ ᠬᠤᠷᠢᠨ ᠡᠳᠦᠷ᠎ᠤᠨ ᠲᠤᠳᠤᠷ᠎ᠠ ᠲᠤᠭᠳᠠᠭ᠋ᠠᠯ ᠭᠠᠷᠭ᠋ᠠᠵᠤ ᠴᠢᠳᠠᠬᠤ ᠦᠬᠡᠢ ᠪᠠᠶ᠋ᠢᠪᠠᠯ᠂ ᠲᠤᠰ ᠵᠠᠰᠠᠬ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠷᠢᠭᠤᠴᠠᠯᠭ᠋ᠠᠳᠠᠨ ᠵᠶ᠋ᠠᠷ ᠵᠦᠪᠰᠢᠶᠡᠷᠡᠬᠦᠯᠦᠬᠡᠳ ᠠᠷᠪᠠᠨ ᠡᠳᠦᠷ ᠤᠷᠳᠤᠳᠬᠠᠵᠤ ᠪᠤᠯᠬᠤ ᠪᠦᠬᠡᠳ ᠬᠤᠭᠤᠴᠠᠭ᠎ᠠ ᠵᠢ ᠤᠷᠳᠤᠳᠬᠠᠭᠰᠠᠨ ᠰᠢᠯᠳᠠᠭ᠋ᠠᠨ ᠵᠶ᠋ᠠᠨ ᠭᠤᠶᠤᠴᠢᠯᠠᠭᠴᠢ᠎ᠳᠤ ᠮᠡᠳᠡᠭᠳᠡᠬᠦ ᠬᠡᠷᠡᠭᠳᠡᠢ᠃ ᠭᠡᠪᠡᠴᠦ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠎ᠳᠤ ᠠᠰᠳᠠᠭ᠋ᠠᠨ ᠲᠤᠭᠳᠠᠭ᠋ᠠᠯ᠎ᠲᠠᠢ ᠪᠠᠶ᠋ᠢᠪᠠᠯ᠂ ᠲᠡᠷᠡ ᠲᠤᠭᠳᠠᠭ᠋ᠠᠯ ᠶᠤᠰᠤᠭ᠋ᠠᠷ ᠬᠦᠢ᠍ᠴᠡᠳᠭᠡᠨᠠ᠃
ᠲᠤᠰ ᠬᠠᠤᠯᠢ ᠵᠢᠨ ᠬᠤᠷᠢᠨ ᠵᠢᠷᠭᠤᠳᠤᠭ᠋ᠠᠷ ᠵᠦᠢ᠍ᠯ᠎ᠤᠨ ᠲᠤᠭᠳᠠᠭ᠋ᠠᠯ᠎ᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠨᠢᠬᠡᠳᠦᠯᠳᠡᠢ ᠰᠢᠢ᠍ᠳᠪᠤᠷᠢᠯᠡᠬᠦ ᠪᠤᠶᠤ ᠬᠠᠮᠳᠤᠷᠠᠨ ᠰᠢᠢ᠍ᠳᠪᠤᠷᠢᠯᠡᠵᠤ᠂ ᠲᠦᠪᠯᠡᠷᠡᠬᠦᠯᠦᠨ ᠰᠢᠢ᠍ᠳᠪᠤᠷᠢᠯᠡᠬᠦ᠎ᠳᠤ ᠬᠦᠷᠪᠡᠯ᠂ ᠰᠢᠢ᠍ᠳᠪᠤᠷᠢᠯᠡᠬᠦ ᠴᠠᠭ᠎ᠨᠢ ᠲᠦᠴᠢᠨ ᠲᠠᠪᠤᠨ ᠡᠳᠦᠷ᠎ᠠᠴᠠ ᠭᠡᠳᠦᠷᠡᠵᠤ ᠪᠤᠯᠬᠤ ᠦᠬᠡᠢ; ᠲᠦᠴᠢᠨ ᠲᠠᠪᠤᠨ ᠡᠳᠦᠷ᠎ᠤᠨ ᠲᠤᠳᠤᠷ᠎ᠠ ᠰᠢᠢ᠍ᠳᠪᠤᠷᠢᠯᠡᠨ ᠲᠠᠭᠤᠰᠬᠠᠵᠤ ᠲᠡᠶ᠋ᠢᠯᠬᠦ ᠦᠬᠡᠢ ᠪᠠᠶ᠋ᠢᠪᠠᠯ᠂ ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠠᠷᠢᠭᠤᠴᠠᠯᠭ᠋ᠠᠳᠠᠨ ᠵᠶ᠋ᠠᠷ ᠵᠦᠪᠰᠢᠶᠡᠷᠡᠬᠦᠯᠦᠬᠡᠳ ᠠᠷᠪᠠᠨ ᠲᠠᠪᠤᠨ ᠡᠳᠦᠷ ᠤᠷᠳᠤᠳᠬᠠᠵᠤ ᠪᠤᠯᠬᠤ ᠪᠦᠬᠡᠳ ᠬᠤᠭᠤᠴᠠᠭ᠎ᠠ ᠵᠢ ᠤᠷᠳᠤᠳᠬᠠᠬᠰᠠᠨ ᠰᠢᠯᠳᠠᠭ᠋ᠠᠨ ᠵᠶ᠋ᠠᠨ ᠭᠤᠶᠤᠴᠢᠯᠠᠭᠴᠢ᠎ᠳᠤ ᠮᠡᠳᠡᠭᠳᠡᠬᠦ ᠬᠡᠷᠡᠭᠳᠡᠢ᠃
ᠲᠦᠴᠢᠨ ᠭᠤᠷᠪᠠᠳᠤᠭ᠋ᠠᠷ ᠵᠦᠢ᠍ᠯ ᠬᠠᠤᠯᠢ ᠶᠤᠰᠤᠭ᠋ᠠᠷ ᠤᠷᠢᠳᠠᠪᠠᠷ ᠲᠤᠤᠷᠠᠳᠤ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠢᠨᠠᠨ ᠪᠠᠶ᠋ᠢᠴᠠᠭ᠋ᠠᠭᠰᠠᠨ᠎ᠤ ᠲᠠᠷᠠᠭ᠎ᠠ ᠲᠡᠭᠡᠳᠤ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠮᠡᠳᠡᠬᠦᠯᠵᠤ ᠲᠤᠭᠳᠠᠭ᠋ᠠᠯᠭ᠋ᠠᠬᠤ ᠶᠤᠰᠤᠳᠠᠢ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ᠂ ᠲᠤᠤᠷᠠᠳᠤ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠬ ᠵᠠᠬᠢᠷᠭ᠋ᠠᠨ᠎ᠤ ᠵᠦᠪᠰᠢᠶᠡᠷᠡᠯ ᠠᠪᠬᠤ ᠭᠤᠶᠤᠴᠢᠯᠠᠯ᠎ᠢ ᠰᠢᠢ᠍ᠳᠪᠤᠷᠢᠯᠡᠬᠦ᠎ᠪᠠᠷ ᠬᠦᠯᠢᠶᠡᠨ ᠠᠪᠤᠭᠰᠠᠨ ᠡᠳᠦᠷ᠎ᠠᠴᠠ᠎ᠪᠠᠨ ᠡᠬᠢᠯᠡᠨ ᠬᠤᠷᠢᠨ ᠡᠳᠦᠷ᠎ᠤᠨ ᠲᠤᠳᠤᠷ᠎ᠠ ᠭᠢᠨᠠᠨ ᠪᠠᠶ᠋ᠢᠴᠠᠭ᠋ᠠᠵᠤ ᠲᠠᠭᠤᠰᠬᠠᠬᠤ ᠭᠡᠷᠡᠭᠳᠡᠢ᠃ ᠭᠡᠪᠡᠴᠤ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠎ᠳᠤ ᠠᠰᠳᠠᠭ᠋ᠠᠨ ᠲᠤᠭᠳᠠᠭ᠋ᠠᠯ᠎ᠲᠠᠢ ᠪᠠᠶ᠋ᠢᠪᠠᠯ᠂ ᠲᠡᠷᠡ ᠲᠤᠭᠳᠠᠭ᠋ᠠᠯ ᠶᠤᠰᠤᠭ᠋ᠠᠷ ᠬᠦᠢ᠍ᠴᠡᠳᠭᠡᠨᠠ᠃
ᠲᠦᠴᠢᠨ ᠲᠦᠷᠪᠡᠳᠦᠬᠡᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠬ ᠵᠠᠬᠢᠷᠭ᠋ᠠᠨ᠎ᠤ ᠵᠦᠪᠰᠢᠶᠡᠷᠡᠯ ᠦᠭᠬᠦ ᠲᠤᠭᠳᠠᠭ᠋ᠠᠯ ᠭᠠᠷᠭ᠋ᠠᠪᠠᠯ᠂ ᠲᠤᠭᠳᠠᠭ᠋ᠠᠯ ᠭᠠᠷᠭ᠋ᠠᠭᠰᠠᠨ ᠡᠳᠦᠷ᠎ᠠᠴᠠ ᠡᠬᠢᠯᠡᠨ ᠠᠷᠪᠠᠨ ᠡᠳᠦᠷ᠎ᠤᠨ ᠲᠤᠳᠤᠷ᠎ᠠ ᠭᠤᠶᠤᠴᠢᠯᠠᠭᠴᠢ᠎ᠳᠤ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠦᠨᠡᠮᠯᠡᠯ᠎ᠢ ᠤᠯᠭᠤᠵᠤ᠂ ᠬᠦᠷᠭᠡᠬᠦ ᠪᠤᠶᠤ ᠱᠤᠰᠢᠭ᠎ᠠ ᠬᠠᠳᠠᠵᠤ᠂ ᠰᠢᠯᠭ᠋ᠠᠨ ᠪᠠᠶ᠋ᠢᠴᠠᠭ᠋ᠠᠯᠳᠠ᠂ ᠪᠠᠶ᠋ᠢᠴᠠᠭ᠋ᠠᠨ ᠬᠡᠮᠵᠢᠯᠳᠠ᠂ ᠬᠢᠵᠢᠭ᠎ᠤᠨ ᠪᠠᠶ᠋ᠢᠴᠠᠭ᠋ᠠᠯᠳᠠ ᠬᠢᠭᠰᠡᠨ ᠲᠠᠮᠠᠭ᠎ᠠ ᠲᠠᠷᠤᠵᠤ ᠦᠭᠬᠦ ᠭᠡᠷᠡᠭᠳᠡᠢ᠃
ᠲᠦᠴᠢᠨ ᠲᠠᠪᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠬᠤ᠎ᠳᠠᠭᠠᠨ ᠬᠠᠤᠯᠢ ᠶᠤᠰᠤᠭ᠋ᠠᠷ ᠭᠡᠷᠡᠴᠢᠯᠡᠭᠡ ᠰᠤᠨᠤᠰᠬᠤ᠂ ᠲᠠᠭ᠋ᠠᠭ᠋ᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ᠂ ᠰᠢᠯᠭ᠋ᠠᠨ ᠪᠠᠶ᠋ᠢᠴᠠᠭ᠋ᠠᠬᠤ᠂ ᠪᠠᠶ᠋ᠢᠴᠠᠭ᠋ᠠᠨ ᠬᠡᠮᠵᠢᠬᠦ᠂ ᠬᠢᠵᠢᠭ ᠪᠠᠶ᠋ᠢᠴᠠᠭ᠋ᠠᠬᠤ᠂ ᠰᠢᠯᠭ᠋ᠠᠨ ᠲᠤᠭᠳᠠᠭ᠋ᠠᠬᠤ ᠪᠡ ᠲᠤᠰᠬᠠᠢ ᠮᠡᠷᠭᠡᠵᠢᠯᠳᠡᠨ ᠵᠶ᠋ᠠᠷ ᠬᠢᠨᠠᠨ ᠲᠤᠭᠳᠠᠭ᠋ᠠᠯᠭ᠋ᠠᠬᠤ ᠴᠢᠬᠤᠯᠠᠳᠠᠢ ᠪᠠᠶ᠋ᠢᠪᠠᠯ᠂ ᠭᠡᠷᠡᠭᠰᠡᠬᠦ ᠴᠠᠭ᠎ᠢ ᠲᠤᠰ ᠬᠡᠰᠡᠭ᠎ᠲᠤ ᠲᠤᠭᠳᠠᠭ᠋ᠠᠭᠰᠠᠨ ᠬᠤᠭᠤᠴᠠᠭ᠋ᠠᠨ᠎ᠳᠤ ᠤᠷᠤᠭᠤᠯᠵᠤ ᠪᠤᠳᠤᠬᠤ ᠦᠬᠡᠢ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠭᠡᠷᠡᠭᠰᠡᠬᠦ ᠴᠠᠭ᠎ᠢ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠬᠦ ᠭᠡᠷᠡᠭᠳᠡᠢ᠃
ᠲᠦᠷᠪᠡᠳᠦᠬᠡᠷ ᠬᠡᠰᠡᠭ ᠬᠡᠷᠡᠴᠢᠯᠡᠭᠡ ᠰᠤᠨᠤᠰᠬᠤ
ᠲᠦᠴᠢᠨ ᠵᠢᠷᠭᠤᠳᠤᠭ᠋ᠠᠷ ᠵᠦᠢ᠍ᠯ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠂ ᠲᠦᠷᠢᠮ ᠲᠤᠭᠳᠠᠭ᠋ᠠᠯ᠎ᠳᠤ ᠲᠤᠭᠳᠠᠭ᠋ᠠᠭᠰᠠᠨ ᠵᠠᠰᠠᠬ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠬᠦ᠎ᠳᠤ ᠭᠡᠷᠡᠴᠢᠯᠡᠭᠡ ᠰᠤᠨᠤᠰᠬᠤ ᠶᠤᠰᠤᠳᠠᠢ ᠵᠦᠢ᠍ᠯ᠎ᠤᠳ ᠪᠤᠶᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠬᠡᠷᠡᠴᠢᠯᠡᠭᠡ ᠰᠤᠨᠤᠰᠬᠤ ᠴᠢᠬᠤᠯᠠᠳᠠᠢ ᠭᠡᠵᠤ ᠦᠵᠡᠭᠰᠡᠨ ᠤᠯᠠᠨ ᠨᠡᠶ᠋ᠢᠳᠡ ᠵᠢᠨ ᠠᠰᠢᠭ ᠲᠤᠰᠠ᠎ᠳᠤ ᠬᠤᠯᠪᠤᠭᠳᠠᠬᠤ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠪᠤᠰᠤᠳ ᠴᠢᠬᠤᠯᠠ ᠶᠡᠭᠡ ᠵᠦᠢ᠍ᠯ᠎ᠤᠳ᠎ᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠨᠡᠶ᠋ᠢᠭᠡᠮ ᠨᠡᠶ᠋ᠢᠳᠡ᠎ᠳᠤ ᠵᠠᠷᠯᠠᠬᠤ ᠭᠡᠷᠡᠭᠳᠡᠢ ᠪᠦᠬᠡᠳ ᠭᠡᠷᠡᠴᠢᠯᠡᠭᠡ ᠰᠤᠨᠤᠰᠬᠤ ᠭᠡᠷᠡᠭᠳᠡᠢ᠃
ᠲᠦᠴᠢᠨ ᠲᠤᠯᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠦᠪᠰᠢᠶᠡᠷᠡᠯ᠎ᠨᠢ ᠭᠤᠶᠤᠴᠢᠯᠠᠭᠴᠢ ᠪᠤᠯᠤᠨ ᠪᠤᠰᠤᠳ ᠬᠦᠮᠦᠨ᠎ᠤ ᠬᠤᠭᠤᠷᠤᠨᠳᠤᠬᠢ ᠴᠢᠬᠤᠯᠠ ᠶᠡᠭᠡ ᠠᠰᠢᠭ ᠲᠤᠰᠠ ᠵᠢᠨ ᠬᠠᠷᠢᠴᠠᠭ᠋ᠠᠨ᠎ᠳᠤ ᠰᠢᠭᠤᠳ ᠬᠤᠯᠪᠤᠭᠳᠠᠭᠰᠠᠨ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠬᠤ᠎ᠠᠴᠠ᠎ᠪᠠᠨ ᠡᠮᠦᠨ᠎ᠠ ᠭᠤᠶᠤᠴᠢᠯᠠᠭᠴᠢ᠂ ᠠᠰᠢᠭ ᠬᠤᠤᠷ᠎ᠤᠨ ᠬᠠᠷᠢᠴᠠᠭ᠎ᠠ᠎ᠲᠠᠢ ᠬᠦᠮᠦᠨ᠎ᠳᠤ ᠭᠡᠷᠡᠴᠢᠯᠡᠭᠡ ᠰᠤᠨᠤᠰᠬᠤ᠎ᠪᠠᠷ ᠱᠠᠭ᠋ᠠᠷᠳᠠᠬᠤ ᠡᠷᠭᠡ᠎ᠲᠠᠢ ᠭᠡᠳᠡᠭ᠎ᠢ ᠮᠡᠳᠡᠭᠳᠡᠬᠦ ᠭᠡᠷᠡᠭᠳᠡᠢ;
ᠭᠤᠶᠤᠴᠢᠯᠠᠭᠴᠢ᠂ ᠠᠰᠢᠭ ᠬᠤᠤᠷ᠎ᠤᠨ ᠬᠠᠷᠢᠴᠠᠭ᠎ᠠ᠎ᠲᠠᠢ ᠬᠦᠮᠦᠨ ᠭᠡᠷᠡᠴᠢᠯᠡᠭᠡ ᠰᠤᠨᠤᠰᠬᠤ ᠡᠷᠭᠡ᠎ᠲᠠᠢ ᠭᠡᠳᠡᠭ᠎ᠢ ᠮᠡᠳᠡᠭᠳᠡᠭᠰᠡᠨ ᠡᠳᠦᠷ᠎ᠠᠴᠠ ᠡᠬᠢᠯᠡᠨ ᠲᠠᠪᠤᠨ ᠡᠳᠦᠷ᠎ᠤᠨ ᠲᠤᠳᠤᠷ᠎ᠠ ᠭᠡᠷᠡᠴᠢᠯᠡᠭᠡ ᠰᠤᠨᠤᠰᠬᠤ ᠭᠤᠶᠤᠴᠢᠯᠠᠯ ᠲᠤᠷᠠᠳᠤᠭᠰᠠᠨ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠤᠷᠢᠨ ᠡᠳᠦᠷ᠎ᠤᠨ ᠲᠤᠳᠤᠷ᠎ᠠ ᠵᠤᠬᠢᠶᠠᠨ ᠪᠠᠶ᠋ᠢᠭᠤᠯᠵᠤ ᠭᠡᠷᠡᠴᠢᠯᠡᠭᠡ ᠰᠤᠨᠤᠰᠤᠭᠤᠯᠬᠤ ᠭᠡᠷᠡᠭᠳᠡᠢ᠃
ᠭᠤᠶᠤᠴᠢᠯᠠᠭᠴᠢ᠂ ᠠᠰᠢᠭ ᠬᠤᠤᠷ᠎ᠤᠨ ᠬᠠᠷᠢᠴᠠᠭ᠎ᠠ᠎ᠲᠠᠢ ᠬᠦᠮᠦᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠤᠬᠢᠶᠠᠨ ᠪᠠᠶ᠋ᠢᠭᠤᠯᠤᠭᠰᠠᠨ ᠭᠡᠷᠡᠴᠢᠯᠡᠭᠡ ᠰᠤᠨᠤᠰᠬᠤ ᠵᠢᠨ ᠵᠠᠷᠤᠳᠠᠯ᠎ᠢ ᠡᠬᠦᠷᠭᠡᠯᠡᠬᠦ ᠦᠬᠡᠢ᠃
ᠲᠦᠴᠢᠨ ᠨᠠᠢ᠍ᠮᠠᠳᠤᠭ᠋ᠠᠷ ᠵᠦᠢ᠍ᠯ ᠭᠡᠷᠡᠴᠢᠯᠡᠭᠡ ᠰᠤᠨᠤᠰᠬᠤ᠎ᠳᠤ ᠲᠤᠤᠷ᠎ᠠ ᠵᠢᠭᠰᠠᠭ᠋ᠠᠭᠰᠠᠨ ᠵᠢᠷᠤᠮ ᠶᠤᠰᠤᠭ᠋ᠠᠷ ᠶᠠᠪᠤᠭᠤᠯᠬᠤ ᠭᠡᠷᠡᠭᠳᠡᠢ᠄
(ᠨᠢᠬᠡ) ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠭᠡᠷᠡᠴᠢᠯᠡᠭᠡ ᠰᠤᠨᠤᠰᠬᠤ᠎ᠠᠴᠠ ᠲᠤᠯᠤᠭ᠋ᠠᠨ ᠡᠳᠦᠷ᠎ᠤᠨ ᠡᠮᠦᠨ᠎ᠠ ᠭᠡᠷᠡᠴᠢᠯᠡᠭᠡ ᠰᠤᠨᠤᠰᠬᠤ ᠴᠠᠭ᠂ ᠭᠠᠵᠠᠷ᠎ᠢ ᠭᠤᠶᠤᠴᠢᠯᠠᠭᠴᠢ᠂ ᠠᠰᠢᠭ ᠬᠤᠤᠷ᠎ᠤᠨ ᠬᠠᠷᠢᠴᠠᠭ᠎ᠠ᠎ᠲᠠᠢ ᠬᠦᠮᠦᠨ᠎ᠳᠤ ᠮᠡᠳᠡᠭᠳᠡᠵᠤ᠂ ᠴᠢᠬᠤᠯᠠᠳᠠᠢ ᠪᠤᠯ ᠤᠯᠠᠨ᠎ᠳᠤ ᠵᠠᠷᠯᠠᠬᠤ ᠭᠡᠷᠡᠭᠳᠡᠢ;
(ᠬᠤᠶᠠᠷ) ᠭᠡᠷᠡᠴᠢᠯᠡᠭᠡ ᠰᠤᠨᠤᠰᠬᠤ ᠵᠢ ᠢᠯᠡ᠎ᠪᠠᠷ ᠶᠠᠪᠤᠭᠤᠯᠬᠤ ᠬᠡᠷᠡᠭᠳᠡᠢ;
(ᠭᠤᠷᠪᠠ) ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ ᠲᠤᠰ ᠭᠤᠶᠤᠴᠢᠯᠠᠯ᠎ᠢ ᠬᠢᠨᠠᠨ ᠪᠠᠶ᠋ᠢᠴᠠᠭ᠋ᠠᠬᠤ ᠠᠵᠢᠯᠳᠠᠨ᠎ᠠᠴᠠ ᠪᠤᠰᠤᠳ ᠬᠦᠮᠦᠨ᠎ᠢ ᠭᠡᠷᠡᠴᠢᠯᠡᠭᠡ ᠰᠤᠨᠤᠰᠬᠤ ᠵᠢᠨ ᠬᠤᠷᠠᠯ ᠡᠷᠬᠢᠯᠡᠭᠴᠢ᠎ᠪᠠᠷ ᠵᠢᠭ᠋ᠠᠨ ᠲᠤᠭᠳᠠᠭ᠋ᠠᠬᠤ ᠭᠡᠷᠡᠭᠳᠡᠢ᠂ ᠭᠤᠶᠤᠴᠢᠯᠠᠭᠴᠢ᠂ ᠠᠰᠢᠭ ᠬᠤᠤᠷ᠎ᠤᠨ ᠬᠠᠷᠢᠴᠠᠭ᠎ᠠ᠎ᠲᠠᠢ ᠬᠦᠮᠦᠨ ᠡᠷᠬᠢᠯᠡᠭᠴᠢ ᠵᠢ ᠲᠤᠰ ᠵᠠᠰᠠᠬ ᠵᠠᠬᠢᠷᠭ᠋ᠠᠨ᠎ᠤ ᠵᠦᠪᠰᠢᠶᠡᠷᠡᠯ ᠠᠪᠬᠤ ᠵᠦᠢ᠍ᠯ᠎ᠤᠳ᠎ᠲᠠᠢ ᠰᠢᠭᠤᠳ ᠠᠰᠢᠭ ᠬᠤᠤᠷ᠎ᠤᠨ ᠬᠠᠷᠢᠴᠠᠭ᠎ᠠ᠎ᠲᠠᠢ ᠬᠡᠵᠤ ᠦᠵᠡᠪᠠᠯ᠂ ᠵᠠᠶ᠋ᠢᠯᠠᠭᠤᠯᠬᠤ᠎ᠪᠠᠷ ᠭᠤᠶᠤᠴᠢᠯᠠᠬᠤ ᠡᠷᠭᠡ᠎ᠲᠠᠢ;
(ᠲᠦᠷᠪᠡ) ᠭᠡᠷᠡᠴᠢᠯᠡᠭᠡ ᠰᠤᠨᠤᠰᠬᠤ᠎ᠳᠤ᠂ ᠵᠠᠰᠠᠬ ᠵᠠᠬᠢᠷᠭ᠋ᠠᠨ᠎ᠤ ᠵᠦᠪᠰᠢᠶᠡᠷᠡᠯ ᠠᠪᠬᠤ ᠲᠤᠰ ᠭᠤᠶᠤᠴᠢᠯᠠᠯ᠎ᠢ ᠬᠢᠨᠠᠨ
ᠪᠠᠶ᠋ᠢᠴᠠᠭ᠋ᠠᠬᠰᠠᠨ ᠠᠵᠢᠯᠳᠠᠨ ᠬᠢᠨᠠᠨ ᠪᠠᠶ᠋ᠢᠴᠠᠭ᠋ᠠᠬᠰᠠᠨ ᠰᠠᠨᠠᠯ᠎ᠤᠨ ᠵᠶ᠋ᠠᠨ ᠭᠡᠷᠡᠴᠢ ᠪᠠᠷᠢᠮᠳᠠ᠂ ᠤᠴᠢᠷ ᠰᠢᠯᠳᠠᠭ᠋ᠠᠨ ᠵᠶ᠋ᠠᠨ ᠬᠠᠨᠭ᠌ᠭ᠋ᠠᠬᠤ ᠭᠡᠷᠡᠭᠳᠡᠢ᠂ ᠭᠤᠶᠤᠴᠢᠯᠠᠭᠴᠢ᠂ ᠠᠰᠢᠭ ᠬᠤᠤᠷ᠎ᠤᠨ ᠬᠠᠷᠢᠴᠠᠭ᠎ᠠ᠎ᠲᠠᠢ ᠬᠦᠮᠦᠨ ᠭᠡᠷᠡᠴᠢ ᠪᠠᠷᠢᠮᠳᠠ ᠲᠤᠷᠠᠳᠴᠤ ᠪᠤᠯᠬᠤ ᠪᠦᠬᠡᠳ ᠵᠦᠪᠳᠡᠭᠡᠨ ᠲᠤᠳᠤᠷᠬᠠᠢ᠌ᠯᠠᠬᠤ ᠪᠡ ᠲᠤᠯᠭ᠋ᠠᠨ ᠭᠡᠷᠡᠴᠢᠯᠡᠵᠤ ᠪᠤᠯᠤᠨ᠎ᠠ;
(ᠲᠠᠪᠤ) ᠬᠡᠷᠡᠴᠢᠯᠡᠭᠡ ᠰᠤᠨᠤᠰᠬᠤ᠎ᠳᠤ ᠲᠡᠮᠳᠡᠭᠯᠡᠯ ᠬᠢᠬᠦ ᠭᠡᠷᠡᠭᠳᠡᠢ᠂ ᠭᠡᠷᠡᠴᠢᠯᠡᠭᠡ ᠰᠤᠨᠤᠰᠤᠭᠰᠠᠨ ᠲᠡᠮᠳᠡᠭᠯᠡᠯ᠎ᠢ ᠬᠡᠷᠡᠴᠢᠯᠡᠭᠡ ᠰᠤᠨᠤᠰᠬᠤ᠎ᠳᠤ ᠤᠷᠤᠯᠴᠠᠭᠰᠠᠨ ᠬᠦᠮᠦᠰ᠎ᠲᠤ ᠦᠵᠡᠬᠦᠯᠵᠤ ᠡ᠊ᠨᠳᠡᠬᠦᠦ ᠪᠤᠷᠤᠭᠤ ᠦᠬᠡᠢ ᠵᠢ ᠨᠤᠳᠠᠯᠠᠨ ᠵᠦᠪᠰᠢᠶᠡᠷᠡᠬᠦᠯᠦᠭᠰᠡᠨ᠎ᠤ ᠲᠠᠷᠠᠭ᠎ᠠ ᠭᠠᠷᠤᠨ ᠦᠰᠦᠭ ᠵᠢᠷᠤᠭᠤᠯᠬᠤ ᠪᠤᠶᠤ ᠲᠠᠮᠠᠭ᠎ᠠ ᠲᠠᠷᠤᠭᠤᠯᠬᠤ ᠭᠡᠷᠡᠭᠳᠡᠢ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠭᠡᠷᠡᠴᠢᠯᠡᠭᠡ ᠰᠤᠨᠤᠰᠤᠭᠰᠠᠨ ᠲᠡᠮᠳᠡᠭᠯᠡᠯ᠎ᠢ ᠦᠨᠳᠦᠰᠦᠯᠡᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠬᠤ ᠭᠡᠷᠡᠭᠳᠡᠢ᠃
ᠲᠠᠪᠤᠳᠤᠭ᠋ᠠᠷ ᠬᠡᠰᠡᠭ ᠬᠤᠪᠢᠷᠠᠭᠤᠯᠬᠤ ᠪᠡ ᠦᠷᠬᠦᠯᠵᠢᠯᠡᠬᠦᠯᠬᠦ
ᠲᠦᠴᠢ ᠶᠢᠰᠦᠳᠦᠬᠡᠷ ᠵᠦᠢ᠍ᠯ ᠵᠦᠪᠰᠢᠶᠡᠷᠡᠭᠳᠡᠭᠴᠢ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠵᠦᠢ᠍ᠯ᠎ᠤᠳ᠎ᠢ ᠬᠤᠪᠢᠷᠠᠭᠤᠯᠬᠤ᠎ᠪᠠᠷ ᠱᠠᠭ᠋ᠠᠷᠳᠠᠬᠤ᠎ᠳᠠᠭᠠᠨ᠂ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠭᠰᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠭᠤᠶᠤᠴᠢᠯᠠᠯ ᠭᠠᠷᠭ᠋ᠠᠬᠤ ᠭᠡᠷᠡᠭᠳᠡᠢ; ᠬᠠᠤᠯᠢ᠎ᠳᠤ ᠲᠤᠭᠳᠠᠭ᠋ᠠᠭᠰᠠᠨ ᠨᠦᠬᠦᠴᠡᠯ᠂ ᠪᠡᠷᠢᠮᠵᠢᠶ᠎ᠠ᠎ᠳᠤ ᠨᠡᠶ᠋ᠢᠴᠡᠵᠤ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠤᠪᠢᠷᠠᠭᠤᠯᠬᠤ ᠭᠠᠷ ᠬᠦᠢ᠍ᠴᠡᠳᠭᠡᠯ᠎ᠢ ᠬᠠᠤᠯᠢ ᠶᠤᠰᠤᠭ᠋ᠠᠷ ᠬᠢᠵᠤ ᠦᠭᠬᠦ ᠬᠡᠷᠡᠭᠳᠡᠢ᠃
ᠲᠠᠪᠢᠳᠤᠭ᠋ᠠᠷ ᠵᠦᠢ᠍ᠯ ᠵᠦᠪᠰᠢᠶᠡᠷᠡᠭᠳᠡᠭᠴᠢ ᠬᠠᠤᠯᠢ ᠶᠤᠰᠤᠭ᠋ᠠᠷ ᠤᠯᠤᠭᠰᠠᠨ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠬᠦᠴᠦᠨ᠎ᠲᠠᠢ ᠬᠤᠭᠤᠴᠠᠭ᠎ᠠ ᠵᠢ ᠤᠷᠳᠤᠳᠬᠠᠬᠤ ᠴᠢᠬᠤᠯᠠᠳᠠᠢ ᠪᠠᠶ᠋ᠢᠪᠠᠯ᠂ ᠲᠤᠰ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠬᠦᠴᠦᠨ᠎ᠲᠠᠢ ᠬᠤᠭᠤᠴᠠᠭ᠎ᠠ ᠲᠠᠭᠤᠰᠬᠤ᠎ᠠᠴᠠ ᠭᠤᠴᠢᠨ ᠡᠳᠦᠷ᠎ᠤᠨ ᠡᠮᠦᠨ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠭᠰᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠭᠤᠶᠤᠴᠢᠯᠠᠯ ᠭᠠᠷᠭ᠋ᠠᠬᠤ ᠭᠡᠷᠡᠭᠳᠡᠢ᠃ ᠭᠡᠪᠡᠴᠤ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠂ ᠲᠦᠷᠢᠮ ᠲᠤᠭᠳᠠᠭ᠋ᠠᠯ᠎ᠳᠤ ᠠᠰᠳᠠᠭ᠋ᠠᠨ ᠲᠤᠭᠳᠠᠭ᠋ᠠᠯ᠎ᠲᠠᠢ ᠪᠠᠶ᠋ᠢᠪᠠᠯ᠂ ᠲᠡᠷᠡ ᠲᠤᠭᠳᠠᠭ᠋ᠠᠯ ᠶᠤᠰᠤᠭ᠋ᠠᠷ ᠬᠦᠢ᠍ᠴᠡᠳᠭᠡᠨᠠ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠦᠪᠰᠢᠶᠡᠷᠡᠭᠳᠡᠭᠴᠢ ᠵᠢᠨ ᠭᠤᠶᠤᠴᠢᠯᠠᠯ᠎ᠢ ᠦᠨᠳᠦᠰᠦᠯᠡᠨ᠂ ᠲᠤᠰ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠬᠦᠴᠦᠨ᠎ᠲᠠᠢ ᠬᠤᠭᠤᠴᠠᠭ᠎ᠠ ᠲᠠᠭᠤᠰᠬᠤ᠎ᠠᠴᠠ ᠡᠮᠦᠨ᠎ᠠ ᠤᠷᠳᠤᠳᠬᠠᠬᠤ ᠵᠢ ᠵᠦᠪᠰᠢᠶᠡᠷᠡᠬᠦ ᠡᠰᠡᠬᠦ ᠲᠤᠬᠠᠢ ᠲᠤᠭᠳᠠᠭ᠋ᠠᠯ ᠭᠠᠷᠭ᠋ᠠᠬᠤ ᠭᠡᠷᠡᠭᠳᠡᠢ; ᠬᠤᠭᠤᠴᠠᠭ᠎ᠠ ᠭᠡᠳᠦᠷᠡᠳᠠᠯᠠ ᠲᠤᠭᠳᠠᠭ᠋ᠠᠯ ᠭᠠᠷᠭ᠋ᠠᠭᠰᠠᠨ ᠦᠬᠡᠢ ᠪᠠᠶ᠋ᠢᠪᠠᠯ᠂ ᠤᠷᠳᠤᠳᠬᠠᠬᠤ ᠵᠢ ᠵᠦᠪᠰᠢᠶᠡᠷᠡᠭᠰᠡᠨ ᠵᠶ᠋ᠠᠷ ᠪᠤᠳᠤᠨ᠎ᠠ᠃
ᠵᠢᠷᠭᠤᠳᠤᠭ᠋ᠠᠷ ᠬᠡᠰᠡᠭ ᠤᠨᠴᠠᠭ᠋ᠠᠢ ᠲᠤᠭᠳᠠᠭ᠋ᠠᠯ
ᠲᠠᠪᠢᠨ ᠨᠢᠭᠡᠳᠦᠬᠡᠷ ᠵᠦᠢ᠍ᠯ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠵᠢᠷᠤᠮ᠎ᠤᠨ ᠲᠤᠬᠠᠢ ᠲᠤᠰ ᠭᠡᠰᠡᠭ᠎ᠲᠤ ᠲᠤᠭᠳᠠᠭ᠋ᠠᠭᠰᠠᠨ ᠪᠠᠶ᠋ᠢᠪᠠᠯ᠂ ᠲᠤᠰ ᠭᠡᠰᠡᠭ᠎ᠤᠨ ᠲᠤᠭᠳᠠᠭ᠋ᠠᠯ᠎ᠢ ᠬᠡᠷᠡᠭᠯᠡᠨ᠎ᠠ; ᠲᠤᠰ ᠭᠡᠰᠡᠭ᠎ᠲᠤ ᠲᠤᠭᠳᠠᠭ᠋ᠠᠭᠰᠠᠨ ᠦᠬᠡᠢ ᠪᠠᠶ᠋ᠢᠪᠠᠯ᠂ ᠲᠤᠰ ᠪᠦᠯᠦᠭ᠎ᠤᠨ ᠬᠤᠯᠪᠤᠭᠳᠠᠯ ᠪᠦᠬᠦᠢ ᠪᠤᠰᠤᠳ ᠲᠤᠭᠳᠠᠭ᠋ᠠᠯ᠎ᠢ ᠭᠡᠷᠡᠭᠯᠡᠨ᠎ᠠ᠃
ᠲᠠᠪᠢᠨ ᠬᠤᠶᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠵᠢᠷᠤᠮᠳᠤ ᠬᠤᠯᠪᠤᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠤᠨ ᠲᠤᠭᠳᠠᠭ᠋ᠠᠯ᠎ᠢ ᠭᠡᠷᠡᠭᠯᠡᠨ᠎ᠠ᠃
ᠲᠠᠪᠢᠨ ᠭᠤᠷᠪᠠᠳᠤᠭ᠋ᠠᠷ ᠵᠦᠢ᠍ᠯ ᠲᠤᠰ ᠬᠠᠤᠯᠢ ᠵᠢᠨ ᠠᠷᠪᠠᠨ ᠬᠤᠶᠠᠳᠤᠭ᠋ᠠᠷ ᠵᠦᠢ᠍ᠯ᠎ᠤᠨ ᠬᠤᠶᠠᠳᠤᠭ᠋ᠠᠷ ᠵᠤᠷᠪᠤᠰ᠎ᠲᠤ ᠵᠢᠭᠰᠠᠭ᠋ᠠᠭᠰᠠᠨ ᠵᠦᠢ᠍ᠯ᠎ᠤᠳ᠎ᠤᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ᠎ᠳᠤ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠠᠭ᠋ᠠᠭ᠋ᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠵᠡᠷᠭᠡ ᠭᠤᠤᠯᠴᠢ ᠦᠷᠢᠰᠦᠯᠳᠦᠬᠡᠨᠤ ᠠᠷᠭ᠎ᠠ ᠮᠠᠶᠢᠭ ᠵᠶ᠋ᠠᠷ ᠲᠠᠮᠵᠢᠭᠤᠯᠵᠤ ᠲᠤᠭᠳᠠᠭ᠋ᠠᠯ ᠭᠠᠷᠭ᠋ᠠᠬᠤ ᠭᠡᠷᠡᠭᠳᠡᠢ᠃ ᠭᠡᠪᠡᠴᠤ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠎ᠳᠤ ᠠᠰᠳᠠᠭ᠋ᠠᠨ ᠲᠤᠭᠳᠠᠭ᠋ᠠᠯ᠎ᠲᠠᠢ ᠪᠠᠶ᠋ᠢᠪᠠᠯ᠂ ᠲᠡᠷᠡ ᠲᠤᠭᠳᠠᠭ᠋ᠠᠯ ᠶᠤᠰᠤᠭ᠋ᠠᠷ ᠬᠦᠢ᠍ᠴᠡᠳᠭᠡᠨᠠ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠠᠭ᠋ᠠᠭ᠋ᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠵᠡᠷᠭᠡ ᠠᠷᠭ᠎ᠠ ᠮᠠᠶᠢᠭ ᠵᠶ᠋ᠠᠷ ᠲᠠᠮᠵᠢᠭᠤᠯᠵᠤ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠬᠤ ᠪᠤᠳᠠᠳᠠᠢ ᠵᠢᠷᠤᠮ᠎ᠢ ᠬᠤᠯᠪᠤᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠤᠨ ᠲᠤᠭᠳᠠᠭ᠋ᠠᠯ ᠶᠤᠰᠤᠭ᠋ᠠᠷ ᠬᠦᠢ᠍ᠴᠡᠳᠭᠡᠨᠠ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠠᠭ᠋ᠠᠭ᠋ᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠵᠢᠷᠤᠮ ᠶᠤᠰᠤᠭ᠋ᠠᠷ ᠲᠠᠭ᠋ᠠᠭ᠋ᠠᠴᠢᠯᠠᠭᠴᠢ᠂ ᠬᠤᠳᠠᠯᠳᠤᠨ ᠠᠪᠤᠭᠴᠢ ᠵᠢ ᠲᠤᠭᠳᠠᠭ᠋ᠠᠭᠰᠠᠨ᠎ᠤ ᠲᠠᠷᠠᠭ᠎ᠠ᠂ ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦ ᠲᠤᠭᠳᠠᠭ᠋ᠠᠯ ᠭᠠᠷᠭ᠋ᠠᠬᠤ ᠭᠡᠷᠡᠭᠳᠡᠢ ᠪᠦᠬᠡᠳ ᠲᠠᠭ᠋ᠠᠭ᠋ᠠᠴᠢᠯᠠᠭᠴᠢ᠂ ᠬᠤᠳᠠᠯᠳᠤᠨ ᠠᠪᠤᠭᠴᠢ᠎ᠳᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠦᠨᠡᠮᠯᠡᠯ ᠤᠯᠭᠤᠬᠤ ᠭᠡᠷᠡᠭᠳᠡᠢ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠤᠰ ᠵᠦᠢ᠍ᠯ᠎ᠤᠨ ᠲᠤᠭᠳᠠᠭ᠋ᠠᠯ᠎ᠢ ᠵᠦᠷᠢᠴᠡᠵᠤ᠂ ᠲᠠᠭ᠋ᠠᠭ᠋ᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠠᠷᠭ᠎ᠠ ᠮᠠᠶᠢᠭ᠎ᠢ ᠠᠪᠬᠤ ᠦᠬᠡᠢ ᠪᠤᠶᠤ ᠲᠠᠭ᠋ᠠᠭ᠋ᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠵᠢᠷᠤᠮ᠎ᠢ ᠵᠦᠷᠢᠴᠡᠨ᠂ ᠭᠤᠶᠤᠴᠢᠯᠠᠭᠴᠢ ᠵᠢᠨ ᠬᠠᠤᠯᠢ ᠶᠤᠰᠤᠨ᠎ᠤ ᠡᠷᠭᠡ ᠠᠰᠢᠭ᠎ᠢ ᠬᠤᠬᠢᠷᠠᠭᠤᠯᠤᠭᠰᠠᠨ ᠪᠠᠶ᠋ᠢᠪᠠᠯ᠂ ᠭᠤᠶᠤᠴᠢᠯᠠᠭᠴᠢ ᠬᠠᠤᠯᠢ ᠶᠤᠰᠤᠭ᠋ᠠᠷ ᠵᠠᠰᠠᠬ ᠵᠠᠬᠢᠷᠭ᠋ᠠᠨ ᠵᠶ᠋ᠠᠷ ᠲᠠᠪᠳᠠᠨ ᠶᠡᠷᠢᠯᠴᠠᠭᠤᠯᠬᠤᠪᠠᠷ ᠭᠤᠶᠤᠴᠢᠯᠠᠬᠤ ᠪᠤᠶᠤ ᠵᠠᠰᠠᠭ ᠵᠠᠬᠢᠷᠭ᠋ᠠᠨ᠎ᠤ ᠵᠠᠭ᠋ᠠᠯᠳᠤᠯᠭ᠎ᠠ ᠬᠢᠵᠤ ᠪᠤᠯᠤᠨ᠎ᠠ᠃
ᠲᠠᠪᠢᠨ ᠲᠦᠷᠪᠡᠳᠦᠬᠡᠷ ᠵᠦᠢ᠍ᠯ ᠲᠤᠰ ᠬᠠᠤᠯᠢ ᠵᠢᠨ ᠠᠷᠪᠠᠨ ᠬᠤᠶᠠᠳᠤᠭ᠋ᠠᠷ ᠵᠦᠢ᠍ᠯ᠎ᠤᠨ ᠭᠤᠷᠪᠠᠳᠤᠭ᠋ᠠᠷ ᠵᠤᠷᠪᠤᠰ᠎ᠲᠤ ᠵᠢᠭᠰᠠᠭ᠋ᠠᠭᠰᠠᠨ ᠵᠦᠢ᠍ᠯ᠎ᠤᠳ᠎ᠤᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠵᠤ᠂ ᠠᠷᠠᠳ ᠢᠷᠭᠡᠨ᠎ᠳᠤ ᠲᠤᠰᠬᠠᠢ ᠬᠢᠷᠢ ᠭᠡᠮ ᠤᠯᠭᠤᠬᠤ᠎ᠳᠤ ᠬᠠᠤᠯᠢ ᠶᠤᠰᠤᠭ᠋ᠠᠷ ᠤᠯᠤᠰ᠎ᠤᠨ ᠰᠢᠯᠭ᠋ᠠᠯᠳᠠ ᠬᠢᠬᠦ ᠴᠢᠬᠤᠯᠠᠳᠠᠢ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠰᠢᠯᠭ᠋ᠠᠯᠳᠠ ᠵᠢᠨ ᠬᠢᠷᠢ ᠪᠦᠳᠦᠮᠵᠢ ᠪᠠ ᠬᠠᠤᠯᠢ᠎ᠳᠤ ᠲᠤᠭᠳᠠᠭ᠋ᠠᠭᠰᠠᠨ ᠪᠤᠰᠤᠳ ᠨᠦᠬᠦᠴᠡᠯ᠎ᠢ ᠦᠨᠳᠦᠰᠦᠯᠡᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠨᠡ; ᠬᠠᠤᠯᠢ ᠵᠢᠨ ᠬᠦᠮᠦᠨ ᠪᠤᠶᠤ ᠪᠤᠰᠤᠳ ᠵᠤᠬᠢᠶᠠᠨ ᠪᠠᠶ᠋ᠢᠭᠤᠯᠤᠯᠳᠠ᠎ᠳᠤ ᠲᠤᠰᠬᠠᠢ ᠬᠢᠷᠢ ᠬᠡᠮ᠂ ᠬᠢᠷᠢ ᠴᠢᠳᠠᠯ ᠤᠯᠭᠤᠬᠤ᠎ᠳᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠭᠤᠶᠤᠴᠢᠯᠠᠭᠴᠢ ᠵᠢᠨ ᠲᠤᠰᠬᠠᠢ ᠮᠡᠷᠬᠡᠵᠢᠯ᠎ᠤᠨ ᠠᠵᠢᠯᠳᠠᠨ᠎ᠤ ᠪᠦᠷᠢᠯᠳᠦᠴᠡ᠂ ᠮᠡᠷᠭᠡᠵᠢᠯ᠎ᠤᠨ ᠨᠦᠬᠦᠴᠡᠯ᠂ ᠡᠵᠡᠩᠨᠡᠯᠳᠡ ᠵᠢᠨ ᠠᠮᠵᠢᠯᠳᠠ ᠪᠦᠲᠦᠮᠵᠢ ᠪᠠ ᠬᠠᠮᠢᠶᠠᠷᠤᠯᠳᠠ ᠵᠢᠨ ᠬᠢᠷᠢ ᠬᠡᠮᠵᠢᠶ᠎ᠠ ᠵᠡᠷᠭᠡ ᠵᠢ ᠬᠢᠨᠠᠨ ᠰᠢᠯᠭ᠋ᠠᠭᠰᠠᠨ ᠦᠷ᠎ᠠ ᠳ᠋ᠦᠩ᠎ᠢ ᠦᠨᠳᠦᠰᠦᠯᠡᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠨᠡ᠃ ᠭᠡᠪᠡᠴᠤ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠳᠤ ᠠᠰᠳᠠᠭ᠋ᠠᠨ ᠲᠤᠭᠳᠠᠭ᠋ᠠᠯ᠎ᠲᠠᠢ ᠪᠠᠶ᠋ᠢᠪᠠᠯ᠂ ᠲᠡᠷᠡ ᠲᠤᠭᠳᠠᠭ᠋ᠠᠯ ᠶᠤᠰᠤᠭ᠋ᠠᠷ ᠬᠦᠢ᠍ᠴᠡᠳᠭᠡᠨᠠ᠃
ᠠᠷᠠᠳ ᠢᠷᠭᠡᠨ᠎ᠤ ᠲᠤᠰᠬᠠᠢ ᠬᠢᠷᠢ ᠬᠡᠮ᠎ᠤᠨ ᠰᠢᠯᠭ᠋ᠠᠯᠳᠠ ᠵᠢ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠤᠶᠤ ᠠᠵᠢᠯ ᠲᠦᠷᠦᠯ᠎ᠤᠨ ᠵᠤᠬᠢᠶᠠᠨ ᠪᠠᠶ᠋ᠢᠭᠤᠯᠤᠯᠳᠠ᠎ᠠᠴᠠ ᠭᠡᠷᠡᠭᠵᠢᠬᠦᠯᠬᠦ ᠪᠦᠬᠡᠳ ᠢᠯᠡ᠎ᠪᠠᠷ ᠶᠠᠪᠤᠭᠤᠯᠤᠨ᠎ᠠ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠤᠶᠤ ᠠᠵᠢᠯ ᠲᠦᠷᠦᠯ᠎ᠤᠨ ᠵᠤᠬᠢᠶᠠᠨ ᠪᠠᠶ᠋ᠢᠭᠤᠯᠤᠯᠳᠠ ᠬᠢᠷᠢ ᠬᠡᠮ᠎ᠤᠨ ᠰᠢᠯᠭ᠋ᠠᠯᠳᠠ ᠵᠢᠨ ᠨᠡᠷ᠎ᠠ ᠮᠡᠳᠡᠬᠦᠯᠬᠦ ᠨᠦᠬᠦᠴᠡᠯ᠂ ᠨᠡᠷ᠎ᠠ ᠮᠡᠳᠡᠬᠦᠯᠬᠦ ᠠᠷᠭ᠎ᠠ᠂ ᠰᠢᠯᠭ᠋ᠠᠯᠳᠠ ᠵᠢᠨ ᠬᠢᠴᠢᠶᠡᠯ ᠲᠦᠷᠦᠯ ᠵᠢᠴᠢ ᠰᠢᠯᠭ᠋ᠠᠯᠳᠠ ᠵᠢᠨ ᠬᠦᠳᠦᠯᠪᠤᠷᠢ ᠵᠢ ᠤᠷᠢᠳᠴᠢᠯᠠᠨ ᠨᠡᠶ᠋ᠢᠳᠡᠯᠡᠬᠦ ᠬᠡᠷᠡᠭᠳᠡᠢ᠃ ᠭᠡᠪᠡᠴᠤ ᠬᠢᠷᠢ ᠬᠡᠮ᠎ᠤᠨ ᠰᠢᠯᠭ᠋ᠠᠯᠳᠠ ᠵᠢᠨ ᠰᠢᠯᠭ᠋ᠠᠯᠳᠠ᠎ᠠᠴᠠ ᠡᠮᠦᠨᠡᠬᠢ ᠠᠯᠪᠠᠳᠠᠯᠭ᠎ᠠ ᠵᠢᠨ ᠴᠢᠨᠠᠷᠳᠠᠢ ᠪᠤᠯᠪᠠᠰᠤᠷᠠᠭᠤᠯᠤᠯ᠎ᠢ ᠵᠤᠬᠢᠶᠠᠨ ᠪᠠᠶ᠋ᠢᠭᠤᠯᠵᠤ ᠪᠤᠯᠬᠤ ᠦᠬᠡᠢ᠂ ᠵᠢᠭ᠋ᠠᠬᠤ ᠮᠠᠲ᠋ᠧᠷᠢᠶᠠᠯ ᠪᠤᠶᠤ ᠰᠢᠯᠭ᠋ᠠᠯᠳᠠ ᠵᠢᠨ ᠲᠤᠰᠠᠯᠠᠮᠵᠢ ᠵᠢᠨ ᠪᠤᠰᠤᠳ ᠮᠠᠲ᠋ᠧᠷᠢᠶᠠᠯ᠎ᠢ ᠵᠢᠭ᠋ᠠᠨ ᠲᠤᠭᠳᠠᠭ᠋ᠠᠵᠤ ᠪᠤᠯᠬᠤ ᠦᠬᠡᠢ᠃
ᠲᠠᠪᠢᠨ ᠲᠠᠪᠤᠳᠤᠭ᠋ᠠᠷ ᠵᠦᠢ᠍ᠯ ᠲᠤᠰ ᠬᠠᠤᠯᠢ ᠵᠢᠨ ᠠᠷᠪᠠᠨ ᠬᠤᠶᠠᠳᠤᠭ᠋ᠠᠷ ᠵᠦᠢ᠍ᠯ᠎ᠤᠨ ᠲᠦᠷᠪᠡᠳᠦᠭᠡᠷ ᠵᠤᠷᠪᠤᠰ᠎ᠲᠤ ᠵᠢᠭᠰᠠᠭ᠋ᠠᠭᠰᠠᠨ ᠵᠦᠢ᠍ᠯ᠎ᠤᠳ᠎ᠤᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠬᠦ᠎ᠳᠤ ᠮᠡᠷᠭᠡᠵᠢᠯ᠎ᠤᠨ ᠪᠠᠷᠢᠮᠵᠢᠶ᠎ᠠ᠂ ᠮᠡᠷᠭᠡᠵᠢᠯ᠎ᠤᠨ ᠲᠦᠷᠢᠮᠵᠢᠯ᠎ᠢ ᠦᠨᠳᠦᠰᠦᠯᠡᠵᠤ ᠬᠠᠤᠯᠢ ᠶᠤᠰᠤᠭ᠋ᠠᠷ ᠰᠢᠯᠭ᠋ᠠᠨ ᠪᠠᠶ᠋ᠢᠴᠠᠭ᠋ᠠᠯᠳᠠ᠂ ᠪᠠᠶ᠋ᠢᠴᠠᠭ᠋ᠠᠨ ᠬᠡᠮᠵᠢᠯᠲᠡ᠂ ᠬᠢᠵᠢᠭ᠎ᠤᠨ ᠪᠠᠶ᠋ᠢᠴᠠᠭ᠋ᠠᠯᠳᠠ ᠬᠢᠬᠦ ᠬᠡᠷᠡᠭᠳᠡᠢ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠰᠢᠯᠭ᠋ᠠᠨ ᠪᠠᠶ᠋ᠢᠴᠠᠭ᠋ᠠᠵᠤ᠂ ᠪᠠᠶ᠋ᠢᠴᠠᠭ᠋ᠠᠨ ᠭᠡᠮᠵᠢᠵᠦ᠂ ᠬᠢᠵᠢᠭ ᠪᠠᠶ᠋ᠢᠴᠠᠭ᠋ᠠᠭᠰᠠᠨ ᠦᠷ᠎ᠠ ᠳ᠋ᠦᠩ᠎ᠢ ᠦᠨᠳᠦᠰᠦᠯᠡᠨ ᠵᠠᠰᠠᠭ ᠵᠠᠬᠢᠷᠭ᠋ᠠᠨ᠎ᠤ ᠲᠤᠭᠳᠠᠭ᠋ᠠᠯ ᠭᠠᠷᠭ᠋ᠠᠬᠤ ᠭᠡᠷᠡᠭᠳᠡᠢ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠰᠢᠯᠭ᠋ᠠᠨ ᠪᠠᠶ᠋ᠢᠴᠠᠭ᠋ᠠᠯᠳᠠ᠂ ᠪᠠᠶ᠋ᠢᠴᠠᠭ᠋ᠠᠨ ᠬᠡᠮᠵᠢᠯᠳᠡ᠂ ᠬᠢᠵᠢᠭ᠎ᠤᠨ ᠪᠠᠶ᠋ᠢᠴᠠᠭ᠋ᠠᠯᠳᠠ ᠬᠢᠬᠦ ᠳᠡᠭᠡᠨ᠂ ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠲᠠᠪᠤᠨ ᠡᠳᠦᠷ᠎ᠤᠨ ᠲᠤᠳᠤᠷ᠎ᠠ ᠬᠤᠶᠠᠷ᠎ᠠᠴᠠ ᠲᠡᠭᠡᠭᠰᠢ ᠠᠵᠢᠯᠳᠠᠨ᠎ᠢ ᠲᠤᠮᠢᠯᠠᠵᠤ ᠮᠡᠷᠭᠡᠵᠢᠯ᠎ᠤᠨ ᠪᠠᠷᠢᠮᠵᠢᠶ᠎ᠠ᠂ ᠮᠡᠷᠭᠡᠵᠢᠯ᠎ᠤᠨ ᠲᠦᠷᠢᠮᠵᠢᠯ ᠶᠤᠰᠤᠭ᠋ᠠᠷ ᠰᠢᠯᠭ᠋ᠠᠨ ᠪᠠᠶ᠋ᠢᠴᠠᠭ᠋ᠠᠯᠳᠠ᠂ ᠪᠠᠶ᠋ᠢᠴᠠᠭ᠋ᠠᠠ ᠬᠡᠮᠵᠢᠯᠲᠡ᠂ ᠬᠢᠵᠢᠭ᠎ᠤᠨ ᠪᠠᠶ᠋ᠢᠴᠠᠭ᠋ᠠᠯᠳᠠ ᠬᠢᠬᠦ ᠬᠡᠷᠡᠭᠳᠡᠢ᠃ ᠰᠢᠯᠭ᠋ᠠᠨ ᠪᠠᠶ᠋ᠢᠴᠠᠭ᠋ᠠᠵᠤ᠂ ᠪᠠᠶ᠋ᠢᠴᠠᠭ᠋ᠠᠨ ᠬᠡᠮᠵᠢᠵᠦ᠂ ᠬᠢᠵᠢᠭ ᠪᠠᠶ᠋ᠢᠴᠠᠭ᠋ᠠᠭᠰᠠᠨ ᠦᠷ᠎ᠠ ᠳ᠋ᠦᠩ᠎ᠳᠤ ᠤᠯᠠᠮ ᠨᠢᠬᠡ ᠠᠯᠬᠤᠮ ᠮᠡᠷᠭᠡᠵᠢᠯ᠎ᠤᠨ ᠵᠠᠳᠠᠯᠤᠯᠳᠠ ᠬᠢᠬᠦ ᠦᠬᠡᠢ᠎ᠪᠠᠷ ᠲᠤᠨᠤᠭ ᠲᠦᠬᠦᠬᠡᠷᠦᠮᠵᠢ᠂ ᠪᠡᠯᠡᠳᠭᠡᠮᠵᠢ᠂ ᠦᠢ᠍ᠯᠡᠳᠬᠦᠨ᠂ ᠡᠳ᠋ ᠪᠤᠳᠠᠰ᠎ᠤᠨ ᠮᠡᠷᠭᠡᠵᠢᠯ᠎ᠤᠨ ᠪᠡᠷᠢᠮᠵᠢᠶ᠎ᠠ᠂ ᠮᠡᠷᠭᠡᠵᠢᠯ᠎ᠤᠨ ᠲᠦᠷᠢᠮᠵᠢᠯ᠎ᠳᠤ ᠨᠡᠶ᠋ᠢᠴᠡᠬᠦ ᠡᠰᠡᠬᠦ ᠵᠢ ᠮᠠᠭ᠋ᠠᠳᠯᠠᠵᠤ ᠴᠢᠳᠠᠬᠤ᠎ᠳᠤ ᠬᠦᠷᠪᠡᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠤᠬᠠᠢ ᠵᠢᠨ ᠭᠠᠵᠠᠷ᠎ᠲᠤᠨᠢ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠬᠤ ᠭᠡᠷᠡᠭᠳᠡᠢ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠰᠢᠯᠭ᠋ᠠᠨ ᠪᠠᠶ᠋ᠢᠴᠠᠭ᠋ᠠᠯᠳᠠ᠂ ᠪᠠᠶ᠋ᠢᠴᠠᠭ᠋ᠠᠨ ᠬᠡᠮᠵᠢᠯᠳᠠ᠂ ᠬᠢᠵᠢᠭ᠎ᠤᠨ ᠪᠠᠶ᠋ᠢᠴᠠᠭ᠋ᠠᠯᠳᠠ ᠵᠢᠨ ᠦᠷ᠎ᠠ ᠳ᠋ᠦᠩ᠎ᠢ ᠦᠨᠳᠦᠰᠦᠯᠡᠨ ᠵᠠᠰᠠᠭ ᠵᠠᠬᠢᠷᠭ᠋ᠠᠨ᠎ᠤ ᠵᠦᠪᠰᠢᠶᠡᠷᠡᠯ ᠦᠯᠦ ᠦᠭᠬᠦ ᠲᠤᠭᠳᠠᠭ᠋ᠠᠯ ᠭᠠᠷᠭ᠋ᠠᠭᠰᠠᠨ ᠪᠠᠶ᠋ᠢᠪᠠᠯ᠂ ᠵᠠᠰᠠᠭ ᠵᠠᠬᠢᠷᠭ᠋ᠠᠨ᠎ᠤ ᠵᠦᠪᠰᠢᠶᠡᠷᠡᠯ ᠦᠯᠦ ᠦᠭᠬᠦ᠎ᠳᠤ ᠦᠨᠳᠦᠰᠦᠯᠡᠭᠰᠡᠨ ᠮᠡᠷᠭᠡᠵᠢᠯ᠎ᠤᠨ ᠪᠡᠷᠢᠮᠵᠢᠶ᠎ᠠ᠂ ᠮᠡᠷᠭᠡᠵᠢᠯ᠎ᠤᠨ ᠲᠦᠷᠢᠮᠵᠢᠯ᠎ᠢ ᠪᠢᠴᠢᠭ ᠵᠶ᠋ᠠᠷ ᠲᠤᠳᠤᠷᠬᠠᠢ᠌ᠯᠠᠬᠤ ᠭᠡᠷᠡᠭᠳᠡᠢ᠃
ᠲᠠᠪᠢᠨ ᠵᠢᠷᠭᠤᠳᠤᠭ᠋ᠠᠷ ᠵᠦᠢ᠍ᠯ ᠲᠤᠰ ᠬᠠᠤᠯᠢ ᠵᠢᠨ ᠠᠷᠪᠠᠨ ᠬᠤᠶᠠᠳᠤᠭ᠋ᠠᠷ ᠵᠦᠢ᠍ᠯ᠎ᠤᠨ ᠲᠠᠪᠤᠳᠤᠭ᠋ᠠᠷ ᠵᠤᠷᠪᠤᠰ᠎ᠲᠤ ᠵᠢᠭᠰᠠᠭ᠋ᠠᠭᠰᠠᠨ ᠵᠦᠢ᠍ᠯ᠎ᠤᠳ᠎ᠤᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠬᠦ᠎ᠳᠤ᠂ ᠭᠤᠶᠤᠴᠢᠯᠠᠭᠴᠢ ᠵᠢᠨ ᠲᠡᠪᠰᠢᠬᠦᠯᠦᠨ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ᠎ᠨᠢ ᠪᠦᠷᠢᠨ ᠬᠦᠢ᠍ᠴᠡᠳ᠂ ᠬᠠᠤᠯᠢ᠎ᠳᠤ ᠲᠤᠭᠳᠠᠭ᠋ᠠᠭᠰᠠᠨ ᠭᠡᠯᠪᠡᠷᠢᠳᠤ ᠨᠡᠶ᠋ᠢᠴᠡᠵᠤ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠤᠬᠠᠢ ᠵᠢᠨ ᠭᠠᠵᠠᠷ᠎ᠲᠤᠨᠢ ᠲᠠᠩᠰᠠᠯᠠᠵᠤ ᠦᠭᠬᠦ ᠭᠡᠷᠡᠭᠳᠡᠢ᠃ ᠭᠤᠶᠤᠴᠢᠯᠠᠬᠤ ᠮᠠᠲ᠋ᠧᠷᠢᠶᠠᠯ᠎ᠤᠨ ᠮᠦᠨ ᠴᠢᠨᠡᠷ᠎ᠤᠨ ᠠᠭᠤᠯᠭ᠎ᠠ ᠵᠢ ᠬᠢᠨᠠᠨ ᠮᠠᠭ᠋ᠠᠳᠯᠠᠬᠤ ᠴᠢᠬᠤᠯᠠᠳᠠᠢ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠤᠰ ᠬᠠᠤᠯᠢ ᠵᠢᠨ ᠭᠤᠴᠢᠨ ᠲᠦᠷᠪᠡᠳᠦᠬᠡᠷ ᠵᠦᠢ᠍ᠯ᠎ᠤᠨ ᠭᠤᠷᠪᠠᠳᠤᠭ᠋ᠠᠷ ᠪᠠᠳᠠᠭ᠎ᠤᠨ ᠲᠤᠭᠳᠠᠭ᠋ᠠᠯ ᠶᠤᠰᠤᠭ᠋ᠠᠷ ᠰᠢᠢ᠍ᠳᠪᠤᠷᠢᠯᠡᠨ᠎ᠠ᠃
ᠲᠠᠪᠢᠨ ᠲᠤᠯᠤᠳᠤᠭ᠋ᠠᠷ ᠵᠦᠢ᠍ᠯ ᠲᠤᠭ᠎ᠠ ᠭᠡᠮᠵᠢᠶᠠᠨ᠎ᠤ ᠬᠢᠵᠠᠭ᠋ᠠᠷᠯᠠᠯ᠎ᠲᠠᠢ ᠵᠠᠰᠠᠭ ᠵᠠᠬᠢᠷᠭ᠋ᠠᠨ᠎ᠤ ᠵᠦᠪᠰᠢᠶᠡᠷᠡᠯ᠎ᠳᠤ᠂ ᠬᠤᠶᠠᠷ ᠪᠤᠶᠤ ᠬᠤᠶᠠᠷ᠎ᠠᠴᠠ ᠲᠡᠭᠡᠭᠰᠢ ᠲᠤᠭ᠋ᠠᠨ᠎ᠤ ᠭᠤᠶᠤᠴᠢᠯᠠᠭᠴᠢ ᠵᠢᠨ ᠭᠤᠶᠤᠴᠢᠯᠠᠯ᠎ᠨᠢ ᠪᠦᠷ ᠬᠠᠤᠯᠢ᠎ᠳᠤ ᠲᠤᠭᠳᠠᠭ᠋ᠠᠭᠰᠠᠨ ᠨᠦᠬᠦᠴᠡᠯ᠂ ᠪᠠᠷᠢᠮᠵᠢᠶ᠎ᠠ᠎ᠳᠤ ᠨᠡᠶ᠋ᠢᠴᠡᠵᠤ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ ᠭᠤᠶᠤᠴᠢᠯᠠᠯ᠎ᠢ ᠰᠢᠢ᠍ᠳᠪᠤᠷᠢᠯᠡᠬᠦ᠎ᠪᠠᠷ ᠬᠦᠯᠢᠶᠡᠨ ᠠᠪᠤᠭᠰᠠᠨ ᠡᠮᠦᠨ᠎ᠠ ᠬᠤᠶ᠋ᠢᠨ᠎ᠠ ᠲᠡᠰ ᠲᠠᠷᠠᠭ᠎ᠠ ᠵᠢ ᠦᠨᠳᠦᠰᠦᠯᠡᠵᠦ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠬᠤ ᠭᠡᠷᠡᠭᠳᠡᠢ᠃ ᠭᠡᠪᠡᠴᠦ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠳᠤ ᠠᠰᠳᠠᠭ᠋ᠠᠨ ᠲᠤᠭᠳᠠᠭ᠋ᠠᠯ᠎ᠲᠠᠢ ᠪᠠᠶ᠋ᠢᠪᠠᠯ᠂ ᠲᠡᠷᠡ ᠲᠤᠭᠳᠠᠭ᠋ᠠᠯ ᠶᠤᠰᠤᠭ᠋ᠠᠷ ᠬᠦᠢ᠍ᠴᠡᠳᠭᠡᠨᠠ᠃
ᠲᠠᠪᠤᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠰᠦᠢ᠍ᠳᠭᠡᠯ
ᠲᠠᠪᠢᠨ ᠨᠠᠢ᠍ᠮᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠪᠠ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠵᠦᠢ᠍ᠯ᠎ᠤᠳ᠎ᠲᠤ ᠬᠢᠨᠠᠯᠳᠠ ᠲᠠᠯᠪᠢᠵᠤ ᠪᠠᠶ᠋ᠢᠴᠠᠭ᠋ᠠᠬᠤ᠎ᠳᠠᠭᠠᠨ ᠶᠠᠮᠠᠷ᠎ᠴᠤ ᠰᠦᠢ᠍ᠳᠭᠡᠯ ᠬᠤᠷᠢᠶᠠᠵᠤ ᠪᠤᠯᠬᠤ ᠦᠬᠡᠢ᠃ ᠭᠡᠪᠡᠴᠤ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠳᠤ ᠠᠰᠳᠠᠭ᠋ᠠᠨ ᠲᠤᠭᠳᠠᠭ᠋ᠠᠯ᠎ᠲᠠᠢ ᠪᠠᠶ᠋ᠢᠪᠠᠯ᠂ ᠲᠡᠷᠡ ᠲᠤᠭᠳᠠᠭ᠋ᠠᠯ ᠶᠤᠰᠤᠭ᠋ᠠᠷ ᠬᠦᠢ᠍ᠴᠡᠳᠭᠡᠨᠠ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠭᠤᠶᠤᠴᠢᠯᠠᠬᠤ ᠪᠢᠴᠢᠭ᠎ᠤᠨ ᠬᠡᠯᠪᠡᠷᠢᠵᠢᠭᠰᠡᠨ ᠪᠢᠴᠢᠭ ᠮᠠᠲ᠋ᠧᠷᠢᠶᠠᠯ ᠬᠠᠨᠭ᠌ᠭ᠋ᠠᠬᠤ᠎ᠳᠠᠭᠠᠨ ᠰᠦᠢ᠍ᠳᠭᠡᠯ ᠬᠤᠷᠢᠶᠠᠵᠤ ᠪᠤᠯᠬᠤ ᠦᠬᠡᠢ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ ᠵᠠᠭᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ᠎ᠳᠤ ᠬᠡᠷᠡᠭᠰᠡᠬᠦ ᠵᠠᠷᠤᠳᠠᠯ᠎ᠢ ᠲᠤᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠦᠰᠦᠪ᠎ᠲᠤ ᠵᠢᠭᠰᠠᠭ᠋ᠠᠨ ᠤᠷᠤᠭᠤᠯᠵᠤ᠂ ᠲᠤᠰ ᠱᠠᠳᠤᠨ᠎ᠤ ᠡᠳ᠋᠎ᠤᠨ ᠵᠠᠰᠠᠭ᠎ᠠᠴᠠ ᠪᠠᠳᠤᠯᠠᠵᠤ᠂ ᠵᠦᠪᠰᠢᠶᠡᠷᠡᠭᠰᠡᠨ ᠲᠦᠰᠦᠪ ᠶᠤᠰᠤᠭ᠋ᠠᠷ ᠬᠢᠨᠠᠨ ᠤᠯᠭᠤᠬᠤ ᠭᠡᠷᠡᠭᠳᠡᠢ᠃
ᠲᠠᠪᠢ ᠶᠢᠰᠦᠳᠦᠬᠡᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ᠎ᠳᠡᠭᠡᠨ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ ᠶᠤᠰᠤᠭ᠋ᠠᠷ ᠰᠦᠢ᠍ᠳᠭᠡᠯ ᠬᠤᠷᠢᠶᠠᠪᠠᠯ᠂ ᠨᠡᠶ᠋ᠢᠳᠡᠯᠡᠭᠰᠡᠨ ᠬᠠᠤᠯᠢ᠎ᠳᠤ ᠲᠤᠭᠳᠠᠭ᠋ᠠᠭᠰᠠᠨ ᠵᠦᠢ᠍ᠯ ᠪᠠ ᠪᠡᠷᠢᠮᠵᠢᠶ᠎ᠠ ᠶᠤᠰᠤᠭ᠋ᠠᠷ ᠰᠦᠢ᠍ᠳᠭᠡᠯ ᠬᠤᠷᠢᠶᠠᠬᠤ ᠭᠡᠷᠡᠭᠳᠡᠢ; ᠬᠤᠷᠢᠶᠠᠭᠰᠠᠨ ᠰᠦᠢ᠍ᠳᠭᠡᠯ ᠵᠶ᠋ᠠᠨ ᠡᠷᠭᠡᠪᠰᠢ ᠪᠦᠬᠦᠳᠡ ᠵᠢ ᠤᠯᠤᠰ᠎ᠤᠨ ᠰᠠᠩ᠎ᠳᠤ ᠲᠤᠰᠢᠶᠠᠬᠤ ᠭᠡᠷᠡᠭᠳᠡᠢ᠂ ᠶᠠᠮᠠᠷᠪᠠ ᠪᠠᠶ᠋ᠢᠭᠤᠯᠭ᠎ᠠ ᠪᠤᠶᠤ ᠬᠤᠪᠢ ᠬᠦᠮᠦᠨ ᠶᠠᠮᠠᠷᠪᠠ ᠭᠡᠯᠪᠡᠷᠢ᠎ᠪᠠᠷ ᠦᠯᠡᠳᠡᠭᠡᠨ ᠠᠪᠴᠤ᠂ ᠨᠡᠬᠦᠯᠬᠡᠨ ᠬᠡᠷᠡᠭᠯᠡᠵᠤ᠂ ᠬᠤᠪᠢᠳᠠᠨ ᠬᠤᠪᠢᠶᠠᠬᠤ ᠪᠤᠶᠤ ᠭᠡᠯᠪᠡᠷᠢ ᠵᠢ᠎ᠨᠢ ᠦᠬᠡᠷᠡᠳᠡᠬᠦᠯᠤᠨ ᠬᠤᠪᠢᠳᠠᠨ ᠬᠤᠪᠢᠶᠠᠵᠤ ᠪᠤᠯᠬᠤ ᠦᠬᠡᠢ᠃ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠬᠦ᠎ᠳᠤ ᠬᠤᠷᠢᠶᠠᠨ ᠠᠪᠤᠭᠰᠠᠨ ᠰᠦᠢ᠍ᠳᠭᠡᠯ᠎ᠢ ᠡᠳ᠋᠎ᠤᠨ ᠵᠠᠰᠠᠭ᠎ᠤᠨ ᠰᠠᠯᠠᠭ᠎ᠠ ᠮᠦᠴᠢᠷ ᠶᠠᠮᠠᠷᠪᠠ ᠭᠡᠯᠪᠡᠷᠢ᠎ᠪᠠᠷ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠪᠤᠴᠠᠭ᠋ᠠᠵᠦ ᠦᠭᠬᠦ ᠪᠤᠶᠤ ᠭᠡᠯᠪᠡᠷᠢ ᠵᠢ᠎ᠨᠢ ᠦᠬᠡᠷᠡᠳᠡᠬᠦᠯᠦᠨ ᠪᠤᠴᠠᠭ᠋ᠠᠨ ᠦᠭᠴᠤ ᠪᠤᠯᠬᠤ ᠦᠬᠡᠢ᠃
ᠵᠢᠷᠭᠤᠳᠤᠭ᠋ᠠᠷ ᠪᠦᠯᠦᠭ ᠬᠢᠨᠠᠯᠳᠠ ᠪᠠᠶ᠋ᠢᠴᠠᠭ᠋ᠠᠯᠳᠠ
ᠵᠢᠷᠠᠳᠤᠭ᠋ᠠᠷ ᠵᠦᠢ᠍ᠯ ᠲᠡᠭᠡᠳᠦ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠤᠤᠷᠠᠳᠤ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ᠎ᠳᠤ ᠬᠢᠨᠠᠯᠳᠠ ᠲᠠᠯᠪᠢᠵᠤ ᠪᠠᠶ᠋ᠢᠴᠠᠭ᠋ᠠᠬᠤ ᠠᠵᠢᠯ ᠵᠶ᠋ᠠᠨ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠵᠢᠨ ᠲᠤᠮᠳᠠᠬᠢ ᠬᠠᠤᠯᠢ᠎ᠠᠴᠠ ᠵᠦᠷᠢᠴᠡᠭᠰᠡᠨ ᠠᠵᠢᠯᠯᠠᠭ᠎ᠠ ᠵᠢ ᠴᠠᠭ ᠲᠤᠬᠠᠢᠳᠤᠨᠢ ᠵᠠᠯᠠᠷᠠᠭᠤᠯᠬᠤ ᠭᠡᠷᠡᠭᠳᠡᠢ᠃
ᠵᠢᠷᠠᠨ ᠨᠢᠬᠡᠳᠦᠬᠡᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠢᠨᠠᠯᠳᠠ ᠲᠠᠯᠪᠢᠬᠤ ᠲᠦᠷᠢᠮ᠎ᠢ ᠪᠠᠶ᠋ᠢᠭᠤᠯᠤᠨ ᠲᠡᠬᠦᠯᠳᠡᠷᠵᠢᠬᠦᠯᠵᠤ᠂ ᠵᠦᠪᠰᠢᠶᠡᠷᠡᠭᠳᠡᠭᠴᠢ ᠵᠢᠨ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠤᠭᠰᠠᠨ ᠵᠦᠢ᠍ᠯ᠎ᠤᠳ᠎ᠤᠨ ᠠᠵᠢᠯᠯᠠᠭ᠎ᠠ ᠬᠢᠵᠦ ᠪᠠᠶ᠋ᠢᠭ᠎ᠠ ᠪᠠᠶ᠋ᠢᠳᠠᠯ᠎ᠢ ᠲᠤᠰᠬᠠᠬᠰᠠᠨ ᠬᠤᠯᠪᠤᠭᠳᠠᠯ ᠪᠦᠬᠦᠢ ᠮᠠᠲ᠋ᠧᠷᠢᠶᠠᠯ᠎ᠢ ᠬᠠᠷᠭᠤᠭᠤᠯᠤᠨ ᠪᠠᠶ᠋ᠢᠴᠠᠭ᠋ᠠᠬᠤ᠎ᠪᠠᠷ ᠲᠠᠮᠵᠢᠭᠤᠯᠤᠨ ᠬᠢᠨᠠᠯᠳᠠ ᠲᠠᠯᠪᠢᠬᠤ ᠬᠠᠷᠢᠭᠤᠴᠠᠯᠭ᠎ᠠ᠎ᠪᠠᠨ ᠬᠦᠢ᠍ᠴᠡᠳᠭᠡᠬᠦ ᠭᠡᠷᠡᠭᠳᠡᠢ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠦᠪᠰᠢᠶᠡᠷᠡᠭᠳᠡᠭᠴᠢ ᠵᠢᠨ ᠵᠠᠰᠠᠬ ᠵᠠᠬᠢᠷᠭ᠋ᠠᠨ᠎ᠤ ᠵᠦᠪᠰᠢᠶᠡᠷᠡᠯ ᠠᠪᠤᠭᠰᠠᠨ ᠵᠦᠢ᠍ᠯ᠎ᠤᠳ᠎ᠤᠨ ᠠᠵᠢᠯᠯᠠᠭ᠎ᠠ ᠬᠢᠬᠦ᠎ᠳᠤ ᠬᠠᠤᠯᠢ ᠶᠤᠰᠤᠭ᠋ᠠᠷ ᠬᠢᠨᠠᠯᠳᠠ ᠲᠠᠯᠪᠢᠵᠤ ᠪᠠᠶ᠋ᠢᠴᠠᠭ᠋ᠠᠬᠤ᠎ᠳᠠᠭᠠᠨ᠂ ᠬᠢᠨᠠᠯᠳᠠ ᠲᠠᠯᠪᠢᠵᠤ ᠪᠠᠶ᠋ᠢᠴᠠᠭ᠋ᠠᠭᠰᠠᠨ ᠪᠠᠶ᠋ᠢᠳᠠᠯ ᠪᠠ ᠰᠢᠢ᠍ᠳᠪᠤᠷᠢᠯᠡᠭᠰᠡᠨ ᠦᠷ᠎ᠠ ᠳ᠋ᠦᠩ ᠵᠶ᠋ᠠᠨ ᠲᠡᠮᠳᠡᠭᠯᠡᠵᠤ᠂ ᠬᠢᠨᠠᠯᠳᠠ ᠲᠠᠯᠪᠢᠵᠤ ᠪᠠᠶ᠋ᠢᠴᠠᠭ᠋ᠠᠭᠰᠠᠨ ᠬᠦᠮᠦᠨ ᠭᠠᠷᠤᠨ ᠦᠰᠦᠭ ᠵᠢᠷᠤᠭᠰᠠᠨ᠎ᠤ ᠲᠠᠷᠠᠭ᠎ᠠ ᠲᠠᠩᠰᠠ ᠡᠪᠭᠡᠮᠡᠯ᠎ᠳᠤ ᠤᠷᠤᠭᠤᠯᠬᠤ ᠭᠡᠷᠡᠭᠳᠡᠢ᠃ ᠤᠯᠠᠨ ᠨᠡᠶ᠋ᠢᠳᠡ᠎ᠪᠠᠷ ᠵᠶ᠋ᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠢᠨᠠᠯᠳᠠ ᠲᠠᠯᠪᠢᠵᠤ ᠪᠠᠶ᠋ᠢᠴᠠᠭ᠋ᠠᠭᠰᠠᠨ ᠲᠡᠮᠳᠡᠭᠯᠡᠯ᠎ᠢ ᠪᠠᠶ᠋ᠢᠴᠠᠭ᠋ᠠᠵᠤ ᠦᠵᠡᠬᠦ ᠡᠷᠭᠡ᠎ᠲᠠᠢ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠨᠦᠬᠦᠴᠡᠯ ᠪᠦᠷᠢᠯᠳᠦᠬᠦᠯᠵᠤ ᠪᠠᠶ᠋ᠢᠭ᠋ᠠᠳ ᠵᠦᠪᠰᠢᠶᠡᠷᠡᠭᠳᠡᠭᠴᠢ᠂ ᠪᠤᠰᠤᠳ ᠬᠤᠯᠪᠤᠭᠳᠠᠯ ᠪᠦᠬᠦᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠺᠤᠮᠫᠢᠦ᠋ᠲ᠋ᠧᠷ᠎ᠤᠨ ᠲᠠᠩᠰᠠ ᠡᠪᠭᠡᠮᠡᠯ᠎ᠤᠨ ᠰᠢᠰᠲ᠋ᠧᠮ᠎ᠯᠦᠭᠡ ᠰᠦᠯᠵᠢᠶ᠎ᠠ ᠪᠠᠶ᠋ᠢᠭᠤᠯᠵᠤ᠂ ᠵᠦᠪᠰᠢᠶᠡᠷᠡᠭᠳᠡᠭᠴᠢ ᠵᠢᠨ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠤᠭᠰᠠᠨ ᠵᠦᠢ᠍ᠯ᠎ᠤᠳ᠎ᠤᠨ ᠠᠵᠢᠯᠯᠠᠭ᠎ᠠ ᠬᠢᠵᠤ ᠪᠠᠶ᠋ᠢᠭ᠎ᠠ ᠪᠠᠶ᠋ᠢᠳᠠᠯ᠎ᠢ ᠬᠠᠷᠭᠤᠭᠤᠯᠤᠨ ᠪᠠᠶ᠋ᠢᠴᠠᠭ᠋ᠠᠬᠤ ᠭᠡᠷᠡᠭᠳᠡᠢ᠃
ᠵᠢᠷᠠᠨ ᠬᠤᠶᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠦᠪᠰᠢᠶᠡᠷᠡᠭᠳᠡᠭᠴᠢ ᠵᠢᠨ ᠦᠢ᠍ᠯᠡᠳᠪᠤᠷᠢᠯᠡᠨ ᠡᠵᠡᠩᠨᠡᠵᠤ ᠪᠠᠶ᠋ᠢᠭ᠎ᠠ ᠦᠢ᠍ᠯᠡᠳᠬᠦᠨ᠎ᠢ ᠬᠠᠤᠯᠢ ᠶᠤᠰᠤᠭ᠋ᠠᠷ ᠦᠯᠢᠬᠡᠷ ᠠᠪᠴᠤ ᠪᠠᠶ᠋ᠢᠴᠠᠭ᠋ᠠᠨ᠂ ᠰᠢᠯᠭ᠋ᠠᠨ ᠪᠠᠶ᠋ᠢᠴᠠᠭ᠋ᠠᠵᠤ᠂ ᠪᠠᠶ᠋ᠢᠴᠠᠭ᠋ᠠᠨ ᠬᠡᠮᠵᠢᠵᠤ᠂ ᠦᠢ᠍ᠯᠡᠳᠪᠤᠷᠢᠯᠡᠯ ᠡᠵᠡᠩᠨᠡᠯᠳᠡ ᠵᠢᠨ ᠲᠠᠯᠠᠪᠤᠷᠲᠤᠨᠢ ᠬᠠᠤᠯᠢ ᠶᠤᠰᠤᠭ᠋ᠠᠷ ᠪᠤᠳᠠᠳᠤ ᠭᠠᠵᠠᠷ᠎ᠤᠨ ᠪᠠᠶ᠋ᠢᠴᠠᠭ᠋ᠠᠯᠳᠠ ᠬᠢᠵᠤ ᠪᠤᠯᠤᠨ᠎ᠠ᠃ ᠪᠠᠶ᠋ᠢᠴᠠᠭ᠋ᠠᠬᠤ᠎ᠳᠠᠭᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ ᠶᠤᠰᠤᠭ᠋ᠠᠷ ᠬᠤᠯᠪᠤᠭᠳᠠᠯ ᠪᠦᠬᠦᠢ ᠮᠠᠲ᠋ᠧᠷᠢᠶᠠᠯ᠎ᠢ ᠪᠠᠶ᠋ᠢᠴᠠᠭ᠋ᠠᠨ ᠤᠡᠭᠰᠢᠬᠤ ᠪᠤᠶᠤ ᠵᠦᠪᠰᠢᠶᠡᠷᠡᠭᠳᠡᠭᠴᠢ᠎ᠪᠠᠷ ᠮᠡᠳᠡᠬᠦᠯᠦᠨ ᠬᠦᠷᠭᠡᠬᠦᠯᠬᠦ᠎ᠪᠠᠷ ᠱᠠᠭ᠋ᠠᠷᠳᠠᠵᠤ ᠪᠤᠯᠤᠨ᠎ᠠ; ᠵᠦᠪᠰᠢᠶᠡᠷᠡᠭᠳᠡᠭᠴᠢ ᠬᠤᠯᠪᠤᠭᠳᠠᠯ ᠪᠦᠬᠦᠢ ᠪᠠᠶ᠋ᠢᠳᠠᠯ ᠪᠠ ᠮᠠᠲ᠋ᠧᠷᠢᠶᠠᠯ᠎ᠢ ᠦᠨᠡᠨ ᠮᠦᠨ ᠵᠶ᠋ᠠᠷ ᠬᠠᠨᠭ᠌ᠭ᠋ᠠᠬᠤ ᠭᠡᠷᠡᠭᠳᠡᠢ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠤᠨ ᠲᠤᠭᠳᠠᠭ᠋ᠠᠯ᠎ᠢ ᠦᠨᠳᠦᠰᠦᠯᠡᠨ᠂ᠤᠯᠠᠨ ᠨᠡᠶ᠋ᠢᠳᠡ ᠵᠢᠨ ᠠᠮᠤᠷ ᠲᠦᠪᠰᠢᠨ᠂ ᠬᠦᠮᠦᠨ᠎ᠤ ᠪᠡᠶ᠎ᠠ ᠵᠢᠨ ᠡᠷᠡᠬᠦᠯ ᠮᠡᠨᠳᠦ᠂ ᠠᠮᠢ ᠨᠠᠰᠤ ᠡᠳ᠋ ᠬᠦᠷᠦᠩᠬᠡ ᠵᠢᠨ ᠠᠮᠤᠷ ᠲᠦᠪᠰᠢᠨ᠎ᠳᠤ ᠰᠢᠭᠤᠳ ᠬᠤᠯᠪᠤᠭᠳᠠᠬᠤ ᠴᠢᠬᠤᠯᠠ ᠲᠤᠨᠤᠭ ᠲᠦᠬᠦᠬᠡᠷᠦᠮᠵᠢ᠂ ᠪᠡᠯᠡᠳᠭᠡᠮᠵᠢ ᠵᠢ ᠲᠤᠭᠳᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠪᠠᠶ᠋ᠢᠴᠠᠭ᠋ᠠᠨ᠎ᠠ᠃ ᠰᠢᠯᠭ᠋ᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠤᠬᠢᠴᠠᠩᠭᠤᠢ ᠭᠡᠷᠡᠴᠢᠯᠡᠬᠦ ᠪᠢᠴᠢᠭ ᠮᠠᠲ᠋ᠧᠷᠢᠶᠠᠯ ᠤᠯᠭᠤᠬᠤ ᠭᠡᠷᠡᠭᠳᠡᠢ᠃
ᠵᠢᠷᠠᠨ ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠢᠨᠠᠯᠳᠠ ᠲᠠᠯᠪᠢᠵᠤ ᠪᠠᠶ᠋ᠢᠴᠠᠭ᠋ᠠᠬᠤ᠎ᠳᠠᠭᠠᠨ ᠵᠦᠪᠰᠢᠶᠡᠷᠡᠭᠳᠡᠭᠴᠢ ᠵᠢᠨ ᠭᠡᠪ᠎ᠤᠨ ᠦᠢ᠍ᠯᠡᠳᠪᠤᠷᠢᠯᠡᠯ ᠡᠵᠡᠩᠨᠡᠯᠳᠡ ᠵᠢᠨ ᠠᠵᠢᠯᠯᠠᠭ᠎ᠠ ᠵᠢ ᠬᠠᠷᠰᠢᠯᠠᠵᠤ ᠪᠤᠯᠬᠤ ᠦᠬᠡᠢ᠂ ᠵᠦᠪᠰᠢᠶᠡᠷᠡᠭᠳᠡᠭᠴᠢ ᠵᠢᠨ ᠵᠤᠭᠤᠰ ᠮᠦᠡᠭᠬᠦ ᠡᠳ᠋ ᠪᠤᠳᠠᠰ᠎ᠢ ᠨᠡᠭᠡᠵᠤ ᠠᠪᠬᠤ ᠪᠤᠶᠤ ᠬᠦᠯᠢᠶᠡᠨ ᠠᠪᠴᠤ ᠪᠤᠯᠬᠤ ᠦᠬᠡᠢ᠂ ᠪᠤᠰᠤᠳ ᠠᠰᠢᠭ ᠲᠤᠰᠠ ᠤᠯᠵᠤ ᠪᠤᠯᠬᠤ ᠦᠬᠡᠢ᠃
ᠵᠢᠷᠠᠨ ᠲᠦᠷᠪᠡᠳᠦᠬᠡᠷ ᠵᠦᠢ᠍ᠯ ᠵᠦᠪᠰᠢᠶᠡᠷᠡᠭᠳᠡᠭᠴᠢ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠭᠰᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠮᠢᠶᠠᠷᠬᠤ ᠤᠷᠤᠨ ᠪᠦᠰᠡ ᠵᠢᠨ ᠭᠡᠪᠴᠢᠶᠠᠨ᠎ᠠᠴᠠ ᠭᠠᠳᠠᠨ᠎ᠠ ᠬᠠᠤᠯᠢ ᠵᠢ ᠵᠦᠷᠢᠴᠡᠨ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠤᠭᠰᠠᠨ ᠵᠦᠢ᠍ᠯ᠎ᠤᠳ᠎ᠤᠨ ᠠᠵᠢᠯᠯᠠᠭ᠎ᠠ ᠬᠢᠭᠰᠡᠨ ᠪᠠᠶ᠋ᠢᠪᠠᠯ᠂ ᠬᠠᠤᠯᠢ ᠵᠢ ᠵᠦᠷᠢᠴᠡᠭᠰᠡᠨ ᠠᠵᠢᠯᠯᠠᠭ᠎ᠠ ᠡᠬᠦᠰᠦᠭᠰᠡᠨ ᠭᠠᠵᠠᠷ᠎ᠤᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠦᠪᠰᠢᠶᠡᠷᠡᠭᠳᠡᠭᠴᠢ ᠵᠢᠨ ᠬᠠᠤᠯᠢ᠎ᠠᠴᠠ ᠵᠦᠷᠢᠴᠡᠭᠰᠡᠨ ᠪᠤᠳᠠᠳᠤ ᠭᠡᠷᠡᠭ᠂ ᠰᠢᠢ᠍ᠳᠪᠤᠷᠢᠯᠡᠭᠰᠡᠨ ᠦᠷ᠎ᠠ ᠳ᠋ᠦᠩ᠎ᠢ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠭᠰᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠬᠠᠤᠯᠢ ᠶᠤᠰᠤᠭ᠋ᠠᠷ ᠬᠠᠭᠤᠯᠤᠨ ᠮᠡᠳᠡᠭᠳᠡᠬᠦ ᠭᠡᠷᠡᠭᠳᠡᠢ᠃
ᠵᠢᠷᠠᠨ ᠲᠠᠪᠤᠳᠤᠭ᠋ᠠᠷ ᠵᠦᠢ᠍ᠯ ᠬᠤᠪᠢ ᠬᠦᠮᠦᠨ ᠪᠠ ᠵᠤᠬᠢᠶᠠᠨ ᠪᠠᠶ᠋ᠢᠭᠤᠯᠤᠯᠳᠠ ᠬᠠᠤᠯᠢ ᠵᠢ ᠵᠦᠷᠢᠴᠡᠨ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠤᠭᠰᠠᠨ ᠵᠦᠢ᠍ᠯ᠎ᠤᠳ᠎ᠤᠨ ᠠᠵᠢᠯᠯᠠᠭ᠎ᠠ ᠬᠢᠵᠤ ᠪᠠᠶ᠋ᠢᠬᠤ ᠵᠢ ᠤᠯᠵᠤ ᠮᠡᠳᠡᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠢᠯᠡᠴᠢᠯᠡᠨ ᠮᠡᠳᠡᠬᠦᠯᠬᠦ ᠡᠷᠭᠡ᠎ᠲᠠᠢ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠴᠠᠭ ᠲᠤᠬᠠᠢᠳᠤᠨᠢ ᠬᠢᠨᠠᠨ ᠮᠠᠭ᠋ᠠᠳᠯᠠᠵᠤ ᠰᠢᠢ᠍ᠳᠪᠤᠷᠢᠯᠡᠬᠦ ᠬᠡᠷᠡᠭᠳᠡᠢ᠃
ᠵᠢᠷᠠᠨ ᠵᠢᠷᠭᠤᠳᠤᠭ᠋ᠠᠷ ᠵᠦᠢ᠍ᠯ ᠵᠦᠪᠰᠢᠶᠡᠷᠡᠭᠳᠡᠭᠴᠢ ᠪᠠᠶ᠋ᠢᠭ᠋ᠠᠯᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠡᠬᠦᠷᠭᠡ᠎ᠪᠠᠨ ᠬᠠᠤᠯᠢ ᠶᠤᠰᠤᠭ᠋ᠠᠷ ᠡᠰᠡ ᠬᠦᠢ᠍ᠴᠡᠳᠭᠡᠭᠰᠡᠨ ᠪᠤᠶᠤ ᠤᠯᠠᠨ ᠨᠡᠶ᠋ᠢᠳᠡ ᠵᠢᠨ ᠡᠬᠢ ᠪᠠᠶᠠᠯᠢᠭ᠎ᠢ ᠠᠰᠢᠭᠯᠠᠬᠤ ᠡᠬᠦᠷᠭᠡ᠎ᠪᠠᠨ ᠬᠠᠤᠯᠢ ᠶᠤᠰᠤᠭ᠋ᠠᠷ ᠡᠰᠡ ᠬᠦᠢ᠍ᠴᠡᠳᠭᠡᠭᠰᠡᠨ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠤᠭᠳᠠᠭ᠋ᠠᠨ ᠵᠠᠯᠠᠷᠠᠭᠤᠯᠤᠭᠤᠯᠬᠤ ᠭᠡᠷᠡᠭᠳᠡᠢ; ᠵᠦᠪᠰᠢᠶᠡᠷᠡᠭᠳᠡᠭᠴᠢ ᠲᠤᠭᠳᠠᠭ᠋ᠠᠭᠰᠠᠨ ᠬᠤᠭᠤᠴᠠᠭ᠋ᠠᠨ᠎ᠳᠤ ᠵᠠᠯᠠᠷᠠᠭᠤᠯᠬᠤ ᠦᠬᠡᠢ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠤᠯᠪᠤᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠤᠨ ᠲᠤᠭᠳᠠᠭ᠋ᠠᠯ ᠶᠤᠰᠤᠭ᠋ᠠᠷ ᠰᠢᠢ᠍ᠳᠪᠤᠷᠢᠯᠡᠬᠦ ᠭᠡᠷᠡᠭᠳᠡᠢ᠃
ᠵᠢᠷᠠᠨ ᠲᠤᠯᠤᠳᠤᠭ᠋ᠠᠷ ᠵᠦᠢ᠍ᠯ ᠤᠯᠠᠨ ᠨᠡᠶ᠋ᠢᠳᠡ ᠵᠢᠨ ᠠᠰᠢᠭ ᠲᠤᠰᠠ᠎ᠳᠤ ᠰᠢᠭᠤᠳ ᠬᠤᠯᠪᠤᠭᠳᠠᠬᠤ ᠲᠤᠰᠬᠠᠢ ᠲᠤᠭᠳᠠᠭ᠋ᠠᠭᠰᠠᠨ ᠠᠵᠢᠯ ᠲᠦᠷᠦᠯ᠎ᠤᠨ ᠵᠠᠬ᠎ᠠ ᠲᠡᠯᠬᠡᠬᠦᠷ᠎ᠲᠤ ᠤᠷᠤᠵᠤ ᠪᠤᠯᠬᠤ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠤᠯᠤᠭᠰᠠᠨ ᠵᠦᠪᠰᠢᠶᠡᠷᠡᠭᠳᠡᠭᠴᠢ ᠤᠯᠤᠰ᠎ᠠᠴᠠ ᠲᠤᠭᠳᠠᠭ᠋ᠠᠭᠰᠠᠨ ᠦᠢ᠍ᠯᠡᠴᠢᠯᠡᠬᠡᠨ᠎ᠤ ᠪᠠᠷᠢᠮᠵᠢᠶ᠎ᠠ᠂ ᠵᠠᠷᠤᠳᠠᠯ ᠰᠦᠢ᠍ᠳᠭᠡᠯ᠎ᠤᠨ ᠪᠡᠷᠢᠮᠵᠢᠶ᠎ᠠ ᠪᠠ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠤᠯᠢ ᠶᠤᠰᠤᠭ᠋ᠠᠷ ᠲᠤᠭᠳᠠᠭ᠋ᠠᠭᠰᠠᠨ ᠨᠦᠬᠦᠴᠡᠯ ᠶᠤᠰᠤᠭ᠋ᠠᠷ ᠭᠡᠷᠡᠭᠯᠡᠭᠴᠢᠳ᠎ᠲᠤ ᠠᠮᠤᠷ ᠲᠦᠪᠰᠢᠨ᠂ ᠲᠦᠬᠦᠮ ᠲᠦᠳᠡ᠂ ᠲᠤᠭᠳᠠᠪᠤᠷᠢᠳᠠᠢ ᠪᠦᠬᠡᠳ ᠦᠨ᠎ᠠ ᠬᠠᠨᠭ᠌ᠰᠢ᠎ᠨᠢ ᠵᠤᠬᠢᠰᠳᠠᠢ ᠦᠢ᠍ᠯᠡᠴᠢᠯᠡᠭᠡ ᠬᠠᠨᠭ᠌ᠭ᠋ᠠᠬᠤ ᠭᠡᠷᠡᠭᠳᠡᠢ ᠮᠦᠷᠳᠡᠭᠡᠨ ᠲᠦᠬᠡᠮᠡᠯ ᠦᠢ᠍ᠯᠡᠴᠢᠯᠡᠭᠡᠨ᠎ᠤ ᠡᠬᠦᠷᠭᠡ᠎ᠪᠠᠨ ᠬᠦᠢ᠍ᠴᠡᠳᠭᠡᠬᠦ ᠬᠡᠷᠡᠭᠳᠡᠢ; ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠭᠰᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠪᠠᠷ ᠵᠦᠪᠰᠢᠶᠡᠷᠡᠬᠦᠯᠦᠭᠰᠡᠨ ᠦᠬᠡᠢ᠎ᠪᠠᠷ ᠲᠤᠷ᠎ᠠ᠎ᠪᠠᠷ ᠵᠶ᠋ᠠᠨ ᠠᠵᠢᠯ ᠵᠶ᠋ᠠᠨ ᠵᠤᠭᠰᠤᠭ᠋ᠠᠵᠤ᠂ ᠠᠵᠢᠯ ᠵᠶ᠋ᠠᠨ ᠵᠠᠪᠰᠠᠷᠯᠠᠵᠤ ᠪᠤᠯᠬᠤ ᠦᠬᠡᠢ᠃
ᠵᠦᠪᠰᠢᠶᠡᠷᠡᠭᠳᠡᠭᠴᠢ ᠡᠮᠦᠨᠡᠬᠢ ᠪᠠᠳᠠᠭ᠎ᠲᠤ ᠲᠤᠭᠳᠠᠭ᠋ᠠᠭᠰᠠᠨ ᠡᠬᠦᠷᠭᠡ ᠵᠢ ᠬᠦᠢ᠍ᠴᠡᠳᠭᠡᠬᠦ ᠦᠬᠡᠢ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠤᠭᠳᠠᠭ᠋ᠠᠨ ᠵᠠᠯᠠᠷᠠᠭᠤᠯᠤᠭᠤᠯᠬᠤ ᠪᠤᠶᠤ ᠬᠠᠤᠯᠢ ᠶᠤᠰᠤᠭ᠋ᠠᠷ ᠪᠦᠳᠦᠮᠵᠢᠳᠡᠢ ᠠᠷᠭ᠎ᠠ ᠭᠡᠮᠵᠢᠶ᠎ᠠ ᠠᠪᠴᠤ ᠪᠠᠶ᠋ᠢᠭ᠋ᠠᠳ ᠲᠡᠬᠦᠨ᠎ᠤ ᠡᠬᠦᠷᠭᠡ᠎ᠪᠠᠨ ᠬᠦᠢ᠍ᠴᠡᠳᠭᠡᠬᠦ ᠵᠢ ᠰᠢᠪᠠᠳᠠᠨ ᠱᠠᠭ᠋ᠠᠷᠳᠠᠬᠤ ᠭᠡᠷᠡᠭᠳᠡᠢ᠃
ᠵᠢᠷᠠᠨ ᠨᠠᠢ᠍ᠮᠠᠳᠤᠭ᠋ᠠᠷ ᠵᠦᠢ᠍ᠯ ᠤᠯᠠᠨ ᠨᠡᠶ᠋ᠢᠳᠡ ᠵᠢᠨ ᠠᠮᠤᠷ ᠲᠦᠪᠰᠢᠨ᠂ ᠬᠦᠮᠦᠨ᠎ᠤ ᠪᠡᠶ᠎ᠠ ᠵᠢᠨ ᠡᠷᠡᠬᠦᠯ ᠮᠠᠨᠳᠤ᠂ ᠠᠮᠢ ᠨᠠᠰᠤ ᠡᠳ᠋ ᠬᠦᠷᠦᠩᠬᠡ ᠵᠢᠨ ᠠᠮᠤᠷ ᠲᠦᠪᠰᠢᠨ᠎ᠳᠤ ᠰᠢᠭᠤᠳ ᠬᠤᠯᠪᠤᠭᠳᠠᠬᠤ ᠴᠢᠬᠤᠯᠠ ᠲᠤᠨᠤᠭ ᠲᠦᠬᠦᠬᠡᠷᠦᠮᠵᠢ᠂ ᠪᠡᠯᠡᠳᠭᠡᠮᠵᠢᠳᠤ ᠪᠤᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠵᠢᠷᠤᠵᠤ ᠲᠦᠯᠦᠪᠯᠡᠬᠦ᠂ ᠪᠠᠷᠢᠵᠦ ᠪᠠᠶ᠋ᠢᠭᠤᠯᠬᠤ᠂ ᠤᠭᠰᠠᠷᠠᠬᠤ ᠪᠠ ᠭᠡᠷᠡᠭᠯᠡᠬᠦ ᠨᠢᠬᠡᠴᠢ ᠵᠢᠨ ᠵᠤᠬᠢᠴᠠᠩᠭᠤᠢ ᠦᠪᠡᠰᠦᠪᠡᠨ ᠰᠢᠯᠭ᠋ᠠᠨ ᠪᠠᠶ᠋ᠢᠴᠠᠭ᠋ᠠᠬᠤ ᠲᠦᠷᠢᠮ ᠪᠠᠶ᠋ᠢᠭᠤᠯᠬᠤ ᠵᠢ ᠰᠢᠪᠠᠳᠠᠨ ᠱᠠᠭ᠋ᠠᠷᠳᠠᠬᠤ ᠭᠡᠷᠡᠭᠳᠡᠢ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠢᠨᠠᠯᠳᠠ ᠲᠠᠯᠪᠢᠵᠤ ᠪᠠᠶ᠋ᠢᠴᠠᠭ᠋ᠠᠬᠤ᠎ᠳᠠᠭᠠᠨ ᠤᠯᠠᠨ ᠨᠡᠶ᠋ᠢᠳᠡ ᠵᠢᠨ ᠠᠮᠦᠷ ᠲᠦᠪᠰᠢᠨ᠂ ᠬᠦᠮᠦᠨ᠎ᠤ ᠪᠡᠶ᠎ᠠ ᠵᠢᠨ ᠡᠷᠡᠬᠦᠯ ᠮᠠᠨᠳᠤ᠂ ᠠᠮᠢ ᠨᠠᠰᠤ ᠡᠳ᠋ ᠬᠦᠷᠦᠩᠬᠡ ᠵᠢᠨ ᠠᠮᠤᠷ ᠲᠦᠪᠰᠢᠨ᠎ᠳᠤ ᠰᠢᠭᠤᠳ ᠬᠤᠯᠪᠤᠭᠳᠠᠬᠤ ᠴᠢᠬᠤᠯᠠ ᠲᠤᠨᠤᠭ ᠲᠦᠬᠦᠬᠡᠷᠦᠮᠵᠢ᠂ ᠪᠡᠯᠡᠳᠭᠡᠮᠵᠢᠳᠤ ᠠᠮᠤᠷ ᠲᠦᠪᠰᠢᠨ᠎ᠤ ᠲᠠᠯᠳᠠ ᠬᠡᠮ ᠤᠷᠤᠰᠢᠵᠤ ᠪᠠᠶ᠋ᠢᠬᠤ ᠵᠢ ᠤᠯᠵᠤ ᠮᠡᠳᠡᠪᠠᠯ᠂ ᠪᠠᠷᠢᠵᠤ ᠪᠠᠶ᠋ᠢᠭᠤᠯᠬᠤ᠂ ᠤᠭᠰᠠᠷᠠᠬᠤ ᠪᠠ ᠭᠡᠷᠡᠭᠯᠡᠬᠦ ᠵᠢ᠎ᠨᠢ ᠵᠠᠷᠯᠢᠭᠳᠠᠨ ᠵᠤᠭᠰᠤᠭ᠋ᠠᠯᠭ᠋ᠠᠬᠤ ᠮᠦᠷᠳᠡᠭᠡᠨ ᠵᠢᠷᠤᠵᠤ ᠲᠦᠯᠦᠪᠯᠡᠬᠦ᠂ ᠪᠠᠷᠢᠵᠤ ᠪᠠᠶ᠋ᠢᠭᠤᠯᠬᠤ᠂ ᠤᠭᠰᠠᠷᠠᠬᠤ ᠪᠡ ᠭᠡᠷᠡᠭᠯᠡᠬᠦ ᠨᠢᠬᠡᠴᠢ ᠵᠢ ᠵᠠᠷᠯᠢᠭᠳᠠᠵᠤ ᠪᠠᠶ᠋ᠢᠭ᠋ᠠᠳ ᠲᠠᠷᠤᠢ ᠲᠦᠷᠭᠡᠨ ᠵᠠᠯᠠᠷᠠᠭᠤᠯᠤᠭᠤᠯᠬᠤ ᠭᠡᠷᠡᠭᠳᠡᠢ᠃
ᠵᠢᠷᠨ ᠶᠢᠰᠦᠳᠦᠬᠡᠷ ᠵᠦᠢ᠍ᠯ ᠲᠤᠤᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠬᠡ᠎ᠨᠢ ᠪᠠᠶ᠋ᠢᠪᠠᠯ᠂ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠭᠰᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠤᠶᠤ ᠲᠡᠬᠦᠨ᠎ᠤ ᠲᠡᠭᠡᠳᠦ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠠᠰᠢᠭ ᠬᠤᠤᠷ᠎ᠤᠨ ᠬᠠᠷᠢᠴᠠᠭ᠎ᠠ᠎ᠲᠠᠢ ᠬᠦᠮᠦᠨ᠎ᠤ ᠭᠤᠶᠤᠴᠢᠯᠠᠯ ᠪᠤᠶᠤ ᠡᠷᠭᠡ ᠲᠤᠰᠢᠶᠠᠯ ᠵᠶ᠋ᠠᠨ ᠦᠨᠳᠦᠰᠦᠯᠡᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠦᠴᠦᠨ ᠦᠬᠡᠢ ᠪᠤᠯᠭ᠋ᠠᠵᠤ ᠪᠤᠯᠤᠨ᠎ᠠ᠄
(ᠨᠢᠬᠡ) ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠠᠵᠢᠯᠳᠠᠨ ᠡᠷᠭᠡ ᠲᠤᠰᠢᠶᠠᠯ ᠵᠶ᠋ᠠᠨ ᠲᠤᠷ᠎ᠠ᠎ᠪᠠᠷ ᠵᠶ᠋ᠠᠨ ᠭᠡᠷᠡᠭᠯᠡᠵᠤ᠂ ᠲᠤᠰᠢᠶᠠᠯ ᠬᠠᠷᠢᠭᠤᠴᠠᠯᠭ᠎ᠠ᠎ᠪᠠᠨ ᠤᠮᠳᠤᠭ᠋ᠠᠢ᠌ᠯᠠᠨ ᠵᠠᠰᠠᠬ ᠵᠠᠬᠢᠷᠭ᠋ᠠᠨ᠎ᠤ ᠵᠦᠪᠰᠢᠶᠡᠷᠡᠯ ᠦᠭᠬᠦ ᠲᠤᠭᠳᠠᠭ᠋ᠠᠯ ᠭᠠᠷᠭ᠋ᠠᠭᠰᠠᠨ;
(ᠬᠤᠶᠠᠷ) ᠬᠠᠤᠯᠢ᠎ᠳᠤ ᠲᠤᠭᠳᠠᠭ᠋ᠠᠭᠰᠠᠨ ᠡᠷᠭᠡ ᠲᠤᠰᠢᠶᠠᠯ᠎ᠠᠴᠠ᠎ᠪᠠᠨ ᠲᠠᠪᠠᠵᠤ ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦ ᠲᠤᠭᠳᠠᠭ᠋ᠠᠯ ᠭᠠᠷᠭ᠋ᠠᠭᠰᠠᠨ;
(ᠭᠤᠷᠪᠠ) ᠬᠠᠤᠯᠢ᠎ᠳᠤ ᠲᠤᠭᠳᠠᠭ᠋ᠠᠭᠰᠠᠨ ᠵᠢᠷᠤᠮ᠎ᠠᠴᠠ ᠵᠦᠷᠢᠴᠡᠨ ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦ ᠲᠤᠭᠳᠠᠭ᠋ᠠᠯ ᠭᠠᠷᠭ᠋ᠠᠭᠰᠠᠨ;
(ᠲᠦᠷᠪᠡ) ᠭᠤᠶᠤᠴᠢᠯᠠᠬᠤ ᠬᠢᠷᠢ ᠬᠡᠮ ᠦᠬᠡᠢ ᠪᠤᠶᠤ ᠬᠠᠤᠯᠢ᠎ᠳᠤ ᠲᠤᠭᠳᠠᠭ᠋ᠠᠭᠰᠠᠨ ᠨᠦᠬᠦᠴᠡᠯ᠎ᠳᠤ ᠦᠯᠦ ᠨᠡᠶ᠋ᠢᠴᠡᠬᠦ ᠭᠤᠶᠤᠴᠢᠯᠠᠭᠴᠢ᠎ᠳᠤ ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦᠭᠰᠡᠨ;
(ᠲᠠᠪᠤ) ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠠᠤᠯᠢ ᠶᠤᠰᠤᠭ᠋ᠠᠷ ᠬᠦᠴᠦᠨ ᠦᠬᠡᠢ ᠪᠤᠯᠭ᠋ᠠᠵᠤ ᠪᠤᠯᠬᠤ ᠪᠤᠰᠤᠳ ᠪᠠᠶ᠋ᠢᠳᠠᠯ᠃
ᠵᠦᠪᠰᠢᠶᠡᠷᠡᠭᠳᠡᠭᠴᠢ ᠮᠡᠭᠡᠯᠡᠬᠦ᠂ ᠭᠡᠭᠡᠯᠢ ᠬᠠᠭ᠍ᠤᠤᠯᠢ ᠲᠦᠯᠬᠢᠬᠦ ᠵᠡᠷᠭᠡ ᠲᠦᠪ ᠪᠤᠰᠤ ᠠᠷᠭ᠎ᠠ ᠪᠠᠷᠢᠯ ᠵᠶ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠤᠯᠤᠭᠰᠠᠨ ᠪᠠᠶ᠋ᠢᠪᠠᠯ᠂ ᠬᠦᠴᠦᠨ ᠦᠬᠡᠢ ᠪᠤᠯᠭ᠋ᠠᠬᠤ ᠭᠡᠷᠡᠭᠳᠡᠢ᠃
ᠡᠮᠦᠨᠡᠬᠢ ᠬᠤᠶᠠᠷ ᠪᠠᠳᠠᠭ᠎ᠤᠨ ᠲᠤᠭᠳᠠᠭ᠋ᠠᠯ ᠶᠤᠰᠤᠭ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠦᠴᠦᠨ ᠦᠬᠡᠢ ᠪᠤᠯᠭ᠋ᠠᠭ᠋ᠠᠳ ᠤᠯᠠᠨ ᠨᠡᠶ᠋ᠢᠳᠡ ᠵᠢᠨ ᠠᠰᠢᠭ ᠲᠤᠰᠠ᠎ᠳᠤ ᠬᠦᠨᠳᠦ ᠶᠡᠭᠡ ᠬᠤᠬᠢᠷᠠᠯ ᠤᠴᠠᠷᠠᠭᠤᠯᠵᠤ ᠮᠡᠳᠡᠬᠦ᠎ᠳᠤ ᠬᠦᠷᠪᠡᠯ᠂ ᠬᠦᠴᠦᠨ ᠦᠬᠡᠢ ᠪᠤᠯᠭ᠋ᠠᠬᠤ ᠦᠬᠡᠢ᠃
ᠲᠤᠰ ᠵᠦᠢ᠍ᠯ᠎ᠤᠨ ᠨᠢᠬᠡᠳᠦᠬᠡᠷ ᠪᠠᠳᠠᠭ᠎ᠤᠨ ᠲᠤᠭᠳᠠᠭ᠋ᠠᠯ ᠶᠤᠰᠤᠭ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠦᠴᠦᠨ ᠦᠬᠡᠢ ᠪᠤᠯᠭ᠋ᠠᠭ᠋ᠠᠳ ᠵᠦᠪᠰᠢᠶᠡᠷᠡᠭᠳᠡᠭᠴᠢ ᠵᠢᠨ ᠬᠠᠤᠯᠢ ᠶᠤᠰᠤᠨ᠎ᠤ ᠡᠷᠭᠡ ᠠᠰᠢᠭ᠎ᠢ ᠬᠤᠬᠢᠷᠠᠯ᠎ᠳᠤ ᠤᠴᠠᠷᠠᠭᠤᠯᠤᠭᠰᠠᠨ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ ᠶᠤᠰᠤᠭ᠋ᠠᠷ ᠲᠦᠯᠦᠪᠤᠷᠢ ᠦᠭᠬᠦ ᠬᠡᠷᠡᠭᠳᠡᠢ᠃ ᠲᠤᠰ ᠵᠦᠢ᠍ᠯ᠎ᠤᠨ ᠬᠤᠶᠠᠳᠤᠭ᠋ᠠᠷ ᠪᠠᠳᠠᠭ᠎ᠤᠨ ᠲᠤᠭᠳᠠᠭ᠋ᠠᠯ ᠶᠤᠰᠤᠭ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠦᠴᠦᠨ ᠦᠬᠡᠢ ᠪᠤᠯᠭ᠋ᠠᠬᠤ᠎ᠳᠤ ᠵᠦᠪᠰᠢᠶᠡᠷᠡᠭᠳᠡᠭᠴᠢ ᠵᠢᠨ ᠵᠠᠰᠠᠬ ᠵᠠᠬᠢᠷᠭ᠋ᠠᠨ᠎ᠤ ᠵᠦᠪᠰᠢᠶᠡᠷᠡᠯ ᠵᠶ᠋ᠠᠷ ᠰᠠᠭᠤᠷᠢᠯᠠᠭᠤᠯᠤᠨ ᠤᠯᠤᠭᠰᠠᠨ ᠠᠰᠢᠭ ᠲᠤᠰᠠ ᠬᠠᠮᠠᠭ᠋ᠠᠯᠠᠭᠳᠠᠬᠤ ᠦᠬᠡᠢ᠃
ᠲᠠᠯᠠᠳᠤᠭ᠋ᠠᠷ ᠵᠦᠢ᠍ᠯ ᠲᠤᠤᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠬᠡ᠎ᠨᠢ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ ᠶᠤᠰᠤᠭ᠋ᠠᠷ ᠬᠤᠯᠪᠤᠭᠳᠠᠯ ᠪᠦᠬᠦᠢ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠦᠴᠦᠨ ᠦᠬᠡᠢ ᠪᠤᠯᠭ᠋ᠠᠵᠤ ᠲᠠᠩᠰᠠᠨ᠎ᠠᠴᠠ ᠬᠠᠰᠤᠬᠤ ᠭᠠᠷ ᠬᠦᠢ᠍ᠴᠡᠳᠭᠡᠯ᠎ᠢ ᠬᠢᠬᠦ ᠬᠡᠷᠡᠭᠳᠡᠢ᠄
(ᠨᠢᠬᠡ) ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠬᠦᠴᠦᠨ᠎ᠲᠠᠢ ᠬᠤᠭᠤᠴᠠᠭ᠎ᠠ ᠲᠦᠬᠦᠷᠴᠤ ᠡᠰᠡ ᠤᠷᠳᠤᠳᠬᠠᠭᠰᠠᠨ;
(ᠬᠤᠶᠠᠷ) ᠠᠷᠠᠳ ᠢᠷᠭᠡᠨ᠎ᠳᠤ ᠲᠤᠰᠬᠠᠢ ᠬᠢᠷᠢ ᠬᠡᠮ ᠤᠯᠭᠤᠭᠰᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠰ ᠠᠷᠠᠳ ᠢᠷᠭᠡᠨ᠎ᠨᠢ ᠦᠬᠦᠭᠰᠡᠨ ᠪᠤᠶᠤ ᠠᠵᠢᠯᠯᠠᠭ᠋ᠠᠨ᠎ᠤ ᠴᠢᠳᠠᠪᠤᠷᠢ᠎ᠪᠠᠨ ᠠᠯᠳᠠᠭᠰᠠᠨ;
(ᠭᠤᠷᠪᠠ) ᠬᠠᠤᠯᠢ ᠵᠢᠨ ᠬᠦᠮᠦᠨ ᠪᠤᠶᠤ ᠪᠤᠰᠤᠳ ᠵᠤᠬᠢᠶᠠᠨ ᠪᠠᠶ᠋ᠢᠭᠤᠯᠤᠯᠳᠠ ᠬᠠᠤᠯᠢ ᠶᠤᠰᠤᠭ᠋ᠠᠷ ᠲᠠᠭᠤᠰᠤᠭᠰᠠᠨ;
(ᠲᠦᠷᠪᠡ) ᠵᠠᠰᠠᠭ ᠵᠠᠬᠢᠷᠭ᠋ᠠᠨ᠎ᠤ ᠵᠦᠪᠰᠢᠶᠡᠷᠡᠯ᠎ᠨᠢ ᠬᠠᠤᠯᠢ ᠶᠤᠰᠤᠭ᠋ᠠᠷ ᠬᠦᠴᠦᠨ ᠦᠬᠡᠢ ᠪᠤᠯᠭ᠋ᠠᠭᠳᠠᠵᠤ᠂ ᠪᠤᠴᠠᠭ᠋ᠠᠭᠳᠠᠭᠰᠠᠨ ᠪᠤᠶᠤ ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠦᠨᠡᠮᠯᠡᠯ᠎ᠨᠢ ᠬᠠᠤᠯᠢ ᠶᠤᠰᠤᠭ᠋ᠠᠷ ᠬᠤᠷᠢᠶᠠᠭᠳᠠᠵᠤ ᠬᠦᠴᠦᠨ ᠦᠬᠡᠢ ᠪᠤᠯᠭ᠋ᠠᠭᠳᠠᠭᠰᠠᠨ;
(ᠲᠠᠪᠤ) ᠲᠠᠪᠠᠭᠳᠠᠰᠢ ᠦᠬᠡᠢ ᠬᠦᠴᠦᠨ᠎ᠠᠴᠠ ᠪᠤᠯᠵᠤ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠵᠦᠢ᠍ᠯ᠎ᠤᠳ᠎ᠢ ᠭᠡᠷᠡᠭᠵᠢᠬᠦᠯᠬᠦ ᠵᠢᠨ ᠠᠷᠭ᠎ᠠ ᠦᠬᠡᠢ ᠪᠤᠯᠤᠭᠰᠠᠨ;
(ᠵᠢᠷᠭᠤᠭ᠎ᠠ) ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠦᠴᠦᠨ ᠦᠬᠡᠢ ᠪᠤᠯᠭ᠋ᠠᠬᠤ ᠶᠤᠰᠤᠳᠠᠢ ᠬᠡᠵᠤ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠎ᠳᠤ ᠲᠤᠭᠳᠠᠭ᠋ᠠᠭᠰᠠᠨ ᠪᠤᠰᠤᠳ ᠪᠠᠶ᠋ᠢᠳᠠᠯ᠃
ᠲᠤᠯᠤᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
ᠲᠠᠯᠠᠨ ᠨᠢᠬᠡᠳᠦᠬᠡᠷ ᠵᠦᠢ᠍ᠯ ᠲᠤᠰ ᠬᠠᠤᠯᠢ ᠵᠢᠨ ᠠᠷᠪᠠᠨ ᠲᠤᠯᠤᠳᠤᠭ᠋ᠠᠷ ᠵᠦᠢ᠍ᠯ᠎ᠤᠨ ᠲᠤᠭᠳᠠᠭ᠋ᠠᠯ᠎ᠢ ᠵᠦᠷᠢᠴᠡᠵᠤ ᠲᠤᠭᠳᠠᠭ᠋ᠠᠭᠰᠠᠨ ᠵᠠᠰᠠᠭ ᠵᠠᠬᠢᠷᠭ᠋ᠠᠨ᠎ᠤ ᠵᠦᠪᠰᠢᠶᠡᠷᠡᠯ ᠪᠠᠶ᠋ᠢᠪᠠᠯ᠂ ᠬᠤᠯᠪᠤᠭᠳᠠᠯ ᠪᠦᠬᠦᠢ ᠪᠠᠶ᠋ᠢᠭᠤᠯᠭ᠎ᠠ ᠲᠤᠰ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠲᠤᠭᠳᠠᠭ᠋ᠠᠭᠰᠠᠨ ᠪᠠᠶ᠋ᠢᠭᠤᠯᠭ᠎ᠠ ᠵᠢ ᠵᠠᠷᠯᠢᠭᠳᠠᠨ ᠵᠠᠯᠠᠷᠠᠭᠤᠯᠤᠭᠤᠯᠬᠤ ᠪᠤᠶᠤ ᠬᠠᠤᠯᠢ ᠶᠤᠰᠤᠭ᠋ᠠᠷ ᠬᠦᠴᠦᠨ ᠦᠬᠡᠢ ᠪᠤᠯᠭ᠋ᠠᠬᠤ ᠭᠡᠷᠡᠭᠳᠡᠢ᠃
ᠲᠠᠯᠠᠨ ᠬᠤᠶᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠴᠢ ᠲᠡᠬᠦᠨ᠎ᠤ ᠠᠵᠢᠯᠳᠠᠨ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠤ᠂ ᠲᠤᠤᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠬᠡ ᠵᠢ ᠭᠠᠷᠭ᠋ᠠᠭᠰᠠᠨ ᠪᠠᠶ᠋ᠢᠪᠠᠯ᠂ ᠲᠡᠬᠦᠨ᠎ᠤ ᠲᠡᠭᠡᠳᠦ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠤᠶᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠤᠴᠢᠳᠠᠢ ᠪᠠᠶ᠋ᠢᠪᠠᠯ᠂ ᠰᠢᠭᠤᠳ ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠰ᠎ᠲᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠠ᠄
(ᠨᠢᠬᠡ) ᠬᠠᠤᠯᠢ᠎ᠳᠤ ᠲᠤᠭᠳᠠᠭ᠋ᠠᠭᠰᠠᠨ ᠨᠦᠬᠦᠴᠡᠯ᠎ᠳᠤ ᠨᠡᠶ᠋ᠢᠴᠡᠭᠰᠡᠨ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ ᠭᠤᠶᠤᠴᠢᠯᠠᠯ᠎ᠢ ᠦᠯᠦ ᠬᠦᠯᠢᠶᠡᠨ ᠠᠪᠴᠤ ᠰᠢᠢ᠍ᠳᠪᠤᠷᠢᠯᠡᠭᠰᠡᠨ;
(ᠬᠤᠶᠠᠷ) ᠬᠠᠤᠯᠢ ᠶᠤᠰᠤᠭ᠋ᠠᠷ ᠵᠡᠷᠯᠠᠨ ᠨᠡᠶ᠋ᠢᠳᠡᠯᠡᠬᠦ ᠶᠤᠰᠤᠳᠠᠢ ᠮᠠᠲ᠋ᠧᠷᠢᠶᠠᠯ᠎ᠢ ᠠᠯᠪᠠᠨ ᠭᠠᠵᠠᠷ᠎ᠲᠠᠭᠠᠨ ᠦᠯᠦ ᠨᠡᠶ᠋ᠢᠳᠡᠯᠡᠭᠰᠡᠨ;
(ᠭᠤᠷᠪᠠ) ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠦᠯᠢᠶᠡᠨ ᠠᠪᠴᠤ ᠰᠢᠢ᠍ᠳᠪᠤᠷᠢᠯᠡᠬᠦ᠂ ᠬᠢᠨᠠᠨ ᠪᠠᠶ᠋ᠢᠴᠠᠭ᠋ᠠᠬᠤ ᠪᠡ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠤᠭᠳᠠᠭ᠋ᠠᠯ ᠭᠠᠷᠭ᠋ᠠᠬᠤ ᠶᠠᠪᠤᠴᠠ᠎ᠳᠤ᠂ ᠭᠤᠶᠤᠴᠢᠯᠠᠭᠴᠢ᠂ ᠠᠰᠢᠭ ᠬᠤᠤᠷ᠎ᠤᠨ ᠬᠠᠷᠢᠴᠠᠭ᠎ᠠ᠎ᠲᠠᠢ ᠬᠦᠮᠦᠨ᠎ᠳᠤ ᠬᠠᠤᠯᠢ᠎ᠳᠤ ᠲᠤᠭᠳᠠᠭ᠋ᠠᠭᠰᠠᠨ ᠮᠡᠳᠡᠭᠳᠡᠬᠦ ᠡᠬᠦᠷᠭᠡ᠎ᠪᠠᠨ ᠦᠯᠦ ᠬᠦᠢ᠍ᠴᠡᠳᠭᠡᠭᠰᠡᠨ;
(ᠲᠦᠷᠪᠡ) ᠭᠤᠶᠤᠴᠢᠯᠠᠭᠴᠢ ᠵᠢᠨ ᠲᠡᠪᠰᠢᠬᠦᠯᠦᠨ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ᠎ᠨᠢ ᠪᠦᠷᠢᠨ ᠬᠦᠢ᠍ᠴᠡᠳ ᠪᠤᠰᠤ᠂ ᠬᠠᠤᠯᠢ᠎ᠳᠤ ᠲᠤᠭᠳᠠᠭ᠋ᠠᠭᠰᠠᠨ ᠬᠡᠯᠪᠡᠷᠢ᠎ᠳᠤ ᠨᠡᠶ᠋ᠢᠴᠡᠬᠦ ᠦᠬᠡᠢ ᠪᠠᠶ᠋ᠢᠬᠤ ᠦᠶ᠎ᠠ᠎ᠳᠤ᠂ ᠭᠤᠶᠤᠴᠢᠯᠠᠭᠴᠢ᠎ᠳᠤ ᠡᠷᠭᠡᠪᠰᠢ ᠨᠦᠬᠦᠪᠦᠷᠢᠯᠡᠨ ᠵᠠᠯᠠᠷᠠᠭᠤᠯᠬᠤ ᠭᠡᠷᠡᠭᠳᠡᠢ ᠪᠦᠬᠦ ᠠᠭᠤᠯᠭ᠎ᠠ ᠵᠢ ᠨᠢᠬᠡᠯᠡ ᠲᠤᠤᠷ᠎ᠠ ᠦᠯᠦ ᠮᠡᠳᠡᠭᠳᠡᠭᠰᠡᠨ;
(ᠲᠠᠪᠤ) ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ ᠭᠤᠶᠤᠴᠢᠯᠠᠯ᠎ᠢ ᠬᠦᠯᠢᠶᠠᠨ ᠠᠪᠴᠤ ᠰᠢᠢ᠍ᠳᠪᠤᠷᠢᠯᠡᠬᠦ ᠦᠬᠡᠢ ᠪᠤᠶᠤ ᠵᠠᠰᠠᠬ ᠵᠠᠬᠢᠷᠭ᠋ᠠᠨ᠎ᠤ ᠵᠦᠪᠰᠢᠶᠡᠷᠡᠯ ᠦᠭᠭᠦ ᠦᠬᠡᠢ ᠰᠢᠯᠳᠠᠭ᠋ᠠᠨ ᠵᠶ᠋ᠠᠨ ᠬᠠᠤᠯᠢ ᠶᠤᠰᠤᠭ᠋ᠠᠷ ᠦᠯᠦ ᠲᠠᠶ᠋ᠢᠯᠪᠤᠷᠢᠯᠠᠭᠰᠠᠨ;
(ᠵᠢᠷᠭᠤᠭ᠎ᠠ) ᠬᠠᠤᠯᠢ ᠶᠤᠰᠤᠭ᠋ᠠᠷ ᠭᠡᠷᠡᠴᠢᠯᠡᠭᠡ ᠰᠤᠨᠤᠰᠬᠤ ᠶᠤᠰᠤᠳᠠᠢ ᠪᠠᠶ᠋ᠢᠳᠠᠯ᠎ᠠ ᠭᠡᠷᠡᠴᠢᠯᠡᠭᠡ ᠦᠯᠦ ᠰᠤᠨᠤᠰᠤᠭᠰᠠᠨ᠃
ᠲᠠᠯᠠᠨ ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠠᠵᠢᠯᠳᠠᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠠᠵᠢᠯ᠎ᠢ ᠡᠷᠬᠢᠯᠡᠬᠦ᠂ ᠬᠢᠨᠠᠯᠳᠠ ᠪᠠᠶ᠋ᠢᠴᠠᠭ᠋ᠠᠯᠳᠠ ᠬᠢᠬᠦ᠎ᠳᠡᠭᠡᠨ ᠪᠤᠰᠤᠳ᠎ᠤᠨ ᠵᠤᠭᠤᠰ ᠮᠦᠡᠭᠬᠦ ᠡᠳ᠋ ᠪᠤᠳᠠᠰ᠎ᠢ ᠨᠡᠭᠡᠨ ᠠᠪᠴᠤ᠂ ᠬᠦᠯᠢᠶᠡᠨ ᠠᠪᠤᠭᠰᠠᠨ ᠪᠤᠶᠤ ᠪᠤᠰᠤᠳ ᠠᠰᠢᠭ ᠲᠤᠰᠠ ᠵᠢ ᠤᠯᠤᠭ᠋ᠠᠳ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠤᠰᠤᠭ᠋ᠠᠷ ᠡᠷᠡᠬᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠠ; ᠬᠠᠷᠠᠬᠠᠨ ᠶᠠᠯ᠎ᠠ ᠪᠤᠯᠵᠤ ᠪᠦᠷᠢᠯᠳᠦᠭᠰᠡᠨ ᠦᠬᠡᠢ ᠪᠠᠶ᠋ᠢᠪᠠᠯ᠂ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠠ᠃
ᠲᠠᠯᠠᠨ ᠲᠦᠷᠪᠡᠳᠦᠬᠡᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠬᠦ᠎ᠳᠡᠭᠡᠨ ᠲᠤᠤᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠬᠡ ᠵᠢ ᠭᠠᠷᠭ᠋ᠠᠭᠰᠠᠨ ᠪᠠᠶ᠋ᠢᠪᠠᠯ᠂ ᠲᠡᠬᠦᠨ᠎ᠤ ᠲᠡᠭᠡᠳᠦ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠤᠶᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠰ᠎ᠲᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠠ; ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠤᠰᠤᠭ᠋ᠠᠷ ᠡᠷᠡᠬᠦᠦ ᠵᠢᠨ ᠬᠠᠷᠢᠭᠤᠴᠠᠯᠭ᠎ᠠ ᠨᠡᠬᠡᠮᠵᠢᠯᠠᠨ᠎ᠠ᠄
(ᠨᠢᠬᠡ) ᠬᠠᠤᠯᠢ᠎ᠳᠤ ᠲᠤᠭᠳᠠᠭ᠋ᠠᠭᠰᠠᠨ ᠨᠦᠬᠦᠴᠡᠯ᠎ᠳᠤ ᠦᠯᠦ ᠨᠡᠶ᠋ᠢᠴᠡᠬᠦ ᠭᠤᠶᠤᠴᠢᠯᠠᠭᠴᠢ᠎ᠳᠤ ᠵᠠᠰᠠᠬ ᠵᠠᠬᠢᠷᠭ᠋ᠠᠨ᠎ᠤ ᠵᠦᠪᠰᠢᠶᠡᠷᠡᠯ ᠦᠭᠬᠦᠭᠰᠡᠨ ᠪᠤᠶᠤ ᠬᠠᠤᠯᠢ᠎ᠳᠤ ᠲᠤᠭᠳᠠᠭ᠋ᠠᠭᠰᠠᠨ ᠡᠷᠭᠡ ᠲᠤᠰᠢᠶᠠᠯ᠎ᠤᠨ ᠭᠡᠪᠴᠢᠶᠠᠨᠠᠴᠠᠪᠠᠨ ᠲᠠᠪᠠᠵᠤ ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦ ᠲᠤᠭᠳᠠᠭ᠋ᠠᠯ ᠭᠠᠷᠭ᠋ᠠᠭᠰᠠᠨ;
(ᠬᠤᠶᠠᠷ) ᠬᠠᠤᠯᠢ᠎ᠳᠤ ᠲᠤᠭᠳᠠᠭ᠋ᠠᠭᠰᠠᠨ ᠨᠦᠬᠦᠴᠡᠯ᠎ᠳᠤ ᠨᠡᠶ᠋ᠢᠴᠡᠬᠦ ᠭᠤᠶᠤᠴᠢᠯᠠᠭᠴᠢ᠎ᠳᠤ ᠵᠠᠰᠠᠬ ᠵᠠᠬᠢᠷᠭ᠋ᠠᠨ᠎ᠤ ᠵᠦᠪᠰᠢᠶᠡᠷᠡᠯ ᠦᠭᠬᠦᠭᠰᠡᠨ ᠦᠬᠡᠢ ᠪᠤᠶᠤ ᠬᠠᠤᠯᠢ᠎ᠳᠤ ᠲᠤᠭᠳᠠᠭ᠋ᠠᠭᠰᠠᠨ ᠬᠤᠭᠤᠴᠠᠭ᠋ᠠᠨ ᠲᠤᠳᠤᠷ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦ ᠲᠤᠭᠳᠠᠭ᠋ᠠᠯ ᠦᠯᠦ ᠭᠠᠷᠭ᠋ᠠᠭᠰᠠᠨ;
(ᠭᠤᠷᠪᠠ) ᠬᠠᠤᠯᠢ ᠶᠤᠰᠤᠭ᠋ᠠᠷ ᠲᠠᠭ᠋ᠠᠭ᠋ᠠᠴᠢᠯᠠᠯᠳᠠ ᠵᠠᠷᠯᠠᠬᠰᠠᠨ᠂ ᠦᠨ᠎ᠠ ᠬᠠᠶᠠᠵᠤ ᠬᠤᠳᠠᠯᠳᠤᠭᠰᠠᠨ ᠦᠷ᠎ᠠ ᠳ᠋ᠦᠩ ᠪᠤᠶᠤ ᠰᠢᠯᠭ᠋ᠠᠯᠳᠠ ᠵᠢᠨ ᠬᠢᠷᠢ ᠪᠦᠳᠦᠮᠵᠢ ᠵᠢ ᠦᠨᠳᠦᠰᠦᠯᠡᠨ ᠰᠢᠯᠢᠳᠡᠭ᠎ᠢ᠎ᠨᠢ ᠰᠤᠩᠭᠤᠵᠤ ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦ ᠲᠤᠭᠳᠠᠭ᠋ᠠᠯ ᠭᠠᠷᠭ᠋ᠠᠪᠠᠯ ᠵᠤᠬᠢᠬᠤ ᠶᠤᠰᠤᠳᠠᠢ ᠠᠳᠠᠯ᠎ᠠ ᠲᠠᠭ᠋ᠠᠭ᠋ᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠪᠤᠶᠤ ᠰᠢᠯᠭ᠋ᠠᠯᠳᠠ᠎ᠪᠠᠷ ᠲᠠᠮᠵᠢᠭᠰᠠᠨ ᠦᠬᠡᠢ᠂ ᠡᠰᠡᠬᠦᠯ᠎ᠠ ᠲᠠᠭ᠋ᠠᠭ᠋ᠠᠴᠢᠯᠠᠯᠳᠠ ᠵᠠᠷᠯᠠᠭᠰᠠᠨ᠂ ᠦᠨ᠎ᠠ ᠬᠠᠶᠠᠵᠤ ᠬᠤᠳᠠᠯᠳᠤᠭᠰᠠᠨ ᠦᠷ᠎ᠠ ᠳ᠋ᠦᠩ ᠪᠤᠶᠤ ᠰᠢᠯᠭ᠋ᠠᠯᠳᠠ ᠵᠢᠨ ᠬᠢᠷᠢ ᠪᠦᠳᠦᠮᠵᠢ ᠵᠢ ᠦᠨᠳᠦᠰᠦᠯᠡᠵᠤ ᠰᠢᠯᠢᠳᠡᠭ᠎ᠢ᠎ᠨᠢ ᠰᠤᠩᠭᠤᠭᠰᠠᠨ ᠦᠬᠡᠢ᠎ᠪᠠᠷ ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦ ᠲᠤᠭᠳᠠᠭ᠋ᠠᠯ ᠭᠠᠷᠭ᠋ᠠᠭᠰᠠᠨ;
ᠲᠠᠯᠠᠨ ᠲᠠᠪᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ᠎ᠳᠡᠭᠡᠨ ᠲᠤᠷ᠎ᠠ᠎ᠪᠠᠷ ᠵᠶ᠋ᠠᠨ ᠰᠦᠢ᠍ᠳᠭᠡᠯ ᠬᠤᠷᠢᠶᠠᠭᠰᠠᠨ ᠪᠤᠶᠤ ᠬᠠᠤᠯᠢ᠎ᠳᠤ ᠲᠤᠭᠳᠠᠭ᠋ᠠᠭᠰᠠᠨ ᠵᠦᠢ᠍ᠯ ᠪᠠ ᠪᠠᠷᠢᠮᠵᠢᠶ᠎ᠠ ᠶᠤᠰᠤᠭ᠋ᠠᠷ ᠰᠦᠢ᠍ᠳᠭᠡᠯ ᠬᠤᠷᠢᠶᠠᠭᠰᠠᠨ ᠪᠢᠰᠢ ᠪᠠᠶ᠋ᠢᠪᠠᠯ᠂ ᠲᠡᠬᠦᠨ᠎ᠤ ᠲᠡᠭᠡᠳᠦ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠤᠶᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠬᠠᠤᠯᠢ ᠪᠤᠰᠤ᠎ᠪᠠᠷ ᠬᠤᠷᠢᠶᠠᠨ ᠠᠪᠤᠭᠰᠠᠨ ᠰᠦᠢ᠍ᠳᠭᠡᠯ᠎ᠢ ᠵᠠᠷᠯᠢᠭᠳᠠᠨ ᠪᠤᠴᠠᠭ᠋ᠠᠯᠭ᠋ᠠᠨᠠ; ᠰᠢᠭᠤᠳ ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠰ᠎ᠲᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠠ᠃ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠦᠭᠡᠳ ᠬᠠᠤᠯᠢ ᠶᠤᠰᠤᠭ᠋ᠠᠷ ᠬᠤᠷᠢᠶᠠᠨ ᠠᠪᠤᠭᠰᠠᠨ ᠰᠦᠢ᠍ᠳᠭᠡᠯ᠎ᠢ ᠦᠯᠡᠳᠡᠭᠡᠨ ᠠᠪᠤᠭᠰᠠᠨ᠂ ᠨᠡᠬᠦᠯᠬᠡᠨ ᠭᠡᠷᠡᠭᠯᠡᠭᠰᠡᠨ᠂ ᠬᠤᠪᠢᠳᠠᠨ ᠬᠤᠪᠢᠶᠠᠭᠰᠠᠨ ᠪᠤᠶᠤ ᠭᠡᠯᠪᠡᠷᠢ ᠵᠢ᠎ᠨᠢ ᠦᠬᠡᠷᠡᠳᠡᠬᠦᠯᠦᠨ ᠬᠤᠪᠢᠳᠠᠨ ᠬᠤᠪᠢᠶᠠᠭᠰᠠᠨ ᠪᠠᠶ᠋ᠢᠪᠠᠯ᠂ ᠨᠡᠭᠡᠮᠵᠢᠯᠡᠨ ᠲᠤᠰᠢᠶᠠᠯᠭ᠋ᠠᠨ᠎ᠠ; ᠰᠢᠭᠤᠳ ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠰ᠎ᠲᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠠ; ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠤᠰᠤᠭ᠋ᠠᠷ ᠡᠷᠡᠬᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠠ᠃
ᠲᠠᠯᠠᠨ ᠵᠢᠷᠭᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ ᠵᠢ ᠵᠦᠷᠢᠴᠡᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠦᠭᠡᠳ ᠲᠤᠬᠠᠢ ᠵᠢᠨ ᠬᠦᠮᠦᠨ᠎ᠤ ᠬᠠᠤᠯᠢ ᠶᠤᠰᠤᠨ᠎ᠤ ᠡᠷᠭᠡ ᠠᠰᠢᠭ᠎ᠲᠤ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠤᠯᠤᠰ᠎ᠤᠨ ᠲᠦᠯᠦᠪᠦᠷᠢ ᠵᠢᠨ ᠬᠠᠤᠯᠢ ᠵᠢᠨ ᠲᠤᠭᠳᠠᠭ᠋ᠠᠯ ᠶᠤᠰᠤᠭ᠋ᠠᠷ ᠲᠦᠯᠦᠪᠦᠷᠢ ᠦᠭᠬᠦ ᠭᠡᠷᠡᠭᠳᠡᠢ᠃
ᠲᠠᠯᠠᠨ ᠲᠤᠯᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ ᠶᠤᠰᠤᠭ᠋ᠠᠷ ᠬᠢᠨᠠᠯᠳᠠ ᠲᠠᠯᠪᠢᠬᠤ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠭᠡᠬᠦ ᠦᠬᠡᠢ ᠪᠤᠶᠤ ᠴᠢᠩᠭ᠎ᠠ ᠬᠢᠨᠠᠯᠳᠠ ᠲᠠᠯᠪᠢᠭᠰᠠᠨ ᠦᠬᠡᠢ᠎ᠠᠴᠠ ᠪᠤᠯᠵᠤ ᠬᠦᠨᠳᠦ ᠨᠤᠴᠢᠳᠠᠢ ᠤᠷᠰᠢᠭ ᠭᠠᠷᠭ᠋ᠠᠭᠰᠠᠨ ᠪᠠᠶ᠋ᠢᠪᠠᠯ᠂ ᠲᠡᠬᠦᠨ᠎ᠤ ᠲᠡᠭᠡᠳᠦ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠤᠶᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠰ᠎ᠲᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠠ; ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠤᠰᠤᠭ᠋ᠠᠷ ᠡᠷᠡᠬᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠠ᠃
ᠲᠠᠯᠠᠨ ᠨᠠᠢ᠍ᠮᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ᠎ᠪᠠᠷ ᠭᠤᠶᠤᠴᠢᠯᠠᠭᠴᠢ ᠬᠤᠯᠪᠤᠭᠳᠠᠯ ᠪᠦᠬᠦᠢ ᠪᠠᠶ᠋ᠢᠳᠠᠯ ᠵᠶ᠋ᠠᠨ ᠨᠢᠭᠤᠨ ᠲᠠᠯᠠᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠨᠭ᠌ᠭ᠋ᠠᠵᠤ ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ᠎ᠪᠠᠷ ᠭᠤᠶᠤᠴᠢᠯᠠᠭᠰᠠᠨ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠦᠯᠢᠶᠠᠨ ᠠᠪᠴᠤ ᠰᠢᠢ᠍ᠳᠪᠤᠷᠢᠯᠡᠬᠦ ᠦᠬᠡᠢ ᠪᠤᠶᠤ ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠭᠦ ᠦᠬᠡᠢ ᠮᠦᠷᠳᠡᠭᠡᠨ ᠰᠡᠷᠡᠮᠵᠢ ᠦᠭᠬᠦᠨ᠎ᠠ; ᠵᠠᠰᠠᠭ ᠵᠠᠬᠢᠷᠭ᠋ᠠᠨ᠎ᠤ ᠵᠦᠪᠰᠢᠶᠡᠷᠡᠯ ᠠᠪᠬᠤ ᠭᠤᠶᠤᠴᠢᠯᠠᠯ᠎ᠨᠢ ᠤᠯᠠᠨ ᠨᠡᠶ᠋ᠢᠳᠡ ᠵᠢᠨ ᠠᠮᠤᠷ ᠲᠦᠪᠰᠢᠨ᠂ ᠬᠦᠮᠦᠨ᠎ᠤ ᠪᠠᠶ᠎ᠠ ᠵᠢᠨ ᠡᠷᠡᠬᠦᠯ ᠮᠠᠨᠳᠤ᠂ ᠠᠮᠢ ᠨᠠᠰᠤ ᠡᠳ᠋ ᠬᠦᠷᠦᠩᠬᠡ ᠵᠢᠨ ᠠᠮᠤᠷ ᠲᠦᠪᠰᠢᠨ᠎ᠳᠤ ᠰᠢᠭᠤᠳ ᠬᠤᠯᠪᠤᠭᠳᠠᠬᠤ ᠵᠦᠢ᠍ᠯ᠎ᠤᠳ ᠪᠠᠶ᠋ᠢᠪᠠᠯ᠂ ᠭᠤᠶᠤᠴᠢᠯᠠᠭᠴᠢ᠎ᠨᠢ ᠨᠢᠬᠡ ᠵᠢᠯ᠎ᠤᠨ ᠲᠤᠳᠤᠷ᠎ᠠ ᠲᠤᠰ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠠᠪᠬᠤ᠎ᠪᠠᠷ ᠲᠠᠬᠢᠨᠳᠠ ᠭᠤᠶᠤᠴᠢᠯᠠᠵᠤ ᠪᠤᠯᠬᠤ ᠦᠬᠡᠢ᠃
ᠲᠠᠯ᠎ᠠ ᠶᠢᠰᠦᠳᠦᠬᠡᠷ ᠵᠦᠢ᠍ᠯ ᠵᠦᠪᠰᠢᠶᠡᠷᠡᠭᠳᠡᠭᠴᠢ ᠮᠡᠭᠡᠯᠡᠬᠦ᠂ ᠭᠡᠭᠡᠯᠢ ᠬᠠᠭ᠍ᠤᠤᠯᠢ ᠲᠦᠯᠬᠢᠬᠦ ᠵᠡᠷᠭᠡ ᠲᠦᠪ ᠪᠤᠰᠤ ᠠᠷᠭ᠎ᠠ ᠪᠠᠷᠢᠯ ᠵᠶ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ ᠤᠯᠤᠭᠰᠠᠨ ᠪᠠᠶ᠋ᠢᠪᠠᠯ᠂ ᠵᠠᠰᠠᠭ ᠵᠠᠭᠢᠷᠭ᠋ᠠᠨ᠎ᠤ ᠪᠠᠶ᠋ᠢᠭᠤᠯᠭ᠎ᠠ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦ ᠭᠡᠷᠡᠭᠳᠡᠢ; ᠤᠯᠤᠭᠰᠠᠨ ᠵᠠᠰᠠᠬ ᠵᠠᠬᠢᠷᠭ᠋ᠠᠨ᠎ᠤ ᠵᠦᠪᠰᠢᠶᠡᠷᠡᠯ᠎ᠨᠢ ᠤᠯᠠᠨ ᠨᠡᠶ᠋ᠢᠳᠡ ᠵᠢᠨ ᠠᠮᠤᠷ ᠲᠦᠪᠰᠢᠨ᠂ᠬᠦᠮᠦᠨ᠎ᠤ ᠪᠠᠶ᠎ᠠ ᠵᠢᠨ ᠡᠷᠡᠬᠦᠯ ᠮᠠᠨᠳᠤ᠂ ᠠᠮᠢ ᠨᠠᠰᠤ ᠡᠳ᠋ ᠬᠦᠷᠦᠩᠬᠡ ᠵᠢᠨ ᠠᠮᠤᠷ ᠲᠦᠪᠰᠢᠨ᠎ᠳᠤ ᠰᠢᠭᠤᠳ ᠬᠤᠯᠪᠤᠭᠳᠠᠬᠤ ᠵᠦᠢ᠍ᠯ᠎ᠤᠳ ᠪᠠᠶ᠋ᠢᠪᠠᠯ᠂ ᠭᠤᠶᠤᠴᠢᠯᠠᠭᠴᠢ᠎ᠨᠢ ᠭᠤᠷᠪᠠᠨ ᠵᠢᠯ᠎ᠤᠨ ᠲᠤᠳᠤᠷ᠎ᠠ ᠲᠤᠰ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠠᠪᠬᠤ᠎ᠪᠠᠷ ᠲᠠᠬᠢᠨᠳᠠ ᠭᠤᠶᠤᠴᠢᠯᠠᠵᠤ ᠪᠤᠯᠬᠤ ᠦᠬᠡᠢ; ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠤᠰᠤᠭ᠋ᠠᠷ ᠡᠷᠡᠬᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠠ᠃
ᠨᠠᠶᠠᠳᠤᠭ᠋ᠠᠷ ᠵᠦᠢ᠍ᠯ ᠵᠦᠪᠰᠢᠶᠡᠷᠡᠭᠳᠡᠭᠴᠢ ᠲᠤᠤᠷ᠎ᠠ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠤᠨ ᠨᠢᠬᠡ ᠵᠢ ᠬᠢᠭᠰᠡᠨ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦ ᠭᠡᠷᠡᠭᠳᠡᠢ; ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠤᠰᠤᠭ᠋ᠠᠷ ᠡᠷᠡᠬᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠠ᠄
(ᠨᠢᠬᠡ) ᠵᠠᠰᠠᠬ ᠵᠠᠬᠢᠷᠭ᠋ᠠᠨ᠎ᠤ ᠵᠦᠪᠰᠢᠶᠡᠷᠡᠯ᠎ᠤᠨ ᠦᠨᠡᠮᠯᠡᠯ᠎ᠢ ᠪᠠᠯᠠᠯᠤᠨ ᠦᠬᠡᠷᠡᠳᠡᠬᠦᠯᠦᠭᠰᠡᠨ᠂ ᠰᠠᠷᠢᠭ᠋ᠠᠯᠠᠭᠰᠠᠨ᠂ ᠲᠦᠷᠢᠶᠡᠰᠦᠯᠡᠬᠦᠯᠦᠭᠰᠡᠨ᠂ ᠵᠢᠬᠡᠯᠡᠬᠦᠯᠦᠭᠰᠡᠨ ᠪᠤᠶᠤ ᠪᠤᠰᠤᠳ ᠬᠡᠯᠪᠡᠷᠢ᠎ᠪᠠᠷ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠠᠤᠯᠢ ᠪᠤᠰᠤ᠎ᠪᠠᠷ ᠰᠢᠯᠵᠢᠬᠦᠯᠦᠨ ᠦᠭᠬᠦᠭᠰᠡᠨ;
(ᠬᠤᠶᠠᠷ) ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠭᠡᠪᠴᠢᠶᠠᠨᠠᠴᠠᠪᠠᠨ ᠲᠠᠪᠠᠵᠤ ᠠᠵᠢᠯᠯᠠᠭ᠎ᠠ ᠬᠢᠭᠰᠡᠨ;
(ᠭᠤᠷᠪᠠ) ᠬᠢᠨᠠᠯᠳᠠ ᠲᠠᠯᠪᠢᠵᠤ ᠪᠠᠶ᠋ᠢᠴᠠᠭ᠋ᠠᠬᠤ ᠵᠢ ᠬᠠᠷᠢᠭᠤᠴᠠᠬᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠬᠤᠯᠪᠤᠭᠳᠠᠯ ᠪᠦᠬᠦᠢ ᠪᠠᠶ᠋ᠢᠳᠠᠯ ᠵᠶ᠋ᠠᠨ ᠨᠢᠭᠤᠨ ᠲᠠᠯᠳᠠᠯᠠᠵᠤ᠂ ᠲᠡᠬᠦᠨ᠎ᠳᠤ ᠬᠤᠳᠠᠯ ᠬᠠᠭᠤᠷᠮᠠᠭ ᠮᠠᠲ᠋ᠧᠷᠢᠶᠠᠯ ᠬᠠᠨᠭ᠌ᠭ᠋ᠠᠭᠰᠠᠨ ᠪᠤᠶᠤ ᠠᠵᠢᠯᠯᠠᠭ᠎ᠠ ᠵᠢᠨ ᠪᠠᠶ᠋ᠢᠳᠠᠯ ᠵᠶ᠋ᠠᠨ ᠲᠤᠰᠬᠠᠭᠰᠠᠨ ᠦᠨᠡᠨ ᠪᠤᠳᠠᠳᠤ ᠮᠠᠲ᠋ᠧᠷᠢᠶᠠᠯ ᠬᠠᠨᠭ᠌ᠭ᠋ᠠᠬᠤ ᠵᠢ ᠲᠡᠪᠴᠢᠭᠰᠡᠨ;
(ᠲᠦᠷᠪᠡ) ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠂ ᠲᠦᠷᠢᠮ ᠲᠤᠭᠳᠠᠭ᠋ᠠᠯ᠎ᠳᠤ ᠲᠤᠭᠳᠠᠭ᠋ᠠᠭᠰᠠᠨ ᠬᠠᠤᠯᠢ ᠵᠢ ᠵᠦᠷᠢᠴᠡᠭᠰᠡᠨ ᠪᠤᠰᠤᠳ ᠠᠵᠢᠯᠯᠠᠭ᠎ᠠ᠃
ᠨᠠᠶᠠᠨ ᠨᠢᠬᠡᠳᠦᠬᠡᠷ ᠵᠦᠢ᠍ᠯ ᠠᠷᠠᠳ ᠢᠷᠭᠡᠨ᠂ ᠬᠠᠤᠯᠢ ᠵᠢᠨ ᠬᠦᠮᠦᠨ ᠪᠤᠶᠤ ᠪᠤᠰᠤᠳ ᠵᠤᠬᠢᠶᠠᠨ ᠪᠠᠶ᠋ᠢᠭᠤᠯᠤᠯᠳᠠ ᠵᠠᠰᠠᠬ ᠵᠠᠬᠢᠷᠭ᠋ᠠᠨ᠎ᠤ ᠵᠦᠪᠰᠢᠶᠡᠷᠡᠯ ᠠᠪᠤᠭᠰᠠᠨ ᠦᠬᠡᠢ᠎ᠪᠠᠷ ᠬᠠᠤᠯᠢ ᠶᠤᠰᠤᠭ᠋ᠠᠷ ᠵᠠᠰᠠᠬ ᠵᠠᠬᠢᠷᠭ᠋ᠠᠨ᠎ᠤ ᠵᠦᠪᠰᠢᠶᠡᠷᠡᠯ ᠠᠪᠬᠤ ᠶᠤᠰᠤᠳᠠᠢ ᠠᠵᠢᠯᠯᠠᠭ᠎ᠠ ᠵᠢ ᠲᠤᠷ᠎ᠠ᠎ᠪᠠᠷ ᠵᠶ᠋ᠠᠨ ᠬᠢᠭᠰᠡᠨ ᠪᠠᠶ᠋ᠢᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ ᠶᠤᠰᠤᠭ᠋ᠠᠷ ᠠᠷᠭ᠎ᠠ ᠬᠡᠮᠵᠢᠶ᠎ᠠ ᠠᠪᠴᠤ ᠬᠤᠷᠢᠭᠯᠠᠨ ᠵᠤᠭᠰᠤᠭ᠋ᠠᠬᠤ ᠮᠦᠷᠳᠡᠭᠡᠨ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦ ᠭᠡᠷᠡᠭᠳᠡᠢ; ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠤᠰᠤᠭ᠋ᠠᠷ ᠡᠷᠡᠬᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠠ᠃
ᠨᠠᠢ᠍ᠮᠠᠳᠤᠭ᠋ᠠᠷ ᠪᠦᠯᠦᠭ ᠲᠠᠭ᠋ᠠᠯᠳᠤᠭᠤᠯᠤᠭᠰᠠᠨ ᠲᠦᠷᠢᠮ
ᠨᠠᠶᠠᠨ ᠬᠤᠶᠠᠳᠤᠭ᠋ᠠᠷ ᠵᠦᠢ᠍ᠯ ᠲᠤᠰ ᠬᠠᠤᠯᠢ᠎ᠳᠤ ᠲᠤᠭᠳᠠᠭ᠋ᠠᠭᠰᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠭᠡᠷᠡᠭᠵᠢᠬᠦᠯᠬᠦ ᠬᠤᠭᠤᠴᠠᠭ᠎ᠠ ᠵᠢ ᠠᠵᠢᠯ᠎ᠤᠨ ᠡᠳᠦᠷ ᠵᠶ᠋ᠠᠷ ᠪᠤᠳᠤᠨ᠎ᠠ᠂ ᠬᠠᠤᠯᠢ᠎ᠪᠠᠷ ᠲᠤᠭᠳᠠᠭ᠋ᠠᠭᠰᠠᠨ ᠠᠮᠠᠷᠠᠯᠳᠠ ᠵᠢᠨ ᠡᠳᠦᠷ᠎ᠢ ᠪᠠᠭᠳᠠᠭ᠋ᠠᠬᠤ ᠦᠬᠡᠢ᠃
ᠨᠠᠶᠠᠨ ᠭᠤᠷᠪᠠᠳᠤᠭ᠋ᠠᠷ ᠵᠦᠢ᠍ᠯ ᠲᠤᠰ ᠬᠠᠤᠯᠢ ᠵᠢ 2004 ᠤᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠤ ᠭᠡᠷᠡᠭᠵᠢᠬᠦᠯᠦᠨ᠎ᠠ᠃
ᠲᠤᠰ ᠬᠠᠤᠯᠢ ᠵᠢ ᠭᠡᠷᠡᠭᠵᠢᠬᠦᠯᠬᠦ᠎ᠠᠴᠠ ᠡᠮᠦᠨᠡᠬᠢ ᠵᠠᠰᠠᠭ ᠵᠠᠬᠢᠷᠭ᠋ᠠᠨ᠎ᠤ ᠵᠦᠪᠰᠢᠶᠡᠷᠡᠯ᠎ᠳᠤ ᠬᠤᠯᠪᠤᠭᠳᠠᠬᠤ ᠲᠤᠭᠳᠠᠭ᠋ᠠᠯ᠎ᠢ ᠲᠤᠭᠳᠠᠭ᠋ᠠᠭᠰᠠᠨ ᠪᠠᠶ᠋ᠢᠭᠤᠯᠭ᠎ᠠ᠎ᠨᠢ ᠲᠤᠰ ᠬᠠᠤᠯᠢ ᠵᠢᠨ ᠲᠤᠭᠳᠠᠭ᠋ᠠᠯ᠎ᠢ ᠦᠨᠳᠦᠰᠦᠯᠡᠨ ᠡᠮᠬᠢᠯᠡᠨ ᠴᠡᠭᠴᠡᠯᠡᠬᠦ ᠬᠡᠷᠡᠭᠳᠡᠢ; ᠲᠤᠰ ᠬᠠᠤᠯᠢ ᠵᠢᠨ ᠲᠤᠭᠳᠠᠭ᠋ᠠᠯ᠎ᠳᠤ ᠨᠡᠶ᠋ᠢᠴᠡᠬᠦ ᠦᠬᠡᠢ ᠪᠠᠶ᠋ᠢᠪᠠᠯ᠂ ᠲᠤᠰ ᠬᠠᠤᠯᠢ ᠵᠢ ᠡᠬᠢᠯᠡᠨ ᠬᠡᠷᠡᠭᠵᠢᠬᠦᠯᠦᠭᠰᠡᠨ ᠡᠳᠦᠷ᠎ᠠᠴᠠ ᠭᠡᠷᠡᠭᠵᠢᠬᠦᠯᠬᠦ ᠵᠢ ᠵᠤᠭᠰᠤᠭ᠋ᠠᠬᠤ ᠬᠡᠷᠡᠭᠲᠡᠢ᠃