ᠢᠯᠡ ᠵᠠᠰᠠᠭ   -   ᠲᠦᠷᠦ᠎ᠶᠢᠨ ᠪᠤᠳᠤᠯᠭ᠎ᠠ ᠬᠠᠤᠯᠢ ᠳᠦᠷᠢᠮ
《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠭᠤᠷᠬᠠᠢ ᠵᠢᠨ ᠭᠠᠵᠠᠷ ᠰᠢᠨᠵᠢᠯᠡᠬᠡᠨ᠎ᠤ ᠤᠷᠴᠢᠨ ᠨᠦᠬᠦᠴᠡᠯ᠎ᠤᠨ ᠵᠠᠰᠠᠯᠳᠠ ᠵᠢᠨ ᠠᠷᠭ᠎ᠠ》 ᠵᠢ ᠬᠦᠴᠦᠨ ᠦᠬᠡᠢ ᠪᠤᠯᠭ᠋ᠠᠬᠤ ᠲᠤᠬᠠᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠤᠭᠲᠠᠭ᠋ᠠᠯ
ᠨᠡᠶ᠋ᠢᠲᠡᠯᠡᠭᠰᠡᠨ ᠴᠠᠭ᠄ 2019-11-20

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
                                               240 ᠳ᠋ᠤᠭᠡᠷ ᠲᠤᠭ᠋ᠠᠳᠤ

     《〈ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠭᠤᠷᠬᠠᠢ ᠵᠢᠨ ᠭᠠᠵᠠᠷ ᠰᠢᠨᠵᠢᠯᠡᠬᠡᠨ᠎ᠤ ᠤᠷᠴᠢᠨ ᠨᠦᠬᠦᠴᠡᠯ᠎ᠤᠨ ᠵᠠᠰᠠᠯᠳᠠ ᠵᠢᠨ ᠠᠷᠭ᠎ᠠ〉 ᠵᠢ ᠬᠦᠴᠦᠨ ᠦᠬᠡᠢ ᠪᠤᠯᠭ᠋ᠠᠬᠤ ᠲᠤᠬᠠᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠤᠭᠲᠠᠭ᠋ᠠᠯ》᠎ᠢ 2019 ᠣᠨ᠎ᠤ 8 ᠳ᠋ᠤᠭ᠋ᠠᠷ ᠰᠠᠷ᠎ᠠ ᠵᠢᠨ 5᠎ᠤ ᠡᠳᠦᠷ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ 2019 ᠤᠨ᠎ᠤ ᠠᠷᠪᠠᠨ ᠲᠠᠪᠤᠳᠤᠭ᠋ᠠᠷ ᠤᠳᠠᠭ᠋ᠠᠨ᠎ᠤ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠦᠪᠯᠡᠵᠦ ᠪᠠᠲᠤᠯᠠᠭ᠋ᠠᠳ᠂ ᠡᠳᠦᠭᠡ ᠨᠡᠶ᠋ᠢᠲᠡᠯᠡᠪᠡ᠂ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠦᠴᠦᠨ᠎ᠲᠠᠢ ᠪᠤᠯᠤᠨ᠎ᠠ᠃
                              ᠥᠪᠡᠷᠲᠡᠭᠡᠨ ᠵᠠᠰᠠᠭ᠍ᠣ ᠤᠷᠤᠨ᠎ᠤ ᠲᠡᠷᠢᠭᠦᠯᠡᠭᠴᠢ   ᠪᠥ᠋ ᠰᠢᠶᠤᠤ ᠯᠢᠨ
                                   2019 ᠣᠨ᠎ᠤ 8 ᠳ᠋ᠤᠭ᠋ᠠᠷ ᠰᠠᠷ᠎ᠠ ᠵᠢᠨ 21᠎ᠤ ᠡᠳᠦᠷ

      ᠨᠡᠢ᠍ᠢ᠍ᠬᠡᠮ ᠵᠢᠷᠤᠮ᠎ᠤᠨ ᠬᠠᠤᠯᠢ ᠲᠦᠷᠢᠮ᠎ᠤᠨ ᠨᠢᠬᠡᠳᠦᠯᠳᠡᠢ ᠪᠠᠢ᠍ᠢ᠍ᠬᠤ ᠵᠢ ᠬᠠᠮᠠᠭ᠋ᠠᠯᠠᠵᠦ᠂ ᠲᠦᠷᠦ ᠵᠢᠨ ᠶᠠᠪᠤᠳᠠᠯ᠎ᠤᠨ ᠬᠤᠷᠢᠶᠠᠨ᠎ᠤ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠦᠬᠡᠷᠡᠴᠢᠯᠠᠯᠳᠠ ᠵᠢᠨ ᠱᠠᠭ᠋ᠠᠷᠳᠠᠯᠭ᠎ᠠ ᠵᠢ ᠨᠠᠢ᠍ᠢ᠍ᠳᠠᠪᠤᠷᠢᠵᠢᠭᠤᠯᠤᠨ᠂ ᠠᠭᠤᠷᠬᠠᠢ ᠵᠢᠨ ᠠᠵᠦ ᠠᠬᠤᠢ᠍ᠢ᠍ᠯᠠᠯ᠎ᠤᠨ ᠡᠬᠦᠷᠬᠡ ᠲᠠᠷᠤᠭ᠋ᠠᠰᠤ ᠵᠢ ᠬᠦᠨᠭᠬᠡᠷᠡᠬᠦᠯᠵᠦ᠂ ᠠᠭᠤᠷᠬᠠᠢ ᠵᠢᠨ ᠠᠵᠦ ᠠᠬᠤᠢ᠍ᠢ᠍ᠯᠠᠯ᠎ᠤᠨ ᠠᠮᠢᠵᠢᠷᠠᠯ᠎ᠤᠨ ᠬᠦᠴᠦᠨ᠎ᠢ ᠬᠦᠭᠵᠢᠬᠡᠬᠦ ᠵᠢᠨ ᠲᠤᠰᠠᠳᠠ᠂ 2019 ᠤᠨ᠎ᠤ 8 ᠳ᠋ᠤᠭ᠋ᠠᠷ ᠰᠠᠷ᠎ᠠ ᠵᠢᠨ 5᠎ᠤ ᠡᠳᠦᠷ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ 2019 ᠤᠨ᠎ᠤ ᠠᠷᠪᠠᠨ ᠲᠠᠪᠤᠳᠤᠭ᠋ᠠᠷ ᠤᠳᠠᠭ᠋ᠠᠨ᠎ᠤ ᠪᠠᠢ᠍ᠢ᠍ᠨᠭ᠌ᠭᠤ ᠵᠢᠨ ᠬᠤᠷᠠᠯ ᠵᠶ᠋ᠠᠷ ᠬᠢᠨᠠᠨ ᠵᠦᠪᠯᠡᠵᠦ ᠪᠠᠳᠤᠯᠠᠭ᠋ᠠᠳ᠂ 《ᠦᠪᠦᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠭᠤᠷᠬᠠᠢ ᠵᠢᠨ ᠭᠠᠵᠠᠷ ᠰᠢᠨᠵᠢᠯᠡᠬᠡᠨ᠎ᠤ ᠤᠷᠴᠢᠨ ᠨᠦᠬᠦᠴᠡᠯ᠎ᠤᠨ ᠵᠠᠰᠠᠯᠳᠠ ᠵᠢᠨ ᠠᠷᠭ᠎ᠠ》 (2015 ᠤᠨ᠎ᠤ 3 ᠳ᠋ᠤᠭ᠋ᠠᠷ ᠰᠠᠷ᠎ᠠ ᠵᠢᠨ 27᠎ᠤ ᠡᠳᠦᠷ ᠦᠪᠦᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠵᠠᠷᠯᠢᠭ᠎ᠤᠨ 212 ᠳ᠋ᠤᠭ᠋ᠠᠷ ᠲᠤᠭ᠋ᠠᠳᠤ᠎ᠪᠠᠷ ᠨᠡᠢ᠍ᠢ᠍ᠳᠡᠯᠡᠵᠦ᠂ 2017 ᠤᠨ᠎ᠤ 1 ᠳ᠋ᠦ᠍ᠬᠡᠷ ᠰᠠᠷ᠎ᠠ ᠵᠢᠨ 17᠎ᠤ ᠡᠳᠦᠷ ᠦᠪᠦᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠵᠠᠷᠯᠢᠭ᠎ᠤᠨ 222 ᠳ᠋ᠤᠭ᠋ᠠᠷ ᠲᠤᠭ᠋ᠠᠳᠤ᠎ᠪᠠᠷ ᠵᠠᠰᠠᠪᠤᠷᠢ ᠤᠷᠤᠭᠤᠯᠪᠠ) ᠵᠢ ᠬᠦᠴᠦᠨ ᠦᠬᠡᠢ ᠪᠤᠯᠭ᠋ᠠᠬᠤ᠎ᠪᠠᠷ ᠲᠤᠭᠳᠠᠭ᠋ᠠᠪᠠ᠃
      ᠲᠤᠰ ᠲᠤᠭᠳᠠᠭ᠋ᠠᠯ ᠨᠡᠢ᠍ᠢ᠍ᠳᠡᠯᠡᠭᠰᠡᠨ ᠡᠳᠦᠷ᠎ᠠᠴᠠ ᠡᠬᠢᠯᠡᠵᠦ ᠬᠦᠴᠦᠨ᠎ᠲᠠᠢ ᠪᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ