ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠵᠠᠷᠯᠢᠭ
238 ᠳ᠋ᠤᠭ᠋ᠠᠷ ᠲᠤᠭ᠋ᠠᠳᠤ
《ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠠᠷᠭ᠎ᠠ》 ᠵᠢ 2018 ᠣᠨ᠎ᠤ 12 ᠳ᠋ᠤᠭ᠋ᠠᠷ ᠰᠠᠷ᠎ᠠ ᠵᠢᠨ 13᠎ᠤ ᠡᠳᠦᠷ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 26 ᠳ᠋ᠤᠭ᠋ᠠᠷ ᠤᠳᠠᠭ᠋ᠠᠨ᠎ᠤ ᠪᠠᠶ᠋ᠢᠩᠭᠤ ᠵᠢᠨ ᠬᠤᠷᠠᠯ ᠵᠶ᠋ᠠᠷ ᠨᠢᠭᠡᠨᠲᠡ ᠬᠢᠨᠠᠨ ᠵᠦᠪᠯᠡᠵᠦ ᠪᠠᠲᠤᠯᠠᠭ᠋ᠠᠳ ᠡᠳᠦᠭᠡ ᠨᠡᠶ᠋ᠢᠲᠡᠯᠡᠪᠡ᠂ 2019 ᠣᠨ᠎ᠤ 2 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
ᠦᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠣᠣ ᠯᠢᠨ
ᠨᠢᠭᠡᠳᠦᠭᠡᠷ ᠪᠦᠯᠦᠭ ᠶᠡᠷᠦᠩᠬᠡᠶ ᠲᠦᠷᠢᠮ
ᠨᠢᠭᠡᠳᠦᠭᠡᠷ ᠵᠦᠢ᠍ᠯ ᠦᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠵᠤ᠂ ᠪᠠᠶ᠋ᠢᠭᠤᠯᠭ᠎ᠠ ᠵᠢᠨ ᠬᠡᠪ᠎ᠤᠨ ᠠᠵᠢᠯᠯᠠᠭ᠋ᠠᠨ᠎ᠢ ᠪᠠᠲᠤᠯᠠᠨ᠂ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠦᠪᠡᠷ᠎ᠤᠨ ᠥᠷᠲᠡᠭ᠎ᠢ ᠪᠠᠭᠤᠷᠠᠭᠤᠯᠵᠤ᠂ ᠠᠷᠪᠢᠯᠠᠵᠤ ᠭᠠᠮᠨᠠᠬᠤ ᠬᠡᠯᠪᠡᠷᠢ ᠪᠦᠬᠦᠢ ᠪᠠᠶ᠋ᠢᠭᠤᠯᠭ᠎ᠠ ᠵᠢ ᠪᠦᠲᠦᠭᠡᠨ ᠪᠠᠶ᠋ᠢᠭᠤᠯᠬᠤ ᠵᠢᠨ ᠲᠤᠰᠠᠳᠠ᠂ 《ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ》 《ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠡᠨᠧᠷᠬᠢ ᠠᠷᠪᠢᠯᠠᠬᠤ ᠳᠦᠷᠢᠮ》 ᠵᠡᠷᠭᠡ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ᠎ᠤ ᠪᠣᠲᠠᠲᠠᠢ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠦᠪᠡᠷᠲᠡᠭᠡᠨ ᠵᠠᠰᠠᠬᠤ ᠣᠷᠣᠨ᠎ᠤ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠰᠠᠯᠠᠭ᠎ᠠ ᠮᠦᠴᠢᠷ᠎ᠤᠳ᠎ᠤᠨ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠠᠵᠢᠯᠯᠠᠭ᠎ᠠ᠎ᠳᠤ ᠲᠤᠰ ᠠᠷᠭ᠎ᠠ ᠵᠢ ᠲᠣᠬᠢᠷᠠᠭᠤᠯᠤᠨ ᠬᠡᠷᠡᠭᠯᠡᠨ᠎ᠡ᠃
ᠭᠤᠷᠪᠠᠳᠤᠭ᠋ᠠᠷ ᠵᠦᠢ᠍ᠯ ᠪᠠᠶ᠋ᠢᠭᠤᠯᠭ᠎ᠠ ᠵᠢᠨ ᠶᠠᠪᠤᠳᠠᠯ᠎ᠤᠨ ᠠᠵᠢᠯ᠎ᠨᠢ ᠲᠦᠪᠯᠡᠷᠡᠭᠦᠯᠦᠨ ᠨᠢᠭᠡᠳᠭᠡᠬᠦ᠂ ᠰᠠᠶ᠋ᠢᠲᠤᠷ ᠪᠠᠲᠤᠯᠠᠬᠤ᠂ ᠰᠠᠶ᠋ᠢᠲᠤᠷ ᠭᠠᠮᠨᠠᠨ ᠠᠷᠪᠢᠯᠠᠬᠤ᠂ ᠪᠣᠲᠠᠲᠠᠢ ᠠᠵᠢᠯᠯᠠᠭ᠎ᠠ ᠵᠢ ᠡᠷᠬᠢᠮᠯᠡᠨ ᠦᠨᠳᠦᠷ ᠪᠦᠲᠦᠮᠵᠢᠲᠡᠢ᠎ᠪᠠᠷ ᠠᠵᠢᠯᠯᠠᠬᠤ᠂ ᠢᠯᠡ ᠲᠤᠳᠣ ᠪᠠᠶ᠋ᠢᠯᠭ᠋ᠠᠬᠤ ᠵᠠᠷᠴᠢᠮ᠎ᠢ ᠵᠢᠷᠤᠮᠯᠠᠬᠤ ᠬᠡᠷᠡᠭᠲᠡᠢ᠃
ᠳᠦᠷᠪᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠨᠢᠭᠡᠲᠦᠯᠲᠡᠢ ᠬᠠᠮᠢᠶᠠᠷᠤᠯᠲᠠ ᠵᠢ ᠠᠬᠢᠭᠤᠯᠵᠤ᠂ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠢ ᠲᠤᠳᠤᠷᠬᠠᠶ᠋ᠢᠯᠠᠨ᠂ ᠬᠠᠮᠢᠶᠠᠷᠤᠯᠲᠠ ᠵᠢᠨ ᠳᠦᠷᠢᠮ ᠪᠣᠯᠣᠨ ᠪᠠᠷᠢᠮᠵᠢᠶ᠎ᠠ ᠵᠢ ᠪᠠᠶ᠋ᠢᠭᠤᠯᠤᠨ ᠪᠦᠷᠢᠨᠰᠢᠭᠦᠯᠵᠦ᠂ ᠡᠬᠢ ᠪᠠᠶᠠᠯᠢᠭ᠎ᠢ ᠨᠢᠭᠡᠲᠦᠯᠲᠡᠢ ᠲᠦᠯᠦᠪᠯᠡᠨ ᠲᠣᠬᠢᠷᠠᠭᠤᠯᠵᠤ ᠳᠦᠬᠦᠷᠵᠢᠭᠦᠯᠬᠦ ᠪᠠ ᠠᠷᠪᠢᠯᠠᠨ ᠠᠰᠢᠭᠯᠠᠬᠤ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠲᠤᠰ ᠰᠠᠯᠠᠭ᠎ᠠ ᠮᠦᠴᠢᠷ᠎ᠤᠨ ᠪᠠᠶ᠋ᠢᠭᠤᠯᠭ᠎ᠠ ᠵᠢᠨ ᠶᠠᠪᠤᠳᠠᠯ ᠵᠶ᠋ᠠᠨ ᠲᠦᠪᠯᠡᠷᠡᠭᠦᠯᠦᠨ ᠬᠠᠮᠢᠶᠠᠷᠴᠤ᠂ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ ᠪᠣᠯᠣᠨ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠢ᠃
ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠳᠣᠣᠷᠠᠳᠤ ᠱᠠᠲᠤᠨ᠎ᠤ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠠᠵᠢᠯ᠎ᠢ ᠵᠢᠯᠤᠭᠤᠳᠴᠤ᠂ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠠᠵᠢᠯ᠎ᠢ ᠭᠤᠣᠯᠴᠢᠯᠠᠨ ᠬᠠᠮᠢᠶᠠᠷᠤᠨ᠎ᠠ᠃
ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠪᠠᠶ᠋ᠢᠭᠤᠯᠭ᠎ᠠ ᠵᠢᠨ ᠶᠠᠪᠤᠳᠠᠯ᠎ᠤᠨ ᠮᠡᠳᠡᠭᠡ ᠵᠠᠩᠬᠢᠴᠢᠯᠠᠬᠤ ᠪᠠᠶ᠋ᠢᠭᠤᠯᠤᠯᠲᠠ ᠵᠢ ᠠᠬᠢᠭᠤᠯᠵᠤ᠂ ᠵᠠᠷᠤᠳᠠᠯ᠂ ᠡᠳ᠋ ᠬᠦᠷᠦᠩᠭᠡ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ᠂ ᠡᠨᠧᠷᠬᠢ ᠪᠠ ᠡᠬᠢ ᠪᠠᠶᠠᠯᠢᠭ᠎ᠢ ᠠᠷᠪᠢᠯᠠᠬᠤ ᠵᠢᠴᠢ ᠠᠷᠤ ᠲᠠᠯ᠎ᠠ ᠵᠢᠨ ᠦᠢ᠍ᠯᠡᠴᠢᠯᠡᠭᠡ ᠵᠡᠷᠭᠡ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠭᠢ ᠪᠠ ᠡᠬᠢ ᠪᠠᠶᠠᠯᠢᠭ᠎ᠢ ᠬᠠᠮᠲᠤ᠎ᠳᠤ᠎ᠪᠠᠨ ᠬᠦᠷᠲᠡᠬᠦ ᠵᠢ ᠠᠬᠢᠭᠤᠯᠬᠤ ᠬᠡᠷᠡᠭᠲᠡᠢ᠃
ᠳᠤᠯᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠪᠠᠶ᠋ᠢᠭᠤᠯᠭ᠎ᠠ ᠵᠢᠨ ᠶᠠᠪᠤᠳᠠᠯ᠎ᠤᠨ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠵᠤ ᠦᠨᠡᠯᠡᠬᠦ ᠠᠷᠭ᠎ᠠ ᠵᠢ ᠲᠣᠭᠲᠠᠭ᠋ᠠᠵᠤ᠂ ᠪᠠᠶ᠋ᠢᠭᠤᠯᠭ᠎ᠠ ᠵᠢᠨ ᠶᠠᠪᠤᠳᠠᠯ᠎ᠤᠨ ᠠᠵᠢᠯ᠎ᠤᠨ ᠠᠮᠵᠢᠯᠲᠠ ᠪᠦᠲᠦᠮᠵᠢ ᠵᠢᠨ ᠰᠢᠯᠭ᠋ᠠᠨ ᠬᠢᠨᠠᠵᠤ ᠤᠷᠮᠠᠰᠢᠭᠤᠯᠤᠨ ᠬᠥᠭᠵᠢᠭᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠢ᠃
ᠬᠤᠶᠠᠳᠤᠭ᠋ᠠᠷ ᠪᠦᠯᠦᠭ ᠵᠠᠷᠤᠳᠠᠯ᠎ᠤᠨ ᠬᠠᠮᠢᠶᠠᠷᠤᠯᠲᠠ
ᠨᠠᠢ᠍ᠮᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠰᠠᠯᠠᠭ᠎ᠠ ᠮᠦᠴᠢᠷ᠎ᠨᠢ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠪᠡᠯᠡ ᠮᠦᠩᠭᠦᠨ᠎ᠤ ᠬᠡᠷᠡᠭᠯᠡᠬᠦ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ᠃
ᠶᠢᠰᠦᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠪᠣᠯᠣᠨ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠦᠨᠳᠦᠰᠦᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠵᠦ᠂ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠪᠣᠲᠠᠲᠠᠢ᠎ᠲᠠᠢ᠎ᠪᠠᠨ ᠤᠶᠠᠯᠳᠤᠭᠤᠯᠤᠨ᠂ ᠪᠣᠳᠠᠳᠤ ᠪᠣᠳᠠᠰ᠎ᠤᠨ ᠲᠤᠭ᠎ᠠ ᠨᠤᠷᠮ᠎ᠠ ᠪᠣᠯᠣᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠲᠣᠭᠲᠠᠭ᠋ᠠᠬᠤ ᠬᠡᠷᠡᠭᠲᠡᠢ᠃
ᠪᠠᠶ᠋ᠢᠭᠤᠯᠭ᠎ᠠ ᠵᠢᠨ ᠠᠵᠢᠯᠯᠠᠭ᠋ᠠᠨ᠎ᠤ ᠪᠣᠳᠠᠳᠤ ᠪᠤᠳᠠᠰ᠎ᠤᠨ ᠲᠤᠭ᠎ᠠ ᠨᠤᠷᠮ᠎ᠠ ᠵᠢ ᠲᠣᠭᠲᠠᠭ᠋ᠠᠬᠤ ᠠᠵᠢᠯ᠎ᠳᠤ ᠭᠤᠣᠯᠳᠠᠭᠤ ᠪᠠᠶ᠋ᠢᠭᠤᠯᠭ᠎ᠠ ᠵᠢᠨ ᠬᠡᠷᠡᠭᠯᠡᠬᠦ ᠭᠠᠵᠠᠷ᠂ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ᠂ ᠠᠯᠪᠠᠨ ᠲᠥᠭᠦᠭᠡᠷᠦᠮᠵᠢ᠂ ᠠᠯᠪᠠᠨ᠎ᠤ ᠡᠳ᠋ ᠬᠡᠷᠡᠭᠰᠡᠯ ᠵᠡᠷᠭᠡ ᠪᠠᠶ᠋ᠢᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ᠎ᠳᠤ ᠬᠡᠷᠡᠭᠰᠡᠬᠦ ᠪᠣᠲᠠᠳᠤ ᠪᠤᠳᠠᠰ᠎ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠮᠡᠷᠭᠡᠵᠢᠯ ᠵᠡᠷᠭᠡ ᠪᠠᠷᠢᠮᠵᠢᠶ᠎ᠠ ᠪᠠᠭᠲᠠᠨ᠎ᠠ᠃
ᠪᠠᠶ᠋ᠢᠭᠤᠯᠭ᠎ᠠ ᠵᠢᠨ ᠠᠵᠢᠯᠯᠠᠭ᠋ᠠᠨ᠎ᠤ ᠦᠢ᠍ᠯᠡᠴᠢᠯᠡᠬᠦ ᠪᠠᠷᠢᠮᠵᠢᠶ᠎ᠠ᠎ᠳᠤ ᠭᠤᠣᠯᠳᠠᠭᠤ ᠬᠤᠷᠠᠯ᠂ ᠠᠯᠪᠠᠨ ᠲᠣᠮᠢᠯᠠᠯᠲᠠ᠂ ᠪᠣᠯᠪᠠᠰᠤᠷᠠᠭᠤᠯᠤᠯ᠂ ᠠᠳᠠᠯ ᠠᠬᠤᠢ ᠵᠢᠨ ᠦᠢ᠍ᠯᠡᠴᠢᠯᠡᠭᠡ ᠵᠡᠷᠭᠡ ᠪᠠᠶ᠋ᠢᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ᠎ᠳᠤ ᠱᠠᠭ᠋ᠠᠷᠳᠠᠭᠳᠠᠬᠤ ᠦᠢ᠍ᠯᠡᠴᠢᠯᠡᠭᠡᠨ᠎ᠤ ᠠᠭᠤᠯᠭ᠎ᠠ ᠪᠣᠯᠣᠨ ᠵᠡᠷᠭᠡ ᠳᠡᠰ᠎ᠤᠨ ᠪᠠᠷᠢᠮᠵᠢᠶ᠎ᠠ ᠪᠠᠭᠲᠠᠨ᠎ᠠ᠃
ᠠᠷᠪᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠪᠦᠲᠦᠭᠡᠨ ᠪᠠᠶ᠋ᠢᠭᠤᠯᠬᠤ ᠪᠠ ᠰᠡᠯᠪᠢᠨ ᠵᠠᠰᠠᠬᠤ᠂ ᠠᠷᠤ ᠲᠠᠯ᠎ᠠ ᠵᠢᠨ ᠦᠢ᠍ᠯᠡᠴᠢᠯᠡᠭᠡ᠂ ᠡᠨᠧᠷᠬᠢ ᠠᠷᠪᠢᠯᠠᠵᠤ ᠬᠠᠮᠢᠶᠠᠷᠬᠤ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢ ᠲᠣᠬᠢᠷᠠᠭᠤᠯᠵᠤ ᠰᠢᠨᠡᠳᠭᠡᠬᠦ ᠵᠡᠷᠭᠡ ᠠᠵᠢᠯ ᠶᠠᠪᠤᠳᠠᠯ᠎ᠢ ᠨᠢᠭᠡᠲᠦᠯᠲᠡᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠡᠭᠦᠨ᠎ᠤ ᠵᠠᠷᠤᠳᠠᠯ᠎ᠤᠨ ᠬᠠᠮᠢᠶᠠᠷᠤᠯᠲᠠ ᠵᠢ ᠤᠯᠤᠰ᠎ᠤᠨ ᠲᠦᠰᠦᠪ᠎ᠤᠨ ᠬᠠᠮᠢᠶᠠᠷᠤᠯᠲᠠ ᠵᠢᠨ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ᠃
ᠠᠷᠪᠠᠨ ᠨᠢᠭᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠣᠨ ᠤᠯᠤᠰ᠎ᠤᠨ ᠬᠦᠮᠦᠷᠭᠡ᠎ᠠᠴᠠ ᠲᠦᠪᠯᠡᠷᠡᠭᠦᠯᠦᠨ ᠥᠭᠬᠦ ᠬᠠᠮᠢᠶᠠᠷᠤᠯᠲᠠ ᠵᠢᠨ ᠲᠣᠭᠲᠠᠭ᠋ᠠᠯ ᠶᠣᠰᠤᠭ᠋ᠠᠷ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠵᠠᠷᠤᠳᠠᠯ᠎ᠤᠨ ᠲᠦᠰᠦᠪ᠎ᠢ ᠬᠡᠷᠡᠭᠵᠢᠭᠦᠯᠬᠦ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠵᠠᠷᠤᠳᠠᠯ᠎ᠤᠨ ᠲᠦᠰᠦᠪᠲᠠᠬᠢ ᠠᠯᠪᠠᠨ ᠶᠠᠪᠤᠳᠠᠯ᠎ᠤᠨ ᠵᠣᠴᠢᠯᠠᠬᠤ ᠵᠠᠷᠤᠳᠠᠯ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠪᠠ ᠠᠵᠢᠯᠯᠠᠭᠤᠯᠬᠤ ᠵᠠᠷᠤᠳᠠᠯ᠂ ᠠᠯᠪᠠᠨ ᠶᠠᠪᠤᠳᠠᠯ ᠵᠶ᠋ᠠᠷ ᠭᠠᠳᠠᠭ᠋ᠠᠲᠤ (ᠬᠢᠯᠢ)᠎ᠳᠤ ᠭᠠᠷᠬᠤ ᠵᠠᠷᠤᠳᠠᠯ᠎ᠤᠨ ᠲᠦᠰᠦᠪ᠎ᠤᠨ ᠬᠡᠪᠴᠢᠶ᠎ᠡ ᠪᠣᠯᠣᠨ ᠬᠠᠷᠢᠴᠠᠯ᠎ᠢ ᠬᠢᠵᠠᠭ᠋ᠠᠷᠯᠠᠬᠤ ᠬᠡᠷᠡᠭᠲᠡᠢ᠃
ᠠᠷᠪᠠᠨ ᠬᠤᠶᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠵᠠᠷᠤᠳᠠᠯ᠎ᠤᠨ ᠵᠠᠷᠤᠯᠭ᠎ᠠ ᠵᠢ ᠪᠦᠷᠢᠳᠭᠡᠵᠦ ᠮᠡᠳᠡᠭᠦᠯᠬᠦ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠬᠤᠯᠪᠣᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠯᠴᠠᠵᠤ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠦᠪᠡᠷ᠎ᠤᠨ ᠥᠷᠲᠡᠭ᠎ᠢ ᠪᠦᠷᠢᠳᠭᠡᠬᠦ᠂ ᠵᠠᠳᠠᠯᠬᠤ᠂ ᠦᠨᠡᠯᠡᠬᠦ ᠵᠡᠷᠭᠡ ᠠᠵᠢᠯ᠎ᠢ ᠵᠣᠬᠢᠶᠠᠨ ᠪᠠᠶ᠋ᠢᠭᠤᠯᠵᠤ ᠦᠷᠨᠢᠭᠦᠯᠬᠦ ᠵᠢᠨ ᠬᠠᠮᠲᠤ᠂ ᠦᠷ᠎ᠡ ᠳ᠋ᠦᠩ ᠵᠶ᠋ᠠᠨ ᠳᠡᠭᠡᠳᠦ ᠱᠠᠲᠤᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠱᠠᠲᠤ ᠳᠠᠷᠠᠭ᠋ᠠᠯᠠᠨ ᠮᠡᠳᠡᠭᠦᠯᠬᠦ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢᠨ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠣᠭᠲᠠᠭ᠋ᠠᠯ ᠶᠤᠰᠤᠭ᠋ᠠᠷ᠂ ᠪᠠᠶ᠋ᠢᠭᠤᠯᠭ᠎ᠠ ᠵᠢᠨ ᠠᠵᠢᠯᠯᠠᠭ᠋ᠠᠨ᠎ᠳᠤ ᠬᠡᠷᠡᠭᠰᠡᠬᠦ ᠪᠠᠷᠠᠭ᠎ᠠ ᠪᠣᠯᠣᠨ ᠦᠢ᠍ᠯᠡᠴᠢᠯᠡᠭᠡ ᠵᠢ ᠬᠤᠳᠠᠯᠳᠤᠨ ᠠᠪᠬᠤ ᠬᠡᠷᠡᠭᠲᠡᠢ; ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ ᠬᠦᠯᠢᠶᠡᠬᠦ ᠴᠢᠬᠤᠯᠠᠲᠠᠢ ᠪᠣᠯ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢᠨ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠣᠭᠲᠠᠭ᠋ᠠᠯ᠎ᠢ ᠵ᠊ ᠵᠷᠤᠮᠯᠠᠨ ᠬᠡᠷᠡᠭᠵᠢᠭᠦᠯᠬᠦ ᠬᠡᠷᠡᠭᠲᠡᠢ᠃
ᠵᠠᠰᠠᠭ᠎ᠤᠨ ᠣᠷᠳᠣᠨ ᠬᠤᠳᠠᠯᠳᠤᠨ ᠠᠪᠬᠤ᠎ᠳᠤ ᠬᠢᠮᠳᠠ ᠪᠦᠭᠡᠳ ᠳᠣᠬᠢᠯᠢᠬ ᠪᠠᠷᠠᠭ᠎ᠠ ᠬᠤᠳᠠᠯᠳᠤᠨ ᠠᠪᠴᠤ ᠡᠨᠧᠷᠬᠢ ᠠᠷᠪᠢᠯᠠᠨ ᠣᠷᠴᠢᠨ ᠲᠣᠭᠤᠷᠢᠨ᠎ᠢ ᠬᠠᠮᠠᠭ᠋ᠠᠯᠠᠬᠤ ᠱᠠᠭ᠋ᠠᠷᠳᠠᠯᠭ᠎ᠠ ᠵᠢ ᠬᠠᠩᠭ᠋ᠠᠵᠤ᠂ ᠬᠡᠭᠡᠨᠴᠢᠷ ᠡᠳ᠋᠂ ᠪᠠᠷᠢᠮᠵᠢᠶ᠎ᠠ᠎ᠠᠴᠠ ᠬᠡᠲᠦᠷᠡᠭᠰᠡᠨ ᠦᠢ᠍ᠯᠡᠴᠢᠯᠡᠭᠡ ᠵᠢ ᠬᠤᠳᠠᠯᠳᠤᠨ ᠠᠪᠬᠤ ᠪᠤᠶᠤ ᠬᠡᠭᠡᠨᠴᠢᠷ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ ᠬᠤᠳᠠᠯᠳᠤᠨ ᠠᠪᠬᠤ ᠪᠠ ᠪᠦᠲᠦᠭᠡᠨ ᠪᠠᠶ᠋ᠢᠭᠤᠯᠵᠤ ᠪᠣᠯᠬᠤ ᠦᠭᠡᠢ᠃
ᠭᠤᠷᠪᠠᠳᠤᠭ᠋ᠠᠷ ᠪᠦᠯᠦᠭ ᠡᠳ᠋ ᠬᠦᠷᠦᠡᠭᠭᠡ ᠵᠢᠨ ᠬᠠᠮᠢᠶᠠᠷᠤᠯᠲᠠ
ᠠᠷᠪᠡᠨ ᠳᠦᠷᠪᠡᠳᠤᠭᠡᠷ ᠵᠦᠢ᠍ᠯ ᠪᠠᠶ᠋ᠢᠭᠤᠯᠭ᠎ᠠ ᠵᠢᠨ ᠡᠳ᠋ ᠬᠦᠷᠦᠩᠭᠡ ᠵᠢᠨ ᠬᠠᠮᠢᠶᠠᠷᠤᠯᠲᠠ᠎ᠳᠤ ᠤᠯᠤᠰ᠎ᠠᠴᠠ ᠦᠮᠴᠢᠯᠡᠬᠦ᠂ ᠵᠠᠰᠠᠭ᠎ᠤᠨ ᠣᠷᠳᠣᠨ᠎ᠠᠴᠠ ᠱᠠᠲᠤ ᠬᠤᠪᠢᠶᠠᠨ ᠬᠢᠨᠠᠨ ᠬᠠᠮᠢᠶᠠᠷᠴᠤ᠂ ᠨᠢᠭᠡᠴᠢ᠎ᠨᠢ ᠡᠵᠡᠮᠰᠢᠵᠦ ᠬᠡᠷᠡᠭᠯᠡᠬᠦ ᠬᠠᠮᠢᠶᠠᠷᠤᠯᠲᠠ ᠵᠢᠨ ᠪᠠᠶ᠋ᠢᠭᠤᠯᠤᠯ ᠬᠡᠷᠡᠭᠵᠢᠭᠦᠯᠦᠨ᠎ᠡ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠤᠭ᠋ᠠᠷ᠂ ᠪᠠᠶ᠋ᠢᠭᠤᠯᠭ᠎ᠠ ᠵᠢᠨ ᠡᠳ᠋ ᠬᠦᠷᠦᠩᠭᠡ ᠵᠢᠨ ᠬᠠᠮᠢᠶᠠᠷᠤᠯᠲᠠ ᠵᠢᠨ ᠪᠣᠲᠠᠲᠠᠢ ᠳᠦᠷᠢᠮ᠎ᠢ ᠲᠣᠭᠲᠠᠭ᠋ᠠᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠡᠳ᠋᠎ᠤᠨ ᠵᠠᠰᠠᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ᠎ᠤᠨ ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠵᠢ ᠬᠦᠯᠢᠶᠡᠨ᠎ᠡ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠲᠤᠰ ᠰᠠᠯᠠᠭ᠎ᠠ ᠮᠦᠴᠢᠷ᠎ᠤᠨ ᠵᠶ᠋ᠠᠨ ᠡᠳ᠋ ᠬᠦᠷᠦᠩᠭᠡ ᠵᠢ ᠬᠠᠮᠢᠶᠠᠷᠬᠤ ᠪᠠ ᠡᠳᠦᠷ ᠲᠤᠳᠤᠮ᠎ᠤᠨ ᠬᠡᠷᠡᠭᠯᠡᠵᠦ ᠬᠠᠮᠠᠭ᠋ᠠᠯᠠᠬᠤ ᠠᠵᠢᠯ᠎ᠢ ᠬᠢᠵᠦ᠂ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ ᠪᠣᠯᠣᠨ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠨ ᠵᠢᠯᠤᠭᠤᠳᠤᠯᠭ᠎ᠠ ᠪᠠ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠢ᠃
ᠠᠷᠪᠠᠨ ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠪᠠᠶ᠋ᠢᠭᠤᠯᠭ᠎ᠠ ᠵᠢᠨ ᠡᠳ᠋ ᠬᠦᠷᠦᠩᠭᠡ ᠵᠢᠨ ᠬᠠᠮᠢᠶᠠᠷᠤᠯᠲᠠ ᠵᠢᠨ ᠬᠤᠯᠪᠣᠭᠳᠠᠯ ᠪᠦᠬᠦᠢ ᠲᠣᠭᠲᠠᠭ᠋ᠠᠯ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠂ ᠡᠨᠧᠷᠬᠢ ᠠᠷᠪᠢᠯᠠᠵᠤ ᠣᠷᠴᠢᠨ ᠲᠣᠭᠤᠷᠢᠨ᠎ᠢ ᠬᠠᠮᠠᠭ᠋ᠠᠯᠠᠬᠤ ᠱᠠᠭ᠋ᠠᠷᠳᠠᠯᠭ᠎ᠠ ᠪᠣᠯᠣᠨ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠦᠨᠳᠦᠰᠦᠨ ᠱᠠᠭ᠋ᠠᠷᠳᠠᠯᠭ᠎ᠠ ᠵᠢ ᠦᠨᠳᠦᠰᠦᠯᠡᠵᠦ᠂ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠪᠣᠲᠠᠲᠠᠢ᠎ᠲᠠᠢ᠎ᠪᠠᠨ ᠤᠶᠠᠯᠳᠤᠭᠤᠯᠤᠨ᠂ ᠪᠠᠶ᠋ᠢᠭᠤᠯᠭ᠎ᠠ ᠵᠢᠨ ᠡᠳ᠋ ᠬᠦᠷᠦᠩᠭᠡ ᠵᠢᠨ ᠲᠣᠬᠢᠷᠠᠭᠤᠯᠵᠤ ᠳᠦᠬᠦᠷᠵᠢᠭᠦᠯᠬᠦ ᠪᠠᠷᠢᠮᠵᠢᠶ᠎ᠠ ᠵᠢ ᠲᠦᠷᠦᠯ ᠬᠤᠪᠢᠶᠠᠨ ᠲᠣᠭᠲᠠᠭ᠋ᠠᠵᠤ᠂ ᠡᠳ᠋ ᠬᠦᠷᠦᠩᠭᠡ ᠵᠢᠨ ᠲᠤᠭ᠎ᠠ ᠬᠡᠮᠵᠢᠶ᠎ᠡ᠂ ᠦᠨ᠎ᠡ ᠬᠠᠩᠰᠢ᠂ ᠴᠢᠳᠠᠪᠬᠢ ᠪᠣᠯᠣᠨ ᠬᠡᠷᠡᠭᠯᠡᠬᠦ ᠬᠠᠮᠤᠭ᠎ᠤᠨ ᠣᠬᠤᠷ ᠵᠢᠯ ᠬᠤᠭᠤᠴᠠᠭ᠎ᠠ ᠵᠢ ᠲᠣᠭᠲᠠᠭ᠋ᠠᠬᠤ ᠵᠢᠨ ᠬᠠᠮᠲᠤ᠂ ᠪᠤᠳᠠᠳᠤ ᠪᠠᠶ᠋ᠢᠳᠠᠯ ᠵᠶ᠋ᠠᠨ ᠦᠨᠳᠦᠰᠦᠯᠡᠨ ᠲᠣᠬᠢᠷᠠᠭᠤᠯᠤᠯᠲᠠ ᠬᠢᠬᠦ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠪᠠᠶ᠋ᠢᠭᠤᠯᠭ᠎ᠠ ᠵᠢᠨ ᠡᠳ᠋ ᠬᠦᠷᠦᠩᠭᠡ ᠵᠢᠨ ᠲᠣᠬᠢᠷᠠᠭᠤᠯᠵᠤ ᠳᠦᠬᠦᠷᠵᠢᠭᠦᠯᠬᠦ ᠪᠠᠷᠢᠮᠵᠢᠶ᠎ᠠ ᠵᠢ ᠦᠨᠳᠦᠰᠦᠯᠡᠨ ᠲᠤᠰ ᠰᠠᠯᠠᠭ᠎ᠠ ᠮᠦᠴᠢᠷ᠎ᠤᠨ ᠡᠳ᠋ ᠬᠦᠷᠦᠩᠭᠡ ᠲᠣᠬᠢᠷᠠᠭᠤᠯᠵᠤ ᠳᠦᠬᠦᠷᠵᠢᠭᠦᠯᠬᠦ ᠲᠦᠯᠦᠪᠯᠡᠭᠡ᠎ᠪᠠᠨ ᠨᠠᠶ᠋ᠢᠷᠠᠭᠤᠯᠤᠨ ᠵᠣᠬᠢᠶᠠᠵᠤ᠂ ᠲᠣᠭᠲᠠᠭ᠋ᠠᠭᠰᠠᠨ ᠳᠡᠰ ᠳᠠᠷᠠᠭ᠋ᠠᠯᠠᠯ ᠵᠶ᠋ᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ ᠲᠦᠰᠦᠪ ᠵᠶ᠋ᠠᠨ ᠭᠤᠶᠤᠴᠢᠯᠠᠨ ᠮᠡᠳᠡᠭᠦᠯᠬᠦ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠡᠳ᠋ ᠬᠦᠷᠦᠩᠭᠡ ᠬᠡᠷᠡᠭᠯᠡᠬᠦ ᠠᠵᠢᠯᠯᠠᠭ᠎ᠠ᠎ᠪᠠᠨ ᠵᠢᠷᠤᠮᠵᠢᠭᠤᠯᠵᠤ᠂ ᠡᠳ᠋ ᠬᠦᠷᠦᠩᠭᠡ ᠵᠢᠨ ᠳᠠᠩᠰᠠᠨ ᠺᠠᠷᠲ ᠪᠣᠯᠣᠨ ᠬᠡᠷᠡᠭᠯᠡᠬᠦ ᠳᠠᠩᠰᠠ ᠡᠪᠬᠡᠮᠡᠯ᠎ᠢ ᠪᠠᠶ᠋ᠢᠭᠤᠯᠤᠨ ᠪᠦᠷᠢᠨᠰᠢᠭᠦᠯᠵᠦ᠂ ᠡᠳ᠋ ᠬᠦᠷᠦᠩᠭᠡ ᠬᠤᠳᠠᠯᠳᠤᠨ ᠠᠪᠬᠤ᠂ ᠬᠦᠮᠦᠷᠭᠡᠯᠡᠵᠦ ᠳᠠᠩᠰᠠᠯᠠᠨ ᠲᠡᠮᠲᠡᠭᠯᠡᠬᠦ᠂ ᠬᠠᠳᠠᠭ᠋ᠠᠯᠠᠨ ᠬᠠᠮᠢᠶᠠᠷᠴᠤ ᠢᠯᠭ᠋ᠠᠷᠠᠭᠤᠯᠵᠤ ᠪᠠᠶ᠋ᠢᠴᠠᠭ᠋ᠠᠬᠤ᠂ ᠬᠦᠯᠢᠶᠡᠨ ᠠᠪᠴᠤ ᠬᠡᠷᠡᠭᠯᠡᠬᠦ ᠪᠠ ᠪᠤᠴᠠᠭ᠋ᠠᠬᠤ ᠵᠡᠷᠭᠡ ᠡᠳᠦᠷ ᠲᠤᠳᠤᠮ᠎ᠤᠨ ᠬᠡᠷᠡᠭᠯᠡᠵᠦ ᠬᠠᠮᠢᠶᠠᠷᠬᠤ ᠳᠦᠷᠢᠮ᠎ᠢ ᠪᠠᠶ᠋ᠢᠭᠤᠯᠵᠤ᠂ ᠪᠠᠶ᠋ᠢᠭᠤᠯᠭ᠎ᠠ ᠵᠢᠨ ᠡᠳ᠋ ᠬᠦᠷᠦᠩᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ ᠳᠦᠬᠦᠷᠵᠢᠭᠦᠯᠬᠦ ᠪᠦᠭᠡᠳ ᠦᠨᠳᠦᠷ ᠦᠷ᠎ᠡ ᠪᠦᠲᠦᠮᠵᠢᠲᠡᠢ᠎ᠪᠠᠷ ᠬᠡᠷᠡᠭᠯᠡᠵᠦ᠂ ᠡᠳ᠋ ᠬᠦᠷᠦᠩᠭᠡ ᠵᠢᠨ ᠠᠮᠦᠷ ᠲᠥᠪᠰᠢᠨ ᠪᠦᠭᠡᠳ ᠪᠦᠷᠢᠨ ᠪᠦᠲᠦᠨ᠎ᠢ ᠪᠠᠲᠤᠯᠠᠨ᠂ ᠡᠳ᠋ ᠬᠦᠷᠦᠩᠭᠡ ᠵᠢᠨ ᠠᠯᠳᠠᠭᠳᠠᠬᠤ ᠵᠢ ᠰᠡᠷᠭᠡᠶ᠋ᠢᠯᠡᠬᠦ ᠬᠡᠷᠡᠭᠲᠡᠢ᠃
ᠠᠷᠪᠠᠨ ᠳᠤᠯᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠨᠢ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠠᠢ ᠬᠠᠮᠲᠤᠷᠠᠯᠴᠠᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠳ᠋ ᠬᠦᠷᠦᠩᠭᠡ ᠵᠢ ᠲᠣᠬᠢᠷᠠᠭᠤᠯᠬᠤ ᠲᠠᠪᠴᠠᠩ ᠵᠶ᠋ᠠᠨ ᠪᠠᠶ᠋ᠢᠭᠤᠯᠵᠤ᠂ ᠨᠡᠶ᠋ᠢᠲᠡ ᠵᠢᠨ ᠡᠳ᠋ ᠪᠤᠳᠠᠰ᠎ᠤᠨ ᠰᠠᠩ᠎ᠤᠨ ᠬᠠᠮᠢᠶᠠᠷᠤᠯᠲᠠ ᠵᠢ ᠦᠷᠨᠢᠭᠦᠯᠬᠦ ᠵᠢ ᠵᠣᠷᠢᠬ᠍ᠵᠢᠭᠤᠯᠵᠤ᠂ ᠬᠡᠷᠡᠭᠯᠡᠬᠦ ᠦᠭᠡᠢ ᠪᠠᠶ᠋ᠢᠬᠤ ᠡᠳ᠋ ᠬᠦᠷᠦᠩᠭᠡ ᠵᠢ ᠨᠡᠶ᠋ᠢᠲᠡ ᠵᠢᠨ ᠡᠳ᠋ ᠪᠤᠳᠠᠰ᠎ᠤᠨ ᠰᠠᠩ᠎ᠳᠤ ᠣᠷᠤᠭᠤᠯᠵᠤ ᠲᠦᠪᠯᠡᠷᠡᠭᠦᠯᠦᠨ ᠨᠢᠭᠡᠲᠦᠯᠲᠡᠢ ᠬᠠᠮᠢᠶᠠᠷᠴᠤ᠂ ᠲᠣᠬᠢᠷᠠᠭᠤᠯᠤᠨ ᠬᠡᠷᠡᠭᠯᠡᠬᠦ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠡᠳ᠋ ᠬᠦᠷᠦᠩᠭᠡ ᠵᠢ ᠲᠣᠬᠢᠷᠠᠭᠤᠯᠵᠤ ᠳᠦᠬᠦᠷᠵᠢᠭᠦᠯᠬᠦ᠎ᠳᠤ ᠲᠣᠬᠢᠷᠠᠭᠤᠯᠤᠯᠲᠠ ᠬᠢᠬᠦ᠎ᠪᠠᠷ ᠳᠠᠮᠵᠢᠨ ᠰᠢᠢ᠍ᠳᠪᠦᠷᠢᠯᠡᠬᠦ ᠬᠡᠷᠡᠭᠲᠡᠢ; ᠦᠨᠡᠨ ᠬᠦ᠌ ᠲᠣᠬᠢᠷᠠᠭᠤᠯᠤᠯᠲᠠ ᠬᠢᠬᠦ ᠴᠢᠬᠤᠯᠠᠲᠠᠢ ᠪᠦᠭᠡᠳ ᠲᠣᠬᠢᠷᠠᠭᠤᠯᠤᠭ᠋ᠠᠳ ᠰᠢᠢ᠍ᠳᠪᠦᠷᠢᠯᠡᠵᠦ ᠳᠡᠶ᠋ᠢᠯᠬᠦ ᠦᠭᠡᠢ ᠵᠢ᠎ᠨᠢ ᠬᠤᠳᠠᠯᠳᠤᠨ ᠠᠪᠴᠤ ᠪᠣᠯᠣᠨ᠎ᠠ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠤᠨ ᠬᠡᠷᠡᠭᠯᠡᠬᠦ ᠦᠭᠡᠢ ᠪᠠᠶ᠋ᠢᠬᠤ᠂ ᠳᠣᠣᠷ᠎ᠠ ᠦᠷ᠎ᠡ ᠪᠦᠲᠦᠮᠵᠢᠲᠡᠢ᠎ᠪᠠᠷ ᠠᠵᠢᠯᠯᠠᠭᠤᠯᠵᠤ ᠪᠠᠶ᠋ᠢᠭ᠎ᠠ ᠪᠠ ᠪᠠᠷᠢᠮᠵᠢᠶ᠎ᠠ᠎ᠠᠴᠠ ᠬᠡᠲᠦᠷᠡᠭᠦᠯᠦᠨ ᠲᠣᠬᠢᠷᠠᠭᠤᠯᠵᠤ ᠳᠦᠬᠦᠷᠵᠢᠭᠦᠯᠦᠭᠰᠡᠨ ᠡᠳ᠋ ᠬᠦᠷᠦᠩᠭᠡ ᠵᠢᠴᠢ ᠴᠢᠬᠤᠯᠠ ᠶᠡᠭᠡ ᠬᠤᠷᠠᠯ ᠬᠤᠷᠠᠯᠳᠤᠭᠤᠯᠬᠤ ᠪᠠ ᠲᠤᠮᠤ ᠬᠡᠪᠴᠢᠶᠡᠨ᠎ᠤ ᠠᠵᠢᠯᠯᠠᠭ᠎ᠠ ᠵᠢ ᠡᠷᠬᠢᠯᠡᠬᠦ᠎ᠳᠤ ᠬᠤᠳᠠᠯᠳᠤᠨ ᠠᠪᠤᠭᠰᠠᠨ ᠲᠦᠷ ᠴᠠᠭ᠎ᠤᠨ ᠡᠳ᠋ ᠬᠦᠷᠦᠩᠭᠡ ᠵᠢ ᠪᠣᠯ᠂ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠨᠢ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠠᠢ ᠬᠠᠮᠲᠤᠷᠠᠯᠴᠠᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠤᠭ᠋ᠠᠷ᠂ ᠨᠢᠭᠡᠲᠦᠯᠲᠡᠢ ᠬᠤᠷᠢᠶᠠᠨ ᠠᠪᠬᠤ᠂ ᠲᠦᠪᠯᠡᠷᠡᠭᠦᠯᠦᠨ ᠬᠠᠮᠢᠶᠠᠷᠬᠤ᠂ ᠲᠣᠬᠢᠷᠠᠭᠤᠯᠤᠨ ᠬᠡᠷᠡᠭᠯᠡᠬᠦ ᠪᠤᠶᠤ ᠢᠯᠡ᠎ᠪᠠᠷ ᠦᠨ᠎ᠡ ᠬᠠᠶᠠᠯᠴᠠᠨ ᠬᠤᠳᠠᠯᠳᠤᠬᠤ ᠵᠡᠷᠭᠡ ᠠᠷᠭ᠎ᠠ ᠬᠡᠯᠪᠡᠷᠢ᠎ᠪᠠᠷ ᠰᠢᠢ᠍ᠳᠪᠦᠷᠢᠯᠡᠵᠦ᠂ ᠰᠢᠢ᠍ᠳᠪᠦᠷᠢᠯᠡᠵᠦ ᠣᠯᠣᠭᠰᠠᠨ ᠠᠰᠢᠭ ᠣᠷᠣᠯᠭ᠎ᠠ᠎ᠪᠠᠨ ᠤᠯᠤᠰ᠎ᠤᠨ ᠬᠦᠮᠦᠷᠭᠡ᠎ᠳᠤ ᠲᠤᠰᠢᠶᠠᠬᠤ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠪᠠᠶ᠋ᠢᠭᠤᠯᠭ᠎ᠠ ᠵᠢᠨ ᠡᠳ᠋ ᠬᠦᠷᠦᠩᠭᠡ ᠵᠢ ᠰᠢᠢ᠍ᠳᠪᠦᠷᠢᠯᠡᠬᠦ᠎ᠳᠤ ᠬᠢᠨᠠᠨ ᠵᠥᠪᠰᠢᠶᠡᠷᠡᠬᠦ᠂ ᠦᠨᠡᠯᠡᠨ ᠵᠢᠱ᠌ᠢᠬᠦ ᠭᠠᠷᠳᠠᠮ᠎ᠢ ᠬᠤᠯᠪᠣᠭᠳᠠᠯ ᠪᠦᠬᠦᠢ ᠲᠣᠭᠲᠠᠭ᠋ᠠᠯ ᠶᠤᠰᠤᠭ᠋ᠠᠷ ᠭᠦᠢ᠍ᠴᠡᠳᠭᠡᠵᠦ᠂ ᠦᠨ᠎ᠡ ᠬᠠᠶᠠᠯᠴᠠᠨ ᠬᠤᠳᠠᠯᠳᠤᠬᠤ᠂ ᠵᠦᠪᠯᠡᠯᠴᠡᠭᠡᠷ ᠵᠶ᠋ᠠᠷ ᠰᠢᠯᠵᠢᠭᠦᠯᠦᠨ ᠥᠭᠬᠦ ᠪᠤᠶᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠠᠷᠭ᠎ᠠ ᠬᠡᠯᠪᠡᠷᠢ᠎ᠪᠠᠷ ᠰᠢᠢ᠍ᠳᠪᠦᠷᠢᠯᠡᠬᠦ ᠬᠡᠷᠡᠭᠲᠡᠢ᠃ ᠰᠢᠢ᠍ᠳᠪᠦᠷᠢᠯᠡᠵᠦ ᠤᠯᠤᠭᠰᠠᠨ ᠠᠰᠢᠭ ᠣᠷᠣᠯᠭ᠎ᠠ᠎ᠪᠠᠨ ᠤᠯᠤᠰ᠎ᠤᠨ ᠬᠦᠮᠦᠷᠭᠡ᠎ᠳᠤ ᠲᠤᠰᠢᠶᠠᠵᠤ᠂ ᠲᠥᠰᠦᠪ᠎ᠤᠨ ᠬᠠᠮᠢᠶᠠᠷᠤᠯᠲᠠ᠎ᠳᠤ ᠤᠷᠤᠭᠤᠯᠬᠤ ᠬᠡᠷᠡᠭᠲᠠᠢ᠃
ᠠᠷᠪᠠᠨ ᠶᠢᠰᠦᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠬᠡᠷᠡᠭᠯᠡᠬᠦ ᠭᠠᠵᠠᠷ᠎ᠢ ᠨᠢᠭᠡᠲᠦᠯᠲᠡᠢ ᠬᠠᠮᠢᠶᠠᠷᠬᠤ ᠬᠡᠷᠡᠭᠲᠡᠢ᠃ ᠬᠤᠲᠠ ᠪᠠᠯᠭ᠋ᠠᠰᠤ ᠵᠢᠨ ᠶᠡᠷᠦᠩᠬᠡᠢ ᠲᠦᠯᠦᠪᠵᠢᠭᠦᠯᠭᠡ᠂ ᠨᠠᠷᠢᠨ ᠲᠦᠯᠦᠪᠵᠢᠭᠦᠯᠭᠡ᠎ᠳᠤ᠎ᠪᠠᠨ ᠪᠠᠶ᠋ᠢᠭᠤᠯᠭ᠎ᠠ ᠵᠢᠨ ᠬᠡᠷᠡᠭᠯᠡᠬᠦ ᠭᠠᠵᠠᠷ᠎ᠤᠨ ᠪᠠᠶ᠋ᠢᠷᠢᠰᠢᠭᠤᠯᠤᠯᠲᠠ ᠪᠣᠯᠣᠨ ᠣᠷᠣᠨ ᠵᠠᠢ ᠵᠢᠨ ᠲᠣᠬᠢᠷᠠᠭᠤᠯᠤᠯᠲᠠ ᠵᠢᠨ ᠬᠡᠷᠡᠭᠴᠡᠭᠡ ᠵᠢ ᠨᠢᠭᠡᠲᠦᠯᠲᠡᠢ ᠲᠦᠯᠦᠪᠯᠡᠨ ᠪᠤᠳᠤᠯᠬᠢᠯᠠᠬᠤ ᠬᠡᠷᠡᠭᠲᠡᠢ᠃ ᠬᠤᠲᠠ ᠵᠢᠨ ᠶᠡᠷᠦᠩᠬᠡᠢ ᠲᠦᠯᠦᠪᠵᠢᠭᠦᠯᠭᠡ ᠬᠢᠭᠡᠳ ᠬᠢᠵᠠᠭ᠋ᠠᠷᠯᠠᠬᠤ ᠴᠢᠨᠠᠷᠲᠠᠢ ᠨᠠᠷᠢᠨ ᠲᠦᠯᠦᠪᠵᠢᠭᠦᠯᠭᠡ᠎ᠳᠤ ᠪᠠᠶ᠋ᠢᠭᠤᠯᠭ᠎ᠠ ᠵᠢᠨ ᠪᠦᠲᠦᠭᠡᠨ ᠪᠠᠶ᠋ᠢᠭᠤᠯᠬᠤ ᠲᠦᠷᠦᠯ ᠵᠦᠢ᠍ᠯ ᠬᠤᠯᠪᠣᠭᠳᠠᠭᠰᠠᠨ ᠪᠣᠯ᠂ ᠲᠤᠰ ᠱᠠᠲᠤᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠰᠠᠨᠠᠯ ᠬᠤᠷᠢᠶᠠᠬᠤ ᠬᠡᠷᠡᠭᠲᠡᠢ᠃
ᠬᠤᠷᠢᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠱᠠᠲᠤᠨ᠎ᠤ ᠪᠠᠶ᠋ᠢᠭᠤᠯᠭ᠎ᠠ ᠵᠢᠨ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠲᠦᠪᠯᠡᠷᠡᠭᠦᠯᠦᠨ ᠨᠢᠭᠡᠲᠦᠯᠲᠡᠢ ᠬᠠᠮᠢᠶᠠᠷᠬᠤ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠲᠤᠰ ᠱᠠᠲᠤᠨ᠎ᠤ ᠪᠠᠶ᠋ᠢᠭᠤᠯᠭ᠎ᠠ ᠵᠢᠨ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠳᠤ ᠨᠢᠭᠡᠲᠦᠯᠲᠡᠢ ᠲᠦᠯᠦᠪᠵᠢᠭᠦᠯᠵᠦ᠂ ᠨᠢᠭᠡᠲᠦᠯᠲᠡᠢ ᠡᠷᠬᠡ ᠬᠠᠷᠢᠶ᠎ᠠ᠎ᠲᠠᠢ ᠪᠠᠶ᠋ᠢᠯᠭ᠋ᠠᠨ᠂ ᠨᠢᠭᠡᠲᠦᠯᠲᠡᠢ ᠲᠣᠬᠢᠷᠠᠭᠤᠯᠤᠨ ᠳᠦᠬᠦᠷᠵᠢᠭᠦᠯᠵᠦ᠂ ᠨᠢᠭᠡᠲᠦᠯᠲᠡᠢ ᠰᠢᠢ᠍ᠳᠪᠦᠷᠢᠯᠡᠬᠦ ᠵᠢ ᠬᠡᠷᠡᠭᠵᠢᠭᠦᠯᠬᠦ ᠬᠡᠷᠡᠭᠲᠡᠢ᠃
ᠬᠤᠷᠢᠨ ᠨᠢᠭᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠵᠤ᠂ ᠬᠠᠤᠯᠢ ᠶᠤᠰᠤᠭ᠋ᠠᠷ ᠲᠤᠰ ᠱᠠᠲᠤᠨ᠎ᠤ ᠵᠠᠰᠠᠭ᠎ᠤᠨ ᠣᠷᠳᠣᠨ᠎ᠤ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠤᠨ ᠡᠷᠬᠡ ᠬᠠᠷᠢᠶ᠎ᠠ ᠵᠢ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷᠤᠨᠬᠢᠨᠤ ᠨᠡᠷ᠎ᠡ ᠳᠡᠭᠡᠷ᠎ᠡ ᠨᠢᠭᠡᠲᠦᠯᠲᠡᠢ ᠳᠠᠩᠰᠠᠯᠠᠨ ᠲᠡᠮᠲᠡᠭᠯᠡᠬᠦ ᠬᠡᠷᠡᠭᠲᠡᠢ᠃
ᠡᠯ᠎ᠡ ᠱᠠᠲᠤᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠬᠡᠷᠡᠭᠯᠡᠬᠦ ᠨᠢᠭᠡᠴᠢ᠎ᠯᠦᠭᠡ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠬᠡᠷᠡᠭᠯᠡᠬᠦ ᠵᠦᠪᠯᠡᠯᠴᠡᠭᠡᠷ ᠲᠣᠭᠲᠠᠵᠤ᠂ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠬᠤᠪᠢᠶᠠᠷᠢᠯᠠᠨ ᠬᠡᠷᠡᠭᠯᠡᠭᠰᠡᠨ ᠭᠡᠷᠡᠴᠢ ᠪᠠᠷᠢᠮᠲᠠ ᠵᠢ ᠬᠠᠷᠭᠤᠭᠤᠯᠤᠨ ᠣᠯᠭᠤᠬᠤ ᠬᠡᠷᠡᠭᠲᠡᠢ᠃
ᠬᠤᠷᠢᠨ ᠬᠤᠶᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠯᠴᠠᠨ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠤᠨ ᠪᠠᠷᠢᠮᠵᠢᠶ᠎ᠠ ᠵᠢ ᠦᠨᠳᠦᠰᠦᠯᠡᠵᠦ᠂ ᠲᠣᠰ ᠱᠠᠲᠤᠨ᠎ᠤ ᠪᠠᠶ᠋ᠢᠭᠤᠯᠭ᠎ᠠ ᠵᠢᠨ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠤᠨ ᠪᠠᠷᠢᠯᠭ᠎ᠠ ᠵᠢᠨ ᠲᠠᠯᠠᠪᠠᠢ᠂ ᠠᠵᠢᠯᠲᠠᠳ᠎ᠤᠨ ᠠᠯᠪᠠᠨ ᠭᠡᠷ᠎ᠤᠨ ᠲᠠᠯᠠᠪᠠᠢ ᠵᠢ ᠬᠠᠷᠭᠤᠭᠤᠯᠤᠨ ᠲᠣᠭᠲᠠᠭ᠋ᠠᠵᠤ᠂ ᠲᠤᠰ ᠱᠠᠲᠤᠨ᠎ᠤ ᠪᠠᠶ᠋ᠢᠭᠤᠯᠭ᠎ᠠ ᠵᠢᠨ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠨᠢᠭᠡᠳᠦᠯᠲᠡᠢ ᠲᠣᠬᠢᠷᠠᠭᠤᠯᠵᠤ ᠳᠦᠬᠦᠷᠵᠢᠭᠦᠯᠦᠨ᠂ ᠲᠣᠬᠢᠷᠠᠭᠤᠯᠵᠤ ᠳᠦᠬᠦᠷᠵᠢᠭᠦᠯᠬᠦ᠎ᠳᠤ ᠲᠣᠬᠢᠷᠠᠭᠤᠯᠤᠯᠲᠠ ᠬᠢᠬᠦ᠂ ᠰᠤᠯᠢᠬᠤ᠂ ᠳᠦᠷᠢᠶᠡᠰᠦᠯᠡᠨ ᠬᠡᠷᠡᠭᠯᠡᠬᠦ᠂ ᠪᠦᠲᠦᠭᠡᠨ ᠪᠠᠶ᠋ᠢᠭᠤᠯᠬᠤ ᠠᠷᠭ᠎ᠠ ᠬᠡᠯᠪᠡᠷᠢ ᠪᠠᠭᠲᠠᠭᠳᠠᠨ᠎ᠠ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠪᠠᠶ᠋ᠢᠭᠤᠯᠤᠮᠵᠢ ᠵᠢ ᠬᠠᠰᠤᠨ ᠨᠡᠶ᠋ᠢᠯᠡᠭᠦᠯᠬᠦ᠂ ᠬᠢᠨᠠᠨ ᠲᠣᠭᠲᠠᠭ᠋ᠠᠭᠰᠠᠨ ᠲᠠᠯᠠᠪᠠᠢ ᠵᠢᠨ ᠪᠠᠷᠢᠮᠵᠢᠶ᠎ᠠ᠎ᠠᠴᠠ ᠳᠠᠪᠠᠭᠰᠠᠨ ᠪᠤᠶᠤ ᠬᠡᠷᠡᠭᠯᠡᠬᠦ ᠦᠭᠡᠢ ᠪᠠᠶ᠋ᠢᠬᠤ ᠵᠡᠷᠭᠡ ᠰᠢᠯᠲᠠᠭ᠋ᠠᠨ᠎ᠠᠴᠠ ᠪᠣᠯᠵᠤ ᠰᠤᠯᠠᠯᠠᠵᠤ ᠪᠤᠴᠠᠭ᠋ᠠᠬᠤ ᠴᠢᠬᠤᠯᠠᠲᠠᠢ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠲᠤᠰ ᠱᠠᠲᠤᠨ᠎ᠤ ᠵᠠᠰᠠᠭ᠎ᠤᠨ ᠣᠷᠳᠣᠨ᠎ᠳᠤ ᠲᠤᠰᠢᠶᠠᠨ ᠥᠭᠴᠦ ᠨᠢᠭᠡᠲᠦᠯᠲᠡᠢ ᠲᠣᠬᠢᠷᠠᠭᠤᠯᠤᠨ ᠬᠡᠷᠡᠭᠯᠡᠬᠦ ᠬᠡᠷᠡᠭᠲᠡᠢ᠃ ᠭᠠᠵᠠᠷ ᠰᠢᠷᠤᠢ ᠠᠰᠢᠭᠯᠠᠬᠤ ᠵᠦᠢ᠍ᠯᠡᠰ᠎ᠲᠤ ᠬᠤᠯᠪᠤᠭᠳᠠᠭᠰᠠᠨᠢ ᠬᠠᠤᠯᠢ ᠶᠤᠰᠤᠭ᠋ᠠᠷ ᠭᠦᠢ᠍ᠴᠡᠳᠭᠡᠬᠦ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠪᠠᠶ᠋ᠢᠭᠤᠯᠤᠮᠵᠢ ᠵᠢ ᠨᠡᠮᠡᠨ ᠪᠠᠶ᠋ᠢᠭᠤᠯᠬᠤ᠂ ᠡᠭᠦᠷᠭᠡ ᠴᠢᠳᠠᠪᠤᠷᠢ᠎ᠪᠠᠨ ᠲᠣᠬᠢᠷᠠᠭᠤᠯᠬᠤ ᠵᠡᠷᠭᠡ ᠰᠢᠯᠲᠠᠭ᠋ᠠᠨ᠎ᠠᠴᠠ ᠪᠣᠯᠵᠤ ᠦᠨᠡᠨ ᠬᠦ᠌ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ ᠨᠡᠮᠡᠬᠦ ᠴᠢᠬᠤᠯᠠᠲᠠᠢ ᠪᠦᠭᠡᠳ ᠲᠤᠰ ᠰᠠᠯᠠᠭ᠎ᠠ ᠮᠦᠴᠢᠷ᠎ᠤᠨ ᠤᠳᠣ ᠵᠢᠨ ᠪᠠᠶ᠋ᠢᠭ᠎ᠠ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ ᠵᠶ᠋ᠠᠨ ᠲᠣᠬᠢᠷᠠᠭᠤᠯᠤᠭ᠋ᠠᠳ ᠰᠢᠢ᠍ᠳᠪᠦᠷᠢᠯᠡᠵᠦ ᠳᠡᠶ᠋ᠢᠯᠬᠦ ᠦᠭᠡᠢ ᠪᠣᠯ᠂ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠵᠢᠯᠴᠠᠨ ᠨᠢᠭᠡᠲᠦᠯᠲᠡᠢ ᠲᠣᠬᠢᠷᠠᠭᠤᠯᠤᠨ ᠳᠦᠬᠦᠷᠵᠢᠭᠦᠯᠦᠨᠡ᠃
ᠬᠤᠷᠢᠨ ᠭᠤᠷᠪᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠰᠢᠨ᠎ᠡ᠎ᠪᠠᠷ ᠪᠠᠶ᠋ᠢᠭᠤᠯᠬᠤ᠂ ᠦᠷᠭᠡᠳᠭᠡᠨ ᠪᠠᠶ᠋ᠢᠭᠤᠯᠬᠤ᠂ ᠦᠭᠡᠷᠡᠴᠢᠯᠡᠨ ᠪᠠᠶ᠋ᠢᠭᠤᠯᠬᠤ ᠪᠠ ᠬᠤᠳᠠᠯᠳᠤᠨ ᠠᠪᠬᠤ ᠴᠢᠬᠤᠯᠠᠲᠠᠢ ᠪᠣᠯ᠂ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠬᠢᠨᠠᠨ ᠬᠠᠷᠭᠤᠭᠤᠯᠬᠤ ᠵᠢᠨ ᠬᠠᠮᠲᠤ᠂ ᠴᠢᠬᠤᠯᠠ ᠪᠦᠬᠦᠢ ᠵᠢᠨ ᠴᠢᠨᠠᠷᠲᠠᠢ ᠬᠢᠨᠠᠨ ᠪᠠᠶ᠋ᠢᠴᠠᠭ᠋ᠠᠭᠰᠠᠨ ᠰᠠᠨᠠᠯ ᠭᠠᠷᠭ᠋ᠠᠵᠤ᠂ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠤᠰᠤᠭ᠋ᠠᠷ ᠬᠢᠨᠠᠨ ᠵᠥᠪᠰᠢᠶᠡᠷᠡᠭᠦᠯᠬᠦ ᠳᠡᠰ ᠳᠠᠷᠠᠭ᠋ᠠᠯᠠᠯ᠎ᠢ ᠭᠦᠢ᠍ᠴᠡᠳᠭᠡᠨ᠎ᠡ᠃ ᠨᠦᠬᠦᠴᠡᠯ ᠪᠦᠷᠢᠳᠦᠭᠰᠡᠨ ᠪᠣᠯ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ ᠵᠶ᠋ᠠᠨ ᠨᠢᠭᠡᠲᠦᠯᠲᠡᠢ ᠪᠦᠲᠦᠭᠡᠨ ᠪᠠᠶ᠋ᠢᠭᠤᠯᠵᠤ ᠪᠣᠯᠣᠨ᠎ᠠ᠃
ᠬᠤᠷᠢᠨ ᠳᠦᠷᠪᠡᠳᠤᠭᠡᠷ ᠵᠦᠢ᠍ᠯ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠰᠡᠯᠪᠢᠨ ᠵᠠᠰᠠᠬᠤ᠎ᠳᠤ ᠬᠤᠯᠪᠣᠭᠳᠠᠯ ᠪᠦᠬᠦᠢ ᠪᠠᠷᠢᠮᠵᠢᠶ᠎ᠠ ᠵᠢ ᠬᠡᠷᠡᠭᠵᠢᠭᠦᠯᠵᠦ᠂ ᠠᠮᠦᠷ ᠲᠥᠪᠰᠢᠨ᠎ᠤ ᠳᠠᠯᠳᠠ ᠭᠡᠮ᠎ᠢ ᠠᠷᠢᠯᠭ᠋ᠠᠬᠤ᠂ ᠬᠡᠷᠡᠭᠯᠡᠬᠦ ᠴᠢᠳᠠᠮᠵᠢ ᠵᠢ᠎ᠨᠢ ᠬᠠᠮᠠᠭ᠋ᠠᠯᠠᠬᠤ ᠪᠠ ᠲᠡᠭᠦᠯᠳᠡᠷᠵᠢᠭᠦᠯᠬᠦ᠂ ᠡᠨᠧᠷᠬᠢ ᠵᠢᠨ ᠬᠤᠷᠤᠭᠳᠠᠯ᠎ᠢ ᠪᠠᠭ᠋ᠠᠰᠬᠠᠬᠤ᠂ ᠠᠶᠤᠯ ᠦᠭᠡᠢ ᠪᠦᠭᠡᠳ ᠨᠢᠭᠤᠴᠠ ᠵᠢ ᠬᠠᠮᠠᠭ᠋ᠠᠯᠠᠬᠤ ᠵᠡᠷᠭᠡ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠰᠡᠯᠪᠢᠨ ᠵᠠᠰᠠᠬᠤ᠎ᠳᠤ ᠡᠳᠦᠷ ᠲᠤᠳᠤᠮ᠎ᠤᠨ ᠰᠡᠯᠪᠢᠨ ᠵᠠᠰᠠᠬᠤ ᠪᠠ ᠶᠡᠭᠡ ᠳᠤᠮᠳᠠ ᠬᠡᠪᠴᠢᠶ᠎ᠡ᠎ᠲᠠᠢ ᠰᠡᠯᠪᠢᠨ ᠵᠠᠰᠠᠬᠤ ᠪᠠᠭᠲᠠᠨ᠎ᠠ᠃ ᠬᠡᠷᠡᠭᠯᠡᠬᠦ ᠨᠢᠭᠡᠴᠢ᠎ᠨᠢ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠤᠨ ᠡᠳᠦᠷ ᠲᠤᠳᠤᠮ᠎ᠤᠨ ᠪᠠᠶ᠋ᠢᠴᠠᠭ᠋ᠠᠵᠤ ᠰᠡᠯᠪᠢᠨ ᠵᠠᠰᠠᠬᠤ ᠠᠵᠢᠯ᠎ᠢ ᠬᠠᠷᠢᠭᠤᠴᠠᠵᠤ᠂ ᠬᠡᠷᠡᠭᠰᠡᠬᠦ ᠪᠡᠯᠡ ᠮᠦᠩᠭᠦ ᠵᠢ ᠰᠠᠯᠠᠭ᠎ᠠ ᠮᠦᠴᠢᠷ᠎ᠤᠨ ᠲᠦᠰᠦᠪ ᠵᠶ᠋ᠠᠷ ᠳᠠᠮᠵᠢᠨ ᠲᠣᠬᠢᠷᠠᠭᠤᠯᠤᠨ᠎ᠠ᠃ ᠦᠨᠡᠨ ᠬᠦ᠌ ᠶᠡᠭᠡ ᠳᠤᠮᠳᠠ ᠬᠡᠪᠴᠢᠶ᠎ᠡ᠎ᠪᠠᠷ ᠵᠠᠰᠠᠬᠤ ᠴᠢᠬᠤᠯᠠᠲᠠᠢ ᠪᠠᠶ᠋ᠢᠪᠠᠯ᠂ ᠬᠡᠷᠡᠭᠯᠡᠬᠦ ᠨᠢᠭᠡᠴᠢ᠎ᠠᠴᠠ ᠲᠤᠰ ᠱᠠᠲᠤᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠭᠤᠶᠤᠴᠢᠯᠠᠯ ᠭᠠᠷᠭ᠋ᠠᠵᠤ᠂ ᠶᠡᠭᠡ ᠳᠤᠮᠳᠠ ᠬᠡᠪᠴᠢᠶ᠎ᠡ᠎ᠪᠠᠷ ᠵᠠᠰᠠᠬᠤ ᠲᠦᠷᠦᠯ ᠵᠦᠢ᠍ᠯ᠎ᠢ ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠲᠤ ᠮᠡᠳᠡᠭᠦᠯᠵᠦ ᠬᠢᠨᠠᠨ ᠬᠠᠷᠭᠤᠭᠤᠯᠤᠭ᠋ᠠᠳ ᠲᠦᠰᠦᠪ ᠤᠨ ᠲᠣᠬᠢᠷᠠᠭᠤᠯᠤᠯᠲᠠ ᠬᠢᠨ᠎ᠡ᠃
ᠬᠤᠷᠢᠨ ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠬᠤᠯᠪᠣᠭᠳᠠᠯ ᠪᠦᠬᠦᠢ ᠪᠠᠷᠢᠮᠵᠢᠶ᠎ᠠ ᠶᠣᠰᠤᠭ᠋ᠠᠷ᠂ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠬᠠᠷᠭᠤᠭᠤᠯᠤᠨ ᠲᠣᠭᠲᠠᠭ᠋ᠠᠭᠰᠠᠨ ᠲᠠᠯᠠᠪᠠᠢ ᠵᠢᠨ ᠬᠡᠪᠴᠢᠶᠡᠨ᠎ᠳᠤ ᠨᠢᠭᠡᠲᠦᠯᠲᠡᠢ ᠲᠦᠯᠦᠪᠯᠡᠨ ᠲᠣᠬᠢᠷᠠᠭᠤᠯᠬᠤ ᠪᠠ ᠵᠣᠬᠢᠰᠲᠠᠢ ᠬᠡᠷᠡᠭᠯᠡᠬᠦ ᠬᠡᠷᠡᠭᠲᠡᠢ᠂ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠳᠦᠷᠢᠶᠡᠰᠦᠯᠡᠵᠦ᠂ ᠵᠢᠭᠡᠯᠡᠭᠦᠯᠵᠦ ᠥᠭᠬᠦ ᠪᠣᠶᠣ ᠬᠡᠷᠡᠭᠯᠡᠬᠦ ᠴᠢᠳᠠᠮᠵᠢ ᠵᠢ᠎ᠨᠢ ᠦᠭᠡᠷᠡᠴᠢᠯᠡᠵᠦ ᠪᠣᠯᠬᠤ ᠦᠭᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠱᠠᠲᠤᠨ᠎ᠤ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠤᠨ ᠬᠡᠷᠡᠭᠯᠡᠬᠦ ᠠᠮᠦᠷ ᠲᠥᠪᠰᠢᠨ᠎ᠢ ᠪᠠᠲᠤᠯᠠᠵᠤ᠂ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠬᠡᠷᠡᠭᠯᠡᠬᠦ ᠠᠮᠦᠷ ᠲᠥᠪᠰᠢᠨ᠎ᠤ ᠳᠦᠷᠢᠮ ᠪᠣᠯᠣᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠦᠰᠦᠯ᠎ᠢ ᠲᠣᠭᠲᠠᠭ᠋ᠠᠵᠤ᠂ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠲᠤᠳᠤᠷᠬᠠᠶ᠋ᠢᠯᠠᠬᠤ ᠬᠡᠷᠡᠭᠲᠡᠢ᠃
ᠬᠤᠷᠢᠨ ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠪᠠᠶ᠋ᠢᠭᠤᠯᠭ᠎ᠠ ᠵᠢᠨ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠳᠠᠩᠰᠠ ᠡᠪᠬᠡᠮᠡᠯ᠎ᠢ ᠪᠠᠶ᠋ᠢᠭᠤᠯᠤᠨ ᠲᠡᠭᠦᠯᠳᠡᠷᠵᠢᠭᠦᠯᠬᠦ ᠵᠢᠨ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠯᠴᠠᠨ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠤᠨ ᠬᠡᠷᠡᠭᠴᠡᠭᠡ ᠂ ᠲᠤᠭ᠎ᠠ ᠬᠡᠮᠵᠢᠶ᠎ᠡ᠂ ᠬᠡᠪᠴᠢᠶ᠎ᠡ᠂ ᠪᠠᠶ᠋ᠢᠷᠢᠰᠢᠯ᠂ ᠬᠡᠷᠡᠭᠯᠡᠯᠲᠡ ᠪᠠ ᠠᠮᠦᠷ ᠲᠥᠪᠰᠢᠨ᠎ᠤ ᠬᠠᠮᠢᠶᠠᠷᠤᠯᠲᠠ ᠵᠢᠨ ᠪᠠᠶ᠋ᠢᠳᠠᠯ ᠵᠡᠷᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠭᠤᠷᠢᠨ ᠪᠠᠶ᠋ᠢᠴᠠᠭ᠋ᠠᠬᠤ ᠬᠡᠷᠡᠭᠲᠡᠢ᠃
ᠬᠤᠷᠢᠨ ᠳᠤᠯᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠲᠤᠰ ᠱᠠᠲᠤᠨ᠎ᠤ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠨᠢᠭᠡᠲᠦᠯᠲᠡᠢ ᠣᠷᠣᠨ ᠲᠤᠭ᠎ᠠ᠂ ᠨᠢᠭᠡᠲᠦᠯᠲᠡᠢ ᠪᠠᠷᠢᠮᠵᠢᠶ᠎ᠠ᠂ ᠨᠢᠭᠡᠲᠦᠯᠲᠡᠢ ᠬᠤᠳᠠᠯᠳᠤᠨ ᠠᠪᠬᠤ ᠵᠠᠷᠤᠳᠠᠯ᠂ ᠨᠢᠭᠡᠲᠦᠯᠲᠡᠢ ᠬᠤᠳᠠᠯᠳᠤᠨ ᠠᠪᠴᠤ ᠲᠣᠬᠢᠷᠠᠭᠤᠯᠬᠤ ᠬᠠᠮᠢᠶᠠᠷᠤᠯᠲᠠ ᠵᠢ ᠬᠡᠷᠡᠭᠵᠢᠭᠦᠯᠦᠨ᠎ᠡ; ᠳᠣᠣᠷᠠᠳᠣ ᠱᠠᠲᠤᠨ᠎ᠤ ᠪᠠᠶ᠋ᠢᠭᠤᠯᠭ᠎ᠠ ᠵᠢᠨ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠬᠠᠮᠢᠶᠠᠷᠤᠯᠲᠠ ᠵᠢᠨ ᠠᠵᠢᠯ᠎ᠢ ᠵᠢᠯᠤᠭᠤᠳᠬᠤ ᠪᠠ ᠬᠢᠨᠠᠯᠲᠠ ᠲᠠᠯᠪᠢᠨ᠎ᠠ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ᠎ᠳᠤ ᠨᠢᠭᠡᠲᠦᠯᠲᠡᠢ ᠳᠦᠷᠢᠮ ᠵᠢᠷᠤᠮᠯᠠᠯ᠎ᠢ ᠬᠡᠷᠡᠭᠵᠢᠭᠦᠯᠬᠦ ᠪᠠ ᠱᠠᠲᠤ ᠲᠦᠷᠦᠯ ᠬᠤᠪᠢᠶᠠᠨ ᠬᠠᠮᠢᠶᠠᠷᠤᠨ᠎ᠠ᠃
ᠬᠤᠷᠢᠨ ᠨᠠᠢ᠍ᠮᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠲᠣᠬᠢᠷᠠᠭᠤᠯᠵᠤ ᠰᠢᠨᠡᠳᠭᠡᠬᠦ ᠪᠠᠷᠢᠮᠵᠢᠶ᠎ᠠ ᠪᠣᠯᠣᠨ ᠣᠳᠣᠬᠢ ᠪᠠᠶ᠋ᠢᠳᠠᠯ᠎ᠢ ᠦᠨᠳᠦᠰᠦᠯᠡᠵᠦ᠂ ᠣᠨ᠎ᠤ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠲᠣᠬᠢᠷᠠᠭᠤᠯᠵᠤ ᠰᠢᠨᠡᠳᠭᠡᠬᠦ ᠲᠦᠯᠦᠪᠯᠡᠭᠡ ᠵᠢ ᠨᠠᠶ᠋ᠢᠷᠠᠭᠤᠯᠤᠨ ᠵᠣᠬᠢᠶᠠᠨ᠎ᠠ᠃ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠨᠢ ᠣᠨ᠎ᠤ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠲᠣᠬᠢᠷᠠᠭᠤᠯᠵᠤ ᠰᠢᠨᠡᠴᠢᠯᠡᠬᠦ ᠲᠦᠯᠦᠪᠯᠡᠭᠡ ᠵᠢ ᠦᠨᠳᠦᠰᠦᠯᠡᠨ᠂ ᠬᠤᠳᠠᠯᠳᠤᠨ ᠠᠪᠬᠤ ᠵᠠᠷᠤᠳᠠᠯ᠎ᠢ ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠨ ᠲᠦᠰᠥᠪ᠎ᠲᠤ ᠣᠷᠤᠭᠤᠯᠤᠨ᠎ᠠ᠃ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢ ᠲᠦᠪᠯᠡᠷᠡᠭᠦᠯᠦᠨ ᠬᠤᠳᠠᠯᠳᠤᠵᠤ ᠠᠪᠬᠤ ᠵᠢ ᠨᠢᠭᠡᠲᠦᠯᠲᠡᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠂ ᠡᠯ᠎ᠡ ᠨᠢᠭᠡᠴᠢ᠎ᠨᠢ ᠦᠪᠡᠰᠦᠪᠡᠨ ᠬᠤᠳᠠᠯᠳᠤᠨ ᠠᠪᠴᠤ ᠪᠣᠯᠬᠤ ᠦᠭᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠣᠷᠣᠨ ᠲᠤᠭ᠎ᠠ ᠪᠣᠯᠣᠨ ᠲᠣᠬᠢᠷᠠᠭᠤᠯᠬᠤ ᠪᠠᠷᠢᠮᠵᠢᠶ᠎ᠠ ᠵᠢ ᠬᠡᠷᠡᠭᠵᠢᠭᠦᠯᠵᠦ᠂ ᠡᠯ᠎ᠡ ᠰᠠᠯᠠᠭ᠎ᠠ ᠮᠦᠴᠢᠷ᠎ᠲᠤ ᠤᠯᠤᠰ᠎ᠲᠤ᠎ᠪᠠᠨ ᠦᠢ᠍ᠯᠡᠳᠪᠦᠷᠢᠯᠡᠭᠰᠡᠨ ᠮᠠᠰᠢᠨ ᠲᠡᠷᠭᠡ ᠵᠢ ᠲᠣᠬᠢᠷᠠᠭᠤᠯᠤᠨ ᠬᠡᠷᠡᠭᠯᠡᠭᠦᠯᠵᠦ᠂ ᠰᠢᠨ᠎ᠡ ᠡᠨᠧᠷᠬᠢ ᠵᠢᠨ ᠮᠠᠰᠢᠨ ᠲᠡᠷᠭᠡ ᠬᠡᠷᠡᠭᠯᠡᠬᠦ ᠵᠢ ᠵᠣᠷᠢᠬ᠍ᠵᠢᠭᠤᠯᠤᠨ᠎ᠠ᠃
ᠬᠤᠷᠢ ᠶᠢᠰᠦᠳᠤᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠬᠡᠷᠡᠭᠯᠡᠵᠦ ᠬᠠᠮᠢᠶᠠᠷᠬᠤ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠲᠡᠮᠲᠡᠭ᠎ᠲᠠᠢ ᠢᠯᠭ᠋ᠠᠵᠢᠭᠤᠯᠤᠨ ᠬᠠᠮᠢᠶᠠᠷᠬᠤ᠂ ᠬᠡᠷᠡᠭᠯᠡᠬᠦ ᠵᠢ ᠲᠡᠮᠲᠡᠭᠯᠡᠬᠦ᠂ ᠲᠣᠭᠲᠠᠭᠰᠠᠨ ᠭᠠᠵᠠᠷ ᠵᠤᠭᠰᠤᠭ᠋ᠠᠬᠤ᠂ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠢᠲᠡᠭᠦᠮᠵᠢᠯᠡᠨ ᠬᠠᠳᠠᠭ᠋ᠠᠯᠠᠬᠤ ᠵᠡᠷᠭᠡ ᠳᠦᠷᠢᠮ᠎ᠢ ᠨᠠᠶ᠋ᠢᠳᠠᠪᠤᠷᠢᠵᠢᠭᠤᠯᠬᠤ ᠬᠡᠷᠡᠭᠲᠡᠢ᠃ ᠠᠯᠪᠠᠨ᠎ᠤ ᠲᠡᠷᠭᠡ ᠵᠢ ᠬᠤᠪᠢᠨ᠎ᠳᠤ᠎ᠪᠠᠨ ᠬᠡᠷᠡᠭᠯᠡᠬᠦ᠂ ᠬᠤᠪᠢ ᠵᠢᠨ ᠲᠡᠷᠭᠡ ᠵᠢᠨ ᠵᠠᠷᠤᠳᠠᠯ ᠵᠶ᠋ᠠᠨ ᠠᠯᠪᠠᠨ᠎ᠠᠴᠠ ᠭᠠᠷᠭ᠋ᠠᠯᠭ᠋ᠠᠬᠤ ᠵᠢ ᠴᠢᠩᠭ᠎ᠠ ᠴᠠᠭ᠋ᠠᠵᠠᠯᠠᠵᠤ᠂ ᠠᠯᠪᠠᠨ ᠶᠠᠪᠤᠳᠠᠯ᠎ᠤᠨ ᠵᠠᠮ ᠠᠶᠠᠯᠠᠯ᠎ᠤᠨ ᠨᠦᠬᠦᠪᠦᠷᠢ ᠵᠢ ᠠᠪᠴᠤ ᠪᠠᠶ᠋ᠢᠬᠤ ᠵᠢᠨ ᠳᠠᠭ᠋ᠠᠤ᠎ᠳᠤ᠎ᠪᠠᠨ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢ ᠲᠣᠭᠲᠠᠭ᠋ᠠᠯ᠎ᠠᠴᠠ ᠵᠦᠷᠢᠴᠡᠨ ᠬᠡᠷᠡᠭᠯᠡᠵᠦ ᠪᠣᠯᠬᠤ ᠦᠭᠡᠢ᠃
ᠳᠦᠷᠪᠡᠳᠦᠭᠡᠷ ᠪᠦᠯᠦᠭ ᠡᠬᠢ ᠪᠠᠶᠠᠯᠢᠬ᠎ᠢ ᠠᠷᠪᠢᠯᠠᠬᠤ ᠬᠠᠮᠢᠶᠠᠷᠤᠯᠲᠠ
ᠭᠤᠴᠢᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠵᠤ᠂ ᠲᠤᠰ ᠭᠠᠵᠠᠷ ᠣᠷᠣᠨ᠎ᠤ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠡᠨᠧᠷᠬᠢ ᠠᠷᠪᠢᠯᠠᠬᠤ ᠲᠦᠯᠦᠪᠵᠢᠭᠦᠯᠭᠡ᠎ᠪᠠᠨ ᠦᠨᠳᠦᠰᠦᠯᠡᠨ᠂ ᠲᠤᠰ ᠱᠠᠲᠤᠨ᠎ᠤ ᠪᠠᠶ᠋ᠢᠭᠤᠯᠭ᠎ᠠ ᠵᠢᠨ ᠣᠨ᠎ᠤ ᠡᠨᠧᠷᠬᠢ ᠠᠷᠪᠢᠯᠠᠬᠤ ᠬᠠᠷᠠᠯᠲᠠ᠂ ᠭᠦᠢ᠍ᠴᠡᠳᠭᠡᠯ ᠲᠤᠭ᠎ᠠ ᠪᠣᠯᠣᠨ ᠡᠭᠦᠷᠭᠡ ᠵᠢ ᠲᠣᠭᠲᠠᠭ᠋ᠠᠬᠤ ᠬᠡᠷᠡᠭᠲᠡᠢ᠃
ᠭᠤᠴᠢᠨ ᠨᠢᠭᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠦᠭᠡᠷᠡᠴᠢᠯᠡᠯᠲᠡ ᠵᠢᠨ ᠰᠠᠯᠠᠭ᠎ᠠ ᠮᠦᠴᠢᠷ᠎ᠨᠢ ᠪᠠᠶ᠋ᠢᠭᠤᠯᠭ᠎ᠠ ᠵᠢᠨ ᠶᠠᠪᠤᠳᠠᠯ ᠵᠡᠷᠭᠡ ᠰᠠᠯᠠᠭ᠎ᠠ ᠮᠦᠴᠢᠷ᠎ᠲᠠᠢ ᠬᠠᠮᠲᠤᠷᠠᠵᠤ᠂ ᠲᠤᠰ ᠱᠠᠲᠤᠨ᠎ᠤ ᠵᠠᠰᠠᠭ᠎ᠤᠨ ᠣᠷᠳᠣᠨ᠎ᠤ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠢ ᠰᠢᠨ᠎ᠡ᠎ᠪᠠᠷ ᠪᠠᠶ᠋ᠢᠭᠤᠯᠬᠤ᠂ ᠦᠷᠭᠡᠳᠭᠡᠨ ᠪᠠᠶ᠋ᠢᠭᠤᠯᠬᠤ᠂ ᠦᠭᠡᠷᠡᠴᠢᠯᠡᠨ ᠪᠠᠶ᠋ᠢᠭᠤᠯᠬᠤ ᠵᠡᠷᠭᠡ ᠲᠣᠭᠲᠠᠮᠠᠯ ᠬᠦᠷᠦᠩᠭᠡ ᠵᠢᠨ ᠪᠡᠯᠡ ᠣᠷᠤᠭᠤᠯᠤᠯᠲᠠ ᠵᠢᠨ ᠲᠦᠷᠦᠯ ᠵᠦᠢ᠍ᠯ᠎ᠳᠤ ᠡᠨᠧᠷᠬᠢ ᠠᠷᠪᠢᠯᠠᠬᠤ ᠬᠢᠨᠠᠨ ᠪᠠᠶ᠋ᠢᠴᠠᠭ᠋ᠠᠯᠲᠠ ᠵᠢ ᠦᠷᠨᠢᠭᠦᠯᠬᠦ ᠬᠡᠷᠡᠭᠲᠡᠢ᠃ ᠡᠨᠧᠷᠬᠢ ᠠᠷᠪᠢᠯᠠᠬᠤ ᠬᠢᠨᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠭᠡᠢ ᠲᠦᠷᠦᠯ ᠵᠦᠢ᠍ᠯ᠎ᠢ ᠬᠥᠭᠵᠢᠭᠦᠯᠦᠯᠲᠡ ᠪᠠ ᠦᠭᠡᠷᠡᠴᠢᠯᠡᠯᠲᠡ ᠵᠢᠨ ᠰᠠᠯᠠᠭ᠎ᠠ ᠮᠦᠴᠢᠷ᠎ᠨᠢ ᠪᠦᠲᠦᠭᠡᠨ ᠪᠠᠶ᠋ᠢᠭᠤᠯᠬᠤ ᠵᠢ ᠵᠥᠪᠰᠢᠶᠡᠷᠡᠵᠦ ᠪᠣᠯᠬᠤ ᠦᠭᠡᠢ᠃
ᠭᠤᠴᠢᠨ ᠬᠤᠶᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠡᠨᠧᠷᠬᠢ ᠠᠷᠪᠢᠯᠠᠬᠤ ᠲᠠᠯ᠎ᠠ᠎ᠪᠠᠷ᠎ᠬᠢ ᠬᠠᠮᠢᠶᠠᠷᠤᠯᠲᠠ ᠵᠢᠨ ᠴᠢᠳᠠᠪᠤᠷᠢ ᠪᠣᠯᠣᠨ ᠲᠣᠷᠰᠢᠯᠭ᠎ᠠ᠎ᠲᠠᠢ ᠠᠳᠠᠯ ᠠᠬᠤᠢ ᠵᠢᠨ ᠦᠢ᠍ᠯᠡᠴᠢᠯᠡᠭᠡᠨ᠎ᠤ ᠨᠢᠭᠡᠴᠢ ᠵᠢ ᠰᠤᠩᠭᠤᠬᠤ ᠵᠢᠨ ᠬᠠᠮᠲᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠭᠡᠷ᠎ᠡ᠎ᠳᠤ ᠵᠣᠬᠢᠬᠤ ᠡᠨᠧᠷᠬᠢ ᠠᠷᠪᠢᠯᠠᠬᠤ ᠬᠠᠷᠠᠯᠲᠠ ᠵᠢᠨ ᠭᠦᠢ᠍ᠴᠡᠳᠭᠡᠯ ᠲᠤᠭ᠎ᠠ ᠪᠣᠯᠣᠨ ᠡᠨᠧᠷᠬᠢ ᠠᠷᠪᠢᠯᠠᠬᠤ ᠠᠷᠭ᠎ᠠ ᠬᠡᠮᠵᠢᠶ᠎ᠡ ᠵᠢᠨ ᠱᠠᠭ᠋ᠠᠷᠳᠠᠯᠭ᠎ᠠ ᠵᠢ ᠲᠤᠳᠤᠷᠬᠠᠶ᠋ᠢᠯᠠᠬᠤ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠡᠨᠧᠷᠬᠢ ᠵᠢᠨ ᠭᠡᠷᠡᠲᠦ ᠬᠠᠮᠢᠶᠠᠷᠤᠯᠲᠠ ᠵᠡᠷᠭᠡ ᠠᠷᠭ᠎ᠠ ᠬᠡᠯᠪᠡᠷᠢ ᠵᠢ ᠠᠰᠢᠭᠯᠠᠵᠤ ᠪᠠᠶ᠋ᠢᠭ᠋ᠠᠳ ᠡᠨᠧᠷᠬᠢ ᠠᠷᠪᠢᠯᠠᠬᠤ ᠮᠡᠷᠭᠡᠵᠢᠯ᠎ᠤᠨ ᠦᠭᠡᠷᠡᠴᠢᠯᠡᠯᠲᠡ ᠪᠣᠯᠣᠨ ᠡᠨᠧᠷᠬᠢ ᠵᠢᠨ ᠬᠠᠮᠢᠶᠠᠷᠤᠯᠲᠠ ᠵᠢᠨ ᠦᠢ᠍ᠯᠡᠴᠢᠯᠡᠭᠡ ᠵᠢ ᠠᠬᠢᠭᠤᠯᠵᠤ ᠪᠣᠯᠣᠨ᠎ᠠ᠃
ᠭᠤᠴᠢᠨ ᠭᠤᠷᠪᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠬᠥᠭᠵᠢᠭᠦᠯᠦᠯᠲᠡ ᠪᠠ ᠦᠭᠡᠷᠡᠴᠢᠯᠡᠯᠲᠡ ᠵᠡᠷᠭᠡ ᠰᠠᠯᠠᠭ᠎ᠠ ᠮᠦᠴᠢᠷ᠎ᠲᠠᠢ ᠬᠠᠮᠲᠤᠷᠠᠯᠴᠠᠵᠤ ᠪᠠᠶ᠋ᠢᠭᠤᠯᠭ᠎ᠠ ᠵᠢᠨ ᠡᠨᠧᠷᠬᠢ ᠵᠢᠨ ᠬᠤᠷᠤᠭᠳᠠᠯ᠎ᠤᠨ ᠮᠡᠳᠡᠭᠡ ᠵᠠᠩᠭᠢ ᠵᠢ ᠨᠡᠶ᠋ᠢᠲᠡ᠎ᠳᠤ ᠵᠠᠷᠯᠠᠬᠤ ᠳᠦᠷᠢᠮ᠎ᠢ ᠲᠣᠭᠲᠠᠭ᠋ᠠᠵᠤ᠂ ᠨᠡᠶ᠋ᠢᠲᠡ᠎ᠳᠤ ᠵᠠᠷᠯᠠᠬᠤ ᠭᠤᠣᠯ ᠴᠤᠭᠴᠠ᠂ ᠬᠡᠪᠴᠢᠶ᠎ᠡ᠂ ᠠᠭᠤᠯᠭ᠎ᠠ ᠵᠢᠴᠢ ᠠᠷᠭ᠎ᠠ ᠬᠡᠯᠪᠡᠷᠢ ᠵᠢ ᠲᠤᠳᠤᠷᠬᠠᠶ᠋ᠢᠯᠠᠬᠤ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠡᠨᠧᠷᠬᠢ ᠵᠢᠨ ᠬᠤᠷᠤᠭᠳᠠᠯ᠎ᠤᠨ ᠮᠡᠳᠡᠭᠡ ᠵᠠᠩᠭᠢ᠎ᠪᠠᠨ ᠨᠡᠶ᠋ᠢᠲᠡ᠎ᠳᠤ ᠵᠠᠷᠯᠠᠵᠤ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠢ᠃
ᠭᠤᠴᠢᠨ ᠳᠦᠷᠪᠡᠳᠤᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠤᠰᠤᠨ ᠠᠰᠢᠭᠯᠠᠯᠲᠠ ᠵᠡᠷᠭᠡ ᠰᠠᠯᠠᠭ᠎ᠠ ᠮᠦᠴᠢᠷ᠎ᠲᠠᠢ ᠬᠠᠮᠲᠤᠷᠠᠵᠤ᠂ ᠪᠠᠶ᠋ᠢᠭᠤᠯᠭ᠎ᠠ ᠵᠢᠨ ᠤᠰᠤ ᠠᠷᠪᠢᠯᠠᠬᠤ ᠠᠵᠢᠯ᠎ᠢ ᠵᠢᠯᠤᠭᠤᠳᠴᠤ ᠵᠣᠬᠢᠴᠠᠭᠤᠯᠬᠤ ᠪᠠ ᠠᠬᠢᠭᠤᠯᠬᠤ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠣᠰᠣᠨ᠎ᠤ ᠡᠬᠢ ᠰᠤᠷᠪᠤᠯᠵᠢ᠎ᠳᠤ ᠲᠦᠷᠦᠯ ᠬᠤᠪᠢᠶᠠᠨ ᠨᠤᠷᠮᠠᠴᠢᠯᠠᠬᠤ ᠪᠠ ᠬᠠᠷᠠᠯᠲᠠᠲᠤ ᠬᠠᠷᠢᠭᠤᠴᠠᠯᠭ᠎ᠠ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠤᠰᠤ ᠠᠷᠪᠢᠯᠠᠬᠤ ᠮᠡᠷᠭᠡᠵᠢᠯ ᠪᠣᠯᠣᠨ ᠲᠥᠭᠦᠭᠡᠷᠦᠮᠵᠢ ᠵᠢ ᠳᠡᠯᠭᠡᠷᠡᠭᠦᠯᠦᠨ ᠬᠡᠷᠡᠭᠯᠡᠵᠦ᠂ ᠤᠰᠤᠨ᠎ᠤ ᠡᠬᠢ ᠰᠤᠷᠪᠤᠯᠵᠢ ᠵᠢ ᠠᠷᠪᠢᠯᠠᠨ ᠠᠰᠢᠭᠯᠠᠬᠤ ᠬᠡᠷᠡᠭᠲᠡᠢ᠃
ᠭᠤᠴᠢᠨ ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠢᠳᠡᠭᠡᠨ᠎ᠤ ᠵᠦᠢ᠍ᠯ ᠬᠤᠳᠠᠯᠳᠤᠨ ᠠᠪᠬᠤ᠂ ᠲᠥᠭᠦᠬᠡᠢ ᠮᠠᠲ᠋ᠧᠷᠢᠶᠠᠯ᠎ᠢ ᠠᠩᠬ᠎ᠠ ᠡᠳ᠋ᠰᠢᠭᠦᠯᠬᠦ᠂ ᠲᠣᠭᠤᠭ᠋ᠠᠨ ᠭᠡᠷ᠎ᠤᠨ ᠬᠤᠭ ᠨᠣᠪᠰᠢ ᠵᠢᠨ ᠲᠤᠭ᠎ᠠ ᠬᠡᠮᠵᠢᠶ᠎ᠡ ᠵᠢ᠎ᠨᠢ ᠪᠠᠭ᠋ᠠᠰᠬᠠᠬᠤ ᠵᠡᠷᠭᠡ ᠲᠠᠯ᠎ᠠ᠎ᠠᠴᠠ ᠪᠠᠶ᠋ᠢᠭᠤᠯᠭ᠎ᠠ ᠵᠢᠨ ᠬᠤᠭᠤᠯᠠᠨ ᠭᠡᠷ᠎ᠤᠨ ᠢᠳᠡᠭᠡᠨ ᠤᠮᠳᠠᠭ᠋ᠠᠨ᠎ᠢ ᠠᠷᠪᠢᠯᠠᠨ ᠭᠠᠮᠨᠠᠬᠤ ᠬᠠᠮᠢᠶᠠᠷᠤᠯᠲᠠ ᠵᠢ ᠦᠷᠨᠢᠭᠦᠯᠬᠦ ᠬᠡᠷᠡᠭᠲᠡᠢ᠃
ᠭᠤᠴᠢᠨ ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠬᠠᠭᠤᠴᠢᠨ ᠪᠠ ᠬᠠᠶᠠᠭᠳᠠᠮᠠᠯ ᠪᠤᠳᠠᠰ᠎ᠢ ᠲᠦᠷᠦᠯ ᠬᠤᠪᠢᠶᠠᠬᠤ᠂ ᠲᠦᠪᠯᠡᠷᠡᠭᠦᠯᠦᠨ ᠰᠢᠢ᠍ᠳᠪᠦᠷᠢᠯᠡᠬᠦ ᠳᠦᠷᠢᠮ᠎ᠢ ᠪᠠᠶ᠋ᠢᠭᠤᠯᠵᠤ᠂ ᠪᠣᠢ ᠪᠣᠯᠣᠭᠰᠠᠨ ᠨᠢᠭᠤᠴᠠ ᠪᠤᠰᠤ ᠬᠠᠶᠠᠭᠳᠠᠮᠠᠯ ᠴᠠᠭ᠋ᠠᠰᠤ᠂ ᠬᠠᠶᠠᠭᠳᠠᠮᠠᠯ ᠴᠠᠬᠢᠯᠭ᠋ᠠᠨ ᠬᠡᠷᠡᠭᠰᠡᠯ ᠡᠯᠧᠺᠲᠷᠣᠨ ᠦᠢ᠍ᠯᠡᠳᠭᠦᠨ ᠵᠡᠷᠭᠡ ᠬᠠᠭᠤᠴᠢᠨ ᠪᠠ ᠬᠠᠶᠠᠭᠳᠠᠮᠠᠯ ᠪᠤᠳᠠᠰ᠎ᠢ ᠲᠦᠪᠯᠡᠷᠡᠭᠦᠯᠦᠨ ᠬᠤᠷᠢᠶᠠᠵᠤ ᠠᠪᠤᠭ᠋ᠠᠳ ᠰᠢᠢ᠍ᠳᠪᠦᠷᠢᠯᠡᠵᠦ᠂ ᠡᠷᠬᠢᠯᠳᠦᠭᠦᠯᠦᠨ ᠠᠰᠢᠭᠯᠠᠬᠤ ᠵᠢ ᠠᠬᠢᠭᠤᠯᠬᠤ ᠬᠡᠷᠡᠭᠲᠡᠢ; ᠤᠯᠤᠰ᠎ᠤᠨ ᠨᠢᠭᠤᠴᠠ᠎ᠳᠤ ᠬᠤᠯᠪᠣᠭᠳᠠᠭᠰᠠᠨ ᠪᠠᠶ᠋ᠢᠪᠠᠯ᠂ ᠨᠢᠭᠤᠴᠠ ᠵᠢ ᠬᠠᠮᠠᠭ᠋ᠠᠯᠠᠬᠤ ᠵᠢᠨ ᠬᠤᠯᠪᠣᠭᠳᠠᠯ ᠪᠦᠬᠦᠢ ᠲᠣᠭᠲᠠᠭ᠋ᠠᠯ ᠶᠤᠰᠤᠭ᠋ᠠᠷ ᠦᠭᠡᠶ᠋ᠢᠰᠬᠡᠬᠦ ᠬᠡᠷᠡᠭᠲᠡᠢ᠃
ᠲᠠᠪᠤᠳᠤᠭ᠋ᠠᠷ ᠪᠦᠯᠦᠭ ᠦᠢ᠍ᠯᠡᠴᠢᠯᠡᠭᠡᠨ᠎ᠤ ᠬᠠᠮᠢᠶᠠᠷᠤᠯᠲᠠ ᠬᠢᠭᠡᠳ ᠬᠢᠨᠠᠯᠲᠠ ᠪᠠᠢ᠌ᠢ᠍ᠴᠠᠭ᠋ᠠᠯᠲᠠ
ᠭᠤᠴᠢᠨ ᠳᠤᠯᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠪᠠᠶ᠋ᠢᠭᠤᠯᠭ᠎ᠠ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠨᠢᠭᠡᠲᠦᠯᠲᠡᠢ ᠲᠦᠷᠦᠯ ᠵᠦᠢ᠍ᠯ ᠪᠣᠯᠣᠨ ᠪᠠᠷᠢᠮᠵᠢᠶ᠎ᠠ ᠵᠢ ᠲᠣᠭᠲᠠᠭ᠋ᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠤᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠠᠵᠢᠯ᠎ᠢ ᠵᠢᠯᠤᠭᠤᠳᠬᠤ ᠪᠠ ᠬᠢᠨᠠᠯᠲᠠ ᠲᠠᠯᠪᠢᠵᠤ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠠᠬᠢᠭᠤᠯᠵᠤ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠵᠣᠬᠢᠰᠲᠠᠢ ᠲᠣᠬᠢᠷᠠᠭᠤᠯᠤᠨ ᠳᠦᠬᠦᠷᠵᠢᠭᠦᠯᠬᠦ ᠪᠠ ᠠᠷᠪᠢᠯᠠᠨ ᠬᠡᠷᠡᠭᠯᠡᠬᠦ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠲᠣᠭᠲᠠᠭ᠋ᠠᠭᠰᠠᠨ ᠲᠦᠷᠦᠯ ᠵᠦᠢ᠍ᠯ ᠪᠣᠯᠣᠨ ᠪᠠᠷᠢᠮᠵᠢᠶ᠎ᠠ᠎ᠠᠴᠠ ᠬᠡᠲᠦᠷᠡᠭᠦᠯᠦᠨ ᠠᠷᠤ ᠲᠠᠯ᠎ᠠ ᠵᠢᠨ ᠦᠢ᠍ᠯᠡᠴᠢᠯᠡᠭᠡ ᠵᠢ ᠬᠠᠩᠭ᠋ᠠᠵᠤ ᠪᠣᠯᠬᠤ ᠦᠭᠡᠢ᠃
ᠭᠤᠴᠢᠨ ᠨᠠᠢ᠍ᠮᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠶᠤᠰᠤᠯᠠᠯ᠎ᠤᠨ ᠵᠦᠢ᠍ᠯᠡᠰ᠎ᠢ ᠳᠦᠭᠦᠮᠴᠢᠯᠡᠬᠦ᠂ ᠪᠣᠲᠠᠲᠠᠢ ᠵᠢ ᠡᠷᠬᠢᠮᠯᠡᠨ ᠠᠷᠪᠢᠲᠠᠢ ᠭᠠᠮᠲᠠᠢ ᠪᠠᠶ᠋ᠢᠬᠤ ᠵᠠᠷᠴᠢᠮ᠎ᠢ ᠵᠢᠷᠤᠮᠯᠠᠨ᠂ ᠤᠯᠤᠰ ᠪᠠ ᠦᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠲᠣᠭᠲᠠᠭ᠋ᠠᠯ ᠶᠤᠰᠤᠭ᠋ᠠᠷ᠂ ᠲᠤᠰ ᠭᠠᠵᠠᠷ ᠣᠷᠣᠨ᠎ᠤ ᠪᠣᠲᠠᠲᠠᠢ᠎ᠲᠠᠢ᠎ᠪᠠᠨ ᠤᠶᠠᠯᠳᠤᠭᠤᠯᠵᠦ᠂ ᠠᠯᠪᠠᠨ ᠶᠠᠪᠤᠳᠠᠯ᠎ᠤᠨ ᠵᠣᠴᠢᠯᠠᠬᠤ ᠬᠡᠪᠴᠢᠶ᠎ᠡ ᠪᠣᠯᠣᠨ ᠪᠠᠷᠢᠮᠵᠢᠶ᠎ᠠ ᠵᠢ ᠲᠣᠭᠲᠠᠭ᠋ᠠᠬᠤ ᠬᠡᠷᠡᠭᠲᠡᠢ᠃
ᠭᠤᠴᠢ ᠶᠢᠰᠦᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠵᠢᠨ ᠬᠠᠮᠢᠶ᠎ᠠ ᠪᠦᠬᠦᠢ ᠲᠣᠭᠲᠠᠭ᠋ᠠᠯ ᠶᠤᠰᠤᠭ᠋ᠠᠷ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ ᠪᠣᠯᠣᠨ ᠪᠠᠷᠢᠮᠵᠢᠶ᠎ᠠ ᠵᠢ ᠦᠨᠳᠦᠰᠦᠯᠡᠨ᠂ ᠵᠣᠬᠢᠬᠤ ᠬᠢᠷᠢ ᠭᠡᠮ᠎ᠲᠠᠢ ᠪᠤᠶᠤ ᠴᠢᠳᠠᠪᠤᠷᠢ᠎ᠲᠠᠢ ᠨᠡᠶ᠋ᠢᠭᠡᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠰᠤᠩᠭᠤᠵᠤ ᠠᠷᠤ ᠲᠠᠯ᠎ᠠ ᠵᠢᠨ ᠦᠢ᠍ᠯᠡᠴᠢᠯᠡᠭᠡ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ᠂ ᠠᠯᠪᠠᠨ ᠶᠠᠪᠤᠳᠠᠯ᠎ᠤᠨ ᠵᠣᠴᠢᠯᠠᠬᠤ ᠵᠡᠷᠭᠡ ᠠᠵᠢᠯ᠎ᠢ ᠳᠠᠭ᠋ᠠᠭ᠋ᠠᠨ ᠠᠪᠴᠤ ᠭᠦᠢ᠍ᠴᠡᠳᠭᠡᠯᠭᠡᠬᠦ ᠬᠡᠷᠡᠭᠲᠡᠢ᠃
ᠳᠦᠴᠢᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠱᠠᠲᠤᠨ᠎ᠤ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ ᠪᠣᠯᠣᠨ ᠳᠣᠣᠷᠠᠳᠤ ᠱᠠᠲᠤᠨ᠎ᠤ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠬᠠᠤᠯᠢ ᠴᠠᠭ᠋ᠠᠵᠠ ᠰᠠᠬᠢᠯᠭ᠎ᠠ ᠪᠠᠲᠤ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠴᠠᠭ ᠲᠣᠬᠠᠢᠳᠤᠨᠢ ᠵᠠᠯᠠᠷᠠᠭᠤᠯᠬᠤ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠬᠥᠭᠵᠢᠭᠦᠯᠦᠯᠲᠡ ᠪᠠ ᠦᠭᠡᠷᠡᠴᠢᠯᠡᠯᠲᠡ᠂ ᠡᠳ᠋᠎ᠤᠨ ᠵᠠᠰᠠᠭ᠂ ᠬᠢᠨᠠᠨ ᠪᠤᠳᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠵᠤ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠵᠶ᠋ᠠᠨ ᠦᠨᠳᠦᠰᠦᠯᠡᠨ᠂ ᠪᠠᠶ᠋ᠢᠭᠤᠯᠭ᠎ᠠ ᠵᠢᠨ ᠶᠠᠪᠤᠳᠠᠯ᠎ᠤᠨ ᠠᠵᠢᠯᠯᠠᠭ᠋ᠠᠨ᠎ᠤ ᠵᠠᠷᠤᠳᠠᠯ᠂ ᠡᠳ᠋ ᠬᠦᠷᠦᠩᠭᠡ᠂ ᠠᠯᠪᠠᠨ ᠬᠡᠷᠡᠭᠯᠡᠭᠡᠨ᠎ᠤ ᠭᠡᠷ ᠪᠠᠶ᠋ᠢᠰᠢᠩ᠎ᠤᠨ ᠬᠡᠷᠡᠭᠯᠡᠬᠦ ᠠᠮᠦᠷ ᠲᠥᠪᠰᠢᠨ᠂ ᠠᠷᠤ ᠲᠠᠯ᠎ᠠ ᠵᠢᠨ ᠦᠢ᠍ᠯᠡᠴᠢᠯᠡᠭᠡ ᠵᠡᠷᠭᠡ ᠠᠵᠢᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠬᠡᠷᠡᠭᠲᠡᠢ; ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ ᠪᠣᠯᠣᠨ ᠪᠠᠷᠢᠮᠵᠢᠶ᠎ᠠ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢᠨ ᠢᠯᠡᠴᠢᠯᠡᠨ ᠮᠡᠳᠡᠭᠦᠯᠦᠯᠲᠡ ᠵᠢ ᠣᠯᠪᠠᠯ᠂ ᠬᠠᠤᠯᠢ ᠶᠤᠰᠤᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃
ᠳᠦᠴᠢᠨ ᠨᠢᠭᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠦᠴᠢᠷ᠎ᠨᠢ ᠪᠠᠶ᠋ᠢᠭᠤᠯᠭ᠎ᠠ ᠵᠢᠨ ᠶᠠᠪᠤᠳᠠᠯ᠎ᠢ ᠢᠯᠡ ᠪᠣᠯᠭ᠋ᠠᠬᠤ ᠳᠦᠷᠢᠮ᠎ᠢ ᠪᠠᠶ᠋ᠢᠭᠤᠯᠵᠤ᠂ ᠠᠯᠪᠠᠨ ᠶᠠᠪᠤᠳᠠᠯ᠎ᠤᠨ ᠵᠣᠴᠢᠯᠠᠬᠤ ᠵᠠᠷᠤᠳᠠᠯ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠪᠠ ᠠᠵᠢᠯᠯᠠᠭᠤᠯᠬᠤ ᠵᠠᠷᠤᠳᠠᠯ᠂ ᠠᠯᠪᠠᠨ ᠶᠠᠪᠤᠳᠠᠯ ᠵᠶ᠋ᠠᠷ ᠭᠠᠳᠠᠭ᠋ᠠᠳᠤ (ᠬᠢᠯᠢ)᠎ᠳᠤ ᠭᠠᠷᠬᠤ ᠵᠠᠷᠤᠳᠠᠯ ᠵᠡᠷᠭᠡ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠵᠠᠷᠤᠳᠠᠯ᠎ᠤᠨ ᠲᠦᠰᠦᠪ ᠪᠠ ᠲᠦᠰᠦᠪ᠎ᠤᠨ ᠭᠦᠢ᠍ᠴᠡᠳᠭᠡᠯ᠎ᠤᠨ ᠪᠠᠶ᠋ᠢᠳᠠᠯ ᠵᠢᠴᠢ ᠪᠤᠰᠤᠳ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠠᠭᠤᠯᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠵᠦ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠢ᠃
ᠵᠢᠷᠭᠤᠳᠤᠭ᠋ᠠᠷ ᠪᠦᠯᠦᠭ ᠬᠠᠦᠯᠢ ᠴᠠᠭ᠋ᠠᠵᠠ ᠵᠢᠨ ᠬᠠᠷᠢᠴᠠᠭᠤᠯᠭ᠎ᠠ
ᠳᠦᠴᠢᠨ ᠬᠤᠶᠠᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ 《ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ》 ᠵᠡᠷᠭᠡ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠰᠢᠢ᠍ᠳᠭᠡᠵᠦ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠠᠶ᠋ᠢᠪᠠᠯ᠂ ᠲᠡᠷᠡ ᠲᠣᠭᠲᠠᠭ᠋ᠠᠯ᠎ᠢ᠎ᠨᠢ ᠵᠢᠷᠤᠮᠯᠠᠬᠤ ᠬᠡᠷᠡᠭᠲᠡᠢ᠃
ᠳᠦᠴᠢᠨ ᠭᠤᠷᠪᠠᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠦᠷᠢᠴᠡᠵᠦ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢ ᠬᠤᠪᠢᠨ᠎ᠳᠤ᠎ᠪᠠᠨ ᠬᠡᠷᠡᠭᠯᠡᠭᠰᠡᠨ᠂ ᠬᠤᠪᠢ ᠵᠢᠨ ᠲᠡᠷᠭᠡ ᠵᠢᠨ ᠵᠠᠷᠤᠳᠠᠯ ᠵᠶ᠋ᠠᠨ ᠠᠯᠪᠠᠨ ᠵᠶ᠋ᠠᠷ ᠭᠠᠷᠭ᠋ᠠᠯᠭ᠋ᠠᠭᠰᠠᠨ ᠪᠤᠶᠤ ᠠᠯᠪᠠᠨ ᠶᠠᠪᠤᠳᠠᠯ᠎ᠤᠨ ᠨᠦᠬᠦᠪᠦᠷᠢ ᠵᠢ ᠠᠪᠤᠭᠰᠠᠨ ᠪᠦᠭᠡᠳ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢ ᠲᠣᠭᠲᠠᠭ᠋ᠠᠯ᠎ᠠᠴᠠ ᠵᠦᠷᠢᠴᠡᠨ ᠬᠡᠷᠡᠭᠯᠡᠭᠰᠡᠨ ᠪᠠᠶ᠋ᠢᠪᠠᠯ᠂ ᠳᠡᠭᠡᠳᠦ ᠱᠠᠲᠤᠨ᠎ᠤ ᠪᠠᠶ᠋ᠢᠭᠤᠯᠭ᠎ᠠ᠎ᠨᠢ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠬᠡᠷᠡᠭᠲᠡᠢ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠠᠶ᠋ᠢᠪᠠᠯ᠂ ᠲᠣᠮᠢᠯᠠᠬᠤ ᠪᠠ ᠪᠠᠭᠤᠯᠭ᠋ᠠᠭᠰᠠᠨ ᠪᠠᠶ᠋ᠢᠭᠤᠯᠭ᠎ᠠ᠎ᠨᠢ ᠬᠠᠷᠢᠭᠤᠴᠠᠯᠭ᠎ᠠ᠎ᠲᠠᠢ ᠬᠦᠮᠦᠰ᠎ᠲᠤ ᠬᠠᠤᠯᠢ ᠶᠤᠰᠤᠭ᠋ᠠᠷ ᠰᠢᠢ᠍ᠳᠭᠡᠯ ᠣᠯᠭᠤᠬᠤ ᠬᠡᠷᠡᠭᠲᠡᠢ᠃
ᠳᠦᠴᠢᠨ ᠳᠦᠷᠪᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠭᠴᠢᠳ᠎ᠨᠢ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠠᠵᠢᠯᠯᠠᠭ᠎ᠠ᠎ᠳᠤ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠠᠯᠪᠠᠨ ᠲᠤᠰᠢᠶᠠᠯ᠎ᠳᠤ ᠠᠯᠮᠠᠶ᠋ᠢᠷᠠᠨ ᠣᠰᠤᠯᠳᠤᠭᠰᠠᠨ᠂ ᠭᠤᠶᠠᠴᠢᠯᠠᠨ ᠬᠠᠤᠯᠢ ᠶᠤᠰᠣ ᠵᠢ ᠵᠦᠷᠢᠴᠡᠭᠰᠡᠨ ᠪᠤᠶᠤ ᠱᠠᠮᠰᠢᠵᠤ ᠬᠠᠭ᠍ᠤᠤᠯᠢ ᠢᠳᠡᠭᠰᠡᠨ ᠪᠠᠶ᠋ᠢᠪᠠᠯ᠂ ᠬᠠᠤᠯᠢ ᠶᠤᠰᠤᠭ᠋ᠠᠷ ᠰᠢᠢ᠍ᠳᠭᠡᠯ ᠥᠭᠬᠦ ᠬᠡᠷᠡᠭᠲᠡᠢ; ᠶᠠᠯᠠᠳᠤ ᠬᠦᠷᠦᠭᠰᠡᠨ ᠪᠠᠶ᠋ᠢᠪᠠᠯ᠂ ᠬᠠᠤᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠵᠢ ᠨᠡᠭᠡᠮᠵᠢᠯᠡᠬᠦ ᠬᠡᠷᠡᠭᠲᠡᠢ᠃
ᠳᠦᠴᠢᠨ ᠲᠠᠪᠤᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠦᠷᠢᠴᠡᠵᠦ᠂ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ᠂ ᠪᠠᠷᠢᠮᠵᠢᠶ᠎ᠠ ᠵᠢ ᠵᠦᠷᠢᠴᠡᠭᠰᠡᠨ ᠦᠢ᠍ᠯᠡ ᠠᠵᠢᠯᠯᠠᠭ᠎ᠠ ᠵᠢᠨ ᠢᠯᠡᠴᠢᠯᠡᠨ ᠮᠡᠳᠡᠭᠦᠯᠦᠯᠲᠡ ᠵᠢ ᠣᠯᠤᠭ᠋ᠠᠳ ᠴᠠᠭ ᠲᠣᠬᠠᠢᠳᠤᠨᠢ ᠬᠠᠤᠯᠢ ᠶᠤᠰᠤᠭ᠋ᠠᠷ ᠪᠠᠶ᠋ᠢᠴᠠᠭ᠋ᠠᠵᠤ ᠰᠢᠢ᠍ᠳᠪᠦᠷᠢᠯᠡᠭᠰᠡᠨ ᠦᠭᠡᠢ ᠪᠠᠶ᠋ᠢᠪᠠᠯ᠂ ᠳᠡᠭᠡᠳᠦ ᠱᠠᠲᠤᠨ᠎ᠤ ᠪᠠᠶ᠋ᠢᠭᠤᠯᠭ᠎ᠠ᠎ᠨᠢ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠬᠡᠷᠡᠭᠲᠡᠢ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠠᠶ᠋ᠢᠪᠠᠯ᠂ ᠲᠣᠮᠢᠯᠠᠬᠤ ᠪᠠ ᠪᠠᠭᠤᠯᠭ᠋ᠠᠭᠰᠠᠨ ᠪᠠᠶ᠋ᠢᠭᠤᠯᠭ᠎ᠠ᠎ᠨᠢ ᠬᠠᠷᠢᠭᠤᠴᠠᠯᠭ᠎ᠠ᠎ᠲᠠᠢ ᠬᠦᠮᠦᠰ᠎ᠲᠤ ᠬᠠᠤᠯᠢ ᠶᠤᠰᠤᠭ᠋ᠠᠷ ᠰᠢᠢ᠍ᠳᠭᠡᠯ ᠥᠭᠬᠦ ᠬᠡᠷᠡᠭᠲᠡᠢ᠃
ᠳᠤᠯᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠳᠦᠴᠢᠨ ᠵᠢᠷᠭᠤᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠶ᠋ᠢᠭ᠎ᠠ ᠪᠠᠶ᠋ᠢᠭᠤᠯᠭ᠎ᠠ ᠵᠢᠨ ᠶᠠᠪᠤᠳᠠᠯ ᠭᠡᠳᠡᠭ᠎ᠨᠢ ᠪᠠᠶ᠋ᠢᠭᠤᠯᠭ᠎ᠠ ᠵᠢᠨ ᠬᠡᠪ᠎ᠤᠨ ᠠᠵᠢᠯᠯᠠᠭ᠋ᠠᠨ᠎ᠢ ᠪᠠᠲᠤᠯᠠᠬᠤ ᠡᠯ᠎ᠡ ᠵᠦᠢ᠍ᠯ᠎ᠤᠨ ᠠᠵᠢᠯᠯᠠᠭ᠎ᠠ ᠵᠢ ᠵᠢᠭ᠋ᠠᠵᠤ ᠪᠣᠢ᠂ ᠡᠭᠦᠨ᠎ᠳᠤ ᠵᠠᠷᠤᠳᠠᠯ᠎ᠤᠨ ᠬᠠᠮᠢᠶᠠᠷᠤᠯᠲᠠ᠂ ᠡᠳ᠋ ᠬᠦᠷᠦᠩᠭᠡ ᠵᠢᠨ ᠬᠠᠮᠢᠶᠠᠷᠤᠯᠲᠠ᠂ ᠡᠬᠢ ᠪᠠᠶᠠᠯᠢᠭ᠎ᠢ ᠠᠷᠪᠢᠯᠠᠬᠤ ᠬᠠᠮᠢᠶᠠᠷᠤᠯᠲᠠ᠂ ᠠᠯᠪᠠᠨ ᠶᠠᠪᠤᠳᠠᠯ᠎ᠤᠨ ᠵᠣᠴᠢᠯᠠᠬᠤ ᠵᠢᠴᠢ ᠠᠷᠤ ᠲᠠᠯ᠎ᠠ ᠵᠢᠨ ᠦᠢ᠍ᠯᠡᠴᠢᠯᠡᠭᠡ ᠵᠡᠷᠭᠡ ᠲᠠᠯ᠎ᠠ᠎ᠳᠠᠬᠢ ᠠᠵᠢᠯ ᠶᠠᠪᠤᠳᠠᠯ᠎ᠤᠳ᠎ᠢ ᠪᠠᠭᠲᠠᠭ᠋ᠠᠨ᠎ᠠ᠃
ᠲᠤᠰ ᠠᠷᠭ᠎ᠠ᠎ᠳᠤ ᠬᠡᠯᠡᠵᠦ ᠪᠠᠶ᠋ᠢᠭ᠎ᠠ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠵᠠᠷᠤᠳᠠᠯ ᠭᠡᠳᠡᠭ᠎ᠨᠢ ᠪᠠᠶ᠋ᠢᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ᠎ᠪᠠᠷ ᠡᠳ᠋ ᠪᠠᠷᠠᠭ᠎ᠠ ᠪᠠ ᠦᠢ᠍ᠯᠡᠴᠢᠯᠡᠭᠡ ᠬᠤᠳᠠᠯᠳᠤᠨ ᠠᠪᠬᠤ᠎ᠳᠤ ᠬᠡᠷᠡᠭᠯᠡᠬᠦ ᠡᠯ᠎ᠡ ᠵᠦᠢ᠍ᠯ᠎ᠤᠨ ᠪᠡᠯᠡ ᠮᠦᠩᠭᠦ ᠵᠢ ᠵᠢᠭ᠋ᠠᠵᠤ ᠪᠣᠢ᠃
ᠳᠦᠴᠢᠨ ᠳᠤᠯᠤᠳᠤᠭ᠋ᠠᠷ ᠵᠦᠢ᠍ᠯ ᠪᠤᠰᠤᠳ ᠲᠥᠷᠥ ᠵᠢᠨ ᠪᠠᠶ᠋ᠢᠭᠤᠯᠭ᠎ᠠ ᠪᠣᠯᠣᠨ ᠬᠤᠯᠪᠣᠭᠳᠠᠯ ᠪᠦᠬᠦᠢ ᠠᠷᠠᠳ᠎ᠤᠨ ᠪᠦᠯᠬᠦᠮ᠎ᠤᠨ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠠᠵᠢᠯᠯᠠᠭ᠎ᠠ ᠵᠢ ᠲᠤᠰ ᠠᠷᠭ᠎ᠠ᠎ᠪᠠᠷ ᠯᠠᠪᠯᠠᠯᠲᠠ ᠪᠣᠯᠭ᠋ᠠᠵᠤ ᠬᠡᠷᠡᠭᠵᠢᠭᠦᠯᠦᠨ᠎ᠡ᠃
ᠳᠦᠴᠢᠨ ᠨᠠᠢ᠍ᠮᠠᠳᠤᠭ᠋ᠠᠷ ᠵᠦᠢ᠍ᠯ ᠲᠤᠰ ᠠᠷᠭ᠎ᠠ ᠵᠢ 2019 ᠣᠨ᠎ᠤ 2 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃